ᠨᠠᠶᠢᠷᠠᠮᠳᠠᠯ ᠢᠶᠠᠷ ᠴᠢᠯᠥᠭᠡᠯᠡᠬᠦ ᠥᠶ᠎ᠡ ᠶᠢᠨ ᠨᠡᠷ᠎ᠡ ᠠᠯᠳᠠᠷᠲᠣ ᠬᠦᠮᠦᠨ— ᠲᠠᠩ ᠵᠠᠨ ᠬᠠᠢ
ᠨᠡᠶᠢᠲᠡᠯᠡᠭᠰᠡᠨ ᠴᠠᠭ᠄
2021/1/27
     ᠲᠠᠩ ᠵᠠᠨ ᠬᠠᠢ  ᠂ ᠮᠣᠩᠭᠤᠯ ᠦᠨᠳᠦᠰᠦᠲᠡᠨ᠂ ᠡᠷᠡᠭᠲᠡᠢ᠂ ᠮᠣᠩᠭᠤᠯ ᠨᠡᠷ᠎ᠡ ᠪᠠᠲᠤᠨᠠᠰᠤᠨ᠃ 1935 ᠣᠨ ᠳᠤ ᠥᠪᠦᠷ ᠮᠣᠩᠭᠤᠯ ᠤᠨ ᠳᠠᠯᠠᠳ
ᠬᠤᠰᠢᠭᠤᠨ ᠤ ᠤᠰᠠᠷ ᠤᠨ ᠬᠤᠭᠤᠯᠠᠢ ᠭᠡᠳᠡᠭ ᠭᠠᠵᠠᠷ ᠤᠨ ᠲᠠᠷᠢᠶᠠᠴᠢᠨ ᠤ ᠭᠡᠷ ᠲᠤ ᠲᠥᠷᠥᠪᠡ᠃ ᠪᠡᠶ᠎ᠡ ᠶᠢᠨ ᠭᠠᠷᠤᠯ ᠰᠤᠷᠤᠭᠴᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠶᠤᠯ ᠲᠠᠢ᠃      ᠲᠠᠩ ᠵᠠᠨ ᠬᠠᠢ ᠨᠥᠬᠦᠷ 1952 ᠣᠨ ᠤ 2 ᠰᠠᠷ᠎ᠠ ᠳᠤ ᠬᠤᠪᠢᠰᠬᠠᠯ ᠤᠨ ᠠᠵᠢᠯ ᠳᠤ ᠣᠷᠣᠯᠴᠠᠪᠠ᠃ 1954 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠲᠡᠷᠡ᠂ ᠠᠵᠢᠯ ᠳᠤ ᠣᠷᠣᠬᠤ ᠠᠴᠠ ᠡᠮᠦᠨ᠎ᠡ 1951 ᠣᠨ ᠤ 12 ᠳ᠋ᠤᠭᠠᠷ ᠰᠠᠷ᠎ᠠ ᠠᠴᠠ 1952 ᠣᠨ ᠤ 2 ᠳ᠋ᠤᠭᠠᠷ ᠰᠠᠷ᠎ᠠ ᠪᠣᠯᠲᠠᠯ᠎ᠠ ᠤᠰᠠᠷ ᠤᠨ ᠬᠤᠭᠤᠯᠠᠢ ᠰᠢᠶᠠᠩ ᠤᠨ ᠲᠠᠷᠢᠶᠠᠴᠢᠨ ᠤ ᠵᠥᠪᠯᠡᠯ ᠤᠨ ᠡᠷᠬᠢᠯᠡᠭᠴᠢ ᠪᠣᠯᠵᠤ ᠪᠠᠶᠢᠪᠠ᠃ ᠬᠤᠪᠢᠰᠬᠠᠯ ᠤᠨ ᠠᠵᠢᠯ ᠳᠤ ᠣᠷᠣᠯᠴᠠᠭᠰᠠᠨ ᠤ ᠳᠠᠷᠠᠭ᠎ᠠ ᠂ ᠤᠷᠢᠳ ᠬᠤᠵᠢᠳ ᠶᠡᠭᠡ ᠵᠤᠤ ᠠᠶᠢᠮᠠᠭ ᠤᠨ ᠺᠠᠲᠠᠷ ᠤᠨ ᠰᠤᠷᠭᠠᠭᠤᠯᠢ ᠶᠢᠨ ᠠᠵᠢᠯᠲᠠᠨ᠂ ᠭᠠᠵᠠᠷ ᠰᠢᠷᠤᠢ ᠶᠢ ᠥᠭᠡᠷᠡᠴᠢᠯᠡᠬᠦ ᠠᠵᠢᠯ ᠤᠨ ᠳᠤᠭᠤᠶᠢᠯᠠᠩ ᠤᠨ ᠭᠡᠰᠢᠭᠦᠨ᠂ ᠣᠲᠤᠭ ᠬᠤᠰᠢᠭᠤᠨ ᠤ ᠨᠢᠭᠡᠳᠦᠭᠡᠷ ᠨᠤᠲᠤᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠭᠡᠰᠢᠭᠦᠨ᠂ ᠬᠠᠩᠭᠢᠨ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠠᠵᠢᠯᠲᠠᠨ᠂ ᠳᠡᠳ᠋ ᠳᠠᠷᠤᠭ᠎ᠠ᠂ ᠬᠠᠩᠭᠢᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ᠂ ᠬᠠᠩᠭᠢᠨ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠥᠩᠭᠡᠷᠡᠪᠡ᠃      ᠲᠠᠩ ᠵᠠᠨ ᠬᠠᠢ ᠨᠥᠬᠦᠷ ᠬᠤᠪᠢᠰᠬᠠᠯ ᠤᠨ ᠠᠵᠢᠯ ᠳᠤ ᠣᠷᠣᠯᠴᠠᠭᠰᠠᠨ ᠠᠴᠠ ᠡᠬᠢᠯᠡᠨ᠂ ᠨᠠᠮ ᠤᠨ ᠬᠥᠮᠦᠵᠢᠯ ᠰᠤᠷᠭᠠᠯ ᠤᠨ ᠳᠣᠣᠷ᠎ᠠ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ ᠶᠢ ᠴᠢᠷᠮᠠᠶᠢᠨ ᠰᠤᠷᠤᠯᠴᠠᠵᠤ᠂ ᠥᠪᠡᠷ ᠤᠨ ᠶᠢᠷᠲᠢᠨᠴᠦ ᠶᠢᠨ ᠦᠵᠡᠯᠲᠡ ᠪᠠᠨ ᠥᠭᠡᠷᠡᠴᠢᠯᠡᠨ᠂ ᠨᠠᠮ ᠤᠨ ᠦᠢᠯᠡᠰ ᠲᠤ ᠦᠨᠡᠨᠴᠢ ᠰᠢᠳᠦᠷᠭᠤ ᠪᠠᠷ ᠵᠢᠳᠬᠦᠨ᠂ ᠨᠠᠮ ᠤᠨ ᠴᠢᠭᠯᠡᠯᠲᠡ᠂ ᠱᠤᠭᠤᠮ᠂ ᠲᠦᠷᠦ ᠶᠢᠨ ᠪᠣᠳᠣᠯᠭ᠎ᠠ ᠶᠢ ᠡᠷᠡᠰ ᠰᠢᠭᠤᠷᠬᠠᠢ ᠲᠤᠤᠱᠯᠠᠭᠤᠯᠤᠨ ᠬᠡᠷᠡᠭᠵᠢᠭᠦᠯᠵᠦ ᠢᠷᠡᠪᠡ᠃ ᠣᠯᠠᠨ ᠤᠳᠠᠭᠠᠨ ᠤ ᠤᠯᠤᠰ ᠲᠦᠷᠦ ᠶᠢᠨ ᠬᠥᠳᠡᠯᠭᠡᠭᠡᠨ ᠤ ᠳᠤᠮᠳᠠ ᠵᠣᠭᠰᠤᠯᠲᠠ ᠪᠠᠲᠤ᠂ ᠲᠤᠭ ᠲᠡᠮᠲᠡᠭ ᠲᠤᠲᠤᠷᠬᠠᠢ᠂ ᠵᠠᠷᠴᠢᠮ ᠢ ᠪᠠᠷᠢᠮᠲᠠᠯᠠᠨ᠂ ᠵᠣᠷᠢᠭᠲᠠᠢ ᠪᠠᠷ ᠲᠡᠮᠡᠴᠡᠵᠦ᠂ ᠨᠢᠭᠡᠨ ᠬᠤᠪᠢᠰᠬᠠᠯᠲᠤ ᠺᠠᠲᠠᠷ᠂ ᠡᠪ ᠬᠠᠮᠲᠤ ᠨᠠᠮ ᠤᠨ ᠭᠡᠰᠢᠭᠦᠨ ᠤ ᠨᠠᠮ ᠳᠠᠭᠠᠨ ᠦᠨᠡᠨᠴᠢ᠂ ᠠᠷᠠᠳ ᠲᠦᠮᠡᠨ ᠳᠤ ᠪᠠᠨ ᠰᠢᠳᠤᠷᠭᠤ᠂ ᠬᠤᠪᠢᠰᠬᠠᠯ ᠤᠨ ᠦᠢᠯᠡᠰ ᠲᠤ ᠭᠤᠶᠠᠴᠢ ᠦᠭᠡᠢ ᠵᠢᠳᠬᠦᠬᠦ ᠡᠷᠬᠢᠮ ᠳᠡᠭᠡᠳᠦ ᠬᠡᠪ ᠰᠤᠷᠲᠠᠯ ᠢᠶᠠᠨ ᠪᠠᠷᠢᠮᠲᠠᠯᠠᠵᠤ ᠢᠷᠡᠪᠡ᠃ ᠲᠡᠷᠡ᠂ ᠠᠷᠪᠠᠨ ᠵᠢᠯ ᠢ ᠨᠢᠭᠡ ᠯᠠ ᠡᠳᠦᠷ ᠮᠡᠲᠦ᠂ ᠠᠵᠢᠯᠴᠢ  ᠠᠷᠪᠢᠴᠢ᠂ ᠵᠣᠪᠠᠯ ᠵᠦᠳᠡᠯ ᠠᠴᠠ ᠠᠶᠤᠬᠤ ᠦᠭᠡᠢ᠂ ᠬᠦᠯᠢᠴᠡᠩᠭᠦᠢ ᠳᠡᠰᠪᠦᠷᠢᠲᠡᠢ ᠠᠵᠢᠯᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠵᠦ᠂ ᠪᠦᠬᠦᠶᠢᠯᠡ ᠣᠶᠤᠨ ᠴᠢᠳᠠᠪᠦᠷᠢ᠂ ᠬᠥᠯᠦᠰᠦ ᠬᠦᠴᠦ ᠪᠠᠨ ᠨᠠᠮ ᠤᠨ ᠦᠢᠯᠡᠰ ᠲᠤ ᠵᠣᠷᠢᠭᠤᠯᠪᠠ᠃ ᠲᠡᠷᠡ᠂ ᠢᠮᠠᠭᠲᠠ ᠨᠥᠬᠦᠳ ᠲᠠᠢ ᠪᠠᠨ ᠪᠥᠯᠬᠦᠮᠳᠡᠵᠦ᠂ ᠡᠶ᠎ᠡ ᠨᠠᠶᠢᠷᠲᠠᠢ ᠪᠠᠶᠢᠵᠤ᠂ ᠠᠷᠠᠳ ᠣᠯᠠᠨ ᠲᠠᠢ ᠨᠢᠭᠲᠠ ᠬᠠᠷᠢᠯᠴᠠᠨ᠂ ᠲᠥᠪ ᠴᠢᠭᠡᠴᠢ ᠪᠠᠶᠢᠵᠤ᠂ ᠥᠪᠡᠷ ᠤᠨ ᠪᠡᠶ᠎ᠡ ᠪᠠᠨ  ᠳᠡᠭᠡᠳᠦ ᠬᠡᠮᠵᠢᠶ᠎ᠡ ᠪᠠᠷ ᠱᠠᠭᠠᠷᠳᠠᠨ᠂ ᠰᠠᠬᠢᠯᠭ᠎ᠠ ᠳᠦᠷᠢᠮ ᠢ ᠵᠢᠷᠤᠮᠯᠠᠨ ᠪᠡᠶ᠎ᠡ ᠪᠠᠷ ᠬᠡᠪ ᠳᠠᠭᠤᠷᠢᠶᠠᠯ ᠪᠣᠯᠵᠤ᠂ ᠨᠠᠮ ᠤᠨ ᠢᠷᠡᠭᠤ ᠠᠯᠲᠠᠷᠲᠤ ᠤᠳᠤᠮᠰᠢᠯ ᠢ ᠢᠮᠠᠭᠲᠠ ᠵᠠᠯᠭᠠᠮᠵᠢᠯᠠᠨ ᠪᠠᠳᠠᠷᠠᠭᠤᠯᠵᠤ ᠢᠷᠡᠪᠡ᠃ ᠲᠠᠩ ᠵᠠᠨ ᠬᠠᠢ ᠨᠥᠬᠦᠷ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠳᠡᠭ ᠨᠠᠮ ᠤᠨ ᠭᠡᠰᠢᠭᠦᠨ᠂ ᠨᠠᠮ ᠤᠨ ᠰᠠᠶᠢᠨ ᠺᠠᠲᠠᠷ ᠮᠥᠨ ᠭᠡᠳᠡᠭ ᠢ ᠲᠡᠭᠦᠨ ᠤ ᠬᠡᠳᠦᠨ ᠠᠷᠪᠠᠨ ᠵᠢᠯ ᠤᠨ ᠬᠤᠪᠢᠰᠬᠠᠯᠲᠤ ᠲᠡᠮᠡᠴᠡᠯ ᠪᠠ ᠠᠵᠢᠯ ᠤᠨ ᠦᠢᠯᠡᠳᠦᠯᠭᠡ ᠨᠢ ᠪᠦᠷᠢᠨ ᠭᠡᠷᠡᠴᠢᠯᠡᠪᠡ᠃      ᠲᠠᠩ ᠵᠠᠨ ᠬᠠᠢ ᠨᠥᠬᠦᠷ᠂ ᠰᠤᠶᠤᠯ ᠤᠨ ᠶᠡᠭᠡ ᠬᠤᠪᠢᠰᠬᠠᠯ ᠤᠨ ᠠᠷᠪᠠᠨ ᠵᠢᠯ ᠤᠨ ᠰᠠᠮᠠᠭᠤᠷᠠᠯ ᠳᠤᠮᠳᠠ᠂ ᠥᠪᠦᠷ ᠮᠣᠩᠭᠤᠯ ᠳᠤ ᠶᠠᠪᠤᠭᠳᠠᠭᠰᠠᠨ《 ᠮᠠᠯᠲᠠᠵᠤ ᠠᠷᠢᠯᠭᠠᠬᠤ ᠬᠥᠳᠡᠯᠭᠡᠭᠡᠨ》 ᠪᠠ《 ᠰᠢᠨ᠎ᠡ ᠥᠪᠦᠷ ᠮᠣᠩᠭᠤᠯ ᠤᠨ ᠠᠷᠠᠳ ᠤᠨ ᠨᠠᠮ》 ᠢ ᠮᠠᠯᠲᠠᠬᠤ《 ᠬᠢᠯᠢᠰ᠂ ᠬᠤᠳᠠᠯ᠂ ᠪᠤᠷᠤᠭᠤ ᠬᠡᠷᠡᠭ》 ᠲᠤ ᠠᠪᠲᠠᠭᠲᠠᠨ ᠂ 1969 ᠣᠨ ᠤ 2 ᠳ᠋ᠤᠭᠠᠷ ᠰᠠᠷ᠎ᠠ ᠶᠢᠨ 2 ᠤ ᠡᠳᠦᠷ ᠬᠦᠨᠳᠦ ᠭᠡᠴᠡᠭᠦᠦ ᠡᠷᠡᠭᠦᠦ ᠲᠠᠮᠤᠯᠠᠯ ᠢᠶᠠᠷ ᠥᠴᠢᠭᠯᠡᠭᠦᠯᠬᠦ ᠪᠠᠯᠠᠮᠠᠳ ᠠᠵᠢᠯᠯᠠᠭ᠎ᠠ ᠳᠤ ᠬᠤᠣᠷᠯᠠᠭᠳᠠᠨ ᠠᠯᠠᠭᠳᠠᠪᠠ᠃ 1969 ᠣᠨ ᠳᠤ ᠲᠥᠪ ᠤᠨ《5.22》 ᠵᠢᠭᠠᠪᠦᠷᠢ ᠪᠠᠭᠤᠭᠰᠠᠨ ᠤ ᠳᠠᠷᠠᠭ᠎ᠠ᠂ ᠬᠠᠩᠭᠢᠨ ᠬᠤᠰᠢᠭᠤᠨ ᠤ ᠨᠠᠮ ᠤᠨ ᠬᠤᠷᠢᠶ᠎ᠠ ᠠᠴᠠ ᠲᠠᠩ ᠵᠠᠨ ᠬᠠᠢ ᠨᠥᠬᠦᠷ ᠤᠨ ᠠᠰᠠᠭᠤᠳᠠᠯ ᠳᠤ ᠪᠠᠶᠢᠴᠠᠭᠠᠯᠲᠠ ᠬᠢᠵᠦ᠂ ᠬᠠᠩᠭᠢᠨ ᠬᠤᠰᠢᠭᠤᠨ ᠤ ᠨᠠᠮ ᠤᠨ ᠬᠤᠷᠢᠶ᠎ᠠ ︵1975︶ ᠣᠨ ᠤ 74 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠪᠠᠭᠤᠯᠭᠠᠵᠤ᠂ ᠲᠠᠩ ᠵᠠᠨ ᠬᠠᠢ ᠶᠢᠨ ᠠᠰᠠᠭᠤᠳᠠᠯ ᠪᠣᠯ ᠬᠢᠯᠢᠰ᠂ ᠪᠤᠷᠤᠭᠤ ᠬᠡᠷᠡᠭ ᠮᠥᠨ ᠭᠡᠵᠦ ᠤᠯᠤᠰ ᠲᠦᠷᠦ ᠶᠢᠨ ᠳ᠋ᠦᠩᠨᠡᠯᠲᠡ ᠭᠠᠷᠭᠠᠪᠠ᠃ ᠳᠦᠷᠪᠡᠨ ᠬᠥᠮᠦᠨ ᠤ ᠪᠥᠯᠥᠭ ᠰᠦᠢᠷᠡᠭᠰᠡᠨ ᠤ ᠳᠠᠷᠠᠭ᠎ᠠ᠂ ᠲᠦᠷᠦ ᠶᠢᠨ ᠪᠣᠳᠤᠯᠭ᠎ᠠ ᠶᠢ ᠨᠠᠶᠢᠲᠠᠪᠦᠷᠢᠵᠢᠭᠤᠯᠵᠤ᠂《 ᠰᠢᠨ᠎ᠡ ᠥᠪᠦᠷ ᠮᠣᠩᠭᠤᠯ ᠤᠨ ᠠᠷᠠᠳ ᠤᠨ ᠨᠠᠮ》᠂《 ᠬᠢᠯᠢᠰ᠂ ᠬᠤᠳᠠᠯ᠂ ᠪᠤᠷᠤᠭᠤ》 ᠬᠡᠷᠡᠭ ᠢ ᠴᠠᠭᠠᠳᠬᠠᠬᠤ ᠦᠶ᠎ᠡ ᠳᠤ᠂ ᠲᠠᠩ ᠵᠠᠨ ᠬᠠᠢ ᠨᠥᠬᠦᠷ ᠲᠤ ᠣᠯᠭᠤᠭᠰᠠᠨ ᠠᠯᠢᠪᠠ ᠶᠠᠯ᠎ᠠ ᠨᠢᠭᠦᠯ ᠢ ᠪᠦᠷᠢᠮᠦᠰᠦᠨ ᠦᠭᠡᠶᠢᠰᠬᠡᠨ᠂ ᠲᠤᠶᠢᠯᠪᠦᠷᠢᠲᠡᠢ ᠴᠠᠭᠠᠳᠬᠠᠵᠤ᠂ ᠬᠤᠰᠢᠭᠤ ᠨᠠᠮ ᠤᠨ ᠬᠤᠷᠢᠶ᠎ᠠ ᠠᠴᠠ ᠭᠠᠰᠢᠭᠤᠳᠠᠯ ᠤᠨ ᠬᠤᠷᠠᠯ ᠢ ᠲᠤᠰᠬᠠᠶᠢᠯᠠᠨ ᠬᠢᠵᠦ᠂ ᠲᠠᠩ ᠵᠠᠨ ᠬᠠᠢ ᠨᠥᠬᠦᠷ ᠲᠤ ᠨᠢᠭᠡ ᠨᠠᠰᠤᠨ ᠤ ᠭᠤᠣᠯᠴᠢ ᠦᠨᠡᠯᠡᠯᠲᠡ ᠬᠢᠵᠦ ᠥᠭᠪᠡ᠃
ᠢᠷᠡᠯᠲᠡ᠄ ᠬᠠᠩᠭᠢᠨ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ