ᠨᠠᠶᠢᠷᠠᠮᠳᠠᠯ ᠢᠶᠠᠷ ᠴᠢᠯᠦᠭᠡᠯᠡᠬᠦ ᠥᠶ᠎ᠡ ᠶᠢᠨ ᠨᠡᠷ᠎ᠡ ᠠᠯᠳᠠᠷᠲᠣ ᠬᠦᠮᠦᠰ — ᠯᠢᠭᠳᠡᠨᠪᠡᠪᠦᠥ
ᠨᠡᠶᠢᠲᠡᠯᠡᠭᠰᠡᠨ ᠴᠠᠭ᠄
2021/1/27
 ᠯᠢᠭᠳᠡᠨᠪᠠᠪᠤᠤ᠂ ᠮᠣᠩᠭᠤᠯ ᠦᠨᠳᠦᠰᠦᠲᠡᠨ᠂ ᠡᠷᠡᠭᠲᠡᠢ᠂ ᠪᠠᠰᠠ ᠴᠣᠶᠢᠵᠢᠯᠪᠠᠭᠠᠲᠤᠷ ᠭᠡᠳᠡᠭ᠃ 1908 ᠣᠨ ᠳᠤ ᠲᠥᠷᠦᠪᠡ᠃ ᠶᠡᠭᠡ ᠵᠤᠤ ᠠᠶᠢᠮᠠᠭ ᠤᠨ ᠬᠠᠩᠭᠢᠨ
ᠬᠤᠰᠢᠭᠤᠨ ᠤ ᠪᠠᠶᠠᠨᠪᠤᠯᠠᠭ ᠰᠤᠮᠤᠨ ᠤ ᠮᠠᠯᠴᠢᠨ ᠤ ᠭᠡᠷ ᠲᠤ ᠲᠥᠷᠥᠪᠡ᠂ ᠴᠡᠷᠢᠭ ᠤᠨ ᠭᠠᠷᠤᠯ ᠲᠠᠢ᠂ ᠭᠤᠮᠢᠨᠳᠠᠩ ᠤᠨ ᠨᠠᠮ ᠤᠨ ᠭᠡᠰᠢᠭᠦᠨ᠂ ᠪᠠᠭ᠎ᠠ ᠰᠤᠷᠭᠠᠭᠤᠯᠢ ᠶᠢᠨ ᠰᠤᠶᠤᠯ ᠤᠨ ᠬᠡᠮᠵᠢᠶ᠎ᠡ ᠲᠠᠢ᠃      1935 ᠣᠨ ᠤ 9 ᠳ᠋ᠦ᠋ᠭᠡᠷ ᠰᠠᠷ᠎ᠠ ᠬᠠᠩᠭᠢᠨ ᠬᠤᠰᠢᠭᠤᠨ ᠤ ᠶᠠᠮᠤᠨ ᠤ ᠴᠡᠷᠢᠭ ᠲᠤ ᠣᠷᠣᠪᠠ᠃1938 ᠣᠨ ᠳᠤ ᠬᠠᠩᠭᠢᠨ ᠶᠠᠮᠤᠨ ᠤ ᠴᠡᠷᠢᠭ ᠤᠨ ᠭᠤᠷᠪᠠᠳᠤᠭᠠᠷ ᠰᠤᠮᠤᠨ ᠳᠤ ᠰᠠᠯᠠᠭᠠᠨ ᠳᠠᠷᠤᠭ᠎ᠠ᠂ ᠰᠤᠮᠤᠨ ᠳᠠᠷᠤᠭ᠎ᠠ ᠪᠣᠯᠵᠤ ᠥᠩᠭᠡᠷᠡᠪᠡ᠃ 1943 ᠣᠨ ᠤ 3 ᠳ᠋ᠤᠭᠠᠷ ᠰᠠᠷ᠎ᠠ ᠳᠤ ᠬᠠᠩᠭᠢᠨ ᠬᠤᠰᠢᠭᠤᠨ ᠤ ᠠᠮᠤᠷ ᠢ ᠬᠠᠮᠠᠭᠠᠯᠠᠬᠤ ᠴᠡᠷᠢᠭ ᠠᠩᠭᠢ ᠶᠢᠨ ᠬᠤᠷᠢᠶᠠᠨ ᠳᠠᠷᠤᠭ᠎ᠠ᠂ 1944 ᠣᠨ ᠳᠤ ᠠᠮᠤᠷ ᠢ ᠬᠠᠮᠠᠭᠠᠯᠠᠬᠤ ᠵᠠᠬᠢᠷᠭᠠᠨ ᠤ ᠭᠠᠵᠠᠷ ︵ᠰᠧᠯᠢᠩᠪᠦ᠋︶ ᠤᠨ ᠴᠡᠷᠢᠭ ᠤᠨ ᠵᠡᠷ ᠵᠡᠪᠰᠡᠭ ᠤᠨ ᠬᠡᠯᠲᠡᠰ ᠤᠨ ᠳᠠᠷᠤᠭ᠎ᠠ᠂ 1948 ᠣᠨ ᠤ 10 ᠳ᠋ᠤᠭᠠᠷ ᠰᠠᠷ᠎ᠠ ᠬᠠᠩᠭᠢᠨ ᠬᠤᠰᠢᠭᠤᠨ ᠤ ᠳᠡᠳ᠋ ᠲᠤᠰᠠᠯᠠᠭᠴᠢ ᠪᠣᠯᠵᠤ᠂ ᠲᠤᠰ ᠣᠨ ᠤ 11 ᠳ᠋ᠦ᠋ᠭᠡᠷ ᠰᠠᠷ᠎ᠠ ᠳᠤ ᠬᠤᠰᠢᠭᠤᠨ ᠤ ᠠᠮᠤᠷ ᠢ ᠬᠠᠮᠠᠭᠠᠯᠠᠬᠤ ᠵᠠᠬᠢᠷᠭᠠᠨ ᠤ ᠭᠠᠵᠠᠷ ︵ᠰᠧᠯᠢᠩᠪᠦ᠋︶ ᠤᠨ ᠬᠢᠶ᠎ᠠ ︵ᠪᠦᠭᠤᠸᠠᠨ︶ ᠶᠢᠨ ᠭᠠᠵᠠᠷ ᠤᠨ ᠭᠠᠵᠠᠷ ᠤᠨ ᠳᠠᠷᠤᠭ᠎ᠠ᠂ ᠠᠮᠤᠷ ᠢ ᠬᠠᠮᠠᠭᠠᠯᠠᠬᠤ ᠵᠠᠬᠢᠷᠭᠠᠨ ᠤ ᠭᠠᠵᠠᠷ ︵ᠰᠧᠯᠢᠩᠪᠦ᠋︶ ᠤᠨ ᠳᠡᠳ᠋ ᠵᠢᠯᠤᠭᠤᠳᠤᠭᠴᠢ ᠪᠣᠯᠵᠤ ᠥᠩᠭᠡᠷᠡᠪᠡ᠃      1949 ᠣᠨ ᠤ《9.19》 ᠨᠠᠶᠢᠷᠠᠮᠳᠠᠯ ᠤᠨ ᠪᠣᠰᠣᠯᠭ᠎ᠠ ᠶᠢᠨ ᠳᠠᠷᠠᠭ᠎ᠠ᠂ ᠬᠤᠪᠢᠰᠬᠠᠯ ᠤᠨ ᠠᠵᠢᠯ ᠳᠤ ᠣᠷᠣᠯᠴᠠᠪᠠ᠃ 1950 ᠣᠨ ᠳᠤ ᠬᠠᠩᠭᠢᠨ ᠬᠤᠰᠢᠭᠤᠨ ᠤ ᠨᠠᠢᠮᠠᠳᠤᠭᠠᠷ ᠰᠠᠯᠪᠦᠷᠢ ᠠᠩᠭᠢ ᠶᠢᠨ ᠳᠡᠳ᠋ ᠳᠠᠷᠤᠭ᠎ᠠ᠂ 1951 ᠣᠨ ᠳᠤ ᠶᠡᠭᠡ ᠵᠤᠤ ᠠᠶᠢᠮᠠᠭ ᠤᠨ ᠴᠡᠷᠢᠭ ᠤᠨ ᠲᠣᠭᠤᠷᠢᠭ ᠤᠨ ᠠᠷᠪᠠᠨ ᠲᠠᠪᠤᠳᠤᠭᠠᠷ ᠬᠤᠷᠢᠶ᠎ᠠ ᠶᠢᠨ ᠳᠡᠳ᠋ ᠱᠲ᠋ᠡᠪ ᠤᠨ ᠳᠠᠷᠤᠭ᠎ᠠ ︵ᠽᠠᠨᠮᠦᠵᠠᠩ︶ ᠪᠣᠯᠪᠠ᠃ 1953 ᠣᠨ ᠳᠤ ᠴᠡᠷᠢᠭ ᠠᠴᠠ ᠪᠠᠭᠤᠵᠤ᠂ ᠬᠤᠰᠢᠭᠤ ᠵᠠᠰᠠᠭ ᠤᠨ ᠣᠷᠳᠤᠨ ᠤ ᠮᠠᠯ ᠲᠠᠷᠢᠶᠠᠯᠠᠩ ᠤᠨ ᠰᠠᠯᠠᠭ᠎ᠠ ᠶᠢᠨ ᠳᠡᠳ᠋ ᠰᠠᠯᠠᠭᠠᠨ ᠳᠠᠷᠤᠭ᠎ᠠ ᠪᠣᠯᠪᠠ᠃ 1956 ᠣᠨ‌ᠡᠴᠠ 1958 ᠣᠨ ᠬᠦᠷᠲᠡᠯ᠎ᠡ ᠳᠤᠮᠳᠠᠳᠤ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠠᠩᠭᠢᠨ ᠬᠤᠰᠢᠭᠤᠨ ᠤ ᠵᠥᠪᠯᠡᠯ ᠤᠨ ᠳᠡᠳ᠋ ᠳᠡᠷᠢᠭᠦᠯᠡᠭᠴᠢ ᠪᠠᠶᠢᠪᠠ᠃ 1958 ᠣᠨ ᠤ 5 ᠳ᠋ᠤᠭᠠᠷ ᠰᠠᠷ᠎ᠠ ᠳᠤ ᠡᠪᠡᠳᠴᠢᠨ ᠢᠶᠠᠷ 50 ᠨᠠᠰᠤᠲᠠᠢ ᠨᠠᠰᠤ ᠪᠠᠷᠠᠪᠠ᠃
ᠢᠷᠡᠯᠲᠡ᠄ ᠬᠠᠩᠭᠢᠨ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ