| — 2022 ᠣᠨ ᠤ 1 ᠳ᠋ᠣᠭᠡᠷ ᠰᠠᠷ᠎ᠠ ᠶᠢᠨ 9 ᠤ ᠡᠳᠦᠷ | ᠬᠠᠩᠭᠢᠨ ᠬᠤᠰᠢᠭᠤᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | ᠬᠠᠩᠬᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠣᠷᠣᠯᠠᠭᠴᠢ | ᠪᠠᠶᠢᠴᠠᠭᠠᠬᠤ ᠲᠠᠷᠤᠭ᠎ᠠ ᠳ᠋ᠠᠨ ᠫᠧᠩ ᠹᠧᠢ | | | | ᠲᠦᠯᠦᠭᠡᠯᠡᠭᠴᠢᠳ ᠡ᠄ | ᠣᠳᠣ ᠪᠢ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠲᠦᠯᠦᠭᠡᠯᠡᠭᠴᠢᠳ ᠨᠦᠭᠦᠳ | ᠬᠢᠨᠠᠨ ᠵᠦᠪᠯᠡᠬᠦ ᠶᠢᠨ ᠬᠠᠮᠳᠦ᠂ ᠬᠤᠰᠢᠭᠤ ᠤᠯᠤᠰ ᠲᠦᠷᠤ ᠶᠢᠨ ᠵᠦᠪᠯᠡᠯᠭᠡᠨ ᠤ ᠭᠡᠰᠢᠬᠦᠳ ᠵᠢᠴᠢ ᠬᠤᠷᠠᠯ ᠳᠤ ᠤᠷᠤᠯᠴᠠᠭᠰᠠᠳ ᠡᠷᠬᠢᠮ ᠵᠦᠪᠯᠡᠯᠭᠡ ᠪᠠᠨ | ᠲᠡᠪᠰᠢᠭᠦᠯᠬᠦ ᠶᠢ ᠬᠦᠰᠡᠶ᠎ᠡ᠃ | 2017 ᠣᠨ ᠠᠴᠠ ᠨᠠᠰᠢᠬᠢ ᠠᠵᠢᠯ ᠤᠨ ᠡᠷᠭᠢᠴᠡᠭᠦᠯᠦᠯ | 2017 ᠣᠨ ᠠᠴᠠ ᠨᠠᠰᠢ᠂ ᠪᠦᠬᠦ ᠬᠤᠰᠢᠭᠤᠨ ᠤ ᠶᠡᠷᠦᠩᠬᠡᠢ ᠪᠣᠳᠠᠲᠤ ᠬᠦᠴᠦᠨ ᠦᠳᠲᠡᠷ ᠲᠦᠷᠭᠡᠨ ᠳᠡᠭᠡᠭᠰᠢᠯᠡᠵᠦ᠂ ᠡᠯ᠎ᠡ ᠲᠥᠷᠥᠯ ᠤᠨ ᠠᠵᠢᠯ ᠦᠢᠯᠡᠰ | ᠥᠷᠨᠢᠨ ᠬᠥᠭᠵᠢᠵᠦ᠂ ᠪᠠᠶᠢᠴᠠᠭᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠪᠠᠶᠢᠴᠠᠭᠠᠬᠤ ᠦᠢᠯᠡᠰ ᠨᠢ ᠮᠠᠰᠢ ᠲᠦᠷᠭᠡᠨ ᠲᠠᠪᠰᠢᠭᠰᠠᠨ ᠪᠠᠶᠢᠳᠠᠯ ᠳᠤ | ᠤᠷᠤᠪᠠ᠃ ᠬᠤᠰᠢᠭᠤ ᠨᠠᠮ ᠤᠨ ᠬᠤᠷᠢᠶ᠎ᠠ ᠪᠠ ᠬᠤᠲᠠ ᠶᠢᠨ ᠪᠠᠶᠢᠴᠠᠭᠠᠬᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠦᠴᠦᠲᠡᠶ ᠬᠢᠨᠠᠯᠲᠠ ᠪᠠ ᠬᠤᠰᠢᠭᠤ ᠵᠠᠰᠠᠭ ᠤᠨ ᠣᠷᠳᠣᠨ᠂ ᠬᠤᠰᠢᠭᠤ ᠤᠯᠤᠰ ᠲᠥᠷᠥ | ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠶᠡᠭᠡ ᠲᠠᠯ᠎ᠠ ᠳᠤ ᠦᠶᠯᠡᠴᠢᠯᠡᠨ | ᠪᠠᠲᠤᠯᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠵᠦ᠂ ᠡᠯ᠎ᠡ ᠵᠦᠶᠯ ᠤᠨ ᠪᠠᠶᠢᠴᠠᠭᠠᠬᠤ ᠠᠵᠢᠯ ᠰᠢᠨ᠎ᠡ ᠳᠡᠭᠲᠡᠷ ᠲᠤ ᠭᠠᠷᠪᠠ᠃ ︽ᠪᠦᠬᠦ | ᠤᠯᠤᠰ ᠤᠨ ᠪᠣᠯᠪᠠᠰᠤᠨ ᠨᠢᠭᠡᠴᠡ︾ ᠪᠠᠷ ᠬᠦᠬᠢᠭᠦᠯᠦᠭᠳᠡᠵᠦ ︽ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠪᠣᠯᠪᠠᠰᠤᠨ ᠬᠦᠯᠢᠶᠡᠨ ᠠᠪᠬᠤ ᠲᠠᠰᠤᠭ︾᠂ | ︽ᠤᠯᠤᠰ ᠤᠨ ᠲᠡᠰ ᠤᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾᠂ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠪᠠᠶᠢᠭᠤᠯᠭ᠎ᠠ︾᠂ ︽ᠪᠦᠬᠦ ᠬᠤᠲᠠ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠂ ︽ᠪᠦᠬᠦ ᠬᠤᠲᠠ ᠶᠢᠨ | ᠭᠤᠷᠪᠠᠨ ᠵᠢᠱᠢᠶᠡᠴᠢ ᠪᠠᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ︾᠂ ︽ᠪᠦᠬᠦ ᠣᠷᠣᠨ ᠤ ᠠᠵᠢᠯᠴᠢᠨ ᠤ ᠬᠤᠰᠢᠭᠤᠴᠢ ᠨᠡᠷᠡᠮᠵᠢᠲᠦ︾᠂ ︽ᠪᠦᠬᠦ | ᠣᠷᠣᠨ ᠤ ᠲᠠᠪᠤᠨ ᠰᠠᠷ᠎ᠠ ᠶᠢᠨ ᠳᠥᠷᠪᠡᠨ ᠤ ᠤᠯᠠᠭᠠᠨ ᠲᠤᠭᠴᠢ ᠡᠪᠯᠡᠯ ᠤᠨ ᠡᠭᠦᠷ︾᠂ ︽ᠣᠷᠳᠣᠰ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ | ᠱᠠᠩᠨᠠᠯ ᠤᠨ ᠪᠢᠴᠢᠭ︾ ᠵᠡᠷᠭᠡ 70 ᠭᠠᠷᠤᠢ ᠲᠥᠷᠥᠯ ᠤᠨ ᠬᠠᠮᠲᠤ ᠶᠢᠨ ᠢᠷᠠᠭᠤ ᠠᠯᠳᠠᠷ ᠢ ᠬᠦᠷᠲᠡᠵᠦ᠂ ᠬᠠᠮᠲᠤ ᠶᠢᠨ ᠬᠤᠶᠠᠳᠤᠭᠠᠷ ᠳᠡᠰ ᠤᠨ ᠭᠠᠪᠢᠶ᠎ᠠ ᠶᠢ 1 | ᠤᠳᠠᠭ᠎ᠠ ᠬᠦᠷᠳᠡᠵᠦ᠂ 45 ᠺᠠᠳ᠋ᠷ ᠴᠠᠭᠳᠠᠭ᠎ᠠ ᠨᠢ ᠡᠯ᠎ᠡ ᠲᠡᠰ ᠤᠨ ᠱᠠᠩᠨᠠᠯ ᠬᠦᠬᠢᠭᠦᠯᠦᠯ ᠢ 97 ᠤᠳᠠᠭ᠎ᠠ ᠲᠤᠰᠤᠭᠰᠠᠨ ᠪᠠᠶᠢᠨ᠎ᠠ ᠃ | ᠨᠢᠭᠡ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ | ᠤᠳᠤᠷᠢᠳᠤᠯᠭ᠎ᠠ ᠶᠢ ᠦᠨᠡᠨ ᠬᠦ ᠪᠠᠲᠤᠯᠠᠪᠠ ᠃ | ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠶᠢ ᠡᠷᠡᠰ ᠪᠠᠲᠤ ᠪᠣᠶ ᠪᠤᠯᠭᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ | ᠰᠤᠷᠤᠯᠴᠠᠬᠤ ᠰᠡᠳᠬᠢᠬᠦ ᠦᠶᠯᠡᠳᠦᠯᠭᠡᠵᠢᠭᠦᠯᠬᠦ ᠣᠶᠢᠯᠠᠭᠠᠬᠤ ᠳᠤᠮᠳᠠ ᠵᠥᠪ ᠴᠢᠭᠯᠡᠯ ᠢᠶᠠᠨ ᠪᠠᠲᠤᠳᠬᠠᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ | ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ ︽ᠳᠤᠮᠳᠠᠳᠤ ᠤᠯᠤᠰ ᠤᠨ ᠡᠪ ᠬᠠᠮᠲᠤ ᠨᠠᠮ | ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠦᠷᠢᠮ︾ ᠢ ᠨᠠᠷᠢᠨ ᠬᠢᠨᠠᠮᠠᠭᠠᠶ ᠲᠤᠤᠱᠯᠠᠭᠤᠯᠵᠤ᠂ ᠰᠠᠨᠠᠭᠠᠴᠢᠯᠠᠭ᠎ᠠ ᠠᠴᠠ ᠪᠠᠨ ᠬᠤᠰᠢᠭᠤ ᠨᠠᠮ ᠤᠨ | ᠬᠤᠷᠢᠶ᠎ᠠ ᠳᠤ 20 ᠤᠳᠠᠭ᠎ᠠ ᠴᠢᠬᠤᠯᠠ ᠶᠡᠭᠡ ᠤᠴᠢᠷ ᠶᠠᠪᠤᠳᠠᠯ ᠢ ᠮᠡᠳᠡᠭᠦᠯᠦᠨ ᠵᠢᠭᠠᠪᠤᠷᠢ ᠠᠪᠴᠠᠶ ᠃ | ᠤᠯᠤᠰ ᠲᠥᠷᠥ ᠶᠢᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠬᠥᠲᠥᠯᠥᠨ ᠲᠠᠭᠠᠭᠤᠯᠤᠭᠰᠠᠨ ᠪᠠᠶᠢᠨ᠎ᠠ᠃ ᠤᠯᠤᠰ ᠲᠥᠷᠥ ᠶᠢᠨ | ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠬᠠᠷᠢᠯᠴᠠᠨ ᠤᠶᠠᠯᠳᠤᠭᠤᠯᠵᠤ᠂ ᠬᠠᠷᠢᠯᠴᠠᠨ ᠠᠬᠢᠭᠤᠯᠬᠤ ᠶᠢ ᠪᠠᠷᠢᠮᠲᠠᠯᠠᠵᠤ᠂ ᠲᠡᠭᠡᠳᠤ ᠬᠡᠮᠵᠢᠶᠡᠨ | ᠤ ᠤᠯᠤᠰ ᠲᠥᠷᠥ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠪᠠᠶᠢᠴᠠᠭᠠᠬᠤ ᠤᠬᠠᠮᠰᠠᠷ ᠢᠶᠠᠷ ᠬᠤᠰᠢᠭᠤ ᠨᠠᠮ ᠤᠨ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠠᠶᠢᠴᠠᠭᠠᠬᠤ ᠭᠤᠭᠴᠣᠭᠠᠨ ᠳᠤ ᠨᠠᠷᠢᠯᠢᠭ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠬᠦᠯᠵᠦ ᠬᠡᠷᠡᠭ | ᠰᠢᠢᠳᠪᠤᠷᠢᠯᠡᠨ᠂ ᠤᠯᠤᠰ ᠲᠥᠷᠦ ᠶᠢᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢᠨ ᠣᠷᠭᠠᠨᠢᠭ ᠨᠢᠭᠡᠳᠦᠯ | ᠢ ᠪᠡᠶᠡᠯᠡᠭᠦᠯᠵᠦ᠂ ᠰᠢᠢᠳᠪᠦᠷᠢᠯᠡᠭᠰᠡᠨ 5 ᠬᠡᠷᠡᠭ ᠨᠢ ᠪᠦᠬᠦ ᠤᠯᠤᠰ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ | ᠦᠨᠡᠯᠡᠭᠳᠡᠪᠡ ᠃ | ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ ᠶᠡᠭᠡ ᠠᠵᠢᠯ ᠤᠨ ᠪᠦᠲᠦᠮᠵᠢ ᠪᠤᠯᠭᠠᠭᠰᠠᠨ ᠪᠠᠶᠢᠨ᠎ᠠ᠃ ᠨᠠᠮ ᠤᠨ ᠪᠠᠶᠢᠭᠤᠯᠤᠯᠲᠠ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠨᠠᠮ ᠤᠨ ᠡᠭᠦᠷ ᠤᠨ ᠰᠠᠭᠤᠷᠢ ᠶᠢ ᠴᠢᠩᠭᠠᠳᠬᠠᠬᠤ︾ ᠢᠨᠵᠧᠨᠧᠷᠢᠩ ᠢ | ᠬᠡᠷᠡᠭᠵᠢᠭᠦᠯᠵᠦ᠂ ︽ᠠᠭᠤᠰᠤᠯᠴᠠᠭᠰᠠᠨ ᠮᠠᠶ᠋ᠢᠭ ᠤᠨ ᠨᠠᠮ ᠤᠨ ᠪᠠᠶᠢᠭᠤᠯᠤᠯᠲᠠ︾ ᠶᠢᠨ ᠣᠨᠴᠠᠯᠢᠭᠲᠤ ᠨᠡᠷᠡᠲᠦ ᠲᠥᠷᠥᠯ ᠲᠡᠮᠳᠡᠭᠲᠦ ᠶᠢ ᠰᠦᠪᠡᠭᠴᠢᠯᠡᠪᠡ᠃ ᠬᠠᠩᠭᠢᠨ | ᠬᠤᠰᠢᠭᠤᠨ ᠤ ᠪᠠᠶᠢᠴᠠᠭᠠᠬᠤ ᠬᠤᠷᠢᠶᠠᠨ ᠤ ᠣᠨᠴᠠᠯᠢᠭ ᠲᠠᠢ ᠭᠤᠤᠯ ᠰᠡᠳᠦᠪᠲᠦ ᠬᠥᠮᠦᠵᠢᠯ ᠤᠨ ᠨᠠᠮ ᠤᠨ ᠪᠠᠶᠢᠭᠤᠯᠤᠯᠲᠠ ᠶᠢᠨ ᠰᠠᠭᠤᠷᠢᠨ ᠭᠠᠵᠠᠷ ᠢ ᠪᠠᠶᠢᠭᠤᠯᠵᠤ᠂ | ᠪᠠᠷᠤᠭ 3000 ᠬᠥᠮᠦᠨ ᠤᠳᠠᠭ᠎ᠠ ᠲᠣᠭᠤᠷᠢᠨ ᠦᠵᠡᠵᠦ ᠰᠤᠷᠤᠯᠴᠠᠪᠠ ᠃ 2 ᠤᠳᠠᠭ᠎ᠠ ᠪᠦᠬᠦ ᠬᠤᠲᠠ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠵᠦ᠂ 5 ᠵᠢᠯ ᠳᠠᠷᠠᠭᠠᠯᠠᠨ ᠪᠦᠬᠦ ᠬᠤᠰᠢᠭᠤᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠠᠷ ᠦᠨᠡᠯᠡᠭᠳᠡᠵᠦ᠂ ᠱᠢᠷᠦ ᠵᠡᠷᠭᠡ ᠪᠦᠬᠦ ᠬᠤᠰᠢᠭᠤᠨ ᠤ ᠰᠢᠯᠢᠳᠡᠭ ᠨᠠᠮ ᠤᠨ ᠠᠵᠢᠯᠲᠠᠨ᠂ ᠰᠢᠯᠢᠳᠡᠭ ᠨᠠᠮ ᠤᠨ ᠭᠡᠰᠢᠭᠦᠨ ᠰᠠᠶᠢᠨ ᠳᠤᠷᠠᠴᠤᠳ᠂ ᠪᠦᠬᠦ ᠬᠤᠲᠠ ᠶᠢᠨ | ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠨᠡᠶᠢᠲᠡᠯᠢᠭ ᠬᠥᠮᠦᠰ ᠵᠡᠷᠭᠡ ᠨᠢᠭᠡ ᠪᠦᠯᠦᠭ ᠲᠡᠷᠢᠭᠦᠨ ᠤ ᠨᠡᠶᠢᠲᠡᠯᠢᠭ ᠬᠥᠮᠦᠰ ᠴᠣᠯᠭᠤᠷᠠᠨ ᠭᠠᠷᠪᠠ ᠃ | ᠬᠤᠶᠠᠷ᠂ ᠬᠦᠭᠵᠢᠯᠳᠡ ᠶᠢᠨ ᠶᠡᠭᠡ ᠲᠠᠯ᠎ᠠ ᠲᠠᠢ ᠨᠢᠭᠳᠠ ᠤᠶᠠᠯᠳᠤᠭᠤᠯᠤᠨ᠂ ᠪᠠᠶᠢᠴᠠᠭᠠᠬᠤ ᠦᠢᠯᠡᠴᠢᠯᠡᠭᠡ ᠪᠠᠷ ᠴᠢᠨᠡᠭᠡᠯᠢᠭ ᠨᠡᠶᠢᠬᠡᠮ ᠢ ᠴᠤᠭᠴᠠᠯᠠᠬᠤ ᠳᠤ | ᠬᠦᠴᠦᠨ ᠨᠡᠮᠡᠷᠢᠯᠡᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠪᠡ᠃ ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠵᠡᠩᠨᠡᠬᠦ ᠬᠠᠮᠤᠭ ᠤᠨ | ᠰᠠᠶᠢᠨ ᠣᠷᠴᠢᠨ ᠨᠥᠬᠦᠴᠡᠯ ᠪᠣᠯᠬᠤ ᠶᠢ ᠪᠠᠲᠤ ᠴᠡᠭᠡᠵᠢᠯᠡᠵᠦ᠂ ᠡᠭᠦᠷᠭᠡ ᠲᠤᠰᠢᠶᠠᠯ ᠤᠨ ᠳᠦᠭᠦᠮ ᠢᠶᠠᠨ ᠠᠰᠢᠭᠯᠠᠨ ᠡᠵᠡᠯᠡᠭᠰᠡᠨ᠂ ᠪᠡᠯᠡ ᠮᠥᠩᠭᠦ ᠶᠢ ᠨᠡᠭᠦᠯᠭᠡᠨ | ᠬᠡᠷᠡᠭᠯᠡᠭᠰᠡᠨ ᠵᠡᠷᠭᠡ 3 ᠬᠡᠷᠡᠭ 3 ᠬᠥᠮᠦᠨ ᠢ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠪᠠ᠃ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠯᠠᠲᠤ ᠬᠡᠷᠡᠭ ᠲᠤ ᠬᠤᠯᠪᠣᠭᠳᠠᠭᠰᠠᠨ ᠬᠡᠷᠡᠭ ᠢ ᠴᠥᠭᠡᠨ ᠪᠠᠷᠢᠪᠴᠢᠯᠠᠵᠤ ᠪᠣᠯᠭᠤᠮᠵᠢᠲᠠᠢ ᠵᠠᠭᠠᠯᠳᠤᠨ ᠪᠣᠯᠭᠤᠮᠵᠢᠲᠠᠢ | ᠬᠤᠷᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ 3 ᠬᠥᠮᠦᠨ ᠢ ᠪᠠᠷᠢᠪᠴᠢᠯᠠᠬᠤ ᠶᠢ ᠦᠯᠦ ᠵᠥᠪᠰᠢᠶᠡᠷᠡᠵᠦ᠂ 3 ᠬᠥᠮᠦᠨ ᠢ ᠦᠯᠦ ᠵᠠᠭᠠᠯᠳᠤᠵᠤ᠂ ᠶᠠᠯ᠎ᠠ | ᠳᠤ ᠬᠤᠯᠪᠣᠭᠳᠠᠭᠰᠠᠨ 5 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠠᠤᠯᠢ ᠶᠣᠰᠣᠭᠠᠷ ᠦᠯᠦ ᠵᠠᠭᠠᠯᠳᠤᠬᠤ ᠲᠣᠭᠲᠠᠭᠠᠯ ᠭᠠᠷᠭᠠᠵᠤ᠂ ᠬᠡᠷᠡᠭ ᠰᠢᠢᠳᠪᠦᠷᠢᠯᠡᠬᠦ | ᠨᠢ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠶᠢᠨ ᠠᠵᠢᠯᠯᠠᠭ᠎ᠠ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠡᠷᠬᠡ ᠲᠡᠭᠰᠢ ᠪᠠᠷ ᠬᠠᠮᠠᠭᠠᠯᠠᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠠ ᠠᠬᠢᠭᠤᠯᠬᠤ 3 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ 3 ᠭᠤᠣᠯᠳᠠᠯᠭ᠎ᠠ | ᠲᠠᠢ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠪᠠᠶᠢᠴᠠᠭᠠᠬᠤ ᠠᠵᠢᠯ ᠤᠨ ᠬᠠᠷᠢᠯᠴᠠᠬᠤ | ᠴᠡᠭ︾ ᠢ ᠫᠠᠶᠢᠰᠠ ᠡᠯᠭᠦᠨ ᠪᠠᠶᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠨᠠᠷᠢᠯᠢᠭ ᠤᠨᠤᠪᠴᠢᠲᠠᠢ ᠬᠠᠩᠭᠠᠪᠠ᠃ ︽ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ︾ ᠵᠡᠷᠭᠡ ᠲᠤᠰᠬᠠᠢ ᠪᠠᠶᠢᠴᠠᠭᠠᠬᠤ ᠠᠵᠢᠯᠯᠠᠭ᠎ᠠ ᠶᠢ 5 ᠤᠳᠠᠭ᠎ᠠ ᠡᠷᠬᠢᠯᠡᠵᠦ᠂ ᠪᠠᠶᠢᠴᠠᠭᠠᠬᠤ ᠬᠤᠷᠢᠶ᠎ᠠ ᠠᠵᠤ | ᠠᠬᠤᠶᠢᠯᠠᠯ ᠤᠨ ᠬᠠᠮᠲᠤᠷᠠᠨ ᠠᠵᠢᠯᠯᠠᠬᠤ ᠲᠣᠭᠲᠠᠴᠠ ᠶᠢ ᠬᠠᠮᠲᠤ ᠪᠠᠷ ᠪᠠᠶᠢᠭᠤᠯᠵᠤ᠂ ᠪᠠᠶᠢᠴᠠᠭᠠᠬᠤ ᠦᠢᠯᠡᠴᠢᠯᠡᠭᠡᠨ ᠤ ᠨᠠᠷᠢᠯᠢᠭ ᠤᠨᠤᠪᠴᠢᠳᠦ ᠬᠡᠮᠵᠢᠶ᠎ᠡ ᠶᠢ | ᠳᠡᠭᠡᠭᠰᠢᠯᠡᠭᠦᠯᠪᠡ᠃ | ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠠᠵᠢᠯ ᠤᠨ ᠢᠯᠠᠯᠲᠠ ᠶᠢ ᠣᠯᠬᠤ ᠳᠤ ᠬᠦᠴᠦᠨ ᠨᠡᠮᠡᠷᠢᠯᠡᠪᠠ᠃ ᠪᠥᠬᠦ ᠬᠤᠰᠢᠭᠤᠨ ᠤ ᠶᠠᠳᠠᠭᠤ ᠠᠴᠠ | ᠠᠩᠭᠢᠵᠢᠷᠠᠭᠤᠯᠬᠤ ᠰᠢᠪᠳᠣᠯᠣᠯᠲᠠ ᠶᠢᠨ ᠠᠵᠢᠯ ᠳᠤ ᠢᠳᠡᠪᠬᠢᠳᠡᠢ ᠣᠷᠣᠯᠴᠠᠵᠤ᠂ 35 ᠡᠷᠦᠬᠡ ᠶᠢᠨ 71 ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ | ᠲᠡᠳᠬᠦᠵᠦ ᠶᠠᠳᠠᠭᠤ ᠠᠴᠠ ᠠᠩᠭᠢᠵᠢᠷᠠᠭᠤᠯᠪᠡ᠃ ᠬᠠᠪᠰᠤᠷᠤᠨ ᠲᠡᠳᠬᠦᠬᠦ ᠲᠣᠰᠬᠤᠨ ᠤ ᠬᠥᠭᠵᠢᠯᠲᠡ ᠶᠢᠨ ᠪᠠᠯᠠ ᠮᠥᠩᠭᠦ 700 ᠭᠠᠷᠤᠶ ᠲᠦᠮᠡᠨ ᠲᠥᠭᠦᠷᠢᠭ ᠢ | ᠵᠣᠬᠢᠴᠠᠭᠤᠯᠤᠨ ᠨᠠᠶᠢᠳᠠᠪᠤᠷᠢᠵᠢᠭᠤᠯᠵᠤ᠂ ᠲᠣᠰᠬᠤᠨ ᠤ ᠲᠠᠰ ᠤᠨ ᠵᠠᠰᠠᠮᠠᠯ ᠵᠠᠮ ᠢ ᠵᠠᠰᠠᠵᠤ᠂ ᠠᠮᠤ ᠪᠤᠳᠠᠭ᠎ᠠ ᠪᠣᠯᠪᠠᠰᠤᠷᠠᠭᠤᠯᠬᠤ ᠵᠢᠵᠢᠭ ᠦᠶᠯᠡᠳᠪᠦᠷᠢ ᠶᠢ ᠨᠡᠭᠡᠭᠡᠨ | ᠠᠰᠢᠭᠯᠠᠪᠠ᠃ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠵᠦ᠂ ᠵᠢᠯ ᠤᠨ ᠣᠷᠣᠯᠭ᠎ᠠ ᠨᠢ 13. 8 ᠲᠦᠮᠡᠨ ᠲᠥᠭᠦᠷᠢᠭ ᠲᠤ ᠬᠦᠷᠴᠦ᠂ ᠲᠣᠰᠬᠤᠨ ᠤ | ᠬᠠᠮᠲᠤ ᠶᠢᠨ ᠠᠵᠤ ᠠᠬᠤᠶ ᠶᠢᠨ ᠠᠰᠢᠭ ᠬᠤᠪᠢᠶᠠᠷᠢᠯᠠᠯᠲᠠ ᠶᠢ ᠪᠡᠶᠡᠯᠡᠭᠦᠯᠪᠡ᠃ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ᠂ ᠵᠡᠮᠳᠡᠭᠴᠦᠳ ᠤᠨ ᠬᠤᠯᠪᠣᠭ᠎ᠠ ᠪᠠ | ᠡᠯ᠎ᠡ ᠰᠤᠮᠤ ᠪᠠᠯᠭᠠᠰᠤᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠨ᠂ ᠬᠠᠤᠯᠢ ᠴᠠᠭᠠᠵᠠ ᠶᠢᠨ ᠠᠪᠤᠷᠠᠨ | ᠲᠤᠰᠠᠯᠠᠬᠤ ᠰᠦᠪᠡᠭᠴᠢ ᠶᠢ ᠵᠢᠭᠰᠠᠭᠠᠨ ᠪᠠᠶᠢᠴᠠᠭᠠᠵᠤ ᠰᠢᠯᠵᠢᠭᠦᠯᠦᠨ ᠬᠦᠷᠭᠡᠬᠦ ᠲᠣᠭᠲᠠᠴᠠ ᠶᠢ ᠪᠠᠶᠢᠭᠤᠯᠪᠡ᠃ ᠲᠣᠰᠬᠤᠨ ᠳᠤ ᠪᠠᠭᠤᠵᠦ ᠬᠠᠤᠯᠢ ᠤᠬᠠᠭᠤᠯᠬᠤ᠂ | ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠵᠡᠷᠭᠡ ᠠᠵᠢᠯᠯᠠᠭ᠎ᠠ ᠥᠷᠨᠢᠭᠦᠯᠵᠦ᠂ 28 ᠭᠠᠮᠰᠢᠭᠳᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠳᠤ 65.63 ᠭᠠᠷᠤᠶ | ᠲᠦᠮᠡᠨ ᠲᠥᠭᠦᠷᠢᠭ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠮᠥᠩᠭᠦ ᠣᠯᠭᠤᠪᠠ ᠃ | ᠢᠯᠵᠠᠷᠠᠯ ᠢ ᠡᠰᠡᠷᠭᠦᠴᠡᠬᠦ ᠲᠡᠮᠡᠴᠡᠯ ᠢ ᠬᠠᠮᠵᠢᠯᠴᠠᠨ ᠬᠦᠴᠦᠯᠡᠨ ᠠᠬᠢᠭᠤᠯᠪᠠ᠃ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ | ᠡᠷᠡᠰ ᠳᠡᠮᠵᠢᠵᠦ᠂ 7 ᠣᠷᠣᠨ ᠲᠤᠭ᠎ᠠ ᠬᠤᠪᠢᠶᠠᠷᠢᠯᠠᠨ ᠰᠢᠯᠵᠢᠭᠦᠯᠵᠦ᠂ 7 ᠠᠵᠢᠯᠲᠠᠨ ᠢ ᠰᠢᠯᠵᠢᠭᠦᠯᠦᠨ ᠬᠠᠷᠢᠶᠠᠯᠠᠭᠤᠯᠪᠠ᠃ ᠬᠢᠨᠠᠨ ᠪᠠᠶᠢᠴᠠᠭᠠᠵᠤ ᠬᠠᠤᠯᠢ | ᠬᠡᠷᠡᠭᠵᠢᠭᠦᠯᠬᠦ ᠬᠢᠭᠡᠳ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠤᠶᠠᠯᠳᠤᠭᠤᠯᠬᠤ ᠲᠣᠭᠲᠠᠴᠠ ᠶᠢ ᠬᠠᠮᠵᠢᠯᠴᠠᠨ ᠲᠡᠭᠦᠯᠳᠡᠷᠵᠢᠭᠦᠯᠵᠦ᠂ ᠬᠢᠨᠠᠨ ᠪᠠᠶᠢᠴᠠᠭᠠᠬᠤ ᠪᠠ | ᠪᠠᠶᠢᠴᠠᠭᠠᠬᠤ ᠠᠵᠢᠯ ᠤᠨ ᠬᠠᠮᠵᠢᠯᠴᠠᠭ᠎ᠠ ᠶᠢ ᠠᠬᠢᠭᠤᠯᠤᠨ᠂ ᠡᠯ᠎ᠡ ᠱᠠᠲᠤᠨ ᠤ ᠬᠢᠨᠠᠨ ᠪᠠᠶᠢᠴᠠᠭᠠᠬᠤ ᠵᠥᠪᠯᠡᠯ ᠤᠨ ᠰᠢᠯᠵᠢᠭᠦᠯᠦᠨ ᠬᠦᠷᠭᠡᠭᠰᠡᠨ ᠱᠠᠮᠰᠢᠭᠰᠠᠨ᠂ ᠬᠡᠭᠡᠯᠢ | ᠢᠳᠡᠵᠦ ᠬᠠᠭ᠋ᠤᠤᠯᠢ ᠲᠦᠯᠬᠢᠭᠰᠡᠨ ᠵᠡᠷᠭᠡ ᠡᠷᠬᠡ ᠳᠣᠰᠢᠶᠠᠯ ᠤᠨ ᠳᠦᠬᠦᠮ ᠢ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠶᠢ ᠨᠡᠶᠢᠳᠡ 14 ᠬᠡᠷᠡᠭ 17 ᠬᠥᠮᠦᠨ ᠢ | ᠬᠦᠯᠢᠶᠡᠨ ᠠᠪᠴᠤ ᠰᠢᠢᠳᠪᠦᠷᠢᠯᠡᠨ᠂ ᠨᠢᠭᠡᠨᠲᠡ 13 ᠬᠡᠷᠡᠭ 15 ᠬᠥᠮᠦᠨ ᠢ ᠵᠠᠭᠠᠯᠳᠤᠪᠠ᠃ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ ᠪᠠ ᠶᠠᠯ᠎ᠠ ᠪᠠᠨ ᠮᠡᠳᠡᠷᠡᠵᠦ | ᠰᠢᠳᠬᠡᠯ ᠬᠦᠯᠢᠶᠡᠬᠦ ᠶᠢ ᠪᠠᠷᠢᠮᠲᠠᠯᠠᠵᠤ᠂ ᠵᠠᠭᠠᠯᠳᠤᠭᠳᠠᠭᠴᠢ ᠶᠢᠨ ᠪᠤᠵᠠᠷ ᠵᠣᠭᠤᠰ ᠢᠶᠠᠨ ᠢᠳᠡᠪᠬᠢᠲᠡᠢ ᠪᠤᠴᠠᠭᠠᠬᠤ᠂ ᠦᠨᠡᠨ ᠰᠡᠳᠬᠢᠯ ᠠᠴᠠ ᠪᠠᠨ ᠶᠠᠯ᠎ᠠ ᠪᠠᠨ ᠭᠡᠮᠰᠢᠬᠦ | ᠶᠢ ᠠᠬᠢᠭᠤᠯᠪᠠ᠃ ᠶᠠᠩ ᠭᠤᠸᠠᠩ ᠤᠨ ᠬᠡᠭᠡᠯᠢ ᠢᠳᠡᠭᠰᠡᠨ ᠳᠤ ᠬᠤᠯᠪᠣᠭᠳᠠᠭᠰᠠᠨ ᠬᠡᠷᠡᠭ᠂ ᠯᠢᠦ ᠵᠦ ᠶᠢᠨ ᠱᠠᠮᠰᠢᠵᠤ ᠬᠡᠭᠡᠯᠢ ᠢᠳᠡᠭᠰᠡᠨ ᠳᠤ ᠬᠤᠯᠪᠣᠭᠳᠠᠭᠰᠠᠨ ᠬᠡᠷᠡᠭ | ᠵᠡᠷᠭᠡ ᠨᠢᠭᠡ ᠪᠦᠯᠦᠭ ᠪᠦᠬᠦ ᠬᠤᠲᠠ ᠶᠢᠨ ᠬᠡᠪᠴᠢᠶᠡᠨ ᠳᠤ ᠨᠥᠯᠥᠭᠡ ᠲᠠᠢ ᠲᠣᠮᠣ ᠴᠢᠬᠤᠯᠠ ᠬᠡᠷᠡᠭ ᠢ ᠠᠮᠵᠢᠯᠲᠠ ᠲᠠᠢ ᠰᠢᠢᠳᠪᠦᠷᠢᠯᠡᠪᠡ ᠃ | ᠬᠢᠵᠢᠭ ᠲᠠᠢ ᠲᠡᠮᠡᠴᠡᠭᠰᠡᠨ ᠪᠠ ᠪᠣᠯᠪᠠᠰᠤᠨ ᠬᠤᠰᠢᠭᠤ ᠰᠢᠶᠠᠨ ᠢ ᠪᠠᠶᠢᠭᠤᠯᠬᠤ ᠳᠤ ᠪᠠᠶᠢᠴᠠᠭᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ᠃ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶ ᠳᠤ ᠬᠠᠤᠯᠢ ᠶᠣᠰᠣᠭᠠᠷ ᠦᠶᠯᠡᠴᠢᠯᠡᠬᠦ ᠪᠠ ᠪᠠᠲᠤᠯᠠᠬᠤ 21 ᠵᠦᠶᠯ ᠤᠨ | ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠲᠣᠭᠲᠠᠭᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ | ᠨᠡᠮᠡᠷᠢᠯᠡᠭᠰᠡᠨ ᠪᠠᠶᠢᠨ᠎ᠠ᠃ ᠬᠢᠵᠢᠭ ᠢ ᠰᠡᠷᠭᠡᠶᠢᠯᠡᠬᠦ ᠪᠠ ᠬᠡᠷᠡᠭ ᠰᠢᠶᠳᠪᠦᠷᠢᠯᠡᠬᠦ ᠶᠢ ᠵᠡᠷᠭᠡ ᠪᠠᠷ ᠠᠳᠬᠤᠵᠤ᠂ ᠬᠤᠶᠠᠷ ᠢ ᠦᠯᠦ ᠰᠠᠭᠠᠲᠠᠭᠠᠬᠤ᠂ ᠠᠯᠤᠰ ᠠᠴᠠ | ᠰᠤᠷᠪᠤᠯᠵᠢᠯᠠᠯ ᠬᠦᠯᠢᠶᠡᠬᠦ᠂ ᠰᠢᠭᠦᠨ ᠠᠰᠠᠭᠤᠬᠤ᠂ ᠲᠢᠩᠬᠢᠮ ᠤᠨ ᠰᠢᠭᠦᠯᠲᠡ ᠬᠢᠬᠦ ᠵᠡᠷᠭᠡ ᠬᠡᠷᠡᠭ ᠰᠢᠶᠳᠪᠦᠷᠢᠯᠡᠬᠦ ᠵᠠᠭᠪᠤᠷ ᠢ ᠬᠡᠷᠡᠭᠯᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠯ᠎ᠡ ᠵᠦᠶᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠬᠠᠤᠯᠢ ᠶᠣᠰᠣᠭᠠᠷ᠂ ᠵᠢᠷᠤᠮᠵᠢᠯ ᠲᠠᠢ ᠬᠡᠪ ᠤᠨ | ᠪᠠᠶᠢᠳᠠᠯ ᠢᠶᠠᠷ ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠪᠠᠳᠣᠯᠠᠪᠠ᠃ ᠪᠦᠬᠦ ᠬᠤᠷᠢᠶᠠᠨ ᠤ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ | ᠭᠦᠨᠵᠡᠭᠡᠶᠢᠷᠡᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠳᠤ ᠣᠷᠣᠯᠴᠠᠭᠤᠯᠵᠤ᠂ 3 ᠺᠠᠳ᠋ᠷ ᠴᠠᠭᠳᠠᠭ᠎ᠠ ᠨᠡᠶᠢᠭᠡᠮ ᠲᠣᠭᠤᠷᠢᠭ ᠤᠨ ᠰᠢᠯᠢᠳᠡᠭ ᠰᠠᠶᠢᠨ | ᠲᠤᠷᠠᠴᠣᠳ ᠢᠶᠠᠷ ᠦᠨᠡᠯᠡᠭᠳᠡᠪᠡ᠃ ᠪᠦᠬᠦ ᠤᠯᠤᠰ ᠤᠨ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠣᠷᠣᠯᠴᠠᠵᠤ᠂ ᠰᠠᠭᠤᠷᠢ | ᠲᠥᠬᠦᠭᠡᠷᠦᠮᠵᠢ ᠬᠠᠭᠤᠴᠢᠷᠠᠭᠰᠠᠨ᠂ ᠣᠷᠴᠢᠨ ᠠᠬᠤᠢ ᠪᠤᠵᠠᠷ ᠮᠠᠭᠤᠬᠠᠢ᠂ ᠠᠳᠠᠯ ᠠᠬᠤᠢ ᠶᠢᠨ ᠬᠠᠮᠢᠶᠠᠷᠤᠯᠲᠠ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠳᠤ | ᠴᠢᠭᠯᠡᠭᠦᠯᠦᠨ᠂ ᠵᠠᠭᠠᠯᠳᠤᠬᠤ ᠠᠴᠠ ᠡᠮᠦᠨ᠎ᠡ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠪᠠ᠃ ᠰᠠᠶᠢᠨ ᠳᠤᠷ᠎ᠠ | ᠶᠢᠨ ᠦᠶᠯᠡᠴᠢᠯᠡᠭᠡ᠂ ᠴᠢᠨᠠᠷ ᠰᠠᠶᠢᠲᠠᠶ ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ 35ᠲᠦᠮᠡ | ᠭᠠᠷᠤᠶ ᠲᠥᠭᠦᠷᠢᠭ ᠵᠠᠷᠤᠴᠠᠭᠤᠯᠤᠨ ᠳᠠᠭᠠᠭᠠᠴᠢᠯᠠᠨ ᠬᠠᠷᠢᠯᠴᠠᠬᠤ ᠰᠠᠭᠤᠭᠠᠯᠢ ᠲᠣᠭᠤᠷᠢᠭ ᠤᠨ ᠬᠦᠷᠢᠶ᠎ᠡ ᠵᠠᠮ ᠢ ᠬᠠᠲᠠᠭᠤᠷᠠᠭᠤᠯᠵᠤ᠂ ᠴᠠᠬᠢᠯᠭᠠᠨ ᠴᠡᠨᠡᠭᠯᠡᠬᠦ ᠱᠣᠩ | ᠪᠠᠶᠢᠭᠤᠯᠤᠨ᠂ ᠴᠠᠬᠢᠯᠭᠠᠨ ᠣᠳᠠᠰᠣ ᠶᠢ ᠵᠠᠰᠠᠨ ᠰᠠᠶᠢᠵᠢᠷᠠᠭᠤᠯᠵᠤ᠂ ᠪᠣᠯᠪᠠᠰᠤᠨ ᠬᠤᠰᠢᠭᠤ ᠰᠢᠶᠠᠨ ᠢ ᠪᠠᠶᠢᠭᠤᠯᠬᠤ ᠦᠷ᠎ᠡ ᠪᠦᠳᠦᠮᠵᠢ ᠶᠢ ᠪᠠᠬᠢᠵᠢᠭᠦᠯᠬᠦ ᠰᠢᠪᠲᠤᠯᠤᠯᠲᠠ | ᠶᠢᠨ ᠠᠵᠢᠯ ᠢ ᠰᠠᠶᠢᠲᠤᠷ ᠬᠢᠪᠠ᠃ | ᠭᠤᠷᠪᠠ᠂ ᠭᠤᠤᠯ ᠡᠭᠦᠷᠭᠡ ᠶᠢ ᠴᠢᠩᠭ᠎ᠠ ᠬᠢᠨᠠᠵᠦ ᠨᠡᠶᠢᠭᠡᠮ ᠤᠨ ᠵᠠᠰᠠᠯᠲᠠ ᠲᠠᠢ ᠨᠢᠭᠲᠠ ᠤᠶᠠᠯᠳᠤᠭᠤᠯᠤᠨ᠂ ᠪᠠᠶᠢᠴᠠᠭᠠᠬᠤ ᠪᠠᠲᠤᠯᠠᠭ᠎ᠠ ᠪᠠᠷ ᠥᠨᠢ ᠤᠳᠠᠭᠠᠨ | ᠠᠮᠤᠷ ᠲᠦᠪᠰᠢᠨ ᠪᠠᠶᠢᠬᠤ ᠶᠢ ᠠᠬᠢᠭᠤᠯᠪᠠ᠃ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠦ ᠴᠢᠩᠭ᠎ᠠ ᠬᠠᠮᠠᠭᠠᠯᠠᠪᠠ᠃ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠪᠠᠲᠤ ᠪᠤᠢ ᠪᠣᠯᠭᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠳᠤ ᠬᠤᠣᠷ | ᠬᠥᠨᠥᠭᠡᠯ ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠡ᠃ ᠪᠠᠶᠢᠴᠠᠭᠠᠬᠤ ᠡᠭᠦᠷᠭᠡ ᠴᠢᠳᠠᠪᠤᠷᠢ ᠲᠠᠢ | ᠤᠶᠠᠯᠳᠤᠭᠤᠯᠤᠨ᠂ ᠬᠠᠭᠠᠴᠠᠭᠤᠯᠤᠯ ᠢ ᠡᠰᠡᠷᠭᠦᠴᠡᠬᠦ᠂ ᠨᠡᠪᠴᠢᠯᠲᠡ ᠶᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠬᠤᠣᠷᠲᠤ ᠡᠳ᠋ ᠢ ᠴᠠᠭᠠᠵᠠᠯᠠᠵᠤ ᠱᠠᠯᠢᠭ | ᠵᠠᠪᠬᠠᠢ ᠵᠦᠢᠯᠡᠰ ᠢ ᠠᠷᠢᠯᠭᠠᠬᠤ ᠵᠡᠷᠭᠡ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠨ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠱᠠᠭᠠᠷᠳᠠᠨ ᠭᠦᠢᠴᠡᠳᠭᠡᠭᠦᠯᠦᠭᠰᠡᠨ ︽ᠰᠦᠯᠵᠢᠶᠡᠨ ᠤ ᠤᠰᠤᠨ ᠴᠡᠷᠢᠭ︾ ᠤᠨ ᠦᠳᠦᠭᠡᠭᠰᠡᠨ ᠬᠡᠷᠡᠭ ᠢ ᠫᠠᠶᠢᠰᠠ ᠡᠯᠭᠦᠨ ᠰᠢᠪᠠᠳᠠᠨ | ᠰᠢᠢᠳᠪᠦᠷᠢᠯᠡᠭᠦᠯᠵᠦ᠂ ᠤᠯᠤᠰ ᠣᠷᠣᠨ ᠪᠠ ᠨᠡᠶᠢᠭᠡᠮ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠠᠬᠢᠭᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠳᠤ ᠪᠥᠬᠦ ᠬᠦᠴᠦᠨ ᠢᠶᠠᠷ ᠢᠶᠠᠨ ᠣᠷᠣᠯᠴᠠᠵᠤ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠰᠢᠭᠦᠬᠦ ᠬᠤᠷᠢᠶ᠎ᠠ᠂ ᠬᠠᠤᠯᠢ | ᠴᠠᠭᠠᠵᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠤᠨ ᠲᠣᠭᠲᠠᠴᠠ ᠲᠣᠭᠲᠠᠭᠠᠵᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠮᠤᠷ | ᠲᠠᠶᠢᠪᠤᠩ ᠬᠠᠩᠭᠢᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ | ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠪᠠᠲᠤᠯᠠᠬᠤ ᠳᠤ ᠦᠢᠯᠡᠴᠢᠯᠡᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠤ ᠪᠦᠯᠬᠦᠮᠳᠡᠯ ᠪᠠ ᠦᠨᠳᠦᠰᠦᠲᠡᠨ ᠤ ᠤᠷᠤᠨ ᠬᠡᠪᠴᠢᠶᠡᠨ ᠳᠠᠬᠢ ᠠᠮᠤᠷ ᠲᠦᠪᠰᠢᠨ ᠲᠣᠭᠲᠠᠭᠤᠨ ᠪᠠᠶᠢᠳᠠᠯ ᠢ ᠪᠦᠬᠦ | ᠬᠦᠴᠦ ᠪᠠᠷ ᠢᠶᠠᠨ ᠬᠠᠮᠠᠭᠠᠯᠠᠪᠠ ᠃ | ᠬᠥᠬᠡᠮᠳᠦᠭ ᠨᠣᠭᠤᠭᠠᠨ ᠠᠭᠤᠯᠠ ᠤᠰᠤ ᠶᠢ ᠪᠦᠬᠦ ᠰᠡᠳᠬᠢᠯ ᠢᠶᠠᠷ ᠢᠶᠠᠨ ᠰᠠᠬᠢᠨ ᠬᠠᠮᠠᠭᠠᠯᠠᠪᠠ᠃ ︽ ᠠᠯᠲᠠ ᠮᠦᠩᠬᠦᠨ ᠠᠭᠤᠯᠠ︾ ᠶᠢᠨ | ᠣᠶᠢᠯᠠᠭᠠᠭᠳᠠᠬᠤᠨ ᠢᠶᠠᠷ ᠤᠳᠤᠷᠢᠳᠤᠮᠵᠢ ᠪᠣᠯᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ | ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠲᠤᠰᠬᠠᠶᠢᠵᠢᠭᠰᠠᠨ ᠬᠢᠨᠠᠯᠲᠠ + ᠰᠡᠷᠭᠦᠭᠡᠯᠲᠡ ᠶᠢᠨ ᠴᠢᠨᠠᠷᠲᠠᠢ ᠬᠠᠤᠯᠢ ᠪᠠᠷᠢᠬᠤ + ᠨᠡᠶᠢᠭᠡᠮᠴᠢᠯᠡᠭᠰᠡᠨ ᠵᠠᠰᠠᠯᠲᠠ︾ | ᠶᠢᠨ ᠪᠠᠶᠢᠴᠠᠭᠠᠬᠤ ᠠᠵᠢᠯ ᠤᠨ ᠵᠠᠭᠪᠤᠷ ᠢ ᠬᠡᠷᠡᠭᠵᠢᠭᠦᠯᠪᠡ ᠃ ︽ᠳᠥᠷᠪᠡᠨ ᠰᠠᠮᠠᠭᠤᠨ ᠢ ᠭᠠᠷ ᠬᠤᠯᠪᠣᠨ ᠴᠡᠪᠡᠷᠯᠡᠵᠦ᠂ ᠡᠬᠡ ᠭᠤᠤᠯ ᠢ ᠬᠠᠮᠠᠭᠠᠯᠠᠬᠤ︾ ᠵᠡᠷᠭᠡ | ᠲᠤᠰᠬᠠᠶ ᠠᠵᠢᠯᠯᠠᠭ᠎ᠠ ᠶᠢ ᠥᠷᠨᠢᠭᠦᠯᠵᠦ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ 9 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠲᠠᠢ ᠬᠠᠮᠵᠢᠯᠴᠠᠬᠤ ᠲᠣᠭᠲᠠᠴᠠ ᠶᠢ ᠲᠣᠭᠲᠠᠭᠠᠵᠤ᠂ ︽ᠭᠤᠤᠯ ︵ᠨᠠᠭᠤᠷ︶ ᠤᠨ ᠳᠠᠷᠤᠭ᠎ᠠ + ᠪᠠᠶᠢᠴᠠᠭᠠᠬᠤ ᠳᠠᠷᠤᠭ᠎ᠠ ︾᠂ ︽ᠣᠶ ᠶᠢᠨ ᠳᠠᠷᠤᠭ᠎ᠠ + | ᠪᠠᠶᠢᠴᠠᠭᠠᠬᠤ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ | ᠲᠤᠰᠬᠠᠶ ᠠᠵᠢᠯᠯᠠᠭ᠎ᠠ ᠶᠢ 30 ᠭᠠᠷᠤᠶ ᠤᠳᠠᠭ᠎ᠠ ᠬᠠᠮᠲᠤᠷᠠᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠠᠬᠢᠯᠲᠠ ᠲᠠᠢ ᠪᠣᠯᠵᠣ᠂ ᠲᠠᠩ ᠤᠨ ᠣᠷᠣᠨ ᠤ ᠲᠠᠷᠢᠮᠠᠯ ᠤᠨ ᠡᠰᠢ ᠰᠦᠷᠡᠯ ᠢ ᠪᠥᠬᠦ ᠲᠠᠯ᠎ᠠ ᠪᠠᠷ ᠴᠡᠪᠡᠷᠯᠡᠵᠦ᠂ ᠦᠨᠡᠮᠯᠡᠯ ᠥᠬᠡᠶ ᠪᠠᠷ ᠬᠠᠶᠢᠷ ᠮᠠᠯᠲᠠᠬᠤ 80 | ᠦᠶᠯᠡᠳᠪᠦᠷᠢ ᠶᠢ ᠴᠡᠪᠡᠷᠯᠡᠨ ᠴᠡᠭᠴᠡᠯᠡᠵᠦ᠂ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠳᠣᠷ ᠬᠠᠮᠠᠭᠠᠯᠠᠪᠠ ᠃ | ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠪᠠ᠃ ᠨᠠᠰᠤᠨ ᠳᠤ ᠦᠯᠦ ᠬᠦᠷᠦᠭᠰᠡᠳ ᠲᠤ ᠬᠠᠯᠳᠠᠭᠰᠠᠨ ᠶᠠᠯᠠᠲᠤ | ᠠᠵᠢᠯᠯᠠᠭ᠎ᠠ ᠳᠤ ᠥᠴᠦᠬᠡᠨ ᠴᠦ ᠢᠯᠳᠠᠷ ᠬᠠᠶᠠᠬᠤ ᠦᠭᠡᠢ ᠪᠠᠶᠢᠵᠤ᠂ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠲᠤ ᠬᠠᠯᠳᠠᠭᠰᠠᠨ ᠶᠠᠯᠠᠲᠤ ᠠᠵᠢᠯᠯᠠᠭ᠎ᠠ | ᠳᠤ ᠴᠢᠩᠭ᠎ᠠ ᠴᠣᠬᠢᠯᠲᠠ ᠥᠭᠴᠦ᠂ 6 ᠬᠥᠮᠦᠨ ᠢ ᠪᠠᠷᠢᠪᠴᠢᠯᠠᠬᠤ ᠶᠢ ᠵᠥᠪᠰᠢᠶᠡᠷᠡᠵᠦ᠂ 8 ᠬᠥᠮᠦᠨ ᠢ ᠵᠠᠭᠠᠯᠳᠤᠪᠠ᠃ ︽ᠰᠤᠷᠭᠠᠨ ᠬᠥᠮᠦᠵᠢᠭᠦᠯᠵᠦ | ᠤᠬᠠᠭᠠᠷᠠᠭᠤᠯᠤᠨ ᠠᠪᠤᠷᠠᠬᠤ︾ ᠴᠢᠭᠯᠡᠯᠲᠡ ᠶᠢ ᠨᠠᠶᠢᠳᠠᠪᠤᠷᠢᠵᠢᠭᠤᠯᠵᠤ᠂ ᠨᠠᠰᠤᠨ ᠳᠤ ᠬᠦᠷᠦᠭᠡᠳᠦᠢ ᠶᠠᠯ᠎ᠠ ᠬᠢᠭᠰᠡᠨ ᠰᠡᠵᠢᠭᠳᠡᠨ ᠢ ᠬᠠᠤᠯᠢ ᠶᠣᠰᠣᠭᠠᠷ 10 ᠬᠥᠮᠦᠨ ᠢ | ᠪᠠᠷᠢᠪᠴᠢᠯᠠᠬᠤ ᠦᠭᠡᠢ᠂ 2 ᠬᠥᠮᠦᠨ ᠢ ᠵᠠᠭᠠᠯᠳᠤᠬᠤ ᠦᠭᠡᠢ ᠲᠠᠰᠤᠯᠤᠯᠳᠠ ᠬᠢᠪᠡ᠃ ᠬᠡᠷᠡᠭ ᠰᠢᠳᠬᠡᠬᠦ ᠶᠠᠪᠤᠴᠠ ᠳᠤ ᠢᠯᠡᠷᠡᠭᠦᠯᠦᠭᠰᠡᠨ ᠰᠤᠷᠭᠠᠨ ᠬᠥᠮᠦᠵᠢᠯ ᠤᠨ | ᠬᠠᠮᠢᠶᠠᠷᠤᠯᠲᠠ ᠶᠢᠨ ᠲᠠᠯ᠎ᠠ ᠪᠠᠷ ᠬᠢ ᠳᠤᠲᠠᠭᠳᠠᠯ ᠳᠤ ᠴᠢᠭᠯᠡᠭᠦᠯᠦᠨ᠂ 1 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠪᠠ᠃ ᠠᠷᠠᠳ ᠤᠨ ᠳᠡᠭᠡᠳᠦ ᠪᠠᠶᠢᠴᠠᠭᠠᠬᠤ | ᠬᠤᠷᠢᠶᠠᠨ ᠤ ︽ᠨᠢᠭᠡᠳᠦᠭᠡᠷ ᠪᠠᠶᠢᠴᠠᠭᠠᠬᠤ ᠰᠠᠨᠠᠭᠤᠯᠭ᠎ᠠ︾ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ | ᠬᠠᠮᠠᠭᠠᠯᠠᠬᠤ ᠠᠵᠢᠯ ᠢ ᠴᠢᠩᠭᠠᠳᠬᠠᠵᠤ᠂ ︽ᠢᠳᠬᠠᠵᠤ ᠲᠠᠶᠢᠪᠤᠰᠢᠷᠠᠭᠤᠯᠬᠤ ᠠᠵᠢᠯ ᠤᠨ ᠲᠠᠰᠤᠭ︾ ᠢ ᠪᠠᠶᠢᠭᠤᠯᠵᠤ᠂ ᠨᠠᠰᠤᠨ ᠳᠤ ᠦᠯᠦ ᠬᠦᠷᠦᠭᠰᠡᠳ ᠤᠨ ᠡᠷᠡᠭᠦᠦ | ᠶᠢᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠲᠣᠭᠤᠷᠢᠭ᠂ ᠰᠡᠳᠬᠢᠴᠡ ᠶᠢᠨ ᠬᠥᠮᠦᠵᠢᠯ ᠤᠨ ᠵᠢᠭᠠᠨ ᠵᠢᠯᠣᠭᠤᠳᠬᠤ ᠲᠠᠰᠤᠭ ᠢ ᠪᠠᠶᠢᠭᠤᠯᠪᠠ᠃ ᠪᠠᠶᠢᠴᠠᠭᠠᠬᠤ | ᠲᠤᠰᠢᠶᠠᠯᠲᠠᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠲᠤᠰᠢᠶᠠᠯ ᠢ ᠬᠠᠪᠰᠤᠷᠭᠠᠨ ᠬᠠᠷᠢᠭᠤᠴᠠᠬᠤ ᠪᠠ ᠬᠠᠤᠯᠢ ᠴᠠᠭᠠᠵᠠ ᠶᠢ ᠲᠦᠷᠦᠭᠦᠯᠡᠨ ᠤᠬᠠᠭᠤᠯᠤᠨ | ᠲᠠᠶᠢᠯᠪᠤᠷᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠳᠤ 45 ᠤᠳᠠᠭ᠎ᠠ ᠬᠠᠤᠯᠢ ᠬᠦᠷᠭᠡᠵᠤ᠂ 25 ᠤᠳᠠᠭ᠎ᠠ ᠲᠤᠰᠬᠠᠢ | ᠰᠡᠳᠦᠪᠲᠦ ᠬᠠᠤᠯᠢ ᠲᠦᠷᠢᠮ ᠤᠨ ᠲᠠᠶᠢᠯᠤᠮᠵᠢ ᠬᠢᠵᠦ᠂ ᠲᠦᠮᠡ ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 9 ᠰᠤᠷᠭᠠᠭᠤᠯᠢ ᠪᠠ ᠲᠦᠮᠡ ᠭᠠᠷᠤᠢ | ᠪᠠᠭᠰᠢ ᠰᠤᠷᠤᠭᠴᠢ᠂ ᠭᠡᠷ ᠤᠨ ᠠᠬᠠᠮᠠᠳ ᠢ ᠪᠠᠭᠳᠠᠭᠠᠭᠰᠠᠨ ᠪᠠᠶᠢᠨ᠎ᠠ ᠃ | ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠭᠦᠨᠵᠡᠭᠡᠶ ᠠᠬᠢᠭᠤᠯᠪᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠪᠠᠯᠭᠠᠰᠤᠨ ᠤ ᠲᠤᠷᠰᠢᠯᠭ᠎ᠠ︾ | ᠶᠢ ᠦᠶᠯᠡᠳᠦᠯᠭᠡᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠢᠳᠡᠪᠬᠢᠲᠡᠶ ᠨᠠᠮᠳᠠᠭᠤᠯᠵᠤ᠂ ᠬᠤᠷᠢᠶᠠᠨ ᠤ ᠤᠳᠤᠷᠢᠳᠤᠯᠭ᠎ᠠ | ᠲᠦᠷᠦᠭᠦᠯᠡᠨ ᠬᠡᠷᠡᠭ ᠢ ᠳᠠᠭᠠᠭᠠᠴᠢᠯᠠᠵᠤ᠂ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ 475 ᠵᠦᠶᠯᠡᠰ ᠬᠡᠷᠡᠭ ᠢ ᠰᠡᠳᠬᠢᠯ ᠳᠡᠯᠪᠢᠨ ᠬᠢᠨᠠᠮᠠᠭᠠᠢ ᠰᠢᠶᠳᠪᠦᠷᠢᠯᠡᠵᠦ᠂ | ᠢᠯᠡ ᠪᠠᠷ ᠭᠡᠷᠡᠴᠢᠯᠡᠭᠡ ᠰᠣᠨᠣᠰᠬᠤ ᠲᠠᠯᠠᠪᠤᠷ ᠢ 16 ᠤᠳᠠᠭ᠎ᠠ ᠬᠢᠵᠦ᠂ ᠬᠠᠤᠯᠢᠴᠢ ᠤᠷᠢᠵᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠲᠤ 36 ᠬᠤᠪᠢ | ᠣᠷᠣᠯᠴᠠᠭᠤᠯᠵᠤ᠂ ᠳᠡᠭᠡᠭᠰᠢ ᠰᠤᠷᠪᠤᠯᠵᠢᠯᠠᠭᠠᠳ 8 ᠵᠢᠯ ᠪᠣᠯᠵᠣ ᠪᠠᠶᠢᠭ᠎ᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠠᠮᠵᠢᠯᠲᠠᠲᠠᠶ ᠰᠢᠶᠳᠪᠦᠷᠢᠯᠡᠵᠦ᠂ ᠬᠠᠮᠢᠶ᠎ᠠ ᠪᠥᠬᠦᠶ | ᠲᠤᠷᠰᠢᠯᠭ᠎ᠠ ᠪᠠᠨ ︽ᠪᠠᠶᠢᠴᠠᠭᠠᠬᠤ ᠡᠳᠦᠷ ᠤᠨ ᠰᠣᠨᠢᠨ︾ ᠳᠤ ᠮᠡᠳᠡᠭᠡᠯᠡᠭᠰᠡᠨ ᠪᠠᠶᠢᠨ᠎ᠠ᠃ ᠰᠦᠯᠵᠢᠶᠡᠨ ᠳᠡᠭᠡᠷᠡᠬᠢ 12309 ᠪᠠᠶᠢᠴᠠᠭᠠᠬᠤ ᠦᠢᠯᠡᠴᠢᠯᠡᠭᠡᠨ ᠤ ᠲᠥᠪ | ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠭᠠᠷ ᠤᠨ ᠠᠶ᠎ᠠ ᠪᠠᠷ ᠬᠢᠬᠦ ᠵᠡᠷᠭᠡ ᠳᠥᠭᠦᠮ ᠳᠥᠲᠡ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠲᠣᠭᠠᠴᠢᠬᠤ ᠠᠷᠭ᠎ᠠ ᠵᠠᠮ ᠢ ᠰᠢᠯᠤᠭᠤᠳᠬᠠᠪᠠ ᠃ | ᠲᠦᠷᠪᠡ᠂ ᠭᠤᠣᠯ ᠬᠠᠷᠢᠭᠤᠴᠠᠯᠭ᠎ᠠ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠪᠠᠶᠢᠴᠠᠭᠠᠬᠤ ᠬᠢᠨᠠᠯᠲᠠ ᠪᠠᠷ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠪᠠ ᠃ | ᠡᠷᠡᠭᠦᠦ ᠶᠢᠨ ᠬᠡᠷᠡᠭ ᠤᠨ ᠪᠠᠶᠢᠴᠠᠭᠠᠯᠲᠠ ᠨᠡᠩ ᠬᠦᠴᠦᠲᠡᠢ ᠪᠣᠯᠪᠠ᠃ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠰᠢᠭᠦᠬᠦ ᠬᠤᠷᠢᠶ᠎ᠠ ᠲᠠᠢ ᠬᠠᠷᠢᠯᠴᠠᠨ | ᠬᠠᠮᠵᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠡᠯ᠎ᠡ ᠵᠦᠢᠯ ᠤᠨ ᠡᠷᠡᠭᠦᠦ ᠶᠢᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠪᠡ | ᠃ ᠪᠠᠷᠢᠪᠴᠢᠯᠠᠬᠤ ᠶᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ 230 ᠬᠡᠷᠡᠭ᠂ 298 ᠬᠥᠮᠦᠨ᠂ 156 ᠬᠡᠷᠡᠭ᠂ 187 ᠬᠥᠮᠦᠨ ᠢ ᠪᠠᠷᠢᠪᠴᠢᠯᠠᠬᠤ ᠶᠢ | ᠵᠥᠪᠰᠢᠶᠡᠷᠡᠬᠦ ᠦᠭᠡᠢ ᠲᠠᠰᠤᠯᠤᠯᠳᠠ ᠬᠢᠵᠦ᠂ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠭᠰᠡᠨ 887 ᠬᠡᠷᠡᠭ ᠤᠨ 1027 ᠬᠥᠮᠦᠨ ᠢ | ᠬᠦᠯᠢᠶᠡᠨ ᠠᠪᠴᠤ ᠰᠢᠢᠳᠪᠦᠷᠢᠯᠡᠵᠦ᠂ ᠰᠢᠭᠦᠬᠦ ᠬᠤᠷᠢᠶᠠᠨ ᠳᠤ 756 ᠬᠡᠷᠡᠭ ᠤᠨ 878 ᠬᠥᠮᠦᠨ ᠳᠤ ᠠᠯᠪᠠᠨ ᠵᠠᠭᠠᠯᠳᠤᠯᠭ᠎ᠠ ᠭᠠᠷᠭᠠᠪᠠ᠃ ᠰᠢᠭᠦᠬᠦ ᠬᠤᠷᠢᠶ᠎ᠠ ᠠᠴᠠ | ᠶᠠᠯ᠎ᠠ ᠲᠠᠢ ᠲᠠᠰᠤᠯᠤᠯᠲᠠ ᠭᠠᠷᠭᠠᠵᠤ᠂ ᠵᠠᠭᠠᠯᠳᠤᠯᠭ᠎ᠠ ᠶᠢᠨ ᠣᠨᠣᠪᠴᠢ ᠶᠢᠨ ᠨᠤᠷᠮ᠎ᠠ ᠨᠢ100 % ᠳᠤ ᠬᠦᠷᠴᠦ᠂ ᠤᠯᠤᠰ ᠣᠷᠣᠨ ᠪᠠ ᠬᠠᠮᠲᠤ ᠨᠡᠶᠢᠲᠡ ᠳᠤ 19. | 6 ᠳ᠋ᠦᠩᠰᠢᠭᠤᠷ ᠭᠠᠷᠤᠢ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ︽4 + 1︾ ᠬᠡᠷᠡᠭ ᠰᠢᠢᠳᠪᠦᠷᠢᠯᠡᠬᠦ ᠠᠵᠢᠯ ᠤᠨ | ᠲᠣᠭᠲᠠᠴᠠ ᠶᠢ ᠰᠢᠨᠡᠴᠢᠯᠡᠨ ᠬᠡᠷᠡᠭᠵᠢᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠡᠷᠡᠭᠦᠦ ᠶᠢᠨ ᠵᠠᠷᠭᠤ ᠶᠢᠨ ᠳᠤᠮᠳᠠᠬᠢ ᠭᠤᠣᠯᠯᠠᠬᠤ ᠦᠢᠯᠡᠳᠦᠯ ᠢ ᠨᠡᠯᠢᠶᠡᠳ ᠰᠠᠶᠢᠨ | ᠪᠠᠳᠠᠷᠠᠭᠤᠯᠵᠤ᠂ ᠡᠷᠡᠭᠦᠦ ᠶᠢᠨ ᠬᠡᠷᠡᠭ ᠢ ᠪᠠᠶᠢᠴᠠᠭᠠᠬᠤ ᠬᠡᠷᠡᠭ ᠰᠢᠢᠳᠪᠦᠷᠢᠯᠡᠬᠦ ᠴᠢᠨᠠᠷ ᠤᠨ ᠪᠦᠲᠦᠮᠵᠢ ᠶᠢ ᠳᠡᠭᠡᠭᠰᠢᠯᠡᠭᠦᠯᠵᠦ᠂ ᠡᠷᠡᠭᠦᠦ ᠶᠢᠨ ᠬᠡᠷᠡᠭ ᠤᠨ ︽ᠬᠡᠷᠡᠭ - | ᠬᠡᠷᠡᠭ ᠤᠨ ᠲᠤᠭᠠᠨ ᠤ ᠬᠠᠷᠢᠴᠠᠯ︾ 1᠄ 1.2 ᠢ ᠪᠡᠶᠡᠯᠡᠭᠦᠯᠵᠦ᠂ ᠪᠦᠬᠦ ᠬᠤᠲᠠ ᠶᠢᠨ ᠬᠤᠶᠠᠳᠤᠭᠠᠷ ᠲᠤ ᠣᠷᠣᠪᠠ᠃ ᠵᠠᠷᠭᠤ ᠳᠤ ᠬᠢᠨᠠᠯᠲᠠ ᠲᠠᠯᠪᠢᠬᠤ ᠠᠵᠢᠯ ᠢ | ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠳᠤ ᠪᠠᠶᠢᠴᠠᠭᠠᠬᠤ ᠲᠤᠰᠢᠶᠠᠯᠲᠠᠨ ᠢ ᠲᠣᠮᠢᠯᠠᠨ ᠰᠠᠭᠤᠯᠭᠠᠬᠤ ᠠᠵᠢᠯᠯᠠᠬᠤ ᠲᠠᠰᠤᠭ ᠢ ᠪᠠᠶᠢᠭᠤᠯᠵᠤ᠂ 9 | ᠬᠡᠷᠡᠭ ᠢ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠵᠤ᠂ 11 ᠬᠡᠷᠡᠭ ᠢ ᠪᠤᠴᠠᠭᠠᠬᠤ ᠳᠤ ᠬᠢᠨᠠᠯᠲᠠ ᠲᠠᠯᠪᠢᠪᠠ︔ 5 ᠬᠥᠮᠦᠨ ᠢ ᠪᠠᠷᠢᠪᠴᠢᠯᠠᠬᠤ ᠠᠴᠠ | ᠭᠤᠭᠤᠵᠢᠭᠤᠯᠤᠭᠰᠠᠨ ᠢ ᠵᠠᠯᠠᠷᠠᠭᠤᠯᠪᠠ︔ ᠬᠠᠤᠯᠢ ᠠᠴᠠ ᠵᠥᠷᠢᠴᠡᠭᠰᠡᠨ 24 ᠬᠡᠷᠡᠭ ᠢ ᠪᠢᠴᠢᠭ ᠢᠶᠠᠷ ᠵᠠᠯᠠᠷᠠᠭᠤᠯᠪᠠ᠃ ᠡᠰᠡᠷᠭᠦᠴᠡᠨ ᠵᠠᠭᠠᠯᠳᠤᠭᠰᠠᠨ 3 ᠬᠡᠷᠡᠭ ᠢ | ᠳᠤᠷᠠᠳᠴᠤ᠂ ᠡᠭᠦᠨ ᠳᠤ 1 ᠬᠡᠷᠡᠭ ᠨᠢ ᠪᠥᠬᠦ ᠣᠷᠣᠨ ᠤ ᠰᠢᠯᠢᠳᠡᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ ᠬᠢᠨᠠᠨ ᠪᠠᠶᠢᠴᠠᠭᠠᠵᠤ ᠬᠤᠷᠢᠬᠤ ᠴᠢᠬᠤᠯᠠ ᠪᠦᠬᠦᠢ | 47 ᠬᠡᠷᠡᠭ ᠢ ᠰᠢᠢᠳᠪᠦᠷᠢᠯᠡᠵᠦ᠂ ᠡᠭᠦᠨ ᠳᠤ ᠰᠢᠢᠳᠪᠤᠷᠢᠯᠡᠭᠰᠡᠨ 1 ᠬᠡᠷᠡᠭ ᠨᠢ ᠪᠦᠬᠦ ᠤᠯᠤᠰ ᠤᠨ ᠰᠣᠳᠣᠨ ᠬᠡᠷᠡᠭ ᠢᠶᠠᠷ ᠦᠨᠡᠯᠡᠭᠳᠡᠪᠡ ᠃ | ᠢᠷᠭᠡᠨ ᠤ ᠬᠡᠷᠡᠭ ᠤᠨ ᠪᠠᠶᠢᠴᠠᠭᠠᠯᠲᠠ ᠲᠠᠰᠤᠷᠠᠯᠲᠠ ᠦᠭᠡᠢ ᠴᠢᠩᠭᠠᠷᠠᠪᠠ᠃ ᠪᠠᠶᠢᠴᠠᠭᠠᠬᠤ ᠠᠵᠢᠯ ᠢ ᠨᠢᠭᠡ ᠴᠣᠭᠴᠠᠵᠢᠭᠤᠯᠤᠭᠰᠠᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠢᠷᠭᠡᠨ ᠤ ᠵᠠᠷᠭᠤ ᠳᠤ ᠬᠢᠨᠠᠯᠲᠠ ᠲᠠᠯᠪᠢᠬᠤ 576 ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ ᠢᠷᠭᠡᠨ ᠤ ᠬᠡᠷᠡᠭ ᠤᠨ ᠬᠦᠴᠦᠨ ᠲᠠᠢ | ᠪᠣᠯᠤᠭᠰᠠᠨ᠂ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ 5 ᠬᠡᠷᠡᠭ ᠢ ᠰᠢᠢᠳᠪᠦᠷᠢᠯᠡᠪᠡ᠂ ᠡᠭᠦᠨ ᠳᠤ 2 ᠬᠤᠪᠢ ᠳᠠᠬᠢᠨ ᠰᠢᠬᠦᠯᠭᠡᠨ ᠪᠠᠶᠢᠴᠠᠭᠠᠬᠤ ᠰᠠᠨᠠᠭᠤᠯᠭ᠎ᠠ | ᠳᠤᠷᠠᠳᠤᠭᠰᠠᠨ᠂1 ᠬᠤᠪᠢ ᠡᠰᠡᠷᠭᠦᠴᠡᠬᠦ ᠵᠠᠭᠠᠯᠳᠣᠯᠭ᠎ᠠ ᠳᠡᠪᠰᠢᠭᠦᠯᠦᠭᠰᠡᠨ᠂ 2 ᠬᠤᠪᠢ ᠶᠢ ᠳᠠᠮᠵᠢᠨ ᠬᠢᠨᠠᠯᠲᠠ ᠲᠠᠯᠪᠢᠭᠰᠠᠨ ᠦᠭᠡᠢ ᠪᠥᠭᠡᠳ ᠬᠠᠤᠯᠢ ᠴᠠᠭᠠᠵᠠ ᠶᠢ | ᠭᠦᠢᠴᠡᠳ ᠲᠠᠶᠢᠯᠪᠤᠷᠢᠯᠠᠨ ᠶᠣᠰᠣ ᠶᠠᠷᠢᠵᠤ᠂ ᠬᠠᠤᠯᠢ ᠴᠠᠭᠠᠵᠠ ᠶᠢᠨ ᠲᠥᠪ ᠭᠤᠣᠯᠴᠢ ᠪᠠ ᠬᠠᠤᠯᠢ ᠴᠠᠭᠠᠵᠠ ᠶᠢᠨ ᠡᠷᠬᠡ ᠰᠦᠷ ᠢ ᠰᠠᠶᠢᠳᠣᠷ ᠬᠠᠮᠠᠭᠠᠯᠠᠪᠠ ᠃ 516 | ᠬᠤᠪᠢ ᠢᠷᠭᠡᠨ ᠤ ᠬᠡᠷᠡᠭ ᠤᠨ ᠭᠦᠢᠴᠡᠳᠬᠡᠯᠲᠡ ᠳᠤ ᠬᠢᠨᠠᠯᠲᠠ ᠲᠠᠯᠪᠢᠬᠤ ᠬᠡᠷᠡᠭ ᠢ ᠰᠢᠢᠳᠪᠦᠷᠢᠯᠡᠵᠦ᠂ 280 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ | ᠴᠥᠮ ᠬᠦᠯᠢᠶᠡᠨ ᠠᠪᠴᠤ᠂ ᠵᠢᠷᠤᠮ ᠲᠣᠭᠳᠠᠭᠠᠯ ᠪᠠ ᠪᠣᠳᠠᠲᠤ ᠴᠣᠭᠴᠠ ᠶᠢᠨ ᠰᠢᠳᠤᠷᠭᠤ ᠶᠣᠰᠣ ᠶᠢ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ | ᠪᠦᠲᠦᠮᠵᠢᠲᠡᠢ ᠪᠠᠲᠤᠯᠠᠪᠠ᠃ ᠬᠥᠯᠥᠰᠥᠨ ᠠᠵᠢᠯᠴᠢᠨ ᠤ ᠴᠠᠯᠢᠩ ᠪᠠ ᠥᠷᠢ ᠰᠢᠷᠢ ᠪᠠᠨ ᠨᠡᠬᠡᠬᠦ ᠵᠥᠷᠢᠴᠡᠯ ᠤᠨ ᠠᠶᠤᠯ ᠲᠦᠭᠰᠢᠭᠦᠷᠢ ᠶᠢ ᠢᠳᠡᠪᠬᠢᠲᠡᠢ ᠠᠷᠢᠯᠭᠠᠵᠤ᠂ | 210 ᠬᠥᠯᠥᠰᠥᠨ ᠠᠵᠢᠯᠴᠢᠨ ᠤ 310 ᠭᠠᠷᠤᠢ ᠲᠦᠮᠡᠨ ᠲᠥᠭᠦᠷᠢᠭ ᠤᠨ ᠴᠠᠯᠢᠩ ᠥᠷᠢ ᠶᠢ ᠨᠢ ᠪᠤᠴᠠᠭᠠᠨ ᠥᠭᠴᠦ᠂ ᠬᠥᠯᠥᠰᠥᠨ ᠠᠵᠢᠯᠴᠢᠨ ᠤ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ ᠃ | ᠵᠠᠰᠠᠭ ᠵᠠᠬᠢᠷᠭᠠᠨ ᠤ ᠪᠠᠶᠢᠴᠠᠭᠠᠯᠲᠠ ᠶᠢ ᠦᠷᠭᠦᠯᠵᠢᠯᠡᠨ ᠪᠣᠳᠠᠲᠠᠶᠢᠵᠢᠭᠤᠯᠪᠠ᠃ ᠬᠢᠨᠠᠯᠲᠠ ᠲᠠᠯᠪᠢᠬᠤ ᠣᠶᠢᠯᠠᠭᠠᠭᠳᠠᠬᠤᠨ ᠢᠶᠠᠨ ᠲᠠᠰᠤᠷᠠᠯᠲᠠ ᠦᠭᠡᠢ | ᠬᠤᠪᠢᠷᠠᠭᠤᠯᠵᠤ᠂ ᠲᠥᠪ ᠭᠤᠣᠯᠴᠢ ᠪᠠᠷ ᠬᠠᠤᠯᠢ ᠪᠠᠷᠢᠬᠤ ᠳᠤ ᠬᠢᠨᠠᠯᠲᠠ ᠲᠠᠯᠪᠢᠵᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠵᠠᠰᠠᠭ ᠵᠠᠬᠢᠷᠭᠠᠨ ᠤ | ᠵᠠᠷᠭᠤ ᠳᠤ ᠬᠢᠨᠠᠯᠲᠠ ᠲᠠᠯᠪᠢᠬᠤ 625 ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ 61 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠪᠠ᠃ ᠨᠡᠶᠢᠬᠡᠮ ᠤᠨ | ᠶᠡᠷᠦᠩᠬᠡᠢᠯᠡᠭᠰᠡᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠨᠡᠶᠢᠬᠡᠮ ᠤᠨ ᠵᠠᠰᠠᠯᠲᠠ ᠶᠢᠨ ᠲᠥᠷᠥᠯ ᠤᠨ 67 ᠬᠡᠷᠡᠭ ᠢ ᠰᠢᠢᠳᠪᠦᠷᠢᠯᠡᠵᠦ᠂ 13 ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠵᠢᠯᠴᠠᠬᠤ ᠲᠣᠭᠲᠠᠴᠠ ᠪᠠᠶᠢᠭᠤᠯᠵᠤ᠂ ᠬᠡᠷᠡᠭ ᠢ ᠦᠯᠦ ᠰᠢᠯᠵᠢᠭᠦᠯᠬᠦ᠂ ᠬᠡᠷᠡᠭ ᠢ ᠰᠢᠯᠵᠢᠭᠦᠯᠬᠦ ᠳᠤ ᠬᠦᠴᠢᠷ᠂ | ᠲᠣᠷᠭᠠᠭᠤᠯᠢ ᠪᠠᠷ ᠡᠷᠡᠭᠦᠦ ᠶᠢ ᠣᠷᠣᠯᠠᠭᠤᠯᠬᠤ᠂ ᠶᠠᠯ᠎ᠠ ᠲᠠᠢ ᠪᠠᠶᠢᠳᠠᠯ᠎ᠠ ᠨᠡᠬᠡᠮᠵᠢᠯᠡᠬᠦ ᠦᠭᠡᠢ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ︽ᠨᠤᠲᠤᠭ | ᠪᠡᠯᠴᠢᠭᠡᠷ ᠣᠶᠢᠲᠤ ᠭᠠᠵᠠᠷ ᠢ ᠬᠠᠮᠠᠭᠠᠯᠠᠬᠤ︾ ᠵᠠᠰᠠᠭ ᠵᠠᠬᠢᠷᠭᠠᠨ ᠤ ᠪᠠᠶᠢᠴᠠᠭᠠᠬᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠳᠣᠲᠣᠭᠠᠳᠤ ᠶᠢ | ᠬᠠᠮᠠᠭᠠᠯᠠᠬᠤ᠂ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ 2010 ᠣᠨ ᠠᠴᠠ ᠨᠠᠰᠢᠬᠢ ᠣᠶ | ᠰᠢᠭᠤᠶ ᠨᠤᠲᠤᠭ ᠪᠡᠯᠴᠢᠭᠡᠷ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠢ ᠪᠥᠬᠦ ᠲᠠᠯ᠎ᠠ ᠪᠠᠷ ᠬᠢᠨᠠᠨ ᠪᠠᠶᠢᠴᠠᠭᠠᠪᠠ᠃ ᠵᠠᠰᠠᠭ | ᠵᠠᠬᠢᠷᠭᠠᠨ ᠤ ᠵᠠᠷᠭᠤ ᠶᠢᠨ ᠪᠤᠰᠤ ᠭᠦᠢᠴᠡᠳᠬᠡᠯᠲᠡ ᠳᠤ ᠬᠢᠨᠠᠯᠲᠠ ᠲᠠᠯᠪᠢᠬᠤ ᠲᠤᠰᠬᠠᠢ ᠠᠵᠢᠯᠯᠠᠭ᠎ᠠ᠂ ᠭᠠᠵᠠᠷ ᠰᠢᠷᠣᠢ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠨ | ᠰᠢᠢᠳᠪᠦᠷᠢᠯᠡᠬᠦ ᠬᠦᠷᠢᠶᠡᠨ ᠳᠠᠬᠢ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠬᠡᠯᠲᠡ ᠳᠤ ᠬᠢᠨᠠᠯᠲᠠ ᠲᠠᠯᠪᠢᠬᠤ ᠲᠤᠰᠬᠠᠢ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠬᠤ ᠲᠣᠭᠲᠠᠴᠠ ᠶᠢ ᠪᠠᠶᠢᠭᠤᠯᠪᠠ ᠃ | ᠨᠡᠶᠢᠲᠡ ᠶᠢᠨ ᠠᠰᠠᠷᠠᠮᠵᠢ ᠶᠢᠨ ᠵᠠᠷᠭᠤ ᠲᠣᠭᠲᠠᠭᠤᠨ ᠢᠶᠠᠷ ᠶᠠᠪᠤᠭᠳᠠᠪᠠ᠃ ᠪᠠᠢᠴᠠᠭᠠᠭᠴᠢ ᠶᠢᠨ ᠣᠯᠠᠨ ᠨᠡᠢᠲᠡ ᠶᠢᠨ ᠠᠰᠢᠭ ᠲᠤᠰᠠ ᠶᠢᠨ ᠲᠥᠯᠥᠭᠡᠯᠡᠭᠴᠢ ᠶᠢᠨ | ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ 270 ᠬᠤᠪᠢ ᠨᠡᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ | ᠰᠢᠢᠳᠪᠦᠷᠢᠯᠡᠵᠦ᠂ ᠬᠡᠷᠡᠭ ᠰᠢᠢᠳᠪᠦᠷᠢᠯᠡᠭᠰᠡᠨ ᠶᠡᠷᠦᠩᠬᠡᠢ ᠬᠡᠮᠵᠢᠶ᠎ᠡ ᠪᠠ ᠬᠡᠷᠡᠭ ᠰᠢᠢᠳᠪᠦᠷᠢᠯᠡᠭᠰᠡᠨ ᠶᠠᠰᠤ ᠴᠢᠨᠠᠷ ᠦᠷ᠎ᠡ ᠠᠰᠢᠭ ᠨᠢ ᠪᠦᠬᠦ ᠬᠤᠲᠠ ᠶᠢᠨ ᠨᠢᠭᠡᠳᠦᠭᠡᠷ | ᠡᠩᠨᠡᠭᠡᠨ ᠳᠤ ᠪᠠᠲᠤᠲᠠᠢ ᠣᠷᠣᠪᠠ᠃ ︽ᠬᠠᠲᠤᠨ ᠭᠤᠤᠯ ᠤᠨ ᠰᠠᠪᠠ ᠭᠠᠵᠠᠷ ᠤᠨ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠱᠠᠯᠠᠪᠳᠠᠭᠤᠯᠤᠨ | ᠬᠠᠮᠠᠭᠠᠯᠠᠬᠤ ᠬᠡᠷᠡᠭ︾ ᠢ ᠰᠢᠶᠳᠪᠦᠷᠢᠯᠡᠵᠦ᠂ ᠦᠷ᠎ᠡ ᠪᠦᠲᠦᠮᠵᠢ ᠪᠠᠷ ᠰᠠᠶᠢᠨ᠂ ᠨᠥᠯᠥᠭᠡ ᠪᠠᠷ ᠭᠦᠨ ᠪᠠᠶᠢᠵᠤ᠂ ︽2019 ᠣᠨ ᠤ ᠪᠥᠬᠦ ᠤᠯᠤᠰ ᠤᠨ | ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠢᠯᠢᠳᠡᠭ ᠬᠡᠷᠡᠭ︾ ᠢᠶᠠᠷ ᠦᠨᠡᠯᠡᠭᠳᠡᠪᠡ᠂ ᠡᠨᠡ ᠪᠣᠯ ᠪᠥᠬᠦ ᠣᠷᠣᠨ ᠤ ᠦᠨᠳᠦᠰᠦᠨ ᠱᠠᠲᠤᠨ | ᠤ ᠪᠠᠶᠢᠴᠠᠭᠠᠬᠤ ᠬᠤᠷᠢᠶᠠᠨ ᠤ ᠴᠣᠷ ᠤᠨ ᠭᠠᠭᠴᠠ ᠦᠨᠡᠯᠡᠭᠳᠡᠭᠰᠡᠨ ᠬᠡᠷᠡᠭ ᠪᠣᠯᠤᠨ᠎ᠠ᠃ ︽ᠰᠢᠷ᠎ᠠ ᠲᠡᠮᠡᠭᠡᠳᠦ ᠰᠦᠮ᠎ᠡ ᠶᠢᠨ ᠵᠠᠰᠠᠭ ᠵᠠᠬᠢᠷᠭᠠᠨ ᠤ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠬᠡᠷᠡᠭ ᠢ ᠱᠠᠯᠠᠪᠳᠠᠭᠤᠯᠤᠨ ᠬᠠᠮᠠᠭᠠᠯᠠᠬᠤ︾ ᠨᠢ 2020 ᠣᠨ ᠤ ᠪᠥᠬᠦ ᠣᠷᠣᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ ᠠᠮᠢ ᠠᠬᠤᠢ ᠶᠢᠨ ᠣᠷᠴᠢᠨ ᠨᠥᠬᠦᠴᠡᠯ᠂ ᠡᠬᠢ ᠪᠠᠶᠠᠯᠢᠭ ᠤᠨ ᠬᠠᠮᠠᠭᠠᠯᠠᠯᠲᠠ᠂ ᠢᠳᠡᠭᠡᠨ ᠤ ᠵᠦᠢᠯ ᠡᠮ ᠤᠨ | ᠵᠦᠢᠯ ᠤᠨ ᠠᠮᠤᠷ ᠲᠦᠪᠰᠢᠨ ᠵᠡᠷᠭᠡ ᠬᠦᠷᠢᠶ᠎ᠡ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠲᠤ 260 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ 256 ᠬᠤᠪᠢ ᠪᠠᠶᠢᠴᠠᠭᠠᠬᠤ ᠰᠠᠨᠠᠭᠤᠯᠭ᠎ᠠ ᠶᠢ ᠬᠦᠯᠢᠶᠡᠨ ᠠᠪᠴᠤ ᠴᠡᠭᠴᠡᠯᠡᠨ ᠵᠠᠰᠠᠵᠤ᠂ 4 | ᠬᠤᠪᠢ ᠶᠢ ᠵᠠᠭᠠᠯᠳᠤᠪᠠ︔ ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠬᠡᠷᠡᠭ ᠤᠨ ᠨᠡᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠤᠨ ᠰᠦᠪᠡᠭᠴᠢ | 39 ᠶᠢ ᠰᠢᠢᠳᠪᠦᠷᠢᠯᠡᠵᠦ᠂ 17 ᠶᠢ ᠨᠢ ᠬᠡᠷᠡᠭ ᠪᠣᠯᠭᠠᠨ ᠳᠠᠩᠰᠠᠯᠠᠵᠤ᠂ 17 ᠶᠢ ᠨᠢ ᠵᠠᠭᠠᠯᠳᠤᠵᠤ᠂ ᠰᠢᠭᠦᠬᠦ ᠬᠤᠷᠢᠶᠠᠨ ᠤ ᠳᠡᠮᠵᠢᠯᠭᠡ ᠶᠢᠨ ᠨᠣᠷᠮ᠎ᠠ ᠨᠢ 100 | % ᠳᠤ ᠬᠦᠷᠪᠡ᠃ ︽ᠬᠤᠶᠠᠷ ᠲᠠᠯ᠎ᠠ ᠪᠠᠷ ᠠᠰᠢᠭ ᠣᠯᠵᠤ ᠣᠯᠠᠨ ᠲᠠᠯ᠎ᠠ ᠪᠠᠷ ᠠᠰᠢᠭ ᠬᠦᠷᠲᠡᠬᠦ ᠬᠠᠮᠲᠤ ᠪᠠᠷ ᠠᠰᠢᠭ ᠬᠦᠷᠲᠡᠬᠦ︾ ᠬᠠᠤᠯᠢ ᠪᠠᠷᠢᠬᠤ | ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ᠂ ᠤᠷᠢᠳᠴᠢᠯᠠᠨ ᠰᠡᠷᠭᠡᠶᠢᠯᠡᠵᠦ ᠬᠠᠮᠢᠶᠠᠷᠤᠨ ᠡᠵᠡᠮᠳᠡᠬᠦ᠂ ᠬᠥᠮᠦᠵᠢᠭᠦᠯᠵᠦ | ᠬᠥᠲᠥᠯᠥᠨ ᠵᠢᠯᠣᠭᠤᠳᠬᠤ ᠭᠤᠷᠪᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠮᠢ ᠠᠬᠤᠢ ᠶᠢᠨ ᠬᠤᠬᠢᠷᠠᠯ ᠢ 4. 39 ᠲᠦᠮᠡᠨ ᠲᠥᠭᠦᠷᠢᠭ ᠡᠭᠡᠭᠦᠯᠦᠨ | ᠠᠪᠴᠢᠷᠠᠪᠠ ᠃ ︽ᠳᠡᠰ ᠠᠴᠠ ᠭᠠᠳᠠᠨᠠᠬᠢ︾ ᠬᠦᠷᠢᠶᠡᠨ ᠤ ᠬᠡᠷᠡᠭ ᠢ ᠰᠢᠢᠳᠪᠦᠷᠢᠯᠡᠬᠦ ᠶᠢ ᠰᠦᠪᠡᠭᠴᠢᠯᠡᠵᠦ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ | ᠪᠡᠯᠴᠢᠭᠡᠷ ᠤᠨ ᠲᠦᠢᠮᠡᠷ ᠤᠨ ᠰᠡᠷᠭᠡᠶᠢᠯᠡᠯᠲᠡ᠂ ᠴᠠᠬᠢᠯᠭᠠᠨ ᠱᠠᠲᠤᠨ ᠤ ᠠᠮᠤᠷ ᠲᠦᠪᠰᠢᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ︽ | ᠲᠠᠷᠢᠶᠠᠯᠠᠩ ᠤᠨ ᠬᠡᠷᠡᠭᠰᠡᠯ ᠤᠨ ᠬᠤᠳᠠᠯ ᠬᠠᠭᠤᠷᠮᠠᠭ ᠲᠤ ᠴᠣᠬᠢᠯᠲᠠ ᠥᠭᠬᠦ︾ ᠵᠡᠷᠭᠡ ᠤᠯᠠᠨ ᠵᠦᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠤᠰᠬᠠᠢ | ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠶᠢ ᠪᠠᠲᠤᠯᠠᠵᠤ᠂ ᠠᠷᠠᠳ ᠤᠯᠠᠨ ᠤ ᠰᠠᠶᠢᠨ ᠰᠠᠶᠢᠬᠠᠨ | ᠠᠮᠢᠳᠤᠷᠠᠯ ᠢ ᠴᠢᠷᠮᠠᠶᠢᠨ ᠬᠠᠮᠠᠭᠠᠯᠠᠪᠠ᠃ | ᠲᠠᠪᠤ᠂ ᠰᠠᠭᠤᠷᠢ ᠶᠢ ᠴᠢᠩᠭᠠᠳᠬᠠᠨ ᠦᠨᠳᠦᠰᠦ ᠶᠢ ᠪᠠᠬᠢᠵᠢᠭᠦᠯᠬᠦ ᠲᠠᠢ ᠨᠢᠭᠲᠠ ᠤᠶᠠᠯᠳᠤᠭᠤᠯᠤᠨ᠂ ᠪᠠᠶᠢᠴᠠᠭᠠᠬᠤ ᠪᠠᠶᠢᠭᠤᠯᠤᠯᠲᠠ ᠪᠠᠷ ᠲᠤᠰᠢᠶᠠᠯ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠠᠬᠢᠭᠤᠯᠪᠠ᠃ | ᠨᠠᠮ ᠢ ᠬᠠᠮᠢᠶᠠᠷᠴᠤ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠴᠢᠩᠭ᠎ᠠ ᠬᠠᠮᠢᠶᠠᠷᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠬᠤ ᠪᠠᠶᠢᠴᠠᠭᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ︽ᠺᠠᠳ᠋ᠷ ᠴᠠᠭᠳᠠᠭ᠎ᠠ ᠶᠢᠨ ᠬᠤᠪᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠨᠠᠷᠢᠯᠢᠬᠵᠢᠭᠤᠯᠵᠤ᠂ ᠺᠠᠳ᠋ᠷ ᠴᠠᠭᠳᠠᠭ᠎ᠠ ᠶᠢᠨ ᠠᠵᠢᠯ ᠤᠨ | ᠶᠠᠰᠤ ᠴᠢᠨᠠᠷ ᠦᠷ᠎ᠡ ᠪᠦᠲᠦᠮᠵᠢ ᠳᠤ ᠬᠥᠳᠡᠯᠦᠩᠭᠦᠢ ᠰᠢᠯᠭᠠᠨ ᠦᠨᠡᠯᠡᠯᠲᠡ ᠬᠢᠪᠡ᠃ ᠡᠩᠨᠡᠭᠡᠨ ᠤ ᠬᠥᠮᠦᠵᠢᠯ ᠴᠡᠭᠴᠡᠯᠡᠯᠲᠡ ᠶᠢ ᠯᠠᠪᠳᠠᠭᠤᠨ ᠠᠬᠢᠭᠤᠯᠵᠤ᠂ | ᠲᠤᠯᠤᠭᠠᠨ ᠶᠡᠭᠡ ᠬᠡᠮ ᠠᠷᠬᠠᠭ ᠠᠴᠠ ᠨᠢᠭᠡ ᠶᠢ ᠨᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ 3 ᠵᠦᠶᠯ ᠤᠨ ᠲᠦᠷᠢᠮ ᠲᠣᠭᠲᠠᠭᠠᠯ ᠲᠣᠭᠲᠠᠭᠠᠵᠤ᠂ | ᠰᠠᠨᠠᠭᠠᠴᠢᠯᠠᠭ᠎ᠠ ᠠᠴᠠ ᠪᠠᠨ ᠮᠡᠳᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠨ ᠡᠷᠡᠭᠦᠦ ᠰᠢᠳᠬᠡᠯ ᠢ ᠬᠠᠰᠤᠭᠰᠠᠨ᠂ ᠲᠠᠩᠰᠠᠨ ᠠᠴᠠ ᠰᠤᠯᠠᠯᠠᠭᠰᠠᠨ᠂ ᠭᠢᠨᠳᠠᠨ ᠤ | ᠭᠠᠳᠠᠨ᠎ᠠ ᠲᠦᠷ ᠭᠦᠶᠴᠡᠳᠬᠡᠬᠦ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ ᠬᠢᠨᠠᠯᠲᠠ ᠲᠠᠯᠪᠢᠬᠤ ᠲᠠᠯ᠎ᠠ ᠪᠠᠷ ᠬᠦᠷᠦᠯᠴᠡᠬᠦ ᠥᠬᠡᠶ ᠠᠰᠠᠭᠤᠳᠠᠯ | ᠣᠷᠣᠰᠢᠵᠤ ᠪᠠᠶᠢᠭ᠎ᠠ 5 ᠺᠠᠳ᠋ᠷ ᠴᠠᠭᠳᠠᠭ᠎ᠠ ᠶᠢ ᠵᠠᠷᠯᠠᠨ ᠰᠢᠭᠦᠮᠵᠢᠯᠡᠵᠦ ᠰᠢᠶᠳᠪᠦᠷᠢᠯᠡᠪᠡ︔ ᠠᠵᠢᠯ ᠤᠨ ᠰᠤᠷᠲᠠᠯ ᠴᠢᠩᠭ᠎ᠠ ᠪᠢᠰᠢ 39 ᠬᠥᠮᠦᠨ ᠲᠠᠢ ᠶᠠᠷᠢᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠵᠢᠯᠣᠭᠤᠳᠬᠤ | ᠳᠤᠭᠤᠶᠢᠯᠠᠩ ᠤᠨ ᠰᠢᠯᠵᠢᠭᠦᠯᠦᠨ ᠥᠭᠴᠦ ᠰᠢᠢᠳᠪᠦᠷᠢᠯᠡᠭᠦᠯᠦᠭᠰᠡᠨ 8 ᠬᠤᠪᠢ ᠰᠦᠪᠡᠭᠴᠢ ᠶᠢ ᠰᠢᠢᠳᠪᠦᠷᠢᠯᠡᠵᠦ᠂ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ | ᠨᠣᠷᠮ᠎ᠠ 100% ᠬᠦᠷᠴᠡᠢ᠃ ︽ᠭᠤᠷᠪᠠᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠬᠤᠯᠪᠣᠭᠳᠠᠯ ᠪᠦᠬᠦᠢ ᠵᠦᠢᠯᠡᠰ ᠢ 45 ᠬᠤᠪᠢ ᠤᠳᠠᠭ᠎ᠠ ᠲᠡᠮᠳᠡᠭᠯᠡᠨ | ᠮᠡᠳᠡᠭᠦᠯᠵᠦ᠂ ᠨᠠᠶᠢᠷ ᠲᠠᠯ᠎ᠠ ᠶᠢᠨ ᠬᠡᠷᠡᠭ᠂ ᠬᠠᠷᠢᠴᠠᠭᠠᠨ ᠤ ᠬᠡᠷᠡᠭ᠂ ᠵᠣᠭᠤᠰ ᠮᠥᠩᠭᠦᠨ ᠤ ᠬᠡᠷᠡᠭ ᠢ ᠰᠡᠷᠭᠡᠶᠢᠯᠡᠬᠦ ᠬᠠᠰᠢᠯᠭ᠎ᠠ ᠶᠢ ᠪᠠᠲᠤ ᠪᠠᠬᠢ ᠴᠣᠭᠴᠠᠯᠠᠪᠠ᠃ | ᠪᠠᠶᠢᠴᠠᠭᠠᠬᠤ ᠠᠵᠢᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠰᠢᠰᠲ᠋ᠧᠮ ᠢ ᠪᠠᠶᠢᠭᠤᠯᠵᠤ᠂ ᠬᠡᠷᠡᠭ ᠤᠨ ᠶᠠᠪᠤᠴᠠ ᠶᠢ ᠬᠢᠨᠠᠨ ᠡᠵᠡᠮᠳᠡᠬᠦ ᠪᠠ ᠶᠠᠰᠤ ᠴᠢᠨᠠᠷ ᠢ ᠦᠨᠡᠯᠡᠨ ᠪᠠᠶᠢᠴᠠᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂ | ᠬᠠᠤᠯᠢ ᠪᠠᠷᠢᠵᠤ ᠬᠡᠷᠡᠭ ᠰᠢᠢᠳᠪᠦᠷᠢᠯᠡᠬᠦ ᠪᠦᠬᠦ ᠶᠠᠪᠤᠴᠠ ᠳᠤ᠂ ᠠᠳᠠᠯᠢ ᠠᠯᠬᠤᠮ ᠢᠶᠠᠷ᠂ ᠬᠥᠳᠡᠯᠦᠩᠭᠦᠢ ᠪᠠᠷ ᠬᠢᠨᠠᠯᠲᠠ ᠲᠠᠯᠪᠢᠪᠠ᠃ ᠠᠷᠢᠭᠤᠨ ᠴᠢᠬᠡᠴᠢ ᠭᠡᠷ ᠤᠨ | ᠰᠤᠷᠪᠤᠯᠵᠢᠯᠠᠭ᠎ᠠ ᠪᠠ ᠪᠠᠶᠢᠴᠠᠭᠠᠬᠤ ᠠᠵᠢᠯᠲᠠᠨ ᠤ ᠭᠡᠷ ᠪᠦᠯᠢ ᠶᠢᠨ ᠨᠡᠭᠡᠭᠡᠯᠲᠡᠲᠦ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠯᠲᠠ | ᠲᠠᠯᠪᠢᠬᠤ ᠬᠦᠷᠢᠶ᠎ᠡ ᠬᠡᠪᠴᠢᠶ᠎ᠡ ᠶᠢ ᠠᠵᠢᠯ ᠤᠨ ᠬᠡᠪᠴᠢᠶᠡᠨ ᠠᠴᠠ ᠠᠮᠢᠳᠤᠷᠠᠯ ᠤᠨ ᠬᠦᠷᠢᠶ᠎ᠡ ᠬᠦᠷᠲᠡᠯ᠎ᠡ ᠥᠷᠭᠡᠳᠬᠡᠪᠡ ᠃ | ᠰᠣᠶᠣᠯ ᠢᠶᠠᠷ ᠰᠣᠷᠭᠠᠨ ᠬᠦᠮᠦᠵᠢᠬᠦᠯᠦᠨ ᠪᠠᠶᠢᠴᠠᠭᠠᠬᠤ ᠠᠵᠢᠯ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠪᠠᠶᠢᠴᠠᠭᠠᠬᠤ ᠠᠵᠢᠯ ᠤᠨ ᠰᠣᠶᠣᠯ ᠤᠨ | ᠭᠦᠳᠦᠭᠦᠷ ᠰᠡᠶᠢᠯᠦᠮᠡᠯ᠂ ᠪᠠᠶᠢᠴᠠᠭᠠᠬᠤ ᠠᠵᠢᠯ ᠤᠨ ᠰᠣᠶᠣᠯ ᠤᠨ ᠭᠤᠳᠤᠮᠵᠢ᠂ ᠢᠷᠠᠭᠤ ᠠᠯᠳᠠᠷ ᠤᠨ ᠬᠦᠷᠢᠶᠡᠯᠡᠩ ᠤᠨ ᠲᠡᠦᠬᠡ ᠶᠢᠨ ᠣᠷᠳᠣᠨ᠂ ᠤᠷᠠᠨ ᠪᠢᠴᠢᠯᠭᠡ | ᠤᠷᠠᠨ ᠵᠢᠷᠤᠭ ᠤᠨ ᠵᠣᠬᠢᠶᠠᠨ ᠪᠦᠲᠦᠭᠡᠬᠦ ᠲᠠᠰᠤᠭ ᠪᠠ ᠺᠠᠳ᠋ᠷ ᠴᠠᠭᠳᠠᠭ᠎ᠠ ᠶᠢᠨ ᠤᠩᠰᠢᠯᠭ᠎ᠠ ᠶᠢᠨ ᠲᠠᠰᠤᠭ ᠵᠡᠷᠭᠡ ᠰᠣᠶᠣᠯ ᠤᠨ ᠵᠢᠭᠰᠠᠭᠠᠯ ᠤᠨ ᠭᠠᠵᠠᠷ ᠢ ᠪᠠᠶᠢᠭᠤᠯᠵᠤ | ᠂ ᠰᠣᠶᠣᠯ ᠢᠶᠠᠷ ᠰᠤᠷᠭᠠᠨ ᠬᠦᠮᠦᠵᠢᠬᠦᠯᠵᠤ ᠪᠠᠶᠢᠴᠠᠭᠠᠬᠤ ᠠᠵᠢᠯ ᠤᠨ ᠠᠮᠢᠳᠤᠯᠢᠭ ᠬᠦᠴᠦᠨ ᠢ ᠬᠥᠭᠵᠢᠭᠡᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠰᠬᠠᠢ ᠰᠡᠳᠦᠪᠲᠦ ᠹᠢᠯᠢᠮ᠂ ᠪᠢᠴᠢᠯ ᠺᠢᠨᠣ᠋᠂ ᠦᠨᠳᠦᠰᠦᠲᠡᠨ ᠤ ᠦᠭᠡ ᠬᠡᠯᠡ | ᠦᠰᠦᠭ ᠪᠢᠴᠢᠭ ᠤᠨ ᠲᠤᠬᠠᠶᠢᠯᠠᠭᠰᠠᠨ ᠠᠵᠢᠯ ᠤᠨ ᠬᠡᠷᠡᠭ ᠤᠨ ᠬᠦᠢᠴᠡᠳᠬᠡᠯ᠂ ᠬᠠᠤᠯᠢ ᠴᠠᠭᠠᠵᠠ ᠶᠢᠨ ᠣᠬᠠᠭᠤᠯᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠬᠦᠢᠴᠡᠳᠬᠡᠯ | ᠵᠡᠷᠭᠡ ᠲᠠᠯ᠎ᠠ ᠶᠢᠨ ᠠᠵᠢᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠪᠠᠶᠢᠴᠠᠭᠠᠬᠤ | ᠠᠵᠢᠯ ᠤᠨ ᠦᠷᠭᠦᠯᠵᠢᠯᠡᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠢ ᠨᠢᠭᠳᠠᠷᠠᠭᠤᠯᠪᠠ᠃ ︽ | ᠰᠢᠳᠤᠷᠭᠤ ᠶᠣᠰᠣᠨ ᠤ ᠬᠡᠷᠡᠯ︾ ᠭᠡᠬᠦ MV ᠶᠢ ᠦᠢᠯᠡᠳᠴᠤ᠂ ᠥᠪᠥᠷ ᠮᠣᠩᠭᠤᠯ ᠤᠨ ᠬᠦᠴᠦᠷᠬᠡᠭ ᠤᠯᠤᠰ ᠤᠨ ᠰᠤᠷᠤᠯᠴᠠᠯᠭ᠎ᠠ ᠪᠠ ᠥᠪᠥᠷ ᠮᠣᠩᠭᠤᠯ ᠤᠨ | ᠪᠠᠶᠢᠴᠠᠭᠠᠬᠤ ᠬᠤᠷᠢᠶᠠᠨ ᠤ ᠲᠠᠪᠴᠠᠩ ᠲᠤ ᠨᠡᠶᠢᠲᠡᠯᠡᠵᠦ᠂ ︽ᠠᠩᠬᠠᠳᠤᠭᠠᠷ ᠬᠤᠭᠤᠴᠠᠭᠠᠨ ᠤ ᠬᠥᠪᠴᠢ ᠶᠢᠨ ᠤᠳᠬ᠎ᠠ ᠵᠣᠬᠢᠶᠠᠯ ᠤᠷᠠᠯᠢᠭ ᠰᠣᠨᠢᠨ ᠮᠡᠳᠡᠭᠡ | ᠤᠷᠠᠯᠢᠭ ᠤᠨ ᠬᠡᠪᠯᠡᠯ ᠤᠨ ᠨᠢᠭᠡᠳᠦᠭᠡᠷ ᠲᠥᠷᠥᠯ ᠤᠨ ᠲᠡᠳᠬᠦᠨ ᠳᠡᠮᠵᠢᠬᠦ ᠲᠥᠷᠥᠯ ᠵᠦᠶᠯ︾ ᠢᠶᠠᠷ ᠲᠣᠭᠲᠠᠭᠠᠭᠲᠠᠵᠤ᠂ ᠤᠨᠴᠠ ᠰᠠᠶᠢᠨ ᠤᠬᠠᠭᠤᠯᠭ᠎ᠠ ᠶᠢᠨ ᠦᠷ᠎ᠡ | ᠪᠦᠲᠦᠮᠵᠢ ᠤᠯᠪᠠ ᠃ | ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠯᠡᠳᠲᠡ ᠳᠡᠭᠡᠭᠰᠢᠯᠡᠪᠡ᠃ ᠣᠯᠠᠨ ᠳᠡᠰ ᠳᠠᠪᠬᠤᠷᠭ᠎ᠠ ᠪᠠᠷ ᠴᠢᠳᠠᠪᠤᠷᠢᠲᠠᠨ ᠡᠯᠰᠡᠵᠦ᠂ 17 ᠬᠥᠮᠦᠨ ᠤᠷᠢᠨ | ᠣᠷᠣᠭᠤᠯᠪᠠ᠃ ᠠᠵᠢᠯ ᠤᠨ ᠪᠠᠶᠢᠷᠢ ᠶᠢᠨ ᠪᠤᠯᠪᠠᠰᠣᠷᠠᠯ ᠢ ᠴᠢᠩᠭᠠᠳᠬᠠᠵᠤ᠂ ︽ᠴᠢᠳᠠᠪᠤᠷᠢ ᠶᠢᠨ ᠪᠠᠶᠢᠭᠤᠯᠤᠯᠲᠠ ᠶᠢᠨ ᠲᠤᠬᠠᠢ ᠪᠠᠶᠢᠴᠠᠭᠠᠬᠤ ᠬᠢᠴᠢᠶᠡᠯ ᠤᠨ ᠲᠠᠩᠬᠢᠮ | ︾ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠬᠢᠴᠢᠶᠡᠯ ᠣᠷᠣᠬᠤ ᠪᠠᠷ ᠳᠠᠮᠵᠢᠭᠤᠯᠤᠨ ᠺᠠᠳ᠋ᠷ ᠴᠠᠭᠳᠠᠭ᠎ᠠ ᠶᠢᠨ ᠰᠤᠷᠤᠯᠴᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠭᠠᠳᠠᠭᠰᠢ ᠲᠣᠮᠢᠯᠠᠨ ᠲᠤᠰᠢᠶᠠᠯ ᠡᠭᠦᠷᠭᠡᠯᠡᠭᠦᠯᠦᠭᠰᠡᠨ ᠺᠠᠳ᠋ᠷ ᠤᠨ ᠠᠴᠢᠶᠠᠯᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠶᠠᠩᠰᠦ ᠮᠤᠵᠢ | ᠶᠢᠨ ᠴᠠᠩ ᠱᠤ᠋ ᠬᠤᠲᠠ ᠶᠢᠨ ᠬᠤᠷᠢᠶ᠎ᠠ ᠲᠠᠢ ᠬᠡᠯᠡᠯᠴᠡᠭᠡᠷ ᠲᠣᠭᠲᠠᠭᠠᠬᠤ ᠶᠢᠨ ᠬᠠᠮᠲᠤ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠲᠠᠪᠴᠠᠩ ᠢ ᠦᠨ᠎ᠡ | ᠲᠥᠯᠥᠪᠦᠷᠢ ᠦᠭᠡᠢ ᠪᠠᠷ ᠣᠷᠣᠭᠤᠯᠤᠨ ᠠᠪᠴᠢᠷᠠᠪᠡ᠃ ᠵᠠᠭᠠᠯᠳᠤᠬᠤ ᠮᠠᠷᠭᠤᠯᠳᠤᠬᠤ ᠡᠰᠡᠷᠭᠦᠴᠡᠯᠳᠦᠬᠦ ᠤᠷᠤᠯᠳᠤᠭᠠᠨ᠂ ᠵᠢᠱᠢᠶ᠎ᠡ ᠦᠵᠡᠭᠦᠯᠬᠦ ᠦᠵᠡᠭᠦᠯᠦᠯᠭᠡ ᠶᠢᠨ | ᠲᠢᠩᠬᠢᠮ ᠵᠡᠷᠭᠡ ᠲᠤᠬᠠᠶᠢᠯᠠᠭᠰᠠᠨ ᠠᠵᠢᠯ ᠤᠨ ᠤᠷᠤᠯᠳᠤᠭᠠᠨ ᠢ ᠡᠷᠬᠢᠯᠡᠵᠦ᠂ ᠭᠠᠳᠠᠭᠰᠢ ᠲᠣᠮᠢᠯᠠᠭᠰᠠᠨ ᠺᠠᠳ᠋ᠷ ᠴᠠᠭᠳᠠᠭ᠎ᠠ ᠶᠢᠨ ᠪᠤᠯᠪᠠᠰᠣᠷᠠᠯ ᠢ 300 ᠭᠠᠷᠤᠢ | ᠬᠥᠮᠦᠨ ᠤᠳᠠᠭ᠎ᠠ ᠬᠢᠵᠦ᠂ ᠪᠠᠶᠢᠴᠠᠭᠠᠬᠤ ᠠᠵᠢᠯᠲᠠᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ 4 ᠬᠥᠮᠦᠨ ᠬᠤᠲᠠ ᠶᠢᠨ ᠳᠡᠰ ᠠᠴᠠ ᠳᠡᠭᠡᠭᠰᠢᠬᠢ ᠲᠤᠬᠠᠶᠢᠯᠠᠭᠰᠠᠨ ᠠᠵᠢᠯ ᠤᠨ ᠵᠢᠱᠢᠶᠡᠴᠢ ᠪᠠ ᠴᠢᠳᠠᠪᠤᠷᠢᠲᠠᠨ ᠢᠶᠠᠷ ᠦᠨᠡᠯᠡᠭᠳᠡᠵᠦ᠂ 4 | ᠬᠥᠮᠦᠨ ᠪᠦᠬᠦ ᠣᠷᠣᠨ ᠤ ᠪᠠᠶᠢᠴᠠᠭᠠᠬᠤ ᠴᠢᠳᠠᠪᠤᠷᠢᠲᠠᠨ ᠤ ᠡᠩᠨᠡᠭᠡᠨ ᠳᠤ ᠰᠣᠩᠭᠤᠭᠳᠠᠪᠠ ᠃ | ᠪᠠᠶᠢᠴᠠᠭᠠᠬᠤ ᠠᠵᠢᠯ ᠤᠨ ᠥᠭᠡᠷᠡᠴᠢᠯᠡᠯᠲᠡ ᠯᠠᠪᠳᠠᠭᠤᠨ ᠢᠶᠠᠷ ᠠᠬᠢᠪᠠ᠃ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠪᠠᠶᠢᠴᠠᠭᠠᠬᠤ ᠠᠵᠢᠯᠲᠠᠳ ᠢ ᠲᠦᠷᠦᠯ ᠬᠤᠪᠢᠶᠠᠨ ᠬᠠᠮᠢᠶᠠᠷᠬᠤ ᠪᠠ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠢᠳᠪᠦᠷᠢᠯᠡᠬᠦ ᠬᠠᠷᠢᠭᠤᠴᠠᠯᠭ᠎ᠠ ᠶᠢᠨ | ᠲᠦᠷᠢᠮ ᠢ ᠬᠡᠷᠡᠭᠵᠢᠬᠦᠯᠪᠡ᠃ ᠣᠷᠣᠨ ᠲᠤᠭ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠦᠷᠢᠨ ᠪᠣᠯᠭᠠᠨ᠂ 5 ᠪᠠᠶᠢᠴᠠᠭᠠᠬᠤ ᠲᠤᠰᠢᠶᠠᠯᠲᠠᠨ ᠢ ᠰᠢᠯᠢᠨ | ᠰᠣᠩᠭᠤᠵᠤ᠂ ᠣᠷᠣᠨ ᠲᠤᠭ᠎ᠠ ᠳᠤ ᠣᠷᠣᠭᠰᠠᠨ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠲᠦᠷᠦᠭᠦᠯᠡᠨ 882 ᠬᠡᠷᠡᠭ ᠢ ᠰᠢᠢᠳᠪᠦᠷᠢᠯᠡᠪᠡ᠃ ᠳᠣᠲᠣᠭᠠᠳᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠳᠣᠲᠣᠭᠠᠳᠤ ᠪᠠᠶᠢᠭᠤᠯᠤᠮᠵᠢ ᠶᠢᠨ ᠶᠡᠷᠦᠩᠬᠡᠶ ᠲᠤᠭ᠎ᠠ ᠶᠢ 40% ᠪᠠᠷ | ᠪᠠᠭᠠᠰᠬᠠᠨ ᠴᠦᠭᠡᠳᠭᠡᠪᠡ᠃ ᠶᠠᠯ᠎ᠠ ᠪᠠᠨ ᠮᠡᠳᠡᠷᠡᠵᠦ ᠰᠢᠳᠬᠡᠯ ᠢ ᠮᠡᠳᠡᠷᠡᠭᠰᠡᠨ ᠢ ᠠᠭᠤᠴᠢᠯᠠᠨ ᠰᠢᠳᠬᠡᠬᠦ ᠲᠦᠷᠢᠮ ᠢ ᠪᠥᠬᠦ ᠲᠠᠯ᠎ᠠ ᠪᠠᠷ ᠠᠬᠢᠭᠤᠯᠵᠤ᠂ 2019 ᠣᠨ | ᠠᠴᠠ ᠨᠠᠭᠠᠰᠢ ᠶᠠᠯ᠎ᠠ ᠪᠠᠨ ᠮᠡᠳᠡᠷᠡᠵᠦ ᠰᠢᠳᠬᠡᠯ ᠢ ᠮᠡᠳᠡᠷᠡᠭᠰᠡᠨ ᠬᠡᠷᠡᠭ ᠢ ᠬᠡᠷᠡᠭᠯᠡᠭᠰᠡᠨ ᠨᠣᠷᠮ᠎ᠠ ᠨᠢ ᠴᠥᠮ 93% ᠠᠴᠠ ᠳᠡᠭᠡᠭᠰᠢ ᠪᠠᠶᠢᠵᠤ᠂ ᠡᠷᠡᠭᠦᠦ ᠰᠢᠳᠬᠡᠯ | ᠣᠨᠣᠭᠳᠠᠭᠤᠯᠬᠤ ᠰᠠᠨᠠᠭᠤᠯᠭ᠎ᠠ ᠳᠤᠷᠠᠳᠤᠭᠰᠠᠨ ᠨᠣᠷᠮ᠎ᠠ ᠪᠠ ᠭᠥᠯᠢᠶᠡᠨ ᠠᠪᠤᠭᠰᠠᠨ ᠨᠣᠷᠮ᠎ᠠ ᠨᠢ ᠵᠢᠯ ᠳᠠᠷᠠᠭᠠᠯᠠᠨ ᠳᠡᠭᠡᠭᠰᠢᠯᠡᠵᠦ᠂ ᠶᠠᠯ᠎ᠠ ᠪᠠᠨ ᠮᠡᠳᠡᠷᠡᠵᠦ ᠰᠢᠳᠬᠡᠯ ᠢ | ᠮᠡᠳᠡᠷᠡᠭᠰᠡᠨ ᠤ ᠳᠠᠷᠠᠭ᠎ᠠ ᠳᠡᠭᠡᠭᠰᠢ ᠵᠠᠭᠠᠯᠳᠤᠭᠰᠠᠨ ᠨᠣᠷᠮ᠎ᠠ ᠨᠢ ᠵᠢᠯ ᠳᠠᠷᠠᠭᠠᠯᠠᠨ ᠪᠠᠭᠤᠷᠠᠵᠤ᠂ ᠲᠠᠰᠤᠯᠤᠯᠲᠠ ᠶᠢ ᠭᠥᠯᠢᠶᠡᠨ ᠵᠠᠷᠭᠤ ᠶᠢ ᠵᠣᠭᠰᠣᠭᠠᠭᠰᠠᠨ ᠦᠷ᠎ᠡ | ᠪᠦᠲᠦᠮᠵᠢ ᠢᠯᠡᠷᠬᠡᠶ ᠪᠣᠯᠪᠠ᠃ ︽ᠬᠡᠷᠡᠭ — ᠬᠡᠷᠡᠭ ᠤᠨ ᠲᠤᠭᠠᠨ ᠤ ᠬᠠᠷᠢᠴᠠᠯ︾ ᠤᠨ ᠶᠠᠰᠤ ᠴᠢᠨᠠᠷ ᠦᠷ᠎ᠡ ᠪᠦᠲᠦᠮᠵᠢ ᠶᠢ ᠦᠨᠡᠯᠡᠬᠦ ᠰᠢᠰᠲ᠋ᠧᠮ ᠢ | ᠭᠦᠨᠵᠡᠭᠡᠶᠢᠷᠡᠭᠦᠯᠦᠨ ᠬᠡᠷᠡᠭᠯᠡᠵᠦ᠂ ︽ᠬᠡᠷᠡᠭ — ᠬᠡᠷᠡᠭ ᠤᠨ ᠲᠤᠭᠠᠨ ᠤ ᠬᠠᠷᠢᠴᠠᠯ︾ ᠢ 2019 ᠣᠨ ᠤ 1᠄ 1.58 ᠪᠠᠶᠢᠭᠰᠠᠨ ᠠᠴᠠ 1᠄ 1.20 ᠪᠣᠯᠭᠠᠨ | ᠰᠢᠯᠢᠳᠡᠭᠵᠢᠭᠦᠯᠵᠦ᠂ ᠬᠡᠷᠡᠭ ᠰᠢᠶᠳᠪᠦᠷᠢᠯᠡᠬᠦ ᠴᠢᠳᠠᠪᠤᠷᠢ ᠪᠠ ᠶᠠᠰᠤ ᠴᠢᠨᠠᠷ ᠦᠷ᠎ᠡ ᠪᠦᠲᠦᠮᠵᠢ ᠶᠢ ᠢᠯᠡᠳᠳᠡ ᠳᠡᠭᠡᠭᠰᠢᠯᠡᠭᠦᠯᠪᠡ᠃ | ᠦᠨᠳᠦᠰᠦᠨ ᠱᠠᠲᠤᠨ ᠤ ᠰᠠᠭᠤᠷᠢ ᠨᠦᠬᠦᠴᠡᠯ ᠲᠠᠰᠤᠷᠠᠯᠲᠠ ᠥᠬᠡᠶ ᠪᠠᠬᠢᠵᠢᠪᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠣᠶᠤᠨᠴᠢ | ᠪᠠᠶᠢᠴᠠᠭᠠᠬᠤ ᠠᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤ ᠨᠠᠮ ᠤᠨ ᠬᠤᠷᠢᠶ᠎ᠠ ᠪᠠ ᠲᠡᠭᠡᠳᠦ ᠱᠠᠲᠤᠨ ᠤ ᠬᠤᠷᠢᠶᠠᠨ ᠤ ᠴᠢᠬᠤᠯᠠᠴᠢᠯᠠᠭ᠎ᠠ ᠪᠠ | ᠳᠡᠮᠵᠢᠯᠭᠡ ᠳᠣᠣᠷ᠎ᠠ᠂ ᠬᠡᠷᠡᠭ ᠰᠢᠢᠳᠪᠦᠷᠢᠯᠡᠬᠦ ᠰᠢᠨ᠎ᠡ ᠠᠯᠪᠠᠨ ᠠᠰᠠᠷ ᠲᠤ ᠰᠢᠯᠵᠢᠵᠦ᠂ ᠬᠠᠩᠭᠢᠨ ᠤ ᠪᠠᠶᠢᠴᠠᠭᠠᠬᠤ ᠠᠵᠢᠯ ᠤᠨ ᠲᠡᠦᠬᠡᠲᠦ ᠴᠢᠨᠠᠷᠲᠠᠢ ᠳᠠᠪᠠᠯᠲᠠ ᠶᠢ | ᠠᠬᠢᠭᠤᠯᠪᠠ᠃ ᠣᠶᠤᠨᠴᠢᠯᠠᠭᠰᠠᠨ ᠪᠠᠶᠢᠴᠠᠭᠠᠬᠤ ᠵᠥᠪᠯᠡᠯ ᠤᠨ ᠬᠤᠷᠠᠯ ᠤᠨ ᠲᠠᠰᠤᠭ᠂ ᠡᠯᠧᠺᠲᠷᠣᠨ ᠭᠡᠷᠡᠴᠢ ᠪᠠᠷᠢᠮᠲᠠ ᠶᠢᠨ ᠲᠤᠷᠰᠢᠯᠲᠠ ᠶᠢᠨ ᠲᠠᠰᠤᠭ᠂ ᠬᠠᠤᠯᠢ | ᠴᠠᠭᠠᠵᠠ ᠶᠢᠨ ᠬᠡᠷᠡᠭ ᠰᠢᠶᠳᠪᠦᠷᠢᠯᠡᠬᠦ ᠲᠣᠮᠣ ᠳ᠋ᠠᠶᠢᠲ᠋ᠠ ᠶᠢᠨ ᠲᠥᠪ᠂ ᠠᠯᠤᠰ ᠡᠵᠡᠮᠰᠢᠯᠲᠦ ᠬᠡᠷᠡᠭ ᠵᠥᠪᠳᠡᠯᠴᠡᠬᠦ ᠰᠢᠰᠲ᠋ᠧᠮ ᠪᠠ ᠬᠠᠮ ᠵᠠᠭᠤᠴᠢᠯᠠᠭᠤᠷ ᠤᠨ ᠠᠵᠢᠯᠯᠠᠬᠤ | ᠲᠠᠰᠤᠭ ᠢ ᠪᠠᠶᠢᠭᠤᠯᠵᠤ᠂ ᠨᠢᠭᠡᠳᠦᠯᠲᠡᠶ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮ 2.0᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ | ᠬᠢᠭᠡᠳ ᠰᠢᠶᠳᠪᠦᠷᠢᠲᠦ ᠪᠣᠳᠣᠯᠭ᠎ᠠ ᠶᠢᠨ ᠣᠶᠤᠨᠴᠢ ᠲᠠᠪᠴᠠᠩ᠂ ᠡᠯᠧᠺᠲᠷᠣᠨ ᠵᠠᠰᠠᠭ ᠤᠨ ᠶᠠᠪᠤᠳᠠᠯ ᠤᠨ ᠰᠢᠰᠲ᠋ᠧᠮ ᠤᠨ ᠬᠡᠷᠡᠭᠯᠡᠯᠲᠡ ᠪᠠ ᠬᠡᠷᠡᠭᠵᠢᠭᠦᠯᠦᠯᠲᠡ ᠶᠢ | ᠠᠬᠢᠭᠤᠯᠵᠤ᠂ ᠣᠶᠤᠨᠴᠢ ᠪᠠᠶᠢᠴᠠᠭᠠᠬᠤ ᠠᠵᠢᠯ ᠤᠨ ᠲᠤᠰᠠᠯᠠᠬᠤ ᠲᠤᠬᠠᠶᠢᠯᠠᠭᠰᠠᠨ ᠠᠵᠢᠯ ᠪᠠ ᠰᠢᠶᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ | ᠳᠡᠭᠡᠭᠰᠢᠯᠡᠭᠦᠯᠪᠡ᠃ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠣᠶᠤᠨᠴᠢ ᠲᠠᠪᠴᠠᠩ ᠢ ᠲᠠᠰ | ᠳᠡᠪᠰᠢᠭᠦᠯᠦᠨ ᠲᠡᠭᠦᠯᠳᠡᠷᠵᠢᠭᠦᠯᠵᠦ᠂ ︽ᠲᠤᠭ᠎ᠠ ᠪᠠᠷᠢᠮᠲᠠ ᠪᠠᠷ ᠠᠵᠢᠯ ᠬᠦᠢᠴᠡᠳᠬᠡᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠪᠡ᠃ ︽ | ᠣᠶᠤᠨ ᠤᠬᠠᠭᠠᠨ + ᠴᠢᠳᠠᠪᠬᠢ ᠶᠢᠨ ᠬᠠᠪᠰᠤᠷᠤᠮᠵᠢ︾ ᠭᠡᠷᠡᠴᠢᠯᠡᠭᠡ ᠰᠣᠨᠣᠰᠬᠤ ᠲᠠᠰᠤᠭ ᠢ ᠪᠠᠶᠢᠭᠤᠯᠵᠤ᠂ ᠭᠡᠷᠡᠴᠢᠯᠡᠭᠡ ᠰᠣᠨᠣᠰᠬᠤ ᠶᠢ ᠨᠢᠭᠡ ᠴᠣᠭᠴᠠᠵᠢᠭᠤᠯᠬᠤ | ᠶᠢ ᠪᠡᠶᠡᠯᠡᠭᠦᠯᠵᠦ᠂ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠶᠢᠨ ᠣᠶᠤᠨᠴᠢᠯᠠᠭᠰᠠᠨ ᠬᠢᠷᠢ ᠬᠡᠮᠵᠢᠶ᠎ᠡ ᠪᠠ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠪᠡ ᠃ | ᠵᠢᠷᠭᠤᠭ᠎ᠠ᠂ ᠢᠯᠡ ᠪᠠᠷ ᠬᠠᠤᠯᠢ ᠪᠠᠷᠢᠵᠤ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠨᠠᠭᠠᠴᠢᠯᠠᠭ᠎ᠠ ᠠᠴᠠ ᠪᠠᠨ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ 12 ᠤᠳᠠᠭ᠎ᠠ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠤᠷᠢᠨ ᠪᠠᠶᠢᠴᠠᠭᠠᠬᠤ ᠠᠵᠢᠯ ᠢᠶᠠᠨ ᠬᠠᠷᠢᠭᠤ ᠮᠡᠳᠡᠬᠦᠯᠵᠤ᠂ 300 ᠭᠠᠷᠤᠢ ᠬᠥᠮᠦᠨ ᠤᠳᠠᠭ᠎ᠠ ᠬᠡᠷᠡᠭ | ᠢ ᠰᠢᠢᠳᠪᠦᠷᠢᠯᠡᠬᠦ ᠳᠤ ᠣᠷᠣᠯᠴᠠᠭᠤᠯᠪᠠ᠃ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠨᠠᠭᠠᠴᠢᠯᠠᠭ᠎ᠠ ᠠᠴᠠ | ᠪᠠᠨ ᠬᠤᠰᠢᠭᠤ ᠤᠯᠤᠰ ᠲᠥᠷᠥ ᠶᠢᠨ ᠵᠥᠪᠯᠡᠯᠭᠡᠨ ᠪᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠳᠤ ᠠᠵᠢᠯ ᠤᠨ ᠪᠠᠶᠢᠳᠠᠯ ᠢᠶᠠᠨ ᠮᠡᠳᠡᠭᠳᠡᠵᠦ᠂ ᠠᠷᠠᠳ ᠤᠨ | ᠬᠢᠨᠠᠯᠲᠠ ᠲᠠᠯᠪᠢᠭᠴᠢ ᠶᠢ ᠤᠷᠢᠨ ᠬᠡᠷᠡᠭ ᠤᠨ ᠴᠢᠨᠠᠷ ᠴᠢᠨᠰᠠᠭ᠎ᠠ ᠶᠢ ᠦᠨᠡᠯᠡᠨ ᠪᠠᠶᠢᠴᠠᠭᠠᠬᠤ᠂ ᠢᠯᠡ ᠪᠠᠷ ᠭᠡᠷᠡᠴᠢᠯᠡᠭᠡ ᠰᠣᠨᠣᠰᠬᠤ ᠵᠡᠷᠭᠡ ᠠᠵᠢᠯᠯᠠᠭ᠎ᠠ ᠳᠤ 50 | ᠬᠥᠮᠦᠨ ᠤᠳᠠᠭ᠎ᠠ ᠣᠷᠣᠯᠴᠠᠭᠤᠯᠪᠠ᠃ ᠪᠠᠶᠢᠴᠠᠭᠠᠬᠤ ᠠᠵᠢᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠬᠡᠷᠡᠭ ᠤᠨ ᠮᠡᠳᠡᠭᠡ ᠵᠠᠩᠭᠢ ᠶᠢ 100 ᠭᠠᠷᠤᠶ ᠵᠤᠷᠪᠤᠰ | ᠨᠡᠶᠢᠲᠡᠯᠡᠵᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ 17 ᠤᠳᠠᠭ᠎ᠠ ᠡᠷᠭᠢᠯᠡᠵᠦ᠂ ︽ᠣᠷᠳᠣᠰ ᠬᠠᠩᠭᠢᠨ ᠪᠠᠶᠢᠴᠠᠭᠠᠬᠤ ᠰᠦᠯᠵᠢᠶ᠎ᠡ︾ ᠨᠢ ᠪᠥᠬᠦ ᠣᠷᠣᠨ ᠤ | ᠰᠢᠯᠢᠳᠡᠭ ᠪᠠᠶᠢᠴᠠᠭᠠᠬᠤ ᠰᠢᠨ᠎ᠡ ᠵᠠᠭᠤᠴᠢᠯᠠᠭᠤᠷ ᠤᠨ 20 ᠬᠦᠴᠦᠷᠬᠡᠭ ᠲᠤ 3 ᠤᠳᠠᠭ᠎ᠠ ᠣᠷᠣᠵᠤ᠂ ᠬᠤᠲᠠ ᠶᠢᠨ ᠰᠢᠯᠢᠳᠡᠭ ᠵᠠᠰᠠᠭ ᠤᠨ ᠶᠠᠪᠤᠳᠠᠯ ᠤᠨ ᠸᠢᠴᠠᠲ | ᠤᠨ ᠣᠯᠠᠨ ᠨᠡᠶᠢᠲᠡ ᠶᠢᠨ ᠪᠤᠯᠤᠩ ᠢᠶᠠᠷ ᠦᠨᠡᠯᠡᠭᠳᠡᠪᠡ ᠃ | ᠲᠥᠯᠥᠭᠡᠯᠡᠭᠴᠢᠳ ᠡ᠂ ᠪᠠᠶᠢᠴᠠᠭᠠᠬᠤ ᠠᠵᠢᠯ ᠤᠨ ᠣᠯᠤᠭᠰᠠᠨ ᠳᠠᠪᠰᠢᠯᠲᠠ ᠨᠢ ᠬᠤᠰᠢᠭᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠠᠴᠠ ᠰᠠᠯᠵᠤ ᠴᠢᠳᠠᠬᠤ ᠥᠬᠡᠶ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ | ᠬᠦᠴᠦᠲᠡᠶ ᠬᠢᠨᠠᠯᠲᠠ ᠠᠴᠠ ᠰᠠᠯᠵᠤ ᠴᠢᠳᠠᠬᠤ ᠥᠬᠡᠶ᠂ ᠬᠤᠰᠢᠭᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠣᠯᠤᠨ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠠᠴᠠ ᠰᠠᠯᠵᠤ ᠴᠢᠳᠠᠬᠤ ᠥᠬᠡᠶ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠤᠯᠤᠰ | ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠦᠴᠦᠲᠡᠶ ᠬᠠᠮᠵᠢᠯᠴᠠᠭ᠎ᠠ ᠠᠴᠠ ᠰᠠᠯᠵᠤ ᠴᠢᠳᠠᠬᠤ ᠥᠬᠡᠶ᠂ ᠨᠠᠩ ᠴᠤ ᠲᠥᠯᠥᠭᠡᠯᠡᠭᠴᠢᠳ᠂ ᠭᠡᠰᠢᠭᠦᠳ | ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠠᠴᠠ ᠰᠠᠯᠵᠤ ᠴᠢᠳᠠᠬᠤ ᠥᠬᠡᠶ ᠶᠤᠮ ᠃ ᠠᠳᠡ ᠪᠢ ᠬᠤᠰᠢᠭᠤ ᠠᠷᠠᠳ ᠤᠨ ᠪᠠᠶᠢᠴᠠᠭᠠᠬᠤ | ᠬᠤᠷᠢᠶ᠎ᠠ ᠶᠢ ᠲᠥᠯᠥᠭᠡᠯᠡᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠪᠠᠶᠢᠴᠠᠭᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠡᠷᠬᠡᠪᠰᠢ ᠪᠠᠷᠢᠮᠲᠠᠯᠠᠵᠤ᠂ ᠤᠯᠤᠰ ᠲᠦᠷᠦ ᠶᠢ ᠡᠷᠬᠢᠮᠯᠡᠬᠦ | ᠶᠢ ᠪᠠᠶᠢᠴᠠᠭᠠᠬᠤ ᠠᠵᠢᠯ ᠤᠨ ᠳᠤᠮᠳᠠ ᠠᠭᠤᠰᠬᠠᠨ ᠨᠠᠶᠢᠳᠠᠪᠤᠷᠢᠵᠢᠭᠤᠯᠬᠤ ᠬᠡᠷᠡᠭᠲᠡᠢ︔ ᠡᠷᠬᠡᠪᠰᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ | ᠶᠢᠨ ᠶᠡᠭᠡ ᠲᠠᠯ᠎ᠠ ᠶᠢᠨ ᠲᠣᠭᠤᠷᠢᠨ ᠳᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠬᠦᠴᠦᠲᠡᠶ ᠬᠠᠤᠯᠢᠵᠢᠯ ᠤᠨ ᠪᠠᠲᠤᠯᠠᠭ᠎ᠠ ᠶᠢ | ᠦᠷᠭᠦᠯᠵᠢᠯᠡᠨ ᠬᠠᠩᠭᠠᠬᠤ ᠬᠡᠷᠡᠭᠲᠡᠶ︔ ᠡᠷᠬᠡᠪᠰᠢ ᠠᠷᠠᠳ ᠤᠨ ᠲᠥᠯᠥᠭᠡ ᠬᠠᠤᠯᠢ ᠪᠠᠷᠢᠬᠤ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠬᠠᠤᠯᠢ ᠪᠠᠷᠢᠵᠤ | ᠰᠢᠢᠳᠪᠦᠷᠢᠯᠡᠭᠰᠡᠨ ᠬᠡᠷᠡᠭ ᠨᠢᠭᠡᠪᠦᠷᠢ ᠠᠴᠠ ᠲᠥᠪ ᠭᠤᠣᠯᠴᠢ ᠰᠢᠳᠤᠷᠭᠤ ᠶᠣᠰᠣ ᠶᠢ ᠠᠷᠠᠳ ᠤᠯᠠᠨ ᠳᠤ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ︔ ᠡᠷᠬᠡᠪᠰᠢ ᠭᠤᠣᠯ | ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠶᠠᠯᠠᠲᠤ | ᠠᠵᠢᠯᠯᠠᠭ᠎ᠠ ᠶᠢ ᠪᠦᠲᠦᠮᠵᠢᠲᠡᠢ ᠵᠠᠯᠬᠠᠭᠠᠨ ᠰᠢᠢᠳᠬᠡᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ ᠬᠡᠷᠡᠭᠲᠡᠢ ᠃ | ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠠᠶᠢᠴᠠᠭᠠᠬᠤ ᠠᠵᠢᠯ ᠳᠤ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ | ᠶᠢ ᠰᠡᠷᠭᠡᠭ ᠢᠶᠠᠷ ᠲᠠᠨᠢᠵᠤ ᠤᠯᠪᠠ᠄ ᠪᠠᠶᠢᠴᠠᠭᠠᠬᠤ ᠪᠠᠶᠢᠭᠤᠯᠭ᠎ᠠ ᠶᠢᠨ ᠦᠵᠡᠯ ᠰᠠᠨᠠᠭ᠎ᠠ ᠲᠤᠤᠱᠳᠠᠢ ᠴᠢᠯᠥᠭᠡᠯᠡᠭᠳᠡᠭᠡᠳᠦᠢ᠂ ᠣᠶᠢᠯᠠᠭᠠᠭᠳᠠᠬᠤᠨ ᠲᠡᠶᠢᠮᠦ ᠰᠢᠨ᠎ᠡ ᠪᠢᠰᠢ᠂ | ᠬᠡᠷᠡᠭ ᠰᠢᠢᠳᠪᠦᠷᠢᠯᠡᠬᠦ ᠶᠢᠨ ᠲᠥᠯᠥᠭᠡ ᠬᠡᠷᠡᠭ ᠰᠢᠢᠳᠪᠦᠷᠢᠯᠡᠬᠦ᠂ ᠮᠧᠬᠠᠨᠢᠭ ᠢᠶᠠᠷ ᠬᠠᠤᠯᠢ ᠪᠠᠷᠢᠬᠤ ᠦᠵᠡᠭᠳᠡᠯ ᠮᠥᠨ ᠯᠡ ᠣᠷᠣᠰᠢᠭᠰᠠᠭᠠᠷ ᠪᠠᠶᠢᠨ᠎ᠠ︔ ︽ᠲᠦᠷᠪᠡᠨ | ᠶᠡᠭᠡ ᠪᠠᠶᠢᠴᠠᠭᠠᠬᠤ ᠠᠵᠢᠯ︾ ᠤᠨ ᠬᠥᠭᠵᠢᠯᠲᠡ ᠮᠥᠨ ᠯᠡ ᠲᠡᠩᠴᠡᠭᠦᠷᠢ ᠦᠭᠡᠢ ᠪᠠᠶᠢᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠷᠴᠢᠮ ᠢ ᠤᠯᠠᠮ ᠨᠢᠭᠡ | ᠠᠯᠬᠤᠮ ᠴᠢᠩᠭᠠᠳᠬᠠᠬᠤ ᠴᠢᠬᠤᠯᠠᠲᠠᠢ ᠪᠠᠶᠢᠵᠤ᠂ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ | ᠪᠠᠶᠢᠨ᠎ᠠ︔ ᠪᠠᠶᠢᠴᠠᠭᠠᠬᠤ ᠡᠩᠨᠡᠭᠡᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠰᠢᠨ᠎ᠡ ᠪᠠᠶᠢᠳᠠᠯ ᠰᠢᠨ᠎ᠡ ᠡᠭᠦᠷᠭᠡ | ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ ᠪᠠᠰᠠ ᠵᠥᠷᠢᠶ᠎ᠡ ᠲᠠᠢ ᠪᠠᠶᠢᠵᠤ᠂ ᠤᠯᠤᠰ ᠲᠦᠷᠦ ᠬᠠᠤᠯᠢ ᠴᠠᠭᠠᠵᠠ ᠶᠢᠨ ᠲᠤᠰᠬᠠᠢ ᠣᠷᠣᠨ ᠲᠤᠭ᠎ᠠ ᠶᠢᠨ ᠪᠤᠰᠤ | ᠠᠵᠢᠯᠳᠠᠨ ᠤ ᠪᠠᠶᠢᠳᠠᠯ᠂ ᠴᠠᠯᠢᠩ ᠬᠥᠯᠥᠰᠥ ᠶᠢᠨ ᠪᠠᠲᠤᠯᠠᠭ᠎ᠠ ᠵᠡᠷᠭᠡ ᠠᠰᠠᠭᠤᠳᠠᠯ ᠨᠡᠯᠢᠶᠡᠳ ᠲᠤᠪᠤᠶᠢᠮ᠎ᠠ ᠪᠠᠶᠢᠨ᠎ᠠ︔ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠳᠤ ᠮᠥᠨ ᠬᠦ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ᠃ ᠡᠭᠦᠨ ᠢ ᠪᠢᠳᠡ ᠴᠢᠩᠭ᠎ᠠ ᠠᠩᠬᠠᠷᠴᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ | ᠬᠦᠴᠦ ᠣᠷᠣᠭᠤᠯᠤᠨ ᠰᠢᠢᠳᠪᠦᠷᠢᠯᠡᠨ᠎ᠡ᠃ | ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠲᠦᠯᠦᠪᠯᠡᠭᠡ | ᠬᠤᠶᠢᠰᠢᠳᠠ ᠶᠢᠨ ᠲᠠᠪᠤᠨ ᠵᠢᠯ ᠤᠨ ᠪᠠᠶᠢᠴᠠᠭᠠᠬᠤ ᠠᠵᠢᠯ ᠤᠨ ᠶᠡᠷᠦᠩᠬᠡᠢ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠂ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ ᠭᠦᠨᠵᠡᠭᠡᠢ | ᠦᠢᠯᠡᠳᠦᠯᠭᠡᠵᠢᠬᠦᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠤᠶ᠎ᠠ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠶᠯᠡᠴᠢᠯᠡᠠ᠂ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠷ ᠬᠥᠲᠥᠯᠥᠨ ᠳᠠᠭᠠᠭᠤᠯᠬᠤ ᠪᠠ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠢᠵᠢᠮ ᠪᠣᠯᠭᠠᠨ᠎ᠠ᠂ ᠠᠷᠠᠳ ᠲᠦᠮᠡᠨ ᠤ | ᠰᠡᠳᠬᠢᠯ ᠬᠠᠨᠤᠮᠵᠢᠲᠠᠶ ᠪᠠᠶᠢᠬᠤ ᠪᠠᠷ ᠦᠨᠳᠦᠰᠦᠨ ᠵᠢᠷᠤᠮᠯᠠᠯ ᠪᠣᠯᠭᠠᠬᠤ᠂ ᠨᠡᠩ ᠥᠨᠳᠥᠷ ᠵᠣᠭᠰᠣᠴᠠ ᠠᠴᠠ ᠶᠡᠭᠡ ᠲᠠᠯ᠎ᠠ ᠳᠤ ᠦᠢᠯᠡᠴᠢᠯᠡᠬᠦ᠂ ᠨᠠᠩ ᠴᠢᠩᠭ᠎ᠠ | ᠡᠭᠦᠷᠭᠡᠯᠡᠯ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠪᠡ᠂ ᠨᠠᠩ ᠴᠢᠩᠭ᠎ᠠ ᠱᠠᠭᠠᠷᠳᠠᠯᠭ᠎ᠠ ᠪᠠᠷ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠂ | ᠨᠠᠩ ᠶᠡᠭᠡ ᠡᠷᠴᠢᠮ ᠢᠶᠠᠷ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ᠂ ᠡᠯ᠎ᠡ ᠲᠦᠷᠦᠯ ᠤᠨ ᠠᠵᠢᠯ ᠤᠨ ᠢᠳᠡᠪᠬᠢ ᠬᠦᠴᠦᠨ ᠢ ᠲᠠᠶᠢᠴᠢᠯᠠᠬᠤ ᠶᠢᠨ ᠲᠥᠯᠥᠭᠡ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠬᠠᠩᠭᠢᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠪᠠᠶᠢᠴᠠᠭᠠᠬᠤ ᠠᠵᠢᠯ ᠤᠨ ᠣᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠶ᠎ᠡ᠃ | ᠨᠢᠭᠡ᠂ ᠦᠨᠡᠨᠴᠢ ᠰᠢᠳᠤᠷᠭᠤ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠨᠡᠩ ᠬᠦᠴᠦᠲᠡᠢ ᠤᠯᠤᠰ ᠲᠦᠷᠦ ᠶᠢᠨ ᠪᠠᠶᠢᠭᠤᠯᠤᠯᠲᠠ ᠪᠠᠷ ᠪᠠᠶᠢᠴᠠᠭᠠᠬᠤ | ᠠᠵᠢᠯ ᠤᠨ ᠵᠥᠪ ᠴᠢᠭᠯᠡᠯ ᠢ ᠦᠨᠡᠨ ᠬᠦ ᠪᠠᠲᠤᠯᠠᠨ᠎ᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠵᠤ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠯᠤᠰ ᠲᠦᠷᠦ ᠶᠢᠨ ᠬᠦᠲᠦᠯᠦᠨ ᠳᠠᠭᠠᠭᠤᠯᠬᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠪᠦᠬᠦ ᠪᠠᠶᠢᠴᠠᠭᠠᠬᠤ ᠺᠠᠳ᠋ᠷ ᠴᠠᠭᠳᠠᠭ᠎ᠠ ᠶᠢᠨ ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠲᠦᠷᠪᠡᠨ ᠢᠲᠡᠭᠡᠯ︾ | ᠢᠶᠠᠨ ᠪᠠᠲᠤᠳᠬᠠᠬᠤ᠂ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ︽ᠰᠢᠨ᠎ᠡ | ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ᠂ ᠬᠤᠳᠠ᠂ ᠬᠤᠰᠢᠭᠤᠨ ᠤ ᠪᠠᠶᠢᠴᠠᠭᠠᠬᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠤᠬᠠᠮᠰᠠᠷ ᠠᠴᠠ ᠪᠠᠨ ᠪᠠᠷᠢᠮᠵᠢᠶᠠᠯᠠᠨ | ᠬᠠᠷᠭᠤᠭᠤᠯᠵᠤ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ | ᠤᠳᠤᠷᠢᠳᠤᠯᠭ᠎ᠠ ᠶᠢ ᠪᠠᠶᠢᠴᠠᠭᠠᠬᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠲᠤᠤᠱᠯᠠᠭᠤᠯᠵᠤ᠂ ᠤᠯᠤᠰ ᠲᠦᠷᠦ ᠶᠢᠨ ᠦᠨᠳᠦᠷᠴᠡ ᠠᠴᠠ ᠲᠤᠬᠠᠶᠢᠯᠠᠭᠰᠠᠨ | ᠠᠵᠢᠯ ᠤᠨ ᠠᠰᠠᠭᠤᠳᠠᠯ ᠢ ᠲᠠᠨᠢᠬᠤ ᠪᠠ ᠰᠢᠢᠳᠪᠦᠷᠢᠯᠡᠵᠦ᠂ ᠲᠤᠬᠠᠶᠢᠯᠠᠭᠰᠠᠨ ᠠᠵᠢᠯ ᠢ ᠨᠡᠩ ᠭᠦᠨᠵᠡᠭᠡᠢ ᠨᠡᠩ ᠪᠣᠳᠠᠲᠠᠢ ᠤᠯᠤᠰ ᠲᠦᠷᠦ ᠶᠢᠨ ᠱᠠᠭᠠᠷᠳᠠᠯᠭ᠎ᠠ ᠲᠠᠢ | ᠪᠣᠯᠭᠠᠨ᠎ᠠ᠃ ︽ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠰᠢᠯᠢᠳᠡᠭ︾ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠳᠦᠮᠵᠢ ᠶᠢ ᠪᠠᠬᠢᠵᠢᠭᠦᠯᠦᠨ ᠥᠷᠭᠡᠳᠬᠡᠵᠦ᠂ ᠡᠯᠡᠰᠦ ᠳᠤᠭᠤᠯᠤᠭᠰᠠᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ︽ | ᠨᠠᠮ ᠤᠨ ᠪᠠᠶᠢᠭᠤᠯᠤᠯᠲᠠ︾ ᠪᠠᠷ ᠪᠠᠶᠢᠴᠠᠭᠠᠬᠤ ᠠᠵᠢᠯ ᠢ ᠬᠦᠲᠦᠯᠦᠨ ᠳᠠᠭᠠᠭᠤᠯᠤᠨ᠎ᠠ ᠃ | ᠬᠤᠶᠠᠷ᠂ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠴᠢᠨᠠᠷ ᠰᠠᠶᠢᠲᠠᠢ ᠪᠠᠶᠢᠴᠠᠭᠠᠬᠤ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ | ᠪᠠᠲᠤᠯᠠᠨ᠎ᠠ᠃ ᠪᠠᠶᠢᠴᠠᠭᠠᠬᠤ ᠠᠵᠢᠯ ᠢ ᠤᠬᠠᠮᠰᠠᠷ ᠠᠴᠠ ᠪᠠᠨ ᠪᠦᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠨ ᠲᠥᠯᠥᠪᠵᠢᠭᠦᠯᠵᠦ᠂ ᠬᠤᠰᠢᠭᠤ ᠨᠠᠮ | ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ︽ᠬᠥᠭᠵᠢᠯᠲᠡ ᠶᠢ ᠬᠦᠴᠦᠯᠡᠨ ᠰᠦᠪᠡᠭᠴᠢᠯᠡᠵᠦ᠂ ᠡᠯ᠎ᠡ | ᠲᠦᠷᠦᠯ ᠤᠨ ᠠᠵᠢᠯ ᠤᠨ ᠢᠳᠡᠪᠬᠢ ᠬᠦᠴᠦᠨ ᠢ ᠲᠠᠶᠢᠴᠢᠯᠠᠬᠤ ᠠᠵᠢᠯ ᠢ ᠰᠠᠢᠲᠤᠷ ᠬᠢᠵᠦ᠂ ᠨᠡᠶᠢᠬᠡᠮ ᠵᠢᠷᠤᠮ ᠤᠨ ᠣᠳᠣᠬᠢᠴᠢᠯᠠᠭᠰᠠᠨ ᠬᠠᠩᠭᠢᠨ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ︾ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠵᠤ ᠠᠬᠤᠢ ᠨᠡᠶᠢᠬᠡᠮ ᠤᠨ ᠴᠢᠨᠠᠷ ᠰᠠᠢᠲᠠᠢ ᠬᠥᠭᠵᠢᠯᠲᠡ ᠳᠤ | ᠦᠢᠯᠡᠴᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠨᠠ᠃ ᠨᠠᠩ ᠥᠨᠳᠥᠷ ᠲᠦᠪᠰᠢᠨ ᠪᠦᠬᠦᠢ ᠵᠣᠯ ᠵᠢᠷᠭᠠᠯᠲᠤ ᠬᠠᠩᠭᠢᠨ ᠤ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠲᠥᠷᠥ ᠨᠠᠩ ᠠᠮᠤᠷ ᠲᠦᠪᠰᠢᠨ᠂ ᠨᠡᠶᠢᠭᠡᠮ ᠨᠠᠩ ᠠᠮᠤᠷ ᠲᠣᠭᠲᠠᠭᠤᠨ᠂ ᠠᠷᠠᠳ ᠲᠦᠮᠡᠨ ᠨᠠᠩ ᠠᠮᠤᠷ | ᠲᠣᠭᠲᠠᠭᠤᠨ ᠪᠠᠶᠢᠬᠤ ᠶᠢ ᠪᠠᠲᠤᠯᠠᠨ᠎ᠠ᠃ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠠᠵᠤ ᠠᠬᠤᠶᠢᠯᠠᠯ ᠤᠨ ᠬᠠᠤᠯᠢ ᠶᠣᠰᠣᠨ | ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠡᠷᠬᠡ ᠲᠡᠭᠰᠢ ᠪᠠᠷ ᠬᠠᠮᠠᠭᠠᠯᠠᠨ᠎ᠠ᠃ ᠶᠠᠳᠠᠭᠤ | ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠦᠷ᠎ᠡ ᠪᠦᠳᠦᠮᠵᠢ ᠶᠢ ᠪᠠᠬᠢᠵᠢᠭᠦᠯᠦᠨ ᠥᠷᠭᠡᠳᠬᠡᠬᠦ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠲᠠᠷᠢᠶᠠᠯᠠᠩ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ | ᠳᠤ ᠴᠣᠬᠢᠯᠲᠠ ᠥᠭᠴᠦ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠵᠡᠷᠭᠡ ᠬᠡᠷᠡᠭ ᠢ ᠯᠠᠪᠳᠠᠭᠤᠨ ᠢᠶᠠᠷ ᠰᠢᠶᠳᠪᠦᠷᠢᠯᠡᠨ᠎ᠡ᠃ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠬᠢ ᠶᠢ ᠪᠠᠳᠠᠷᠠᠭᠤᠯᠵᠤ᠂ ︽ᠲᠤᠰᠬᠠᠶᠢᠵᠢᠭᠰᠠᠨ ᠬᠢᠨᠠᠯᠲᠠ ᠲᠠᠯᠪᠢᠬᠤ + ᠰᠡᠷᠭᠦᠭᠡᠯᠲᠡ ᠶᠢᠨ | ᠴᠢᠨᠠᠷᠲᠠᠢ ᠬᠠᠤᠯᠢ ᠪᠠᠷᠢᠬᠤ + ᠨᠡᠶᠢᠭᠡᠮᠴᠢᠯᠡᠭᠰᠡᠨ ᠵᠠᠰᠠᠯᠲᠠ︾ ᠠᠮᠢ ᠠᠬᠤᠢ ᠶᠢᠨ ᠪᠠᠶᠢᠴᠠᠭᠠᠬᠤ ᠠᠵᠢᠯ ᠤᠨ ᠲᠣᠭᠲᠠᠴᠠ ᠶᠢ ᠭᠦᠨᠵᠡᠭᠡᠶᠢᠷᠡᠭᠦᠯᠵᠦ᠂ ᠪᠣᠬᠢᠷᠲᠤᠯ ᠦᠭᠡᠢ | ᠬᠠᠩᠭᠢᠨ ᠳᠤ ᠭᠡᠷᠡᠯ ᠭᠢᠯᠪᠠᠭ᠎ᠠ ᠨᠡᠮᠡᠷᠢᠯᠡᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠪᠠᠯᠭᠠᠰᠤᠨ ᠤ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠤᠲᠠ | ᠶᠢᠨ ᠬᠡᠪᠴᠢᠶᠡᠨ ᠤ ᠨᠡᠶᠢᠬᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠵᠥᠷᠢᠴᠡᠯ | ᠵᠢᠭᠤᠷᠠᠭᠠᠨ ᠢ ᠵᠣᠬᠢᠰᠲᠠᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ ᠬᠠᠩᠭᠢᠨ ᠤ ᠪᠦᠲᠦᠭᠡᠨ ᠪᠠᠢᠭᠤᠯᠤᠯᠲᠠ ᠶᠢ ᠠᠬᠢᠭᠤᠯᠤᠨ᠎ᠠ ᠃ | ᠭᠤᠷᠪᠠ᠂ ᠪᠠᠶᠢᠴᠠᠭᠠᠬᠤ ᠤᠬᠠᠮᠰᠠᠷ ᠢᠶᠠᠨ ᠭᠦᠨᠵᠡᠭᠡᠶᠢᠷᠡᠭᠦᠯᠵᠦ᠂ ᠨᠡᠩ ᠪᠣᠳᠠᠲᠠᠢ ᠶᠢ ᠡᠷᠬᠢᠮᠯᠡᠭᠰᠡᠨ ᠡᠭᠦᠷᠭᠡᠯᠡᠯ ᠢᠶᠠᠷ ᠬᠠᠤᠯᠢ ᠴᠠᠭᠠᠵᠠ ᠶᠢᠨ ᠬᠢᠨᠠᠯᠲᠠ ᠶᠢ | ᠴᠢᠩᠭᠠᠳᠬᠠᠨ᠎ᠠ᠃ ︽ᠴᠥᠭᠡᠨ ᠪᠠᠷᠢᠪᠴᠢᠯᠠᠵᠤ ᠪᠣᠯᠭᠤᠮᠵᠢᠲᠠᠢ ᠵᠠᠭᠠᠯᠳᠤᠬᠤ ᠪᠣᠯᠭᠤᠮᠵᠢᠲᠠᠢ ᠬᠤᠷᠢᠬᠤ︾ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠦ ᠶᠢᠨ | ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠬᠦᠷᠲᠡᠬᠦ︾ ᠬᠠᠤᠯᠢ ᠪᠠᠷᠢᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠰᠲ᠋ᠧᠮ ᠤᠨ ᠦᠵᠡᠯᠲᠡ᠂ ᠬᠠᠤᠯᠢ | ᠪᠠᠷ ᠵᠠᠰᠠᠬᠤ ᠰᠡᠳᠬᠢᠬᠦᠢ ᠶᠢ ᠨᠡᠩ ᠴᠢᠬᠤᠯᠠᠴᠢᠯᠠᠵᠤ᠂ ᠰᠠᠭᠤᠷᠢ ᠶᠢᠨ ᠤᠳᠤᠷᠢᠳᠤᠮᠵᠢ ᠶᠢ ᠴᠢᠩᠭᠠᠳᠬᠠᠵᠤ᠂ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ | ᠵᠠᠬᠢᠷᠭ᠎ᠠ ᠪᠠ ᠨᠡᠶᠢᠲᠡ ᠶᠢᠨ ᠠᠰᠠᠷᠠᠮᠵᠢ ᠶᠢᠨ ᠵᠠᠷᠭᠤ ᠵᠡᠷᠭᠡ ᠪᠠᠶᠢᠴᠠᠭᠠᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠪᠡ ᠃ ᠡᠷᠡᠭᠦᠦ ᠶᠢᠨ ᠬᠡᠷᠡᠭ᠂ | ᠢᠷᠭᠡᠨ ᠤ ᠬᠡᠷᠡᠭ᠂ ᠵᠠᠰᠠᠭ ᠵᠠᠬᠢᠷᠭᠠᠨ ᠤ ᠵᠠᠷᠭᠤ ᠶᠢᠨ ᠠᠵᠢᠯᠯᠠᠭ᠎ᠠ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠡᠷᠡᠭ ᠪᠣᠯᠭᠠᠨ | ᠳᠠᠩᠰᠠᠯᠠᠬᠤ᠂ ᠲᠤᠷᠰᠢᠨ ᠪᠠᠶᠢᠴᠠᠭᠠᠬᠤ᠂ ᠰᠢᠭᠦᠨ ᠲᠠᠰᠤᠯᠬᠤ᠂ ᠭᠦᠢᠴᠡᠳᠬᠡᠬᠦ ᠠᠵᠢᠯᠯᠠᠭ᠎ᠠ ᠳᠤ ᠬᠢᠨᠠᠯᠲᠠ ᠲᠠᠯᠪᠢᠨ᠎ᠠ᠃ ᠬᠢᠨᠠᠨ ᠪᠠᠶᠢᠴᠠᠭᠠᠬᠤ ᠰᠢᠭᠦᠬᠦ ᠶᠢ | ᠤᠶᠠᠯᠳᠣᠭᠤᠯᠬᠤ ᠶᠢ ᠭᠦᠨᠵᠡᠭᠡᠶᠢᠷᠡᠭᠦᠯᠵᠦ᠂ ᠱᠠᠮᠰᠢᠭᠰᠠᠨ᠂ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠵᠡᠷᠭᠡ ᠡᠷᠬᠡ ᠲᠤᠰᠢᠶᠠᠯ ᠤᠨ ᠳᠦᠬᠦᠮ ᠢᠶᠠᠨ ᠠᠰᠢᠭᠯᠠᠨ | ᠬᠢᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ | ᠬᠠᠤᠯᠢ ᠪᠠᠷᠢᠬᠤ ᠶᠢ ᠬᠤᠣᠰ ᠴᠢᠭᠯᠡᠯ ᠢᠶᠠᠷ ᠣᠶᠠᠯᠳᠣᠭᠤᠯᠬᠤ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠮᠥᠨ ᠴᠢᠨᠠᠷ ᠠᠴᠠ ᠨᠢ | ᠰᠢᠢᠳᠪᠣᠷᠢᠯᠡᠬᠦ ᠶᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠠᠶᠢᠴᠠᠭᠠᠵᠤ ᠰᠢᠢᠳᠪᠦᠷᠢᠯᠡᠬᠦ ᠲᠣᠭᠲᠠᠴᠠ ᠶᠢᠨ ᠰᠢᠨ᠎ᠡ ᠶᠢ | ᠡᠭᠦᠳᠴᠦ᠂ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠬᠡᠷᠡᠭ ᠰᠢᠢᠳᠪᠦᠷᠢᠯᠡᠬᠦ ᠭᠤᠣᠯᠳᠠᠯᠭ᠎ᠠ ᠪᠠᠨ ᠶᠠᠰᠤ ᠴᠢᠨᠠᠷ ᠢ | ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠨᠡᠮᠡᠭᠳᠡᠭᠦᠯᠬᠦ᠂ ᠦᠷ᠎ᠡ ᠪᠦᠲᠦᠮᠵᠢ ᠶᠢ ᠴᠢᠩᠭᠠᠳᠬᠠᠬᠤ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠪᠠᠶᠢᠴᠠᠭᠠᠬᠤ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠦᠨ᠎ᠡ᠃ | ᠲᠦᠷᠪᠡ᠂ ᠰᠠᠭᠤᠷᠢ ᠶᠢ ᠴᠢᠩᠭᠠᠳᠬᠠᠬᠤ ᠤᠳᠤᠷᠢᠳᠤᠮᠵᠢ ᠶᠢ ᠪᠠᠷᠢᠮᠲᠠᠯᠠᠵᠤ᠂ ᠨᠡᠩ ᠴᠢᠩᠭ᠎ᠠ ᠱᠠᠭᠠᠷᠳᠠᠯᠭ᠎ᠠ ᠪᠠᠷ ᠰᠢᠯᠭᠠᠷᠠᠭᠰᠠᠨ ᠪᠠᠶᠢᠴᠠᠭᠠᠬᠤ ᠡᠩᠨᠡᠭᠡ ᠶᠢ | ᠳᠠᠪᠲᠠᠨ ᠪᠣᠯᠪᠠᠰᠤᠷᠠᠭᠤᠯᠤᠨᠡ᠃ ︽ᠲᠠᠪᠤᠨ ᠲᠠᠯ᠎ᠠ ᠪᠠᠷ ᠴᠠᠭᠠᠷᠠᠬᠤ︾ ᠱᠠᠭᠠᠷᠳᠠᠯᠭ᠎ᠠ ᠶᠣᠰᠣᠭᠠᠷ᠂ ᠨᠠᠮ ᠳᠠᠭᠠᠨ ᠦᠨᠡᠨᠴᠢ᠂ ᠠᠷᠠᠳ ᠲᠦᠮᠡᠨ ᠳᠤ ᠦᠢᠯᠡᠴᠢᠯᠡᠬᠦ᠂ | ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠴᠠᠭᠠᠬᠤ ᠡᠩᠨᠡᠭᠡ ᠶᠢ ᠪᠠᠶᠢᠭᠤᠯᠤᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ | ᠦᠨᠡᠨ ᠬᠦ ᠴᠢᠩᠭᠠᠳᠬᠠᠵᠤ᠂ ᠤᠯᠤᠰ ᠲᠦᠷᠦ ᠶᠢ ᠡᠷᠬᠢᠮᠯᠡᠬᠦ ᠪᠠ ᠲᠤᠬᠠᠶᠢᠯᠠᠭᠰᠠᠨ ᠠᠵᠢᠯ ᠢ ᠠᠳᠬᠤᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠷᠡᠭ | ᠰᠢᠢᠳᠪᠦᠷᠢᠯᠡᠬᠦ ᠳᠤ ᠬᠢᠨᠠᠯᠲᠠ ᠲᠠᠯᠪᠢᠬᠤ ᠤᠯᠤᠰ ᠲᠦᠷᠦ ᠶᠢᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ | ᠶᠢᠨ ᠣᠷᠭᠠᠨᠢᠭ ᠨᠢᠭᠡᠳᠦᠯ ᠢ ᠪᠡᠶᠡᠯᠡᠭᠦᠯᠦᠨ᠎ᠡ᠃ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠠᠵᠢᠯ ᠤᠨ ᠪᠠᠶᠢᠷᠢ ᠶᠢᠨ ᠪᠣᠯᠪᠠᠰᠤᠷᠠᠯ᠂ ᠤᠷ᠎ᠠ | ᠴᠢᠳᠠᠪᠤᠷᠢ ᠶᠢᠨ ᠮᠥᠷᠥᠶᠢᠴᠡᠭᠡᠨ ᠵᠡᠷᠭᠡ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠺᠠᠳ᠋ᠷ ᠴᠠᠭᠳᠠᠭ᠎ᠠ ᠶᠢᠨ ᠬᠡᠪ ᠪᠣᠯᠪᠠᠰᠤᠷᠠᠯ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠶᠡᠭᠡ ᠬᠡᠷᠡᠭ ᠴᠢᠬᠤᠯᠠ ᠬᠡᠷᠡᠭ ᠢ ᠰᠢᠢᠳᠪᠦᠷᠢᠯᠡᠬᠦ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠶᠢ ᠪᠡᠶᠡᠯᠡᠭᠦᠯᠬᠦ ᠳᠤᠮᠳᠠ ᠡᠩᠨᠡᠭᠡ ᠪᠠᠨ | ᠳᠠᠪᠲᠠᠨ ᠪᠣᠯᠪᠠᠰᠤᠷᠠᠭᠤᠯᠤᠨ᠎ᠠ᠃ ᠰᠤᠷᠲᠠᠯ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ︽ᠲᠡᠮᠡᠴᠡᠬᠦ᠂ ᠪᠤᠯᠢᠶᠠᠬᠤ᠂ ᠪᠣᠳᠠᠲᠠᠶᠢᠵᠢᠭᠤᠯᠬᠤ︾ ᠠᠵᠢᠯ ᠤᠨ | ᠰᠤᠷᠲᠠᠯ ᠢ ᠪᠣᠶ ᠪᠣᠯᠭᠠᠵᠤ᠂ ᠴᠦᠬᠦᠷᠡᠰᠢ ᠦᠬᠡᠢ ᠲᠡᠮᠡᠴᠡᠬᠦ ᠵᠣᠷᠢᠭ ᠰᠠᠨᠠᠭ᠎ᠠ ᠪᠠᠷ ᠦᠨᠡᠨᠬᠦ ᠠᠳᠬᠤᠨ ᠪᠣᠳᠠᠲᠠᠶ ᠠᠵᠢᠯᠯᠠᠵᠤ᠂ ᠡᠷᠬᠡᠪᠰᠢ ᠪᠣᠳᠠᠲᠤ ᠦᠷ᠎ᠡ ᠪᠦᠲᠦᠮᠵᠢ | ᠣᠯᠬᠤ ᠬᠡᠷᠡᠭᠲᠡᠶ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠤᠷᠴᠠ ᠰᠡᠷᠭᠡᠭ ᠂ ᠡᠷᠡᠰ ᠴᠢᠩᠭ᠎ᠠ ᠪᠠᠷ ︽ | ᠡᠭᠦᠷᠢᠳᠡ ᠵᠤᠬᠰᠤᠰᠢ ᠦᠭᠡᠢ ᠪᠠᠶᠢᠵᠦ︾᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠳᠦᠮᠵᠢ ᠶᠢ ᠪᠠᠬᠢᠵᠢᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ | ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠡᠩᠨᠡᠭᠡᠨ ᠤ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠲᠤᠯᠠᠨ᠎ᠡ ᠃ | 2022 ᠣᠨ ᠳᠤ᠂ ᠳᠣᠣᠷᠠᠬᠢ ᠳᠥᠷᠪᠡᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠪᠠᠶᠢᠴᠠᠭᠠᠬᠤ ᠠᠵᠢᠯ ᠢ ᠤᠯᠤᠰ ᠲᠦᠷᠦ ᠪᠠᠷ ᠶᠡᠷᠦᠩᠬᠡᠶᠢᠯᠡᠨ ᠵᠠᠬᠢᠷᠬᠤ ᠶᠢ ᠪᠠᠷᠢᠮᠲᠠᠯᠠᠨ᠎ᠡ᠃ ᠪᠠᠶᠢᠴᠠᠭᠠᠬᠤ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠨᠢᠭᠲᠠᠷᠠᠭᠤᠯᠤᠨ ᠴᠥᠬᠦᠷᠡᠰᠢ ᠦᠭᠡᠢ ᠪᠠᠷᠢᠮᠲᠠᠯᠠᠨ᠎ᠠ᠃ ᠪᠠᠶᠢᠴᠠᠭᠠᠬᠤ ᠠᠵᠢᠯ ᠤᠨ ᠨᠠᠮ ᠤᠨ ᠪᠠᠶᠢᠭᠤᠯᠤᠯᠲᠠ ᠬᠢᠭᠡᠳ ᠪᠠᠶᠢᠴᠠᠭᠠᠬᠤ | ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢᠨ ᠬᠤᠪᠢᠰᠤᠩᠭᠤᠢ ᠬᠠᠷᠢᠴᠠᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ | ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠬᠤ ᠬᠦᠴᠦᠨ ᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠲᠤᠬᠠᠶᠢᠯᠠᠭᠰᠠᠨ ᠠᠵᠢᠯ ᠤᠨ | ᠪᠣᠳᠠᠲᠤ ᠦᠷ᠎ᠡ ᠪᠦᠲᠦᠮᠵᠢ ᠶᠢ ᠬᠢᠨᠠᠨ ᠦᠵᠡᠵᠦ᠂ ᠲᠤᠬᠠᠶᠢᠯᠠᠭᠰᠠᠨ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠤᠯᠤᠰ ᠲᠦᠷᠦ ᠶᠢᠨ ᠤᠬᠠᠮᠰᠠᠷ ᠢ ᠰᠢᠯᠭᠠᠨ | ᠪᠠᠶᠢᠴᠠᠭᠠᠨ᠎ᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠳᠦᠷᠢᠮ︾ ᠵᠢᠴᠢ ᠥᠪᠡᠷᠲᠡᠭᠡᠨ ᠵᠠᠰᠠᠬᠤ | ᠣᠷᠣᠨ ᠤ ︽ᠬᠡᠷᠡᠭᠵᠢᠭᠦᠯᠬᠦ ᠠᠷᠭ᠎ᠠ︾ ᠶᠢ ᠬᠢᠨᠠᠮᠠᠭᠠᠢ ᠲᠣᠣᠱᠯᠠᠭᠤᠯᠵᠤ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠳᠦᠷᠢᠮ ᠢ | ᠴᠢᠩᠭ᠎ᠠ ᠬᠡᠷᠡᠭᠵᠢᠭᠦᠯᠵᠦ᠂ ᠨᠠᠮ ᠤᠨ ᠤᠳᠤᠷᠢᠳᠤᠯᠭ᠎ᠠ ᠶᠢ ᠪᠠᠶᠢᠴᠠᠭᠠᠬᠤ ᠠᠵᠢᠯ ᠤᠨ ᠪᠦᠬᠦ ᠶᠠᠪᠤᠴᠠ ᠳᠤ ᠡᠯ᠎ᠡ ᠲᠠᠯ᠎ᠠ ᠳᠤ ᠲᠤᠤᠱᠯᠠᠭᠤᠯᠬᠤ ᠶᠢ ᠪᠠᠲᠤᠯᠠᠨ᠎ᠡ᠃ | ︵ᠬᠤᠶᠠᠷ︶ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠴᠠᠭᠠᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ | ᠪᠠᠷ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠨᠠᠷᠢᠯᠢᠭ ᠣᠨᠣᠪᠴᠢᠳᠠᠢ ᠪᠥᠭᠡᠳ ᠬᠦᠴᠦᠲᠡᠢ ᠬᠠᠤᠯᠢ ᠪᠠᠷ | ᠵᠠᠰᠠᠬᠤ ᠪᠠᠲᠤᠯᠠᠭ᠎ᠠ ᠬᠠᠩᠭᠠᠨ᠎ᠠ᠃ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠡᠬᠢ ᠪᠠᠶᠠᠯᠢᠭ ᠢ ᠡᠪᠳᠡᠵᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠶᠢ ᠭᠦᠢᠴᠡᠳ | ᠪᠠᠳᠠᠷᠠᠭᠤᠯᠤᠨ᠂ ᠬᠠᠳᠤᠨ ᠭᠤᠣᠯ ᠢ ᠬᠠᠮᠠᠭᠠᠯᠠᠬᠤ ᠳᠤ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠨ᠎ᠡ᠃ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠳᠤ | ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ︽ᠪᠠᠴᠢᠮ ᠲᠤᠯᠭᠠᠮ᠎ᠠ ᠬᠦᠴᠢᠷ ᠵᠣᠪᠠᠭᠤᠷᠢ ᠪᠠ ᠬᠦᠰᠡᠯ ᠡᠷᠡᠮᠡᠯᠵᠡᠯ︾ ᠤᠨ ᠠᠰᠠᠭᠤᠳᠠᠯ ᠢ ᠦᠨᠡᠨ ᠰᠡᠳᠬᠢᠯ | ᠠᠴᠠ ᠪᠠᠨ ᠰᠠᠶᠢᠲᠤᠷ ᠰᠢᠢᠳᠪᠦᠷᠢᠯᠡᠵᠦ᠂ ᠠᠷᠠᠳ ᠣᠯᠠᠨ ᠤ ᠲᠥᠷᠥᠭᠳᠡᠯ ᠢᠶᠠᠷ ᠪᠠᠶᠢᠴᠠᠭᠠᠬᠤ ᠪᠠ ᠬᠡᠷᠡᠭ ᠰᠢᠢᠳᠪᠦᠷᠢᠯᠡᠬᠦ ᠶᠢ ᠬᠡᠮᠵᠢᠬᠦ ᠲᠡᠷᠢᠭᠦᠨ ᠴᠢᠬᠤᠯᠠ ᠪᠠᠷᠢᠮᠵᠢᠶ᠎ᠠ | ᠪᠣᠯᠭᠠᠨ᠎ᠠ ᠃ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ | ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ᠂ ᠨᠡᠶᠢᠭᠡᠮ ᠤᠨ ᠲᠥᠪ | ᠭᠤᠤᠯᠴᠢ ᠰᠢᠳᠤᠷᠭᠤ ᠶᠣᠰᠣ ᠶᠢ ᠠᠬᠢᠭᠤᠯᠬᠤ ᠵᠡᠷᠭᠡ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ | ᠬᠡᠷᠡᠭᠲᠡᠶ ᠃ | ︵ᠭᠤᠷᠪᠠ︶ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠠᠤᠯᠢ ᠪᠠᠷᠢᠬᠤ | ᠬᠠᠷᠢᠭᠤᠴᠠᠯᠭ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠰᠢᠯᠢᠳᠡᠭᠵᠢᠭᠦᠯᠬᠦ᠂ ᠬᠦᠴᠦᠷᠬᠡᠭᠵᠢᠭᠦᠯᠬᠦ᠂ | ᠪᠣᠳᠠᠲᠠᠶᠢᠵᠢᠭᠤᠯᠬᠤ᠂ ᠰᠠᠶᠢᠲᠤᠷ ᠬᠢᠬᠦ︾ ᠱᠠᠭᠠᠷᠳᠠᠯᠭ᠎ᠠ ᠶᠣᠰᠣᠭᠠᠷ᠂ ︽ᠲᠦᠷᠪᠡᠨ ᠶᠡᠭᠡ ᠪᠠᠶᠢᠴᠠᠭᠠᠬᠤ ᠠᠵᠢᠯ︾᠂ ︽ᠠᠷᠪᠠᠨ ᠶᠡᠭᠡ ᠲᠤᠬᠠᠶᠢᠯᠠᠭᠰᠠᠨ ᠠᠵᠢᠯ︾ | ᠤᠨ ᠪᠦᠬᠦ ᠲᠠᠯ᠎ᠠ ᠶᠢᠨ ᠵᠣᠬᠢᠴᠠᠩᠭᠤᠢ ᠭᠦᠢᠴᠡᠳ ᠬᠥᠭᠵᠢᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠤᠨ᠎ᠠ᠃ ᠨᠠᠮ ᠤᠨ ᠲᠥᠪ ᠬᠤᠷᠢᠶᠠᠨ ᠤ ︽ᠰᠢᠨ᠎ᠡ ᠴᠠᠭ | ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠰᠠᠨᠠᠯ︾ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠤᠳᠠᠭᠳᠠᠯ ᠢᠶᠠᠨ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠪᠠᠷ ᠬᠦᠴᠦᠯᠡᠵᠦ᠂ ᠬᠠᠤᠯᠢ ᠴᠠᠭᠠᠵᠠ ᠶᠢᠨ ᠬᠢᠨᠠᠯᠲᠠ | ᠲᠠᠯᠪᠢᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠪᠠᠶᠢᠴᠠᠭᠠᠬᠤ ᠡᠷᠬᠡ ᠶᠢᠨ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ | ᠵᠥᠪᠳᠡᠯᠴᠡᠭᠡ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠨᠡᠮᠡᠭᠳᠡᠬᠦᠯᠦᠨ᠎ᠡ᠃ ᠪᠠᠶᠢᠴᠠᠭᠠᠬᠤ ᠠᠵᠢᠯ ᠢ ᠢᠯᠡ ᠪᠠᠷ ᠭᠡᠷᠡᠴᠢᠯᠡᠭᠡ | ᠰᠣᠨᠣᠰᠬᠤ ᠶᠢ ᠲᠦᠯᠬᠢᠨ ᠠᠬᠢᠭᠤᠯᠵᠤ᠂ ᠢᠯᠡ ᠪᠠᠷ ᠬᠠᠤᠯᠢ ᠪᠠᠷᠢᠬᠤ ᠶᠢ ᠠᠬᠢᠭᠤᠯᠵᠤ᠂ ᠲᠣᠭᠠᠴᠢᠯᠠᠭᠰᠠᠨ ᠡᠨᠧᠷᠭᠢ ᠣᠯᠭᠤᠬᠤ ᠢᠨᠵᠧᠨᠧᠷᠢᠩ ᠢ ᠢᠳᠡᠪᠬᠢᠲᠡᠢ | ᠠᠬᠢᠭᠤᠯᠤᠨ᠂ ᠪᠠᠶᠢᠴᠠᠭᠠᠬᠤ ᠠᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠭᠦᠨᠵᠡᠭᠡᠢᠷᠡᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠲᠤᠭ᠎ᠠ ᠪᠠᠷᠢᠮᠲᠠ | ᠶᠢᠨ ᠰᠣᠯᠢᠯᠴᠠᠭ᠎ᠠ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ᠂ ᠴᠤᠪᠤᠷᠠᠯ ᠢ ᠳᠠᠬᠢᠨ ᠵᠣᠬᠢᠶᠠᠬᠤ ᠪᠠᠷ ᠳᠠᠮᠵᠢᠭᠤᠯᠤᠨ᠂ | ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠳᠥᠷᠪᠡ︶ ᠰᠢᠯᠭᠠᠷᠠᠭᠰᠠᠨ ᠡᠩᠨᠡᠭᠡ ᠶᠢ ᠦᠷᠭᠦᠯᠵᠢᠯᠡᠨ ᠪᠠᠶᠢᠭᠤᠯᠤᠨ᠎ᠠ᠃ ︽ᠪᠦᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ ᠪᠠᠶᠢᠴᠠᠭᠠᠬᠤ | ᠬᠤᠷᠢᠶ᠎ᠠ︾ ᠶᠢ ᠪᠦᠬᠦ ᠬᠦᠴᠦᠨ ᠢᠶᠠᠷ ᠡᠭᠦᠳᠦᠨ ᠪᠠᠶᠢᠭᠤᠯᠵᠤ᠂ ᠪᠠᠶᠢᠴᠠᠭᠠᠬᠤ ᠠᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠣᠶᠢᠯᠠᠭᠠᠭᠳᠠᠬᠤᠨ᠂ ᠬᠥᠮᠦᠵᠢᠭᠦᠯᠬᠦ | ᠠᠷᠭ᠎ᠠ ᠪᠠᠷᠢᠯ᠂ ᠵᠣᠷᠢᠭᠵᠢᠭᠤᠯᠤᠨ ᠲᠡᠳᠬᠦᠬᠦ ᠵᠡᠷᠭᠡ ᠲᠠᠯ᠎ᠠ ᠶᠢᠨ ᠰᠦᠪᠡᠭᠴᠢᠯᠡᠯᠲᠡ ᠶᠢ ᠴᠢᠩᠭᠠᠳᠬᠠᠵᠤ᠂ ︽ᠺᠠᠳ᠋ᠷ ᠤᠨ ᠬᠡᠪ ᠴᠢᠨᠠᠷ ᠢ ᠳᠡᠭᠡᠭᠰᠢᠯᠡᠭᠦᠯᠬᠦ ᠣᠨ︾ ᠢᠶᠠᠷ | ᠲᠣᠬᠢᠶᠠᠯ ᠪᠣᠯᠭᠠᠨ᠂ ᠠᠵᠢᠯ ᠤᠨ ᠪᠠᠶᠢᠷᠢ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠴᠢᠳᠠᠪᠤᠷᠢᠲᠠᠨ ᠤ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠠ ᠠᠵᠢᠯ | ᠤᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠨᠠᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠨᠠᠮ | ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠪᠠᠶᠢᠴᠠᠭᠠᠬᠤ ᠬᠤᠷᠢᠶ᠎ᠠ ᠶᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠤᠯᠤᠰ ᠲᠦᠷᠦ ᠬᠠᠤᠯᠢ ᠴᠠᠭᠠᠵᠠ | ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠳᠦᠮᠵᠢ ᠶᠢ ᠪᠠᠬᠢᠵᠢᠭᠦᠯᠵᠦ᠂ ᠠᠷᠬᠠᠭ ᠭᠡᠮ ᠢ ᠰᠢᠨᠲᠠᠷᠠᠰᠢ ᠦᠭᠡᠢ ᠴᠡᠭᠴᠡᠯᠡᠨ ᠵᠠᠰᠠᠵᠤ᠂ ᠰᠠᠬᠢᠯᠭ᠎ᠠ ᠪᠠᠲᠤ | ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠪᠠᠶᠢᠴᠠᠭᠠᠬᠤ ᠡᠩᠨᠡᠭᠡᠨ ᠤ ᠵᠣᠷᠢᠯᠲᠠ ᠪᠠᠨ ᠮᠠᠷᠲᠠᠯ ᠦᠭᠡᠢ᠂ ᠲᠥᠪ ᠭᠤᠣᠯᠴᠢ ᠪᠠᠷ ᠬᠠᠤᠯᠢ ᠪᠠᠷᠢᠬᠤ ᠶᠢ | ᠦᠨᠡᠨ ᠬᠦ ᠪᠠᠲᠤᠯᠠᠨ᠎ᠠ ᠃ | ᠲᠥᠯᠥᠭᠡᠯᠡᠭᠴᠢᠳ ᠡ᠂ ᠰᠢᠨ᠎ᠡ ᠭᠠᠷᠤᠭ᠎ᠠ ᠳᠤ ᠰᠢᠨ᠎ᠡ ᠬᠦᠰᠡᠯ ᠡᠷᠡᠮᠡᠯᠵᠡᠯ ᠢ ᠠᠴᠢᠶᠠᠯᠠᠵᠤ᠂ ᠰᠢᠨ᠎ᠡ ᠠᠶᠠᠯᠠᠯ ᠳᠤ ᠰᠢᠨ᠎ᠡ ᠬᠠᠭᠤᠳᠠᠰᠤ ᠶᠢ ᠪᠢᠴᠢᠭᠯᠡᠶ᠎ᠡ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠤᠭ ᠰᠠᠨᠠᠭ᠎ᠠ ᠪᠠᠨ ᠦᠯᠦ | ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠤᠰᠢᠭᠤ ᠨᠠᠮ ᠤᠨ ᠬᠤᠷᠢᠶ᠎ᠠ ᠪᠠ ᠬᠤᠲᠠ ᠶᠢᠨ ᠪᠠᠶᠢᠴᠠᠭᠠᠬᠤ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠲᠣᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ | ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠰᠢᠨ᠎ᠡ ᠴᠠᠭ ᠦᠶ᠎ᠡ ᠶᠢᠨ ᠬᠠᠩᠭᠢᠨ ᠤ | ᠪᠠᠶᠢᠴᠠᠭᠠᠬᠤ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠠᠩᠭᠢᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠨᠡᠮᠡᠷᠢ ᠬᠦᠴᠦᠨ ᠪᠠ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠳᠤᠶ᠎ᠠ︕ | | | | | | | ᠨᠡᠷ᠎ᠡ ᠦᠭᠡᠰ ᠤᠨ ᠲᠠᠶᠢᠯᠪᠤᠷᠢ | | 12309 ᠪᠠᠶᠢᠴᠠᠭᠠᠬᠤ ᠦᠢᠯᠡᠴᠢᠯᠡᠭᠡᠨ ᠤ ᠲᠥᠪ᠄ ᠪᠦᠬᠦ ᠤᠯᠤᠰ ᠠᠴᠠ ᠪᠠᠶᠢᠴᠠᠭᠠᠬᠤ ᠪᠠᠢᠭᠤᠯᠭ᠎ᠠ ᠶᠢᠨ ᠨᠢᠭᠡᠳᠦᠯᠲᠡᠢ ᠤᠯᠠᠨ ᠲᠦᠮᠡᠨ ᠳᠤ ᠬᠠᠨᠳᠤᠭᠤᠯᠤᠭᠰᠠᠨ | ᠣᠶᠤᠨᠴᠢᠯᠠᠭᠰᠠᠨ ᠠᠷᠠᠳ ᠤᠨ ᠲᠥᠯᠥᠭᠡ ᠦᠢᠯᠡᠴᠢᠯᠡᠬᠦ ᠲᠠᠪᠴᠠᠩ ᠪᠣᠯᠤᠨ᠎ᠠ᠂ ᠡᠭᠦᠨ ᠳᠤ ᠰᠦᠯᠵᠢᠶᠡᠨ ᠤ ᠲᠠᠪᠴᠠᠩ ᠪᠠ ᠪᠣᠳᠠᠲᠤ ᠴᠣᠭᠴᠠ ᠶᠢᠨ ᠲᠢᠩᠬᠢᠮ ᠬᠤᠶᠠᠷ | ᠬᠡᠰᠡᠭ ᠪᠠᠭᠲᠠᠨ᠎ᠠ ᠃ ᠰᠦᠯᠵᠢᠶᠡᠨ ᠤ ᠲᠠᠪᠴᠠᠩ ᠳᠤ 12309 ᠰᠦᠯᠵᠢᠶ᠎ᠡ᠂ 12309 ᠰᠢᠯᠵᠢᠮᠡᠯ ᠬᠡᠷᠡᠭᠯᠡᠭᠴᠢ ᠶᠢᠨ ᠦᠵᠦᠭᠦᠷ ︵ᠭᠠᠷ ᠤᠲᠠᠰᠤᠨ ᠤ APP︶ | ᠂ 12309 ᠸᠢᠴᠠᠲ ᠤᠨ ᠨᠡᠶᠢᠲᠡ ᠶᠢᠨ ᠳ᠋ᠤᠭᠠᠷ ᠪᠠ 12309 ᠪᠠᠶᠢᠴᠠᠭᠠᠬᠤ ᠦᠶᠯᠡᠴᠢᠯᠡᠭᠡᠨ ᠤ ᠤᠲᠠᠰᠤ ᠶᠢ ᠪᠠᠭᠲᠠᠭᠠᠵᠤ᠂ ᠪᠠᠶᠢᠴᠠᠭᠠᠬᠤ ᠦᠶᠯᠡᠴᠢᠯᠡᠭᠡ᠂ | ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠ ᠭᠠᠳᠠᠨᠠᠬᠢ ᠬᠢᠨᠠᠯᠲᠠ ᠶᠢ ᠬᠦᠯᠢᠶᠡᠬᠦ ᠵᠡᠷᠭᠡ ᠦᠶᠯᠡᠴᠢᠯᠡᠭᠡᠨ ᠤ ᠴᠢᠳᠠᠮᠵᠢ ᠶᠢ ᠪᠣᠳᠠᠲᠠᠶ ᠡᠭᠦᠷᠭᠡᠯᠡᠨ᠎ᠡ︔ ᠪᠣᠳᠠᠲᠤ | ᠴᠣᠭᠴᠠ ᠶᠢᠨ ᠲᠢᠩᠬᠢᠮ ᠳᠤ ᠲᠤᠬᠠᠶᠢᠯᠠᠭᠰᠠᠨ ᠠᠵᠢᠯ ᠤᠨ ᠵᠥᠪᠯᠡᠯᠭᠡ᠂ ᠵᠠᠭᠠᠯᠳᠤᠯᠭ᠎ᠠ ᠭᠤᠮᠣᠳᠠᠯ ᠲᠣᠭᠠᠴᠢᠯᠲᠠ᠂ ᠤᠯᠤᠰ ᠤᠨ ᠲᠥᠯᠥᠪᠦᠷᠢ ᠬᠢᠭᠡᠳ ᠤᠯᠤᠰ ᠤᠨ | ᠬᠠᠤᠯᠢ ᠴᠠᠭᠠᠵᠠ ᠶᠢᠨ ᠲᠤᠰᠠᠯᠠᠮᠵᠢ᠂ ᠬᠡᠷᠡᠭ ᠤᠨ ᠬᠠᠮᠢᠶᠠᠷᠤᠯᠲᠠ ᠵᠡᠷᠭᠡ ᠳᠥᠷᠪᠡᠨ ᠲᠥᠷᠥᠯ ᠤᠨ ᠠᠵᠢᠯ ᠤᠨ ᠣᠷᠣᠨ ᠪᠠᠭᠲᠠᠨ᠎ᠠ᠃ | ︽ᠨᠢᠭᠡᠳᠦᠭᠡᠷ ᠪᠠᠶᠢᠴᠠᠭᠠᠬᠤ ᠰᠠᠨᠠᠭᠤᠯᠭ᠎ᠠ︾᠄ 2018 ᠣᠨ ᠤ 10 ᠰᠠᠷ᠎ᠠ ᠶᠢᠨ 19 ᠤ ᠡᠳᠦᠷ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠰᠤᠷᠭᠠᠭᠤᠯᠢ | ᠶᠢᠨ ᠬᠦᠷᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠠᠵᠢᠯᠲᠠᠨ ᠤ ᠨᠠᠰᠤᠨ ᠳᠤ ᠥᠯᠥ ᠭᠦᠷᠦᠭᠰᠡᠨ ᠰᠣᠷᠣᠭᠴᠢ᠂ ᠬᠡᠦᠬᠡᠳ ᠤᠨ | ᠴᠡᠴᠡᠷᠯᠢᠭ ᠤᠨ ᠬᠡᠦᠬᠡᠳ ᠲᠤ ᠪᠡᠯᠭᠡ ᠶᠢᠨ ᠬᠠᠯᠳᠠᠯᠭ᠎ᠠ ᠬᠢᠬᠦ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠲᠤᠬᠠᠶ ᠰᠤᠷᠭᠠᠨ ᠬᠥᠮᠦᠵᠢᠯ ᠤᠨ | ᠶᠠᠮᠤᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ︾ | ︵ᠠᠷᠠᠳ ᠤᠨ ᠳᠡᠭᠡᠳᠦ ᠪᠠᠶᠢᠴᠠᠭᠠᠬᠤ ᠪᠠᠶᠢᠭᠤᠯᠤᠯᠲᠠ ﹇2018﹈ 1 ᠳ᠋ᠦ᠋ᠭᠡᠷ ᠲᠣᠭᠠᠲᠤ ︶ ᠪᠠᠭᠤᠯᠭᠠᠪᠠ ᠃ ᠤᠴᠢᠷ ᠨᠢ ᠡᠨᠡ ᠪᠣᠯ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠠᠩᠬ᠎ᠠ ᠤᠳᠠᠭ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠪᠦᠷᠢᠯᠳᠦᠬᠦᠨ ᠰᠠᠯᠠᠭ᠎ᠠ ᠮᠥᠴᠢᠷ ᠲᠤ ᠪᠠᠶᠢᠴᠠᠭᠠᠬᠤ ᠰᠠᠨᠠᠭᠤᠯᠭ᠎ᠠ ᠶᠢ ᠰᠢᠭᠤᠳ | ᠶᠠᠪᠤᠭᠤᠯᠵᠤ ᠪᠠᠶᠢᠭ᠎ᠠ ᠶᠠᠪᠤᠳᠠᠯ ᠮᠥᠨ᠂ ᠪᠠᠰᠠ ᠴᠤ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠩᠬ᠎ᠠ ᠤᠳᠠᠭ᠎ᠠ ᠭᠠᠷᠭᠠᠭᠰᠠᠨ ᠨᠡᠶᠢᠭᠡᠮ ᠤᠨ ᠵᠠᠰᠠᠯᠲᠠ ᠶᠢᠨ | ᠲᠠᠯ᠎ᠠ ᠪᠠᠷ ᠰᠢᠨ᠎ᠡ ᠶᠢ ᠡᠭᠦᠳᠬᠦ ᠲᠠᠯ᠎ᠠ ᠶᠢᠨ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠮᠥᠨ᠂ ᠳ᠋ᠤᠭᠠᠷ ᠨᠢ ᠨᠢᠭᠡᠳᠦᠭᠡᠷ ᠲᠣᠭᠠᠲᠤ ᠪᠣᠯᠬᠤᠷ ︽ᠨᠢᠭᠡᠳᠦᠭᠡᠷ ᠲᠣᠭᠠᠲᠤ | ᠪᠠᠶᠢᠴᠠᠭᠠᠬᠤ ᠰᠠᠨᠠᠭᠤᠯᠭ᠎ᠠ︾ ᠭᠡᠳᠡᠭ᠃ | ︽4 + 1︾ ᠬᠡᠷᠡᠭ ᠰᠢᠢᠳᠪᠦᠷᠢᠯᠡᠬᠦ ᠠᠵᠢᠯ ᠤᠨ ᠲᠣᠭᠲᠠᠴᠠ᠄ ᠳᠦᠷᠪᠡᠨ ᠵᠦᠢᠯ ᠤᠨ ᠬᠡᠷᠡᠭ ᠰᠢᠢᠳᠪᠦᠷᠢᠯᠡᠬᠦ ᠲᠣᠭᠲᠠᠴᠠ ᠶᠢᠨ ᠲᠦᠷᠢᠮᠵᠢᠯ ︵ᠵᠠᠭᠠᠯᠳᠤᠬᠤ | ᠴᠢᠬᠤᠯᠠ ᠴᠢᠨᠠᠷ ᠢ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠬᠤ᠂ ᠦᠯᠦ ᠵᠠᠭᠠᠯᠳᠤᠬᠤ ᠠᠵᠢᠯ ᠢ ᠵᠢᠷᠤᠮᠵᠢᠭᠤᠯᠬᠤ᠂ ᠲᠤᠷᠰᠢᠨ ᠪᠠᠶᠢᠴᠠᠭᠠᠵᠤ ᠭᠡᠷᠡᠴᠢ ᠠᠪᠬᠤ ᠪᠠ | ᠨᠥᠬᠦᠪᠥᠷᠢᠯᠡᠨ ᠲᠤᠷᠰᠢᠨ ᠪᠠᠶᠢᠴᠠᠭᠠᠬᠤ ᠠᠵᠢᠯ ᠢ ᠵᠢᠷᠤᠮᠵᠢᠭᠤᠯᠬᠤ᠂ ᠡᠷᠡᠭᠦᠦ ᠶᠢᠨ ᠶᠠᠯᠠᠲᠤ ᠬᠡᠷᠡᠭ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢᠨ ᠪᠢᠴᠢᠭ ᠬᠠᠷ᠎ᠠ ᠶᠢ | ᠵᠢᠷᠤᠮᠵᠢᠭᠤᠯᠬᠤ︶ ᠂ ᠡᠷᠡᠭᠦᠦ ᠶᠢᠨ ᠬᠡᠷᠡᠭ ᠤᠨ ᠭᠡᠷᠡᠴᠢ ᠪᠠᠷᠢᠮᠲᠠ ᠶᠢ ᠬᠢᠨᠠᠨ ᠪᠠᠶᠢᠴᠠᠭᠠᠬᠤ ᠳᠠᠭᠠᠨ ᠵᠠᠭᠤᠨᠲᠠ ᠠᠰᠠᠭᠤᠬᠤ ᠲᠣᠳᠣᠷᠬᠠᠢ ᠬᠠᠭᠤᠳᠠᠰᠤ ᠶᠢᠨ ᠳᠦᠷᠢᠮ ᠢ | ᠬᠡᠷᠡᠭᠵᠢᠭᠦᠯᠦᠨ᠎ᠡ᠃ | ᠬᠤᠷᠢᠬᠤ ᠴᠢᠬᠤᠯᠠ ᠴᠢᠨᠠᠷ ᠤᠨ ᠬᠢᠨᠠᠨ ᠪᠠᠶᠢᠴᠠᠭᠠᠯᠲᠠ᠄ ᠬᠤᠷᠢᠬᠤ ᠴᠢᠬᠤᠯᠠ ᠴᠢᠨᠠᠷ ᠤᠨ ᠬᠢᠨᠠᠨ ᠪᠠᠶᠢᠴᠠᠭᠠᠯᠲᠠ ᠭᠡᠳᠡᠭ ᠨᠢ ᠠᠷᠠᠳ ᠤᠨ ᠪᠠᠶᠢᠴᠠᠭᠠᠬᠤ ᠬᠤᠷᠢᠶ᠎ᠠ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠵᠠᠷᠭᠤ ᠶᠢᠨ ᠬᠠᠤᠯᠢ︾ ᠶᠢᠨ ᠶᠡᠷᠡᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ | ᠂ ᠪᠠᠷᠢᠪᠴᠢᠯᠠᠭᠳᠠᠭᠰᠠᠨ ᠶᠠᠯ᠎ᠠ ᠬᠢᠭᠰᠡᠨ ᠰᠡᠵᠢᠭᠳᠡᠨ᠂ ᠵᠠᠭᠠᠯᠳᠤᠭᠳᠠᠭᠴᠢ ᠳᠤ ᠦᠷᠭᠦᠯᠵᠢᠯᠡᠨ ᠬᠤᠷᠢᠬᠤ ᠴᠢᠬᠤᠯᠠ ᠴᠢᠨᠠᠷ ᠤᠨ ᠬᠢᠨᠠᠨ ᠪᠠᠶᠢᠴᠠᠭᠠᠯᠲᠠ ᠬᠢᠬᠦ ᠡᠰᠡᠬᠦ᠂ | ᠦᠷᠭᠦᠯᠵᠢᠯᠡᠨ ᠬᠤᠷᠢᠬᠤ ᠴᠢᠬᠤᠯᠠ ᠦᠭᠡᠶ ᠪᠠᠶᠢᠪᠠᠯ᠂ ᠬᠡᠷᠡᠭ ᠰᠢᠳᠬᠡᠬᠦ ᠪᠠᠶᠢᠭᠤᠯᠭ᠎ᠠ ᠳᠤ ᠰᠤᠯᠠᠯᠠᠬᠤ ᠪᠤᠶᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠤᠪᠢᠷᠠᠭᠤᠯᠬᠤ | ᠪᠠᠷ ᠰᠠᠨᠠᠭᠤᠯᠬᠤ ᠬᠢᠨᠠᠯᠲᠠ ᠶᠢᠨ ᠠᠵᠢᠯᠯᠠᠭ᠎ᠠ ᠶᠢ ᠵᠢᠭᠠᠵᠤ ᠪᠠᠶᠢᠨ᠎ᠠ᠃ ᠬᠤᠷᠢᠬᠤ ᠴᠢᠬᠤᠯᠠ ᠴᠢᠨᠠᠷ ᠢ ᠬᠢᠨᠠᠨ ᠪᠠᠶᠢᠴᠠᠭᠠᠬᠤ ᠬᠡᠷᠡᠭ ᠢ ᠬᠡᠷᠡᠭ ᠰᠢᠢᠳᠪᠦᠷᠢᠯᠡᠬᠦ | ᠪᠠᠶᠢᠭᠤᠯᠭ᠎ᠠ ᠲᠠᠢ ᠵᠣᠬᠢᠴᠠᠯᠳᠤᠭᠰᠠᠨ ᠠᠳᠠᠯᠢ ᠱᠠᠲᠤᠨ ᠤ ᠠᠷᠠᠳ ᠤᠨ ᠪᠠᠶᠢᠴᠠᠭᠠᠬᠤ ᠬᠤᠷᠢᠶᠠᠨ ᠠᠴᠠ ᠡᠷᠡᠭᠦᠦ ᠶᠢᠨ ᠬᠡᠷᠡᠭ ᠢ ᠭᠦᠢᠴᠡᠳᠬᠡᠬᠦ ᠶᠢ ᠪᠠᠶᠢᠴᠠᠭᠠᠬᠤ | ᠰᠠᠯᠠᠭ᠎ᠠ ᠮᠥᠴᠢᠷ ᠠᠴᠠ ᠨᠢᠭᠡᠳᠦᠯᠲᠡᠢ ᠰᠢᠢᠳᠪᠦᠷᠢᠯᠡᠨ᠎ᠡ᠃ | ᠵ᠊ᠠᠷᠭᠤ ᠶᠢᠨ ᠪᠤᠰᠤ ᠭᠦᠢᠴᠡᠳᠬᠡᠯᠲᠡ ᠳᠤ ᠬᠢᠨᠠᠯᠲᠠ ᠲᠠᠯᠪᠢᠬᠤ ᠲᠤᠰᠬᠠᠢ ᠠᠵᠢᠯᠯᠠᠭ᠎ᠠ᠄ ᠬᠠᠤᠯᠢ ᠶᠢᠨ ᠬᠦᠴᠦᠨ ᠲᠠᠢ ᠪᠣᠯᠤᠭᠰᠠᠨ ᠠᠭᠤᠯᠭ᠎ᠠ ᠪᠦᠬᠦᠢ ᠬᠥᠨᠳᠡᠯᠡᠨ | ᠠᠴᠠ ᠲᠠᠰᠤᠯᠤᠭᠰᠠᠨ ᠲᠠᠰᠤᠯᠤᠨ ᠲᠣᠭᠲᠠᠭᠠᠯᠲᠠ᠂ ᠡᠶᠡᠳᠡᠭᠦᠯᠭᠡ ᠶᠢᠨ ᠪᠢᠴᠢᠭ᠂ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ | ᠲᠠᠰᠤᠯᠤᠭᠰᠠᠨ ᠲᠠᠰᠤᠯᠤᠯᠲᠠ ᠶᠢᠨ ᠪᠢᠴᠢᠭ᠂ ᠡᠶᠡᠳᠡᠭᠦᠯᠭᠡ ᠶᠢᠨ ᠪᠢᠴᠢᠭ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠶᠢᠨ ᠭᠠᠷᠭᠠᠭᠰᠠᠨ ᠠᠪᠴᠠᠭᠠᠨ ᠤ ᠡᠷᠬᠡ ᠶᠢᠨ | ᠪᠢᠴᠢᠭ ᠬᠠᠷ᠎ᠠ ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠡᠷᠬᠡᠲᠦ ᠬᠥᠮᠦᠨ ᠨᠢ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠨ ᠭᠦᠢᠴᠡᠳᠬᠡᠭᠦᠯᠬᠦ ᠪᠠᠷ | ᠭᠤᠶᠤᠴᠢᠯᠠᠵᠤ ᠪᠣᠯᠤᠨ᠎ᠠ᠂ ᠡᠭᠦᠨ ᠢ ︽ᠵᠠᠷᠭᠤ ᠶᠢᠨ ᠪᠤᠰᠤ ᠭᠦᠢᠴᠡᠳᠬᠡᠯᠲᠡ ︾ ᠭᠡᠳᠡᠭ ᠃ ᠢᠷᠭᠡᠨ ᠤ ᠬᠡᠷᠡᠭ ᠪᠠ ᠵᠠᠰᠠᠭ ᠵᠠᠬᠢᠷᠭᠠᠨ ᠤ ᠭᠦᠢᠴᠡᠳᠬᠡᠯᠲᠡ ᠳᠤ | ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠴᠠ ᠪᠦᠬᠦ ᠤᠯᠤᠰ ᠲᠤ | ᠢᠷᠭᠡᠨ ᠤ ᠬᠡᠷᠡᠭ ᠤᠨ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠬᠡᠯᠲᠡ ᠳᠤ ᠬᠢᠨᠠᠯᠲᠠ ᠲᠠᠯᠪᠢᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠵᠠᠷᠭᠤ ᠶᠢᠨ | ᠪᠤᠰᠤ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠠᠤᠯᠢ ᠶᠣᠰᠣᠭᠠᠷ ᠭᠦᠢᠴᠡᠳᠬᠡᠬᠦ ᠶᠢ ᠠᠬᠢᠭᠤᠯᠵᠤ᠂ ᠬᠤᠳᠠᠯ ᠬᠠᠭᠤᠷᠮᠠᠭ ᠢᠶᠠᠷ ᠬᠥᠨᠳᠡᠯᠡᠨ ᠠᠴᠠ ᠲᠠᠰᠤᠯᠬᠤ ᠪᠠ | ᠬᠠᠤᠯᠢ ᠠᠴᠠ ᠵᠥᠷᠢᠴᠡᠭᠰᠡᠨ ᠠᠯᠪᠠᠨ ᠭᠡᠷᠡᠴᠢᠯᠡᠭᠡ ᠶᠢ ᠵᠠᠯᠬᠠᠭᠠᠨ ᠰᠢᠢᠳᠬᠡᠵᠦ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ︽ᠭᠦᠢᠴᠡᠳᠬᠡᠬᠦ ᠳᠤ ᠬᠦᠴᠢᠷᠲᠡᠢ ︾ | ᠂ ︽ᠭᠦᠢᠴᠡᠳᠬᠡᠬᠦ ᠳᠤ ᠡᠮᠬᠢ ᠵᠠᠮᠪᠠᠷᠠᠭ᠎ᠠ ᠦᠭᠡᠢ︾ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠪᠠᠷ ᠲᠣᠭᠲᠠᠭᠠᠪᠠ ᠃ | ᠨᠡᠶᠢᠲᠡ ᠶᠢᠨ ᠠᠰᠠᠷᠠᠮᠵᠢ ᠶᠢᠨ ᠵᠠᠷᠭᠤ᠄ ᠪᠠᠶᠢᠴᠠᠭᠠᠬᠤ ᠪᠠᠶᠢᠭᠤᠯᠭ᠎ᠠ ᠤᠯᠤᠰ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠᠶᠢᠭᠤᠯᠭ᠎ᠠ ᠶᠢᠨ ᠬᠤᠪᠢ ᠪᠠᠷ᠂ | ᠤᠯᠤᠰ ᠣᠷᠣᠨ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ᠂ ᠵᠠᠭᠠᠯᠳᠤᠬᠤ ᠬᠥᠮᠦᠨ ᠦᠭᠡᠢ | ᠬᠡᠷᠡᠭ ᠢ ᠰᠢᠭᠦᠬᠦ ᠬᠤᠷᠢᠶᠠᠨ ᠳᠤ ᠵᠠᠭᠠᠯᠳᠤᠬᠤ ᠳᠦᠷᠢᠮ ᠪᠣᠯᠤᠨ᠎ᠠ ᠃ | ᠡᠷᠡᠭᠦᠦ ᠶᠢᠨ ᠬᠡᠷᠡᠭ ᠤᠨ ᠳᠠᠭᠠᠯᠳᠤᠭᠤᠯᠤᠯ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ᠄ ᠠᠷᠠᠳ ᠤᠨ ᠪᠠᠶᠢᠴᠠᠭᠠᠬᠤ ᠬᠤᠷᠢᠶ᠎ᠠ ᠠᠮᠢ ᠠᠬᠤᠢ ᠶᠢᠨ | ᠣᠷᠴᠢᠨ ᠨᠥᠬᠦᠴᠡᠯ ᠪᠠ ᠡᠬᠢ ᠪᠠᠶᠠᠯᠢᠭ ᠤᠨ ᠬᠠᠮᠠᠭᠠᠯᠠᠯᠲᠠ ᠶᠢ ᠡᠪᠳᠡᠭᠰᠡᠨ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠬᠦᠷᠢᠶᠡᠨ ᠳᠤ ᠦᠢ ᠤᠯᠠᠨ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠵᠡᠷᠭᠡ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ | ᠳᠤ ᠡᠷᠡᠭᠦᠦ ᠶᠢᠨ ᠬᠡᠷᠡᠭ ᠤᠨ ᠠᠯᠪᠠᠨ ᠵᠠᠭᠠᠯᠳᠤᠯᠭ᠎ᠠ ᠭᠠᠷᠭᠠᠬᠤ ᠳᠠᠭᠠᠨ ᠠᠷᠠᠳ ᠤᠨ ᠰᠢᠭᠦᠬᠦ ᠬᠤᠷᠢᠶ᠎ᠠ ᠳᠤ ᠳᠠᠭᠠᠯᠳᠤᠭᠤᠯᠤᠯ ᠢᠷᠭᠡᠨ ᠤ ᠬᠡᠷᠡᠭ ᠤᠨ ᠨᠡᠶᠢᠲᠡ ᠶᠢᠨ | ᠠᠰᠠᠷᠠᠮᠵᠢ ᠶᠢᠨ ᠵᠠᠷᠭᠤ ᠶᠢ ᠬᠠᠮᠲᠤ ᠳᠤᠨᠢ ᠬᠢᠵᠦ᠂ ᠠᠷᠠᠳ ᠤᠨ ᠰᠢᠭᠦᠬᠦ ᠬᠤᠷᠢᠶᠠᠨ ᠤ ᠠᠳᠠᠯᠢᠬᠠᠨ ᠨᠢᠭᠡ ᠰᠢᠭᠦᠨ ᠲᠠᠰᠤᠯᠬᠤ ᠲᠤᠭᠤᠶᠢᠯᠠᠩ ᠠᠴᠠ ᠰᠢᠭᠦᠨ | ᠰᠢᠢᠳᠪᠦᠷᠢᠯᠡᠨ᠎ᠡ ᠃ | ᠠᠵᠢᠯᠲᠠᠨ ᠤ ᠣᠷᠣᠨ ᠲᠤᠭᠠᠳᠤ ᠪᠠᠶᠢᠴᠠᠭᠠᠬᠤ ᠲᠤᠰᠢᠶᠠᠯᠲᠠᠨ᠄ ᠪᠠᠶᠢᠴᠠᠭᠠᠬᠤ ᠪᠠᠶᠢᠭᠤᠯᠭ᠎ᠠ ᠳᠤ ᠠᠵᠢᠯᠲᠠᠨ ᠢ ᠲᠥᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ | ᠪᠠᠶᠢᠴᠠᠭᠠᠬᠤ ᠠᠵᠢᠯᠲᠠᠨ ᠢ ᠠᠵᠢᠯᠲᠠᠨ ᠤ ᠣᠷᠣᠨ ᠲᠤᠭᠠᠳᠤ ᠪᠠᠶᠢᠴᠠᠭᠠᠬᠤ ᠲᠤᠰᠢᠶᠠᠯᠲᠠᠨ᠂ ᠪᠠᠶᠢᠴᠠᠭᠠᠬᠤ ᠲᠤᠰᠠᠯᠠᠭᠴᠢ ᠠᠵᠢᠯᠲᠠᠨ ᠪᠠ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠠᠵᠢᠯᠲᠠᠨ ᠭᠡᠵᠦ ᠭᠤᠷᠪᠠᠨ ᠲᠥᠷᠦᠯ ᠬᠤᠪᠢᠶᠠᠨ᠂ ᠠᠵᠢᠯᠲᠠᠨ ᠤ ᠣᠷᠣᠨ ᠲᠣᠭᠠᠨ ᠤ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠢᠳᠪᠦᠷᠢᠯᠡᠬᠦ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠠᠵᠢᠯᠲᠠᠨ ᠤ ᠣᠷᠣᠨ ᠲᠣᠭᠠᠨ ᠤ ᠳᠣᠲᠣᠷᠠᠬᠢ ᠪᠠᠶᠢᠴᠠᠭᠠᠬᠤ ᠲᠤᠰᠢᠶᠠᠯᠲᠠᠨ ᠳᠤ ᠡᠷᠬᠡ ᠲᠤᠰᠢᠶᠠᠯ ᠤᠨ | ᠬᠡᠪᠴᠢᠶᠡᠨ ᠳᠣᠲᠣᠷ᠎ᠠ ᠲᠤᠰᠠᠭᠠᠷ ᠢᠶᠠᠨ ᠬᠡᠷᠡᠭ ᠲᠤ ᠲᠣᠭᠲᠠᠭᠠᠯ ᠭᠠᠷᠭᠠᠬᠤ ᠡᠷᠬᠡ ᠣᠯᠭᠤᠨ᠎ᠠ ᠃ | ᠳᠣᠲᠣᠭᠠᠳᠤ ᠪᠠᠶᠢᠭᠤᠯᠤᠮᠵᠢ ᠶᠢᠨ ᠲᠠᠬᠢᠨ ᠱᠤᠭᠤᠬᠤ ᠴᠢᠨᠠᠷᠲᠠᠢ ᠥᠭᠡᠷᠡᠴᠢᠯᠡᠯᠲᠡ᠄ 2019 ᠣᠨ ᠳᠤ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠳᠡᠭᠡᠷ᠎ᠡ | ᠠᠴᠠ ᠳᠣᠷᠣᠭᠰᠢ ᠳᠣᠲᠣᠭᠠᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠡᠬᠢᠯᠡᠭᠦᠯᠪᠡ ᠃ ᠡᠨᠡ ᠤᠳᠠᠭᠠᠨ ᠤ ᠪᠠᠶᠢᠴᠠᠭᠠᠬᠤ ᠪᠠᠶᠢᠭᠤᠯᠭ᠎ᠠ ᠶᠢᠨ | ᠳᠣᠲᠣᠭᠠᠳᠤ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯ ᠨᠢᠭᠡᠨ ᠤᠳᠠᠭᠠᠨ ᠤ ᠰᠢᠰᠲ᠋ᠧᠮᠲᠦ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ᠂ ᠲᠠᠬᠢᠨ ᠴᠣᠭᠴᠠᠯᠠᠬᠤ | ᠴᠢᠨᠠᠷᠲᠠᠢ ᠥᠭᠡᠷᠡᠴᠢᠯᠡᠯᠲᠡ ᠮᠥᠨ ᠃ ᠰᠢᠰᠲ᠋ᠧᠮᠲᠦ ᠴᠢᠨᠠᠷ ᠭᠡᠳᠡᠭ ᠨᠢ ᠪᠠᠶᠢᠴᠠᠭᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭ᠎ᠠ | ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠳᠤ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠵᠦ᠂ ᠰᠢᠨ᠎ᠡ | ᠴᠠᠭ ᠦᠶ᠎ᠡ ᠶᠢᠨ ᠠᠷᠠᠳ ᠤᠯᠠᠨ ᠪᠠ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠶᠢ ᠵᠢᠭᠠᠵᠤ ᠪᠠᠶᠢᠨ᠎ᠠ ᠃ ᠪᠦᠬᠦᠯᠢ ᠴᠣᠭᠴᠠᠲᠤ ᠴᠢᠨᠠᠷ ᠭᠡᠳᠡᠭ ᠨᠢ | ᠳᠠᠷᠤᠢ ᠪᠦᠬᠦ ᠤᠯᠤᠰ ᠤᠨ ᠲᠦᠷᠪᠡᠨ ᠱᠠᠲᠤᠨ ᠤ ᠪᠠᠶᠢᠴᠠᠭᠠᠬᠤ ᠪᠠᠶᠢᠭᠤᠯᠭ᠎ᠠ ᠴᠥᠮ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠶᠢ ᠵᠢᠭᠠᠵᠤ ᠪᠠᠶᠢᠨ᠎ᠠ ᠃ ᠲᠠᠬᠢᠨ | ᠪᠦᠲᠦᠭᠡᠬᠦ ᠴᠢᠨᠠᠷᠲᠠᠢ ᠭᠡᠳᠡᠭ ᠨᠢ ᠪᠠᠷᠢᠪᠴᠢᠯᠠᠬᠤ ᠪᠠ ᠵᠠᠭᠠᠯᠳᠤᠬᠤ ᠶᠢ ᠰᠠᠯᠭᠠᠬᠤ᠂ ᠵᠠᠭᠠᠯᠳᠤᠬᠤ ᠪᠠ ᠭᠤᠶᠤᠴᠢᠯᠠᠬᠤ ᠶᠢ ᠰᠠᠯᠭᠠᠬᠤ ᠪᠠᠷ ᠪᠠᠷᠠᠬᠤ ᠦᠭᠡᠢ᠂ ᠴᠠᠭ ᠦᠶ᠎ᠡ | ᠶᠢᠨ ᠬᠥᠭᠵᠢᠯᠲᠡ ᠶᠢ ᠳᠠᠭᠠᠯᠳᠤᠨ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠳᠦᠯ ᠨᠢ ᠨᠢᠭᠡᠨᠲᠡ ᠲᠡᠶᠢᠮᠦ ᠲᠤᠪᠤᠶᠢᠮ᠎ᠠ ᠪᠢᠰᠢ | ᠪᠣᠯᠤᠭᠰᠠᠨ ᠪᠠᠶᠢᠳᠠᠯ ᠳᠤ ᠲᠠᠬᠢᠨ ᠲᠤᠬᠢᠷᠠᠭᠤᠯᠤᠯᠳᠠ ᠬᠢᠵᠦ᠂ ᠲᠠᠬᠢᠨ ᠪᠤᠢ ᠪᠣᠯᠭᠠᠬᠤ ᠶᠠᠪᠤᠳᠠᠯ ᠪᠣᠯᠤᠨ᠎ᠠ ᠃ | ᠶᠠᠯ᠎ᠠ ᠪᠠᠨ ᠮᠡᠳᠡᠷᠡᠭᠰᠡᠨ ᠪᠠ ᠰᠢᠳᠬᠡᠯ ᠢ ᠮᠡᠳᠡᠷᠡᠭᠰᠡᠨ ᠢ ᠠᠭᠤᠴᠢᠯᠠᠨ ᠰᠢᠳᠬᠡᠬᠦ ᠲᠦᠷᠢᠮ᠄ ᠡᠨᠡ ᠨᠢ ᠶᠠᠯ᠎ᠠ ᠬᠢᠭᠰᠡᠨ ᠰᠡᠵᠢᠭᠯᠡᠯᠲᠡᠢ ᠡᠲᠡᠭᠡᠳ᠂ ᠵᠠᠭᠠᠯᠳᠤᠭᠳᠠᠭᠴᠢ | ᠥᠪᠡᠷ ᠤᠨ ᠶᠠᠯᠠᠲᠤ ᠠᠵᠢᠯᠯᠠᠭ᠎ᠠ ᠪᠠᠨ ᠰᠠᠶᠢᠨ ᠳᠤᠷ᠎ᠠ ᠠᠴᠠ ᠪᠠᠨ ᠦᠨᠡᠨ ᠮᠥᠨ ᠢᠶᠠᠷ ᠨᠢ ᠥᠴᠢᠭᠯᠡᠵᠦ᠂ ᠵᠠᠭᠠᠯᠳᠤᠭᠰᠠᠨ ᠶᠠᠯ᠎ᠠ ᠶᠢᠨ ᠪᠣᠳᠠᠲᠤ ᠶᠠᠪᠤᠳᠠᠯ ᠢ ᠮᠡᠳᠡᠷᠡᠵᠦ | ᠂ ᠳᠤᠷᠠᠲᠠᠶ᠎ᠠ ᠰᠢᠳᠬᠡᠯ ᠬᠦᠯᠢᠶᠡᠬᠦ ᠶᠢ ᠵᠢᠭᠠᠵᠤ ᠪᠠᠶᠢᠨ᠎ᠠ᠂ ᠬᠠᠤᠯᠢ ᠶᠣᠰᠣᠭᠠᠷ ᠠᠭᠤᠴᠢᠯᠠᠨ ᠰᠢᠢᠳᠪᠦᠷᠢᠯᠡᠵᠦ ᠪᠣᠯᠤᠨ᠎ᠠ ᠃ ᠲᠣᠰ ᠲᠦᠷᠢᠮ ᠢ 2016 ᠣᠨ ᠤ 9 | ᠰᠠᠷ᠎ᠠ ᠳᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠠᠷᠠᠳ ᠤᠨ ᠳᠡᠭᠡᠳᠦ ᠰᠢᠭᠦᠬᠦ ᠬᠤᠷᠢᠶ᠎ᠠ᠂ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠴᠠ ᠦᠬᠠᠨ ᠵᠡᠷᠭᠡ 18 ᠬᠤᠲᠠ ᠳᠤ ᠬᠤᠶᠠᠷ ᠵᠢᠯ ᠤᠨ ᠬᠤᠭᠤᠴᠠᠭ᠎ᠠ ᠲᠠᠢ ᠲᠤᠷᠰᠢᠯᠲᠠ ᠬᠢᠪᠠ ᠃ 2018 ᠣᠨ | ᠤ 10 ᠰᠠᠷ᠎ᠠ ᠶᠢᠨ 26 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽〈 ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠵᠠᠷᠭᠤ ᠶᠢᠨ ᠬᠠᠤᠯᠢ 〉 ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ︾ ᠢ ᠪᠠᠲᠤᠯᠠᠵᠤ᠂ ᠶᠠᠯ᠎ᠠ | ᠪᠠᠨ ᠮᠡᠳᠡᠷᠡᠭᠰᠡᠨ ᠪᠠ ᠰᠢᠳᠬᠡᠯ ᠢ ᠮᠡᠳᠡᠷᠡᠭᠰᠡᠨ ᠢ ᠠᠭᠤᠴᠢᠯᠠᠨ ᠰᠢᠳᠬᠡᠬᠦ ᠲᠦᠷᠢᠮ ᠢ ᠡᠷᠡᠭᠦᠦ ᠶᠢᠨ ᠵᠠᠷᠭᠤ ᠶᠢᠨ ᠬᠠᠤᠯᠢ ᠳᠤ ᠵᠢᠩᠬᠢᠨᠢ ᠪᠠᠷ ᠪᠢᠴᠢᠵᠦ ᠣᠷᠣᠭᠤᠯᠪᠠ ᠃ | | ︽ᠭᠤᠷᠪᠠᠨ ᠲᠣᠭᠲᠠᠭᠠᠯ ︾᠄ ︽ᠤᠳᠤᠷᠢᠳᠬᠤ ᠺᠠᠳ᠋ᠷ ᠬᠠᠤᠯᠢ ᠪᠠᠷᠢᠬᠤ ᠠᠵᠢᠯᠯᠠᠭ᠎ᠠ ᠳᠤ ᠭᠠᠷ ᠲᠥᠷᠥᠭᠰᠡᠨ᠂ ᠪᠣᠳᠠᠲᠠᠢ ᠬᠡᠷᠡᠭ ᠢ ᠰᠢᠢᠳᠪᠦᠷᠢᠯᠡᠬᠦ ᠳᠤ ᠭᠠᠷ | ᠲᠥᠷᠥᠭᠰᠡᠨ ᠢ ᠲᠡᠮᠳᠡᠭᠯᠡᠬᠦ᠂ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ︾᠂ ︽ᠬᠠᠤᠯᠢ ᠪᠠᠷᠢᠬᠤ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯᠳᠠᠨ | ᠤ ᠬᠡᠷᠡᠭ ᠢ ᠠᠰᠠᠭᠤᠨ ᠯᠠᠪᠯᠠᠭᠰᠠᠨ ᠢ ᠲᠡᠮᠳᠡᠭᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ︾᠂ ︽ᠬᠠᠤᠯᠢ ᠪᠠᠷᠢᠬᠤ ᠠᠵᠢᠯᠳᠠᠨ ᠤ ᠲᠤᠬᠠᠢ ᠶᠢᠨ ᠬᠥᠮᠦᠨ᠂ | ᠬᠠᠤᠯᠢᠴᠢ᠂ ᠣᠨᠴᠠᠭᠠᠢ ᠬᠠᠷᠢᠴᠠᠭ᠎ᠠ ᠲᠠᠢ ᠬᠥᠮᠦᠨ᠂ ᠵᠠᠭᠤᠴᠢ ᠵᠣᠬᠢᠶᠠᠨ ᠪᠠᠶᠢᠭᠤᠯᠤᠯᠲᠠ ᠲᠠᠢ ᠬᠠᠷᠢᠯᠴᠠᠬᠤ ᠥᠢᠯᠡ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠬᠤ ᠲᠤᠬᠠᠢ ᠲᠣᠭᠲᠠᠭᠠᠯ ︾᠂ ︽ᠭᠤᠷᠪᠠᠨ ᠲᠣᠭᠲᠠᠭᠠᠯ ︾ ᠨᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠂ ᠪᠠᠶᠢᠴᠠᠭᠠᠬᠤ ᠪᠠᠶᠢᠭᠤᠯᠭ᠎ᠠ ᠶᠢ ᠪᠥᠬᠦ | ᠲᠠᠯ᠎ᠠ ᠪᠠᠷ ᠴᠢᠩᠭ᠎ᠠ ᠵᠠᠰᠠᠬᠤ ᠶᠢ ᠲᠥᠯᠬᠢᠨ ᠠᠬᠢᠭᠤᠯᠬᠤ᠂ ᠪᠠᠶᠢᠴᠠᠭᠠᠬᠤ ᠪᠠᠶᠢᠭᠤᠯᠭ᠎ᠠ ᠶᠢᠨ ᠲᠥᠪ ᠭᠤᠣᠯᠴᠢ ᠪᠠᠷ ᠬᠠᠤᠯᠢ ᠪᠠᠷᠢᠬᠤ ᠶᠢ ᠦᠨᠡᠨ ᠬᠦ ᠪᠠᠲᠤᠯᠠᠬᠤ᠂ | ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠪᠠᠷᠢᠬᠤ ᠨᠢ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ | ︽ᠲᠦᠷᠪᠡᠨ ᠶᠡᠭᠡ ᠪᠠᠶᠢᠴᠠᠭᠠᠬᠤ ᠠᠵᠢᠯ ︾ ︽ᠠᠷᠪᠠᠨ ᠶᠡᠭᠡ ᠲᠤᠬᠠᠶᠢᠯᠠᠭᠰᠠᠨ ᠠᠵᠢᠯ ︾᠄ ︽ᠲᠦᠷᠪᠡᠨ ᠶᠡᠭᠡ ᠪᠠᠶᠢᠴᠠᠭᠠᠬᠤ ᠠᠵᠢᠯ ︾ ᠭᠡᠳᠡᠭ ᠨᠢ ᠡᠷᠡᠭᠦᠦ | ᠶᠢᠨ ᠬᠡᠷᠡᠭ ᠢ ᠪᠠᠶᠢᠴᠠᠭᠠᠬᠤ᠂ ᠢᠷᠭᠡᠨ ᠤ ᠬᠡᠷᠡᠭ ᠢ ᠪᠠᠶᠢᠴᠠᠭᠠᠬᠤ᠂ ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠬᠤ ᠪᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢ | ᠪᠠᠶᠢᠴᠠᠭᠠᠬᠤ ᠠᠵᠢᠯ ᠢ ᠵᠢᠭᠠᠵᠤ ᠪᠠᠶᠢᠨ᠎ᠠ︔ ︽ᠠᠷᠪᠠᠨ ᠶᠡᠭᠡ ᠲᠤᠬᠠᠶᠢᠯᠠᠭᠰᠠᠨ ᠠᠵᠢᠯ︾ ᠭᠡᠳᠡᠭ ᠨᠢ ᠡᠩ ᠤᠨ ᠡᠷᠡᠭᠦᠦ ᠶᠢᠨ ᠶᠠᠯᠠᠲᠤ ᠬᠡᠷᠡᠭ ᠢ ᠪᠠᠶᠢᠴᠠᠭᠠᠬᠤ | ᠲᠤᠬᠠᠶᠢᠯᠠᠭᠰᠠᠨ ᠠᠵᠢᠯ᠂ ᠬᠦᠨᠳᠦ ᠶᠡᠭᠡ ᠡᠷᠡᠭᠦᠦ ᠶᠢᠨ ᠶᠠᠯᠠᠲᠤ ᠬᠡᠷᠡᠭ ᠢ ᠪᠠᠶᠢᠴᠠᠭᠠᠬᠤ ᠲᠤᠬᠠᠶᠢᠯᠠᠭᠰᠠᠨ ᠠᠵᠢᠯ᠂ ᠡᠷᠬᠡ ᠲᠤᠰᠢᠶᠠᠯ ᠢᠶᠠᠨ ᠠᠰᠢᠭᠯᠠᠨ ᠬᠢᠭᠰᠡᠨ | ᠶᠠᠯᠠᠲᠤ ᠬᠡᠷᠡᠭ ᠢ ᠪᠠᠶᠢᠴᠠᠭᠠᠬᠤ ᠲᠤᠬᠠᠶᠢᠯᠠᠭᠰᠠᠨ ᠠᠵᠢᠯ᠂ ᠠᠵᠤ ᠠᠬᠤᠢ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠶᠢ ᠪᠠᠶᠢᠴᠠᠭᠠᠬᠤ ᠲᠤᠬᠠᠶᠢᠯᠠᠭᠰᠠᠨ ᠠᠵᠢᠯ᠂ | ᠡᠷᠡᠭᠦᠦ ᠶᠢᠨ ᠬᠡᠷᠡᠭ ᠢ ᠭᠦᠢᠴᠡᠳᠬᠡᠬᠦ ᠪᠠ ᠬᠠᠤᠯᠢ ᠪᠠᠷᠢᠬᠤ ᠠᠵᠢᠯᠳᠠᠨ ᠤ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠬᠡᠷᠡᠭ ᠢ ᠪᠠᠶᠢᠴᠠᠭᠠᠬᠤ | ᠲᠤᠬᠠᠶᠢᠯᠠᠭᠰᠠᠨ ᠠᠵᠢᠯ᠂ ᠢᠷᠭᠡᠨ ᠤ ᠬᠡᠷᠡᠭ ᠢ ᠪᠠᠶᠢᠴᠠᠭᠠᠬᠤ ᠲᠤᠬᠠᠶᠢᠯᠠᠭᠰᠠᠨ ᠠᠵᠢᠯ᠂ ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠬᠤ ᠲᠤᠬᠠᠶᠢᠯᠠᠭᠰᠠᠨ ᠠᠵᠢᠯ᠂ | ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠠᠶᠢᠴᠠᠭᠠᠬᠤ ᠲᠤᠬᠠᠶᠢᠯᠠᠭᠰᠠᠨ ᠠᠵᠢᠯ᠂ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠲᠤᠬᠠᠶᠢᠯᠠᠭᠰᠠᠨ ᠠᠵᠢᠯ᠂ | ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢ ᠪᠠᠶᠢᠴᠠᠭᠠᠬᠤ ᠲᠤᠬᠠᠶᠢᠯᠠᠭᠰᠠᠨ ᠠᠵᠢᠯ ᠢ ᠵᠢᠭᠠᠵᠤ ᠪᠠᠶᠢᠨ᠎ᠠ᠃ | | | | |