2022 ᠣᠨ ᠤ ᠲᠦᠷᠦᠭᠦᠦ ᠭᠤᠷᠪᠠᠨ ᠤᠯᠠᠷᠢᠯ ᠤᠨ ᠬᠠᠩᠭᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2022/12/9

      2022 ᠣᠨ ᠳᠤ ᠪᠥᠬᠦ ᠬᠤᠲᠠ ᠶᠢᠨ ︽ᠨᠢᠭᠡᠳᠦᠭᠡᠷ ᠠᠵᠤ ᠦᠶᠯᠡᠰ ᠢ ᠳᠠᠬᠢᠨ ᠴᠣᠭᠴᠠᠯᠠᠬᠤ︾ ᠠᠵᠢᠯᠯᠠᠭ᠎ᠠ ᠡᠬᠢᠯᠡᠭᠰᠡᠨ ᠠᠴᠠ ᠨᠠᠰᠢ᠂ ᠲᠠᠷᠢᠶᠠᠯᠠᠩ ᠣᠶ

ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠡᠯ᠎ᠡ ᠲᠥᠷᠥᠯ ᠤᠨ ᠭᠦᠶᠴᠡᠳᠬᠡᠯ ᠲᠤᠭ᠎ᠠ ᠨᠢ ᠴᠥᠮ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ 

᠃ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 5.2 %  ᠪᠣᠯᠪᠠ᠃

      ᠠᠮᠤ ᠪᠤᠳᠠᠭᠠᠨ ᠤ ᠦᠶᠯᠡᠳᠪᠦᠷᠢᠯᠡᠯ ᠲᠣᠭᠲᠠᠭᠤᠨ ᠤ ᠳᠤᠮᠳᠠ ᠳᠡᠭᠡᠭᠰᠢᠯᠡᠵᠦ᠂ ︽ᠠᠮᠤ ᠪᠤᠳᠠᠭᠠᠨ ᠤ ᠬᠥᠮᠥᠷᠭᠡ︾ ᠨᠠᠩ  ᠪᠠᠬᠢᠵᠢᠪᠡ᠃ ᠲᠦᠷᠦᠭᠦᠦ

ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ 69.1 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ

1.9 % ᠪᠠᠷ ᠨᠡᠮᠡᠭᠳᠡᠵᠦ᠂ ᠤᠨᠠᠯᠲᠠ ᠨᠢ 37.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3 % ᠪᠠᠷ ᠨᠡᠮᠡᠭᠳᠡᠪᠡ ᠃ ᠡᠭᠦᠨ ᠳᠤ

᠂ ᠡᠷᠳᠡᠨᠢ ᠰᠢᠰᠢ ᠳᠠᠷᠢᠬᠤ ᠲᠠᠯᠠᠪᠠᠶ 61.1 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2 % ᠢᠶᠠᠷ ᠨᠡᠮᠡᠭᠳᠡᠨ᠂ ᠤᠨᠠᠯᠲᠠ ᠨᠢ 35.3

ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1 % ᠪᠠᠷ ᠨᠡᠮᠡᠭᠳᠡᠪᠡ ᠃

      ᠠᠵᠤ ᠠᠬᠤᠶ ᠶᠢᠨ ᠲᠠᠷᠢᠮᠠᠯ ᠡᠯᠪᠡᠭ ᠬᠤᠷᠢᠶᠠᠯᠲᠠ ᠣᠯᠵᠤ᠂ ︽ᠬᠡᠷ ᠤᠨ ᠰᠠᠭᠤᠷᠢ︾ ᠨᠠᠩ ᠵᠤᠵᠠᠭᠠᠨ ᠪᠣᠯᠪᠠ᠃ ᠲᠦᠷᠦᠭᠦᠦ ᠭᠤᠷᠪᠠᠨ ᠤᠯᠠᠷᠢᠯ ᠳᠤ᠂

ᠪᠥᠬᠦ ᠬᠤᠰᠢᠭᠤᠨ ᠤ ᠠᠵᠤ ᠠᠬᠤᠶ ᠶᠢᠨ ᠲᠠᠷᠢᠮᠠᠯ ᠤᠨ ᠳᠠᠷᠢᠬᠤ ᠲᠠᠯᠠᠪᠠᠶ ᠵᠢᠱᠢᠯᠲᠡ ᠪᠠᠷ 45.5 ᠲᠦᠮᠡᠨ ᠮᠥ ᠪᠠᠶᠢᠵᠤ᠂ ᠡᠭᠦᠨ ᠳᠤ ᠨᠡᠷᠡᠨ ᠬᠤᠸᠠᠷ ᠤᠨ ᠦᠷ᠎ᠡ

33.7 ᠲᠦᠮᠡᠨ ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.8 % ᠪᠠᠷ ᠨᠡᠮᠡᠭᠳᠡᠵᠦ᠂ ᠤᠨᠠᠯᠲᠠ ᠨᠢ 7 ᠲᠦᠮᠡᠨ ᠲᠣᠨ ᠳᠤ ᠬᠦᠷᠴᠦ᠂ ᠠᠳᠠᠯᠢ

ᠬᠤᠭᠤᠴᠠᠭᠠᠨ ᠤ ᠬᠢ ᠠᠴᠠ 10.6 % ᠪᠠᠷ ᠨᠡᠮᠡᠭᠳᠡᠪᠡ︔ ᠬᠢᠲᠠᠳ ᠡᠪᠡᠰᠦᠨ ᠡᠮ ᠳᠠᠷᠢᠬᠤ ᠲᠠᠯᠠᠪᠠᠶ 4.9 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ

 ᠬᠢ ᠠᠴᠠ 98.8 % ᠪᠠᠷ ᠨᠡᠮᠡᠭᠳᠡᠪᠡ︔ ᠬᠥᠬᠡ ᠪᠣᠷᠳᠤᠭ᠎ᠠ ᠳᠠᠷᠢᠬᠤ ᠲᠠᠯᠠᠪᠠᠶ 5.5 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 173.1

% ᠪᠠᠷ ᠨᠡᠮᠡᠭᠳᠡᠪᠡ᠃

ᠢᠳᠡᠰᠢᠨ ᠨᠣᠭᠤᠭ᠎ᠠ ᠶᠢᠨ ᠠᠵᠤ ᠦᠢᠯᠡᠰ ᠶᠡᠭᠡ ᠪᠠᠷ ᠨᠡᠮᠡᠭᠳᠡᠵᠦ᠂ ᠬᠤᠯᠢᠰᠢᠨ ᠢᠳᠡᠭᠡᠨ ᠨᠡᠩ ᠡᠯᠪᠡᠭᠵᠢᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ

ᠬᠤᠰᠢᠭᠤᠨ ᠤ ᠢᠳᠡᠰᠢᠨ ᠨᠣᠭᠤᠭ᠎ᠠ ᠵᠢᠴᠢ ᠢᠳᠡᠰᠢᠨ ᠮᠥᠭᠦ ᠳᠠᠷᠢᠬᠤ ᠲᠠᠯᠠᠪᠠᠶ 1 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 79.1 %

 ᠪᠠᠷ ᠨᠡᠮᠡᠭᠳᠡᠵᠦ᠂ ᠭᠠᠷᠤᠯᠲᠠ ᠨᠢ ᠨᠡᠶᠢᠲᠡ 3.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 239.4 % ᠪᠠᠷ ᠨᠡᠮᠡᠭᠳᠡᠪᠡ ᠃

      ᠮᠠᠯ ᠠᠵᠤ ᠠᠬᠤᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠮᠠᠯ ᠤᠨ ᠲᠤᠭ᠎ᠠ

ᠲᠣᠯᠣᠭᠠᠶ 218 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.4 % ᠪᠠᠷ ᠨᠡᠮᠡᠭᠳᠡᠪᠡ᠃ ᠡᠭᠦᠨ ᠳᠤ᠂ ᠦᠬᠡᠷ 9.8 ᠲᠦᠮᠡᠨ ᠲᠣᠯᠤᠭᠠᠢ ᠳᠤ

ᠬᠦᠷᠴᠦ᠂ ᠠᠳᠠᠯᠢ ᠬᠤᠭᠤᠴᠠᠭᠠᠨ ᠤ ᠬᠢ ᠠᠴᠠ 57.9 % ᠪᠠᠷ ᠨᠡᠮᠡᠭᠳᠡᠪᠡ︔ ᠬᠤᠨᠢ ᠢᠮᠠᠭ᠎ᠠ 203.7 ᠲᠦᠮᠡᠨ ᠲᠣᠯᠤᠭᠠᠢ ᠳᠤ ᠬᠦᠷᠴᠦ᠂ ᠠᠳᠠᠯᠢ

ᠬᠤᠭᠤᠴᠠᠭᠠᠨ ᠤ ᠬᠢ ᠠᠴᠠ 19.2 % ᠢᠶᠠᠷ ᠨᠡᠮᠡᠭᠳᠡᠪᠡ︔ 3.7 ᠲᠦᠮᠡᠨ ᠭᠠᠭ᠋ᠠᠢ ᠲᠡᠵᠢᠭᠡᠵᠦ᠂ ᠠᠳᠠᠯᠢ ᠬᠤᠭᠤᠴᠠᠭᠠᠨ ᠤ ᠬᠢ ᠠᠴᠠ 9.3 % ᠪᠠᠷ ᠨᠡᠮᠡᠭᠳᠡᠪᠡ 

      ᠮᠠᠯᠴᠢᠨ ᠲᠠᠷᠢᠶᠠᠴᠢᠨ ᠤ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ

ᠪᠥᠬᠦ ᠲᠠᠯ᠎ᠠ ᠪᠠᠷ ᠬᠡᠷᠡᠭᠵᠢᠭᠦᠯᠬᠦ ᠶᠢ ᠳᠠᠭᠠᠯᠳᠤᠨ᠂ ᠮᠠᠯᠴᠢᠨ ᠲᠠᠷᠢᠶᠠᠴᠢᠨ ᠤ ᠣᠷᠣᠯᠭ᠎ᠠ ᠨᠡᠮᠡᠭᠳᠡᠵᠦ᠂ ᠬᠡᠷᠡᠭᠯᠡᠭᠡᠨ ᠤ ᠲᠦᠪᠰᠢᠨ ᠳᠡᠭᠡᠭᠰᠢᠯᠡᠪᠡ᠃ ᠲᠦᠷᠦᠭᠦᠦ

ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 16219 ᠲᠥᠭᠦᠷᠢᠭ

 ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4 % ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ

ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ ᠵᠠᠷᠤᠯᠭ᠎ᠠ 13192 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.5 % ᠪᠠᠷ ᠨᠡᠮᠡᠭᠳᠡᠪᠡ ᠃

ᠢᠷᠡᠯᠲᠡ᠄ ᠲᠤᠰ ᠰᠦᠯᠵᠢᠶ᠎ᠡ+