︽ᠬᠥᠬᠡ ᠮᠣᠩᠭᠤᠯ︾ ᠤᠨ ᠥᠭᠡᠳᠡᠷᠭᠡᠭ ᠦᠢᠯᠡᠰ
ᠨᠡᠶᠢᠲᠡᠯᠡᠭᠰᠡᠨ ᠴᠠᠭ᠄
2022/5/11

       ︽ᠬᠥᠬᠡ ᠮᠣᠩᠭᠤᠯ ᠬᠤᠭᠤᠯᠠᠨ ᠭᠡᠷ ᠵᠡᠭᠡᠯᠢ ᠳᠡᠭᠡᠷ᠎ᠡ ᠨᠡᠭᠦᠵᠦ ᠢᠷᠡᠭᠰᠡᠨ ᠰᠢᠤ︾ ᠭᠡᠭᠰᠡᠨ ᠲᠣᠮᠤᠬᠠᠨ ᠰᠣᠨᠢᠨ ᠮᠡᠳᠡᠭᠡ ᠵᠢᠵᠢᠭᠬᠡᠨ ᠪᠠᠯᠭᠠᠰᠤ ᠶᠢᠨ ᠵᠢᠷᠬᠢᠶ᠎ᠡ

ᠬᠤᠯᠪᠤᠭ᠎ᠠ ᠪᠠᠷ ᠳᠠᠮᠵᠢᠭᠳᠠᠨ᠎ᠠ᠃

      ᠬᠠᠩᠭᠢᠨ ᠬᠤᠰᠢᠭᠤᠨ ᠤ ᠶᠡᠬᠡᠨ᠋ᠤᠰᠤ ᠪᠠᠷ ᠨᠤᠲᠤᠭᠲᠠᠢ ᠮᠠᠯᠴᠢᠨ ᠣᠶᠤᠨᠪᠢᠯᠢᠭ᠌ ᠭᠡᠷᠭᠡᠢ ᠲᠠᠢ ᠪᠠᠨ ᠬᠤᠶᠠᠭᠤᠯᠠ 2008 ᠣᠨ ᠳᠤ ᠠᠮᠢ ᠠᠬᠤᠢ ᠶᠢ ᠰᠡᠷᠭᠦᠭᠡᠨ

ᠠᠷᠠᠳ ᠢ ᠨᠡᠭᠦᠯᠭᠡᠬᠦ ᠲᠥᠷᠦ ᠶᠢᠨ  ᠪᠣᠳᠤᠯᠭ᠎ᠠ ᠪᠠᠷ ᠨᠤᠲᠤᠭ ᠠᠴᠠ ᠪᠠᠨ ᠨᠡᠭᠦᠨ ᠭᠠᠷᠴᠤ᠂ ᠬᠤᠲᠠ ᠣᠷᠣᠨ ᠦᠢᠯᠡᠰ ᠪᠣᠰᠬᠠᠵᠤ᠂ ᠰᠢᠨᠡᠪᠠᠯᠭᠠᠰᠤᠨ ᠤ ᠲᠥᠪ ᠤᠨ

ᠪᠠᠷᠠᠭᠤᠨ ᠲᠡᠭᠦᠷᠭᠡ ᠳᠤ ᠮᠣᠩᠭᠤᠯ ᠭᠡᠷ ᠲᠦᠷᠢᠶᠡᠰᠦᠯᠡᠨ ᠬᠤᠭᠤᠯᠠᠨ ᠭᠡᠷ ᠨᠡᠭᠡᠭᠡᠵᠦ᠂ ᠣᠷᠤᠯᠭ᠎ᠠ ᠰᠠᠶᠢᠲᠠᠢ ᠶᠠᠪᠤᠵᠤ ᠪᠠᠶᠢᠭᠰᠠᠨ ᠠᠴᠠ ᠪᠠᠨ 2020 ᠣᠨ ᠳᠤ 200

ᠭᠠᠷᠤᠢ ᠲᠥᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠤᠨ᠂ ᠰᠢᠨᠡᠪᠠᠯᠭᠠᠰᠤᠨ ᠤ ᠭᠤᠣᠯ ᠵᠡᠭᠡᠯᠢ ᠳᠡᠭᠡᠷ᠎ᠡ 390 ᠲᠡᠭᠰᠢ ᠳᠥᠷᠪᠡᠯᠵᠢᠨ ᠮᠧᠲᠷ ᠤᠨ ᠪᠠᠶᠢᠷᠢ

ᠲᠠᠯᠠᠪᠠᠢ ᠲᠠᠢ ᠪᠠᠶᠢᠰᠢᠩ ᠬᠤᠳᠠᠯᠳᠤᠨ ᠠᠪᠴᠤ᠂ ᠰᠢᠨ᠎ᠡ ᠬᠤᠭᠤᠯᠠᠨ ᠭᠡᠷ ᠢᠶᠠᠨ ᠨᠡᠭᠡᠭᠡᠯ᠎ᠡ᠃ ᠪᠠᠯᠭᠠᠰᠤᠨ ᠲᠡᠭᠦᠷᠭᠡ ᠳᠠᠬᠢ ᠬᠡᠳᠦᠨ ᠵᠢᠯ ᠤᠨ ᠡᠵᠡᠩᠨᠡᠯᠲᠡ ᠨᠢ

ᠥᠪᠡᠷ ᠤᠨ ᠭᠡᠬᠦ ᠨᠡᠷ᠎ᠡ  ᠲᠡᠮᠲᠡᠭ ᠢ ᠡᠭᠦᠳᠴᠦ᠂ ᠪᠠᠶᠢᠩᠭᠤ ᠶᠢᠨ ᠵᠣᠴᠢᠳ ᠲᠠᠢ ᠪᠠᠶᠢᠭᠰᠠᠨ ᠪᠣᠯ᠂ ᠭᠤᠣᠯ ᠵᠡᠭᠡᠯᠢ ᠳᠠᠬᠢ ᠡᠵᠡᠩᠨᠡᠯᠲᠡ ᠨᠢ ᠨᠡᠩ ᠣᠯᠠᠨ ᠵᠣᠴᠢᠳ ᠢ

ᠲᠠᠲᠠᠨ᠂ ᠵᠢᠯ ᠤᠨ ᠣᠷᠤᠯᠭ᠎ᠠ 60 ᠲᠥᠮᠡ ᠶᠢ ᠳᠠᠪᠠᠭ᠋ᠤ ᠢᠲᠡᠭᠡᠯ ᠤᠨ ᠳᠥᠷᠦᠭᠡ ᠶᠢ ᠰᠢᠭᠦᠷᠡᠭᠦᠯᠦᠭᠰᠡᠨ ᠪᠠᠶᠢᠨ᠎ᠠ᠃

微信图片_20220511154803.png

 

ᠢᠷᠡᠯᠲᠡ᠄ ᠬᠠᠩᠭᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ