| | | ᠵᠠᠰᠠᠭ ᠤᠨ ᠤᠷᠳᠤᠨ ᠤ ᠠᠵᠢᠯ ᠤᠨ ᠢᠯᠡᠳᠭᠡᠯ | | ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ | ᠸᠠᠩ ᠢᠥᠢ ᠴᠢᠶᠠᠩ | | | ᠳᠦᠯᠤᠭᠡᠯᠡᠭᠴᠢᠳ ᠡ᠄ | ᠡᠳᠤᠭᠡ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠳᠦᠯᠤᠭᠡᠯᠡᠵᠤ ᠶᠡᠭᠡ ᠬᠤᠷᠠᠯ ᠳᠤ ᠠᠵᠢᠯ ᠨ ᠢᠯᠡᠳᠭᠡᠯ ᠬᠢᠶ᠎ᠠ᠂ ᠬᠢᠨᠠᠨ ᠵᠥᠪᠯᠡᠬᠦ ᠶᠢᠨ ᠬᠠᠮᠲᠤ | ᠬᠤᠷᠠᠯ ᠳᠤ ᠤᠷᠤᠯᠴᠠᠭᠰᠠᠨ ᠬᠤᠰᠢᠭᠤ ᠤᠯᠤᠰ ᠳᠦᠷᠦ ᠶᠢᠨ ᠵᠦᠪᠯᠡᠯᠭᠡᠨ ᠤ ᠭᠡᠰᠢᠬᠦᠳ ᠪᠠ ᠰᠤᠯᠠ ᠤᠷᠤᠯᠴᠠᠭᠰᠡᠨ ᠨᠦᠬᠦᠳ ᠰᠠᠨᠠᠯ ᠵᠦᠪᠯᠡᠯᠭᠡ ᠪᠠᠨ ᠳᠡᠪᠰᠢᠬᠦᠯᠬᠦ | ᠪᠤᠯᠪᠠᠤ᠃ | ᠨᠢᠭᠡ᠂ 2018 ᠤᠨ ᠤ ᠠᠵᠢᠯ ᠤᠨ ᠡᠷᠬᠢᠴᠡᠬᠦᠯᠤᠯ | ᠨᠢᠭᠡ ᠵᠢᠯ ᠤᠨ ᠲᠤᠷᠰᠢ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶᠠᠨ ᠤ ᠲᠥᠪ ᠴᠢᠩᠭ᠎ᠠ | ᠤᠳᠤᠷᠢᠳᠤᠯᠭ᠎ᠠ ᠪᠣᠯᠣᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠦᠪᠯᠡᠯᠭᠡᠨ ᠤ | ᠬᠢᠨᠠᠯᠲᠠ ᠳᠡᠮᠵᠢᠯᠭᠡ ᠲᠤᠤᠷ᠎ᠠ᠂ ᠬᠤᠰᠢᠭᠤ ᠠᠷᠠᠳ ᠤᠨ ᠵᠠᠰᠠᠭ ᠤᠨ ᠤᠷᠳᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ | ᠪᠦᠬᠦᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠷ ᠭᠤᠷᠪᠠᠳᠣᠭᠠᠷ | ᠣᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠦᠬᠦ ᠬᠤᠰᠢᠭᠤᠨ ᠤ ᠠᠷᠠᠳ ᠲᠦᠮᠡᠨ ᠳᠤ ᠲᠦᠰᠢᠭᠯᠡᠨ᠂ | ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ ᠬᠥᠭᠵᠢᠭᠦᠯᠦᠯᠲᠡ ᠶᠢᠨ ᠵᠠᠮ ᠢ ᠡᠷᠢᠯᠬᠢᠯᠡᠨ᠂ ᠬᠠᠮᠲᠤ ᠪᠠᠷ ᠬᠦᠴᠢᠷ ᠪᠡᠷᠬᠡ ᠶᠢ ᠢᠯᠠᠨ ᠳᠠᠪᠠᠵᠤ᠂ ᠪᠦᠬᠦ | ᠬᠤᠰᠢᠭᠤᠨ ᠤ ᠠᠵᠤ ᠠᠬᠤᠢ ᠨᠡᠶᠢᠬᠡᠮ ᠤᠨ ᠡᠯ᠎ᠡ ᠠᠵᠢᠯ ᠲᠦᠷᠥᠯ ᠦᠷᠭᠦᠯᠵᠢᠯᠡᠨ ᠰᠠᠶᠢᠨ ᠬᠠᠨᠳᠣᠰᠢ ᠲᠠᠢ ᠪᠣᠯᠵᠤ᠂ ᠴᠢᠨᠡᠭᠡᠯᠢᠭ ᠬᠠᠩᠭᠢᠨ ᠢ ᠪᠦᠲᠦᠭᠡᠨ ᠪᠠᠶᠢᠭᠤᠯᠬᠤ | ᠠᠵᠢᠯ ᠣᠬᠢ ᠰᠠᠶᠢᠨ ᠠᠬᠢᠴᠠ ᠲᠠᠢ ᠪᠣᠯᠪᠠ᠃ ᠪᠦᠬᠦ ᠬᠤᠰᠢᠭᠤᠨ ᠤ ᠣᠷᠣᠨ ᠨᠣᠲᠤᠭ ᠤᠨ ᠦᠢᠯᠡᠳᠪᠦᠷᠢᠯᠡᠯ ᠤᠨ ᠶᠠᠷᠦᠩᠬᠡᠢ ᠥᠷᠲᠡᠭ ᠢ 102.8 ᠳ᠋ᠦᠩᠰᠢᠭᠤᠷ | ᠲᠦᠭᠦᠷᠢᠭ ᠪᠡᠶᠡᠯᠡᠭᠦᠯᠵᠤ᠂ 5.2% ᠢᠶᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 4.54 ᠳ᠋ᠦᠩᠰᠢᠭᠤᠷ | ᠲᠦᠭᠦᠷᠢᠭ ᠪᠡᠶᠡᠯᠡᠭᠦᠯᠵᠦ᠂ 27.7% ᠪᠠᠷ ᠨᠡᠮᠡᠭᠳᠡᠪᠡ︔ ᠳᠣᠭᠲᠠᠮᠠᠯ ᠬᠦᠷᠥᠩᠭᠡ ᠶᠢᠨ ᠪᠡᠯᠡ ᠣᠷᠣᠭᠤᠯᠣᠯᠲᠠ ᠶᠢ 37.2 ᠳ᠋ᠦᠩᠰᠢᠭᠤᠷ ᠲᠥᠭᠦᠷᠢᠭ ᠪᠡᠶᠡᠯᠡᠭᠦᠯᠪᠡ︔ | ᠨᠠᠶᠢᠬᠡᠮ ᠤᠨ ᠬᠡᠷᠡᠭᠯᠠᠬᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠣᠩᠬᠡᠢ ᠬᠡᠮᠵᠢᠶ᠎ᠠ 34.1ᠳ᠋ᠦᠩᠰᠢᠭᠤᠷ ᠲᠦᠬᠦᠷᠢᠭ ᠬᠥᠷᠴᠤ᠂ 6.1% ᠪᠠᠷ ᠨᠡᠮᠡᠭᠳᠠᠪᠠ︔ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠤᠮᠳᠠᠴᠢ ᠤᠷᠤᠯᠭ᠎ᠠ 42139 ᠲᠦᠬᠦᠷᠢᠭ ᠪᠠ 18248 ᠲᠦᠬᠦᠷᠢᠭ ᠲᠤ ᠬᠦᠷᠴᠤ᠂ | ᠲᠤᠰ ᠲᠤᠰ 7.8 % ᠪᠠ 9.6 % ᠪᠠᠷ ᠨᠡᠮᠡᠭᠳᠠᠵᠠᠢ᠃ | ︵ᠨᠢᠭᠡ︶ ᠠᠶᠤᠯ ᠲᠦᠭᠰᠢᠭᠦᠷᠢ ᠶᠢ ᠰᠡᠷᠭᠡᠶᠢᠯᠡᠨ᠂ ᠬᠦᠴᠢᠷ ᠪᠡᠷᠬᠡ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠪᠠᠨ ᠬᠠᠮᠲᠤᠷᠠᠭᠤᠯᠤᠨ ᠭᠤᠷᠪᠠᠨ ᠶᠡᠭᠡ | ᠰᠢᠪᠲᠤᠯᠤᠯᠲᠠ ᠶᠢᠨ ᠠᠵᠢᠯ ᠢ ᠯᠠᠪᠳᠠᠭᠤᠨ ᠠᠬᠢᠭᠤᠯᠪᠠ᠃ ᠡᠯ᠎ᠡ ᠱᠠᠲᠤᠨ ᠤ ᠣᠳᠣᠷᠢᠳᠣᠯᠭ᠎ᠠ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ | ᠨᠢᠭᠡ ᠬᠥᠰᠥᠨᠥᠭᠲᠦ᠂ ᠭᠤᠷᠪᠠᠨ ᠳᠠᠩᠰᠠ︾ ᠶᠢ ᠪᠠᠶᠢᠭᠤᠯᠤᠨ᠂ ᠣᠷᠣᠯᠭ᠎ᠠ ᠵᠠᠷᠣᠯᠭ᠎ᠠ ᠶᠢᠨ ᠲᠥᠰᠦᠪ ᠢ ᠲᠣᠬᠢᠷᠠᠭᠤᠯᠬᠤ᠂ ᠥᠷᠢ ᠥᠭᠴᠡᠭᠡ ᠶᠢ ᠳᠠᠬᠢᠨ | ᠬᠤᠪᠢᠶᠠᠷᠢᠯᠠᠬᠤ᠂ ︽ᠭᠤᠷᠪᠠᠨ ᠠᠯᠪᠠᠨ ᠵᠠᠷᠤᠳᠠᠯ︾ ︵ᠵᠠᠰᠠᠭ ᠤᠨ ᠣᠷᠳᠣᠨ ᠤ ᠪᠠᠶᠢᠭᠤᠯᠭ᠎ᠠ ᠨᠢᠭᠡᠴᠡ ᠶᠢᠨ ᠬᠦᠮᠦᠰ ᠠᠯᠪᠠᠨ ᠣᠴᠢᠷ ᠢᠶᠠᠷ ᠭᠠᠳᠠᠭᠰᠢ ᠭᠠᠷᠬᠤ | ᠵᠠᠷᠣᠳᠠᠯ᠂ ᠠᠯᠪᠠᠨ ᠲᠡᠷᠭᠡ ᠬᠤᠳᠠᠯᠳᠤᠨ ᠠᠪᠬᠤ ᠪᠠ ᠬᠡᠷᠡᠭᠯᠡᠬᠦ ᠵᠠᠷᠣᠳᠠᠯ᠂ ᠠᠯᠪᠠᠨ ᠵᠤᠴᠢᠯᠠᠭ᠎ᠠ ᠶᠢᠨ ᠵᠠᠷᠣᠳᠠᠯ︶ ᠢ ᠴᠢᠩᠭ᠎ᠠ ᠡᠵᠡᠮᠳᠡᠵᠣ ᠂ ᠰᠤᠯᠠ ᠲᠠᠯᠪᠢᠵᠤ | ᠪᠠᠶᠢᠭ᠎ᠠ ᠡᠳ᠋ ᠬᠥᠷᠥᠩᠭᠡ ᠶᠢ ᠪᠡᠯᠡᠨ ᠵᠤᠭᠤᠰ ᠪᠣᠯᠭᠠᠬᠤ᠂ ᠦᠨ᠎ᠡ ᠬᠠᠩᠰᠢ ᠶᠢ ᠨᠢ ᠬᠢᠨᠠᠨ ᠪᠠᠭᠠᠰᠬᠠᠵᠤ ᠳᠠᠩᠰᠠᠨ ᠠᠴᠠ ᠲᠠᠶᠢᠯᠠᠬᠤ ᠵᠡᠷᠭᠡ ᠣᠯᠠᠨ ᠵᠦᠢᠯ ᠤᠨ ᠠᠷᠭ᠎ᠠ | ᠠᠪᠴᠠᠯ ᠢ ᠠᠪᠴᠤ᠂ ᠵᠠᠰᠠᠭ ᠤᠨ ᠣᠷᠳᠣᠨ ᠤ ᠦᠷᠢ ᠥᠭᠴᠡᠭᠡ ᠶᠢ 29.48 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠵᠢᠯ ᠤᠨ ᠥᠷᠢ ᠥᠭᠴᠡᠭᠡ | ᠰᠢᠢᠳᠪᠥᠷᠢᠯᠡᠬᠦ ᠡᠭᠦᠷᠭᠡ ᠶᠢ 201% ᠪᠠᠷ ᠪᠡᠶᠡᠯᠡᠭᠦᠯᠪᠡ᠃ ︽ᠠᠷᠪᠠ ᠶᠢ ᠪᠦᠷᠬᠦᠭᠦᠯᠬᠦ︾ ᠢᠨᠵᠧᠨᠧᠷᠢᠩ ᠳᠤ ᠭᠠᠷᠣᠭᠰᠠᠨ ᠥᠷᠢ ᠥᠭᠴᠡᠭᠡ ᠶᠢ ᠪᠦᠬᠦᠨ ᠢ ᠨᠢ | ᠰᠢᠢᠳᠪᠦᠷᠢᠯᠡᠪᠡ᠃ ᠳᠣᠰᠬᠠᠢ ᠲᠥᠷᠥᠯ ᠤᠨ ᠪᠡᠯᠡ ᠮᠥᠩᠭᠦ ᠶᠢ 11.22 ᠳ᠋ᠦᠩᠰᠢᠭᠤᠷ ᠲᠥᠭᠦᠷᠢᠭ ᠰᠣᠯᠢᠨ ᠥᠭᠴᠦ᠂ 5.13 ᠳ᠋ᠦᠩᠰᠢᠭᠤᠷ ᠲᠥᠭᠦᠷᠢᠭ ᠤᠨ | ᠥᠷᠢ ᠶᠢ ᠡᠳ᠋ ᠤᠨ ᠵᠠᠰᠠᠭ ᠤᠨ ᠬᠢᠵᠠᠭᠠᠷ ᠳᠣᠲᠤᠷ᠎ᠠ ᠪᠠᠶᠢᠭ᠎ᠠ ᠵᠢᠭᠡᠯᠡᠯᠭᠡ ᠶᠢᠨ ᠲᠡᠮᠲᠡᠭ ᠢᠶᠠᠷ ᠰᠤᠯᠢᠵᠤ ᠰᠢᠢᠳᠪᠦᠷᠢᠯᠡᠪᠡ᠃ ᠪᠦᠬᠦ ᠬᠤᠰᠢᠭᠤᠨ ᠤ ᠵᠦᠢ ᠪᠣᠰᠤ | ᠵᠢᠭᠡᠯᠡᠯᠭᠡ 1.9 % ᠪᠠᠷ ᠪᠠᠭᠠᠰᠪᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠦᠷ᠎ᠡ ᠪᠦᠲᠦᠮᠵᠢ ᠪᠠᠷ ᠢᠯᠡᠷᠬᠡᠢ᠃ ᠮᠠᠨ ᠤ ᠬᠤᠰᠢᠭᠤ ᠨᠢ | ᠪᠦᠬᠦ ᠣᠷᠣᠨ ᠤ ᠲᠤᠲᠤᠷᠠᠬᠢ ᠶᠠᠳᠠᠭᠤ ᠬᠦᠴᠢᠷᠳᠡᠯᠲᠡᠢ ᠬᠤᠰᠢᠭᠤᠨ ᠤ ᠡᠩᠨᠡᠭᠡ ᠠᠴᠠ ᠭᠠᠷᠤᠭᠰᠠᠨ ᠠᠩᠬᠠᠳᠣᠭᠠᠷ ᠬᠤᠰᠢᠭᠤ ᠰᠢᠶᠠᠨ ᠤ ᠨᠢᠭᠡ ᠨᠢ ᠪᠣᠯᠪᠠ᠃ ᠠᠵᠤ | ᠦᠢᠯᠡᠰ ᠢᠶᠠᠷ ᠶᠠᠳᠠᠭᠤ ᠶᠢ ᠳᠡᠳᠬᠦᠬᠦ ᠲᠦᠷᠦ ᠶᠢᠨ ᠪᠣᠳᠣᠯᠭ᠎ᠠ ᠶᠢ ᠥᠷᠭᠦᠯᠵᠢᠯᠡᠨ ᠨᠠᠶᠢᠳᠠᠪᠦᠷᠢᠲᠠᠢ ᠠᠳᠬᠤᠵᠤ᠂ ᠭᠠᠴᠠᠭᠠᠲ᠋ᠣᠰᠬᠤᠨ ᠪᠣᠯᠣᠨ ᠠᠶᠢᠯ ᠡᠷᠦᠬᠡ ᠶᠢᠨ | ᠨᠦᠬᠦᠴᠡᠯ ᠪᠠᠶᠢᠳᠠᠯ ᠳᠤ ᠨᠢ ᠵᠤᠬᠢᠴᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠥᠳᠡᠯᠮᠦᠷᠢᠯᠡᠬᠦ ᠴᠢᠳᠠᠯ ᠲᠠᠢ ᠶᠠᠳᠠᠭᠤ ᠬᠦᠴᠢᠷᠳᠡᠯᠲᠡᠢ ᠬᠦᠮᠦᠰ ᠲᠤ | ᠣᠷᠣᠯᠭ᠎ᠠ ᠪᠠᠨ ᠲᠣᠭᠲᠠᠪᠦᠷᠢᠲᠠᠢ ᠨᠡᠮᠡᠭᠳᠡᠭᠦᠯᠬᠦ ᠠᠵᠢᠯ ᠦᠢᠯᠡᠰ ᠢ ᠣᠯᠭᠤᠪᠠ᠃ ᠣᠯᠣᠰ ᠤᠨ ᠴᠠᠬᠢᠯᠭᠠᠨ ᠲᠣᠣᠷ ᠲᠠᠢ ᠨᠡᠶᠢᠯᠡᠭᠦᠯᠦᠭᠰᠡᠨ ᠶᠠᠳᠠᠭᠤ ᠶᠢ ᠳᠡᠳᠬᠦᠬᠦ 3 | ᠰᠠᠶ᠎ᠠ ᠸᠠᠲ ᠤᠨ ᠨᠠᠷᠠᠨ ᠡᠨᠧᠷᠭᠢ ᠪᠠᠷ ᠴᠠᠬᠢᠯᠭᠠᠨ ᠭᠠᠷᠭᠠᠬᠤ ᠥᠷᠲᠡᠭᠡ ᠶᠢ ᠪᠠᠶᠢᠭᠤᠯᠵᠤ᠂ 125 ᠶᠠᠳᠠᠭᠤ ᠬᠦᠴᠢᠷᠳᠡᠯᠲᠡᠢ ᠡᠷᠦᠬᠡ 20 ᠵᠢᠯ ᠳᠠᠷᠠᠭᠠᠯᠠᠨ ᠬᠦᠮᠦᠨ | ᠪᠦᠷᠢ ᠵᠢᠯ ᠳᠡᠭᠡᠨ 3000 ᠲᠥᠭᠦᠷᠢᠭ ᠠᠴᠠ ᠳᠡᠭᠡᠭᠰᠢ ᠣᠷᠣᠯᠭ᠎ᠠ ᠣᠯᠬᠤ ᠶᠢ ᠪᠡᠶᠡᠯᠡᠭᠦᠯᠪᠡ᠃ ᠡᠷᠡᠭᠦᠯ ᠮᠡᠨᠳᠦ ᠶᠢᠨ ᠪᠠᠲᠤᠯᠠᠭ᠎ᠠ ᠪᠠᠷ ᠶᠠᠳᠠᠭᠤ ᠶᠢ ᠳᠡᠳᠬᠦᠬᠦ ᠠᠵᠢᠯ | ᠳᠠᠬᠢ ︽ᠵᠢᠷᠭᠤᠭᠠᠨ ᠵᠦᠢᠯ ᠤᠨ ᠳᠠᠭᠠᠳᠬᠠᠯ︾ ᠢᠶᠠᠷ ᠪᠠᠲᠤᠯᠠᠬᠤ ᠠᠷᠭ᠎ᠠ ᠬᠡᠮᠵᠢᠶ᠎ᠡ ᠶᠢ ᠪᠦᠷᠢᠨ ᠲᠡᠭᠦᠯᠳᠡᠷ ᠪᠣᠯᠭᠠᠵᠤ᠂ ᠪᠦᠬᠦ ᠡᠮ ᠡᠮᠴᠢᠯᠡᠭᠡᠨ ᠰᠦᠢᠳᠭᠡᠯ ᠢ | ᠪᠠᠲᠣᠯᠠᠬᠤ ᠰᠠᠭᠤᠷᠢ ᠮᠦᠩᠭᠦ ᠶᠢ ᠪᠠᠶᠢᠭᠤᠯᠤᠨ᠂ ᠶᠠᠳᠠᠭᠤ ᠬᠦᠴᠢᠷᠳᠡᠯᠲᠡᠢ ᠬᠦᠮᠦᠰ ᠤᠨ ᠡᠮ ᠡᠮᠨᠡᠯᠭᠡ ᠶᠢᠨ ᠵᠠᠷᠤᠳᠠᠯ ᠤᠨ ᠳᠠᠩᠰᠠ ᠲᠠᠶᠢᠯᠠᠬᠤ ᠬᠠᠷᠢᠴᠠᠯ ᠨᠢ | 90% ᠶᠢ ᠳᠠᠪᠠᠪᠠ᠃ ᠰᠣᠷᠭᠠᠨ ᠬᠦᠮᠦᠵᠢᠯ ᠤᠨ ᠲᠣᠰᠠᠯᠠᠮᠵᠢ ᠶᠢᠨ ᠵᠥᠷᠢᠶᠡᠲᠦ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠤᠨ᠂ 991 ᠶᠠᠳᠠᠭᠤ ᠬᠦᠴᠢᠷᠳᠡᠯᠲᠡᠢ ᠰᠤᠷᠤᠭᠴᠢ ᠶᠢ ᠳᠡᠮᠵᠢᠨ ᠲᠣᠰᠠᠯᠠᠪᠠ᠃ 464 ᠡᠷᠦᠬᠡ ᠶᠢᠨ ᠨᠤᠷᠠᠬᠤ ᠠᠶᠤᠯ ᠲᠠᠢ ᠭᠡᠷ ᠣᠷᠣᠨ ᠢ | ᠥᠭᠡᠷᠡᠴᠢᠯᠡᠨ ᠵᠠᠰᠠᠪᠠ᠃ ᠶᠠᠳᠠᠭᠤ ᠬᠦᠴᠢᠷᠳᠡᠯᠲᠡᠢ ᠬᠦᠮᠦᠨ ᠠᠮᠠ 2018 ᠣᠨ ᠳᠤ 172 ᠡᠷᠦᠬᠡ 399 ᠬᠦᠮᠦᠨ ᠪᠠᠶᠢᠭᠰᠠᠨ ᠠᠴᠠ ᠨᠢ ᠴᠥᠭᠡᠷᠡᠭᠡᠳ 22 | ᠡᠷᠦᠬᠡ 43 ᠬᠦᠮᠦᠨ ᠪᠣᠯᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠡᠭᠦᠰᠬᠦ ᠨᠣᠷᠮ᠎ᠠ ᠨᠢ 0.34% ᠠᠴᠠ 0.03% ᠪᠣᠯᠪᠠ᠃ ᠪᠤᠬᠢᠷᠳᠤᠯ ᠢ ᠰᠡᠷᠭᠡᠶᠢᠯᠡᠨ | ᠵᠠᠰᠠᠭᠰᠠᠨ ᠦᠷ᠎ᠡ ᠪᠦᠲᠦᠮᠵᠢ ᠢᠯᠡᠷᠬᠡᠢ᠃ ᠬᠥᠪᠴᠢ ᠶᠢᠨ ᠡᠯᠡᠰᠦ ᠶᠢ ᠨᠣᠭᠤᠭᠠᠷᠠᠭᠤᠯᠤᠨ ᠴᠡᠭᠴᠡᠯᠡᠭᠰᠡᠨ ᠠᠷᠭ᠎ᠠ ᠬᠡᠯᠪᠡᠷᠢ ᠨᠢ ᠣᠯᠣᠰ ᠤᠨ ᠳᠣᠲᠣᠭᠠᠳᠣ | ᠭᠠᠳᠠᠭᠠᠳᠣ ᠶᠢᠨ ᠠᠩᠬᠠᠷᠣᠯ ᠢ ᠦᠷᠭᠦᠯᠵᠢᠯᠡᠨ ᠲᠠᠲᠠᠵᠤ᠂ ᠬᠠᠩᠭᠢᠨ ᠬᠤᠰᠢᠭᠤᠨ ᠤ ᠬᠥᠪᠴᠢ ᠶᠢᠨ ᠡᠯᠡᠰᠦᠨ ᠤ ᠢ ᠯᠢ ᠠᠮᠢ ᠠᠬᠤᠢ ᠶᠢᠨ ᠵᠢᠱᠢᠶ᠎ᠡ ᠦᠵᠡᠭᠦᠯᠬᠦ | ᠲᠤᠭᠤᠷᠢᠭ ᠨᠢ ᠪᠦᠬᠦ ᠣᠷᠣᠨ ᠳᠠᠬᠢ ᠴᠤᠷ ᠤᠨ ᠭᠠᠭᠴᠠ ᠪᠦᠬᠦ ᠣᠯᠣᠰ ᠤᠨ ︽ᠬᠥᠬᠡ ᠠᠭᠤᠯᠠ ᠬᠦᠬᠡᠮᠳᠦᠭ ᠣᠰᠦ ᠪᠣᠯ ᠠᠯᠲᠠ ᠮᠥᠩᠭᠦᠨ ᠠᠭᠤᠯᠠ︾ | ᠦᠢᠯᠡᠳᠦᠯᠭᠡ ᠪᠠ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠦᠨᠡᠯᠡᠭᠳᠡᠪᠡ᠃ 61ᠲᠦᠮᠡᠨ ᠮᠦ ᠣᠶᠢᠵᠢᠭᠤᠯᠤᠨ ᠨᠣᠭᠤᠭᠠᠷᠠᠭᠤᠯᠬᠤ ᠠᠵᠢᠯ ᠢ ᠪᠡᠶᠡᠯᠡᠭᠦᠯᠵᠦ᠂ | ᠭᠠᠵᠠᠷ ᠰᠢᠷᠤᠢ ᠶᠢᠨ ᠡᠪᠳᠡᠭᠳᠡᠯ ᠢ ᠴᠡᠭᠴᠡᠯᠡᠨ ᠰᠠᠶᠢᠵᠢᠷᠠᠭᠤᠯᠤᠭᠰᠠᠨ ᠲᠠᠯᠠᠪᠠᠢ 23 ᠲᠦᠮᠡᠨ ᠮᠦ ᠨᠡᠮᠡᠭᠳᠡᠨ᠂ ᠠᠯᠪᠠᠨ ᠵᠢᠷᠤᠮ ᠤᠨ ᠣᠶᠢᠵᠢᠭᠤᠯᠤᠯᠲᠠ ᠬᠢᠵᠦ 90 | ᠲᠦᠮᠡᠨ ᠰᠠᠭᠤᠷᠢ ᠮᠤᠳᠤ ᠲᠠᠷᠢᠪᠠ᠃ ᠰᠢᠨ᠎ᠡ ᠪᠠᠯᠭᠠᠰᠣᠨ ᠤ ᠪᠣᠬᠢᠷ ᠤᠰᠤ ᠶᠢ ᠴᠡᠪᠡᠷᠰᠢᠭᠦᠯᠬᠦ ᠦᠢᠯᠡᠳᠪᠦᠷᠢ ᠶᠢ ᠦᠷᠭᠡᠳᠭᠡᠨ ᠪᠠᠶᠢᠭᠤᠯᠵᠤ ᠬᠡᠷᠡᠭᠯᠡᠯᠲᠡ ᠳᠤ | ᠣᠷᠣᠭᠤᠯᠪᠠ᠃ ᠮᠠᠩᠨᠠᠢ ᠨᠠᠭᠤᠷ ᠤᠨ ᠡᠷᠭᠢᠨ ᠲᠤᠭᠤᠷᠢᠨ ᠤ ᠣᠷᠴᠢᠨ ᠠᠬᠤᠢ ᠶᠢ ᠨᠢᠭᠡᠳᠦᠯᠲᠡᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ | ᠬᠠᠤᠯᠢ ᠪᠣᠰᠤ ᠪᠠᠷ ᠬᠠᠭᠠᠯᠪᠤᠷᠢᠯᠠᠬᠤ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠬᠢᠪᠡ᠃ ᠭᠤᠣᠯ ᠮᠦᠷᠡᠨ ᠨᠠᠭᠤᠷ ᠴᠦᠬᠦᠷᠦᠮ ᠤᠨ | ᠳᠠᠷᠤᠭ᠎ᠠ ᠶᠢᠨ ᠬᠠᠷᠢᠭᠤᠴᠠᠯᠭᠠᠲᠤ ᠳᠥᠷᠢᠮ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠲᠠᠤᠯᠠᠢ ᠶᠢᠨ ᠭᠤᠣᠯ ᠢ ᠶᠡᠷᠦᠩᠬᠡᠶᠢᠯᠡᠨ ᠵᠠᠰᠠᠨ ᠴᠡᠭᠴᠡᠯᠡᠬᠦ ᠠᠵᠢᠯ ᠦᠷ᠎ᠡ | ᠪᠦᠲᠦᠮᠵᠢ ᠤᠯᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠣᠯᠠᠭᠠᠨ ᠱᠤᠭᠤᠮ ᠤᠨ ᠬᠥᠷᠢᠶ᠎ᠡ ᠬᠡᠪᠴᠢᠶ᠎ᠡ ᠪᠠᠨ ᠵᠥᠢ ᠵᠣᠬᠢᠰᠲᠠᠢ ᠢᠯᠭᠠᠨ ᠲᠣᠭᠲᠠᠭᠠᠵᠣ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠭᠤᠷᠬᠠᠢ ᠶᠢᠨ ᠠᠵᠤ ᠦᠢᠯᠡᠰ ᠤᠨ ᠡᠵᠡᠩᠨᠡᠯᠲᠡ ᠶᠢᠨ ᠡᠷᠬᠡ ᠶᠢ ᠪᠤᠴᠠᠭᠠᠬᠤ ᠠᠵᠢᠯ ᠡᠮᠬᠢ ᠳᠢᠭᠯᠢᠮ ᠲᠠᠢ | ᠠᠬᠢᠭᠤᠯᠥᠭ᠌ᠳᠠᠪᠠ᠃ ᠲᠦᠪ ᠬᠤᠷᠢᠶᠠᠨ ᠤ ᠣᠷᠴᠢᠨ ᠲᠤᠭᠤᠷᠢᠨ ᠢ ᠬᠢᠨᠠᠨ ᠪᠠᠶᠢᠴᠠᠭᠠᠬᠤ ᠳᠣᠭᠤᠶᠢᠯᠠᠩ ᠤᠨ ︽ᠳᠠᠪᠲᠠᠨ ᠪᠠᠶᠢᠴᠠᠭᠠᠯᠲᠠ︾ ᠠᠴᠠ ᠮᠠᠨ ᠤ | ᠬᠤᠰᠢᠭᠤᠨ ᠳᠤ ᠲᠤᠰᠬᠠᠭᠰᠠᠨ ᠣᠯᠠᠨ ᠲᠦᠮᠡᠨ ᠤ ᠵᠠᠬᠢᠳᠠᠯ ᠰᠣᠷᠪᠣᠯᠵᠢᠯᠠᠯ ᠢᠶᠠᠷ ᠢᠯᠡᠴᠢᠯᠡᠭᠰᠡᠨ 17 ᠠᠰᠠᠭᠤᠳᠠᠯ ᠢ ᠪᠦᠬᠦᠨ ᠢ ᠰᠢᠢᠳᠪᠦᠷᠢᠯᠡᠪᠡ᠃ | ︵ᠬᠤᠶᠠᠷ︶ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠂ ᠪᠦᠲᠦᠴᠡ ᠶᠢ ᠨᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠨ ᠠᠵᠤ | ᠦᠢᠯᠡᠰ ᠤᠨ ᠰᠢᠰᠲ᠋ᠧᠮ ᠢ ᠤᠯᠠᠮ ᠠᠴᠠ ᠲᠡᠭᠦᠯᠳᠡᠷᠵᠢᠭᠦᠯᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠪᠠᠶᠢᠳᠠᠯ ᠪᠣᠵᠠᠭᠠᠶᠢᠷᠠᠪᠠ᠃ ᠶᠡᠷᠦᠩᠬᠡᠢ ᠪᠡᠯᠡ | ᠣᠷᠣᠭᠤᠯᠣᠯᠲᠠ ᠨᠢ 186 ᠳ᠋ᠦᠩᠰᠢᠭᠤᠷ ᠲᠥᠭᠦᠷᠢᠭ ᠬᠦᠷᠦᠭᠰᠡᠨ ᠬᠤᠣ ᠬᠤᠸᠠ 60 ᠲᠦᠮᠡᠨ ᠲᠤᠨ ᠤ ᠨᠡᠭᠦᠷᠡᠰᠦ ᠪᠠᠷ ᠠᠯᠺᠸᠠ ᠦᠢᠯᠡᠳᠪᠦᠷᠢᠯᠡᠬᠦ ᠲᠥᠷᠥᠯ | ᠵᠦᠢᠯ ᠢ ᠠᠮᠵᠢᠯᠲᠠ ᠲᠠᠢ ᠣᠷᠣᠭᠤᠯᠣᠨ ᠠᠪᠴᠢᠷᠠᠪᠠ᠃ ᠠᠨ ᠳ᠋ᠧ ᠯᠢ 30 ᠲᠦᠮᠡᠨ ᠲᠤᠨ ᠤ ᠨᠠᠷᠢᠯᠢᠭ ᠬᠢᠮᠢ ᠶᠢᠨ ᠪᠦᠲᠦᠭᠡᠭᠳᠡᠭᠦᠨ ᠦᠢᠯᠡᠳᠪᠦᠷᠢᠯᠡᠬᠦ ᠲᠥᠷᠥᠯ | ᠵᠦᠢᠯ ᠦᠢᠯᠡᠳᠪᠦᠷᠢᠯᠡᠯ ᠢᠶᠠᠨ ᠡᠬᠢᠯᠡᠭᠦᠯᠵᠦ᠂ ᠢ ᠲᠠᠢ ᠨᠢᠩ ᠨᠧᠩ 50 ᠲᠦᠮᠡᠨ ᠲᠤᠨ ᠤ ᠹᠢᠱᠣᠷ ᠲᠷᠣᠫᠱ ︵Fischer — Tropsch process | ︶ ᠠᠯᠺᠠᠨ ᠦᠢᠯᠡᠳᠪᠦᠷᠢᠯᠡᠬᠦ ᠲᠥᠷᠥᠯ ᠵᠦᠢᠯ ᠪᠣᠯᠣᠨ ᠢ ᠯᠢᠨ 20 ᠲᠤᠨ ᠤ ᠡᠲ᠋ᠠ ᠬᠤᠶᠠᠷ ᠠᠯᠺᠤᠤᠯ ᠦᠢᠯᠡᠳᠪᠦᠷᠢᠯᠡᠬᠦ ᠲᠥᠷᠥᠯ ᠵᠦᠢᠯ ᠨᠢ ᠪᠠᠷᠢᠯᠭ᠎ᠠ ᠶᠢᠨ | ᠠᠵᠢᠯ ᠢᠶᠠᠨ ᠡᠬᠢᠯᠡᠭᠦᠯᠵᠦ᠂ ᠢ ᠲᠠᠢ 120 ᠲᠦᠮᠡᠨ ᠲᠤᠨ ᠤ ᠨᠠᠷᠢᠯᠢᠭ ᠬᠢᠮᠢ ᠶᠢᠨ ᠪᠦᠳᠦᠭᠡᠭᠳᠡᠬᠦᠨ ᠦᠢᠯᠡᠳᠪᠦᠷᠢᠯᠡᠬᠦ ᠳᠦᠷᠦᠯ ᠵᠦᠢᠯ ᠠᠰᠢᠭᠯᠠᠯᠲᠠ ᠳᠤ ᠣᠷᠣᠵᠤ᠂ | ᠪᠦᠬᠦ ᠬᠤᠰᠢᠭᠤᠨ ᠤ ᠨᠡᠭᠦᠷᠡᠰᠦ ᠬᠢᠮᠢ ᠶᠢᠨ ᠪᠥᠲᠥᠭᠡᠭᠳᠡᠭᠦᠨ ᠦᠢᠯᠡᠳᠪᠦᠷᠢᠯᠡᠬᠦ ᠴᠢᠳᠠᠮᠵᠢ ᠨᠢ 480 ᠲᠦᠮᠡᠨ ᠲᠤᠨ ᠳᠤ ᠬᠦᠷᠪᠡ᠃ ᠬᠥᠪᠴᠢ ᠶᠢᠨ ᠡᠯᠡᠰᠦᠨ ᠳᠠᠬᠢ | 20 ᠲᠦᠮᠡᠨ ᠺᠢᠯᠣᠸᠠᠲ ᠤᠨ ᠨᠠᠷᠠᠨ ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠪᠣᠯᠣᠨ ᠯᠦ ᠨᠧᠩ 10 ᠲᠦᠮᠡᠨ ᠺᠢᠯᠣᠸᠠᠲ ᠤᠨ ᠰᠠᠯᠬᠢᠨ ᠬᠦᠴᠦ ᠪᠠᠷ | ᠴᠠᠬᠢᠯᠭᠠᠨ ᠭᠠᠷᠭᠠᠵᠤ ᠢᠯᠴᠢ ᠬᠠᠩᠭᠠᠬᠤ ᠲᠥᠷᠥᠯ ᠵᠦᠢᠯ ᠴᠠᠬᠢᠯᠭᠠᠨ ᠬᠠᠩᠭᠠᠨ ᠡᠬᠢᠯᠡᠵᠦ᠂ ᠮᠧᠩ ᠨᠧᠩ ᠪᠦᠯᠦᠭᠯᠡᠯ ᠤᠨ ᠬᠠᠩᠭᠢᠨ ᠬᠤᠰᠢᠭᠤᠨ ᠤ ᠴᠠᠬᠢᠯᠭᠠᠨ | ᠭᠠᠷᠭᠠᠬᠤ ᠥᠷᠲᠡᠭᠡᠨ ᠤ 2 ᠬᠡᠰᠡᠭ ᠴᠠᠬᠢᠯᠭᠠᠨ ᠭᠠᠷᠭᠠᠬᠤ ᠴᠣᠭᠴᠠᠯᠠᠪᠤᠷᠢ ᠡᠷᠭᠢᠯᠲᠡ ᠳᠤ ᠣᠷᠣᠵᠤ᠂ ᠪᠦᠬᠦ ᠬᠤᠰᠢᠭᠤᠨ ᠤ ᠶᠡᠷᠦᠩᠬᠡᠢ ᠴᠠᠬᠢᠯᠭᠠᠨ ᠭᠠᠷᠭᠠᠬᠤ ᠬᠡᠮᠵᠢᠶ᠎ᠡ | 50 ᠳ᠋ᠦᠩᠰᠢᠭᠤᠷ ᠭᠷᠠᠳᠦ᠋ᠰ ᠢ ᠳᠠᠪᠠᠪᠠ᠃ ᠾᠧᠩ ᠳ᠋ᠦᠩ 60 ᠲᠦᠮᠡᠨ ᠺᠦᠪ ᠮᠧᠲᠷ ᠤᠨ ᠪᠠᠶᠢᠭᠠᠯᠢ ᠶᠢᠨ ᠰᠢᠲᠠᠮᠠᠬᠠᠢ ᠭᠡᠢ ᠶᠢ ᠰᠢᠩᠭᠡᠵᠢᠭᠦᠯᠬᠦ ᠲᠥᠷᠥᠯ ᠵᠦᠢᠯ | ᠪᠠᠶᠢᠭᠤᠯᠤᠭᠳᠠᠵᠤ᠂ ᠸᠠᠨ ᠷᠦᠢ 100 ᠲᠦᠮᠡᠨ ᠺᠦᠪ ᠮᠧᠲᠷ ᠪᠠᠶᠢᠭᠠᠯᠢ ᠶᠢᠨ ᠰᠢᠲᠠᠮᠠᠬᠠᠢ ᠭᠡᠢ ᠶᠢ ᠰᠢᠩᠭᠡᠵᠢᠭᠦᠯᠬᠦ ᠲᠥᠷᠥᠯ ᠵᠦᠢᠯ ᠪᠠᠷᠢᠯᠭ᠎ᠠ ᠡᠬᠢᠯᠡᠨ | ᠪᠠᠶᠢᠭᠤᠯᠤᠯᠲᠠ ᠳᠤ ᠣᠷᠣᠵᠤ᠂ ᠡᠳᠦᠷ ᠲᠤ ᠪᠠᠶᠢᠭᠠᠯᠢ ᠶᠢᠨ ᠰᠢᠲᠠᠮᠠᠬᠠᠢ ᠭᠡᠢ ᠭᠠᠷᠭᠠᠬᠤ ᠬᠡᠮᠵᠢᠶ᠎ᠡ ᠨᠢ 400 ᠲᠦᠮᠡᠨ ᠺᠦᠪ ᠮᠧᠲᠷ ᠢ ᠳᠠᠪᠠᠵᠤ᠂ ᠰᠢᠩᠭᠡᠵᠢᠭᠦᠯᠬᠦ | ᠬᠡᠮᠵᠢᠶ᠎ᠡ ᠨᠢ 360 ᠲᠦᠮᠡᠨ ᠺᠦᠪ ᠮᠧᠲᠷ ᠢ ᠳᠠᠪᠠᠪᠠ᠃ ᠲᠠᠷᠢᠶᠠᠯᠠᠩ ᠮᠠᠯ ᠠᠵᠤ ᠠᠬᠤᠢ ᠶᠢᠨ ᠬᠢᠷᠢ ᠬᠡᠮᠵᠢᠶ᠎ᠡ ᠴᠢᠨᠠᠷ ᠴᠢᠨᠰᠠᠭ᠎ᠠ ᠵᠡᠷᠭᠡᠪᠡᠷ ᠳᠡᠭᠡᠭᠰᠢᠯᠡᠪᠡ᠃ ᠠᠵᠤ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠢᠳᠡᠪᠬᠢᠲᠡᠢ ᠣᠳᠣᠷᠢᠳᠴᠦ᠂ 12 ᠲᠦᠮᠡᠨ ᠮᠦ ᠴᠢᠨᠠᠷ ᠰᠠᠶᠢᠲᠠᠢ ᠡᠪᠡᠰᠦ ᠪᠡᠯᠴᠢᠭᠡᠷ ᠪᠠ 9 ᠲᠦᠮᠡᠨ ᠮᠦ | ᠣᠨᠴᠠᠯᠢᠭᠳᠣ ᠲᠠᠷᠢᠮᠠᠯ ᠤᠨ ᠵᠦᠢᠯ ᠢ ᠲᠠᠷᠢᠵᠤ᠂ ᠲᠠᠷᠢᠮᠠᠯ ᠤᠨ ᠵᠦᠢᠯ ᠤᠨ ᠲᠠᠯᠠᠪᠠᠢ 131 ᠲᠦᠮᠡᠨ ᠮᠦ ᠬᠦᠷᠪᠡ᠃ 8.5 ᠲᠦᠮᠡᠨ ᠮᠦ ᠦᠨᠳᠦᠷ ᠪᠠᠷᠢᠮᠵᠢᠶ᠎ᠡ ᠲᠠᠢ | ᠲᠠᠷᠢᠶᠠᠨ ᠭᠠᠵᠠᠷ ᠭᠠᠷᠭᠠᠬᠤ ᠠᠵᠢᠯ ᠢ ᠶᠠᠪᠤᠭᠳᠠᠭᠤᠯᠵᠤ᠂ ᠦᠨᠳᠦᠷ ᠪᠦᠲᠦᠮᠵᠢᠲᠦ ᠣᠰᠤ ᠠᠷᠪᠢᠯᠠᠬᠤ ᠣᠰᠤᠯᠠᠯᠲᠠ ᠶᠢᠨ ᠲᠠᠷᠢᠶᠠᠨ ᠭᠠᠵᠠᠷ 3 ᠲᠦᠮᠡᠨ ᠮᠦ ᠬᠦᠷᠴᠦ᠂ | ᠭᠦᠨ ᠬᠠᠭᠠᠯᠪᠦᠷᠢᠯᠠᠭᠰᠠᠨ ᠲᠠᠷᠢᠶᠠᠨ ᠭᠠᠵᠠᠷ 5 ᠲᠦᠮᠡᠨ ᠮᠦ ᠬᠦᠷᠪᠡ᠃ 5 ᠲᠦᠮᠡᠨ ᠮᠢᠬᠠᠨ ᠡᠭᠦᠯᠳᠡᠷ ᠤᠨ ᠬᠤᠨᠢ᠂ 10000 ᠰᠠᠭᠠᠯᠢ ᠶᠢᠨ ᠦᠨᠢᠶ᠎ᠡ᠂ 2000 | ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠬᠡᠪᠴᠢᠶᠡᠵᠢᠭᠰᠡᠨ ᠮᠠᠯ ᠲᠡᠵᠢᠭᠡᠪᠦᠷᠢ ᠶᠢᠨ ᠲᠥᠷᠥᠯ ᠵᠦᠢᠯ ᠢ ᠣᠷᠣᠭᠤᠯᠣᠨ ᠠᠪᠴᠢᠷᠠᠵᠤ᠂ 7 ᠬᠤᠲᠠ ᠶᠢᠨ ᠲᠡᠰ ᠤᠨ | ᠲᠣᠯᠣᠭᠠᠶᠢᠯᠠᠭᠴᠢ ᠠᠵᠤ ᠠᠬᠤᠶᠢᠯᠠᠯ ᠢ ᠪᠣᠶᠢᠵᠢᠭᠤᠯᠵᠤ᠂ 10.4 ᠲᠦᠮᠡᠨ ᠳᠡᠭᠰᠢ ᠳᠥᠷᠪᠡᠯᠵᠢᠨ ᠮᠧᠲᠷ ᠤᠨ ᠦᠨᠳᠦᠷ ᠪᠠᠷᠢᠮᠵᠢᠶᠠᠲᠤ ᠲᠡᠵᠢᠭᠡᠨ ᠦᠷᠡᠵᠢᠭᠦᠯᠬᠦ | ᠬᠤᠷᠤᠭ᠎ᠠ ᠰᠠᠷᠠᠪᠴᠢ᠂ 3 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠣᠭᠤᠷᠢᠭ᠂ 7 ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠨ᠎ᠡ ᠪᠠᠷ | ᠪᠠᠶᠢᠭᠤᠯᠤᠨ ᠪᠣᠰᠬᠠᠵᠤ᠂ ᠬᠡᠪᠵᠢᠶᠡᠵᠢᠭᠦᠯᠦᠨᠲ᠋ᠡᠵᠢᠭᠡᠨ ᠦᠷᠡᠵᠢᠭᠦᠯᠦᠭᠰᠡᠨ ᠮᠠᠯ ᠤᠨ ᠲᠤᠭ᠎ᠠ ᠲᠣᠯᠣᠭᠠᠢ 110 ᠲᠦᠮᠡ ᠶᠢ ᠳᠠᠪᠠᠪᠠ᠃ ᠵᠢᠭᠠᠰᠤ ᠵᠢᠷᠠᠭᠠᠬᠠᠢ ᠲᠡᠵᠢᠭᠡᠨ | ᠦᠷᠡᠵᠢᠭᠦᠯᠬᠦ ᠬᠡᠪᠴᠢᠶ᠎ᠡ ᠪᠠᠨ ᠦᠷᠭᠦᠯᠵᠢᠯᠡᠨ ᠥᠷᠭᠡᠳᠭᠡᠵᠦ᠂ ᠲᠡᠵᠢᠭᠡᠨ ᠦᠷᠡᠵᠢᠭᠦᠯᠬᠦ ᠲᠠᠯᠠᠪᠠᠢ ᠨᠢ 3.5 ᠲᠦᠮᠡᠨ ᠮᠦ ᠬᠦᠷᠴᠦ᠂ ᠭᠠᠷᠣᠯᠲᠠ ᠨᠢ 2000 ᠲᠤᠨ ᠢ | ᠳᠠᠪᠠᠪᠠ᠃ ᠦᠢᠯᠡᠴᠢᠯᠡᠭᠡᠨ ᠤ ᠦᠢᠯᠡᠰ ᠴᠢᠨᠡᠷᠵᠢᠨ ᠬᠥᠭᠵᠢᠪᠡ᠃ ᠵᠣᠭᠠᠴᠠᠯ ᠤᠨ ᠦᠵᠡᠮᠵᠢ ᠶᠢᠨ ᠣᠷᠣᠨ ᠤ ᠰᠠᠭᠤᠷᠢ ᠲᠦᠬᠦᠭᠡᠷᠦᠮᠵᠢ ᠶᠢ ᠥᠷᠭᠦᠯᠵᠢᠯᠡᠨ | ᠥᠭᠡᠷᠡᠴᠢᠯᠡᠨ ᠰᠠᠶᠢᠵᠢᠷᠠᠭᠤᠯᠪᠠ᠂ ᠥᠪᠡᠷᠳᠡᠭᠡᠨ ᠵᠠᠰᠠᠬᠤ ᠣᠷᠣᠨ ᠤ ᠭᠤᠷᠪᠠᠨ ᠣᠳᠣᠨ ᠲᠡᠰ ᠠᠴᠠ ᠳᠡᠭᠡᠭᠰᠢ ᠪᠠᠷᠢᠮᠵᠢᠶ᠎ᠠ ᠲᠠᠢ ᠮᠠᠯᠴᠢᠨ ᠥᠷᠭᠦᠭᠡ 10 ᠡᠷᠦᠬᠡ᠂ | ᠬᠤᠲᠠ ᠶᠢᠨ ᠲᠡᠰ ᠤᠨ ᠡᠳ᠋ᠯᠡᠩ ᠬᠡᠯᠪᠡᠷᠢ ᠶᠢᠨ ᠵᠤᠭᠠᠴᠠᠯ ᠤᠨ ᠦᠢᠯᠡᠰ ᠡᠷᠬᠢᠯᠡᠭᠰᠡᠨ ᠬᠦᠳᠡᠭᠡ ᠠᠶᠢᠯ 6 ᠡᠷᠦᠬᠡ ᠨᠡᠮᠡᠭᠳᠡᠪᠡ᠃ ᠮᠠᠰᠢᠨ ᠲᠡᠷᠭᠡ ᠵᠢᠯᠣᠭᠤᠳᠴᠤ | ᠬᠡᠭᠡᠷ᠎ᠡ ᠪᠠᠭᠤᠳᠠᠯᠯᠠᠬᠤ ᠭᠠᠵᠠᠷ ᠪᠠ ᠡᠯᠡᠰᠦᠨ ᠴᠦᠯ ᠳᠠᠬᠢ ᠦᠷᠭᠡᠳᠭᠡᠭᠰᠡᠨ ᠪᠣᠯᠪᠠᠰᠣᠷᠠᠯ ᠬᠢᠬᠦ ᠭᠠᠵᠠᠷ ᠢ ᠲᠣᠰ ᠲᠣᠰ 1 ᠪᠠᠶᠢᠭᠤᠯᠪᠠ᠃ ᠬᠦᠪᠴᠢ ᠡᠯᠡᠰᠦᠨ ᠤ | ᠮᠠᠰᠢᠨ ᠲᠡᠷᠭᠡᠨ ᠤᠷᠤᠯᠳᠤᠭᠠᠨ᠂ ᠬᠠᠩᠭᠢᠨ ᠰᠣᠶᠣᠯ ᠤᠨ ᠡᠳᠦᠷ ᠵᠡᠷᠭᠡ ᠲᠣᠮᠣ ᠬᠡᠯᠪᠡᠷᠢ ᠶᠢᠨ ᠨᠠᠶᠢᠷ ᠨᠠᠭᠠᠳᠤᠮ ᠢ 35 ᠤᠳᠠᠭ᠎ᠠ ᠠᠮᠵᠢᠯᠲᠠ ᠲᠠᠢ ᠪᠡᠶᠡᠯᠡᠭᠦᠯᠪᠡ᠃ | ᠪᠦᠬᠦ ᠵᠢᠯ ᠳᠤ 105 ᠲᠦᠮᠡᠨ ᠵᠤᠭᠠᠴᠠᠭᠰᠠᠳ ᠢ ᠤᠭᠲᠤᠨ ᠠᠪᠴᠤ᠂ ᠵᠣᠭᠠᠴᠠᠯ ᠤᠨ ᠣᠷᠣᠯᠭ᠎ᠠ ᠶᠢ 30 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠲᠤᠰ | ᠲᠤᠰ ᠲᠠᠭᠠᠨ 10%᠂ 8% ᠪᠠᠷ ᠨᠡᠮᠡᠭᠳᠡᠪᠡ᠃ ᠬᠤᠢ ᠲᠦᠩ ᠪᠣᠳᠠᠰ ᠤᠨ ᠭᠦᠢᠯᠭᠡᠭᠡᠨ ᠤ ᠬᠦᠷᠢᠶᠡᠯᠡᠩ ᠪᠠ ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ | ᠲᠣᠭᠤᠷᠢᠭ ᠤᠨ ᠠᠶᠣᠯ ᠲᠠᠢ ᠬᠢᠮᠢ ᠶᠢᠨ ᠪᠣᠳᠠᠰ ᠲᠡᠭᠡᠭᠡᠪᠦᠷᠢᠯᠡᠭᠰᠡᠨ ᠮᠠᠰᠢᠨ ᠲᠡᠷᠭᠡ ᠵᠣᠭᠰᠣᠬᠤ ᠲᠠᠯᠠᠪᠤᠷ ᠢ ᠪᠠᠶᠢᠭᠤᠯᠤᠨ ᠬᠡᠷᠡᠭᠯᠡᠯᠲᠡ ᠳᠤ ᠣᠷᠣᠭᠤᠯᠵᠤ᠂ | ᠳᠣᠭᠤᠶᠢᠲᠠᠯᠠ ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠ ᠰᠢᠨᠡᠪᠠᠯᠭᠠᠰᠤ ᠶᠢᠨ ᠮᠠᠰᠢᠨ ᠲᠡᠷᠭᠡ ᠰᠡᠯᠪᠢᠬᠦ ᠪᠣᠳᠠᠰ ᠤᠨ | ᠭᠦᠢᠯᠭᠡᠭᠡᠨ ᠤ ᠬᠦᠷᠢᠶᠡᠯᠡᠩ ᠢ ᠪᠠᠶᠢᠭᠤᠯᠵᠤ ᠡᠬᠢᠯᠡᠪᠡ᠃ 11 ᠠᠵᠣ ᠠᠬᠤᠶᠢᠯᠠᠯ ᠬᠤᠰᠢᠭᠤᠨ ᠤ ᠡᠯᠧᠺᠲᠷᠣᠨ ᠬᠤᠳᠠᠯᠳᠣᠭᠠᠨ ᠤ ᠦᠢᠯᠡᠴᠢᠯᠡᠭᠡᠨ ᠤ ᠲᠥᠪ ᠲᠤ | ᠬᠤᠳᠠᠯᠳᠤᠭ᠎ᠠ ᠡᠷᠬᠢᠯᠡᠭᠡᠳ᠂ ᠰᠦᠯᠵᠢᠶᠡᠨ ᠳᠡᠭᠡᠷᠡᠬᠢ ᠰᠣᠯᠢᠯᠴᠠᠭ᠎ᠠ ᠨᠢ 3500 ᠲᠦᠮᠡᠨ ᠲᠥᠭᠦᠷᠢᠭ ᠢ ᠳᠠᠪᠠᠪᠠ᠃ | ︵ᠭᠤᠷᠪᠠ︶ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠨ᠂ ᠰᠠᠭᠤᠷᠢ ᠪᠠᠨ ᠴᠢᠩᠭᠠᠳᠬᠠᠬᠤ ᠳᠡᠭᠡᠷ᠎ᠡ ᠬᠦᠴᠦᠯᠡᠭᠰᠡᠨ ᠠᠴᠠ ᠬᠤᠲᠠ ᠬᠥᠳᠡᠭᠡ ᠶᠢᠨ | ᠥᠩᠭᠡ ᠳᠦᠷᠰᠦ ᠡᠳᠦᠷ ᠢᠷᠡᠬᠦᠶ᠎ᠡ ᠰᠠᠶᠢᠵᠢᠷᠠᠪᠠ᠃ ᠬᠤᠲᠠ ᠪᠠᠯᠭᠠᠰᠤ ᠶᠢᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠪᠡ᠃ ᠮᠠᠨ ᠤ ᠬᠤᠰᠢᠭᠤ ᠨᠢ ᠵᠢᠷᠭᠤᠳᠣᠭᠠᠷ | ᠬᠤᠭᠤᠴᠠᠭᠠᠨ ᠤ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠪᠠᠷ ᠦᠨᠡᠯᠡᠭᠳᠡᠬᠦ ᠠᠵᠢᠯᠯᠠᠭ᠎ᠠ ᠳᠤ ᠨᠡᠷ᠎ᠡ ᠳᠤᠷᠠᠳᠤᠭᠳᠠᠭᠰᠠᠨ ᠬᠢᠷᠢ ᠬᠡᠮ ᠢ ᠣᠯᠵᠤ᠂ | ᠠᠩᠬᠠᠳᠣᠭᠠᠷ ᠣᠳᠠᠭᠠᠨ ᠤ ᠦᠨᠡᠯᠡᠯᠲᠡ ᠳᠤ ᠥᠪᠡᠷᠳᠡᠭᠡᠨ ᠵᠠᠰᠠᠬᠤ ᠣᠷᠣᠨ ᠤ ᠳᠣᠲᠣᠷ᠎ᠠ ᠲᠡᠷᠢᠭᠦᠨ ᠳᠤ ᠨᠢ ᠵᠢᠭᠰᠠᠭᠠᠭᠳᠠᠨ᠂ ᠣᠯᠣᠰ ᠤᠨ ᠲᠡᠰ ᠤᠨ ᠡᠷᠡᠭᠦᠯ | ᠬᠠᠮᠠᠭᠠᠯᠠᠯᠲᠤ ᠬᠤᠲᠠ ᠶᠢ ᠡᠭᠦᠳᠬᠦ ᠠᠵᠢᠯ ᠣᠯᠥᠰ ᠤᠨ ᠮᠡᠷᠭᠡᠵᠢᠯ ᠤᠨ ᠥᠨᠡᠯᠡᠯᠲᠡ ᠶᠢ ᠥᠩᠭᠡᠷᠡᠭᠡᠪᠡ᠃ ᠰᠢᠨᠡᠪᠠᠯᠭᠠᠰᠣ ᠶᠢᠨ ᠪᠠᠯᠭᠠᠰᠣᠨ ᠲᠣᠭᠤᠷᠢᠭ ᠳᠠᠬᠢ | ᠵᠢᠷᠭᠠᠯᠠᠩᠲᠦ ᠵᠡᠭᠡᠯᠢ ᠶᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠦᠨ᠂ 5 ᠨᠡᠶᠢᠲᠡ ᠶᠢᠨ ᠵᠣᠷᠯᠣᠩ᠂ 3 ᠬᠤᠭ ᠯᠠᠭ ᠳᠠᠮᠵᠢᠭᠤᠯᠤᠨ ᠵᠥᠭᠡᠭᠡᠪᠦᠷᠢᠯᠡᠬᠦ | ᠥᠷᠲᠡᠭᠡ ᠶᠢ ᠪᠠᠶᠢᠭᠤᠯᠵᠤ᠂ ᠰᠢᠨ᠎ᠡ ᠵᠠᠰᠠᠭᠰᠠᠨ ᠪᠠ ᠥᠭᠡᠷᠡᠴᠢᠯᠡᠨ ᠭᠤᠶᠣᠵᠢᠭᠤᠯᠤᠭᠰᠠᠨ ᠬᠤᠲᠠ ᠪᠠᠯᠭᠠᠰᠣ ᠶᠢᠨ ᠦᠵᠡᠮᠵᠢ ᠶᠢᠨ ᠲᠠᠯᠠᠪᠠᠢ 67 ᠲᠦᠮᠡᠨ ᠳᠡᠭᠰᠢ | ᠳᠥᠷᠪᠡᠯᠵᠢᠨ ᠮᠧᠲᠷ ᠬᠦᠷᠴᠦ᠂ ᠬᠤᠰᠢᠭᠤᠨ ᠤ ᠶᠡᠷᠥᠩᠬᠡᠶᠢᠯᠡᠭᠰᠡᠨ ᠳᠠᠩᠰᠠ ᠡᠪᠬᠡᠮᠡᠯ ᠤᠨ ᠰᠠᠩ ᠢ ᠪᠠᠶᠢᠭᠤᠯᠤᠨ ᠬᠡᠷᠡᠭᠯᠡᠯᠲᠡ ᠣᠷᠣᠭᠤᠯᠵᠤ᠂ ᠨᠠᠮ ᠤᠨ ᠰᠣᠷᠭᠠᠭᠤᠯᠢ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠪᠠᠭᠠᠴᠤᠳ ᠤᠨ ᠣᠷᠳᠣᠨ᠂ ᠨᠣᠮ ᠤᠨ ᠰᠠᠩ ᠢ ᠬᠠᠮᠲᠤᠷᠠᠭᠤᠯᠤᠭᠰᠠᠨ ᠬᠤᠰᠢᠭᠤ ᠶᠡᠷᠦᠩᠬᠡᠶᠢᠯᠡᠭᠰᠡᠨ | ᠰᠣᠶᠣᠯ ᠦᠢᠯᠡᠴᠢᠯᠡᠭᠡᠨ ᠤ ᠲᠥᠪ ᠢ ᠦᠨᠳᠦᠰᠦᠨ ᠳᠤ ᠪᠠᠨ ᠪᠠᠶᠢᠭᠤᠯᠤᠨ ᠪᠦᠷᠢᠳᠦᠭᠦᠯᠪᠡ᠃ ᠰᠠᠭᠤᠭᠠᠯᠢ ᠠᠷᠠᠳ ᠢ ᠪᠤᠴᠠᠭᠠᠨ ᠨᠡᠭᠦᠯᠭᠡᠵᠦ ᠲᠦᠪᠬᠢᠨᠡᠭᠦᠯᠬᠦ ᠭᠡᠷ | ᠪᠠᠶᠢᠰᠢᠩ ᠢ 105 ᠢᠵᠢ ᠳᠣᠰᠢᠶᠠᠵᠤ᠂ 1033 ᠡᠷᠦᠬᠡ ᠲᠠᠢ ᠬᠠᠭᠤᠴᠢᠨ ᠲᠣᠭᠤᠷᠢᠭ ᠢ ᠥᠭᠡᠷᠡᠴᠢᠯᠡᠨ ᠭᠡᠷ ᠪᠠᠶᠢᠰᠢᠩ ᠢ ᠨᠢ ᠰᠢᠨᠡᠳᠭᠡᠬᠦ ᠭᠡᠷ᠎ᠡ ᠲᠣᠭᠲᠠᠵᠤ᠂ | 400 ᠢᠵᠢ ᠪᠠᠲᠣᠯᠠᠭ᠎ᠠ ᠶᠢᠨ ᠴᠢᠨᠠᠷ ᠲᠠᠢ ᠣᠷᠣᠨ ᠰᠠᠭᠤᠴᠠ ᠶᠢ ᠪᠠᠷᠢᠵᠤ ᠭᠦᠢᠴᠡᠳᠭᠡᠨ᠂ 6.12 ᠲᠦᠮᠡᠨ ᠳᠡᠭᠰᠢ ᠳᠥᠷᠪᠡᠯᠵᠢᠨ ᠮᠧᠲᠷ ᠦᠯᠡᠳᠡᠭᠳᠡᠯ | ᠲᠠᠸᠠᠷ ᠤᠨ ᠣᠷᠣᠨ ᠰᠠᠭᠤᠴᠠ ᠶᠢ ᠬᠤᠳᠠᠯᠳᠣᠨ ᠰᠢᠢᠳᠪᠦᠷᠢᠯᠡᠪᠡ᠃ ᠬᠤᠲᠠ ᠪᠠᠯᠭᠠᠰᠤ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠬᠦ ᠭᠤᠷᠪᠠᠨ | ᠵᠢᠯ ᠤᠨ ᠠᠵᠢᠯᠯᠠᠭ᠎ᠠ ᠶᠢ ᠭᠦᠨᠵᠡᠭᠡᠢ ᠥᠷᠷᠨᠢᠭᠦᠯᠵᠦ᠂ 131 ᠪᠠᠶᠢᠭᠤᠯᠭ᠎ᠠ ᠨᠢᠭᠡᠴᠡ ᠪᠣᠯᠣᠨ 82 ᠰᠠᠭᠤᠭᠠᠯᠢ ᠲᠣᠭᠤᠷᠢᠭ ᠬᠠᠪᠰᠤᠷᠤᠯᠴᠠᠭ᠎ᠠ ᠪᠠᠶᠢᠭᠤᠯᠤᠨ | ᠬᠠᠮᠲᠤ ᠪᠠᠷ ᠴᠢᠨᠠᠷ ᠴᠢᠨᠰᠠᠭ᠎ᠠ ᠲᠠᠢ ᠰᠠᠭᠤᠭᠠᠯᠢ ᠲᠣᠭᠤᠷᠢᠭ ᠪᠠᠶᠢᠭᠤᠯᠬᠤ ᠠᠵᠢᠯ ᠢ ᠥᠷᠨᠢᠭᠦᠯᠵᠦ᠂ ︽ᠵᠡᠭᠡᠯᠢ ᠭᠤᠳᠣᠮᠵᠢ ᠶᠢᠨ ᠳᠠᠷᠤᠭ᠎ᠠ ᠶᠢᠨ ᠬᠠᠷᠢᠭᠤᠴᠠᠯᠭᠠᠲᠤ | ᠳᠥᠷᠢᠮ︾᠂ ︽ᠴᠡᠴᠡᠷᠯᠢᠭ ᠤᠨ ᠳᠠᠷᠤᠭ᠎ᠠ ᠶᠢᠨ ᠬᠠᠷᠢᠭᠤᠴᠠᠯᠭᠠᠲᠤ ᠳᠥᠷᠢᠮ︾ ᠢ ᠪᠦᠬᠦ ᠲᠠᠯ᠎ᠠ ᠪᠠᠷ ᠶᠠᠪᠤᠭᠳᠠᠭᠤᠯᠤᠨ᠂ ᠬᠤᠲᠠ ᠪᠠᠯᠭᠠᠰᠤ ᠶᠢᠨ ᠡᠮᠬᠢ ᠳᠢᠭᠯᠢᠮ | ᠶᠡᠬᠡᠳᠡ ᠬᠤᠪᠢᠷᠠᠨ ᠰᠠᠶᠢᠵᠢᠷᠠᠪᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠣᠷᠴᠢᠨ ᠠᠬᠤᠢ ᠦᠷᠭᠦᠯᠵᠢᠯᠡᠨ ᠥᠭᠡᠷᠡᠴᠢᠯᠡᠭᠳᠡᠨ ᠰᠠᠶᠢᠵᠢᠷᠠᠪᠠ᠃ ᠬᠠᠲᠣᠨ ᠭᠤᠣᠯ | ᠳᠠᠭᠠᠤ ᠭᠤᠷᠪᠠᠨ ᠪᠠᠯᠭᠠᠰᠣᠨ ᠤ ᠲᠥᠭᠡᠭᠡᠯ ᠣᠰᠣᠨ ᠤ ᠴᠢᠨᠠᠷ ᠢ ᠰᠠᠶᠢᠵᠢᠷᠠᠭᠤᠯᠬᠤ ᠢᠨᠵᠧᠨᠧᠷᠢᠩ ᠤᠰᠤ ᠬᠠᠩᠭᠠᠨ ᠡᠬᠢᠯᠡᠵᠦ᠂ 3.6 ᠲᠦᠮᠡᠨ ᠮᠠᠯᠴᠢᠨ | ᠲᠠᠷᠢᠶᠠᠴᠢᠨ ᠤ ᠤᠰᠤ ᠤᠮᠳᠠ ᠶᠢᠨ ᠠᠮᠤᠷ ᠲᠥᠪᠰᠢᠨ ᠢ ᠰᠢᠢᠳᠪᠦᠷᠢᠯᠡᠪᠡ᠃ S215᠂ S316᠂ G242 ᠵᠡᠷᠭᠡ ᠬᠠᠩᠭᠢᠨ ᠬᠤᠰᠢᠭᠤᠨ ᠤ ᠬᠥᠭᠵᠢᠯᠲᠡ ᠲᠠᠢ | ᠬᠤᠯᠪᠣᠭᠳᠠᠬᠤ ᠴᠢᠬᠤᠯᠠ ᠵᠠᠮ ᠤᠳ ᠦᠨᠳᠦᠰᠦᠨ ᠳᠡᠭᠡᠨ ᠲᠡᠷᠭᠡ ᠨᠡᠪᠲᠡᠷᠡᠬᠦ ᠨᠦᠬᠦᠴᠡᠯ ᠢ ᠪᠦᠷᠢᠯᠳᠦᠭᠦᠯᠪᠡ᠃ 110 ᠺᠢᠯᠣᠸᠣᠯᠲ ᠤᠨ ᠴᠠᠬᠢᠯᠭᠠᠨ ᠳᠠᠮᠵᠢᠭᠤᠯᠬᠤ | ᠤᠲᠠᠰᠤ ᠶᠢ 48 ᠺᠢᠯᠣᠮᠧᠲᠷ᠂ 10 ᠺᠢᠯᠣᠸᠣᠯᠲ ᠤᠨ ᠴᠠᠬᠢᠯᠭᠠᠨ ᠳᠠᠮᠵᠢᠭᠤᠯᠬᠤ ᠤᠲᠠᠰᠤ ᠶᠢ 836 ᠺᠢᠯᠣᠮᠧᠲᠷ ᠲᠠᠲᠠᠨ ᠪᠣᠰᠬᠠᠵᠤ᠂ ᠬᠥᠬᠡᠮᠤᠳᠤ ᠪᠠᠯᠭᠠᠰᠤᠨ ᠤ | ᠪᠠᠯᠭᠠᠰᠣᠨ ᠲᠤᠭᠤᠷᠢᠭ ᠤᠨ ᠬᠤᠷᠠᠮᠠᠯ ᠤᠰᠤ ᠶᠢ ᠭᠠᠳᠠᠭᠰᠢᠯᠠᠭᠤᠯᠬᠤ ᠢᠨᠵᠧᠨᠧᠷᠢᠩ ᠢ ᠬᠢᠵᠦ ᠳᠠᠭᠤᠰᠬᠠᠪᠠ᠃ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ᠂ | ᠬᠤᠭ ᠯᠠᠭ ᠢ ᠰᠢᠢᠳᠪᠦᠷᠢᠯᠡᠬᠦ ᠲᠣᠷᠰᠢᠯᠲᠡ ᠶᠢᠨ ᠴᠡᠭ ᠭᠠᠷᠭᠠᠬᠤ ᠠᠵᠢᠯ ᠢ ᠡᠬᠢᠯᠠᠭᠦᠯᠦᠨ ᠬᠢᠵᠦ᠂ 1000 ᠡᠷᠦᠬᠡ ᠶᠢᠨ ᠵᠣᠷᠯᠣᠩ ᠢ ᠥᠭᠡᠷᠡᠴᠢᠯᠠᠨ ᠵᠠᠰᠠᠪᠠ᠃ | ᠵᠠᠰᠠᠭ ᠵᠠᠬᠢᠷᠭᠠᠨ ᠤ ᠳᠣᠰᠬᠤᠨ ᠳᠤ ᠦᠷᠭᠡᠨ ᠳᠠᠪᠲᠠᠮᠵᠢᠲᠤ ᠰᠦᠯᠵᠢᠶ᠎ᠡ ᠤᠭᠰᠠᠷᠠᠭᠰᠠᠨ ᠨᠤᠷᠮ᠎ᠠ ᠨᠢ 100% ᠬᠦᠷᠴᠦ᠂ 46 ᠴᠢᠮᠡᠭᠡ ᠨᠡᠪᠲᠡᠷᠡᠭᠦᠯᠭᠡ ᠶᠢᠨ | ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠤᠨ᠂ 77 ᠰᠠᠭᠤᠷᠢ ᠥᠷᠲᠡᠭᠡᠨ ᠤ ᠴᠢᠳᠠᠮᠵᠢ ᠶᠢ ᠨᠢ ᠳᠡᠭᠡᠭᠰᠢᠯᠡᠭᠦᠯᠦᠨ ᠥᠭᠡᠷᠡᠴᠢᠯᠡᠨ ᠰᠠᠶᠢᠵᠢᠷᠠᠭᠤᠯᠤᠭᠰᠠᠨ ᠠᠴᠠ | ᠴᠢᠮᠡᠭᠡ ᠨᠡᠪᠲᠡᠷᠡᠭᠦᠯᠭᠡ ᠶᠢᠨ ᠲᠤᠬᠢᠶ᠎ᠠ ᠦᠭᠡᠢ ᠬᠡᠪᠴᠢᠶ᠎ᠡ ᠨᠢ ᠢᠳᠡᠭ ᠢᠳᠡᠭ ᠢᠶᠠᠷ ᠪᠠᠭᠠᠰᠪᠠ᠃ ᠮᠠᠯᠵᠢᠬᠤ ᠲᠠᠷᠢᠶᠠᠯᠠᠬᠤ ᠣᠷᠣᠨ ᠤ ᠬᠤᠭ ᠯᠠᠭ ᠢ ᠰᠢᠢᠳᠪᠦᠷᠢᠯᠡᠬᠦ ᠪᠠ | ᠣᠷᠴᠢᠨ ᠲᠤᠭᠤᠷᠢᠨ ᠤ ᠠᠷᠢᠭᠤᠨ ᠴᠡᠪᠡᠷ ᠢ ᠴᠡᠪᠡᠷᠯᠡᠨ ᠬᠠᠮᠠᠭᠠᠯᠠᠬᠤ ᠣᠷᠲᠣ ᠬᠤᠭᠤᠴᠠᠭᠠᠨ ᠤ ᠲᠤᠭᠲᠠᠯᠴᠠᠭ᠎ᠠ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠣᠷᠴᠢᠨ ᠲᠤᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠬᠠᠮᠠᠭᠠᠯᠠᠨ ᠵᠠᠰᠠᠬᠤ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠪᠡ᠃ ᠳᠣᠭᠤᠶᠢᠲᠠᠯᠠ | ᠪᠠᠯᠭᠠᠰᠤ ᠶᠢᠨ ᠯᠦᠩ ᠮᠤᠤ ᠶᠢᠩ ᠲᠣᠰᠬᠤᠨ ᠨᠢ ᠣᠷᠣᠨ ᠤ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠵᠢᠱᠢᠶ᠎ᠡ ᠦᠵᠡᠭᠦᠯᠬᠦ | ᠲᠣᠰᠬᠤᠨ ᠢᠶᠠᠷ ᠦᠨᠡᠯᠡᠭᠳᠡᠪᠡ᠃ | ︵ᠳᠥᠷᠪᠡ︶ ᠥᠭᠡᠷᠡᠴᠢᠯᠡᠯᠲᠡ ᠬᠢᠬᠦ ᠶᠢ ᠠᠳᠬᠤᠨ᠂ ᠦᠢᠯᠡᠴᠢᠯᠡᠭᠡ ᠪᠠᠨ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠨ᠂ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠲᠠᠰᠣᠷᠠᠯᠲᠠ ᠦᠭᠡᠢ ᠴᠢᠯᠥᠭᠡᠯᠡᠪᠡ᠃ ︽ᠬᠥᠭᠵᠢᠯᠲᠡ ᠶᠢᠨ ᠣᠷᠴᠢᠨ ᠠᠬᠤᠢ ᠪᠠᠨ ᠰᠢᠯᠢᠳᠡᠭᠵᠢᠭᠦᠯᠬᠦ ᠨᠢᠭᠡ ᠵᠢᠯ︾ ᠤᠨ ᠠᠵᠢᠯᠯᠠᠭ᠎ᠠ ᠶᠢ ᠬᠦᠴᠦᠯᠡᠨ | ᠥᠷᠨᠢᠭᠦᠯᠵᠦ᠂ ︽ᠵᠠᠰᠠᠭ ᠢ ᠴᠣᠮᠬᠠᠳᠬᠠᠵᠤ᠂ ᠡᠷᠬᠡ ᠪᠠᠨ ᠳᠣᠷᠣᠭᠰᠢ ᠪᠠᠭᠤᠯᠭᠠᠨ᠂ ᠬᠠᠮᠢᠶᠠᠷᠣᠯᠲᠠ ᠶᠢ ᠣᠶᠠᠯᠳᠣᠭᠤᠯᠣᠨ᠂ ᠦᠢᠯᠡᠴᠢᠯᠡᠭᠡ ᠪᠠᠨ ᠰᠢᠯᠢᠳᠡᠭᠵᠢᠭᠦᠯᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ 27 ᠪᠠᠶᠢᠭᠤᠯᠭ᠎ᠠ | ᠨᠢᠭᠡᠴᠡ ᠶᠢᠨ 805 ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠠᠪᠬᠤ ᠠᠵᠢᠯ ᠲᠥᠷᠥᠯ ᠢ ᠦᠢᠯᠡᠴᠢᠯᠡᠭᠡᠨ ᠤ ᠲᠢᠩᠬᠢᠮ ᠳᠤ ᠲᠣᠬᠢᠷᠠᠭᠤᠯᠤᠨ᠂ 323 ᠵᠦᠢᠯ ᠤᠨ ︽ | ᠨᠢᠭᠡ ᠯᠠ ᠤᠳᠠᠭ᠎ᠠ ᠬᠦᠷᠴᠦ ᠢᠷᠡᠭᠡᠳ ᠭᠦᠢᠴᠡᠳᠭᠡᠵᠦ ᠳᠡᠶᠢᠯᠬᠦ︾ ᠠᠵᠢᠯ ᠲᠥᠷᠥᠯ ᠪᠠ 245 ᠵᠦᠢᠯ ᠤᠨ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠠᠵᠢᠯ | ᠲᠥᠷᠥᠯ ᠢ ᠳᠢᠭᠯᠡᠨ ᠨᠡᠶᠢᠲᠡᠯᠡᠵᠦ᠂ ᠡᠯ᠎ᠡ ᠲᠥᠷᠥᠯ ᠤᠨ ᠬᠢᠨᠠᠨ ᠵᠦᠪᠰᠢᠶᠡᠷᠡᠭᠰᠡᠨ ᠦᠢᠯᠡᠴᠢᠯᠡᠭᠡᠨ ᠤ ᠠᠵᠢᠯ ᠲᠥᠷᠥᠯ ᠢ ᠪᠦᠬᠦ ᠵᠢᠯ ᠳᠤ 58 ᠲᠦᠮᠡᠨ ᠬᠤᠪᠢ | ᠭᠦᠢᠴᠡᠳᠭᠡᠭᠰᠡᠨ ᠪᠠᠶᠢᠨ᠎ᠠ᠃ ᠠᠵᠤ ᠠᠬᠤᠶᠢᠯᠠᠯ ᠲᠠᠢ ᠬᠤᠯᠪᠣᠭᠳᠠᠭᠰᠠᠨ ᠰᠤᠶᠢᠳᠭᠡᠯ ᠬᠤᠷᠢᠶᠠᠬᠤ ᠵᠦᠢᠯ ᠢ ᠴᠡᠭᠴᠡᠯᠡᠨ ᠳᠥᠷᠢᠮᠵᠢᠭᠦᠯᠬᠦ ᠪᠠᠷ ᠳᠠᠮᠵᠢᠨ᠂ | ᠦᠢᠯᠡᠳᠪᠦᠷᠢ ᠶᠢᠨ ᠨᠡᠮᠡᠭᠳᠡᠯ ᠭᠠᠶᠢᠯᠢ᠂ ᠳᠣᠮᠳᠠ ᠵᠢᠵᠢᠭ ᠠᠵᠤ ᠠᠬᠤᠶᠢᠯᠠᠯ ᠤᠨ ᠣᠷᠣᠯᠭ᠎ᠠ ᠶᠢᠨ ᠭᠠᠶᠢᠯᠢ ᠪᠠ ᠠᠵᠤ ᠠᠬᠤᠶᠢᠯᠠᠯ ᠤᠨ ᠨᠡᠶᠢᠬᠡᠮ ᠤᠨ ᠳᠠᠭᠠᠳᠬᠠᠯ | ᠳᠣᠰᠢᠶᠠᠬᠤ ᠨᠣᠷᠮ᠎ᠠ ᠶᠢ ᠪᠠᠭᠠᠰᠬᠠᠬᠤ ᠬᠠᠷᠠᠭᠠᠯᠵᠠᠯ ᠲᠦᠷᠦ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠦᠷᠢᠵᠢᠭᠤᠯᠤᠨ᠂ ᠭᠠᠶᠢᠯᠢ ᠶᠢ 9000 ᠭᠠᠷᠤᠢ ᠲᠦᠮᠡᠨ | ᠲᠥᠭᠦᠷᠢᠭ ᠬᠥᠩᠭᠡᠯᠡᠪᠡ᠃ ᠮᠠᠯᠵᠢᠬᠤ ᠲᠠᠷᠢᠶᠠᠯᠠᠬᠤ ᠣᠷᠣᠨᠤ ᠭᠠᠵᠠᠷ ᠰᠢᠷᠤᠢ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠠᠯ ᠢ ᠲᠠᠷᠬᠠᠭᠠᠭᠰᠠᠨ | ᠨᠤᠷᠮᠠᠨᠢ 97% ᠳᠠᠪᠠᠵᠤ᠂ ᠦᠮᠴᠢᠯᠡᠯ ᠤᠨ ᠡᠷᠬᠡ ᠶᠢᠨ ᠥᠭᠡᠷᠡᠴᠢᠯᠡᠯᠲᠡ ᠶᠢ ᠡᠬᠢᠯᠡᠭᠦᠯᠦᠨ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠡᠳ᠋ | ᠬᠥᠷᠥᠩᠭᠡ ᠶᠢ ᠤᠯᠠᠮ ᠨᠢᠭᠡ ᠠᠯᠬᠤᠮ ᠠᠮᠢᠵᠢᠷᠠᠭᠤᠯᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ᠂ | ᠨᠡᠶᠢᠬᠡᠮ ᠤᠨ ᠳᠠᠭᠠᠳᠬᠠᠯ ᠤᠨ ᠰᠤᠶᠢᠳᠭᠡᠯ ᠪᠠ ᠭᠠᠶᠢᠯᠢ ᠶᠢᠨ ᠪᠣᠰᠤ ᠣᠷᠣᠯᠭ᠎ᠠ ᠶᠢ ᠳᠠᠲᠠᠪᠦᠷᠢᠯᠠᠨ ᠬᠠᠮᠢᠶᠠᠷᠬᠤ ᠬᠠᠷᠢᠭᠤᠴᠠᠯᠭ᠎ᠠ ᠶᠢ ᠬᠤᠪᠢᠷᠠᠭᠤᠯᠤᠨ ᠰᠢᠯᠵᠢᠭᠦᠯᠬᠦ | ᠠᠵᠢᠯ᠂ ᠭᠠᠴᠠᠭ᠎ᠠ ᠲᠣᠰᠬᠤᠨ ᠤ ᠬᠠᠮᠲᠤ ᠨᠡᠶᠢᠲᠡ ᠶᠢᠨ ᠠᠵᠤ ᠠᠬᠤᠢ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠶᠢ ᠢᠳᠡᠪᠬᠢᠲᠡᠢ | ᠠᠬᠢᠭᠤᠯᠵᠤ᠂ ᠠᠵᠤ ᠠᠬᠤᠢ ᠨᠡᠶᠢᠬᠡᠮ ᠤᠨ ᠬᠥᠭᠵᠢᠯᠲᠡ ᠶᠢᠨ ᠠᠮᠢᠵᠢᠷᠠᠯᠤᠨ ᠬᠦᠴᠦᠨ ᠦᠷᠭᠦᠯᠵᠢᠯᠡᠨ ᠪᠠᠬᠢᠵᠢᠪᠡ᠃ | ︵ᠲᠠᠪᠤ︶ ᠠᠷᠠᠳ ᠤᠨ ᠰᠡᠳᠬᠢᠯ ᠢ ᠪᠠᠶᠠᠰᠬᠠᠭᠰᠠᠨ᠂ ᠠᠮᠢᠳᠣᠷᠠᠯ ᠢ ᠨᠢ ᠬᠠᠷᠠᠭᠠᠯᠵᠠᠭᠰᠠᠨ ᠠᠵᠢᠯ ᠦᠢᠯᠡᠰ ᠢ ᠠᠯᠢ ᠪᠣᠯᠬᠤ ᠪᠠᠷ ᠢᠯᠡᠭᠦᠦ ᠬᠢᠵᠦ᠂ ᠠᠷᠠᠳ | ᠲᠦᠮᠡᠨ ᠤ ᠠᠵᠠ ᠵᠢᠷᠭᠠᠯ ᠤᠨ ᠬᠢᠷᠢ ᠲᠥᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠰᠣᠷᠭᠠᠨ ᠬᠦᠮᠦᠵᠢᠯ ᠤᠨ ᠠᠵᠢᠯ ᠦᠢᠯᠡᠰ ᠯᠠᠪᠳᠠᠭᠤᠨ ᠬᠥᠭᠵᠢᠪᠡ᠃ ᠪᠦᠬᠦ | ᠠᠯᠪᠠᠨ ᠵᠢᠷᠤᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢ ᠪᠠᠷᠢᠮᠵᠢᠶ᠎ᠠ ᠳᠤ ᠬᠦᠷᠭᠡᠨ ᠪᠠᠶᠢᠭᠤᠯᠬᠤ ᠠᠵᠢᠯ ᠢ ᠪᠡᠶᠡᠯᠡᠭᠦᠯᠵᠦ᠂ ᠠᠯᠪᠠᠨ ᠵᠢᠷᠤᠮ ᠤᠨ ᠰᠣᠷᠭᠠᠨ | ᠬᠦᠮᠦᠵᠢᠯ ᠲᠡᠩᠴᠡᠭᠦᠷᠢᠲᠡᠢ ᠬᠥᠭᠵᠢᠭᠰᠡᠨ ᠢ ᠦᠨᠡᠯᠡᠨ ᠲᠣᠭᠲᠠᠭᠠᠬᠤ ᠣᠯᠣᠰ ᠤᠨ ᠰᠢᠯᠭᠠᠯᠲᠠ ᠳᠤ ᠤᠷᠤᠭᠰᠢᠲᠠᠢ ᠬᠢᠷᠢ ᠲᠡᠩᠴᠡᠪᠡ᠃ ᠬᠤᠰᠢᠭᠤ ᠮᠣᠩᠭᠤᠯ | ᠦᠨᠳᠦᠰᠦᠲᠡᠨ ᠤ ᠬᠡᠦᠬᠡᠳ ᠤᠨ ᠬᠤᠶᠠᠳᠣᠭᠠᠷ ᠴᠡᠴᠡᠷᠯᠢᠭ ᠢ ᠪᠠᠶᠢᠭᠤᠯᠤᠨ ᠬᠡᠷᠡᠭᠯᠡᠯᠲᠡ ᠳᠤ ᠣᠷᠣᠭᠤᠯᠪᠠ᠃ ᠳᠣᠮᠳᠠᠳᠣ ᠰᠣᠷᠭᠠᠭᠤᠯᠢ ᠪᠠᠭ᠎ᠠ ᠰᠤᠷᠭᠠᠭᠤᠯᠢ | ᠬᠡᠦᠬᠡᠳ ᠤᠨ ᠴᠡᠴᠡᠷᠯᠢᠭ ᠲᠤ 85 ᠪᠠᠭᠰᠢ ᠣᠷᠢᠨ ᠬᠡᠷᠡᠭᠯᠡᠪᠡ᠃ ᠬᠤᠰᠢᠭᠤᠨ ᠤ ᠰᠤᠷᠭᠠᠨ ᠬᠦᠮᠦᠵᠢᠯ ᠢ ᠬᠥᠭᠵᠢᠭᠦᠯᠬᠦ ᠰᠠᠭᠤᠷᠢ ᠮᠥᠩᠭᠦ ᠶᠢ ᠪᠠᠶᠢᠭᠤᠯᠤᠨ᠂ 2000 | ᠲᠦᠮᠡᠨ ᠲᠥᠭᠦᠷᠢᠭ ᠣᠷᠴᠢᠮ ᠬᠠᠨᠳᠢᠪ ᠤᠨ ᠮᠦᠩᠭᠦ ᠬᠤᠷᠠᠮᠳᠤᠭᠤᠯᠪᠠ᠃ ᠰᠣᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠬᠢᠨᠠᠨ ᠬᠠᠮᠢᠶᠠᠷᠬᠤ | ᠠᠵᠢᠯ ᠢ ᠴᠢᠩᠭᠠᠳᠬᠠᠵᠤ᠂ ᠬᠠᠷ᠎ᠠ ᠴᠠᠭᠠᠨ ᠳᠠᠩᠰᠠᠨ ᠳᠤ ᠲᠡᠮᠲᠡᠭᠯᠡᠨ ᠣᠷᠣᠭᠤᠯᠵᠤ ᠨᠡᠶᠢᠲᠡᠯᠡᠬᠦ ᠳᠥᠷᠢᠮ ᠢ ᠬᠡᠷᠡᠭᠵᠢᠭᠦᠯᠪᠡ᠃ ᠡᠪᠡᠳᠴᠢᠨ ᠡᠮᠨᠡᠭᠦᠯᠬᠦ ᠣᠷᠴᠢᠨ | ᠲᠣᠭᠤᠷᠢᠨ ᠦᠷᠭᠦᠯᠵᠢᠯᠡᠨ ᠰᠠᠶᠢᠵᠢᠷᠠᠪᠠ᠃ ᠥᠪᠡᠷᠳᠡᠭᠡᠨ ᠵᠠᠰᠠᠬᠤ ᠣᠷᠣᠨ ᠤ ᠲᠡᠰ ᠤᠨ ᠣᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠭᠰᠡᠨ | ᠵᠢᠱᠢᠶ᠎ᠡ ᠦᠵᠡᠭᠦᠯᠬᠦ ᠬᠤᠰᠢᠭᠤ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠥᠷᠢᠮᠵᠢᠭᠰᠡᠨ ᠬᠤᠰᠢᠭᠤ ᠶᠢ ᠠᠮᠵᠢᠯᠲᠠ ᠲᠠᠢ ᠡᠭᠦᠳᠦᠨ | ᠪᠠᠶᠢᠭᠤᠯᠪᠠ᠃ ᠬᠤᠷᠣᠭᠠᠨᠴᠠᠶᠢᠳᠠᠮ ᠭᠠᠴᠠᠭᠠᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ ᠬᠡᠷᠡᠭᠯᠡᠯᠲᠡ ᠳᠤ ᠣᠷᠣᠭᠤᠯᠵᠤ᠂ ᠵᠢᠷᠭᠠᠯᠠᠩᠲᠦ ᠪᠠᠯᠭᠠᠰᠤ ᠶᠢᠨ | ᠭᠤᠣᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶᠠᠨ ᠤ ᠭᠤᠣᠯ ᠪᠠᠷᠢᠯᠭ᠎ᠠ ᠨᠢ ᠪᠠᠷᠢᠯᠭ᠎ᠠ ᠳᠠᠭᠤᠰᠴᠤ᠂ ᠬᠤᠰᠢᠭᠤᠨ ᠤ ᠮᠣᠩᠭᠤᠯ ᠡᠮ ᠡᠮᠨᠡᠯᠭᠡ ᠶᠢᠨ ᠶᠡᠷᠥᠩᠬᠡᠶᠢᠯᠡᠭᠰᠡᠨ | ᠡᠮᠨᠡᠯᠭᠡ ᠶᠢᠨ ᠬᠤᠷᠢᠶᠠᠨ ᠤ ᠪᠠᠷᠢᠯᠭ᠎ᠠ ᠶᠢᠨ ᠠᠵᠢᠯ ᠢ ᠡᠬᠢᠯᠡᠭᠦᠯᠪᠡ᠃ 83 ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯᠲᠡᠨ ᠢ ᠣᠷᠢᠨ ᠬᠡᠷᠡᠭᠯᠡᠪᠡ᠃ ᠬᠤᠰᠢᠭᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠲᠥᠬᠦᠭᠡᠷᠦᠮᠵᠢ ᠶᠢᠨ ᠬᠢᠷᠢ ᠲᠥᠪᠰᠢᠨ ᠨᠢ ᠥᠪᠡᠷᠳᠡᠭᠡᠨ ᠵᠠᠰᠠᠬᠤ ᠣᠷᠣᠨ ᠤ ᠳᠣᠲᠣᠷᠠᠬᠢ | ᠬᠤᠰᠢᠭᠤ ᠰᠢᠶᠠᠨ ᠤ ᠱᠠᠲᠣᠨ ᠤ ᠨᠢᠭᠡᠳᠦᠭᠡᠷ ᠲᠡᠰ ᠤᠨ ᠪᠠᠷᠢᠮᠵᠢᠶ᠎ᠠ ᠳᠤ ᠬᠦᠷᠪᠡ᠃ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭᠲᠤ ᠵᠠᠰᠠᠯᠭ᠎ᠠ ᠪᠣᠯᠣᠨ | ᠤᠯᠠᠮᠵᠢᠯᠠᠯᠲᠤ ᠡᠮᠨᠡᠯᠭᠡ ᠶᠢᠨ ᠮᠡᠷᠭᠡᠵᠢᠯ ᠢ ᠳᠡᠯᠭᠡᠷᠡᠭᠦᠯᠦᠨ ᠲᠥᠭᠡᠮᠡᠯᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠮᠵᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠪᠡ᠃ ᠪᠠᠲᠤᠯᠠᠭ᠎ᠠ ᠶᠢᠨ ᠰᠢᠰᠲ᠋ᠧᠮ ᠳᠠᠰᠣᠷᠠᠯᠲᠠ ᠦᠭᠡᠢ ᠪᠦᠷᠢᠨ ᠲᠡᠭᠦᠯᠳᠡᠷ ᠪᠣᠯᠪᠠ᠃ ᠬᠤᠲᠠ ᠬᠥᠳᠡᠭᠡ ᠶᠢᠨ ᠬᠠᠮᠤᠭ ᠳᠣᠣᠷ᠎ᠠ | ᠠᠮᠢᠳᠣᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠦᠮᠦᠰ ᠤᠨ ᠲᠣᠰᠠᠯᠠᠯᠲᠠ᠂ ᠠᠵᠣ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠦᠮᠦᠰ ᠤᠨ | ᠨᠠᠰᠤᠵᠢᠯ ᠤᠨ ᠳᠠᠭᠠᠳᠬᠠᠯ ᠪᠠ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮ ᠡᠮᠴᠢᠯᠡᠭᠡᠨ ᠤ ᠳᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠦᠷᠦ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠤᠨ᠂ ᠬᠦᠨᠳᠦ ᠡᠪᠡᠳᠴᠢᠨ ᠢ ᠡᠮᠨᠡᠨ ᠵᠠᠰᠠᠬᠤ ᠳᠠᠭᠠᠳᠬᠠᠯ ᠢ ᠪᠦᠬᠦ ᠬᠤᠰᠢᠭᠤᠨ ᠳᠤ ᠲᠥᠭᠡᠮᠡᠯᠵᠢᠭᠦᠯᠪᠡ᠃ ᠶᠡᠭᠡ | ᠰᠣᠷᠭᠠᠭᠤᠯᠢ ᠠᠴᠠ ᠲᠡᠭᠦᠰᠦᠭᠰᠡᠨ ᠣᠶᠣᠲᠠᠳ ᠤᠨ ᠦᠢᠯᠡᠰ ᠪᠣᠰᠬᠠᠬᠤ ᠬᠦᠷᠢᠶᠡᠯᠡᠩ ᠳᠤ 37 ᠠᠵᠤ ᠠᠬᠤᠶᠢᠯᠠᠯ ᠰᠠᠭᠤᠷᠢᠰᠢᠵᠤ᠂ ᠦᠢᠯᠡᠰ ᠪᠣᠰᠬᠠᠨ ᠠᠵᠢᠯ | ᠣᠯᠣᠭᠰᠠᠨ ᠬᠦᠮᠦᠨ ᠤ ᠲᠤᠭ᠎ᠠ 200 ᠬᠦᠷᠪᠡ᠃ ᠴᠡᠷᠢᠭ ᠠᠴᠠ ᠬᠠᠯᠠᠭᠳᠠᠭᠰᠠᠳ ᠤᠨ ᠴᠢᠮᠡᠭᠡ ᠵᠠᠩᠭᠢ ᠶᠢ ᠪᠦᠷᠢᠳᠭᠡᠬᠦ ᠠᠵᠢᠯ ᠢ ᠪᠡᠶᠡᠯᠡᠭᠦᠯᠵᠦ᠂ ᠣᠷᠢᠨ ᠬᠡᠷᠡᠭᠯᠡᠬᠦ | ᠲᠣᠰᠬᠠᠢ ᠴᠤᠭᠯᠠᠭᠠᠨ ᠢ ᠡᠷᠬᠢᠯᠡᠨ ᠠᠵᠢᠯ ᠣᠯᠭᠤᠯᠲᠠ ᠶᠢ ᠠᠬᠢᠭᠤᠯᠪᠠ᠃ ᠬᠤᠲᠠ ᠪᠠᠯᠭᠠᠰᠣᠨ ᠤ 1261 ᠬᠦᠮᠦᠨ ᠳᠤ ᠠᠵᠢᠯ ᠤᠯᠭᠤᠨ᠂ ᠬᠤᠲᠠ ᠪᠠᠯᠭᠠᠰᠣ ᠶᠢᠨ | ᠳᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠶᠢ 3% ᠳᠣᠲᠣᠷ᠎ᠠ ᠬᠢᠵᠠᠭᠠᠷᠯᠠᠵᠤ ᠳᠡᠶᠢᠯᠪᠡ᠃ ᠰᠣᠶᠣᠯ ᠣᠷᠠᠯᠢᠭ ᠪᠡᠶ᠎ᠡ ᠲᠠᠮᠢᠷ ᠤᠨ ᠠᠵᠢᠯ ᠦᠢᠯᠡᠰ ᠴᠡᠴᠡᠭᠯᠡᠨ | ᠬᠥᠭᠵᠢᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠷᠬᠢᠮᠯᠡᠭᠰᠡᠨ ᠥᠪᠡᠷᠳᠡᠭᠡᠨ ᠵᠠᠰᠠᠬᠤ ᠣᠷᠣᠨ ᠤ ᠲᠡᠰ ᠤᠨ ᠵᠢᠱᠢᠶᠡᠴᠢ ᠬᠤᠰᠢᠭᠤ ᠶᠢ ᠠᠮᠵᠢᠯᠲᠠ ᠲᠠᠢ | ᠡᠭᠦᠳᠦᠨ ᠪᠠᠶᠢᠭᠤᠯᠪᠠ᠃ ᠠᠯᠲᠠᠨ ᠣᠪᠣᠭ᠎ᠠ ᠶᠢ ᠰᠢᠨᠡᠳᠭᠡᠨ ᠵᠠᠰᠠᠬᠤ ᠠᠵᠢᠯ ᠢ ᠪᠡᠶᠡᠯᠡᠭᠦᠯᠪᠡ᠃ ᠬᠤᠰᠢᠭᠤ ᠬᠠᠮ ᠵᠠᠭᠤᠴᠢᠯᠠᠭᠤᠷ ᠤᠨ ᠲᠥᠪ ᠰᠢᠨ᠎ᠡ ᠠᠯᠪᠠᠯᠠᠬᠤ | ᠠᠰᠠᠷ ᠲᠤ ᠨᠡᠭᠦᠨ ᠡᠷᠭᠢᠯᠲᠡ ᠳᠤ ᠣᠷᠣᠪᠠ᠃ ᠬᠤᠰᠢᠭᠤᠨ ᠤ ᠦᠨᠳᠦᠰᠦᠲᠡᠨ ᠤ ᠪᠡᠶ᠎ᠡ ᠲᠠᠮᠢᠷ ᠤᠨ ᠲᠠᠯᠠᠪᠠᠢ ᠢ ᠪᠠᠶᠢᠭᠤᠯᠤᠨ ᠬᠡᠷᠡᠭᠯᠡᠯᠲᠡ ᠳᠤ ᠣᠷᠣᠭᠤᠯᠵᠤ᠂ ᠪᠦᠬᠦ | ᠬᠤᠰᠢᠭᠤᠨ ᠤ ᠠᠩᠬᠠᠳᠣᠭᠠᠷ ᠣᠳᠠᠭᠠᠨ ᠤ ᠨᠠᠭᠠᠳᠣᠮ ᠤᠨ ᠶᠡᠭᠡ ᠬᠤᠷᠠᠯ ᠵᠡᠷᠭᠡ ᠰᠣᠶᠣᠯ ᠲᠠᠮᠢᠷ ᠤᠨ ᠬᠥᠳᠡᠯᠭᠡᠭᠡᠨ ᠢ ᠠᠮᠵᠢᠯᠲᠠ ᠲᠠᠢ ᠭᠦᠢᠴᠡᠳᠭᠡᠪᠡ᠃ ︽ᠬᠠᠩᠭᠢᠨ | ᠬᠤᠰᠢᠭᠤᠨ ᠤ ᠤᠶᠢᠯᠠᠯᠭ᠎ᠠ ︵1991—2010︶︾ ᠶᠢ ᠡᠮᠬᠢᠳᠬᠡᠨ ᠨᠠᠶᠢᠷᠠᠭᠤᠯᠵᠤ ᠬᠡᠪᠯᠡᠪᠡ᠃ ᠬᠤᠰᠢᠭᠤ ᠤᠯᠠᠭᠠᠨᠮᠦ᠋ᠴᠢᠷ ᠨᠢ ︽ᠳᠣᠯᠣᠳᠣᠭᠠᠷ | ᠬᠤᠭᠤᠴᠠᠭᠠᠨ ᠤ ᠪᠦᠬᠦ ᠣᠯᠣᠰ ᠤᠨ ᠮᠠᠯᠴᠢᠨ ᠲᠠᠷᠢᠶᠠᠴᠢᠨ᠂ ᠦᠨᠳᠦᠰᠦᠨ ᠱᠠᠲᠣᠨ ᠤ ᠰᠤᠶᠤᠯ ᠤᠨ ᠪᠠᠶᠢᠭᠤᠯᠤᠯᠲᠠ ᠳᠤ ᠦᠢᠯᠡᠴᠢᠯᠡᠭᠰᠡᠨ ᠲᠡᠷᠢᠭᠦᠨ ᠤ ᠬᠠᠮᠲᠤ︾ | ᠶᠢᠨ ᠢᠷᠠᠭᠤ ᠠᠯᠳᠠᠷ ᠢ ᠬᠦᠷᠲᠡᠵᠦ᠂ 2019 ᠤᠨ ᠳᠤ ᠤᠷᠢᠯᠭ᠎ᠠ ᠪᠠᠷ ᠲᠠᠶᠢᠯᠠᠨᠲ᠋ᠧ ᠤᠯᠤᠰ ᠤᠨ ︽ᠪᠠᠶᠠᠷ ᠪᠠᠭ᠋ᠠᠳᠤᠯᠲᠤ ᠰᠢᠨ᠎ᠡ ᠵᠢᠯ︾ ᠤᠨ ᠦᠳᠡᠰᠢᠯᠡᠭᠡ ᠳᠤ | ᠤᠷᠤᠯᠴᠠᠪᠠ᠃ ᠨᠡᠶᠢᠬᠡᠮ ᠤᠨ ᠶᠠᠷᠦᠩᠬᠡᠢ ᠪᠠᠶᠢᠳᠠᠯ ᠡᠶ᠎ᠡ ᠵᠣᠬᠢᠴᠠᠩᠭᠤᠢ ᠠᠮᠣᠷ ᠲᠤᠭᠲᠠᠭᠤᠨ ᠪᠣᠯᠪᠠ᠃ ︽ᠬᠠᠷ᠎ᠠ ᠪᠦᠯᠦᠭᠲᠡᠨ ᠳᠤ ᠴᠣᠬᠢᠯᠲᠠ ᠥᠭᠴᠦ ᠬᠠᠷᠭᠢᠰ | ᠬᠦᠴᠦᠨ ᠢ ᠠᠷᠢᠯᠭᠠᠬᠤ︾ ᠲᠣᠰᠬᠠᠢ ᠠᠵᠢᠯᠯᠠᠭ᠎ᠠ ᠪᠣᠯᠣᠨ ᠬᠥᠯᠥᠰᠦᠨ ᠠᠵᠢᠯᠴᠢᠨ ᠤ ᠴᠠᠯᠢᠩ ᠬᠥᠯᠥᠰᠦᠨ ᠤ ᠥᠷᠢ ᠥᠭᠴᠡᠭᠡ ᠶᠢ ᠴᠡᠭᠴᠡᠯᠡᠨ ᠰᠢᠢᠳᠪᠦᠷᠢᠯᠡᠵᠦ | ᠴᠠᠯᠢᠩ ᠢ ᠨᠢ ᠪᠠᠲᠤᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠨᠡᠶᠢᠬᠡᠮ ᠤᠨ ᠠᠮᠣᠷ ᠲᠦᠪᠰᠢᠨ ᠢ ᠪᠠᠲᠤᠯᠠᠬᠤ ᠣᠷᠴᠢᠨ ᠠᠬᠤᠢ ᠳᠠᠰᠣᠷᠠᠯᠲᠠ ᠦᠭᠡᠢ | ᠰᠢᠯᠢᠳᠡᠭᠵᠢᠵᠦ᠂ ᠬᠥᠯᠥᠰᠦᠨ ᠠᠵᠢᠯᠴᠢᠨ ᠳᠤ ᠴᠠᠯᠢᠩ ᠬᠥᠯᠦᠰᠦ ᠳᠣᠲᠠᠭᠰᠠᠨ ᠣᠴᠢᠷ ᠶᠠᠪᠣᠳᠠᠯ ᠢ ᠰᠢᠢᠳᠪᠦᠷᠢᠯᠡᠨ ᠳᠠᠭᠤᠰᠬᠠᠪᠠ᠃ ᠪᠠᠯᠭᠤᠨ ᠪᠠᠯᠭᠠᠰᠤ ᠶᠢᠨ ᠯᠢᠤᠢ | ᠵᠧᠦ ᠵᠢᠶᠡ ᠶᠤᠸᠠᠨ ᠰᠠᠭᠤᠭᠠᠯᠢ ᠲᠤᠭᠤᠷᠢᠭ ᠤᠨ ᠠᠰᠠᠷ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠤ᠂ ᠨᠢᠭᠡ ᠪᠦᠯᠦᠭ | ᠬᠤᠷᠠᠭᠳᠠᠭᠰᠠᠨ ᠵᠠᠬᠢᠳᠠᠯ ᠰᠣᠷᠪᠣᠯᠵᠢᠯᠠᠯ ᠤᠨ ᠬᠡᠷᠡᠭ ᠵᠠᠷᠭᠤ ᠵᠤᠬᠢᠰᠲᠠᠢ ᠰᠢᠢᠳᠪᠦᠷᠢᠯᠡᠭᠳᠡᠪᠡ᠃ ︽ᠨᠠᠮ ᠵᠠᠰᠠᠭ ᠬᠠᠮᠳᠤᠪᠠᠷ ᠬᠠᠷᠢᠭᠤᠴᠠᠨ᠂ ᠨᠢᠬᠡ ᠠᠵᠢᠯ ᠤᠨ ᠪᠠᠶᠢᠷᠢ | ᠬᠤᠶᠠᠷ ᠬᠠᠷᠢᠭᠤᠴᠠᠯᠭ᠎ᠠ ᠡᠭᠦᠷᠭᠡᠯᠡᠵᠤ᠂ ᠵᠠᠷᠬᠡᠪᠡᠷ ᠠᠳᠬᠤᠵᠤ ᠨᠠᠶᠢᠳᠠᠮ ᠬᠠᠮᠢᠶᠠᠷᠣᠭᠰᠠᠨ︾ ᠠᠮᠣᠷ ᠲᠥᠪᠰᠢᠨ ᠦᠢᠯᠡᠳᠪᠦᠷᠢᠯᠡᠬᠦ ᠬᠠᠷᠢᠭᠤᠴᠠᠯᠭ᠎ᠠ ᠢ ᠴᠢᠩᠭ᠎ᠠ | ᠨᠠᠶᠢᠳᠠᠪᠦᠷᠢᠵᠢᠭᠤᠯᠣᠨ᠂ ᠰᠢᠰᠲ᠋ᠧᠮ ᠲᠠᠢ ᠨᠡᠶᠢᠲᠡᠮ ᠪᠠᠶᠢᠴᠠᠭᠠᠨ ᠴᠡᠭᠴᠡᠯᠡᠬᠦ ᠲᠣᠰᠬᠠᠢ ᠠᠵᠢᠯᠯᠠᠭ᠎ᠠ ᠶᠢ ᠣᠯᠠᠨᠲᠠ ᠥᠷᠨᠢᠭᠦᠯᠵᠦ᠂ ᠪᠦᠬᠦ ᠬᠤᠰᠢᠭᠤᠨ ᠤ | ᠦᠢᠯᠡᠳᠪᠦᠷᠢᠯᠡᠯ ᠤᠨ ᠠᠮᠣᠷ ᠲᠦᠪᠰᠢᠨ ᠲᠣᠭᠲᠠᠭᠤᠨ ᠰᠠᠶᠢᠵᠢᠷᠠᠪᠠ᠃ ᠠᠮᠢᠲᠠᠨ ᠤ ᠬᠢᠵᠢᠭ ᠰᠡᠷᠭᠡᠶᠢᠯᠡᠯᠲᠡ ᠶᠢ ᠦᠷᠭᠦᠯᠵᠢᠯᠡᠨ ᠴᠢᠩᠭᠠᠳᠬᠠᠭᠰᠠᠨ ᠠᠴᠠ | ᠬᠤᠰᠢᠭᠤᠨ ᠤ ᠬᠡᠪᠴᠢᠶᠡᠨ ᠳᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠬᠦᠨᠳᠦ ᠨᠣᠴᠢᠲᠠᠢ ᠠᠮᠢᠲᠠᠨ ᠤ ᠬᠢᠵᠢᠭ ᠡᠭᠦᠰᠦᠭᠰᠡᠨ ᠦᠭᠡᠢ᠃ ᠤᠯᠤᠰ ᠤᠨ | ᠲᠡᠰ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠭᠰᠠᠨ ᠬᠤᠲᠠ ᠶᠢ ᠪᠠᠶᠢᠭᠤᠯᠬᠤ ᠠᠵᠢᠯ ᠢ ᠪᠦᠬᠦ ᠬᠦᠴᠦ ᠪᠠᠷ ᠠᠬᠢᠭᠤᠯᠵᠤ᠂ ᠬᠤᠰᠢᠭᠤ ᠰᠣᠮᠦ | ᠪᠠᠯᠭᠠᠰᠤ ᠭᠠᠴᠠᠭ᠎ᠠ ᠳᠤᠰᠬᠤᠨ ᠢ ᠬᠠᠮᠤᠷᠤᠭᠰᠠᠨ ᠭᠤᠷᠪᠠᠨ ᠱᠠᠲᠤᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ ᠬᠢᠨᠠᠨ ᠬᠠᠮᠢᠶᠠᠷᠬᠤ | ᠰᠦᠯᠵᠢᠶᠡᠨ ᠤ ᠰᠢᠰᠲ᠋ᠧᠮ ᠠᠩᠬ᠎ᠠ ᠠᠯᠬᠤᠮ ᠪᠦᠷᠢᠯᠳᠦᠪᠡ᠃ ᠤᠯᠤᠰ ᠢᠶᠠᠨ ᠪᠠᠲᠤᠯᠠᠨ ᠬᠠᠮᠠᠭᠠᠯᠠᠬᠤ ᠳᠠᠶᠢᠴᠢᠯᠠᠯᠲᠠ ᠶᠢᠨ ᠠᠵᠢᠯ᠂ ᠬᠤᠪᠢᠰᠬᠠᠯ ᠤᠨ ᠰᠠᠭᠤᠷᠢᠨ | ᠭᠠᠵᠠᠷ ᠤᠨ ᠠᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠴᠠᠭ ᠠᠭᠤᠷ ᠤᠨ ᠠᠵᠢᠯ᠂ ᠲᠡᠥᠬᠡᠨ ᠣᠶᠢᠯᠠᠯᠭ᠎ᠠ ᠳᠠᠩᠰᠠ ᠡᠪᠬᠡᠮᠡᠯ ᠤᠨ ᠠᠵᠢᠯ᠂ ᠤᠯᠠᠭᠠᠨ | ᠵᠠᠭᠠᠯᠮᠠᠶᠢᠲᠠᠨ ᠤ ᠨᠡᠶᠢᠬᠡᠮᠯᠢᠭ ᠤᠨ ᠠᠵᠢᠯ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ᠂ ᠡᠮᠡᠭᠲᠡᠶᠢᠴᠦᠳ ᠪᠠ ᠬᠡᠦᠬᠡᠳ ᠤᠨ ᠠᠵᠢᠯ᠂ ᠵᠡᠮᠳᠡᠭᠴᠦᠳ ᠤᠨ ᠠᠵᠢᠯ | ᠥᠳᠲᠥᠷ ᠲᠦᠷᠭᠡᠨ ᠬᠥᠭᠵᠢᠪᠡ᠃ | ︵ᠵᠢᠷᠭᠤᠭ᠎ᠠ︶ ᠬᠡᠪ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦᠯᠡᠨ᠂ ᠥᠪᠡᠷ ᠤᠨ ᠪᠦᠲᠦᠭᠡᠨ | ᠪᠠᠶᠢᠭᠤᠯᠤᠯᠲᠠ ᠪᠠᠨ ᠳᠠᠰᠣᠷᠠᠯᠲᠠ ᠦᠭᠡᠢ ᠴᠢᠩᠭᠠᠳᠬᠠᠪᠠ᠃ ︽ᠳᠥᠷᠪᠡᠨ ᠤᠬᠠᠮᠰᠠᠷ︾ ᠢ ᠪᠠᠲᠤ ᠪᠠᠬᠢ ᠪᠣᠢ ᠪᠣᠯᠭᠠᠨ᠂ ︽ᠳᠥᠷᠪᠡᠨ ᠢᠲᠡᠭᠡᠯ︾ ᠢ ᠭᠤᠶᠢᠪᠢᠰᠢ | ᠦᠭᠡᠢ ᠪᠠᠷᠢᠮᠲᠠᠯᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠥᠪ ᠬᠤᠷᠢᠶ᠎ᠠ᠂ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠪᠠ᠃ ᠲᠤᠭᠤᠷᠢᠨ ᠪᠠᠶᠢᠴᠠᠭᠠᠯᠲᠠ ᠳᠤ ᠢᠯᠡᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠬᠦᠴᠦ ᠲᠠᠯᠪᠢᠨ᠂ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠥᠪ | ᠬᠤᠷᠢᠶᠠᠨ ᠤ ᠨᠠᠢᠮᠠᠨ ᠵᠤᠷᠪᠤᠰ ᠲᠤᠭᠲᠠᠭᠠᠯ ᠵᠢᠴᠢ ᠪᠤᠰᠤᠳ ᠨᠠᠷᠢᠨ ᠳᠥᠷᠢᠮ ᠳᠣᠭᠲᠠᠭᠠᠯ ᠪᠠ ᠥᠪᠡᠷᠳᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠠᠮᠢᠶ᠎ᠠ | ᠪᠦᠬᠦᠢ ᠠᠷᠭ᠎ᠠ ᠶᠢ ᠴᠢᠩᠭ᠎ᠠ ᠨᠢᠮᠪᠠᠢ ᠬᠡᠷᠡᠭᠵᠢᠭᠦᠯᠵᠦ᠂ ︽ᠳᠦᠷᠪᠡᠨ ᠰᠤᠷᠲᠠᠯ︾ ᠤᠨ ᠠᠰᠠᠭᠤᠳᠠᠯ ᠢ ᠣᠳᠠᠭᠠᠨ ᠳᠠᠭᠠᠮᠠᠭᠠᠢ ᠵᠠᠰᠠᠨ ᠴᠡᠭᠴᠡᠯᠡᠪᠡ᠃ ᠬᠢᠨᠠᠨ ᠪᠤᠳᠤᠬᠤ | ᠠᠵᠢᠯ ᠳᠤ ᠬᠢᠨᠠᠯᠲᠠ ᠲᠠᠯᠪᠢᠬᠤ ᠬᠦᠴᠦᠯᠡᠴᠡ ᠪᠠᠨ ᠨᠡᠮᠡᠭᠳᠡᠭᠦᠯᠵᠦ᠂ ᠨᠡᠶᠢᠬᠡᠮ ᠤᠨ ᠬᠦᠴᠦᠨ ᠢ ᠣᠷᠢᠨ ᠬᠡᠷᠡᠭᠯᠡᠵᠦ᠂ ᠡᠳ᠋ ᠤᠨ ᠵᠠᠰᠠᠭ ᠤᠨ ᠪᠡᠯᠡ ᠮᠥᠩᠭᠦᠨ ᠤ | ᠬᠡᠷᠡᠭᠯᠡᠯᠲᠡ ᠪᠠ ︽ᠠᠷᠪᠠ ᠶᠢ ᠪᠦᠷᠬᠦᠭᠦᠯᠬᠦ ᠢᠨᠵᠧᠨᠧᠷᠢᠩ︾ ᠳᠠᠬᠢ ᠠᠷᠪᠠᠨ ᠵᠦᠢᠯ ᠤᠨ ᠠᠵᠢᠯ ᠲᠥᠷᠥᠯ ᠵᠢᠴᠢ ᠪᠣᠰᠣᠳ ᠠᠷᠠᠳ ᠤᠨ ᠠᠮᠢᠳᠤᠷᠠᠯ ᠲᠠᠢ | ᠬᠤᠯᠪᠤᠭᠳᠠᠬᠤ ᠠᠵᠢᠯ ᠲᠥᠷᠥᠯ ᠤᠨ ᠥᠷᠢ ᠥᠭᠴᠡᠭᠡᠨ ᠤ ᠬᠢᠨᠠᠨ ᠪᠣᠳᠣᠯᠲᠠ ᠶᠢ ᠴᠢᠩᠭᠠᠳᠬᠠᠪᠠ᠃ ᠭᠠᠮᠲᠠᠢ ᠬᠠᠲᠠᠭᠤᠵᠢᠯᠲᠠᠢ ᠠᠳᠠᠯ ᠠᠮᠢᠳᠣᠷᠠᠯ ᠢᠶᠠᠨ ᠡᠵᠡᠮᠳᠡᠬᠦ | ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠨ᠂ ᠭᠤᠷᠪᠠᠨ ᠠᠯᠪᠠᠨ ᠵᠠᠷᠤᠳᠠᠯ ᠢ ᠦᠷᠭᠦᠯᠵᠢᠯᠡᠨ ᠪᠠᠭᠠᠰᠬᠠᠪᠠ᠃ ᠵᠠᠰᠠᠭ ᠤᠨ ᠤᠴᠢᠷ ᠶᠠᠪᠣᠳᠠᠯ ᠢ ᠵᠦᠪᠯᠡᠬᠦ ᠳᠥᠷᠢᠮ᠂ | ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠣᠳᠣᠯᠭ᠎ᠠ ᠶᠢᠨ ᠳᠥᠷᠢᠮ ᠪᠠ ᠬᠠᠣᠯᠢ ᠴᠠᠭᠠᠵᠠ ᠶᠢᠨ ᠵᠦᠪᠯᠡᠭᠴᠢ ᠶᠢᠨ ᠳᠥᠷᠢᠮ ᠢ ᠨᠠᠷᠢᠨ ᠬᠢᠨᠠᠮᠠᠭᠠᠢ | ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠪᠦᠬᠦᠨ ᠢ ᠨᠢ | ᠭᠦᠢᠴᠡᠳᠭᠡᠪᠡ᠃ ︽ᠳᠣᠯᠣᠳᠣᠭᠠᠷ ᠲᠠᠪᠣᠨ ᠵᠢᠯ︾ ᠤᠨ ᠬᠠᠤᠯᠢ ᠲᠥᠭᠡᠮᠡᠯᠵᠢᠭᠦᠯᠬᠦ ᠠᠵᠢᠯ ᠢ ᠬᠦᠴᠦᠨ ᠲᠠᠢ ᠠᠬᠢᠭᠤᠯᠵᠤ᠂ ᠠᠷᠠᠳᠴᠢᠯᠠᠯ ᠬᠠᠤᠯᠢ ᠳᠥᠷᠢᠮ ᠤᠨ ᠬᠢᠷᠢ | ᠳᠥᠪᠰᠢᠨ ᠳᠠᠰᠤᠷᠠᠯᠲᠠ ᠦᠭᠡᠢ ᠳᠡᠭᠡᠭᠰᠢᠯᠡᠪᠡ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠬᠢᠭᠰᠡᠨ ᠪᠠᠶᠠᠷᠯᠠᠭᠤᠰᠢᠲᠠᠢ ᠰᠠᠶᠢᠬᠠᠨ ᠲᠣᠮᠣ ᠴᠢᠬᠤᠯᠠ ᠤᠴᠢᠷ ᠶᠠᠪᠣᠳᠠᠯ᠂ ᠪᠦᠲᠦᠮᠵᠢ ᠪᠠᠷ ᠦᠨᠳᠦᠷ | ᠰᠡᠳᠬᠢᠯ ᠳᠣᠭᠳᠣᠯᠤᠮ᠎ᠠ ᠲᠤᠭ᠎ᠠ ᠪᠠᠷᠢᠮᠲᠠ᠂ ᠰᠠᠶᠢᠰᠢᠶᠠᠨ ᠮᠠᠭᠲᠠᠵᠤ ᠪᠣᠯᠬᠤ ᠠᠵᠢᠯ ᠲᠥᠷᠥᠯ ᠨᠢ ᠪᠢᠳᠠᠨ ᠳᠤ ᠠᠯᠢ ᠠᠷᠪᠢᠨ ᠰᠡᠳᠭᠢᠭᠳᠡᠯ ᠦᠯᠡᠳᠡᠭᠡᠪᠡ᠃ ᠪᠢᠳᠠ | ᠬᠦᠴᠢᠷ ᠪᠡᠷᠬᠡ ᠶᠢᠨ ᠳᠣᠮᠳᠠ ᠯᠠᠪᠳᠠᠭᠤᠨ ᠲᠤᠭᠲᠠᠭᠤᠨ ᠬᠥᠭᠵᠢᠬᠦ ᠶᠢ ᠪᠠᠲᠤᠯᠠᠵᠤ᠂ ᠡᠷᠡᠯᠬᠡᠭᠯᠡᠨ ᠣᠷᠣᠭᠰᠢᠯᠠᠬᠤ ᠳᠣᠮᠳᠠ ᠢᠲᠡᠭᠡᠯ ᠵᠣᠷᠢᠭ ᠢᠶᠠᠨ ᠪᠠᠲᠤᠳᠬᠠᠨ᠂ | ᠰᠢᠷᠭᠠᠭᠤ ᠠᠵᠢᠯᠯᠠᠬᠤ ᠳᠤᠮᠳᠠ ᠰᠢᠨ᠎ᠡ ᠠᠵᠢᠯ ᠤᠨ ᠪᠦᠲᠦᠮᠵᠢ ᠶᠢ ᠡᠭᠦᠳᠦᠪᠡ᠃ ᠡᠳᠡᠭᠡᠷ ᠦᠷ᠎ᠡ ᠪᠦᠲᠦᠮᠵᠢ ᠨᠢ ᠲᠦᠪ ᠬᠤᠷᠢᠶ᠎ᠠ᠂ ᠥᠪᠡᠷᠳᠡᠭᠡᠨ ᠵᠠᠰᠠᠬᠤ ᠣᠷᠣᠨ᠂ | ᠬᠤᠲᠠ ᠶᠢᠨ ᠲᠦᠪ ᠴᠢᠩᠭ᠎ᠠ ᠤᠳᠤᠷᠢᠳᠤᠯᠭ᠎ᠠ ᠪᠤᠯᠤᠨ ᠲᠤᠳᠤᠨᠤᠰᠤᠭ ᠬᠠᠯᠠᠮᠵᠢᠯᠠᠭᠰᠠᠨ ᠤ ᠦᠷ᠎ᠡ ᠳ᠋ᠦᠩ ᠶᠤᠮ᠂ ᠮᠦᠨᠴᠦ ᠬᠤᠰᠢᠭᠤ ᠨᠠᠮ ᠤᠨ ᠬᠤᠷᠢᠶ᠎ᠠ ᠪᠦᠬᠦ | ᠲᠠᠯ᠎ᠠ ᠶᠢ ᠪᠣᠳᠣᠯᠬᠢᠯᠠᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠤ ᠪᠤᠳᠤᠯᠭ᠎ᠠ ᠭᠠᠷᠭᠠᠵᠤ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠪᠦᠲᠦᠮᠵᠢᠲᠠᠢ ᠬᠢᠨᠠᠯᠲᠠ ᠲᠠᠯᠪᠢᠵᠤ ᠬᠦᠴᠦᠲᠠᠢ ᠳᠡᠮᠵᠢᠯᠭᠡ ᠦᠵᠡᠭᠦᠯᠦᠭᠰᠡᠨ ᠤ ᠬᠢᠨ ᠦᠷ᠎ᠡ ᠳ᠋ᠦᠩ | ᠮᠦᠨ᠂ ᠨᠡᠩ ᠴᠦ ᠪᠦᠬᠦ ᠬᠤᠰᠢᠭᠤᠨ ᠤ ᠠᠷᠠᠳ ᠲᠦᠮᠡᠨ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ ᠪᠦᠯᠬᠦᠮᠳᠡᠨ ᠲᠡᠮᠡᠴᠡᠭᠰᠡᠨ ᠤ ᠬᠢᠨ ᠦᠷ᠎ᠡ ᠳ᠋ᠦᠩ | ᠶᠤᠮ᠃ ᠠᠳᠡ ᠪᠢ᠂ ᠬᠤᠰᠢᠭᠤ ᠵᠠᠰᠠᠭ ᠤᠨ ᠣᠷᠳᠣᠨ ᠢᠶᠠᠨ ᠲᠦᠯᠦᠭᠡᠯᠡᠨ᠂ ᠪᠥᠬᠦ ᠠᠷᠡᠳ ᠤᠨ ᠲᠥᠯᠥᠭᠡᠯᠡᠭᠴᠢᠳ᠂ ᠣᠯᠣᠰ ᠲᠥᠷᠥ ᠶᠢᠨ ᠵᠥᠪᠯᠡᠯᠭᠡᠨ ᠤ ᠭᠡᠰᠢᠭᠦᠨ | ᠂ ᠪᠥᠬᠦ ᠬᠤᠰᠢᠭᠤᠨ ᠤ ᠡᠯ᠎ᠡ ᠥᠨᠳᠥᠰᠣᠲᠡᠨ ᠤ ᠠᠷᠠᠳ ᠲᠥᠮᠡᠨ ᠪᠠ ᠬᠠᠩᠭᠢᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠬᠡᠮ ᠤᠨ ᠡᠯ᠎ᠡ | ᠡᠳᠡᠭᠡᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠦᠷ᠎ᠡ ᠪᠦᠲᠦᠮᠵᠢ ᠪᠠᠨ ᠨᠤᠲᠠᠯᠠᠬᠤ ᠶᠢᠨ ᠳᠠᠭᠠᠤ᠂ ᠪᠢᠳᠠ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠳᠤᠮᠳᠠ ᠤᠷᠤᠰᠢᠵᠤ ᠪᠠᠶᠢᠭ᠎ᠠ | ᠰᠠᠭᠠᠳ ᠬᠠᠷᠰᠢ ᠵᠢᠴᠢ ᠰᠢᠢᠳᠪᠦᠷᠢᠯᠡᠬᠦ ᠴᠢᠬᠤᠯᠠᠲᠠᠢ ︽ᠲᠣᠯᠭᠠᠮ᠎ᠠ ᠠᠰᠠᠭᠤᠳᠠᠯ︾ ᠪᠠᠶᠢᠬᠤ ᠶᠢ ᠨᠠᠷᠢᠨ ᠲᠤᠳᠤ ᠲᠠᠨᠢᠵᠤ ᠮᠡᠳᠡᠯ᠎ᠡ᠄ ᠠᠵᠤ ᠠᠬᠤᠢ ᠶᠢᠨ ᠶᠡᠷᠦᠩᠬᠡᠢ | ᠬᠡᠮᠵᠢᠶ᠎ᠡ ᠪᠠᠭ᠎ᠠ ᠪᠠᠶᠢᠭ᠎ᠠ ᠪᠠᠶᠢᠳᠠᠯ ᠦᠨᠳᠦᠰᠦᠨ ᠳᠡᠭᠡᠨ ᠬᠤᠪᠢᠷᠠᠭᠰᠠᠨ ᠦᠭᠡᠢ᠂ ᠮᠠᠯ ᠲᠠᠷᠢᠶᠠᠯᠠᠩ ᠤᠨ ᠠᠵᠤ ᠦᠢᠯᠡᠰ ᠵᠡᠷᠭᠡ ᠲᠡᠰ ᠨᠢ ᠳᠣᠣᠷ᠎ᠠ ᠪᠠᠶᠢᠵᠤ | ᠦᠢᠯᠡᠳᠭᠦᠨ ᠨᠢ ᠪᠦᠳᠦᠭᠦᠯᠢᠭ ᠪᠠᠶᠢᠬᠤ ᠣᠨᠴᠠᠯᠢᠭ ᠢᠯᠡᠷᠬᠡᠢ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠬᠦᠷᠢᠶ᠎ᠡ ᠬᠡᠪᠴᠢᠶ᠎ᠡ ᠨᠢ ᠪᠠᠭ᠎ᠠ ᠪᠠᠶᠢᠵᠤ ᠠᠵᠤ | ᠠᠬᠤᠢ ᠶᠢᠨ ᠠᠰᠢᠭ ᠭᠠᠷᠤᠭᠰᠠᠨ ᠦᠭᠡᠢ᠂ ᠦᠢᠯᠡᠴᠢᠯᠡᠭᠡᠨ ᠤ ᠦᠢᠯᠡᠰ ᠤᠨ ᠬᠢᠷᠢ ᠳᠦᠪᠰᠢᠨ ᠶᠡᠷᠦᠩᠬᠡᠢ ᠳᠡᠭᠡᠨ ᠳᠣᠣᠷ᠎ᠠ᠂ ᠲᠥᠷᠥᠯ ᠵᠦᠢᠯ ᠤᠨ ᠨᠦᠭᠡᠴᠡ ᠬᠦᠴᠦᠨ | ᠬᠦᠷᠦᠯᠴᠡᠬᠦ ᠦᠭᠡᠢ᠂ ᠨᠢᠭᠡ ᠪᠦᠯᠦᠭ ᠠᠵᠤ ᠠᠬᠤᠶᠢᠯᠠᠯ ᠤᠨ ᠡᠵᠡᠩᠨᠡᠯᠲᠡ ᠨᠢ ᠬᠦᠴᠢᠷᠳᠡᠯᠲᠡᠢ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ ᠶᠡᠭᠡ | ᠬᠡᠮᠵᠢᠶ᠎ᠡ ᠪᠠᠷ ᠪᠠᠭᠠᠰᠣᠭᠰᠠᠨ︔ ᠪᠦᠬᠦ ᠲᠠᠯ᠎ᠠ ᠪᠠᠷ ᠴᠢᠨᠡᠭᠡᠯᠢᠭ ᠨᠡᠶᠢᠬᠡᠮ ᠢ ᠪᠠᠶᠢᠭᠤᠯᠬᠤ ᠠᠵᠢᠯ ᠳᠤ ᠣᠯᠠᠨ ᠲᠤᠲᠠᠭᠳᠠᠯ ᠲᠠᠢ ᠭᠠᠵᠠᠷ ᠣᠷᠣᠰᠢᠵᠤ᠂ ᠭᠤᠷᠪᠠᠨ ᠶᠡᠭᠡ | ᠰᠢᠪᠲᠤᠯᠤᠯᠲᠠ ᠶᠢ ᠪᠡᠶᠡᠯᠡᠭᠦᠯᠬᠦ ᠳᠤ ᠡᠭᠦᠷᠭᠡ ᠬᠦᠨᠳᠦ᠂ ᠥᠷᠢ ᠥᠭᠴᠡᠭᠡᠨ ᠤ ᠨᠣᠷᠮ᠎ᠠ ᠬᠠᠷᠢᠴᠠᠩᠭᠤᠢ ᠦᠨᠳᠦᠷ᠂ ᠴᠠᠯᠢᠩ ᠬᠥᠯᠥᠰᠦ᠂ ᠡᠳᠦᠷ ᠳᠤᠲᠤᠮ ᠤᠨ | ᠵᠠᠷᠣᠳᠠᠯ ᠪᠠ ᠠᠷᠠᠳ ᠤᠨ ᠦᠨᠳᠦᠰᠦᠨ ᠠᠮᠢᠳᠣᠷᠠᠯ ᠢ ᠪᠠᠲᠤᠯᠠᠬᠤ ᠡᠳ᠋ ᠤᠨ ᠵᠠᠰᠠᠭ ᠠᠴᠠ ᠵᠠᠷᠣᠳᠠᠯ ᠤᠨ ᠳᠠᠷᠣᠯᠲᠠ ᠦᠨᠳᠦᠷ᠂ ᠰᠠᠭᠤᠷᠢ ᠲᠥᠬᠦᠭᠡᠷᠦᠮᠵᠢ ᠶᠢᠨ | ᠪᠠᠲᠤᠯᠠᠭ᠎ᠠ ᠶᠢᠨ ᠴᠢᠳᠠᠪᠦᠷᠢ ᠬᠦᠷᠦᠯᠴᠡᠬᠦ ᠦᠭᠡᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠳᠦᠪᠰᠢᠨ ᠳᠣᠣᠷ᠎ᠠ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠬᠦᠴᠢᠷ ᠶᠡᠭᠡ︔ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠳᠠᠬᠢ ᠰᠢᠰᠲ᠋ᠧᠮᠲᠦ | ᠴᠢᠨᠠᠷ ᠲᠠᠢ᠂ ᠪᠦᠬᠦᠯᠢ ᠴᠣᠭᠴᠠᠲᠤ ᠴᠢᠨᠠᠷ ᠲᠠᠢ᠂ ᠵᠤᠬᠢᠴᠠᠯᠲᠤ ᠴᠢᠨᠠᠷ ᠲᠠᠢ ᠠᠵᠢᠯ ᠢ ᠪᠠᠰᠠ ᠭᠦᠨᠵᠡᠭᠡᠢ ᠠᠳᠬᠤᠨ ᠪᠣᠳᠠᠲᠠᠢ ᠬᠢᠭᠰᠡᠨ ᠦᠭᠡᠢ᠂ ︽ᠵᠠᠰᠠᠭ ᠢ | ᠴᠣᠮᠬᠠᠳᠬᠠᠵᠤ᠂ ᠡᠷᠬᠡ ᠪᠠᠨ ᠳᠣᠷᠣᠭᠰᠢ ᠪᠠᠭᠤᠯᠭᠠᠨ᠂ ᠬᠠᠮᠢᠶᠠᠷᠣᠯᠲᠠ ᠶᠢ ᠣᠶᠠᠯᠳᠣᠭᠤᠯᠣᠨ᠂ ᠦᠢᠯᠡᠴᠢᠯᠡᠭᠡ ᠪᠠᠨ ᠰᠢᠯᠢᠳᠡᠭᠵᠢᠭᠦᠯᠬᠦ︾ ᠥᠭᠡᠷᠡᠴᠢᠯᠡᠯᠲᠡ ᠬᠢᠷᠢ | ᠬᠡᠮᠵᠢᠶᠡᠨ ᠳᠡᠭᠡᠨ ᠬᠦᠷᠦᠭᠡ ᠦᠭᠡᠢ᠂ ᠬᠥᠭᠵᠢᠭᠦᠯᠦᠯᠲᠡ ᠬᠢᠬᠦ ᠣᠷᠴᠢᠨ ᠲᠤᠭᠤᠷᠢᠨ ᠢ ᠪᠠᠰᠠ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠ ᠲᠠᠢ ᠪᠠᠶᠢᠨ᠎ᠠ︔ | ᠵᠠᠰᠠᠭ ᠤᠨ ᠣᠷᠳᠣᠨ ᠤ ᠰᠢᠰᠲ᠋ᠧᠮ ᠤᠨ ᠨᠢᠭᠡ ᠪᠦᠯᠦᠭ ᠣᠳᠣᠷᠢᠳᠬᠤ ᠺᠠᠳ᠋ᠷᠴᠤᠳ ᠠᠵᠢᠯ ᠶᠠᠪᠤᠳᠠᠯ ᠢ ᠡᠴᠦᠰ ᠲᠤᠨᠢ ᠲᠤᠯᠲᠠᠯ᠎ᠠ ᠠᠳᠬᠤᠬᠤ ᠵᠣᠷᠢᠭ ᠰᠦᠯᠳᠡ ᠪᠠᠷ | ᠠᠨᠠᠢ᠂ ᠦᠵᠡᠯ ᠰᠠᠨᠠᠭ᠎ᠠ ᠪᠠᠨ ᠴᠢᠯᠥᠭᠡᠯᠡᠭᠰᠡᠨ ᠲᠠᠯ᠎ᠠ ᠪᠠᠷ ᠬᠦᠷᠦᠯᠴᠡᠬᠦ ᠦᠭᠡᠢ᠂ ᠬᠠᠷᠢᠭᠤᠴᠠᠯᠭᠠᠲᠤ ᠣᠬᠠᠮᠰᠠᠷ ᠢᠶᠠᠷ ᠰᠣᠯᠠ ᠵᠡᠷᠭᠡ ᠠᠰᠠᠭᠤᠳᠠᠯ ᠣᠷᠣᠰᠢᠵᠤ ᠪᠠᠶᠢᠨ᠎ᠠ | ᠃ ᠣᠷᠣᠰᠢᠵᠤ ᠪᠠᠶᠢᠭ᠎ᠠ ᠠᠰᠠᠭᠤᠳᠠᠯ ᠪᠣᠯ ᠪᠢᠳᠠᠨ ᠤ ᠶᠠᠪᠤᠬᠤ ᠭᠡᠵᠤ ᠪᠠᠶᠢᠭ᠎ᠠ ᠴᠢᠭᠯᠡᠯ᠂ ᠳᠠᠷᠣᠯᠲᠠ ᠪᠣᠯ ᠬᠥᠳᠡᠯᠭᠡᠬᠦ ᠬᠦᠴᠦᠨ ᠶᠤᠮ᠃ ᠪᠢᠳᠠ ᠬᠤᠶᠢᠰᠢᠳᠠ ᠶᠢᠨ | ᠠᠵᠢᠯ ᠳᠣᠮᠳᠠ ᠡᠷᠴᠢ ᠵᠤᠷᠢᠭ ᠢᠶᠠᠨ ᠪᠠᠳᠠᠷᠠᠭᠤᠯᠤᠨ᠂ ᠦᠨᠡᠨ ᠪᠣᠳᠠᠲᠠᠢ ᠠᠷᠭ᠎ᠠ ᠠᠪᠴᠢᠯ ᠠᠪᠴᠤ᠂ ᠢᠳᠡᠪᠬᠢᠲᠠᠢ ᠠᠷᠭᠠᠴᠠᠭᠠᠵᠣ᠂ ᠨᠠᠷᠢᠨ ᠬᠢᠨᠠᠮᠠᠭᠠᠢ | ᠰᠢᠢᠳᠪᠦᠷᠢᠯᠡᠶ᠎ᠡ᠃ | ᠬᠤᠶᠠᠷ᠂ 2019 ᠤᠨ ᠤ ᠠᠵᠢᠯ ᠤᠨ ᠲᠤᠬᠢᠷᠠᠭᠤᠯᠤᠯᠲᠠ | 2019 ᠤᠨ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠦᠨ᠃ ᠪᠢᠳᠠ ᠨᠠᠮ ᠤᠨ ᠠᠷᠪᠠ ᠶᠢᠰᠦᠳᠦᠭᠡᠷ | ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠰᠢᠢᠳᠪᠤᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠭᠤᠶᠢᠪᠢᠰᠢ ᠦᠭᠡᠢ ᠲᠤᠤᠱᠯᠠᠭᠤᠯᠤᠨ ᠬᠡᠷᠡᠭᠵᠢᠭᠦᠯᠵᠦ᠂ ᠬᠤᠷᠢᠭ᠎ᠠ ᠱᠤᠭᠤᠮ ᠤᠨ ᠳᠡᠳᠬᠢᠭᠦᠢ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ | ᠪᠠᠷᠢᠮᠲᠠᠯᠠᠵᠤ᠂ ᠦᠨᠳᠦᠷ ᠴᠢᠨᠠᠷ ᠴᠢᠨᠰᠠᠭ᠎ᠠ ᠪᠦᠬᠦᠢ ᠬᠦᠭᠵᠢᠯᠲᠡ ᠶᠢ ᠪᠠᠷᠢᠮᠲᠠᠯᠠᠨ᠂ ᠭᠤᠷᠪᠠᠨ ᠶᠡᠭᠡ ᠰᠢᠪᠲᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ | ᠠᠳᠬᠤᠵᠤ᠂ ᠪᠤᠳᠠᠲᠤ ᠠᠵᠤ ᠠᠬᠤᠢ ᠶᠢ ᠪᠤᠵᠠᠭᠠᠶᠢᠷᠠᠭᠤᠯᠤᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠠᠵᠤ ᠠᠬᠤᠢ ᠶᠢᠨ ᠨᠡᠮᠡᠭᠳᠡᠯ ᠂ ᠠᠵᠢᠯ ᠤᠯᠭᠤᠯᠲᠠ ᠂ ᠪᠡᠯᠡ ᠤᠷᠤᠭᠤᠯᠤᠯᠲᠠ᠂ ᠠᠵᠤ ᠠᠬᠤᠢ ᠶᠢᠨ ᠵᠢᠱᠢᠯᠲᠡ ᠶᠢ ᠲᠤᠭᠲᠠᠭᠤᠨ ᠪᠠᠶᠢᠯᠭᠠᠬᠤ ᠡᠯ᠎ᠡ | ᠠᠵᠢᠯ ᠲᠦᠷᠦᠯ ᠢ ᠯᠠᠪᠳᠠᠭᠤᠨ ᠪᠠᠲᠤᠲᠠᠢ ᠬᠢᠵᠦ᠂ ᠠᠷᠠᠳ ᠤᠯᠠᠨ ᠤ ᠬᠦᠷᠲᠡᠭᠡᠯ᠂ ᠵᠤᠯ ᠵᠢᠷᠭᠠᠯ᠂ ᠰᠡᠳᠬᠢᠯ ᠲᠠᠶᠢᠪᠤᠰᠢᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠠᠵᠤ ᠠᠬᠤᠢ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠬᠡᠮ ᠤᠨ ᠡᠶ᠎ᠡ ᠵᠤᠬᠢᠴᠠᠩᠭᠤᠢ ᠲᠤᠭᠲᠠᠭᠤᠨ ᠪᠠᠶᠢᠬᠤ ᠶᠢ ᠪᠠᠲᠤᠯᠠᠵᠤ᠂ ᠰᠢᠯᠢᠳᠡᠭ ᠬᠢᠷᠢ | ᠪᠦᠲᠦᠮᠵᠢ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠶ᠎ᠡ᠃ ᠭᠤᠤᠯ ᠬᠠᠷᠠᠯᠲᠠ᠄ ᠤᠷᠤᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 10 % ᠤᠷᠴᠢᠮ ᠨᠡᠮᠡᠭᠳᠡᠭᠦᠯᠦᠨ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ 12 % ᠤᠷᠴᠢᠮ ᠨᠡᠮᠡᠭᠳᠡᠭᠦᠯᠵᠦ᠂ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 62 % ᠤᠷᠴᠢᠮ ᠨᠡᠮᠡᠭᠳᠡᠭᠦᠯᠦᠨ᠂ ᠨᠡᠶᠢᠬᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 7 % ᠤᠷᠴᠢᠮ ᠨᠡᠮᠡᠭᠳᠡᠭᠦᠯᠵᠦ᠂ ᠬᠤᠲᠠ ᠬᠦᠳᠡᠭᠡ ᠶᠢᠨ ᠪᠠᠶᠢᠩᠭᠤ ᠰᠠᠭᠤᠭᠠᠯᠢ | ᠠᠷᠠᠳ ᠤᠨ ᠬᠦᠮᠦᠨ ᠪᠦᠷᠢ ᠶᠢᠨ ᠲᠤᠮᠳᠠᠴᠢ ᠤᠷᠤᠯᠭ᠎ᠠ ᠶᠢ ᠲᠤᠰ ᠲᠤᠰ 7 .5 %᠂ 8 % ᠤᠷᠴᠢᠮ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠰᠡᠳᠬᠢᠴᠡ | ᠪᠠ ᠬᠠᠷᠠᠯᠲᠠ ᠶᠢᠨ ᠲᠤᠭᠤᠷᠢᠨ ᠳᠤ᠂ ᠭᠤᠤᠯᠳᠠᠯᠭ᠎ᠠ ᠲᠠᠢ ᠪᠠᠷ ᠲᠤᠤᠷᠠᠬᠢ ᠲᠤᠯᠤᠭᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠄ | ︵ᠨᠢᠭᠡ︶ ᠲᠦᠷᠦᠯ ᠵᠦᠢᠯ ᠢ ᠠᠳᠬᠤᠨ᠂ ᠨᠦᠭᠡᠴᠡ ᠬᠦᠴᠦᠨ ᠢᠶᠠᠨ ᠨᠡᠮᠡᠭᠳᠡᠭᠦᠯᠵᠦ᠂ ᠠᠵᠤ ᠦᠢᠯᠡᠳᠪᠤᠷᠢ ᠶᠢᠨ ᠠᠵᠤ ᠠᠬᠤᠢ ᠴᠢᠨᠠᠷ ᠰᠠᠶᠢᠲᠠᠢ ᠬᠦᠭᠵᠢᠬᠦ | ᠶᠢ ᠳᠦᠯᠬᠢᠨ ᠠᠬᠢᠭᠤᠯᠤᠨ᠎ᠠ᠃ | ᠲᠦᠷᠦᠯ ᠵᠦᠢᠯ ᠢᠶᠠᠷ ᠳᠠᠶᠢᠴᠢᠯᠠᠬᠤ ᠶᠢ ᠳᠤᠪᠤᠶᠢᠯᠭᠠᠨ᠎ᠠ᠃ ︽ᠲᠦᠷᠦᠯ ᠵᠦᠢᠯ ᠢ ᠨᠠᠶᠢᠳᠠᠪᠤᠷᠢᠵᠢᠭᠤᠯᠬᠤ ᠰᠢᠪᠲᠤᠯᠤᠯᠲᠠ ᠶᠢᠨ ᠵᠢᠯ︾ ᠤᠨ ᠠᠵᠢᠯᠯᠠᠭ᠎ᠠ ᠢ | ᠯᠠᠪᠳᠠᠭᠤᠨ ᠪᠠᠲᠤᠲᠠᠢ ᠦᠷᠨᠢᠭᠦᠯᠦᠨ᠂ ᠲᠣᠮᠣ᠂ ᠳᠣᠮᠳᠠ᠂ ᠪᠠᠭ᠎ᠠ ᠬᠡᠯᠪᠡᠷᠢ ᠶᠢᠨ ᠲᠥᠷᠥᠯ ᠵᠥᠢᠯ ᠢ ᠪᠠᠶᠢᠭᠤᠯᠤᠨ ᠬᠡᠷᠡᠭᠵᠢᠭᠦᠯᠬᠦ ᠶᠢ ᠪᠥᠬᠦ ᠬᠥᠴᠣ ᠪᠠᠷ ᠠᠬᠢᠭᠤᠯᠵᠣ᠂ | ᠬᠤᠣ ᠬᠤᠸᠠ 60 ᠲᠦᠮᠡᠨ ᠳᠤᠨ ᠤ ᠨᠡᠭᠦᠷᠡᠰᠦ ᠪᠠᠷ ᠠᠯᠺᠸᠠ ᠦᠢᠯᠡᠳᠬᠦ ᠲᠦᠷᠦᠯ᠂ ᠰᠢᠨ ᠮᠧᠩ ᠠᠩᠬᠠᠳᠠᠭᠴᠢ ᠬᠤᠭᠤᠴᠠᠭᠠᠨ ᠤ 40 ᠳ᠋ᠦᠩᠰᠢᠭᠤᠷ ᠺᠦᠪ | ᠮᠧᠲᠷ ᠤᠨ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠲᠦᠷᠦᠯ ᠵᠦᠢᠯ᠂ ᠱᠧᠨ ᠬᠤᠸᠠ ᠲᠠᠷᠢᠶᠠᠠᠭᠤᠣᠯ ᠨᠡᠭᠦᠷᠡᠰᠦᠨ ᠠᠭᠤᠷᠬᠠᠢ ᠶᠢᠨ ᠦᠢᠯᠡᠰ ᠵᠡᠷᠭᠡ ᠪᠦᠬᠦ | ᠬᠤᠰᠢᠭᠤᠨ ᠤ ᠠᠯᠤᠰ ᠬᠡᠳᠦ ᠶᠢᠨ ᠬᠦᠭᠵᠢᠯᠲᠡ ᠲᠠᠢ ᠬᠤᠯᠪᠤᠭᠳᠠᠬᠤ ᠴᠢᠬᠤᠯᠠ ᠶᠡᠭᠡ ᠲᠦᠷᠦᠯ ᠵᠦᠢᠯ ᠢ ᠰᠡᠷᠭᠦᠭᠡᠨ ᠡᠬᠢᠯᠡᠭᠦᠯᠵᠦ ᠪᠦᠲᠦᠭᠡᠨ ᠪᠠᠶᠢᠭᠤᠯᠬᠤ ᠪᠠᠷ | ᠴᠢᠷᠮᠠᠶᠢᠨ᠎ᠠ᠃ ᠲᠠᠷᠢᠶᠠᠨᠭᠤᠤᠯ ᠠᠭᠤᠷᠬᠠᠢ ᠶᠢᠨ ᠤᠷᠤᠨ ᠤ ᠲᠦᠯᠦᠪᠵᠢᠭᠦᠯᠭᠡ ᠳᠤ ᠵᠠᠰᠠᠪᠤᠷᠢ ᠤᠷᠤᠭᠤᠯᠬᠤ ᠠᠵᠢᠯ ᠪᠤᠳᠠᠲᠤ ᠦᠷ᠎ᠡ ᠪᠦᠲᠦᠮᠵᠢ ᠤᠯᠬᠤ ᠶᠢ ᠪᠦᠬᠦ | ᠬᠦᠴᠦᠨ ᠢᠶᠠᠷ ᠠᠬᠢᠭᠤᠯᠤᠨ᠎ᠠ᠃ ᠢ ᠲᠠᠢ ᠨᠢᠩ ᠨᠧᠩ 50 ᠲᠦᠮᠡᠨ ᠳᠤᠨ ᠤ ᠹᠢᠱᠤᠷ ᠲᠷᠤᠫᠱ ᠠᠯᠺᠠᠨ ᠦᠢᠯᠡᠳᠪᠦᠷᠢᠯᠡᠬᠦ ᠲᠦᠷᠦᠯ ᠵᠦᠢᠯ ᠢ ᠪᠠᠶᠢᠭᠤᠯᠤᠨ᠂ ᠢ | ᠯᠢᠨ 20 ᠲᠦᠮᠡᠨ ᠳᠤᠨ ᠤ ᠨᠡᠶᠢᠯᠡᠯᠭᠡ ᠬᠡᠢ ᠪᠠᠷ ᠡᠲ᠋ᠠ ᠬᠤᠶᠠᠷ ᠠᠯᠺᠤᠤᠯ ᠦᠢᠯᠡᠳᠪᠦᠷᠢᠯᠡᠬᠦ ᠲᠦᠷᠦᠯ ᠵᠦᠢᠯ ᠤᠨ ᠪᠠᠶᠢᠭᠤᠯᠤᠯᠲᠠ ᠶᠢ ᠳᠦᠯᠬᠢᠨ ᠠᠬᠢᠭᠤᠯᠵᠤ᠂ ᠰᠢᠨ | ᠬᠠᠩ 30 ᠲᠦᠮᠡᠨ ᠳᠤᠨ ᠤ ᠨᠡᠶᠢᠯᠡᠯᠭᠡ ᠬᠡᠢ ᠪᠠᠷ ᠡᠲ᠋ᠠ ᠬᠤᠶᠠᠷ ᠠᠯᠺᠤᠤᠯ ᠦᠢᠯᠡᠳᠪᠦᠷᠢᠯᠡᠬᠦ ᠲᠦᠷᠦᠯ ᠵᠦᠢᠯ᠂ ᠢ ᠨᠦᠸᠧ 2 ᠲᠦᠮᠡᠨ ᠳᠤᠨ ᠤ ᠦᠨᠳᠦᠷ | ᠨᠡᠭᠦᠷᠦᠭᠴᠢ ᠠᠯᠺᠤᠤᠯ ᠦᠢᠯᠡᠳᠪᠦᠷᠢᠯᠡᠬᠦ ᠲᠦᠷᠦᠯ ᠵᠦᠢᠯ᠂ ᠯᠢᠶᠠᠨ ᠪᠦᠸᠧ ᠬᠢᠮᠢ ᠶᠢᠨ ᠠᠵᠤ ᠦᠢᠯᠡᠳᠪᠤᠷᠢ ᠶᠢᠨ 40 ᠲᠦᠮᠡᠨ ᠳᠤᠨ ᠤ ᠢᠳᠡᠭᠡᠨ ᠤ | ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠦᠢᠯᠡᠳᠪᠦᠷᠢᠯᠡᠬᠦ ᠲᠦᠷᠦᠯ ᠵᠦᠢᠯ᠂ ᠯᠢᠤᠢ ᠹᠧᠩ 10 ᠲᠦᠮᠡᠨ ᠳᠤᠨ ᠤ ᠪᠦᠭᠡᠭᠡᠨᠡᠷᠡᠯ ᠡᠾᠯᠤᠷᠲᠤ ᠬᠦᠩᠭᠡᠨᠴᠠᠭᠠᠨ | ᠵᠢᠴᠢ ᠡᠾᠯᠤᠷᠲᠤ ᠫᠠᠷᠠᠹᠢᠨ ᠦᠢᠯᠡᠳᠪᠦᠷᠢᠯᠡᠬᠦ ᠲᠦᠷᠦᠯ ᠵᠦᠢᠯ ᠵᠡᠷᠭᠡ ᠶᠢ ᠡᠬᠢᠯᠡᠭᠦᠯᠦᠨ ᠪᠠᠶᠢᠭᠤᠯᠵᠤ᠂ ᠮᠧᠩ ᠨᠧᠩ ᠴᠠᠬᠢᠯᠭᠠᠨ ᠦᠷᠲᠡᠭᠡᠨ ᠤ ᠬᠤᠶᠠᠳᠤᠭᠠᠷ | ᠬᠤᠭᠤᠴᠠᠭᠠᠨ ᠤ 2×100 ᠲᠦᠮᠡᠨ ᠺᠢᠯᠤᠸᠠᠲ ᠤᠨ ᠴᠠᠬᠢᠯᠭᠠᠨ ᠭᠠᠷᠭᠠᠬᠤ ᠲᠥᠷᠥᠯ ᠵᠣᠶᠢᠯ ᠤᠨ ᠤᠷᠢᠳᠠᠯ ᠠᠵᠢᠯ ᠢ ᠪᠦᠬᠦ ᠬᠦᠴᠦᠨ ᠢᠶᠠᠷ ᠠᠬᠢᠭᠤᠯᠤᠨ᠂ | ᠨᠡᠭᠦᠷᠡᠰᠦᠨ ᠰᠢᠪᠠᠷ ᠢ ᠪᠤᠬᠢᠷᠳᠤᠯ ᠦᠭᠡᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠪᠤᠯᠤᠨ ᠬᠤᠸᠠ ᠵᠸᠤ ᠠᠮᠢᠳᠤ ᠪᠤᠳᠠᠰ ᠤᠨᠰᠢᠨᠵᠢᠯᠡᠭᠡ ᠮᠡᠷᠭᠡᠵᠢᠯ ᠤᠨ ᠨᠠᠷᠢᠯᠢᠭ | ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠳᠡᠭᠡᠳᠦ ᠲᠤᠤᠷᠠᠳᠤ ᠳᠠᠪᠬᠤᠷᠭ᠎ᠠ ᠶᠢᠨ ᠠᠵᠤ ᠦᠢᠯᠡᠰ ᠲᠦᠪᠯᠡᠷᠡᠩᠭᠦᠢ᠂ ᠬᠠᠷᠢᠯᠴᠠᠨ | ᠨᠦᠬᠦᠪᠦᠷᠢᠯᠡᠨ ᠬᠦᠭᠵᠢᠬᠦ ᠶᠢ ᠪᠡᠶᠡᠯᠡᠭᠦᠯᠦᠨ᠎ᠡ᠃ ᠤᠳᠤ ᠦᠶ᠎ᠡ ᠶᠢᠨ ᠡᠨᠧᠷᠬᠢ ᠶᠢᠨ ᠰᠤᠷᠪᠤᠯᠵᠢ ᠶᠢᠨ ᠠᠵᠤ ᠠᠬᠤᠢ ᠶᠢ ᠪᠦᠬᠦ ᠬᠦᠴᠦᠨ ᠢᠶᠠᠷ ᠰᠠᠶᠢᠲᠤᠷ ᠬᠢᠵᠦ᠂ | 5000 ᠲᠥᠮᠡᠨ ᠲᠥᠭᠦᠷᠢᠭ ᠤᠨ ᠰᠢᠨ᠎ᠡ ᠡᠨᠧᠷᠬᠢ ᠶᠢᠨ ᠰᠤᠷᠪᠤᠯᠵᠢ ᠶᠢ ᠬᠦᠭᠵᠢᠭᠦᠯᠬᠦ ᠰᠠᠭᠤᠷᠢ ᠮᠦᠩᠭᠦ ᠶᠢ ᠪᠠᠶᠢᠭᠤᠯᠤᠨ᠂ 60 ᠲᠦᠮᠡᠨ ᠺᠢᠯᠤᠸᠠᠲ ᠤᠨ ᠰᠠᠯᠬᠢᠨ | ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠪᠠ ᠵᠦᠩ ᠱᠧᠩ ᠲᠡᠯᠡᠰᠲᠦ ᠴᠠᠬᠢᠭᠤᠷ ᠤᠨ ᠠᠵᠤ ᠦᠢᠯᠡᠰ ᠤᠨ ᠭᠡᠯᠬᠢᠶᠡᠵᠢᠯ ᠤᠨ ᠠᠩᠬᠠᠳᠤᠭᠠᠷ ᠬᠤᠭᠤᠴᠠᠭᠠᠨ ᠤ | ᠲᠦᠷᠦᠯ ᠵᠦᠢᠯ ᠢ ᠡᠬᠢᠯᠡᠭᠦᠯᠦᠨ ᠪᠠᠶᠢᠭᠤᠯᠵᠤ᠂ ᠬᠦᠪᠴᠢ ᠡᠯᠡᠰᠦ ᠶᠢᠨ 60 ᠲᠦᠮᠡᠨ ᠺᠢᠯᠤᠸᠠᠲ ᠤᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠵᠤ ᠡᠯᠡᠰᠦ ᠵᠠᠰᠠᠬᠤ | ᠲᠦᠷᠦᠯ ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠦᠨ᠂ 500 ᠺᠢᠯᠥᠸᠣᠯᠲ ᠤᠨ ᠴᠠᠬᠢᠯᠭᠠᠨ ᠬᠤᠷᠠᠬᠤ ᠦᠷᠲᠡᠭᠡᠨ ᠤ | ᠪᠠᠶᠢᠭᠤᠯᠤᠯᠲᠠ ᠶᠢ ᠡᠬᠢᠯᠡᠭᠦᠯᠵᠦ᠂ ᠪᠦᠬᠦ ᠤᠷᠤᠨ ᠳᠠᠬᠢ ᠬᠡᠪᠴᠢᠶ᠎ᠡ ᠪᠠᠷ ᠬᠠᠮᠤᠭ ᠶᠡᠭᠡ ᠰᠢᠨ᠎ᠡ ᠡᠨᠧᠷᠬᠢ ᠶᠢᠨ ᠰᠤᠷᠪᠤᠯᠵᠢ ᠪᠠᠷ ᠴᠠᠬᠢᠯᠭᠠᠨ ᠭᠠᠷᠭᠠᠭᠰᠠᠨ ᠰᠠᠭᠤᠷᠢᠨ | ᠭᠠᠵᠠᠷ ᠢ ᠪᠠᠶᠢᠭᠤᠯᠤᠨ᠎ᠠ᠃ ᠸᠠᠨ ᠷᠦᠢ ᠡᠳᠦᠷ ᠲᠤ 100 ᠲᠦᠮᠡᠨ ᠷᠦᠪ ᠮᠧᠲᠷ ᠤᠨ LNG ᠰᠶᠢᠳᠪᠤᠷᠢᠯᠡᠬᠦ ᠲᠦᠷᠦᠯ ᠵᠦᠢᠯ ᠢ ᠪᠠᠶᠢᠭᠤᠯᠤᠨ᠂ 40 | ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠳᠳᠤᠭ ᠨᠡᠮᠡᠨ ᠮᠠᠯᠲᠠᠵᠤ᠂ ᠪᠠᠶᠢᠭᠠᠯᠢ ᠶᠢᠨ ᠰᠢᠲᠠᠮᠠᠬᠠᠢ ᠬᠡᠢ ᠭᠠᠷᠭᠠᠬᠤ ᠴᠢᠳᠠᠮᠵᠢ ᠶᠢ 20 ᠳ᠋ᠦᠩᠰᠢᠭᠤᠷ ᠺᠦᠪ ᠮᠧᠲᠷ ᠲᠤ | ᠬᠦᠷᠭᠡᠵᠦ᠂ ᠰᠢᠩᠭᠡᠵᠢᠭᠦᠯᠬᠦ ᠴᠢᠳᠠᠮᠵᠢ ᠶᠢ 100 ᠲᠦᠮᠡᠨ ᠳᠤᠨ ᠠᠴᠠ ᠳᠠᠪᠠᠭᠤᠯᠤᠨ᠎ᠠ᠃ | ᠬᠦᠷᠢᠶᠡᠯᠡᠩ ᠲᠤᠭᠤᠷᠢᠭ ᠤᠨ ᠴᠢᠳᠠᠮᠵᠢ ᠶᠢ ᠪᠠᠳᠠᠷᠠᠭᠤᠯᠤᠨ᠎ᠠ᠃ ︽ᠬᠦᠷᠢᠶᠡᠯᠡᠩ ᠲᠤᠭᠤᠷᠢᠭ ᠢ ᠬᠦᠭᠵᠢᠭᠦᠯᠦᠨ ᠮᠠᠨᠳᠤᠭᠤᠯᠬᠤ︾ ᠲᠦᠯᠦᠪᠯᠡᠭᠡ ᠶᠢ ᠪᠦᠬᠦ | ᠬᠦᠴᠦᠨ ᠢᠶᠠᠷ ᠬᠡᠷᠡᠭᠵᠢᠭᠦᠯᠦᠨ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠡᠯᠡ ᠮᠦᠩᠭᠦ ᠪᠠᠷ ᠬᠠᠷᠠᠭᠠᠯᠵᠠᠬᠤ ᠬᠦᠴᠦᠯᠡᠴᠡ ᠪᠠᠨ ᠨᠡᠮᠡᠭᠳᠡᠭᠦᠯᠵᠦ᠂ ᠡᠬᠢ ᠪᠠᠶᠠᠯᠢᠭ ᠲᠠᠢ | ᠬᠤᠯᠪᠤᠭᠳᠠᠬᠤ ᠴᠢᠬᠤᠯᠠ ᠲᠦᠷᠦᠯ ᠵᠦᠢᠯ ᠢ ᠬᠦᠷᠢᠶᠡᠯᠡᠩ ᠲᠤᠭᠤᠷᠢᠭ ᠲᠤ ᠲᠦᠪᠯᠡᠷᠡᠭᠦᠯᠬᠦ ᠶᠢ ᠠᠬᠢᠭᠤᠯᠤᠨ᠂ ᠬᠦᠷᠢᠶᠡᠯᠡᠩ ᠲᠤᠭᠤᠷᠢᠭ ᠢ ᠵᠢᠯᠤᠭᠤᠳᠤᠨ ︽ᠲᠤᠮᠤ | ᠬᠦᠴᠦᠷᠬᠡᠭ᠂ ᠲᠤᠰᠬᠠᠢ ᠴᠢᠨᠠᠷᠵᠢᠭᠤᠨ︾ ᠠᠵᠤ ᠦᠢᠯᠡᠰ ᠤᠨ ᠬᠦᠷᠢᠶᠡᠯᠡᠩ ᠲᠤᠭᠤᠷᠢᠭ ᠪᠤᠯᠭᠠᠨ᠎ᠠ᠃ ᠬᠦᠷᠢᠶᠡᠯᠡᠩ ᠲᠤᠭᠤᠷᠢᠭ ᠤᠨ ᠪᠠᠶᠢᠭᠤᠯᠤᠮᠵᠢ ᠪᠠ | ᠲᠤᠭᠲᠠᠴᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠢᠶᠠᠷᠤᠯᠲᠠ ᠪᠠ ᠦᠢᠯᠡᠴᠢᠯᠡᠭᠡ ᠪᠠᠨ ᠰᠢᠯᠢᠳᠡᠭᠵᠢᠭᠦᠯᠦᠨ᠂ ᠦᠢᠯᠡᠴᠢᠯᠡᠭᠡᠨ ᠤ ᠴᠢᠳᠠᠮᠵᠢ ᠪᠠᠨ | ᠳᠡᠭᠡᠭᠰᠢᠯᠡᠭᠦᠯᠦᠨ᠎ᠡ᠃ ᠰᠠᠭᠤᠷᠢᠰᠢᠭᠰᠠᠨ ᠲᠦᠷᠦᠯ ᠵᠦᠢᠯ ᠤᠨ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠡᠨᠧᠷᠬᠢ ᠬᠡᠷᠡᠭᠯᠡᠬᠦ᠂ ᠪᠤᠬᠢᠷᠳᠤᠯ ᠢ ᠭᠠᠳᠠᠭᠰᠢᠯᠠᠭᠤᠯᠬᠤ ᠵᠡᠷᠭᠡ | ᠡᠬᠢ ᠪᠠᠶᠠᠯᠢᠭ ᠲᠠᠢ ᠬᠤᠯᠪᠤᠭᠳᠠᠬᠤ ᠴᠢᠬᠤᠯᠠ ᠵᠦᠢᠯ ᠤᠨ ᠲᠦᠯᠦᠪᠵᠢᠭᠦᠯᠭᠡ ᠶᠢ ᠰᠠᠶᠢᠲᠤᠷ ᠬᠢᠵᠦ᠂ ᠬᠦᠷᠢᠶᠡᠯᠡᠩ ᠲᠤᠭᠤᠷᠢᠭ ᠤᠨ ᠤᠰᠤ᠂ ᠴᠠᠬᠢᠯᠭᠠᠨ᠂ ᠵᠠᠮ᠂ | ᠰᠢᠲᠠᠮᠠᠬᠠᠢ ᠬᠡᠢ ᠵᠡᠷᠭᠡ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠳᠤᠭᠤᠶᠢᠲᠠᠯᠠ ᠠᠵᠤ | ᠦᠢᠯᠡᠳᠪᠤᠷᠢ ᠶᠢᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠢ ᠪᠠᠶᠢᠭᠤᠯᠬᠤ ᠠᠬᠢᠴᠠ ᠪᠠᠨ ᠲᠦᠷᠭᠡᠳᠬᠡᠵᠦ᠂ ᠬᠦᠷᠢᠶᠡᠯᠡᠩ ᠲᠤᠭᠤᠷᠢᠭ ᠤᠨ | ᠲᠤᠰᠬᠠᠢ ᠲᠡᠮᠦᠷ ᠵᠠᠮ ᠢ ᠲᠥᠯᠥᠪᠯᠡᠨ ᠪᠠᠶᠢᠭᠤᠯᠬᠤ ᠪᠠ ᠮᠤᠨᠠ ᠠᠭᠤᠯᠠ ᠪᠠᠯᠭᠠᠰᠤ ᠠᠴᠠ ᠰᠢᠨᠡᠪᠠᠯᠭᠠᠰᠤ ᠬᠦᠷᠬᠦ ᠲᠡᠮᠦᠷ ᠵᠠᠮ ᠳᠠᠬᠢ ᠬᠠᠩᠭᠢᠨᠨᠠᠭᠤᠷ ᠦᠷᠲᠡᠭᠡ ᠶᠢ ᠲᠡᠰ | ᠳᠡᠪᠰᠢᠭᠦᠯᠵᠦ ᠦᠭᠡᠷᠡᠴᠢᠯᠡᠨ ᠪᠠᠶᠢᠭᠤᠯᠵᠣ᠂ ᠲᠠᠷᠢᠶᠠᠨᠭᠤᠤᠯ ᠨᠡᠭᠦᠷᠡᠰᠦᠨ ᠭᠦᠢᠯᠭᠡᠭᠡᠨ ᠤ ᠬᠦᠷᠢᠶᠡᠯᠡᠩ ᠲᠤᠭᠤᠷᠢᠭ ᠢ ᠪᠠᠶᠢᠭᠤᠯᠬᠤ ᠭᠠᠷ ᠭᠦᠢᠴᠡᠳᠬᠡᠯ ᠢ | ᠲᠦᠷᠭᠡᠳᠬᠡᠵᠦ᠂ ᠨᠢᠭᠡ ᠪᠦᠯᠦᠭ ᠪᠠᠷᠠᠭ᠎ᠠ ᠲᠡᠭᠡᠭᠡᠪᠦᠷᠢ᠂ ᠬᠦᠮᠦᠷᠭᠡᠯᠡᠨ ᠬᠠᠳᠠᠭᠠᠯᠠᠬᠤ᠂ ᠲᠤᠬᠢᠷᠠᠭᠤᠯᠤᠨ ᠬᠦᠷᠭᠡᠬᠦ ᠶᠢ ᠨᠢᠭᠡ ᠴᠤᠭᠴᠠᠵᠢᠭᠤᠯᠤᠭᠰᠠᠨ ᠤᠳᠤᠬᠢᠴᠢᠯᠠᠭᠰᠠᠨ | ᠪᠤᠳᠠᠰ ᠤᠨ ᠭᠦᠢᠯᠭᠡᠭᠡᠨ ᠤ ᠠᠵᠤ ᠠᠬᠤᠶᠢᠯᠠᠯ ᠢ ᠬᠥᠭᠵᠢᠭᠦᠯᠥᠨ᠎ᠡ᠃ ᠠᠵᠤ ᠦᠢᠯᠡᠳᠪᠦᠷᠢ ᠶᠢᠨ ᠠᠵᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ | ᠭᠥᠨᠵᠡᠭᠡᠶᠢᠷᠡᠭᠦᠯᠥᠨ᠂ ᠬᠦᠷᠢᠶᠡᠯᠡᠩ ᠲᠤᠭᠤᠷᠢᠭ ᠤᠨ ᠠᠵᠤ ᠦᠢᠯᠡᠰ ᠤᠨ ᠪᠠᠶᠢᠷᠢ ᠲᠤᠭᠲᠠᠭᠠᠯᠲᠠ ᠶᠢ ᠤᠯᠠᠮ ᠨᠢᠭᠡ ᠠᠯᠬᠤᠮ ᠲᠣᠲᠣᠷᠬᠠᠢ ᠪᠣᠯᠭᠠᠨ᠎ᠠ᠃ ᠠᠵᠣ | ᠥᠢᠯᠡᠰ ᠤᠨ ᠭᠡᠯᠬᠢᠶᠡᠵᠢᠯ ᠢ ᠥᠨᠳᠣᠰᠣᠯᠡᠨ ᠠᠷᠠᠯᠵᠢᠶᠠᠴᠢᠨ ᠣᠷᠢᠬᠤ ᠠᠵᠢᠯ ᠢ ᠲᠡᠭᠦᠯᠳᠡᠷᠵᠢᠭᠦᠯᠵᠣ᠂ ᠪᠦᠭᠦᠳᠡᠭᠡᠷ ᠢᠶᠠᠨ ᠠᠷᠠᠯᠵᠢᠶᠠᠴᠢᠨ ᠤᠷᠢᠵᠤ᠂ ᠪᠦᠬᠦ | ᠠᠷᠠᠳ ᠢᠶᠠᠷ ᠢᠶᠠᠨ ᠪᠡᠯᠡ ᠤᠷᠤᠭᠤᠯᠬᠤ ᠠᠵᠢᠯᠯᠠᠭ᠎ᠠ ᠦᠷᠨᠢᠭᠦᠯᠦᠨ᠂ ᠨᠢᠭᠡ ᠪᠦᠯᠦᠭ ᠪᠡᠯᠡ ᠤᠷᠤᠭᠤᠯᠤᠯᠲᠠ ᠪᠠᠷ ᠶᠡᠭᠡ᠂ ᠠᠵᠤ ᠦᠢᠯᠡᠰ ᠤᠨ ᠬᠤᠯᠪᠤᠯᠴᠠᠭ᠎ᠠ | ᠦᠨᠳᠦᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠲᠦᠷᠦᠯ ᠵᠦᠢᠯ ᠢ ᠤᠷᠤᠭᠤᠯᠤᠨ ᠠᠪᠴᠢᠷᠠᠵᠤ᠂ ᠬᠦᠷᠢᠶᠡᠯᠡᠩ ᠲᠤᠭᠤᠷᠢᠭ ᠢᠶᠠᠨ ︽ᠭᠠᠵᠠᠷ ᠰᠢᠷᠤᠢ ᠪᠠᠨ | ᠡᠷᠴᠢᠮᠯᠢᠭ ᠪᠦᠲᠦᠮᠵᠢᠲᠡᠢ ᠬᠡᠷᠡᠭᠯᠡᠨ᠂ ᠠᠵᠤ ᠦᠢᠯᠡᠰ ᠨᠢ ᠪᠦᠯᠦᠭᠯᠡᠨ ᠬᠦᠭᠵᠢᠭᠰᠡᠨ᠂ ᠡᠬᠢ ᠪᠠᠶᠠᠯᠢᠭ ᠢᠶᠠᠨ ᠤᠷᠴᠢᠯᠳᠤᠭᠤᠯᠤᠨ ᠠᠰᠢᠭᠯᠠᠭᠰᠠᠨ︾ ᠠᠵᠤ | ᠦᠢᠯᠡᠳᠪᠦᠷᠢ ᠶᠢᠨ ᠠᠵᠤ ᠠᠬᠤᠢ ᠶᠢᠨ ᠭᠤᠤᠯ ᠲᠠᠯᠠᠪᠤᠷ ᠪᠤᠯᠭᠠᠨ ᠪᠦᠲᠦᠭᠡᠨ ᠪᠠᠶᠢᠭᠤᠯᠵᠤ᠂ 2019 ᠤᠨ ᠳᠤ ᠬᠦᠷᠢᠶᠡᠯᠡᠩ ᠲᠤᠭᠤᠷᠢᠭ ᠤᠨ ᠡᠵᠡᠩᠨᠡᠯᠲᠡ ᠶᠢᠨ | ᠤᠷᠤᠯᠭ᠎ᠠ ᠶᠢ 200 ᠳ᠋ᠦᠩᠰᠢᠭᠤᠷ ᠲᠦᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ | ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢ ᠳᠡᠮᠵᠢᠬᠦ ᠡᠯ᠎ᠡ | ᠲᠦᠷᠦᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ︽ᠨᠦᠬᠦᠷᠰᠡᠭ ᠲᠣᠲᠣᠨᠥ︾ ︽ᠠᠷᠢᠭᠤᠨ ᠴᠢᠭᠡᠴᠢ︾ ᠵᠠᠰᠠᠭ ᠪᠠ ᠬᠤᠳᠠᠯᠳᠤᠭᠠᠴᠢᠨ ᠤ | ᠬᠠᠷᠢᠴᠠᠭ᠎ᠠ ᠶᠢ ᠪᠠᠶᠢᠭᠤᠯᠤᠨ᠂ ᠰᠢᠯᠢᠳᠡᠭ ᠤᠷᠴᠢᠨ ᠲᠤᠭᠤᠷᠢᠨ ᠢ ᠡᠭᠦᠳᠴᠦ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ | ᠨᠡᠮᠡᠭᠳᠡᠭᠦᠯᠦᠨ᠎ᠡ᠃ ᠡᠯ᠎ᠡ ᠱᠠᠲᠤᠨ ᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠳᠦᠷᠢᠮ ᠲᠤᠭᠲᠠᠭᠠᠯ ᠢ ᠬᠡᠷᠡᠭᠵᠢᠭᠦᠯᠦᠨ᠂ ᠠᠵᠤ ᠠᠬᠤᠶᠢᠯᠠᠯ ᠳᠤ ᠬᠤᠯᠪᠤᠭᠳᠠᠭᠰᠠᠨ | ᠰᠦᠢᠳᠬᠡᠯ ᠬᠤᠷᠢᠶᠠᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠦᠪᠡᠷ ᠤᠨ ᠦᠷᠲᠡᠭ ᠢ ᠪᠦᠲᠦᠮᠵᠢᠲᠡᠢ ᠪᠠᠭᠤᠷᠠᠭᠤᠯᠤᠨ᠂ | ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠯᠡᠨ᠎ᠡ᠃ ︽ᠲᠠᠪᠤᠨ ᠨᠢᠭᠡ︾ ᠦᠢᠯᠡᠴᠢᠯᠡᠭᠡᠨ ᠤ ᠲᠤᠭᠲᠠᠯᠴᠠᠭ᠎ᠠ ᠶᠢ ᠦᠷᠭᠦᠯᠵᠢᠯᠡᠨ ᠳᠦᠯᠬᠢᠨ ᠠᠬᠢᠭᠤᠯᠵᠤ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠪᠤᠳᠤᠯᠢᠶᠠᠨᠲᠠᠢ ᠠᠰᠠᠭᠤᠳᠠᠯ ᠢ ᠰᠢᠢᠳᠪᠤᠷᠢᠯᠠᠨ᠂ ᠲᠦᠷᠦᠯ ᠵᠦᠢᠯ ᠤᠨ ᠪᠠᠷᠢᠮᠵᠢᠶ᠎ᠠ ᠲᠠᠢ ᠬᠤᠯᠪᠤᠭᠳᠠᠬᠤ ᠡᠯᠧᠮᠧᠨ᠋ᠲ᠂ | ᠭᠠᠷ ᠭᠦᠢᠴᠡᠳᠬᠡᠯ᠂ ᠦᠢᠯᠡᠳᠪᠤᠷᠢᠯᠡᠯ ᠠᠮᠢᠳᠤᠷᠠᠯ ᠵᠡᠷᠭᠡ ᠳᠤ ᠲᠤᠯᠭᠠᠷᠠᠭᠰᠠᠨ ᠬᠦᠴᠢᠷᠳᠡᠯ ᠢ ᠭᠤᠤᠯᠳᠠᠯᠭ᠎ᠠ ᠲᠠᠢ ᠬᠠᠪᠰᠤᠷᠤᠨ ᠰᠢᠢᠳᠪᠣᠷᠢᠯᠡᠵᠣ᠂ ᠨᠠᠷᠢᠨ ᠳᠠᠩᠰᠠ | ᠭᠠᠷᠭᠠᠨ᠂ ᠬᠤᠭᠤᠴᠠᠭ᠎ᠠ ᠲᠤᠭᠲᠠᠭᠠᠨ ᠭᠥᠢᠴᠡᠳᠬᠡᠵᠣ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠥᠨ᠎ᠠ᠃ ᠬᠤᠯᠪᠤᠭᠳᠠᠯ ᠦᠭᠡᠢ ᠬᠤᠷᠠᠯ | ᠴᠤᠭᠯᠠᠭ᠎ᠠ ᠬᠢᠬᠦ ᠶᠢ ᠪᠠᠭᠠᠰᠬᠠᠵᠤ᠂ ᠠᠵᠤ ᠠᠬᠤᠶᠢᠯᠠᠯ ᠢ ᠨᠦᠯᠦᠭᠡᠯᠡᠬᠦ ᠶᠢ ᠠᠩᠬᠠᠷᠴᠤ᠂ ︽ᠤᠴᠢᠷ ᠰᠢᠯᠲᠠᠭᠠᠨ ᠦᠭᠡᠢ ᠳᠠᠷᠤᠭᠠᠰᠦ ᠦᠭᠬᠦ ᠶᠢ ᠳᠡᠪᠴᠢᠨ᠂ | ᠠᠰᠠᠭᠤᠳᠠᠯ ᠪᠠᠶᠢᠪᠠᠯ ᠳᠠᠷᠤᠢ ᠲᠦᠷᠭᠡᠨ ᠰᠢᠢᠳᠪᠦᠷᠢᠯᠡᠵᠦ ᠦᠭᠬᠦ ᠶᠢ ᠪᠡᠶᠡᠯᠡᠭᠦᠯᠬᠦ ᠬᠡᠷᠡᠭᠲᠡᠢ︾᠃ ︽ᠵᠠᠰᠠᠭ ᠢ ᠴᠤᠮᠬᠠᠳᠬᠠᠵᠤ᠂ ᠡᠷᠬᠡ ᠪᠠᠨ ᠳᠤᠷᠤᠭᠰᠢ ᠪᠠᠭᠤᠯᠭᠠᠨ᠂ | ᠬᠠᠮᠢᠶᠠᠷᠤᠯᠲᠠ ᠶᠢ ᠤᠶᠠᠯᠳᠤᠭᠤᠯᠤᠨ᠂ ᠦᠢᠯᠡᠴᠢᠯᠡᠭᠡ ᠪᠠᠨ ᠰᠢᠯᠢᠳᠡᠭᠵᠢᠭᠦᠯᠬᠦ︾ ᠦᠭᠡᠷᠡᠴᠢᠯᠡᠯᠲᠡ ᠶᠢ ᠠᠬᠢᠭᠤᠯᠤᠨ᠂ ︽ᠨᠢᠭᠡᠪᠡᠷ ᠪᠡᠶᠡᠯᠡᠭᠦᠯᠬᠦ ᠦᠢᠯᠡᠴᠢᠯᠡᠭᠡ︾ ︽ | ᠪᠦᠷᠢᠨ ᠦᠢᠯᠡᠴᠢᠯᠡᠭᠡ᠂ ᠰᠦᠯᠵᠢᠶᠡᠨ ᠤ ᠦᠢᠯᠡᠴᠢᠯᠡᠭᠡ︾ ᠶᠢ ᠬᠠᠩᠭᠠᠭᠰᠠᠨ ᠤᠶᠤᠨᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠯᠪᠡᠷᠢ ᠶᠢ ᠬᠡᠷᠡᠭᠵᠢᠭᠦᠯᠵᠦ᠂ | ᠲᠦᠷᠦᠯ ᠵᠦᠢᠯ ᠢ ᠬᠢᠨᠠᠨ ᠵᠦᠪᠰᠢᠶᠡᠷᠡᠬᠦ ᠳᠤ ︽ᠬᠤᠯᠪᠤᠭᠠᠯᠠᠨ ᠦᠨᠡᠯᠡᠵᠦ ᠬᠤᠯᠪᠤᠭᠠᠯᠠᠨ ᠬᠢᠨᠠᠬᠤ᠂ ᠬᠠᠮᠲᠤ ᠪᠠᠷ ᠰᠢᠯᠭᠠᠨ ᠬᠢᠨᠠᠬᠤ︾ ᠶᠢ ᠬᠡᠷᠡᠭᠵᠢᠭᠦᠯᠦᠨ᠂ ᠲᠦᠷᠦᠯ | ᠵᠦᠢᠯ ᠰᠠᠭᠤᠷᠢᠰᠢᠬᠤ ᠠᠬᠢᠴᠠ ᠶᠢ ᠲᠦᠷᠭᠡᠳᠬᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠪᠦᠬᠦ | ᠲᠠᠯ᠎ᠠ ᠪᠠᠷ ᠴᠢᠩᠭᠠᠳᠬᠠᠨ᠂ ᠠᠵᠤ ᠠᠬᠤᠶᠢᠯᠠᠯᠲᠠᠨ ᠤ ᠵᠤᠷᠢᠭ ᠰᠠᠨᠠᠭ᠎ᠠ ᠶᠢ ᠬᠦᠭᠵᠢᠭᠡᠬᠦ ᠪᠠ ᠬᠠᠮᠠᠭᠠᠯᠠᠬᠤ ᠲᠦᠰᠦᠯ ᠢ ᠰᠤᠳᠤᠯᠤᠨ ᠲᠤᠭᠲᠠᠭᠠᠵᠤ᠂ ᠠᠷᠠᠳ ᠤᠨ | ᠳᠤᠮᠳᠠᠬᠢ ᠬᠦᠷᠦᠩᠭᠡ ᠶᠢ ᠲᠠᠲᠠᠨ ᠠᠪᠴᠢᠷᠠᠵᠤ᠂ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠪᠡᠯᠡ ᠤᠷᠤᠭᠤᠯᠬᠤ ᠲᠦᠷᠦᠯ ᠵᠦᠢᠯ ᠤᠨ ᠬᠦᠮᠦᠷᠭᠡ ᠶᠢ ᠪᠠᠶᠢᠭᠤᠯᠤᠨ | ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢᠨ ᠢᠲᠡᠭᠡᠯ ᠵᠤᠷᠢᠭ ᠢ ᠲᠠᠰᠤᠷᠠᠯᠲᠠ ᠦᠭᠡᠢ ᠴᠢᠩᠭᠠᠳᠬᠠᠨ᠎ᠠ᠃ | ︵ᠬᠤᠶᠠᠷ︶ ᠭᠤᠤᠯᠳᠠᠯᠭ᠎ᠠ ᠶᠢ ᠠᠳᠬᠤᠨ᠂ ᠬᠤᠷᠢᠭ᠎ᠠ ᠱᠤᠭᠤᠮ ᠢ ᠪᠠᠲᠤ ᠰᠠᠬᠢᠵᠤ᠂ ᠭᠤᠷᠪᠠᠨ ᠶᠡᠭᠡ ᠰᠢᠪᠲᠤᠯᠤᠯᠲᠠ ᠶᠢᠨ ᠠᠵᠢᠯ ᠢ ᠦᠷᠭᠦᠯᠵᠢᠯᠡᠨ | ᠰᠠᠶᠢᠲᠤᠷ ᠬᠢᠨ᠎ᠡ᠃ | ᠠᠶᠤᠯ ᠳᠦᠭᠰᠢᠭᠦᠷᠢ ᠶᠢ ︽ᠤᠷᠢᠳᠴᠢᠯᠠᠨ ᠰᠡᠷᠭᠡᠶᠢᠯᠡᠨ ᠡᠵᠡᠮᠳᠡᠬᠦ︾ ᠶᠢ ᠴᠢᠩᠭᠠᠳᠬᠠᠨ᠎ᠠ᠃ ᠵᠠᠰᠠᠭ ᠤᠨ ᠤᠷᠳᠤᠨ ᠤ ᠦᠷᠢ ᠦᠭᠴᠡᠭᠡ ᠶᠢᠨ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠭᠤᠤᠯᠳᠠᠯᠭ᠎ᠠ ᠲᠠᠢ ᠲᠤᠪᠤᠶᠢᠯᠭᠠᠨ᠂ ︽ᠬᠤᠶᠠᠷ ᠠᠷᠭ᠎ᠠ ᠳᠤ ᠲᠦᠰᠢᠭᠯᠡᠨ᠂ ᠨᠢᠭᠡ ᠶᠢ ᠰᠡᠷᠭᠡᠶᠢᠯᠡᠵᠦ᠂ ᠨᠢᠭᠡ ᠶᠢ ᠰᠠᠬᠢᠬᠤ | ︾ ᠰᠡᠳᠬᠢᠴᠡ ᠶᠤᠰᠤᠭᠠᠷ᠂ ᠦᠷᠢ ᠦᠭᠴᠡᠭᠡ ᠰᠢᠢᠳᠪᠦᠷᠢᠯᠡᠬᠦ ᠠᠷᠭ᠎ᠠ ᠬᠡᠯᠪᠡᠷᠢ ᠪᠠᠨ ᠦᠷᠭᠡᠳᠬᠡᠬᠦ ᠶᠢᠨ ᠬᠠᠮᠲᠤ ᠦᠷᠢ ᠦᠭᠴᠡᠭᠡᠨ ᠤ ᠠᠶᠤᠯ ᠳᠦᠭᠰᠢᠭᠦᠷᠢ ᠶᠢ | ᠪᠠᠭᠠᠰᠬᠠᠵᠤ ᠰᠢᠰᠲ᠋ᠧᠮᠴᠢ ᠴᠢᠨᠠᠷ ᠲᠠᠢ ᠠᠶᠤᠯ ᠲᠦᠭᠰᠢᠭᠦᠷᠢ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠡᠳ᠋ ᠤᠨ ᠵᠠᠰᠠᠭ ᠤᠨ ᠲᠦᠰᠦᠪ ᠤᠨ | ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ ᠪᠠᠭᠠᠰᠬᠠᠵᠤ᠂ ᠵᠢᠭᠡᠯᠡᠯᠭᠡ | ᠠᠪᠴᠤ ᠬᠦᠷᠦᠩᠭᠡ ᠪᠠᠶᠢᠭᠤᠯᠬᠤ ᠠᠵᠢᠯᠯᠠᠭ᠎ᠠ ᠶᠢ ᠳᠦᠷᠢᠮᠵᠢᠭᠦᠯᠦᠨ᠂ ᠲᠦᠷᠦᠯ ᠵᠦᠢᠯ ᠢ ᠬᠢᠨᠠᠨ ᠵᠦᠪᠰᠢᠶᠡᠷᠡᠬᠦ ᠭᠤᠤᠯᠳᠠᠯᠭ᠎ᠠ ᠶᠢᠨ ᠴᠢᠨᠠᠷ ᠲᠠᠢ ᠠᠵᠢᠯ ᠢ ᠴᠢᠩᠭ᠎ᠠ | ᠠᠳᠬᠤᠨ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠤᠨ ᠲᠡᠮᠲᠡᠭᠲᠦ ᠵᠢᠴᠢ ᠡᠯ᠎ᠡ ᠲᠦᠷᠦᠯ ᠤᠨ ᠲᠤᠰᠬᠠᠢ ᠪᠡᠯᠡ ᠮᠦᠩᠭᠦ ᠶᠢ ᠢᠳᠡᠪᠬᠢᠲᠡᠢ ᠤᠯᠵᠤ᠂ ᠵᠠᠰᠠᠭ ᠤᠨ | ᠤᠷᠳᠤᠨ ᠤ ᠭᠤᠤᠯᠳᠠᠯᠭᠠᠲᠤ ᠪᠡᠯᠡ ᠤᠷᠤᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠨ᠎ᠠ᠃ ᠬᠤᠰᠢᠭᠤ ᠬᠠᠷᠢᠶᠠᠨ ᠳᠤ ᠪᠠᠶᠢᠭ᠎ᠠ ᠤᠯᠤᠰ ᠤᠨ | ᠦᠮᠴᠢᠯᠡᠯᠲᠦ ᠠᠵᠤ ᠠᠬᠤᠶᠢᠯᠠᠯ ᠪᠠ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠪᠠᠶᠢᠳᠠᠯ ᠢ ᠪᠦᠬᠦ ᠲᠠᠯ᠎ᠠ ᠪᠠᠷ ᠨᠠᠷᠢᠨ ᠪᠠᠶᠢᠴᠠᠭᠠᠨ᠂ ᠤᠳᠤ ᠪᠠᠶᠢᠭ᠎ᠠ ᠡᠳ᠋ | ᠬᠦᠷᠦᠩᠭᠡ ᠪᠠ ᠡᠬᠢ ᠪᠠᠶᠠᠯᠢᠭ ᠢ ᠪᠦᠲᠦᠮᠵᠢᠲᠡᠢ ᠠᠮᠢᠳᠤᠯᠢᠭ ᠪᠤᠯᠭᠠᠨ᠎ᠠ᠃ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠢᠳᠡᠪᠬᠢᠲᠡᠢ ᠵᠦᠪᠯᠡᠨ ᠶᠠᠷᠢᠯᠴᠠᠵᠤ | ᠦᠷᠭᠦᠯᠵᠢᠯᠡᠨ ᠵᠢᠭᠡᠯᠡᠯᠭᠡ ᠬᠢᠬᠦ᠂ ᠬᠤᠭᠤᠴᠠᠭ᠎ᠠ ᠶᠤᠰᠤᠭᠠᠷ ᠡᠬᠡ ᠮᠦᠩᠭᠦ ᠪᠠ ᠬᠦᠦ ᠮᠦᠩᠭᠦ ᠶᠢ ᠨᠢ ᠲᠦᠯᠦᠬᠦ ᠵᠡᠷᠭᠡ ᠠᠷᠭ᠎ᠠ ᠠᠪᠴᠢᠯ ᠢᠶᠠᠷ ᠵᠢᠭᠡᠯᠡᠯᠭᠡ ᠶᠢᠨ ᠭᠡᠷ᠎ᠡ ᠶᠢ | ᠵᠦᠷᠢᠴᠡᠭᠰᠡᠨ ᠦᠵᠡᠭᠳᠡᠯ ᠭᠠᠷᠬᠤ ᠶᠢ ᠰᠡᠷᠭᠡᠶᠢᠯᠡᠨ᠎ᠡ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠢᠳᠡᠭᠵᠢᠭᠦᠯᠵᠦ᠂ ᠦᠷᠢ ᠦᠭᠴᠡᠭᠡ | ᠲᠦᠯᠦᠬᠦ ᠲᠤᠭᠲᠠᠴᠠ ᠶᠢ ᠲᠡᠭᠦᠯᠳᠡᠷᠵᠢᠭᠦᠯᠦᠨ᠂ ᠰᠢᠶᠠᠨ ᠤ ᠳᠡᠰ ᠤᠨ ᠤᠳᠤᠷᠢᠳᠤᠯᠭ᠎ᠠ ᠦᠷᠢ ᠦᠭᠴᠡᠭᠡ ᠰᠢᠢᠳᠪᠦᠷᠢᠯᠡᠬᠦ ᠠᠵᠢᠯ ᠢ ᠬᠠᠪᠰᠤᠷᠤᠨ ᠬᠠᠷᠢᠯᠴᠠᠬᠤ | ᠲᠤᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ ᠠᠷᠪᠠᠨ ᠲᠦᠷᠦᠯ ᠤᠨ ᠢᠨᠵᠧᠨᠧᠷᠢᠩ ᠲᠠᠢ ᠰᠢᠭᠤᠳ ᠬᠤᠯᠪᠤᠭᠳᠠᠬᠤ ᠦᠷᠢ ᠦᠭᠴᠡᠭᠡ ᠶᠢ ᠰᠶᠢᠳᠪᠤᠷᠢᠯᠡᠬᠦ ᠪᠠᠷ | ᠭᠤᠤᠯᠳᠠᠯᠭ᠎ᠠ ᠪᠤᠯᠭᠠᠨ᠂ ᠪᠡᠯᠡᠨ ᠮᠦᠩᠭᠦ ᠪᠠ ᠡᠳ᠋ ᠬᠦᠷᠦᠩᠬᠡ ᠶᠢ ᠠᠪᠴᠠᠯᠳᠤᠭᠤᠯᠬᠤ ᠠᠷᠭ᠎ᠠ ᠪᠠᠷᠢᠯ ᠢ ᠬᠡᠷᠡᠭᠯᠡᠨ ᠪᠦᠬᠦ ᠬᠦᠴᠦ ᠪᠠᠷ ᠦᠷᠢ ᠦᠭᠴᠡᠭᠡ ᠶᠢ | ᠰᠢᠢᠳᠪᠦᠷᠢᠯᠡᠬᠦ ᠶᠢ ᠠᠬᠢᠭᠤᠯᠵᠤ᠂ 2019 ᠤᠨ ᠤ ᠦᠷᠢ ᠦᠭᠴᠡᠭᠡ ᠶᠢ ᠰᠢᠢᠳᠪᠦᠷᠢᠯᠡᠬᠦ ᠡᠭᠦᠷᠭᠡ ᠶᠢ ᠲᠤᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ | ᠪᠠᠲᠤᠯᠠᠨ᠎ᠠ᠃ ᠮᠦᠩᠭᠦᠨ ᠭᠦᠢᠯᠭᠡᠭᠡᠨ ᠤ ᠡᠮᠬᠢ ᠳᠢᠭᠯᠢᠮ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠬᠠᠤᠯᠢ ᠪᠤᠰᠤ ᠪᠠᠷ ᠪᠡᠯᠡ | ᠴᠤᠭᠯᠠᠭᠤᠯᠤᠭᠰᠠᠨ ᠬᠡᠷᠡᠭ ᠢ ᠬᠠᠤᠯᠢ ᠳᠦᠷᠢᠮ ᠶᠤᠰᠤᠭᠠᠷ ᠰᠢᠳᠬᠡᠨ᠎ᠡ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠴᠢᠨᠠᠷ ᠤᠨ ᠪᠠᠲᠤᠯᠠᠭ᠎ᠠ︾ ᠶᠢ ᠴᠢᠩᠭ᠎ᠠ ᠠᠳᠬᠤᠨ᠎ᠠ᠃ ᠠᠵᠤ ᠦᠢᠯᠡᠰ ᠤᠨ ᠰᠠᠭᠤᠷᠢ ᠪᠠᠨ | ᠪᠠᠬᠢᠵᠢᠭᠦᠯᠬᠦ ᠪᠠ ᠠᠰᠢᠭ ᠲᠤᠰᠠ ᠪᠠᠨ ᠬᠤᠯᠪᠤᠬᠤ ᠤᠷᠲᠤ ᠬᠤᠭᠤᠴᠠᠭᠠᠨ ᠤ ᠪᠦᠲᠦᠮᠵᠢᠲᠦ ᠲᠤᠭᠲᠠᠴᠠ ᠶᠢ ᠪᠠᠶᠢᠭᠤᠯᠬᠤ ᠳᠤ ᠦᠷᠭᠦᠯᠵᠢᠯᠡᠨ ᠬᠦᠴᠦ ᠪᠠᠨ ᠲᠠᠯᠪᠢᠵᠤ᠂ | ᠴᠢᠨᠠᠷ ᠴᠢᠨᠰᠠᠭ᠎ᠠ ᠦᠨᠳᠦᠷ ᠶᠠᠳᠠᠭᠤ ᠶᠢ ᠳᠡᠳᠬᠦᠬᠦ ᠲᠦᠷᠦᠯ ᠵᠦᠢᠯ ᠢ ᠨᠠᠷᠢᠨ ᠬᠢᠨᠠᠮᠠᠭᠠᠢ ᠰᠦᠪᠡᠭᠴᠢᠯᠡᠨ᠂ ᠶᠠᠳᠠᠭᠤ ᠬᠦᠴᠢᠷᠳᠡᠯᠲᠡᠢ ᠡᠷᠦᠬᠡ ᠪᠠ ᠶᠠᠳᠠᠭᠤ ᠠᠴᠠ | ᠠᠩᠭᠢᠵᠢᠷᠠᠭᠰᠠᠨ ᠡᠷᠦᠬᠡ ᠶᠢ ᠠᠵᠤ ᠦᠢᠯᠡᠰ ᠤᠨ ᠬᠡᠯᠬᠢᠶ᠎ᠡ ᠳᠤ ᠲᠠᠲᠠᠨ ᠠᠪᠴᠢᠷᠠᠵᠤ᠂ ᠶᠠᠳᠠᠭᠤ ᠶᠢ ᠳᠡᠳᠬᠦᠬᠦ ᠠᠵᠤ ᠦᠢᠯᠡᠰ ᠤᠨ ᠦᠷᠭᠦᠯᠵᠢᠯᠡᠨ ᠬᠦᠭᠵᠢᠬᠦ ᠪᠠ | ᠠᠷᠠᠳ ᠲᠤ ᠠᠰᠢᠭ ᠬᠦᠷᠲᠡᠭᠡᠬᠦ ᠶᠢ ᠪᠠᠲᠤᠯᠠᠨ᠎ᠠ᠃ ᠭᠠᠴᠠᠭ᠎ᠠ ᠲᠤᠰᠬᠤᠨ ᠤ ᠬᠠᠮᠲᠤ ᠨᠡᠶᠢᠲᠡ ᠶᠢᠨ ᠠᠵᠤ ᠠᠬᠤᠢ ᠬᠦᠭᠵᠢᠨ ᠪᠤᠵᠠᠭᠠᠶᠢᠷᠠᠬᠤ ᠶᠢ ᠳᠡᠮᠵᠢᠨ᠂ ᠬᠥᠬᠡᠮᠣᠳᠣ | ᠪᠠᠯᠭᠠᠰᠣ ᠶᠢᠨ 1.24 ᠰᠠᠶ᠎ᠠ ᠸᠠᠲ ᠤᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠦᠷᠲᠡᠭᠡ ᠶᠢ ᠪᠠᠶᠢᠭᠤᠯᠤᠨ᠂ ᠶᠠᠳᠠᠭᠤ ᠶᠢ ᠳᠡᠳᠬᠦᠬᠦ ᠲᠦᠷᠦᠯ ᠵᠦᠢᠯ ᠢ | ᠪᠡᠶᠡᠯᠡᠭᠦᠯᠵᠦ᠂ ᠨᠢᠭᠡ ᠪᠦᠯᠦᠭ ᠵᠠᠬ᠎ᠠ ᠳᠡᠯᠭᠡᠭᠦᠷ ᠤᠨ ᠠᠯᠤᠰ ᠤᠨ ᠲᠦᠯᠦᠪ ᠢᠶᠠᠷ ᠰᠠᠶᠢᠲᠠᠢ᠂ ᠬᠦᠭᠵᠢᠯᠲᠡ ᠶᠢᠨ ᠳᠠᠯᠳᠠ ᠬᠦᠴᠦᠨ ᠢᠶᠠᠷ ᠴᠢᠩᠭ᠎ᠠ ᠭᠠᠴᠠᠭ᠎ᠠ | ᠲᠤᠰᠬᠤᠨ ᠤ ᠬᠠᠮᠲᠤ ᠨᠡᠶᠢᠲᠡ ᠶᠢᠨ ᠲᠦᠷᠦᠯ ᠵᠦᠢᠯ ᠢ ᠰᠢᠯᠢᠳᠡᠭᠵᠢᠭᠦᠯᠦᠨ᠎ᠡ᠃ ᠠᠵᠢᠯ ᠤᠯᠭᠤᠯᠲᠠ ᠪᠠᠷ ᠶᠠᠳᠠᠭᠤ ᠶᠢ ᠳᠡᠳᠬᠦᠬᠦ ᠠᠵᠢᠯ ᠢ ᠠᠳᠬᠤᠨ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠬᠠᠩᠭᠠᠬᠤ᠂ ᠦᠢᠯᠡᠳᠪᠦᠷᠢ ᠠᠵᠤ ᠠᠬᠤᠶᠢᠯᠠᠯ ᠳᠤ ᠠᠵᠢᠯ ᠤᠯᠭᠤᠯᠲᠠ ᠪᠠᠷ ᠶᠠᠳᠠᠭᠤ ᠶᠢ ᠳᠡᠳᠬᠦᠬᠦ ᠲᠠᠰᠤᠭ ᠭᠠᠷᠭᠠᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠠᠵᠢᠯ ᠤᠯᠭᠤᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ 1000 ᠲᠦᠮᠡᠨ | ᠲᠦᠭᠦᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠠᠭᠤᠷᠢ ᠮᠦᠩᠭᠦ ᠶᠢ ᠴᠤᠭᠯᠠᠭᠤᠯᠤᠨ ᠪᠠᠶᠢᠭᠤᠯᠵᠤ ᠰᠠᠭᠤᠷᠢ ᠮᠥᠩᠭᠦ ᠶᠢ ᠬᠡᠷᠡᠭᠵᠢᠭᠦᠯᠬᠦ ᠨᠠᠷᠢᠨ | ᠳᠥᠷᠢᠮ ᠢ ᠲᠣᠭᠲᠠᠭᠠᠨ᠂ ᠭᠡᠨᠡᠳᠲᠡ ᠶᠢᠨ ᠴᠢᠨᠠᠷᠲᠠᠢ ᠶᠡᠭᠡ ᠡᠪᠡᠳᠴᠢᠨ᠂ ᠬᠡᠨᠡᠳᠲᠡ ᠶᠢᠨ ᠵᠠᠮ ᠬᠠᠷᠢᠯᠴᠠᠭᠠᠨ ᠤ ᠠᠳᠡᠯ ᠵᠡᠷᠭᠡ ᠠᠴᠠ ᠪᠤᠯᠵᠤ ᠶᠠᠳᠠᠭᠤᠷᠠᠭᠰᠠᠨ ᠪᠤᠶᠤ | ᠳᠠᠬᠢᠨ ᠶᠠᠳᠠᠭᠤᠷᠠᠭᠰᠠᠨ ᠬᠦᠮᠦᠰ ᠲᠤ ᠳᠡᠮᠵᠢᠨ ᠲᠤᠰᠠᠯᠠᠬᠤ ᠪᠠᠲᠤᠯᠠᠭ᠎ᠠ ᠬᠠᠩᠭᠠᠨ᠎ᠠ᠃ ᠡᠷᠡᠭᠦᠯ ᠮᠡᠨᠳᠦ ᠶᠢᠨ ᠪᠠᠲᠤᠯᠠᠭ᠎ᠠ ᠪᠠᠷ ᠶᠠᠳᠠᠭᠤ ᠶᠢ ᠳᠡᠳᠬᠦᠬᠦ ︽ᠭᠤᠷᠪᠠᠨ | ᠨᠢᠭᠡ ᠪᠦᠯᠦᠭ︾ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ︽ᠪᠦᠷᠢᠨ ᠦᠢᠯᠡᠴᠢᠯᠡᠭᠡ︾ ᠬᠠᠩᠭᠠᠬᠤ ᠬᠡᠯᠪᠡᠷᠢ ᠪᠠᠷ ᠴᠠᠭ ᠲᠤᠬᠠᠢ ᠳᠤᠨᠢ ᠳᠠᠩᠰᠠᠨ ᠠᠴᠠ | ᠲᠠᠶᠢᠯᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠤᠰᠬᠤᠨ ᠳᠤ ᠲᠤᠮᠢᠯᠠᠭᠰᠠᠨ ᠠᠵᠢᠯᠯᠠᠬᠤ ᠠᠩᠭᠢ ᠪᠠ ᠬᠠᠪᠰᠤᠷᠤᠨ ᠳᠡᠳᠬᠦᠬᠦ ᠺᠠᠳ᠋ᠷ ᠢ | ᠰᠢᠯᠢᠳᠡᠭᠵᠢᠭᠦᠯᠦᠨ ᠳᠣᠬᠢᠷᠠᠭᠤᠯᠵᠣ᠂ ᠶᠠᠳᠠᠭᠤ ᠭᠥᠴᠢᠷᠳᠡᠯᠲᠠᠢ ᠡᠷᠥᠬᠡ ᠶᠢᠨ ᠲᠣᠲᠥᠭᠠᠳᠣ ᠬᠥᠳᠡᠯᠭᠡᠬᠦ ᠬᠥᠴᠥᠨ ᠢ ᠦᠷᠭᠦᠯᠵᠢᠯᠡᠨ ᠤᠷᠮᠠᠰᠢᠭᠤᠯᠵᠤ᠂ ᠠᠯᠵᠠᠭᠤ | ᠬᠤᠶᠢᠷᠭᠤ ᠬᠦᠮᠦᠰ ᠢ ᠲᠦᠷᠦ ᠶᠢᠨ ᠪᠤᠳᠤᠯᠭ᠎ᠠ ᠪᠠᠷ ᠳᠡᠳᠬᠦᠨ ᠬᠠᠷᠠᠭᠠᠯᠵᠠᠬᠤ ᠶᠢ ᠡᠷᠡᠰ ᠳᠡᠪᠴᠢᠨ᠎ᠡ᠃ ᠲᠦᠪ ᠬᠤᠷᠢᠶ᠎ᠠ ᠠᠴᠠ ᠶᠠᠳᠠᠭᠤ ᠶᠢ ᠳᠡᠳᠬᠦᠬᠦ ᠠᠵᠢᠯ ᠢ | ᠲᠤᠰᠬᠠᠢ ᠲᠤᠭᠤᠷᠢᠨ ᠪᠠᠶᠢᠴᠠᠭᠠᠬᠤ ᠶᠠᠪᠤᠴᠠ ᠳᠤ ᠲᠤᠷᠠᠳᠤᠭᠰᠠᠨ ᠰᠠᠨᠠᠯ ᠳᠤᠷᠠᠳᠤᠯᠭ᠎ᠠ ᠶᠢ ᠦᠨᠡᠨ ᠪᠤᠳᠠᠲᠠᠢ ᠬᠡᠷᠡᠭᠵᠢᠭᠦᠯᠵᠦ᠂ ᠠᠰᠠᠭᠤᠳᠠᠯ ᠢ ᠴᠡᠭᠴᠡᠯᠡᠨ ᠵᠠᠰᠠᠬᠤ ᠶᠢ | ᠪᠦᠬᠦ ᠲᠠᠯ᠎ᠠ ᠪᠠᠷ ᠠᠳᠬᠤᠨ᠎ᠠ᠃ | ᠪᠤᠬᠢᠷᠳᠠᠯ ᠢ ᠰᠡᠷᠭᠡᠶᠢᠯᠡᠨ ᠵᠠᠰᠠᠬᠤ ᠡᠯ᠎ᠡ ᠲᠦᠷᠦᠯ ᠤᠨ ᠠᠵᠢᠯ ᠢ ᠰᠠᠶᠢᠲᠤᠷ ᠬᠢᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ︽ᠠᠭᠠᠷ ᠮᠠᠨᠳᠠᠯ᠂ ᠤᠰᠤ᠂ | ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠠᠷᠪᠠᠨ ᠵᠤᠷᠪᠤᠰ ᠲᠦᠯᠦᠪᠯᠡᠭᠡ︾ ᠶᠢ ᠴᠢᠩᠭ᠎ᠠ ᠨᠢᠮᠪᠠᠢ ᠨᠠᠶᠢᠲᠠᠪᠤᠷᠢᠵᠢᠭᠤᠯᠵᠤ᠂ ᠤᠷᠴᠢᠨ | ᠲᠤᠭᠤᠷᠢᠨ ᠤ ᠴᠢᠨᠠᠷ ᠴᠢᠨᠰᠠᠭ᠎ᠠ ᠶᠢ ᠦᠭᠡᠷᠡᠴᠢᠯᠡᠨ ᠰᠠᠶᠢᠵᠢᠷᠠᠭᠤᠯᠬᠤ ᠶᠢ ᠦᠷᠭᠦᠯᠵᠢᠯᠡᠨ ᠳᠦᠯᠬᠢᠨ ᠠᠬᠢᠭᠤᠯᠤᠨ᠎ᠠ᠃ ᠠᠭᠠᠷ ᠮᠠᠨᠳᠠᠯ ᠢ ᠬᠠᠮᠠᠭᠠᠯᠠᠬᠤ ᠠᠵᠢᠯᠯᠠᠭᠠᠨ ᠤ | ᠢᠯᠠᠯᠲᠠ ᠶᠢ ᠤᠯᠵᠤ᠂ ᠨᠡᠭᠦᠷᠡᠰᠦ ᠬᠠᠳᠠᠭᠠᠯᠠᠬᠤ ᠦᠢᠯᠡᠳᠪᠤᠷᠢ ᠶᠢᠨ ᠲᠤᠰᠠᠭᠠᠷᠯᠠᠭᠰᠠᠨ ᠬᠠᠮᠢᠶᠠᠷᠤᠯᠲᠠ᠂ ᠲᠤᠭᠤᠰᠤ ᠶᠢ ᠪᠢᠲᠡᠭᠦᠮᠵᠢᠯᠡᠨ ᠰᠢᠢᠳᠪᠦᠷᠢᠯᠡᠬᠦ ᠠᠵᠢᠯ ᠪᠠ | ᠨᠤᠨᠳᠠᠭ ᠮᠡᠲ᠋ᠧᠷᠢᠶᠡᠯ ᠤᠪᠤᠭᠠᠯᠠᠭᠰᠠᠨ ᠭᠠᠵᠠᠷ ᠢ ᠵᠠᠰᠠᠨ ᠴᠡᠭᠴᠡᠯᠡᠬᠦ ᠠᠵᠢᠯ ᠢ ᠰᠠᠶᠢᠲᠤᠷ ᠠᠳᠬᠤᠨ᠂ ᠨᠡᠭᠦᠷᠡᠰᠦ ᠰᠢᠲᠠᠭᠠᠳᠠᠭ ᠵᠢᠵᠢᠭ ᠬᠥᠯᠴᠦᠭᠦᠯᠭᠡ ᠶᠢ | ᠦᠭᠡᠷᠡᠴᠢᠯᠡᠨ ᠴᠡᠭᠴᠡᠯᠡᠬᠦ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ 1ᠳᠤᠨ ᠠᠴᠠ ᠲᠤᠷᠤᠭᠰᠢᠬᠢ ᠨᠡᠭᠦᠷᠡᠰᠦ ᠰᠢᠲᠠᠭᠠᠳᠠᠭ ᠬᠥᠯᠴᠦᠭᠦᠯᠭᠡ ᠶᠢ ᠨᠡᠶᠢᠲᠡ 13 | ᠨᠤᠷᠠᠭᠠᠨ ᠬᠠᠶᠠᠵᠤ᠂ ᠠᠭᠠᠷ ᠮᠠᠨᠳᠠᠯ ᠤᠨ ᠴᠡᠪᠡᠷᠴᠡ ᠶᠢᠨ ᠬᠠᠷᠢᠴᠠᠯ ᠢ 85 % ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠤᠰᠤᠨ ᠤ ᠪᠤᠬᠢᠷᠳᠤᠯ ᠢ | ᠬᠠᠮᠠᠭᠠᠯᠠᠬᠤ ᠠᠵᠢᠯᠯᠠᠭ᠎ᠠ ᠶᠢ ᠰᠠᠶᠢᠲᠤᠷ ᠬᠢᠵᠦ᠂ ᠭᠤᠤᠯ ᠮᠦᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠬᠠᠷᠢᠭᠤᠴᠠᠯᠭᠠᠲᠤ ᠳᠦᠷᠢᠮ ᠢ ᠴᠢᠩᠭ᠎ᠠ ᠬᠡᠷᠡᠭᠵᠢᠭᠦᠯᠦᠨ᠂ | ︽ᠨᠡᠷ᠎ᠡ︾ ᠵᠡᠭᠦᠵᠦ ᠪᠠᠶᠢᠭᠰᠠᠨ ᠠᠴᠠ ᠨᠢ ︽ᠪᠣᠳᠠᠲᠠᠢ︾ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠭᠤᠤᠯ ᠮᠦᠷᠡᠨ ᠤ ︽ᠳᠦᠷᠪᠡᠨ ᠵᠦᠢᠯ ᠤᠨ ᠲᠤᠷ᠎ᠠ ᠲᠠᠪᠠ ᠶᠢᠨ | ᠦᠵᠡᠭᠳᠡᠯ ᠢ ᠴᠡᠪᠡᠷᠯᠡᠨ ᠠᠷᠢᠯᠭᠠᠬᠤ︾ ᠲᠤᠰᠬᠠᠢ ᠠᠵᠢᠯ ᠢ ᠭᠤᠤᠯᠳᠠᠯᠭ᠎ᠠ ᠲᠠᠢ ᠦᠷᠨᠢᠭᠦᠯᠦᠨ᠂ ᠪᠦᠬᠦ ᠬᠤᠰᠢᠭᠤᠨ ᠤ ᠡᠯᠡᠰᠦ ᠰᠢᠷᠤᠢ ᠮᠠᠯᠲᠠᠬᠤ ᠲᠤᠭᠲᠠᠭᠰᠠᠨ | ᠭᠠᠵᠠᠷ ᠤᠷᠤᠨ ᠢ ᠲᠦᠯᠦᠪᠵᠢᠭᠦᠯᠦᠨ ᠪᠠᠶᠢᠭᠤᠯᠵᠤ᠂ ᠮᠠᠭᠤᠪᠤᠯᠠᠭ ᠬᠦᠨᠳᠡᠢ᠂ ᠪᠠᠯᠭᠤᠨ ᠭᠤᠤ ᠵᠡᠷᠭᠡ ᠭᠤᠤᠯᠳᠠᠯᠭ᠎ᠠ ᠲᠠᠢ ᠭᠤᠤᠯ ᠢ ᠴᠡᠭᠴᠡᠯᠡᠨ ᠵᠠᠰᠠᠬᠤ ᠠᠵᠢᠯ ᠢ | ᠳᠠᠭᠤᠰᠬᠠᠨ᠎ᠠ᠃ ᠬᠦᠷᠦᠰᠦ ᠰᠢᠷᠤᠢ ᠶᠢ ᠬᠠᠮᠠᠭᠠᠯᠠᠬᠤ ᠠᠵᠢᠯᠯᠠᠭ᠎ᠠ ᠶᠢ ᠳᠦᠯᠬᠢᠨ ᠠᠬᠢᠭᠤᠯᠵᠤ᠂ ᠬᠦᠷᠦᠰᠦ ᠰᠢᠷᠤᠢ ᠶᠢᠨ ᠪᠤᠬᠢᠷᠳᠤᠯ ᠢ ᠬᠠᠮᠢᠶᠠᠷᠤᠨ ᠡᠵᠡᠮᠳᠡᠬᠦ ᠪᠠ | ᠰᠡᠯᠪᠢᠨ ᠰᠡᠷᠭᠦᠭᠡᠬᠦ ᠶᠢ ᠴᠢᠩᠭᠠᠳᠬᠠᠨ᠂ ᠲᠠᠷᠢᠶᠠᠯᠠᠩ ᠤᠨ ᠦᠢᠯᠡᠳᠪᠦᠷᠢᠯᠡᠯ ᠳᠠᠬᠢ ︽ᠳᠦᠷᠪᠡ ᠶᠢ ᠡᠵᠡᠮᠳᠡᠬᠦ ᠠᠵᠢᠯᠯᠠᠭ᠎ᠠ︾ ᠦᠷᠨᠢᠭᠦᠯᠵᠦ᠂ ᠲᠠᠷᠢᠶᠠᠨ ᠭᠠᠵᠠᠷ ᠤᠨ | ᠪᠤᠬᠢᠷᠳᠤᠯ ᠤᠨ ᠲᠠᠯᠠᠪᠠᠢ ᠶᠢ ᠪᠠᠭᠠᠰᠬᠠᠨ᠎ᠠ᠃ ᠲᠦᠪ ᠬᠤᠷᠢᠶᠠᠨ ᠤ ᠤᠷᠴᠢᠨ ᠲᠤᠭᠤᠷᠢᠨ ᠤ ᠬᠢᠨᠠᠨ ᠪᠠᠶᠢᠴᠠᠭᠠᠯᠲᠠ ᠵᠢᠴᠢ ︽ᠲᠠᠪᠲᠠᠨ ᠪᠠᠶᠢᠴᠠᠭᠠᠯᠲᠠ︾ ᠪᠠ | ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠳᠤ ᠲᠤᠷᠠᠳᠤᠭᠰᠠᠨ ᠠᠰᠠᠭᠤᠳᠠᠯ ᠢ ᠴᠡᠭᠴᠡᠯᠡᠨ | ᠵᠠᠰᠠᠭᠰᠠᠨ ᠦᠷ᠎ᠡ ᠪᠦᠲᠦᠮᠵᠢ ᠶᠢ ᠪᠠᠲᠤᠳᠬᠠᠨ᠎ᠠ᠃ ᠮᠠᠩᠨᠠᠢ ᠨᠠᠭᠤᠷ ᠤᠨ ᠡᠷᠭᠢᠨ ᠲᠤᠭᠤᠷᠢᠨ ᠤ ᠤᠷᠴᠢᠨ ᠲᠤᠭᠤᠷᠢᠨ ᠢ ᠲᠦᠪᠯᠡᠷᠡᠭᠦᠯᠦᠨ ᠴᠡᠭᠴᠡᠯᠡᠨ ᠵᠠᠰᠠᠬᠤ ᠶᠢ | ᠤᠷᠲᠤ ᠬᠤᠭᠤᠴᠠᠭ᠎ᠠ ᠪᠠᠷ ᠳᠦᠯᠬᠢᠨ ᠠᠬᠢᠭᠤᠯᠵᠤ᠂ ᠪᠤᠳᠠᠲᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ | ︵ᠭᠤᠷᠪᠠ︶ ᠠᠵᠤ ᠦᠢᠯᠡᠰ ᠢ ᠠᠳᠬᠤᠨ᠂ ᠵᠢᠱᠢᠶᠡᠴᠢ ᠠᠵᠤ ᠦᠢᠯᠡᠰ ᠢ ᠡᠭᠦᠳᠴᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠬᠦᠨᠵᠡᠭᠡᠢ ᠬᠡᠷᠡᠭᠵᠢᠭᠦᠯᠦᠨ᠎ᠡ᠃ | ᠬᠥᠳᠡᠭᠡ ᠲᠤᠰᠬᠤᠨ ᠤ ᠠᠵᠤ ᠦᠢᠯᠡᠰ ᠢ ᠠᠮᠢᠵᠢᠷᠠᠭᠤᠯᠤᠨᠠ᠃ ᠮᠠᠯᠵᠢᠬᠤ ᠲᠠᠷᠢᠶᠠᠯᠠᠬᠤ ᠤᠷᠤᠨ ᠤ ᠬᠠᠮᠲᠤ ᠨᠡᠶᠢᠲᠡ ᠶᠢᠨ ᠦᠮᠴᠢᠯᠡᠯ ᠤᠨ ᠡᠷᠬᠡ ᠶᠢᠨ | ᠳᠦᠷᠢᠮ ᠤᠨ ᠦᠭᠡᠷᠡᠴᠢᠯᠡᠯᠲᠡ ᠵᠢᠴᠢ ᠭᠡᠷ ᠪᠠᠶᠢᠰᠢᠩ ᠭᠠᠵᠠᠷ ᠰᠢᠷᠤᠢ ᠶᠢ ᠨᠢᠭᠡᠳᠬᠡᠨ ᠳᠠᠩᠰᠠᠯᠠᠵᠤ ᠦᠨᠡᠮᠯᠡᠯ ᠤᠯᠭᠤᠬᠤ ᠠᠵᠢᠯ ᠢ ᠳᠠᠭᠤᠰᠬᠠᠨ᠂ ᠬᠤᠰᠢᠭᠤ | ᠱᠠᠲᠤᠨ ᠤ ᠮᠠᠯᠵᠢᠬᠤ ᠲᠠᠷᠢᠶᠠᠯᠠᠬᠤ ᠤᠷᠤᠨ ᠤ ᠦᠮᠴᠢᠯᠡᠯ ᠤᠨ ᠡᠷᠬᠡ ᠶᠢ ᠰᠤᠯᠢᠯᠴᠠᠬᠤ ᠦᠢᠯᠡᠴᠢᠯᠡᠭᠡᠨ ᠤ ᠲᠦᠪ ᠪᠠ ᠰᠤᠮᠤ ᠪᠠᠯᠭᠠᠰᠤᠨ ᠤ ᠦᠮᠴᠢᠯᠡᠯ ᠤᠨ ᠡᠷᠬᠡ ᠶᠢ | ᠰᠤᠯᠢᠯᠴᠠᠬᠤ ᠦᠢᠯᠡᠴᠢᠯᠡᠭᠡᠨ ᠤ ᠦᠷᠲᠡᠭᠡ ᠶᠢ ᠪᠠᠶᠢᠭᠤᠯᠵᠤ᠂ ᠳᠤᠭᠤᠶᠢᠲᠠᠯᠠ ᠪᠠᠯᠭᠠᠰᠤ ᠪᠠᠷ ᠲᠤᠷᠰᠢᠯᠲᠠ ᠶᠢᠨ ᠴᠡᠭ ᠪᠤᠯᠭᠠᠨ᠂ ︽ᠭᠤᠷᠪᠠᠨ ᠡᠷᠬᠡ ᠶᠢ ᠰᠠᠯᠭᠠᠬᠤ︾ | ᠶᠢ ᠳᠦᠯᠬᠢᠨ ᠠᠬᠢᠭᠤᠯᠵᠤ᠂ ᠰᠢᠯᠵᠢᠭᠦᠯᠬᠦ᠂ ᠳᠦᠷᠢᠶᠡᠰᠦᠯᠡᠬᠦ᠂ ᠨᠠᠶᠢᠳᠠᠨ ᠬᠠᠮᠢᠶᠠᠷᠤᠭᠤᠯᠵᠤ ᠡᠵᠡᠩᠨᠡᠬᠦ ᠵᠡᠷᠭᠡ ᠠᠷᠭ᠎ᠠ ᠪᠠᠷᠢᠯ ᠢᠶᠠᠷ ᠮᠠᠯᠴᠢᠨ ᠲᠠᠷᠢᠶᠠᠴᠢᠨ ᠤ ᠰᠤᠯᠠ | ᠲᠠᠯᠪᠢᠵᠤ ᠪᠠᠶᠢᠭ᠎ᠠ ᠭᠡᠷ ᠪᠠᠶᠢᠰᠢᠩ᠂ ᠭᠠᠵᠠᠷ ᠰᠢᠷᠤᠢ ᠵᠡᠷᠭᠡ ᠬᠦᠷᠦᠩᠭᠡ ᠶᠢ ᠪᠦᠲᠦᠮᠵᠢᠲᠡᠢ ᠠᠮᠢᠯᠠᠭᠤᠯᠤᠨ ᠬᠡᠷᠡᠭᠯᠡᠵᠦ᠂ ᠮᠠᠯᠴᠢᠨ ᠲᠠᠷᠢᠶᠠᠴᠢᠨ ᠳᠤ ᠨᠡᠩ ᠤᠯᠠᠨ | ᠬᠦᠷᠦᠩᠭᠡ ᠶᠢᠨ ᠴᠢᠨᠠᠷᠲᠠᠢ ᠤᠷᠤᠯᠭ᠎ᠠ ᠤᠯᠭᠤᠨ᠎ᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ | ᠦᠷᠨᠢᠭᠦᠯᠵᠦ᠂ ︽ᠤᠢ ᠰᠢᠭᠤᠢ᠂ ᠲᠠᠷᠢᠶᠠᠨ ᠭᠠᠵᠠᠷ᠂ ᠡᠪᠡᠰᠦ ᠪᠡᠯᠴᠢᠭᠡᠷ︾ ᠢ ᠨᠢᠭᠡ ᠭᠠᠵᠠᠷ ᠤᠨ ᠵᠢᠷᠤᠭ ᠳᠡᠭᠡᠷ᠎ᠡ ᠨᠢᠭᠡᠳᠦᠭᠦᠯᠦᠨ ᠬᠠᠮᠢᠶᠠᠷᠤᠯᠲᠠ ᠬᠢᠬᠦ ᠶᠢ | ᠪᠡᠶᠡᠯᠡᠭᠦᠯᠦᠨ᠎ᠡ᠃ ᠪᠤᠯᠪᠠᠰᠤᠨ ᠭᠡᠷ ᠪᠦᠯᠢ᠂ ᠠᠵᠢᠯᠴᠢ ᠠᠷᠪᠢᠴᠢ ᠪᠠᠷ ᠪᠠᠶᠠᠵᠢᠭᠰᠠᠨ ᠡᠷᠦᠬᠡ᠂ ᠦᠵᠡᠰᠭᠦᠯᠡᠩᠲᠦ ᠬᠦᠳᠡᠭᠡ ᠠᠶᠢᠯ ᠢ ᠦᠨᠡᠯᠡᠨ ᠰᠤᠩᠭᠤᠬᠤ ᠵᠡᠷᠭᠡ | ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠤᠷᠤᠭᠵᠢᠭᠤᠨ ᠵᠠᠩ ᠵᠠᠩᠰᠢᠯ ᠢ ᠬᠦᠮᠦᠵᠢᠭᠦᠯᠦᠨ᠂ ᠪᠤᠯᠪᠠᠰᠤᠨ ᠰᠢᠨ᠎ᠡ ᠬᠡᠪ | ᠰᠤᠷᠲᠠᠯ ᠢ ᠪᠤᠢ ᠪᠤᠯᠭᠠᠬᠤ ᠶᠢ ᠰᠠᠨᠠᠭᠠᠴᠢᠯᠠᠨ᠎ᠠ᠃ ᠮᠠᠯᠴᠢᠨ ᠲᠠᠷᠢᠶᠠᠴᠢᠳ ᠤᠨ ᠠᠵᠢᠯ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠲᠠᠷᠢᠶᠠᠨ ᠭᠠᠵᠠᠷ ᠳᠠᠬᠢ ᠮᠡᠷᠭᠡᠵᠢᠯ ᠤᠨ ᠵᠢᠯᠤᠭᠤᠳᠤᠯᠭ᠎ᠠ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠵᠡᠷᠭᠡ ᠠᠷᠭ᠎ᠠ ᠪᠠᠷᠢᠯ ᠢ ᠡᠷᠢᠯᠬᠢᠯᠡᠬᠦ ᠪᠠᠷ ᠳᠠᠮᠵᠢᠨ ᠮᠠᠯᠴᠢᠨ | ᠲᠠᠷᠢᠶᠠᠴᠢᠳ ᠲᠤ ᠵᠣᠷᠢᠭᠤᠯᠤᠭᠰᠠᠨ ᠪᠤᠯᠪᠠᠰᠤᠷᠠᠯ ᠢ ᠵᠤᠬᠢᠶᠠᠨ ᠪᠠᠶᠢᠭᠤᠯᠵᠤ᠂ ᠶᠡᠭᠡ ᠬᠡᠮᠵᠢᠶᠡᠨ ᠤ ︽ᠤᠷᠤᠨ ᠨᠤᠲᠤᠭ ᠤᠨ ᠮᠡᠷᠭᠡᠵᠢᠯᠲᠡᠨ︾ ᠪᠠ ᠪᠠᠶᠠᠵᠢᠯ ᠤᠨ | ᠵᠠᠮ ᠢᠶᠠᠷ ᠳᠠᠭᠠᠭᠤᠯᠤᠭᠴᠢ ᠶᠢ ᠬᠦᠮᠦᠵᠢᠭᠦᠯᠦᠨ᠂ ᠬᠦᠳᠡᠭᠡ ᠲᠤᠰᠬᠤᠨ ᠤ ᠬᠦᠭᠵᠢᠨ ᠮᠠᠨᠳᠤᠯᠲᠠ ᠲᠠᠬᠢ ᠮᠠᠯᠴᠢᠨ ᠲᠠᠷᠢᠶᠠᠴᠢᠨ ᠤ ᠭᠤᠤᠯᠯᠠᠭᠴᠢ ᠦᠢᠯᠡᠳᠦᠯ ᠢ | ᠪᠠᠳᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠠᠵᠤ ᠦᠢᠯᠡᠰᠵᠢᠭᠦᠯᠬᠦ ᠠᠬᠢᠴᠠ ᠶᠢ ᠢᠳᠡᠪᠬᠢᠲᠡᠢ ᠠᠬᠢᠭᠤᠯᠵᠤ᠂ 4 ᠬᠤᠲᠠ ᠶᠢᠨ ᠲᠡᠰ ᠠᠴᠠ ᠳᠡᠭᠡᠭᠰᠢᠬᠢ | ᠲᠤᠯᠤᠭᠠᠶᠢᠯᠠᠭᠴᠢ ᠠᠵᠤ ᠠᠬᠤᠶᠢᠯᠠᠯ ᠢ ᠬᠦᠮᠦᠵᠢᠭᠦᠯᠦᠨ ᠭᠠᠷᠭᠠᠵᠤ᠂ 6 ᠲᠦᠮᠡᠨ ᠮᠤ᠋ ᠲᠠᠷᠢᠶᠠᠯᠠᠩ ᠦᠢᠯᠡᠳᠪᠤᠷᠢᠯᠡᠯ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ | ᠲᠦᠷᠦᠯ ᠵᠦᠢᠯ ᠢ ᠬᠡᠷᠡᠭᠵᠢᠭᠦᠯᠦᠨ᠂ 3 ᠠᠵᠤ ᠦᠢᠯᠡᠰᠵᠢᠭᠰᠡᠨ ᠬᠤᠯᠪᠤᠭᠠᠲᠤ ᠴᠤᠭᠴᠠ ᠶᠢ ᠪᠠᠶᠢᠭᠤᠯᠵᠤ᠂ 2000 ᠲᠦᠮᠡᠨ ᠲᠦᠭᠦᠷᠢᠭ ᠤᠨ ᠲᠠᠷᠢᠶᠠᠯᠠᠩ ᠮᠠᠯ | ᠠᠵᠤ ᠠᠬᠤᠢ ᠶᠢ ᠬᠦᠭᠵᠢᠭᠦᠯᠬᠦ ᠰᠠᠭᠤᠷᠢ ᠮᠦᠩᠭᠦ ᠶᠢ ᠪᠠᠶᠢᠭᠤᠯᠤᠨ᠂ ᠬᠦᠦ ᠮᠦᠩᠭᠦ ᠶᠢ ᠤᠷᠤᠯᠠᠨ ᠦᠭᠬᠦ ᠠᠷᠭ᠎ᠠ ᠪᠠᠷᠢᠯ ᠢᠶᠠᠷ ᠰᠤᠮᠤ ᠪᠠᠯᠭᠠᠰᠤ ᠪᠦᠷᠢ ᠳᠤ 1 — 2 | ᠭᠤᠤᠯᠳᠠᠯᠭᠠᠲᠤ ᠠᠵᠤ ᠦᠢᠯᠡᠰ ᠢ ᠲᠦᠪᠯᠡᠷᠡᠭᠦᠯᠦᠨ ᠪᠠᠶᠢᠭᠤᠯᠤᠨ᠎ᠠ᠃ | ᠬᠦᠳᠡᠭᠡ ᠲᠤᠰᠬᠤᠨ ᠤ ᠠᠵᠤ ᠠᠮᠢᠳᠤᠷᠠᠯ ᠢ ᠪᠠᠶᠠᠵᠢᠭᠤᠯᠤᠨ᠎ᠠ᠃ ᠴᠢᠨᠠᠷ ᠴᠢᠨᠰᠠᠭ᠎ᠠ ᠪᠠᠷ ᠲᠠᠷᠢᠶᠠᠯᠠᠩ ᠤᠨ ᠦᠢᠯᠡᠰ ᠢ ᠬᠦᠭᠵᠢᠭᠦᠯᠬᠦ᠂ ᠪᠤᠬᠢᠷᠳᠤᠯ | ᠦᠭᠡᠢ ᠪᠠᠷ ᠲᠠᠷᠢᠶᠠᠯᠠᠩ ᠤᠨ ᠦᠢᠯᠡᠰ ᠢ ᠬᠦᠭᠵᠢᠭᠦᠯᠬᠦ᠂ ᠨᠡᠷᠡᠲᠦ ᠲᠡᠮᠲᠡᠭ ᠢᠶᠠᠷ ᠲᠠᠷᠢᠶᠠᠯᠠᠩ ᠤᠨ ᠦᠢᠯᠡᠰ ᠢ ᠬᠦᠴᠦᠷᠬᠡᠭᠵᠢᠭᠦᠯᠬᠦ ᠶᠢ ᠪᠠᠷᠢᠮᠲᠠᠯᠠᠨ᠂ ᠲᠠᠷᠢᠮᠠᠯ ᠤᠨ | ᠪᠦᠲᠦᠴᠡ ᠪᠠᠨ ᠦᠷᠭᠦᠯᠵᠢᠯᠡᠨ ᠰᠢᠯᠢᠳᠡᠭᠵᠢᠭᠦᠯᠵᠦ᠂ 6 ᠲᠦᠮᠡᠨ ᠮᠤ᠋ ᠰᠢᠰᠢ᠂ ᠪᠤᠷᠴᠠᠭ᠂ 2 ᠲᠦᠮᠡᠨ ᠮᠤ᠋ ᠤᠯᠠᠨ ᠲᠦᠷᠦᠯ ᠤᠨ ᠠᠮᠤ ᠪᠤᠳᠠᠭ᠎ᠠ᠂ 3 ᠲᠦᠮᠡᠨ ᠮᠤ᠋ | ᠪᠤᠬᠢᠷᠳᠤᠯ ᠦᠭᠡᠢ ᠵᠢᠮᠢᠰ ᠨᠤᠭᠤᠭ᠎ᠠ᠂ 12 ᠲᠦᠮᠡᠨ ᠮᠤ᠋ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠨ᠎ᠠ᠃ ᠪᠦᠬᠦ ᠬᠤᠰᠢᠭᠤᠨᠤ ᠳᠠᠪᠤᠰᠤ ᠬᠤᠵᠢᠷ ᠲᠠᠢ ᠭᠠᠵᠠᠷ | ᠤᠷᠤᠨ ᠤ ᠬᠦᠷᠦᠰᠦ ᠰᠢᠷᠤᠢ ᠶᠢ ᠦᠭᠡᠷᠡᠴᠢᠯᠡᠨ ᠰᠠᠶᠢᠵᠢᠷᠠᠭᠤᠯᠬᠤ ᠲᠦᠯᠦᠪᠵᠢᠭᠦᠯᠭᠡ ᠶᠢ ᠲᠤᠭᠲᠠᠭᠠᠵᠤ᠂ ᠬᠠᠲᠤᠨ ᠭᠤᠤᠯ ᠳᠠᠭᠠᠤ ᠤᠷᠤᠨ ᠤ 5 ᠲᠦᠮᠡᠨ ᠮᠤ᠋ | ᠲᠠᠪᠤᠰᠤ ᠬᠤᠵᠢᠷ ᠲᠠᠢ ᠭᠠᠵᠠᠷ ᠢ ᠦᠭᠡᠷᠡᠴᠢᠯᠡᠨ ᠵᠠᠰᠠᠨ᠎ᠠ᠃ 2 ᠲᠦᠮᠡᠨ ᠮᠤ᠋ ᠲᠠᠷᠢᠮᠠᠯ ᠤᠨ ᠵᠦᠢᠯ ᠢ ᠡᠭᠡᠯᠵᠢᠯᠡᠨ ᠲᠠᠷᠢᠬᠤ ᠲᠦᠷᠦᠯ ᠵᠦᠢᠯ᠂ 2 ᠲᠦᠮᠡᠨ ᠮᠤ᠋ | ᠦᠨᠳᠦᠷ ᠪᠠᠷᠢᠮᠵᠢᠶᠠᠲᠤ ᠲᠠᠷᠢᠶᠠᠨ ᠭᠠᠵᠠᠷ᠂ 16 ᠲᠦᠮᠡᠨ ᠮᠤ᠋ ᠦᠨᠳᠦᠷ ᠪᠦᠲᠦᠮᠵᠢᠲᠦ ᠤᠰᠤ ᠠᠷᠪᠢᠯᠠᠬᠤ ᠲᠠᠷᠢᠶᠠᠨ ᠭᠠᠵᠠᠷ ᠢ ᠬᠡᠷᠡᠭᠵᠢᠭᠦᠯᠵᠦ᠂ 10 ᠲᠦᠮᠡᠨ ᠮᠤ᠋ | ᠲᠠᠷᠢᠶᠠᠨ ᠭᠠᠵᠠᠷ ᠨᠦᠬᠦᠪᠦᠷᠢᠯᠡᠬᠦ ᠨᠦᠭᠡᠴᠡ ᠭᠠᠵᠠᠷ ᠤᠨ ᠲᠦᠷᠦᠯ ᠵᠦᠢᠯ ᠢ ᠡᠬᠢᠯᠡᠭᠦᠯᠦᠨ᠎ᠡ᠃ ᠤᠷᠤᠨ ᠤ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ | ᠪᠦᠲᠦᠭᠡᠭᠳᠡᠭᠦᠨ ᠤ ᠴᠢᠨᠠᠷ ᠴᠢᠨᠰᠠᠭ᠎ᠠ ᠶᠢ ᠪᠠᠲᠤᠯᠠᠭᠰᠠᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠲᠤᠬᠢᠶᠠᠯ ᠢ ᠠᠰᠢᠭᠯᠠᠨ᠂ ᠲᠠᠷᠢᠶᠠᠯᠠᠩ ᠮᠠᠯ ᠠᠵᠤ | ᠠᠬᠤᠢ ᠶᠢᠨ ᠪᠦᠲᠦᠭᠡᠭᠳᠡᠭᠦᠨ ᠤ ᠴᠢᠨᠠᠷ ᠴᠢᠨᠰᠠᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠭᠤᠷᠪᠠᠨ | ᠪᠦᠲᠦᠭᠡᠭᠳᠡᠭᠦᠨ ᠨᠢᠭᠡ ᠲᠡᠮᠲᠡᠭᠲᠦ︾ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠢ ᠰᠢᠨ᠎ᠡ ᠪᠠᠷ 10 ᠨᠡᠮᠡᠭᠳᠡᠭᠦᠯᠦᠨ᠎ᠡ᠃ ᠬᠠᠲᠤᠨ ᠭᠤᠤᠯ ᠳᠠᠭᠠᠤ | ᠬᠤᠵᠢᠷᠯᠢᠭ ᠭᠠᠵᠠᠷ ᠤᠨ ᠤᠰᠤᠨ ᠲᠤᠲᠤᠷᠭ᠎ᠠ᠂ ᠰᠢᠨᠡᠪᠠᠯᠭᠠᠰᠤ ᠶᠢᠨ ᠤᠯᠠᠭᠠᠨ ᠰᠤᠩᠭᠢᠨ᠎ᠠ᠂ ᠲᠠᠷᠢᠶᠠᠨᠭᠤᠤᠯ ᠤᠨ ᠤᠷᠭᠠᠨᠢᠭ ᠬᠠᠷ᠎ᠠ ᠮᠦᠭᠦ ᠵᠡᠷᠭᠡ ᠴᠢᠨᠠᠷ ᠰᠠᠶᠢᠲᠠᠢ᠂ | ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠲᠠᠷᠢᠬᠤ ᠶᠢ ᠭᠤᠤᠯᠳᠠᠯᠭ᠎ᠠ ᠲᠠᠢ ᠳᠡᠮᠵᠢᠨ᠎ᠡ᠃ ᠶᠡᠬᠡᠨ᠋ᠤᠰᠤ ᠰᠣᠮᠣ ᠪᠠᠷ ᠭᠤᠤᠯ ᠪᠤᠯᠭᠠᠭᠰᠠᠨ ᠮᠠᠯᠵᠢᠬᠤ ᠤᠷᠤᠨ ᠤ | ᠨᠤᠯᠤᠤᠷ ᠤᠨ ᠢᠮᠠᠭᠠᠨ ᠤ ︽ᠬᠤᠶᠠᠷ ᠦᠨᠳᠦᠷ ᠪᠠᠷᠢᠮᠵᠢᠶᠠᠲᠤ ᠨᠢᠭᠡ ᠰᠢᠯᠢᠳᠡᠭᠵᠢᠭᠰᠡᠨ︾ ᠦᠨᠳᠦᠷ ᠠᠰᠢᠭᠲᠤ ᠲᠡᠵᠢᠭᠡᠨ ᠦᠷᠡᠵᠢᠭᠦᠯᠬᠦ ᠢᠨᠵᠧᠨᠧᠷᠢᠩ ᠪᠠ | ᠵᠢᠷᠭᠠᠯᠠᠩᠲᠤ ᠪᠠᠯᠭᠠᠰᠤ ᠪᠠᠷ ᠭᠤᠤᠯ ᠪᠤᠯᠭᠠᠭᠰᠠᠨ ᠮᠢᠬᠠᠨ ᠡᠭᠦᠯᠳᠡᠷ ᠤᠨ ᠬᠤᠨᠢ ᠶᠢ ᠲᠡᠵᠢᠭᠡᠨ ᠦᠷᠡᠵᠢᠭᠦᠯᠬᠦ ᠢᠨᠵᠧᠨᠧᠷᠢᠩ᠂ ᠢᠮᠠᠭᠠᠨ ᠨᠤᠯᠤᠤᠷ ᠨᠠᠷᠢᠨ | ᠪᠤᠯᠪᠠᠰᠤᠷᠠᠭᠤᠯᠬᠤ ᠲᠦᠷᠦᠯ ᠵᠦᠢᠯ ᠢ ᠤᠷᠤᠭᠤᠯᠤᠨ ᠠᠪᠴᠢᠷᠠᠨ᠎ᠠ᠃ ᠰᠢᠨᠡᠪᠠᠯᠭᠠᠰᠤ ᠶᠢᠨ ᠭᠠᠭ᠋ᠠᠢ᠂ ᠬᠦᠳᠡᠭᠡ ᠶᠢᠨ ᠤᠯᠠᠭᠠᠨ ᠲᠠᠬᠢᠶ᠎ᠠ᠂ ᠪᠠᠯᠭᠠᠤᠨ ᠪᠠᠯᠭᠠᠰᠤ ᠪᠠ | ᠬᠦᠬᠡᠮᠤᠳᠤ ᠪᠠᠯᠭᠠᠰᠤ ᠶᠢᠨ ᠰᠠᠭᠠᠯᠢ ᠶᠢᠨ ᠦᠨᠢᠶ᠎ᠡ᠂ ᠲᠠᠷᠢᠶᠠᠨᠭᠤᠤᠯ ᠤᠨ ᠰᠠᠭᠠᠯᠢ ᠶᠢᠨ ᠢᠮᠠᠭ᠎ᠠ ᠵᠢᠴᠢ ᠳᠤᠭᠤᠶᠢᠲᠠᠯᠠ ᠪᠠᠯᠭᠠᠰᠤ ᠶᠢᠨ ᠵᠢᠭᠠᠰᠤ ᠵᠢᠷᠠᠭᠠᠬᠠᠢ ᠲᠡᠵᠢᠭᠡᠨ | ᠦᠷᠡᠵᠢᠭᠦᠯᠬᠦ ᠵᠡᠷᠭᠡ ᠤᠨᠴᠠᠯᠢᠭᠲᠤ ᠠᠵᠤ ᠦᠢᠯᠡᠰ ᠢ ᠬᠦᠭᠵᠢᠭᠦᠯᠦᠨ ᠦᠷᠭᠡᠳᠬᠡᠬᠦ ᠶᠢ ᠦᠷᠭᠦᠯᠵᠢᠯᠡᠨ ᠳᠡᠮᠵᠢᠵᠦ᠂ ᠳᠠᠶᠢᠴᠢᠯᠠᠨ ᠨᠦᠯᠦᠭᠡᠯᠡᠬᠦ ᠬᠦᠴᠦᠨ ᠢᠶᠠᠨ | ᠳᠡᠭᠡᠭᠰᠢᠯᠡᠭᠦᠯᠦᠨ᠎ᠡ᠃ 14 ᠲᠤᠰᠬᠤᠨ ᠢ ᠠᠵᠤ ᠦᠢᠯᠡᠰ ᠢ ᠬᠦᠭᠵᠢᠭᠦᠯᠦᠭᠰᠡᠨ ᠵᠢᠱᠢᠶᠡᠴᠢ ᠲᠤᠰᠬᠤᠨ ᠢᠶᠠᠷ ᠨᠢᠭᠡᠳᠦᠯᠲᠡᠢ ᠪᠠᠶᠢᠭᠤᠯᠤᠨ᠂ ︽ᠨᠢᠭᠡ ᠲᠤᠰᠬᠤᠨ ᠨᠢᠭᠡ | ᠨᠡᠷᠡᠲᠦ ᠲᠡᠮᠲᠡᠭ ᠢ ᠡᠭᠦᠳᠦᠭᠰᠡᠨ᠂ ᠨᠢᠭᠡ ᠪᠠᠯᠭᠠᠰᠤ ᠨᠢ ᠤᠯᠠᠨ ᠲᠦᠷᠦᠯ ᠤᠨ ᠤᠨᠴᠠᠯᠢᠭᠲᠤ ᠪᠦᠲᠦᠭᠡᠭᠳᠡᠭᠦᠨ ᠢ ᠪᠦᠷᠢᠳᠦᠭᠦᠯᠦᠭᠰᠡᠨ︾ ᠠᠵᠤ ᠦᠢᠯᠡᠰ ᠤᠨ | ᠬᠦᠭᠵᠢᠯᠲᠡ ᠶᠢᠨ ᠪᠦᠲᠦᠴᠡ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ | ᠬᠦᠳᠡᠭᠡ ᠲᠤᠰᠬᠤᠨ ᠢᠶᠠᠨ ᠭᠤᠶᠢᠳᠠ ᠰᠠᠶᠢᠬᠠᠨ ᠪᠤᠯᠭᠠᠨ᠎ᠠ᠃ ᠠᠷᠠᠳ ᠲᠦᠮᠡᠨ ᠤ ᠤᠷᠤᠰᠢᠨ ᠠᠮᠢᠳᠤᠷᠠᠬᠤ ᠤᠷᠴᠢᠨ ᠤ ᠵᠠᠰᠠᠨ ᠴᠡᠭᠴᠡᠯᠡᠯᠲᠡ ᠶᠢ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠤᠨ ᠲᠡᠷᠢᠭᠦᠨ ᠴᠢᠬᠤᠯᠠ ᠡᠭᠦᠷᠭᠡ ᠪᠤᠯᠭᠠᠨ᠂ ᠬᠦᠬᠡᠮᠤᠳᠤ ᠪᠠᠯᠭᠠᠰᠤ ᠶᠢᠨ ︽3 + 6︾ ᠬᠡᠯᠪᠡᠷᠢ ᠶᠢᠨ | ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠬᠡᠪ ᠵᠠᠭᠪᠤᠷ ᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠬᠦᠳᠡᠭᠡ ᠲᠤᠰᠬᠤᠨ ᠤ ᠵᠠᠩ | ᠰᠤᠷᠲᠠᠯ ᠤᠨ ᠪᠤᠯᠪᠠᠰᠤᠨ ᠤ ᠪᠠᠶᠢᠭᠤᠯᠤᠯᠲᠠ ᠶᠢ ᠬᠦᠴᠦᠯᠡᠨ ᠠᠳᠬᠤᠵᠤ᠂ ᠤᠯᠠᠨ ᠲᠦᠮᠡᠨ ᠤ ᠳᠠᠳᠬᠠᠯ ᠠᠴᠠ ᠭᠠᠷᠳᠠᠨ ᠦᠭᠡᠷᠡᠴᠢᠯᠡᠯᠲᠡ ᠬᠢᠵᠦ᠂ ᠲᠤᠰᠬᠤᠨ ᠤ | ᠳᠦᠷᠢᠮ ᠲᠤᠭᠲᠠᠭᠠᠯ ᠤᠨ ᠬᠢᠵᠠᠭᠠᠷᠯᠠᠬᠤ ᠦᠢᠯᠡᠳᠦᠯ ᠢ ᠪᠠᠳᠠᠷᠠᠭᠤᠯᠤᠨ᠂ ᠮᠠᠯᠴᠢᠨ ᠲᠠᠷᠢᠶᠠᠴᠢᠨ ᠦᠪᠡᠷ ᠢᠶᠠᠨ ᠭᠠᠷ ᠬᠦᠳᠡᠯᠦᠯᠴᠡᠨ ᠤᠬᠠᠮᠰᠠᠷ ᠠᠴᠠ ᠪᠠᠨ ᠠᠷᠢᠭᠤᠨ | ᠴᠡᠪᠡᠷ᠂ ᠨᠤᠭᠤᠭᠠᠷᠠᠭᠤᠯᠤᠯᠲᠠ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠵᠡᠷᠭᠡ ᠠᠵᠢᠯᠯᠠᠭ᠎ᠠ ᠳᠤ ᠤᠷᠤᠯᠴᠠᠬᠤ ᠶᠢ ᠳᠠᠶᠢᠴᠢᠯᠠᠵᠤ᠂ ᠬᠦᠳᠡᠭᠡ ᠲᠤᠰᠬᠤᠨ | ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠤ ᠤᠷᠲᠤ ᠬᠤᠭᠤᠴᠠᠭᠠᠨ ᠤ ᠪᠦᠲᠦᠮᠵᠢᠲᠦ ᠬᠠᠮᠢᠶᠠᠷᠤᠯᠲᠠ ᠶᠢᠨ ᠲᠤᠭᠲᠠᠴᠠ ᠶᠢ | ᠪᠠᠶᠢᠭᠤᠯᠤᠨ᠎ᠠ᠃ ᠰᠤᠮᠤ ᠪᠠᠯᠭᠠᠰᠤ ᠶᠢᠨ ᠪᠠᠯᠭᠠᠰᠤᠨ ᠲᠤᠭᠤᠷᠢᠭ ᠤᠨ ᠪᠤᠬᠢᠷ ᠤᠰᠤ ᠶᠢ ᠰᠶᠢᠳᠪᠤᠷᠢᠯᠡᠬᠦ ᠲᠦᠬᠦᠭᠡᠷᠦᠮᠵᠢ ᠵᠢᠴᠢ 3 ᠤᠰᠤ ᠭᠠᠳᠠᠭᠰᠢᠯᠠᠭᠤᠯᠬᠤ | ᠬᠤᠭᠤᠯᠠᠢ ᠲᠤᠤᠷ ᠤᠭᠰᠠᠷᠠᠬᠤ ᠢᠨᠵᠧᠨᠧᠷᠢᠩ ᠂ 3 ᠬᠤᠭ ᠯᠠᠭ ᠪᠤᠯᠠᠬᠤ ᠭᠠᠵᠠᠷ ᠢ ᠪᠦᠲᠦᠭᠡᠨ ᠪᠠᠶᠢᠭᠤᠯᠤᠨ᠂ 16 ᠬᠤᠭ ᠯᠠᠭ ᠲᠠᠷᠤᠰᠢᠭᠤᠯᠤᠨ ᠵᠦᠭᠡᠭᠡᠪᠦᠷᠢᠯᠡᠬᠦ | ᠮᠠᠰᠢᠨ᠂ 7 ᠪᠤᠬᠢᠷ ᠤᠰᠤ ᠲᠠᠲᠠᠬᠤ ᠲᠡᠷᠭᠡ ᠬᠤᠳᠠᠯᠳᠤᠨ ᠠᠪᠴᠤ᠂ 8000 ᠡᠷᠦᠬᠡ ᠶᠢᠨ ᠵᠤᠷᠯᠤᠩ ᠢ ᠦᠭᠡᠷᠡᠴᠢᠯᠡᠨ ᠵᠠᠰᠠᠵᠤ᠂ 25 ᠨᠡᠶᠢᠲᠡ ᠶᠢᠨ ᠵᠤᠷᠯᠤᠩ | ᠰᠢᠨ᠎ᠡ ᠪᠠᠷ ᠪᠠᠶᠢᠭᠤᠯᠤᠨ᠎ᠠ᠃ ᠳᠦᠷᠢᠮ ᠠᠴᠠ ᠵᠦᠷᠢᠴᠡᠭᠰᠡᠨ ᠪᠠᠷᠢᠯᠭ᠎ᠠ ᠪᠠ ᠲᠠᠷᠢᠶᠠᠯᠠᠩ ᠤᠨ ᠲᠤᠨᠤᠭ ᠲᠦᠬᠦᠭᠡᠷᠦᠮᠵᠢ ᠶᠢ ᠴᠡᠪᠡᠷᠯᠡᠨ ᠴᠡᠭᠴᠡᠯᠡᠬᠦ ᠠᠵᠢᠯᠯᠠᠭ᠎ᠠ | ᠦᠷᠨᠢᠭᠦᠯᠵᠦ᠂ ᠬᠦᠳᠡᠭᠡ ᠲᠤᠰᠬᠤᠨ ᠤ ᠬᠠᠮᠢᠶᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠰᠢᠲᠠᠮᠠᠬᠠᠢ ᠬᠡᠢ ᠶᠢ ᠵᠢᠱᠢᠶ᠎ᠡ ᠦᠵᠡᠭᠦᠯᠬᠦ | ᠳᠣᠰᠬᠤᠨ ᠳᠤ ᠨᠡᠪᠲᠡᠷᠡᠭᠦᠯᠬᠦ ᠪᠠ ᠪᠠᠯᠭᠠᠰᠤᠨ ᠲᠤᠭᠤᠷᠢᠭ ᠲᠤ ᠲᠦᠭᠡᠮᠡᠯᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ 2000 ᠡᠷᠦᠬᠡ ᠮᠠᠯᠴᠢᠨ ᠲᠠᠷᠢᠶᠠᠴᠢᠨ ᠳᠤ | ᠪᠠᠶᠢᠭᠠᠯᠢ ᠶᠢᠨ ᠰᠢᠲᠠᠮᠠᠬᠠᠢ ᠬᠡᠢ ᠬᠠᠩᠭᠠᠬᠤ ᠶᠢ ᠪᠡᠶᠡᠯᠡᠭᠦᠯᠦᠨ᠎ᠡ᠃ ᠲᠠᠷᠢᠮᠠᠯ ᠤᠨ ᠡᠰᠢ ᠰᠦᠷᠡᠯ ᠢ ᠮᠠᠰᠢᠨᠴᠢᠯᠠᠨ ᠶᠡᠷᠦᠩᠬᠡᠶᠢᠯᠡᠨ ᠰᠶᠢᠳᠪᠤᠷᠢᠯᠡᠬᠦ ᠮᠡᠷᠭᠡᠵᠢᠯ ᠢ | ᠦᠷᠭᠡᠨ ᠢᠶᠠᠷ ᠳᠡᠯᠭᠡᠷᠡᠭᠦᠯᠵᠦ᠂ ᠲᠠᠷᠢᠮᠠᠯ ᠤᠨ ᠡᠰᠢ ᠰᠦᠷᠡᠯ ᠢ ᠪᠤᠷᠳᠤᠭᠤᠷ᠂ ᠪᠤᠷᠳᠤᠭ᠎ᠠ ᠪᠤᠯᠭᠠᠨ ᠶᠡᠷᠦᠩᠬᠡᠶᠢᠯᠡᠨ ᠠᠰᠢᠭᠯᠠᠬᠤ ᠶᠢ ᠪᠡᠶᠡᠯᠡᠭᠦᠯᠦᠨ᠎ᠡ᠃ 30 ᠲᠦᠮᠡᠨ | ᠮᠤ᠋ ᠲᠠᠷᠢᠮᠠᠯ ᠤᠨ ᠵᠦᠢᠯ ᠤᠨ ᠡᠪᠡᠳᠴᠢᠨ ᠬᠤᠷᠤᠬᠠᠢ ᠶᠢ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠠᠷᠢᠯᠭᠠᠬᠤ ᠪᠠ 30 ᠲᠦᠮᠡᠨ ᠮᠤ᠋ ᠲᠠᠷᠢᠶᠠᠨ ᠭᠠᠵᠠᠷ ᠤᠨ | ᠡᠪᠡᠳᠴᠢᠨ ᠬᠤᠷᠤᠬᠠᠢ ᠶᠢ ᠪᠤᠬᠢᠷᠳᠤᠯ ᠦᠭᠡᠢ ᠰᠡᠷᠭᠡᠶᠢᠯᠡᠨ ᠡᠵᠡᠮᠳᠡᠬᠦ ᠠᠵᠢᠯ ᠢ ᠬᠡᠷᠡᠭᠵᠢᠭᠦᠯᠦᠨ᠂ ᠡᠰᠢ ᠰᠦᠷᠡᠯ ᠢ ᠲᠠᠷᠢᠶᠠᠨ ᠭᠠᠵᠠᠷ ᠲᠤ ᠪᠤᠷᠳᠤᠭᠤᠷ ᠪᠤᠯᠭᠠᠨ | ᠤᠷᠤᠭᠤᠯᠤᠭᠰᠠᠨ ᠲᠠᠯᠠᠪᠠᠢ ᠶᠢ 5 ᠲᠦᠮᠡᠨ ᠮᠤ᠋ ᠳᠤ ᠬᠦᠷᠭᠡᠨ᠎ᠡ᠃ | ︵ᠳᠦᠷᠪᠡ︶ ᠬᠠᠮᠢᠶᠠᠷᠤᠯᠲᠠ ᠶᠢ ᠠᠳᠬᠤᠨ᠂ ᠠᠭᠤᠯᠤᠭᠲᠠᠬᠤᠨ ᠢᠶᠠᠨ ᠨᠡᠮᠡᠭᠳᠡᠭᠦᠯᠵᠦ᠂ ᠬᠤᠲᠠ ᠪᠠᠯᠭᠠᠰᠤᠨ ᠤ ᠴᠢᠨᠠᠷ ᠴᠢᠨᠰᠠᠭ᠎ᠠ ᠪᠠᠨ ᠦᠷᠭᠦᠯᠵᠢᠯᠡᠨ | ᠳᠡᠭᠡᠭᠰᠢᠯᠡᠭᠦᠯᠦᠨ᠎ᠡ᠃ | ᠪᠠᠶᠢᠭᠤᠯᠤᠯᠲᠠ ᠬᠠᠮᠢᠶᠠᠷᠤᠯᠲᠠ ᠶᠢ ᠵᠡᠷᠭᠡᠪᠡᠷ ᠴᠢᠬᠤᠯᠠᠴᠢᠯᠠᠵᠤ᠂ ᠰᠢᠨ᠎ᠡ ᠳᠦᠷᠰᠦ ᠪᠠᠶᠢᠳᠠᠯ ᠢ ᠪᠦᠲᠦᠭᠡᠨ᠎ᠡ᠃ ᠪᠦᠬᠦ ᠤᠯᠤᠰ ᠤᠨ ᠰᠢᠶᠠᠨ ᠤ ᠲᠡᠰ ᠤᠨ | ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠠᠨ ᠪᠤᠯᠭᠠᠵᠤ᠂ ︽ᠤᠯᠠᠨ ᠲᠦᠷᠦᠯ ᠤᠨ ᠪᠤᠯᠪᠠᠰᠤᠨ ᠬᠤᠲᠠ ᠶᠢ ᠬᠠᠮᠲᠤ ᠳᠤᠨᠢ ᠪᠠᠶᠢᠭᠤᠯᠬᠤ︾ | ᠠᠵᠢᠯ ᠢ ᠡᠷᠴᠢᠮᠲᠡᠢ ᠠᠬᠢᠭᠤᠯᠤᠨ᠂ ᠨᠠᠷᠢᠨ ᠨᠢᠮᠪᠠᠢ ᠲᠦᠯᠦᠪᠵᠢᠭᠦᠯᠵᠦ᠂ ᠨᠠᠷᠢᠯᠢᠭ ᠤᠨᠤᠪᠴᠢᠲᠠᠢ ᠪᠦᠲᠦᠭᠡᠨ ᠪᠠᠶᠢᠭᠤᠯᠤᠨ᠂ ᠬᠠᠮᠢᠶᠠᠷᠤᠯᠲᠠ ᠪᠠᠨ ᠰᠢᠯᠢᠳᠡᠭᠵᠢᠭᠦᠯᠵᠦ᠂ | ᠬᠤᠲᠠ ᠪᠠᠯᠭᠠᠰᠤᠨ ᠤ ᠶᠡᠷᠦᠩᠬᠡᠶᠢᠯᠡᠭᠰᠡᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠤᠮᠤ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠳᠤ | ᠵᠠᠰᠠᠪᠤᠷᠢ ᠤᠷᠤᠭᠤᠯᠬᠤ᠂ ᠰᠢᠨᠡᠪᠠᠯᠭᠠᠰᠤᠨ ᠤ ᠪᠠᠯᠭᠠᠰᠤᠨ ᠲᠤᠭᠤᠷᠢᠭ ᠤᠨ ᠡᠵᠡᠮᠰᠢᠯ ᠤᠨ ᠴᠢᠨᠠᠷᠲᠠᠢ ᠨᠠᠷᠢᠯᠢᠭ ᠲᠦᠯᠦᠪᠵᠢᠭᠦᠯᠭᠡ ᠪᠠ ᠬᠤᠲᠠ ᠶᠢᠨ ᠶᠠᠪᠤᠳᠠᠯ ᠤᠨ | ᠲᠤᠰᠬᠠᠢ ᠲᠦᠯᠦᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠠᠵᠢᠯ ᠢ ᠡᠬᠢᠯᠡᠭᠦᠯᠦᠨ᠎ᠡ᠃ ᠬᠤᠰᠢᠭᠤ ᠶᠡᠷᠦᠩᠬᠡᠶᠢᠯᠡᠭᠰᠡᠨ ᠰᠤᠶᠤᠯ ᠤᠨ ᠦᠢᠯᠡᠴᠢᠯᠡᠭᠡᠨ ᠤ ᠲᠦᠪ ᠢ | ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠬᠤᠲᠠ ᠲᠣᠭᠤᠷᠢᠭᠰᠠᠨ ᠵᠠᠮ᠂ ᠨᠡᠶᠢᠲᠡ ᠶᠢᠨ ᠲᠠᠯᠠᠪᠠᠢ ᠵᠢᠴᠢ ᠨᠤᠭᠤᠭᠠᠷᠠᠭᠤᠯᠤᠯᠲᠠ᠂ ᠭᠡᠷᠡᠯᠲᠦᠭᠦᠯᠭᠡ ᠶᠢᠨ | ᠢᠨᠵᠧᠨᠧᠷᠢᠩ ᠤᠨ ᠪᠦᠷᠢᠨ ᠲᠦᠬᠦᠭᠡᠷᠦᠮᠵᠢ ᠶᠢ ᠬᠡᠷᠡᠭᠵᠢᠭᠦᠯᠦᠨ᠎ᠡ᠃ ᠤᠰᠤ ᠬᠠᠩᠭᠠᠵᠤ ᠤᠰᠤ ᠵᠠᠯᠠᠬᠤ ᠬᠤᠭᠤᠯᠠᠢ ᠲᠤᠤᠷ ᠢ 17 ᠺᠢᠯᠤᠮᠧᠲᠷ ᠦᠭᠡᠷᠡᠴᠢᠯᠡᠨ ᠵᠠᠰᠠᠨ᠎ᠠ | ᠃ ᠴᠡᠴᠡᠷᠯᠢᠭ ᠤᠨ ᠨᠤᠭᠤᠭᠠᠷᠠᠭᠤᠯᠤᠯᠲᠠ ᠳᠤ ᠴᠡᠪᠡᠷᠰᠢᠭᠦᠯᠦᠭᠰᠡᠨ ᠤᠰᠤ ᠶᠢ ᠠᠰᠢᠭᠯᠠᠬᠤ ᠤᠰᠤᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠬᠤᠲᠠ | ᠲᠤᠭᠤᠷᠢᠭ ᠤᠨ ᠰᠤᠯᠠ ᠭᠠᠵᠠᠷ ᠲᠤ ᠬᠤᠸᠠᠷ ᠴᠡᠴᠡᠭ ᠲᠠᠷᠢᠬᠤ ᠠᠵᠢᠯ ᠢ ᠠᠬᠢᠭᠤᠯᠵᠤ᠂ ᠪᠠᠯᠭᠠᠰᠤᠨ ᠲᠤᠭᠤᠷᠢᠭ ᠤᠨ ᠢᠯᠡ ᠬᠠᠯᠴᠠᠭᠠᠢ ᠭᠠᠵᠠᠷ ᠤᠨ ᠲᠠᠯᠠᠪᠠᠢ ᠶᠢ | ᠠᠯᠬᠤᠮ ᠠᠯᠬᠤᠮ ᠢᠶᠠᠷ ᠪᠠᠭᠠᠰᠬᠠᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ | ᠠᠵᠢᠯ ᠢ ᠡᠬᠢᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠦᠵᠡᠰᠭᠦᠯᠡᠩ ᠪᠠ ᠦᠨᠳᠦᠰᠦᠲᠡᠨ ᠤ ᠪᠦᠯᠬᠦᠮᠳᠡᠯ ᠢᠶᠠᠷ ᠭᠤᠤᠯ ᠰᠡᠳᠦᠪ ᠪᠤᠯᠭᠠᠭᠰᠠᠨ ᠴᠡᠴᠡᠷᠯᠢᠭ ᠢ | ᠪᠠᠶᠢᠭᠤᠯᠤᠨ᠎ᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠶᠠᠪᠤᠭᠳᠠᠭᠤᠯᠤᠨ᠂ | ᠴᠡᠴᠡᠷᠯᠢᠭᠵᠢᠭᠦᠯᠦᠯᠲᠡ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠳᠠᠭᠠᠭᠠᠴᠢᠯᠠᠭᠤᠯᠬᠤ ᠲᠤᠷᠰᠢᠯᠲᠠ ᠶᠢᠨ ᠴᠢᠭ ᠭᠠᠷᠭᠠᠬᠤ ᠠᠵᠢᠯ ᠢ | ᠦᠷᠨᠢᠭᠦᠯᠵᠦ᠂ ︽ᠵᠡᠭᠡᠯᠢ ᠭᠤᠳᠤᠮᠵᠢ ᠶᠢᠨ ᠳᠠᠷᠤᠭ᠎ᠠ︾ ︽ᠴᠡᠴᠡᠷᠯᠢᠭ ᠤᠨ ᠳᠠᠷᠤᠭ᠎ᠠ︾ ᠶᠢᠨ ᠬᠠᠷᠢᠭᠤᠴᠠᠯᠭᠠᠲᠤ ᠳᠦᠷᠢᠮ ᠢ ᠦᠷᠭᠦᠯᠵᠢᠯᠡᠨ ᠬᠡᠷᠡᠭᠵᠢᠭᠦᠯᠦᠨ᠂ ︽ | ᠬᠠᠤᠯᠢ ᠪᠤᠰᠤ ᠠᠵᠢᠯᠯᠠᠭ᠎ᠠ ᠳᠤ ᠴᠤᠬᠢᠯᠲᠠ ᠦᠭᠴᠦ ᠴᠡᠭᠴᠡᠯᠡᠨ ᠵᠠᠰᠠᠬᠤ︾ ᠪᠠ ᠤᠯᠠᠨ ᠨᠡᠶᠢᠲᠡ ᠶᠢᠨ ᠡᠮᠬᠢ ᠳᠢᠭᠯᠢᠮ ᠢ ᠴᠡᠭᠴᠡᠯᠡᠬᠦ ᠬᠦᠳᠡᠯᠭᠡᠭᠡᠨ ᠢ ᠦᠷᠭᠦᠯᠵᠢᠯᠡᠨ | ᠭᠦᠨᠵᠡᠭᠡᠢ ᠦᠷᠨᠢᠭᠦᠯᠦᠨ᠎ᠡ᠃ ᠬᠤᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠲᠤᠭ᠎ᠠ ᠪᠠᠷᠢᠮᠲᠠ ᠶᠢᠨ ᠬᠦᠮᠦᠷᠭᠡ ᠶᠢ ᠪᠠᠶᠢᠭᠤᠯᠵᠤ᠂ ᠲᠤᠭᠠᠴᠢᠯᠠᠭᠰᠠᠨ | ᠬᠤᠲᠠ ᠶᠢᠨ ᠬᠠᠮᠢᠶᠠᠷᠤᠯᠲᠠ ᠶᠢᠨ ᠲᠡᠰ ᠳᠡᠪᠰᠢᠨ ᠪᠠᠭᠲᠠᠭᠠᠮᠵᠢ ᠶᠡᠬᠡᠰᠬᠦ ᠶᠢ ᠠᠬᠢᠭᠤᠯᠤᠨ᠎ᠠ᠃ ᠰᠢᠨᠡᠪᠠᠯᠭᠠᠰᠤ ᠶᠢᠨ ᠪᠠᠯᠭᠠᠰᠤᠨ ᠲᠤᠭᠤᠷᠢᠭ ᠤᠨ ᠭᠤᠤᠯᠳᠠᠯᠭᠠᠲᠤ | ᠨᠡᠶᠢᠲᠡ ᠶᠢᠨ ᠲᠠᠯᠠᠪᠤᠷ ᠲᠤ ᠤᠲᠠᠰᠤ ᠦᠭᠡᠢ ᠰᠦᠯᠵᠢᠶ᠎ᠡ ᠶᠢ ᠲᠦᠭᠡᠮᠡᠯᠵᠢᠭᠦᠯᠦᠨ᠎ᠡ᠃ ᠪᠠᠯᠭᠠᠰᠤᠨ ᠲᠤᠭᠤᠷᠢᠭ ᠤᠨ ᠲᠡᠷᠭᠡᠨ ᠵᠤᠭᠰᠤᠭᠠᠯ ᠢ ᠰᠢᠨ᠎ᠡ ᠪᠠᠷ 1000 ᠨᠡᠮᠡᠨ | ᠪᠠᠶᠢᠭᠤᠯᠤᠨ᠎ᠠ᠃ ᠬᠤᠲᠠ ᠶᠢᠨ ᠴᠢᠳᠠᠮᠵᠢ ᠶᠢᠨ ᠬᠤᠪᠢᠶᠠᠷᠢ ᠤᠷᠤᠨ᠂ ᠴᠢᠳᠠᠮᠵᠢᠲᠤ ᠲᠤᠭᠤᠷᠢᠭ ᠬᠤᠪᠢᠶᠠᠨ ᠢᠯᠭᠠᠬᠤ ᠪᠠ ᠡᠵᠡᠩᠨᠡᠯᠲᠡ ᠶᠢ ᠨᠢ ᠲᠦᠷᠦᠯ ᠵᠦᠢᠯ | ᠬᠤᠪᠢᠶᠠᠨ ᠵᠠᠬ᠎ᠠ ᠳᠡᠯᠭᠡᠭᠦᠷᠵᠢᠭᠦᠯᠭᠦ ᠠᠵᠢᠯ ᠢ ᠪᠦᠬᠦ ᠬᠦᠴᠦ ᠪᠠᠷ ᠠᠬᠢᠭᠤᠯᠵᠤ᠂ ᠮᠠᠰᠢᠨ ᠲᠡᠷᠭᠡ ᠵᠠᠰᠠᠬᠤ ᠪᠤᠳᠠᠰ ᠤᠨ ᠬᠦᠢᠯᠭᠡᠭᠡᠨ ᠤ ᠬᠦᠷᠢᠶᠡᠯᠡᠩ ᠪᠠ ᠪᠠᠷᠢᠯᠭ᠎ᠠ ᠶᠢᠨ | ᠮᠠᠲ᠋ᠧᠷᠢᠶᠡᠯ ᠤᠨ ᠵᠠᠬ᠎ᠠ ᠳᠡᠯᠭᠡᠭᠦᠷ ᠢ ᠪᠠᠶᠢᠭᠤᠯᠤᠨ᠂ ᠨᠢᠭᠡ ᠪᠠᠷᠢᠮᠵᠢᠶᠠᠵᠢᠭᠰᠠᠨ ᠲᠠᠷᠢᠶᠠᠯᠠᠩ ᠮᠠᠯ ᠠᠵᠤ ᠠᠬᠤᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ | ᠪᠠᠶᠢᠭᠤᠯᠬᠤ ᠪᠤᠶᠤ ᠦᠭᠡᠷᠡᠴᠢᠯᠡᠨ ᠵᠠᠰᠠᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠨᠡᠩ ᠲᠦᠭᠦᠮ ᠲᠦᠳᠡ ᠦᠢᠯᠡᠴᠢᠯᠡᠭᠡ ᠬᠠᠩᠭᠠᠨ᠎ᠠ᠃ ᠪᠤᠰᠤᠳ ᠰᠤᠮᠤ | ᠪᠠᠯᠭᠠᠰᠤ ᠶᠢᠨ ᠪᠠᠯᠭᠠᠰᠤᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠪᠠᠯᠭᠠᠰᠤᠨ ᠲᠤᠭᠤᠷᠢᠭ ᠤᠨ | ᠳᠠᠭᠠᠭᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠴᠢᠳᠠᠮᠵᠢ ᠪᠠᠨ ᠲᠡᠭᠦᠯᠳᠡᠷᠵᠢᠭᠦᠯᠵᠦ᠂ ᠠᠮᠤᠷ ᠲᠤᠭᠲᠠᠭᠤᠨ ᠤᠷᠤᠰᠢᠨ ᠠᠮᠢᠳᠤᠷᠠᠬᠤ ᠶᠢ ᠪᠠᠲᠤᠯᠠᠨ᠎ᠠ᠃ ᠶᠢᠨ ᠲᠠᠢ ᠲᠦᠩ ᠰᠠᠭᠤᠭᠠᠯᠢ ᠲᠤᠭᠤᠷᠢᠭ ᠤᠨ ᠬᠤᠶᠠᠳᠤᠭᠠᠷ | ᠬᠤᠭᠤᠴᠠᠭᠠᠨ ᠤ ᠢᠨᠵᠧᠨᠧᠷᠢᠩ ᠢ ᠪᠦᠲᠦᠭᠡᠨ ᠪᠠᠶᠢᠭᠤᠯᠵᠤ᠂ ᠰᠢᠨ ᠬᠠᠩ ᠵᠡᠭᠡᠯᠢ ᠶᠢ ᠨᠡᠪᠲᠡᠷᠡᠭᠦᠯᠦᠨ᠂ ᠬᠠᠭᠤᠴᠢᠨ ᠬᠤᠲᠠ ᠶᠢ ᠦᠭᠡᠷᠡᠴᠢᠯᠡᠨ ᠵᠠᠰᠠᠵᠤ ᠪᠤᠴᠠᠭᠠᠨ | ᠨᠡᠭᠦᠯᠭᠡᠬᠦ ᠤᠷᠤᠨ ᠰᠠᠭᠤᠴᠠ ᠪᠠ ᠬᠤᠳᠠᠯᠳᠤᠭ᠎ᠠ ᠳᠡᠯᠭᠡᠭᠦᠷ ᠢ ᠲᠤᠬᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠳᠠᠭᠤᠰᠬᠠᠵᠤ᠂ ᠬᠤᠲᠠ ᠶᠢᠨ ᠬᠤᠶᠢᠳᠤ ᠬᠡᠰᠡᠭ ᠤᠨ | ᠬᠠᠭᠤᠴᠢᠨ ᠭᠡᠷ ᠤᠷᠤᠨ ᠢ ᠨᠤᠷᠠᠭᠠᠨ ᠨᠡᠭᠦᠯᠭᠡᠬᠦ ᠡᠭᠦᠷᠭᠡ ᠶᠢ ᠪᠦᠬᠦ ᠬᠦᠴᠦᠨ ᠢᠶᠠᠷ ᠠᠬᠢᠭᠤᠯᠤᠨ᠂ ᠰᠢᠨᠡᠪᠠᠯᠭᠠᠰᠤ ᠶᠢᠨ 3 ᠳᠡᠭᠰᠢ ᠳᠦᠷᠪᠡᠯᠵᠢᠨ ᠺᠢᠯᠤᠮᠧᠲᠷ ᠤᠨ | ᠲᠤᠲᠤᠷᠠᠬᠢ ᠨᠤᠷᠠᠬᠤ ᠠᠶᠤᠯᠲᠠᠢ ᠭᠡᠷ ᠪᠠᠶᠢᠰᠢᠩ ᠢ ᠨᠤᠷᠠᠭᠠᠵᠤ ᠳᠠᠭᠤᠰᠬᠠᠬᠤ ᠪᠠᠷ ᠴᠢᠷᠮᠠᠶᠢᠵᠤ᠂ 2 ᠲᠦᠮᠡᠨ ᠳᠡᠭᠰᠢ ᠳᠦᠷᠪᠡᠯᠵᠢᠨ ᠮᠧᠲᠷ ᠨᠦᠭᠡᠴᠡ ᠲᠠᠸᠠᠷ ᠤᠨ ᠭᠡᠷ | ᠪᠠᠶᠢᠰᠢᠩ ᠢ ᠰᠶᠢᠳᠪᠦᠷᠢᠯᠡᠨ᠎ᠡ᠃ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ ᠬᠡᠷᠡᠭᠵᠢᠭᠦᠯᠬᠦ︾ ᠠᠷᠭ᠎ᠠ ᠪᠠᠷᠢᠯ ᠢ ᠦᠨᠳᠦᠰᠦᠯᠡᠨ᠂ ᠠᠵᠤ | ᠠᠬᠤᠶᠢᠯᠠᠯ ᠤᠨ ᠪᠠᠯᠭᠠᠰᠤᠨ ᠲᠤᠭᠤᠷᠢᠭ ᠳᠠᠬᠢ ︽ᠬᠠᠭᠠᠰ ᠳᠤᠲᠠᠭᠤ︾ ᠪᠠᠷᠢᠯᠭ᠎ᠠ ᠶᠢ ᠠᠯᠬᠤᠮ ᠠᠯᠬᠤᠮ ᠢᠶᠠᠷ ᠪᠠᠷᠢᠵᠤ ᠳᠠᠭᠤᠰᠬᠠᠬᠤ ᠶᠢ ᠵᠢᠯᠤᠭᠤᠳᠤᠨ ᠳᠡᠮᠵᠢᠵᠦ᠂ | ᠰᠠᠭᠤᠭᠠᠯᠢ ᠲᠤᠭᠤᠷᠢᠭ ᠵᠡᠷᠭᠡ ᠲᠦᠷᠦᠯ ᠵᠦᠢᠯ ᠤᠨ ᠦᠮᠴᠢᠯᠡᠯ ᠤᠨ ᠡᠷᠬᠡ ᠶᠢ ᠭᠦᠢᠴᠡᠳᠬᠡᠬᠦ ᠠᠵᠢᠯ ᠢ ᠢᠳᠡᠪᠬᠢᠲᠡᠢ ᠠᠬᠢᠭᠤᠯᠤᠨ᠎ᠠ᠃ ᠳᠦᠷᠪᠡᠳᠦᠭᠡᠷ᠂ ᠵᠢᠷᠭᠤᠳᠤᠭᠠᠷ | ᠬᠤᠭᠤᠴᠠᠭᠠᠨ ᠤ ᠬᠢᠮᠳᠠ ᠳᠦᠷᠢᠶᠡᠰᠦᠨ ᠭᠡᠷ ᠵᠢᠴᠢ ᠢᠵᠢ ᠪᠦᠷᠢᠳᠦᠭᠰᠡᠨ ᠬᠤᠲᠠ ᠶᠢᠨ ᠵᠠᠮ ᠵᠠᠰᠠᠬᠤ ᠪᠠ ᠬᠤᠭᠤᠯᠠᠢ ᠲᠤᠤᠷ ᠤᠭᠰᠠᠷᠠᠬᠤ ᠢᠨᠵᠧᠨᠧᠷᠢᠩ ᠢ | ᠳᠠᠭᠤᠰᠬᠠᠨ᠂ ᠬᠠᠭᠤᠴᠢᠨ ᠰᠠᠭᠤᠭᠠᠯᠢ ᠲᠤᠭᠤᠷᠢᠭ ᠤᠨ ᠢᠯᠴᠢ ᠬᠠᠩᠭᠠᠬᠤ ᠬᠤᠭᠤᠯᠠᠢ ᠲᠤᠤᠷ ᠢ ᠦᠭᠡᠷᠡᠴᠢᠯᠡᠨ ᠵᠠᠰᠠᠵᠤ᠂ ᠤᠳᠤ ᠪᠠᠶᠢᠭ᠎ᠠ ᠤᠷᠤᠨ ᠰᠠᠭᠤᠴᠠ ᠶᠢᠨ | ᠡᠨᠧᠷᠬᠢ ᠠᠷᠪᠢᠯᠠᠬᠤ ᠦᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠎ᠠ᠃ ᠠᠷᠭ᠎ᠠ ᠪᠠᠷᠢᠯ ᠢᠶᠠᠨ ᠰᠢᠨᠡᠳᠬᠡᠨ ᠪᠠᠰᠠ ᠨᠢᠭᠡ ᠪᠦᠯᠦᠭ ︽ᠤᠳᠤᠨ ᠲᠡᠰ ᠤᠨ ᠴᠢᠨᠠᠷ | ᠴᠢᠨᠰᠠᠭ᠎ᠠ ᠲᠠᠢ ᠰᠠᠭᠤᠭᠠᠯᠢ ᠲᠤᠭᠤᠷᠢᠭ︾ ᠢ ᠪᠠᠶᠢᠭᠤᠯᠵᠤ᠂ ᠰᠠᠭᠤᠭᠠᠯᠢ ᠲᠤᠭᠤᠷᠢᠭ ᠤᠨ ᠠᠲᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠶᠡᠭᠡ | ᠬᠦᠴᠦᠨ ᠢᠶᠠᠷ ᠳᠡᠭᠡᠭᠰᠢᠯᠡᠭᠦᠯᠦᠨ᠂ ᠠᠲᠠᠯ ᠠᠬᠤᠢ ᠶᠢᠨ ᠪᠦᠷᠬᠦᠯᠲᠡ ᠶᠢᠨ ᠨᠤᠷᠮ᠎ᠠ ᠨᠢ 80 % ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠪᠠᠯᠭᠤᠨ ᠪᠠᠯᠭᠠᠰᠤ ᠶᠢᠨ | ᠪᠠᠯᠭᠠᠰᠤᠨ ᠲᠤᠭᠤᠷᠢᠭ ᠤᠨ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠ ᠭᠤᠤᠯᠳᠠᠯᠭ᠎ᠠ ᠲᠠᠢ ᠪᠠᠷᠢᠯᠭ᠎ᠠ ᠶᠢᠨ ᠨᠠᠷᠢᠯᠢᠭ ᠬᠠᠶᠢᠨ ᠰᠢᠨᠵᠢᠯᠡᠯᠲᠡ ᠶᠢᠨ ᠠᠵᠢᠯ ᠢ | ᠳᠠᠭᠤᠰᠬᠠᠨ᠎ᠠ᠃ ᠵᠢᠷᠭᠠᠯᠠᠩᠲᠤ ᠪᠠᠯᠭᠠᠰᠤ ᠶᠢᠨ ᠪᠠᠯᠭᠠᠰᠤᠨ ᠲᠤᠭᠤᠷᠢᠭ ᠤᠨ ᠬᠤᠷᠠᠮᠠᠯ ᠤᠰᠤ ᠶᠢ ᠭᠠᠳᠠᠭᠰᠢᠯᠠᠭᠤᠯᠬᠤ ᠢᠨᠵᠧᠨᠧᠷᠢᠩ ᠪᠤᠯᠤᠨ ᠪᠠᠯᠭᠤᠨ ᠪᠠᠯᠭᠠᠰᠤ ᠶᠢᠨ | ᠪᠠᠯᠭᠠᠰᠤᠨ ᠲᠤᠭᠤᠷᠢᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ | ︵ᠲᠠᠪᠤ︶ ᠠᠷᠠᠳ ᠤᠨ ᠠᠮᠢᠳᠤᠷᠠᠯ ᠢ ᠠᠳᠬᠤᠨ᠂ ᠵᠤᠯ ᠵᠢᠷᠭᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠠᠮᠢᠳᠤᠷᠠᠯ ᠤᠨ ᠴᠢᠨᠠᠷ | ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠰᠤᠷᠭᠠᠨ ᠬᠦᠮᠦᠵᠢᠯ ᠤᠨ ᠲᠡᠩᠴᠡᠭᠦᠷᠢᠲᠡᠢ ᠴᠢᠨᠠᠷᠵᠢᠭᠤᠨ ᠬᠦᠭᠵᠢᠬᠦ ᠶᠢ ᠠᠬᠢᠭᠤᠯᠤᠨ᠎ᠠ᠃ ᠬᠤᠰᠢᠭᠤᠨ ᠤ ᠨᠠᠢᠮᠠᠳᠤᠭᠠᠷ ᠬᠡᠤᠬᠡᠳ ᠤᠨ ᠴᠡᠴᠡᠷᠯᠢᠭ ᠤᠨ | ᠪᠠᠷᠢᠯᠭ᠎ᠠ ᠶᠢᠨ ᠠᠵᠢᠯ ᠢ ᠡᠬᠢᠯᠡᠭᠦᠯᠦᠨ᠂ ᠳᠠᠪᠤᠳᠤᠭᠠᠷ ᠪᠠᠭ᠎ᠠ ᠰᠤᠷᠭᠠᠭᠤᠯᠢ ᠶᠢᠨ ᠪᠠᠷᠢᠯᠭ᠎ᠠ ᠡᠬᠢᠯᠡᠬᠦ ᠠᠴᠠ ᠡᠮᠦᠨᠡᠬᠢ ᠭᠠᠷ ᠭᠦᠢᠴᠡᠳᠬᠡᠯ ᠬᠢᠬᠦ ᠠᠵᠢᠯ ᠢ ᠲᠦᠷᠭᠡᠳᠬᠡᠵᠦ | ᠂ ᠵᠢᠷᠭᠠᠯᠠᠩᠲᠤ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ᠂ ᠪᠠᠭᠰᠢ ᠠᠵᠢᠯᠲᠠᠨ ᠤ ᠡᠭᠡᠯᠵᠢᠲᠦ ᠪᠠᠶᠢᠷᠢ ᠶᠢᠨ ᠭᠡᠷ ᠢ ᠪᠠᠷᠢᠵᠤ ᠳᠠᠭᠤᠰᠬᠠᠨ᠎ᠠ᠃ ᠳᠡᠭᠡᠳᠦ | ᠵᠡᠷᠭᠡ ᠶᠢᠨ ᠪᠠᠭᠰᠢ ᠶᠢᠨ ᠰᠤᠷᠭᠠᠭᠤᠯᠢ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠨᠢᠭᠡ ᠪᠦᠯᠦᠭ ᠰᠢᠯᠢᠳᠡᠭ ᠪᠠᠭᠰᠢᠨᠠᠷ ᠢ ᠤᠷᠢᠨ ᠠᠪᠴᠢᠷᠠᠨ᠎ᠠ᠃ | ᠪᠠᠭᠰᠢᠨᠠᠷ ᠤᠨ ᠡᠯ᠎ᠡ ᠲᠦᠷᠦᠯ ᠤᠨ ᠬᠦᠯᠦᠰᠦ ᠤᠯᠭᠤᠮᠵᠢ᠂ ᠨᠦᠬᠦᠪᠦᠷᠢ ᠮᠦᠩᠭᠦ ᠶᠢ ᠨᠠᠶᠢᠳᠠᠪᠤᠷᠢᠵᠢᠭᠤᠯᠬᠤ ᠬᠦᠴᠦᠯᠡᠴᠡ ᠪᠠᠨ ᠴᠢᠩᠭᠠᠳᠬᠠᠵᠤ᠂ ᠪᠠᠭᠰᠢᠨᠠᠷ ᠤᠨ | ᠬᠦᠯᠦᠰᠦ ᠤᠯᠭᠤᠮᠵᠢ ᠶᠢᠨ ᠠᠰᠠᠭᠤᠳᠠᠯ ᠢ ᠰᠠᠶᠢᠲᠤᠷ ᠰᠶᠢᠳᠪᠤᠷᠢᠯᠡᠨ᠎ᠡ᠃ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠬᠡᠤᠬᠡᠳ ᠢ ᠰᠤᠷᠭᠠᠨ | ᠬᠦᠮᠦᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 2 — 3 ᠰᠤᠷᠭᠠᠭᠤᠯᠢ ᠶᠢ ᠤᠶᠤᠨᠴᠢ ᠵᠢᠭᠠᠨ | ᠰᠤᠷᠭᠠᠯᠲᠠ ᠶᠢᠨ ᠲᠤᠷᠰᠢᠯᠲᠠ ᠶᠢᠨ ᠴᠡᠭ ᠪᠤᠯᠭᠠᠨ ᠪᠠᠶᠢᠭᠤᠯᠬᠤ ᠠᠵᠢᠯ ᠢ ᠦᠷᠨᠢᠭᠦᠯᠦᠨ᠎ᠡ᠃ ᠦᠨᠳᠦᠰᠦᠲᠡᠨ ᠤ ᠰᠤᠷᠭᠠᠨ ᠬᠦᠮᠦᠵᠢᠯ ᠢ ᠶᠡᠭᠡ ᠪᠠᠷ ᠬᠦᠭᠵᠢᠭᠦᠯᠦᠨ᠂ | ᠮᠠᠨ ᠤ ᠬᠤᠰᠢᠭᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠬᠢᠷᠢ ᠲᠦᠪᠰᠢᠨ ᠪᠦᠬᠦ ᠬᠤᠲᠠ ᠶᠢᠨ ᠲᠡᠷᠢᠭᠦᠨ ᠡᠩᠨᠡᠭᠡᠨ ᠳᠤ ᠪᠠᠶᠢᠬᠤ ᠶᠢ ᠪᠠᠲᠤᠯᠠᠨ᠎ᠠ᠃ | ᠡᠮ ᠡᠮᠨᠡᠯᠭᠡ ᠶᠢᠨ ᠦᠢᠯᠡᠴᠢᠯᠡᠭᠡ ᠶᠢ ᠪᠠᠲᠤᠯᠠᠬᠤ ᠴᠢᠳᠠᠪᠤᠷᠢ ᠪᠠᠨ ᠴᠢᠩᠭᠠᠳᠬᠠᠨ᠎ᠠ᠃ ᠤᠯᠤᠰ ᠤᠨ ᠲᠡᠰ ᠤᠨ ᠡᠷᠡᠭᠦᠯ ᠬᠠᠮᠠᠭᠠᠯᠠᠯᠲᠤ ᠬᠤᠰᠢᠭᠤ ᠶᠢ ᠡᠭᠦᠳᠦᠨ | ᠪᠠᠶᠢᠭᠤᠯᠬᠤ ᠠᠵᠢᠯ ᠢ ᠪᠡᠶᠡᠯᠡᠭᠦᠯᠵᠦ᠂ ᠦᠪᠡᠷᠲᠡᠭᠡᠨ ᠵᠠᠰᠠᠬᠤ ᠤᠷᠤᠨ ᠤ ᠲᠡᠰ ᠤᠨ ᠡᠷᠡᠭᠦᠯ ᠮᠡᠨᠳᠦ ᠶᠢ ᠠᠬᠢᠭᠤᠯᠤᠭᠰᠠᠨ ᠬᠤᠰᠢᠭᠤ ᠶᠢ ᠡᠭᠦᠳᠦᠨ ᠪᠠᠶᠢᠭᠤᠯᠬᠤ | ᠠᠵᠢᠯ ᠢ ᠢᠳᠡᠪᠬᠢᠲᠡᠢ ᠦᠷᠨᠢᠭᠦᠯᠦᠨ᠎ᠡ᠃ ᠬᠤᠰᠢᠭᠤ ᠮᠤᠩᠭᠤᠯ ᠡᠮ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠪᠠᠷᠢᠯᠭ᠎ᠠ ᠶᠢᠨ ᠠᠵᠢᠯ ᠢ | ᠳᠠᠭᠤᠰᠬᠠᠨ᠂ ᠵᠡᠮᠳᠡᠭᠴᠦᠳ ᠤᠨ ᠡᠷᠡᠭᠦᠯᠵᠢᠯ ᠤᠨ ᠲᠦᠪ ᠪᠠ ᠵᠢᠷᠭᠠᠯᠠᠩᠲᠤ ᠭᠤᠤᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ ᠬᠡᠷᠡᠭᠯᠡᠯᠲᠡ ᠳᠤ | ᠤᠷᠤᠭᠤᠯᠵᠤ᠂ ᠠᠮᠠᠨᠴᠢᠷᠭ᠎ᠠ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠨᠠᠷ ᠤᠨ ᠡᠭᠡᠯᠵᠢᠯᠡᠨ ᠰᠠᠭᠤᠬᠤ ᠪᠠᠶᠢᠷᠢ ᠶᠢᠨ ᠭᠡᠷ ᠢ ᠰᠢᠨ᠎ᠡ ᠪᠠᠷ ᠪᠠᠶᠢᠭᠤᠯᠤᠨ᠎ᠠ᠃ ᠠᠯᠤᠰ | ᠡᠵᠡᠮᠰᠢᠯᠲᠦ ᠡᠮ ᠡᠮᠴᠢᠯᠡᠭᠡ ᠪᠠ ᠤᠶᠤᠨᠴᠢ ᠡᠮ ᠡᠮᠴᠢᠯᠡᠭᠡᠨ ᠤ ᠦᠢᠯᠡᠰ ᠢ ᠲᠦᠷᠭᠡᠨ ᠬᠦᠭᠵᠢᠭᠦᠯᠵᠦ᠂ ᠡᠷᠡᠭᠦᠯ ᠬᠠᠮᠠᠭᠠᠯᠠᠯ ᠡᠮ ᠡᠮᠨᠡᠯᠭᠡ ᠶᠢᠨ ᠡᠩᠨᠡᠭᠡᠨ ᠤ | ᠬᠦᠴᠦᠨ ᠢ ᠲᠡᠭᠦᠯᠳᠡᠷᠵᠢᠭᠦᠯᠦᠨ᠂ ᠨᠢᠭᠡᠨ ᠬᠦᠴᠦᠨ ᠲᠡᠭᠦᠯᠳᠡᠷ ᠡᠮ ᠡᠮᠨᠡᠯᠭᠡ ᠶᠢᠨ ᠬᠠᠮᠲᠤ ᠶᠢᠨ ᠴᠤᠭᠴᠠ ᠶᠢ ᠪᠠᠶᠢᠭᠤᠯᠤᠨ᠎ᠠ᠃ ︽ᠡᠪᠡᠳᠴᠢᠨ ᠢ ᠤᠷᠢᠳᠴᠢᠯᠠᠨ | ᠰᠡᠷᠭᠡᠶᠢᠯᠡᠬᠦ︾ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠤᠩᠭᠤᠯ ᠬᠢᠲᠠᠳ ᠡᠮ ᠡᠮᠨᠡᠯᠭᠡ ᠶᠢᠨ ᠤᠷᠢᠳᠴᠢᠯᠠᠨ ᠰᠡᠷᠭᠡᠶᠢᠯᠡᠯᠲᠡ᠂ | ᠡᠮ ᠡᠮᠴᠢᠯᠡᠭᠡ ᠪᠠᠷ ᠡᠷᠡᠭᠦᠯᠵᠢᠬᠦ ᠦᠢᠯᠡᠴᠢᠯᠡᠭᠡ ᠪᠠ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠦᠨ᠎ᠡ᠃ ᠤᠯᠤᠰ ᠤᠨ ᠬᠢᠵᠢᠭ ᠰᠡᠷᠭᠡᠶᠢᠯᠡᠯᠲᠡ ᠶᠢᠨ | ᠲᠦᠯᠦᠪᠵᠢᠭᠦᠯᠭᠡ ᠶᠢᠨ ᠡᠭᠦᠷᠭᠡ ᠶᠢ ᠨᠠᠶᠢᠲᠠᠪᠤᠷᠢᠵᠢᠭᠤᠯᠵᠤ᠂ ᠬᠢᠵᠢᠭ ᠤᠨ ᠲᠠᠷᠢᠯᠭ᠎ᠠ ᠶᠢᠨ ᠪᠦᠬᠦ ᠶᠠᠪᠤᠴᠠ ᠶᠢ ᠬᠠᠮᠢᠶᠠᠷᠠᠬᠤ ᠲᠤᠭᠲᠠᠯᠴᠠᠭ᠎ᠠ ᠶᠢ ᠪᠡᠶᠡᠯᠡᠭᠦᠯᠦᠨ᠎ᠡ᠃ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠬᠤᠯᠤᠭᠠᠨ᠎ᠠ ᠶᠢᠨ ᠬᠢᠵᠢᠭ ᠢ ᠬᠢᠨᠠᠨ ᠰᠡᠷᠭᠡᠶᠢᠯᠡᠬᠦ ᠦᠷᠲᠡᠭᠡ ᠶᠢ ᠪᠠᠶᠢᠭᠤᠯᠤᠨ᠎ᠠ᠃ | ᠲᠦᠯᠦᠪᠯᠡᠭᠡᠲᠦ ᠬᠦᠩᠭᠡᠵᠢᠯ ᠪᠠ ᠡᠮᠡᠭᠲᠡᠶᠢᠴᠦᠳ ᠨᠢᠯᠬᠠᠰ ᠤᠨ ᠡᠷᠡᠭᠦᠯ ᠮᠡᠨᠳᠦ ᠶᠢᠨ ᠠᠵᠢᠯ ᠢ ᠳᠦᠯᠬᠢᠨ ᠠᠬᠢᠭᠤᠯᠵᠤ᠂ ᠤᠯᠠᠨ ᠨᠡᠶᠢᠲᠡ ᠶᠢᠨ ᠲᠠᠯᠠᠪᠤᠷ ᠳᠠᠬᠢ ᠡᠬᠡ | ᠨᠢᠯᠬᠠᠰ ᠤᠨ ᠦᠷᠦᠭᠡ ᠲᠤᠬᠢᠷᠠᠭᠤᠯᠬᠤ ᠨᠤᠷᠮ᠎ᠠ ᠶᠢ 80 % ᠠᠴᠠ ᠳᠡᠭᠡᠭᠰᠢᠬᠢ ᠳᠤ ᠬᠦᠷᠭᠡᠨ᠎ᠡ᠃ | ᠠᠵᠢᠯ ᠤᠯᠭᠤᠵᠤ ᠦᠢᠯᠡᠰ ᠪᠦᠲᠦᠭᠡᠬᠦ ᠶᠢ ᠳᠡᠮᠵᠢᠬᠦ ᠬᠦᠴᠦᠯᠡᠴᠡ ᠪᠠᠨ ᠴᠢᠩᠭᠠᠳᠬᠠᠨ᠎ᠠ᠃ ᠠᠵᠢᠯ ᠤᠯᠭᠤᠯᠲᠠ ᠪᠠ ᠦᠢᠯᠡᠰ ᠪᠦᠲᠦᠭᠡᠬᠦ ᠶᠢ ᠳᠡᠮᠵᠢᠨ ᠲᠤᠰᠠᠯᠠᠬᠤ | 500 ᠲᠦᠮᠡᠨ ᠲᠦᠭᠦᠷᠢᠭ ᠤᠨ ᠰᠠᠭᠤᠷᠢ ᠮᠦᠩᠭᠦ ᠶᠢ ᠪᠠᠶᠢᠭᠤᠯᠤᠨ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠬᠦᠴᠢᠷᠳᠡᠯᠲᠡᠢ ᠤᠶᠤᠲᠠᠳ ᠵᠢᠴᠢ ᠵᠤᠷᠢᠯᠲᠠ | ᠬᠠᠷᠠᠯᠲᠠ ᠲᠠᠢ ᠵᠠᠯᠠᠭᠤᠴᠤᠳ ᠤᠨ ᠠᠵᠢᠯ ᠤᠯᠵᠤ ᠦᠢᠯᠡᠰ ᠪᠤᠰᠬᠠᠬᠤ ᠶᠢ ᠤᠷᠢᠳᠠᠪᠠᠷ ᠪᠠᠲᠤᠯᠠᠨ᠎ᠠ᠃ ᠤᠷᠤᠨ ᠨᠤᠲᠤᠭ ᠤᠨ ᠠᠵᠤ ᠠᠬᠤᠶᠢᠯᠠᠯ ᠤᠷᠤᠨ ᠨᠤᠲᠤᠭ ᠤᠨ | ᠬᠦᠳᠡᠯᠮᠦᠷᠢᠴᠢᠨ ᠢ ᠬᠡᠷᠡᠭᠯᠡᠨ ᠠᠵᠢᠯ ᠤᠯᠬᠤ ᠶᠢ ᠦᠷᠭᠦᠯᠵᠢᠯᠡᠨ ᠠᠬᠢᠭᠤᠯᠵᠤ᠂ 5 ᠲᠦᠷᠦᠯ ᠤᠨ ᠴᠢᠳᠠᠪᠤᠷᠢᠲᠠᠨ ᠪᠠ 20 ᠰᠢᠨ᠎ᠡ ᠶᠢ ᠡᠭᠦᠳᠴᠦ ᠦᠢᠯᠡᠰ ᠪᠤᠰᠬᠠᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠠᠬᠢᠭᠤᠯᠤᠨ᠎ᠠ᠃ ᠬᠤᠲᠠ ᠪᠠᠯᠭᠠᠰᠤᠨ ᠤ 1200 ᠬᠦᠮᠦᠨ ᠳᠤ ᠠᠵᠢᠯ ᠤᠯᠭᠤᠨ᠂ ᠬᠤᠲᠠ | ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3% ᠲᠤᠲᠤᠷ᠎ᠠ ᠬᠢᠵᠠᠭᠠᠷᠯᠠᠨ᠎ᠠ᠃ | ᠰᠣᠶᠣᠯ ᠵᠤᠭᠠᠴᠠᠯ ᠤᠨ ᠠᠵᠢᠯ ᠦᠢᠯᠡᠰ ᠢ ᠴᠡᠴᠡᠭᠯᠡᠨ ᠬᠦᠭᠵᠢᠭᠦᠯᠦᠨ᠎ᠡ᠃ ᠤᠯᠠᠭᠠᠨᠮᠦ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠥᠨ᠂ ᠤᠯᠠᠭᠠᠨᠮᠦ᠋ᠴᠢᠷ ᠤᠨ ᠪᠥᠲᠣᠭᠡᠨ | ᠪᠠᠶᠢᠭᠤᠯᠤᠯᠲᠠ ᠶᠢ ᠰᠠᠶᠢᠲᠥᠷ ᠠᠳᠬᠤᠵᠣ᠂ ᠪᠦᠬᠦ ᠵᠢᠯ ᠳᠤ ︽ᠤᠯᠠᠭᠠᠨᠮᠦ᠋ᠴᠢᠷ ᠤᠨ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠲᠤᠭᠯᠠᠯᠲᠠ︾᠂ ︽ᠲᠠᠯ᠎ᠠ | ᠨᠤᠲᠤᠭ ᠤᠨ ᠰᠤᠶᠤᠯ ᠤᠨ ᠲᠤᠭᠯᠠᠯᠲᠠ︾ ᠵᠡᠷᠭᠡ ᠠᠷᠠᠳ ᠲᠤ ᠠᠰᠢᠭ ᠬᠦᠷᠲᠡᠭᠡᠭᠰᠡᠨ ᠲᠤᠭᠯᠠᠯᠲᠠ ᠶᠢ 100 ᠤᠳᠠᠭ᠎ᠠ ᠠᠴᠠ ᠢᠯᠡᠭᠦᠦ ᠲᠤᠬᠢᠷᠠᠭᠤᠯᠤᠨ᠎ᠠ᠃ | ᠬᠤᠰᠢᠭᠤᠨ ᠤ ᠵᠣᠭᠠᠴᠠᠭᠰᠠᠳ ᠢ ᠲᠤᠬᠢᠷᠠᠭᠤᠯᠬᠤ ᠦᠢᠯᠡᠴᠢᠯᠡᠭᠡᠨ ᠤ ᠲᠥᠪ ᠢ ᠪᠥᠲᠣᠭᠡᠨ ᠪᠠᠶᠢᠭᠤᠯᠵᠣ᠂ ᠬᠤᠶᠠᠳᠣᠭᠠᠷ ᠬᠤᠭᠤᠴᠠᠭᠠᠨ ᠤ ᠪᠥᠬᠦ ᠬᠤᠰᠢᠭᠤᠨ ᠤ | ᠨᠠᠭᠠᠳᠣᠮ ᠤᠨ ᠶᠡᠭᠡ ᠬᠤᠷᠠᠯ ᠬᠢᠭᠡᠳ ᠡᠯᠡᠰᠣᠨ ᠴᠥᠯ ᠤᠨ ᠵᠣᠭᠠᠴᠠᠯ ᠤᠨ ᠨᠠᠶᠢᠷ᠂ ᠬᠠᠩᠭᠢᠨ ᠰᠣᠶᠣᠯ ᠤᠨ ᠡᠳᠣᠷ ᠵᠡᠷᠭᠡ ᠵᠣᠭᠠᠴᠠᠯ ᠤᠨ ᠨᠠᠶᠢᠷ ᠨᠠᠭᠠᠳᠤᠮ ᠢ | ᠰᠠᠶᠢᠲᠥᠷ ᠬᠢᠵᠦ᠂ ᠡᠯ᠎ᠡ ᠰᠣᠮᠣ ᠪᠠᠯᠭᠠᠰᠣ ᠶᠢᠨ ᠣᠨᠴᠠᠯᠢᠭᠲᠣ ᠵᠣᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠬᠥᠳᠡᠭᠡ ᠲᠣᠰᠬᠤᠨ ᠤ ᠵᠣᠭᠠᠴᠠᠯ ᠤᠨ | ᠨᠠᠶᠢᠷ ᠨᠠᠭᠠᠳᠤᠮ ᠢ ᠪᠥᠬᠦ ᠬᠥᠴᠣ ᠪᠠᠷ ᠳᠥᠯᠬᠢᠨ ᠠᠬᠢᠭᠤᠯᠠᠨ᠎ᠠ᠃ ᠰᠢᠯᠢᠳᠡᠭ ᠦᠨᠳᠥᠰᠣᠲᠡᠨ ᠤ ᠣᠯᠠᠮᠵᠢᠯᠠᠯᠲᠣ ᠰᠣᠶᠣᠯ ᠢ ᠪᠥᠬᠦ ᠬᠥᠴᠣ ᠪᠠᠷ ᠤᠯᠠᠮᠵᠢᠯᠠᠨ | ᠬᠠᠮᠠᠭᠠᠯᠠᠵᠤ᠂ ᠵᠤᠯᠠᠭ ᠤᠨ ᠨᠠᠶᠢᠷ᠂ ᠢᠩᠭᠡᠨ ᠲᠡᠮᠡᠭᠡᠨ ᠤ ᠭᠠᠯ ᠳᠠᠬᠢᠯᠭ᠎ᠠ ᠵᠡᠷᠭᠡ ᠣᠯᠠᠨ ᠲᠥᠮᠡᠨᠴᠢ ᠴᠢᠨᠠᠷ ᠲᠠᠢ ᠰᠣᠶᠣᠯ ᠤᠨ ᠬᠥᠳᠡᠯᠭᠡᠭᠡᠨ ᠢ ᠥᠷᠭᠡᠨ ᠢᠶᠠᠷ | ᠶᠠᠪᠣᠭᠳᠠᠭᠤᠯᠥᠨᠠ᠃ ᠰᠢᠷᠠᠲᠡᠮᠡᠭᠡᠲᠥ ᠰᠥᠮ᠎ᠡ᠂ ᠬᠤᠷᠤᠭᠠᠨᠴᠠᠶᠢᠳᠠᠮ ᠤᠨ ᠬᠠᠭᠤᠴᠢᠨ ᠬᠤᠲᠠ ᠶᠢᠨ ᠪᠠᠭᠤᠷᠢ ᠵᠢᠴᠢ ᠡᠷᠲᠡᠨ ᠤ ᠬᠡᠭᠦᠷ ᠣᠩᠭᠤᠨ ᠢ ᠬᠠᠮᠠᠭᠠᠯᠠᠬᠤ | ᠢᠨᠵᠧᠨᠧᠷᠢᠩ ᠪᠠ ᠬᠦᠷᠡᠯ ᠵᠣᠭᠤᠰ ᠴᠢᠳᠬᠤᠬᠤ ᠬᠠᠭᠤᠴᠢᠨ ᠪᠠᠭᠤᠷᠢ ᠶᠢ ᠪᠠᠬᠢᠵᠢᠭᠦᠯᠬᠦ ᠠᠪᠤᠷᠠᠯᠲᠠ ᠶᠢᠨ ᠴᠢᠨᠠᠷᠲᠠᠢ ᠢᠨᠵᠧᠨᠧᠷᠢᠩ ᠢ ᠳᠥᠯᠬᠢᠨ ᠠᠬᠢᠭᠤᠯᠥᠨ᠎ᠠ᠃ | ᠣᠯᠣᠰ ᠤᠨ ᠲᠡᠰ ᠤᠨ ᠪᠣᠳᠠᠰ ᠤᠨ ᠪᠣᠰᠥ ᠰᠣᠶᠣᠯ ᠤᠨ ᠦᠪ ᠪᠤᠯᠬᠤ ︽ᠭᠥᠷᠤ ᠳᠠᠭᠤᠣ︾ ᠶᠢᠨ ᠡᠯ᠎ᠡ ᠲᠥᠷᠣᠯ ᠤᠨ ᠲᠣᠭᠯᠠᠯᠲᠠ ᠶᠢ ᠰᠠᠶᠢᠲᠣᠷ ᠵᠣᠬᠢᠶᠠᠨ | ᠪᠠᠶᠢᠭᠤᠯᠥᠨ᠎ᠠ᠃ ᠳᠤᠭᠤᠶᠢᠲᠠᠯᠠ ᠪᠠᠯᠭᠠᠰᠤ ᠶᠢ ᠡᠯᠡᠰᠦᠨ ᠴᠦᠯ ᠳᠤ ᠬᠡᠭᠡᠷᠡᠯᠡᠨ ᠠᠶᠠᠯᠠᠬᠤ ᠵᠤᠭᠠᠴᠠᠯ ᠤᠨ ᠤᠨᠴᠠᠯᠢᠭ ᠲᠠᠢ ᠪᠠᠯᠭᠠᠰᠤ ᠪᠤᠯᠭᠠᠨ ᠪᠠᠶᠢᠭᠤᠯᠬᠤ ᠠᠵᠢᠯ ᠢ | ᠠᠬᠢᠭᠤᠯᠵᠤ᠂ ᠳᠠᠭᠤᠲᠤ ᠨᠠᠭᠤᠷ ᠢ ᠤᠯᠤᠰ ᠤᠨ 5A ᠲᠡᠰ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠬᠤ ᠠᠵᠢᠯ ᠢ ᠡᠬᠢᠯᠡᠭᠦᠯᠦᠨ᠂ 1 ᠭᠤᠷᠪᠠᠨ ᠤᠳᠤᠨ | ᠲᠡᠰ ᠤᠨ ᠪᠠᠭᠤᠳᠠᠯ᠂ 1 ᠬᠤᠲᠠ ᠶᠢᠨ ᠲᠡᠰ ᠤᠨ ᠬᠦᠳᠡᠭᠡ ᠲᠤᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠤᠰᠬᠤᠨ᠂ 2 ᠪᠤᠬᠢᠷᠳᠤᠯ ᠦᠭᠡᠢ ᠵᠤᠭᠠᠴᠠᠯ ᠤᠨ | ᠬᠤᠭᠤᠯᠠᠨ ᠭᠡᠷ᠂ 10 ᠬᠦᠳᠡᠭᠡ ᠲᠤᠰᠬᠤᠨ ᠤ ᠵᠤᠭᠠᠴᠠᠯ ᠤᠨ ᠦᠢᠯᠡᠰ ᠡᠷᠬᠢᠯᠡᠭᠰᠡᠨ ᠡᠷᠦᠬᠡ ᠶᠢ ᠭᠤᠶᠤᠴᠢᠯᠠᠨ ᠮᠡᠳᠡᠭᠦᠯᠦᠨ᠎ᠡ᠃ | ᠨᠡᠶᠢᠬᠡᠮ ᠤᠨ ᠠᠮᠣᠷ ᠲᠣᠭᠲᠠᠭᠤᠨ ᠤ ᠰᠠᠭᠤᠷᠢ ᠶᠢ ᠪᠠᠬᠢᠵᠢᠭᠦᠯᠥᠨ᠎ᠡ᠃ ︽ᠣᠯᠠᠨ ᠲᠥᠮᠡᠨᠴᠢ ᠴᠢᠨᠠᠷᠲᠠᠢ ᠠᠮᠣᠷ ᠲᠥᠪᠰᠢᠨ ᠢ ᠬᠠᠮᠠᠭᠠᠯᠠᠨ ᠡᠵᠡᠮᠰᠢᠬᠦ ᠢᠨᠵᠧᠨᠧᠷᠢᠩ︾ | ᠢ ᠭᠦᠨᠵᠡᠭᠡᠢ ᠠᠬᠢᠭᠤᠯᠵᠤ᠂ ︽ᠬᠠᠷ᠎ᠠ ᠪᠥᠯᠥᠭᠲᠡᠨ ᠬᠠᠷᠬᠢᠰ ᠭᠥᠴᠥᠨ ᠢ ᠠᠷᠢᠯᠭᠠᠬᠤ︾ ᠲᠣᠰᠬᠠᠢ ᠠᠵᠢᠯᠯᠠᠭ᠎ᠠ ᠶᠢᠨ ᠬᠦᠴᠦᠯᠡᠴᠡ ᠪᠠᠨ ᠦᠷᠭᠦᠯᠵᠢᠯᠡᠨ | ᠨᠡᠮᠡᠭᠳᠡᠭᠦᠯᠦᠨ᠎ᠡ᠃ ᠬᠤᠰᠢᠭᠤ ᠲᠣᠲᠣᠭᠠᠳᠣ ᠶᠢ ᠬᠠᠮᠠᠭᠠᠯᠠᠬᠤ ᠲᠣᠪᠴᠢᠶᠠᠨ ᠤ ᠠᠵᠢᠯ ᠶᠠᠪᠤᠳᠠᠯ ᠤᠨ ᠠᠰᠠᠷ ᠢ ᠪᠠᠶᠢᠭᠤᠯᠵᠣ᠂ ᠤᠯᠠᠨ ᠳᠠᠪᠬᠤᠷᠭᠠᠵᠢᠭᠰᠠᠨ᠂ | ᠵᠠᠩᠬᠢᠴᠢᠯᠠᠭᠰᠠᠨ᠂ ᠤᠶᠤᠨᠴᠢᠯᠠᠭᠰᠠᠨ ᠨᠡᠶᠢᠬᠡᠮ ᠤᠨ ᠠᠮᠣᠷ ᠳᠥᠪᠰᠢᠨ ᠢ ᠬᠠᠮᠠᠭᠠᠯᠠᠨ ᠡᠵᠡᠮᠳᠡᠬᠦ ᠰᠢᠰᠲ᠋ᠧᠮ ᠢ ᠣᠯᠠᠮ ᠨᠢᠭᠡ ᠠᠯᠬᠤᠮ ᠲᠡᠭᠦᠯᠳᠡᠷᠵᠢᠭᠦᠯᠥᠨ᠎ᠡ᠃ | ᠣᠯᠣᠰ ᠤᠨ ᠢᠳᠡᠭᠡᠨ ᠤᠮᠳᠠᠭᠠᠨ ᠤ ᠠᠮᠥᠷ ᠳᠥᠪᠰᠢᠨ ᠢ ᠪᠠᠲᠤᠯᠠᠭᠰᠠᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠶᠠᠪᠣᠭᠳᠠᠭᠤᠯᠵᠣ᠂ | ᠢᠳᠡᠭᠡᠨ ᠣᠮᠳᠠᠭᠠᠨ ᠡᠮ ᠤᠨ ᠵᠥᠢᠯ ᠬᠢᠭᠡᠳ ᠥᠢᠯᠡᠳᠬᠦᠨ ᠤ ᠠᠮᠥᠷ ᠳᠥᠪᠰᠢᠨ ᠤ ᠬᠢᠨᠠᠨ ᠬᠠᠮᠢᠶᠠᠷᠥᠯᠲᠠ ᠶᠢ ᠴᠢᠩᠭᠠᠳᠬᠠᠨ᠂ ᠲᠠᠷᠢᠶᠠᠯᠠᠩ ᠤᠨ ᠠᠷᠠᠯᠵᠢᠶᠠᠨ ᠤ | ᠵᠢᠱᠢᠶ᠎ᠡ ᠦᠵᠡᠭᠦᠯᠬᠦ ᠵᠠᠬ᠎ᠠ ᠳᠡᠯᠭᠡᠭᠦᠷ ᠂ ᠮᠢᠬ᠎ᠠ ᠨᠣᠭᠤᠭᠠᠨ ᠤ ᠢᠲᠡᠭᠡᠮᠵᠢᠲᠦ ᠬᠡᠲᠤ ᠳᠡᠯᠭᠡᠭᠦᠷ ᠬᠢᠭᠡᠳ ᠢᠳᠡᠭᠡᠨ ᠣᠮᠳᠠᠭᠠᠨ ᠤ ᠠᠮᠣᠷ ᠳᠥᠪᠰᠢᠨ ᠢ ᠪᠠᠲᠤᠯᠠᠭᠰᠠᠨ | ᠵᠢᠱᠢᠶ᠎ᠡ ᠦᠵᠡᠭᠦᠯᠬᠦ ᠳᠡᠯᠭᠡᠭᠦᠷ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠠᠬᠢᠭᠤᠯᠥᠨ᠎ᠠ᠃ ᠦᠢᠯᠡᠳᠪᠦᠷᠢᠯᠡᠯ ᠤᠨ ᠠᠮᠥᠷ ᠳᠥᠪᠰᠢᠨ ᠢ ᠪᠠᠲᠤᠯᠠᠬᠤ | ᠬᠠᠷᠢᠭᠤᠴᠠᠯᠭᠠᠲᠣ ᠳᠥᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠶᠣᠯᠲᠣ ᠬᠢᠮᠢ ᠶᠢᠨ ᠪᠣᠳᠠᠰ᠂ ᠠᠭᠤᠯᠠ ᠠᠭᠤᠷᠬᠠᠢ᠂ ᠵᠠᠮ ᠬᠠᠷᠢᠯᠴᠠᠭ᠎ᠠ᠂ ᠭᠠᠯ | ᠰᠡᠷᠭᠡᠶᠢᠯᠡᠯᠲᠡ᠂ ᠣᠨᠴᠠᠭᠠᠢ ᠲᠣᠨᠣᠭᠯᠠᠯ ᠵᠡᠷᠭᠡ ᠭᠤᠣᠯᠳᠠᠯᠭᠠᠲᠣ ᠬᠦᠷᠢᠶ᠎ᠡ ᠭᠡᠪᠴᠢᠶᠡᠨ ᠳᠠᠬᠢ ᠲᠤᠰᠬᠠᠢ ᠲᠦᠷᠦᠯ ᠤᠨ ᠵᠠᠰᠠᠨ ᠴᠡᠭᠴᠡᠯᠡᠯᠲᠡ ᠶᠢ ᠭᠥᠨᠵᠡᠭᠡᠶᠢᠷᠡᠭᠦᠯᠵᠣ᠂ | ᠶᠡᠭᠡ ᠬᠡᠪᠴᠢᠶᠡᠨ ᠤ ᠠᠮᠥᠷ ᠳᠥᠪᠰᠢᠨ ᠦᠢᠯᠡᠳᠪᠣᠷᠢᠯᠠᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠤᠨ | ᠳᠥᠷᠢᠮ ᠲᠣᠭᠲᠠᠭᠠᠯ ᠤᠨ ᠥᠭᠡᠷᠡᠴᠢᠯᠡᠯᠲᠡ ᠶᠢ ᠥᠷᠭᠦᠯᠵᠢᠯᠡᠨ ᠭᠥᠨᠵᠡᠭᠡᠶᠢᠷᠡᠭᠦᠯᠵᠣ᠂ ᠵᠠᠬᠢᠳᠠᠯ ᠰᠤᠷᠪᠤᠯᠵᠢᠯᠠᠯ ᠤᠨ ᠰᠠᠨᠠᠯ ᠭᠤᠶᠤᠴᠢᠯᠠᠯ ᠢ ᠬᠠᠣᠯᠢ ᠶᠣᠰᠣᠭᠠᠷ | ᠲᠦᠷᠦᠯ ᠬᠤᠪᠢᠶᠠᠨ ᠰᠢᠢᠳᠪᠣᠷᠢᠯᠡᠵᠣ᠂ ᠬᠠᠷᠢᠭᠤᠴᠠᠯᠭ᠎ᠠ ᠶᠢᠨ ᠨᠠᠷᠢᠨ ᠳᠠᠩᠰᠠ ᠪᠠᠶᠢᠭᠤᠯᠤᠨ ᠬᠠᠮᠢᠶᠠᠷᠣᠯᠲᠠ ᠬᠢᠬᠦ ᠶᠢ ᠬᠡᠷᠡᠭᠵᠢᠭᠦᠯᠵᠥ᠂ ᠤᠯᠠᠨ ᠰᠠᠯᠠᠭ᠎ᠠ | ᠮᠥᠴᠢᠷ ᠬᠤᠯᠪᠤᠭᠠᠯᠠᠨ ᠵᠠᠬᠢᠳᠠᠯ ᠰᠤᠷᠪᠤᠯᠵᠢᠯᠠᠯ ᠤᠨ ᠮᠦᠷᠭᠦᠯᠳᠦᠭᠡᠨ ᠢ ᠰᠢᠢᠳᠪᠣᠷᠢᠯᠡᠬᠦ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠥᠨ᠂ ᠵᠠᠬᠢᠳᠠᠯ | ᠰᠤᠷᠪᠤᠯᠵᠢᠯᠠᠯ ᠢ ᠴᠠᠭ ᠬᠢᠵᠠᠭᠠᠷᠯᠠᠨ ᠭᠦᠢᠴᠡᠳᠬᠡᠬᠦ ᠪᠠ ᠠᠮᠢᠳᠤᠯᠢᠭ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠲᠤ | ᠦᠢᠯᠡᠴᠢᠯᠡᠭᠡ ᠬᠠᠩᠭᠠᠬᠤ ᠪᠠ ᠬᠠᠮᠢᠶᠠᠷᠣᠯᠳᠠ ᠬᠢᠬᠦ ᠠᠵᠢᠯ ᠢ ᠡᠷᠴᠢᠮᠲᠡᠢ ᠬᠢᠨ᠎ᠡ᠃ ︽ᠬᠤᠶᠠᠷ ᠲᠥᠷᠥᠯ ᠤᠨ ᠮᠦᠩᠭᠦ ᠭᠤᠷᠪᠠᠨ ᠵᠤᠷᠪᠤᠰ ᠬᠠᠮᠢᠶᠠᠷᠤᠯᠲᠠ ᠶᠢᠨ | ᠳᠦᠷᠢᠮ ᠨᠢᠭᠡ ᠢᠯᠡ ᠨᠡᠶᠢᠲᠡᠯᠡᠯ︾ ᠤᠨ ᠳᠦᠷᠢᠮ ᠢ ᠬᠡᠷᠡᠭᠵᠢᠭᠦᠯᠵᠥ᠂ ᠥᠷᠢ ᠥᠭᠴᠡᠭᠡ ᠶᠢᠨ ᠠᠰᠠᠭᠤᠳᠠᠯ ᠢ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠦ | ᠲᠤᠭᠲᠠᠯᠴᠠᠭ᠎ᠠ ᠶᠢ ᠪᠦᠷᠢᠨᠰᠢᠭᠦᠯᠵᠦ᠂ ᠬᠦᠳᠡᠭᠡ ᠶᠢᠨ ᠬᠥᠯᠥᠰᠤᠨ ᠠᠵᠢᠯᠴᠢᠨ ᠤ ᠬᠠᠥᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ︵ᠵᠢᠷᠭᠤᠭ᠎ᠠ︶ ᠠᠮᠢ ᠠᠬᠤᠢ ᠶᠢᠨ ᠪᠠᠶᠢᠭᠤᠯᠤᠯᠲᠠ ᠶᠢ ᠠᠳᠬᠤᠵᠣ᠂ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠤᠷᠤᠨ ᠨᠤᠲᠤᠭ ᠤᠨ | ᠬᠦᠭᠵᠢᠯᠲᠡ ᠶᠢᠨ ᠰᠢᠨ᠎ᠡ ᠳᠠᠪᠠᠭᠤᠯᠢᠭ ᠢ ᠪᠠᠳᠠᠷᠠᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠳᠠᠬᠢ ᠡᠯ᠎ᠡ ᠲᠦᠷᠦᠯ ᠤᠨ ᠠᠵᠢᠯ ᠢ ᠨᠠᠷᠢᠯᠢᠭ ᠪᠦᠲᠦᠮᠵᠢᠲᠡᠢ ᠪᠤᠯᠭᠠᠨ᠎ᠠ᠃ ᠠᠮᠢ ᠠᠬᠤᠢ ᠶᠢ ᠭᠤᠤᠯᠳᠠᠯᠭ᠎ᠠ ᠲᠠᠢ ᠵᠠᠰᠠᠨ | ᠴᠡᠭᠴᠡᠯᠡᠬᠦ ᠢᠨᠵᠧᠨᠧᠷᠢᠩ ᠢ ᠥᠷᠭᠦᠯᠵᠢᠯᠡᠨ ᠦᠷᠨᠢᠭᠦᠯᠵᠦ᠂ ᠪᠡᠯᠴᠢᠭᠡᠷᠯᠡᠭᠦᠯᠬᠦ ᠶᠢ ᠵᠤᠭᠰᠤᠭᠠᠨ ᠡᠪᠡᠰᠦ ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠣᠷᠣᠨ ᠤ | ᠡᠯᠡᠰᠣ ᠰᠢᠭᠤᠷᠭ᠎ᠠ ᠶᠢᠨ ᠡᠬᠢ ᠶᠢ ᠵᠠᠰᠠᠨ ᠴᠡᠭᠴᠡᠯᠡᠬᠦ ᠬᠤᠶᠠᠳᠥᠭᠠᠷ ᠬᠤᠭᠤᠴᠠᠭᠠᠨ ᠤ ᠠᠵᠢᠯ᠂ ᠭᠤᠣᠯ ᠮᠥᠷᠡᠨ ᠨᠠᠭᠤᠷ ᠴᠦᠬᠦᠷᠦᠮ ᠢ ᠬᠤᠯᠪᠣᠨ ᠨᠡᠪᠲᠡᠷᠡᠭᠦᠯᠬᠦ ᠪᠠ | ᠬᠠᠲᠤᠨ ᠭᠤᠤᠯ ᠳᠠᠭᠠᠤ ᠤᠷᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠥᠨ᠎ᠡ᠃ 23.8 | ᠲᠥᠮᠡᠨ ᠮᠤ᠋ ᠣᠢ ᠰᠢᠭᠤᠢ ᠶᠢᠨ ᠠᠮᠢ ᠠᠬᠤᠢ ᠶᠢ ᠪᠥᠲᠣᠭᠡᠨ ᠪᠠᠶᠢᠭᠤᠯᠬᠤ ᠡᠭᠦᠷᠭᠡ᠂ 20 ᠲᠥᠮᠡᠨ ᠮᠤ᠋ ᠬᠥᠷᠥᠰᠣ ᠰᠢᠷᠥᠢ ᠶᠢᠨ ᠢᠳᠡᠭᠳᠡᠯ ᠢ ᠵᠠᠰᠠᠨ ᠴᠡᠭᠴᠡᠯᠡᠬᠦ | ᠠᠵᠢᠯ᠂ 30 ᠲᠥᠮᠡᠨ ᠮᠤ᠋ ᠨᠣᠲᠤᠭ ᠪᠡᠯᠴᠢᠭᠡᠷ ᠤᠨ ᠪᠥᠲᠣᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠲᠠᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠬᠦᠪᠴᠢ ᠶᠢᠨ ᠡᠯᠡᠰᠦᠨ ᠤ ᠤᠰᠤᠨ ᠤ ᠰᠢᠰᠲ᠋ᠧᠮ ᠤᠨ ᠠᠮᠢ ᠠᠬᠤᠢ ᠶᠢᠨ ᠵᠤᠭᠠᠴᠠᠯ ᠤᠨ ᠡᠬᠢ ᠪᠠᠶᠠᠯᠢᠭ ᠢ ᠨᠡᠭᠡᠭᠡᠨ ᠬᠦᠭᠵᠢᠭᠦᠯᠦᠨ᠂ | ᠳᠤᠯᠤᠳᠤᠭᠠᠷ ᠬᠤᠭᠤᠴᠠᠭᠠᠨ ᠤ ᠬᠦᠪᠴᠢ ᠶᠢᠨ ᠡᠯᠡᠰᠦᠨ ᠤ ᠤᠯᠠᠨ ᠤᠯᠤᠰ ᠤᠨ ᠡᠯᠡᠰᠦᠨ ᠴᠦᠯ ᠤᠨ ᠰᠤᠳᠤᠯᠭᠠᠨ ᠤ ᠬᠤᠷᠠᠯ ᠢ ᠪᠦᠬᠦ ᠬᠦᠴᠦᠨ ᠢᠶᠠᠷ ᠰᠠᠶᠢᠲᠤᠷ | ᠪᠡᠶᠡᠯᠡᠭᠦᠯᠦᠨ᠂ ︽ᠬᠥᠬᠡ ᠠᠭᠤᠯᠠ ᠬᠥᠬᠡᠮᠳᠡᠭ ᠣᠰᠦ ᠪᠣᠯ ᠠᠯᠲᠠ ᠮᠥᠩᠭᠦᠨ ᠠᠭᠤᠯᠠ︾ ᠭᠡᠬᠦ ᠦᠢᠯᠡᠳᠦᠯᠭᠡ ᠪᠠ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ | ᠠᠮᠵᠢᠯᠲᠠ ᠶᠢ ᠪᠠᠬᠢᠵᠢᠭᠦᠯᠦᠨ ᠦᠷᠭᠡᠳᠬᠡᠨ᠎ᠡ᠃ ᠲᠠᠤᠯᠠᠢ ᠶᠢᠨ ᠭᠤᠤᠯ ᠤᠨ ᠵᠡᠭᠦᠨ ᠡᠷᠭᠢ ᠶᠢᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠪᠠ ᠤᠶᠢᠵᠢᠭᠤᠯᠤᠨ | ᠨᠤᠭᠤᠭᠠᠷᠠᠭᠤᠯᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠪᠤᠳᠠᠲᠤ ᠪᠠᠶᠢᠳᠠᠯ ᠳᠠᠭᠠᠨ ᠳᠤᠬᠢᠷᠠᠭᠤᠯᠤᠨ᠂ ᠰᠢᠨ᠎ᠡ ᠳᠡᠪᠢᠰᠦᠭᠰᠡᠨ S215 ᠵᠠᠰᠠᠮᠠᠯ ᠵᠠᠮ ᠤᠨ | ᠳᠠᠭᠠᠤ ᠭᠠᠵᠠᠷ ᠬᠢᠭᠡᠳ ᠲᠠᠷᠢᠶᠠᠨᠭᠤᠤᠯ ᠤᠷᠤᠨ ᠢ ᠨᠤᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ | ᠲᠤᠭᠤᠷᠢᠭ ᠬᠤᠪᠢᠶᠠᠨ ᠡᠪᠡᠰᠦ ᠪᠡᠯᠴᠢᠭᠡᠷ ᠤᠨ ᠲᠡᠩᠴᠡᠭᠦᠷᠢᠰᠢᠯ ᠢ ᠪᠠᠲᠤᠯᠠᠬᠤ ᠳᠦᠷᠢᠮ ᠲᠤᠭᠲᠠᠭᠠᠯ ᠢ ᠭᠤᠶᠢᠪᠢᠰᠢ ᠦᠭᠡᠢ ᠬᠡᠷᠡᠭᠵᠢᠭᠦᠯᠵᠦ᠂ ᠬᠠᠤᠯᠢ ᠪᠤᠰᠤ ᠪᠠᠷ | ᠠᠲᠠᠷ ᠬᠠᠭᠠᠯᠪᠤᠷᠢᠯᠠᠬᠤ᠂ ᠬᠠᠣᠯᠢ ᠪᠣᠰᠥ ᠪᠠᠷ ᠲᠠᠲᠠᠪᠤᠷᠢᠯᠠᠨ ᠬᠡᠷᠡᠭᠯᠡᠬᠦ᠂ ᠳᠣᠷ᠎ᠠ ᠪᠠᠷ ᠬᠠᠶᠢᠷᠬᠠᠭ ᠰᠢᠷᠤᠢ ᠮᠠᠯᠲᠠᠬᠤ ᠵᠡᠷᠭᠡ ᠨᠣᠲᠤᠭ ᠪᠡᠯᠴᠢᠭᠡᠷ ᠢ ᠡᠪᠳᠡᠭᠰᠡᠨ ᠣᠶᠢᠯᠡ | ᠠᠵᠢᠯᠯᠠᠭ᠎ᠠ ᠳᠤ ᠬᠥᠨᠳᠣ ᠴᠣᠬᠢᠯᠲᠠ ᠦᠭᠭᠦᠨ᠎ᠡ᠃ ᠣᠰᠥᠨ ᠡᠬᠢ ᠪᠠᠶᠠᠯᠢᠭ ᠤᠨ ᠬᠠᠮᠢᠶᠠᠷᠣᠯᠲᠠ ᠶᠢᠨ ᠳᠥᠷᠢᠮ ᠢ ᠴᠢᠩᠭ᠎ᠠ ᠬᠡᠷᠡᠭᠵᠢᠭᠦᠯᠵᠥ᠂ ᠰᠠᠪᠠ ᠭᠠᠵᠠᠷ ᠤᠨ | ᠣᠰᠣᠨ ᠰᠤᠷᠪᠤᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠨ᠂ ᠭᠠᠵᠠᠷ ᠳᠣᠣᠷᠠᠬᠢ ᠣᠰᠣᠨ ᠰᠤᠷᠪᠤᠯᠵᠢ ᠶᠢ ᠨᠡᠭᠡᠭᠡᠨ ᠠᠰᠢᠭᠯᠠᠬᠤ ᠶᠢ ᠴᠢᠩᠭ᠎ᠠ | ᠬᠠᠮᠢᠶᠠᠷᠤᠨ᠎ᠠ᠃ ᠣᠰᠣᠨ ᠰᠣᠷᠪᠥᠯᠵᠢ ᠶᠢᠨ ᠬᠠᠮᠢᠶᠠᠷᠤᠯᠲᠠ ᠶᠢᠨ ᠤᠷᠤᠨ ᠢ ᠪᠠᠷᠢᠮᠵᠢᠶ᠎ᠠ ᠳᠤ ᠬᠦᠷᠭᠡᠨ ᠪᠥᠲᠣᠭᠡᠨ ᠪᠠᠶᠢᠭᠤᠯᠬᠤ ᠶᠢ ᠳᠥᠯᠬᠢᠨ ᠠᠬᠢᠭᠤᠯᠵᠣ᠂ | ᠨᠡᠶᠢᠲᠡ ᠶᠢᠨ ᠣᠰᠦ ᠬᠠᠩᠭᠠᠵᠤ ᠪᠠᠶᠢᠭ᠎ᠠ ᠭᠠᠵᠠᠷ ᠤᠷᠤᠨ ᠤ ᠲᠤᠲᠤᠷᠠᠬᠢ ᠦᠪᠡᠷ ᠢᠶᠠᠨ ᠪᠡᠯᠡᠳᠬᠡᠭᠰᠡᠨ ᠤᠰᠤᠨ ᠬᠤᠳᠳᠤᠭ ᠢ ᠪᠦᠭᠦᠳᠡ ᠶᠢ ᠪᠢᠲᠡᠭᠦᠮᠵᠢᠯᠡᠵᠦ᠂ | ᠲᠠᠤᠯᠠᠢ ᠶᠢᠨ ᠭᠤᠤᠯ ᠢ ᠶᠡᠷᠦᠩᠬᠡᠶᠢᠯᠡᠨ ᠵᠠᠰᠠᠨ ᠴᠡᠭᠴᠡᠯᠡᠬᠦ ᠠᠵᠢᠯ ᠢ ᠪᠡᠶᠡᠯᠡᠭᠦᠯᠵᠦ᠂ ᠭᠤᠤᠯ ᠭᠤᠷᠤᠬ᠎ᠠ ᠨᠢ ᠤᠷᠤᠰᠤᠮ᠎ᠠ᠂ ᠤᠰᠤ ᠨᠢ ᠲᠤᠩᠭᠠᠯᠠᠭ᠂ ᠡᠷᠭᠢ ᠨᠢ | ᠨᠤᠭᠤᠭᠠᠨ᠂ ᠦᠵᠡᠰᠭᠦᠯᠡᠩᠲᠦ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃ ᠠᠲᠠᠷ ᠬᠠᠭᠠᠯᠪᠤᠷᠢᠯᠠᠬᠤ ᠬᠤᠷᠢᠭ᠎ᠠ ᠱᠤᠭᠤᠮ ᠤᠨ ᠳᠦᠷᠢᠮ ᠢ | ᠡᠷᠴᠢᠮᠲᠡᠢ ᠬᠡᠷᠡᠭᠵᠢᠭᠦᠯᠵᠦ᠂ ᠬᠠᠤᠯᠢ ᠳᠦᠷᠢᠮ ᠶᠢ ᠵᠦᠷᠢᠴᠡᠵᠤ ᠭᠠᠵᠠᠷ ᠰᠢᠷᠤᠢ ᠬᠡᠷᠡᠭᠯᠡᠭᠰᠡᠨ ᠦᠢᠯᠡ ᠶᠠᠪᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ | ᠦᠷᠨᠢᠭᠦᠯᠦᠨ᠂ ︽ᠰᠠᠷᠠᠪᠴᠢᠨ ᠭᠡᠷ︾ ᠢ ᠦᠭᠡᠷᠡᠴᠢᠯᠡᠨ ᠬᠡᠷᠡᠭᠯᠡᠵᠦ ᠪᠠᠶᠢᠭ᠎ᠠ ᠠᠰᠠᠭᠤᠳᠠᠯ ᠢ ᠡᠷᠡᠰ ᠴᠡᠭᠴᠡᠯᠡᠨ ᠵᠠᠰᠠᠵᠣ᠂ ᠲᠠᠷᠢᠶᠠᠨ ᠭᠠᠵᠠᠷ ᠢ ᠳᠤᠷ᠎ᠠ ᠪᠠᠷ | ᠦᠭᠡᠷᠡᠴᠢᠯᠡᠬᠦ ᠶᠢ ᠴᠢᠩᠭ᠎ᠠ ᠬᠤᠷᠢᠭᠯᠠᠨ᠎ᠠ᠃ | ᠠᠵᠣ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠬᠠᠲᠤᠨ ᠭᠤᠣᠯ ᠳᠠᠭᠠᠣ ᠭᠤᠷᠪᠠᠨ ᠪᠠᠯᠭᠠᠰᠣᠨ ᠤ ᠲᠥᠭᠡᠭᠡᠯ ᠤᠰᠤᠨ ᠤ ᠴᠢᠨᠠᠷ ᠢ | ᠳᠡᠭᠡᠭᠰᠢᠯᠡᠭᠦᠯᠬᠦ ᠬᠤᠶᠠᠳᠥᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠣ᠂ ᠣᠰᠥᠨ ᠰᠣᠷᠪᠣᠯᠵᠢ ᠶᠢᠨ ᠡᠬᠢ ᠳᠠᠬᠢ ᠴᠠᠬᠢᠯᠭᠠᠨ ᠲᠥᠭᠡᠭᠡᠬᠦ ᠢᠨᠵᠧᠨᠧᠷᠢᠩ ᠢ | ᠪᠡᠶᠡᠯᠡᠭᠦᠯᠦᠨ᠎ᠡ᠃ ᠨᠡᠭᠦᠷᠡᠰᠦᠨ ᠠᠭᠤᠷᠬᠠᠢ ᠶᠢᠨ ᠨᠡᠭᠦᠷᠡᠰᠦᠨ ᠳᠠᠪᠬᠤᠷᠭ᠎ᠠ ᠶᠢᠨ ᠣᠰᠦ ᠶᠢ ᠠᠰᠢᠭᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ 35 ᠺᠢᠯᠣᠸᠠᠲ ᠤᠨ | ᠴᠠᠬᠢᠯᠭᠠᠨ ᠬᠦᠷᠭᠡᠵᠦ ᠭᠥᠴᠣᠳᠡᠯ ᠥᠭᠡᠷᠡᠴᠢᠯᠡᠬᠦ ᠥᠷᠲᠡᠭᠡ ᠢ 2 ᠪᠠᠶᠢᠭᠤᠯᠵᠤ᠂ 10 ᠺᠢᠯᠣᠸᠠᠲ ᠤᠨ ᠴᠠᠬᠢᠯᠭᠠᠨ ᠳᠠᠮᠵᠢᠭᠤᠯᠬᠤ ᠤᠲᠠᠰᠤ 175 ᠺᠢᠯᠤᠮᠧᠲᠷ᠂ | 363 ᠺᠢᠯᠤᠮᠧᠲᠷ ᠤᠨ ᠴᠠᠬᠢᠯᠭᠠᠨ ᠳᠠᠮᠵᠢᠭᠤᠯᠬᠤ ᠤᠲᠠᠰᠤ ᠶᠢ ᠦᠭᠡᠷᠡᠴᠢᠯᠡᠨ ᠰᠠᠶᠢᠵᠢᠷᠠᠭᠤᠯᠤᠨ᠎ᠠ᠃ ᠬᠥᠪᠴᠢ ᠶᠢᠨ ᠣᠯᠠᠨ ᠨᠡᠶᠢᠲᠠ ᠶᠢᠨ ᠬᠡᠷᠡᠭᠯᠡᠭᠡᠨ ᠤ ᠨᠢᠰᠭᠡᠯ ᠤᠨ | ᠲᠠᠯᠠᠪᠣᠷ ᠪᠠ ᠬᠤᠯᠪᠣᠭᠠᠯᠵᠢ ᠶᠢᠨ ᠣᠮᠠᠷᠠᠲᠦ ᠳᠠᠬᠢ ᠲᠥᠪᠯᠡᠷᠡᠭᠦᠯᠥᠨ ᠵᠦᠭᠡᠭᠡᠪᠦᠷᠢᠯᠡᠬᠦ ᠲᠡᠮᠣᠷ ᠵᠠᠮ ᠤᠨ ᠪᠥᠲᠣᠭᠡᠨ ᠪᠠᠶᠢᠭᠤᠯᠤᠯᠲᠠ ᠶᠢ ᠡᠬᠢᠯᠡᠭᠦᠯᠥᠨ᠎ᠡ᠃ S215᠂ | S316᠂ G242 ᠵᠡᠷᠭᠡ ᠭᠤᠤᠯ ᠪᠤᠯᠬᠤ ᠵᠠᠰᠠᠮᠠᠯ ᠵᠠᠮ ᠢ ᠠᠰᠢᠭᠯᠠᠯᠲᠠ ᠳᠤ ᠤᠷᠤᠭᠤᠯᠵᠤ᠂ S215 ᠰᠢᠨᠡᠪᠠᠯᠭᠠᠰᠣᠨ ᠠᠴᠠ ᠦᠦᠰᠢᠨᠵᠤᠤ ᠬᠦᠷᠬᠦ ᠵᠠᠰᠠᠮᠠᠯ | ᠵᠠᠮ ᠢ ᠬᠥᠴᠥᠯᠡᠨ ᠠᠵᠢᠯ ᠡᠬᠢᠯᠡᠭᠦᠯᠵᠦ᠂ ᠳᠥᠴᠢᠨ ᠭᠠᠵᠠᠷ ᠤᠨ ᠰᠢᠯᠢ ᠠᠴᠠ ᠠᠯᠲᠠᠨᠰᠢᠷᠡᠭᠡ ᠪᠠᠯᠭᠠᠰᠤ ᠬᠥᠷᠬᠦ ᠵᠠᠰᠠᠮᠠᠯ ᠵᠠᠮ ᠤᠨ ᠱᠧᠩ ᠯᠢ ᠠᠴᠠ ᠭᠠᠨ ᠬᠠᠢ ᠽᠢ | ᠬᠦᠷᠲᠡᠯᠡᠬᠢ ᠬᠡᠰᠡᠭ ᠢ ᠦᠭᠡᠷᠡᠴᠢᠯᠡᠨ ᠰᠢᠨᠡᠳᠬᠡᠵᠦ᠂ ᠰᠢᠨᠡᠪᠠᠯᠭᠠᠰᠤ ᠠᠴᠠ ᠳ᠋ᠧᠩᠺᠸᠤ ᠬᠦᠷᠬᠦ ᠵᠠᠰᠠᠮᠠᠯ ᠵᠠᠮ ᠢ ᠦᠭᠡᠷᠡᠴᠢᠯᠡᠨ ᠰᠢᠨᠡᠳᠬᠡᠬᠦ ᠠᠵᠢᠯ ᠢ ᠠᠬᠢᠭᠤᠯᠤᠨ᠎ᠠ᠃ ︽ | ᠳᠥᠷᠪᠡᠨ ᠰᠠᠶᠢᠲᠤᠷ ᠬᠥᠳᠡᠭᠡ ᠳᠣᠰᠬᠤᠨ ᠤ ᠵᠠᠮ︾ ᠤᠨ ᠪᠥᠲᠦᠭᠡᠨ ᠪᠠᠶᠢᠭᠤᠯᠤᠯᠲᠠ ᠶᠢ ᠢᠳᠡᠪᠬᠢᠲᠡᠢ ᠦᠷᠨᠢᠭᠦᠯᠵᠦ᠂ ︽ᠵᠠᠰᠠᠮᠠᠯ ᠵᠠᠮ ᠤᠨ ᠳᠠᠷᠤᠭ᠎ᠠ ᠶᠢᠨ | ᠬᠠᠷᠢᠭᠤᠴᠠᠯᠭᠠᠲᠤ ᠳᠥᠷᠢᠮ︾ ᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠲᠦᠭᠡᠨ ᠪᠠᠶᠢᠭᠤᠯᠵᠤ ᠪᠠᠶᠢᠭ᠎ᠠ ᠬᠥᠳᠡᠭᠡ ᠳᠣᠰᠬᠤᠨ ᠤ ᠵᠠᠰᠠᠮᠠᠯ ᠵᠠᠮ ᠤᠨ ᠦᠯᠡᠳᠡᠭᠳᠡᠯ | ᠠᠵᠢᠯ ᠢ ᠬᠦᠴᠦᠯᠡᠨ ᠰᠢᠢᠳᠪᠦᠷᠢᠯᠡᠨ᠎ᠡ᠃ ᠪᠤᠶᠢᠳᠠ ᠪᠦᠭᠯᠡᠭᠦᠦ ᠭᠠᠵᠠᠷ ᠣᠷᠣᠨ ᠤ ᠴᠢᠮᠡᠭᠡ ᠨᠡᠪᠲᠡᠷᠡᠭᠦᠯᠭᠡ ᠶᠢᠨ ᠳᠣᠬᠢᠶ᠎ᠠ ᠦᠭᠡᠢ ᠭᠠᠵᠠᠷ ᠤᠳ ᠢ ᠠᠯᠬᠤᠮ | ᠠᠯᠬᠤᠮ ᠢᠶᠠᠷ ᠦᠭᠡᠶᠢᠰᠬᠡᠨ᠎ᠡ᠃ ᠬᠡᠪᠴᠢᠶ᠎ᠡ ᠪᠠᠷ ᠶᠡᠭᠡ ᠪᠠᠶᠢᠭᠠᠯᠢᠯᠢᠭ ᠳᠣᠰᠬᠤᠨ ᠳᠤ 4G ᠴᠢᠮᠡᠭᠡ ᠨᠡᠪᠲᠡᠷᠡᠭᠦᠯᠭᠡ ᠶᠢᠨ ᠳᠣᠬᠢᠶ᠎ᠠ ᠬᠢᠭᠡᠳ ᠭᠡᠷᠡᠯ ᠰᠢᠷᠬᠡᠭ ᠤᠨ ᠲᠣᠣᠷ | ᠰᠥᠯᠵᠢᠶ᠎ᠡ ᠶᠢ ᠲᠦᠭᠡᠮᠡᠯᠵᠢᠭᠦᠯᠵᠦ ᠰᠢᠨᠡᠪᠠᠯᠭᠠᠰᠤ ᠶᠢᠨ ᠪᠠᠯᠭᠠᠰᠤᠨ ᠲᠤᠭᠤᠷᠢᠭ ᠲᠤ 5G ᠰᠢᠯᠵᠢᠮᠡᠯ ᠮᠡᠳᠡᠭᠡ ᠬᠤᠯᠪᠤᠭᠠᠨ ᠤ ᠢᠨᠵᠧᠨᠧᠷᠢᠩ ᠢ ᠡᠬᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠰ ᠤᠨ ᠡᠯᠧᠺᠲᠷᠣᠨ ᠬᠤᠳᠠᠯᠳᠤᠭ᠎ᠠ ᠬᠥᠳᠡᠭᠡ ᠳᠣᠰᠬᠤᠨ ᠳᠤ ᠬᠦᠷᠦᠭᠰᠡᠨ ᠵᠢᠱᠢᠶᠡᠴᠢ ᠬᠤᠰᠢᠭᠤ ᠶᠢ ᠪᠠᠶᠢᠭᠤᠯᠬᠤ ᠠᠵᠢᠯᠯᠠᠭ᠎ᠠ | ᠲᠠᠢ ᠤᠶᠠᠯᠳᠤᠭᠤᠯᠤᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠪᠦᠷ ᠮᠤᠩᠭᠤᠯ ᠤᠨ | ᠬᠠᠩᠭᠢᠨ ᠬᠤᠰᠢᠭᠤᠨ ᠤ ᠮᠠᠯ ᠲᠠᠷᠢᠶᠠᠯᠠᠩ ᠤᠨ ᠰᠢᠯᠢᠳᠡᠭ ᠪᠥᠲᠥᠭᠡᠭᠳᠡᠭᠦᠨ ᠢ ᠪᠤᠷᠤᠯᠠᠭᠤᠯᠬᠤ ᠡᠯᠧᠺᠲᠷᠣᠨ ᠬᠤᠳᠠᠯᠳᠤᠭ᠎ᠠ ᠵᠡᠷᠭᠡ ᠡᠯᠧᠺᠲᠷᠣᠨ ᠬᠤᠳᠠᠯᠳᠤᠭᠠᠨ ᠤ | ᠠᠵᠤ ᠦᠢᠯᠡᠰ ᠬᠦᠭᠵᠢᠨ ᠪᠤᠵᠠᠭᠠᠶᠢᠷᠠᠬᠤ ᠶᠢ ᠳᠡᠮᠵᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠳᠠᠯᠳᠤᠭᠠᠨ ᠤ ᠦᠢᠯᠡᠰ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢ ᠡᠷᠴᠢᠮᠲᠡᠢ ᠦᠷᠨᠢᠭᠦᠯᠦᠨ᠎ᠡ᠃ | ︵ᠳᠣᠯᠤᠭ᠎ᠠ︶ ᠠᠵᠢᠯ ᠤᠨ ᠪᠦᠲᠦᠮᠵᠢ ᠶᠢ ᠠᠳᠬᠤᠨ᠂ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠠᠷᠠᠳ ᠲᠦᠮᠡᠨ ᠤ ᠬᠦᠷᠢᠶᠡᠯᠡᠯ ᠢ ᠣᠯᠣᠭᠰᠠᠨ | ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠤᠯᠤᠰ ᠲᠥᠷᠥ ᠶᠢᠨ ᠨᠢᠭᠲᠠᠷᠠᠯ ᠤᠨ ᠬᠦᠴᠦᠨ ᠢ ᠴᠢᠩᠭᠠᠳᠬᠠᠨ᠎ᠠ᠃ ︽ᠳᠥᠷᠪᠡᠨ ᠤᠬᠠᠮᠰᠠᠷ︾ ᠢ ᠪᠤᠢ ᠪᠣᠯᠭᠠᠨ ︽ᠳᠥᠷᠪᠡᠨ ᠢᠲᠡᠭᠡᠯ︾ ᠢ ᠪᠠᠲᠤᠳᠬᠠᠵᠤ | ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠤᠯᠤᠰ ᠲᠥᠷᠥ ᠶᠢᠨ ᠵᠤᠭᠰᠤᠯᠲᠠ᠂ ᠤᠯᠤᠰ ᠲᠥᠷᠥ ᠶᠢᠨ ᠴᠢᠭᠯᠡᠯ᠂ ᠤᠯᠤᠰ ᠲᠥᠷᠥ ᠶᠢᠨ ᠵᠠᠷᠴᠢᠮ᠂ | ᠤᠯᠤᠰ ᠲᠥᠷᠥ ᠶᠢᠨ ᠵᠠᠮ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠯᠭᠠᠨ᠎ᠠ᠃ ᠨᠠᠮ ᠤᠨ ᠳᠣᠲᠤᠷᠠᠬᠢ ᠤᠯᠤᠰ ᠲᠥᠷᠥ ᠶᠢᠨ ᠠᠮᠢᠳᠤᠷᠠᠯ ᠢ ᠲᠦᠪ ᠴᠢᠩᠭ᠎ᠠ ᠦᠷᠨᠢᠭᠦᠯᠵᠦ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ | ᠲᠥᠷᠥ ᠶᠢᠨ ᠶᠤᠰᠤ ᠵᠢᠷᠤᠮ ᠢ ᠴᠢᠩᠭ᠎ᠠ ᠨᠢᠮᠪᠠᠢ ᠰᠠᠬᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠣ ᠤᠯᠤᠰ ᠤᠨ ᠤᠨᠴᠠᠯᠢᠭ ᠪᠦᠬᠦᠢ ᠨᠡᠶᠢᠬᠡᠮ | ᠵᠢᠷᠣᠮ ᠤᠨ ᠦᠵᠡᠯ ᠰᠠᠨᠠᠭ᠎ᠠ ᠪᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠦᠷ ᠮᠣᠩᠭᠤᠯ ᠳᠤ ᠴᠤᠬᠤᠯᠠᠪᠤᠷᠢᠯᠠᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠨᠡᠩ ᠪᠦᠬᠦ ᠲᠠᠯ᠎ᠠ ᠪᠠᠷ ᠰᠢᠰᠲ᠋ᠧᠮ ᠲᠠᠢ ᠪᠠᠷ ᠰᠤᠷᠤᠯᠴᠠᠨ ᠤᠶᠢᠯᠭᠠᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠲᠥᠪᠯᠡᠷᠡᠩᠭᠦᠢ ᠬᠦᠴᠦ ᠶᠢ ᠳᠠᠰᠤᠷᠠᠯᠲᠠ ᠦᠭᠡᠢ ᠨᠢᠭᠲᠠᠷᠠᠭᠤᠯᠤᠨ᠂ ᠥᠪᠡᠷᠳᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠣ | ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠵᠤ᠂ ᠦᠨᠡᠨ ᠪᠤᠳᠠᠲᠠᠢ ᠠᠮᠵᠢᠯᠲᠠ ᠭᠠᠷᠭᠠᠨ᠎ᠠ᠃ | ᠰᠢᠷᠭᠠᠭᠤ ᠠᠵᠢᠯᠯᠠᠨ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠭᠦᠢᠴᠡᠳᠬᠡᠨ᠎ᠡ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠨ᠂ ᠦᠨᠳᠦᠰᠦᠨ ᠱᠠᠲᠤ | ᠣᠯᠠᠨ ᠲᠦᠮᠡᠨ ᠤ ᠳᠣᠮᠳᠠ ᠭᠦᠨᠵᠡᠭᠡᠶᠢᠷᠡᠵᠦ᠂ ᠰᠢᠷᠭᠠᠭᠤ ᠠᠵᠢᠯᠯᠠᠨ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠭᠦᠢᠴᠡᠳᠬᠡᠨ᠎ᠡ᠃ ᠭᠦᠢᠴᠡᠳ ᠪᠠᠶᠢᠴᠠᠭᠠᠨ | ᠰᠤᠳᠤᠯᠠᠭᠰᠠᠨ ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠭᠠᠷᠭᠠᠨ᠎ᠠ᠃ ᠪᠠᠶᠢᠭᠤᠯᠤᠮᠵᠢ ᠶᠢ ᠥᠭᠡᠷᠡᠴᠢᠯᠡᠬᠦ ᠠᠵᠢᠯ ᠢ ᠭᠦᠢᠴᠡᠳᠬᠡᠨ᠂ | ᠠᠵᠢᠯ ᠤᠨ ᠵᠤᠬᠢᠴᠠᠮᠵᠢ ᠪᠠᠨ ᠰᠢᠯᠤᠭᠤᠳᠬᠠᠬᠤ ᠶᠢ ᠳᠦᠯᠬᠢᠨ ᠠᠬᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠂ ᠠᠳᠠᠯᠢ | ᠠᠵᠢᠯ ᠤᠨ ᠪᠠᠶᠢᠷᠢᠨ ᠳᠤ ᠠᠳᠠᠯᠢ ᠪᠤᠰᠤ ᠴᠠᠯᠢᠩ ᠲᠠᠢ ᠪᠠᠶᠢᠬᠤ ᠠᠰᠠᠭᠤᠳᠠᠯ ᠢ ᠲᠤᠤᠱᠲᠠᠢ ᠰᠢᠢᠳᠪᠦᠷᠢᠯᠡᠵᠦ᠂ ᠺᠠᠳ᠋ᠷ ᠠᠵᠢᠯᠲᠠᠳ ᠤᠨ ᠠᠵᠢᠯ ᠬᠢᠵᠦ ᠠᠳᠠᠯ ᠦᠢᠯᠡᠰ | ᠪᠣᠰᠬᠠᠬᠤ ᠤᠷᠮ᠎ᠠ ᠵᠤᠷᠢᠭ ᠢ ᠪᠦᠬᠦ ᠲᠠᠯ᠎ᠠ ᠪᠠᠷ ᠬᠦᠭᠵᠢᠭᠡᠨ᠎ᠡ᠃ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠬᠠᠷᠢᠭᠤᠴᠠᠯᠭᠠᠲᠤ ᠤᠪᠤᠷ ᠢᠶᠠᠷ | ᠬᠥᠭᠵᠢᠯᠲᠡ ᠶᠢ ᠠᠳᠬᠤᠨ᠂ ᠰᠢᠪᠲᠤᠯᠤᠯᠲᠠ ᠬᠢᠬᠦ ᠶᠢ ᠬᠦᠭᠡᠭᠡᠴᠡᠯᠳᠦᠵᠦ᠂ ᠭᠦᠢᠴᠡᠨ ᠳᠠᠪᠠᠭ᠋ᠤ ᠶᠢ ᠠᠬᠢᠭᠤᠯᠤᠨ᠂ ᠲᠤᠮᠤ ᠴᠢᠬᠤᠯᠠ ᠲᠥᠷᠥᠯ ᠵᠦᠢᠯ ᠤᠨ | ᠭᠤᠤᠯᠳᠠᠯᠭᠠᠲᠤ ᠠᠵᠢᠯ ᠢ ᠬᠦᠮᠦᠨ ᠪᠦᠬᠦᠨ ᠬᠠᠷᠢᠭᠤᠴᠠᠯᠭ᠎ᠠ ᠡᠭᠦᠷᠭᠡᠯᠡᠬᠦ ᠶᠢ ᠪᠠᠲᠤᠯᠠᠨ᠎ᠠ᠃ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠴᠢᠩᠭᠠᠳᠬᠠᠨ᠂ ︽ᠬᠢᠵᠦ | ᠳᠡᠶᠢᠯᠬᠦ ᠦᠭᠡᠢ︾ ᠭᠡᠰᠡᠨ ᠢ ᠳᠤᠲᠠᠭᠤ ᠬᠡᠯᠡᠵᠦ᠂ ︽ᠶᠠᠭᠠᠬᠢᠵᠤ ᠬᠢᠬᠦ ᠶᠤᠮ ᠪᠤᠢ︾ ᠭᠡᠰᠡᠨ ᠢ ᠢᠯᠡᠭᠦᠦ ᠰᠡᠳᠬᠢᠨ᠂ ︽ᠬᠢᠪᠡᠯ ᠬᠡᠯᠡᠭᠰᠡᠨ ᠳᠡᠭᠡᠨ ᠬᠦᠷᠴᠦ᠂ ᠳᠠᠷᠤᠢ | ᠲᠥᠷᠭᠡᠨ ᠪᠡᠶᠡᠯᠡᠭᠦᠯᠬᠦ︾ ᠠᠵᠢᠯ ᠤᠨ ᠰᠤᠷᠲᠠᠯ ᠢ ᠰᠠᠨᠠᠭᠠᠴᠢᠯᠠᠵᠤ᠂ ︽ᠬᠠᠩᠭᠢᠨ ᠬᠤᠰᠢᠭᠤᠨ ᠤ ᠠᠵᠢᠯ ᠤᠨ ᠰᠣᠷᠲᠠᠯ︾ ᠢ ᠬᠠᠮᠤᠭ ᠤᠨ ᠶᠡᠭᠡ ᠬᠡᠮᠵᠢᠶ᠎ᠡ ᠪᠠᠷ | ᠬᠠᠷᠠᠭᠤᠯᠤᠨ᠎ᠠ᠃ | ᠲᠥᠪ ᠭᠤᠣᠯᠴᠢ ᠬᠠᠤᠯᠢ ᠪᠠᠷ ᠵᠠᠰᠠᠬᠤ ᠶᠢ ᠪᠠᠬᠢᠵᠢᠭᠦᠯᠦᠨ᠎ᠡ᠃ ᠲᠤᠮᠤ ᠴᠢᠬᠤᠯᠠ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠬᠠᠤᠯᠢ | ᠶᠤᠰᠤᠨ ᠤ ᠶᠠᠪᠤᠴᠠ ᠶᠢ ᠴᠢᠩᠭ᠎ᠠ ᠬᠡᠷᠡᠭᠵᠢᠭᠦᠯᠵᠦ᠂ ᠲᠤᠮᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠲᠤᠭᠲᠠᠭᠠᠯᠲᠠ ᠳᠤ ᠨᠠᠰᠤᠨ ᠲᠤᠷᠰᠢᠳᠠ ᠬᠠᠷᠢᠭᠤᠴᠠᠯᠭ᠎ᠠ | ᠨᠡᠬᠡᠮᠵᠢᠯᠡᠬᠦ ᠳᠥᠷᠢᠮ ᠪᠠ ᠬᠠᠷᠢᠭᠤᠴᠠᠯᠭ᠎ᠠ ᠶᠢ ᠭᠡᠳᠡᠷᠬᠦ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ ᠴᠢᠩᠭ᠎ᠠ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠢᠵᠠᠭᠠᠷᠯᠠᠯ ᠪᠠ ᠬᠠᠷᠢᠭᠤᠴᠠᠯᠭ᠎ᠠ ᠨᠡᠬᠡᠮᠵᠢᠯᠡᠬᠦ ᠳᠥᠷᠢᠮ ᠢ ᠪᠦᠷᠢᠨᠰᠢᠭᠦᠯᠦᠨ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ | ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠨᠡᠶᠢᠬᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠪᠠᠶᠢᠭᠤᠯᠭ᠎ᠠ ᠶᠢᠨ ᠳᠣᠲᠤᠭᠠᠳᠤᠬᠢ ᠬᠢᠨᠠᠯᠲᠠ ᠪᠠ ᠬᠢᠨᠠᠨ | ᠪᠤᠳᠤᠬᠤ ᠬᠢᠨᠠᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠠ ᠨᠡᠶᠢᠲᠡᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠲᠦᠷᠦ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠪᠠ ᠨᠦᠯᠦᠭᠡ ᠶᠢ ᠥᠷᠭᠡᠳᠬᠡᠨ᠎ᠡ᠃ | ᠥᠪᠡᠷ ᠢ ᠪᠠᠨ ᠱᠠᠭᠠᠷᠳᠠᠨ ᠠᠷᠢᠭᠤᠨ ᠴᠢᠭᠡᠴᠢ ᠪᠠᠶᠢᠬᠤ ᠬᠡᠪ ᠰᠤᠷᠲᠠᠯ ᠢ ᠡᠷᠡᠰ ᠪᠠᠷᠢᠮᠲᠠᠯᠠᠨ᠎ᠠ᠃ ᠲᠥᠪ ᠬᠤᠷᠢᠶᠠᠨ ᠤ ︽ᠨᠠᠢᠮᠠᠨ ᠵᠤᠷᠪᠤᠰ ᠳᠣᠭᠲᠠᠭᠠᠯ︾ | ᠪᠠ ᠪᠤᠰᠤᠳ ᠨᠠᠷᠢᠨ ᠳᠥᠷᠢᠮ ᠲᠤᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠯ ᠤᠨ ᠦᠵᠡᠯ ᠪᠠ ᠨᠣᠶᠠᠨᠴᠢ ᠦᠵᠡᠯ ᠤᠨ ︽ᠰᠢᠨ᠎ᠡ | ᠢᠯᠡᠷᠡᠯ︾ ᠢ ᠬᠦᠨᠵᠡᠭᠡᠢ ᠪᠠᠶᠢᠴᠠᠭᠠᠨ ᠵᠠᠯᠠᠷᠠᠭᠤᠯᠵᠤ᠂ ︽ᠳᠥᠷᠪᠡᠨ ᠰᠤᠷᠲᠠᠯ︾ ᠢ ᠵᠠᠯᠠᠷᠠᠭᠤᠯᠬᠤ ᠪᠠ ︽ᠪᠢᠯᠳᠠᠤᠴᠢ᠂ ᠵᠠᠯᠬᠠᠭᠤ᠂ ᠵᠠᠯᠢᠬᠠᠢ᠂ ᠪᠢᠳᠠᠭᠤ 》ᠨᠤᠶᠠᠨ ᠢ | ᠴᠡᠭᠴᠡᠯᠡᠬᠦ ᠠᠵᠢᠯ ᠢ ᠴᠤᠴᠠᠰᠢ ᠦᠭᠡᠢ ᠬᠢᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ | ᠱᠠᠲᠤ ᠱᠠᠲᠤ ᠪᠠᠷ ᠪᠤᠳᠠᠲᠠᠶᠢᠵᠢᠭᠤᠯᠤᠨ᠎ᠠ᠃ ᠤᠳᠤᠷᠢᠳᠬᠤ ᠺᠠᠳ᠋ᠷᠴᠣᠳ ᠤᠨ ᠲᠤᠮᠤ ᠴᠢᠬᠤᠯᠠ ᠠᠵᠢᠯ ᠲᠥᠷᠥᠯ ᠤᠨ ᠮᠡᠳᠡᠭᠦᠯᠦᠯᠲᠡ ᠶᠢᠨ ᠳᠥᠷᠢᠮ ᠢ ᠪᠠᠷᠢᠮᠲᠠᠯᠠᠨ᠎ᠠ᠃ | ᠬᠤᠷᠢᠭᠠᠲᠣ ᠣᠷᠣᠨ ᠦᠭᠡᠢ᠂ ᠪᠥᠬᠦᠨ ᠢ ᠬᠠᠮᠤᠷᠤᠭᠰᠠᠨ᠂ ᠥᠴᠣᠬᠡᠨ ᠴᠣ᠋ ᠢᠯᠲᠡᠷ ᠬᠠᠶᠠᠬᠤ ᠦᠭᠡᠢ ᠪᠠᠷ ᠢᠯᠵᠠᠷᠠᠯ ᠢ ᠵᠠᠰᠠᠨ ᠴᠡᠭᠴᠡᠯᠡᠵᠦ᠂ ᠠᠷᠢᠭᠤᠨ ᠴᠢᠭᠡᠴᠢ | ᠵᠠᠰᠠᠭ ᠤᠨ ᠶᠠᠪᠤᠳᠠᠯ ᠤᠨ ᠣᠷᠴᠢᠨ ᠠᠬᠤᠢ ᠶᠢ ᠪᠤᠢ ᠪᠣᠯᠭᠠᠬᠤ ᠪᠠᠷ ᠭᠥᠴᠥᠯᠡᠨ ᠴᠢᠷᠮᠠᠶᠢᠨ᠎ᠠ᠃ | ᠲᠥᠯᠥᠭᠡᠯᠡᠭᠴᠢᠳ ᠡ︕ ᠪᠢᠳᠠᠨ ᠤ ᠡᠭᠦᠷᠭᠡ ᠬᠠᠷᠢᠭᠤᠴᠠᠯᠭ᠎ᠠ ᠬᠦᠨᠳᠦ ᠪᠠᠶᠢᠭ᠎ᠠ ᠲᠤᠯᠠ᠂ ᠬᠤᠷᠳᠤᠨ ᠮᠣᠷᠢᠨ ᠳᠠᠭᠠᠨ ᠲᠠᠰᠢᠭᠤᠷ ᠨᠡᠮᠡᠵᠦ᠂ ᠡᠷᠴᠢ | ᠵᠣᠷᠢᠭ ᠢᠶᠠᠨ ᠬᠥᠪᠴᠢᠯᠡᠨ᠂ ᠵᠤᠷᠢᠭᠲᠠᠢ ᠤᠷᠤᠭᠰᠢᠯᠠᠨ ᠰᠢᠨ᠎ᠡ ᠨᠢᠭᠡᠨ ᠵᠢᠯ ᠳᠤ ᠰᠢᠨ᠎ᠡ ᠠᠭᠤᠷ ᠠᠮᠢᠰᠬᠤᠯ ᠢ ᠪᠢᠯᠬᠠᠭᠤᠯᠤᠨ᠂ ᠰᠢᠨ᠎ᠡ ᠠᠶᠠᠨ ᠳᠤ ᠰᠢᠨ᠎ᠡ ᠵᠢᠳᠬᠦᠯ | ᠭᠠᠷᠭᠠᠶ᠎ᠠ᠃ ᠪᠢᠳᠠ ᠬᠤᠰᠢᠭᠤ ᠨᠠᠮ ᠤᠨ ᠬᠤᠷᠢᠶᠠᠨ ᠤ ᠲᠦᠪ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠬᠤᠰᠢᠭᠤᠨ ᠤ ᠠᠷᠠᠳ ᠲᠥᠮᠡᠨ ᠳᠤ ᠲᠥᠰᠢᠭᠯᠡᠨ᠂ | ᠡᠭᠦᠷᠢᠳᠡ ᠮᠣᠬᠤᠷᠠᠰᠢ ᠦᠭᠡᠢ ᠵᠤᠷᠢᠭ ᠰᠠᠨᠠᠭ᠎ᠠ ᠪᠠ ᠪᠤᠴᠠᠯᠲᠠ ᠦᠭᠡᠢ ᠲᠡᠮᠡᠴᠡᠬᠦ ᠵᠤᠷᠢᠭ ᠢᠶᠠᠷ ᠬᠠᠩᠭᠢᠨ ᠬᠤᠰᠢᠭᠤᠨ ᠤ ᠬᠥᠭᠵᠢᠯᠲᠡ ᠶᠢᠨ ᠰᠢᠨ᠎ᠡ ᠠᠶᠠᠨ ᠢ | ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠪᠥᠭᠦᠳᠡ ᠨᠠᠶᠢᠷᠠᠮᠳᠠᠬᠤ ᠳᠣᠮᠳᠠᠳᠣ ᠠᠷᠠᠳ ᠣᠯᠥᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠶ᠎ᠠ︕ | | | | | | | | | | | | ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠤᠨ ᠨᠡᠷ᠎ᠡ ᠦᠭᠡᠰ ᠤᠨ ᠲᠠᠶᠢᠯᠪᠤᠷᠢ | | | | | | | | | ︽ᠨᠢᠭᠡ ᠬᠥᠰᠥᠨᠥᠭᠲᠦ ᠭᠤᠷᠪᠡᠨ ᠳᠠᠩᠰᠠ︾᠄ ᠵᠠᠰᠠᠭ ᠤᠨ ᠣᠷᠳᠣᠨ ᠤ ᠥᠷᠢ ᠥᠭᠴᠡᠭᠡ ᠶᠢ ᠬᠢᠨᠠᠨ ᠲᠣᠭᠲᠠᠭᠠᠬᠤ ᠬᠥᠰᠥᠨᠥᠭᠲᠦ ᠪᠠ ᠭᠡᠷᠡᠴᠢᠯᠡᠬᠦ | ᠳᠠᠩᠰᠠ᠂ ᠡᠳ᠋ ᠤᠨ ᠵᠠᠰᠠᠭ ᠤᠨ ᠳᠠᠩᠰᠠ᠂ ᠡᠳ᠋ ᠬᠥᠷᠥᠩᠭᠡ ᠶᠢᠨ ᠳᠠᠩᠰᠠ ᠶᠢ ᠵᠢᠭᠠᠵᠤ ᠪᠣᠢ᠃ | ︽ᠲᠠᠪᠣᠨ ᠨᠢᠭᠡ︾ ᠦᠢᠯᠡᠴᠢᠯᠡᠭᠡᠨ ᠤ ᠲᠣᠭᠲᠠᠯᠴᠠᠭ᠎ᠠ᠄ ᠲᠥᠷᠥᠯ ᠵᠦᠢᠯ ᠳᠤ ᠦᠢᠯᠡᠴᠢᠯᠡᠬᠦ ᠳᠤ ᠪᠠᠨ ︽ᠨᠢᠭᠡ ᠲᠦᠷᠦᠯ ᠵᠦᠢᠯ ᠢ ᠨᠢᠭᠡ ᠰᠢᠶᠠᠨ ᠤ ᠲᠡᠰ | ᠤᠨ ᠤᠳᠤᠷᠢᠳᠤᠯᠭ᠎ᠠ ᠨᠢᠭᠡ ᠪᠠᠭ ᠢ ᠤᠳᠤᠷᠢᠳᠤᠨ᠂ ᠨᠢᠭᠡ ᠲᠦᠰᠦᠯ ᠢᠶᠠᠷ ᠨᠢᠭᠡ ᠠᠵᠢᠯ ᠢ ᠲᠡᠭᠦᠰᠲᠡᠯ᠎ᠡ ᠬᠠᠷᠢᠭᠤᠴᠠᠬᠤ︾ ᠠᠵᠢᠯ ᠤᠨ ᠠᠬᠢᠭᠤᠯᠤᠯᠲᠠ ᠶᠢᠨ | ᠲᠤᠭᠲᠠᠯᠴᠠᠭ᠎ᠠ ᠶᠢ ᠪᠦᠷᠢᠯᠳᠦᠭᠦᠯᠬᠦ ᠶᠢ ᠵᠢᠭᠠᠵᠤ ᠪᠤᠢ᠃ | ᠬᠤᠶᠠᠷ ᠠᠷᠭ᠎ᠠ ᠳᠤ ᠲᠦᠰᠢᠭᠯᠡᠨ᠂ ᠨᠢᠭᠡ ᠶᠢ ᠰᠡᠷᠭᠡᠶᠢᠯᠡᠵᠦ᠂ ᠨᠢᠭᠡ ᠶᠢ ᠰᠠᠬᠢᠬᠤ᠄ ︽ᠬᠤᠶᠠᠷ ᠠᠷᠭ᠎ᠠ ᠳᠤ ᠲᠦᠰᠢᠭᠯᠡᠬᠦ︾ — ᠲᠦᠷᠦ ᠶᠢᠨ | ᠪᠣᠳᠣᠯᠭ᠎ᠠ ᠶᠢᠨ ᠬᠠᠮᠢᠶᠠᠷᠤᠯᠲᠠ ᠪᠠᠨ ᠨᠡᠮᠡᠭᠳᠡᠭᠦᠯᠬᠦ ᠳᠤ ᠲᠦᠰᠢᠭᠯᠡᠨ᠎ᠡ︔ ᠡᠳ᠋ ᠮᠦᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠳᠠᠭᠠᠯᠠᠮᠵᠢ ᠪᠠᠨ ᠪᠠᠭᠠᠰᠬᠠᠬᠤ ᠳᠤ | ᠲᠦᠰᠢᠭᠯᠡᠨ᠎ᠡ᠃ ︽ᠨᠢᠭᠡ ᠶᠢ ᠰᠡᠷᠭᠡᠶᠢᠯᠡᠬᠦ︾ — ᠠᠶᠤᠯ ᠲᠥᠭᠰᠢᠭᠦᠷᠢ ᠶᠢ ᠰᠢᠢᠳᠪᠦᠷᠢᠯᠡᠵᠦ ᠪᠠᠶᠢᠭᠠᠳ ᠠᠶᠣᠯ ᠲᠥᠭᠰᠢᠭᠦᠷᠢ ᠭᠠᠷᠬᠤ ᠶᠢ ᠰᠡᠷᠭᠡᠶᠢᠯᠡᠬᠦ᠃ ︽ | ᠨᠢᠭᠡ ᠶᠢ ᠰᠠᠬᠢᠬᠤ︾ — ᠦᠷᠢ ᠦᠭᠴᠡᠭᠡᠨ ᠤ ᠠᠶᠤᠯ ᠲᠦᠭᠰᠢᠭᠦᠷᠢ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠴᠢᠩᠭ᠎ᠠ ᠰᠠᠬᠢᠬᠤ ᠶᠢ ᠵᠢᠭᠠᠵᠤ ᠪᠣᠢ᠃ | ᠭᠤᠷᠪᠠᠨ ᠨᠢᠭᠡ ᠪᠦᠯᠦᠭ᠄ ᠨᠢᠭᠡ ᠪᠦᠯᠦᠭ ᠶᠡᠭᠡ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠬᠦᠮᠦᠰ ᠢ ᠨᠢᠭᠡᠳᠦᠯᠲᠡᠢ ᠲᠥᠪᠯᠡᠷᠡᠭᠦᠯᠦᠨ | ᠡᠮᠴᠢᠯᠡᠵᠦ ᠳᠡᠮᠵᠢᠨ ᠳᠡᠳᠭᠦᠨ᠎ᠡ᠃ ᠨᠢᠭᠡ ᠪᠦᠯᠦᠭ ᠣᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠬᠦᠮᠦᠰ ᠲᠠᠢ ᠭᠡᠷ᠎ᠡ ᠲᠤᠭᠲᠠᠨ | ᠡᠮᠴᠢᠯᠡᠭᠡ ᠶᠢᠨ ᠦᠢᠯᠡᠴᠢᠯᠡᠭᠡ ᠬᠠᠩᠭᠠᠵᠤ ᠳᠡᠮᠵᠢᠨ ᠳᠡᠳᠭᠦᠨ᠎ᠡ᠃ ᠨᠢᠭᠡ ᠪᠦᠯᠦᠭ ᠬᠦᠨᠳᠦ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠬᠦᠮᠦᠰ ᠲᠤ | ᠪᠦᠬᠦ ᠡᠮ ᠡᠮᠴᠢᠯᠡᠭᠡᠨ ᠤ ᠰᠦᠢᠳᠭᠡᠯ ᠢ ᠨᠢ ᠪᠠᠲᠣᠯᠠᠬᠤ ᠦᠢᠯᠡᠴᠢᠯᠡᠭᠡ ᠬᠠᠩᠭᠠᠵᠤ ᠳᠡᠮᠵᠢᠨ ᠳᠡᠳᠭᠦᠨ᠎ᠡ᠃ | ᠭᠤᠣᠯ ᠤᠨ ᠰᠠᠪᠠ ᠳᠠᠬᠢ ︽ᠳᠥᠷᠪᠡᠨ ᠡᠷᠦᠢ ᠬᠤᠷᠤᠢ ᠦᠭᠡᠢ ᠪᠠᠶᠢᠳᠠᠯ ᠢ ᠴᠡᠪᠡᠷᠯᠡᠬᠦ︾᠄ ᠡᠷᠦᠢ ᠬᠤᠷᠦᠢ ᠦᠭᠡᠢ ᠭᠠᠵᠠᠷ ᠡᠵᠡᠯᠡᠬᠦ᠂ ᠡᠷᠦᠢ ᠬᠤᠷᠦᠢ ᠦᠭᠡᠢ ᠰᠢᠷᠦᠢ | ᠬᠠᠶᠢᠷᠬᠠᠭ ᠮᠠᠯᠲᠠᠬᠤ᠂ ᠡᠷᠦᠢ ᠬᠤᠷᠤᠢ ᠦᠭᠡᠢ ᠬᠤᠭ ᠯᠠᠭ ᠬᠠᠶᠠᠵᠤ ᠪᠤᠯᠠᠬᠤ᠂ ᠡᠷᠦᠢ ᠬᠤᠷᠣᠢ ᠦᠭᠡᠢ ᠪᠠᠷᠢᠯᠭ᠎ᠠ ᠪᠠᠷᠢᠬᠤ ᠵᠡᠷᠭᠡ ᠭᠤᠣᠯ ᠮᠦᠷᠡᠨ ᠤ ᠬᠠᠮᠢᠶᠠᠷᠣᠯᠲᠠ | ᠬᠠᠮᠠᠭᠠᠯᠠᠯᠲᠠ ᠳᠤ ᠢᠯᠡᠷᠡᠭᠰᠡᠨ ᠳᠣᠪᠤᠶᠢᠮ᠎ᠠ ᠠᠰᠠᠭᠤᠳᠠᠯ ᠢ ᠲᠣᠰᠬᠠᠶᠢᠯᠠᠨ ᠴᠡᠪᠡᠷᠯᠡᠨ ᠴᠡᠭᠴᠡᠯᠡᠬᠦ ᠶᠢ ᠵᠢᠭᠠᠵᠤ ᠪᠣᠢ᠃ | ᠳᠥᠷᠪᠡ ᠶᠢ ᠡᠵᠡᠮᠳᠡᠬᠦ ᠠᠵᠢᠯᠯᠠᠭ᠎ᠠ᠄ ᠲᠠᠷᠢᠶᠠᠯᠠᠩ ᠦᠢᠯᠡᠳᠪᠦᠷᠢᠯᠡᠯ ᠳᠣᠮᠳᠠ ᠪᠣᠷᠳᠤᠭᠤᠷ ᠤᠨ ᠬᠡᠮᠵᠢᠶ᠎ᠡ ᠶᠢ ᠡᠵᠡᠮᠳᠡᠨ ᠠᠰᠢᠭ ᠨᠡᠮᠡᠭᠳᠡᠭᠦᠯᠬᠦ᠂ ᠡᠮ ᠤᠨ | ᠬᠡᠮᠵᠢᠶ᠎ᠡ ᠶᠢ ᠡᠵᠡᠮᠳᠡᠨ ᠬᠤᠷ ᠬᠥᠨᠥᠭᠡᠯ ᠢ ᠪᠠᠭᠠᠰᠬᠠᠬᠤ᠂ ᠣᠰᠣᠨ ᠤ ᠬᠡᠮᠵᠢᠶ᠎ᠡ ᠶᠢ ᠡᠵᠡᠮᠳᠡᠨ ᠬᠤᠷᠣᠭᠳᠠᠯ ᠢ ᠪᠠᠭᠤᠷᠠᠭᠤᠯᠬᠤ᠂ ᠵᠣᠯᠣᠮ᠎ᠠ ᠳᠡᠪᠢᠰᠬᠦ ᠬᠡᠮᠵᠢᠶ᠎ᠡ ᠶᠢ | ᠡᠵᠡᠮᠳᠡᠨ ᠠᠰᠢᠭ ᠢ ᠨᠡᠮᠡᠭᠳᠡᠭᠦᠯᠬᠦ ᠶᠢ ᠵᠢᠭᠠᠵᠤ ᠪᠣᠢ᠃ | ᠭᠤᠷᠪᠠᠨ ᠡᠷᠬᠡ ᠶᠢ ᠰᠠᠯᠭᠠᠬᠤ᠄ ᠪᠦᠭᠦᠳᠡ ᠦᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠰᠠᠯᠭᠠᠭᠰᠠᠨ ᠤ | ᠳᠠᠷᠠᠭ᠎ᠠ᠂ ︽ᠭᠤᠷᠪᠠᠨ ᠡᠷᠬᠡ︾ ᠪᠦᠬᠦᠯᠢ ᠴᠣᠭᠴᠠ ᠪᠠᠷ ᠢᠶᠠᠨ ᠪᠠᠶᠢᠬᠤ ᠦᠢᠯᠡᠳᠦᠯ ᠲᠠᠢ ᠮᠦᠷᠲᠡᠭᠡᠨ ᠬᠤᠪᠢ ᠬᠤᠪᠢᠨ ᠤ ᠪᠠᠨ ᠴᠢᠳᠠᠪᠬᠢ ᠲᠠᠢ ᠪᠠᠶᠢᠬᠤ ᠶᠢ | ᠪᠡᠶᠡᠯᠡᠭᠦᠯᠬᠦ ᠶᠢ ᠵᠢᠭᠠᠵᠤ ᠪᠣᠢ᠃ | ᠬᠤᠶᠠᠷ ᠦᠨᠳᠦᠷ ᠨᠢᠭᠡ ᠰᠢᠯᠢᠳᠡᠭ᠄ ᠨᠣᠯᠣᠣᠷ ᠪᠠ ᠮᠢᠬᠠᠨ ᠤ ᠭᠠᠷᠣᠯᠲᠠ ᠨᠢ ᠦᠨᠳᠦᠷ᠂ ᠦᠷᠡᠵᠢᠬᠦ ᠨᠣᠷᠮ᠎ᠠ ᠨᠢ ᠦᠨᠳᠦᠷ᠂ ᠨᠣᠯᠣᠣᠷ ᠪᠠ ᠮᠢᠬᠠᠨ ᠤ | ᠶᠡᠷᠦᠩᠬᠡᠶᠢᠯᠡᠭᠰᠡᠨ ᠶᠠᠰᠤ ᠴᠢᠨᠠᠷ ᠨᠢ ᠰᠢᠯᠢᠳᠡᠭ ᠡᠭᠦᠯᠳᠡᠷ ᠢ ᠵᠢᠭᠠᠵᠤ ᠪᠣᠢ᠃ | ︽3+6︾ ᠬᠦᠮᠦᠨ ᠤ ᠣᠷᠣᠰᠢᠨ ᠠᠮᠢᠳᠣᠷᠠᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠬᠡᠯᠪᠡᠷᠢ᠄ ︽3︾ ᠨᠢ ᠭᠤᠷᠪᠠᠨ ᠲᠥᠷᠥᠯ ᠤᠨ | ᠲᠣᠭᠲᠠᠯᠴᠠᠭ᠎ᠠ ᠶᠢ ᠪᠠᠶᠢᠭᠤᠯᠬᠤ ᠵᠢᠭᠠᠵᠤ ᠪᠣᠢ᠂ ᠳᠠᠷᠤᠢ ᠬᠢᠨᠠᠨ ᠬᠠᠮᠢᠶᠠᠷᠬᠤ ᠲᠤᠭᠲᠠᠯᠴᠠᠭ᠎ᠠ᠂ ᠬᠢᠨᠠᠨ ᠰᠢᠯᠭᠠᠬᠤ ᠲᠣᠭᠲᠠᠯᠴᠠᠭ᠎ᠠ ᠪᠠ ᠱᠠᠩᠨᠠᠨ ᠲᠣᠷᠭᠠᠬᠤ | ᠲᠣᠭᠲᠠᠯᠴᠠᠭ᠎ᠠ︔ ︽6︾ ᠨᠢ ︽ᠵᠢᠷᠭᠤᠭᠠᠨ ᠨᠢᠭᠡ︾ ᠠᠷᠭ᠎ᠠ ᠬᠡᠮᠵᠢᠶ᠎ᠡ ᠪᠠᠨ ᠵᠢᠭᠠᠵᠤ ᠪᠣᠢ᠂ ᠳᠠᠷᠤᠢ ᠨᠢᠭᠡ ᠠᠷᠠᠳ ᠤᠨ ᠠᠮᠢᠳᠣᠷᠠᠯ ᠤᠨ ᠴᠤᠭᠯᠠᠭ᠎ᠠ ᠶᠢ ᠵᠣᠬᠢᠶᠠᠨ | ᠪᠠᠶᠢᠭᠤᠯᠵᠤ ᠣᠬᠠᠭᠤᠯᠣᠨ ᠳᠠᠶᠢᠴᠢᠯᠠᠬᠤ ᠶᠢ ᠰᠠᠶᠢᠲᠤᠷ ᠬᠢᠨ᠎ᠡ︔ ᠨᠢᠭᠡ ᠳᠣᠭᠲᠠᠭᠰᠠᠨ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ ᠵᠢᠱᠢᠶ᠎ᠡ | ᠦᠵᠡᠭᠦᠯᠦᠨ ᠳᠠᠶᠢᠴᠢᠯᠠᠬᠤ ᠪᠠᠨ ᠴᠢᠩᠭᠠᠳᠬᠠᠨ᠎ᠠ︔ ᠨᠢᠭᠡ ᠭᠠᠴᠠᠭ᠎ᠠ ᠳᠣᠰᠬᠤᠨ ᠤ ᠳᠥᠷᠢᠮ ᠳᠣᠭᠲᠠᠭᠠᠯ ᠢ ᠲᠣᠭᠲᠠᠭᠠᠵᠤ ᠠᠷᠠᠳᠴᠢᠯᠠᠭᠰᠠᠨ ᠬᠠᠮᠢᠶᠠᠷᠣᠯᠲᠠ ᠪᠠᠨ | ᠡᠷᠴᠢᠮᠵᠢᠭᠦᠯᠦᠨ᠎ᠡ︔ ᠨᠢᠭᠡ ᠢᠲᠡᠭᠡᠮᠵᠢ ᠶᠢᠨ ᠬᠢᠷᠢ ᠬᠡᠮ ᠢ ᠵᠢᠭᠰᠠᠭᠠᠭᠰᠠᠨ ᠨᠡᠷᠡᠰ ᠢ ᠨᠡᠶᠢᠲᠡᠯᠡᠨ ᠬᠢᠨᠠᠨ ᠱᠠᠯᠠᠪᠳᠠᠬᠤ ᠬᠦᠴᠦᠯᠡᠴᠡ ᠪᠠᠨ ᠨᠡᠮᠡᠭᠳᠡᠭᠦᠯᠦᠨ᠎ᠡ︔ ᠨᠢᠭᠡ | ᠲᠣᠣᠷᠵᠢᠭᠤᠯᠤᠨ ᠬᠠᠮᠢᠶᠠᠷᠬᠤ ᠠᠷᠭ᠎ᠠ ᠶᠢ ᠬᠡᠷᠡᠭᠵᠢᠭᠦᠯᠵᠦ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠎ᠠ︔ ᠨᠢᠭᠡ ᠲᠣᠰᠬᠠᠢ | ᠴᠡᠪᠡᠷᠯᠡᠭᠡᠨ ᠤ ᠺᠤᠮᠫᠠᠨᠢ ᠶᠢ ᠣᠷᠣᠭᠤᠯᠣᠨ ᠠᠪᠴᠢᠷᠠᠵᠤ ᠬᠠᠮᠢᠶᠠᠷᠤᠯᠲᠠ ᠶᠢᠨ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ | ︽ᠣᠯᠠᠨ ᠲᠥᠮᠡᠨᠴᠢ ᠴᠢᠨᠠᠷᠲᠠᠢ ᠠᠮᠣᠷ ᠲᠥᠪᠰᠢᠨ ᠢ ᠬᠠᠮᠠᠭᠠᠯᠠᠨ ᠡᠵᠡᠮᠰᠢᠬᠦ ᠢᠨᠵᠧᠨᠧᠷᠢᠩ︾᠄ ᠶᠡᠷᠦᠩᠬᠡᠶᠢᠯᠡᠨ ᠵᠠᠰᠠᠬᠤ ᠲᠥᠪ ᠢᠶᠠᠷ | ᠵᠢᠯᠣᠭᠤᠳᠣᠯᠭ᠎ᠠ ᠶᠢᠨ ᠲᠠᠪᠴᠠᠩ ᠢᠶᠠᠨ ᠪᠣᠯᠭᠠᠵᠤ᠂ ᠶᠡᠷᠦᠩᠬᠡᠶᠢᠯᠡᠨ ᠵᠠᠰᠠᠬᠤ ᠴᠢᠮᠡᠭᠡ ᠵᠠᠩᠭᠢᠵᠢᠯᠲᠠ ᠪᠠᠷ ᠲᠤᠯᠭᠠᠭᠤᠷᠢ ᠪᠣᠯᠭᠠᠨ᠂ ᠲᠤᠤᠷᠵᠢᠭᠤᠯᠤᠭᠰᠠᠨ | ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠨᠡᠶᠢᠲᠡ ᠶᠢᠨ ᠠᠮᠣᠷ ᠲᠦᠪᠰᠢᠨ ᠢ ᠳᠦᠷᠰᠦ ᠬᠢᠨᠠᠭᠤᠷ ᠢᠶᠠᠷ ᠰᠦᠯᠵᠢᠶᠡᠨ ᠳᠡᠭᠡᠷ᠎ᠡ ᠬᠢᠨᠠᠬᠤ ᠬᠡᠷᠡᠭᠯᠡᠯᠲᠡ ᠪᠠᠷ | ᠭᠤᠣᠯᠳᠠᠭ᠎ᠠ ᠪᠠᠨ ᠪᠣᠯᠭᠠᠭᠰᠠᠨ ︿ᠣᠯᠠᠨ ᠲᠥᠮᠡᠨᠴᠢ ᠴᠢᠨᠠᠷᠲᠠᠢ ᠠᠮᠣᠷ ᠲᠥᠪᠰᠢᠨ ᠢ ᠬᠠᠮᠠᠭᠠᠯᠠᠨ ᠡᠵᠡᠮᠰᠢᠬᠦ ᠢᠨᠵᠧᠨᠧᠷᠢᠩ﹀ ᠪᠠᠶᠢᠵᠤ᠂ ᠠᠮᠤᠷ ᠲᠥᠪᠰᠢᠨ ᠤ | ᠬᠠᠮᠠᠭᠠᠯᠠᠯᠲᠠ ᠡᠵᠡᠮᠰᠢᠯᠲᠡ ᠶᠢ ︿ᠪᠦᠬᠦ ᠬᠡᠪᠴᠢᠶᠠᠨ ᠳᠤ ᠲᠥᠭᠡᠮᠡᠯᠵᠢᠭᠦᠯᠬᠦ﹀ ᠶᠢ ᠪᠡᠶᠡᠯᠡᠭᠦᠯᠦᠨ᠎ᠡ᠃ | ︽ᠬᠤᠶᠠᠷ ᠲᠥᠷᠥᠯ ᠤᠨ ᠮᠦᠩᠭᠦ ᠭᠤᠷᠪᠠᠨ ᠵᠤᠷᠪᠤᠰ ᠬᠠᠮᠢᠶᠠᠷᠤᠯᠲᠠ ᠶᠢᠨ ᠳᠦᠷᠢᠮ ᠨᠢᠭᠡ ᠢᠯᠡ ᠨᠡᠶᠢᠲᠡᠯᠡᠯ︾ ᠤᠨ ᠳᠦᠷᠢᠮ᠄ ︿ᠬᠤᠶᠠᠷ ᠲᠥᠷᠥᠯ ᠤᠨ | ᠮᠦᠩᠭᠦ﹀ — ᠬᠥᠯᠦᠰᠦᠨ ᠠᠵᠢᠯᠴᠢᠨ ᠤ ᠴᠠᠯᠢᠩ ᠮᠦᠩᠭᠦ ᠶᠢᠨ ᠪᠠᠴᠢᠮ ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠦᠩᠭᠦ ᠪᠠ ᠬᠥᠯᠥᠰᠦᠨ ᠠᠵᠢᠯᠴᠢᠨ ᠤ ᠴᠠᠯᠢᠩ | ᠬᠥᠯᠥᠰᠦ ᠶᠢ ᠪᠠᠲᠤᠯᠠᠬᠤ ᠮᠦᠩᠭᠦ︔ ︿ᠭᠤᠷᠪᠠᠨ ᠵᠤᠷᠪᠤᠰ ᠬᠠᠮᠢᠶᠠᠷᠤᠯᠲᠠ ᠶᠢᠨ ᠳᠦᠷᠢᠮ﹀ — ᠬᠥᠯᠥᠰᠦᠨ ᠠᠵᠢᠯᠴᠢᠨ ᠤ ᠴᠠᠯᠢᠩ ᠬᠥᠯᠥᠰᠦ ᠪᠣᠯᠣᠨ ᠲᠥᠷᠥᠯ | ᠵᠦᠢᠯ ᠳᠤ ᠬᠡᠷᠡᠭᠯᠡᠬᠦ ᠵᠤᠭᠤᠰ ᠮᠦᠩᠭᠦ ᠶᠢ ᠲᠣᠰ ᠲᠣᠰ ᠲᠤ ᠨᠢ ᠳᠠᠩᠰᠠ ᠪᠠᠶᠢᠭᠤᠯᠤᠨ ᠬᠠᠮᠢᠶᠠᠷᠣᠯᠲᠠ ᠬᠢᠬᠦ ᠳᠥᠷᠢᠮ᠂ ᠬᠥᠯᠥᠰᠦᠨ ᠠᠵᠢᠯᠴᠢᠨ ᠢ ᠦᠨᠡᠨ ᠨᠡᠷ᠎ᠡ ᠪᠠᠷ | ᠨᠢ ᠳᠠᠩᠰᠠᠯᠠᠨ ᠬᠠᠮᠢᠶᠠᠷᠣᠯᠲᠠ ᠬᠢᠬᠦ ᠳᠥᠷᠢᠮ᠂ ᠬᠥᠯᠥᠰᠦᠨ ᠠᠵᠢᠯᠴᠢᠨ ᠤ ᠴᠠᠯᠢᠩ ᠬᠥᠯᠥᠰᠦ ᠶᠢ ᠪᠠᠩᠬᠢ ᠳᠤ ᠲᠤᠰᠬᠠᠢ ᠳᠠᠩᠰᠠ ᠪᠠᠶᠢᠭᠤᠯᠬᠤ ᠪᠠ ᠪᠠᠩᠬᠢ ᠠᠴᠠ | ᠣᠷᠣᠯᠠᠨ ᠬᠤᠪᠢᠶᠠᠬᠤ ᠳᠥᠷᠢᠮ︔ ︿ᠨᠢᠭᠡ ᠢᠯᠡ ᠨᠡᠶᠢᠲᠡᠯᠡᠯ﹀ — ᠬᠥᠯᠥᠰᠦᠨ ᠠᠵᠢᠯᠴᠢᠨ ᠤ ᠡᠷᠬᠡ ᠠᠰᠢᠭ ᠤᠨ ᠬᠠᠮᠠᠭᠠᠯᠠᠯᠲᠠ ᠶᠢ ᠢᠯᠡ ᠨᠡᠶᠢᠲᠡᠯᠡᠨ᠎ᠡ᠃ | ︽ᠰᠠᠷᠠᠪᠴᠢᠨ ᠭᠡᠷ︾᠄ ᠲᠠᠷᠢᠶᠠᠯᠠᠩ ᠤᠨ ᠲᠦᠬᠦᠭᠡᠷᠦᠮᠵᠢ ᠶᠢ ᠪᠠᠶᠢᠭᠤᠯᠬᠤ ᠨᠡᠷ᠎ᠡ ᠪᠠᠷ᠂ ᠲᠠᠷᠢᠶᠠᠨ ᠭᠠᠵᠠᠷ ᠢᠯᠠᠩᠭᠤᠶ᠎ᠠ ᠡᠭᠦᠷᠢᠳᠡ ᠶᠢᠨ ᠴᠢᠨᠠᠷᠲᠠᠢ | ᠦᠨᠳᠦᠰᠦᠨ ᠲᠠᠷᠢᠶᠠᠯᠠᠩ ᠤᠨ ᠭᠠᠵᠠᠷ ᠢ ᠡᠵᠡᠯᠡᠨ ᠬᠡᠷᠡᠭᠯᠡᠵᠦ ᠬᠠᠤᠯᠢ ᠳᠦᠷᠢᠮ ᠢ ᠵᠦᠷᠢᠴᠡᠨ ᠪᠠᠶᠢᠭᠤᠯᠤᠭᠰᠠᠨ ᠲᠠᠷᠢᠶᠠᠯᠠᠩ ᠤᠨ ᠪᠤᠰᠤ ᠲᠦᠬᠦᠭᠡᠷᠦᠮᠵᠢ ᠶᠢ ᠵᠢᠭᠠᠵᠤ | ᠪᠤᠢ᠃ | ︽ᠳᠦᠷᠪᠡᠨ ᠰᠠᠶᠢᠲᠤᠷ ᠬᠦᠳᠡᠭᠡ ᠲᠤᠰᠬᠤᠨ ᠤ ᠵᠠᠰᠠᠮᠠᠯ ᠵᠠᠮ︾᠄ ᠰᠠᠶᠢᠲᠤᠷ ᠪᠦᠲᠦᠭᠡᠨ ᠪᠠᠶᠢᠭᠤᠯᠤᠨ᠂ ᠰᠠᠶᠢᠲᠤᠷ ᠬᠠᠮᠢᠶᠠᠷᠤᠨ ᠡᠵᠡᠮᠳᠡᠵᠦ᠂ ᠰᠠᠶᠢᠲᠤᠷ | ᠠᠷᠠᠴᠢᠯᠠᠨ ᠬᠠᠮᠠᠭᠠᠯᠠᠵᠤ᠂ ᠰᠠᠶᠢᠲᠤᠷ ᠡᠵᠡᠩᠨᠡᠨ ᠠᠰᠢᠭᠯᠠᠭᠰᠠᠨ ᠬᠦᠳᠡᠭᠡ ᠲᠤᠰᠬᠤᠨ ᠤ ᠵᠠᠰᠠᠮᠠᠯ ᠵᠠᠮ ᠢ ᠵᠢᠭᠠᠵᠤ ᠪᠤᠢ᠃ | | | | | | | | | | | | |