ᠲᠤᠮᠳᠠᠳᠤ ᠤᠯᠤᠰ ᠤᠨ  ᠡᠪ ᠬᠠᠮᠲᠤ ᠨᠠᠮ ᠤᠨ  ᠬᠠᠩᠭᠢᠨ ᠬᠤᠰᠢᠭᠤᠨ ᠤ ᠠᠷᠪᠠᠨ ᠲᠦᠷᠪᠡᠳᠥᠭᠡᠷ ᠤᠳᠠᠭᠠᠨ ᠤ ᠲᠦᠯᠥᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠦᠪᠯᠠᠯ ᠤᠨ ᠲᠦᠯᠥᠭᠡᠯᠡᠭᠴᠢᠳ ᠤᠨ ᠬᠢᠷᠢ ᠬᠡᠮ ᠢ ᠪᠠᠶᠢᠴᠠᠭᠠᠭᠰᠠᠨ ᠲᠤᠬᠠᠢ ᠮᠡᠳᠡᠭᠦᠯᠥᠯᠲᠠ ︵ᠲᠦᠰᠥᠯ︶
ᠨᠡᠶᠢᠲᠡᠯᠡᠭᠰᠡᠨ ᠴᠠᠭ᠄
2021/12/14
       ᠲᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠭᠢᠨ ᠬᠤᠰᠢᠭᠤᠨ ᠤ ᠠᠷᠪᠠᠨ ᠲᠦᠷᠪᠡᠳᠥᠭᠡᠷ ᠤᠳᠠᠭᠠᠨ ᠤ ᠲᠦᠯᠥᠭᠡᠯᠡᠭᠴᠢᠳ ᠤᠨ ᠶᠡᠭᠡ ᠬᠤᠷᠠᠯ ᠠᠴᠠ ᠲᠦᠯᠥᠭᠡᠯᠡᠭᠴᠢ ᠶᠢᠨ ᠬᠢᠷᠢ ᠭᠡᠮ ᠢ ᠠᠩᠬ᠎ᠠ ᠠᠯᠬᠤᠮ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠥᠯᠲᠠ ᠶᠢ ᠰᠤᠨᠤᠰᠴᠤ᠂ ᠶᠡᠭᠡ ᠬᠤᠷᠠᠯ ᠳᠤ ᠤᠷᠤᠯᠴᠠᠬᠤ ᠲᠦᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠪᠠ᠃ ᠣᠳᠤ ᠬᠢᠨᠠᠨ ᠪᠠᠶᠢᠴᠠᠭᠠᠭᠰᠠᠨ ᠦᠷ᠎ᠠ ᠳ᠋ᠦᠩ ᠢ ᠶᠡᠭᠡ ᠬᠤᠷᠠᠯ ᠳᠤ ᠮᠡᠳᠡᠭᠦᠯᠥᠯᠲᠠ ᠬᠢᠶ᠎ᠠ︕       2021 ᠤᠨ ᠤ 4 ᠰᠠᠷ᠎ᠠ ᠶᠢᠨ 19 ᠤ ᠡᠳᠥᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 19 ᠳ᠋ᠦ᠋ᠭᠡᠷ ᠪᠦᠭᠦᠳᠡ ᠬᠤᠷᠠᠯᠳᠤᠭᠠᠨ ᠤ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠭᠢᠨ ᠬᠤᠰᠢᠭᠤᠨ ᠤ ᠠᠷᠪᠠᠨ ᠲᠦᠷᠪᠡᠳᠥᠭᠡᠷ ᠤᠳᠠᠭᠠᠨ ᠤ ᠲᠦᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠲᠤᠬᠠᠢ ᠰᠢᠢᠳᠪᠦᠷᠢ︾ ᠪᠠ 2021 ᠤᠨ ᠤ 5 ᠰᠠᠷ᠎ᠠ ᠶᠢᠨ 19 ᠤ ᠡᠳᠥᠷ ᠤᠨ ᠳᠤᠮᠳᠠᠳᠤ ᠤᠯᠤᠰ ᠤᠨ ᠬᠠᠩᠭᠢᠨ ᠬᠤᠰᠢᠭᠤᠨ ᠤ ᠬᠤᠷᠢᠶᠠᠨ ᠤ ᠠᠯᠪᠠᠨ ᠭᠡᠷ ᠤᠨ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠭᠢᠨ ᠬᠤᠰᠢᠭᠤᠨ ᠤ ᠠᠷᠪᠠᠨ ᠲᠦᠷᠪᠡᠳᠥᠭᠡᠷ ᠤᠳᠠᠭᠠᠨ ᠤ ᠲᠦᠯᠥᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ ᠶᠢ ᠰᠤᠩᠭᠤᠬᠤ ᠠᠵᠢᠯ ᠤᠨ ᠲᠤᠬᠠᠢ ᠮᠡᠳᠡᠭᠳᠡᠯ︾ ᠢ ᠦᠨᠳᠤᠰᠥᠯᠡᠵᠤ᠂ ᠪᠦᠬᠦ ᠬᠤᠰᠢᠭᠤᠨ ᠤ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ᠂ ᠠᠷᠠᠳ ᠤᠨ ᠵᠡᠪᠰᠡᠭᠲᠦ ᠬᠥᠴᠤᠨ ᠤ ᠬᠡᠯᠲᠡᠰ᠂ ᠵᠡᠪᠰᠡᠭ ᠴᠠᠭᠳᠠᠭ᠎ᠠ ᠶᠢᠨ ᠳᠤᠮᠳᠠ ᠠᠩᠭᠢ ᠶᠢ ᠶᠢᠰᠥᠨ ᠰᠤᠩᠭᠤᠭᠤᠯᠢ ᠶᠢᠨ ᠨᠢᠭᠡᠴᠡ ᠪᠣᠯᠭᠠᠨ ᠬᠤᠪᠢᠶᠠᠷᠢᠯᠠᠪᠠ᠃ ᠡᠳᠡᠭᠡᠷ ᠰᠤᠩᠭᠤᠭᠤᠯᠢ ᠶᠢᠨ ᠨᠢᠭᠡᠴᠡ ᠠᠴᠠ ᠨᠠᠮ ᠤᠨ ᠲᠦᠯᠥᠭᠡᠯᠡᠭᠴᠢᠳ ᠤᠨ ᠶᠡᠭᠡ ᠬᠤᠷᠠᠯ᠂ ᠨᠠᠮ ᠤᠨ ᠲᠦᠯᠥᠭᠡᠯᠡᠭᠴᠢᠳ ᠤᠨ ᠬᠤᠷᠠᠯ ᠪᠤᠶᠤ ᠨᠠᠮ ᠤᠨ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠵᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠭᠢᠨ ᠬᠤᠰᠢᠭᠤᠨ ᠤ ᠠᠷᠪᠠᠨ ᠲᠦᠷᠪᠡᠳᠥᠭᠡᠷ ᠤᠳᠠᠭᠠᠨ ᠤ ᠲᠦᠯᠥᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠲᠦᠯᠥᠭᠡᠯᠡᠭᠴᠢ ᠶᠢ ᠰᠤᠩᠭᠤᠵᠤ ᠭᠠᠷᠭᠠᠨ᠎ᠠ᠃ ᠲᠦᠯᠥᠭᠡᠯᠡᠭᠴᠢ ᠶᠢ ᠰᠣᠩᠭᠤᠬᠤ ᠠᠵᠢᠯ ᠢ 2021 ᠣᠨ ᠤ 7 ᠰᠠᠷ᠎ᠠ ᠶᠢᠨ 24 ᠤ ᠡᠳᠥᠷ ᠠᠴᠠ ᠡᠮᠦᠨ᠎ᠡ ᠬᠢᠵᠤ ᠳᠠᠭᠤᠰᠬᠠᠪᠠ᠃ 2020 ᠤᠨ ᠤ ᠡᠴᠤᠰ  ᠪᠣᠯᠲᠠᠯ᠎ᠠ᠂ ᠪᠦᠬᠦ ᠬᠤᠰᠢᠭᠤᠨ ᠤ ᠨᠠᠮ ᠤᠨ ᠭᠡᠰᠢᠭᠦᠨ 7230 ᠬᠥᠮᠥᠨ᠂ ᠡᠭᠦᠨ ᠳᠤ ᠪᠡᠯᠡᠳᠭᠡᠯ ᠨᠠᠮ ᠤᠨ ᠭᠡᠰᠢᠭᠦᠨ 145 ᠬᠥᠮᠥᠨ᠃ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 19 ᠳ᠋ᠦ᠋ᠭᠡᠷ ᠪᠦᠭᠦᠳᠡ ᠬᠤᠷᠠᠯᠳᠤᠭᠠᠨ ᠠᠴᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠭᠢᠨ ᠬᠤᠰᠢᠭᠤᠨ ᠤ ᠠᠷᠪᠠᠨ ᠲᠦᠷᠪᠡᠳᠥᠭᠡᠷ ᠤᠳᠠᠭᠠᠨ ᠤ ᠲᠦᠯᠥᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ 215 ᠨᠡᠷᠡᠰ ᠢ ᠳᠣᠭᠲᠠᠭᠠᠵᠤ᠂ ᠡᠯ᠎ᠡ ᠰᠤᠩᠭᠤᠭᠤᠯᠢ ᠶᠢᠨ ᠨᠢᠭᠡᠴᠡ ᠳᠤ ᠬᠤᠪᠢᠶᠠᠨ  ᠰᠤᠩᠭᠤᠵᠤ ᠭᠠᠷᠭᠠᠭᠰᠠᠨ ᠲᠦᠯᠥᠭᠡᠯᠡᠭᠴᠢ 215 ᠨᠡᠷᠡᠰ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠭᠢᠨ ᠬᠤᠰᠢᠭᠤᠨ ᠤ ᠠᠷᠪᠠᠨ ᠲᠦᠷᠪᠡᠳᠥᠭᠡᠷ ᠤᠳᠠᠭᠠᠨ ᠤ ᠲᠦᠯᠥᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ ᠶᠢᠨ ᠰᠤᠩᠭᠤᠭᠤᠯᠢ ᠶᠢᠨ ᠠᠵᠢᠯ ᠨᠢ ᠠᠷᠠᠳᠴᠢᠯᠠᠯ ᠲᠦᠪᠯᠠᠷᠠᠯ ᠤᠨ ᠵᠠᠷᠴᠢᠮ ᠢ ᠨᠢᠮᠪᠠᠢ ᠲᠤᠭᠤᠰᠢᠯᠠᠭᠤᠯᠤᠨ ᠬᠡᠷᠡᠭᠵᠢᠭᠦᠯᠪᠡ᠃ ᠡᠯ᠎ᠡ ᠰᠤᠩᠭᠤᠭᠤᠯᠢ ᠶᠢᠨ ᠨᠢᠭᠡᠴᠡ ᠨᠠᠷᠢᠨ ᠬᠢᠨᠠᠮᠠᠭᠠᠢ ᠪᠠᠶᠢᠷᠢᠯᠠᠭᠤᠯᠤᠨ ᠵᠤᠬᠢᠶᠠᠨ ᠪᠠᠶᠢᠭᠤᠯᠵᠠᠢ᠃ ᠲᠦᠯᠥᠭᠡᠯᠡᠭᠴᠢ ᠪᠠᠷ ᠵᠢᠱᠢᠭᠳᠡᠭᠴᠢ ᠶᠢ ᠶᠠᠷᠢᠯᠴᠠᠵᠤ ᠲᠤᠭᠲᠠᠭᠠᠬᠤ ᠳᠤ ᠪᠠᠨ ᠳᠤᠤᠷ᠎ᠠ ᠠᠴᠠ ᠳᠡᠭᠡᠭᠰᠢ᠂ ᠳᠡᠭᠡᠷ᠎ᠡ ᠳᠤᠤᠷᠠᠬᠢ ᠶᠢ ᠤᠶᠠᠯᠳᠤᠭᠤᠯᠵᠤ᠂ ᠳᠠᠬᠢᠨ ᠳᠠᠪᠲᠠᠨ ᠶᠠᠷᠢᠯᠴᠠᠨ ᠱᠠᠲᠤ ᠳᠠᠷᠠᠭᠠᠯᠠᠨ ᠰᠤᠩᠭᠤᠵᠤ᠂ ᠡᠯ᠎ᠡ ᠲᠠᠯ᠎ᠠ ᠶᠢᠨ ᠰᠠᠨᠠᠯ ᠢ ᠦᠷᠭᠡᠨ ᠢᠶᠠᠷ ᠰᠤᠨᠤᠰᠪᠠ᠃ ᠵᠢᠱᠢᠭᠳᠡᠭᠴᠢ ᠪᠠᠷ ᠰᠤᠩᠭᠤᠬᠤ ᠬᠥᠮᠥᠨ ᠢ ᠨᠠᠮ ᠤᠨ ᠡᠭᠦᠷ ᠠᠴᠠ ᠲᠠᠨᠢᠯᠴᠠᠭᠤᠯᠤᠨ ᠳᠡᠪᠰᠢᠭᠦᠯᠵᠤ᠂ ᠵᠤᠬᠢᠶᠠᠨ ᠪᠠᠶᠢᠭᠤᠯᠤᠯᠲᠠ ᠠᠴᠠ ᠬᠢᠨᠠᠨ ᠪᠠᠶᠢᠴᠠᠭᠠᠬᠤ ᠪᠠᠷ ᠳᠠᠮᠵᠢᠨ ᠵᠢᠱᠢᠭᠳᠡᠭᠴᠢ ᠪᠠᠷ ᠠᠩᠬ᠎ᠠ ᠠᠯᠬᠤᠮ ᠰᠤᠩᠭᠤᠭᠳᠠᠬᠤ ᠬᠥᠮᠥᠨ ᠢ ᠬᠠᠮᠲᠤ ᠪᠠᠷ ᠶᠠᠷᠢᠯᠴᠠᠨ ᠲᠤᠭᠳᠠᠭᠠᠵᠤ᠂ ᠨᠠᠮ ᠤᠨ ︵ᠠᠵᠢᠯ ᠤᠨ ᠵᠦᠪᠯᠠᠯ︶ ᠬᠤᠷᠢᠶᠠᠨ ︵ᠦᠷᠭᠡᠳᠭᠡᠭᠰᠡᠨ︶ ᠤ ᠬᠤᠷᠠᠯ ᠪᠤᠶᠤ ᠨᠠᠮ ᠤᠨ ᠬᠡᠰᠢᠭᠦᠳ ᠤᠨ ᠶᠡᠭᠡ ᠬᠤᠷᠠᠯ ᠢᠶᠠᠷ ᠳᠠᠮᠵᠢᠨ ᠶᠠᠷᠢᠯᠴᠠᠨ ᠲᠤᠬᠲᠠᠭᠠᠭᠠᠳ ᠬᠤᠰᠢᠭᠤ ᠨᠠᠮ ᠤᠨ ᠬᠤᠷᠢᠶ᠎ᠠ ᠳᠤ ᠮᠡᠳᠡᠭᠦᠯᠦᠨ ᠬᠢᠨᠠᠨ ᠪᠠᠶᠢᠴᠠᠭᠠᠯᠭᠠᠵᠤ ᠵᠦᠪᠰᠢᠶᠡᠷᠡᠭᠦᠯᠪᠠ᠃ ᠲᠦᠯᠥᠭᠡᠯᠡᠭᠴᠢᠳ ᠢ ᠰᠣᠩᠭᠤᠵᠤ ᠭᠠᠷᠭᠠᠬᠤ ᠳᠤ ᠨᠠᠮ ᠤᠨ ᠲᠥᠷᠢᠮ ᠪᠤᠯᠤᠨ ᠨᠠᠮ ᠤᠨ ᠲᠥᠪ ᠬᠤᠷᠢᠶᠠᠨ ᠤ ᠬᠤᠯᠪᠤᠭᠳᠠᠯ ᠪᠥᠬᠦᠢ ᠲᠤᠭᠲᠠᠭᠠᠯ ᠢ ᠴᠢᠩᠭ᠎ᠠ ᠵᠢᠷᠤᠮᠯᠠᠨ ᠭᠦᠢᠴᠡᠳᠭᠡᠵᠤ᠂ ᠨᠡᠷ᠎ᠡ ᠲᠡᠮᠲᠡᠭᠯᠡᠬᠦ ᠦᠭᠡᠢ ᠰᠤᠩᠭᠤᠭᠤᠯᠢ ᠶᠢᠨ ᠠᠷᠭ᠎ᠠ ᠶᠢ ᠬᠡᠷᠡᠭᠯᠡᠵᠦ᠂ ᠵᠦᠷᠢᠶᠡᠲᠤ ᠲᠤᠭᠠᠨ ᠤ ᠰᠣᠩᠭᠤᠭᠤᠯᠢ ᠶᠢ ᠶᠠᠪᠤᠭᠤᠯᠪᠠ᠃ ᠰᠣᠩᠭᠤᠭᠳᠠᠭᠰᠠᠨ ᠲᠦᠯᠥᠭᠡᠯᠡᠭᠴᠢ ᠶᠢᠨ ᠣᠯᠣᠭᠰᠠᠨ ᠵᠦᠪᠰᠢᠶᠡᠷᠡᠭᠰᠡᠨ ᠪᠢᠯᠧᠲ ᠤᠨ ᠲᠤᠭ᠎ᠠ ᠨᠢ ᠬᠤᠷᠠᠯ ᠳᠤ ᠤᠷᠤᠯᠴᠠᠭᠰᠠᠨ ᠲᠦᠯᠥᠭᠡᠯᠡᠭᠴᠢᠳ ᠪᠤᠶᠤ ᠬᠤᠷᠠᠯ ᠳᠤ ᠤᠷᠤᠯᠴᠠᠭᠰᠠᠨ ᠪᠦᠬᠦ ᠨᠠᠮ ᠤᠨ ᠭᠡᠰᠢᠭᠦᠨ ᠤ ᠲᠣᠭᠠᠨ ᠤ ᠬᠠᠭᠠᠰ ᠠᠴᠠ ᠳᠠᠪᠠᠭᠰᠠᠨ  ᠪᠠᠶᠢᠨ᠎ᠠ᠃       ᠡᠨᠡ ᠤᠳᠠᠭᠠᠨ ᠤ ᠰᠤᠩᠭᠤᠭᠰᠠᠨ 215 ᠲᠦᠯᠦᠭᠡᠯᠡᠭᠴᠢ ᠨᠢ ᠦᠷᠭᠡᠨ ᠳᠡᠯᠭᠡᠷ ᠲᠦᠯᠥᠭᠡᠯᠡᠬᠦ ᠬᠥᠴᠥᠨ ᠲᠠᠢ᠃ ᠲᠦᠯᠥᠭᠡᠯᠡᠭᠴᠢ ᠶᠢᠨ ᠳᠤᠮᠳᠠ ᠡᠯ᠎ᠡ ᠱᠠᠲᠤᠨ ᠤ ᠺᠠᠳ᠋ᠷ123 ᠬᠥᠮᠥᠨ᠂ 57.21% ᠶᠢ ᠡᠵᠡᠯᠡᠵᠤ᠂ ᠦᠢᠯᠡᠳᠪᠦᠷᠢᠯᠠᠯ ᠪᠤᠯᠤᠨ ᠠᠵᠢᠯ ᠤᠨ ᠨᠢᠭᠡᠳᠥᠭᠡᠷ ᠹᠷᠣᠨᠲ ᠲᠤ ᠠᠵᠢᠯᠯᠠᠵᠤ ᠪᠠᠶᠢᠭ᠎ᠠ ᠨᠠᠮ ᠤᠨ ᠭᠡᠰᠢᠭᠦᠨ188 ᠨᠡᠷᠡᠰ᠂ 40.93% ᠶᠢ ᠡᠵᠡᠯᠡᠪᠡ᠃ ᠴᠢᠯᠥᠭᠡᠯᠡᠬᠦ ᠴᠡᠷᠢᠭ ᠪᠤᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠦᠯᠦᠭᠡᠯᠡᠭᠴᠢ 4 ᠬᠥᠮᠥᠨ᠂ 1.86 %  ᠶᠢ ᠡᠵᠡᠯᠠᠵᠤ᠂ ᠡᠯ᠎ᠡ ᠲᠦᠷᠥᠯ ᠤᠨ ᠲᠤᠰᠬᠠᠢ ᠮᠠᠷᠭᠡᠵᠢᠯ ᠤᠨ ᠠᠵᠢᠯᠲᠠᠨ46 ᠬᠥᠮᠦᠨ᠂ 21.40 % ᠶᠢ ᠡᠵᠡᠯᠡᠵᠡᠢ᠂ ᠡᠯ᠎ᠡ ᠹᠷᠣᠨᠲ ᠤᠨ ᠵᠢᠱᠢᠶᠡᠴᠢ ᠬᠥᠮᠥᠰ 42 ᠬᠥᠮᠦᠨ᠂19.53 %  ᠶᠢ ᠡᠵᠡᠯᠡᠵᠤ᠂ ᠡᠭᠦᠨ ᠳᠤ ᠠᠵᠢᠯᠴᠢᠨ 11 ᠬᠥᠮᠦᠨ᠂ ᠮᠠᠯᠴᠢᠨ ᠲᠠᠷᠢᠶᠠᠴᠢᠨ 29 ᠬᠥᠮᠦᠨ᠃ ᠡᠮᠡᠭᠲᠡᠢ ᠲᠦᠯᠥᠭᠡᠯᠡᠭᠴᠢ 61 ᠬᠥᠮᠦᠨ᠂ 28.37 % ᠶᠢ ᠡᠵᠡᠯᠡᠭᠰᠡᠨ ᠪᠠᠶᠢᠨ᠎ᠠ᠃ ᠴᠦᠭᠡᠨ ᠲᠤᠭᠠᠲᠤ ᠦᠨᠳᠥᠰᠥᠲᠡᠨ ᠤ ᠲᠦᠯᠥᠭᠡᠯᠡᠭᠴᠢ 60 ᠬᠥᠮᠦᠨ᠂ 27.91 % ᠶᠢ ᠡᠵᠡᠯᠡᠪᠡ᠃ ᠳᠡᠭᠡᠲᠤ ᠵᠡᠷᠭᠡ ᠶᠢᠨ ᠲᠤᠰᠬᠠᠢ ᠮᠡᠷᠭᠡᠵᠢᠯ ᠤᠨ ᠰᠤᠶᠦᠯ ᠤᠨ ᠬᠢᠷᠢ ᠬᠡᠮᠵᠢᠶ᠎ᠡ ᠠᠴᠠ ᠳᠡᠭᠡᠭᠰᠢ ᠰᠤᠶᠤᠯ ᠤᠨ ᠬᠡᠮᠵᠢᠶ᠎ᠡ ᠲᠠᠢ ᠲᠦᠯᠥᠭᠡᠯᠡᠭᠴᠢ 191 ᠬᠥᠮᠦᠨ ᠪᠠᠶᠢᠵᠤ᠂ 88.84 % ᠶᠢ ᠡᠵᠡᠯᠡᠵᠡᠢ᠃ 45 ᠨᠠᠰᠤᠨ ︵45ᠨᠠᠰᠤ ᠶᠢ ᠪᠠᠭᠠᠲᠠᠨ᠎ᠠ︶ ᠠᠴᠠ  ᠳᠣᠭᠤᠭᠰᠢᠬᠢ ᠨᠠᠰᠤᠨ ᠤ ᠲᠦᠯᠥᠭᠡᠯᠡᠭᠴᠢ 135 ᠬᠥᠮᠦᠨ ᠂ 62.79 % ᠶᠢ ᠡᠵᠡᠯᠡᠭᠰᠡᠨ ᠪᠠᠶᠢᠨ᠎ᠠ᠃ ᠡᠨᠡ ᠤᠳᠠᠭᠠᠨ ᠤ ᠰᠤᠩᠭᠤᠵᠤ ᠭᠠᠷᠭᠠᠭᠰᠠᠨ ᠲᠦᠯᠥᠭᠡᠯᠡᠭᠴᠢᠳ ᠤᠨ ᠤᠯᠠᠩᠬᠢ ᠨᠢ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠶᠢᠨ ᠤᠯᠠᠨ ᠲᠦᠮᠡᠨ ᠲᠠᠢ ᠨᠢᠭᠲᠠ ᠬᠠᠷᠢᠯᠴᠠᠳᠠᠭ᠂ ᠢᠲᠡᠭᠡᠯ ᠬᠥᠨᠳᠤ ᠪᠠᠷ ᠰᠠᠶᠢᠨ᠂ ᠭᠠᠪᠢᠶ᠎ᠠ ᠵᠢᠳᠬᠦᠯ ᠲᠠᠢ᠂ ᠬᠡᠷᠡᠭ ᠵᠦᠪᠯᠠᠬᠦ ᠴᠢᠳᠠᠪᠤᠷᠢ ᠴᠢᠩᠭ᠎ᠠ ᠨᠠᠮ ᠤᠨ ᠭᠡᠰᠢᠭᠦᠳ ᠪᠤᠯᠤᠨ᠎ᠠ᠃ᠲᠦᠯᠥᠭᠡᠯᠡᠭᠴᠢ ᠶᠢ ᠰᠤᠩᠭᠤᠵᠤ ᠭᠠᠷᠭᠠᠭᠰᠠᠨ ᠤ ᠳᠠᠷᠠᠭ᠎ᠠ᠂ ᠲᠦᠯᠥᠭᠡᠯᠡᠭᠴᠢ ᠪᠠᠷ ᠰᠣᠩᠭᠤᠭᠳᠠᠭᠰᠠᠳ ᠢ ᠲᠤᠰᠬᠠᠭᠰᠠᠨ ᠵᠠᠬᠢᠲᠠᠯ ᠰᠤᠷᠪᠤᠯᠵᠢᠯᠠᠭ᠎ᠠ ᠦᠭᠡᠢ᠃       ᠲᠦᠯᠥᠭᠡᠯᠡᠭᠴᠢ ᠶᠢᠨ ᠬᠢᠷᠢ ᠬᠡᠮ ᠢ ᠬᠢᠨᠡᠨ ᠪᠠᠶᠢᠴᠠᠭᠠᠬᠤ ᠵᠦᠪᠯᠠᠯ ᠤᠨ ᠦᠵᠡᠬᠦ ᠪᠠᠷ ᠪᠦᠬᠦ ᠬᠤᠰᠢᠭᠤᠨ ᠤ ᠶᠢᠰᠥᠨ ᠰᠤᠩᠭᠤᠭᠤᠯᠢ ᠶᠢᠨ ᠨᠢᠭᠡᠴᠡ ᠶᠢᠨ ᠰᠤᠩᠭᠤᠭᠰᠠᠨ 215 ᠲᠦᠯᠥᠭᠡᠯᠡᠭᠴᠢ ᠨᠢ ᠪᠦᠷ ᠨᠠᠮ ᠤᠨ ᠲᠥᠷᠢᠮ ᠪᠤᠯᠤᠨ ︽ᠬᠠᠩᠭᠢᠨ ᠬᠤᠰᠢᠭᠤᠨ ᠤ ᠬᠤᠷᠢᠶᠠᠨ ᠤ ᠠᠯᠪᠠᠨ ᠭᠡᠷ ᠤᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠭᠢᠨ ᠬᠤᠰᠢᠭᠤᠨ ᠤ ᠠᠷᠪᠠᠨ ᠲᠦᠷᠪᠡᠳᠥᠭᠡᠷ ᠤᠳᠠᠭᠠᠨ ᠤ ᠲᠦᠯᠥᠭᠡᠯᠡᠭᠴᠢᠳ ᠤᠨ ᠶᠡᠭᠡ ᠬᠤᠷᠠᠯ ᠤᠨ ᠲᠦᠯᠥᠭᠡᠯᠡᠭᠴᠢ ᠶᠢ ᠰᠤᠩᠭᠤᠬᠤ ᠠᠵᠢᠯ ᠤᠨ ᠲᠤᠬᠠᠢ ᠮᠡᠳᠡᠭᠳᠡᠯ︾ ᠤᠨ ᠬᠤᠯᠪᠤᠭᠳᠠᠯ ᠪᠥᠬᠦᠢ ᠲᠤᠭᠲᠠᠭᠠᠯ ᠂ ᠲᠦᠯᠥᠭᠡᠯᠡᠭᠴᠢ ᠰᠤᠩᠭᠤᠬᠤ ᠲᠡᠰ ᠳᠠᠷᠠᠭᠠᠯᠠᠯ ᠪᠤᠯᠤᠨ ᠨᠦᠭᠦᠴᠡᠯ ᠳᠤ ᠪᠦᠷ ᠨᠡᠶᠢᠴᠡᠵᠤ᠂ ᠲᠦᠯᠥᠭᠡᠯᠡᠭᠴᠢ ᠶᠢᠨ ᠬᠢᠷᠢ ᠬᠡᠮ ᠬᠥᠴᠥᠨ ᠲᠠᠢ᠃ᠳᠡᠭᠡᠷᠡᠬᠢ ᠮᠡᠳᠡᠭᠦᠯᠥᠯᠲᠡ ᠶᠢ ᠶᠡᠭᠡ ᠬᠤᠷᠠᠯ ᠳᠤ ᠳᠡᠪᠰᠢᠭᠦᠯᠵᠤ ᠬᠢᠨᠠᠨ ᠶᠠᠷᠢᠯᠴᠠᠭᠤᠯᠤᠨ᠎ᠠ᠃ 
ᠢᠷᠡᠯᠲᠡ᠄ ᠬᠠᠩᠭᠢᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠣᠳᠠᠯ ᠤᠨ ᠰᠦᠯᠵᠢᠶ᠎ᠡ