| ᠳᠣᠷᠵᠢᠸᠠᠩᠴᠤᠭ ︵1904—1975 ᠣᠨ︶᠂ ᠤᠭ ᠨᠡᠷ᠎ᠡ ᠴᠢ ᠸᠧᠢ ᠬᠠᠨ᠂ ᠬᠢᠲᠠᠳ ᠨᠡᠷ᠎ᠡ ᠸᠠᠩ ᠵᠧᠨ ᠳ᠋ᠦᠩ᠂ ᠮᠣᠩᠭᠤᠯ ᠦᠨᠳᠦᠰᠦᠲᠡᠨ᠂ ᠥᠪᠦᠷ | ᠮᠣᠩᠭᠤᠯ ᠤᠨ ᠴᠠᠬᠠᠷ ᠮᠣᠵᠢ ᠶᠢᠨ ᠬᠠᠷᠠᠴᠢᠨ ᠳᠤᠮᠳᠠᠳᠤ ᠬᠤᠰᠢᠭᠤᠨ ︵ᠡᠲᠦᠭᠡ ᠶᠢᠨ ᠥᠪᠦᠷ ᠮᠣᠩᠭᠤᠯ ᠤᠨ ᠤᠯᠠᠭᠠᠨᠬᠠᠳᠠ ᠬᠤᠲᠠ ᠶᠢᠨ ᠨᠢᠩᠴᠧᠩ ᠰᠢᠶᠡᠨ︶ ᠤ | ᠳ᠋ᠦᠩ ᠳ᠋ᠠ ᠴᠧᠩ ᠽᠢ ᠶᠢᠨ ᠰᠢᠶᠠ ᠡᠤ ᠼᠦᠨ ᠲᠤᠰᠬᠤᠨ ᠤ ᠨᠢᠭᠡᠨ ᠲᠠᠷᠢᠶᠠᠴᠢᠨ ᠡᠷᠦᠬᠡ ᠳᠤ ᠮᠡᠨᠳᠦᠯᠡᠵᠡᠢ᠃ | ᠳᠣᠷᠵᠢᠸᠠᠩᠴᠤᠭ ᠳᠣᠯᠣᠭᠠᠨ ᠨᠠᠰᠤᠨ ᠠᠴᠠ ᠡᠬᠢᠯᠡᠨ ᠬᠤᠪᠢ ᠶᠢᠨ ᠰᠤᠷᠭᠠᠭᠤᠯᠢ ᠳᠤ ᠪᠢᠴᠢᠭ ᠦᠵᠡᠪᠡ᠃ 1922 ᠣᠨ ᠳᠤ ᠪᠡᠭᠡᠵᠢᠩ ᠳᠤ ᠮᠣᠩᠭᠤᠯ | ᠲᠥᠪᠡᠳ ᠤᠨ ᠰᠤᠷᠭᠠᠭᠤᠯᠢ ᠳᠤ ᠰᠤᠷᠤᠯᠴᠠᠵᠤ᠂ 1924 ᠣᠨ ᠳᠤ ᠡᠪ ᠬᠠᠮᠲᠤ ᠨᠠᠮ ᠳᠤ ᠡᠯᠰᠡᠭᠳᠡᠵᠡᠢ᠃ 1925 ᠣᠨ ᠳᠤ ᠺᠦᠢ ᠪᠢ᠂ ᠫᠦᠸᠧ ᠳ᠋ᠢᠩ ᠵᠡᠷᠭᠡ | 12 ᠰᠤᠷᠤᠭᠴᠢ ᠲᠠᠢ ᠬᠠᠮᠲᠤ ᠤᠯᠠᠭᠠᠨᠪᠠᠭᠠᠲᠤᠷ ᠲᠤ ᠣᠴᠢᠵᠤ ᠰᠤᠷᠤᠯᠴᠠᠪᠠ᠃ ᠲᠤᠰ ᠵᠢᠯ᠂ ᠲᠤᠲᠤᠭᠠᠳᠤ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠳᠤ | ᠡᠯᠰᠡᠭᠳᠡᠵᠡᠢ᠃ ᠳᠠᠷᠠᠭ᠎ᠠ ᠨᠢ᠂ ᠮᠣᠰᠺᠧᠨ ᠶᠢᠨ ᠳᠣᠷᠣᠨᠠᠳᠡᠬᠢᠨ ᠤ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭᠠᠳ᠂ 1926 ᠣᠨ ᠤ ᠬᠠᠪᠤᠷ ᠨᠢᠳᠦᠨ ᠤ | ᠡᠪᠡᠳᠴᠢᠨ ᠠᠴᠠ ᠪᠣᠯᠵᠤ᠂ ᠪᠠᠲᠤᠵᠠᠶᠠᠭ᠎ᠠ ᠭᠡᠰᠡᠨ ᠪᠠᠰᠠ ᠨᠢᠭᠡ ᠡᠪᠡᠳᠴᠢᠲᠡᠢ ᠰᠤᠷᠤᠭᠴᠢ ᠲᠠᠢ ᠬᠠᠮᠲᠤ ᠰᠤᠷᠤᠯᠭ᠎ᠠ ᠶᠢ ᠨᠢ ᠵᠣᠭᠰᠤᠭᠠᠵᠠᠢ᠃ ᠤᠯᠤᠰ ᠲᠠᠭᠠᠨ | ᠬᠠᠷᠢᠬᠤ ᠵᠠᠮ ᠳᠠᠭᠠᠨ ᠪᠤᠷᠢᠶᠠᠳ ᠮᠣᠩᠭᠤᠯ ᠤᠯᠤᠰ ᠲᠤ ᠦᠯᠡᠳᠡᠵᠦ ᠪᠤᠷᠢᠶᠡᠳ ᠮᠣᠩᠭᠤᠯ ᠤᠨ ᠪᠠᠭᠰᠢ ᠶᠢᠨ ᠰᠤᠷᠭᠠᠭᠤᠯᠢ ᠳᠤ ᠣᠷᠣᠰ ᠬᠡᠯᠡ ᠰᠤᠷᠤᠯᠴᠠᠪᠠ᠃ | 1927 ᠣᠨ ᠳᠤ ᠵᠥᠪᠯᠡᠯᠲᠦ ᠶᠢᠨ ᠪᠣᠯᠱᠸᠧᠢᠭ ᠨᠠᠮ ᠤᠨ ᠪᠡᠯᠡᠳᠬᠡᠯ ᠨᠠᠮ ᠤᠨ ᠭᠡᠰᠢᠭᠦᠨ ᠪᠣᠯᠪᠠ᠃ 1929 ᠣᠨ ᠳᠤ ᠳᠠᠬᠢᠨ ᠮᠣᠰᠺᠧᠨ ᠶᠢᠨ ᠳᠣᠷᠣᠨᠠᠳᠡᠬᠢᠨ ᠤ | ᠶᠡᠭᠡ ᠰᠤᠷᠭᠠᠭᠤᠯᠢ ᠳᠤ ᠰᠤᠷᠤᠯᠴᠠᠵᠤ᠂ 1930 ᠣᠨ ᠳᠤ ᠰᠤᠷᠭᠠᠭᠤᠯᠢ ᠠᠴᠠ ᠰᠠᠯᠵᠤ᠂ ᠮᠣᠰᠺᠧᠨ ᠬᠤᠲᠠ ᠶᠢᠨ ᠨᠠᠮ ᠤᠨ ᠬᠤᠷᠢᠶᠠᠨ ᠳᠤ ᠠᠵᠢᠯᠯᠠᠪᠠ᠃ 1931 | ᠣᠨ ᠳᠤ᠂ ᠭᠤᠷᠪᠠᠳᠤᠭᠠᠷ ᠢᠨᠲ᠋ᠧᠷᠨᠠᠼᠢᠣᠨᠠᠯ ᠤᠨ ᠮᠣᠩᠭᠤᠯ ᠤᠯᠤᠰ ᠲᠤ ᠰᠠᠭᠤᠭ᠎ᠠ ᠲᠥᠯᠦᠭᠡᠯᠡᠭᠴᠢ ᠶᠢᠨ ᠲᠣᠮᠢᠯᠠᠯᠲᠠ ᠪᠠᠷ ᠶᠡᠭᠡ ᠵᠤᠤ ᠶᠢᠨ ᠴᠢᠭᠤᠯᠭᠠᠨ ᠳᠤ | ᠣᠴᠢᠵᠤ ᠲᠣᠲᠣᠭᠠᠳᠤ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠤᠨ ᠠᠵᠢᠯᠯᠠᠭ᠎ᠠ ᠶᠢ ᠰᠡᠷᠭᠦᠭᠡᠨ ᠦᠷᠨᠢᠭᠦᠯᠬᠦ ᠡᠭᠦᠷᠭᠡ ᠶᠢ ᠬᠦᠯᠢᠶᠡᠨ᠂ ᠠᠷᠤ ᠮᠣᠩᠭᠤᠯ ᠤᠨ | ᠨᠠᠮ ᠤᠨ ᠰᠤᠷᠭᠠᠭᠤᠯᠢ ᠳᠤ ᠰᠤᠷᠤᠯᠴᠠᠵᠤ ᠪᠠᠶᠢᠭᠰᠠᠨ ᠯᠾᠦ᠋ᠩᠷᠤᠪ ᠢᠶᠠᠷ ᠵᠠᠮᠴᠢᠯᠠᠭᠤᠯᠵᠤ ᠦᠦᠰᠢᠨ ᠬᠤᠰᠢᠭᠤᠨ ᠳᠤ ᠢᠷᠡᠵᠡᠢ᠃ ᠲᠡᠷᠡ ᠨᠠᠶᠢᠷᠠᠯᠲᠤ᠂ ᠪᠠᠲᠤᠰᠡᠷᠡᠩ | ᠵᠡᠷᠭᠡ ᠬᠥᠮᠦᠰ ᠲᠠᠢ ᠬᠠᠮᠲᠤ《 ᠮᠣᠩᠭᠤᠯ ᠬᠤᠰᠢᠭᠤᠳ ᠤᠨ ᠠᠷᠪᠠᠨ ᠡᠳᠦᠷ ᠤᠨ ᠰᠡᠳᠬᠦᠯ》 ᠢ 5 ᠬᠤᠭᠤᠴᠠᠭ᠎ᠠ ᠡᠷᠬᠢᠯᠡᠵᠦ᠂ ᠰᠤᠷᠲᠠᠯ ᠤᠬᠠᠭᠤᠯᠭ᠎ᠠ ᠶᠢᠨ ᠠᠵᠢᠯ | ᠬᠢᠵᠡᠢ᠃ 1932 ᠣᠨ ᠠᠴᠠ 1935 ᠣᠨ ᠤ ᠬᠤᠭᠤᠴᠠᠭᠠᠨ ᠳᠤ᠂ ᠠᠷᠤ ᠮᠣᠩᠭᠤᠯ ᠳᠤ ᠵᠠᠮ ᠨᠡᠪᠲᠡᠷᠡᠯᠭᠡ ᠶᠢᠨ ᠱᠤᠭᠤᠮ ᠨᠡᠭᠡᠭᠡᠬᠦ ᠠᠵᠢᠯ ᠢ ᠬᠢᠵᠦ᠂ ᠰᠡᠭᠦᠯᠡᠷ | ᠨᠢ ᠪᠠᠲᠤᠰᠡᠷᠡᠩ᠂ ᠰᠠᠷᠠᠨ ᠬᠤᠶᠠᠷ ᠬᠥᠮᠦᠨ ᠢ ᠠᠷᠤ ᠮᠣᠩᠭᠤᠯ ᠳᠤ ᠶᠠᠪᠤᠭᠤᠯᠵᠤ ᠠᠵᠢᠯ ᠢᠶᠠᠨ ᠬᠠᠷᠢᠭᠤ ᠮᠡᠳᠡᠭᠦᠯᠦᠭᠰᠡᠨ ᠳᠤ᠂ ᠳᠠᠷᠠᠭ᠎ᠠ ᠵᠢᠯ ᠤᠨ ᠬᠠᠪᠤᠷ ᠨᠢ ᠠᠵᠢᠯ | ᠶᠠᠪᠤᠭᠤᠷᠢ ᠦᠭᠡᠢ ᠪᠣᠯ ᠪᠤᠴᠠᠵᠤ ᠢᠷᠡᠵᠦ ᠪᠣᠯᠣᠨ᠎ᠠ᠂ ᠦᠷᠭᠦᠯᠵᠢᠯᠡᠨ ᠠᠵᠢᠯᠯᠠᠬᠤ ᠳᠤ ᠬᠦᠷᠪᠡᠯ ᠱᠠᠨᠪᠸᠢ ᠶᠢᠨ ᠡᠪ ᠬᠠᠮᠲᠤ ᠨᠠᠮ ᠲᠠᠢ ᠬᠠᠷᠢᠯᠴᠠᠭᠠᠷᠠᠢ ᠭᠡᠰᠡᠨ | ᠵᠢᠭᠠᠪᠦᠷᠢ ᠣᠯᠣᠭᠠᠳ᠂ ᠠᠷᠤ ᠮᠣᠩᠭᠤᠯ ᠤᠨ ᠨᠠᠮ ᠤᠨ ᠵᠣᠬᠢᠶᠠᠨ ᠪᠠᠶᠢᠭᠤᠯᠤᠯᠲᠠ ᠲᠠᠢ ᠬᠠᠷᠢᠴᠠᠭ᠎ᠠ ᠲᠠᠰᠤᠷᠠᠵᠠᠢ᠃ | ᠶᠠᠫᠤᠨ ᠢ ᠡᠰᠡᠷᠭᠦᠴᠡᠬᠦ ᠳᠠᠶᠢᠨ ᠡᠬᠢᠯᠡᠭᠰᠡᠨ ᠤ ᠳᠠᠷᠠᠭ᠎ᠠ᠂ ᠳᠤᠷᠵᠢᠸᠠᠩᠴᠤᠭ ᠬᠠᠩᠭᠢᠨ ᠬᠤᠰᠢᠭᠤᠨ ᠳᠤ ᠰᠠᠭᠤᠷᠢᠰᠢᠨ ᠨᠤᠲᠤᠭᠰᠢᠪᠠ᠃ ᠳᠦᠭᠦᠷᠡᠩᠰᠡᠩ ᠢ | ᠲᠦᠰᠢᠵᠦ᠂ ᠰᠢᠨ᠎ᠡ ᠭᠤᠷᠪᠠᠳᠤᠭᠠᠷ ᠳ᠋ᠢᠸᠢᠽᠢ ᠳᠤ ᠨᠥᠬᠦᠪᠦᠷᠢᠯᠡᠨ ᠣᠷᠣᠭᠤᠯᠤᠭᠰᠠᠨ ᠬᠠᠩᠭᠢᠨ ᠴᠡᠷᠢᠭ ᠤᠨ ᠬᠤᠷᠢᠶᠠᠨ ᠤ ᠳᠡᠳ᠋ ᠳᠠᠷᠤᠭ᠎ᠠ᠂ ᠴᠢᠩᠬᠢᠰ ᠤᠨ | ᠣᠩᠭᠤᠨ ᠢ ᠬᠠᠮᠠᠭᠠᠯᠠᠬᠤ ᠬᠤᠶᠠᠷ ᠰᠤᠮᠤᠨ ᠤ ᠬᠠᠷᠢᠭᠤᠴᠠᠯᠭᠠᠲᠠᠨ᠂ ᠰᠠᠨ ᠴᠢᠩ ᠲᠤᠸᠠᠨ ᠤ ᠪᠡᠯᠡᠳᠬᠡᠯ ᠭᠠᠵᠠᠷ ᠤᠨ ᠠᠵᠢᠯᠯᠠᠭᠴᠢ ᠵᠡᠷᠭᠡ ᠲᠤᠰᠢᠶᠠᠯ ᠢ ᠡᠭᠦᠷᠭᠡᠯᠡᠵᠦ | ᠪᠠᠶᠢᠵᠠᠢ᠃ 1942 ᠣᠨ ᠳᠤ᠂ ᠲᠡᠷᠡ《 ᠤᠯᠠᠭᠠᠨ ᠨᠠᠮᠲᠠᠨ 》 ᠢᠶᠠᠷ ᠰᠡᠵᠢᠭᠯᠡᠭᠳᠡᠵᠦ ᠭᠤᠮᠢᠨᠳᠠᠩ ᠤᠨ ᠲᠠᠩᠨᠠᠭᠤᠯ ᠤᠨ ᠪᠠᠶᠢᠭᠤᠯᠭ᠎ᠠ ᠳᠤ ᠪᠠᠷᠢᠪᠴᠢᠯᠠᠭᠳᠠᠭᠠᠳ | ᠱᠠᠮᠪᠠ ᠳᠤ ᠭᠢᠨᠳᠠᠨ ᠳᠤ ᠬᠤᠷᠢᠭᠳᠠᠵᠤ ᠪᠠᠶᠢᠵᠠᠢ᠃ 1944 ᠣᠨ ᠳᠤ᠂ ᠰᠦᠢᠶᠤᠸᠠᠨ ᠮᠣᠵᠢ ᠶᠢᠨ ᠭᠤᠮᠢᠨᠳᠠᠩ ᠨᠠᠮ ᠤᠨ ᠬᠡᠯᠲᠡᠰ ᠤᠨ ᠪᠠᠶᠢᠴᠠᠭᠠᠨ ᠪᠥᠷᠢᠳᠬᠡᠬᠦ | ᠭᠠᠵᠠᠷ ᠲᠤ ᠲᠤᠰᠢᠶᠠᠭᠳᠠᠵᠤ ᠨᠢᠭᠡᠨ ᠬᠤᠭᠤᠴᠠᠭ᠎ᠠ ᠲᠥᠪᠯᠡᠷᠡᠭᠦᠯᠦᠨ ᠰᠤᠷᠭᠠᠭᠠᠳ 1945 ᠣᠨ ᠤ ᠵᠤᠨ ᠰᠤᠯᠠᠯᠠᠭᠳᠠᠭᠠᠳ ᠬᠠᠩᠭᠢᠨ ᠬᠤᠰᠢᠭᠤᠨ ᠳᠤ ᠪᠤᠴᠠᠵᠠᠢ᠃ | ᠳᠠᠷᠠᠭ᠎ᠠ ᠨᠢ᠂ ᠵᠤᠤ ᠴᠧᠩ ᠢᠶᠠᠷ ᠳᠠᠮᠵᠢᠭᠤᠯᠤᠨ᠂ ᠶᠡᠭᠡ ᠵᠤᠤ ᠠᠶᠢᠮᠠᠭ ᠤᠨ ᠠᠵᠢᠯᠯᠠᠬᠤ ᠬᠤᠷᠢᠶ᠎ᠠ ᠲᠠᠢ ᠬᠠᠷᠢᠴᠠᠭ᠎ᠠ ᠠᠪᠴᠤ᠂ ᠬᠠᠩᠭᠢᠨ ᠬᠤᠰᠢᠭᠤᠨ ᠳᠤ | ᠪᠠᠭᠰᠢ ᠶᠢᠨ ᠠᠵᠢᠯ ᠢᠶᠠᠷ ᠬᠠᠯᠬᠠᠪᠴᠢ ᠪᠣᠯᠭᠠᠨ ᠨᠠᠮ ᠤᠨ ᠨᠢᠭᠤᠴᠠ ᠠᠵᠢᠯ ᠢ ᠦᠷᠨᠢᠭᠦᠯᠵᠦ ᠪᠠᠶᠢᠵᠠᠢ᠃ 1946 ᠣᠨ ᠤ 7 ᠰᠠᠷ᠎ᠠ᠂ ᠭᠤᠮᠢᠨᠳᠠᠩ ᠤᠨ ᠬᠠᠩᠭᠢᠨ | ᠬᠤᠰᠢᠭᠤᠨ ᠤ ᠨᠠᠮ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠭᠯᠡᠨ ᠬᠠᠷᠢᠭᠤᠴᠠᠪᠠ᠃ 1948 ᠣᠨ ᠤ 3 ᠰᠠᠷ᠎ᠠ᠂ ᠳᠣᠷᠵᠢᠸᠠᠩᠴᠤᠭ ᠬᠠᠩᠭᠢᠨ᠂ | ᠣᠲᠤᠭ ᠬᠤᠶᠠᠷ ᠬᠤᠰᠢᠭᠤᠨ ᠤ ᠲᠥᠯᠦᠭᠡᠯᠡᠭᠴᠢ ᠪᠠᠷ ᠭᠤᠮᠢᠨᠳᠠᠩ ᠤᠨ ᠪᠦᠬᠦ ᠤᠯᠤᠰ ᠤᠨ ᠲᠥᠯᠦᠭᠡᠯᠡᠭᠴᠢᠳ ᠤᠨ ᠶᠡᠭᠡ ᠬᠤᠷᠠᠯ ᠳᠤ ᠣᠷᠣᠯᠴᠠᠵᠠᠢ᠃ 1949 | ᠣᠨ ᠠᠴᠠ ᠡᠬᠢᠯᠡᠨ᠂ ᠨᠠᠮ ᠤᠨ ᠨᠢᠭᠤᠴᠠ ᠠᠵᠢᠯᠲᠠᠨ ᠲᠠᠢ ᠰᠢᠭᠤᠳ ᠬᠠᠷᠢᠯᠴᠠᠭ᠎ᠠ ᠪᠠᠶᠢᠭᠤᠯᠤᠨ᠂ ᠬᠠᠩᠭᠢᠨ ᠬᠤᠰᠢᠭᠤ ᠶᠢ ᠨᠠᠶᠢᠷᠠᠮᠳᠠᠯ ᠢᠶᠠᠷ ᠴᠢᠯᠦᠭᠡᠯᠡᠬᠦ ᠳᠤ | ᠶᠡᠬᠡᠬᠡᠨ ᠪᠣᠳᠠᠲᠤ ᠠᠵᠢᠯ ᠬᠢᠭᠰᠡᠨ ᠪᠠᠶᠢᠨ᠎ᠠ᠃ | ᠴᠢᠯᠦᠭᠡᠯᠡᠭᠳᠡᠭᠰᠡᠨ ᠤ ᠳᠠᠷᠠᠭ᠎ᠠ᠂ ᠳᠣᠷᠵᠢᠸᠠᠩᠴᠤᠭ ᠬᠠᠩᠭᠢᠨ ᠬᠤᠰᠢᠭᠤᠨ ᠤ ᠳᠡᠳ᠋ ᠬᠤᠰᠢᠭᠤ ᠳᠠᠷᠤᠭ᠎ᠠ᠂ ᠶᠡᠭᠡ ᠵᠤᠤ ᠠᠶᠢᠮᠠᠭ ᠤᠨ ᠰᠤᠶᠤᠯ ᠰᠤᠷᠭᠠᠨ | ᠬᠥᠮᠦᠵᠢᠯ ᠤᠨ ᠲᠣᠪᠴᠢᠶᠠᠨ ᠤ ᠳᠠᠷᠤᠭ᠎ᠠ᠂ ᠥᠪᠦᠷ ᠮᠣᠩᠭᠤᠯ ᠤᠨ ᠦᠨᠳᠦᠰᠦᠲᠡᠨ ᠤ ᠵᠥᠪᠯᠡᠯ ᠤᠨ ᠱᠠᠰᠢᠨ ᠰᠤᠷᠲᠠᠬᠤᠨ ᠰᠤᠷᠭᠠᠨ ᠬᠥᠮᠦᠵᠢᠯ ᠤᠨ ᠰᠠᠯᠠᠭᠠᠨ | ᠳᠠᠷᠤᠭ᠎ᠠ᠂ ᠥᠪᠦᠷ ᠮᠣᠩᠭᠤᠯ ᠤᠨ ᠮᠣᠩᠭᠤᠯ ᠬᠡᠯᠡᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠵᠡᠷᠭᠡ ᠲᠤᠰᠢᠶᠠᠯ ᠢ ᠤᠷᠢᠳ ᠬᠤᠵᠢᠳ ᠡᠭᠦᠷᠭᠡᠯᠡᠨ ᠠᠵᠢᠯᠯᠠᠵᠤ | ᠪᠠᠶᠢᠭᠠᠳ᠂《 ᠰᠤᠶᠤᠯ ᠤᠨ ᠶᠡᠭᠡ ᠬᠤᠪᠢᠰᠬᠠᠯ 》 ᠤᠨ ᠳᠤᠮᠳᠠ ᠲᠡᠮᠡᠴᠡᠭᠳᠡᠵᠦ ᠵᠣᠳᠣᠭᠳᠠᠭᠠᠳ ᠡᠯᠢᠭᠡ ᠭᠡᠮᠲᠦᠭᠰᠡᠨ ᠤ ᠬᠠᠷᠠᠭ᠎ᠠ ᠪᠠᠷ 1975 ᠣᠨ ᠤ 12 | ᠰᠠᠷ᠎ᠠ ᠶᠢᠨ 12 ᠤᠨ ᠡᠳᠦᠷ ᠬᠦᠬᠡᠬᠤᠲᠠ ᠳᠤ ᠡᠪᠡᠳᠴᠢᠨ ᠢᠶᠠᠷ 71 ᠨᠠᠰᠤᠲᠠᠢ ᠨᠠᠰᠤ ᠪᠠᠷᠠᠵᠠᠢ᠃ | |