ᠡᠯ᠎ᠡ ᠲᠦᠷᠦᠯ ᠤᠨ ᠦᠢᠯᠡᠳᠪᠦᠷᠢᠯᠡᠯ ᠠᠮᠢᠳᠤᠷᠠᠯ ᠢ ᠤᠯᠠᠮ ᠨᠢᠭᠡ ᠠᠯᠬᠤᠮ ᠰᠡᠷᠭᠦᠭᠡᠬᠦ ᠲᠤᠬᠠᠢ ᠬᠠᠩᠭᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/12/5
                           ᠬᠠᠩᠭᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ                           ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠ᠊‍ᠯ                                                                                        ﹇2022﹈ 83 ᠳ᠋ᠤᠭᠠᠷ ᠲᠤᠭᠠᠳᠤ

       2022 ᠣᠨ ᠤ 11 ᠰᠠᠷ᠎ᠠ ᠶᠢᠨ 14 ᠤ ᠡᠳᠦᠷ ᠠᠴᠠ ᠡᠬᠢᠯᠡᠨ᠂ ᠪᠦᠬᠦ ᠬᠤᠰᠢᠭᠤᠨ ᠤ ᠬᠡᠪᠴᠢᠶᠡᠨ ᠳᠤ  ᠬᠡᠰᠡᠭ ᠡᠵᠡᠩᠨᠡᠯᠲᠡ ᠶᠢᠨ ᠲᠠᠯᠠᠪᠤᠷ ᠢ ᠤᠯᠠᠮ

ᠨᠢᠭᠡ ᠠᠯᠬᠤᠮ ᠨᠡᠭᠡᠭᠡᠬᠦ ᠪᠠᠷ ᠲᠣᠭᠲᠠᠭᠠᠪᠠ᠂  ᠡᠭᠦᠨ ᠢ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶

︾᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ

ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠶ ᠰᠠᠶᠢᠲᠤᠷ ᠬᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ

ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠮᠡᠳᠡᠭᠳᠡᠯ︾ ᠵᠢᠴᠢ ︽ᠣᠷᠳᠣᠰ ᠬᠤᠲᠠ ᠶᠢᠨ ᠰᠢᠨ᠎ᠡ ᠲᠢᠲᠢᠮᠯᠢᠭ ᠠᠭᠤᠰᠬᠢᠨ

ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 32 ᠳ᠋ᠤᠭᠠᠷ ᠲᠣᠭᠠᠲᠤ ᠵᠠᠷᠯᠠᠯ︾ ᠤᠨ

ᠬᠠᠮᠢᠶ᠎ᠠ ᠪᠥᠬᠦᠶ ᠲᠣᠭᠲᠠᠭᠠᠯ ᠢ  ᠦᠨᠳᠦᠰᠦᠯᠡᠪᠡ ᠃

      ᠨᠢᠭᠡ᠂ ᠲᠦᠷ ᠬᠤᠶᠢᠰᠢᠯᠠᠭᠤᠯᠵᠤ ᠨᠡᠭᠡᠭᠡᠬᠦ ᠡᠵᠡᠩᠨᠡᠯᠲᠡ ᠶᠢᠨ  ᠲᠠᠯᠠᠪᠤᠷ

      ︵ᠨᠢᠭᠡ︶ ᠶᠢᠨ ᠬᠤᠸᠠ ᠵᠠᠬ᠎ᠠ ᠳᠡᠯᠭᠡᠭᠦᠷ᠂ ᠰᠢᠩ ᠬᠠᠩ ᠵᠠᠬ᠎ᠠ ᠳᠡᠯᠭᠡᠭᠦᠷ ᠵᠡᠷᠭᠡ ᠲᠣᠮᠣ ᠬᠡᠯᠪᠡᠷᠢ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ

ᠨᠡᠭᠡᠭᠡᠬᠦ ᠶᠢ ᠲᠦᠷ ᠬᠤᠶᠢᠰᠢᠯᠠᠭᠤᠯᠤᠨ᠎ᠠ︔ ᠣᠤ ᠲᠧ ᠯᠠᠶ ᠰᠧ ᠬᠤᠳᠠᠯᠳᠤᠭᠠᠨ ᠤ ᠲᠠᠯᠠᠪᠠᠶ᠂ ᠰᠢ ᠶᠠᠩ ᠶᠠᠩ ᠬᠤᠳᠠᠯᠳᠤᠭᠠᠨ ᠤ ᠲᠥᠪ ᠵᠡᠷᠭᠡ ᠲᠣᠮᠣ ᠬᠡᠯᠪᠡᠷᠢ ᠶᠢᠨ

ᠬᠤᠳᠠᠯᠳᠤᠭᠠᠨ ᠤ ᠬᠡᠲᠦ ᠳᠡᠯᠭᠡᠭᠦᠷ︔ ᠺᠢᠨᠣ᠋ ᠶᠢᠨ ᠣᠷᠳᠣᠨ᠂ ᠰᠦᠯᠵᠢᠶᠡᠨ ᠤ ᠪᠠᠭᠠᠷ᠂ KTV᠂ ᠰᠤᠭᠤᠯᠤᠭ᠎ᠠ ᠶᠢᠨ ᠥᠷᠲᠡᠭᠡ᠂ ᠰᠢᠲᠠᠷ᠎ᠠ ᠬᠥᠵᠥᠷ ᠤᠨ ᠭᠡᠷ᠂

ᠠᠷᠢᠬᠢᠨ ᠪᠠᠭᠠᠷ ᠵᠡᠷᠭᠡ ᠵᠤᠭ᠎ᠠ ᠴᠡᠩᠭᠡᠯ ᠤᠨ ᠲᠠᠯᠠᠪᠤᠷ︔ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ 

ᠬᠢᠴᠢᠶᠡᠯ ᠤᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠵᠡᠷᠭᠡ ᠰᠣᠶᠣᠯ ᠵᠢᠭᠤᠯᠴᠢᠯᠠᠯ ᠤᠨ ᠲᠠᠯᠠᠪᠤᠷ︔ ᠪᠡᠶ᠎ᠡ ᠶᠢᠨ ᠲᠠᠮᠢᠷ ᠤᠨ ᠲᠠᠯᠠᠪᠤᠷ︔ ᠪᠡᠶ᠎ᠡ ᠤᠬᠢᠶᠠᠬᠤ 

ᠭᠠᠵᠠᠷ᠂ ᠬᠥᠯ ᠢᠯᠢᠯᠭᠡ᠂ ᠵᠢᠰᠦ ᠭᠤᠶᠣᠯᠠᠬᠤ ᠭᠠᠵᠠᠷ ᠵᠡᠷᠭᠡ ᠨᠢᠭᠲᠠ ᠪᠢᠲᠡᠭᠦᠮᠵᠢᠯᠡᠭᠰᠡᠨ ᠲᠠᠯᠠᠪᠤᠷ︔ ᠲᠤᠰ ᠤᠳᠠᠭᠠᠨ ᠤ ᠬᠢᠵᠢᠭ ᠤᠨ ᠪᠠᠶᠢᠳᠠᠯ ᠳᠤ ᠬᠡᠷᠡᠭᠯᠡᠭᠰᠡᠨ

ᠪᠠᠭᠤᠳᠠᠯ ᠵᠡᠷᠭᠡ ᠲᠤᠰᠠᠭᠠᠷᠯᠠᠬᠤ ᠲᠠᠯᠠᠪᠤᠷ᠃

      ︵ᠬᠤᠶᠠᠷ︶ ᠡᠯ᠎ᠡ ᠲᠥᠷᠥᠯ ᠤᠨ ᠳᠠᠶᠢᠯᠠᠯᠭ᠎ᠠ᠂ ᠪᠠᠶᠠᠷ ᠤᠨ ᠶᠣᠰᠣᠯᠠᠯ᠂ ᠳᠡᠯᠭᠡᠨ ᠪᠣᠷᠣᠯᠠᠭᠤᠯᠬᠤ ᠴᠤᠭᠯᠠᠭᠠᠨ ᠵᠡᠷᠭᠡ ᠴᠤᠭᠯᠠᠷᠠᠯ ᠤᠨ ᠴᠢᠨᠠᠷᠲᠠᠶ

ᠠᠵᠢᠯᠯᠠᠭ᠎ᠠ ᠶᠢ ᠦᠷᠭᠦᠯᠵᠢᠯᠡᠨ ᠵᠣᠭᠰᠣᠭᠠᠵᠤ᠂ ︽ᠬᠤᠷᠢᠮ ᠨᠠᠶᠢᠷ ᠢ ᠬᠤᠶᠢᠰᠢᠯᠠᠭᠤᠯᠵᠤ᠂ ᠣᠷᠤᠰᠢᠯᠠᠭᠤᠯᠭ᠎ᠠ  ᠶᠢ ᠳᠥᠭᠦᠮᠴᠢᠯᠡᠨ ᠬᠢᠬᠦ ᠬᠡᠷᠡᠭᠲᠡᠶ︾᠃  ᠬᠤᠭᠤᠯᠠᠨ

ᠭᠡᠷ ᠢ  ᠵᠠᠬᠢᠶᠠᠯᠠᠭ᠎ᠠ ᠶᠢᠨ ᠬᠡᠯᠪᠡᠷᠢ ᠪᠠᠷ ᠨᠡᠭᠡᠭᠡᠵᠦ᠂ ᠨᠠᠰᠤᠲᠠᠨ ᠢ ᠠᠰᠠᠷᠠᠬᠤ ᠬᠦᠷᠢᠶᠡᠯᠡᠩ᠂ ᠬᠤᠷᠢᠭᠤᠯ ᠤᠨ ᠭᠠᠵᠠᠷ ᠢ ᠦᠷᠭᠦᠯᠵᠢᠯᠡᠨ ᠪᠢᠲᠡᠭᠦᠮᠵᠢᠯᠡᠨ  ᠬᠠᠮᠢᠶᠠᠷᠴᠤ᠂

ᠨᠡᠶᠢᠲᠡ ᠶᠢᠨ ᠵᠠᠮ ᠬᠠᠷᠢᠯᠴᠠᠭ᠎ᠠ᠂ ᠠᠶᠠᠨᠴᠢᠳ  ᠤᠨ ᠲᠡᠷᠭᠡ ᠶᠢ ᠦᠷᠭᠦᠯᠵᠢᠯᠡᠨ  ᠵᠣᠭᠰᠤᠭᠠᠨ᠎ᠠ᠃

      ᠬᠤᠶᠠᠷ᠄ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ

      ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠪᠢᠴᠢᠭ ᠢ  ᠲᠤᠰᠢᠶᠠᠵᠤ   ᠰᠢᠯᠭᠠᠨ ᠪᠠᠶᠢᠴᠠᠭᠠᠭᠰᠠᠨ ᠳᠠᠷᠠᠭ᠎ᠠ ᠨᠡᠭᠡᠭᠡᠵᠦ ᠪᠣᠯᠤᠨ᠎ᠠ᠃

      ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠶᠢᠰᠢᠯᠠᠭᠤᠯᠤᠨ ᠨᠡᠭᠡᠭᠡᠬᠦ ᠡᠵᠡᠩᠨᠡᠯᠲᠡ ᠶᠢᠨ ᠲᠠᠯᠠᠪᠤᠷ ᠲᠠᠬᠢ ᠬᠢᠨᠠᠯᠲᠠ ᠬᠠᠮᠢᠶᠠᠷᠤᠯᠲᠠ ᠪᠠᠨ

ᠴᠢᠩᠭᠠᠳᠬᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠥᠬᠦ ᠲᠠᠯ᠎ᠠ ᠪᠠᠷ ᠨᠡᠶᠢᠳᠠᠪᠤᠷᠢᠵᠢᠭᠤᠯᠬᠤ ᠬᠡᠷᠡᠭᠳᠡᠢ᠃ ᠬᠡᠷᠪᠡ  ᠲᠤᠷ᠎ᠠ ᠪᠠᠷ ᠨᠡᠭᠡᠭᠡᠭᠰᠡᠨ ᠪᠠᠶᠢᠪᠠᠯ

ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃

                     ᠬᠠᠩᠭᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ

                           ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ

                              2022 ᠣᠨ ᠤ 11 ᠰᠠᠷ᠎ᠠ ᠶᠢᠨ13 ᠤ ᠡᠳᠦᠷ

                                           

 

ᠢᠷᠡᠯᠲᠡ᠄ ᠲᠤᠰ ᠰᠦᠯᠵᠢᠶ᠎ᠡ