| | | ᠠᠵᠢᠯ ᠤᠨ ᠬᠤᠪᠢᠶᠠᠷᠢᠯᠠᠯ᠄ | ᠬᠤᠰᠢᠭᠤ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ᠂ ᠤᠰᠤᠨ ᠠᠰᠢᠭᠯᠠᠯᠲᠠ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠲᠣ ᠦᠶ᠎ᠡ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠪᠦᠯᠦᠭᠯᠡᠯ ᠢ | ᠬᠤᠪᠢᠳᠠᠨ ᠬᠠᠮᠢᠶᠠᠷᠤᠨ᠎ᠠ᠃ ᠴᠠᠭ ᠠᠭᠤᠷ ᠤᠨ ᠲᠣᠪᠴᠢᠶ᠎ᠠ᠂ ᠨᠠᠰᠤᠲᠠᠶᠢᠴᠤᠳ ᠤᠨ ᠨᠡᠶᠢᠬᠡᠮᠯᠢᠭ ᠲᠠᠢ ᠬᠠᠷᠢᠯᠴᠠᠨ᠎ᠠ᠃ | ᠲᠣᠪᠴᠢ ᠨᠠᠮᠲᠠᠷ᠄ | ᠾᠧ ᠶᠦᠩ ᠭᠠᠩ᠂ ᠡᠷᠡᠭᠲᠡᠶ᠂ ᠬᠢᠲᠠᠳ ᠦᠨᠳᠦᠰᠦᠲᠡᠨ᠂ 1978 ᠣᠨ ᠤ 11 ᠰᠠᠷ᠎ᠠ ᠳᠤ ᠲᠦᠷᠦᠵᠠᠢ᠂ ᠡᠵᠡᠨ ᠬᠤᠷᠤᠭ᠎ᠠ ᠬᠤᠰᠢᠭᠤᠨ ᠤ ᠬᠥᠮᠦᠨ᠂ | ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2006 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2003 | ᠣᠨ ᠤ 2 ᠰᠠᠷ᠎ᠠ ᠳᠤ ᠠᠵᠢᠯ ᠳᠤ ᠣᠷᠣᠵᠠᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃ | |