ᠵᠧᠨ ᠡᠾᠧ᠂ ᠮᠣᠩᠭᠤᠯ ᠦᠨᠳᠦᠰᠦᠲᠡᠨ᠂ ᠡᠷᠡᠭᠲᠡᠢ᠂ ᠮᠣᠩᠭᠤᠯ ᠨᠡᠷ᠎ᠡ ᠪᠣᠶᠠᠨᠰᠦ᠋ᠮᠪᠦᠷ᠃ 1924 ᠣᠨ ᠳᠤ ᠦᠦᠰᠢᠨ ᠬᠤᠰᠢᠭᠤᠨ ᠤ ᠨᠢᠭᠡᠨ ᠮᠠᠯᠴᠢᠨ ᠤ | ᠭᠡᠷ ᠲᠤ ᠲᠥᠷᠥᠪᠡ᠃ 1946 ᠣᠨ ᠳᠤ ᠬᠤᠪᠢᠰᠬᠠᠯ ᠤᠨ ᠠᠵᠢᠯ ᠳᠤ ᠣᠷᠣᠯᠴᠠᠪᠠ᠂ 1947 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ | ᠤᠷᠢᠳ ᠬᠤᠵᠢᠳ ᠶᠡᠭᠡ ᠵᠤᠤ ᠠᠶᠢᠮᠠᠭ ᠤᠨ ᠴᠡᠷᠢᠭ ᠤᠨ ᠲᠣᠭᠤᠷᠢᠭ ᠤᠨ ᠬᠤᠶᠠᠳᠤᠭᠠᠷ ᠰᠠᠯᠪᠦᠷᠢ ᠠᠩᠭᠢ ᠶᠢᠨ ᠳᠠᠷᠤᠭ᠎ᠠ᠂ ᠳᠤᠮᠳᠠ ᠠᠩᠭᠢ ᠶᠢᠨ ᠵᠢᠭᠠᠨ | ᠵᠢᠯᠤᠭᠤᠳᠤᠭᠴᠢ᠂ ᠬᠠᠩᠭᠢᠨ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠦᠨᠲ ᠤᠨ ᠳᠠᠷᠤᠭ᠎ᠠ᠂ ᠬᠤᠰᠢᠭᠤ ᠳᠡᠳ᠋ ᠳᠠᠷᠤᠭ᠎ᠠ᠂ ᠬᠤᠰᠢᠭᠤ ᠳᠠᠷᠤᠭ᠎ᠠ ᠵᠡᠷᠭᠡ | ᠲᠤᠰᠢᠶᠠᠯ ᠢ ᠬᠠᠷᠢᠭᠤᠴᠠᠵᠤ᠂ ᠬᠠᠩᠭᠢᠨ ᠬᠤᠰᠢᠭᠤᠨ ᠤ ᠬᠤᠶᠠᠳᠤᠭᠠᠷ᠂ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠳᠡᠭᠡᠷ᠎ᠡ᠂ | ᠬᠤᠰᠢᠭᠤ ᠨᠠᠮ ᠤᠨ ᠬᠤᠷᠢᠶ᠎ᠠ ᠶᠢᠨ ᠭᠡᠰᠢᠭᠦᠨ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠰᠤᠩᠭᠤᠭᠳᠠᠪᠠ᠃ | ᠵᠧᠨ ᠡᠾᠧ ᠨᠥᠬᠦᠷ ᠬᠤᠷᠠᠯ ᠳᠤ ᠣᠷᠣᠯᠴᠠᠵᠤ ᠠᠵᠢᠯ ᠤᠨ ᠪᠠᠶᠢᠷᠢᠯᠠᠭᠤᠯᠤᠯᠲᠠ ᠬᠢᠵᠦ ᠪᠠᠶᠢᠬᠤ ᠳᠠᠭᠠᠨ ᠴᠢᠰᠤᠨ ᠳᠠᠷᠤᠯᠲᠠ ᠦᠨᠳᠦᠷ ᠪᠣᠯᠵᠤ ᠲᠠᠷᠢᠬᠢᠨ ᠳᠤ | ᠴᠢᠰᠤ ᠬᠠᠷᠪᠤᠬᠤ ᠡᠪᠡᠳᠴᠢᠨ ᠢᠶᠠᠷ 1974 ᠣᠨ ᠤ 5 ᠳ᠋ᠤᠭᠠᠷ ᠰᠠᠷ᠎ᠠ ᠶᠢᠨ 30 ᠤ ᠡᠳᠦᠷ ᠤᠨ 7 ᠴᠠᠭ ᠤᠨ 40 ᠮᠢᠨᠦ᠋ᠲ ᠲᠤ ᠨᠠᠰᠤ ᠪᠠᠷᠠᠪᠠ᠂ ᠲᠤᠰ ᠵᠢᠯ | ᠨᠠᠰᠤᠨ ᠰᠡᠭᠦᠳᠡᠷ 51 ᠨᠠᠰᠤ ᠲᠠᠢ᠃ | ᠵᠧᠨ ᠡᠾᠧ ᠨᠥᠬᠦᠷ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠳᠡᠭ ᠨᠠᠮ ᠤᠨ ᠭᠡᠰᠢᠭᠦᠨ ᠶᠤᠮ᠃ ᠲᠡᠷᠡ ᠬᠤᠷᠢᠨ ᠨᠠᠢᠮᠠᠨ ᠵᠢᠯ ᠲᠤᠷᠰᠢ᠂ | ᠠᠭᠤᠤ ᠶᠡᠭᠡ ᠤᠳᠤᠷᠢᠳᠤᠭᠴᠢ ᠮᠠᠤ ᠽᠧ ᠳ᠋ᠦᠩ ᠲᠡᠷᠢᠭᠦᠯᠡᠭᠴᠢ ᠪᠣᠯᠣᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠠᠮ ᠤᠨ ᠴᠢᠭᠯᠡᠯᠲᠡ᠂ ᠱᠤᠭᠤᠮ | ᠂ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠢᠷᠡᠪᠡ᠃ ᠴᠢᠯᠦᠭᠡᠯᠡᠬᠦ ᠳᠠᠶᠢᠨ ᠤ ᠦᠶ᠎ᠡ ᠳᠤ ᠵᠣᠭᠰᠤᠯᠲᠠ ᠪᠠᠲᠤ᠂ ᠳᠠᠶᠢᠨ ᠪᠠᠶᠢᠯᠳᠤᠭᠠᠨ ᠳᠤ ᠡᠷᠡᠯᠬᠡᠭ | ᠪᠠᠭᠠᠲᠤᠷᠯᠢᠭ ᠢᠶᠠᠷ ᠣᠷᠣᠯᠴᠠᠵᠤ᠂ ᠬᠤᠪᠢᠰᠬᠠᠯ ᠤᠨ ᠵᠠᠩᠭᠢᠯᠠᠭ᠎ᠠ ᠶᠢᠨ ᠦᠶ᠎ᠡ ᠳᠤ ᠨᠠᠮ ᠤᠨ ᠲᠠᠯ᠎ᠠ ᠳᠤ ᠵᠣᠭᠰᠤᠨ ᠵᠠᠷᠴᠢᠮ ᠢ ᠪᠠᠷᠢᠮᠲᠠᠯᠠᠨ ᠠᠵᠢᠯᠯᠠᠵᠠᠢ᠃ ᠪᠦᠬᠦ | ᠤᠯᠤᠰ ᠴᠢᠯᠦᠭᠡᠯᠡᠭᠳᠡᠭᠰᠡᠨ ᠤ ᠳᠠᠷᠠᠭ᠎ᠠ᠂ ᠨᠡᠶᠢᠭᠡᠮ ᠵᠢᠷᠤᠮᠲᠤ ᠬᠤᠪᠢᠰᠬᠠᠯ ᠪᠠ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠴᠢᠷᠮᠠᠶᠢᠨ ᠵᠢᠳᠬᠦᠨ | ᠠᠵᠢᠯᠯᠠᠵᠤ᠂ ᠬᠠᠲᠠᠭᠤᠵᠢᠯᠲᠠᠢ ᠲᠡᠮᠡᠴᠡᠨ᠂ ᠲᠥᠪ ᠴᠢᠭᠡᠴᠢ ᠪᠠᠶᠢᠵᠤ᠂ ᠨᠥᠬᠦᠳ ᠲᠠᠢ ᠪᠠᠨ ᠪᠥᠯᠬᠦᠮᠳᠡᠨ᠂ ᠡᠶᠠᠯᠰᠡᠭ ᠨᠠᠶᠢᠷᠲᠠᠢ ᠶᠠᠪᠤᠯᠴᠠᠨ᠂ ᠨᠠᠮ ᠤᠨ ᠣᠯᠠᠨ | ᠲᠦᠮᠡᠨ ᠲᠠᠢ ᠨᠢᠭᠲᠠ ᠬᠠᠷᠢᠯᠴᠠᠬᠤ ᠰᠤᠷᠲᠠᠯ ᠢ ᠵᠠᠯᠭᠠᠮᠵᠢᠯᠠᠨ ᠪᠠᠳᠠᠷᠠᠭᠤᠯᠪᠠ᠃ ᠲᠡᠷᠡ ᠡᠪᠡᠳᠴᠢᠨ ᠲᠠᠢ ᠪᠠᠷ ᠤᠷᠲᠤ ᠬᠤᠭᠤᠴᠠᠭ᠎ᠠ ᠴᠢᠷᠮᠠᠶᠢᠨ ᠠᠵᠢᠯᠯᠠᠭᠰᠠᠨ ᠠᠴᠠ | ᠬᠠᠮᠤᠭ ᠡᠴᠦᠰ ᠲᠤ ᠠᠵᠢᠯ ᠤᠨ ᠪᠠᠶᠢᠷᠢ ᠳᠡᠭᠡᠷ᠎ᠡ ᠪᠠᠨ ᠨᠠᠰᠤ ᠪᠠᠷᠠᠵᠤ᠂ ᠥᠪᠡᠷ ᠤᠨ ᠠᠯᠢᠪᠠ ᠪᠦᠬᠦᠨ ᠢᠶᠠᠨ ᠬᠤᠪᠢᠰᠬᠠᠯ ᠤᠨ ᠦᠢᠯᠡᠰ ᠲᠤ ᠵᠣᠷᠢᠭᠤᠯᠪᠠ᠃ | | |