ᠬᠠᠩᠭᠢᠨ ᠬᠤᠰᠢᠭᠤᠨ ᠤ ᠪᠠᠯᠭᠤᠨ ᠪᠠᠯᠭᠠᠰᠤ ᠶᠢᠨ ᠠᠭᠤᠯᠵᠠᠷ ᠭᠠᠴᠠᠭ᠎ᠠ ᠪᠠᠷ ᠨᠤᠲᠤᠭᠲᠠᠢ ᠮᠠᠯᠴᠢᠨ ᠬᠡᠰᠢᠭᠪᠡᠶᠠᠷ ᠤᠨ ᠰᠤᠳᠤᠯᠤᠨ ᠨᠠᠶᠢᠷᠠᠭᠤᠯᠤᠭᠰᠠᠨ ᠴᠡᠪᠡᠷ | ᠪᠠᠶᠢᠭᠠᠯᠢᠯᠢᠭ ᠲᠡᠵᠢᠭᠡᠯ ᠪᠣᠷᠳᠤᠭ᠎ᠠ ᠨᠢ ᠮᠠᠯᠴᠢᠳ ᠤᠨ ᠲᠠᠭᠠᠰᠢᠶᠠᠯ ᠢ ᠬᠦᠷᠲᠡᠵᠦ ᠪᠠᠶᠢᠨ᠎ᠠ᠃ | ᠬᠡᠰᠢᠭᠪᠡᠶᠠᠷ ᠤᠤᠯ ᠨᠢ ᠵᠠᠬ᠎ᠠ ᠳᠡᠯᠭᠡᠭᠦᠷ ᠠᠴᠠ ᠲᠡᠵᠢᠭᠡᠯ ᠪᠣᠷᠳᠤᠭ᠎ᠠ ᠬᠤᠳᠠᠯᠳᠤᠨ ᠠᠪᠴᠤ ᠬᠤᠨᠢ ᠢᠮᠠᠭ᠎ᠠ ᠪᠠᠨ ᠪᠣᠷᠳᠣᠨ ᠲᠠᠷᠭᠤᠯᠠᠭᠤᠯᠵᠤ᠂ ᠣᠷᠤᠯᠭ᠎ᠠ ᠪᠠᠨ | ᠳᠡᠭᠡᠭᠰᠢᠯᠡᠭᠦᠯᠵᠦ ᠪᠠᠶᠢᠭᠰᠠᠨ ᠠᠴᠠ ᠪᠠᠨ ᠵᠠᠬ᠎ᠠ ᠳᠡᠯᠭᠡᠭᠦᠷ ᠲᠠᠬᠢ ᠲᠡᠵᠢᠭᠡᠯ ᠪᠣᠷᠳᠤᠭ᠎ᠠ ᠪᠠᠷ ᠲᠡᠵᠢᠭᠡᠭᠰᠡᠨ ᠬᠤᠨᠢ ᠢᠮᠠᠭ᠎ᠠ ᠪᠢᠴᠢᠯ ᠡᠯᠧᠮᠧᠨ᠋ᠲ ᠲᠤᠲᠠᠭᠳᠠᠬᠤ᠂ | ᠠᠮᠠᠷᠬᠠᠨ ᠬᠠᠯᠠᠭᠤᠳᠠᠬᠤ ᠵᠡᠷᠭᠡ ᠪᠠᠶᠢᠳᠠᠯ ᠢᠯᠡᠷᠡᠵᠦ᠂ ᠵᠠᠷᠤᠳᠠᠯ ᠢᠯᠡᠭᠦᠦ ᠣᠷᠤᠯᠭ᠎ᠠ ᠴᠥᠭᠡᠨ ᠪᠠᠶᠢᠳᠠᠭ ᠨᠢ ᠲᠡᠭᠦᠨ ᠢ ᠥᠪᠡᠷ ᠤᠨ ᠭᠡᠰᠡᠨ ᠲᠠᠵᠢᠭᠡᠯ ᠪᠣᠷᠳᠤᠭ᠎ᠠ ᠶᠢ | ᠰᠤᠳᠤᠯᠤᠨ ᠨᠠᠶᠢᠷᠠᠭᠤᠯᠬᠤ ᠰᠡᠳᠬᠢᠭᠳᠡᠯ ᠲᠥᠷᠦᠭᠦᠯᠪᠡ᠃ ᠡᠨᠡ ᠬᠦ ᠬᠦᠰᠡᠯ ᠳᠡᠭᠡᠨ ᠬᠥᠲᠦᠯᠦᠭᠳᠡᠵᠦ ᠬᠡᠰᠢᠭᠪᠡᠶᠠᠷ 2012 ᠣᠨ ᠠᠴᠠ ᠡᠬᠢᠯᠡᠨ ᠥᠪᠡᠷ ᠤᠨ ᠭᠡᠰᠡᠨ | ᠲᠠᠵᠢᠭᠡᠯ ᠪᠣᠷᠳᠤᠭ᠎ᠠ ᠶᠢ ᠨᠠᠶᠢᠷᠠᠭᠤᠯᠬᠤ ᠠᠵᠢᠯ ᠢᠶᠠᠨ ᠭᠠᠷᠳᠠᠨ ᠬᠢᠵᠦ ᠲᠡᠵᠢᠭᠡᠯ ᠪᠣᠷᠳᠤᠭᠠᠨ ᠳᠠᠭᠠᠨ ᠡᠷᠳᠡᠨᠢ ᠰᠢᠰᠢ᠂ ᠪᠤᠷᠴᠠᠭ ᠤᠨ ᠬᠡᠮᠵᠢᠶ᠎ᠡ ᠶᠢ ᠵᠣᠬᠢᠴᠠᠭᠤᠯᠤᠨ | ᠰᠢᠨ᠎ᠡ ᠲᠡᠵᠢᠭᠡᠯ ᠢ ᠲᠠᠭᠠᠷᠠᠭᠤᠯᠬᠤ ᠶᠢᠨ ᠬᠠᠮᠲᠤ ᠬᠤᠨᠢ ᠢᠮᠠᠭᠠᠨ ᠤ ᠪᠡᠶ᠎ᠡ ᠳᠤ ᠠᠮᠠᠷᠬᠠᠨ ᠲᠤᠲᠠᠭᠳᠠᠬᠤ ᠪᠢᠴᠢᠯ ᠡᠯᠧᠮᠧᠨ᠋ᠲ ᠨᠥᠬᠦᠪᠦᠷᠢᠯᠡᠵᠦ᠂ ᠬᠠᠯᠠᠭᠤᠨ ᠢ | ᠲᠠᠭᠤᠬᠤ ᠪᠠᠷ ᠰᠡᠷᠢᠭᠦᠨ ᠴᠢᠨᠠᠷᠲᠠᠢ ᠡᠪᠡᠰᠦᠨ ᠡᠮ ᠬᠤᠯᠢᠵᠤ᠂ ᠳᠥᠷᠪᠡᠨ ᠵᠢᠯ ᠤᠨ ᠴᠠᠭ ᠢᠶᠠᠷ ᠴᠡᠪᠡᠷ ᠪᠠᠶᠢᠭᠠᠯᠢᠯᠢᠭ ᠲᠡᠵᠢᠭᠡᠯ ᠪᠣᠷᠳᠤᠭ᠎ᠠ ᠶᠢ ᠰᠤᠳᠤᠯᠤᠨ | ᠨᠠᠶᠢᠷᠠᠭᠤᠯᠵᠠᠢ᠃ | | | | | ᠲᠡᠷᠡ 2013 ᠣᠨ ᠠᠴᠠ ᠡᠬᠢᠯᠡᠨ ᠲᠡᠵᠢᠭᠡᠯ ᠪᠣᠷᠳᠤᠭ᠎ᠠ ᠪᠠᠨ ᠥᠪᠡᠷ ᠤᠨ ᠬᠤᠨᠢ ᠢᠮᠠᠭᠠᠨ ᠳᠠᠭᠠᠨ ᠲᠤᠷᠰᠢᠨ ᠬᠡᠷᠡᠭᠯᠡᠵᠦ᠂ ᠲᠠᠰᠤᠷᠠᠯᠲᠠ ᠦᠭᠡᠢ | ᠰᠢᠯᠢᠳᠡᠭᠵᠢᠭᠦᠯᠦᠨ ᠢᠯᠡᠷᠬᠡᠢ ᠦᠷ᠎ᠡ ᠪᠥᠲᠦᠮᠵᠢ ᠲᠠᠢ ᠪᠣᠯᠤᠭᠰᠠᠨ ᠰᠠᠭᠤᠷᠢᠨ ᠳᠡᠭᠡᠷ᠎ᠡ ᠭᠠᠴᠠᠭᠠᠨ ᠤ ᠮᠠᠯᠴᠢᠳ ᠲᠠᠭᠠᠨ ᠲᠥᠭᠡᠮᠡᠯᠵᠢᠭᠦᠯᠦᠨ ᠳᠡᠯᠭᠡᠷᠡᠭᠦᠯᠪᠡ᠃ | 2019 ᠣᠨ ᠳᠤ ᠬᠡᠰᠢᠭᠪᠡᠶᠠᠷ ᠲᠡᠵᠢᠭᠡᠯ ᠪᠣᠷᠳᠤᠭ᠎ᠠ ᠳᠠᠭᠠᠨ ︽ᠠᠭᠤᠯᠵᠠᠷ︾ ᠨᠡᠷᠡᠮᠵᠢᠲᠦ ᠲᠠᠸᠠᠷ ᠤᠨ ᠲᠡᠮᠲᠡᠭ ᠢ ᠳᠠᠩᠰᠠᠯᠠᠭᠤᠯᠵᠤ᠂ ᠠᠭᠤᠯᠵᠠᠷ ᠭᠠᠴᠠᠭ᠎ᠠ | ᠣᠶᠢᠷ᠎ᠠ ᠬᠠᠪᠢ ᠶᠢᠨ ᠭᠠᠴᠠᠭ᠎ᠠ ᠲᠣᠰᠬᠤᠨ ᠢᠶᠠᠷ ᠲᠡᠵᠢᠭᠡᠯ ᠪᠣᠷᠳᠤᠭ᠎ᠠ ᠪᠠᠨ ᠪᠣᠷᠤᠯᠠᠭᠤᠯᠵᠤ᠂ 2019 ᠣᠨ ᠳᠤ ᠲᠡᠭᠦᠨ ᠤ ᠰᠠᠨᠠᠭᠠᠴᠢᠯᠠᠭ᠎ᠠ ᠳᠣᠣᠷ᠎ᠠ᠂ ᠲᠤᠰ | ᠭᠠᠴᠠᠭ᠎ᠠ 300 ᠭᠠᠷᠤᠢ ᠲᠥᠮᠡᠨ ᠲᠥᠭᠦᠷᠢᠭ ᠤᠨ ᠪᠡᠯᠡ ᠤᠷᠤᠭᠤᠯᠤᠨ ︽ᠠᠭᠤᠯᠵᠠᠷ︾ ᠲᠤᠰᠬᠠᠢ ᠮᠡᠷᠭᠡᠵᠢᠯ ᠤᠨ ᠬᠤᠷᠰᠢᠶᠠᠵᠢᠯ ᠢ ᠪᠠᠶᠢᠭᠤᠯᠵᠤ᠂ ᠥᠪᠡᠷ ᠤᠨ | ᠲᠠᠵᠢᠭᠡᠯ ᠪᠣᠷᠳᠤᠭ᠎ᠠ ᠪᠠᠷ ᠲᠡᠵᠢᠭᠡᠨ ᠲᠠᠷᠭᠤᠯᠠᠭᠤᠯᠤᠭᠰᠠᠨ ᠬᠤᠨᠢ ᠢᠮᠠᠭᠠᠨ ᠮᠢᠬ᠎ᠠ ᠪᠠᠨ ᠨᠢᠭᠡᠳᠦᠯᠲᠠᠢ ᠪᠣᠷᠤᠯᠠᠭᠤᠯᠪᠠ᠃ ᠡᠨᠡ ᠬᠦ ᠴᠡᠪᠡᠷ ᠪᠠᠶᠢᠭᠠᠯᠢᠯᠢᠭ᠂ ᠪᠣᠬᠢᠷᠳᠤᠯ | ᠦᠭᠡᠢ᠂ ᠲᠡᠵᠢᠭᠡᠯ ᠪᠣᠷᠳᠤᠭᠠᠨ ᠤ ᠪᠣᠷᠤᠯᠠᠭᠤᠯᠭ᠎ᠠ ᠨᠢ ᠲᠤᠩ ᠰᠠᠶᠢᠨ ᠪᠠᠶᠢᠵᠤ᠂ ᠨᠢᠳᠤᠨᠤᠨ ᠤ ᠪᠣᠷᠤᠯᠠᠭᠤᠯᠭ᠎ᠠ ᠶᠢᠨ ᠬᠡᠮᠵᠢᠶ᠎ᠡ 1600 ᠲᠣᠨ ᠢ ᠳᠠᠪᠠᠪᠠ᠃ | | | | | | | | | | | | | | |