ᠨᠠᠶᠢᠷᠠᠮᠳᠠᠯ ᠢᠶᠠᠷ ᠴᠢᠯᠥᠭᠡᠯᠡᠬᠦ ᠥᠶ᠎ᠡ ᠶᠢᠨ ᠨᠡᠷ᠎ᠡ ᠠᠯᠳᠠᠷᠲᠣ ᠬᠦᠮᠦᠨ — ᠴᠢ ᡁᠢ ᠮᠢᠨ
ᠨᠡᠶᠢᠲᠡᠯᠡᠭᠰᠡᠨ ᠴᠠᠭ᠄
2021/1/27
    ᠴᠢ ᡁᠢ ᠮᠢᠨ᠂ ᠡᠷᠡᠭᠲᠡᠢ᠂ ᠮᠣᠩᠭᠤᠯ ᠦᠨᠳᠦᠰᠦᠲᠡᠨ᠂ ᠮᠣᠩᠭᠤᠯ ᠨᠡᠷ᠎ᠡ ᠠᠮᠤᠷᠯᠢᠩᠭᠤᠢ᠃ 1926 ᠣᠨ ᠤ 8 ᠳ᠋ᠤᠭᠠᠷ ᠰᠠᠷ᠎ᠠ ᠳᠤ ᠲᠥᠷᠥᠪᠡ᠂ ᠶᠡᠭᠡ ᠵᠤᠤ
ᠠᠶᠢᠮᠠᠭ ᠤᠨ ᠦᠦᠰᠢᠨ ᠬᠤᠰᠢᠭᠤᠨ ᠤ ᠱᠠᠷᠯᠢᠭ ᠰᠤᠮᠤᠨ ᠤ ᠬᠥᠮᠦᠨ᠃ 1945 ᠣᠨ ᠤ 5 ᠳ᠋ᠤᠭᠠᠷ ᠰᠠᠷ᠎ᠠ ᠳᠤ ᠠᠮᠤᠷᠯᠢᠩᠭᠤᠢ ᠠᠷᠪᠠᠨ ᠵᠢᠷᠭᠤᠭᠠᠨ ᠨᠠᠰᠤᠲᠠᠢ ᠬᠤᠪᠢᠰᠬᠠᠯ ᠤᠨ ᠭᠤᠯᠤᠮᠲᠠ ᠶᠠᠨ ᠠᠨ ᠳᠤ ᠬᠦᠷᠴᠦ ᠪᠠᠷᠠᠭᠤᠨ ᠣᠷᠣᠨ ᠤ ᠦᠨᠳᠦᠰᠦᠲᠡᠨ ᠤ ᠶᠡᠭᠡ ᠰᠤᠷᠭᠠᠭᠤᠯᠢ ᠳᠤ ᠰᠤᠷᠤᠯᠴᠠᠨ᠂ ᠬᠤᠪᠢᠰᠬᠠᠯ ᠤᠨ ᠠᠵᠢᠯ ᠳᠤ ᠣᠷᠣᠯᠴᠠᠪᠠ᠃ 1947 ᠣᠨ ᠤ 4 ᠳ᠋ᠦ᠋ᠭᠡᠷ ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠴᠢᠯᠦᠭᠡᠯᠡᠭᠳᠡᠬᠦ ᠠᠴᠠ ᠡᠮᠦᠨ᠎ᠡ ᠨᠠᠮ ᠠᠴᠠ ᠲᠡᠭᠦᠨ ᠢ ᠤᠷᠢᠳ ᠬᠤᠵᠢᠳ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠶᠠᠨ ᠠᠨ ᠤ ᠪᠠᠷᠠᠭᠤᠨ ᠣᠷᠣᠨ ᠤ ᠨᠠᠮ ᠤᠨ ᠰᠤᠷᠭᠠᠭᠤᠯᠢ ᠳᠤ ᠰᠤᠷᠤᠯᠴᠠᠭᠤᠯᠵᠤ᠂ ᠤᠷᠲᠤ ᠬᠤᠭᠤᠴᠠᠭ᠎ᠠ ᠪᠠᠷ ᠬᠥᠮᠦᠵᠢᠭᠦᠯᠦᠨ ᠪᠣᠶᠢᠵᠢᠭᠤᠯᠪᠠ᠃ 1949 ᠣᠨ ᠤ 11 ᠳ᠋ᠦ᠋ᠭᠡᠷ ᠰᠠᠷ᠎ᠠ ᠠᠴᠠ ᠡᠬᠢᠯᠡᠵᠦ ᠵᠠᠰᠠᠭ ᠵᠠᠬᠢᠷᠭᠠᠨ ᠤ ᠠᠵᠢᠯ ᠳᠤ ᠣᠷᠣᠯᠴᠠᠵᠤ᠂ ᠶᠡᠭᠡ ᠵᠤᠤ ᠠᠶᠢᠮᠠᠭ ᠤᠨ ᠪᠠᠷᠠᠭᠤᠨ ᠣᠷᠣᠨ ᠤ ᠨᠠᠮ ᠤᠨ ᠬᠤᠷᠢᠶᠠᠨ ᠤ ᠪᠢᠴᠢᠭᠡᠴᠢ ᠪᠣᠯᠪᠠ᠃ 1949 ᠣᠨ ᠤ 1 ᠳ᠋ᠦ᠋ᠭᠡᠷ ᠰᠠᠷ᠎ᠠ ᠳᠤ ᠠᠮᠤᠷᠯᠢᠩᠭᠤᠢ ᠦᠦᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠳᠤ ᠲᠣᠮᠢᠯᠠᠭᠳᠠᠪᠠ᠃ 1952 ᠣᠨ ᠤ 1 ᠳ᠋ᠦ᠋ᠭᠡᠷ ᠰᠠᠷ᠎ᠠ ᠳᠤ ᠵᠣᠬᠢᠶᠠᠨ ᠪᠠᠶᠢᠭᠤᠯᠤᠯᠲᠠ ᠠᠴᠠ ᠪᠠᠰᠠ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠳᠤ ᠲᠣᠮᠢᠯᠠᠨ ᠰᠤᠷᠤᠯᠴᠠᠭᠤᠯᠪᠠ᠃ 1953 ᠣᠨ ᠤ 3 ᠳ᠋ᠤᠭᠠᠷ ᠰᠠᠷ᠎ᠠ ᠳᠤ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠳᠡᠳ᠋ ᠬᠤᠰᠢᠭᠤ ᠳᠠᠷᠤᠭ᠎ᠠ ᠪᠠᠷ ᠲᠣᠮᠢᠯᠠᠭᠳᠠᠨ ᠢᠷᠡᠪᠡ᠃ 1956 ᠣᠨ ᠤ 1 ᠳ᠋ᠦ᠋ᠭᠡᠷ ᠰᠠᠷ᠎ᠠ ᠳᠤ ᠶᠡᠭᠡ ᠵᠤᠤ ᠠᠶᠢᠮᠠᠭ ᠤᠨ ᠮᠠᠯ ᠲᠠᠷᠢᠶᠠᠯᠠᠩ ᠤᠨ ᠬᠡᠯᠲᠡᠰ ᠤᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1957 ᠣᠨ ᠤ 8 ᠳ᠋ᠤᠭᠠᠷ ᠰᠠᠷ᠎ᠠ ᠳᠤ ᠬᠤᠶᠠᠳᠡᠬᠢ ᠤᠳᠠᠭ᠎ᠠ ᠬᠠᠩᠭᠢᠨ ᠬᠤᠰᠢᠭᠤᠨ ᠳᠤ ᠢᠷᠡᠵᠦ᠂ ᠬᠠᠩᠭᠢᠨ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠪᠡ᠃ 1960 ᠣᠨ ᠤ 4 ᠳ᠋ᠦ᠋ᠭᠡᠷ ᠰᠠᠷ᠎ᠠ ᠠᠴᠠ ᠬᠠᠩᠭᠢᠨ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ᠂ ᠬᠠᠩᠭᠢᠨ ᠬᠤᠰᠢᠭᠤᠨ ᠤ ᠠᠷᠠᠳ ᠤᠨ ᠵᠡᠪᠰᠡᠭᠲᠦ ᠬᠡᠯᠲᠡᠰ ᠤᠨ ᠨᠢᠭᠡᠳᠦᠭᠡᠷ ᠺᠤᠮᠢᠰᠰᠡᠷ ᠤᠨ ᠲᠤᠰᠢᠶᠠᠯ ᠳᠤ ᠲᠣᠮᠢᠯᠠᠭᠳᠠᠪᠠ᠃ 1961 ᠣᠨ ᠠᠴᠠ 1962 ᠣᠨ ᠪᠣᠯᠲᠠᠯ᠎ᠠ ᠬᠠᠩᠭᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠪᠡ᠃ ᠡᠨᠡᠬᠦ ᠬᠤᠭᠤᠴᠠᠭᠠᠨ ᠳᠤ ᠳᠤᠮᠳᠠᠳᠤ ᠤᠯᠤᠰ ᠤᠨ ᠶᠡᠭᠡ ᠵᠤᠤ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠰᠤᠩᠭᠤᠭᠳᠠᠪᠠ᠃ 1963 ᠣᠨ ᠳᠤ ᠵᠠᠰᠠᠭ ᠵᠠᠬᠢᠷᠭᠠᠨ ᠤ 13 ᠲᠡᠰ ᠤᠨ ᠺᠠᠲᠠᠷ ᠪᠣᠯᠣᠨ ᠳᠡᠪᠰᠢᠭᠳᠡᠪᠡ᠃ ᠵᠡᠷᠭᠡ ᠲᠡᠰ ᠳᠡᠪᠰᠢᠭᠰᠡᠨ ᠴᠠᠯᠢᠩ ᠤᠨ ᠣᠯᠭᠤᠮᠵᠢ ᠶᠢᠨ ᠰᠠᠷ᠎ᠠ ᠪᠦᠷᠢ ᠶᠢᠨ 18 ᠲᠥᠭᠦᠷᠢᠭ ᠢᠶᠠᠨ ᠨᠠᠮ ᠤᠨ ᠰᠦᠢᠳᠬᠡᠯ ᠪᠣᠯᠭᠠᠨ ᠲᠤᠰᠢᠶᠠᠵᠤ᠂ ᠪᠦᠬᠦᠨ ᠢ ᠨᠠᠮ ᠳᠠᠭᠠᠨ ᠡᠷᠭᠦᠪᠡ᠃      ᠠᠮᠤᠷᠯᠢᠩᠭᠤᠢ ᠨᠥᠬᠦᠷ ᠬᠤᠪᠢᠰᠬᠠᠯ ᠤᠨ ᠠᠵᠢᠯ ᠳᠤ ᠣᠷᠣᠯᠴᠠᠭᠰᠠᠨ ᠠᠴᠠ ᠢᠨᠠᠭᠰᠢ᠂ ᠨᠠᠮ ᠳᠠᠭᠠᠨ ᠦᠨᠡᠨᠴᠢ᠂ ᠠᠷᠠᠳ ᠲᠦᠮᠡᠨ ᠳᠤ ᠪᠠᠨ ᠰᠢᠳᠤᠷᠭᠤ᠂ ᠦᠨᠡᠨ ᠶᠤᠰᠤ ᠶᠢ ᠪᠠᠷᠢᠮᠲᠠᠯᠠᠨ᠂ ᠵᠣᠭᠰᠤᠯᠲᠠ ᠪᠠᠲᠤ᠂ ᠲᠤᠭ ᠲᠡᠮᠲᠡᠭ ᠲᠤᠲᠤᠷᠬᠠᠢ᠂ ᠵᠠᠷᠴᠢᠮ ᠢ ᠪᠠᠷᠢᠮᠲᠠᠯᠠᠨ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠤᠯᠭ᠎ᠠ ᠶᠢ ᠵᠢᠱᠢᠶᠡᠴᠢ ᠪᠠᠷ ᠬᠡᠷᠡᠭᠵᠢᠭᠦᠯᠦᠨ ᠲᠤᠤᠱᠯᠠᠭᠤᠯᠵᠤ᠂ ᠶᠠᠮᠠᠷ ᠴᠦ ᠴᠠᠭ ᠦᠶ᠎ᠡ᠂ ᠶᠠᠮᠠᠷ ᠴᠦ ᠭᠠᠵᠠᠷ ᠣᠷᠣᠨ ᠳᠤ  ᠠᠵᠢᠯᠯᠠᠭᠰᠠᠨ ᠴᠦ ᠦᠨᠡᠨᠴᠢ ᠰᠡᠳᠬᠢᠯ ᠢᠶᠠᠷ᠂ ᠥᠪᠡᠷ ᠢ ᠪᠠᠨ ᠮᠠᠷᠲᠠᠨ ᠠᠵᠢᠯᠯᠠᠵᠤ᠂ ᠨᠠᠮ ᠤᠨ ᠢᠲᠡᠭᠡᠯ ᠪᠠ ᠣᠯᠠᠨ ᠲᠦᠮᠡᠨ ᠤ ᠬᠦᠷᠢᠶᠡᠯᠡᠯ ᠢ ᠣᠯᠵᠤ ᠶᠠᠪᠤᠪᠠ᠃      ᠠᠮᠤᠷᠯᠢᠩᠭᠤᠢ ᠨᠥᠬᠦᠷ ᠬᠠᠩᠭᠢᠨ ᠬᠤᠰᠢᠭᠤᠨ ᠳᠤ ᠠᠷᠪᠠᠨ ᠲᠠᠪᠤᠨ ᠵᠢᠯ ᠠᠵᠢᠯᠯᠠᠪᠠ᠃ ᠠᠷᠪᠠᠨ ᠲᠠᠪᠤᠨ ᠵᠢᠯ ᠶᠢᠨ ᠲᠤᠷᠰᠢ ᠲᠡᠷᠡ ᠬᠠᠩᠭᠢᠨ ᠬᠤᠰᠢᠭᠤᠨ ᠤ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠴᠡᠴᠡᠭᠯᠡᠯᠲᠡ ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠭᠦᠯᠪᠡ᠃ ᠲᠡᠷᠡ ᠪᠦᠬᠦ ᠬᠤᠰᠢᠭᠤᠨ ᠤ ᠠᠷᠠᠳ ᠲᠦᠮᠡᠨ ᠢ ᠤᠳᠤᠷᠢᠳᠤᠨ᠂ ᠬᠠᠪᠰᠤᠷᠤᠯᠴᠠᠬᠤ ᠳᠤᠭᠤᠶᠢᠯᠠᠩ᠂ ᠬᠤᠷᠰᠢᠶᠠᠵᠢᠯ ᠠᠴᠠ ᠠᠷᠠᠳ ᠤᠨ ᠨᠢᠭᠡᠳᠦᠯᠵᠢᠯᠲᠡ ᠶᠢ ᠪᠡᠶᠡᠯᠡᠭᠦᠯᠦᠨ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠶᠡᠭᠡ ᠵᠠᠮ ᠢᠶᠠᠷ ᠲᠠᠰᠤᠷᠠᠯᠲᠠ ᠦᠭᠡᠢ ᠤᠷᠤᠭᠰᠢᠯᠠᠵᠤ ᠢᠷᠡᠪᠡ᠃ ᠠᠷᠪᠠᠨ ᠲᠠᠪᠤᠨ ᠵᠢᠯ ᠤᠨ ᠲᠤᠷᠰᠢ᠂ ᠠᠮᠤᠷᠯᠢᠩᠭᠤᠢ ᠨᠥᠬᠦᠷ ᠬᠠᠩᠭᠢᠨ ᠬᠤᠰᠢᠭᠤᠨ ᠤ ᠠᠭᠤᠯᠠ ᠤᠰᠤ ᠶᠢ ᠪᠠᠷᠠᠲᠠᠯ᠎ᠠ ᠶᠠᠪᠤᠵᠤ᠂ ᠬᠠᠩᠭᠢᠨ ᠤ ᠭᠠᠵᠠᠷ ᠣᠷᠣᠨ ᠤ ᠪᠣᠳᠠᠲᠤ ᠪᠠᠶᠢᠳᠠᠯ ᠢ ᠭᠦᠨᠵᠡᠭᠡᠶᠢᠷᠡᠨ ᠣᠶᠢᠯᠭᠠᠭᠰᠠᠨ ᠤ ᠰᠠᠭᠤᠷᠢᠨ ᠳᠡᠭᠡᠷ᠎ᠡ ᠬᠠᠩᠭᠢᠨ ᠬᠤᠰᠢᠭᠤᠨ ᠤ ᠮᠠᠯ ᠲᠠᠷᠢᠶᠠᠯᠠᠩ ᠤᠨ ᠪᠥᠲᠦᠭᠡᠨ ᠪᠠᠶᠢᠭᠤᠯᠤᠯᠲᠠ ᠳᠤ ᠲᠣᠬᠢᠷᠠᠭᠤᠯᠤᠯᠲᠠ ᠬᠢᠵᠦ᠂ ᠭᠠᠩ ᠬᠠᠭᠤᠷᠠᠢ ᠬᠥᠳᠡᠭᠡ ᠣᠷᠣᠨ ᠳᠤ ᠡᠪᠡᠰᠦ ᠮᠣᠳᠤ ᠲᠠᠷᠢᠵᠤ᠂ ᠪᠦᠷᠬᠦᠪᠴᠢ ᠤᠷᠭᠤᠮᠠᠯ ᠢ ᠰᠡᠷᠭᠦᠭᠡᠵᠦ᠂ ᠣᠢ ᠰᠢᠭᠤᠢ ᠪᠠ ᠮᠠᠯ ᠠᠵᠤ ᠠᠬᠤᠢ ᠪᠠᠷ ᠭᠤᠣᠯ ᠦᠢᠯᠡᠳᠪᠦᠷᠢᠯᠡᠯ ᠪᠣᠯᠭᠠᠪᠠ᠃ ᠬᠠᠲᠤᠨ ᠭᠤᠣᠯ ᠳᠠᠭᠠᠤ ᠣᠷᠣᠨ ᠢ ᠤᠰᠤᠨ ᠠᠰᠢᠭᠯᠠᠯᠲᠠ᠂ ᠲᠠᠷᠢᠶᠠᠯᠠᠩ ᠦᠢᠯᠡᠳᠪᠦᠷᠢᠯᠡᠯ ᠢ ᠡᠷᠬᠢᠯᠡᠬᠦ ᠪᠠᠷ ᠭᠤᠣᠯ ᠪᠣᠯᠭᠠᠵᠤ᠂ ᠬᠥᠳᠡᠭᠡ ᠲᠤᠰᠬᠤᠨ ᠤ ᠠᠵᠤ ᠠᠬᠤᠢ ᠶᠢ ᠬᠥᠭᠵᠢᠭᠦᠯᠬᠦ ᠲᠥᠯᠥᠪᠵᠢᠭᠦᠯᠭᠡ ᠶᠢ ᠪᠡᠶᠡᠯᠡᠭᠦᠯᠬᠦ ᠪᠠᠷ ᠬᠠᠩᠭᠢᠨ ᠬᠤᠰᠢᠭᠤᠨ ᠤ ᠬᠥᠳᠡᠭᠡ ᠣᠷᠣᠨ ᠤ ᠲᠠᠷᠢᠶᠠᠴᠢᠳ ᠢ ᠬᠠᠲᠤᠨ ᠭᠤᠣᠯ ᠳᠠᠭᠠᠤ ᠣᠷᠣᠨ ᠳᠤ ᠰᠢᠯᠵᠢᠭᠦᠯᠬᠦ ᠠᠯᠤᠰ ᠬᠡᠳᠦ ᠶᠢᠨ ᠠᠴᠢ ᠬᠤᠯᠪᠤᠭᠳᠠᠯ ᠲᠠᠢ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠦᠬᠦ ᠬᠤᠰᠢᠭᠤᠨ ᠤ ᠺᠠᠲᠠᠷ ᠣᠯᠠᠨ ᠲᠦᠮᠡᠨ ᠲᠠᠢ ᠬᠠᠮᠲᠤ ᠪᠠᠷ ᠲᠡᠮᠡᠴᠡᠨ ᠠᠵᠢᠯᠯᠠᠵᠤ ᠡᠨᠡᠬᠦ ᠠᠷᠠᠳ ᠲᠦᠮᠡᠨ ᠤ ᠠᠰᠢᠭ ᠲᠤᠰᠠ ᠳᠤ ᠰᠢᠭᠤᠳ ᠬᠤᠯᠪᠤᠭᠳᠠᠬᠤ ᠠᠵᠢᠯᠯᠠᠭ᠎ᠠ ᠪᠠᠨ ᠲᠥᠯᠥᠪᠯᠡᠭᠡ ᠶᠤᠰᠤᠭᠠᠷ ᠪᠡᠶᠡᠯᠡᠭᠦᠯᠪᠡ᠃ ᠶᠡᠭᠡ ᠵᠤᠤ ᠠᠶᠢᠮᠠᠭ ᠤᠨ ᠲᠡᠦᠬᠡᠨ ᠳᠤ ᠭᠠᠷᠤᠭᠠᠳᠤᠢ 1965 ᠣᠨ ᠤ ᠪᠠᠶᠢᠭᠠᠯᠢ ᠶᠢᠨ ᠶᠡᠭᠡ ᠭᠠᠩ ᠭᠠᠮᠰᠢᠭ ᠲᠤ ᠠᠮᠤᠷᠯᠢᠩᠭᠤᠢ ᠨᠥᠬᠦᠷ ᠭᠠᠮᠰᠢᠭ ᠢ ᠡᠰᠡᠷᠭᠦᠴᠡᠨ ᠮᠠᠯ ᠢᠶᠠᠨ ᠠᠪᠤᠷᠠᠵᠤ᠂ ᠬᠠᠮᠲᠤ ᠨᠡᠶᠢᠲᠡ ᠪᠠ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ 1965 ᠣᠨ ᠤ 2 ᠰᠠᠷ᠎ᠠ ᠳᠤ ᠪᠦᠬᠦ ᠬᠠᠩᠭᠢᠨ ᠬᠤᠰᠢᠭᠤᠨ ᠤ ᠭᠠᠮᠰᠢᠭ ᠢ ᠡᠰᠡᠷᠭᠦᠴᠡᠬᠦ ᠬᠤᠷᠠᠯ ᠢ ᠪᠠᠶ᠋ᠬᠠᠩᠭᠡᠷ ᠰᠤᠮᠤᠨ ᠳᠤ ᠬᠢᠵᠦ᠂ ᠪᠤᠳᠠᠲᠠᠢ ᠪᠠᠶᠢᠷᠢᠰᠢᠭᠤᠯᠤᠯᠲᠠ ᠲᠣᠬᠢᠷᠠᠭᠤᠯᠤᠯᠲᠠ ᠬᠢᠪᠡ᠃ ᠲᠡᠷᠡ ᠭᠠᠩ ᠭᠠᠮᠰᠢᠭ ᠲᠠᠢ ᠲᠡᠮᠡᠴᠡᠬᠦ ᠳᠠᠶᠢᠯᠠᠯᠳᠤᠭᠠᠨ ᠳᠤ ᠪᠡᠶ᠎ᠡ ᠪᠠᠷ ᠢᠶᠠᠨ ᠭᠠᠪᠰᠢᠭᠠᠶᠢᠯᠠᠨ ᠣᠷᠣᠯᠴᠠᠵᠤ᠂ ᠥᠪᠡᠷ ᠤᠨ ᠪᠡᠶ᠎ᠡ ᠪᠠᠨ ᠥᠴᠦᠬᠡᠨ ᠴᠦ ᠪᠣᠳᠣᠬᠤ ᠦᠭᠡᠢ᠂ ᠥᠷᠭᠡᠨ ᠣᠯᠠᠨ ᠮᠠᠯᠴᠢᠳ ᠲᠠᠢ ᠬᠠᠮᠲᠤ ᠢᠳᠡᠵᠦ ᠬᠠᠮᠲᠤ ᠰᠠᠭᠤᠨ᠂ ᠵᠣᠪᠠᠯ ᠵᠦᠳᠡᠯ ᠢᠶᠠᠨ ᠬᠠᠮᠳᠤᠳᠬᠠᠨ᠂ 1965 ᠣᠨ ᠤ ᠡᠪᠦᠯ᠂ ᠬᠥᠪᠴᠢ ᠶᠢᠨ ᠡᠯᠡᠰᠦᠨ ᠳᠠᠬᠢ ᠬᠠᠮᠤᠭ ᠪᠣᠶᠢᠳᠠ ᠪᠥᠭᠯᠡᠭᠦᠦ᠂ ᠭᠠᠩ ᠬᠠᠭᠤᠷᠠᠢ ᠰᠠᠶᠢᠬᠤᠰᠤ ᠰᠤᠮᠤᠨ ᠤ ᠮᠠᠯᠴᠢᠨ ᠤ ᠭᠡᠷ ᠲᠤ ᠰᠢᠨᠡᠯᠡᠵᠦ᠂ ᠮᠠᠯᠴᠢᠳ ᠲᠠᠢ ᠬᠠᠮᠲᠤ ᠠᠷᠭ᠎ᠠ ᠪᠦᠬᠦᠨ ᠢ ᠰᠦᠪᠡᠭᠴᠢᠯᠡᠨ᠂ ᠡᠪᠡᠰᠦᠨ ᠬᠤᠭ ᠢ ᠱᠦᠭᠦᠷᠳᠡᠵᠦ ᠮᠠᠯᠲᠠᠨ ᠮᠠᠯ ᠲᠡᠵᠢᠭᠡᠬᠦ ᠲᠤᠷᠰᠢᠯᠭ᠎ᠠ ᠶᠢ ᠲᠥᠭᠡᠮᠡᠯᠵᠢᠭᠦᠯᠵᠦ ᠶᠠᠪᠤᠪᠠ᠃      ᠦᠭᠡᠶᠢᠭᠦᠦ ᠠᠩᠭᠢ ᠶᠢᠨ ᠰᠤᠶᠤᠯ ᠤᠨ ᠶᠡᠭᠡ ᠬᠤᠪᠢᠰᠬᠠᠯ ᠤᠨ ᠳᠤᠮᠳᠠ᠂ 1966 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠬᠢᠯᠡᠨ᠂ ᠥᠪᠦᠷ ᠮᠣᠩᠭᠤᠯ ᠳᠤ ᠪᠣᠯᠣᠭᠰᠠᠨ《 ᠮᠠᠯᠲᠠᠵᠤ ᠠᠷᠢᠯᠭᠠᠬᠤ ᠬᠥᠳᠡᠯᠭᠡᠭᠡᠨ》 ᠪᠠ《 ᠰᠢᠨ᠎ᠡ ᠥᠪᠦᠷ ᠮᠣᠩᠭᠤᠯ ᠤᠨ ᠠᠷᠠᠳ ᠤᠨ ᠨᠠᠮ ᠢ ᠮᠠᠯᠲᠠᠬᠤ》 ᠬᠥᠳᠡᠯᠭᠡᠭᠡᠨ ᠳᠤ《 ᠬᠢᠯᠢᠰ ᠬᠤᠳᠠᠯ᠂ ᠪᠤᠷᠤᠭᠤ ᠬᠡᠷᠡᠭ》 ᠲᠤ ᠣᠨᠣᠭᠳᠠᠵᠤ᠂ ᠶᠠᠭᠤᠨ ᠤ《 ᠬᠥᠷᠦᠩᠭᠡᠲᠦ ᠶᠤᠰᠤᠨ ᠤ ᠵᠠᠮ ᠢᠶᠠᠷ ᠶᠠᠪᠤᠭᠴᠢ ᠡᠷᠬᠡ ᠪᠠᠷᠢᠭᠴᠢ》᠂《 ᠵᠠᠰᠠᠪᠦᠷᠢᠯᠠᠬᠤ ᠦᠵᠡᠯᠲᠡᠡ》᠂《 ᠤᠯᠤᠰ ᠠᠴᠠ ᠤᠷᠪᠠᠭᠴᠢ ᠦᠨᠳᠦᠰᠦᠲᠡᠨ ᠤ ᠬᠠᠭᠠᠴᠠᠭᠤᠯᠬᠤ ᠦᠵᠡᠯᠲᠡᠨ》᠂《 ᠥᠪᠦᠷ ᠠᠷᠠᠳ ᠤᠨ ᠨᠠᠮ ᠤᠨ ᠲᠦᠷᠦᠭᠦᠦ ᠲᠣᠯᠣᠭᠠᠢ》 ᠭᠡᠬᠦ ᠮᠡᠲᠦᠴᠢᠯᠡᠨ ᠣᠷᠣ ᠦᠭᠡᠢ ᠠᠷᠪᠢᠨ ᠶᠠᠯ᠎ᠠ ᠨᠢᠭᠦᠯ ᠵᠣᠬᠢᠶᠠᠨ ᠲᠤᠯᠭᠠᠵᠤ᠂ ᠤᠷᠲᠤ ᠬᠤᠭᠤᠴᠠᠭ᠎ᠠ ᠪᠠᠷ ᠬᠠᠮᠤᠭ ᠤᠨ ᠬᠠᠷᠭᠢᠰ ᠬᠡᠷᠴᠡᠭᠡᠢ ᠪᠠᠷ ᠡᠷᠡᠭᠦᠳᠡᠨ ᠲᠠᠮᠤᠯᠠᠪᠠ ᠃ ᠲᠡᠷᠡ ᠣᠶᠣᠨ ᠰᠠᠨᠠᠭ᠎ᠠ᠂ ᠪᠡᠶ᠎ᠡ ᠮᠠᠬᠠᠪᠤᠳ ᠨᠢ ᠲᠦᠢᠯ ᠤᠨ ᠶᠡᠭᠡ ᠬᠤᠣᠷᠯᠠᠯ ᠠᠮᠰᠠᠵᠤ ᠲᠠᠷᠴᠢᠯᠠᠭᠠᠭᠳᠠᠭᠰᠠᠨ ᠪᠣᠯᠪᠠᠴᠤ ᠨᠤᠭᠤᠷᠠᠰᠢ ᠦᠭᠡᠢ ᠡᠷᠡᠰ ᠲᠡᠮᠡᠴᠡᠵᠦ ᠢᠷᠡᠪᠡ᠃ ᠭᠡᠪᠡᠴᠦ ᠲᠤᠬᠠᠢ ᠶᠢᠨ ᠦᠶ᠎ᠡ ᠶᠢᠨ ᠬᠠᠩᠭᠢᠨ ᠬᠤᠰᠢᠭᠤᠨ ᠤ ᠬᠤᠪᠢᠰᠬᠠᠯ ᠤᠨ ᠵᠥᠪᠯᠡᠯ ᠤᠨ ᠭᠤᠣᠯ ᠤᠳᠤᠷᠢᠳᠤᠯᠭ᠎ᠠ ᠯᠢ ᠸᠧᠨ ᠵᠢᠶᠧ ᠮᠡᠲᠦ ᠶᠢᠨ ᠬᠥᠮᠦᠰ ᠂ ᠲᠡᠳᠡᠨ ᠤ ᠬᠠᠩᠭᠢᠨ ᠬᠤᠰᠢᠭᠤᠨ ᠤ ᠨᠠᠮ ᠵᠠᠰᠠᠭ ᠤᠨ ᠡᠷᠬᠡ ᠶᠢ ᠪᠤᠯᠢᠶᠠᠵᠤ᠂ ᠡᠵᠡᠷᠬᠡᠨ ᠰᠠᠭᠤᠬᠤ ᠳᠤᠨᠢ ᠠᠮᠤᠷᠯᠢᠩᠭᠤᠢ ᠶᠢ ᠭᠤᠣᠯ ᠬᠠᠷᠰᠢ ᠰᠠᠭᠠᠳ ᠢᠶᠠᠷ ᠦᠵᠡᠨ᠂ ᠲᠡᠭᠦᠨ ᠳᠤ ᠵᠣᠷᠢᠯᠭ᠎ᠠ ᠲᠠᠢ ᠪᠠᠷ ᠡᠷᠡᠭᠦᠦ ᠲᠠᠮᠤ ᠪᠠᠨ ᠴᠢᠩᠭᠠᠳᠬᠠᠭᠰᠠᠨ ᠠᠴᠠ ᠠᠮᠤᠷᠯᠢᠩᠭᠤᠢ ᠨᠥᠬᠦᠷ 1969 ᠣᠨ ᠤ 6 ᠳ᠋ᠤᠭᠠᠷ ᠰᠠᠷ᠎ᠠ ᠶᠢᠨ 24 ᠤ ᠡᠳᠦᠷ ᠬᠠᠰᠢᠯᠠ ᠯᠢ ᠸᠧᠨ ᠵᠢᠶᠧ ᠪᠥᠯᠥᠭ ᠤᠨ ᠬᠥᠮᠦᠰ ᠤᠨ ᠬᠦᠨᠳᠦ ᠭᠡᠴᠡᠭᠦᠦ ᠡᠷᠡᠭᠦᠦ ᠲᠠᠮᠤᠯᠠᠯ ᠤᠨ ᠳᠣᠣᠷ᠎ᠠ ᠬᠢᠯᠢᠰ ᠭᠤᠮᠤᠳᠠᠯ ᠲᠠᠢ ᠪᠠᠷ ᠬᠤᠣᠷᠯᠠᠭᠳᠠᠨ ᠦᠬᠦᠪᠡ᠃ ᠲᠤᠰ ᠵᠢᠯ 43 ᠨᠠᠰᠤᠲᠠᠢ ᠪᠢᠯᠡ᠃
ᠢᠷᠡᠯᠲᠡ᠄ ᠬᠠᠩᠭᠢᠨ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ