ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠲᠡᠶᠢᠨ ᠢᠯᠭᠠᠯ ᠤᠨ ᠳᠠᠭᠠᠪᠤᠷᠢ ᠶᠢ ᠰᠢᠰᠲ᠋ᠧᠮ ᠲᠠᠢ ᠵᠢᠭᠠᠶ᠎ᠠ
ᠨᠡᠶᠢᠲᠡᠯᠡᠭᠰᠡᠨ ᠴᠠᠭ᠄
2020/11/27
                                                                               ᠭᠦᠩᠭᠠᠷ      ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠬᠤ ᠫᠷᠣᠭ᠍ᠷᠠᠮ ᠳᠤ᠂ ᠲᠡᠶᠢᠨ ᠢᠯᠭᠠᠯ ᠤᠨ ᠳᠠᠭᠠᠪᠤᠷᠢ ᠶᠢ ᠭᠤᠷᠪᠠᠳᠤᠭᠠᠷ ᠣᠨ ᠠᠴᠠ ᠡᠬᠢᠯᠡᠨ ᠵᠢᠭᠠᠬᠤ ᠪᠠᠷ ᠲᠣᠬᠢᠷᠠᠭᠤᠯᠤᠭᠰᠠᠨ ᠪᠠᠶᠢᠳᠠᠭ᠃ ᠦᠨᠡᠨ ᠳᠡᠭᠡᠨ᠂ ᠲᠡᠶᠢᠨ ᠢᠯᠭᠠᠯ ᠤᠨ ᠳᠠᠭᠠᠪᠤᠷᠢ ᠶᠢ ᠦᠭᠡ ᠨᠠᠶᠢᠷᠠᠭᠤᠯᠵᠤ ᠥᠭᠦᠯᠡᠪᠦᠷᠢ ᠵᠣᠬᠢᠶᠠᠬᠤ ᠠᠴᠠ ᠡᠬᠢᠯᠡᠨ ᠬᠡᠷᠡᠭᠯᠡᠵᠦ ᠪᠠᠶᠢᠭ᠎ᠠ ᠶᠢ ᠬᠡᠯᠡ ᠪᠢᠴᠢᠭ ᠤᠨ ᠪᠠᠭᠰᠢ ᠪᠣᠯᠣᠭᠰᠠᠳ ᠲᠣᠪ ᠲᠣᠲᠣᠷᠬᠠᠢ ᠮᠡᠳᠡᠵᠦ ᠪᠠᠶᠢᠭ᠎ᠠ ᠶᠤᠮ᠃ ᠭᠡᠪᠡᠴᠦ᠂ ᠪᠠᠭ᠎ᠠ ᠰᠤᠷᠭᠠᠭᠤᠯᠢ ᠶᠢᠨ ᠡᠬᠢᠨ ᠤ ᠱᠠᠲᠤᠨ ᠳᠠᠬᠢ ᠦᠭᠡ ᠨᠠᠶᠢᠷᠠᠭᠤᠯᠵᠤ  ᠦᠭᠦᠯᠡᠪᠤᠷᠢ ᠵᠣᠬᠢᠶᠠᠵᠤ ᠰᠤᠷᠬᠤ ᠦᠶ᠎ᠡ ᠳᠤ ᠲᠡᠶᠢᠨ ᠢᠯᠭᠠᠯ ᠤᠨ ᠳᠠᠭᠠᠪᠤᠷᠢ ᠶᠢ ᠬᠡᠷᠡᠭᠯᠡᠬᠦ ᠴᠢᠬᠤᠯᠠᠲᠠᠢ ᠦᠶᠡᠰ ᠪᠠᠭᠰᠢ ᠨᠠᠷ ᠦᠵᠡᠯ ᠰᠠᠨᠠᠭᠠᠨ ᠳᠠᠭᠠᠨ ᠬᠥᠩᠭᠡᠨ ᠬᠠᠭᠤᠮᠠᠭᠠᠢ ᠣᠪᠣᠷ ᠠᠪᠴᠤ᠂ ᠵᠢᠭᠠᠬᠤ ᠫᠷᠣᠭ᠍ᠷᠠᠮ ᠳᠤ ᠭᠤᠷᠪᠠᠳᠤᠭᠠᠷ ᠣᠨ ᠠᠴᠠ ᠡᠬᠢᠯᠡᠵᠦ ᠵᠢᠭᠠᠬᠤ ᠪᠠᠷ ᠲᠣᠭᠲᠠᠭᠠᠭᠰᠠᠨ ᠶᠤᠮ ᠴᠢᠨᠢ ᠲᠡᠷᠡ ᠦᠶ᠎ᠡ ᠳᠤᠨᠢ ᠮᠡᠳᠡᠶ᠎ᠡ ᠭᠡᠳ ᠬᠠᠰᠢ ᠶᠠᠰᠢ ᠲᠠᠨᠢᠭᠤᠯᠤᠭᠠᠳ ᠥᠩᠭᠡᠷᠡᠳᠡᠭ᠃ ᠶᠠᠭ ᠡᠶᠢᠮᠦ ᠠᠴᠠ ᠰᠤᠷᠤᠭᠴᠢᠳ ᠲᠡᠶᠢᠨ ᠢᠯᠭᠠᠯ ᠤᠨ ᠳᠠᠭᠠᠪᠤᠷᠢ ᠶᠢ ᠬᠡᠷᠡᠭᠯᠡᠬᠦ ᠶᠠᠪᠤᠴᠠ ᠳᠤᠮᠳᠠ ᠠᠳᠡᠭᠦᠦ ᠪᠤᠷᠤᠭᠤ ᠵᠦᠩᠲᠡᠭᠡᠨ ᠬᠠᠷᠠᠭᠳᠠᠳᠠᠭ᠃     ᠡᠶᠢᠮᠦ ᠦᠵᠡᠭᠳᠡᠯ ᠢ ᠳᠠᠪᠴᠢᠵᠦ᠂ ᠪᠠᠭ᠎ᠠ ᠰᠤᠷᠭᠠᠭᠤᠯᠢ ᠶᠢᠨ ᠰᠤᠷᠤᠭᠴᠢᠳ ᠢ ᠲᠡᠶᠢᠨ ᠢᠯᠭᠠᠯ ᠤᠨ ᠳᠠᠭᠠᠪᠤᠷᠢ ᠶᠢ ᠵᠥᠪ ᠭᠡᠷᠡᠭᠯᠡᠭᠦᠯᠵᠦ ᠰᠤᠷᠭᠠᠨ᠂ ᠲᠡᠶᠢᠨ ᠢᠯᠭᠠᠯ ᠤᠨ ᠳᠠᠭᠠᠪᠤᠷᠢ ᠶᠢᠨ ᠦᠭᠡ ᠶᠠᠷᠢᠶ᠎ᠠ ᠪᠠ ᠦᠰᠦᠭ ᠪᠢᠴᠢᠭ ᠲᠤ ᠦᠵᠡᠭᠦᠯᠬᠦ ᠴᠢᠬᠤᠯᠠ ᠴᠢᠨᠠᠷ ᠢ ᠪᠠᠳᠠᠷᠠᠭᠤᠯᠤᠶ᠎ᠠ ᠭᠡᠪᠡᠯ᠂ ᠪᠠᠭ᠎ᠠ ᠰᠤᠷᠭᠠᠭᠤᠯᠢ ᠶᠢᠨ ᠳᠤᠤᠷ᠎ᠠ ᠣᠨ ᠠᠴᠠ ᠡᠬᠢᠯᠡᠵᠦ᠂ ᠳᠣᠬᠢᠶᠠᠯᠳᠤᠭᠰᠠᠨ ᠲᠡᠶᠢᠨ ᠢᠯᠭᠠᠯ ᠤᠨ ᠳᠠᠭᠠᠪᠤᠷᠢ ᠶᠢ  ᠨᠢᠭᠡᠳ ᠨᠢᠭᠡ ᠪᠠᠷ ᠨᠠᠷᠢᠯᠢᠭ ᠲᠠᠶᠢᠯᠪᠤᠷᠢᠯᠠᠵᠦ ᠵᠥᠪ ᠡᠵᠡᠮᠰᠢᠭᠦᠯᠬᠦ ᠬᠡᠷᠡᠭᠲᠡᠢ᠃ ᠡᠭᠦᠨ ᠤ ᠰᠠᠭᠤᠷᠢᠨ ᠳᠡᠭᠡᠷ᠎ᠡ᠂ ᠵᠢᠭᠠᠬᠤ ᠫᠷᠣᠭ᠍ᠷᠠᠮ ᠤᠨ ᠱᠠᠭᠠᠷᠳᠠᠯᠭ᠎ᠠ ᠶᠣᠰᠣᠭᠠᠷ ᠭᠤᠷᠪᠠᠳᠤᠭᠠᠷ ᠣᠨ ᠪᠣᠯᠬᠤ ᠳᠤ ᠪᠠᠰᠠ ᠨᠢᠭᠡᠨ ᠤᠳᠠᠭ᠎ᠠ ᠰᠢᠰᠲ᠋ᠧᠮ ᠲᠠᠢ  ᠵᠢᠭᠠᠪᠠᠯ ᠵᠣᠬᠢᠨ᠎ᠠ᠃     ᠪᠠᠭ᠎ᠠ ᠰᠤᠷᠭᠠᠭᠤᠯᠢ ᠶᠢᠨ ᠱᠠᠲᠤᠨ ᠳᠤ ᠰᠤᠷᠴᠤ ᠭᠡᠷᠡᠭᠯᠡᠬᠦ ᠲᠡᠶᠢᠨ ᠢᠯᠭᠠᠯ ᠤᠨ ᠳᠠᠭᠠᠪᠤᠷᠢ ᠳᠤ ᠡᠩ ᠤᠨ ᠲᠡᠶᠢᠨ ᠢᠯᠭᠠᠯ ᠤᠨ ᠳᠠᠭᠠᠪᠤᠷᠢ᠂ ᠣᠯᠠᠨ ᠲᠣᠭᠠᠨ ᠤ ᠳᠠᠭᠠᠪᠤᠷᠢ᠂ ᠳᠠᠪᠬᠤᠷ ᠲᠡᠶᠢᠨ ᠢᠯᠭᠠᠯ ᠤᠨ ᠳᠠᠭᠠᠪᠤᠷᠢ᠂ ᠬᠠᠮᠢᠶᠠᠳᠠᠭᠤᠯᠬᠤ ᠶᠣᠰᠣ ᠪᠠᠶᠢᠳᠠᠭ᠃ ᠡᠨᠡᠬᠦ ᠳᠥᠷᠪᠡᠨ ᠵᠦᠢᠯ ᠤᠨ ᠳᠠᠭᠠᠪᠤᠷᠢ ᠶᠢᠨ ᠬᠡᠷᠡᠭᠯᠡᠯᠲᠡ ᠳᠤ ᠪᠠᠰᠠ ᠨᠢᠭᠡᠨ ᠦᠷᠭᠦᠯᠵᠢ ᠲᠠᠰᠢᠶᠠᠷᠠᠳᠠᠭ ᠰᠢᠯᠲᠠᠭᠠᠨ ᠪᠣᠯ ᠳᠠᠪᠬᠤᠷ ᠲᠡᠶᠢᠨ ᠢᠯᠭᠠᠯ ᠤᠨ ᠳᠠᠭᠠᠪᠤᠷᠢ ᠪᠤᠶᠤ ᠬᠠᠮᠢᠶᠠᠳᠠᠭᠤᠯᠬᠤ ᠳᠠᠭᠠᠪᠤᠷᠢ ᠲᠠᠢ ᠲᠡᠶᠢᠨ ᠢᠯᠭᠠᠯ ᠤᠨ ᠠᠭᠤᠯᠭ᠎ᠠ ᠶᠢ ᠵᠢᠭᠠᠬᠤ ᠫᠷᠣᠭ᠍ᠷᠠᠮ ᠳᠤ ᠲᠣᠬᠢᠷᠠᠭᠤᠯᠤᠭᠰᠠᠨ ᠦᠭᠡᠢ ᠪᠣᠶᠣ ᠪᠠᠭᠰᠢ ᠨᠠᠷ ᠴᠤ ᠡᠭᠦᠨ ᠢ ᠳᠡᠮᠡᠢ ᠤᠪᠠᠶᠢᠯᠠᠳᠠᠭ ᠦᠭᠡᠢ᠂ ᠨᠡᠩ ᠴᠢᠨᠠᠭᠰᠢᠯᠠᠨ ᠵᠠᠷᠢᠮ ᠪᠠᠭᠰᠢ ᠨᠠᠷ ᠵᠢᠭᠠᠬᠤ ᠴᠤ ᠦᠭᠡᠢ ᠣᠷᠬᠢᠭᠳᠠᠭᠤᠯᠳᠠᠭ᠃ ᠡᠶᠢᠮᠦ ᠠᠴᠠ ᠰᠤᠷᠤᠭᠴᠢᠳ ᠬᠡᠷᠡᠭᠯᠡᠯᠲᠡ ᠶᠢᠨ ᠶᠠᠪᠤᠴᠠ ᠳᠤ᠂ ︽ᠲᠡᠷᠭᠡ ᠶᠢ ᠨᠢ᠂ ᠠᠵᠢᠯ ᠠᠴᠠ ᠪᠠᠨ᠂ ᠭᠠᠷ ᠢᠶᠠᠷ ᠢᠶᠠᠨ︾ ᠭᠡᠬᠦ ᠮᠡᠲᠦ ᠶᠢᠨ ᠬᠠᠮᠢᠶᠠᠳᠠᠭᠤᠯᠬᠤ ᠳᠠᠭᠠᠪᠤᠷᠢ ᠲᠠᠢ ᠲᠡᠶᠢᠨ ᠢᠯᠭᠠᠯ ᠢ ᠳᠠᠪᠬᠤᠷ ᠲᠡᠶᠢᠨ ᠢᠯᠭᠠᠯ ᠭᠡᠵᠦ ᠠᠳᠡᠭᠦᠷᠡᠬᠦ︔ ︽ᠮᠠᠨ ᠤ ᠳᠤ᠂ ᠵᠢᠷᠭᠠᠯ ᠤᠨ ᠳᠤ︾ ᠭᠡᠬᠦ ᠮᠡᠲᠦ ᠶᠢᠨ ᠳᠠᠪᠬᠤᠷ ᠲᠡᠶᠢᠨ ᠢᠯᠭᠠᠯ ᠢ ᠡᠩ ᠤᠨ ᠲᠡᠶᠢᠨ ᠢᠯᠭᠠᠯ ᠭᠡᠵᠦ ᠠᠳᠡᠭᠦᠷᠡᠬᠦ︔ ︽ᠦᠭᠦᠯᠡᠪᠦᠷᠢ ᠨᠦᠭᠦᠳ ᠢ᠂ ᠳᠡᠭᠦᠦ ᠨᠠᠷ ᠤᠨ ᠢᠶᠠᠨ᠂ ᠳᠡᠪᠲᠡᠷ ᠤᠳ ᠠᠴᠠ︾ ᠭᠡᠬᠦ ᠮᠡᠲᠦ ᠶᠢᠨ ᠣᠯᠠᠨ ᠲᠣᠭᠠᠨ ᠤ ᠳᠠᠭᠠᠪᠤᠷᠢ ᠲᠠᠢ ᠲᠡᠶᠢᠨ ᠢᠯᠭᠠᠯ ᠢ ᠳᠠᠪᠬᠤᠷ ᠲᠡᠶᠢᠨ ᠢᠯᠭᠠᠯ ᠭᠡᠵᠦ ᠠᠳᠡᠭᠦᠷᠡᠬᠦ ᠦᠵᠡᠭᠳᠡᠯ ᠵᠦᠩᠲᠡᠭᠡᠨ ᠭᠠᠷᠳᠠᠭ᠃ ᠶᠠᠭ ᠡᠶᠢᠮᠦ ᠤᠴᠢᠷ ᠠᠴᠠ ᠬᠡᠯᠡ ᠪᠢᠴᠢᠭ ᠤᠨ ᠪᠠᠭᠰᠢ ᠪᠣᠯᠣᠭᠰᠠᠳ ᠨᠢᠮᠪᠠᠢ ᠰᠤᠳᠤᠯᠤᠨ᠂ ᠨᠠᠷᠢᠯᠢᠭ ᠵᠢᠭᠠᠵᠤ᠂ ᠲᠡᠶᠢᠨ ᠢᠯᠭᠠᠯ ᠤᠨ ᠳᠠᠭᠠᠪᠤᠷᠢ ᠶᠢ ᠰᠤᠷᠤᠭᠴᠢᠳ ᠲᠤ ᠵᠥᠪ ᠣᠨᠣᠪᠴᠢᠲᠠᠢ᠂ ᠰᠢᠰᠲ᠋ᠧᠮ ᠲᠠᠢ ᠡᠵᠡᠮᠰᠢᠭᠦᠯᠬᠦ ᠨᠢ ᠮᠠᠰᠢ ᠴᠢᠬᠤᠯᠠ ᠶᠤᠮ᠃
ᠢᠷᠡᠯᠲᠡ᠄ ᠬᠠᠩᠭᠢᠨ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ