| | | | | | | ᠬᠠᠩᠬᠢᠨ ᠬᠤᠰᠢᠭᠤᠨ ᠤ ᠬᠤᠶᠠᠷ ᠮᠢᠩᠭ᠎ᠠ ᠠᠷᠪᠠᠨ ᠨᠠᠢᠮᠠᠨ ᠣᠨ ᠤ ᠣᠯᠣᠰ ᠠᠷᠠᠳ ᠤᠨ ᠠᠵᠣ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠶᠢ | ᠬᠡᠷᠡᠭᠵᠢᠬᠦᠯᠦᠭᠰᠡᠨ ᠪᠠᠶᠢᠳᠠᠯ ᠵᠢᠴᠢ ᠬᠤᠶᠠᠷ ᠮᠢᠩᠭ᠎ᠠ ᠠᠷᠪᠠ ᠶᠢᠰᠤᠨ ᠣᠨ ᠤ ᠣᠯᠣᠰ ᠠᠷᠠᠳ ᠤᠨ ᠠᠵᠣ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ | ᠶᠢᠨ ᠲᠦᠰᠦᠯ ᠤᠨ ᠮᠡᠳᠡᠬᠦᠯᠦᠯᠳᠡ | | | ᠬᠠᠩᠭᠢᠨ ᠬᠤᠰᠢᠭᠤᠨ ᠤ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ | | | ᠲᠦᠯᠦᠬᠡᠯᠡᠭᠴᠢᠳ ᠡ᠄ | ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠡᠳᠦᠬᠡ ᠬᠠᠩᠬᠢᠨ ᠬᠤᠰᠢᠭᠤᠨ ᠤ 2018 ᠣᠨ ᠤ ᠣᠯᠣᠰ ᠠᠷᠠᠳ ᠤᠨ ᠠᠵᠣ | ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠵᠢᠴᠢ 2019 ᠣᠨ ᠤ ᠣᠯᠣᠰ ᠠᠷᠠᠳ ᠤᠨ ᠠᠵᠣ ᠠᠬᠤᠢ ᠪᠠ | ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠶᠢᠨ ᠲᠦᠰᠦᠯ ᠤᠨ ᠮᠡᠳᠡᠬᠦᠯᠦᠯᠳᠡ ᠬᠢᠶ᠎ᠠ︕ ᠬᠢᠨᠠᠨ ᠵᠦᠪᠯᠡᠮᠣ᠂ ᠬᠤᠰᠢᠭᠤ ᠣᠯᠣᠰ ᠲᠦᠷᠦ ᠶᠢᠨ ᠵᠦᠪᠯᠡᠯᠬᠡᠨ ᠤ | ᠬᠡᠰᠢᠬᠦᠳ ᠪᠠ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠲᠣᠷᠠᠳᠬᠤ ᠪᠣᠯᠪᠠᠣ᠃ | ᠨᠢᠬᠡ᠂ 2018 ᠣᠨ ᠤ ᠣᠯᠣᠰ ᠠᠷᠠᠳ ᠤᠨ ᠠᠵᠣ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ | 2018 ᠣᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠣᠳᠣᠷᠢᠳᠣᠯᠭ᠎ᠠ ᠂ ᠬᠤᠰᠢᠭᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠬᠡᠨ ᠤ ᠬᠢᠨᠠᠯᠳᠠ ᠪᠠ ᠲᠡᠮᠵᠢᠯᠬᠡ ᠲᠣᠣᠷ᠎ᠠ᠂ ᠪᠦᠬᠦ ᠬᠤᠰᠢᠭᠤ ᠪᠠᠷ ᠢᠶᠠᠨ ᠨᠠᠮ ᠤᠨ | ᠠᠷᠪᠠ ᠶᠢᠰᠤᠳᠤᠬᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠰᠤᠷᠦᠯᠴᠠᠨ᠂ ᠲᠣᠭᠳᠠᠭᠤᠨ ᠤ ᠳᠤᠮᠳᠠ ᠲᠠᠪᠰᠢᠯᠲᠠ ᠶᠢ ᠡᠷᠢᠯᠬᠢᠯᠡᠬᠦ ᠠᠵᠢᠯ ᠤᠨ | ᠶᠡᠷᠦᠩᠬᠡᠢ ᠠᠶᠢᠵᠢᠮ ᠢ ᠪᠠᠲᠤ ᠡᠵᠡᠮᠰᠢᠵᠣ᠂ ᠰᠢᠨ᠎ᠡ ᠬᠦᠭᠵᠢᠯᠳᠠ ᠶᠢᠨ ᠤᠶᠢᠯᠠᠭᠠᠭᠳᠠᠬᠤᠨ ᠢ ᠣᠬᠠᠮᠰᠠᠷ ᠠᠴᠠ ᠪᠠᠨ ᠦᠢᠯᠡᠳᠦᠯᠬᠡᠵᠢᠬᠦᠯᠵᠣ ᠂ ᠦᠨᠳᠦᠷ ᠶᠠᠰᠣ ᠴᠢᠨᠠᠷ | ᠲᠠᠢ ᠬᠦᠭᠵᠢᠯᠳᠡ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠣ᠂ ᠭᠤᠷᠪᠠᠨ ᠶᠡᠭᠡ ᠰᠢᠪᠳᠣᠯᠣᠯᠳᠠ ᠶᠢᠨ ᠲᠠᠶᠢᠯᠠᠯᠳᠤᠭᠠᠨ ᠢ ᠰᠠᠶᠢᠲᠣᠷ ᠬᠢᠵᠣ᠂ ᠨᠠᠷᠢᠯᠢᠭ ᠣᠨᠣᠪᠴᠢᠳᠡᠢ ᠪᠠᠷ | ᠬᠦᠴᠣᠨ ᠢᠶᠠᠨ ᠪᠠᠳᠠᠷᠠᠭᠤᠯᠵᠣ ᠬᠦᠴᠢᠷᠳᠡᠯ ᠢ ᠰᠦᠷᠣᠨ ᠡᠷᠢᠯᠬᠢᠯᠡᠨ ᠣᠷᠣᠭᠰᠢᠯᠠᠭᠠᠳ ᠠᠵᠣ ᠠᠬᠤᠢ ᠨᠡᠶᠢᠬᠡᠮ ᠤᠨ ᠡᠯ᠎ᠡ ᠲᠦᠷᠣᠯ ᠤᠨ ᠠᠵᠢᠯ ᠣᠶᠢᠯᠡᠰ ᠰᠢᠨ᠎ᠡ | ᠠᠬᠢᠯᠲᠠ ᠲᠠᠢ ᠪᠣᠯᠪᠠ᠃ | ︵ᠨᠢᠭᠡ︶ ᠶᠡᠷᠣᠩᠭᠡᠶᠢᠯᠡᠭᠰᠡᠨ ᠰᠢᠢᠳᠪᠣᠷᠢᠳᠣ ᠪᠣᠳᠣᠯᠭ᠎ᠠ ᠶᠢᠨ ᠬᠡᠷᠡᠭᠵᠢᠬᠦᠯᠣᠯᠳᠡ ᠲᠣᠭᠳᠠᠭᠤᠨ ᠢᠶᠠᠷ ᠨᠡᠮᠡᠭᠳᠡᠵᠦ᠂ ᠠᠵᠣ ᠠᠬᠤᠢ ᠶᠢᠨ ᠡᠷᠬᠢᠯᠲᠡ | ᠲᠣᠭᠳᠠᠭᠤᠨ ᠤ ᠲᠣᠮᠳᠠ ᠰᠠᠶᠢᠵᠢᠷᠠᠪᠠ᠃ | ᠲᠦᠪᠡᠭ ᠪᠣᠳᠣᠯᠢᠶᠠᠨᠳᠠᠢ ᠬᠤᠷᠸ᠎ᠠ ᠲᠣᠬᠢᠷᠠᠭᠤᠯᠣᠯᠳᠠ ᠶᠢᠨ ᠠᠵᠣ ᠠᠬᠤᠢ ᠶᠢᠨ ᠪᠠᠶᠢᠳᠠᠯ ᠳᠤ ᠬᠠᠨᠳᠣᠭᠤᠯᠣᠨ᠂ ᠠᠰᠠᠭᠤᠳᠠᠯ ᠢᠶᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠳᠠᠯᠠᠵᠣ᠂ ᠪᠠᠶᠢᠯᠳᠣᠬᠤ ᠪᠣᠳᠣᠯᠭ᠎ᠠ ᠪᠠᠷ ᠬᠦᠴᠦᠨ ᠢᠶᠠᠨ ᠲᠣᠭᠳᠠᠭᠠᠬᠤ ᠶᠢ ᠪᠠᠳᠤᠯᠠᠵᠤ᠂ ᠲᠣᠭᠳᠠᠭᠤᠨ ᠢᠶᠠᠷ ᠨᠡᠮᠡᠭᠳᠡᠬᠦᠯᠬᠦ ᠲᠦᠷᠣ ᠶᠢᠨ ᠪᠣᠳᠣᠯᠭ᠎ᠠ ᠲᠤᠭᠳᠠᠭᠠᠨ | ᠭᠠᠷᠭᠠᠵᠤ ᠦᠷ᠎ᠡ ᠪᠦᠳᠦᠮᠵᠢ ᠲᠠᠢ ᠪᠠᠷ ᠨᠠᠶᠢᠳᠠᠪᠤᠷᠢᠵᠢᠭᠤᠯᠤᠨ᠂ ᠠᠵᠣ ᠠᠬᠤᠢ ᠶᠢᠨ ᠡᠷᠬᠢᠯᠳᠠ ᠶᠢᠨ ᠡᠷᠡᠬᠦᠯ ᠬᠦᠭᠵᠢᠯᠳᠡ ᠶᠢ ᠪᠠᠶᠠᠯᠠᠬᠦᠯᠪᠠ᠃ ᠪᠦᠬᠦ | ᠬᠤᠰᠢᠭᠤᠨ ᠤ ᠣᠷᠣᠨ ᠨᠣᠳᠤᠭ ᠤᠨ ᠦᠢᠯᠡᠳᠪᠣᠷᠢᠯᠡᠯ ᠤᠨ ᠶᠡᠷᠦᠩᠬᠡᠢ ᠦᠷᠳᠡᠭ ᠢ 102.81 ᠳ᠋ᠦᠩᠰᠢᠭᠤᠷ ᠲᠦᠬᠦᠷᠢᠭ ᠪᠡᠶᠡᠯᠡᠬᠦᠯᠵᠣ᠂ 5.2 % ᠢᠶᠠᠷ | ᠨᠡᠮᠡᠭᠳᠡᠬᠦᠯᠪᠡ︔ ᠭᠤᠷᠪᠠᠨ ᠠᠵᠣ ᠦᠢᠯᠡᠰ ᠤᠨ ᠪᠦᠳᠦᠴᠡ ᠶᠢ 20᠄ 38᠄ 42 ᠪᠣᠯᠭᠠᠨ ᠲᠣᠬᠢᠷᠠᠭᠤᠯᠪᠠ︔ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠣᠷᠣᠯᠭ᠎ᠠ ᠶᠢ 4.54 ᠳ᠋ᠦᠩᠰᠢᠭᠤᠷ ᠲᠦᠬᠦᠷᠢᠭ ᠪᠡᠶᠡᠯᠡᠬᠦᠯᠵᠣ᠂ 27.7% ᠪᠠᠷ ᠨᠡᠮᠡᠭᠳᠡᠬᠦᠯᠪᠡ︔ ᠲᠣᠭᠳᠠᠮᠠᠯ ᠬᠦᠷᠣᠩᠭᠡ ᠳᠤ 37.2 ᠳ᠋ᠦᠩᠰᠢᠭᠤᠷ | ᠲᠦᠭᠦᠷᠢᠭ ᠤᠨ ᠪᠡᠯᠡ ᠣᠷᠣᠭᠤᠯᠣᠯᠳᠠ ᠶᠢ ᠪᠡᠶᠡᠯᠡᠬᠦᠯᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠠᠵᠣ ᠪᠣᠯᠬᠤ ᠣᠷᠣᠯᠭ᠎ᠠ | ᠲᠣᠰ ᠪᠦᠷᠢ42139 ᠲᠦᠬᠦᠷᠢᠭ᠂ 18248 ᠲᠦᠬᠦᠷᠢᠭ ᠲᠤ ᠬᠦᠷᠴᠦ᠂ 7.8 %᠂9.6% ᠨᠡᠮᠡᠭᠳᠡᠬᠦᠯᠪᠡ᠃ ᠨᠡᠶᠢᠬᠡᠮ ᠤᠨ ᠬᠡᠷᠡᠭᠯᠡᠬᠡᠨ ᠢ ᠵᠢᠵᠢᠭᠯᠡᠨ | ᠪᠣᠷᠣᠯᠠᠭᠤᠯᠣᠭᠰᠠᠨ ᠶᠡᠷᠦᠩᠬᠡᠢ ᠲᠤᠭ᠎ᠠ ᠶᠢ 34.1 ᠳ᠋ᠦᠩᠰᠢᠭᠤᠷ ᠲᠦᠬᠦᠷᠢᠭ ᠪᠡᠶᠡᠯᠡᠬᠦᠯᠵᠣ ᠂ 6.1 % ᠪᠠᠷ ᠨᠡᠮᠡᠭᠳᠡᠬᠦᠯᠪᠡ᠃ | ︵ᠬᠤᠶᠠᠷ︶ ᠡᠷᠡᠰ ᠭᠤᠶᠢᠪᠢᠰᠢ ᠦᠬᠡᠢ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠵᠣ᠂ ᠭᠤᠷᠪᠠᠨ ᠠᠵᠣ ᠦᠢᠯᠡᠰ ᠤᠨ ᠶᠠᠰᠤ ᠴᠢᠨᠠᠷ ᠢ | ᠲᠡᠬᠡᠭᠰᠢᠯᠠᠬᠦᠯᠵᠤ ᠬᠡᠮᠵᠢᠶ᠎ᠠ ᠶᠢ ᠨᠢ ᠨᠡᠮᠡᠭᠳᠠᠬᠦᠯᠪᠠ᠃ | ᠰᠢᠨ᠎ᠡ ᠬᠡᠯᠪᠡᠷᠢ ᠶᠢᠨ ᠠᠵᠣ ᠦᠢᠯᠡᠳᠪᠣᠷᠢ ᠢᠳᠡᠭ ᠢᠳᠡᠭ ᠢᠶᠠᠷ ᠮᠠᠨᠳᠣᠨ ᠭᠠᠷᠪᠠ᠃ ᠲᠤᠮᠤ ᠴᠢᠬᠤᠯᠠ ᠲᠦᠷᠦᠯ ᠵᠦᠢᠯ ᠢ ᠠᠰᠢᠭᠯᠠᠯᠳᠠ ᠳᠤ ᠤᠷᠤᠭᠤᠯᠵᠤ | ᠲᠠᠪᠠᠭᠤᠯᠢᠭ ᠬᠦᠴᠦᠨ ᠢ ᠠᠰᠢᠭᠯᠠᠬᠤ ᠳᠤ ᠲᠦᠰᠢᠭᠯᠡᠬᠡᠳ ᠠᠵᠤ ᠦᠢᠯᠠᠳᠪᠤᠷᠢ ᠶᠢᠨ ᠠᠵᠤ ᠠᠬᠤᠢ ᠰᠢᠨ᠎ᠠ ᠰᠢᠪᠳᠤᠯᠤᠯᠳᠠ ᠲᠠᠢ ᠪᠤᠯᠪᠠ᠃ 2018 ᠤᠨ ᠳᠤ | ᠪᠦᠬᠦ ᠬᠤᠰᠢᠭᠤᠨ ᠤ 28 ᠡᠷᠤᠬᠡ ᠬᠡᠪᠴᠢᠶᠠᠵᠢᠯ ᠠᠴᠠ ᠲᠡᠬᠡᠭᠰᠢᠬᠢ ᠠᠵᠤ ᠦᠢᠯᠠᠳᠪᠤᠷᠢ ᠶᠢᠨ ᠠᠵᠤ ᠠᠬᠤᠢ 140.9 ᠳ᠋ᠦᠩᠰᠢᠭᠤᠷ ᠲᠦᠬᠦᠷᠢᠭ ᠤᠨ | ᠦᠢᠯᠠᠳᠪᠤᠷᠢᠯᠠᠯ ᠤᠨ ᠦᠷᠳᠡᠭ ᠢ ᠪᠠᠶᠠᠯᠠᠬᠦᠯᠵᠤ᠂ ᠠᠳᠠᠯᠢ ᠬᠤᠭᠤᠴᠠᠭᠠᠨ ᠤ ᠬᠢ ᠠᠴᠠ 65.2% ᠢᠶᠠᠷ ᠨᠡᠮᠡᠭᠳᠠᠪᠠ᠃ ᠪᠦᠬᠦ ᠨᠠᠶᠢᠬᠡᠮ ᠤᠨ ᠴᠠᠬᠢᠯᠭᠠᠨ ᠬᠡᠷᠡᠭᠯᠡᠭᠰᠠᠨ | ᠬᠡᠮᠵᠢᠶ᠎ᠠ 20 ᠳ᠋ᠦᠩᠰᠢᠭᠤᠷ ᠭᠷᠠᠳᠦ᠋ᠰ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 23% ᠪᠠᠷ ᠨᠡᠮᠡᠭᠳᠠᠪᠠ᠃ ᠡᠬᠦᠨ ᠳᠤ ᠠᠵᠤ ᠦᠢᠯᠠᠳᠪᠤᠷᠢ ᠳᠤ 17. | 64 ᠳ᠋ᠦᠩᠰᠢᠭᠤᠷ ᠭᠷᠡᠳᠦ᠋ᠰ ᠴᠠᠬᠢᠯᠭᠠᠨ ᠬᠡᠷᠡᠭᠯᠠᠵᠤ᠂ ᠠᠳᠠᠯᠢ ᠬᠤᠭᠤᠴᠠᠭᠠᠨ ᠤ ᠬᠢ ᠠᠴᠠ 26% ᠪᠠᠷ ᠨᠡᠮᠡᠭᠳᠠᠪᠠ᠃ ᠨᠢᠬᠡ ᠳᠤ᠂ ᠨᠠᠬᠦᠷᠠᠰᠤ ᠬᠢᠮᠢ ᠶᠢᠨ ᠠᠵᠤ | ᠦᠢᠯᠠᠰ ᠤᠨ ᠨᠦᠬᠡᠴᠠ ᠬᠦᠴᠦᠨ ᠢᠯᠠᠳᠳᠠ ᠴᠢᠩᠭᠠᠳᠪᠠ᠃ ᠭᠤᠤᠯ ᠦᠢᠯᠠᠳᠬᠦᠨ ᠤ ᠭᠠᠷᠭᠠᠯᠳᠠ ᠰᠠᠶᠢᠵᠢᠷᠠᠵᠤ᠂ ᠨᠠᠬᠦᠷᠠᠰᠤ ᠬᠢᠮᠢ ᠶᠢᠨ ᠦᠢᠯᠠᠳᠬᠦᠨ ᠤ | ᠭᠠᠷᠭᠠᠯᠳᠠ 214.54 ᠲᠦᠮᠠᠨ ᠲᠤᠨ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 84.5% ᠪᠠᠷ ᠨᠡᠮᠡᠭᠳᠠᠵᠤ᠂ ᠡᠬᠦᠨ ᠳᠤ ᠨᠠᠷᠢᠯᠢᠭ ᠬᠢᠮᠢ ᠶᠢᠨ | ᠦᠢᠯᠠᠳᠬᠦᠨ ᠢ 89.37 ᠲᠦᠮᠠᠨ ᠲᠤᠨ᠂ ᠮᠧᠲ᠋ᠢᠯ ᠠᠯᠺᠤᠤᠯ 41.1 ᠲᠦᠮᠠᠨ ᠲᠤᠨ᠂ ᠡᠲ᠋ᠠ ᠬᠤᠶᠠᠷᠴᠢ ᠠᠯᠺᠤᠤᠯ 27.6 ᠲᠦᠮᠠᠨ ᠲᠤᠨ᠂ ᠬᠢᠮᠢ ᠶᠢᠨ | ᠪᠤᠷᠳᠤᠭᠤᠷ 56.47 ᠲᠦᠮᠠᠨ ᠲᠤᠨ ᠦᠢᠯᠠᠳᠪᠤᠷᠢᠯᠡᠭᠰᠠᠨ ᠪᠠᠶᠢᠨ᠎ᠠ᠃ ᠬᠤᠶᠠᠷ ᠲᠤ᠂ ᠴᠠᠬᠢᠯᠭᠠᠨ ᠭᠠᠷᠭᠠᠬᠤ ᠠᠵᠤ ᠦᠢᠯᠠᠰ ᠦᠷᠬᠦᠯᠵᠢᠯᠠᠨ ᠪᠤᠵᠠᠭᠠᠶᠢᠷᠠᠪᠠ᠃ | ᠪᠦᠬᠦ ᠵᠢᠯ ᠳᠤ 20 ᠲᠦᠮᠠᠨ ᠺᠢᠯᠤᠸᠠᠲ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ᠂ 10 ᠲᠦᠮᠠᠨ ᠺᠢᠯᠤᠸᠠᠲ ᠤᠨ ᠰᠠᠯᠬᠢᠨ ᠬᠦᠴᠦ ᠪᠠᠷ | ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢ ᠰᠢᠨ᠎ᠠ ᠪᠠᠷ ᠨᠡᠮᠡᠭᠳᠠᠬᠦᠯᠵᠤ᠂ ᠪᠦᠬᠦ ᠬᠤᠰᠢᠭᠤᠨ ᠤ ᠰᠢᠨ᠎ᠠ ᠡᠨᠧᠷᠬᠢ ᠶᠢᠨ ᠰᠤᠷᠪᠤᠯᠵᠢ ᠪᠠᠷ ᠴᠠᠬᠢᠯᠭᠠᠨ ᠭᠠᠷᠭᠠᠬᠤ | ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢᠨ ᠬᠡᠪᠴᠢᠶᠠᠵᠢᠯ 125.4 ᠲᠦᠮᠠᠨ ᠺᠢᠯᠤᠸᠠᠲ ᠲᠤ ᠬᠦᠷᠤᠨ᠂ ᠴᠠᠬᠢᠯᠭᠠᠨ ᠭᠠᠷᠭᠠᠭᠰᠠᠨ ᠬᠡᠮᠵᠢᠶ᠎ᠠ 17.6 | ᠳ᠋ᠦᠩᠰᠢᠭᠤᠷ ᠺᠢᠯᠤᠸᠠᠲ ᠴᠠᠭ ᠲᠤ ᠬᠦᠷᠪᠠ᠃ ᠮᠧᠩ ᠨᠧᠩ ᠨᠠᠬᠦᠷᠠᠰᠤᠨ ᠴᠢᠯᠠᠭᠤ ᠪᠠᠷ ᠴᠠᠬᠢᠯᠭᠠᠨ ᠭᠠᠷᠭᠠᠬᠤ ᠦᠢᠯᠠᠳᠪᠤᠷᠢ ᠶᠢᠨ ᠦᠢᠯᠠᠳᠪᠤᠷᠢᠯᠠᠯ ᠢ ᠪᠠᠳᠤᠯᠠᠵᠤ᠂ | ᠴᠠᠬᠢᠯᠭᠠᠨ ᠭᠠᠷᠭᠠᠭᠰᠠᠨ ᠬᠡᠮᠵᠢᠶ᠎ᠠ ᠨᠢ 33.4 ᠳ᠋ᠦᠩᠰᠢᠭᠤᠷ ᠺᠢᠯᠤᠸᠠᠲ ᠲᠤ ᠬᠦᠷᠴᠤ᠂ 68.8% ᠪᠠᠷ ᠨᠡᠮᠡᠭᠳᠠᠪᠠ᠃ ᠭᠤᠷᠪᠠ ᠳᠤ᠂ ᠪᠠᠶᠢᠭᠠᠯᠢ ᠶᠢᠨ ᠰᠢᠳᠠᠮᠠᠬᠠᠢ | ᠬᠡᠢ ᠨᠠᠬᠡᠬᠡᠨ ᠠᠰᠢᠭᠯᠠᠬᠤ ᠠᠯᠬᠤᠴᠠ ᠲᠦᠷᠬᠡᠳᠪᠠ᠃ ᠪᠠᠶᠢᠭᠠᠯᠢ ᠶᠢᠨ ᠰᠢᠳᠠᠮᠠᠬᠠᠢ ᠬᠡᠢ ᠶᠢᠨ ᠭᠠᠷᠭᠠᠯᠳᠠ ᠶᠢ 1.5 ᠳ᠋ᠦᠩᠰᠢᠭᠤᠷ ᠺᠦᠪ ᠮᠧᠲᠷ ᠰᠢᠨ᠎ᠠ ᠪᠠᠷ | ᠨᠡᠮᠡᠭᠳᠠᠬᠦᠯᠵᠤ᠂ ᠨᠠᠶᠢᠳᠠ ᠪᠠᠷᠤᠭ 8 ᠳ᠋ᠦᠩᠰᠢᠭᠤᠷ ᠺᠦᠪ ᠮᠧᠲᠷ ᠪᠠᠶᠢᠭᠠᠯᠢ ᠶᠢᠨ ᠰᠢᠳᠠᠮᠠᠬᠠᠢ ᠬᠡᠢ ᠶᠢ ᠪᠤᠷᠤᠯᠠᠭᠤᠯᠵᠤ᠂ ᠡᠬᠦᠨ ᠤ ᠬᠠᠮᠳᠤ ᠰᠢᠩᠬᠡᠵᠢᠮᠠᠯ ᠪᠠᠶᠢᠭᠠᠯᠢ | ᠶᠢᠨ ᠰᠢᠳᠠᠮᠠᠬᠠᠢ ᠬᠡᠢ ᠶᠢᠨ ᠵᠠᠬ᠎ᠠ ᠲᠠᠯᠬᠡᠬᠦᠷ ᠤᠨ ᠬᠡᠷᠡᠭᠴᠡᠭᠡ ᠱᠠᠭᠠᠷᠳᠠᠯᠭ᠎ᠠ ᠬᠦᠭᠵᠢᠶᠠᠨ ᠲᠠᠢ ᠪᠤᠯᠵᠤ᠂ ᠭᠠᠷᠭᠠᠯᠳᠠ ᠨᠢ 62.55 ᠲᠦᠮᠠᠨ ᠲᠤᠨ ᠳᠤ ᠬᠦᠷᠴᠤ᠂ | 128.6% ᠪᠠᠷ ᠨᠡᠮᠡᠭᠳᠠᠪᠠ᠃ | ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠤ ᠲᠠᠪᠰᠢᠬᠦᠯᠬᠦ ᠠᠯᠬᠤᠴᠠ ᠪᠠᠨ ᠲᠦᠷᠬᠡᠳᠬᠡᠪᠡ᠃ ᠪᠦᠬᠦ ᠬᠤᠰᠢᠭᠤᠨ ᠤ | ᠲᠠᠷᠢᠶᠠᠯᠠᠩ ᠤᠨ ᠲᠠᠷᠢᠮᠠᠯ ᠤᠨ ᠶᠠᠷᠤᠩᠬᠡᠢ ᠲᠠᠯᠠᠪᠠᠢ 131 ᠲᠦᠮᠠᠨ ᠮᠤ᠋ ᠳᠤ ᠬᠦᠷᠴᠤ᠂ ᠡᠬᠦᠨ ᠳᠤ ᠡᠷᠳᠠᠨᠢ ᠰᠢᠰᠢ ᠶᠢ 56 ᠲᠦᠮᠠᠨ ᠮᠤ᠋᠂ ᠨᠠᠷᠠᠨ ᠬᠤᠸᠠᠷ ᠢ 51 | ᠲᠦᠮᠠᠨ ᠮᠤ᠋᠂ ᠰᠢᠯᠢᠳᠡᠭ ᠴᠢᠨᠠᠷ ᠤᠨ ᠡᠪᠡᠰᠤ ᠶᠢ 12 ᠲᠦᠮᠠᠨ ᠮᠤ᠋ ᠲᠠᠷᠢᠵᠤ᠂ ᠢᠳᠡᠰᠢᠨ ᠨᠣᠭᠤᠭ᠎ᠠ᠂ ᠪᠤᠷᠴᠠᠭ ᠤᠨ ᠲᠦᠷᠦᠯ ᠂ ᠬᠤᠯᠢᠮᠠᠭ ᠠᠮᠤ ᠪᠤᠳᠠᠭ᠎ᠠ᠂ | ᠤᠰᠤᠨ ᠲᠤᠳᠤᠷᠭ᠎ᠠ ᠵᠠᠷᠬᠡ ᠪᠣᠰᠣᠳ ᠲᠠᠷᠢᠮᠠᠯ ᠤᠨ ᠲᠠᠯᠠᠪᠠᠢ 12 ᠲᠦᠮᠠᠨ ᠮᠤ᠋ ᠳᠤ ᠬᠦᠷᠪᠠ︔ ᠤᠰᠤᠨ ᠭᠠᠷᠤᠯᠳᠠ ᠲᠠᠵᠢᠬᠡᠪᠤᠷᠢ ᠶᠢᠨ ᠲᠦᠷᠦᠯ ᠵᠦᠢᠯ ᠢ ᠵᠢᠯ | ᠠᠴᠠ ᠵᠢᠯ ᠪᠠᠶᠠᠯᠢᠭᠵᠢᠭᠤᠯᠵᠤ᠂ ᠪᠦᠬᠦ ᠬᠤᠰᠢᠭᠤᠨ ᠤ ᠤᠰᠤᠨ ᠭᠠᠷᠤᠯᠳᠠ ᠶᠢᠨ ᠲᠠᠵᠢᠬᠡᠨ ᠦᠷᠠᠵᠢᠬᠦᠯᠬᠦ ᠶᠠᠷᠤᠩᠬᠡᠢ ᠲᠠᠯᠠᠪᠠᠢ 35250 ᠮᠤ᠋ ᠳᠤ ᠬᠦᠷᠪᠠ᠃ ᠰᠢᠨ᠎ᠠ | ᠪᠠᠷ ᠮᠠᠳᠠᠬᠦᠯᠦᠨ ᠵᠦᠪᠰᠢᠶᠠᠷᠠᠬᠦᠯᠦᠭᠰᠠᠨ ᠲᠤᠯᠤᠭᠠᠶᠢᠯᠠᠭᠴᠢ ᠠᠵᠤ ᠠᠬᠤᠶᠢᠯᠠᠯ 25 ᠡᠷᠤᠬᠡ ᠪᠠᠶᠢᠵᠤ᠂ ᠪᠦᠬᠦ ᠬᠤᠰᠢᠭᠤᠨ ᠤ ᠲᠤᠯᠤᠭᠠᠶᠢᠯᠠᠭᠴᠢ ᠠᠵᠤ ᠠᠬᠤᠶᠢᠯᠠᠯ | ᠤᠨ ᠲᠤᠭ᠎ᠠ 64 ᠳᠤ ᠬᠦᠷᠪᠠ᠃ ᠰᠢᠨ᠎ᠠ ᠬᠢᠨᠠᠨ ᠮᠠᠳᠠᠬᠦᠯᠬᠦ ᠪᠠᠷ ᠲᠤᠭᠳᠠᠭᠠᠭᠰᠠᠨ ︽ᠭᠤᠷᠪᠠᠨ ᠪᠦᠳᠦᠬᠡᠭᠳᠠᠬᠦᠨ ᠤ ᠪᠠᠷᠢᠮᠵᠢᠶ᠎ᠠ︾ ᠳᠤ ᠬᠦᠷᠦᠭᠰᠠᠨ ᠲᠠᠷᠢᠶᠠᠯᠠᠩ ᠤᠨ | ᠪᠦᠳᠦᠬᠡᠭᠳᠠᠬᠦᠨ 17 ᠪᠠᠶᠢᠵᠤ᠂ ᠭᠠᠷᠤᠯᠳᠠ ᠨᠢ 10.25 ᠲᠦᠮᠠᠨ ᠲᠤᠨ ᠳᠤ ᠬᠦᠷᠪᠠ᠃ ᠪᠦᠬᠦ ᠬᠤᠰᠢᠭᠤᠨ ᠳᠤ ︽ᠭᠤᠷᠪᠠᠨ ᠪᠦᠳᠦᠬᠡᠭᠳᠠᠬᠦᠨ ᠤ ᠪᠠᠷᠢᠮᠵᠢᠶ᠎ᠠ︾ | ᠳᠤ ᠬᠦᠷᠦᠭᠰᠠᠨ ᠢᠶᠠᠷ ᠲᠤᠭᠳᠠᠭᠠᠭᠳᠠᠭᠰᠠᠨ ᠪᠦᠳᠦᠬᠡᠭᠳᠠᠬᠦᠨ 52 ᠪᠤᠯᠪᠠ᠃ | ᠤᠳᠤ ᠦᠶ᠎ᠠ ᠶᠢᠨ ᠦᠢᠯᠠᠴᠢᠯᠠᠬᠡᠨ ᠤ ᠦᠢᠯᠠᠰ ᠢ ᠲᠤᠭᠳᠠᠭᠤᠨ ᠢᠶᠠᠷ ᠲᠦᠯᠬᠢᠨ ᠠᠬᠢᠭᠤᠯᠪᠠ᠃ ᠨᠢᠬᠡ ᠳᠤ᠂ ᠵᠤᠭᠠᠴᠠᠯ ᠤᠨ ᠰᠤᠶᠤᠯ ᠤᠨ ᠠᠵᠤ ᠦᠢᠯᠠᠰ | ᠪᠠᠳᠠᠷᠠᠨ ᠬᠦᠭᠵᠢᠪᠠ᠃ ︽ᠬᠠᠩᠬᠢᠨ ᠬᠤᠰᠢᠭᠤᠨ ᠤ ᠪᠦᠬᠦ ᠲᠠᠯ᠎ᠠ ᠪᠠᠷ ᠵᠤᠭᠠᠴᠠᠯ ᠢ ᠬᠦᠭᠵᠢᠬᠦᠯᠬᠦ ᠪᠦᠳᠦᠬᠡᠨ ᠪᠠᠶᠢᠭᠤᠯᠤᠯᠳᠠ ᠶᠢᠨ ᠴᠢᠨᠠᠷᠳᠠᠢ ᠨᠠᠷᠢᠨ ᠲᠦᠯᠦᠪᠯᠡᠭᠡ︾ | ᠪᠠ ︽ᠲᠤᠭᠤᠶᠢᠳᠠᠯ᠎ᠠ ᠡᠯᠡᠰᠤ ᠮᠠᠩᠬᠠᠨ ᠤ ᠬᠡᠬᠡᠷᠯᠠᠯ ᠤᠨ ᠤᠨᠴᠠᠯᠢᠭ ᠲᠠᠢ ᠪᠠᠯᠭᠠᠰᠤ ᠶᠢᠨ ᠲᠦᠯᠦᠪᠵᠢᠬᠦᠯᠬᠡ︾ ᠶᠢ ᠡᠬᠢᠯᠠᠨ ᠨᠠᠶᠢᠷᠠᠭᠤᠯᠵᠤ ᠪᠠᠶᠢᠨ᠎ᠠ᠃ ᠬᠦᠪᠴᠢ | ᠶᠢᠨ ᠲᠤᠯᠤᠭᠠᠨ ᠨᠠᠭᠤᠷ ᠤᠨ ᠡᠯᠡᠰᠤ ᠮᠠᠩᠬ᠎ᠠ ᠠᠮᠢ ᠠᠬᠤᠢ ᠶᠢᠨ ᠵᠤᠭᠠᠴᠠᠯ ᠤᠨ ᠲᠤᠭᠤᠷᠢᠭ᠂ ᠤᠷᠳᠤᠰ ᠲᠠᠯ᠎ᠠ ᠨᠤᠳᠤᠭ ᠤᠨ ᠵᠤᠭᠠᠴᠠᠯ ᠤᠨ ᠤᠷᠤᠨ ᠨᠢ | ᠦᠪᠠᠷᠳᠠᠬᠡᠨ ᠵᠠᠰᠠᠬᠤ ᠤᠷᠤᠨ ᠤ ᠲᠠᠰ ᠤᠨ ᠦᠢᠯᠠᠴᠢᠯᠠᠬᠡᠨ ᠤ ᠦᠢᠯᠠᠰ ᠤᠨ ᠲᠦᠪᠯᠠᠷᠠᠯ ᠤᠨ ᠤᠷᠤᠨ ᠢᠶᠠᠷ ᠲᠤᠭᠳᠠᠭᠠᠭᠳᠠᠪᠠ᠃ ᠬᠦᠪᠴᠢ ᠶᠢᠨ ᠡᠯᠡᠰᠤ ᠮᠠᠩᠬᠠᠨ ᠤ | ᠪᠠᠭᠠᠳᠤᠷᠴᠤᠳ ᠤᠨ ᠬᠤᠷᠠᠯ᠂ ᠨᠠᠭᠠᠳᠤᠮ ᠤᠨ ᠬᠤᠷᠠᠯ᠂ ᠬᠠᠩᠬᠢᠨ ᠰᠤᠶᠤᠯ ᠤᠨ ᠡᠳᠦᠷᠯᠢᠭ ᠵᠠᠷᠬᠡ ᠨᠢᠬᠡ ᠪᠦᠯᠦᠭ ᠲᠤᠮᠤ ᠬᠡᠯᠪᠡᠷᠢ ᠶᠢᠨ ᠤᠷᠤᠯᠳᠤᠭᠠᠨ ᠲᠤᠷᠠᠰᠬᠠᠯ | ᠤᠨ ᠠᠵᠢᠯᠯᠠᠭᠠᠨ ᠢ ᠠᠮᠵᠢᠯᠳᠠ ᠲᠠᠢ ᠡᠷᠬᠢᠯᠠᠪᠠ᠃ ᠪᠦᠬᠦ ᠵᠢᠯ ᠳᠤ 105 ᠲᠦᠮᠠᠨ ᠬᠦᠮᠦᠨ ᠤᠳᠠᠭ᠎ᠠ ᠵᠤᠭᠠᠴᠠᠭᠰᠠᠳ ᠢ ᠬᠦᠯᠢᠶᠠᠨ ᠠᠪᠴᠤ ᠵᠤᠴᠢᠯᠠᠬᠤ ᠶᠢ | ᠪᠠᠶᠠᠯᠠᠬᠦᠯᠵᠤ᠂ 30 ᠳ᠋ᠦᠩᠰᠢᠭᠤᠷ ᠲᠦᠬᠦᠷᠢᠭ ᠤᠨ ᠵᠤᠭᠠᠴᠠᠯ ᠤᠨ ᠤᠷᠤᠯᠭ᠎ᠠ ᠶᠢ ᠡᠬᠦᠳᠴᠤ᠂ ᠲᠤᠰ ᠪᠦᠷᠢ 10%᠂ 8% ᠪᠠᠷ ᠨᠡᠮᠡᠭᠳᠠᠬᠦᠯᠪᠠ᠃ ᠬᠤᠶᠠᠷ ᠲᠤ᠂ | ᠮᠦᠩᠬᠦᠨ ᠬᠦᠢᠯᠬᠡᠬᠡᠨ ᠤ ᠦᠢᠯᠠᠴᠢᠯᠠᠬᠡᠨ ᠤ ᠴᠢᠳᠠᠪᠤᠷᠢ ᠶᠢ ᠤᠯᠠᠮ ᠨᠢᠬᠡ ᠠᠯᠬᠤᠮ ᠴᠢᠩᠭᠠᠳᠬᠠᠪᠠ᠃ ᠪᠦᠬᠦ ᠬᠤᠰᠢᠭᠤᠨ ᠤ ᠬᠠᠳᠠᠭᠠᠯᠠᠮᠵᠢ ᠵᠢᠬᠡᠯᠡᠯᠬᠡ ᠶᠢᠨ | ᠦᠯᠠᠳᠠᠪᠤᠷᠢ ᠲᠤᠭ᠎ᠠ ᠲᠤᠰ ᠪᠦᠷᠢ 67.33 ᠳ᠋ᠦᠩᠰᠢᠭᠤᠷ ᠲᠦᠬᠦᠷᠢᠭ᠂ 65.48 ᠳ᠋ᠦᠩᠰᠢᠭᠤᠷ ᠲᠦᠬᠦᠷᠢᠭ ᠲᠤ ᠬᠦᠷᠴᠤ᠂ 6.85%᠂ 11.5% ᠪᠠᠷ | ᠨᠡᠮᠡᠭᠳᠠᠪᠠ᠃ ᠭᠤᠷᠪᠠ ᠳᠤ᠂ ᠡᠯᠧᠺᠲᠷᠤᠨ ᠬᠤᠳᠠᠯᠳᠤᠭ᠎ᠠ ᠪᠠᠷᠠᠭᠠᠨ ᠤ ᠬᠦᠢᠯᠬᠡᠬᠡ ᠦᠳᠳᠠᠷ ᠲᠦᠷᠬᠡᠨ ᠬᠦᠭᠵᠢᠪᠠ᠃ 11 ᠠᠵᠤ ᠠᠬᠤᠶᠢᠯᠠᠯ ᠬᠤᠰᠢᠭᠤ | ᠡᠯᠧᠺᠲᠷᠤᠨ ᠬᠤᠳᠠᠯᠳᠤᠭᠠᠨ ᠤ ᠶᠠᠷᠤᠩᠬᠡᠶᠢᠯᠡᠭᠰᠠᠨ ᠦᠢᠯᠠᠴᠢᠯᠠᠬᠡᠨ ᠤ ᠲᠦᠪ ᠲᠤ ᠤᠷᠤᠵᠤ ᠢᠷᠠᠨ᠂ ᠪᠡᠬᠡᠵᠢᠩ᠂ ᠱᠠᠩᠬᠠᠢ᠂ ᠬᠠᠩᠵᠸᠤ ᠵᠠᠷᠬᠡ 6 ᠲᠠᠷᠢᠶᠠᠯᠠᠩ ᠤᠨ | ᠪᠦᠳᠦᠬᠡᠭᠳᠠᠬᠦᠨ ᠢ ᠲᠤᠤᠷ ᠰᠦᠯᠵᠢᠶᠠᠨ ᠲᠠᠬᠡᠷ᠎ᠡ ᠬᠤᠷᠰᠢᠨ ᠠᠷᠠᠯᠵᠢᠶᠠᠯᠠᠬᠤ ᠬᠡᠷ᠎ᠡ ᠲᠤᠭᠳᠠᠵᠤ᠂ ᠲᠤᠤᠷ ᠰᠦᠯᠵᠢᠶᠠᠨ ᠲᠠᠬᠡᠷ᠎ᠡ ᠰᠤᠯᠢᠯᠴᠠᠭ᠎ᠠ ᠬᠢᠭᠰᠡᠨ ᠲᠤᠭ᠎ᠠ | 3500 ᠲᠦᠮᠠᠨ ᠲᠦᠬᠦᠷᠢᠭ ᠢ ᠲᠠᠪᠠᠭᠰᠠᠨ ᠪᠠᠶᠢᠨ᠎ᠠ᠃ ᠲᠦᠩ ᠬᠤᠢ ᠪᠠᠷᠠᠭᠠᠨ ᠤ ᠦᠢᠯᠠᠴᠢᠯᠠᠬᠡᠨ ᠤ ᠲᠤᠭᠤᠷᠢᠭ᠂ ᠰᠢᠨ᠎ᠠ ᠡᠨᠧᠷᠬᠢ ᠶᠢᠨ ᠠᠵᠤ ᠦᠢᠯᠠᠳᠪᠤᠷᠢ ᠶᠢᠨ | ᠲᠤᠭᠤᠷᠢᠭ ᠤᠨ ᠬᠤᠤ ᠵᠢᠢ ᠠᠶᠤᠯ ᠲᠠᠢ ᠬᠢᠮᠢ ᠶᠢᠨ ᠪᠦᠳᠦᠬᠡᠭᠳᠠᠬᠦᠨ ᠤ ᠲᠠᠷᠬᠡ ᠵᠤᠭᠰᠤᠬᠤ ᠲᠠᠯᠠᠪᠠᠢ ᠶᠢ ᠪᠠᠶᠢᠭᠤᠯᠤᠨ ᠠᠰᠢᠭᠯᠠᠯᠳᠠ ᠳᠤ ᠤᠷᠤᠭᠤᠯᠪᠠ᠃ ᠪᠦᠬᠦ ᠵᠢᠯ | ᠤᠨ ᠨᠠᠶᠢᠬᠡᠮ ᠤᠨ ᠠᠶᠠᠨᠴᠢᠳ ᠪᠠᠷᠠᠭᠠᠨ ᠤ ᠲᠠᠬᠡᠬᠡᠪᠤᠷᠢᠯᠠᠯᠳᠠ ᠶᠢᠨ ᠬᠡᠮᠵᠢᠶ᠎ᠠ ᠲᠤᠰ ᠪᠦᠷᠢ 164.73 ᠲᠦᠮᠠᠨ ᠬᠦᠮᠦᠨ ᠤᠳᠠᠭ᠎ᠠ᠂ 1916.08 ᠲᠦᠮᠠᠨ ᠲᠤᠨ | ᠳᠤ ᠬᠦᠷᠴᠤ᠂ 9% ᠂ 1% ᠪᠠᠷ ᠨᠡᠮᠡᠭᠳᠠᠪᠠ᠃ | ︵ᠭᠤᠷᠪᠠ︶ ᠪᠦᠬᠦ ᠬᠦᠴᠦᠨ ᠢᠶᠠᠷ ᠢᠶᠠᠨ ᠪᠠᠯᠠ ᠤᠷᠤᠭᠤᠯᠤᠯᠳᠠ ᠪᠠᠨ ᠶᠡᠬᠡᠰᠬᠡᠵᠤ᠂ ᠬᠦᠭᠵᠢᠯᠳᠠ ᠶᠢᠨ ᠨᠦᠬᠡᠴᠠ ᠬᠦᠴᠦᠨ ᠢᠶᠠᠨ ᠦᠷᠬᠦᠯᠵᠢᠯᠠᠨ | ᠴᠢᠩᠭᠠᠳᠬᠠᠪᠠ᠃ | ᠪᠦᠬᠦ ᠵᠢᠯ ᠳᠤ 48 ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠵᠤ᠂ 58.2 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠤᠯᠳᠠ ᠶᠢ | ᠪᠠᠶᠠᠯᠠᠬᠦᠯᠪᠠ᠃ ᠲᠠᠬᠡᠷ᠎ᠡ ᠵᠢᠯ ᠲᠠᠢ ᠬᠠᠷᠢᠴᠠᠭᠤᠯᠪᠠᠯ᠂ ᠲᠦᠷᠦᠯ ᠵᠦᠢᠯ ᠵᠤᠬᠢᠬᠤ ᠲᠤᠭ᠎ᠠ ᠪᠠᠷ ᠪᠠᠭᠠᠰᠪᠠ᠃ ᠬᠡᠳᠠᠯ᠎ᠠ ᠪᠠᠯᠠ ᠤᠷᠤᠭᠤᠯᠤᠯᠳᠠ ᠶᠢᠨ ᠪᠦᠳᠦᠴᠠ | ᠲᠠᠰᠤᠷᠠᠯᠳᠠ ᠦᠬᠡᠢ ᠰᠢᠯᠢᠳᠡᠭᠵᠢᠵᠤ᠂ ᠠᠵᠤ ᠦᠢᠯᠠᠳᠪᠤᠷᠢ ᠶᠢᠨ ᠬᠡᠯᠬᠢᠶᠠᠵᠢᠯ ᠤᠨ ᠬᠢᠨᠵᠢ ᠤᠷᠳᠤ ᠪᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠠᠰᠵᠢᠯᠳᠠ᠂ ᠰᠤᠶᠤᠯ ᠵᠤᠭᠠᠴᠠᠯ᠂ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠵᠢᠴᠢ ᠠᠷᠠᠳ ᠤᠨ ᠠᠮᠢᠳᠤᠷᠠᠯ ᠤᠨ ᠬᠦᠷᠢᠶ᠎ᠠ ᠴᠡᠷ᠎ᠡ ᠵᠠᠷᠬᠡ ᠲᠠᠯ᠎ᠠ | ᠶᠢᠨ ᠲᠤᠳᠠᠭᠳᠠᠯ ᠲᠠᠢ ᠲᠠᠯ᠎ᠠ ᠶᠢ ᠨᠦᠬᠦᠪᠦᠷᠢᠯᠡᠭᠰᠠᠨ ᠲᠤᠭ᠎ᠠ ᠬᠡᠮᠵᠢᠶ᠎ᠠ ᠨᠡᠮᠡᠭᠳᠠᠪᠠ᠃ ᠯᠤ᠋ ᠨᠧᠩ 10 ᠲᠦᠮᠠᠨ ᠺᠢᠯᠤᠸᠤᠯᠲ ᠰᠠᠯᠬᠢᠨ ᠬᠦᠴᠦ ᠪᠠᠷ ᠴᠠᠬᠢᠯᠭᠠᠨ | ᠭᠠᠷᠭᠠᠵᠤ ᠠᠷᠢᠭᠤᠨ ᠴᠡᠪᠡᠷ ᠢᠶᠠᠷ ᠲᠤᠯᠠᠭᠠᠴᠠᠯᠭ᠎ᠠ ᠬᠠᠩᠭᠠᠬᠤ᠂ ᠬᠦᠪᠴᠢ ᠶᠢᠨ ᠡᠯᠡᠰᠤᠨ ᠤ ᠨᠠᠷᠠᠨ ᠡᠨᠧᠷᠬᠢ ᠪᠠᠷ ᠡᠯᠡᠰᠤ ᠶᠢ ᠵᠠᠰᠠᠬᠤ ᠶᠠᠷᠤᠩᠬᠡᠶᠢᠯᠡᠭᠰᠠᠨ ᠵᠢᠱᠢᠶ᠎ᠠ | ᠦᠵᠠᠬᠦᠯᠬᠦ ᠲᠦᠷᠦᠯ ᠵᠦᠢᠯ ᠤᠨ ᠨᠢᠬᠡᠳᠤᠬᠡᠷ ᠬᠤᠭᠤᠴᠠᠭ᠎ᠠ ︵20 ᠲᠦᠮᠠᠨ ᠺᠢᠯᠤᠸᠠᠲ︶᠂ ᠠᠨ ᠳ᠋ᠧ ᠯᠢ ᠨᠠᠷᠢᠯᠢᠭ ᠬᠢᠮᠢ ᠶᠢᠨ ᠦᠢᠯᠠᠳᠬᠦᠨ ᠤ ᠰᠢᠷᠢᠰ | ᠪᠦᠳᠦᠬᠡᠭᠳᠠᠬᠦᠨ᠂ ᠶᠢᠨ ᠪᠦᠸᠧ ᠲᠧ ᠯᠠ᠂ ᠾᠧᠩ ᠳ᠋ᠦᠩ ᠪᠠᠶᠢᠭᠠᠯᠢ ᠶᠢᠨ ᠰᠢᠳᠠᠮᠠᠬᠠᠢ ᠬᠡᠢ᠂ ᠬᠤᠤ ᠰᠢᠨ ᠷᠦᠢ ᠲᠦᠬᠦᠬᠡᠢ ᠲᠤᠰᠤᠨ ᠤ ᠬᠠᠶᠠᠭᠳᠠᠮᠠᠯ ᠢ | ᠲᠦᠪᠯᠠᠷᠠᠬᠦᠯᠥᠨ ᠰᠢᠢᠳᠪᠤᠷᠢᠯᠠᠬᠦ ᠵᠠᠷᠬᠡ 6 ᠠᠵᠤ ᠦᠢᠯᠠᠳᠪᠤᠷᠢ ᠶᠢᠨ ᠡᠨᠧᠷᠬᠢ ᠶᠢᠨ ᠲᠦᠷᠦᠯ ᠵᠦᠢᠯ ᠢ ᠪᠦᠳᠦᠬᠡᠨ ᠪᠠᠶᠢᠭᠤᠯᠪᠠ︔ ᠰᠠᠢ ᠨᠦᠸᠧ ᠮᠢᠬᠠᠨ ᠬᠤᠨᠢᠨ ᠤ | ᠡᠬᠦᠯᠳᠠᠷ ᠰᠠᠶᠢᠵᠢᠷᠠᠭᠤᠯᠤᠯᠳᠠ᠂ ᠢ ᠲᠠᠢ ᠪᠸᠢ ᠮᠤ᠋ ᠲᠢᠶᠠᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠠ ᠦᠵᠠᠬᠦᠯᠬᠦ ᠰᠠᠭᠤᠷᠢᠨ ᠭᠠᠵᠠᠷ᠂ ᠢᠯᠢ ᠶᠢᠨ 5 | ᠲᠦᠮᠠᠨ ᠮᠤ᠋ ᠡᠯᠡᠰᠤᠨ ᠭᠠᠵᠠᠷ ᠲᠤ ᠤᠰᠤ ᠠᠷᠪᠢᠯᠠᠬᠤ ᠦᠨᠳᠤᠷ ᠦᠷ᠎ᠠ ᠠᠰᠢᠭᠳᠤ ᠲᠠᠷᠢᠯᠭ᠎ᠠ ᠬᠢᠬᠦ ᠵᠢᠱᠢᠶ᠎ᠠ ᠦᠵᠠᠬᠦᠯᠬᠦ ᠬᠦᠷᠢᠶᠠᠯᠠᠩ᠂ 2015 — 2017 | ᠤᠨ ᠤ ᠪᠡᠬᠡᠵᠢᠩ ᠲᠢᠶᠠᠨᠵᠢᠨ ᠤ ᠡᠯᠡᠰᠤᠨ ᠤ ᠢᠷᠠᠯᠳᠠ ᠶᠢ ᠵᠠᠰᠠᠬᠤ᠂ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠳᠠ᠂ ᠬᠦᠳᠡᠭᠡ ᠲᠤᠰᠬᠤᠨ | ᠮᠠᠯᠵᠢᠬᠤ ᠤᠷᠤᠨ ᠳᠤ ᠤᠰᠤᠨ ᠵᠤᠭᠤᠷᠢ ᠮᠠᠯᠳᠠᠬᠤ ᠪᠠ ᠤᠰᠤ ᠬᠦᠷᠦᠰᠤ ᠰᠢᠷᠥᠢ ᠶᠢᠨ ᠢᠳᠡᠭᠳᠠᠯ ᠢ ᠵᠠᠰᠠᠬᠤ ᠵᠠᠷᠬᠡ 11 ᠲᠠᠷᠢᠶᠠᠯᠠᠩ ᠮᠠᠯ ᠠᠵᠤ ᠠᠬᠤᠢ ᠤᠰᠤᠨ | ᠠᠰᠢᠭᠯᠠᠯᠳᠠ ᠤᠢ ᠰᠢᠭᠤᠢ ᠶᠢᠨ ᠲᠦᠷᠦᠯ ᠵᠦᠢᠯ ᠢ ᠪᠠᠶᠠᠯᠠᠬᠦᠯᠵᠤ ᠲᠠᠭᠤᠰᠬᠠᠪᠠ︔ ᠬᠤᠶᠠᠳᠤᠭᠠᠷ ᠦᠨᠳᠤᠰᠤᠳᠠᠨ ᠤ ᠬᠡᠤᠬᠡᠳ ᠤᠨ ᠴᠡᠴᠡᠷᠯᠢᠭ᠂ ᠦᠨᠳᠤᠰᠤᠳᠠᠨ ᠤ | ᠪᠠᠶ᠎ᠠ ᠲᠠᠮᠢᠷ ᠤᠨ ᠲᠠᠯᠠᠪᠠᠢ ᠵᠠᠷᠬᠡ 2 ᠨᠠᠶᠢᠬᠡᠮ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠪᠠᠶᠢᠭᠤᠯᠵᠤ ᠲᠠᠭᠤᠰᠬᠠᠪᠠ᠃ ᠶᠢᠨ ᠲᠠᠢ ᠠᠵᠤ ᠦᠢᠯᠠᠳᠪᠤᠷᠢ ᠶᠢᠨ | ᠬᠦᠷᠢᠶᠠᠯᠠᠩ ᠲᠤᠭᠤᠷᠢᠭ ᠠᠴᠠ S215 ᠱᠤᠭᠤᠮ᠂ 2018 ᠤᠨ ᠤ ᠬᠤᠳᠠ ᠶᠢᠨ ᠲᠤᠤᠷᠵᠢᠭᠤᠯᠤᠯᠳᠠ ᠶᠢᠨ ᠪᠠᠷᠢᠯᠭ᠎ᠠ᠂ ᠰᠢᠨ᠎ᠠ ᠡᠨᠧᠷᠬᠢ ᠶᠢᠨ ᠬᠦᠷᠢᠶᠠᠯᠠᠩ | ᠲᠤᠭᠤᠷᠢᠭ ᠤᠨ ᠬᠤᠭᠤᠯᠠᠢ ᠲᠤᠤᠷ ᠴᠠᠬᠢᠯᠭᠠᠨ ᠢ ᠬᠤᠪᠢᠷᠠᠭᠤᠯᠬᠤ᠂ 110 ᠺᠢᠯᠤᠸᠤᠯᠲ ᠤᠨ ᠲᠦᠴᠢᠨ ᠭᠠᠵᠠᠷ ᠤᠨ ᠰᠢᠯᠢ ᠶᠢᠨ ᠴᠠᠬᠢᠯᠭᠠᠨ ᠬᠤᠪᠢᠰᠬᠠᠭᠤᠷ ᠤᠨ | ᠦᠷᠳᠡᠭᠡ ᠠᠴᠠ ᠡᠷᠬᠢ 10 ᠺᠢᠯᠤᠸᠤᠯᠲ ᠴᠠᠬᠢᠯᠭᠠᠨ ᠭᠠᠳᠠᠭᠰᠢ ᠲᠠᠮᠵᠢᠭᠤᠯᠬᠤ ᠪᠠᠷᠢᠯᠭ᠎ᠠ᠂ ᠰᠢᠨᠠᠪᠠᠯᠭᠠᠰᠤ ᠶᠢᠨ ᠪᠤᠵᠠᠷ ᠤᠰᠤ ᠶᠢ ᠰᠢᠢᠳᠪᠤᠷᠢᠯᠠᠬᠦ ᠦᠢᠯᠠᠳᠪᠤᠷᠢ ᠶᠢ | ᠦᠷᠬᠡᠳᠬᠡᠨ ᠪᠠᠶᠢᠭᠤᠯᠬᠤ ᠵᠠᠷᠬᠡ 5 ᠰᠠᠭᠤᠷᠢ ᠲᠦᠬᠦᠬᠡᠷᠤᠮᠵᠢ ᠶᠢᠨ ᠲᠦᠷᠦᠯ ᠵᠦᠢᠯ ᠤᠨ ᠠᠵᠢᠯ ᠢ ᠲᠠᠭᠤᠰᠬᠠᠪᠠ︔ ᠹᠧᠩ ᠲᠠᠢ ᠶᠠᠷᠤᠩᠬᠡᠶᠢᠯᠡᠭᠰᠠᠨ ᠪᠠᠷᠠᠭᠠᠨ ᠤ | ᠬᠦᠢᠯᠬᠡᠬᠡᠨ ᠤ ᠲᠦᠪ ︵ᠨᠢᠬᠡᠳᠤᠬᠡᠷ ᠬᠤᠭᠤᠴᠠᠭ᠎ᠠ︶᠂ ᠬᠦᠪᠴᠢ ᠶᠢᠨ ᠶᠡᠭᠡ ᠪᠠᠭᠤᠳᠠᠯ᠂ ᠪᠦᠷᠢᠶ᠎ᠠ ᠮᠠᠩᠬᠠᠨ ᠤ ᠵᠤᠭᠠᠴᠠᠯ ᠤᠨ ᠤᠷᠤᠨ ᠤ ᠪᠠᠭᠤᠳᠠᠯ ᠤᠨ ᠰᠠᠭᠤᠷᠢ | ᠲᠦᠬᠦᠬᠡᠷᠤᠮᠵᠢ ᠶᠢᠨ ᠲᠦᠬᠦᠷᠴᠢᠯᠠᠯᠳᠠ᠂ ᠾᠧᠩ ᠱᠧᠩ ᠰᠢᠩ ᠤᠯᠠᠨ ᠤᠯᠤᠰ ᠤᠨ ᠮᠠᠰᠢᠨ ᠲᠠᠷᠬᠡᠨ ᠤ ᠬᠡᠬᠡᠷᠯᠠᠯ ᠤᠨ ᠴᠡᠴᠡᠷᠯᠢᠭ᠂ ᠪᠠᠯᠭᠤᠨ ᠤᠷᠤᠨ ᠤ ᠲᠠᠮᠠᠬᠡᠨ | ᠰᠤᠶᠤᠯ ᠢ ᠬᠠᠮᠠᠭᠠᠯᠠᠬᠤ ᠰᠠᠭᠤᠷᠢᠨ ᠭᠠᠵᠠᠷ ᠵᠠᠷᠬᠡ 5 ᠤᠳᠤ ᠦᠶ᠎ᠠ ᠶᠢᠨ ᠦᠢᠯᠠᠴᠢᠯᠠᠬᠡᠨ ᠤ ᠲᠦᠷᠦᠯ ᠵᠦᠢᠯ ᠢ ᠪᠠᠶᠢᠭᠤᠯᠪᠠ︔ ᠶᠠᠷᠤᠩᠬᠡᠶᠢᠯᠡᠭᠰᠠᠨ ᠰᠤᠶᠤᠯ ᠤᠨ | ᠠᠵᠢᠯᠯᠠᠭᠠᠨ ᠤ ᠲᠦᠪ ᠤᠨ ᠬᠡᠰᠡᠭ ᠪᠠᠷᠢᠯᠭ᠎ᠠ ᠶᠢ ᠠᠰᠢᠭᠯᠠᠯᠳᠠ ᠳᠤ ᠤᠷᠤᠭᠤᠯᠪᠠ᠃ ᠢ ᠲᠠᠢ ᠨᠢᠩ ᠨᠧᠩ ᠬᠢᠮᠢ᠂ ᠸᠠᠨ ᠷᠦᠢ ᠪᠠᠶᠢᠭᠠᠯᠢ ᠶᠢᠨ ᠰᠢᠳᠠᠮᠠᠬᠠᠢ ᠬᠡᠢ᠂ | ᠲᠠᠤᠯᠠᠢ ᠶᠢᠨ ᠭᠤᠤᠯ ᠤᠨ ᠭᠤᠤᠯ ᠤᠨ ᠵᠠᠮ ᠢ ᠶᠠᠷᠤᠩᠬᠡᠶᠢᠯᠠᠨ ᠵᠠᠰᠠᠬᠤ᠂ ᠤᠷᠳᠤᠰ ᠲᠠᠯ᠎ᠠ ᠨᠤᠳᠤᠭ ᠤᠨ ᠵᠤᠭᠠᠴᠠᠯ ᠤᠨ ᠤᠷᠤᠨ ᠤ ᠰᠠᠭᠤᠷᠢ ᠲᠦᠬᠦᠬᠡᠷᠤᠮᠵᠢ ᠶᠢ | ᠲᠦᠬᠦᠷᠴᠢᠯᠠᠬᠦ᠂ S215 ᠱᠤᠭᠤᠮ ᠤᠨ ᠲᠤᠭᠤᠶᠢᠳᠠᠯ᠎ᠠ ᠠᠴᠠ ᠰᠢᠨᠠᠪᠠᠯᠭᠠᠰᠤ ᠬᠦᠷᠬᠦ ᠵᠠᠮ ᠤᠨ ᠬᠡᠰᠡᠭ᠂ S316 ᠱᠤᠭᠤᠮ ᠤᠨ ᠵᠦᠩ ᠾᠧ ᠰᠢ ᠠᠴᠠ ᠪᠠᠯᠭᠤᠨ | ᠬᠦᠷᠬᠦ ᠵᠠᠮ᠂ ᠳ᠋ᠠ ᠶᠢᠩ ᠤᠨ 35 ᠺᠢᠯᠤᠸᠤᠯᠲ ᠬᠦᠴᠦᠳᠠᠯ ᠦᠬᠡᠷᠡᠴᠢᠯᠠᠬᠦ ᠦᠷᠳᠡᠭᠡ᠂ ᠬᠤᠰᠢᠭᠤ ᠮᠤᠩᠭᠤᠯ ᠡᠮ ᠡᠮᠨᠡᠯᠬᠡ ᠶᠢᠨ ᠬᠤᠷᠢᠶ᠎ᠠ᠂ ᠪᠤᠷᠤ ᠬᠡᠷ ᠤᠨ | ᠲᠤᠭᠤᠷᠢᠭ ᠤᠨ ᠦᠬᠡᠷᠡᠴᠢᠯᠠᠯᠳᠠ᠂ ᠵᠢᠷᠭᠠᠯᠠᠩᠳᠤ ᠡᠷᠡᠬᠦᠯ ᠬᠠᠮᠠᠭᠠᠯᠠᠯ ᠤᠨ ᠬᠤᠷᠢᠶ᠎ᠠ᠂ ᠦᠨᠳᠤᠰᠤᠨ ᠱᠠᠳᠤᠨ ᠤ ᠪᠠᠭᠰᠢ ᠶᠢᠨ ᠪᠠᠶᠢᠷᠢ ᠵᠠᠷᠬᠡ ᠲᠦᠷᠦᠯ ᠵᠦᠢᠯ ᠢ | ᠲᠤᠭᠳᠠᠭᠤᠨ ᠢᠶᠠᠷ ᠠᠬᠢᠭᠤᠯᠪᠠ᠃ ᠢ ᠯᠢᠨ 20 ᠲᠦᠮᠠᠨ ᠲᠤᠨ ᠤ ᠨᠠᠶᠢᠯᠡᠯᠬᠡ ᠬᠡᠢ ᠪᠠᠷ ᠡᠲ᠋ᠧᠨ ᠬᠤᠶᠠᠷᠴᠢ ᠠᠯᠺᠤᠤᠯ ᠦᠢᠯᠠᠳᠪᠤᠷᠢᠯᠠᠬᠦ ᠵᠠᠷᠬᠡ ᠲᠦᠷᠦᠯ ᠵᠦᠢᠯ ᠤᠨ | ᠠᠵᠤ ᠠᠬᠤᠶᠢᠯᠠᠯ ᠤᠨ ᠪᠠᠯᠠ ᠮᠦᠩᠬᠦᠨ ᠤ ᠠᠰᠠᠭᠤᠳᠠᠯ ᠠᠴᠠ ᠪᠤᠯᠵᠤ ᠠᠬᠢᠴᠠ ᠨᠠᠯᠢᠶᠠᠳ ᠤᠳᠠᠭᠠᠨ ᠪᠠᠶᠢᠨ᠎ᠠ᠃ | ︵ᠲᠦᠷᠪᠡ︶ ᠰᠠᠭᠤᠷᠢ ᠪᠠᠨ ᠴᠢᠩᠭᠠᠳᠬᠠᠬᠤ ᠪᠠᠷ ᠦᠷᠬᠦᠯᠵᠢᠯᠠᠨ ᠴᠢᠷᠮᠠᠶᠢᠵᠤ᠂ ᠬᠤᠳᠠ ᠬᠦᠳᠡᠭᠡ ᠶᠢ ᠨᠢᠬᠡᠳᠤᠯᠳᠠᠢ ᠵᠤᠬᠢᠴᠠᠭᠤᠯᠤᠨ ᠬᠦᠭᠵᠢᠬᠦᠯᠪᠠ᠃ | ᠬᠤᠳᠠ ᠶᠢᠨ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠬᠤᠳᠠ ᠶᠢᠨ ᠴᠢᠳᠠᠪᠬᠢ ᠲᠠᠰᠤᠷᠠᠯᠳᠠ ᠦᠬᠡᠢ ᠲᠠᠬᠦᠯᠳᠡᠷᠵᠢᠵᠤ᠂ | ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠠᠵᠢᠯ ᠤᠯᠤᠰ ᠤᠨ ᠮᠠᠷᠬᠡᠵᠢᠯ ᠤᠨ ᠦᠨᠠᠯᠠᠯᠳᠠ ᠬᠢᠨᠠᠨ ᠰᠢᠯᠭᠠᠷᠠᠭᠤᠯᠤᠯᠳᠠ ᠶᠢ ᠰᠢᠯᠤᠭᠤᠨ | ᠢᠶᠠᠷ ᠦᠩᠬᠡᠷᠡᠪᠠ᠃ ᠬᠤᠳᠠ ᠶᠢᠨ ᠦᠵᠡᠮᠵᠢ ᠶᠢᠨ ᠨᠤᠭᠤᠭᠠᠷᠠᠭᠤᠯᠤᠯᠳᠠ ᠶᠢᠨ ᠲᠠᠯᠠᠪᠠᠢ ᠶᠢ 67 ᠲᠦᠮᠠᠨ ᠲᠡᠭᠰᠢ ᠲᠦᠷᠪᠡᠯᠵᠢᠨ ᠮᠧᠲᠷ ᠰᠢᠨ᠎ᠠ ᠪᠠᠷ ᠦᠬᠡᠷᠡᠴᠢᠯᠠᠪᠠ᠃ | ᠵᠢᠷᠭᠠᠯᠠᠩᠳᠤ ᠵᠠᠬᠡᠯᠢ ᠶᠢᠨ ᠵᠠᠮ ᠤᠨ ᠭᠠᠳᠠᠷᠭᠤ ᠵᠠᠷᠬᠡ ᠦᠬᠡᠷᠠᠴᠢᠯᠠᠯᠳᠠ ᠶᠢ ᠲᠠᠰ ᠲᠤ ᠲᠠᠪᠰᠢᠬᠦᠯᠬᠦ ᠪᠠᠷᠢᠯᠭ᠎ᠠ ᠶᠢ ᠬᠡᠷᠡᠭᠵᠢᠬᠦᠯᠪᠠ︔ ᠤᠯᠠᠨ ᠨᠠᠶᠢᠳᠠ ᠶᠢᠨ ᠡᠷᠡᠬᠦᠯ | ᠬᠠᠮᠠᠭᠠᠯᠠᠯ ᠤᠨ ᠬᠡᠷ ᠢ 5᠂ ᠬᠤᠭ ᠨᠤᠪᠰᠢ ᠲᠠᠮᠵᠢᠭᠤᠯᠤᠨ ᠵᠦᠬᠡᠬᠡᠪᠤᠷᠢᠯᠠᠬᠦ ᠭᠠᠵᠠᠷ ᠢ 3 ᠰᠢᠨ᠎ᠠ ᠪᠠᠷ ᠨᠡᠮᠡᠭᠳᠠᠬᠦᠯᠵᠤ᠂ 1623 ᠦᠪᠴᠢ ᠵᠠᠮ ᠤᠨ ᠳ᠋ᠧᠩ ᠢ | ᠦᠬᠡᠷᠡᠴᠢᠯᠠᠨ ᠤᠭᠰᠠᠷᠠᠪᠠ ︔ ᠪᠦᠬᠦ ᠬᠤᠰᠢᠭᠤᠨ ᠤ ᠴᠢᠨᠠᠷᠯᠢᠭ ᠲᠤᠭᠤᠷᠢᠭ ᠤᠨ ᠲᠠᠰ ᠲᠠᠪᠰᠢᠬᠦᠯᠬᠦ ᠦᠬᠡᠷᠡᠴᠢᠯᠠᠯᠳᠠ ᠶᠢᠨ ᠪᠠᠷᠢᠯᠭ᠎ᠠ ᠶᠢ ᠡᠬᠢᠯᠠᠨ ᠬᠡᠷᠡᠭᠵᠢᠬᠦᠯᠵᠤ᠂ | ᠮᠢᠨ ᠱᠧᠩ ᠵᠢᠵᠢᠭ ᠲᠤᠭᠤᠷᠢᠭ ᠤᠨ ᠲᠦᠷᠪᠡ᠂ ᠲᠠᠪᠤ᠂ ᠵᠢᠷᠭᠤᠳᠤᠭᠠᠷ ᠬᠢᠮᠳᠠ ᠲᠦᠷᠢᠶᠠᠰᠤᠨ ᠬᠡᠷ ᠤᠨ ᠪᠠᠷᠢᠯᠭ᠎ᠠ ᠶᠢ ᠪᠦᠬᠦ ᠲᠠᠯ᠎ᠠ ᠪᠠᠷ ᠠᠵᠢᠯ ᠢᠶᠠᠨ ᠰᠠᠷᠬᠦᠬᠡᠵᠤ᠂ | ᠪᠦᠳᠦᠬᠡᠨ ᠪᠠᠶᠢᠭᠤᠯᠤᠯᠳᠠ ᠶᠢᠨ ᠡᠬᠦᠷᠬᠡ ᠶᠢᠨ 85% ᠠᠴᠠ ᠲᠡᠬᠡᠭᠰᠢᠬᠢ ᠶᠢ ᠪᠠᠶᠠᠯᠠᠬᠦᠯᠪᠠ᠃ ᠬᠠᠭᠤᠴᠢᠨ ᠬᠤᠳᠠ ᠶᠢᠨ ᠲᠤᠭᠤᠷᠢᠭ ᠤᠨ ᠦᠬᠡᠷᠡᠴᠢᠯᠠᠯᠳᠠ ᠶᠢᠨ | ᠲᠠᠬᠢᠨ ᠨᠠᠬᠦᠵᠤ ᠤᠷᠤᠬᠤ ᠶᠢ ᠲᠦᠪᠬᠢᠨᠠᠬᠦᠯᠬᠦ ᠪᠠ ᠪᠤᠷᠤ ᠬᠡᠷ ᠤᠨ ᠲᠤᠭᠤᠷᠢᠭ ᠤᠨ ᠦᠬᠡᠷᠡᠴᠢᠯᠠᠯᠳᠠ ᠶᠢᠨ ᠠᠵᠢᠯ ᠡᠮᠬᠢ ᠵᠢᠷᠤᠮ ᠲᠠᠢ ᠲᠦᠯᠬᠢᠨ ᠠᠬᠢᠭᠤᠯᠤᠭᠳᠠᠵᠤ᠂ | ᠰᠢᠨ᠎ᠠ ᠪᠠᠷ ᠲᠤᠰᠢᠶᠠᠵᠤ ᠦᠭᠬᠦᠭᠰᠠᠨ ᠲᠦᠪᠬᠢᠨᠠᠬᠦᠯᠬᠦ ᠬᠡᠷ 105 ᠦᠪᠴᠢ ᠪᠠᠶᠢᠵᠤ᠂ 1033 ᠡᠷᠤᠬᠡ ᠲᠠᠢ ᠪᠤᠷᠤ ᠬᠡᠷ ᠤᠨ ᠦᠬᠡᠷᠡᠴᠢᠯᠠᠯᠳᠠ ᠶᠢᠨ ᠬᠡᠷ᠎ᠡ | ᠲᠤᠭᠳᠠᠪᠠ᠃ ᠬᠠᠳᠠᠭᠠᠯᠠᠵᠤ ᠪᠠᠶᠢᠭ᠎ᠠ ᠬᠤᠳᠠᠯᠳᠤᠭᠠᠨ ᠤ ᠪᠠᠶᠢᠰᠢᠩ ᠢ 6.12 ᠲᠦᠮᠠᠨ ᠲᠡᠭᠰᠢ ᠲᠦᠷᠪᠡᠯᠵᠢᠨ ᠮᠧᠲᠷ ᠬᠤᠳᠠᠯᠳᠤᠨ ᠭᠠᠷᠭᠠᠪᠠ᠃ | ᠭᠤᠶᠢᠳᠠ ᠰᠠᠶᠢᠬᠠᠨ ᠬᠦᠳᠡᠭᠡ ᠲᠤᠰᠬᠤᠨ ᠤ ᠪᠦᠳᠦᠬᠡᠨ ᠪᠠᠶᠢᠭᠤᠯᠤᠯᠳᠠ ᠶᠢᠨ ᠦᠷ᠎ᠠ ᠪᠦᠳᠦᠮᠵᠢ ᠢᠯᠠᠳᠳᠠ ᠪᠤᠯᠪᠠ᠃ ᠬᠦᠳᠡᠭᠡ ᠲᠤᠰᠬᠤᠨ ᠢ | ᠬᠦᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠤ᠂ ᠲᠠᠭᠠᠭᠠᠴᠢᠯᠠᠨ ᠡᠵᠡᠩᠨᠠᠬᠦ ᠭᠠᠵᠠᠷ ᠤᠨ ︽ᠭᠤᠷᠪᠠᠨ ᠡᠷᠬᠡ︾ ᠶᠢ | ᠬᠤᠪᠢᠶᠠᠷᠢᠯᠠᠬᠤ ᠵᠠᠷᠬᠡ ᠲᠦᠷᠦ ᠶᠢᠨ ᠪᠤᠳᠤᠯᠭ᠎ᠠ ᠶᠢ ᠮᠦᠷᠳᠠᠨ ᠨᠠᠶᠢᠳᠠᠪᠤᠷᠢᠵᠢᠭᠤᠯᠵᠤ᠂ ᠭᠠᠵᠠᠷ ᠰᠢᠷᠥᠢ ᠨᠤᠳᠤᠭ ᠪᠠᠯᠴᠢᠬᠡᠷ ᠤᠨ ᠲᠠᠭᠠᠭᠠᠴᠢᠯᠠᠯᠳᠠ ᠶᠢᠨ ᠤᠷᠳᠤ | ᠬᠤᠭᠤᠴᠠᠭᠠᠨ ᠤ ᠲᠤᠭᠳᠠᠭᠤᠨ ᠢ ᠪᠠᠳᠤᠯᠠᠪᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠠᠨ | ᠰᠠᠶᠢᠵᠢᠷᠠᠭᠤᠯᠪᠠ᠃ 43 ᠲᠦᠮᠠᠨ ᠮᠤ᠋ ᠠᠮᠤ ᠪᠤᠳᠠᠭᠠᠨ ᠤ ᠭᠠᠷᠭᠠᠯᠳᠠ ᠶᠢᠨ ᠤᠷᠤᠨ ᠢ ᠵᠢᠷᠤᠨ ᠲᠤᠭᠳᠠᠭᠠᠵᠤ ᠨᠡᠶᠢᠳᠠᠯᠠᠬᠦ ᠠᠵᠢᠯ ᠢ ᠪᠠᠶᠠᠯᠠᠬᠦᠯᠪᠠ︔ ᠡᠬᠦᠨ ᠤ | ᠬᠠᠮᠳᠤ᠂ ᠲᠠᠷᠢᠶᠠᠯᠠᠩ ᠤᠨ ᠶᠠᠷᠤᠩᠬᠡᠶᠢᠯᠡᠭᠰᠠᠨ ᠨᠠᠬᠡᠬᠡᠨ ᠠᠰᠢᠭᠯᠠᠯᠳᠠ᠂ ᠤᠰᠤᠨ ᠠᠰᠢᠭᠯᠠᠯᠳᠠ ᠬᠦᠷᠦᠰᠤ ᠰᠢᠷᠥᠢ ᠶᠢ ᠬᠠᠮᠠᠭᠠᠯᠠᠬᠤ᠂ ᠭᠠᠵᠠᠷ ᠰᠢᠷᠥᠢ ᠶᠢ ᠨᠢᠬᠡᠳᠬᠡᠬᠦ | ᠵᠠᠷᠬᠡ ᠲᠦᠷᠦᠯ ᠵᠦᠢᠯ ᠤᠨ ᠪᠠᠯᠠ ᠮᠦᠩᠬᠦ ᠶᠢ ᠨᠢᠬᠡᠳᠤᠬᠦᠯᠵᠤ᠂ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠤᠬᠡᠨ ᠪᠠᠶᠢᠭᠤᠯᠤᠯᠳᠠ ᠶᠢ 8.5 ᠲᠦᠮᠠᠨ ᠮᠤ᠋᠂ | ᠦᠨᠳᠤᠷ ᠦᠷ᠎ᠠ ᠠᠰᠢᠭᠳᠤ ᠤᠰᠤ ᠠᠷᠪᠢᠯᠠᠬᠤ ᠤᠰᠤᠵᠢᠭᠤᠯᠤᠯᠳᠠ ᠶᠢᠨ ᠲᠠᠯᠠᠪᠠᠢ ᠶᠢ 3 ᠲᠦᠮᠠᠨ ᠮᠤ᠋᠂ ᠦᠨᠳᠤᠷ ᠪᠠᠷᠢᠮᠵᠢᠶᠠᠳᠤ ᠲᠠᠵᠢᠬᠡᠨ ᠦᠷᠠᠵᠢᠬᠦᠯᠬᠦ ᠫᠧᠩ | ᠬᠤᠷᠤᠭ᠎ᠠ ᠬᠠᠰᠢᠶ᠎ᠠ ᠶᠢ 10.4 ᠲᠦᠮᠠᠨ ᠲᠡᠭᠰᠢ ᠲᠦᠷᠪᠡᠯᠵᠢᠨ ᠮᠧᠲᠷ ᠪᠠᠶᠠᠯᠠᠬᠦᠯᠪᠠ᠃ ᠬᠦᠳᠡᠭᠡ ᠲᠤᠰᠬᠤᠨ ᠮᠠᠯᠵᠢᠬᠤ ᠤᠷᠤᠨ ᠤ ᠪᠤᠵᠠᠷ ᠤᠰᠤ᠂ ᠬᠤᠭ ᠨᠤᠪᠰᠢ | ᠶᠢ ᠰᠢᠢᠳᠪᠤᠷᠢᠯᠠᠬᠦ ᠲᠦᠷᠦᠯ ᠵᠦᠢᠯ ᠤᠨ ᠲᠤᠷᠰᠢᠯᠳᠠ ᠶᠢᠨ ᠢᠨᠵᠧᠨᠧᠷᠢᠩ ᠢ ᠡᠬᠢᠯᠠᠨ ᠬᠡᠷᠡᠭᠵᠢᠬᠦᠯᠪᠠ᠃ 1000 ᠡᠷᠤᠬᠡ ᠳᠤ ᠵᠤᠷᠯᠤᠩ ᠪᠠᠷᠢᠬᠤ ᠦᠬᠡᠷᠠᠴᠢᠯᠠᠯᠳᠠ | ᠶᠢ ᠬᠡᠷᠡᠭᠵᠢᠬᠦᠯᠪᠠ᠃ ᠲᠤᠭᠤᠶᠢᠳᠠᠯ᠎ᠠ ᠪᠠᠯᠭᠠᠰᠤᠨ ᠤ ᠯᠦᠩ ᠮᠤᠤ ᠶᠢᠩ ᠲᠤᠰᠬᠤᠨ ᠨᠢ ᠦᠪᠠᠷᠳᠠᠬᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠬᠦᠯᠥᠨ | ᠮᠠᠨᠳᠤᠭᠤᠯᠤᠭᠰᠠᠨ ᠵᠢᠱᠢᠶ᠎ᠠ ᠦᠵᠠᠬᠦᠯᠬᠦ ᠲᠤᠰᠬᠤᠨ ᠢᠶᠠᠷ ᠦᠨᠡᠯᠡᠭᠳᠠᠪᠠ︔ ᠬᠦᠬᠡᠮᠤᠳᠤ ᠪᠠᠯᠭᠠᠰᠤᠨ ᠤ ᠪᠠᠯᠭᠠᠰᠤᠨ ᠲᠤᠭᠤᠷᠢᠭ ᠤᠨ ᠤᠰᠤ ᠭᠠᠳᠠᠭᠰᠢᠯᠠᠭᠤᠯᠬᠤ | ᠪᠠᠷᠢᠯᠭ᠎ᠠ ᠶᠢ ᠪᠠᠶᠠᠯᠠᠬᠦᠯᠪᠠ︔ ᠬᠠᠳᠤᠨ ᠭᠤᠤᠯ ᠲᠠᠭᠠᠤ ᠭᠤᠷᠪᠠᠨ ᠪᠠᠯᠭᠠᠰᠤᠨ ᠤ ᠲᠦᠬᠡᠬᠡᠯ ᠤᠰᠤᠨ ᠤ ᠴᠢᠨᠠᠷ ᠢ ᠲᠡᠬᠡᠭᠰᠢᠯᠠᠬᠦᠯᠵᠤ ᠦᠷ᠎ᠠ ᠠᠰᠢᠭ ᠢ ᠨᠢ | ᠨᠡᠮᠡᠭᠳᠠᠬᠦᠯᠬᠦ ᠨᠢᠬᠡᠳᠤᠬᠡᠷ ᠬᠤᠭᠤᠴᠠᠭᠠᠨ ᠤ ᠪᠠᠷᠢᠯᠭ᠎ᠠ ᠵᠢᠩᠬᠢᠨᠢ ᠪᠠᠷ ᠠᠰᠢᠭᠯᠠᠯᠳᠠ ᠳᠤ ᠤᠷᠤᠭᠤᠯᠪᠠ᠃ | ︵ᠲᠠᠪᠤ︶ ᠬᠦᠴᠦᠨ ᠢᠶᠠᠨ ᠬᠠᠮᠳᠤᠳᠬᠠᠵᠤ ᠤᠷᠴᠢᠨ ᠲᠤᠭᠤᠷᠢᠨ ᠤ ᠬᠠᠮᠠᠭᠠᠯᠠᠯᠳᠠ ᠶᠢ ᠰᠠᠶᠢᠳᠤᠷ ᠠᠳᠬᠤᠭᠠᠳ ᠠᠮᠢ ᠠᠬᠤᠢ ᠶᠢᠨ ᠪᠤᠯᠪᠠᠰᠤᠨ ᠤ ᠦᠷ᠎ᠠ | ᠪᠦᠳᠦᠮᠵᠢ ᠢᠯᠠᠳᠳᠠ ᠪᠤᠯᠪᠠ᠃ | ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠰᠢᠯᠤᠭᠤᠨ ᠢᠶᠠᠷ ᠠᠬᠢᠭᠤᠯᠤᠭᠳᠠᠵᠤ᠂ ᠪᠦᠬᠦ ᠵᠢᠯ ᠳᠤ ᠤᠢ ᠰᠢᠭᠤᠢ | ᠶᠢᠨ ᠪᠦᠳᠦᠬᠡᠨ ᠪᠠᠶᠢᠭᠤᠯᠤᠯᠳᠠ ᠶᠢᠨ ᠡᠬᠦᠷᠬᠡ ᠶᠢ 61.12 ᠲᠦᠮᠠᠨ ᠮᠤ᠋ ᠪᠠᠶᠠᠯᠠᠬᠦᠯᠵᠤ᠂ ᠬᠦᠷᠦᠰᠤ ᠰᠢᠷᠥᠢ ᠤᠰᠤᠨ ᠤ ᠢᠳᠡᠭᠳᠠᠯ ᠢ ᠵᠠᠰᠠᠬᠤ ᠲᠠᠯᠠᠪᠠᠢ ᠶᠢ 23 | ᠲᠦᠮᠠᠨ ᠮᠤ᠋ ᠰᠢᠨ᠎ᠠ ᠪᠠᠷ ᠨᠡᠮᠡᠭᠳᠠᠬᠦᠯᠵᠤ᠂ 13 ᠲᠦᠮᠠᠨ ᠮᠤ᠋ ᠨᠤᠳᠤᠭ ᠪᠠᠯᠴᠢᠬᠡᠷ ᠢ ᠬᠦᠷᠢᠶᠠᠯᠠᠵᠤ᠂ 25 ᠲᠦᠮᠠᠨ ᠮᠤ᠋ ᠨᠤᠳᠤᠭ ᠪᠠᠯᠴᠢᠬᠡᠷ ᠲᠤ ᠬᠤᠯᠤᠭᠠᠨ᠎ᠠ | ᠤᠰᠠᠳᠬᠠᠵᠤ᠂ 8 ᠲᠦᠮᠠᠨ ᠮᠤ᠋ ᠨᠤᠳᠤᠭ ᠪᠠᠯᠴᠢᠬᠡᠷ ᠲᠤ ᠬᠤᠷᠤᠬᠠᠢ ᠤᠰᠠᠳᠬᠠᠬᠤ ᠶᠢ ᠪᠠᠶᠠᠯᠠᠬᠦᠯᠪᠠ᠃ ᠠᠭᠠᠷ ᠮᠠᠨᠳᠤᠯ ᠤᠨ ᠪᠤᠬᠢᠷᠳᠤᠯ ᠢ ᠰᠠᠷᠬᠡᠶᠢᠯᠠᠬᠦ᠂ ᠤᠰᠤᠨ ᠤ | ᠪᠤᠵᠠᠷᠳᠤᠯ ᠢ ᠰᠠᠷᠬᠡᠶᠢᠯᠠᠨ ᠵᠠᠰᠠᠬᠤ᠂ ᠬᠦᠷᠦᠰᠤ ᠰᠢᠷᠥᠢ ᠶᠢᠨ ᠪᠤᠵᠠᠷᠳᠤᠯ ᠢ ᠰᠠᠷᠬᠡᠶᠢᠯᠠᠨ ᠵᠠᠰᠠᠬᠤ ᠠᠵᠢᠯ ᠤᠨ ᠦᠷ᠎ᠠ ᠪᠦᠳᠤᠮᠵᠢ ᠢᠯᠠᠳᠳᠠ ᠪᠤᠯᠪᠠ᠃ ᠪᠦᠬᠦ | ᠬᠤᠰᠢᠭᠤᠨ ᠤ ᠬᠤᠳᠠ ᠪᠠᠯᠭᠠᠰᠤᠨ ᠤ ᠤᠤᠭᠤᠬᠤ ᠤᠰᠤᠨ ᠤ ᠤᠰᠤᠨ ᠢᠷᠠᠯᠳᠠ ᠶᠢᠨ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ 100% ᠳᠤ ᠬᠦᠷᠪᠠ᠃ | ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠵᠤ ᠭᠠᠳᠠᠭᠰᠢᠯᠠᠭᠤᠯᠬᠤ ᠬᠦᠴᠦᠯᠠᠴᠠ ᠲᠠᠰᠤᠷᠠᠯᠳᠠ ᠦᠬᠡᠢ ᠶᠡᠬᠡᠰᠴᠤ᠂ ᠬᠤᠳᠠ ᠶᠢᠨ ᠵᠠᠰᠠᠭ ᠤᠨ ᠤᠷᠳᠤᠨ ᠠᠴᠠ | ᠪᠠᠭᠤᠯᠭᠠᠭᠰᠠᠨ ᠲᠦᠮᠠᠨ ᠲᠦᠬᠦᠷᠢᠭ ᠤᠨGDP ᠶᠢᠨ ᠡᠨᠧᠷᠬᠢ ᠶᠢᠨ ᠬᠤᠷᠤᠭᠳᠠᠯ ᠢ ᠪᠠᠭᠠᠰᠬᠠᠬᠤ ᠪᠠ ᠨᠠᠬᠦᠷᠠᠰᠤᠳᠦ᠋ᠷᠦᠭᠴᠢ ᠶᠢᠨ ᠲᠠᠪᠬᠤᠷ ᠢᠰᠤᠯ ᠢ | ᠢᠯᠠᠭᠠᠷᠠᠭᠤᠯᠬᠤ ᠶᠢ ᠲᠤᠷᠤᠭᠰᠢᠯᠠᠭᠤᠯᠬᠤ ᠬᠠᠷᠠᠯᠳᠠ ᠡᠬᠦᠷᠬᠡ ᠶᠢ ᠪᠠᠶᠠᠯᠠᠬᠦᠯᠪᠠ᠃ | ︵ᠵᠢᠷᠭᠤᠭ᠎ᠠ︶ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠴᠢᠩ ᠰᠡᠳᠬᠢᠯ ᠠᠴᠠ ᠪᠠᠨ ᠬᠠᠷᠠᠭᠠᠯᠵᠠᠭᠠᠳ᠂ ᠠᠷᠠᠳ ᠲᠦᠮᠠᠨ ᠤ ᠠᠮᠢᠳᠤᠷᠠᠯ ᠢ | ᠨᠡᠩ ᠵᠤᠯ ᠵᠢᠷᠭᠠᠯ ᠲᠠᠢ ᠪᠤᠯᠭᠠᠪᠠ᠃ | ᠶᠠᠳᠠᠭᠤ ᠶᠢ ᠲᠠᠳᠬᠦᠬᠦ ᠠᠵᠢᠯ ᠨᠠᠷᠢᠯᠢᠭ ᠤᠨᠤᠪᠴᠢᠳᠠᠢ ᠪᠠᠷ ᠲᠦᠯᠬᠢᠨ ᠠᠬᠢᠭᠤᠯᠤᠭᠳᠠᠪᠠ᠃ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠠᠳᠬᠦᠵᠤ᠂ ᠨᠠᠷᠢᠨ | ᠨᠢᠮᠪᠠᠢ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠬᠠᠪᠰᠤᠷᠤᠨ ᠲᠠᠳᠬᠦᠬᠦ ᠠᠷᠭ᠎ᠠ ᠪᠠᠷᠢᠯ ᠢ ᠡᠷᠤᠬᠡ᠂ ᠬᠦᠮᠦᠨ ᠪᠦᠷᠢ ᠳᠤ ᠨᠠᠶᠢᠳᠠᠪᠤᠷᠢᠵᠢᠭᠤᠯᠬᠤ ᠶᠢ | ᠪᠠᠷᠢᠮᠳᠠᠯᠠᠪᠠ᠃ ︽ᠨᠠᠮ ᠤᠨ ᠡᠬᠦᠷ+ ᠲᠤᠯᠤᠭᠠᠶᠢᠯᠠᠭᠴᠢ ᠠᠵᠤ ᠠᠬᠤᠶᠢᠯᠠᠯ+ ᠬᠤᠷᠰᠢᠭᠰᠠᠨ ᠵᠤᠬᠢᠶᠠᠨ ᠪᠠᠶᠢᠭᠤᠯᠤᠯᠳᠠ+ ᠮᠠᠯᠴᠢᠨ ᠡᠷᠤᠬᠡ+ ᠶᠠᠳᠠᠭᠤ ᠡᠷᠤᠬᠡ︾ | ᠶᠢ ᠠᠵᠤ ᠦᠢᠯᠠᠰ ᠢᠶᠠᠷ ᠬᠠᠪᠰᠤᠷᠤᠨ ᠲᠠᠮᠵᠢᠬᠦ ᠬᠡᠯᠪᠡᠷᠢ ᠶᠢ ᠲᠦᠯᠬᠢᠨ ᠠᠬᠢᠭᠤᠯᠵᠤ᠂ ᠵᠠᠬᠢᠶᠠᠯᠠᠭ᠎ᠠ ᠪᠠᠷ ᠬᠤᠷᠢᠶᠠᠨ ᠠᠪᠬᠤ ᠵᠠᠷᠬᠡ ᠠᠷᠭ᠎ᠠ ᠪᠠᠷ ᠲᠠᠮᠵᠢᠭᠤᠯᠤᠨ᠂ | ᠬᠠᠪᠰᠤᠷᠤᠨ ᠲᠠᠳᠬᠦᠬᠦ ᠶᠠᠳᠠᠭᠤ ᠡᠷᠤᠬᠡ ᠶᠢ ᠠᠵᠤ ᠦᠢᠯᠠᠰ ᠤᠨ ᠬᠢᠨᠵᠢᠨ ᠲᠠᠬᠡᠷ᠎ᠡ ᠤᠷᠤᠭᠤᠯᠤᠨ ᠠᠪᠴᠢᠷᠠᠪᠠ᠃ ᠭᠠᠴᠠᠭ᠎ᠠ ᠲᠤᠰᠬᠤᠨ ᠤ ᠨᠠᠶᠢᠳᠠ ᠶᠢᠨ ᠠᠵᠤ | ᠠᠬᠤᠢ ᠶᠢ ︽ᠲᠠᠬᠢᠨ ᠢᠶᠠᠷ ᠨᠡᠮᠡᠭᠳᠠᠬᠦᠯᠬᠦ︾ ᠠᠵᠢᠯᠯᠠᠭᠠᠨ ᠢ ᠦᠷᠬᠦᠯᠵᠢᠯᠠᠨ ᠬᠡᠷᠡᠭᠵᠢᠬᠦᠯᠵᠤ᠂ ᠶᠠᠳᠠᠭᠤ ᠶᠢ ᠲᠠᠳᠬᠦᠬᠦ ᠰᠢᠪᠳᠤᠯᠤᠯᠳᠠ ᠲᠠᠭᠠᠷᠢᠬᠤ ᠲᠠᠶᠢᠯᠠᠯᠳᠤᠭᠠᠨ ᠢ | ᠪᠦᠬᠦ ᠬᠦᠴᠦᠨ ᠢᠶᠠᠷ ᠢᠶᠠᠨ ᠬᠠᠪᠰᠤᠷᠤᠨ ᠪᠠᠶᠠᠯᠠᠬᠦᠯᠪᠠ᠃ ᠪᠦᠬᠦ ᠵᠢᠯ ᠳᠤ ᠬᠠᠪᠰᠤᠷᠤᠨ ᠲᠡᠳᠬᠦᠭᠰᠠᠨ ᠶᠠᠳᠠᠭᠤ ᠬᠦᠴᠢᠷᠳᠠᠯ ᠲᠠᠢ ᠬᠦᠮᠦᠨ ᠠᠮᠠ 1827 | ᠡᠷᠤᠬᠡ 4387 ᠬᠦᠮᠦᠨ ᠪᠠᠶᠢᠵᠤ᠂ ᠶᠠᠳᠠᠭᠤ ᠬᠦᠴᠢᠷᠳᠠᠯ ᠲᠠᠢ ᠡᠷᠤᠬᠡ ᠶᠢᠨ ᠨᠤᠷᠮ᠎ᠠ ᠵᠢᠯ ᠤᠨ ᠡᠬᠢᠨ ᠤ 0.34% ᠪᠠᠶᠢᠭᠰᠠᠨ ᠠᠴᠠ ᠪᠠᠨ ᠪᠠᠭᠤᠷᠠᠭᠠᠳ 0. | 03% ᠪᠤᠯᠵᠤ᠂ ᠦᠪᠠᠷᠳᠠᠬᠡᠨ ᠵᠠᠰᠠᠬᠤ ᠤᠷᠤᠨ ᠤ ᠶᠠᠳᠠᠭᠤ ᠬᠦᠴᠢᠷᠳᠠᠯ ᠲᠠᠢ ᠬᠤᠰᠢᠭᠤᠨ ᠤ ᠡᠩᠨᠡᠬᠡᠨ ᠠᠴᠠ ᠠᠮᠵᠢᠯᠳᠠ ᠲᠠᠢ ᠰᠠᠯᠵᠤ᠂ ᠶᠠᠳᠠᠭᠤ ᠶᠢ ᠲᠠᠳᠬᠦᠬᠦ | ᠰᠢᠪᠳᠤᠯᠤᠯᠳᠠ ᠶᠢᠨ ᠲᠠᠶᠢᠯᠠᠯᠳᠤᠭᠠᠨ ᠵᠠᠩᠬᠢᠯᠠᠭ᠎ᠠ ᠶᠢᠨ ᠴᠢᠨᠠᠷᠳᠠᠢ ᠠᠮᠵᠢᠯᠳᠠ ᠶᠢ ᠤᠯᠪᠠ᠃ | ᠰᠤᠷᠭᠠᠨ ᠬᠦᠮᠤᠵᠢᠯ ᠤᠨ ᠦᠢᠯᠠᠰ ᠢ ᠲᠠᠰᠤᠷᠠᠯᠳᠠ ᠦᠬᠡᠢ ᠲᠦᠯᠬᠢᠨ ᠠᠬᠢᠭᠤᠯᠪᠠ᠃ ᠰᠤᠷᠭᠠᠨ ᠬᠦᠮᠤᠵᠢᠯ ᠤᠨ ᠠᠵᠢᠯ ᠦᠢᠯᠠᠰ ᠤᠨ ᠡᠯ᠎ᠡ ᠲᠦᠷᠦᠯ ᠤᠨ | ᠲᠦᠷᠢᠮ ᠤᠨ ᠦᠬᠡᠷᠡᠴᠢᠯᠠᠯᠳᠠ ᠶᠢ ᠬᠦᠨᠵᠡᠬᠡᠢ ᠲᠦᠯᠬᠢᠨ ᠠᠬᠢᠭᠤᠯᠵᠤ᠂ ᠪᠠᠯᠠ ᠤᠷᠤᠭᠤᠯᠤᠯᠳᠠ ᠪᠠᠨ ᠶᠡᠬᠡᠰᠬᠡᠵᠤ᠂ ᠪᠠᠷᠤᠭ 2000 ᠲᠦᠮᠠᠨ ᠲᠦᠬᠦᠷᠢᠭ ᠤᠨ | ᠰᠤᠷᠭᠠᠨ ᠬᠦᠮᠤᠵᠢᠯ ᠤᠨ ᠬᠦᠭᠵᠢᠯᠳᠠ ᠶᠢᠨ ᠰᠠᠭᠤᠷᠢ ᠮᠦᠩᠬᠦ ᠶᠢ ᠪᠠᠶᠢᠭᠤᠯᠵᠤ᠂ ᠵᠢᠭᠠᠨ ᠰᠤᠷᠭᠠᠯᠳᠠ ᠶᠢᠨ ᠨᠦᠬᠦᠴᠠᠯ ᠢᠯᠠᠳᠳᠠ ᠰᠠᠶᠢᠵᠢᠷᠠᠵᠤ᠂ ᠵᠢᠭᠠᠨ | ᠰᠤᠷᠭᠠᠯᠳᠠ ᠶᠢᠨ ᠶᠠᠰᠤ ᠴᠢᠨᠠᠷ ᠢᠯᠠᠳᠳᠠ ᠲᠡᠬᠡᠭᠰᠢᠯᠠᠨ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠲᠠᠩᠴᠠᠬᠦᠷᠢᠳᠠᠢ ᠬᠦᠭᠵᠢᠯᠳᠠ ᠶᠢᠨ ᠦᠨᠠᠯᠠᠨ | ᠲᠤᠭᠳᠠᠭᠠᠯᠳᠠ ᠶᠢ ᠰᠢᠯᠤᠭᠤᠨ ᠢᠶᠠᠷ ᠦᠩᠬᠡᠷᠡᠬᠡᠪᠡ᠃ ᠲᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠭᠰᠢ ᠶᠢ 85 ᠨᠠᠷᠠ ᠤᠷᠤᠭᠤᠯᠤᠨ | ᠠᠪᠴᠢᠷᠠᠪᠠ᠃ ᠰᠤᠷᠬᠤ ᠨᠠᠰᠤᠨ ᠤ ᠰᠤᠷᠭᠠᠨ ᠬᠦᠮᠤᠵᠢᠯ ᠤᠨ ᠱᠠᠳᠤᠨ ᠤ ᠬᠡᠤᠬᠡᠳ ᠤᠨ ᠭᠤᠷᠪᠠᠨ ᠵᠢᠯ ᠤᠨ ᠴᠡᠴᠡᠷᠯᠢᠭ ᠲᠤ ᠤᠷᠤᠭᠰᠠᠨ ᠨᠤᠷᠮ᠎ᠠ 95% ᠳᠤ | ᠬᠦᠷᠴᠤ᠂ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠱᠠᠳᠤᠨ ᠤ ᠮᠤᠩᠭᠤᠯ᠂ ᠬᠢᠳᠠᠳ ᠢᠶᠠᠷ ᠬᠢᠴᠢᠶᠠᠯᠯᠠᠬᠦ ᠦᠨᠳᠤᠷ ᠲᠤᠮᠳᠠᠳᠤ ᠳᠤ ᠲᠠᠪᠰᠢᠭᠰᠠᠨ ᠬᠢᠷᠢ | ᠪᠦᠳᠦᠮᠵᠢ ᠪᠦᠬᠦ ᠬᠤᠳᠠ ᠶᠢᠨ ᠲᠤᠮᠳᠠ ᠠᠴᠠ ᠲᠡᠬᠡᠭᠰᠢ ᠵᠠᠷᠬᠡ ᠶᠢᠨ ᠬᠢᠷᠢ ᠲᠦᠪᠰᠢᠨ ᠳᠤ ᠬᠦᠷᠪᠠ᠃ ᠬᠢᠳᠠᠳ ᠢᠶᠠᠷ ᠬᠢᠴᠢᠶᠠᠯᠯᠠᠬᠦ ᠶᠡᠭᠡ ᠰᠤᠷᠭᠠᠭᠤᠯᠢ ᠳᠤ | ᠲᠠᠪᠰᠢᠬᠤ ᠰᠢᠯᠭᠠᠯᠳᠠ ᠶᠢᠨ ᠬᠢᠷᠢ ᠪᠦᠳᠦᠮᠵᠢ ᠲᠠᠬᠢᠨ ᠲᠦᠢᠯ ᠤᠨ ᠶᠡᠭᠡ ᠰᠢᠪᠳᠤᠯᠤᠯᠳᠠ ᠲᠠᠢ ᠪᠤᠯᠵᠤ᠂ ᠠᠩᠬ᠎ᠠ ᠲᠠᠬᠦᠰᠬᠦ 346 ᠨᠠᠷᠠ ᠰᠢᠯᠭᠠᠭᠤᠯᠤᠭᠰᠠᠳ ᠠᠴᠠ | ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠱᠤᠭᠤᠮ ᠳᠤ 197 ᠬᠦᠮᠦᠨ ᠱᠤᠭᠤᠮ ᠳᠤ ᠬᠦᠷᠴᠤ᠂ ᠱᠤᠭᠤᠮ ᠳᠤ ᠬᠦᠷᠦᠭᠰᠠᠨ ᠨᠤᠷᠮ᠎ᠠ 57% ᠳᠤ ᠬᠦᠷᠴᠠᠢ᠃ | ᠮᠤᠩᠭᠤᠯ ᠢᠶᠠᠷ ᠬᠢᠴᠢᠶᠠᠯᠯᠠᠬᠦ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠱᠤᠭᠤᠮ ᠳᠤ ᠬᠦᠷᠦᠭᠰᠡᠨ ᠨᠤᠷᠮ᠎ᠠ 69.7% ᠳᠤ ᠬᠦᠷᠪᠠ᠃ | ᠨᠠᠶᠢᠬᠡᠮ ᠤᠨ ᠪᠠᠳᠤᠯᠠᠭ᠎ᠠ ᠡᠳᠤᠷ ᠢᠷᠠᠬᠦᠶᠡ ᠲᠠᠬᠦᠯᠳᠡᠷᠵᠢᠪᠠ᠃ ᠪᠦᠬᠦ ᠬᠤᠰᠢᠭᠤᠨ ᠤ 16 ᠨᠠᠰᠤᠨ ᠠᠴᠠ ᠲᠡᠬᠡᠭᠰᠢ ᠬᠦᠮᠦᠰ ᠤᠨ ᠨᠠᠰᠤᠵᠢᠯ ᠤᠨ | ᠲᠠᠭᠠᠳᠬᠠᠯ ᠳᠤ ᠤᠷᠤᠯᠴᠠᠭᠰᠠᠳ ᠤᠨ ᠲᠤᠭ᠎ᠠ 83605 ᠬᠦᠮᠦᠨ ᠳᠤ ᠬᠦᠷᠴᠤ᠂ ᠪᠦᠷᠬᠦᠯᠳᠠ ᠶᠢᠨ ᠨᠤᠷᠮ᠎ᠠ ᠨᠢ 71.13% ᠳᠤ ᠬᠦᠷᠪᠠ︔ ᠡᠮ ᠡᠮᠨᠡᠯᠬᠡ ᠶᠢᠨ | ᠲᠠᠭᠠᠳᠬᠠᠯ ᠳᠤ ᠤᠷᠤᠯᠴᠠᠭᠰᠠᠨ ᠬᠦᠮᠦᠨ 124671 ᠳᠤ ᠬᠦᠷᠴᠤ᠂ ᠪᠦᠷᠬᠦᠯᠳᠠ ᠶᠢᠨ ᠨᠤᠷᠮ᠎ᠠ ᠨᠢ 85.39% ᠳᠤ ᠬᠦᠷᠪᠠ︔ ᠡᠯ᠎ᠡ ᠲᠦᠷᠦᠯ ᠤᠨ ᠨᠠᠶᠢᠬᠡᠮ | ᠤᠨ ᠪᠠᠳᠤᠯᠠᠭ᠎ᠠ ᠶᠢᠨ ᠰᠠᠭᠤᠷᠢ ᠮᠦᠩᠬᠦᠨ ᠤ ᠤᠷᠤᠯᠭ᠎ᠠ 65477.63 ᠲᠦᠮᠠᠨ ᠲᠦᠬᠦᠷᠢᠭ ᠪᠤᠯᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠤᠰᠤᠨ ᠨᠠᠰᠤᠵᠢᠯ ᠤᠨ ᠲᠠᠭᠠᠳᠬᠠᠯ ᠢ ᠬᠦᠮᠦᠨ ᠲᠤᠮᠳᠠᠴᠢ ᠪᠠᠷ 68 ᠲᠦᠬᠦᠷᠢᠭ ᠦᠰᠬᠡᠵᠤ᠂ ᠠᠵᠤ ᠠᠬᠤᠶᠢᠯᠠᠯ ᠵᠢᠴᠢ ᠪᠠᠶᠢᠭᠤᠯᠭ᠎ᠠ ᠠᠵᠢᠯ ᠦᠢᠯᠠᠰ ᠤᠨ | ᠨᠢᠬᠡᠴᠠ ᠶᠢᠨ ᠠᠵᠢᠯ ᠠᠴᠠ ᠠᠮᠠᠷᠠᠭᠰᠠᠨ ︵ᠲᠤᠰᠢᠶᠠᠯ ᠠᠴᠠ ᠪᠠᠭᠤᠭᠰᠠᠨ︶ ᠬᠦᠮᠦᠰ ᠤᠨ ᠦᠨᠳᠤᠰᠤᠨ ᠨᠠᠰᠤᠵᠢᠯ ᠤᠨ ᠲᠠᠭᠠᠳᠬᠠᠯ ᠢ ᠬᠦᠮᠦᠨ ᠲᠤᠮᠳᠠᠴᠢ ᠪᠠᠷ ᠲᠤᠰ | ᠪᠦᠷᠢ 140.65 ᠲᠦᠬᠦᠷᠢᠭ ᠪᠠ 195.06 ᠲᠦᠬᠦᠷᠢᠭ ᠦᠰᠬᠡᠪᠡ᠃ ᠪᠦᠬᠦ ᠬᠤᠳᠠ ᠶᠢᠨ ᠬᠡᠪᠴᠢᠶᠠᠨ ᠳᠤ ᠡᠮ ᠡᠮᠨᠡᠯᠬᠡ ᠪᠠᠷ ᠶᠠᠳᠠᠭᠤ ᠶᠢ ᠲᠠᠳᠬᠦᠬᠦ ︽ᠨᠢᠬᠡ | ᠦᠷᠳᠡᠭᠡ ᠬᠡᠯᠪᠡᠷᠢ︾ ᠶᠢᠨ ᠦᠢᠯᠠᠴᠢᠯᠠᠬᠡᠨ ᠢ ᠡᠩ ᠲᠠᠷᠢᠬᠦᠨ ᠳᠤ ᠬᠡᠷᠡᠭᠵᠢᠬᠦᠯᠵᠤ᠂ 1845 ᠨᠠᠷᠠ ᠶᠠᠳᠠᠭᠤ ᠬᠦᠴᠢᠷᠳᠠᠯ ᠲᠠᠢ ᠡᠪᠡᠳᠴᠢᠳᠠᠨ ᠳᠤ 801.92 | ᠲᠦᠮᠠᠨ ᠲᠦᠬᠦᠷᠢᠭ ᠤᠨ ᠡᠮ ᠡᠮᠨᠡᠯᠬᠡ ᠶᠢᠨ ᠵᠠᠷᠤᠳᠠᠯ ᠢ ᠲᠠᠩᠰᠠᠨ ᠠᠴᠠ ᠴᠠᠭᠠᠷᠠᠭᠤᠯᠪᠠ᠃ | ᠠᠵᠢᠯ ᠤᠯᠭᠤᠯᠳᠠ ᠶᠢᠨ ᠪᠠᠶᠢᠳᠠᠯ ᠶᠠᠷᠤᠩᠬᠡᠢ ᠳᠤ ᠪᠠᠨ ᠲᠤᠭᠳᠠᠪᠤᠷᠢᠵᠢᠪᠠ᠃ ᠪᠦᠬᠦ ᠵᠢᠯ ᠳᠤ ᠬᠤᠳᠠ ᠪᠠᠯᠭᠠᠰᠤᠨ ᠤ ᠰᠢᠨ᠎ᠠ ᠪᠠᠷ ᠠᠵᠢᠯ ᠤᠯᠤᠭᠰᠠᠨ | ᠬᠦᠮᠦᠨ 1261 ᠳᠤ ᠬᠦᠷᠴᠤ᠂ ᠬᠤᠳᠠ ᠪᠠᠯᠭᠠᠰᠤ ᠶᠢᠨ ᠲᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3% ᠶᠢᠨ ᠲᠤᠳᠤᠷ᠎ᠠ ᠬᠢᠵᠠᠭᠠᠷᠯᠠᠪᠠ︔ | ᠤᠯᠠᠨ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ 112 ᠨᠠᠬᠡᠬᠡᠨ ᠬᠦᠭᠵᠢᠬᠦᠯᠪᠠ︔ 25 ᠠᠵᠤ ᠠᠬᠤᠶᠢᠯᠠᠯ ᠲᠠᠢ ᠲᠤᠬᠠᠢ ᠶᠢᠨ ᠭᠠᠵᠠᠷ ᠤᠨ | ᠠᠵᠢᠯᠴᠢᠨ ᠢ ᠬᠡᠷᠡᠭᠯᠠᠬᠦ ᠬᠡᠯᠡᠯᠴᠠᠬᠡᠷ ᠢ ᠠᠮᠵᠢᠯᠳᠠ ᠲᠠᠢ ᠲᠤᠭᠳᠠᠵᠤ᠂ ᠨᠠᠶᠢᠳᠠ 765 ᠵᠤᠷᠪᠤᠰ ᠬᠤᠭᠤᠰᠤᠨ ᠠᠵᠢᠯ ᠤᠨ ᠪᠠᠶᠢᠷᠢ ᠶᠢᠨ ᠵᠠᠷ ᠴᠢᠮᠡᠭᠡ ᠶᠢ ᠲᠠᠷᠬᠠᠭᠠᠵᠤ | ᠂ ᠬᠠᠩᠬᠢᠨ ᠬᠤᠰᠢᠭᠤᠨ ᠤ ᠡᠷᠤᠬᠡ ᠠᠮᠠ ᠲᠠᠢ ᠬᠦᠳᠠᠯᠮᠤᠷᠢ ᠬᠦᠴᠦᠨ ᠢ ᠲᠠᠶᠢᠴᠢᠯᠠᠨ 322 ᠬᠦᠮᠦᠨ ᠳᠤ ᠠᠵᠢᠯ ᠤᠯᠭᠤᠪᠠ᠃ | ᠡᠷᠡᠬᠦᠯ ᠬᠠᠮᠠᠭᠠᠯᠠᠯ ᠲᠦᠯᠦᠪᠯᠠᠬᠡᠳᠤ ᠬᠦᠩᠬᠡᠵᠢᠯ ᠤᠨ ᠦᠢᠯᠠᠰ ᠲᠠᠰᠤᠷᠠᠯᠳᠠ ᠦᠬᠡᠢ ᠲᠠᠪᠰᠢᠪᠠ᠃ ᠡᠮ ᠡᠮᠨᠡᠯᠬᠡ ᠶᠢᠨ ᠦᠢᠯᠠᠴᠢᠯᠠᠬᠡᠨ ᠤ ᠶᠠᠰᠤ ᠴᠢᠨᠠᠷ ᠢ | ᠪᠦᠬᠦ ᠲᠠᠯ᠎ᠠ ᠪᠠᠷ ᠲᠠᠬᠡᠭᠰᠢᠯᠠᠬᠦᠯᠵᠤ᠂ ᠬᠤᠰᠢᠭᠤ ᠠᠷᠠᠳ ᠤᠨ ᠡᠮᠨᠡᠯᠬᠡ ᠶᠢᠨ ᠬᠤᠷᠢᠶᠠᠨ ᠳᠤ ᠰᠢᠯᠭᠠᠨ ᠪᠠᠶᠢᠴᠠᠭᠠᠬᠤ᠂ ᠡᠮᠨᠡᠯᠬᠡ ᠳᠤ ᠰᠠᠭᠤᠭᠰᠠᠨ ᠡᠪᠡᠳᠴᠢᠨ ᠢ ᠡᠳᠤᠷ | ᠤᠨ ᠵᠠᠷᠤᠳᠠᠯ ᠢ ᠦᠪᠠᠷᠳᠠᠬᠡᠨ ᠪᠠᠶᠢᠴᠠᠭᠠᠵᠤ ᠯᠠᠪᠯᠠᠨ ᠠᠰᠠᠭᠤᠬᠤ ᠵᠠᠷᠬᠡ ᠠᠷᠠᠳ ᠲᠤ ᠲᠦᠬᠦᠮ ᠦᠵᠠᠬᠦᠯᠬᠦ ᠦᠢᠯᠠᠴᠢᠯᠠᠬᠡᠨ ᠤ ᠰᠢᠰᠲ᠋ᠧᠮ ᠢ ᠪᠠᠶᠢᠭᠤᠯᠪᠠ︔ ᠮᠤᠩᠭᠤᠯ | ᠬᠢᠳᠠᠳ ᠡᠮ ᠲᠠᠩ ᠤᠨ ᠦᠢᠯᠠᠰ ᠢ ᠢᠳᠠᠪᠬᠢᠳᠠᠢ ᠬᠦᠭᠵᠢᠬᠦᠯᠵᠤ᠂ ᠮᠤᠩᠭᠤᠯ ᠡᠮ ᠡᠮᠨᠡᠯᠬᠡ ᠶᠢᠨ ᠶᠠᠷᠤᠩᠬᠡᠶᠢᠯᠡᠭᠰᠠᠨ ᠡᠮᠨᠡᠯᠬᠡ ᠶᠢᠨ ᠬᠤᠷᠢᠶᠠᠨ ᠳᠤ ︽ᠡᠳᠡᠬᠡᠷᠡᠰᠢ | ᠦᠬᠡᠢ ᠡᠪᠡᠳᠴᠢᠨ ᠢ ᠵᠠᠰᠠᠬᠤ︾ ᠰᠠᠯᠠᠭ᠎ᠠ ᠶᠢ ᠪᠠᠶᠢᠭᠤᠯᠤᠭᠰᠠᠨ ᠪᠦᠬᠡᠳ ᠴᠢᠮᠡᠭᠡ ᠵᠠᠩᠬᠢᠵᠢᠯᠳᠠ ᠶᠢᠨ ᠪᠦᠳᠦᠬᠡᠨ ᠪᠠᠶᠢᠭᠤᠯᠤᠯᠳᠠ ᠪᠠᠨ ᠲᠠᠬᠦᠯᠳᠡᠷᠵᠢᠬᠦᠯᠪᠠ᠃ ᠲᠤᠤᠷ | ᠰᠦᠯᠵᠢᠶᠠᠨ ᠲᠠᠬᠡᠷ᠎ᠡ ᠬᠡᠤᠬᠡᠳ ᠠᠪᠬᠤ ᠶᠢ ᠲᠠᠩᠰᠠᠯᠠᠨ ᠲᠡᠮᠳᠡᠭᠯᠡᠬᠦ ᠦᠢᠯᠠᠴᠢᠯᠠᠬᠡᠨ ᠤ ᠲᠦᠷᠢᠮ ᠢ ᠬᠡᠷᠡᠭᠵᠢᠬᠦᠯᠵᠤ᠂ ᠬᠢᠨᠠᠨ ᠵᠦᠪᠰᠢᠶᠠᠷᠠᠯ ᠤᠨ ᠶᠠᠪᠤᠴᠠ ᠶᠢ | ᠰᠢᠯᠢᠳᠡᠭᠴᠢᠯᠠᠪᠠ᠃ ᠤᠯᠤᠰ ᠠᠴᠠ ᠰᠦᠢᠳᠬᠡᠯ ᠬᠤᠷᠢᠶᠠᠬᠤ ᠦᠬᠡᠢ ᠪᠠᠷ ᠤᠷᠤᠭᠯᠠᠬᠤ ᠠᠴᠠ ᠡᠮᠤᠨᠠᠬᠢ ᠪᠠᠶ᠎ᠡ ᠶᠢᠨ ᠪᠠᠶᠢᠴᠠᠭᠠᠯᠳᠠ ᠬᠢᠯᠬᠡᠬᠦ᠂ ᠬᠦᠩᠬᠡᠵᠢᠬᠦ ᠠᠴᠠ | ᠡᠮᠤᠨᠠᠬᠢ ᠪᠡᠶ᠎ᠡ ᠶᠢᠨ ᠪᠠᠶᠢᠴᠠᠭᠠᠯᠳᠠ᠂ ᠬᠦᠩᠬᠡᠵᠢᠬᠦ ᠠᠴᠠ ᠡᠮᠤᠨᠠᠬᠢ ᠪᠠ ᠲᠦᠷᠦᠬᠦ ᠬᠡᠤᠬᠡᠳ ᠢ ᠰᠢᠯᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠪᠠ᠃ | ᠵᠠᠬ᠎ᠠ ᠲᠠᠯᠬᠡᠬᠦᠷ ᠲᠤ ᠬᠢᠨᠠᠯᠳᠠ ᠲᠠᠯᠪᠢᠬᠤ᠂ ᠠᠶᠤᠯᠬᠦᠢ ᠦᠢᠯᠠᠳᠪᠤᠷᠢᠯᠠᠯ᠂ ᠪᠠᠷᠠᠭᠠᠨ ᠤ ᠦᠨ᠎ᠠ ᠵᠠᠷᠬᠡ ᠳᠤ ᠬᠢᠨᠠᠯᠳᠠ ᠲᠠᠯᠪᠢᠬᠤ ᠬᠠᠮᠢᠶᠠᠷᠤᠯᠳᠠ ᠶᠢᠨ | ᠰᠢᠰᠲ᠋ᠧᠮ ᠢ ᠡᠳᠤᠷ ᠢᠷᠠᠬᠦᠶ᠎ᠠ ᠲᠠᠬᠦᠯᠳᠡᠷᠵᠢᠬᠦᠯᠪᠠ᠃ ᠢᠳᠠᠬᠡᠨ ᠤ ᠵᠦᠢᠯ ᠡᠮ ᠤᠨ ᠵᠦᠢᠯ ᠢ ᠴᠢᠮᠡᠭᠡ ᠵᠠᠩᠬᠢᠵᠢᠯᠳᠠ ᠪᠠᠷ ᠬᠢᠨᠠᠨ ᠬᠠᠮᠢᠶᠠᠷᠬᠤ ᠲᠠᠪᠴᠠᠩ ᠢ | ᠠᠰᠢᠭᠯᠠᠯᠳᠠ ᠳᠤ ᠤᠷᠤᠭᠤᠯᠵᠤ᠂ ᠪᠦᠬᠦ ᠬᠤᠰᠢᠭᠤᠨ ᠤ 176 ᠭᠤᠤᠯᠳᠠᠯᠭ᠎ᠠ ᠲᠠᠢ ᠲᠠᠯᠠᠪᠤᠷ ᠲᠤ ᠬᠢᠨᠠᠨ ᠡᠵᠡᠮᠳᠠᠬᠦᠷ ᠢ ᠤᠭᠰᠠᠷᠠᠪᠠ︔ ᠢᠳᠠᠬᠡᠨ ᠤ ᠵᠦᠢᠯ ᠢ | ᠪᠤᠯᠪᠠᠰᠤᠷᠠᠭᠤᠯᠬᠤ ᠬᠦᠷᠢᠶᠠᠯᠠᠩ ᠲᠤᠭᠤᠷᠢᠭ ᠤᠨ ᠴᠢᠳᠠᠪᠬᠢ ᠶᠢ ᠤᠯᠠᠮ ᠨᠢᠬᠡ ᠠᠯᠬᠤᠮ ᠲᠠᠬᠦᠯᠳᠡᠷᠵᠢᠬᠦᠯᠵᠤ᠂ ᠵᠢᠵᠢᠭ ᠦᠢᠯᠠᠳᠬᠡᠯ ᠬᠦᠷᠢᠶᠠᠯᠠᠩ ᠲᠤᠭᠤᠷᠢᠭ ᠲᠤ | ᠤᠷᠤᠭᠰᠠᠨ ᠨᠤᠷᠮ᠎ᠠ 61.5% ᠳᠤ ᠬᠦᠷᠪᠠ︔ ᠪᠠᠷᠠᠭᠠᠨ ᠤ ᠲᠡᠮᠳᠡᠭ ᠢ ᠪᠤᠶᠢᠵᠢᠭᠤᠯᠬᠤ ᠠᠵᠢᠯ ᠢ ᠲᠠᠰᠤᠷᠠᠯᠳᠠ ᠦᠬᠡᠢ ᠴᠢᠩᠭᠠᠳᠬᠠᠵᠤ᠂ 2018 ᠤᠨ ᠳᠤ | ᠰᠢᠨ᠎ᠠ ᠪᠠᠷ ᠲᠠᠩᠰᠠᠯᠠᠭᠤᠯᠤᠭᠰᠠᠨ ᠪᠠᠷᠠᠭᠠᠨ ᠤ ᠲᠡᠮᠳᠡᠭ 208 ᠳᠤ ᠬᠦᠷᠴᠤ᠂ 148% ᠪᠠᠷ ᠨᠡᠮᠡᠭᠳᠠᠬᠦᠯᠪᠠ᠃ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠠ | ᠴᠠᠷ᠎ᠠ ᠳᠠᠬᠢ ᠬᠢᠨᠠᠨ ᠬᠠᠮᠢᠶᠠᠷᠤᠯᠳᠠ ᠬᠠᠤᠯᠢ ᠬᠡᠷᠡᠭᠵᠢᠬᠦᠯᠥᠯᠳᠠ᠂ ᠲᠤᠰᠬᠠᠢ ᠲᠦᠷᠦᠯ ᠤᠨ ᠴᠡᠭᠴᠠᠯᠠᠨ ᠵᠠᠰᠠᠯᠳᠠ ᠪᠠ ᠲᠠᠯᠳᠠ ᠬᠡᠮ ᠢ ᠵᠠᠰᠠᠬᠤ ᠪᠠᠨ ᠴᠢᠩᠭᠠᠳᠬᠠᠵᠤ᠂ | ᠪᠦᠬᠦ ᠬᠤᠰᠢᠭᠤᠨ ᠤ ᠠᠶᠤᠯᠬᠦᠢ ᠦᠢᠯᠠᠳᠪᠤᠷᠢᠯᠠᠯ ᠤᠨ ᠪᠠᠶᠢᠳᠠᠯ ᠶᠠᠷᠤᠩᠬᠡᠢ ᠳᠤ ᠪᠠᠨ ᠲᠤᠭᠳᠠᠪᠤᠷᠢᠵᠢᠪᠠ᠃ ᠪᠠᠷᠠᠭᠠᠨ ᠤ ᠦᠨ᠎ᠠ ᠳᠠᠬᠢ ᠬᠢᠨᠠᠨ ᠬᠠᠮᠢᠶᠠᠷᠤᠯᠳᠠ ᠪᠠᠨ | ᠦᠨᠠᠨᠬᠦ ᠴᠢᠩᠭᠠᠳᠬᠠᠵᠤ᠂ ᠪᠦᠬᠦ ᠬᠤᠰᠢᠭᠤᠨ ᠤ ᠵᠠᠬ᠎ᠠ ᠲᠠᠯᠬᠡᠬᠦᠷ ᠤᠨ ᠦᠨ᠎ᠠ ᠬᠠᠩᠰᠢ ᠶᠢ ᠲᠤᠭᠳᠠᠪᠤᠷᠢᠳᠠᠢ ᠪᠤᠯᠭᠠᠪᠠ᠃ | 2018 ᠤᠨ ᠤ ᠲᠦᠯᠦᠪᠯᠡᠭᠡ ᠶᠢ ᠬᠡᠷᠡᠭᠵᠢᠬᠦᠯᠦᠭᠰᠠᠨ ᠪᠠᠶᠢᠳᠠᠯ ᠢᠶᠠᠨ ᠡᠷᠬᠢᠴᠠᠬᠦᠯᠪᠠᠯ᠂ ᠪᠢᠳᠠ ᠲᠠᠷᠤᠯᠳᠠ ᠶᠢᠨ ᠬᠦᠴᠦᠨ ᠢ ᠠᠪᠤᠨ ᠬᠠᠷᠢᠭᠤᠴᠠᠵᠤ᠂ | ᠰᠢᠯᠭᠠᠯᠳᠠ ᠪᠠᠷ ᠲᠠᠮᠵᠢᠨ᠂ ᠠᠵᠤ ᠠᠬᠤᠢ ᠨᠠᠶᠢᠬᠡᠮ ᠤᠨ ᠬᠦᠭᠵᠢᠯᠳᠠ ᠲᠤᠭᠳᠠᠭᠤᠨ ᠤ ᠲᠤᠮᠳᠠ ᠬᠦᠭᠵᠢᠯᠳᠠ ᠶᠢᠨ ᠰᠠᠶᠢᠨ ᠪᠠᠶᠢᠳᠠᠯ ᠢᠯᠠᠷᠠᠨ᠂ ᠲᠤᠭᠳᠠᠭᠤᠨ ᠤ | ᠲᠤᠮᠳᠠ ᠲᠠᠪᠰᠢᠯᠳᠠ ᠲᠠᠢ ᠪᠤᠯᠵᠤ᠂ ᠲᠤᠭᠳᠠᠭᠤᠨ ᠤ ᠲᠤᠮᠳᠠ ᠶᠠᠰᠤ ᠴᠢᠨᠠᠷ ᠢᠶᠠᠨ ᠲᠠᠬᠡᠭᠰᠢᠯᠠᠬᠦᠯᠪᠠ᠃ ᠬᠡᠳᠠᠯ᠎ᠠ ᠪᠠᠰᠠ ᠪᠦᠬᠦ ᠬᠤᠰᠢᠭᠤᠨ ᠤ ᠠᠵᠤ ᠠᠬᠤᠢ ᠨᠠᠶᠢᠬᠡᠮ | ᠤᠨ ᠬᠦᠭᠵᠢᠯᠳᠠ ᠳᠤ ᠬᠠᠰᠢᠯᠠ ᠨᠢᠬᠡ ᠪᠦᠯᠦᠭ ᠬᠦᠴᠢᠷᠳᠠᠯ ᠪᠠ ᠠᠰᠠᠭᠤᠳᠠᠯ ᠤᠷᠤᠰᠢᠵᠤ ᠪᠠᠶᠢᠭ᠎ᠠ ᠶᠢ ᠰᠠᠷᠬᠡᠭ ᠢᠶᠠᠷ ᠲᠠᠨᠢᠵᠤ ᠤᠯᠤᠯ᠎ᠠ᠃ ᠪᠦᠬᠦ ᠬᠤᠰᠢᠭᠤᠨ ᠤ | ᠠᠵᠤ ᠠᠬᠤᠢ ᠶᠢᠨ ᠲᠤᠷᠤᠭᠰᠢ ᠦᠵᠡᠬᠦᠯᠦᠭᠰᠠᠨ ᠲᠠᠷᠤᠯᠳᠠ ᠪᠠᠰᠠ ᠯᠠ ᠨᠠᠯᠢᠶᠠᠳ ᠶᠡᠭᠡ ᠪᠠᠶᠢᠭᠰᠠᠭᠠᠷ᠃ ᠭᠤᠤᠯᠳᠠᠭᠤ ᠠᠵᠤ ᠠᠬᠤᠢ ᠶᠢᠨ ᠵᠢᠭᠠᠯᠳᠠ ᠲᠤᠭᠠᠨ ᠤ | ᠨᠡᠮᠡᠭᠳᠠᠯ ᠤᠨ ᠬᠤᠷᠳᠤᠴᠠ ᠤᠳᠠᠭᠠᠰᠢᠷᠠᠪᠠ︔ ᠠᠷᠠᠳ ᠤᠨ ᠬᠤᠭᠤᠷᠤᠨᠳᠤᠬᠢ ᠪᠠᠯᠠ ᠤᠷᠤᠭᠤᠯᠤᠯᠳᠠ ᠪᠠᠰᠠ ᠮᠡᠳᠡᠭᠳᠠᠬᠦᠶᠢᠴᠠ ᠬᠦᠷᠦᠯᠴᠠᠬᠦ ᠦᠬᠡᠢ᠂ ᠲᠤᠭᠳᠠᠮᠠᠯ | ᠬᠦᠷᠦᠩᠬᠡ ᠶᠢᠨ ᠪᠠᠯᠠ ᠤᠷᠤᠭᠤᠯᠤᠯᠳᠠ ᠶᠢᠨ ᠨᠡᠮᠡᠭᠳᠠᠯ ᠬᠦᠴᠦᠨ ᠢᠶᠠᠷ ᠮᠠᠬᠦᠰᠳᠠᠵᠤ ᠪᠠᠶᠢᠨ᠎ᠠ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠪᠠᠨ | ᠨᠡᠮᠡᠭᠳᠠᠬᠦᠯᠬᠦ ᠨᠦᠬᠡᠴᠠ ᠬᠦᠴᠦᠨ ᠴᠢᠩᠭ᠎ᠠ ᠪᠤᠰᠤ ᠪᠠᠶᠢᠭ᠎ᠠ ᠪᠠᠶᠢᠳᠠᠯ ᠨᠢ ᠬᠡᠷᠡᠭᠯᠠᠬᠡᠨ ᠤ ᠴᠢᠳᠠᠪᠤᠷᠢ ᠶᠢᠨ ᠶᠡᠬᠡᠰᠬᠦ ᠶᠢ ᠬᠤᠷᠢᠭᠯᠠᠵᠤ ᠪᠠᠶᠢᠨ᠎ᠠ︔ ᠠᠵᠤ ᠠᠬᠤᠶᠢᠯᠠᠯ | ᠪᠠᠯᠠ ᠲᠠᠳᠠᠬᠤ ᠳᠤ ᠬᠦᠴᠢᠷ᠂ ᠪᠠᠯᠠ ᠤᠷᠤᠭᠤᠯᠤᠯᠳᠠ ᠦᠨ᠎ᠠ ᠲᠠᠢ ᠵᠠᠷᠬᠡ ᠠᠰᠠᠭᠤᠳᠠᠯ ᠪᠠᠰᠠ ᠯᠠ ᠢᠯᠠᠳᠳᠠ ᠪᠠᠶᠢᠭᠰᠠᠭᠠᠷ︔ ᠮᠦᠩᠬᠦᠨ ᠬᠦᠢᠯᠬᠡᠬᠡᠨ ᠤ ᠠᠶᠤᠯ | ᠲᠦᠭᠰᠢᠬᠦᠷᠢ ᠶᠢ ᠰᠠᠷᠬᠡᠶᠢᠯᠠᠬᠦ᠂ ᠡᠨᠧᠷᠬᠢ ᠠᠷᠪᠢᠯᠠᠵᠤ ᠨᠠᠬᠦᠷᠠᠰᠤᠳᠦ᠋ᠷᠦᠭᠴᠢ ᠶᠢᠨ ᠲᠠᠪᠬᠤᠷ ᠢᠰᠤᠯ ᠢᠯᠭᠠᠷᠠᠭᠤᠯᠬᠤ ᠶᠢ ᠪᠠᠭᠤᠷᠠᠭᠤᠯᠬᠤ ᠪᠠ ᠤᠷᠴᠢᠨ ᠲᠤᠭᠤᠷᠢᠨ ᠢ | ᠬᠠᠮᠠᠭᠠᠯᠠᠬᠤ ᠲᠠᠷᠤᠯᠳᠠ ᠨᠠᠯᠢᠶᠠᠳ ᠶᠡᠭᠡ ᠪᠠᠶᠢᠨ᠎ᠠ᠃ ᠡᠳᠡᠬᠡᠷ ᠠᠰᠠᠭᠤᠳᠠᠯ ᠪᠦᠬᠦᠨ ᠢ ᠪᠢᠳᠠ ᠲᠦᠢᠯ ᠢᠶᠠᠷ ᠴᠢᠬᠤᠯᠠᠴᠢᠯᠠᠨ ᠦᠵᠠᠵᠤ᠂ ᠦᠷ᠎ᠠ ᠪᠦᠳᠤᠮᠵᠢ ᠲᠠᠢ | ᠠᠷᠭ᠎ᠠ ᠬᠡᠮᠵᠢᠶ᠎ᠠ ᠶᠢ ᠠᠪᠴᠤ ᠴᠢᠷᠮᠠᠶᠢᠨ ᠰᠢᠢᠳᠪᠤᠷᠢᠯᠠᠨ᠎ᠠ᠃ | ᠬᠤᠶᠠᠷ᠂ 2019 ᠤᠨ ᠤ ᠤᠯᠤᠰ ᠠᠷᠠᠳ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠶᠢᠨ ᠭᠤᠤᠯ ᠬᠠᠷᠠᠯᠳᠠᠳᠤ ᠡᠬᠦᠷᠬᠡ | 2019 ᠤᠨ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠨᠠᠶᠢᠳᠠᠪᠤᠷᠢᠵᠢᠭᠤᠯᠬᠤ᠂ ᠶᠠᠳᠠᠭᠤ ᠶᠢ ᠲᠠᠳᠬᠦᠨ ᠰᠢᠪᠳᠤᠯᠤᠯᠳᠠ ᠲᠠᠭᠠᠷᠢᠬᠤ ᠲᠠᠶᠢᠯᠠᠯᠳᠤᠭᠠᠨ ᠤ ᠦᠷ᠎ᠠ ᠪᠦᠳᠦᠬᠡᠯ ᠢ ᠪᠠᠬᠢᠵᠢᠬᠦᠯᠬᠦ᠂ ᠪᠦᠬᠦ ᠲᠠᠯ᠎ᠠ ᠪᠠᠷ | ᠴᠢᠨᠠᠬᠡᠯᠢᠭ ᠨᠠᠶᠢᠬᠡᠮ ᠳᠤ ᠤᠷᠤᠬᠤ ᠶᠢ ᠪᠦᠬᠦ ᠬᠦᠴᠦᠨ ᠢᠶᠠᠷ ᠢᠶᠠᠨ ᠲᠠᠭᠠᠷᠢᠯᠳᠠ ᠬᠢᠬᠦ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠃ ᠮᠦᠨᠴᠤ ᠮᠠᠨ ᠤ ᠬᠤᠰᠢᠭᠤᠨ ᠤ ︽ | ᠲᠦᠷᠦᠯ ᠵᠦᠢᠯ ᠢ ᠤᠷᠤᠨᠵᠢᠭᠤᠯᠬᠤ ᠰᠢᠪᠳᠤᠯᠤᠯᠳᠠ ᠲᠠᠭᠠᠷᠢᠬᠤ ᠤᠨ︾ ᠤ ᠡᠬᠢᠯᠠᠯᠳᠠ ᠶᠢᠨ ᠵᠢᠯ ᠪᠤᠯᠤᠨ᠎ᠠ᠃ ᠡᠨᠡ ᠵᠢᠯ ᠮᠠᠨ ᠤ ᠤᠯᠤᠰ ᠠᠵᠤ ᠠᠬᠤᠢ ᠪᠠᠨ | ᠦᠨᠳᠤᠷ ᠶᠠᠰᠤ ᠴᠢᠨᠠᠷ ᠲᠠᠢ ᠨᠡᠮᠡᠭᠳᠠᠯ ᠵᠦᠭ ᠦᠷᠬᠦᠯᠵᠢᠯᠠᠨ ᠬᠤᠪᠢᠷᠠᠭᠤᠯᠵᠤ᠂ GDP ᠶᠢᠨ ᠨᠡᠮᠡᠭᠳᠠᠯ ᠤᠨ ᠬᠤᠷᠳᠤᠴᠠ ᠪᠠᠷ ᠬᠠᠷᠢᠴᠠᠩᠭᠤᠢ ᠪᠠᠷ ᠲᠤᠭᠳᠠᠭᠤᠨ | ᠪᠠᠶᠢᠯᠭᠠᠬᠤ ᠬᠤᠭᠤᠴᠠᠭ᠎ᠠ ᠪᠤᠯᠤᠨ᠎ᠠ᠃ ᠨᠠᠬᠡᠬᠡᠯᠳᠠ ᠬᠢᠬᠦ ᠶᠢ ᠦᠷᠬᠡᠳᠬᠡᠵᠤ᠂ ᠬᠠᠩᠭᠠᠯᠭ᠎ᠠ ᠶᠢᠨ ᠲᠠᠯ᠎ᠠ ᠶᠢᠨ ᠴᠢᠨᠠᠷᠳᠠᠢ ᠦᠬᠡᠷᠡᠴᠢᠯᠠᠯᠳᠠ ᠶᠢ ᠤᠯᠠᠮ ᠨᠢᠬᠡ ᠠᠯᠬᠤᠮ | ᠬᠦᠨᠵᠡᠬᠡᠶᠢᠷᠠᠬᠦᠯᠵᠤ᠂ ᠪᠤᠳᠠᠳᠤ ᠴᠤᠭᠴᠠ ᠶᠢᠨ ᠠᠵᠤ ᠠᠬᠤᠢ ᠶᠢ ᠬᠦᠭᠵᠢᠬᠦᠯᠵᠤ᠂ ᠠᠷᠠᠳ ᠠᠴᠠ ᠡᠷᠬᠢᠯᠡᠭᠰᠠᠨ ᠠᠵᠤ ᠠᠬᠤᠶᠢᠯᠠᠯ ᠢ ᠪᠤᠵᠠᠭᠠᠶᠢᠷᠠᠭᠤᠯᠬᠤ ᠵᠠᠷᠬᠡ ᠶᠢ | ᠲᠠᠮᠵᠢᠬᠦ ᠬᠦᠴᠦᠯᠠᠴᠠ ᠪᠠᠨ ᠲᠠᠰᠤᠷᠠᠯᠳᠠ ᠦᠬᠡᠢ ᠴᠢᠩᠭᠠᠳᠬᠠᠨ᠎ᠠ᠃ ᠲᠦᠰᠦᠬᠡᠯᠠᠪᠠᠯ᠄ ᠡᠨᠡ ᠵᠢᠯ ᠤᠨ ᠬᠦᠭᠵᠢᠯᠳᠠ ᠶᠢᠨ ᠬᠤᠷᠸ᠎ᠡ ᠪᠠᠶᠢᠳᠠᠯ ᠶᠠᠷᠤᠩᠬᠡᠢ ᠳᠤ ᠪᠠᠨ | ᠰᠠᠶᠢᠵᠢᠷᠠᠬᠤ ᠲᠠᠰᠢ ᠬᠠᠨᠳᠤᠵᠤ ᠪᠠᠶᠢᠬᠤ ᠳᠤ᠂ ᠠᠵᠠ ᠲᠤᠬᠢᠶᠠᠯ ᠪᠠ ᠦᠷᠢᠰᠤᠯᠳᠤᠬᠡᠨ ᠬᠠᠮᠳᠤ ᠪᠠᠷ ᠤᠷᠤᠰᠢᠵᠤ ᠪᠤᠢ᠃ ᠤᠯᠠᠨ ᠵᠢᠯ ᠤᠨ ᠰᠠᠭᠤᠷᠢ ᠪᠠᠨ | ᠪᠠᠬᠢᠵᠢᠬᠦᠯᠬᠦ᠂ ᠨᠦᠬᠡᠴᠠ ᠬᠦᠴᠦᠨ ᠢᠶᠠᠨ ᠨᠡᠮᠡᠭᠳᠠᠬᠦᠯᠬᠦ᠂ ᠲᠠᠯᠳᠠ ᠬᠦᠴᠦᠨ ᠢᠶᠠᠨ ᠬᠤᠷᠠᠮᠳᠤᠭᠤᠯᠬᠤ ᠪᠠᠷ ᠲᠠᠮᠵᠢᠭᠤᠯᠤᠨ᠂ ᠮᠠᠨ ᠤ ᠬᠤᠰᠢᠭᠤᠨ ᠤ ᠠᠵᠤ ᠠᠬᠤᠢ | ᠶᠢᠨ ᠪᠤᠳᠠᠳᠤ ᠬᠦᠴᠦᠨ᠂ ᠬᠦᠭᠵᠢᠯᠳᠠ ᠶᠢᠨ ᠪᠠᠭᠤᠷᠠᠢ ᠬᠦᠴᠦᠨ᠂ ᠶᠠᠷᠤᠩᠬᠡᠶᠢᠯᠡᠭᠰᠠᠨ ᠦᠷᠢᠰᠤᠯᠳᠤᠬᠦ ᠬᠦᠴᠦᠨ ᠢᠶᠠᠨ ᠤᠯᠠᠮ ᠨᠢᠬᠡ ᠠᠯᠬᠤᠮ ᠴᠢᠩᠭᠠᠳᠬᠠᠵᠤ᠂ | ᠠᠵᠤ ᠠᠬᠤᠢ ᠶᠢ ᠦᠷᠬᠦᠯᠵᠢᠯᠠᠨ ᠬᠦᠭᠵᠢᠬᠦᠯᠬᠦ ᠶᠢ ᠲᠤᠯᠭᠠᠭᠤᠷᠢᠯᠠᠬᠤ ᠠᠰᠢᠭ ᠲᠠᠢ ᠰᠠᠶᠢᠨ ᠡᠯᠧᠮᠧᠨ᠋ᠲ ᠢ ᠲᠠᠰᠤᠷᠠᠯᠳᠠ ᠦᠬᠡᠢ ᠬᠤᠷᠠᠮᠳᠤᠭᠤᠯᠤᠨ᠎ᠠ᠃ ᠬᠡᠳᠡᠯ᠎ᠡ᠂ ᠮᠠᠨ | ᠤ ᠬᠤᠰᠢᠭᠤ ᠨᠢ ᠤᠳᠤᠬᠠᠨ ᠪᠤᠯᠳᠠᠯ᠎ᠠ ᠲᠠᠷᠤᠭᠠᠰᠤ ᠲᠠᠪᠬᠤᠷᠳᠠᠵᠤ᠂ ᠬᠤᠴᠤᠷᠴᠤ ᠪᠠᠶᠢᠭᠰᠠᠨ ᠠᠴᠠ ᠪᠠᠨ ᠬᠦᠢᠴᠠᠨ ᠲᠠᠪᠠᠭ᠋ᠤ ᠵᠠᠩᠬᠢᠯᠠᠭ᠎ᠠ ᠶᠢᠨ ᠬᠤᠭᠤᠴᠠᠭᠠᠨ ᠳᠤ | ᠤᠷᠤᠰᠢᠨ᠂ ᠤᠯᠤᠰ ᠠᠷᠠᠳ ᠤᠨ ᠠᠵᠤ ᠠᠬᠤᠢ ᠳᠤ ᠪᠠᠰᠠ ᠯᠠ ᠪᠦᠳᠦᠴᠠ ᠶᠢᠨ ᠲᠤᠬᠢᠷᠠᠭᠤᠯᠤᠯᠳᠠ ᠬᠢᠬᠦ᠂ ᠬᠡᠯᠪᠡᠷᠢ ᠪᠠᠨ ᠬᠤᠪᠢᠷᠠᠭᠤᠯᠤᠨ ᠲᠠᠰ ᠲᠤ ᠲᠠᠪᠰᠢᠬᠦᠯᠬᠦ᠂ | ᠬᠦᠳᠠᠯᠬᠡᠬᠦ ᠴᠢᠳᠠᠪᠤᠷᠢ ᠪᠠᠨ ᠬᠤᠪᠢᠷᠠᠭᠤᠯᠬᠤ ᠵᠠᠷᠬᠡ ᠲᠠᠯ᠎ᠠ ᠶᠢᠨ ᠠᠶᠤᠯ ᠲᠦᠭᠰᠢᠬᠦᠷᠢ ᠪᠠ ᠠᠰᠠᠭᠤᠳᠠᠯ ᠲᠤᠯᠭᠠᠷᠠᠵᠤ ᠪᠠᠶᠢᠨ᠎ᠠ᠃ ᠶᠠᠷᠤᠩᠬᠡᠢ ᠳᠤ ᠪᠠᠨ᠂ 2019 | ᠤᠨ ᠤ ᠠᠵᠤ ᠠᠬᠤᠢ ᠶᠢᠨ ᠤᠷᠤᠭᠤᠳᠠᠯ ᠪᠠᠰᠠ ᠦᠷᠬᠦᠯᠵᠢᠯᠠᠨ᠂ ᠬᠦᠭᠵᠢᠯᠳᠠ ᠲᠠᠩᠴᠠᠬᠦᠷᠢ ᠦᠬᠡᠢ ᠬᠦᠢᠴᠡᠳ ᠪᠤᠰᠤ ᠵᠠᠷᠬᠡ ᠠᠰᠠᠭᠤᠳᠠᠯ ᠮᠦᠨ ᠯᠠ ᠤᠷᠤᠰᠢᠵᠤ᠂ | ᠤᠬᠢ ᠰᠠᠶᠢᠨ ᠬᠦᠭᠵᠢᠯᠳᠠ ᠶᠢᠨ ᠪᠠᠶᠢᠳᠠᠯ ᠤᠨ ᠬᠠᠨᠳᠤᠰᠢ ᠦᠨᠳᠤᠰᠤᠨ ᠳᠤ ᠪᠠᠨ ᠬᠤᠪᠢᠷᠠᠯ ᠦᠬᠡᠢ ᠪᠠᠶᠢᠵᠤ᠂ ᠢᠳᠠᠪᠬᠢᠳᠠᠢ ᠪᠠᠷ ᠬᠦᠭᠵᠢᠬᠦᠯᠬᠦ ᠡᠯᠧᠮᠧᠨ᠋ᠲ ᠴᠤ | ᠢᠳᠡᠭ ᠢᠳᠡᠭ ᠢᠶᠠᠷ ᠨᠡᠮᠡᠭᠳᠠᠵᠤ ᠪᠠᠶᠢᠨ᠎ᠠ᠃ | ᠲᠠᠬᠡᠷᠡᠬᠢ ᠶᠢ ᠪᠤᠳᠤᠯᠬᠢᠯᠠᠨ᠂ ᠪᠤᠳᠠᠳᠠᠢ ᠶᠢ ᠡᠷᠬᠢᠮᠯᠠᠨ ᠦᠨᠠᠨ ᠠᠴᠠ ᠵᠦᠪ ᠢ ᠡᠷᠢᠬᠦ᠂ ᠲᠤᠭᠳᠠᠭᠤᠨ ᠤ ᠲᠤᠮᠳᠠ ᠬᠦᠭᠵᠢᠯᠳᠠ ᠶᠢ ᠡᠷᠬᠢᠮᠯᠠᠬᠦ ᠤᠷᠢᠳᠠᠯ | ᠲᠤᠤᠷ᠎ᠠ᠂ 2019 ᠤᠨ ᠤ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠳᠤ ᠲᠤᠭᠳᠠᠭᠠᠭᠰᠠᠨ ᠭᠤᠤᠯ | ᠤᠷᠢᠳᠴᠢᠯᠠᠭᠰᠠᠨ ᠬᠠᠷᠠᠯᠳᠠ ᠪᠤᠯ᠄ | — ᠤᠷᠤᠨ ᠨᠤᠳᠤᠭ ᠤᠨ ᠦᠢᠯᠠᠳᠪᠤᠷᠢᠯᠠᠯ ᠤᠨ ᠶᠠᠷᠤᠩᠬᠡᠢ ᠦᠷᠳᠡᠭ ᠢ 10% ᠤᠷᠴᠢᠮ ︵ᠤᠳᠤ ᠶᠢᠨ ᠦᠨ᠎ᠡ︶ ᠨᠡᠮᠡᠭᠳᠠᠬᠦᠯᠥᠨᠠ︔ | — ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 12% ᠤᠷᠴᠢᠮ ᠢᠶᠠᠷ ᠨᠡᠮᠡᠭᠳᠠᠬᠦᠯᠥᠨᠠ︔ | — ᠪᠦᠬᠦ ᠨᠠᠶᠢᠬᠡᠮ ᠤᠨ ᠲᠤᠭᠳᠠᠮᠠᠯ ᠬᠦᠷᠦᠩᠬᠡ ᠳᠠᠬᠢ ᠪᠠᠯᠠ ᠤᠷᠤᠭᠤᠯᠤᠯᠳᠠ ᠶᠢ 62% ᠤᠷᠴᠢᠮ ᠨᠡᠮᠡᠭᠳᠠᠬᠦᠯᠥᠨᠠ︔ | — ᠬᠤᠳᠠ ᠪᠠᠯᠭᠠᠰᠤ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠠᠵᠤ ᠪᠤᠯᠬᠤ ᠤᠷᠤᠯᠭ᠎ᠠ ᠶᠢ 7.5% ᠤᠷᠴᠢᠮ | ᠨᠡᠮᠡᠭᠳᠠᠬᠦᠯᠥᠨᠠ︔ | — ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠠᠵᠤ ᠪᠤᠯᠬᠤ ᠤᠷᠤᠯᠭ᠎ᠠ ᠶᠢ | 8% ᠤᠷᠴᠢᠮ ᠨᠡᠮᠡᠭᠳᠠᠬᠦᠯᠥᠨᠠ︔ | — ᠨᠠᠶᠢᠬᠡᠮ ᠤᠨ ᠬᠡᠷᠡᠭᠯᠠᠬᠡᠨ ᠤ ᠪᠦᠳᠦᠬᠡᠭᠳᠠᠬᠦᠨ ᠢ ᠵᠢᠵᠢᠭᠯᠡᠨ ᠪᠤᠷᠤᠯᠠᠭᠤᠯᠬᠤ ᠶᠠᠷᠤᠩᠬᠡᠢ ᠲᠤᠭ᠎ᠠ ᠶᠢ 7% ᠤᠷᠴᠢᠮ ᠨᠡᠮᠡᠭᠳᠠᠬᠦᠯᠥᠨᠠ︔ | — ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠵᠤ ᠭᠠᠳᠠᠭᠰᠢᠯᠠᠭᠤᠯᠬᠤ ᠵᠢᠭᠠᠯᠳᠠ ᠲᠤᠭ᠎ᠠ ᠶᠢ ᠲᠠᠬᠡᠳᠤ ᠱᠠᠳᠤᠨ ᠠᠴᠠ ᠪᠠᠭᠤᠯᠭᠠᠭᠰᠠᠨ ᠡᠬᠦᠷᠬᠡ ᠪᠠᠷ | ᠪᠠᠶᠠᠯᠠᠬᠦᠯᠥᠨ᠎ᠠ᠃ | ᠲᠠᠬᠡᠷ᠎ᠡ ᠲᠤᠷᠠᠳᠤᠭᠰᠠᠨ ᠬᠠᠷᠠᠯᠳᠠ ᠶᠢ ᠪᠠᠶᠠᠯᠠᠬᠦᠯᠬᠦ ᠳᠤ᠂ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ | ︵ᠨᠢᠬᠡ︶ ᠠᠵᠤ ᠦᠢᠯᠠᠳᠪᠤᠷᠢ ᠪᠠᠷ ᠬᠤᠰᠢᠭᠤ ᠪᠠᠨ ᠬᠦᠴᠤᠷᠬᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠴᠦᠳᠠᠢ ᠬᠡᠷᠡᠭᠵᠢᠬᠦᠯᠵᠤ᠂ ᠠᠵᠤ ᠦᠢᠯᠠᠳᠪᠤᠷᠢ | ᠶᠢᠨ ᠠᠵᠤ ᠠᠬᠤᠢ ᠶᠢᠨ ᠦᠨᠳᠤᠷ ᠶᠠᠰᠤ ᠴᠢᠨᠠᠷ ᠲᠠᠢ ᠬᠦᠭᠵᠢᠯᠳᠠ ᠶᠢ ᠲᠦᠯᠬᠢᠨ ᠠᠬᠢᠭᠤᠯᠤᠨ᠎ᠠ᠃ ᠲᠦᠯᠦᠪᠵᠢᠬᠦᠯᠬᠡ ᠪᠠᠷ ᠵᠠᠮᠴᠢᠯᠠᠭᠤᠯᠵᠤ᠂ ᠲᠦᠷᠦ ᠶᠢᠨ | ᠪᠤᠳᠤᠯᠭ᠎ᠠ ᠪᠠᠷ ᠲᠦᠬᠦᠷᠴᠢᠯᠠᠵᠤ᠂ ᠡᠯᠧᠮᠧᠨ᠋ᠲ ᠪᠠᠷ ᠪᠠᠳᠤᠯᠠᠭ᠎ᠠ ᠪᠤᠯᠭᠠᠬᠤ ᠵᠠᠷᠬᠡ ᠲᠠᠯ᠎ᠠ ᠳᠤ ᠦᠷᠬᠦᠯᠵᠢᠯᠠᠨ ᠬᠦᠴᠦᠯᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ᠂ | ᠭᠤᠤᠯᠳᠠᠯᠭ᠎ᠠ ᠲᠠᠢ ᠲᠦᠷᠦᠯ ᠵᠦᠢᠯ ᠢ ᠬᠠᠪᠰᠤᠷᠤᠨ ᠲᠠᠳᠬᠦᠵᠤ ᠬᠦᠴᠢᠷᠳᠠᠯ ᠢ ᠨᠢ ᠰᠢᠢᠳᠪᠤᠷᠢᠯᠠᠬᠦ ᠶᠢ ᠴᠢᠩᠭᠠᠳᠬᠠᠨ᠎ᠠ᠃ 2019 ᠤᠨ ᠳᠤ᠂ ᠪᠦᠬᠦ ᠬᠤᠰᠢᠭᠤᠨ | ᠤ ᠬᠡᠪᠴᠢᠶᠠᠵᠢᠯ ᠠᠴᠠ ᠲᠡᠬᠡᠭᠰᠢᠬᠢ ᠠᠵᠤ ᠦᠢᠯᠠᠳᠪᠤᠷᠢ ᠶᠢᠨ ᠠᠵᠤ ᠠᠬᠤᠶᠢᠯᠠᠯ ᠤᠨ ᠦᠢᠯᠠᠳᠬᠦᠨ ᠤ ᠦᠷᠳᠡᠭ ᠢ 150 ᠳ᠋ᠦᠩᠰᠢᠭᠤᠷ ᠲᠦᠬᠦᠷᠢᠭ ᠠᠴᠠ ᠲᠡᠬᠡᠭᠰᠢ | ᠪᠠᠶᠠᠯᠠᠬᠦᠯᠬᠦ ᠪᠠᠷ ᠲᠦᠯᠤᠪᠯᠠᠵᠤ᠂ 6% ᠪᠠᠷ ᠨᠡᠮᠡᠭᠳᠠᠬᠦᠯᠥᠨᠠ᠃ ᠨᠠᠬᠦᠷᠠᠰᠤᠨ ᠤ ᠡᠬᠢ ᠪᠠᠶᠠᠯᠢᠭ ᠢ ᠨᠠᠬᠡᠬᠡᠨ ᠬᠦᠭᠵᠢᠬᠦᠯᠬᠦ ᠠᠬᠢᠴᠠ ᠶᠢ ᠲᠦᠷᠬᠡᠳᠬᠡᠵᠤ᠂ | ᠲᠠᠷᠢᠶᠠᠠᠭᠤᠤᠯ ᠤᠨ ᠨᠠᠬᠦᠷᠠᠰᠤᠨ ᠠᠭᠤᠷᠬᠠᠢ ᠶᠢᠨ ᠠᠵᠢᠯ ᠢ ᠰᠠᠷᠬᠦᠬᠡᠬᠦ ᠪᠠ ᠠᠭᠤᠷᠬᠠᠢ ᠶᠢᠨ ᠲᠤᠭᠤᠷᠢᠭ ᠤᠨ ᠶᠠᠷᠤᠩᠬᠡᠢ ᠲᠦᠯᠦᠪᠵᠢᠬᠦᠯᠬᠡ ᠶᠢ ᠨᠠᠶᠢᠷᠠᠭᠤᠯᠤᠨ | ᠵᠤᠬᠢᠶᠠᠬᠤ ᠠᠵᠢᠯ ᠢ ᠢᠳᠠᠪᠬᠢᠳᠠᠢ ᠲᠦᠯᠬᠢᠨ ᠠᠬᠢᠭᠤᠯᠤᠨ᠎ᠠ᠃ ᠨᠠᠬᠦᠷᠠᠰᠤ ᠬᠢᠮᠢ ᠶᠢᠨ ᠠᠵᠤ ᠦᠢᠯᠠᠰ ᠤᠨ ᠰᠦᠷᠦᠭᠵᠢᠯ ᠢ ᠪᠠᠶᠢᠭᠤᠯᠵᠤ᠂ ᠰᠢᠨ ᠮᠧᠩ ᠨᠢᠬᠡᠳᠤᠬᠡᠷ | ᠬᠤᠭᠤᠴᠠᠭᠠᠨ ᠤ 40 ᠳ᠋ᠦᠩᠰᠢᠭᠤᠷ ᠺᠦᠪ ᠮᠧᠲᠷ ᠨᠠᠬᠦᠷᠠᠰᠤ ᠪᠠᠷ ᠬᠡᠢ ᠦᠢᠯᠠᠳᠪᠤᠷᠢᠯᠠᠬᠦ᠂ ᠬᠤᠤ ᠬᠤᠸᠠ ᠬᠦᠸᠧ ᠲᠠᠢ ᠶᠢᠨ 60 ᠲᠦᠮᠠᠨ ᠲᠤᠨ ᠤ ᠨᠠᠬᠦᠷᠠᠰᠤ | ᠪᠠᠷ ᠠᠯᠺᠧᠨ ᠦᠢᠯᠠᠳᠪᠤᠷᠢᠯᠠᠬᠦ ᠵᠠᠷᠬᠡ ᠲᠤᠮᠤ ᠲᠦᠷᠦᠯ ᠵᠦᠢᠯ ᠢ ᠵᠦᠪᠰᠢᠶᠠᠷᠠᠬᠦᠯᠥᠨ ᠪᠦᠳᠦᠬᠡᠨ ᠪᠠᠶᠢᠭᠤᠯᠬᠤ ᠶᠢ ᠲᠦᠯᠬᠢᠨ ᠠᠬᠢᠭᠤᠯᠵᠤ ᠵᠤᠬᠢᠴᠠᠭᠤᠯᠤᠨ᠎ᠠ︔ ᠢ | ᠲᠠᠢ ᠶᠢᠨ ᠨᠢᠩ ᠨᠧᠩ 50 ᠲᠦᠮᠠᠨ ᠲᠤᠨ ᠤ ᠨᠠᠬᠦᠷᠠᠰᠤ ᠪᠠᠷ ᠠᠯᠺᠠᠨ ᠢ ᠨᠠᠷᠢᠯᠢᠭ ᠵᠠᠳᠠᠷᠠᠭᠤᠯᠬᠤ᠂ ᠢ ᠯᠢᠨ ᠤ 20 ᠲᠦᠮᠠᠨ ᠲᠤᠨ ᠤ ᠨᠠᠶᠢᠯᠡᠯᠬᠡ ᠬᠡᠢ ᠪᠠᠷ ᠡᠲ᠋ᠠ | ᠬᠤᠶᠠᠷᠴᠢ ᠠᠯᠺᠤᠤᠯ ᠦᠢᠯᠠᠳᠪᠤᠷᠢᠯᠠᠬᠦ ᠵᠠᠷᠬᠡ ᠲᠦᠷᠦᠯ ᠵᠦᠢᠯ ᠢ ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ︔ ᠢ ᠲᠠᠢ ᠶᠢᠨ 20 ᠲᠦᠮᠠᠨ ᠲᠤᠨ ᠤ | ᠲᠦᠬᠦᠬᠡᠢ ᠲᠤᠰᠤ᠂ ᠢ ᠨᠦᠸᠧ ᠶᠢᠨ 2 ᠲᠦᠮᠠᠨ ᠲᠤᠨ ᠤ ᠨᠠᠬᠦᠷᠠᠰᠤ ᠬᠦᠴᠢᠯ᠂ ᠢ ᠯᠢᠨ ᠵᠢᠥᠢ ᠫᠧᠩ ᠤᠨ 2 ᠲᠦᠮᠠᠨ ᠲᠤᠨ ᠤ ᠠᠮᠢᠳᠤ ᠪᠤᠳᠠᠰ ᠢᠶᠠᠷ ᠡᠲ᠋ᠠ | ᠠᠯᠺᠤᠤᠯ ᠦᠢᠯᠠᠳᠪᠤᠷᠢᠯᠠᠬᠦ᠂ ᠯᠢᠶᠠᠨ ᠪᠦᠸᠧ ᠬᠢᠮᠢ ᠶᠢᠨ ᠦᠢᠯᠠᠳᠪᠤᠷᠢ ᠶᠢᠨ 40 ᠲᠦᠮᠠᠨ ᠲᠤᠨ ᠤ ᠢᠳᠠᠬᠡᠨ ᠤ ᠲᠠᠰ ᠤᠨ ᠨᠠᠬᠦᠷᠠᠰᠤᠳᠦ᠋ᠷᠦᠭᠴᠢ ᠶᠢᠨ ᠲᠠᠪᠬᠤᠷ | ᠢᠰᠤᠯ ᠦᠢᠯᠠᠳᠪᠤᠷᠢᠯᠠᠬᠦ ᠵᠠᠷᠬᠡ ᠨᠢᠬᠡ ᠪᠦᠯᠦᠭ ᠠᠵᠤ ᠦᠢᠯᠠᠰ ᠤᠨ ᠬᠢᠨᠵᠢ ᠶᠢ ᠤᠷᠳᠤᠳᠬᠠᠬᠤ ᠲᠦᠷᠦᠯ ᠵᠦᠢᠯ ᠢ ᠠᠵᠢᠯ ᠡᠬᠢᠯᠠᠬᠦᠯᠥᠨ ᠪᠦᠳᠦᠬᠡᠨ ᠪᠠᠶᠢᠭᠤᠯᠤᠨ᠎ᠠ︔ | ᠪᠠᠶᠢᠭᠠᠯᠢ ᠶᠢᠨ ᠰᠢᠳᠠᠮᠠᠬᠠᠢ ᠬᠡᠢ ᠨᠠᠬᠡᠬᠡᠨ ᠠᠰᠢᠭᠯᠠᠵᠤ ᠬᠤᠪᠢᠷᠠᠭᠤᠯᠬᠤ ᠬᠡᠪᠴᠢᠶᠠᠵᠢᠯ ᠢ ᠦᠷᠬᠡᠳᠬᠡᠵᠤ᠂ ᠵᠢᠯ ᠤᠨ ᠲᠤᠳᠤᠷ᠎ᠠ ᠪᠠᠶᠢᠭᠠᠯᠢ ᠶᠢᠨ ᠰᠢᠳᠠᠮᠠᠬᠠᠢ ᠬᠡᠢ ᠶᠢᠨ | ᠬᠤᠳᠳᠤᠭ ᠢ 40 ᠮᠠᠯᠳᠠᠬᠤ ᠶᠢ ᠪᠠᠶᠠᠯᠠᠬᠦᠯᠵᠤ᠂ ᠪᠠᠶᠢᠭᠠᠯᠢ ᠶᠢᠨ ᠰᠢᠳᠠᠮᠠᠬᠠᠢ ᠬᠡᠢ ᠦᠢᠯᠠᠳᠪᠤᠷᠢᠯᠠᠬᠦ ᠬᠡᠮᠵᠢᠶ᠎ᠠ ᠶᠢ 20 ᠳ᠋ᠦᠩᠰᠢᠭᠤᠷ ᠺᠦᠪ ᠮᠧᠲᠷ ᠲᠤ ᠬᠦᠷᠬᠡᠬᠦ | ᠪᠠᠷ ᠴᠢᠷᠮᠠᠶᠢᠨ᠎ᠠ᠃ ᠸᠠᠨ ᠷᠦᠢ ᠶᠢᠨ ᠡᠳᠤᠷ ᠲᠤ 100 ᠲᠦᠮᠠᠨ ᠺᠦᠪ ᠮᠧᠲᠷ᠂ LNG ᠶᠢ ᠰᠢᠢᠳᠪᠤᠷᠢᠯᠠᠬᠦ ᠲᠦᠷᠦᠯ ᠵᠦᠢᠯ ᠢ ᠪᠦᠳᠦᠬᠡᠨ ᠪᠠᠶᠢᠭᠤᠯᠵᠤ | ᠠᠰᠢᠭᠯᠠᠯᠳᠠ ᠳᠤ ᠤᠷᠤᠭᠤᠯᠤᠨ᠎ᠠ︔ ᠪᠠᠶᠢᠭᠠᠯᠢ ᠶᠢᠨ ᠰᠢᠳᠠᠮᠠᠬᠠᠢ ᠬᠡᠢ ᠶᠢᠨ ᠡᠬᠢ ᠪᠠᠶᠠᠯᠢᠭ ᠢ ᠬᠦᠢᠴᠡᠳ ᠠᠰᠢᠭᠯᠠᠵᠤ᠂ ᠦᠨ᠎ᠠ ᠬᠠᠩᠰᠢ ᠶᠢᠨ ᠲᠠᠪᠠᠭᠤᠯᠢᠭ ᠢ | ᠪᠠᠳᠠᠷᠠᠭᠤᠯᠵᠤ᠂ ᠰᠢᠯᠤᠷᠬᠡᠤ ᠰᠢᠷᠬᠡᠭ ᠤᠨ ᠠᠵᠤ ᠦᠢᠯᠠᠰ ᠤᠨ ᠬᠢᠨᠵᠢ ᠶᠢ ᠤᠷᠳᠤᠳᠬᠠᠬᠤ ᠲᠦᠷᠦᠯ ᠵᠦᠢᠯ ᠢ ᠤᠷᠤᠭᠤᠯᠤᠨ ᠠᠪᠴᠢᠷᠠᠨ᠎ᠠ᠃ ᠰᠢᠨ᠎ᠠ ᠡᠨᠧᠷᠬᠢ ᠪᠠᠷ | ᠴᠠᠬᠢᠯᠭᠠᠨ ᠭᠠᠷᠭᠠᠬᠤ ᠠᠵᠤ ᠦᠢᠯᠠᠰ ᠤᠨ ᠬᠡᠪᠴᠢᠶᠠᠵᠢᠯ ᠤᠨ ᠦᠷ᠎ᠠ ᠠᠰᠢᠭ ᠢ ᠪᠤᠵᠠᠭᠠᠶᠢᠷᠠᠭᠤᠯᠵᠤ᠂ 60 ᠲᠦᠮᠠᠨ ᠺᠢᠯᠤᠸᠠᠲ ᠰᠠᠯᠬᠢᠨ ᠬᠦᠴᠦ ᠪᠠᠷ ᠴᠠᠬᠢᠯᠭᠠᠨ | ᠭᠠᠷᠭᠠᠬᠤ᠂ 40 ᠲᠦᠮᠠᠨ ᠺᠢᠯᠤᠸᠠᠲ ᠤᠨ ᠬᠡᠷᠡᠯᠯᠢᠭ ᠴᠠᠬᠢᠯᠭᠠᠨ ᠢᠶᠠᠷ ᠡᠯᠡᠰᠤ ᠶᠢ ᠵᠠᠰᠠᠬᠤ 500 ᠺᠢᠯᠤᠸᠤᠯᠲ ᠤᠨ ᠨᠠᠶᠢᠯᠠᠯᠳᠠ ᠶᠢᠨ ᠦᠷᠳᠠᠬᠡᠨ ᠤ ᠲᠦᠷᠦᠯ ᠵᠦᠢᠯ | ᠢ ᠬᠡᠷᠡᠭᠵᠢᠬᠦᠯᠥᠨ᠎ᠠ᠃ ᠬᠦᠷᠢᠶᠠᠯᠠᠩ ᠲᠤᠭᠤᠷᠢᠭ ᠤᠨ ᠲᠠᠭᠠᠭᠠᠴᠠ ᠶᠢ ᠦᠨᠠᠨᠬᠦ ᠲᠡᠬᠡᠭᠰᠢᠯᠠᠬᠦᠯᠵᠤ᠂ ᠠᠵᠤ ᠦᠢᠯᠠᠰ ᠢ ᠬᠦᠭᠵᠢᠬᠦᠯᠬᠦ ᠪᠠ ᠲᠦᠷᠦᠯ ᠵᠦᠢᠯ ᠢ | ᠠᠰᠢᠭᠯᠠᠯᠳᠠ ᠳᠤ ᠤᠷᠤᠭᠤᠯᠬᠤ ᠱᠠᠭᠠᠷᠳᠠᠯᠭ᠎ᠠ ᠶᠢᠨ ᠲᠤᠭᠤᠷᠢᠨ ᠳᠤ᠂ ᠵᠠᠰᠠᠭ ᠤᠨ ᠤᠷᠳᠤᠨ ᠠᠴᠠ ᠭᠤᠤᠯᠯᠠᠨ ᠤᠳᠤᠷᠢᠳᠬᠤ᠂ ᠵᠠᠬ᠎ᠠ ᠲᠠᠯᠬᠡᠬᠦᠷ ᠤᠨ ᠡᠷᠬᠢᠯᠳᠠ | ᠶᠢᠨ ᠤᠯᠠᠨ ᠲᠠᠯ᠎ᠠ ᠪᠠᠷ ᠪᠠᠯᠠ ᠬᠤᠷᠠᠮᠳᠤᠭᠤᠯᠬᠤ ᠬᠡᠯᠪᠡᠷᠢ ᠶᠢ ᠬᠠᠶᠢᠨ ᠰᠦᠪᠡᠭᠴᠢᠯᠠᠵᠤ᠂ ᠬᠦᠷᠢᠶᠠᠯᠠᠩ ᠲᠤᠭᠤᠷᠢᠭ ᠤᠨ ᠲᠠᠮᠤᠷ ᠵᠠᠮ᠂ ᠬᠡᠢ ᠬᠠᠩᠭᠠᠬᠤ᠂ ᠵᠠᠮ ᠤᠨ | ᠬᠤᠭᠤᠯᠠᠢ ᠲᠤᠤᠷ᠂ ᠰᠠᠷᠠᠭᠤᠯᠵᠢᠯᠳᠠ᠂ ᠠᠮᠢᠳᠤᠷᠠᠯ ᠤᠨ ᠦᠢᠯᠠᠴᠢᠯᠠᠬᠡᠨ ᠤ ᠲᠤᠭᠤᠷᠢᠭ ᠵᠠᠷᠬᠡ ᠲᠦᠬᠦᠷᠴᠢᠯᠡᠭᠰᠠᠨ ᠦᠢᠯᠠᠴᠢᠯᠠᠬᠡᠨ ᠤ ᠴᠢᠳᠠᠪᠤᠷᠢ ᠶᠢ ᠦᠷᠬᠦᠯᠵᠢᠯᠠᠨ | ᠲᠠᠬᠦᠯᠳᠠᠷᠵᠢᠬᠦᠯᠥᠨᠠ᠃ | ︵ᠬᠤᠶᠠᠷ︶ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠳᠤ ᠲᠠᠢ ᠲᠦᠯᠬᠢᠨ ᠠᠬᠢᠭᠤᠯᠵᠤ᠂ ᠭᠤᠶᠢᠳᠠ | ᠰᠠᠶᠢᠬᠠᠨ ᠤᠷᠤᠰᠢᠨ ᠰᠠᠭᠤᠷᠢᠰᠢᠬᠤ ᠳᠤ ᠲᠤᠬᠢᠳᠠᠢ ᠬᠦᠳᠡᠭᠡ ᠲᠤᠰᠬᠤᠨ ᠢ ᠦᠷᠬᠦᠯᠵᠢᠯᠠᠨ ᠪᠦᠳᠦᠬᠡᠨ ᠪᠠᠶᠢᠭᠤᠯᠤᠨ᠎ᠠ᠃ ᠶᠠᠳᠠᠭᠤ ᠶᠢ ᠲᠠᠳᠬᠦᠬᠦ ᠰᠢᠪᠳᠤᠯᠤᠯᠳᠠ ᠶᠢᠨ | ᠲᠠᠶᠢᠯᠠᠯᠳᠤᠭᠠᠨ ᠢ ᠰᠠᠶᠢᠳᠤᠷ ᠬᠢᠨ᠎ᠠ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠵᠤ ᠠᠵᠤ ᠦᠢᠯᠠᠰ ᠢ ᠬᠦᠭᠵᠢᠬᠦᠯᠬᠦ ᠲᠤᠭᠤᠷᠢᠨ ᠳᠤ᠂ ᠭᠤᠤᠯᠯᠠᠭᠴᠢ ᠠᠵᠤ | ᠦᠢᠯᠠᠰ᠂ ᠲᠠᠪᠠᠭᠤᠯᠢᠭ ᠠᠵᠤ ᠦᠢᠯᠠᠰ᠂ ᠤᠨᠴᠠᠯᠢᠭᠳᠤ ᠠᠵᠤ ᠦᠢᠯᠠᠰ ᠢ ᠲᠠᠮᠵᠢᠬᠦ ᠶᠢ ᠲᠤᠪᠤᠶᠢᠯᠭᠠᠵᠤ᠂ ᠠᠵᠤ ᠦᠢᠯᠠᠰ ᠢ ᠶᠡᠬᠡᠪᠡᠷ ᠬᠦᠭᠵᠢᠬᠦᠯᠬᠦ ᠪᠠᠷ | ᠲᠠᠮᠵᠢᠭᠤᠯᠤᠨ᠂ ︽ᠴᠢᠰᠤ ᠶᠠᠬᠦᠯᠠᠵᠤ︾ ᠪᠠᠶᠢᠭᠰᠠᠨ ᠢ ︽ᠴᠢᠰᠤ ᠵᠤᠬᠢᠶᠠᠬᠤ︾ ᠪᠤᠯᠭᠠᠨ ᠬᠤᠪᠢᠷᠠᠭᠤᠯᠤᠨ᠎ᠠ︔ ᠲᠤᠰᠬᠠᠢ ᠲᠦᠷᠦᠯ ᠢᠶᠠᠷ ᠶᠠᠳᠠᠭᠤ ᠶᠢ ᠲᠠᠳᠬᠦᠬᠦ | ᠪᠠᠯᠠ ᠮᠦᠩᠬᠦ ᠶᠢ ᠨᠢᠬᠡᠳᠤᠯᠳᠠᠢ ᠰᠠᠶᠢᠳᠤᠷ ᠠᠰᠢᠭᠯᠠᠵᠤ᠂ ᠶᠠᠳᠠᠭᠤ ᠶᠢ ᠲᠠᠳᠬᠦᠨ ᠰᠢᠪᠳᠤᠯᠤᠯᠳᠠ ᠲᠠᠭᠠᠷᠢᠬᠤ ᠲᠠᠶᠢᠯᠠᠯᠳᠤᠭᠠᠨ ᠤ ᠤᠷᠳᠤ ᠬᠤᠭᠤᠴᠠᠭᠠᠨ ᠤ ᠦᠷ᠎ᠠ | ᠠᠰᠢᠭᠳᠤ ᠬᠦᠭᠵᠢᠯᠳᠠ ᠶᠢᠨ ᠵᠤᠬᠢᠴᠠᠮᠵᠢ ᠶᠢ ᠪᠦᠷᠢᠯᠳᠤᠬᠦᠯᠥᠨᠠ᠃ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢᠨ ᠬᠢᠷᠢ ᠲᠦᠪᠰᠢᠨ ᠢ | ᠲᠠᠬᠡᠭᠰᠢᠯᠠᠬᠦᠯᠥᠨᠠ᠃ ᠪᠦᠬᠦ ᠬᠤᠰᠢᠭᠤ ᠪᠠᠷ ᠢᠶᠠᠨ ᠲᠠᠷᠢᠶᠠᠯᠠᠩ ᠤᠨ ᠲᠠᠷᠢᠮᠠᠯ ᠲᠠᠷᠢᠬᠤ ᠶᠠᠷᠤᠩᠬᠡᠢ ᠲᠠᠯᠠᠪᠠᠢ ᠶᠢ 132 ᠲᠦᠮᠠᠨ ᠮᠤ᠋᠂ ᠠᠮᠤ ᠪᠤᠳᠠᠭᠠᠨ ᠤ ᠭᠠᠷᠤᠯᠳᠠ | ᠶᠢ 7 ᠳ᠋ᠦᠩᠰᠢᠭᠤᠷ ᠵᠢᠩ ᠠᠴᠠ ᠲᠡᠬᠡᠭᠰᠢ ᠳᠤ ᠬᠦᠷᠬᠡᠨ᠂ ᠤᠨ ᠤ ᠮᠠᠯ ᠤᠨ ᠲᠤᠭ᠎ᠠ ᠲᠤᠯᠤᠭᠠᠢ ᠶᠢ 260 ᠲᠦᠮᠠᠨ ᠲᠤᠯᠤᠭᠠᠢ ᠳᠤ ᠬᠦᠷᠬᠡᠬᠦ ᠪᠠᠷ ᠲᠦᠯᠦᠪᠯᠠᠵᠤ | ᠪᠠᠶᠢᠨ᠎ᠠ᠃ 2 ᠲᠦᠮᠠᠨ ᠮᠤ᠋ ᠲᠠᠷᠢᠶᠠᠨ ᠭᠠᠵᠠᠷ ᠢ ᠤᠯᠠᠷᠢᠭᠤᠯᠤᠨ ᠲᠠᠷᠢᠬᠤ᠂ ᠦᠨᠳᠤᠷ ᠦᠷ᠎ᠠ ᠠᠰᠢᠭᠳᠤ ᠤᠰᠤ ᠠᠷᠪᠢᠯᠠᠨ ᠤᠰᠤᠵᠢᠭᠤᠯᠤᠯᠳᠠ ᠬᠢᠬᠦ ᠲᠠᠯᠠᠪᠠᠢ ᠶᠢ | 16 ᠲᠦᠮᠠᠨ ᠮᠤ᠋ ᠬᠡᠷᠡᠭᠵᠢᠬᠦᠯᠥᠨ᠎ᠠ︔ 10 ᠲᠦᠮᠠᠨ ᠲᠡᠭᠰᠢ ᠲᠦᠷᠪᠡᠯᠵᠢᠨ ᠮᠧᠲᠷ ᠦᠨᠳᠤᠷ ᠪᠠᠷᠢᠮᠵᠢᠶᠠᠳᠤ ᠲᠠᠵᠢᠬᠡᠨ ᠦᠷᠠᠵᠢᠬᠦᠯᠬᠦ ᠫᠧᠩ ᠬᠤᠷᠤᠭ᠎ᠠ ᠶᠢ ᠰᠢᠨ᠎ᠠ | ᠪᠠᠷ ᠪᠠᠶᠢᠭᠤᠯᠵᠤ᠂ ᠬᠡᠪᠴᠢᠶᠠᠵᠢᠬᠦᠯᠥᠨ ᠲᠠᠵᠢᠬᠡᠨ ᠦᠷᠠᠵᠢᠬᠦᠯᠬᠦ ᠨᠤᠷᠮ᠎ᠠ ᠶᠢ 55% ᠳᠤ ᠬᠦᠷᠬᠡᠨ᠎ᠠ︔ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠠᠰᠵᠢᠯᠳᠠ | ᠶᠢᠨ ᠲᠤᠯᠤᠭᠠᠶᠢᠯᠠᠭᠴᠢ ᠠᠵᠤ ᠠᠬᠤᠶᠢᠯᠠᠯ ᠢ 7 ᠡᠷᠤᠬᠡ ᠬᠦᠮᠤᠵᠢᠬᠦᠯᠵᠤ᠂ ᠦᠪᠠᠷᠳᠠᠬᠡᠨ ᠵᠠᠰᠠᠬᠤ ᠤᠷᠤᠨ ᠤ ᠨᠠᠷᠠᠳᠤ ᠪᠠᠷᠠᠭᠠᠨ ᠤ ᠲᠡᠮᠳᠡᠭ ᠵᠢᠴᠢ ᠨᠠᠷᠠᠳᠤ | ᠪᠦᠳᠦᠬᠡᠭᠳᠠᠬᠦᠨ 1᠂ ᠪᠦᠬᠦ ᠬᠤᠳᠠ ᠶᠢᠨ ᠨᠠᠷᠠᠳᠤ ᠪᠠᠷᠠᠭᠠᠨ ᠤ ᠲᠡᠮᠳᠡᠭ ᠵᠢᠴᠢ ᠨᠠᠷᠠᠳᠤ ᠪᠦᠳᠦᠬᠡᠭᠳᠠᠬᠦᠨ 1᠂ ︽ᠭᠤᠷᠪᠠᠨ ᠪᠦᠳᠦᠬᠡᠭᠳᠠᠬᠦᠨ ᠨᠢᠬᠡ ᠪᠠᠷᠢᠮᠵᠢᠶ᠎ᠠ ᠳᠤ | ᠬᠦᠷᠦᠭᠰᠠᠨ︾ 10 ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠠᠬᠦᠨ ᠢ ᠰᠢᠨ᠎ᠠ ᠪᠠᠷ ᠨᠡᠮᠡᠭᠳᠠᠬᠦᠯᠥᠨᠠ᠃ ᠪᠠᠶᠢᠭᠠᠯᠢ ᠶᠢᠨ ᠰᠢᠳᠠᠮᠠᠬᠠᠢ ᠬᠡᠢ ᠶᠢ ᠡᠷᠤᠬᠡ ᠳᠤ | ᠤᠷᠤᠭᠤᠯᠬᠤ ᠢᠨᠵᠧᠨᠧᠷᠢᠩ ᠢ ᠦᠷᠬᠦᠯᠵᠢᠯᠠᠨ ᠲᠦᠯᠬᠢᠨ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠤᠷᠴᠢᠨ ᠲᠤᠭᠤᠷᠢᠨ ᠢ ᠦᠷᠬᠦᠯᠵᠢᠯᠠᠨ ᠵᠠᠰᠠᠨ | ᠴᠡᠭᠴᠠᠯᠠᠨᠠ᠃ ᠰᠤᠮᠤ ᠪᠠᠯᠭᠠᠰᠤ ᠶᠢᠨ ᠪᠠᠯᠭᠠᠰᠤᠨ ᠲᠤᠭᠤᠷᠢᠭ ᠤᠨ ᠪᠤᠵᠠᠷ ᠤᠰᠤ ᠶᠢ ᠰᠢᠢᠳᠪᠤᠷᠢᠯᠠᠬᠦ ᠲᠦᠬᠦᠬᠡᠷᠤᠮᠵᠢ 3᠂ ᠬᠤᠭ ᠨᠤᠪᠰᠢ ᠰᠢᠢᠳᠪᠤᠷᠢᠯᠠᠬᠦ ᠭᠠᠵᠠᠷ | ᠢ 3 ᠶᠢ ᠪᠦᠳᠦᠬᠡᠨ ᠪᠠᠶᠢᠭᠤᠯᠵᠤ᠂ 8000 ᠡᠷᠤᠬᠡ ᠶᠢᠨ ᠵᠤᠷᠯᠤᠩ ᠢ ᠪᠠᠶᠢᠭᠤᠯᠵᠤ᠂ 25 ᠨᠠᠶᠢᠳᠠ ᠶᠢᠨ ᠵᠤᠷᠯᠤᠩ ᠢ ᠰᠢᠨ᠎ᠠ ᠪᠠᠷ ᠪᠠᠶᠢᠭᠤᠯᠤᠨ᠎ᠠ᠃ ᠬᠠᠳᠤᠨ | ᠭᠤᠤᠯ ᠲᠠᠭᠠᠤ ᠤᠷᠤᠨ ᠤ ᠭᠤᠷᠪᠠᠨ ᠪᠠᠯᠭᠠᠰᠤ ᠶᠢᠨ ᠲᠦᠬᠡᠬᠡᠯ ᠤᠰᠤᠨ ᠤ ᠴᠢᠨᠠᠷ ᠢ ᠲᠡᠬᠡᠭᠰᠢᠯᠠᠬᠦᠯᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠬᠡᠷᠡᠭᠵᠢᠬᠦᠯᠥᠨ᠎ᠠ | ᠃ | ︵ᠭᠤᠷᠪᠠ︶ ᠤᠳᠤ ᠦᠶ᠎ᠠ ᠶᠢᠨ ᠦᠢᠯᠠᠴᠢᠯᠠᠬᠡᠨ ᠤ ᠦᠢᠯᠠᠰ ᠢ ᠬᠦᠭᠵᠢᠬᠦᠯᠬᠦ ᠶᠢ ᠲᠦᠷᠬᠡᠳᠬᠡᠨ᠂ ᠭᠤᠷᠪᠠᠳᠤᠭᠠᠷ ᠠᠵᠤ ᠦᠢᠯᠠᠰ ᠤᠨ ᠶᠠᠰᠤ ᠴᠢᠨᠠᠷ ᠢ | ᠲᠡᠬᠡᠭᠰᠢᠯᠠᠬᠦᠯᠵᠤ ᠦᠷ᠎ᠠ ᠪᠦᠳᠦᠮᠵᠢ ᠶᠢ ᠨᠢ ᠨᠡᠮᠡᠭᠳᠠᠬᠦᠯᠬᠦ ᠶᠢ ᠲᠦᠯᠬᠢᠨ ᠠᠬᠢᠭᠤᠯᠤᠨ᠎ᠠ᠂ ᠬᠤᠰᠢᠭᠤ ᠵᠤᠭᠠᠴᠠᠯ ᠤᠨ ᠲᠦᠪ ᠢ ᠡᠬᠢᠯᠠᠬᠦᠯᠥᠨ ᠡᠷᠬᠢᠯᠳᠠ ᠳᠤ | ᠤᠷᠤᠭᠤᠯᠤᠨ᠎ᠠ᠃ ᠲᠠᠭᠤᠳᠤ ᠶᠢᠨ ᠲᠤᠯᠤᠭᠠᠨ ᠨᠠᠭᠤᠷ᠂ ᠤᠷᠳᠤᠰ ᠲᠠᠯ᠎ᠠ ᠨᠤᠳᠤᠭ ᠵᠠᠷᠬᠡ ᠦᠵᠠᠮᠵᠢ ᠶᠢᠨ ᠤᠷᠤᠨ ᠤ ᠵᠤᠭᠠᠴᠠᠯ ᠤᠨ ᠰᠠᠭᠤᠷᠢ ᠲᠦᠬᠦᠬᠡᠷᠤᠮᠵᠢ ᠪᠠ | ᠦᠢᠯᠠᠴᠢᠯᠠᠬᠡᠨ ᠤ ᠴᠢᠳᠠᠪᠤᠷᠢ ᠶᠢ ᠲᠠᠰᠤᠷᠠᠯᠳᠠ ᠦᠬᠡᠢ ᠲᠡᠬᠡᠭᠰᠢᠯᠠᠬᠦᠯᠥᠨᠠ᠃ 5A ᠤᠯᠤᠰ ᠤᠨ ᠲᠠᠰ ᠤᠨ ᠵᠤᠭᠠᠴᠠᠯ ᠤᠨ ᠦᠵᠠᠮᠵᠢ ᠶᠢᠨ ᠤᠷᠤᠨ 1 ᠡᠷᠤᠬᠡ᠂ | ᠭᠤᠷᠪᠠᠨ ᠤᠳᠤᠨ ᠲᠠᠰ ᠤᠨ ᠪᠠᠭᠤᠳᠠᠯ 1᠂ ᠬᠤᠳᠠ ᠶᠢᠨ ᠲᠠᠰ ᠤᠨ ᠬᠦᠳᠡᠭᠡ ᠲᠤᠰᠬᠤᠨ ᠤ ᠵᠤᠭᠠᠴᠠᠯ ᠤᠨ ᠵᠢᠱᠢᠶ᠎ᠠ ᠦᠵᠠᠬᠦᠯᠬᠦ ᠲᠤᠰᠬᠤᠨ 1᠂ ᠬᠦᠳᠡᠭᠡ | ᠲᠤᠰᠬᠤᠨ ᠤ ᠵᠤᠭᠠᠴᠠᠯ ᠤᠨ ᠵᠤᠴᠢᠯᠠᠯᠭ᠎ᠠ ᠶᠢᠨ ᠡᠷᠤᠬᠡ ᠶᠢ 10 ᠲᠡᠬᠡᠭᠰᠢ ᠬᠢᠨᠠᠨ ᠮᠠᠳᠠᠬᠦᠯᠥᠨᠠ᠃ ᠵᠤᠭᠠᠴᠠᠯ ᠤᠨ ᠦᠢᠯᠠᠰ ᠢ ᠤᠬᠠᠭᠤᠯᠤᠨ ᠲᠠᠯᠬᠡᠷᠡᠬᠦᠯᠬᠦ | ᠬᠦᠴᠦᠯᠠᠴᠠ ᠪᠠᠨ ᠶᠡᠬᠡᠰᠬᠡᠵᠤ᠂ ᠨᠠᠷᠠᠳᠤ ᠲᠠᠮᠳᠡᠭᠳᠤ ᠵᠤᠭᠠᠴᠠᠯ ᠤᠨ ᠪᠠᠶᠠᠷ ᠲᠤᠷᠠᠰᠬᠠᠯ ᠤᠨ ᠠᠵᠢᠯᠯᠠᠭᠠᠨ ᠢ ᠦᠷᠨᠢᠬᠦᠯᠥᠨ᠎ᠠ᠃ ᠡᠯᠡᠰᠤ ᠮᠠᠩᠬᠠᠨ ᠤ ᠰᠤᠶᠤᠯ ᠤᠨ | ᠨᠠᠶᠢᠷ᠂ ᠤᠷᠳᠤᠰ ᠲᠠᠯ᠎ᠠ ᠨᠤᠳᠤᠭ ᠤᠨ ᠨᠠᠭᠠᠳᠤᠮ᠂ ᠬᠠᠩᠬᠢᠨ ᠰᠤᠶᠤᠯ ᠤᠨ ᠡᠳᠦᠷᠯᠢᠭ ᠵᠠᠷᠬᠡ ᠪᠦᠬᠦ ᠬᠤᠰᠢᠭᠤᠨ ᠤ ᠴᠢᠨᠠᠷᠳᠠᠢ ᠵᠤᠭᠠᠴᠠᠯ ᠤᠨ ᠪᠠᠶᠠᠷ ᠲᠤᠷᠠᠰᠬᠠᠯ | ᠤᠨ ᠠᠵᠢᠯᠯᠠᠭᠠᠨ ᠢ ᠭᠤᠤᠯᠳᠠᠯᠭ᠎ᠠ ᠲᠠᠢ ᠰᠠᠶᠢᠳᠤᠷ ᠡᠷᠬᠢᠯᠠᠨ᠎ᠠ᠃ ᠪᠦᠬᠦ ᠬᠤᠰᠢᠭᠤᠨ ᠤ ᠵᠤᠭᠠᠴᠠᠭᠰᠠᠳ ᠢ ᠵᠤᠴᠢᠯᠠᠬᠤ ᠬᠡᠮᠵᠢᠶ᠎ᠠ᠂ ᠵᠤᠭᠠᠴᠠᠯ ᠤᠨ ᠤᠷᠤᠯᠭ᠎ᠠ ᠶᠢ | ᠲᠤᠰ ᠪᠦᠷᠢ 10% ᠪᠤᠯᠤᠨ 8% ᠤᠷᠴᠢᠮ ᠳᠤ ᠬᠦᠷᠬᠡᠬᠦ ᠪᠠᠷ ᠴᠢᠷᠮᠠᠶᠢᠨ᠎ᠠ᠃ ᠬᠦᠳᠡᠭᠡ ᠲᠤᠰᠬᠤᠨ ᠤ ᠤᠳᠤ ᠦᠶ᠎ᠠ ᠶᠢᠨ ᠪᠠᠷᠠᠭᠠᠨ ᠤ ᠬᠦᠢᠯᠬᠡᠬᠡᠨ ᠤ | ᠲᠦᠬᠦᠷᠴᠢᠯᠠᠯᠳᠠ ᠶᠢᠨ ᠰᠢᠰᠲ᠋ᠧᠮ ᠢ ᠤᠯᠠᠮ ᠨᠢᠬᠡ ᠠᠯᠬᠤᠮ ᠲᠠᠬᠦᠯᠳᠡᠷᠵᠢᠬᠦᠯᠵᠤ᠂ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠠᠳᠬᠦᠬᠦ ᠵᠠᠮ ᠢ ᠨᠠᠬᠡᠬᠡᠨᠠ᠃ | ᠲᠤᠭᠤᠶᠢᠳᠠᠯ᠎ᠠ ᠠᠵᠤ ᠦᠢᠯᠠᠳᠪᠤᠷᠢ ᠶᠢᠨ ᠬᠦᠷᠢᠶᠠᠯᠠᠩ ᠲᠤᠭᠤᠷᠢᠭ ᠤᠨ ᠡᠮᠤᠨ᠎ᠠ ᠲᠦᠷᠦᠯ ᠵᠦᠢᠯ ᠤᠨ ᠤᠷᠤᠨ ᠤ ᠶᠠᠷᠤᠩᠬᠡᠶᠢᠯᠡᠭᠰᠠᠨ ᠦᠢᠯᠠᠴᠢᠯᠠᠬᠡᠨ ᠤ ᠲᠦᠪ ᠪᠠ | ᠷᠦᠩ ᠲᠠᠢ ᠶᠢᠨ ᠹᠧᠩ ᠶᠢᠨ ᠰᠢᠩ ᠵᠠᠮ ᠭᠠᠷᠠᠮ ᠮᠠᠰᠢᠨ ᠲᠠᠷᠬᠡᠨ ᠤ ᠪᠠᠷᠠᠭᠠᠨ ᠤ ᠬᠦᠢᠯᠬᠡᠬᠡᠨ ᠤ ᠦᠢᠯᠠᠴᠢᠯᠠᠬᠡᠨ ᠤ ᠬᠦᠷᠢᠶᠠᠯᠠᠩ ᠲᠤᠭᠤᠷᠢᠭ ᠢ ᠪᠦᠬᠦ ᠲᠠᠯ᠎ᠠ ᠪᠠᠷ | ᠲᠦᠯᠬᠢᠨ ᠠᠬᠢᠭᠤᠯᠤᠨ᠎ᠠ᠃ | ︵ᠲᠦᠷᠪᠡ︶ ᠰᠢᠨ᠎ᠠ ᠤᠶᠢᠯᠠᠭᠠᠭᠳᠠᠬᠤᠨ ᠢᠶᠠᠷ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠯᠦᠪᠵᠢᠬᠦᠯᠵᠤ᠂ ᠪᠠᠯᠠ ᠤᠷᠤᠭᠤᠯᠤᠯᠳᠠ ᠶᠢᠨ | ᠲᠤᠭᠳᠠᠭᠤᠨ ᠨᠡᠮᠡᠭᠳᠠᠯ ᠢ ᠪᠠᠳᠤᠯᠠᠨ᠎ᠠ᠃ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠬᠦᠴᠦᠯᠠᠴᠠ ᠶᠢ ᠶᠡᠬᠡᠰᠬᠡᠨᠠ᠃ ︽ᠲᠦᠷᠦᠯ ᠵᠦᠢᠯ ᠢ | ᠤᠷᠤᠨᠵᠢᠭᠤᠯᠬᠤ ᠰᠢᠪᠳᠤᠯᠤᠯᠳᠠ ᠲᠠᠭᠠᠷᠢᠬᠤ ᠤᠨ︾ ᠤ ᠠᠵᠢᠯᠯᠠᠭᠠᠨ ᠠᠴᠠ᠂ ᠭᠤᠤᠯᠳᠠᠯᠭ᠎ᠠ ᠶᠢᠨ ᠲᠤᠭᠤᠷᠢᠨ ᠳᠤ᠂ ᠵᠢᠯ ᠤᠨ ᠲᠤᠳᠤᠷ᠎ᠠ 45 ᠭᠤᠤᠯᠳᠠᠯᠭ᠎ᠠ | ᠲᠠᠢ ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠠᠵᠤ᠂ ᠲᠤᠰᠬᠠᠶᠢᠵᠢᠭᠰᠠᠨ ᠡᠩᠨᠡᠬᠡᠨ ᠤ ᠦᠢᠯᠠᠴᠢᠯᠠᠬᠡᠨ ᠤ ᠲᠦᠷᠦᠯ ᠵᠦᠢᠯ ᠤᠨ ᠡᠵᠡᠨᠳᠠᠨ ᠤ ᠵᠤᠬᠢᠶᠠᠨ | ᠪᠠᠶᠢᠭᠤᠯᠤᠯᠳᠠ ᠶᠢ ᠪᠠᠶᠢᠭᠤᠯᠵᠤ᠂ ᠠᠯᠬᠤᠮ ᠠᠯᠬᠤᠮ ᠢᠶᠠᠷ᠂ ᠲᠦᠷᠦᠯ ᠵᠦᠢᠯ ᠢᠶᠠᠷ ᠵᠠᠳᠠᠯᠤᠯᠳᠠ ᠬᠢᠵᠤ᠂ ᠨᠢᠬᠡᠳ ᠨᠢᠬᠡ ᠪᠠᠷ ᠠᠵᠢᠯ ᠢᠶᠠᠨ ᠰᠠᠷᠬᠦᠬᠡᠨ ᠠᠵᠢᠯ ᠢᠶᠠᠨ | ᠡᠬᠢᠯᠠᠬᠦᠯᠬᠦ ᠨᠦᠬᠦᠴᠠᠯ ᠢ ᠪᠦᠷᠢᠯᠳᠤᠬᠦᠯᠥᠨᠠ᠃ ᠲᠡᠬᠡᠭᠰᠢ ᠬᠦᠶᠤᠵᠤ ᠲᠦᠷᠦᠯ ᠵᠦᠢᠯ ᠬᠦᠢᠴᠡᠳᠬᠡᠬᠦ ᠬᠦᠴᠦᠯᠠᠴᠠ ᠪᠠᠨ ᠶᠡᠬᠡᠰᠬᠡᠵᠤ᠂ ᠲᠦᠷᠦᠯ ᠵᠦᠢᠯ ᠤᠨ ᠤᠰᠤ | ᠬᠡᠷᠡᠭᠯᠠᠬᠦ᠂ ᠭᠠᠵᠠᠷ ᠬᠡᠷᠡᠭᠰᠠᠬᠦ᠂ ᠤᠷᠴᠢᠨ ᠲᠤᠭᠤᠷᠢᠨ᠂ ᠡᠨᠧᠷᠬᠢ ᠶᠢᠨ ᠬᠤᠷᠤᠭᠳᠠᠯ ᠢ ᠪᠠᠭᠠᠰᠬᠠᠬᠤ ᠵᠠᠷᠬᠡ ᠴᠢᠬᠤᠯᠠ ᠡᠯᠧᠮᠧᠨ᠋ᠲ ᠤᠨ ᠵᠢᠭᠠᠯᠳᠠ ᠲᠤᠭ᠎ᠠ ᠶᠢ | ᠮᠠᠳᠠᠬᠦᠯᠥᠨ ᠵᠦᠪᠰᠢᠶᠠᠷᠠᠬᠦᠯᠬᠦ ᠬᠤᠭᠤᠴᠠᠭ᠎ᠠ ᠶᠢ ᠪᠤᠭᠤᠨᠢᠰᠬᠠᠨ᠎ᠠ᠃ ᠲᠦᠷᠦᠯ ᠵᠦᠢᠯ ᠤᠨ ᠬᠠᠳᠠᠭᠠᠯᠠᠯᠳᠠ ᠶᠢ ᠦᠨᠠᠨᠬᠦ ᠴᠢᠩᠭᠠᠳᠬᠠᠨ᠎ᠠ᠃ ᠤᠯᠤᠰ᠂ ᠦᠪᠠᠷᠳᠠᠬᠡᠨ | ᠵᠠᠰᠠᠬᠤ ᠤᠷᠤᠨ᠂ ᠬᠤᠳᠠ ᠶᠢᠨ ᠱᠠᠳᠤᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠲᠦᠷᠦ ᠶᠢᠨ ᠪᠤᠳᠤᠯᠭ᠎ᠠ᠂ ᠲᠦᠯᠦᠪᠵᠢᠬᠦᠯᠬᠡ᠂ ᠲᠤᠮᠤ ᠴᠢᠬᠤᠯᠠ ᠲᠦᠷᠦᠯ | ᠵᠦᠢᠯ ᠲᠠᠢ ᠢᠳᠠᠪᠬᠢᠳᠠᠢ ᠵᠠᠯᠭᠠᠯᠳᠤᠵᠤ᠂ ᠠᠳᠠᠯ ᠦᠢᠯᠠᠰ ᠤᠨ ᠰᠢᠨ᠎ᠠ ᠡᠬᠦᠳᠦᠯᠳᠠ ᠶᠢᠨ ᠦᠨᠳᠤᠷ ᠶᠠᠰᠤ ᠴᠢᠨᠠᠷᠳᠤ ᠬᠦᠭᠵᠢᠯᠳᠠ᠂ ᠬᠦᠳᠡᠭᠡ ᠲᠤᠰᠬᠤᠨ ᠢ | ᠬᠦᠭᠵᠢᠬᠦᠯᠥᠨ ᠮᠠᠨᠳᠤᠭᠤᠯᠬᠤ᠂ ᠰᠠᠭᠤᠷᠢ ᠲᠦᠬᠦᠬᠡᠷᠤᠮᠵᠢ ᠶᠢᠨ ᠲᠤᠳᠠᠭᠳᠠᠯ ᠢ ᠨᠦᠬᠦᠪᠤᠷᠢᠯᠠᠬᠦ ᠵᠠᠷᠬᠡ ᠲᠦᠷᠦ ᠶᠢᠨ ᠪᠤᠳᠤᠯᠭ᠎ᠠ ᠶᠢ ᠤᠨᠤᠪᠴᠢᠯᠠᠵᠤ᠂ ᠲᠦᠷᠦᠯ ᠵᠦᠢᠯ | ᠢ ᠲᠦᠯᠦᠪᠵᠢᠬᠦᠯᠬᠦ᠂ ᠨᠤᠳᠠᠯᠠᠯᠳᠠ ᠬᠢᠬᠦ᠂ ᠪᠤᠭᠤᠳᠠᠯᠯᠠᠬᠤ᠂ ᠬᠠᠳᠠᠭᠠᠯᠠᠬᠤ ᠶᠢ ᠨᠠᠷᠢᠯᠢᠭ ᠪᠤᠳᠠᠳᠠᠢ ᠬᠢᠨ᠎ᠠ᠃ ᠬᠦᠴᠦ ᠪᠠᠨ ᠬᠠᠮᠳᠤᠳᠬᠠᠨ ᠪᠠᠯᠠ ᠮᠦᠩᠬᠦ | ᠬᠤᠷᠠᠮᠳᠤᠭᠤᠯᠤᠨ᠎ᠠ᠃ ᠰᠠᠭᠤᠷᠢ ᠲᠦᠬᠦᠬᠡᠷᠤᠮᠵᠢ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ᠂ ᠡᠬᠡᠯ ᠠᠷᠠᠳ ᠤᠨ ᠠᠮᠢᠳᠤᠷᠠᠯ᠂ ᠠᠮᠢ ᠠᠬᠤᠢ ᠤᠷᠴᠢᠨ | ᠲᠤᠭᠤᠷᠢᠨ ᠢ ᠬᠠᠮᠠᠭᠠᠯᠠᠬᠤ ᠵᠠᠷᠬᠡ ᠶᠢᠨ ᠭᠤᠤᠯᠳᠠᠯᠭ᠎ᠠ ᠲᠠᠢ ᠪᠠᠯᠠ ᠮᠦᠩᠬᠦ ᠶᠢᠨ ᠤᠷᠤᠭᠤᠯᠤᠯᠳᠠ ᠶᠢᠨ ᠬᠦᠷᠢᠶ᠎ᠠ ᠴᠡᠷ᠎ᠡ ᠶᠢᠨ ᠲᠤᠭᠤᠷᠢᠨ ᠳᠤ᠂ ᠲᠦᠷᠦᠯ ᠵᠦᠢᠯ ᠤᠨ | ᠡᠮᠤᠨᠠᠬᠢ ᠬᠤᠭᠤᠴᠠᠭᠠᠨ ᠤ ᠭᠠᠷ ᠬᠦᠢᠴᠡᠳᠬᠡᠯ ᠢ ᠦᠨᠳᠤᠷ ᠶᠠᠰᠤ ᠴᠢᠨᠠᠷ ᠲᠠᠢ ᠪᠠᠷ ᠪᠠᠶᠠᠯᠠᠬᠦᠯᠵᠤ᠂ ᠲᠦᠷᠦᠯ ᠵᠦᠢᠯ ᠤᠨ ᠪᠤᠯᠪᠠᠰᠤᠷᠠᠭᠤᠯᠤᠯᠳᠠ ᠶᠢᠨ ᠬᠡᠮᠵᠢᠶ᠎ᠠ ᠶᠢ | ᠦᠨᠡᠨᠬᠦ ᠲᠡᠬᠡᠭᠰᠢᠯᠠᠬᠦᠯᠵᠤ᠂ ᠲᠤᠩ ᠤᠯᠠᠨ ᠨᠠᠮ ᠤᠨ ᠲᠦᠪ ᠬᠤᠷᠢᠶ᠎ᠠ᠂ ᠦᠪᠠᠷᠳᠠᠬᠡᠨ ᠵᠠᠰᠠᠬᠤ ᠤᠷᠤᠨ ᠤ ᠲᠦᠰᠦᠪ ᠤᠨ ᠲᠤᠳᠤᠷᠠᠬᠢ ᠪᠠᠯᠠ ᠤᠷᠤᠭᠤᠯᠤᠯᠳᠠ ᠵᠢᠴᠢ | ᠠᠵᠢᠯ ᠲᠦᠷᠦᠯ ᠤᠨ ᠲᠤᠰᠬᠠᠢ ᠪᠠᠯᠠ ᠮᠦᠩᠬᠦᠨ ᠤ ᠲᠠᠮᠵᠢᠯᠬᠡ ᠶᠢ ᠲᠠᠮᠠᠴᠠᠨ ᠤᠯᠬᠤ ᠪᠠᠷ ᠴᠢᠷᠮᠠᠶᠢᠨ᠎ᠠ᠃ ᠠᠷᠠᠳ ᠤᠨ ᠲᠤᠮᠳᠠᠬᠢ ᠪᠠᠯᠠ ᠤᠷᠤᠭᠤᠯᠤᠯᠳᠠ ᠶᠢᠨ | ᠠᠮᠢᠵᠢᠷᠠᠯ ᠤᠨ ᠬᠦᠴᠦᠨ ᠢ ᠤᠷᠬᠢᠯᠠᠭᠤᠯᠵᠤ᠂ ᠨᠠᠶᠢᠬᠡᠮ ᠤᠨ ᠪᠠᠯᠠ ᠬᠦᠷᠦᠩᠬᠡ ᠶᠢ PPP ᠵᠠᠷᠬᠡ ᠬᠡᠯᠪᠡᠷᠢ ᠶᠢ ᠠᠪᠴᠤ ᠨᠠᠶᠢᠳᠠ ᠶᠢᠨ ᠦᠢᠯᠠᠴᠢᠯᠠᠬᠡᠨ ᠤ ᠬᠦᠷᠢᠶ᠎ᠠ | ᠴᠡᠷ᠎ᠠ ᠳᠤ ᠪᠠᠯᠠ ᠤᠷᠤᠭᠤᠯᠬᠤ ᠶᠢ ᠲᠠᠮᠵᠢᠨ᠎ᠠ᠃ ᠡᠳ᠋ ᠤᠨ ᠵᠠᠰᠠᠭ ᠤᠨ ᠪᠠᠯᠠ ᠮᠦᠩᠬᠦᠨ ᠤ ᠬᠦᠴᠢᠷᠳᠠᠯ ᠪᠠ ᠲᠦᠷᠦᠯ ᠵᠦᠢᠯ ᠢ ᠪᠦᠳᠦᠬᠡᠨ ᠪᠠᠶᠢᠭᠤᠯᠬᠤ ᠪᠠᠯᠠ | ᠮᠦᠩᠬᠦᠨ ᠤ ᠬᠡᠷᠡᠭᠴᠡᠭᠡ ᠱᠠᠭᠠᠷᠳᠠᠯᠭ᠎ᠠ ᠠᠴᠠ ᠵᠦᠷᠢᠴᠠᠯ ᠶᠡᠬᠡᠰᠬᠦ ᠶᠢ ᠴᠢᠷᠮᠠᠶᠢᠨ ᠨᠠᠮᠳᠠᠭᠤᠯᠤᠨ᠎ᠠ᠃ ᠠᠷᠠᠯᠵᠢᠶᠠᠴᠢᠨ ᠤᠷᠢᠵᠤ ᠪᠠᠯᠠ ᠲᠠᠳᠠᠬᠤ ᠵᠠᠮ ᠮᠦᠷ ᠢ | ᠦᠷᠬᠡᠳᠬᠡᠨ᠎ᠠ᠃ ᠦᠵᠠᠯ ᠰᠠᠨᠠᠭᠠᠨ ᠤ ᠰᠢᠨ᠎ᠠ ᠶᠢ ᠡᠬᠦᠳᠦᠨ᠂ ᠪᠠᠶᠠᠷ ᠲᠤᠷᠠᠰᠬᠠᠯ ᠤᠨ ᠬᠤᠷᠠᠯ ᠢᠶᠠᠷ ᠠᠷᠠᠯᠵᠢᠶᠠᠴᠢᠨ ᠤᠷᠢᠬᠤ᠂ ᠭᠠᠳᠠᠭᠰᠢ ᠭᠠᠷᠴᠤ ᠬᠤᠷᠠᠯ ᠡᠷᠬᠢᠯᠠᠨ | ᠬᠤᠳᠠᠯᠳᠤᠭᠠᠴᠢᠨ ᠲᠠᠳᠠᠬᠤ ᠲᠠᠪᠴᠠᠩ ᠢ ᠠᠰᠢᠭᠯᠠᠨ ᠬᠤᠳᠠᠯᠳᠤᠭᠠᠴᠢᠨ ᠤᠷᠢᠬᠤ᠂ ᠨᠠᠶᠢᠳᠠᠯᠭ᠎ᠠ ᠳᠤ ᠲᠦᠰᠢᠭᠯᠡᠨ ᠬᠤᠳᠠᠯᠳᠤᠭᠠᠴᠢᠨ ᠤᠷᠢᠬᠤ ᠵᠠᠷᠬᠡ ᠤᠯᠠᠨ ᠬᠡᠯᠪᠡᠷᠢ | ᠶᠢ ᠠᠪᠴᠤ᠂ ᠬᠦᠨ ᠲᠠᠪᠬᠤᠷᠭ᠎ᠠ ᠶᠢᠨ ᠶᠡᠭᠡ ᠬᠦᠷᠢᠶ᠎ᠠ ᠬᠡᠪᠴᠢᠶᠠᠨ ᠳᠤ ᠪᠦᠬᠦᠳᠠᠬᠡᠷ ᠢᠶᠠᠨ ᠠᠷᠠᠯᠵᠢᠶᠠᠴᠢᠨ ᠤᠷᠢᠵᠤ ᠪᠠᠯᠠ ᠲᠠᠳᠠᠬᠤ ᠠᠵᠢᠯ ᠤᠨ ᠲᠤᠭᠳᠠᠯᠴᠠᠭ᠎ᠠ ᠶᠢ | ᠪᠠᠶᠢᠭᠤᠯᠤᠨ᠎ᠠ᠃ ᠲᠦᠷᠦᠯ ᠵᠦᠢᠯ ᠢ ᠬᠢᠨᠠᠨ ᠵᠦᠪᠰᠢᠶᠠᠷᠠᠬᠦᠯᠬᠦ ᠦᠷ᠎ᠠ ᠠᠰᠢᠭ ᠤᠨ ᠨᠤᠷᠮ᠎ᠠ ᠶᠢ ᠲᠠᠬᠡᠭᠰᠢᠯᠠᠬᠦᠯᠥᠨᠠ᠃ ᠬᠢᠨᠠᠨ ᠵᠦᠪᠰᠢᠶᠠᠷᠠᠬᠦᠯᠬᠦ ᠡᠯ᠎ᠡ ᠭᠤᠭᠴᠤᠭᠠᠨ | ᠤ ᠴᠢᠮᠡᠭᠡ ᠵᠠᠩᠬᠢ ᠶᠢᠨ ᠪᠦᠬᠦ ᠶᠠᠪᠤᠴᠠ ᠳᠠᠬᠢ ᠲᠤᠤᠷᠵᠢᠭᠤᠯᠤᠯᠳᠠ ᠶᠢᠨ ᠦᠷ᠎ᠠ ᠠᠰᠢᠭ ᠢ ᠬᠠᠮᠳᠤ ᠪᠠᠷ ᠬᠦᠷᠳᠠᠬᠦ ᠶᠢ ᠢᠳᠠᠪᠬᠢᠳᠠᠢ ᠲᠦᠯᠬᠢᠨ ᠠᠬᠢᠭᠤᠯᠵᠤ᠂ ᠬᠢᠨᠠᠨ | ᠵᠦᠪᠰᠢᠶᠠᠷᠠᠬᠦᠯᠬᠦ ᠲᠦᠷᠢᠮ ᠢ ᠨᠠᠶᠢᠳᠠᠪᠤᠷᠢᠵᠢᠭᠤᠯᠵᠤ ᠤᠷᠤᠨᠵᠢᠭᠤᠯᠬᠤ ᠶᠢ ᠬᠠᠮᠳᠤ ᠪᠠᠷ ᠪᠠᠳᠤᠯᠠᠨ᠎ᠠ᠃ ᠵᠠᠷᠴᠢᠮᠳᠤ ᠴᠢᠨᠠᠷ ᠢ ᠪᠠᠷᠢᠮᠳᠠᠯᠠᠵᠤ᠂ ᠠᠮᠢᠳᠤᠯᠢᠭ ᠴᠢᠨᠠᠷ ᠢ | ᠡᠵᠡᠮᠰᠢᠵᠤ᠂ ᠲᠤᠮᠤ ᠴᠢᠬᠤᠯᠠ ᠲᠦᠷᠦᠯ ᠵᠦᠢᠯ ᠢ ᠬᠢᠨᠠᠨ ᠵᠦᠪᠰᠢᠶᠠᠷᠠᠬᠦᠯᠬᠦ ᠵᠠᠮ ᠮᠦᠷ ᠢ ᠨᠠᠬᠡᠬᠡᠵᠤ᠂ ᠮᠠᠨ ᠤ ᠬᠤᠰᠢᠭᠤᠨ ᠳᠤ ᠨᠤᠳᠤᠭᠰᠢᠬᠤ ᠲᠦᠷᠦᠯ ᠵᠦᠢᠯ ᠢ | ᠬᠢᠨᠠᠨ ᠵᠦᠪᠰᠢᠶᠠᠷᠠᠬᠦ ᠭᠤᠭᠴᠤᠭᠠᠨ ᠲᠠᠬᠡᠷ᠎ᠡ ᠨᠦᠯᠥᠬᠡ ᠬᠠᠷᠰᠢ ᠭᠠᠷᠭᠠᠬᠤ ᠶᠢ ᠡᠷᠡᠰ ᠬᠤᠷᠢᠭᠯᠠᠨ᠎ᠠ᠃ | ︵ᠲᠠᠪᠤ︶ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠵᠤ᠂ ᠨᠤᠮᠢᠨ ᠨᠤᠭᠤᠭᠠᠨ ᠬᠠᠩᠬᠢᠨ ᠢ ᠴᠢᠷᠮᠠᠶᠢᠨ ᠪᠦᠳᠦᠬᠡᠨ | ᠪᠠᠶᠢᠭᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠠᠯ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠰᠤᠷᠤᠯᠴᠠᠵᠤ᠂ ᠨᠤᠳᠤᠭ ᠤᠷᠤᠨ ᠢᠶᠠᠨ | ᠨᠤᠭᠤᠭᠠᠷᠠᠭᠤᠯᠬᠤ ᠪᠠ ᠡᠯᠡᠰᠤ ᠮᠠᠩᠬ᠎ᠠ ᠶᠢ ᠰᠠᠷᠬᠡᠶᠢᠯᠠᠨ ᠵᠠᠰᠠᠬᠤ ᠶᠢ ᠶᠡᠬᠡᠪᠡᠷ ᠲᠦᠯᠬᠢᠨ ᠠᠬᠢᠭᠤᠯᠵᠤ᠂ ᠪᠠᠶᠢᠭᠠᠯᠢᠯᠢᠭ ᠤᠢ ᠶᠢᠨ ᠬᠠᠮᠠᠭᠠᠯᠠᠯᠳᠠ᠂ ᠪᠡᠬᠡᠵᠢᠩ | ᠲᠢᠶᠠᠨᠵᠢᠨ ᠤ ᠰᠠᠯᠬᠢ ᠡᠯᠡᠰᠤᠨ ᠤ ᠢᠷᠠᠯᠳᠠ ᠶᠢ ᠵᠠᠰᠠᠬᠤ᠂ ᠭᠤᠤᠯ ᠨᠠᠭᠤᠷ ᠢ ᠵᠠᠯᠭᠠᠯᠳᠤᠭᠤᠯᠬᠤ ᠵᠠᠷᠬᠡ ᠭᠤᠤᠯᠳᠠᠯᠭ᠎ᠠ ᠲᠠᠢ ᠠᠮᠢ ᠠᠬᠤᠢ ᠶᠢᠨ ᠲᠦᠷᠦᠯ ᠵᠦᠢᠯ ᠢ | ᠨᠢᠬᠡᠳᠤᠯᠳᠠᠢ ᠬᠡᠷᠡᠭᠵᠢᠬᠦᠯᠵᠤ᠂ ᠤᠢ ᠰᠢᠭᠤᠢ ᠶᠢᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠤᠨ ᠡᠬᠦᠷᠬᠡ ᠶᠢ 23.8 ᠲᠦᠮᠠᠨ ᠮᠤ᠋᠂ ᠬᠦᠷᠦᠰᠤ | ᠰᠢᠷᠥᠢ ᠶᠢᠨ ᠤᠰᠤᠨ ᠤ ᠢᠳᠡᠭᠳᠠᠯ 20 ᠲᠦᠮᠠᠨ ᠮᠤ᠋ ᠵᠠᠰᠠᠵᠤ᠂ 30 ᠲᠦᠮᠡᠨ ᠮᠣ᠋ ᠨᠣᠳᠤᠭ ᠪᠠᠯᠴᠢᠬᠡᠷ ᠢ ᠪᠦᠳᠣᠭᠡᠨ ᠪᠠᠶᠢᠭᠤᠯᠵᠣ ᠂ ᠪᠤᠬᠢᠷᠳᠤᠯ ᠢ | ᠰᠠᠷᠬᠡᠶᠢᠯᠠᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠬᠡᠪᠰᠢ ᠤᠯᠵᠤ᠂ ᠨᠠᠮ ᠤᠨ ᠲᠦᠪ ᠬᠤᠷᠢᠶ᠎ᠠ᠂ ᠦᠪᠠᠷᠳᠠᠬᠡᠨ ᠵᠠᠰᠠᠬᠤ ᠤᠷᠤᠨ᠂ ᠬᠤᠳᠠ | ᠶᠢᠨ ᠤᠷᠴᠢᠨ ᠲᠤᠭᠤᠷᠢᠨ ᠢ ᠬᠠᠮᠠᠭᠠᠯᠠᠬᠤ ᠶᠡᠭᠡ ᠪᠠᠶᠢᠴᠠᠭᠠᠯᠳᠠ ᠳᠤ ᠴᠠᠭ ᠲᠤᠬᠠᠢ ᠳᠤᠨᠢ ᠬᠠᠷᠢᠭᠤ ᠲᠤᠰᠬᠠᠯ ᠦᠭᠬᠦ ᠠᠰᠠᠭᠤᠳᠠᠯ ᠢ ᠪᠠᠳᠤᠯᠠᠵᠤ᠂ ᠤᠷᠴᠢᠨ | ᠲᠤᠭᠤᠷᠢᠨ ᠤ ᠠᠮᠤᠷ ᠲᠦᠪᠰᠢᠨ ᠤ ᠲᠠᠯᠳᠠ ᠬᠡᠮ ᠢ ᠦᠬᠡᠶᠢᠰᠬᠡᠨᠠ᠃ ᠤᠷᠴᠢᠨ ᠲᠤᠭᠤᠷᠢᠨ ᠢ ᠬᠠᠮᠠᠭᠠᠯᠠᠬᠤ ᠬᠠᠤᠯᠢ ᠬᠡᠷᠡᠭᠵᠢᠬᠦᠯᠥᠯᠳᠠ ᠬᠢᠨᠠᠨ ᠬᠠᠮᠢᠶᠠᠷᠤᠯᠳᠠ ᠪᠠᠨ | ᠴᠢᠩᠭᠠᠳᠬᠠᠵᠤ᠂ ᠬᠦᠨᠳᠤ ᠠᠭᠠᠷ ᠤᠨ ᠪᠤᠬᠢᠷᠳᠤᠯ ᠢ ᠪᠠᠴᠢᠮ ᠠᠷᠭᠠᠴᠠᠭᠠᠬᠤ ᠵᠤᠬᠢᠴᠠᠭᠰᠠᠨ ᠠᠷᠭ᠎ᠠ᠂ ᠪᠠᠴᠢᠮ ᠠᠷᠭᠠᠴᠠᠭᠠᠬᠤ ᠬᠡᠷᠡᠭᠵᠢᠬᠦᠯᠥᠯᠳᠠ ᠶᠢᠨ ᠲᠦᠰᠦᠯ ᠢ | ᠲᠠᠬᠦᠯᠳᠠᠷᠵᠢᠬᠦᠯᠥᠨᠠ︔ ︽ᠭᠤᠤᠯ ᠤᠨ ᠲᠠᠷᠤᠭ᠎ᠠ ᠶᠢᠨ ᠲᠦᠷᠢᠮ︾᠂ ︽ᠨᠠᠭᠤᠷ ᠤᠨ ᠲᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ ᠶᠢ ᠨᠢᠬᠡᠳᠤᠯᠳᠠᠢ ᠲᠦᠯᠦᠪᠯᠠᠵᠤ᠂ ᠶᠠᠷᠤᠩᠬᠡᠶᠢᠯᠡᠭᠰᠠᠨ ᠠᠴᠢᠶᠠᠯᠠᠬᠤ ᠬᠦᠴᠦᠨ ᠢᠶᠠᠨ | ᠲᠠᠰᠤᠷᠠᠯᠳᠠ ᠦᠬᠡᠢ ᠲᠡᠬᠡᠭᠰᠢᠯᠠᠬᠦᠯᠥᠨᠠ᠃ ᠪᠦᠳᠦᠬᠡᠨ ᠪᠠᠶᠢᠭᠤᠯᠵᠤ ᠬᠢᠨᠠᠨ ᠬᠠᠮᠢᠶᠠᠷᠬᠤ ᠶᠢ ᠬᠠᠮᠳᠤ ᠳᠤᠨᠢ ᠴᠢᠬᠤᠯᠠᠴᠢᠯᠠᠨ ᠬᠤᠳᠠ ᠪᠠᠯᠭᠠᠰᠤ ᠶᠢᠨ ᠬᠢᠷᠢ ᠬᠡᠮᠵᠢᠶ᠎ᠠ ᠶᠢ | ᠲᠡᠬᠡᠭᠰᠢᠯᠠᠬᠦᠯᠥᠨᠠ᠃ ᠲᠦᠯᠦᠪᠵᠢᠬᠦᠯᠬᠡ᠂ ᠪᠦᠳᠦᠬᠡᠨ ᠪᠠᠶᠢᠭᠤᠯᠤᠯᠳᠠ᠂ ᠬᠠᠮᠢᠶᠠᠷᠤᠯᠳᠠ ᠵᠠᠷᠬᠡ ᠭᠤᠷᠪᠠᠨ ᠶᠡᠭᠡ ᠭᠤᠭᠴᠤᠭ᠎ᠠ ᠶᠢ ᠨᠢᠬᠡᠳᠤᠯᠳᠠᠢ ᠰᠠᠶᠢᠳᠤᠷ ᠬᠢᠨ᠎ᠠ᠃ | ᠡᠯ᠎ᠡ ᠲᠦᠷᠦᠯ ᠤᠨ ᠬᠤᠳᠠ ᠬᠦᠳᠡᠭᠡ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠪᠠ ᠵᠠᠰᠠᠪᠤᠷᠢᠯᠠᠨ ᠲᠤᠭᠤᠷᠪᠢᠬᠤ ᠶᠢ ᠲᠠᠬᠦᠯᠳᠡᠷᠵᠢᠬᠦᠯᠵᠤ᠂ ᠬᠤᠳᠠ ᠶᠢᠨ | ᠵᠠᠬᠢᠷᠭᠠᠨ ᠤ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠵᠤ᠂ ᠶᠢᠨ ᠲᠠᠢ ᠲᠦᠩ ᠵᠢᠵᠢᠭ ᠲᠤᠭᠤᠷᠢᠭ ᠤᠨ ᠬᠤᠶᠠᠳᠤᠭᠠᠷ | ᠬᠤᠭᠤᠴᠠᠭᠠᠨ ᠤ ᠪᠠᠷᠢᠯᠭ᠎ᠠ᠂ ᠵᠢᠷᠭᠤᠳᠤᠭᠠᠷ ᠬᠤᠭᠤᠴᠠᠭᠠᠨ ᠤ ᠬᠢᠮᠳᠠ ᠲᠦᠷᠢᠶᠠᠰᠤᠨ ᠬᠡᠷ ᠤᠨ ᠵᠢᠵᠢᠭ ᠲᠤᠭᠤᠷᠢᠭ ᠤᠨ ᠬᠡᠷ ᠤᠨ ᠭᠠᠳᠠᠨᠠᠬᠢ ᠰᠠᠭᠤᠷᠢ | ᠲᠦᠬᠦᠬᠡᠷᠤᠮᠵᠢ ᠶᠢ ᠲᠦᠬᠦᠷᠴᠢᠯᠠᠵᠤ᠂ ᠰᠢᠨ ᠬᠠᠩ ᠵᠠᠬᠡᠯᠢ ᠶᠢ ᠨᠠᠪᠳᠠᠷᠠᠬᠦᠯᠬᠦ ᠪᠠᠷᠢᠯᠭ᠎ᠠ᠂ ᠰᠢᠨᠠᠪᠠᠯᠭᠠᠰᠤ ᠶᠢᠨ ᠲᠦᠬᠡᠬᠡᠯ ᠤᠰᠤᠨ ᠤ ᠬᠤᠭᠤᠯᠠᠢ ᠲᠤᠤᠷ ᠤᠨ | ᠦᠬᠡᠷᠡᠴᠢᠯᠠᠯᠳᠠ ᠶᠢᠨ ᠪᠠᠷᠢᠯᠭ᠎ᠠ᠂ ᠵᠢᠷᠭᠠᠯᠠᠩᠳᠤ ᠪᠠᠯᠭᠠᠰᠤᠨ ᠤ ᠪᠠᠯᠭᠠᠰᠤᠨ ᠲᠤᠭᠤᠷᠢᠭ ᠤᠨ ᠤᠰᠤ ᠭᠠᠳᠠᠭᠰᠢᠯᠠᠭᠤᠯᠬᠤ ᠲᠠᠳᠠᠷᠠᠭᠤᠯᠬᠤ ᠪᠠᠷᠢᠯᠭ᠎ᠠ ᠶᠢ ᠬᠡᠷᠡᠭᠵᠢᠬᠦᠯᠵᠤ | ᠂ ᠲᠦᠷᠪᠡ᠂ ᠵᠢᠷᠭᠤᠳᠤᠭᠠᠷ ᠬᠤᠭᠤᠴᠠᠭᠠᠨ ᠤ ᠬᠢᠮᠳᠠ ᠲᠦᠷᠢᠶᠠᠰᠤᠨ ᠬᠡᠷ ᠤᠨ ᠪᠠᠷᠢᠯᠭ᠎ᠠ ᠶᠢ ᠪᠠᠶᠠᠯᠠᠬᠦᠯᠥᠨ᠎ᠠ᠃ ᠬᠠᠭᠤᠴᠢᠨ ᠬᠤᠳᠠ ᠶᠢᠨ ᠲᠤᠭᠤᠷᠢᠭ ᠤᠨ ᠨᠠᠬᠦᠨ | ᠤᠷᠤᠬᠤ ᠶᠢ ᠲᠦᠪᠬᠢᠨᠠᠬᠦᠯᠬᠦ ᠡᠬᠦᠷᠬᠡ ᠶᠢ ᠬᠦᠴᠦᠨ ᠢᠶᠠᠨ ᠲᠦᠪᠯᠠᠷᠠᠬᠦᠯᠥᠨ ᠪᠦᠬᠦ ᠲᠠᠯ᠎ᠠ ᠪᠠᠷ ᠪᠠᠶᠠᠯᠠᠬᠦᠯᠥᠨ᠎ᠠ᠃ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ | ᠶᠢᠨ ᠭᠤᠷᠪᠠᠨ ᠵᠢᠯ ᠤᠨ ᠠᠵᠢᠯᠯᠠᠭᠠᠨ ᠢ ᠦᠷᠨᠢᠬᠦᠯᠵᠤ᠂ ᠲᠤᠭᠠᠴᠠᠯᠠᠭᠰᠠᠨ ᠬᠤᠳᠠ ᠶᠢᠨ ᠬᠠᠮᠢᠶᠠᠷᠤᠯᠳᠠ ᠶᠢ ᠲᠠᠰ ᠲᠤ ᠲᠠᠪᠰᠢᠬᠦᠯᠥᠨ ᠪᠠᠭᠳᠠᠭᠠᠮᠵᠢ ᠶᠢ ᠦᠷᠬᠡᠳᠬᠡᠬᠦ | ᠶᠢ ᠲᠦᠯᠬᠢᠨ ᠠᠬᠢᠭᠤᠯᠤᠨ᠎ᠠ᠃ ᠬᠦᠭᠵᠢᠯᠳᠠ ᠶᠢᠨ ᠰᠠᠭᠤᠷᠢ ᠶᠢ ᠲᠤᠯᠭᠠᠭᠤᠷᠢᠯᠠᠬᠤ ᠬᠦᠴᠦᠨ ᠢ ᠵᠤᠬᠢᠴᠠᠭᠤᠯᠤᠨ ᠪᠠᠬᠢᠵᠢᠬᠦᠯᠥᠨ᠎ᠠ᠃ S215 ᠱᠤᠭᠤᠮ ᠤᠨ | ᠲᠤᠭᠤᠶᠢᠳᠠᠯ᠎ᠠ ᠠᠴᠠ ᠰᠢᠨᠠᠪᠠᠯᠭᠠᠰᠤ ᠬᠦᠷᠬᠦ ᠵᠠᠮ᠂ S316 ᠱᠤᠭᠤᠮ ᠤᠨ ᠵᠦᠩ ᠾᠧ ᠰᠢ ᠠᠴᠠ ᠪᠠᠯᠭᠤᠨ ᠬᠦᠷᠬᠦ ᠵᠠᠮ ᠤᠨ ᠬᠡᠰᠡᠭ᠂ G242 ᠤᠨ ᠯᠢᠨ ᠾᠧ | ᠶᠢᠨ ᠬᠠᠳᠤᠨ ᠭᠤᠤᠯ ᠤᠨ ᠶᠡᠭᠡ ᠬᠦᠬᠦᠷᠬᠡ ᠠᠴᠠ ᠬᠦᠨᠴᠢᠷᠭ᠎ᠠ ᠬᠦᠷᠬᠦ ᠵᠠᠮ ᠤᠨ ᠬᠡᠰᠡᠭ ᠢ ᠪᠦᠳᠦᠬᠡᠨ ᠪᠠᠶᠢᠭᠤᠯᠤᠨ᠎ᠠ︔ ᠬᠦᠪᠴᠢ ᠶᠢᠨ ᠲᠦᠩ ᠶᠦᠩ ᠨᠢᠰᠬᠡᠯ ᠤᠨ | ᠪᠠᠭᠤᠳᠠᠯ᠂ S215 ᠱᠤᠭᠤᠮ ᠤᠨ ᠰᠢᠨᠠᠪᠠᠯᠭᠠᠰᠤ ᠠᠴᠠ ᠦᠤᠰᠢᠨᠵᠤᠤ ᠬᠦᠷᠬᠦ ᠵᠠᠮ᠂ X623 ᠱᠤᠭᠤᠮ ᠤᠨ ᠱᠧᠩᠯᠢ ᠠᠴᠠ ᠭᠠᠨ ᠬᠠᠢ ᠽᠢ ᠬᠦᠷᠬᠦ ᠵᠠᠮ ᠤᠨ | ᠬᠡᠰᠡᠭ ᠵᠠᠷᠬᠡ ᠲᠦᠷᠦᠯ ᠵᠦᠢᠯ ᠤᠨ ᠡᠮᠤᠨᠠᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠬᠤ ᠶᠢ ᠲᠦᠷᠬᠡᠳᠬᠡᠵᠤ᠂ ᠠᠵᠢᠯ ᠢᠶᠠᠨ ᠡᠬᠢᠯᠠᠬᠦᠯᠥᠨ ᠪᠦᠳᠦᠬᠡᠨ | ᠪᠠᠶᠢᠭᠤᠯᠬᠤ ᠪᠠᠷ ᠴᠢᠷᠮᠠᠶᠢᠨ᠎ᠠ᠃ 35 ᠲᠦᠮᠠᠨ ᠺᠢᠯᠤᠸᠤᠯᠲ ᠤᠨ ᠬᠤᠪᠢᠰᠬᠠᠭᠤᠷ ᠴᠠᠬᠢᠯᠭᠠᠨ ᠤ ᠪᠠᠷᠢᠯᠭ᠎ᠠ 2 ᠢ ᠰᠢᠨ᠎ᠠ ᠪᠠᠷ ᠪᠦᠳᠦᠬᠡᠨ ᠪᠠᠶᠢᠭᠤᠯᠵᠤ᠂ 10 ᠲᠦᠮᠠᠨ | ᠺᠢᠯᠤᠸᠤᠯᠲ ᠤᠨ ᠴᠠᠬᠢᠯᠭᠠᠨ ᠤᠳᠠᠰᠤ ᠶᠢ 175 ᠺᠢᠯᠤᠮᠧᠲᠷ ᠲᠠᠳᠠᠵᠤ᠂ 363 ᠺᠢᠯᠤᠮᠧᠲᠷ ᠴᠠᠬᠢᠯᠭᠠᠨ ᠤᠳᠠᠰᠤ ᠶᠢ ᠬᠠᠯᠠᠨ ᠦᠬᠡᠷᠡᠴᠢᠯᠠᠨᠠ᠃ ᠬᠤᠰᠢᠭᠤᠨ ᠤ | ᠲᠤᠳᠤᠷᠠᠬᠢ ᠴᠢᠮᠡᠭᠡ ᠬᠤᠯᠪᠤᠭᠠᠨ ᠤ ᠲᠤᠬᠢᠶ᠎ᠠ ᠦᠬᠡᠢ ᠪᠠᠶᠢᠬᠤ ᠭᠠᠵᠠᠷ ᠢ ᠤᠯᠠᠮ ᠨᠢᠬᠡ ᠠᠯᠬᠤᠮ ᠦᠬᠡᠶᠢᠬᠢᠵᠤ᠂ ᠨᠠᠯᠢᠶᠠᠳ ᠶᠡᠭᠡ ᠠᠶᠠᠨᠳᠠᠭᠠᠨ ᠤ ᠲᠤᠰᠬᠤᠨ ᠳᠤ | 4G ᠲᠤᠬᠢᠶᠠᠨ ᠲᠤᠯᠬᠢᠶᠠᠨ ᠪᠠ ᠬᠡᠷᠡᠯᠯᠢᠭ ᠲᠤᠤᠷ ᠢ ᠪᠦᠬᠦᠨ ᠢ ᠪᠦᠷᠬᠦᠬᠦᠯᠬᠦ ᠶᠢ ᠪᠠᠶᠠᠯᠠᠬᠦᠯᠥᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠤᠨ ᠵᠤᠯ ᠵᠢᠷᠭᠠᠯ ᠤᠨ ᠬᠡᠮᠵᠢᠶ᠎ᠠ ᠶᠢ ᠴᠢᠷᠮᠠᠶᠢᠨ ᠲᠠᠬᠡᠭᠰᠢᠯᠠᠬᠦᠯᠵᠤ᠂ ᠨᠠᠶᠢᠬᠡᠮ ᠤᠨ ᠡᠶ᠎ᠡ ᠵᠤᠬᠢᠴᠠᠯ ᠲᠤᠭᠳᠠᠭᠤᠨ ᠢ | ᠲᠦᠯᠬᠢᠨ ᠠᠬᠢᠭᠤᠯᠤᠨ᠎ᠠ᠃ ᠨᠠᠩ ᠪᠦᠷᠢᠨ ᠬᠦᠢᠴᠡᠳ ᠠᠵᠢᠯ ᠤᠯᠭᠤᠯᠳᠠ ᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃ ᠠᠵᠢᠯ ᠤᠯᠭᠤᠯᠳᠠ ᠶᠢ ᠡᠩ ᠲᠠᠷᠢᠬᠦᠨ | ᠳᠤ ᠪᠤᠳᠤᠯᠬᠢᠯᠠᠬᠤ ᠪᠠᠶᠢᠯᠳᠤᠬᠤ ᠪᠤᠳᠤᠯᠭ᠎ᠠ ᠪᠠ ᠢᠳᠠᠪᠬᠢᠳᠠᠢ ᠪᠠᠷ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠪᠠᠷᠢᠮᠳᠠᠯᠠᠨ᠎ᠠ᠃ ᠤᠯᠠᠨ ᠢᠶᠠᠷ ᠢᠶᠠᠨ ᠦᠢᠯᠠᠰ | ᠪᠦᠳᠦᠬᠡᠬᠦ ᠬᠦᠷᠢᠶᠠᠯᠠᠩ ᠵᠠᠷᠬᠡ ᠲᠠᠷᠬᠠᠯᠳᠠ ᠶᠢᠨ ᠦᠢᠯᠠᠳᠤᠯ ᠢ ᠪᠠᠳᠠᠷᠠᠭᠤᠯᠵᠤ᠂ ᠭᠤᠤᠯᠳᠠᠯᠭ᠎ᠠ ᠲᠠᠢ ᠤᠯᠠᠨ ᠲᠦᠮᠠᠨ ᠢ ᠬᠠᠪᠰᠤᠷᠤᠨ ᠦᠢᠯᠠᠰ ᠪᠤᠰᠬᠠᠵᠤ ᠠᠵᠢᠯ | ᠤᠯᠭᠤᠬᠤ ᠶᠢ ᠪᠠᠶᠠᠯᠠᠬᠦᠯᠬᠦ ᠶᠢ ᠲᠠᠮᠵᠢᠨ᠎ᠠ᠂ ᠶᠡᠭᠡ ᠰᠤᠷᠭᠠᠭᠤᠯᠢ ᠲᠠᠬᠦᠰᠦᠭᠰᠠᠨ ᠰᠤᠷᠤᠭᠴᠢ᠂ ᠬᠤᠳᠠ ᠪᠠᠯᠭᠠᠰᠤ ᠶᠢᠨ ᠠᠵᠢᠯ ᠤᠯᠬᠤ ᠳᠤ ᠬᠦᠴᠢᠷᠳᠠᠯ ᠲᠠᠢ ᠬᠦᠮᠦᠰ᠂ | ᠬᠤᠳᠠ ᠳᠤ ᠨᠠᠬᠦᠨ ᠰᠢᠯᠵᠢᠭᠰᠡᠨ ᠮᠠᠯᠴᠢᠨ ᠲᠠᠷᠢᠶᠠᠴᠢᠨ ᠵᠠᠷᠬᠡ ᠤᠯᠠᠨ ᠲᠦᠮᠠᠨ ᠳᠤ ᠠᠵᠢᠯ ᠤᠯᠭᠤᠬᠤ ᠶᠢ ᠨᠢᠬᠡᠳᠤᠯᠳᠠᠢ ᠰᠠᠶᠢᠳᠤᠷ ᠬᠢᠵᠤ᠂ ᠵᠠᠰᠠᠭ ᠤᠨ ᠤᠷᠳᠤᠨ | ᠠᠴᠠ ᠤᠯᠠᠨ ᠨᠠᠶᠢᠳᠠ ᠶᠢᠨ ᠦᠢᠯᠠᠴᠢᠯᠠᠬᠡᠨ ᠢ ᠬᠤᠳᠠᠯᠳᠤᠨ ᠠᠪᠬᠤ ᠪᠠᠷ ᠲᠠᠮᠵᠢᠭᠤᠯᠤᠨ᠂ ᠰᠠᠭᠤᠷᠢᠰᠢᠭ᠎ᠠ ᠠᠵᠤ ᠠᠬᠤᠶᠢᠯᠠᠯ ᠲᠠᠢ ᠬᠠᠷᠢᠴᠠᠵᠤ᠂ ᠶᠡᠭᠡ ᠰᠤᠷᠭᠠᠭᠤᠯᠢ | ᠲᠠᠬᠦᠰᠦᠭᠰᠠᠨ ᠰᠤᠷᠤᠭᠴᠢᠳ ᠲᠤ ᠲᠤᠭᠳᠠᠭᠤᠨ ᠢᠶᠠᠷ ᠠᠵᠢᠯ ᠤᠯᠭᠤᠬᠤ ᠶᠢ ᠠᠬᠢᠭᠤᠯᠵᠤ᠂ ᠪᠦᠬᠦ ᠵᠢᠯ ᠳᠤ ᠰᠢᠨ᠎ᠠ ᠪᠠᠷ 1200 ᠬᠤᠳᠠ ᠪᠠᠯᠭᠠᠰᠤ ᠶᠢᠨ ᠬᠦᠮᠦᠰ | ᠲᠤ ᠠᠵᠢᠯ ᠤᠯᠭᠤᠬᠤ ᠪᠠᠷ ᠲᠦᠯᠦᠪᠯᠠᠵᠤ᠂ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3% ᠶᠢᠨ ᠲᠤᠳᠤᠷ᠎ᠠ | ᠬᠢᠵᠠᠭᠠᠷᠯᠠᠵᠤ᠂ ᠨᠡᠩ ᠤᠬᠢ ᠰᠢᠯᠢᠳᠡᠭ ᠤᠳᠤ ᠦᠶ᠎ᠠ ᠶᠢᠨ ᠰᠤᠷᠭᠠᠨ ᠬᠦᠮᠤᠵᠢᠯ ᠢ ᠪᠤᠢ ᠪᠤᠯᠭᠠᠨ᠎ᠠ᠃ ᠰᠤᠷᠭᠠᠨ ᠬᠦᠮᠤᠵᠢᠯ ᠤᠨ ᠠᠭᠤᠯᠭ᠎ᠠ ᠶᠢᠨ ᠬᠡᠯᠪᠡᠷᠢ ᠪᠠᠷ | ᠬᠦᠭᠵᠢᠯᠳᠠ ᠪᠠᠷ ᠭᠤᠤᠯ ᠱᠤᠭᠤᠮ ᠪᠤᠯᠭᠠᠬᠤ ᠶᠢ ᠲᠦᠯᠬᠢᠨ ᠠᠬᠢᠭᠤᠯᠵᠤ᠂ ᠰᠤᠷᠭᠠᠨ ᠬᠦᠮᠤᠵᠢᠯ ᠴᠢᠮᠡᠭᠡ ᠵᠠᠩᠬᠢᠵᠢᠯᠳᠠ ᠶᠢ ᠲᠦᠯᠬᠢᠨ ᠠᠬᠢᠭᠤᠯᠬᠤ ᠶᠢ | ᠲᠦᠷᠬᠡᠳᠬᠡᠨ᠎ᠠ᠃ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠡᠩᠨᠡᠬᠡᠨ ᠤ ᠪᠦᠳᠦᠬᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠰᠠᠶᠢᠳᠤᠷ ᠠᠳᠬᠤᠵᠤ᠂ | ᠬᠦᠮᠦᠨ ᠬᠡᠷᠡᠭᠯᠠᠬᠦ ᠵᠤᠬᠢᠴᠠᠮᠵᠢ ᠶᠢ ᠠᠮᠢᠳᠤᠯᠢᠭᠵᠢᠭᠤᠯᠵᠤ᠂ ᠨᠡᠩ ᠬᠦᠨ ᠵᠤᠵᠠᠭᠠᠨ ᠪᠠᠭᠰᠢ ᠶᠢ ᠬᠦᠨᠳᠤᠯᠠᠬᠦ᠂ ᠰᠤᠷᠭᠠᠨ ᠬᠦᠮᠤᠵᠢᠯ ᠢ ᠬᠦᠨᠳᠤᠳᠬᠡᠬᠦ ᠠᠭᠤᠷ | ᠠᠮᠢᠰᠬᠤᠯ ᠢ ᠪᠤᠢ ᠪᠤᠯᠭᠠᠨ᠎ᠠ᠃ ᠶᠤᠰᠤ ᠮᠤᠷᠠᠯ ᠢᠶᠠᠷ ᠬᠦᠮᠦᠨ ᠢ ᠬᠦᠮᠤᠵᠢᠬᠦᠯᠬᠦ ᠶᠢ ᠪᠠᠷᠢᠮᠳᠠᠯᠠᠨ᠂ ᠰᠤᠷᠭᠠᠭᠤᠯᠢ ᠬᠡᠷ ᠤᠨ ᠠᠬᠠᠮᠠᠳ ᠪᠠ ᠨᠠᠶᠢᠬᠡᠮ ᠭᠤᠷᠪᠠ ᠶᠢ ᠨᠢᠬᠡ | ᠴᠤᠭᠴᠠᠵᠢᠭᠤᠯᠤᠭᠰᠠᠨ ᠰᠤᠷᠭᠠᠨ ᠬᠦᠮᠤᠵᠢᠯ ᠤᠨ ᠰᠢᠰᠲ᠋ᠧᠮ ᠢ ᠪᠠᠶᠢᠭᠤᠯᠵᠤ᠂ ᠰᠤᠷᠤᠭᠴᠢ ᠶᠢᠨ ᠬᠡᠪ ᠪᠤᠯᠪᠠᠰᠤᠷᠠᠯ ᠢ ᠴᠢᠷᠮᠠᠶᠢᠨ ᠲᠡᠬᠡᠭᠰᠢᠯᠠᠬᠦᠯᠥᠨᠠ᠃ ᠰᠤᠷᠭᠠᠨ | ᠬᠦᠮᠤᠵᠢᠯ ᠤᠨ ᠲᠦᠬᠦᠬᠡᠷᠤᠮᠵᠢ ᠶᠢᠨ ᠬᠢᠷᠢ ᠲᠦᠪᠰᠢᠨ ᠢ ᠲᠠᠬᠡᠭᠰᠢᠯᠠᠬᠦᠯᠵᠤ᠂ ᠵᠢᠷᠭᠠᠯᠠᠩᠳᠤ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ᠂ ᠪᠠᠭᠰᠢ ᠶᠢᠨ ᠪᠠᠶᠢᠷᠢ ᠶᠢ | ᠪᠦᠳᠦᠬᠡᠨ ᠪᠠᠶᠢᠭᠤᠯᠤᠨ᠎ᠠ᠃ ᠬᠤᠰᠢᠭᠤ ᠨᠠᠢᠮᠠᠳᠤᠭᠠᠷ ᠬᠡᠤᠬᠡᠳ ᠤᠨ ᠴᠡᠴᠡᠷᠯᠢᠭ ᠢ ᠡᠬᠢᠯᠠᠨ ᠪᠠᠶᠢᠭᠤᠯᠵᠤ᠂ ᠲᠠᠪᠤᠳᠤᠭᠠᠷ ᠪᠠᠭ᠎ᠠ ᠰᠤᠷᠭᠠᠭᠤᠯᠢ ᠶᠢ ᠪᠠᠶᠢᠭᠤᠯᠬᠤ ᠭᠠᠷ | ᠬᠦᠢᠴᠡᠳᠬᠡᠯ ᠢ ᠲᠦᠷᠬᠡᠳᠬᠡᠨ᠎ᠠ᠃ ᠨᠡᠩ ᠠᠮᠤᠷ ᠲᠦᠪᠰᠢᠨ ᠡᠷᠡᠬᠦᠯ ᠮᠠᠨᠳᠤ ᠶᠢᠨ ᠰᠢᠰᠲ᠋ᠧᠮ ᠢ ᠬᠠᠩᠭᠠᠨ᠎ᠠ᠃ ᠤᠯᠤᠰ ᠠᠴᠠ ᠡᠷᠬᠢᠯᠡᠭᠰᠠᠨ ᠡᠮᠨᠡᠯᠬᠡ ᠶᠢᠨ ᠬᠤᠷᠢᠶᠠᠨ | ᠤ ᠶᠠᠷᠤᠩᠬᠡᠶᠢᠯᠡᠭᠰᠠᠨ ᠬᠦᠭᠵᠢᠯᠳᠠ ᠶᠢ ᠦᠷᠬᠦᠯᠵᠢᠯᠠᠨ ᠬᠦᠨᠵᠡᠬᠡᠶᠢᠷᠠᠬᠦᠯᠵᠤ᠂ ᠡᠮᠴᠢᠯᠠᠬᠡᠨ ᠤ ᠬᠤᠯᠪᠤᠭᠠᠯᠠᠭᠰᠠᠨ ᠴᠤᠭᠴᠠ ᠶᠢᠨ ᠪᠦᠳᠦᠬᠡᠨ ᠪᠠᠶᠢᠭᠤᠯᠤᠯᠳᠠ ᠪᠠ | ᠲᠤᠰᠬᠠᠢ ᠰᠠᠯᠠᠭ᠎ᠠ ᠨᠤᠭᠤᠳ ᠤᠨ ᠬᠤᠯᠪᠤᠭᠠᠯᠠᠯ ᠤᠨ ᠪᠠᠶᠢᠭᠤᠯᠤᠯᠳᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠪᠠᠷᠢᠮᠵᠢᠶᠠᠵᠢᠭᠰᠠᠨ ᠬᠠᠮᠢᠶᠠᠷᠤᠯᠳᠠ ᠪᠠᠷ | ᠡᠮᠴᠢᠯᠠᠬᠦ ᠶᠢ ᠲᠦᠯᠬᠢᠨ ᠠᠬᠢᠭᠤᠯᠵᠤ᠂ ᠡᠪᠡᠳᠴᠢᠨ ᠤ ᠲᠦᠷᠦᠯ ᠵᠦᠢᠯ ᠤᠨ ᠲᠤᠭ᠎ᠠ ᠪᠠ ᠬᠤᠪᠢᠶᠠᠷᠢᠯᠠᠯ ᠳᠤ ᠤᠷᠤᠭᠤᠯᠬᠤ ᠨᠤᠷᠮ᠎ᠠ ᠶᠢ ᠨᠢ ᠨᠡᠮᠡᠭᠳᠠᠬᠦᠯᠥᠨᠠ︔ | ᠡᠮᠴᠢᠯᠠᠬᠡᠨ ᠤ ᠦᠢᠯᠠᠴᠢᠯᠡᠭᠡ ᠶᠢ ᠲᠠᠬᠦᠯᠳᠠᠷᠵᠢᠬᠦᠯᠬᠦ ᠠᠵᠢᠯᠯᠠᠭᠠᠨ ᠤ ᠲᠦᠯᠦᠪᠯᠡᠭᠡ ᠦᠷᠨᠢᠬᠦᠯᠵᠤ᠂ ᠴᠢᠨᠠᠷᠯᠢᠭ ᠡᠮᠴᠢᠯᠡᠭᠡ ᠰᠤᠪᠢᠯᠠᠯᠳᠠ ᠶᠢᠨ ᠦᠢᠯᠠᠴᠢᠯᠠᠬᠡᠨ ᠢ | ᠦᠷᠬᠦᠯᠵᠢᠯᠠᠨ ᠲᠦᠯᠬᠢᠨ ᠠᠬᠢᠭᠤᠯᠤᠨ᠎ᠠ᠃ ᠦᠨᠳᠤᠰᠤᠨ ᠱᠠᠳᠤᠨ ᠳᠤ ᠠᠩᠬ᠎ᠠ ᠤᠨᠤᠰᠢᠯᠠᠵᠤ᠂ ᠱᠠᠳᠤ ᠬᠤᠪᠢᠶᠠᠨ ᠡᠮᠴᠢᠯᠠᠬᠦ᠂ ᠬᠤᠤᠰ ᠴᠢᠭᠯᠡᠯ ᠢᠶᠠᠷ ᠰᠢᠯᠵᠢᠬᠦᠯᠥᠨ | ᠡᠮᠴᠢᠯᠠᠬᠦ ᠦᠢᠯᠠᠴᠢᠯᠠᠬᠡᠨ ᠤ ᠬᠡᠯᠪᠡᠷᠢ ᠶᠢ ᠢᠳᠡᠭ ᠢᠳᠡᠭ ᠢᠶᠠᠷ ᠪᠤᠢ ᠪᠤᠯᠭᠠᠨ᠎ᠠ᠃ ᠤᠶᠤᠨᠯᠢᠭ ᠡᠮᠴᠢᠯᠠᠬᠡᠨ ᠤ ᠪᠠᠶᠢᠭᠤᠯᠤᠯᠳᠠ ᠶᠢ ᠲᠦᠷᠬᠡᠳᠬᠡᠵᠤ᠂ ᠡᠮ ᠡᠮᠨᠡᠯᠬᠡ ᠶᠢᠨ | ᠦᠢᠯᠠᠴᠢᠯᠠᠬᠡᠨ ᠤ ᠪᠦᠬᠦᠶᠢᠯᠠ ᠴᠤᠭᠴᠠ ᠶᠢᠨ ᠬᠢᠷᠢ ᠲᠦᠪᠰᠢᠨ ᠢ ᠲᠡᠬᠡᠭᠰᠢᠯᠠᠬᠦᠯᠥᠨᠠ᠃ ᠮᠤᠩᠭᠤᠯ ᠡᠮᠨᠡᠯᠬᠡ ᠶᠢᠨ ᠶᠠᠷᠤᠩᠬᠡᠶᠢᠯᠡᠭᠰᠠᠨ ᠡᠮᠨᠡᠯᠬᠡ ᠶᠢᠨ ᠬᠤᠷᠢᠶ᠎ᠠ ᠶᠢᠨ | ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢ ᠪᠠᠶᠠᠯᠠᠬᠦᠯᠵᠤ᠂ ᠵᠢᠷᠭᠠᠯᠠᠩᠳᠤ ᠭᠤᠤᠯᠳᠠᠯᠭᠠᠳᠤ ᠡᠷᠡᠬᠦᠯ ᠬᠠᠮᠠᠭᠠᠯᠠᠯ ᠤᠨ ᠬᠤᠷᠢᠶ᠎ᠠ ᠪᠠ ᠵᠡᠮᠳᠡᠭᠴᠤᠳ ᠤᠨ ᠡᠷᠡᠬᠦᠯᠵᠢᠯ | ᠤᠨ ᠲᠦᠪ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠠᠮᠠᠨᠴᠢᠷᠭ᠎ᠠ ᠡᠷᠡᠬᠦᠯ ᠬᠠᠮᠠᠭᠠᠯᠠᠯ ᠤᠨ ᠬᠤᠷᠢᠶᠠᠨ ᠤ ᠠᠵᠢᠯᠳᠠᠨ ᠤ ᠪᠠᠶᠢᠷᠢ ᠶᠢ ᠠᠵᠢᠯ ᠡᠬᠢᠯᠠᠬᠦᠯᠥᠨ | ᠪᠦᠳᠦᠬᠡᠨ ᠪᠠᠶᠢᠭᠤᠯᠤᠨ᠎ᠠ᠃ ᠲᠦᠯᠦᠪᠯᠠᠬᠡᠳᠤ ᠦᠷᠠᠵᠢᠯ ᠤᠨ ᠠᠵᠢᠯ ᠤᠨ ᠬᠡᠯᠪᠡᠷᠢ ᠶᠢᠨ ᠬᠤᠪᠢᠷᠠᠭᠤᠯᠤᠯᠳᠠ ᠶᠢ ᠲᠦᠷᠬᠡᠳᠬᠡᠵᠤ᠂ ︽ᠰᠢᠨ᠎ᠠ ᠬᠡᠷ ᠪᠦᠯᠢ ᠶᠢᠨ | ᠲᠦᠯᠦᠪᠯᠠᠬᠦ ᠠᠵᠢᠯᠯᠠᠭᠠᠨ︾ ᠤ ᠰᠢᠨ᠎ᠠ ᠡᠬᠦᠳᠤᠯᠳᠠ ᠶᠢ ᠬᠦᠨᠵᠡᠬᠡᠢ ᠦᠷᠨᠢᠬᠦᠯᠬᠦ ᠶᠢ ᠲᠦᠯᠬᠢᠨ ᠠᠬᠢᠭᠤᠯᠤᠨ᠎ᠠ᠃ ᠠᠷᠠᠳ ᠲᠤ ᠠᠰᠢᠭ ᠬᠦᠷᠳᠠᠬᠡᠬᠦ ᠰᠤᠶᠤᠯ ᠲᠠᠮᠢᠷ | ᠤᠨ ᠦᠢᠯᠠᠰ ᠢ ᠬᠦᠭᠵᠢᠬᠦᠯᠥᠨ᠎ᠠ᠃ ︽ᠵᠠᠭᠤᠨ ᠪᠦᠯᠬᠦᠮ ᠤᠨ ᠮᠢᠩᠭᠠᠨ ᠲᠠᠯᠠᠪᠠᠢ ᠲᠤᠭᠯᠠᠯᠳᠠ ᠶᠢ ᠦᠨᠳᠤᠰᠤᠨ ᠱᠠᠳᠤᠨ ᠳᠤ ᠬᠦᠨᠵᠡᠬᠡᠶᠢᠷᠠᠬᠦᠯᠬᠦ︾᠂ ︽ᠲᠠᠯ᠎ᠠ | ᠨᠤᠳᠤᠭ ᠤᠨ ᠰᠤᠶᠤᠯ ᠤᠨ ᠲᠤᠭᠯᠠᠯᠳᠠ︾ ᠵᠠᠷᠬᠡ ᠠᠷᠠᠳ ᠲᠤ ᠠᠰᠢᠭ ᠬᠦᠷᠳᠠᠬᠡᠬᠦ ᠲᠤᠭᠯᠠᠯᠳᠠ ᠶᠢᠨ ᠠᠵᠢᠯᠯᠠᠭᠠᠨ ᠢ ᠨᠠᠭᠠᠳᠤ ᠵᠠᠬ᠎ᠠ ᠳᠤ ᠪᠠᠨ 100 ᠲᠠᠯᠠᠪᠠᠢ | ᠠᠴᠠ ᠲᠡᠬᠡᠭᠰᠢ ᠪᠠᠶᠢᠯᠭᠠᠬᠤ ᠶᠢ ᠪᠠᠳᠤᠯᠠᠨ᠎ᠠ᠃ ᠵᠤᠯᠠᠭ ᠤᠨ ᠨᠠᠶᠢᠷ᠂ ︽ᠢᠩᠬᠡᠨ ᠭᠠᠯ ᠤᠨ ᠲᠠᠬᠢᠯᠭ᠎ᠠ︾ ᠵᠠᠷᠬᠡ ᠤᠯᠠᠨ ᠲᠦᠮᠠᠨᠴᠢ ᠴᠢᠨᠠᠷ ᠲᠠᠢ ᠰᠤᠶᠤᠯ ᠤᠨ | ᠠᠵᠢᠯᠯᠠᠭᠠᠨ ᠢ ᠦᠷᠨᠢᠬᠦᠯᠥᠨ᠎ᠠ᠃ ᠰᠢᠷᠠᠳᠠᠮᠠᠬᠡᠳᠤ ᠰᠦᠮ᠎ᠠ᠂ ᠬᠤᠷᠤᠭᠠᠨᠴᠠᠶᠢᠳᠠᠮ ᠤᠨ ᠬᠠᠭᠤᠴᠢᠨ ᠬᠤᠳᠠ ᠶᠢᠨ ᠪᠠᠭᠤᠷᠢ ᠵᠢᠴᠢ ᠬᠡᠬᠦᠷ ᠤᠩᠭᠤᠨ ᠤ ᠠᠮᠤᠷ ᠢ | ᠬᠠᠮᠠᠭᠠᠯᠠᠬᠤ ᠪᠠ ᠬᠦᠷᠠᠯ ᠵᠤᠭᠤᠰᠤᠨ ᠤ ᠦᠢᠯᠠᠳᠪᠤᠷᠢ ᠶᠢᠨ ᠦᠯᠡᠳᠡᠭᠳᠠᠯ ᠢ ᠠᠪᠤᠷᠠᠨ ᠬᠠᠮᠠᠭᠠᠯᠠᠵᠤ ᠪᠠᠬᠢᠵᠢᠬᠦᠯᠬᠦ ᠪᠠᠷᠢᠯᠭ᠎ᠠ ᠶᠢ ᠬᠡᠷᠡᠭᠵᠢᠬᠦᠯᠥᠨ᠎ᠠ᠃ ᠤᠯᠤᠰ ᠤᠨ | ᠲᠠᠰ ᠤᠨ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶ᠎ᠠ ᠦᠵᠠᠬᠦᠯᠬᠦ ᠬᠤᠰᠢᠭᠤ ᠶᠢ ᠡᠬᠦᠳᠦᠨ ᠪᠠᠶᠢᠭᠤᠯᠬᠤ ᠠᠵᠢᠯ ᠢ ᠡᠬᠢᠯᠠᠬᠦᠯᠥᠨ ᠬᠢᠨ᠎ᠠ᠃ | ᠵᠡᠮᠳᠡᠭᠴᠤᠳ᠂ ᠬᠡᠷ ᠲᠤ ᠪᠠᠨ ᠦᠯᠠᠳᠠᠵᠤ ᠬᠤᠴᠤᠷᠤᠭᠰᠠᠨ ᠨᠠᠰᠤᠳᠠᠶᠢᠴᠤᠳ ᠪᠠ ᠬᠡᠤᠬᠡᠳ ᠵᠠᠷᠬᠡ ᠤᠨᠴᠠᠭᠠᠢ ᠬᠦᠮᠦᠰ ᠤᠨ ᠦᠢᠯᠠᠳᠪᠤᠷᠢᠯᠠᠯ ᠠᠮᠢᠳᠤᠷᠠᠯ ᠢ ᠦᠨᠠᠨᠬᠦ | ᠪᠠᠳᠤᠯᠠᠨ᠎ᠠ᠃ ᠦᠨ᠎ᠠ ᠬᠠᠩᠰᠢ ᠶᠢᠨ ᠬᠢᠨᠠᠨ ᠬᠠᠮᠢᠶᠠᠷᠤᠯᠳᠠ᠂ ᠲᠠᠩᠰᠠ ᠡᠪᠬᠡᠮᠡᠯ ᠤᠨ ᠬᠠᠮᠢᠶᠠᠷᠤᠯᠳᠠ᠂ ᠴᠠᠭ ᠠᠭᠤᠷ ᠤᠨ ᠦᠢᠯᠠᠴᠢᠯᠡᠭᠡ᠂ ᠭᠠᠵᠠᠷ ᠬᠦᠳᠠᠯᠤᠯᠳᠠ ᠶᠢ | ᠰᠠᠷᠬᠡᠶᠢᠯᠠᠵᠤ ᠭᠠᠮᠰᠢᠭ ᠢ ᠪᠠᠭᠠᠰᠬᠠᠬᠤ᠂ ᠶᠠᠰᠤ ᠴᠢᠨᠠᠷ ᠤᠨ ᠠᠮᠤᠷ ᠲᠦᠪᠰᠢᠨ᠂ ᠲᠤᠭ᠎ᠠ ᠪᠦᠷᠢᠳᠬᠡᠯ᠂ ᠦᠨᠳᠤᠰᠤᠳᠠᠨ ᠱᠠᠰᠢᠨ ᠰᠤᠷᠳᠠᠬᠤᠨ᠂ ᠲᠠᠭᠠᠳᠬᠠᠯ | ᠮᠦᠩᠬᠦᠨ ᠬᠦᠢᠯᠬᠡᠬᠡ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ᠂ ᠤᠯᠤᠰ ᠤᠨ ᠪᠠᠳᠤᠯᠠᠨ ᠬᠠᠮᠠᠭᠠᠯᠠᠯᠳᠠ᠂ ᠨᠠᠶᠢᠬᠡᠮ ᠤᠨ ᠪᠦᠯᠬᠦᠮ᠂ ᠰᠠᠶᠢᠨ ᠲᠤᠷᠠᠴᠤᠳ | ᠤᠨ ᠦᠢᠯᠠᠴᠢᠯᠡᠭᠡ ᠵᠠᠷᠬᠡ ᠡᠯ᠎ᠡ ᠲᠦᠷᠦᠯ ᠤᠨ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠡᠶ᠎ᠡ ᠵᠤᠬᠢᠴᠠᠯ ᠲᠠᠢ ᠠᠮᠤᠷ ᠲᠤᠭᠳᠠᠭᠤᠨ ᠠᠵᠤ ᠠᠬᠤᠢ ᠨᠠᠶᠢᠬᠡᠮ ᠤᠨ | ᠬᠦᠭᠵᠢᠯᠳᠠ ᠶᠢᠨ ᠤᠷᠴᠢᠨ ᠠᠬᠤᠢ ᠶᠢ ᠪᠤᠢ ᠪᠤᠯᠭᠠᠨ᠎ᠠ᠃ | ᠲᠦᠯᠥᠬᠡᠯᠡᠭᠴᠢᠳ ᠡ᠂ ᠡᠨᠡ ᠵᠢᠯ ᠤᠨ ᠠᠵᠤ ᠠᠬᠤᠢ ᠶᠢᠨ ᠬᠦᠭᠵᠢᠯᠳᠠ ᠶᠢᠨ ᠪᠠᠶᠢᠳᠠᠯ ᠨᠢ ᠲᠦᠪᠡᠭ ᠪᠤᠳᠤᠯᠢᠶᠠᠨ ᠲᠠᠢ ᠪᠦᠬᠡᠳ ᠬᠤᠪᠢᠷᠠᠯᠳᠠ ᠶᠡᠬᠡᠳᠠᠢ᠂ | ᠠᠵᠢᠯ ᠤᠨ ᠡᠬᠦᠷᠬᠡ ᠨᠢ ᠬᠠᠳᠠᠭᠤ ᠪᠠᠷᠬᠡᠰᠢᠶᠠᠯ ᠲᠠᠢ ᠪᠦᠬᠡᠳ ᠬᠦᠨᠳᠤ ᠨᠦᠰᠠᠷ ᠪᠠᠶᠢᠨ᠎ᠠ᠃ ᠪᠢᠳᠠ ᠬᠤᠰᠢᠭᠤ ᠨᠠᠮ ᠤᠨ ᠬᠤᠷᠢᠶ᠎ᠠ ᠶᠢᠨ ᠡᠷᠡᠰ ᠴᠢᠩᠭ᠎ᠠ | ᠤᠳᠤᠷᠢᠳᠤᠯᠭ᠎ᠠ ᠪᠠ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠠᠯᠬᠡᠨ ᠤ ᠬᠢᠨᠠᠯᠳᠠ ᠪᠠ ᠵᠢᠯᠤᠭᠤᠳᠤᠯᠭ᠎ᠠ ᠲᠤᠤᠷ᠎ᠠ᠂ ᠲᠤᠰ | ᠤᠳᠠᠭᠠᠨ ᠤ ᠬᠤᠷᠠᠯ ᠠᠴᠠ ᠲᠤᠭᠳᠠᠭᠠᠭᠰᠠᠨ ᠠᠵᠢᠯ ᠤᠨ ᠬᠠᠷᠠᠯᠳᠠ ᠶᠤᠰᠤᠭᠠᠷ᠂ ᠠᠵᠠ ᠲᠤᠬᠢᠶᠠᠯ ᠢ ᠵᠠᠪᠳᠤᠨ᠂ ᠦᠬᠡᠷᠡᠴᠢᠯᠠᠯᠳᠠ ᠬᠢᠨ ᠰᠢᠨ᠎ᠠ ᠶᠢ ᠡᠬᠦᠳᠦᠨ᠂ | ᠡᠷᠡᠯᠬᠡᠭᠯᠠᠨ ᠲᠠᠮᠠᠴᠠᠵᠤ ᠤᠷᠤᠭᠰᠢ ᠲᠠᠪᠰᠢᠨ ᠪᠦᠬᠦ ᠵᠢᠯ ᠤᠨ ᠡᠯ᠎ᠡ ᠲᠦᠷᠦᠯ ᠤᠨ ᠠᠵᠢᠯ ᠤᠨ ᠡᠬᠦᠷᠬᠡ ᠪᠠᠨ ᠴᠢᠷᠮᠠᠶᠢᠨ ᠪᠠᠶᠠᠯᠠᠬᠦᠯᠥᠶᠡ︕ | | | | | | | | | | | | | | | |