ᠨᠠᠶᠢᠷᠠᠮᠳᠠᠯ ᠢᠶᠠᠷ ᠴᠢᠯᠥᠭᠡᠯᠡᠬᠦ ᠥᠶ᠎ᠡ ᠶᠢᠨ ᠨᠡᠷ᠎ᠡ ᠠᠯᠳᠠᠷᠲᠣ ᠬᠦᠮᠦᠨ—ᠲᠣᠳᠣᠪᠢᠯᠢᠭ᠌
ᠨᠡᠶᠢᠲᠡᠯᠡᠭᠰᠡᠨ ᠴᠠᠭ᠄
2021/1/27
      ᠲᠣᠳᠤᠪᠢᠯᠢᠭ᠌᠂ ᠮᠣᠩᠭᠤᠯ ᠦᠨᠳᠦᠰᠦᠲᠡᠨ᠂ ᠡᠷᠡᠭᠲᠡᠢ᠂ 1912 ᠣᠨ ᠳᠤ ᠲᠥᠷᠦᠪᠡ᠃ ᠶᠡᠭᠡ ᠵᠤᠤ ᠠᠶᠢᠮᠠᠭ ᠤᠨ ᠬᠠᠩᠭᠢᠨ ᠬᠤᠰᠢᠭᠤᠨ ᠤ ᠲᠦᠭᠦᠷᠢᠭ
ᠰᠤᠮᠤᠨ ᠤ ᠬᠥᠮᠦᠨ᠃ ᠭᠤᠮᠢᠨᠳᠠᠩ ᠨᠠᠮ ᠤᠨ ᠭᠡᠰᠢᠭᠦᠨ᠃      1936 ᠣᠨ ᠤ 9 ᠳ᠋ᠦ᠋ᠭᠡᠷ ᠰᠠᠷ᠎ᠠ ᠠᠴᠠ ᠬᠠᠩᠭᠢᠨ ᠬᠤᠰᠢᠭᠤᠨ ᠤ ᠠᠮᠤᠷ ᠢ ᠬᠠᠮᠠᠭᠠᠯᠠᠬᠤ ᠰᠧᠯᠢᠩᠪᠦ᠋ ᠶᠢᠨ ᠨᠢᠭᠡᠳᠦᠭᠡᠷ ᠪᠠᠲ᠋ᠠᠯᠢᠶᠤᠨ ᠳᠤ ᠪᠢᠴᠢᠭᠡᠴᠢ ᠪᠣᠯᠵᠤ᠂ 1942 ᠣᠨ ᠤ 7 ᠳ᠋ᠤᠭᠠᠷ ᠰᠠᠷ᠎ᠠ ᠬᠤᠰᠢᠭᠤᠨ ᠤ ᠠᠮᠤᠷ ᠢ ᠬᠠᠮᠠᠭᠠᠯᠠᠬᠤ ᠰᠧᠯᠢᠩᠪᠦ᠋ ᠶᠢᠨ ᠨᠢᠭᠡᠳᠦᠭᠡᠷ ᠪᠠᠲ᠋ᠠᠯᠢᠶᠤᠨ ᠤ ᠬᠤᠶᠠᠳᠤᠭᠠᠷ ᠰᠤᠮᠤᠨ ᠤ ᠰᠤᠮᠤᠨ ᠳᠠᠷᠤᠭ᠎ᠠ ᠪᠣᠯᠪᠠ᠃ 1945 ᠣᠨ ᠤ 7 ᠳ᠋ᠤᠭᠠᠷ ᠰᠠᠷ᠎ᠠ ᠠᠴᠠ 1949 ᠣᠨ ᠪᠣᠯᠲᠠᠯ᠎ᠠ ᠬᠤᠰᠢᠭᠤᠨ ᠤ ᠬᠠᠷᠢᠶᠠᠨ ᠵᠡᠯᠡᠨ᠂ ᠴᠡᠷᠢᠭ ᠤᠨ ᠬᠠᠩᠭᠠᠯᠭ᠎ᠠ ᠶᠢᠨ ᠭᠠᠵᠠᠷ ᠤᠨ ᠳᠠᠷᠤᠭ᠎ᠠ ᠵᠡᠷᠭᠡ ᠶᠢᠨ ᠲᠤᠰᠢᠶᠠᠯ ᠳᠤ ᠪᠠᠶᠢᠪᠠ᠃ ᠬᠠᠩᠭᠢᠨ ᠬᠤᠰᠢᠭᠤ ᠨᠠᠶᠢᠷᠠᠮᠳᠠᠯ ᠢᠶᠠᠷ ᠴᠢᠯᠦᠭᠡᠯᠡᠬᠦ ᠦᠶ᠎ᠡ ᠣᠷᠣᠯᠠᠭᠴᠢ ᠵᠠᠰᠠᠭ ᠰᠡᠳᠡᠩᠳᠤᠷᠵᠢ ᠠᠴᠠ ᠴᠢᠯᠦᠭᠡᠯᠡᠬᠦ ᠴᠡᠷᠢᠭ ᠲᠠᠢ ᠨᠠᠶᠢᠷᠠᠮᠳᠠᠯ ᠤᠨ ᠬᠡᠯᠡᠯᠴᠡᠭᠡᠷ ᠬᠢᠬᠦ ᠳᠤ ᠲᠣᠮᠢᠯᠠᠭᠰᠠᠨ ᠲᠥᠯᠦᠭᠡᠯᠡᠭᠴᠢ ᠶᠢᠨ ᠨᠢᠭᠡ ᠨᠢ ᠪᠣᠯᠣᠨ᠎ᠠ᠃      ᠬᠠᠩᠭᠢᠨ ᠬᠤᠰᠢᠭᠤ ᠨᠠᠶᠢᠷᠠᠮᠳᠠᠯ ᠢᠶᠠᠷ ᠴᠢᠯᠦᠭᠡᠯᠡᠭᠳᠡᠭᠰᠡᠨ ᠤ ᠳᠠᠷᠠᠭ᠎ᠠ᠂ ᠬᠤᠪᠢᠰᠬᠠᠯ ᠤᠨ ᠠᠵᠢᠯ ᠳᠤ ᠣᠷᠣᠯᠴᠠᠵᠤ᠂ ᠬᠠᠩᠭᠢᠨ ᠬᠤᠰᠢᠭᠤᠨ ᠤ ᠵᠠᠰᠠᠭ ᠤᠨ ᠣᠷᠳᠤᠨ ᠤ ᠡᠳ᠋ ᠤᠨ ᠵᠠᠰᠠᠭ ᠤᠨ ᠰᠠᠯᠠᠭ᠎ᠠ ᠶᠢᠨ ᠳᠡᠳ᠋ ᠰᠠᠯᠠᠭᠠᠨ ᠳᠠᠷᠤᠭ᠎ᠠ ᠪᠣᠯᠪᠠ᠃ 1958 ᠣᠨ ᠳᠤ ᠬᠠᠩᠭᠢᠨ ᠬᠤᠰᠢᠭᠤᠨ ᠤ ᠠᠷᠠᠯᠵᠢᠶ᠎ᠠ ᠬᠤᠳᠠᠯᠳᠤᠭ᠎ᠠ ᠶᠢᠨ ᠲᠣᠪᠴᠢᠶ᠎ᠠ ᠶᠢᠨ ᠳᠠᠷᠤᠭ᠎ᠠ ᠪᠠᠷ ᠲᠣᠮᠢᠯᠠᠭᠳᠠᠪᠠ᠃ 1980 ᠣᠨ ᠳᠤ ᠳᠤᠮᠳᠠᠳᠤ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠠᠩᠭᠢᠨ ᠬᠤᠰᠢᠭᠤᠨ ᠤ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠳᠤ ᠪᠠᠶᠢᠵᠤ᠂ 1982 ᠣᠨ ᠤ 11 ᠳ᠋ᠦ᠋ᠭᠡᠷ ᠰᠠᠷ᠎ᠠ ᠳᠤ 70 ᠨᠠᠰᠤᠲᠠᠢ ᠡᠪᠡᠳᠴᠢᠨ ᠢᠶᠠᠷ ᠰᠢᠨᠡᠪᠠᠯᠭᠠᠰᠤᠨ ᠳᠤ ᠨᠠᠰᠤ ᠪᠠᠷᠠᠪᠠ᠃
ᠢᠷᠡᠯᠲᠡ᠄ ᠬᠠᠩᠭᠢᠨ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ