ᠭᠤᠤ ᠵᠦᠩ ᠱᠠᠨ᠂ ᠪᠠᠰᠠ ᠭᠤᠤ ᠶᠢᠨ ᠱᠠᠨ ᠭᠡᠳᠡᠭ᠃ ᠮᠣᠩᠭᠤᠯ ᠦᠨᠳᠦᠰᠦᠲᠡᠨ᠂ ᠮᠣᠩᠭᠤᠯ ᠨᠡᠷ᠎ᠡ ᠰᠠᠶᠢᠰᠢᠩᠭ᠎ᠠ᠃ 1927 ᠣᠨ ᠳᠤ ᠣᠲᠤᠭ | ᠬᠤᠰᠢᠭᠤᠨ ᠤ ᠮᠠᠯᠴᠢᠨ ᠤ ᠭᠡᠷ ᠲᠤ ᠲᠥᠷᠦᠪᠡ᠂ ᠬᠤᠪᠢᠰᠬᠠᠯᠲᠤ ᠴᠡᠷᠢᠭ ᠤᠨ ᠬᠥᠮᠦᠨ᠃ 1945 ᠣᠨ ᠤ 9 ᠳ᠋ᠦ᠋ᠭᠡᠷ ᠰᠠᠷ᠎ᠠ ᠳᠤ ᠬᠤᠪᠢᠰᠬᠠᠯ ᠳᠤ ᠣᠷᠣᠯᠴᠠᠵᠤ᠂ | 1949 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠤᠷᠢᠳ ᠬᠤᠵᠢᠳ ᠶᠡᠭᠡ ᠵᠤᠤ ᠠᠶᠢᠮᠠᠭ ᠤᠨ ᠴᠡᠷᠢᠭ ᠤᠨ ᠲᠣᠭᠤᠷᠢᠭ ᠤᠨ ᠮᠣᠩᠭᠤᠯ | ᠬᠢᠲᠠᠳ ᠰᠠᠯᠪᠦᠷᠢ ᠠᠩᠭᠢ ᠶᠢᠨ ᠰᠠᠯᠠᠭᠠᠨ ᠳᠠᠷᠤᠭ᠎ᠠ᠂ ᠵᠢᠭᠠᠨ ᠵᠢᠯᠤᠭᠤᠳᠤᠭᠴᠢ᠂ ᠶᠡᠭᠡ ᠵᠤᠤ ᠠᠶᠢᠮᠠᠭ ᠤᠨ ᠴᠡᠷᠢᠭ ᠤᠨ ᠲᠣᠭᠤᠷᠢᠭ ᠤᠨ ᠰᠢᠭᠤᠳ ᠬᠠᠷᠢᠶ᠎ᠠ ᠶᠡᠭᠡ | ᠪᠠᠷᠢᠭᠠᠳᠠ ᠶᠢᠨ ᠨᠢᠭᠡᠳᠦᠭᠡᠷ ᠰᠤᠮᠤᠨ ᠤ ᠰᠤᠮᠤᠨ ᠳᠠᠷᠤᠭ᠎ᠠ᠂ ᠶᠡᠭᠡ ᠵᠤᠤ ᠠᠶᠢᠮᠠᠭ ᠤᠨ ᠴᠡᠷᠢᠭ ᠤᠨ ᠲᠣᠭᠤᠷᠢᠭ ᠤᠨ ᠲᠠᠪᠤᠳᠤᠭᠠᠷ ᠰᠠᠯᠪᠦᠷᠢ ᠠᠩᠭᠢ᠂ ᠨᠠᠢᠮᠠᠳᠤᠭᠠᠷ | ᠰᠠᠯᠪᠦᠷᠢ ᠠᠩᠭᠢ ᠶᠢᠨ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ᠂ ᠮᠣᠷᠢᠲᠤ ᠴᠡᠷᠢᠭ ᠤᠨ ᠲᠠᠪᠤᠳᠤᠭᠠᠷ ᠳ᠋ᠢᠸᠢᠽᠢ ᠶᠢᠨ ᠠᠷᠪᠠᠨ ᠲᠠᠪᠤᠳᠤᠭᠠᠷ ᠬᠤᠷᠢᠶ᠎ᠠ ᠶᠢᠨ | ᠤᠯᠤᠰ ᠲᠦᠷᠦ ᠶᠢᠨ ᠭᠠᠵᠠᠷ ᠤᠨ ᠡᠷᠬᠢᠯᠡᠭᠴᠢ ᠵᠡᠷᠭᠡ ᠲᠤᠰᠢᠶᠠᠯ ᠤᠳ ᠢ ᠬᠠᠷᠢᠭᠤᠴᠠᠵᠤ ᠥᠩᠭᠡᠷᠡᠪᠡ᠃ 1952 ᠣᠨ ᠠᠴᠠ 1956 ᠣᠨ ᠬᠦᠷᠲᠡᠯ᠎ᠡ ᠡᠪ ᠬᠠᠮᠲᠤ | ᠨᠠᠮ ᠤᠨ ᠬᠠᠩᠭᠢᠨ ᠬᠤᠰᠢᠭᠤᠨ ᠤ ᠬᠤᠷᠢᠶ᠎ᠠ ᠶᠢᠨ ᠳᠡᠳ᠋ ᠱᠦᠵᠢ ᠶᠢᠨ ᠲᠤᠰᠢᠶᠠᠯ ᠢ ᠬᠠᠷᠢᠭᠤᠴᠠᠵᠤ ᠶᠠᠪᠤᠵᠠᠢ᠃ 1956 ᠣᠨ ᠠᠴᠠ 1966 ᠣᠨ ᠤ | ᠬᠤᠭᠤᠴᠠᠭᠠᠨ ᠳᠤ ᠬᠠᠩᠭᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ᠃ | ᠭᠤᠤ ᠵᠦᠩ ᠱᠠᠨ ᠨᠥᠬᠦᠷ ᠬᠤᠳᠤᠭᠤᠳᠤᠨ ᠤ ᠦᠮᠡᠨ ᠡᠪᠡᠳᠴᠢᠨ ᠳᠤ ᠨᠡᠷᠪᠡᠭᠳᠡᠵᠦ᠂ ᠡᠮᠨᠡᠨ ᠵᠠᠰᠠᠭᠤᠯᠤᠭᠰᠠᠨ ᠴᠦ ᠢᠯᠡᠷᠢ ᠪᠣᠯᠣᠭᠰᠠᠨ ᠦᠭᠡᠢ᠂ 1966 | ᠣᠨ ᠤ 10 ᠰᠠᠷ᠎ᠠ ᠶᠢᠨ 27 ᠤ ᠡᠳᠦᠷ ᠵᠤᠯ ᠪᠤᠰᠤ ᠪᠠᠷ ᠨᠠᠰᠤ ᠪᠠᠷᠠᠪᠠ᠃ ᠲᠤᠰ ᠵᠢᠯ ᠳᠤ ᠨᠠᠰᠤᠨ ᠰᠡᠭᠦᠳᠡᠷ 38 ᠨᠠᠰᠤ ᠲᠠᠢ᠃ | ᠭᠤᠤ ᠵᠦᠩ ᠱᠠᠨ ᠨᠥᠬᠦᠷ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠳᠡᠭ ᠨᠠᠮ ᠤᠨ ᠭᠡᠰᠢᠭᠦᠨ ᠮᠥᠨ᠃ ᠲᠡᠷᠡ᠂ ᠬᠤᠪᠢᠰᠬᠠᠯ ᠳᠤ | ᠣᠷᠣᠯᠴᠠᠭᠰᠠᠨ ᠠᠴᠠ ᠨᠠᠰᠢ᠂ ᠮᠠᠤ ᠽᠧ ᠳ᠋ᠦᠩ ᠲᠡᠷᠢᠭᠦᠯᠡᠭᠴᠢ ᠪᠣᠯᠣᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠠᠮ ᠤᠨ ᠱᠤᠭᠤᠮ᠂ ᠴᠢᠭᠯᠡᠯᠲᠡ᠂ | ᠲᠦᠷᠦ ᠶᠢᠨ ᠪᠣᠳᠣᠯᠭ᠎ᠠ ᠶᠢ ᠦᠨᠡᠨᠴᠢ ᠬᠢᠨᠠᠮᠠᠭᠠᠢ ᠪᠠᠷ ᠲᠤᠤᠱᠯᠠᠭᠤᠯᠤᠨ ᠬᠡᠷᠡᠭᠵᠢᠭᠦᠯᠵᠦ ᠢᠷᠡᠪᠡ᠃ ᠬᠤᠪᠢᠰᠬᠠᠯᠲᠤ ᠳᠠᠶᠢᠨ ᠤ ᠦᠶ᠎ᠡ᠂ ᠲᠡᠷᠡ ᠵᠣᠭᠰᠤᠯᠲᠠ ᠪᠠᠲᠤ᠂ | ᠳᠠᠶᠢᠨ ᠪᠠᠶᠢᠯᠳᠤᠭᠠᠨ ᠳᠤ ᠡᠷᠡᠯᠬᠡᠭ ᠪᠠᠭᠠᠲᠤᠷᠯᠢᠭ ᠣᠷᠣᠯᠴᠠᠨ᠂ ᠣᠯᠠᠨ ᠤᠳᠠᠭ᠎ᠠ ᠭᠠᠪᠢᠶ᠎ᠠ ᠪᠠᠶᠢᠭᠤᠯᠵᠤ᠂ ᠱᠠᠩᠨᠠᠯ ᠬᠥᠬᠢᠭᠦᠯᠦᠯ ᠣᠯᠵᠤ ᠥᠩᠭᠡᠷᠡᠪᠡ᠂ ᠲᠡᠷᠡ᠂ | ᠨᠢᠭᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠬᠤᠪᠢᠰᠬᠠᠯᠲᠤ ᠪᠠᠶᠢᠯᠳᠤᠭᠴᠢ ᠶᠢᠨ ᠬᠤᠪᠢ ᠪᠠᠷ ᠨᠠᠮ ᠳᠠᠭᠠᠨ ᠰᠢᠳᠤᠷᠭᠤ᠂ ᠠᠷᠠᠳ ᠲᠦᠮᠡᠨ ᠳᠤ | ᠦᠨᠡᠨᠴᠢ᠂ ᠬᠤᠪᠢᠰᠬᠠᠯ ᠤᠨ ᠦᠢᠯᠡᠰ ᠲᠤ ᠦᠨᠡᠨᠴᠢ ᠰᠢᠳᠤᠷᠭᠤ ᠪᠠᠶᠢᠬᠤ ᠡᠷᠬᠢᠮ ᠨᠠᠨᠳᠢᠨ ᠬᠡᠪ ᠰᠤᠷᠲᠠᠯ ᠢ ᠪᠠᠷᠢᠮᠲᠠᠯᠠᠵᠤ ᠵᠠᠯᠭᠠᠮᠵᠢᠯᠠᠵᠤ ᠪᠠᠳᠠᠷᠠᠭᠤᠯᠵᠤ ᠶᠠᠪᠤᠪᠠ᠃ | ᠨᠡᠶᠢᠭᠡᠮ ᠵᠢᠷᠤᠮᠲᠤ ᠬᠤᠪᠢᠰᠬᠠᠯ ᠪᠠ ᠪᠥᠲᠦᠭᠡᠨ ᠪᠠᠶᠢᠭᠤᠯᠤᠯᠲᠠ ᠶᠢᠨ ᠦᠶ᠎ᠡ ᠳᠤ᠂ ᠲᠡᠷᠡ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ ᠶᠢ | ᠨᠢᠮᠪᠠᠢ ᠰᠤᠷᠤᠯᠴᠠᠵᠤ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠤᠯᠭ᠎ᠠ ᠶᠢ ᠡᠷᠡᠰ ᠰᠢᠭᠤᠷᠬᠠᠢ ᠬᠡᠷᠡᠭᠵᠢᠭᠦᠯᠵᠦ᠂ ᠰᠢᠷᠭᠠᠭᠤ ᠬᠠᠲᠠᠭᠤᠵᠢᠯᠲᠠᠢ ᠴᠢᠷᠮᠠᠶᠢᠨ | ᠠᠵᠢᠯᠯᠠᠪᠠ᠃ ᠲᠡᠷᠡ ᠲᠥᠪ ᠴᠢᠭᠡᠴᠢ᠂ ᠨᠥᠬᠦᠳ ᠲᠠᠢ ᠪᠠᠨ ᠪᠥᠯᠬᠦᠮᠳᠡᠯ ᠲᠠᠢ᠂ ᠨᠠᠮ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠢᠷᠡᠭᠤ ᠠᠯᠳᠠᠷᠲᠤ | ᠤᠳᠤᠮᠰᠢᠯ ᠢ ᠵᠠᠯᠭᠠᠮᠵᠢᠯᠠᠨ ᠪᠠᠳᠠᠷᠠᠭᠤᠯᠵᠤ ᠢᠷᠡᠪᠡ᠃ ᠢᠯᠠᠩᠭᠤᠶ᠎ᠠ ᠡᠪᠡᠳᠴᠢᠨ ᠲᠠᠢ ᠪᠠᠶᠢᠬᠤ ᠬᠤᠭᠤᠴᠠᠭᠠᠨ ᠳᠤ ᠪᠠᠨ ᠭᠤᠤ ᠵᠦᠩ ᠱᠠᠨ ᠨᠥᠬᠦᠷ ᠬᠤᠪᠢᠰᠬᠠᠯ ᠤᠨ | ᠠᠰᠢᠭ ᠲᠤᠰᠠ ᠶᠢ ᠨᠢᠭᠡᠳᠦᠭᠡᠷ ᠲᠤ ᠲᠠᠯᠪᠢᠨ᠂ ᠠᠷᠠᠳ ᠣᠯᠠᠨ ᠤ ᠲᠥᠯᠥᠭᠡ ᠡᠪᠡᠳᠴᠢᠨ ᠢ ᠳᠡᠰᠪᠦᠷᠢᠯᠡᠨ ᠦᠨᠳᠦᠰᠦᠨ ᠱᠠᠲᠤᠨ ᠳᠤ ᠭᠦᠨᠵᠡᠭᠡᠶᠢᠷᠡᠨ᠂ ᠪᠠᠶᠢᠴᠠᠭᠠᠨ | ᠰᠤᠳᠤᠯᠤᠯᠲᠠ ᠬᠢᠵᠦ᠂ ᠠᠵᠢᠯᠯᠠᠵᠤ ᠰᠤᠷᠤᠯᠴᠠᠬᠤ ᠶᠢ ᠦᠷᠭᠦᠯᠵᠢᠯᠡᠨ ᠪᠠᠷᠢᠮᠲᠠᠯᠠᠨ᠂ ᠬᠤᠪᠢᠰᠬᠠᠯ ᠤᠨ ᠦᠢᠯᠡᠰ ᠤᠨ ᠲᠥᠯᠥᠭᠡ ᠥᠪᠡᠷ ᠤᠨ ᠠᠯᠢᠪᠠ ᠪᠦᠬᠦᠨ ᠢᠶᠠᠨ | ᠵᠣᠷᠢᠭᠤᠯᠪᠠ᠃ |