| | ᠠᠵᠢᠯ ᠤᠨ ᠬᠤᠪᠢᠶᠠᠷᠢᠯᠠᠯ᠄ | ᠬᠤᠸᠠ ᠴᠧᠩ ᠨᠥᠬᠦᠷ ᠢ ᠬᠠᠪᠰᠤᠷᠤᠨ ᠵᠣᠬᠢᠶᠠᠨ ᠪᠠᠶᠢᠭᠤᠯᠤᠯᠲᠠ᠂ ᠺᠠᠳ᠋ᠷ᠂ ᠪᠠᠶᠢᠭᠤᠯᠤᠮᠵᠢ ᠣᠷᠣᠨ ᠲᠤᠭ᠎ᠠ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ᠂ ᠴᠢᠳᠠᠪᠤᠷᠢᠲᠠᠨ᠂ ᠠᠬᠠᠮᠠᠳ ᠺᠠᠳ᠋ᠷ᠂ ᠨᠠᠮ ᠤᠨ ᠰᠤᠷᠭᠠᠭᠤᠯᠢ ᠪᠠ ᠲᠣᠰᠬᠤᠨ ᠳᠤ ᠰᠠᠭᠤᠵᠤ ᠳᠠᠭᠠᠭᠠᠴᠢᠯᠠᠨ ᠬᠠᠷᠢᠭᠤᠴᠠᠬᠤ᠂ ᠬᠡᠷᠡᠭᠯᠡᠭᠡ ᠪᠠᠷ | ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠵᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠨᠠᠮ ᠤᠨ ᠰᠤᠷᠭᠠᠭᠤᠯᠢ ᠶᠢᠨ ᠪᠥᠬᠦ ᠲᠠᠯ᠎ᠠ | ᠶᠢᠨ ᠠᠵᠢᠯ ᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠢ ᠬᠤᠪᠢᠳᠠᠨ ᠬᠠᠮᠢᠶᠠᠷᠴᠤ᠂ ᠬᠤᠰᠢᠭᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠷᠢᠯᠴᠠᠨ᠎ᠠ᠃ | ᠳᠤᠪᠴᠢ ᠲᠠᠨᠢᠯᠴᠠᠭᠤᠯᠭ᠎ᠠ᠄ | ᠶᠠᠩ ᠰᠧ ᠹᠠᠨ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 2 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠦᠦᠰᠢᠨ ᠬᠤᠰᠢᠭᠤᠨ ᠤ | ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠬ᠎ᠠ ᠵᠣᠬᠢᠶᠠᠯ ᠤᠨ ᠪᠠᠴᠧᠯᠧᠷ᠂ 2005 ᠣᠨ ᠤ 5 ᠰᠠᠷ᠎ᠠ ᠳᠤ ᠳᠤᠮᠳᠠᠳᠤ ᠤᠯᠤᠰ ᠤᠨ | ᠡᠪ ᠬᠠᠮᠲᠤ ᠨᠠᠮ ᠳᠤ ᠣᠷᠣᠵᠤ᠂ 2007 ᠣᠨ ᠤ 7 ᠰᠠᠷ᠎ᠠ ᠳᠤ ᠠᠵᠢᠯ ᠳᠤ ᠣᠷᠣᠪᠠ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠢᠨ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ ᠪᠤᠢ᠃ | |