ᠹᠠᠩ ᠯᠢ ᠶᠠᠨ
ᠨᠡᠶᠢᠲᠡᠯᠡᠭᠰᠡᠨ ᠴᠠᠭ᠄
2020/6/5
        W020231227356986109177.jpg
       ᠠᠵᠢᠯ ᠤᠨ ᠬᠤᠪᠢᠶᠠᠷᠢᠯᠠᠯ᠄       ᠬᠤᠸᠠ ᠴᠧᠩ ᠨᠥᠬᠦᠷ ᠢ ᠬᠠᠪᠰᠤᠷᠤᠨ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ᠂ ᠬᠠᠷᠢᠶᠠᠲᠤ ᠨᠠᠷ ᠤᠨ ᠶᠠᠪᠤᠳᠠᠯ ᠪᠠ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠢ ᠮᠠᠨᠳᠤᠭᠤᠯᠬᠤ︾ ᠠᠵᠢᠯ ᠢ ᠬᠠᠷᠢᠭᠤᠴᠠᠵᠤ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠥᠬᠦ ᠲᠠᠯ᠎ᠠ ᠶᠢᠨ ᠠᠵᠢᠯ ᠢ ᠡᠷᠭᠢᠯᠡᠨ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠬᠤᠪᠢᠳᠠᠨ ᠬᠠᠮᠢᠶᠠᠷᠴᠤ ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠲᠠᠢ ᠬᠠᠷᠢᠯᠴᠠᠨ᠎ᠠ ᠃       ᠠᠵᠢᠯ ᠤᠨ ᠲᠣᠪᠴᠢ ᠲᠠᠨᠢᠯᠴᠠᠭᠤᠯᠭ᠎ᠠ᠄       ᠹᠠᠩ ᠯᠢ ᠶᠠᠨ᠂ ᠡᠮᠡᠭᠲᠡᠢ᠂ ᠬᠢᠲᠠᠳ ᠦᠨᠳᠦᠰᠦᠲᠡᠨ᠂ 1975 ᠣᠨ ᠤ 11 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠲᠦᠩᠯᠢᠶᠣᠤ ᠶᠢᠨ ᠬᠥᠮᠦᠨ᠂ ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1997 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1999 ᠣᠨ ᠤ 7 ᠰᠠᠷ᠎ᠠ ᠳᠤ ᠠᠵᠢᠯ ᠳᠤ ᠣᠷᠣᠵᠤ᠂ ᠣᠳᠣ‌ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠢᠨ ᠬᠤᠰᠢᠭᠤᠨ  ᠤ ᠨᠠᠮ ᠤᠨ ᠬᠤᠷᠢᠶ᠎ᠠ ᠶᠢᠨ ᠭᠡᠰᠢᠭᠦᠨ᠂ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ  ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠵᠦ ᠪᠤᠢ᠃
ᠢᠷᠡᠯᠲᠡ᠄ ᠬᠠᠩᠬᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ