ᠨᠠᠶᠢᠷᠠᠮᠳᠠᠯ ᠢᠶᠠᠷ ᠴᠢᠯᠥᠭᠡᠯᠡᠬᠦ ᠥᠶ᠎ᠡ ᠶᠢᠨ ᠨᠡᠷ᠎ᠡ ᠠᠯᠳᠠᠷᠲᠣ ᠬᠦᠮᠦᠨ— ᠰᠠᠳᠢᠪᠢᠰ
ᠨᠡᠶᠢᠲᠡᠯᠡᠭᠰᠡᠨ ᠴᠠᠭ᠄
2021/1/27
       ᠰᠡᠳᠢᠪᠢᠰ᠂ ᠮᠣᠩᠭᠤᠯ ᠦᠨᠳᠦᠰᠦᠲᠡᠨ᠂ ᠡᠷᠡᠭᠲᠡᠢ᠂ 1895 ᠣᠨ ᠤ 10 ᠳ᠋ᠤᠭᠠᠷ ᠰᠠᠷ᠎ᠠ ᠳᠤ ᠲᠥᠷᠥᠪᠡ᠃ ᠬᠠᠩᠭᠢᠨ ᠬᠤᠰᠢᠭᠤᠨ ᠤ
ᠬᠤᠷᠤᠭᠠᠨᠴᠠᠶᠢᠳᠠᠮ ᠰᠤᠮᠤᠨ ᠳᠤ ᠨᠤᠲᠤᠭ ᠲᠠᠢ᠂ ᠮᠠᠯᠴᠢᠨ᠂ ᠤᠤᠯ ᠤᠨ ᠬᠤᠰᠢᠭᠤ ᠶᠠᠮᠤᠨ ᠤ ᠠᠯᠪᠠᠲᠠᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠶᠤᠯ ᠲᠠᠢ᠂ ᠭᠤᠮᠢᠨᠳᠠᠩ ᠨᠠᠮ ᠤᠨ ᠭᠡᠰᠢᠭᠦᠨ ᠪᠠᠶᠢᠪᠠ᠃      1920 ᠣᠨ ᠳᠤ ᠬᠠᠩᠭᠢᠨ ᠬᠤᠰᠢᠭᠤᠨ ᠤ ᠸᠠᠩ ᠤᠨ ᠣᠷᠳᠤᠨ ᠳᠤ ᠦᠢᠯᠡᠴᠢᠯᠡᠭᠴᠢ ᠶᠢᠨ ᠠᠵᠢᠯ ᠢ ᠬᠢᠵᠦ᠂ 1929 ᠣᠨ ᠳᠤ ᠬᠠᠩᠭᠢᠨ ᠬᠤᠰᠢᠭᠤᠨ ᠤ ᠠᠮᠤᠷ ᠢ ᠬᠠᠮᠠᠭᠠᠯᠠᠬᠤ ᠠᠩᠭᠢ ᠶᠢᠨ ᠨᠢᠭᠡᠳᠦᠭᠡᠷ ᠰᠤᠮᠤᠨ ᠤ ᠰᠤᠮᠤᠨ ᠳᠠᠷᠤᠭ᠎ᠠ᠂ 1949 ᠣᠨ ᠳᠤ ᠬᠠᠩᠭᠢᠨ ᠬᠤᠰᠢᠭᠤᠨ ᠤ ᠠᠮᠤᠷ ᠢ ᠬᠠᠮᠠᠭᠠᠯᠠᠬᠤ ᠠᠩᠭᠢ ᠶᠢᠨ ᠪᠠᠲ᠋ᠠᠯᠢᠶᠤᠨ ᠤ ᠪᠠᠲ᠋ᠠᠯᠢᠶᠤᠨ ᠳᠠᠷᠤᠭ᠎ᠠ᠂ 1948 ᠣᠨ ᠳᠤ ᠬᠠᠩᠭᠢᠨ ᠬᠤᠰᠢᠭᠤᠨ ᠤ ᠶᠠᠮᠤᠨ ᠤ ᠮᠠᠶᠢᠷᠠᠨ ᠵᠠᠩᠭᠢ᠂ 1949 ᠣᠨ ᠤ 2 ᠳ᠋ᠤᠭᠠᠷ ᠰᠠᠷ᠎ᠠ ᠳᠤ ᠬᠠᠩᠭᠢᠨ ᠬᠤᠰᠢᠭᠤᠨ ᠤ ᠬᠤᠰᠢᠭᠤ ᠵᠠᠬᠢᠷᠤᠭᠴᠢ ᠶᠢᠨ ᠲᠤᠰᠢᠶᠠᠯ ᠳᠤ ᠪᠠᠶᠢᠪᠠ᠃ 1949 ᠣᠨ ᠤ《9.19》 ᠤ ᠨᠠᠶᠢᠷᠠᠮᠳᠠᠯ ᠤᠨ ᠪᠣᠰᠤᠯᠭ᠎ᠠ ᠶᠢᠨ ᠳᠠᠷᠠᠭ᠎ᠠ᠂ ᠬᠤᠪᠢᠰᠬᠠᠯ ᠤᠨ ᠠᠵᠢᠯ ᠳᠤ ᠣᠷᠣᠯᠴᠠᠵᠤ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠶᠢᠨ ᠰᠠᠯᠠᠭᠠᠨ ᠳᠠᠷᠤᠭ᠎ᠠ ᠪᠠᠷ ᠲᠣᠮᠢᠯᠠᠭᠳᠠᠵᠤ᠂ 1957 ᠣᠨ ᠠᠴᠠ 1959 ᠣᠨ ᠪᠣᠯᠲᠠᠯ᠎ᠠ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1959 ᠣᠨ ᠠᠴᠠ 1969 ᠣᠨ ᠬᠦᠷᠲᠡᠯ᠎ᠡ ᠳᠤᠮᠳᠠᠳᠤ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠠᠩᠭᠢᠨ ᠬᠤᠰᠢᠭᠤᠨ ᠤ ᠵᠥᠪᠯᠡᠯ ᠤᠨ ᠳᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠪᠠ᠃      ᠰᠤᠶᠤᠯ ᠤᠨ ᠬᠤᠪᠢᠰᠬᠠᠯ ᠤᠨ ᠬᠥᠳᠡᠯᠭᠡᠭᠡᠨ ᠤ ᠳᠤᠮᠳᠠ᠂ ᠬᠡᠲᠦ ᠵᠡᠭᠦᠨ ᠤ ᠦᠵᠡᠯ ᠤᠨ ᠱᠤᠭᠤᠮ ᠤᠨ ᠨᠥᠯᠦᠭᠡᠯᠡᠯ ᠳᠣᠣᠷ᠎ᠠ᠂ ᠠᠩᠭᠢ ᠶᠢᠨ ᠡᠩᠨᠡᠭᠡ ᠶᠢ ᠴᠡᠪᠡᠷᠯᠡᠬᠦ᠂《 ᠮᠠᠯᠲᠠᠵᠤ ᠠᠷᠢᠯᠭᠠᠬᠤ ᠬᠥᠳᠡᠯᠭᠡᠭᠡᠨ》 ᠪᠠ《 ᠰᠢᠨ᠎ᠡ ᠥᠪᠦᠷ ᠮᠣᠩᠭᠤᠯ ᠤᠨ ᠠᠷᠠᠳ ᠤᠨ ᠨᠠᠮ ᠢ ᠮᠠᠯᠲᠠᠬᠤ》 ᠬᠥᠳᠡᠯᠭᠡᠭᠡᠨ ᠳᠤ ᠬᠤᠣᠷᠯᠠᠭᠳᠠᠨ ᠨᠠᠰᠤ ᠪᠠᠷᠠᠪᠠ᠃ ᠲᠤᠬᠠᠢ ᠶᠢᠨ ᠦᠶ᠎ᠡ ᠳᠤ 74 ᠨᠠᠰᠤᠲᠠᠢ᠃ ᠲᠦᠷᠦ ᠶᠢᠨ ᠪᠣᠳᠣᠯᠭ᠎ᠠ ᠶᠢ ᠨᠠᠶᠢᠲᠠᠪᠦᠷᠢᠵᠢᠭᠤᠯᠤᠨ ᠲᠤᠤᠱᠯᠠᠭᠤᠯᠬᠤ ᠳᠤ ᠰᠡᠳᠢᠪᠢᠰ ᠨᠥᠬᠦᠷ ᠲᠤ ᠲᠤᠯᠭᠠᠭᠰᠠᠨ《 ᠬᠢᠯᠢᠰ᠂ ᠪᠤᠷᠤᠭᠤ᠂ ᠬᠤᠳᠠᠯ 》 ᠬᠡᠷᠡᠭ ᠢ ᠲᠤᠶᠢᠯᠪᠦᠷᠢᠲᠡᠢ ᠦᠭᠡᠶᠢᠰᠬᠡᠨ ᠴᠠᠭᠠᠳᠬᠠᠯ ᠬᠢᠵᠦ ᠭᠤᠣᠯᠴᠢ ᠦᠨᠡᠯᠡᠯᠲᠡ ᠶᠢ ᠥᠭᠭᠦᠭᠰᠡᠨ ᠪᠠᠶᠢᠨ᠎ᠠ᠃
ᠢᠷᠡᠯᠲᠡ᠄ ᠬᠠᠩᠭᠢᠨ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ