ᠨᠠᠶᠢᠷᠠᠮᠳᠠᠯ ᠢᠶᠠᠷ ᠴᠢᠯᠥᠭᠡᠯᠡᠬᠦ ᠥᠶ᠎ᠡ ᠶᠢᠨ ᠨᠡᠷ᠎ᠡ ᠠᠯᠳᠠᠷᠲᠣ ᠬᠦᠮᠦᠨ — ᠪᠣᠷᠣᠪᠠᠪᠠ
ᠨᠡᠶᠢᠲᠡᠯᠡᠭᠰᠡᠨ ᠴᠠᠭ᠄
2021/1/27
     ᠪᠣᠷᠣᠪᠠᠪᠠ ︵1914—1949︶᠂ ᠮᠣᠩᠭᠤᠯ ᠦᠨᠳᠦᠰᠦᠲᠡᠨ᠂ ᠲᠠᠩᠭᠤᠳ ᠣᠪᠣᠭ ᠲᠠᠢ᠂ ᠬᠢᠲᠠᠳ ᠨᠡᠷ᠎ᠡ ᠲᠠᠩ ᠢᠦᠢ ᠱᠠᠨ᠂ ᠮᠣᠩᠭᠤᠯ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠰᠬᠠᠯᠲᠤ ᠦᠷᠡᠭᠳᠡᠭᠰᠡᠨ ᠪᠠᠭᠠᠲᠤᠷ᠂ ᠶᠡᠭᠡ ᠵᠤᠤ ᠠᠶᠢᠮᠠᠭ ᠤᠨ ᠣᠲᠤᠭ ᠤᠨ ᠡᠮᠦᠨᠡᠲᠦ ᠬᠤᠰᠢᠭᠤᠨ ᠤ ᠪᠣᠷᠣᠪᠠᠯᠭᠠᠰᠤᠨ ᠤ ᠨᠢᠭᠡᠨ ᠶᠠᠳᠠᠭᠤ ᠮᠠᠯᠴᠢᠨ ᠤ ᠭᠡᠷ ᠲᠤ ᠲᠦᠷᠦᠵᠡᠢ᠃ ᠲᠡᠭᠦᠨ ᠢ ᠲᠥᠷᠦᠮᠡᠭᠴᠡ ᠡᠵᠢ ᠠᠪᠤ ᠨᠢ ᠠᠮᠢᠳᠤᠷᠠᠯ ᠠᠴᠠ ᠪᠣᠯᠵᠤ ᠠᠶᠢᠯ ᠳᠤ ᠥᠭᠭᠦᠭᠰᠡᠨ ᠪᠠᠶᠢᠨ᠎ᠠ᠃ ᠪᠣᠷᠣᠪᠠᠪᠠ ᠶᠢᠨ ᠲᠡᠵᠢᠭᠡᠪᠦᠷᠢ ᠡᠵᠢ ᠠᠪᠤ ᠡᠷᠲᠡ ᠨᠠᠰᠤ ᠪᠠᠷᠠᠭᠰᠠᠨ ᠢᠶᠠᠷ ᠪᠠᠭ᠎ᠠ ᠨᠠᠰᠤᠨ ᠠᠴᠠ ᠪᠠᠨ ᠥᠨᠦᠴᠢᠨ ᠥᠷᠦᠭᠡᠰᠦᠨ ᠶᠠᠪᠤᠵᠠᠢ᠃ ᠬᠤᠵᠢᠮ ᠨᠢ ᠪᠣᠷᠣᠪᠠᠯᠭᠠᠰᠤᠨ ᠤ ᠺᠠᠲ᠋ᠣᠯᠢᠭ ᠱᠠᠰᠢᠨ ᠤ ᠰᠦᠮ᠎ᠡ ᠠᠴᠠ ᠥᠯᠡᠳᠡᠭᠡᠨ ᠠᠪᠴᠤ ᠪᠢᠴᠢᠭ ᠦᠵᠡᠭᠦᠯᠪᠡ᠃ ᠲᠡᠷᠡ ᠮᠣᠩᠭᠤᠯ ᠬᠢᠲᠠᠳ ᠪᠢᠴᠢᠭ ᠰᠤᠷᠤᠭᠰᠠᠨ ᠪᠦᠭᠡᠳ ᠪᠠᠰᠠ ᠯᠠᠲ᠋ᠢᠨ ᠪᠢᠴᠢᠭ ᠢ ᠴᠦ ᠰᠤᠷᠴᠤ ᠡᠵᠡᠮᠰᠢᠭᠰᠡᠨ ᠪᠠᠶᠢᠨ᠎ᠠ᠃ᠲᠡᠷᠡ ᠦᠶ᠎ᠡ ᠳᠤ᠂ ᠪᠣᠷᠣᠪᠠᠯᠭᠠᠰᠤᠨ ᠤ ᠥᠷᠭᠡᠨ ᠣᠯᠠᠨ ᠮᠠᠯᠴᠢᠨ ᠲᠠᠷᠢᠶᠠᠴᠢᠨ ᠭᠤᠮᠢᠨᠳᠠᠩ ᠤᠨ ᠳᠡᠷᠰᠯᠡᠭᠦᠴᠤᠳ᠂ ᠸᠠᠩ ᠭᠦᠩ ᠢᠵᠠᠭᠤᠷᠲᠠᠨ ᠪᠣᠯᠣᠨ ᠺᠠᠲ᠋ᠣᠯᠢᠭ ᠱᠠᠰᠢᠨ ᠤ ᠰᠦᠮ᠎ᠡ ᠶᠢᠨ ᠬᠠᠷᠢ ᠶᠢᠨ ᠵᠣᠯᠢᠭ ᠤᠨ ᠨᠣᠶᠠᠷᠬᠠᠯ ᠤᠨ ᠳᠠᠷᠤᠯᠠᠯ ᠮᠥᠯᠵᠢᠯ ᠢ ᠬᠠᠨᠤᠲᠠᠯ᠎ᠠ ᠠᠮᠰᠠᠵᠤ᠂ ᠲᠦᠢᠯ ᠤᠨ ᠶᠠᠳᠠᠭᠤ ᠵᠦᠳᠡᠭᠦᠦ ᠠᠮᠢᠳᠤᠷᠠᠵᠤ ᠪᠠᠶᠢᠪᠠ ᠃ ᠪᠣᠷᠣᠪᠠᠪᠠ 16 ᠨᠠᠰᠤᠨ ᠠᠴᠠ ᠪᠠᠨ ᠬᠥᠮᠦᠨ ᠤ ᠡᠮᠦᠨ᠎ᠡ ᠬᠦᠴᠦ ᠶᠠᠪᠤᠵᠤ᠂ ᠺᠠᠲ᠋ᠣᠯᠢᠭ ᠱᠠᠰᠢᠨ ᠤ ᠰᠦᠮ᠎ᠡ ᠳᠤ ᠲᠡᠮᠡᠭᠡ ᠬᠥᠲᠥᠯᠵᠦ᠂ ᠮᠠᠯ ᠤᠨ ᠡᠵᠡᠨ ᠳᠤ ᠮᠠᠯ ᠬᠠᠷᠢᠭᠤᠯᠤᠨ ᠭᠠᠵᠠᠷ ᠲᠠᠷᠢᠵᠤ᠂ ᠠᠳᠤᠭᠤᠰᠤ ᠮᠠᠯ ᠢ ᠬᠦᠷᠬᠦ ᠦᠭᠡᠢ ᠬᠠᠯᠠ ᠲᠠᠮᠤ ᠶᠢᠨ ᠦᠢᠯᠡ ᠶᠢ ᠦᠵᠡᠵᠦ ᠶᠠᠪᠤᠵᠠᠢ᠃      1941ᠣᠨ ᠤ 11 ᠰᠠᠷ᠎ᠠ ᠶᠢᠨ 11 ᠤ ᠡᠳᠦᠷ᠂ ᠪᠣᠷᠣᠪᠠᠯᠭᠠᠰᠤ ᠴᠢᠯᠦᠭᠡᠯᠡᠭᠳᠡᠵᠦ᠂ ᠠᠷᠠᠳ ᠣᠯᠠᠨ ᠡᠷᠬᠡ ᠴᠢᠯᠦᠭᠡ ᠪᠠᠨ ᠣᠯᠪᠠ᠃ ᠪᠣᠷᠣᠪᠠᠯᠭᠠᠰᠤ ᠶᠢᠨ ᠠᠵᠢᠯᠯᠠᠬᠤ ᠬᠤᠷᠢᠶ᠎ᠠ ᠨᠠᠮ ᠤᠨ ᠴᠢᠭᠯᠡᠯᠲᠡ᠂ ᠲᠦᠷᠦ ᠶᠢᠨ ᠪᠣᠳᠤᠯᠭ᠎ᠠ ᠶᠢ ᠠᠷᠠᠳ ᠣᠯᠠᠨ ᠳᠤ ᠢᠳᠡᠪᠬᠢᠲᠡᠢ ᠤᠬᠠᠭᠤᠯᠤᠨ ᠲᠤᠤᠱᠯᠠᠭᠤᠯᠬᠤ ᠳᠤᠮᠳᠠ ᠠᠴᠠ ᠪᠣᠷᠣᠪᠠᠪᠠ ᠡᠪ ᠬᠠᠮᠲᠤ ᠨᠠᠮ ᠪᠣᠯ ᠮᠠᠨ ᠤ ᠲᠣᠲᠣᠨᠤ ᠬᠥᠮᠦᠨ ᠭᠡᠳᠡᠭ ᠢ ᠲᠠᠨᠢᠵᠤ᠂ ᠬᠤᠪᠢᠰᠬᠠᠯ ᠤᠨ ᠡᠩᠨᠡᠭᠡᠨ ᠳᠤ ᠣᠷᠣᠬᠤ ᠪᠠᠷ ᠵᠣᠷᠢᠭ ᠰᠢᠭᠤᠳᠪᠠ᠃ ᠲᠤᠬᠠᠢ ᠶᠢᠨ ᠦᠶ᠎ᠡ ᠳᠤ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠪᠠᠭᠰᠢ ᠪᠠᠲᠤᠴᠤᠭ ᠲᠡᠭᠦᠨ ᠤ ᠣᠷᠭᠢᠯᠤᠮ᠎ᠠ ᠬᠠᠯᠠᠭᠤᠨ ᠬᠦᠰᠡᠯ ᠵᠣᠷᠢᠭ ᠢ ᠣᠯᠵᠤ ᠮᠡᠳᠡᠭᠡᠳ᠂ ᠨᠠᠮ ᠤᠨ ᠵᠣᠬᠢᠶᠠᠨ ᠪᠠᠶᠢᠭᠤᠯᠤᠯᠲᠠ ᠳᠤ ᠲᠠᠨᠢᠯᠴᠠᠭᠤᠯᠭ᠎ᠠ ᠬᠢᠵᠦ ᠬᠤᠪᠢᠰᠬᠠᠯ ᠤᠨ ᠠᠵᠢᠯ ᠳᠤ ᠣᠷᠣᠯᠴᠠᠭᠤᠯᠪᠠ᠃ 1945 ᠣᠨ ᠤ ᠡᠪᠦᠯ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠭᠤᠷᠪᠠᠳᠤᠭᠠᠷ ᠠᠩᠭᠢ ᠳᠤ ᠰᠤᠷᠤᠯᠴᠠᠵᠠᠢ᠃ ᠪᠣᠷᠣᠪᠠᠪᠠ ᠶᠢᠨ ᠮᠣᠩᠭᠤᠯ ᠬᠡᠯᠡᠨ ᠤ ᠮᠡᠳᠡᠯᠭᠡ ᠶᠢᠨ ᠬᠢᠷᠢ ᠪᠥᠲᠥᠮᠵᠢ ᠣᠨᠴᠠ ᠰᠠᠶᠢᠨ ᠪᠣᠯᠬᠤ ᠪᠠᠷ 1946 ᠣᠨ ᠤ ᠡᠪᠦᠯ ᠠᠴᠠ ᠡᠬᠢᠯᠡᠨ ᠬᠢᠲᠠᠳ ᠬᠡᠯᠡᠨ ᠤ ᠰᠤᠷᠤᠭᠴᠢ ᠪᠦᠭᠡᠳ ᠮᠣᠩᠭᠤᠯ ᠬᠡᠯᠡᠨ ᠤ ᠪᠠᠭᠰᠢ ᠪᠣᠯᠪᠠ᠃ ᠲᠡᠷᠡ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ ᠪᠤᠰᠤᠳ ᠪᠠᠭᠰᠢ ᠨᠠᠷ ᠲᠠᠢ ᠬᠠᠮᠲᠤ ᠪᠠᠷ ᠮᠣᠩᠭᠤᠯ᠂ ᠬᠢᠲᠠᠳ᠂ ᠬᠤᠲᠤᠩ ᠵᠡᠷᠭᠡ ᠡᠯ᠎ᠡ ᠦᠨᠳᠦᠰᠦᠲᠡᠨ ᠤ ᠰᠤᠷᠤᠭᠴᠢᠳ ᠢ ᠢᠳᠡᠪᠬᠢᠲᠡᠢ ᠬᠥᠮᠦᠵᠢᠭᠦᠯᠪᠡ᠃ ᠰᠤᠷᠤᠭᠴᠢᠳ ᠢ ᠬᠥᠮᠦᠵᠢᠭᠦᠯᠬᠦ ᠶᠠᠪᠤᠴᠠ ᠳᠤ᠂ ᠲᠡᠷᠡ ᠬᠤᠪᠢᠰᠬᠠᠯᠲᠤ ᠬᠥᠮᠦᠯᠢᠭ ᠦᠵᠡᠯ ᠪᠣᠯᠣᠨ ᠮᠠᠷᠺᠠᠰ ᠯᠧᠨᠢᠨ ᠤ ᠦᠵᠡᠯ ᠤᠨ ᠦᠨᠳᠦᠰᠦᠲᠡᠨ ᠤ ᠦᠵᠡᠯᠲᠡ ᠶᠢ ᠠᠯᠬᠤᠮ ᠠᠯᠬᠤᠮ ᠢᠶᠠᠷ ᠪᠤᠢ ᠪᠣᠯᠭᠠᠪᠠ᠃ ᠲᠡᠷᠡ ᠠᠯᠬᠤᠮ ᠳᠠᠪᠰᠢᠵᠤ᠂ ᠬᠠᠲᠠᠭᠤᠵᠢᠯᠲᠠᠢ ᠠᠵᠢᠯᠯᠠᠨ᠂ ᠵᠥᠪ ᠪᠤᠷᠤᠭᠤ ᠶᠢ ᠲᠤᠲᠤᠷᠬᠠᠢ ᠢᠯᠭᠠᠵᠤ᠂ ᠡᠷᠬᠢᠮ ᠳᠡᠭᠡᠳᠦ ᠵᠠᠩ ᠰᠤᠷᠲᠠᠯ ᠲᠠᠢ᠂ ᠲᠥᠪ ᠰᠤᠷᠲᠠᠯ ᠢ ᠪᠠᠷᠢᠮᠲᠠᠯᠠᠭᠰᠠᠨ ᠠᠴᠠ ᠤᠳᠠᠯ ᠦᠭᠡᠢ ᠡᠪ ᠬᠠᠮᠲᠤ ᠨᠠᠮ ᠳᠤ ᠥᠩᠭᠡ ᠭᠡᠷᠡᠯ ᠲᠠᠢ ᠪᠠᠷ ᠡᠯᠰᠡᠭᠳᠡᠪᠡ᠃      ᠨᠠᠮ ᠤᠨ ᠵᠣᠬᠢᠶᠠᠨ ᠪᠠᠶᠢᠭᠤᠯᠤᠯᠲᠠ ᠠᠴᠠ ᠴᠥᠭᠡᠨ ᠲᠣᠭᠠᠳᠤ ᠦᠨᠳᠦᠰᠦᠲᠡᠨ ᠤ ᠺᠠᠲᠠᠷ ᠢ ᠤᠯᠠᠮ ᠨᠢᠭᠡ ᠠᠯᠬᠤᠮ ᠬᠥᠮᠦᠵᠢᠭᠦᠯᠬᠦ ᠶᠢᠨ ᠲᠥᠯᠥᠭᠡ᠂ ᠪᠣᠷᠣᠪᠠᠪᠠ ᠶᠢ ᠶᠠᠨ ᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠬᠤᠶᠢᠳᠤ ᠣᠷᠣᠨ ᠤ ᠲᠣᠪᠴᠢᠶ᠎ᠠ ᠶᠢᠨ ᠨᠠᠮ ᠤᠨ ᠰᠤᠷᠭᠠᠭᠤᠯᠢ ᠳᠤ ᠬᠦᠷᠭᠡᠵᠦ ᠰᠤᠷᠤᠯᠴᠠᠭᠤᠯᠪᠠ᠃ 1948 ᠣᠨ ᠤ ᠳᠡᠭᠡᠳᠦ ᠬᠠᠭᠠᠰ ᠵᠢᠯ ᠶᠡᠭᠡ ᠵᠤᠤ ᠶᠢᠨ ᠴᠢᠭᠤᠯᠭᠠᠨ ᠤ ᠪᠠᠷᠠᠭᠤᠨ ᠪᠡᠶ᠎ᠡ ᠶᠢᠨ ᠠᠵᠢᠯᠯᠠᠬᠤ ᠬᠤᠷᠢᠶ᠎ᠠ ᠳᠤ ᠬᠤᠪᠢᠶᠠᠭᠳᠠᠨ ᠠᠵᠢᠯᠯᠠᠵᠤ᠂ ᠨᠠᠮᠤᠷ ᠨᠢ ᠦᠦᠰᠢᠨ ᠬᠤᠰᠢᠭᠤᠨ ᠤ ᠠᠵᠢᠯᠯᠠᠬᠤ ᠬᠤᠷᠢᠶ᠎ᠠ ︵ᠵᠢᠩᠪᠢᠶᠡᠨ︶ ᠳᠤ ᠣᠴᠢᠵᠤ᠂ ᠮᠣᠩᠭᠤᠯ ᠬᠡᠯᠡᠨ ᠤ ᠪᠢᠴᠢᠭᠡᠴᠢ᠂ ᠣᠷᠴᠢᠭᠤᠯᠤᠭᠴᠢ ᠪᠣᠯᠪᠠ᠃ ᠲᠡᠭᠦᠨ ᠤ ᠭᠤᠣᠯ ᠡᠭᠦᠷᠭᠡ ᠪᠣᠯ ᠡᠳᠦᠷ ᠪᠦᠷᠢ ᠶᠢᠨ ᠰᠣᠨᠢᠨ ᠮᠡᠳᠡᠭᠡ᠂ ᠤᠬᠠᠭᠤᠯᠬᠤ ᠮᠠᠲ᠋ᠧᠷᠢᠶᠠᠯ ᠢ ᠬᠢᠲᠠᠳ ᠠᠴᠠ ᠮᠣᠩᠭᠤᠯᠴᠢᠯᠠᠵᠤ᠂ ᠦᠦᠰᠢᠨ ᠬᠤᠰᠢᠭᠤᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠮᠣᠩᠭᠤᠯ ᠬᠡᠯᠡᠨ ᠤ ᠤᠬᠠᠭᠤᠯᠬᠤ ᠮᠠᠲ᠋ᠧᠷᠢᠶᠠᠯ ᠪᠣᠯᠭᠠᠨ ᠨᠠᠶᠢᠷᠠᠭᠤᠯᠵᠤ ᠮᠠᠯᠵᠢᠬᠤ ᠣᠷᠣᠨ ᠤ ᠰᠤᠷᠲᠠᠯ ᠤᠬᠠᠭᠤᠯᠭ᠎ᠠ ᠶᠢᠨ ᠠᠵᠢᠯ ᠢ ᠦᠷᠨᠢᠭᠦᠯᠵᠦ ᠪᠠᠶᠢᠵᠠᠢ᠃ ᠲᠤᠬᠠᠢ ᠶᠢᠨ ᠦᠶ᠎ᠡ ᠶᠢᠨ ᠬᠤᠰᠢᠭᠤ ᠨᠠᠮ ᠤᠨ ᠬᠤᠷᠢᠶᠠᠨ ᠤ ᠱᠦᠵᠢ ᠯᠢ ᠰᠢᠨ ᠮᠢᠨ ᠪᠣᠯ ᠬᠢᠲᠠᠳ ᠦᠨᠳᠦᠰᠦᠲᠡᠨ ᠪᠣᠯᠬᠤᠷ᠂ ᠮᠠᠯᠵᠢᠬᠤ ᠣᠷᠣᠨ ᠤ ᠠᠵᠢᠯ ᠬᠢᠬᠦ᠂ ᠴᠢᠬᠤᠯᠠ ᠬᠤᠷᠠᠯ ᠬᠢᠬᠦ᠂ ᠦᠨᠳᠦᠰᠦᠲᠡᠨ ᠤ ᠨᠢᠭᠡᠳᠦᠮᠡᠯ ᠹᠷᠣᠨᠲ ᠤᠨ ᠬᠥᠮᠦᠰ ᠢ ᠵᠣᠴᠢᠯᠠᠬᠤ᠂ ᠮᠠᠯᠴᠢᠳ ᠲᠠᠢ ᠶᠠᠷᠢᠯᠴᠠᠬᠤ ᠳᠤ ᠮᠣᠩᠭᠤᠯᠴᠢᠯᠠᠬᠤ ᠴᠢᠬᠤᠯᠠ ᠲᠠᠢ ᠪᠣᠯ ᠴᠥᠮ ᠪᠣᠷᠣᠪᠠᠪᠠ ᠡᠭᠦᠷᠭᠡᠯᠡᠵᠦ᠂ ᠬᠤᠰᠢᠭᠤᠨ ᠤ ᠠᠵᠢᠯᠯᠠᠬᠤ ᠬᠤᠷᠢᠶᠠᠨ ᠤ ᠴᠢᠳᠠᠪᠦᠷᠢᠲᠠᠢ ᠮᠣᠩᠭᠤᠯ ᠺᠠᠲᠠᠷ ᠪᠣᠯᠣᠭᠰᠠᠨ ᠪᠢᠯᠡ᠃      1948 ᠣᠨ ᠳᠤ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠦᠬᠦ ᠲᠠᠯ᠎ᠠ ᠶᠢᠨ ᠳᠠᠭᠠᠷᠢᠯᠲᠠ ᠳᠤ ᠰᠢᠯᠵᠢᠭᠰᠡᠨ ᠰᠢᠨ᠎ᠡ ᠪᠠᠶᠢᠳᠠᠯ ᠳᠣᠣᠷ᠎ᠠ᠂ ᠦᠨᠳᠦᠰᠦᠲᠡᠨ ᠤ ᠨᠢᠭᠡᠳᠦᠮᠡᠯ ᠹᠷᠦᠨᠲ ᠤᠨ ᠠᠵᠢᠯ᠂ ᠣᠯᠠᠨ ᠲᠦᠮᠡᠨ ᠤ ᠠᠵᠢᠯ ᠪᠣᠯᠣᠨ ᠴᠡᠷᠢᠭ ᠤᠨ ᠶᠠᠪᠤᠳᠠᠯ ᠤᠨ ᠲᠡᠮᠡᠴᠡᠯ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ ᠪᠣᠯᠪᠠ᠃ ᠦᠦᠰᠢᠨ ᠬᠤᠰᠢᠭᠤᠨ ᠤ ᠠᠵᠢᠯᠯᠠᠬᠤ ᠬᠤᠷᠢᠶ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠨᠠᠨ ᠶᠸᠤ ᠹᠠᠩ ᠳᠤ ᠬᠤᠶᠠᠷ ᠬᠤᠭᠤᠴᠠᠭᠠᠨ ᠤ ᠺᠠᠲᠠᠷ ᠤᠨ ᠰᠤᠷᠤᠯᠴᠠᠬᠤ ᠠᠩᠭᠢ ᠡᠷᠬᠢᠯᠡᠵᠦ᠂ ᠬᠤᠭᠤᠴᠠᠭ᠎ᠠ ᠪᠦᠷᠢ ᠨᠢᠭᠡ ᠰᠠᠷ᠎ᠠ ᠶᠢᠨ ᠴᠠᠭ ᠬᠡᠷᠡᠭᠯᠡᠵᠦ᠂ ᠬᠤᠰᠢᠭᠤᠨ ᠤ ᠠᠵᠢᠯᠯᠠᠬᠤ ᠬᠤᠷᠢᠶᠠᠨ ᠤ ᠱᠦᠵᠢ ᠠᠴᠠ ᠡᠬᠢᠯᠡᠭᠡᠳ ᠺᠠᠲᠠᠷ ᠪᠣᠯᠣᠨ ᠨᠠᠷᠢᠠᠭᠤᠣᠯ ᠨᠤᠲᠤᠭ᠂ ᠤᠷᠢᠳᠤ ᠪᠡᠶ᠎ᠡ ᠶᠢᠨ ᠮᠣᠩᠭᠤᠯ ᠬᠢᠲᠠᠳ ᠤᠨ ᠥᠪᠡᠷᠲᠡᠭᠡᠨ ᠵᠠᠰᠠᠬᠤ ᠬᠤᠯᠪᠤᠭᠠᠲᠤ ᠬᠤᠷᠠᠯ ᠤᠨ ᠺᠠᠲᠠᠷ ᠬᠦᠷᠲᠡᠯ᠎ᠡ 40 ᠭᠠᠷᠤᠢ ᠬᠥᠮᠦᠨ ᠴᠥᠮ ᠦᠨᠳᠦᠰᠦᠲᠡᠨ ᠤ ᠲᠦᠷᠦ ᠶᠢᠨ ᠪᠣᠳᠤᠯᠭ᠎ᠠ᠂ ᠮᠣᠩᠭᠤᠯ ᠬᠡᠯᠡ᠂ ᠮᠣᠩᠭᠤᠯ ᠦᠨᠳᠦᠰᠦᠲᠡᠨ ᠤ ᠵᠠᠩ ᠳᠠᠳᠬᠠᠯ ᠤᠨ ᠲᠤᠬᠠᠢ ᠰᠤᠷᠤᠯᠴᠠᠵᠠᠢ᠃ ᠪᠣᠷᠣᠪᠠᠪᠠ ᠬᠢᠴᠢᠶᠡᠯ ᠬᠥᠮᠦᠵᠢᠯ ᠤᠨ ᠪᠠᠭᠰᠢ ᠶᠢᠨ ᠨᠢᠭᠡ ᠨᠢ ᠪᠠᠶᠢᠵᠤ᠂ ᠡᠳᠦᠷ ᠰᠦᠨᠢ ᠦᠭᠡᠢ ᠶᠠᠭᠠᠷᠠᠨ ᠬᠢᠴᠢᠶᠡᠯ ᠪᠡᠯᠡᠳᠬᠡᠵᠦ᠂ ᠬᠢᠯᠪᠠᠷ ᠳᠦᠭᠦᠮ ᠣᠶᠢᠯᠠᠭᠠᠮᠵᠢᠲᠠᠢ ᠰᠠᠶᠢᠬᠠᠨ ᠬᠢᠴᠢᠶᠡᠯᠯᠡᠳᠡᠭ ᠠᠴᠠ ᠰᠤᠷᠤᠭᠴᠢᠳ ᠤᠨ ᠬᠠᠯᠠᠭᠤᠨ ᠬᠦᠷᠢᠶᠡᠯᠡᠯ ᠢ ᠣᠯᠵᠤ᠂ ᠪᠣᠯᠪᠠᠰᠤᠷᠠᠯ ᠤᠨ ᠠᠩᠭᠢ ᠶᠢ ᠰᠠᠶᠢᠲᠤᠷ ᠡᠷᠬᠢᠯᠡᠬᠦ ᠳᠤ ᠴᠢᠬᠤᠯᠠ ᠦᠢᠯᠡᠳᠦᠯ ᠦᠵᠡᠭᠦᠯᠪᠡ᠃      ᠪᠣᠷᠣᠪᠠᠪᠠ ᠦᠦᠰᠢᠨ ᠬᠤᠰᠢᠭᠤᠨ ᠤ ᠠᠵᠢᠯᠯᠠᠬᠤ ᠬᠤᠷᠢᠶᠠᠨ ᠳᠤ ᠠᠵᠢᠯᠯᠠᠵᠤ ᠪᠠᠶᠢᠭ᠎ᠠ ᠬᠤᠭᠤᠴᠠᠭᠠᠨ ᠳᠠᠭᠠᠨ ᠠᠮᠢᠳᠤᠷᠠᠯ ᠪᠣᠷᠣᠭᠵᠢᠭᠤᠨ᠂ ᠠᠷᠢᠭᠤᠨ ᠴᠢᠭᠡᠴᠢ᠂ ᠳᠠᠷᠤᠤ ᠪᠣᠯᠭᠤᠮᠵᠢᠲᠠᠢ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠠᠩᠭᠢ ᠶᠢᠨ ᠠᠬ᠎ᠠ ᠳᠡᠭᠦᠦ ᠪᠠᠨ ᠲᠦᠢᠯ ᠢᠶᠠᠷ ᠬᠠᠷᠠᠭᠠᠯᠵᠠᠨ ᠬᠠᠶᠢᠷᠠᠯᠠᠵᠤ᠂ ᠠᠵᠢᠯ ᠤᠨ ᠰᠡᠯᠡᠭᠦᠦ ᠴᠠᠭ ᠢᠶᠠᠷ ᠢᠶᠠᠨ ᠲᠡᠷᠡ ᠭᠠᠰᠢᠭᠤᠨ ᠵᠣᠪᠠᠯᠠᠩ ᠤᠨ ᠳᠠᠯᠠᠢ ᠳᠤ ᠥᠰᠴᠦ ᠲᠥᠷᠥᠭᠰᠡᠨ ᠬᠢᠲᠠᠳ ᠦᠨᠳᠦᠰᠦᠲᠡᠨ ᠤ ᠭᠤᠷᠪᠠᠨ ᠵᠠᠯᠠᠭᠤ— ᠶᠠᠨ ᠹᠧᠩ ᠮᠢᠩ ︵ᠨᠠᠰᠤ ᠪᠠᠷᠠᠪᠠ︶᠂ ᠸᠠᠩ ᠬᠠᠢ ᠬᠠᠢ ︵ᠨᠠᠰᠤ ᠪᠠᠷᠠᠪᠠ︶᠂ ᠪᠠᠢ ᠶᠢᠨ ᠪᠤᠤ ᠶᠢ ᠬᠦᠯᠢᠴᠡᠩᠭᠦᠢ ᠪᠠᠷ ᠬᠠᠪᠰᠤᠷᠴᠤ ᠪᠠᠶᠢᠭᠠᠳ ᠮᠣᠩᠭᠤᠯ ᠬᠡᠯᠡ ᠪᠢᠴᠢᠭ ᠰᠤᠷᠭᠠᠭᠠᠳ ᠮᠠᠰᠢ ᠲᠥᠷᠭᠡᠨ ᠠᠯᠬᠤᠮ ᠳᠠᠪᠰᠢᠭᠤᠯᠪᠠ᠃      ᠬᠠᠭᠤᠴᠢᠨ ᠨᠡᠶᠢᠭᠡᠮ ᠤᠨ ᠲᠠᠷᠴᠢᠯᠠᠭᠠᠯ ᠲᠠᠮᠤᠯᠠᠯ ᠠᠴᠠ ᠪᠣᠯᠵᠤ᠂ ᠪᠣᠷᠣᠪᠠᠪᠠ ᠬᠦᠨᠳᠦ ᠰᠦᠷᠡᠬᠡᠢ ᠬᠤᠳᠤᠭᠤᠳᠤᠨ ᠡᠪᠡᠳᠴᠢᠨ ᠲᠠᠢ ᠪᠣᠯᠣᠭᠰᠠᠨ ᠪᠣᠯᠪᠠᠴᠤ ᠡᠪᠡᠳᠴᠢᠨ ᠢᠶᠠᠨ ᠳᠡᠰᠪᠦᠷᠢᠯᠡᠨ ᠭᠡᠭᠦᠳᠡᠭ ᠳᠦᠭᠦᠷᠡᠩ ᠬᠠᠯᠠᠭᠤᠨ ᠰᠡᠳᠬᠢᠯ ᠢᠶᠠᠷ ᠠᠵᠢᠯᠯᠠᠵᠤ᠂ ᠦᠦᠰᠢᠨ ᠬᠤᠰᠢᠭᠤᠨ ᠤ ᠮᠠᠩᠬᠠᠲᠤ ᠶᠢᠨ ᠰᠦᠮ᠎ᠡ ᠣᠷᠴᠢᠮ ᠢᠶᠠᠷ ᠭᠦᠨᠵᠡᠭᠡᠶᠢᠷᠡᠵᠦ᠂ ᠣᠯᠠᠨ ᠲᠦᠮᠡᠨ ᠲᠠᠢ ᠵᠣᠪᠠᠯ ᠵᠢᠷᠭᠠᠯ ᠢᠶᠠᠨ ᠬᠠᠮᠳᠤᠳᠬᠠᠨ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠵᠤ᠂ ᠵᠠᠯᠢᠬᠠᠢ ᠡᠲᠡᠭᠡᠳ ᠬᠢᠭᠡᠳ ᠲᠠᠩᠨᠠᠭᠤᠯ ᠢ ᠰᠡᠷᠭᠡᠶᠢᠯᠡᠬᠦ᠂ ᠭᠠᠶᠢᠯᠢ ᠬᠤᠷᠢᠶᠠᠬᠤ ᠪᠠ ᠨᠠᠮᠤᠷ ᠤᠨ ᠶᠠᠭᠠᠷᠠᠤ ᠦᠶ᠎ᠡ ᠶᠢᠨ ᠠᠵᠢᠯ ᠢ ᠰᠠᠶᠢᠲᠤᠷ ᠬᠢᠵᠦ ᠨᠠᠮ ᠤᠨ ᠭᠤᠣᠯ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃1949 ᠣᠨ ᠤ 2 ᠰᠠᠷ᠎ᠠ ᠳᠤ᠂ ᠬᠤᠪᠢᠰᠬᠠᠯ ᠤᠨ ᠪᠠᠶᠢᠳᠠᠯ ᠤᠨ ᠬᠥᠭᠵᠢᠯᠲᠡ ᠶᠢ ᠦᠨᠳᠦᠰᠦᠯᠡᠨ᠂ ᠶᠡᠭᠡ ᠵᠤᠤ ᠶᠢᠨ ᠪᠠᠷᠠᠭᠤᠨ ᠪᠡᠶ᠎ᠡ ᠶᠢᠨ ᠠᠵᠢᠯᠯᠠᠬᠤ ᠬᠤᠷᠢᠶ᠎ᠠ ᠪᠣᠯᠣᠨ ᠦᠦᠰᠢᠨ ᠤ ᠠᠵᠢᠯᠯᠠᠬᠤ ᠬᠤᠷᠢᠶ᠎ᠠ ᠠᠴᠠ ᠵᠡᠭᠦᠨ ᠦᠦᠰᠢᠨ ᠢ ᠪᠣᠰᠣᠯᠭ᠎ᠠ ᠭᠠᠷᠭᠠᠭᠤᠯᠵᠤ ᠪᠣᠯᠣᠨ᠎ᠠ ᠭᠡᠵᠦ ᠦᠵᠡᠭᠡᠳ᠂ ᠵᠸᠤ ᠷᠧᠨ ᠱᠠᠨ ᠱᠦᠵᠢ ᠪᠠᠷ ᠲᠦᠷᠦᠭᠦᠯᠡᠭᠦᠯᠦᠭᠰᠡᠨ 6 ᠬᠥᠮᠦᠨ ᠢᠶᠠᠷ ᠪᠥᠷᠢᠯᠳᠦᠭᠰᠡᠨ ᠲᠦᠷ ᠴᠠᠭ ᠤᠨ ᠠᠵᠢᠯᠯᠠᠬᠤ ᠬᠤᠷᠢᠶ᠎ᠠ ᠪᠠᠶᠢᠭᠤᠯᠵᠤ᠂ ᠳᠣᠣᠷ᠎ᠠ ᠨᠢ ᠬᠤᠶᠠᠷ ᠠᠵᠢᠯᠯᠠᠬᠤ ᠳᠤᠭᠤᠶᠢᠯᠠᠩ ᠭᠠᠷᠭᠠᠵᠤ᠂ ᠪᠣᠷᠣᠪᠠᠪᠠ ᠨᠢᠭᠡᠳᠦᠭᠡᠷ ᠠᠵᠢᠯᠯᠠᠬᠤ ᠳᠣᠭᠤᠶᠢᠯᠠᠩ ᠳᠤ ᠣᠷᠣᠯᠴᠠᠵᠤ᠂ ᠣᠷᠴᠢᠭᠤᠯᠤᠭᠴᠢ᠂ ᠬᠤᠯᠪᠤᠭᠠᠴᠢᠨ ᠤ ᠠᠵᠢᠯ ᠢ ᠬᠢᠵᠦ᠂ ᠤᠳᠤᠷᠢᠳᠤᠯᠭ᠎ᠠ ᠶᠢ ᠬᠠᠪᠰᠤᠷᠤᠨ ᠳᠠᠶᠢᠰᠤᠨ ᠢ ᠲᠠᠲᠠᠵᠤ ᠠᠪᠬᠤ ᠠᠵᠢᠯ ᠢ ᠬᠢᠭᠰᠡᠨ ᠢᠶᠠᠷ 3 ᠰᠠᠷ᠎ᠠ ᠶᠢᠨ 17 ᠤ ᠡᠳᠦᠷ ᠵᠡᠭᠦᠨ ᠦᠦᠰᠢᠨ ᠪᠣᠰᠣᠯᠭ᠎ᠠ ᠭᠠᠷᠭᠠᠭᠤᠯᠬᠤ ᠳᠤ ᠲᠡᠷᠡ ᠡᠳᠦᠷ ᠰᠦᠨᠢ ᠶᠢ ᠢᠯᠭᠠᠯ ᠦᠭᠡᠢ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠪᠠ᠃      1949 ᠣᠨ ᠤ 7 ᠰᠠᠷ᠎ᠠ ᠶᠢᠨ 2 ᠤᠨ ᠡᠳᠦᠷ᠂ ᠪᠣᠷᠣᠪᠠᠪᠠ ᠬᠠᠩᠭᠢᠨ ᠬᠤᠰᠢᠭᠤᠨ ᠤ ᠠᠵᠢᠯᠯᠠᠬᠤ ᠬᠤᠷᠢᠶ᠎ᠠ ᠶᠢᠨ ᠭᠡᠰᠢᠭᠦᠨ᠂ ᠬᠤᠰᠢᠭᠤᠨ ᠤ ᠲᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠪᠠᠷ ᠳᠡᠪᠰᠢᠭᠦᠯᠦᠭᠳᠡᠪᠡ᠃ 8 ᠰᠠᠷ᠎ᠠ ᠳᠤ᠂ ᠠᠶᠢᠮᠠᠭ ᠤᠨ ᠠᠵᠢᠯᠯᠠᠬᠤ ᠬᠤᠷᠢᠶᠠᠨ ᠠᠴᠠ ᠲᠣᠭᠤᠷᠢᠮ ᠤᠨ ᠠᠵᠢᠯᠯᠠᠬᠤ ᠬᠤᠷᠢᠶᠠᠨ ᠤ ᠺᠠᠲᠠᠷ ᠶᠠᠩ ᠰᠦᠸᠧ ᠽᠢ ᠵᠠᠮᠴᠢᠯᠠᠵᠤ ᠪᠣᠷᠣᠪᠠᠪᠠ ᠶᠢ ᠳᠠᠭᠠᠭᠤᠯᠤᠨ᠂ ᠳ᠋ᠦᠩᠱᠧᠩ ᠰᠢᠶᠡᠨ ᠤ ᠬᠠᠷᠢᠶ᠎ᠠ ᠦᠮᠡᠬᠡᠶᠢᠨᠠᠭᠤᠷ ᠤᠨ ᠫᠠᠷᠲ᠋ᠢᠽᠠᠨ ᠣᠷᠣᠨ ᠳᠤ ᠣᠴᠢᠭᠤᠯᠵᠤ᠂ ᠪᠠᠶᠢᠳᠠᠯ ᠢ ᠣᠶᠢᠯᠭᠠᠭᠠᠳ ᠬᠠᠩᠭᠢᠨ ᠬᠤᠰᠢᠭᠤᠨ ᠤ ᠲᠣᠲᠣᠭᠠᠳᠤ ᠶᠢ ᠬᠠᠮᠠᠭᠠᠯᠠᠬᠤ ᠠᠵᠢᠯ ᠢᠶᠠᠨ ᠦᠷᠨᠢᠭᠦᠯᠬᠦ ᠪᠠᠷ ᠲᠣᠮᠢᠯᠠᠪᠠ᠃ ᠪᠣᠷᠣᠪᠠᠪᠠ ᠵᠡᠭᠡᠷᠲᠡ ᠮᠣᠷᠢ ᠤᠨᠤᠵᠤ᠂ ᠬᠤᠶᠠᠷ《7.9》 ᠶᠠᠪᠠᠭᠠᠨ ᠫᠤᠤ ᠠᠪᠴᠤ ᠰᠤᠯᠠ ᠬᠤᠪᠴᠠᠰᠤ ᠡᠮᠦᠰᠦᠨ ᠬᠠᠩᠭᠢᠨ ᠬᠤᠰᠢᠭᠤᠨ ᠤ ᠠᠵᠢᠯᠯᠠᠬᠤ ᠬᠤᠷᠢᠶᠠᠨ ᠤ ᠱᠦᠵᠢ ᠴᠢᠶᠤᠤ ᠭᠦᠢ ᠵᠠᠩ ᠵᠡᠷᠭᠡ ᠲᠠᠪᠤᠨ ᠨᠥᠬᠦᠳ ᠪᠣᠯᠣᠨ ᠲᠣᠭᠤᠷᠢᠮ ᠤᠨ ᠠᠵᠢᠯᠯᠠᠬᠤ ᠬᠤᠷᠢᠶᠠᠨ ᠤ ᠦᠮᠡᠬᠡᠶᠢᠨᠠᠭᠤᠷ ᠤᠨ ᠫᠠᠷᠲ᠋ᠢᠽᠠᠨ ᠠᠩᠭᠢ ᠶᠢᠨ 70 ᠭᠠᠷᠤᠢ ᠬᠥᠮᠦᠨ ᠲᠠᠢ ᠬᠠᠮᠲᠤ ᠮᠣᠬᠤᠷᠰᠤᠭᠤ ᠶᠢᠨ ᠡᠮᠦᠨ᠎ᠡ ᠪᠡᠶ᠎ᠡ ᠪᠣᠯᠣᠨ ᠰᠠᠩᠳᠦ᠋ᠢ ᠶᠢᠨ ᠰᠦᠮ᠎ᠡ᠂ ᠬᠦᠬᠡᠪᠦᠷ ᠤᠨ ᠰᠦᠮ᠎ᠡ᠂ ᠶᠡᠭᠡ ᠪᠠᠭ᠎ᠠ ᠰᠡᠪᠬᠦᠯ ᠣᠷᠴᠢᠮ ᠳᠠᠶᠢᠰᠤᠨ ᠤ ᠲᠠᠩᠨᠠᠭᠤᠯ ᠤᠨ ᠪᠠᠶᠢᠳᠠᠯ ᠢ ᠣᠶᠢᠯᠭᠠᠨ᠂ ᠣᠯᠠᠨ ᠲᠦᠮᠡᠨ ᠤ ᠠᠵᠢᠯ ᠢ ᠬᠢᠵᠦ ᠪᠠᠶᠢᠪᠠ᠃ ᠪᠣᠷᠣᠪᠠᠪᠠ ᠦᠷᠭᠦᠯᠵᠢ ᠪᠡᠶ᠎ᠡ ᠪᠠᠷᠤᠭᠲᠠᠢ ᠪᠠᠨ ᠮᠡᠳᠡᠳᠡᠭ ᠪᠣᠯᠪᠠᠴᠤ ᠲᠡᠰᠪᠦᠷᠢᠯᠡᠨ ᠠᠵᠢᠯᠯᠠᠳᠠᠭ ᠪᠠᠶᠢᠪᠠ᠃ ᠬᠤᠵᠢᠮ ᠨᠢ ᠲᠣᠭᠤᠷᠢᠮ ᠤᠨ ᠠᠵᠢᠯᠯᠠᠬᠤ ᠬᠤᠷᠢᠶᠠᠨ ᠤ ᠳᠡᠳ᠋ ᠱᠦᠵᠢ ᠪᠦᠭᠡᠳ ᠫᠠᠷᠲ᠋ᠢᠽᠠᠨ ᠠᠩᠭᠢ ᠶᠢᠨ ᠵᠢᠭᠠᠨ ᠵᠢᠯᠤᠭᠤᠳᠤᠭᠴᠢ ᠯᠢ ᠰᠢ ᠴᠠᠩ ᠨᠠᠷ ᠪᠣᠷᠣᠪᠠᠪᠠ ᠶᠢᠨ ᠪᠡᠶ᠎ᠡ ᠡᠳᠦᠷ ᠠᠴᠠ ᠡᠳᠦᠷ ᠲᠤᠷᠠᠵᠤ᠂ ᠦᠷᠭᠦᠯᠵᠢ ᠬᠥᠯᠥᠰᠦ ᠲᠠᠢ ᠪᠠᠶᠢᠬᠤ ᠶᠢ ᠮᠡᠳᠡᠭᠡᠳ ᠪᠠᠶᠢᠴᠠᠭᠠᠯᠭᠠᠭᠰᠠᠨ ᠳᠤ ᠲᠡᠭᠦᠨ ᠤ ᠮᠣᠬᠤᠷ ᠣᠯᠣᠭᠠᠢ ᠶᠢᠨ ᠥᠷᠪᠢᠰᠦᠯ ᠤᠨ ᠮᠡᠰᠡ ᠵᠠᠰᠠᠯ ᠠᠴᠠ ᠪᠣᠯᠣᠭᠰᠠᠨ ᠠᠷᠬᠠᠭ ᠭᠡᠮ ᠬᠦᠨᠳᠦ ᠪᠠᠶᠢᠭᠰᠠᠨ ᠪᠣᠯᠪᠠᠴᠤ ᠲᠡᠷᠡ ᠲᠡᠰᠪᠦᠷᠢᠯᠡᠭᠰᠡᠭᠡᠷ ᠪᠠᠶᠢᠯ᠎ᠠ᠃ ᠡᠭᠦᠨ ᠳᠤ ᠣᠯᠠᠨ ᠢᠶᠠᠷ ᠢᠶᠠᠨ ᠰᠠᠨᠠᠭ᠎ᠠ ᠠᠮᠤᠷ ᠦᠭᠡᠢ ᠪᠣᠯᠵᠤ᠂ ᠴᠡᠷᠢᠭ ᠠᠶᠠᠯᠠᠬᠤ ᠦᠶ᠎ᠡ ᠫᠤᠤ ᠵᠡᠪᠰᠡᠭ ᠢ ᠨᠢ ᠬᠠᠮᠵᠢᠵᠤ ᠡᠭᠦᠷᠬᠦ ᠪᠤᠶᠤ ᠨᠢᠭᠤᠴᠠ ᠪᠠᠷ ᠮᠠᠯᠴᠢᠳ ᠤᠨ ᠭᠡᠷ ᠲᠤ ᠰᠠᠭᠤᠯᠭᠠᠵᠤ ᠰᠤᠪᠢᠯᠠᠭᠤᠯᠵᠤ ᠪᠠᠶᠢᠪᠠ᠃ ᠦᠦᠰᠢᠨ ᠬᠤᠰᠢᠭᠤᠨ ᠤ ᠬᠠᠭᠤᠷᠮᠠᠭ ᠬᠤᠰᠢᠭᠤᠴᠢ ᠭᠧᠨᠧᠷᠡᠯ ᠰᠡᠷᠭᠡᠶᠢᠯᠡᠨ ᠬᠠᠮᠠᠭᠠᠯᠠᠬᠤ ᠰᠧᠯᠢᠩ ᠷᠠᠳᠨᠠᠪᠠᠨᠽᠠᠷ 9 ᠰᠠᠷ᠎ᠠ ᠶᠢᠨ 22 ᠤᠨ ᠡᠳᠦᠷ ᠭᠡᠨᠡᠳᠲᠡ ᠪᠠᠷ ᠵᠡᠪᠰᠡᠭᠲᠦ ᠤᠷᠪᠠᠯᠭᠠᠨ ᠭᠠᠷᠭᠠᠭᠰᠠᠨ ᠠᠴᠠ᠂ ᠲᠡᠮᠡᠭᠡᠲᠦ᠂ ᠰᠠᠶᠢᠨᠳᠤᠷ᠎ᠠ ᠠᠴᠠ ᠶᠡᠭᠡ ᠵᠤᠤ ᠶᠢᠨ ᠴᠢᠭᠤᠯᠭᠠᠨ ᠳᠤ ᠰᠢᠷᠭᠤᠯᠠᠨ ᠣᠷᠣᠵᠤ ᠢᠷᠡᠭᠰᠡᠨ ᠳᠡᠭᠡᠷᠡᠮ ᠤᠨ ᠠᠮᠤᠷ ᠢ ᠬᠠᠮᠠᠭᠠᠯᠠᠬᠤ ᠬᠤᠷᠢᠶᠠᠨ ᠳᠠᠷᠤᠭ᠎ᠠ ᠭᠤᠤ ᠬᠤᠸᠠᠢ ᠰᠢᠶᠦ᠋ᠩ᠂ ᠵᠠᠩ ᠱᠢ ᠬᠤᠸᠠ ᠪᠣᠯᠣᠨ ᠲᠤᠩᠭᠠᠯᠠᠭ ᠲᠤ ᠪᠠᠶᠢᠭᠰᠠᠨ ᠬᠠᠭᠤᠷᠮᠠᠭ ᠴᠡᠷᠢᠭ ᠤᠨ ᠰᠤᠮᠤᠨ ᠳᠠᠷᠤᠭ᠎ᠠ ᠯᠢᠤ ᠵᠢᠤ ᠸᠧᠢ ᠵᠡᠷᠭᠡ ᠬᠠᠰᠢᠷ ᠳᠡᠭᠡᠷᠡᠮ ᠤᠳ ᠲᠠᠢ ᠰᠥᠯᠪᠡᠭᠡᠯᠡᠨ ᠰᠢᠨ᠎ᠡ ᠵᠡᠭᠡᠯᠢ ᠶᠢ ᠳᠠᠭᠠᠷᠢᠨ᠂ ᠵᠠᠮ ᠲᠤᠰᠤᠨ ᠪᠤᠯᠢᠶᠠᠵᠤ ᠳᠡᠭᠡᠷᠡᠮᠳᠡᠨ ᠬᠢᠲᠤᠯᠭ᠎ᠠ ᠬᠢᠪᠡ᠃ ᠪᠣᠷᠣᠪᠠᠪᠠ ᠶᠢᠨ ᠰᠤᠪᠢᠯᠠᠵᠤ ᠪᠠᠶᠢᠭᠰᠠᠨ ᠭᠠᠵᠠᠷ ᠴᠦ ᠳᠠᠶᠢᠰᠤᠨ ᠤ ᠪᠢᠲᠡᠭᠦᠮᠵᠢᠯᠡᠯ ᠪᠣᠯᠣᠨ ᠰᠦᠷᠳᠡᠭᠦᠯᠦᠯ ᠳᠤ ᠤᠴᠠᠷᠠᠵᠤ ᠪᠠᠶᠢᠪᠠ᠃ 10 ᠰᠠᠷ᠎ᠠ ᠶᠢᠨ 9 ᠤ ᠡᠳᠦᠷ᠂ ᠮᠠᠨ ᠤ ᠫᠠᠷᠲ᠋ᠢᠽᠠᠨ ᠠᠩᠭᠢ ᠶᠢᠨ ᠭᠤᠷᠪᠠᠳᠤᠭᠠᠷ ᠬᠤᠪᠢᠶᠠᠷᠢ ᠠᠩᠭᠢ ︵ᠰᠢᠨ᠎ᠡ ᠪᠠᠷ ᠲᠣᠬᠢᠷᠠᠭᠤᠯᠤᠭᠰᠠᠨ ᠪᠣᠰᠣᠯᠭ᠎ᠠ ᠶᠢᠨ ᠴᠡᠷᠢᠭ︶ ᠪᠣᠯᠣᠨ ᠨᠢᠭᠡ ᠬᠢᠲᠠᠳ ᠲᠠᠰᠤᠭ 40 ᠭᠠᠷᠤᠢ ᠬᠥᠮᠦᠨ ᠳᠠᠶᠢᠰᠦᠨ ᠤ ᠥᠲᠦᠭᠡᠯᠭᠡ ᠪᠠᠷ ᠤᠷᠪᠠᠯᠭ᠎ᠠ ᠭᠠᠷᠭᠠᠨ᠂ ᠯᠢᠤ ᠵᠢᠦ ᠸᠧᠢ ᠶᠢᠨ 120 ᠭᠠᠷᠤᠢ ᠳᠡᠭᠡᠷᠡᠮ ᠲᠠᠢ ᠨᠡᠶᠢᠯᠡᠭᠡᠳ ᠮᠠᠨ ᠤ ᠫᠠᠷᠲ᠋ᠢᠽᠠᠨ ᠠᠩᠭᠢ ᠶᠢᠨ ᠰᠠᠬᠢᠵᠤ ᠰᠠᠭᠤᠭᠰᠠᠨ ᠭᠤᠷᠪᠠᠨ ᠲᠠᠰᠤᠭ ᠢ ᠪᠦᠰᠡᠯᠡᠪᠡ᠃ ᠰᠢᠷᠦᠭᠦᠨ ᠲᠤᠯᠤᠯᠳᠤᠭᠠᠳ ᠮᠠᠨ ᠤ ᠴᠡᠷᠢᠭ ᠪᠥᠰᠡᠯᠡᠯᠲᠡ ᠶᠢ ᠰᠢᠪᠲᠤᠯᠵᠤ᠂ ᠬᠦᠨᠳᠦ ᠡᠪᠡᠳᠴᠢᠲᠡᠢ ᠪᠠᠶᠢᠭᠰᠠᠨ ᠪᠣᠷᠣᠪᠠᠪᠠ ᠡᠪᠡᠳᠬᠦ ᠪᠠᠨ ᠳᠡᠰᠪᠦᠷᠢᠯᠡᠨ ᠨᠢᠭᠡ ᠯᠠ ᠠᠮᠢᠰᠬᠤᠭ᠎ᠠ ᠪᠠᠷ 200 ᠭᠠᠵᠠᠷ ᠶᠠᠪᠤᠵᠤ᠂ ᠦᠦᠰᠢᠨ ᠬᠤᠰᠢᠭᠤᠨ ᠤ ᠵᠡᠭᠦᠨ ᠡᠮᠦᠨ᠎ᠡ ᠪᠡᠶ᠎ᠡ ᠳᠤ ᠪᠠᠶᠢᠭ᠎ᠠ ᠬᠤᠸᠠᠲᠣᠯᠣᠭᠠᠢ ᠳᠤ ᠤᠬᠤᠷᠢᠵᠤ ᠣᠴᠢᠪᠠ᠃ ᠡᠮᠦᠨ᠎ᠡ ᠠᠴᠠ ᠨᠢ ᠭᠤᠤ ᠬᠤᠸᠠᠢ ᠰᠢᠶᠦ᠋ᠩ ᠤᠨ ᠳᠡᠭᠡᠷᠡᠮ ᠬᠠᠰᠢᠵᠤ ᠪᠠᠶᠢᠬᠤ ᠴᠢᠮᠡᠭᠡ ᠶᠢ ᠣᠯᠣᠭᠠᠳ ᠵᠡᠭᠦᠨᠰᠢ ᠡᠷᠭᠢᠵᠤ᠂ 10 ᠰᠠᠷ᠎ᠠ ᠶᠢᠨ 13 ᠤ ᠡᠳᠦᠷ ᠤᠨ ᠰᠦᠨᠢ ᠳᠤᠮᠳᠠ ᠶᠢᠨ ᠦᠶ᠎ᠡ ᠪᠠᠷ ᠰᠠᠶᠢᠨᠳᠤᠷ᠎ᠠ ᠶᠢᠨ ᠬᠢᠵᠠᠭᠠᠷ ᠲᠠᠬᠢ ᠱᠠᠩ ᠵᠢᠶᠠ ᠭᠸᠦ ᠳᠤ ᠬᠦᠷᠪᠡ᠃ ᠲᠤᠬᠠᠢ ᠶᠢᠨ ᠦᠶ᠎ᠡ ᠳᠤ ᠬᠥᠮᠦᠨ ᠮᠠᠯ ᠴᠥᠮ ᠶᠠᠳᠠᠷᠠᠵᠤ ᠵᠦᠳᠡᠷᠡᠭᠰᠡᠨ ᠠᠴᠠ ᠴᠠᠶᠢᠳᠠᠮ ᠳᠤ ᠮᠣᠷᠢᠳ ᠢᠶᠠᠨ ᠲᠠᠯᠪᠢᠵᠤ ᠠᠮᠠᠷᠠᠵᠠᠭᠠᠪᠠ᠃ ᠭᠡᠭᠡᠷᠡᠬᠦ ᠦᠶ᠎ᠡ ᠪᠠᠷ ᠨᠣᠬᠠᠢ ᠬᠤᠴᠠᠵᠤ ᠡᠬᠢᠯᠡᠭᠰᠡᠨ ᠪᠣᠯᠬᠤᠷ ᠤᠴᠢᠷ ᠭᠠᠷᠬᠤ ᠠᠴᠠ ᠪᠣᠯᠭᠤᠮᠵᠢᠯᠠᠵᠤ᠂ ᠳᠠᠷᠤᠶᠢᠬᠠᠨ ᠮᠣᠷᠢᠨ ᠳᠠᠭᠠᠨ ᠮᠣᠷᠳᠠᠵᠤ ᠰᠢᠯᠵᠢᠪᠡ᠃ ᠳᠡᠮᠡᠢ ᠶᠠᠪᠤᠭᠰᠠᠨ ᠦᠭᠡᠢ᠂ ᠨᠡᠷ᠎ᠡ ᠨᠣᠮᠧᠷ ᠨᠢ ᠮᠡᠳᠡᠭᠳᠡᠬᠦ ᠦᠭᠡᠢ ᠬᠠᠷᠠᠭᠤᠯ ᠤᠨ ᠴᠡᠷᠢᠭ ᠲᠤ ᠬᠠᠰᠢᠭᠳᠠᠪᠠ᠃ ᠪᠣᠷᠣᠪᠠᠪᠠ᠂ ᠭᠤᠣ ᠬᠠᠢ ᠮᠢᠩ ᠬᠠᠷᠢᠯᠴᠠᠭᠠᠳ ᠰᠠᠶ᠋ᠢ ᠭᠤᠤ ᠬᠤᠸᠠᠢ ᠰᠢᠶᠦ᠋ᠩ ᠤᠨ ᠪᠥᠯᠥᠭᠯᠡᠭᠰᠡᠨ ᠳᠡᠭᠡᠷᠡᠮ ᠲᠠᠢ ᠤᠴᠠᠷᠠᠭᠰᠠᠨ ᠢᠶᠠᠨ ᠮᠡᠳᠡᠵᠦ᠂ ᠫᠠᠷᠲ᠋ᠢᠽᠠᠨ ᠠᠩᠭᠢ ᠴᠣᠬᠢᠬᠤ ᠶᠢᠨ ᠳᠠᠭᠠᠤ ᠤᠬᠤᠷᠢᠵᠤ᠂ ᠶᠠᠩ ᠰᠦᠸᠧ ᠽᠢ ᠰᠤᠮᠤᠨ ᠳᠤ ᠣᠨᠣᠭᠳᠠᠵᠤ ᠪᠡᠶ᠎ᠡ ᠦᠷᠡᠭᠳᠡᠨ᠂ ᠪᠣᠷᠣᠪᠠᠪᠠ ᠮᠣᠷᠢᠨ ᠳᠠᠭᠠᠨ ᠲᠠᠰᠢᠭᠤᠷ ᠨᠡᠮᠡᠨ ᠣᠷᠣᠯᠳᠤᠭᠰᠠᠨ ᠪᠣᠯᠪᠠᠴᠤ ᠨᠠᠮᠤᠭ ᠲᠤ ᠰᠢᠪᠠᠷᠳᠠᠭᠠᠳ ᠠᠷᠭ᠎ᠠ ᠦᠭᠡᠢ ᠮᠣᠷᠢ ᠪᠠᠨ ᠬᠠᠶᠠᠵᠤ ᠶᠠᠪᠠᠭᠠᠨ ᠢᠶᠠᠷ ᠭᠦᠶᠦᠭᠰᠡᠭᠡᠷ ᠪᠠᠶᠢᠵᠤ ᠳᠠᠶᠢᠰᠤᠨ ᠳᠤ ᠪᠠᠷᠢᠭᠳᠠᠵᠤ ᠲᠡᠷᠡ ᠳᠣᠣᠷ᠎ᠠ ᠪᠠᠨ ᠬᠤᠣᠷᠯᠠᠭᠳᠠᠨ ᠠᠯᠠᠭᠳᠠᠵᠤ ᠪᠠᠭᠠᠲᠤᠷᠯᠢᠭ ᠢᠶᠠᠷ ᠪᠡᠶ᠎ᠡ ᠦᠷᠡᠭᠳᠡᠪᠡ᠃ ᠨᠠᠰᠤ ᠨᠥᠭᠴᠢᠬᠦ ᠦᠶ᠎ᠡ ᠳᠤ ᠰᠠᠶ᠋ᠢ 25 ᠨᠠᠰᠤᠲᠠᠢ ᠪᠠᠶᠢᠵᠠᠢ᠃
ᠢᠷᠡᠯᠲᠡ᠄ ᠬᠠᠩᠭᠢᠨ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ