| | | | ᠠᠵᠢᠯ ᠤᠨ ᠬᠤᠪᠢᠶᠠᠷᠢᠯᠠᠯ᠄ | ᠬᠤᠰᠢᠭᠤ ᠳᠠᠷᠤᠭ᠎ᠠ ᠶᠢ ᠬᠠᠮᠵᠢᠨ ᠡᠨᠧᠷᠭᠢ᠂ ᠡᠳ᠋ ᠤᠨ ᠵᠠᠰᠠᠭ ᠭᠠᠶᠢᠯᠢ ᠲᠠᠲᠠᠪᠤᠷᠢ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠮᠥᠩᠭᠦᠨ ᠭᠦᠢᠯᠭᠡᠭᠡ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠶᠢ ᠬᠤᠪᠢᠳᠠᠨ ᠬᠠᠮᠢᠶᠠᠷᠤᠨ᠎ᠠ᠃ ᠬᠤᠰᠢᠭᠤ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠩᠭᠢᠨ ᠤ ᠬᠢᠨᠠᠨ | ᠬᠠᠮᠢᠶᠠᠷᠬᠤ ᠰᠠᠯᠪᠤᠷᠢ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠪᠠᠩᠬᠢ᠂ ᠪᠥᠲᠥᠭᠡᠨ | ᠪᠠᠶᠢᠭᠤᠯᠤᠯᠲᠠ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠳᠣᠰ ᠪᠠᠩᠬᠢ᠂ | ᠰᠢᠤᠳᠠᠨ ᠤ ᠬᠠᠳᠠᠭᠠᠯᠠᠮᠵᠢ ᠶᠢᠨ ᠪᠠᠩᠬᠢ᠂ ᠳ᠋ᠠ ᠵᠦᠩ ᠲᠣᠰᠬᠤᠨ ᠪᠠᠯᠭᠠᠰᠤ ᠶᠢᠨ ᠪᠠᠩᠬᠢ᠂ ᠠᠷᠠᠳ ᠤᠨ ᠶᠠᠪᠤᠳᠠᠯ ᠤᠨ ᠳᠠᠭᠠᠳᠬᠠᠯ ᠤᠨ ᠺᠣᠮᠫᠠᠨᠢ᠂ ᠠᠮᠢ ᠨᠠᠰᠤᠨ ᠤ | ᠳᠠᠭᠠᠳᠬᠠᠯ ᠤᠨ ᠺᠣᠮᠫᠠᠨᠢ᠂ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ ᠵᠢᠴᠢ ᠬᠤᠰᠢᠭᠤᠨ ᠳᠤ ᠰᠠᠭᠤᠭ᠎ᠠ ᠪᠤᠰᠤᠳ ᠮᠥᠩᠭᠦᠨ ᠭᠦᠢᠯᠭᠡᠭᠡᠨ ᠤ ᠨᠢᠭᠡᠴᠡ ᠲᠠᠢ | ᠬᠠᠷᠢᠯᠴᠠᠨ᠎ᠠ᠃ | ᠲᠣᠪᠴᠢ ᠨᠠᠮᠲᠠᠷ᠄ | ᠵᠠᠩ ᠺᠸᠤ ᠴᠧᠩ᠂ ᠡᠷᠡᠭᠲᠡᠶ᠂ ᠬᠢᠲᠠᠳ ᠦᠨᠳᠦᠰᠦᠲᠡᠨ᠂ 1977 ᠣᠨ ᠤ 2 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠬᠠᠩᠭᠢᠨ ᠬᠤᠰᠢᠭᠤᠨ ᠤ | ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1999 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ | 1997 ᠣᠨ ᠤ 12 ᠰᠠᠷ᠎ᠠ ᠳᠤ ᠠᠵᠢᠯ ᠳᠤ ᠣᠷᠣᠵᠠᠶ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠢᠨ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ | |