ᠵᠠᠰᠠᠭ ᠤᠨ ᠣᠷᠳᠣᠨ ᠤ ᠠᠵᠢᠯ ᠤᠨ ᠢᠯᠡᠳᠬᠡᠯ | 2021 ᠣᠨ ᠤ 12 ᠳ᠋ᠤᠭᠠᠷ ᠰᠠᠷ᠎ᠠ ᠶᠢᠨ 8 ᠤ ᠡᠳᠦᠷ ᠬᠦᠬᠡᠮᠤᠳᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ ᠴᠢᠶᠣᠤ ᠬᠠᠢ ᠵᠢᠶᠦ᠋ᠨ | | ᠲᠥᠯᠥᠭᠡᠯᠡᠭᠴᠢᠳ ᠡ᠄ | ᠣᠲᠣ ᠪᠢ ᠬᠦᠬᠡᠮᠤᠳᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠠ᠂ ᠬᠢᠨᠠᠨ ᠵᠥᠪᠯᠡᠬᠦ | ᠪᠣᠯᠪᠠᠤ᠂ ᠬᠤᠷᠠᠯ ᠳᠤ ᠰᠤᠯᠠ ᠣᠷᠣᠯᠴᠠᠭᠰᠠᠳ ᠰᠠᠨᠠᠯ ᠵᠥᠪᠯᠡᠯᠭᠡ ᠪᠠᠨ ᠲᠡᠪᠰᠢᠭᠦᠯᠬᠦ ᠪᠣᠯᠪᠠᠤ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ | ᠥᠩᠭᠡᠷᠡᠭᠰᠡᠨ ᠲᠠᠪᠤᠨ ᠵᠢᠯ ᠪᠣᠯ ᠪᠦᠯᠬᠦᠮᠳᠡᠨ ᠲᠡᠮᠡᠴᠡᠵᠦ᠂ ᠰᠢᠷᠭᠠᠭᠤ ᠠᠵᠢᠯᠯᠠᠭᠰᠠᠨ ᠲᠠᠪᠤᠨ ᠵᠢᠯ ᠮᠥᠨ᠂ ᠬᠥᠳᠡᠭᠡ ᠲᠣᠰᠬᠤᠨ ᠤ ᠳᠦᠷᠰᠦ ᠪᠠᠶᠢᠳᠠᠯ ᠬᠠᠮᠤᠭ ᠶᠡᠭᠡ | ᠬᠤᠪᠢᠷᠠᠯᠲᠠ ᠭᠠᠷᠴᠤ᠂ ᠠᠷᠠᠳ ᠣᠯᠠᠨ ᠪᠣᠳᠠᠲᠤ ᠠᠰᠢᠭ ᠭᠥᠷᠳᠡᠭᠰᠡᠨ ᠲᠠᠪᠤᠨ ᠵᠢᠯ ᠮᠥᠨ᠃ ᠡᠨᠡ ᠲᠠᠪᠤᠨ ᠵᠢᠯ ᠳᠤ᠂ ᠪᠥᠬᠦ ᠪᠠᠯᠭᠠᠰᠤᠨ ᠤ ᠮᠠᠯᠴᠢᠨ ᠲᠠᠷᠢᠶᠠᠴᠢᠨ ᠤ | ᠬᠥᠮᠦᠨ ᠳᠤᠮᠳᠠᠴᠢ ᠶᠢᠨ ᠲᠣᠬᠢᠷᠠᠭᠤᠯᠵᠤ ᠪᠣᠯᠬᠤᠶᠢᠴᠠ ᠣᠷᠣᠯᠭ᠎ᠠ 17530 ᠲᠥᠭᠦᠷᠢᠭ ᠠᠴᠠ 21888 ᠲᠥᠭᠦᠷᠢᠭ ᠪᠣᠯᠤᠨ ᠨᠡᠮᠡᠭᠳᠡᠵᠦ᠂ ᠵᠢᠯ ᠳᠤᠮᠳᠠᠴᠢ ᠪᠠᠷ | 5.7% ᠪᠠᠷ ᠨᠡᠮᠡᠭᠳᠡᠪᠡ᠃ ᠲᠠᠪᠤᠨ ᠵᠢᠯ ᠤᠨ ᠲᠤᠷᠰᠢ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | ︵ᠨᠢᠭᠡ︶ ᠲᠠᠪᠤᠨ ᠵᠢᠯ ᠤᠨ ᠲᠤᠷᠰᠢ᠂ ᠪᠢᠳᠡ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠮᠢ ᠠᠬᠤᠶ ᠶᠢᠨ ᠬᠤᠷᠢᠭ᠎ᠠ | ᠱᠤᠭᠤᠮ ᠤᠨ ᠤᠬᠠᠮᠰᠠᠷ ᠢ ᠴᠢᠩᠭᠠᠳᠬᠠᠨ᠂ ᠪᠥᠬᠦ ᠪᠠᠯᠭᠠᠰᠤᠨ ᠤ ᠪᠣᠬᠢᠷᠲᠤᠯ ᠥᠬᠡᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠪᠠ ᠡᠯ᠎ᠡ ᠱᠠᠲᠤᠨ ᠤ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠵᠢᠴᠢ ᠨᠤᠲᠤᠭ ᠪᠡᠯᠴᠢᠭᠡᠷ ᠣᠶᠢᠲᠤ ᠭᠠᠵᠠᠷ ᠤᠨ ᠬᠠᠤᠯᠢ ᠲᠦᠷᠢᠮ | ᠠᠴᠠ ᠵᠥᠷᠢᠴᠡᠭᠰᠡᠨ ᠠᠰᠠᠭᠤᠳᠠᠯ ᠢ ᠪᠣᠳᠠᠲᠠᠶ ᠴᠡᠭᠴᠡᠯᠡᠨ ᠰᠠᠶᠢᠵᠢᠷᠠᠭᠤᠯᠪᠠ᠃ ᠪᠡᠯᠴᠢᠭᠡᠷᠯᠡᠬᠦᠯᠦᠨ ᠮᠠᠯᠵᠢᠬᠤ ᠰᠡᠯᠬᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠨᠤᠲᠤᠭ ᠪᠡᠯᠴᠢᠭᠡᠷ ᠠᠮᠢ ᠠᠬᠤᠶ ᠶᠢᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠦᠬᠦᠪᠦᠷᠢ ᠮᠥᠩᠭᠦ | ᠶᠢ 3630 ᠭᠠᠷᠤᠶ ᠲᠦᠮᠡᠨ ᠲᠥᠭᠦᠷᠢᠭ ᠲᠠᠷᠬᠠᠭᠠᠪᠠ᠃ ᠬᠥᠪᠴᠢ ᠶᠢᠨ ᠡᠯᠡᠰᠦᠨ ᠤ ᠠᠮᠢ ᠠᠬᠤᠶ ᠶᠢᠨ ᠴᠡᠭᠴᠡᠯᠡᠨ ᠵᠠᠰᠠᠯᠲᠠ᠂ ᠨᠣᠭᠤᠭᠠᠷᠠᠭᠤᠯᠤᠯᠲᠠ ᠵᠡᠷᠭᠡ | ᠰᠢᠰᠲ᠋ᠧᠮᠲᠦ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠣᠭᠤᠭᠠᠷᠠᠭᠤᠯᠤᠯᠲᠠ ᠶᠢ ᠲᠦᠷᠭᠡᠳᠬᠡᠨ | ᠠᠬᠢᠭᠤᠯᠵᠤ᠂ ᠨᠡᠶᠢᠲᠡ 1.3 ᠲᠦᠮᠡᠨ ᠰᠠᠭᠤᠷᠢ ᠮᠣᠳᠣ ᠳᠠᠷᠢᠵᠤ᠂ 13 ᠲᠦᠮᠡ ᠭᠠᠷᠤᠶ ᠮᠥ ᠨᠣᠭᠤᠭᠠᠷᠠᠭᠤᠯᠤᠯᠲᠠ ᠬᠢᠵᠦ᠂ ᠤᠷᠭᠤᠮᠠᠯ ᠤᠨ ᠬᠤᠴᠢᠯᠭ᠎ᠠ ᠶᠢᠨ | ᠪᠦᠷᠬᠦᠴᠡ ᠪᠠ ᠪᠠᠯᠭᠠᠰᠤ ᠲᠣᠰᠬᠤᠨ ᠤ ᠨᠣᠭᠤᠭᠠᠷᠠᠭᠤᠯᠤᠯᠲᠠ ᠶᠢᠨ ᠨᠣᠷᠮ᠎ᠠ ᠶᠢᠨ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠪᠡ᠃ ᠬᠥᠬᠡ ᠣᠭᠲᠠᠷᠭᠤᠶ᠂ ᠴᠡᠩᠭᠡᠭ | ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠭ ᠨᠣᠪᠰᠢ ᠵᠦᠭᠡᠭᠡᠪᠤᠷᠢᠯᠡᠬᠦ ᠥᠷᠲᠡᠭᠡ 2᠂ ᠬᠤᠭ ᠨᠣᠪᠰᠢ | ᠰᠢᠢᠳᠪᠤᠷᠢᠯᠡᠵᠤ ᠰᠢᠲᠠᠭᠠᠬᠤ ᠵᠤᠤᠬ᠎ᠠ 1 ᠪᠠᠶᠢᠭᠤᠯᠵᠤ᠂ ᠬᠤᠭ ᠨᠣᠪᠰᠢ ᠪᠣᠬᠢᠷ ᠤᠰᠤ ᠶᠢ ᠵᠥᠭᠡᠭᠡᠪᠦᠷᠢᠯᠡᠬᠦ ᠲᠡᠷᠭᠡ 10᠂ ᠡᠯ᠎ᠡ ᠲᠥᠷᠥᠯ ᠤᠨ ᠬᠤᠭ ᠨᠣᠪᠰᠢ ᠶᠢᠨ | ᠬᠠᠶᠢᠷᠴᠠᠭ 383 ᠲᠣᠬᠢᠷᠠᠭᠤᠯᠵᠤ᠂ ᠪᠥᠬᠦ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠦᠨ ᠵᠥᠭᠡᠭᠡᠪᠦᠷᠢᠯᠡᠬᠦ | ᠲᠥᠬᠦᠭᠡᠷᠦᠮᠵᠢ ᠶᠢᠨ ᠪᠦᠷᠬᠦᠴᠡ ᠶᠢᠨ ᠨᠣᠷᠮ᠎ᠠ 100% ᠳᠤ ᠬᠥᠷᠪᠡ᠃ ᠲᠣᠰᠬᠤᠨ ᠠᠴᠠ ᠡᠭᠡᠭᠦᠯᠦᠨ ᠬᠤᠷᠢᠶᠠᠵᠤ᠂ ᠪᠠᠯᠭᠠᠰᠤ ᠠᠴᠠ ᠰᠢᠶᠳᠪᠦᠷᠢᠯᠡᠬᠦ ᠠᠷᠭ᠎ᠠ | ᠮᠠᠶ᠋ᠢᠭ ᠢ ᠠᠪᠴᠤ᠂ ᠲᠠᠷᠢᠶᠠᠨ ᠡᠮ ᠤᠨ ᠯᠣᠩᠬᠤ᠂ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠤᠨ ᠬᠠᠶᠠᠭᠳᠠᠮᠠᠯ ᠡᠳ᠋ ᠢ ᠲᠥᠯᠥᠪᠦᠷᠢ ᠲᠠᠢ ᠪᠠᠷ ᠡᠭᠡᠭᠦᠯᠦᠨ | ᠬᠤᠷᠢᠶᠠᠬᠤ ᠶᠢ ᠲᠦᠯᠬᠢᠨ ᠠᠬᠢᠭᠤᠯᠵᠤ᠂ ᠲᠠᠷᠢᠶᠠᠨ ᠭᠠᠵᠠᠷ ᠤᠨ ᠪᠣᠬᠢᠷᠲᠤᠯ ᠢ ᠪᠦᠲᠦᠮᠵᠢᠲᠡᠶ ᠵᠠᠰᠠᠨ ᠴᠡᠭᠴᠡᠯᠡᠪᠡ᠃ ᠬᠠᠲᠤᠨ ᠭᠤᠤᠯ ᠢᠶᠠᠷ ᠭᠤᠤᠯᠳᠠᠯᠭ᠎ᠠ | ᠪᠣᠯᠭᠠᠭᠰᠠᠨ ᠭᠤᠤᠯ ᠮᠥᠷᠡᠨ ᠤ ᠠᠮᠢ ᠠᠬᠤᠶ ᠶᠢ ᠬᠠᠮᠠᠭᠠᠯᠠᠵᠤ᠂ ᠬᠠᠷᠢᠶ᠎ᠠ ᠣᠷᠣᠨ ᠤ ᠭᠤᠤᠯ ᠪᠣᠯᠬᠤ 3 ᠭᠤᠤᠯ ᠮᠥᠷᠡᠨ ᠨᠠᠭᠤᠷ ᠴᠥᠭᠦᠷᠥᠮ ᠳᠤ ᠪᠠᠯᠭᠠᠰᠤ᠂ | ᠲᠣᠰᠬᠤᠨ ᠤ ᠬᠤᠶᠠᠷ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠪᠦᠬᠦᠨ ᠢ ᠨᠠᠶᠢᠳᠠᠪᠤᠷᠢᠵᠢᠭᠤᠯᠵᠤ᠂ ᠨᠡᠶᠢᠲᠡ 760 | ᠭᠠᠷᠤᠶ ᠣᠳᠠᠭ᠎ᠠ ᠭᠤᠤᠯ ᠮᠦᠷᠡᠨ ᠢ ᠴᠠᠭᠳᠠᠨ ᠪᠠᠶᠢᠴᠠᠭᠠᠪᠠ᠃ ᠭᠤᠣᠯ ᠤᠨ ᠭᠤᠯᠳᠤᠷᠢᠯ ᠤᠨ ︽ᠳᠥᠷᠪᠡᠨ ᠡᠷᠦᠢ ᠬᠤᠷᠤᠢ ᠦᠬᠡᠢ ᠪᠠᠶᠢᠳᠠᠯ ᠢ ᠴᠡᠭᠴᠡᠯᠡᠬᠦ︾ ᠠᠵᠢᠯ | ᠢ ᠪᠦᠬᠦ ᠬᠦᠴᠦᠨ ᠢᠶᠠᠷ ᠰᠠᠶᠢᠲᠤᠷ ᠬᠢᠵᠦ᠂ ᠲᠠᠩ ᠤᠨ ᠣᠷᠣᠨ ᠤ 5 ᠲᠠᠷᠠᠬᠠᠢ ᠪᠤᠲᠠᠷᠬᠠᠶ ᠰᠠᠭᠤᠷᠢᠰᠢᠭᠰᠠᠨ ᠡᠷᠦᠬᠡ ᠶᠢ ᠨᠡᠭᠦᠯᠭᠡᠨ ᠳᠥᠪᠬᠢᠨᠡᠭᠦᠯᠬᠦ ᠡᠭᠦᠷᠭᠡ ᠶᠢ | ᠪᠡᠶᠡᠯᠡᠬᠦᠯᠪᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ | ᠡᠭᠦᠷᠭᠡ ᠶᠢ ᠪᠡᠶᠡᠯᠡᠭᠦᠯᠵᠦ᠂ ᠪᠥᠬᠦ ᠬᠤᠰᠢᠭᠤᠨ ᠳᠤ ᠪᠠᠯᠭᠠᠰᠤᠨ ᠤ ᠱᠠᠲᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠦᠷ | ᠬᠡᠷᠡᠭᠵᠢᠭᠦᠯᠬᠦ ᠠᠷᠭ᠎ᠠ ᠶᠢ ᠡᠩ ᠲᠡᠷᠢᠭᠦᠨ ᠳᠤ ᠨᠡᠶᠢᠲᠡᠯᠡᠵᠦ᠂ ︽3 + 6 + N︾ ᠪᠠ ︽ᠭᠤᠷᠪᠠᠨ ᠪᠢᠴᠢᠭ ᠬᠤᠶᠠᠷ ᠬᠠᠭᠤᠳᠠᠰᠤ︾ ᠶᠢᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠣᠭᠲᠠᠴᠠ ᠶᠢ ᠰᠦᠪᠡᠭᠴᠢᠯᠡᠨ ᠪᠦᠷᠢᠯᠳᠦᠬᠦᠯᠪᠡ᠃ ᠪᠠᠯᠭᠠᠰᠤᠨ ᠤ ᠲᠣᠭᠤᠷᠢᠭ᠂ ᠨᠠᠷᠠᠨ ᠡᠨᠧᠷᠬᠢ ᠪᠠᠷ | ᠴᠠᠬᠢᠯᠭᠠᠨ ᠭᠠᠷᠭᠠᠬᠤ ᠰᠢᠨ᠎ᠡ ᠲᠣᠰᠬᠤᠨ ᠤ ᠪᠣᠬᠢᠷ ᠤᠰᠤᠨ ᠤ ᠬᠤᠭᠤᠯᠠᠢ ᠲᠣᠣᠷ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂1367 ᠡᠷᠦᠬᠡ ᠶᠢᠨ ᠵᠣᠷᠯᠣᠩ ᠢ | ᠥᠭᠡᠷᠡᠴᠢᠯᠡᠬᠦ ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ 410 ᠭᠠᠷᠤᠢ ᠲᠦᠮᠡᠨ ᠲᠥᠭᠦᠷᠢᠭ ᠤᠨ ᠨᠥᠬᠦᠪᠥᠷᠢ ᠮᠥᠩᠭᠦ ᠶᠢ | ᠨᠠᠶᠢᠳᠠᠪᠤᠷᠢᠵᠢᠭᠤᠯᠵᠤ᠂ ᠪᠠᠶᠢᠩᠭᠤ ᠰᠠᠭᠤᠭ᠎ᠠ ᠡᠷᠦᠬᠡ ᠶᠢᠨ ᠵᠣᠷᠯᠣᠩ ᠢ ᠦᠭᠡᠷᠡᠴᠢᠯᠡᠭᠰᠡᠨ ᠨᠣᠷᠮ᠎ᠠ ᠨᠢ 85% ᠶᠢ ᠳᠠᠪᠠᠪᠠ᠃ | ︵ᠬᠤᠶᠠᠷ︶ ᠲᠠᠪᠤᠨ ᠵᠢᠯ ᠤᠨ ᠲᠤᠷᠰᠢ᠂ ᠪᠢᠳᠠ ᠬᠦᠴᠢᠷ ᠪᠡᠷᠬᠡ ᠶᠢ ᠲᠤᠭᠤᠯᠤᠨ ᠳᠠᠪᠠᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠣᠨᠴᠠᠯᠢᠭᠲᠤ ᠠᠵᠤ | ᠦᠢᠯᠡᠰ ᠲᠤᠭᠳᠠᠭᠤᠨ ᠢᠶᠠᠷ ᠬᠥᠭᠵᠢᠪᠡ᠃ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠠᠵᠤ ᠠᠬᠤᠶ ᠶᠢᠨ | ᠬᠥᠭᠵᠢᠯᠲᠡ ᠪᠠ ᠠᠮᠢ ᠠᠬᠤᠶ ᠶᠢᠨ ᠬᠠᠮᠠᠭᠠᠯᠠᠯᠲᠠ ᠶᠢᠨ ︽ᠬᠤᠤᠰ ᠠᠮᠵᠢᠯᠲᠠ︾ ᠶᠢᠨ ᠬᠥᠭᠵᠢᠯᠲᠡ ᠶᠢᠨ ᠵᠠᠮ ᠢ ᠬᠦᠴᠦᠯᠡᠨ ᠰᠦᠪᠡᠭᠴᠢᠯᠡᠵᠦ᠂ ᠪᠥᠬᠦ ᠪᠠᠯᠭᠠᠰᠤᠨ ᠤ | ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠬᠤ ᠠᠬᠢᠴᠠ ᠶᠢ ᠲᠠᠰᠤᠷᠠᠯᠲᠠ ᠥᠬᠡᠶ ᠲᠦᠷᠭᠡᠳᠬᠡᠪᠡ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ | ᠲᠡᠮᠵᠢᠨ ᠲᠡᠳᠬᠦᠬᠦ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠪᠤᠨ ᠵᠢᠯ ᠳᠤ ᠨᠡᠶᠢᠲᠡ 2.25 ᠲᠦᠮᠡᠨ | ᠲᠣᠯᠣᠭᠠᠶ ᠮᠠᠯ ᠪᠤᠷᠣᠯᠠᠭᠤᠯᠪᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠲᠦᠪ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠠᠲᠠᠷᠰᠢᠭᠤᠯᠤᠭᠰᠠᠨ ᠭᠠᠵᠠᠷ ᠢ | ᠰᠡᠷᠭᠦᠭᠡᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ︽ᠶᠡᠭᠡ ᠰᠠᠷᠠᠪᠴᠢᠨ ᠭᠡᠷ︾ ᠢ ᠵᠠᠰᠠᠨ ᠴᠡᠭᠴᠡᠯᠡᠵᠦ᠂ ᠲᠠᠷᠢᠶᠠᠨ ᠭᠠᠵᠠᠷ ᠢ ᠳᠤᠷ᠎ᠠ ᠪᠠᠷ ᠥᠭᠡᠷᠡᠴᠢᠯᠡᠨ | ᠠᠰᠢᠭᠯᠠᠬᠤ ᠶᠢ ᠡᠷᠡᠰ ᠬᠤᠷᠢᠭᠯᠠᠨ᠂ ᠵᠢᠯ ᠪᠦᠷᠢ ᠳᠤᠮᠳᠠᠴᠢ ᠪᠠᠷ ᠡᠯ᠎ᠡ ᠲᠥᠷᠥᠯ ᠤᠨ ᠲᠠᠷᠢᠮᠠᠯ ᠢ 19.8 ᠲᠦᠮᠡᠨ ᠮᠥ ᠳᠠᠷᠢᠪᠠ᠃ ᠲᠠᠷᠢᠶᠠᠨ ᠭᠠᠵᠠᠷ ᠤᠨ ᠬᠦᠷᠦᠰᠦ | ᠰᠢᠮ᠎ᠡ ᠶᠢ ᠬᠠᠮᠠᠭᠠᠯᠠᠬᠤ ᠨᠥᠬᠦᠪᠥᠷᠢ ᠮᠥᠩᠭᠦ ᠨᠡᠶᠢᠲᠡ192.1 ᠲᠦᠮᠡᠨ ᠲᠥᠭᠦᠷᠢᠭ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠮᠥᠩᠭᠦ 536.8 | ᠲᠦᠮᠡᠨ ᠲᠥᠭᠦᠷᠢᠭ ᠲᠠᠷᠬᠠᠭᠠᠪᠠ᠃ ᠠᠵᠤ ᠠᠬᠤᠶᠢᠯᠠᠯ᠂ ᠲᠤᠰᠬᠠᠶ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠭᠤᠤᠯ ᠴᠣᠭᠴᠠ ᠶᠢᠨ ᠦᠶᠯᠡᠳᠦᠯ ᠢ ᠪᠠᠳᠠᠷᠠᠭᠤᠯᠵᠤ᠂ ᠪᠥᠬᠦ ᠪᠠᠯᠭᠠᠰᠤ ᠪᠠᠷ ᠢᠶᠠᠨ1.2 ᠲᠦᠮᠡᠨ ᠮᠥ ᠲᠥᠮᠥᠰᠥ ᠶᠢ ᠬᠡᠪᠴᠢᠶᠡᠵᠢᠭᠦᠯᠦᠨ ᠳᠠᠷᠢᠵᠤ᠂ ᠮᠥ ᠪᠦᠷᠢ ᠶᠢᠨ | ᠤᠨᠠᠯᠲᠠ 4.5 ᠲᠣᠨ ᠳᠤ ᠬᠥᠷᠪᠡ᠃ ᠴᠢᠨ᠋ᠸ᠎ᠠ ᠶᠢᠨ ᠬᠠᠷᠮᠠᠭ᠂ ᠭᠤᠸ᠎ᠠ ᠵᠢᠮᠢᠰ ᠵᠡᠷᠭᠡ ᠣᠨᠴᠠᠯᠢᠭᠲᠤ ᠲᠠᠷᠢᠮᠠᠯ ᠤᠨ ᠲᠠᠯᠠᠪᠠᠢ 1.5 ᠲᠦᠮᠡᠨ ᠮᠦ ᠶᠢ ᠳᠠᠪᠠᠵᠤ᠂ | ᠰᠠᠭᠠᠯᠢ ᠶᠢᠨ ᠦᠨᠢᠶ᠎ᠡ᠂ ᠲᠡᠮᠡᠭᠡ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠤᠨ ᠲᠡᠵᠢᠭᠡᠵᠦ ᠪᠠᠶᠢᠭ᠎ᠠ ᠲᠤᠭ᠎ᠠ 1 ᠲᠦᠮᠡ ᠶᠢ ᠳᠠᠪᠠᠵᠤ᠂ ᠲᠠᠬᠢᠶ᠎ᠠ | ᠲᠡᠵᠢᠭᠡᠨ ᠦᠷᠡᠵᠢᠭᠦᠯᠬᠦ ᠬᠡᠪᠴᠢᠶ᠎ᠡ ᠶᠢ ᠵᠢᠯ ᠪᠦᠷᠢ 14 ᠲᠦᠮᠡ ᠣᠷᠴᠢᠮ ᠪᠠᠶᠢᠯᠭᠠᠵᠤ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢ 1.2 | ᠲᠦᠮᠡᠨ ᠮᠦ ᠬᠦᠷᠲᠡᠯ᠎ᠡ ᠬᠦᠭᠵᠢᠬᠦᠯᠪᠡ᠃ ᠪᠥᠬᠦ ᠪᠠᠯᠭᠠᠰᠤᠨ ᠤ ᠲᠠᠷᠢᠶᠠᠯᠠᠩ ᠤᠨ ᠨᠠᠷᠠᠲᠤ ᠠᠵᠤ ᠠᠬᠤᠶᠢᠯᠠᠯ 6 ᠪᠣᠯᠵᠣ᠂ ᠵᠢᠱᠢᠶ᠎ᠡ ᠦᠵᠡᠭᠦᠯᠦᠨ ᠳᠠᠶᠢᠴᠢᠯᠠᠨ | ᠳᠠᠭᠠᠭᠤᠯᠬᠤ ᠲᠤᠰᠬᠠᠶ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠬᠥᠭᠵᠢᠭᠡᠳ 4 ᠪᠣᠯᠵᠣ᠂ ᠳ᠋ᠠ ᠲᠣᠣ ᠽᠢ ᠶᠢᠨ ᠠᠯᠢᠮ᠎ᠠ᠂ ᠡᠯᠡᠰᠦᠨ ᠴᠥᠯ ᠤᠨ ᠨᠠᠶᠮᠠᠯᠵᠢ | ᠵᠡᠷᠭᠡ ᠤᠨᠴᠠᠯᠢᠭᠳᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠤᠬᠤ ᠨᠣᠷᠮ᠎ᠠ ᠨᠢ ᠳᠡᠭᠡᠭᠰᠢᠯᠡᠪᠡ᠃ ᠨᠠᠷᠠᠨ ᠤ | ᠡᠨᠧᠷᠬᠢ ᠪᠠᠷ ᠴᠠᠬᠢᠯᠭᠠᠨ ᠭᠠᠷᠭᠠᠬᠤ ᠠᠵᠤ ᠦᠢᠯᠡᠰ ᠨᠢ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠢᠯᠠᠰ ᠴᠡᠭ ᠪᠣᠯᠵᠣ᠂ ᠠᠵᠤ ᠠᠬᠤᠶᠢᠯᠠᠯ ᠪᠠ ᠣᠷᠣᠨ ᠨᠤᠲᠤᠭ | ᠬᠠᠮᠲᠤ ᠪᠠᠷ ᠪᠠᠶᠢᠭᠤᠯᠬᠤ ᠬᠡᠯᠪᠡᠷᠢ ᠶᠢ ᠬᠡᠷᠡᠭᠯᠡᠨ᠂ 1280 ᠭᠠᠷᠤᠶ ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ ᠨᠠᠷᠠᠨ ᠤ ᠡᠨᠧᠷᠬᠢ ᠪᠠᠷ ᠴᠠᠬᠢᠯᠭᠠᠨ | ᠭᠠᠷᠭᠠᠬᠤ ᠰᠢᠨ᠎ᠡ ᠲᠣᠰᠬᠤᠨ ᠤ 1.76 ᠰᠠᠶ᠎ᠠ ᠸᠠᠲ ᠤᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠥᠷᠲᠡᠭᠡ ᠶᠢ ᠪᠠᠶᠢᠭᠤᠯᠤᠨ᠂ 160 ᠡᠷᠦᠬᠡ ᠳᠤ ᠠᠰᠢᠭ | ᠬᠦᠷᠲᠡᠭᠡᠵᠦ᠂ ᠵᠢᠯ ᠪᠦᠷᠢ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 5000 ᠲᠥᠭᠦᠷᠢᠭ ᠣᠷᠴᠢᠮ ᠨᠡᠮᠡᠭᠳᠡᠭᠦᠯᠦᠨ᠂ 25 ᠵᠢᠯ ᠳᠠᠷᠠᠭᠠᠯᠠᠨ ᠠᠰᠢᠭ ᠬᠦᠷᠲᠡᠨ᠎ᠡ᠃ | ᠡᠯ᠎ᠡ ᠭᠠᠴᠠᠭ᠎ᠠ ᠲᠣᠰᠬᠤᠨ ᠳᠤ 810 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠠᠵᠤ ᠦᠶᠯᠡᠰ ᠤᠨ ᠬᠥᠭᠵᠢᠯᠲᠡ ᠶᠢᠨ ᠪᠠᠯᠠ ᠮᠥᠩᠭᠦ ᠶᠢ ᠨᠢᠭᠡᠳᠦᠯᠲᠡᠶ | ᠲᠥᠯᠥᠪᠯᠡᠨ ᠬᠡᠷᠡᠭᠯᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠰᠢᠨ᠎ᠡ ᠠᠷᠭ᠎ᠠ ᠵᠠᠮ ᠢ ᠬᠠᠶᠢᠨ | ᠰᠦᠪᠡᠭᠴᠢᠯᠡᠵᠦ᠂ ᠲᠠᠪᠤᠨ ᠲᠣᠰᠬᠤᠨ ᠬᠠᠮᠲᠤᠷᠠᠨ ᠪᠠᠶᠢᠭᠤᠯᠬᠤ ᠬᠡᠯᠪᠡᠷᠢ ᠪᠠᠷ᠂ 1.24 ᠰᠠᠶ᠎ᠠ ᠸᠠᠲ ᠤᠨ ᠲᠣᠰᠬᠤᠨ ᠤ ᠲᠠᠰ ᠤᠨ ᠨᠠᠷᠠᠨ ᠡᠨᠧᠷᠬᠢ ᠪᠠᠷ ᠴᠠᠬᠢᠯᠭᠠᠨ | ᠭᠠᠷᠭᠠᠬᠤ ᠥᠷᠲᠡᠭᠡ ᠶᠢ ᠪᠠᠶᠢᠭᠤᠯᠵᠤ᠂ ᠵᠢᠯ ᠪᠦᠷᠢ ᠲᠣᠰᠬᠤᠨ ᠨᠢᠭᠡᠪᠦᠷᠢ ᠳᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠠᠭᠠᠳᠤ ᠵᠠᠬ᠎ᠠ ᠳᠠᠭᠠᠨ 10 ᠲᠦᠮᠡᠨ | ᠲᠥᠭᠦᠷᠢᠭ ᠨᠡᠮᠡᠭᠳᠡᠬᠦᠯᠪᠡ᠃ | ︵ᠭᠤᠷᠪᠠ︶ ᠲᠠᠪᠤᠨ ᠵᠢᠯ ᠤᠨ ᠲᠤᠷᠰᠢ᠂ ᠪᠢᠳᠠ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠲᠤᠳᠠᠭᠳᠠᠯ ᠢᠶᠠᠨ ᠨᠥᠬᠦᠪᠥᠷᠢᠯᠡᠨ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ᠂ ᠬᠥᠭᠵᠢᠯᠲᠡ ᠶᠢᠨ ᠰᠠᠭᠤᠷᠢ ᠡᠳᠦᠷ ᠢᠷᠡᠬᠦᠶ᠎ᠡ ᠪᠠᠬᠢᠵᠢᠪᠡ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠪᠥᠬᠦ | ᠲᠠᠯ᠎ᠠ ᠪᠠᠷ ᠬᠦᠴᠦᠯᠡᠨ᠂ ᠪᠠᠯᠭᠠᠰᠤᠨ ᠤ ᠵᠡᠭᠡᠯᠢ ᠭᠤᠳᠤᠮᠵᠢ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ 2.4 ᠲᠦᠮᠡ ᠭᠠᠷᠤᠶ ᠲᠡᠭᠰᠢ | ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠬᠠᠲᠠᠭᠤᠵᠢᠭᠤᠯᠵᠤ᠂ 2.4 ᠺᠢᠯᠣᠮᠧᠲᠷ ᠪᠣᠬᠢᠷ ᠤᠰᠣ ᠪᠣᠷᠣᠭᠠᠨ ᠤᠰᠣ ᠶᠢ ᠭᠠᠳᠠᠭᠰᠢᠯᠠᠭᠤᠯᠬᠤ ᠬᠤᠭᠤᠯᠠᠶ ᠶᠢ | ᠳᠡᠪᠢᠰᠴᠦ ᠰᠢᠨᠡᠳᠬᠡᠨ᠂ 265 ᠲᠡᠷᠭᠡᠨ ᠵᠣᠭᠰᠣᠭᠠᠯ ᠪᠠᠶᠢᠭᠤᠯᠵᠤ᠂ ᠵᠢᠵᠢᠭ ᠵᠤᠭᠠᠴᠠᠯ ᠤᠨ ᠬᠦᠷᠢᠶᠡᠯᠡᠩ ᠪᠠ ᠭᠤᠤᠯ ᠰᠡᠳᠦᠪᠲᠦ ᠠᠭᠤᠳᠠᠮ ᠲᠠᠯᠠᠪᠠᠶ ᠶᠢ ᠲᠣᠰ | ᠲᠣᠰ 1 ᠪᠠᠶᠢᠭᠤᠯᠤᠨ᠂ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠬᠡᠷᠡᠭᠯᠡᠬᠦ ᠨᠥᠬᠦᠴᠡᠯ ᠢ ᠪᠦᠷᠢᠯᠳᠦᠭᠦᠯᠵᠦ᠂ ᠤᠰᠤ ᠬᠠᠩᠭᠠᠬᠤ ᠬᠤᠭᠤᠯᠠᠶ ᠲᠣᠤᠷ ᠢ ᠪᠥᠬᠦ | ᠲᠠᠯ᠎ᠠ ᠪᠠᠷ ᠥᠭᠡᠷᠡᠴᠢᠯᠡᠨ ᠲᠠᠰ ᠳᠡᠪᠰᠢᠭᠦᠯᠵᠦ᠂ ᠪᠠᠯᠭᠠᠰᠤ ᠶᠢᠨ ᠦᠶᠯᠡᠴᠢᠯᠡᠭᠡᠨ ᠤ ᠴᠢᠳᠠᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠭᠤᠤᠯ ᠳᠠᠭᠠᠤ | ᠭᠤᠷᠪᠠᠨ ᠪᠠᠯᠭᠠᠰᠤᠨ ᠤ ᠲᠦᠭᠡᠭᠡᠯ ᠤᠰᠤᠨ ᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠨᠢ ᠪᠥᠬᠦ ᠪᠠᠯᠭᠠᠰᠤᠨ ᠤ ᠣᠯᠠᠨ ᠲᠦᠮᠡᠨ | ᠳᠤ ᠠᠰᠢᠭ ᠬᠦᠷᠲᠡᠭᠡᠪᠡ᠃ ᠬᠦᠬᠡᠮᠤᠳᠤ ᠶᠢᠨ 110 ᠺᠢᠯᠣᠸᠣᠯᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠪᠡᠶᠡᠯᠡᠭᠦᠯᠵᠦ᠂ ᠵᠢᠷᠭᠠᠯᠠᠩᠲᠤ ᠠᠴᠠ ᠬᠦᠬᠡᠮᠤᠲᠤ | ᠬᠦᠷᠬᠦ 110 ᠺᠢᠯᠣᠸᠣᠯᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠪᠠ 57.7 ᠺᠢᠯᠤᠮᠲ᠋ᠧᠷ ᠤᠰᠤᠨ ᠰᠤᠷᠪᠤᠯᠵᠢ ᠶᠢᠨ ᠡᠬᠢ ᠭᠠᠵᠠᠷ ᠲᠤ ᠴᠠᠬᠢᠯᠭᠠᠨ | ᠨᠡᠪᠲᠡᠷᠡᠭᠦᠯᠬᠦ ᠢᠨᠵᠧᠨᠧᠷᠢᠩ ᠢ ᠳᠠᠭᠤᠰᠬᠠᠨ᠂ ᠬᠥᠳᠡᠭᠡ ᠲᠣᠰᠬᠤᠨ ᠤ ᠴᠠᠬᠢᠯᠭᠠᠨ ᠲᠣᠣᠷ ᠢ 26.7 ᠺᠢᠯᠣᠮᠧᠲᠷ ᠳᠡᠰ ᠳᠡᠪᠰᠢᠭᠦᠯᠦᠨ ᠥᠭᠡᠷᠡᠴᠢᠯᠡᠵᠦ᠂ 10 | ᠺᠢᠯᠣᠸᠣᠯᠲ ᠤᠨ ᠲᠤᠰᠬᠠᠢ ᠬᠡᠷᠡᠭᠯᠡᠭᠡᠨ ᠤ ᠥᠨᠳᠥᠷ ᠬᠦᠴᠦᠳᠡᠯᠲᠦ ᠴᠠᠬᠢᠯᠭᠠᠨ ᠱᠤᠭᠤᠮ ᠢ 17.8 ᠺᠢᠯᠣᠮᠧᠲᠷ ᠰᠢᠨ᠎ᠡ ᠪᠠᠷ ᠪᠠᠶᠢᠭᠤᠯᠪᠠ᠃ 127.2 ᠺᠢᠯᠣᠮᠧᠲᠷ | ᠬᠥᠳᠡᠭᠡ ᠲᠣᠰᠬᠤᠨ ᠤ ᠵᠠᠮ᠂ 69.8 ᠺᠢᠯᠣᠮᠧᠲᠷ ᠬᠠᠶᠢᠷ ᠴᠢᠯᠠᠭᠤᠨ ᠵᠠᠮ ᠢ ᠰᠢᠨ᠎ᠡ ᠪᠠᠷ ᠳᠡᠪᠢᠰᠪᠡ᠃ 3700 ᠭᠠᠷᠤᠶ ᠲᠦᠮᠡᠨ ᠲᠥᠭᠦᠷᠢᠭ ᠤᠨ ᠪᠠᠯᠠ ᠮᠥᠩᠭᠦ | ᠣᠷᠣᠭᠤᠯᠵᠤ᠂ ᠬᠠᠲᠤᠨ ᠭᠤᠤᠯ ᠳᠠᠭᠠᠤ ᠤᠰᠤᠯᠠᠯᠲᠠ ᠶᠢᠨ ᠣᠷᠣᠨ ᠤ ᠬᠤᠵᠢᠷᠯᠢᠭ ᠭᠠᠵᠠᠷ ᠤᠨ ᠤᠰᠤ ᠲᠠᠲᠠᠷᠠᠭᠤᠯᠬᠤ ᠰᠢᠰᠲ᠋ᠧᠮ ᠢ 93.64 ᠺᠢᠯᠣᠮᠧᠲᠷ | ᠥᠭᠡᠷᠡᠴᠢᠯᠡᠨ᠂ 6 ᠲᠦᠮᠡᠨ ᠮᠥ ᠬᠤᠵᠢᠷᠯᠢᠭ ᠭᠠᠵᠠᠷ ᠤᠨ ᠬᠦᠷᠦᠰᠦ ᠪᠠ 5 ᠲᠦᠮᠡᠨ ᠮᠥ ᠲᠠᠷᠢᠶᠠᠨ ᠭᠠᠵᠠᠷ ᠤᠨ ᠬᠦᠷᠦᠰᠦ ᠶᠢ ᠰᠠᠶᠢᠵᠢᠷᠠᠭᠤᠯᠵᠤ᠂ 4 ᠲᠦᠮᠡᠨ ᠮᠥ | ᠭᠠᠵᠠᠷ ᠰᠢᠷᠣᠶ ᠶᠢ ᠳᠡᠭᠰᠢᠯᠡᠵᠦ᠂ 1.26 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ ᠳᠠᠭᠤᠰᠬᠠᠵᠤ᠂ ᠤᠰᠤ ᠲᠠᠲᠠᠷᠠᠭᠤᠯᠬᠤ ᠰᠤᠪᠠᠭ ᠢ | 114 ᠺᠢᠯᠣᠮᠧᠲᠷ ᠵᠠᠰᠠᠨ ᠨᠡᠪᠲᠡᠷᠡᠭᠦᠯᠪᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠠ ᠨᠢᠭᠡ ᠤᠴᠢᠷ ᠢ ᠨᠢᠭᠡ ᠵᠥᠪᠯᠡᠬᠦ ᠲᠥᠷᠥᠯ ᠵᠦᠢᠯ ᠳᠤ ᠲᠦᠰᠢᠭᠯᠡᠨ | ᠂ 3 ᠭᠠᠴᠠᠭ᠎ᠠ ᠲᠣᠰᠬᠤᠨ ᠳᠤ 330 ᠢᠵᠢ ᠵᠠᠮ ᠤᠨ ᠳ᠋ᠧᠩ ᠤᠭᠰᠠᠷᠠᠪᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠪᠥᠬᠦ ᠪᠠᠯᠭᠠᠰᠤᠨ ᠤ 5 | ᠭᠠᠴᠠᠭ᠎ᠠ ᠲᠣᠰᠬᠤᠨ ᠤ ᠴᠠᠬᠢᠯᠭᠠᠨ᠂ ᠵᠠᠮ ᠨᠡᠪᠲᠡᠷᠡᠯᠭᠡ᠂ ᠴᠢᠮᠡᠭᠡ ᠬᠤᠯᠪᠣᠭ᠎ᠠ᠂ ᠣᠷᠣᠨ ᠰᠠᠭᠤᠴᠠ ᠵᠡᠷᠭᠡ ᠰᠠᠭᠤᠷᠢ ᠲᠥᠬᠦᠭᠡᠷᠦᠮᠵᠢ ᠶᠢ ᠪᠥᠬᠦ ᠲᠠᠯ᠎ᠠ ᠪᠠᠷ | ᠥᠭᠡᠷᠡᠴᠢᠯᠡᠨ ᠰᠠᠶᠢᠵᠢᠷᠠᠭᠤᠯᠵᠤ᠂ ᠲᠣᠰᠬᠤᠨ ᠤ ᠲᠠᠰ ᠤᠨ ᠰᠣᠶᠣᠯ ᠤᠨ ᠲᠠᠰᠤᠭ᠂ ᠡᠷᠡᠭᠦᠯ ᠬᠠᠮᠠᠭᠠᠯᠠᠯ ᠤᠨ ᠲᠠᠰᠤᠭ᠂ ᠠᠷᠠᠳ ᠲᠤ ᠲᠥᠬᠦᠮ ᠦᠵᠡᠭᠦᠯᠬᠦ | ᠦᠶᠯᠡᠴᠢᠯᠡᠭᠡᠨ ᠤ ᠬᠡᠲᠦ ᠳᠡᠯᠭᠡᠭᠦᠷ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠶᠢ ᠪᠥᠷᠢᠳᠦᠭᠦᠯᠦᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ | ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ | ︵ᠲᠦᠷᠪᠡ︶ ᠲᠠᠪᠤᠨ ᠵᠢᠯ ᠤᠨ ᠲᠤᠷᠰᠢ᠂ ᠪᠢᠳᠠ ᠡᠷᠡᠮᠡᠬᠡᠶᠢᠯᠡᠨ ᠤᠷᠤᠭᠰᠢᠯᠠᠵᠤ᠂ ᠥᠭᠡᠷᠡᠴᠢᠯᠡᠯᠲᠡ ᠶᠢ ᠠᠳᠬᠤᠨ ᠰᠢᠨ᠎ᠡ ᠶᠢ ᠡᠭᠦᠳᠴᠦ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠪᠡ᠃ ᠭᠠᠵᠠᠷ ᠰᠢᠷᠣᠶ᠂ ᠪᠠᠯᠠ ᠮᠥᠩᠭᠦ᠂ ᠡᠵᠡᠩᠨᠡᠯᠲᠡ ᠶᠢᠨ ᠭᠤᠤᠯ ᠴᠣᠭᠴᠠ ᠵᠡᠷᠭᠡ ᠬᠦᠴᠦᠨ ᠵᠦᠶᠯ ᠤᠨ | ᠲᠣᠭᠤᠷᠢᠨ ᠳᠤ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠪᠠ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠪᠥᠬᠦ ᠲᠠᠯ᠎ᠠ | ᠪᠠᠷ ᠪᠡᠶᠡᠯᠡᠭᠦᠯᠵᠦ᠂ ᠨᠡᠶᠢᠲᠡ 7.8 ᠲᠦᠮᠡ ᠭᠠᠷᠤᠶ ᠮᠥ ᠭᠠᠵᠠᠷ ᠰᠢᠷᠣᠶ ᠶᠢᠨ ᠦᠮᠴᠢᠯᠡᠯ ᠤᠨ ᠡᠷᠬᠡ ᠶᠢ ᠨᠤᠲᠠᠯᠠᠨ ᠲᠣᠭᠲᠠᠭᠠᠪᠠ᠃ ᠮᠠᠯᠵᠢᠬᠤ ᠲᠠᠷᠢᠶᠠᠯᠠᠬᠤ ᠣᠷᠣᠨ | ᠤ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠡᠷᠡᠭᠯᠡᠬᠦ ᠡᠷᠬᠡ ᠪᠣᠯᠤᠨ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠡᠮᠬᠢ | ᠵᠢᠷᠤᠮ ᠲᠠᠢ ᠪᠠᠷ ᠪᠡᠶᠡᠯᠡᠬᠦᠯᠪᠡ᠃ 5 ᠭᠠᠴᠠᠭ᠎ᠠ ᠲᠣᠰᠬᠤᠨ ᠳᠤ ᠮᠠᠯᠵᠢᠬᠤ ᠲᠠᠷᠢᠶᠠᠯᠠᠬᠤ ᠣᠷᠣᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠢᠳᠡᠭᠡᠮᠵᠢᠳᠣ | ᠬᠤᠷᠰᠢᠶ᠎ᠠ ᠶᠢ ᠪᠠᠶᠢᠭᠤᠯᠵᠤ᠂ 3709 ᠮᠠᠯᠵᠢᠬᠤ ᠲᠠᠷᠢᠶᠠᠯᠠᠬᠤ ᠡᠷᠦᠬᠡ ᠳᠤ ᠬᠤᠪᠢᠴᠠᠭᠠᠨ ᠤ ᠡᠷᠬᠡ ᠶᠢᠨ ᠦᠨᠡᠮᠯᠡᠯ ᠣᠯᠭᠤᠪᠠ᠃ ᠪᠥᠬᠦ ᠪᠠᠯᠭᠠᠰᠤᠨ ᠤ 5 ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ ᠨᠢ ᠴᠥᠮ 20 ᠲᠦᠮᠡᠨ ᠲᠥᠭᠦᠷᠢᠭ ᠢ ᠳᠠᠪᠠᠵᠤ᠂ ᠡᠭᠦᠨ ᠳᠤ᠂ 2 ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ ᠨᠢ 50 ᠲᠦᠮᠡᠨ ᠲᠥᠭᠦᠷᠢᠭ ᠲᠤ ᠬᠦᠷᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠠᠷᠤᠶᠢᠬᠠᠨ | ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠤᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠳᠤ ᠨᠢᠭᠡ ᠯᠡ ᠤᠳᠠᠭ᠎ᠠ ᠳᠡᠭᠡᠷ᠎ᠡ ᠬᠦᠢᠴᠡᠳᠬᠡᠵᠣ ᠲᠠᠭᠤᠰᠬᠠᠬᠤ ᠶᠢ ᠪᠡᠶᠡᠯᠡᠬᠦᠯᠪᠡ᠃ ᠠᠷᠠᠳ ᠲᠤ ᠲᠥᠬᠦᠮ | ᠦᠵᠡᠭᠦᠯᠬᠦ ᠦᠶᠯᠡᠴᠢᠯᠡᠭᠡᠨ ᠤ ᠲᠢᠩᠬᠢᠮ ᠤᠨ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠵᠦ ᠠᠰᠢᠭ | ᠬᠦᠷᠲᠡᠭᠡᠬᠦ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ 17 ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ᠂ 34 ᠦᠶᠯᠡᠴᠢᠯᠡᠭᠡᠨ ᠤ ᠵᠦᠶᠯᠡᠰ | ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ 792 ᠵᠦᠶᠯᠡᠰ ᠢ ᠳᠠᠭᠠᠭᠠᠨ ᠠᠪᠴᠤ᠂ ᠣᠯᠠᠨ ᠲᠦᠮᠡᠨ ᠤ ᠣᠷᠣᠯᠠᠨ ᠭᠦᠶᠴᠡᠳᠬᠡᠬᠦ ᠵᠦᠶᠯᠡᠰ ᠢ ᠨᠡᠶᠢᠲᠡ | 1700 ᠭᠠᠷᠤᠶ ᠬᠤᠪᠢ ᠭᠥᠯᠢᠶᠡᠨ ᠠᠪᠴᠤ ᠰᠢᠶᠳᠪᠦᠷᠢᠯᠡᠪᠡ᠃ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ︽ | ᠵᠢᠷᠭᠤᠭᠠᠨ ᠠᠯᠪᠠᠨ ᠭᠡᠷ᠂ ᠬᠤᠶᠠᠷ ᠲᠥᠪ᠂ ᠨᠢᠭᠡ ᠲᠣᠪᠴᠢᠶ᠎ᠠ︾ ᠶᠢ ᠪᠠᠶᠢᠭᠤᠯᠵᠤ᠂ ᠬᠤᠰᠢᠭᠤ ᠬᠠᠷᠢᠶ᠎ᠠ ᠰᠠᠯᠠᠭ᠎ᠠ ᠮᠥᠴᠢᠷ ᠯᠤᠭ᠎ᠠ ᠶᠢᠨ ᠠᠵᠢᠯ ᠤᠨ ᠬᠠᠷᠢᠴᠠᠭ᠎ᠠ ᠶᠢ | ᠰᠢᠯᠤᠭᠤᠳᠬᠠᠨ᠂ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ᠂ ᠵᠠᠰᠠᠭ ᠢ ᠴᠤᠮᠬᠠᠳᠬᠠᠬᠤ᠂ ᠥᠨᠳᠥᠷ ᠦᠷ᠎ᠡ ᠠᠰᠢᠭ ᠢ ᠡᠷᠬᠢᠮᠯᠡᠬᠦ ᠦᠨᠳᠦᠰᠦᠨ ᠱᠠᠲᠤᠨ ᠤ | ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠪᠠ᠃ | ︵ᠲᠠᠪᠤ︶ ᠲᠠᠪᠤᠨ ᠵᠢᠯ ᠤᠨ ᠲᠤᠷᠰᠢ᠂ ᠪᠢᠳᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠢᠷᠮᠠᠶᠢᠨ᠂ ᠠᠷᠠᠳ ᠤᠨ ᠬᠦᠴᠢᠷᠳᠡᠯ ᠢ ᠰᠢᠢᠳᠪᠤᠷᠢᠯᠡᠵᠤ᠂ ᠣᠯᠠᠨ ᠲᠦᠮᠡᠨ | ᠤ ᠠᠮᠢᠳᠤᠷᠠᠯ ᠢ ᠨᠠᠩ ᠪᠠᠶᠠᠨ ᠴᠢᠨᠡᠭᠡᠯᠢᠭ ᠪᠣᠯᠭᠠᠪᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠤᠯᠬᠤ ᠶᠢᠨ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠷᠢᠯᠢᠭ ᠣᠨᠣᠪᠴᠢᠲᠠᠶ ᠪᠠᠷ ᠶᠠᠳᠠᠭᠤ ᠶᠢ | ᠲᠡᠳᠬᠦᠬᠦ᠂ ᠶᠠᠳᠠᠭᠤ ᠠᠴᠠ ᠠᠩᠭᠢᠵᠢᠷᠠᠭᠤᠯᠬᠤ ᠪᠠᠶᠢᠯᠳᠤᠬᠤ ᠪᠣᠳᠣᠯᠭ᠎ᠠ ᠶᠢ ᠭᠤᠶᠢᠪᠢᠰᠢ ᠥᠬᠡᠶ ᠪᠠᠷᠢᠮᠲᠠᠯᠠᠨ᠂ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ 99 ᠡᠷᠦᠬᠡ 256 ᠨᠡᠷᠡᠰ ᠳᠠᠩᠰᠠ | ᠡᠪᠬᠡᠮᠡᠯ ᠳᠤ ᠤᠷᠤᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠬᠦᠯᠪᠡ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠶ | ᠪᠠᠷ ᠬᠠᠪᠰᠤᠷᠤᠨ ᠲᠡᠳᠬᠦᠬᠦ ᠶᠢ ᠦᠷᠭᠦᠯᠵᠢᠯᠡᠨ ᠴᠢᠩᠭᠠᠳᠬᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ | ᠵᠢᠴᠢ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠤᠶᠠᠯᠳᠣᠭᠤᠯᠪᠠ᠃ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ | ᠮᠡᠨᠳᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠱᠠᠳᠤᠴᠢ ᠴᠢᠨᠠᠷᠲᠠᠢ ᠦᠷ᠎ᠡ ᠪᠦᠲᠦᠭᠡᠯ ᠤᠯᠪᠠ᠃ ᠪᠦᠬᠦ ᠠᠷᠠᠳ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢ ᠶᠢᠨ ᠴᠢᠨᠠᠷᠳᠠᠢ ᠰᠠᠶᠢᠲᠤᠷ ᠠᠳᠬᠤᠪᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠬᠤ | ᠶᠢ ᠠᠬᠢᠭᠤᠯᠵᠤ᠂ ᠳᠠᠭᠠᠳᠬᠠᠯ ᠳᠤ ᠣᠷᠤᠬᠤ ᠬᠡᠪᠴᠢᠶ᠎ᠡ ᠶᠢ ᠥᠷᠭᠡᠳᠬᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ | ᠪᠠ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠪᠡᠶᠡᠯᠡᠬᠦᠯᠪᠡ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ ᠲᠤ | ᠲᠦᠷ ᠴᠠᠭ ᠤᠨ ᠠᠪᠤᠷᠠᠨ ᠲᠤᠰᠠᠯᠠᠬᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡ 295.3 ᠲᠦᠮᠡᠨ ᠲᠥᠭᠦᠷᠢᠭ ᠤᠨ ᠠᠪᠤᠷᠠᠨ | ᠲᠤᠰᠠᠯᠠᠬᠤ ᠪᠡᠯᠡ ᠮᠥᠩᠭᠦ ᠲᠠᠷᠬᠠᠭᠠᠵᠤ᠂ 2000 ᠭᠠᠷᠣᠢ ᠬᠦᠴᠢᠷᠳᠡᠯᠲᠡᠢ ᠣᠯᠠᠨ ᠲᠦᠮᠡᠨ ᠢ ᠳᠡᠮᠵᠢᠨ ᠲᠤᠰᠠᠯᠠᠪᠠ᠃ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠣᠷᠠᠯ ᠢ ᠨᠡᠶᠢᠲᠡ 12 ᠬᠤᠭᠤᠴᠠᠭ᠎ᠠ | ᠦᠷᠨᠢᠭᠦᠯᠦᠨ᠂ 300 ᠭᠠᠷᠤᠶ ᠬᠦᠮᠦᠨ ᠣᠷᠤᠯᠴᠠᠵᠤ᠂ 200 ᠭᠠᠷᠤᠶ ᠬᠥᠳᠡᠯᠮᠦᠷᠢ ᠶᠢᠨ ᠬᠦᠴᠦᠨ ᠢ ᠲᠥᠪᠬᠢᠨᠡᠭᠦᠯᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠳᠤ 35 ᠬᠥᠮᠦᠨ ᠢ ᠲᠤᠬᠢᠷᠠᠭᠤᠯᠪᠠ᠃ ᠡᠮᠡᠭᠲᠡᠶᠢᠴᠦᠳ᠂ ᠬᠡᠦᠬᠡᠳ ᠨᠢᠯᠬᠠᠰ ᠪᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ | ᠤ ᠠᠵᠢᠯ ᠢ ᠰᠠᠶᠢᠲᠤᠷ ᠬᠢᠵᠦ᠂ ︽ᠬᠤᠶᠠᠷ ᠥᠮᠡᠨ︾ ᠢ ᠦᠨ᠎ᠡ ᠲᠥᠯᠥᠪᠦᠷᠢ ᠦᠭᠡᠢ ᠪᠠᠶᠢᠴᠠᠭᠠᠬᠤ᠂ ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠯᠲᠠ ᠪᠠ ᠠᠯᠪᠠᠨ | ᠵᠢᠷᠤᠮ ᠤᠨ ᠡᠮᠴᠢᠯᠡᠭᠡ ᠬᠢᠬᠦ ᠵᠡᠷᠭᠡ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠪᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ | ᠂ ᠲᠣᠰᠬᠤᠨ ᠤ ᠨᠣᠮ ᠤᠨ ᠰᠠᠩ᠂ ᠲᠠᠯ᠎ᠠ ᠨᠤᠲᠤᠭ ᠤᠨ ᠨᠣᠮ ᠤᠨ ᠥᠷᠥᠭᠡ ᠪᠣᠯᠤᠨ ᠪᠢᠩᠲ᠋ᠤᠸᠠᠨ ᠤ ᠳᠤᠷᠠᠰᠬᠠᠯ ᠤᠨ ᠦᠵᠡᠭᠦᠯᠭᠡ ᠶᠢᠨ ᠣᠷᠳᠣᠨ ᠵᠡᠷᠭᠡ ᠰᠣᠶᠣᠯ | ᠤᠨ ᠠᠵᠢᠯᠯᠠᠭᠠᠨ ᠤ ᠲᠠᠯᠠᠪᠤᠷ ᠤᠨ ᠦᠶᠯᠡᠳᠦᠯ ᠢ ᠢᠯᠡᠳᠲᠡ ᠪᠠᠳᠠᠷᠠᠭᠤᠯᠵᠤ᠂ ᠬᠤᠶᠠᠷ ᠬᠤᠭᠤᠴᠠᠭᠠᠨ ᠤ ᠡᠪᠦᠯ ᠤᠨ ᠤᠯᠠᠷᠢᠯ ᠤᠨ ᠠᠩ ᠠᠩᠨᠠᠯ ᠤᠨ ᠪᠠᠶᠠᠷ᠂ | ᠳᠥᠷᠪᠡᠳᠦᠭᠡᠷ ᠬᠤᠭᠤᠴᠠᠭᠠᠨ ᠤ ᠢᠩᠬᠡᠨ ᠭᠠᠯ ᠲᠠᠬᠢᠯᠭ᠎ᠠ ᠶᠢᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠮᠠᠯᠴᠢᠨ ᠲᠠᠷᠢᠶᠠᠴᠢᠨ ᠤ ᠰᠣᠶᠣᠯ ᠤᠨ ᠠᠮᠢᠳᠤᠷᠠᠯ ᠢ | ᠤᠯᠠᠮ ᠨᠢᠭᠡ ᠠᠯᠬᠤᠮ ᠪᠠᠶᠠᠯᠢᠭᠵᠢᠭᠤᠯᠪᠠ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠳᠡᠮᠵᠢᠨ᠂ | ᠪᠠᠯᠭᠠᠰᠤᠨ ᠤ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ ᠨᠥᠬᠦᠴᠡᠯ ᠢᠯᠡᠳᠲᠡ ᠰᠠᠶᠢᠵᠢᠷᠠᠵᠤ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ | ᠡᠮᠴᠢᠯᠡᠭᠡᠨ ᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠠᠷᠢᠶᠠᠯᠠᠩ ᠤᠨ ᠦᠢᠯᠡᠰ ᠤᠨ ᠪᠠᠶᠢᠴᠠᠭᠠᠯᠲᠠ | ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠠ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ | ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠪᠡᠶᠡᠯᠡᠬᠦᠯᠪᠡ᠃ ᠤᠬᠠᠭᠤᠯᠭ᠎ᠠ ᠰᠤᠷᠲᠠᠯᠴᠢᠯᠠᠭ᠎ᠠ ᠶᠢᠨ ᠠᠵᠢᠯᠯᠠᠭ᠎ᠠ ᠶᠢ ᠦᠷᠨᠢᠭᠦᠯᠦᠨ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠠᠬᠢᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠶ ᠬᠥᠮᠦᠵᠢᠭᠦᠯᠦᠨ ᠦᠶᠯᠡᠳᠦᠯᠭᠡᠵᠢᠭᠦᠯᠵᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠶᠢ 6 ᠪᠠᠶᠢᠭᠤᠯᠪᠠ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠲᠠᠢ | ᠤᠶᠠᠯᠳᠤᠭᠤᠯᠤᠨ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 60 ᠭᠠᠷᠤᠢ ᠤᠳᠠᠭ᠎ᠠ ᠥᠷᠨᠢᠭᠦᠯᠪᠡ᠃ ᠡᠯᠧᠺᠲᠷᠣᠨ ᠳᠡᠯᠭᠡᠴᠡ᠂ | ᠤᠬᠠᠭᠤᠯᠭ᠎ᠠ ᠶᠢᠨ ᠪᠤᠯᠤᠩ᠂ ᠰᠣᠶᠣᠯ ᠤᠨ ᠲᠠᠪᠴᠠᠩ ᠵᠡᠷᠭᠡ ᠤᠬᠠᠭᠤᠯᠭ᠎ᠠ ᠶᠢᠨ ᠭᠠᠵᠠᠷ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯᠯᠠᠭ᠎ᠠ ᠶᠢ ︽ᠲᠣᠰᠬᠤᠨ ᠪᠣᠯᠭᠠᠨ ᠳᠤ ᠳᠠᠭᠤᠷᠢᠰᠤᠭᠤᠯᠬᠤ︾᠂ ᠪᠠᠯᠭᠠᠰᠤᠨ ᠤ ᠸᠢᠴᠠᠲ ᠤᠨ ᠣᠯᠠᠨ ᠨᠡᠶᠢᠲᠡ | ᠶᠢᠨ ᠲᠠᠪᠴᠠᠩ ᠲᠠᠢ ᠬᠤᠯᠪᠣᠨ ᠨᠡᠪᠲᠡᠷᠡᠭᠦᠯᠵᠦ᠂ ᠪᠣᠯᠪᠠᠰᠤᠨ ᠤ ᠦᠶᠯᠡᠳᠦᠯᠭᠡ ᠶᠢᠨ ᠠᠵᠢᠯᠯᠠᠭ᠎ᠠ ᠶᠢᠨ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ | ᠨᠢᠭᠡ ᠠᠯᠬᠤᠮ ᠢᠶᠠᠷ ᠶᠠᠪᠤᠭᠳᠠᠭᠤᠯᠬᠤ ᠶᠢ ᠪᠡᠶᠡᠯᠡᠭᠦᠯᠪᠡ᠃ | ︵ᠵᠢᠷᠭᠤᠭ᠎ᠠ︶ ᠲᠠᠪᠤᠨ ᠵᠢᠯ ᠤᠨ ᠲᠤᠷᠰᠢ᠂ ᠪᠢᠳᠡ ᠨᠢᠭᠡ ᠰᠡᠳᠬᠢᠯ ᠨᠢᠭᠡ ᠵᠣᠷᠢᠭ ᠢᠶᠠᠷ ᠠᠵᠢᠯᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ᠂ ᠦᠨᠳᠦᠰᠦᠨ ᠱᠠᠲᠤᠨ | ᠤ ᠵᠠᠰᠠᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠥᠨᠳᠥᠷ ᠪᠦᠲᠦᠮᠵᠢᠲᠡᠢ | ᠬᠠᠮᠢᠶᠠᠷᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ | ᠠᠬᠢᠭᠤᠯᠵᠤ᠂ ᠲᠠᠪᠤᠨ ᠵᠢᠯ ᠳᠤ 8000 ᠭᠠᠷᠤᠢ ᠲᠦᠮᠡᠨ ᠲᠥᠭᠦᠷᠢᠭ ᠤᠨ ᠥᠷᠢ ᠥᠭᠴᠡᠭᠡ ᠶᠢ ᠰᠢᠢᠳᠪᠦᠷᠢᠯᠡᠪᠡ᠃ ᠮᠠᠯᠵᠢᠬᠤ ᠲᠠᠷᠢᠶᠠᠯᠠᠬᠤ ᠣᠷᠣᠨ ᠤ | ᠬᠠᠮᠢᠶᠠᠷᠤᠯᠲᠠ ᠪᠠ ᠦᠶᠯᠡᠴᠢᠯᠡᠭᠡ ᠶᠢ ᠳᠣᠷᠣᠭᠰᠢ ᠰᠢᠯᠵᠢᠭᠦᠯᠬᠦ ᠶᠢ ᠦᠷᠭᠦᠯᠵᠢᠯᠡᠨ ᠠᠬᠢᠭᠤᠯᠵᠤ᠂ ᠭᠠᠴᠠᠭ᠎ᠠ ᠲᠣᠰᠬᠤᠨ ᠤ ᠲᠣᠰᠬᠤᠨ ︵ᠰᠠᠭᠤᠭᠠᠯᠢ ᠠᠷᠠᠳ︶ ᠤ | ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠴᠢᠨᠠᠷ ᠰᠠᠶᠢᠲᠠᠶ ᠪᠡᠶᠡᠯᠡᠭᠦᠯᠵᠦ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠺᠠᠳ᠋ᠷ ᠤᠨ | ᠨᠥᠬᠦᠪᠥᠷᠢ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠰᠬᠤᠨ ᠤ ᠱᠠᠲᠤᠨ ᠤ ᠠᠯᠪᠠᠨ ᠠᠵᠢᠯ ᠤᠨ ᠵᠠᠷᠤᠳᠠᠯ ᠢ ᠵᠢᠯ ᠪᠦᠷᠢ 21.5 ᠲᠦᠮᠡᠨ | ᠲᠥᠭᠦᠷᠢᠭ ᠪᠣᠯᠲᠠᠯ᠎ᠠ ᠨᠡᠮᠡᠭᠳᠡᠭᠦᠯᠪᠡ᠃ 80 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ ᠳ᠋ᠠ ᠲᠤᠤ ᠽᠢ ᠲᠣᠰᠬᠤᠨ᠂ ᠳ᠋ᠦᠩ ᠬᠤᠩ ᠯᠢᠦ ᠲᠣᠰᠬᠤᠨ᠂ | ᠪᠠᠯᠠᠬᠠᠶ ᠲᠣᠰᠬᠤᠨ ᠪᠣᠯᠤᠨ ᠴᠠᠩ ᠴᠢᠩ ᠨᠡᠶᠢᠭᠡᠮ ᠲᠣᠭᠤᠷᠢᠭ ᠵᠡᠷᠭᠡ ᠲᠣᠰᠬᠤᠨ ᠤ ᠲᠠᠰ ᠤᠨ ᠠᠵᠢᠯᠯᠠᠭᠠᠨ ᠤ ᠲᠠᠯᠠᠪᠤᠷ ᠢ ᠥᠭᠡᠷᠡᠴᠢᠯᠡᠨ ᠵᠠᠰᠠᠵᠤ᠂ ᠪᠠᠯᠭᠠᠰᠤᠨ ᠤ | ᠲᠠᠰ ᠪᠠ 5 ᠲᠣᠰᠬᠤᠨ ︵ᠨᠡᠶᠢᠭᠡᠮ ᠲᠣᠭᠤᠷᠢᠭ︶ ᠤ ᠲᠡᠰ ᠤᠨ ︽ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ︾ ᠢ ᠪᠥᠬᠦ ᠲᠠᠯ᠎ᠠ ᠪᠠᠷ ᠲᠠᠰ ᠳᠡᠪᠰᠢᠭᠦᠯᠪᠡ᠃ | ︽ᠠᠮᠤᠭᠤᠯᠠᠩ ᠲᠠᠶᠢᠪᠤᠩ ᠬᠦᠬᠡᠮᠦᠳᠣ ᠪᠠᠯᠭᠠᠰᠤ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ | ᠵᠡᠷᠭᠡ ᠠᠮᠣᠷ ᠲᠣᠭᠲᠠᠭᠤᠨ ᠲᠠᠢ ᠬᠤᠯᠪᠣᠭᠳᠠᠬᠤ ᠭᠤᠤᠯᠳᠠᠯᠭ᠎ᠠ ᠲᠠᠢ ᠠᠵᠢᠯ ᠤᠨ ᠬᠦᠷᠢᠶ᠎ᠡ ᠴᠠᠷᠠᠭᠠᠨ ᠤ ᠲᠣᠭᠤᠷᠢᠨ ᠳᠤ᠂ ᠨᠡᠶᠢᠭᠡᠮ ᠤᠨ ᠴᠢᠬᠤᠯᠠ ᠶᠡᠭᠡ ᠵᠥᠷᠢᠴᠡᠯ | ᠵᠢᠭᠤᠷᠠᠯᠳᠤᠭᠠᠨ ᠪᠠ ᠲᠣᠭᠲᠠᠭᠤᠨ ᠪᠤᠰᠤ ᠳᠠᠯᠳᠠ ᠬᠡᠮ ᠢ ᠪᠠᠶᠢᠴᠠᠭᠠᠨ ᠠᠷᠢᠯᠭᠠᠬᠤ ᠠᠵᠢᠯ ᠢ ᠦᠷᠨᠢᠭᠦᠯᠪᠡ᠃ ᠵᠥᠷᠢᠴᠡᠯ ᠵᠢᠭᠤᠷᠠᠯᠳᠤᠭᠠᠨ ᠢ ᠨᠡᠶᠢᠲᠡ 300 ᠭᠠᠷᠤᠶ | ᠤᠳᠠᠭ᠎ᠠ ᠡᠶᠡᠳᠡᠭᠦᠯᠦᠨ ᠰᠢᠶᠳᠪᠦᠷᠢᠯᠡᠵᠦ᠂ ᠡᠶᠡᠳᠡᠭᠦᠯᠦᠨ ᠰᠢᠶᠳᠪᠦᠷᠢᠯᠡᠭᠰᠡᠨ ᠨᠣᠷᠮ᠎ᠠ 90% ᠠᠴᠠ ᠳᠡᠭᠡᠭᠰᠢ ᠳᠤ ᠬᠥᠷᠪᠡ᠃ ᠨᠡᠶᠢᠬᠡᠮ ᠤᠨ ᠠᠮᠤᠷ ᠲᠣᠭᠲᠠᠭᠤᠨ | ᠲᠠᠢ ᠬᠤᠯᠪᠤᠭᠳᠠᠭᠰᠠᠨ ᠬᠡᠷᠡᠭ ᠢ 72 ᠬᠤᠪᠢ ᠭᠥᠯᠢᠶᠡᠨ ᠠᠪᠴᠤ ᠰᠢᠶᠳᠪᠦᠷᠢᠯᠡᠨ᠂ ᠪᠠᠶᠢᠴᠠᠭᠠᠨ ᠰᠢᠶᠳᠪᠦᠷᠢᠯᠡᠭᠰᠡᠨ ᠨᠣᠷᠮ᠎ᠠ 94.5% ᠳᠤ ᠬᠥᠷᠪᠡ᠃ ᠣᠯᠠᠨ | ᠲᠥᠮᠡᠨᠴᠢ ᠴᠢᠨᠠᠷᠲᠠᠢ ᠠᠮᠤᠷ ᠲᠥᠪᠰᠢᠨ ᠢ ᠬᠠᠮᠠᠭᠠᠯᠠᠨ ᠡᠵᠡᠮᠰᠢᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠦᠷᠨᠢᠭᠦᠯᠦᠨ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠪᠠ ᠬᠠᠤᠯᠢ | ᠴᠠᠭᠠᠵᠠ ᠶᠢᠨ ︽ᠨᠠᠢᠮᠠᠨ ᠭᠠᠵᠠᠷ ᠲᠤ ᠨᠡᠶᠢᠲᠡᠮ ᠲᠥᠭᠡᠮᠡᠯᠵᠢᠭᠦᠯᠬᠦ︾ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠪᠠᠯᠭᠠᠰᠤᠨ ᠤ ᠱᠠᠲᠤᠨ ᠤ ᠭᠠᠯ ᠤᠨᠲᠠᠷᠠᠭᠠᠬᠤ | ᠥᠷᠲᠡᠭᠡ ᠠᠰᠢᠭᠯᠠᠯᠲᠠ ᠳᠤ ᠣᠷᠣᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠲᠥᠷᠥᠭᠳᠡᠯ ᠵᠢᠴᠢ ᠨᠡᠶᠢᠭᠡᠮ ᠤᠨ ᠠᠮᠤᠷ ᠲᠦᠪᠰᠢᠨ ᠤ ᠬᠠᠨᠤᠮᠵᠢ ᠶᠢᠨ ᠬᠡᠮᠵᠢᠶ᠎ᠡ | ᠢᠯᠡᠳᠲᠡ ᠳᠡᠭᠡᠭᠰᠢᠯᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠨ ᠤ ᠪᠠᠯᠭᠠᠰᠤ ᠨᠢ ︽ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠡ︾ ᠶᠢᠨ ᠢᠷᠠᠭᠤ ᠠᠯᠳᠠᠷ ᠢ ᠭᠥᠷᠳᠡᠪᠡ᠃ ︽ᠨᠠᠮ ᠵᠠᠰᠠᠭ ᠠᠳᠠᠯᠢ | ᠬᠠᠷᠢᠭᠤᠴᠠᠯᠭ᠎ᠠ ᠡᠭᠦᠷᠭᠡᠯᠡᠨ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠵᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ | ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠠᠮᠤᠷ ᠲᠦᠪᠰᠢᠨ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠢᠳᠡᠭᠡᠨ ᠤᠮᠳᠠᠭᠠᠨ ᠪᠠ ᠡᠮ ᠤᠨ ᠵᠦᠢᠯᠡᠰ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ | ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃ | ᠲᠠᠪᠤᠨ ᠵᠢᠯ ᠤᠨ ᠲᠤᠷᠰᠢ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠭᠠᠵᠠᠷ᠂ ᠲᠣᠮᠢᠯᠠᠭᠰᠠᠨ ᠰᠠᠯᠪᠤᠷᠢ᠂ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠨᠢᠭᠡᠴᠡ ᠶᠢ | ᠵᠣᠬᠢᠶᠠᠨ ᠪᠠᠶᠢᠭᠤᠯᠵᠤ᠂ ᠠᠮᠤᠷ ᠲᠦᠪᠰᠢᠨ ᠦᠢᠯᠡᠳᠪᠦᠷᠢᠯᠡᠯ ᠤᠨ ᠪᠠᠶᠢᠴᠠᠭᠠᠯᠲᠠ ᠶᠢ 70 ᠭᠠᠷᠤᠢ ᠤᠳᠠᠭ᠎ᠠ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠢ | 280 ᠭᠠᠷᠤᠢ ᠤᠳᠠᠭ᠎ᠠ ᠣᠷᠣᠯᠴᠠᠭᠤᠯᠵᠤ᠂ 60 ᠭᠠᠷᠤᠢ ᠵᠦᠢᠯ ᠤᠨ ᠳᠠᠯᠳᠠ ᠭᠡᠮ ᠢ ᠢᠯᠡᠷᠡᠭᠦᠯᠦᠭᠰᠡᠨ ᠪᠥᠭᠡᠳ ᠴᠡᠭᠴᠡᠯᠡᠨ ᠰᠠᠶᠢᠵᠢᠷᠠᠭᠤᠯᠪᠠ᠃ ᠣᠶ ᠰᠢᠭᠤᠶ | ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠪᠠ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠡᠷᠡᠰ ᠰᠠᠶᠢᠲᠤᠷ | ᠠᠳᠬᠤᠵᠤ᠂ 230 ᠭᠠᠷᠤᠶ ᠡᠯ᠎ᠡ ᠲᠥᠷᠦᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠢᠶᠠᠨ ᠮᠡᠳᠡᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 103 ᠬᠤᠪᠢ ᠰᠢᠢᠳᠪᠦᠷᠢᠯᠡᠪᠡ᠃ ᠠᠷᠢᠭᠤᠨ ᠴᠢᠬᠡᠴᠢ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠵᠤ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠶᠢ ᠳᠡᠮᠵᠢᠵᠦ᠂ | ᠡᠯ᠎ᠡ ᠲᠥᠷᠥᠯ ᠤᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠪᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ | ᠲᠣᠭᠲᠠᠭᠠᠬᠤ ᠳᠠᠭᠠᠨ ᠤᠷᠢᠳᠠᠪᠠᠷ ᠪᠠᠶᠢᠴᠠᠭᠠᠨ ᠰᠤᠳᠤᠯᠵᠤ ᠨᠤᠲᠠᠯᠠᠯᠲᠠ ᠭᠢᠵᠤ᠂ ᠬᠠᠤᠯᠢ ᠳᠦᠷᠢᠮ ᠢᠶᠠᠷ ᠬᠢᠨᠠᠨ ᠪᠠᠶᠢᠴᠠᠭᠠᠵᠤ᠂ ᠳᠠᠷᠠᠭ᠎ᠠ ᠨᠢ ᠬᠠᠮᠲᠤ ᠪᠠᠷ | ᠰᠤᠳᠤᠯᠤᠨ ᠲᠤᠭᠲᠠᠭᠠᠨ᠎ᠠ᠃ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠤᠴᠢᠷ ᠶᠠᠪᠤᠳᠠᠯ ᠢ ᠵᠥᠪᠯᠡᠨ ᠲᠣᠭᠲᠠᠭᠠᠵᠤ᠂ ᠭᠤᠣᠯᠳᠠᠯᠭ᠎ᠠ ᠲᠠᠢ ᠠᠵᠢᠯ ᠢ | ᠲᠣᠣᠱᠲᠠᠢ ᠠᠳᠬᠤᠵᠤ᠂ ᠠᠵᠢᠯᠴᠢ ᠬᠢᠴᠢᠶᠡᠩᠭᠦᠢ ᠪᠠᠷ ᠱᠠᠯᠠᠪᠳᠠᠨ ᠪᠠᠶᠢᠴᠠᠭᠠᠵᠤ᠂ ᠴᠢᠩᠭ᠎ᠠ ᠦᠨᠡᠯᠡᠨ ᠪᠣᠳᠠᠲᠠᠢ ᠰᠢᠯᠭᠠᠵᠤ᠂ ᠵᠠᠰᠠᠭ ᠤᠨ ᠣᠷᠳᠣᠨ ᠤ ᠬᠠᠮᠢᠶᠠᠷᠤᠯᠲᠠ | ᠶᠢᠨ ᠦᠢᠯᠡᠳᠦᠯ ᠴᠢᠳᠠᠪᠤᠷᠢ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠴᠠᠭ ᠦᠶ᠎ᠡ ᠲᠠᠢ ᠵᠤᠬᠢᠴᠠᠬᠤ ᠳᠤ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠴᠢᠬᠤᠯᠠᠲᠠᠢ᠂ ᠠᠵᠢᠯ ᠦᠢᠯᠡᠰ ᠤᠨ ᠱᠠᠭᠠᠷᠳᠠᠯᠭ᠎ᠠ ᠲᠠᠢ | ᠨᠡᠶᠢᠴᠡᠬᠦ ᠳᠤ ᠬᠦᠨᠳᠦ ᠡᠭᠦᠷᠭᠡ ᠶᠢ ᠡᠭᠦᠷᠭᠡᠯᠡᠵᠤ ᠣᠷᠣᠭᠰᠢᠯᠠᠨ ᠲᠡᠮᠡᠴᠡᠬᠦ ᠴᠢᠬᠤᠯᠠᠲᠠᠢ᠃ ᠥᠩᠭᠡᠷᠡᠭᠰᠡᠨ ᠲᠠᠪᠤᠨ ᠵᠢᠯ ᠢ ᠡᠷᠭᠢᠴᠡᠭᠦᠯᠬᠦᠶ᠎ᠡ᠂ ᠲᠡᠮᠡᠴᠡᠯ ᠤᠨ | ᠥᠩᠭᠡᠷᠡᠯᠲᠡ ᠮᠠᠷᠲᠠᠭᠳᠠᠰᠢ ᠦᠭᠡᠢ᠃ ᠪᠢᠳᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠳᠠᠯ ᠤᠨ ᠳᠤᠮᠳᠠ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤᠮᠳᠠ ᠦᠨᠡᠨ ᠬᠦ | ᠠᠳᠬᠤᠨ ᠪᠣᠳᠠᠲᠠᠢ ᠪᠠᠷ ᠠᠵᠢᠯᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠦᠨᠳᠦᠷ ᠠᠮᠵᠢᠯᠲᠠ ᠶᠢ ᠣᠯᠤᠭᠰᠠᠨ ᠶᠤᠮ᠃ ᠡᠨᠡ ᠪᠣᠯ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠭᠯᠡᠯᠲᠦ ᠤᠳᠤᠷᠢᠳᠤᠮᠵᠢ ᠶᠢᠨ ᠦᠷ᠎ᠡ ᠳ᠋ᠦᠩ | ᠮᠥᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ | ᠮᠥᠨ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠨᠠᠩ ᠴᠤ ᠪᠥᠬᠦ ᠪᠠᠯᠭᠠᠰᠤᠨ ᠤ | ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠰᠡᠳᠬᠢᠯ ᠨᠢᠭᠡᠳᠦᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠦᠬᠡᠮᠤᠳᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠪᠠᠯᠭᠠᠰᠤᠨ ᠤ ᠺᠠᠳ᠋ᠷ ᠣᠯᠠᠨ ᠲᠦᠮᠡᠨ ᠪᠠ ᠮᠠᠨ ᠤ ᠪᠠᠯᠭᠠᠰᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠦᠩᠭᠡᠷᠡᠭᠰᠡᠨ ᠢᠶᠠᠨ ᠡᠷᠭᠢᠴᠡᠭᠦᠯᠬᠦᠶ᠎ᠡ᠂ ᠪᠢᠳᠠ ᠡᠷᠬᠢᠮ ᠨᠠᠨᠳᠢᠨ ᠲᠤᠷᠰᠢᠯᠭ᠎ᠠ ᠬᠤᠷᠠᠮᠳᠣᠭᠤᠯᠣᠭᠰᠠᠨ ᠶᠤᠮ᠃ ᠨᠢᠭᠡ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ | ᠢᠮᠠᠭᠲᠠ ᠪᠠᠷᠢᠮᠲᠠᠯᠠᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠶᠢᠨ ᠬᠠᠷᠠᠯᠲᠠ ᠴᠢᠭᠯᠡᠯ | ᠪᠣᠯᠬᠤ ᠪᠥᠭᠡᠳ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠨ ᠴᠢᠳᠠᠯ ᠤᠨ ᠡᠬᠢ ᠪᠤᠯᠠᠭ ᠪᠣᠯᠤᠨ᠎ᠠ᠂ ᠪᠢᠳᠡᠨ ᠳᠤ ᠥᠴᠦᠬᠡᠨ ᠴᠦ ᠬᠤᠶᠢᠷᠭᠤᠰᠢᠬᠤ | ᠰᠢᠯᠲᠠᠭᠠᠨ ᠪᠠ ᠰᠢᠯᠲᠠᠭ ᠪᠠᠶᠢᠬᠤ ᠦᠭᠡᠢ᠂ ᠡᠷᠬᠡᠪᠰᠢ ᠨᠥᠬᠦᠴᠡᠯ ᠦᠭᠡᠢ ᠪᠠᠷ ᠬᠡᠷᠡᠭᠵᠢᠭᠦᠯᠬᠦ᠂ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ | ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠶᠢ ᠡᠷᠬᠡᠪᠰᠢ ᠢᠮᠠᠭᠲᠠ ᠪᠠᠷᠢᠮᠲᠠᠯᠠᠬᠤ ᠬᠡᠷᠡᠭᠲᠡᠢ᠃ ᠰᠠᠶᠢᠨ ᠰᠠᠶᠢᠬᠠᠨ | ᠪᠠᠶᠢᠭᠠᠯᠢ ᠶᠢᠨ ᠠᠮᠢ ᠠᠬᠤᠶ ᠪᠣᠯ ᠬᠥᠭᠵᠢᠯᠲᠡ ᠶᠢ ᠲᠦᠷᠭᠡᠳᠬᠡᠬᠦ ᠳᠠᠯᠳᠠ ᠬᠦᠴᠦᠨ ᠮᠥᠨ᠂ ᠨᠠᠩ ᠴᠤ ᠪᠥᠬᠦ ᠪᠠᠯᠭᠠᠰᠤᠨ ᠤ ᠣᠯᠠᠨ ᠲᠦᠮᠡᠨ ᠤ ᠣᠷᠣᠰᠢᠨ | ᠲᠣᠭᠲᠠᠨᠢᠬᠤ ᠪᠠ ᠬᠥᠭᠵᠢᠬᠦ ᠠᠮᠢᠨ ᠰᠤᠳᠠᠰᠤ ᠮᠥᠨ᠂ ᠡᠷᠬᠡᠪᠰᠢ ᠰᠢᠨᠲᠠᠷᠠᠰᠢ ᠥᠬᠡᠶ ᠴᠢᠷᠮᠠᠶᠢᠯᠭ᠎ᠠ ᠪᠠᠷ ᠰᠢᠨ᠎ᠡ ᠴᠠᠭ ᠦᠶ᠎ᠡ ᠶᠢᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ᠃ ᠭᠤᠷᠪᠠ ᠳᠤ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠮᠠᠭᠲᠠ ᠪᠠᠷᠢᠮᠲᠠᠯᠠᠬᠤ | ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠪᠣᠯ ᠬᠠᠮᠤᠭ ᠤᠨ ᠢᠯᠡ ᠲᠣᠳᠣ ᠴᠠᠭ ᠦᠶ᠎ᠡ ᠶᠢᠨ ᠭᠤᠤᠯ ᠰᠡᠳᠦᠪ ᠮᠥᠨ᠂ ᠮᠦᠨ ᠴᠤ ᠮᠠᠨ ᠤ ᠪᠠᠯᠭᠠᠰᠤᠨ ᠤ ᠣᠷᠣᠨ | ᠪᠦᠰᠡ ᠶᠢᠨ ᠬᠥᠭᠵᠢᠯᠲᠡ ᠶᠢᠨ ᠳᠤᠮᠳᠠ ᠣᠷᠣᠨ ᠪᠠᠶᠢᠷᠢ ᠡᠵᠡᠯᠡᠵᠦ ᠴᠢᠳᠠᠬᠤ ᠡᠰᠡᠬᠦ ᠶᠢᠨ ᠪᠣᠳᠠᠲᠤ ᠠᠷᠭ᠎ᠠ ᠵᠠᠮ ᠮᠥᠨ᠂ ᠡᠷᠬᠡᠪᠰᠢ ᠥᠭᠡᠷᠡᠴᠢᠯᠡᠯᠲᠡ ᠬᠢᠨ ᠰᠢᠨ᠎ᠡ ᠶᠢ | ᠡᠭᠦᠳᠴᠦ᠂ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠬᠥᠭᠵᠢᠯᠲᠡ ᠶᠢᠨ ᠣᠷᠣᠨ ᠵᠠᠶ ᠶᠢ ᠢᠳᠡᠪᠬᠢᠲᠡᠶ ᠥᠷᠭᠡᠳᠬᠡᠵᠦ᠂ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠬᠥᠳᠡᠯᠭᠡᠬᠦ ᠬᠦᠴᠦᠨ ᠬᠠᠩᠭᠠᠬᠤ ᠬᠡᠷᠡᠭᠲᠡᠶ᠃ ᠲᠦᠷᠪᠡ ᠳᠤ᠂ ᠡᠷᠬᠡᠪᠰᠢ ᠠᠷᠠᠳ ᠤᠨ ᠠᠮᠢᠳᠤᠷᠠᠯ ᠢᠶᠠᠷ | ᠦᠨᠳᠦᠰᠦ ᠪᠣᠯᠭᠠᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠮᠠᠨ ᠤ ᠠᠯᠢᠪᠠ ᠠᠵᠢᠯ ᠤᠨ ᠡᠭᠦᠰᠦᠯᠲᠡ | ᠪᠠ ᠦᠷ᠎ᠡ ᠳ᠋ᠦᠩ ᠮᠥᠨ᠂ ᠡᠷᠬᠡᠪᠰᠢ ᠠᠷᠠᠳ ᠤᠨ ᠲᠥᠯᠥᠭᠡ ᠲᠦᠷᠦ ᠪᠠᠷᠢᠬᠤ ᠶᠢ ᠢᠮᠠᠭᠲᠠ ᠪᠠᠷᠢᠮᠲᠠᠯᠠᠵᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ᠂ ᠠᠷᠠᠳ ᠤᠨ | ᠰᠡᠳᠬᠢᠯ ᠳᠤ ᠨᠡᠶᠢᠴᠡᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠤ ᠶᠠᠪᠤᠳᠠᠯ ᠰᠠᠶᠢᠨ ᠶᠠᠪᠤᠳᠠᠯ ᠢ ᠢᠯᠡᠭᠦᠬᠡᠨ ᠬᠢᠵᠦ᠂ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠨᠡᠩ ᠤᠯᠠᠨ ᠨᠡᠩ ᠰᠠᠶᠢᠨ ᠢᠶᠠᠷ ᠡᠳ᠋ᠯᠡᠭᠦᠯᠬᠦ ᠬᠡᠷᠡᠭᠲᠡᠢ᠃ ᠲᠠᠪᠤ ᠳᠤ᠂ ᠡᠷᠬᠡᠪᠰᠢ ᠥᠪᠡᠷ ᠢ ᠪᠠᠨ ᠳᠠᠪᠲᠠᠨ | ᠪᠣᠯᠪᠠᠰᠤᠷᠠᠭᠤᠯᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠰᠢᠨ᠎ᠡ ᠴᠠᠭ ᠦᠶ᠎ᠡ ᠳᠤ᠂ ᠡᠷᠡᠯᠬᠡᠭᠯᠡᠨ ᠤᠷᠤᠭᠰᠢᠯᠠᠭᠰᠠᠳ ᠢᠯᠠᠯᠲᠠ ᠣᠯᠤᠨ᠎ᠠ᠃ ᠡᠷᠬᠡᠪᠰᠢ ᠨᠡᠩ | ᠥᠨᠳᠥᠷ ᠵᠣᠭᠰᠣᠴᠠ ᠠᠴᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠬᠢᠬᠦ ᠪᠠᠷ ᠰᠤᠷᠲᠠᠯ ᠢᠶᠠᠨ | ᠳᠡᠭᠡᠭᠰᠢᠯᠡᠬᠦᠯᠵᠤ᠂ ᠪᠣᠳᠠᠲᠠᠢ ᠠᠮᠵᠢᠯᠲᠠ ᠪᠠᠷ ᠦᠨᠡᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠳᠡᠭᠡᠷ ᠰᠡᠩᠬᠡᠷᠡᠭᠦᠯᠦᠯ ᠢ ᠡᠷᠬᠢᠮᠯᠡᠨ ᠨᠠᠨᠳᠢᠩᠨᠠᠵᠤ᠂ ᠤᠷᠳᠤ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ︕ | ᠥᠩᠭᠡᠷᠡᠭᠰᠡᠨ ᠲᠠᠪᠤᠨ ᠵᠢᠯ ᠢ ᠡᠷᠭᠢᠴᠡᠭᠦᠯᠬᠦᠶ᠎ᠡ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠨᠡᠩ ᠴᠤ ᠰᠡᠷᠭᠡᠭ ᠢᠶᠠᠷ ᠲᠠᠨᠢᠬᠤ ᠬᠡᠷᠡᠭᠲᠡᠢ᠃ ᠠᠵᠤ ᠦᠢᠯᠡᠰ ᠤᠨ | ᠬᠥᠭᠵᠢᠯᠲᠡ ᠠᠴᠠ ᠦᠵᠡᠪᠡᠯ᠂ ᠣᠯᠠᠩᠬᠢ ᠲᠣᠭᠠᠨ ᠤ ᠣᠯᠠᠨ ᠲᠦᠮᠡᠨ ᠤ ᠠᠵᠤ ᠠᠬᠤᠶ ᠶᠢᠨ ᠣᠷᠣᠯᠭ᠎ᠠ ᠨᠢ ᠭᠤᠣᠯᠳᠠᠭᠤ ᠲᠠᠷᠢᠶᠠᠯᠠᠩ ᠮᠠᠯ ᠠᠵᠤ ᠠᠬᠤᠶ ᠶᠢᠨ | ᠣᠷᠣᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠣᠷᠣᠯᠭ᠎ᠠ ᠠᠴᠠ ᠢᠷᠡᠯᠲᠡ ᠲᠠᠢ ᠪᠠᠶᠢᠵᠤ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠨᠢ ᠬᠠᠷᠢᠴᠠᠩᠭᠤᠶ | ᠳᠠᠩ ᠴᠤᠯᠭᠤᠶ ᠪᠠᠶᠢᠨ᠎ᠠ᠃ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠠᠴᠠ ᠦᠵᠡᠪᠡᠯ᠂ ᠭᠠᠴᠠᠭ᠎ᠠ ᠲᠣᠰᠬᠤᠨ ᠤ ᠰᠠᠭᠤᠷᠢ ᠲᠦᠬᠦᠭᠡᠷᠦᠮᠵᠢ ᠮᠥᠨ | ᠬᠦ ᠬᠤᠴᠤᠷᠤᠩᠭᠤᠢ ᠪᠠᠶᠢᠵᠤ᠂ ᠤᠰᠤ ᠴᠠᠬᠢᠯᠭᠠᠨ᠂ ᠵᠠᠮ ᠨᠡᠪᠲᠡᠷᠡᠯᠭᠡ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ | ᠬᠠᠷᠰᠢ ᠰᠠᠭᠠᠳ ᠮᠥᠨ ᠬᠦ ᠣᠷᠣᠰᠢᠵᠤ᠂ ᠲᠤᠯᠭᠠᠭᠤᠷᠢᠯᠠᠨ ᠪᠠᠲᠤᠯᠠᠬᠤ ᠴᠢᠳᠠᠪᠤᠷᠢ ᠮᠥᠨ ᠬᠦ ᠬᠦᠷᠦᠯᠴᠡᠬᠦ ᠥᠬᠡᠶ ᠪᠠᠶᠢᠨ᠎ᠠ᠃ ᠪᠠᠯᠭᠠᠰᠤ ᠲᠣᠰᠬᠤᠨ ᠤ ᠪᠥᠲᠥᠭᠡᠨ | ᠪᠠᠶᠢᠭᠤᠯᠤᠯᠲᠠ ᠠᠴᠠ ᠦᠵᠡᠪᠡᠯ᠂ ᠪᠣᠬᠢᠷ ᠤᠰᠤ ᠬᠤᠭ ᠨᠣᠪᠰᠢ ᠶᠢ ᠲᠥᠪᠯᠡᠷᠡᠭᠦᠯᠦᠨ ᠰᠢᠶᠳᠪᠦᠷᠢᠯᠡᠬᠦ᠂ ᠬᠤᠤᠷ ᠥᠬᠡᠶ ᠪᠣᠯᠭᠠᠨ ᠰᠢᠶᠳᠪᠦᠷᠢᠯᠡᠬᠦ ᠲᠦᠬᠦᠭᠡᠷᠦᠮᠵᠢ ᠶᠢᠨ | ᠪᠦᠷᠬᠦᠴᠡ ᠶᠢᠨ ᠨᠣᠷᠮ᠎ᠠ ᠳᠣᠤᠷ᠎ᠠ ᠪᠠᠶᠢᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠣᠭᠲᠠᠴᠠ ᠪᠠᠰᠠ ᠲᠡᠭᠦᠯᠳᠡᠷᠵᠢᠭᠡᠳᠦᠶ | ᠪᠠᠶᠢᠵᠤ᠂ ᠣᠯᠠᠨ ᠲᠦᠮᠡᠨ ᠤ ᠭᠤᠤᠯ ᠴᠣᠭᠴᠠ ᠶᠢᠨ ᠦᠶᠯᠡᠳᠦᠯ ᠢ ᠭᠦᠶᠴᠡᠳ ᠪᠠᠳᠠᠷᠠᠭᠤᠯᠤᠭᠰᠠᠨ ᠥᠬᠡᠶ᠂ ᠨᠢᠭᠡᠨᠲᠡ ᠪᠠᠶᠢᠭᠤᠯᠤᠭᠰᠠᠨ ᠣᠯᠠᠨ ᠨᠡᠶᠢᠲᠡ ᠶᠢᠨ | ᠰᠠᠭᠤᠷᠢ ᠲᠦᠬᠦᠭᠡᠷᠦᠮᠵᠢ ᠶᠢ ᠪᠦᠲᠦᠮᠵᠢᠲᠡᠶ ᠬᠠᠮᠠᠭᠠᠯᠠᠵᠤ ᠳᠡᠶᠢᠯᠬᠦ ᠥᠬᠡᠶ ᠪᠠᠶᠢᠨ᠎ᠠ᠃ ᠨᠡᠶᠢᠭᠡᠮ ᠤᠨ ᠬᠠᠮᠢᠶᠠᠷᠤᠯᠲᠠ ᠠᠴᠠ ᠠᠪᠴᠤ ᠦᠵᠡᠪᠡᠯ᠂ ᠬᠥᠮᠦᠨ ᠠᠮᠠ ᠶᠢᠨ | ᠨᠠᠰᠤᠵᠢᠯᠲᠠ ᠶᠢᠨ ᠨᠣᠷᠮ᠎ᠠ ᠳᠡᠭᠡᠭᠰᠢᠯᠡᠵᠦ᠂ ᠭᠠᠴᠠᠭ᠎ᠠ ᠲᠣᠰᠬᠤᠨ ᠤ ᠡᠩᠨᠡᠭᠡᠨ ᠤ ᠬᠦᠴᠦᠨ ᠬᠠᠷᠢᠴᠠᠩᠭᠤᠶ ᠪᠠᠭᠤᠷᠠᠶ ᠪᠠᠶᠢᠵᠤ᠂ ᠭᠠᠴᠠᠭ᠎ᠠ ᠲᠣᠰᠬᠤᠨ ᠤ | ᠦᠶᠯᠡᠴᠢᠯᠡᠭᠡᠨ ᠤ ᠴᠢᠳᠠᠪᠤᠷᠢ ᠰᠢᠨ᠎ᠡ ᠪᠠᠶᠢᠳᠠᠯ ᠳᠣᠤᠷᠠᠬᠢ ᠮᠠᠯᠴᠢᠨ ᠲᠠᠷᠢᠶᠠᠴᠢᠳ ᠤᠨ ᠣᠯᠠᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠵᠤ ᠲᠡᠶᠢᠯᠬᠦ ᠦᠬᠡᠢ | ᠪᠠᠶᠢᠨ᠎ᠠ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠠᠴᠠ ᠦᠵᠡᠪᠡᠯ᠂ ᠵᠠᠷᠢᠮ ᠺᠠᠳ᠋ᠷ ᠤᠨ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠪᠦᠲᠦᠭᠡᠬᠦ | ᠤᠬᠠᠮᠰᠠᠷ ᠨᠢ ᠲᠡᠶᠢᠮᠤ ᠴᠢᠩᠭ᠎ᠠ ᠪᠢᠰᠢ᠂ ᠦᠵᠡᠯ ᠰᠠᠨᠠᠭ᠎ᠠ ᠣᠶᠢᠯᠠᠭᠠᠭᠳᠠᠬᠤᠨ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠴᠢᠳᠠᠪᠤᠷᠢ ᠬᠡᠪ ᠪᠣᠯᠪᠠᠰᠤᠷᠠᠯ ᠵᠡᠷᠭᠡ ᠲᠠᠯ᠎ᠠ | ᠪᠠᠷ ᠪᠠᠰᠠ ᠴᠥᠭᠡᠨ ᠪᠤᠰᠤ ᠲᠣᠳᠠᠭᠳᠠᠯ ᠪᠠ ᠪᠠᠭᠤᠷᠠᠢ ᠲᠠᠯ᠎ᠠ ᠣᠷᠣᠰᠢᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠶᠠᠰᠤ ᠴᠢᠨᠠᠷ ᠪᠠ ᠠᠵᠢᠯ ᠶᠠᠪᠤᠳᠠᠯ | ᠭᠦᠢᠴᠡᠳᠬᠡᠬᠦ ᠦᠷ᠎ᠡ ᠪᠦᠲᠦᠮᠵᠢ ᠶᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ ᠪᠠᠰᠠ ᠵᠣᠬᠢᠬᠤ ᠵᠥᠷᠢᠶ᠎ᠡ ᠲᠠᠢ ᠪᠠᠶᠢᠨ᠎ᠠ᠃ | ᠥᠩᠭᠡᠷᠡᠭᠰᠡᠨ ᠢᠶᠠᠨ ᠡᠷᠭᠢᠴᠡᠭᠦᠯᠬᠦ ᠨᠢ ᠨᠠᠩ ᠰᠠᠶᠢᠨ ᠤᠷᠤᠭᠰᠢᠯᠠᠬᠤ ᠶᠢᠨ ᠲᠥᠯᠥᠭᠡ ᠶᠤᠮ᠃ ᠲᠣᠪᠣᠶᠢᠮ᠎ᠠ ᠠᠰᠠᠭᠤᠳᠠᠯ ᠢ ᠲᠠᠰᠤᠷᠠᠯᠲᠠ ᠥᠬᠡᠶ ᠰᠢᠶᠳᠪᠦᠷᠢᠯᠡᠵᠦ᠂ | ᠬᠦᠴᠢᠷ ᠢ ᠰᠥᠷᠥᠨ ᠤᠷᠤᠭᠰᠢᠯᠠᠵᠤ᠂ ᠡᠷᠡᠰ ᠰᠢᠭᠤᠷᠬᠠᠶ ᠪᠠᠷ ᠲᠡᠮᠡᠴᠡᠳᠡᠭ ᠯᠠ ᠶᠤᠮ ᠪᠣᠯ ᠪᠥᠬᠦ ᠪᠠᠯᠭᠠᠰᠤᠨ ᠤ ᠬᠥᠭᠵᠢᠯᠲᠡ ᠶᠢᠨ ᠨᠠᠩ ᠰᠠᠶᠢᠨ ᠰᠠᠶᠢᠬᠠᠨ | ᠢᠷᠡᠭᠡᠳᠦᠶ ᠶᠢ ᠴᠣᠭᠴᠠᠯᠠᠵᠤ ᠴᠢᠳᠠᠨ᠎ᠠ ᠭᠡᠳᠡᠭ ᠢᠶᠠᠨ ᠪᠢᠳᠡ ᠪᠠᠲᠤ ᠢᠲᠡᠭᠡᠵᠦ ᠪᠠᠶᠢᠨ᠎ᠠ︕ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ | ᠬᠤᠶᠢᠰᠢᠳᠠ ᠶᠢᠨ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ ᠵᠣᠷᠢᠭᠲᠠᠢ ᠪᠠᠷ ᠡᠭᠦᠷᠭᠡᠯᠡᠵᠦ᠂ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠢ ᠴᠢᠬᠤᠯᠠ ᠪᠠᠶᠢᠳᠠᠭ᠃ | ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠬᠡᠮᠤᠳᠤ ᠪᠠᠯᠭᠠᠰᠤᠨ ᠤ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠲᠣᠭᠲᠠᠭᠠᠭᠰᠠᠨ ᠶᠡᠷᠦᠩᠬᠡᠢ ᠰᠡᠳᠬᠢᠴᠡ ᠪᠠ ᠬᠥᠭᠵᠢᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ᠂᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ︽ᠲᠠᠪᠤ ᠶᠢ ᠨᠢᠭᠡ ᠴᠤᠭᠴᠠᠵᠢᠭᠤᠯᠬᠤ︾ | ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠬᠠᠮᠵᠢᠯᠴᠠᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠣᠣᠱᠯᠠᠭᠤᠯᠬᠤ ᠬᠡᠷᠡᠭᠳᠡᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ | ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ᠶᠡᠷᠦᠩᠬᠡᠶ ᠭᠠᠷᠳᠠᠴᠠ ᠪᠤᠯᠭᠠᠨ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ᠂ | ᠨᠣᠮᠢᠨ ᠲᠠᠩᠰᠤᠭ ᠠᠮᠢᠵᠢᠷᠠᠯ ᠪᠢᠯᠬᠠᠭᠰᠠᠨ ᠵᠣᠯ ᠵᠢᠷᠭᠠᠯᠲᠤ ᠬᠦᠬᠡᠮᠦᠳᠣ ᠪᠠᠯᠭᠠᠰᠤ ᠶᠢ ᠴᠢᠷᠮᠠᠶᠢᠨ ᠪᠦᠲᠦᠭᠡᠨ ᠪᠠᠶᠢᠭᠤᠯᠵᠤ᠂ ᠨᠡᠶᠢᠬᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠥᠬᠦ ᠲᠠᠯ᠎ᠠ ᠪᠠᠷ ᠪᠦᠲᠥᠭᠡᠨ ᠪᠠᠶᠢᠭᠤᠯᠬᠤ ᠰᠢᠨ᠎ᠡ ᠠᠶᠠᠨ ᠳᠤ ᠭᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ᠃ | ᠢᠷᠡᠭᠡᠳᠦᠢ ᠶᠢᠨ ᠲᠠᠪᠤᠨ ᠵᠢᠯ ᠳᠤ᠂ ᠪᠢᠳᠡ ᠡᠷᠬᠡᠪᠰᠢ ᠪᠦᠬᠦ ᠲᠠᠯ᠎ᠠ ᠶᠢᠨ ᠭᠤᠣᠯᠳᠠᠯᠭ᠎ᠠ᠂ ᠭᠤᠣᠯᠳᠠᠯᠭ᠎ᠠ ᠶᠢᠨ ᠳᠣᠲᠣᠷᠠᠬᠢ ᠵᠠᠩᠭᠢᠯᠠᠭ᠎ᠠ᠂ ᠵᠠᠩᠭᠢᠯᠠᠭ᠎ᠠ ᠶᠢᠨ | ᠳᠣᠲᠣᠷᠠᠬᠢ ᠪᠣᠳᠠᠲᠠᠢ ᠪᠠᠶᠢᠳᠠᠯ ᠢ ᠠᠳᠬᠤᠵᠤ᠂ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷᠢᠮᠲᠠᠯᠠᠵᠤ᠂ ᠳᠣᠣᠷᠠᠬᠢ ᠬᠡᠳᠦᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ | ︵ᠨᠢᠭᠡ︶ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠬᠥᠭᠵᠢᠯᠲᠡ ᠶᠢ ᠦᠶᠯᠡᠳᠦᠯᠭᠡᠵᠢᠭᠦᠯᠵᠦ᠂ ᠠᠮᠢ ᠠᠬᠤᠶ ᠶᠢᠨ ᠪᠣᠯᠪᠠᠰᠤᠨ | ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠮᠢ ᠠᠬᠤᠶ ᠶᠢ ᠬᠠᠮᠤᠭ ᠤᠨ ᠶᠡᠭᠡ ᠳᠠᠪᠠᠭᠤᠯᠢᠭ ᠪᠣᠯᠭᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ | ᠪᠠᠶᠢᠬᠤ ᠶᠢ ᠬᠠᠮᠤᠭ ᠰᠠᠭᠤᠷᠢ ᠪᠣᠯᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠣᠷᠣᠨ | ᠪᠦᠰᠡ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠠᠰᠤᠷᠠᠯᠲᠠ ᠥᠬᠡᠶ ᠳᠡᠭᠡᠭᠰᠢᠯᠡᠬᠦ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠳᠡᠢ᠃ ᠨᠢᠭᠡ ᠳᠤ᠂ ᠠᠮᠢ | ᠠᠬᠤᠢ ᠣᠷᠴᠢᠨ ᠲᠣᠭᠤᠷᠢᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠳᠡᠢ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠶᠡᠷᠦᠩᠬᠡᠶᠢᠯᠡᠨ | ᠬᠠᠮᠢᠶᠠᠷᠬᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠶᠢᠨ ᠴᠡᠭᠴᠡᠯᠡᠨ ᠵᠠᠰᠠᠯᠲᠠ ᠶᠢᠨ ᠦᠷ᠎ᠡ ᠪᠦᠲᠦᠭᠡᠯ ᠢ ᠲᠠᠰᠤᠷᠠᠯᠲᠠ | ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠵᠤ᠂ ︽ᠲᠠᠪᠳᠠᠨ ᠪᠠᠶᠢᠴᠠᠭᠠᠬᠤ︾ ᠠᠵᠢᠯ ᠢ | ᠪᠠᠶᠢᠩᠭᠤ ᠥᠷᠨᠢᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠯᠲᠠ ᠶᠢ ᠬᠦᠯᠢᠶᠡᠵᠣ ᠠᠪᠤᠨ᠎ᠠ᠃ | ᠠᠭᠤᠯᠠ ᠤᠰᠤ ᠣᠢ ᠮᠣᠳᠣ ᠲᠠᠷᠢᠶᠠᠨ ᠭᠠᠵᠠᠷ ᠨᠠᠭᠤᠷ ᠴᠥᠬᠦᠷᠦᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠴᠡᠭᠴᠡᠯᠡᠨ ᠵᠠᠰᠠᠬᠤ ᠶᠢ ᠪᠠᠷᠢᠮᠲᠠᠯᠠᠵᠤ᠂ | ᠨᠤᠲᠤᠭ ᠪᠡᠯᠴᠢᠭᠡᠷ᠂ ᠣᠢ ᠰᠢᠭᠤᠢ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ | ᠪᠡᠯᠴᠢᠭᠡᠷᠯᠡᠭᠦᠯᠦᠨ ᠮᠠᠯᠵᠢᠬᠤ ᠶᠢ ᠬᠤᠷᠢᠭᠯᠠᠨ ᠰᠡᠯᠭᠦᠨ ᠮᠠᠯᠵᠢᠬᠤ᠂ ᠪᠡᠯᠴᠢᠭᠡᠷ ᠮᠠᠯ ᠢ ᠲᠡᠩᠴᠡᠭᠦᠷᠢᠲᠡᠢ ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ | ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠶᠯᠡᠰ ᠤᠨ ᠰᠠᠭᠤᠷᠢᠨ ᠭᠠᠵᠠᠷ᠂ ᠲᠠᠴᠢᠷᠳᠠᠭᠰᠠᠨ ᠤᠶᠢᠳᠣ | ᠣᠷᠣᠨ᠂ ᠴᠥᠯᠡᠷᠬᠡᠭ ᠭᠠᠵᠠᠷ ᠣᠷᠣᠨ ᠳᠤ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠠᠵᠢᠯᠯᠠᠭ᠎ᠠ ᠪᠣᠯᠤᠨ ᠠᠯᠪᠠᠨ ᠵᠢᠷᠤᠮ ᠤᠨ ᠮᠣᠳᠣ ᠲᠠᠷᠢᠬᠤ | ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠣᠷᠣᠭᠤᠯᠵᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠬᠠᠳᠤᠯᠠᠩ | ᠪᠡᠯᠴᠢᠭᠡᠷ ᠢ ᠰᠠᠶᠢᠵᠢᠷᠠᠭᠤᠯᠬᠤ ᠵᠡᠷᠭᠡ ᠠᠮᠢ ᠠᠬᠤᠶ ᠶᠢᠨ ᠢᠨᠵᠧᠨᠧᠷᠢᠩ ᠢ ᠨᠠᠷᠢᠨ ᠨᠢᠮᠪᠠᠶ ᠬᠡᠷᠡᠭᠵᠢᠭᠦᠯᠦᠨ᠎ᠡ᠃ ᠳ᠋ᠠ ᠲᠣᠣ ᠽᠢ ᠲᠣᠰᠬᠤᠨ ᠤ ᠲᠠᠩ ᠭᠠᠵᠠᠷ ᠤᠨ | ᠠᠷᠠᠳ ᠢ ᠨᠡᠭᠦᠯᠭᠡᠨ ᠳᠥᠪᠬᠢᠨᠡᠭᠦᠯᠬᠦ᠂ ᠠᠵᠤ ᠦᠶᠯᠡᠰ ᠢ ᠬᠥᠭᠵᠢᠭᠦᠯᠬᠦ᠂ ᠨᠡᠶᠢᠭᠡᠮ ᠤᠨ ᠵᠠᠰᠠᠨ ᠴᠡᠭᠴᠡᠯᠡᠯᠲᠡ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ | ᠰᠠᠶᠢᠲᠤᠷ ᠨᠠᠶᠢᠳᠠᠪᠤᠷᠢᠵᠢᠭᠤᠯᠤᠨ᠎ᠠ᠃ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠣᠶ | ᠮᠣᠳᠣ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ︾ ᠢ ᠬᠡᠷᠡᠭᠵᠢᠭᠦᠯᠦᠨ᠂ ᠬᠠᠲᠤᠨ ᠭᠤᠣᠯ ᠤᠨ ᠵᠠᠮ ᠳᠠᠭᠠᠤ ᠣᠷᠤᠰᠢᠵᠤ ᠪᠠᠶᠢᠭ᠎ᠠ ᠬᠠᠮᠢᠶ᠎ᠠ ᠪᠥᠬᠦᠢ | ᠠᠰᠠᠭᠤᠳᠠᠯ ᠢ ᠴᠡᠭᠴᠡᠯᠡᠨ ᠵᠠᠰᠠᠬᠤ ᠱᠠᠭᠠᠷᠳᠠᠯᠭ᠎ᠠ ᠶᠣᠰᠤᠭᠠᠷ᠂ ︽ᠬᠥᠬᠡ ᠣᠭᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ︾ ᠶᠢ ᠬᠠᠮᠠᠭᠠᠯᠠᠬᠤ | ᠰᠢᠪᠳᠣᠯᠣᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ᠂ ᠬᠥᠬᠡ ᠣᠭᠲᠠᠷᠭᠤᠶ ᠶᠢ ᠥᠨᠢᠳᠡ ᠬᠠᠮᠠᠭᠠᠯᠠᠨ᠎ᠠ᠃ ᠬᠤᠶᠠᠷ ᠲᠤ | ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ᠃ ︽ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ︾ ᠭᠤᠷᠪᠠᠨ ᠵᠢᠯ ᠤᠨ ᠠᠵᠢᠯᠯᠠᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ | ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠣᠷᠯᠣᠩ ᠢ ᠦᠭᠡᠷᠡᠴᠢᠯᠡᠨ ᠵᠠᠰᠠᠬᠤ᠂ ᠬᠤᠭ ᠨᠣᠪᠰᠢ ᠶᠢ ᠰᠢᠢᠳᠪᠦᠷᠢᠯᠡᠬᠦ᠂ | ᠠᠮᠢᠳᠤᠷᠠᠯ ᠤᠨ ᠪᠣᠬᠢᠷ ᠤᠰᠤᠨ ᠤ ᠬᠠᠮᠢᠶᠠᠷᠤᠯᠲᠠ ᠪᠠ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠪᠠᠷ ᠭᠤᠣᠯ ᠰᠢᠪᠳᠣᠯᠣᠯᠲᠠ ᠶᠢᠨ ᠴᠢᠭᠯᠡᠯ ᠪᠣᠯᠭᠠᠵᠤ᠂ | ᠴᠡᠭᠴᠡᠯᠡᠨ ᠵᠠᠰᠠᠬᠤ ᠠᠵᠢᠯ ᠢ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠦᠳᠦᠯᠥᠨ ᠳᠠᠭᠠᠭᠤᠯᠵᠤ ᠪᠠᠶᠢᠭᠰᠠᠨ ᠠᠴᠠ ᠪᠦᠬᠦ ᠠᠷᠠᠳ ᠰᠠᠨᠠᠭᠠᠴᠢᠯᠠᠭ᠎ᠠ ᠠᠴᠠ ᠪᠠᠨ | ᠣᠷᠣᠯᠴᠠᠬᠤ ᠪᠣᠯᠭᠠᠨ ᠬᠤᠪᠢᠷᠠᠭᠤᠯᠬᠤ᠂ ᠬᠥᠳᠡᠯᠭᠡᠭᠡᠨᠲᠦ ᠮᠠᠶ᠋ᠢᠭ ᠤᠨ ᠵᠣᠬᠢᠶᠠᠨ ᠪᠠᠶᠢᠭᠤᠯᠤᠯᠲᠠ ᠠᠴᠠ ᠪᠠᠶᠢᠩᠭᠤᠵᠢᠭᠰᠠᠨ ᠬᠠᠮᠢᠶᠠᠷᠤᠯᠲᠠ ᠪᠣᠯᠭᠠᠨ ᠬᠤᠪᠢᠷᠠᠭᠤᠯᠵᠤ᠂ | ᠪᠦᠬᠦ ᠪᠠᠯᠭᠠᠰᠤᠨ ᠤ ᠣᠷᠤᠰᠢᠨ ᠰᠠᠭᠤᠷᠢᠰᠢᠬᠤ ᠣᠷᠴᠢᠨ ᠲᠣᠭᠤᠷᠢᠨ ᠢ ᠨᠡᠩ ᠭᠤᠶᠢᠳᠠ ᠰᠠᠶᠢᠬᠠᠨ ᠪᠣᠯᠭᠠᠨ᠎ᠠ᠃ ᠠᠶᠢᠯ ᠲᠣᠰᠬᠤᠨ ᠤ ᠨᠣᠭᠤᠭᠠᠷᠠᠭᠤᠯᠤᠯᠲᠠ | ᠴᠡᠴᠡᠷᠯᠢᠭᠵᠢᠬᠦᠯᠦᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠲᠣᠰᠬᠤᠨ ᠤ ᠳᠣᠲᠣᠷᠠᠬᠢ ᠭᠤᠣᠯ ᠵᠠᠮ ᠪᠠ ᠲᠣᠰᠬᠤᠨ ᠤ ᠵᠠᠮ ᠤᠨ ᠣᠷᠣᠵᠤ ᠭᠠᠷᠬᠤ | ᠭᠠᠵᠠᠷ ᠤᠨ ᠨᠣᠭᠤᠭᠠᠷᠠᠭᠤᠯᠤᠯᠲᠠ ᠨᠡᠮᠡᠭᠳᠡᠬᠦᠯᠦᠨ ᠨᠥᠬᠦᠪᠥᠷᠢᠯᠡᠬᠦ ᠠᠵᠢᠯ ᠢ ᠭᠤᠣᠯᠳᠠᠯᠭ᠎ᠠ ᠲᠠᠢ ᠥᠷᠨᠢᠭᠦᠯᠬᠦ ᠬᠡᠷᠡᠭᠲᠡᠶ᠃ ᠲᠣᠰᠬᠤᠨ ᠤ ᠳᠣᠲᠣᠷᠠᠬᠢ ᠤᠯᠠᠨ ᠨᠡᠶᠢᠲᠡ | ᠶᠢᠨ ᠣᠷᠣᠨ ᠪᠦᠰᠡ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠣᠰᠬᠤᠨ ᠤ ᠳᠣᠲᠣᠷᠠᠬᠢ ᠭᠤᠣᠯ ᠵᠠᠮ ᠪᠠ ᠤᠯᠠᠨ ᠨᠡᠶᠢᠲᠡ ᠶᠢᠨ | ᠲᠠᠯᠠᠪᠤᠷ ᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠦᠨ᠎ᠡ᠃ ᠭᠤᠷᠪᠠ ᠳᠤ ᠪᠣᠳᠠᠲᠠᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠣᠯᠠᠨ ᠲᠦᠮᠡᠨ ᠤ | ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠵᠠᠷᠢᠮ ᠲᠣᠯᠢ ᠪᠣᠯᠭᠠᠬᠤ ᠠᠴᠢ ᠬᠤᠯᠪᠣᠭᠳᠠᠯ ᠲᠠᠢ ᠰᠢᠨ᠎ᠡ ᠵᠠᠭᠪᠤᠷ ᠰᠢᠨ᠎ᠡ ᠠᠷᠭ᠎ᠠ ᠳᠤ ᠰᠢᠰᠲ᠋ᠧᠮ ᠲᠠᠢ | ᠰᠤᠳᠤᠯᠤᠯᠲᠠ ᠬᠢᠵᠦ᠂ ᠨᠠᠷᠢᠨ ᠬᠢᠨᠠᠮᠠᠭᠠᠶ ᠳ᠋ᠦᠩᠨᠡᠵᠦ᠂ ᠪᠠᠯᠭᠠᠰᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠷ ᠬᠡᠷᠡᠭᠵᠢᠭᠦᠯᠬᠦ | ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽3 + 6 + N︾ ᠪᠠ ︽ᠭᠤᠷᠪᠠᠨ ᠪᠢᠴᠢᠭ ᠬᠤᠶᠠᠷ ᠬᠠᠭᠤᠳᠠᠰᠤ︾ ᠶᠢᠨ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠵᠠᠰᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠠᠣᠯᠢ | ᠲᠦᠷᠢᠮᠳᠣ ᠴᠢᠨᠠᠷ᠂ ᠦᠨᠳᠦᠷ ᠪᠦᠲᠦᠮᠵᠢ ᠶᠢ ᠪᠠᠳᠣᠯᠠᠬᠤ ᠶᠢ ᠦᠨᠡᠨ ᠬᠦ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠪᠠᠯᠭᠠᠰᠤ ᠶᠢ | ᠢᠳᠡᠪᠬᠢᠲᠡᠢ ᠡᠭᠦᠳᠦᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠦᠨᠡᠯᠡᠨ ᠰᠢᠯᠭᠠᠷᠠᠭᠤᠯᠬᠤ᠂ ᠡᠷᠡᠭᠦᠯ ᠬᠠᠮᠠᠭᠠᠯᠠᠯ ᠤᠨ ᠭᠠᠴᠠᠭ᠎ᠠ ᠲᠣᠰᠬᠤᠨ | ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠶᠠᠰᠤ ᠴᠢᠨᠠᠷ ᠪᠠ ᠬᠠᠮᠢᠶᠠᠷᠤᠯᠲᠠ ᠶᠢᠨ | ᠬᠢᠷᠢ ᠲᠦᠪᠰᠢᠨ ᠤ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠦᠨ᠎ᠡ᠃ | ︵ᠬᠤᠶᠠᠷ︶ ᠪᠦᠲᠦᠴᠡ ᠶᠢ ᠰᠢᠯᠢᠳᠡᠭᠵᠢᠭᠦᠯᠬᠦ ᠶᠢ ᠪᠠᠷᠢᠮᠲᠠᠯᠠᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠠᠮᠢ ᠠᠬᠤᠢ ᠶᠢᠨ ᠠᠵᠤ ᠦᠢᠯᠡᠰ | ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠪᠦᠲᠦᠴᠡ ᠪᠠᠨ ᠲᠣᠬᠢᠷᠠᠭᠤᠯᠤᠨ ᠣᠷᠣᠯᠭ᠎ᠠ ᠪᠠᠨ ᠨᠡᠮᠡᠭᠳᠡᠭᠦᠯᠬᠦ ᠪᠠᠷ ᠠᠷᠠᠳ ᠢ ᠪᠠᠶᠠᠵᠢᠭᠤᠯᠬᠤ ᠠᠵᠤ ᠦᠢᠯᠡᠰ ᠢ | ᠬᠥᠭᠵᠢᠭᠦᠯᠬᠦ ᠬᠦᠴᠦᠯᠡᠴᠡ ᠴᠢᠭ ᠪᠣᠯᠭᠠᠵᠤ᠂ ᠡᠯ᠎ᠡ ᠭᠠᠴᠠᠭ᠎ᠠ ᠲᠣᠰᠬᠤᠨ ᠤ ᠣᠷᠣᠨ ᠪᠦᠰᠡ ᠶᠢᠨ ᠬᠥᠭᠵᠢᠯᠲᠡ ᠶᠢᠨ ᠣᠨᠴᠠᠯᠢᠭ ᠲᠤ ᠰᠠᠭᠤᠷᠢᠯᠠᠨ᠂ ᠲᠠᠷᠢᠶᠠᠯᠠᠩ ᠮᠠᠯ | ᠠᠵᠤ ᠠᠬᠤᠶ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠠᠵᠤ ᠦᠢᠯᠡᠰ ᠢ | ᠲᠡᠳᠬᠦᠬᠦ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠠᠮᠢᠳᠤᠯᠢᠭ ᠬᠡᠷᠡᠭᠯᠡᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ | ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠨᠢᠭᠡ ᠳᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠲᠣᠳᠣᠷᠬᠠᠶᠢᠯᠠᠨ᠎ᠠ᠃ ᠠᠮᠢ ᠠᠬᠤᠶ | ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠤᠨᠤᠯᠵᠢᠭᠤᠨ ᠶᠣᠰᠣᠭᠠᠷ᠂ ᠡᠯ᠎ᠡ ᠭᠠᠴᠠᠭ᠎ᠠ ᠲᠣᠰᠬᠤᠨ ᠤ ᠭᠠᠵᠠᠷ ᠵᠦᠢ ᠶᠢᠨ ᠪᠠᠶᠢᠷᠢᠰᠢᠯ | ᠵᠢᠴᠢ ᠪᠠᠶᠢᠭᠠᠯᠢ ᠶᠢᠨ ᠨᠥᠬᠦᠴᠡᠯ ᠢ ᠦᠨᠳᠦᠰᠦᠯᠡᠨ᠂ ᠡᠷᠳᠡᠨᠢ ᠰᠢᠰᠢ᠂ ᠨᠠᠷᠠᠨᠬᠤᠸᠠᠷ ᠵᠡᠷᠭᠡ ᠤᠯᠠᠮᠵᠢᠯᠠᠯᠲᠤ ᠲᠠᠷᠢᠮᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠵᠣᠬᠢᠰᠲᠠᠶ ᠲᠥᠪᠯᠡᠷᠡᠭᠦᠯᠦᠨ᠂ ᠬᠡᠪᠴᠢᠶᠡᠵᠢᠭᠦᠯᠦᠨ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠠᠵᠤ | ᠦᠢᠯᠡᠰ ᠤᠨ ᠳᠠᠪᠠᠭᠤᠯᠢᠭ ᠢ ᠳᠣᠪᠣᠶᠢᠯᠭᠠᠨ᠂ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠦᠨ᠎ᠡ᠃ | ᠳ᠋ᠦᠩ ᠬᠤᠩ ᠯᠢᠦ᠂ ᠪᠠᠯᠠᠬᠠᠢ᠂ ᠳ᠋ᠠ ᠲᠤᠤ ᠽᠢ ᠲᠣᠰᠬᠤᠨ ᠪᠣᠯᠤᠨ ᠪᠠᠶᠠᠨ᠋ᠦ᠌ᠨᠳᠦᠷ ᠭᠠᠴᠠᠭ᠎ᠠ ᠵᠡᠷᠭᠡ ᠲᠠᠷᠢᠶᠠᠯᠠᠬᠤ ᠣᠷᠣᠨ ᠨᠢ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠪᠦᠲᠦᠭᠡᠨ ᠪᠠᠶᠢᠭᠤᠯᠬᠤ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠪᠠᠷ ᠰᠠᠭᠤᠷᠢ ᠪᠣᠯᠭᠠᠵᠤ᠂ ᠭᠠᠵᠠᠷ ᠰᠢᠷᠣᠶ ᠶᠢᠨ ᠡᠵᠡᠩᠨᠡᠯᠲᠡ ᠶᠢ ᠲᠠᠷᠠᠬᠠᠶ ᠡᠵᠡᠩᠨᠡᠵᠦ | ᠪᠠᠶᠢᠭᠰᠠᠨ ᠠᠴᠠ ᠨᠢ ᠵᠣᠬᠢᠬᠤ ᠬᠡᠪᠴᠢᠶ᠎ᠡ ᠪᠠᠷ ᠬᠡᠪᠴᠢᠶᠡᠵᠢᠭᠦᠯᠦᠨ ᠡᠵᠡᠩᠨᠡᠬᠦ ᠲᠡᠰᠢ ᠬᠤᠪᠢᠷᠠᠭᠤᠯᠬᠤ᠂ ᠲᠠᠷᠢᠮᠠᠯ ᠤᠨ ᠪᠦᠲᠦᠴᠡ ᠶᠢ ᠤᠯᠠᠮᠵᠢᠯᠠᠯᠲᠤ ᠲᠠᠷᠢᠮᠠᠯ ᠤᠨ | ᠵᠦᠢᠯᠡᠰ ᠠᠴᠠ ᠬᠤᠵᠢᠷᠯᠢᠭ ᠭᠠᠵᠠᠷ ᠲᠤ ᠵᠣᠬᠢᠴᠠᠬᠤ ᠲᠠᠷᠢᠮᠠᠯ ᠲᠡᠰᠢ ᠬᠤᠪᠢᠷᠠᠭᠤᠯᠬᠤ᠂ ᠦᠢᠯᠡᠳᠪᠦᠷᠢᠯᠡᠯ ᠤᠨ ᠪᠦᠲᠦᠴᠡ ᠶᠢ ᠨᠢ ᠲᠠᠷᠢᠬᠤ ᠪᠠᠷ ᠭᠤᠣᠯ ᠪᠣᠯᠭᠠᠵᠤ | ᠪᠠᠶᠢᠭᠰᠠᠨ ᠠᠴᠠ ᠨᠢ ᠲᠠᠷᠢᠵᠤ ᠲᠡᠵᠢᠭᠡᠬᠦ ᠶᠢ ᠤᠶᠠᠯᠳᠤᠭᠤᠯᠬᠤ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠴᠠᠭᠠᠨᠨᠠᠭᠤᠷ ᠭᠠᠴᠠᠭ᠎ᠠ ᠪᠣᠯᠤᠨ ᠪᠠᠶᠠᠨ᠋ᠦ᠌ᠨᠳᠦᠷ | ᠮᠠᠯᠵᠢᠬᠤ ᠣᠷᠣᠨ ᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠨ᠂ ᠪᠦᠬᠦ | ᠬᠡᠪᠴᠢᠶᠡᠨ ᠳᠤ ᠨᠤᠲᠤᠭ ᠪᠡᠯᠴᠢᠭᠡᠷ ᠢ ᠰᠠᠶᠢᠵᠢᠷᠠᠭᠤᠯᠬᠤ ᠪᠠ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠬᠢᠬᠦ ᠶᠢ | ᠠᠳᠬᠤᠵᠤ᠂ ᠭᠠᠩ ᠳᠤ ᠳᠠᠭᠠᠭᠠᠴᠠ ᠲᠠᠢ ᠥᠨᠳᠥᠷ ᠤᠨᠠᠯᠲᠠ ᠲᠠᠢ ᠲᠡᠵᠢᠭᠡᠯ ᠡᠪᠡᠰᠦ ᠲᠠᠷᠢᠬᠤ ᠶᠢ ᠭᠤᠤᠯᠯᠠᠨ ᠵᠢᠯᠣᠭᠤᠳᠴᠤ᠂ ᠠᠮᠢ ᠠᠬᠤᠶ ᠶᠢᠨ ᠲᠠᠯ᠎ᠠ ᠨᠤᠲᠤᠭ ᠢ | ᠪᠦᠲᠦᠭᠡᠨ ᠪᠠᠶᠢᠭᠤᠯᠤᠨ᠎ᠠ᠃ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠪᠡᠯᠡ ᠮᠥᠩᠭᠦ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠠᠮᠢ ᠠᠬᠤᠶ ᠪᠣᠯᠤᠨ | ᠠᠵᠤ ᠦᠢᠯᠡᠰ ᠢ ᠨᠢᠭᠡ ᠴᠣᠭᠴᠠᠵᠢᠭᠤᠯᠤᠨ ᠠᠬᠢᠭᠤᠯᠵᠤ᠂ ᠲᠥᠮᠥᠰᠥ᠂ ᠠᠯᠠᠰᠢᠨ ᠦᠬᠡᠷ᠂ ᠰᠠᠭᠠᠯᠢ ᠶᠢᠨ ᠦᠨᠢᠶ᠎ᠡ᠂ ᠲᠡᠮᠡᠭᠡ᠂ ᠭᠠᠭ᠋ᠠᠶ᠂ ᠲᠠᠬᠢᠶ᠎ᠠ ᠪᠣᠯᠤᠨ ᠤᠰᠤᠨ | ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠵᠡᠷᠭᠡ ᠭᠤᠣᠯᠳᠠᠯᠭ᠎ᠠ ᠲᠠᠢ ᠠᠵᠤ ᠦᠢᠯᠡᠰ ᠢ ᠬᠥᠭᠵᠢᠭᠦᠯᠦᠨ᠎ᠡ᠃ ᠴᠡᠷᠢᠭ ᠤᠨ ᠠᠷᠮᠢ ᠶᠢᠨ ᠰᠣᠶᠣᠯ ᠪᠠ ᠤᠰᠤᠨ ᠤ | ᠠᠮᠢ ᠠᠬᠤᠶ᠂ ᠴᠠᠬᠢᠯᠳᠠᠭ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠠᠮᠢ ᠠᠬᠤᠶ᠂ ᠰᠣᠶᠣᠯ ᠵᠢᠭᠤᠯᠴᠢᠯᠠᠯ ᠤᠨ ᠦᠶᠯᠡᠰ ᠢ ᠬᠥᠭᠵᠢᠭᠦᠯᠦᠨ᠎ᠡ᠃ | ᠲᠠᠪᠤᠨ ᠵᠢᠯ ᠤᠨ ᠳᠣᠲᠣᠷ᠎ᠠ ᠪᠦᠬᠦ ᠪᠠᠯᠭᠠᠰᠤᠨ ᠤ ᠲᠥᠮᠥᠰᠥᠨ ᠤ ᠬᠡᠪᠴᠢᠶᠡᠵᠢᠭᠰᠡᠨ ᠲᠠᠷᠢᠮᠠᠯ ᠤᠨ ᠲᠠᠯᠠᠪᠠᠢ ᠶᠢ 4 ᠲᠦᠮᠡᠨ ᠮᠤ᠋ ᠳᠤ ᠬᠦᠷᠭᠡᠵᠦ᠂ ᠴᠢᠨᠠᠷ ᠰᠠᠶᠢᠲᠠᠶ | ᠲᠡᠵᠢᠭᠡᠯ ᠡᠪᠡᠰᠦ ᠲᠠᠷᠢᠬᠤ ᠲᠠᠯᠠᠪᠠᠶ ᠶᠢ 7 ᠲᠦᠮᠡᠨ ᠮᠦ ᠳᠤ ᠬᠦᠷᠭᠡᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ 2 ᠲᠦᠮᠡᠨ ᠲᠣᠯᠤᠭᠠᠢ ᠳᠤ | ᠬᠦᠷᠭᠡᠵᠦ᠂ ᠲᠡᠮᠡᠭᠡᠨ ᠤ ᠲᠤᠭ᠎ᠠ ᠲᠣᠯᠤᠭᠠᠢ ᠶᠢ 5000 ᠳᠤ ᠬᠦᠷᠭᠡᠨ᠂ ᠮᠠ ᠳᠧᠦ ᠸᠠᠨ ᠪᠣᠯᠤᠨ ᠬᠥᠪᠴᠢ ᠶᠢᠨ ᠡᠯᠡᠰᠦᠨ ᠤ ᠤᠰᠤᠨ ᠣᠷᠣᠨ ᠢ ᠪᠦᠬᠦ ᠬᠤᠰᠢᠭᠤᠨ | ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠭᠤᠣᠯᠳᠠᠯᠭ᠎ᠠ ᠲᠠᠢ ᠣᠷᠣᠨ ᠪᠣᠯᠭᠠᠬᠤ ᠪᠠᠷ ᠴᠢᠷᠮᠠᠶᠢᠨ᠎ᠠ᠃ ᠬᠤᠶᠠᠷ ᠲᠤ᠂ ᠠᠵᠤ ᠦᠢᠯᠡᠰᠵᠢᠭᠰᠡᠨ | ᠬᠥᠭᠵᠢᠯᠲᠡ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠᠵᠢᠯ ᠪᠠ ᠬᠡᠷ ᠪᠦᠯᠢ ᠶᠢᠨ ᠲᠠᠷᠢᠶᠠᠯᠠᠩ ᠮᠠᠯᠵᠢᠯ | ᠤᠨ ᠲᠠᠯᠠᠪᠠᠶ ᠶᠢᠨ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠪᠠᠷ ᠠᠵᠤ ᠦᠢᠯᠡᠰᠵᠢᠭᠦᠯᠦᠨ ᠬᠥᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠳᠠᠷᠢᠵᠤ | ᠲᠡᠵᠢᠭᠡᠬᠦ᠂ ᠬᠥᠳᠡᠭᠡ ᠲᠣᠰᠬᠤᠨ ᠤ ᠵᠢᠭᠤᠯᠴᠢᠯᠠᠯ᠂ ᠠᠷᠠᠳ ᠤᠨ ᠵᠠᠩ ᠦᠶᠯᠡ᠂ ᠢᠳᠡᠭᠡᠨ ᠤᠮᠳᠠᠭᠠᠨ ᠵᠡᠷᠭᠡ ᠲᠠᠯ᠎ᠠ ᠪᠠᠷ ᠵᠣᠬᠢᠬᠤ ᠬᠡᠮᠵᠢᠶᠡᠨ ᠤ ᠦᠶᠯᠡᠳᠪᠦᠷᠢᠯᠡᠵᠦ | ᠡᠵᠡᠩᠨᠡᠬᠦ ᠴᠢᠳᠠᠪᠤᠷᠢ ᠲᠠᠢ ᠲᠤᠰᠬᠠᠶ ᠬᠤᠷᠰᠢᠶᠠᠵᠢᠯ ᠢ ᠬᠥᠲᠥᠯᠥᠨ ᠵᠢᠯᠣᠭᠤᠳᠬᠤ ᠪᠠ ᠪᠣᠶᠢᠵᠢᠭᠤᠯᠤᠨ ᠪᠤᠵᠠᠭᠠᠶᠢᠷᠠᠭᠤᠯᠵᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ | ᠠᠰᠢᠭ ᠲᠤᠰᠠ ᠶᠢ ᠨᠢ ᠬᠤᠯᠪᠣᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠵᠣᠬᠢᠬᠤ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠪᠠᠶᠠᠵᠢᠯ ᠤᠨ | ᠳᠠᠶᠢᠴᠢᠯᠠᠬᠤ ᠬᠦᠴᠦᠨ ᠲᠠᠢ ᠬᠤᠷᠰᠢᠶᠠᠵᠢᠯ ᠳᠤ ᠲᠥᠷᠥ ᠶᠢᠨ ᠪᠣᠳᠣᠯᠭ᠎ᠠ᠂ ᠲᠥᠷᠥᠯ ᠵᠦᠶᠯ᠂ ᠪᠠᠯᠠ ᠮᠥᠩᠭᠦ ᠪᠠ ᠮᠡᠷᠭᠡᠵᠢᠯ ᠵᠡᠷᠭᠡ ᠲᠠᠯ᠎ᠠ ᠪᠠᠷ ᠭᠤᠤᠯᠳᠠᠯᠭ᠎ᠠ ᠲᠠᠢ | ᠳᠡᠮᠵᠢᠯᠭᠡ ᠦᠵᠡᠭᠦᠯᠵᠦ᠂ ᠬᠤᠷᠰᠢᠶᠠᠵᠢᠯ ᠤᠨ ᠥᠪᠡᠷ ᠢ ᠪᠠᠨ ᠬᠥᠭᠵᠢᠭᠦᠯᠬᠦ ᠳᠤᠮᠳᠠ ᠣᠯᠠᠨ ᠲᠦᠮᠡᠨ ᠢ ᠬᠥᠲᠥᠯᠦᠨ ᠳᠠᠭᠠᠭᠤᠯᠵᠤ ᠬᠠᠮᠲᠤ ᠪᠠᠷ ᠬᠥᠭᠵᠢᠬᠦ ᠶᠢ | ᠵᠣᠷᠢᠭᠵᠢᠭᠤᠯᠤᠨ᠎ᠠ᠃ ᠲᠠᠪᠤᠨ ᠵᠢᠯ ᠤᠨ ᠳᠣᠲᠣᠷ᠎ᠠ10 ᠳᠠᠶᠢᠴᠢᠯᠠᠭᠴᠢ ᠵᠢᠱᠢᠶᠡᠴᠢ ᠲᠤᠰᠬᠠᠶ ᠬᠤᠷᠰᠢᠶᠠᠵᠢᠯ᠂ 20 ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢ ᠰᠢᠨ᠎ᠡ ᠪᠠᠷ ᠪᠣᠶᠢᠵᠢᠭᠤᠯᠤᠨ᠎ᠠ᠃ ᠲᠥᠷᠥᠯ ᠵᠦᠶᠯ ᠢ ᠲᠠᠲᠠᠨ ᠤᠷᠤᠭᠤᠯᠬᠤ ᠪᠠ ᠪᠠᠯᠠ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠴᠢᠨᠠᠷ ᠰᠠᠶᠢᠲᠠᠶ ᠡᠪᠡᠰᠦ ᠪᠣᠷᠳᠣᠭᠠᠨ ᠤ ᠰᠠᠭᠤᠷᠢᠨ ᠭᠠᠵᠠᠷ ᠢ ᠪᠠᠶᠢᠭᠤᠯᠤᠨ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨ | ᠡᠳ᠋ᠰᠢᠭᠦᠯᠬᠦ ᠦᠶᠯᠡᠰ ᠪᠠ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶᠯᠭᠡᠭᠡᠨ ᠤ ᠦᠶᠯᠡᠰ ᠢ ᠵᠡᠷᠭᠡᠪᠡᠷ ᠬᠥᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠪᠠ ᠪᠠᠷᠠᠭᠠᠨ ᠤ ᠭᠦᠶᠯᠭᠡᠭᠡᠨ ᠤ ᠬᠦᠷᠢᠶᠡᠯᠡᠩ ᠪᠠᠶᠢᠭᠤᠯᠬᠤ ᠶᠢ ᠠᠬᠢᠭᠤᠯᠤᠨ᠂ ᠦᠶᠯᠡᠳᠪᠦᠷᠢᠯᠡᠯ ᠪᠣᠷᠣᠯᠠᠭᠤᠯᠭ᠎ᠠ | ᠶᠢ ᠨᠢᠭᠡ ᠴᠣᠭᠴᠠᠵᠢᠭᠤᠯᠤᠭᠰᠠᠨ ᠠᠵᠤ ᠦᠶᠯᠡᠰ ᠤᠨ ᠪᠥᠲᠦᠴᠡ ᠶᠢ ᠪᠣᠶ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢᠨ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠲᠡᠵᠢᠭᠡᠨ ᠦᠷᠡᠵᠢᠭᠦᠯᠬᠦ ᠲᠣᠮᠣ ᠡᠷᠦᠬᠡ ᠪᠠ ᠬᠤᠷᠰᠢᠶᠠᠵᠢᠯ ᠤᠨ ᠢᠳᠡᠪᠬᠢᠲᠡᠶ | ᠪᠠᠷ ᠳᠠᠭᠠᠳᠬᠠᠯ ᠳᠤ ᠣᠷᠤᠬᠤ ᠶᠢ ᠵᠣᠷᠢᠭᠵᠢᠭᠤᠯᠤᠨ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠤᠷᠪᠠ ᠳᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠠᠲᠤᠨ ᠭᠤᠤᠯ ᠤᠨ ᠤᠰᠤᠯᠠᠯᠲᠠ ᠶᠢᠨ | ᠣᠷᠣᠨ ᠤ ᠬᠤᠵᠢᠷᠯᠢᠭ ᠭᠠᠵᠠᠷ ᠤᠨ ᠤᠰᠤ ᠵᠠᠯᠠᠬᠤ ᠰᠢᠰᠲ᠋ᠧᠮ ᠢ ᠰᠠᠶᠢᠵᠢᠷᠠᠭᠤᠯᠤᠨ ᠥᠭᠡᠷᠡᠴᠢᠯᠡᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠤᠪᠠᠭ | ᠪᠠᠷᠢᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ | ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠬᠦ ᠪᠠᠷ ᠴᠢᠷᠮᠠᠶᠢᠨ᠂ ᠲᠤᠰᠤᠯᠭᠠᠨ ᠤᠰᠤᠯᠠᠬᠤ ᠲᠠᠯᠠᠪᠠᠢ ᠶᠢ 2 ᠲᠦᠮᠡᠨ ᠮᠥ ᠨᠡᠮᠡᠭᠳᠡᠭᠦᠯᠵᠦ᠂ ᠲᠠᠷᠢᠶᠠᠯᠠᠩ ᠮᠠᠯ | ᠠᠵᠤ ᠠᠬᠤᠶ ᠶᠢᠨ ᠠᠵᠤ ᠦᠢᠯᠡᠰᠵᠢᠯᠲᠡ ᠶᠢᠨ ᠲᠥᠷᠥᠯ ᠵᠦᠶᠯ ᠢ ᠰᠢᠨ᠎ᠡ ᠪᠠᠷ 10 ᠲᠦᠮᠡᠨ ᠮᠥ ᠨᠡᠮᠡᠭᠳᠡᠭᠦᠯᠦᠨ᠂ 2.2 ᠲᠦᠮᠡᠨ ᠮᠥ ᠬᠤᠵᠢᠷᠯᠢᠭ ᠭᠠᠵᠠᠷ ᠢ | ᠥᠭᠡᠷᠡᠴᠢᠯᠡᠨ ᠰᠠᠶᠢᠵᠢᠷᠠᠭᠤᠯᠵᠤ᠂ ᠲᠤᠰᠬᠠᠶ ᠬᠤᠷᠰᠢᠶᠠᠵᠢᠯ ᠪᠠ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠯᠲᠡ ᠶᠢᠨ ᠭᠤᠤᠯ ᠴᠣᠭᠴᠠ ᠶᠢ | ᠭᠤᠤᠯᠳᠠᠯᠭ᠎ᠠ ᠲᠠᠢ ᠲᠡᠳᠬᠦᠨ ᠳᠡᠮᠵᠢᠵᠦ᠂ ᠭᠠᠵᠠᠷ ᠰᠢᠷᠣᠶ ᠶᠢ ᠵᠣᠬᠢᠬᠤ ᠬᠡᠮᠵᠢᠶ᠎ᠡ ᠪᠠᠷ ᠬᠡᠪᠴᠢᠶᠡᠵᠢᠭᠦᠯᠦᠨ ᠡᠵᠡᠩᠨᠡᠬᠦ ᠪᠠ ᠲᠡᠵᠢᠭᠡᠨ ᠦᠷᠡᠵᠢᠭᠦᠯᠬᠦ ᠦᠶᠯᠡᠰ ᠢ | ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠠᠷᠢᠮᠲᠠᠯᠠᠨ᠂ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠶᠢ ᠠᠬᠢᠭᠤᠯᠵᠤ᠂ ᠰᠠᠭᠤᠷᠢ | ᠲᠥᠬᠦᠭᠡᠷᠦᠮᠵᠢ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠲᠣᠰᠬᠤᠨ ᠤ ᠪᠥᠲᠥᠭᠡᠨ | ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠤᠶᠠᠯᠳᠣᠭᠤᠯᠬᠤ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠭᠦᠭᠡᠷᠦᠮᠵᠢ ᠶᠢ ᠤᠯᠠᠮ ᠲᠡᠭᠦᠯᠳᠡᠷᠵᠢᠭᠦᠯᠵᠦ᠂ ᠣᠯᠠᠨ ᠨᠡᠶᠢᠲᠡ | ᠶᠢᠨ ᠦᠶᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠢᠭᠡ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠰᠠᠶᠢᠲᠤᠷ ᠠᠳᠬᠤᠨ᠎ᠠ᠃ ᠲᠥᠷᠥᠯ ᠵᠦᠶᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ ᠭᠡᠬᠦ ᠦᠵᠡᠯᠲᠡ ᠶᠢ ᠪᠠᠲᠤ ᠪᠣᠶ ᠪᠣᠯᠭᠠᠨ᠂ ᠠᠷᠭ᠎ᠠ ᠪᠦᠬᠦᠨ ᠢ | ᠰᠦᠪᠡᠭᠴᠢᠯᠡᠨ ᠲᠥᠷᠥᠯ ᠵᠦᠶᠯ ᠢ ᠲᠠᠲᠠᠨ ᠤᠷᠤᠭᠤᠯᠵᠤ᠂ ᠢᠷᠡᠬᠦ ᠲᠠᠪᠤᠨ ᠵᠢᠯ ᠳᠤ ᠪᠥᠬᠦ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠢᠯᠡᠳᠲᠡ | ᠬᠤᠪᠢᠷᠠᠭᠤᠯᠬᠤ ᠪᠠᠷ ᠴᠢᠷᠮᠠᠶᠢᠨ᠎ᠠ᠃ ᠬᠥᠪᠴᠢ ᠶᠢᠨ ᠡᠯᠡᠰᠦᠨ ᠤ ᠬᠥᠬᠡᠮᠣᠳᠤ ᠶᠢᠨ ᠬᠡᠰᠡᠭ ᠲᠠᠬᠢ ᠤᠰᠤ ᠲᠠᠲᠠᠬᠤ ᠢᠨᠵᠧᠨᠧᠷᠢᠩ ᠢ ᠬᠠᠮᠤᠭ ᠶᠡᠭᠡ ᠬᠡᠮᠵᠢᠶ᠎ᠡ ᠪᠠᠷ | ᠬᠡᠷᠡᠭᠵᠢᠭᠦᠯᠵᠦ᠂ ᠬᠥᠪᠴᠢ ᠶᠢᠨ ᠡᠯᠡᠰᠦ ᠶᠢᠨ ᠠᠮᠢ ᠠᠬᠤᠢ ᠶᠢᠨ ᠵᠠᠰᠠᠯᠲᠠ ᠪᠠ ᠴᠠᠭᠠᠨ ᠬᠠᠷᠭᠠᠨ᠎ᠠ ᠶᠢᠨ ᠬᠠᠮᠠᠭᠠᠯᠠᠯᠲᠠ ᠶᠢᠨ ᠣᠷᠣᠨ ᠤ ᠤᠰᠤ ᠬᠡᠷᠡᠭᠯᠡᠬᠦ ᠠᠰᠠᠭᠤᠳᠠᠯ | ᠢ ᠦᠨᠡᠨᠬᠦ ᠰᠢᠢᠳᠪᠦᠷᠢᠯᠡᠨ᠎ᠡ ᠃ G242 ᠤᠯᠤᠰ ᠤᠨ ᠲᠡᠰ ᠤᠨ ᠵᠠᠰᠠᠮᠠᠯ ᠵᠠᠮ ᠤᠨ ᠬᠦᠬᠡᠮᠤᠳᠤ ᠶᠢᠨ ᠬᠡᠰᠡᠭ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ᠂ | ᠪᠠᠯᠭᠠᠰᠤᠨ ᠲᠣᠭᠤᠷᠢᠭ ᠤᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ᠂ ᠳ᠋ᠠ ᠲᠤᠤ ᠽᠢ ᠲᠣᠰᠬᠤᠨ ᠤ ᠲᠠᠩ ᠤᠨ ᠣᠷᠣᠨ ᠤ | ᠣᠳᠣᠬᠢᠴᠢᠯᠠᠭᠰᠠᠨ ᠲᠠᠷᠢᠶᠠᠯᠠᠩ ᠤᠨ ᠦᠢᠯᠡᠰ ᠢ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠶᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠵᠠᠯᠭᠠᠮᠵᠢ ᠠᠵᠤ ᠦᠶᠯᠡᠰ | ᠢ ᠬᠥᠭᠵᠢᠭᠦᠯᠦᠨ ᠪᠤᠵᠠᠭᠠᠶᠢᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠬᠤᠶᠠᠷ ᠲᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠵᠥᠪ | ᠣᠨᠣᠪᠴᠢᠲᠠᠶ ᠪᠠᠷ ᠬᠦᠴᠦᠯᠡᠨ ᠠᠳᠬᠤᠨ᠎ᠠ᠃ ᠪᠠᠯᠭᠠᠰᠤ ᠪᠠ ᠲᠣᠰᠬᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠳᠠᠭᠤᠰᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦᠯᠢ ᠴᠣᠭᠴᠠ᠂ ᠪᠥᠬᠦ ᠣᠷᠣᠨ ᠪᠦᠰᠡ ᠲᠡᠶᠢᠰᠢ ᠥᠷᠭᠡᠳᠬᠡᠬᠦ ᠶᠢ ᠥᠨᠳᠥᠷ | ᠪᠠᠷᠢᠮᠵᠢᠶ᠎ᠠ ᠲᠠᠢ ᠪᠠᠷ ᠪᠡᠶᠡᠯᠡᠭᠦᠯᠦᠨ᠎ᠡ᠃ ᠳ᠋ᠠ ᠲᠤᠤ ᠽᠢ ᠲᠣᠰᠬᠤᠨ ᠤ ᠲᠠᠩ ᠤᠨ ᠣᠷᠣᠨ ᠤ ᠠᠷᠠᠳ ᠢ ᠨᠡᠭᠦᠯᠭᠡᠨ ᠰᠢᠯᠵᠢᠭᠦᠯᠬᠦ ᠪᠠ ᠪᠠᠯᠭᠠᠰᠤᠨ ᠲᠣᠭᠤᠷᠢᠭ ᠤᠨ | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠲᠠᠢ ᠤᠶᠠᠯᠳᠤᠭᠤᠯᠤᠨ᠂ ᠪᠠᠯᠠᠬᠠᠢ ᠶᠢᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠰᠢᠨ᠎ᠡ | ᠲᠣᠰᠬᠤᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠪᠠᠯᠭᠠᠰᠤ ᠲᠣᠰᠬᠤᠨ ᠢ ᠨᠢᠭᠡ ᠴᠤᠭᠴᠠᠵᠢᠭᠤᠯᠤᠭᠰᠠᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ | ᠨᠢᠭᠡᠳᠦᠯᠲᠡᠢ ᠲᠥᠯᠥᠪᠯᠡᠨ᠂ ᠪᠠᠯᠭᠠᠰᠤ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ︽ᠤᠷᠢᠳᠠᠪᠠᠷ ᠲᠤᠷᠰᠢᠨ ᠬᠡᠷᠡᠭᠵᠢᠭᠦᠯᠵᠦ᠂ | ᠨᠡᠶᠢᠲᠡᠯᠢᠭ ᠵᠢᠱᠢᠶ᠎ᠡ ᠪᠠᠷ ᠳᠠᠶᠢᠴᠢᠯᠠᠬᠤ︾ ᠶᠢ ᠪᠠᠷᠢᠮᠲᠠᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠴᠥᠭᠡᠨ ᠲᠣᠭᠠᠲᠤ ᠦᠨᠳᠦᠰᠦᠲᠡᠨ ᠤ | ᠬᠥᠭᠵᠢᠯᠲᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠵᠡᠷᠭᠡ ᠲᠥᠷᠥᠯ ᠵᠦᠶᠯ ᠤᠨ ᠪᠠᠯᠠ ᠮᠥᠩᠭᠦ ᠶᠢ ᠢᠳᠡᠪᠬᠢᠲᠡᠶ ᠲᠠᠲᠠᠨ ᠤᠷᠤᠭᠤᠯᠵᠤ᠂ ᠪᠥᠲᠥᠭᠡᠨ | ᠪᠠᠶᠢᠭᠤᠯᠬᠤ ᠪᠠ ᠬᠠᠮᠠᠭᠠᠯᠠᠬᠤ ᠶᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠣᠷᠣᠨ ᠨᠤᠲᠤᠭ ᠤᠨ ᠣᠨᠴᠠᠯᠢᠭ ᠲᠠᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠲᠣᠰᠬᠤᠨ ᠢ ᠪᠥᠲᠦᠭᠡᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠰᠤ᠂ ᠴᠠᠬᠢᠯᠭᠠᠨ᠂ ᠵᠠᠮ | ᠨᠡᠪᠲᠡᠷᠡᠯᠭᠡ᠂ ᠴᠢᠮᠡᠭᠡ ᠬᠤᠯᠪᠣᠭ᠎ᠠ᠂ ᠲᠣᠤᠷ ᠰᠥᠯᠵᠢᠶ᠎ᠡ ᠵᠡᠷᠭᠡ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠎ᠡ᠃ ᠲᠣᠰᠬᠤᠨ ᠤ ᠲᠦᠷᠢᠮ ᠠᠷᠠᠳ ᠤᠨ ᠭᠡᠷ᠎ᠡ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ | ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠨ᠂ ᠪᠣᠯᠪᠠᠰᠤᠨ ᠭᠡᠷ ᠪᠦᠯᠢ᠂ ᠪᠣᠯᠪᠠᠰᠤᠨ ᠲᠣᠰᠬᠤᠨ ᠪᠠᠯᠭᠠᠰᠤ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠥᠲᠦᠮᠵᠢ ᠶᠢ | ᠪᠠᠬᠢᠵᠢᠭᠦᠯᠦᠨ᠂ ᠣᠷᠣᠰᠢᠨ ᠰᠠᠭᠤᠬᠤ ᠳᠤ ᠲᠠᠭᠠᠯᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ | ᠪᠠᠶᠢᠭᠤᠯᠤᠨ᠎ᠠ᠃ ᠭᠤᠷᠪᠠ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠥᠲᠦᠮᠵᠢ ᠶᠢ ᠪᠠᠬᠢᠵᠢᠭᠦᠯᠦᠨ ᠥᠷᠭᠡᠳᠬᠡᠨ᠎ᠡ᠃ 5 ᠵᠢᠯ ᠤᠨ | ᠰᠢᠯᠵᠢᠯᠲᠡ ᠶᠢᠨ ᠬᠤᠭᠤᠴᠠᠭᠠᠨ ᠳᠠᠬᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠢᠨᠠᠨ ᠨᠣᠲᠠᠯᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠳᠣᠬᠢᠷᠠᠮᠵᠢᠲᠠᠢ ᠭᠠᠵᠠᠷ | ᠣᠷᠣᠨ ᠳᠤ ᠨᠡᠭᠦᠯᠭᠡᠨ ᠶᠠᠳᠠᠭᠤ ᠶᠢ ᠳᠡᠳᠬᠦᠬᠦ ᠲᠦᠷᠦ ᠶᠢᠨ ᠪᠣᠳᠤᠯᠭ᠎ᠠ ᠶᠢ ᠦᠷᠭᠦᠯᠵᠢᠯᠡᠨ ᠴᠢᠩᠭᠠᠳᠬᠠᠨ᠎ᠠ᠃ ᠠᠰᠢᠭ ᠲᠤᠰᠠ ᠶᠢ ᠬᠤᠯᠪᠣᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠡᠷᠴᠢᠮ ᠢ ᠨᠡᠮᠡᠭᠳᠡᠭᠦᠯᠦᠨ᠂ ᠡᠯ᠎ᠡ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ | ᠶᠢᠨ ᠣᠷᠣᠯᠭ᠎ᠠ ᠶᠢ 50 ᠲᠦᠮᠡᠨ ᠲᠥᠭᠦᠷᠢᠭ ᠲᠤ ᠬᠦᠷᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠳᠣᠣᠷ᠎ᠠ ᠣᠷᠤᠯᠭ᠎ᠠ ᠲᠠᠢ ᠬᠥᠮᠦᠨ ᠠᠮᠠ ᠶᠢ ᠬᠠᠪᠰᠤᠷᠤᠨ | ᠲᠡᠳᠬᠦᠬᠦ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ ᠪᠠᠶᠢᠴᠠᠭᠠᠬᠤ ᠪᠠ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠰᠠᠶᠢᠲᠤᠷ | ᠨᠠᠶᠢᠳᠠᠪᠤᠷᠢᠵᠢᠭᠤᠯᠤᠨ᠂ ᠬᠡᠪᠴᠢᠶᠡᠲᠦ ᠴᠢᠨᠠᠷᠲᠠᠶ ᠪᠠᠷ ᠳᠠᠬᠢᠨ ᠶᠠᠳᠠᠭᠤᠷᠠᠬᠤ ᠶᠢ ᠰᠡᠷᠭᠡᠶᠢᠯᠡᠨ᠂ ᠬᠠᠮᠲᠤᠪᠠᠷ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ᠃ ᠭᠠᠴᠠᠭ᠎ᠠ | ᠲᠣᠰᠬᠤᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠡᠭᠦᠳᠴᠦ᠂ ᠪᠠᠯᠭᠠᠰᠤ ᠲᠣᠰᠬᠤᠨ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ | ᠠᠬᠢᠭᠤᠯᠤᠨ᠂ ᠦᠶᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠵᠦ᠂ ᠠᠷᠠᠳ ᠲᠤ ᠦᠶᠯᠡᠴᠢᠯᠡᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠂ ᠦᠨᠳᠦᠰᠦᠨ ᠱᠠᠲᠤᠨ ᠤ ᠴᠡᠭᠴᠡᠯᠡᠨ ᠵᠠᠰᠠᠬᠤ ᠴᠢᠳᠠᠪᠤᠷᠢ ᠪᠠ ᠬᠢᠷᠢ ᠲᠥᠪᠰᠢᠨ ᠢ ᠳᠡᠭᠡᠭᠰᠢᠯᠡᠭᠦᠯᠦᠨ᠎ᠡ ᠃ | ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠬᠥᠭᠵᠢᠯᠲᠡ ᠶᠢᠨ ᠲᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠠᠵᠠᠷ | ᠣᠷᠣᠨ ᠤ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠠᠷᠠᠳ ᠤᠨ ᠲᠥᠯᠥᠭᠡ ᠵᠢᠳᠬᠦᠬᠦ ᠶᠢ | ᠪᠠᠷᠢᠮᠲᠠᠯᠠᠵᠤ᠂ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠨᠢᠭᠡ ᠳᠤ ︽ᠡᠷᠭᠡ ᠪᠠᠨ | ᠲᠤᠷᠤᠭᠰᠢ ᠪᠠᠭᠤᠯᠭᠠᠵᠤ᠂ ᠬᠠᠮᠢᠶᠠᠷᠣᠯᠲᠠ ᠪᠠᠨ ᠰᠢᠨᠡᠳᠭᠡᠨ᠂ ᠦᠢᠯᠡᠴᠢᠯᠡᠭᠡ ᠪᠠᠨ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ︽ᠨᠢᠭᠡᠳᠦᠭᠡᠷ ᠥᠭᠡᠷᠡᠴᠢᠯᠡᠯᠲᠡ ᠶᠢᠨ ᠢᠨᠵᠧᠨᠧᠷᠢᠩ︾ ᠪᠣᠯᠭᠠᠵᠤ᠂ ᠰᠢᠨ᠎ᠡ ᠪᠠᠷ ᠪᠠᠶᠢᠭᠤᠯᠤᠭᠰᠠᠨ ᠠᠷᠠᠳ ᠲᠤ | ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠲᠤ ᠲᠥᠪᠯᠡᠷᠡᠭᠦᠯᠦᠨ᠂ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠶᠢ ᠥᠷᠭᠡᠳᠬᠡᠵᠦ᠂ ᠣᠯᠠᠨ ᠲᠦᠮᠡᠨ ᠤ ᠠᠵᠢᠯ | ᠶᠠᠪᠤᠳᠠᠯ ᠭᠦᠶᠴᠡᠳᠬᠡᠬᠦ ᠳᠤ ︽ᠨᠢᠭᠡ ᠯᠡ ᠭᠠᠵᠠᠷ ᠨᠡᠶᠢᠳᠡᠮ ᠭᠦᠶᠴᠡᠳᠬᠡᠬᠦ︾᠂ ︽ᠨᠢᠭᠡ ᠯᠡ ᠤᠳᠠᠭ᠎ᠠ ᠳᠤ ᠰᠠᠶᠢᠲᠤᠷ ᠭᠦᠶᠴᠡᠳᠬᠡᠬᠦ︾ ᠶᠢ ᠪᠡᠶᠡᠯᠡᠭᠦᠯᠦᠨ᠎ᠡ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠ ᠦᠶᠯᠡᠴᠢᠯᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠬᠦᠴᠦᠯᠡᠨ | ᠠᠬᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ︽ᠡᠴᠦᠰ ᠤᠨ ᠨᠢᠭᠡ ᠺᠢᠯᠣᠮᠧᠲᠷ︾ ᠤᠨ ᠬᠦᠴᠢᠷ ᠠᠰᠠᠭᠤᠳᠠᠯ ᠢ ᠦᠨᠡᠨᠬᠦ ᠰᠢᠶᠳᠪᠦᠷᠢᠯᠡᠨ᠎ᠡ᠃ | ᠬᠤᠶᠠᠷ ᠲᠤ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ | ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠶᠠᠳᠤᠭᠠᠷ ᠡᠭᠡᠯᠵᠢ | ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠦᠷᠭᠦᠯᠵᠢᠯᠡᠨ 30 ᠵᠢᠯ ᠤᠷᠲᠤᠳᠬᠠᠬᠤ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠭᠠᠴᠠᠭ᠎ᠠ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ᠂ ᠮᠠᠯᠴᠢᠨ ᠲᠠᠷᠢᠶᠠᠴᠢᠳ ᠢ | ᠬᠥᠲᠦᠯᠦᠨ ᠵᠢᠯᠣᠭᠤᠳᠴᠤ ᠭᠠᠵᠠᠷ ᠰᠢᠷᠣᠶ ᠪᠠᠨ ᠳᠠᠭᠠᠭᠠᠴᠢᠯᠠᠬᠤ᠂ ᠪᠡᠯᠡ ᠮᠥᠩᠭᠦ ᠪᠠᠷ ᠬᠤᠪᠢ ᠣᠷᠤᠬᠤ᠂ ᠬᠤᠷᠰᠢᠨ ᠡᠵᠡᠩᠨᠡᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ᠂ | ᠠᠵᠤ ᠦᠢᠯᠡᠰᠵᠢᠭᠰᠡᠨ ᠡᠵᠡᠩᠨᠡᠯᠲᠡ ᠳᠤ ᠣᠷᠣᠯᠴᠠᠭᠤᠯᠤᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠪᠣᠯᠤᠨ ᠮᠠᠯᠴᠢᠨ ᠲᠠᠷᠢᠶᠠᠴᠢᠳ | ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠵᠢᠭᠦᠯᠦᠨ᠎ᠡ᠃ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠤᠪᠢᠷᠠᠭᠤᠯᠤᠨ᠂ ᠦᠢᠯᠡᠴᠢᠯᠡᠭᠡᠨ ᠤ ᠵᠠᠰᠠᠭ ᠤᠨ ᠣᠷᠳᠣᠨ᠂ | ᠬᠠᠷᠢᠭᠤᠴᠠᠯᠭᠠᠲᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠭᠤᠷᠪᠠ ᠳᠤ | ᠨᠡᠭᠡᠭᠡᠯᠲᠡ ᠬᠢᠬᠦ ᠠᠬᠢᠴᠠ ᠶᠢ ᠲᠦᠷᠭᠡᠳᠬᠡᠨ᠎ᠡ᠃ ᠮᠠᠨ ᠤ ᠪᠠᠯᠭᠠᠰᠤ ᠪᠠᠶᠠᠨᠨᠠᠭᠤᠷ ᠬᠤᠲᠠ ᠲᠠᠢ ᠬᠥᠷᠰᠢᠯᠡᠵᠦ᠂ ᠬᠠᠲᠤᠨ ᠭᠤᠤᠯ ᠤᠨ ᠰᠠᠪᠠ ᠭᠠᠵᠠᠷ ᠲᠤ ᠪᠠᠶᠢᠷᠢᠯᠠᠵᠤ | ᠪᠠᠶᠢᠭ᠎ᠠ ᠣᠷᠣᠨ ᠪᠠᠶᠢᠷᠢ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠤᠨ᠂ ᠬᠥᠪᠴᠢ ᠶᠢᠨ ᠡᠯᠡᠰᠦ᠂ ᠤᠰᠤᠨ ᠤ ᠠᠮᠢ ᠠᠬᠤᠶ᠂ ᠮᠠ ᠳᠧᠦ ᠸᠠᠨ ᠵᠡᠷᠭᠡ ᠡᠬᠢ | ᠪᠠᠶᠠᠯᠢᠭ ᠤᠨ ᠳᠠᠪᠠᠭᠤᠯᠢᠭ ᠢ ᠢᠳᠡᠪᠬᠢᠲᠡᠶ ᠠᠰᠢᠭᠯᠠᠵᠤ᠂ ᠪᠥᠬᠦ ᠲᠠᠯ᠎ᠠ ᠶᠢᠨ᠂ ᠣᠯᠠᠨ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠦᠨ ᠥᠷᠭᠡᠳᠬᠡᠵᠦ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠨ᠂ ᠬᠠᠮᠲᠤ ᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠭᠤᠣᠯ ᠤᠷᠢᠳᠠᠯ ᠪᠣᠯᠭᠠᠨ᠂ ᠥᠷᠭᠡᠨ ᠢᠶᠠᠷ ᠤᠬᠠᠭᠤᠯᠤᠨ᠂ | ᠵᠣᠷᠢᠯᠭᠠᠲᠤ ᠴᠢᠨᠠᠷᠲᠠᠶ ᠪᠠᠷ ᠬᠡᠯᠡᠯᠴᠡᠭᠡ ᠬᠢᠵᠦ᠂ ᠪᠣᠳᠠᠲᠤ ᠬᠦᠴᠦᠨ ᠢᠶᠠᠷ ᠴᠢᠩᠭ᠎ᠠ᠂ ᠦᠷ᠎ᠡ ᠠᠰᠢᠭ ᠢᠶᠠᠷ ᠰᠠᠶᠢᠨ᠂ ᠨᠥᠯᠥᠭᠡᠯᠡᠯ ᠢᠶᠠᠷ ᠥᠷᠭᠡᠨ ᠨᠡᠷᠡᠲᠦ ᠠᠵᠤ | ᠠᠬᠤᠶᠢᠯᠠᠯ ᠢ ᠤᠷᠢᠵᠤ ᠢᠷᠡᠨ ᠪᠡᠯᠡ ᠤᠷᠤᠭᠤᠯᠤᠨ᠎ᠠ᠃ ︽ᠬᠡᠨ ᠪᠡᠯᠡ ᠣᠷᠣᠭᠤᠯᠪᠠᠯ᠂ ᠲᠡᠷᠡ ᠠᠰᠢᠭ ᠬᠦᠷᠲᠡᠬᠦ︾ ᠵᠠᠷᠴᠢᠮ ᠶᠣᠰᠣᠭᠠᠷ᠂ ᠠᠷᠠᠳ ᠤᠨ ᠬᠥᠷᠥᠩᠭᠡ | ᠪᠣᠯᠤᠨ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠬᠠᠮᠲᠤᠪᠠᠷ ᠠᠰᠢᠭ | ᠬᠦᠷᠲᠡᠬᠦ ᠶᠢ ᠪᠡᠶᠡᠯᠡᠭᠦᠯᠦᠨ᠎ᠡ ᠃ | ︵ᠲᠠᠪᠤ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠲᠥᠯᠥᠭᠡ ᠭᠡᠬᠦ ᠤᠭ ᠰᠠᠨᠠᠭ᠎ᠠ ᠪᠠᠨ ᠦᠯᠦ ᠮᠠᠷᠲᠠᠨ᠂ ᠠᠷᠠᠳ ᠲᠥᠮᠡᠨ ᠳᠤ ᠰᠠᠶᠢᠨ | ᠰᠠᠶᠢᠬᠠᠨ ᠵᠣᠯ ᠵᠢᠷᠭᠠᠯᠲᠤ ᠠᠮᠢᠳᠤᠷᠠᠯ ᠡᠳ᠋ᠯᠡᠭᠦᠯᠦᠨ᠎ᠡ᠃ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠪᠢᠳᠡᠨ ᠤ ᠴᠥᠬᠦᠷᠡᠰᠢ | ᠦᠭᠡᠢ ᠲᠡᠮᠡᠴᠡᠬᠦ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠦᠲᠦᠮᠵᠢᠲᠡᠢ ᠨᠡᠮᠡᠭᠳᠡᠭᠦᠯᠵᠦ᠂ ᠨᠡᠶᠢᠭᠡᠮ ᠤᠨ | ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠠᠷᠠᠳ ᠤᠯᠠᠨ ᠤ ᠵᠣᠯ ᠵᠢᠷᠭᠠᠯᠳᠣ ᠠᠮᠢᠳᠣᠷᠠᠯ ᠢ ᠦᠨᠡᠨᠬᠦ ᠪᠠᠲᠤᠯᠠᠨ᠎ᠠ᠃ ᠨᠢᠭᠡ ᠳᠤ ᠨᠡᠶᠢᠭᠡᠮ ᠤᠨ ᠠᠵᠢᠯ | ᠦᠢᠯᠡᠰ ᠢ ᠪᠣᠳᠠᠲᠠᠢ ᠠᠳᠬᠤᠨ᠎ᠠ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠰᠤᠷᠭᠠᠨ ᠬᠥᠮᠦᠵᠢᠯ᠂ | ᠡᠷᠡᠭᠦᠯ ᠬᠠᠮᠠᠭᠠᠯᠠᠯ᠂ ᠰᠣᠶᠣᠯ ᠤᠨ ᠦᠢᠯᠡᠰ ᠤᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠤᠷᠭᠠᠭᠤᠯᠢ ᠡᠷᠬᠢᠯᠡᠬᠦ᠂ ᠡᠪᠡᠳᠴᠢᠨ ᠦᠵᠡᠭᠦᠯᠬᠦ ᠨᠥᠬᠦᠴᠡᠯ ᠢ | ᠰᠠᠶᠢᠵᠢᠷᠠᠭᠤᠯᠤᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠬᠦᠷᠲᠡᠭᠡᠨ᠎ᠡ᠃ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ | ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠠᠷᠠᠳ ᠤᠨ ᠤᠷᠠᠨ ᠰᠠᠶᠢᠬᠠᠨ ᠤ ᠲᠣᠭᠯᠠᠯᠲᠠ ᠶᠢᠨ ᠠᠩᠭᠢ ᠶᠢ ᠦᠷᠭᠦᠯᠵᠢᠯᠡᠨ ᠪᠤᠵᠠᠭᠠᠶᠢᠷᠠᠭᠤᠯᠵᠤ᠂ ᠰᠣᠶᠣᠯ ᠤᠨ | ᠡᠷᠦᠬᠡ ᠶᠢ ᠬᠥᠭᠵᠢᠭᠦᠯᠦᠨ᠂ ᠣᠨᠴᠠᠯᠢᠭᠲᠤ ᠰᠣᠶᠣᠯ ᠤᠨ ᠠᠵᠢᠯᠯᠠᠭ᠎ᠠ ᠡᠷᠬᠢᠯᠡᠵᠦ᠂ ᠮᠠᠯᠴᠢᠨ ᠲᠠᠷᠢᠶᠠᠴᠢᠳ ᠤᠨ ᠣᠶᠤᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠨ᠎ᠡ᠃ ᠬᠤᠷᠢᠭ᠎ᠠ ᠱᠤᠭᠤᠮ ᠤᠨ ᠰᠡᠳᠬᠢᠬᠦᠶ᠂ ᠠᠶᠤᠯ | ᠲᠦᠭᠰᠢᠭᠦᠷᠢ ᠶᠢᠨ ᠰᠡᠳᠬᠢᠬᠦᠶ ᠶᠢ ᠪᠠᠷᠢᠮᠲᠠᠯᠠᠨ᠂ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠸᠠᠺᠼᠢᠨ ᠤ ᠲᠠᠷᠢᠯᠭ᠎ᠠ ᠬᠢᠬᠦ ᠪᠠ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠠᠵᠢᠯ ᠢ | ᠰᠠᠶᠢᠲᠤᠷ ᠬᠢᠨ᠎ᠡ᠃ ᠬᠤᠶᠠᠷ ᠲᠤ ᠨᠡᠶᠢᠭᠡᠮ ᠤᠨ ᠪᠠᠲᠤᠯᠠᠭ᠎ᠠ ᠶᠢ ᠴᠢᠩᠭ᠎ᠠ ᠠᠳᠬᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠤᠷᠣᠬᠤ ᠲᠥᠯᠥᠪᠯᠡᠭᠡ ᠶᠢ | ᠭᠦᠨᠵᠡᠭᠡᠶ ᠬᠡᠷᠡᠭᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠠᠪᠤᠷᠠᠨ ᠲᠤᠰᠠᠯᠠᠬᠤ᠂ ᠵᠡᠮᠳᠡᠭᠴᠦᠳ ᠢ | ᠬᠠᠪᠰᠤᠷᠤᠨ ᠲᠡᠳᠬᠦᠬᠦ ᠪᠠᠷᠢᠮᠵᠢᠶ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠲᠤᠰᠠᠯᠠᠮᠵᠢ ᠭᠤᠶᠤᠴᠢᠯᠠᠵᠤ᠂ ᠴᠠᠭ | ᠲᠤᠬᠠᠶ ᠳᠤᠨᠢ ᠲᠤᠰᠠᠯᠠᠮᠵᠢ ᠬᠦᠷᠲᠡᠬᠦ ᠶᠢ ᠦᠨᠡᠨᠬᠦ ᠪᠠᠲᠤᠯᠠᠨ᠎ᠠ᠃ ᠨᠠᠰᠤᠵᠢᠯ ᠤᠨ ᠦᠶᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠤᠨ | ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠶᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠠᠰᠢᠭᠯᠠᠯᠲᠠ ᠳᠤ | ᠣᠷᠤᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ | ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠣᠯᠠᠨ ᠲᠦᠮᠡᠨ ᠤ | ᠣᠷᠣᠯᠭ᠎ᠠ ᠶᠢ ᠨᠡᠮᠡᠭᠳᠡᠭᠦᠯᠬᠦ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ | ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ᠂ ᠠᠮᠢᠳᠤᠷᠠᠯ ᠢ ᠰᠠᠶᠢᠵᠢᠷᠠᠭᠤᠯᠤᠨ᠎ᠠ᠃ ᠭᠤᠷᠪᠠ ᠳᠤ ᠠᠮᠤᠷ ᠲᠥᠪᠰᠢᠨ ᠦᠢᠯᠡᠳᠪᠦᠷᠢᠯᠡᠯ ᠢ ᠴᠢᠩᠭ᠎ᠠ ᠠᠳᠬᠤᠨ᠎ᠠ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠪᠤᠷᠠᠨ | ᠲᠤᠰᠠᠯᠠᠬᠤ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠠᠴᠠ ᠠᠪᠤᠷᠠᠨ ᠲᠤᠰᠠᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠠᠮᠤᠷ ᠲᠥᠪᠰᠢᠨ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠶ ᠰᠢᠭᠤᠶ | ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠣᠨ ᠤ ᠠᠮᠤᠷ ᠲᠦᠪᠰᠢᠨ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ ᠳᠥᠷᠪᠡ ᠳᠤ᠂ ᠶᠡᠷᠦᠩᠬᠡᠶᠢᠯᠡᠭᠰᠡᠨ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠲᠣᠰᠬᠤᠨ ᠤ ᠠᠷᠠᠳ ᠤᠨ | ᠬᠡᠷᠡᠭ ᠵᠥᠪᠯᠡᠬᠦ ᠬᠤᠷᠠᠯ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠵᠡᠷᠭᠡ ᠣᠯᠠᠨ ᠲᠦᠮᠡᠨ ᠤ ᠬᠡᠷᠡᠭ ᠵᠥᠪᠯᠡᠬᠦ ᠠᠴᠢᠶᠠᠯᠠᠪᠤᠷᠢ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠣᠯᠠᠨ ᠲᠦᠮᠡᠨ ᠤᠴᠢᠷ ᠶᠠᠪᠤᠳᠠᠯ ᠲᠤᠰᠬᠠᠬᠤ᠂ ᠣᠯᠠᠨ ᠲᠦᠮᠡᠨ ᠤᠴᠢᠷ ᠶᠠᠪᠤᠳᠠᠯ ᠵᠥᠪᠯᠡᠬᠦ ᠵᠡᠷᠭᠡ ᠣᠯᠠᠨ ᠲᠦᠮᠡᠨᠴᠢ ᠴᠢᠨᠠᠷᠲᠠᠶ ᠵᠥᠪᠯᠡᠬᠦ | ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠣᠯᠠᠨ ᠲᠦᠮᠡᠨ ᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ | ᠵᠡᠷᠭᠡ ᠠᠵᠢᠯ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠢ ᠬᠥᠭᠵᠢᠭᠡᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ︽ᠨᠠᠶᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠨᠢᠭᠦᠯᠦᠨ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠣᠨ | ᠡᠵᠡᠮᠳᠡᠬᠦ ᠪᠠᠨ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠪᠠᠲᠤᠳᠬᠠᠨ᠂ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶᠡᠴᠢ ᠨᠢᠭᠡᠴᠡ ᠶᠢᠨ ᠦᠷ᠎ᠡ ᠪᠦᠲᠦᠭᠡᠯ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ ︽ᠵᠢᠷᠭᠤᠭᠠᠨ ᠨᠢᠭᠡ︾ ᠠᠵᠢᠯ ᠤᠨ ᠲᠣᠭᠲᠠᠴᠠ ᠪᠠ ᠲᠤᠤᠷᠴᠢᠯᠠᠭᠰᠠᠨ ᠬᠠᠮᠢᠶᠠᠷᠤᠯᠲᠠ ᠶᠢᠨ ᠠᠭᠤᠰᠤᠯᠴᠠᠯ ᠢ ᠠᠬᠢᠭᠤᠯᠵᠤ᠂ ᠣᠯᠠᠨ | ᠲᠦᠮᠡᠨ ᠤ ᠰᠠᠨᠠᠯ ᠳᠤᠷᠠᠳᠤᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠣᠯᠠᠨ ᠲᠦᠮᠡᠨ ᠢ ᠬᠠᠪᠰᠤᠷᠤᠨ ᠬᠦᠴᠢᠷ ᠠᠰᠠᠭᠤᠳᠠᠯ ᠢ ᠰᠢᠶᠳᠪᠦᠷᠢᠯᠡᠨ᠂ ︽ | ᠭᠤᠷᠪᠠᠨ ᠥᠬᠡᠶ︾ ᠪᠠᠯᠭᠠᠰᠤ ᠪᠠ ᠭᠠᠴᠠᠭ᠎ᠠ ᠲᠣᠰᠬᠤᠨ ᠨᠡᠶᠢᠭᠡᠮ ᠲᠣᠭᠤᠷᠢᠭ ᠢ ᠴᠢᠷᠮᠠᠶᠢᠨ ᠡᠭᠦᠳᠦᠨ ᠪᠠᠶᠢᠭᠤᠯᠤᠨ᠎ᠠ ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠲᠥᠯᠥᠭᠡᠯᠡᠭᠴᠢᠳ ᠡ᠂ ᠴᠣᠴᠠᠰᠢ ᠦᠬᠡᠢ ᠴᠢᠷᠮᠠᠶᠢᠨ ᠲᠡᠮᠡᠴᠡᠪᠡᠯ ᠰᠠᠶ᠋ᠢ᠂ ᠡᠬᠦᠷᠭᠡ ᠬᠠᠷᠠᠯᠲᠠ ᠪᠠᠨ ᠪᠡᠶᠡᠯᠡᠬᠦᠯᠵᠤ ᠲᠡᠶᠢᠯᠦᠨ᠎ᠡ᠃ ᠰᠢᠨ᠎ᠡ ᠬᠥᠭᠵᠢᠯᠲᠡ ᠶᠢᠨ ᠱᠠᠲᠤᠨ | ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠪᠠᠶᠢᠭᠤᠯᠤᠨ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠡᠷᠬᠡᠪᠰᠢ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠲᠦᠮᠡᠨ ᠳᠤ | ᠲᠠᠭᠠᠰᠢᠶᠠᠭᠳᠠᠭᠰᠠᠨ ᠦᠶᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠶ ᠃ | ︵ᠨᠢᠭᠡ︶ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ | ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠳᠤ ᠳᠤᠷᠠᠳᠤᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠰᠤᠷᠲᠠᠯ ᠢ ᠪᠦᠬᠦ | ᠲᠠᠯ᠎ᠠ ᠪᠠᠷ ᠳᠠᠪᠲᠠᠨ ᠪᠣᠯᠪᠠᠰᠤᠷᠠᠭᠤᠯᠤᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠲᠦᠷᠢᠮ ᠲᠣᠭᠲᠠᠭᠠᠯ ᠢ ᠴᠢᠩᠭ᠎ᠠ ᠰᠠᠬᠢᠵᠤ᠂ | ᠤᠬᠠᠮᠰᠠᠷ ᠠᠴᠠ ᠪᠠᠨ ᠪᠥᠬᠦ ᠲᠠᠯ᠎ᠠ ᠠᠴᠠ ᠪᠣᠳᠣᠯᠬᠢᠯᠠᠨ᠂ ᠶᠡᠭᠡ ᠲᠠᠯ᠎ᠠ ᠠᠴᠠ ᠬᠥᠳᠡᠯᠦᠯᠴᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ | ᠶᠢᠨ ᠤᠬᠠᠬᠤ ᠴᠢᠳᠠᠪᠤᠷᠢ ᠪᠠ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠥᠪ ᠤᠨ ᠰᠢᠶᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠳᠠᠲᠠᠶ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠨ᠎ᠠ ᠃ | ︵ᠬᠤᠶᠠᠷ︶ ᠬᠠᠤᠯᠢ ᠪᠠᠷ ᠵᠠᠰᠠᠬᠤ ᠶᠢ ᠰᠢᠨᠲᠠᠷᠠᠰᠢ ᠦᠭᠡᠢ ᠪᠠᠷᠢᠮᠲᠠᠯᠠᠨ᠎ᠠ ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠡᠷᠡᠰ ᠲᠤᠤᠱᠯᠠᠭᠤᠯᠤᠨ | ᠂ ᠬᠠᠤᠯᠢ ᠪᠠᠷ ᠵᠠᠰᠠᠬᠤ ᠶᠢ ᠡᠷᠬᠢᠮᠯᠡᠬᠦ᠂ ᠬᠠᠤᠯᠢ ᠴᠠᠭᠠᠵᠠ ᠶᠢ ᠳᠡᠭᠡᠳᠦᠯᠡᠬᠦ ᠶᠢ ᠪᠠᠷᠢᠮᠲᠠᠯᠠᠵᠤ᠂ ᠬᠠᠤᠯᠢ ᠶᠢ ᠬᠦᠨᠳᠦᠳᠬᠡᠨ ᠬᠠᠤᠯᠢ ᠶᠢ ᠰᠤᠷᠤᠯᠴᠠᠵᠤ ᠬᠠᠤᠯᠢ ᠶᠢ | ᠰᠠᠬᠢᠨ ᠬᠠᠤᠯᠢ ᠶᠢ ᠬᠡᠷᠡᠭᠯᠡᠬᠦ ᠶᠢ ᠳᠠᠶᠢᠴᠢᠯᠠᠨ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠠᠵᠢᠯ ᠤᠨ ᠪᠦᠬᠦ ᠶᠠᠪᠤᠴᠠ ᠳᠤ | ᠲᠤᠤᠱᠯᠠᠭᠤᠯᠤᠨ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠠᠤᠯᠢ ᠳᠤ | ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠬᠠᠤᠯᠢ ᠳᠤ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ ᠬᠢᠨᠠᠯᠲᠠ ᠶᠢ ᠬᠦᠯᠢᠶᠡᠵᠦ᠂ ᠡᠷᠬᠡ ᠲᠤᠰᠢᠶᠠᠯ ᠢᠶᠠᠨ | ᠬᠡᠷᠡᠭᠵᠢᠭᠦᠯᠦᠨ᠂ ᠠᠵᠢᠯ ᠶᠠᠪᠤᠳᠠᠯ ᠡᠷᠬᠢᠯᠡᠬᠦ ᠳᠡᠭᠡᠨ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ | ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ | ᠬᠠᠤᠯᠢ ᠳᠦᠷᠢᠮ ᠤᠨ ᠠᠵᠢᠯ ᠢ ᠴᠢᠩᠭᠠᠳᠬᠠᠨ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠢᠨᠠᠨ | ᠪᠣᠳᠣᠵᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠳᠦᠷᠢᠮ ᠶᠣᠰᠣᠭᠠᠷ ᠠᠵᠢᠯᠯᠠᠵᠤ᠂ ᠳᠦᠷᠢᠮ ᠢᠶᠠᠷ ᠬᠥᠮᠦᠨ ᠢ ᠬᠠᠮᠢᠶᠠᠷᠴᠤ᠂ ᠳᠦᠷᠢᠮ ᠢᠶᠠᠷ ᠡᠷᠬᠡ ᠶᠢ | ᠬᠠᠮᠢᠶᠠᠷᠤᠨ᠂ ᠡᠷᠬᠡ ᠪᠠᠨ ᠳᠦᠷᠢᠮ ᠲᠣᠭᠲᠠᠭᠠᠯ ᠤᠨ ᠬᠡᠪᠴᠢᠶᠡᠨ ᠳᠤ ᠢᠯᠡ ᠪᠠᠷ ᠬᠡᠷᠡᠭᠵᠢᠭᠦᠯᠦᠨ᠂ ᠵᠠᠰᠠᠭ ᠤᠨ ᠣᠷᠳᠣᠨ ᠤ ᠠᠵᠢᠯ ᠢ ᠰᠢᠨᠵᠢᠯᠡᠬᠦ ᠤᠬᠠᠭᠠᠨᠴᠢᠯᠠᠬᠤ᠂ | ᠠᠷᠠᠳᠴᠢᠯᠠᠬᠤ᠂ ᠬᠠᠤᠯᠢᠵᠢᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ ᠃ | ︵ᠭᠤᠷᠪᠠ︶ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠢᠮᠠᠭᠲᠠ ᠦᠨᠡᠨᠬᠦ ᠠᠳᠬᠤᠨ ᠪᠣᠳᠠᠲᠠᠢ ᠠᠵᠢᠯᠯᠠᠬᠤ | ᠶᠢ ᠴᠢᠩᠭ᠎ᠠ ᠪᠠᠷᠢᠮᠲᠠᠯᠠᠵᠤ᠂ ᠦᠷ᠎ᠡ ᠪᠥᠲᠦᠮᠵᠢ ᠭᠠᠷᠭᠠᠨ ᠲᠡᠷᠢᠭᠦᠨ ᠡᠩᠨᠡᠭᠡᠨ ᠳᠤ ᠶᠠᠪᠤᠬᠤ ᠶᠢ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠣᠨᠴᠠᠯᠢᠭ | ᠪᠣᠯᠭᠠᠨ᠎ᠠ᠃ ᠮᠠᠨ ᠤ ᠪᠠᠯᠭᠠᠰᠤᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠵᠢᠯ ᠤᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥᠯ | ᠵᠦᠢᠯᠡᠴᠢᠯᠡᠭᠰᠡᠨ ᠬᠠᠮᠢᠶᠠᠷᠤᠯᠲᠠ᠂ ᠲᠠᠩᠰᠠᠯᠠᠨ ᠭᠦᠢᠴᠡᠳᠬᠡᠬᠦ ᠪᠠ ᠲᠣᠭᠲᠠᠭᠰᠠᠨ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠯᠲᠠ ᠬᠢᠵᠦ᠂ ᠳᠠᠷᠤᠢ ᠲᠦᠷᠭᠡᠨ | ᠭᠦᠶᠴᠡᠳᠬᠡᠬᠦ ᠴᠢᠳᠠᠪᠤᠷᠢ᠂ ᠵᠣᠷᠢᠭᠲᠠᠶ ᠬᠢᠵᠦ ᠵᠣᠷᠢᠭᠲᠠᠶ ᠲᠤᠷᠰᠢᠨ ᠰᠢᠨ᠎ᠡ ᠶᠢ ᠡᠭᠦᠳᠬᠦ ᠴᠢᠳᠠᠪᠤᠷᠢ ᠶᠢ ᠪᠣᠶ ᠪᠣᠯᠭᠠᠵᠤ᠂ ᠵᠣᠷᠢᠭᠲᠠᠶ ᠪᠠᠷ ᠬᠠᠶᠢᠨ ᠰᠦᠪᠡᠭᠴᠢᠯᠡᠵᠦ | ᠬᠦᠴᠢᠷ ᠠᠰᠠᠭᠤᠳᠠᠯ ᠢ ᠰᠢᠶᠳᠪᠦᠷᠢᠯᠡᠨ᠂ ᠰᠢᠷᠭᠠᠭᠤ ᠠᠵᠢᠯᠯᠠᠵᠤ ᠵᠠᠰᠠᠭ ᠤᠨ ᠣᠷᠳᠣᠨ ᠤ ᠠᠵᠢᠯ ᠳᠤ ᠰᠢᠨ᠎ᠡ ᠠᠮᠵᠢᠯᠲᠠ ᠭᠠᠷᠭᠠᠨ᠎ᠠ᠃ ᠤᠯᠠᠨ ᠲᠦᠮᠡᠨ ᠳᠤ | ᠦᠢᠯᠡᠴᠢᠯᠡᠬᠦ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠤᠯᠠᠨ ᠤ ᠨᠡᠶᠢᠳᠡᠮ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ᠂ ᠠᠷᠠᠳ ᠤᠨ ᠰᠠᠨᠠᠯ ᠢ ᠨᠢᠭᠤᠷᠳᠠᠨ ᠰᠣᠨᠣᠰᠴᠤ᠂ ᠬᠦᠴᠢᠷ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠨ᠂ ᠠᠷᠠᠳ ᠲᠤ ᠠᠰᠢᠭ ᠬᠦᠷᠲᠡᠭᠡᠨ | ᠪᠣᠳᠠᠲᠠᠢ ᠦᠷ᠎ᠡ ᠪᠦᠲᠦᠮᠵᠢ ᠪᠠᠷ ᠤᠯᠠᠨ ᠲᠦᠮᠡᠨ ᠤ ᠬᠠᠯᠠᠮᠵᠢᠯᠠᠯ ᠳᠡᠮᠵᠢᠯᠭᠡ ᠶᠢ ᠣᠯᠤᠨ᠎ᠠ᠃ | ︵ᠲᠦᠷᠪᠡ︶ ᠬᠤᠷᠢᠭ᠎ᠠ ᠱᠤᠭᠤᠮ ᠢ ᠴᠢᠩᠭ᠎ᠠ ᠰᠠᠬᠢᠨ᠂ ᠰᠡᠷᠭᠡᠶᠢᠯᠡᠯᠲᠡ ᠶᠢ ᠴᠢᠩᠭᠠᠳᠬᠠᠨ᠎ᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ | ᠤᠨ ᠣᠷᠳᠣᠨ ᠤ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠲᠥᠪ ᠤᠨ ᠨᠠᠶᠮᠠᠨ ᠵᠣᠷᠪᠤᠰ ᠲᠣᠭᠲᠠᠭᠠᠯ ᠵᠢᠴᠢ ᠬᠠᠮᠢᠶ᠎ᠠ ᠪᠥᠬᠦᠢ ᠳᠦᠷᠢᠮ | ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠤᠨ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠴᠡᠭᠴᠡᠯᠡᠨ ᠵᠠᠰᠠᠨ᠎ᠠ᠃ ᠰᠢᠨ᠎ᠡ ᠨᠢᠭᠡ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠣᠯᠠᠨ ᠲᠦᠮᠡᠨ ᠵᠢᠴᠢ ᠵᠠᠭᠤᠴᠢᠯᠠᠭᠤᠷ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ | ᠳᠤᠷᠠᠳᠤᠭᠰᠠᠨ ᠰᠠᠨᠠᠯ ᠰᠠᠨᠠᠭᠤᠯᠭ᠎ᠠ ᠶᠢ ᠦᠨᠡᠨᠴᠢ ᠪᠠᠷ ᠭᠥᠯᠢᠶᠡᠨ ᠠᠪᠬᠤ ᠶᠢᠨ ᠬᠠᠮᠲᠤ ᠳᠠᠷᠤᠤ ᠬᠢᠴᠢᠶᠡᠩᠭᠦᠶ ᠪᠠᠷ ᠴᠡᠭᠴᠡᠯᠡᠨ ᠰᠠᠶᠢᠵᠢᠷᠠᠭᠤᠯᠤᠨ᠎ᠠ᠃ ᠡᠳ᠋ ᠤᠨ | ᠵᠠᠰᠠᠭ ᠤᠨ ᠲᠥᠰᠦᠪ ᠤᠨ ᠬᠡᠷᠡᠭᠵᠢᠭᠦᠯᠦᠯᠲᠡ ᠶᠢ ᠴᠢᠩᠭ᠎ᠠ ᠪᠣᠳᠠᠲᠠᠢ ᠠᠳᠬᠤᠵᠤ᠂ ᠵᠠᠰᠠᠭ ᠤᠨ ᠣᠷᠳᠣᠨ ᠤ ᠵᠠᠷᠤᠯᠭ᠎ᠠ ᠶᠢ ᠴᠢᠩᠭ᠎ᠠ ᠡᠵᠡᠮᠳᠡᠨ᠂ ᠠᠷᠠᠳ ᠲᠤ ᠠᠰᠢᠭ | ᠬᠦᠷᠲᠡᠭᠡᠬᠦ ᠵᠠᠮ ᠢ ᠦᠷᠭᠡᠳᠭᠡᠵᠤ᠂ ᠵᠠᠰᠠᠭ ᠤᠨ ᠣᠷᠳᠣᠨ ᠤ ︽ᠠᠷᠪᠢᠴᠢ ᠠᠮᠢᠳᠤᠷᠠᠯ︾ ᠢᠶᠠᠷ ᠠᠷᠠᠳ ᠣᠯᠠᠨ ᠳᠤ ︽ᠰᠠᠶᠢᠨ ᠠᠮᠢᠳᠤᠷᠠᠯ︾ ᠬᠦᠷᠲᠡᠭᠡᠬᠦ ᠪᠠᠷ | ᠴᠢᠷᠮᠠᠶᠢᠨ᠎ᠠ᠃ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ | ᠣᠯᠠᠨ ᠨᠡᠶᠢᠲᠡ ᠶᠢᠨ ᠪᠠᠯᠠ ᠮᠥᠩᠭᠦ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠠᠷᠢᠭᠤᠨ | ᠴᠢᠬᠡᠴᠢ ᠪᠠᠷ ᠠᠵᠢᠯ ᠬᠢᠵᠦ ᠦᠶᠯᠡᠰ ᠴᠣᠭᠴᠠᠯᠠᠬᠤ ᠣᠷᠴᠢᠨ ᠨᠥᠬᠦᠴᠡᠯ ᠢ ᠪᠣᠶ ᠪᠣᠯᠭᠠᠨ᠎ᠠ᠃ | ᠲᠥᠯᠥᠭᠡᠯᠡᠭᠴᠢᠳ ᠡ︕ ᠠᠤᠭ᠎ᠠ ᠲᠥᠰᠦᠪ ᠢ ᠵᠢᠷᠤᠭᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠤᠰᠤᠲᠠᠢ︔ ᠡᠭᠦᠷᠭᠡ ᠬᠠᠷᠢᠭᠤᠴᠠᠯᠭ᠎ᠠ ᠮᠥᠷᠥᠨ | ᠳᠡᠭᠡᠷ᠎ᠡ ᠪᠤᠢ᠂ ᠰᠢᠨᠲᠠᠷᠠᠰᠢ ᠦᠭᠡᠢ ᠪᠠᠷ ᠴᠢᠷᠮᠠᠶᠢᠨ ᠤᠷᠤᠭᠰᠢᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠪᠠᠯᠭᠠᠰᠣᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠡᠷᠡᠯᠬᠡᠭᠯᠡᠨ ᠤᠷᠤᠭᠰᠢᠯᠠᠵᠤ᠂ ᠨᠣᠮᠢᠨ ᠲᠠᠩᠰᠤᠭ ᠠᠮᠢᠵᠢᠷᠠᠯ ᠪᠢᠯᠬᠠᠭᠰᠠᠨ ᠵᠣᠯ ᠵᠢᠷᠭᠠᠯᠲᠤ | ᠬᠥᠬᠡᠮᠣᠳᠤ ᠪᠠᠯᠭᠠᠰᠤ ᠶᠢ ᠴᠢᠨᠠᠷ ᠰᠠᠶᠢᠲᠠᠢ ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠶ᠎ᠡ︕ | | | ᠨᠡᠷ᠎ᠡ ᠦᠭᠡᠰ ᠤᠨ ᠲᠠᠶᠢᠯᠪᠤᠷᠢ | ︽ᠳᠥᠷᠪᠡᠨ ᠡᠷᠦᠢ ᠬᠤᠷᠤᠢ ᠦᠭᠡᠢ ᠪᠠᠶᠢᠳᠠᠯ ᠢ ᠴᠡᠭᠴᠡᠯᠡᠬᠦ︾ ᠲᠣᠰᠬᠠᠢ ᠠᠵᠢᠯᠯᠠᠭ᠎ᠠ᠄ ᠡᠷᠦᠢ ᠬᠤᠷᠦᠢ ᠦᠭᠡᠢ ᠪᠠᠷ ᠭᠠᠵᠠᠷ ᠡᠵᠡᠯᠡᠬᠦ᠂ ᠡᠷᠦᠢ ᠬᠤᠷᠦᠢ ᠦᠭᠡᠢ ᠪᠠᠷ | ᠰᠢᠷᠦᠢ ᠬᠠᠶᠢᠷᠬᠠᠭ ᠮᠠᠯᠲᠠᠬᠤ᠂ ᠡᠷᠦᠢ ᠬᠤᠷᠤᠢ ᠦᠭᠡᠢ ᠪᠠᠷ ᠭᠤᠣᠯ ᠮᠦᠷᠡᠨ ᠨᠠᠭᠤᠷ ᠴᠦᠬᠦᠷᠦᠮ ᠳᠤ ᠬᠤᠭ ᠨᠣᠪᠰᠢ ᠬᠠᠶᠠᠵᠤ ᠪᠤᠯᠠᠬᠤ᠂ ᠡᠷᠦᠢ ᠬᠤᠷᠣᠢ ᠦᠭᠡᠢ ᠪᠠᠷ | ᠪᠠᠷᠢᠯᠭ᠎ᠠ ᠪᠠᠷᠢᠬᠤ ᠵᠡᠷᠭᠡ ᠶᠢ ᠵᠢᠭᠠᠵᠤ ᠪᠣᠢ᠃ | 3+6+N᠄ ︽3︾ ᠨᠢ ᠭᠤᠷᠪᠠᠨ ᠲᠥᠷᠥᠯ ᠤᠨ ᠲᠣᠭᠲᠠᠯᠴᠠᠭ᠎ᠠ ᠶᠢ ᠪᠠᠶᠢᠭᠤᠯᠬᠤ ᠶᠢ ᠵᠢᠭᠠᠵᠤ ᠪᠣᠢ᠂ ᠳᠠᠷᠤᠢ ᠬᠢᠨᠠᠨ ᠬᠠᠮᠢᠶᠠᠷᠬᠤ ᠲᠤᠭᠲᠠᠯᠴᠠᠭ᠎ᠠ᠂ ᠬᠢᠨᠠᠨ | ᠰᠢᠯᠭᠠᠬᠤ ᠲᠣᠭᠲᠠᠯᠴᠠᠭ᠎ᠠ ᠪᠠ ᠱᠠᠩᠨᠠᠨ ᠲᠣᠷᠭᠠᠬᠤ ᠲᠣᠭᠲᠠᠯᠴᠠᠭ᠎ᠠ︔ ︽6︾ ᠨᠢ ︽ᠵᠢᠷᠭᠤᠭᠠᠨ ᠨᠢᠭᠡ︾ ᠠᠷᠭ᠎ᠠ ᠬᠡᠮᠵᠢᠶ᠎ᠡ ᠶᠢ ᠵᠢᠭᠠᠵᠤ ᠪᠣᠢ᠂ ᠳᠠᠷᠤᠢ ᠨᠢᠭᠡ | ᠤᠳᠠᠭᠠᠨ ᠤ ᠠᠷᠠᠳ ᠤᠨ ᠠᠮᠢᠳᠣᠷᠠᠯ ᠤᠨ ᠴᠤᠭᠯᠠᠭ᠎ᠠ ᠶᠢ ᠵᠣᠬᠢᠶᠠᠨ ᠪᠠᠶᠢᠭᠤᠯᠵᠤ ᠣᠬᠠᠭᠤᠯᠣᠨ ᠳᠠᠶᠢᠴᠢᠯᠠᠬᠤ ᠶᠢ ᠰᠠᠶᠢᠲᠤᠷ ᠬᠢᠨ᠎ᠡ︔ ᠨᠢᠭᠡ ᠲᠣᠰᠬᠠᠢ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ ᠵᠢᠱᠢᠶ᠎ᠡ ᠦᠵᠡᠭᠦᠯᠦᠨ ᠳᠠᠶᠢᠴᠢᠯᠠᠬᠤ ᠪᠠᠨ ᠴᠢᠩᠭᠠᠳᠬᠠᠨ᠎ᠠ︔ ᠨᠢᠭᠡ ᠭᠠᠴᠠᠭ᠎ᠠ ᠳᠣᠰᠬᠤᠨ ᠤ ᠳᠥᠷᠢᠮ | ᠳᠣᠭᠲᠠᠭᠠᠯ ᠢ ᠲᠣᠭᠲᠠᠭᠠᠵᠤ ᠠᠷᠠᠳᠴᠢᠯᠠᠭᠰᠠᠨ ᠬᠠᠮᠢᠶᠠᠷᠣᠯᠲᠠ ᠪᠠᠨ ᠡᠷᠴᠢᠮᠵᠢᠭᠦᠯᠦᠨ᠎ᠡ︔ ᠨᠢᠭᠡ ᠢᠲᠡᠭᠡᠮᠵᠢ ᠶᠢᠨ ᠬᠢᠷᠢ ᠬᠡᠮ ᠢ ᠵᠢᠭᠰᠠᠭᠠᠭᠰᠠᠨ ᠨᠡᠷᠡᠰ ᠢ ᠨᠡᠶᠢᠲᠡᠯᠡᠨ | ᠬᠢᠨᠠᠨ ᠱᠠᠯᠠᠪᠳᠠᠬᠤ ᠬᠦᠴᠦᠯᠡᠴᠡ ᠪᠠᠨ ᠨᠡᠮᠡᠭᠳᠡᠭᠦᠯᠦᠨ᠎ᠡ︔ ᠨᠢᠭᠡ ᠲᠣᠣᠷᠵᠢᠭᠤᠯᠤᠨ ᠬᠠᠮᠢᠶᠠᠷᠬᠤ ᠠᠷᠭ᠎ᠠ ᠶᠢ ᠬᠡᠷᠡᠭᠵᠢᠭᠦᠯᠵᠦ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠶᠢᠯᠠᠨ᠎ᠠ︔ ᠨᠢᠭᠡ ᠺᠤᠮᠫᠠᠨᠢ ᠶᠢ ᠣᠷᠣᠭᠤᠯᠣᠨ ᠠᠪᠴᠢᠷᠠᠵᠤ ᠬᠠᠮᠢᠶᠠᠷᠤᠯᠲᠠ ᠶᠢᠨ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ ︽N︾ | ᠭᠡᠳᠡᠭ ᠨᠢ ᠳᠠᠷᠤᠶ ︽ᠨᠢᠭᠡ ᠬᠤᠪᠢ ᠬᠡᠷᠡᠭᠵᠢᠭᠦᠯᠬᠦ ᠲᠥᠰᠦᠯ᠂ ᠨᠢᠭᠡ ᠢᠵᠢ ᠬᠠᠮᠢᠶᠠᠷᠤᠯᠲᠠ ᠶᠢᠨ ᠲᠣᠭᠲᠠᠴᠠ᠂ ᠨᠢᠭᠡ ᠬᠠᠤᠯᠢ ᠬᠡᠷᠡᠭᠵᠢᠭᠦᠯᠬᠦ ᠡᠩᠨᠡᠭᠡ᠂ ᠨᠢᠭᠡ | ᠬᠠᠭᠤᠳᠠᠰᠤ ᠬᠠᠷᠢᠭᠤᠴᠠᠯᠭ᠎ᠠ ᠶᠢᠨ ᠲᠣᠭᠤᠷᠢᠭ ᠤᠨ ᠵᠢᠷᠤᠭ᠂ ᠨᠢᠭᠡ ᠳᠡᠪᠲᠡᠷ ᠲᠣᠳᠣᠷᠬᠠᠶ ᠲᠠᠩᠰᠠ᠂ ᠨᠢᠭᠡ ᠢᠵᠢ ᠬᠢᠨᠠᠯᠲᠠ ᠲᠠᠯᠪᠢᠬᠤ ᠵᠠᠷᠯᠠᠯ ᠤᠨ ᠫᠠᠶᠢᠰᠠ᠂ ᠨᠢᠭᠡ | ᠪᠥᠯᠦᠭ ᠱᠠᠩᠨᠠᠵᠤ ᠲᠣᠷᠭᠠᠬᠤ ᠲᠦᠷᠢᠮ︾ ᠪᠣᠯᠤᠨ᠎ᠠ᠃ | ︽ᠭᠤᠷᠪᠠᠨ ᠪᠢᠴᠢᠭ ᠬᠤᠶᠠᠷ ᠬᠠᠭᠤᠳᠠᠰᠤ︾᠄ ᠰᠠᠨᠠᠭᠠᠴᠢᠯᠠᠭ᠎ᠠ ᠶᠢᠨ ᠪᠢᠴᠢᠭ᠂ ︽ᠭᠡᠷ ᠪᠥᠯᠢ ᠶᠢᠨ ᠭᠤᠷᠪᠠᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ | ᠪᠢᠴᠢᠭ᠂ ᠴᠡᠭᠴᠡᠯᠡᠨ ᠵᠠᠰᠠᠬᠤ ᠠᠮᠠᠯᠠᠯᠲᠠ ᠶᠢᠨ ᠪᠢᠴᠢᠭ᠂ ᠮᠡᠳᠡᠭᠳᠡᠬᠦ ᠬᠠᠭᠤᠳᠠᠰᠤ᠂ ᠱᠠᠯᠠᠪᠳᠠᠭᠤᠯᠤᠨ ᠭᠦᠶᠴᠡᠳᠬᠡᠬᠦ ᠬᠠᠭᠤᠳᠠᠰᠤ ᠶᠢ ᠵᠢᠭᠠᠵᠤ ᠪᠠᠶᠢᠨ᠎ᠠ᠃ | ᠪᠠᠯᠭᠠᠰᠤ᠄ ᠲᠠᠷᠢᠶᠠᠯᠠᠩ ᠤᠨ ᠪᠤᠰᠤ ᠬᠥᠮᠦᠨ ᠠᠮᠠ ᠪᠠᠷ ᠭᠤᠣᠯ ᠪᠣᠯᠭᠠᠭᠰᠠᠨ ᠬᠤᠲᠠ ᠠᠴᠠ ᠪᠠᠭ᠎ᠠ ᠬᠡᠪᠴᠢᠶᠡᠨ ᠤ ᠣᠷᠣᠨ ᠰᠠᠭᠤᠴᠠ ᠶᠢᠨ ᠲᠣᠭᠤᠷᠢᠭ ᠃ | ︽ᠡᠷᠭᠡ ᠶᠢ ᠲᠤᠷᠤᠭᠰᠢ ᠪᠠᠭᠤᠯᠭᠠᠵᠤ᠂ ᠬᠠᠮᠢᠶᠠᠷᠣᠯᠲᠠ ᠪᠠᠨ ᠰᠢᠨᠡᠳᠭᠡᠨ᠂ ᠦᠢᠯᠡᠴᠢᠯᠡᠭᠡ ᠪᠠᠨ ᠰᠢᠯᠢᠳᠡᠭᠵᠢᠭᠦᠯᠬᠦ︾᠄ ︽ᠡᠷᠭᠡ ᠶᠢ ᠲᠤᠷᠤᠭᠰᠢ ᠪᠠᠭᠤᠯᠭᠠᠬᠤ︾ | ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠡᠯ᠎ᠡ ᠠᠵᠢᠯ ᠲᠥᠷᠥᠯ ᠳᠠᠬᠢ ᠵᠠᠰᠠᠭ ᠵᠠᠬᠢᠷᠭᠠᠨ ᠤ ᠵᠥᠪᠰᠢᠶᠡᠷᠡᠵᠦ ᠭᠦᠢᠴᠡᠳᠭᠡᠬᠦ | ᠪᠠᠷᠢᠮᠵᠢᠶ᠎ᠠ ᠶᠢ ᠴᠣᠮᠬᠠᠳᠬᠠᠬᠤ ᠶᠢ ᠵᠢᠭᠠᠵᠤ ᠪᠣᠢ︔ ︽ᠬᠠᠮᠢᠶᠠᠷᠣᠯᠲᠠ ᠪᠠᠨ ᠰᠢᠨᠡᠳᠭᠡᠬᠦ︾ ᠭᠡᠳᠡᠭ ᠨᠢ ᠳᠠᠷᠤᠢ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ | ᠡᠭᠦᠳᠴᠦ᠂ ᠡᠷᠬᠡ ᠳᠡᠭᠰᠢ ᠥᠷᠢᠰᠥᠯᠳᠦᠭᠡᠨ ᠢ ᠠᠬᠢᠭᠤᠯᠬᠤ ᠶᠠᠪᠤᠳᠠᠯ ᠪᠣᠯᠤᠨ᠎ᠠ︔ ︽ᠦᠢᠯᠡᠴᠢᠯᠡᠭᠡ ᠪᠠᠨ ᠰᠢᠯᠢᠳᠡᠭᠵᠢᠭᠦᠯᠬᠦ︾ ᠭᠡᠳᠡᠭ ᠨᠢ ᠳᠠᠷᠤᠶ ᠥᠨᠳᠥᠷ | ᠪᠦᠲᠦᠮᠵᠢᠲᠡᠶ ᠦᠢᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ ᠨᠥᠬᠦᠴᠡᠯ ᠢ ᠪᠦᠷᠢᠯᠳᠦᠭᠦᠯᠬᠦ ᠶᠢ ᠵᠢᠭᠠᠵᠤ ᠪᠣᠢ᠃ | ᠵᠢᠷᠭᠤᠭᠠᠨ ᠠᠯᠪᠠᠨ ᠬᠡᠷ ᠬᠤᠶᠠᠷ ᠲᠥᠪ ᠨᠢᠭᠡ ᠲᠣᠪᠴᠢᠶ᠎ᠠ᠄ ᠲᠤᠬᠠᠶᠢᠯᠠᠪᠠᠯ ᠵᠠᠰᠠᠭ ᠤᠨ ᠣᠷᠳᠣᠨ ᠤ ᠳᠣᠲᠣᠭᠠᠳᠤ ᠳᠠᠭᠠᠨ ᠲᠣᠬᠢᠷᠠᠭᠤᠯᠤᠭᠰᠠᠨ ᠵᠢᠷᠭᠤᠭᠠᠨ ᠠᠯᠪᠠᠨ | ᠬᠡᠷ᠄ ᠲᠤᠬᠠᠶᠢᠯᠠᠪᠠᠯ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠯᠪᠠᠨ ᠬᠡᠷ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ᠂ ᠠᠮᠤᠷ ᠲᠥᠪᠰᠢᠨ ᠤ ᠪᠠᠶᠢᠭᠤᠯᠤᠯᠲᠠ ᠶᠢᠨ | ᠠᠯᠪᠠᠨ ᠬᠡᠷ᠂ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ ᠪᠣᠯᠤᠨ᠎ᠠ᠃ ᠬᠤᠶᠠᠷ ᠲᠥᠪ ᠨᠢᠭᠡ ᠲᠣᠪᠴᠢᠶ᠎ᠠ᠄ ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ᠂ | ᠶᠡᠷᠦᠩᠬᠡᠶᠢᠯᠡᠭᠰᠡᠨ ᠪᠠᠲᠤᠯᠠᠭ᠎ᠠ ᠬᠠᠩᠭᠠᠬᠤ ᠪᠠ ᠮᠡᠷᠭᠡᠵᠢᠯ ᠳᠡᠯᠭᠡᠷᠡᠭᠦᠯᠬᠦ ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠃ | ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾᠄ ︽ᠬᠤᠶᠠᠷ ᠲᠤ ᠵᠣᠪᠠᠭ᠋ᠤ ᠦᠭᠡᠢ︾ ᠭᠡᠳᠡᠭ ᠨᠢ ᠢᠳᠡᠵᠦ ᠡᠮᠦᠰᠬᠦ ᠳᠡᠭᠡᠨ ᠵᠣᠪᠠᠭ᠋ᠤ ᠦᠭᠡᠢ︔ ︽ | ᠭᠤᠷᠪᠠ ᠶᠢ ᠪᠠᠲᠤᠯᠠᠬᠤ︾ ᠭᠡᠳᠡᠭ ᠨᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠢ | ᠪᠠᠲᠤᠯᠠᠬᠤ ᠶᠢ ᠵᠢᠭᠠᠵᠤ ᠪᠠᠶᠢᠨ᠎ᠠ᠃ | ᠬᠤᠶᠠᠷ ᠥᠮᠡᠨ᠄ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠶ ᠶᠢᠨ ᠥᠮᠡᠨ ᠢ ᠵᠢᠭᠠᠵᠤ ᠪᠠᠶᠢᠨ᠎ᠠ᠃ | ︽ᠣᠯᠠᠨ ᠲᠥᠮᠡᠨᠴᠢ ᠴᠢᠨᠠᠷᠲᠠᠢ ᠠᠮᠣᠷ ᠲᠥᠪᠰᠢᠨ ᠢ ᠬᠠᠮᠠᠭᠠᠯᠠᠨ ᠡᠵᠡᠮᠰᠢᠬᠦ ᠢᠨᠵᠧᠨᠧᠷᠢᠩ︾᠄ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ | ᠶᠡᠷᠦᠩᠬᠡᠶᠢᠯᠡᠨ ᠵᠠᠰᠠᠬᠤ ᠲᠥᠪ ᠢᠶᠠᠷ ᠵᠢᠯᠣᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ ᠵᠠᠩᠭᠢᠵᠢᠯᠲᠠ ᠪᠠᠷ ᠲᠤᠯᠭᠠᠭᠤᠷᠢ ᠪᠣᠯᠭᠠᠨ᠂ | ᠲᠣᠤᠷᠵᠢᠭᠤᠯᠤᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠳᠦᠷᠰᠦ ᠬᠢᠨᠠᠭᠤᠷ ᠢᠶᠠᠷ ᠰᠦᠯᠵᠢᠶᠡᠨ ᠳᠡᠭᠡᠷ᠎ᠡ ᠬᠢᠨᠠᠬᠤ | ᠬᠡᠷᠡᠭᠯᠡᠯᠲᠡ ᠪᠠᠷ ᠭᠤᠣᠯᠳᠠᠭ᠎ᠠ ᠪᠠᠨ ᠪᠣᠯᠭᠠᠭᠰᠠᠨ ︽ᠣᠯᠠᠨ ᠲᠦᠮᠡᠨᠴᠢ ᠴᠢᠨᠠᠷᠲᠠᠶ ᠠᠮᠤᠷ ᠲᠥᠪᠰᠢᠨ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠢᠨᠵᠧᠨᠧᠷᠢᠩ︾᠃ | ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠄ ᠠᠷᠠᠳ ᠢᠷᠭᠡᠳ ᠤᠨ ᠳᠤᠮᠳᠠ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ ᠥᠷᠨᠢᠭᠦᠯᠬᠦ ᠲᠤᠬᠠᠢ ᠲᠥᠪ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠳᠣᠯᠣᠳᠤᠭᠠᠷ ᠲᠠᠪᠤᠨ ᠵᠢᠯ ᠤᠨ | ᠲᠥᠯᠥᠪᠵᠢᠭᠦᠯᠭᠡ ︵2016 — 2020 ᠣᠨ︶ ᠶᠢ ᠵᠢᠭᠠᠵᠤ ᠪᠠᠶᠢᠨ᠎ᠠ ᠃ | ︽ᠨᠠᠢᠮᠠᠨ ᠭᠠᠵᠠᠷ ᠲᠤ ᠨᠡᠶᠢᠲᠡᠮ ᠲᠥᠭᠡᠮᠡᠯᠵᠢᠭᠦᠯᠬᠦ︾ ᠠᠵᠢᠯᠯᠠᠭ᠎ᠠ᠄ ᠳᠠᠷᠤᠢ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠪᠠᠶᠢᠭᠤᠯᠭ᠎ᠠ᠂ ᠠᠵᠤ | ᠠᠬᠤᠶᠢᠯᠠᠯ᠂ ᠰᠦᠮ᠎ᠡ ᠬᠡᠶᠢᠳ᠂ ᠪᠢᠩᠲ᠋ᠤᠸᠠᠨ᠂ ᠵᠠᠬ᠎ᠠ ᠳᠡᠯᠭᠡᠭᠦᠷ ᠲᠤ ᠲᠥᠭᠡᠮᠡᠯᠵᠢᠭᠦᠯᠬᠦ ᠶᠢ ᠵᠢᠭᠠᠵᠤ ᠪᠠᠶᠢᠨ᠎ᠠ᠃ | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ | ᠮᠥᠩᠭᠦ ᠪᠣᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠨ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠵᠢᠭᠠᠵᠤ ᠪᠠᠶᠢᠨ᠎ᠠ᠃ | ᠳᠥᠷᠪᠡᠨ ᠲᠠᠯ᠎ᠠ ᠶᠢᠨ ᠬᠠᠷᠢᠭᠤᠴᠠᠯᠭ᠎ᠠ᠄ ᠬᠢᠵᠢᠭ ᠤᠨ ᠬᠤᠭᠤᠴᠠᠭᠠᠨ ᠳᠤ᠂ ᠪᠥᠬᠦ ᠪᠠᠯᠭᠠᠰᠤ ᠶᠢ ᠳᠠᠶᠢᠴᠢᠯᠠᠨ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠪᠠᠶᠢᠭᠤᠯᠭ᠎ᠠ | ᠨᠢᠭᠡᠴᠢ᠂ ᠬᠤᠪᠢ ᠬᠥᠮᠦᠨ ᠤ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ | ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠬᠤ ᠶᠢ ᠵᠢᠭᠠᠵᠤ ᠪᠠᠶᠢᠨ᠎ᠠ᠃ | ᠹᠸᠡᠭ ᠴᠢᠶᠣᠤ ᠶᠢᠨ ᠲᠤᠷᠰᠢᠯᠭ᠎ᠠ᠄ ᠹᠸᠡᠭ ᠴᠢᠶᠣᠤ ᠶᠢᠨ ᠲᠤᠷᠰᠢᠯᠭ᠎ᠠ ᠪᠣᠯ 20 ᠳ᠋ᠤᠭᠠᠷ ᠵᠠᠭᠤᠨ ᠤ ᠵᠢᠷᠠᠭᠠᠳ ᠣᠨ ᠤ ᠡᠬᠢ ᠪᠠᠷ ᠵᠧᠵᠢᠶᠠᠩ ᠮᠤᠵᠢ ᠶᠢᠨ ᠵᠤᠵᠢ | ᠬᠤᠳᠠ ᠶᠢᠨ ᠹᠸᠡᠭ ᠴᠢᠶᠣᠤ ᠪᠠᠯᠭᠠᠰᠤᠨ ᠤ ᠺᠠᠳ᠋ᠷ ᠤᠯᠠᠨ ᠲᠦᠮᠡᠨ ᠤ ᠡᠭᠦᠳᠦᠨ ᠪᠦᠲᠦᠭᠡᠭᠰᠡᠨ ︽ᠤᠯᠠᠨ ᠲᠦᠮᠡᠨ ᠢ ᠲᠠᠶᠢᠴᠢᠯᠠᠨ ᠲᠦᠰᠢᠭᠯᠡᠵᠦ᠂ ᠵᠥᠷᠢᠴᠡᠯ | ᠵᠢᠭᠤᠷᠠᠯᠳᠤᠭᠠᠨ ᠢ ᠳᠡᠭᠡᠭᠰᠢ ᠲᠤᠰᠢᠶᠠᠬᠤ ᠦᠭᠡᠢ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠨ ᠬᠦᠢᠴᠡᠳᠭᠡᠵᠤ᠂ ᠨᠡᠶᠢᠬᠡᠮ ᠤᠨ ᠠᠮᠤᠷ ᠲᠥᠪᠰᠢᠨ ᠢ ᠪᠠᠲᠤᠯᠬᠠᠤ︾ | ᠬᠠᠮᠢᠶᠠᠷᠤᠯᠲᠠ ᠶᠢᠨ ᠠᠷᠭ᠎ᠠ ᠪᠣᠯᠤᠨ᠎ᠠ ᠃ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ᠄ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ | ᠢ ᠥᠷᠨᠢᠭᠦᠯᠬᠦ ᠲᠤᠬᠠᠢ ᠲᠥᠪ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ( | 2021 — 2025 ᠣᠨ ) ᠶᠢ ᠵᠢᠭᠠᠵᠤ ᠪᠠᠶᠢᠨ᠎ᠠ ᠃ | ︽ᠵᠢᠷᠭᠤᠭᠠᠨ ᠨᠢᠭᠡ ︾ ᠶᠢᠨ ᠲᠣᠭᠲᠠᠴᠠ᠄ ᠨᠠᠮ ᠤᠨ ᠭᠡᠰᠢᠭᠦᠨ ᠭᠠᠷᠠᠭ ᠪᠦᠷᠢ ᠠᠳᠠᠭ ᠲᠠᠭᠠᠨ ᠨᠢᠭᠡ ᠤᠳᠠᠭ᠎ᠠ ᠣᠯᠠᠨ ᠲᠦᠮᠡᠨ ᠲᠠᠢ ᠬᠠᠷᠢᠯᠴᠠᠵᠤ᠂ ᠰᠠᠷ᠎ᠠ ᠪᠦᠷᠢ | ᠠᠳᠠᠭ ᠲᠠᠭᠠᠨ ᠨᠢᠭᠡ ᠤᠳᠠᠭ᠎ᠠ ᠠᠭᠤᠯᠵᠠᠨ᠎ᠠ︔ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠨᠠᠭᠠᠳᠤ ᠵᠠᠬ᠎ᠠ ᠳᠠᠭᠠᠨ ᠬᠠᠭᠠᠰ | ᠰᠠᠷ᠎ᠠ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ︵ᠠᠵᠢᠯᠯᠠᠬᠤ︶ ᠬᠤᠷᠢᠶ᠎ᠠ ᠨᠠᠭᠠᠳᠤ ᠵᠠᠬ᠎ᠠ ᠳᠠᠭᠠᠨ ᠰᠠᠷ᠎ᠠ ᠪᠦᠷᠢ᠂ ᠬᠤᠰᠢᠭᠤ ᠲᠣᠭᠤᠷᠢᠭ ᠤᠨ | ᠨᠠᠮ ᠤᠨ ᠬᠤᠷᠢᠶ᠎ᠠ ᠨᠠᠭᠠᠳᠤ ᠵᠠᠬ᠎ᠠ ᠳᠠᠭᠠᠨ ᠤᠯᠠᠷᠢᠯ ᠪᠦᠷᠢ ᠨᠢᠭᠡ ᠤᠳᠠᠭ᠎ᠠ ᠣᠯᠠᠨ ᠲᠦᠮᠡᠨ ᠤ ᠬᠦᠴᠢᠷᠳᠡᠯ ᠢ ᠲᠤᠰᠬᠠᠶ ᠰᠤᠳᠤᠯᠤᠨ ᠰᠢᠶᠳᠪᠦᠷᠢᠯᠡᠵᠦ᠂ ᠭᠠᠴᠠᠭ᠎ᠠ | ᠲᠣᠰᠬᠤᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠵᠢᠯ ᠪᠦᠷᠢ ᠨᠠᠮ ᠤᠨ ᠭᠡᠰᠢᠭᠦᠨ ᠤ ᠣᠯᠠᠨ ᠲᠦᠮᠡᠨ ᠲᠠᠢ ᠬᠠᠷᠢᠯᠴᠠᠵᠤ ᠦᠶᠯᠡᠴᠢᠯᠡᠭᠰᠡᠨ | ᠪᠠᠶᠢᠳᠠᠯ ᠢ ᠨᠢᠭᠡ ᠤᠳᠠᠭ᠎ᠠ ᠦᠨᠡᠯᠡᠨ ᠶᠠᠷᠢᠯᠴᠠᠵᠤ ᠬᠢᠨᠠᠨ ᠰᠢᠯᠭᠠᠨ᠎ᠠ᠃ | ︽ᠭᠤᠷᠪᠠᠨ ᠥᠬᠡᠶ︾ ᠪᠠᠯᠭᠠᠰᠤ ᠪᠠ ᠭᠠᠴᠠᠭ᠎ᠠ ᠲᠣᠰᠬᠤᠨ᠄ ᠱᠠᠲᠤ ᠠᠯᠤᠰᠯᠠᠨ ᠪᠡᠭᠡᠵᠢᠩ ᠳᠤ ᠣᠷᠣᠵᠤ ᠰᠤᠷᠪᠤᠯᠵᠢᠯᠠᠯ ᠬᠢᠬᠦ ᠥᠬᠡᠶ᠂ ᠶᠡᠭᠡ ᠬᠡᠪᠴᠢᠶ᠎ᠡ ᠪᠠᠷ | ᠬᠠᠮᠲᠤ ᠪᠠᠷ ᠳᠡᠭᠡᠭᠰᠢ ᠰᠣᠷᠪᠤᠯᠵᠢᠯᠠᠯ ᠬᠢᠬᠦ ᠥᠬᠡᠶ᠂ ᠵᠠᠬᠢᠳᠠᠯ ᠰᠤᠷᠪᠣᠯᠵᠢᠯᠠᠯ ᠠᠴᠠ ᠪᠣᠯᠤᠭᠰᠠᠨ ᠲᠣᠮᠤ ᠬᠡᠷᠡᠭ ᠤᠴᠢᠷ ᠪᠠ ᠶᠠᠷᠢᠶ᠎ᠠ ᠬᠡᠯᠡᠯᠴᠡᠭᠡᠨ ᠤ ᠨᠠᠵᠠᠭᠠᠶ | ᠤᠬᠠᠭᠤᠯᠭ᠎ᠠ ᠦᠭᠡᠢ ᠰᠤᠮᠤ ᠪᠠᠯᠭᠠᠰᠤ ᠭᠠᠴᠠᠭ᠎ᠠ ᠳᠣᠰᠬᠤᠨ ᠢ ᠵᠢᠭᠠᠵᠤ ᠪᠤᠢ᠃ | ︽ᠳᠥᠷᠪᠡᠨ ᠤᠬᠠᠮᠰᠠᠷ︾᠄ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ ᠢ ᠵᠢᠭᠠᠵᠤ | ᠪᠤᠢ᠃ | ︽ᠳᠥᠷᠪᠡᠨ ᠢᠲᠡᠭᠡᠯ︾᠄ ᠶᠣᠰᠣ ᠰᠤᠷᠲᠠᠬᠤᠨ ᠤ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠵᠢᠭᠠᠵᠤ ᠪᠤᠢ᠃ | ︽ᠬᠤᠶᠠᠷ ᠢ ᠬᠠᠮᠠᠭᠠᠯᠠᠬᠤ︾᠄ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠪᠠ ᠪᠦᠬᠦ ᠨᠠᠮ ᠳᠠᠬᠢ ᠭᠤᠣᠯᠯᠠᠭᠴᠢ ᠪᠠᠶᠢᠷᠢ ᠰᠠᠭᠤᠷᠢ ᠶᠢ ᠡᠷᠡᠰ | ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | ᠳᠥᠷᠪᠡᠨ ᠰᠤᠷᠲᠠᠯ᠄ ᠬᠡᠯᠪᠡᠷᠢᠴᠢ ᠦᠵᠡᠯ᠂ ᠨᠣᠶᠠᠨᠴᠢ ᠦᠵᠡᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠦᠵᠡᠯ ᠢ ᠵᠢᠭᠠᠵᠤ ᠪᠠᠶᠢᠨ᠎ᠠ᠃ | |