ᠨᠥᠬᠦᠳ ᠡ᠄ | ᠣᠳᠣ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠭᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢ ᠲᠦᠯᠦᠭᠡᠯᠡᠨ | ᠶᠡᠭᠡ ᠬᠤᠷᠠᠯ ᠳᠤ ᠢᠯᠡᠳᠬᠡᠯ ᠬᠢᠶ᠎ᠠ ᠃ | ᠲᠤᠰ ᠤᠳᠠᠭᠠᠨ ᠤ ᠶᠡᠭᠡ ᠬᠤᠷᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ | ᠬᠤᠶᠠᠳᠤᠭᠠᠷ ᠵᠠᠭᠤᠨ ᠵᠢᠯ ᠤᠨ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠢᠶᠠᠨ ᠡᠬᠢᠯᠡᠭᠦᠯᠬᠦ ᠲᠠᠰᠢᠷᠠᠮ ᠳᠤ ᠶᠠᠪᠤᠭᠳᠠᠭᠰᠠᠨ ᠪᠣᠯᠬᠤᠷ᠂ ᠠᠯᠤᠰ | ᠬᠡᠳᠦ ᠶᠢᠨ ᠤᠳᠬ᠎ᠠ ᠠᠭᠤᠯᠭ᠎ᠠ ᠲᠠᠢ ᠪᠦᠭᠡᠳᠡᠭᠦᠷᠭᠡ ᠬᠠᠷᠢᠭᠤᠴᠠᠯᠭ᠎ᠠ ᠨᠢ ᠦᠩᠬᠡ ᠬᠡᠷᠡᠯᠳᠡᠢ ᠶᠤᠮ᠃ ᠶᠡᠭᠡ ᠬᠤᠷᠠᠯ ᠤᠨ ᠭᠤᠤᠯ ᠡᠭᠦᠷᠭᠡ ᠪᠣᠯ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠬᠠᠩᠭᠢᠨ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠠᠵᠢᠯ ᠢ ᠡᠷᠭᠢᠴᠡᠭᠦᠯᠦᠨ ᠳ᠋ᠦᠩᠨᠡᠵᠦ᠂ | ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠰᠡᠳᠬᠢᠴᠡ᠂ ᠭᠤᠤᠯ ᠬᠠᠷᠠᠯᠲᠠ ᠪᠣᠯᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠲᠣᠭᠲᠠᠭᠠᠵᠤ᠂ ᠪᠥᠬᠦ | ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠳᠠᠶᠢᠴᠢᠯᠠᠨ᠂ ᠰᠢᠨ᠎ᠡ ᠡᠬᠢᠯᠡᠯᠲᠡ ᠳᠤ | ᠰᠠᠭᠤᠷᠢᠯᠠᠨ᠂ ᠰᠢᠨ᠎ᠡ ᠠᠵᠠ ᠲᠣᠬᠢᠶᠠᠯ ᠢ ᠠᠳᠬᠤᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠵᠣᠷᠢᠭᠲᠠᠶ ᠡᠭᠦᠷᠭᠡᠯᠡᠨ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠬᠠᠩᠭᠢᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠴᠢᠷᠮᠠᠶᠢᠨ ᠡᠬᠢᠯᠡᠭᠦᠯᠦᠶ᠎ᠡ ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ | ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠲᠠᠪᠤᠨ ᠵᠢᠯ ᠪᠣᠯ ᠮᠠᠨ ᠤ ᠬᠤᠰᠢᠭᠤᠨ ᠤ | ᠬᠥᠭᠵᠢᠯᠲᠡ ᠶᠢᠨ ᠶᠠᠪᠤᠴᠠ ᠳᠠᠬᠢ ᠶᠡᠷᠦ ᠪᠤᠰᠤ ᠶᠢᠨ ᠲᠠᠪᠤᠨ ᠵᠢᠯ ᠮᠥᠨ᠃ ᠲᠠᠪᠤᠨ ᠵᠢᠯ ᠤᠨ ᠲᠤᠷᠰᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ | ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠲᠦᠪ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ ᠨᠠᠮ ᠤᠨ ᠬᠤᠷᠢᠶ᠎ᠠ ᠪᠦᠬᠦ ᠬᠤᠰᠢᠭᠤᠨ ᠤ | ᠡᠯ᠎ᠡ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠣᠳᠠᠲᠠᠶ | ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ᠂ ︽ᠳᠥᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ | ᠤᠨ ᠶᠡᠷᠦᠩᠬᠡᠢ ᠬᠦᠭ ᠠᠶᠠᠰ ᠪᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠡᠷᠡᠮᠡᠬᠡᠶᠢᠯᠡᠨ ᠤᠷᠤᠭᠰᠢᠯᠠᠵᠤ᠂ ᠦᠭᠡᠳᠡᠯᠡᠨ ᠳᠠᠪᠰᠢᠨ᠂ ᠦᠨᠡᠨ ᠬᠦ | ᠠᠳᠬᠤᠨ ᠪᠣᠳᠠᠲᠠᠶ ᠬᠢᠵᠦ᠂ ᠡᠯ᠎ᠡ ᠵᠦᠶᠯ ᠤᠨ ᠳᠣᠭᠲᠠᠭᠠᠭᠰᠠᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠨ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠬᠠᠩᠭᠢᠨ ᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ ᠃ | — ᠲᠠᠪᠤᠨ ᠵᠢᠯ ᠤᠨ ᠲᠤᠷᠰᠢ᠂ ᠪᠢᠳᠠ ᠰᠡᠳᠬᠢᠯ ᠨᠢᠭᠡᠳᠦᠨ ᠬᠥᠭᠵᠢᠯᠲᠡ ᠶᠢ ᠰᠦᠪᠡᠭᠴᠢᠯᠡᠵᠦ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ | ᠬᠦᠴᠦᠨ ᠵᠢᠯ ᠳᠠᠷᠠᠭᠠᠯᠠᠨ ᠳᠡᠭᠡᠭᠰᠢᠯᠡᠪᠡ᠃ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠨ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠪᠣᠳᠠᠲᠤ ᠬᠦᠴᠦᠨ | ᠦᠷᠭᠦᠯᠵᠢᠯᠡᠨ ᠴᠢᠩᠭᠠᠷᠠᠪᠠ᠃ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ | ᠣᠷᠣᠯᠭ᠎ᠠ ᠵᠢᠯ ᠪᠦᠷᠢ ᠳᠤᠮᠳᠠᠴᠢ ᠪᠠᠷ 5.6 %᠂ 6.8 % ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ | 100 ᠳ᠋ᠦᠩᠰᠢᠭᠤᠷ ᠲᠥᠭᠦᠷᠢᠭ ᠣᠷᠴᠢᠮ ᠳᠤ ᠪᠡᠶᠡᠯᠡᠭᠦᠯᠵᠦ᠂ ᠬᠤᠰᠢᠭᠤᠨ ᠤ ᠠᠵᠤ ᠠᠬᠤᠶ ᠶᠢᠨ ᠪᠣᠳᠠᠲᠤ ᠬᠦᠴᠦᠨ ᠪᠦᠬᠦ ᠣᠷᠣᠨ ᠤ 67 ᠳ᠋ᠤᠭᠠᠷ ᠠᠴᠠ 44 | ᠳ᠋ᠦ᠋ᠭᠡᠷ ᠲᠤ ᠳᠠᠪᠰᠢᠨ ᠣᠷᠣᠪᠠ᠃ ᠳᠡᠭᠡᠳᠦ ᠵᠡᠷᠭᠡ ᠶᠢᠨ ᠰᠢᠨ᠎ᠡ ᠮᠡᠷᠭᠡᠵᠢᠯ ᠤᠨ ᠠᠵᠤ ᠠᠬᠤᠶᠢᠯᠠᠯ 11 ᠪᠣᠯᠪᠠ᠃ ᠪᠥᠬᠦ ᠤᠯᠤᠰ ᠤᠨ ᠪᠣᠯᠪᠠᠰᠤᠨ ᠬᠤᠲᠠ᠂ ᠤᠯᠤᠰ | ᠤᠨ ᠲᠡᠰ ᠤᠨ ᠡᠷᠡᠭᠦᠯ ᠬᠠᠮᠠᠭᠠᠯᠠᠯᠲᠤ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠲᠦ ᠬᠤᠲᠠ᠂ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠭᠰᠠᠨ ᠵᠢᠱᠢᠶᠡᠴᠢ ᠬᠤᠰᠢᠭᠤ ᠵᠡᠷᠭᠡ ᠣᠯᠠᠨ ᠢᠷᠠᠭᠤ ᠠᠯᠳᠠᠷ ᠢ ᠭᠥᠷᠳᠡᠵᠦ᠂ ︽ | ᠬᠥᠪᠴᠢ ᠶᠢᠨ ᠡᠯᠡᠰᠦᠨ ᠳᠤ ᠨᠣᠭᠤᠭᠠᠷᠠᠭᠤᠯᠤᠯᠲᠠ ᠶᠢᠨ ᠭᠠᠶᠢᠬᠠᠮᠰᠢᠭ ᠢ ᠡᠭᠦᠳᠦᠭᠰᠡᠨ ᠬᠠᠩᠭᠢᠨᠴᠤᠳ︾ ᠨᠢ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠢᠶᠠᠨ | ᠳᠣᠭᠳᠣᠯᠤᠭᠤᠯᠤᠭᠰᠠᠨ ᠬᠠᠮᠲᠤ ᠨᠡᠶᠢᠲᠡ ᠶᠢᠨ ᠱᠠᠩᠨᠠᠯ ᠢ ᠬᠦᠷᠲᠡᠵᠦ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ᠬᠤᠶᠠᠷ ᠤᠳᠠᠭ᠎ᠠ ᠬᠥᠪᠴᠢ ᠶᠢᠨ | ᠤᠯᠠᠨ ᠤᠯᠤᠰ ᠤᠨ ᠡᠯᠡᠰᠦᠨ ᠴᠦᠯ ᠤᠨ ᠰᠤᠳᠤᠯᠭᠠᠨ ᠤ ᠬᠤᠷᠠᠯᠳᠤᠭᠠᠨ ᠳᠤ ᠪᠠᠶᠠᠷ ᠤᠨ ᠵᠠᠬᠢᠳᠠᠯ ᠢᠷᠡᠭᠦᠯᠵᠦ᠂ ᠬᠠᠩᠭᠢᠨ ᠤ ᠨᠡᠷ᠎ᠡ ᠠᠯᠳᠠᠷ ᠢ ᠮᠠᠨᠳᠦᠭᠤᠯᠤᠨ | ᠬᠠᠩᠭᠢᠨᠴᠤᠳ ᠤᠨ ᠣᠮᠤᠭ ᠪᠠᠭ᠋ᠠᠳᠣᠯ ᠢ ᠬᠥᠪᠴᠢᠯᠡᠪᠡ᠃ | — ᠲᠠᠪᠤᠨ ᠵᠢᠯ ᠤᠨ ᠲᠤᠷᠰᠢ᠂ ᠪᠢᠳᠠ ᠲᠥᠷᠥᠯ ᠵᠦᠢᠯ ᠢ ᠴᠢᠩᠭ᠎ᠠ ᠠᠳᠬᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠭᠤᠷᠪᠠᠨ | ᠲᠥᠷᠥᠯ ᠤᠨ ᠠᠵᠤ ᠦᠢᠯᠡᠰ ᠤᠨ ᠬᠥᠭᠵᠢᠯᠲᠡ ᠨᠠᠩ ᠵᠣᠬᠢᠴᠠᠩᠭᠤᠢ ᠪᠣᠯᠪᠠ᠃ ᠠᠮᠢ ᠠᠬᠤᠢ ᠶᠢ ᠲᠡᠷᠢᠭᠦᠨ ᠲᠠᠯᠪᠢᠨ᠂ ᠪᠣᠬᠢᠷᠳᠣᠯ ᠦᠭᠡᠢ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠭᠰᠠᠨ ᠠᠴᠠ ᠨᠢᠭᠡᠳᠦᠭᠡᠷ ᠠᠵᠤ ᠦᠢᠯᠡᠰ ᠶᠠᠰᠤ ᠴᠢᠨᠠᠷ ᠨᠢ ᠳᠡᠭᠡᠭᠰᠢᠯᠡᠨ ᠦᠷ᠎ᠡ ᠠᠰᠢᠭ ᠨᠢ ᠨᠡᠮᠡᠭᠳᠡᠭᠰᠡᠨ᠂ ᠬᠤᠶᠠᠳᠤᠭᠠᠷ ᠠᠵᠤ | ᠦᠢᠯᠡᠰ ᠬᠤᠪᠢ ᠶᠢᠨ ᠵᠢᠩ ᠨᠢ ᠳᠡᠭᠡᠭᠰᠢᠯᠡᠭᠰᠡᠨ᠂ ᠭᠤᠷᠪᠠᠳᠤᠭᠠᠷ ᠠᠵᠤ ᠦᠢᠯᠡᠰ ᠲᠦᠷᠭᠡᠨ ᠬᠥᠭᠵᠢᠭᠰᠡᠨ ᠭᠤᠷᠪᠠᠨ ᠠᠵᠤ ᠦᠢᠯᠡᠰ ᠤᠨ ᠶᠡᠷᠦᠩᠬᠡᠢ ᠰᠠᠶᠢᠬᠠᠨ | ᠪᠠᠶᠢᠳᠠᠯ ᠢ ᠢᠯᠡᠷᠡᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠳᠬᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠤᠰᠤ | ᠠᠷᠪᠢᠯᠠᠬᠤ ᠥᠭᠡᠷᠡᠴᠢᠯᠡᠯᠲᠡ ᠪᠠ ᠨᠤᠲᠤᠭ ᠪᠡᠯᠴᠢᠭᠡᠷ ᠢ ᠰᠠᠶᠢᠵᠢᠷᠠᠭᠤᠯᠬᠤ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ ᠢ ᠢᠳᠡᠪᠬᠢᠲᠡᠶ ᠳᠡᠯᠭᠡᠷᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ | ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠬᠦᠴᠦᠨ ᠳᠣᠭᠲᠠᠭᠤᠨ ᠢᠶᠠᠷ ᠳᠡᠭᠡᠭᠰᠢᠯᠡᠪᠡ᠃ ᠪᠦᠬᠦ ᠬᠤᠰᠢᠭᠤᠨ ᠤ ᠲᠠᠷᠢᠮᠠᠯ ᠤᠨ ᠲᠠᠯᠠᠪᠠᠢ 131 ᠲᠦᠮᠡᠨ ᠮᠦ ᠳᠤ | ᠬᠦᠷᠴᠦ᠂ ᠵᠢᠯ ᠳᠤ ᠠᠷᠠᠴᠢᠯᠠᠭᠰᠠᠨ ᠮᠠᠯ ᠤᠨ ᠲᠤᠭ᠎ᠠ ᠲᠣᠯᠤᠭᠠᠢ 260 ᠲᠦᠮᠡ ᠳᠤ ᠬᠦᠷᠴᠦ᠂ ᠠᠮᠤ ᠪᠤᠳᠠᠭᠠᠨ ᠤ ᠤᠨᠠᠯᠲᠠ 8 ᠳ᠋ᠦᠩᠰᠢᠭᠤᠷ ᠵᠢᠩ ᠣᠶᠢᠷᠠᠲᠤᠪᠠ︔ | ᠬᠤᠳᠠ ᠶᠢᠨ ᠱᠠᠲᠤᠨ ᠠᠴᠠ ᠳᠡᠭᠡᠭᠰᠢᠬᠢ ᠲᠣᠯᠣᠭᠠᠶᠢᠯᠠᠭᠴᠢ ᠠᠵᠤ ᠠᠬᠤᠶᠢᠯᠠᠯ ᠨᠡᠮᠡᠭᠳᠡᠭᠡᠳ 33 ᠪᠣᠯᠵᠤ᠂ ᠠᠰᠢᠭ ᠣᠷᠤᠯᠭ᠎ᠠ ᠬᠤᠯᠪᠣᠯᠴᠠᠭᠰᠠᠨ ᠨᠤᠷᠮ᠎ᠠ 62 % | ᠲᠤ ᠬᠦᠷᠪᠡ︔ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠨᠡᠮᠡᠭᠳᠡᠭᠡᠳ 800 ᠪᠣᠯᠵᠤ᠂ ᠬᠤᠵᠢᠷᠯᠢᠭ ᠭᠠᠵᠠᠷ ᠤᠰᠤᠨ ᠲᠤᠲᠤᠷᠭ᠎ᠠ ᠲᠠᠷᠢᠵᠤ | ᠬᠥᠷᠥᠰᠦ ᠶᠢ ᠦᠭᠡᠷᠡᠴᠢᠯᠡᠨ ᠰᠠᠶᠢᠵᠢᠷᠠᠭᠤᠯᠬᠤ ᠠᠵᠢᠯ ᠠᠩᠬ᠎ᠠ ᠠᠯᠬᠤᠮ ᠤᠨ ᠠᠮᠵᠢᠯᠲᠠ ᠤᠯᠪᠠ᠃ ︽ᠬᠤᠶᠠᠷ ᠪᠦᠲᠦᠭᠡᠭᠳᠡᠬᠦᠨ ᠨᠢᠭᠡ ᠲᠡᠮᠳᠡᠭ ᠨᠢᠭᠡ ᠰᠢᠨ᠎ᠡ︾ ᠮᠠᠯ | ᠲᠠᠷᠢᠶᠠᠯᠠᠩ ᠤᠨ ᠪᠦᠲᠦᠭᠡᠭᠳᠡᠬᠦᠨ ᠢ 53 ᠭᠡᠷᠡᠴᠢᠯᠡᠨ ᠲᠣᠭᠲᠠᠭᠠᠵᠤ᠂ ︽ᠲᠢᠶᠠᠨ ᠮᠥ ᠱᠦᠸᠧ ᠹᠠᠩ︾᠂ ︽ᠺᠠᠩ ᠯᠢ︾ ᠵᠡᠷᠭᠡ ᠣᠷᠣᠨ ᠪᠦᠰᠡ ᠶᠢᠨ ᠴᠢᠨᠠᠷᠲᠠᠶ | ᠤᠯᠠᠨ ᠨᠡᠶᠢᠲᠡ ᠶᠢᠨ ᠰᠢᠯᠢᠳᠡᠭ ᠨᠠᠷᠠᠲᠤ ᠲᠡᠮᠲᠡᠭ ᠢ ᠡᠭᠦᠳᠪᠡ᠃ ᠠᠵᠤ ᠦᠢᠯᠡᠳᠪᠦᠷᠢ ᠶᠢᠨ ᠠᠵᠤ ᠠᠬᠤᠶ ᠦᠷ᠎ᠡ ᠠᠰᠢᠭ ᠨᠢ ᠳᠡᠭᠡᠭᠰᠢᠯᠡᠪᠡ᠃ ᠡᠬᠢ ᠪᠠᠶᠠᠯᠢᠭ | ᠲᠠᠭᠠᠨ ᠲᠦᠰᠢᠭᠯᠡᠨ ᠠᠷᠠᠯᠵᠢᠶᠠᠴᠢᠨ ᠤᠷᠢᠬᠤ᠂ ᠠᠵᠤ ᠦᠶᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠠᠵᠤ ᠦᠶᠯᠡᠰ ᠤᠨ ᠬᠡᠯᠬᠢᠶᠡᠵᠢᠯ ᠢ ᠤᠷᠲᠤᠳᠬᠠᠬᠤ ᠪᠠ | ᠲᠥᠷᠥᠯ ᠵᠦᠢᠯ ᠳᠤ ᠵᠣᠬᠢᠴᠠᠭᠤᠯᠤᠨ ᠢᠵᠢ ᠪᠦᠷᠢᠳᠦᠭᠦᠯᠬᠦ ᠶᠢ ᠠᠳᠬᠤᠨ᠂ ᠢ ᠲᠠᠢ ᠪᠥᠯᠥᠭᠯᠡᠯ ᠤᠨ ᠨᠢᠩ ᠨᠧᠩ ᠺᠣᠮᠫᠠᠨᠢ ᠶᠢᠨ ᠹᠢᠱᠣᠷ ᠲᠷᠣᠺᠱ ᠠᠯᠺᠠᠨ | ᠦᠢᠯᠡᠳᠪᠣᠷᠢᠯᠡᠬᠦ ᠲᠦᠷᠦᠯ ᠵᠦᠢᠯ᠂ ᠸᠠᠨ ᠷᠦᠢ ᠪᠦᠯᠦᠭᠯᠡᠯ ᠤᠨ ᠪᠠᠶᠢᠭᠠᠯᠢ ᠶᠢᠨ ᠰᠢᠳᠠᠮᠠᠬᠠᠢ ᠬᠡᠢ ᠰᠢᠩᠭᠡᠵᠢᠬᠦᠯᠬᠦ ᠲᠦᠷᠦᠯ ᠵᠦᠢᠯ᠂ ᠢ ᠯᠢ ᠪᠦᠯᠦᠭᠯᠡᠯ ᠤᠨ ᠨᠠᠷᠠᠨ | ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ᠂ ᠮᠧᠩ ᠨᠸᠡᠭ ᠪᠥᠯᠥᠭᠯᠡᠯ ᠤᠨ ᠨᠡᠭᠦᠷᠡᠰᠦᠨ ᠴᠢᠯᠠᠭᠤ ᠪᠠᠷ ᠴᠠᠬᠢᠯᠭᠠᠨ ᠭᠠᠷᠭᠠᠬᠤ ᠲᠥᠷᠥᠯ ᠵᠦᠢᠯ ᠵᠡᠷᠭᠡ ᠨᠢᠭᠡ | ᠪᠦᠯᠦᠭ ᠲᠣᠮᠣ ᠴᠢᠬᠤᠯᠠ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ 500 ᠺᠢᠯᠣᠸᠤᠯᠲ ᠤᠨ ᠰᠢᠨ᠎ᠡ ᠡᠨᠧᠷᠭᠢ ᠶᠢᠨ ᠴᠠᠬᠢᠯᠭᠠᠨ ᠬᠤᠷᠠᠬᠤ | ᠥᠷᠲᠡᠭᠡ ᠪᠠ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠥᠷᠲᠡᠭᠡ᠂ ᠬᠤᠸᠠ ᠵᠧᠦ ᠡᠮ ᠤᠨ ᠦᠢᠯᠡᠰ ᠤᠨ ᠡᠮ ᠡᠮᠨᠡᠯᠭᠡ ᠶᠢᠨ ᠵᠠᠪᠰᠠᠷ ᠤᠨ ᠪᠦᠲᠦᠭᠡᠭᠳᠡᠭᠦᠨ ᠢ | ᠦᠢᠯᠡᠳᠪᠦᠷᠢᠯᠡᠬᠦ ᠲᠥᠷᠥᠯ ᠵᠦᠢᠯ ᠵᠡᠷᠭᠡ ᠨᠢᠭᠡ ᠪᠦᠯᠦᠭ ᠲᠣᠮᠣ ᠴᠢᠬᠤᠯᠠ ᠲᠦᠷᠦᠯ ᠵᠦᠢᠯ ᠢ ᠰᠠᠭᠤᠷᠢᠰᠢᠭᠤᠯᠤᠨ ᠬᠡᠷᠡᠭᠵᠢᠭᠦᠯᠵᠦ᠂ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠮᠵᠢ 588 ᠲᠦᠮᠡᠨ ᠲᠣᠨ ᠳᠤ ᠬᠦᠷᠪᠡ︔ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ 231 ᠲᠦᠮᠡᠨ ᠺᠢᠯᠣᠸᠠᠲ ᠲᠤ ᠬᠦᠷᠴᠦ᠂ 151 ᠲᠦᠮᠡᠨ ᠺᠢᠯᠣᠸᠠᠲ ᠴᠠᠬᠢᠯᠭᠠᠨ ᠭᠠᠷᠭᠠᠬᠤ ᠴᠣᠭᠴᠠᠯᠠᠪᠤᠷᠢ ᠶᠢ ᠤᠯᠤᠰ ᠤᠨ ᠴᠠᠬᠢᠯᠭᠠᠨ | ᠳᠠᠮᠵᠢᠭᠤᠯᠬᠤ ᠲᠣᠣᠷ ᠲᠠᠢ ᠨᠡᠶᠢᠯᠡᠭᠦᠯᠪᠡ᠃ ᠵᠢᠯ ᠤᠨ ᠪᠠᠶᠢᠭᠠᠯᠢ ᠶᠢᠨ ᠰᠢᠲᠠᠮᠠᠬᠠᠶ ᠬᠡᠢ ᠦᠶᠯᠡᠳᠪᠦᠷᠢᠯᠡᠬᠦ ᠴᠢᠳᠠᠮᠵᠢ 16 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠲᠤ ᠬᠦᠷᠴᠦ᠂ ᠡᠳᠦᠷ ᠪᠦᠷᠢ ᠶᠢᠨ ᠰᠢᠩᠭᠡᠨᠵᠭᠦᠯᠬᠦ ᠴᠢᠳᠠᠪᠤᠷᠢ ᠨᠢ 460 ᠲᠦᠮᠡᠨ ᠪᠣᠰᠤᠭ᠎ᠠ ᠳᠥᠷᠪᠡᠯᠵᠢᠨ ᠮᠧᠲᠷ ᠢ ᠳᠠᠪᠠᠨ᠂ ᠪᠥᠬᠦ ᠤᠯᠤᠰ ᠤᠨ ᠪᠡᠶ᠎ᠡ | ᠪᠠᠨ ᠳᠠᠭᠠᠭᠠᠵᠤ ᠰᠤᠳᠤᠯᠤᠨ ᠨᠡᠭᠡᠭᠡᠭᠰᠡᠨ ᠵᠠᠭᠤᠨ ᠲᠦᠮᠡᠨ ᠪᠣᠰᠤᠭ᠎ᠠ ᠳᠥᠷᠪᠡᠯᠵᠢᠨ ᠮᠧᠲᠷ ᠤᠨ BOG ︵ᠪᠠᠶᠢᠭᠠᠯᠢ ᠶᠢᠨ ᠰᠢᠲᠠᠮᠠᠬᠠᠢ ᠬᠡᠢ︶ ᠠᠴᠠ ᠾᠧᠯᠢ | ᠪᠣᠯᠪᠠᠰᠣᠷᠠᠭᠤᠯᠬᠤ ᠲᠥᠬᠦᠭᠡᠷᠦᠮᠵᠢ ᠠᠰᠢᠭᠯᠠᠯᠲᠠ ᠳᠤ ᠣᠷᠣᠪᠠ᠃ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠥᠷᠨᠢᠩᠭᠦᠢ ᠬᠥᠭᠵᠢᠪᠡ ᠃ ᠲᠠᠯ᠎ᠠ ᠨᠤᠲᠤᠭ᠂ | ᠡᠯᠡᠰᠦᠨ ᠴᠥᠯ᠂ ᠬᠠᠲᠤᠨ ᠭᠤᠤᠯ ᠤᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠵᠢᠭᠤᠯᠴᠢᠯᠠᠯ ᠤᠨ ᠠᠵᠤ ᠦᠶᠯᠡᠰ ᠢ ᠲᠦᠷᠭᠡᠳᠬᠡᠨ ᠬᠥᠭᠵᠢᠭᠦᠯᠵᠦ᠂ 4 A | ᠲᠠᠰ ᠤᠨ ᠦᠵᠡᠮᠵᠢ ᠶᠢᠨ ᠣᠷᠣᠨ 3 ᠪᠠᠶᠢᠭᠤᠯᠤᠭᠳᠠᠵᠤ᠂ ᠵᠢᠭᠤᠯᠴᠢᠯᠠᠯ ᠤᠨ ᠦᠶᠯᠡᠰ ᠨᠢ ᠦᠶᠯᠡᠴᠢᠯᠡᠭᠡᠨ ᠤ ᠦᠶᠯᠡᠰ ᠤᠨ ᠬᠦᠭᠵᠢᠯᠲᠡ ᠶᠢ ᠳᠠᠶᠢᠴᠢᠯᠠᠬᠤ | ᠬᠥᠲᠥᠴᠢ ᠠᠵᠤ ᠦᠶᠯᠡᠰ ᠪᠣᠯᠪᠠ᠃ ᠣᠳᠣ ᠦᠶ᠎ᠡ ᠶᠢᠨ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠦᠢᠯᠡᠰ ᠲᠦᠷᠭᠡᠨ ᠬᠦᠭᠵᠢᠵᠦ᠂ ᠬᠤᠲᠠ ᠬᠥᠳᠡᠭᠡ ᠶᠢᠨ ᠭᠦᠢᠯᠭᠡᠭᠡᠨ ᠤ ᠰᠢᠰᠲ᠋ᠧᠮᠵᠢ ᠨᠡᠩ ᠲᠡᠭᠦᠯᠳᠡᠷᠵᠢᠨ᠂ ᠤᠯᠤᠰ ᠤᠨ ᠲᠡᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠣᠭᠰᠠᠨ ᠶᠡᠷᠦᠩᠬᠡᠶᠢᠯᠡᠭᠰᠡᠨ ᠵᠢᠱᠢᠶᠡᠴᠢ ᠬᠤᠰᠢᠭᠤ ᠶᠢ ᠠᠮᠵᠢᠯᠲᠠᠲᠠᠢ ᠪᠠᠶᠢᠭᠤᠯᠪᠠ ᠃ | — ᠲᠠᠪᠤᠨ ᠵᠢᠯ ᠤᠨ ᠲᠤᠷᠰᠢ᠂ ᠪᠢᠳᠠ ᠬᠤᠷᠢᠭ᠎ᠠ ᠱᠤᠭᠤᠮ ᠢ ᠴᠢᠩᠭ᠎ᠠ ᠰᠠᠬᠢᠨ ᠲᠤᠲᠠᠭᠳᠠᠯ ᠢᠶᠠᠨ ᠨᠥᠬᠦᠪᠥᠷᠢᠯᠡᠵᠦ᠂ ᠭᠤᠷᠪᠠᠨ ᠶᠡᠭᠡ ᠰᠢᠪᠲᠤᠯᠤᠯᠲᠠ | ᠶᠢᠨ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠤᠯᠪᠠ᠃ ᠭᠤᠷᠪᠠᠨ ᠶᠡᠭᠡ ᠰᠢᠪᠲᠤᠯᠤᠯᠲᠠ ᠶᠢᠨ ᠠᠵᠢᠯ ᠢ ᠰᠠᠶᠢᠲᠤᠷ ᠬᠢᠬᠦ ᠶᠢ ᠴᠢᠨᠡᠭᠡᠯᠢᠭ ᠨᠡᠶᠢᠭᠡᠮ ᠢ ᠪᠦᠬᠦ ᠲᠠᠯ᠎ᠠ | ᠪᠠᠷ ᠪᠡᠶᠡᠯᠡᠭᠦᠯᠬᠦ ᠡᠭᠦᠷᠭᠡ ᠪᠣᠯᠭᠠᠨ ᠪᠠᠷᠢᠮᠲᠠᠯᠠᠵᠤ᠂ ᠪᠦᠬᠦ ᠬᠤᠰᠢᠭᠤᠨ ᠤ ᠪᠣᠳᠠᠲᠤ ᠬᠦᠴᠦᠨ ᠢ ᠲᠥᠪᠯᠡᠷᠡᠭᠦᠯᠦᠨ᠂ ᠪᠦᠬᠦ ᠲᠠᠯ᠎ᠠ ᠪᠠᠷ ᠰᠢᠪᠲᠤᠯᠤᠯᠲᠠ ᠬᠢᠪᠡ᠃ ︽ | ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠢ ᠪᠠᠲᠣᠯᠠᠬᠤ ᠵᠡᠷᠭᠡ ᠠᠰᠠᠭᠤᠳᠠᠯ ᠳᠤ ᠠᠩᠬᠠᠷᠤᠯ ᠢᠶᠠᠨ | ᠲᠦᠪᠯᠡᠷᠡᠭᠦᠯᠦᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠣᠨᠣᠪᠴᠢᠲᠠᠢ ᠬᠠᠪᠰᠤᠷᠤᠨ ᠲᠡᠳᠬᠦᠵᠦ᠂ ︽1+13︾ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠲᠣᠭᠲᠠᠭᠠᠨ᠂ ᠤᠳᠤᠷᠢᠳᠬᠤ ᠺᠠᠳ᠋ᠷ ᠤᠨ ︽ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ | ᠰᠢᠯᠢᠳᠡᠭ ᠺᠠᠳ᠋ᠷ ᠠᠵᠢᠯᠲᠠᠨ ᠢ ᠭᠠᠴᠠᠭ᠎ᠠ ᠳᠣᠰᠬᠤᠨ ᠳᠤ ᠲᠣᠮᠢᠯᠠᠨ ᠰᠠᠭᠤᠯᠭᠠᠵᠤ᠂ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠠᠮᠵᠢᠯᠲᠠᠲᠠᠢ | ᠪᠡᠶᠡᠯᠡᠭᠦᠯᠪᠡ᠃ ᠡᠬᠢ ᠪᠠᠶᠠᠯᠢᠭ ᠢ ᠠᠮᠢᠳᠤᠯᠢᠭ ᠪᠣᠯᠭᠠᠬᠤ᠂ ᠬᠢᠨᠠᠨ ᠪᠤᠳᠤᠯᠲᠠ ᠬᠢᠵᠦ ᠬᠠᠷᠭᠤᠭᠤᠯᠤᠨ ᠬᠠᠰᠤᠬᠤ ᠪᠠ ᠭᠠᠶᠢᠯᠢ ᠶᠢ ᠴᠡᠭᠴᠡᠯᠡᠵᠦ ᠭᠠᠶᠢᠯᠢ ᠶᠢ ᠴᠡᠪᠡᠷᠯᠡᠬᠦ | ᠵᠡᠷᠭᠡ ᠠᠷᠭ᠎ᠠ ᠬᠡᠮᠵᠢᠶ᠎ᠡ ᠶᠢ ᠵᠡᠷᠭᠡᠪᠡᠷ ᠴᠢᠬᠤᠯᠠᠴᠢᠯᠠᠨ᠂ ᠨᠡᠶᠢᠲᠡ 36 ᠳ᠋ᠦᠩᠰᠢᠭᠤᠷ ᠲᠥᠭᠦᠷᠢᠭ ᠳᠠᠯᠳᠠ ᠥᠷᠢ ᠥᠭᠴᠡᠭᠡ ᠶᠢ ᠰᠢᠢᠳᠪᠦᠷᠢᠯᠡᠵᠦ᠂ ︽ᠠᠷᠪᠠ ᠶᠢ | ᠪᠥᠷᠬᠦᠭᠦᠯᠬᠦ︾ ᠢᠨᠵᠧᠨᠧᠷᠢᠩ ᠲᠠᠢ ᠬᠤᠯᠪᠣᠭᠳᠠᠭᠰᠠᠨ ᠥᠷᠢ ᠥᠭᠴᠡᠭᠡ ᠶᠢ ᠪᠦᠬᠦᠨ ᠢ ᠰᠢᠢᠳᠪᠦᠷᠢᠯᠡᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ | ᠳᠣᠭᠲᠠᠭᠰᠠᠨ ᠵᠥᠷᠢᠯᠳᠦᠭᠡᠨ ᠥᠬᠡᠶ ᠳᠠᠩᠰᠠ ᠮᠦᠩᠭᠦ ᠶᠢ ᠪᠦᠬᠦᠨ ᠢ ᠰᠢᠢᠳᠪᠦᠷᠢᠯᠡᠪᠡ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ | ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠣᠰᠣᠭᠠᠷ᠂ ᠪᠣᠬᠢᠷᠳᠣᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ | ᠠᠵᠢᠯᠯᠠᠭ᠎ᠠ ᠶᠢᠨ ᠲᠥᠰᠦᠯ ᠪᠠ 8 ᠬᠤᠪᠢ ᠬᠠᠮᠢᠶ᠎ᠠ ᠪᠦᠬᠦᠢ ᠲᠥᠰᠦᠯ ᠢ ᠲᠣᠭᠲᠠᠭᠠᠵᠤ᠂ ︽ᠭᠤᠷᠪᠠᠨ ᠲᠠᠩᠰᠠ︾ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠬᠥᠬᠡ | ᠲᠡᠭᠷᠢ᠂ ᠬᠥᠬᠡᠮᠳᠦᠭ ᠤᠰᠤ᠂ ᠬᠥᠷᠥᠰᠥ ᠰᠢᠷᠣᠢ ᠪᠠᠨ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ | ᠢᠯᠡᠳᠲᠡ ᠦᠷ᠎ᠡ ᠪᠦᠲᠦᠮᠵᠢ ᠣᠯᠪᠠ᠃ | — ᠲᠠᠪᠤᠨ ᠵᠢᠯ ᠤᠨ ᠲᠤᠷᠰᠢ᠂ ᠪᠢᠳᠡ ᠰᠠᠭᠤᠷᠢ ᠪᠠᠨ ᠪᠠᠬᠢᠵᠢᠭᠦᠯᠦᠨ ᠣᠷᠴᠢᠨ ᠲᠣᠭᠤᠷᠢᠨ ᠢᠶᠠᠨ ᠰᠢᠯᠢᠳᠡᠭᠵᠢᠭᠦᠯᠵᠦ᠂ ᠭᠠᠵᠠᠷ ᠣᠷᠣᠨ ᠤ | ᠳᠠᠭᠠᠭᠠᠴᠠ ᠢᠯᠡᠳᠲᠡ ᠴᠢᠩᠭᠠᠷᠠᠪᠠ᠃ ᠠᠮᠢ ᠠᠬᠤᠢ ᠶᠢᠨ ᠣᠷᠴᠢᠨ ᠲᠣᠭᠤᠷᠢᠨ᠂ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ | ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦ ᠣᠷᠣᠭᠤᠯᠤᠨ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ︽ᠭᠤᠷᠪᠠᠨ ᠣᠷᠣᠨ︾ ᠤ ᠲᠦᠯᠦᠪᠵᠢᠭᠦᠯᠭᠡ᠂ ᠪᠡᠯᠴᠢᠭᠡᠷᠯᠡᠭᠦᠯᠬᠦ | ᠶᠢ ᠬᠤᠷᠢᠭᠯᠠᠨ ᠰᠡᠯᠭᠦᠨ ᠮᠠᠯᠵᠢᠬᠤ ᠵᠡᠷᠭᠡ ᠲᠥᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠰᠢᠭᠤᠷᠭᠠᠨ ᠤ ᠡᠬᠢ ᠶᠢ ᠵᠠᠰᠠᠬᠤ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠥᠷᠨᠢᠭᠦᠯᠦᠨ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ 15.4 % ᠳᠤ ᠬᠦᠷᠴᠦ᠂ | ᠤᠷᠭᠤᠮᠠᠯ ᠤᠨ ᠪᠦᠷᠬᠦᠴᠡ ᠶᠢ 65 % ᠪᠠᠷ ᠲᠣᠭᠲᠠᠪᠦᠷᠢᠵᠢᠭᠤᠯᠪᠠ᠃ ᠭᠤᠣᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠲᠦᠷᠦᠯ ᠵᠦᠢᠯ ᠢ | ᠴᠢᠷᠮᠠᠶᠢᠨ ᠬᠡᠷᠡᠭᠵᠢᠭᠦᠯᠵᠦ᠂ ᠥᠷᠭᠡᠨ ᠠᠭᠤᠳᠠᠮ ᠬᠥᠪᠴᠢ ᠶᠢᠨ ᠡᠯᠡᠰᠦᠨ ᠤ ᠥᠷᠥᠴᠡᠨ ᠳᠤ100 ᠲᠡᠭᠰᠢ ᠳᠥᠷᠪᠡᠯᠵᠢᠨ ᠺᠢᠯᠣᠮᠧᠲᠷ ᠣᠷᠴᠢᠮ ᠡᠯᠡᠰᠦ ᠮᠠᠩᠬ᠎ᠠ | ᠨᠠᠭᠤᠷ ᠪᠦᠷᠢᠳᠦ ᠵᠠᠯᠭᠠᠯᠳᠤᠭᠰᠠᠨ ᠪᠠᠶᠢᠭᠠᠯᠢᠯᠢᠭ ᠠᠮᠢ ᠠᠬᠤᠶ ᠶᠢᠨ ᠪᠦᠰᠡ ᠶᠢ ᠪᠦᠷᠢᠳᠦᠭᠦᠯᠵᠦ᠂ ᠬᠥᠪᠴᠢ ᠶᠢᠨ ᠡᠯᠡᠰᠦᠨ ᠴᠥᠯ ᠤᠨ ᠢ ᠯᠢ ᠠᠮᠢ ᠠᠬᠤᠶ ᠶᠢᠨ | ᠵᠢᠱᠢᠶᠡᠴᠢ ᠣᠷᠣᠨ ᠨᠢ ᠪᠥᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ | ᠦᠢᠯᠡᠳᠦᠯᠭᠡᠵᠢᠭᠦᠯᠦᠨ ᠰᠢᠨ᠎ᠡ ᠶᠢ ᠡᠭᠦᠳᠬᠦ ᠰᠠᠭᠤᠷᠢᠨ ᠢᠶᠠᠷ ᠦᠨᠡᠯᠡᠭᠳᠡᠪᠡ᠃ ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠡᠭᠡ ᠪᠠᠷ ᠳᠡᠭᠡᠭᠰᠢᠯᠡᠪᠡ᠃ ᠰᠢᠨᠡᠪᠠᠯᠭᠠᠰᠤᠨ | ᠤ ᠵᠠᠮ ᠬᠠᠷᠢᠯᠴᠠᠭ᠎ᠠ ᠬᠤᠭᠤᠯᠠᠢ ᠲᠣᠣᠷ᠂ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠵᠡᠷᠭᠡ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ ᠲᠡᠰ ᠳᠡᠪᠰᠢᠭᠦᠯᠵᠦ᠂ | ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠲᠣᠮᠣ ᠳ᠋ᠠᠶᠢᠲ᠋ᠠ ᠶᠢᠨ ᠲᠥᠪ ᠵᠡᠷᠭᠡ ᠨᠢᠭᠡ | ᠪᠦᠯᠦᠭ ᠴᠢᠬᠤᠯᠠ ᠶᠡᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠯᠭ᠎ᠠ ᠶᠢ ᠳᠠᠭᠤᠰᠬᠠᠵᠤ᠂ ᠬᠤᠭ ᠯᠠᠭ ᠰᠢᠢᠳᠪᠦᠷᠢᠯᠡᠬᠦ ᠳᠤ ᠬᠦᠴᠢᠷ᠂ ᠲᠡᠷᠭᠡ ᠵᠣᠭᠰᠣᠭᠠᠬᠤ | ᠳᠤ ᠬᠦᠴᠢᠷ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ᠃ ᠬᠤᠲᠠ ᠶᠢᠨ ᠲᠣᠭᠤᠷᠢᠭ ᠤᠨ 1208 ᠬᠠᠭᠤᠴᠢᠨ ᠭᠡᠷ ᠪᠠᠶᠢᠰᠢᠩ ᠢ ᠦᠭᠡᠷᠡᠴᠢᠯᠡᠨ | ᠰᠢᠨᠡᠳᠬᠡᠵᠦ᠂ 600 ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠪᠠᠶᠢᠭᠤᠯᠤᠨ᠂ 3 ᠲᠦᠮᠡᠨ ᠲᠡᠭᠰᠢ ᠳᠥᠷᠪᠡᠯᠵᠢᠨ ᠮᠧᠲᠷ ᠬᠠᠳᠠᠭᠠᠯᠠᠭᠳᠠᠭᠰᠠᠨ ᠲᠠᠸᠠᠷ ᠤᠨ | ᠭᠡᠷ ᠪᠠᠶᠢᠰᠢᠩ ᠢ ᠰᠢᠢᠳᠪᠦᠷᠢᠯᠡᠵᠦ᠂ ᠬᠠᠭᠤᠴᠢᠨ ᠬᠤᠲᠠ ᠶᠢ ᠦᠭᠡᠷᠡᠴᠢᠯᠡᠨ ᠨᠡᠭᠦᠯᠭᠡᠨ ᠲᠦᠪᠬᠢᠨᠡᠭᠦᠯᠦᠭᠰᠡᠨ ᠨᠣᠷᠮ᠎ᠠ 99.2 % ᠲᠤ ᠬᠦᠷᠴᠦ᠂ 28 ᠰᠠᠭᠤᠭᠠᠯᠢ | ᠲᠣᠭᠤᠷᠢᠭ ᠤᠨ ᠭᠡᠷ ᠪᠠᠶᠢᠰᠢᠩ ᠤᠨ ᠭᠡᠷᠡᠴᠢᠯᠡᠯᠭᠡ ᠠᠪᠬᠤ ᠳᠤ ᠬᠦᠴᠢᠷ ᠪᠠ ᠣᠷᠤᠵᠤ ᠰᠠᠭᠤᠬᠤ ᠳᠤ ᠬᠦᠴᠢᠷ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ 29 | ᠴᠡᠴᠡᠷᠯᠢᠭ ᠪᠠ ᠰᠡᠯᠡᠭᠦᠴᠡᠯ ᠤᠨ ᠭᠠᠵᠠᠷ ᠰᠢᠨ᠎ᠡ ᠪᠠᠷ ᠨᠡᠮᠡᠭᠳᠡᠵᠦ᠂ 35 ᠺᠢᠯᠣᠮᠧᠲᠷ ᠰᠡᠯᠡᠭᠦᠴᠡᠨ ᠠᠯᠬᠤᠬᠤ ᠵᠠᠮ ᠳᠡᠪᠢᠰᠪᠡ︔ ᠲᠠᠤᠯᠠᠶ ᠶᠢᠨ ᠭᠤᠤᠯ᠂ ᠰᠢᠨ᠎ᠡ | ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ ᠥᠩᠭᠡ ᠦᠵᠡᠮᠵᠢ ᠨᠠᠩ ᠭᠤᠶᠢᠳᠠ ᠰᠠᠶᠢᠬᠠᠨ ᠪᠣᠯᠪᠠ᠃ ᠰᠠᠭᠤᠷᠢ | ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠪᠡ᠃ ᠬᠠᠲᠤᠨ ᠭᠤᠤᠯ ᠳᠠᠭᠠᠤ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠶᠠᠰᠤ ᠴᠢᠨᠠᠷ ᠦᠷᠭᠦᠯᠵᠢᠯᠡᠨ | ᠳᠡᠭᠡᠭᠰᠢᠯᠡᠪᠡ᠃ ︽ᠪᠠᠶᠢᠭᠠᠯᠢ ᠶᠢᠨ ᠰᠢᠲᠠᠮᠠᠬᠠᠢ ᠬᠡᠢ ᠶᠢ ᠲᠥᠭᠡᠮᠡᠯᠵᠢᠭᠦᠯᠦᠭᠰᠡᠨ ᠬᠠᠩᠭᠢᠨ︾ ᠢ ᠪᠦᠲᠦᠭᠡᠨ ᠪᠠᠶᠢᠭᠤᠯᠬᠤ ᠢᠨᠵᠧᠨᠧᠷᠢᠩ ᠢ ᠪᠦᠲᠦᠮᠵᠢᠲᠡᠢ | ᠬᠡᠷᠡᠭᠵᠢᠭᠦᠯᠦᠨ᠂ ᠮᠠᠯᠴᠢᠨ ᠲᠠᠷᠢᠶᠠᠴᠢᠨ ᠤ ᠪᠠᠶᠢᠭᠠᠯᠢ ᠶᠢᠨ ᠰᠢᠲᠠᠮᠠᠬᠠᠶ ᠬᠡᠶ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠠᠯᠬᠤᠮ ᠠᠯᠬᠤᠮ ᠢᠶᠠᠷ ᠪᠡᠶᠡᠯᠡᠭᠦᠯᠪᠡ᠃ | ᠮᠠᠯᠵᠢᠬᠤ ᠲᠠᠷᠢᠶᠠᠯᠠᠬᠤ ᠣᠷᠣᠨ ᠤ ︽ᠵᠣᠷᠯᠣᠩ ᠢ ᠰᠢᠨᠡᠳᠭᠡᠨ ᠥᠭᠡᠷᠡᠴᠢᠯᠡᠬᠦ︾ ᠠᠵᠢᠯ ᠢ ᠪᠦᠬᠦ ᠬᠦᠴᠦ ᠪᠠᠷ ᠠᠬᠢᠭᠤᠯᠵᠤ᠂ ᠬᠤᠭ ᠨᠣᠪᠰᠢ ᠪᠠ ᠪᠣᠬᠢᠷ ᠤᠰᠤ ᠶᠢ | ᠰᠢᠶᠳᠪᠦᠷᠢᠯᠡᠬᠦ ᠳᠦᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠪᠡ︔ 4 G ᠴᠢᠮᠡᠭᠡ ᠨᠡᠪᠲᠡᠷᠡᠯᠭᠡ ᠶᠢᠨ ᠳᠣᠬᠢᠶ᠎ᠠ ᠶᠢ ᠨᠡᠶᠢᠳᠡᠮ ᠪᠦᠷᠬᠦᠭᠦᠯᠵᠦ᠂ 5 G | ᠴᠢᠮᠡᠭᠡ ᠨᠡᠪᠲᠡᠷᠡᠯᠭᠡ ᠶᠢᠨ ᠰᠠᠭᠤᠷᠢ ᠥᠷᠲᠡᠭᠡ᠂ ᠤᠶᠤᠨᠲᠤ ᠷᠠᠳᠢᠣ᠋ ᠲᠧᠯᠸᠢᠰ ᠤᠨ ᠰᠦᠯᠵᠢᠶ᠎ᠡ ᠶᠢ ᠭᠠᠴᠠᠭ᠎ᠠ ᠳᠣᠰᠬᠤᠨ ᠠᠶᠢᠯ ᠡᠷᠦᠬᠡ ᠳᠤ ᠲᠥᠭᠡᠮᠡᠯᠵᠢᠭᠦᠯᠬᠦ | ᠠᠵᠢᠯ ᠢ ᠡᠮᠬᠢ ᠵᠢᠷᠤᠮ ᠲᠠᠢ ᠠᠬᠢᠭᠤᠯᠪᠠ︔ ᠬᠠᠲᠤᠨ ᠭᠤᠣᠯ ᠤᠨ ᠬᠠᠰᠢᠯᠭ᠎ᠠ ᠪᠠ ᠵᠠᠮ ᠢ ᠨᠢᠭᠡ ᠴᠣᠭᠴᠠᠵᠢᠭᠤᠯᠤᠭᠰᠠᠨ ᠦᠶᠡᠷ ᠢ ᠰᠡᠷᠭᠡᠶᠢᠯᠡᠬᠦ ᠪᠠᠷᠢᠯᠭ᠎ᠠ ᠶᠢ | ᠪᠡᠶᠡᠯᠡᠭᠦᠯᠵᠦ᠂ ᠬᠠᠰᠢᠯᠭ᠎ᠠ ᠶᠢᠨ ᠪᠠᠶᠢᠭᠤᠯᠤᠯᠲᠠ ᠨᠢ ᠭᠤᠷᠪᠠᠳᠤᠭᠠᠷ ᠳᠡᠰ ᠤᠨ ᠰᠡᠷᠭᠡᠶᠢᠯᠡᠯᠲᠡ ᠶᠢᠨ ᠪᠠᠷᠢᠮᠵᠢᠶ᠎ᠠ ᠳᠤ ᠬᠦᠷᠪᠡ᠃ ᠴᠠᠬᠢᠯᠭᠠᠨ ᠬᠦᠷᠭᠡᠬᠦ ᠱᠤᠭᠤᠮ ᠢ | 863 ᠺᠢᠯᠣᠮᠧᠲᠷ ᠰᠢᠨᠡᠴᠢᠯᠡᠨ ᠰᠠᠶᠢᠵᠢᠷᠠᠭᠤᠯᠵᠤ᠂ ᠰᠢᠨᠡᠪᠠᠯᠭᠠᠰᠤᠨ ᠤ ᠪᠠᠯᠭᠠᠰᠤᠨ ᠲᠣᠭᠤᠷᠢᠭ ᠪᠠ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠤᠣᠰ | ᠪᠤᠴᠠᠯᠲᠠ ᠲᠠᠢ ᠴᠠᠬᠢᠯᠭᠠᠨ ᠬᠠᠩᠭᠠᠬᠤ ᠰᠢᠰᠲ᠋ᠧᠮ ᠢ ᠪᠦᠷᠢᠯᠳᠦᠭᠦᠯᠵᠦ ᠥᠭᠪᠡ︔ 242 ᠳ᠋ᠣᠭᠠᠷ ᠨᠣᠮᠧᠷᠲᠦ ᠤᠯᠤᠰ ᠤᠨ ᠲᠡᠰ ᠤᠨ ᠵᠠᠮ ᠪᠠ 215 ᠳ᠋ᠣᠭᠠᠷ | ᠨᠣᠮᠧᠷᠲᠦ ᠮᠣᠵᠢ ᠶᠢᠨ ᠲᠡᠰ ᠤᠨ ᠵᠠᠮ ᠢ ᠳᠡᠪᠢᠰᠦᠨ ᠲᠡᠷᠭᠡ ᠨᠡᠪᠲᠡᠷᠡᠭᠦᠯᠵᠦ᠂ 24 ᠳ᠋ᠤᠭᠡᠷ ᠨᠣᠮᠧᠷᠲᠦ ᠮᠣᠵᠢ ᠶᠢᠨ ᠲᠡᠰ ᠤᠨ ᠵᠠᠮ ᠪᠠ᠂ 316 ᠳ᠋ᠣᠭᠠᠷ ᠨᠣᠮᠧᠷᠲᠦ | ᠮᠣᠵᠢ ᠶᠢᠨ ᠲᠡᠰ ᠤᠨ ᠵᠠᠮ ᠢ ᠳᠡᠰ ᠳᠡᠪᠰᠢᠭᠦᠯᠦᠨ ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠢ | ᠪᠠᠶᠢᠭᠤᠯᠤᠭᠰᠠᠨ ᠵᠢᠱᠢᠶᠡᠴᠢ ᠬᠤᠰᠢᠭᠤ ᠪᠠᠷ ᠦᠨᠡᠯᠡᠭᠳᠡᠪᠡ︔ ᠮᠣᠨᠢ ᠠᠭᠤᠯᠠ — ᠰᠢᠨᠡᠪᠠᠯᠭᠠᠰᠤ ᠬᠥᠷᠬᠦ ᠲᠡᠮᠦᠷ ᠵᠠᠮ ᠤᠨ ᠮᠤᠨᠢ ᠠᠭᠤᠯᠠ ᠠᠴᠠ ᠳᠦᠷᠪᠡᠨ | ᠬᠤᠳᠳᠤᠭ ᠬᠥᠷᠬᠦ ᠬᠡᠰᠡᠭ ᠨᠢ ᠠᠰᠢᠭᠯᠠᠯᠲᠠ ᠳᠤ ᠣᠷᠤᠪᠠ᠃ | — ᠲᠠᠪᠤᠨ ᠵᠢᠯ ᠤᠨ ᠲᠤᠷᠰᠢ᠂ ᠪᠢᠳᠡ ᠬᠦᠴᠢᠷ ᠪᠡᠷᠬᠡᠰᠢᠶᠡᠯ ᠢ ᠢᠯᠠᠨ ᠳᠠᠪᠠᠵᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠭᠵᠢᠯᠲᠡ ᠶᠢᠨ ᠳᠣᠲᠣᠭᠠᠳᠤ | ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠪᠠ᠃ ︽ᠡᠷᠬᠡ ᠶᠢ ᠳᠣᠷᠤᠭᠰᠢ ᠪᠠᠭᠤᠯᠭᠠᠵᠤ᠂ ᠬᠠᠮᠢᠶᠠᠷᠤᠯᠲᠠ ᠪᠠᠨ ᠰᠢᠨᠡᠳᠬᠡᠨ᠂ ᠦᠢᠯᠡᠴᠢᠯᠡᠭᠡ ᠪᠠᠨ | ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠠᠬᠢᠭᠤᠯᠬᠤ ᠪᠠᠷ ᠤᠷᠢᠳᠠᠯ ᠪᠣᠯᠭᠠᠨ᠂ ᠭᠠᠵᠠᠷ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠠᠬᠤᠢ ᠶᠢ ᠲᠠᠰᠣᠷᠠᠯᠲᠠ | ᠦᠭᠡᠢ ᠰᠢᠯᠢᠳᠡᠭᠵᠢᠭᠦᠯᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠢ ᠪᠠᠶᠢᠭᠤᠯᠤᠨ᠂ 1158 ᠲᠦᠷᠦᠯ ᠤᠨ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠵᠦᠶᠯᠡᠰ ᠢ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠣᠷᠣᠭᠤᠯᠵᠤ᠂ 618 ᠲᠦᠷᠦᠯ ᠤᠨ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠶᠴᠡᠳᠬᠡᠬᠦ ᠶᠢ ᠪᠡᠶᠡᠯᠡᠭᠦᠯᠪᠡ᠃ ᠨᠠᠮ ᠵᠠᠰᠠᠭ ᠤᠨ ᠪᠠᠶᠢᠭᠤᠯᠤᠮᠵᠢ ᠪᠠ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠠᠮᠵᠢᠯᠲᠠ ᠲᠠᠢ ᠪᠡᠶᠡᠯᠡᠭᠦᠯᠵᠦ᠂ ᠪᠠᠶᠢᠭᠤᠯᠤᠮᠵᠢ ᠶᠢᠨ ᠡᠭᠦᠷᠭᠡ ᠴᠢᠳᠠᠪᠬᠢ ᠪᠠ ᠠᠵᠢᠯᠳᠠᠨ ᠤ | ᠲᠤᠬᠢᠷᠠᠭᠤᠯᠤᠯᠳᠠ ᠨᠡᠩ ᠰᠢᠯᠢᠳᠡᠭᠵᠢᠨ ᠰᠢᠨᠵᠢᠯᠡᠬᠦ ᠤᠬᠠᠭᠠᠨᠴᠢ ᠪᠣᠯᠪᠠ᠃ ᠬᠥᠳᠡᠭᠡ ᠲᠣᠰᠬᠤᠨ ᠤ ᠭᠠᠵᠠᠷ ᠰᠢᠷᠣᠶ᠂ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠬᠦ ᠡᠷᠬᠡ ᠶᠢ ᠰᠢᠯᠵᠢᠭᠦᠯᠭᠦ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ | ᠲᠣᠭᠲᠠᠭᠠᠵᠤ ᠦᠨᠡᠮᠯᠡᠯ ᠣᠯᠭᠤᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠲᠤᠨ ᠭᠤᠣᠯ ᠳᠠᠭᠠᠤ ᠶᠢᠨ ᠤᠰᠤᠯᠠᠯᠲᠠ ᠶᠢᠨ ᠣᠷᠣᠨ ᠳᠤ ᠦᠨ᠎ᠡ ᠲᠥᠯᠥᠪᠦᠷᠢ ᠲᠠᠢ ᠤᠰᠤ ᠲᠠᠲᠠᠷᠠᠭᠤᠯᠬᠤ ᠪᠠ | ᠠᠷᠠᠯᠵᠢᠶᠠᠯᠠᠬᠤ ᠠᠷᠭ᠎ᠠ ᠶᠢ ᠪᠦᠬᠦ ᠬᠤᠲᠠ ᠶᠢᠨ ᠳᠣᠲᠣᠷ᠎ᠠ ᠲᠡᠷᠢᠭᠦᠨ ᠳᠤᠨᠢ ᠥᠷᠨᠢᠭᠦᠯᠵᠦ᠂ ᠤᠰᠤᠨ ᠠᠰᠢᠭᠯᠠᠯᠲᠠ ᠶᠢᠨ ᠶᠠᠮᠤᠨ ᠠᠴᠠ ᠮᠠᠨ ᠤ ᠬᠤᠰᠢᠭᠤ ᠶᠢ ᠪᠦᠬᠦ | ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠬᠤᠰᠢᠭᠤ ᠪᠠᠷ ᠦᠨᠡᠯᠡᠪᠡ ᠃ | — ᠲᠠᠪᠤᠨ ᠵᠢᠯ ᠤᠨ ᠲᠤᠷᠰᠢ᠂ ᠪᠢᠳᠡ ᠬᠥᠮᠦᠨ ᠢᠶᠠᠷ ᠦᠨᠳᠦᠰᠦ ᠪᠣᠯᠭᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠨᠡᠶᠢᠭᠡᠮ ᠤᠨ ᠠᠵᠢᠯ | ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ ᠃ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠲᠠ ᠶᠢ ᠢᠯᠠᠨ ᠳᠠᠪᠠᠵᠤ᠂ | ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠤᠨ ᠬᠥᠭᠵᠢᠯᠲᠡ ᠶᠢ ᠡᠩ ᠲᠡᠷᠢᠭᠦᠨ ᠳᠤ ᠪᠠᠲᠤᠯᠠᠵᠤ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠨᠡᠶᠢᠲᠡ | 113.2 ᠳ᠋ᠦᠩᠰᠢᠭᠤᠷ ᠲᠥᠭᠦᠷᠢᠭ ᠵᠠᠷᠣᠴᠠᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 77.6 % ᠶᠢ ᠡᠵᠡᠯᠡᠪᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠲᠣᠰᠪᠣᠷᠢ 45525 ᠲᠥᠭᠦᠷᠢᠭ ᠪᠠ 21520 ᠲᠥᠭᠦᠷᠢᠭ ᠲᠤ ᠬᠦᠷᠴᠦ᠂ ᠵᠢᠯ ᠪᠦᠷᠢ | ᠳᠤᠮᠳᠠᠴᠢ ᠪᠠᠷ 6.2 % ᠪᠠ 8.6 % ᠨᠡᠮᠡᠭᠳᠡᠪᠡ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠲᠣᠭᠲᠠᠭᠤᠨ ᠢᠶᠠᠷ ᠳᠡᠭᠡᠭᠰᠢᠯᠡᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠭᠤᠯᠤᠯᠲᠠ ᠵᠢᠯ ᠳᠠᠷᠠᠭᠠᠯᠠᠨ ᠨᠡᠮᠡᠭᠳᠡᠪᠡ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠦᠨᠳᠦᠰᠦᠨ ᠳᠡᠭᠡᠨ ᠲᠡᠩᠴᠡᠭᠦᠷᠢᠲᠡᠶ ᠬᠥᠭᠵᠢᠬᠦ | ᠶᠢ ᠪᠠᠲᠤᠯᠠᠬᠤ ᠠᠵᠢᠯ ᠨᠢ ᠤᠯᠤᠰ ᠤᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠪᠠᠷᠢᠮᠵᠢᠶ᠎ᠠ ᠳᠤ ᠬᠦᠷᠴᠦ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ | 5 ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠭᠳᠡᠬᠦ ᠨᠣᠷᠮ᠎ᠠ᠂ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠳᠤ ᠳᠠᠪᠰᠢᠬᠤ ᠨᠢᠭᠡᠳᠦᠯᠲᠡᠶ ᠰᠢᠯᠭᠠᠯᠲᠠ ᠶᠢᠨ ᠳᠡᠬᠡᠳᠦ ᠳᠤᠮᠳᠠᠳᠤ ᠳᠤ ᠡᠯᠰᠡᠭᠳᠡᠬᠦ ᠨᠣᠷᠮ᠎ᠠ ᠦᠷᠭᠦᠯᠵᠢᠯᠡᠨ ᠳᠡᠭᠡᠭᠰᠢᠯᠡᠵᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠭᠤᠷᠪᠠᠨ | ᠲᠥᠷᠥᠯ ᠤᠨ ᠨᠢᠭᠡᠳᠦᠯᠲᠡᠢ ᠳᠤ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠬᠤᠰᠢᠭᠤᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ | ᠳᠤ ᠪᠦᠬᠦ ᠲᠠᠯ᠎ᠠ ᠪᠠᠷ ᠬᠡᠷᠡᠭᠵᠢᠭᠦᠯᠪᠡ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ | ᠰᠢᠨ᠎ᠡ ᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠦᠬᠦ ᠬᠦᠴᠦ ᠪᠠᠷ ᠢᠶᠠᠨ | ᠠᠷᠭᠠᠴᠠᠭᠠᠪᠠ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠢᠨᠠᠨ ᠬᠡᠮᠵᠢᠬᠦ ᠦᠷᠳᠡᠭᠡ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠬᠤᠰᠢᠭᠤ ᠺᠢᠨᠣ᠋ | ᠵᠦᠴᠦᠭᠡ ᠶᠢᠨ ᠬᠦᠷᠢᠶᠡᠯᠡᠩ᠂ ᠨᠣᠮ ᠤᠨ ᠰᠠᠩ᠂ ᠪᠠᠭᠠᠴᠤᠳ ᠤᠨ ᠣᠷᠳᠣᠨ ᠢ ᠰᠢᠨ᠎ᠡ ᠪᠠᠷ ᠪᠠᠶᠢᠭᠤᠯᠵᠤ᠂ ᠦᠨᠳᠦᠰᠦᠨ ᠱᠠᠲᠤᠨ ᠤ ᠰᠣᠶᠣᠯ ᠤᠨ ᠦᠢᠯᠡᠴᠢᠯᠡᠭᠡᠨ ᠤ | ᠲᠠᠰᠤᠭ ᠢ ᠦᠨᠳᠦᠰᠦᠨ ᠳᠡᠭᠡᠨ ᠪᠠᠶᠢᠭᠤᠯᠤᠨ ᠭᠦᠢᠴᠡᠭᠡᠵᠦ᠂ ᠣᠯᠠᠨ ᠲᠦᠮᠡᠨᠴᠢ ᠴᠢᠨᠠᠷᠲᠠᠢ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ | ᠬᠠᠤᠯᠢ ᠴᠠᠭᠠᠵᠠ ᠶᠢᠨ ᠲᠣᠪᠴᠢᠶᠠᠨ ᠤ ᠲᠤᠬᠠᠶᠢᠯᠠᠭᠰᠠᠨ ᠠᠵᠢᠯ ᠤᠨ ᠣᠷᠴᠢᠨ ᠨᠦᠬᠦᠴᠡᠯ ᠪᠦᠬᠦ ᠲᠠᠯ᠎ᠠ ᠪᠠᠷ ᠰᠠᠶᠢᠵᠢᠷᠠᠪᠠ᠃ ᠴᠢᠬᠤᠯᠠ ᠵᠠᠮ ᠤᠨ ᠠᠭᠤᠯᠵᠠᠷ᠂ | ᠭᠤᠣᠯᠳᠠᠯᠭ᠎ᠠ ᠲᠠᠢ ᠭᠠᠵᠠᠷ ᠣᠷᠣᠨ ᠵᠢᠴᠢ ᠬᠠᠳᠤᠨ ᠭᠤᠣᠯ ᠤᠨ ᠬᠠᠩᠭᠢᠨ ᠬᠤᠰᠢᠭᠤᠨ ᠤ ᠬᠡᠰᠡᠭ ᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠪᠡᠶᠡᠯᠡᠭᠦᠯᠵᠦ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠭᠦᠨᠵᠡᠭᠡᠢ ᠠᠬᠢᠭᠤᠯᠤᠭᠳᠠᠵᠤ᠂ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠡᠷᠴᠢᠮᠲᠡᠢ ᠥᠷᠨᠢᠭᠳᠡᠪᠡ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ | ᠲᠦᠭᠡᠮᠡᠯᠵᠢᠭᠦᠯᠬᠦ ᠠᠵᠢᠯ᠂ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠠ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠶᠤᠯᠭᠦᠶ ᠦᠶᠯᠡᠳᠪᠦᠷᠢᠯᠡᠯ᠂ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠠᠮᠤᠷ ᠲᠦᠪᠰᠢᠨ | ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠢᠯᠡᠳᠲᠡ ᠦᠷ᠎ᠡ | ᠪᠦᠲᠦᠮᠵᠢ ᠤᠯᠪᠠ᠃ ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠣᠷᠠᠯᠳᠠ ᠥᠭᠡᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ | ᠬᠥᠭᠵᠢᠭᠦᠯᠵᠦ᠂ ᠣᠯᠠᠨ ᠲᠦᠮᠡᠨᠴᠢ ᠪᠦᠯᠬᠦᠮ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠪᠥᠯᠬᠦᠮᠳᠡᠯ ᠲᠠᠢ ᠡᠶ᠎ᠡ ᠵᠣᠬᠢᠴᠠᠯ ᠲᠠᠢ ᠰᠠᠶᠢᠨ ᠰᠠᠶᠢᠬᠠᠨ | ᠪᠠᠶᠢᠳᠠᠯ ᠢ ᠲᠠᠰᠣᠷᠠᠯᠳᠠ ᠥᠭᠡᠢ ᠪᠠᠬᠢᠵᠢᠭᠦᠯᠪᠡ ᠃ | — ᠲᠠᠪᠤᠨ ᠵᠢᠯ ᠤᠨ ᠲᠤᠷᠰᠢ᠂ ᠪᠢᠳᠡ ᠦᠨᠳᠦᠰᠦᠨ ᠱᠠᠲᠤ ᠶᠢ ᠭᠤᠣᠯᠳᠠᠯᠭ᠎ᠠ ᠲᠠᠢ ᠠᠳᠬᠤᠨ ᠰᠠᠭᠤᠷᠢ ᠲᠠᠯᠪᠢᠵᠤ᠂ ᠨᠠᠮ ᠤᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠪᠠ ᠃ ︽ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠬᠠᠮᠤᠭ ᠤᠨ ᠶᠡᠭᠡ ᠤᠯᠤᠰ ᠲᠦᠷᠦ ᠶᠢᠨ ᠠᠵᠢᠯ ᠤᠨ ᠪᠦᠲᠦᠮᠵᠢ ᠮᠥᠨ | ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠤᠯᠤᠰ ᠲᠥᠷᠥ ᠶᠢᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠦᠷᠭᠦᠯᠵᠢᠯᠡᠨ ᠬᠥᠲᠥᠯᠥᠨ ᠵᠢᠯᠣᠭᠤᠳᠴᠤ | ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ | ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠪᠡ᠃ ᠦᠵᠡᠯ ᠰᠠᠨᠠᠭᠠᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠦᠵᠡᠯ ᠰᠤᠷᠲᠠᠯ | ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠠ ᠰᠦᠯᠵᠢᠶᠡᠨ ᠤ ᠦᠵᠡᠯ ᠤᠬᠠᠮᠰᠠᠷ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠬᠠᠮ ᠵᠠᠭᠤᠴᠢᠯᠠᠭᠤᠷ ᠤᠨ ᠲᠥᠪ ᠪᠠ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠦᠶᠯᠡᠴᠢᠯᠡᠭᠡᠨ ᠤ ᠲᠥᠪ ᠢ | ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠦᠵᠡᠯ ᠰᠤᠷᠲᠠᠯ ᠤᠨ ᠪᠠᠶᠢᠭᠤᠯᠤᠯᠲᠠ ᠶᠢᠨ ᠭᠤᠤᠯ ᠰᠠᠭᠤᠷᠢᠨ ᠢ ᠪᠠᠬᠢᠵᠢᠭᠦᠯᠪᠡ᠃ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠬᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠬᠡᠪᠰᠢᠭᠦᠯᠦᠨ ᠳᠦᠷᠢᠮᠵᠢᠭᠦᠯᠬᠦ ᠶᠢ ᠠᠬᠢᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ | ᠦᠷᠨᠢᠭᠦᠯᠦᠨ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠤᠨ ᠢᠲᠡᠭᠡᠯ ᠪᠢᠰᠢᠷᠡᠯ ᠢ ᠴᠢᠩᠭᠠᠳᠬᠠᠪᠠ᠃ ᠬᠤᠰᠢᠭᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢ ᠰᠢᠨ᠎ᠡ ᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠤᠨ ᠭᠤᠤᠯ ᠰᠠᠭᠤᠷᠢᠨ | ᠭᠠᠵᠠᠷ ᠢ ᠪᠥᠬᠦ ᠲᠠᠯ᠎ᠠ ᠪᠠᠷ ᠴᠢᠩᠭᠠᠳᠬᠠᠪᠠ᠃ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠲᠠᠰᠤᠷᠠᠯᠲᠠ ᠦᠭᠡᠢ ᠲᠡᠭᠦᠯᠳᠡᠷᠵᠢᠪᠡ᠃ ︽ᠬᠤᠶᠠᠷ ᠵᠥᠪᠯᠡᠯ | ᠨᠡᠶᠢᠬᠡᠮ ᠲᠣᠭᠤᠷᠢᠭ ᠢ ᠳᠠᠭᠠᠭᠠᠴᠢᠯᠠᠵᠤ᠂ ᠨᠠᠮ ᠤᠨ ᠭᠡᠰᠢᠭᠦᠨ ᠡᠷᠦᠬᠡ ᠲᠠᠢ ᠬᠠᠷᠢᠯᠴᠠᠬᠤ︾ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠪᠠ ︽ᠬᠤᠯᠪᠣᠭᠠᠲᠤ ᠨᠠᠮ ᠤᠨ ᠬᠤᠷᠢᠶ᠎ᠠ ᠪᠠᠶᠢᠭᠤᠯᠵᠤ᠂ ᠬᠠᠮᠢᠶᠠᠷᠤᠯᠲᠠ ᠶᠢ ᠰᠢᠯᠤᠭᠤᠳᠬᠠᠨ᠂ ᠭᠤᠷᠪᠠᠨ ᠱᠦᠵᠢ ᠶᠢᠨ ᠬᠠᠷᠢᠭᠤᠴᠠᠯᠭ᠎ᠠ ᠶᠢ | ᠴᠢᠩᠳᠠᠯᠠᠬᠤ︾ ᠬᠤᠲᠠ ᠶᠢᠨ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠠᠷᠭ᠎ᠠ ᠶᠢ ᠰᠢᠨ᠎ᠡ ᠪᠠᠷ ᠬᠡᠷᠡᠭᠵᠢᠭᠦᠯᠵᠦ | ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠦᠶᠯᠡᠴᠢᠯᠡᠭᠡ ᠶᠢ ᠭᠦᠨᠵᠡᠭᠡᠶ ᠥᠷᠨᠢᠭᠦᠯᠦᠨ᠂ ᠰᠣᠮᠣ ᠪᠠᠯᠭᠠᠰᠤ ᠭᠠᠴᠠᠭ᠎ᠠ ᠲᠣᠰᠬᠤᠨ ᠬᠤᠶᠠᠷ ᠱᠠᠲᠤᠨ ᠤ ᠬᠤᠭᠤᠴᠠᠭ᠎ᠠ | ᠰᠣᠯᠢᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠰᠤᠯᠠ ᠵᠠᠳᠠᠭᠠᠶ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠵᠦ᠂ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ 2020 ᠣᠨ ᠳᠤ ᠪᠦᠬᠦ ᠬᠤᠰᠢᠭᠤᠨ ᠤ 76 ᠭᠠᠴᠠᠭ᠎ᠠ ᠳᠣᠰᠬᠤᠨ ᠳᠣᠲᠣᠷ᠎ᠠ | ᠶᠡᠷᠦᠩᠬᠡᠢ ᠣᠷᠣᠯᠭ᠎ᠠ ᠨᠢ 10 ᠲᠦᠮᠡᠨ ᠲᠥᠭᠦᠷᠢᠭ ᠢ ᠳᠠᠪᠠᠭᠰᠠᠨ ᠨᠢ 50 ᠪᠠᠶᠢᠵᠤ᠂ 65.8 % ᠶᠢ ᠡᠵᠡᠯᠡᠨ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠲᠠᠰᠤᠷᠠᠯᠲᠠ ᠥᠬᠡᠶ ᠴᠢᠩᠭᠠᠷᠠᠪᠠ᠃ ︽ᠠᠯᠪᠠᠨ ᠶᠣᠰᠣ ᠶᠢ ᠴᠢᠬᠤᠯᠠᠴᠢᠯᠠᠬᠤ᠂ ᠪᠣᠳᠠᠲᠤ ᠠᠮᠵᠢᠯᠲᠠ ᠶᠢ | ᠴᠢᠬᠤᠯᠠᠴᠢᠯᠠᠬᠤ᠂ ᠦᠨᠳᠦᠰᠦᠨ ᠱᠠᠳᠤ ᠶᠢ ᠴᠢᠬᠤᠯᠠᠴᠢᠯᠠᠬᠤ︾ ᠬᠥᠮᠦᠨ ᠰᠤᠩᠭᠤᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠨ᠂ ᠵᠥᠪ ᠴᠢᠭᠯᠡᠯ ᠢᠶᠠᠷ | ᠵᠣᠷᠢᠭᠵᠢᠭᠤᠯᠬᠤ 6 ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ | ᠤᠷᠮ᠎ᠠ ᠵᠣᠷᠢᠭ ᠨᠢ ᠢᠯᠡᠳᠲᠡ ᠳᠡᠭᠡᠭᠰᠢᠯᠡᠪᠡ᠃ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠲᠥᠪ ᠤᠨ ᠨᠠᠶᠮᠠᠨ ᠵᠣᠷᠪᠤᠰ | ᠲᠣᠭᠲᠠᠭᠠᠯ ᠵᠢᠴᠢ ᠨᠠᠷᠢᠨ ᠲᠦᠷᠢᠮ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ ᠬᠤᠰᠢᠭᠤᠨ ᠤ ᠬᠠᠮᠢᠶ᠎ᠠ ᠪᠦᠬᠦᠢ ᠳᠦᠷᠢᠮ ᠲᠣᠭᠲᠠᠭᠠᠯ ᠢ | ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠲᠠᠰᠤᠷᠠᠯᠲᠠ ᠥᠬᠡᠶ ᠵᠠᠰᠠᠨ ᠴᠡᠭᠴᠡᠯᠡᠪᠡ︔ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠶᠢ | ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠵᠥᠪ ᠬᠡᠷᠡᠭᠯᠡᠵᠦ᠂ ᠶᠠᠳᠠᠭᠤ ᠶᠢ ᠲᠡᠳᠬᠦᠬᠦ᠂ ᠨᠡᠭᠦᠷᠡᠰᠦᠨ ᠤ ᠡᠬᠢ ᠪᠠᠶᠠᠯᠢᠭ᠂ ᠠᠷᠠᠳ ᠤᠨ ᠠᠭᠠᠷ | ᠤᠨ ᠰᠡᠷᠭᠡᠶᠢᠯᠡᠯᠲᠡ᠂ ᠤᠢ ᠰᠢᠭᠤᠢ ᠨᠤᠲᠤᠭ ᠪᠡᠯᠴᠢᠭᠡᠷ᠂ ᠬᠠᠩᠭᠠᠨ ᠪᠣᠷᠤᠯᠠᠭᠤᠯᠭ᠎ᠠ ᠵᠡᠷᠭᠡ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ | ᠦᠷᠨᠢᠭᠦᠯᠦᠨ᠂ ᠲᠣᠭᠤᠷᠢᠨ ᠪᠠᠶᠢᠴᠠᠭᠠᠬᠤ ᠪᠠ ᠬᠢᠨᠠᠨ ᠪᠤᠳᠤᠬᠤ ᠠᠵᠢᠯ ᠨᠡᠶᠢᠲᠡᠮ ᠬᠡᠷᠡᠭᠵᠢᠭᠦᠯᠦᠭᠳᠡᠬᠦ ᠶᠢ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ | ᠢᠯᠵᠢᠷᠡᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ | ᠠᠵᠢᠯ ᠰᠢᠨ᠎ᠡ ᠠᠬᠢᠴᠠ ᠲᠠᠢ ᠪᠣᠯᠪᠠ ᠃ | ᠲᠥᠯᠥᠭᠡᠯᠡᠭᠴᠢᠳ ᠡ᠂ ᠨᠥᠬᠦᠳ ᠡ᠂ ᠥᠩᠭᠡᠷᠡᠭᠰᠡᠨ ᠲᠠᠪᠤᠨ ᠵᠢᠯ ᠳᠤ᠂ ᠬᠠᠩᠭᠢᠨ ᠨᠤᠲᠤᠭ ᠲᠤ ᠰᠡᠳᠬᠢᠯ ᠢ ᠳᠣᠭᠳᠤᠯᠭᠠᠮᠠ ᠯᠤᠲᠤ ᠶᠡᠭᠡ ᠬᠤᠪᠢᠷᠠᠯᠲᠠ | ᠭᠠᠷᠴᠤ᠂ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠪᠡ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠪᠠ ᠬᠦᠴᠦᠲᠡᠢ ᠳᠡᠮᠵᠢᠭᠰᠡᠨ ᠤ ᠦᠷ᠎ᠡ ᠳ᠋ᠦᠩ᠂ ᠮᠦᠨᠴᠦ | ᠪᠦᠬᠦ ᠬᠤᠰᠢᠭᠤ ᠪᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠦᠲᠡᠶ ᠳᠡᠮᠵᠢᠭᠰᠡᠨ ᠤ ᠦᠷ᠎ᠡ ᠳ᠋ᠦᠩ | ᠮᠦᠨ᠃ ᠡᠳᠡᠭᠡᠷ ᠠᠮᠵᠢᠯᠲᠠ ᠪᠦᠲᠦᠮᠵᠢ ᠨᠢ ᠥᠩᠭᠡᠷᠡᠭᠰᠡᠨ ᠤ ᠤᠳᠤᠷᠢᠳᠬᠤ ᠪᠠᠭ ᠤᠨ ᠰᠢᠷᠭᠠᠭᠤ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠨᠢ ᠯᠠᠪᠲᠠᠢ᠃ | ᠠᠳᠡ ᠪᠢ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢ ᠲᠥᠯᠥᠭᠡᠯᠡᠵᠦ᠂ ᠬᠠᠩᠭᠢᠨ ᠤ ᠬᠥᠭᠵᠢᠯᠲᠡ ᠳᠤ ᠬᠤᠪᠢ | ᠨᠡᠮᠡᠷᠢ ᠪᠠᠨ ᠦᠵᠡᠭᠦᠯᠦᠭᠰᠡᠨ ᠨᠠᠶᠢᠵᠠ ᠨᠥᠬᠦᠳ ᠲᠡᠭᠡᠨ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠠᠪᠣᠨ ᠵᠢᠯ ᠬᠠᠮᠲᠤ ᠪᠠᠷ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠣᠯᠤᠭᠰᠠᠨ ᠠᠮᠵᠢᠯᠲᠠ ᠬᠢᠯᠪᠠᠷ ᠪᠤᠰᠤ᠂ ᠬᠤᠷᠠᠮᠳᠤᠭᠤᠯᠤᠭᠰᠠᠨ | ᠲᠤᠷᠰᠢᠯᠭ᠎ᠠ ᠴᠦ ᠮᠠᠰᠢ ᠬᠤᠪᠣᠷ ᠨᠠᠨᠳᠢᠨ ᠶᠤᠮ᠃ ᠲᠠᠪᠤᠨ ᠵᠢᠯ ᠤᠨ ᠥᠩᠭᠡᠷᠡᠯᠲᠡ ᠪᠠᠨ ᠡᠷᠭᠢᠴᠡᠭᠦᠯᠪᠡᠯ᠄ | ᠡᠷᠬᠡᠪᠰᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠠᠵᠢᠯ ᠢᠶᠠᠨ ᠰᠠᠶᠢᠲᠤᠷ ᠬᠢᠬᠦ ᠦᠨᠳᠦᠰᠦᠨ ᠪᠠᠲᠤᠯᠠᠭ᠎ᠠ ᠪᠣᠯᠭᠠᠬᠤ ᠬᠡᠷᠡᠭᠲᠡᠢ᠃ ᠵᠠᠩᠭᠢᠯᠠᠭ᠎ᠠ ᠶᠢᠨ ᠴᠠᠭ | ᠦᠶ᠎ᠡ ᠪᠣᠯᠬᠤ ᠲᠤᠳᠤᠮ᠂ ᠡᠭᠦᠷᠭᠡ ᠪᠡᠷᠬᠡ ᠬᠠᠲᠠᠭᠤ ᠪᠣᠯᠵᠤ᠂ ᠨᠠᠮ ᠤᠨ ᠤᠳᠤᠷᠢᠳᠤᠯᠭ᠎ᠠ ᠶᠢ ᠤᠯᠠᠮ ᠴᠢᠩᠭᠠᠳᠬᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ | ᠱᠠᠲᠤᠨ ᠳᠠᠬᠢ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠭᠠᠭᠴᠠ ᠬᠦ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠪᠠᠯ ᠰᠠᠶ᠋ᠢ ᠪᠦᠬᠦ ᠬᠦᠴᠦᠨ ᠢᠶᠠᠨ | ᠨᠢᠭᠲᠠᠷᠠᠭᠤᠯᠵᠤ᠂ ᠣᠳᠣᠬᠢᠴᠢᠯᠠᠭᠰᠠᠨ ᠬᠠᠩᠭᠢᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠵᠦ ᠴᠢᠳᠠᠨ᠎ᠠ᠃ | ᠡᠷᠬᠡᠪᠰᠢ ᠦᠵᠡᠯ ᠰᠠᠨᠠᠭ᠎ᠠ ᠪᠠᠨ ᠶᠡᠭᠡ ᠪᠠᠷ ᠴᠢᠯᠥᠭᠡᠯᠡᠬᠦ ᠶᠢ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠱᠠᠭᠠᠷᠳᠠᠯᠭ᠎ᠠ ᠪᠣᠯᠭᠠᠬᠤ ᠬᠡᠷᠡᠭᠲᠡᠢ᠃ ᠦᠵᠡᠯ | ᠰᠠᠨᠠᠭ᠎ᠠ ᠪᠠᠨ ᠴᠢᠯᠦᠭᠡᠯᠡᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠪᠣᠯᠤᠨ ᠥᠷᠢᠰᠥᠯᠳᠦᠭᠡᠨ ᠤ ᠡᠮᠦᠨ᠎ᠡ᠂ ᠭᠠᠭᠴᠠᠬᠦ | ᠢᠯᠡᠭᠦᠦ ᠰᠡᠳᠬᠢᠨ ᠪᠣᠳᠤᠵᠤ᠂ ᠠᠰᠠᠭᠤᠳᠠᠯ ᠢ ᠰᠢᠢᠳᠪᠦᠷᠢᠯᠡᠨ᠂ ᠰᠢᠨ᠎ᠡ ᠶᠢ ᠡᠭᠦᠳᠦᠨ ᠰᠢᠪᠲᠤᠯᠤᠯᠲᠠ ᠬᠢᠪᠡᠯ ᠰᠡᠶ᠋ᠢ ᠰᠢᠨ᠎ᠡ ᠡᠭᠦᠳᠦᠯᠲᠡ ᠲᠠᠪᠰᠢᠯᠲᠠ ᠶᠢ | ᠪᠡᠶᠡᠯᠡᠭᠦᠯᠵᠦ ᠴᠢᠳᠠᠨ᠎ᠠ᠃ | ᠡᠷᠬᠡᠪᠰᠢ ᠬᠥᠭᠵᠢᠯᠲᠡ ᠶᠢ ᠲᠦᠷᠭᠡᠳᠬᠡᠬᠦ ᠶᠠᠪᠤᠳᠠᠯ ᠢ ᠠᠯᠢᠪᠠ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠷᠭ᠎ᠠ ᠵᠠᠮ ᠪᠣᠯᠭᠠᠬᠤ ᠬᠡᠷᠡᠭᠲᠡᠢ᠃ ᠬᠥᠭᠵᠢᠯᠲᠡ ᠪᠣᠯ | ᠬᠡᠵᠢᠶᠡᠳᠡ ᠬᠠᠩᠭᠢᠨ ᠤ ᠭᠤᠤᠯ ᠬᠥᠭ ᠠᠶᠠᠰ ᠮᠥᠨ ᠃ ᠭᠠᠭᠴᠠ ᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠠᠷ ᠪᠦᠬᠦ | ᠲᠠᠯ᠎ᠠ ᠪᠠᠷ ᠲᠣᠣᠱᠯᠠᠭᠤᠯᠵᠤ᠂ ᠠᠵᠠ ᠲᠣᠬᠢᠶᠠᠯ ᠢ ᠠᠮᠵᠢᠨ᠂ ᠬᠥᠭᠵᠢᠯᠲᠡ ᠪᠠᠨ ᠲᠦᠷᠭᠡᠳᠬᠡᠪᠡᠯ ᠰᠠᠶ᠋ᠢ ᠪᠦᠬᠦ ᠲᠠᠯ᠎ᠠ ᠶᠢᠨ ᠳᠤᠮᠳᠠ ᠥᠪᠡᠷ ᠤᠨ ᠣᠷᠣᠨ ᠪᠠᠶᠢᠷᠢ ᠪᠠᠨ | ᠴᠢᠩᠭ᠎ᠠ ᠰᠠᠬᠢᠵᠤ ᠴᠢᠳᠠᠨ᠎ᠠ ᠃ | ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠶᠢ ᠠᠵᠢᠯ ᠢᠶᠠᠨ ᠰᠠᠶᠢᠲᠤᠷ ᠬᠢᠬᠦ ᠦᠨᠳᠦᠰᠦᠨ ᠵᠣᠭᠰᠣᠯᠲᠠ ᠪᠠᠨ ᠪᠣᠯᠭᠠᠬᠤ ᠬᠡᠷᠡᠭᠲᠡᠢ᠃ ᠲᠥᠷᠥ | ᠭᠦᠷᠦᠨ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠲᠥᠷᠥ ᠭᠦᠷᠦᠨ᠃ ᠲᠦᠷᠦ ᠵᠠᠰᠠᠭ ᠪᠠᠷᠢᠬᠤ ᠳᠠᠭᠠᠨ ᠭᠠᠭᠴᠠ ᠬᠦ ᠠᠷᠠᠳ ᠤᠨ ᠬᠡᠷᠡᠭᠴᠡᠭᠡ | ᠱᠠᠭᠠᠷᠳᠠᠯᠭ᠎ᠠ ᠳᠤ ᠬᠠᠨᠳᠣᠭᠤᠯᠬᠤ ᠶᠢ ᠪᠠᠷᠢᠮᠲᠠᠯᠠᠪᠠᠯ ᠰᠠᠶ᠋ᠢ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠢᠶᠠᠷ ᠨᠠᠮ ᠤᠨ ᠠᠵᠢᠯ ᠢ ᠨᠡᠩ | ᠬᠦᠷᠢᠶᠡᠯᠡᠭᠦᠯᠦᠨ ᠳᠡᠮᠵᠢᠭᠦᠯᠵᠦ᠂ ᠨᠠᠮ ᠤᠨ ᠦᠢᠯᠡᠰ ᠰᠠᠶ᠋ᠢ ᠠᠮᠢᠵᠢᠷᠠᠯ ᠤᠨ ᠬᠦᠴᠦᠨ ᠢᠶᠠᠷ ᠪᠢᠯᠬᠠᠨ᠂ ᠥᠷᠨᠢᠨ ᠬᠥᠭᠵᠢᠵᠦ ᠴᠢᠳᠠᠨ᠎ᠠ᠃ | ᠡᠷᠬᠡᠪᠰᠢ ᠰᠢᠰᠲ᠋ᠧᠮ ᠤᠨ ᠦᠵᠡᠯᠲᠡ ᠪᠠᠷ ᠠᠯᠢᠪᠠ ᠠᠵᠢᠯ ᠢ ᠰᠠᠶᠢᠲᠤᠷ ᠬᠢᠬᠦ ᠦᠨᠳᠦᠰᠦᠨ ᠠᠷᠭ᠎ᠠ ᠪᠠᠨ ᠪᠣᠯᠭᠠᠬᠤ ᠬᠡᠷᠡᠭᠲᠡᠶ᠃ ᠰᠢᠰᠲ᠋ᠧᠮ ᠤᠨ ᠦᠵᠡᠯᠲᠡ | ᠶᠢ ᠪᠠᠷᠢᠮᠲᠠᠯᠠᠪᠠᠯ ᠰᠠᠶ᠋ᠢ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ ᠴᠢᠳᠠᠨ᠎ᠠ᠃ ᠭᠠᠭᠴᠠ ᠬᠦ ᠣᠳᠣᠬᠠᠨ ᠤ ᠪᠠᠶᠢᠳᠠᠯ ᠳᠤ ᠰᠠᠭᠤᠷᠢᠯᠠᠨ᠂ | ᠠᠯᠤᠰ ᠬᠤᠯᠠ ᠶᠢ ᠪᠣᠳᠣᠯᠬᠢᠯᠠᠵᠤ᠂ ᠭᠤᠣᠯᠳᠠᠯᠭ᠎ᠠ ᠲᠠᠢ ᠠᠵᠢᠯ ᠤᠨ ᠰᠢᠪᠲᠤᠯᠤᠯᠲᠠ ᠪᠠᠷ ᠪᠦᠬᠦᠯᠢ ᠴᠣᠭᠴᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ | ᠶᠢ ᠲᠠᠶᠢᠴᠢᠯᠠᠪᠠᠯ ᠰᠠᠶ᠋ᠢ ᠥᠭᠡᠷᠡᠴᠢᠯᠡᠯᠲᠡ ᠬᠥᠭᠵᠢᠯᠲᠡ ᠶᠢ ᠲᠣᠭᠲᠠᠭᠤᠨ ᠠᠬᠢᠭᠤᠯᠵᠤ᠂ ᠡᠯ᠎ᠡ ᠵᠦᠢᠯ ᠤᠨ ᠠᠵᠢᠯ ᠯᠠᠪᠳᠠᠭᠤᠨ ᠬᠥᠭᠵᠢᠵᠦ ᠴᠢᠳᠠᠨ᠎ᠠ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠢ ᠰᠡᠳᠬᠢᠮᠵᠢ᠂ ᠭᠤᠣᠯ ᠬᠠᠷᠠᠯᠲᠠ ᠪᠠ ᠭᠤᠣᠯᠳᠠᠯᠭ᠎ᠠ ᠲᠠᠢ ᠠᠵᠢᠯ | ᠰᠢᠨ᠎ᠡ ᠪᠠᠶᠢᠳᠠᠯ ᠨᠢ ᠰᠢᠨ᠎ᠡ ᠡᠭᠦᠷᠭᠡ ᠶᠢ ᠪᠤᠢ ᠪᠣᠯᠭᠠᠵᠤ᠂ ᠰᠢᠨ᠎ᠡ ᠥᠷᠢᠰᠥᠯᠳᠦᠭᠡᠨ ᠳᠤ ᠰᠢᠨ᠎ᠡ ᠠᠵᠠ ᠲᠣᠬᠢᠶᠠᠯ ᠠᠭᠤᠯᠤᠭᠳᠠᠵᠤ ᠪᠠᠶᠢᠨ᠎ᠠ᠃ | ᠠᠷᠪᠠᠨ ᠳᠦᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠲᠤᠰᠢᠶᠠᠯ ᠤᠨ ᠬᠤᠭᠤᠴᠠᠭ᠎ᠠ ᠨᠢ ︽ᠠᠷᠪᠠᠨ ᠳᠦᠷᠪᠡᠳᠦᠭᠡᠷ ᠲᠠᠪᠤᠨ ᠵᠢᠯ︾ | ᠲᠦᠯᠦᠪᠵᠢᠭᠦᠯᠭᠡ ᠶᠢᠨ ᠬᠤᠭᠤᠴᠠᠭ᠎ᠠ ᠲᠠᠢ ᠦᠨᠳᠦᠰᠦᠨ ᠳᠡᠭᠡᠨ ᠲᠠᠪᠬᠤᠴᠠᠵᠤ᠂ ᠬᠠᠩᠭᠢᠨ ᠬᠤᠰᠢᠭᠤ ᠲᠤᠬᠢᠶᠠᠯ ᠢ ᠠᠰᠢᠭᠯᠠᠨ ᠤᠷᠤᠭᠰᠢᠯᠠᠵᠤ᠂ ᠰᠢᠨ᠎ᠡ | ᠬᠦᠭᠵᠢᠯᠲᠡ ᠶᠢᠨ ᠤᠬᠠᠭᠳᠠᠬᠤᠨ ᠢ ᠲᠤᠤᠱᠯᠠᠭᠤᠯᠤᠨ᠂ ᠠᠵᠤ ᠠᠬᠤᠢ ᠶᠢᠨ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ᠡᠳ᠋ ᠤᠨ ᠵᠠᠰᠠᠭ ᠤᠨ ᠬᠦᠴᠢᠷᠳᠡᠯ ᠢᠶᠠᠨ | ᠴᠢᠷᠮᠠᠶᠢᠨ ᠦᠭᠡᠷᠡᠴᠢᠯᠡᠬᠦ ᠲᠠᠪᠤᠨ ᠵᠢᠯ᠂ ᠦᠷᠭᠦᠯᠵᠢᠯᠡᠨ ᠪᠤᠬᠢᠷᠳᠤᠯ ᠦᠭᠡᠢ ᠬᠦᠭᠵᠢᠯᠲᠡ ᠶᠢ ᠠᠬᠢᠭᠤᠯᠵᠤ᠂ ᠬᠠᠲᠤᠨ ᠭᠤᠤᠯ ᠲᠠᠭᠠᠤ ᠤᠷᠤᠨ ᠤ ᠠᠮᠢ ᠠᠬᠤᠢ ᠶᠢᠨ | ᠬᠠᠮᠠᠭᠠᠯᠠᠯᠳᠠ ᠶᠢ ᠰᠠᠶᠢᠳᠤᠷ ᠬᠢᠵᠦ᠂ ᠪᠤᠬᠢᠷᠳᠤᠯ ᠦᠭᠡᠢ ᠡᠬᠢ ᠪᠠᠶᠠᠯᠢᠭ ᠢ ᠪᠤᠬᠢᠷᠳᠤᠯ ᠦᠭᠡᠢ ᠡᠳ᠋ ᠪᠠᠶᠠᠯᠢᠭ ᠪᠤᠯᠭᠠᠨ᠂ ᠠᠷᠠᠳ ᠤᠯᠠᠨ ᠢ ᠰᠠᠶᠢᠨ ᠰᠠᠶᠢᠷᠬᠠᠨ | ᠠᠮᠢᠳᠤᠷᠠᠯ ᠲᠠᠢ ᠪᠤᠯᠭᠠᠬᠤ ᠲᠠᠪᠤᠨ ᠵᠢᠯ᠂ ᠬᠦᠴᠦ ᠪᠠᠨ ᠬᠤᠷᠠᠮᠳᠤᠭᠤᠯᠵᠤ᠂ ᠰᠠᠭᠤᠷᠢ ᠪᠦᠲᠦᠭᠡᠨ ᠪᠠᠶᠢᠭᠤᠯᠦᠯᠲᠠ᠂ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶ᠎ᠡ | ᠬᠡᠪᠴᠢᠶᠡᠨ ᠳᠤ ᠴᠢᠬᠤᠯᠠ ᠶᠡᠭᠡ ᠰᠢᠪᠲᠤᠯᠤᠯᠲᠠ ᠬᠢᠬᠦ ᠲᠠᠪᠤᠨ ᠵᠢᠯ ᠪᠣᠯᠤᠨ᠎ᠠ᠃ ᠰᠢᠨ᠎ᠡ ᠬᠦᠭᠵᠢᠯᠲᠡ ᠶᠢᠨ ᠴᠠᠭ ᠦᠶ᠎ᠡ ᠳᠤ᠂ ᠪᠢᠳᠠ ᠡᠷᠬᠡᠪᠰᠢ ᠬᠦᠭᠵᠢᠯᠲᠡ ᠶᠢᠨ | ᠬᠦᠴᠢᠷ ᠪᠡᠷᠬᠡᠰᠢᠶᠡᠯ ᠪᠠ ᠦᠷᠢᠰᠦᠯᠳᠦᠭᠡᠨ ᠢ ᠲᠤᠳᠤᠷᠬᠠᠢ ᠲᠠᠨᠢᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶᠴᠡᠳ ᠠᠭᠤᠳᠠᠯᠤᠭᠰᠠᠨ ᠥᠬᠡᠶ᠂ | ᠰᠠᠭᠤᠷᠢ ᠪᠠᠭᠤᠷᠠᠢ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠰᠢᠯᠢᠳᠡᠭᠵᠢᠭᠡᠳᠦᠶ᠂ ᠲᠣᠮᠣ ᠴᠢᠬᠤᠯᠠ ᠲᠥᠷᠥᠯ | ᠵᠦᠶᠯ ᠤᠨ ᠨᠦᠭᠡᠴᠡ ᠪᠠᠭ᠎ᠠ᠂ ᠬᠦᠭᠵᠢᠯᠲᠡ ᠶᠢᠨ ᠬᠦᠴᠦᠯᠡᠴᠡ ᠪᠠᠭᠤᠷᠠᠢ᠂ ᠬᠥᠭᠵᠢᠭᠡᠳᠦᠶ ᠪᠠᠶᠢᠳᠠᠯ ᠪᠠᠰᠠ ᠬᠤᠪᠢᠷᠠᠭᠠᠳᠤᠶ︔ ᠮᠠᠨ ᠤ ᠠᠵᠤ ᠦᠶᠯᠡᠰ ᠤᠨ | ᠪᠦᠲᠦᠴᠡ ᠵᠦᠶ ᠵᠣᠬᠢᠰ ᠥᠬᠡᠶ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠭᠦᠭᠡᠷᠦᠮᠵᠢ ᠮᠥᠨ ᠯᠡ ᠪᠠᠭᠤᠷᠠᠢ ᠪᠠᠶᠢᠵᠤ᠂ ᠬᠠᠩᠭᠠᠯᠭ᠎ᠠ ᠶᠢᠨ ᠴᠢᠳᠠᠪᠤᠷᠢ | ᠬᠦᠷᠦᠯᠴᠡᠬᠦ ᠦᠭᠡᠢ᠂ ᠠᠵᠤ ᠦᠶᠯᠡᠳᠪᠦᠷᠢ ᠶᠢᠨ ᠠᠵᠤ ᠠᠬᠤᠶ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠠᠵᠤ ᠦᠶᠯᠡᠰ ᠤᠨ ᠬᠡᠯᠬᠢᠶ᠎ᠡ ᠣᠬᠤᠷ᠂ ᠦᠷᠭᠦᠯᠵᠢᠯᠡᠨ | ᠰᠢᠯᠢᠳᠡᠭᠵᠢᠭᠦᠯᠬᠦ ᠶᠢ ᠬᠢᠵᠠᠭᠠᠷᠯᠠᠬᠤ ᠡᠯᠧᠮᠧᠨ᠋ᠲ ᠨᠢ ᠤᠯᠠᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠬᠡᠮᠵᠢᠶ᠎ᠡ ᠥᠨᠳᠥᠷ ᠪᠢᠰᠢ ᠪᠠᠶᠢᠵᠤ᠂ ᠠᠮᠢ ᠠᠬᠤᠶ ᠶᠢᠨ | ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ ᠴᠢᠳᠠᠭᠰᠠᠨ ᠥᠬᠡᠶ︔ ᠮᠠᠨ ᠤ ᠬᠤᠲᠠ ᠬᠦᠳᠡᠭᠡ ᠶᠢᠨ ᠰᠠᠭᠤᠷᠢ ᠪᠠ ᠤᠯᠠᠨ ᠨᠠᠶᠢᠲᠡ ᠶᠢᠨ | ᠦᠢᠯᠡᠴᠢᠯᠡᠭᠡ ᠶᠢ ᠰᠠᠶᠢᠵᠢᠷᠠᠭᠤᠯᠬᠤ ᠴᠢᠬᠤᠯᠠᠲᠠᠢ᠂ ᠰᠤᠷᠭᠠᠨ ᠬᠥᠮᠦᠵᠢᠯ᠂ ᠡᠮ ᠡᠮᠨᠡᠯᠭᠡ ᠦᠢᠯᠡᠴᠢᠯᠡᠭᠡ ᠶᠢ ᠲᠡᠭᠡᠭᠰᠢᠯᠡᠭᠦᠯᠬᠦ ᠴᠢᠬᠤᠯᠠᠲᠠᠢ᠂ ᠭᠠᠵᠠᠷ ᠰᠢᠷᠣᠶ ᠨᠣᠲᠤᠭ | ᠪᠡᠯᠴᠢᠭᠡᠷ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠬᠦᠷᠢᠶᠡᠨ ᠳᠠᠬᠢ ᠲᠡᠦᠬᠡᠨ ᠦᠯᠡᠳᠡᠭᠳᠡᠯ ᠠᠰᠠᠭᠤᠳᠠᠯ ᠢ ᠪᠠᠰᠠ ᠦᠨᠳᠦᠰᠦᠨ ᠠᠴᠠ ᠨᠢ ᠰᠢᠶᠳᠪᠦᠷᠢᠯᠡᠭᠡᠳᠦᠶ | ᠪᠠᠶᠢᠭᠰᠠᠭᠠᠷ︔ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠠᠶᠢᠴᠢᠯᠠᠬᠤ ᠬᠦᠴᠦᠨ ᠪᠠᠭᠤᠷᠠᠢ᠂ ᠵᠠᠷᠢᠮ ᠨᠠᠮ ᠤᠨ ᠭᠡᠰᠢᠭᠦᠨ | ᠠᠵᠢᠯ ᠠᠴᠠ ᠬᠤᠶᠢᠷᠭᠤᠰᠢᠬᠤ᠂ ᠵᠤᠷᠢᠭ ᠦᠭᠡᠢ᠂ ᠬᠢᠵᠦ ᠴᠢᠳᠠᠬᠤ ᠦᠭᠡᠢ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠤᠷᠤᠰᠢᠭᠰᠠᠭᠠᠷ᠃ ᠰᠢᠨ᠎ᠡ ᠬᠦᠭᠵᠢᠯᠲᠡ ᠶᠢᠨ | ᠴᠠᠭ ᠦᠶ᠎ᠡ ᠳᠤ᠂ ᠪᠢᠳᠠ ᠡᠷᠬᠡᠪᠰᠢ ᠬᠦᠭᠵᠢᠯᠲᠡ ᠶᠢᠨ ᠰᠠᠭᠤᠷᠢ ᠪᠠ ᠲᠠᠪᠠᠭᠤᠯᠢᠭ ᠢᠶᠠᠨ ᠲᠤᠳᠤᠷᠬᠠᠢ ᠲᠠᠨᠢᠵᠤ ᠮᠡᠳᠡᠬᠦ ᠬᠡᠷᠡᠭᠲᠡᠢ᠃ ᠪᠦᠬᠦ ᠤᠯᠤᠰ ᠤᠨ ᠪᠣᠯᠪᠠᠰᠤᠨ | ᠬᠤᠳᠠ ᠪᠣᠯᠣᠭᠰᠠᠨ ᠨᠡᠷ᠎ᠡ ᠬᠦᠨᠳᠦ ᠪᠣᠯᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ | ᠦᠢᠯᠡᠳᠦᠯᠭᠡᠵᠢᠭᠦᠯᠦᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠠᠶᠢᠭᠤᠯᠤᠭᠰᠠᠨ ᠲᠡᠷᠢᠭᠦᠨ ᠤ ᠠᠮᠵᠢᠯᠲᠠ ᠲᠤᠷᠰᠢᠯᠭ᠎ᠠ ᠲᠠᠢ ᠂ ᠴᠢᠨᠠᠷ ᠰᠠᠶᠢᠲᠠᠢ ᠬᠥᠭᠵᠢᠯᠲᠡ ᠶᠢ | ᠡᠷᠢᠯᠬᠢᠯᠡᠬᠦ ᠥᠷᠢᠰᠥᠯᠳᠦᠭᠡᠨ ᠤ ᠳᠠᠪᠠᠭᠤᠯᠢᠭ ᠲᠠᠯ᠎ᠠ ᠶᠢ ᠤᠯᠠᠮ ᠳᠣᠪᠣᠶᠢᠯᠭᠠᠪᠠ︔ ᠪᠢᠳᠠᠨ ᠳᠤ ᠮᠠᠯ ᠠᠵᠤ ᠠᠬᠤᠢ᠂ ᠨᠡᠭᠦᠷᠡᠰᠦᠨ ᠦᠢᠯᠡᠰ᠂ ᠭᠠᠵᠠᠷ ᠰᠢᠷᠣᠢ ᠶᠢᠨ | ᠡᠬᠢ ᠪᠠᠶᠠᠯᠢᠭ᠂ ᠪᠠᠶᠢᠭᠠᠯᠢ ᠶᠢᠨ ᠰᠢᠲᠠᠮᠠᠬᠠᠢ ᠬᠡᠢ᠂ ᠭᠡᠷᠡᠯ ᠴᠠᠬᠢᠯᠭᠠᠨ ᠵᠡᠷᠭᠡ ᠡᠬᠢ ᠪᠠᠶᠠᠯᠢᠭ ᠤᠨ ᠳᠠᠪᠠᠭᠤᠯᠢᠭ ᠪᠠ ᠦᠷᠭᠡᠨ ᠠᠭᠤᠳᠠᠮ ᠭᠠᠵᠠᠷ ᠨᠤᠲᠤᠭ ᠲᠠᠢ᠂ | ᠲᠤᠮᠤ ᠴᠢᠬᠤᠯᠠ ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠬᠢᠬᠦ ᠲᠠᠪᠠᠭᠤᠯᠢᠭ ᠲᠠᠯ᠎ᠠ ᠲᠠᠢ᠂ ᠪᠢᠳᠡ ᠬᠠᠲᠤᠨ ᠭᠤᠤᠯ ᠤᠨ ᠪᠣᠷᠣ ᠳᠣᠬᠤᠢ ᠶᠢᠨ ᠡᠮᠦᠨ᠎ᠡ ᠡᠷᠭᠢ | ᠂ ᠤᠮᠠᠷᠠᠲᠤ ᠥᠷᠭᠡᠷᠢᠭ ᠤᠨ 40 ᠭᠷᠠᠳᠦ᠋ᠰ ᠳᠡᠭᠡᠷ᠎ᠡ ᠪᠠᠶᠢᠷᠢᠰᠢᠯ ᠲᠠᠢ ᠲᠤᠯᠠ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠰᠢᠵᠢᠷ ᠠᠯᠲᠠᠨ | ᠥᠪᠡᠷᠮᠢᠴᠡ ᠣᠷᠣᠨ ᠪᠠᠶᠢᠷᠢ ᠶᠢᠨ ᠨᠥᠬᠦᠴᠡᠯ ᠲᠠᠢ ᠪᠠᠶᠢᠵᠤ᠂ ᠪᠣᠬᠢᠷᠲᠤᠯ ᠥᠬᠡᠶ ᠣᠷᠭᠠᠨᠢᠭ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠬᠦ | ᠠᠵᠤ ᠦᠶᠯᠡᠰ ᠢ ᠬᠥᠭᠵᠢᠭᠦᠯᠬᠦ ᠳᠠᠪᠠᠭᠤᠯᠢᠭ ᠲᠠᠢ ᠶᠤᠮ᠃ ᠡᠳᠡᠭᠡᠷ ᠳᠠᠪᠠᠭᠤᠯᠢᠭ ᠨᠢ ᠪᠢᠳᠡᠨ ᠳᠤ᠂ ᠰᠢᠨ᠎ᠡ ᠬᠥᠭᠵᠢᠯᠲᠡ ᠶᠢᠨ ᠱᠠᠲᠤᠨ ᠳᠤ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠣᠣᠱᠯᠠᠭᠤᠯᠬᠤ ᠪᠠ ᠰᠢᠨ᠎ᠡ ᠬᠥᠭᠵᠢᠯᠲᠡ ᠶᠢᠨ ᠪᠠᠶᠢᠳᠠᠯ ᠳᠤ ᠠᠭᠤᠰᠤᠯᠴᠠᠬᠤ ᠣᠬᠢ ᠰᠠᠶᠢᠬᠠᠨ ᠰᠠᠭᠤᠷᠢ ᠶᠢ ᠲᠠᠯᠪᠢᠵᠤ ᠥᠭᠬᠦ ᠨᠢ ᠯᠠᠪᠲᠠᠢ᠃ | ᠰᠢᠨ᠎ᠡ ᠬᠦᠭᠵᠢᠯᠲᠡ ᠶᠢᠨ ᠴᠠᠭ ᠦᠶ᠎ᠡ ᠳᠤ᠂ ᠪᠢᠳᠠᠡᠷᠬᠡᠪᠰᠢ ᠬᠦᠭᠵᠢᠯᠲᠡ ᠶᠢᠨ ᠲᠤᠬᠢᠶᠠᠯ ᠢ ᠲᠤᠳᠤᠷᠬᠠᠢ ᠲᠠᠨᠢᠵᠦ ᠮᠡᠳᠡᠬᠦ ᠬᠡᠷᠡᠭᠲᠡᠢ᠃ ᠪᠢᠳᠠᠨ ᠤ ᠬᠠᠮᠤᠭ ᠶᠡᠭᠡ᠂ | ᠬᠠᠮᠤᠭ ᠤᠨ ᠪᠤᠳᠠᠲᠠᠢ ᠲᠤᠬᠢᠶᠠᠯ ᠪᠤᠯ ᠲᠦᠪ ᠤᠨ ᠨᠠᠮ ᠤᠨ ᠬᠤᠷᠢᠶ᠎ᠠ ᠠᠴᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ | ᠰᠠᠶᠢᠲᠠᠶ ᠬᠥᠭᠵᠢᠭᠦᠯᠦᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠢᠳᠠᠨ ᠳᠤ | ᠪᠣᠬᠢᠷᠲᠤᠯ ᠥᠬᠡᠶ ᠠᠵᠤ ᠦᠢᠯᠡᠰ ᠢ ᠪᠤᠵᠠᠭᠠᠶᠢᠷᠠᠭᠤᠯᠬᠤ᠂ ᠰᠠᠭᠤᠷᠢ ᠪᠦᠲᠦᠭᠡᠨ ᠪᠠᠶᠢᠭᠤᠯᠤᠯᠲᠠ᠂ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ᠂ ᠬᠤᠲᠠ | ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠨᠠᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠶ ᠬᠠᠩᠭᠠᠵᠤ᠂ ᠠᠶᠤᠯ ᠲᠦᠭᠰᠢᠭᠦᠷᠢ ᠶᠢ ᠠᠷᠭᠠᠴᠠᠭᠠᠨ | ᠲᠣᠬᠢᠶᠠᠯ ᠪᠣᠯᠭᠠᠨ ᠬᠤᠪᠢᠷᠠᠭᠤᠯᠬᠤ ᠪᠠ ᠡᠷᠡᠯᠬᠡᠭᠯᠡᠨ ᠤᠷᠤᠭᠰᠢᠯᠠᠵᠤ ᠭᠦᠢᠴᠡᠨ ᠳᠠᠪᠠᠭ᠋ᠤ ᠰᠠᠶᠢᠨ ᠰᠠᠶᠢᠬᠠᠨ ᠨᠥᠬᠦᠴᠡᠯ ᠪᠠ ᠬᠦᠴᠦᠷᠬᠡᠭ ᠶᠡᠭᠡ ᠲᠤᠯᠭᠠᠭᠤᠷᠢᠯᠠᠯ | ᠬᠠᠩᠭᠠᠪᠠ᠃ | ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠢ ᠰᠡᠳᠬᠢᠮᠵᠢ ᠪᠣᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠣᠣᠱᠯᠠᠭᠤᠯᠤᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠣᠣᠱᠯᠠᠭᠤᠯᠤᠨ᠂ ᠰᠢᠨ᠎ᠡ ᠬᠥᠭᠵᠢᠯᠲᠡ | ᠶᠢᠨ ᠪᠠᠶᠢᠷᠢᠰᠢᠯ ᠳᠤ ᠠᠭᠤᠰᠤᠯᠴᠠᠵᠤ᠂ ᠨᠠᠮ ᠤᠨ ᠲᠥᠪ ᠬᠤᠷᠢᠶᠠᠨ ᠠᠴᠠ ᠥᠪᠡᠷᠲᠡᠭᠡᠨ ᠵᠠᠰᠠᠬᠤ ᠣᠷᠣᠨ ᠳᠤ ᠴᠢᠭᠯᠡᠭᠦᠯᠦᠭᠰᠡᠨ ︽ᠬᠤᠶᠠᠷ ᠬᠠᠯᠬᠠᠪᠴᠢ︾᠂ ︽ | ᠬᠤᠶᠠᠷ ᠰᠠᠭᠤᠷᠢᠨ ᠭᠠᠵᠠᠷ︾ ᠪᠠ ︽ᠨᠢᠭᠡ ᠴᠠᠮᠬᠠᠭ︾ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ | ᠲᠥᠪᠯᠡᠷᠡᠭᠦᠯᠦᠨ᠂ ᠣᠷᠳᠣᠰ ᠤᠨ ︽ᠲᠠᠪᠤᠨ ᠲᠣᠭᠤᠷᠢᠭ ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠲᠠᠢ | ᠣᠶᠠᠯᠳᠣᠭᠤᠯᠣᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ | ᠪᠠᠶᠢᠭᠤᠯᠬᠤ ᠪᠠᠷ ᠶᠡᠷᠦᠩᠬᠡᠢ ᠵᠢᠯᠤᠭᠤᠳᠤᠯᠭ᠎ᠠ ᠪᠣᠯᠭᠠᠵᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠦᠬᠦ ᠬᠦᠴᠦᠨ ᠢᠶᠠᠷ ᠠᠬᠢᠭᠤᠯᠤᠨ᠂ | ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ | ᠬᠦᠴᠦᠯᠡᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠤᠨ᠂ ᠲᠤᠬᠢᠶᠠᠯ ᠢ ᠠᠰᠢᠭᠯᠠᠨ ᠤᠷᠤᠭᠰᠢᠯᠠᠵᠤ | ᠣᠳᠣᠬᠢᠴᠢᠯᠠᠭᠰᠠᠨ ᠬᠠᠩᠭᠢᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠦᠨ᠎ᠡ᠃ | ᠬᠤᠶᠢᠰᠢᠳᠠ ᠶᠢᠨ ᠲᠠᠪᠤᠨ ᠵᠢᠯ ᠤᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ︔ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ | ᠲᠦᠷᠭᠡᠨ ᠬᠥᠭᠵᠢᠬᠦ ᠶᠢ ᠪᠡᠶᠡᠯᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ ᠯᠠᠪᠳᠠᠭᠤᠨ ᠢᠶᠠᠷ | ᠨᠡᠮᠡᠭᠳᠡᠭᠦᠯᠦᠨ᠎ᠡ︔ ᠣᠷᠣᠨ ᠨᠤᠲᠤᠭ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠦᠨ᠎ᠡ︔ | ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ ᠃ | ︵ᠨᠢᠭᠡ︶ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠶ ᠦᠶᠯᠡᠳᠦᠯᠭᠡᠵᠢᠭᠦᠯᠵᠦ᠂ | ᠪᠣᠬᠢᠷᠲᠤᠯ ᠥᠬᠡᠶ ᠬᠥᠭᠵᠢᠯᠲᠡ ᠪᠠᠷ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠲᠤᠳᠬᠠᠵᠤ᠂ ᠬᠠᠩᠭᠢᠨ ᠤ ᠠᠮᠢ ᠠᠬᠤᠶ ᠶᠢ ᠤᠯᠠᠮ ᠠᠴᠠ ᠤᠯᠠᠮ ᠰᠦᠷᠯᠢᠭ | ᠦᠵᠡᠰᠭᠦᠯᠡᠩ ᠪᠣᠯᠭᠠᠨ᠎ᠠ᠃ ᠠᠷᠪᠢᠯᠠᠨ ᠭᠠᠮᠨᠠᠵᠤ ᠬᠠᠶᠢᠷᠠᠯᠠᠨ ᠬᠠᠮᠠᠭᠠᠯᠠᠬᠤ ᠶᠢ ᠲᠡᠷᠢᠭᠦᠨ ᠳᠤ ᠲᠠᠯᠪᠢᠵᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠴᠢᠭᠯᠡᠯᠲᠡ | ᠶᠢ ᠪᠠᠷᠢᠮᠲᠠᠯᠠᠨ᠂ ᠶᠡᠭᠡ ᠬᠠᠮᠠᠭᠠᠯᠠᠯᠲᠠ ᠶᠡᠭᠡ ᠵᠠᠰᠠᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠭᠡᠯ ᠢ | ᠪᠠᠬᠢᠵᠢᠭᠦᠯᠦᠨ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠵᠤ᠂ ᠬᠠᠲᠤᠨ ᠭᠤᠤᠯ ᠤᠨ ᠰᠠᠪᠠ | ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠭᠰᠠᠨ ᠳᠠᠭᠤᠷᠢᠶᠠᠯᠲᠤ | ᠣᠷᠣᠨ ᠢ ᠪᠠᠶᠢᠭᠤᠯᠤᠨ᠎ᠠ ᠃ | — ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠨ᠎ᠠ᠃ ᠠᠭᠤᠯᠠ ᠤᠰᠤ᠂ ᠤᠢ ᠮᠣᠳᠣ᠂ ᠭᠠᠵᠠᠷ ᠲᠠᠷᠢᠶ᠎ᠠ᠂ ᠨᠠᠭᠤᠷ ᠪᠦᠷᠢᠳᠦ | ᠂ ᠨᠤᠲᠤᠭ ᠪᠡᠯᠴᠢᠭᠡᠷ᠂ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ᠨᠤᠲᠤᠭ ᠪᠡᠯᠴᠢᠭᠡᠷ ᠣᠢ ᠰᠢᠭᠤᠶ ᠪᠠ ᠤᠰᠤᠨ ᠤ ᠡᠬᠢ ᠪᠠᠶᠠᠯᠢᠭ ᠤᠨ | ᠬᠠᠮᠤᠭ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠦᠷᠢᠵᠢᠭᠤᠯᠵᠤ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ᠂ ᠪᠡᠯᠴᠢᠭᠡᠷ ᠬᠤᠪᠢᠶᠠᠨ ᠡᠭᠡᠯᠵᠢᠯᠡᠨ | ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠣᠯᠠᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠤᠯᠤᠰ ᠤᠨ ᠤᠢ ᠰᠢᠭᠤᠢ ᠨᠥᠭᠡᠴᠡᠯᠡᠬᠦ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠭᠡᠵᠢᠩ ᠲᠢᠶᠠᠨᠵᠢᠨ ᠤ ᠰᠠᠯᠬᠢ ᠰᠢᠭᠤᠷᠭᠠᠨ ᠤ ᠡᠬᠢ ᠶᠢ ᠵᠠᠰᠠᠬᠤ ᠵᠡᠷᠭᠡ ᠴᠢᠬᠤᠯᠠ ᠶᠡᠭᠡ ᠠᠮᠢ ᠠᠬᠤᠢ ᠶᠢᠨ | ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠂ ︽ᠭᠤᠣᠯ ᠮᠦᠷᠡᠨ ᠨᠠᠭᠤᠷ ᠴᠦᠬᠦᠷᠦᠮ ᠤᠨ ᠳᠠᠷᠤᠭ᠎ᠠ︾ ᠶᠢᠨ ᠳᠥᠷᠢᠮ ᠢ ᠨᠠᠶᠢᠳᠠᠪᠦᠷᠢᠵᠢᠭᠤᠯᠬᠤ ᠠᠵᠢᠯ ᠢ | ᠦᠷᠭᠦᠯᠵᠢᠯᠠᠨ ᠠᠬᠢᠭᠤᠯᠵᠤ᠂ ᠬᠠᠲᠤᠨ ᠭᠤᠤᠯ ᠤᠨ ᠭᠤᠤᠯ ᠭᠤᠯᠲᠣᠷᠢᠯ ᠲᠠᠢ ᠬᠤᠯᠪᠣᠭᠳᠠᠬᠤ ᠠᠰᠠᠭᠤᠳᠠᠯ ᠢ ᠴᠡᠭᠴᠡᠯᠡᠨ ᠵᠠᠰᠠᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠦᠷᠢᠵᠢᠭᠤᠯᠤᠨ᠂ ᠭᠤᠣᠯ ᠮᠦᠷᠡᠨ ᠨᠠᠭᠤᠷ ᠴᠦᠬᠦᠷᠦᠮ ᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠬᠦᠴᠦ ᠪᠠᠷ ᠠᠬᠢᠭᠤᠯᠵᠤ᠂ ᠪᠠᠶᠢᠭᠠᠯᠢ ᠶᠢᠨ ᠬᠠᠮᠠᠭᠠᠯᠠᠯᠲᠠ | ᠶᠢᠨ ᠣᠷᠣᠨ ᠪᠠ ᠨᠣᠭᠤ ᠭᠠᠵᠠᠷ ᠢ ᠬᠠᠮᠠᠭᠠᠯᠠᠨ ᠰᠡᠷᠭᠦᠭᠡᠬᠦ ᠠᠵᠢᠯ ᠢ ᠰᠠᠶᠢᠲᠤᠷ ᠠᠳᠬᠤᠨ᠂ ᠬᠠᠤᠯᠢ ᠪᠤᠰᠤ ᠪᠠᠷ ᠬᠠᠭᠠᠯᠪᠤᠷᠢᠯᠠᠬᠤ᠂ ᠨᠤᠲᠤᠭ ᠪᠡᠯᠴᠢᠭᠡᠷ ᠣᠶᠢᠲᠤ | ᠭᠠᠵᠠᠷ ᠢ ᠡᠵᠡᠯᠡᠨ ᠬᠡᠷᠡᠭᠯᠡᠬᠦ ᠵᠢᠴᠢ ᠬᠠᠲᠤᠨ ᠭᠤᠤᠯ ᠳᠠᠭᠠᠤ ᠬᠠᠤᠯᠢ ᠪᠤᠰᠤ ᠪᠠᠷ ᠪᠣᠬᠢᠷᠲᠤᠯ ᠭᠠᠳᠠᠭᠰᠢᠯᠠᠭᠤᠯᠬᠤ᠂ ᠬᠠᠶᠢᠷᠬᠠᠭ ᠮᠠᠯᠲᠠᠬᠤ ᠵᠡᠷᠭᠡ ᠦᠢᠯᠡ ᠠᠵᠢᠯᠯᠠᠭ᠎ᠠ | ᠳᠤ ᠴᠢᠩᠭ᠎ᠠ ᠴᠣᠬᠢᠯᠲᠠ ᠦᠭᠴᠦ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠡᠴᠦᠰ ᠬᠦᠷᠬᠦ ᠳᠤ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠶᠢ 19.2 % ᠲᠤ ᠬᠦᠷᠭᠡᠵᠦ᠂ ᠤᠷᠭᠤᠮᠠᠯ ᠤᠨ ᠬᠤᠴᠢᠯᠭ᠎ᠠ ᠶᠢᠨ | ᠪᠦᠷᠬᠦᠴᠡ ᠶᠢ 72 % ᠪᠠᠷ ᠲᠣᠭᠲᠠᠪᠦᠷᠢᠵᠢᠭᠤᠯᠤᠨᠠ᠃ ᠬᠥᠪᠴᠢ ᠶᠢᠨ ᠡᠯᠡᠰᠦ ᠶᠢ ᠵᠠᠰᠠᠬᠤ EOD ᠲᠤᠷᠰᠢᠯᠲᠠ ᠶᠢᠨ ᠴᠡᠭ ᠤᠨ ᠲᠦᠷᠦᠯ ᠵᠦᠢᠯ ᠢ ᠢᠳᠡᠪᠬᠢᠲᠡᠢ | ᠠᠬᠢᠭᠤᠯᠵᠤ᠂ ᠬᠥᠪᠴᠢ ᠶᠢᠨ ᠤᠰᠤᠨ ᠠᠮᠢ ᠠᠬᠤᠢ ᠶᠢᠨ ᠵᠠᠰᠠᠯᠲᠠ ᠶᠢᠨ ᠬᠡᠪᠴᠢᠶ᠎ᠡ ᠶᠢ ᠥᠷᠭᠡᠳᠬᠡᠵᠦ᠂ ᠬᠥᠪᠴᠢ ᠶᠢᠨ ᠡᠯᠡᠰᠦ ᠶᠢ ᠵᠠᠰᠠᠭᠰᠠᠨ ᠦᠷ᠎ᠡ ᠪᠦᠲᠦᠮᠵᠢ ᠶᠢ | ᠪᠠᠬᠢᠵᠢᠭᠦᠯᠦᠨ᠎ᠡ ᠃ | — ᠠᠮᠢ ᠠᠬᠤᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ︽ᠠᠭᠠᠷ ᠮᠠᠨᠳᠠᠯ ᠤᠨ ᠴᠢᠨᠠᠷ ᠢ ᠳᠡᠭᠡᠭᠰᠢᠯᠡᠭᠦᠯᠵᠦ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠨ᠂ ᠠᠮᠢ ᠠᠬᠤᠶ ᠶᠢᠨ ᠬᠢᠨᠠᠯᠲᠠ ᠬᠠᠮᠢᠶᠠᠷᠣᠯᠲᠠ ᠶᠢ ᠴᠢᠩᠭᠠᠳᠬᠠᠵᠤ᠂ ᠣᠰᠣᠨ ᠠᠮᠢ ᠠᠬᠤᠢ ᠶᠢ | ᠳᠡᠭᠡᠭᠰᠢᠯᠡᠭᠦᠯᠦᠨ᠂ ᠬᠥᠷᠥᠰᠥ ᠰᠢᠷᠣᠶ ᠶᠢ ᠪᠠᠬᠢᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠶᠣᠯ ᠲᠦᠭᠰᠢᠭᠦᠷᠢ ᠶᠢ ᠰᠡᠷᠭᠡᠶᠢᠯᠡᠬᠦ︾ ᠬᠠᠷᠠᠯᠲᠠ ᠶᠢᠨ | ᠲᠣᠭᠤᠷᠢᠨ ᠳᠤ᠂ ᠪᠣᠬᠢᠷᠲᠤᠯ ᠢ ᠨᠠᠷᠢᠯᠢᠭ ᠣᠨᠣᠪᠴᠢᠲᠠᠶ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠵᠠᠰᠠᠬᠤ ᠶᠢ ᠳᠣᠪᠣᠶᠢᠯᠭᠠᠵᠤ᠂ ᠬᠥᠬᠡ ᠣᠭᠲᠠᠷᠭᠤᠶ᠂ | ᠬᠥᠬᠡᠮᠳᠦᠭ ᠤᠰᠤ᠂ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢᠶᠠᠷ ᠭᠠᠷᠳᠠᠯ ᠪᠣᠯᠭᠠᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠷᠢᠭᠤᠴᠠᠯᠭ᠎ᠠ ᠶᠢᠨ ᠲᠣᠳᠣᠷᠬᠠᠢ ᠳᠠᠩᠰᠠ ᠶᠢ ᠲᠣᠭᠲᠠᠭᠠᠵᠤ᠂ ︽ᠭᠤᠷᠪᠠᠨ ᠱᠤᠭᠤᠮ ᠨᠢᠭᠡ ᠳᠠᠩᠰᠠ︾ ᠶᠢ ᠰᠠᠶᠢᠲᠤᠷ ᠬᠡᠷᠡᠭᠯᠡᠨ᠂ ᠡᠨᠧᠷᠭᠢ ᠠᠷᠪᠢᠯᠠᠨ ᠪᠣᠬᠢᠷᠲᠤᠯ ᠢ | ᠳᠣᠷᠤᠭᠰᠢᠯᠠᠭᠤᠯᠬᠤ ᠠᠵᠢᠯ ᠤᠨ ᠬᠢᠵᠠᠭᠠᠷᠯᠠᠬᠤ ᠴᠢᠨᠠᠷᠲᠠᠶ ᠭᠦᠶᠴᠡᠳᠬᠡᠯ ᠲᠣᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠯ ᠢ ᠬᠠᠮᠵᠢᠯᠴᠠᠨ ᠵᠠᠰᠠᠬᠤ ᠶᠢ | ᠥᠷᠨᠢᠭᠦᠯᠵᠦ᠂ ᠭᠤᠤᠯ ᠪᠣᠬᠢᠷᠲᠤᠯ ᠤᠨ ᠶᠡᠷᠦᠩᠬᠡᠶ ᠬᠡᠮᠵᠢᠶ᠎ᠡ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠡᠷᠴᠢᠮ ᠢ ᠦᠷᠭᠦᠯᠵᠢᠯᠡᠨ | ᠪᠠᠭᠤᠷᠠᠭᠤᠯᠬᠤ ᠶᠢ ᠠᠬᠢᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠪᠠ ᠬᠠᠤᠯᠢ ᠴᠠᠭᠠᠵᠠ ᠶᠢᠨ | ᠬᠤᠯᠪᠣᠯᠴᠠᠭ᠎ᠠ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ | ᠪᠦᠷᠢᠨᠰᠢᠬᠦᠯᠵᠤ᠂ ᠤᠳᠤᠷᠢᠳᠤᠮᠵᠢ ᠲᠣᠳᠣᠷᠬᠠᠢ᠂ ᠬᠡᠷᠡᠭᠵᠢᠭᠦᠯᠦᠯᠲᠡ ᠬᠦᠴᠦᠲᠡᠢ᠂ ᠤᠯᠠᠨ ᠲᠠᠯ᠎ᠠ ᠠᠴᠠ ᠣᠷᠣᠯᠴᠠᠭᠰᠠᠨ ︽ᠣᠷᠴᠢᠨ ᠲᠣᠭᠤᠷᠢᠨ ᠤ ᠬᠠᠮᠠᠭᠠᠯᠠᠯᠲᠠ | ᠶᠢᠨ ᠲᠣᠮᠣ ᠪᠠᠶᠢᠷᠢᠯᠠᠭᠤᠯᠤᠯᠲᠠ︾ ᠶᠢ ᠪᠦᠷᠢᠯᠳᠦᠭᠦᠯᠦᠨ᠎ᠡ ᠃ | — ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠬᠤᠤᠰ ᠨᠡᠭᠦᠷᠡᠰᠦᠲᠥ᠋ᠷᠥᠭᠴᠢ ᠶᠢᠨ ᠬᠠᠷᠠᠯᠲᠠ ᠳᠤ ᠲᠦᠪᠯᠡᠷᠡᠨ᠂᠂ ᠡᠨᠧᠷᠭᠢ ᠶᠢᠨ ᠬᠤᠷᠣᠭᠳᠠᠯ ᠤᠨ ︽ | ᠬᠤᠣᠰ ᠡᠵᠡᠮᠳᠡᠯ︾ ᠢ ᠴᠢᠩᠭ᠎ᠠ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠳᠣᠤᠷ᠎ᠠ ᠪᠠ ᠡᠨᠧᠷᠭᠢ ᠬᠤᠷᠣᠭᠳᠠᠯ ᠦᠭᠡᠢ ᠢᠨᠵᠧᠨᠧᠷᠢᠩ ᠢ ᠰᠦᠪᠡᠭᠴᠢᠯᠡᠨ | ᠬᠡᠷᠡᠭᠵᠢᠭᠦᠯᠦᠨ᠎ᠡ᠃ ᠣᠷᠴᠢᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠠᠵᠤ ᠠᠬᠤᠶᠢᠯᠠᠯ ᠤᠨ ᠣᠷᠴᠢᠯ ᠦᠢᠯᠡᠳᠪᠦᠷᠢᠯᠡᠯ᠂ ᠣᠷᠴᠢᠯ ᠡᠷᠭᠢᠯᠲᠡ ᠶᠢ ᠲᠦᠯᠬᠢᠨ | ᠠᠬᠢᠭᠤᠯᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠪᠡᠶᠡᠯᠡᠭᠦᠯᠦᠨ᠎ᠡ᠃ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ᠂ ᠡᠨᠧᠷᠭᠢ | ᠠᠷᠪᠢᠯᠠᠬᠤ ᠪᠠᠷᠢᠯᠭ᠎ᠠ᠂ ᠪᠣᠬᠢᠷᠲᠤᠯ ᠥᠬᠡᠶ ᠵᠠᠮ ᠨᠡᠪᠲᠡᠷᠡᠯᠭᠡ ᠶᠢ ᠵᠣᠷᠢᠭᠵᠢᠭᠤᠯᠤᠨ ᠳᠡᠮᠵᠢᠵᠦ᠂ ᠪᠣᠬᠢᠷᠲᠤᠯ ᠥᠬᠡᠶ ᠠᠮᠢᠳᠤᠷᠠᠯ᠂ ᠪᠣᠬᠢᠷᠲᠤᠯ ᠥᠬᠡᠶ ᠬᠡᠷᠡᠭᠯᠡᠭᠡ ᠶᠢ | ᠰᠠᠨᠠᠭᠠᠴᠢᠯᠠᠨ᠂ ᠬᠤᠭ ᠨᠣᠪᠰᠢ ᠶᠢ ᠲᠥᠷᠥᠯ ᠬᠤᠪᠢᠶᠠᠵᠤ ᠬᠡᠮᠵᠢᠶ᠎ᠡ ᠶᠢ ᠨᠢ ᠪᠠᠭᠠᠰᠬᠠᠨ᠎ᠠ᠃ | (ᠬᠤᠶᠠᠷ) ᠭᠤᠣᠯᠯᠠᠭᠴᠢ ᠠᠵᠤ ᠦᠢᠯᠡᠰ ᠤᠨ ᠰᠦᠷᠦᠭᠵᠢᠯ ᠢ ᠲᠦᠷᠭᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠳᠪᠦᠷᠢ ᠶᠢᠨ ᠮᠠᠨᠳᠤᠯᠲᠠ ᠪᠠᠷ ᠣᠳᠣ | ᠦᠶ᠎ᠡ ᠶᠢᠨ ᠠᠵᠤ ᠦᠢᠯᠡᠰ ᠢ ᠲᠣᠯᠭᠠᠭᠤᠷᠢᠯᠠᠵᠤ᠂ ᠬᠠᠩᠭᠢᠨ ᠤ ᠠᠵᠤ ᠠᠬᠤᠢ ᠶᠢ ᠤᠯᠠᠮ ᠡᠷᠴᠢᠮᠲᠡᠢ ᠪᠣᠯᠭᠠᠨ᠎ᠠ ᠃ ᠰᠢᠨ᠎ᠡ ᠬᠥᠭᠵᠢᠯᠲᠡ ᠶᠢᠨ ᠤᠬᠠᠭᠳᠠᠬᠤᠨ ᠢ | ᠡᠷᠡᠰ ᠭᠤᠶᠢᠪᠢᠰᠢ ᠥᠬᠡᠶ ᠲᠤᠤᠱᠯᠠᠭᠤᠯᠵᠤ᠂ ᠬᠠᠩᠭᠠᠯᠭ᠎ᠠ ᠶᠢᠨ ᠲᠠᠯ᠎ᠠ ᠪᠠ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠬᠠᠮᠵᠢᠯᠴᠠᠨ ᠬᠦᠴᠦᠯᠡᠬᠦ ᠶᠢ ᠪᠠᠷᠢᠮᠲᠠᠯᠠᠨ᠂ ᠠᠵᠤ | ᠦᠶᠯᠡᠰ ᠤᠨ ᠲᠠᠰ ᠳᠠᠪᠬᠤᠷᠭ᠎ᠠ ᠶᠢ ᠳᠡᠭᠡᠭᠰᠢᠯᠡᠭᠦᠯᠵᠦ᠂ ᠠᠵᠤ ᠦᠶᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠠᠵᠤ ᠦᠶᠯᠡᠰ ᠤᠨ ᠬᠥᠭᠵᠢᠯᠲᠡ ᠶᠢᠨ ᠶᠠᠰᠤ | ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠢᠬᠤᠯᠠ ᠴᠡᠪᠡᠷ ᠡᠨᠧᠷᠭᠢ ᠵᠢᠴᠢ ᠨᠠᠷᠢᠯᠢᠭ ᠬᠢᠮᠢ ᠶᠢᠨ ᠠᠵᠤ | ᠦᠶᠯᠡᠳᠪᠦᠷᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ ᠃ | — ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠣᠨ᠎ᠠ᠃ ︽ᠠᠵᠤ ᠦᠢᠯᠡᠰ ᠢᠶᠠᠷ ᠬᠦᠷᠢᠶᠡᠯᠡᠭ | ᠲᠣᠭᠤᠷᠢᠭ ᠢᠶᠠᠨ ᠬᠦᠴᠦᠷᠬᠡᠭᠵᠢᠭᠦᠯᠬᠦ᠂ ᠠᠵᠤ ᠦᠢᠯᠡᠰ ᠤᠨ ᠠᠭᠤᠰᠤᠯᠴᠠᠯ ᠢᠶᠠᠷ ᠬᠦᠷᠢᠶᠡᠯᠡᠩ ᠲᠣᠭᠤᠷᠢᠭ ᠢᠶᠠᠨ ᠮᠠᠨᠳᠣᠭᠤᠯᠬᠤ᠂ ᠰᠢᠨ᠎ᠡ ᠶᠢ ᠡᠭᠦᠳᠬᠦ ᠪᠠᠷ | ᠬᠦᠷᠢᠶᠡᠯᠡᠩ ᠲᠣᠭᠤᠷᠢᠭ ᠢᠶᠠᠨ ᠪᠠᠶᠢᠭᠤᠯᠬᠤ︾ ᠤᠶᠢᠯᠠᠭᠠᠭᠳᠠᠬᠤᠨ ᠢ ᠪᠣᠶ ᠪᠣᠯᠭᠠᠵᠤ᠂ ᠬᠦᠷᠢᠶᠡᠯᠡᠩ ᠲᠣᠭᠤᠷᠢᠭ ᠢ ᠰᠢᠯᠢᠳᠡᠭᠵᠢᠭᠦᠯᠬᠦ᠂ ᠡᠮᠬᠢᠯᠡᠨ ᠨᠡᠶᠢᠯᠡᠭᠦᠯᠬᠦ᠂ ᠳᠡᠰ | ᠳᠡᠪᠰᠢᠭᠦᠯᠬᠦ ᠠᠯᠬᠤᠴᠠ ᠶᠢ ᠲᠦᠷᠭᠡᠳᠬᠡᠨ᠂ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯ ᠤᠨ ᠲᠣᠭᠲᠠᠴᠠ ᠶᠢ ᠰᠢᠯᠤᠭᠤᠳᠬᠠᠵᠤ᠂ ᠲᠥᠷᠥ ᠶᠢᠨ ᠪᠣᠳᠣᠯᠭ᠎ᠠ᠂ | ᠴᠢᠳᠠᠪᠤᠷᠢᠲᠠᠨ᠂ ᠪᠡᠯᠡ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠲᠥᠬᠦᠭᠡᠷᠦᠮᠵᠢ ᠶᠢ ᠪᠠᠬᠢᠵᠢᠭᠦᠯᠬᠦ᠂ ᠲᠥᠷᠥᠯ ᠵᠦᠶᠯ ᠢ ᠲᠡᠭᠦᠯᠳᠡᠷᠵᠢᠭᠦᠯᠬᠦ᠂ ᠠᠵᠤ ᠦᠶᠯᠡᠰ ᠢ ᠪᠠᠬᠢᠵᠢᠭᠦᠯᠬᠦ ᠲᠣᠭᠤᠷᠢᠨ ᠳᠤ ᠬᠦᠷᠢᠶᠡᠯᠡᠩ ᠲᠣᠭᠤᠷᠢᠭ ᠤᠨ ᠰᠠᠭᠤᠷᠢ | ᠲᠥᠬᠦᠭᠡᠷᠦᠮᠵᠢ᠂ ᠶᠡᠷᠦᠩᠬᠡᠶᠢᠯᠡᠭᠰᠡᠨ ᠦᠶᠯᠡᠴᠢᠯᠡᠭᠡᠨ ᠤ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠳᠣᠤᠷᠠᠳᠤ | ᠭᠡᠯᠬᠢᠶᠡᠨ ᠤ ᠠᠵᠤ ᠦᠶᠯᠡᠰ ᠢ ᠶᠡᠭᠡ ᠪᠠᠷ ᠲᠠᠲᠠᠨ ᠠᠪᠴᠢᠷᠠᠵᠤ᠂ ᠠᠵᠤ ᠠᠬᠤᠶᠢᠯᠠᠯ ᠬᠦᠷᠢᠶᠡᠯᠡᠩ ᠲᠣᠭᠤᠷᠢᠭ ᠲᠤ ᠲᠦᠪᠯᠡᠷᠡᠬᠦ ᠶᠢ ᠠᠬᠢᠭᠤᠯᠵᠤ᠂ ᠬᠦᠷᠢᠶᠡᠯᠡᠩ | ᠲᠣᠭᠤᠷᠢᠭ ᠤᠨ ᠠᠵᠤ ᠠᠬᠤᠢ ᠶᠢᠨ ᠬᠡᠪᠴᠢᠶ᠎ᠡ ᠶᠢ ᠳᠠᠰᠤᠷᠠᠯᠲᠠ ᠦᠭᠡᠢ ᠬᠦᠴᠦᠷᠬᠡᠭᠵᠢᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ | ᠶᠡᠷᠦᠩᠬᠡᠶᠢᠯᠡᠭᠰᠡᠨ ᠪᠣᠳᠠᠲᠤ ᠬᠦᠴᠦᠨ ᠢ ᠨᠢ ᠪᠥᠬᠦ ᠣᠷᠣᠨ ᠤ ᠨᠢᠭᠡᠳᠦᠭᠡᠷ ᠲᠥᠷᠥᠯ ᠤᠨ ᠬᠦᠷᠢᠶᠡᠯᠡᠩ ᠲᠣᠭᠤᠷᠢᠭ ᠤᠨ ᠡᠩᠨᠡᠭᠡᠨ ᠳᠤ ᠵᠢᠭᠰᠠᠭᠠᠬᠤ ᠪᠠᠷ ᠴᠢᠷᠮᠠᠶᠢᠨ᠎ᠠ ᠃ | | — ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠰᠢᠯᠢᠳᠡᠭᠵᠢᠭᠦᠯᠦᠨ᠎ᠡ᠃ ᠴᠠᠬᠢᠯᠭᠠᠨ᠂ ᠪᠠᠶᠢᠭᠠᠯᠢ ᠶᠢᠨ ᠰᠢᠲᠠᠮᠠᠬᠠᠢ ᠬᠡᠢ᠂ ᠰᠠᠯᠬᠢᠨ ᠡᠨᠧᠷᠭᠢ᠂ | ᠨᠠᠷᠠᠨ ᠡᠨᠧᠷᠭᠢ᠂ ᠤᠰᠤᠲᠥ᠋ᠷᠥᠭᠴᠢ ᠬᠠᠳᠠᠭᠠᠯᠠᠬᠤ ᠵᠡᠷᠭᠡ ᠠᠵᠤ ᠦᠢᠯᠡᠰ ᠢ ᠵᠡᠷᠭᠡᠪᠡᠷ ᠠᠳᠬᠤᠬᠤ᠂ ᠠᠵᠤ ᠠᠬᠤᠶᠢᠯᠠᠯ ᠤᠨ ᠬᠡᠯᠬᠢᠶᠡᠵᠢᠯ ᠢ ᠥᠷᠭᠡᠳᠭᠡᠬᠦ᠂ | ᠨᠥᠬᠦᠪᠥᠷᠢᠯᠡᠬᠦ᠂ ᠬᠦᠴᠦᠷᠬᠡᠭᠵᠢᠭᠦᠯᠬᠦ ᠶᠢ ᠵᠡᠷᠭᠡᠪᠡᠷ ᠪᠠᠷᠢᠮᠲᠠᠯᠠᠨ᠂ ᠡᠬᠢ ᠪᠠᠶᠠᠯᠢᠭ ᠢ ᠨᠢᠭᠡ ᠴᠣᠭᠴᠠᠵᠢᠭᠤᠯᠤᠨ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠣᠯᠠᠨ | ᠲᠥᠷᠥᠯ ᠤᠨ ᠡᠬᠢ ᠪᠠᠶᠠᠯᠢᠭ ᠬᠠᠷᠢᠯᠴᠠᠨ ᠨᠥᠬᠦᠪᠥᠷᠢᠯᠡᠭᠰᠡᠨ᠂ ᠶᠡᠷᠦᠩᠬᠡᠶᠢᠯᠡᠨ ᠠᠰᠢᠭᠯᠠᠭᠰᠠᠨ᠂ ᠡᠷᠴᠢᠮᠵᠢᠭᠰᠡᠨ ᠥᠨᠳᠥᠷ ᠦᠷ᠎ᠡ ᠠᠰᠢᠭᠲᠤ ᠬᠥᠭᠵᠢᠯᠲᠡ ᠶᠢᠨ | ᠲᠣᠭᠲᠠᠯᠴᠠᠭ᠎ᠠ ᠶᠢ ᠲᠦᠷᠭᠡᠳᠬᠡᠨ ᠪᠦᠷᠢᠯᠳᠦᠭᠦᠯᠦᠨ᠎ᠡ᠃ ᠨᠡᠭᠦᠷᠡᠰᠦᠨ ᠠᠭᠤᠷᠬᠠᠢ ᠨᠡᠭᠡᠭᠡᠬᠦ ᠠᠵᠢᠯ ᠳᠤ ᠶᠡᠭᠡ ᠰᠢᠪᠲᠤᠯᠤᠯᠲᠠ ᠬᠢᠨ᠎ᠡ᠃ ᠠᠭᠤᠷᠬᠠᠶ ᠶᠢᠨ ᠣᠷᠣᠨ ᠤ | ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢᠶᠠᠨ ᠲᠦᠷᠭᠡᠳᠬᠡᠨ᠂ ᠦᠷᠡᠨ ᠤ ᠠᠭᠤᠷᠬᠠᠶ ᠶᠢ ᠬᠠᠶᠢᠨ ᠪᠠᠶᠢᠴᠠᠭᠠᠬᠤ ᠠᠵᠢᠯ ᠢ ᠵᠣᠬᠢᠴᠠᠭᠤᠯᠤᠨ ᠠᠬᠢᠭᠤᠯᠵᠤ᠂ | ᠲᠠᠷᠢᠶ᠋ᠬᠭᠤᠤᠯ ᠤᠨ ᠨᠡᠭᠦᠷᠡᠰᠦᠨ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢ ᠰᠡᠷᠭᠦᠭᠡᠨ᠂ ᠤᠯᠤᠰ ᠤᠨ ᠨᠡᠭᠦᠷᠡᠰᠦ ᠦᠷᠡᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠭᠦᠷᠡᠰᠦ ᠦᠶᠯᠡᠳᠪᠦᠷᠢᠯᠡᠬᠦ ᠴᠢᠳᠠᠪᠤᠷᠢ ᠶᠢ 600 ᠲᠦᠮᠡᠨ | ᠲᠣᠨ ᠳᠤ ᠬᠦᠷᠭᠡᠨ᠎ᠡ᠃ ᠨᠡᠭᠦᠷᠡᠰᠦ ᠬᠢᠮᠢ ᠶᠢᠨ ᠠᠵᠤ ᠦᠶᠯᠡᠰ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠲᠥᠰᠦᠪ | ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠨᠢᠭᠡᠴᠢ GDP ᠳᠠᠬᠢ ᠡᠨᠧᠷᠭᠢ ᠶᠢᠨ ᠬᠤᠷᠣᠭᠳᠠᠯ ᠢ ᠪᠠᠭᠤᠷᠠᠭᠤᠯᠵᠤ᠂ ᠨᠡᠭᠦᠷᠡᠰᠦ ᠬᠢᠮᠢ | ᠶᠢᠨ ᠠᠵᠤ ᠦᠶᠯᠡᠳᠪᠦᠷᠢ ᠶᠢᠨ ᠬᠡᠯᠬᠢᠶ᠎ᠡ ᠶᠢ ᠤᠷᠲᠤᠳᠬᠠᠨ ᠬᠦᠴᠦᠷᠬᠡᠭᠵᠢᠭᠦᠯᠬᠦ ᠲᠥᠷᠥᠯ ᠵᠦᠶᠯ ᠢ ᠣᠷᠣᠭᠤᠯᠤᠨ ᠠᠪᠴᠢᠷᠠᠬᠤ ᠳᠤ ᠡᠨᠧᠷᠭᠢ ᠶᠢᠨ ᠬᠤᠷᠣᠭᠳᠠᠯ ᠤᠨ | ᠣᠷᠣᠨ ᠵᠠᠶ ᠶᠢ ᠰᠤᠯᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠴᠦᠰ ᠬᠦᠷᠬᠦ ᠳᠤ ᠠᠵᠤ ᠦᠶᠯᠡᠰ ᠤᠨ ᠬᠡᠯᠬᠢᠶ᠎ᠡ ᠶᠢᠨ ᠦᠶᠯᠡᠳᠪᠦᠷᠢᠯᠡᠬᠦ ᠴᠢᠳᠠᠪᠤᠷᠢ | ᠶᠢ 300 ᠲᠦᠮᠡᠨ ᠲᠣᠨ ᠳᠤ ᠬᠦᠷᠭᠡᠵᠦ᠂ ᠨᠡᠭᠦᠷᠡᠰᠦ ᠶᠢ ᠲᠤᠬᠠᠶ ᠶᠢᠨ ᠭᠠᠵᠠᠷ ᠲᠤᠨᠢ ᠪᠣᠯᠪᠠᠰᠣᠷᠠᠭᠤᠯᠬᠤ ᠨᠣᠷᠮ᠎ᠠ ᠪᠠ ᠨᠠᠷᠢᠯᠢᠭ ᠡᠳ᠋ᠰᠢᠭᠦᠯᠬᠦ ᠬᠡᠮᠵᠢᠶ᠎ᠡ ᠶᠢ ᠶᠡᠭᠡ | ᠪᠠᠷ ᠳᠡᠭᠡᠭᠰᠢᠯᠡᠭᠦᠯᠵᠦ᠂ ︽ᠨᠡᠭᠦᠷᠡᠰᠦ ᠶᠢ ᠪᠣᠯᠪᠠᠰᠣᠷᠠᠭᠤᠯᠤᠨ ᠪᠥᠰ ᠪᠣᠯᠭᠠᠬᠤ︾ ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠵᠤ᠂ ᠨᠠᠷᠢᠯᠢᠭ ᠬᠢᠮᠢ ᠶᠢᠨ ᠠᠵᠤ | ᠦᠶᠯᠡᠳᠪᠦᠷᠢ ᠶᠢᠨ ᠠᠵᠤ ᠦᠶᠯᠡᠰ ᠤᠨ ᠪᠦᠯᠦᠭᠵᠢᠯ ᠢ ᠪᠠᠶᠢᠭᠤᠯᠤᠨ᠎ᠠ ᠃ ︽ᠠᠷᠪᠠᠨ ᠲᠦᠷᠪᠡᠳᠦᠭᠡᠷ ᠲᠠᠪᠤᠨ ᠵᠢᠯ︾ ᠤᠨ ᠡᠴᠦᠰ ᠲᠤ᠂ ᠲᠤᠤᠷᠠᠳᠤ ᠭᠡᠯᠬᠢᠶ᠎ᠡ | ᠶᠢᠨ ᠠᠵᠤ ᠦᠢᠯᠡᠰ ᠤᠨ ᠬᠡᠯᠬᠢᠶᠡᠵᠢᠯ ᠢ 300 ᠲᠦᠮᠡᠨ ᠲᠤᠨ ᠳᠤ ᠬᠦᠷᠭᠡᠨ᠎ᠡ᠃ ᠴᠡᠪᠡᠷ ᠡᠨᠧᠷᠭᠢ ᠶᠢᠨ ᠬᠡᠪᠴᠢᠶ᠎ᠡ ᠶᠢ ᠥᠷᠭᠡᠳᠬᠡᠨ᠎ᠡ᠃ ︽ᠴᠠᠬᠢᠯᠭᠠᠨ ᠬᠦᠴᠦᠨ ᠤ | ᠰᠤᠷᠪᠤᠯᠵᠢ᠂ ᠲᠣᠣᠷ᠂ ᠳᠠᠭᠠᠭᠠᠴᠠ᠂ ᠨᠥᠭᠡᠴᠡᠯᠡᠬᠦ ᠴᠢᠳᠠᠮᠵᠢ ᠶᠢ ᠨᠢᠭᠡ ᠴᠣᠭᠴᠠᠵᠢᠭᠤᠯᠬᠤ︾ ᠬᠥᠭᠵᠢᠯᠲᠡ ᠶᠢ ᠰᠦᠪᠡᠭᠴᠢᠯᠡᠨ ᠠᠬᠢᠭᠤᠯᠵᠤ᠂ 500 ᠺᠢᠯᠣᠸᠠᠲ | ᠤᠨ ᠴᠠᠬᠢᠯᠭᠠᠨ ᠬᠤᠷᠠᠬᠤ ᠥᠷᠲᠡᠭᠡ ᠢ ᠪᠦᠲᠦᠭᠡᠨ ᠪᠠᠶᠢᠭᠤᠯᠬᠤ ᠠᠬᠢᠴᠠ ᠪᠠᠨ ᠲᠦᠷᠭᠡᠳᠬᠡᠨ᠂ ᠰᠠᠯᠬᠢᠨ ᠡᠨᠧᠷᠭᠢ᠂ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ | ᠬᠡᠪᠴᠢᠶ᠎ᠡ ᠶᠢ ᠥᠷᠭᠡᠳᠬᠡᠵᠦ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ ᠨᠢ 500 ᠲᠦᠮᠡᠨ ᠺᠢᠯᠣᠸᠠᠲ ᠢ ᠳᠠᠪᠠᠭᠤᠯᠵᠤ᠂ ᠥᠪᠥᠷ ᠮᠣᠩᠭᠤᠯ ᠤᠨ ᠪᠠᠷᠠᠭᠤᠨ | ᠬᠡᠰᠡᠭ ᠤᠨ ᠴᠢᠬᠤᠯᠠ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠠᠶᠢᠭᠠᠯᠢ ᠶᠢᠨ ᠰᠢᠲᠠᠮᠠᠬᠠᠶ ᠬᠡᠢ ᠶᠢ ᠨᠡᠭᠡᠭᠡᠨ ᠠᠰᠢᠭᠯᠠᠬᠤ ᠪᠠ ᠤᠯᠠᠷᠢᠭᠤᠯᠵᠤ | ᠥᠷᠲᠡᠭ ᠢ ᠨᠢ ᠨᠡᠮᠡᠭᠳᠡᠭᠦᠯᠬᠦ ᠶᠢ ᠠᠬᠢᠭᠤᠯᠵᠤ᠂ ᠣᠳᠣ ᠶᠢᠨ ᠪᠠᠶᠢᠭ᠎ᠠ ᠠᠵᠤ ᠠᠬᠤᠶᠢᠯᠠᠯ ᠤᠨ ᠦᠶᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠬᠦ ᠶᠢ ᠳᠡᠮᠵᠢᠬᠦ ᠶᠢᠨ | ᠬᠠᠮᠲᠤ ᠬᠡᠪᠴᠢᠶᠡᠵᠢᠭᠰᠡᠨ ᠰᠢᠨ᠎ᠡ ᠠᠵᠤ ᠠᠬᠤᠶᠢᠯᠠᠯ ᠢ ᠢᠳᠡᠪᠬᠢᠲᠡᠢ ᠣᠷᠢᠨ ᠣᠷᠣᠭᠤᠯᠵᠤ᠂ ᠵᠢᠯ ᠤᠨ ᠦᠶᠯᠡᠳᠪᠦᠷᠢᠯᠡᠬᠦ ᠴᠢᠳᠠᠪᠤᠷᠢ ᠶᠢ 30 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠪᠣᠯᠭᠠᠵᠤ᠂ ᠡᠳᠦᠷ ᠲᠤ ᠰᠢᠶᠳᠪᠦᠷᠢᠯᠡᠬᠦ ᠴᠢᠳᠠᠪᠤᠷᠢ ᠶᠢ 1000 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠭᠡᠬᠦ ᠪᠠᠷ ᠴᠢᠷᠮᠠᠶᠢᠵᠤ᠂ | BOG ᠠᠴᠠ ᠾᠧᠯᠢ ᠪᠣᠯᠪᠠᠰᠣᠷᠠᠭᠤᠯᠬᠤ ᠲᠥᠷᠥᠯ ᠵᠦᠢᠯ ᠤᠨ ᠭᠠᠷᠤᠯᠲᠠ ᠶᠢ ᠨᠢ ᠨᠡᠮᠡᠭᠳᠡᠭᠦᠯᠦᠨ ᠴᠢᠳᠠᠪᠤᠷᠢ ᠶᠢ ᠨᠢ ᠥᠷᠭᠡᠳᠬᠡᠵᠦ᠂ ᠪᠠᠶᠢᠭᠠᠯᠢ ᠶᠢᠨ ᠰᠢᠲᠠᠮᠠᠬᠠᠶ | ᠬᠡᠢ ᠶᠢ ᠤᠯᠠᠷᠢᠭᠤᠯᠤᠨ ᠠᠰᠢᠭᠯᠠᠬᠤ ᠵᠢᠱᠢᠶᠡᠴᠢ ᠰᠠᠭᠤᠷᠢᠨ ᠭᠠᠵᠠᠷ ᠢ ᠪᠠᠶᠢᠭᠤᠯᠤᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠨᠠᠩ ᠣᠨᠣᠪᠴᠢᠲᠠᠶ | ᠪᠡᠶᠡᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠠᠴᠠ ᠲᠣᠭᠲᠠᠭᠠᠭᠰᠠᠨ ᠠᠵᠤ ᠦᠶᠯᠡᠰ ᠤᠨ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠪᠣᠯᠣᠨ ᠴᠢᠬᠤᠯᠠ ᠶᠡᠭᠡ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ | ᠤᠨ ᠨᠠᠷᠢᠨ ᠲᠠᠩᠰᠠ ᠪᠠ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠲᠣᠭᠲᠠᠭᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠤᠰᠬᠠᠶ | ᠠᠩᠭᠢ ᠶᠢ ᠵᠣᠬᠢᠶᠠᠨ ᠪᠠᠶᠢᠭᠤᠯᠤᠨ᠂ ᠪᠣᠰᠣᠳ ᠭᠠᠵᠠᠷ ᠣᠷᠣᠨ ᠪᠣᠯᠣᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠵᠡᠷᠭᠡ ᠨᠡᠶᠢᠬᠡᠮ ᠤᠨ ᠪᠠᠶᠢᠭᠤᠯᠤᠮᠵᠢ | ᠲᠠᠢ ᠬᠠᠷᠢᠯᠴᠠᠭ᠎ᠠ ᠪᠠᠨ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ | ᠭᠠᠵᠠᠷ ᠣᠷᠣᠨ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠨᠢᠭᠡ ᠪᠦᠯᠦᠭ ᠰᠠᠭᠤᠷᠢ ᠶᠢ ᠪᠠᠬᠢᠵᠢᠭᠦᠯᠵᠦ᠂ ᠳᠤᠲᠠᠭᠤᠳᠠᠯ ᠢ | ᠨᠥᠬᠦᠪᠦᠷᠢᠯᠡᠵᠦ ᠳᠡᠶᠢᠯᠬᠦ ᠠᠯᠤᠰ ᠬᠡᠲᠦ ᠶᠢᠨ ᠬᠥᠭᠵᠢᠯᠲᠡ ᠶᠢᠨ ᠬᠠᠨᠳᠤᠰᠢ ᠲᠠᠢ ᠲᠥᠷᠥᠯ ᠵᠦᠶᠯ ᠢ ᠣᠷᠣᠭᠤᠯᠤᠨ ᠠᠪᠴᠢᠷᠠᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠲᠠᠢ ᠢᠳᠡᠪᠬᠢᠲᠡᠶ ᠠᠭᠤᠰᠤᠯᠴᠠᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ ᠃ | — ᠪᠠᠶᠢᠯᠳᠤᠬᠤ ᠪᠣᠳᠤᠯᠭ᠎ᠠ ᠶᠢᠨ ᠴᠢᠨᠠᠷᠲᠠᠢ ᠰᠢᠨ᠎ᠡ ᠪᠠᠷ ᠥᠷᠨᠢᠭᠰᠡᠨ ᠠᠵᠤ ᠦᠢᠯᠡᠰ ᠢ ᠶᠡᠬᠡᠪᠡᠷ ᠪᠣᠶᠢᠵᠢᠭᠤᠯᠤᠨ᠎ᠠ᠃ ᠲᠣᠨᠤᠭ ᠲᠥᠬᠦᠭᠡᠷᠦᠮᠵᠢ ᠦᠢᠯᠡᠳᠬᠦ᠂ | ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠠᠮᠢᠳᠤ ᠪᠤᠳᠠᠰ ᠤᠨ ᠡᠮ ᠦᠢᠯᠡᠳᠬᠦ᠂ ᠰᠢᠯ ᠰᠢᠷᠬᠡᠭ ᠤᠨ ᠨᠡᠶᠢᠯᠡᠮᠡᠯ ᠮᠠᠲ᠋ᠧᠷᠢᠶᠠᠯ ᠵᠡᠷᠭᠡ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠯᠢᠲ᠋ᠢ ᠳ᠋ᠢᠶᠠᠨ ᡂᠢ᠂ ᠤᠰᠤᠲᠦ᠋ᠷᠦᠭᠴᠢ ᠬᠠᠳᠠᠭᠠᠯᠠᠬᠤ ᠲᠣᠨᠤᠭ ᠲᠥᠬᠦᠭᠡᠷᠦᠮᠵᠢ ᠵᠡᠷᠭᠡ ᠠᠵᠤ | ᠦᠢᠯᠡᠰᠵᠢᠭᠦᠯᠦᠭᠰᠡᠨ ᠬᠡᠷᠡᠭᠯᠡᠭᠡᠨ ᠤ ᠲᠥᠷᠥᠯ ᠵᠦᠢᠯ ᠢ ᠰᠥᠪᠡᠭᠴᠢᠯᠡᠨ ᠬᠥᠭᠵᠢᠭᠦᠯᠵᠦ᠂ ᠬᠠᠩᠭᠢᠨ2# ᠬᠤᠪᠣᠷ ᠰᠢᠷᠣᠢ ᠶᠢᠨ ᠠᠵᠤ ᠠᠬᠤᠢ ᠶᠢᠨ ᠦᠨ᠎ᠡ ᠥᠷᠲᠡᠭ ᠢ | ᠠᠭᠤᠳᠠᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶᠡᠴᠢ ᠰᠠᠭᠤᠷᠢᠨ ᠭᠠᠵᠠᠷ ᠢ ᠪᠠᠶᠢᠭᠤᠯᠵᠤ᠂ | ᠰᠢᠨ᠎ᠡ ᠠᠵᠤ ᠠᠬᠤᠢ ᠶᠢᠨ ᠨᠡᠮᠡᠭᠳᠡᠯ ᠢ ᠪᠣᠶᠢᠵᠢᠭᠤᠯᠣᠨ᠎ᠠ᠃ ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠤᠯᠠᠮᠵᠢᠯᠠᠯᠲᠤ ᠠᠵᠤ | ᠦᠢᠯᠡᠰ ᠤᠨ ᠲᠣᠭᠠᠴᠢᠯᠠᠯᠲᠠ ᠤᠨ ᠠᠬᠢᠴᠠ ᠶᠢ ᠠᠬᠢᠭᠤᠯᠵᠤ᠂ ᠬᠠᠩᠭᠠᠯᠭ᠎ᠠ ᠪᠣᠯᠣᠨ ᠬᠡᠷᠡᠭᠴᠡᠭᠡ᠂ ᠦᠢᠯᠡᠳᠪᠦᠷᠢᠯᠡᠯ ᠪᠣᠯᠣᠨ ᠦᠢᠯᠡᠴᠢᠯᠡᠭᠡ ᠶᠢ ᠣᠨᠣᠪᠴᠢᠲᠠᠢ | ᠵᠣᠯᠭᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠭᠡᠯᠬᠢᠶᠡᠵᠢᠯ ᠤᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | — ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠦᠷᠭᠦᠯᠵᠢᠯᠡᠨ ᠬᠦᠮᠦᠵᠢᠭᠦᠯᠦᠨ ᠰᠢᠯᠢᠳᠡᠭᠵᠢᠭᠦᠯᠦᠨ᠎ᠡ᠃ ᠬᠥᠭᠵᠢᠯᠲᠡ ᠶᠢᠨ ᠬᠤᠷᠳᠤᠴᠠ ᠶᠢ | ᠳᠡᠭᠡᠭᠰᠢᠯᠡᠭᠦᠯᠦᠨ᠂ ᠡᠵᠡᠯᠡᠬᠦ ᠬᠠᠷᠢᠴᠠᠯ ᠢ ᠨᠢ ᠨᠡᠮᠡᠭᠳᠡᠭᠦᠯᠵᠦ᠂ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠦᠨ᠂ ᠬᠠᠩᠭᠢᠨ ᠤ ᠬᠥᠭᠵᠢᠯᠲᠡ ᠲᠠᠢ ᠢᠵᠢ ᠪᠥᠷᠢᠳᠦᠭᠰᠡᠨ | ᠣᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠢ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ | ︽ᠣᠷᠣᠨ ᠪᠥᠰᠡ᠂ ᠣᠯᠠᠨ ᠴᠡᠭ᠂ ᠬᠤᠯᠪᠤᠭ᠎ᠠ ᠬᠡᠯᠬᠢᠶᠡᠵᠢᠯ︾ ᠤᠨ ᠰᠡᠳᠬᠢᠮᠵᠢ ᠶᠣᠰᠣᠭᠠᠷ᠂ ᠡᠯᠡᠰᠦᠨ ᠴᠥᠯ ᠤᠨ ᠵᠢᠭᠤᠯᠴᠢᠯᠠᠯ ᠤᠨ ᠪᠦᠰᠡ᠂ ᠲᠠᠯ᠎ᠠ | ᠨᠤᠲᠤᠭ ᠤᠨ ᠵᠢᠭᠤᠯᠴᠢᠯᠠᠯ ᠤᠨ ᠪᠦᠰᠡ᠂ ᠬᠠᠲᠤᠨ ᠭᠤᠣᠯ ᠲᠠᠭᠠᠤ ᠤᠷᠣᠨ ᠤ ᠵᠢᠭᠤᠯᠴᠢᠯᠠᠯ ᠤᠨ ᠪᠥᠰᠡ ᠵᠡᠷᠭᠡ ︽ᠭᠤᠷᠪᠠᠨ ᠵᠢᠭᠤᠯᠴᠢᠯᠠᠯ ᠤᠨ ᠪᠦᠰᠡ ᠶᠢ | ᠬᠠᠮᠲᠤᠪᠠᠷ ᠪᠠᠶᠢᠭᠤᠯᠬᠤ︾ ᠢᠨᠵᠧᠨᠧᠷᠢᠩ ᠢ ᠭᠤᠣᠯᠳᠠᠯᠭ᠎ᠠ ᠲᠠᠢ ᠶᠠᠪᠣᠭᠳᠠᠭᠤᠯᠵᠣ᠂ ᠳᠠᠭᠤᠲᠤ ᠨᠠᠭᠤᠷ᠂ ᠣᠷᠳᠣᠰ ᠤᠨ ᠲᠠᠯ᠎ᠠ ᠨᠤᠲᠤᠭ᠂ ᠮᠥᠽᠸᠢ ᠵᠡᠷᠭᠡ 5A | ᠲᠡᠰ ᠤᠨ ᠦᠵᠡᠮᠵᠢ ᠶᠢᠨ ᠣᠷᠣᠨ ᠢ ᠪᠠᠶᠢᠭᠤᠯᠬᠤ ᠠᠵᠢᠯ ᠢ ᠬᠦᠴᠦᠲᠠᠢ ᠠᠬᠢᠭᠤᠯᠵᠣ᠂ ᠵᠢᠭᠤᠯᠴᠢᠯᠠᠯ ᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ | ᠴᠢᠩᠭᠠᠷᠠᠭᠤᠯᠤᠨ᠂ ︽ᠬᠠᠶᠢᠷ᠎ᠠ ᠶᠢᠨ ᠴᠢᠪᠬᠠᠳᠠᠰᠤ︾ ᠪᠠᠭᠠᠲᠤᠷᠴᠤᠳ ᠤᠨ ᠴᠢᠭᠤᠯᠭᠠᠨ᠂ ᠬᠡᠭᠡᠷ᠎ᠡ ᠪᠠᠭᠤᠳᠠᠯᠯᠠᠬᠤ ᠵᠡᠷᠭᠡ ᠡᠯᠡᠰᠦᠨ ᠴᠥᠯ ᠳᠤ ᠬᠡᠭᠡᠷᠡᠯᠡᠬᠦ ᠨᠡᠷᠡᠲᠤ | ᠲᠡᠮᠳᠡᠭ ᠢ ᠪᠥᠲᠥᠭᠡᠵᠦ᠂ ᠥᠪᠥᠷ ᠮᠣᠩᠭᠤᠯ ᠤᠨ ᠪᠠᠷᠠᠭᠤᠨ ᠬᠡᠰᠡᠭ ᠲᠤ ᠡᠯᠡᠰᠦᠨ ᠴᠥᠯ ᠲᠠᠯ᠎ᠠ ᠨᠤᠲᠤᠭ ᠬᠠᠲᠤᠨ ᠭᠤᠣᠯ ᠤᠨ ᠥᠪᠡᠷᠮᠢᠴᠡ ᠣᠨᠴᠠᠯᠢᠭ ᠪᠦᠬᠦᠢ | ᠰᠡᠯᠡᠭᠦᠴᠡᠯ ᠵᠤᠭᠠᠴᠠᠯ ᠤᠨ ᠭᠠᠵᠠᠷ ᠢ ᠪᠠᠶᠢᠭᠤᠯᠤᠨ᠎ᠠ᠃ ᠣᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠮᠠᠰᠢᠨ ᠲᠡᠷᠭᠡᠨ ᠤ | ᠪᠠᠷᠠᠭ᠎ᠠ ᠶᠢᠨ ᠭᠦᠢᠯᠭᠡᠭᠡᠨ ᠤ ᠲᠣᠭᠤᠷᠢᠭ᠂ ᠲᠠᠷᠢᠶᠠᠨᠭᠤᠣᠯ ᠨᠡᠭᠦᠷᠡᠰᠦ ᠴᠠᠬᠢᠯᠭᠠᠨ ᠤ ᠪᠠᠷᠠᠭ᠎ᠠ ᠶᠢᠨ ᠭᠦᠢᠯᠭᠡᠭᠡᠨ ᠤ ᠲᠣᠭᠤᠷᠢᠭ ᠪᠣᠯᠤᠨ ᠮᠧᠩ ᠰᠢ ᠠᠴᠠ ᠬᠤᠸᠠ | ᠵᠦᠩ ᠲᠡᠮᠦᠷ ᠵᠠᠮ ᠳᠤ ᠬᠦᠷᠬᠦ ᠣᠯᠠᠨ ᠤᠯᠤᠰ ᠤᠨ ᠡᠨᠧᠷᠭᠢ ᠶᠢᠨ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠲᠣᠭᠤᠷᠢᠭ ︵ᠵᠠᠭᠠᠷᠠᠭ ᠭᠠᠴᠠᠭ᠎ᠠ︶ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠪᠠᠷᠠᠭ᠎ᠠ ᠶᠢᠨ ᠭᠦᠢᠯᠭᠡᠭᠡᠨ ᠤ ᠲᠣᠣᠷ ᠱᠤᠭᠤᠮ ᠢ | ᠲᠡᠭᠦᠯᠳᠡᠷᠵᠢᠭᠦᠯᠦᠨ᠂ ︽ᠭᠤᠷᠪᠠᠨ ᠲᠣᠭᠤᠷᠢᠭ ᠨᠢᠭᠡ ᠲᠣᠣᠷ︾ ᠢ ᠬᠠᠮᠲᠣᠳᠬᠠᠭᠰᠠᠨ ᠣᠳᠤ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠲᠣᠭᠲᠠᠯᠴᠠᠭ᠎ᠠ ᠶᠢ | ᠪᠠᠶᠢᠭᠤᠯᠵᠤ᠂ ᠠᠵᠤ ᠠᠬᠤᠢ ᠶᠢᠨ ᠣᠷᠴᠢᠯ ᠡᠷᠭᠢᠯᠲᠡ ᠶᠢ ᠲᠦᠯᠬᠢᠨ ᠠᠬᠢᠭᠤᠯᠤᠨ᠎ᠠ᠃ ᠡᠯᠧᠺᠲᠷᠣᠨ ᠬᠤᠳᠠᠯᠳᠤᠭ᠎ᠠ ᠪᠠ ᠠᠷᠠᠯᠵᠢᠶ᠎ᠠ ᠬᠤᠳᠠᠯᠳᠤᠭ᠎ᠠ ᠶᠢᠨ ᠪᠣᠳᠠᠲᠤ | ᠴᠣᠭᠴᠠ ᠶᠢᠨ ᠠᠵᠤ ᠠᠬᠤᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠦᠯᠵᠢᠶᠡᠨ ᠳᠡᠭᠡᠷᠡᠬᠢ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ᠃ ᠠᠵᠣ ᠠᠮᠢᠳᠤᠷᠠᠯ | ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠮᠥᠩᠭᠦᠨ ᠭᠦᠢᠯᠭᠡᠭᠡ᠂ ᠳᠠᠭᠠᠳᠬᠠᠯ᠂ ᠬᠠᠤᠯᠢ ᠴᠠᠭᠠᠵᠠ ᠶᠢᠨ ᠦᠢᠯᠡᠴᠢᠯᠡᠭᠡ᠂ | ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠬᠡᠦᠬᠡᠳ ᠤᠨ ᠬᠦᠮᠦᠵᠢᠯ᠂ ᠭᠡᠷ ᠠᠬᠤᠢ ᠶᠢᠨ ᠦᠢᠯᠡᠴᠢᠯᠡᠭᠡ᠂ ᠠᠷᠠᠯᠵᠢᠶ᠎ᠠ | ᠬᠤᠳᠠᠯᠳᠤᠭ᠎ᠠ ᠵᠡᠷᠭᠡ ᠦᠢᠯᠡᠴᠢᠯᠡᠭᠡᠨ ᠤ ᠦᠢᠯᠡᠰ ᠤᠨ ᠬᠢᠷᠢ ᠳᠥᠪᠰᠢᠨ ᠢ ᠳᠡᠭᠡᠭᠰᠢᠯᠡᠭᠦᠯᠵᠦ᠂ ᠠᠵᠤ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ | ᠴᠢᠨᠠᠷᠯᠢᠭ ᠬᠥᠭᠵᠢᠯᠲᠡ᠂ ᠣᠯᠠᠨ ᠶᠠᠩᠵᠤᠲᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠶᠡᠬᠡᠪᠠᠷ ᠬᠡᠷᠡᠭᠵᠢᠭᠦᠯᠵᠦ᠂ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠪᠠᠶᠢᠷᠢᠯᠠᠭᠤᠯᠤᠯᠲᠠ ᠪᠠᠷ ᠬᠦᠳᠡᠭᠡ ᠲᠣᠰᠬᠤᠨ ᠮᠠᠯᠵᠢᠬᠤ ᠤᠷᠤᠨ ᠤ ᠣᠳᠣᠬᠢᠴᠢᠯᠠᠯᠲᠠ ᠶᠢ ᠠᠬᠢᠭᠤᠯᠵᠤ᠂ ᠬᠠᠩᠭᠢᠨ ᠨᠤᠲᠤᠭ ᠢ ᠤᠯᠠᠮ ᠦᠵᠡᠰᠬᠦᠯᠡᠩᠲᠤ | ᠰᠠᠶᠢᠬᠠᠨ ᠪᠣᠯᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠷᠢᠯᠠᠭᠤᠯᠤᠯᠲᠠ ᠪᠠᠷ ︽ᠭᠤᠷᠪᠠᠨ ᠲᠠᠷᠢᠶᠠᠯᠠᠬᠤ ᠭᠤᠷᠪᠠᠨ ᠮᠠᠯᠵᠢᠬᠤ︾ ᠠᠵᠢᠯ ᠢ | ᠨᠢᠭᠡᠳᠬᠡᠨ ᠵᠤᠬᠢᠴᠠᠭᠤᠯᠵᠤ᠂ ᠲᠠᠷᠢᠶᠠᠯᠠᠩ ᠮᠠᠯ ᠠᠵᠤ ᠠᠬᠤᠢ ᠪᠣᠯᠣᠨ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠪᠡᠶᠡᠯᠡᠭᠦᠯᠦᠨ᠎ᠡ᠃ | — ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠪᠠ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠦᠨ᠎ᠡ᠃ ᠲᠠᠷᠢᠶᠠᠯᠠᠬᠤ ᠳᠤ ᠲᠣᠬᠢᠷᠠᠮᠵᠢᠲᠠᠢ ᠪᠣᠯ | ᠲᠠᠷᠢᠶ᠎ᠠ ᠲᠠᠷᠢᠵᠤ᠂ ᠮᠠᠯᠵᠢᠬᠤ ᠳᠤ ᠲᠣᠬᠢᠷᠠᠮᠵᠢᠲᠠᠢ ᠪᠣᠯ ᠮᠠᠯ ᠮᠠᠯᠵᠢᠵᠤ᠂ ᠲᠠᠷᠢᠶᠠᠯᠠᠩ ᠳᠤ ᠬᠤᠯᠪᠤᠭᠳᠠᠭᠰᠠᠨ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠦᠭᠦᠯᠵᠦ᠂ | ᠨᠡᠷᠡᠲᠤ ᠲᠡᠮᠳᠡᠭ ᠤᠨ ᠬᠥᠭᠵᠢᠯᠲᠡ ᠪᠠᠷ ᠬᠥᠳᠡᠯᠭᠡᠬᠦ ᠬᠦᠴᠦᠨ ᠪᠣᠯᠭᠠᠨ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠵᠦ ᠪᠠᠷᠢᠮᠵᠢᠶᠠᠯᠠᠭᠰᠠᠨ ᠬᠥᠭᠵᠢᠯᠲᠡ ᠶᠢ | ᠬᠥᠲᠥᠯᠥᠨ ᠳᠠᠭᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠬᠠᠲᠤᠨ ᠭᠤᠤᠯ ᠳᠠᠭᠠᠤ ᠣᠷᠣᠨ ᠤ ᠤᠰᠤᠯᠠᠬᠤ ᠪᠠ ᠤᠰᠤ ᠵᠠᠯᠠᠬᠤ ᠰᠢᠰᠲ᠋ᠧᠮ ᠤᠨ | ᠥᠭᠡᠷᠡᠴᠢᠯᠡᠯᠲᠡ ᠶᠢ ᠠᠬᠢᠭᠤᠯᠵᠤ᠂ ᠬᠤᠵᠢᠷᠯᠢᠭ ᠭᠠᠵᠠᠷ ᠤᠨ ᠬᠦᠷᠦᠰᠦ ᠶᠢ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ | ᠪᠠᠯᠭᠠᠰᠤ ᠳᠤᠭᠤᠶᠢᠳᠠᠯ᠎ᠠ ᠪᠠᠷ ᠲᠣᠯᠣᠭᠠᠶᠢᠯᠠᠭᠤᠯᠣᠭᠰᠠᠨ ᠣᠲᠣ ᠦᠶ᠎ᠡ ᠶᠢᠨ ᠮᠠᠯ ᠲᠠᠷᠢᠶᠠᠯᠠᠩ ᠤᠨ ᠠᠵᠤ ᠦᠶᠯᠡᠰ ᠤᠨ ᠪᠦᠰᠡ ᠶᠢ ᠭᠤᠣᠯᠳᠠᠯᠭᠠᠲᠠᠢ ᠪᠣᠢ ᠪᠣᠯᠭᠠᠵᠤ᠂ | ᠰᠢᠯᠢᠷᠬᠡᠭ ᠣᠷᠣᠨ ᠤ ᠴᠢᠨᠠᠷ ᠰᠠᠶᠢᠲᠠᠶ ᠡᠪᠡᠰᠦ ᠪᠡᠯᠴᠢᠭᠡᠷ ᠲᠠᠷᠢᠬᠤ ᠪᠦᠰᠡ᠂ ᠮᠠᠯᠵᠢᠬᠤ ᠣᠷᠣᠨ ᠤ ᠥᠨᠳᠥᠷ ᠪᠦᠲᠦᠮᠵᠢᠲᠡᠶ ᠮᠠᠯ ᠠᠵᠤ ᠠᠬᠤᠶ ᠶᠢᠨ ᠪᠦᠰᠡ᠂ | ᠡᠯᠡᠰᠦᠨ ᠴᠥᠯ ᠤᠨ ᠠᠵᠤ ᠠᠬᠤᠶ ᠶᠢᠨ ᠪᠦᠰᠡ ᠶᠢ ᠨᠢᠭᠡᠳᠦᠯᠲᠡᠶ ᠲᠥᠯᠥᠪᠵᠢᠭᠦᠯᠦᠨ ᠪᠠᠶᠢᠭᠤᠯᠵᠤ᠂ ᠬᠠᠲᠤᠨ ᠭᠤᠣᠯ ᠤᠨ ᠨᠡᠷᠡᠨ ᠬᠤᠸᠠᠷ ᠤᠨ ᠳᠠᠪᠠᠭᠤᠯᠢᠭ | ᠤᠨᠴᠠᠯᠢᠬᠳᠤ ᠠᠵᠤ ᠦᠶᠯᠡᠰ ᠤᠨ ᠪᠦᠯᠦᠭᠵᠢᠯ ᠤᠨ ᠲᠥᠷᠥᠯ ᠵᠦᠶᠯ ᠪᠣᠯᠤᠨ ᠬᠥᠪᠴᠢ ᠶᠢᠨ ᠣᠲᠣ ᠦᠶ᠎ᠡ ᠶᠢᠨ ᠮᠠᠯ ᠲᠠᠷᠢᠶᠠᠯᠠᠩ ᠤᠨ ᠠᠵᠤ ᠦᠶᠯᠡᠰ ᠤᠨ | ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠪᠦᠯᠦᠭᠵᠢᠨ ᠬᠥᠭᠵᠢᠬᠦ ᠶᠢ ᠪᠡᠶᠡᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠦᠷ᠎ᠡ | ᠠᠰᠢᠭ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠤᠨ᠎ᠠ᠃ ᠴᠠᠭᠠᠨ | ᠨᠣᠣᠯᠣᠷᠲᠤ ᠢᠮᠠᠭ᠎ᠠ᠂ ᠡᠷᠳᠡᠨᠢ ᠰᠢᠰᠢ᠂ ᠨᠡᠷᠡᠨ ᠬᠤᠸᠠᠷ᠂ ᠴᠢᠨᠠᠷ ᠰᠠᠶᠢᠲᠠᠢ ᠡᠪᠡᠰᠤ ᠵᠡᠷᠭᠡ ᠳᠤ ᠠᠩᠬᠠᠷᠤᠯ ᠢᠶᠠᠨ ᠬᠠᠨᠳᠣᠭᠤᠯᠵᠣ᠂ ᠦᠷ᠎ᠡ ᠡᠭᠦᠯᠳᠡᠷ ᠤᠨ ᠶᠠᠰᠣ | ᠴᠢᠨᠠᠷ ᠢ ᠨᠢ ᠰᠢᠯᠢᠳᠡᠭᠵᠢᠭᠦᠯᠦᠨ᠎ᠡ᠃ ︽ᠣᠨᠴᠠᠯᠢᠭᠲᠤ ᠲᠡᠮᠲᠡᠭ︾ ᠢ ᠡᠭᠦᠳᠴᠦ᠂ ︽ᠳᠠᠪᠠᠭᠤᠯᠢᠭ ᠵᠠᠮ︾ ᠢᠶᠠᠷ ᠠᠯᠬᠤᠨ᠂ ᠮᠠᠯ ᠠᠵᠤ ᠠᠬᠤᠶ ᠶᠢᠨ ᠡᠵᠡᠯᠡᠬᠦ | ᠬᠠᠷᠢᠴᠠᠯ ᠪᠤᠯᠤᠨ ᠣᠨᠴᠠᠯᠢᠭᠲᠤ ᠠᠵᠤ ᠠᠬᠤᠶ ᠶᠢᠨ ᠲᠠᠷᠢᠮᠠᠯ ᠤᠨ ᠡᠵᠡᠯᠡᠬᠦ ᠬᠠᠷᠢᠴᠠᠯ ᠢ ᠨᠡᠮᠡᠭᠳᠡᠭᠦᠯᠦᠨ᠂ ᠠᠯᠠᠰᠢᠨ ᠦᠬᠡᠷ ᠬᠤᠨᠢ᠂ ᠰᠠᠭᠠᠯᠢ ᠶᠢᠨ ᠦᠨᠢᠶ᠎ᠡ᠂ | ᠰᠠᠭᠠᠯᠢ ᠶᠢᠨ ᠢᠮᠠᠭ᠎ᠠ᠂ ᠭᠠᠭ᠋ᠠᠶ᠂ ᠬᠡᠷ ᠤᠨ ᠵᠢᠭᠦᠷᠲᠡᠨ ᠵᠡᠷᠭᠡ ᠶᠢ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠵᠤ᠂ ᠨᠤᠲᠤᠭ ᠪᠡᠯᠴᠢᠭᠡᠷ ᠢ ᠥᠭᠡᠷᠡᠴᠢᠯᠡᠨ | ᠰᠠᠶᠢᠵᠢᠷᠠᠭᠤᠯᠬᠤ ᠶᠢ ᠲᠡᠮᠵᠢᠵᠣ᠂ ᠬᠦᠷᠡᠩ ᠴᠠᠷᠭᠠᠰᠤ᠂ ᠡᠷᠳᠡᠨᠢ ᠰᠢᠰᠢ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠲᠠᠯᠠᠪᠠᠶ ᠶᠢ ᠥᠷᠭᠡᠳᠬᠡᠨ᠎ᠡ︔ | ᠳᠣᠲᠣᠷᠭ᠎ᠠ ᠶᠢᠨ ᠲᠠᠷᠢᠶᠠᠨ ᠳᠤ ᠵᠢᠭᠠᠰᠤ ᠨᠠᠢᠮᠠᠯᠵᠢ ᠲᠡᠵᠢᠭᠡᠬᠦ ᠠᠷᠭ᠎ᠠ ᠶᠢ ᠳᠡᠯᠭᠡᠷᠡᠭᠦᠯᠵᠦ᠂ ᠭᠤᠸ᠎ᠠ ᠵᠢᠮᠢᠰ ᠢᠳᠡᠰᠢᠨ ᠨᠣᠭᠤᠭ᠎ᠠ ᠵᠡᠷᠭᠡ ᠪᠣᠬᠢᠷᠲᠤᠯ ᠦᠭᠡᠢ ᠴᠢᠨᠠᠷ | ᠰᠠᠶᠢᠲᠠᠢ ᠲᠡᠷᠢᠭᠦᠨ ᠲᠡᠰ ᠤᠨ ᠦᠢᠯᠡᠳᠬᠦᠨ ᠤ ᠪᠦᠷᠢᠨ ᠬᠠᠩᠭᠠᠯᠳᠠ ᠶᠢ ᠨᠡᠮᠡᠭᠳᠡᠭᠦᠯᠦᠨ᠂ ᠣᠷᠣᠨ ᠨᠣᠲᠤᠭ ᠤᠨ ᠣᠨᠴᠠᠯᠢᠭᠲᠤ ᠰᠢᠯᠢᠳᠡᠭ ᠠᠵᠤ ᠠᠬᠤᠢ ᠶᠢᠨ | ᠲᠠᠷᠢᠮᠠᠯ ᠢ ᠪᠤᠶᠢᠵᠢᠭᠤᠯᠵᠤ᠂ ᠲᠠᠷᠢᠵᠤ ᠲᠡᠵᠢᠭᠡᠬᠦ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠤᠨ᠂ ᠬᠡᠪᠴᠢᠶ᠎ᠡ ᠪᠠᠨ ᠲᠦᠷᠭᠡᠨ ᠥᠷᠭᠡᠳᠭᠡᠵᠦ᠂ | ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠠᠪᠠᠭᠤᠯᠢᠭ ᠢ ᠪᠤᠢ ᠪᠣᠯᠭᠠᠨ᠎ᠠ᠃ ᠠᠵᠤ ᠦᠢᠯᠡᠰᠵᠢᠭᠰᠡᠨ ᠡᠵᠡᠩᠨᠡᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠪᠠᠷ ᠲᠠᠲᠠᠨ ᠤᠷᠤᠭᠤᠯᠵᠤ᠂ ᠠᠮᠤ ᠪᠤᠳᠠᠭ᠎ᠠ᠂ ᠴᠠᠭᠠᠨ ᠢᠳᠡᠭᠡᠨ᠂ ᠮᠢᠬ᠎ᠠ ᠨᠤᠭᠤᠭ᠎ᠠ᠂ ᠨᠣᠣᠰᠣ ᠨᠣᠣᠯᠣᠷ᠂ | ᠡᠮ ᠤᠨ ᠮᠠᠲ᠋ᠧᠷᠢᠶᠠᠯ ᠵᠡᠷᠭᠡ ᠶᠢᠨ ᠨᠠᠷᠢᠯᠢᠭ ᠪᠣᠯᠪᠠᠰᠣᠷᠠᠭᠤᠯᠣᠯᠲᠠ ᠶᠢ ᠬᠥᠭᠵᠢᠭᠦᠯᠵᠦ᠂ ︽ᠬᠤᠶᠠᠷ ᠪᠦᠲᠦᠭᠡᠭᠳᠡᠬᠦᠨ ᠨᠢᠭᠡ ᠲᠡᠮᠲᠡᠭ ᠨᠢᠭᠡ ᠰᠢᠨ᠎ᠡ︾ ᠶᠢᠨ | ᠬᠡᠪᠴᠢᠶ᠎ᠡ ᠶᠢ ᠥᠷᠭᠡᠳᠬᠡᠨ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠤᠭᠴᠠ ᠶᠢ ᠪᠤᠵᠠᠭᠠᠶᠢᠷᠠᠭᠤᠯᠵᠤ᠂ ︽ᠲᠢᠶᠠᠨ ᠮᠦ ᠱᠥᠸᠧ ᠹᠠᠩ︾ ︽ᠺᠠᠩ ᠯᠢ︾ | ᠲᠡᠮᠲᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠠᠮᠤ ᠪᠤᠳᠠᠭ᠎ᠠ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠯᠡᠭᠰᠡᠨ᠂ ᠲᠠᠷᠢᠶᠠᠯᠠᠩ ᠮᠠᠯ ᠠᠵᠤ | ᠠᠬᠤᠢ ᠵᠢᠭᠠᠰᠤᠨ ᠦᠢᠯᠡᠰ ᠢ ᠤᠶᠠᠯᠳᠤᠭᠤᠯᠤᠭᠰᠠᠨ᠂ ᠲᠠᠷᠢᠬᠤ ᠲᠡᠵᠢᠭᠡᠬᠦ ᠪᠤᠯᠪᠠᠰᠣᠷᠠᠭᠤᠯᠬᠤ ᠶᠢ ᠨᠢᠭᠡ ᠴᠤᠭᠴᠠᠵᠢᠭᠤᠯᠤᠭᠰᠠᠨ ᠣᠳᠤ ᠦᠶ᠎ᠡ ᠶᠢᠨ ᠦᠢᠯᠡᠳᠪᠦᠷᠢᠯᠡᠯ | ᠡᠵᠡᠩᠨᠡᠯᠲᠡ ᠶᠢᠨ ᠰᠢᠰᠲ᠋ᠧᠮ ᠢ ᠪᠦᠷᠢᠯᠳᠦᠭᠦᠯᠵᠦ᠂ ᠬᠦᠷᠢᠶ᠎ᠠ ᠬᠡᠪᠴᠢᠶ᠎ᠡ ᠶᠢ ᠥᠷᠭᠡᠳᠬᠡᠨ᠂ ᠨᠡᠷᠡᠲᠦ ᠲᠡᠮᠳᠡᠭ ᠢ ᠡᠭᠦᠳᠴᠦ᠂ ᠡᠷᠭᠢᠯᠲᠡ ᠭᠦᠢᠯᠭᠡᠭᠡ ᠶᠢ | ᠰᠠᠶᠢᠵᠢᠷᠠᠭᠤᠯᠣᠨ᠂ ᠤᠷᠳᠤᠰ ᠤᠨ ᠴᠢᠨᠠᠷ ᠰᠠᠶᠢᠲᠠᠢ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠣᠷᠠᠭᠤᠯᠵᠣ ᠭᠠᠳᠠᠭᠰᠢ ᠪᠣᠷᠣᠯᠠᠭᠤᠯᠬᠤ | ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | — ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠢᠨ᠎ᠡ᠃ ᠪᠦᠲᠦᠭᠡᠨ ᠪᠠᠶᠢᠭᠤᠯᠬᠤ ᠪᠠ ᠬᠠᠮᠢᠶᠠᠷᠤᠯᠲᠠ | ᠬᠢᠬᠦ ᠶᠢ ᠵᠡᠷᠭᠡᠪᠡᠷ ᠴᠢᠬᠤᠯᠠᠴᠢᠯᠠᠨ᠂ ᠲᠥᠷᠥᠯ ᠬᠤᠪᠢᠶᠠᠨ ᠲᠦᠯᠬᠢᠨ ᠠᠬᠢᠭᠤᠯᠵᠣ᠂ ᠭᠠᠴᠠᠭ᠎ᠠ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠬᠦ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠬᠦᠮᠦᠵᠢᠭᠦᠯᠬᠦ ᠵᠡᠷᠭᠡ ᠭᠤᠷᠪᠠᠨ ᠶᠡᠭᠡ ᠢᠨᠵᠧᠨᠧᠷᠢᠩ ᠢ | ᠬᠡᠷᠡᠭᠵᠢᠭᠦᠯᠵᠦ᠂ ᠠᠶᠢᠯ ᠲᠣᠰᠬᠤᠨ ᠤ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠤᠰᠤ᠂ ᠴᠠᠬᠢᠯᠭᠠᠨ᠂ ᠵᠠᠮ᠂ ᠪᠠᠶᠢᠭᠠᠯᠢ ᠶᠢᠨ ᠰᠢᠲᠠᠮᠠᠬᠠᠢ ᠬᠡᠢ᠂ ᠬᠡᠷ ᠪᠠᠶᠢᠰᠢᠩ᠂ ᠴᠢᠮᠡᠭᠡ ᠬᠤᠯᠪᠣᠭ᠎ᠠ ᠵᠡᠷᠭᠡ ᠲᠥᠬᠦᠭᠡᠷᠦᠮᠵᠢ ᠶᠢᠨ ᠨᠥᠬᠦᠴᠡᠯ ᠢ ᠪᠥᠬᠦ ᠲᠠᠯ᠎ᠠ ᠪᠠᠷ | ᠰᠠᠶᠢᠵᠢᠷᠠᠭᠤᠯᠵᠤ᠂ ︽ᠭᠠᠴᠠᠭ᠎ᠠ ᠲᠣᠰᠬᠤᠨ ᠢ ᠴᠡᠭᠴᠡᠯᠡᠨ ᠭᠤᠶᠣᠵᠢᠭᠤᠯᠬᠤ︾ ᠠᠵᠢᠯᠯᠠᠭ᠎ᠠ ᠶᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ᠂ ᠪᠣᠬᠢᠷ ᠤᠰᠤ ᠰᠢᠶᠳᠪᠦᠷᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠶᠠᠰᠤ ᠴᠢᠨᠠᠷ ᠦᠷ᠎ᠡ ᠪᠦᠲᠦᠮᠵᠢ ᠪᠠᠷ ᠤᠷᠢᠳᠠᠯ ᠪᠣᠯᠭᠠᠨ᠂ | ᠵᠣᠷᠯᠣᠩ ᠢ ᠰᠢᠨᠡᠳᠭᠡᠨ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠠᠰᠢᠭᠯᠠᠬᠤ᠂ ᠬᠠᠮᠢᠶᠠᠷᠬᠤ᠂ ᠬᠠᠮᠠᠭᠠᠯᠠᠬᠤ︾ ᠪᠠᠶᠢᠩᠭᠤ ᠶᠢᠨ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠨᠡᠨᠬᠦ ᠰᠠᠶᠢᠵᠢᠷᠠᠭᠤᠯᠣᠨ᠎ᠠ᠃ | ᠭᠠᠴᠠᠭ᠎ᠠ ᠲᠣᠰᠬᠤᠨ ᠤ ᠲᠥᠷᠢᠮ ᠢ ᠳᠦᠷᠢᠮᠵᠢᠭᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠪᠣᠯᠪᠠᠰᠣᠨ ᠰᠣᠷᠲᠠᠯ ᠂ ᠰᠠᠶᠢᠨ ᠰᠠᠶᠢᠬᠠᠨ ᠭᠡᠷ ᠤᠨ ᠰᠣᠷᠳᠠᠯ᠂ | ᠪᠣᠷᠣᠭᠵᠢᠭᠤᠨ ᠴᠠᠶᠢᠯᠭᠠᠨ ᠠᠷᠠᠳ ᠤᠨ ᠰᠣᠷᠳᠠᠯ ᠢ ᠪᠤᠢ ᠪᠤᠯᠭᠠᠨ᠂ ᠬᠦᠳᠡᠭᠡ ᠲᠣᠰᠬᠤᠨ ᠤ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︽ᠭᠡᠷ ᠬᠦᠷᠢᠶᠡᠯᠡᠩ ᠤᠨ ᠠᠵᠤ ᠠᠬᠤᠢ︾ ᠶᠢ ᠶᠡᠬᠡᠪᠡᠷ ᠬᠥᠭᠵᠢᠭᠦᠯᠵᠦ᠂ ᠥᠪᠡᠷ ᠥᠪᠡᠷ ᠤᠨ ᠣᠨᠴᠠᠯᠢᠭ ᠲᠠᠢ᠂ ᠣᠷᠣᠰᠢᠨ ᠰᠠᠭᠤᠬᠤ ᠳᠤ ᠳᠤᠬᠢᠯᠢᠭ᠂ ᠦᠢᠯᠡᠰ | ᠪᠦᠲᠦᠭᠡᠬᠦ ᠳᠤ ᠲᠣᠬᠢᠷᠠᠮᠵᠢᠲᠠᠢ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ | — ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠥᠲᠥᠮᠵᠢᠲᠡᠢ ᠠᠪᠴᠠᠯᠳᠣᠭᠤᠯᠣᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠯᠲᠠ ᠪᠠᠶᠢᠴᠠᠭᠠᠯᠲᠠ ᠪᠠ ᠬᠠᠪᠰᠤᠷᠤᠨ ᠳᠡᠳᠬᠦᠬᠦ ᠲᠣᠭᠲᠠᠴᠠ ᠶᠢ | ᠲᠣᠭᠳᠠᠭᠠᠵᠤ᠂ ᠬᠠᠪᠰᠤᠷᠤᠨ ᠳᠡᠳᠬᠦᠬᠦ ᠲᠥᠷᠥ ᠶᠢᠨ ᠪᠣᠳᠤᠯᠭ᠎ᠠ ᠶᠢ ᠦᠷᠭᠦᠯᠵᠢᠯᠡᠭᠦᠯᠬᠦ᠂ ᠰᠢᠯᠢᠳᠡᠭᠵᠢᠭᠦᠯᠬᠦ᠂ ᠲᠣᠬᠢᠷᠠᠭᠤᠯᠬᠤ ᠠᠵᠢᠯ ᠢ ᠴᠠᠭ ᠲᠤᠬᠠᠢ ᠳᠤᠨᠢ | ᠰᠠᠶᠢᠲᠤᠷ ᠬᠢᠵᠦ᠂ ᠲᠣᠬᠢᠷᠠᠮᠵᠢᠲᠠᠢ ᠭᠠᠵᠠᠷ ᠨᠡᠭᠦᠯᠭᠡᠨ ᠳᠦᠪᠬᠢᠨᠡᠭᠦᠯᠦᠭᠰᠡᠨ ᠶᠠᠳᠠᠭᠤ ᠡᠷᠦᠭᠡ ᠶᠢᠨ ᠲᠠᠷᠠᠭᠠᠴᠢ ᠶᠢᠨ ᠠᠯᠬᠤᠮ ᠳᠠᠬᠢ ᠲᠡᠳᠬᠦᠨ ᠲᠡᠮᠵᠢᠯᠭᠡ ᠶᠢ | ᠴᠢᠩᠭᠠᠳᠬᠠᠵᠤ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠶᠢ ᠳᠡᠮᠵᠢᠵᠦ ᠪᠠᠶᠢᠭᠰᠠᠨ ᠠᠴᠠ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠣᠯᠭᠠᠨ ᠬᠤᠪᠢᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠳᠡᠳᠬᠦᠬᠦ ᠬᠤᠰᠢᠭᠤᠨ ᠤ ᠲᠥᠷᠥ ᠶᠢᠨ | ᠪᠣᠳᠤᠯᠭ᠎ᠠ ᠶᠢ ᠰᠠᠶᠢᠲᠤᠷ ᠨᠠᠶᠢᠳᠠᠪᠦᠷᠢᠵᠢᠭᠤᠯᠵᠤ᠂ ᠳᠠᠪᠠᠭᠤᠯᠢᠭ ᠣᠨᠴᠠᠯᠢᠭ ᠲᠠᠢ ᠠᠵᠤ ᠦᠢᠯᠡᠰ ᠢ ᠪᠣᠶᠢᠵᠢᠭᠤᠯᠤᠨ᠂ ᠬᠡᠷᠡᠭᠯᠡᠭᠡ ᠪᠠᠷ ᠶᠠᠳᠠᠭᠤ ᠶᠢ ᠳᠡᠳᠬᠦᠬᠦ ᠶᠢ | ᠦᠷᠭᠦᠯᠵᠢᠯᠡᠨ ᠠᠬᠢᠭᠤᠯᠵᠤ᠂ ᠪᠦᠬᠦᠶᠢᠯᠡ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ ᠴᠦᠮ 50 ᠲᠦᠮᠡᠨ ᠲᠥᠭᠦᠷᠢᠭ ᠲᠤ ᠬᠦᠷᠬᠦ | ᠬᠠᠷᠠᠯᠲᠠ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠳᠣᠣᠷ᠎ᠠ ᠤᠷᠤᠯᠭᠠᠲᠤ ᠭᠦᠮᠦᠨ ᠠᠮᠠ ᠶᠢ ᠪᠠᠶᠢᠩᠭᠤ ᠳᠡᠳᠬᠦᠬᠦ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠬᠦ ᠣᠷᠣᠨ ᠤ ᠳᠤᠮᠳᠠᠴᠢ ᠬᠢᠷᠢ ᠳᠥᠪᠰᠢᠨ ᠠᠴᠠ ᠥᠨᠳᠥᠷ | ᠪᠣᠯᠭᠠᠨ᠎ᠠ᠃ | — ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠶᠢᠨ | ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ ᠭᠤᠴᠢᠨ ᠵᠢᠯ ᠤᠷᠲᠤᠳᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠳᠥᠷᠢᠮᠵᠢᠯ ᠲᠠᠢ ᠡᠮᠬᠢ ᠵᠢᠷᠤᠮ ᠲᠠᠢ ᠪᠠᠷ ᠰᠢᠯᠵᠢᠭᠦᠯᠦᠨ ᠲᠠᠭᠠᠭᠠᠴᠢᠯᠠᠬᠤ ᠶᠢ ᠬᠥᠲᠥᠯᠥᠨ | ᠵᠢᠯᠣᠭᠤᠳᠴᠤ᠂ ᠮᠠᠯᠴᠢᠨ ᠲᠠᠷᠢᠶᠠᠴᠢᠨ ᠤ ᠭᠠᠵᠠᠷ ᠰᠢᠷᠣᠶ ᠡᠵᠡᠩᠨᠡᠬᠦ ᠡᠷᠬᠡ ᠪᠠᠨ ᠰᠢᠯᠵᠢᠭᠦᠯᠬᠦ᠂ ᠭᠠᠵᠠᠷ ᠰᠢᠷᠣᠶ ᠪᠠᠷ ᠬᠤᠪᠢ ᠣᠷᠣᠭᠤᠯᠬᠤ᠂ ᠨᠠᠶᠢᠳᠠᠨ | ᠬᠠᠮᠢᠶᠠᠷᠤᠭᠤᠯᠬᠤ ᠶᠢ ᠵᠣᠷᠢᠭᠵᠢᠭᠤᠯᠤᠨ᠂ ᠭᠠᠵᠠᠷ ᠰᠢᠷᠤᠢ ᠨᠣᠲᠤᠭ ᠪᠡᠯᠴᠢᠭᠡᠷ ᠢᠶᠠᠨ ᠲᠣᠯᠣᠭᠠᠶᠢᠯᠠᠭᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠤᠭᠴᠠ ᠳᠤ ᠰᠢᠯᠵᠢᠭᠦᠯᠦᠨ ᠲᠠᠭᠠᠭᠠᠴᠢᠯᠠᠬᠤ ᠶᠢ ᠳᠦᠯᠬᠢᠨ ᠠᠬᠢᠭᠤᠯᠵᠤ᠂ ᠬᠡᠪᠴᠢᠶᠡᠵᠢᠭᠦᠯᠦᠨ ᠲᠠᠷᠢᠵᠤ ᠲᠡᠵᠢᠭᠡᠬᠦ ᠦᠢᠯᠡᠰ ᠢ | ᠬᠥᠭᠵᠢᠭᠦᠯᠦᠨ᠎ᠡ᠃ ︽ᠭᠤᠷᠪᠠᠨ ᠡᠷᠬᠡ ᠶᠢ ᠰᠠᠯᠭᠠᠬᠤ︾ ᠳᠥᠷᠢᠮ ᠢ ᠲᠡᠭᠦᠯᠳᠡᠷᠵᠢᠭᠦᠯᠵᠦ᠂ ᠬᠠᠮᠲᠤ ᠶᠢᠨ ᠥᠮᠴᠢᠯᠡᠯ ᠤᠨ ᠡᠷᠬᠡ ᠵᠢᠴᠢ ᠭᠡᠷ ᠪᠠᠶᠢᠰᠢᠩ ᠤᠨ ᠥᠮᠴᠢᠯᠡᠯ | ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠠᠯᠴᠢᠨ ᠲᠠᠷᠢᠶᠠᠴᠢᠨ ᠪᠣᠯᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ | ᠴᠤᠭᠴᠠ ᠶᠢᠨ ᠬᠠᠤᠯᠢ ᠶᠤᠰᠤᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ ᠤᠰᠤᠨ ᠤ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠬᠡᠷᠡᠭᠯᠡᠬᠦ ᠵᠢᠴᠢ | ᠠᠷᠠᠯᠵᠢᠶᠠᠯᠠᠬᠤ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠳᠤ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠢ ᠬᠠᠩᠭᠠᠨ᠎ᠠ᠃ | ︵ᠳᠥᠷᠪᠡ︶ ᠰᠠᠭᠤᠷᠢ ᠲᠥᠬᠦᠭᠡᠷᠦᠮᠵᠢ ᠶᠢᠨ ᠬᠥᠭᠵᠢᠯᠲᠡ ᠶᠢ ᠪᠠᠲᠤᠯᠠᠬᠤ ᠲᠣᠯᠭᠠᠭᠤᠷᠢᠯᠠᠬᠤ ᠴᠢᠳᠠᠪᠬᠢ ᠶᠢ ᠳᠡᠭᠡᠭᠰᠢᠯᠡᠭᠦᠯᠵᠦ᠂ ︽ᠡᠷᠭᠡ ᠶᠢ ᠲᠤᠷᠤᠭᠰᠢ | ᠪᠠᠭᠤᠯᠭᠠᠵᠤ᠂ ᠬᠠᠮᠢᠶᠠᠷᠣᠯᠲᠠ ᠪᠠᠨ ᠰᠢᠨᠡᠳᠭᠡᠨ᠂ ᠦᠢᠯᠡᠴᠢᠯᠡᠭᠡ ᠪᠠᠨ ᠰᠢᠯᠢᠳᠡᠭᠵᠢᠭᠦᠯᠬᠦ︾ ᠥᠭᠡᠷᠡᠴᠢᠯᠡᠯᠲᠡ ᠪᠠᠷ ᠠᠷᠠᠯᠵᠢᠶ᠎ᠠ ᠡᠵᠡᠩᠨᠡᠬᠦ ᠣᠷᠴᠢᠨ ᠢ | ᠰᠢᠯᠢᠳᠡᠭᠵᠢᠭᠦᠯᠵᠦ᠂ ᠬᠠᠩᠭᠢᠨ ᠤ ᠲᠠᠲᠠᠬᠤ ᠬᠦᠴᠦᠨ ᠢ ᠤᠯᠠᠮ ᠨᠡᠮᠡᠭᠳᠡᠭᠦᠯᠦᠨ᠎ᠡ᠃ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠠᠴᠠ ᠭᠠᠷᠳᠠᠵᠤ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠥᠪᠯᠡᠷᠡᠭᠦᠯᠦᠨ᠂ ᠬᠠᠮᠵᠢᠯᠴᠠᠨ ᠬᠠᠪᠰᠤᠷᠤᠯᠴᠠᠵᠤ ᠥᠨᠳᠥᠷ ᠪᠦᠲᠦᠮᠵᠢ ᠲᠠᠢ ᠪᠠᠶᠢᠯᠭᠠᠬᠤ ᠶᠢ | ᠴᠢᠩᠭᠠᠳᠬᠠᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠰᠢᠢᠳᠪᠦᠷᠢᠯᠡᠬᠦ ᠲᠡᠶᠢᠰᠢ ᠬᠦᠴᠦᠯᠡᠨ᠂ ᠴᠢᠨᠠᠷ ᠰᠠᠶᠢᠲᠠᠢ ᠠᠷᠠᠯᠵᠢᠶ᠎ᠠ | ᠡᠷᠬᠢᠯᠡᠬᠦ ᠣᠷᠴᠢᠨ ᠢ ᠪᠣᠢ ᠪᠣᠯᠭᠠᠨ᠎ᠠ᠃ | — ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠰᠢᠪᠲᠤᠯᠤᠯᠲᠠ ᠶᠢᠨ ᠠᠵᠢᠯ ᠢ ᠰᠠᠶᠢᠲᠤᠷ ᠪᠡᠶᠡᠯᠡᠭᠦᠯᠦᠨ᠎ᠡ᠃ ᠬᠤᠳᠠᠯᠳᠤᠭ᠎ᠠ ᠡᠵᠡᠩᠨᠡᠬᠦ | ᠣᠷᠴᠢᠨ ᠢ ︽ᠨᠢᠭᠡᠳᠦᠭᠡᠷ ᠥᠭᠡᠷᠡᠴᠢᠯᠡᠯᠲᠡ ᠶᠢᠨ ᠢᠨᠵᠧᠨᠧᠷᠢᠩ︾ ᠪᠣᠯᠭᠠᠵᠤ᠂ ︽ᠡᠷᠭᠡ ᠶᠢ ᠲᠤᠷᠤᠭᠰᠢ ᠪᠠᠭᠤᠯᠭᠠᠵᠤ᠂ ᠬᠠᠮᠢᠶᠠᠷᠣᠯᠲᠠ ᠪᠠᠨ ᠰᠢᠨᠡᠳᠭᠡᠨ᠂ | ᠦᠢᠯᠡᠴᠢᠯᠡᠭᠡ ᠪᠠᠨ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ | ︾ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ︽ᠢᠨᠲ᠋ᠧᠷ ᠰᠦᠯᠵᠢᠶ᠎ᠡ+ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ | ᠡᠷᠭᠢᠯᠲᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠭᠡ ᠶᠢᠨ ᠪᠠᠲᠣᠯᠠᠭ᠎ᠠ ᠬᠠᠩᠭᠠᠬᠤ ᠪᠠᠷ ᠭᠤᠣᠯ ᠡᠭᠦᠷᠭᠡ ᠪᠠᠨ ᠪᠣᠯᠭᠠᠵᠤ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠠᠬᠢ ᠲᠥᠷᠥ ᠶᠢᠨ ᠪᠣᠳᠣᠯᠭ᠎ᠠ ᠶᠢᠨ ᠬᠦᠴᠢᠷᠲᠡᠢ ᠠᠰᠠᠭᠤᠳᠠᠯ᠂ ᠬᠢᠨᠠᠨ ᠵᠥᠪᠰᠢᠶᠡᠷᠡᠬᠦ ᠲᠦᠭᠵᠢᠷᠡᠯ᠂ ᠬᠢᠨᠠᠨ | ᠬᠠᠮᠢᠶᠠᠷᠤᠯᠲᠠ ᠶᠢᠨ ᠪᠠᠯᠠᠢ ᠴᠡᠭ ᠲᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠠᠬᠤᠶᠢᠯᠠᠯ ᠳᠤ ᠪᠦᠬᠦ ᠲᠠᠯ᠎ᠠ ᠶᠢᠨ ᠪᠦᠷᠢᠨ ᠦᠢᠯᠡᠴᠢᠯᠡᠭᠡ ᠬᠠᠩᠭᠠᠵᠤ ᠂ | ᠦᠢᠯᠡᠴᠢᠯᠡᠭᠡᠨ ᠤ ᠪᠠᠲᠤᠯᠠᠭ᠎ᠠ ᠭᠦᠢᠴᠡᠳ ᠪᠤᠰᠤ ᠠᠴᠠ ᠪᠣᠯᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠥᠯᠥᠭᠡᠯᠡᠬᠦ ᠶᠢ ᠣᠭᠲᠣ | ᠵᠥᠪᠰᠢᠶᠡᠷᠡᠬᠦ ᠦᠭᠡᠢ᠂ ᠠᠵᠤ ᠠᠬᠤᠶᠢᠯᠠᠯ ᠤᠨ ᠰᠢᠨᠵᠢ ᠴᠢᠨᠠᠷ ᠠᠳᠠᠯᠢ ᠪᠣᠰᠤ᠂ ᠬᠡᠪᠴᠢᠶᠡᠵᠢᠯ ᠠᠳᠠᠯᠢ ᠪᠣᠰᠤ ᠠᠴᠠ ᠪᠣᠯᠵᠤ ᠬᠤᠶᠠᠷ ᠵᠦᠢᠯ ᠤᠨ ᠣᠪᠣᠷ ᠢᠶᠠᠷ | ᠦᠢᠯᠡᠴᠢᠯᠡᠭᠡ ᠬᠢᠬᠦ ᠶᠢ ᠣᠭᠲᠣ ᠵᠥᠪᠰᠢᠶᠡᠷᠡᠬᠦ ᠦᠭᠡᠢ ᠪᠠᠶᠢᠵᠤ᠂ ᠡᠯ᠎ᠡ ᠲᠥᠷᠥᠯ ᠤᠨ ᠠᠵᠤ ᠠᠬᠤᠶᠢᠯᠠᠯ ᠢ ᠪᠡᠯᠡ ᠣᠷᠤᠭᠤᠯᠤᠯᠲᠠ ᠬᠢᠬᠦ ᠳᠤ ᠰᠠᠨᠠᠭ᠎ᠠ ᠠᠮᠣᠷ᠂ | ᠠᠵᠣ ᠦᠢᠯᠡᠰ ᠡᠷᠬᠢᠯᠡᠬᠦ ᠳᠤ ᠰᠢᠯᠣᠭᠤᠨ ᠣᠷᠣᠭᠰᠢᠲᠠᠢ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃ ᠭᠠᠵᠠᠷ ᠰᠢᠷᠤᠢ᠂ ᠬᠦᠷᠦᠩᠭᠡ ᠮᠥᠩᠭᠦ᠂ ᠤᠷ᠎ᠠ ᠮᠡᠷᠭᠡᠵᠢᠯ᠂ | ᠲᠤᠭ᠎ᠠ ᠪᠠᠷᠢᠮᠲᠠ ᠵᠡᠷᠭᠡ ᠡᠯᠧᠮᠧᠨ᠋ᠲ ᠢ ᠵᠠᠬ᠎ᠠ ᠳᠡᠯᠭᠡᠭᠦᠷᠴᠢᠯᠡᠨ᠂ ᠡᠷᠬᠡ ᠲᠡᠭᠰᠢ ᠪᠠᠷ ᠲᠣᠬᠢᠷᠠᠭᠤᠯᠬᠤ ᠠᠷᠭ᠎ᠠ ᠬᠡᠯᠪᠡᠷᠢ ᠶᠢ ᠰᠢᠨᠡᠴᠢᠯᠡᠵᠦ᠂ ᠬᠤᠰᠢᠭᠤᠨ ᠤ ᠰᠢᠭᠤᠳ | ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠭᠥᠭᠵᠢᠯᠲᠡ ᠶᠢ ᠳᠡᠮᠵᠢᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠪᠠᠳᠠᠷᠠᠭᠤᠯᠤᠨ᠎ᠠ᠃ ︽ | ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠰᠢᠨ᠎ᠡ ᠶᠢ ᠡᠭᠦᠳᠦᠨ | ᠠᠳᠠᠯ ᠦᠢᠯᠡᠰ ᠪᠣᠰᠬᠠᠬᠤ ᠶᠢ ᠵᠣᠷᠢᠭᠵᠢᠭᠤᠯᠤᠨ᠂ ᠡᠷᠭᠢᠨ ᠲᠣᠭᠤᠷᠢᠨ ᠤ ᠳᠡᠭᠡᠳᠦ ᠵᠡᠷᠭᠡ ᠶᠢᠨ ᠰᠢᠨ᠎ᠡ ᠮᠡᠷᠭᠡᠵᠢᠯ ᠤᠨ ᠠᠵᠤ ᠦᠢᠯᠡᠰ ᠢ ᠠᠰᠢᠭᠯᠠᠨ ᠨᠢᠭᠡ ᠪᠦᠯᠦᠭ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠲᠥᠷᠥᠯ ᠵᠦᠢᠯ ᠢ ᠬᠡᠷᠡᠭᠵᠢᠭᠦᠯᠦᠨ᠎ᠡ᠃ ︽ᠲᠠᠯ᠎ᠠ ᠨᠤᠲᠤᠭ ᠤᠨ ᠴᠢᠳᠠᠪᠤᠷᠢᠲᠠᠨ︾ ᠤ | ᠢᠨᠵᠧᠨᠧᠷᠢᠩ ᠲᠠᠢ ᠤᠶᠠᠯᠳᠤᠭᠤᠯᠤᠨ᠂ ᠴᠢᠳᠠᠪᠤᠷᠢᠲᠠᠨ ᠢ ᠬᠥᠮᠥᠵᠢᠭᠦᠯᠬᠦ᠂ ᠤᠷᠢᠨ ᠠᠪᠴᠢᠷᠠᠬᠤ ᠪᠠ ᠤᠷᠮᠠᠰᠢᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ | ᠂ ᠤᠶᠠᠨ ᠴᠢᠨᠠᠷᠲᠠᠢ ᠪᠠᠷ ᠴᠢᠳᠠᠪᠤᠷᠢᠲᠠᠨ ᠢ ᠣᠷᠣᠭᠤᠯᠣᠨ ᠠᠪᠴᠢᠷᠠᠬᠤ ᠪᠠ ᠣᠷᠣᠨ ᠨᠤᠲᠤᠭ ᠤᠨ ᠴᠢᠳᠠᠪᠤᠷᠢᠲᠠᠨ ᠢ ᠬᠥᠮᠥᠵᠢᠬᠦᠯᠬᠦ ᠠᠵᠢᠯᠯᠠᠭ᠎ᠠ ᠶᠢ ᠶᠡᠬᠡᠪᠡᠷ | ᠬᠡᠷᠡᠭᠵᠢᠭᠦᠯᠵᠦ᠂ ︽ᠨᠢᠭᠡ ᠲᠥᠪ ᠣᠯᠠᠨ ᠴᠡᠭ︾ ᠤᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ | — ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠶᠡᠭᠡ ᠬᠠᠮᠠᠭᠠᠯᠠᠯᠲᠠ ᠶᠢ ᠬᠠᠮᠲᠤᠪᠠᠷ | ᠠᠳᠬᠤᠵᠤ᠂ ᠬᠠᠮᠠᠭᠠᠯᠠᠯᠲᠠ ᠪᠠ ᠭᠥᠭᠵᠢᠯᠲᠡ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠡᠬᠢ ᠪᠠᠶᠠᠯᠢᠭ ᠣᠷᠴᠢᠨ ᠠᠬᠤᠢ ᠶᠢᠨ ᠳᠠᠭᠠᠭᠠᠴᠠ ᠳᠤ ᠰᠠᠭᠤᠷᠢᠯᠠᠨ᠂ | ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ᠂ ︽ᠭᠤᠷᠪᠠᠨ ᠬᠢᠵᠠᠭᠠᠷᠯᠠᠬᠤ ᠱᠤᠭᠤᠮ︾ ᠢ ᠵᠦᠢ ᠵᠣᠬᠢᠰᠲᠠᠢ ᠵᠠᠭᠠᠭᠯᠠᠨ ᠲᠣᠭᠲᠠᠭᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠬᠡᠷᠡᠭᠴᠡᠭᠡ ᠶᠢ ᠴᠢᠩᠭᠠᠳᠬᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠠᠮᠠᠭᠠᠯᠠᠬᠤ ᠭᠤᠣᠯ ᠴᠤᠭᠴᠠ ᠶᠢᠨ ᠴᠢᠳᠠᠮᠵᠢ ᠨᠢ | ᠢᠯᠡᠷᠬᠡᠢ᠂ ᠳᠠᠪᠠᠭᠤᠯᠢᠭ ᠲᠠᠯ᠎ᠠ ᠪᠠᠨ ᠨᠥᠬᠦᠪᠦᠷᠢᠯᠡᠭᠰᠡᠨ᠂ ᠴᠢᠨᠠᠷᠯᠢᠭ ᠬᠥᠭᠵᠢᠭᠰᠡᠨ ᠰᠢᠨ᠎ᠡ ᠪᠠᠶᠢᠳᠠᠯ ᠢ ᠪᠦᠷᠢᠯᠳᠦᠭᠦᠯᠦᠨ᠎ᠡ᠃ | — ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ︽ᠨᠢᠭᠡ ᠭᠤᠣᠯ᠂ ᠨᠢᠭᠡ | ᠳᠡᠳ᠋᠂ ᠣᠯᠠᠨ ᠵᠠᠩᠭᠢᠶᠠᠰᠤ ᠬᠤᠯᠪᠤᠭᠠᠯᠠᠨ ᠬᠥᠳᠡᠯᠦᠯᠴᠡᠬᠦ︾ ᠪᠠᠶᠢᠷᠢᠯᠠᠭᠤᠯᠤᠯᠲᠠ ᠶᠢ ᠦᠨᠳᠦᠰᠦᠯᠡᠨ᠂ ᠰᠢᠨᠡᠪᠠᠯᠭᠠᠰᠤ ᠶᠢᠨ ᠳᠡᠰ ᠳᠠᠪᠰᠢᠯᠲᠠ ᠶᠢ ᠠᠬᠢᠭᠤᠯᠵᠤ᠂ | ᠵᠢᠷᠭᠠᠯᠠᠩᠲᠤ ᠪᠠᠯᠭᠠᠰᠤ ᠶᠢ ᠳᠡᠳ᠋ ᠭᠤᠣᠯᠳᠠᠯᠭᠠᠲᠠᠢ ᠪᠠᠯᠭᠠᠰᠤ ᠪᠣᠯᠭᠠᠨ ᠪᠦᠲᠦᠭᠡᠨ ᠪᠠᠶᠢᠭᠤᠯᠵᠤ᠂ ᠪᠤᠰᠤᠳ ᠰᠣᠮᠣ ᠪᠠᠯᠭᠠᠰᠤ ᠶᠢ ᠵᠤᠬᠢᠴᠠᠩᠭᠤᠢ ᠪᠠᠷ ᠣᠨᠴᠠᠯᠢᠭ ᠲᠠᠢ | ᠬᠥᠭᠵᠢᠬᠦ ᠶᠢ ᠳᠠᠶᠢᠴᠢᠯᠠᠨ᠎ᠠ᠃ ︽ᠶᠡᠷᠦᠩᠬᠡᠢ ᠲᠥᠯᠥᠪᠵᠢᠭᠦᠯᠭᠡ ᠶᠢ ᠬᠤᠪᠢᠷᠠᠭᠤᠯᠬᠤ ᠦᠭᠡᠢ᠂ ᠭᠠᠭᠴᠠ ᠴᠤᠭᠴᠠ ᠪᠠᠷ ᠨᠢᠭᠡᠳᠦᠯᠲᠡᠢ ᠲᠥᠰᠥᠪᠯᠡᠵᠦ᠂ ᠥᠪᠡᠷᠲᠡᠭᠡᠨ | ᠪᠡᠯᠡᠳᠬᠡᠨ ᠥᠪᠡᠷᠲᠡᠭᠡᠨ ᠪᠠᠶᠢᠭᠤᠯᠬᠤ︾ ᠵᠠᠷᠴᠢᠮ ᠢ ᠪᠠᠷᠢᠮᠲᠠᠯᠠᠨ᠂ ᠰᠢᠨᠡᠪᠠᠯᠭᠠᠰᠤ ᠶᠢᠨ ᠳᠦᠭᠦᠮ ᠪᠦᠲᠦᠴᠡᠲᠦ ᠣᠷᠣᠨ ᠰᠠᠭᠤᠴᠠ᠂ ᠬᠠᠭᠤᠴᠢᠨ ᠰᠠᠭᠤᠭᠠᠯᠢ | ᠲᠣᠭᠤᠷᠢᠭ᠂ ᠬᠠᠭᠤᠴᠢᠨ ᠬᠤᠲᠠ ᠶᠢᠨ ᠲᠤᠭᠤᠷᠢᠭ ᠢ ᠥᠭᠡᠷᠡᠴᠢᠯᠡᠨ ᠰᠢᠨᠡᠳᠬᠡᠬᠦ ᠪᠠ ᠰᠤᠮᠤ ᠪᠠᠯᠭᠠᠰᠤ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ | ᠰᠢᠨᠡᠳᠬᠡᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠲᠥᠯᠥᠪᠵᠢᠭᠦᠯᠭᠡ ᠦᠭᠡᠢ᠂ ᠵᠦᠪᠰᠢᠶᠡᠷᠡᠯ ᠦᠭᠡᠢ ᠪᠠᠷ ᠥᠷᠭᠡᠳᠬᠡᠨ ᠰᠢᠨᠡᠴᠢᠯᠡᠬᠦ ᠶᠢ ᠡᠷᠡᠰ ᠲᠡᠪᠴᠢᠵᠦ | ᠂ ᠴᠢᠨᠠᠷᠯᠢᠭ ᠰᠠᠭᠤᠭᠠᠯᠢ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠨᠴᠠᠯᠢᠭᠲᠤ ᠬᠤᠳᠠᠯᠳᠤᠭᠠᠨ ᠤ ᠵᠡᠭᠡᠯᠢ᠂ ᠬᠤᠳᠠᠯᠳᠤᠭᠠᠨ ᠤ | ᠲᠠᠯᠠᠪᠠᠢ ᠪᠠ ᠲᠤᠰᠬᠠᠢ ᠵᠠᠬ᠎ᠠ ᠳᠡᠯᠭᠡᠭᠦᠷ ᠢ ᠪᠠᠶᠢᠭᠤᠯᠵᠤ᠂ ᠰᠠᠭᠤᠭᠠᠯᠢ ᠠᠷᠠᠳ ᠤᠨ ᠠᠮᠢᠳᠣᠷᠠᠯ ᠤᠨ ᠣᠷᠴᠢᠨ ᠢ ᠰᠠᠶᠢᠵᠢᠷᠠᠭᠤᠯᠣᠨ᠎ᠠ᠃ ᠲᠠᠤᠯᠠᠢ ᠶᠢᠨ ᠭᠤᠣᠯ ᠪᠠ | ᠰᠢᠨ᠎ᠡ ᠨᠠᠭᠤᠷ ᠤᠨ ᠤᠰᠤᠨ ᠰᠢᠰᠲ᠋ᠧᠮ ᠢ ᠬᠤᠯᠪᠣᠬᠤ ᠢᠨᠵᠧᠨᠧᠷᠢᠩ ᠢ ᠬᠡᠷᠡᠭᠵᠢᠭᠦᠯᠵᠦ᠂ ᠲᠠᠤᠯᠠᠢ ᠶᠢᠨ ᠭᠤᠣᠯ ᠢ ᠶᠡᠷᠦᠩᠬᠡᠶᠢᠯᠡᠨ ᠵᠠᠰᠠᠬᠤ ᠪᠠ ᠰᠢᠨ᠎ᠡ ᠨᠠᠭᠤᠷ ᠤᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠤᠰᠤ ᠨᠢ ᠲᠤᠩᠭᠠᠯᠠᠭ᠂ ᠣᠷᠭᠤᠮᠠᠯ ᠨᠢ ᠨᠤᠭᠤᠭᠠᠨ᠂ ᠦᠵᠡᠮᠵᠢ ᠨᠢ ᠭᠤᠶᠢᠳᠠ ᠬᠤᠲᠠ ᠲᠣᠭᠤᠷᠢᠭᠰᠠᠨ ︽ | ᠠᠮᠢᠳᠤ︾ ᠤᠰᠤᠨ ᠰᠢᠰᠲ᠋ᠧᠮ ᠢ ᠪᠦᠷᠢᠯᠳᠦᠭᠦᠯᠦᠨ᠎ᠡ᠃ ᠰᠢᠨᠡᠪᠠᠯᠭᠠᠰᠤ ᠬᠤᠶᠢᠳᠤ ᠵᠠᠮ᠂ ᠯᠢᠨ ᠶᠢᠨ ᠬᠤᠶᠢᠳᠤ ᠵᠠᠮ ᠪᠠ ᠳᠤᠭᠤᠶᠢᠲᠠᠯᠠ ᠵᠠᠮ ᠤᠨ ︽ᠭᠤᠷᠪᠠ ᠶᠢ | ᠨᠡᠪᠲᠡᠷᠡᠭᠦᠯᠵᠦ ᠨᠢᠭᠡ ᠶᠢ ᠥᠷᠭᠡᠳᠬᠡᠨ ᠪᠠᠶᠢᠭᠤᠯᠬᠤ︾ ᠢᠨᠵᠧᠨᠧᠷᠢᠩ ᠢ ᠠᠬᠢᠭᠤᠯᠤᠨ᠂ ᠵᠡᠭᠡᠯᠢ ᠶᠢᠨ ᠵᠠᠮ ᠬᠠᠷᠢᠯᠴᠠᠭ᠎ᠠ ᠶᠢ ᠰᠢᠯᠢᠳᠡᠭᠵᠢᠭᠦᠯᠦᠨ᠎ᠡ᠃ ᠬᠤᠲᠠ ᠶᠢᠨ | ᠠᠷᠠᠳ ᠤᠨ ᠲᠥᠪ ᠢ ᠪᠦᠲᠦᠭᠡᠨ ᠪᠠᠶᠢᠭᠤᠯᠤᠨ᠎ᠠ᠃ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠪᠠᠷ ᠳᠠᠮᠵᠢᠭᠤᠯᠤᠨ᠂ ᠬᠤᠲᠠ ᠶᠢᠨ ᠳᠦᠷᠢ ᠳᠥᠷᠬᠦ᠂ | ᠡᠵᠡᠩᠨᠡᠯᠲᠡ ᠶᠢᠨ ᠡᠮᠬᠢ ᠳᠢᠭᠯᠢᠮ᠂ ᠣᠯᠠᠨ ᠨᠡᠶᠢᠲᠡ ᠶᠢᠨ ᠠᠮᠤᠷ ᠳᠥᠪᠰᠢᠨ ᠵᠡᠷᠭᠡ ︽ᠬᠤᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠲᠤᠰᠬᠠᠢ | ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠬᠠᠮᠢᠶᠠᠷᠤᠯᠲᠠ ᠶᠢ ᠲᠣᠭᠠᠴᠢᠯᠠᠭᠰᠠᠨ ᠬᠠᠮᠢᠶᠠᠷᠤᠯᠲᠠ ᠲᠡᠰᠢ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ | ᠨᠠᠷᠢᠯᠢᠭᠵᠢᠭᠰᠠᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | — ᠰᠠᠭᠤᠷᠢ ᠲᠥᠬᠦᠭᠡᠷᠦᠮᠵᠢ ᠶᠢᠨ ᠲᠣᠣᠷ ᠢ ᠰᠢᠯᠢᠳᠡᠭᠵᠢᠭᠦᠯᠦᠨ᠎ᠡ᠃ ᠰᠢᠨᠡᠪᠠᠯᠭᠠᠰᠤ ᠶᠢᠨ ᠰᠢᠨ᠎ᠡ ᠤᠰᠤᠨ ᠰᠣᠷᠪᠤᠯᠵᠢ ᠶᠢᠨ ᠭᠠᠵᠠᠷ᠂ ᠨᠡᠭᠦᠷᠡᠰᠦᠨ | ᠳᠠᠪᠬᠤᠷᠭ᠎ᠠ ᠶᠢᠨ ᠤᠰᠤ ᠶᠢ ᠲᠠᠲᠠᠨ ᠠᠰᠢᠭᠯᠠᠬᠤ ᠪᠠ ᠬᠠᠲᠤᠨ ᠭᠤᠣᠯ ᠤᠨ ᠭᠤᠷᠪᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ | ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠴᠠᠬᠢᠯᠭᠠᠨ ᠳᠠᠮᠵᠢᠭᠤᠯᠤᠨ ᠬᠦᠷᠭᠡᠬᠦ ᠰᠤᠪᠠᠭ ᠪᠣᠯᠣᠨ ᠭᠤᠣᠯᠳᠠᠯᠭ᠎ᠠ ᠲᠠᠢ ᠬᠡᠢ ᠳᠠᠮᠵᠢᠭᠤᠯᠬᠤ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠠᠶᠢᠭᠠᠯᠢ ᠶᠢᠨ ᠰᠢᠲᠠᠮᠠᠬᠠᠢ ᠬᠡᠢ ᠶᠢ ᠰᠢᠩᠭᠡᠭᠡᠨ ᠠᠪᠬᠤ ᠪᠠ ᠴᠠᠬᠢᠯᠭᠠᠨ ᠭᠠᠳᠠᠭᠰᠢ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃109 ᠳ᠋ᠤᠭᠠᠷ | ᠨᠣᠮᠧᠷᠲᠤ ᠤᠯᠤᠰ ᠤᠨ ᠵᠠᠮ ᠤᠨ ᠬᠠᠩᠭᠢᠨ ᠤ ᠬᠡᠰᠡᠭ᠂ ᠰᠢᠨᠡᠪᠠᠯᠭᠠᠰᠤ ᠠᠴᠠ ᠳ᠋ᠧᠩᠺᠸᠤ ᠬᠦᠷᠬᠦ ᠱᠤᠭᠤᠮ᠂ 215ᠳ᠋ᠤᠭᠠᠷ ᠨᠣᠮᠧᠷᠲᠤ ᠮᠤᠵᠢ ᠶᠢᠨ ᠵᠠᠮ ᠤᠨ | ᠰᠢᠨᠡᠪᠠᠯᠭᠠᠰᠤ ᠠᠴᠠ ᠦᠤᠰᠢᠨᠵᠣᠤ ᠬᠦᠷᠬᠦ ᠬᠡᠰᠡᠭ ᠵᠡᠷᠭᠡ ᠭᠤᠣᠯ ᠱᠤᠭᠤᠮ ᠤᠨ ᠵᠠᠰᠠᠮᠠᠯ ᠵᠠᠮ ᠢ ᠥᠭᠡᠷᠡᠴᠢᠯᠡᠨ ᠰᠠᠶᠢᠵᠢᠷᠠᠭᠤᠯᠵᠤ᠂ ᠮᠣᠨᠢ ᠠᠭᠤᠯᠠ — | ᠰᠢᠨᠡᠪᠠᠯᠭᠠᠰᠤ ᠬᠦᠷᠬᠦ ᠲᠡᠮᠦᠷ ᠵᠠᠮ ᠤᠨ ᠬᠤᠯᠪᠤᠭᠠᠯᠵᠢ ᠬᠦᠷᠬᠦ ᠬᠡᠰᠡᠭ᠂ ᠲᠠᠷᠢᠶᠠᠠᠭᠤᠯ— ᠬᠠᠨ ᠵᠢᠶᠠ ᠼᠦᠨ ᠲᠣᠰᠬᠤᠨ ᠬᠦᠷᠬᠦ ᠲᠡᠮᠦᠷ ᠵᠠᠮ ᠠᠴᠠ ᠰᠢᠨᠡᠪᠠᠯᠭᠠᠰᠤ | ᠬᠦᠷᠬᠦ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠯᠢᠨ ᠾᠧ— ᠰᠢᠨᠡᠪᠠᠯᠭᠠᠰᠣ— ᠬᠤᠯᠪᠤᠭᠠᠯᠵᠢ ᠬᠦᠷᠬᠦ ᠲᠡᠮᠦᠷ ᠵᠠᠮ ᠤᠨ | ᠪᠦᠲᠦᠭᠡᠨ ᠪᠠᠶᠢᠭᠤᠯᠤᠯᠲᠠ ᠪᠠ ᠬᠠᠩᠭᠢᠨ ᠬᠤᠰᠢᠭᠤᠨ ᠤ ᠨᠡᠶᠢᠲᠡᠮ ᠬᠡᠷᠡᠭᠯᠡᠬᠦ ᠨᠢᠰᠭᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠥᠳᠡᠭᠡ | ᠲᠣᠰᠬᠤᠨ ᠵᠠᠮ ᠤᠨ ᠪᠠᠶᠢᠭᠤᠯᠬᠤ᠂ ᠬᠠᠮᠢᠶᠠᠷᠬᠤ᠂ ᠬᠠᠮᠠᠭᠠᠯᠠᠬᠤ ᠪᠠ ᠠᠰᠢᠭᠯᠠᠬᠤ ᠵᠡᠷᠭᠡ ᠳᠥᠷᠪᠡᠨ ᠲᠠᠯ᠎ᠠ ᠶᠢ ᠰᠠᠶᠢᠲᠤᠷ ᠠᠳᠬᠤᠵᠤ᠂ ︽ᠵᠢᠷᠭᠤᠭᠠᠨ ᠬᠥᠨᠳᠡᠯᠡᠨ | ᠳᠥᠷᠪᠡᠨ ᠭᠤᠯᠳᠤ︾ ᠵᠠᠰᠠᠮᠠᠯ ᠵᠠᠮ ᠤᠨ ᠲᠣᠣᠷ ᠪᠠ ︽ᠨᠢᠭᠡ ᠬᠥᠨᠳᠡᠯᠡᠨ ᠬᠤᠶᠠᠷ ᠭᠤᠯᠳᠤ ᠳᠥᠷᠪᠡᠨ ᠲᠤᠰᠬᠠᠢ ᠱᠤᠭᠤᠮ︾ ᠤᠨ ᠲᠡᠮᠦᠷ ᠵᠠᠮ ᠤᠨ ᠲᠣᠣᠷ ᠢ | ᠪᠦᠲᠦᠭᠡᠨ ᠪᠠᠶᠢᠭᠤᠯᠤᠨ᠎ᠠ᠃ 5G᠂ ᠡᠳ᠋ ᠪᠠᠷᠠᠭ᠎ᠠ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠮᠡᠷᠭᠡᠵᠢᠯ ᠤᠨ ᠬᠡᠷᠡᠭᠯᠡᠯᠲᠡ ᠶᠢ ᠨᠡᠮᠡᠭᠳᠡᠭᠦᠯᠦᠨ᠂ ᠬᠤᠸᠠ ᠸᠧᠢ ᠵᠡᠷᠭᠡ | ᠠᠵᠤ ᠠᠬᠤᠶᠢᠯᠠᠯ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠸᠠ ᠸᠧᠢ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠵᠢᠱᠢᠶᠡᠴᠢ | ᠣᠷᠤᠨ᠂ ᠰᠢᠨ᠎ᠡ ᠶᠢ ᠡᠭᠦᠳᠬᠦ ᠮᠡᠷᠭᠡᠵᠢᠯ ᠤᠨ ᠲᠤᠷᠰᠢᠯᠲᠠ ᠶᠢᠨ ᠣᠷᠤᠨ ᠢ ᠪᠠᠶᠢᠭᠤᠯᠤᠨ᠎ᠠ᠃ ᠨᠡᠭᠦᠳᠡᠯ ᠴᠢᠮᠡᠭᠡ ᠬᠤᠯᠪᠤᠭᠠᠨ ᠤ ᠰᠠᠭᠤᠷᠢ ᠥᠷᠲᠡᠭᠡ᠂ ᠣᠶᠣᠨᠲᠤ | ᠷᠠᠳᠢᠣ᠋ ᠲᠧᠯᠸᠢᠰ ᠤᠨ ᠲᠣᠣᠷ ᠰᠦᠯᠵᠢᠶ᠎ᠡ ᠶᠢ ᠠᠶᠢᠯ ᠡᠷᠦᠬᠡ ᠳᠤ ᠣᠷᠤᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ | ᠴᠢᠮᠡᠭᠡ ᠬᠤᠯᠪᠣᠭᠠᠨ ᠤ ᠰᠠᠭᠠᠳ ᠦᠭᠡᠢ ᠲᠠᠷᠬᠠᠯᠲᠠ ᠶᠢ ᠪᠠᠲᠤᠯᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠴᠡᠷᠢᠭ ᠠᠷᠠᠳ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ | ︵ᠲᠠᠪᠤ︶ ᠠᠷᠠᠳ ᠲᠥᠮᠡᠨ ᠢ ᠳᠡᠭᠡᠳᠦᠯᠡᠬᠦ ᠥᠷᠲᠡᠭ ᠤᠨ ᠬᠥᠭᠡᠭᠡᠴᠡᠯᠳᠦᠯ ᠢ ᠢᠮᠠᠭᠲᠠ ᠪᠠᠷᠢᠮᠲᠠᠯᠠᠵᠤ᠂ ᠠᠵᠠ ᠵᠢᠷᠭᠠᠯ ᠢ ᠨᠡᠮᠡᠭᠳᠡᠭᠦᠯᠬᠦ ᠨᠢ ᠠᠷᠠᠳ ᠤᠨ | ᠲᠥᠯᠥᠭᠡ ᠭᠡᠬᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠵᠦ᠂ ᠬᠠᠩᠭᠢᠨ ᠤ ᠠᠷᠠᠳ ᠲᠦᠮᠡᠨ ᠢ ᠤᠯᠠᠮ ᠵᠣᠯ ᠵᠢᠷᠭᠠᠯ ᠲᠠᠢ ᠪᠣᠯᠭᠠᠨ᠎ᠠ᠃ ᠠᠷᠠᠳ ᠣᠯᠠᠨ ᠤ | ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠤᠳᠤᠷᠢᠳᠤᠮᠵᠢ ᠪᠣᠯᠭᠠᠵᠤ᠂ ᠠᠷᠠᠳ ᠤᠨ ᠠᠮᠢᠳᠤᠷᠠᠯ ᠲᠠᠢ ᠬᠤᠯᠪᠤᠭᠳᠠᠬᠤ ᠠᠵᠢᠯ ᠢ ᠨᠢᠭᠡ | ᠴᠤᠭᠴᠠᠵᠢᠭᠤᠯᠤᠨ ᠠᠬᠢᠭᠤᠯᠤᠨ᠎ᠠ᠃ | — ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠥᠭᠡᠮᠡᠯ ᠴᠢᠨᠠᠷ᠂ ᠠᠳᠠᠯᠢ ᠲᠡᠭᠰᠢ ᠴᠢᠨᠠᠷ᠂ | ᠦᠷᠭᠦᠯᠵᠢᠯᠡᠬᠦᠶᠢᠴᠡ ᠴᠢᠭᠯᠡᠯ ᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠰᠤᠷᠭᠠᠨ ᠬᠥᠮᠥᠵᠢᠯ ᠢ ᠨᠡᠩ ᠴᠢᠨᠠᠷ ᠰᠠᠶᠢᠲᠠᠢ | ᠲᠥᠪ ᠭᠤᠣᠯᠴᠢ ᠪᠣᠯᠭᠠᠨ᠎ᠠ᠃ ᠰᠢᠨ᠎ᠡ ᠴᠠᠭ ᠦᠶ᠎ᠡ ᠶᠢᠨ ᠰᠤᠷᠭᠠᠨ ᠬᠥᠮᠥᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ | ᠨᠡᠶᠢᠭᠡᠮ ᠭᠡᠷ ᠪᠦᠯᠢ ᠬᠠᠮᠵᠢᠯᠴᠠᠨ ᠰᠤᠷᠤᠭᠴᠢ ᠬᠥᠮᠥᠵᠢᠬᠦᠯᠬᠦ ᠲᠣᠭᠲᠠᠴᠠ ᠶᠢ ᠪᠥᠷᠢᠨᠰᠢᠭᠦᠯᠵᠦ᠂ ᠰᠤᠷᠭᠠᠨ ᠬᠥᠮᠥᠵᠢᠯ ᠤᠨ ᠦᠢᠯᠡᠰ ᠤᠨ ᠲᠠᠰᠤᠷᠠᠯᠲᠠ ᠦᠭᠡᠢ | ᠬᠥᠭᠵᠢᠬᠦ ᠶᠢ ᠠᠬᠢᠭᠤᠯᠤᠨ᠎ᠠ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠴᠢᠳᠠᠪᠤᠷᠢᠲᠠᠨ ᠢ ᠤᠷᠢᠬᠤ︾ ᠠᠵᠢᠯ ᠢ ᠲᠤᠷᠰᠢᠨ ᠬᠡᠷᠡᠭᠵᠢᠭᠦᠯᠵᠦ᠂ ︽ | ᠴᠢᠳᠠᠪᠤᠷᠢᠲᠠᠨ ᠡᠯᠰᠡᠵᠦ ᠰᠢᠯᠢᠳᠡᠭ ᠢ ᠬᠥᠮᠥᠵᠢᠭᠦᠯᠦᠨ ᠦᠨᠳᠦᠰᠦ ᠪᠠᠨ ᠪᠠᠬᠢᠵᠢᠭᠦᠯᠬᠦ︾ ᠢᠨᠵᠧᠨᠧᠷᠢᠩ ᠢ ᠪᠣᠳᠠᠲᠠᠢ ᠬᠡᠷᠡᠭᠵᠢᠭᠦᠯᠦᠨ᠂ ᠰᠤᠷᠭᠠᠨ ᠬᠥᠮᠥᠵᠢᠯ ᠤᠨ | ᠬᠥᠭᠵᠢᠯᠲᠡ ᠶᠢᠨ ᠰᠠᠭᠤᠷᠢ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠴᠢᠨᠠᠷ ᠰᠠᠶᠢᠨ ᠲᠡᠩᠴᠡᠭᠦᠷᠢᠲᠡᠢ ᠬᠥᠭᠵᠢᠯᠲᠡ ᠶᠢ ᠲᠦᠷᠭᠡᠳᠬᠡᠨ᠎ᠡ᠃ ᠰᠤᠷᠭᠠᠨ ᠬᠥᠮᠥᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ | ᠰᠠᠶᠢᠲᠠᠢ ᠰᠤᠷᠭᠠᠨ ᠬᠥᠮᠥᠵᠢᠯ ᠢ ᠡᠭᠦᠳᠦᠨ ᠪᠠᠶᠢᠭᠤᠯᠬᠤ ᠢᠨᠵᠧᠨᠧᠷᠢᠩ ᠢ ᠲᠦᠯᠬᠢᠨ ᠠᠬᠢᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠪᠠ ᠶᠠᠰᠤ ᠴᠢᠨᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠪᠠᠭᠰᠢ ᠶᠢᠨ ᠰᠤᠷᠲᠠᠯ ᠪᠣᠯᠪᠠᠰᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠨᠠᠷ ᠢ ᠶᠣᠰᠣ ᠰᠤᠷᠲᠠᠬᠤᠨ ᠤ | ᠪᠠᠷᠢᠮᠵᠢᠶ᠎ᠠ ᠪᠠᠷ ᠪᠡᠶ᠎ᠡ ᠪᠠᠨ ᠱᠠᠭᠠᠷᠳᠠᠬᠤ ᠶᠢ ᠬᠦᠲᠥᠯᠥᠨ ᠵᠢᠯᠤᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠠᠨᠳᠦ ᠶᠢᠨ ᠰᠢᠰᠲ᠋ᠧᠮ ᠢ ᠨᠡᠩ ᠪᠦᠷᠢᠨ ᠲᠡᠭᠦᠯᠳᠡᠷ ᠪᠣᠯᠭᠠᠨ᠎ᠠ | ᠃ ᠡᠪᠡᠳᠴᠢᠨ ᠡᠮᠭᠡᠭ ᠢ ᠣᠷᠢᠳᠴᠢᠯᠠᠨ ᠰᠡᠷᠭᠡᠶᠢᠯᠡᠬᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠥᠪᠰᠢᠨ ᠤ ᠪᠠᠲᠤᠯᠠᠭ᠎ᠠ᠂ ᠡᠮ ᠡᠮᠨᠡᠯᠭᠡ ᠡᠷᠡᠭᠦᠯ | ᠬᠠᠮᠠᠭᠠᠯᠠᠯ ᠵᠡᠷᠭᠡ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠲᠦᠬᠦᠭᠡᠷᠦᠮᠵᠢ ᠶᠢ ᠪᠦᠷᠢᠨᠰᠢᠭᠦᠯᠵᠦ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠯᠤᠰ ᠡᠵᠡᠮᠰᠢᠯ ᠢᠶᠠᠷ ᠣᠨᠣᠰᠢᠯᠠᠨ ᠡᠮᠨᠡᠬᠦ ᠪᠠ | ᠨᠡᠷᠡᠲᠦ ᠡᠮᠴᠢ ᠲᠣᠰᠬᠠᠢ ᠮᠡᠷᠭᠡᠵᠢᠯᠲᠡᠨ ᠤ ᠲᠣᠭᠲᠠᠮᠠᠯ ᠬᠤᠭᠤᠴᠠᠭ᠎ᠠ ᠲᠠᠢ ᠪᠠᠷ ᠣᠨᠣᠰᠢᠯᠠᠨ ᠡᠮᠨᠡᠬᠦ ᠶᠢ ᠠᠬᠢᠭᠤᠯᠵᠤ᠂ ᠡᠮᠴᠢᠯᠡᠭᠡᠨ ᠤ ᠬᠠᠩᠭᠠᠯᠭ᠎ᠠ ᠶᠢᠨ ᠬᠢᠷᠢ | ᠳᠥᠪᠰᠢᠨ ᠢ ᠳᠡᠭᠡᠭᠰᠢᠯᠡᠭᠦᠯᠦᠨ᠎ᠡ᠃ ︽ᠡᠷᠡᠭᠦᠯ ᠡᠩᠬᠡ ᠬᠠᠩᠭᠢᠨ︾ ᠭᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠡᠪᠡᠳᠴᠢᠯᠡᠬᠦ ᠠᠴᠠ ᠡᠮᠦᠨ᠎ᠠ ᠵᠠᠰᠠᠬᠤ | ᠣᠨᠣᠯᠵᠢᠬᠤᠨ ᠢ ᠪᠠᠲᠤ ᠪᠠᠬᠢ ᠪᠣᠯᠭᠠᠨ᠂ ᠡᠷᠡᠭᠦᠯ ᠡᠩᠬᠡ ᠶᠢᠨ ᠬᠥᠮᠥᠵᠢᠯ᠂ ᠠᠷᠬᠠᠭ ᠡᠪᠡᠳᠴᠢᠨ ᠤ ᠬᠠᠮᠢᠶᠠᠷᠤᠯᠲᠠ᠂ ᠨᠠᠰᠤᠲᠠᠨ ᠢ ᠠᠰᠠᠷᠠᠵᠤ ᠨᠢᠯᠬᠠᠰ ᠢ | ᠪᠣᠶᠢᠵᠢᠭᠤᠯᠬᠤ ᠵᠡᠷᠭᠡ ᠡᠷᠡᠭᠦᠯ ᠡᠩᠬᠡ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ ᠪᠦᠬᠦ ᠠᠷᠠᠳ ᠤᠨ ᠡᠷᠡᠭᠦᠯ ᠡᠩᠬᠡ ᠶᠢᠨ ᠬᠢᠷᠢ ᠲᠥᠪᠰᠢᠨ ᠢ | ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠶᠤᠨ ᠤ ᠪᠣᠯᠪᠠᠰᠤᠨ ᠢ ᠨᠡᠩ ᠪᠠᠶᠠᠯᠢᠭᠵᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠦᠵᠡᠯᠲᠠ ᠪᠠᠷ ᠬᠦᠲᠦᠴᠢ ᠪᠣᠯᠭᠠᠵᠤ᠂ ᠪᠣᠯᠪᠠᠰᠤᠨ ᠭᠡᠷ ᠪᠦᠯᠢ᠂ ᠪᠣᠯᠪᠠᠰᠤᠨ ᠨᠢᠭᠡᠴᠡ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠡᠶᠢᠭᠡᠮ ᠲᠣᠭᠤᠷᠢᠭ | ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢᠶᠠᠨ ᠪᠠᠬᠢᠵᠢᠭᠦᠯᠵᠦ᠂ ᠡᠨᠡᠬᠦ ᠢᠷᠠᠭᠤ ᠠᠯᠳᠠᠷ ᠢᠶᠠᠨ ᠪᠠᠶᠢᠩᠭᠤ ᠪᠠᠲᠤᠯᠠᠨ᠎ᠠ᠃ ᠬᠠᠮ ᠵᠠᠭᠤᠴᠢᠯᠠᠭᠤᠷ ᠤᠨ ᠲᠥᠪ ᠤᠨ ᠦᠢᠯᠡᠴᠢᠯᠡᠭᠡᠨ ᠤ ᠴᠢᠳᠠᠪᠬᠢ ᠪᠠ | ᠬᠢᠷᠢ ᠲᠥᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠢ ᠵᠢᠯᠤᠭᠤᠳᠤᠨ ᠬᠥᠮᠥᠵᠢᠭᠦᠯᠬᠦ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠤᠨ᠎ᠠ᠃ ᠤᠳᠬ᠎ᠠ | ᠤᠷᠠᠯᠢᠭ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠯᠠᠭᠠᠨᠮᠦ᠋ᠴᠢᠷ ᠤᠨ ᠦᠢᠯᠡᠰ ᠢ ᠢᠳᠡᠪᠬᠢᠲᠡᠢ ᠬᠥᠭᠵᠢᠭᠦᠯᠵᠦ᠂ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ ᠰᠣᠶᠣᠯ ᠢ ᠬᠠᠮᠠᠭᠠᠯᠠᠨ ᠵᠠᠯᠭᠠᠮᠵᠢᠯᠠᠬᠤ ᠡᠷᠴᠢᠮ ᠢᠶᠠᠨ ᠴᠢᠩᠭᠠᠷᠠᠭᠤᠯᠵᠤ᠂ ᠳᠠᠩᠰᠠ ᠡᠪᠬᠡᠮᠡᠯ | ᠲᠡᠦᠬᠡ ᠣᠶᠢᠯᠠᠯᠭ᠎ᠠ ᠶᠢᠨ ᠡᠬᠢ ᠪᠠᠶᠠᠯᠢᠭ ᠢ ᠭᠦᠢᠴᠡᠳ ᠠᠭᠤᠳᠠᠯᠵᠤ᠂ ︽ᠡᠯᠡᠰᠦ ᠲᠤᠭᠤᠯᠤᠭᠰᠠᠨ ᠵᠣᠷᠢᠭ ᠰᠠᠨᠠᠭ᠎ᠠ︾ ᠶᠢ ᠤᠯᠠᠮᠵᠢᠯᠠᠨ ᠪᠠᠳᠠᠷᠠᠭᠤᠯᠵᠤ᠂ ᠬᠠᠩᠭᠢᠨ ᠤ | ᠣᠨᠴᠠᠯᠢᠭᠲᠤ ᠣᠷᠣᠨ ᠨᠤᠲᠤᠭ ᠤᠨ ᠰᠣᠶᠣᠯ ᠢ ᠳᠡᠯᠭᠡᠨ ᠦᠵᠡᠭᠦᠯᠦᠨ᠎ᠡ᠃ | — ᠨᠡᠶᠢᠭᠡᠮ ᠤᠨ ᠪᠠᠲᠤᠯᠠᠭ᠎ᠠ ᠶᠢᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢ ᠪᠦᠷᠬᠦᠭᠰᠡᠨ ᠠᠵᠢᠯ ᠣᠯᠭᠤᠵᠤ ᠦᠢᠯᠡᠰ ᠪᠦᠲᠦᠭᠡᠬᠦ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠨᠡᠩ ᠢᠳᠡᠪᠬᠢᠲᠡᠢ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠢ ᠬᠡᠷᠡᠭᠵᠢᠭᠦᠯᠦᠨ᠂ ᠨᠡᠩ ᠲᠣᠭᠲᠠᠭᠤᠨ | ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠵᠦ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠡᠮ ᠡᠮᠨᠡᠯᠭᠡ᠂ ᠨᠠᠰᠤᠵᠢᠯ ᠤᠨ | ᠠᠰᠠᠷᠠᠮᠵᠢ᠂ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠪᠠᠲᠤᠯᠠᠭ᠎ᠠ ᠶᠢᠨ ᠳᠥᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠠᠷᠠᠳ ᠢ ᠬᠠᠮᠤᠷᠴᠤ᠂ | ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠦᠷᠭᠦᠯᠵᠢᠯᠡᠬᠦᠶᠢᠴᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠲᠦᠷᠭᠡᠳᠬᠡᠨ᠎ᠡ᠃ ︽ | ᠬᠤᠶᠠᠷ ᠢ ᠬᠦᠷᠢᠶᠡᠯᠡᠬᠦ︾ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ | — ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠰᠡᠳᠬᠢᠭᠦᠢ ᠪᠠ ᠠᠷᠭ᠎ᠠ ᠮᠠᠶ᠋ᠢᠭ ᠢ ᠬᠡᠷᠡᠭᠯᠡᠬᠦ ᠶᠢ | ᠪᠠᠷᠢᠮᠲᠠᠯᠠᠨ᠂ ᠵᠠᠰᠠᠭ ᠤᠨ ᠣᠷᠳᠣᠨ ᠠᠴᠠ ᠵᠠᠰᠠᠯᠲᠠ ᠬᠢᠵᠦ᠂ ᠨᠡᠶᠢᠬᠡᠮ ᠠᠴᠠ ᠲᠣᠬᠢᠷᠠᠭᠤᠯᠤᠯᠲᠠ ᠬᠢᠨ᠂ ᠰᠠᠭᠤᠭᠠᠯᠢ ᠠᠷᠠᠳ ᠤᠨ ᠥᠪᠡᠷ ᠢᠶᠠᠨ ᠵᠠᠰᠠᠯᠲᠠ ᠬᠢᠬᠦ | ᠰᠠᠶᠢᠨ ᠨᠥᠬᠦᠴᠡᠯᠳᠦᠯ ᠢ ᠠᠬᠢᠭᠤᠯᠤᠨ᠎ᠠ᠃ ᠠᠮᠤᠷ ᠲᠠᠶᠢᠪᠤᠩ ᠬᠠᠩᠭᠢᠨ ᠢ ᠪᠦᠲᠦᠭᠡᠨ ᠪᠠᠶᠢᠭᠤᠯᠬᠤ ᠶᠢ ᠠᠬᠢᠭᠤᠯᠤᠶ᠎ᠠ᠃ ᠤᠯᠤᠰ ᠤᠨ ᠶᠡᠷᠦᠩᠬᠡᠢ ᠠᠮᠤᠷ ᠳᠥᠪᠰᠢᠨ ᠤ | ᠦᠵᠡᠯᠲᠡ ᠶᠢ ᠪᠠᠷᠢᠮᠲᠠᠯᠠᠵᠤ᠂ ᠳᠠᠶᠢᠰᠤᠨ ᠡᠲᠡᠭᠡᠳ ᠤᠨ ᠡᠪᠳᠡᠨ ᠬᠠᠭᠠᠴᠠᠭᠤᠯᠬᠤ ᠠᠵᠢᠯᠯᠠᠭ᠎ᠠ ᠶᠢ ᠡᠷᠡᠰ ᠳᠡᠪᠴᠢᠨ᠂ ᠴᠣᠬᠢᠯᠲᠠ ᠥᠭᠭᠦᠨ᠎ᠡ᠃ ᠲᠣᠣᠷᠵᠢᠭᠰᠠᠨ | ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠳᠠᠪᠲᠠᠭᠰᠠᠨ ᠵᠠᠬᠢᠳᠠᠯ ᠰᠣᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠵᠤ᠂ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠭᠰᠠᠨ ᠬᠡᠷᠡᠭ ᠢ ᠰᠢᠢᠳᠪᠦᠷᠢᠯᠡᠬᠦ ᠭᠤᠷᠪᠠᠨ ᠵᠢᠯ ᠤᠨ ᠠᠵᠢᠭᠯᠠᠭ᠎ᠠ ᠶᠢ ᠰᠠᠶᠢᠲᠤᠷ ᠥᠷᠨᠢᠭᠦᠯᠵᠦ᠂ ᠠᠮᠤᠷ ᠲᠥᠪᠰᠢᠨ ᠢ ᠰᠡᠷᠭᠡᠶᠢᠯᠡᠨ ᠡᠵᠡᠮᠳᠡᠬᠦ ᠪᠣᠰᠤᠭ᠎ᠠ | ᠴᠤᠭᠴᠠᠲᠤ ᠰᠢᠰᠲ᠋ᠧᠮ ᠢ ᠲᠡᠭᠦᠯᠳᠡᠷᠵᠢᠭᠦᠯᠵᠦ᠂ ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠨ ᠨᠡᠶᠢᠭᠡᠮ ᠤᠨ ᠠᠮᠤᠷ ᠲᠥᠪᠰᠢᠨ ᠢ ᠴᠡᠭᠴᠡᠯᠡᠨ ᠵᠠᠰᠠᠬᠤ ᠶᠢ | ᠪᠠᠶᠢᠩᠭᠤᠵᠢᠭᠤᠯᠤᠨ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠥᠪᠰᠢᠨ ᠵᠡᠷᠭᠡ ᠠᠵᠢᠯ ᠢ | ᠭᠦᠨᠵᠡᠭᠡᠶᠢᠷᠡᠭᠦᠯᠦᠨ᠂ ᠬᠤᠲᠠ ᠬᠥᠳᠡᠭᠡ ᠶᠢᠨ ᠨᠡᠶᠢᠭᠡᠮ ᠤᠨ ᠵᠠᠰᠠᠯᠲᠠ ᠶᠢᠨ ᠣᠳᠤᠬᠢᠴᠢᠯᠠᠯᠲᠠ ᠶᠢ ᠲᠦᠷᠭᠡᠳᠬᠡᠨ᠎ᠡ᠃ ᠬᠠᠩᠭᠢᠨ ᠢ ᠬᠠᠤᠯᠢ ᠪᠠᠷ ᠵᠠᠰᠠᠬᠤ ᠪᠦᠲᠦᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠵᠠᠰᠠᠭ ᠵᠠᠬᠢᠷᠭᠠᠨ ᠤ ᠰᠢᠢᠳᠪᠦᠷᠢᠲᠦ ᠪᠣᠳᠤᠯᠭ᠎ᠠ ᠶᠢ ᠲᠣᠭᠲᠠᠭᠠᠬᠤ ᠶᠠᠪᠤᠴᠠ ᠶᠢ ᠵᠢᠷᠤᠮᠵᠢᠭᠤᠯᠵᠤ᠂ ᠬᠠᠤᠯᠢ ᠶᠢ ᠴᠢᠩᠭ᠎ᠠ | ᠬᠡᠷᠡᠭᠵᠢᠭᠦᠯᠦᠨ ᠲᠥᠪ ᠭᠤᠣᠯᠴᠢ ᠪᠠᠶᠢᠵᠤ᠂ ᠵᠠᠰᠠᠭ ᠤᠨ ᠣᠷᠳᠣᠨ ᠢ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ | ᠬᠦᠷᠢᠶ᠎ᠡ ᠶᠢ ᠥᠷᠭᠡᠳᠬᠡᠨ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠥᠭᠡᠮᠡᠯᠵᠢᠭᠦᠯᠬᠦ ᠠᠵᠢᠯ ᠢ ᠬᠡᠷᠡᠭᠵᠢᠭᠦᠯᠦᠨ᠎ᠡ᠃ ᠠᠷᠠᠳᠴᠢᠯᠠᠯ ᠪᠦᠯᠬᠦᠮᠳᠡᠯ ᠤᠨ ᠤᠯᠤᠰ ᠲᠥᠷᠥ ᠶᠢᠨ ᠣᠷᠴᠢᠨ ᠲᠤᠭᠤᠷᠢᠨ ᠢ ᠪᠣᠢ ᠪᠣᠯᠭᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ | ᠢᠳᠡᠪᠬᠢᠲᠡᠢ ᠳᠡᠮᠵᠢᠨ᠎ᠡ᠃ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠦᠨᠳᠦᠰᠦᠨ ᠱᠠᠲᠤ ᠲᠡᠶᠢᠰᠢ ᠭᠦᠨᠵᠡᠭᠡᠶᠢᠷᠡᠬᠦ ᠶᠢ ᠠᠬᠢᠭᠤᠯᠵᠤ᠂ ᠵᠦᠪᠯᠡᠬᠦ ᠠᠷᠠᠳᠴᠢᠯᠠᠯ ᠂ | ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠴᠢᠬᠤᠯᠠ ᠦᠢᠯᠡᠳᠦᠯ ᠢ ᠪᠠᠳᠠᠷᠠᠭᠤᠯᠤᠨ᠎ᠠ᠃ ᠡᠬᠡ | ᠣᠷᠣᠨᠴᠢ ᠦᠵᠡᠯ᠂ ᠨᠡᠶᠢᠭᠡᠮ ᠵᠢᠷᠤᠮ ᠤᠨ ᠲᠤᠭ ᠢ ᠥᠨᠳᠥᠷ ᠮᠠᠨᠳᠤᠭᠤᠯᠤᠨ᠂ ᠨᠠᠮ ᠤᠨ ᠭᠠᠳᠠᠨᠠᠬᠢ ᠲᠥᠯᠥᠭᠡᠯᠡᠭᠴᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠨ᠂ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠤᠨᠲ ᠢ ᠪᠠᠬᠢᠵᠢᠭᠦᠯᠦᠨ ᠬᠦᠭᠵᠢᠭᠦᠯᠦᠨ᠎ᠡ᠃ | ᠨᠠᠮ ᠤᠨ ᠪᠠᠶᠢᠭᠤᠯᠤᠯᠲᠠ ᠪᠠᠷ ᠣᠯᠠᠨ ᠲᠥᠮᠡᠨ ᠤ ᠪᠠᠶᠢᠭᠤᠯᠤᠯᠲᠠ ᠶᠢ ᠳᠠᠶᠢᠴᠢᠯᠠᠬᠤ ᠳᠥᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠬᠦᠭᠦᠷᠭᠡ ᠬᠤᠯᠪᠤᠭᠠᠰᠤ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ | ᠭᠤᠷᠪᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠵᠣ᠂ ᠪᠦᠬᠦ ᠲᠠᠯ᠎ᠠ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠬᠠᠩᠭᠢᠨ ᠤ ᠰᠢᠨ᠎ᠡ | ᠠᠶᠠᠨ ᠢ ᠡᠬᠢᠯᠡᠬᠦᠯᠬᠦ ᠳᠤ ᠬᠦᠴᠦᠲᠡᠢ ᠪᠠᠲᠣᠯᠠᠭ᠎ᠠ ᠬᠠᠩᠭᠠᠨ᠎ᠠ᠃ | ᠰᠢᠨ᠎ᠡ ᠴᠠᠭ ᠦᠶ᠎ᠡ ᠶᠢᠨ ᠨᠠᠮ ᠤᠨ ᠪᠦᠳᠦᠭᠡᠨ ᠪᠠᠶᠢᠭᠤᠯᠣᠯᠳᠠ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ | ᠲᠦᠷᠦᠯ ᠤᠨ ᠡᠭᠦᠷᠭᠡ ᠶᠢ ᠨᠠᠶᠢᠳᠠᠪᠤᠷᠢᠵᠢᠭᠤᠯᠵᠣ᠂ ᠣᠳᠣᠬᠢᠴᠢᠯᠠᠭᠰᠠᠨ ᠬᠠᠩᠭᠢᠨ ᠬᠤᠰᠢᠭᠤ ᠶᠢ ᠪᠦᠲᠦᠭᠡᠨ ᠪᠠᠶᠢᠭᠤᠯᠬᠤ ᠳᠤ ᠬᠦᠴᠦᠲᠡᠢ ᠣᠯᠣᠰ ᠲᠦᠷᠦ ᠶᠢᠨ | ᠪᠠᠲᠣᠯᠠᠭ᠎ᠠ ᠬᠠᠩᠭᠠᠨ᠎ᠠ᠃ | ︵ᠨᠢᠭᠡ︶ ᠲᠤᠭ ᠲᠡᠮᠳᠡᠭ ᠲᠣᠳᠣᠷᠬᠠᠢ ᠪᠠᠷ ᠦᠵᠡᠯ ᠰᠠᠨᠠᠭ᠎ᠠ ᠣᠯᠣᠰ ᠲᠦᠷᠦ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠨ᠎ᠠ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠪᠠ ᠲᠣᠣᠷ ᠰᠦᠯᠵᠢᠶᠠᠨ ᠲᠡᠭᠡᠷᠡᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠣ ᠡᠷᠬᠡ ᠶᠢ ᠪᠠᠲᠤᠲᠠᠢ ᠡᠵᠡᠮᠰᠢᠬᠦ ᠬᠡᠷᠡᠭᠲᠡᠢ᠃ ᠨᠠᠮ ᠤᠨ ᠪᠦᠬᠦ | ᠲᠠᠯ᠎ᠠ ᠶᠢᠨ ᠣᠳᠣᠷᠢᠳᠣᠯᠭ᠎ᠠ ᠶᠢ ᠪᠠᠷᠢᠮᠳᠠᠯᠠᠨ ᠴᠢᠩᠭᠠᠳᠬᠠᠵᠣ᠂ ᠦᠵᠡᠯ ᠰᠠᠨᠠᠭ᠎ᠠ ᠣᠯᠣᠰ ᠲᠦᠷᠦ ᠶᠢᠨ ᠪᠦᠳᠦᠭᠡᠨ ᠪᠠᠶᠢᠭᠤᠯᠣᠯᠳᠠ ᠶᠢ ᠨᠠᠮ ᠤᠨ ᠠᠯᠢᠪᠠ | ᠠᠵᠢᠯ ᠤᠨ ᠠᠮᠢᠨ ᠰᠣᠳᠠᠰᠣ ᠪᠣᠯᠭᠠᠨ ᠢᠮᠠᠭᠳᠠ ᠠᠳᠬᠤᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ | ᠵᠢᠷᠣᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠳᠠᠯᠠᠵᠣ᠂ ᠨᠠᠮ ᠤᠨ ᠲᠡᠦᠬᠡ ᠶᠢᠨ ᠰᠣᠷᠣᠯᠴᠠᠯᠭ᠎ᠠ ᠬᠦᠮᠦᠵᠢᠯ ᠢ ᠭᠦᠨᠵᠡᠭᠡᠶᠢᠷᠡᠭᠦᠯᠵᠦ᠂ | ᠶᠡᠷᠦᠩᠬᠡᠢ ᠱᠦᠵᠢ ᠰᠢ ᠶᠢᠨ ᠫᠢᠩ ᠤᠨ ︽7.1︾ ᠤ ᠴᠢᠬᠤᠯᠠ ᠶᠠᠷᠢᠶ᠎ᠠ ᠪᠠ ᠦᠪᠦᠷ ᠮᠣᠩᠭᠤᠯ ᠳᠤ ᠬᠠᠨᠳᠣᠭᠤᠯᠵᠣ ᠲᠠᠯᠪᠢᠭᠰᠠᠨ ᠴᠢᠬᠤᠯᠠ ᠶᠠᠷᠢᠶ᠎ᠠ᠂ ᠴᠢᠬᠤᠯᠠ | ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠬᠠᠮᠳᠦ ᠪᠠᠷ ᠰᠣᠷᠣᠯᠴᠠᠨ ᠂ ︽ᠲᠦᠷᠪᠡᠨ ᠣᠬᠠᠮᠰᠠᠷ︾ ᠢᠶᠠᠨ ᠴᠢᠩᠭᠠᠳᠬᠠᠵᠣ ᠂ ︽ᠲᠦᠷᠪᠡᠨ ᠢᠲᠡᠭᠡᠯ ︾ | ᠢᠶᠠᠨ ᠪᠠᠲᠣᠳᠬᠠᠨ᠂ ︽ᠬᠤᠶᠠᠷ ᠢ ᠬᠠᠮᠠᠭᠠᠯᠠᠬᠤ︾ ᠶᠢ ᠪᠠᠶᠡᠯᠡᠭᠦᠯᠵᠦ ᠂ ᠣᠯᠣᠰ ᠲᠦᠷᠦ ᠶᠢᠨ ᠮᠠᠭᠠᠳᠯᠠᠬᠤ ᠴᠢᠳᠠᠪᠣᠷᠢ᠂ ᠣᠬᠠᠬᠤ ᠴᠢᠳᠠᠪᠣᠷᠢ ᠪᠠ | ᠭᠡᠷᠡᠭᠵᠢᠭᠦᠯᠬᠦ ᠴᠢᠳᠠᠪᠣᠷᠢ ᠶᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ | ︵ᠬᠤᠶᠠᠷ︶ ᠣᠯᠠᠨ ᠵᠦᠢᠯ ᠤᠨ ᠠᠷᠭ᠎ᠠ ᠬᠡᠯᠪᠡᠷᠢ ᠶᠢ ᠵᠡᠷᠭᠡ ᠪᠠᠷ ᠬᠡᠷᠡᠭᠯᠡᠵᠦ᠂ ᠨᠠᠮ ᠤᠨ ᠦᠨᠳᠦᠰᠦᠨ ᠱᠠᠲᠣᠨ ᠤ ᠵᠣᠬᠢᠶᠠᠨ ᠪᠠᠶᠢᠭᠤᠯᠣᠯᠳᠠ ᠶᠢᠨ | ᠪᠦᠳᠦᠭᠡᠨ ᠪᠠᠶᠢᠭᠤᠯᠣᠯᠳᠠ ᠶᠢ ᠪᠠᠲᠣᠵᠢᠭᠤᠯᠣᠨᠠ᠃ ᠦᠨᠳᠦᠰᠦᠨ ᠱᠠᠲᠣ ᠶᠢ ᠠᠳᠬᠤᠵᠣ᠂ ᠰᠠᠭᠤᠷᠢ ᠶᠢ ᠪᠠᠲᠣᠯᠠᠨ᠂ ᠦᠨᠳᠦᠰᠦ ᠶᠢ ᠪᠠᠬᠢᠵᠢᠭᠦᠯᠵᠦ᠂ ︽ᠬᠤᠯᠪᠣᠭᠠᠲᠤ | ᠨᠠᠮ ᠤᠨ ᠬᠤᠷᠢᠶ᠎ᠠ ᠪᠠᠶᠢᠭᠤᠯᠵᠤ᠂ ᠬᠠᠮᠢᠶᠠᠷᠤᠯᠲᠠ ᠶᠢ ᠰᠢᠯᠤᠭᠤᠳᠬᠠᠨ᠂ ᠭᠤᠷᠪᠠᠨ ᠱᠦᠵᠢ ᠶᠢᠨ ᠬᠠᠷᠢᠭᠤᠴᠠᠯᠭ᠎ᠠ ᠶᠢ ᠴᠢᠩᠳᠠᠯᠠᠬᠤ︾ ᠬᠤᠲᠠ ᠶᠢᠨ ᠦᠨᠳᠦᠰᠦᠨ | ᠱᠠᠲᠣᠨ ᠤ ᠨᠠᠮ ᠤᠨ ᠪᠠᠶᠢᠭᠤᠯᠣᠯᠳᠠ ᠶᠢ ᠭᠦᠨᠵᠡᠭᠡᠶᠢᠷᠡᠭᠦᠯᠵᠦ᠂ ᠠᠯᠪᠠᠨ ᠪᠠᠶᠢᠭᠤᠯᠭ᠎ᠠ᠂ ᠠᠵᠣ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠨᠡᠶᠢᠲᠡ ᠶᠢᠨ | ᠥᠮᠴᠢᠯᠡᠯᠲᠦ ᠪᠣᠰᠤ ᠠᠵᠣ ᠠᠬᠤᠢ ᠪᠠ ᠨᠡᠶᠢᠭᠡᠮ ᠤᠨ ᠵᠣᠬᠢᠶᠠᠨ ᠪᠠᠶᠢᠭᠤᠯᠣᠯᠳᠠ ᠵᠡᠷᠭᠡ ᠬᠦᠷᠢᠶ᠎ᠡ ᠬᠡᠪᠴᠢᠶᠡᠨ ᠳᠠᠬᠢ ᠨᠠᠮ ᠤᠨ ᠪᠠᠶᠢᠭᠤᠯᠣᠯᠳᠠ ᠶᠢ ᠨᠢᠭᠡᠳᠦᠯᠲᠠᠢ | ᠲᠦᠯᠬᠢᠨ ᠠᠬᠢᠭᠤᠯᠣᠨ᠎ᠠ᠃ ᠨᠠᠮ ᠤᠨ ᠡᠭᠦᠷ ᠤᠨ ᠪᠠᠷᠢᠶᠠᠮᠵᠢᠶᠠᠲᠣ ᠲᠦᠷᠢᠮᠵᠢᠭᠦᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠨ᠂ ᠦᠨᠳᠦᠰᠦᠨ ᠱᠠᠲᠣᠨ ᠤ ᠵᠣᠬᠢᠶᠠᠨ | ᠪᠠᠶᠢᠭᠤᠯᠣᠯᠳᠠ ᠶᠢ ᠣᠯᠠᠨ ᠲᠦᠮᠡᠨ ᠳᠤ ᠦᠢᠯᠡᠴᠢᠯᠡᠵᠦ᠂ ᠠᠮᠣᠷ ᠲᠣᠭᠲᠠᠭᠤᠨ ᠢ ᠬᠠᠮᠠᠭᠠᠯᠠᠨ᠂ ᠬᠦᠭᠵᠢᠯᠲᠡ ᠶᠢ ᠲᠦᠯᠬᠢᠨ ᠠᠬᠢᠭᠤᠯᠬᠤ ᠳᠠᠶᠢᠴᠢᠨ ᠪᠠᠬᠢᠯᠡᠯᠳᠡ | ᠪᠣᠯᠭᠠᠨ ᠪᠦᠳᠦᠭᠡᠨ ᠪᠠᠶᠢᠭᠤᠯᠣᠨ᠎ᠠ᠃ ᠬᠦᠳᠡᠭᠡ ᠲᠣᠰᠬᠤᠨ ᠮᠠᠯᠵᠢᠬᠤ ᠣᠷᠣᠨ ᠤ ᠨᠠᠮ ᠤᠨ ᠪᠠᠶᠢᠭᠤᠯᠣᠯᠳᠠ ᠶᠢ ᠴᠢᠬᠤᠯᠠ ᠭᠤᠣᠯᠳᠠᠯᠭ᠎ᠠ ᠪᠣᠯᠭᠠᠵᠤ᠂ ᠬᠤᠰᠢᠭᠤ | ᠪᠠᠯᠭᠠᠰᠣ ᠲᠣᠰᠬᠤᠨ ᠭᠤᠷᠪᠠᠨ ᠱᠠᠲᠣᠨ ᠤ ᠨᠠᠮ ᠤᠨ ᠭᠡᠰᠢᠭᠦᠨ ᠪᠠ ᠣᠯᠠᠨ ᠲᠦᠮᠠᠨ ᠳᠤ ᠦᠢᠯᠡᠴᠢᠯᠡᠬᠦ ᠲᠦᠪ ᠢ ᠲᠦᠷᠢᠮᠵᠢᠭᠦᠯᠦᠨ ᠪᠠᠶᠢᠭᠤᠯᠵᠣ᠂ ᠰᠣᠯᠠ ᠪᠠᠭᠤᠷᠠᠢ | ᠨᠠᠮ ᠤᠨ ᠵᠣᠬᠢᠶᠠᠨ ᠪᠠᠶᠢᠭᠤᠯᠣᠯᠳᠠ ᠶᠢᠨ ᠬᠠᠨᠳᠤᠰᠢ ᠶᠢ ᠥᠭᠡᠷᠡᠴᠢᠯᠡᠨ᠎ᠡ᠃ ᠨᠠᠮ ᠤᠨ ᠵᠣᠬᠢᠶᠠᠨ ᠪᠠᠶᠢᠭᠤᠯᠣᠯᠳᠠ ᠶᠢᠨ ᠣᠯᠣᠰ ᠲᠦᠷᠦ ᠶᠢᠨ ᠣᠳᠣᠷᠢᠳᠬᠤ ᠴᠢᠳᠠᠪᠣᠷᠢ᠂ | ᠦᠵᠡᠯ ᠰᠠᠨᠠᠭ᠎ᠠ ᠶᠢ ᠲᠠᠶᠢᠴᠢᠯᠠᠨ ᠲᠠᠭᠠᠭᠤᠯᠬᠤ ᠴᠢᠳᠠᠪᠣᠷᠢ᠂ ᠣᠯᠠᠨ ᠲᠦᠮᠠᠨ ᠢ ᠵᠣᠬᠢᠶᠠᠨ ᠪᠠᠶᠢᠭᠤᠯᠬᠤ ᠴᠢᠳᠠᠪᠣᠷᠢ ᠪᠠ ᠨᠡᠶᠢᠭᠡᠮ ᠢ ᠣᠷᠢᠶᠠᠯᠠᠬᠤ ᠬᠦᠴᠦᠨ ᠢ ᠨᠢ | ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ ᠨᠠᠮ ᠤᠨ ᠭᠡᠰᠢᠬᠦᠨ ᠤ ᠬᠦᠮᠦᠵᠢᠯ ᠬᠠᠮᠢᠶᠠᠷᠣᠯᠳᠠ ᠶᠢ ᠴᠢᠩᠭᠠᠳᠬᠠᠨ᠂ ᠦᠨᠳᠦᠰᠦᠨ ᠱᠠᠲᠣᠨ ᠤ ᠨᠠᠮ ᠤᠨ | ᠠᠵᠢᠯᠳᠠᠳ ᠤᠨ ᠲᠣᠰᠬᠠᠶᠢᠵᠢᠭᠰᠠᠨ ᠲᠦᠪᠰᠢᠨ ᠪᠠ ᠮᠡᠷᠭᠡᠵᠢᠭᠰᠡᠨ ᠲᠦᠪᠰᠢᠨ ᠢ ᠲᠡᠭᠡᠭᠰᠢᠯᠡᠭᠦᠯᠵᠥ᠂ ᠨᠠᠮ ᠤᠨ ᠭᠡᠰᠢᠬᠦᠨ ᠡᠯᠰᠡᠬᠦ ᠨᠦᠬᠦᠴᠡᠯ ᠱᠠᠭᠠᠷᠳᠠᠯᠭ᠎ᠠ ᠶᠢ | ᠴᠢᠩᠭ᠎ᠠ ᠬᠢᠨᠠᠵᠤ᠂ ᠦᠷᠭᠡᠨ ᠣᠯᠠᠨ ᠨᠠᠮ ᠤᠨ ᠭᠡᠰᠢᠭᠦᠨ ᠤ ᠬᠤᠰᠢᠭᠤᠴᠢ ᠲᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠬᠤ ᠶᠢ ᠣᠳᠣᠷᠢᠳᠣᠨ ᠲᠠᠭᠠᠭᠤᠯᠣᠨ᠎ᠠ᠃ | ︵ᠭᠤᠷᠪᠠ︶ ᠬᠡᠪ ᠪᠣᠯᠪᠠᠰᠣᠷᠠᠯ ᠦᠨᠳᠦᠷ ᠺᠠᠳ᠋ᠷ ᠤᠨ ᠡᠩᠨᠡᠭᠡᠨ ᠤ ᠪᠠᠶᠢᠭᠤᠯᠣᠯᠳᠠ ᠶᠢ ᠦᠷᠭᠦᠯᠵᠢᠯᠡᠨ ᠴᠢᠩᠭ᠎ᠠ ᠠᠳᠬᠤᠨ᠎ᠠ᠃ ᠣᠯᠣᠰ ᠲᠦᠷᠦ ᠶᠢᠨ | ᠲᠠᠨᠢᠯᠲᠠ ᠵᠣᠭᠰᠣᠯᠳᠠ ᠪᠠᠲᠤ ᠴᠢᠩᠭ᠎ᠠ ᠪᠠᠶᠢᠬᠤ ᠶᠢ ᠪᠠᠷᠢᠮᠳᠠᠯᠠᠵᠣ᠂ ᠠᠵᠢᠯ ᠦᠢᠯᠡᠰ ᠤᠨ ᠬᠦᠭᠵᠢᠯᠲᠡ ᠶᠢ ᠪᠣᠳᠣᠯᠬᠢᠯᠠᠨ᠂ ᠵᠠᠯᠠᠭᠤ ᠰᠢᠯᠢᠳᠡᠭ ᠺᠠᠳ᠋ᠷ ᠪᠠ ᠲᠤᠰᠬᠠᠢ | ᠮᠡᠷᠭᠡᠵᠢᠯ ᠤᠨ ᠺᠠᠳ᠋ᠷ ᠢ ᠬᠦᠮᠦᠵᠢᠭᠦᠯᠵᠦ ᠬᠡᠷᠡᠭᠯᠡᠬᠦ ᠬᠦᠴᠦᠯᠡᠴᠡ ᠪᠠᠨ ᠨᠡᠮᠡᠭᠳᠡᠭᠦᠯᠵᠦ᠂ ᠡᠮᠡᠭᠲᠡᠢ ᠺᠠᠳ᠋ᠷ᠂ ᠴᠦᠬᠡᠨ ᠲᠣᠭᠠᠲᠤ ᠦᠨᠳᠦᠰᠦᠳᠡᠨ ᠤ ᠺᠠᠳ᠋ᠷ᠂ ᠨᠠᠮ ᠤᠨ | ᠭᠡᠰᠢᠭᠦᠨ ᠪᠣᠰᠤ ᠺᠠᠳ᠋ᠷ ᠠᠴᠠ ᠰᠢᠯᠢᠳᠡᠭ ᠢ ᠨᠢ ᠰᠢᠯᠭᠠᠷᠠᠭᠤᠯᠵᠣ ᠬᠡᠷᠡᠭᠯᠡᠨ᠎ᠡ᠃ ᠲᠣᠮᠣ ᠴᠢᠬᠤᠯᠠ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠤᠨ ᠳᠣᠮᠳᠠ ᠠᠴᠠ | ᠺᠠᠳ᠋ᠷ ᠢ ᠲᠠᠨᠢᠵᠤ ᠰᠢᠯᠭᠠᠬᠤ ᠶᠢ ᠨᠡᠩ ᠢᠯᠡᠭᠦᠦ ᠴᠢᠬᠤᠯᠠᠴᠢᠯᠠᠵᠣ᠂ ᠰᠢᠷᠭᠠᠭᠤ ᠠᠵᠢᠯᠯᠠᠬᠤ ᠶᠢ ᠴᠢᠬᠤᠯᠠᠴᠢᠯᠠᠬᠤ᠂ ᠠᠵᠢᠯ ᠤᠨ ᠪᠦᠲᠦᠮᠵᠢ ᠶᠢ ᠴᠢᠬᠤᠯᠠᠴᠢᠯᠠᠬᠤ᠂ | ᠬᠠᠷᠢᠭᠤᠴᠠᠯᠭᠠᠲᠣ ᠣᠪᠣᠷ ᠢ ᠴᠢᠬᠤᠯᠠᠴᠢᠯᠠᠬᠤ ᠬᠦᠲᠦᠯᠪᠤᠷᠢ ᠶᠢ ᠨᠡᠩ ᠲᠣᠳᠣᠷᠬᠠᠢ ᠪᠣᠯᠭᠠᠬᠤ ᠭᠡᠷᠡᠭᠲᠡᠢ᠃ ᠨᠠᠮ ᠤᠨ ᠭᠡᠰᠢᠭᠦᠨ ᠣᠳᠣᠷᠢᠳᠬᠤ ᠺᠠᠳ᠋ᠷ ᠢ ᠲᠦᠪᠯᠡᠷᠡᠭᠦᠯᠵᠦ | ᠂ ᠦᠷᠭᠦᠯᠵᠢ ᠶᠢᠨ ᠴᠢᠨᠠᠷᠲᠠᠢ ᠰᠣᠷᠣᠯᠴᠠᠭᠤᠯᠵᠣ ᠬᠦᠮᠦᠵᠢᠭᠦᠯᠬᠦ ᠶᠢ ᠴᠢᠩᠭᠠᠳᠬᠠᠵᠣ᠂ ᠲᠦᠷᠦᠯ ᠬᠤᠪᠢᠶᠠᠨ ᠡᠭᠡᠯᠵᠢᠯᠡᠨ ᠰᠣᠷᠣᠯᠴᠠᠭᠤᠯᠬᠤ᠂ ᠲᠣᠭᠤᠷᠢᠵᠤ ᠰᠣᠳᠣᠯᠬᠤ | ᠵᠡᠷᠭᠡ ᠬᠦᠳᠡᠯᠭᠡᠭᠡᠨ ᠢ ᠬᠠᠨᠳᠣᠯᠭᠠᠲᠠᠢ ᠦᠷᠨᠢᠭᠦᠯᠵᠦ᠂ ᠡᠯ᠎ᠡ ᠱᠠᠲᠣᠨ ᠤ ᠨᠠᠮ ᠤᠨ ᠭᠡᠰᠢᠭᠦᠨ ᠣᠳᠣᠷᠢᠳᠬᠤ ᠺᠠᠳ᠋ᠷ ᠤᠨ ᠣᠨᠣᠯ ᠤᠨ ᠪᠣᠯᠪᠠᠰᠣᠷᠠᠯ ᠪᠠ ᠬᠦᠭᠵᠢᠯᠲᠡ ᠶᠢ | ᠲᠦᠯᠬᠢᠨ ᠠᠬᠢᠭᠤᠯᠬᠤ ᠴᠢᠳᠡᠪᠣᠷᠢ ᠶᠢᠨ ᠲᠦᠪᠰᠢᠨ ᠢ ᠦᠷᠭᠦᠯᠵᠢᠯᠡᠨ ᠲᠡᠭᠡᠭᠰᠢᠯᠡᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠴᠤ ᠭᠠᠷᠭᠠᠭᠰᠠᠨ | ᠰᠢᠨ᠎ᠡ ᠴᠠᠭ ᠦᠶ᠎ᠡ ᠶᠢᠨ ᠰᠢᠯᠢᠳᠡᠭ ᠺᠠᠳ᠋ᠷ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠣᠯᠣᠰ ᠲᠦᠷᠦ ᠶᠢᠨ ᠬᠡᠪ ᠪᠣᠯᠪᠠᠰᠣᠷᠠᠯ ᠦᠨᠳᠦᠷ᠂ ᠴᠢᠳᠠᠪᠣᠷᠢᠲᠠᠢ᠂ | ᠬᠠᠷᠢᠭᠤᠴᠠᠯᠭᠠᠲᠤ ᠤᠪᠣᠷ ᠴᠢᠩᠭ᠎ᠠ ᠵᠠᠯᠠᠭᠤ ᠰᠢᠯᠢᠳᠡᠭ ᠺᠠᠳ᠋ᠷ ᠢ ᠦᠭᠡᠷᠡᠴᠢᠯᠡᠯᠳᠡ ᠬᠦᠭᠵᠢᠯᠲᠡ ᠂ ᠠᠮᠣᠷ ᠲᠣᠭᠳᠠᠭᠤᠨ ᠢ ᠬᠠᠮᠠᠭᠠᠯᠠᠬᠤ ᠡᠮᠦᠨ᠎ᠡ ᠹᠷᠣᠨᠲ ᠲᠡᠭᠡᠷ᠎ᠠ | ᠰᠣᠩᠭᠤᠨ ᠬᠡᠷᠡᠭᠯᠡᠵᠦ᠂ ᠲᠡᠳᠡᠨ ᠢ ᠬᠠᠲᠠᠭᠤᠵᠢᠯᠲᠠᠢ ᠪᠣᠳᠣᠯᠢᠶᠠᠨᠲᠠᠢ ᠭᠠᠵᠠᠷ ᠪᠣᠯᠣᠨ ᠲᠦᠪᠡᠭᠲᠡᠢ ᠵᠠᠩᠭᠢᠯᠠᠭ᠎ᠠ ᠶᠢᠨ ᠠᠵᠢᠯ ᠤᠨ ᠪᠠᠶᠢᠷᠢ ᠲᠡᠭᠡᠷ᠎ᠠ ᠠᠪᠠᠴᠢᠵᠣ ᠲᠠᠪᠳᠠᠨ | ᠪᠣᠯᠪᠠᠰᠣᠷᠠᠭᠤᠯᠣᠨ᠎ᠠ᠃ ᠺᠠᠳ᠋ᠷ ᠤᠨ ᠬᠢᠨᠠᠨ ᠰᠢᠯᠭᠠᠯᠳᠠ ᠶᠢ ᠣᠷᠮᠠᠰᠢᠭᠤᠯᠬᠤ ᠪᠠ ᠬᠠᠮᠠᠭᠠᠯᠠᠬᠤ ᠲᠣᠭᠳᠠᠯᠴᠠᠭ᠎ᠠ ᠶᠢ ᠲᠡᠭᠦᠯᠳᠡᠷᠵᠢᠭᠦᠯᠵᠦ᠂ ᠬᠢᠨᠠᠨ ᠰᠢᠯᠭᠠᠯᠳᠠ ᠳᠤ | ᠭᠤᠷᠪᠠᠨ ᠵᠢᠯ ᠳᠠᠷᠠᠭᠠᠯᠠᠨ ᠰᠢᠯᠢᠳᠡᠭ ᠢᠶᠠᠷ ᠦᠨᠡᠯᠡᠭᠳᠡᠭᠰᠡᠨ ᠺᠠᠳ᠋ᠷ ᠢ ᠵᠣᠬᠢᠬᠤ ᠬᠠᠷᠢᠴᠠᠯ ᠢᠶᠠᠷ ᠲᠣᠰᠢᠶᠠᠯ ᠲᠡᠪᠰᠢᠭᠦᠯᠬᠦ ᠪᠣᠶᠣ ᠴᠢᠬᠤᠯᠠ ᠠᠵᠢᠯ ᠤᠨ ᠪᠠᠶᠢᠷᠢ ᠲᠡᠭᠡᠷ᠎ᠠ | ᠰᠣᠯᠢᠯᠴᠠᠵᠣ ᠲᠣᠰᠢᠶᠠᠯ ᠡᠭᠦᠷᠭᠡᠯᠡᠭᠦᠯᠦᠨ᠎ᠡ᠃ ︽ ᠭᠤᠷᠪᠠ ᠶᠢ ᠢᠯᠭᠠᠨ ᠦᠵᠡᠬᠦ︾ ᠶᠢ ᠪᠠᠷᠢᠮᠳᠠᠯᠠᠵᠣ᠂ ᠺᠠᠳ᠋ᠷ ᠤᠨ ᠠᠵᠢᠯ ᠬᠢᠵᠦ ᠦᠢᠯᠡᠰ ᠪᠦᠲᠦᠭᠡᠬᠦ ᠢᠳᠡᠪᠬᠢᠲᠦ | ᠴᠢᠨᠠᠷ ᠢ ᠨᠢ ᠬᠠᠮᠠᠭᠠᠯᠠᠨ᠎ᠠ᠃ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠠᠵᠢᠯ ᠳᠤ ᠬᠤᠶᠢᠷᠭᠤᠰᠢᠬᠤ ᠵᠡᠷᠭᠡ ᠠᠷᠬᠠᠭ ᠭᠡᠮ ᠢ ᠵᠠᠰᠠᠨ | ᠴᠡᠭᠴᠡᠯᠡᠬᠦ ᠠᠵᠢᠯ ᠤᠨ ᠭᠤᠣᠯᠳᠠᠯᠭ᠎ᠠ ᠪᠣᠯᠭᠠᠵᠣ᠂ ᠢᠯᠳᠡᠷ ᠬᠠᠶᠠᠬᠤ ᠦᠭᠡᠢ ᠴᠡᠭᠴᠡᠯᠡᠵᠦ ᠰᠢᠢᠳᠪᠦᠷᠢᠯᠡᠨ᠎ᠡ᠃ ᠺᠠᠳ᠋ᠷ ᠤᠨ ᠬᠦᠮᠦᠵᠢᠯ ᠰᠣᠷᠣᠯᠴᠠᠯᠭ᠎ᠠ ᠶᠢᠨ | ᠬᠠᠮᠢᠶᠠᠷᠣᠯᠳᠠ ᠬᠢᠨᠠᠯᠳᠠ ᠶᠢ ᠴᠢᠩᠭᠠᠳᠬᠠᠵᠣ᠂ ᠺᠠᠳ᠋ᠷᠴᠤᠳ ᠤᠨ ᠦᠵᠡᠯ ᠰᠠᠨᠠᠭ᠎ᠠ᠂ ᠠᠵᠢᠯ ᠤᠨ ᠪᠠᠶᠢᠳᠠᠯ᠂ ᠣᠪᠤᠷ ᠰᠣᠷᠳᠠᠯ᠂ ᠰᠠᠬᠢᠯᠭ᠎ᠠ ᠪᠠᠲᠤ ᠶᠢ ᠴᠢᠩᠭ᠎ᠠ | ᠬᠠᠮᠢᠶᠠᠷᠬᠤ ᠲᠦᠷᠢᠮ ᠳᠣᠭᠲᠠᠭᠠᠯ ᠢ ᠲᠡᠭᠦᠯᠳᠡᠷᠵᠢᠭᠦᠯᠦᠨ᠎ᠡ᠃ ᠠᠬᠠᠮᠠᠳ ᠺᠠᠳ᠋ᠷᠴᠤᠳ ᠲᠤ ᠣᠯᠣᠰ ᠲᠦᠷᠦ ᠶᠢᠨ ᠬᠠᠷᠠᠭᠠᠯᠵᠠᠯ ᠪᠠ ᠠᠮᠢᠳᠣᠷᠠᠯ ᠤᠨ ᠬᠠᠷᠠᠮᠵᠢ ᠶᠢ | ᠣᠯᠭᠤᠵᠤ᠂ ᠠᠬᠠᠮᠠᠳ ᠺᠠᠳ᠋ᠷᠴᠤᠳ ᠤᠨ ᠦᠢᠯᠡᠳᠦᠯ ᠢ ᠨᠡᠩ ᠰᠠᠶᠢᠨ ᠪᠠᠳᠠᠷᠠᠭᠤᠯᠣᠨ᠎ᠠ᠃ | ︵ᠳᠥᠷᠪᠡ︶ ᠰᠠᠬᠢᠯᠭ᠎ᠠ ᠪᠠᠲᠤ ᠣᠪᠤᠷ ᠰᠣᠷᠳᠠᠯ ᠤᠨ ᠪᠠᠶᠢᠭᠤᠯᠣᠯᠳᠠ ᠶᠢ ᠭᠤᠶᠢᠪᠢᠰᠢ ᠦᠭᠡᠢ ᠲᠦᠯᠬᠢᠨ ᠠᠬᠢᠭᠤᠯᠣᠨ᠎ᠠ᠃ ᠨᠠᠮ ᠤᠨ ᠬᠤᠷᠢᠶ᠎ᠠ ᠶᠢᠨ ᠭᠤᠣᠯ | ᠴᠣᠭᠴᠠᠲᠤ ᠬᠠᠷᠢᠭᠤᠴᠠᠯᠭ᠎ᠠ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠰᠭᠢᠪᠡᠯ | ᠮᠦᠷ ᠲᠠᠢ ᠂ ᠠᠳᠬᠤᠪᠠᠯ ᠣᠷᠣᠮ ᠲᠠᠢ ᠪᠠᠶᠢᠬᠤ ᠵᠠᠷᠴᠢᠮ ᠢ ᠪᠠᠷᠢᠮᠳᠠᠯᠠᠵᠣ᠂ ᠰᠣᠷᠳᠠᠯ ᠢ ᠴᠡᠭᠴᠡᠯᠡᠨ ᠰᠠᠬᠢᠯᠭ᠎ᠠ ᠪᠠᠲᠤ ᠶᠢ ᠵᠢᠷᠦᠮᠯᠠᠨ᠂ ᠢᠯᠵᠠᠷᠡᠯ ᠢ ᠡᠰᠡᠷᠭᠦᠴᠡᠨ | ᠬᠠᠷᠭᠢᠰ ᠬᠦᠴᠦᠨ ᠢ ᠠᠷᠢᠯᠭᠠᠬᠤ ᠳᠤ ᠬᠠᠲᠠᠭᠤ ᠪᠠᠷ ᠬᠠᠨᠳᠣᠨ᠎ᠠ᠃ ᠦᠵᠡᠯ ᠰᠠᠨᠠᠭᠠᠨ ᠤ ᠬᠦᠮᠦᠵᠢᠯ ᠢ ᠡᠷᠴᠢᠮᠵᠢᠭᠦᠯᠦᠨ᠎ᠡ᠃ ᠨᠠᠮ ᠤᠨ ᠰᠠᠬᠢᠯᠭ᠎ᠠ ᠪᠠᠲᠤ ᠶᠢᠨ | ᠬᠦᠮᠦᠵᠢᠯ ᠢ ᠣᠨᠣᠯ ᠤᠨ ᠰᠣᠷᠣᠯᠴᠠᠯᠭ᠎ᠠ᠂ ᠬᠡᠪ ᠪᠣᠯᠪᠠᠰᠣᠷᠠᠯ ᠤᠨ ᠰᠣᠷᠭᠠᠨ ᠬᠦᠮᠦᠵᠢᠯ᠂ ᠠᠵᠢᠯ ᠢᠶᠠᠨ ᠪᠠᠶᠡᠯᠡᠭᠦᠯᠵᠦ ᠬᠠᠷᠢᠭᠤᠴᠠᠯᠭ᠎ᠠ ᠪᠠᠨ ᠭᠦᠢᠴᠡᠳᠭᠡᠬᠦ ᠵᠡᠷᠬᠡ | ᠡᠯ᠎ᠡ ᠲᠠᠯ᠎ᠠ ᠶᠢᠨ ᠠᠵᠢᠯ ᠳᠤ ᠠᠭᠤᠰᠣᠯᠳᠣᠭᠤᠯᠵᠣ᠂ ᠴᠢᠬᠡᠴᠢ ᠵᠠᠰᠠᠭ ᠤᠨ ᠰᠣᠶᠣᠯ ᠤᠨ ᠪᠠᠶᠢᠭᠤᠯᠣᠯᠳᠠ ᠶᠢ ᠴᠢᠩᠭᠠᠳᠬᠠᠵᠣ᠂ ᠨᠠᠮ ᠤᠨ ᠰᠣᠷᠳᠠᠯ ᠰᠠᠬᠢᠯᠭ᠎ᠠ ᠶᠢᠨ | ᠬᠦᠮᠦᠵᠢᠯ᠂ ᠰᠡᠷᠡᠮᠵᠢ ᠶᠢᠨ ᠬᠦᠮᠦᠵᠢᠯ᠂ ᠠᠵᠢᠯ ᠤᠨ ᠪᠠᠶᠢᠷᠢ ᠳᠠᠬᠢ ᠴᠢᠬᠡᠴᠢ ᠵᠠᠰᠠᠭ ᠤᠨ ᠬᠦᠮᠦᠵᠢᠯ ᠢ ᠦᠷᠭᠦᠯᠵᠢᠯᠡᠨ ᠶᠠᠪᠤᠭᠳᠠᠭᠤᠯᠵᠣ᠂ ︽ᠰᠠᠬᠢᠯᠭ᠎ᠠ ᠪᠠᠲᠤ ᠶᠢ | ᠤᠯᠠᠮ ᠠᠴᠠ ᠤᠯᠠᠮ ᠴᠢᠩᠭ᠎ᠠ ᠴᠠᠭᠳᠠᠨ᠎ᠠ︾ ᠭᠡᠳᠡᠭ ᠢ ᠮᠡᠳᠡᠷᠡᠭᠦᠯᠵᠦ᠂ ᠦᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠪᠢᠰᠢᠷᠡᠨ ᠡᠮᠢᠶᠡᠬᠦ ᠶᠢ ᠮᠡᠳᠡᠵᠦ᠂ | ᠰᠦᠷᠳᠡᠵᠦ ᠰᠡᠷᠡᠮᠵᠢᠯᠡᠨ᠂ ᠦᠨᠳᠦᠰᠦᠨ ᠵᠠᠷᠴᠢᠮ ᠢ ᠪᠠᠷᠢᠮᠳᠠᠯᠠᠵᠣ᠂ ᠡᠷᠬᠡ ᠪᠠᠨ ᠵᠦᠪ ᠬᠡᠷᠡᠭᠯᠡᠨ᠂ ᠠᠷᠢᠭᠤᠨ ᠴᠢᠬᠡᠴᠢ ᠪᠠᠷ ᠵᠠᠰᠠᠭ ᠪᠠᠷᠢᠵᠤ᠂ ᠢᠯᠵᠠᠷᠠᠯ ᠢ | ᠲᠡᠪᠴᠢᠵᠦ ᠴᠢᠨᠠᠷ ᠬᠤᠪᠢᠷᠠᠬᠤ ᠠᠴᠠ ᠰᠡᠷᠭᠡᠶᠢᠯᠡᠬᠦ ᠦᠵᠡᠯ ᠰᠠᠨᠠᠭᠠᠨ ᠤ ᠰᠠᠭᠤᠷᠢ ᠶᠢ ᠪᠠᠲᠤᠵᠢᠭᠤᠯᠬᠤ ᠪᠠᠷ ᠴᠢᠷᠮᠠᠶᠢᠬᠤ ᠬᠡᠷᠡᠭᠲᠡᠢ᠃ ᠰᠠᠬᠢᠯᠭ᠎ᠠ ᠪᠠᠲᠤ ᠶᠢᠨ | ᠬᠡᠷᠡᠭᠵᠢᠭᠦᠯᠦᠯᠲᠡ ᠳᠤ ᠬᠢᠨᠠᠯᠳᠠ ᠲᠠᠯᠪᠢᠬᠤ ᠶᠢ ᠴᠢᠩᠭᠠᠳᠬᠠᠨ᠎ᠠ᠃ ᠡᠷᠬᠡ ᠬᠡᠷᠡᠭᠵᠢᠭᠦᠯᠬᠦ ᠶᠢ ᠬᠢᠵᠠᠭᠠᠷᠯᠠᠵᠤ ᠬᠢᠨᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠴᠠᠭᠳᠠᠨ ᠪᠠᠶᠢᠴᠠᠭᠠᠵᠤ ᠣᠯᠣᠭᠰᠠᠨ ᠣᠯᠣᠯᠳᠠ ᠠᠮᠵᠢᠯᠳᠠ ᠪᠠᠨ ᠬᠡᠷᠬᠢᠨ ᠬᠡᠷᠡᠭᠯᠡᠬᠦ᠂ ᠬᠦᠴᠦ ᠪᠠᠨ ᠬᠤᠯᠪᠣᠭᠠᠯᠠᠨ ᠬᠠᠮᠳᠦ ᠪᠠᠷ ᠬᠦᠳᠡᠯᠦᠯᠴᠡᠬᠦ ᠠᠷᠭ᠎ᠠ ᠵᠠᠮ ᠢ ᠬᠠᠶᠢᠨ | ᠰᠦᠪᠡᠭᠴᠢᠯᠡᠵᠦ᠂ ᠴᠠᠭᠳᠠᠨ ᠪᠠᠶᠢᠴᠠᠭᠠᠵᠣ ᠬᠢᠨᠠᠯᠳᠠ ᠲᠠᠯᠪᠢᠬᠤ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠠᠵᠢᠯ ᠢ ᠨᠢᠭᠡᠳᠦᠯᠲᠠᠢ ᠠᠪᠴᠠᠯᠳᠣᠭᠤᠯᠬᠤ ᠶᠢ | ᠠᠬᠢᠭᠤᠯᠵᠣ᠂ ᠬᠢᠨᠠᠯᠳᠠ ᠲᠠᠯᠪᠢᠬᠤ ᠬᠠᠮᠳᠦ ᠶᠢᠨ ᠬᠦᠴᠦ ᠶᠢ ᠪᠦᠷᠢᠯᠳᠦᠭᠦᠯᠦᠨ᠎ᠡ᠃ ᠰᠠᠬᠢᠯᠭ᠎ᠠ ᠪᠠᠲᠤ ᠪᠠᠷᠢᠮᠳᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠠᠬᠢᠯᠭ᠎ᠠ | ᠪᠠᠲᠤ ᠶᠢᠨ ᠬᠡᠷᠡᠭᠵᠢᠭᠦᠯᠦᠯᠲᠡ ᠳᠤ ᠬᠢᠨᠠᠯᠳᠠ ᠲᠠᠯᠪᠢᠬᠤ ︽ᠳᠥᠷᠪᠡᠨ ᠵᠦᠢᠯ ᠤᠨ ᠬᠡᠯᠪᠡᠷᠢᠰᠢᠯ︾ ᠢ ᠭᠦᠢᠴᠡᠳ ᠬᠡᠷᠡᠭᠯᠡᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ | ᠂ ᠴᠢᠬᠤᠯᠠ ᠠᠵᠢᠯ ᠤᠨ ᠪᠠᠶᠢᠷᠢ᠂ ᠵᠠᠩᠭᠢᠯᠠᠭ᠎ᠠ ᠶᠢᠨ ᠭᠤᠭᠴᠤᠭ᠎ᠠ᠂ ᠢᠯᠠᠩᠭᠤᠶ᠎ᠠ ︽ᠨᠢᠭᠡᠳᠦᠭᠡᠷ ᠭᠠᠷ︾ ᠪᠠ ᠣᠳᠣᠷᠢᠳᠬᠤ ᠪᠠᠭ ᠲᠤ ᠬᠢᠨᠠᠯᠳᠠ ᠲᠠᠯᠪᠢᠬᠤ ᠶᠢ | ᠦᠷᠭᠦᠯᠵᠢᠯᠡᠨ ᠴᠢᠩᠭᠠᠳᠬᠠᠵᠣ᠂ ᠢᠯᠵᠠᠷᠠᠬᠤ ᠵᠣᠷᠢᠭ ᠦᠭᠡᠢ᠂ ᠢᠯᠵᠠᠷᠠᠬᠤ ᠪᠣᠯᠣᠮᠵᠢ ᠦᠭᠡᠢ᠂ ᠢᠯᠵᠠᠷᠠᠬᠤ ᠬᠦᠰᠡᠯ ᠦᠭᠡᠢ ᠪᠠᠶᠢᠬᠤ ᠨᠢᠭᠡ ᠴᠣᠭᠴᠠ | ᠪᠠᠶᠢᠩᠭᠤ ᠶᠢᠨ ᠲᠣᠭᠳᠠᠯᠴᠠᠭ᠎ᠠ ᠶᠢ ᠪᠣᠢ ᠪᠣᠯᠭᠠᠨ᠎ᠠ᠃ ᠰᠣᠷᠳᠠᠯ ᠤᠨ ᠪᠠᠶᠢᠭᠤᠯᠣᠯᠳᠠ ᠶᠢ ᠴᠢᠩᠭᠠᠳᠬᠠᠨ᠎ᠠ᠃ᠲᠦᠪ ᠤᠨ ᠨᠠᠢᠮᠠᠨ ᠵᠣᠷᠪᠣᠰ ᠲᠣᠭᠲᠠᠭᠠᠯ ᠪᠠ ᠨᠠᠷᠢᠨ | ᠵᠣᠷᠪᠣᠰ ᠤᠨ ᠵᠣᠷᠢᠭ ᠰᠠᠨᠠᠭ᠎ᠠ ᠶᠢ ᠲᠣᠭᠤᠰᠢᠯᠠᠭᠤᠯᠠᠨ ᠨᠠᠶᠢᠳᠠᠪᠣᠷᠢᠵᠢᠭᠤᠯᠬᠤ ᠶᠢ ᠣᠷᠳᠣ ᠣᠳᠠᠭᠠᠨ ᠢᠶᠠᠷ ᠠᠳᠬᠤᠵᠣ᠂ ᠦᠨᠳᠦᠰᠦᠨ ᠱᠠᠳᠣᠨ ᠤ ᠲᠠᠷᠣᠭᠠᠰᠣ ᠶᠢ | ᠦᠷᠭᠦᠯᠵᠢᠯᠡᠨ ᠬᠦᠩᠭᠡᠯᠡᠵᠣ᠂ ︽ᠳᠥᠷᠪᠡᠨ ᠰᠣᠷᠲᠠᠯ︾ ᠢ ᠵᠠᠯᠠᠷᠠᠭᠤᠯᠬᠤ ᠠᠵᠢᠯ ᠢ ᠣᠳᠠᠭᠠᠨ ᠲᠠᠭᠠᠭᠠᠮᠠᠭᠠᠢ ᠡᠷᠡᠰ ᠴᠢᠩᠭ᠎ᠠ ᠶᠠᠪᠤᠭᠳᠠᠭᠤᠯᠬᠤ ᠬᠡᠷᠡᠭᠲᠡᠢ᠃ | ᠣᠳᠣᠷᠢᠳᠬᠤ ᠺᠠᠳ᠋ᠷ ᠦᠨᠳᠦᠰᠦᠨ ᠱᠠᠳᠣᠨ ᠤ ᠠᠵᠢᠯ ᠢ ᠲᠠᠭᠠᠭᠠᠴᠢᠯᠠᠨ ᠵᠢᠯᠣᠭᠤᠳᠬᠤ ᠂ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢ ᠬᠦᠯᠢᠶᠠᠨ ᠠᠪᠬᠤ ᠵᠡᠷᠭᠡ | ᠣᠯᠠᠨ ᠲᠦᠮᠠᠨ ᠲᠠᠢ ᠬᠠᠷᠢᠴᠠᠬᠤ ᠪᠠᠶᠢᠩᠭᠤ ᠶᠢᠨ ᠲᠣᠭᠳᠠᠯᠴᠠᠭ᠎ᠠ ᠶᠢ ᠪᠠᠷᠢᠮᠳᠠᠯᠠᠨ ᠲᠡᠭᠦᠯᠳᠡᠷᠵᠢᠭᠦᠯᠵᠦ᠂ ᠠᠷᠠᠳ ᠣᠯᠠᠨ ᠤ ᠪᠠᠴᠢᠮ ᠬᠦᠴᠢᠷᠳᠠᠯ ᠲᠠᠢ ᠪᠦᠭᠡᠳ | ᠰᠢᠢᠳᠪᠦᠷᠢᠯᠡᠵᠦ ᠥᠭᠬᠦ ᠶᠢ ᠬᠦᠰᠡᠵᠦ ᠪᠠᠶᠢᠭ᠎ᠠ ᠠᠰᠠᠭᠤᠳᠠᠯ ᠢ ᠰᠠᠨᠠᠭ᠎ᠠ ᠲᠠᠯᠪᠢᠨ ᠬᠦᠴᠦ ᠵᠠᠷᠣᠴᠠᠭᠤᠯᠵᠣ ᠰᠢᠢᠳᠪᠦᠷᠢᠯᠡᠵᠦ ᠥᠭᠬᠦ ᠬᠡᠷᠡᠭᠲᠡᠢ᠃ ᠣᠳᠣᠷᠢᠳᠬᠤ | ᠺᠠᠳ᠋ᠷ ᠤᠨ ︽ᠵᠠᠩᠬᠢᠯᠠᠭ᠎ᠠ ᠶᠢᠨ ᠴᠦᠬᠡᠨ ᠲᠣᠭᠠᠲᠣ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠣ᠂ ᠦᠪᠡᠷ ᠢ ᠪᠠᠨ ᠴᠢᠩᠭ᠎ᠠ ᠱᠠᠭᠠᠷᠳᠠᠨ᠂ ᠪᠠᠶ᠎ᠡ ᠪᠠᠨ ᠪᠠᠷᠢᠵᠤ | ᠪᠣᠯᠭᠤᠮᠵᠢᠯᠠᠨ᠂ ᠦᠨᠡᠨᠴᠢ ᠰᠢᠳᠣᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠲᠠᠢ ᠰᠠᠶᠢᠨ ᠰᠠᠶᠢᠬᠠᠨ ᠳᠦᠷᠢ ᠳᠥᠷᠬᠦ ᠶᠢ ᠪᠣᠢ ᠪᠣᠯᠭᠠᠬᠤ ᠬᠡᠷᠡᠭᠲᠡᠢ᠃ | ᠲᠦᠯᠦᠭᠡᠯᠡᠭᠴᠢᠳ ᠡ᠂ ᠨᠦᠬᠦᠳ ᠡ᠂ ᠢᠷᠡᠭᠡᠳᠦᠢ ᠶᠢᠨ ᠲᠥᠯᠥᠪᠯᠡᠭᠡ ᠣᠷᠮ᠎ᠠ ᠵᠣᠷᠢᠭ ᠢ ᠬᠦᠪᠴᠢᠯᠡᠵᠣ᠂ ᠰᠢᠨ᠎ᠡ ᠠᠶᠠᠨ ᠤ ᠡᠭᠦᠷᠭᠡ ᠬᠦᠨᠳᠦ᠂ ᠵᠠᠮ | ᠬᠤᠯᠠ ᠪᠠᠶᠢᠭᠰᠠᠭᠠᠷ᠃ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠭᠲᠠ ᠴᠢᠩᠭ᠎ᠠ ᠪᠦᠯᠬᠦᠮᠳᠡᠵᠦ᠂ | ᠶᠡᠷᠦᠩᠬᠡᠢ ᠱᠦᠵᠢ ᠶᠢᠨ ᠳᠣᠯᠣᠭᠠᠨ ᠰᠠᠷ᠎ᠠ ᠶᠢᠨ ᠨᠢᠭᠡᠨ ᠤ ᠴᠢᠬᠤᠯᠠ ᠶᠠᠷᠢᠶ᠎ᠠ ᠶᠢᠨ ᠣᠷᠢᠶᠠᠯᠠᠭ᠎ᠠ ᠲᠣᠣᠷ᠎ᠠ ᠣᠷᠬᠢᠯᠣᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ | ᠲᠡᠮᠡᠴᠡᠯ ᠤᠨ ᠵᠣᠷᠢᠭ ᠢ ᠡᠪᠦᠷᠯᠡᠵᠦ᠂ ᠪᠣᠳᠠᠲᠠᠢ ᠶᠢ ᠡᠷᠬᠢᠮᠯᠡᠬᠦ ᠰᠣᠷᠳᠠᠯ ᠢ ᠪᠠᠷᠢᠮᠲᠠᠯᠠᠨ ᠯᠠᠪᠳᠠᠭᠤᠨ ᠠᠵᠢᠯᠯᠠᠵᠣ᠂ ᠬᠥᠭᠵᠢᠯᠲᠡ ᠶᠢ ᠡᠷᠢᠯᠬᠢᠯᠡᠨ ᠬᠦᠴᠦᠯᠡᠨ | ᠴᠢᠷᠮᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠠᠩᠬᠢᠨ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠶᠢᠨ ᠲᠥᠯᠦᠭᠡ ᠴᠢᠷᠮᠠᠶᠢᠨ ᠠᠵᠢᠯᠯᠠᠵᠠᠭᠠᠶ᠎ᠠ︕ | | | | | | ᠨᠡᠷ᠎ᠡ ᠦᠭᠡᠰ ᠤᠨ ᠲᠠᠶᠢᠯᠪᠤᠷᠢ | ᠳᠥᠷᠪᠡᠨ ᠤᠬᠠᠮᠰᠠᠷ᠄ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ᠃ | ᠳᠥᠷᠪᠡᠨ ᠢᠲᠡᠭᠡᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ | ᠢᠲᠡᠭᠡᠯ᠂ ᠰᠣᠶᠣᠯ ᠤᠨ ᠢᠲᠡᠭᠡᠯ᠃ | ᠬᠤᠶᠠᠷ ᠢ ᠬᠠᠮᠠᠭᠠᠯᠠᠬᠤ᠄ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠪᠠ ᠪᠦᠬᠦ ᠨᠠᠮ ᠳᠠᠬᠢ ᠭᠤᠣᠯᠯᠠᠭᠴᠢ ᠪᠠᠶᠢᠷᠢ ᠰᠠᠭᠤᠷᠢ ᠶᠢ ᠡᠷᠡᠰ | ᠬᠠᠮᠠᠭᠠᠯᠠᠬᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠵᠢᠭᠠᠵᠤ ᠪᠣᠢ᠃ | ᠲᠠᠪᠤ ᠶᠢ ᠨᠢᠭᠡ ᠴᠣᠭᠴᠠᠵᠢᠭᠤᠯᠬᠤ᠄ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ | ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠣᠭᠴᠠᠵᠢᠭᠤᠯᠤᠨ ᠪᠠᠶᠢᠭᠤᠯᠬᠤ ᠶᠢ ᠵᠢᠭᠠᠵᠤ ᠪᠣᠢ᠃ | ᠳᠥᠷᠪᠡᠨ ᠪᠥᠬᠦ ᠲᠠᠯ᠎ᠠ᠄ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠦᠨ᠂ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠵᠤ᠂ ᠪᠥᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠶᠢ ᠵᠢᠭᠠᠵᠤ ᠪᠣᠢ᠃ | ᠭᠤᠷᠪᠠᠨ ᠶᠡᠭᠡ ᠪᠣᠭᠤᠮᠲᠠ ᠰᠢᠪᠲᠤᠯᠬᠤ ᠠᠵᠢᠯ᠄ ᠬᠦᠨᠳᠦ ᠨᠣᠴᠢᠲᠠᠢ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠨᠠᠷᠢᠯᠢᠭ ᠣᠨᠣᠪᠴᠢᠲᠠᠢ | ᠠᠷᠭ᠎ᠠ ᠬᠡᠮᠵᠢᠶ᠎ᠡ ᠠᠪᠴᠤ ᠶᠠᠳᠠᠭᠤ ᠠᠴᠠ ᠠᠩᠭᠢᠵᠢᠷᠠᠭᠤᠯᠬᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠭᠤᠷᠪᠠᠨ ᠶᠡᠭᠡ ᠪᠣᠭᠤᠮᠲᠠ | ᠰᠢᠪᠲᠤᠯᠬᠤ ᠠᠵᠢᠯ ᠢ ᠰᠢᠢᠳᠪᠦᠷᠢᠲᠡᠢ ᠪᠡᠶᠡᠯᠡᠭᠦᠯᠬᠦ ᠶᠢ ᠵᠢᠭᠠᠵᠤ ᠪᠣᠢ᠃ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ᠄ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠨᠤᠷᠮ᠎ᠠ ᠴᠢᠳᠠᠯ ᠤᠨ ᠨᠡᠶᠢᠯᠡᠪᠦᠷᠢ᠃ | BOG ᠠᠴᠠ ᠾᠧᠯᠢ ᠪᠣᠯᠪᠠᠰᠣᠷᠠᠭᠤᠯᠬᠤ᠄ BOG ᠪᠣᠯ ᠰᠢᠩᠭᠡᠵᠢᠮᠡᠯ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠪᠢᠯᠪᠤᠷᠢ᠂ ᠳᠠᠷᠤᠶ ᠭᠢᠯᠠᠰᠤᠮᠠᠯ ᠠᠭᠤᠷ᠂ | ᠠᠭᠤᠷᠰᠢᠯᠲᠠ ᠪᠣᠯᠤᠨ᠎ᠠ᠃ ᠬᠠᠳᠠᠭᠠᠯᠠᠬᠤ᠂ ᠲᠡᠭᠡᠭᠡᠪᠦᠷᠢᠯᠡᠬᠦ ᠶᠠᠪᠤᠴᠠ ᠳᠤ ᠡᠨᠧᠷᠭᠢ ᠨᠢ ᠭᠠᠳᠠᠭᠠᠳᠤ ᠣᠷᠴᠢᠨ ᠲᠠᠢ ᠢᠯᠴᠢ ᠶᠢᠨ ᠰᠣᠯᠢᠯᠴᠠᠭ᠎ᠠ ᠬᠢᠵᠦ᠂ ᠡᠭᠦᠨ ᠤ | ᠤᠯᠠᠮ ᠠᠴᠠ ᠰᠠᠪᠠᠯᠠᠭᠤᠷ ᠲᠤ ᠪᠠᠶᠢᠭ᠎ᠠ ᠰᠢᠩᠭᠡᠵᠢᠮᠡᠯ ᠪᠠᠶᠢᠭᠠᠯᠢ ᠶᠢᠨ ᠰᠢᠲᠠᠮᠠᠬᠠᠶ ᠬᠡᠢ ᠶᠢᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠵᠦ ᠰᠢᠩᠭᠡᠨ ᠲᠦᠯᠦᠪᠲᠦ ᠠᠭᠤᠷ | ᠡᠭᠦᠰᠳᠡᠭ᠃ ᠡᠨᠡᠬᠦ ᠡᠭᠦᠰᠦᠭᠰᠡᠨ ᠭᠢᠯᠪᠠᠭᠠᠨ ᠠᠭᠤᠷ ᠢ ᠳᠥᠭᠦᠮᠴᠢᠯᠡᠭᠡᠳ BOG ᠭᠡᠳᠡᠭ᠃ ᠳᠣᠣᠷ᠎ᠠ ᠳᠤᠯᠠᠭᠠᠨ ᠳᠤ ᠴᠠᠷᠴᠠᠭᠠᠨ ᠰᠠᠯᠭᠠᠬᠤ ᠠᠷᠭ᠎ᠠ ᠶᠢ ᠠᠰᠢᠭᠯᠠᠨ | ᠂ BOG ︵ᠪᠠᠶᠢᠭᠠᠯᠢ ᠶᠢᠨ ᠰᠢᠲᠠᠮᠠᠬᠠᠶ ᠬᠡᠢ ᠶᠢ ᠰᠢᠩᠭᠡᠵᠢᠭᠦᠯᠬᠦ ᠶᠠᠪᠤᠴᠠ ᠳᠤ ᠡᠭᠦᠰᠦᠭᠰᠡᠨ ᠴᠠᠷᠴᠠᠮᠠᠯ ᠬᠡᠢ ᠪᠣᠯᠤᠨ ᠰᠢᠩᠭᠡᠵᠢᠮᠡᠯ ᠪᠠᠶᠢᠭᠠᠯᠢ ᠶᠢᠨ ᠰᠢᠲᠠᠮᠠᠬᠠᠶ ᠬᠡᠢ ᠶᠢ | ᠬᠠᠳᠠᠭᠠᠯᠠᠬᠤ ᠰᠠᠪᠠ ᠠᠴᠠ ᠠᠭᠤᠷᠰᠢᠭᠰᠠᠨ ᠬᠡᠢ ᠪᠡᠶᠡᠲᠦ︶ ᠠᠴᠠ ᠴᠡᠪᠡᠷᠴᠡ ᠨᠢ ᠥᠨᠳᠥᠷ ᠾᠧᠯᠢ ᠶᠢ ᠪᠣᠯᠪᠠᠰᠤᠷᠠᠭᠤᠯᠵᠤ ᠪᠣᠯᠳᠠᠭ᠃ | EOD᠄ ᠠᠮᠢ ᠠᠬᠤᠶ ᠶᠢᠨ ᠣᠷᠴᠢᠨ ᠲᠣᠭᠤᠷᠢᠨ ᠢᠶᠠᠷ ᠤᠳᠤᠷᠢᠳᠤᠮᠵᠢ ᠪᠣᠯᠭᠠᠭᠰᠠᠨ ᠨᠡᠭᠡᠭᠡᠨ ᠬᠥᠭᠵᠢᠭᠦᠯᠬᠦ ᠵᠠᠭᠪᠤᠷ ᠤᠨ ᠲᠤᠷᠰᠢᠯᠲᠠ ᠶᠢᠨ ᠴᠢᠭ ᠤᠨ | ᠲᠥᠷᠥᠯ ᠵᠦᠶᠯ᠃ | ᠰᠢᠨ᠎ᠡ ᠪᠠᠷ ᠥᠷᠨᠢᠭᠰᠡᠨ ᠠᠵᠤ ᠦᠢᠯᠡᠰ᠄ ᠰᠢᠨ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠪᠠ ᠰᠢᠨ᠎ᠡ ᠪᠠᠷ ᠥᠷᠨᠢᠭᠰᠡᠨ ᠮᠡᠷᠭᠡᠵᠢᠯ ᠤᠨ | ᠡᠭᠦᠳᠦᠯᠲᠡ᠂ ᠬᠡᠷᠡᠭᠯᠡᠯᠲᠡ ᠶᠢ ᠳᠠᠭᠠᠯᠳᠤᠨ ᠢᠯᠡᠷᠡᠭᠰᠡᠨ ᠰᠢᠨ᠎ᠡ ᠰᠠᠯᠠᠭ᠎ᠠ ᠮᠥᠴᠢᠷ ᠪᠠ ᠠᠵᠢᠯ ᠲᠥᠷᠥᠯ᠃ | ᠭᠤᠷᠪᠠᠨ ᠡᠷᠬᠡ ᠶᠢ ᠰᠠᠯᠭᠠᠬᠤ᠄ ᠬᠥᠳᠡᠭᠡ ᠲᠣᠰᠬᠤᠨ ᠮᠠᠯᠵᠢᠬᠤ ᠣᠷᠣᠨ ᠤ ᠭᠠᠵᠠᠷ ᠰᠢᠷᠣᠢ ᠶᠢᠨ ᠦᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ | ᠡᠵᠡᠩᠨᠡᠯᠲᠡ ᠶᠢᠨ ᠡᠷᠬᠡ ᠶᠢ ᠰᠠᠯᠭᠠᠬᠤ ᠶᠢ ᠵᠢᠭᠠᠵᠤ ᠪᠣᠢ᠃ | ᠨᠡᠭᠦᠷᠡᠰᠦᠨ ᠳᠠᠪᠬᠤᠷᠭ᠎ᠠ ᠶᠢᠨ ᠤᠰᠤ᠄ ᠨᠡᠭᠦᠷᠡᠰᠦ ᠮᠠᠯᠲᠠᠬᠤ ᠶᠠᠪᠤᠴᠠ ᠳᠤ ᠨᠡᠭᠦᠷᠡᠰᠦᠨ ᠳᠠᠪᠬᠤᠷᠭ᠎ᠠ ᠠᠴᠠ ᠪᠤᠷᠭᠢᠯᠤᠨ ᠭᠠᠷᠤᠭᠰᠠᠨ ᠪᠣᠬᠢᠷ ᠤᠰᠤ ᠪᠣᠯᠤᠨ᠎ᠠ᠃ | | ᠬᠤᠶᠠᠷ ᠪᠦᠲᠦᠭᠡᠭᠳᠡᠬᠦᠨ ᠨᠢᠭᠡ ᠲᠡᠮᠳᠡᠭ ᠨᠢᠭᠡ ᠰᠢᠨ᠎ᠡ ᠄ ︽ᠬᠤᠶᠠᠷ ᠪᠦᠲᠦᠭᠡᠭᠳᠡᠬᠦᠨ︾ ᠭᠡᠳᠡᠭ ᠨᠢ ᠪᠣᠬᠢᠷᠲᠤᠯ ᠦᠭᠡᠢ ᠪᠦᠲᠦᠭᠡᠭᠳᠡᠬᠦᠨ ᠪᠠ ᠣᠷᠭᠠᠨᠢᠭ | ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠣᠢ᠃ ︽ᠨᠢᠭᠡ ᠲᠡᠮᠲᠡᠭ︾ ᠭᠡᠳᠡᠭ ᠨᠢ ᠭᠠᠵᠠᠷ ᠣᠷᠣᠨ ᠤ ᠲᠡᠮᠲᠡᠭᠲᠦ ᠮᠠᠯ ᠲᠠᠷᠢᠶᠠᠯᠠᠩ ᠤᠨ ᠪᠦᠲᠦᠭᠡᠭᠳᠡᠬᠦᠨ ᠢ | ᠵᠢᠭᠠᠵᠤ᠂ ︽ᠨᠢᠭᠡ ᠰᠢᠨ᠎ᠡ︾ ᠭᠡᠳᠡᠭ ᠨᠢ ᠰᠢᠨ᠎ᠡ ᠪᠠᠷ ᠭᠠᠷᠴᠤ ᠢᠷᠡᠭᠰᠡᠨ ᠰᠢᠯᠢᠳᠡᠭ ᠰᠠᠶᠢᠨ ᠮᠠᠯ ᠲᠠᠷᠢᠶᠠᠯᠠᠩ ᠤᠨ ᠣᠨᠴᠠ ᠭᠠᠷᠣᠯᠲᠠ ᠶᠢ ᠵᠢᠭᠠᠵᠤ ᠪᠠᠶᠢᠨ᠎ᠠ᠃ | ᠲᠢᠶᠠᠨ ᠮᠥ ᠱᠥᠸᠧ ᠹᠠᠩ᠄ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠯᠠᠨ ᠨᠡᠶᠢᠲᠡ ᠶᠢᠨ ᠨᠠᠷᠠᠲᠤ ᠲᠡᠮᠳᠡᠭ | ᠃ | ᠺᠠᠩ ᠯᠢ ︵ᠬᠠᠩᠯᠢᠳ︶᠄ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠡᠶ᠎ᠡ ᠪᠠᠨ ᠳᠠᠭᠠᠭᠠᠭᠰᠠᠨ ᠨᠡᠷᠡᠲᠦ | ᠲᠡᠮᠳᠡᠭ᠃ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ᠄ ᠪᠢᠳᠡ ᠡᠬᠡ ᠣᠷᠣᠨ ᠤ ᠪᠠᠨ ᠨᠣᠮᠢᠨ | ᠲᠠᠩᠰᠤᠭ ᠠᠭᠤᠯᠠ ᠤᠰᠤ ᠪᠠᠨ ᠬᠠᠶᠢᠷᠠᠯᠠᠨ ᠬᠠᠮᠠᠭᠠᠯᠠᠬᠤ ᠮᠥᠷᠲᠡᠭᠡᠨ ᠥᠨᠢᠷ ᠪᠠᠶᠠᠯᠢᠭ ᠡᠳ᠋ ᠬᠥᠷᠥᠩᠭᠡ ᠪᠠᠨ ᠴᠦ ᠡᠷᠬᠢᠮᠯᠠᠨ ᠬᠠᠮᠠᠭᠠᠯᠠᠬᠤ ᠬᠡᠷᠡᠭᠲᠡᠢ᠃ | ︽ᠪᠠᠶᠢᠭᠠᠯᠢ ᠶᠢᠨ ᠰᠢᠳᠠᠮᠠᠬᠠᠢ ᠬᠡᠢ ᠶᠢ ᠲᠦᠬᠡᠮᠡᠯᠵᠢᠬᠦᠯᠦᠭᠰᠡᠨ ᠬᠠᠩᠬᠢᠨ︾᠄ ᠪᠠᠶᠢᠭᠠᠯᠢ ᠶᠢᠨ ᠰᠢᠳᠠᠮᠠᠬᠠᠢ ᠬᠡᠢ ᠶᠢᠨ ᠬᠡᠷᠡᠭᠯᠡᠯᠳᠠ ᠶᠢ ᠮᠠᠨ ᠤ ᠬᠤᠰᠢᠭᠤᠨ ᠤ | ᠬᠦᠳᠡᠭᠡ ᠳᠣᠰᠬᠤᠨ ᠳᠤ ᠦᠷᠭᠡᠳᠬᠡᠨ ᠲᠥᠭᠡᠮᠡᠯᠵᠢᠭᠦᠯᠵᠦ᠂ ᠪᠦᠬᠦ ᠬᠤᠰᠢᠭᠤᠨ ᠤ ᠡᠯ᠎ᠡ ᠰᠣᠮᠣ ᠪᠠᠯᠭᠠᠰᠣ ᠶᠢᠨ ᠰᠠᠭᠤᠭᠠᠯᠢ ᠠᠷᠠᠳ ᠤᠨ ᠲᠣᠭᠤᠷᠢᠭ᠂ ᠭᠠᠴᠠᠭ᠎ᠠ | ᠳᠣᠰᠬᠤᠨ ᠤ ᠠᠶᠢᠯ ᠡᠷᠦᠬᠡ ᠳᠤ ᠪᠠᠶᠢᠭᠠᠯᠢ ᠶᠢᠨ ᠰᠢᠲᠠᠮᠠᠬᠠᠢ ᠬᠢ ᠬᠦᠷᠭᠡᠬᠦ ᠢᠨᠵᠧᠨᠧᠷᠢᠩ ᠢ ᠵᠢᠭᠠᠵᠤ ᠪᠣᠢ᠃ | ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ | ᠠᠷᠠᠴᠢᠯᠠᠨ᠂ ᠰᠠᠶᠢᠲᠤᠷ ᠠᠰᠢᠭᠯᠠᠬᠤ ᠶᠢ ᠵᠢᠭᠠᠵᠤ ᠪᠣᠢ ᠃ | ︽ᠡᠷᠭᠡ ᠶᠢ ᠲᠤᠷᠤᠭᠰᠢ ᠪᠠᠭᠤᠯᠭᠠᠵᠤ᠂ ᠬᠠᠮᠢᠶᠠᠷᠣᠯᠲᠠ ᠪᠠᠨ ᠰᠢᠨᠡᠳᠭᠡᠨ᠂ ᠦᠢᠯᠡᠴᠢᠯᠡᠭᠡ ᠪᠠᠨ ᠰᠢᠯᠢᠳᠡᠭᠵᠢᠭᠦᠯᠬᠦ︾᠄ ︽ᠡᠷᠭᠡ ᠶᠢ ᠲᠤᠷᠤᠭᠰᠢ | ᠪᠠᠭᠤᠯᠭᠠᠬᠤ︾ ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠡᠯ᠎ᠡ ᠠᠵᠢᠯ ᠲᠥᠷᠥᠯ ᠳᠠᠬᠢ ᠵᠠᠰᠠᠭ ᠵᠠᠬᠢᠷᠭᠠᠨ ᠤ ᠵᠥᠪᠰᠢᠶᠡᠷᠡᠵᠦ | ᠭᠦᠢᠴᠡᠳᠭᠡᠬᠦ ᠪᠠᠷᠢᠮᠵᠢᠶ᠎ᠠ ᠶᠢ ᠴᠣᠮᠬᠠᠳᠬᠠᠬᠤ ᠶᠢ ᠵᠢᠭᠠᠵᠤ ᠪᠣᠢ︔ ︽ᠬᠠᠮᠢᠶᠠᠷᠣᠯᠲᠠ ᠪᠠᠨ ᠰᠢᠨᠡᠳᠭᠡᠬᠦ︾ ᠭᠡᠳᠡᠭ ᠨᠢ ᠳᠠᠷᠤᠢ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠡᠷᠬᠡ ᠳᠡᠭᠰᠢ ᠥᠷᠢᠰᠥᠯᠳᠦᠭᠡᠨ ᠢ ᠠᠬᠢᠭᠤᠯᠬᠤ ᠶᠠᠪᠤᠳᠠᠯ ᠪᠣᠯᠤᠨ᠎ᠠ︔ ︽ᠦᠢᠯᠡᠴᠢᠯᠡᠭᠡ ᠪᠠᠨ ᠰᠢᠯᠢᠳᠡᠭᠵᠢᠭᠦᠯᠬᠦ︾ ᠭᠡᠳᠡᠭ ᠨᠢ | ᠳᠠᠷᠤᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ ᠨᠥᠬᠦᠴᠡᠯ ᠢ ᠪᠦᠷᠢᠯᠳᠦᠭᠦᠯᠬᠦ ᠶᠢ ᠵᠢᠭᠠᠵᠤ ᠪᠣᠢ᠃ | ᠪᠥᠬᠦ ᠶᠠᠪᠤᠴᠠ ᠶᠢ ᠰᠦᠯᠵᠢᠶ᠎ᠡ ᠪᠠᠷ ᠭᠦᠶᠴᠡᠳᠬᠡᠬᠦ᠄ ᠠᠵᠤ ᠠᠬᠤᠶᠢᠯᠠᠯ᠂ ᠣᠯᠠᠨ ᠲᠦᠮᠡᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠬᠠᠮᠢᠶ᠎ᠠ ᠲᠠᠢ | ᠠᠵᠢᠯ ᠶᠠᠪᠤᠳᠠᠯ ᠢ ᠭᠦᠶᠴᠡᠳᠬᠡᠬᠦ ᠳᠡᠭᠡᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠬᠦᠷᠴᠦ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠥᠬᠡᠶ᠂ | ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠵᠢᠭᠠᠵᠤ ᠪᠣᠢ᠃ | ︽ᠬᠤᠯᠪᠣᠭᠠᠲᠤ ᠨᠠᠮ ᠤᠨ ᠬᠤᠷᠢᠶ᠎ᠠ ᠪᠠᠶᠢᠭᠤᠯᠵᠤ᠂ ᠬᠠᠮᠢᠶᠠᠷᠤᠯᠲᠠ ᠶᠢ ᠰᠢᠯᠤᠭᠤᠳᠬᠠᠨ᠂ ᠭᠤᠷᠪᠠᠨ ᠱᠦᠵᠢ ᠶᠢᠨ ᠬᠠᠷᠢᠭᠤᠴᠠᠯᠭ᠎ᠠ ᠶᠢ ᠴᠢᠩᠳᠠᠯᠠᠬᠤ︾᠄ | ︽ᠬᠤᠯᠪᠣᠭᠠᠲᠤ ᠨᠠᠮ ᠤᠨ ᠬᠤᠷᠢᠶ᠎ᠠ ᠪᠠᠶᠢᠭᠤᠯᠬᠤ︾ ᠭᠡᠳᠡᠭ ᠨᠢ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ᠤᠨ ᠬᠤᠷᠢᠶ᠎ᠠ ᠶᠢ ᠪᠠᠶᠢᠭᠤᠯᠬᠤ ᠶᠠᠪᠤᠳᠠᠯ ᠪᠣᠯᠤᠨ᠎ᠠ︔ | ︽ᠬᠠᠮᠢᠶᠠᠷᠤᠯᠲᠠ ᠶᠢ ᠰᠢᠯᠤᠭᠤᠳᠬᠠᠬᠤ︾ ᠨᠡᠶᠢᠬᠡᠮ ᠲᠤᠭᠤᠷᠢᠭ᠂ ᠭᠠᠴᠠᠭ᠎ᠠ ᠳᠣᠰᠬᠤᠨ᠂ ᠪᠠᠶᠢᠭᠤᠯᠭ᠎ᠠ ᠨᠢᠭᠡᠴᠡ ᠶᠢᠨ ᠬᠤᠭᠤᠷᠤᠨᠳᠤᠬᠢ ᠬᠠᠮᠢᠶᠠᠷᠤᠯᠲᠠ ᠶᠢᠨ | ᠵᠠᠭᠪᠤᠷ ᠢ ᠰᠢᠯᠤᠭᠤᠳᠬᠠᠨ ᠰᠢᠯᠢᠳᠡᠭᠵᠢᠭᠦᠯᠬᠦ ᠶᠢ ᠵᠢᠭᠠᠵᠤ ᠪᠣᠢ︔ ︽ᠭᠤᠷᠪᠠᠨ ᠱᠦᠵᠢ︾ ᠪᠣᠯ ︽ᠬᠤᠯᠪᠣᠭᠠᠲᠤ ᠨᠠᠮ ᠤᠨ ᠬᠤᠷᠢᠶᠠᠨ ᠤ ᠱᠦᠵᠢ︾ ︽ᠵᠢᠰᠢᠶ᠎ᠠ | ᠠᠪᠣᠭᠰᠠᠨ ᠱᠦᠵᠢ︾ ︽ᠨᠢᠭᠡᠳᠦᠭᠡᠷ ᠱᠦᠵᠢ︾ ᠶᠢᠨ ᠠᠵᠢᠯ ᠤᠨ ᠬᠠᠷᠢᠭᠤᠴᠠᠯᠭ᠎ᠠ ᠶᠢ ᠴᠢᠩᠳᠠᠯᠠᠬᠤ ᠶᠢ ᠵᠢᠭᠠᠵᠤ ᠪᠣᠢ᠃ | ᠳᠥᠷᠪᠡᠨ ᠰᠤᠷᠲᠠᠯ᠄ ᠬᠡᠯᠪᠡᠷᠢ ᠶᠢᠨ ᠦᠵᠡᠯ᠂ ᠨᠣᠶᠠᠨᠴᠢ ᠦᠵᠡᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠦᠵᠡᠯ᠃ | ᠲᠦᠷᠪᠡᠨ ᠵᠦᠢᠯ ᠤᠨ ᠬᠡᠯᠪᠡᠷᠢ ᠪᠠᠶᠢᠳᠠᠯ᠄ ᠨᠠᠮ ᠤᠨ ᠳᠣᠲᠣᠭᠠᠳᠤ ᠳᠠᠬᠢ ᠬᠠᠷᠢᠴᠠᠭ᠎ᠠ ᠶᠢ ᠬᠡᠪᠰᠢᠭᠦᠯᠦᠨ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ | ᠦᠷᠭᠦᠯᠵᠢ ᠥᠷᠨᠢᠭᠦᠯᠵᠦ᠂ ᠬᠠᠷᠢᠯᠴᠠᠨ ᠳᠣᠲᠠᠮᠠᠭ ᠲᠠᠯ᠎ᠠ ᠪᠠᠨ ᠡᠷᠢᠬᠦ ᠠᠵᠢᠯᠯᠠᠭ᠎ᠠ ᠶᠢ ᠬᠡᠪ ᠤᠨ ᠪᠠᠶᠢᠳᠠᠯ ᠲᠠᠢ ᠪᠣᠯᠭᠠᠬᠤ︔ ᠨᠠᠮ ᠤᠨ ᠰᠠᠬᠢᠯᠭ᠎ᠠ ᠪᠠᠲᠤ ᠪᠠᠷ ᠬᠦᠡᠭᠭᠡᠨ | ᠰᠢᠳᠬᠡᠯ ᠥᠭᠬᠦ ᠪᠠ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠳᠭᠡᠯ ᠥᠭᠬᠦ ᠶᠢ ᠣᠯᠠᠩᠬᠢ ᠲᠤᠭ᠎ᠠ ᠪᠣᠯᠭᠠᠬᠤ︔ ᠰᠠᠬᠢᠯᠭ᠎ᠠ ᠪᠠᠲᠤ ᠶᠢ ᠬᠦᠨᠳᠦ ᠨᠣᠴᠢᠲᠠᠶ | ᠵᠥᠷᠢᠴᠡᠭᠰᠡᠨ ᠬᠦᠨᠳᠦ ᠰᠶᠳᠬᠡᠯ ᠣᠯᠭᠤᠬᠤ ᠪᠣᠯᠣᠨ ᠴᠢᠬᠤᠯᠠ ᠶᠡᠭᠡ ᠲᠤᠰᠢᠶᠠᠯ ᠤᠨ ᠲᠣᠬᠢᠷᠠᠭᠤᠯᠤᠯᠲᠠ ᠬᠢᠬᠦ ᠠᠵᠢᠯᠯᠠᠭ᠎ᠠ ᠶᠢ ᠴᠥᠭᠡᠨ ᠲᠤᠭ᠎ᠠ ᠪᠣᠯᠭᠠᠬᠤ︔ | ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠶ ᠬᠡᠷᠡᠭ ᠪᠣᠯᠭᠠᠨ ᠬᠢᠨᠠᠨ ᠪᠠᠶᠢᠴᠠᠭᠠᠯᠭᠠᠭᠰᠠᠨ ᠶᠠᠪᠣᠳᠠᠯ ᠢ | ᠲᠦᠢᠯ ᠤᠨ ᠴᠥᠭᠡᠨ ᠪᠣᠯᠭᠠᠬᠤ᠃ | ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ᠄ ᠮᠠᠨ ᠤ ᠤᠯᠤᠰ ᠤᠨ ᠤᠮᠠᠷᠠᠲᠤ ᠣᠷᠣᠨ ᠤ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠣᠭᠲᠠᠭᠤᠨ ᠢ ᠪᠠᠲᠤᠯᠠᠬᠤ ᠬᠠᠯᠬᠠᠪᠴᠢ︔ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠰᠠᠭᠤᠷᠢᠨ ᠭᠠᠵᠠᠷ | ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ︔ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠲᠣᠣᠱᠲᠠᠢ ᠪᠦᠲᠦᠭᠡᠨ ᠪᠠᠶᠢᠭᠤᠯᠬᠤ ᠪᠠᠶᠢᠯᠳᠣᠬᠤ ᠪᠣᠳᠣᠯᠭ᠎ᠠ ᠶᠢ ᠵᠢᠭᠠᠵᠤ ᠪᠤᠢ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠤᠷᠬᠢᠯ ᠬᠡᠮᠵᠢᠭᠳᠡᠯ᠄ ᠶᠠᠮᠠᠷ ᠨᠢᠭᠡᠨ ᠭᠠᠵᠠᠷ ᠣᠷᠣᠨ ᠪᠤᠶᠤ ᠠᠵᠢᠯ ᠲᠦᠷᠦᠯ ᠤᠨ | ᠵᠢᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠲᠡᠦᠬᠡ ᠶᠢᠨ ᠬᠠᠮᠤᠭ ᠤᠨ ᠥᠨᠳᠥᠷ ᠬᠡᠮᠵᠢᠭᠳᠡᠯ ᠳᠤ ᠬᠦᠷᠦᠭᠰᠡᠨ ᠲᠠᠷᠠᠭ᠎ᠠ | ᠨᠢᠭᠡᠨ ᠬᠤᠭᠤᠴᠠᠭ᠎ᠠ ᠶᠢ ᠥᠩᠭᠡᠷᠡᠭᠡᠭᠡᠳ ᠦᠷᠭᠦᠯᠵᠢᠯᠡᠨ ᠳᠣᠷᠣᠭᠰᠢᠯᠠᠬᠤ ᠶᠠᠪᠤᠴᠠ ᠳᠤ ᠣᠷᠣᠬᠤ ᠶᠢ ᠵᠢᠭᠠᠵᠤ ᠪᠠᠶᠢᠨ᠎ᠠ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠨᠡᠮᠡᠭᠳᠡᠵᠦ ᠪᠠᠶᠢᠭᠰᠠᠨ ᠠᠴᠠ ᠪᠠᠨ ᠪᠠᠭᠤᠷᠠᠳᠠᠭ ᠲᠡᠦᠬᠡ ᠶᠢᠨ ᠡᠷᠭᠢᠯᠲᠡ ᠶᠢᠨ ᠴᠡᠭ ᠪᠣᠯᠤᠨ᠎ᠠ᠃ ᠡᠨᠡ ᠨᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠨᠢ ᠠᠵᠤ ᠠᠬᠤᠢ ᠶᠢᠨ ᠬᠥᠭᠵᠢᠯᠲᠡ ᠠᠴᠠ ᠰᠠᠯᠤᠩᠭᠢᠷᠠᠭᠰᠠᠨ ᠢ ᠬᠠᠷᠠᠭᠤᠯᠵᠤ ᠪᠠᠶᠢᠨ᠎ᠠ᠃ | ᠡᠨᠡᠬᠦ ᠬᠠᠷᠠᠯᠲᠠ ᠨᠢ ᠤᠷᠬᠢᠯ ᠤᠨ ᠦᠶ᠎ᠡ ᠳᠤ ᠬᠦᠷᠬᠦ ᠵᠢᠯ ᠪᠠ ᠤᠷᠬᠢᠯ ᠬᠡᠮᠵᠢᠭᠳᠡᠯ ᠢ ᠪᠠᠭᠲᠠᠭᠠᠵᠤ ᠪᠠᠶᠢᠳᠠᠭ᠃ ᠳᠠᠷᠤᠢ ᠶᠠᠮᠠᠷ ᠨᠢᠭᠡᠨ ᠴᠠᠭ ᠦᠶ᠎ᠡ ᠳᠤ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠨᠢ ᠳᠠᠬᠢᠨ ᠨᠡᠮᠡᠭᠳᠡᠬᠦ ᠦᠭᠡᠢ ᠪᠠᠷ ᠬᠠᠮᠤᠭ ᠦᠨᠳᠦᠷ ᠬᠡᠮᠵᠢᠶᠡᠨ ᠳᠡᠭᠡᠨ ᠬᠦᠷᠴᠦ᠂ ᠠᠯᠬᠤᠮ | ᠠᠯᠬᠤᠮ ᠢᠶᠠᠷ ᠪᠠᠭᠤᠷᠠᠬᠤ ᠶᠢ ᠵᠢᠭᠠᠵᠤ ᠪᠠᠶᠢᠨ᠎ᠠ᠃ | ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ᠄ ᠠᠵᠤ ᠠᠬᠤᠶᠢᠯᠠᠯ᠂ ᠪᠦᠯᠬᠦᠮ ᠪᠤᠶᠤ ᠬᠤᠪᠢ ᠬᠥᠮᠦᠨ ᠵᠣᠬᠢᠬᠤ ᠴᠠᠭ ᠤᠨ ᠳᠣᠲᠣᠷ᠎ᠠ ᠰᠢᠭᠤᠳ ᠪᠤᠶᠤ ᠳᠠᠮ ᠢᠶᠠᠷ | ᠭᠠᠳᠠᠭᠰᠢᠯᠠᠭᠤᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠶᠡᠷᠦᠩᠬᠡᠶ ᠬᠡᠮᠵᠢᠶ᠎ᠡ ᠶᠢ ᠲᠥᠰᠦᠭᠡᠯᠡᠨ ᠪᠣᠳᠣᠭᠰᠠᠨ ᠤ ᠳᠠᠷᠠᠭ᠎ᠠ᠂ ᠡᠪᠡᠰᠦ ᠤᠷᠭᠤᠮᠠᠯ | ᠲᠠᠷᠢᠬᠤ᠂ ᠣᠢ ᠮᠣᠳᠣ ᠣᠶᠢᠵᠢᠭᠤᠯᠬᠤ᠂ ᠡᠨᠧᠷᠭᠢ ᠠᠷᠪᠢᠯᠠᠬᠤ ᠵᠡᠷᠭᠡ ᠠᠷᠭ᠎ᠠ ᠬᠡᠮᠵᠢᠶ᠎ᠡ ᠠᠪᠴᠤ ᠲᠤᠰ ᠪᠡᠶ᠎ᠡ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠬᠤ ᠪᠠ ᠰᠢᠢᠳᠪᠦᠷᠢᠯᠡᠬᠦ ᠬᠡᠮᠵᠢᠶ᠎ᠡ ᠶᠢ ᠲᠡᠩᠴᠡᠭᠦᠷᠢᠰᠢᠭᠦᠯᠬᠦ ᠶᠢ ᠬᠡᠯᠡᠵᠤ ᠪᠤᠢ᠃ | ᠲᠠᠪᠤᠨ ᠲᠣᠭᠤᠷᠢᠭ ᠬᠤᠶᠠᠷ ᠬᠤᠲᠠ᠄ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢ ᠬᠠᠶᠢᠨ ᠰᠥᠪᠡᠭᠴᠢᠯᠡᠭᠰᠡᠨ ᠬᠤᠰᠢᠭᠤᠴᠢ ᠣᠷᠣᠨ ᠢ ᠪᠠᠶᠢᠭᠤᠯᠬᠤ︔ ᠬᠠᠲᠤᠨ ᠭᠤᠤᠯ ᠤᠨ ᠰᠠᠪᠠ ᠭᠠᠵᠠᠷ ᠤᠨ | ᠠᠮᠢ ᠠᠬᠤᠶ ᠶᠢ ᠬᠠᠮᠠᠭᠠᠯᠠᠭᠰᠠᠨ ᠪᠠ ᠴᠢᠨᠠᠷ ᠰᠠᠶᠢᠲᠠᠶ ᠬᠥᠭᠵᠢᠭᠰᠡᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ︔ ᠪᠦᠬᠦ ᠣᠷᠣᠨ ᠪᠦᠰᠡ ᠶᠢᠨ ᠪᠣᠯᠪᠠᠰᠤᠨ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠣᠷᠣᠨ ᠢ ᠪᠠᠶᠢᠭᠤᠯᠬᠤ︔ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠰᠡᠨ ᠴᠢᠨᠠᠷᠯᠢᠭ | ᠣᠷᠣᠨ ᠢ ᠪᠠᠶᠢᠭᠤᠯᠬᠤ︔ ᠬᠤᠲᠠ ᠶᠢᠨ ᠬᠡᠪᠴᠢᠶᠡᠨ ᠳᠠᠬᠢ ᠣᠳᠣ ᠦᠶ᠎ᠡ ᠶᠢᠨ ᠵᠠᠰᠠᠨ ᠴᠡᠭᠴᠡᠯᠡᠯᠲᠡ ᠪᠠᠷ ᠬᠡᠪ ᠳᠠᠭᠤᠷᠢᠶᠠᠯ ᠪᠣᠯᠭᠠᠭᠰᠠᠨ ᠲᠣᠭᠤᠷᠢᠭ ᠢ ᠪᠠᠶᠢᠭᠤᠯᠬᠤ︔ | ᠡᠬᠢ ᠪᠠᠶᠠᠯᠢᠭ ᠢᠶᠠᠷ ᠲᠤᠯᠭᠠᠭᠤᠷᠢ ᠪᠣᠯᠭᠠᠭᠰᠠᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠦᠭᠰᠡᠨ ᠵᠢᠱᠢᠶ᠎ᠡ ᠦᠵᠡᠭᠦᠯᠬᠦ ᠬᠤᠲᠠ ᠶᠢ | ᠪᠠᠶᠢᠭᠤᠯᠬᠤ︔ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠤᠯᠤᠰ ᠤᠨ ᠲᠡᠰ ᠤᠨ ᠰᠢᠯᠢᠳᠡᠭ ᠬᠤᠲᠠ ᠶᠢ ᠪᠠᠶᠢᠭᠤᠯᠬᠤ᠃ | ᠭᠤᠷᠪᠠᠨ ᠱᠤᠭᠤᠮ ᠨᠢᠭᠡ ᠳᠠᠩᠰᠠ᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ | ᠱᠤᠭᠤᠮ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠬᠡᠮᠵᠢᠶᠡᠨ ᠤ ᠬᠠᠮᠤᠭ ᠳᠡᠭᠡᠳᠦ ᠱᠤᠭᠤᠮ ᠪᠠ ᠠᠮᠢ ᠠᠬᠤᠶ ᠶᠢ ᠠᠰᠢᠭᠯᠠᠬᠤ ᠬᠦᠷᠢᠶ᠎ᠡ ᠬᠡᠪᠴᠢᠶᠡᠨ ᠤ | ᠵᠥᠪᠰᠢᠶᠡᠷᠡᠯ ᠤᠨ ᠲᠣᠳᠣᠷᠬᠠᠶ ᠳᠠᠩᠰᠠ᠃ | ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾᠄ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠣᠯᠤᠨ ᠳᠠᠭᠠᠭᠠᠴᠠ ᠶᠢ ᠡᠵᠡᠮᠳᠡᠬᠦ ᠶᠠᠪᠤᠳᠠᠯ ᠪᠣᠯᠣᠨ᠎ᠠ᠃ | | ᠴᠠᠬᠢᠯᠭᠠᠨ ᠬᠦᠴᠦᠨ ᠤ ᠰᠤᠷᠪᠤᠯᠵᠢ᠂ ᠲᠣᠣᠷ᠂ ᠳᠠᠭᠠᠭᠠᠴᠠ᠂ ᠨᠥᠭᠡᠴᠡᠯᠡᠬᠦ ᠴᠢᠳᠠᠮᠵᠢ ᠶᠢ ᠨᠢᠭᠡ ᠴᠣᠭᠴᠠᠵᠢᠭᠤᠯᠬᠤ᠄ ᠲᠤᠰ ᠭᠠᠵᠠᠷ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠲᠡᠷᠢᠭᠦᠨ ᠤ ᠮᠡᠷᠭᠡᠵᠢᠯ ᠤᠨ ᠰᠢᠪᠲᠤᠯᠤᠯᠲᠠ ᠪᠣᠯᠤᠨ ᠪᠠᠶᠢᠭᠤᠯᠤᠯ ᠤᠨ ᠠᠵᠢᠯᠯᠠᠭᠠᠨ ᠤ ᠰᠢᠨᠡᠴᠢᠯᠡᠯᠲᠡ | ᠪᠠᠷ ᠲᠤᠯᠭᠠᠭᠤᠷᠢ ᠪᠣᠯᠭᠠᠵᠤ᠂ ᠴᠠᠬᠢᠯᠭᠠᠨ ᠬᠦᠴᠦᠨ ᠤ ᠰᠤᠷᠪᠤᠯᠵᠢ ᠲᠣᠣᠷ ᠳᠠᠭᠠᠭᠠᠴᠠ ᠨᠥᠭᠡᠴᠡᠯᠡᠬᠦ ᠴᠢᠳᠠᠮᠵᠢ ᠶᠢ ᠳᠡᠭᠡᠳᠦ ᠬᠡᠮᠵᠢᠶ᠎ᠡ ᠪᠠᠷ ᠠᠭᠤᠰᠤᠯᠴᠠᠭᠤᠯᠤᠭᠰᠠᠨ | ᠴᠠᠬᠢᠯᠭᠠᠨ ᠬᠦᠴᠦᠨ ᠤ ᠰᠢᠰᠲ᠋ᠧᠮ ᠤᠨ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠥᠪᠡᠭᠴᠢᠯᠡᠬᠦ ᠶᠢᠨ ᠬᠠᠮᠲᠤ ᠳᠠᠭᠠᠭᠠᠴᠠ ᠶᠢᠨ ᠲᠠᠯ᠎ᠠ ᠶᠢᠨ ᠲᠣᠬᠢᠷᠠᠭᠤᠯᠬᠤ | ᠴᠢᠳᠠᠪᠤᠷᠢ ᠶᠢ ᠪᠠᠳᠠᠷᠠᠭᠤᠯᠬᠤ᠂ ᠲᠤᠬᠠᠶ ᠶᠢᠨ ᠭᠠᠵᠠᠷ ᠣᠶᠢᠷ᠎ᠠ ᠬᠠᠪᠢ ᠳᠤ ᠨᠢ ᠠᠮᠢᠳᠤᠯᠢᠭ ᠪᠥᠭᠡᠳ ᠡᠷᠴᠢᠮᠲᠡᠢ ᠬᠥᠭᠵᠢᠭᠦᠯᠬᠦ ᠵᠢᠴᠢ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠬᠥᠲᠥᠯᠥᠨ ᠵᠢᠯᠣᠭᠤᠳᠤᠨ᠎ᠠ᠃ | ᠬᠠᠮ ᠦᠢᠯᠡᠴᠢᠯᠡᠭᠡ ᠶᠢ ᠬᠡᠷᠡᠭᠵᠢᠭᠦᠯᠦᠨ ᠳ᠋ᠠᠶᠢᠲ᠋ᠠ ᠶᠢ ᠠᠰᠢᠭᠯᠠᠵᠤ ᠣᠶᠤᠨᠴᠢᠯᠠᠯᠲᠠ ᠶᠢ ᠪᠡᠶᠡᠯᠡᠭᠦᠯᠬᠦ᠄ ︽ᠬᠠᠮ ᠦᠢᠯᠡᠴᠢᠯᠡᠭᠡ ᠶᠢ ᠬᠡᠷᠡᠭᠵᠢᠭᠦᠯᠬᠦ︾ | ᠭᠡᠳᠡᠭ ᠨᠢ ᠲᠦᠭᠡᠮᠡᠯ ᠬᠠᠷᠠᠭᠠᠯᠵᠠᠯᠲᠤ ᠬᠠᠮ ᠦᠶᠯᠡᠴᠢᠯᠡᠭᠡ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠬᠡᠷᠡᠭᠵᠢᠭᠦᠯᠬᠦ ᠶᠢ ᠵᠢᠭᠠᠵᠤ ᠪᠠᠶᠢᠨ᠎ᠠ︔ ︽ | ᠳ᠋ᠠᠶᠢᠲ᠋ᠠ ᠶᠢ ᠠᠰᠢᠭᠯᠠᠬᠤ︾ ᠪᠣᠯ ᠨᠡᠩ ᠭᠦᠨ ᠳᠠᠪᠬᠤᠷᠭ᠎ᠠ ᠶᠢᠨ ᠲᠤᠮᠤ ᠳ᠋ᠠᠶᠢᠲ᠋ᠠ ᠶᠢᠨ ᠠᠭᠤᠰᠤᠯᠴᠠᠯ ᠠᠰᠢᠭᠯᠠᠯᠲᠠ ᠪᠣᠯᠤᠨ᠎ᠠ︔ ︽ᠣᠶᠤᠨᠴᠢᠯᠠᠯᠲᠠ ᠶᠢ | ᠪᠡᠶᠡᠯᠡᠭᠦᠯᠬᠦ︾ ᠪᠣᠯ ᠠᠵᠤ ᠠᠬᠤᠶᠢᠯᠠᠯ ᠤᠨ ᠣᠶᠣᠨᠴᠢᠯᠠᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠵᠣᠬᠢᠶᠠᠮᠠᠯ ᠤᠶᠤᠨ ᠴᠢᠳᠠᠪᠤᠷᠢ ᠪᠣᠯᠤᠨ | ᠪᠣᠳᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠠᠪᠣᠳᠠᠯ ᠪᠣᠯᠣᠨ᠎ᠠ᠃ | ᠭᠤᠷᠪᠠᠨ ᠬᠢᠵᠠᠭᠠᠷᠯᠠᠬᠤ ᠱᠤᠭᠤᠮ᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ | ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ᠃ | ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ᠄ ︽ᠭᠤᠷᠪᠠ ᠶᠢ ᠲᠥᠪᠯᠡᠷᠡᠭᠦᠯᠬᠦ︾ ᠭᠡᠳᠡᠭ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ | ᠴᠢᠳᠠᠪᠤᠷᠢ ᠶᠢ ᠨᠢᠭᠡ ᠰᠠᠯᠠᠭ᠎ᠠ ᠳᠤ ᠲᠥᠪᠯᠡᠷᠡᠭᠦᠯᠵᠦ᠂ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠭ᠎ᠠ ᠰᠠᠯᠠᠭ᠎ᠠ ᠶᠢ ᠵᠠᠰᠠᠭ ᠵᠠᠬᠢᠷᠭᠠᠨ ᠤ | ᠦᠶᠯᠡᠴᠢᠯᠡᠭᠡᠨ ᠤ ᠲᠥᠪ ᠲᠤ ᠲᠥᠪᠯᠡᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠳᠤ | ᠲᠥᠪᠯᠡᠷᠡᠭᠦᠯᠬᠦ ᠶᠢ ᠵᠢᠭᠠᠵᠤ ᠪᠣᠶ᠃ ︽ᠭᠤᠷᠪᠠ ᠶᠢ ᠪᠣᠳᠠᠲᠠᠶᠢᠵᠢᠭᠤᠯᠬᠤ︾ ᠭᠡᠳᠡᠭ ᠨᠢ ᠦᠢᠯᠡᠴᠢᠯᠡᠭᠡ ᠬᠠᠩᠭᠠᠬᠤ ᠵᠦᠶᠯᠡᠰ ᠢ ᠵᠠᠰᠠᠭ ᠤᠨ ᠶᠠᠪᠣᠳᠠᠯ ᠤᠨ | ᠦᠢᠯᠡᠴᠢᠯᠡᠭᠡᠨ ᠤ ᠲᠢᠩᠬᠢᠮ ᠳᠤ ᠪᠣᠳᠠᠲᠠᠶᠢᠵᠢᠭᠤᠯᠬᠤ᠂ ᠬᠢᠨᠠᠨ ᠵᠦᠪᠰᠢᠶᠡᠷᠡᠬᠦ ᠪᠠ ᠡᠷᠬᠡ ᠣᠯᠭᠤᠬᠤ ᠴᠢᠳᠠᠪᠬᠢ ᠶᠢ ᠦᠢᠯᠡᠴᠢᠯᠡᠭᠡᠨ ᠤ ᠲᠥᠪ ᠲᠤ ᠪᠣᠳᠠᠲᠠᠶᠢᠵᠢᠭᠤᠯᠬᠤ | ᠂ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ ᠪᠣᠳᠠᠲᠠᠶᠢᠵᠢᠭᠤᠯᠬᠤ ᠶᠢ ᠵᠢᠭᠠᠵᠤ ᠪᠣᠶ᠃ | ᠡᠪᠡᠳᠴᠢᠯᠡᠬᠦ ᠠᠴᠠ ᠡᠮᠦᠨ᠎ᠡ ᠵᠠᠰᠠᠬᠤ᠄ ᠵᠣᠬᠢᠰᠲᠠᠢ ᠠᠷᠭ᠎ᠠ ᠬᠡᠮᠵᠢᠶ᠎ᠡ ᠠᠪᠴᠤ᠂ ᠡᠪᠡᠳᠴᠢᠨ ᠡᠮᠭᠡᠭ ᠡᠭᠦᠰᠬᠦ ᠠᠴᠠ ᠡᠮᠦᠨ᠎ᠡ ᠵᠠᠰᠠᠨ ᠰᠡᠷᠭᠡᠶᠢᠯᠡᠬᠦ ᠶᠢ ᠵᠢᠭᠠᠵᠤ | ᠪᠣᠢ᠃ | ᠡᠯᠡᠰᠦ ᠲᠤᠭᠤᠯᠤᠭᠰᠠᠨ ᠵᠣᠷᠢᠭ ᠰᠠᠨᠠᠭ᠎ᠠ᠄ ᠦᠵᠡᠯ ᠰᠠᠨᠠᠭ᠎ᠠ ᠪᠠᠨ ᠴᠢᠯᠥᠭᠡᠯᠡᠨ᠂ ᠲᠡᠰᠪᠦᠷᠢ ᠬᠠᠲᠠᠭᠤᠵᠢᠯᠲᠠᠶ ᠴᠣᠴᠠᠰᠢ ᠦᠭᠡᠢ ᠴᠢᠷᠮᠠᠶᠢᠨ ᠲᠡᠮᠡᠴᠡᠵᠦ᠂ | ᠵᠣᠷᠢᠭᠲᠠᠶ ᠲᠡᠷᠢᠭᠦᠯᠡᠬᠦ᠃ | ᠬᠤᠶᠠᠷ ᠢ ᠬᠦᠷᠢᠶᠡᠯᠡᠬᠦ᠄ ︽ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠴᠡᠷᠢᠭ ᠠᠩᠭᠢ ᠨᠢ ᠵᠠᠰᠠᠭ ᠢᠶᠠᠨ ᠬᠦᠷᠢᠶᠡᠯᠡᠨ ᠠᠷᠠᠳ | ᠢᠷᠭᠡᠳ ᠢᠶᠠᠨ ᠬᠠᠶᠢᠷᠠᠯᠠᠬᠤ︾ ᠠᠵᠢᠯ ᠤᠨ ᠲᠣᠪᠴᠢ ᠨᠡᠷᠡᠶᠢᠳᠦᠯ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠶᠠᠷ ᠬᠠᠷᠢᠭᠤᠴᠠᠯᠭ᠎ᠠ᠄ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ︽ᠭᠤᠷᠪᠠ ᠶᠢ ᠢᠯᠭᠠᠨ ᠦᠵᠡᠬᠦ︾᠄ ᠺᠠᠳ᠋ᠷ ᠠᠵᠢᠯᠲᠠᠨ ᠥᠭᠡᠷᠡᠴᠢᠯᠡᠯᠲᠡ ᠠᠬᠢᠭᠤᠯᠤᠯᠲᠠ ᠶᠢᠨ ᠳᠤᠮᠳᠠ ᠲᠤᠷᠰᠢᠯᠭ᠎ᠠ ᠳᠤᠲᠠᠮᠠᠭ᠂ ᠤᠷᠢᠳ ᠢᠶᠠᠷ ᠬᠢᠵᠦ | ᠲᠤᠷᠰᠢᠭᠠᠳ ᠭᠠᠷᠭᠠᠭᠰᠠᠨ ᠠᠯᠳᠠᠭ᠎ᠠ ᠪᠤᠷᠤᠭᠤ ᠪᠠ ᠲᠣᠳᠣᠷᠬᠠᠢ ᠮᠡᠳᠡᠵᠦ ᠪᠠᠶᠢᠭᠠᠳ ᠵᠣᠷᠢᠭᠤᠳᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠢᠯᠭᠠᠵᠤ ᠦᠵᠡᠬᠦ ᠬᠡᠷᠡᠭᠲᠡᠢ︔ ᠳᠡᠭᠡᠳᠦ ᠱᠠᠲᠤᠨ ᠠᠴᠠ ᠬᠠᠷᠠᠬᠠᠨ ᠲᠣᠳᠣᠷᠬᠠᠢ ᠬᠢᠵᠠᠭᠠᠷᠯᠠᠭᠰᠠᠨ ᠦᠭᠡᠢ ᠬᠠᠶᠢᠨ ᠰᠦᠪᠡᠭᠴᠢᠯᠡᠯᠳᠡ ᠶᠢᠨ ᠴᠢᠨᠠᠷᠲᠠᠢ | ᠲᠤᠷᠰᠢᠯᠲᠠ ᠶᠢᠨ ᠭᠠᠷᠭᠠᠭᠰᠠᠨ ᠠᠯᠳᠠᠭ᠎ᠠ ᠪᠤᠷᠤᠭᠤ ᠪᠠ ᠳᠡᠭᠡᠳᠦ ᠱᠠᠲᠤᠨ ᠠᠴᠠ ᠲᠣᠳᠣᠷᠬᠠᠢ ᠵᠠᠷᠯᠢᠭᠳᠠᠨ ᠴᠠᠭᠠᠵᠠᠯᠠᠭᠰᠠᠨ ᠪᠠᠶᠢᠲᠠᠯ᠎ᠠ ᠮᠥᠨ ᠵᠣᠷᠢᠭᠤᠳᠠ ᠰᠠᠬᠢᠯᠭ᠎ᠠ | ᠪᠠᠲᠤ ᠬᠠᠤᠯᠢ ᠳᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠶᠢ ᠢᠯᠭᠠᠵᠤ ᠦᠵᠡᠬᠦ ᠬᠡᠷᠡᠭᠲᠡᠢ︔ ᠬᠥᠭᠵᠢᠯᠲᠡ ᠶᠢ ᠠᠬᠢᠭᠤᠯᠬᠤ ᠶᠢᠨ ᠲᠥᠯᠥᠭᠡ ᠭᠠᠷᠭᠠᠭᠰᠠᠨ | ᠰᠠᠨᠠᠭᠠᠨ ᠳᠤ ᠦᠭᠡᠶ ᠭᠠᠷᠭᠠᠭᠰᠠᠨ ᠠᠯᠳᠠᠭ᠎ᠠ ᠪᠤᠷᠤᠭᠤ ᠪᠠ ᠬᠤᠪᠢ ᠶᠢᠨ ᠠᠰᠢᠭ ᠲᠤᠰᠠ ᠶᠢᠨ ᠲᠥᠯᠥᠭᠡ ᠰᠠᠬᠢᠯᠭ᠎ᠠ ᠪᠠᠲᠤ ᠬᠠᠤᠯᠢ ᠳᠦᠷᠢᠮ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠢᠯᠭᠠᠵᠤ ᠦᠵᠡᠬᠦ ᠬᠡᠷᠡᠭᠲᠡᠶ᠃ | ᠵᠠᠩᠭᠢᠯᠠᠭ᠎ᠠ ᠶᠢᠨ ᠴᠥᠭᠡᠨ ᠲᠣᠭᠠᠲᠠᠨ᠄ ᠭᠤᠣᠯᠳᠠᠭᠤ ᠡᠯ᠎ᠡ ᠱᠠᠲᠤᠨ ᠤ ᠤᠳᠤᠷᠢᠳᠬᠤ ᠺᠠᠳ᠋ᠷ ᠢ ᠵᠢᠭᠠᠨ᠎ᠠ᠂ ᠤᠳᠤᠷᠢᠳᠬᠤ ᠺᠠᠳ᠋ᠷ ᠤᠨ ᠲᠦᠷᠦ ᠵᠠᠰᠠᠭ ᠤᠨ | ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠳᠤᠮᠳᠠᠬᠢ ᠬᠠᠷᠢᠭᠤᠴᠠᠯᠭ᠎ᠠ ᠪᠣᠯᠤᠨ ᠦᠢᠯᠡᠳᠦᠯ ᠢ ᠴᠢᠬᠤᠯᠠᠴᠢᠯᠠᠳᠠᠭ᠃ | |