1- 9 ᠰᠠᠷ᠎ᠠ ᠳᠤ ᠬᠠᠩᠭᠢᠨ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠶ ᠲᠣᠭᠲᠠᠭᠤᠨ ᠤ ᠳᠤᠮᠳᠠ ᠤᠳᠠᠭᠠᠰᠢᠷᠠᠪᠠ
ᠨᠡᠶᠢᠲᠡᠯᠡᠭᠰᠡᠨ ᠴᠠᠭ᠄
2022/11/23

      ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2022 ᠣᠨ ᠤ

1 - 9 ᠰᠠᠷ᠎ᠠ ᠳᠤ ᠬᠠᠩᠭᠢᠨ ᠬᠤᠰᠢᠭᠤᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 101.9 ᠳ᠋ᠦᠩᠰᠢᠭᠤᠷ ᠲᠥᠭᠦᠷᠢᠭ ᠲᠤ ᠬᠦᠷᠴᠦ᠂

ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 3.7 % ᠪᠠᠷ ᠨᠡᠮᠡᠭᠳᠡᠪᠡ ᠃

      ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ 8.09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ

ᠬᠤᠭᠤᠴᠠᠭᠠᠨ ᠤ ᠬᠢ ᠠᠴᠠ 5.2 % ᠢᠶᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ 1.6 ᠬᠤᠪᠢ ᠳᠡᠭᠡᠭᠰᠢᠯᠡᠪᠡ᠃ ᠬᠤᠶᠠᠳᠤᠭᠠᠷ ᠠᠵᠤ

ᠦᠶᠯᠡᠰ ᠤᠨ ᠨᠡᠮᠡᠭᠳᠡᠯ ᠥᠷᠲᠡᠭ 54.80 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8 % ᠪᠠᠷ ᠨᠡᠮᠡᠭᠳᠡᠵᠦ᠂ ᠳᠡᠭᠡᠷ᠎ᠡ

ᠬᠠᠭᠠᠰ ᠵᠢᠯ ᠤᠨ ᠬᠢ ᠠᠴᠠ ᠵᠠᠭᠤᠨ ᠤ 8.6 ᠬᠤᠪᠢ ᠪᠠᠭᠤᠷᠠᠪᠠ᠃ ᠡᠭᠦᠨ ᠤ ᠳᠣᠲᠣᠷ᠎ᠠ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 47.59 ᠳᠦᠩᠰᠢᠭᠤᠷ

ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4 % ᠨᠡᠮᠡᠭᠳᠡᠵᠦ᠂ ᠪᠠᠷᠢᠯᠭ᠎ᠠ ᠶᠢᠨ ᠦᠢᠯᠡᠰ 7.22 ᠳ᠋ᠦᠩᠰᠢᠭᠤᠷ ᠲᠥᠭᠦᠷᠢᠭ ᠲᠤ ᠬᠦᠷᠴᠦ᠂

ᠠᠳᠠᠯᠢ ᠬᠤᠭᠤᠴᠠᠭᠠᠨ ᠤ ᠬᠢ ᠠᠴᠠ 13.8% ᠨᠡᠮᠡᠭᠳᠡᠪᠡ᠃ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 39.02 ᠳ᠋ᠦᠩᠰᠢᠭᠤᠷ ᠲᠥᠭᠦᠷᠢᠭ ᠲᠤ

ᠬᠦᠷᠴᠦ᠂ ᠠᠳᠠᠯᠢ ᠬᠤᠭᠤᠴᠠᠭᠠᠨ ᠤ ᠬᠢ ᠠᠴᠠ 1.1 % ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.4 ᠵᠠᠭᠤᠨ ᠤ ᠴᠡᠭ ᠳᠡᠭᠡᠭᠰᠢᠯᠡᠪᠡ ᠃

ᠭᠤᠷᠪᠠᠨ ᠠᠵᠤ ᠦᠢᠯᠡᠰ ᠤᠨ ᠬᠠᠷᠢᠴᠠᠯ ᠨᠢ 7.9᠄ 53.8᠄ 38.3 ᠪᠣᠯᠤᠨ᠎ᠠ᠃ ᠭᠤᠷᠪᠠᠨ ᠠᠵᠤ ᠦᠶᠯᠡᠰ ᠤᠨ ᠭᠠᠵᠠᠷ ᠣᠷᠣᠨ ᠤ ᠦᠶᠯᠡᠳᠪᠦᠷᠢᠯᠡᠯ ᠤᠨ

ᠶᠡᠷᠦᠩᠬᠡᠶ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 13.6᠄ 73.5᠄ 12.9 ᠪᠠᠶᠢᠵᠤ᠂ ᠭᠤᠷᠪᠠᠨ ᠠᠵᠤ ᠦᠶᠯᠡᠰ ᠤᠨ

ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠶᠢ  ᠲᠠᠶᠢᠴᠢᠯᠠᠭᠰᠠᠨ ᠨᠣᠷᠮ᠎ᠠ ᠨᠢ ᠲᠣᠰ ᠲᠣᠰ 0.5᠄ 2.7᠄ 0.5  ᠪᠣᠯᠪᠠ ᠃

ᠢᠷᠡᠯᠲᠡ᠄ ᠲᠤᠰ ᠰᠦᠯᠵᠢᠶ᠎ᠡ