ᠲᠦᠮᠡᠨᠰᠠᠩ᠂ ᠮᠣᠩᠭᠤᠯ ᠦᠨᠳᠦᠰᠦᠲᠡᠨ᠂ ᠡᠷᠡᠭᠲᠡᠢ᠂ ᠶᠡᠭᠡ ᠵᠤᠤ ᠠᠶᠢᠮᠠᠭ ᠤᠨ ᠬᠠᠩᠭᠢᠨ ᠬᠤᠰᠢᠭᠤᠨ ᠤ ᠰᠢᠷ᠎ᠠ ᠵᠤᠤ ᠶᠢᠨ ᠬᠥᠮᠦᠨ᠃ 1896 ᠣᠨ ᠳᠤ | ᠮᠠᠯᠴᠢᠨ ᠤ ᠭᠡᠷ ᠲᠤ ᠲᠥᠷᠦᠪᠡ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠶᠤᠯ ᠤᠨ ᠬᠡᠮᠵᠢᠶ᠎ᠡ ᠲᠠᠢ᠂ ᠬᠠᠭᠤᠴᠢᠨ ᠠᠯᠪᠠᠨ ᠲᠤᠰᠢᠶᠠᠯᠲᠠᠨ᠂ | ᠭᠤᠮᠢᠨᠳᠠᠩ ᠨᠠᠮ ᠤᠨ ᠭᠡᠰᠢᠭᠦᠨ᠃ | 1922 ᠣᠨ ᠠᠴᠠ ᠬᠠᠩᠭᠢᠨ ᠶᠠᠮᠤᠨ ᠳᠤ ᠪᠢᠴᠢᠭᠡᠴᠢ ᠪᠣᠯᠵᠤ᠂ 1928 ᠣᠨ ᠳᠤ ᠬᠠᠩᠭᠢᠨ ᠬᠤᠰᠢᠭᠤᠨ ᠤ ᠳᠠᠪᠤᠰᠤᠨ ᠨᠠᠭᠤᠷ ᠤᠨ ᠪᠢᠴᠢᠭᠡᠴᠢ ᠪᠠᠷ | ᠪᠠᠶᠢᠪᠠ᠃ 1938 ᠣᠨ ᠳᠤ ᠬᠠᠩᠭᠢᠨ ᠬᠤᠰᠢᠭᠤᠨ ᠤ ᠴᠡᠷᠢᠭ ᠠᠩᠭᠢ ᠶᠢᠨ ᠰᠤᠮᠤᠨ ᠳᠠᠷᠤᠭ᠎ᠠ᠂ ᠪᠠᠲ᠋ᠠᠯᠢᠶᠤᠨ ᠳᠠᠷᠤᠭ᠎ᠠ ᠵᠡᠷᠭᠡ ᠲᠤᠰᠢᠶᠠᠯ ᠳᠤ ᠪᠠᠶᠢᠵᠤ᠂ 1947 | ᠣᠨ ᠳᠤ ᠬᠠᠩᠭᠢᠨ ᠬᠤᠰᠢᠭᠤᠨ ᠤ ᠵᠠᠬᠢᠷᠤᠭᠴᠢ᠂ ᠵᠡᠭᠦᠨ ᠲᠤᠰᠠᠯᠠᠭᠴᠢ ᠵᠡᠷᠭᠡ ᠲᠤᠰᠢᠶᠠᠯ ᠳᠤ ᠪᠠᠶᠢᠪᠠ᠃ ᠲᠤᠰᠢᠶᠠᠯ ᠳᠤ ᠪᠠᠶᠢᠬᠤ ᠬᠤᠭᠤᠴᠠᠭᠠᠨ ᠳᠤ ᠪᠠᠷᠠᠭᠤᠨ | ᠲᠤᠰᠠᠯᠠᠭᠴᠢ ᠰᠡᠳᠡᠩᠳᠤᠷᠵᠢ ᠲᠠᠢ ᠬᠠᠮᠲᠤ ᠬᠠᠩᠭᠢᠨ ᠬᠤᠰᠢᠭᠤᠨ ᠤ ᠠᠵᠢᠯ ᠳᠤ ᠴᠢᠷᠮᠠᠶᠢᠵᠤ ᠶᠠᠪᠤᠭᠰᠠᠨ ᠪᠠ ᠢᠯᠠᠩᠭᠤᠶ᠎ᠠ ᠬᠠᠩᠭᠢᠨ ᠬᠤᠰᠢᠭᠤ ᠶᠢ ᠨᠠᠶᠢᠷᠠᠮᠳᠠᠯ ᠢᠶᠠᠷ | ᠴᠢᠯᠦᠭᠡᠯᠡᠬᠦ ᠦᠶ᠎ᠡ ᠳᠤ ᠡᠪ ᠬᠠᠮᠲᠤ ᠨᠠᠮ ᠢ ᠬᠦᠷᠢᠶᠡᠯᠡᠨ᠂ ᠮᠠᠰᠢ ᠠᠷᠪᠢᠨ ᠳᠤᠰᠠᠲᠠᠢ ᠠᠵᠢᠯ ᠢ ᠬᠢᠵᠦ ᠥᠩᠭᠡᠷᠡᠪᠡ᠃ 1949 ᠣᠨ ᠤ《9.19》 | ᠨᠠᠶᠢᠷᠠᠮᠳᠠᠯ ᠤᠨ ᠪᠤᠰᠤᠯᠭ᠎ᠠ ᠶᠢᠨ ᠳᠠᠷᠠᠭ᠎ᠠ ᠬᠤᠪᠢᠰᠬᠠᠯ ᠤᠨ ᠠᠵᠢᠯ ᠳᠤ ᠣᠷᠣᠯᠴᠠᠵᠤ᠂ ᠬᠠᠩᠭᠢᠨ ᠬᠤᠰᠢᠭᠤᠨ ᠤ ᠰᠤᠶᠤᠯ ᠰᠤᠷᠭᠠᠨ ᠬᠥᠮᠦᠵᠢᠯ ᠤᠨ ᠰᠠᠯᠠᠭ᠎ᠠ ᠶᠢᠨ | ᠰᠠᠯᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1955 ᠣᠨ ᠠᠴᠠ 1966 ᠣᠨ ᠤ 1 ᠳ᠋ᠦ᠋ᠭᠡᠷ ᠰᠠᠷ᠎ᠠ ᠪᠣᠯᠲᠠᠯ᠎ᠠ ᠳᠤᠮᠳᠠᠳᠤ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠬᠠᠩᠭᠢᠨ ᠬᠤᠰᠢᠭᠤᠨ ᠤ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠳᠤ ᠪᠠᠶᠢᠵᠤ᠂ 1966 ᠣᠨ ᠤ 1 ᠳ᠋ᠦ᠋ᠭᠡᠷ ᠰᠠᠷ᠎ᠠ ᠳᠤ | 70 ᠨᠠᠰᠤᠲᠠᠢ ᠡᠪᠡᠳᠴᠢᠨ ᠢᠶᠠᠷ ᠰᠢᠨᠡᠪᠠᠯᠠᠭᠠᠰᠤᠨ ᠳᠤ ᠨᠠᠰᠤ ᠪᠠᠷᠠᠪᠠ᠃ | | | |