ᠰᠢᠨ᠎ᠠ ᠴᠠᠭ ᠦᠶ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠠᠵᠢᠯ ᠤᠨ ᠴᠢᠨᠡᠷ ᠰᠠᠶᠢᠳᠡᠢ ᠬᠦᠭᠵᠢᠯᠳᠡ ᠶᠢ ᠠᠬᠢᠭᠤᠯᠵᠥᠨᠠᠶᠢᠬᠡᠮ  ᠵᠢᠷᠤᠮᠲᠤ ᠤᠳᠤᠬᠢᠴᠢᠯᠬᠠᠰᠡᠨ ᠬᠠᠩᠬᠢᠨ ᠢ ᠪᠦᠬᠦ ᠲᠡᠯ᠎ᠠ ᠪᠠᠷ ᠪᠦᠳᠦᠬᠡᠨ ᠪᠠᠶᠢᠭᠤᠯᠬᠤ ᠰᠢᠨ᠎ᠠ ᠠᠶᠠᠨ ᠢ ᠡᠬᠢᠯᠡᠭᠦᠯᠦᠶ᠎ᠡ︾ᠲᠤᠮᠳᠠᠳᠤ ᠤᠯᠤᠰ ᠤᠨ ᠡᠪ ᠬᠠᠮᠳᠤ ᠨᠡᠮ ᠤᠨ ᠬᠠᠩᠬᠢᠨ ᠬᠤᠰᠢᠭᠤᠨ ᠤ ᠠᠷᠪᠠᠨ ᠲᠦᠷᠪᠡᠳᠤᠬᠡᠷ ᠤᠳᠠᠭᠠᠨ  ᠤ  ᠲᠦᠯᠦᠬᠡᠯᠡᠭᠴᠢᠳ  ᠤᠨ  ᠶᠡᠭᠡ  ᠬᠤᠷᠠᠯ  ᠲᠡᠬᠡᠷᠡᠬᠢ  ᠠᠵᠢᠯ  ᠤᠨ  ᠢᠯᠡᠳᠬᠡᠯ ︵2021 ᠤᠨ ᠤ 7 ᠰᠠᠷ᠎ᠠ ᠶᠢᠨ 29 ᠤ ᠡᠳᠤᠷ︶                                                                          ᠸ᠊
ᠨᠡᠶᠢᠲᠡᠯᠡᠭᠰᠡᠨ ᠴᠠᠭ᠄
2021/8/30
ᠲᠦᠯᠦᠬᠡᠯᠡᠭᠴᠢᠳ ᠡ᠂ ᠨᠦᠬᠦᠳ ᠡ︕ᠤᠳᠤ ᠪᠢ ᠲᠤᠮᠳᠠᠳᠤ ᠤᠯᠤᠰ ᠤᠨ ᠡᠪ ᠬᠠᠮᠳᠤ ᠨᠡᠮ ᠤᠨ ᠬᠠᠩᠬᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠲᠦᠯᠦᠬᠡᠯᠡᠵᠥ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠡᠨ ᠵᠦᠪᠯᠡᠬᠦ ᠪᠤᠯᠪᠡᠥ︕ᠨᠢᠬᠡ᠂ ᠦᠩᠬᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠠᠬᠦᠯᠤᠯᠦᠩᠬᠡᠷᠡᠭᠰᠡᠨ ᠲᠠᠪᠤᠨ ᠵᠢᠯ ᠳᠤ᠂ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠪᠡ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠡᠮ ᠤᠨ ᠠᠷᠪᠠ ᠶᠢᠰᠤᠳᠤᠬᠡᠷ ᠶᠡᠭᠡ ᠬᠤᠷᠠᠯ ᠪᠡ ᠠᠷᠪᠡ ᠶᠢᠰᠤᠳᠤᠬᠡᠷ ᠬᠤᠭᠤᠴᠠᠭᠠᠨ ᠤ ᠬᠤᠶᠠᠷ᠂ ᠭᠤᠷᠪᠠ᠂ ᠳᠦᠷᠪᠡ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠠᠯᠠᠭᠤᠯᠵᠥ᠂ ᠰᠢᠨ᠎ᠠ ᠴᠠᠭ ᠦᠶ᠎ᠠ ᠶᠢᠨ ᠨᠡᠮ ᠤᠨ ᠪᠠᠶᠢᠭᠤᠯᠤᠯᠳᠡ ᠶᠢ ᠪᠦᠬᠦ ᠲᠡᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠲᠦᠷᠢᠮ ᠪᠡ ᠦᠨᠳᠤᠰᠤᠨ ᠬᠠᠤᠯᠢ ᠠᠴᠠ ᠤᠯᠭᠤᠠᠠᠰᠡᠨ ᠲᠤᠰᠢᠶᠠᠯ ᠬᠠᠷᠢᠭᠤᠴᠠᠯᠭ᠎ᠠ ᠪᠠᠨ ᠰᠢᠳᠤᠷᠭᠤ ᠬᠦᠢᠴᠠᠳᠬᠡᠵᠥ᠂ ᠬᠢᠷᠢ ᠪᠦᠳᠦᠮᠵᠢ ᠭᠠᠷᠭᠠᠬᠤ ᠤᠬᠠᠮᠰᠠᠷ ᠢᠶᠠᠨ ᠪᠠᠲᠤᠳᠬᠠᠨ᠂ ᠰᠤᠷᠳᠡᠯ ᠢ ᠴᠢᠩᠳᠡᠯᠡᠵᠥ᠂ ᠢᠯᠵᠠᠷᠠᠯ ᠢ ᠡᠰᠡᠷᠬᠦᠴᠠᠬᠦ ᠶᠢ ᠭᠤᠶᠢᠪᠢᠰᠢ ᠦᠬᠡᠢ ᠬᠦᠨᠵᠡᠬᠡᠶᠢᠷᠠᠬᠦᠯᠤᠨ᠂ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠡᠮ ᠤᠨ ᠲᠦᠯᠦᠬᠡᠯᠡᠭᠴᠢᠳ ᠤᠨ ᠬᠤᠷᠠᠯ ᠠᠴᠠ ᠲᠤᠠᠠᠳᠠᠭᠠᠠᠠᠰᠡᠨ ᠨᠡᠮ ᠤᠨ ᠰᠤᠷᠳᠡᠯ ᠴᠢᠬᠡᠴᠢ ᠵᠠᠰᠠᠭ ᠤᠨ ᠪᠠᠶᠢᠭᠤᠯᠤᠯᠳᠡ ᠪᠡ ᠢᠯᠵᠡᠷᠡᠯ ᠢ ᠡᠰᠡᠷᠬᠦᠴᠠᠬᠦ ᠠᠵᠢᠯ ᠤᠨ ᠡᠬᠦᠷᠬᠡ ᠶᠢ ᠰᠠᠶᠢᠲᠤᠷ ᠪᠠᠶᠠᠯᠡᠬᠦᠯᠵᠥ᠂ ᠪᠦᠬᠦ ᠬᠤᠰᠢᠭᠤᠨ ᠤ ᠠᠵᠥ ᠠᠬᠤᠢ ᠨᠠᠶᠢᠬᠡᠮ ᠦᠷᠬᠦᠯᠵᠢᠯᠡᠨ ᠡᠷᠡᠬᠦᠯ ᠢᠶᠠᠷ ᠬᠦᠭᠵᠢᠬᠦ ᠳᠤ ᠲᠥᠪ ᠴᠢᠩᠭ᠎ᠠ ᠰᠠᠬᠢᠯᠭ᠎ᠠ ᠪᠠᠳᠤ ᠤᠪᠤᠷ ᠰᠤᠷᠳᠡᠯ ᠤᠨ ᠪᠠᠲᠤᠯᠠᠭ᠎ᠠ ᠬᠠᠩᠭᠠᠪᠡ᠃︵ᠨᠢᠬᠡ︶ ᠤᠯᠤᠰ ᠲᠦᠷᠦ ᠶᠢᠨ ᠬᠢᠨᠠᠯᠳᠡ ᠲᠠᠯᠪᠢᠬᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ︽ᠬᠤᠶᠠᠷ ᠢ ᠬᠠᠮᠠᠭᠠᠯᠠᠬᠤ︾ ᠨᠢ ᠨᠠᠩ ᠡᠷᠡᠰ ᠪᠠᠳᠤ ᠪᠤᠯᠪᠡ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠠᠶᠢᠬᠡᠮ ᠵᠢᠷᠤᠮ ᠤᠨ ᠦᠵᠡᠯ ᠰᠠᠨᠠᠭ᠎ᠠ ᠶᠢ ᠴᠦᠬᠦᠷᠠᠰᠢ ᠦᠬᠡᠢ ᠰᠤᠷᠤᠯᠴᠠᠬᠤ ᠶᠢ ᠲᠠᠷᠢᠬᠦᠨ ᠴᠢᠬᠤᠯᠠ ᠤᠯᠤᠰ ᠲᠦᠷᠦ ᠶᠢᠨ ᠡᠬᠦᠷᠬᠡ  ᠪᠣᠯᠭᠠᠨ᠂ ᠤᠨᠤᠯ ᠤᠨ ᠭᠤᠤᠯ ᠲᠤᠭᠤᠶᠢᠯᠠᠩ ᠤᠨ ᠰᠤᠷᠤᠯᠴᠠᠯᠭ᠎ᠠ ᠶᠢ ᠵᠤᠬᠢᠶᠠᠨ ᠪᠠᠶᠢᠭᠤᠯᠵᠥ᠂ ᠲᠤᠰᠬᠠᠢ ᠰᠠᠳᠤᠪᠳᠤ ᠰᠤᠷᠤᠯᠴᠠᠯᠭ᠎ᠠ ᠶᠢ 72 ᠤᠳᠠᠭ᠎ᠠ ᠵᠤᠬᠢᠶᠠᠨ ᠪᠠᠶᠢᠭᠤᠯᠤᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠠᠰᠢᠭᠯᠠᠨ ᠤᠬᠠᠮᠰᠠᠷ ᠠᠴᠠ ᠪᠠᠨ ᠦᠵᠡᠯ ᠰᠠᠨᠠᠭ᠎ᠠ ᠪᠠᠨ ᠵᠡᠪᠰᠡᠭᠯᠡᠨ᠂ ᠦᠢᠯᠡᠳᠦᠯᠭᠡ  ᠪᠠᠨ ᠵᠢᠯᠣᠭᠤᠳᠣᠨ᠂ ᠠᠵᠢᠯ ᠢᠶᠠᠨ ᠠᠬᠢᠭᠤᠯᠪᠠ᠃ ᠨᠡᠮ ᠤᠨ ᠲᠦᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠡ ᠪᠠ ᠶᠠᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ  ᠬᠢᠨᠠᠯᠲᠠ ᠶᠢ ᠴᠢᠩᠭᠠᠳᠬᠠᠵᠥ᠂ ᠡᠯ᠎ᠠ ᠱᠠᠳᠤᠨ ᠤ ᠨᠡᠮ ᠤᠨ ᠵᠤᠬᠢᠶᠠᠨ ᠪᠠᠶᠢᠭᠤᠯᠤᠯᠳᠡ ᠶᠢ ᠱᠠᠯᠠᠪᠳᠠᠭᠤᠯᠤᠨ ᠤᠯᠤᠰ ᠲᠦᠷᠦ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠠᠭ ᠲᠤᠬᠠᠢ ᠳᠤᠨᠢ ᠲᠠᠬᠦᠯᠳᠠᠷᠵᠢᠬᠦᠯᠵᠥ᠂ ᠭᠤᠷᠪᠡᠨ ᠶᠡᠭᠡ ᠪᠤᠭᠤᠮᠳᠠ ᠶᠢ ᠰᠢᠪᠳᠤᠯᠬᠤ᠂ ᠬᠢᠵᠢᠭ ᠤᠨ ᠪᠠᠶᠢᠳᠡᠯ ᠢ ᠰᠡᠷᠬᠡᠶᠢᠯᠡᠨ ᠡᠵᠡᠮᠳᠡᠬᠦ᠂ ᠨᠢᠬᠡᠳᠤᠯᠳᠡᠢ ᠨᠠᠶᠢᠷᠠᠭᠤᠯᠤᠭᠰᠠᠨ ᠵᠢᠭᠠᠬᠤ ᠮᠡᠲ᠋ᠧᠷᠢᠶᠡᠯ ᠢ ᠬᠡᠷᠡᠭᠯᠡᠬᠦ᠂ ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠬᠦᠯᠬᠦ ᠵᠡᠷᠬᠡ ᠴᠢᠬᠤᠯᠠ ᠶᠡᠭᠡ ᠡᠬᠦᠷᠬᠡ ᠪᠠ ᠬᠤᠰᠢᠭᠤ ᠨᠡᠮ ᠤᠨ ᠬᠤᠷᠢᠶᠠᠨ ᠤ ᠭᠤᠤᠯ ᠠᠵᠢᠯ ᠤᠨ ᠲᠣᠭᠤᠷᠢᠨ ᠳᠤ ᠴᠠᠭ ᠲᠤᠬᠠᠢ ᠳᠤᠨᠢ ᠬᠢᠨᠡᠨ ᠪᠠᠶᠢᠴᠠᠭᠠᠯᠲᠠ ᠬᠢᠵᠦ᠂ ᠵᠠᠷᠯᠢᠭ  ᠴᠠᠭᠠᠵᠠ ᠶᠢ ᠬᠡᠷᠡᠭᠵᠢᠬᠦᠯᠬᠦ ᠦᠬᠡᠢ ᠠᠵᠢᠯᠯᠠᠭ᠎ᠠ ᠶᠢ ᠡᠷᠡᠰ ᠵᠠᠯᠠᠷᠠᠭᠤᠯᠵᠥ᠂ ᠭᠠᠵᠠᠷ ᠤᠷᠤᠨ ᠤ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ  ᠪᠠᠶᠢᠳᠠᠯ ᠳᠤ ᠬᠢᠨᠠᠯᠳᠡ ᠲᠠᠯᠪᠢᠵᠤ ᠬᠦᠭᠵᠢᠯᠳᠡ ᠶᠢ ᠠᠬᠢᠭᠤᠯᠪᠡ᠃ ᠲᠠᠪᠤᠨ ᠵᠢᠯ  ᠤᠨ ᠲᠤᠷᠰᠢ᠂ 298 ᠤᠳᠠᠭ᠎ᠠ ᠤᠯᠤᠰ ᠲᠦᠷᠦ ᠶᠢᠨ ᠬᠢᠨᠡᠯᠳᠡ ᠲᠠᠯᠪᠢᠵᠥ᠂ 569 ᠠᠰᠠᠭᠤᠳᠠᠯ ᠢ ᠢᠯᠠᠷᠠᠬᠦᠯᠵᠤ᠂ 493 ᠵᠤᠷᠪᠤᠰ ᠰᠠᠨᠡᠯ ᠵᠥᠪᠯᠡᠯᠭᠡ ᠳᠤᠷᠠᠳᠤᠨ᠂ 75 ᠬᠤᠪᠢ ᠰᠠᠨᠠᠭᠤᠯᠤᠮᠵᠢ ᠶᠢᠨ ᠵᠠᠬᠢᠳᠠᠯ᠂ 101 ᠬᠤᠪᠢ ᠰᠢᠪᠠᠳᠠᠨ ᠰᠢᠢᠳᠪᠤᠷᠢᠯᠡᠬᠦᠯᠬᠦ ᠬᠠᠭᠤᠳᠠᠰᠤ ᠪᠠᠭᠤᠯᠭᠠᠵᠥ᠂ 78 ᠬᠤᠪᠢ ᠴᠡᠭᠴᠠᠯᠡᠨ ᠦᠬᠡᠷᠠᠴᠢᠯᠡᠬᠦ ᠮᠡᠳᠡᠭᠳᠡᠯ ᠤᠨ ᠪᠢᠴᠢᠭ ᠪᠠᠭᠤᠯᠭᠠᠨ᠂ 64 ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠪᠡ᠃︵ᠬᠤᠶᠠᠷ︶ ︽ᠭᠤᠷᠪᠡᠨ ᠪᠠᠶᠢᠭᠤᠯᠤᠮᠵᠢ ᠶᠢᠨ ᠦᠬᠡᠷᠠᠴᠢᠯᠠᠯᠳᠡ︾  ᠶᠢ ᠯᠠᠪᠳᠠᠭᠤᠨ ᠢᠶᠠᠷ ᠠᠬᠢᠭᠤᠯᠵᠤ᠂ ᠵᠠᠰᠠᠨ ᠴᠡᠭᠴᠡᠯᠡᠬᠦ ᠴᠢᠳᠠᠪᠬᠢ ᠶᠢ ᠭᠦᠢᠴᠡᠳ ᠪᠠᠳᠠᠷᠠᠭᠤᠯᠪᠠ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠳᠤ ᠲᠦᠪᠯᠡᠷᠡᠬᠦᠯᠤᠨ᠂ ︽ᠭᠤᠷᠪᠡ ᠶᠢ ᠬᠤᠪᠢᠷᠠᠭᠤᠯᠬᠤ︾ ᠶᠢ ᠦᠷᠬᠦᠯᠵᠢᠯᠡᠨ ᠬᠦᠨᠵᠡᠬᠡᠶᠢᠷᠡᠬᠦᠯᠵᠥ᠂ ᠪᠠᠶᠢᠭᠤᠯᠤᠮᠵᠢ  ᠶᠢᠨ ᠦᠬᠡᠷᠠᠴᠢᠯᠠᠯᠳᠡ ᠲᠠᠢ ᠤᠶᠠᠯᠳᠤᠭᠤᠯᠤᠨ᠂ ᠲᠤᠳᠤᠭᠠᠳᠤ ᠪᠠᠶᠢᠭᠤᠯᠤᠮᠵᠢ ᠶᠢ ᠰᠢᠯᠢᠳᠡᠭᠵᠢᠬᠦᠯᠵᠥ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠤᠷᠤᠯᠴᠬᠠᠰᠡᠨ ᠬᠡᠷᠡᠭ ᠤᠴᠢᠷ ᠵᠥᠪᠯᠡᠨ ᠵᠤᠬᠢᠴᠠᠭᠤᠯᠬᠤ ᠪᠠᠶᠢᠭᠤᠯᠤᠮᠵᠢ ᠶᠢ ᠴᠡᠭᠴᠠᠯᠡᠵᠥ᠂ ᠬᠠᠷᠢᠭᠤᠴᠠᠯᠭ᠎ᠠ ᠶᠢᠨ ᠬᠡᠪᠴᠢᠶᠡᠨ ᠳᠤ ᠠᠵᠢᠯ ᠢᠶᠠᠨ  ᠪᠣᠳᠠᠲᠠᠢ ᠬᠢᠵᠦ᠂ ᠬᠢᠨᠡᠯᠳᠡ ᠲᠠᠯᠪᠢᠬᠤ ᠪᠠ ᠰᠠᠬᠢᠯᠭ᠎ᠠ ᠪᠠᠳᠤ ᠬᠡᠷᠡᠭᠵᠢᠬᠦᠯᠬᠦ ᠤᠶᠢᠯᠡᠳᠤᠯ ᠨᠢ ᠨᠡᠩ ᠲᠤᠪᠤᠶᠢᠮ᠎ᠠ ᠪᠣᠯᠪᠠ᠃ ᠬᠢᠨᠡᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠠᠴᠢᠯᠠᠯᠳᠡ ᠶᠢ ᠬᠦᠨᠵᠠᠬᠡᠶᠢᠷᠠᠬᠦᠯᠵᠥ᠂ 2017 ᠤᠨ ᠤ 12 ᠰᠠᠷ᠎ᠠ ᠳᠤ᠂ ᠪᠦᠬᠦ ᠬᠤᠳᠠ ᠳᠤ ᠬᠠᠮᠤᠭ ᠲᠠᠷᠢᠬᠦᠨ ᠳᠤ ᠬᠢᠨᠡᠨ ᠪᠠᠶᠢᠴᠠᠭᠠᠬᠤ ᠵᠦᠪᠯᠡᠯ ᠢ ᠪᠠᠶᠢᠭᠤᠯᠵᠥ᠂ ᠠᠯᠪᠠᠨ ᠲᠤᠰᠢᠶᠠᠯᠳᠡᠨ ᠳᠤ ᠨᠡᠶᠢᠲᠡᠮ ᠬᠢᠨᠠᠯᠳᠡ ᠲᠠᠯᠪᠢᠵᠤ᠂ ᠨᠡᠶᠢᠳᠠ 183 ᠬᠤᠪᠢ ᠬᠡᠷᠡᠭ ᠢ ᠪᠠᠶᠢᠴᠠᠭᠠᠨ ᠲᠠᠩᠰᠠᠯᠡᠵᠥ᠂ 199 ᠬᠦᠮᠦᠨ ᠳᠤ ᠵᠠᠰᠠᠭ ᠤᠨ ᠶᠠᠪᠤᠳᠠᠯ ᠤᠨ ᠰᠢᠳᠬᠡᠯ ᠦᠭᠴᠥ᠂ ᠬᠢᠨᠠᠨ ᠪᠠᠶᠢᠴᠠᠭᠠᠵᠤ ᠬᠢᠨᠠᠯᠳᠡ ᠲᠠᠯᠪᠢᠬᠤ  ᠴᠢᠳᠠᠪᠬᠢ ᠢᠯᠡᠳᠲᠡ ᠡᠷᠴᠢᠮᠵᠢᠪᠡ᠃ ᠲᠤᠮᠢᠯᠡᠨ ᠰᠠᠭᠤᠯᠭᠠᠬᠤ ᠪᠠᠶᠢᠭᠤᠯᠤᠮᠵᠢ ᠶᠢᠨ ᠦᠬᠡᠷᠠᠴᠢᠯᠠᠯᠳᠡ ᠶᠢ ᠪᠠᠶᠠᠯᠡᠬᠦᠯᠵᠥ᠂ ᠪᠦᠬᠦ ᠬᠤᠰᠢᠭᠤᠨ ᠤ ᠨᠡᠮ ᠵᠠᠰᠠᠭ ᠤᠨ ᠪᠠᠶᠢᠭᠤᠯᠭ᠎ᠠ ᠳᠤ 20 ᠳᠤᠭᠤᠶᠢᠯᠠᠩ ᠲᠣᠮᠢᠯᠠᠵᠤ᠂ ᠬᠤᠰᠢᠭᠤᠨ ᠤ ᠰᠢᠭᠤᠳ ᠬᠠᠷᠢᠶ᠎ᠠ ᠠᠵᠢᠯ ᠤᠶᠢᠯᠡᠰ ᠤᠨ ᠨᠢᠭᠡᠴᠢ ᠪᠡ ᠤᠯᠤᠰ  ᠤᠨ ᠦᠮᠴᠢᠯᠠᠯᠳᠤ ᠠᠵᠥ ᠠᠬᠤᠶᠢᠯᠡᠯ  ᠳᠤ ᠲᠣᠮᠢᠯᠠᠨ ᠰᠠᠭᠤᠯᠭᠠᠬᠤ ᠶᠢ ᠠᠩᠬ᠎ᠠ ᠠᠯᠬᠤᠮ ᠪᠡᠶᠡᠯᠡᠭᠦᠯᠪᠡ ᠃ ᠲᠤᠮᠢᠯᠡᠨ ᠰᠠᠭᠤᠯᠭᠠᠬᠤ ᠳᠤᠭᠤᠶᠢᠯᠠᠩ  ᠤᠨ ᠬᠢᠨᠡᠨ ᠬᠠᠮᠢᠶᠠᠷᠬᠤ  ᠠᠷᠭ᠎ᠠ ᠶᠢ ᠲᠣᠭᠲᠠᠭᠠᠵᠤ᠂ ᠡᠯ᠎ᠡ ᠲᠤᠮᠢᠯᠡᠨ ᠰᠠᠭᠤᠯᠭᠠᠬᠤ ᠳᠤᠭᠤᠶᠢᠯᠠᠩ ᠨᠠᠶᠢᠳᠠ 173 ᠬᠤᠪᠢ ᠬᠡᠷᠡᠭ ᠢ ᠪᠠᠶᠢᠴᠠᠭᠠᠨ ᠲᠠᠩᠰᠠᠯᠡᠵᠥ᠂ ᠲᠤᠮᠢᠯᠡᠨ ᠰᠠᠭᠤᠯᠭᠠᠵᠥ ᠬᠢᠨᠠᠯᠳᠡ ᠲᠠᠯᠪᠢᠬᠤ ᠪᠤᠳᠡᠳᠤ ᠦᠷ᠎ᠠ ᠪᠦᠳᠦᠮᠵᠢ ᠦᠨᠡᠨᠬᠦ ᠲᠠᠬᠡᠭᠰᠢᠯᠡᠪᠡ᠃ ᠬᠢᠨᠡᠨ ᠪᠠᠶᠢᠴᠠᠭᠠᠬᠤ ᠡᠬᠦᠷᠬᠡ ᠴᠢᠳᠠᠪᠬᠢ ᠶᠢ ᠦᠨᠳᠤᠰᠤᠨ  ᠱᠠᠲᠤᠨ ᠳᠤ ᠭᠦᠨᠵᠡᠭᠡᠶᠢᠷᠡᠭᠦᠯᠵᠦ᠂ ᠬᠤᠰᠢᠭᠤ ᠬᠢᠨᠡᠨ ᠪᠠᠶᠢᠴᠠᠭᠠᠬᠤ ᠵᠦᠪᠯᠡᠯ ᠠᠴᠠ ᠡᠯ᠎ᠡ ᠰᠤᠮᠤ ᠪᠠᠯᠭᠠᠰᠤᠨ ᠳᠤ ᠲᠤᠮᠢᠯᠬᠠᠰᠡᠨ ᠬᠢᠨᠡᠨ ᠪᠠᠶᠢᠴᠠᠭᠠᠬᠤ ᠠᠯᠪᠠᠨ ᠬᠡᠷ ᠢ  ᠪᠠᠶᠢᠭᠤᠯᠵᠥ᠂ ᠨᠡᠶᠢᠲᠡ 95 ᠬᠤᠪᠢ ᠬᠡᠷᠡᠭ ᠢ ᠪᠠᠶᠢᠴᠠᠭᠠᠨ ᠳᠠᠩᠰᠠᠯᠠᠵᠤ᠂ ᠦᠨᠳᠤᠰᠤᠨ ᠱᠠᠳᠤᠨ ᠤ ᠬᠡᠷᠡᠭ ᠰᠢᠢᠳᠪᠤᠷᠢᠯᠡᠬᠦ ᠨᠦᠬᠦᠴᠠᠯ ᠳᠦᠷᠢᠮᠵᠢᠯ ᠲᠠᠢ ᠪᠣᠯᠪᠠ᠃ ᠬᠤᠰᠢᠭᠤ ᠨᠡᠮ ᠤᠨ ᠬᠤᠷᠢᠶᠠᠨ ᠤ ᠢᠯᠵᠠᠷᠠᠯ ᠢ ᠡᠰᠡᠷᠬᠦᠴᠠᠬᠦ ᠠᠵᠢᠯ ᠤᠨ ᠪᠦᠬᠦ ᠲᠡᠯ᠎ᠠ ᠶᠢᠨ ᠤᠳᠤᠷᠢᠳᠤᠯᠭ᠎ᠠ ᠶᠢ ᠪᠠᠷᠢᠮᠳᠠᠯᠡᠵᠥ᠂ ᠲᠤᠠᠠᠳᠠᠮᠡᠯ ᠬᠤᠭᠤᠴᠠᠭ᠎ᠠ ᠲᠠᠢ ᠪᠠᠷ ᠬᠤᠰᠢᠭᠤ ᠨᠡᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠳᠤ ᠨᠡᠮ ᠤᠨ ᠰᠤᠷᠳᠡᠯ ᠴᠢᠬᠡᠴᠢ ᠵᠠᠰᠠᠭ ᠤᠨ ᠪᠠᠶᠢᠭᠤᠯᠤᠯᠳᠡ ᠪᠡ ᠢᠯᠵᠡᠷᠠᠯ ᠢ ᠡᠰᠡᠷᠬᠦᠴᠠᠬᠦ ᠠᠵᠢᠯ ᠢ ᠮᠡᠳᠡᠬᠦᠯᠵᠥ᠂ ᠬᠤᠰᠢᠭᠤ ᠨᠡᠮ ᠤᠨ ᠬᠤᠷᠢᠶᠠᠨ ᠤ ᠢᠯᠵᠡᠷᠡᠯ ᠢ ᠡᠰᠡᠷᠬᠦᠴᠠᠬᠦ ᠠᠵᠢᠯ ᠢ ᠵᠤᠬᠢᠴᠠᠭᠤᠯᠬᠤ ᠲᠤᠭᠤᠶᠢᠯᠠᠩ ᠤᠨ ᠬᠤᠷᠠᠯ ᠢ 9 ᠤᠳᠠᠭ᠎ᠠ ᠬᠤᠷᠠᠯᠳᠤᠭᠤᠯᠵᠥ᠂ ᠬᠠᠮᠵᠢᠯᠴᠠᠨ ᠠᠵᠢᠯᠯᠠᠬᠤ ᠲᠤᠠᠠᠳᠠᠴᠠ ᠶᠢ ᠲᠡᠭᠦᠯᠳᠡᠷᠵᠢᠭᠦᠯᠦᠨ᠂ ᠰᠠᠬᠢᠯᠭ᠎ᠠ ᠪᠠᠳᠤ ᠪᠠ ᠬᠠᠤᠯᠢ ᠴᠠᠭᠠᠵᠠ᠂ ᠬᠢᠨᠠᠨ ᠪᠠᠶᠢᠴᠠᠭᠠᠬᠤ ᠬᠠᠤᠯᠢ ᠪᠠ ᠡᠷᠡᠭᠦᠦ ᠶᠢᠨ ᠬᠠᠤᠯᠢ ᠶᠢᠨ ᠠᠪᠴᠠᠯᠳᠤᠬᠤ ᠲᠡᠯ᠎ᠠ ᠪᠠᠷ ᠤᠷᠤᠰᠢᠵᠥ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠤᠷᠢᠯᠡᠵᠥ᠂ ᠪᠦᠷᠢᠯᠳᠦᠬᠦᠨ ᠨᠢᠭᠡᠴᠢ ᠠᠴᠠ 266 ᠠᠰᠠᠭᠤᠳᠠᠯ ᠤᠨ ᠰᠦᠪᠡᠭᠴᠢ ᠶᠢ ᠰᠢᠯᠵᠢᠬᠦᠯᠤᠨ ᠬᠦᠷᠭᠡᠵᠦ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠠᠴᠠ 28 ᠬᠤᠪᠢ ᠰᠢᠯᠵᠢᠬᠦᠯᠤᠨ ᠬᠦᠷᠭᠡᠭᠡᠳ᠂ ᠢᠯᠵᠡᠷᠡᠯ ᠢ ᠡᠰᠡᠷᠬᠦᠴᠠᠬᠦ ᠪᠦᠬᠦᠯᠢ ᠴᠤᠠᠠᠴᠠ ᠶᠢᠨ ᠬᠠᠮᠳᠤᠷᠠᠯ ᠬᠦᠴᠦᠨ ᠤᠯᠡᠮ ᠴᠢᠩᠭᠠᠷᠠᠪᠠ ︵ᠭᠤᠷᠪᠡ︶ ᠬᠢᠨᠠᠯᠳᠡ ᠲᠠᠯᠪᠢᠬᠤ ᠲᠡᠷᠢᠭᠦᠨ ᠬᠠᠷᠢᠭᠤᠴᠠᠯᠭ᠎ᠠ ᠪᠠᠨ ᠭᠦᠨᠵᠡᠭᠡᠢ ᠪᠤᠳᠠᠲᠠᠢ ᠬᠢᠵᠦ᠂ ᠡᠳᠤᠷ ᠲᠤᠳᠤᠮ ᠤᠨ ᠬᠢᠨᠠᠯᠳᠡ ᠨᠢ ᠪᠦᠲᠦᠮᠵᠢᠲᠡᠢ ᠪᠣᠯᠪᠠ᠃ᠵᠠᠩᠬᠢᠯᠠᠭ᠎ᠠ ᠶᠢᠨ ᠴᠦᠬᠡᠨ ᠲᠤᠭᠠᠳᠠᠨ ᠢ ᠴᠢᠩᠭ᠎ᠠ ᠠᠳᠬᠤᠵᠤ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠡ ᠶᠢᠨ ᠬᠤᠶᠠᠷ ᠬᠠᠷᠢᠭᠤᠴᠠᠯᠭ᠎ᠠ ᠶᠢ ᠪᠦᠬᠦ ᠲᠡᠯ᠎ᠠ ᠪᠠᠷ ᠨᠠᠶᠢᠳᠠᠪᠦᠷᠢᠵᠢᠭᠤᠯᠵᠤ᠂ 42 ᠤᠳᠠᠭ᠎ᠠ ᠪᠤᠯᠵᠤᠨ ᠶᠠᠷᠢᠯᠴᠠᠵᠤ᠂ 15 ᠤᠳᠠᠭ᠎ᠠ ᠴᠢᠬᠡᠴᠢ ᠵᠠᠰᠠᠭ ᠤᠨ ᠶᠠᠷᠢᠯᠴᠠᠭ᠎ᠠ ᠥᠷᠨᠢᠭᠦᠯᠦᠨ᠂  ᠨᠡᠮ ᠢ ᠬᠠᠮᠢᠶᠠᠷᠴᠥ ᠨᠡᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠦᠳᠤᠮᠵᠢᠳᠡᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠪᠦᠬᠦ ᠬᠤᠰᠢᠭᠤᠨ ᠤ ᠠᠯᠪᠠᠨ ᠲᠤᠰᠢᠶᠠᠯᠳᠡᠨ ᠵᠢᠴᠢ ᠲᠡᠳᠡᠨ ᠤ ᠬᠠᠨᠢ ᠨᠦᠬᠦᠷ᠂ ᠦᠷ᠎ᠠ ᠬᠡᠥᠬᠡᠳ ᠪᠣᠯᠣᠨ ᠦᠷ᠎ᠠ ᠬᠡᠥᠬᠡᠳ ᠤᠨ ᠬᠢᠨᠢ ᠬᠠᠨᠢ ᠨᠦᠬᠦᠷ ᠬᠤᠳᠠᠯᠳᠤᠭ᠎ᠠ ᠡᠵᠡᠩᠨᠡᠨ ᠠᠵᠥ ᠠᠬᠤᠶᠢᠯᠡᠯ ᠡᠷᠬᠢᠯᠡᠭᠰᠡᠨ ᠪᠠᠶᠢᠳᠠᠯ ᠢ ᠲᠤᠰᠬᠠᠶᠢᠯᠡᠨ ᠴᠡᠭᠴᠡᠯᠡᠬᠦ ᠠᠵᠢᠯ ᠢ ᠥᠷᠨᠢᠭᠦᠯᠵᠦ᠂ 41 ᠬᠡᠷᠡᠭ ᠢ ᠪᠠᠶᠢᠴᠠᠭᠠᠨ  ᠳᠠᠩᠰᠠᠯᠠᠵᠤ᠂ 38 ᠬᠦᠮᠦᠨ ᠢ ᠰᠢᠳᠭᠡᠪᠡ᠃ ᠬᠦᠮᠦᠨ ᠰᠤᠩᠭᠤᠵᠥ ᠬᠦᠮᠦᠨ ᠬᠡᠷᠡᠭᠯᠡᠬᠦ ᠳᠡᠭᠡᠨ ᠤᠯᠤᠰ ᠲᠦᠷᠦ᠂ ᠬᠡᠪ ᠰᠤᠷᠲᠠᠯ᠂ ᠲᠦᠷᠢ ᠲᠦᠷᠬᠦ ᠶᠢᠨ ᠪᠤᠭᠤᠮᠳᠠ ᠶᠢ ᠴᠢᠩᠭ᠎ᠠ ᠠᠳᠬᠤᠵᠥ᠂ 1 ᠲᠦᠮᠡ ᠭᠠᠷᠤᠢ ᠬᠦᠮᠦᠨ ᠳᠤ ᠬᠤᠯᠪᠣᠭᠳᠠᠭᠰᠠᠨ 390 ᠬᠤᠪᠢ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠤᠬᠠᠢ  ᠰᠠᠨᠠᠯ  ᠳᠤ ᠬᠠᠷᠢᠭᠤᠯᠲᠠ ᠥᠭᠪᠡ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ 360 ᠭᠠᠷᠤᠢ ᠤᠳᠠᠭ᠎ᠠ ᠰᠤᠯᠠ ᠤᠷᠤᠯᠴᠠᠵᠥ᠂ ︽ᠭᠤᠷᠪᠡᠨ ᠴᠢᠬᠤᠯᠠ ᠨᠢᠭᠡ ᠶᠡᠭᠡ︾  ᠳᠥᠷᠢᠮ ᠳᠣᠭᠲᠠᠭᠠᠯ  ᠢ ᠬᠡᠷᠡᠭᠵᠢᠭᠦᠯᠦᠭᠰᠡᠨ ᠪᠠᠶᠢᠳᠠᠯ ᠤᠨ ᠬᠢᠨᠠᠯᠲᠠ ᠳᠤ1280 ᠭᠠᠷᠤᠢ ᠤᠳᠠᠭ᠎ᠠ ᠤᠷᠤᠯᠴᠠᠪᠡ᠃ ᠳ᠋ᠠᠶᠢᠲ᠋ᠠ ᠶᠢᠨ ᠲᠠᠪᠴᠠᠩ ᠢ ᠠᠰᠢᠭᠯᠠᠨ  ᠬᠢᠨᠠᠯᠲᠠ ᠲᠠᠯᠪᠢᠬᠤ ᠰᠢᠨ᠎ᠡ ᠠᠷᠭ᠎ᠠ ᠪᠠᠷᠢᠯ ᠢ ᠳᠠᠰᠤᠷᠠᠯᠲᠠ ᠦᠭᠡᠢ ᠰᠦᠪᠡᠭᠴᠢᠯᠡᠵᠥ᠂  ᠨᠠᠷᠢᠯᠢᠭ ᠤᠨᠤᠪᠴᠢᠳᠡᠢ ᠬᠢᠨᠡᠯᠳᠡ ᠲᠠᠯᠪᠢᠬᠤ ᠴᠢᠮᠡᠭᠡ ᠵᠠᠩᠭᠢᠴᠢᠯᠠᠯᠲᠠ ᠶᠢᠨ ᠲᠡᠪᠴᠠᠩ ᠢ   ᠪᠠᠶᠢᠭᠤᠯᠤᠨ᠂ ᠪᠦᠬᠦ ᠬᠤᠰᠢᠭᠤᠨ ᠤ 6217 ᠬᠢᠨᠡᠨ ᠪᠠᠶᠢᠴᠠᠭᠠᠠᠠᠳᠠᠬᠤ ᠡᠳᠡᠬᠡᠳ ᠤᠨ ᠴᠢᠬᠡᠴᠢ ᠵᠠᠰᠠᠭ ᠤᠨ ᠲᠠᠩᠰᠠ ᠡᠪᠬᠡᠮᠡᠯ  ᠤᠨ ᠵᠠᠩᠭᠢᠴᠢᠯᠠᠭᠰᠠᠨ ᠬᠠᠮᠢᠶᠠᠷᠤᠯᠳᠠ ᠶᠢ ᠪᠡᠶᠡᠯᠡᠭᠦᠯᠪᠡ᠃ ᠵᠠᠬᠢᠳᠡᠯ ᠰᠤᠷᠪᠤᠯᠵᠢᠯᠠᠭ᠎ᠠ ᠢᠯᠡᠴᠢᠯᠡᠨ ᠮᠡᠳᠡᠬᠦᠯᠬᠦ ᠲᠡᠪᠴᠠᠩ ᠤᠨ ᠪᠠᠶᠢᠭᠤᠯᠤᠯᠳᠡ ᠶᠢ ᠴᠢᠩᠭᠠᠳᠬᠠᠵᠥ᠂ ᠵᠠᠬᠢᠳᠡᠯ ᠰᠤᠷᠪᠤᠯᠵᠢᠯᠠᠭ᠎ᠠ ᠢᠯᠡᠴᠢᠯᠡᠨ ᠮᠡᠳᠡᠬᠦᠯᠬᠦ ᠠᠷᠭ᠎ᠠ ᠵᠠᠮ ᠢ ᠰᠢᠯᠤᠭᠤᠳᠬᠠᠨ᠂ 971 ᠢᠯᠡᠴᠢᠯᠡᠨ ᠮᠡᠳᠡᠬᠦᠯᠦᠯᠳᠡ ᠶᠢ ᠬᠦᠯᠢᠶᠠᠨ ᠠᠪᠴᠥ ᠰᠢᠢᠳᠪᠤᠷᠢᠯᠡᠪᠡ᠃ ᠬᠡᠷᠡᠭ ᠤᠴᠢᠷ  ᠢ ᠣᠷᠢᠳᠴᠢᠯᠠᠨ ᠰᠡᠷᠭᠡᠶᠢᠯᠡᠵᠤ᠂ ᠴᠠᠭ ᠳᠠᠷᠤᠢ ᠳᠤᠨᠢ ᠵᠠᠯᠠᠷᠠᠭᠤᠯᠵᠤ᠂ ᠬᠢᠨᠡᠯᠳᠡ ᠲᠠᠯᠪᠢᠬᠤ ᠪᠡ ᠰᠠᠬᠢᠯᠭ᠎ᠠ ᠪᠠᠳᠤ ᠶᠢ ᠬᠡᠷᠡᠭᠵᠢᠬᠦᠯᠬᠦ ︽ᠲᠦᠷᠪᠡᠨ ᠵᠤᠶᠢᠯ ᠤᠨ ᠬᠡᠯᠪᠡᠷᠢ︾ ᠲᠠᠢ ᠬᠤᠯᠪᠣᠭᠳᠠᠭᠰᠠᠨ ᠬᠦᠮᠦᠨ 1658 ᠪᠠᠶᠢᠵᠤ᠂ ᠡᠬᠦᠨ ᠳᠤ ᠨᠢᠬᠡᠳᠤᠬᠡᠷ ᠵᠤᠶᠢᠯ ᠤᠨ ᠬᠡᠯᠪᠡᠷᠢ ᠳᠤ 1113 ᠬᠦᠮᠦᠨ᠂ 67% ᠶᠢ ᠡᠵᠡᠯᠡᠵᠥ︔ ᠬᠤᠶᠠᠳᠤᠭᠠᠷ ᠵᠦᠢᠯ ᠤᠨ ᠬᠡᠯᠪᠡᠷᠢ ᠳᠤ 405 ᠬᠦᠮᠦᠨ᠂ 24% ᠶᠢ ᠡᠵᠡᠯᠡᠵᠣ︔ ᠭᠤᠷᠪᠠᠳᠤᠭᠠᠷ ᠵᠦᠢᠯ ᠤᠨ ᠬᠡᠯᠪᠡᠷᠢ ᠳᠤ 97 ᠬᠦᠮᠦᠨ᠂ 6% ᠶᠢ ᠡᠵᠡᠯᠡᠵᠤ︔ ᠲᠦᠷᠪᠡᠳᠤᠬᠡᠷ ᠵᠦᠢᠯ ᠤᠨ ᠬᠡᠯᠪᠡᠷᠢ ᠳᠤ 43 ᠬᠦᠮᠦᠨ᠂ 3% ᠶᠢ ᠡᠵᠡᠯᠡᠵᠤ᠂ ᠬᠢᠨᠡᠯᠳᠡ ᠲᠠᠯᠪᠢᠵᠥ ᠰᠠᠬᠢᠯᠭ᠎ᠠ ᠪᠠᠳᠤ ᠶᠢ ᠬᠡᠷᠡᠭᠵᠢᠬᠦᠯᠬᠦ ᠠᠵᠢᠯ ᠢ ︽ᠲᠤᠶᠢᠯ ᠤᠨ ᠴᠦᠬᠡᠨ ᠲᠤᠭᠠᠳᠠᠨ ᠢ ᠵᠠᠯᠬᠠᠭᠠᠨ ᠰᠢᠳᠬᠡᠵᠥ︾ ᠪᠠᠶᠢᠠᠠᠰᠡᠨ ᠠᠴᠠ ︽ᠣᠯᠠᠩᠬᠢ ᠲᠤᠭ᠎ᠠ ᠶᠢ ᠬᠠᠮᠢᠶᠠᠷᠴᠥ ᠴᠢᠳᠠᠬᠤ︾ ᠲᠠᠶᠢᠰᠢ ᠦᠷᠬᠡᠳᠬᠡᠪᠡ᠃︵ᠲᠦᠷᠪᠡ︶ ᠰᠤᠷᠳᠠᠯ ᠤᠨ ᠪᠠᠶᠢᠭᠤᠯᠤᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠥ᠂ ᠨᠡᠮ ᠵᠠᠰᠠᠭ ᠤᠨ ᠰᠤᠷᠳᠠᠯ ᠰᠠᠶᠢᠵᠢᠷᠠᠪᠠ᠃ᠡᠳᠤᠷ ᠲᠤᠳᠤᠮ ᠤᠨ ᠬᠢᠨᠠᠯᠲᠠ ᠪᠠ ᠲᠤᠰᠬᠠᠢ ᠪᠠᠶᠢᠴᠠᠭᠠᠯᠳᠡ ᠶᠢ ᠣᠶᠠᠯᠳᠣᠭᠤᠯᠵᠤ᠂  ᠡᠰᠡᠷᠭᠦᠴᠡᠯᠳᠦᠨ ᠰᠠᠬᠢᠯᠭ᠎ᠠ ᠪᠠᠳᠤ ᠶᠢ ᠵᠥᠷᠢᠴᠡᠭᠰᠡᠨ ᠪᠠ ᠵᠢᠷᠭᠠᠨ ᠴᠠᠩᠬᠡᠵᠥ ᠱᠠᠯᠢᠨ ᠪᠦᠷᠢᠯᠬᠡᠭᠰᠡᠨ ᠠᠰᠠᠭᠤᠳᠠᠯ ᠢ ᠬᠦᠨᠵᠡᠬᠡᠢ ᠠᠭᠤᠳᠠᠯᠤᠨ ᠨᠠᠷᠢᠯᠢᠭ ᠪᠠᠶᠢᠴᠠᠭᠠᠵᠥ᠂ ᠲᠦᠪ ᠬᠤᠷᠢᠶᠠᠨ ᠤ ᠨᠠᠢᠮᠡᠨ ᠵᠤᠷᠪᠤᠰ ᠲᠤᠠᠠᠳᠠᠭᠠᠯ ᠵᠢᠴᠢ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠵᠦᠷᠢᠴᠡᠭᠰᠡᠨ 28 ᠠᠰᠠᠭᠤᠳᠠᠯ ᠢ ᠪᠠᠶᠢᠴᠠᠭᠠᠨ ᠰᠢᠢᠳᠪᠤᠷᠢᠯᠡᠵᠥ᠂ 31 ᠬᠦᠮᠦᠨ ᠳᠤ ᠰᠢᠳᠬᠡᠯ ᠦᠭᠴᠥ᠂ 17 ᠬᠦᠮᠦᠨ ᠳᠤ ᠵᠤᠬᠢᠶᠠᠨ ᠪᠠᠶᠢᠭᠤᠯᠤᠯᠳᠡ ᠶᠢᠨ ᠰᠢᠳᠭᠡᠯ ᠥᠭᠴᠦ᠂ 28 ᠬᠡᠷᠡᠭ 28 ᠬᠦᠮᠦᠨ ᠢ ᠵᠠᠷᠯᠡᠨ ᠢᠯᠡᠴᠢᠯᠡᠵᠥ᠂ ᠰᠠᠬᠢᠯᠭ᠎ᠠ ᠪᠠᠳᠤ ᠶᠢᠨ ᠬᠡᠷᠡᠭᠵᠢᠭᠦᠯᠦᠯᠲᠡ ᠤᠯᠠᠮ ᠡᠷᠴᠢᠮᠵᠢᠪᠡ᠃ ᠬᠡᠨᠡᠳᠡᠬᠦᠯᠤᠨ ᠪᠠᠶᠢᠴᠠᠭᠠᠬᠤ᠂  ᠰᠣᠯᠢᠯᠴᠠᠨ  ᠪᠠᠶᠢᠴᠠᠭᠠᠬᠤ ᠵᠡᠷᠬᠡ ᠠᠷᠭ᠎ᠠ ᠬᠡᠯᠪᠡᠷᠢ ᠪᠠᠷ ︽ᠲᠦᠷᠪᠡᠨ ᠰᠤᠷᠳᠠᠯ︾ ᠤᠨ ᠠᠰᠠᠭᠤᠳᠠᠯ ᠢ ᠬᠦᠨᠵᠡᠬᠡᠢ ᠠᠭᠤᠳᠠᠯᠤᠨ ᠨᠠᠷᠢᠯᠢᠭ ᠪᠠᠶᠢᠴᠠᠭᠠᠵᠥ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠢ ᠲᠤᠰᠬᠠᠢ ᠴᠡᠭᠴᠠᠯᠡᠨ ᠵᠠᠰᠠᠪᠠ᠃ ᠬᠤᠭᠤᠰᠤᠨ ᠠᠮᠠᠯᠠᠵᠤ ᠬᠤᠶᠢᠷᠭᠤ ᠰᠠᠭᠤᠭᠰᠠᠨ᠂ ᠲᠤᠠᠠᠳᠠᠭᠠᠯ ᠠᠴᠠ ᠵᠦᠷᠢᠴᠠᠨ ᠦᠨᠳᠤᠰᠤᠨ ᠱᠠᠳᠤᠨ ᠳᠤ ᠡᠬᠦᠷᠬᠡ  ᠳᠠᠭᠠᠭᠠᠯᠭᠠᠭᠰᠠᠨ  162 ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠤᠷᠢᠯᠡᠵᠥ᠂ 148 ᠬᠦᠮᠦᠨ ᠳᠤ ᠰᠢᠳᠬᠡᠯ ᠦᠭᠴᠥ᠂ 78 ᠬᠦᠮᠦᠨ  ᠳᠤ ᠵᠤᠬᠢᠶᠠᠨ ᠪᠠᠶᠢᠭᠤᠯᠤᠯᠳᠡ  ᠶᠢᠨ ᠰᠢᠳᠬᠡᠯ ᠣᠯᠭᠤᠪᠠ᠃︵ᠲᠠᠪᠤ︶ ︽ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠣᠳᠤᠬᠤ ᠦᠬᠡᠢ︾ ᠪᠠᠶᠢᠭᠤᠯᠤᠯᠳᠡ ᠶᠢ ᠴᠤᠠᠠᠴᠠᠵᠢᠭᠤᠯᠤᠨ ᠠᠬᠢᠭᠤᠯᠵᠥ᠂ ᠤᠯᠤᠰ ᠲᠦᠷᠦ ᠶᠢᠨ ᠣᠷᠴᠢᠨ ᠠᠬᠤᠢ ᠦᠷᠬᠦᠯᠵᠢᠯᠡᠨ ᠰᠠᠶᠢᠵᠢᠷᠠᠪᠠ᠃ ᠡᠷᠡᠰ ᠴᠢᠩᠭ᠎ᠠ ᠪᠠᠶᠢᠬᠤ ᠶᠢ ᠢᠮᠬᠠᠳᠠ ᠪᠠᠷᠢᠮᠳᠡᠯᠡᠵᠥ᠂ ᠲᠥᠪ ᠴᠢᠩᠭ᠎ᠠ ᠪᠠᠷ ᠢᠯᠵᠠᠷᠠᠯ ᠢ ᠡᠰᠡᠷᠬᠦᠴᠠᠬᠦ ᠠᠵᠢᠯ ᠢ ᠪᠦᠳᠦᠮᠵᠢᠳᠡᠢ ᠠᠬᠢᠭᠤᠯᠪᠠ᠃ ᠲᠠᠪᠤᠨ ᠵᠢᠯ ᠤᠨ ᠲᠤᠷᠰᠢ᠂ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠰᠢᠰᠲ᠋ᠧᠮ ᠤᠨ ᠬᠢᠨ 1773 ᠠᠰᠠᠭᠤᠳᠠᠯ ᠤᠨ ᠰᠦᠪᠡᠭᠴᠢ ᠶᠢ ᠬᠦᠯᠢᠶᠠᠨ ᠠᠪᠴᠥ᠂ 601 ᠬᠡᠷᠡᠭ ᠢ ᠲᠠᠩᠰᠠᠯᠡᠵᠥ᠂ 614 ᠬᠦᠮᠦᠨ ᠳᠤ ᠨᠡᠮ ᠤᠨ ᠰᠢᠳᠬᠡᠯ ᠪᠠ ᠵᠠᠰᠠᠭ ᠤᠨ ᠶᠠᠪᠤᠳᠠᠯ ᠤᠨ ᠰᠢᠳᠬᠡᠯ ᠦᠭᠴᠥ᠂ 15 ᠬᠦᠮᠦᠨ ᠢ ᠦᠯᠡᠳᠡᠬᠡᠨ ᠪᠠᠶᠢᠴᠠᠭᠠᠵᠤ᠂ 18 ᠬᠦᠮᠦᠨ ᠢ ᠬᠢᠨᠡᠨ  ᠪᠠᠶᠢᠴᠠᠭᠠᠬᠤ ᠬᠤᠷᠢᠶᠠᠨ ᠳᠤ ᠰᠢᠯᠵᠢᠭᠦᠯᠦᠨ ᠦᠭᠴᠦ᠂ 2.81 ᠳ᠋ᠦᠩᠰᠢᠭᠤᠷ ᠲᠦᠭᠦᠷᠢᠭ ᠤᠨ ᠠᠵᠥ ᠠᠬᠤᠢ ᠶᠢᠨ ᠬᠤᠬᠢᠷᠠᠯ ᠢ ᠡᠬᠡᠬᠦᠯᠤᠨ ᠠᠪᠴᠢᠷᠠᠪᠡ᠃ ᠬᠤᠰᠢᠭᠤ ᠨᠡᠮ ᠤᠨ ᠬᠤᠷᠢᠶ᠎ᠠ ᠶᠢ ᠬᠠᠮᠵᠢᠨ ︽ᠥᠩᠭᠡᠨ ᠲᠠᠯ᠎ᠠ ᠪᠠ ᠦᠨᠳᠦᠰᠦ ᠰᠣᠷᠪᠣᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ ᠬᠡᠷᠡᠭ ᠣᠴᠢᠷ ᠢᠶᠠᠷ ᠵᠢᠱᠢᠶ᠎ᠡ ᠪᠣᠯᠭᠠᠨ ᠥᠭᠡᠷᠡᠴᠢᠯᠡᠯᠲᠡ ᠶᠢ ᠠᠬᠢᠭᠤᠯᠬᠤ ᠳᠣᠬᠠᠢ ᠠᠵᠢᠯ ᠤᠨ ᠬᠡᠷᠡᠭᠵᠢᠭᠦᠯᠬᠦ ᠰᠠᠨᠠᠯ︾᠂ ︽ᠬᠡᠷᠡᠭ ᠣᠴᠢᠷ ᠢᠶᠠᠷ ᠵᠢᠱᠢᠶ᠎ᠡ ᠪᠣᠯᠭᠠᠨ ᠥᠭᠡᠷᠡᠴᠢᠯᠡᠯᠲᠡ ᠶᠢ ᠠᠬᠢᠭᠤᠯᠬᠤ ᠳᠥᠷᠢᠮ ᠢ ᠪᠠᠶᠢᠩᠭᠤ ᠬᠡᠷᠡᠭᠵᠢᠭᠦᠯᠬᠦ ᠳᠣᠬᠠᠢ ᠠᠷᠭ᠎ᠠ ︾ ᠶᠢ ᠲᠤᠠᠠᠳᠠᠭᠠᠵᠥ᠂  ᠵᠠᠷᠯᠠᠨ ᠢᠯᠡᠴᠢᠯᠡᠬᠦ ᠪᠢᠴᠢᠭ ᠮᠠᠲ᠋ᠧᠷᠢᠶᠡᠯ 94 ᠬᠤᠭᠤᠴᠠᠭ᠎ᠠ᠂ ᠬᠢᠨᠡᠨ ᠪᠠᠶᠢᠴᠠᠭᠠᠬᠤ ᠰᠠᠨᠠᠭᠤᠯᠭ᠎ᠠ ᠶᠢᠨ ᠪᠢᠴᠢᠭ᠂ ᠪᠠᠶᠢᠴᠠᠭᠠᠬᠤ ᠰᠠᠨᠠᠭᠤᠯᠭ᠎ᠠ ᠶᠢᠨ ᠪᠢᠴᠢᠭ 215 ᠬᠤᠪᠢ  ᠪᠠᠭᠤᠯᠭᠠᠵᠤ᠂ ᠬᠡᠷᠡᠭ ᠤᠴᠢᠷ ᠭᠠᠷᠭᠠᠭᠰᠠᠨ ᠨᠡᠮ ᠤᠨ ᠵᠤᠬᠢᠶᠠᠨ ᠪᠠᠶᠢᠭᠤᠯᠤᠯᠳᠡ ᠶᠢ ᠰᠢᠪᠠᠳᠠᠨ᠂ ᠬᠠᠮᠢᠶᠠᠷᠤᠯᠳᠠ ᠪᠠ ᠲᠦᠷᠢᠮ ᠤᠨ ᠲᠤᠳᠠᠭᠤᠳᠠᠯ  ᠢᠶᠠᠨ ᠨᠥᠬᠦᠪᠦᠷᠢᠯᠡᠵᠦ᠂ ᠤᠷᠤᠰᠢᠵᠥ ᠪᠠᠶᠢᠭ᠎ᠠ ᠠᠰᠠᠭᠤᠳᠠᠯ ᠢᠶᠠᠨ ᠰᠢᠢᠳᠪᠦᠷᠢᠯᠡᠨ᠂ ᠬᠡᠷᠡᠭ ᠣᠴᠢᠷ ᠢᠶᠠᠷ ᠵᠢᠱᠢᠶ᠎ᠡ ᠪᠣᠯᠭᠠᠨ ᠠᠵᠢᠯ ᠤᠨ ᠭᠤᠭᠴᠤᠭ᠎ᠠ ᠶᠢ ᠠᠪᠴᠠᠯᠳᠣᠭᠤᠯᠪᠠ᠃ ᠰᠠᠷᠠᠮᠵᠢᠯᠡᠬᠦᠯᠬᠦ ᠬᠦᠮᠦᠵᠢᠯ ᠤᠨ ᠬᠤᠷᠠᠯ ᠢ 26 ᠤᠳᠠᠭ᠎ᠠ ᠬᠤᠷᠠᠯᠳᠤᠭᠤᠯᠵᠥ᠂ 5 ᠴᠢᠬᠡᠴᠢ ᠭᠥᠮᠥᠵᠢᠯ ᠤᠨ ᠹᠢᠯᠢᠮ ᠤᠶᠢᠯᠡᠳᠴᠥ᠂ 170 ᠤᠳᠠᠭ᠎ᠠ ᠳᠤ 4710 ᠨᠡᠮ ᠤᠨ ᠬᠡᠰᠢᠬᠦᠨ ᠺᠠᠳ᠋ᠷ ᠲᠤ  ᠬᠦᠮᠦᠵᠢᠯ ᠬᠦᠷᠲᠡᠭᠡᠵᠦ᠂ ᠨᠡᠮ ᠤᠨ ᠵᠤᠬᠢᠶᠠᠨ ᠪᠠᠶᠢᠭᠤᠯᠤᠯᠳᠡ ᠶᠢᠨ ᠭᠤᠤᠯ ᠴᠤᠠᠠᠴᠠ ᠶᠢᠨ ᠬᠠᠷᠢᠭᠤᠴᠠᠯᠭ᠎ᠠ ᠪᠠᠨ ᠬᠦᠢᠴᠠᠳᠬᠡᠬᠦ ᠤᠬᠠᠮᠰᠠᠷ ᠪᠤᠯᠤᠨ ᠦᠷᠬᠡᠨ ᠤᠯᠡᠨ ᠨᠡᠮ ᠤᠨ ᠬᠡᠰᠢᠬᠦᠨ ᠺᠠᠳ᠋ᠷ ᠤᠨ ᠬᠠᠤᠯᠢ ᠶᠢ ᠰᠠᠬᠢᠵᠤ ᠰᠠᠬᠢᠯᠭ᠎ᠠ ᠪᠠᠲᠤ ᠶᠢ ᠵᠢᠷᠤᠮᠯᠠᠬᠤ ᠦᠵᠡᠯᠳᠡ  ᠶᠢ ᠳᠡᠭᠡᠭᠰᠢᠯᠡᠭᠦᠯᠪᠡ᠃ ᠬᠢᠨᠡᠨ ᠪᠠᠶᠢᠴᠠᠭᠠᠯᠳᠡ ᠶᠢᠨ ᠠᠮᠤᠷ ᠲᠦᠪᠰᠢᠨ ᠤ ᠠᠵᠢᠯ ᠢ ᠲᠡᠬᠡᠳᠤ ᠬᠡᠮᠵᠢᠶ᠎ᠠ ᠪᠠᠷ ᠴᠢᠬᠤᠯᠠᠴᠢᠯᠡᠵᠥ᠂ ᠬᠤᠰᠢᠭᠤᠨ ᠤ ᠴᠢᠬᠡᠴᠢ ᠵᠠᠰᠠᠭ ᠤᠨ ᠬᠦᠮᠦᠵᠢᠯ ᠤᠨ ᠲᠦᠪ ᠤᠨ ᠶᠠᠷᠢᠯᠴᠠᠭᠠᠨ ᠤ ᠲᠠᠯᠠᠪᠤᠷ᠂ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠶᠠᠷᠢᠯᠴᠠᠭᠠᠨ ᠤ ᠲᠠᠰᠤᠭ ᠤᠨ ᠪᠠᠷᠢᠮᠵᠢᠶᠠᠵᠢᠠᠠᠰᠡᠨ ᠪᠠᠶᠢᠭᠤᠯᠤᠯᠳᠡ ᠶᠢ ᠪᠡᠶᠡᠯᠡᠭᠦᠯᠪᠡ᠃ ᠰᠠᠬᠢᠯᠭ᠎ᠠ ᠪᠠᠳᠤ ᠶᠢᠨ ᠰᠢᠳᠬᠡᠯ ᠢ ᠬᠡᠷᠡᠭᠵᠢᠬᠦᠯᠦᠭᠰᠡᠨ ᠪᠠᠶᠢᠳᠠᠯ ᠳᠤ 10 ᠤᠳᠠᠭ᠎ᠠ ᠬᠢᠨᠡᠯᠳᠡ ᠬᠢᠵᠥ᠂ ᠰᠢᠳᠬᠡᠯ ᠢ ᠪᠤᠳᠡᠳᠡᠢ ᠬᠡᠷᠡᠭᠵᠢᠬᠦᠯᠬᠦ ᠶᠢ ᠦᠨᠡᠨ ᠬᠦ ᠪᠠᠳᠤᠯᠠᠪᠡ᠃ ᠬᠦᠳᠬᠡᠨ ᠵᠠᠭᠠᠯᠳᠤᠵᠥ ᠬᠤᠤᠷᠯᠡᠨ ᠬᠦᠨᠦᠬᠡᠭᠰᠡᠨ ᠤᠶᠢᠯᠠ ᠠᠵᠢᠯᠯᠠᠭ᠎ᠠ ᠶᠢ ᠴᠢᠩᠭ᠎ᠠ ᠪᠠᠶᠢᠴᠠᠭᠠᠵᠥ᠂ ᠭᠦᠳᠭᠡᠵᠦ ᠵᠠᠭᠠᠯᠳᠤᠭᠳᠠᠭᠰᠠᠨ 2 ᠰᠠᠯᠠᠭ᠎ᠠ ᠮᠦᠴᠢᠷ᠂ 4 ᠺᠠᠳ᠋ᠷ ᠤᠨ ᠨᠠᠷ᠎ᠠ ᠬᠦᠨᠳᠤ ᠶᠢ ᠴᠠᠭᠠᠳᠬᠠᠵᠤ᠂ ᠰᠢᠳᠬᠡᠯ ᠣᠯᠭᠤᠭᠰᠠᠨ 254 ᠬᠦᠮᠦᠨ ᠢ ᠬᠠᠷᠢᠭᠤ ᠰᠤᠷᠪᠤᠯᠵᠢᠯᠠᠵᠤ᠂ ᠺᠠᠳ᠋ᠷ ᠤᠨ ᠠᠵᠢᠯ ᠬᠢᠵᠥ ᠤᠶᠢᠯᠡᠰ ᠴᠤᠠᠠᠴᠠᠯᠠᠬᠤ ᠢᠳᠡᠪᠬᠢᠵᠢᠯ ᠢ ᠬᠦᠭᠵᠢᠬᠡᠪᠡ᠃ᠦᠨᠳᠤᠰᠤᠨ ᠱᠠᠳᠤᠨ ᠤ ᠤᠯᠤᠰ ᠲᠦᠷᠦ ᠶᠢᠨ ᠣᠷᠴᠢᠨ ᠠᠬᠤᠢ ᠶᠢ ᠴᠢᠩᠳᠠᠯᠠᠵᠤ᠂ ᠨᠠᠮ ᠤᠨ ᠶᠠᠪᠣᠳᠠᠯ ᠵᠠᠰᠠᠭ ᠤᠨ ᠶᠠᠪᠤᠳᠠᠯ ᠡᠳ᠋ ᠤᠨ ᠶᠠᠪᠣᠳᠠᠯ ᠢ ᠨᠡᠶᠢᠲᠡᠯᠡᠬᠦ  ᠦᠭᠡᠢ᠂ ᠦᠨᠡᠨ ᠢᠶᠠᠷ ᠨᠡᠶᠢᠲᠡᠯᠡᠬᠦ ᠦᠭᠡᠢ᠂ ᠭᠦᠢᠴᠡᠳ ᠨᠡᠶᠢᠲᠡᠯᠡᠬᠦ ᠦᠬᠡᠢ ᠵᠡᠷᠬᠡ 94 ᠠᠰᠠᠭᠤᠳᠠᠯ ᠢ ᠪᠠᠶᠢᠴᠠᠭᠠᠨ ᠰᠢᠢᠳᠪᠤᠷᠢᠯᠡᠵᠥ᠂ 97 ᠬᠦᠮᠦᠨ ᠳᠤ ᠰᠢᠳᠬᠡᠯ ᠦᠭᠴᠥ᠂ 9 ᠬᠦᠮᠦᠨ ᠳᠤ ᠵᠤᠬᠢᠶᠠᠨ ᠪᠠᠶᠢᠭᠤᠯᠤᠯᠳᠡ ᠶᠢᠨ ᠰᠢᠳᠭᠡᠯ ᠣᠯᠭᠤᠵᠤ᠂ 10 ᠬᠦᠮᠦᠨ ᠢ ᠵᠠᠷᠯᠡᠨ ᠢᠯᠡᠴᠢᠯᠡᠪᠡ︔ 63 ᠤᠳᠠᠭ᠎ᠠ 194 ᠬᠦᠮᠦᠨ ᠳᠤ ᠬᠤᠯᠪᠣᠭᠳᠠᠭᠰᠠᠨ ᠵᠠᠬᠢᠳᠠᠯ ᠰᠣᠷᠪᠣᠯᠵᠢᠯᠠᠭ᠎ᠠ ᠶᠢ ᠳᠣᠬᠠᠢ ᠶᠢᠨ ᠭᠠᠵᠠᠷ ᠲᠤᠨᠢ ᠬᠦᠷᠴᠦ  ᠰᠢᠢᠳᠪᠦᠷᠢᠯᠡᠬᠦ ᠠᠵᠢᠯᠯᠠᠭ᠎ᠠ ᠦᠷᠨᠢᠬᠦᠯᠵᠥ᠂ 52 ᠬᠤᠪᠢ ᠵᠠᠬᠢᠳᠠᠯ ᠰᠤᠷᠪᠤᠯᠵᠢᠯᠠᠭ᠎ᠠ ᠶᠢ  ᠰᠢᠢᠳᠪᠦᠷᠢᠯᠡᠪᠡ︔ 5933 ︽ᠴᠢᠬᠡᠴᠢ ᠰᠤᠷᠳᠡᠯ ᠲᠠᠢ ᠺᠠᠳ᠋ᠷ︾ ᠢ ᠰᠣᠩᠭᠤᠨ ᠦᠨᠡᠯᠡᠪᠡ᠃ ︽ᠲᠦᠷᠪᠡᠨ ᠨᠤᠶᠠᠨ︾ ᠢ ᠴᠡᠭᠴᠡᠯᠡᠵᠦ᠂ ᠤᠯᠤᠰ ᠲᠦᠷᠦ ᠶᠢᠨ ᠠᠮᠢ ᠠᠬᠤᠢ ᠶᠢ ᠦᠷᠬᠦᠯᠵᠢᠯᠡᠨ ᠰᠠᠶᠢᠵᠢᠷᠠᠭᠤᠯᠵᠤ᠂ 94 ᠬᠡᠷᠡᠭ ᠢ ᠲᠠᠩᠰᠠᠯᠡᠵᠥ᠂ 94 ᠬᠦᠮᠦᠨ ᠳᠤ ᠰᠢᠳᠬᠡᠯ ᠦᠭᠪᠡ᠃︵ᠵᠢᠷᠭᠤᠭ᠎ᠠ︶ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠡᠵᠥ᠂ ᠲᠤᠭᠤᠷᠢᠨ ᠪᠠᠶᠢᠴᠠᠭᠠᠬᠤ ᠤᠶᠢᠯᠡᠳᠤᠯ ᠢ ᠬᠦᠴᠦᠳᠡᠢ  ᠪᠠᠳᠠᠷᠠᠭᠤᠯᠪᠠ᠃ ᠲᠤᠭ᠎ᠠ ᠬᠡᠮᠵᠢᠶ᠎ᠠ ᠪᠠ ᠴᠢᠨᠠᠷ ᠴᠢᠨᠰᠠᠭ᠎ᠠ ᠶᠢ ᠤᠶᠠᠯᠳᠤᠭᠤᠯᠤᠨ᠂ ᠭᠤᠣᠯᠳᠠᠯᠭᠠᠲᠤ ᠡᠭᠦᠷᠭᠡ  ᠳᠤ ᠲᠥᠪᠯᠡᠷᠡᠭᠦᠯᠵᠦ᠂ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠳᠤ ᠰᠠᠭᠤᠷᠢᠯᠠᠵᠤ᠂ ᠲᠤᠰᠬᠠᠢ  ᠪᠠᠶᠢᠴᠠᠭᠠᠯᠲᠠ᠂  ᠭᠦᠨᠵᠡᠭᠡᠢ ᠪᠠᠶᠢᠴᠠᠭᠠᠯᠲᠠ᠂  ᠲᠠᠪᠲᠠᠨ  ᠪᠠᠶᠢᠴᠠᠭᠠᠯᠲᠠ ᠵᠡᠷᠭᠡ ᠠᠷᠭ᠎ᠠ ᠪᠠᠷᠢᠯ ᠢ ᠠᠮᠢᠳᠤᠯᠢᠭ ᠢᠶᠠᠷ ᠬᠡᠷᠡᠭᠯᠡᠵᠦ᠂ ᠳᠡᠭᠡᠳᠦ ᠳᠣᠣᠷᠠᠳᠤ ᠱᠠᠲᠤ ᠢᠳᠡᠪᠬᠢᠲᠠᠢ ᠬᠤᠯᠪᠤᠭᠠᠯᠠᠨ ᠲᠣᠭᠤᠷᠢᠨ ᠪᠠᠶᠢᠴᠠᠭᠠᠯᠲᠠ ᠬᠢᠬᠦ  ᠡᠭᠦᠷᠭᠡ ᠪᠠᠨ ᠰᠠᠶᠢᠲᠤᠷ ᠪᠡᠶᠡᠯᠡᠭᠦᠯᠪᠡ᠃ ᠲᠠᠪᠤᠨ ᠵᠢᠯ ᠤᠨ ᠲᠤᠷᠰᠢ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ 22 ᠤᠳᠠᠭ᠎ᠠ ᠬᠤᠷᠠᠯᠳᠤᠭᠤᠯᠵᠤ᠂ ᠱᠦᠵᠢ ᠶᠢᠨ ᠲᠤᠰᠬᠠᠢ ᠰᠡᠳᠦᠪᠲᠦ ᠬᠤᠷᠠᠯ ᠢ 9 ᠤᠳᠠᠭ᠎ᠠ ᠬᠤᠷᠠᠯᠳᠤᠨ᠂ 64 ᠵᠣᠷᠪᠤᠰ ᠤᠴᠢᠷ ᠶᠠᠪᠤᠳᠠᠯ ᠢ ᠨᠡᠷ᠎ᠡ ᠳᠤᠷᠠᠳᠴᠤ ᠯᠠᠪᠯᠠᠪᠠ᠃ 9 ᠡᠭᠡᠯᠵᠢ ᠶᠢᠨ ᠲᠣᠭᠤᠷᠢᠨ ᠪᠠᠶᠢᠴᠠᠭᠠᠯᠲᠠ ᠬᠢᠵᠦ᠂ 89 ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶  ᠤ ᠨᠠᠮ ᠤᠨ ᠵᠣᠬᠢᠶᠠᠨ ᠪᠠᠶᠢᠭᠤᠯᠤᠯᠳᠠ ᠳᠤ ᠭᠦᠨᠵᠡᠭᠡᠶᠢᠷᠡᠨ᠂ ᠪᠠᠶᠢᠴᠠᠭᠠᠯᠲᠠ ᠬᠢᠭᠰᠡᠨ ᠨᠣᠷᠮ᠎ᠠ ᠨᠢ 100% ᠳᠤ ᠬᠦᠷᠪᠡ᠃ ᠠᠰᠠᠭᠤᠳᠠᠯ ᠤᠨ ᠰᠦᠪᠡᠭᠴᠢ 67 ᠰᠢᠯᠵᠢᠭᠦᠯᠦᠨ ᠲᠤᠰᠢᠶᠠᠵᠤ᠂ 21 ᠠᠰᠠᠭᠤᠳᠠᠯ ᠢ ᠬᠡᠷᠡᠭ ᠪᠣᠯᠭᠠᠨ   ᠳᠠᠩᠰᠠᠯᠠᠵᠤ᠂ 23 ᠬᠦᠮᠦᠨ  ᠳᠤ ᠰᠢᠳᠬᠡᠯ ᠣᠯᠭᠤᠨ᠂ 7568 ᠲᠥᠮᠡᠨ ᠲᠥᠭᠦᠷᠢᠭ ᠢ ᠨᠡᠬᠡᠮᠵᠢᠯᠡᠨ ᠲᠤᠰᠢᠶᠠᠯᠭᠠᠪᠠ᠃ ᠳᠡᠭᠡᠳᠦ ᠱᠠᠲᠤᠨ ᠤ ᠲᠤᠭᠤᠷᠢᠨ  ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠤᠨ ᠰᠥᠪᠡᠭᠴᠢ ᠶᠢ 180 ᠬᠤᠪᠢ ᠰᠢᠢᠳᠪᠦᠷᠢᠯᠡᠨ᠂ 21 ᠠᠰᠠᠭᠤᠳᠠᠯ ᠢ ᠬᠡᠷᠡᠭ ᠪᠣᠯᠭᠠᠨ ᠳᠠᠩᠰᠠᠯᠠᠵᠤ᠂ 21 ᠬᠦᠮᠦᠨ ᠳᠤ ᠰᠢᠳᠬᠡᠯ ᠥᠭᠴᠡᠢ᠃ ︽ᠲᠣᠭᠤᠷᠢᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠠᠵᠢᠯ ᠤᠨ ᠲᠦᠷ ᠬᠡᠷᠡᠭᠵᠢᠭᠦᠯᠬᠦ ᠠᠷᠭ᠎ᠠ︾ ᠶᠢ   ᠳᠠᠷᠤᠮᠠᠯᠯᠠᠨ ᠲᠠᠷᠬᠠᠭᠠᠵᠤ᠂ ᠳᠠᠩᠰᠠ  ᠲᠠᠢ ᠬᠠᠷᠭᠤᠭᠤᠯᠤᠨ  ᠬᠡᠷᠡᠭ ᠤᠴᠢᠷ ᠢ ᠰᠢᠢᠳᠪᠦᠷᠢᠯᠡᠬᠦ  ᠲᠣᠭᠲᠠᠴᠠ ᠶᠢ ᠬᠡᠷᠡᠭᠵᠢᠭᠦᠯᠦᠨ᠂ 849 ᠠᠰᠠᠭᠤᠳᠠᠯ ᠢ ᠬᠠᠷᠢᠭᠤ ᠲᠤᠰᠬᠠᠵᠤ᠂ ᠴᠠᠭ ᠳᠠᠷᠤᠢ ᠳᠤᠨᠢ 113 ᠶᠢ ᠨᠢ   ᠬᠠᠯᠠᠨ ᠰᠠᠶᠢᠵᠢᠷᠠᠭᠤᠯᠵᠤ᠂ 30  ᠠᠴᠠ ᠨᠢ ᠬᠠᠷᠢᠭᠤᠴᠠᠯᠭ᠎ᠠ ᠨᠡᠬᠡᠮᠵᠢᠯᠡᠵᠦ᠂ 412  ᠵᠣᠷᠪᠤᠰ ᠳᠦᠷᠢᠮ ᠲᠣᠭᠲᠠᠭᠠᠯ ᠳᠤ ᠵᠠᠰᠠᠪᠤᠷᠢ ᠤᠷᠤᠭᠤᠯᠵᠤ᠂ ᠬᠠᠯᠠᠨ ᠰᠠᠶᠢᠵᠢᠷᠠᠭᠤᠯᠬᠤ  ᠬᠦᠴᠦᠯᠡᠴᠡ ᠪᠠᠨ  ᠴᠢᠩᠭᠠᠳᠬᠠᠪᠠ᠃︵ᠳᠣᠯᠤᠭ᠎ᠠ︶ ᠭᠤᠣᠯᠳᠠᠯᠭ᠎ᠠ ᠲᠠᠢ ᠠᠵᠢᠯ ᠤᠨ ᠬᠡᠪᠴᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰᠬᠠᠢ ᠴᠡᠭᠴᠡᠯᠡᠯᠲᠡ ᠶᠢᠨ ᠦᠷ᠎ᠡ ᠪᠦᠲᠦᠮᠵᠢ ᠢᠯᠡᠷᠬᠡᠢ ᠪᠣᠯᠪᠠ᠃ ᠶᠠᠳᠠᠭᠤ ᠶᠢ ᠲᠡᠳᠭᠦᠬᠦ ᠠᠵᠢᠯ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠤᠨ ᠲᠤᠰᠬᠠᠢ ᠴᠡᠭᠴᠡᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠶᠠᠳᠠᠭᠤ ᠶᠢ ᠲᠡᠳᠬᠦᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠳᠡ ᠱᠠᠭᠠᠷᠳᠠᠨ ᠪᠠᠶᠢᠴᠠᠭᠠᠵᠤ᠂ 33  ᠠᠰᠠᠭᠤᠳᠠᠯ ᠢ ᠬᠡᠷᠡᠭ ᠪᠣᠯᠭᠠᠨ ᠳᠠᠩᠰᠠᠯᠠᠵᠤ᠂ 36 ᠬᠥᠮᠥᠨ ᠳᠤ ᠰᠢᠳᠬᠡᠯ ᠥᠭᠴᠥ᠂ 31 ᠬᠥᠮᠥᠨ ᠢ ᠵᠤᠬᠢᠶᠠᠨ ᠪᠠᠶᠢᠭᠤᠯᠤᠯᠳᠠ ᠠᠴᠠ ᠰᠢᠢᠳᠪᠤᠷᠢᠯᠡᠨ᠂ 14 ᠠᠰᠠᠭᠤᠳᠠᠯ ᠢ ᠵᠠᠷᠯᠠᠨ ᠢᠯᠡᠴᠢᠯᠡᠪᠡ᠃ ᠵᠠᠰᠠᠭ ᠤᠨ ᠤᠷᠳᠤᠨ ᠤ ᠥᠷᠢ ᠥᠭᠴᠡᠭᠡᠨ ᠤ ᠠᠶᠤᠯ ᠢ 8 ᠬᠤᠪᠢ ᠰᠢᠢᠳᠪᠤᠷᠢᠯᠡᠨ᠂ 34 ᠬᠥᠮᠥᠨ ᠳᠤ ᠵᠤᠬᠢᠶᠠᠨ ᠪᠠᠶᠢᠭᠤᠯᠤᠯᠳᠠ ᠶᠢᠨ  ᠰᠢᠳᠬᠡᠯ ᠥᠭᠴᠦ᠂ ᠪᠤᠬᠢᠷᠳᠤᠯ ᠢ ᠰᠡᠷᠬᠡᠶᠢᠯᠡᠨ ᠵᠠᠰᠠᠬᠤ 6 ᠠᠰᠠᠭᠤᠳᠠᠯ ᠢ ᠬᠡᠷᠡᠭ ᠪᠤᠯᠭᠠᠨ ᠲᠠᠩᠰᠠᠯᠠᠵᠤ ᠰᠢᠢᠳᠪᠤᠷᠢᠯᠡᠨ᠂ 8 ᠬᠥᠮᠥᠨ ᠳᠤ ᠰᠢᠳᠬᠡᠯ ᠣᠯᠭᠤᠪᠠ᠃ ︽ᠬᠠᠮᠠᠭᠠᠯᠠᠭᠴᠢ ᠶᠢ ᠨᠢ ᠴᠣᠬᠢᠵᠤ ᠰᠦᠯᠪᠡᠭᠡ ᠶᠢ ᠨᠢ ᠲᠠᠰᠤᠯᠬᠤ︾ᠠᠵᠢᠯᠯᠠᠭ᠎ᠠ ᠶᠢ ᠬᠥᠨᠵᠡᠬᠡᠢ ᠠᠬᠢᠭᠤᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠤᠭᠳᠠᠭᠰᠠᠨ ᠢᠯᠵᠠᠷᠠᠯ ᠤᠨ ᠠᠰᠠᠭᠤᠳᠠᠯ᠂ ︽ᠬᠠᠮᠠᠭᠠᠯᠠᠭᠴᠢ︾ ᠪᠠ ᠬᠠᠷᠢᠭᠤᠴᠠᠯᠭ᠎ᠠ ᠪᠠᠨ ᠠᠯᠳᠠᠭᠰᠠᠨ 14 ᠠᠰᠠᠭᠤᠳᠠᠯ ᠢ ᠳᠠᠩᠰᠠᠯᠠᠨ ᠪᠠᠶᠢᠴᠠᠭᠠᠵᠤ᠂ 16 ᠬᠥᠮᠥᠨ ᠳᠤ ᠰᠢᠳᠬᠡᠯ ᠥᠭᠪᠡ᠃ ︽ᠵᠠᠪᠰᠠᠷ ᠠᠴᠠ ᠨᠢ ᠵᠠᠪᠰᠢᠬᠤ︾ ᠢᠯᠵᠠᠷᠠᠯ ᠪᠠ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠠᠰᠠᠭᠤᠳᠠᠯ ᠳᠤ ᠲᠥᠪᠯᠡᠷᠡᠬᠦᠯᠥᠨ ᠵᠠᠰᠠᠵᠤ᠂ 161 ᠠᠰᠠᠭᠤᠳᠠᠯ ᠢ ᠬᠡᠷᠡᠭ ᠪᠤᠯᠭᠠᠨ ᠲᠠᠩᠰᠠᠯᠠᠵᠤ᠂ 164 ᠬᠥᠮᠥᠨ ᠳᠤ ᠰᠢᠳᠬᠡᠯ  ᠥᠭᠪᠡ᠃ ᠨᠡᠬᠦᠷᠡᠰᠥᠨ ᠤ ᠡᠬᠢ ᠪᠠᠶᠠᠯᠢᠭ ᠤᠨ ᠬᠥᠷᠢᠶᠡᠨ ᠳᠠᠬᠢ ᠬᠠᠤᠯᠢ ᠳᠦᠷᠢᠮ ᠠᠴᠠ ᠵᠥᠷᠢᠴᠡᠭᠰᠡᠨ 3 ᠠᠰᠠᠭᠤᠳᠠᠯ ᠢ ᠰᠢᠢᠳᠪᠤᠷᠢᠯᠡᠵᠥ᠂ 4 ᠬᠦᠮᠦᠨ ᠳᠤ ᠰᠢᠳᠬᠡᠯ ᠣᠯᠭᠤᠨ᠂4 ᠬᠥᠮᠥᠨ ᠳᠤ ᠵᠤᠬᠢᠶᠠᠨ ᠪᠠᠶᠢᠭᠤᠯᠤᠯᠳᠠ ᠶᠢᠨ ᠰᠢᠳᠬᠡᠯ ᠣᠯᠭᠤᠪᠠ᠃  ᠬᠤᠳᠠᠯᠳᠤᠭ᠎ᠠ ᠡᠵᠡᠩᠨᠡᠬᠦ ᠣᠷᠴᠢᠨ ᠢ ᠡᠪᠳᠡᠵᠦ ᠪᠠᠶᠢᠭ᠎ᠠ ᠠᠰᠠᠭᠤᠳᠠᠯ ᠢ 3  ᠬᠤᠪᠢ  ᠳᠠᠩᠰᠠᠯᠠᠵᠤ᠂ 3 ᠬᠦᠮᠥᠨ ᠳᠤ ᠰᠢᠳᠬᠡᠯ ᠣᠯᠭᠤᠨ᠂ 4 ᠬᠦᠮᠦᠨ ᠲᠠᠢ ᠪᠣᠯᠵᠣᠨ ᠶᠠᠷᠢᠯᠴᠠᠵᠤ᠂ 3 ᠤᠳᠠᠭ᠎ᠠ ᠵᠠᠷᠯᠠᠨ ᠢᠯᠡᠴᠢᠯᠡᠪᠡ᠃ ᠣᠯᠠᠨ  ᠤᠯᠤᠰ ᠲᠥᠷᠥ ᠬᠠᠥᠯᠢ ᠴᠠᠭᠠᠵᠠ ᠶᠢᠨ ᠰᠢᠰᠲ᠋ᠧᠮ ᠤᠨ ᠰᠠᠬᠢᠯᠭ᠎ᠠ ᠪᠠᠳᠤ  ᠬᠠᠤᠯᠢ  ᠳᠦᠷᠢᠮ ᠢ  ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠠᠰᠠᠭᠤᠳᠠᠯ ᠤᠨ ᠰᠥᠪᠡᠭᠴᠢ ᠶᠢ 42 ᠰᠢᠢᠳᠪᠦᠷᠢᠯᠡᠵᠦ᠂ 11 ᠶᠢ ᠨᠢ ᠬᠡᠷᠡᠭ ᠪᠤᠯᠭᠠᠨ ᠲᠠᠩᠰᠠᠯᠠᠵᠤ ᠂ 5 ᠬᠥᠮᠥᠨ ᠳᠤ ᠰᠢᠳᠬᠡᠯ ᠥᠭᠪᠡ᠃ ︽ᠪᠦᠷᠢᠨ ᠴᠢᠳᠠᠮᠵᠢᠲᠤ ᠺᠠᠷᠲ︾  ᠳᠤ ᠲᠤᠰᠬᠠᠢ  ᠴᠡᠭᠴᠡᠯᠡᠯᠲᠡ ᠬᠢᠵᠦ᠂ ᠠᠰᠠᠭᠤᠳᠠᠯ ᠤᠨ ᠰᠥᠪᠡᠭᠴᠢ  ᠶᠢ 16 ᠢᠯᠡᠷᠡᠭᠦᠯᠵᠦ᠂ 5 ᠶᠢ ᠨᠢ ᠬᠡᠷᠡᠭ ᠪᠤᠯᠭᠠᠨ ᠲᠠᠩᠰᠠᠯᠠᠵᠤ᠂ 4 ᠬᠥᠮᠥᠨ ᠳᠤ ᠰᠢᠳᠬᠡᠯ ᠥᠭᠴᠡᠢ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠳᠤᠰᠬᠠᠢ ᠴᠡᠭᠴᠡᠯᠡᠯᠲᠡ ᠶᠢ ᠦᠷᠨᠢᠭᠦᠯᠵᠦ᠂ 3 ᠬᠡᠷᠡᠭ ᠢ ᠲᠠᠩᠰᠠᠯᠠᠵᠤ᠂ 2 ᠬᠥᠮᠥᠨ ᠳᠤ ᠰᠢᠳᠬᠡᠯ ᠥᠭᠪᠡ᠃ ᠭᠤᠷᠪᠠᠨ ᠡᠬᠡᠯᠵᠢ ᠶᠢᠨ ᠪᠠᠶᠢᠴᠠᠭᠠᠯᠲᠠ ᠪᠠᠷ ᠳᠠᠮᠵᠢᠨ ᠤᠯᠠᠨ ᠲᠥᠮᠡᠨ ᠤ ᠲᠡᠷᠭᠡᠳᠡᠬᠢ ᠪᠢᠴᠢᠯ ᠢᠯᠵᠠᠷᠠᠯ  ᠤᠨ ᠠᠰᠠᠭᠤᠳᠠᠯ ᠢ 50 ᠬᠤᠪᠢ ᠲᠦᠪᠯᠡᠷᠡᠭᠦᠯᠦᠨ ᠴᠡᠭᠴᠡᠯᠡᠵᠥ᠂ 12 ᠬᠤᠪᠢ ᠶᠢ ᠨᠢ ᠬᠡᠷᠡᠭ ᠪᠤᠯᠭᠠᠨ ᠲᠠᠩᠰᠠᠯᠠᠵᠤ᠂ 12 ᠬᠥᠮᠥᠨ ᠳᠤ ᠰᠢᠳᠬᠡᠯ ᠥᠭᠴᠥ᠂ ᠠᠷᠠᠳ ᠣᠯᠠᠨ ᠤ ᠬᠦᠷᠢᠶᠡᠯᠡᠯ ᠢ ᠣᠯᠪᠠ ︵ᠨᠠᠢᠮᠠ︶ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠺᠠᠳ᠋ᠷ ᠤᠨ ᠡᠩᠨᠡᠬᠡᠨ ᠤ ᠪᠠᠶᠢᠭᠤᠯᠤᠯᠳᠠ᠂ ᠬᠡᠷᠡᠭ ᠰᠢᠢᠳᠪᠤᠷᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠨᠠᠷᠢᠯᠢᠭ ᠤᠨᠤᠪᠴᠢᠳᠠᠢ ᠪᠠᠷ ᠬᠢᠨᠡᠯᠳᠠ ᠲᠠᠯᠪᠢᠬᠤ᠂ ᠬᠡᠷᠡᠭ ᠤᠴᠢᠷ ᠢᠶᠠᠷ ᠵᠢᠱᠢᠶ᠎ᠡ ᠪᠣᠯᠭᠠᠨ ᠦᠭᠡᠷᠡᠴᠢᠯᠡᠯᠲᠡ ᠶᠢ ᠠᠬᠢᠭᠤᠯᠵᠤ ᠴᠡᠭᠴᠡᠯᠡᠨ ᠵᠠᠰᠠᠬᠤ ᠵᠡᠷᠬᠡ ᠠᠵᠢᠯᠯᠠᠭ᠎ᠠ ᠶᠢ ᠵᠠᠯᠭᠠᠪᠠᠷ ᠥᠷᠨᠢᠬᠦᠯᠥᠨ᠂ ᠲᠤᠰ ᠪᠡᠶ᠎ᠡ ᠶᠢᠨ ᠬᠡᠪ ᠪᠣᠯᠪᠠᠰᠤᠷᠠᠯ ᠢᠶᠠᠨ ᠲᠡᠭᠡᠭᠰᠢᠯᠡᠬᠦᠯᠬᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠡᠭᠡᠭᠰᠢᠯᠡᠬᠦᠯᠬᠦ᠂ ᠬᠡᠷᠡᠭ  ᠤᠴᠢᠷ ᠢ ᠰᠢᠢᠳᠪᠦᠷᠢᠯᠡᠬᠦ ᠶᠠᠰᠤ ᠴᠢᠨᠡᠷ ᠢ ᠲᠡᠭᠡᠭᠰᠢᠯᠡᠬᠦᠯᠬᠦ᠂ ᠳ᠋ᠠᠶᠢᠲ᠋ᠠ ᠶᠢᠨ ᠬᠡᠷᠡᠭᠯᠡᠯᠳᠡ ᠪᠠ ᠥᠨᠳᠥᠰᠥᠨ ᠱᠠᠳᠤᠨ ᠤ ᠰᠠᠭᠤᠷᠢ ᠶᠢ ᠪᠠᠳᠤᠵᠢᠭᠤᠯᠬᠤ ᠵᠡᠷᠬᠡ ᠢᠨᠵᠧᠨᠧᠷᠢᠩ ᠢ ᠶᠡᠬᠡᠪᠡᠷ ᠬᠡᠷᠡᠭᠵᠢᠬᠦᠯᠥᠨ᠂ ︽ᠡᠳᠥᠷ ᠪᠥᠷᠢ ᠰᠡᠳᠥᠪ ᠬᠠᠷᠢᠭᠤᠯᠬᠤ᠂ ᠭᠠᠷᠠᠭ  ᠪᠦᠷᠢ ᠪᠣᠯᠪᠠᠰᠤᠷᠠᠯ ᠳᠤ ᠣᠷᠤᠯᠴᠠᠬᠤ᠂ ᠤᠯᠠᠷᠢᠯ ᠪᠥᠷᠢ ᠨᠢᠬᠡ ᠤᠳᠠᠭ᠎ᠠ ᠰᠢᠯᠭᠠᠬᠤ᠂ ᠵᠢᠯ ᠪᠥᠷᠢ ᠨᠢᠬᠡ ᠤᠳᠠᠭ᠎ᠠ ᠡᠭᠡᠯᠵᠢᠯᠡᠨ  ᠰᠤᠷᠤᠯᠴᠠᠬᠤ︾ ᠪᠠᠶᠢᠩᠭᠤ ᠶᠢᠨ ᠪᠤᠯᠪᠠᠰᠤᠷᠠᠯ ᠤᠨ ᠲᠤᠭᠳᠠᠴᠠ ᠶᠢ ᠪᠠᠶᠢᠭᠤᠯᠪᠠ᠃ ᠲᠠᠪᠤᠨ ᠵᠢᠯ ᠤᠨ ᠲᠤᠷᠰᠢ᠂ ᠲᠡᠭᠡᠳᠥ ᠱᠠᠳᠤᠨ ᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠳᠤ 261 ᠬᠥᠮᠥᠨ ᠤᠳᠠᠭ᠎ᠠ ᠤᠷᠤᠯᠴᠠᠵᠤ᠂ ᠲᠡᠭᠡᠳᠥ ᠱᠠᠲᠤᠨ ᠤ ᠬᠡᠷᠡᠭ ᠰᠢᠢᠳᠪᠦᠷᠢᠯᠡᠬᠦ ᠳᠤ 180 ᠬᠥᠮᠥᠨ ᠤᠳᠠᠭ᠎ᠠ ᠲᠣᠮᠢᠯᠠᠨ ᠣᠷᠤᠯᠴᠠᠭᠤᠯᠪᠠ᠃ ᠬᠤᠰᠢᠭᠤᠨ ᠤ ᠬᠡᠪᠴᠢᠶᠡᠨ ᠳᠤ 112 ᠬᠤᠭᠤᠴᠠᠭᠠᠨ ᠤ ᠪᠤᠯᠪᠠᠰᠤᠷᠠᠯ᠂ 8 ᠤᠳᠠᠭᠠᠨ ᠤ ᠰᠢᠯᠭᠠᠯᠳᠠ ᠢ ᠵᠣᠬᠢᠶᠠᠨ ᠪᠠᠶᠢᠭᠤᠯᠵᠤ᠂ ᠠᠵᠢᠯ ᠤᠨ ᠪᠠᠶᠢᠷᠢ ᠶᠢᠨ  ︽ᠭᠤᠷᠪᠠᠨ ᠵᠥᠢᠯ ᠤᠨ ᠤᠷ᠎ᠠ ᠴᠢᠳᠠᠪᠤᠷᠢ︾ ᠶᠢᠨ ᠰᠤᠷᠢᠯᠳᠠ ᠶᠢ 3 ᠤᠳᠠᠭ᠎ᠠ ᠥᠷᠨᠢᠬᠦᠯᠥᠨ᠂ ᠥᠪᠡᠷᠳᠡᠬᠡᠨ ᠵᠠᠰᠠᠬᠤ ᠤᠷᠤᠨ ᠤ ᠬᠢᠨᠠᠯᠳᠠ ᠲᠠᠯᠪᠢᠬᠤ ᠪᠠ ᠰᠠᠬᠢᠯᠭ᠎ᠠ ᠪᠠᠲᠤ ᠬᠡᠷᠡᠭᠵᠢᠭᠦᠯᠬᠦ ᠴᠢᠳᠠᠪᠤᠷᠢᠳᠠᠨ ᠤ ᠡᠩᠨᠡᠭᠡᠨ ᠳᠤ 10 ᠬᠤᠰᠢᠭᠤᠴᠢ᠂ 89 ᠬᠢᠷᠢ  ᠲᠡᠩᠴᠡᠭᠰᠡᠳ ᠰᠤᠩᠭᠤᠭᠳᠠᠪᠠ᠃ ᠲᠤᠳᠤᠭᠠᠳᠤ  ᠳᠠᠭᠠᠨ ᠬᠢᠨᠡᠯᠳᠡ  ᠲᠠᠯᠪᠢᠬᠤ ᠲᠥᠷᠢᠮ ᠢ ᠲᠤᠭᠳᠠᠭᠠᠨ᠂ 16 ᠨᠡᠷᠡᠰ ᠠᠯᠪᠠᠨ ᠵᠢᠷᠤᠮ ᠤᠨ ᠬᠢᠨᠠᠯᠳᠠ ᠲᠠᠯᠪᠢᠭᠴᠢ ᠪᠠ 6 ᠨᠡᠷᠡᠰ ᠤᠨᠴᠠ ᠤᠷᠢᠭᠰᠠᠨ ᠬᠢᠨᠠᠨ ᠪᠠᠶᠢᠴᠠᠭᠠᠭᠴᠢ ᠶᠢ ᠤᠷᠢᠨ ᠬᠡᠷᠡᠭᠯᠡᠪᠡ᠃ ᠲᠥᠷᠢᠮᠵᠢᠭᠰᠡᠨ᠂ ᠬᠠᠤᠯᠢᠵᠢᠭᠰᠠᠨ ᠪᠥᠳᠥᠬᠡᠨ ᠪᠠᠶᠢᠭᠤᠯᠤᠯᠳᠠ ᠶᠢ ᠢᠳᠡᠪᠬᠢᠲᠡᠢ ᠠᠬᠢᠭᠤᠯᠵᠤ᠂ ᠠᠰᠠᠭᠤᠳᠠᠯ ᠢ ᠰᠢᠢᠳᠪᠤᠷᠢᠯᠡᠬᠦ᠂ ᠶᠠᠷᠢᠯᠴᠠᠬᠤ ᠪᠠ ᠵᠠᠬᠢᠳᠠᠯ ᠢᠶᠠᠷ ᠠᠰᠠᠭᠤᠬᠤ᠂ ᠠᠩᠬ᠎ᠠ ᠠᠯᠬᠤᠮ ᠬᠢᠨᠠᠨ ᠬᠠᠷᠭᠤᠭᠤᠯᠬᠤ᠂ ᠬᠢᠨᠠᠨ ᠪᠠᠶᠢᠴᠠᠭᠠᠬᠤ᠂ ᠭᠡᠷᠡᠭ ᠢ ᠰᠢᠬᠦᠨ ᠰᠢᠢᠳᠪᠤᠷᠢᠯᠡᠬᠦ ᠵᠡᠷᠬᠡ ᠭᠤᠭᠴᠤᠭᠠᠨ ᠤ ᠪᠦᠬᠦ ᠶᠠᠪᠤᠴᠠ ᠶᠢ ᠡᠵᠡᠮᠳᠡᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠲᠣᠲᠤᠭᠠᠳᠤ ᠳᠤ ᠪᠠᠨ   ᠴᠡᠭᠴᠡᠯᠡᠯᠲᠡ ᠬᠢᠵᠦ᠂ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠤᠨ ᠰᠠᠬᠢᠯᠭ᠎ᠠ ᠪᠠᠳᠤ ᠬᠠᠥᠯᠢ ᠴᠠᠭᠠᠵᠠ ᠵᠥᠷᠢᠴᠡᠭᠰᠡᠨ ᠠᠰᠠᠭᠤᠳᠠᠯ  ᠢ 22 ᠬᠤᠪᠢ ᠰᠢᠢᠳᠪᠤᠷᠢᠯᠡᠨ᠂ 5 ᠬᠥᠮᠥᠨ ᠳᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠪᠠ ᠵᠠᠰᠠᠭ ᠤᠨ ᠶᠠᠪᠤᠳᠠᠯ ᠤᠨ ᠰᠢᠳᠬᠡᠯ ᠥᠭᠴᠥ᠂ 3 ᠬᠥᠮᠥᠨ ᠢ ᠰᠡᠷᠡᠮᠵᠢᠯᠡᠭᠦᠯᠦᠨ ᠢᠳᠬᠠᠵᠤ᠂ 3 ᠬᠥᠮᠥᠨ ᠳᠤ ᠵᠤᠬᠢᠶᠠᠨ ᠪᠠᠶᠢᠭᠤᠯᠤᠯᠳᠠ  ᠶᠢᠨ ᠰᠢᠳᠬᠡᠯ ᠣᠯᠭᠤᠪᠠ᠃ᠲᠥᠯᠥᠬᠡᠯᠡᠭᠴᠢᠳ ᠡ᠂ ᠨᠦᠬᠦᠳ ᠡ᠂ ᠶᠡᠷᠥ ᠪᠤᠰᠤ ᠶᠢᠨ ᠲᠠᠪᠤᠨ ᠵᠢᠯ ᠳᠤ  ᠠᠮᠵᠢᠯᠳᠠ ᠳᠦᠭᠦᠷᠡᠩ᠂ ᠡᠳᠡᠬᠡᠷ ᠠᠮᠵᠢᠯᠳᠠ ᠨᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠨᠴᠠᠯᠢᠭ  ᠪᠦᠬᠦᠢ ᠨᠡᠶᠢᠬᠡᠮ ᠵᠢᠷᠤᠮ ᠤᠨ ᠥᠵᠡᠯ ᠰᠠᠨᠠᠭᠠᠨ ᠤ ᠵᠥᠪ ᠵᠢᠯᠤᠭᠤᠳᠤᠯᠭ᠎ᠠ ᠠᠴᠠ ᠰᠠᠯᠵᠤ ᠴᠢᠳᠠᠬᠤ ᠥᠬᠡᠢ᠂ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠪᠠ ᠬᠤᠰᠢᠭᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠠᠴᠠ ᠰᠠᠯᠵᠤ ᠴᠢᠳᠠᠬᠤ ᠥᠬᠡᠢ᠂ ᠪᠥᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ᠂ ᠨᠠᠮ ᠤᠨ ᠬᠡᠰᠢᠬᠦᠨ ᠺᠠᠳ᠋ᠷᠴᠤᠳ ᠤᠨ ᠬᠠᠮᠳᠤ ᠶᠢᠨ ᠴᠢᠷᠮᠠᠶᠢᠯᠭ᠎ᠠ ᠪᠠ ᠥᠷᠬᠡᠨ ᠤᠯᠠᠨ ᠲᠦᠯᠦᠭᠡᠯᠡᠭᠴᠢ᠂ ᠨᠠᠮ ᠤᠨ ᠬᠡᠰᠢᠬᠦᠨ ᠤ ᠬᠥᠴᠥᠳᠡᠢ ᠲᠡᠮᠵᠢᠯᠬᠡ ᠠᠴᠠ ᠰᠠᠯᠵᠤ ᠴᠢᠳᠠᠬᠤ ᠥᠬᠡᠢ᠂ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷᠴᠤᠳ ᠤᠨ ᠡᠭᠦᠷᠬᠡ ᠲᠤᠰᠢᠶᠠᠯ ᠢᠶᠠᠨ  ᠰᠢᠳᠤᠷᠭᠤ ᠪᠡᠶᠡᠯᠡᠭᠦᠯᠦᠭᠰᠡᠨ ᠠᠴᠠ ᠰᠠᠯᠵᠤ ᠴᠢᠳᠠᠬᠤ ᠥᠬᠡᠢ ᠶᠤᠮ᠃ ᠠᠳᠡ ᠪᠢ ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠮᠥᠨ᠎ᠡ ᠠᠴᠠ ᠪᠢᠳᠠᠨ ᠤ ᠠᠵᠢᠯ ᠢ ᠬᠠᠯᠠᠮᠵᠢᠯᠠᠨ ᠳᠡᠮᠵᠢᠭᠰᠡᠨ  ᠨᠥᠬᠦᠳ ᠲᠤ ᠪᠠᠨ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠭᠡᠳᠥ ᠬᠥᠨᠳᠥᠳᠬᠡᠯ ᠢᠶᠠᠨ  ᠲᠡᠪᠰᠢᠭᠦᠯᠦᠶ᠎ᠡ ︕ᠲᠠᠪᠤᠨ ᠵᠢᠯ ᠤᠨ ᠲᠤᠷᠰᠢᠬᠢ ᠠᠵᠢᠯ ᠤᠨ ᠲᠤᠷᠰᠢᠯᠭ᠎ᠠ ᠶᠢ ᠡᠷᠬᠢᠴᠠᠬᠦᠯᠪᠡᠯ᠂ ᠰᠠᠬᠢᠯᠭ᠎ᠠ ᠪᠠᠳᠤ ᠶᠢ ᠪᠠᠶᠢᠴᠠᠭᠠᠬᠤ ᠬᠢᠨᠠᠯᠳᠡ ᠲᠠᠯᠪᠢᠬᠤ ᠠᠵᠢᠯ ᠢ ᠰᠠᠶᠢᠨ ᠬᠢᠬᠦ ᠳᠤ ᠡᠷᠬᠡᠪᠰᠢ ᠤᠯᠤᠰ ᠲᠦᠷᠦ ᠶᠢᠨ ᠬᠢᠨᠡᠯᠳᠡ ᠶᠢ ᠲᠠᠷᠢᠬᠦᠨ ᠪᠠᠶᠢᠷᠢᠨ ᠳᠤ ᠲᠠᠯᠪᠢᠬᠤ ᠬᠡᠷᠡᠭᠳᠡᠢ ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯ ᠰᠠᠬᠢᠯᠭ᠎ᠠ ᠪᠠᠳᠤ ᠶᠢ ᠪᠠᠶᠢᠴᠠᠭᠠᠵᠥ ᠬᠢᠨᠠᠯᠳᠡ ᠲᠠᠯᠪᠢᠬᠤ ᠠᠵᠢᠯ ᠤᠨ ᠦᠨᠳᠤᠰᠤᠨ ᠤᠯᠤᠰ ᠲᠦᠷᠦ ᠶᠢᠨ ᠵᠢᠷᠤᠮ ᠮᠥᠨ᠃ ︽ᠬᠤᠶᠠᠷ ᠢ ᠡᠷᠡᠰ ᠬᠠᠮᠠᠭᠠᠯᠠᠬᠤ︾ ᠪᠤᠯ ᠰᠡᠬᠢᠯᠭ᠎ᠠ ᠪᠠᠳᠤ ᠶᠢ ᠪᠠᠶᠢᠴᠠᠭᠠᠵᠥ ᠬᠢᠨᠡᠯᠳᠡ ᠲᠠᠯᠪᠢᠬᠤ ᠠᠵᠢᠯ ᠤᠨ ᠦᠨᠳᠤᠰᠤᠨ ᠤᠯᠤᠰ ᠲᠦᠷᠦ ᠶᠢᠨ ᠡᠬᠦᠷᠬᠡ᠂ ᠰᠠᠬᠢᠯᠭ᠎ᠠ ᠪᠠᠶᠢᠴᠠᠭᠠᠵᠥ ᠬᠢᠨᠡᠯᠳᠡ ᠲᠠᠯᠪᠢᠬᠤ ᠠᠵᠢᠯ ᠢ ᠦᠷᠨᠢᠬᠦᠯᠬᠦ ᠳᠤ ᠡᠷᠬᠡᠪᠰᠢ ᠡᠬᠦᠷᠬᠡ ᠬᠠᠷᠢᠭᠤᠴᠠᠯᠭ᠎ᠠ ᠳᠠᠭᠠᠨ ᠰᠠᠭᠤᠷᠢᠯᠡᠵᠥ᠂ ᠤᠯᠤᠰ ᠲᠦᠷᠦ ᠶᠢᠨ ᠬᠢᠨᠡᠯᠳᠡ ᠶᠢ ᠵᠦᠪ ᠤᠨᠤᠪᠴᠢᠳᠡᠢ ᠮᠦᠷᠳᠡᠬᠡᠨ ᠬᠦᠴᠦᠳᠡᠢ ᠦᠷᠨᠢᠬᠦᠯᠵᠥ᠂ ᠶᠡᠭᠡ ᠲᠡᠯ᠎ᠠ ᠶᠢ ᠡᠵᠡᠮᠰᠢᠨ᠂ ᠶᠡᠭᠡ ᠴᠢᠭᠯᠡᠯ ᠢ ᠮᠠᠭᠠᠳᠯᠡᠨ᠂ ᠶᠡᠭᠡ ᠬᠡᠷᠡᠭ ᠢ ᠠᠳᠬᠤᠵᠥ᠂ ︽ᠬᠤᠶᠠᠷ ᠢ ᠡᠷᠡᠰ ᠬᠠᠮᠠᠭᠠᠯᠠᠬᠤ︾ ᠤᠬᠠᠮᠰᠠᠷᠳᠤ ᠴᠢᠨᠡᠷ ᠪᠡ ᠭᠤᠶᠢᠪᠢᠰᠢ ᠦᠬᠡᠢ ᠴᠢᠨᠡᠷ ᠢ ᠲᠠᠰᠤᠷᠠᠯᠳᠡ ᠦᠬᠡᠢ ᠲᠡᠬᠡᠭᠰᠢᠯᠡᠬᠦᠯᠪᠡ᠃ ᠡᠷᠬᠡᠪᠰᠢ ᠭᠤᠤᠯ ᠠᠵᠢᠯ ᠢ ᠲᠤᠭᠤᠷᠢᠵᠥ᠂ ᠶᠡᠭᠡ ᠲᠡᠯ᠎ᠠ ᠳᠤ ᠤᠶᠢᠯᠠᠴᠢᠯᠡᠬᠦ ᠶᠢ ᠪᠠᠷᠢᠮᠳᠠᠯᠠᠬᠤ ᠬᠡᠷᠡᠭᠳᠡᠢ᠃ᠤᠬᠠᠮᠰᠠᠷ ᠠᠴᠠ ᠪᠠᠨ ᠰᠠᠬᠢᠯᠭ᠎ᠠ ᠪᠠᠳᠤ ᠪᠠᠶᠢᠴᠠᠭᠠᠵᠥ ᠬᠢᠨᠡᠯᠳᠡ ᠲᠠᠯᠪᠢᠬᠤ ᠠᠵᠢᠯ ᠢ ᠪᠦᠬᠦ ᠬᠤᠰᠢᠭᠤᠨ ᠤ ᠠᠵᠥ ᠠᠬᠤᠢ ᠨᠠᠶᠢᠬᠡᠮ ᠤᠨ ᠬᠦᠭᠵᠢᠯᠳᠡ ᠶᠢᠨ ᠶᠡᠭᠡ ᠲᠡᠯ᠎ᠠ ᠳᠤ ᠪᠠᠶᠢᠷᠢᠯᠡᠭᠤᠯᠤᠨ ᠰᠡᠳᠬᠢᠵᠥ᠂ ᠠᠷᠭ᠎ᠠ ᠰᠦᠪᠡᠭᠴᠢᠯᠡᠨ ᠦᠬᠡᠷᠠᠴᠢᠯᠠᠯᠳᠡ ᠶᠢ ᠠᠳᠬᠤᠵᠥ᠂ ᠲᠦᠭᠰᠢᠬᠦᠷᠢ ᠶᠢ ᠰᠡᠷᠬᠡᠶᠢᠯᠡᠵᠥ ᠬᠦᠭᠵᠢᠯᠳᠡ ᠶᠢ ᠪᠠᠳᠤᠯᠠᠬᠤ ᠶᠢ ᠨᠢᠬᠡᠳᠬᠡᠵᠥ᠂ ᠨᠡᠮ ᠠᠷᠠᠳ ᠲᠦᠮᠡᠨ ᠤ ᠬᠠᠮᠤᠭ ᠤᠨ ᠴᠢᠬᠤᠯᠠ ᠲᠠᠢ ᠦᠶ᠎ᠠ ᠪᠡ ᠭᠠᠵᠠᠷ ᠲᠤ ᠬᠦᠴᠢᠷ ᠪᠡᠷᠬᠡᠰᠢᠶᠠᠯ ᠢ ᠡᠬᠦᠷᠬᠡᠯᠡᠵᠥ᠂ ᠬᠢᠨᠠᠯᠳᠡ ᠲᠠᠯᠪᠢᠬᠤ ᠪᠠᠳᠤᠯᠠᠭ᠎ᠠ ᠶᠢᠨ ᠬᠡᠷᠡᠭᠵᠢᠬᠦᠯᠦᠯᠳᠡ ᠶᠢ ᠬᠦᠢᠴᠠᠳ ᠪᠠᠳᠠᠷᠠᠭᠤᠯᠤᠨ᠂ ᠬᠦᠭᠵᠢᠯᠳᠡ ᠶᠢᠨ ᠤᠶᠢᠯᠡᠳᠤᠯ ᠢ ᠲᠠᠬᠦᠯᠳᠡᠷᠵᠢᠬᠦᠯᠬᠦ ᠶᠢ ᠠᠭᠢᠭᠤᠯᠤᠨ᠂ ᠬᠤᠰᠢᠭᠤ ᠨᠡᠮ ᠤᠨ ᠬᠤᠷᠢᠶᠠᠨ ᠤ ᠡᠯ᠎ᠠ ᠲᠡᠯ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠨᠠᠶᠢᠳᠠᠪᠤᠷᠢᠵᠢᠭᠤᠯᠬᠤ ᠶᠢ ᠪᠠᠳᠤᠯᠠᠪᠡ᠃ ᠡᠷᠬᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠬᠤ ᠬᠡᠷᠡᠭᠳᠡᠢ᠃ ᠠᠷᠠᠳ ᠲᠦᠮᠡᠨ ᠶᠠᠭᠤᠨ ᠠᠴᠠ ᠴᠦ ᠡᠷᠬᠢᠮ ᠲᠡᠬᠡᠳᠤ ᠬᠡᠰᠡᠨ ᠦᠨᠳᠤᠰᠤᠨ ᠵᠤᠠᠠᠰᠤᠯᠳᠡ ᠶᠢ ᠪᠠᠳᠤᠵᠢᠭᠤᠯᠵᠥ᠂ ᠤᠯᠡᠨ ᠲᠦᠮᠡᠨ ᠤ ᠲᠡᠷᠬᠡᠳᠡᠬᠢ ᠢᠯᠵᠠᠷᠠᠮᠡᠯ ᠪᠡ ᠭᠠᠵᠢᠭᠤ ᠰᠤᠷᠳᠠᠯ ᠢ ᠬᠦᠴᠦ ᠪᠠᠨ ᠲᠦᠪᠯᠡᠷᠡᠬᠦᠯᠤᠨ ᠴᠤᠬᠢᠯᠳᠡ ᠦᠭᠴᠥ᠂ ᠤᠯᠡᠨ ᠲᠦᠮᠡᠨ ᠤ ᠲᠡᠷᠬᠡᠳᠡᠬᠢ ᠤᠯᠡᠨ ᠲᠦᠮᠡᠨ ᠤ ᠠᠰᠢᠭ ᠲᠤᠰᠠ ᠶᠢ ᠬᠤᠬᠢᠷᠠᠭᠤᠯᠤᠠᠠᠰᠡᠨ ᠬᠦᠮᠦᠨ ᠪᠤᠶᠤ ᠬᠡᠷᠡᠭ ᠶᠠᠪᠤᠳᠠᠯ ᠢ ᠴᠠᠭ ᠢᠮᠬᠠᠳᠠ ᠠᠵᠢᠠᠠᠯᠡᠵᠥ᠂ ᠤᠯᠡᠨ ᠠᠷᠪᠢᠨ ᠬᠡᠷᠡᠭ ᠶᠠᠪᠤᠳᠠᠯ ᠤᠨ ᠴᠡᠭᠴᠠᠯᠠᠯᠳᠡ᠂ ᠬᠢᠨᠡᠨ ᠪᠠᠶᠢᠴᠠᠭᠠᠯᠳᠡ ᠪᠠᠷ ᠲᠠᠮᠵᠢᠵᠥ᠂ ᠤᠯᠡᠨ ᠲᠦᠮᠡᠨ ᠳᠤ ᠪᠦᠬᠦ ᠲᠡᠯ᠎ᠠ ᠪᠠᠷ ᠨᠡᠮ ᠢ ᠵᠠᠰᠠᠬᠤ ᠶᠢ ᠮᠡᠳᠡᠷᠡᠬᠦᠯᠤᠨ᠂ ᠨᠡᠮ ᠤᠨ ᠵᠠᠰᠠᠭ ᠪᠠᠷᠢᠬᠤ ᠰᠠᠭᠤᠷᠢ ᠪᠡ ᠤᠯᠡᠨ ᠲᠦᠮᠡᠨ ᠤ ᠰᠠᠭᠤᠷᠢ ᠶᠢ ᠲᠠᠰᠤᠷᠠᠯᠳᠡ ᠦᠬᠡᠢ ᠪᠠᠳᠤᠳᠬᠠᠪᠡ᠃ ᠡᠷᠬᠡᠪᠰᠢ ᠯᠠᠪᠳᠠᠭᠤᠨ ᠢᠶᠠᠷ ᠤᠷᠤᠠᠠᠰᠢᠯᠠᠬᠤ ᠬᠥᠭ ᠠᠶᠠᠰ ᠢ ᠪᠠᠷᠢᠮᠳᠠᠯᠠᠬᠤ ᠬᠡᠷᠡᠭᠳᠡᠢ᠃ ᠰᠠᠬᠢᠯᠭ᠎ᠠ ᠲᠦᠷᠢᠮ ᠪᠤᠯᠤᠨ ᠶᠤᠰᠤ ᠵᠢᠷᠤᠮ ᠢ ᠤᠶᠠᠯᠳᠤᠭᠤᠯᠤᠨ ᠬᠠᠮᠢᠶᠠᠷᠬᠤ ᠪᠡ ᠬᠠᠷᠠᠭᠠᠯᠵᠠᠬᠤ ᠶᠢ ᠵᠤᠬᠢᠴᠠᠭᠤᠯᠤᠨ᠂ ᠵᠤᠷᠢᠠᠠᠵᠢᠭᠤᠯᠬᠤ ᠪᠡ ᠬᠢᠵᠠᠭᠠᠷᠯᠠᠬᠤ ᠶᠢ ᠴᠢᠩᠭᠠᠳᠬᠠᠬᠤ ᠶᠢ ᠪᠠᠷᠢᠮᠳᠡᠯᠡᠵᠥ᠂ ᠬᠠᠩᠬᠢᠨ ᠤ ᠠᠵᠢᠯ ᠤᠶᠢᠯᠡᠰ ᠲᠤ ᠬᠠᠷᠢᠭᠤᠴᠠᠵᠥ᠂ ᠬᠠᠩᠬᠢᠨ ᠤ ᠺᠠᠳ᠋ᠷ ᠠᠵᠢᠯᠳᠡᠨ ᠳᠤ ᠬᠠᠷᠢᠭᠤᠴᠠᠬᠤ ᠡᠬᠦᠳᠡᠨ ᠠᠴᠠ ᠰᠠᠬᠢᠯᠭ᠎ᠠ ᠪᠠᠳᠤ ᠪᠠᠶᠢᠴᠠᠭᠠᠬᠤ ᠬᠢᠨᠠᠯᠳᠡ ᠲᠠᠯᠪᠢᠬᠤ ᠠᠵᠢᠯ ᠢ ᠦᠷᠨᠢᠬᠦᠯᠤᠨ᠂ ᠬᠢᠨᠠᠯᠳᠡ ᠲᠠᠯᠪᠢᠬᠤ ᠲᠠᠷᠤᠯᠳᠠ ᠶᠢ ᠴᠢᠩᠭᠠᠳᠬᠠᠬᠤ ᠶᠢᠨ ᠬᠠᠮᠳᠤ᠂ ᠢᠳᠡᠬᠡᠯ ᠵᠢᠷᠤᠮ ᠤᠨ ᠤᠶᠢᠯᠡᠳᠤᠯ ᠢ ᠪᠠᠳᠠᠷᠠᠭᠤᠯᠵᠥ᠂ ᠠᠵᠢᠯ ᠳᠠᠭᠠᠨ ᠬᠠᠷᠢᠭᠤᠴᠠᠯᠭ᠎ᠠ ᠲᠠᠢ ᠬᠦᠮᠦᠨ ᠳᠤ ᠬᠠᠷᠢᠭᠤᠴᠠᠵᠥ ᠂ ᠨᠡᠮ ᠤᠨ ᠪᠦᠳᠦᠬᠡᠨ ᠪᠠᠶᠢᠭᠤᠯᠤᠯᠳᠡ ᠪᠡ ᠨᠡᠮ ᠤᠨ ᠤᠳᠤᠷᠢᠳᠤᠠᠠᠰᠡᠨ ᠠᠵᠢᠯ ᠤᠶᠢᠯᠡᠰ ᠲᠤ ᠬᠠᠷᠢᠯᠴᠠᠨ ᠲᠡᠮ ᠪᠤᠯᠵᠥ᠂ ᠤᠷᠤᠠᠠᠰᠢᠯᠠᠬᠤ ᠶᠢ ᠲᠦᠯᠬᠢᠨ ᠠᠬᠢᠭᠤᠯᠪᠡ᠃ ᠡᠷᠬᠡᠪᠰᠢ ᠰᠢᠰᠲ᠋ᠧᠮᠲᠦ ᠰᠡᠳᠬᠢᠬᠦᠢ ᠶᠢ ᠪᠠᠷᠢᠮᠳᠠᠯᠠᠬᠤ ᠬᠡᠷᠡᠭᠳᠡᠢ᠃ ᠬᠢᠨᠠᠯᠳᠡ ᠲᠠᠯᠪᠢᠬᠤ ᠰᠢᠰᠲ᠋ᠧᠮ ᠢ ᠪᠠᠷᠢᠮᠳᠡᠯᠡᠨ ᠲᠠᠬᠦᠯᠳᠠᠷᠵᠢᠬᠦᠯᠵᠥ᠂ ᠬᠢᠨᠡᠯᠳᠡ ᠲᠠᠯᠪᠢᠬᠤ ᠰᠢᠰᠲ᠋ᠧᠮ ᠢ ᠴᠡᠭᠴᠠᠯᠠᠯᠳᠡ ᠶᠢᠨ ᠰᠢᠰᠲ᠋ᠧᠮ ᠳᠤ ᠨᠠᠩ ᠰᠠᠶᠢᠨ ᠢᠶᠠᠷ ᠤᠶᠠᠯᠳᠤᠭᠤᠯᠵᠥ᠂ ᠬᠠᠤᠯᠢ ᠲᠦᠷᠢᠮ ᠢᠶᠠᠷ ᠬᠡᠪ ᠰᠤᠷᠳᠡᠯ ᠢ ᠵᠠᠰᠠᠵᠥ᠂ ᠢᠯᠵᠠᠷᠠᠬᠤ ᠵᠤᠷᠢᠭ ᠦᠬᠡᠢ ᠂ ᠢᠯᠵᠠᠷᠠᠵᠥ ᠴᠢᠳᠠᠬᠤ ᠦᠬᠡᠢ᠂ ᠢᠯᠵᠡᠷᠡᠬᠤ ᠰᠠᠨᠠᠭ᠎ᠠ ᠦᠬᠡᠢ ᠪᠤᠯᠭᠠᠬᠤ ᠶᠢ ᠨᠢᠬᠡᠳᠤᠯᠳᠡᠢ ᠲᠦᠯᠬᠢᠵᠥ᠂ ᠬᠢᠨᠡᠯᠳᠡ ᠲᠠᠯᠪᠢᠬᠤ ᠪᠠᠶᠢᠭᠤᠯᠤᠯ ᠪᠡ ᠢᠯᠵᠠᠷᠠᠯ ᠢ ᠡᠰᠡᠷᠬᠦᠴᠠᠬᠦ ᠪᠠᠶᠢᠭᠤᠯᠤᠯ ᠢ ᠤᠯᠡᠮ ᠪᠤᠯᠪᠠᠰᠤᠷᠠᠩᠭᠤᠢ ᠪᠤᠯᠭᠠᠵᠥ᠂ ᠳᠦᠷᠢᠮ ᠤᠨ ᠲᠠᠪᠠᠭᠤᠯᠢᠭ ᠲᠠᠯ᠎ᠠ ᠪᠠᠨ ᠵᠠᠰᠠᠨ ᠴᠡᠭᠴᠡᠯᠡᠬᠦ ᠴᠢᠳᠠᠪᠬᠢ ᠪᠣᠯᠭᠠᠨ ᠬᠤᠪᠢᠷᠠᠭᠤᠯᠬᠤ ᠶᠢ ᠠᠬᠢᠭᠤᠯᠪᠡ᠃ ᠡᠷᠬᠡᠪᠰᠢ ᠦᠪᠡᠷ ᠤᠨ ᠪᠠᠶ᠎ᠠ ᠪᠠᠨ ᠴᠢᠩᠭ᠎ᠠ ᠱᠠᠭᠠᠷᠳᠠᠬᠤ ᠶᠢ ᠪᠠᠷᠢᠮᠳᠠᠯᠠᠬᠤ ᠬᠡᠷᠡᠭᠳᠡᠢ᠃ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠵᠢᠯᠳᠡᠨ ᠤ ᠤᠯᠤᠰ ᠲᠦᠷᠦ ᠶᠢᠨ ᠴᠢᠳᠠᠪᠤᠷᠢ ᠪᠡ ᠲᠤᠰᠬᠠᠢ ᠮᠡᠷᠬᠡᠵᠢᠯ ᠤᠨ ᠴᠢᠳᠠᠪᠤᠷᠢ ᠶᠢ ᠴᠠᠭ ᠢᠮᠬᠠᠳᠠ ᠲᠡᠬᠡᠭᠰᠢᠯᠡᠬᠦᠯᠵᠥ᠂ ᠲᠦᠷᠢᠮᠵᠢᠭᠰᠡᠨ ᠮᠦᠷᠳᠡᠬᠡᠨ ᠬᠠᠤᠯᠢᠵᠢᠭᠰᠠᠨ ᠪᠦᠳᠦᠬᠡᠨ ᠪᠠᠶᠢᠭᠤᠯᠤᠯᠳᠡ ᠶᠢ ᠦᠨᠡᠨ ᠬᠦ ᠲᠦᠯᠬᠢᠨ ᠠᠬᠢᠭᠤᠯᠵᠥ᠂ ᠬᠡᠪ ᠴᠢᠨᠡᠷ ᠢᠶᠠᠷ ᠰᠠᠶᠢᠨ᠂ ᠲᠤᠰᠬᠠᠢ ᠮᠡᠷᠬᠡᠵᠢᠯ ᠢᠶᠠᠷ ᠦᠨᠳᠤᠷ ᠺᠠᠳ᠋ᠷ ᠤᠨ ᠡᠩᠨᠡᠭᠡ ᠶᠢ ᠵᠤᠬᠢᠶᠠᠨ ᠪᠠᠶᠢᠭᠤᠯᠵᠥ᠂ ᠦᠪᠡᠷᠳᠡᠬᠡᠨ ᠬᠢᠨᠡᠯᠳᠡ ᠲᠠᠯᠪᠢᠬᠤ ᠶᠢ ᠴᠢᠩᠭᠠᠳᠬᠠᠨ᠂ ᠠᠵᠢᠯ ᠤᠨ ᠤᠷᠢᠳᠴᠢᠯᠡᠨ ᠮᠡᠳᠡᠬᠦ ᠴᠢᠨᠡᠷ᠂ ᠰᠠᠨᠠᠭᠠᠴᠢᠯᠠᠭᠠᠳᠤ ᠴᠢᠨᠡᠷ᠂ ᠪᠦᠳᠦᠬᠡᠯᠴᠢ ᠴᠢᠨᠡᠷ ᠢ ᠲᠡᠬᠡᠭᠰᠢᠯᠡᠬᠦᠯᠵᠥ᠂ ᠤᠯᠤᠰ ᠲᠦᠷᠦ  ᠪᠠᠷ ᠵᠢᠯᠣᠭᠤᠳᠤᠮᠵᠢ ᠪᠠ ᠪᠠᠳᠤᠯᠠᠭ᠎ᠠ ᠪᠣᠯᠭᠠᠬᠤ ᠤᠶᠢᠯᠡᠳᠤᠯ ᠢ ᠪᠠᠳᠠᠷᠠᠭᠤᠯᠪᠡ᠃    ᠲᠦᠯᠦᠬᠡᠯᠡᠭᠴᠢᠳ ᠡ᠂ ᠨᠦᠬᠦᠳ ᠡ᠂ ᠪᠢᠳᠠ ᠠᠮᠵᠢᠯᠳᠡ ᠪᠠᠨ ᠨᠤᠳᠠᠯᠠᠬᠤ ᠶᠢᠨ  ᠬᠠᠮᠲᠤ  ᠪᠠᠰᠠ ᠤᠳᠤᠬᠠᠨ ᠤ ᠢᠯᠵᠠᠷᠠᠯ ᠢ ᠡᠰᠡᠷᠬᠦᠴᠠᠬᠦ ᠲᠡᠮᠡᠴᠠᠯ ᠤᠨ ᠪᠠᠶᠢᠳᠠᠯ ᠮᠥᠨ ᠯᠠ ᠬᠦᠨᠳᠤ ᠬᠡᠴᠠᠬᠦᠦ ᠲᠦᠪᠡᠭ ᠪᠤᠳᠤᠯᠢᠶᠠᠨᠳᠡᠢ ᠪᠠᠶᠢᠵᠥ᠂ ᠬᠦᠴᠤᠳᠡᠢ ᠲᠠᠷᠤᠯᠳᠠ ᠦᠵᠡᠬᠦᠯᠬᠦ ᠪᠠᠶᠢᠳᠠᠯ ᠪᠠ ᠰᠠᠬᠢᠯᠭ᠎ᠠ ᠵᠦᠷᠢᠴᠡᠨ ᠬᠡᠷᠡᠭ ᠤᠶᠢᠯᠡᠳᠬᠦ ᠪᠠᠶᠢᠳᠠᠯ ᠵᠡᠷᠭᠡᠪᠡᠷ ᠣᠷᠤᠰᠢᠵᠤ᠂ ︽ᠲᠦᠷᠪᠡᠨ ᠰᠤᠷᠳᠡᠯ︾ ᠤᠨ ᠠᠰᠠᠭᠤᠳᠠᠯ ᠮᠥᠨ ᠣᠷᠤᠰᠢᠵᠤ ᠪᠠᠶᠢᠭ᠎ᠠ ᠶᠢ ᠲᠣᠲᠤᠷᠬᠠᠢ ᠲᠠᠨᠢᠵᠤ ᠣᠯᠤᠭᠰᠠᠨ ᠲᠤᠯᠠ ᠰᠤᠷᠳᠡᠯ ᠢ ᠴᠡᠭᠴᠠᠯᠡᠨ ᠰᠠᠬᠢᠯᠭ᠎ᠠ ᠪᠠᠳᠤ ᠶᠢ ᠴᠢᠩᠳᠠᠯᠡᠵᠥ᠂ ᠢᠯᠵᠠᠷᠠᠯ ᠢ ᠡᠰᠡᠷᠬᠦᠴᠠᠬᠦ ᠠᠵᠢᠯ ᠮᠦᠨ ᠦᠷᠭᠦᠯᠵᠢᠯᠡᠭᠰᠡᠭᠡᠷ᠂   ᠭᠡᠬᠦ ᠳᠡᠭᠡᠨ ᠪᠦᠬᠦ ᠬᠤᠰᠢᠭᠤᠨ ᠤ ᠨᠡᠮ ᠤᠨ ᠰᠤᠷᠳᠡᠯ ᠴᠢᠬᠡᠴᠢ ᠵᠠᠰᠠᠭ ᠤᠨ ᠪᠠᠶᠢᠭᠤᠯᠤᠯᠳᠡ ᠪᠡ ᠢᠯᠵᠠᠷᠠᠯ ᠢ ᠡᠰᠡᠷᠬᠦᠴᠠᠬᠦ ᠠᠵᠢᠯ ᠨᠢ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ᠂ ᠬᠤᠰᠢᠭᠤ ᠨᠡᠮ ᠤᠨ ᠬᠤᠷᠢᠶ᠎ᠠ᠂ ᠠᠷᠠᠳ ᠤᠯᠡᠨ ᠤ ᠬᠦᠰᠡᠯ ᠱᠠᠭᠠᠷᠳᠡᠯᠭ᠎ᠠ ᠳᠤ ᠬᠦᠷᠴᠥ ᠲᠠᠶᠢᠯᠤᠬᠡᠳᠤᠢ ᠪᠠᠶᠢᠭᠰᠠᠭᠠᠷ᠄   ᠵᠠᠷᠢᠮ ᠨᠡᠮ ᠤᠨ ᠵᠤᠬᠢᠶᠠᠨ ᠪᠠᠶᠢᠭᠤᠯᠤᠯᠳᠡ ᠨᠢ ᠪᠦᠬᠦ ᠲᠡᠯ᠎ᠠ ᠪᠠᠷ ᠨᠠᠮ ᠢᠶᠠᠨ  ᠴᠡᠭᠴᠡᠯᠡᠬᠦ ᠶᠢ ᠬᠦᠨᠵᠡᠬᠡᠶᠢᠷᠡᠬᠦᠯᠵᠥ᠂ ᠰᠠᠶᠢᠨ ᠬᠡᠪ ᠰᠤᠷᠳᠡᠯ ᠲᠠᠢ ᠤᠯᠤᠰ ᠲᠦᠷᠦ ᠶᠢᠨ ᠤᠷᠴᠢᠨ ᠠᠬᠤᠢ ᠶᠢ ᠪᠦᠳᠦᠬᠡᠨ ᠪᠠᠶᠢᠭᠤᠯᠬᠤ ᠶᠢ ᠴᠢᠬᠤᠯᠠᠴᠢᠯᠡᠬᠤ ᠦᠬᠡᠢ᠂ ᠴᠢᠩᠭ᠎ᠠ ᠠᠳᠬᠤᠬᠤ ᠦᠬᠡᠢ᠂ ᠴᠢᠩᠭ᠎ᠠ ᠱᠠᠭᠠᠷᠳᠠᠬᠤ ᠦᠬᠡᠢ᠂ ᠪᠠᠷᠢᠮᠵᠢᠶ᠎ᠠ ᠳᠤ ᠬᠦᠷᠬᠦ ᠦᠬᠡᠢ ᠪᠠᠶᠢᠳᠠᠯ ᠤᠷᠤᠰᠢᠵᠥ ᠪᠠᠶᠢᠨ᠎ᠠ᠃ ᠰᠢᠨ᠎ᠠ ᠴᠠᠭ ᠦᠶ᠎ᠠ ᠶᠢᠨ ᠨᠡᠮ ᠤᠨ ᠵᠤᠬᠢᠶᠠᠨ ᠪᠠᠶᠢᠭᠤᠯᠤᠯᠳᠡ ᠶᠢᠨ ᠶᠠᠷᠤᠩᠬᠡᠢ ᠱᠠᠭᠠᠷᠳᠡᠯᠭ᠎ᠠ ᠲᠠᠢ ᠬᠠᠷᠢᠴᠠᠭᠤᠯᠪᠠᠯ᠂ ᠬᠢᠨᠠᠯᠳᠡ  ᠲᠠᠯᠪᠢᠭᠰᠠᠨ ᠨᠢ ᠲᠦᠪᠯᠡᠷᠡᠩᠬᠦᠢ ᠪᠤᠰᠤ᠂ ᠰᠠᠬᠢᠯᠭ᠎ᠠ ᠪᠠᠳᠤ ᠶᠢ ᠬᠡᠷᠡᠭᠵᠢᠭᠦᠯᠦᠭᠰᠡᠨ ᠪᠠ  ᠬᠠᠷᠢᠭᠤᠴᠠᠯᠭ᠎ᠠ ᠨᠡᠬᠡᠮᠵᠢᠯᠡᠭᠰᠡᠨ ᠨᠢ ᠴᠢᠩᠭ᠎ᠠ ᠪᠣᠰᠤ᠂ ᠡᠷᠬᠡ ᠰᠦᠷ ᠢᠶᠠᠨ ᠪᠠᠳᠠᠷᠠᠭᠤᠯᠤᠠᠠᠰᠡᠨ ᠨᠢ ᠢᠯᠡᠷᠬᠡᠢ ᠪᠣᠰᠤ ; ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠠᠵᠢᠯᠳᠡᠨ ᠤ ᠦᠢᠯᠡ ᠠᠵᠢᠯᠯᠠᠭ᠎ᠠ ᠨᠢ ᠳᠥᠷᠢᠮᠵᠢᠯ ᠦᠭᠡᠢ᠂ ᠳᠥᠷᠢᠮ ᠳᠣᠭᠲᠠᠭᠠᠯ ᠬᠡᠷᠡᠭᠵᠢᠭᠦᠯᠦᠭᠰᠡᠨ ᠨᠢ ᠴᠢᠩᠭ᠎ᠠ ᠪᠤᠰᠦ᠂ ᠬᠤᠪᠢ ᠪᠡᠶ᠎ᠡ ᠶᠢᠨ ᠱᠠᠭᠠᠷᠳᠠᠯᠭ᠎ᠠ  ᠴᠢᠩᠭ᠎ᠠ ᠪᠣᠰᠦ ᠵᠡᠷᠭᠡ ᠠᠰᠠᠭᠤᠳᠠᠯ ᠤᠷᠤᠰᠢᠵᠥ ᠪᠠᠶᠢᠨ᠎ᠠ᠃ ᠡᠳᠡᠬᠡᠷ ᠠᠰᠠᠭᠤᠳᠠᠯ ᠢ ᠪᠢᠳᠠ ᠴᠢᠬᠤᠯᠠᠴᠢᠯᠡᠨ ᠦᠵᠡᠵᠥ᠂ ᠰᠢᠨ᠎ᠠ ᠡᠬᠡᠯᠵᠢ ᠶᠢᠨ ᠰᠠᠬᠢᠯᠭ᠎ᠠ ᠪᠠᠳᠤ ᠶᠢ ᠪᠠᠶᠢᠴᠠᠭᠠᠬᠤ ᠬᠤᠷᠢᠶᠠᠨ ᠤ ᠠᠵᠢᠯ ᠤᠨ ᠶᠠᠪᠤᠴᠠ ᠳᠤ ᠲᠤᠶᠢᠯᠪᠤᠷᠢᠳᠡᠢ ᠵᠠᠰᠠᠵᠥ ᠰᠢᠢᠳᠪᠤᠷᠢᠯᠡᠨ᠎ᠠ᠃ᠬᠤᠶᠠᠷ᠂ ᠲᠠᠷᠠᠭᠠᠴᠢ ᠶᠢᠨ ᠲᠠᠪᠤᠨ ᠵᠢᠯ ᠤᠨ ᠠᠵᠢᠯ ᠤᠨ ᠲᠤᠬᠠᠢ ᠰᠡᠳᠭᠢᠮᠵᠢ  ᠪᠠ ᠲᠤᠬᠢᠷᠠᠭᠤᠯᠭ᠎ᠠᠢᠷᠡᠬᠦ ᠲᠠᠪᠤᠨ ᠵᠢᠯ ᠪᠤᠯ ᠬᠤᠰᠢᠭᠤᠨ ᠤ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠠ ᠨᠡᠶᠢᠬᠡᠮ ᠵᠢᠷᠤᠮᠳᠤ  ᠣᠳᠣᠬᠢᠴᠢᠯᠠᠭᠰᠠᠨ ᠪᠦᠳᠦᠬᠡᠨ ᠪᠠᠶᠢᠭᠤᠯᠤᠯᠳᠡ ᠶᠢᠨ ᠰᠢᠨ᠎ᠠ ᠠᠶᠠᠨ  ᠢ ᠪᠦᠬᠦ ᠲᠡᠯ᠎ᠠ ᠪᠠᠷ ᠡᠬᠢᠯᠡᠭᠦᠯᠬᠦ ᠵᠠᠩᠭᠢᠯᠠᠭ᠎ᠠ ᠶᠢᠨ ᠲᠡᠦᠬᠡᠨ ᠴᠠᠭ ᠦᠶ᠎ᠠ ᠮᠥᠨ᠃ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠨᠢ   ᠶᠡᠭᠡ ᠣᠷᠴᠢᠨ᠂ ᠲᠣᠮᠣ ᠬᠠᠨᠳᠤᠰᠢ ᠲᠤᠮᠳᠠ ᠦᠢᠯᠡᠴᠢᠯᠡᠭᠡ ᠪᠠᠨ ᠪᠠᠲᠤᠯᠠᠬᠤ ᠬᠦᠴᠦᠯᠡᠴᠡ ᠶᠢᠨ ᠴᠡᠭ ᠢᠶᠠᠨ ᠤᠨᠤᠪᠴᠢᠳᠡᠢ ᠲᠤᠭᠲᠠᠭᠠᠵᠤ᠂ ᠤᠷᠬᠢᠯᠤᠮ᠎ᠠ ᠴᠤᠭ ᠵᠢᠪᠬᠤᠭ᠎ᠠ ᠲᠠᠢ ᠪᠠᠷ ᠨᠡᠮ ᠢ ᠴᠢᠩᠭ᠎ᠠ ᠵᠠᠰᠠᠬᠤ ᠰᠢᠨ᠎ᠠ ᠠᠬᠤᠢ ᠪᠠᠶᠢᠳᠠᠯ ᠢ ᠪᠤᠢ ᠪᠤᠯᠭᠠᠨ᠎ᠠ᠃ ᠢᠷᠡᠬᠦ ᠲᠠᠪᠤᠨ ᠵᠢᠯ ᠤᠨ ᠶᠡᠷᠤᠩᠬᠡᠢ ᠰᠡᠳᠭᠢᠮᠵᠢ ᠪᠤᠯ᠄ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠨᠡᠮ ᠤᠨ ᠠᠷᠪᠠ ᠶᠢᠰᠤᠳᠤᠬᠡᠷ ᠬᠤᠷᠠᠯ ᠪᠤᠯᠤᠨ ᠠᠷᠪᠠ ᠶᠢᠰᠤᠳᠤᠬᠡᠷ ᠬᠤᠭᠤᠴᠠᠭᠠᠨ ᠤ ᠬᠤᠶᠠᠷ᠂  ᠭᠤᠷᠪᠠ᠂  ᠳᠥᠷᠪᠡ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠡᠯ᠎ᠠ ᠪᠠᠷ ᠲᠤᠤᠱᠯᠠᠭᠤᠯᠵᠥ᠂ ᠲᠦᠪ ᠤᠨ ᠰᠠᠬᠢᠯᠭ᠎ᠠ ᠪᠠᠳᠤ  ᠪᠠᠶᠢᠴᠠᠭᠠᠬᠤ ᠬᠤᠷᠢᠶ᠎ᠠ᠂ ᠥᠪᠡᠷᠳᠡᠭᠡᠨ ᠵᠠᠰᠠᠬᠤ ᠣᠷᠣᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠣᠯᠣᠨ ᠬᠤᠰᠢᠭᠤ ᠨᠠᠮ ᠤᠨ ᠬᠤᠷᠢᠶ᠎ᠠ ᠶᠢᠨ ᠪᠠᠶᠢᠷᠢᠯᠠᠭᠤᠯᠣᠯᠳᠠ ᠱᠠᠭᠠᠷᠳᠠᠯᠭ᠎ᠠ ᠶᠣᠰᠤᠭᠠᠷ᠂ ᠲᠣᠭᠳᠠᠭᠤᠨ ᠲᠣᠮᠳᠠ ᠣᠷᠣᠭᠰᠢᠯᠠᠨ ᠲᠠᠪᠰᠢᠬᠤ ᠠᠵᠢᠯ  ᠤᠨ ᠶᠡᠷᠦᠩᠬᠡᠢ ᠬᠦᠭ ᠠᠶᠠᠰ ᠪᠠ ᠲᠥᠪ ᠴᠢᠩᠭ᠎ᠠ ᠪᠠᠶᠢᠬᠤ ᠭᠤᠣᠯ ᠬᠦᠭ ᠠᠶᠠᠰ  ᠢ ᠪᠠᠷᠢᠮᠳᠠᠯᠠᠨ᠂ ᠬᠢᠨᠠᠯᠳᠠ ᠶᠢᠨ ᠳᠣᠭᠲᠠᠯᠴᠠᠭ᠎ᠠ  ᠶᠢ ᠪᠠᠷᠢᠮᠲᠠᠯᠠᠨ ᠲᠡᠭᠦᠯᠳᠡᠷᠵᠢᠭᠦᠯᠵᠤ᠂ ᠪᠦᠬᠦ ᠬᠤᠰᠢᠭᠤᠨ ᠤ ᠤᠳᠤᠬᠢᠴᠢᠯᠠᠭᠰᠠᠨ ᠬᠦᠭᠵᠢᠯᠳᠡ ᠶᠢᠨ ᠶᠡᠭᠡ  ᠣᠷᠴᠢᠨ ᠲᠠᠢ ᠣᠶᠠᠯᠳᠤᠭᠤᠯᠣᠨ ᠬᠢᠨᠠᠯᠳᠠ ᠪᠠᠳᠤᠯᠠᠭ᠎ᠠ ᠬᠡᠷᠡᠭᠵᠢᠭᠦᠯᠦᠯᠳᠡ  ᠪᠠᠨ  ᠪᠠᠳᠠᠷᠠᠭᠤᠯᠵᠤ᠂ ᠬᠥᠭᠵᠢᠯᠲᠡ ᠶᠢᠨ ᠦᠢᠯᠡᠳᠦᠯ ᠢᠶᠠᠨ ᠲᠡᠭᠦᠯᠳᠡᠷᠵᠢᠭᠦᠯᠦᠨ ᠠᠬᠢᠭᠤᠯᠵᠤ᠂ ᠰᠢᠰᠲ᠋ᠧᠮ ᠲᠠᠢ ᠪᠠᠷ ᠶᠡᠷᠦᠩᠬᠡᠶᠢᠯᠡᠨ ᠵᠠᠰᠠᠬᠤ  ᠵᠢᠴᠢ ᠥᠩᠭᠡᠨ ᠲᠠᠯ᠎ᠠ ᠪᠠ ᠦᠨᠳᠦᠰᠦ ᠰᠣᠷᠪᠣᠯᠵᠢ ᠶᠢ ᠵᠡᠷᠭᠡ ᠪᠠᠷ ᠵᠠᠰᠠᠬᠤ ᠦᠢᠯᠠᠭᠠᠭᠳᠠᠬᠤᠨ  ᠢᠶᠠᠷ ᠢᠯᠵᠠᠷᠠᠬᠤ ᠵᠣᠷᠢᠭ ᠦᠭᠡᠢ᠂ ᠢᠯᠵᠠᠷᠠᠵᠣ ᠴᠢᠳᠠᠬᠤ ᠦᠭᠡᠢ᠂ ᠢᠯᠵᠠᠷᠠᠬᠤ ᠶᠢ ᠪᠣᠳᠤᠬᠤ ᠦᠭᠡᠢ ᠪᠣᠯᠬᠤ ᠶᠢ ᠨᠢᠭᠡ ᠴᠤᠭᠴᠠᠵᠢᠭᠤᠯᠣᠨ ᠠᠬᠢᠭᠤᠯᠵᠣ᠂ ᠠᠷᠢᠭᠤᠨ ᠴᠢᠭᠡᠴᠢ ᠬᠠᠩᠬᠢᠨ  ᠤ  ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠦᠷᠢᠮᠵᠢᠭᠰᠡᠨ ᠬᠠᠤᠯᠢᠵᠢᠭᠰᠠᠨ ᠪᠦᠳᠦᠭᠡᠨ ᠪᠠᠶᠢᠭᠤᠯᠣᠯᠳᠠ ᠶᠢ ᠪᠠᠲᠤᠲᠠᠢ ᠠᠬᠢᠭᠤᠯᠣᠨ᠂ ᠦᠨᠳᠦᠷ ᠪᠣᠯᠪᠠᠰᠣᠷᠠᠯ ᠲᠠᠢ ᠲᠣᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠮᠦᠵᠢᠬᠦᠯᠦᠨ᠂ ᠴᠢᠨᠠᠷ ᠰᠠᠶᠢᠲᠠᠢ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢᠶᠠᠷ ᠴᠢᠨᠠᠷ ᠰᠠᠶᠢᠲᠠᠢ ᠬᠦᠭᠵᠢᠯᠳᠡ ᠶᠢ ᠪᠠᠳᠤᠯᠠᠨ᠂ ᠮᠠᠨ ᠤ ᠬᠤᠰᠢᠭᠤᠨ ᠤ ︽ᠠᠷᠪᠠᠨ ᠲᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠤᠷᠤᠭᠰᠢᠳᠠᠢ ᠶᠠᠪᠣᠭᠳᠠᠬᠤ ᠪᠠ ᠨᠡᠶᠢᠭᠡᠮ ᠵᠢᠷᠦᠮ ᠤᠨ ᠤᠳᠤᠬᠢᠴᠢᠯᠠᠯᠳᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠳᠤ ᠪᠠᠬᠢ ᠰᠠᠬᠢᠯᠭ᠎ᠠ ᠪᠠᠳᠤ ᠰᠤᠷᠳᠠᠯ ᠤᠨ ᠪᠠᠳᠤᠯᠠᠭ᠎ᠠ ᠬᠠᠩᠭᠠᠨ᠎ᠠ᠃︵ᠨᠢᠭᠡ︶ ︽ᠬᠤᠶᠠᠷ ᠢ ᠬᠠᠮᠠᠭᠠᠯᠠᠬᠤ︾ ᠳᠤ ᠲᠦᠪᠯᠡᠷᠡᠭᠦᠯᠦᠨ ᠣᠯᠣᠰ ᠲᠦᠷᠦ ᠶᠢᠨ ᠬᠢᠨᠠᠯᠳᠠ ᠶᠢ ᠲᠣᠪᠣᠶᠢᠯᠭᠠᠨ᠂ ᠵᠠᠰᠠᠭ ᠵᠠᠷᠯᠢᠭ ᠤᠨ ᠰᠢᠯᠤᠭᠤᠳᠬᠠᠯ ᠢ ᠪᠠᠳᠤᠯᠠᠨ᠎ᠠ ᠃  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ  ᠲᠠᠢ ᠦᠷᠬᠦᠯᠵᠢᠯᠡᠨ ᠰᠤᠷᠤᠯᠴᠠᠵᠣ᠂ ᠲᠡᠭᠦᠨ ᠤ ᠵᠣᠭᠰᠤᠯᠳᠠ ᠦᠵᠡᠯᠳᠡ ᠠᠷᠭ᠎ᠠ ᠪᠠᠷᠢᠯ ᠢ ᠠᠵᠢᠯ ᠲᠣᠮᠳᠠ ᠪᠠᠨ ᠤᠬᠠᠮᠰᠠᠷ ᠠᠴᠠ ᠪᠠᠨ ᠲᠣᠤᠱᠯᠠᠭᠤᠯᠵᠣ᠂ ᠦᠵᠡᠯ ᠰᠠᠨᠠᠭ᠎ᠠ ᠣᠨᠣᠯ ᠤᠨ ᠵᠡᠪᠰᠡᠭᠯᠡᠯ ᠤᠨ ᠦᠷ᠎ᠡ ᠪᠦᠳᠦᠭᠡᠯ ᠢᠶᠠᠨ ᠠᠵᠢᠯ ᠢᠶᠠᠨ ᠪᠡᠶᠡᠯᠡᠭᠦᠯᠵᠦ ᠬᠠᠷᠢᠭᠤᠴᠠᠯᠭ᠎ᠠ ᠪᠠᠨ ᠭᠦᠢᠴᠡᠳᠭᠡᠬᠦ ᠦᠷ᠎ᠡ ᠪᠦᠳᠦᠮᠵᠢ ᠪᠣᠯᠭᠠᠨ ᠪᠤᠳᠠᠳᠠᠶᠢᠵᠢᠭᠤᠯᠣᠨ᠎ᠠ᠃ ᠨᠠᠮ ᠤᠨ ᠲᠦᠪ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠣᠯᠳᠠ ᠲᠣᠮᠳᠠ ᠣᠯᠣᠰ ᠲᠦᠷᠦ ᠶᠢᠨ ᠬᠢᠨᠠᠯᠳᠠ ᠶᠢ ᠪᠦᠬᠦ ᠲᠠᠯ᠎ᠠ ᠪᠠᠷ ᠴᠢᠩᠭ᠎ᠠ ᠠᠳᠬᠤᠨ᠎ᠠ᠃ ᠨᠡᠶᠢᠭᠡᠮ ᠵᠢᠷᠤᠮᠲᠤ ᠣᠳᠣᠬᠢᠴᠢᠯᠠᠯᠳᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠦᠨ᠂ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠶᠠᠷᠢᠶ᠎ᠠ ᠵᠢᠭᠠᠪᠣᠷᠢ ᠴᠤᠬᠤᠯᠠᠪᠣᠷᠢ ᠶᠢᠨ ᠵᠣᠷᠢᠭ ᠰᠠᠨᠠᠭ᠎ᠠ ᠣᠨᠴᠠᠭᠠᠶᠢᠯᠠᠨ ᠦᠪᠦᠷ ᠮᠣᠩᠭᠤᠯ ᠤᠨ ᠠᠵᠢᠯ ᠳᠠᠬᠢ ᠴᠢᠬᠤᠯᠠ ᠵᠢᠭᠠᠪᠣᠷᠢ ᠴᠤᠬᠤᠯᠠᠪᠣᠷᠢ ᠶᠢᠨ ᠵᠣᠷᠢᠭ ᠰᠠᠨᠠᠭ᠎ᠠ  ᠶᠢ ᠲᠤᠤᠱᠯᠠᠭᠤᠯᠤᠨ  ᠨᠠᠶᠢᠳᠠᠪᠦᠷᠢᠵᠢᠭᠤᠯᠤᠭᠰᠠᠨ ᠪᠠᠶᠢᠳᠠᠯ ᠳᠤ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ︽ᠠᠷᠪᠠᠨ ᠲᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠶᠢᠨ ᠬᠡᠷᠡᠭᠵᠢᠭᠦᠯᠦᠯᠳᠡ ᠶᠢ ᠴᠢᠩᠭᠠᠳᠬᠠᠵᠤ᠂ ᠰᠢᠨ᠎ᠡ ᠬᠦᠭᠵᠢᠯᠳᠡ ᠶᠢᠨ ᠱᠠᠳᠤᠨ ᠳᠤ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ  ᠲᠤᠤᠱᠯᠠᠭᠤᠯᠤᠨ᠂ ᠰᠢᠨ᠎ᠡ ᠬᠦᠭᠵᠢᠯᠳᠡ ᠶᠢᠨ ᠬᠡᠪ ᠪᠠᠶᠢᠳᠠᠯ ᠢ ᠡᠭᠦᠳᠬᠦ ᠳᠣᠬᠢᠶᠠᠯ ᠢ ᠡᠵᠡᠮᠳᠡᠨ᠂  ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠵᠡᠷᠭᠡ ᠴᠢᠬᠤᠯᠠ ᠰᠢᠢᠳᠪᠦᠷᠢ ᠪᠠᠶᠢᠷᠢᠯᠠᠭᠤᠯᠤᠯᠲᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠳᠤ ᠬᠢᠨᠠᠯᠲᠠ ᠪᠠᠶᠢᠴᠠᠭᠠᠯᠲᠠ ᠬᠢᠬᠦ ᠶᠢ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠣ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠳᠡᠢ ᠲᠦᠯᠦᠪᠯᠡᠬᠦ᠂ ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠭᠦᠯᠬᠦ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠳᠡᠨ ᠤ ᠠᠵᠢᠯ ᠢ ᠰᠠᠶᠢᠵᠢᠷᠠᠭᠤᠯᠬᠤ᠂ ᠠᠮᠣᠷ ᠲᠦᠪᠰᠢᠨ ᠬᠦᠭᠵᠢᠯᠳᠡ ᠶᠢ ᠪᠠᠲᠤᠯᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠣᠷᠢᠵᠢᠭᠤᠯᠣᠯᠳᠠ ᠪᠣᠯᠣᠨ ᠠᠵᠣ ᠠᠬᠤᠢ ᠨᠡᠶᠢᠭᠡᠮ ᠢ ᠴᠢᠨᠠᠷ ᠰᠠᠶᠢᠲᠠᠢ ᠬᠥᠭᠵᠢᠭᠦᠯᠬᠦ ᠳᠣᠬᠠᠢ ᠬᠤᠰᠢᠭᠤ ᠨᠠᠮ ᠤᠨ ᠬᠤᠷᠢᠶᠠᠨ ᠤ ᠡᠯ᠎ᠡ ᠲᠦᠷᠦᠯ ᠤᠨ ᠲᠣᠬᠢᠷᠠᠭᠤᠯᠣᠯᠳᠠ ᠪᠠᠶᠢᠷᠢᠯᠠᠭᠤᠯᠤᠯᠲᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠳᠤ ᠬᠢᠨᠠᠯᠳᠠ ᠪᠠᠶᠢᠴᠠᠭᠠᠯᠳᠠ  ᠪᠠᠨ ᠴᠢᠩᠭᠠᠳᠬᠠᠨ᠂ ᠣᠯᠣᠰ ᠲᠦᠷᠦ ᠶᠢᠨ ᠰᠠᠬᠢᠯᠭ᠎ᠠ ᠪᠠᠳᠤ ᠪᠣᠯᠣᠨ ᠣᠯᠣᠰ ᠲᠦᠷᠦ ᠶᠢᠨ ᠲᠦᠷᠢᠮᠵᠢᠯ ᠢ ᠴᠢᠩᠳᠠᠯᠠᠨ᠂ ᠤᠬᠠᠮᠰᠠᠷ ᠠᠴᠠ ᠪᠠᠨ  ᠲᠤᠲᠠᠭᠳᠠᠯ  ᠢᠶᠠᠨ ᠡᠷᠢᠵᠦ᠂  ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠬᠡᠬᠦ ᠶᠢ ᠠᠬᠢᠭᠤᠯᠵᠤ᠂ ᠬᠢᠨᠠᠯᠳᠠ ᠪᠠᠳᠤᠯᠠᠭ᠎ᠠ ᠬᠡᠷᠡᠭᠵᠢᠭᠦᠯᠦᠯᠳᠡ  ᠪᠠᠷ ᠬᠥᠭᠵᠢᠯᠲᠡ ᠶᠢ  ᠠᠬᠢᠭᠤᠯᠣᠨ᠎ᠠ᠃︵ᠬᠤᠶᠠᠷ︶ ︽ᠲᠦᠷᠪᠡᠨ ᠰᠣᠷᠳᠠᠯ︾ ᠢ ᠡᠷᠡᠰ ᠵᠠᠯᠠᠷᠠᠭᠤᠯᠣᠨ ᠰᠤᠷᠳᠠᠯ ᠤᠨ ᠪᠠᠶᠢᠭᠤᠯᠣᠯᠳᠠ ᠶᠢ ᠲᠣᠪᠣᠶᠢᠯᠭᠠᠨ᠂ ᠬᠦᠭᠵᠢᠯᠳᠡ ᠶᠢ ᠪᠠᠳᠤᠯᠠᠨ᠎ᠠ᠃ ︽ᠲᠦᠷᠪᠡᠨ ᠰᠤᠷᠳᠠᠯ︾  ᠤᠨ ᠰᠢᠨ᠎ᠡ ᠬᠠᠨᠳᠤᠰᠢ ᠳᠤ ᠬᠦᠨᠵᠡᠭᠡᠢ ᠵᠠᠳᠠᠯᠣᠯᠳᠠ ᠬᠢᠵᠦ᠂ ᠶᠡᠷᠦᠩᠬᠡᠢ ᠪᠣᠳᠤᠯᠭ᠎ᠠ ᠲᠣᠭᠳᠠᠭᠠᠨ ᠬᠠᠯᠠᠨ ᠵᠠᠯᠠᠷᠠᠭᠤᠯᠣᠨ᠎ᠠ᠃  ᠬᠡᠯᠪᠡᠷᠢᠴᠢ ᠦᠵᠡᠯ᠂ ᠨᠣᠶᠠᠨᠴᠢ ᠦᠵᠡᠯ ᠢ ᠣᠨᠣᠪᠴᠢᠳᠠᠢ ᠵᠠᠯᠠᠷᠠᠭᠤᠯᠣᠨ᠂ ᠨᠠᠮ ᠤᠨ ᠲᠦᠪ ᠬᠤᠷᠢᠶ᠎ᠠ᠂ ᠲᠡᠭᠡᠳᠦ ᠱᠠᠳᠤᠨ ᠤ ᠨᠠᠮ ᠤᠨ ᠬᠤᠷᠢᠶ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠲᠠ ᠶᠢ ᠲᠣᠣᠱᠯᠠᠭᠤᠯᠣᠨ ᠨᠠᠶᠢᠳᠠᠪᠣᠷᠢᠵᠢᠭᠤᠯᠬᠤ  ᠠᠵᠢᠯ ᠤᠨ  ᠶᠠᠪᠤᠴᠠ ᠳᠤ ᠰᠤᠷᠲᠠᠯ ᠤᠨ ᠠᠰᠠᠭᠤᠳᠠᠯ ᠡᠭᠦᠰᠬᠦ ᠶᠢ ᠠᠩᠬᠠᠷᠤᠨ᠂ ᠪᠡᠶᠡᠴᠢ ᠦᠵᠡᠯ᠂ ᠤᠨᠴᠠ ᠡᠷᠬᠡ ᠶᠢᠨ ᠦᠵᠡᠯ᠂ ᠨᠣᠮᠯᠠᠯ ᠤᠨ ᠠᠷᠭ᠎ᠠ ᠮᠠᠶ᠋ᠢᠭ ᠢ ᠡᠷᠡᠰ ᠲᠡᠪᠴᠢᠨ᠂  ᠨᠠᠵᠠᠭᠠᠢ ᠰᠤᠷᠳᠠᠯ ᠡᠭᠦᠰᠬᠦ ᠶᠢ ᠡᠷᠡᠰ ᠰᠡᠷᠭᠡᠶᠢᠯᠡᠨ᠎ᠡ᠃  ᠪᠢᠴᠢᠭ ᠮᠠᠲ᠋ᠧᠷᠢᠶᠡᠯ᠂ ᠬᠤᠷᠠᠯ ᠴᠤᠭᠯᠠᠭ᠎ᠠ  ᠣᠯᠠᠳᠠᠬᠤ᠂ ᠬᠢᠨᠠᠯᠲᠠ ᠪᠠᠶᠢᠴᠠᠭᠠᠯᠲᠠ ᠭᠡᠲᠦ ᠣᠯᠠᠰᠢᠷᠠᠬᠤ᠂ ᠠᠵᠢᠯ ᠤᠨ ᠶᠠᠪᠤᠴᠠ ᠳᠤ ᠭᠡᠲᠦ ᠣᠯᠠᠨ ᠣᠷᠤᠮ ᠦᠯᠡᠳᠡᠭᠡᠬᠦ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠢ ᠪᠠᠶᠢᠩᠭᠤᠵᠢᠭᠤᠯᠤᠨ᠎ᠠ᠃ ᠵᠢᠷᠭᠠᠨ ᠴᠡᠩᠬᠡᠬᠦ ᠦᠵᠡᠯ᠂ ᠪᠦᠷᠢᠯᠭᠡᠨ ᠰᠦᠢᠳᠭᠡᠬᠦ ᠰᠤᠷᠳᠠᠯ ᠢ ᠦᠷᠬᠦᠯᠵᠢᠯᠡᠨ ᠠᠩᠬᠠᠷᠴᠣ ᠂ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠨ᠂ ᠲᠦᠪ ᠬᠤᠷᠢᠶ᠎ᠠ ᠶᠢᠨ ᠨᠠᠢᠮᠠᠨ ᠵᠣᠷᠪᠣᠰ ᠲᠣᠭᠳᠠᠭᠠᠯ ᠵᠢᠴᠢ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠣᠨ᠂ ᠰᠠᠬᠢᠯᠭ᠎ᠠ ᠵᠥᠷᠢᠴᠡᠵᠦ ᠬᠡᠷᠡᠭ ᠦᠢᠯᠡᠳᠦᠭᠰᠡᠳ ᠢᠶᠠᠷ ᠨᠡᠶᠢᠳᠡᠯᠢᠭ ᠵᠢᠱᠢᠶ᠎ᠡ  ᠪᠣᠯᠭᠠᠨ᠂ ᠴᠢᠩᠭ᠎ᠠ ᠪᠠᠶᠢᠴᠠᠭᠠᠨ ᠬᠤᠷᠳᠤᠨ ᠰᠢᠢᠳᠪᠦᠷᠢᠯᠡᠵᠦ᠂  ᠵᠠᠷᠯᠠᠨ ᠢᠯᠡᠴᠢᠯᠡᠵᠦ᠂ ᠲᠠᠬᠢᠨ ᠲᠠᠪᠳᠠᠨ  ᠢᠯᠡᠷᠡᠭᠰᠡᠨ ᠪᠠ ᠨᠡᠶᠢᠲᠡᠮ ᠡᠭᠦᠰᠦᠭᠰᠡᠨ ᠠᠰᠠᠭᠤᠳᠠᠯ ᠢ ᠴᠠᠭ ᠲᠤᠬᠠᠢ ᠳᠤᠨᠢ ᠵᠠᠩᠭᠢᠯᠠᠭ᠎ᠠ ᠶᠢ ᠨᠢ ᠰᠤᠳᠤᠯᠤᠨ ᠰᠢᠢᠳᠪᠦᠷᠢᠯᠡᠵᠦ᠂ ᠳᠦᠷᠢᠮ ᠲᠣᠭᠲᠠᠭᠠᠯ ᠤᠨ ᠲᠣᠭᠲᠠᠴᠠ ᠶᠢ ᠨᠢ ᠲᠡᠭᠦᠯᠳᠡᠷᠵᠢᠭᠦᠯᠦᠨ᠂ ᠬᠠᠭᠤᠴᠢᠨ ᠠᠰᠠᠭᠤᠳᠠᠯ ᠲᠠᠬᠢᠨ ᠡᠭᠦᠰᠬᠦ᠂ ᠰᠢᠨ᠎ᠡ ᠠᠰᠠᠭᠤᠳᠠᠯ ᠰᠣᠶᠣᠭᠠᠯᠠᠬᠤ᠂ ᠪᠠᠭ᠎ᠠ ᠠᠰᠠᠭᠤᠳᠠᠯ ᠶᠡᠬᠡᠰᠬᠦ ᠶᠢ ᠡᠷᠡᠰ  ᠰᠡᠷᠭᠡᠶᠢᠯᠡᠨ᠎ᠡ᠃ ᠠᠮᠣ ᠪᠣᠳᠠᠭ᠎ᠠ ᠶᠢ ᠠᠷᠪᠢᠯᠠᠨ ᠭᠠᠮᠨᠠᠵᠣ᠂ ᠪᠦᠷᠢᠯᠭᠡᠨ ᠰᠦᠢᠳᠭᠡᠬᠦ ᠶᠢ ᠬᠤᠷᠢᠭᠯᠠᠬᠤ ᠠᠵᠢᠯᠯᠠᠭ᠎ᠠ ᠳᠤ ᠬᠢᠨᠠᠯᠳᠠ ᠲᠠᠯᠪᠢᠬᠤ ᠶᠢ ᠤᠷᠳᠤ ᠬᠤᠭᠤᠴᠠᠭᠠᠨ ᠤ ᠡᠭᠦᠷᠭᠡ ᠪᠣᠯᠭᠠᠨ᠂ ᠳᠤᠷᠠᠲᠠᠶ᠎ᠠ ᠪᠣᠷᠤᠭᠵᠢᠭᠤᠨ ᠠᠮᠢᠳᠤᠷᠠᠯ ᠢ ᠬᠦᠭᠡᠭᠡᠴᠡᠯᠳᠦᠵᠦ᠂ ᠰᠢᠷᠭᠠᠭᠤ ᠬᠠᠳᠠᠭᠤᠵᠢᠯᠳᠠᠢ ᠪᠠᠷ ᠲᠡᠮᠡᠴᠡᠬᠦ ᠶᠢ ᠤᠷᠢᠶᠠᠯᠠᠨ ᠳᠠᠶᠢᠴᠢᠯᠠᠨ᠎ᠠ᠃ ︽ᠲᠦᠷᠪᠡᠨ ᠰᠤᠷᠳᠠᠯ︾ ᠢ ᠵᠠᠯᠠᠷᠠᠭᠤᠯᠬᠤ ᠪᠣᠯᠣᠨ ᠰᠢᠨ᠎ᠡ ᠰᠤᠷᠳᠠᠯ ᠢ ᠪᠣᠢ ᠪᠣᠯᠭᠠᠬᠤ ᠶᠢ ᠵᠡᠷᠭᠡᠪᠡᠷ ᠪᠠᠷᠢᠮᠳᠠᠯᠠᠨ᠂ ᠨᠠᠮ ᠤᠨ ᠭᠡᠰᠢᠭᠦᠨ ᠺᠠᠳ᠋ᠷ ᠤᠨ ᠤᠬᠠᠮᠰᠠᠷ ᠠᠴᠠ ᠪᠠᠨ ᠤᠨᠴᠠ ᠡᠷᠬᠡ ᠶᠢᠨ ᠦᠵᠡᠯ ᠰᠠᠨᠠᠭ᠎ᠠ ᠦᠢᠯᠡ ᠠᠵᠢᠯᠯᠠᠭ᠎ᠠ ᠶᠢ ᠡᠰᠡᠷᠭᠦᠴᠡᠬᠦ ᠶᠢ ᠬᠦᠮᠦᠵᠢᠭᠦᠯᠦᠨ ᠵᠢᠯᠣᠭᠤᠳᠴᠤ᠂ ᠭᠡᠷ ᠤᠨ ᠰᠤᠷᠳᠠᠯ ᠰᠤᠷᠭᠠᠯ ᠢᠶᠠᠨ ᠴᠢᠩᠳᠠᠯᠠᠨ᠂ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠨ᠂  ᠰᠢᠨ᠎ᠡ ᠴᠠᠭ ᠦᠶ᠎ᠡ ᠶᠢᠨ ᠰᠠᠶᠢᠨ ᠰᠤᠷᠳᠠᠯ ᠢ   ᠪᠤᠢ ᠪᠣᠯᠭᠠᠨ᠎ᠠ᠃︵ᠭᠤᠷᠪᠠ︶ ᠰᠢᠰᠲ᠋ᠧᠮᠳᠤ ᠦᠵᠡᠯᠳᠡ ᠶᠢ ᠪᠠᠷᠢᠮᠳᠠᠯᠠᠨ ︽ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠣᠳᠤᠬᠤ ᠦᠭᠡᠢ︾ ᠶᠢ  ᠴᠤᠭᠴᠠᠵᠢᠭᠤᠯᠣᠭᠰᠠᠨ ᠪᠠᠶᠢᠭᠤᠯᠣᠯᠳᠠ ᠶᠢ ᠲᠣᠪᠣᠶᠢᠯᠭᠠᠨ᠂ ᠣᠯᠣᠰ ᠲᠦᠷᠦ ᠶᠢᠨ ᠠᠮᠢ ᠠᠬᠤᠢ ᠪᠣᠯᠣᠨ ᠬᠦᠭᠵᠢᠯᠳᠡ ᠶᠢᠨ ᠤᠷᠴᠢᠨ ᠢ ᠦᠷᠬᠦᠯᠵᠢᠯᠡᠨ ᠰᠢᠯᠢᠳᠡᠭᠵᠢᠭᠦᠯᠦᠨ᠎ᠡ᠃  ᠢᠯᠵᠠᠷᠠᠯ ᠢ ᠡᠰᠡᠷᠭᠦᠴᠡᠬᠦ ᠠᠵᠢᠯ ᠢ ᠴᠠᠭ ᠢᠮᠠᠭᠲᠠ ᠴᠢᠩᠭ᠎ᠠ ᠠᠳᠬᠤᠵᠤ᠂ ᠬᠦᠴᠦᠯᠡᠴᠡ ᠪᠠᠨ ᠤᠭᠲᠤ ᠰᠤᠯᠠᠷᠠᠭᠤᠯᠬᠤ ᠦᠭᠡᠢ᠂ ᠦᠴᠦᠬᠡᠨ ᠴᠤ ᠢᠯᠳᠠᠷ ᠬᠠᠶᠠᠬᠤ ᠦᠭᠡᠢ  ᠪᠠᠷ ᠬᠡᠭᠡᠯᠢ ᠲᠦᠯᠬᠢᠨ ᠬᠠᠭ᠋ᠣᠣᠯᠢ ᠢᠳᠡᠭᠰᠡᠳ ᠢ ᠵᠡᠷᠭᠡᠪᠡᠷ ᠪᠠᠶᠢᠴᠠᠭᠠᠨ᠂ ᠭᠤᠣᠯᠳᠠᠯᠭᠠᠲᠤ ᠠᠵᠢᠯ ᠤᠨ ᠬᠦᠷᠢᠶ᠎ᠡ ᠴᠠᠷ᠎ᠠ᠂ ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠬᠦᠮᠦᠰ ᠢ ᠠᠩᠬᠠᠷᠴᠤ᠂ ᠨᠠᠮ ᠤᠨ ᠣᠨᠣᠯ ᠱᠤᠭᠤᠮ ᠴᠢᠭᠯᠡᠯᠳᠡ ᠲᠦᠷᠦ ᠶᠢᠨ ᠪᠣᠳᠤᠯᠭ᠎ᠠ ᠶᠢᠨ ᠭᠡᠷᠡᠭᠵᠢᠭᠦᠯᠦᠯᠳᠡ ᠶᠢ ᠬᠦᠨᠳᠦ ᠨᠣᠴᠢᠳᠠᠢ ᠬᠠᠷᠰᠢᠯᠠᠭᠰᠠᠨ   ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠠᠷᠪᠠᠨ ᠲᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠳᠠᠬᠢ ᠲᠦᠷᠦ ᠶᠢᠨ ᠪᠣᠳᠤᠯᠭ᠎ᠠ ᠶᠢᠨ ᠬᠦᠴᠦᠯᠡᠴᠡ ᠶᠡᠭᠡ᠂ ᠪᠡᠯᠡ ᠮᠦᠩᠬᠦ ᠡᠬᠢ ᠪᠠᠶᠠᠯᠢᠭ᠂ ᠡᠳ᠋ ᠤᠨ ᠵᠠᠰᠠᠭ ᠤᠨ ᠪᠡᠯᠡ ᠣᠷᠣᠭᠤᠯᠣᠯᠳᠠ ᠲᠦᠪᠯᠡᠷᠡᠭᠰᠡᠨ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠴᠢᠬᠤᠯᠠ  ᠲᠦᠷᠦᠯ ᠵᠦᠢᠯ ᠢ ᠭᠤᠣᠯᠳᠠᠯᠭᠠᠲᠠᠢ ᠬᠢᠨᠠᠨ ᠪᠠᠶᠢᠴᠠᠭᠠᠵᠤ᠂ ᠬᠠᠤᠯᠢ ᠴᠠᠭᠠᠵᠠ ᠶᠢᠨ ᠢᠯᠵᠠᠷᠠᠮᠠᠯ ᠢ  ᠡᠷᠡᠰ ᠶᠠᠯᠠᠯᠠᠨ ᠰᠢᠳᠬᠡᠵᠦ᠂ ᠣᠳᠣᠷᠢᠳᠬᠤ ᠺᠠᠳ᠋ᠷ᠂ ᠠᠯᠪᠠᠨ ᠲᠣᠰᠢᠶᠠᠯᠳᠠᠨ ᠬᠤᠳᠠᠯᠳᠤᠭ᠎ᠠ ᠡᠵᠡᠩᠨᠡᠨ ᠠᠵᠣ ᠠᠬᠤᠶᠢᠯᠠᠯ ᠡᠷᠬᠢᠯᠡᠬᠦ᠂ ᠡᠷᠬᠡ ᠲᠣᠰᠢᠶᠠᠯ ᠤᠨ ᠨᠦᠯᠦᠭᠡ ᠪᠠᠨ ᠠᠰᠢᠭᠯᠠᠨ ᠬᠠᠨᠢ ᠨᠦᠭᠦᠷ ᠦᠷ᠎ᠡ ᠬᠡᠤᠬᠡᠳ ᠵᠢᠴᠢ ᠦᠷ᠎ᠡ ᠬᠡᠤᠬᠡᠳ  ᠤᠨ ᠬᠢᠨᠢ ᠬᠠᠨᠢ ᠨᠦᠬᠦᠷ ᠬᠤᠳᠠᠯᠳᠤᠭ᠎ᠠ ᠡᠵᠡᠩᠨᠡᠨ ᠠᠵᠣ ᠠᠬᠤᠶᠢᠯᠠᠯ ᠡᠷᠬᠢᠯᠡᠨ ᠬᠠᠤᠯᠢ ᠪᠣᠰᠤ ᠪᠠᠷ ᠠᠰᠢᠭ ᠤᠷᠤᠯᠭ᠎ᠠ ᠣᠯᠣᠭᠰᠠᠨ ᠠᠰᠠᠭᠤᠳᠠᠯ ᠢ ᠴᠢᠩᠭ᠎ᠠ ᠰᠢᠳᠭᠡᠨ᠎ᠡ᠃ ᠲᠦᠷᠢᠮ ᠤᠨ  ᠪᠠᠶᠢᠭᠤᠯᠤᠯᠲᠠ ᠶᠢ ᠦᠷᠬᠦᠯᠵᠢᠯᠡᠨ ᠪᠠᠳᠤᠳᠠᠢ ᠠᠳᠬᠤᠨ᠎ᠠ᠃  ᠬᠡᠷᠡᠭ ᠰᠢᠢᠳᠪᠦᠷᠢᠯᠡᠬᠦ ᠪᠠ ᠲᠦᠷᠢᠮ ᠤᠨ ᠲᠤᠲᠠᠭᠤᠳᠠᠯ ᠢᠶᠠᠨ ᠨᠦᠬᠦᠪᠦᠷᠢᠯᠡᠬᠦ᠂ ᠬᠢᠨᠠᠨ ᠪᠠᠶᠢᠴᠠᠭᠠᠯᠲᠠ ᠪᠠ ᠬᠢᠨᠠᠯᠳᠠ ᠬᠠᠮᠢᠶᠠᠷᠤᠯᠳᠠ ᠶᠢ ᠤᠶᠠᠯᠳᠤᠭᠤᠯᠬᠤ ᠶᠢ ᠴᠢᠩᠭᠠᠳᠬᠠᠵᠣ᠂ ᠬᠠᠨᠳᠤᠯᠭᠠᠳᠤ ᠴᠢᠨᠡᠷ ᠲᠠᠢ᠂ ᠦᠨᠡᠨᠬᠦ ᠶᠠᠪᠣᠭᠳᠠᠭᠤᠯᠵᠣ ᠪᠣᠯᠬᠤᠶᠢᠴᠠ ᠰᠠᠨᠠᠯ ᠵᠦᠪᠯᠡᠯᠭᠡ ᠲᠣᠷᠠᠳᠤᠨ᠂ ᠴᠡᠭᠴᠡᠯᠡᠨ ᠵᠠᠰᠠᠯᠳᠠ ᠶᠢ ᠲᠡᠭᠦᠯᠳᠡᠷᠵᠢᠭᠦᠯᠦᠨ᠎ᠡ᠃ ᠪᠠᠶᠢᠴᠠᠭᠠᠨ ᠢᠯᠡᠷᠡᠭᠦᠯᠦᠭᠰᠡᠨ ᠨᠡᠶᠢᠳᠡᠯᠢᠭ  ᠬᠡᠷᠡᠭ  ᠤᠨ ᠵᠢᠱᠢᠶ᠎ᠡ ᠶᠢᠨ ᠲᠣᠭᠤᠷᠢᠨ ᠳᠤ ᠤᠬᠠᠭᠤᠯᠣᠨ ᠲᠠᠶᠢᠴᠢᠯᠠᠬᠤ᠂ ᠵᠠᠳᠠᠯᠣᠯᠳᠠ ᠬᠢᠬᠦ᠂ ᠴᠡᠭᠴᠡᠯᠡᠨ ᠵᠠᠰᠠᠬᠤ᠂ ᠲᠦᠷᠢᠮ ᠢ ᠲᠡᠭᠦᠯᠳᠡᠷᠵᠢᠬᠦᠯᠬᠦ᠂ ᠬᠢᠨᠠᠨ ᠪᠠᠶᠢᠴᠠᠭᠠᠬᠤ ᠵᠡᠷᠭᠡ ᠲᠠᠪᠣᠨ ᠠᠯᠬᠤᠮ ᠪᠠᠷ ᠲᠠᠮᠵᠢᠨ ᠬᠡᠷᠡᠭ ᠢᠶᠠᠷ ᠰᠤᠷᠭᠠᠮᠵᠢ ᠪᠤᠯᠭᠠᠨ ᠦᠭᠡᠷᠡᠴᠢᠯᠡᠯᠳᠡ ᠵᠠᠰᠠᠯᠳᠠ ᠶᠢ ᠠᠬᠢᠭᠤᠯᠣᠨ᠎ᠠ᠃ ᠢᠯᠵᠠᠷᠠᠬᠤ ᠶᠢ ᠪᠣᠳᠣᠬᠤ ᠦᠭᠡᠢ ᠣᠬᠠᠮᠰᠠᠷ ᠢᠶᠠᠨ ᠳᠡᠭᠡᠭᠰᠢᠯᠡᠭᠦᠯᠦᠨ᠎ᠡ᠃ ᠴᠢᠭᠡᠴᠢ ᠵᠠᠰᠠᠭ ᠤᠨ ᠰᠣᠷᠭᠠᠨ ᠬᠦᠮᠦᠵᠢᠯ ᠤᠨ ᠰᠠᠭᠤᠷᠢᠨ ᠭᠠᠵᠠᠷ ᠤᠨ ᠠᠭᠤᠯᠭ᠎ᠠ ᠶᠢ ᠴᠠᠭ ᠲᠣᠬᠠᠢ ᠳᠤᠨᠢ ᠰᠢᠨᠡᠳᠭᠡᠵᠦ᠂ ᠨᠡᠶᠢᠳᠡᠯᠢᠭ ᠬᠡᠷᠡᠭ ᠤᠨ ᠵᠢᠱᠢᠶ᠎ᠡ ᠪᠠᠷ ᠵᠢᠭᠠᠬᠤ ᠮᠠᠲ᠋ᠧᠷᠢᠶᠠᠯ ᠪᠣᠯᠭᠠᠨ᠂ ᠴᠢᠭᠡᠴᠢ ᠵᠠᠰᠠᠭ ᠤᠨ ᠰᠤᠷᠭᠠᠨ ᠬᠦᠮᠦᠵᠢᠯ ᠤᠨ ᠬᠢᠴᠢᠶᠡᠯ ᠤᠨ ᠲᠠᠩᠬᠢᠮ ᠢ ᠰᠠᠶᠢᠳᠤᠷ ᠡᠷᠬᠢᠯᠡᠵᠦ᠂ ᠬᠠᠵᠠᠭᠤᠳᠠᠬᠢ  ᠬᠡᠷᠡᠭ ᠤᠨ ᠵᠢᠱᠢᠶ᠎ᠡ ᠪᠠᠷ ᠬᠦᠮᠦᠰ ᠢ ᠰᠤᠷᠭᠠᠨ ᠬᠦᠮᠦᠵᠢᠭᠦᠯᠦᠨ᠂ ᠰᠡᠷᠡᠮᠵᠢᠯᠡᠭᠦᠯᠦᠯ ᠤᠨ ᠰᠤᠷᠭᠠᠨ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠭᠦᠯᠦᠨ᠎ᠡ᠃ ᠦᠵᠡᠯ ᠰᠠᠨᠠᠭ᠎ᠠ ᠶᠣᠰᠤ ᠰᠤᠷᠳᠠᠬᠤᠨ ᠪᠣᠯᠣᠨ ᠨᠠᠮ ᠤᠨ ᠰᠠᠬᠢᠯᠭ᠎ᠠ ᠪᠠᠳᠤ ᠣᠯᠣᠰ ᠤᠨ ᠬᠠᠤᠯᠢ ᠶᠢᠨ ᠬᠦᠮᠦᠵᠢᠯ ᠢ ᠲᠣᠭᠳᠠᠭᠰᠠᠨ ᠬᠤᠭᠤᠴᠠᠭᠠᠨ ᠳᠤ ᠦᠷᠨᠢᠭᠦᠯᠵᠦ᠂ ᠢᠳᠡᠭᠡᠯ ᠪᠢᠰᠢᠷᠡᠯ ᠪᠣᠯᠣᠨ ᠨᠠᠮ ᠤᠨ ᠲᠦᠷᠦ ᠶᠢᠨ ᠪᠣᠳᠤᠯᠭ᠎ᠠ ᠶᠢᠨ ᠤᠷᠮᠠᠰᠢᠭᠤᠯᠬᠤ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠣᠨ᠂ ᠨᠠᠮ ᠤᠨ ᠭᠡᠰᠢᠭᠦᠨ ᠺᠠᠳ᠋ᠷ ᠪᠣᠯᠣᠨ ᠠᠯᠪᠠᠨ ᠲᠣᠰᠢᠶᠠᠯᠳᠠᠳ ᠢ ᠬᠦᠳᠦᠯᠦᠨ ᠵᠢᠯᠣᠭᠤᠳᠴᠤ ᠢᠯᠵᠠᠷᠠᠮᠠᠯ ᠢ ᠡᠰᠡᠷᠭᠦᠴᠡᠬᠦ ᠦᠵᠡᠯ ᠰᠠᠨᠠᠭᠠᠨ ᠤ ᠬᠤᠪᠢᠷᠠᠯᠳᠠ ᠶᠢᠨ ᠰᠡᠷᠭᠡᠶᠢᠯᠡᠯᠳᠡ ᠶᠢᠨ ᠱᠤᠭᠤᠮ ᠢ ᠪᠠᠳᠤ ᠴᠤᠭᠴᠠᠯᠠᠵᠣ᠂ ᠠᠷᠢᠭᠤᠨ ᠴᠢᠭᠡᠴᠢ ᠰᠤᠶᠣᠯ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠬᠡᠷᠡᠭ ᠰᠢᠢᠳᠪᠦᠷᠢᠯᠡᠬᠦ ᠳᠡᠭᠡᠨ ᠬᠢᠨᠠᠨ ᠵᠥᠪᠰᠢᠶᠡᠷᠡᠭᠰᠡᠨ ᠠᠯᠬᠤᠮ ᠲᠠᠷᠠᠭ᠎ᠠ ᠪᠠᠷ ᠭᠦᠢᠴᠡᠳᠬᠡᠵᠦ᠂ ᠬᠠᠤᠯᠢ ᠲᠦᠷᠢᠮ ᠰᠠᠬᠢᠯᠭ᠎ᠠ ᠪᠠᠳᠤ ᠶᠢᠨ ᠶᠣᠰᠤᠭᠠᠷ ᠠᠮᠣᠷ ᠲᠦᠪᠰᠢᠨ ᠪᠣᠯᠪᠠᠰᠤᠨ ᠢᠶᠠᠷ ᠬᠡᠷᠡᠭ ᠰᠢᠳᠬᠡᠨ᠎ᠡ᠃  ᠰᠠᠬᠢᠯᠭ᠎ᠠ ᠪᠠᠲᠤ  ᠶᠢᠨ ᠰᠢᠳᠬᠡᠯ  ᠣᠯᠭᠤᠭᠰᠠᠨ ᠪᠠᠶᠢᠳᠠᠯ  ᠢ ᠬᠢᠨᠠᠨ ᠪᠠᠶᠢᠴᠠᠭᠠᠵᠤ᠂ ᠰᠢᠳᠭᠡᠯ  ᠢ ᠦᠨᠡᠨᠬᠦ  ᠬᠡᠷᠡᠭᠵᠢᠭᠦᠯᠦᠭᠰᠡᠨ ᠪᠠᠶᠢᠬᠤ ᠶᠢ ᠪᠠᠲᠤᠯᠠᠨ᠎ᠠ᠃ ︽ᠭᠤᠷᠪᠠ ᠶᠢ ᠢᠯᠭᠠᠬᠤ︾ ᠶᠢ ᠴᠢᠩᠭ᠎ᠠ ᠨᠠᠶᠢᠳᠠᠪᠣᠷᠢᠵᠢᠭᠤᠯᠵᠣ᠂ ︽ᠲᠦᠷᠪᠡᠨ ᠵᠦᠢᠯ ᠤᠨ ᠬᠡᠯᠪᠡᠷᠢ︾  ᠠᠴᠠ ᠤᠨᠴᠠᠭᠠᠶᠢᠯᠠᠨ ᠨᠢᠭᠡᠳᠦᠭᠡᠷ ᠵᠦᠢᠯ  ᠳᠤ ᠰᠠᠬᠢᠯᠭ᠎ᠠ ᠪᠠᠳᠤ ᠶᠢᠨ ᠬᠢᠨᠠᠯᠳᠠ ᠬᠡᠷᠡᠭᠵᠢᠭᠦᠯᠦᠯᠳᠡ ᠶᠢ ᠰᠠᠶᠢᠳᠦᠷ ᠬᠢᠵᠦ᠂ ᠪᠣᠷᠣᠭᠤ ᠪᠠᠨ ᠵᠠᠯᠠᠷᠠᠭᠤᠯᠵᠣ᠂ ᠺᠠᠳ᠋ᠷᠴᠣᠳ ᠤᠨ ᠵᠣᠷᠢᠭᠳᠠᠢ ᠪᠠᠷ ᠡᠭᠦᠷᠭᠡᠯᠡᠬᠦ ᠶᠢ ᠵᠣᠷᠢᠭᠵᠢᠭᠤᠯᠣᠨ᠂ ᠬᠦᠳᠬᠡᠨ ᠵᠠᠭᠠᠯᠳᠤᠵᠥ ᠬᠤᠤᠷᠯᠡᠨ ᠬᠦᠨᠦᠬᠡᠭᠰᠡᠨ ᠠᠵᠢᠯᠯᠠᠭ᠎ᠠ ᠳᠤ ᠬᠦᠨᠳᠦ ᠴᠤᠬᠢᠯᠳᠠ ᠦᠭᠴᠦ᠂  ᠭᠦᠳᠬᠡᠭᠳᠡᠭᠰᠡᠳ ᠤᠨ ᠨᠡᠷ᠎ᠡ  ᠬᠦᠨᠳᠦ  ᠶᠢ ᠨᠢ  ᠴᠠᠭᠠᠳᠬᠠᠵᠤ ᠂ ᠲᠦᠪ ᠶᠣᠰᠤ ᠶᠢ ᠪᠠᠳᠠᠷᠠᠭᠤᠯᠣᠨ᠂ ᠭᠠᠵᠢᠭᠤ ᠰᠤᠷᠳᠠᠯ ᠢ ᠲᠡᠪᠴᠢᠨ᠂ ᠤᠬᠢ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠎ᠠ᠃︵ᠲᠦᠷᠪᠡ︶ ᠤᠯᠠᠨ ᠲᠦᠮᠡᠨ ᠤ ᠲᠣᠯᠭᠠᠮ᠎ᠠ ᠱᠠᠭᠠᠷᠳᠠᠭᠳᠠᠵᠣ ᠪᠠᠶᠢᠭ᠎ᠠ ᠠᠰᠠᠭᠤᠳᠠᠯ ᠤᠨ ᠲᠣᠭᠤᠷᠢᠨ ᠳᠤ ᠲᠦᠪᠯᠡᠷᠡᠨ᠂ ᠤᠯᠠᠨ ᠲᠦᠮᠡᠨ ᠤ ᠬᠠᠵᠠᠭᠤᠳᠡᠬᠢ ᠢᠯᠵᠠᠷᠠᠮᠠᠯ ᠪᠣᠯᠣᠨ ᠭᠠᠵᠢᠭᠤ ᠰᠤᠷᠳᠠᠯ ᠢ ᠴᠡᠭᠴᠡᠯᠡᠨ ᠵᠠᠰᠠᠬᠤ ᠶᠢ ᠲᠣᠪᠣᠶᠢᠯᠭᠠᠨ᠂ ᠤᠯᠠᠨ ᠲᠦᠮᠡᠨ ᠤ ᠬᠦᠷᠳᠡᠮᠵᠢᠳᠤ ᠲᠦᠷᠦᠭᠳᠡᠯ ᠵᠢᠷᠭᠠᠯᠳᠤ ᠲᠦᠷᠦᠭᠳᠡᠯ ᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠡ᠃ ︽ᠲᠦᠷᠪᠡ ᠶᠢ ᠦᠯᠦ ᠲᠠᠶᠠᠭᠳᠠᠬᠤ︾ ᠲᠦᠷᠦ ᠶᠢᠨ ᠪᠣᠳᠤᠯᠭ᠎ᠠ ᠶᠢᠨ ᠲᠣᠭᠳᠠᠭᠤᠨ ᠢᠶᠠᠷ ᠨᠠᠶᠢᠳᠠᠪᠣᠷᠢᠵᠢᠭᠤᠯᠣᠭᠳᠠᠬᠤ ᠶᠢ ᠲᠠᠭᠠᠯᠳᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠤᠯᠣᠭᠰᠠᠨ ᠦᠷ᠎ᠡ ᠪᠦᠳᠦᠭᠡᠯ ᠤᠨ ᠤᠷᠳᠤ  ᠬᠤᠭᠤᠴᠠᠭᠠᠨ ᠤ ᠲᠣᠭᠳᠠᠯᠴᠠᠭ᠎ᠠ  ᠶᠢ ᠠᠬᠢᠭᠤᠯᠣᠨ᠎ᠠ᠃ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢᠨ ᠬᠡᠷᠡᠭᠵᠢᠭᠦᠯᠦᠭᠳᠡᠭᠰᠡᠨ ᠪᠠᠶᠢᠳᠠᠯ ᠵᠢᠴᠢ ᠠᠷᠠᠳ ᠲᠤ ᠬᠤᠯᠪᠤᠭᠳᠠᠭᠰᠠᠨ ᠲᠦᠷᠦ ᠶᠢᠨ ᠪᠣᠳᠤᠯᠭ᠎ᠠ  ᠶᠢᠨ ᠬᠡᠷᠡᠭᠵᠢᠭᠦᠯᠦᠭᠰᠡᠨ ᠪᠠᠶᠢᠳᠠᠯ ᠳᠤ ᠬᠢᠨᠠᠠ ᠪᠠᠶᠢᠴᠠᠭᠠᠯᠳᠠ ᠪᠠᠨ ᠴᠢᠩᠭᠠᠳᠬᠠᠨ᠂ ᠡᠵᠡᠷᠬᠡᠨ ᠱᠠᠮᠰᠢᠬᠤ᠂  ᠵᠠᠪᠰᠠᠷ ᠠᠴᠠ ᠨᠢ ᠵᠠᠪᠰᠢᠬᠤ᠂ ᠲᠦᠷᠦᠯ ᠰᠠᠳᠤᠨ ᠨᠠᠶᠢᠵᠠ ᠨᠦᠬᠦᠳ ᠲᠡᠭᠡᠨ ᠠᠰᠢᠭ ᠬᠦᠷᠳᠡᠭᠡᠬᠦ ᠵᠢᠴᠢ ᠪᠡᠯᠡ ᠮᠦᠩᠬᠦ ᠶᠢᠨ ᠬᠠᠮᠢᠶᠠᠷᠤᠯᠳᠠ ᠶᠢᠨ ᠲᠠᠯ᠎ᠠ ᠪᠠᠷ ᠬᠢ ᠬᠠᠤᠯᠢ ᠲᠦᠷᠢᠮ ᠢ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠯᠣᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠳᠦᠮᠵᠢᠳᠡᠢ ᠠᠪᠴᠠᠯᠳᠤᠭᠤᠯᠬᠤ ᠶᠢ ᠡᠷᠴᠢᠮᠲᠡᠢ ᠪᠠᠳᠤᠯᠠᠨ᠎ᠠ᠃ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠰᠤᠷᠭᠠᠨ ᠬᠦᠮᠦᠵᠢᠯ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠨᠡᠶᠢᠭᠡᠮ ᠤᠨ ᠲᠠᠭᠠᠳᠬᠠᠯ᠂ ᠲᠣᠣᠷ᠎ᠠ ᠪᠠᠲᠤᠯᠠᠭᠠᠲᠣ ᠡᠷᠦᠬᠡ ᠪᠠ ᠲᠠᠪᠣᠨ ᠪᠠᠲᠤᠯᠠᠭᠠᠲᠣ ᠡᠷᠦᠬᠡ᠂ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠣᠷ ᠲᠦᠪᠰᠢᠨ ᠵᠡᠷᠭᠡ  ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠦᠨ᠂ ᠠᠷᠠᠳ ᠲᠤ ᠦᠢᠯᠡᠴᠢᠯᠡᠬᠦ ᠣᠪᠤᠷ ᠰᠤᠷᠲᠠᠯ ᠮᠠᠭᠤ᠂ ᠣᠴᠢᠷ ᠶᠠᠪᠤᠳᠠᠯ ᠭᠦᠢᠴᠡᠳᠭᠡᠬᠦ ᠳᠤ ᠲᠦᠪᠡᠭᠲᠡᠢ ᠵᠡᠷᠭᠡ ᠬᠤᠳᠠᠯᠳᠤᠭ᠎ᠠ ᠡᠵᠡᠩᠨᠡᠬᠦ ᠤᠷᠴᠢᠨ ᠢ ᠡᠪᠳᠡᠭᠰᠡᠨ ᠬᠦᠮᠦᠨ ᠪᠠ  ᠠᠰᠠᠭᠤᠳᠠᠯ ᠢ ᠴᠢᠩᠭ᠎ᠠ ᠪᠠᠶᠢᠴᠠᠭᠠᠨ ᠰᠢᠳᠭᠡᠨ᠎ᠡ᠃ ᠬᠠᠩᠭᠠᠨ  ᠪᠣᠷᠤᠯᠠᠭᠤᠯᠭ᠎ᠠ  ᠶᠢᠨ  ᠰᠢᠰᠲ᠋ᠧᠮ ᠤᠨ ᠢᠯᠵᠠᠷᠠᠮᠠᠯ ᠠᠰᠠᠭᠤᠳᠠᠯ᠂ ᠣᠯᠣᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠠᠤᠯᠢ ᠳᠦᠷᠢᠮ ᠰᠠᠬᠢᠯᠭ᠎ᠠ ᠪᠠᠳᠤ ᠶᠢ ᠵᠦᠷᠢᠴᠡᠭᠰᠡᠨ ᠠᠰᠠᠭᠤᠳᠠᠯ᠂  ᠲᠠᠷᠢᠶᠠᠨ ᠭᠠᠵᠠᠷ ᠢ ᠲᠣᠷ᠎ᠠ ᠪᠠᠷ ᠡᠵᠡᠯᠡᠭᠰᠡᠨ ᠠᠰᠠᠭᠤᠳᠠᠯ᠂ ︽ᠲᠣᠮᠣ ᠰᠠᠷᠠᠪᠴᠢᠳᠤ ᠭᠡᠷ︾ ᠤᠨ ᠠᠰᠠᠭᠤᠳᠠᠯ ᠪᠣᠯᠣᠨ ᠨᠣᠳᠤᠭ ᠪᠡᠯᠴᠢᠭᠡᠷ ᠣᠢ ᠰᠢᠭᠤᠢ ᠶᠢ ᠡᠪᠳᠡᠭᠰᠡᠨ ᠬᠠᠤᠯᠢ ᠲᠦᠷᠢᠮ ᠢ ᠵᠦᠷᠢᠴᠡᠭᠰᠡᠨ ᠦᠢᠯᠡ ᠠᠵᠢᠯᠯᠠᠭ᠎ᠠ ᠵᠡᠷᠭᠡ ᠭᠤᠣᠯᠳᠠᠯᠭᠠᠳᠤ ᠬᠦᠷᠢᠶ᠎ᠡ ᠬᠡᠪᠴᠢᠶᠡᠨ ᠳᠠᠬᠢ ᠲᠣᠰᠬᠠᠢ ᠴᠡᠭᠴᠡᠯᠡᠨ ᠵᠠᠰᠠᠬᠤ ᠡᠭᠦᠷᠭᠡ ᠶᠢ ᠴᠢᠨᠠᠷᠲᠠᠢ ᠪᠠᠶᠠᠯᠡᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠭᠡᠪᠴᠢᠶᠡᠨ ᠳᠠᠬᠢ ᠠᠰᠠᠭᠤᠳᠠᠯ ᠳᠤ ᠣᠷᠳᠤ  ᠬᠤᠭᠤᠴᠠᠭ᠎ᠠ ᠪᠠᠷ ᠬᠢᠨᠠᠯᠳᠠ ᠲᠠᠯᠪᠢᠨ᠂ ᠢᠯᠵᠠᠷᠠᠮᠠᠯ ᠡᠭᠦᠰᠬᠦ ᠶᠢ ᠦᠨᠳᠦᠰᠦᠨ ᠠᠴᠠ ᠨᠢ ᠡᠷᠡᠰ ᠰᠡᠷᠭᠡᠶᠢᠯᠡᠨ᠎ᠡ᠃ ᠦᠨᠳᠦᠰᠦᠨ ᠱᠠᠳᠤᠨ  ᠳᠠᠬᠢ ᠤᠯᠠᠨ ᠲᠦᠮᠡᠨ ᠤ ᠠᠰᠢᠭ ᠲᠣᠰᠠ ᠶᠢ ᠬᠤᠬᠢᠷᠠᠭᠤᠯᠤᠭᠰᠠᠨ ᠠᠰᠠᠭᠤᠳᠠᠯ ᠢ  ᠴᠡᠭᠴᠡᠯᠡᠨ ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠤᠯᠪᠢᠴᠠᠵᠣ ᠬᠢᠨᠠᠬᠤ᠂ ᠲᠣᠭᠤᠷᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠶᠢ ᠬᠠᠶᠢᠨ ᠰᠦᠪᠡᠭᠴᠢᠯᠡᠵᠦ᠂ ᠲᠣᠰᠬᠤᠨ ᠤ ᠶᠠᠪᠣᠳᠠᠯ᠂ ᠭᠠᠴᠠᠭ᠎ᠠ ᠲᠣᠰᠬᠤᠨ ᠤ ᠬᠠᠮᠳᠤ ᠶᠢᠨ ᠠᠵᠣ ᠠᠬᠤᠢ ᠶᠢᠨ ︽ᠭᠤᠷᠪᠠᠨ ᠬᠦᠷᠦᠩᠭᠡ︾  ᠳᠤ ᠬᠢᠨᠠᠯᠳᠠ ᠲᠠᠯᠪᠢᠨ᠂ ᠦᠨᠳᠦᠰᠦᠨ ᠱᠠᠳᠤᠨ ᠤ ︽ᠪᠢᠴᠢᠯ ᠢᠯᠵᠠᠷᠠᠯ︾ ᠢ ᠴᠡᠪᠡᠷᠯᠡᠨ ᠂ ᠤᠯᠠᠨ ᠲᠦᠮᠡᠨ ᠤ ᠬᠠᠤᠯᠢ ᠶᠣᠰᠤᠨ ᠤ ᠡᠷᠬᠡ ᠠᠰᠢᠭ ᠢ ᠦᠨᠡᠨᠬᠦ ᠪᠠᠳᠤᠯᠠᠨ᠎ᠠ᠃︵ᠲᠠᠪᠤ︶ ᠭᠤᠣᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠢᠨᠠᠯᠲᠠ ᠲᠠᠯᠪᠢᠵᠤ ᠵᠠᠰᠠᠨ ᠴᠡᠭᠴᠡᠯᠡᠬᠦ  ᠴᠢᠳᠠᠪᠬᠢ  ᠪᠠᠨ ᠳᠣᠪᠤᠶᠢᠯᠭᠠᠨ᠂ ᠡᠷᠬᠡ  ᠪᠠᠨ ᠵᠥᠪ ᠬᠡᠷᠡᠭᠵᠢᠭᠦᠯᠬᠦ ᠶᠢ ᠳᠦᠷᠢᠮᠵᠢᠭᠦᠯᠦᠨ᠎ᠡ᠃ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠷᠬᠡ  ᠪᠠᠨ ᠬᠡᠷᠡᠭᠵᠢᠭᠦᠯᠬᠦ ᠡᠯ᠎ᠡ ᠵᠠᠩᠭᠢᠯᠠᠭ᠎ᠠ ᠶᠢᠨ ᠲᠣᠭᠤᠷᠢᠨ ᠳᠤ᠂ ᠠᠰᠠᠭᠤᠳᠠᠯ ᠢ ᠢᠯᠡᠷᠡᠭᠦᠯᠬᠦ᠂ ᠠᠯᠳᠠᠭ᠎ᠠ ᠶᠢ ᠵᠠᠯᠠᠷᠠᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠷᠬᠡ ᠪᠠᠨ  ᠬᠡᠷᠡᠭᠵᠢᠭᠦᠯᠬᠦ ᠪᠦᠬᠦ ᠶᠠᠪᠤᠴᠠ ᠳᠤ ᠬᠢᠨᠠᠨ ᠪᠠᠶᠢᠴᠠᠭᠠᠯᠲᠠ ᠬᠢᠨ᠎ᠡ᠃ ᠡᠷᠬᠡ  ᠪᠠᠨ  ᠬᠡᠷᠡᠭᠵᠢᠭᠦᠯᠬᠦ ᠶᠢ ᠢᠯᠡ  ᠪᠣᠯᠭᠠᠵᠤ᠂ ︽ᠭᠤᠷᠪᠠᠨ ᠶᠠᠪᠤᠳᠠᠯ ᠢ ᠢᠯᠡ ᠨᠡᠶᠢᠲᠡᠯᠡᠬᠦ︾ ᠪᠠ ᠡᠯ᠎ᠡ ᠬᠦᠷᠢᠶᠡᠨ ᠳᠠᠬᠢ ᠠᠵᠢᠯ ᠶᠠᠪᠤᠳᠠᠯ ᠢ ᠢᠯᠡ ᠪᠣᠯᠭᠠᠬᠤ ᠲᠦᠷᠢᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠡᠷᠬᠡ ᠶᠢᠨ ᠠᠵᠢᠯᠯᠠᠭᠠᠨ ᠢ ᠪᠠᠶᠢᠴᠠᠭᠠᠨ ᠯᠠᠪᠯᠠᠵᠤ ᠪᠣᠯᠬᠤ᠂ ᠮᠥᠷᠳᠡᠨ ᠨᠡᠬᠡᠮᠵᠢᠯᠡᠵᠦ ᠬᠠᠷᠢᠭᠤ ᠲᠤᠰᠬᠠᠵᠤ ᠪᠣᠯᠬᠤ ᠲᠣᠭᠲᠠᠴᠠ ᠶᠢ ᠪᠠᠶᠢᠭᠤᠯᠤᠨ᠎ᠠ᠃ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠪᠣᠳᠠᠲᠠᠶ ᠠᠷᠭ᠎ᠠ ᠶᠢ ᠲᠣᠭᠲᠠᠭᠠᠵᠤ᠂ ᠠᠷᠠᠳᠴᠢᠯᠠᠯ ᠲᠥᠪᠯᠡᠷᠡᠯ ᠤᠨ ᠶᠣᠰᠣ᠂ ︽ᠭᠤᠷᠪᠠᠨ ᠴᠢᠬᠤᠯᠠ ᠨᠢᠭᠡ ᠶᠡᠭᠡ︾ ᠰᠢᠶᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ  ᠲᠤᠤᠱᠯᠠᠭᠤᠯᠤᠨ ᠬᠡᠷᠡᠭᠵᠢᠭᠦᠯᠦᠭᠰᠡᠨ ᠵᠡᠷᠭᠡ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠤᠯᠤᠰ ᠲᠦᠷᠦ ᠶᠢᠨ ᠠᠮᠢ ᠠᠬᠤᠶ  ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠬᠤ ᠶᠢ ᠰᠢᠪᠠᠳᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ  ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠬᠦᠷᠢᠶ᠎ᠡ ᠬᠤᠪᠢᠶᠠᠨ ᠪᠦᠷᠢᠯᠳᠦᠭᠦᠯᠵᠦ᠂ ᠬᠢᠨᠠᠯᠲᠠ ᠲᠠᠯᠪᠢᠬᠤ ᠪᠠ ᠬᠢᠨᠠᠯᠲᠠ ᠬᠦᠯᠢᠶᠡᠬᠦ ᠶᠢ ᠤᠬᠠᠮᠰᠠᠷ ᠠᠴᠠ ᠪᠠᠨ ᠭᠦᠢᠴᠡᠳᠬᠡᠨ᠎ᠡ᠃ ᠡᠳᠦᠷ ᠲᠤᠳᠤᠮ ᠤᠨ ᠬᠢᠨᠠᠯᠲᠠ ᠶᠢ ᠪᠣᠳᠠᠲᠠᠶᠢᠵᠢᠭᠤᠯᠤᠨ᠎ᠠ᠃ ᠬᠠᠷᠢᠯᠴᠠᠭ᠎ᠠ ᠬᠤᠯᠪᠤᠯᠴᠠᠭ᠎ᠠ ᠪᠠᠨ ᠴᠢᠩᠭᠠᠳᠬᠠᠨ ᠂  ᠲᠤᠬᠠᠢ ᠶᠢᠨ ᠭᠠᠵᠠᠷ ᠲᠤ ᠨᠢ ᠬᠦᠷᠴᠦ ᠰᠤᠷᠪᠤᠯᠵᠢᠯᠠᠬᠤ᠂ ᠪᠠᠶᠢᠴᠠᠭᠠᠨ ᠰᠤᠳᠤᠯᠬᠤ᠂ ᠰᠢᠪᠠᠳᠠᠨ ᠪᠠᠶᠢᠴᠠᠭᠠᠬᠤ ᠵᠡᠷᠭᠡ ᠠᠷᠭ᠎ᠠ ᠶᠢ ᠬᠡᠷᠡᠭᠯᠡᠵᠦ᠂ ᠳᠣᠷᠣᠭᠰᠢ ᠪᠠᠭᠤᠵᠤ ᠬᠢᠨᠠᠯᠲᠠ ᠲᠠᠯᠪᠢᠬᠤ ᠶᠢ ᠥᠷᠨᠢᠭᠦᠯᠵᠦ᠂ ᠶᠠᠷᠢᠯᠴᠠᠬᠤ ᠪᠠ ᠵᠠᠬᠢᠳᠠᠯ ᠢᠶᠠᠷ ᠠᠰᠠᠭᠤᠬᠤ ᠶᠢ ᠤᠶᠠᠯᠳᠤᠭᠤᠯᠤᠨ  ᠰᠡᠷᠡᠮᠵᠢᠯᠡᠭᠦᠯᠦᠯ ᠥᠭᠴᠦ᠂  ᠬᠢᠨᠠᠯᠲᠠ ᠲᠠᠯᠪᠢᠬᠤ ᠶᠢ ᠡᠳᠦᠷ ᠲᠤᠳᠤᠮ ᠤᠨ ᠠᠵᠢᠯ ᠳᠤ ᠠᠭᠤᠰᠬᠠᠵᠤ᠂ ᠪᠠᠶᠢᠩᠭᠤ ᠶᠢᠨ ᠠᠵᠢᠯ ᠪᠣᠯᠭᠠᠬᠤ ᠬᠡᠷᠡᠭᠲᠡᠢ᠃ ᠨᠠᠷᠢᠯᠢᠭ ᠣᠨᠤᠪᠴᠢᠲᠠᠢ ᠪᠠᠷ ᠬᠢᠨᠠᠯᠲᠠ ᠲᠠᠯᠪᠢᠬᠤ ᠮᠡᠳᠡᠭᠡ  ᠵᠠᠩᠭᠢᠴᠢᠯᠠᠯᠲᠠ ᠶᠢᠨ ᠲᠠᠪᠴᠠᠩ ᠢ ᠢᠳᠡᠪᠬᠢᠲᠡᠶ ᠬᠡᠷᠡᠭᠯᠡᠵᠦ᠂ ᠬᠢᠨᠠᠯᠲᠠ ᠶᠢ ᠨᠡᠩ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠲᠠᠢ ᠪᠣᠯᠭᠠᠨ᠎ᠠ᠃ ᠬᠠᠷᠢᠭᠤᠴᠠᠯᠭ᠎ᠠ ᠨᠡᠬᠡᠮᠵᠢᠯᠡᠭᠳᠡᠭᠰᠡᠨ᠂ ᠰᠢᠳᠭᠡᠯ ᠣᠯᠤᠭᠰᠠᠨ ᠺᠠᠳ᠋ᠷ ᠢ ᠮᠥᠷᠳᠡᠨ᠂  ᠬᠠᠷᠢᠭᠤ ᠰᠤᠷᠪᠤᠯᠵᠢᠯᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠵᠠᠯᠬᠠᠭᠠᠨ ᠰᠢᠳᠬᠡᠵᠦ᠂ ᠬᠦᠮᠦᠵᠢᠭᠦᠯᠦᠨ ᠰᠡᠷᠡᠮᠵᠢᠯᠡᠭᠦᠯᠬᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠦᠢᠯᠡᠳᠦᠯ ᠢ ᠪᠠᠳᠠᠷᠠᠭᠤᠯᠤᠨ᠎ᠠ᠃ ᠬᠢᠨᠠᠯᠲᠠ ᠲᠠᠯᠪᠢᠬᠤ ᠬᠦᠴᠦᠨ ᠢ ᠨᠢᠭᠲᠠᠷᠠᠭᠤᠯᠤᠨ᠎ᠠ᠃ ᠨᠠᠮ ᠤᠨ ᠳᠣᠲᠣᠭᠠᠳᠤ  ᠳᠤ ᠬᠢᠨᠠᠯᠲᠠ   ᠲᠠᠯᠪᠢᠬᠤ ᠪᠠᠷ ᠤᠳᠤᠷᠢᠳᠤᠮᠵᠢ ᠪᠣᠯᠭᠠᠵᠤ᠂ ᠰᠠᠬᠢᠯᠭ᠎ᠠ ᠪᠠᠲᠤ ᠶᠢᠨ ᠬᠢᠨᠠᠯᠲᠠ᠂ ᠬᠢᠨᠠᠨ ᠪᠠᠶᠢᠴᠠᠭᠠᠯᠲᠠ ᠶᠢᠨ ᠬᠢᠨᠠᠯᠲᠠ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠪᠠ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ︽ᠳᠥᠷᠪᠡᠨ ᠵᠦᠢᠯ ᠤᠨ ᠬᠢᠨᠠᠯᠲᠠ︾ ᠶᠢ ᠨᠢᠭᠡᠳᠦᠯᠲᠡᠶ ᠲᠥᠯᠥᠪᠯᠡᠨ ᠠᠪᠴᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠢᠨᠠᠯᠲᠠ᠂ ᠬᠢᠨᠠᠨ ᠪᠤᠳᠤᠯᠳᠠ ᠶᠢᠨ ᠬᠢᠨᠠᠯᠲᠠ᠂ ᠡᠳ᠋ ᠤᠨ ᠶᠠᠪᠤᠳᠠᠯ ᠤᠨ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠲᠠᠢ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠂ ᠠᠷᠠᠳᠴᠢᠯᠠᠭᠰᠠᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢᠨ ᠳᠤᠮᠳᠠ ᠠᠴᠠ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠳᠡᠭᠡᠨ ᠴᠢᠳᠠᠮᠠᠭᠠᠢ ᠪᠠᠶᠢᠵᠤ᠂ ᠡᠯ᠎ᠡ ᠲᠦᠷᠦᠯ ᠤᠨ ᠬᠢᠨᠠᠯᠲᠠ ᠶᠢᠨ ᠨᠡᠪᠳᠡᠷᠡᠨ ᠨᠡᠶᠢᠯᠡᠯᠴᠡᠬᠦ ᠶᠢ ᠠᠬᠢᠭᠤᠯᠵᠤ᠂ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ  ᠳᠡᠭᠡᠭᠰᠢᠯᠡᠭᠦᠯᠦᠨ᠎ᠡ᠃︵ᠵᠢᠷᠭᠤᠭ᠎ᠠ︶ ︽ᠭᠤᠷᠪᠠ ᠳᠤ ᠠᠩᠬᠠᠷᠤᠯ ᠢᠶᠠᠨ ᠲᠦᠪᠯᠡᠷᠡᠭᠦᠯᠬᠦ︾  ᠶᠢ ᠴᠢᠩᠭ᠎ᠠ ᠡᠵᠡᠮᠳᠡᠨ ᠤᠯᠤᠰ ᠲᠦᠷᠦ ᠶᠢᠨ ᠴᠠᠭᠳᠠᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠪᠠᠬᠢᠵᠢᠭᠦᠯᠬᠦ ᠶᠢ ᠨᠡᠩ ᠲᠤᠪᠤᠶᠢᠯᠭᠠᠵᠦ᠂ ᠴᠠᠭᠳᠠᠨ ᠪᠠᠶᠢᠴᠠᠭᠠᠬᠤ ᠰᠦᠷ ᠬᠦᠴᠦᠨ ᠢᠶᠠᠨ ᠭᠦᠢᠴᠡᠳ ᠢᠯᠡᠷᠡᠭᠦᠯᠦᠨ᠎ᠡ᠃ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠬᠦ ᠲᠦᠷᠢᠮ ᠤᠨ ᠲᠣᠭᠲᠠᠴᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠶᠢ ᠪᠦᠲᠦᠮᠵᠢᠲᠡᠶ ᠠᠭᠤᠰᠤᠯᠴᠠᠭᠤᠯᠤᠨ ᠨᠡᠪᠲᠡᠷᠡᠭᠦᠯᠬᠦ ᠶᠢ ᠠᠬᠢᠭᠤᠯᠤᠨ᠎ᠠ᠃ ᠲᠠᠪᠤᠨ ᠵᠢᠯ ᠤᠨ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ᠶᠢ ᠲᠣᠭᠲᠠᠭᠠᠵᠤ᠂ ᠬᠢᠨᠠᠯᠲᠠ ᠲᠠᠯᠪᠢᠬᠤ ᠭᠤᠣᠯᠳᠠᠯᠭ᠎ᠠ ᠳᠤ ᠴᠠᠭ ᠲᠤᠬᠠᠢ ᠳᠤᠨᠢ ᠲᠤᠬᠢᠷᠠᠭᠤᠯᠤᠯᠳᠠ ᠬᠢᠵᠦ᠂ ᠬᠢᠨᠠᠯᠲᠠ ᠲᠠᠯᠪᠢᠬᠤ ᠭᠤᠣᠯᠳᠠᠯᠭ᠎ᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠢ ᠨᠠᠷᠢᠯᠢᠭ ᠦᠷᠨᠢᠭᠦᠯᠦᠨ᠎ᠡ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠠᠪᠤᠴᠠ ᠶᠢ ᠬᠠᠮᠢᠶᠠᠷᠤᠨ ᠡᠵᠡᠮᠳᠡᠬᠦ ᠪᠠ ᠶᠠᠪᠤᠴᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠲᠣᠭᠲᠠᠴᠠ᠂ ᠰᠢᠮᠳᠠᠭᠤᠯᠬᠤ ᠲᠣᠭᠲᠠᠴᠠ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠪᠠ ᠦᠨᠡᠯᠡᠨ ᠵᠢᠱᠢᠵᠦ ᠮᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤ ᠨᠠᠮ ᠤᠨ ᠬᠤᠷᠢᠶ᠎ᠠ ᠶᠢᠨ ᠰᠠᠯᠠᠭ᠎ᠠ ᠮᠥᠴᠢᠷ ᠵᠡᠷᠭᠡ ᠬᠦᠴᠦᠨ ᠢ ᠨᠢᠭᠡᠳᠦᠯᠲᠡᠶ ᠲᠥᠯᠥᠪᠯᠡᠨ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠬᠦᠴᠦ ᠪᠠᠨ ᠬᠠᠮᠲᠤᠳᠬᠠᠨ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠠᠭ ᠲᠤᠬᠠᠶ ᠳᠤᠨᠢ ᠦᠭᠡᠶᠢᠰᠬᠡᠬᠦ ᠶᠢ ᠦᠨᠡᠨ ᠬᠦ ᠪᠠᠲᠤᠯᠠᠨ᠎ᠠ᠃︵ᠲᠤᠯᠤᠭ᠎ᠠ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠡᠩ ᠲᠤᠪᠤᠶᠢᠯᠭᠠᠵᠤ᠂ ᠢᠯᠵᠠᠷᠠᠯ ᠢ ᠡᠰᠡᠷᠭᠦᠴᠡᠬᠦ ᠠᠵᠢᠯ ᠤᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠥᠭᠵᠢᠭᠡᠨ᠎ᠡ᠃ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠨ᠎ᠡ᠃ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠨ᠂ ︽ᠭᠤᠷᠪᠠ ᠪᠠᠷ ᠭᠤᠣᠯ ᠪᠣᠯᠭᠠᠬᠤ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠥᠭᠡᠷᠡᠴᠢᠯᠡᠯᠲᠡ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠪᠦᠲᠦᠮᠵᠢᠲᠡᠶ ᠠᠵᠢᠯᠯᠠᠭᠠᠨ ᠢ ᠲᠦᠯᠬᠢᠨ ᠠᠬᠢᠭᠤᠯᠤᠨ᠎ᠠ᠃ ᠢᠯᠵᠠᠷᠠᠯ ᠢ ᠡᠰᠡᠷᠭᠦᠴᠡᠬᠦ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠳᠠᠯᠢ ᠱᠠᠲᠤᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠦᠯᠲᠡ ᠬᠢᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠯᠪᠣᠭᠠᠯᠠᠨ  ᠳᠠᠭᠠᠭᠠᠴᠢᠯᠠᠬᠤ ᠰᠤᠮᠤ ᠪᠠᠯᠭᠠᠰᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠭᠰᠠᠨ ᠬᠢᠨᠠᠨ ᠪᠠᠶᠢᠴᠠᠭᠠᠬᠤ ᠠᠯᠪᠠᠨ ᠬᠡᠷ︶᠂ ᠲᠣᠮᠢᠯᠠᠭᠰᠠᠨ ᠪᠠᠶᠢᠭᠤᠯᠤᠮᠵᠢ ᠶᠢᠨ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠤᠳᠤᠷᠢᠳᠤᠯᠭ᠎ᠠ ᠶᠢᠨ ᠵᠢᠯᠣᠭᠤᠳᠬᠤ ᠰᠠᠨᠠᠭᠠᠴᠢᠯᠠᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠴᠢᠩᠭᠠᠷᠠᠭᠤᠯᠤᠨ᠎ᠠ᠃ ᠥᠭᠡᠷᠡᠴᠢᠯᠡᠯᠲᠡ ᠶᠢ ᠥᠷᠭᠡᠳᠬᠡᠬᠦ ᠶᠢ ᠰᠠᠶᠢᠲᠤᠷ ᠠᠳᠬᠤᠨ᠎ᠠ᠃ ᠬᠤᠰᠢᠭᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠵᠢᠯ ᠦᠶᠯᠡᠰ ᠤᠨ ᠨᠢᠭᠡᠴᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠲᠣᠬᠢᠷᠠᠭᠤᠯᠤᠯᠲᠠ ᠪᠠ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ︽ᠲᠠᠰᠤᠭ · ᠳᠤᠭᠤᠶᠢᠯᠠᠩ︾᠂ ︽ᠳᠤᠭᠤᠶᠢᠯᠠᠩ · ᠳᠤᠭᠤᠶᠢᠯᠠᠩ︾᠂ ︽ᠲᠠᠰᠤᠭ · ᠳᠤᠭᠤᠶᠢᠯᠠᠩ · ᠭᠠᠵᠠᠷ ᠣᠷᠣᠨ︾ ᠬᠠᠮᠲᠤᠷᠠᠨ ᠬᠠᠮᠵᠢᠯᠴᠠᠨ ᠬᠢᠨᠠᠯᠲᠠ ᠲᠠᠯᠪᠢᠬᠤ᠂ ᠬᠡᠷᠡᠭ ᠰᠢᠶᠳᠪᠦᠷᠢᠯᠡᠬᠦ ᠵᠠᠭᠪᠤᠷ ᠢ ᠥᠷᠨᠢᠭᠦᠯᠵᠦ᠂ ᠢᠵᠢ ᠪᠥᠷᠢᠳᠦᠭᠰᠡᠨ ᠲᠦᠷᠢᠮ ᠤᠨ ᠲᠣᠭᠲᠠᠴᠠ ᠶᠢ ᠲᠡᠭᠦᠯᠳᠡᠷᠵᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠠᠳᠠᠯᠢ ᠴᠢᠭᠯᠡᠯ ᠢᠶᠠᠷ ᠬᠦᠴᠦᠯᠡᠬᠦ ᠶᠢ ᠪᠡᠶᠡᠯᠡᠭᠦᠯᠵᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠤᠮᠤ ᠪᠠᠯᠭᠠᠰᠤ ᠶᠢᠨ ᠭᠤᠤᠯᠳᠠᠯᠭ᠎ᠠ ᠲᠠᠢ ᠬᠡᠷᠡᠭ ᠢ ᠲᠠᠰ ᠳᠡᠪᠰᠢᠭᠦᠯᠦᠨ ᠰᠢᠶᠳᠪᠦᠷᠢᠯᠡᠬᠦ᠂ ᠰᠣᠯᠪᠢᠴᠠᠭᠤᠯᠤᠨ ᠬᠡᠷᠡᠭ ᠰᠢᠶᠳᠪᠦᠷᠢᠯᠡᠬᠦ ᠵᠡᠷᠭᠡ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠦᠶᠯᠡᠳᠦᠯ ᠢ ᠪᠠᠳᠠᠷᠠᠭᠤᠯᠤᠨ᠂ ᠬᠢᠨᠠᠨ ᠪᠠᠶᠢᠴᠠᠭᠠᠬᠤ ᠡᠭᠦᠷᠭᠡ ᠴᠢᠳᠠᠪᠤᠷᠢ ᠶᠢ ᠦᠨᠳᠦᠰᠦᠨ ᠱᠠᠲᠤ ᠳᠠᠰᠢ ᠥᠷᠭᠡᠳᠬᠡᠬᠦ ᠶᠢ ᠭᠦᠨᠵᠡᠭᠡᠶ ᠠᠬᠢᠭᠤᠯᠤᠨ᠎ᠠ᠃ ᠰᠠᠬᠢᠯᠭ᠎ᠠ ᠪᠠᠲᠤ ᠬᠠᠤᠯᠢ ᠴᠠᠭᠠᠵᠠ ᠶᠢ ᠬᠡᠷᠡᠭᠵᠢᠭᠦᠯᠬᠦ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠶᠠᠷᠢᠯᠴᠠᠵᠤ ᠰᠠᠨᠠᠭᠤᠯᠬᠤ᠂ ᠰᠢᠭᠦᠮᠵᠢᠯᠡᠨ ᠰᠤᠷᠭᠠᠬᠤ᠂ ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ ᠢᠳᠬᠠᠬᠤ ᠪᠠ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠲᠠ ᠬᠢᠬᠦ᠂ ᠰᠠᠬᠢᠯᠭ᠎ᠠ ᠪᠠᠲᠤ ᠶᠢᠨ ᠰᠢᠳᠭᠡᠯ ᠥᠭᠬᠦ᠂ ᠵᠠᠰᠠᠭ ᠤᠨ ᠶᠠᠪᠤᠳᠠᠯ ᠤᠨ ᠰᠢᠳᠭᠡᠯ ᠥᠭᠬᠦ᠂ ᠬᠠᠤᠯᠢ ᠪᠠᠷᠢᠬᠤ ᠪᠠᠷ ᠰᠢᠯᠵᠢᠭᠦᠯᠦᠨ ᠬᠦᠷᠭᠡᠬᠦ ᠵᠡᠷᠭᠡ ᠠᠷᠭ᠎ᠠ ᠮᠠᠶ᠋ᠢᠭ ᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠰᠠᠬᠢᠯᠭ᠎ᠠ ᠪᠠᠲᠤ ᠶᠢ ᠬᠡᠷᠡᠭᠯᠡᠬᠦ ᠪᠠ ᠬᠠᠤᠯᠢ ᠴᠠᠭᠠᠵᠠ ᠶᠢ ᠬᠡᠷᠡᠭᠯᠡᠬᠦ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃ ᠬᠠᠤᠯᠢ ᠴᠠᠭᠠᠵᠠ ᠬᠡᠷᠡᠭᠵᠢᠭᠦᠯᠬᠦ ᠪᠠᠶᠢᠭᠤᠯᠭ᠎ᠠ᠂ ᠬᠢᠨᠠᠨ ᠪᠤᠳᠤᠬᠤ᠂ ᠵᠣᠬᠢᠶᠠᠨ ᠪᠠᠶᠢᠭᠤᠯᠬᠤ ᠬᠡᠯᠲᠡᠰ᠂ ᠠᠵᠢᠯᠲᠠᠨ  ᠤ ᠶᠠᠪᠤᠳᠠᠯ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭ ᠰᠢᠭᠦᠬᠦ ᠰᠠᠯᠠᠭ᠎ᠠ ᠮᠥᠴᠢᠷ᠂ ᠪᠠᠶᠢᠴᠠᠭᠠᠬᠤ ᠬᠤᠷᠢᠶᠠᠨ ᠤ ᠠᠯᠪᠠᠨ ᠵᠠᠭᠠᠯᠳᠤᠯᠭ᠎ᠠ ᠶᠢᠨ ᠰᠠᠯᠠᠭ᠎ᠠ ᠮᠥᠴᠢᠷ ᠤᠨ ᠤᠷᠢᠳᠴᠢᠯᠠᠨ ᠣᠷᠣᠯᠴᠠᠬᠤ᠂ ᠮᠥᠷᠳᠡᠨ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠤᠨ ᠬᠠᠤᠯᠢ ᠪᠠᠷᠢᠬᠤ ᠪᠠᠶᠢᠭᠤᠯᠭ᠎ᠠ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠬᠡᠷᠡᠭ ᠢ ᠰᠢᠶᠳᠪᠦᠷᠢᠯᠡᠬᠦ ᠶᠠᠪᠤᠴᠠ ᠳᠠᠬᠢ ᠬᠠᠮᠵᠢᠯᠴᠠᠭ᠎ᠠ ᠶᠢ ᠠᠬᠢᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠨᠡᠪᠲᠡᠷᠡᠯᠴᠡᠭᠦᠯᠬᠦ᠂ ᠬᠠᠤᠯᠢ ᠴᠠᠭᠠᠵᠠ ᠬᠠᠤᠯᠢ ᠴᠠᠭᠠᠵᠠ ᠶᠢ ᠵᠣᠯᠭᠠᠭᠤᠯᠬᠤ ᠶᠢ ᠦᠷᠭᠦᠯᠵᠢᠯᠡᠨ ᠵᠢᠷᠤᠮᠵᠢᠭᠤᠯᠵᠤ᠂ ᠢᠯᠵᠠᠷᠠᠯ ᠢ ᠡᠰᠡᠷᠭᠦᠴᠡᠬᠦ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃︵ᠨᠠᠢᠮᠠ︶ ᠣᠳᠣᠬᠢᠴᠢᠯᠠᠯᠲᠠ ᠶᠢᠨ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ ᠲᠤᠰ ᠪᠡᠶ᠎ᠡ ᠶᠢᠨ ᠴᠢᠳᠠᠪᠤᠷᠢ ᠬᠡᠪ ᠴᠢᠨᠠᠷ ᠤᠨ ᠪᠠᠶᠢᠭᠤᠯᠤᠯᠲᠠ ᠪᠠᠨ ᠨᠡᠩ ᠲᠤᠪᠤᠶᠢᠯᠭᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ᠂ ᠬᠠᠷᠢᠭᠤᠴᠠᠯᠭ᠎ᠠ  ᠲᠠᠢ᠂ ᠵᠣᠷᠢᠭᠲᠠᠢ  ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠤᠷ ᠴᠡᠷᠢᠭ ᠢ ᠴᠢᠷᠮᠠᠶᠢᠨ ᠪᠤᠢ ᠪᠣᠯᠭᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ ᠰᠠᠬᠢᠯᠭ᠎ᠠ ᠪᠠᠲᠤ  ᠬᠢᠨᠠᠨ ᠪᠠᠶᠢᠴᠠᠭᠠᠬᠤ ᠺᠠᠳ᠋ᠷᠴᠤᠳ ᠤᠨ ᠬᠦᠰᠡᠯᠡᠩ ᠢᠲᠡᠭᠡᠯ ᠪᠢᠰᠢᠷᠡᠯ  ᠢ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠬᠤ ᠶᠢ ᠬᠦᠳᠦᠯᠦᠨ ᠵᠢᠯᠣᠭᠤᠳᠴᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂  ᠤᠬᠠᠬᠤ ᠴᠢᠳᠠᠪᠤᠷᠢ᠂  ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨᠴᠢ ᠰᠢᠳᠤᠷᠭᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠲᠠᠯ᠎ᠠ ᠪᠠᠷ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠃ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠥᠮᠦᠵᠢᠯ ᠢ ᠴᠢᠩᠭ᠎ᠠ  ᠪᠠᠶᠢᠯᠭᠠᠨ᠎ᠠ᠃ ᠰᠢᠨ᠎ᠡ ᠪᠠᠶᠢᠳᠠᠯ ᠳᠤ ᠵᠣᠬᠢᠴᠠᠭᠤᠯᠤᠨ᠂ ᠰᠢᠨ᠎ᠡ ᠮᠡᠳᠡᠯᠭᠡ ᠶᠢ ᠰᠤᠷᠤᠯᠴᠠᠵᠤ᠂ ᠪᠦᠬᠦ ᠠᠵᠢᠯᠳᠠᠨ ᠤ ᠪᠣᠯᠪᠠᠰᠤᠷᠠᠯ᠂ ᠠᠵᠢᠯ ᠤᠨ ᠪᠠᠶᠢᠷᠢ ᠶᠢᠨ ᠪᠣᠯᠪᠠᠰᠤᠷᠠᠯ᠂ ᠬᠡᠷᠡᠭ ᠢᠶᠠᠷ ᠪᠣᠯᠪᠠᠰᠤᠷᠠᠯ ᠢ ᠣᠷᠣᠯᠠᠭᠤᠯᠬᠤ ᠶᠢ ᠦᠷᠭᠦᠯᠵᠢᠯᠡᠨ ᠰᠠᠶᠢᠲᠤᠷ ᠬᠢᠵᠦ᠂ ᠪᠣᠳᠠᠲᠠᠢ ᠪᠣᠯᠪᠠᠰᠤᠷᠠᠯ ᠪᠣᠳᠠᠲᠤ ᠦᠢᠯᠡᠳᠦᠯᠭᠡ ᠳᠤᠮᠳᠠ ᠲᠦᠷᠦ ᠶᠢᠨ ᠪᠤᠳᠤᠯᠭ᠎ᠠ ᠠᠷᠭ᠎ᠠ ᠪᠤᠳᠤᠯᠭ᠎ᠠ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠲᠣᠭᠲᠠᠭᠠᠯ ᠢ ᠪᠣᠯᠪᠠᠰᠤᠷᠠᠩᠭᠤᠢ ᠡᠵᠡᠮᠰᠢᠬᠦ ᠬᠡᠷᠡᠭᠲᠡᠢ᠃ ︽ᠭᠤᠷᠪᠠᠨ ᠡᠩᠨᠡᠭᠡ︾ ᠶᠢ ᠦᠷᠭᠦᠯᠵᠢᠯᠡᠨ ᠪᠠᠶᠢᠭᠤᠯᠵᠤ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠡᠷᠡᠭ ᠰᠢᠶᠳᠪᠦᠷᠢᠯᠡᠬᠦ ᠳᠤ ᠢᠳᠡᠪᠬᠢᠲᠡᠶ ᠣᠷᠣᠯᠴᠠᠵᠤ᠂  ᠴᠢᠳᠠᠪᠤᠷᠢᠲᠠᠨ ᠤ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠵᠦ᠂ ᠺᠠᠳ᠋ᠷᠴᠤᠳ ᠤᠨ ᠲᠤᠰᠬᠠᠶᠢᠵᠢᠯᠲᠠ ᠶᠢᠨ ᠬᠢᠷᠢ ᠲᠦᠪᠰᠢᠨ ᠢ  ᠳᠡᠭᠡᠭᠰᠢᠯᠡᠭᠦᠯᠦᠨ᠎ᠡ᠃ ᠬᠢᠨᠠᠯᠲᠠ ᠬᠠᠮᠢᠶᠠᠷᠤᠯᠲᠠ ᠶᠢ ᠴᠢᠩᠭ᠎ᠠ ᠪᠠᠶᠢᠯᠭᠠᠬᠤ ᠶᠢ ᠪᠠᠷᠢᠮᠲᠠᠯᠠᠨ᠎ᠠ᠃ ᠰᠠᠬᠢᠯᠭ᠎ᠠ ᠪᠠᠲᠤ  ᠬᠢᠨᠠᠨ ᠪᠠᠶᠢᠴᠠᠭᠠᠬᠤ ᠺᠠᠳ᠋ᠷ ᠢ ᠰᠣᠩᠭᠤᠨ ᠬᠦᠮᠦᠵᠢᠭᠦᠯᠬᠦ ᠳᠤ ᠲᠤᠰᠠᠲᠠᠢ ᠪᠦᠬᠦ ᠬᠡᠯᠬᠢᠶ᠎ᠡ ᠶᠢ ᠨᠡᠪᠲᠡᠷᠡᠭᠦᠯᠵᠦ᠂ ᠺᠠᠳ᠋ᠷ ᠤᠨ ᠦᠰᠦᠨ ᠪᠤᠶᠢᠵᠢᠬᠤ ᠠᠷᠭ᠎ᠠ ᠵᠠᠮ ᠪᠠ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠵᠦ᠂ ᠺᠠᠳ᠋ᠷ ᠢ ᠬᠥᠮᠦᠵᠢᠭᠦᠯᠦᠨ ᠬᠠᠮᠢᠶᠠᠷᠬᠤ᠂ ᠠᠵᠢᠯ ᠤᠨ ᠪᠠᠶᠢᠷᠢ ᠡᠭᠡᠯᠵᠢᠯᠡᠭᠦᠯᠬᠦ᠂ ᠢᠯᠠᠩᠭᠤᠶ᠎ᠠ ᠵᠠᠯᠠᠭᠤ ᠺᠠᠳ᠋ᠷ ᠢ ᠬᠥᠮᠦᠵᠢᠭᠦᠯᠬᠦ ᠶᠢ ᠰᠠᠶᠢᠲᠤᠷ ᠬᠢᠵᠦ᠂ ᠨᠡᠩ ᠤᠯᠠᠨ ᠺᠠᠳ᠋ᠷ ᠢ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠮᠦᠨ᠎ᠡ ᠹᠷᠣᠨᠲ ᠲᠤ ᠣᠴᠢᠭᠤᠯᠤᠨ ᠰᠠᠯᠬᠢ ᠪᠣᠷᠣᠭᠠᠨ ᠢ ᠲᠤᠭᠤᠯᠵᠤ᠂ ᠨᠡᠶᠢᠭᠡᠮ ᠤᠨ ᠪᠠᠶᠢᠳᠠᠯ ᠢ ᠦᠵᠡᠭᠦᠯᠵᠦ᠂ ᠡᠷᠳᠡᠮ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠴᠢᠩᠭ᠎ᠠ ᠬᠠᠮᠢᠶᠠᠷᠴᠤ ᠴᠢᠩᠭ᠎ᠠ ᠵᠠᠰᠠᠬᠤ᠂ ᠥᠪᠡᠷ ᠢ ᠪᠠᠨ ᠳᠡᠭᠡᠭᠰᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠠᠵᠢᠯ ᠤᠨ ᠳᠦᠷᠢᠮ ᠪᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠳᠣᠲᠣᠭᠠᠳᠤ ᠡᠵᠡᠮᠳᠡᠯ ᠤᠨ ᠲᠣᠭᠲᠠᠴᠠ ᠶᠢ ᠪᠦᠷᠢᠨᠰᠢᠭᠦᠯᠦᠨ᠂ ᠥᠪᠡᠷ ᠢ ᠪᠠᠨ ᠬᠢᠨᠠᠵᠤ ᠬᠢᠵᠠᠭᠠᠷᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠢᠯᠵᠠᠷᠠᠮᠠᠯ ᠢ ᠡᠷᠡᠰ ᠰᠡᠷᠭᠡᠶᠢᠯᠡᠨ᠎ᠡ᠃ᠨᠥᠬᠦᠳ ᠡ᠂ ᠰᠢᠨ᠎ᠡ ᠠᠶᠠᠨ ᠵᠠᠮ ᠢ ᠬᠠᠮᠠᠭᠠᠯᠠᠬᠤ ᠳᠤ ᠰᠢᠨ᠎ᠡ ᠵᠢᠳᠬᠦᠯ ᠴᠢᠷᠮᠠᠶᠢᠯᠭ᠎ᠠ ᠶᠢ ᠭᠠᠷᠭᠠᠬᠤ ᠴᠢᠬᠤᠯᠠᠲᠠᠶ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠡᠷᠡᠰ ᠰᠢᠭᠤᠷᠬᠠᠶ ᠪᠠᠷ ᠤᠷᠤᠭᠰᠢᠯᠠᠵᠤ ᠂ ᠬᠤᠪᠢᠷᠠᠰᠢ ᠦᠭᠡᠢ ᠠᠯᠬᠤᠮ ᠢ ᠠᠯᠬᠤᠵᠤ᠂ ᠡᠷᠴᠢᠮ ᠪᠣᠯᠤᠨ ᠠᠶᠢᠵᠠᠮ ᠢ ᠡᠵᠡᠮᠳᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠬᠠᠩᠬᠢᠨ ᠢ ᠪᠦᠳᠦᠭᠡᠨ ᠪᠠᠶᠢᠭᠤᠯᠬᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ︕                                      ᠨᠡᠷ᠎ᠡ ᠦᠭᠡ ᠶᠢᠨ ᠳᠠᠶᠢᠯᠪᠤᠷᠢ1. ︽ᠭᠤᠷᠪᠠᠨ ᠵᠦᠢᠯ ᠤᠨ ᠥᠭᠡᠷᠡᠴᠢᠯᠡᠯᠲᠡ︾᠄ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ᠃2. ︽ᠭᠤᠷᠪᠠ ᠶᠢ ᠬᠤᠪᠢᠷᠠᠭᠤᠯᠬᠤ︾᠄ ᠡᠭᠦᠷᠭᠡ ᠴᠢᠳᠠᠪᠤᠷᠢ ᠪᠠᠨ ᠬᠤᠪᠢᠷᠠᠭᠤᠯᠬᠤ᠂ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠣᠪᠣᠷ ᠰᠤᠷᠲᠠᠯ ᠢᠶᠠᠨ ᠬᠤᠪᠢᠷᠠᠭᠤᠯᠬᠤ᠃ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠳᠤ᠂ ᠪᠠᠶᠢᠷᠢ ᠪᠠᠨ ᠲᠣᠳᠣᠷᠬᠠᠢ ᠲᠣᠭᠲᠠᠭᠠᠵᠤ᠂ ᠳᠤᠰᠢᠶᠠᠯ ᠬᠠᠷᠢᠭᠤᠴᠠᠯᠭ᠎ᠠ ᠭᠤᠤᠯ ᠦᠢᠯᠡᠰ ᠢᠶᠠᠨ ᠳᠤᠪᠤᠶᠢᠯᠭᠠᠨ᠂ ᠬᠠᠷᠢᠭᠤᠴᠠᠯᠭ᠎ᠠ ᠪᠠᠨ ᠳᠤᠳᠤᠷᠬᠠᠶᠢᠯᠠᠨ᠎ᠠ᠃ ᠠᠷᠭ᠎ᠠ ᠬᠡᠯᠪᠡᠷᠢ ᠪᠠᠨ ᠬᠤᠪᠢᠷᠠᠭᠤᠯᠬᠤ ᠳᠤ᠂ ᠵᠠᠩᠬᠢᠯᠠᠭ᠎ᠠ ᠶᠢ ᠨᠢ ᠠᠳᠬᠤᠨ᠂ ᠠᠵᠢᠯ ᠤᠨ ᠠᠷᠭ᠎ᠠ ᠬᠡᠯᠪᠡᠷᠢ ᠳᠤ ᠰᠢᠨ᠎ᠡ ᠶᠢ ᠡᠬᠦᠳᠦᠨ᠎ᠡ᠃ ᠣᠪᠣᠷ ᠰᠤᠷᠲᠠᠯ ᠢᠶᠠᠨ ᠬᠤᠪᠢᠷᠠᠭᠤᠯᠬᠤ ᠳᠤ᠂ ᠥᠪᠡᠷ ᠤᠨ ᠪᠡᠶ᠎ᠡ ᠳᠤ ᠪᠠᠨ ᠬᠢᠨᠠᠯᠲᠠ ᠲᠠᠯᠪᠢᠨ᠂  ᠪᠠᠶᠢᠷᠢ ᠪᠠᠨ ᠰᠠᠶᠢᠳᠤᠷ ᠳᠤᠭᠳᠠᠭᠠᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠨ᠎ᠠ᠃3. ︽ᠬᠤᠶᠠᠷ ᠬᠠᠷᠢᠭᠤᠴᠠᠯᠭ᠎ᠠ ︾᠄ ᠨᠠᠮ ᠤᠨ ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠠᠪᠤᠴᠠ ᠳᠤ᠂ ᠨᠠᠮ ᠤᠨ ᠬᠤᠷᠢᠶ᠎ᠠ ᠠᠴᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠬᠤ ᠬᠠᠷᠢᠭᠤᠴᠠᠯᠭ᠎ᠠ ᠡᠭᠦᠷᠭᠡᠯᠡᠬᠦ ᠶᠢ ᠵᠢᠭᠠᠵᠤ ᠪᠠᠶᠢᠨ᠎ᠠ᠃ ᠨᠠᠮ ᠤᠨ ᠬᠤᠷᠢᠶᠠᠨ ᠤ ᠭᠤᠤᠯ ᠴᠣᠭᠴᠠ ᠶᠢᠨ ᠬᠠᠷᠢᠭᠤᠴᠠᠯᠭ᠎ᠠ ᠭᠡᠳᠡᠭ ᠨᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠠᠶᠢᠨ ᠤᠳᠤᠷᠢᠳᠤᠯᠭ᠎ᠠ᠂ ᠬᠡᠷᠡᠭᠵᠢᠭᠦᠯᠦᠭᠴᠢ᠂  ᠠᠬᠢᠭᠤᠯᠤᠭᠴᠢ ᠪᠤᠯᠬᠤ ᠶᠠᠪᠤᠳᠠᠯ ᠪᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠲᠠᠯᠪᠢᠬᠤ ᠬᠠᠷᠢᠭᠤᠴᠠᠯᠭ᠎ᠠ ᠭᠡᠳᠡᠭ ᠨᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ᠡᠭᠦᠷᠭᠡ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠬᠦ ᠶᠢ ᠵᠢᠭᠠᠵᠤ ᠪᠠᠶᠢᠨ᠎ᠠ᠃4. ︽ᠳᠥᠷᠪᠡᠨ ᠵᠦᠢᠯ ᠤᠨ ᠬᠡᠯᠪᠡᠷᠢ ᠪᠠᠶᠢᠳᠠᠯ︾᠄ ᠨᠠᠮ ᠤᠨ ᠳᠣᠲᠣᠭᠠᠳᠤ ᠶᠢᠨ ᠬᠠᠷᠢᠴᠠᠭ᠎ᠠ ᠶᠢ ᠬᠡᠪ ᠤᠨ ᠪᠤᠯᠭᠠᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠦᠷᠭᠦᠯᠵᠢ ᠦᠷᠨᠢᠬᠦᠯᠦᠨ᠂ ᠬᠦᠯᠦᠰᠤ ᠭᠠᠷᠭᠠᠵᠦ ᠨᠢᠭᠤᠷ ᠤᠯᠠᠶᠢᠳᠠᠯ᠎ᠠ ᠰᠢᠬᠦᠮᠵᠢᠯᠡᠬᠦ ᠶᠠᠪᠤᠳᠠᠯ ᠢ ᠬᠡᠪ ᠤᠨ ᠪᠠᠶᠢᠳᠠᠯ ᠪᠤᠯᠭᠠᠬᠤ︔ ᠨᠠᠮ ᠤᠨ ᠰᠠᠬᠢᠯᠭ᠎ᠠ ᠪᠠᠲᠤ ᠪᠠᠷ ᠬᠥᠩᠭᠡᠨ ᠰᠢᠢᠳᠬᠡᠬᠦ ᠪᠠ ᠵᠣᠬᠢᠶᠠᠨ ᠪᠠᠶᠢᠭᠤᠯᠤᠯᠲᠠ ᠠᠴᠠ ᠰᠢᠢᠳᠬᠡᠬᠦ ᠶᠢ ᠣᠯᠠᠩᠬᠢ ᠳᠤᠭ᠎ᠠ ᠶᠢ ᠡᠵᠡᠯᠡᠬᠦᠯᠬᠦ ᠪᠠᠶᠢᠳᠠᠯ ᠢ ᠪᠤᠢ ᠪᠤᠯᠭᠠᠬᠤ︔ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠬᠦᠨᠳᠦ ᠰᠢᠳᠬᠡᠯ᠂ ᠴᠢᠬᠤᠯᠠ ᠶᠡᠭᠡ ᠲᠤᠰᠢᠶᠠᠯ ᠤᠨ ᠲᠣᠬᠢᠷᠠᠭᠤᠯᠤᠯᠲᠠ ᠬᠢᠬᠦ ᠶᠢ ᠴᠥᠭᠡᠩᠬᠢ ᠳᠤᠭ᠎ᠠ ᠶᠢ ᠡᠵᠡᠯᠡᠬᠦᠯᠬᠦ ᠪᠠᠶᠢᠳᠠᠯ ᠢ ᠪᠤᠢ ᠪᠤᠯᠭᠠᠬᠤ︔ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠬᠠᠤᠯᠢ ᠵᠦᠷᠢᠴᠡᠭᠰᠡᠨ ᠰᠡᠵᠢᠭᠯᠡᠯᠲᠡᠢ ᠬᠡᠷᠡᠭ ᠢ ᠬᠡᠷᠡᠭ ᠪᠣᠯᠭᠠᠨ ᠳᠠᠩᠰᠠᠯᠠᠨ ᠬᠢᠨᠠᠨ ᠪᠠᠶᠢᠴᠠᠭᠠᠬᠤ ᠶᠢ  ᠲᠦᠢᠯ ᠤᠨ ᠴᠥᠭᠡᠨ ᠳᠤᠭ᠎ᠠ ᠶᠢ ᠡᠵᠡᠯᠡᠬᠦᠯᠬᠦ ᠪᠠᠶᠢᠳᠠᠯ ᠢ ᠪᠤᠢ ᠪᠤᠯᠭᠠᠬᠤ᠃5. ︽ᠳᠥᠷᠪᠡᠨ ᠰᠤᠷᠲᠠᠯ︾᠄  ᠬᠡᠯᠪᠡᠷᠢᠴᠢ ᠦᠵᠡᠯ᠂ ᠨᠣᠶᠠᠨᠴᠢ ᠦᠵᠡᠯ᠂  ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ᠃6. ︽ᠭᠤᠷᠪᠠᠨ ᠪᠤᠯᠬᠤ ᠦᠬᠡᠢ︾ ᠶᠢ ᠨᠢᠭᠡ ᠴᠣᠭᠴᠠᠵᠢᠭᠤᠯᠵᠤ ᠲᠦᠯᠬᠢᠨ ᠠᠬᠢᠭᠤᠯᠬᠤ᠄ ᠢᠯᠵᠠᠷᠠᠬᠤ ᠵᠣᠷᠢᠭ ᠦᠭᠡᠢ᠂ ᠢᠯᠵᠠᠷᠠᠵᠤ ᠪᠤᠯᠬᠤ ᠦᠭᠡᠢ᠂ ᠢᠯᠵᠠᠷᠠᠬᠤ  ᠳᠤᠷ᠎ᠠ ᠦᠬᠡᠢ ᠪᠠᠶᠢᠭᠤᠯᠤᠮᠵᠢ ᠲᠣᠭᠲᠠᠴᠠ ᠶᠢ ᠨᠢᠬᠡ ᠴᠤᠭᠴᠠᠵᠢᠭᠤᠯᠤᠨ ᠪᠠᠶᠢᠭᠤᠯᠬᠤ ᠶᠢ ᠳᠦᠯᠬᠢᠨ ᠠᠬᠢᠭᠤᠯᠬᠤ᠃7. ︽ᠳᠥᠷᠪᠡᠨ ᠲᠤᠰᠢᠶᠠᠯᠲᠠᠨ︾ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠄ ᠤᠯᠤᠰ ᠲᠥᠷᠥ ᠶᠢᠨ ᠲᠠᠯ᠎ᠠ ᠪᠠᠷ ᠮᠢᠨᠴᠦᠭᠦᠷᠡᠬᠦ᠂ ᠤᠴᠢᠷ ᠶᠠᠪᠤᠳᠠᠯ  ᠢ ᠮᠤᠩᠬᠠᠭ  ᠢᠶᠠᠷ ᠰᠢᠢᠳᠪᠤᠷᠢᠯᠡᠬᠦ ᠲᠡᠨᠡᠭ ᠳᠤᠰᠢᠶᠠᠯᠳᠠᠨ ᠪᠤᠯᠬᠤ ᠦᠬᠡᠢ︔ ᠡᠳᠦᠷ ᠬᠤᠨᠤᠭ ᠢ ᠳᠠᠯᠠᠭᠠᠷ ᠦᠡᠭᠬᠡᠷᠡᠬᠡᠵᠦ᠂ ᠶᠠᠭᠤ ᠴᠤ ᠬᠠᠮᠢᠶᠠᠷᠬᠤ ᠦᠭᠡᠢ ᠠᠯᠵᠠᠭᠤ ᠳᠤᠰᠢᠶᠠᠯᠳᠠᠨ ᠪᠤᠯᠬᠤ ᠦᠬᠡᠢ︔ ᠬᠠᠷᠢᠯᠴᠠᠨ ᠬᠠᠷᠢᠭᠤᠴᠠᠯᠭ᠎ᠠ ᠲᠦᠯᠬᠢᠯᠴᠡᠵᠦ᠂  ᠳᠠᠪᠰᠢᠬᠤ ᠶᠢ ᠪᠣᠳᠣᠬᠤ ᠦᠭᠡᠢ ᠮᠤᠩᠬᠠᠭ ᠳᠤᠰᠢᠶᠠᠯᠳᠠᠨ ᠪᠤᠯᠬᠤ ᠦᠬᠡᠢ︔ ᠡᠷᠬᠡ ᠪᠠᠨ ᠠᠰᠢᠭᠯᠠᠨ ᠠᠮᠢ ᠪᠠᠨ  ᠪᠤᠷᠳᠤᠳᠠᠭ᠂ ᠢᠯᠵᠠᠷᠠᠨ  ᠳᠤᠷᠤᠶᠢᠳᠠᠭᠰᠠᠨ ᠬᠤᠪᠳᠤᠭ  ᠳᠤᠰᠢᠶᠠᠯᠳᠠᠨ ᠪᠤᠯᠬᠤ ᠦᠭᠡᠢ᠃8. ︽ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ︾᠄ ᠪᠦᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡᠨ ᠤ ᠳᠣᠲᠣᠷ᠎ᠠ ᠠᠴᠠ 100 ᠨᠡᠷ᠎ᠡ ᠠᠴᠠ ᠳᠡᠬᠡᠭᠰᠢᠬᠢ ᠰᠠᠬᠢᠯᠭ᠎ᠠ ᠪᠠᠲᠤ ᠬᠡᠷᠡᠭᠵᠢᠬᠦᠯᠬᠦ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ 1000 ᠨᠡᠷ᠎ᠡ ᠠᠴᠠ ᠳᠡᠬᠡᠭᠰᠢᠬᠢ ᠰᠠᠬᠢᠯᠭ᠎ᠠ ᠪᠠᠲᠤ ᠬᠡᠷᠡᠭᠵᠢᠬᠦᠯᠬᠦ ᠬᠢᠨᠠᠨ ᠪᠠᠶᠢᠴᠠᠭᠠᠬᠤ ᠬᠤᠰᠢᠭᠤᠴᠢ ᠴᠡᠷᠢᠭ᠂ 10000 ᠨᠡᠷ᠎ᠡ ᠠᠴᠠ  ᠳᠡᠬᠡᠭᠰᠢᠬᠢ ᠰᠠᠬᠢᠯᠭ᠎ᠠ ᠪᠠᠲᠤ ᠬᠡᠷᠡᠭᠵᠢᠬᠦᠯᠬᠦ ᠬᠢᠨᠠᠨ ᠪᠠᠶᠢᠴᠠᠭᠠᠬᠤ ᠬᠢᠷᠢ ᠲᠡᠩᠴᠡᠭᠰᠡᠨ ᠠᠵᠢᠯᠲᠠᠨ ᠢ ᠬᠦᠮᠦᠵᠢᠬᠦᠯᠦᠨ ᠳᠤᠭᠳᠠᠭᠠᠨ᠎ᠠ᠃9. ︽ᠭᠤᠷᠪᠠ ᠶᠢ ᠢᠯᠭᠠᠬᠤ︾᠄  ᠺᠠᠳ᠋ᠷ ᠤᠨ ᠥᠭᠡᠷᠡᠴᠢᠯᠡᠯᠲᠡ ᠶᠢ ᠠᠬᠢᠭᠤᠯᠬᠤ ᠳᠤᠮᠳᠠ ᠲᠤᠷᠰᠢᠯᠭ᠎ᠠ ᠳᠤᠲᠠᠮᠠᠭ᠂ ᠤᠷᠢᠳᠠᠪᠡᠷ ᠬᠢᠵᠦ ᠤᠷᠢᠳᠠᠪᠡᠷ ᠲᠤᠷᠰᠢᠬᠤ ᠳᠤ ᠭᠠᠷᠤᠭᠰᠠᠨ ᠠᠳᠡᠭᠳᠡᠯ ᠪᠠ ᠠᠯᠳᠠᠭ᠎ᠠ ᠪᠤᠷᠤᠭᠤ ᠶᠢ ᠮᠡᠳᠡᠵᠦ ᠪᠠᠶᠢᠭᠠᠳ ᠵᠣᠷᠢᠭᠤᠳᠠ ᠭᠠᠷᠭᠠᠭᠰᠠᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠵᠢᠯᠯᠠᠭ᠎ᠠ ᠠᠴᠠ ᠢᠯᠭᠠᠬᠤ︔  ᠳᠡᠬᠡᠳᠤ ᠱᠠᠲᠤᠨ ᠤ ᠲᠣᠳᠣᠷᠬᠠᠢ ᠬᠢᠵᠠᠭᠠᠷᠯᠠᠯ ᠦᠭᠡᠢ ᠰᠦᠪᠡᠭᠴᠢᠯᠡᠯᠲᠡ ᠶᠢᠨ ᠴᠢᠨᠠᠷᠲᠠᠢ ᠲᠤᠷᠰᠢᠯᠲᠠ ᠶᠢᠨ ᠳᠤᠮᠳᠠᠬᠢ ᠠᠳᠡᠭᠳᠡᠯ ᠪᠠ ᠠᠯᠳᠠᠭ᠎ᠠ ᠪᠤᠷᠤᠭᠤ ᠶᠢ ᠳᠡᠭᠡᠳᠦ ᠱᠠᠲᠤᠨ ᠠᠴᠠ ᠲᠣᠳᠣᠷᠬᠠᠢ ᠵᠠᠷᠯᠢᠭ ᠢᠶᠠᠷ ᠴᠠᠭᠠᠵᠠᠯᠠᠭᠰᠠᠨ ᠤ ᠳᠠᠷᠠᠭ᠎ᠠ ᠮᠥᠨ ᠬᠦ ᠬᠡᠯᠡᠳᠡᠭ ᠢᠶᠠᠷ ᠢᠶᠠᠨ ᠬᠡᠯᠡᠵᠦ ᠬᠢᠳᠡᠭ ᠢᠶᠠᠷ  ᠢᠶᠠᠨ ᠬᠢᠵᠦ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠵᠢᠯᠯᠠᠭ᠎ᠠ ᠠᠴᠠ  ᠢᠯᠭᠠᠬᠤ︔ ᠬᠦᠭᠵᠢᠯᠳᠡ ᠶᠢ ᠠᠬᠢᠭᠤᠯᠬᠤ ᠶᠢᠨ ᠲᠥᠯᠥᠭᠡ ᠵᠣᠷᠢᠭᠤᠳᠠ ᠪᠤᠰᠤ ᠭᠠᠷᠭᠠᠭᠰᠠᠨ ᠠᠯᠳᠠᠭ᠎ᠠ ᠪᠤᠷᠤᠭᠤ ᠶᠢ ᠬᠤᠪᠢ ᠶᠢᠨ ᠠᠰᠢᠭ ᠲᠤᠰᠠ ᠶᠢᠨ ᠲᠥᠯᠥᠭᠡ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠵᠢᠯᠯᠠᠭ᠎ᠠ ᠠᠴᠠ ᠢᠯᠭᠠᠬᠤ ᠃10. ᠲᠣᠭᠤᠷᠢᠨ ᠪᠠᠶᠢᠴᠠᠭᠠᠬᠤ ᠠᠵᠢᠯ ᠤᠨ ︽ᠭᠤᠷᠪᠠ ᠳᠤ ᠠᠩᠬᠠᠷᠤᠯ ᠢᠶᠠᠨ ᠲᠦᠪᠯᠡᠷᠡᠬᠦᠯᠬᠦ︾᠄ ᠦᠨᠳᠦᠰᠦᠨ ᠱᠠᠲᠤᠨ ᠤ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠪᠠᠨ ᠡᠭᠦᠷᠭᠡᠯᠡᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠪᠠ ᠲᠥᠪ ᠪᠤᠰᠤ ᠰᠤᠷᠲᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ  ᠨᠡᠮᠡᠭᠳᠡᠭᠦᠯᠦᠨ᠎ᠡ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠣᠷᠣᠢ ᠪᠠᠭᠤᠷᠠᠢ ᠰᠤᠯᠠ ᠵᠠᠳᠠᠭᠠᠢ᠂ ᠵᠣᠬᠢᠶᠠᠨ ᠪᠠᠶᠢᠭᠤᠯᠤᠯᠲᠠ ᠶᠢᠨ ᠬᠦᠴᠦᠨ ᠬᠦᠷᠦᠯᠴᠡᠬᠦ ᠥᠬᠡᠢ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠴᠢᠳᠠᠮᠵᠢ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠲᠤ ᠴᠢᠩᠭ᠎ᠠ ᠳᠠᠶᠢᠴᠢᠨ ᠪᠠᠬᠢᠯᠡᠯᠲᠡ ᠶᠢ ᠪᠠᠶᠢᠭᠤᠯᠤᠨ᠎ᠠ᠃11. ︽ᠭᠤᠷᠪᠠ ᠪᠠᠷ ᠭᠤᠣᠯ ᠪᠣᠯᠭᠠᠬᠤ︾᠄  ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠱᠦᠵᠢ ᠶᠢ ᠨᠡᠷ᠎ᠡ ᠳᠤᠷᠠᠳᠬᠤ ᠪᠠ ᠪᠠᠶᠢᠴᠠᠭᠠᠨ ᠰᠢᠨᠵᠢᠯᠡᠬᠦ ᠳᠤ ᠲᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠢᠶᠠᠷ ᠭᠤᠣᠯ ᠪᠣᠯᠭᠠᠨ᠎ᠠ᠃ ᠢᠯᠵᠠᠷᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠪᠠᠷ ᠭᠤᠣᠯ ᠪᠣᠯᠭᠠᠨ᠎ᠠ᠃ ᠡᠳᠦᠷ ᠳᠣᠳᠣᠮ ᠤᠨ ᠡᠭᠦᠷᠭᠡ ᠲᠤᠰᠢᠶᠠᠯ ᠢᠶᠠᠨ ᠬᠦᠢᠴᠡᠳᠭᠡᠭᠰᠡᠨ ᠪᠠᠶᠢᠳᠠᠯ ᠢ ᠬᠢᠨᠠᠨ ᠰᠢᠯᠭᠠᠬᠤ ᠳᠤ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠᠷ ᠭᠤᠣᠯ ᠪᠣᠯᠭᠠᠨ᠎ᠠ᠃ 12. ︽ᠲᠠᠰᠤᠭ ᠳᠤᠭᠤᠶᠢᠯᠠᠩ ᠤᠷᠤᠨ︾ ᠤᠨ ᠵᠠᠭᠪᠤᠷ᠄  ︽ᠲᠠᠰᠤᠭ︾ ᠭᠡᠳᠡᠭ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠳᠣᠲᠣᠭᠠᠳᠤ ᠪᠠᠶᠢᠭᠤᠯᠤᠮᠵᠢ ᠶᠢ ᠵᠢᠭᠠᠵᠤ ᠪᠠᠶᠢᠨ᠎ᠠ᠃ ︽ᠳᠤᠭᠤᠶᠢᠯᠠᠩ ︾ ᠭᠡᠳᠡᠭ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠢ ᠲᠣᠮᠢᠯᠠᠨ ᠰᠠᠭᠤᠯᠭᠠᠬᠤ ᠶᠠᠪᠤᠳᠠᠯ ᠢ ᠵᠢᠭᠠᠵᠤ ᠪᠠᠶᠢᠨ᠎ᠠ᠃ ︽ᠤᠷᠤᠨ︾ ᠭᠡᠳᠡᠭ ᠨᠢ ᠣᠷᠣᠨ ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠵᠢᠭᠠᠵᠤ ᠪᠠᠶᠢᠨ᠎ᠠ᠃ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ︽ᠲᠠᠰᠤᠭ ᠳᠤᠭᠤᠶᠢᠯᠠᠩ︾ ᠤᠨ ᠬᠤᠯᠪᠣᠭᠠᠯᠠᠨ ᠬᠥᠳᠡᠯᠦᠯᠴᠡᠵᠦ ᠬᠢᠨᠠᠯᠲᠠ ᠲᠠᠯᠪᠢᠬᠤ᠂ ︽ᠲᠠᠰᠤᠭ ᠳᠤᠭᠤᠶᠢᠯᠠᠩ ᠭᠠᠵᠠᠷ︾ ᠬᠠᠮᠲᠤᠷᠠᠨ ᠬᠡᠷᠡᠭ ᠰᠢᠢᠳᠪᠦᠷᠢᠯᠡᠬᠦ ᠳᠦᠷᠢᠮ ᠲᠣᠭᠲᠠᠴᠠ ᠶᠢ ᠪᠦᠷᠢᠨᠰᠢᠭᠦᠯᠵᠤ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ᠂ ᠬᠢᠨᠠᠨ ᠬᠠᠮᠢᠶᠠᠷᠬᠤ ᠪᠠᠶᠢᠭᠤᠯᠤᠮᠵᠢ ᠵᠡᠷᠭᠡ ᠪᠠᠶᠢᠭᠤᠯᠤᠮᠵᠢ ᠶᠢᠨ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃ 13. ︽ᠭᠤᠷᠪᠠᠨ ᠡᠩᠨᠡᠭᠡ︾᠄ ᠨᠢᠭᠡ ᠦᠨᠳᠦᠰᠦᠨ ᠱᠠᠲᠤᠨ ᠤ ᠡᠩᠨᠡᠭᠡ᠂ ᠲᠠᠷᠤᠢ ᠦᠨᠳᠦᠰᠦᠨ ᠱᠠᠲᠤᠨ ᠳᠤ ᠭᠦᠨᠵᠡᠭᠡᠶᠢᠷᠡᠨ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠳᠡᠭ ᠡᠩᠨᠡᠭᠡ᠃ ᠨᠢᠭᠡ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠬᠢᠨᠠᠯᠲᠠ ᠲᠠᠯᠪᠢᠬᠤ ᠡᠩᠨᠡᠭᠡ᠂ ᠲᠠᠷᠤᠢ ᠡᠯ᠎ᠡ ᠵᠦᠢᠯ ᠤᠨ ᠬᠢᠨᠠᠯᠲᠠ ᠪᠠᠶᠢᠴᠠᠭᠠᠯᠲᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠪᠡᠶᠡᠯᠡᠭᠦᠯᠵᠦ ᠴᠢᠳᠠᠳᠠᠭ ᠡᠩᠨᠡᠭᠡ᠃ ᠨᠢᠭᠡ ᠴᠢᠳᠠᠪᠤᠷᠢ ᠪᠠᠷ ᠴᠢᠩᠭ᠎ᠠ ᠬᠤᠰᠢᠭᠤᠴᠢ ᠴᠡᠷᠢᠭ ᠤᠨ ᠡᠩᠨᠡᠭᠡ᠂ ᠲᠠᠷᠤᠢ ᠬᠦᠴᠢᠷ ᠠᠰᠠᠭᠤᠳᠠᠯ ᠢ ᠰᠢᠢᠳᠪᠤᠷᠢᠯᠡᠬᠦ ᠂ ᠡᠯ᠎ᠡ ᠲᠥᠷᠥᠯ ᠤᠨ ᠪᠤᠳᠤᠯᠢᠶᠠᠨᠲᠠᠢ ᠬᠡᠷᠡᠭ ᠢ ᠰᠢᠢᠳᠪᠦᠷᠢᠯᠡᠬᠦ ᠳᠤ ᠪᠠᠨ ᠴᠢᠳᠠᠮᠠᠭᠠᠢ ᠡᠩᠨᠡᠭᠡ᠃  
ᠢᠷᠡᠯᠲᠡ᠄ ᠲᠣᠲᠣᠷᠬᠠᠢ ᠦᠭᠡᠢ