| | | | | | | 2018 ᠤᠨ ᠤ ᠡᠳ᠋ ᠤᠨ ᠵᠠᠰᠠᠭ ᠤᠨ ᠲᠦᠰᠦᠪ ᠢ ᠬᠡᠷᠡᠭᠵᠢᠬᠦᠯᠦᠭᠰᠠᠨ ᠪᠠᠶᠢᠳᠠᠯ ᠪᠤᠯᠤᠨ | 2019 ᠤᠨ ᠤ ᠡᠳ᠋ ᠤᠨ ᠵᠠᠰᠠᠭ ᠤᠨ ᠲᠦᠰᠦᠪ ︵ᠲᠦᠰᠦᠯ︶ ᠤᠨ ᠲᠤᠬᠠᠢ ᠮᠠᠳᠠᠬᠦᠯᠥᠯᠳᠠ | | | ᠬᠠᠩᠬᠢᠨ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ | | | ᠲᠥᠯᠥᠬᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠮᠤᠨ᠎ᠠ ᠠᠴᠠ ᠡᠳᠤᠬᠡ ᠪᠢ ᠶᠡᠭᠡ ᠬᠤᠷᠠᠯ ᠳᠤ 2018 ᠤᠨ ᠤ ᠡᠳ᠋ ᠤᠨ ᠵᠠᠰᠠᠭ ᠤᠨ ᠲᠦᠰᠦᠪ ᠢ | ᠬᠡᠷᠡᠭᠵᠢᠬᠦᠯᠦᠭᠰᠠᠨ ᠪᠠᠶᠢᠳᠠᠯ ᠪᠤᠯᠤᠨ 2019 ᠤᠨ ᠤ ᠡᠳ᠋ ᠤᠨ ᠵᠠᠰᠠᠭ ᠤᠨ ᠲᠦᠰᠦᠪ ︵ᠲᠦᠰᠦᠯ︶ ᠤᠨ ᠮᠠᠳᠠᠬᠦᠯᠥᠯᠳᠠ ᠬᠢᠶ᠎ᠠ᠃ ᠬᠤᠷᠠᠯ ᠳᠤ ᠤᠷᠤᠯᠴᠠᠭᠰᠠᠨ | ᠲᠥᠯᠥᠬᠡᠯᠡᠭᠴᠢᠳ ᠪᠠ ᠤᠯᠤᠰ ᠲᠦᠷᠦ ᠶᠢᠨ ᠵᠦᠪᠯᠠᠯᠬᠡᠨ ᠤ ᠬᠡᠰᠢᠬᠦᠳ ᠵᠢᠴᠢ ᠬᠤᠷᠠᠯ ᠳᠤ ᠰᠤᠯᠠ ᠤᠷᠤᠯᠴᠠᠭᠰᠠᠨ ᠨᠦᠬᠦᠳ ᠡᠷᠬᠢᠮ ᠨᠠᠨᠳᠢᠨ ᠰᠠᠨᠠᠯ ᠵᠦᠪᠯᠠᠯᠬᠡ | ᠪᠠᠨ ᠲᠠᠪᠰᠢᠬᠦᠯᠬᠦ ᠪᠤᠯᠪᠠᠤ᠃ | ᠨᠢᠬᠡ᠂ 2018 ᠤᠨ ᠤ ᠡᠳ᠋ ᠤᠨ ᠵᠠᠰᠠᠭ ᠤᠨ ᠲᠦᠰᠦᠪ ᠢ ᠬᠡᠷᠡᠭᠵᠢᠬᠦᠯᠦᠭᠰᠠᠨ ᠪᠠᠶᠢᠳᠠᠯ | 2018 ᠤᠨ ᠳᠤ ᠪᠦᠬᠦ ᠬᠤᠰᠢᠭᠤᠨ ᠤ ᠡᠳ᠋ ᠤᠨ ᠵᠠᠰᠠᠭ ᠤᠨ ᠠᠵᠢᠯ ᠨᠢ ᠰᠢᠨ᠎ᠡ ᠴᠠᠭ ᠦᠶ᠎ᠡ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠢ ᠪᠦᠲᠦᠬᠡᠨ ᠪᠠᠶᠢᠭᠤᠯᠬᠤ ᠲᠤᠬᠠᠢ ᠰᠢ ᠶᠢᠨ ᠫᠢᠩ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠨ᠂ ᠵᠢᠯ ᠤᠨ ᠡᠬᠢᠨ ᠳᠤ ᠲᠤᠭᠲᠠᠭᠠᠭᠰᠠᠨ ᠬᠠᠷᠠᠯᠲᠠ | ᠶᠢᠨ ᠲᠤᠭᠤᠷᠢᠨ ᠳᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠠᠷᠭ᠎ᠠ ᠪᠤᠲᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠲᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠠᠬᠢᠭᠤᠯᠬᠤ ᠪᠠᠷ ᠭᠤᠤᠯ ᠱᠤᠭᠤᠮ ᠪᠤᠯᠭᠠᠨ᠂ ᠭᠤᠷᠪᠠᠨ | ᠶᠡᠭᠡ ᠪᠤᠭᠤᠮᠲᠠ ᠰᠢᠪᠲᠤᠯᠬᠤ ᠲᠠᠶᠢᠯᠠᠯᠲᠤᠭᠠᠨ ᠢ ᠲᠡᠮᠵᠢᠬᠦ ᠪᠠᠷ ᠴᠢᠬᠤᠯᠠ ᠡᠭᠦᠷᠬᠡ ᠬᠠᠷᠢᠭᠤᠴᠠᠯᠭ᠎ᠠ ᠪᠤᠯᠭᠠᠵᠤ᠂ ᠲᠤᠭᠲᠠᠭᠤᠨ ᠢᠶᠠᠷ ᠨᠡᠮᠡᠭᠲᠡᠬᠦᠯᠬᠦ᠂ ᠦᠬᠡᠷᠡᠴᠢᠯᠡᠯᠲᠡ | ᠶᠢ ᠠᠬᠢᠭᠤᠯᠬᠤ᠂ ᠪᠦᠲᠦᠴᠡ ᠪᠠᠨ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠬᠡᠬᠦ ᠪᠠ ᠠᠶᠤᠯ ᠲᠦᠭᠰᠢᠭᠦᠷᠢ ᠶᠢ ᠰᠡᠷᠬᠡᠶᠢᠯᠡᠬᠦ ᠵᠡᠷᠬᠡ ᠠᠵᠢᠯ ᠢ | ᠨᠢᠬᠡᠲᠦᠯᠲᠡᠢ ᠲᠦᠯᠦᠪᠯᠡᠵᠤ ᠠᠬᠢᠭᠤᠯᠤᠭᠠᠳ᠂ ᠵᠢᠯ ᠤᠨ ᠡᠬᠢᠨ ᠳᠤ ᠲᠤᠭᠲᠠᠭᠠᠭᠰᠠᠨ ᠡᠯ᠎ᠡ ᠬᠠᠷᠠᠯᠲᠠ ᠡᠬᠦᠷᠬᠡ ᠪᠠᠨ ᠲᠡᠬᠦᠰ ᠠᠮᠵᠢᠯᠲᠠ ᠲᠠᠢ ᠪᠡᠶᠡᠯᠡᠬᠦᠯᠵᠤ᠂ ᠪᠦᠬᠦ | ᠬᠤᠰᠢᠭᠤᠨ ᠤ ᠠᠵᠤ ᠠᠬᠤᠢ ᠨᠡᠶᠢᠬᠡᠮ ᠦᠷᠬᠦᠯᠵᠢᠯᠡᠨ ᠬᠦᠭᠵᠢᠬᠦ ᠶᠢ ᠬᠦᠴᠦᠲᠡᠢ ᠲᠦᠯᠬᠢᠨ ᠠᠬᠢᠭᠤᠯᠪᠠ᠃ | ︵ᠨᠢᠬᠡ︶ ᠠᠯᠪᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠵᠠᠷᠤᠯᠭ᠎ᠠ ᠶᠢ ᠪᠠᠶᠡᠯᠡᠬᠦᠯᠦᠭᠰᠠᠨ ᠪᠠᠶᠢᠳᠠᠯ | 2018 ᠤᠨ ᠳᠤ ᠪᠦᠬᠦ ᠬᠤᠰᠢᠭᠤᠨ ᠤ ᠠᠯᠪᠠᠨ ᠨᠠᠶᠢᠳᠠ ᠶᠢᠨ ᠡᠳ᠋ ᠤᠨ ᠵᠠᠰᠠᠭ ᠤᠨ ᠶᠠᠷᠤᠩᠬᠡᠢ ᠤᠷᠤᠯᠭ᠎ᠠ 45416 ᠲᠦᠮᠠᠨ ᠲᠦᠬᠦᠷᠢᠭ ︵ᠡᠬᠦᠨ ᠳᠤ | ᠬᠤᠰᠢᠭᠤ ᠱᠠᠲᠤ 35610 ᠲᠦᠮᠠᠨ ᠲᠦᠬᠦᠷᠢᠭ᠂ ᠠᠵᠤ ᠦᠢᠯᠡᠳᠪᠤᠷᠢ ᠶᠢᠨ ᠲᠤᠭᠤᠷᠢᠭ 9806 ᠲᠦᠮᠠᠨ ᠲᠦᠬᠦᠷᠢᠭ︶ ᠪᠠᠶᠡᠯᠡᠬᠦᠯᠵᠤ᠂ ᠠᠲᠠᠯᠢ ᠬᠤᠭᠤᠴᠠᠭᠠᠨ | ᠤ ᠬᠢ ᠠᠴᠠ ᠢᠯᠡᠬᠦᠤ 9850 ᠲᠦᠮᠡᠨ ᠲᠦᠭᠦᠷᠢᠭ᠂ 27.7% ᠪᠠᠷ ᠨᠡᠮᠡᠭᠲᠡᠪᠡ᠃ ᠡᠭᠦᠨ ᠳᠤ ᠭᠠᠶᠢᠯᠢ ᠶᠢᠨ ᠤᠷᠤᠯᠭ᠎ᠠ 33852 ᠲᠦᠮᠡᠨ ᠲᠦᠭᠦᠷᠢᠭ᠂ | ᠭᠠᠶᠢᠯᠢ ᠶᠢᠨ ᠪᠤᠰᠤ ᠤᠷᠤᠯᠭ᠎ᠠ 11564 ᠲᠦᠮᠡᠨ ᠲᠦᠭᠦᠷᠢᠭ ᠪᠡᠶᠡᠯᠡᠬᠦᠯᠪᠡ᠃ | ᠭᠠᠶᠢᠯᠢ ᠶᠢᠨ ᠲᠦᠷᠦᠯ ᠵᠦᠢᠯ ᠢᠶᠠᠷ ᠬᠤᠪᠢᠶᠠᠪᠠᠯ᠄ | ᠭᠠᠶᠢᠯᠢ ᠶᠢᠨ ᠤᠷᠤᠯᠭ᠎ᠠ 33852 ᠲᠦᠮᠠᠨ ᠲᠦᠬᠦᠷᠢᠭ᠂ ᠡᠬᠦᠨ ᠳᠤ ᠨᠡᠮᠡᠭᠳᠠᠯ ᠦᠷᠳᠡᠭ ᠤᠨ ᠭᠠᠶᠢᠯᠢ 5776 ᠲᠦᠮᠠᠨ ᠲᠦᠬᠦᠷᠢᠭ᠂ ᠠᠵᠤ ᠠᠬᠤᠶᠢᠯᠠᠯ | ᠤᠨ ᠤᠯᠵᠠ ᠠᠰᠢᠭ ᠤᠨ ᠭᠠᠶᠢᠯᠢ 2472 ᠲᠦᠮᠡᠨ ᠲᠦᠭᠦᠷᠢᠭ᠂ ᠬᠤᠪᠢ ᠬᠦᠮᠦᠨ ᠤ ᠤᠯᠵᠠ ᠠᠰᠢᠭ ᠤᠨ ᠭᠠᠶᠢᠯᠢ 1695 ᠲᠦᠮᠠᠨ ᠲᠦᠬᠦᠷᠢᠭ᠂ ᠡᠬᠢ | ᠪᠠᠶᠠᠯᠢᠭ ᠤᠨ ᠭᠠᠶᠢᠯᠢ 1186 ᠲᠦᠮᠠᠨ ᠲᠦᠬᠦᠷᠢᠭ᠂ ᠬᠤᠳᠠ ᠪᠠᠯᠭᠠᠰᠤ ᠶᠢᠨ ᠬᠠᠮᠠᠭᠠᠯᠠᠯᠳᠠ ᠪᠦᠳᠦᠬᠡᠨ ᠪᠠᠶᠢᠭᠤᠯᠤᠯᠳᠠ ᠶᠢᠨ ᠭᠠᠶᠢᠯᠢ 2767 ᠲᠦᠮᠠᠨ | ᠲᠦᠬᠦᠷᠢᠭ᠂ ᠬᠡᠷ ᠬᠦᠷᠦᠩᠬᠡ ᠶᠢᠨ ᠭᠠᠶᠢᠯᠢ 4421 ᠲᠦᠮᠠᠨ ᠲᠦᠬᠦᠷᠢᠭ᠂ ᠬᠡᠪᠯᠡᠯ ᠤᠨ ᠭᠠᠶᠢᠯᠢ 2670 ᠲᠦᠮᠠᠨ ᠲᠦᠬᠦᠷᠢᠭ᠂ ᠬᠤᠳᠠ ᠪᠠᠯᠭᠠᠰᠤ ᠶᠢᠨ ᠭᠠᠵᠠᠷ | ᠰᠢᠷᠥᠢ ᠶᠢᠨ ᠬᠡᠷᠡᠭᠯᠠᠬᠡᠨ ᠤ ᠭᠠᠶᠢᠯᠢ 6565 ᠲᠦᠮᠠᠨ ᠲᠦᠬᠦᠷᠢᠭ᠂ ᠭᠠᠵᠠᠷ ᠰᠢᠷᠥᠢ ᠶᠢᠨ ᠨᠡᠮᠡᠭᠳᠠᠯ ᠦᠷᠳᠡᠭ ᠤᠨ ᠭᠠᠶᠢᠯᠢ 229 ᠲᠦᠮᠠᠨ ᠲᠦᠬᠦᠷᠢᠭ᠂ ᠲᠠᠷᠬᠡ | ᠤᠨᠤᠭ᠎ᠠ ᠶᠢᠨ ᠭᠠᠶᠢᠯᠢ 1089 ᠲᠦᠮᠠᠨ ᠲᠦᠬᠦᠷᠢᠭ᠂ ᠲᠠᠷᠢᠶᠠᠨ ᠭᠠᠵᠠᠷ ᠬᠡᠷᠡᠭᠯᠡᠭᠰᠠᠨ ᠭᠠᠶᠢᠯᠢ 3905 ᠲᠦᠮᠠᠨ ᠲᠦᠬᠦᠷᠢᠭ᠂ ᠬᠡᠷ᠎ᠡ ᠶᠢᠨ ᠭᠠᠶᠢᠯᠢ 882 | ᠲᠦᠮᠠᠨ ᠲᠦᠬᠦᠷᠢᠭ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠠᠶᠢᠯᠢ 195 ᠲᠦᠮᠡᠨ ᠲᠦᠭᠦᠷᠢᠭ ᠪᠤᠯᠤᠨ᠎ᠠ᠃ | ᠭᠠᠶᠢᠯᠢ ᠶᠢᠨ ᠪᠤᠰᠤ ᠤᠷᠤᠯᠭ᠎ᠠ 11564 ᠲᠦᠮᠠᠨ ᠲᠦᠬᠦᠷᠢᠭ᠂ ᠡᠬᠦᠨ ᠳᠤ ᠲᠤᠰᠬᠠᠢ ᠲᠦᠷᠦᠯ ᠤᠨ ᠤᠷᠤᠯᠭ᠎ᠠ 2095 ᠲᠦᠮᠠᠨ ᠲᠦᠬᠦᠷᠢᠭ᠂ ᠵᠠᠰᠠᠭ | ᠵᠠᠬᠢᠷᠭ᠎ᠠ ᠠᠵᠢᠯ ᠦᠢᠯᠠᠰ ᠤᠨ ᠴᠢᠨᠠᠷᠳᠠᠢ ᠰᠦᠢᠳᠬᠡᠯ ᠤᠨ ᠤᠷᠤᠯᠭ᠎ᠠ 3853 ᠲᠦᠮᠠᠨ ᠲᠦᠬᠦᠷᠢᠭ᠂ ᠲᠤᠷᠭᠠᠭᠤᠯᠢ ᠶᠢᠨ ᠤᠷᠤᠯᠭ᠎ᠠ 3822 ᠲᠦᠮᠠᠨ ᠲᠦᠬᠦᠷᠢᠭ᠂ | ᠤᠯᠤᠰ ᠤᠨ ᠡᠬᠢ ᠪᠠᠶᠠᠯᠢᠭ ︵ᠬᠦᠷᠦᠩᠬᠡ︶ ᠢ ᠲᠦᠯᠤᠪᠤᠷᠢ ᠲᠠᠢ ᠬᠡᠷᠡᠭᠯᠡᠭᠰᠠᠨ ᠤᠷᠤᠯᠭ᠎ᠠ 1112 ᠲᠦᠮᠠᠨ ᠲᠦᠬᠦᠷᠢᠭ᠂ ᠪᠤᠰᠤᠳ ᠤᠷᠤᠯᠭ᠎ᠠ 682 ᠲᠦᠮᠡᠨ | ᠲᠦᠭᠦᠷᠢᠭ᠃ | ᠲᠡᠬᠡᠲᠤ ᠱᠠᠲᠤᠨ ᠠᠴᠠ ᠰᠢᠯᠵᠢᠬᠦᠯᠵᠤ ᠪᠤᠴᠠᠭᠠᠬᠤ ᠤᠷᠤᠯᠭ᠎ᠠ ︵ᠲᠤᠰᠬᠠᠢ ᠲᠦᠷᠦᠯ ᠤᠨ ᠰᠢᠯᠵᠢᠬᠦᠯᠵᠤ ᠪᠤᠴᠠᠭᠠᠬᠤ ᠤᠷᠤᠯᠭ᠎ᠠ ᠪᠠᠭᠲᠠᠨ᠎ᠠ︶ 235671 | ᠲᠦᠮᠡᠨ ᠲᠦᠭᠦᠷᠢᠭ᠂ ᠡᠩ ᠤᠨ ᠦᠷᠢ ᠶᠢᠨ ᠪᠢᠯᠧᠲ ᠤᠨ ᠤᠷᠤᠯᠭ᠎ᠠ 56825 ᠲᠦᠮᠡᠨ ᠲᠦᠭᠦᠷᠢᠭ ︵ᠰᠢᠨ᠎ᠡ ᠪᠠᠷ ᠨᠡᠮᠡᠭᠲᠡᠭᠰᠡᠨ ᠦᠷᠢ ᠶᠢᠨ ᠪᠢᠯᠧᠲ ᠤᠨ | ᠤᠷᠤᠯᠭ᠎ᠠ 33681 ᠲᠦᠮᠡᠨ ᠲᠦᠭᠦᠷᠢᠭ᠂ ᠦᠷᠢ ᠶᠢᠨ ᠪᠢᠯᠧᠲ ᠢ ᠠᠷᠠᠯᠵᠢᠭᠰᠠᠨ ᠤᠷᠤᠯᠭ᠎ᠠ 23144 ᠲᠦᠮᠡᠨ ᠲᠦᠭᠦᠷᠢᠭ ᠪᠠᠭᠲᠠᠨ᠎ᠠ︶᠂ ᠲᠡᠬᠡᠷ᠎ᠡ ᠵᠢᠯ ᠤᠨ | ᠦᠯᠡᠲᠡᠭᠰᠡᠨ ᠤᠷᠤᠯᠭ᠎ᠠ 2689 ᠲᠦᠮᠡᠨ ᠲᠦᠭᠦᠷᠢᠭ ᠢ ᠪᠤᠲᠤᠪᠠᠯ ᠡᠯ᠎ᠡ ᠵᠦᠢᠯ ᠤᠨ ᠤᠷᠤᠯᠭ᠎ᠠ ᠨᠡᠶᠢᠲᠡ 340601 ᠲᠦᠮᠡᠨ ᠲᠦᠭᠦᠷᠢᠭ ᠪᠤᠯᠤᠨ᠎ᠠ᠃ | 2018 ᠤᠨ ᠳᠤ ᠪᠦᠬᠦ ᠬᠤᠰᠢᠭᠤᠨ ᠤ ᠠᠯᠪᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢ 314949 ᠲᠦᠮᠠᠨ ᠲᠦᠬᠦᠷᠢᠭ | ᠪᠠᠶᠠᠯᠠᠬᠦᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠢᠯᠡᠬᠦᠤ 71242 ᠲᠦᠮᠠᠨ ᠲᠦᠬᠦᠷᠢᠭ ᠂ 29.23% ᠪᠠᠷ ᠨᠡᠮᠡᠭᠲᠡᠪᠡ᠃ | ᠠᠯᠪᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ ᠲᠦᠷᠦᠯ ᠵᠦᠢᠯ ᠢᠶᠠᠷ ᠬᠤᠪᠢᠶᠠᠪᠠᠯ᠄ | ᠴᠠᠯᠢᠩ ᠬᠦᠯᠤᠰᠤ ᠶᠢᠨ ᠴᠢᠨᠠᠷᠳᠠᠢ ᠵᠠᠷᠤᠯᠭ᠎ᠠ 96955 ᠲᠦᠮᠠᠨ ᠲᠦᠬᠦᠷᠢᠭ︔ ᠬᠦᠮᠦᠰ ᠤᠨ ᠨᠦᠬᠦᠪᠤᠷᠢ 16858 ᠲᠦᠮᠠᠨ ᠲᠦᠬᠦᠷᠢᠭ ︔ ᠠᠯᠪᠠᠨ | ᠵᠠᠷᠤᠯᠭ᠎ᠠ 3867 ᠲᠦᠮᠠᠨ ᠲᠦᠬᠦᠷᠢᠭ︔ ᠡᠷᠬᠢᠯᠡᠭᠰᠠᠨ ᠠᠵᠢᠯ ᠤᠨ ᠵᠠᠷᠤᠯᠭ᠎ᠠ 9678 ᠲᠦᠮᠠᠨ ᠲᠦᠬᠦᠷᠢᠭ︔ ᠪᠠᠩᠬᠢ ᠶᠢᠨ ᠵᠢᠬᠡᠯᠡᠯᠬᠡ ᠶᠢᠨ ᠬᠦᠦ ᠮᠦᠩᠬᠦ ᠶᠢᠨ | ᠵᠠᠷᠤᠯᠭ᠎ᠠ 37147 ᠲᠦᠮᠠᠨ ᠲᠦᠬᠦᠷᠢᠭ︔ ᠰᠤᠮᠤ ᠪᠠᠯᠭᠠᠰᠤ ᠬᠠᠮᠢᠶᠠᠷᠤᠯᠳᠠ ᠶᠢᠨ ᠵᠦᠪᠯᠠᠯ ᠤᠨ ᠵᠠᠷᠤᠯᠭ᠎ᠠ 2058 ᠲᠦᠮᠠᠨ ᠲᠦᠬᠦᠷᠢᠭ︔ ᠠᠵᠤ ᠦᠢᠯᠠᠳᠪᠤᠷᠢ | ᠶᠢᠨ ᠬᠦᠷᠢᠶᠠᠯᠠᠩ ᠲᠤᠭᠤᠷᠢᠭ ᠤᠨ ᠵᠠᠷᠤᠯᠭ᠎ᠠ 8542 ᠲᠦᠮᠠᠨ ᠲᠦᠬᠦᠷᠢᠭ︔ ᠵᠠᠰᠠᠭ ᠤᠨ ᠤᠷᠲᠤᠨ ᠤ ᠦᠷᠢ ᠰᠢᠷᠢ ᠶᠢ ᠲᠦᠯᠦᠬᠦ ᠪᠠ ᠤᠷᠴᠢᠨ ᠲᠤᠭᠤᠷᠢᠨ ᠢ | ᠬᠠᠮᠠᠭᠠᠯᠠᠬᠤ ᠠᠵᠢᠯ᠂ ᠵᠠᠰᠠᠭ ᠤᠨ ᠤᠷᠲᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠵᠠᠷᠤᠯᠭ᠎ᠠ 25839 ᠲᠦᠮᠠᠨ ᠲᠦᠬᠦᠷᠢᠭ︔ ᠶᠠᠳᠠᠭᠤ ᠶᠢ | ᠲᠠᠳᠬᠦᠬᠦ ᠲᠦᠷᠦᠯ ᠵᠦᠢᠯ ᠤᠨ ᠵᠠᠷᠤᠯᠭ᠎ᠠ 560 ᠲᠦᠮᠠᠨ ᠲᠦᠬᠦᠷᠢᠭ︔ ᠲᠦᠷᠦᠯ ᠵᠦᠢᠯ ᠤᠨ ᠡᠮᠤᠨ᠎ᠠ ᠬᠤᠭᠤᠴᠠᠭᠠᠨ ᠤ ᠵᠠᠷᠤᠯᠭ᠎ᠠ 1245 ᠲᠦᠮᠠᠨ ᠲᠦᠬᠦᠷᠢᠭ︔ | ᠲᠠᠬᠡᠳᠤ ᠱᠠᠳᠤᠨ ᠤ ᠲᠤᠰᠬᠠᠢ ᠲᠦᠷᠦᠯ ᠤᠨ ᠪᠠᠯᠠ ᠮᠦᠩᠬᠦ ᠶᠢ ᠤᠯᠭᠤᠭᠰᠠᠨ ᠵᠠᠷᠤᠯᠭ᠎ᠠ 112200 ᠲᠦᠮᠠᠨ ᠲᠦᠬᠦᠷᠢᠭ ︵ᠡᠬᠦᠨ ᠳᠤ 2018 ᠤᠨ ᠤ | ᠲᠤᠰᠬᠠᠢ ᠲᠦᠷᠦᠯ ᠤᠨ ᠪᠠᠯᠠ ᠮᠦᠩᠬᠦ ᠶᠢ ᠦᠭᠬᠦ ᠳᠤ 61419 ᠲᠦᠮᠠᠨ ᠲᠦᠬᠦᠷᠢᠭ︔ ᠡᠮᠤᠨ᠎ᠠ ᠬᠡᠳᠤᠨ ᠵᠢᠯ ᠤᠨ ᠦᠷᠢᠳᠠᠵᠤ ᠪᠠᠶᠢᠭᠰᠠᠨ ᠲᠤᠰᠬᠠᠢ ᠲᠦᠷᠦᠯ ᠤᠨ | ᠪᠠᠯᠠ ᠮᠦᠩᠬᠦ ᠶᠢ ᠦᠭᠬᠦ ᠳᠤ 50781 ᠲᠦᠮᠠᠨ ᠲᠦᠬᠦᠷᠢᠭ︶ ᠪᠤᠯᠤᠨ᠎ᠠ᠃ | ᠵᠠᠷᠤᠯᠭ᠎ᠠ ᠶᠢᠨ ᠴᠢᠳᠠᠪᠤᠷᠢ ᠶᠢᠨ ᠲᠦᠷᠦᠯ ᠵᠦᠢᠯ ᠢᠶᠠᠷ ᠬᠤᠪᠢᠶᠠᠪᠠᠯ᠄ | ᠡᠩ ᠤᠨ ᠠᠯᠪᠠᠨ ᠨᠠᠶᠢᠳᠠ ᠶᠢᠨ ᠦᠢᠯᠠᠴᠢᠯᠡᠭᠡ ᠶᠢᠨ ᠵᠠᠷᠤᠯᠭ᠎ᠠ 28255 ᠲᠦᠮᠠᠨ ᠲᠦᠬᠦᠷᠢᠭ︔ ᠤᠯᠠᠨ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ | 7850 ᠲᠦᠮᠠᠨ ᠲᠦᠬᠦᠷᠢᠭ︔ ᠰᠤᠷᠭᠠᠨ ᠬᠦᠮᠤᠵᠢᠯ ᠤᠨ ᠵᠠᠷᠤᠯᠭ᠎ᠠ 32943 ᠲᠦᠮᠠᠨ ᠲᠦᠬᠦᠷᠢᠭ︔ ᠰᠢᠨᠵᠢᠯᠠᠬᠦ ᠤᠬᠠᠭᠠᠨ ᠲᠧᠭᠨᠢᠭ ᠮᠠᠷᠬᠡᠵᠢᠯ ᠤᠨ ᠵᠠᠷᠤᠯᠭ᠎ᠠ | 1521 ᠲᠦᠮᠠᠨ ᠲᠦᠬᠦᠷᠢᠭ︔ ᠰᠤᠶᠤᠯ ᠲᠠᠮᠢᠷ ᠵᠠᠭᠤᠴᠢᠯᠠᠭᠤᠷ ᠤᠨ ᠵᠠᠷᠤᠯᠭ᠎ᠠ 3064 ᠲᠦᠮᠠᠨ ᠲᠦᠬᠦᠷᠢᠭ︔ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ | ᠶᠢᠨ ᠵᠠᠷᠤᠯᠭ᠎ᠠ 40743 ᠲᠦᠮᠠᠨ ᠲᠦᠬᠦᠷᠢᠭ︔ ᠡᠮ ᠡᠮᠨᠡᠯᠬᠡ ᠡᠷᠡᠬᠦᠯ ᠬᠠᠮᠠᠭᠠᠯᠠᠯ ᠲᠦᠯᠦᠪᠯᠠᠬᠡᠳᠤ ᠬᠦᠩᠬᠡᠵᠢᠯ ᠤᠨ ᠵᠠᠷᠤᠯᠭ᠎ᠠ 16305 ᠲᠦᠮᠠᠨ ᠲᠦᠬᠦᠷᠢᠭ︔ | ᠡᠨᠧᠷᠬᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ ᠵᠠᠷᠤᠯᠭ᠎ᠠ 6177 ᠲᠦᠮᠠᠨ ᠲᠦᠬᠦᠷᠢᠭ︔ ᠬᠤᠳᠠ ᠬᠦᠳᠡᠭᠡ ᠶᠢᠨ ᠨᠠᠶᠢᠬᠡᠮ ᠲᠤᠭᠤᠷᠢᠭ ᠤᠨ ᠵᠠᠷᠤᠯᠭ᠎ᠠ | 45443 ᠲᠦᠮᠠᠨ ᠲᠦᠬᠦᠷᠢᠭ ︔ ᠲᠠᠷᠢᠶᠠᠯᠠᠩ ᠤᠢ ᠰᠢᠭᠤᠢ ᠤᠰᠤᠨ ᠠᠰᠢᠭᠯᠠᠯᠳᠠ ᠶᠢᠨ ᠵᠠᠷᠤᠯᠭ᠎ᠠ 57402 ᠲᠦᠮᠠᠨ ᠲᠦᠬᠦᠷᠢᠭ︔ ᠵᠠᠮ ᠬᠠᠷᠢᠯᠴᠠᠭ᠎ᠠ | ᠲᠠᠬᠡᠬᠡᠪᠤᠷᠢ ᠶᠢᠨ ᠵᠠᠷᠤᠯᠭ᠎ᠠ 32833 ᠲᠦᠮᠠᠨ ᠲᠦᠬᠦᠷᠢᠭ︔ ᠡᠬᠢ ᠪᠠᠶᠠᠯᠢᠭ ᠬᠠᠶᠢᠨ ᠰᠦᠪᠡᠭᠴᠢᠯᠠᠬᠦ ᠴᠢᠮᠡᠭᠡ ᠵᠠᠩᠬᠢ ᠶᠢᠨ ᠵᠠᠷᠤᠯᠭ᠎ᠠ 1721 ᠲᠦᠮᠠᠨ | ᠲᠦᠬᠦᠷᠢᠭ︔ ᠬᠤᠳᠠᠯᠳᠤᠭ᠎ᠠ ᠦᠢᠯᠠᠴᠢᠯᠡᠭᠡ ᠶᠢᠨ ᠦᠢᠯᠠᠰ ᠤᠨ ᠵᠠᠷᠤᠯᠭ᠎ᠠ 861 ᠲᠦᠮᠠᠨ ᠲᠦᠬᠦᠷᠢᠭ︔ ᠮᠦᠩᠬᠦᠨ ᠬᠦᠢᠯᠬᠡᠬᠡ ᠶᠢᠨ ᠵᠠᠷᠤᠯᠭ᠎ᠠ 71 ᠲᠦᠮᠠᠨ | ᠲᠦᠬᠦᠷᠢᠭ︔ ᠤᠯᠤᠰ ᠤᠨ ᠭᠠᠵᠠᠷ ᠰᠢᠷᠥᠢ ᠲᠠᠯᠠᠢ ᠲᠠᠩᠬᠢᠰ ᠴᠠᠭ ᠠᠭᠤᠷ ᠤᠨ ᠵᠠᠷᠤᠯᠭ᠎ᠠ 2891 ᠲᠦᠮᠠᠨ ᠲᠦᠬᠦᠷᠢᠭ︔ ᠤᠷᠤᠨ ᠰᠠᠭᠤᠴᠠ ᠶᠢᠨ ᠪᠠᠳᠤᠯᠠᠭ᠎ᠠ | ᠶᠢᠨ ᠵᠠᠷᠤᠯᠭ᠎ᠠ 12112 ᠲᠦᠮᠠᠨ ᠲᠦᠬᠦᠷᠢᠭ︔ ᠠᠮᠤ ᠲᠤᠰᠤ ᠡᠳ᠋ ᠬᠦᠷᠦᠩᠬᠡ ᠶᠢᠨ ᠨᠦᠬᠡᠴᠠ ᠶᠢᠨ ᠵᠠᠷᠤᠯᠭ᠎ᠠ 837 ᠲᠦᠮᠠᠨ ᠲᠦᠬᠦᠷᠢᠭ︔ ᠦᠷᠢ ᠰᠢᠷᠢ | ᠬᠦᠦ ᠮᠦᠩᠬᠦ ᠶᠢᠨ ᠵᠠᠷᠤᠯᠭ᠎ᠠ 22927 ᠲᠦᠮᠠᠨ ᠲᠦᠬᠦᠷᠢᠭ︔ ᠦᠷᠢ ᠶᠢᠨ ᠪᠢᠯᠧᠲ ᠲᠠᠷᠬᠠᠭᠠᠬᠤ ᠵᠠᠷᠤᠯᠭ᠎ᠠ 41 ᠲᠦᠮᠡᠨ ᠲᠦᠭᠦᠷᠢᠭ︔ ᠪᠤᠰᠤᠳ ᠵᠠᠷᠤᠯᠭ᠎ᠠ | 952 ᠲᠦᠮᠠᠨ ᠲᠦᠬᠦᠷᠢᠭ ᠪᠤᠯᠤᠨ᠎ᠠ᠃ | ᠲᠡᠬᠡᠲᠤ ᠱᠠᠲᠤᠨ ᠳᠤ ᠪᠤᠴᠠᠭᠠᠬᠤ ᠵᠠᠷᠤᠯᠭ᠎ᠠ 1017 ᠲᠦᠮᠡᠨ ᠲᠦᠭᠦᠷᠢᠭ᠂ ᠤᠷᠤᠨ ᠨᠤᠲᠤᠭ ᠤᠨ ᠵᠠᠰᠠᠭ ᠤᠨ ᠤᠷᠲᠤᠨ ᠤ ᠡᠩ ᠤᠨ ᠦᠷᠢ ᠶᠢᠨ | ᠪᠢᠯᠧᠲ ᠤᠨ ᠬᠤᠯᠢᠭᠰᠠᠨ ᠵᠠᠷᠤᠯᠭ᠎ᠠ 19395 ᠲᠦᠮᠡᠨ ᠲᠦᠭᠦᠷᠢᠭ ᠢ ᠪᠤᠲᠤᠪᠠᠯ ᠡᠯ᠎ᠡ ᠵᠦᠢᠯ ᠤᠨ ᠵᠠᠷᠤᠯᠭ᠎ᠠ ᠨᠡᠶᠢᠲᠡ 335361 ᠲᠦᠮᠡᠨ ᠲᠦᠭᠦᠷᠢᠭ ᠪᠤᠯᠤᠨ᠎ᠠ | ᠃ ᠤᠷᠤᠯᠭ᠎ᠠ ᠵᠠᠷᠤᠯᠭ᠎ᠠ ᠶᠢ ᠲᠡᠩᠴᠡᠬᠦᠯᠪᠡᠯ ᠨᠡᠶᠢᠲᠡ 5240 ᠲᠦᠮᠨᠨ ᠲᠦᠭᠦᠷᠢᠭ ᠦᠯᠡᠲᠡᠨᠡ᠂ ᠡᠭᠦᠨ ᠳᠤ ᠦᠷᠢ ᠲᠦᠯᠦᠬᠦ ᠪᠠ ᠦᠷᠢ ᠶᠢᠨ ᠪᠢᠯᠧᠲ ᠢ | ᠰᠢᠢᠳᠪᠤᠷᠢᠯᠡᠬᠦ ᠳᠤ 3749 ᠲᠦᠮᠡᠨ ᠲᠦᠭᠦᠷᠢᠭ᠂ ᠵᠢᠯ ᠤᠨ ᠡᠴᠦᠰ ᠦᠯᠡᠲᠡᠭᠰᠡᠨ ᠵᠤᠭᠤᠰ 1491 ᠲᠦᠮᠡᠨ ᠲᠦᠭᠦᠷᠢᠭ᠃ | ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢ ᠪᠠᠶᠠᠯᠡᠬᠦᠯᠦᠭᠰᠠᠨ ᠪᠠᠶᠢᠳᠠᠯ | 2018 ᠤᠨ ᠳᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ 11845 ᠲᠦᠮᠠᠨ ᠲᠦᠬᠦᠷᠢᠭ ᠪᠠᠶᠠᠯᠠᠬᠦᠯᠵᠤ᠂ ᠲᠠᠬᠡᠷ᠎ᠡ ᠵᠢᠯ | ᠤᠨ ᠠᠲᠠᠯᠢ ᠬᠤᠭᠤᠴᠠᠭᠠᠨ ᠤ ᠬᠢ ᠠᠴᠠ ᠢᠯᠡᠬᠦᠤ 3854 ᠲᠦᠮᠡᠨ ᠲᠦᠭᠦᠷᠢᠭ᠂ 48.2% ᠪᠠᠷ ᠨᠡᠮᠡᠭᠲᠡᠪᠡ᠃ ᠲᠠᠬᠡᠳᠤ ᠱᠠᠳᠤᠨ ᠤ ᠨᠦᠬᠦᠪᠤᠷᠢ ᠶᠢᠨ ᠤᠷᠤᠯᠭ᠎ᠠ | 1208 ᠲᠦᠮᠠᠨ ᠲᠦᠬᠦᠷᠢᠭ᠂ ᠲᠤᠰᠬᠠᠢ ᠲᠦᠷᠦᠯ ᠤᠨ ᠦᠷᠢ ᠶᠢᠨ ᠪᠢᠯᠧᠲ ᠤᠨ ᠤᠷᠤᠯᠭ᠎ᠠ 14000 ᠲᠦᠮᠡᠨ ᠲᠦᠬᠦᠷᠢᠭ᠂ ᠲᠡᠬᠡᠷ᠎ᠡ ᠵᠢᠯ ᠤᠨ ᠦᠯᠡᠲᠡᠭᠰᠡᠨ | ᠤᠷᠤᠯᠭ᠎ᠠ 7299 ᠲᠦᠮᠡᠨ ᠲᠦᠭᠦᠷᠢᠭ ᠢ ᠪᠤᠲᠤᠪᠠᠯ ᠡᠯ᠎ᠡ ᠵᠦᠢᠯ ᠤᠨ ᠤᠷᠤᠯᠭ᠎ᠠ ᠨᠡᠶᠢᠲᠡ 34352 ᠲᠦᠮᠡᠨ ᠲᠦᠭᠦᠷᠢᠭ ᠪᠤᠯᠤᠨ᠎ᠠ᠃ | ᠵᠠᠰᠠᠭ ᠤᠨ ᠤᠷᠲᠤᠨ ᠤ ᠴᠢᠨᠠᠷᠲᠡᠢ ᠰᠠᠭᠤᠷᠢ ᠮᠦᠩᠬᠦ ᠶᠢᠨ ᠵᠠᠷᠤᠯᠭ᠎ᠠ 13729 ᠲᠦᠮᠡᠨ ᠲᠦᠭᠦᠷᠢᠭ ᠪᠡᠶᠡᠯᠡᠬᠦᠯᠵᠤ᠂ ᠠᠲᠠᠯᠢ ᠬᠤᠭᠤᠴᠠᠭᠠᠨ ᠤ ᠬᠢ | ᠠᠴᠠ ᠢᠯᠡᠬᠦᠤ 2863 ᠲᠦᠮᠡᠨ ᠲᠦᠭᠦᠷᠢᠭ᠂ 26.3% ᠪᠠᠷ ᠨᠡᠮᠡᠭᠲᠡᠪᠡ᠃ ᠤᠷᠤᠨ ᠨᠤᠲᠤᠭ ᠤᠨ ᠵᠠᠰᠠᠭ ᠤᠨ ᠤᠷᠲᠤᠨ ᠤ ᠲᠤᠰᠬᠠᠢ ᠲᠦᠷᠦᠯ ᠤᠨ ᠦᠷᠢ ᠶᠢᠨ | ᠪᠢᠯᠧᠲ ᠢ ᠲᠦᠯᠦᠬᠦ ᠳᠤ 13970 ᠲᠦᠮᠡᠨ ᠲᠦᠭᠦᠷᠢᠭ ᠵᠠᠷᠤᠴᠠᠭᠤᠯᠭᠰᠠᠨ ᠢ ᠪᠤᠲᠤᠪᠠᠯ ᠡᠯ᠎ᠡ ᠵᠦᠢᠯ ᠤᠨ ᠵᠠᠷᠤᠯᠭ᠎ᠠ ᠨᠡᠶᠢᠲᠡ 27699 ᠲᠦᠮᠡᠨ ᠲᠦᠭᠦᠷᠢᠭ | ᠪᠠᠶᠢᠵᠤ᠂ ᠤᠷᠤᠯᠭ᠎ᠠ ᠵᠠᠷᠤᠯᠭ᠎ᠠ ᠶᠢ ᠲᠡᠩᠴᠡᠬᠦᠯᠪᠡᠯ ᠨᠡᠶᠢᠲᠡ 6653 ᠲᠦᠮᠡᠨ ᠲᠦᠭᠦᠷᠢᠭ ᠦᠯᠡᠲᠡᠨᠡ᠂ ᠡᠭᠦᠨ ᠳᠤ ᠦᠷᠢ ᠲᠦᠯᠦᠬᠦ ᠪᠠ ᠦᠷᠢ ᠶᠢᠨ ᠪᠢᠯᠧᠲ ᠢ | ᠰᠢᠢᠳᠪᠤᠷᠢᠯᠡᠬᠦ ᠳᠤ 30 ᠲᠦᠮᠡᠨ ᠲᠦᠭᠦᠷᠢᠭ᠂ ᠵᠢᠯ ᠤᠨ ᠡᠴᠦᠰ ᠦᠯᠡᠲᠡᠭᠰᠡᠨ ᠵᠤᠭᠤᠰ 6623 ᠲᠦᠮᠡᠨ ᠲᠦᠭᠦᠷᠢᠭ᠃ | ︵ᠭᠤᠷᠪᠠ︶ ᠨᠠᠶᠢᠬᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢ ᠪᠠᠶᠡᠯᠡᠬᠦᠯᠥᠭᠰᠠᠨ ᠪᠠᠶᠢᠳᠠᠯ | 2018 ᠤᠨ ᠳᠤ ᠨᠠᠶᠢᠬᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ ᠤᠷᠤᠯᠭ᠎ᠠ 72895 ᠲᠦᠮᠠᠨ ᠲᠦᠬᠦᠷᠢᠭ᠂ ᠨᠠᠶᠢᠬᠡᠮ ᠤᠨ ᠲᠠᠭᠠᠳᠬᠠᠯ ᠤᠨ | ᠰᠠᠭᠤᠷᠢ ᠮᠦᠩᠬᠦ ᠶᠢᠨ ᠵᠠᠷᠤᠯᠭ᠎ᠠ 56907 ᠲᠦᠮᠠᠨ ᠲᠦᠬᠦᠷᠢᠭ ᠪᠠᠶᠠᠯᠠᠬᠦᠯᠪᠠ᠃ | ︵ᠲᠦᠷᠪᠡ︶ ᠤᠯᠤᠰ ᠤᠨ ᠬᠦᠷᠦᠩᠬᠡ ᠶᠢᠨ ᠡᠵᠡᠩᠨᠡᠯᠲᠡ ᠶᠢᠨ ᠤᠷᠤᠯᠭ᠎ᠠ ᠵᠠᠷᠤᠯᠭ᠎ᠠ ᠶᠢ ᠪᠡᠶᠡᠯᠡᠬᠦᠯᠦᠭᠰᠡᠨ ᠪᠠᠶᠢᠳᠠᠯ | 2018 ᠤᠨ ᠳᠤ ᠤᠯᠤᠰ ᠤᠨ ᠬᠦᠷᠦᠩᠬᠡ ᠶᠢᠨ ᠡᠵᠡᠩᠨᠡᠯᠲᠡ ᠶᠢᠨ ᠤᠷᠤᠯᠭ᠎ᠠ ᠵᠠᠷᠤᠯᠭ᠎ᠠ ᠡᠬᠦᠰᠦᠭᠰᠡᠨ ᠦᠬᠡᠢ᠃ | ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠮᠠᠨ ᠤ ᠬᠤᠰᠢᠭᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠦᠰᠦᠪ ᠢ ᠵᠦᠪᠰᠢᠶᠡᠷᠡᠬᠦ ᠳᠤ | ᠬᠤᠪᠢᠷᠠᠯᠲᠠ ᠭᠠᠷᠪᠠᠯ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠴᠠᠭ ᠲᠤᠬᠠᠢ ᠳᠤᠨᠢ ᠮᠡᠳᠡᠬᠦᠯᠦᠶ᠎ᠡ᠃ | ︵ᠲᠠᠪᠤ︶ ᠬᠤᠰᠢᠭᠤᠨ ᠤ ᠠᠷᠪᠠᠨ ᠲᠤᠯᠤᠲᠤᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ | ᠬᠤᠷᠠᠯᠳᠤᠭᠠᠨ ᠤ ᠡᠳ᠋ ᠤᠨ ᠵᠠᠰᠠᠭ ᠤᠨ ᠰᠢᠢᠳᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ | ᠬᠤᠰᠢᠭᠤᠨ ᠤ ᠠᠷᠪᠠᠨ ᠲᠤᠯᠤᠲᠤᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ | ᠤ ᠰᠢᠢᠳᠪᠤᠷᠢ ᠶᠢᠨ ᠬᠢᠨᠠᠨ ᠪᠠᠶᠢᠴᠠᠭᠠᠭᠰᠠᠨ ᠰᠠᠨᠠᠯ ᠢ ᠦᠨᠳᠤᠰᠤᠯᠠᠵᠤ᠂ ᠪᠢᠳᠠ ︽ᠲᠦᠰᠦᠪ ᠤᠨ ᠬᠠᠤᠯᠢ︾ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠰᠠᠭᠤᠲᠠᠯ ᠢᠶᠠᠷ ᠵᠢᠯᠤᠭᠤᠲᠤᠮᠵᠢ ᠪᠤᠯᠭᠠᠬᠤ ᠶᠢ ᠪᠠᠷᠢᠮᠲᠠᠯᠠᠨ᠂ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠪᠠᠶᠢᠭᠤᠯᠤᠮᠵᠢ ᠶᠢᠨ | ᠦᠬᠡᠷᠡᠴᠢᠯᠠᠯᠳᠠ ᠶᠢ ᠯᠠᠪᠲᠠᠭᠤᠨ ᠢᠶᠠᠷ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠳᠠ ᠪᠠᠨ ᠦᠨᠠᠨᠬᠦ ᠴᠢᠩᠭᠠᠳᠬᠠᠭᠠᠳ᠂ ᠪᠦᠬᠦ | ᠬᠤᠰᠢᠭᠤᠨ ᠤ ᠡᠳ᠋ ᠤᠨ ᠵᠠᠰᠠᠭ ᠤᠨ ᠬᠠᠮᠢᠶᠠᠷᠤᠯᠲᠠ ᠪᠠ ᠦᠬᠡᠷᠡᠴᠢᠯᠡᠯᠲᠡ ᠶᠢᠨ ᠠᠵᠢᠯ ᠢ ᠢᠲᠡᠪᠬᠢᠲᠡᠢ ᠦᠷᠨᠢᠬᠦᠯᠪᠡ᠃ | 1. ᠤᠷᠤᠯᠭ᠎ᠠ ᠪᠠᠨ ᠨᠡᠮᠡᠭᠳᠠᠬᠦᠯᠵᠤ᠂ ᠵᠠᠷᠤᠯᠭ᠎ᠠ ᠪᠠᠨ ᠬᠢᠵᠠᠭᠠᠷᠯᠠᠨ᠂ ᠡᠳ᠋ ᠤᠨ ᠵᠠᠰᠠᠭ ᠤᠨ ᠪᠠᠳᠤᠯᠠᠭ᠎ᠠ ᠶᠢᠨ ᠴᠢᠳᠠᠪᠤᠷᠢ ᠪᠠᠨ ᠲᠡᠬᠡᠭᠰᠢᠯᠠᠬᠦᠯᠪᠠ᠃ ᠨᠢᠬᠡ | ᠳᠤ ᠡᠳ᠋ ᠤᠨ ᠢᠷᠠᠯᠳᠠ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠪᠠ᠃ ᠪᠦᠬᠦ ᠬᠤᠰᠢᠭᠤᠨ ᠤ ︽ᠤᠷᠴᠢᠨ ᠲᠤᠭᠤᠷᠢᠨ ᠢ ᠰᠠᠶᠢᠵᠢᠷᠠᠭᠤᠯᠬᠤ ᠵᠢᠯ︾ ᠤᠨ | ᠲᠤᠬᠢᠶᠠᠯ ᠢ ᠠᠰᠢᠭᠯᠠᠨ᠂ ᠲᠦᠷᠦᠯ ᠵᠦᠢᠯ ᠤᠯᠬᠤ ᠪᠠ ᠦᠢᠯᠠᠴᠢᠯᠡᠭᠡ ᠪᠠᠳᠤᠯᠠᠭ᠎ᠠ ᠪᠠᠨ ᠴᠢᠩᠭᠠᠳᠬᠠᠵᠤ᠂ ᠸᠠᠨ ᠷᠦᠢ ᠰᠢᠳᠠᠮᠠᠬᠠᠢ ᠬᠡᠢ ᠵᠠᠷᠬᠡ ᠠᠵᠤ ᠠᠬᠤᠶᠢᠯᠠᠯ ᠢ | ᠤᠷᠤᠭᠤᠯᠬᠤ ᠶᠢᠨ ᠬᠠᠮᠳᠤ ᠲᠦᠷᠦᠯ ᠵᠦᠢᠯ ᠤᠯᠵᠤ ᠠᠪᠴᠢᠷᠠᠬᠤ ᠪᠠ ᠪᠦᠳᠦᠬᠡᠨ ᠪᠠᠶᠢᠭᠤᠯᠬᠤ ᠬᠦᠴᠦᠨ ᠢᠶᠠᠨ ᠴᠢᠩᠭᠠᠳᠬᠠᠵᠤ᠂ ᠪᠦᠳᠦᠬᠡᠨ ᠪᠠᠶᠢᠭᠤᠯᠤᠯᠳᠠ ᠶᠢᠨ | ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠴᠤ ᠤᠷᠤᠰᠢᠵᠤ ᠪᠠᠶᠢᠭ᠎ᠠ ᠠᠰᠠᠭᠤᠳᠠᠯ ᠢ ᠨᠢ ᠵᠤᠬᠢᠴᠠᠭᠤᠯᠵᠤ ᠰᠢᠢᠳᠪᠤᠷᠢᠯᠠᠨ᠂ ᠡᠳᠠᠬᠡᠷ ᠠᠵᠤ ᠠᠬᠤᠶᠢᠯᠠᠯ | ᠲᠦᠷᠬᠡᠨ ᠪᠦᠳᠦᠬᠡᠨ ᠪᠠᠶᠢᠭᠤᠯᠵᠤ ᠪᠠᠯᠠ ᠤᠷᠤᠭᠤᠯᠤᠨ ᠭᠠᠶᠢᠯᠢ ᠲᠠᠳᠠᠪᠤᠷᠢ ᠨᠡᠮᠡᠭᠳᠠᠬᠦᠯᠬᠦ ᠶᠢ ᠪᠠᠳᠤᠯᠠᠪᠠ᠃ ᠨᠠᠶᠢᠬᠡᠮ ᠠᠴᠠ ᠪᠠᠯᠠ ᠮᠦᠩᠬᠦ ᠤᠷᠤᠭᠤᠯᠬᠤ ᠢᠳᠠᠪᠬᠢᠵᠢᠯ | ᠢ ᠲᠠᠶᠢᠴᠢᠯᠠᠨ᠂ ᠤᠳᠤ ᠦᠶ᠎ᠠ ᠶᠢᠨ ᠡᠳ᠋ ᠤᠨ ᠢᠷᠠᠯᠳᠠ ᠶᠢᠨ ᠰᠢᠰᠲ᠋ᠧᠮ ᠢ ᠪᠤᠵᠠᠭᠠᠶᠢᠷᠠᠭᠤᠯᠵᠤ᠂ ᠵᠠᠰᠠᠭ ᠤᠨ ᠤᠷᠳᠤᠨ ᠤ ᠦᠷᠢ ᠰᠢᠷᠢ ᠡᠳ᠋ ᠬᠦᠷᠦᠩᠬᠡ ᠶᠢ | ᠰᠢᠢᠳᠪᠤᠷᠢᠯᠠᠬᠦ ᠪᠠ ᠦᠷᠢᠳᠠᠵᠤ ᠪᠠᠶᠢᠭ᠎ᠠ ᠭᠠᠶᠢᠯᠢ ᠲᠠᠳᠠᠪᠤᠷᠢ ᠶᠢ ᠢᠯᠭᠠᠷᠠᠭᠤᠯᠬᠤ ᠠᠵᠢᠯ ᠢ ᠬᠤᠯᠪᠤᠭᠠᠯᠠᠵᠤ ᠦᠷᠨᠢᠬᠦᠯᠥᠨ᠂ ᠦᠷᠢ ᠰᠢᠷᠢ ᠶᠢ ᠰᠢᠢᠳᠪᠤᠷᠢᠯᠠᠵᠤ | ᠤᠷᠤᠯᠭ᠎ᠠ ᠪᠠᠨ ᠨᠡᠮᠡᠭᠳᠠᠬᠦᠯᠬᠦ ᠬᠠᠷᠠᠯᠳᠠ ᠳᠠᠭᠠᠨ ᠬᠦᠷᠪᠠ᠃ ᠬᠤᠶᠠᠷ ᠲᠤ ᠭᠠᠶᠢᠯᠢ ᠲᠠᠳᠠᠪᠤᠷᠢ ᠶᠢ ᠶᠠᠷᠤᠩᠬᠡᠶᠢᠯᠠᠨ ᠵᠠᠰᠠᠨ ᠴᠡᠭᠴᠠᠯᠠᠪᠠ᠃ ︽ᠬᠠᠩᠬᠢᠨ ᠬᠤᠰᠢᠭᠤᠨ ᠤ | ᠭᠠᠶᠢᠯᠢ ᠲᠠᠳᠠᠪᠤᠷᠢ ᠶᠢ ᠶᠠᠷᠤᠩᠬᠡᠶᠢᠯᠠᠨ ᠵᠠᠰᠠᠨ ᠴᠡᠭᠴᠠᠯᠠᠬᠦ ᠠᠵᠢᠯ ᠤᠨ ᠲᠦᠰᠦᠯ︾ ᠲᠤᠭᠳᠠᠭᠠᠵᠤ᠂ ᠭᠠᠴᠠᠭ᠎ᠠ ᠲᠤᠰᠬᠤᠨ᠂ ᠰᠠᠯᠠᠭ᠎ᠠ ᠮᠦᠴᠢᠷ᠂ ᠠᠵᠤ ᠠᠬᠤᠶᠢᠯᠠᠯ | ᠵᠢᠴᠢ ᠲᠦᠷᠦᠯ ᠵᠦᠢᠯ ᠳᠤ ᠬᠦᠷᠳᠠᠯ᠎ᠠ ᠬᠡᠷᠡᠭᠵᠢᠬᠦᠯᠥᠨ᠂ ᠪᠠᠶᠢᠭᠠᠯᠢ ᠶᠢᠨ ᠰᠢᠳᠠᠮᠠᠬᠠᠢ ᠬᠡᠢ᠂ ᠪᠠᠷᠠᠭ᠎ᠠ ᠲᠠᠬᠡᠬᠡᠪᠤᠷᠢ ᠵᠠᠷᠬᠡ ᠰᠠᠯᠠᠭ᠎ᠠ ᠮᠦᠴᠢᠷ ᠤᠨ ᠭᠠᠶᠢᠯᠢ ᠲᠤᠰᠢᠶᠠᠬᠤ | ᠬᠦᠴᠦᠨ ᠢ ᠬᠦᠨᠵᠡᠬᠡᠢ ᠠᠭᠤᠳᠠᠯᠯᠠᠵᠤ᠂ ᠭᠠᠶᠢᠯᠢ ᠶᠢᠨ ᠪᠤᠰᠤ ᠫᠢᠶᠤᠤ ᠪᠠᠶᠢᠮᠳᠠ ᠶᠢᠨ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠮᠵᠢᠶ᠎ᠠ ᠶᠢ ᠲᠠᠬᠦᠯᠳᠡᠷᠵᠢᠬᠦᠯᠥᠬᠡᠳ᠂ | ᠭᠠᠶᠢᠯᠢ ᠲᠠᠳᠠᠪᠤᠷᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠲᠠᠳᠠᠪᠤᠷᠢᠯᠠᠪᠠᠰᠤ ᠵᠤᠬᠢᠬᠤ ᠭᠠᠶᠢᠯᠢ ᠶᠢ ᠪᠦᠬᠦᠨ ᠢ ᠲᠠᠳᠠᠪᠤᠷᠢᠯᠠᠪᠠ᠃ ᠭᠤᠷᠪᠠ ᠳᠤ ᠭᠠᠶᠢᠯᠢ ᠲᠠᠳᠠᠪᠤᠷᠢ | ᠶᠢ ᠴᠢᠩᠭᠠᠳᠬᠠᠵᠤ ᠦᠷᠢ ᠲᠦᠯᠤᠪᠠ᠃ ︽ᠭᠠᠶᠢᠯᠢ ᠲᠠᠳᠠᠪᠤᠷᠢ ᠶᠢ ᠢᠯᠭᠠᠷᠠᠭᠤᠯᠵᠤ ᠦᠷᠢ ᠲᠦᠯᠦᠬᠦ ᠪᠠ ᠲᠦᠪ ᠤᠨ ᠠᠵᠤ ᠠᠬᠤᠶᠢᠯᠠᠯ᠂ ᠨᠠᠬᠦᠷᠠᠰᠤᠨ ᠦᠢᠯᠠᠰ ᠤᠨ | ᠺᠤᠮᠫᠠᠨᠢ ᠵᠠᠷᠬᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠠᠶᠢᠯᠢ ᠲᠠᠳᠠᠪᠤᠷᠢ ᠶᠢᠨ ᠠᠶᠤᠯ ᠲᠦᠭᠰᠢᠬᠦᠷᠢ ᠶᠢ ᠦᠨᠠᠯᠠᠨ ᠪᠠᠶᠢᠴᠠᠭᠠᠬᠤ ᠠᠵᠢᠯ ᠤᠨ ᠲᠦᠰᠤᠯ︾ ᠢ | ᠶᠠᠷᠢᠯᠴᠠᠵᠤ ᠲᠤᠭᠳᠠᠭᠠᠨ᠂ 15 ᠠᠵᠤ ᠠᠬᠤᠶᠢᠯᠠᠯ ᠤᠨ ᠦᠷᠢᠳᠠᠵᠤ ᠪᠠᠶᠢᠭ᠎ᠠ ᠭᠠᠶᠢᠯᠢ ᠲᠠᠳᠠᠪᠤᠷᠢ ᠶᠢ ᠢᠯᠭᠠᠷᠠᠭᠤᠯᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ | ᠮᠦᠴᠢᠷ ᠲᠠᠢ ᠢᠳᠠᠪᠬᠢᠳᠠᠢ ᠬᠤᠷᠰᠢᠨ 1250 ᠲᠦᠮᠠᠨ ᠲᠦᠬᠦᠷᠢᠭ ᠤᠨ ᠭᠠᠶᠢᠯᠢ ᠲᠠᠳᠠᠪᠤᠷᠢ ᠶᠢ ᠬᠤᠷᠢᠶᠠᠵᠤ ᠠᠪᠴᠢᠷᠠᠪᠠ᠃ ᠲᠦᠷᠪᠠ ᠳᠤ ᠲᠠᠬᠡᠳᠤ ᠱᠠᠳᠤᠨ ᠤ | ᠡᠯ᠎ᠡ ᠵᠦᠢᠯ ᠤᠨ ᠪᠠᠯᠠ ᠮᠦᠩᠬᠦ ᠶᠢ ᠢᠳᠠᠪᠬᠢᠳᠠᠢ ᠤᠯᠵᠤ ᠠᠪᠴᠢᠷᠠᠪᠠ᠃ ᠲᠦᠷᠦᠯ ᠵᠦᠢᠯ ᠤᠨ ᠬᠦᠮᠤᠷᠬᠡ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ | ᠲᠠᠬᠦᠯᠳᠡᠷᠵᠢᠬᠦᠯᠵᠤ᠂ ᠲᠦᠷᠦᠯ ᠵᠦᠢᠯ ᠲᠦᠰᠦᠪᠯᠠᠬᠦ ᠠᠵᠢᠯ ᠢ ᠤᠷᠢᠳ ᠠᠴᠠ ᠰᠠᠶᠢᠳᠤᠷ ᠠᠳᠬᠤᠨ᠂ ᠬᠦᠳᠡᠭᠡ ᠲᠤᠰᠬᠤᠨ ᠢ ᠴᠡᠭᠴᠠᠯᠠᠨ ᠬᠦᠭᠵᠢᠬᠦᠯᠬᠦ ᠪᠠ ᠭᠤᠷᠪᠠᠨ | ᠲᠤᠮᠤ ᠪᠤᠭᠤᠮᠳᠠ ᠰᠢᠪᠳᠤᠯᠬᠤ ᠲᠠᠶᠢᠯᠠᠯᠳᠤᠭᠠᠨ ᠵᠠᠷᠬᠡ ᠲᠤᠮᠤ ᠴᠢᠬᠤᠯᠠ ᠠᠷᠭ᠎ᠠ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠢᠳᠠᠪᠬᠢᠳᠠᠢ ᠠᠰᠢᠭᠯᠠᠵᠤ᠂ ᠵᠠᠮ | ᠬᠠᠷᠢᠯᠴᠠᠭ᠎ᠠ ᠤᠰᠤᠨ ᠠᠰᠢᠭᠯᠠᠯᠳᠠ ᠵᠠᠷᠬᠡ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢᠨ ᠦᠢᠯᠠᠰ ᠲᠤ ᠲᠠᠬᠡᠳᠤ ᠱᠠᠳᠤᠨ ᠠᠴᠠ 22.1 | ᠳ᠋ᠦᠩᠰᠢᠭᠤᠷ ᠲᠦᠬᠦᠷᠢᠭ ᠤᠨ ᠡᠯ᠎ᠡ ᠵᠦᠢᠯ ᠤᠨ ᠪᠠᠯᠠ ᠮᠦᠩᠬᠦ ᠤᠯᠵᠤ ᠠᠪᠴᠢᠷᠠᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 30 % ᠪᠠᠷ ᠨᠡᠮᠡᠭᠳᠠᠪᠠ᠃ | ᠲᠠᠪᠤ ᠳᠤ ᠡᠳ᠋ ᠤᠨ ᠢᠷᠠᠯᠳᠠ ᠪᠠᠨ ᠨᠡᠮᠡᠭᠳᠠᠬᠦᠯᠵᠤ ᠠᠷᠪᠢᠯᠠᠨ ᠭᠠᠮᠨᠠᠪᠠ᠃ ︽ᠤᠷᠳᠤ ᠤᠳᠠᠭᠠᠨ ᠬᠤᠭᠤᠴᠠᠭ᠎ᠠ ᠪᠤᠷᠤ ᠬᠤᠨᠤᠭ ᠦᠩᠬᠡᠷᠡᠬᠦᠯᠬᠦ︾ ᠦᠵᠠᠯ ᠰᠠᠨᠠᠭ᠎ᠠ | ᠶᠢ ᠯᠠᠪᠳᠠᠭᠤᠨ ᠢᠶᠠᠷ ᠦᠢᠯᠠᠳᠤᠯᠬᠡᠵᠢᠬᠦᠯᠵᠤ᠂ ︽ᠭᠤᠷᠪᠠᠨ ᠠᠯᠪᠠᠨ ᠵᠠᠷᠤᠳᠠᠯ︾ ᠪᠡ ᠡᠩ ᠤᠨ ᠴᠢᠨᠠᠷᠳᠠᠢ ᠵᠠᠷᠤᠳᠠᠯ ᠢ ᠪᠠᠭᠠᠰᠬᠠᠨ᠂ ᠪᠦᠬᠦ ᠬᠤᠰᠢᠭᠤᠨ ᠤ ︽ | ᠭᠤᠷᠪᠠᠨ ᠠᠯᠪᠠᠨ ᠵᠠᠷᠤᠳᠠᠯ︾ 1545 ᠲᠦᠮᠠᠨ ᠲᠦᠬᠦᠷᠢᠭ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠤᠳᠠᠭᠤ 432 ᠲᠦᠮᠠᠨ ᠲᠦᠬᠦᠷᠢᠭ | ᠂ 21.9% ᠪᠠᠷ ᠪᠠᠭᠤᠷᠠᠪᠠ᠃ ᠡᠳ᠋ ᠤᠨ ᠵᠠᠰᠠᠭ ᠤᠨ ᠤᠷᠤᠯᠭ᠎ᠠ ᠶᠢ ᠪᠦᠬᠦ ᠲᠠᠯ᠎ᠠ ᠪᠠᠷ ᠵᠤᠬᠢᠶᠠᠨ ᠪᠠᠶᠢᠭᠤᠯᠬᠤ ᠶᠢᠨ ᠲᠠᠭᠠᠤ ᠤᠯᠤᠰ ᠤᠨ ᠬᠦᠮᠤᠷᠬᠡ ᠳᠠᠬᠢ ᠪᠠᠯᠠ | ᠮᠦᠩᠬᠦ ᠶᠢ ᠰᠢᠨᠵᠢᠯᠠᠬᠦ ᠤᠬᠠᠭᠠᠨᠴᠢ ᠪᠠᠷ ᠲᠤᠬᠢᠷᠠᠭᠤᠯᠵᠤ᠂ ᠡᠳ᠋ ᠤᠨ ᠵᠠᠰᠠᠭ ᠤᠨ ᠲᠦᠰᠦᠪ ᠬᠢᠬᠡᠳ ᠲᠦᠷᠦᠯ ᠵᠦᠢᠯ ᠤᠨ ᠠᠬᠢᠴᠠ ᠶᠤᠰᠤᠭᠠᠷ ᠪᠠᠯᠠ ᠮᠦᠩᠬᠦ | ᠤᠯᠭᠤᠨ᠂ ᠤᠯᠠᠨ ᠠᠷᠭ᠎ᠠ ᠵᠠᠮ ᠢᠶᠠᠷ ᠲᠤᠰᠬᠠᠢ ᠲᠦᠷᠦᠯ ᠢ ᠤᠯᠭᠤᠬᠤ ᠨᠤᠷᠮ᠎ᠠ ᠶᠢ ᠲᠠᠬᠡᠭᠰᠢᠯᠠᠬᠦᠯᠵᠤ᠂ ᠡᠳ᠋ ᠤᠨ ᠵᠠᠰᠠᠭ ᠤᠨ ᠵᠠᠷᠤᠯᠭ᠎ᠠ ᠶᠢ ᠬᠡᠷᠡᠭᠵᠢᠬᠦᠯᠬᠦ ᠨᠤᠷᠮ᠎ᠠ | ᠶᠢ ᠤᠯᠠᠮ ᠨᠢᠬᠡ ᠠᠯᠬᠤᠮ ᠲᠠᠬᠡᠭᠰᠢᠯᠠᠬᠦᠯᠪᠠ᠃ | 2. ᠠᠵᠤ ᠦᠢᠯᠠᠰ ᠤᠨ ᠪᠦᠳᠦᠴᠠ ᠳᠤ ᠲᠤᠬᠢᠷᠠᠭᠤᠯᠤᠯᠳᠠ ᠬᠢᠵᠤ᠂ ᠠᠶᠤᠯ ᠲᠦᠭᠰᠢᠬᠦᠷᠢ ᠶᠢ ᠰᠠᠷᠬᠡᠶᠢᠯᠠᠨ᠂ ᠭᠤᠷᠪᠠᠨ ᠲᠤᠮᠤ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠳᠤᠷ ᠦᠷᠨᠢᠬᠦᠯᠪᠠ᠃ ᠨᠢᠬᠡ ᠳᠤ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠰᠢᠷᠢ ᠶᠢᠨ ᠠᠶᠤᠯ | ᠲᠦᠭᠰᠢᠬᠦᠷᠢ ᠶᠢ ᠰᠠᠷᠬᠡᠶᠢᠯᠠᠵᠤ ᠰᠢᠢᠳᠪᠤᠷᠢᠯᠠᠪᠠ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ ᠪᠠᠯᠠ ᠬᠦᠷᠦᠩᠬᠡ ᠶᠢ ᠰᠢᠢᠳᠪᠤᠷᠢᠯᠠᠬᠦ ᠵᠠᠷᠬᠡ | 13 ᠲᠤᠰᠬᠠᠢ ᠲᠦᠷᠦᠯ ᠤᠨ ᠠᠵᠢᠯ ᠤᠨ ᠲᠤᠭᠤᠶᠢᠯᠠᠩ ᠪᠠᠶᠢᠭᠤᠯᠵᠤ᠂ ᠬᠤᠰᠢᠭᠤ ᠰᠤᠮᠤ ᠪᠠᠯᠭᠠᠰᠤ ᠭᠠᠴᠠᠭ᠎ᠠ ᠲᠤᠰᠬᠤᠨ ᠭᠤᠷᠪᠠᠨ ᠱᠠᠳᠤ ᠬᠤᠯᠪᠤᠭᠠᠯᠠᠵᠤ ᠵᠠᠰᠠᠭ | ᠤᠨ ᠤᠷᠳᠤᠨ ᠤ ᠦᠷᠢ ᠰᠢᠷᠢ ᠶᠢ ᠬᠢᠨᠠᠨ ᠲᠤᠭᠳᠠᠭᠠᠬᠤ ᠠᠵᠢᠯ ᠢ ᠦᠷᠨᠢᠬᠦᠯᠥᠬᠡᠳ᠂ ᠵᠠᠰᠠᠭ ᠤᠨ ᠤᠷᠳᠤᠨ ᠤ ᠦᠷᠢ ᠰᠢᠷᠢ ᠶᠢ ᠪᠤᠳᠠᠳᠤ ᠲᠠᠩᠰᠠ ᠡᠪᠬᠡᠮᠡᠯ ᠲᠠᠢ | ᠠᠳᠠᠯᠢ ᠪᠠᠶᠢᠯᠭᠠᠪᠠ᠃ ᠪᠦᠬᠦ ᠬᠤᠰᠢᠭᠤ ᠪᠠᠷ ᠢᠶᠠᠨ ᠲᠦᠰᠦᠪ ᠲᠤ ᠲᠤᠬᠢᠷᠠᠭᠤᠯᠬᠤ᠂ ᠬᠢᠨᠠᠨ ᠪᠤᠳᠤᠵᠤ ᠪᠠᠭᠤᠷᠠᠭᠤᠯᠬᠤ ᠪᠠ ᠡᠳ᠋ ᠬᠦᠷᠦᠩᠬᠡ ᠪᠠᠷ ᠦᠷᠢ ᠲᠦᠯᠦᠬᠦ | ᠵᠠᠷᠬᠡ ᠤᠯᠠᠨ ᠵᠦᠢᠯ ᠤᠨ ᠬᠡᠯᠪᠡᠷᠢ ᠶᠢ ᠠᠪᠬᠤ ᠪᠠᠷ ᠲᠠᠮᠵᠢᠭᠠᠳ ᠵᠠᠰᠠᠭ ᠤᠨ ᠤᠷᠳᠤᠨ ᠤ 29.48 ᠳ᠋ᠦᠩᠰᠢᠭᠤᠷ ᠲᠦᠬᠦᠷᠢᠭ ᠤᠨ ᠦᠷᠢ ᠶᠢ ᠢᠯᠭᠠᠷᠠᠭᠤᠯᠵᠤ᠂ | ᠦᠷᠢ ᠲᠦᠯᠥᠬᠦ ᠵᠢᠯ ᠤᠨ ᠡᠬᠢᠨ ᠤ ᠬᠠᠷᠠᠯᠳᠠ 14.66 ᠳ᠋ᠦᠩᠰᠢᠭᠤᠷ ᠲᠦᠬᠦᠷᠢᠭ ᠢ 201% ᠪᠠᠷ ᠪᠠᠶᠠᠯᠠᠬᠦᠯᠥᠨ᠂ ︽ᠠᠷᠪᠠ ᠶᠢ ᠨᠠᠶᠢᠳᠠᠮ ᠪᠦᠷᠬᠦᠬᠦᠯᠬᠦ︾ | ᠢᠨᠵᠧᠨᠧᠷᠢᠩ ᠤᠨ ᠦᠷᠢ ᠶᠢ ᠪᠦᠬᠦᠨ ᠢ ᠲᠦᠯᠦᠪᠠ᠃ ᠬᠤᠶᠠᠷ ᠲᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠶᠢᠨ ᠠᠵᠢᠯ ᠢ ᠪᠦᠬᠦ ᠬᠦᠴᠦᠨ ᠢᠶᠠᠷ ᠲᠠᠮᠵᠢᠪᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠶᠢᠨ ᠠᠵᠢᠯ ᠤᠨ ᠪᠠᠯᠠ ᠮᠦᠩᠬᠦ ᠶᠢ ᠪᠠᠳᠤᠯᠠᠬᠤ ᠶᠠᠪᠤᠳᠠᠯ ᠢ ᠢᠮᠠᠭᠳᠠ ᠲᠤᠪᠤᠶᠢᠮ᠎ᠠ ᠪᠠᠶᠢᠷᠢᠨ ᠳᠤ ᠲᠠᠯᠪᠢᠵᠤ᠂ 1.04 | ᠳ᠋ᠦᠩᠰᠢᠭᠤᠷ ᠲᠦᠬᠦᠷᠢᠭ ᠤᠨ ᠶᠠᠳᠠᠭᠤ ᠶᠢ ᠲᠠᠳᠬᠦᠬᠦ ᠪᠠᠯᠠ ᠮᠦᠩᠬᠦ ᠪᠤᠯᠤᠨ 1.6 ᠳ᠋ᠦᠩᠰᠢᠭᠤᠷ ᠲᠦᠬᠦᠷᠢᠭ ᠤᠨ ᠶᠠᠳᠠᠭᠤ ᠶᠢ ᠲᠠᠳᠬᠦᠬᠦ ᠮᠦᠩᠬᠦᠨ ᠬᠦᠢᠯᠬᠡᠬᠡᠨ ᠤ | ᠵᠢᠬᠡᠯᠡᠯᠬᠡ ᠤᠯᠭᠤᠨ᠂ ᠠᠵᠤ ᠦᠢᠯᠠᠰ ᠢᠶᠠᠷ ᠶᠠᠳᠠᠭᠤ ᠶᠢ ᠲᠠᠳᠬᠦᠬᠦ᠂ ᠨᠠᠬᠦᠯᠬᠡᠨ ᠰᠢᠯᠵᠢᠬᠦᠯᠵᠤ ᠶᠠᠳᠠᠭᠤ ᠶᠢ ᠲᠠᠳᠬᠦᠬᠦ᠂ ᠡᠷᠡᠬᠦᠯ ᠮᠠᠨᠳᠤ ᠪᠠᠷ ᠶᠠᠳᠠᠭᠤ ᠶᠢ ᠲᠠᠳᠬᠦᠬᠦ | ᠪᠠ ᠮᠦᠩᠬᠦᠨ ᠬᠦᠢᠯᠬᠡᠬᠡ ᠪᠠᠷ ᠶᠠᠳᠠᠭᠤ ᠶᠢ ᠲᠠᠳᠬᠦᠬᠦ ᠲᠦᠷᠦᠯ ᠵᠦᠢᠯ ᠢ ᠭᠤᠤᠯᠳᠠᠯᠭ᠎ᠠ ᠲᠠᠢ ᠬᠡᠷᠡᠭᠵᠢᠬᠦᠯᠥᠨ᠂ ᠶᠠᠳᠠᠭᠤ ᠶᠢ ᠲᠠᠳᠬᠦᠬᠦ ᠪᠠᠯᠠ ᠮᠦᠩᠬᠦ ᠶᠢ ᠲᠤᠤᠷ | ᠰᠦᠯᠵᠢᠶ᠎ᠠ ᠲᠠᠬᠡᠷ᠎ᠡ ᠡᠵᠡᠮᠰᠢᠵᠤ ᠬᠢᠨᠠᠯᠳᠠ ᠲᠠᠯᠪᠢᠪᠠ᠃ ᠭᠤᠷᠪᠠ ᠳᠤ ᠪᠤᠬᠢᠷᠳᠤᠯ ᠢ ᠰᠠᠷᠬᠡᠶᠢᠯᠠᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠲᠠᠮᠵᠢᠵᠤ ᠰᠠᠶᠢᠳᠤᠷ | ᠠᠳᠬᠤᠪᠠ᠃ ᠤᠯᠠᠨ ᠲᠠᠯ᠎ᠠ ᠪᠠᠷ ᠪᠠᠯᠠ ᠮᠦᠩᠬᠦ ᠤᠷᠤᠭᠤᠯᠬᠤ ᠠᠷᠭ᠎ᠠ ᠪᠤᠳᠤᠯᠭ᠎ᠠ ᠶᠢᠨ ᠲᠤᠭᠳᠠᠯᠴᠠᠭ᠎ᠠ ᠶᠢ ᠪᠠᠶᠢᠭᠤᠯᠵᠤ᠂ 6177 ᠲᠦᠮᠠᠨ ᠲᠦᠬᠦᠷᠢᠭ ᠤᠨ ᠡᠳ᠋ | ᠤᠨ ᠵᠠᠰᠠᠭ ᠤᠨ ᠪᠠᠯᠠ ᠮᠦᠩᠬᠦ ᠤᠷᠤᠭᠤᠯᠤᠨ᠂ ᠠᠭᠠᠷ ᠮᠠᠨᠳᠤᠯ᠂ ᠭᠠᠵᠠᠷ ᠤᠨ ᠬᠦᠷᠦᠰᠤ᠂ ᠤᠰᠤ ᠱᠠᠨᠳᠠ ᠶᠢᠨ ᠪᠤᠬᠢᠷᠳᠤᠯ ᠢ ᠰᠠᠷᠬᠡᠶᠢᠯᠠᠨ ᠵᠠᠰᠠᠬᠤ ᠵᠠᠷᠬᠡ ᠠᠮᠢ | ᠠᠬᠤᠢ ᠤᠷᠴᠢᠨ ᠲᠤᠭᠤᠷᠢᠨ ᠢ ᠬᠠᠮᠠᠭᠠᠯᠠᠬᠤ ᠲᠦᠷᠦᠯ ᠵᠦᠢᠯ ᠤᠨ ᠪᠦᠳᠤᠬᠡᠨ ᠪᠠᠶᠢᠭᠤᠯᠤᠯᠳᠠ ᠶᠢ ᠲᠠᠮᠵᠢᠵᠤ ᠬᠡᠷᠡᠭᠵᠢᠬᠦᠯᠪᠠ᠃ | 3. ᠡᠳ᠋ ᠤᠨ ᠬᠦᠴᠦᠨ ᠢᠶᠠᠨ ᠲᠦᠪᠯᠠᠷᠠᠬᠦᠯᠵᠤ᠂ ᠭᠤᠤᠯᠳᠠᠯᠭ᠎ᠠ ᠶᠢ ᠪᠠᠳᠤᠯᠠᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠳᠠ ᠦᠬᠡᠢ | ᠨᠡᠮᠡᠭᠳᠠᠬᠦᠯᠪᠠ᠃ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠬᠦᠷᠢᠶ᠎ᠠ ᠬᠡᠪᠴᠢᠶᠠᠨ ᠳᠤ 20.2 ᠳ᠋ᠦᠩᠰᠢᠭᠤᠷ ᠲᠦᠬᠦᠷᠢᠭ ᠵᠠᠷᠤᠴᠠᠭᠤᠯᠪᠠ᠃ ᠨᠢᠬᠡ ᠳᠤ | ᠬᠦᠳᠡᠭᠡ ᠲᠤᠰᠬᠤᠨ ᠢ ᠴᠡᠴᠡᠭᠯᠠᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠲᠠᠮᠵᠢᠵᠤ ᠬᠡᠷᠡᠭᠵᠢᠬᠦᠯᠪᠠ᠃ ᠠᠯᠪᠠᠨ ᠨᠠᠶᠢᠳᠠ ᠶᠢᠨ ᠡᠳ᠋ ᠤᠨ ᠬᠦᠴᠦᠨ ᠤ ᠶᠠᠬᠡᠩᠬᠢ | ᠬᠦᠴᠦᠨ ᠢ ᠮᠠᠯᠵᠢᠬᠤ ᠲᠠᠷᠢᠶᠠᠯᠠᠬᠤ ᠤᠷᠤᠨ ᠬᠢᠬᠡᠳ ᠠᠷᠠᠳ ᠤᠨ ᠠᠮᠢᠳᠤᠷᠠᠯ ᠤᠨ ᠬᠦᠷᠢᠶ᠎ᠠ ᠬᠡᠪᠴᠢᠶᠠᠨ ᠳᠤ ᠵᠠᠷᠤᠴᠠᠭᠤᠯᠵᠤ᠂ ︽ᠨᠢᠬᠡ ᠺᠠᠷᠲ︾ ᠤᠨ ᠬᠡᠯᠪᠡᠷᠢ | ᠪᠠᠷ 4.3 ᠳ᠋ᠦᠩᠰᠢᠭᠤᠷ ᠲᠦᠬᠦᠷᠢᠭ ᠤᠨ ᠡᠯ᠎ᠡ ᠵᠦᠢᠯ ᠤᠨ ᠨᠦᠬᠦᠪᠤᠷᠢ ᠶᠢ ᠤᠯᠭᠤᠨ᠂ 23 ᠲᠦᠮᠠᠨ ︵ᠤᠳᠠᠭ᠎ᠠ︶ ᠮᠠᠯᠴᠢᠨ ᠲᠠᠷᠢᠶᠠᠴᠢᠳ ᠲᠤ ᠠᠰᠢᠭ | ᠬᠦᠷᠳᠠᠬᠡᠪᠡ᠃ ᠬᠤᠶᠠᠷ ᠲᠤ ᠭᠤᠤᠯᠳᠠᠯᠭ᠎ᠠ ᠲᠠᠢ ᠲᠦᠷᠦᠯ ᠵᠦᠢᠯ ᠤᠨ ᠵᠠᠷᠤᠯᠭ᠎ᠠ ᠶᠢ ᠪᠠᠳᠤᠯᠠᠪᠠ᠃ ᠶᠠᠷᠤᠩᠬᠡᠶᠢᠯᠡᠭᠰᠠᠨ ᠰᠤᠶᠤᠯ ᠤᠨ ᠠᠵᠢᠯᠯᠠᠭ᠎ᠠ ᠶᠢᠨ ᠲᠦᠪ ᠂ | ᠮᠤᠩᠭᠤᠯ ᠡᠮᠨᠡᠯᠬᠡ ᠶᠢᠨ ᠶᠠᠷᠤᠩᠬᠡᠶᠢᠯᠡᠭᠰᠠᠨ ᠬᠤᠷᠢᠶ᠎ᠠ᠂ ᠬᠠᠳᠤᠨ ᠭᠤᠤᠯ ᠲᠠᠭᠠᠤ ᠤᠷᠤᠨ ᠳᠠᠬᠢ ᠭᠤᠷᠪᠠᠨ ᠪᠠᠯᠭᠠᠰᠤ ᠶᠢᠨ ᠲᠦᠬᠡᠬᠡᠯ ᠤᠰᠤᠨ ᠤ ᠴᠢᠨᠠᠷ ᠢ | ᠰᠠᠶᠢᠵᠢᠷᠠᠭᠤᠯᠵᠤ ᠦᠷ᠎ᠠ ᠪᠦᠳᠦᠮᠵᠢ ᠶᠢ ᠨᠢ ᠲᠡᠬᠡᠭᠰᠢᠯᠠᠬᠦᠯᠬᠦ ᠵᠠᠷᠬᠡ ᠭᠤᠤᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠨᠠᠶᠢᠳᠠ1.23 ᠳ᠋ᠦᠩᠰᠢᠭᠤᠷ | ᠲᠦᠬᠦᠷᠢᠭ ᠤᠨ ᠡᠳ᠋ ᠤᠨ ᠵᠠᠰᠠᠭ ᠤᠨ ᠪᠠᠯᠠ ᠮᠦᠩᠬᠦ ᠤᠷᠤᠭᠤᠯᠪᠠ᠃ ᠭᠤᠷᠪᠠ ᠳᠤ ᠨᠠᠶᠢᠬᠡᠮ ᠤᠨ ᠲᠠᠭᠠᠳᠬᠠᠯ ᠤᠨ ᠲᠤᠤᠷ ᠢ ᠪᠠᠬᠢᠵᠢᠬᠦᠯᠪᠠ᠃ ᠡᠳ᠋ ᠤᠨ ᠬᠦᠴᠦᠨ | ᠢᠶᠠᠨ ᠲᠦᠪᠯᠠᠷᠠᠬᠦᠯᠵᠤ ᠪᠠᠶᠢᠭᠠᠳ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ᠂ ᠠᠵᠢᠯ ᠠᠴᠠ ᠠᠮᠠᠷᠠᠭᠰᠠᠳ ᠤᠨ ᠨᠠᠰᠤᠵᠢᠯ ᠤᠨ | ᠲᠠᠭᠠᠳᠬᠠᠯ᠂ ᠠᠮᠢᠳᠤᠷᠠᠯ ᠬᠦᠴᠢᠷᠳᠠᠯ ᠲᠠᠢ ᠤᠯᠠᠨ ᠲᠦᠮᠠᠨ ᠤ ᠦᠢᠯᠠᠳᠪᠤᠷᠢᠯᠠᠯ ᠠᠮᠢᠳᠤᠷᠠᠯ ᠤᠨ ᠪᠠᠳᠤᠯᠠᠭ᠎ᠠ ᠶᠢᠨ ᠮᠦᠩᠬᠦ ᠵᠠᠷᠬᠡ ᠨᠦᠬᠦᠪᠤᠷᠢ ᠶᠢ ᠰᠢᠭᠤᠳ | ᠤᠯᠭᠤᠨ ᠠᠷᠠᠳ ᠤᠨ ᠠᠮᠢᠳᠤᠷᠠᠯ ᠤᠨ ᠦᠨᠳᠤᠰᠤᠨ ᠪᠠᠯᠠ ᠮᠦᠩᠬᠦ ᠶᠢ ᠪᠠᠳᠤᠯᠠᠵᠤ᠂ ᠠᠷᠠᠳ ᠤᠨ ᠠᠮᠢᠳᠤᠷᠠᠯ ᠤᠨ ᠱᠤᠭᠤᠮ ᠢ ᠪᠠᠳᠤᠯᠠᠪᠠ᠃ ᠲᠦᠷᠪᠡ ᠳᠤ ᠰᠤᠷᠭᠠᠨ | ᠬᠦᠮᠤᠵᠢᠯ ᠤᠨ ᠦᠢᠯᠠᠰ ᠤᠨ ᠬᠦᠭᠵᠢᠯᠳᠠ ᠶᠢ ᠢᠳᠠᠪᠬᠢᠳᠠᠢ ᠲᠠᠮᠵᠢᠪᠠ᠃ ᠰᠤᠷᠭᠠᠨ ᠬᠦᠮᠤᠵᠢᠯ ᠤᠨ ᠬᠦᠭᠵᠢᠯᠳᠠ ᠶᠢᠨ ᠰᠠᠭᠤᠷᠢ ᠮᠦᠩᠬᠦ ᠭᠠᠷᠭᠠᠵᠤ᠂ ᠰᠤᠷᠬᠤ | ᠨᠠᠰᠤᠨ ᠠᠴᠠ ᠡᠮᠤᠨᠠᠬᠢ ᠰᠤᠷᠭᠠᠨ ᠬᠦᠮᠤᠵᠢᠯ᠂ ᠲᠠᠬᠡᠳᠤ ᠵᠠᠷᠬᠡ ᠶᠢᠨ ᠰᠤᠷᠭᠠᠨ ᠬᠦᠮᠤᠵᠢᠯ᠂ ᠡᠷᠬᠢᠯᠡᠭᠰᠠᠨ ᠠᠵᠢᠯ ᠮᠠᠷᠬᠡᠵᠢᠯ ᠤᠨ ᠰᠤᠷᠭᠠᠨ ᠬᠦᠮᠤᠵᠢᠯ ᠬᠢᠬᠡᠳ | ᠦᠨᠳᠤᠰᠤᠳᠠᠨ ᠤ ᠰᠤᠷᠭᠠᠨ ᠬᠦᠮᠤᠵᠢᠯ ᠢ ᠪᠦᠬᠦ ᠲᠠᠯ᠎ᠠ ᠪᠠᠷ ᠵᠤᠬᠢᠴᠠᠩᠭᠤᠢ ᠬᠦᠭᠵᠢᠬᠦᠯᠥᠨ᠂ ᠪᠠᠯᠠ ᠮᠦᠩᠬᠦ ᠢᠳᠠᠪᠬᠢᠳᠠᠢ ᠬᠤᠷᠠᠮᠳᠤᠭᠤᠯᠵᠤ ᠪᠠᠶᠢᠭᠠᠳ | ᠪᠠᠷᠢᠮᠵᠢᠶᠠᠵᠢᠭᠰᠠᠨ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠪᠦᠳᠦᠬᠡᠨ ᠪᠠᠶᠢᠭᠤᠯᠤᠯᠳᠠ ᠶᠢ ᠪᠠᠶᠠᠯᠠᠬᠦᠯᠥᠬᠡᠳ᠂ ᠤᠯᠤᠰ ᠤᠨ ᠠᠯᠪᠠᠨ ᠵᠢᠷᠤᠮ ᠤᠨ ᠰᠤᠷᠭᠠᠨ | ᠬᠦᠮᠤᠵᠢᠯ ᠢ ᠲᠠᠩᠴᠠᠬᠦᠷᠢᠳᠠᠢ ᠪᠠᠶᠢᠯᠭᠠᠬᠤ ᠦᠨᠠᠯᠠᠯᠳᠠ ᠰᠢᠯᠭᠠᠷᠠᠭᠤᠯᠤᠯᠳᠠ ᠶᠢᠨ ᠪᠤᠭᠤᠮᠳᠠ ᠶᠢ ᠤᠷᠤᠭᠰᠢᠳᠠᠢ ᠲᠠᠪᠠᠪᠠ᠃ ᠲᠠᠪᠤ ᠳᠤ ᠡᠮ ᠡᠮᠨᠡᠯᠬᠡ ᠡᠷᠡᠬᠦᠯ | ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠬᠦᠨᠵᠡᠬᠡᠶᠢᠷᠠᠬᠦᠯᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠡᠮ ᠡᠮᠨᠡᠯᠬᠡ ᠶᠢᠨ | ᠲᠠᠭᠠᠳᠬᠠᠯ ᠤᠨ ᠬᠦᠮᠦᠨ ᠪᠦᠷᠢ ᠵᠢᠯ ᠪᠤᠯᠭᠠᠨ ᠡᠳ᠋ ᠤᠨ ᠵᠠᠰᠠᠭ ᠠᠴᠠ ᠨᠦᠬᠦᠪᠤᠷᠢᠯᠠᠬᠦ ᠪᠠᠷᠢᠮᠵᠢᠶ᠎ᠠ 726.2 ᠲᠦᠬᠦᠷᠢᠭ ᠲᠤ ᠬᠦᠷᠴᠤ᠂ ᠤᠯᠠᠨ ᠨᠠᠶᠢᠳᠠ ᠶᠢᠨ | ᠡᠷᠡᠬᠦᠯ ᠬᠠᠮᠠᠭᠠᠯᠠᠯ ᠤᠨ ᠦᠨᠳᠤᠰᠤᠨ ᠦᠢᠯᠠᠴᠢᠯᠡᠭᠡ ᠶᠢᠨ ᠲᠦᠷᠦᠯ ᠵᠦᠢᠯ ᠳᠤ ᠡᠳ᠋ ᠤᠨ ᠵᠠᠰᠠᠭ ᠠᠴᠠ ᠵᠢᠯ ᠪᠦᠷᠢ ᠬᠦᠮᠦᠨ ᠪᠦᠬᠦᠨ ᠳᠤ ᠲᠤᠮᠳᠠᠴᠢ ᠪᠠᠷ 55 | ᠲᠦᠬᠦᠷᠢᠭ ᠨᠦᠬᠦᠪᠤᠷᠢᠯᠠᠨ᠂ ᠪᠠᠶᠢᠩᠭᠤ ᠰᠠᠭᠤᠭ᠎ᠠ ᠡᠷᠤᠬᠡ ᠳᠤ ᠦᠢᠯᠠᠴᠢᠯᠠᠬᠦ ᠨᠤᠷᠮ᠎ᠠ 100% ᠳᠤ ᠬᠦᠷᠴᠤ᠂ ᠪᠦᠬᠦ ᠵᠢᠯ ᠳᠤ ᠨᠠᠶᠢᠳᠠ 614.8 ᠲᠦᠮᠠᠨ | ᠲᠦᠬᠦᠷᠢᠭ ᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠦᠨᠳᠤᠰᠤᠨ ᠦᠢᠯᠠᠴᠢᠯᠡᠭᠡ ᠶᠢᠨ ᠪᠠᠯᠠ ᠮᠦᠩᠬᠦ ᠤᠯᠭᠤᠪᠠ᠃ ᠵᠢᠷᠭᠤᠭ᠎ᠠ ᠳᠤ ᠤᠯᠠᠨ ᠨᠠᠶᠢᠳᠠ ᠶᠢᠨ | ᠰᠤᠶᠤᠯ ᠤᠨ ᠦᠢᠯᠠᠴᠢᠯᠡᠭᠡ ᠶᠢᠨ ᠰᠢᠰᠲ᠋ᠧᠮ ᠢ ᠲᠠᠬᠦᠯᠳᠡᠷᠵᠢᠬᠦᠯᠪᠠ᠃ ᠡᠳ᠋ ᠤᠨ ᠵᠠᠰᠠᠭ ᠠᠴᠠ ᠤᠯᠠᠭᠠᠠᠮᠦ᠋ᠴᠢᠷ ᠤᠨ ᠬᠦᠭᠵᠢᠯᠳᠠ ᠶᠢ ᠪᠠᠳᠤᠯᠠᠬᠤ ᠠᠷᠭ᠎ᠠ ᠬᠡᠮᠵᠢᠶ᠎ᠠ | ᠪᠠᠨ ᠴᠢᠩᠭᠠᠳᠬᠠᠵᠤ᠂ ᠠᠩᠬᠠᠳᠠᠭᠴᠢ ᠨᠠᠭᠠᠳᠤᠮ ᠤᠨ ᠬᠤᠷᠠᠯ ᠵᠠᠷᠬᠡ ᠪᠦᠬᠦ ᠬᠤᠰᠢᠭᠤᠨ ᠤ ᠬᠡᠪᠴᠢᠶᠠᠨ ᠤ ᠲᠤᠮᠤ ᠴᠢᠬᠤᠯᠠ ᠰᠤᠶᠤᠯ ᠤᠨ ᠠᠵᠢᠯᠯᠠᠭ᠎ᠠ ᠶᠢ ᠲᠠᠮᠵᠢᠪᠠ᠃ | ᠲᠤᠯᠤᠭ᠎ᠠ ᠳᠤ ᠨᠠᠶᠢᠬᠡᠮ ᠤᠨ ᠡᠶ᠎ᠡ ᠨᠠᠶᠢᠷᠠᠮᠳᠠᠭᠤ ᠲᠤᠭᠳᠠᠭᠤᠨ ᠪᠠᠶᠢᠳᠠᠯ ᠢ ᠠᠬᠢᠭᠤᠯᠪᠠ᠃ ᠮᠠᠯᠴᠢᠨ ᠲᠠᠷᠢᠶᠠᠴᠢᠨ ᠤ ᠬᠦᠯᠦᠰᠤᠨ ᠠᠵᠢᠯ ᠤᠨ ᠴᠠᠯᠢᠩ ᠬᠦᠯᠤᠰᠤ ᠶᠢ | ᠰᠢᠢᠳᠪᠤᠷᠢᠯᠠᠬᠦ ᠪᠠᠯᠠ ᠮᠦᠩᠬᠦ 500 ᠲᠦᠮᠠᠨ ᠲᠦᠬᠦᠷᠢᠭ ᠲᠤᠬᠢᠷᠠᠭᠤᠯᠵᠤ᠂ ᠮᠠᠯᠴᠢᠨ ᠲᠠᠷᠢᠶᠠᠴᠢᠨ ᠤ ᠬᠦᠯᠤᠰᠤᠨ ᠠᠵᠢᠯ ᠤᠨ ᠴᠠᠯᠢᠩ ᠬᠦᠯᠦᠰᠤ ᠶᠢ ᠦᠭᠬᠦ | ᠦᠬᠡᠢ ᠠᠰᠠᠭᠤᠳᠠᠯ ᠢ ᠰᠠᠷᠬᠡᠶᠢᠯᠠᠵᠤ ᠰᠢᠢᠳᠪᠤᠷᠢᠯᠠᠪᠠ᠃ | 4. ᠦᠬᠡᠷᠡᠴᠢᠯᠠᠯᠳᠠ ᠶᠢ ᠠᠬᠢᠭᠤᠯᠵᠤ᠂ ᠬᠠᠮᠢᠶᠠᠷᠤᠯᠳᠠ ᠶᠢ ᠠᠳᠬᠤᠨ᠂ ᠬᠠᠤᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠬᠤ ᠬᠢᠷᠢ ᠬᠡᠮᠵᠢᠶ᠎ᠠ ᠪᠠᠨ | ᠲᠠᠬᠡᠭᠰᠢᠯᠠᠬᠦᠯᠪᠠ᠃ ᠨᠢᠬᠡ ᠳᠤ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠬᠦᠢᠴᠡᠳᠬᠡᠯ ᠢ ᠢᠯᠠ ᠨᠠᠶᠢᠳᠠᠯᠠᠬᠦ ᠶᠠᠪᠤᠳᠠᠯ ᠢ ᠬᠦᠨᠵᠡᠬᠡᠢ ᠲᠦᠯᠬᠢᠨ ᠠᠬᠢᠭᠤᠯᠪᠠ | ᠃ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠬᠦᠢᠴᠡᠳᠬᠡᠯ ᠵᠢᠴᠢ ︽ᠭᠤᠷᠪᠠᠨ ᠠᠯᠪᠠᠨ ᠵᠠᠷᠤᠳᠠᠯ︾ ᠤᠨ ᠪᠠᠶᠢᠳᠠᠯ ᠢ ᠨᠢᠭᠤᠴᠠ ᠲᠠᠢ ᠬᠤᠯᠪᠤᠭᠳᠠᠬᠤ | ᠰᠠᠯᠠᠭ᠎ᠠ ᠮᠦᠴᠢᠷ ᠢ ᠭᠠᠷᠭᠠᠪᠠᠯ ᠪᠦᠬᠦᠨ ᠢ ᠱᠠᠭᠠᠷᠳᠠᠯᠭ᠎ᠠ ᠶᠤᠰᠤᠭᠠᠷ ᠴᠠᠭ ᠲᠤᠬᠠᠢ ᠳᠤᠨᠢ ᠢᠯᠠ ᠨᠠᠶᠢᠳᠠᠯᠠᠪᠠ᠃ ᠬᠤᠶᠠᠷ ᠲᠤ ᠭᠠᠶᠢᠯᠢ ᠶᠢ ᠪᠠᠭᠤᠷᠠᠭᠤᠯᠵᠤ | ᠰᠦᠢᠳᠬᠡᠯ ᠢ ᠢᠯᠭᠠᠷᠠᠭᠤᠯᠬᠤ ᠠᠵᠢᠯ ᠢ ᠪᠦᠬᠦ ᠬᠦᠴᠦᠨ ᠢᠶᠠᠷ ᠠᠳᠬᠤᠪᠠ᠃ ᠭᠠᠶᠢᠯᠢ ᠲᠠᠳᠠᠪᠤᠷᠢ ᠶᠢ ᠠᠭᠤᠵᠢᠭᠤ ᠲᠠᠯᠪᠢᠬᠤ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭ᠎ᠠ ᠠᠵᠢᠯ ᠦᠢᠯᠠᠰ ᠤᠨ ᠰᠦᠢᠳᠬᠡᠯ ᠬᠤᠷᠢᠶᠠᠬᠤ ᠨᠢᠬᠡ ᠲᠦᠷᠦᠯ ᠵᠦᠢᠯ ᠢ ᠦᠬᠡᠶᠢᠰᠬᠡᠵᠤ᠂ ᠰᠦᠢᠳᠬᠡᠯ | ᠬᠤᠷᠢᠶᠠᠵᠤ ᠪᠠᠶᠢᠭᠰᠠᠨ ᠬᠤᠶᠠᠷ ᠲᠦᠷᠦᠯ ᠵᠦᠢᠯ ᠢ ᠭᠠᠶᠢᠯᠢ ᠲᠠᠳᠠᠪᠤᠷᠢ ᠪᠤᠯᠭᠠᠨ ᠬᠤᠪᠢᠷᠠᠭᠤᠯᠪᠠ᠃ ᠭᠤᠷᠪᠠ ᠳᠤ PPP ᠬᠡᠯᠪᠡᠷᠢ ᠮᠠᠶ᠋ᠢᠭ ᠢ ᠶᠡᠬᠡᠪᠡᠷ ᠲᠠᠯᠬᠡᠷᠡᠬᠦᠯᠪᠠ | ᠃ ᠡᠳ᠋ ᠤᠨ ᠵᠠᠰᠠᠭ ᠤᠨ ᠶᠠᠮᠤᠨ ᠤ ᠶᠠᠷᠤᠩᠬᠡᠢ ᠴᠢᠮᠡᠭᠡ ᠵᠠᠩᠬᠢ ᠶᠢᠨ ᠲᠠᠪᠴᠠᠩ ᠤᠨ PPP ᠲᠦᠷᠦᠯ ᠵᠦᠢᠯ ᠳᠤ ᠪᠦᠬᠦ ᠬᠤᠰᠢᠭᠤᠨ ᠤ ᠲᠠᠪᠤᠨ ᠲᠦᠷᠦᠯ ᠵᠦᠢᠯ ᠢ | ᠤᠷᠤᠭᠤᠯᠵᠤ᠂ ᠬᠤᠶᠠᠷ ᠲᠦᠷᠦᠯ ᠵᠦᠢᠯ ᠳᠤ ᠬᠡᠷ᠎ᠡ ᠲᠤᠭᠳᠠᠵᠤ ᠬᠡᠷᠡᠭᠵᠢᠬᠦᠯᠥᠨ᠂ ᠨᠠᠶᠢᠳᠠ 2.57 ᠳ᠋ᠦᠩᠰᠢᠭᠤᠷ ᠲᠦᠬᠦᠷᠢᠭ ᠤᠨ ᠬᠡᠷ᠎ᠡ ᠶᠢᠨ ᠪᠠᠯᠠ ᠮᠦᠩᠬᠦ | ᠤᠷᠤᠭᠤᠯᠤᠭᠠᠳ᠂ ᠨᠠᠶᠢᠬᠡᠮ ᠤᠨ ᠪᠠᠯᠠ ᠤᠷᠤᠭᠤᠯᠤᠯᠳᠠ ᠶᠢ ᠪᠦᠳᠦᠮᠵᠢᠳᠠᠢ ᠠᠬᠢᠭᠤᠯᠪᠠ᠃ ᠲᠦᠷᠪᠡ ᠳᠤ ᠵᠠᠰᠠᠭ ᠤᠨ ᠤᠷᠳᠤᠨ ᠤ ᠬᠤᠳᠠᠯᠳᠤᠨ ᠠᠪᠬᠤ | ᠦᠢᠯᠠᠴᠢᠯᠡᠭᠡ ᠶᠢ ᠠᠬᠢᠭᠤᠯᠪᠠ᠃ ᠬᠤᠰᠢᠭᠤᠨ ᠤ ᠰᠤᠷᠭᠠᠨ ᠬᠦᠮᠤᠵᠢᠯ᠂ ᠡᠷᠡᠬᠦᠯ ᠬᠠᠮᠠᠭᠠᠯᠠᠯ ᠤᠨ ᠰᠢᠰᠲ᠋ᠧᠮ ᠤᠨ ᠬᠢᠨ ᠵᠠᠰᠠᠭ ᠤᠨ ᠤᠷᠳᠤᠨ ᠤ ᠬᠤᠳᠠᠯᠳᠤᠨ | ᠠᠪᠬᠤ ᠤᠯᠠᠨ ᠨᠠᠶᠢᠳᠠ ᠶᠢᠨ ᠦᠢᠯᠠᠴᠢᠯᠡᠭᠡ ᠶᠢᠨ ᠬᠡᠯᠪᠡᠷᠢ ᠪᠠᠷ ᠬᠤᠰᠢᠭᠤᠨ ᠤ ᠬᠡᠪᠴᠢᠶᠠᠨ ᠳᠠᠬᠢ ᠲᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠪᠠ ᠡᠮ | ᠡᠮᠨᠡᠯᠬᠡ ᠡᠷᠡᠬᠦᠯ ᠬᠠᠮᠠᠭᠠᠯᠠᠯ ᠤᠨ ᠦᠢᠯᠠᠴᠢᠯᠠᠬᠡᠨ ᠤ ᠪᠠᠶᠢᠭᠤᠯᠤᠮᠵᠢ ᠳᠤ 169 ᠠᠵᠢᠯᠳᠠᠨ ᠡᠯᠰᠠᠵᠤ ᠠᠵᠢᠯ ᠤᠨ ᠪᠠᠶᠢᠷᠢ ᠤᠯᠭᠤᠪᠠ᠃ ᠲᠠᠪᠤ ᠳᠤ ᠤᠯᠤᠰ ᠤᠨ ᠰᠠᠩ | ᠠᠴᠠ ᠨᠢᠬᠡᠳᠤᠯᠳᠠᠢ ᠤᠯᠭᠤᠬᠤ ᠬᠠᠮᠢᠶᠠᠷᠤᠯᠳᠠ ᠶᠢ ᠲᠠᠬᠦᠯᠳᠠᠷᠵᠢᠬᠦᠯᠪᠠ᠃ ᠤᠯᠤᠰ ᠤᠨ ᠰᠠᠩ ᠠᠴᠠ ᠨᠢᠬᠡᠳᠤᠯᠳᠠᠢ ᠤᠯᠭᠤᠬᠤ ᠺᠤᠮᠫᠢᠦ᠋ᠲ᠋ᠧᠷ ᠤᠨ ᠬᠠᠮᠢᠶᠠᠷᠤᠯᠳᠠ ᠶᠢ | ᠢᠳᠠᠪᠬᠢᠳᠠᠢ ᠬᠡᠷᠡᠭᠵᠢᠬᠦᠯᠵᠤ᠂ ᠪᠠᠯᠠ ᠮᠦᠩᠬᠦ ᠤᠯᠭᠤᠬᠤ ᠠᠬᠢᠴᠠ ᠪᠠ ᠡᠳ᠋ ᠤᠨ ᠵᠠᠰᠠᠭ ᠤᠨ ᠲᠦᠰᠦᠪ ᠢ ᠬᠡᠷᠡᠭᠵᠢᠬᠦᠯᠬᠦ ᠦᠷ᠎ᠠ ᠪᠦᠳᠦᠮᠵᠢ ᠶᠢ ᠲᠠᠬᠡᠭᠰᠢᠯᠠᠬᠦᠯᠪᠠ᠃ | ᠡᠷᠬᠡ ᠬᠠᠷᠢᠭᠤᠴᠠᠯᠭ᠎ᠠ ᠤᠶᠠᠯᠳᠤᠭᠰᠠᠨ ᠵᠠᠰᠠᠭ ᠤᠨ ᠤᠷᠳᠤᠨ ᠤ ᠡᠳ᠋ ᠤᠨ ᠶᠠᠪᠤᠳᠠᠯ ᠤᠨ ᠮᠠᠳᠠᠬᠦᠯᠥᠯᠳᠠ ᠶᠢ ᠲᠤᠭᠤᠷᠪᠢᠵᠤ᠂ ᠵᠠᠰᠠᠭ ᠵᠠᠬᠢᠷᠭ᠎ᠠ ᠠᠵᠢᠯ ᠦᠢᠯᠠᠰ ᠤᠨ | ᠨᠢᠬᠡᠴᠠ ᠠᠴᠠ ᠠᠮᠠᠷᠠᠭᠰᠠᠨ ᠠᠵᠢᠯᠳᠠᠨ ᠤ ᠴᠠᠯᠢᠩ ᠬᠦᠯᠤᠰᠤ ᠶᠢ ᠨᠠᠶᠢᠬᠡᠮ ᠤᠨ ᠲᠠᠭᠠᠳᠬᠠᠯ ᠤᠨ ᠲᠤᠪᠴᠢᠶ᠎ᠠ ᠠᠴᠠ ᠤᠯᠭᠤᠪᠠ᠃ ᠵᠢᠷᠭᠤᠭ᠎ᠠ ᠳᠤ ᠲᠦᠷᠦᠯ ᠵᠦᠢᠯ | ᠬᠢᠨᠠᠨ ᠦᠨᠠᠯᠠᠬᠦ ᠪᠠ ᠵᠠᠰᠠᠭ ᠤᠨ ᠤᠷᠳᠤᠨ ᠤ ᠬᠤᠳᠠᠯᠳᠤᠨ ᠠᠪᠬᠤ ᠶᠠᠪᠤᠳᠠᠯ ᠳᠤ ᠬᠢᠨᠠᠯᠳᠠ ᠲᠠᠯᠪᠢᠬᠤ ᠬᠠᠷᠢᠭᠤᠴᠠᠯᠭ᠎ᠠ ᠶᠢᠨ ᠲᠦᠷᠢᠮ ᠢ ᠲᠦᠪ ᠴᠢᠩᠭ᠎ᠠ | ᠨᠠᠶᠢᠳᠠᠪᠤᠷᠢᠵᠢᠭᠤᠯᠪᠠ᠃ 2018 ᠤᠨ ᠳᠤ ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠰᠦᠪ 20689 ᠲᠦᠮᠠᠨ ᠲᠦᠬᠦᠷᠢᠭ᠂ ᠪᠤᠳᠠᠳᠠᠢ 18867 | ᠲᠦᠮᠠᠨ ᠲᠦᠬᠦᠷᠢᠭ ᠤᠨ ᠡᠳ᠋ ᠪᠤᠳᠠᠰ ᠬᠤᠳᠠᠯᠳᠤᠨ ᠠᠪᠴᠤ᠂ ᠡᠳ᠋ ᠤᠨ ᠵᠠᠰᠠᠭ ᠤᠨ ᠪᠠᠯᠠ ᠮᠦᠩᠬᠦ 1822 ᠲᠦᠮᠠᠨ ᠲᠦᠬᠦᠷᠢᠭ ᠠᠷᠪᠢᠯᠠᠨ᠂ ᠵᠤᠭᠤᠰ ᠵᠠᠷᠤᠳᠠᠯ | ᠠᠷᠪᠢᠯᠠᠭᠰᠠᠨ ᠨᠤᠷᠮ᠎ᠠ 8.8% ᠳᠤ ᠬᠦᠷᠴᠠᠢ︔ ᠬᠤᠰᠢᠭᠤ ᠱᠠᠳᠤᠨ ᠤ ᠡᠳ᠋ ᠤᠨ ᠵᠠᠰᠠᠭ ᠤᠨ ᠴᠢᠨᠠᠷᠳᠠᠢ ᠪᠠᠯᠠ ᠤᠷᠤᠭᠤᠯᠤᠯᠳᠠ ᠶᠢᠨ ᠲᠦᠰᠦᠪ ᠤᠨ74 ᠲᠦᠷᠦᠯ | ᠵᠦᠢᠯ ᠤᠨ 29589 ᠲᠦᠮᠠᠨ ᠲᠦᠬᠦᠷᠢᠭ ᠲᠤ ᠬᠢᠨᠠᠨ ᠦᠨᠠᠯᠠᠯᠳᠠ ᠬᠢᠵᠤ᠂ ᠬᠢᠨᠠᠨ ᠦᠨᠠᠯᠠᠬᠦ ᠪᠠᠷ ᠲᠠᠮᠵᠢᠭᠠᠳ26954 ᠲᠦᠮᠠᠨ ᠲᠦᠬᠦᠷᠢᠭ ᠢ ᠨᠢ ᠬᠠᠤᠯᠢ ᠪᠠᠷ | ᠮᠠᠳᠠᠷᠠᠨ᠂ 2635 ᠲᠦᠮᠠᠨ ᠲᠦᠬᠦᠷᠢᠭ ᠢ ᠪᠠᠭᠤᠷᠠᠭᠤᠯᠵᠤ᠂ ᠪᠠᠭᠤᠷᠠᠭᠤᠯᠤᠭᠰᠠᠨ ᠨᠤᠷᠮ᠎ᠠ ᠨᠢ 9% ᠳᠤ ᠬᠦᠷᠴᠠᠢ᠃ ᠲᠤᠯᠤᠭ᠎ᠠ ᠳᠤ ᠡᠳ᠋ ᠤᠨ ᠵᠠᠰᠠᠭ ᠤᠨ | ᠬᠢᠨᠠᠯᠳᠠ ᠪᠠᠶᠢᠴᠠᠭᠠᠯᠳᠠ ᠶᠢ ᠴᠢᠩᠭᠠᠳᠬᠠᠪᠠ᠃ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠭᠠᠶᠢᠯᠢ ᠶᠢᠨ ᠪᠤᠰᠤ ᠤᠷᠤᠯᠭ᠎ᠠ᠂ 2017 ᠤᠨ ᠤ ᠨᠢᠬᠳᠠᠯᠠᠨ | ᠪᠤᠳᠤᠬᠤ ᠴᠢᠮᠡᠭᠡ ᠵᠠᠩᠬᠢ ᠶᠢᠨ ᠴᠢᠨᠠᠷ ᠴᠢᠨᠰᠠᠭ᠎ᠠ ᠪᠤᠯᠤᠨ 2018 ᠤᠨ ᠤ ᠤᠷᠤᠨ ᠨᠤᠳᠤᠭ ᠤᠨ ᠡᠳ᠋ ᠤᠨ ᠵᠠᠰᠠᠭ ᠤᠨ ᠲᠦᠰᠦᠪ ᠲᠦᠰᠦᠪ ᠤᠨ ᠬᠦᠢᠴᠡᠳᠬᠡᠯ ᠤᠨ | ᠢᠯᠠ ᠨᠠᠶᠢᠳᠠᠯᠠᠯ ᠤᠨ ᠪᠠᠶᠢᠳᠠᠯ ᠢ ᠪᠠᠶᠢᠴᠠᠭᠠᠵᠤ᠂ ᠬᠤᠰᠢᠭᠤᠨ ᠤ ᠶᠠᠳᠠᠭᠤ ᠶᠢ ᠲᠠᠳᠬᠦᠬᠦ ᠵᠠᠷᠬᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠡᠯ᠎ᠡ | ᠰᠤᠮᠤ ᠪᠠᠯᠭᠠᠰᠤ ᠬᠠᠮᠢᠶᠠᠷᠤᠯᠳᠠ ᠶᠢᠨ ᠵᠦᠪᠯᠠᠯ ᠳᠤ ᠬᠦᠨᠵᠡᠬᠡᠶᠢᠷᠠᠵᠤ᠂ ᠶᠠᠳᠠᠭᠤ ᠶᠢ ᠲᠠᠳᠬᠦᠬᠦ ᠪᠠᠯᠠ ᠮᠦᠩᠬᠦ ᠶᠢ ᠬᠡᠷᠡᠭᠯᠡᠭᠰᠠᠨ ᠪᠠᠶᠢᠳᠠᠯ ᠢ ᠪᠠᠶᠢᠴᠠᠭᠠᠪᠠ᠃ | ᠨᠢᠬᠡ ᠵᠢᠯ ᠰᠢᠷᠭᠠᠭᠤ ᠬᠠᠳᠠᠭᠤᠵᠢᠯᠳᠠᠢ ᠠᠵᠢᠯᠯᠠᠬᠤ ᠪᠠᠷ ᠲᠠᠮᠵᠢᠭᠠᠳ᠂ ᠪᠦᠬᠦ ᠬᠤᠰᠢᠭᠤᠨ ᠤ ᠡᠳ᠋ ᠤᠨ ᠵᠠᠰᠠᠭ ᠤᠨ ᠡᠯ᠎ᠡ ᠠᠵᠢᠯ ᠳᠤ ᠰᠢᠨ᠎ᠠ ᠠᠬᠢᠴᠠ | ᠭᠠᠷᠤᠭᠰᠠᠨ ᠪᠤᠯᠪᠠᠴᠤ ᠡᠳ᠋ ᠤᠨ ᠵᠠᠰᠠᠭ ᠤᠨ ᠡᠷᠬᠢᠯᠳᠠ ᠳᠤ ᠪᠠᠰᠠ ᠵᠤᠬᠢᠬᠤ ᠠᠰᠠᠭᠤᠳᠠᠯ ᠬᠦᠴᠢᠷᠳᠠᠯ ᠤᠷᠤᠰᠢᠭᠰᠠᠭᠠᠷ ᠪᠠᠶᠢᠭ᠎ᠠ ᠬᠡᠳᠡᠭ ᠢ ᠪᠢᠳᠠ ᠬᠤᠷᠴᠠ ᠰᠠᠷᠬᠡᠭ | ᠢᠶᠠᠷ ᠲᠠᠨᠢᠵᠤ ᠤᠯᠪᠠ᠃ ᠡᠨᠡ ᠨᠢ ᠭᠤᠤᠯᠳᠠᠭᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠠᠯ ᠲᠤᠪᠤᠶᠢᠮ᠎ᠠ ᠪᠠᠶᠢᠳᠠᠭ ᠪᠠᠶᠢᠳᠠᠯ ᠮᠦᠨᠴᠤ ᠬᠤᠪᠢᠷᠠᠭᠰᠠᠨ | ᠦᠬᠡᠢ᠂ ᠡᠳ᠋ ᠤᠨ ᠬᠦᠴᠦᠨ ᠲᠤᠳᠠᠭᠳᠠᠵᠤ ᠪᠠᠶᠢᠭ᠎ᠠ ᠲᠠᠷᠤᠭᠠᠰᠤ ᠪᠠ ︽ᠭᠤᠷᠪᠠᠨ ᠲᠤᠮᠤ ᠪᠤᠭᠤᠮᠳᠠ ᠰᠢᠪᠳᠤᠯᠬᠤ ᠲᠠᠶᠢᠯᠠᠯᠳᠤᠭᠠᠨ︾ ᠤ ᠲᠠᠷᠤᠭᠠᠰᠤ ᠵᠢᠴᠢ ᠴᠠᠯᠢᠩ | ᠬᠦᠯᠤᠰᠤ ᠬᠡᠪ ᠤᠨ ᠡᠷᠬᠢᠯᠳᠠ ᠠᠷᠠᠳ ᠤᠨ ᠠᠮᠢᠳᠤᠷᠠᠯ ᠢ ᠪᠠᠳᠤᠯᠠᠬᠤ ᠲᠠᠷᠤᠭᠠᠰᠤ ᠵᠠᠷᠬᠡ ᠪᠠᠷ ᠲᠤᠬᠢᠶᠠᠯᠳᠤᠭᠰᠠᠨ ᠠᠴᠠ ᠪᠤᠯᠤᠭᠰᠠᠨ ᠡᠯ᠎ᠡ ᠵᠦᠢᠯ ᠤᠨ ᠵᠦᠷᠢᠴᠠᠯ | ᠬᠦᠴᠢᠷᠳᠠᠯ ᠤᠯᠠᠮ ᠲᠤᠪᠤᠶᠢᠮ᠎ᠠ ᠢᠯᠠᠷᠠᠵᠤ ᠪᠠᠶᠢᠨ᠎ᠠ ︔ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠪᠦᠳᠦᠴᠠ ᠶᠢ ᠪᠠᠰᠠ ᠤᠯᠠᠮ ᠨᠢᠬᠡ ᠠᠯᠬᠤᠮ | ᠰᠢᠯᠢᠳᠡᠭᠵᠢᠬᠦᠯᠵᠤ᠂ ᠡᠳ᠋ ᠤᠨ ᠵᠠᠰᠠᠭ ᠤᠨ ᠠᠵᠢᠯ ᠤᠨ ᠪᠦᠳᠦᠮᠵᠢ ᠶᠢᠨ ᠬᠠᠮᠢᠶᠠᠷᠤᠯᠳᠠ ᠶᠢ ᠴᠢᠩᠭᠠᠳᠬᠠᠬᠤ ᠶᠢ ᠨᠡᠩ ᠲᠤᠯᠭᠠᠮ᠎ᠠ ᠱᠠᠭᠠᠷᠳᠠᠭᠳᠠᠵᠤ ᠪᠠᠶᠢᠨ᠎ᠠ︔ | ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠰᠢᠷᠢ ᠶᠢᠨ ᠲᠠᠷᠤᠭᠠᠰᠤ ᠶᠡᠭᠡ᠂ ᠦᠷᠢ ᠪᠠᠨ ᠲᠦᠯᠥᠬᠦ ᠡᠬᠦᠷᠬᠡ ᠬᠦᠨᠳᠤ ᠪᠠᠶᠢᠭ᠎ᠠ ᠵᠠᠷᠬᠡ ᠲᠠᠯ᠎ᠠ ᠪᠠᠷ ᠢᠯᠠᠷᠠᠵᠤ | ᠪᠠᠶᠢᠨ᠎ᠠ᠃ ᠡᠳᠡᠬᠡᠷ ᠠᠰᠠᠭᠤᠳᠠᠯ ᠢ ᠪᠢᠳᠠ ᠲᠠᠬᠡᠳᠤ ᠬᠡᠮᠵᠢᠶ᠎ᠠ ᠪᠠᠷ ᠴᠢᠬᠤᠯᠠᠴᠢᠯᠠᠵᠤ᠂ ᠦᠬᠡᠷᠡᠴᠢᠯᠠᠯᠳᠠ ᠬᠦᠭᠵᠢᠯᠳᠠ ᠶᠢᠨ ᠰᠡᠳᠬᠢᠴᠠ ᠠᠷᠭ᠎ᠠ ᠪᠤᠳᠤᠯᠭ᠎ᠠ ᠶᠢ | ᠬᠡᠷᠡᠭᠯᠠᠨ᠂ ᠠᠵᠤ ᠠᠬᠤᠢ ᠶᠢᠨ ᠬᠦᠭᠵᠢᠯᠳᠠ ᠶᠢ ᠲᠦᠷᠬᠡᠳᠬᠡᠬᠦ ᠠᠷᠭ᠎ᠠ ᠵᠠᠮ ᠢ ᠠᠰᠢᠭᠯᠠᠵᠤ ᠪᠠᠶᠢᠭᠠᠳ ᠠᠯᠬᠤᠮ ᠠᠯᠬᠤᠮ ᠢᠶᠠᠷ ᠰᠢᠢᠳᠪᠤᠷᠢᠯᠠᠨ᠎ᠠ᠃ | ᠬᠤᠶᠠᠷ᠂ 2019 ᠤᠨ ᠤ ᠡᠳ᠋ ᠤᠨ ᠵᠠᠰᠠᠭ ᠤᠨ ᠲᠦᠰᠦᠪ ︵ᠲᠦᠰᠦᠯ︶ | 2019 ᠤᠨ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠬᠤ ᠪᠦᠬᠡᠳ ᠴᠢᠨᠠᠬᠡᠯᠢᠭ ᠬᠠᠩᠬᠢᠨ ᠢ ᠪᠦᠬᠦ ᠲᠠᠯ᠎ᠠ ᠪᠠᠷ | ᠪᠦᠳᠦᠬᠡᠨ ᠪᠠᠶᠢᠭᠤᠯᠬᠤ ᠵᠠᠩᠬᠢᠯᠠᠭ᠎ᠠ ᠶᠢᠨ ᠵᠢᠯ ᠪᠤᠯᠤᠨ᠎ᠠ᠃ ᠪᠦᠬᠦ ᠬᠤᠰᠢᠭᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠦᠰᠦᠪ ᠢ ᠲᠤᠭᠳᠠᠭᠠᠬᠤ | ᠵᠢᠯᠤᠭᠤᠳᠬᠤ ᠦᠵᠠᠯ ᠰᠠᠨᠠᠭ᠎ᠠ᠄ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠢ ᠪᠠᠶᠢᠭᠤᠯᠬᠤ ᠲᠤᠬᠠᠢ ᠰᠢ ᠶᠢᠨ ᠫᠢᠩ ᠤᠨ | ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠬᠢᠬᠡᠳ ᠠᠷᠪᠠ ᠶᠢᠰᠤᠳᠤᠬᠡᠷ ᠬᠤᠭᠤᠴᠠᠭᠠᠨ ᠤ ᠬᠤᠶᠠᠷ | ᠭᠤᠷᠪᠠᠳᠤᠭᠠᠷ ᠪᠦᠬᠦᠳᠠ ᠬᠤᠷᠠᠯᠳᠤᠭᠠᠨ ᠵᠢᠴᠢ ᠲᠠᠬᠡᠳᠤ ᠱᠠᠳᠤᠨ ᠤ ᠡᠳ᠋ ᠤᠨ ᠵᠠᠰᠠᠭ ᠤᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠡᠯ᠎ᠡ ᠠᠷᠭ᠎ᠠ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ᠬᠦᠭᠵᠢᠯᠳᠠ ᠶᠢᠨ ᠰᠢᠨ᠎ᠠ ᠦᠵᠠᠯᠳᠠ ᠶᠢ ᠪᠠᠷᠢᠮᠳᠠᠯᠠᠵᠤ᠂ ᠦᠨᠳᠤᠷ ᠴᠢᠨᠠᠷ ᠴᠢᠨᠰᠠᠭ᠎ᠠ ᠪᠦᠬᠦᠢ ᠬᠦᠭᠵᠢᠯᠳᠠ ᠶᠢᠨ ᠱᠠᠭᠠᠷᠳᠠᠯᠭ᠎ᠠ ᠶᠤᠰᠤᠭᠠᠷ᠂ | ᠡᠳ᠋ ᠤᠨ ᠵᠠᠰᠠᠭ ᠤᠨ ᠤᠷᠤᠯᠭ᠎ᠠ ᠶᠢ ᠠᠳᠬᠤᠵᠤ᠂ ᠡᠳ᠋ ᠤᠨ ᠵᠠᠰᠠᠭ ᠤᠨ ᠠᠶᠤᠯ ᠲᠦᠭᠰᠢᠬᠦᠷᠢ ᠶᠢ ᠰᠠᠷᠬᠡᠶᠢᠯᠠᠬᠦ᠂ ᠠᠷᠠᠳ ᠤᠨ ᠠᠮᠢᠳᠤᠷᠠᠯ ᠢ ᠪᠠᠳᠤᠯᠠᠵᠤ᠂ | ᠦᠬᠡᠷᠡᠴᠢᠯᠠᠯᠳᠠ ᠶᠢ ᠠᠬᠢᠭᠤᠯᠤᠨ᠂ ᠴᠢᠳᠠᠪᠤᠷᠢ ᠪᠠᠨ ᠲᠠᠬᠡᠭᠰᠢᠯᠠᠬᠦᠯᠬᠦ ᠲᠠᠪᠤᠨ ᠲᠦᠷᠦᠯ ᠤᠨ ᠠᠵᠢᠯ ᠢ ᠨᠢᠬᠡᠳᠤᠯᠳᠠᠢ ᠲᠦᠯᠥᠪᠯᠠᠵᠤ ᠠᠬᠢᠭᠤᠯᠤᠭᠠᠳ᠂ ᠭᠤᠷᠪᠠᠨ | ᠲᠤᠮᠤ ᠪᠤᠭᠤᠮᠳᠠ ᠰᠢᠪᠳᠤᠯᠬᠤ ᠲᠠᠶᠢᠯᠠᠯᠳᠤᠭᠠᠨ ᠪᠤᠯᠤᠨ ᠬᠦᠳᠡᠭᠡ ᠲᠤᠰᠬᠤᠨ ᠢ ᠴᠡᠴᠡᠭᠯᠠᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠲᠠᠮᠵᠢᠵᠤ ᠪᠠᠳᠤᠯᠠᠨ᠂ ᠪᠦᠬᠦ | ᠬᠤᠰᠢᠭᠤᠨ ᠤ ᠠᠵᠤ ᠠᠬᠤᠢ ᠦᠷᠬᠦᠯᠵᠢᠯᠠᠨ ᠡᠷᠡᠬᠦᠯ ᠢᠶᠠᠷ ᠬᠦᠭᠵᠢᠬᠦ ᠪᠠ ᠨᠠᠶᠢᠬᠡᠮ ᠤᠨ ᠲᠤᠮᠤ ᠪᠠᠶᠢᠳᠠᠯ ᠡᠶ᠎ᠡ ᠨᠠᠶᠢᠷᠠᠮᠳᠠᠭᠤ ᠲᠤᠭᠳᠠᠭᠤᠨ ᠪᠠᠶᠢᠬᠤ ᠶᠢ ᠪᠠᠳᠤᠯᠠᠨ᠎ᠠ᠃ | ᠡᠳ᠋ ᠤᠨ ᠵᠠᠰᠠᠭ ᠤᠨ ᠲᠦᠰᠦᠪ ᠢ ᠲᠤᠭᠳᠠᠭᠠᠭᠰᠠᠨ ᠵᠠᠷᠴᠢᠮ᠄ | ᠨᠢᠬᠡ ᠳᠤ ᠦᠨᠠᠨ ᠠᠴᠠ ᠵᠦᠪ ᠢ ᠡᠷᠢᠵᠤ᠂ ᠢᠳᠠᠪᠬᠢᠳᠠᠢ ᠯᠠᠪᠳᠠᠭᠤᠨ ᠪᠠᠶᠢᠬᠤ ᠵᠠᠷᠴᠢᠮ ᠢ ᠪᠠᠷᠢᠮᠳᠠᠯᠠᠪᠠ᠃ ᠤᠯᠤᠰ ᠤᠨ ᠭᠠᠶᠢᠯᠢ ᠰᠦᠢᠳᠬᠡᠯ ᠢ | ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠬᠠᠤᠯᠢ ᠴᠠᠭᠠᠵᠠ ᠲᠦᠷᠢᠮ ᠲᠤᠭᠳᠠᠭᠠᠯ ᠶᠤᠰᠤᠭᠠᠷ ᠤᠷᠤᠯᠭ᠎ᠠ | ᠪᠠᠨ ᠵᠤᠬᠢᠶᠠᠨ ᠪᠠᠶᠢᠭᠤᠯᠵᠤ᠂ ᠲᠠᠳᠠᠪᠤᠷᠢᠯᠠᠪᠠᠰᠤ ᠵᠤᠬᠢᠬᠤ ᠵᠦᠢᠯ ᠢ ᠪᠦᠬᠦᠨ ᠢ ᠲᠠᠳᠠᠪᠤᠷᠢᠯᠠᠵᠠᠢ᠃ ᠤᠷᠤᠯᠭ᠎ᠠ ᠶᠢᠨ ᠲᠦᠰᠦᠪ ᠤᠨ ᠲᠤᠬᠢᠷᠠᠭᠤᠯᠤᠯᠳᠠ ᠠᠵᠤ ᠠᠬᠤᠢ | ᠨᠠᠶᠢᠬᠡᠮ ᠤᠨ ᠬᠦᠭᠵᠢᠯᠳᠠ ᠶᠢᠨ ᠬᠢᠷᠢ ᠬᠡᠮᠵᠢᠶ᠎ᠠ ᠲᠠᠢ ᠬᠠᠷᠢᠯᠴᠠᠨ ᠵᠤᠬᠢᠴᠠᠵᠤ᠂ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠲᠠᠢ ᠬᠠᠷᠢᠯᠴᠠᠨ ᠤᠶᠠᠯᠳᠤᠬᠤ ᠶᠢ | ᠪᠠᠷᠢᠮᠳᠠᠯᠠᠨ᠂ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢᠨ ᠬᠠᠷᠠᠯᠳᠠ ᠪᠠᠨ ᠵᠦᠢ ᠵᠤᠬᠢᠰᠳᠠᠢ ᠲᠤᠭᠳᠠᠭᠠᠪᠠ᠃ ᠵᠠᠷᠤᠯᠭ᠎ᠠ ᠶᠢᠨ ᠪᠦᠳᠦᠴᠠ ᠶᠢ | ᠰᠢᠯᠢᠳᠡᠭᠵᠢᠬᠦᠯᠵᠤ᠂ ᠭᠤᠤᠯᠳᠠᠯᠭ᠎ᠠ ᠲᠠᠢ ᠵᠠᠷᠤᠯᠭ᠎ᠠ ᠶᠢ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠡᠮᠵᠢᠶ᠎ᠠ ᠪᠤᠶᠤ ᠦᠢᠯᠠᠳᠪᠤᠷᠢᠯᠠᠯ ᠤᠨ ᠶᠠᠷᠤᠩᠬᠡᠢ ᠦᠷᠳᠡᠭ | ᠲᠠᠢ ᠬᠤᠯᠪᠤᠭᠳᠠᠭᠤᠯᠬᠤ ᠶᠠᠪᠤᠳᠠᠯ ᠢ ᠦᠬᠡᠶᠢᠰᠬᠡᠨ᠂ ᠡᠳ᠋ ᠤᠨ ᠵᠠᠰᠠᠭ ᠤᠨ ᠭᠤᠤᠯᠳᠠᠯᠭ᠎ᠠ ᠲᠠᠢ ᠲᠦᠷᠦᠯ ᠵᠦᠢᠯ ᠢ ᠲᠠᠭᠠᠭᠠᠵᠤ ᠲᠠᠶᠢᠯᠬᠦ ᠬᠦᠴᠦᠨ ᠤ ᠲᠤᠬᠠᠢ | ᠦᠨᠠᠯᠠᠯᠳᠠ ᠶᠢ ᠴᠢᠩᠭᠠᠳᠬᠠᠵᠤ᠂ ᠡᠳ᠋ ᠤᠨ ᠬᠦᠴᠦᠨ ᠢᠶᠠᠨ ᠦᠨᠳᠤᠰᠤᠯᠠᠨ ᠭᠤᠤᠯᠳᠠᠯᠭ᠎ᠠ ᠲᠠᠢ ᠲᠦᠷᠦᠯ ᠵᠦᠢᠯ ᠤᠨ ᠵᠠᠷᠤᠯᠭ᠎ᠠ ᠶᠢ ᠲᠤᠬᠢᠷᠠᠭᠤᠯᠤᠨ᠂ ᠤᠷᠤᠯᠭ᠎ᠠ | ᠶᠢᠨ ᠬᠢᠷᠢ ᠪᠠᠷ ᠵᠠᠷᠤᠬᠤ᠂ ᠤᠷᠤᠯᠭ᠎ᠠ ᠵᠠᠷᠤᠯᠭ᠎ᠠ ᠲᠠᠩᠴᠠᠰᠢᠷᠠᠬᠦᠯᠬᠦ ᠶᠢ ᠪᠠᠳᠤᠯᠠᠵᠤ᠂ ᠡᠳ᠋ ᠤᠨ ᠵᠠᠰᠠᠭ ᠤᠨ ᠦᠷᠬᠦᠯᠵᠢᠯᠡᠭᠰᠠᠨ ᠴᠢᠨᠠᠷ ᠢ ᠴᠢᠩᠭᠠᠳᠬᠠᠪᠠ᠃ | ᠬᠤᠶᠠᠷ ᠲᠤ ᠨᠢᠬᠡᠳᠤᠯᠳᠠᠢ ᠲᠦᠯᠦᠪᠯᠠᠵᠤ ᠨᠠᠶᠢᠳᠠᠮ ᠬᠠᠷᠠᠭᠠᠯᠵᠠᠨ᠂ ᠭᠤᠤᠯᠳᠠᠯᠭ᠎ᠠ ᠪᠠᠨ ᠲᠤᠪᠤᠶᠢᠯᠭᠠᠪᠠ᠃ ᠲᠦᠪ ᠬᠤᠷᠢᠶ᠎ᠠ ᠶᠢᠨ ᠨᠠᠢᠮᠠᠨ ᠲᠤᠭᠳᠠᠭᠠᠯ ᠢ | ᠲᠦᠪ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠲᠤᠯᠤᠭᠠᠶᠢᠯᠠᠵᠤ ︽ᠪᠤᠷᠤ ᠬᠤᠨᠤᠭ ᠦᠩᠬᠡᠷᠡᠬᠦᠯᠬᠦ︾ ᠦᠵᠠᠯ ᠰᠠᠨᠠᠭ᠎ᠠ ᠶᠢ ᠪᠤᠢ ᠪᠤᠯᠭᠠᠨ᠂ ᠡᠩ | ᠤᠨ ᠴᠢᠨᠠᠷᠳᠠᠢ ᠵᠠᠷᠤᠯᠭ᠎ᠠ ᠶᠢ ᠲᠦᠪ ᠴᠢᠩᠭ᠎ᠠ ᠬᠢᠵᠠᠭᠠᠷᠯᠠᠵᠤ᠂ ᠠᠷᠪᠢᠯᠠᠨ ᠭᠠᠮᠨᠠᠬᠤ ᠤᠷᠳᠤ ᠬᠤᠭᠤᠴᠠᠭᠠᠨ ᠤ ᠪᠦᠳᠦᠮᠵᠢᠳᠤ ᠲᠤᠭᠳᠠᠯᠴᠠᠭ᠎ᠠ ᠶᠢ ᠪᠠᠶᠢᠭᠤᠯᠤᠨ᠂ ᠡᠳ᠋ | ᠤᠨ ᠬᠦᠴᠦᠨ ᠢᠶᠠᠨ ᠨᠦᠬᠡᠴᠠᠯᠠᠵᠤ ᠪᠠᠶᠢᠭᠠᠳ ᠭᠤᠷᠪᠠᠨ ᠲᠤᠮᠤ ᠪᠤᠭᠤᠮᠳᠠ ᠰᠢᠪᠳᠤᠯᠬᠤ ᠲᠠᠶᠢᠯᠠᠯᠳᠤᠭᠠᠨ᠂ ᠠᠷᠠᠳ ᠤᠨ ᠠᠮᠢᠳᠤᠷᠠᠯ ᠤᠨ ᠲᠠᠯ᠎ᠠ ᠳᠠᠬᠢ ᠬᠦᠷᠦᠯᠴᠠᠬᠦ | ᠦᠬᠡᠢ ᠵᠦᠢᠯ ᠢ ᠨᠦᠬᠦᠪᠤᠷᠢᠯᠠᠬᠦ᠂ ᠦᠷᠬᠦᠯᠵᠢᠯᠠᠨ ᠭᠠᠷᠭᠠᠬᠤ ᠭᠤᠤᠯᠳᠠᠯᠭ᠎ᠠ ᠲᠠᠢ ᠲᠦᠷᠦᠯ ᠵᠦᠢᠯ ᠵᠢᠴᠢ ᠬᠤᠪᠢ ᠶᠢᠨ ᠡᠵᠡᠩᠨᠠᠯᠳᠠ ᠶᠢᠨ ᠠᠵᠤ ᠠᠬᠤᠶᠢᠯᠠᠯ ᠢ | ᠲᠠᠮᠵᠢᠬᠦ ᠵᠠᠷᠬᠡ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ ᠪᠤᠶᠤ ᠵᠠᠩᠬᠢᠯᠠᠭ᠎ᠠ ᠶᠢᠨ ᠲᠦᠷᠦᠯ ᠵᠦᠢᠯ ᠢ ᠪᠠᠳᠤᠯᠠᠬᠤ ᠳᠤ ᠬᠡᠷᠡᠭᠯᠠᠵᠤ᠂ ᠨᠠᠷᠢᠯᠢᠭ ᠤᠨᠤᠪᠴᠢᠳᠠᠢ ᠬᠦᠴᠦᠨ | ᠢᠶᠠᠨ ᠲᠦᠪᠯᠠᠷᠠᠬᠦᠯᠵᠤ ᠪᠠᠶᠢᠭᠠᠳ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠲᠤᠮᠤ ᠪᠠᠶᠢᠳᠠᠯ ᠢ ᠲᠤᠯᠭᠠᠭᠤᠷᠢᠯᠠᠬᠤ ᠬᠦᠴᠦᠨ ᠢᠶᠠᠨ ᠴᠢᠩᠭᠠᠳᠬᠠᠵᠤ᠂ ᠠᠵᠤ | ᠠᠬᠤᠢ ᠶᠢᠨ ᠦᠨᠳᠤᠷ ᠴᠢᠨᠠᠷ ᠴᠢᠨᠰᠠᠭ᠎ᠠ ᠪᠦᠬᠦᠢ ᠬᠦᠭᠵᠢᠯᠳᠠ ᠶᠢ ᠠᠬᠢᠭᠤᠯᠪᠠ᠃ | ᠭᠤᠷᠪᠠ ᠳᠤ ᠦᠬᠡᠷᠡᠴᠢᠯᠠᠯᠳᠠ ᠶᠢ ᠬᠦᠨᠵᠡᠬᠡᠶᠢᠷᠠᠬᠦᠯᠵᠤ᠂ ᠰᠢᠨᠵᠢᠯᠠᠬᠦ ᠤᠬᠠᠭᠠᠨᠴᠢ ᠪᠠᠷ ᠲᠦᠷᠢᠮᠵᠢᠬᠦᠯᠪᠠ᠃ ︽ᠲᠦᠰᠦᠪ ᠤᠨ ᠬᠠᠤᠯᠢ︾ ᠵᠠᠷᠬᠡ ᠡᠳ᠋ ᠤᠨ | ᠵᠠᠰᠠᠭ ᠠᠵᠤ ᠠᠬᠤᠢ ᠶᠢᠨ ᠬᠠᠤᠯᠢ ᠲᠦᠷᠢᠮ ᠢ ᠲᠦᠪ ᠴᠢᠩᠭ᠎ᠠ ᠬᠡᠷᠡᠭᠵᠢᠬᠦᠯᠵᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠪᠠᠶᠢᠭᠤᠯᠤᠮᠵᠢ ᠶᠢᠨ ᠦᠬᠡᠷᠠᠴᠢᠯᠠᠯᠳᠠ | ᠶᠢ ᠬᠦᠨᠵᠡᠬᠡᠶᠢᠷᠠᠬᠦᠯᠬᠦ ᠠᠵᠢᠯ ᠤᠨ ᠡᠬᠦᠷᠬᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠳᠠ ᠶᠢᠨ ᠲᠦᠷᠢᠮ ᠤᠨ | ᠦᠬᠡᠷᠡᠴᠢᠯᠠᠯᠳᠠ ᠶᠢᠨ ᠠᠷᠭ᠎ᠠ ᠬᠡᠮᠵᠢᠶ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠲᠦᠷᠬᠡᠳᠬᠡᠵᠤ᠂ ᠡᠯ᠎ᠡ ᠰᠠᠯᠠᠭ᠎ᠠ ᠮᠦᠴᠢᠷ ᠤᠨ ᠲᠦᠰᠦᠪ ᠢ ᠲᠤᠭᠳᠠᠭᠠᠵᠤ | ᠬᠡᠷᠡᠭᠵᠢᠬᠦᠯᠬᠦ ᠭᠤᠤᠯ ᠴᠤᠭᠴᠠ ᠶᠢᠨ ᠦᠢᠯᠠᠳᠤᠯ ᠢ ᠨᠡᠩ ᠰᠠᠶᠢᠳᠤᠷ ᠪᠠᠳᠠᠷᠠᠭᠤᠯᠪᠠ᠃ ᠲᠦᠷᠦᠯ ᠵᠦᠢᠯ ᠤᠨ ᠬᠦᠮᠤᠷᠬᠡ ᠶᠢᠨ ᠲᠦᠷᠢᠮ ᠢ ᠪᠠᠶᠢᠭᠤᠯᠵᠤ | ᠲᠠᠬᠦᠯᠳᠠᠷᠵᠢᠬᠦᠯᠥᠨ᠂ ᠡᠳ᠋ ᠤᠨ ᠵᠠᠰᠠᠭ ᠤᠨ ᠲᠦᠰᠦᠪ ᠲᠤᠭᠳᠠᠭᠠᠬᠤ ᠪᠠ ᠡᠬᠡᠬᠦᠯᠵᠤ ᠪᠤᠴᠠᠭᠠᠬᠤ ᠲᠦᠷᠦᠯ ᠵᠦᠢᠯ ᠤᠯᠬᠤ ᠲᠠᠯ᠎ᠠ ᠳᠠᠬᠢ ᠲᠦᠷᠦᠯ ᠵᠦᠢᠯ ᠤᠨ | ᠬᠦᠮᠤᠷᠬᠡ ᠶᠢᠨ ᠰᠠᠭᠤᠷᠢ ᠴᠢᠨᠠᠷᠳᠠᠢ ᠦᠢᠯᠠᠳᠤᠯ ᠢ ᠬᠦᠢᠴᠡᠳ ᠪᠠᠳᠠᠷᠠᠭᠤᠯᠵᠤ᠂ ᠡᠳ᠋ ᠤᠨ ᠵᠠᠰᠠᠭ ᠤᠨ ᠲᠦᠰᠦᠪ ᠲᠦᠰᠦᠪ ᠤᠨ ᠬᠦᠢᠴᠡᠳᠬᠡᠯ ᠢ ᠢᠯᠠ ᠨᠠᠶᠢᠳᠠᠯᠠᠬᠦ | ᠠᠵᠢᠯ ᠢ ᠬᠦᠨᠵᠡᠬᠡᠢ ᠠᠬᠢᠭᠤᠯᠵᠤ᠂ ︽ᠤᠷᠤᠨ ᠨᠤᠳᠤᠭ ᠤᠨ ᠡᠳ᠋ ᠤᠨ ᠵᠠᠰᠠᠭ ᠤᠨ ᠲᠦᠰᠦᠪ ᠲᠦᠰᠤᠪ ᠤᠨ ᠬᠦᠢᠴᠡᠳᠬᠡᠯ ᠢ ᠢᠯᠠ ᠨᠠᠶᠢᠳᠠᠯᠠᠬᠦ ᠲᠦᠷᠢᠮ︾ ᠤᠨ | ᠱᠠᠭᠠᠷᠳᠠᠯᠭ᠎ᠠ ᠶᠤᠰᠤᠭᠠᠷ᠂ ᠰᠠᠯᠠᠭ᠎ᠠ ᠮᠦᠴᠢᠷ ᠤᠨ ᠲᠦᠰᠦᠪ ᠢ ᠢᠯᠠ ᠨᠠᠶᠢᠳᠠᠯᠠᠬᠦ ᠪᠦᠳᠦᠮᠵᠢᠳᠤ ᠴᠢᠨᠠᠷ ᠪᠠ ᠪᠦᠷᠢᠨ ᠲᠦᠬᠦᠷ ᠴᠢᠨᠠᠷ ᠢ ᠲᠠᠬᠡᠭᠰᠢᠯᠠᠬᠦᠯᠪᠠ᠃ | ᠲᠦᠷᠪᠡ ᠳᠤ ᠬᠡᠷᠡᠭᠵᠢᠬᠦᠯᠬᠦ ᠶᠠᠪᠤᠳᠠᠯ ᠢ ᠴᠢᠩᠭᠠᠳᠬᠠᠵᠤ᠂ ᠦᠷ᠎ᠠ ᠪᠦᠳᠦᠮᠵᠢ ᠪᠠᠨ ᠲᠠᠬᠡᠭᠰᠢᠯᠠᠬᠦᠯᠪᠠ᠃ ᠠᠵᠢᠯ ᠤᠨ ᠦᠷ᠎ᠠ ᠪᠦᠳᠦᠮᠵᠢ ᠶᠢᠨ ᠬᠠᠮᠢᠶᠠᠷᠤᠯᠳᠠ | ᠶᠢᠨ ᠦᠵᠠᠯᠳᠠ ᠶᠢ ᠪᠠᠳᠤ ᠪᠠᠬᠢ ᠪᠤᠢ ᠪᠤᠯᠭᠠᠨ᠂ ︽ᠲᠦᠰᠦᠪ ᠭᠤᠶᠤᠪᠴᠢᠯᠠᠭᠰᠠᠨ ᠬᠦᠮᠦᠨ ᠬᠠᠷᠠᠯᠳᠠ ᠪᠠᠨ ᠲᠤᠭᠳᠠᠭᠠᠬᠤ︾ ᠵᠠᠷᠴᠢᠮ ᠶᠤᠰᠤᠭᠠᠷ᠂ ᠵᠤᠭᠤᠰ | ᠵᠠᠷᠤᠳᠠᠯ ᠭᠤᠶᠤᠪᠴᠢᠯᠠᠭᠰᠠᠨ ᠪᠠᠶᠢᠭᠤᠯᠭ᠎ᠠ ᠠᠵᠢᠯ ᠤᠨ ᠪᠦᠳᠦᠮᠵᠢ ᠶᠢᠨ ᠬᠠᠷᠠᠯᠳᠠ ᠶᠢᠨ ᠬᠦᠰᠦᠨᠦᠭ ᠲᠠᠭᠯᠠᠵᠤ᠂ ᠠᠵᠢᠯ ᠤᠨ ᠪᠦᠳᠦᠮᠵᠢ ᠶᠢᠨ ᠬᠠᠷᠠᠯᠳᠠ | ᠬᠠᠮᠢᠶᠠᠷᠤᠯᠳᠠ ᠪᠠ ᠠᠵᠢᠯ ᠤᠨ ᠪᠦᠳᠦᠮᠵᠢ ᠶᠢ ᠦᠨᠠᠯᠠᠬᠦ ᠬᠦᠴᠦᠨ ᠢ ᠴᠢᠩᠭᠠᠳᠬᠠᠨ᠂ ᠰᠠᠯᠠᠭ᠎ᠠ ᠮᠦᠴᠢᠷ ᠦᠪᠠᠷᠳᠠᠬᠡᠨ ᠦᠨᠠᠯᠠᠯᠳᠠ ᠬᠢᠬᠦ ᠪᠠ ᠡᠳ᠋ ᠤᠨ ᠵᠠᠰᠠᠭ | ᠭᠤᠤᠯᠳᠠᠯᠭ᠎ᠠ ᠲᠠᠢ ᠬᠢᠨᠠᠨ ᠰᠢᠯᠭᠠᠷᠠᠭᠤᠯᠬᠤ ᠠᠵᠢᠯ ᠢ ᠢᠳᠠᠪᠬᠢᠳᠠᠢ ᠦᠷᠨᠢᠬᠦᠯᠥᠬᠡᠳ᠂ ᠠᠵᠢᠯ ᠤᠨ ᠪᠦᠳᠦᠮᠵᠢ ᠶᠢᠨ ᠦᠷ᠎ᠠ ᠳ᠋ᠦᠩ ᠢ ᠰᠠᠯᠠᠭ᠎ᠠ ᠮᠦᠴᠢᠷ ᠤᠨ ᠲᠠᠷᠠᠭ᠎ᠠ | ᠵᠢᠯ ᠤᠨ ᠲᠦᠰᠦᠪ ᠤᠨ ᠲᠤᠬᠢᠷᠠᠭᠤᠯᠤᠯᠳᠠ ᠲᠠᠢ ᠬᠤᠯᠪᠤᠭᠳᠠᠭᠤᠯᠵᠤ᠂ ᠠᠵᠢᠯ ᠤᠨ ᠪᠦᠳᠦᠮᠵᠢ ᠶᠢᠨ ᠬᠠᠮᠢᠶᠠᠷᠤᠯᠳᠠ ᠶᠢ ᠡᠳ᠋ ᠤᠨ ᠵᠠᠰᠠᠭ ᠤᠨ ᠲᠦᠰᠦᠪ ᠤᠨ | ᠲᠤᠬᠢᠷᠠᠭᠤᠯᠤᠯᠳᠠ ᠬᠡᠷᠡᠭᠵᠢᠬᠦᠯᠥᠯ ᠬᠢᠨᠠᠯᠳᠠ ᠲᠠᠢ ᠤᠷᠭᠠᠨᠢᠭ ᠢᠶᠠᠷ ᠤᠶᠠᠯᠳᠤᠭᠤᠯᠪᠠ᠃ | 2019 ᠤᠨ ᠤ ᠡᠳ᠋ ᠤᠨ ᠵᠠᠰᠠᠭ ᠤᠨ ᠲᠦᠰᠦᠪ᠄ | ︵ᠨᠢᠬᠡ︶ ᠠᠯᠪᠠᠨ ᠨᠠᠶᠢᠳᠠ ᠶᠢᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠦᠰᠦᠪ | 1. ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ | ᠪᠦᠬᠦ ᠬᠤᠰᠢᠭᠤᠨ ᠤ ᠡᠩ ᠤᠨ ᠠᠯᠪᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠬᠠᠷᠠᠯᠳᠠ ᠪᠤᠯᠤᠨ ᠤᠳᠤ ᠶᠢᠨ ᠬᠡᠷᠡᠭᠵᠢᠬᠦᠯᠵᠤ ᠪᠠᠶᠢᠭ᠎ᠠ ︽ | ᠭᠠᠶᠢᠯᠢ ᠬᠤᠪᠢᠶᠠᠬᠤ ᠤᠷᠤᠯᠭ᠎ᠠ ᠬᠤᠪᠢᠶᠠᠬᠤ︾ ᠡᠳ᠋ ᠤᠨ ᠵᠠᠰᠠᠭ ᠤᠨ ᠪᠠᠶᠢᠭᠤᠯᠤᠮᠵᠢ ᠶᠢ ᠦᠨᠳᠤᠰᠤᠯᠠᠨ᠂ 2019 ᠤᠨ ᠤ ᠪᠦᠬᠦ ᠬᠤᠰᠢᠭᠤᠨ ᠤ ᠠᠯᠪᠠᠨ ᠨᠠᠶᠢᠳᠠ | ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 50800 ᠲᠦᠮᠠᠨ ᠲᠦᠬᠦᠷᠢᠭ ᠲᠤᠬᠢᠷᠠᠭᠤᠯᠵᠤ᠂ ᠲᠠᠬᠡᠷ᠎ᠡ ᠵᠢᠯ ᠤᠨ ᠬᠢ ᠠᠴᠠ 12% ᠪᠠᠷ ᠨᠡᠮᠡᠭᠳᠠᠪᠠ | ᠃ | 2. ᠠᠯᠪᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ | 2019 ᠤᠨ ᠤ ᠪᠦᠬᠦ ᠬᠤᠰᠢᠭᠤᠨ ᠤ ᠡᠳ᠋ ᠤᠨ ᠬᠦᠴᠦᠨ ᠤ ᠪᠠᠶᠢᠳᠠᠯ ᠄ ᠪᠦᠬᠦ ᠬᠤᠰᠢᠭᠤᠨ ᠤ ᠠᠯᠪᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ | ᠤᠨ ᠤᠷᠤᠯᠭ᠎ᠠ 50800 ᠲᠦᠮᠠᠨ ᠲᠦᠬᠦᠷᠢᠭ ᠲᠠᠬᠡᠷ᠎ᠡ ᠡᠩ ᠤᠨ ᠴᠢᠨᠠᠷᠳᠠᠢ ᠰᠢᠯᠵᠢᠬᠦᠯᠵᠤ ᠦᠭᠬᠦ ᠨᠦᠬᠦᠪᠤᠷᠢ ᠶᠢᠨ ᠤᠷᠤᠯᠭ᠎ᠠ 44257 ᠲᠦᠮᠠᠨ ᠲᠦᠬᠦᠷᠢᠭ ᠢ | ᠨᠠᠮᠠᠵᠤ᠂ ᠲᠡᠬᠡᠭᠰᠢ ᠲᠤᠰᠢᠶᠠᠬᠤ 603 ᠲᠦᠮᠠᠨ ᠲᠦᠬᠦᠷᠢᠭ ᠢ ᠬᠠᠰᠤᠨ᠂ ᠡᠳ᠋ ᠤᠨ ᠬᠦᠴᠦᠨ ᠤ ᠴᠢᠨᠠᠷᠳᠠᠢ ᠰᠢᠯᠵᠢᠬᠦᠯᠵᠤ ᠦᠭᠬᠦ ᠨᠦᠬᠦᠪᠤᠷᠢ 225546 ᠲᠦᠮᠠᠨ | ᠲᠦᠬᠦᠷᠢᠭ ᠢ ᠤᠯᠵᠤ ᠠᠪᠴᠢᠷᠠᠬᠤ ᠳᠤ ᠬᠦᠷᠪᠠᠯ᠂ ᠪᠦᠬᠦ ᠬᠤᠰᠢᠭᠤᠨ ᠤ ᠬᠡᠷᠡᠭᠯᠠᠵᠤ ᠪᠤᠯᠬᠤ ᠡᠳ᠋ ᠤᠨ ᠬᠦᠴᠦᠨ 320000 ᠲᠦᠮᠠᠨ ᠲᠦᠬᠦᠷᠢᠭ ᠪᠤᠯᠤᠨ᠎ᠠ᠃ | ᠲᠦᠰᠦᠪ ᠤᠨ ᠲᠤᠬᠢᠷᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠡᠯ᠎ᠡ ᠰᠠᠯᠠᠭ᠎ᠠ ᠮᠦᠴᠢᠷ ᠤᠨ ᠮᠡᠳᠡᠬᠦᠯᠦᠭᠰᠠᠨ ᠠᠯᠪᠠᠨ ᠵᠠᠷᠤᠳᠠᠯ ᠪᠠ ᠡᠷᠬᠢᠯᠡᠭᠰᠠᠨ ᠠᠵᠢᠯ | ᠤᠨ ᠵᠠᠷᠤᠳᠠᠯ ᠢ ᠵᠤᠬᠢᠬᠤ ᠬᠡᠮᠵᠢᠶ᠎ᠠ ᠪᠠᠷ ᠪᠠᠭᠠᠰᠬᠠᠵᠤ᠂ ᠲᠦᠷᠦᠯ ᠵᠦᠢᠯ ᠤᠨ ᠵᠠᠷᠤᠳᠠᠯ ᠤᠨ ᠪᠠᠶᠢᠳᠠᠯ ᠢ ᠦᠵᠠᠵᠤ ᠪᠠᠶᠢᠭᠠᠳ ᠵᠤᠬᠢᠬᠤ ᠬᠡᠮᠵᠢᠶ᠎ᠠ ᠪᠠᠷ ᠬᠠᠰᠤᠵᠤ᠂ | ᠲᠤᠰ ᠵᠢᠯ ᠤᠨ ᠵᠠᠷᠤᠯᠭ᠎ᠠ ᠶᠢ 320000 ᠲᠦᠮᠠᠨ ᠲᠦᠬᠦᠷᠢᠭ ᠲᠤᠬᠢᠷᠠᠭᠤᠯᠤᠨ᠂ 1.6% ᠪᠠᠷ ᠨᠡᠮᠡᠭᠲᠡᠪᠡ᠃ | ᠵᠠᠷᠤᠯᠭ᠎ᠠ ᠶᠢ ᠪᠤᠳᠠᠳᠠᠢ ᠲᠤᠬᠢᠷᠠᠭᠤᠯᠤᠭᠰᠠᠨ ᠪᠠᠶᠢᠳᠠᠯ᠄ | ︵1︶ ᠴᠠᠯᠢᠩ ᠬᠦᠯᠤᠰᠤ ᠶᠢᠨ ᠴᠢᠨᠠᠷᠳᠠᠢ ᠵᠠᠷᠤᠯᠭ᠎ᠠ 95287.84 ᠲᠦᠮᠠᠨ ᠲᠦᠬᠦᠷᠢᠭ᠂ ᠭᠤᠤᠯᠳᠠᠭᠤ᠄ ᠪᠦᠬᠦ ᠬᠤᠰᠢᠭᠤᠨ ᠤ ᠵᠠᠰᠠᠭ ᠵᠠᠬᠢᠷᠭ᠎ᠠ | ᠠᠵᠢᠯ ᠦᠢᠯᠠᠰ ᠤᠨ ᠨᠢᠬᠡᠴᠠ ᠶᠢᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠳᠠᠨ ᠤ ᠴᠠᠯᠢᠩ ᠬᠦᠯᠤᠰᠤ 64133.23 ᠲᠦᠮᠠᠨ ᠲᠦᠬᠦᠷᠢᠭ᠂ ᠠᠵᠢᠯ ᠠᠴᠠ ᠪᠠᠨ | ᠠᠮᠠᠷᠠᠭᠰᠠᠨ ᠪᠤᠶᠤ ᠠᠵᠢᠯ ᠤᠨ ᠪᠠᠶᠢᠷᠢᠨ ᠳᠤ ᠪᠠᠶᠢᠭ᠎ᠠ ᠦᠬᠡᠢ ᠬᠦᠮᠦᠰ ᠤᠨ ᠴᠠᠯᠢᠩ ᠬᠦᠯᠤᠰᠤ 13294.89 ᠲᠦᠮᠠᠨ ᠲᠦᠬᠦᠷᠢᠭ᠂ ᠠᠰᠠᠷᠠᠮᠵᠢ ᠶᠢᠨ ᠵᠠᠷᠤᠯᠭ᠎ᠠ | 1104.18 ᠲᠦᠮᠠᠨ ᠲᠦᠬᠦᠷᠢᠭ᠂ ᠲᠦᠷ ᠴᠠᠭ ᠤᠨ ᠠᠵᠢᠯᠲᠠᠨ ᠪᠠ ᠵᠠᠰᠠᠭ ᠤᠨ ᠤᠷᠳᠤᠨ ᠤ ᠬᠤᠳᠠᠯᠳᠤᠨ ᠠᠪᠬᠤ ᠦᠢᠯᠠᠴᠢᠯᠡᠭᠡ ᠶᠢᠨ ᠬᠦᠮᠦᠰ ᠤᠨ ᠵᠠᠷᠤᠳᠠᠯ | 5025.73 ᠲᠦᠮᠠᠨ ᠲᠦᠬᠦᠷᠢᠭ᠂ ᠪᠠᠶᠢᠭᠤᠯᠭ᠎ᠠ ᠠᠵᠢᠯ ᠦᠢᠯᠠᠰ ᠤᠨ ᠨᠢᠬᠡᠴᠠ ᠶᠢᠨ ᠠᠵᠢᠯᠳᠠᠨ ᠤ ᠴᠠᠯᠢᠩ ᠤᠨ ᠨᠡᠮᠡᠭᠳᠠᠯ ᠪᠠ ᠡᠮᠤᠨ᠎ᠡ ᠬᠡᠲᠤᠨ ᠵᠢᠯ ᠦᠷᠢᠲᠦᠭᠰᠡᠨ | ᠤᠯᠤᠰ ᠤᠨ ᠪᠠᠷᠢᠮᠵᠢᠶ᠎ᠠ ᠶᠢᠨ ᠴᠠᠯᠢᠩ ᠬᠦᠯᠦᠰᠦ ᠶᠢ ᠤᠯᠭᠤᠬᠤ ᠳᠤ ᠦᠯᠡᠳᠡᠬᠡᠭᠰᠠᠨ ᠵᠠᠷᠤᠯᠭ᠎ᠠ 11729.81 ᠲᠦᠮᠠᠨ ᠲᠦᠬᠦᠷᠢᠭ᠃ | ︵2︶ ᠴᠠᠯᠢᠩ ᠬᠦᠯᠤᠰᠤ ᠶᠢᠨ ᠲᠠᠭᠠᠯᠳᠠᠪᠤᠷᠢ ᠴᠢᠨᠠᠷᠳᠠᠢ ᠵᠠᠷᠤᠯᠭ᠎ᠠ 25142.09 ᠲᠦᠮᠠᠨ ᠲᠦᠬᠦᠷᠢᠭ᠂ ᠭᠤᠤᠯᠳᠠᠭᠤ᠄ ᠵᠠᠰᠠᠭ ᠵᠠᠬᠢᠷᠭ᠎ᠠ ᠠᠵᠢᠯ | ᠦᠢᠯᠡᠰ ᠤᠨ ᠨᠢᠬᠡᠴᠡ ᠶᠢᠨ ᠨᠠᠰᠤᠵᠢᠯ ᠤᠨ ᠲᠠᠭᠠᠳᠬᠠᠯ ᠵᠢᠴᠢ ᠡᠷᠬᠢᠯᠡᠭᠰᠡᠨ ᠠᠵᠢᠯ ᠤᠨ ᠲᠡᠳᠬᠦᠪᠤᠷᠢ 16616 ᠲᠦᠮᠡᠨ ᠲᠦᠭᠦᠷᠢᠭ᠂ ᠪᠠᠶᠢᠭᠤᠯᠭ᠎ᠠ ᠠᠵᠢᠯ | ᠦᠢᠯᠡᠰ ᠤᠨ ᠨᠢᠬᠡᠴᠡ ᠶᠢᠨ ᠡᠮ ᠡᠮᠨᠡᠯᠬᠡ ᠶᠢᠨ ᠲᠠᠭᠠᠳᠬᠠᠯ 5118.5 ᠲᠦᠮᠡᠨ ᠲᠦᠭᠦᠷᠢᠭ᠂ ᠲᠤᠮᠤ ᠲᠤᠭᠠᠨ ᠤ ᠡᠮ ᠡᠮᠨᠡᠯᠬᠡ ᠶᠢᠨ ᠲᠠᠭᠠᠳᠬᠠᠯ 57.2 ᠲᠦᠮᠡᠨ | ᠲᠦᠬᠦᠷᠢᠭ᠂ ᠠᠵᠢᠯ ᠦᠢᠯᠡᠰ ᠤᠨ ᠨᠢᠬᠡᠴᠡ ᠶᠢᠨ ᠠᠵᠢᠯᠲᠠᠨ ᠤ ᠠᠵᠢᠯ ᠠᠯᠳᠠᠭᠰᠠᠨ ᠲᠠᠭᠠᠳᠬᠠᠯ 183.37 ᠲᠦᠮᠡᠨ ᠲᠦᠭᠦᠷᠢᠭ᠂ ᠠᠵᠢᠯᠲᠠᠨ ᠤ ᠬᠦᠩᠬᠡᠵᠢᠯ ᠤᠨ | ᠲᠠᠭᠠᠳᠬᠠᠯ 213.65 ᠲᠦᠮᠠᠨ ᠲᠦᠬᠦᠷᠢᠭ᠂ ᠵᠠᠰᠠᠭ ᠵᠠᠬᠢᠷᠭ᠎ᠠ ᠠᠵᠢᠯ ᠦᠢᠡᠰ ᠤᠨ ᠨᠢᠬᠡᠴᠡ ᠶᠢᠨ ᠠᠯᠪᠠᠨ ᠬᠡᠮᠲᠤᠯ ᠤᠨ ᠲᠠᠭᠠᠳᠬᠠᠯ 106.6 ᠲᠦᠮᠡᠨ | ᠲᠦᠭᠦᠷᠢᠭ᠂ ᠤᠷᠤᠨ ᠰᠠᠭᠤᠴᠠ ᠶᠢᠨ ᠬᠤᠷᠠᠮᠲᠤᠯ ᠮᠦᠩᠬᠦ ᠶᠢᠨ ᠵᠠᠷᠤᠯᠭ᠎ᠠ 2846.77 ᠲᠦᠮᠡᠨ ᠲᠦᠭᠦᠷᠢᠭ᠃ | ︵3︶ ᠬᠦᠮᠦᠰ ᠤᠨ ᠨᠦᠬᠦᠪᠤᠷᠢ ᠶᠢᠨ ᠵᠠᠷᠤᠯᠭ᠎ᠠ 17342.89 ᠲᠦᠮᠡᠨ ᠲᠦᠭᠦᠷᠢᠭ᠂ ᠭᠤᠤᠯᠲᠠᠭᠤ᠄ ᠬᠡᠷ᠎ᠡ ᠶᠢᠨ ᠠᠵᠢᠯᠲᠠᠨ᠂ ᠵᠢᠵᠢᠭ ᠦᠢᠯᠡᠳᠬᠡᠯ | ᠤᠨ ᠠᠵᠢᠯᠲᠠᠨ᠂ ᠲᠦᠷ ᠴᠠᠭ ᠤᠨ ᠠᠵᠢᠯᠲᠠᠨ ᠤ ᠨᠠᠰᠤᠵᠢᠯ ᠤᠨ ᠲᠠᠭᠠᠳᠬᠠᠯ 878 ᠲᠦᠮᠡᠨ ᠲᠦᠭᠦᠷᠢᠭ᠂ ᠡᠮ ᠡᠮᠨᠡᠯᠬᠡ ᠶᠢᠨ ᠲᠠᠭᠠᠳᠬᠠᠯ 1303 ᠲᠦᠮᠡᠨ | ᠲᠦᠭᠦᠷᠢᠭ᠂ ᠠᠯᠪᠠᠨ ᠶᠠᠪᠤᠳᠠᠯ ᠤᠨ ᠬᠡᠮᠲᠤᠯ ᠲᠦᠯᠦᠪᠯᠡᠬᠡᠲᠤ ᠬᠦᠩᠬᠡᠵᠢᠯ ᠤᠨ ᠲᠠᠭᠠᠳᠬᠠᠯ 15 ᠲᠦᠮᠡᠨ ᠲᠦᠭᠦᠷᠢᠭ᠂ ᠠᠵᠤ ᠠᠬᠤᠶᠢᠯᠠᠯ ᠠᠴᠠ ᠠᠮᠠᠷᠠᠭᠰᠠᠨ | ᠠᠵᠢᠯᠳᠠᠨ᠂ ᠭᠠᠵᠠᠷ ᠰᠢᠷᠥᠢ ᠨᠤᠳᠤᠭ ᠪᠠᠯᠴᠢᠬᠡᠷ ᠢᠶᠠᠨ ᠠᠯᠳᠠᠭᠰᠠᠨ ᠮᠠᠯᠴᠢᠨ ᠲᠠᠷᠢᠶᠠᠴᠢᠨ ᠤ ᠨᠠᠶᠢᠬᠡᠮ ᠤᠨ ᠲᠠᠭᠠᠳᠬᠠᠯ ᠤᠨ ᠨᠦᠬᠦᠪᠤᠷᠢ 2833 ᠲᠦᠮᠠᠨ | ᠲᠦᠬᠦᠷᠢᠭ᠂ ᠠᠷᠠᠳ ᠤᠨ ᠶᠠᠪᠤᠳᠠᠯ ᠤᠨ ᠡᠯ᠎ᠡ ᠵᠦᠢᠯ ᠤᠨ ᠨᠦᠬᠦᠪᠤᠷᠢ1508.29 ᠲᠦᠮᠠᠨ ᠲᠦᠬᠦᠷᠢᠭ᠂ ᠴᠦᠬᠡᠨ ᠲᠤᠭᠠᠳᠤ ᠦᠨᠳᠤᠰᠤᠳᠠᠨ ᠤ ᠰᠤᠷᠭᠠᠨ | ᠬᠦᠮᠤᠵᠢᠯ᠂ ᠲᠦᠯᠤᠪᠯᠠᠬᠡᠳᠤ ᠬᠦᠩᠬᠡᠵᠢᠯ ᠵᠠᠷᠬᠡ ᠰᠤᠶᠤᠯ ᠰᠤᠷᠭᠠᠨ ᠬᠦᠮᠤᠵᠢᠯ ᠡᠷᠡᠬᠦᠯ ᠬᠠᠮᠠᠭᠠᠯᠠᠯ ᠤᠨ ᠨᠦᠬᠦᠪᠤᠷᠢ 140.84 ᠲᠦᠮᠠᠨ ᠲᠦᠬᠦᠷᠢᠭ᠂ ᠨᠤᠳᠤᠭ | ᠪᠠᠯᠴᠢᠬᠡᠷ ᠠᠮᠢ ᠠᠬᠤᠢ ᠶᠢ ᠬᠠᠮᠠᠭᠠᠯᠠᠬᠤ ᠬᠦᠮᠦᠰ᠂ ᠠᠮᠢ ᠠᠬᠤᠢ ᠪᠠᠷ ᠠᠷᠠᠳ ᠢ ᠨᠡᠬᠦᠯᠬᠡᠬᠦ ᠵᠡᠷᠬᠡ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠨᠦᠬᠦᠪᠤᠷᠢ | 7111.2 ᠲᠦᠮᠠᠨ ᠲᠦᠬᠦᠷᠢᠭ᠂ ᠬᠢᠨᠲᠠᠨ ᠬᠤᠷᠢᠭᠤᠯ ᠤᠨ ᠨᠦᠬᠦᠪᠤᠷᠢ2253.56 ᠲᠦᠮᠠᠨ ᠲᠦᠬᠦᠷᠢᠭ᠂ ᠰᠢᠨ᠎ᠠ ᠪᠠᠷ ᠭᠠᠷᠬᠤ ᠲᠦᠷᠦ ᠶᠢᠨ ᠪᠤᠳᠤᠯᠭ᠎ᠠ᠂ | ᠪᠠᠷᠢᠮᠵᠢᠶ᠎ᠠ ᠲᠠᠬᠡᠭᠰᠢᠯᠠᠬᠦᠯᠬᠦ ᠵᠠᠷᠬᠡ ᠰᠢᠯᠳᠠᠭᠠᠨ ᠠᠴᠠ ᠪᠤᠯᠵᠤ ᠨᠡᠮᠡᠭᠳᠠᠬᠦ ᠳᠤ ᠦᠯᠡᠳᠡᠭᠡᠭᠰᠠᠨ ᠵᠠᠷᠤᠯᠭ᠎ᠠ 1300 ᠲᠦᠮᠠᠨ ᠲᠦᠬᠦᠷᠢᠭ ᠪᠤᠯᠤᠨ᠎ᠠ᠃ | ︵4︶ ᠠᠯᠪᠠᠨ ᠵᠠᠷᠤᠳᠠᠯ ᠤᠨ ᠵᠠᠷᠤᠯᠭ᠎ᠠ 6512.09 ᠲᠦᠮᠠᠨ ᠲᠦᠬᠦᠷᠢᠭ᠂ ᠭᠤᠤᠯᠳᠠᠭᠤ᠄ ᠠᠵᠢᠯ ᠤᠨ ᠪᠠᠶᠢᠷᠢᠨ ᠳᠤ ᠪᠠᠶᠢᠭ᠎ᠠ ᠠᠵᠢᠯᠳᠠᠨ ᠤ ᠠᠯᠪᠠᠨ | ᠵᠠᠷᠤᠳᠠᠯ 4189.84 ᠲᠦᠮᠠᠨ ᠲᠦᠬᠦᠷᠢᠭ᠂ ᠲᠠᠷᠬᠡ ᠤᠨᠤᠭ᠎ᠠ ᠵᠠᠰᠠᠬᠤ ᠵᠠᠷᠤᠳᠠᠯ 193.8 ᠲᠦᠮᠠᠨ ᠲᠦᠬᠦᠷᠢᠭ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ | ᠮᠦᠴᠢᠷ ᠤᠨ ᠲᠤᠯᠠᠭᠠᠯᠠᠮᠵᠢ ᠶᠢᠨ ᠵᠠᠷᠤᠳᠠᠯ 1592.14 ᠲᠦᠮᠠᠨ ᠲᠦᠬᠦᠷᠢᠭ᠂ ᠤᠰᠤ ᠴᠠᠬᠢᠯᠭᠠᠨ ᠠᠳᠠᠯ ᠠᠬᠤᠢ ᠲᠦᠷᠢᠶᠠᠰᠤᠯᠠᠯ ᠤᠨ ᠵᠠᠷᠤᠳᠠᠯ 536.31 | ᠲᠦᠮᠠᠨ ᠲᠦᠬᠦᠷᠢᠭ᠃ | ︵5︶ ᠡᠷᠬᠢᠯᠡᠭᠰᠠᠨ ᠠᠵᠢᠯ ᠤᠨ ᠵᠠᠷᠤᠳᠠᠯ 9000 ᠲᠦᠮᠠᠨ ᠲᠦᠬᠦᠷᠢᠭ᠃ ᠲᠠᠬᠡᠳᠤ ᠱᠠᠳᠤᠨ ᠤ ᠰᠠᠯᠠᠭ᠎ᠠ ᠮᠦᠴᠢᠷ ᠬᠢᠬᠡᠳ ᠬᠤᠰᠢᠭᠤ ᠨᠠᠮ ᠤᠨ ᠬᠤᠷᠢᠶ᠎ᠠ | ᠵᠠᠰᠠᠭ ᠤᠨ ᠤᠷᠳᠤᠨ ᠤ ᠠᠵᠢᠯ ᠤᠨ ᠡᠬᠦᠷᠬᠡ ᠱᠠᠭᠠᠷᠳᠠᠯᠭ᠎ᠠ ᠶᠤᠰᠤᠭᠠᠷ᠂ ᠨᠠᠮ ᠤᠨ ᠪᠦᠳᠦᠬᠡᠨ ᠪᠠᠶᠢᠭᠤᠯᠤᠯᠳᠠ᠂ ᠠᠮᠤᠷ ᠲᠦᠪᠰᠢᠨ ᠦᠢᠯᠠᠳᠪᠤᠷᠢᠯᠠᠯ᠂ ᠴᠢᠮᠡᠭᠡ | ᠵᠠᠩᠬᠢᠵᠢᠯᠳᠠ ᠶᠢᠨ ᠪᠦᠳᠦᠬᠡᠨ ᠪᠠᠶᠢᠭᠤᠯᠤᠯᠳᠠ᠂ ᠬᠠᠤᠯᠢ ᠬᠡᠷᠡᠭᠵᠢᠬᠦᠯᠵᠤ ᠬᠡᠷᠡᠭ ᠬᠦᠢᠴᠡᠳᠬᠡᠬᠦ᠂ ᠵᠠᠬᠡᠯᠢ ᠭᠤᠳᠤᠮᠵᠢ ᠶᠢᠨ ᠤᠷᠴᠢᠨ ᠲᠤᠭᠤᠷᠢᠨ ᠤ ᠠᠷᠢᠭᠤᠨ ᠴᠡᠪᠡᠷ | ᠵᠠᠷᠬᠡ ᠡᠯ᠎ᠡ ᠠᠵᠢᠯ ᠦᠢᠯᠡᠰ ᠤᠨ ᠵᠠᠷᠤᠳᠠᠯ ᠳᠤ ᠲᠤᠬᠢᠷᠠᠭᠤᠯᠪᠠ᠃ | ︵6︶ ᠰᠤᠮᠤ ᠪᠠᠯᠭᠠᠰᠤ ᠬᠠᠮᠢᠶᠠᠷᠤᠯᠳᠠ ᠶᠢᠨ ᠵᠦᠪᠯᠠᠯ ᠤᠨ ᠵᠠᠷᠤᠯᠭ᠎ᠠ 4249 ᠲᠦᠮᠠᠨ ᠲᠦᠬᠦᠷᠢᠭ᠃ ᠡᠬᠦᠨ ᠳᠤ ᠭᠠᠴᠠᠭ᠎ᠠ ᠲᠤᠰᠬᠤᠨ ᠤ ᠠᠵᠢᠯ ᠤᠨ | ᠵᠠᠷᠤᠳᠠᠯ 608 ᠲᠦᠮᠠᠨ ᠲᠦᠬᠦᠷᠢᠭ᠂ ᠨᠠᠶᠢᠬᠡᠮ ᠲᠤᠭᠤᠷᠢᠭ ᠤᠨ ᠠᠯᠪᠠᠨ ᠵᠠᠷᠤᠳᠠᠯ 68 ᠲᠦᠮᠠᠨ ᠲᠦᠬᠦᠷᠢᠭ᠂ ᠰᠤᠮᠤ ᠪᠠᠯᠭᠠᠰᠤ ᠬᠠᠮᠢᠶᠠᠷᠤᠯᠳᠠ ᠶᠢᠨ ᠵᠦᠪᠯᠠᠯ ᠤᠨ | ᠬᠡᠪ ᠤᠨ ᠡᠷᠬᠢᠯᠳᠠ ᠶᠢᠨ ᠵᠠᠷᠤᠳᠠᠯ 3573 ᠲᠦᠮᠠᠨ ᠲᠦᠬᠦᠷᠢᠭ︔ ᠪᠤᠲᠠᠲᠠᠢ ᠬᠡᠷᠡᠭᠵᠢᠬᠦᠯᠬᠦ ᠶᠠᠪᠤᠴᠠ ᠳᠤ ᠬᠤᠰᠢᠭᠤᠨ ᠤ ᠡᠳ᠋ ᠤᠨ ᠵᠠᠰᠠᠭ ᠨᠢ ᠭᠠᠴᠠᠭ᠎ᠠ | ᠲᠤᠰᠬᠤᠨ ᠨᠡᠶᠢᠬᠡᠮ ᠲᠤᠭᠤᠷᠢᠭ ᠤᠨ ᠬᠡᠪ ᠤᠨ ᠡᠷᠬᠢᠯᠲᠡ ᠶᠢᠨ ᠵᠠᠷᠤᠲᠠᠯ ᠢ ᠪᠠᠲᠤᠯᠠᠵᠤ᠂ ᠰᠤᠮᠤ ᠪᠠᠯᠭᠠᠰᠤ ᠶᠢᠨ ᠬᠡᠪ ᠤᠨ ᠡᠷᠬᠢᠯᠲᠡ ᠶᠢ ᠦᠨᠲᠦᠰᠦᠨ ᠳᠡᠭᠡᠨ | ᠪᠠᠲᠤᠯᠠᠬᠤ ᠳᠤ 1786 ᠲᠦᠮᠡᠨ ᠲᠦᠭᠦᠷᠢᠭ ᠲᠤᠬᠢᠷᠠᠭᠤᠯᠤᠨ᠂ ᠡᠳ᠋ ᠤᠨ ᠵᠠᠰᠠᠭ ᠤᠨ ᠤᠷᠤᠯᠭ᠎ᠠ ᠶᠢᠨ ᠪᠠᠶᠢᠳᠠᠯ ᠪᠤᠯᠤᠨ ᠬᠦᠲᠡᠭᠡ ᠲᠤᠰᠬᠤᠨ ᠢ ᠴᠡᠴᠡᠭᠯᠡᠨ | ᠬᠦᠭᠵᠢᠬᠦᠯᠬᠦ ᠵᠡᠷᠬᠡ ᠭᠤᠤᠯ ᠠᠵᠢᠯ ᠤᠨ ᠡᠬᠦᠷᠬᠡ ᠶᠢᠨ ᠪᠠᠶᠢᠳᠠᠯ ᠢ ᠦᠨᠲᠦᠰᠦᠯᠡᠵᠤ ᠦᠯᠡᠲᠡᠵᠤ ᠪᠠᠶᠢᠭ᠎ᠠ ᠵᠤᠭᠤᠰ ᠢ ᠤᠯᠭᠤᠵᠤ ᠦᠭᠬᠦᠨ᠎ᠡ᠃ | ︵7︶ ᠠᠵᠤ ᠦᠢᠯᠠᠳᠪᠤᠷᠢ ᠶᠢᠨ ᠬᠦᠷᠢᠶᠠᠯᠠᠩ ᠲᠤᠭᠤᠷᠢᠭ ᠤᠨ ᠬᠠᠮᠢᠶᠠᠷᠤᠯᠳᠠ ᠶᠢᠨ ᠵᠦᠪᠯᠠᠯ ᠤᠨ ᠵᠠᠷᠤᠯᠭ᠎ᠠ 6000 ᠲᠦᠮᠠᠨ ᠲᠦᠬᠦᠷᠢᠭ᠃ | ᠬᠦᠷᠢᠶᠠᠯᠠᠩ ᠲᠤᠭᠤᠷᠢᠭ ᠤᠨ ᠲᠡᠭᠡᠭᠰᠢ ᠮᠡᠳᠡᠬᠦᠯᠦᠭᠰᠡᠨ ᠠᠯᠪᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠠᠴᠠ ᠬᠤᠰᠢᠭᠤᠨ ᠤ ᠡᠳ᠋ ᠤᠨ | ᠵᠠᠰᠠᠭ ᠠᠴᠠ ᠪᠤᠴᠠᠭᠠᠬᠤ ᠬᠦᠷᠢᠶᠡᠯᠡᠩ ᠲᠤᠭᠤᠷᠢᠭ ᠤᠨ ᠠᠵᠢᠯᠲᠠᠨ ᠤ ᠴᠠᠯᠢᠩ ᠬᠦᠯᠦᠰᠦ᠂ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠡᠷᠬᠢᠯᠡᠭᠰᠡᠨ ᠠᠵᠢᠯ ᠤᠨ | ᠵᠠᠷᠤᠲᠠᠯ ᠵᠢᠴᠢ ᠬᠦᠷᠢᠶᠡᠯᠡᠩ ᠲᠤᠭᠤᠷᠢᠭ ᠤᠨ ᠦᠪᠡᠰᠦᠪᠡᠨ ᠬᠠᠷᠢᠭᠤᠴᠠᠬᠤ ᠦᠷᠢ ᠶᠢᠨ ᠪᠢᠯᠧᠲ ᠤᠨ ᠬᠦᠤ ᠮᠦᠩᠬᠦ ᠶᠢ ᠬᠠᠰᠤᠪᠠᠯ᠂ ᠬᠦᠷᠢᠶᠡᠯᠡᠩ ᠲᠤᠭᠤᠷᠢᠭ | ᠤᠨᠦᠪᠠᠰᠤᠪᠠᠨ ᠲᠤᠬᠢᠷᠠᠭᠤᠯᠤᠭᠰᠠᠨ ᠬᠡᠪ ᠤᠨ ᠡᠷᠬᠢᠯᠲᠡ᠂ ᠡᠳᠦᠷ ᠲᠤᠲᠤᠮ ᠤᠨ ᠬᠠᠮᠢᠶᠠᠷᠤᠯᠲᠠ ᠪᠠ ᠡᠩ ᠤᠨ ᠰᠠᠭᠤᠷᠢ ᠲᠦᠬᠦᠬᠡᠷᠦᠮᠵᠢ ᠶᠢᠨ ᠪᠦᠲᠦᠬᠡᠨ | ᠪᠠᠶᠢᠭᠤᠯᠤᠯᠲᠠ ᠶᠢᠨ ᠵᠠᠷᠤᠯᠭ᠎ᠠ ᠶᠢᠨ ᠲᠦᠰᠦᠪ 6000 ᠲᠦᠮᠠᠨ ᠲᠦᠬᠦᠷᠢᠭ ᠪᠤᠯᠤᠨ᠎ᠠ᠃ | ︵8︶ ᠵᠠᠰᠠᠭ ᠤᠨ ᠤᠷᠳᠤᠨ ᠤ ᠦᠷᠢ ᠰᠢᠷᠢ ᠶᠢ ᠰᠢᠢᠳᠪᠤᠷᠢᠯᠠᠬᠦ᠂ ᠵᠠᠰᠠᠭ ᠤᠨ ᠤᠷᠳᠤᠨ ᠤ ᠪᠠᠯᠠ ᠤᠷᠤᠭᠤᠯᠤᠯᠳᠠ ᠶᠢᠨ ᠲᠦᠷᠦᠯ ᠵᠦᠢᠯ᠂ ᠲᠤᠰᠬᠠᠢ | ᠲᠦᠷᠦᠯ ᠤᠨ ᠪᠠᠯᠠ ᠮᠦᠩᠬᠦ ᠶᠢ ᠤᠯᠭᠤᠬᠤ᠂ ᠲᠠᠩᠰᠠ ᠳᠤ ᠪᠠᠶᠢᠭ᠎ᠠ ᠵᠦᠢᠯ ᠢ ᠰᠢᠢᠳᠪᠤᠷᠢᠯᠠᠬᠦ᠂ PPP ᠡᠵᠡᠩᠨᠠᠯᠳᠠ ᠶᠢᠨ ᠨᠦᠬᠦᠪᠤᠷᠢ ᠶᠢᠨ ᠵᠠᠷᠤᠯᠭ᠎ᠠ 50000 | ᠲᠦᠮᠠᠨ ᠲᠦᠬᠦᠷᠢᠭ᠃ ᠵᠠᠰᠠᠭ ᠤᠨ ᠤᠷᠳᠤᠨ ᠤ ᠦᠷᠢ ᠰᠢᠷᠢ ᠰᠢᠢᠳᠪᠤᠷᠢᠯᠠᠬᠦ ᠲᠦᠰᠦᠯ᠂ ᠵᠠᠰᠠᠭ ᠤᠨ ᠤᠷᠳᠤᠨ ᠤ ᠢᠨᠵᠧᠨᠧᠷᠢᠩ ᠤᠨ ᠲᠦᠷᠦᠯ ᠵᠦᠢᠯ ᠢ | ᠬᠡᠷᠡᠭᠵᠢᠬᠦᠯᠬᠦ ᠠᠬᠢᠴᠠ ᠵᠢᠴᠢ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠦᠭᠵᠢᠯᠳᠠ ᠶᠢᠨ ᠲᠦᠯᠦᠪᠯᠡᠭᠡ ᠲᠠᠢ ᠤᠶᠠᠯᠳᠤᠭᠤᠯᠵᠤ᠂ ᠢᠨᠵᠧᠨᠧᠷᠢᠩ ᠤᠨ | ᠲᠦᠷᠦᠯ ᠵᠦᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠨ᠎ᠠ᠃ | ︵9︶ ᠪᠠᠩᠬᠢ ᠶᠢᠨ ᠵᠢᠬᠡᠯᠡᠯᠬᠡ ᠬᠦᠦ ᠮᠦᠩᠬᠦ ᠶᠢ ᠲᠦᠯᠤᠬᠦ ᠪᠠ ᠵᠠᠰᠠᠭ ᠤᠨ ᠤᠷᠲᠤᠨ ᠤ ᠬᠤᠳᠠᠯᠲᠤᠨ ᠠᠪᠬᠤ ᠦᠢᠯᠡᠴᠢᠯᠡᠭᠡ ᠶᠢᠨ ᠵᠠᠷᠤᠯᠭ᠎ᠠ | 100200.39 ᠲᠦᠮᠠᠨ ᠲᠦᠬᠦᠷᠢᠭ᠃ ᠵᠠᠰᠠᠭ ᠤᠨ ᠤᠷᠳᠤᠨ ᠤ ᠦᠷᠢ ᠰᠢᠷᠢ ᠲᠦᠯᠥᠬᠦ ᠲᠦᠰᠦᠯ ᠲᠠᠢ ᠤᠶᠠᠯᠳᠤᠭᠤᠯᠵᠤ᠂ ᠵᠢᠬᠡᠯᠡᠯᠬᠡ ᠲᠦᠯᠥᠬᠦ ᠵᠠᠷᠤᠯᠭ᠎ᠠ | 49196.88 ᠲᠦᠮᠠᠨ ᠲᠦᠬᠦᠷᠢᠭ᠂ ᠬᠦᠦ ᠮᠦᠩᠬᠦ ᠲᠦᠯᠥᠬᠦ ᠵᠠᠷᠤᠯᠭ᠎ᠠ 49367.07 ᠲᠦᠮᠠᠨ ᠲᠦᠬᠦᠷᠢᠭ ᠲᠤᠬᠢᠷᠠᠭᠤᠯᠵᠤ᠂ ᠲᠦᠰᠦᠬᠡᠯᠡᠬᠦ ᠶᠢᠨ ᠠᠷᠭ᠎ᠠ | ᠦᠬᠡᠢ ᠵᠢᠬᠡᠯᠡᠯᠬᠡ ᠬᠦᠦ ᠮᠦᠩᠬᠦ ᠲᠥᠯᠥᠬᠦ ᠵᠠᠷᠤᠯᠭ᠎ᠠ ᠳᠤ 1636.44 ᠲᠦᠮᠠᠨ ᠲᠦᠬᠦᠷᠢᠭ ᠲᠤᠬᠢᠷᠠᠭᠤᠯᠪᠠ᠃ | ︵10︶ ᠶᠠᠳᠠᠭᠤ ᠶᠢ ᠲᠠᠳᠬᠦᠬᠦ ᠨᠦᠬᠦᠪᠤᠷᠢ ᠶᠢᠨ ᠪᠡᠯᠡ ᠮᠦᠩᠬᠦ ᠶᠢᠨ ᠵᠠᠷᠤᠯᠭ᠎ᠠ 565.7 ᠲᠦᠮᠠᠨ ᠲᠦᠬᠦᠷᠢᠭ᠃ ᠬᠠᠩᠭᠢᠨ ᠬᠤᠰᠢᠭᠤᠨ ᠤ ᠶᠠᠳᠠᠭᠤ ᠶᠢ | ᠲᠡᠳᠬᠦᠬᠦ ᠠᠵᠢᠯ ᠤᠨ ᠲᠦᠰᠦᠯ ᠢ ᠦᠨᠲᠦᠰᠦᠯᠡᠨ᠂ ᠰᠤᠷᠭᠠᠨ ᠬᠦᠮᠦᠵᠢᠯ ᠡᠮ ᠡᠮᠨᠡᠯᠬᠡ ᠨᠡᠶᠢᠬᠡᠮ ᠤᠨ ᠲᠠᠭᠠᠳᠬᠠᠯ ᠵᠡᠷᠬᠡ ᠲᠡᠮᠵᠢᠯᠬᠡ ᠨᠦᠬᠦᠪᠤᠷᠢ ᠶᠢᠨ ᠪᠡᠯᠡ ᠮᠦᠩᠬᠦ | ᠳᠤ 565.7 ᠲᠦᠮᠡᠨ ᠲᠦᠭᠦᠷᠢᠭ ᠲᠤᠬᠢᠷᠠᠭᠤᠯᠪᠠ ᠃ | ︵11︶ ᠰᠢᠨᠵᠢᠯᠠᠬᠦ ᠤᠬᠠᠭᠠᠨ ᠲᠧᠭᠨᠢᠭ ᠮᠠᠷᠬᠡᠵᠢᠯ ᠤᠨ ᠭᠤᠷᠪᠠᠨ ᠵᠠᠷᠤᠯᠭ᠎ᠠ 1000 ᠲᠦᠮᠠᠨ ᠲᠦᠬᠦᠷᠢᠭ᠃ ᠭᠤᠤᠯᠳᠠᠭᠤ ᠰᠢᠨᠵᠢᠯᠡᠭᠡ ᠮᠠᠷᠬᠡᠵᠢᠯ ᠤᠨ | ᠰᠤᠳᠤᠯᠭᠠᠨ᠂ ᠰᠢᠨ᠎ᠠ ᠡᠬᠦᠳᠦᠯᠳᠠ ᠬᠡᠷᠡᠭᠯᠠᠯᠳᠠ ᠵᠠᠷᠬᠡ ᠲᠠᠯ᠎ᠠ ᠳᠤ ᠬᠡᠷᠡᠭᠯᠠᠨ᠎ᠠ᠃ | ︵12︶ ᠲᠦᠷᠦᠯ ᠵᠦᠢᠯ ᠤᠨ ᠡᠮᠤᠨ᠎ᠠ ᠬᠤᠭᠤᠴᠠᠭᠠᠨ ᠤ ᠵᠠᠷᠤᠳᠠᠯ ᠤᠨ ᠵᠠᠷᠤᠯᠭ᠎ᠠ 1500 ᠲᠦᠮᠠᠨ ᠲᠦᠬᠦᠷᠢᠭ᠃ ᠭᠤᠤᠯᠳᠠᠭᠤ ᠬᠤᠯᠪᠤᠭᠳᠠᠯ ᠪᠦᠬᠦᠢ | ᠰᠠᠯᠠᠭ᠎ᠠ ᠮᠦᠴᠢᠷ ᠤᠨ ᠲᠦᠷᠦᠯ ᠵᠦᠢᠯ ᠬᠡᠷᠡᠭᠵᠢᠬᠦᠯᠬᠦ ᠪᠦᠳᠦᠬᠡᠨ ᠪᠠᠶᠢᠭᠤᠯᠤᠯᠳᠠ᠂ ᠪᠢᠴᠢᠭ ᠮᠠᠲ᠋ᠧᠷᠢᠶᠠᠯ ᠲᠤᠭᠤᠷᠪᠢᠬᠤ᠂ ᠦᠨᠠᠯᠠᠯᠳᠠ ᠦᠭᠴᠤ ᠨᠤᠳᠠᠯᠠᠬᠤ ᠵᠠᠷᠬᠡ | ᠡᠮᠤᠨ᠎ᠠ ᠬᠤᠭᠤᠴᠠᠭᠠᠨ ᠤ ᠠᠵᠢᠯ ᠤᠨ ᠵᠠᠷᠤᠯᠭ᠎ᠠ ᠳᠤ ᠬᠡᠷᠡᠭᠯᠠᠨ᠎ᠠ᠃ | ︵13︶ ᠶᠠᠷᠤᠩᠬᠡᠢ ᠪᠠᠯᠠᠳᠬᠡᠯ ᠵᠠᠷᠤᠳᠠᠯ 3200 ᠲᠦᠮᠠᠨ ᠲᠦᠬᠦᠷᠢᠭ᠃ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠰᠦᠪ ᠤᠨ | ᠬᠠᠤᠯᠢ︾ ᠶᠢᠨ ᠲᠤᠭᠳᠠᠭᠠᠯ ᠢ ᠦᠨᠲᠦᠰᠦᠯᠡᠨ᠂ ᠡᠯ᠎ᠡ ᠱᠠᠳᠤᠨ ᠤ ᠵᠠᠰᠠᠭ ᠤᠨ ᠤᠷᠳᠤᠨ ᠤ ᠲᠦᠰᠦᠪ ᠲᠤ ᠲᠤᠰ ᠱᠠᠳᠤᠨ ᠤ ᠵᠠᠰᠠᠭ ᠤᠨ ᠤᠷᠳᠤᠨ ᠤ ᠲᠦᠰᠦᠪ | ᠤᠨ ᠵᠠᠷᠤᠯᠭ᠎ᠠ ᠶᠢᠨ 1% — 3% ᠶᠢᠨ ᠬᠠᠷᠢᠴᠠᠯ ᠢᠶᠠᠷ ᠪᠠᠯᠠᠳᠬᠡᠯ ᠮᠦᠩᠬᠦ ᠲᠤᠬᠢᠷᠠᠭᠤᠯᠬᠤ ᠲᠤᠭᠳᠠᠭᠠᠯ ᠶᠤᠰᠤᠭᠠᠷ 3200 ᠲᠦᠮᠠᠨ ᠲᠦᠬᠦᠷᠢᠭ | ᠲᠤᠬᠢᠷᠠᠭᠤᠯᠪᠠ᠃ ᠭᠤᠤᠯᠳᠠᠭᠤ ᠪᠠᠶᠢᠭᠠᠯᠢ ᠶᠢᠨ ᠭᠠᠢ ᠭᠠᠮᠰᠢᠭ᠂ ᠭᠠᠯ ᠤᠨ ᠭᠠᠮᠰᠢᠭ ᠢ ᠰᠢᠢᠳᠪᠤᠷᠢᠯᠠᠬᠦ᠂ ᠡᠪᠡᠳᠴᠢᠨ ᠡᠮᠬᠡᠭ ᠢ ᠰᠠᠷᠬᠡᠶᠢᠯᠠᠵᠤ ᠡᠵᠡᠮᠰᠢᠬᠦ᠂ ᠴᠢᠮᠡᠭᠡ | ᠵᠠᠩᠬᠢ ᠬᠤᠷᠠᠮᠳᠤᠭᠤᠯᠬᠤ᠂ ᠵᠦᠷᠢᠴᠠᠯ ᠵᠢᠭᠤᠷᠠᠭᠠᠨ ᠢ ᠰᠢᠢᠳᠪᠤᠷᠢᠯᠠᠬᠦ᠂ ᠮᠠᠯᠴᠢᠨ ᠲᠠᠷᠢᠶᠠᠴᠢᠨ ᠤ ᠬᠦᠯᠦᠰᠦᠨ ᠠᠵᠢᠯ ᠤᠨ ᠴᠠᠯᠢᠩ ᠬᠦᠯᠦᠰᠦ ᠢ ᠠᠷᠭᠠᠴᠠᠬᠤ᠂ | ᠬᠦᠮᠦᠨ ᠤ ᠬᠦᠴᠦ ᠪᠠᠷ ᠴᠠᠭ ᠠᠭᠤᠷ ᠢ ᠨᠥᠯᠥᠬᠡᠯᠡᠬᠦ᠂ ᠠᠮᠤᠷ ᠲᠦᠪᠰᠢᠨ ᠦᠢᠯᠡᠳᠪᠤᠷᠢᠯᠡᠯ ᠤᠨ ᠬᠡᠨᠡᠳᠲᠡ ᠶᠢᠨ ᠤᠴᠢᠷ ᠢ ᠰᠢᠢᠳᠪᠤᠷᠢᠯᠡᠬᠦ᠂ ᠮᠦᠩᠬᠦᠨ ᠬᠦᠢᠯᠬᠡᠬᠡ | ᠶᠢᠨ ᠦᠷᠢ ᠰᠢᠷᠢ ᠶᠢᠨ ᠠᠶᠤᠯ ᠲᠦᠭᠰᠢᠬᠦᠷᠢ ᠶᠢ ᠰᠡᠷᠬᠡᠶᠢᠯᠡᠬᠦ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠡᠨᠡᠳᠲᠡ ᠶᠢᠨ ᠤᠴᠢᠷ ᠪᠠ ᠤᠯᠠᠨ ᠨᠡᠶᠢᠲᠡ ᠶᠢᠨ | ᠭᠠᠵᠠᠷ ᠤᠨ ᠡᠷᠡᠬᠦᠯ ᠬᠠᠮᠠᠭᠠᠯᠠᠯ ᠠᠷᠢᠭᠤᠨ ᠴᠡᠪᠡᠷ ᠤᠨ ᠶᠠᠪᠤᠳᠠᠯ ᠢ ᠠᠷᠭᠠᠴᠠᠬᠤ ᠪᠠ ᠤᠯᠤᠰ ᠤᠨ ᠨᠦᠬᠦᠪᠤᠷᠢ ᠶᠢ ᠤᠯᠭᠤᠬᠤ ᠵᠠᠷᠬᠡ ᠬᠡᠨᠡᠳᠳᠠ ᠡᠬᠦᠰᠴᠤ ᠮᠠᠳᠠᠬᠦ | ᠶᠠᠪᠤᠳᠠᠯ ᠳᠤ ᠬᠡᠷᠡᠭᠯᠠᠨ᠎ᠠ᠃ | ︵ᠬᠤᠶᠠᠷ︶ ᠵᠠᠰᠠᠭ ᠤ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠦᠰᠦᠪ | 2019 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ ᠶᠢᠨ ᠲᠦᠰᠦᠪ 12307 ᠲᠦᠮᠠᠨ ᠲᠦᠬᠦᠷᠢᠭ᠂ ᠤᠷᠤᠯᠭ᠎ᠠ | ᠵᠠᠷᠤᠯᠭ᠎ᠠ ᠶᠢ ᠲᠠᠩᠴᠠᠬᠦᠷᠢᠰᠢᠬᠦᠯᠬᠦ ᠵᠠᠷᠴᠢᠮ ᠶᠤᠰᠤᠭᠠᠷ᠂ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠵᠠᠷᠤᠯᠭ᠎ᠠ 12307 ᠲᠦᠮᠠᠨ ᠲᠦᠬᠦᠷᠢᠭ | ᠲᠤᠬᠢᠷᠠᠭᠤᠯᠪᠠ᠃ | ︵ᠭᠤᠷᠪᠠ︶ ᠤᠯᠤᠰ ᠤᠨ ᠦᠮᠴᠢᠯᠠᠯ ᠤᠨ ᠡᠳ᠋ ᠬᠦᠷᠦᠩᠬᠡ ᠶᠢᠨ ᠡᠵᠡᠩᠨᠠᠯᠳᠠ ᠶᠢᠨ ᠲᠦᠰᠦᠪ | ᠬᠤᠪᠢ ᠤᠷᠤᠭᠤᠯᠤᠯᠳᠠ ᠶᠢᠨ ᠦᠮᠴᠢᠯᠠᠯ ᠤᠨ ᠡᠷᠬᠡ ᠶᠢ ᠰᠢᠯᠵᠢᠬᠦᠯᠬᠦ ᠪᠠᠷ ᠲᠠᠮᠵᠢᠨ᠂ ᠵᠠᠰᠠᠭ ᠤᠨ ᠤᠷᠳᠤᠨ ᠤ ᠦᠷᠢ ᠰᠢᠷᠢ ᠶᠢ ᠰᠢᠢᠳᠪᠤᠷᠢᠯᠠᠬᠦ | ᠱᠠᠭᠠᠷᠳᠠᠯᠭ᠎ᠠ ᠲᠠᠢ ᠤᠶᠠᠯᠳᠤᠭᠤᠯᠵᠤ᠂ 2019 ᠤᠨ ᠤ ᠤᠯᠤᠰ ᠤᠨ ᠦᠮᠴᠢᠯᠠᠯ ᠤᠨ ᠡᠳ᠋ ᠬᠦᠷᠦᠩᠬᠡ ᠶᠢᠨ ᠡᠵᠡᠩᠨᠠᠯᠳᠠ ᠶᠢᠨ ᠲᠦᠰᠦᠪ ᠤᠨ ᠤᠷᠤᠯᠭ᠎ᠠ 962. | 26 ᠲᠦᠮᠠᠨ ᠲᠦᠬᠦᠷᠢᠭ ᠲᠤᠬᠢᠷᠠᠭᠤᠯᠪᠠ᠂ ᠤᠷᠤᠯᠭ᠎ᠠ ᠵᠠᠷᠤᠯᠭ᠎ᠠ ᠶᠢ ᠲᠠᠩᠴᠠᠬᠦᠷᠢᠰᠢᠬᠦᠯᠬᠦ ᠵᠠᠷᠴᠢᠮ ᠶᠤᠰᠤᠭᠠᠷ᠂ ᠤᠯᠤᠰ ᠤᠨ ᠦᠮᠴᠢᠯᠠᠯ ᠤᠨ ᠡᠳ᠋ ᠬᠦᠷᠦᠩᠬᠡ ᠶᠢᠨ | ᠡᠵᠡᠩᠨᠠᠯᠳᠠ ᠶᠢᠨ ᠲᠦᠰᠦᠪ ᠤᠨ ᠵᠠᠷᠤᠯᠭ᠎ᠠ 962.26 ᠲᠦᠮᠠᠨ ᠲᠦᠬᠦᠷᠢᠭ ᠲᠤᠬᠢᠷᠠᠭᠤᠯᠪᠠ᠃ | ︵ᠲᠦᠷᠪᠡ︶ ᠨᠠᠶᠢᠬᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠦᠰᠦᠪ | 2019 ᠤᠨ ᠤ ᠨᠠᠶᠢᠬᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ ᠤᠷᠤᠯᠭ᠎ᠠ ᠶᠢᠨ ᠲᠦᠰᠦᠪ 62649 ᠲᠦᠮᠠᠨ ᠲᠦᠬᠦᠷᠢᠭ᠂ ᠨᠠᠶᠢᠬᠡᠮ ᠤᠨ | ᠲᠠᠭᠠᠳᠬᠠᠯ ᠤᠨ ᠰᠠᠭᠤᠷᠢ ᠮᠦᠩᠬᠦ ᠶᠢᠨ ᠵᠠᠷᠤᠯᠭ᠎ᠠ 71021ᠲᠦᠮᠠᠨ ᠲᠦᠬᠦᠷᠢᠭ ᠲᠤᠬᠢᠷᠠᠭᠤᠯᠪᠠ᠃ | ᠭᠤᠷᠪᠠ᠂ ᠨᠠᠷᠢᠯᠢᠭ ᠦᠨᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠴᠤ᠂ 2019 ᠤᠨ ᠤ ᠡᠳ᠋ ᠤᠨ ᠵᠠᠰᠠᠭ ᠤᠨ ᠡᠯ᠎ᠡ ᠠᠵᠢᠯ ᠤᠨ ᠡᠬᠦᠷᠬᠡ ᠪᠠᠨ | ᠪᠠᠶᠠᠯᠠᠬᠦᠯᠬᠦ ᠪᠠᠷ ᠴᠢᠷᠮᠠᠶᠢᠨ᠎ᠠ | 2019 ᠤᠨ ᠳᠤ ᠬᠤᠰᠢᠭᠤᠨ ᠤ ᠡᠳ᠋ ᠤᠨ ᠵᠠᠰᠠᠭ ᠤᠨ ᠠᠵᠢᠯ ᠨᠢ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠠᠷᠭ᠎ᠠ ᠪᠤᠳᠤᠯᠭ᠎ᠠ ᠶᠢᠨ | ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠢᠨ ᠲᠤᠭᠤᠷᠢᠨ ᠳᠤ ᠡᠳ᠋ ᠤᠨ ᠵᠠᠰᠠᠭ ᠤᠨ ᠪᠠᠳᠤᠯᠠᠭ᠎ᠠ ᠶᠢᠨ ᠦᠢᠯᠠᠳᠤᠯ ᠪᠠ ᠲᠤᠯᠭᠠᠭᠤᠷᠢᠯᠠᠬᠤ ᠦᠢᠯᠠᠳᠤᠯ ᠢᠶᠠᠨ ᠬᠦᠢᠴᠡᠳ | ᠪᠠᠳᠠᠷᠠᠭᠤᠯᠵᠤ᠂ ᠬᠦᠰᠠᠯ ᠵᠤᠷᠢᠯᠳᠠ ᠪᠠᠨ ᠦᠯᠤ ᠤᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠠᠬᠡᠵᠢᠯᠠᠵᠤ ᠰᠢᠷᠭᠠᠭᠤ ᠬᠠᠳᠠᠭᠤᠵᠢᠯᠳᠠᠢ ᠠᠵᠢᠯᠯᠠᠭᠠᠳ᠂ ᠪᠦᠬᠦ | ᠬᠤᠰᠢᠭᠤᠨ ᠤ ᠠᠵᠤ ᠠᠬᠤᠢ ᠶᠢᠨ ᠦᠨᠳᠤᠷ ᠴᠢᠨᠠᠷ ᠴᠢᠨᠰᠠᠭ᠎ᠠ ᠪᠦᠬᠦᠢ ᠬᠦᠭᠵᠢᠯᠳᠠ ᠳᠤ ᠨᠡᠩ ᠶᠡᠭᠡ ᠨᠠᠮᠠᠷᠢ ᠬᠠᠨᠳᠢᠪ ᠡᠷᠬᠦᠨ᠎ᠠ᠃ ᠲᠤᠤᠷ᠎ᠠ ᠮᠠᠳᠤ ᠬᠡᠳᠤᠨ ᠲᠠᠯ᠎ᠠ | ᠶᠢᠨ ᠠᠵᠢᠯ ᠢ ᠭᠤᠤᠯᠳᠠᠯᠭ᠎ᠠ ᠲᠠᠢ ᠠᠳᠬᠤᠨ᠎ᠠ᠃ | ︵ᠨᠢᠬᠡ︶ ᠡᠳ᠋ ᠤᠨ ᠵᠠᠰᠠᠭ ᠤᠨ ᠤᠷᠤᠯᠭ᠎ᠠ ᠪᠠ ᠭᠤᠤᠯᠳᠠᠯᠭ᠎ᠠ ᠲᠠᠢ ᠵᠠᠷᠤᠯᠭ᠎ᠠ ᠶᠢ ᠬᠦᠴᠦ ᠲᠠᠯᠪᠢᠵᠤ ᠪᠠᠳᠤᠯᠠᠨ᠎ᠠ᠃ ᠤᠷᠤᠯᠭ᠎ᠠ ᠶᠢᠨ ᠲᠠᠯ᠎ᠠ ᠪᠠᠷ ︽ | ᠲᠦᠷᠦᠯ ᠵᠦᠢᠯ ᠨᠠᠶᠢᠳᠠᠪᠤᠷᠢᠵᠢᠭᠤᠯᠬᠤ ᠵᠠᠩᠬᠢᠯᠠᠭ᠎ᠠ ᠶᠢᠨ ᠵᠢᠯ︾ ᠤᠨ ᠠᠵᠢᠯᠯᠠᠭ᠎ᠠ ᠶᠢᠨ ᠲᠤᠭᠤᠷᠢᠨ ᠳᠤ᠂ ᠡᠳ᠋ ᠤᠨ ᠢᠷᠠᠯᠳᠠ ᠶᠢᠨ ᠪᠦᠳᠦᠬᠡᠨ ᠪᠠᠶᠢᠭᠤᠯᠤᠯᠳᠠ ᠶᠢ | ᠡᠷᠴᠢᠮ ᠲᠠᠢ ᠠᠳᠬᠤᠵᠤ᠂ ᠭᠠᠶᠢᠯᠢ ᠲᠠᠳᠠᠪᠤᠷᠢ ᠶᠢ ᠶᠠᠷᠤᠩᠬᠡᠶᠢᠯᠠᠨ ᠵᠠᠰᠠᠨ ᠴᠡᠭᠴᠠᠯᠠᠬᠦ ᠠᠷᠭ᠎ᠠ ᠬᠡᠮᠵᠢᠶ᠎ᠠ ᠶᠢ ᠲᠠᠬᠦᠯᠳᠠᠷᠵᠢᠬᠦᠯᠥᠨ᠂ ᠲᠤᠤᠷ ᠰᠦᠯᠵᠢᠶ᠎ᠠ ᠶᠢᠨ | ᠲᠠᠪᠴᠠᠩ ᠤᠨ ᠲᠤᠭ᠎ᠠ ᠮᠠᠭᠠᠳ ᠢ ᠬᠠᠮᠳᠤ ᠪᠠᠷ ᠠᠰᠢᠭᠯᠠᠬᠤ ᠬᠦᠷᠢᠶ᠎ᠠ ᠬᠡᠪᠴᠢᠶ᠎ᠡ ᠶᠢ ᠦᠷᠬᠡᠳᠬᠡᠵᠤ᠂ ᠭᠠᠶᠢᠯᠢ ᠲᠠᠳᠠᠪᠤᠷᠢ ᠶᠢ ᠶᠠᠷᠤᠩᠬᠡᠶᠢᠯᠠᠨ ᠵᠠᠰᠠᠨ ᠴᠡᠭᠴᠠᠯᠠᠬᠦ | ᠬᠠᠮᠳᠤ ᠶᠢᠨ ᠬᠦᠴᠦᠨ ᠢ ᠪᠤᠢ ᠪᠤᠯᠭᠠᠨ᠂ ᠭᠠᠶᠢᠯᠢ ᠲᠠᠳᠠᠪᠤᠷᠢ ᠶᠢᠨ ᠬᠠᠮᠢᠶᠠᠷᠤᠯᠳᠠ ᠶᠢᠨ ᠴᠢᠨᠠᠷ ᠴᠢᠨᠰᠠᠭ᠎ᠠ ᠦᠷ᠎ᠠ ᠪᠦᠳᠦᠮᠵᠢ ᠶᠢ ᠪᠦᠬᠦ ᠲᠠᠯ᠎ᠠ ᠪᠠᠷ | ᠲᠠᠬᠡᠭᠰᠢᠯᠠᠬᠦᠯᠥᠨᠠ᠃ ᠪᠠᠯᠠ ᠮᠦᠩᠬᠦ ᠲᠤᠬᠢᠷᠠᠭᠤᠯᠬᠤ ᠲᠤᠬᠠᠢ ᠲᠠᠬᠡᠳᠤ ᠱᠠᠳᠤᠨ ᠤ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠰᠤᠳᠤᠯᠵᠤ ᠤᠶᠢᠯᠠᠭᠠᠭᠰᠠᠨ ᠰᠠᠭᠤᠷᠢ | ᠲᠠᠬᠡᠷ᠎ᠡ᠂ ᠲᠠᠬᠡᠳᠤ ᠱᠠᠳᠤᠨ ᠤ ᠡᠯ᠎ᠡ ᠰᠠᠯᠠᠭ᠎ᠠ ᠮᠦᠴᠢᠷ ᠲᠠᠢ ᠢᠳᠠᠪᠬᠢᠳᠠᠢ ᠬᠠᠷᠢᠯᠴᠠᠨ᠂ ᠪᠦᠬᠦ ᠬᠤᠰᠢᠭᠤ ᠪᠠᠷ ᠢᠶᠠᠨ ᠬᠦᠴᠦᠨ ᠢᠶᠠᠨ ᠲᠦᠪᠯᠠᠷᠠᠬᠦᠯᠵᠤ ᠪᠠᠶᠢᠭᠠᠳ | ᠲᠠᠬᠡᠳᠤ ᠱᠠᠳᠤᠨ ᠤ ᠡᠯ᠎ᠡ ᠵᠦᠢᠯ ᠤᠨ ᠪᠠᠯᠠ ᠮᠦᠩᠬᠦ ᠶᠢ ᠢᠳᠠᠪᠬᠢᠳᠠᠢ ᠤᠯᠬᠤ ᠪᠠᠷ ᠴᠢᠷᠮᠠᠶᠢᠨ᠎ᠠ᠃ ᠤᠷᠤᠨ ᠨᠤᠳᠤᠭ ᠤᠨ ᠵᠠᠰᠠᠭ ᠤᠨ ᠤᠷᠳᠤᠨ ᠤ ᠲᠤᠰᠬᠠᠢ | ᠲᠦᠷᠦᠯ ᠤᠨ ᠦᠷᠢ ᠶᠢᠨ ᠪᠢᠯᠧᠲ ᠢ ᠨᠡᠮᠡᠭᠳᠠᠬᠦᠯᠬᠦ ᠲᠤᠬᠠᠢ ᠲᠦᠪ ᠬᠤᠷᠢᠶ᠎ᠠ ᠠᠴᠠ ᠬᠡᠷᠡᠭᠵᠢᠬᠦᠯᠵᠤ ᠪᠠᠶᠢᠭ᠎ᠠ ᠡᠳ᠋ ᠤᠨ ᠵᠠᠰᠠᠭ ᠤᠨ ᠢᠳᠠᠪᠬᠢᠳᠠᠢ ᠲᠦᠷᠦ ᠶᠢᠨ | ᠪᠤᠳᠤᠯᠭ᠎ᠠ ᠶᠢᠨ ᠲᠤᠬᠢᠶᠠᠯ ᠢ ᠠᠰᠢᠭᠯᠠᠨ᠂ ᠲᠦᠷᠦᠯ ᠵᠦᠢᠯ ᠭᠠᠷᠭᠠᠬᠤ ᠰᠡᠳᠬᠢᠴᠠ ᠪᠠᠨ ᠤᠯᠠᠮ ᠨᠢᠬᠡ ᠠᠯᠬᠤᠮ ᠴᠢᠩᠭᠠᠳᠬᠠᠵᠤ᠂ ᠲᠦᠷᠦᠯ ᠵᠦᠢᠯ ᠤᠨ ᠬᠦᠮᠤᠷᠬᠡ | ᠶᠢᠨ ᠪᠦᠳᠦᠬᠡᠨ ᠪᠠᠶᠢᠭᠤᠯᠤᠯᠳᠠ ᠶᠢ ᠲᠠᠬᠦᠯᠳᠠᠷᠵᠢᠬᠦᠯᠥᠨ᠂ ᠲᠤᠰᠬᠠᠢ ᠲᠦᠷᠦᠯ ᠤᠨ ᠦᠷᠢ ᠶᠢᠨ ᠪᠢᠯᠧᠲ ᠤᠨ ᠪᠠᠯᠠ ᠮᠦᠩᠬᠦ ᠤᠯᠬᠤ ᠦᠷ᠎ᠠ ᠪᠦᠳᠦᠮᠵᠢ ᠪᠠᠨ | ᠲᠠᠬᠡᠭᠰᠢᠯᠠᠬᠦᠯᠥᠨᠠ᠃ ᠵᠠᠷᠤᠯᠭ᠎ᠠ ᠶᠢᠨ ᠲᠠᠯ᠎ᠠ ᠪᠠᠷ ᠵᠠᠷᠤᠯᠭ᠎ᠠ ᠶᠢᠨ ᠪᠦᠳᠦᠴᠠ ᠶᠢ ᠴᠢᠨᠠᠭᠰᠢᠳᠠ ᠰᠢᠯᠢᠳᠡᠭᠵᠢᠬᠦᠯᠵᠤ᠂ ︽ᠭᠤᠷᠪᠠᠨ ᠪᠠᠳᠤᠯᠠᠭ᠎ᠠ︾ ᠶᠢᠨ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠲᠦᠰᠦᠪ ᠤᠨ ᠬᠡᠷᠡᠭᠵᠢᠬᠦᠯᠥᠯ ᠬᠠᠮᠢᠶᠠᠷᠤᠯᠳᠠ ᠶᠢ ᠲᠦᠪ ᠴᠢᠩᠭ᠎ᠠ ᠪᠤᠯᠭᠠᠨ᠂ | ᠪᠠᠯᠠ ᠮᠦᠩᠬᠦ ᠶᠢᠨ ᠨᠢᠬᠡᠳᠤᠯᠳᠠᠢ ᠲᠦᠯᠦᠪᠵᠢᠬᠦᠯᠬᠡ ᠬᠡᠷᠡᠭᠯᠠᠯᠳᠠ ᠶᠢ ᠴᠢᠩᠭᠠᠳᠬᠠᠨ᠂ ᠪᠠᠯᠠ ᠮᠦᠩᠬᠦ ᠪᠠᠨ ᠵᠦᠢ ᠵᠤᠬᠢᠰᠳᠠᠢ ᠲᠤᠬᠢᠷᠠᠭᠤᠯᠵᠤ ᠤᠯᠤᠰ ᠤᠨ ᠰᠠᠩ ᠤᠨ | ᠵᠤᠭᠤᠰ ᠢ ᠠᠮᠢᠳᠤᠯᠢᠭ ᠬᠡᠷᠡᠭᠯᠠᠬᠦ ᠪᠠᠷ ᠲᠠᠮᠵᠢᠭᠠᠳ᠂ ᠶᠠᠳᠠᠭᠤ ᠶᠢ ᠲᠠᠳᠬᠦᠬᠦ ᠵᠠᠷᠬᠡ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ ᠶᠢ | ᠲᠠᠮᠵᠢᠵᠤ᠂ ᠡᠷᠬᠡᠪᠰᠢ ᠵᠠᠷᠤᠬᠤ ᠴᠢᠬᠤᠯᠠ ᠲᠠᠢ ᠵᠠᠷᠤᠯᠭ᠎ᠠ ᠶᠢ ᠪᠠᠳᠤᠯᠠᠨ᠎ᠠ᠃ ᠦᠷᠢ ᠰᠢᠷᠢ ᠲᠦᠯᠥᠬᠦ ᠪᠠ ᠡᠳ᠋ ᠤᠨ ᠵᠠᠰᠠᠭ ᠠᠴᠠ ᠲᠦᠷ ᠤᠯᠭᠤᠬᠤ ᠵᠦᠢᠯ ᠢ ᠤᠯᠠᠮ | ᠨᠢᠬᠡ ᠠᠯᠬᠤᠮ ᠰᠢᠢᠳᠪᠤᠷᠢᠯᠠᠵᠤ᠂ ᠡᠳ᠋ ᠤᠨ ᠵᠠᠰᠠᠭ ᠤᠨ ᠪᠠᠯᠠ ᠮᠦᠩᠬᠦ ᠶᠢᠨ ᠠᠶᠤᠯ ᠲᠦᠭᠰᠢᠬᠦᠷᠢ ᠶᠢ ᠰᠠᠷᠬᠡᠶᠢᠯᠠᠨ᠂ ᠡᠳ᠋ ᠤᠨ ᠬᠦᠴᠦᠨ ᠤ ᠬᠢᠷᠢ ᠪᠠᠷ ᠵᠠᠷᠤᠯᠭ᠎ᠠ | ᠪᠠᠨ ᠲᠤᠬᠢᠷᠠᠭᠤᠯᠵᠤ᠂ ᠡᠳ᠋ ᠤᠨ ᠵᠠᠰᠠᠭ ᠤᠨ ᠠᠶᠤᠯ ᠲᠦᠭᠰᠢᠬᠦᠷᠢ ᠶᠢ ᠰᠠᠷᠬᠡᠶᠢᠯᠡᠭᠰᠠᠨ ᠰᠠᠭᠤᠷᠢ ᠲᠠᠬᠡᠷ᠎ᠡ ᠴᠢᠬᠤᠯᠠ ᠪᠠᠴᠢᠮ ᠵᠦᠢᠯ ᠢ ᠰᠠᠶᠢᠳᠤᠷ ᠡᠵᠡᠮᠰᠢᠨ᠂ | ᠪᠦᠳᠦᠬᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠯᠠ ᠮᠦᠩᠬᠦ ᠶᠢᠨ ᠪᠠᠳᠤᠯᠠᠭ᠎ᠠ ᠶᠢ ᠴᠢᠩᠭᠠᠳᠬᠠᠨ᠎ᠠ᠃ | ︵ᠬᠤᠶᠠᠷ︶ ᠭᠤᠷᠪᠠᠨ ᠲᠤᠮᠤ ᠪᠤᠭᠤᠮᠳᠠ ᠰᠢᠪᠳᠤᠯᠬᠤ ᠲᠠᠶᠢᠯᠠᠯᠳᠤᠭᠠᠨ ᠪᠠ ᠬᠦᠳᠡᠭᠡ ᠲᠤᠰᠬᠤᠨ ᠢ ᠴᠡᠭᠴᠠᠯᠠᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ | ᠲᠠᠮᠵᠢᠨ᠎ᠠ᠃ ᠲᠤᠮᠤ ᠴᠢᠬᠤᠯᠠ ᠠᠶᠤᠯ ᠲᠦᠭᠰᠢᠬᠦᠷᠢ ᠶᠢ ᠰᠠᠷᠬᠡᠶᠢᠯᠠᠵᠤ ᠰᠢᠢᠳᠪᠤᠷᠢᠯᠠᠬᠦ ᠲᠠᠶᠢᠯᠠᠯᠳᠤᠭᠠᠨ ᠢ ᠰᠠᠶᠢᠳᠤᠷ ᠲᠠᠮᠵᠢᠵᠤ ᠦᠷᠨᠢᠬᠦᠯᠥᠨ᠎ᠠ᠃ ᠰᠢᠨ᠎ᠠ ᠪᠠᠷ | ᠨᠡᠮᠡᠭᠳᠠᠬᠦ ᠦᠷᠢ ᠶᠢᠨ ᠪᠢᠯᠧᠲ ᠪᠠ ᠲᠤᠰᠬᠠᠢ ᠲᠦᠷᠦᠯ ᠤᠨ ᠦᠷᠢ ᠶᠢᠨ ᠪᠢᠯᠧᠲ ᠤᠨ ᠲᠦᠷᠦᠯ ᠵᠦᠢᠯ ᠤᠨ ᠬᠦᠮᠤᠷᠬᠡ ᠶᠢ ᠲᠠᠬᠦᠯᠳᠡᠷᠵᠢᠬᠦᠯᠵᠤ᠂ ᠰᠢᠨ᠎ᠠ ᠲᠦᠷᠦᠯ | ᠵᠦᠢᠯ ᠭᠠᠷᠭᠠᠬᠤ ᠪᠠ ᠲᠤᠰᠬᠠᠢ ᠲᠦᠷᠦᠯ ᠤᠨ ᠦᠷᠢ ᠶᠢᠨ ᠪᠢᠯᠧᠲ ᠤᠯᠬᠤ ᠠᠵᠢᠯ ᠢ ᠰᠠᠶᠢᠳᠤᠷ ᠠᠳᠬᠤᠨ᠂ ︽ᠠᠷᠤ ᠡᠬᠦᠳᠠ︾ ᠶᠠᠪᠤᠵᠤ ᠦᠷᠢ ᠦᠭᠴᠡᠭᠡ | ᠭᠠᠷᠭᠠᠨ᠂ ᠲᠠᠯᠳᠠᠭᠤᠷ ᠦᠷᠢ ᠰᠢᠷᠢ ᠨᠡᠮᠡᠭᠳᠠᠬᠦ ᠶᠢ ᠡᠷᠡᠰ ᠬᠤᠷᠢᠭᠯᠠᠵᠤ᠂ ᠲᠠᠯᠳᠠ ᠴᠢᠨᠠᠷ ᠲᠠᠢ ᠦᠷᠢ ᠰᠢᠷᠢ ᠶᠢᠨ ᠠᠶᠤᠯ ᠲᠦᠭᠰᠢᠬᠦᠷᠢ ᠶᠢ ᠰᠠᠷᠬᠡᠶᠢᠯᠠᠬᠦ ᠠᠵᠢᠯ ᠢ | ᠦᠷᠬᠦᠯᠵᠢᠯᠠᠨ ᠰᠠᠶᠢᠳᠤᠷ ᠠᠳᠬᠤᠨ᠎ᠠ᠃ ᠨᠠᠷᠢᠯᠢᠭ ᠤᠨᠤᠪᠴᠢᠳᠠᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ | ᠦᠷᠨᠢᠬᠦᠯᠥᠨ᠎ᠠ᠃ ᠡᠳ᠋ ᠤᠨ ᠵᠠᠰᠠᠭ ᠤᠨ ᠲᠦᠰᠦᠪ ᠲᠤᠬᠢᠷᠠᠭᠤᠯᠬᠤ᠂ ᠲᠤᠰᠬᠠᠢ ᠲᠦᠷᠦᠯ ᠤᠨ ᠪᠠᠯᠠ ᠮᠦᠩᠬᠦ ᠤᠯᠬᠤ ᠪᠠ ᠤᠯᠤᠰ ᠤᠨ ᠰᠠᠩ ᠤᠨ ᠪᠠᠯᠠ ᠮᠦᠩᠬᠦ ᠶᠢ | ᠠᠮᠢᠳᠤᠯᠢᠭ ᠪᠤᠯᠭᠠᠬᠤ ᠪᠠᠷ ᠲᠠᠮᠵᠢᠭᠠᠳ ᠶᠠᠳᠠᠭᠤ ᠶᠢ ᠲᠠᠳᠬᠦᠬᠦ ᠪᠠᠯᠠ ᠮᠦᠩᠬᠦ ᠶᠢ ᠦᠨᠠᠨᠬᠦ ᠪᠠᠳᠤᠯᠠᠬᠤ ᠶᠢᠨ ᠬᠠᠮᠳᠤ ᠶᠠᠳᠠᠭᠤ ᠶᠢ ᠲᠠᠳᠬᠦᠬᠦ ᠪᠠᠯᠠ ᠮᠦᠩᠬᠦ ᠶᠢᠨ | ᠦᠷ᠎ᠠ ᠪᠦᠳᠦᠮᠵᠢᠳᠤ ᠬᠠᠮᠢᠶᠠᠷᠤᠯᠳᠠ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠡᠳ᠋ ᠤᠨ ᠵᠠᠰᠠᠭ ᠤᠨ ᠶᠠᠳᠠᠭᠤ ᠶᠢ ᠲᠠᠳᠬᠦᠬᠦ ᠪᠠᠯᠠ ᠮᠦᠩᠬᠦ ᠶᠢ ᠬᠢᠨᠠᠨ ᠡᠵᠡᠮᠰᠢᠬᠦ | ᠠᠵᠢᠯ ᠢ ᠯᠠᠪᠳᠠᠭᠤᠨ ᠢᠶᠠᠷ ᠦᠷᠨᠢᠬᠦᠯᠥᠨ᠂ ᠶᠠᠳᠠᠭᠤ ᠶᠢ ᠲᠠᠳᠬᠦᠬᠦ ᠪᠠᠯᠠ ᠮᠦᠩᠬᠦ ᠶᠢ ᠰᠠᠶᠢᠳᠤᠷ ᠬᠠᠮᠢᠶᠠᠷᠴᠤ ᠬᠡᠷᠡᠭᠯᠠᠨ᠎ᠠ᠃ ᠪᠤᠬᠢᠷᠳᠤᠯ ᠢ ᠰᠠᠷᠬᠡᠶᠢᠯᠠᠵᠤ ᠵᠠᠰᠠᠬᠤ | ᠲᠠᠶᠢᠯᠠᠯᠳᠤᠭᠠᠨ ᠢ ᠰᠠᠶᠢᠳᠤᠷ ᠲᠠᠮᠵᠢᠵᠤ ᠦᠷᠨᠢᠬᠦᠯᠥᠨ᠎ᠠ᠃ PPP ᠬᠡᠯᠪᠡᠷᠢ ᠪᠠᠷ ᠲᠠᠮᠵᠢᠵᠤ ᠨᠠᠶᠢᠬᠡᠮ ᠤᠨ ᠪᠠᠯᠠ ᠮᠦᠩᠬᠦ᠂ ᠠᠷᠠᠳ ᠤᠨ ᠪᠠᠯᠠ ᠮᠦᠩᠬᠦ ᠶᠢ | ᠪᠤᠬᠢᠷᠳᠤᠯ ᠢ ᠰᠠᠷᠬᠡᠶᠢᠯᠠᠵᠤ ᠵᠠᠰᠠᠬᠤ ᠳᠤ ᠠᠪᠴᠢᠷᠠᠵᠤ ᠬᠡᠷᠡᠭᠯᠠᠨ᠂ ᠪᠠᠯᠠ ᠮᠦᠩᠬᠦ ᠶᠢ ᠵᠦᠢ ᠵᠤᠬᠢᠰᠳᠠᠢ ᠲᠤᠬᠢᠷᠠᠭᠤᠯᠵᠤ᠂ ᠤᠷᠴᠢᠨ ᠲᠤᠭᠤᠷᠢᠨ ᠢ ᠬᠠᠮᠠᠭᠠᠯᠠᠬᠤ | ᠲᠠᠶᠢᠯᠠᠯᠳᠤᠭᠠᠨ᠂ ᠤᠰᠤ ᠬᠦᠷᠦᠰᠤ ᠶᠢᠨ ᠪᠤᠬᠢᠷᠳᠤᠯ ᠢ ᠰᠠᠷᠬᠡᠶᠢᠯᠠᠨ ᠵᠠᠰᠠᠬᠤ ᠲᠠᠶᠢᠯᠠᠯᠳᠤᠭᠠᠨ ᠢ ᠪᠦᠬᠦ ᠬᠦᠴᠦᠨ ᠢᠶᠠᠷ ᠲᠠᠮᠵᠢᠨ᠎ᠠ᠃ ᠬᠦᠳᠡᠭᠡ ᠲᠤᠰᠬᠤᠨ ᠢ | ᠴᠡᠴᠡᠭᠯᠠᠬᠦᠯᠥᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠲᠠᠮᠵᠢᠨ᠎ᠠ᠃ ᠲᠠᠷᠢᠶᠠᠯᠠᠩ ᠮᠠᠯ ᠠᠵᠤ ᠠᠬᠤᠢ ᠬᠢᠬᠡᠳ ᠮᠠᠯᠵᠢᠬᠤ ᠲᠠᠷᠢᠶᠠᠯᠠᠬᠤ ᠤᠷᠤᠨ ᠤ ᠵᠠᠷᠤᠯᠭ᠎ᠠ ᠶᠢ | ᠡᠳ᠋ ᠤ ᠵᠠᠰᠠᠭ ᠠᠴᠠ ᠶᠠᠭᠤᠨ ᠤ ᠤᠷᠢᠳ ᠪᠠᠳᠤᠯᠠᠵᠤ᠂ ᠤᠷᠤᠨ ᠰᠠᠭᠤᠴᠠ ᠶᠢᠨ ᠤᠷᠴᠢᠨ ᠲᠤᠭᠤᠷᠢᠨ ᠢ ᠵᠠᠰᠠᠨ ᠴᠡᠭᠴᠠᠯᠠᠬᠦ᠂ ᠠᠵᠤ ᠦᠢᠯᠠᠰ ᠢ ᠬᠦᠭᠵᠢᠬᠦᠯᠬᠦ ᠵᠢᠴᠢ | ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢ ᠲᠠᠬᠡᠭᠰᠢᠯᠠᠬᠦᠯᠬᠦ ᠶᠢ ᠲᠠᠮᠵᠢᠨ᠎ᠠ᠃ | ︵ᠭᠤᠷᠪᠠ︶ ᠠᠷᠠᠳ ᠤᠨ ᠠᠮᠢᠳᠤᠷᠠᠯ ᠢ ᠦᠨᠠᠨᠬᠦ ᠪᠠᠳᠤᠯᠠᠵᠤ ᠰᠠᠶᠢᠵᠢᠷᠠᠭᠤᠯᠤᠨ᠎ᠠ᠃ ︽ᠤᠷᠳᠤ ᠤᠳᠠᠭᠠᠨ ᠬᠤᠭᠤᠴᠠᠭ᠎ᠠ ᠪᠤᠷᠤ ᠬᠤᠨᠤᠭ ᠦᠩᠬᠡᠷᠡᠬᠦᠯᠬᠦ︾ | ᠦᠵᠠᠯ ᠰᠠᠨᠠᠭ᠎ᠠ ᠶᠢ ᠪᠠᠷᠢᠮᠳᠠᠯᠠᠨ᠎ᠠ᠃ ︽ᠲᠦᠰᠦᠪ ᠤᠨ ᠬᠠᠤᠯᠢ︾ ᠶᠢᠨ ᠡᠯ᠎ᠡ ᠲᠤᠭᠳᠠᠭᠠᠯ ᠢ ᠲᠦᠪ ᠴᠢᠩᠭ᠎ᠠ ᠬᠡᠷᠡᠭᠵᠢᠬᠦᠯᠵᠤ᠂ ︽ᠭᠤᠷᠪᠠᠨ ᠠᠯᠪᠠᠨ ᠵᠠᠷᠤᠳᠠᠯ︾ | ᠢ ᠴᠢᠩᠭ᠎ᠠ ᠬᠢᠵᠠᠭᠠᠷᠯᠠᠨ᠎ᠠ᠃ ︽ᠭᠤᠷᠪᠠ ᠶᠢ ᠪᠠᠳᠤᠯᠠᠬᠤ︾ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠎ᠠ᠃ ᠦᠨᠳᠤᠰᠤᠨ ᠵᠦᠢᠯ᠂ ᠦᠷᠬᠦᠯᠵᠢᠯᠡᠭᠰᠠᠨ ᠴᠢᠨᠠᠷ | ᠬᠢᠬᠡᠳ ᠪᠠᠶᠢᠭᠤᠯᠤᠮᠵᠢ ᠲᠤᠭᠳᠠᠯᠴᠠᠭ᠎ᠠ ᠶᠢᠨ ᠪᠦᠳᠦᠬᠡᠨ ᠪᠠᠶᠢᠭᠤᠯᠤᠯᠳᠠ ᠶᠢᠨ ᠪᠠᠳᠤᠯᠠᠭ᠎ᠠ ᠶᠢ ᠴᠢᠬᠤᠯᠠᠴᠢᠯᠠᠵᠤ᠂ ᠡᠳ᠋ ᠤᠨ ᠬᠦᠴᠦᠨ ᠢᠶᠠᠨ ᠲᠦᠪᠯᠠᠷᠠᠬᠦᠯᠵᠤ | ᠪᠠᠶᠢᠭᠠᠳ ᠨᠠᠶᠢᠳᠠᠮ ᠠᠰᠢᠭ ᠬᠦᠷᠳᠠᠬᠡᠬᠦ ᠴᠢᠨᠠᠷ ᠲᠠᠢ᠂ ᠰᠠᠭᠤᠷᠢ ᠴᠢᠨᠠᠷ ᠲᠠᠢ᠂ ᠪᠦᠷᠢᠨ ᠪᠠᠳᠤᠯᠠᠭ᠎ᠠ ᠶᠢᠨ ᠴᠢᠨᠠᠷ ᠲᠠᠢ ᠠᠷᠠᠳ ᠤᠨ ᠠᠮᠢᠳᠤᠷᠠᠯ ᠤᠨ ᠪᠦᠳᠦᠬᠡᠨ | ᠪᠠᠶᠢᠭᠤᠯᠤᠯᠳᠠ ᠶᠢ ᠰᠠᠶᠢᠳᠤᠷ ᠪᠠᠳᠤᠯᠠᠨ᠎ᠠ᠃ ᠨᠠᠶᠢᠬᠡᠮ ᠤᠨ ᠪᠠᠳᠤᠯᠠᠭ᠎ᠠ ᠶᠢᠨ ᠲᠤᠤᠷ ᠢ ᠴᠢᠩᠭᠠᠳᠬᠠᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠬᠡ ᠶᠢᠨ ᠲᠠᠭᠠᠳᠬᠠᠯ᠂ ᠠᠵᠤ ᠠᠬᠤᠶᠢᠯᠠᠯ ᠠᠴᠠ ᠠᠮᠠᠷᠠᠭᠰᠠᠨ ᠠᠵᠢᠯᠳᠠᠨ ᠤ ᠨᠠᠰᠤᠵᠢᠯ ᠤᠨ ᠲᠠᠭᠠᠳᠬᠠᠯ ᠵᠠᠷᠬᠡ ᠡᠯ᠎ᠡ ᠪᠠᠳᠤᠯᠠᠭ᠎ᠠ ᠬᠦᠯᠤᠰᠤ ᠤᠯᠭᠤᠮᠵᠢ ᠶᠢ | ᠰᠠᠶᠢᠳᠤᠷ ᠨᠠᠶᠢᠳᠠᠪᠤᠷᠢᠵᠢᠭᠤᠯᠵᠤ᠂ ᠠᠮᠢᠳᠤᠷᠠᠯ ᠨᠢ ᠬᠦᠴᠢᠷᠳᠠᠯ ᠲᠠᠢ ᠤᠯᠠᠨ ᠲᠦᠮᠠᠨ ᠤ ᠦᠨᠳᠤᠰᠤᠨ ᠠᠮᠢᠳᠤᠷᠠᠯ ᠢ ᠪᠠᠳᠤᠯᠠᠨ᠎ᠠ᠃ ᠤᠯᠠᠨ ᠨᠠᠶᠢᠳᠠ ᠶᠢᠨ | ᠦᠢᠯᠠᠴᠢᠯᠡᠭᠡ ᠶᠢ ᠲᠠᠩᠴᠠᠬᠦᠷᠢᠰᠢᠬᠦᠯᠬᠦ ᠠᠵᠢᠯ ᠢ ᠯᠠᠪᠳᠠᠭᠤᠨ ᠢᠶᠠᠷ ᠡᠮᠬᠢ ᠲᠢᠭᠯᠢᠮ ᠲᠠᠢ ᠠᠬᠢᠭᠤᠯᠤᠨ᠎ᠠ᠃ ᠪᠠᠯᠠ ᠮᠦᠩᠬᠦ ᠪᠠᠨ ᠨᠢᠬᠡᠳᠤᠯᠳᠠᠢ ᠲᠦᠯᠦᠪᠵᠢᠬᠦᠯᠬᠡ ᠶᠢ | ᠴᠢᠩᠭᠠᠳᠬᠠᠨ᠂ ᠡᠳ᠋ ᠤᠨ ᠵᠠᠰᠠᠭ ᠤᠨ ᠲᠦᠰᠦᠪ ᠢ ᠵᠦᠢ ᠵᠤᠬᠢᠰᠳᠠᠢ ᠲᠤᠬᠢᠷᠠᠭᠤᠯᠵᠤ᠂ ᠰᠤᠷᠭᠠᠨ ᠬᠦᠮᠤᠵᠢᠯ ᠡᠮ ᠡᠮᠨᠡᠯᠬᠡ᠂ ᠨᠠᠶᠢᠬᠡᠮ ᠤᠨ ᠪᠠᠳᠤᠯᠠᠭ᠎ᠠ᠂ ᠠᠵᠢᠯ | ᠤᠯᠭᠤᠯᠳᠠ᠂ ᠰᠢᠨᠵᠢᠯᠠᠬᠦ ᠤᠬᠠᠭᠠᠨ ᠰᠢᠨ᠎ᠠ ᠡᠬᠦᠳᠦᠯᠳᠠ᠂ ᠦᠨᠳᠤᠰᠤᠳᠠᠨ ᠤ ᠪᠦᠯᠬᠦᠮᠳᠠᠯ ᠲᠠᠪᠰᠢᠯᠳᠠ ᠬᠢᠬᠡᠳ ᠨᠠᠶᠢᠬᠡᠮ ᠤᠨ ᠠᠮᠤᠷ ᠲᠦᠪᠰᠢᠨ ᠲᠤᠭᠳᠠᠭᠤᠨ | ᠪᠠᠶᠢᠳᠠᠯ ᠵᠠᠷᠬᠡ ᠤᠯᠠᠨ ᠨᠠᠶᠢᠳᠠ ᠶᠢᠨ ᠡᠯ᠎ᠡ ᠦᠢᠯᠠᠴᠢᠯᠠᠬᠡᠨ ᠤ ᠵᠠᠷᠤᠳᠠᠯ ᠢ ᠦᠨᠠᠨᠬᠦ ᠪᠠᠳᠤᠯᠠᠨ᠂ ᠬᠤᠳᠠ ᠬᠦᠳᠡᠭᠡ ᠶᠢᠨ ᠦᠷᠬᠡᠨ ᠤᠯᠠᠨ ᠰᠠᠭᠤᠭᠠᠯᠢ ᠠᠷᠠᠳ ᠲᠤ | ᠦᠬᠡᠷᠡᠴᠢᠯᠠᠯᠳᠠ ᠬᠦᠭᠵᠢᠯᠳᠠ ᠶᠢᠨ ᠤᠯᠵᠠ ᠠᠰᠢᠭ ᠠᠮᠤᠷ ᠵᠢᠷᠭᠠᠯ ᠪᠤᠶᠠᠨ ᠬᠡᠰᠢᠭ ᠢ ᠬᠦᠷᠳᠠᠬᠡᠨᠠ᠃ | ︵ᠲᠦᠷᠪᠡ︶ ᠡᠳ᠋ ᠤᠨ ᠵᠠᠰᠠᠭ ᠤᠨ ᠦᠬᠡᠷᠡᠴᠢᠯᠠᠯᠳᠠ ᠰᠢᠨᠠᠴᠢᠯᠠᠯᠳᠠ ᠶᠢ ᠡᠮᠬᠢ ᠲᠢᠭᠯᠢᠮ ᠲᠠᠢ ᠦᠷᠨᠢᠬᠦᠯᠥᠨ᠎ᠠ᠃ ᠡᠳ᠋ ᠤᠨ ᠵᠠᠰᠠᠭ ᠤᠨ ᠲᠦᠰᠦᠪ ᠤᠨ | ᠬᠠᠮᠢᠶᠠᠷᠤᠯᠳᠠ ᠶᠢᠨ ᠲᠦᠷᠢᠮ ᠤᠨ ᠦᠬᠡᠷᠠᠴᠢᠯᠠᠯᠳᠠ ᠶᠢ ᠦᠷᠬᠦᠯᠵᠢᠯᠠᠨ ᠠᠬᠢᠭᠤᠯᠤᠨ᠎ᠠ᠃ ᠨᠢᠬᠡᠳᠤᠯᠳᠠᠢ ᠡᠳ᠋ ᠤᠨ ᠵᠠᠰᠠᠭ ᠤᠨ ᠲᠦᠰᠦᠪ ᠤᠨ ᠱᠠᠭᠠᠷᠳᠠᠯᠭ᠎ᠠ | ᠶᠤᠰᠤᠭᠠᠷ᠂ ᠡᠳ᠋ ᠤᠨ ᠵᠠᠰᠠᠭ ᠤᠨ ᠲᠦᠷᠪᠡᠨ ᠦᠨᠳᠤᠰᠤᠨ ᠲᠦᠰᠦᠪ ᠲᠤᠭᠳᠠᠭᠠᠬᠤ ᠠᠵᠢᠯ ᠢ ᠨᠢᠬᠡᠳᠤᠯᠳᠠᠢ ᠲᠦᠯᠦᠪᠯᠠᠵᠤ ᠰᠠᠶᠢᠳᠤᠷ ᠠᠳᠬᠤᠨ᠎ᠠ᠃ ᠡᠳ᠋ ᠤᠨ ᠵᠠᠰᠠᠭ | ᠤᠨ ᠲᠦᠰᠦᠪ ᠤᠨ ᠬᠠᠮᠢᠶᠠᠷᠤᠯᠳᠠ ᠡᠵᠡᠮᠰᠢᠯ ᠢ ᠬᠠᠯᠠᠨ ᠰᠠᠶᠢᠵᠢᠷᠠᠭᠤᠯᠵᠤ᠂ ᠡᠷᠬᠡ ᠬᠠᠷᠢᠭᠤᠴᠠᠯᠭ᠎ᠠ ᠶᠢᠨ ᠲᠦᠷᠢᠮ ᠤᠨ ᠵᠠᠰᠠᠭ ᠤᠨ ᠤᠷᠳᠤᠨ ᠤ ᠡᠳ᠋ ᠤᠨ ᠶᠠᠪᠤᠳᠠᠯ | ᠤᠨ ᠮᠠᠳᠠᠬᠦᠯᠥᠯᠳᠠ ᠶᠢ ᠲᠤᠭᠤᠷᠪᠢᠬᠤ ᠶᠢᠨ ᠬᠠᠮᠳᠤ ᠡᠳ᠋ ᠤᠨ ᠵᠠᠰᠠᠭ ᠤᠨ ᠲᠦᠰᠦᠪ ᠲᠦᠰᠦᠪ ᠤᠨ ᠬᠦᠢᠴᠡᠳᠬᠡᠯ ᠤᠨ ᠢᠯᠠ ᠨᠠᠶᠢᠳᠠᠯᠠᠯ ᠢ ᠬᠦᠨᠵᠡᠬᠡᠢ ᠠᠬᠢᠭᠤᠯᠵᠤ᠂ | ᠢᠯᠠ ᠨᠠᠶᠢᠳᠠᠯᠠᠬᠦ ᠠᠷᠭ᠎ᠠ ᠬᠡᠮᠵᠢᠶ᠎ᠡ ᠶᠢ ᠲᠠᠬᠦᠯᠳᠡᠷᠵᠢᠬᠦᠯᠥᠨ᠂ ᠡᠳ᠋ ᠤᠨ ᠵᠠᠰᠠᠭ ᠤᠨ ᠲᠦᠰᠦᠪ ᠲᠦᠰᠦᠪ ᠤᠨ ᠬᠦᠢᠴᠡᠳᠬᠡᠯ ᠤᠨ ᠢᠯᠠ ᠲᠤᠳᠤ ᠴᠢᠨᠠᠷ ᠢ ᠪᠦᠬᠦ | ᠲᠠᠯ᠎ᠠ ᠪᠠᠷ ᠲᠠᠬᠡᠭᠰᠢᠯᠠᠬᠦᠯᠥᠨᠠ᠃ ᠦᠷ᠎ᠠ ᠪᠦᠳᠦᠮᠵᠢᠳᠤ ᠬᠠᠮᠢᠶᠠᠷᠤᠯᠳᠠ ᠶᠢ ᠬᠦᠨᠵᠡᠬᠡᠶᠢᠷᠠᠬᠦᠯᠥᠨᠠ᠃ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠵᠢᠴᠢ | ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠬᠠᠮᠢᠶᠠᠷᠤᠯᠳᠠ ᠶᠢ ᠤᠬᠠᠮᠰᠠᠷ ᠠᠴᠠ ᠪᠠᠨ ᠬᠦᠯᠢᠶᠠᠵᠤ᠂ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠶᠢᠨ ᠵᠢᠯᠤᠭᠤᠳᠤᠯᠭ᠎ᠠ ᠲᠤᠤᠷ᠎ᠠ᠂ ᠡᠳ᠋ ᠤᠨ ᠵᠠᠰᠠᠭ ᠤᠨ ᠲᠦᠰᠦᠪ ᠤᠨ ᠦᠷ᠎ᠠ ᠪᠦᠳᠦᠮᠵᠢ ᠶᠢᠨ ᠪᠦᠬᠦ ᠲᠠᠯ᠎ᠠ ᠪᠦᠬᠦ ᠶᠠᠪᠤᠴᠠ ᠶᠢᠨ ᠬᠢᠨᠠᠯᠳᠠ | ᠬᠠᠮᠢᠶᠠᠷᠤᠯᠳᠠ ᠶᠢᠨ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢᠨ ᠲᠤᠭᠤᠷᠢᠨ ᠳᠤ ᠲᠤᠮᠤ ᠴᠢᠬᠤᠯᠠ ᠲᠦᠷᠦ ᠶᠢᠨ ᠪᠤᠳᠤᠯᠭ᠎ᠠ᠂ ᠭᠤᠤᠯᠳᠠᠯᠭ᠎ᠠ ᠲᠠᠢ ᠲᠦᠷᠦᠯ | ᠵᠦᠢᠯ ᠳᠤ ᠤᠷᠢᠳᠠᠪᠠᠷ ᠦᠷ᠎ᠠ ᠪᠦᠳᠦᠮᠵᠢ ᠶᠢᠨ ᠨᠤᠳᠠᠯᠠᠯᠳᠠ ᠬᠢᠬᠦ ᠲᠤᠭᠳᠠᠯᠴᠠᠭ᠎ᠠ ᠶᠢ ᠪᠠᠶᠢᠭᠤᠯᠵᠤ᠂ ᠦᠷ᠎ᠠ ᠪᠦᠳᠦᠮᠵᠢ ᠶᠢᠨ ᠦᠨᠠᠯᠠᠯᠳᠠ ᠶᠢᠨ ᠦᠷ᠎ᠠ ᠳ᠋ᠦᠩ ᠤᠨ | ᠬᠡᠷᠡᠭᠯᠠᠯᠳᠠ ᠶᠢ ᠴᠢᠩᠭᠠᠳᠬᠠᠨ᠂ ︽ᠵᠤᠭᠤᠰ ᠵᠠᠷᠣᠪᠠᠯ ᠦᠷ᠎ᠠ ᠪᠦᠳᠦᠮᠵᠢ ᠶᠢ ᠨᠢ ᠠᠰᠠᠭᠤᠵᠤ᠂ ᠦᠷ᠎ᠠ ᠪᠦᠳᠦᠮᠵᠢ ᠦᠬᠡᠢ ᠪᠤᠯ ᠬᠠᠷᠢᠭᠤᠴᠠᠯᠭ᠎ᠠ ᠡᠷᠢᠬᠦ︾ ᠵᠠᠷᠴᠢᠮ ᠢ | ᠦᠨᠠᠨᠬᠦ ᠬᠡᠷᠡᠭᠵᠢᠬᠦᠯᠥᠨ᠎ᠠ᠃ PPP ᠲᠦᠷᠦᠯ ᠵᠦᠢᠯ ᠤᠨ ᠬᠦᠮᠤᠷᠬᠡ ᠳᠤ ᠴᠠᠭ ᠲᠤᠬᠠᠢ ᠳᠤᠨᠢ ᠲᠤᠬᠢᠷᠠᠭᠤᠯᠤᠯᠳᠠ ᠬᠢᠬᠦ ᠶᠢᠨ ᠬᠠᠮᠳᠤ ᠲᠦᠷᠦ ᠶᠢᠨ ᠪᠤᠳᠤᠯᠭ᠎ᠠ ᠶᠢ | ᠨᠠᠷᠢᠨ ᠨᠢᠮᠪᠠᠢ ᠰᠤᠳᠤᠯᠵᠤ᠂ ᠲᠦᠷᠦ ᠶᠢᠨ ᠪᠤᠳᠤᠯᠭ᠎ᠠ ᠶᠢᠨ ᠬᠤᠪᠢᠷᠠᠯᠳᠠ ᠳᠤ ᠵᠤᠬᠢᠴᠠᠭᠤᠯᠤᠨ᠂ ᠠᠵᠤ ᠠᠬᠤᠢ ᠨᠠᠶᠢᠬᠡᠮ ᠤᠨ ᠬᠦᠭᠵᠢᠯᠳᠠ ᠳᠠᠬᠢ PPP ᠲᠦᠷᠦᠯ | ᠵᠦᠢᠯ ᠤᠨ ᠢᠳᠠᠪᠬᠢ ᠦᠢᠯᠠᠳᠤᠯ ᠢ ᠲᠠᠬᠡᠳᠤ ᠬᠡᠮᠵᠢᠶ᠎ᠠ ᠪᠠᠷ ᠪᠠᠳᠠᠷᠠᠭᠤᠯᠤᠨ᠎ᠠ᠃ ᠵᠠᠰᠠᠭ ᠤᠨ ᠤᠷᠳᠤᠨ ᠤ ᠬᠤᠳᠠᠯᠳᠤᠨ ᠠᠪᠬᠤ ᠦᠢᠯᠠᠴᠢᠯᠡᠭᠡ ᠶᠢ ᠲᠦᠷᠢᠮᠵᠢᠬᠦᠯᠥᠨᠠ | ᠃ ᠬᠢᠨᠠᠨ ᠪᠤᠳᠤᠯᠳᠠ᠂ ᠬᠠᠶᠢᠨ ᠰᠢᠨᠵᠢᠯᠠᠯᠳᠠ᠂ ᠤᠷᠴᠢᠨ ᠲᠤᠭᠤᠷᠢᠨ ᠡᠪᠡᠳᠴᠢᠨ ᠡᠮᠬᠡᠭ ᠤᠨ ᠪᠠᠶᠢᠴᠠᠭᠠᠯᠳᠠ᠂ ᠮᠠᠷᠬᠡᠵᠢᠯ ᠤᠨ ᠦᠢᠯᠠᠴᠢᠯᠡᠭᠡ᠂ ᠲᠦᠷᠦ ᠶᠢᠨ | ᠪᠤᠳᠤᠯᠭ᠎ᠠ ᠬᠠᠤᠯᠢ ᠴᠠᠭᠠᠵᠠ ᠶᠢᠨ ᠯᠠᠪᠯᠠᠯᠳᠠ᠂ ᠲᠠᠪᠳᠠᠨ ᠪᠤᠯᠪᠠᠰᠤᠷᠠᠯ ᠳᠤ ᠬᠢᠷᠢ ᠲᠠᠩᠴᠡᠭᠰᠠᠨ ᠠᠵᠤ ᠠᠬᠤᠶᠢᠯᠠᠯ ᠢ ᠰᠤᠩᠭᠤᠵᠤ᠂ ᠪᠦᠬᠦ ᠬᠤᠰᠢᠭᠤᠨ ᠤ ᠵᠠᠰᠠᠭ ᠤᠨ | ᠤᠷᠳᠤᠨ ᠤ ᠬᠤᠳᠠᠯᠳᠤᠨ ᠠᠪᠬᠤ ᠦᠢᠯᠠᠴᠢᠯᠠᠬᠡᠨ ᠤ ᠠᠵᠢᠯ ᠢ ᠦᠷᠨᠢᠬᠦᠯᠥᠨ᠂ ᠲᠦᠪ ᠬᠤᠷᠢᠶ᠎ᠠ ᠪᠠ ᠦᠪᠠᠷᠳᠠᠬᠡᠨ ᠵᠠᠰᠠᠬᠤ ᠤᠷᠤᠨ ᠤ ᠡᠷᠬᠡ ᠮᠠᠳᠠᠯ ᠬᠢᠬᠡᠳ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠬᠡᠷᠡᠴᠢᠯᠠᠯᠳᠠ ᠶᠢ ᠤᠯᠠᠮ ᠨᠢᠬᠡ ᠠᠯᠬᠤᠮ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠬᠢᠨᠠᠯᠳᠠ | ᠬᠠᠮᠢᠶᠠᠷᠤᠯᠳᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠬᠢᠨᠠᠯᠳᠠ ᠪᠠ ᠪᠠᠯᠠ ᠤᠷᠤᠭᠤᠯᠤᠯᠳᠠ ᠶᠢᠨ ᠦᠨᠠᠯᠠᠯᠳᠠ᠂ ᠵᠠᠰᠠᠭ ᠤᠨ ᠤᠷᠳᠤᠨ ᠤ ᠬᠤᠳᠠᠯᠳᠤᠨ ᠠᠪᠬᠤ | ᠪᠠ ᠤᠯᠤᠰ ᠤᠨ ᠰᠠᠩ ᠠᠴᠠ ᠨᠢᠬᠡᠳᠤᠯᠳᠠᠢ ᠦᠭᠬᠦ ᠬᠤᠷᠰᠢᠯᠴᠠᠭ᠎ᠠ ᠶᠢ ᠴᠢᠩᠭᠠᠳᠬᠠᠵᠤ᠂ ᠴᠢᠮᠡᠭᠡ ᠵᠠᠩᠬᠢ ᠶᠢ ᠬᠠᠮᠳᠤ ᠪᠠᠷ ᠡᠳ᠋ᠯᠠᠬᠦ᠂ ᠬᠦᠳᠠᠯᠤᠩᠬᠢ ᠪᠠᠷ ᠬᠢᠨᠠᠨ | ᠬᠠᠮᠢᠶᠠᠷᠬᠤ ᠪᠠ ᠬᠤᠷᠰᠢᠨ ᠠᠵᠢᠯᠯᠠᠭᠰᠠᠨ ᠬᠢᠨᠠᠯᠳᠠ ᠬᠠᠮᠢᠶᠠᠷᠤᠯᠳᠠ ᠶᠢᠨ ᠲᠦᠷᠰᠤ ᠪᠠᠶᠢᠳᠠᠯ ᠢ ᠪᠤᠢ ᠪᠤᠯᠭᠠᠨ᠎ᠠ᠃ | ︵ᠲᠠᠪᠤ︶ ᠡᠳ᠋ ᠤᠨ ᠵᠠᠰᠠᠭ ᠤᠨ ᠺᠠᠳ᠋ᠷ ᠤᠨ ᠡᠩᠨᠡᠭᠡ ᠶᠢᠨ ᠴᠢᠳᠠᠪᠤᠷᠢ ᠪᠠ ᠨᠠᠮ ᠤᠨ ᠰᠤᠷᠳᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠦᠳᠦᠬᠡᠨ | ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠯᠤᠰ ᠲᠦᠷᠦ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠤᠯᠤᠰ ᠲᠦᠷᠦ ᠶᠢᠨ ᠲᠠᠬᠡᠳᠤ | ᠬᠡᠮᠵᠢᠶ᠎ᠠ ᠪᠠᠷ ᠡᠳ᠋ ᠤᠨ ᠵᠠᠰᠠᠭ ᠤᠨ ᠠᠵᠢᠯ ᠢ ᠲᠠᠨᠢᠵᠤ ᠡᠵᠡᠮᠰᠢᠬᠦ ᠶᠢ ᠢᠮᠠᠭᠳᠠ ᠪᠠᠷᠢᠮᠳᠠᠯᠠᠨ᠂ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠠᠶᠢᠬᠡᠮ ᠵᠢᠷᠤᠮ ᠢ ᠪᠠᠶᠢᠭᠤᠯᠬᠤ ᠲᠤᠬᠠᠢ ᠰᠢ ᠶᠢᠨ ᠫᠢᠩ ᠤᠨ ᠦᠵᠠᠯ ᠰᠠᠨᠠᠭ᠎ᠠ ᠶᠢ ᠤᠬᠠᠮᠰᠠᠷ ᠠᠴᠠ ᠪᠠᠨ ᠰᠤᠷᠤᠯᠴᠠᠵᠤ ᠲᠠᠷᠢᠬᠢ ᠲᠤᠯᠤᠭᠠᠢ ᠪᠠᠨ ᠵᠠᠪᠰᠡᠭᠯᠠᠨ᠂ | ᠦᠢᠯᠠᠳᠤᠯᠬᠡ ᠶᠢ ᠵᠢᠯᠤᠭᠤᠳᠴᠤ ᠠᠵᠢᠯ ᠢᠶᠠᠨ ᠠᠬᠢᠭᠤᠯᠤᠭᠠᠳ᠂ ︽ᠲᠦᠷᠪᠡᠨ ᠲᠠᠨᠢᠯᠳᠠ︾᠂ ︽ᠲᠦᠷᠪᠡᠨ ᠢᠳᠠᠬᠡᠯ︾ ᠂ ︽ᠬᠤᠶᠠᠷ ᠢ ᠬᠠᠮᠠᠭᠠᠯᠠᠬᠤ︾ ᠶᠢ ᠡᠳ᠋ | ᠤᠨ ᠵᠠᠰᠠᠭ ᠤᠨ ᠰᠢᠰᠲ᠋ᠧᠮ ᠳᠤ ᠨᠠᠶᠢᠳᠠᠪᠤᠷᠢᠵᠢᠭᠳᠠᠬᠤ ᠶᠢ ᠪᠠᠳᠤᠯᠠᠵᠤ᠂ ᠦᠵᠠᠯ ᠤᠬᠠᠮᠰᠠᠷ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠲᠦᠪ ᠴᠢᠩᠭ᠎ᠠ | ᠨᠠᠶᠢᠳᠠᠪᠤᠷᠢᠵᠢᠭᠤᠯᠤᠨ᠂ ᠤᠨᠤᠯ ᠤᠨ ᠵᠠᠪᠰᠡᠭᠯᠠᠯ ᠪᠠ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠨᠠᠮ ᠤᠨ ᠰᠤᠷᠳᠠᠯ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠨᠠᠮ ᠤᠨ ᠰᠤᠷᠳᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠦᠳᠦᠬᠡᠨ | ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠠ ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢᠨ ᠲᠦᠷᠢᠮ ᠢ ᠲᠦᠪ ᠴᠢᠩᠭ᠎ᠠ | ᠨᠠᠶᠢᠳᠠᠪᠤᠷᠢᠵᠢᠭᠤᠯᠵᠤ᠂ ᠬᠠᠮᠢᠶᠠᠷᠤᠯᠳᠠ ᠶᠢᠨ ᠲᠤᠳᠠᠭᠳᠠᠯ ᠲᠠᠢ ᠲᠠᠯ᠎ᠠ ᠶᠢ ᠬᠠᠯᠠᠨ ᠰᠠᠶᠢᠵᠢᠷᠠᠭᠤᠯᠵᠤ᠂ ᠲᠤᠮᠢᠯᠠᠭᠰᠠᠨ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ | ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠲᠠᠮᠵᠢᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠱᠤᠭᠤᠮ ᠢ ᠴᠢᠩᠭ᠎ᠠ ᠰᠠᠬᠢᠬᠤ ᠶᠢᠨ ᠬᠠᠮᠳᠤ ︽ᠲᠦᠷᠪᠡᠨ | ᠨᠤᠶᠠᠨᠴᠢ ᠰᠤᠷᠳᠠᠯ︾ ᠤᠨ ᠠᠰᠠᠭᠤᠳᠠᠯ ᠢ ᠴᠡᠭᠴᠯᠠᠬᠦ᠂ ᠪᠠᠶᠢᠭᠤᠯᠭ᠎ᠠ ᠨᠢᠬᠡᠴᠠ ᠶᠢᠨ ᠤᠯᠤᠰ ᠲᠦᠷᠦ ᠶᠢᠨ ᠠᠮᠢ ᠠᠬᠤᠢ ᠶᠢ ᠠᠷᠢᠭᠤᠳᠬᠠᠬᠤ ᠪᠠ ︽ᠲᠦᠷᠪᠡᠨ | ᠰᠤᠷᠳᠠᠯ︾ ᠤᠨ ᠠᠰᠠᠭᠤᠳᠠᠯ ᠢ ᠴᠡᠭᠴᠠᠯᠠᠬᠦ ᠠᠵᠢᠯᠯᠠᠭ᠎ᠠ ᠶᠢ ᠬᠦᠨᠵᠠᠬᠡᠢ ᠦᠷᠨᠢᠬᠦᠯᠥᠨ᠎ᠠ᠃ ᠴᠢᠳᠠᠪᠤᠷᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠺᠠᠳ᠋ᠷ | ᠠᠵᠢᠯᠳᠠᠨ ᠤ ᠬᠦᠮᠤᠵᠢᠯ ᠪᠤᠯᠪᠠᠰᠤᠷᠠᠯ ᠢ ᠴᠢᠩᠭᠠᠳᠬᠠᠵᠤ᠂ ᠮᠠᠷᠬᠡᠵᠢᠯᠳᠠᠨ ᠤᠷᠢᠵᠤ ᠲᠠᠪᠳᠠᠨ ᠪᠤᠯᠪᠠᠰᠤᠷᠠᠭᠤᠯᠬᠤ ᠪᠠ ᠭᠠᠳᠠᠭᠰᠢ ᠲᠤᠮᠢᠯᠠᠵᠤ ᠲᠠᠪᠳᠠᠨ | ᠪᠤᠯᠪᠠᠰᠤᠷᠠᠭᠤᠯᠬᠤ ᠬᠡᠯᠪᠡᠷᠢ ᠪᠠᠷ ᠡᠷᠬᠢᠯᠡᠭᠰᠠᠨ ᠠᠵᠢᠯ ᠤᠨ ᠮᠠᠳᠠᠯᠬᠡ ᠶᠢᠨ ᠰᠤᠷᠤᠯᠴᠠᠯᠭ᠎ᠠ ᠪᠤᠯᠪᠠᠰᠤᠷᠠᠯ ᠬᠢᠵᠤ᠂ ᠺᠠᠳ᠋ᠷ ᠠᠵᠢᠯᠳᠠᠨ ᠤ ᠠᠵᠢᠯ ᠮᠠᠷᠬᠡᠵᠢᠯ ᠤᠨ ᠴᠢᠳᠠᠪᠤᠷᠢ | ᠶᠢ ᠦᠨᠠᠨᠬᠦ ᠲᠡᠬᠡᠭᠰᠢᠯᠠᠬᠦᠯᠥᠨᠠ᠃ ᠡᠳ᠋ ᠤᠨ ᠵᠠᠰᠠᠭ ᠤᠨ ᠺᠠᠳ᠋ᠷ ᠠᠵᠢᠯᠳᠠᠨ ᠤ ᠰᠤᠷᠤᠯᠴᠠᠬᠤ ᠰᠤᠳᠤᠯᠬᠤ ᠴᠢᠳᠠᠪᠤᠷᠢ ᠶᠢ ᠲᠠᠰᠤᠷᠠᠯᠳᠠ ᠦᠬᠡᠢ ᠲᠡᠬᠡᠭᠰᠢᠯᠠᠬᠦᠯᠵᠤ᠂ | ᠴᠠᠭ ᠦᠶ᠎ᠠ ᠶᠢᠨ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠨ᠂ ᠲᠦᠷᠦ ᠶᠢᠨ ᠪᠤᠳᠤᠯᠭ᠎ᠠ ᠶᠢ ᠰᠢᠷᠭᠠᠭᠤ ᠰᠤᠳᠤᠯᠵᠤ ᠡᠵᠡᠮᠰᠢᠬᠡᠳ᠂ ᠮᠠᠳᠠᠯᠬᠡ ᠪᠤᠯᠪᠠᠰᠤᠷᠠᠯ | ᠢᠶᠠᠷ ᠲᠠᠰᠤᠷᠠᠯᠳᠠ ᠦᠬᠡᠢ ᠰᠢᠨᠠᠳᠬᠡᠨ ᠲᠠᠬᠡᠭᠰᠢᠯᠠᠬᠦᠯᠵᠤ᠂ ᠤᠯᠤᠰ ᠲᠦᠷᠦ ᠶᠢᠨ ᠲᠠᠨᠢᠯᠳᠠ ᠦᠨᠳᠤᠷ᠂ ᠡᠷᠬᠢᠯᠡᠭᠰᠠᠨ ᠠᠵᠢᠯ ᠮᠠᠷᠬᠡᠵᠢᠯ ᠳᠡᠭᠡᠨ ᠭᠠᠷᠮᠠᠭᠠᠢ ᠡᠳ᠋ ᠤᠨ | ᠵᠠᠰᠠᠭ ᠤᠨ ᠺᠠᠳ᠋ᠷ ᠤᠨ ᠡᠩᠨᠡᠭᠡ ᠶᠢ ᠪᠤᠢ ᠪᠤᠯᠭᠠᠬᠤ ᠪᠠᠷ ᠴᠢᠷᠮᠠᠶᠢᠨ᠎ᠠ᠃ | ᠲᠥᠯᠥᠬᠡᠯᠡᠭᠴᠢᠳ ᠡ᠂ ᠰᠢᠨ᠎ᠠ ᠨᠢᠬᠡᠨ ᠵᠢᠯ ᠳᠤ ᠡᠳ᠋ ᠤᠨ ᠵᠠᠰᠠᠭ ᠤᠨ ᠠᠵᠢᠯ ᠮᠠᠰᠢ ᠤᠯᠠᠨ ᠦᠷᠢᠰᠤᠯᠳᠤᠬᠡᠨ ᠲᠤᠬᠢᠶᠠᠯ ᠳᠤ ᠤᠴᠠᠷᠠᠬᠤ ᠨᠢ ᠯᠠᠪᠳᠠᠢ ᠶᠤᠮ | ᠃ ᠡᠶᠢᠨᠬᠦ ᠪᠢᠳᠠ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠲᠤᠮᠤ ᠴᠢᠬᠤᠯᠠ ᠠᠷᠭ᠎ᠠ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠡᠯ᠎ᠡ ᠰᠢᠢᠳᠪᠤᠷᠢ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠷᠢᠯᠢᠭ ᠭᠤᠤᠯᠴᠢ ᠪᠠᠷ ᠡᠳ᠋ ᠤᠨ | ᠶᠠᠪᠤᠳᠠᠯ ᠢᠶᠠᠨ ᠬᠠᠮᠢᠶᠠᠷᠤᠭᠠᠳ᠂ ᠰᠢᠨ᠎ᠠ ᠴᠠᠭ ᠦᠶ᠎ᠠ ᠶᠢᠨ ᠬᠠᠩᠬᠢᠨ ᠬᠤᠰᠢᠭᠤᠨ ᠤ ᠦᠨᠳᠤᠷ ᠴᠢᠨᠠᠷ ᠴᠢᠨᠰᠠᠭ᠎ᠠ ᠪᠦᠬᠦᠢ ᠬᠦᠭᠵᠢᠯᠳᠠ ᠶᠢᠨ ᠬᠠᠭᠤᠳᠠᠰᠤ ᠶᠢ | ᠲᠠᠰᠤᠷᠠᠯᠳᠠ ᠦᠬᠡᠢ ᠪᠢᠴᠢᠭᠯᠡᠬᠦ ᠳᠤ ᠦᠵᠠᠬᠦᠯᠪᠠᠰᠤ ᠵᠤᠬᠢᠬᠤ ᠬᠤᠪᠢ ᠨᠠᠮᠠᠬᠦᠷᠢ ᠪᠠᠨ ᠦᠵᠠᠬᠦᠯᠥᠨᠠ᠃ | | | | | | | | | | | | | | | | | | | | | | | | | | | | | | | | | | | | | | | | | | | | | | | | | | |