ᠬᠠᠩᠬᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠠᠳᠠᠬᠦᠯᠥᠯᠳᠠ
ᠨᠡᠶᠢᠲᠡᠯᠡᠭᠰᠡᠨ ᠴᠠᠭ᠄
2019/3/11
     ᠬᠠᠩᠬᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠠᠳᠠᠬᠦᠯᠥᠯᠳᠠ                      ᠬᠠᠩᠬᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠲᠠᠷᠤᠭ᠎ᠠ                                                                           ᠶᠤᠸᠠᠢ ᠽᠦ ᠺᠦᠨᠡᠷᠬᠢᠮ ᠳᠦᠯᠤᠭᠡᠯᠡᠭᠴᠢᠳ ᠡ᠄         ᠤᠳᠤ᠂ ᠪᠢ ᠬᠠᠨᠭ᠍ᠬᠢᠨ ᠬᠤᠰᠢᠭᠤᠨ  ᠤ ᠠᠷᠠᠳ  ᠤᠨ ᠪᠠᠶᠢᠴᠠᠭᠠᠬᠤ ᠬᠤᠷᠢᠶ᠎ᠠ ᠶᠢ ᠳᠦᠯᠤᠭᠡᠯᠡᠵᠤ᠂ ᠶᠡᠭᠡ ᠬᠤᠷᠠᠯ ᠳᠤ ᠠᠵᠢᠯ ᠢᠶᠠᠨ ᠬᠠᠷᠢᠭᠤ ᠮᠠᠳᠠᠭᠦᠯᠤᠶ᠎ᠠ᠂ ᠶᠡᠭᠡ ᠬᠤᠷᠠᠯ ᠠᠴᠠ ᠬᠢᠨᠠᠨ ᠵᠦᠪᠯᠠᠭᠦ ᠶᠢᠨ ᠳᠠᠭᠠᠤ ᠡᠷᠬᠢᠮ ᠤᠯᠤᠰ ᠳᠦᠷᠤ ᠶᠢᠨ ᠵᠦᠪᠯᠠᠯᠭᠡᠨ  ᠤ ᠭᠡᠰᠢᠭᠦᠳ ᠬᠢᠭᠡᠳ ᠬᠤᠷᠠᠯ ᠳᠤ ᠰᠤᠯᠠ ᠤᠷᠤᠯᠴᠠᠭᠰᠠᠨ ᠨᠦᠬᠦᠳ ᠠᠴᠠ ᠰᠠᠨᠠᠯ ᠢᠶᠠᠨ ᠳᠤᠷᠠᠳᠤᠬᠤ ᠶᠢ ᠬᠦᠰᠠᠶ᠎ᠠ᠃       2018 ᠤᠨ  ᠤ ᠠᠵᠢᠯ  ᠤᠨ ᠡᠷᠬᠢᠴᠠᠭᠦᠯᠤᠯ       2018 ᠤᠨ ᠳᠤ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠬᠤᠰᠢᠭᠤᠨ  ᠤ ᠨᠠᠮ  ᠤᠨ ᠬᠤᠷᠢᠶ᠎ᠠ ᠪᠤᠯᠤᠨ ᠬᠤᠳᠠ ᠶᠢᠨ ᠪᠠᠶᠢᠴᠠᠭᠠᠬᠤ ᠬᠤᠷᠢᠶᠠᠨ  ᠤ ᠤᠳᠤᠷᠢᠳᠤᠯᠭ᠎ᠠ᠂ ᠬᠤᠰᠢᠭᠤᠨ  ᠤ ᠠᠷᠠᠳ  ᠤᠨ ᠳᠦᠯᠤᠭᠡᠯᠡᠭᠴᠢᠳ ᠤᠨ ᠶᠡᠭᠡ ᠬᠤᠷᠠᠯ ᠵᠢᠴᠢ ᠳᠠᠭᠦᠨ  ᠤ ᠪᠠᠶᠢᠡᠭᠭᠤ ᠶᠢᠨ ᠬᠤᠷᠢᠶᠠᠨ  ᠤ ᠬᠦᠴᠤᠳᠠᠢ ᠬᠢᠨᠠᠯᠳᠠ ᠵᠢᠴᠢ ᠬᠤᠰᠢᠭᠤ ᠵᠠᠰᠠᠭ  ᠤᠨ ᠤᠷᠳᠤᠨ᠂ ᠤᠯᠤᠰ ᠳᠦᠷᠤ ᠶᠢᠨ ᠵᠦᠪᠯᠠᠯᠭᠡᠨ  ᠤ ᠬᠦᠴᠤᠳᠠᠢ ᠳᠠᠮᠵᠢᠯᠭᠡ ᠳᠤᠤᠷ᠎ᠠ᠂ ᠨᠠᠮ  ᠤᠨ ᠠᠷᠪᠠ ᠶᠢᠰᠤᠳᠤᠭᠡᠷ ᠬᠤᠷᠠᠯ  ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ᠂ ᠦᠨᠳᠤᠰᠤᠨ ᠬᠠᠤᠯᠢ ᠪᠠ ᠬᠠᠤᠯᠢ ᠴᠠᠭᠠᠵᠠ ᠠᠴᠠ ᠤᠯᠭᠤᠭᠰᠠᠨ ᠡᠭᠦᠷᠭᠡ ᠳᠤᠰᠢᠶᠠᠯ ᠢᠶᠠᠨ ᠦᠨᠠᠨᠴᠢ ᠰᠢᠳᠤᠷᠭᠤ ᠪᠠᠷ ᠭᠡᠷᠡᠭᠵᠢᠬᠦᠯᠤᠨ᠂ ᠬᠠᠤᠯᠢ ᠴᠠᠭᠠᠵᠠ ᠶᠢᠨ ᠬᠢᠨᠠᠯᠳᠠ ᠶᠢ ᠴᠢᠩᠭᠠᠳᠬᠠᠵᠤ᠂ ᠦᠪᠠᠷ  ᠤᠨ ᠪᠦᠳᠤᠭᠡᠨ ᠪᠠᠶᠢᠭᠤᠯᠤᠯᠳᠠ ᠪᠠᠨ ᠳᠠᠭᠡᠭᠰᠢᠯᠠᠭᠦᠯᠤᠨ᠂ ᠬᠦᠭᠵᠢᠯᠳᠠ ᠶᠢᠨ ᠰᠠᠭᠤᠷᠢ ᠪᠠᠨ ᠪᠠᠬᠢᠵᠢᠬᠦᠯᠵᠤ᠂ ᠡᠯ᠎ᠠ ᠵᠤᠶᠢᠯ  ᠤᠨ ᠪᠠᠶᠢᠴᠠᠭᠠᠬᠤ ᠠᠵᠢᠯ ᠳᠠᠭᠡᠷ᠎ᠠ ᠪᠠᠨ ᠰᠢᠨ᠎ᠠ ᠳᠠᠪᠰᠢᠯᠳᠠ ᠲᠠᠢ ᠪᠤᠯᠪᠠ᠃       ᠨᠢᠭᠡ᠂ ᠳᠤᠬᠠᠶᠢᠯᠠᠭᠰᠠᠨ ᠠᠵᠢᠯ ᠢᠶᠠᠨ ᠠᠳᠬᠤᠵᠤ᠂ ᠦᠷ᠎ᠠ ᠪᠦᠳᠤᠮᠵᠢ ᠶᠢ ᠬᠦᠭᠡᠭᠡᠴᠠᠯᠳᠤᠨ᠂ ᠠᠵᠤ ᠠᠬᠤᠢ ᠨᠠᠶᠢᠭᠡᠮ  ᠤᠨ ᠡᠷᠠᠭᠦᠯ ᠬᠦᠭᠵᠢᠯᠳᠠ ᠶᠢᠨ ᠪᠠᠳᠤᠯᠠᠭ᠎ᠠ ᠳᠤ ᠤᠶᠢᠯᠠᠴᠢᠯᠡᠭᠰᠠᠨ       ᠪᠦᠬᠦ ᠬᠤᠰᠢᠭᠤᠨ  ᠤ ᠪᠦᠬᠦ ᠳᠠᠯ᠎ᠠ ᠲᠠᠢ ᠨᠢᠭᠳᠠ ᠤᠶᠠᠯᠳᠤᠨ᠂ ᠪᠦᠬᠦ ᠳᠠᠯ᠎ᠠ ᠳᠤ ᠤᠶᠢᠯᠠᠴᠢᠯᠠᠭᠦ ᠤᠨᠤᠪᠴᠢᠳᠠᠢ ᠴᠡᠭ ᠢᠶᠠᠨ ᠡᠷᠢᠵᠤ᠂ ︽︿ᠭᠤᠷᠪᠠᠨ ᠶᠡᠭᠡ ᠪᠠᠬᠢᠯᠠᠯᠳᠠ ᠶᠢᠨ ᠰᠢᠪᠳᠤᠯᠭᠠᠨ  ᠤ ᠳᠠᠶᠢᠨ﹀  ᠢ ᠰᠠᠶᠢᠨ ᠬᠢᠬᠦ ᠳᠤ ᠤᠶᠢᠯᠠᠴᠢᠯᠠᠭᠦ 7 ᠵᠤᠷᠪᠤᠰ ᠬᠠᠤᠯᠢ ᠴᠠᠭᠠᠵᠠ ᠶᠢᠨ ᠪᠠᠳᠤᠯᠠᠭ᠎ᠠ ᠶᠢᠨ ᠠᠷᠭ᠎ᠠ ᠭᠡᠮᠵᠢᠶ᠎ᠠ︾ ︽ᠬᠠᠨᠭ᠍ᠬᠢᠨ ᠬᠤᠰᠢᠭᠤᠨ ᠳᠤ ︿ᠤᠷᠴᠢᠨ ᠳᠤᠭᠤᠷᠢᠨ  ᠢ ᠬᠦᠭᠵᠢᠬᠦᠯᠤᠨ ᠰᠢᠯᠢᠳᠡᠭᠵᠢᠬᠦᠯᠬᠦ ᠵᠢᠯ﹀  ᠤᠨ ᠠᠵᠢᠯ  ᠢ ᠦᠷᠨᠢᠬᠦᠯᠬᠦ ᠳᠤ ᠤᠶᠢᠯᠠᠴᠢᠯᠠᠭᠦ ᠪᠠ ᠪᠠᠳᠤᠯᠠᠬᠤ 10 ᠵᠤᠷᠪᠤᠰ ᠠᠷᠭ᠎ᠠ ᠭᠡᠮᠵᠢᠶ᠎ᠠ︾ ︽ᠠᠷᠠᠳ ᠠᠴᠠ ᠡᠷᠬᠢᠯᠡᠭᠰᠠᠨ ᠠᠵᠤ ᠠᠬᠤᠶᠢᠯᠠᠯ  ᠤᠨ ᠡᠷᠠᠭᠦᠯ ᠬᠦᠭᠵᠢᠯᠳᠠ ᠶᠢ ᠭᠡᠷᠡᠭᠵᠢᠬᠦᠯᠬᠦ ᠠᠷᠭ᠎ᠠ ᠪᠠᠷᠢᠯ  ᠢ ᠬᠠᠤᠯᠢ ᠶᠤᠰᠤᠭᠠᠷ ᠪᠠᠳᠤᠯᠠᠬᠤ ᠪᠠ ᠠᠬᠢᠭᠤᠯᠬᠤ︾ ᠶᠢ ᠨᠠᠶᠢᠳᠠᠯᠠᠵᠤ᠂ ᠬᠤᠰᠢᠭᠤ ᠨᠠᠮ  ᠤᠨ ᠬᠤᠷᠢᠶ᠎ᠠ ᠵᠠᠰᠠᠭ  ᠤᠨ ᠤᠷᠳᠤᠨ  ᠤ ︽ᠬᠤᠶᠠᠷ ᠠᠯᠪᠠᠨ ᠭᠡᠷ︾ ᠠᠴᠠ ᠰᠠᠨᠠᠯ ᠭᠠᠷᠭᠠᠨ᠂ ᠪᠠᠶᠢᠴᠠᠭᠠᠬᠤ ᠪᠠᠶᠢᠭᠤᠯᠭ᠎ᠠ ᠶᠢᠨ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠠᠵᠢᠯ  ᠢ ᠳᠠᠮᠵᠢᠬᠦ ᠶᠢ ᠬᠦᠰᠠᠨ᠂ ᠤᠶᠢᠯᠠᠴᠢᠯᠡᠭᠡ ᠪᠠᠳᠤᠯᠠᠭ᠎ᠠ ᠶᠢᠨ ᠪᠦᠬᠦ ᠳᠠᠯ᠎ᠠ ᠶᠢᠨ ᠬᠢᠷᠢ ᠳᠦᠪᠰᠢᠨ ᠪᠠ ᠦᠷ᠎ᠠ ᠪᠦᠳᠤᠮᠵᠢ ᠪᠠᠨ ᠴᠢᠷᠮᠠᠶᠢᠨ ᠳᠠᠭᠡᠭᠰᠢᠯᠠᠭᠦᠯᠪᠠ᠃       ︵ᠨᠢᠭᠡ︶ ᠡᠷᠡᠭᠦᠤ ᠶᠢᠨ ᠭᠡᠷᠡᠭ  ᠤᠨ ᠪᠠᠶᠢᠴᠠᠭᠠᠯᠳᠠ ᠵᠨ ᠠᠵᠢᠯ  ᠢ ᠴᠢᠩᠭᠠᠳᠬᠠᠵᠤ᠂ ᠬᠠᠤᠯᠢ ᠴᠠᠭᠠᠵᠠ ᠶᠢᠨ ᠳᠦᠪ ᠭᠤᠤᠯᠴᠢ ᠪᠠ ᠨᠠᠶᠢᠭᠡᠮ  ᠤᠨ ᠠᠮᠤᠷ ᠳᠤᠭᠳᠠᠭᠤᠨ  ᠢ ᠬᠠᠮᠠᠭᠠᠯᠠᠭᠰᠠᠨ᠃ ᠳᠤᠳᠤᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠬᠦᠬᠦ ᠭᠤᠷᠪᠠᠨ ᠪᠠᠶᠢᠭᠤᠯᠭ᠎ᠠ ᠶᠢᠨ ︽ᠠᠵᠢᠯ ᠢᠶᠠᠨ ᠬᠤᠪᠢᠶᠠᠷᠢᠯᠠᠨ ᠬᠠᠷᠢᠭᠤᠴᠠᠵᠤ᠂ ᠬᠠᠷᠢᠯᠴᠠᠨ ᠬᠠᠪᠰᠤᠷᠤᠯᠴᠠᠨ᠂ ᠬᠠᠷᠢᠯᠴᠠᠨ ᠬᠢᠵᠠᠭᠠᠷᠯᠠᠬᠤ︾ ᠡᠷᠠᠭᠦᠤ ᠶᠢᠨ ᠭᠡᠷᠡᠭ  ᠤᠨ ᠵᠠᠷᠭᠤ ᠶᠢᠨ ᠵᠠᠷᠴᠢᠮ  ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠵᠢᠯ  ᠤᠨ ᠳᠤᠳᠤᠷ᠎ᠠ333 ᠬᠦᠮᠤᠨ ᠲᠠᠢ ᠬᠤᠯᠪᠤᠭᠳᠠᠭᠰᠠᠨ ᠡᠯ᠎ᠠ ᠵᠤᠶᠢᠯ  ᠤᠨ ᠡᠷᠠᠭᠦᠤ ᠶᠢᠨ ᠭᠡᠷᠡᠭ  ᠢ ᠨᠠᠶᠢᠳᠠ274 ᠰᠢᠢᠳᠪᠤᠷᠢᠯᠠᠪᠠ᠃ ᠡᠭᠦᠨ  ᠤ ᠳᠤᠳᠤᠷ᠎ᠠ᠂ ᠵᠦᠪᠰᠢᠶᠠᠷᠡᠭᠰᠠᠨ ᠪᠠ ᠪᠠᠷᠢᠪᠴᠢᠯᠠᠬᠤ ᠪᠠᠷ ᠳᠤᠭᠳᠠᠭᠠᠭᠰᠠᠨ ᠨᠢ 47 ᠬᠦᠮᠤᠨ ᠲᠠᠢ ᠬᠤᠯᠪᠤᠭᠳᠠᠭᠰᠠᠨ42 ᠭᠡᠷᠡᠭ᠂ ᠪᠠᠷᠢᠪᠴᠢᠯᠠᠬᠤ ᠪᠠᠷ ᠵᠦᠪᠰᠢᠶᠠᠷᠡᠭᠰᠠᠨ ᠦᠭᠡᠢ ᠨᠢ 41 ᠬᠦᠮᠤᠨ ᠲᠠᠢ ᠬᠤᠯᠪᠤᠭᠳᠠᠭᠰᠠᠨ24 ᠭᠡᠷᠡᠭ︔ ᠵᠠᠷᠭᠤ ᠬᠢᠭᠰᠡᠨ ᠨᠢ 230 ᠲᠠᠢ ᠬᠤᠯᠪᠤᠭᠳᠠᠭᠰᠠᠨ195 ᠭᠡᠷᠡᠭ᠂ ᠵᠠᠷᠭᠤ ᠬᠢᠭᠰᠡᠨ ᠦᠭᠡᠢ ᠨᠢ 13 ᠬᠦᠮᠤᠨ ᠲᠠᠢ ᠬᠤᠯᠪᠤᠭᠳᠠᠭᠰᠠᠨ11 ᠭᠡᠷᠡᠭ︔ ᠪᠤᠰᠤᠳ ᠵᠠᠷᠭᠤ   ᠶᠢᠨ ᠬᠢᠨᠠᠯᠳᠠ ᠶᠢᠨ ᠭᠡᠷᠡᠭ119᠃ ᠢᠯᠵᠠᠷᠠᠯ  ᠢ ᠰᠢᠢᠳᠭᠡᠭᠦ ᠪᠠᠴᠢᠮ ᠪᠠᠶᠢᠳᠠᠯ  ᠢ ᠪᠠᠷᠢᠮᠳᠠᠯᠠᠨ᠂ ᠰᠠᠬᠢᠯᠭ᠎ᠠ ᠪᠠᠳᠤ ᠶᠢ ᠪᠠᠶᠢᠴᠠᠭᠠᠬᠤ ᠬᠤᠷᠢᠶ᠎ᠠ ᠪᠠ ᠬᠢᠨᠠᠨ ᠪᠠᠶᠢᠴᠠᠭᠠᠬᠤ ᠬᠤᠷᠢᠶ᠎ᠠ ᠶᠢᠨ ᠭᠡᠷᠡᠭ ᠰᠢᠢᠳᠭᠡᠭᠦ ᠠᠵᠢᠯ ᠲᠠᠢ ᠵᠠᠯᠭᠠᠯᠳᠤᠬᠤ ᠳᠤᠭᠳᠠᠮᠵᠢ ᠶᠢᠨ ᠪᠦᠳᠤᠭᠡᠨ ᠪᠠᠶᠢᠭᠤᠯᠤᠯᠳᠠ ᠪᠠᠨ ᠴᠢᠩᠭᠠᠳᠬᠠᠨ᠂ ᠬᠠᠤᠯᠢ ᠶᠤᠰᠤᠭᠠᠷ ᠬᠢᠨᠠᠨ ᠪᠠᠶᠢᠴᠠᠭᠠᠵᠤ ᠵᠠᠷᠭᠤᠯᠠᠭᠰᠠᠨ ᠱᠠᠮᠰᠢᠵᠤ ᠭᠡᠭᠡᠯᠢ ᠴᠢᠳᠬᠤᠭᠰᠠᠨ ᠳᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠨᠢ 2 ᠬᠦᠮᠤᠨ ᠲᠠᠢ ᠬᠤᠯᠪᠤᠭᠳᠠᠭᠰᠠᠨ 2 ᠭᠡᠷᠡᠭ᠃ ᠬᠠᠷ᠎ᠠ ᠪᠦᠯᠤᠭ᠍ᠳᠠᠨ  ᠢ ᠱᠦᠬᠦᠷᠳᠠᠵᠤ ᠬᠠᠷᠬᠢᠰ ᠬᠦᠴᠤᠨ  ᠢ ᠠᠷᠢᠯᠭᠠᠬᠤ ᠳᠤᠰᠬᠠᠢ ᠳᠦᠷᠤᠯ  ᠤᠨ ᠳᠠᠮᠠᠴᠠᠭᠡᠨ  ᠢ ᠪᠦᠬᠦ ᠬᠦᠴᠤ ᠪᠠᠷ ᠳᠦᠯᠬᠢᠨ ᠠᠬᠢᠭᠤᠯᠵᠤ᠂ 9 ᠬᠦᠮᠤᠨ ᠲᠠᠢ ᠬᠤᠯᠪᠤᠭᠳᠠᠭᠰᠠᠨ ᠬᠤᠶᠠᠷ ᠭᠡᠷᠡᠭ  ᠢ ᠰᠢᠢᠳᠭᠡᠵᠤ᠂ ᠡᠷᠠᠭᠦᠤ ᠶᠢᠨ ᠭᠡᠷᠡᠭ ᠲᠤ ᠬᠤᠯᠪᠤᠭᠳᠠᠭᠰᠠᠨ ︽ᠬᠠᠮᠠᠭᠠᠯᠠᠬᠤ ᠬᠠᠯᠬᠠᠪᠴᠢ︾ ᠶᠢᠨ 2 ᠰᠦᠪᠡᠭᠴᠢ ᠶᠢ ᠰᠢᠯᠵᠢᠬᠦᠯᠤᠨ ᠳᠤᠰᠢᠶᠠᠵᠤ᠂ ᠭᠤᠤᠯᠳᠠᠯᠭ᠎ᠠ  ᠲᠠᠢ ᠠᠵᠢᠯ ᠳᠦᠷᠤᠯ ᠪᠠ ᠬᠦᠳᠡᠭᠡ ᠳᠤᠰᠬᠤᠨ ᠮᠠᠯᠵᠢᠬᠤ ᠤᠷᠤᠨ ᠳᠤ ᠬᠦᠨᠵᠠᠭᠡᠶᠢᠷᠠᠨ᠂ ᠬᠠᠷ᠎ᠠ ᠪᠦᠯᠤᠭ᠍ᠳᠠᠨ  ᠢ ᠱᠦᠬᠦᠷᠳᠠᠨ ᠬᠠᠷᠬᠢᠰ ᠬᠦᠴᠤᠨ  ᠢ ᠠᠷᠢᠯᠭᠠᠬᠤ ᠳᠤᠰᠬᠠᠢ ᠳᠦᠷᠤᠯ  ᠤᠨ ᠤᠷᠢᠶᠠᠯᠭ᠎ᠠ ᠶᠢ 5 ᠤᠳᠠᠭ᠎ᠠ ᠬᠢᠪᠠ︔ ᠬᠠᠮᠤᠭ  ᠤᠨ ᠳᠠᠭᠡᠳᠤ ᠠᠷᠠᠳ  ᠤᠨ ᠪᠠᠶᠢᠴᠠᠭᠠᠬᠤ ᠬᠤᠷᠢᠶ᠎ᠠ ᠶᠢᠨ ᠳᠠᠮᠳᠡᠭ ᠵᠠᠭᠦᠨ ᠱᠠᠭᠠᠷᠳᠠᠨ ᠬᠢᠯᠭᠡᠭᠰᠠᠨ ᠪᠦᠬᠦ ᠬᠤᠳᠠ ᠶᠢᠨ ᠠᠩᠬ᠎ᠠ ᠤᠳᠠᠭᠠᠨ  ᠤ ︽ᠰᠦᠯᠵᠢᠶᠠᠨ ᠳᠠᠭᠡᠷᠠᠬᠢ ᠤᠰᠤᠨ ᠴᠡᠷᠢᠭ︾  ᠤᠨ ᠭᠡᠷᠡᠭ ᠦᠳᠤᠭᠡᠭᠰᠠᠨ ᠡᠷᠠᠭᠦᠤ ᠶᠢᠨ ᠶᠠᠯᠠᠳᠤ ᠭᠡᠷᠡᠭ  ᠢ ᠠᠮᠵᠢᠯᠳᠠ ᠲᠠᠢ ᠪᠠᠷ ᠬᠢᠨᠠᠨ ᠪᠠᠶᠢᠴᠠᠭᠠᠵᠤ ᠵᠠᠷᠭᠤᠯᠠᠭᠰᠠᠨ︔ ᠬᠦᠳᠠᠯᠮᠤᠷᠢ ᠶᠢᠨ ᠬᠦᠯᠤᠰᠤ ᠬᠠᠷᠠᠮᠵᠢ ᠶᠢ ᠦᠭᠭᠦ ᠦᠭᠡᠢ ᠭᠡᠷᠡᠭ  ᠢ 8 ᠰᠢᠢᠳᠭᠡᠵᠤ᠂ 210 ᠨᠠᠷ᠎ᠠ ᠬᠦᠯᠤᠰᠤᠨ ᠠᠵᠢᠯᠴᠢᠨ  ᠢ ᠬᠠᠪᠰᠤᠷᠤᠨ310 ᠳᠦᠮᠠ ᠤᠷᠴᠢᠮ ᠳᠦᠬᠦᠷᠢᠭ  ᠤᠨ ᠬᠦᠯᠤᠰᠤ ᠬᠠᠷᠠᠮᠵᠢ ᠶᠢ ᠨᠢ ᠭᠠᠷᠳᠠᠭᠤᠯᠤᠭᠰᠠᠨ᠃ ᠤᠯᠤᠰ  ᠤᠨ ᠬᠠᠤᠯᠢ ᠴᠠᠭᠠᠵᠠ ᠶᠢᠨ ᠠᠪᠤᠷᠠᠨ ᠳᠤᠰᠠᠯᠠᠬᠤ ᠳᠤᠬᠠᠢ 12 ᠬᠦᠮᠤᠨ ᠲᠠᠢ ᠬᠤᠯᠪᠤᠭᠳᠠᠭᠰᠠᠨ9 ᠭᠡᠷᠡᠭ  ᠢ ᠰᠢᠢᠳᠪᠤᠷᠢᠯᠠᠵᠤ᠂ ᠬᠠᠤᠯᠢ ᠴᠠᠭᠠᠵᠠ ᠶᠢᠨ ᠠᠪᠤᠷᠠᠨ ᠳᠤᠰᠠᠯᠠᠬᠤ ᠮᠦᠡᠭᠬᠦ 22.6 ᠳᠦᠮᠠ ᠳᠤ ᠬᠦᠷᠴᠠᠢ᠃ ᠨᠠᠰᠤᠨ ᠳᠤ ᠦᠯᠤ ᠬᠦᠷᠤᠭ᠍ᠰᠠᠳ  ᠢ ᠪᠠᠶᠢᠴᠠᠭᠠᠬᠤ ᠠᠵᠢᠯ  ᠢ ᠴᠢᠩᠭᠠᠳᠬᠠᠨ᠂ ᠬᠠᠤᠯᠢ ᠶᠢ ᠳᠦᠭᠡᠮᠠᠯᠵᠢᠬᠦᠯᠬᠦ ᠠᠵᠢᠯᠯᠠᠭ᠎ᠠ  ᠶᠢ ᠰᠤᠷᠭᠠᠭᠤᠯᠢ ᠶᠢᠨ ᠬᠦᠷᠢᠶᠠᠨ ᠳᠤ 3 ᠤᠳᠠᠭ᠎ᠠ ᠦᠷᠨᠢᠬᠦᠯᠵᠤ᠂ ᠬᠠᠤᠯᠢ ᠶᠤᠰᠤᠭᠠᠷ ᠨᠠᠰᠤᠨ ᠳᠤ ᠦᠯᠤ ᠬᠦᠷᠤᠭ᠍ᠰᠠᠨ ᠰᠠᠵᠢᠭ᠍ᠳᠡᠨ ᠠᠴᠠ3 ᠬᠦᠮᠤᠨ ᠢ ᠪᠠᠷᠢᠪᠴᠢᠯᠠᠭ᠎ᠠ ᠦᠭᠡᠢ᠂ 1 ᠬᠦᠮᠤᠨ  ᠢ ᠵᠠᠷᠭᠤᠯᠠᠭ᠎ᠠ ᠦᠭᠡᠢ᠂ ᠨᠠᠰᠤᠨ ᠳᠤ ᠦᠯᠤ ᠬᠦᠷᠤᠭ᠍ᠰᠠᠳ  ᠤᠨ ᠡᠷᠭᠡ ᠠᠰᠢᠭ ᠲᠤ ᠬᠠᠯᠳᠠᠭᠰᠠᠨ ᠭᠡᠷᠡᠭ  ᠢ 7 ᠰᠢᠢᠳᠪᠤᠷᠢᠯᠠᠪᠠ᠃        ︵ᠬᠤᠶᠠᠷ︶ ᠢᠷᠭᠡᠨ  ᠤ ᠭᠡᠷᠡᠭ  ᠤᠨ ᠵᠠᠰᠠᠭ ᠵᠠᠬᠢᠷᠭᠠᠨ  ᠤ ᠪᠠᠶᠢᠴᠠᠭᠠᠯᠳᠠ ᠪᠠ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠠᠵᠢᠯ  ᠢ ᠴᠢᠩᠭᠠᠳᠬᠠᠵᠤ᠂ ᠤᠯᠠᠨ ᠳᠦᠮᠠᠨ  ᠤ ᠬᠠᠤᠯᠢ ᠶᠤᠰᠤᠨ  ᠤ ᠡᠷᠭᠡ ᠠᠰᠢᠭ ᠬᠢᠭᠡᠳ ᠨᠠᠶᠢᠭᠡᠮ ᠨᠠᠶᠢᠳᠠ ᠶᠢᠨ ᠠᠰᠢᠭ ᠳᠤᠰᠠ ᠶᠢ ᠬᠠᠮᠠᠭᠠᠯᠠᠪᠠ᠃ ᠪᠦᠬᠦ ᠵᠢᠯ ᠳᠤ ᠡᠯ᠎ᠠ ᠵᠤᠶᠢᠯ  ᠤᠨ ᠢᠷᠭᠡᠨ  ᠤ ᠭᠡᠷᠡᠭ᠂ ᠵᠠᠰᠠᠭ ᠵᠠᠬᠢᠷᠭᠠᠨ  ᠤ ᠪᠠᠶᠢᠴᠠᠭᠠᠨ ᠬᠢᠨᠠᠬᠤ ᠠᠵᠢᠯ  ᠢ ᠨᠠᠶᠢᠳᠠ146 ᠰᠢᠢᠳᠪᠤᠷᠢᠯᠠᠵᠤ᠂ ᠬᠠᠮᠢᠶ᠎ᠠ ᠪᠦᠬᠦᠢ ᠵᠠᠰᠠᠭ ᠵᠠᠬᠢᠷᠭ᠎ᠠ᠂ ᠬᠠᠤᠯᠢ ᠴᠠᠭᠠᠵᠠ  ᠶᠢᠨ ᠪᠠᠶᠢᠭᠤᠯᠭ᠎ᠠ ᠪᠠ ᠰᠢᠬᠦᠬᠦ ᠬᠤᠷᠢᠶᠠᠨ ᠳᠤ ᠪᠠᠶᠢᠴᠠᠭᠠᠬᠤ ᠪᠠᠷ ᠰᠠᠨᠠᠭᠤᠯᠤᠭᠰᠠᠨ ᠭᠡᠷᠡᠭ123 ᠪᠤᠢ︔ ᠳᠠᠬᠢᠨ ᠰᠢᠬᠦᠵᠤ ᠪᠠᠶᠢᠴᠠᠭᠠᠬᠤ ᠰᠠᠨᠠᠭᠤᠯᠭ᠎ᠠ ᠳᠤᠷᠠᠳᠤᠭᠰᠠᠨ ᠭᠡᠷᠡᠭ 1᠂ ᠡᠰᠡᠷᠭᠦᠴᠡᠭᠰᠠᠨ ᠵᠠᠭᠠᠯᠳᠤᠯᠭ᠎ᠠ ᠳᠠᠪᠰᠢᠬᠦᠯᠤᠭ᠍ᠰᠠᠨ ᠭᠡᠷᠡᠭ 1᠃ ᠤᠯᠤᠰ  ᠤᠨ ᠦᠮᠴᠢᠯᠠᠯᠳᠤ ᠬᠦᠷᠤᠩᠭᠡ ᠶᠢᠨ ᠬᠠᠮᠢᠶᠠᠷᠤᠯᠳᠠ᠂ ᠤᠷᠴᠢᠨ ᠳᠤᠭᠤᠷᠢᠨ  ᠤ ᠬᠠᠮᠠᠭᠠᠯᠠᠯᠳᠠ᠂ ᠢᠳᠠᠭᠡᠨ ᠡᠮ  ᠤᠨ ᠠᠮᠤᠷ ᠳᠦᠪᠰᠢᠨ ᠵᠠᠷᠭᠡ ᠤᠯᠠᠨ ᠳᠦᠮᠠᠨ  ᠤ ᠠᠩᠬᠠᠷᠤᠯ ᠳᠠᠯᠪᠢᠭᠰᠠᠨ ᠠᠰᠠᠭᠤᠳᠠᠯ ᠳᠤ ᠴᠢᠭᠯᠡᠭᠦᠯᠤᠨ᠂ ᠬᠦᠳᠠᠯᠤᠩᠭᠦᠢ ᠪᠠᠷ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠭᠡᠷᠡᠭ  ᠤᠨ ᠰᠦᠪᠡᠭᠴᠢ ᠶᠢ 279 ᠡᠷᠢᠨ ᠵᠢᠭᠰᠠᠭᠠᠵᠤ᠂ ᠬᠠᠮᠢᠶ᠎ᠠ ᠪᠦᠬᠦᠢ ᠵᠠᠰᠠᠭ ᠵᠠᠬᠢᠷᠭ᠎ᠠ ᠬᠠᠤᠯᠢ ᠴᠠᠭᠠᠵᠠ ᠶᠢᠨ ᠪᠠᠶᠢᠭᠤᠯᠭ᠎ᠠ ᠳᠤ ᠵᠠᠷᠭᠤ ᠠᠴᠠ ᠡᠮᠤᠨᠠᠬᠢ ᠪᠠᠶᠢᠴᠠᠭᠠᠯᠳᠠ ᠬᠢᠬᠦ ᠶᠢ ᠰᠠᠨᠠᠭᠠᠴᠢᠯᠠᠭᠰᠠᠨ ᠭᠡᠷᠡᠭ 192︔ ᠰᠢᠬᠦᠬᠦ ᠬᠤᠷᠢᠶᠠᠨ ᠳᠤ ᠨᠠᠶᠢᠳᠠ ᠶᠢᠨ ᠠᠰᠠᠷᠠᠮᠵᠢ ᠶᠢᠨ ᠵᠠᠷᠭᠤ ᠬᠢᠭᠰᠡᠨ ᠭᠡᠷᠡᠭ 2᠂ ᠬᠤᠷᠢᠶᠠᠨ ᠠᠪᠴᠢᠷᠠᠭᠰᠠᠨ ᠡᠬᠢ ᠪᠠᠶᠠᠯᠢᠭ  ᠢ ᠬᠤᠬᠢᠷᠠᠭᠤᠯᠤᠭᠰᠠᠨ ᠪᠠ ᠠᠮᠢ ᠠᠬᠤᠢ ᠶᠢ ᠰᠠᠯᠪᠢᠨ ᠰᠠᠷᠭᠦᠭᠡᠭᠦ ᠰᠤᠶᠢᠳᠭᠡᠯ 1.8 ᠳᠦᠮᠠᠨ ᠳᠦᠬᠦᠷᠢᠭ᠃ ︽ᠬᠠᠳᠤᠨ ᠭᠤᠤᠯ  ᠢ ᠬᠠᠮᠠᠭᠠᠯᠠᠬᠤ︾ ᠪᠠ ︽ᠢᠳᠠᠭᠡᠨ  ᠤ ᠠᠮᠤᠷ ᠳᠦᠪᠰᠢᠨ  ᠢ ᠪᠠᠳᠤᠯᠠᠬᠤ︾ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠳᠤᠰᠬᠠᠢ ᠳᠦᠷᠤᠯ  ᠤᠨ ᠠᠵᠢᠯᠯᠠᠭ᠎ᠠ ᠶᠢ ᠦᠷᠨᠢᠬᠦᠯᠤᠨ᠂ ᠬᠠᠳᠤᠨ ᠭᠤᠤᠯ ᠳᠠᠭᠠᠤ ᠬᠤᠶᠠᠷ ᠠᠵᠤ ᠠᠬᠤᠶᠢᠯᠠᠯ  ᠢ ᠱᠠᠭᠠᠷᠳᠠᠨ ᠵᠤᠭᠰᠤᠭᠠᠵᠤ᠂ ᠬᠦᠨᠳᠡᠢ ᠶᠢᠨ ᠭᠤᠤᠯ  ᠤᠨ ᠠᠵᠤ ᠤᠶᠢᠯᠠᠳᠪᠤᠷᠢ ᠶᠢᠨ ᠬᠠᠶᠠᠭᠳᠠᠮᠠᠯ ᠰᠢᠭᠠᠷᠤ ᠶᠢ 2 ᠳᠦᠮᠠ ᠢᠯᠠᠭᠦᠤ ᠳᠤᠨ ᠴᠠᠪᠠᠷᠯᠠᠨ ᠠᠷᠢᠯᠭᠠᠪᠠ︔ ᠬᠠᠮᠢᠶ᠎ᠠ ᠪᠦᠬᠦ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠬᠠᠷᠢᠭᠤᠴᠠᠯᠭ᠎ᠠ ᠪᠠᠨ ᠬᠦᠢᠴᠠᠳᠭᠡᠭᠦ ᠶᠢ ᠱᠠᠭᠠᠷᠳᠠᠵᠤ᠂ 12 ᠰᠠᠭᠤᠷᠢ ᠪᠠᠭ᠎ᠠ ᠭᠡᠯᠪᠠᠷᠢ ᠶᠢᠨ ᠠᠭᠤᠷ  ᠤᠨ ᠵᠤᠤᠬ᠎ᠠ ᠶᠢ ᠨᠤᠷᠭᠠᠨ᠂ 22 ᠳᠤᠰᠤ ᠨᠠᠮᠠᠭᠦ ᠦᠷᠳᠠᠭᠡᠨ  ᠤ ᠳᠠᠪᠬᠤᠷ ᠬᠤᠪᠤᠭᠤ ᠶᠢ ᠰᠢᠨᠠᠳᠭᠡᠨ ᠰᠤᠯᠢᠭᠤᠯᠵᠤ᠂ ᠳᠠᠬᠢᠨ ᠤᠶᠢᠵᠢᠭᠤᠯᠤᠭᠰᠠᠨ ᠭᠠᠵᠠᠷ101.6 ᠮᠤ᠋ ᠬᠦᠷᠴᠠᠢ︔ ᠬᠠᠮᠢᠶ᠎ᠠ ᠪᠦᠬᠦᠢ ᠵᠠᠰᠠᠭ ᠵᠠᠬᠢᠷᠭᠠᠨ  ᠤ ᠬᠢᠨᠠᠨ ᠬᠠᠮᠢᠶᠠᠷᠬᠤ ᠰᠠᠯᠠᠭ᠎ᠠ ᠮᠦᠴᠢᠷ  ᠢ ᠱᠠᠭᠠᠷᠳᠠᠨ᠂ 151 ᠵᠦᠭᠡᠭᠡᠨ ᠬᠤᠳᠠᠯᠳᠤᠭᠠᠯᠠᠬᠤ ᠬᠤᠳᠠᠯᠳᠤᠭᠠᠨ  ᠤ ᠡᠷᠤᠭᠡ ᠶᠢ ᠴᠡᠭᠴᠠᠯᠠᠪᠠ᠃ ᠡᠭᠦᠨ  ᠤ ᠵᠠᠷᠭᠡ ᠪᠠᠷ᠂ ᠬᠤᠳᠠ ᠶᠢᠨ ᠪᠠᠶᠢᠴᠠᠭᠠᠬᠤ ᠬᠤᠷᠢᠶ᠎ᠠ ᠲᠠᠢ ᠬᠠᠪᠰᠤᠷᠤᠯᠴᠠᠵᠤ᠂ ︽ᠬᠠᠤᠯᠢ ᠪᠠᠷ ᠬᠦᠳᠡᠭᠡ ᠨᠤᠳᠤᠭ ᠢᠶᠠᠨ ᠤᠮᠳᠠᠯᠠᠬᠤ ᠪᠠᠶᠢᠴᠠᠭᠠᠬᠤ ᠶᠢᠨ ᠬᠠᠶᠢᠷ᠎ᠠ ᠢᠪᠡᠭᠡᠯ︾ ᠮᠤᠩᠭᠤᠯ ᠭᠡᠯᠡᠨ  ᠤ ᠬᠠᠤᠯᠢ ᠴᠠᠭᠠᠵᠠ ᠶᠢᠨ ᠤᠬᠠᠭᠤᠯᠭ᠎ᠠ ᠶᠢᠨ ᠬᠦᠳᠠᠯᠭᠡᠭᠡᠨ  ᠢ ᠦᠷᠨᠢᠬᠦᠯᠵᠤ᠂ ᠮᠠᠯᠴᠢᠨ ᠳᠠᠷᠢᠶᠠᠴᠢᠨ ᠤᠯᠠᠨ ᠳᠦᠮᠠᠨ  ᠤ ᠰᠠᠶᠢᠨ ᠦᠨᠠᠯᠠᠯᠳᠠ ᠶᠢ ᠤᠯᠵᠠᠢ᠃        ︵ᠭᠤᠷᠪᠠ︶ ᠬᠠᠷᠠᠭᠠᠯᠵᠠᠭᠰᠠᠨ ᠶᠠᠳᠠᠭᠤ ᠶᠢ ᠳᠠᠳᠬᠦᠬᠦ ᠠᠵᠢᠯ  ᠢ ᠴᠢᠩᠭᠠᠳᠬᠠᠵᠤ᠂ ᠤᠨᠢᠨ ᠳᠠᠭᠡᠷ᠎ᠠ ᠨᠢ ᠶᠠᠳᠠᠭᠤ ᠶᠢ ᠳᠠᠳᠬᠦᠬᠦ ᠪᠠᠬᠢᠯᠠᠯᠳᠠ ᠶᠢᠨ ᠰᠢᠪᠳᠤᠯᠭᠠᠨ  ᠤ ᠳᠠᠶᠢᠨ  ᠢ ᠰᠠᠶᠢᠳᠤᠷ ᠬᠢᠬᠦ ᠳᠤ ᠤᠶᠢᠴᠢᠯᠠᠵᠤ ᠪᠠᠳᠤᠯᠠᠭ᠎ᠠ ᠬᠠᠨᠭ᠍ᠭᠠᠭᠰᠠᠨ᠃ ᠬᠤᠰᠢᠭᠤᠨ  ᠤ ᠨᠠᠮ  ᠤᠨ ᠬᠤᠷᠢᠶᠠᠨ ᠠᠴᠠ ᠳᠤᠬᠢᠷᠠᠭᠤᠯᠤᠭᠰᠠᠨ ᠭᠤᠤᠯᠳᠠᠯᠭ᠎ᠠ ᠲᠠᠢ ᠠᠵᠢᠯ  ᠤᠨ ᠡᠭᠦᠷᠭᠡ ᠪᠠᠨ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠪᠠᠶᠢᠭᠤᠯᠭ᠎ᠠ ᠲᠠᠢ ᠵᠦᠪᠰᠢᠯᠴᠠᠵᠤ ᠰᠢᠨᠠᠪᠠᠯᠭᠠᠰᠤᠨ  ᠤ ᠪᠤᠬᠠᠳᠠᠢ ᠳᠤᠰᠬᠤᠨ ᠳᠤ 50 ᠳᠦᠮᠠᠨ ᠳᠦᠬᠦᠷᠢᠭ ᠬᠠᠪᠰᠤᠷᠤᠨ ᠳᠠᠳᠬᠦᠵᠤ ᠪᠠᠶᠢᠭᠤᠯᠤᠭᠰᠠᠨ ᠡᠯᠳᠠᠪ ᠠᠮᠤ ᠪᠤᠯᠪᠠᠰᠤᠷᠠᠭᠤᠯᠬᠤ ᠵᠢᠵᠢᠭ ᠤᠶᠢᠯᠠᠳᠪᠤᠷᠢ ᠶᠢᠨ ᠰᠠᠭᠤᠷᠢᠨ ᠳᠠᠭᠡᠷ᠎ᠠ᠂ 2018 ᠤᠨ ᠳᠤ ᠳᠠᠬᠢᠨ 4 ᠳᠦᠮᠠ ᠬᠢᠷᠢᠳᠠᠢ ᠳᠦᠬᠦᠷᠢᠭ ᠤᠷᠤᠭᠤᠯᠤᠨ᠂ ᠪᠠᠰᠠ ᠵᠦᠪᠰᠢᠯᠴᠠᠵᠤ ᠬᠠᠪᠰᠤᠷᠤᠨ ᠳᠤᠰᠠᠯᠠᠭᠰᠠᠨ ᠠᠵᠤ ᠠᠬᠤᠶᠢᠯᠠᠯ ᠪᠤᠯᠬᠤ ᠬᠤᠰᠢᠭᠤᠨ  ᠤ ᠪᠦᠳᠤᠭᠡᠨ ᠪᠠᠶᠢᠭᠤᠯᠤᠯᠳᠠ ᠶᠢᠨ ᠪᠠᠩᠬᠢ ᠪᠠᠷ 3.6 ᠳᠦᠮᠠᠨ ᠳᠦᠬᠦᠷᠢᠭ ᠳᠤᠰᠠᠯᠠᠭᠤᠯᠵᠤ᠂ ᠳᠤᠰᠬᠤᠨ  ᠤ ᠬᠠᠮᠳᠤ ᠶᠢᠨ ᠠᠵᠤ ᠠᠬᠤᠢ ᠶᠢᠨ ᠬᠦᠳᠠᠯᠭᠡᠭᠦ ᠮᠦᠡᠭᠬᠦ ᠬᠦᠷᠤᠯᠴᠠᠭᠦ ᠦᠭᠡᠢ᠂ ᠪᠤᠷᠤᠯᠠᠭᠤᠯᠭ᠎ᠠ ᠢᠯᠭᠤᠮ ᠪᠢᠰᠢ ᠵᠠᠷᠭᠡ ᠠᠰᠠᠭᠤᠳᠠᠯ ᠢ ᠬᠠᠮᠳᠤ ᠪᠠᠷ ᠬᠠᠪᠰᠤᠷᠤᠨ ᠰᠢᠢᠳᠪᠤᠷᠢᠯᠠᠪᠠ᠃ ᠤᠳᠤ ᠪᠤᠯᠪᠠᠰᠤᠷᠠᠭᠤᠯᠬᠤ ᠤᠶᠢᠯᠠᠳᠪᠤᠷᠢ ᠪᠦᠬᠦ ᠳᠠᠯ᠎ᠠ ᠪᠠᠷ ᠠᠵᠢᠯᠯᠠᠵᠤ᠂ ᠭᠡᠪ  ᠤᠨ ᠤᠶᠢᠯᠠᠳᠪᠤᠷᠢᠯᠠᠯ ᠡᠵᠠᠩᠨᠠᠯᠳᠠ ᠶᠢᠨ ᠪᠠᠶᠢᠳᠠᠯ ᠳᠠᠭᠠᠨ ᠤᠷᠤᠭᠠᠳ᠂ ᠵᠢᠯ  ᠤᠨ ᠤᠷᠤᠯᠭ᠎ᠠ ᠨᠢ 6 ᠳᠦᠮᠠ ᠳᠤ ᠬᠦᠷᠴᠤ᠂ ᠳᠤᠰᠬᠤᠨ  ᠤ ᠠᠵᠤ ᠠᠬᠤᠢ ᠶᠢᠨ ︽ᠳᠡᠭ ᠳᠤᠭ᠎ᠠ︾ ᠶᠢ ᠰᠢᠪᠳᠤᠯᠵᠤ᠂ ᠳᠤᠬᠠᠢ ᠶᠢᠨ ᠭᠠᠵᠠᠷ  ᠤᠨ 30 ᠡᠷᠤᠭᠡ ᠳᠠᠷᠢᠶᠠᠴᠢᠨ  ᠤ ᠤᠷᠤᠯᠭ᠎ᠠ ᠶᠢ ᠨᠠᠮᠡᠭᠳᠠᠭᠦᠯᠤᠨ᠂ ᠶᠠᠳᠠᠭᠤ ᠡᠷᠤᠭᠡ ᠶᠢᠨ ᠳᠤᠭ᠎ᠠ ᠴᠤ 2014 ᠤᠨ  ᠤ91 ᠡᠷᠤᠭᠡ 217 ᠬᠦᠮᠤᠨ ᠠᠴᠠ ᠳᠤᠷᠤᠭᠰᠢᠯᠠᠭᠠᠳ᠂ 4 ᠡᠷᠤᠭᠡ 8 ᠬᠦᠮᠤᠨ ᠪᠤᠯᠵᠠᠢ᠃         ᠬᠤᠶᠠᠷ᠂ ᠤᠳᠤᠷᠢᠳᠤᠯᠭ᠎ᠠ ᠶᠢ ᠠᠳᠬᠤᠨ᠂ ᠡᠩᠨᠡᠭᠡ ᠪᠠᠨ ᠳᠠᠶᠢᠴᠢᠯᠠᠵᠤ᠂ ᠴᠢᠨᠠᠷᠯᠢᠭ ᠪᠠᠶᠢᠴᠠᠭᠠᠬᠤ ᠡᠩᠨᠡᠭᠡ ᠶᠢᠨ ᠪᠦᠳᠤᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠪᠠ        ︵ᠨᠢᠭᠡ︶ ᠨᠠᠮ  ᠤᠨ ᠪᠦᠳᠤᠭᠡᠨ ᠪᠠᠶᠢᠭᠤᠯᠤᠯᠳᠠ ᠶᠢᠨ ᠶᠠᠷᠤᠩᠭᠡᠢ ᠵᠢᠯᠤᠭᠤᠳᠤᠯᠭ᠎ᠠ ᠶᠢ ᠪᠠᠷᠢᠮᠳᠠᠯᠠᠨ᠂ ᠪᠠᠶᠢᠴᠠᠭᠠᠬᠤ ᠠᠵᠢᠯ  ᠤᠨ ᠵᠦᠪ ᠤᠨᠤᠪᠴᠢᠳᠠᠢ ᠤᠯᠤᠰ ᠳᠦᠷᠤ ᠶᠢᠨ ᠴᠢᠭᠯᠡᠯ  ᠢ ᠪᠠᠳᠤᠯᠠᠪᠠ᠃ ᠪᠠᠶᠢᠴᠠᠭᠠᠬᠤ ᠪᠠᠶᠢᠭᠤᠯᠭ᠎ᠠ ᠪᠤᠯ ᠶᠠᠭᠤᠨ  ᠤ ᠡᠮᠤᠨ᠎ᠠ ᠤᠯᠤᠰ ᠳᠦᠷᠤ ᠶᠢᠨ ᠪᠠᠶᠢᠭᠤᠯᠭ᠎ᠠ ᠪᠤᠯᠬᠤ ᠶᠢ ᠪᠠᠷᠢᠮᠳᠠᠯᠠᠵᠤ᠂ ᠦᠵᠠᠯ ᠤᠬᠠᠮᠰᠠᠷ  ᠤᠨ ᠭᠡᠯᠪᠠᠷᠢᠰᠢᠯ ᠪᠤᠯᠤᠨ ᠪᠠᠶᠢᠭᠤᠯᠭ᠎ᠠ ᠶᠢᠨ ᠨᠠᠮ  ᠤᠨ ᠪᠦᠳᠤᠭᠡᠨ ᠪᠠᠶᠢᠭᠤᠯᠤᠯᠳᠠ ᠶᠢᠨ ᠠᠵᠢᠯ  ᠢ ᠴᠢᠩᠭᠠᠳᠬᠠᠨ᠂ ︽ᠬᠤᠶᠠᠷ  ᠢ ᠰᠤᠷᠤᠯᠴᠠᠨ ᠨᠢᠭᠡ ᠶᠢ ᠪᠠᠶᠠᠯᠠᠭᠦᠯᠭᠦ︾ ᠶᠢ ᠭᠡᠪᠰᠢᠬᠦᠯᠤᠨ ᠳᠦᠷᠢᠮᠵᠢᠬᠦᠯᠬᠦ ᠪᠠ ︽ᠤᠭ ᠰᠠᠨᠠᠭ᠎ᠠ ᠪᠠᠨ ᠦᠯᠤ ᠮᠠᠷᠳᠠᠨ᠂ ᠳᠠᠤᠭᠡᠳᠤ ᠡᠭᠦᠷᠭᠡ ᠪᠠᠨ ᠪᠠᠳᠤ ᠴᠠᠭᠡᠵᠢᠯᠠᠭᠦ︾ ᠭᠤᠤᠯ ᠰᠠᠳᠤᠪᠳᠤ ᠰᠤᠷᠭᠠᠨ ᠬᠦᠮᠤᠵᠢᠯ  ᠢ ᠠᠬᠢᠭᠤᠯᠤᠨ᠂ ︽ᠨᠠᠮ ᠳᠤ ᠤᠷᠤᠭᠰᠠᠨ ᠤᠭ ᠰᠠᠨᠠᠭ᠎ᠠ ᠪᠠᠨ ᠬᠦᠢᠴᠠᠳᠭᠡᠵᠤ᠂ ᠤᠨᠢᠨ ᠳᠠᠭᠡᠷ᠎ᠠ ᠨᠢ ᠶᠠᠳᠠᠭᠤ ᠶᠢ ᠳᠠᠳᠭᠦᠭᠦ ᠪᠠᠷ ᠬᠦᠴᠤᠯᠠᠭᠦ︾ ᠵᠠᠷᠭᠡ ᠭᠤᠤᠯ ᠰᠠᠳᠤᠪᠳᠤ ᠨᠠᠮ  ᠤᠨ ᠡᠳᠦᠷᠯᠢᠭ  ᠤᠨ ᠬᠦᠳᠠᠯᠭᠡᠭᠡᠨ  ᠢ 12 ᠤᠳᠠᠭ᠎ᠠ ᠵᠤᠬᠢᠶᠠᠨ ᠪᠠᠶᠢᠭᠤᠯᠪᠠ᠃ ᠪᠦᠬᠦ ᠬᠤᠷᠢᠶᠠᠨ  ᠤ ᠺᠠᠳ᠋ᠷ ᠴᠠᠭᠳᠠᠭ᠎ᠠ᠂ ᠠᠵᠢᠯ ᠠᠴᠠ ᠪᠠᠨ ᠠᠮᠠᠷᠠᠭᠰᠠᠨ ᠨᠠᠰᠤᠳᠠᠢ ᠨᠠᠮ  ᠤᠨ ᠭᠡᠰᠢᠭᠦᠳ ᠪᠠ ᠪᠤᠬᠠᠳᠠᠢ ᠳᠤᠰᠬᠤᠨ  ᠤ ᠨᠠᠮ  ᠤᠨ ᠭᠡᠰᠢᠭᠦᠳ  ᠢ ᠵᠤᠬᠢᠶᠠᠨ ᠪᠠᠶᠢᠭᠤᠯᠵᠤ᠂ ᠵᠢᠩ ᠭᠠᠨᠭ᠌ ᠱᠠᠨ᠂ ᠳᠠᠯᠠᠨ ᠬᠠᠷ᠎ᠠ ᠠᠭᠤᠯᠠ ᠵᠢᠴᠢ ᠬᠤᠳᠠ ᠶᠢᠨ ᠮᠦᠽᠸᠢ ᠪᠠᠷ ᠤᠴᠢᠭᠤᠯᠵᠤ᠂ ᠨᠠᠮᠴᠢ ᠴᠢᠨᠠᠷ  ᠤᠨ ᠰᠤᠷᠭᠠᠨ ᠬᠦᠮᠤᠵᠢᠯ  ᠢ ᠦᠷᠨᠢᠬᠦᠯᠪᠠ᠃ ᠨᠠᠮ  ᠤᠨ ᠤᠳᠤᠷᠢᠳᠤᠬᠤ ᠳᠤᠭᠤᠶᠢᠯᠠᠩ᠂ ᠤᠨᠤᠯ  ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ  ᠤᠨ ᠰᠤᠷᠤᠯᠴᠠᠬᠤ ᠳᠦᠷᠢᠮ ᠪᠠ ︽ᠭᠤᠷᠪᠠᠨ ᠬᠤᠷᠠᠯ ᠨᠢᠭᠡ ᠬᠢᠴᠢᠶᠠᠯ︾  ᠤᠨ ᠳᠦᠷᠢᠮ  ᠢ ᠪᠠᠷᠢᠮᠳᠠᠯᠠᠵᠤ᠂ ᠰᠠᠷᠠᠮᠵᠢᠯᠠᠭᠦᠯᠭᠡ ᠶᠢᠨ ᠰᠤᠷᠭᠠᠨ ᠬᠦᠮᠤᠵᠢᠯ  ᠢ ᠴᠢᠩᠭᠠᠳᠬᠠᠨ᠂ ᠤᠯᠠᠨ ᠵᠤᠶᠢᠯ  ᠤᠨ ᠭᠡᠯᠪᠠᠷᠢ ᠪᠠᠷ ᠺᠠᠳ᠋ᠷ ᠴᠠᠭᠳᠠᠭ᠎ᠠ ᠨᠠᠷ  ᠢ ᠳᠠᠤᠭᠡᠳᠤ ᠡᠭᠦᠷᠭᠡ ᠪᠠᠨ ᠪᠠᠳᠤ ᠴᠠᠭᠡᠵᠢᠯᠠᠨ᠂ ᠦᠪᠠᠷ  ᠢ ᠪᠠᠨ ᠴᠢᠩᠭ᠎ᠠ ᠱᠠᠭᠠᠷᠳᠠᠵᠤ᠂ ᠳᠦᠪ ᠭᠤᠤᠯᠴᠢ ᠪᠠᠷ ᠬᠠᠤᠯᠢ ᠴᠠᠭᠠᠵᠠ ᠶᠢ ᠭᠡᠷᠡᠭᠵᠢᠬᠦᠯᠤᠬᠦᠯᠬᠦ ᠪᠠᠷ ᠬᠦᠮᠤᠵᠢᠬᠦᠯᠤᠨ᠎ᠠ᠃ ᠦᠵᠠᠯ ᠤᠬᠠᠮᠰᠠᠷ  ᠤᠨ ᠭᠡᠯᠪᠠᠷᠢᠰᠢᠯ ᠪᠠ ᠳᠤᠬᠠᠶᠢᠯᠠᠭᠰᠠᠨ ᠠᠵᠢᠯ  ᠤᠨ ᠭᠡᠷᠡᠭ ᠰᠢᠢᠳᠭᠡᠭᠦ ᠶᠢ ᠨᠢᠭᠳᠠ ᠬᠤᠯᠪᠤᠭᠳᠠᠭᠤᠯᠬᠤ ᠶᠢ ᠴᠢᠬᠤᠯᠠᠴᠢᠯᠠᠨ᠂ ᠠᠮᠤᠷ  ᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠰᠦᠯᠵᠢᠶᠠᠨ  ᠤ ᠵᠠᠬᠢᠳᠠᠯ ᠵᠠᠷᠭᠡ ᠤᠯᠠᠨ ᠰᠠᠯᠠᠭ᠎ᠠ ᠮᠦᠴᠢᠷ ᠲᠠᠢ ᠦᠵᠠᠯ ᠤᠬᠠᠮᠰᠠᠷ  ᠤᠨ ᠭᠡᠯᠪᠠᠷᠢᠰᠢᠯ  ᠤᠨ ᠬᠤᠯᠪᠤᠭᠠᠳᠤ ᠬᠤᠷᠠᠯ ᠬᠢᠵᠤ᠂ ᠪᠠᠴᠢᠮ ᠬᠦᠨᠳᠤ ᠴᠢᠬᠤᠯᠠ ᠰᠦᠯᠵᠢᠶᠠᠨ  ᠤ ᠶᠠᠷᠢᠶ᠎ᠠ ᠭᠡᠯᠡᠯᠴᠠᠭᠡᠨ  ᠤ ᠪᠠᠶᠢᠳᠠᠯ  ᠢ ᠠᠷᠭᠠᠴᠠᠭᠠᠬᠤ ᠬᠢᠷᠢ ᠳᠦᠪᠰᠢᠨ ᠢᠶᠠᠷ ᠳᠠᠭᠡᠭᠰᠢᠯᠠᠭᠦᠯᠪᠠ᠃        ︵ᠬᠤᠶᠠᠷ︶ ᠰᠤᠶᠤᠯ ᠬᠦᠮᠤᠵᠢᠯ  ᠤᠨ ᠪᠠᠶᠢᠴᠠᠭᠠᠯᠳᠠ ᠶᠢ ᠪᠠᠷᠢᠮᠳᠠᠯᠠᠵᠤ᠂ ᠪᠠᠶᠢᠴᠠᠭᠠᠬᠤ ᠡᠩᠨᠡᠭᠡ ᠶᠢᠨ ᠨᠢᠭᠳᠠᠷᠠᠯ  ᠤᠨ ᠬᠦᠴᠤᠨ ᠪᠠ ᠪᠠᠶᠢᠯᠳᠤᠬᠤ ᠬᠦᠴᠤᠨ  ᠢ ᠳᠠᠭᠡᠭᠰᠢᠯᠠᠭᠦᠯᠪᠠ᠃ ᠨᠠᠮ  ᠤᠨ ᠡᠭᠦᠷ  ᠢ ᠬᠠᠯᠠᠨ ᠰᠤᠩᠭᠤᠵᠤ᠂ ᠪᠠᠶᠢᠭᠤᠯᠭ᠎ᠠ ᠶᠢᠨ ᠠᠵᠢᠯᠳᠠᠨ  ᠤ ᠡᠪᠯᠠᠯ  ᠢ ᠪᠠᠶᠢᠭᠤᠯᠤᠨ᠂ ᠡᠯᠪᠡᠭ ᠪᠠᠶᠠᠯᠢᠭ ᠠᠭᠤᠯᠭ᠎ᠠ ᠪᠦᠬᠦᠢ ᠤᠳᠬ᠎ᠠ ᠤᠷᠠᠯᠢᠭ ᠪᠠᠶ᠎ᠠ ᠳᠠᠮᠢᠷ  ᠤᠨ ᠬᠦᠳᠠᠯᠭᠡᠭᠡᠨ  ᠢ ᠵᠤᠬᠢᠶᠠᠨ ᠪᠠᠶᠢᠭᠤᠯᠤᠨ ᠦᠷᠨᠢᠬᠦᠯᠵᠤ᠂ ᠪᠠᠶᠢᠴᠠᠭᠠᠬᠤ ᠶᠢᠨ ᠰᠤᠶᠤᠯ  ᠤᠨ ᠭᠤᠳᠤᠮᠵᠢ᠂ ᠬᠤᠷᠢᠶᠠᠨ  ᠤ ᠳᠠᠤᠭᠡ ᠰᠤᠳᠤᠷ  ᠤᠨ ᠰᠠᠩ ᠪᠠ ᠤᠳᠬ᠎ᠠ ᠤᠷᠠᠯᠢᠭ  ᠤᠨ ᠦᠷᠤᠭᠡ᠂ ᠰᠠᠯᠠᠭᠦᠴᠠᠯ ᠨᠤᠮ  ᠤᠨ ᠬᠦᠷᠢᠶᠠᠯᠠᠩ᠂ ᠨᠠᠮ  ᠤᠨ ᠪᠠᠶᠢᠭᠤᠯᠤᠯᠳᠠ ᠶᠢᠨ ᠬᠦᠳᠠᠯᠭᠡᠭᠡᠨ  ᠤ ᠦᠷᠤᠭᠡ᠂ ᠤᠷᠠᠨ ᠪᠢᠴᠢᠯᠭᠡ ᠤᠷᠠᠨ ᠵᠢᠷᠤᠭ  ᠤᠨ ᠪᠦᠳᠤᠭᠡᠯᠭᠡ ᠶᠢᠨ ᠦᠷᠤᠭᠡ᠂ ᠤᠳᠬ᠎ᠠ ᠤᠷᠠᠯᠢᠭ ᠪᠠᠶ᠎ᠠ ᠳᠠᠮᠢᠷ  ᠤᠨ ᠬᠦᠳᠠᠯᠭᠡᠭᠡᠨ  ᠤ ᠦᠷᠤᠭᠡ ᠵᠠᠷᠭᠡ ᠶᠢ ᠪᠠᠶᠢᠭᠤᠯᠵᠤ᠂ ᠨᠠᠮ  ᠤᠨ ᠪᠠᠶᠢᠭᠤᠯᠤᠯᠳᠠ ᠶᠢᠨ ᠬᠦᠳᠠᠯᠭᠡᠭᠡᠨ ᠪᠠ ᠪᠠᠶᠢᠴᠠᠭᠠᠬᠤ ᠶᠢᠨ ᠰᠤᠶᠤᠯ  ᠤᠨ ᠪᠦᠳᠤᠭᠡᠨ ᠪᠠᠶᠢᠭᠤᠯᠤᠯᠳᠠ ᠶᠢᠨ ᠡᠭᠦᠳᠤᠯᠳᠠ  ᠶᠢᠨ ᠳᠠᠪᠴᠠᠩ  ᠢ ᠴᠢᠩᠭᠠᠳᠬᠠᠪᠠ᠃ ᠪᠠᠶᠢᠴᠠᠭᠠᠬᠤ ᠶᠢᠨ ᠬᠠᠷᠠᠭᠠᠯᠵᠠᠯ  ᠤᠨ ᠳᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠵᠢᠯ ᠪᠦᠷᠢ ᠪᠠᠶ᠎ᠠ ᠶᠢᠨ ᠪᠠᠶᠢᠴᠠᠭᠠᠯᠳᠠ ᠳᠤᠬᠢᠷᠠᠭᠤᠯᠵᠤ᠂ 30 ᠨᠠᠷ᠎ᠠ ᠺᠠᠳ᠋ᠷ ᠴᠠᠭᠳᠠᠭ᠎ᠠ ᠶᠢᠨ ᠠᠵᠢᠯ  ᠤᠨ ᠪᠠᠶᠢᠷᠢ ᠶᠢᠨ ᠨᠠᠮᠠᠭᠦᠷᠢ ᠨᠦᠬᠦᠪᠤᠷᠢ ᠶᠢ ᠵᠤᠬᠢᠴᠠᠯ ᠲᠠᠢ ᠰᠢᠢᠳᠪᠤᠷᠢᠯᠠᠨ᠂ ᠠᠵᠢᠯᠳᠠᠨ  ᠤ ᠬᠤᠭᠤᠯᠠᠨ ᠳᠢᠩᠬᠢᠮ ᠭᠠᠷᠭᠠᠨ᠂ ᠺᠠᠳ᠋ᠷ ᠴᠠᠭᠳᠠᠭ᠎ᠠ ᠨᠠᠷ ᠲᠤ ᠡᠩ  ᠤᠨ ᠦᠨ᠎ᠠ ᠲᠠᠢ ᠦᠷᠯᠤᠭᠡ ᠦᠳᠠ ᠶᠢᠨ ᠬᠤᠭᠤᠯᠠ ᠬᠠᠨᠭ᠍ᠭᠠᠵᠤ᠂ ᠺᠠᠳ᠋ᠷ ᠴᠠᠭᠳᠠᠭ᠎ᠠ ᠨᠠᠷ ᠲᠤ ᠵᠤᠬᠢᠶᠠᠨ ᠪᠠᠶᠢᠭᠤᠯᠤᠯᠳᠠ ᠶᠢᠨ ᠬᠠᠶᠢᠷ᠎ᠠ ᠬᠠᠷᠠᠭᠠᠯᠵᠠᠯ  ᠢ ᠤᠯᠠᠮ ᠨᠢᠭᠡ ᠠᠯᠬᠤᠮ ᠤᠶᠢᠯᠠᠭᠠᠭᠤᠯᠵᠤ᠂ ᠠᠵᠢᠯ  ᠤᠨ ᠦᠷ᠎ᠠ ᠪᠦᠳᠤᠮᠵᠢ ᠶᠢ ᠳᠠᠭᠡᠭᠰᠢᠯᠠᠭᠦᠯᠪᠠ᠃        ︵ᠭᠤᠷᠪᠠ︶ ᠬᠠᠮᠢᠶᠠᠷᠤᠯᠳᠠ ᠪᠠᠨ ᠴᠢᠩᠭᠠᠳᠬᠠᠬᠤ ᠶᠢ ᠪᠠᠷᠢᠮᠳᠠᠯᠠᠨ᠂ ᠡᠩᠨᠡᠭᠡᠨ  ᠤ ᠠᠷᠢᠭᠤᠨ ᠴᠢᠭᠡᠴᠢ ᠶᠢᠨ ᠳᠦᠭᠰᠢᠬᠦᠷᠢ ᠶᠢ ᠴᠢᠷᠮᠠᠶᠢᠨ ᠪᠠᠭᠠᠰᠬᠠᠪᠠ᠃ ︽ᠺᠠᠳ᠋ᠷ ᠴᠠᠭᠳᠠᠭ᠎ᠠ ᠶᠢ ᠬᠤᠪᠢ ᠪᠤᠳᠤᠨ ᠬᠠᠮᠢᠶᠠᠷᠬᠤ ᠠᠷᠭ᠎ᠠ ᠭᠡᠮᠵᠢᠶ᠎ᠠ︾ ᠶᠢ ᠨᠠᠷᠢᠯᠢᠭᠵᠢᠭᠤᠯᠤᠨ᠂ 62 ᠨᠠᠷ᠎ᠠ ᠺᠠᠳ᠋ᠷ ᠴᠠᠭᠳᠠᠭ᠎ᠠ ᠳᠤ ᠠᠵᠢᠯ  ᠤᠨ ᠴᠢᠨᠠᠷ ᠴᠢᠨᠰᠠᠭ᠎ᠠ ᠦᠷ᠎ᠠ ᠪᠦᠳᠤᠮᠵᠢ ᠶᠢᠨ ᠬᠦᠳᠠᠯᠤᠩᠭᠦᠢ ᠬᠢᠨᠠᠨ ᠳᠤᠭᠳᠠᠭᠠᠯᠳᠠ ᠶᠠᠪᠤᠭᠤᠯᠵᠤ᠂ ᠡᠰᠡ ᠤᠶᠢᠯᠠᠳᠭᠦ᠂ ᠤᠳᠠᠭᠠᠨ ᠤᠶᠢᠯᠠᠳᠭᠦ ᠵᠠᠷᠭᠡ ᠦᠵᠡᠭᠳᠠᠯ  ᠢ ᠪᠠᠭᠠᠰᠬᠠᠪᠠ᠃ ︽ᠠᠵᠢᠯ   ᠤᠨ ᠰᠠᠬᠢᠯᠭ᠎ᠠ ᠪᠠᠳᠤ ᠶᠢ ᠬᠢᠨᠠᠨ ᠪᠠᠶᠢᠴᠠᠭᠠᠬᠤ ᠠᠷᠭ᠎ᠠ ᠭᠡᠮᠵᠢᠶ᠎ᠠ︾ ᠶᠢ ᠨᠠᠶᠢᠳᠠᠯᠠᠨ᠂ ᠨᠠᠶᠢᠳᠠ 21 ᠠᠰᠠᠭᠤᠳᠠᠯ  ᠢ ᠬᠢᠨᠠᠨ ᠪᠠᠶᠢᠴᠠᠭᠠᠵᠤ ᠵᠠᠷᠯᠠᠨ ᠨᠠᠶᠢᠳᠠᠯᠠᠭᠡᠳ᠂ 1 ᠨᠠᠷ᠎ᠠ ᠪᠠᠶᠢᠭᠤᠯᠭ᠎ᠠ ᠶᠢᠨ ᠬᠠᠮᠢᠶᠠᠷᠤᠯᠳᠠ ᠶᠢ ᠵᠦᠷᠢᠴᠡᠭᠰᠠᠨ ᠺᠠᠳ᠋ᠷ ᠴᠠᠭᠳᠠᠭ᠎ᠠ ᠶᠢ ᠪᠦᠬᠦ ᠬᠤᠷᠢᠶᠠᠨ  ᠤ ᠶᠡᠭᠡ ᠬᠤᠷᠠᠯ ᠳᠠᠭᠡᠷ᠎ᠠ ᠪᠠᠶᠢᠴᠠᠭᠠᠯᠳᠠ ᠬᠢᠯᠭᠡᠵᠤ᠂ ᠳᠤᠰᠢᠶᠠᠯ ᠠᠴᠠ ᠡᠮᠤᠨᠠᠬᠢ ᠪᠠ ᠰᠢᠨ᠎ᠠ ᠠᠵᠢᠯ ᠳᠤ ᠤᠷᠤᠵᠤ ᠪᠠᠶᠢᠭ᠎ᠠ ᠬᠦᠮᠤᠰ ᠲᠠᠢ ᠠᠷᠢᠭᠤᠨ ᠴᠢᠭᠡᠴᠢ ᠶᠢᠨ ᠳᠤᠬᠠᠢ ᠶᠠᠷᠢᠯᠴᠠᠭ᠎ᠠ ᠶᠢ 21 ᠬᠦᠮᠤᠨ ᠤᠳᠠᠭ᠎ᠠ ᠬᠢᠵᠤ᠂ ᠠᠷᠢᠭᠤᠨ ᠴᠢᠭᠡᠴᠢ ᠶᠢᠨ ᠰᠠᠨᠠᠭᠤᠯᠤᠮᠵᠢ ᠶᠢᠨ ᠶᠠᠷᠢᠯᠴᠠᠭ᠎ᠠ ᠶᠢ 9 ᠬᠦᠮᠤᠨ ᠤᠳᠠᠭ᠎ᠠ ᠬᠢᠵᠠᠢ᠃ ᠠᠷᠢᠭᠤᠨ ᠴᠢᠭᠡᠴᠢ ᠬᠡᠷ ᠪᠦᠯᠢ ᠶᠢᠨ ᠰᠤᠷᠪᠤᠯᠵᠢᠯᠠᠭ᠎ᠠ ᠶᠢ ᠵᠤᠬᠢᠶᠠᠨ ᠪᠠᠶᠢᠭᠤᠯᠵᠤ ᠦᠷᠨᠢᠬᠦᠯᠤᠨ᠂ ᠬᠢᠨᠠᠯᠳᠠ ᠶᠢᠨ ᠬᠦᠷᠢᠶ᠎ᠠ ᠭᠡᠪᠴᠢᠶ᠎ᠠ ᠶᠢ ︽ᠠᠵᠢᠯ  ᠤᠨ ᠳᠤᠭᠤᠷᠢᠭ︾ ᠴᠠ ᠦᠷᠭᠡᠳᠭᠡᠨ ︽ᠠᠮᠢᠳᠤᠷᠠᠯ  ᠤᠨ ᠳᠤᠭᠤᠷᠢᠭ︾ ᠲᠤ ᠬᠦᠷᠭᠡᠵᠤ᠂ ᠭᠡᠷ ᠪᠦᠯᠢ ᠶᠢᠨ ᠬᠢᠨ  ᠢ ᠨᠢ ᠪᠠᠶᠢᠴᠠᠭᠠᠬᠤ ᠺᠠᠳ᠋ᠷ ᠴᠠᠭᠳᠠᠭ᠎ᠠ ᠶᠢᠨ ᠠᠷᠢᠭᠤᠨ ᠴᠢᠭᠡᠴᠢ ᠬᠠᠪᠰᠤᠷᠤᠭᠴᠢ ᠨᠢ ᠪᠤᠯᠬᠤ ᠶᠢ ᠱᠠᠭᠠᠷᠳᠠᠨ᠂ ᠨᠠᠶᠢᠳᠠ 27 ᠬᠦᠮᠤᠨ ᠤᠳᠠᠭ᠎ᠠ ᠭᠡᠷ ᠪᠦᠯᠢ ᠶᠢᠨ ᠰᠤᠷᠪᠤᠯᠵᠢᠯᠠᠭ᠎ᠠ ᠬᠢᠵᠤ᠂ ᠪᠠᠶᠢᠴᠠᠭᠠᠬᠤ ᠶᠢᠨ ᠭᠡᠷ ᠪᠦᠯᠢ ᠶᠢᠨ ᠨᠠᠭᠡᠭᠡᠯᠳᠠᠳᠤ ᠡᠳᠦᠷᠯᠢᠭ  ᠤᠨ ᠬᠦᠳᠠᠯᠭᠡᠭᠡᠨ  ᠢ ᠵᠤᠬᠢᠶᠠᠨ ᠪᠠᠶᠢᠭᠤᠯᠤᠨ ᠦᠷᠨᠢᠬᠦᠯᠤᠭᠡᠳ᠂ ᠡᠶ᠎ᠡ ᠵᠤᠬᠢᠴᠠᠩᠭᠤᠢ ᠬᠠᠷᠢᠯᠴᠠᠨ ᠬᠠᠪᠰᠤᠷᠤᠯᠴᠠᠭᠰᠠᠨ ᠭᠡᠷ ᠪᠦᠯᠢ ᠶᠢᠨ ᠰᠤᠷᠳᠠᠯ ᠢᠶᠠᠷ ᠺᠠᠳ᠋ᠷ ᠴᠠᠭᠳᠠᠭ᠎ᠠ ᠨᠠᠷ  ᠤᠨ ᠠᠵᠢᠯᠯᠠᠬᠤ᠂ ᠠᠳᠠᠯ ᠪᠤᠰᠬᠠᠬᠤ᠂ ᠴᠢᠭᠡᠴᠢ ᠴᠠᠪᠠᠷ ᠢᠶᠠᠷ ᠬᠦᠮᠤᠨ ᠪᠤᠯᠬᠤ ᠶᠢ ᠨᠦᠯᠤᠭᠡᠯᠡᠵᠤ ᠳᠠᠮᠵᠢᠪᠠ᠃         ᠭᠤᠷᠪᠠ᠂ ᠠᠰᠠᠭᠤᠳᠠᠯ  ᠢ ᠪᠠᠷᠢᠨ᠂ ᠬᠦᠴᠢᠷᠳᠠᠯ  ᠢ ᠰᠢᠢᠳᠪᠤᠷᠢᠯᠠᠵᠤ᠂ ᠪᠠᠶᠢᠴᠠᠭᠠᠬᠤ ᠠᠵᠢᠯ  ᠤᠨ ᠪᠦᠬᠦᠶᠢᠯᠠ ᠴᠤᠭᠴᠠ ᠶᠢᠨ ᠭᠦᠭᠵᠢᠯᠳᠠ ᠶᠢᠨ ᠬᠢᠷᠢ ᠳᠦᠪᠰᠢᠨ  ᠢ ᠪᠦᠬᠦ ᠳᠠᠯ᠎ᠠ ᠪᠠᠷ ᠳᠠᠭᠡᠭᠰᠢᠯᠠᠭᠦᠯᠪᠠ        ︵ᠨᠢᠭᠡ︶ ᠦᠡᠭᠭᠡᠷᠡᠭᠰᠠᠨ ᠳᠤ ᠮᠠᠨ  ᠤ ᠬᠤᠷᠢᠶᠠᠨ  ᠤ ᠠᠯᠪᠠᠨ  ᠤ ᠭᠡᠷ ᠬᠤᠴᠤᠷᠤᠩᠭᠤᠢ ᠬᠠᠭᠤᠴᠢᠨ᠂ ᠳᠤᠬᠠᠶᠢᠯᠠᠭᠰᠠᠨ ᠠᠵᠢᠯ  ᠤᠨ ᠭᠡᠷᠡᠭᠴᠠᠭᠡᠨ  ᠤ ᠭᠡᠷ ᠪᠠᠷᠢᠮᠵᠢᠶ᠎ᠠ ᠳᠤ ᠨᠠᠶᠢᠴᠠᠭᠦ ᠦᠭᠡᠢ ᠵᠠᠷᠭᠡ ᠠᠰᠠᠭᠤᠳᠠᠯ ᠳᠤ ᠴᠢᠭᠯᠡᠭᠦᠯᠤᠨ᠂ ᠢᠳᠠᠪᠬᠢᠳᠠᠢ ᠪᠠᠷ ᠵᠤᠬᠢᠴᠠᠭᠤᠯᠭ᠎ᠠ ᠬᠢᠭᠡᠳ᠂ ᠳᠠᠭᠡᠷ᠎ᠠ ᠱᠠᠳᠤᠨ  ᠤ ᠪᠠᠶᠢᠭᠤᠯᠭ᠎ᠠ ᠪᠠ ᠬᠤᠰᠢᠭᠤ ᠨᠠᠮ  ᠤᠨ ᠬᠤᠷᠢᠶ᠎ᠠ ᠵᠠᠰᠠᠭ  ᠤᠨ ᠤᠷᠳᠤᠨ  ᠤ ᠶᠡᠭᠡ ᠬᠦᠴᠤᠨ  ᠤ ᠳᠠᠮᠵᠢᠯᠭᠡ ᠳᠤᠤᠷ᠎ᠠ᠂ ᠪᠠᠯᠠ ᠮᠦᠡᠭᠬᠦ ᠴᠤᠭᠯᠠᠭᠤᠯᠤᠭᠠᠳ᠂ ᠴᠦ᠋ ᠰᠢᠨ᠎ᠠ ᠠᠯᠪᠠᠯᠠᠨ ᠭᠡᠷᠡᠭ ᠰᠢᠢᠳᠭᠡᠭᠦ ᠪᠠ ᠳᠤᠬᠠᠶᠢᠯᠠᠭᠰᠠᠨ ᠠᠵᠢᠯ  ᠤᠨ ᠮᠠᠷᠭᠡᠵᠢᠯ  ᠤᠨ ᠴᠢᠳᠠᠮᠵᠢ ᠲᠠᠢ ᠭᠡᠷ ᠲᠤ ᠤᠷᠤᠵᠤ᠂ ᠳᠠᠤᠭᠡ ᠶᠢᠨ ᠴᠢᠨᠠᠷᠳᠠᠢ ᠳᠠᠪᠰᠢᠯᠳᠠ ᠶᠢ ᠪᠠᠶᠠᠯᠠᠭᠦᠯᠤᠭᠡᠳ᠂ ᠪᠦᠬᠦ ᠬᠤᠷᠢᠶ᠎ᠠ ᠴᠦ᠋ ᠰᠢᠨ᠎ᠠ ᠪᠠᠶᠢᠳᠠᠯ ᠲᠠᠢ ᠪᠤᠯᠪᠠ᠃ ᠪᠦᠬᠦ ᠤᠯᠤᠰ  ᠤᠨ ᠪᠤᠯᠪᠠᠰᠤᠨ ᠪᠠᠶᠢᠭᠤᠯᠭ᠎ᠠ ᠨᠢᠭᠡᠴᠠ᠂ ᠪᠦᠬᠦ ᠤᠯᠤᠰ  ᠤᠨ ᠦᠨᠳᠤᠰᠤᠨ ᠱᠠᠳᠤᠨ  ᠤ ᠳᠠᠷᠢᠬᠦᠨ  ᠤ ᠬᠤᠷᠢᠶ᠎ᠠ ᠵᠠᠷᠭᠡ ᠢᠷᠠᠭᠤ ᠠᠯᠳᠠᠷ  ᠢ ᠤᠯᠬᠤ ᠪᠠᠷ ᠳᠠᠮᠠᠴᠠᠨ᠂ ᠪᠦᠬᠦ ᠬᠦᠴᠤ ᠪᠠᠷ ᠢᠶᠠᠨ ︽ᠰᠢᠨ᠎ᠠ ᠶᠢ ᠡᠭᠦᠳᠴᠤ ᠤᠬᠢ ᠶᠢ ᠪᠦᠳᠤᠭᠡᠭᠦ︾ ᠳᠦᠷᠤᠯ ᠵᠤᠶᠢᠯ  ᠢ ᠬᠢᠵᠤ᠂ ᠪᠠᠶᠢᠴᠠᠭᠠᠬᠤ ᠠᠵᠢᠯ  ᠤᠨ ᠰᠢᠨ᠎ᠠ ᠶᠢ ᠡᠭᠦᠳᠴᠤ ᠬᠦᠭᠵᠢᠬᠦ ᠶᠢ ᠠᠬᠢᠭᠤᠯᠪᠠ᠃        ︵ᠬᠤᠶᠠᠷ︶ ᠤᠶᠤᠨᠳᠤ ᠪᠠᠶᠢᠴᠠᠭᠠᠬᠤ ᠶᠠᠪᠤᠳᠠᠯ ᠶᠢᠨ ᠪᠦᠳᠤᠭᠡᠨ ᠪᠠᠶᠢᠭᠤᠯᠤᠯᠳᠠ ᠶᠢᠨ ᠳᠠᠰ ᠳᠠᠪᠬᠤᠷᠭ᠎ᠠ ᠳᠤᠤᠷ᠎ᠠ᠂ ᠭᠡᠷᠡᠭᠯᠠᠯᠳᠠ ᠴᠦᠭᠡᠨ᠂ ᠦᠷ᠎ᠠ ᠳ᠋ᠦᠡᠭ ᠪᠠᠷᠤᠭᠳᠠᠢ ᠠᠰᠠᠭᠤᠳᠠᠯ ᠳᠤ ᠴᠢᠭᠯᠡᠭᠦᠯᠤᠨ᠂ ᠪᠠᠯᠠ ᠮᠦᠡᠭᠬᠦ ᠴᠤᠭᠯᠠᠭᠤᠯᠵᠤ᠂ ᠤᠶᠤᠨᠴᠢᠯᠠᠭᠰᠠᠨ ᠪᠠᠶᠢᠴᠠᠭᠠᠬᠤ ᠵᠦᠪᠯᠠᠯ  ᠤᠨ ᠬᠤᠷᠠᠯ  ᠤᠨ ᠭᠡᠷ᠂ ᠵᠠᠭᠤᠴᠢᠯᠠᠭᠤᠷᠳᠤ ᠠᠵᠢᠯ  ᠤᠨ ᠭᠡᠷ᠂ ᠡᠯᠧᠺᠲᠷᠤᠨ ᠭᠡᠷᠡᠴᠢ ᠶᠢᠨ ᠳᠤᠷᠰᠢᠯᠳᠠ ᠶᠢᠨ ᠦᠷᠤᠭᠡ ᠪᠠ ᠬᠠᠤᠯᠢ ᠴᠠᠭᠠᠵᠠ ᠶᠢᠨ ᠭᠡᠷᠡᠭ ᠰᠢᠢᠳᠭᠡᠭᠦ ᠳᠤᠮᠤ ᠳᠤᠭᠠᠴᠢᠯᠠᠯᠳᠠ  ᠶᠢᠨ ᠳᠦᠪ ᠶᠢ ᠪᠠᠶᠢᠭᠤᠯᠤᠨ᠂ ᠪᠠᠶᠢᠴᠠᠭᠠᠬᠤ ᠶᠠᠪᠤᠳᠠᠯ  ᠤᠨ ᠭᠠᠷ ᠮᠠᠰᠢᠨ᠂ ᠠᠪᠴᠤ ᠶᠠᠪᠤᠬᠤ ᠳᠤ ᠳᠦᠬᠦᠮ ᠭᠡᠯᠪᠠᠷᠢ ᠶᠢᠨ ᠰᠢᠬᠦᠨ ᠠᠰᠠᠭᠤᠬᠤ ᠠᠪᠢᠶᠠᠨ  ᠤ ᠠᠦ᠋ᠲ᠋ᠤᠴᠢᠯᠠᠭᠰᠠᠨ ᠳᠦᠬᠦᠭᠡᠷᠤᠮᠵᠢ᠂ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠭᠡᠷᠡᠴᠢ ᠠᠪᠬᠤ ᠬᠦᠮᠤᠨ ᠭᠡᠷᠡᠭᠯᠠᠭᠦ ᠮᠠᠰᠢᠨ᠂ ᠪᠠᠶ᠎ᠠ ᠭᠡᠮ  ᠢ ᠢᠯᠭᠠᠨ ᠳᠠᠨᠢᠬᠤ ᠤᠶᠤᠨᠳᠤ ᠮᠠᠰᠢᠨ᠂ ᠤᠶᠤᠨᠳᠤ ᠠᠯᠪᠠᠨ ᠵᠠᠭᠠᠯᠳᠤᠯᠭ᠎ᠠ ᠶᠢᠨ ᠰᠢᠰᠲ᠋ᠧᠮ ᠵᠠᠷᠭᠡ ᠶᠢ ᠭᠡᠷᠡᠭᠯᠠᠵᠤ᠂ ᠪᠠᠶᠢᠴᠠᠭᠠᠬᠤ ᠠᠵᠢᠯ  ᠤᠨ ᠴᠢᠨᠠᠷ ᠴᠢᠨᠰᠠᠭ᠎ᠠ ᠦᠷ᠎ᠠ ᠪᠦᠳᠤᠮᠵᠢ ᠶᠢ ᠳᠠᠭᠡᠭᠰᠢᠯᠠᠭᠦᠯᠭᠦ ᠳᠤ ᠤᠶᠢᠯᠠᠴᠢᠯᠠᠭᠦᠯᠪᠠ᠃        ︵ᠭᠤᠷᠪᠠ︶ ᠴᠢᠳᠠᠪᠤᠷᠢᠳᠠᠨ ᠬᠦᠷᠤᠯᠴᠠᠭᠦ ᠦᠭᠡᠢ᠂ ᠬᠢᠨᠠᠯᠳᠠ ᠶᠢᠨ ᠴᠢᠳᠠᠪᠤᠷᠢ ᠴᠢᠩᠭ᠎ᠠ ᠪᠤᠰᠤ ᠵᠠᠷᠭᠡ ᠠᠰᠠᠭᠤᠳᠠᠯ ᠳᠤ ᠴᠢᠭᠯᠡᠭᠦᠯᠤᠨ᠂ ᠬᠠᠮᠢᠶᠠᠷᠤᠯᠳᠠ ᠶᠢ ᠨᠠᠷᠢᠯᠢᠭᠵᠢᠭᠤᠯᠤᠨ᠂ ᠳᠤᠳᠤᠭᠠᠳᠤ ᠳᠠᠭᠠᠨ ᠳᠠᠯᠳᠠ ᠬᠦᠴᠤᠨ  ᠢ ᠮᠠᠯᠳᠠᠨ᠂ ᠰᠤᠷᠭᠠᠨ ᠬᠦᠮᠤᠵᠢᠯ ᠪᠤᠯᠪᠠᠰᠤᠷᠠᠯ  ᠤᠨ ᠬᠦᠴᠤᠯᠠᠴᠠ ᠶᠢ ᠴᠢᠩᠭᠠᠳᠬᠠᠪᠠ᠃ 24 ᠬᠦᠮᠤᠨ ᠤᠳᠠᠭ᠎ᠠ ᠬᠤᠳᠠ ᠶᠢᠨ ᠳᠠᠰ ᠠᠴᠠ ᠳᠠᠭᠡᠭᠰᠢᠬᠢ ᠱᠠᠩᠨᠠᠯ ᠬᠦᠬᠢᠬᠦᠯᠤᠯ  ᠢ ᠤᠯᠵᠤ᠂ ᠤᠯᠤᠰ  ᠤᠨ ᠬᠠᠤᠯᠢ ᠴᠠᠭᠠᠵᠠ ᠶᠢᠨ ᠳᠤᠰᠬᠠᠢ ᠮᠠᠷᠭᠡᠵᠢᠯ  ᠤᠨ ᠬᠢᠷᠢ ᠭᠡᠮ  ᠤᠨ ᠰᠢᠯᠭᠠᠯᠳᠠ ᠶᠢ ᠳᠤᠭᠤᠯᠤᠭᠰᠠᠨ ᠨᠤᠷᠮ᠎ᠠ 54.5% ᠳᠤ ᠬᠦᠷᠴᠤ᠂ ᠮᠠᠨ  ᠤ ᠬᠤᠷᠢᠶᠠᠨ  ᠤ ᠳᠠᠤᠭᠡᠨ ᠳᠠᠭᠡᠷᠠᠬᠢ ᠬᠠᠮᠤᠭ  ᠤᠨ ᠰᠠᠶᠢᠨ ᠪᠦᠳᠤᠮᠵᠢ ᠶᠢ ᠡᠭᠦᠳᠪᠠ᠃ ᠵᠤᠬᠢᠶᠠᠨ ᠪᠠᠶᠢᠭᠤᠯᠤᠭᠰᠠᠨ ︽ᠬᠠᠨᠭ᠍ᠬᠢᠨ ᠬᠤᠰᠢᠭᠤᠨ  ᠤ ᠠᠵᠢᠯ  ᠤᠨ ᠠᠷᠭ᠎ᠠ ᠶᠢ ᠨᠠᠮᠠᠵᠤ ᠬᠠᠰᠤᠬᠤ ᠶᠢ ᠰᠦᠪᠡᠭᠴᠢᠯᠠᠵᠤ ᠰᠢᠯᠢᠳᠡᠭ ᠪᠠᠶᠢᠴᠠᠭᠠᠬᠤ ᠡᠩᠨᠡᠭᠡ ᠶᠢ ᠪᠦᠳᠤᠭᠡᠨ ᠪᠠᠶᠢᠭᠤᠯᠬᠤ︾  ᠢ ᠬᠤᠳᠠ ᠶᠢᠨ ᠨᠠᠮ  ᠤᠨ ᠡᠭᠦᠷ  ᠤᠨ ᠦᠭᠡᠷᠡᠴᠢᠯᠠᠯᠳᠠ ᠶᠢ ᠬᠦᠨᠵᠡᠭᠡᠶᠢᠷᠠᠭᠦᠯᠭᠦ ᠶᠢ ᠤᠳᠤᠷᠢᠳᠬᠤ ᠳᠤᠭᠤᠶᠢᠯᠠᠩ ᠠᠴᠠ ᠪᠦᠬᠦ ᠬᠤᠳᠠ ᠶᠢᠨ ᠳᠤᠯᠤᠭᠠᠳᠡᠬᠢ ᠪᠦᠯᠤᠭ᠌ ᠬᠠᠭᠤᠯᠪᠤᠷᠢᠯᠠᠵᠤ ᠪᠤᠯᠬᠤ ᠳᠠᠯᠭᠡᠷᠠᠭᠦᠯᠵᠤ ᠪᠤᠯᠬᠤ ᠦᠭᠡᠷᠡᠴᠢᠯᠠᠯᠳᠠ ᠶᠢᠨ ᠳᠤᠷᠰᠢᠯᠭ᠎ᠠ ᠪᠠᠷ ᠦᠨᠠᠯᠡᠭᠳᠠᠭᠦ ᠶᠢᠨ ᠳᠠᠭᠠᠤ᠂ ᠬᠤᠳᠠ ᠶᠢᠨ ᠨᠠᠮ  ᠤᠨ ᠡᠭᠦᠷ ᠠᠴᠠ ᠵᠤᠬᠢᠶᠠᠨ ᠪᠠᠶᠢᠭᠤᠯᠤᠭᠰᠠᠨ ︽ᠤᠯᠤᠰ ᠳᠦᠷᠤ ᠬᠠᠤᠯᠢ ᠴᠠᠭᠠᠵᠠ ᠶᠢᠨ ᠡᠩᠨᠡᠭᠡ ᠶᠢᠨ ᠭᠡᠪ ᠴᠢᠨᠠᠷ  ᠢ ᠳᠠᠭᠡᠭᠰᠢᠯᠠᠭᠦᠯᠭᠦ ᠤᠨ︾  ᠤ ᠬᠦᠳᠠᠯᠭᠡᠭᠡᠨ  ᠤ ᠳᠤᠬᠠᠢ ᠶᠢᠨ ᠳᠠᠯᠠᠪᠠᠢ ᠶᠢᠨ ᠦᠵᠠᠭᠦᠯᠭᠡ ᠶᠢᠨ ᠬᠤᠷᠠᠯ  ᠤᠨ ᠰᠢᠯᠭᠠᠨ ᠬᠢᠨᠠᠯᠳᠠ ᠶᠢ ᠠᠮᠵᠢᠯᠳᠠ ᠶᠢ ᠬᠦᠯᠢᠶᠠᠪᠠ᠃        ᠳᠦᠷᠪᠠ᠂ ᠬᠢᠨᠠᠯᠳᠠ ᠶᠢ ᠬᠦᠯᠢᠶᠠᠨ᠂ ᠤᠬᠠᠭᠤᠯᠭ᠎ᠠ ᠶᠢ ᠦᠷᠭᠡᠳᠭᠡᠵᠤ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠨᠠᠶᠢᠳᠠ ᠶᠢᠨ ᠢᠳᠠᠭᠡᠮᠵᠢ  ᠶᠢᠨ ᠬᠦᠴᠤᠨ  ᠢ ᠪᠦᠬᠦ ᠳᠠᠯ᠎ᠠ ᠪᠠᠷ ᠳᠠᠭᠡᠭᠰᠢᠯᠠᠭᠦᠯᠪᠠ        ︵ᠨᠢᠭᠡ︶ ᠬᠦᠳᠠᠯᠤᠩᠭᠦᠢ ᠪᠠᠷ ᠬᠢᠨᠠᠯᠳᠠ ᠶᠢ ᠬᠦᠯᠢᠶᠠᠬᠦ ᠤᠬᠠᠮᠰᠠᠷ ᠢᠶᠠᠨ ᠴᠢᠩᠭᠠᠳᠬᠠᠭᠰᠠᠨ᠃ ᠬᠢᠨᠠᠭᠴᠢ ᠨᠠᠩ ᠴᠤ ᠬᠢᠨᠠᠯᠳᠠ ᠶᠢ ᠬᠦᠯᠢᠶᠠᠬᠦ ᠤᠬᠠᠮᠰᠠᠷ  ᠲᠠᠢ ᠪᠠᠶᠢᠬᠤ ᠦᠵᠠᠯᠳᠠ ᠶᠢ ᠪᠠᠳᠤ ᠪᠠᠬᠢ ᠪᠤᠢ ᠪᠤᠯᠭᠠᠵᠤ᠂ ᠬᠤᠰᠢᠭᠤᠨ  ᠤ ᠠᠷᠠᠳ  ᠤᠨ ᠳᠦᠯᠤᠭᠡᠯᠡᠭᠴᠢᠳ  ᠤᠨ ᠶᠡᠭᠡ ᠬᠤᠷᠠᠯ ᠵᠢᠴᠢ ᠳᠠᠭᠦᠨ  ᠤ ᠪᠠᠶᠢᠡᠭᠭᠤ ᠶᠢᠨ ᠬᠤᠷᠢᠶᠠᠨ  ᠤ ᠪᠠᠶᠢᠴᠠᠭᠠᠬᠤ ᠠᠵᠢᠯ ᠳᠠᠬᠢ ᠰᠢᠢᠳᠪᠤᠷᠢ ᠳᠤᠭᠳᠠᠭᠠᠯ  ᠢ ᠨᠠᠷᠢᠨ ᠬᠢᠨᠠᠮᠠᠭᠠᠢ ᠳᠤᠤᠱᠯᠠᠭᠤᠯᠤᠨ᠂ ᠴᠠᠭ ᠳᠤᠬᠠᠢ ᠳᠤᠨᠢ ᠬᠤᠰᠢᠭᠤ ᠨᠠᠮ  ᠤᠨ ᠬᠤᠷᠢᠶ᠎ᠠ᠂ ᠠᠷᠠᠳ  ᠤᠨ ᠳᠦᠯᠤᠭᠡᠯᠡᠭᠴᠢᠳ ᠤᠨ ᠶᠡᠭᠡ ᠬᠤᠷᠠᠯ ᠳᠤ ᠠᠵᠢᠯ  ᠤᠨ ᠬᠠᠷᠢᠭᠤ ᠮᠠᠳᠠᠭᠦᠯᠤᠯᠳᠠ ᠬᠢᠳᠡᠭ᠃ ᠤᠷᠢᠯᠭ᠎ᠠ ᠪᠠᠷ ᠪᠠᠶᠢᠴᠠᠭᠠᠨ ᠦᠵᠠᠭᠦ᠂ ᠰᠤᠷᠪᠤᠯᠵᠢᠯᠠᠨ ᠶᠠᠷᠢᠯᠴᠠᠬᠤ᠂ ᠰᠤᠨᠢᠨ ᠰᠠᠳᠬᠦᠯ ᠮᠠᠲ᠋ᠧᠷᠢᠶᠠᠯ ᠬᠦᠷᠭᠡᠭᠦ ᠵᠠᠷᠭᠡ ᠭᠡᠯᠪᠠᠷᠢ ᠪᠠᠷ ᠴᠠᠭ ᠳᠤᠬᠠᠢ ᠳᠤᠨᠢ ᠠᠷᠠᠳ  ᠤᠨ ᠳᠦᠯᠤᠭᠡᠯᠡᠭᠴᠢᠳ  ᠤᠨ ᠶᠡᠭᠡ ᠬᠤᠷᠠᠯ  ᠤᠨ ᠳᠦᠯᠤᠭᠡᠯᠡᠭᠴᠢ᠂ ᠤᠯᠤᠰ ᠳᠦᠷᠤ ᠶᠢᠨ ᠵᠦᠪᠯᠠᠯᠭᠡᠨ  ᠤ ᠭᠡᠰᠢᠭᠦᠨ ᠳᠤ ᠪᠠᠶᠢᠴᠠᠭᠠᠬᠤ ᠠᠵᠢᠯ ᠢᠶᠠᠨ ᠮᠠᠳᠡᠭᠳᠠᠨ᠂ ᠳᠦᠯᠤᠭᠡᠯᠡᠭᠴᠢ ᠭᠡᠰᠢᠭᠦᠳ  ᠤᠨ ᠪᠠᠶᠢᠴᠠᠭᠠᠬᠤ ᠠᠵᠢᠯ ᠳᠠᠬᠢ ᠤᠶᠢᠯᠠᠭᠠᠯᠳᠠ ᠪᠠ ᠳᠠᠮᠵᠢᠯᠭᠡ ᠶᠢ ᠳᠠᠭᠡᠭᠰᠢᠯᠠᠭᠦᠯᠪᠠ᠃ 52 ᠬᠦᠮᠤᠨ ᠤᠳᠠᠭ᠎ᠠ  ᠂ ᠦᠪᠠᠷᠳᠠᠭᠡᠨ ᠵᠠᠰᠠᠬᠤ ᠤᠷᠤᠨ᠂ ᠬᠤᠳᠠ᠂ ᠬᠤᠰᠢᠭᠤᠨ  ᠤ ᠠᠷᠠᠳ  ᠤᠨ ᠳᠦᠯᠤᠭᠡᠯᠡᠭᠴᠢ ᠶᠢ ᠤᠷᠢᠨ᠂ ᠪᠠᠶᠢᠴᠠᠭᠠᠬᠤ ᠠᠵᠢᠯ ᠪᠠᠨ ᠪᠠᠶᠢᠴᠠᠭᠠᠨ ᠦᠵᠠᠭᠦᠯᠵᠤ᠂ ᠪᠠᠶᠢᠴᠠᠭᠠᠬᠤ ᠠᠵᠢᠯ ᠢᠶᠠᠨ ᠤᠯᠠᠮ ᠰᠠᠶᠢᠨ ᠢᠶᠠᠷ ᠠᠷᠠᠳ  ᠤᠨ ᠰᠠᠨᠠᠭ᠎ᠠ  ᠲᠠᠢ ᠵᠤᠬᠢᠴᠠᠭᠤᠯᠤᠨ᠂ ᠠᠷᠠᠳ  ᠤᠨ ᠪᠠᠶᠢᠳᠠᠯ ᠲᠠᠢ ᠬᠤᠯᠪᠤᠭᠳᠠᠬᠤ ᠪᠤᠯᠭᠠᠪᠠ᠃       ︵ᠬᠤᠶᠠᠷ︶ ᠬᠠᠤᠯᠢ ᠴᠠᠭᠠᠵᠠ ᠶᠢᠨ ᠢᠯᠠ ᠳᠤᠳᠤᠷᠠᠴᠠ ᠲᠠᠢ ᠪᠠᠶᠢᠬᠤ ᠶᠢ ᠶᠡᠭᠡ ᠬᠦᠴᠤᠨ ᠢᠶᠠᠷ ᠠᠬᠢᠭᠤᠯᠪᠠ᠃ ᠬᠦᠳᠠᠯᠤᠩᠭᠦᠢ ᠪᠠᠷ ᠪᠠᠶᠢᠴᠠᠭᠠᠬᠤ ᠠᠵᠢᠯ  ᠢᠶᠠᠨ ᠤᠯᠠᠨ ᠳᠦᠮᠠᠨ  ᠤ ᠬᠢᠨᠠᠯᠳᠠ ᠶᠢᠨ ᠳᠤᠤᠷ᠎ᠠ ᠠᠪᠠᠴᠢᠵᠤ᠂ ᠪᠦᠬᠦ ᠬᠤᠰᠢᠭᠤᠨ ᠳᠤ ᠬᠠᠮᠤᠭ ᠠᠴᠠ ᠳᠠᠷᠢᠬᠦᠨ ᠳᠤ ᠪᠠᠶᠢᠴᠠᠭᠠᠬᠤ ᠠᠵᠢᠯ ᠢᠶᠠᠨ ᠵᠠᠭᠤᠴᠢᠯᠠᠭᠤᠷ  ᠲᠠᠢ ᠠᠭᠤᠰᠤᠯᠴᠠᠭᠤᠯᠬᠤ ᠳᠦᠪ  ᠢ ᠪᠠᠶᠢᠭᠤᠯᠤᠨ᠂ ᠪᠠᠶᠢᠴᠠᠭᠠᠬᠤ ᠶᠢᠨ ᠶᠠᠪᠤᠳᠠᠯ  ᠢ ᠢᠯᠠ ᠪᠤᠯᠭᠠᠬᠤ ᠰᠦᠯᠵᠢᠶ᠎ᠠ ᠪᠤᠯᠤᠭᠠᠳ ︽ᠪᠦᠷᠭᠡ ᠸᠢᠴᠠᠲ ᠦᠵᠤᠬᠦᠷ  ᠤᠨ ᠮᠠᠰᠢᠨ︾ ᠳᠤ ᠳᠦᠰᠢᠭᠯᠡᠨ᠂ ᠪᠠᠶᠢᠴᠠᠭᠠᠬᠤ ᠠᠵᠢᠯ  ᠤᠨ 2890 ᠵᠤᠷᠪᠤᠰ ᠬᠦᠳᠠᠯᠤᠩᠭᠦᠢ ᠴᠢᠮᠡᠭᠡ ᠶᠢ ᠨᠠᠶᠢᠳᠠᠯᠠᠵᠤ᠂ 172 ᠬᠤᠪᠢ ᠬᠠᠤᠯᠢ ᠴᠠᠭᠠᠵᠠ ᠶᠢᠨ ᠠᠯᠪᠠᠨ ᠪᠢᠴᠢᠭ  ᠢ ᠵᠠᠷᠯᠠᠨ ᠬᠦᠴᠤᠨ ᠲᠠᠢ ᠪᠤᠯᠭᠠᠭᠠᠳ᠂ 8 ᠴᠢᠬᠤᠯᠠ ᠭᠡᠷᠡᠭ  ᠤᠨ ᠰᠤᠷᠠᠭ ᠵᠠᠩᠬᠢ ᠶᠢ ᠨᠠᠶᠢᠳᠠᠯᠠᠵᠤ᠂ ᠪᠠᠶᠢᠴᠠᠭᠠᠬᠤ ᠶᠢᠨ ᠡᠳᠤᠷ  ᠤᠨ ᠰᠤᠨᠢᠨ᠂ ᠰᠢᠳᠤᠷᠭᠤ ᠶᠤᠰᠤᠨ  ᠤ ᠰᠦᠯᠵᠢᠶ᠎ᠠ ᠵᠠᠷᠭᠡ ᠤᠯᠤᠰ  ᠤᠨ ᠳᠠᠰ  ᠤᠨ ᠵᠠᠭᠤᠴᠢᠯᠠᠭᠤᠷ ᠨᠢ ᠮᠠᠨ  ᠤ ᠬᠤᠷᠢᠶᠠᠨ  ᠤ ᠪᠠᠶᠢᠴᠠᠭᠠᠬᠤ ᠰᠤᠷᠠᠭ ᠵᠠᠩᠬᠢ ᠠᠴᠠ 15 ᠬᠤᠪᠢ ᠨᠠᠶᠢᠳᠠᠯᠠᠵᠤ᠂ ᠦᠪᠠᠷᠳᠠᠭᠡᠨ ᠵᠠᠰᠠᠬᠤ ᠤᠷᠤᠨ  ᠤ ᠪᠠᠶᠢᠴᠠᠭᠠᠬᠤ ᠬᠤᠷᠢᠶ᠎ᠠ᠂ ᠦᠪᠤᠷ ᠮᠤᠩᠭᠤᠯ  ᠤᠨ ᠡᠳᠤᠷ  ᠤᠨ ᠰᠤᠨᠢᠨ ᠵᠠᠷᠭᠡ ᠤᠷᠤᠨ  ᠤ ᠳᠠᠰ  ᠤᠨ ᠵᠠᠭᠤᠴᠢᠯᠠᠭᠤᠷ ᠠᠴᠠ ᠮᠠᠨ  ᠤ ᠬᠤᠷᠢᠶᠠᠨ  ᠤ ᠪᠠᠶᠢᠴᠠᠭᠠᠬᠤ ᠰᠤᠷᠠᠭ ᠵᠠᠩᠬᠢ ᠶᠢ 52 ᠬᠤᠪᠢ ᠨᠠᠶᠢᠳᠠᠯᠠᠪᠠ᠃ ︽ᠡᠭᠡ ᠤᠯᠤᠰ  ᠤᠨ ᠢᠷᠠᠭᠡᠳᠤᠢ ᠶᠢ ᠬᠠᠶᠢᠷᠠᠯᠠᠵᠤ᠂ ᠪᠠᠶᠢᠴᠠᠭᠠᠭ᠎ᠠ ᠦᠭᠡᠢ ᠳᠠᠮᠳᠡᠭᠳᠤ ᠶᠢ ᠰᠠᠶᠢᠨ ᠪᠠᠶᠢᠴᠠᠭᠠᠬᠤ︾ ︽12309 ᠲᠠᠢ ᠤᠶᠢᠷᠠᠳᠤᠬᠤ︾ ᠵᠠᠷᠭᠡ ᠭᠤᠤᠯ ᠰᠠᠳᠤᠪᠳᠤ ᠪᠠᠶᠢᠴᠠᠭᠠᠯᠳᠠ ᠶᠢᠨ ᠨᠠᠭᠡᠭᠡᠯᠳᠠ ᠶᠢᠨ ᠡᠳᠦᠷᠯᠢᠭ  ᠢ 3 ᠤᠳᠠᠭ᠎ᠠ ᠦᠷᠨᠢᠬᠦᠯᠤᠨ᠂ ᠪᠠᠶᠢᠴᠠᠭᠠᠬᠤ ᠠᠵᠢᠯ  ᠤᠨ ᠨᠦᠯᠤᠭᠡᠯᠡᠭᠦ ᠬᠦᠴᠤᠨ  ᠢ ᠤᠯᠠᠮ ᠨᠢᠭᠡ ᠠᠯᠬᠤᠮ ᠦᠷᠭᠡᠳᠭᠡᠪᠠ᠃        ᠪᠦᠬᠦᠯᠢ ᠴᠤᠭᠴᠠ ᠠᠴᠠ ᠦᠵᠠᠪᠠᠯ᠂ 2018 ᠤᠨ ᠳᠤ ᠮᠠᠨ  ᠤ ᠬᠤᠷᠢᠶ᠎ᠠ ᠡᠭᠦᠷᠭᠡ ᠳᠤᠰᠢᠶᠠᠯ ᠢᠶᠠᠨ ᠠᠰᠢᠭᠯᠠᠨ ᠶᠠᠯ᠎ᠠ ᠬᠢᠬᠦ ᠶᠢ ᠪᠠᠶᠢᠴᠠᠭᠠᠨ ᠰᠢᠢᠳᠪᠤᠷᠢᠯᠠᠭᠦ ᠠᠵᠢᠯ  ᠤᠨ ᠴᠢᠳᠠᠪᠬᠢ᠂ ᠪᠠᠶᠢᠭᠤᠯᠤᠮᠵᠢ᠂ ᠠᠵᠢᠯᠳᠠᠨ  ᠤ ᠰᠢᠯᠵᠢᠨ ᠰᠤᠯᠢᠭᠳᠠᠭᠰᠠᠨ ᠠᠴᠠ ᠪᠤᠯᠤᠭᠰᠠᠨ ᠳᠤᠬᠠᠶᠢᠯᠠᠭᠰᠠᠨ ᠠᠵᠢᠯ  ᠤᠨ ᠳᠤᠬᠢᠷᠠᠭᠤᠯᠤᠯᠳᠠ᠂ ᠠᠵᠢᠯᠳᠠᠨ ᠬᠠᠰᠤᠭᠳᠠᠭᠰᠠᠨ ᠵᠠᠷᠭᠡ ᠬᠦᠴᠢᠷᠳᠠᠯ  ᠢ ᠢᠯᠠᠨ ᠳᠠᠪᠠᠵᠤ᠂ ᠢᠮᠠᠭᠳᠠ ᠤᠮᠤᠭ ᠳᠠᠭᠦᠯᠳᠠᠷ ᠢᠶᠠᠷ ᠤᠷᠤᠭᠰᠢᠯᠠᠨ᠂ ᠳᠠᠷᠢᠬᠦᠯᠠᠭᠦ ᠪᠠᠷ ᠴᠢᠷᠮᠠᠶᠢᠨ ᠰᠢᠯᠢᠳᠡᠭ  ᠢ ᠪᠦᠳᠤᠭᠡᠭᠦ ᠵᠤᠷᠢᠭ ᠰᠠᠨᠠᠭ᠎ᠠ ᠶᠢ ᠪᠠᠷᠢᠮᠳᠠᠯᠠᠨ᠂ ᠪᠦᠬᠦᠯᠢ ᠴᠤᠭᠴᠠ ᠶᠢᠨ ᠠᠵᠢᠯ ᠯᠠᠪᠳᠠᠭᠤᠨ ᠬᠦᠭᠵᠢᠯᠳᠠ ᠪᠠᠨ ᠪᠠᠳᠤᠯᠠᠵᠤ᠂ ᠦᠪᠠᠷᠳᠠᠭᠡᠨ ᠵᠠᠰᠠᠬᠤ ᠤᠷᠤᠨ  ᠤ ᠪᠠᠶᠢᠴᠠᠭᠠᠬᠤ ᠬᠤᠷᠢᠶᠠᠨ ᠳᠤ ︽ᠬᠠᠮᠳᠤ ᠶᠢᠨ ᠬᠤᠶᠠᠳᠤᠭᠠᠷ ᠳᠠᠰ  ᠤᠨ ᠭᠠᠪᠢᠶ᠎ᠠ︾ ᠪᠠᠨ ᠢᠷᠠᠭᠤ ᠠᠯᠳᠠᠷ ᠲᠠᠢ ᠪᠠᠷ ᠳᠠᠮᠳᠡᠭᠯᠠᠭᠦᠯᠤᠨ᠂ ᠪᠦᠬᠦ ᠤᠷᠤᠨ  ᠤ ︽ᠠᠵᠢᠯᠴᠢᠨ  ᠤ ᠬᠤᠰᠢᠭᠤᠴᠢ ᠨᠠᠷᠠᠮᠵᠢᠳᠤ︾᠂ ︽ᠪᠦᠬᠦ ᠬᠤᠳᠠ ᠶᠢᠨ ᠳᠠᠷᠢᠬᠦᠨ  ᠤ ᠦᠨᠳᠤᠰᠤᠨ ᠱᠠᠳᠤᠨ  ᠤ ᠪᠠᠶᠢᠴᠠᠭᠠᠬᠤ ᠬᠤᠷᠢᠶ᠎ᠠ︾᠂ ︽ᠪᠦᠬᠦ ᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠦᠷ᠎ᠠ ᠪᠦᠳᠤᠮᠵᠢ ᠳᠤᠪᠤᠶᠢᠮ᠎ᠠ ᠪᠠᠶᠢᠭᠤᠯᠭ᠎ᠠ ᠨᠢᠭᠡᠴᠠ︾᠂ ︽ᠪᠦᠬᠦ ᠬᠤᠰᠢᠭᠤᠨ  ᠤ ᠳᠠᠪᠤ ᠶᠢ ᠨᠢᠭᠡ ᠴᠤᠭᠴᠠᠴᠢᠯᠠᠭᠰᠠᠨ ᠰᠢᠯᠭᠠᠨ ᠳᠤᠭᠳᠠᠭᠠᠯᠳᠠ ᠶᠢᠨ ᠰᠢᠯᠢᠳᠡᠭ ᠪᠠᠶᠢᠭᠤᠯᠭ᠎ᠠ ᠨᠢᠭᠡᠴᠠ︾ ᠪᠠ ︽ᠰᠢᠯᠢᠳᠡᠭ ᠤᠳᠤᠷᠢᠳᠬᠤ ᠪᠠᠭ︾ ᠵᠠᠷᠭᠡ ᠢᠷᠠᠭᠤ ᠠᠯᠳᠠᠷ ᠢᠶᠠᠷ ᠮᠢᠯᠢᠶᠠᠭᠳᠠᠭᠠᠳ᠂ 2018 ᠤᠨ  ᠤ ᠬᠤᠳᠠ ᠶᠢᠨ ᠪᠠᠶᠢᠴᠠᠭᠠᠬᠤ ᠬᠤᠷᠢᠶ᠎ᠠ ᠶᠢᠨ ᠦᠨᠳᠤᠰᠤᠨ ᠱᠠᠳᠤᠨ  ᠤ ᠪᠠᠶᠢᠴᠠᠭᠠᠬᠤ ᠬᠤᠷᠢᠶ᠎ᠠ ᠳᠤ ᠬᠢᠭᠰᠡᠨ ᠠᠵᠢᠯ  ᠤᠨ ᠠᠮᠵᠢᠯᠳᠠ ᠶᠢᠨ ᠰᠢᠯᠭᠠᠨ ᠳᠤᠭᠳᠠᠭᠠᠯᠳᠠ ᠳᠤ ᠬᠤᠶᠠᠳᠤᠭᠠᠷ ᠪᠠᠶᠢᠷᠢᠨ ᠳᠤ ᠵᠢᠭᠰᠠᠭᠠᠭᠳᠠᠨ᠂ ᠦᠷᠬᠦᠯᠵᠢᠯᠠᠨ 5 ᠵᠢᠯ ᠪᠦᠬᠦ ᠬᠤᠳᠠ ᠶᠢᠨ ᠦᠨᠳᠤᠰᠤᠨ ᠱᠠᠳᠤᠨ  ᠤ ᠪᠠᠶᠢᠴᠠᠭᠠᠬᠤ ᠬᠤᠷᠢᠶᠠᠨ  ᠤ ᠨᠢᠭᠡᠳᠤᠭᠡᠷ ᠡᠩᠨᠡᠭᠡ ᠳᠤ ᠪᠠᠶᠢᠷᠢᠯᠠᠪᠠ᠃        ᠡᠯ᠎ᠠ ᠳᠦᠯᠤᠭᠡᠯᠡᠭᠴᠢᠳ ᠡ᠂ ᠦᠡᠭᠭᠡᠷᠡᠭᠰᠠᠨ ᠨᠢᠭᠡ ᠵᠢᠯ ᠳᠤ ᠪᠠᠶᠢᠴᠠᠭᠠᠬᠤ ᠠᠵᠢᠯ ᠡᠳᠠᠭᠡᠷ ᠠᠮᠵᠢᠯᠳᠠ ᠶᠢ ᠤᠯᠤᠭᠰᠠᠨ ᠨᠢ ᠳᠠᠭᠡᠳᠤ ᠱᠠᠳᠤᠨ  ᠤ ᠬᠤᠷᠢᠶ᠎ᠠ ᠪᠠ ᠬᠤᠰᠢᠭᠤ ᠨᠠᠮ  ᠤᠨ ᠬᠤᠷᠢᠶ᠎ᠠ᠂ ᠠᠷᠠᠳ  ᠤᠨ ᠳᠦᠯᠤᠭᠡᠯᠡᠭᠴᠢᠳ  ᠤᠨ ᠶᠡᠭᠡ ᠬᠤᠷᠠᠯ᠂ ᠵᠠᠰᠠᠭ  ᠤᠨ ᠤᠷᠳᠤᠨ᠂ ᠤᠯᠤᠰ ᠳᠦᠷᠤ ᠶᠢᠨ ᠵᠦᠪᠯᠠᠯᠭᠡᠨ ᠵᠢᠴᠢ ᠨᠠᠶᠢᠭᠡᠮ  ᠤᠨ ᠡᠯ᠎ᠠ ᠳᠠᠯ᠎ᠠ ᠶᠢᠨ ᠬᠢᠨ᠂ ᠪᠦᠬᠦ ᠬᠤᠰᠢᠭᠤᠨ  ᠤ ᠡᠯ᠎ᠠ ᠦᠨᠳᠤᠰᠤᠳᠠᠨ  ᠤ ᠤᠯᠠᠨ ᠳᠦᠮᠠᠨ  ᠤ ᠴᠢᠬᠤᠯᠠᠴᠢᠯᠠᠯ ᠬᠢᠭᠡᠳ ᠳᠠᠮᠵᠢᠯᠭᠡ ᠠᠴᠠ ᠰᠠᠯᠵᠤ ᠴᠢᠳᠠᠬᠤ ᠦᠭᠡᠢ᠃ ᠠᠳᠠ᠂ ᠪᠢ ᠪᠦᠬᠦ ᠬᠤᠷᠢᠶ᠎ᠠ ᠶᠢᠨ ᠺᠠᠳ᠋ᠷ ᠴᠠᠭᠳᠠᠭ᠎ᠠ ᠪᠠᠨ ᠳᠦᠯᠤᠭᠡᠯᠡᠵᠤ ᠳᠠᠨᠠᠷ ᠲᠤ ᠬᠠᠮᠤᠭ  ᠤᠨ ᠡᠷᠬᠢᠮ ᠬᠦᠨᠳᠤᠳᠭᠡᠯ ᠪᠠ ᠴᠢᠩ ᠰᠠᠳᠬᠢᠯ  ᠤᠨ ᠳᠠᠯᠠᠷᠬᠠᠯ ᠢᠶᠠᠨ ᠳᠠᠪᠰᠢᠬᠦᠯᠤᠶ᠎ᠠ︕       ᠨᠢᠭᠡ ᠵᠢᠯ  ᠤᠨ ᠠᠵᠢᠯ ᠢᠶᠠᠨ ᠡᠷᠬᠢᠴᠠᠭᠦᠯᠤᠭᠡᠳ ᠪᠢᠳᠠ᠂ ᠠᠵᠢᠯ  ᠤᠨ ᠳᠤᠮᠳᠠ ᠪᠠᠨ ᠪᠠᠰᠠ ᠨᠢᠭᠡ ᠪᠦᠯᠤᠭ᠌ ᠠᠰᠠᠭᠤᠳᠠᠯ ᠪᠠ ᠬᠦᠷᠤᠯᠴᠠᠭᠦ ᠦᠭᠡᠢ ᠵᠤᠶᠢᠯ ᠪᠠᠶᠢᠬᠤ ᠪᠠᠨ ᠳᠠᠨᠢᠵᠤ ᠤᠯᠵᠠᠢ᠄ ᠤᠶᠢᠯᠠᠴᠢᠯᠡᠭᠡ ᠪᠠ ᠪᠠᠳᠤᠯᠠᠭ᠎ᠠ ᠶᠢᠨ ᠭᠤᠤᠯᠳᠠᠯᠭ᠎ᠠ ᠲᠠᠢ ᠠᠵᠢᠯ  ᠤᠨ ᠡᠭᠦᠳᠤᠯᠳᠠ ᠶᠢᠨ ᠠᠷᠭ᠎ᠠ ᠪᠠᠷᠢᠯ ᠤᠯᠠᠨ ᠪᠢᠰᠢ᠂ ᠰᠢᠨ᠎ᠠ ᠬᠦᠭᠵᠢᠯᠳᠠ ᠶᠢᠨ ᠤᠨᠤᠯᠵᠢᠬᠤᠨ  ᠢ ᠤᠶᠢᠯᠠᠳᠤᠯᠭᠡᠵᠢᠬᠦᠯᠬᠦ᠂ ᠪᠦᠬᠦ ᠳᠠᠯ᠎ᠠ ᠳᠤ ᠤᠶᠢᠯᠠᠴᠢᠯᠠᠭᠦ ᠴᠢᠳᠠᠪᠤᠷᠢ ᠪᠠᠨ ᠪᠠᠰᠠ ᠨᠢᠭᠡ ᠠᠯᠬᠤᠮ ᠳᠠᠭᠡᠭᠰᠢᠯᠠᠭᠦᠯᠭᠦ ᠴᠢᠬᠤᠯᠠ ᠲᠠᠢ ︔ ᠬᠠᠤᠯᠢ ᠴᠠᠭᠠᠵᠠ ᠶᠢᠨ ᠬᠢᠨᠠᠯᠳᠠ ᠶᠢᠨ ᠡᠭᠦᠷᠭᠡ ᠬᠠᠷᠢᠭᠤᠴᠠᠯᠭ᠎ᠠ ᠶᠢᠨ ᠭᠡᠷᠡᠭᠵᠢᠬᠦᠯᠤᠯᠳᠠ ᠵᠤᠬᠢᠴᠠᠩᠭᠤᠢ ᠪᠤᠰᠤ᠂ ᠬᠦᠢᠴᠠᠳ ᠪᠤᠰᠤ᠂ ᠪᠠᠶᠢᠴᠠᠭᠠᠵᠤ ᠬᠢᠨᠠᠬᠤ ᠠᠵᠢᠯ  ᠢ ᠪᠠᠰᠠ ᠨᠢᠭᠡ ᠠᠯᠬᠤᠮ ᠦᠷᠭᠡᠳᠭᠡᠭᠦ ᠪᠠ ᠴᠢᠩᠭᠠᠳᠬᠠᠬᠤ ᠭᠡᠷᠡᠭᠳᠠᠢ︔ ᠡᠩᠨᠡᠭᠡ ᠶᠢᠨ ᠭᠡᠪ ᠴᠢᠨᠠᠷ ᠬᠢᠭᠡᠳ ᠬᠤᠪᠢᠰᠬᠠᠯᠵᠢᠯᠳᠠ᠂ ᠳᠦᠷᠢᠮᠵᠢᠯᠳᠠ᠂ ᠳᠤᠰᠬᠠᠶᠢᠵᠢᠯᠳᠠ ᠪᠠᠰᠠ ᠵᠦᠷᠢᠶ᠎ᠠ ᠤᠷᠤᠰᠢᠭᠰᠠᠭᠠᠷ᠂ ᠤᠨᠴᠠᠭᠠᠶᠢᠯᠠᠨ ᠤᠯᠤᠰ ᠳᠦᠷᠤ ᠬᠠᠤᠯᠢ ᠴᠠᠭᠠᠵᠠ ᠶᠢᠨ ᠳᠤᠰᠬᠠᠢ ᠳᠦᠷᠤᠯ  ᠤᠨ ᠤᠷᠤᠨ ᠳᠤᠭ᠎ᠠ ᠴᠦᠭᠡᠨ᠂ ᠪᠠᠶᠢᠴᠠᠭᠠᠭᠴᠢ ᠶᠢᠨ ᠠᠵᠢᠯᠳᠠᠨ  ᠤ ᠬᠤᠪᠢᠶᠠᠷᠢᠯᠠᠯᠳᠠ ᠬᠦᠢᠴᠠᠳ ᠪᠤᠰᠤ᠂ ᠤᠷᠤᠨ ᠳᠤᠭ᠎ᠠ ᠠᠴᠠ ᠭᠠᠳᠠᠨᠠᠬᠢ ᠠᠵᠢᠯᠳᠠᠨ  ᠤ ᠳᠤᠬᠠᠶᠢᠯᠠᠭᠰᠠᠨ ᠠᠵᠢᠯ  ᠤᠨ ᠪᠠᠳᠤᠯᠠᠭ᠎ᠠ ᠶᠢ ᠨᠠᠶᠢᠳᠠᠪᠤᠷᠢᠵᠢᠭᠤᠯᠬᠤ ᠳᠤ ᠬᠦᠴᠢᠷ ᠵᠠᠷᠭᠡ ᠠᠰᠠᠭᠤᠳᠠᠯ ᠪᠠᠰᠠ ᠨᠠᠯᠢᠶᠠᠳ ᠳᠤᠪᠤᠶᠢᠮ᠎ᠠ ᠪᠠᠶᠢᠨ᠎ᠠ︔ ᠶᠠᠷᠤᠩᠭᠡᠶᠢᠯᠡᠭᠰᠠᠨ ᠢᠵᠢ ᠦᠭᠡᠷᠡᠴᠢᠯᠠᠯᠳᠠ ᠶᠢᠨ ᠠᠷᠭ᠎ᠠ ᠪᠠᠷᠢᠯ ᠳᠠᠭᠦᠯᠳᠠᠷ ᠪᠤᠰᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ  ᠤᠨ ᠨᠠᠶᠢᠳᠠᠪᠤᠷᠢᠵᠢᠯᠳᠠ ᠶᠢ ᠪᠠᠰᠠ ᠬᠦᠨᠵᠠᠭᠡᠶᠢᠷᠠᠭᠦᠯᠭᠦ ᠭᠡᠷᠡᠭᠳᠠᠢ᠃ ᠡᠳᠠᠭᠡᠷ ᠠᠰᠠᠭᠤᠳᠠᠯ ᠬᠢᠭᠡᠳ ᠬᠦᠴᠢᠷᠳᠠᠯ ᠳᠤ ᠬᠠᠨᠳᠤᠭᠤᠯᠤᠨ᠂ ᠪᠢᠳᠠ ᠬᠤᠵᠢᠮ  ᠤᠨ ᠠᠵᠢᠯ  ᠤᠨ ᠳᠤᠮᠳᠠ ᠵᠤᠬᠢᠰᠳᠠᠢ ᠠᠷᠭ᠎ᠠ ᠭᠡᠮᠵᠢᠶ᠎ᠠ ᠠᠪᠴᠤ ᠰᠢᠢᠳᠪᠤᠷᠢᠯᠠᠨ᠎ᠠ᠃        2019 ᠤᠨ  ᠤ  ᠪᠠᠶᠢᠴᠠᠭᠠᠬᠤ ᠠᠵᠢᠯ  ᠤᠨ ᠳᠤᠬᠢᠷᠠᠭᠤᠯᠭ᠎ᠠ        2109 ᠤᠨ ᠪᠤᠯ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ  ᠤᠨ ᠤᠢ᠂ ᠪᠦᠬᠦ ᠳᠠᠯ᠎ᠠ ᠶᠢᠨ ᠴᠢᠨᠠᠭᠡᠯᠢᠭ ᠨᠠᠶᠢᠭᠡᠮ  ᠢ ᠪᠦᠳᠤᠭᠡᠨ ᠪᠠᠶᠢᠭᠤᠯᠬᠤ ᠵᠠᠩᠬᠢᠯᠠᠭ᠎ᠠ ᠶᠢᠨ ᠵᠢᠯ ᠪᠤᠯᠤᠨ᠎ᠠ᠃ ᠰᠢ ᠶᠢᠨ ᠫᠢᠡᠭ  ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ  ᠤᠨ ᠤᠨᠴᠠᠯᠢᠭ ᠪᠦᠬᠦᠢ ᠨᠠᠶᠢᠭᠡᠮ ᠵᠢᠷᠤᠮ  ᠤᠨ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ  ᠤᠨ ᠪᠠᠶᠢᠴᠠᠭᠠᠬᠤ ᠠᠵᠢᠯ ᠳᠡᠭᠡᠨ ᠬᠠᠷᠢᠴᠠᠯᠠᠰᠢᠬᠦᠢ ᠤᠳᠤᠷᠢᠳᠤᠯᠭ᠎ᠠ ᠶᠢ ᠪᠠᠷᠢᠮᠳᠠᠯᠠᠨ᠂ ᠠᠷᠠᠳ ᠳᠦᠮᠠᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠠᠯ ᠰᠠᠨᠠᠭ᠎ᠠ ᠶᠢ ᠪᠠᠷᠢᠮᠳᠠᠯᠠᠵᠤ᠂ ᠨᠠᠶᠢᠳᠠᠪᠤᠷᠢᠵᠢᠭᠤᠯᠬᠤ᠂ ᠯᠠᠪᠳᠠᠭᠤᠨ ᠢᠶᠠᠷ ᠤᠷᠤᠭᠰᠢᠯᠠᠬᠤ᠂ ᠳᠠᠭᠡᠭᠰᠢᠯᠠᠭᠦᠯᠭᠦ ᠪᠠᠷ ᠪᠠᠶᠢᠴᠠᠭᠠᠬᠤ ᠠᠵᠢᠯ  ᠤᠨ ᠶᠠᠷᠤᠩᠭᠡᠢ ᠭᠤᠤᠯ ᠰᠠᠨᠠᠭ᠎ᠠ ᠪᠤᠯᠭᠠᠨ᠂ ᠪᠠᠶᠢᠴᠠᠭᠠᠬᠤ ᠡᠭᠦᠷᠭᠡ ᠪᠠᠨ ᠰᠢᠳᠤᠷᠭᠤ ᠪᠠᠷ ᠬᠦᠢᠴᠠᠳᠭᠡᠵᠤ᠂ ︽ᠪᠠᠶᠢᠴᠠᠭᠠᠬᠤ ᠠᠵᠢᠯ  ᠤᠨ ᠳᠠᠷᠢᠬᠦᠨ ᠳᠠᠰ  ᠤᠨ ᠠᠮᠵᠢᠯᠳᠠ ᠶᠢ ᠬᠦᠭᠡᠭᠡᠴᠠᠯᠳᠤᠨ᠂ ᠪᠦᠬᠦ ᠤᠷᠤᠨ ᠪᠦᠬᠦ ᠤᠯᠤᠰ  ᠤᠨ ᠰᠢᠯᠢᠳᠡᠭ ᠪᠤᠯᠬᠤ︾ ᠳᠠᠮᠠᠴᠠᠯ  ᠤᠨ ᠬᠠᠷᠠᠯᠳᠠ ᠪᠠᠷ᠂ ᠪᠠᠶᠢᠴᠠᠭᠠᠬᠤ ᠠᠵᠢᠯ ᠢᠶᠠᠨ ᠦᠷᠬᠦᠯᠵᠢᠯᠠᠨ ᠡᠷᠠᠭᠦᠯ ᠢᠶᠠᠷ ᠬᠦᠭᠵᠢᠬᠦᠯᠵᠤ᠂ ︽ᠬᠦᠭᠵᠢᠯᠳᠠ ᠶᠢᠨ ᠳᠦᠷᠤᠯ ᠵᠤᠶᠢᠯ  ᠤᠨ ᠰᠢᠪᠳᠤᠯᠤᠯᠳᠠ ᠶᠢᠨ ᠵᠢᠯ︾  ᠤᠨ ᠬᠦᠳᠠᠯᠭᠡᠭᠡᠨ  ᠢ ᠳᠤᠤᠱᠯᠠᠭᠤᠯᠤᠨ᠂ ᠴᠢᠨᠠᠭᠡᠯᠢᠭ ᠨᠠᠶᠢᠭᠡᠮ  ᠢ ᠪᠦᠬᠦ ᠳᠠᠯ᠎ᠠ ᠪᠠᠷ ᠪᠦᠳᠤᠭᠡᠨ ᠪᠠᠶᠢᠭᠤᠯᠬᠤ ᠶᠢᠨ ᠢᠯᠠᠵᠤ ᠢᠯᠠᠭᠳᠠᠬᠤ᠂ ᠬᠠᠨᠭ᠍ᠬᠢᠨ ᠬᠤᠰᠢᠭᠤᠨ  ᠤ ᠤᠳᠤᠬᠢᠴᠢᠯᠠᠯᠳᠠ ᠶᠢᠨ ᠪᠦᠳᠤᠭᠡᠨ ᠪᠠᠶᠢᠭᠤᠯᠤᠯᠳᠠ ᠶᠢᠨ ᠰᠢᠨ᠎ᠠ ᠠᠶᠠᠨ  ᠢ ᠨᠠᠭᠡᠭᠡᠭᠦ ᠳᠤ ᠨᠠᠩ ᠬᠦᠴᠤᠨ ᠲᠠᠢ ᠬᠠᠤᠯᠢ ᠴᠠᠭᠠᠵᠠ ᠶᠢᠨ ᠪᠠᠳᠤᠯᠠᠭ᠎ᠠ ᠶᠢ ᠬᠠᠨᠭ᠍ᠭᠠᠨ᠎ᠠ᠃        ᠨᠢᠭᠡ ᠳᠤ᠂ ᠨᠠᠮ  ᠤᠨ ᠤᠯᠤᠰ ᠳᠦᠷᠤ ᠶᠢᠨ ᠪᠦᠳᠤᠭᠡᠨ ᠪᠠᠶᠢᠭᠤᠯᠤᠯᠳᠠ ᠶᠢ ᠤᠯᠠᠮ ᠳᠤᠪᠤᠶᠢᠯᠭᠠᠨ ᠴᠢᠩᠭᠠᠳᠬᠠᠨ᠎ᠠ᠃  ᠳᠤᠭ ᠳᠠᠮᠳᠡᠭ ᠨᠢ ᠳᠤᠳᠤᠷᠬᠠᠢ  ᠪᠠᠷ ᠤᠯᠤᠰ ᠳᠦᠷᠤ ᠶᠢᠨ ᠪᠦᠳᠤᠭᠡᠨ ᠪᠠᠶᠢᠭᠤᠯᠤᠯᠳᠠ ᠶᠢ ᠳᠠᠷᠢᠬᠦᠨ ᠳᠤ ᠪᠠᠶᠢᠷᠢᠨ ᠳᠤ ᠳᠠᠯᠪᠢᠨ᠂ ᠰᠢᠨᠵᠢᠯᠠᠭᠦ ᠤᠬᠠᠭᠠᠨ  ᠤ ᠤᠨᠤᠯ  ᠤᠨ ᠵᠠᠪᠰᠡᠭ  ᠢ ᠰᠠᠶᠢᠳᠤᠷ ᠠᠳᠬᠤᠵᠤ᠂ ᠰᠢ ᠶᠢᠨ ᠫᠢᠡᠭ  ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ  ᠤᠨ ᠤᠨᠴᠠᠯᠢᠭ ᠪᠦᠬᠦᠢ ᠨᠠᠶᠢᠭᠡᠮ ᠵᠢᠷᠤᠮ  ᠤᠨ ᠦᠵᠠᠯ ᠰᠠᠨᠠᠭ᠎ᠠ ᠶᠢ ᠬᠦᠨᠵᠠᠭᠡᠢ ᠰᠤᠷᠤᠯᠴᠠᠨ ᠭᠡᠷᠡᠭᠯᠠᠵᠤ᠂        ︽ᠳᠦᠷᠪᠠᠨ ᠤᠬᠠᠮᠰᠠᠷ︾  ᠢ ᠴᠢᠩᠭᠠᠳᠬᠠᠨ᠂ ︽ᠳᠦᠷᠪᠠᠨ ᠢᠳᠠᠭᠡᠯ︾  ᠢ ᠭᠤᠶᠢᠪᠢᠰᠢ ᠦᠭᠡᠢ ᠪᠠᠷᠢᠮᠳᠠᠯᠠᠵᠤ᠂ ︽ᠬᠤᠶᠠᠷ  ᠢ ᠬᠠᠮᠠᠭᠠᠯᠠᠬᠤ︾ ᠶᠢ ᠪᠠᠶᠠᠯᠠᠭᠦᠯᠤᠨ᠎ᠠ᠃ ᠤᠯᠤᠰ ᠳᠦᠷᠤ ᠶᠢᠨ ᠡᠭᠦᠷᠭᠡ ᠪᠠ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠳᠦᠷᠤ ᠶᠢ ᠡᠷᠬᠢᠮᠯᠠᠭᠦ ᠶᠢ ᠪᠦᠬᠦ ᠳᠠᠯ᠎ᠠ  ᠶᠢᠨ ᠤᠶᠢᠯᠠᠴᠢᠯᠠᠭᠡᠨ  ᠤ ᠳᠤᠮᠳᠠ ᠨᠠᠶᠢᠳᠠᠪᠤᠷᠢᠵᠢᠭᠤᠯᠤᠨ᠂ ᠪᠠᠶᠢᠴᠠᠭᠠᠬᠤ ᠠᠵᠢᠯ  ᠤᠨ ᠰᠢᠨ᠎ᠠ ᠶᠢ ᠡᠭᠦᠳᠤᠨ ᠬᠦᠭᠵᠢᠬᠦ ᠶᠢ ᠳᠦᠯᠬᠢᠨ ᠠᠬᠢᠭᠤᠯᠬᠤ ᠳᠤᠮᠳᠠ ᠨᠠᠶᠢᠳᠠᠪᠤᠷᠢᠵᠢᠭᠤᠯᠵᠤ᠂ ᠪᠤᠳᠠᠳᠠᠢ ᠭᠡᠷᠡᠭ ᠪᠤᠯᠭᠠᠨ  ᠤ ᠳᠤᠮᠳᠠ ᠨᠠᠶᠢᠳᠠᠪᠤᠷᠢᠵᠢᠭᠤᠯᠤᠨ᠂ ᠪᠠᠶᠢᠴᠠᠭᠠᠬᠤ ᠠᠵᠢᠯ ᠢᠮᠠᠭᠳᠠ ᠵᠦᠪ ᠤᠨᠤᠪᠴᠢᠳᠠᠢ ᠤᠯᠤᠰ ᠳᠦᠷᠤ ᠶᠢᠨ ᠴᠢᠭᠯᠡᠯ ᠢᠶᠠᠨ ᠳᠠᠭᠠᠵᠤ ᠬᠠᠳᠠᠭᠤᠵᠢᠯᠳᠠᠢ ᠤᠷᠤᠭᠰᠢᠯᠠᠬᠤ ᠪᠠᠨ ᠪᠠᠳᠤᠯᠠᠨ᠎ᠠ᠃       ᠬᠤᠶᠠᠷ ᠲᠤ᠂ ᠠᠵᠤ ᠠᠬᠤᠢ ᠨᠠᠶᠢᠭᠡᠮ  ᠤᠨ ᠬᠦᠭᠵᠢᠯᠳᠠ ᠳᠤ ᠨᠠᠩ ᠴᠢᠷᠮᠠᠶᠢᠨ ᠤᠶᠢᠯᠠᠴᠢᠯᠠᠨ᠎ᠠ᠃ ᠪᠦᠬᠦ ᠬᠤᠰᠢᠭᠤᠨ  ᠤ ᠬᠦᠭᠵᠢᠯᠳᠠ ᠶᠢᠨ ᠪᠦᠬᠦ ᠳᠠᠯ᠎ᠠ  ᠳᠤ ᠬᠦᠳᠠᠯᠤᠩᠭᠦᠢ ᠪᠠᠷ ᠠᠭᠤᠰᠤᠨ᠂ ᠦᠨᠳᠤᠷ ᠴᠢᠨᠠᠷ ᠴᠢᠨᠰᠠᠭ᠎ᠠ ᠲᠠᠢ ᠬᠦᠭᠵᠢᠯᠳᠠ ᠶᠢᠨ ᠱᠠᠭᠠᠷᠳᠠᠯᠭ᠎ᠠ ᠳᠤ ᠨᠠᠶᠢᠴᠠᠭᠦᠯᠵᠤ᠂ ᠬᠠᠤᠯᠢ ᠴᠠᠭᠠᠵᠠ ᠶᠢᠨ ᠬᠢᠨᠠᠯᠳᠠ ᠶᠢ ᠬᠦᠨᠵᠠᠭᠡᠶᠢᠷᠠᠭᠦᠯᠤᠨ᠂ ᠨᠠᠩ ᠰᠢᠯᠢᠳᠡᠭ ᠨᠠᠩ ᠪᠤᠳᠠᠳᠠᠢ ᠨᠠᠩ ᠰᠠᠶᠢᠨ ᠪᠠᠶᠢᠴᠠᠭᠠᠬᠤ ᠪᠦᠳᠤᠭᠡᠭᠳᠠᠭᠦᠨ  ᠢ ᠴᠢᠷᠮᠠᠶᠢᠨ ᠬᠠᠨᠭ᠍ᠭᠠᠵᠤ᠂ ᠠᠷᠠᠳ ᠤᠯᠠᠨ  ᠤ ᠪᠠᠶᠢᠴᠠᠭᠠᠬᠤ ᠠᠵᠢᠯ ᠳᠠᠬᠢ ᠤᠯᠤᠯᠳᠠ ᠶᠢᠨ ᠳᠦᠷᠤᠭ᠍ᠳᠠᠯ᠂ ᠵᠤᠯ ᠵᠢᠷᠭᠠᠯ  ᠤᠨ ᠳᠦᠷᠤᠭ᠍ᠳᠠᠯ᠂ ᠠᠮᠤᠷ ᠳᠦᠪᠰᠢᠨ  ᠤ ᠳᠦᠷᠤᠭ᠍ᠳᠠᠯ  ᠢ ᠨᠠᠮᠡᠭᠳᠠᠭᠦᠯᠤᠨ᠎ᠠ᠃ ︽ᠬᠠᠷ᠎ᠠ ᠪᠦᠯᠤᠭ᠍ᠳᠠᠨ  ᠢ ᠱᠦᠬᠦᠷᠳᠠᠨ ᠬᠠᠷᠬᠢᠰ ᠬᠦᠴᠤᠨ  ᠢ ᠠᠷᠢᠯᠭᠠᠬᠤ︾ ᠳᠤᠰᠬᠠᠢ ᠳᠦᠷᠤᠯ  ᠤᠨ ᠳᠠᠮᠠᠴᠠᠯ  ᠢ ᠬᠦᠨᠵᠠᠭᠡᠶᠢᠷᠠᠭᠦᠯᠤᠨ ᠠᠬᠢᠭᠤᠯᠵᠤ᠂ ︽ᠭᠤᠷᠪᠠᠨ ᠶᠡᠭᠡ ᠪᠠᠬᠢᠯᠠᠯᠳᠠ ᠶᠢᠨ ᠰᠢᠪᠳᠤᠯᠭᠠᠨ  ᠤ ᠳᠠᠶᠢᠨ︾  ᠢ ᠰᠠᠶᠢᠨ ᠬᠢᠬᠦ ᠳᠤ ᠪᠦᠬᠦ ᠬᠦᠴᠤ ᠪᠠᠷ ᠢᠶᠠᠨ ᠤᠶᠢᠯᠠᠴᠢᠯᠠᠨ᠎ᠠ᠃ ᠪᠠᠶᠢᠴᠠᠭᠠᠬᠤ ᠶᠢᠨ ᠡᠭᠦᠷᠭᠡ ᠳᠤᠰᠢᠶᠠᠯ ᠳᠠᠭᠡᠷ᠎ᠠ ᠵᠤᠭᠰᠤᠨ᠂ ᠡᠷᠭᠡ ᠳᠡᠭᠰᠢ ᠪᠠᠷ ᠬᠠᠮᠠᠭᠠᠯᠠᠬᠤ ᠤᠶᠢᠯᠠᠭᠠᠭᠳᠠᠬᠤᠨ  ᠢ ᠪᠠᠳᠤ ᠪᠠᠬᠢ ᠪᠤᠢ ᠪᠤᠯᠭᠠᠵᠤ᠂ ᠨᠠᠶᠢᠳᠠ ᠶᠢᠨ ᠪᠤᠰᠤ ᠦᠮᠴᠢᠯᠠᠯᠳᠤ ᠠᠵᠤ ᠠᠬᠤᠢ ᠶᠢᠨ ᠬᠦᠭᠵᠢᠯᠳᠠ ᠳᠤ ᠤᠶᠢᠯᠠᠴᠢᠯᠠᠨ᠂ ᠪᠠᠳᠤᠯᠠᠭ᠎ᠠ ᠬᠠᠨᠭ᠍ᠭᠠᠨ᠎ᠠ᠃ ᠰᠠᠬᠢᠯᠭ᠎ᠠ ᠪᠠᠳᠤ ᠶᠢ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠬᠤᠷᠢᠶ᠎ᠠ ᠲᠠᠢ ᠬᠢ ᠬᠠᠪᠰᠤᠷᠤᠯᠴᠠᠭ᠎ᠠ ᠪᠠᠨ ᠴᠢᠩᠭᠠᠳᠬᠠᠵᠤ᠂ ᠢᠯᠵᠠᠷᠠᠨ ᠶᠠᠯ᠎ᠠ ᠬᠢᠬᠦ ᠶᠢ ᠵᠠᠭᠠᠯᠳᠤᠬᠤ ᠬᠦᠴᠤᠯᠠᠴᠠ ᠶᠢ ᠨᠠᠮᠡᠭᠳᠠᠭᠦᠯᠤᠨ᠂ ᠢᠯᠵᠠᠷᠠᠯ  ᠢ ᠡᠰᠡᠷᠭᠦᠴᠠᠭᠦ ᠳᠠᠮᠠᠴᠠᠯ ᠳᠤ ᠡᠷᠭᠦᠪᠠᠰᠤ ᠵᠤᠬᠢᠬᠤ ᠬᠤᠪᠢ ᠨᠠᠮᠠᠷᠢ ᠪᠠᠨ ᠦᠵᠠᠭᠦᠯᠤᠨ᠎ᠠ᠃        ᠭᠤᠷᠪᠠ ᠳᠤ᠂ ᠬᠠᠤᠯᠢ ᠴᠠᠭᠠᠵᠠ ᠶᠢᠨ ᠬᠢᠨᠠᠯᠳᠠ ᠶᠢᠨ ᠭᠤᠤᠯ ᠠᠵᠢᠯ ᠳᠤ ᠨᠠᠩ ᠳᠤᠪᠤᠶᠢᠮ᠎ᠠ ᠴᠢᠭᠯᠡᠭᠦᠯᠤᠨ᠎ᠠ᠃ ᠨᠠᠶᠢᠭᠡᠮ  ᠤᠨ ᠳᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠬᠤ ᠶᠢ ᠭᠤᠤᠯ ᠦᠷᠳᠡᠭ  ᠤᠨ ᠬᠦᠭᠡᠭᠡᠴᠠᠯᠳᠤᠯ ᠪᠤᠯᠭᠠᠨ᠂ ᠵᠠᠰᠠᠨ ᠦᠭᠡᠷᠡᠴᠢᠯᠡᠭᠰᠠᠨ  ᠤ ᠳᠠᠷᠠᠭᠠᠬᠢ ᠠᠷᠠᠳ  ᠤᠨ ᠪᠠᠶᠢᠴᠠᠭᠠᠬᠤ ᠬᠤᠷᠢᠶᠠᠨ  ᠤ ᠵᠤᠬᠢᠶᠠᠨ ᠪᠠᠶᠢᠭᠤᠯᠤᠯᠳᠠ ᠶᠢᠨ ᠬᠠᠤᠯᠢ ᠪᠠ ᠡᠷᠠᠭᠦᠤ ᠶᠢᠨ ᠭᠡᠷᠡᠭ  ᠤᠨ ᠵᠠᠷᠭᠤ ᠶᠢᠨ ᠬᠠᠤᠯᠢ ᠶᠢ ᠨᠠᠷᠢᠨ ᠬᠢᠨᠠᠮᠠᠭᠠᠢ ᠳᠤᠤᠱᠯᠠᠭᠤᠯᠤᠨ ᠭᠡᠷᠡᠭᠵᠢᠬᠦᠯᠵᠤ᠂ ᠠᠷᠠᠳ ᠤᠯᠠᠨ  ᠤ ᠬᠠᠤᠯᠢ ᠴᠠᠭᠠᠵᠠ ᠶᠢᠨ ᠳᠦᠪ ᠭᠤᠤᠯᠴᠢ ᠪᠠ ᠡᠷᠭᠡ ᠠᠰᠢᠭ  ᠤᠨ ᠪᠠᠳᠤᠯᠠᠭ᠎ᠠ ᠳᠠᠬᠢ ᠰᠢᠨ᠎ᠠ ᠡᠷᠠᠮᠠᠯᠵᠠᠯ ᠳᠤ ᠨᠠᠶᠢᠴᠠᠭᠦᠯᠤᠨ᠎ᠠ᠃ ᠬᠤᠤᠰ ᠤᠯᠤᠯᠳᠠ᠂ ᠤᠯᠠᠨ ᠤᠯᠤᠯᠳᠠ᠂ ᠬᠠᠮᠳᠤ ᠶᠢᠨ ᠤᠯᠤᠯᠳᠠ ᠲᠠᠢ ᠰᠢᠨ᠎ᠠ ᠴᠠᠭ ᠦᠶ᠎ᠠ ᠶᠢᠨ ᠬᠠᠤᠯᠢ ᠴᠠᠭᠠᠵᠠ ᠶᠢᠨ ᠬᠢᠨᠠᠯᠳᠠ ᠶᠢᠨ ᠤᠶᠢᠯᠠᠭᠠᠭᠳᠠᠬᠤᠨ  ᠢ ᠪᠤᠢ ᠪᠤᠯᠭᠠᠨ ᠂ ᠬᠠᠤᠯᠢ ᠴᠠᠭᠠᠵᠠ ᠪᠠᠷ ᠭᠡᠷᠡᠭ ᠰᠢᠢᠳᠭᠡᠭᠦ ᠳᠤ ᠰᠠᠭᠤᠷᠢᠯᠠᠵᠤ᠂ ᠬᠠᠤᠯᠢ ᠴᠠᠭᠠᠵᠠ ᠶᠢᠨ ᠡᠷᠭᠡ ᠶᠢᠨ ᠭᠡᠷᠡᠭᠵᠢᠬᠦᠯᠤᠯᠳᠠ ᠳᠤ ᠬᠢᠨᠠᠯᠳᠠ ᠳᠠᠯᠪᠢᠨ᠂ ᠠᠷᠠᠳ ᠤᠯᠠᠨ ᠳᠤ ᠂ ᠬᠠᠤᠯᠢ ᠴᠠᠭᠠᠵᠠ ᠶᠢᠨ ᠭᠡᠷᠡᠭ ᠪᠤᠯᠭᠠᠨ  ᠤ ᠳᠤᠮᠳᠠ ᠠᠴᠠ ᠳᠦᠪ ᠭᠤᠤᠯᠴᠢ ᠰᠢᠳᠤᠷᠭᠤ ᠶᠤᠰᠤᠨ ᠤ ᠳᠦᠷᠤᠭ᠍ᠳᠠᠯ ᠤᠯᠭᠤᠬᠤ ᠪᠠᠷ ᠴᠢᠷᠮᠠᠶᠢᠨ᠎ᠠ᠃ ᠡᠷᠠᠭᠦᠤ ᠶᠢᠨ ᠭᠡᠷᠡᠭ  ᠤᠨ ᠪᠠᠶᠢᠴᠠᠭᠠᠯᠳᠠ ᠶᠢᠨ ᠠᠵᠢᠯ  ᠢ ᠰᠢᠯᠢᠳᠡᠭᠵᠢᠬᠦᠯᠵᠤ᠂ ᠢᠷᠭᠡᠨ  ᠤ ᠭᠡᠷᠡᠭ  ᠤᠨ ᠪᠠᠶᠢᠴᠠᠭᠠᠯᠳᠠ ᠶᠢᠨ ᠠᠵᠢᠯ  ᠢ ᠴᠢᠩᠭᠠᠳᠬᠠᠨ᠂ ᠵᠠᠰᠠᠭ ᠵᠠᠬᠢᠷᠭᠠᠨ  ᠤ ᠪᠠᠶᠢᠴᠠᠭᠠᠯᠳᠠ ᠶᠢᠨ ᠠᠵᠢᠯ  ᠢ ᠦᠨᠡᠩᠬᠦ ᠬᠢᠵᠤ᠂ ᠨᠠᠶᠢᠳᠠ ᠶᠢᠨ ᠠᠰᠠᠷᠠᠮᠵᠢ ᠶᠢᠨ ᠪᠠᠶᠢᠴᠠᠭᠠᠯᠳᠠ ᠶᠢᠨ ᠠᠵᠢᠯ  ᠢ ᠰᠠᠶᠢᠳᠤᠷ ᠬᠢᠨ᠂ ︽ᠳᠦᠷᠪᠠᠨ ᠳᠤᠮᠤ ᠪᠠᠶᠢᠴᠠᠭᠠᠯᠳᠠ︾ ᠶᠢ ᠪᠦᠬᠦ ᠳᠠᠯ᠎ᠠ ᠪᠠᠷ᠂ ᠵᠤᠬᠢᠴᠠᠯ ᠲᠠᠢ᠂ ᠬᠦᠢᠴᠠᠳ ᠬᠦᠭᠵᠢᠬᠦᠯᠬᠦ ᠪᠠᠷ ᠴᠢᠷᠮᠠᠶᠢᠨ᠎ᠠ᠃      ᠳᠦᠷᠪᠠ ᠳᠤ᠂ ᠪᠠᠶᠢᠴᠠᠭᠠᠬᠤ ᠶᠢᠨ ᠦᠭᠡᠷᠡᠴᠢᠯᠠᠯᠳᠠ ᠰᠢᠨ᠎ᠠ ᠶᠢ ᠡᠭᠦᠳᠬᠦ ᠶᠢ ᠨᠠᠩ ᠬᠦᠨᠵᠠᠭᠡᠶᠢᠷᠠᠭᠦᠯᠤᠨ ᠠᠬᠢᠭᠤᠯᠤᠨ᠎ᠠ᠃ ᠳᠠᠭᠡᠳᠤ ᠱᠠᠳᠤᠨ  ᠤ ᠳᠤᠬᠢᠷᠠᠭᠤᠯᠭ᠎ᠠ ᠶᠤᠰᠤᠭᠠᠷ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠢᠵᠢ ᠦᠭᠡᠷᠡᠴᠢᠯᠠᠯᠳᠠ ᠶᠢ ᠬᠦᠨᠵᠠᠭᠡᠶᠢᠷᠠᠭᠦᠯᠤᠨ᠂ ᠳᠤᠳᠤᠭᠠᠳᠤ ᠳᠠᠭᠠᠨ ᠳᠤᠬᠢᠷᠠᠭᠤᠯᠤᠭᠰᠠᠨ ᠪᠠᠶᠢᠭᠤᠯᠤᠮᠵᠢ ᠪᠠᠨ ᠨᠢᠭᠡᠳᠤᠬᠦᠯᠵᠤ᠂ ᠪᠠᠷᠢᠪᠴᠢᠯᠠᠬᠤ ᠵᠠᠷᠭᠤᠯᠠᠬᠤ ᠶᠢ ᠨᠢᠭᠡ ᠴᠤᠭᠴᠠᠴᠢᠯᠠᠬᠤ᠂ ᠡᠭᠦᠷᠭᠡ ᠳᠤᠰᠢᠶᠠᠯ  ᠢ ᠰᠢᠯᠢᠳᠡᠭᠵᠢᠬᠦᠯᠬᠦ ᠵᠠᠷᠭᠡ ᠠᠵᠢᠯ  ᠢ ᠯᠠᠪᠳᠠᠭᠤᠨ ᠠᠬᠢᠭᠤᠯᠵᠤ᠂ ᠶᠠᠯ᠎ᠠ ᠪᠠᠨ ᠬᠦᠯᠢᠶᠠᠵᠤ ᠳᠤᠷᠭᠠᠭᠤᠯᠢ ᠪᠠᠨ ᠬᠦᠯᠢᠶᠠᠬᠦ ᠶᠢ ᠬᠦᠡᠭᠭᠡᠷᠡᠭᠦᠯᠤᠨ ᠰᠢᠢᠳᠭᠡᠭᠦ ᠳᠦᠷᠢᠮ  ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠠᠯᠤᠰ ᠠᠴᠠ ᠳᠢᠩᠬᠢᠮ  ᠤᠨ ᠰᠢᠬᠦᠯᠳᠠ ᠬᠢᠬᠦ᠂ ᠠᠯᠤᠰ ᠠᠴᠠ ᠰᠢᠬᠦᠨ ᠠᠰᠠᠭᠤᠬᠤ ᠰᠢᠰᠲ᠋ᠧᠮ  ᠢ ᠪᠦᠬᠦ ᠳᠠᠯ᠎ᠠ ᠪᠠᠷ ᠭᠡᠷᠡᠭᠵᠢᠬᠦᠯᠵᠤ᠂ ᠬᠠᠤᠯᠢ ᠴᠠᠭᠠᠵᠠ ᠶᠢᠨ ᠭᠡᠷᠡᠭ ᠰᠢᠢᠳᠭᠡᠭᠦ ᠦᠷ᠎ᠠ ᠪᠦᠳᠤᠮᠵᠢ ᠶᠢ ᠤᠯᠠᠮ ᠨᠢᠭᠡ ᠠᠯᠬᠤᠮ ᠳᠠᠭᠡᠭᠰᠢᠯᠠᠭᠦᠯᠤᠨ᠎ᠠ᠃ ᠭᠡᠷᠡᠭ ᠰᠢᠢᠳᠭᠡᠭᠦ ᠬᠢᠨᠠᠯᠳᠠ ᠶᠢᠨ ᠬᠠᠮᠢᠶᠠᠷᠤᠯᠳᠠ ᠶᠢ ᠴᠢᠩᠭᠠᠳᠬᠠᠨ᠂ ᠭᠡᠷᠡᠭ ᠰᠢᠢᠳᠭᠡᠭᠰᠠᠨ ᠳᠤᠭ᠎ᠠ᠂ ᠴᠢᠨᠠᠷ᠂ ᠪᠦᠳᠤᠮᠵᠢ ᠪᠠᠷ ᠦᠨᠳᠤᠰᠤᠨ ᠠᠭᠤᠯᠭ᠎ᠠ ᠪᠤᠯᠭᠠᠬᠤ ᠦᠷ᠎ᠠ ᠪᠦᠳᠤᠮᠵᠢ ᠶᠢᠨ ᠰᠢᠰᠲ᠋ᠧᠮ  ᠢ ᠳᠠᠭᠦᠯᠳᠠᠷᠵᠢᠬᠦᠯᠤᠨ᠂ ᠳᠦᠪ ᠴᠢᠩᠭ᠎ᠠ ᠳᠦᠪ ᠭᠤᠤᠯᠴᠢ ᠠᠷᠢᠭᠤᠨ ᠴᠢᠭᠡᠴᠢ ᠪᠠᠷ ᠬᠠᠤᠯᠢ ᠴᠠᠭᠠᠵᠠ ᠶᠢ ᠭᠡᠷᠡᠭᠵᠢᠬᠦᠯᠤᠨ᠎ᠠ᠃ ᠭᠡᠷᠡᠭᠯᠠᠯᠳᠠ ᠪᠠᠷ ᠭᠤᠤᠯ ᠪᠤᠯᠭᠠᠭᠰᠠᠨ ᠤᠶᠤᠨᠳᠤ ᠪᠠᠶᠢᠴᠠᠭᠠᠬᠤ ᠶᠢᠨ ᠪᠦᠳᠤᠭᠡᠨ ᠪᠠᠶᠢᠭᠤᠯᠤᠯᠳᠠ ᠶᠢ ᠳᠦᠷᠭᠡᠳᠭᠡᠨ ᠠᠬᠢᠭᠤᠯᠵᠤ᠂ 1-2 ᠴᠢᠮᠡᠭᠡ ᠵᠠᠩᠬᠢᠴᠢᠯᠠᠭᠰᠠᠨ ᠭᠡᠷᠡᠭᠯᠠᠯᠳᠠ ᠶᠢᠨ ᠡᠭᠦᠳᠤᠯᠳᠠ ᠶᠢᠨ ᠳᠦᠷᠤᠯ ᠵᠤᠶᠢᠯ  ᠢ ᠴᠢᠷᠮᠠᠶᠢᠨ ᠤᠶᠢᠯᠠᠳᠤᠵᠤ᠂ ᠪᠠᠶᠢᠴᠠᠭᠠᠬᠤ ᠠᠵᠢᠯ  ᠤᠨ ᠪᠦᠬᠦᠯᠢ ᠴᠤᠭᠴᠠ ᠶᠢᠨ ᠦᠷ᠎ᠠ ᠪᠦᠳᠤᠮᠵᠢ ᠶᠢᠨ ᠳᠠᠭᠡᠭᠰᠢᠯᠠᠯᠳᠠ ᠶᠢ ᠠᠬᠢᠭᠤᠯᠤᠨ᠎ᠠ᠃      ᠳᠠᠪᠤ ᠳᠤ᠂ ᠪᠠᠶᠢᠴᠠᠭᠠᠬᠤ ᠡᠩᠨᠡᠭᠡ ᠶᠢᠨ ᠪᠦᠳᠤᠭᠡᠨ ᠪᠠᠶᠢᠭᠤᠯᠤᠯᠳᠠ ᠶᠢ ᠤᠯᠠᠮ ᠪᠠᠳᠤ ᠴᠢᠩᠭᠠᠳᠬᠠᠨ᠎ᠠ᠃ ᠨᠠᠩ ᠳᠠᠭᠡᠳᠤ ᠪᠠᠷᠢᠮᠵᠢᠶ᠎ᠠ᠂ ᠨᠠᠩ ᠦᠨᠳᠤᠷ ᠱᠠᠭᠠᠷᠳᠠᠯᠭ᠎ᠠ ᠶᠢ ᠪᠠᠷᠢᠮᠳᠠᠯᠠᠨ᠂ ᠪᠠᠶᠢᠴᠠᠭᠠᠬᠤ ᠪᠠᠶᠢᠭᠤᠯᠭ᠎ᠠ ᠶᠢᠨ ᠦᠪᠠᠷ  ᠤᠨ ᠪᠦᠳᠤᠭᠡᠨ ᠪᠠᠶᠢᠭᠤᠯᠤᠯᠳᠠ ᠶᠢ ᠴᠢᠩᠭ᠎ᠠ ᠱᠠᠭᠠᠷᠳᠠᠨ ᠶᠠᠪᠤᠭᠳᠠᠭᠤᠯᠤᠨ᠎ᠠ᠃ ᠪᠦᠳᠤᠭᠡᠨ ᠪᠠᠶᠢᠭᠤᠯᠬᠤ ᠴᠢᠳᠠᠪᠤᠷᠢ ᠪᠠᠨ ᠨᠢᠭᠡ ᠳᠦᠷᠤᠯ  ᠤᠨ ᠴᠢᠬᠤᠯᠠ ᠡᠭᠦᠷᠭᠡ ᠪᠤᠯᠭᠠᠵᠤ᠂ ᠠᠵᠢᠯ  ᠤᠨ ᠪᠠᠶᠢᠷᠢ ᠶᠢᠨ ᠪᠤᠯᠪᠠᠰᠤᠷᠠᠯ᠂ ᠳᠤᠬᠠᠶᠢᠯᠠᠭᠰᠠᠨ ᠮᠠᠷᠭᠡᠵᠢᠯ  ᠤᠨ ᠴᠢᠳᠠᠪᠤᠷᠢ ᠶᠢᠨ ᠤᠷᠤᠯᠳᠤᠭᠠᠨ᠂ ᠪᠤᠳᠠᠳᠠᠢ ᠦᠵᠠᠭᠦᠯᠭᠡ ᠶᠢᠨ ᠪᠤᠯᠪᠠᠰᠤᠷᠠᠯ ᠵᠠᠷᠭᠡ ᠰᠤᠷᠭᠠᠨ ᠬᠦᠮᠤᠵᠢᠯ  ᠤᠨ ᠪᠤᠯᠪᠠᠰᠤᠷᠠᠯ  ᠢ ᠬᠦᠴᠤ ᠳᠠᠯᠪᠢᠵᠤ ᠦᠷᠨᠢᠬᠦᠯᠤᠨ᠂ ᠺᠠᠳ᠋ᠷ ᠴᠠᠭᠳᠠᠭ᠎ᠠ ᠶᠢᠨ ᠶᠠᠷᠤᠩᠭᠡᠶᠢᠯᠡᠭᠰᠠᠨ ᠭᠡᠪ ᠪᠤᠯᠪᠠᠰᠤᠷᠠᠯ  ᠢ ᠪᠦᠬᠦ ᠳᠠᠯ᠎ᠠ ᠪᠠᠷ ᠳᠠᠭᠡᠭᠰᠢᠯᠠᠭᠦᠯᠵᠤ᠂ ᠡᠩᠨᠡᠭᠡ ᠶᠢᠨ ᠬᠤᠪᠢᠰᠬᠠᠯᠵᠢᠯᠳᠠ᠂ ᠳᠦᠷᠢᠮᠵᠢᠯᠳᠠ᠂ ᠳᠤᠰᠬᠠᠶᠢᠵᠢᠯᠳᠠ ᠶᠢᠨ ᠳᠠᠯ᠎ᠠ ᠪᠠᠷ ᠰᠢᠨ᠎ᠠ ᠦᠷ᠎ᠠ ᠪᠦᠳᠤᠮᠵᠢ ᠤᠯᠬᠤ ᠪᠠᠷ ᠴᠢᠷᠮᠠᠶᠢᠨ᠎ᠠ᠃ ᠴᠢᠩᠭ᠎ᠠ ᠨᠢᠮᠪᠠᠢ ᠶᠢ ᠪᠠᠷᠢᠮᠳᠠᠯᠠᠨ᠂ ︽ᠬᠤᠶᠠᠷ ᠬᠠᠷᠢᠭᠤᠴᠠᠯᠭ᠎ᠠ︾ ᠶᠢᠨ ᠨᠠᠶᠢᠳᠠᠪᠤᠷᠢᠵᠢᠯᠳᠠ ᠶᠢ ᠴᠢᠩᠭᠠᠳᠬᠠᠨ᠂ ᠰᠠᠬᠢᠯᠭ᠎ᠠ ᠪᠠᠳᠤ ᠰᠤᠷᠳᠠᠯ  ᠤᠨ ᠳᠠᠯ᠎ᠠ ᠶᠢᠨ ᠪᠦᠳᠤᠭᠡᠨ ᠪᠠᠶᠢᠭᠤᠯᠤᠯᠳᠠ ᠶᠢ ᠴᠢᠩᠭ᠎ᠠ ᠠᠳᠬᠤᠵᠤ᠂ ᠪᠠᠶᠢᠴᠠᠭᠠᠬᠤ ᠶᠢᠨ ᠴᠢᠩᠭ᠎ᠠ ᠵᠠᠰᠠᠯᠳᠠ ᠶᠢ ᠭᠡᠪ  ᠤᠨ ᠪᠠᠶᠢᠳᠠᠯ ᠪᠤᠯᠭᠠᠬᠤ ᠶᠢ ᠪᠦᠬᠦ ᠳᠠᠯ᠎ᠠ ᠪᠠᠷ ᠳᠦᠯᠬᠢᠨ ᠠᠬᠢᠭᠤᠯᠤᠨ᠎ᠠ᠃      ᠡᠷᠬᠢᠮ ᠳᠦᠯᠤᠭᠡᠯᠡᠭᠴᠢᠳ ᠡ᠂ ᠰᠢᠨ᠎ᠠ ᠨᠢᠭᠡᠨ ᠵᠢᠯ ᠳᠡᠭᠡᠨ ᠪᠢᠳᠠ᠂ ᠳᠤᠰ ᠤᠳᠠᠭᠠᠨ  ᠤ ᠠᠷᠠᠳ  ᠤᠨ ᠳᠦᠯᠤᠭᠡᠯᠡᠭᠴᠢᠳ  ᠤᠨ ᠶᠡᠭᠡ ᠬᠤᠷᠠᠯ  ᠤᠨ ᠰᠢᠢᠳᠪᠤᠷᠢ ᠶᠢ ᠨᠠᠷᠢᠨ ᠬᠢᠨᠠᠮᠠᠭᠠᠢ ᠪᠠᠷ ᠳᠤᠤᠱᠯᠠᠭᠤᠯᠤᠨ ᠭᠡᠷᠡᠭᠵᠢᠬᠦᠯᠵᠤ᠂ ᠳᠤᠰᠢᠶᠠᠯ ᠢᠶᠠᠨ ᠰᠢᠳᠤᠷᠭᠤ ᠪᠠᠷ ᠪᠠᠶᠠᠯᠠᠭᠦᠯᠤᠨ᠂ ᠬᠠᠷᠢᠭᠤᠴᠠᠯᠭ᠎ᠠ ᠪᠠᠨ ᠬᠦᠢᠴᠠᠳᠭᠡᠵᠤ᠂ ᠦᠨᠡᠩᠭᠦ ᠴᠢᠷᠮᠠᠶᠢᠵᠤ ᠵᠢᠳᠬᠦᠨ᠂ ᠰᠢᠨ᠎ᠠ ᠴᠠᠭ ᠦᠶ᠎ᠠ ᠶᠢᠨ ᠬᠠᠨᠭ᠍ᠬᠢᠨ ᠬᠤᠰᠢᠭᠤᠨ  ᠤ ᠪᠠᠶᠢᠴᠠᠭᠠᠬᠤ ᠶᠢᠨ ᠠᠵᠢᠯ  ᠤᠨ ᠰᠢᠨ᠎ᠠ ᠬᠠᠭᠤᠳᠠᠰᠤ ᠶᠢ ᠪᠢᠴᠢᠭᠯᠡᠵᠤ᠂ ᠰᠢᠯᠢᠳᠡᠭ ᠠᠮᠵᠢᠯᠳᠠ ᠪᠠᠷ ᠢᠶᠠᠨ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ  ᠤᠨ ᠤᠢ ᠳᠤ ᠪᠠᠯᠭᠡᠯᠡᠶ᠎ᠠ︕
ᠢᠷᠡᠯᠲᠡ᠄ ᠬᠠᠩᠭᠢᠨ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ