1 - 9 ᠳ᠋ᠦ᠋ᠭᠡᠷ ᠰᠠᠷ᠎ᠠ ᠳᠤ ᠬᠠᠩᠭᠢᠨ ᠬᠤᠰᠢᠭᠤᠨ ᠤ ᠡᠯ᠎ᠡ ᠲᠥᠷᠥᠯ ᠤᠨ ᠤᠷᠢᠳᠴᠢᠯᠠᠨ ᠬᠡᠷᠡᠭᠵᠢᠭᠦᠯᠬᠦ ᠭᠦᠶᠴᠡᠳᠬᠡᠯ ᠲᠤᠭ᠎ᠠ ᠨᠡᠯᠢᠶᠡᠳ ᠰᠠᠶᠢᠨ ᠶᠠᠪᠤᠭᠳᠠᠪᠠ
ᠨᠡᠶᠢᠲᠡᠯᠡᠭᠰᠡᠨ ᠴᠠᠭ᠄
2022/11/21

      ︵ᠨᠢᠭᠡ︶ 1- 9 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠴᠠᠬᠢᠯᠭᠠᠨ ᠬᠡᠷᠡᠭᠯᠡᠭᠰᠡᠨ ᠶᠡᠷᠦᠩᠬᠡᠶ ᠬᠡᠮᠵᠢᠶ᠎ᠡ 45.59 ᠳ᠋ᠦᠩᠰᠢᠭᠤᠷ ᠭᠷᠠᠳᠦ᠋ᠰ ᠲᠤ ᠬᠦᠷᠴᠦ᠂

ᠠᠳᠠᠯᠢ ᠬᠤᠭᠤᠴᠠᠭᠠᠨ ᠤ ᠬᠢ ᠠᠴᠠ 7.0 % ᠢᠶᠠᠷ ᠨᠡᠮᠡᠭᠳᠡᠪᠡ᠃ ᠡᠭᠦᠨ ᠳᠤ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 42.61

ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2 % ᠢᠶᠠᠷ ᠨᠡᠮᠡᠭᠳᠡᠵᠦ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠶᠡᠷᠦᠩᠬᠡᠶ

ᠬᠡᠮᠵᠢᠶ᠎ᠡ ᠶᠢᠨ 93.5 % ᠶᠢ ᠡᠵᠡᠯᠡᠪᠡ᠃

      ︵ᠬᠤᠶᠠᠷ︶ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ ᠴᠥᠮ ᠨᠡᠮᠡᠭᠳᠡᠬᠦ ᠪᠠᠶᠢᠳᠠᠯ ᠲᠠᠢ  ᠪᠣᠯᠪᠠ᠃ 1- 9 ᠳ᠋ᠦ᠋ᠭᠡᠷ ᠰᠠᠷ᠎ᠠ ᠪᠣᠯᠲᠠᠯ᠎ᠠ᠂ ᠪᠥᠬᠦ

ᠬᠤᠰᠢᠭᠤᠨ ᠤ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 18.17 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ

 ᠠᠴᠠ 21.9 % ᠪᠠᠷ ᠨᠡᠮᠡᠭᠳᠡᠪᠡ︔ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 140.94 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ

 ᠤ ᠬᠢ ᠠᠴᠠ 3.5 % ᠪᠠᠷ ᠨᠡᠮᠡᠭᠳᠡᠪᠡ ᠃

      ︵ᠭᠤᠷᠪᠠ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠲᠣᠭᠲᠠᠭᠤᠨ ᠢᠶᠠᠷ ᠨᠡᠮᠡᠭᠳᠡᠪᠡ ᠃ 9 ᠳ᠋ᠦ᠋ᠭᠡᠷ ᠰᠠᠷ᠎ᠠ ᠶᠢᠨ ᠰᠡᠭᠦᠯᠴᠢ

 ᠪᠠᠷ᠂ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 112.75 ᠳ᠋ᠦᠩᠰᠢᠭᠤᠷ ᠲᠥᠭᠦᠷᠢᠭ ᠪᠠᠶᠢᠵᠤ᠂

ᠠᠳᠠᠯᠢ ᠬᠤᠭᠤᠴᠠᠭᠠᠨ ᠤ ᠬᠢ ᠠᠴᠠ 9.0 % ᠪᠠᠷ ᠨᠡᠮᠡᠭᠳᠡᠪᠡ︔ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ 100.79

ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3 % ᠪᠠᠷ ᠨᠡᠮᠡᠭᠳᠡᠪᠡ ᠃

ᠢᠷᠡᠯᠲᠡ᠄ ᠲᠤᠰ ᠰᠦᠯᠵᠢᠶ᠎ᠡ