| —— 2022 ᠤᠨ ᠤ 1 ᠳ᠋ᠣᠭᠠᠷ ᠰᠠᠷ᠎ᠠ ᠶᠢᠨ 8 ᠤ ᠡᠳᠤᠷ | ᠬᠠᠩᠬᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠤᠳᠠᠭᠠᠨ ᠤ ᠬᠤᠷᠠᠯᠳᠤᠭᠠᠨ ᠲᠠᠬᠡᠷ᠎ᠡ | ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠵᠠᠩ ᠵᠦᠩ ᠫᠢᠩ | | ᠲᠥᠯᠥᠭᠡᠯᠡᠭᠴᠢᠳ ᠡ᠄ | ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠵᠦ ᠶᠡᠭᠡ ᠬᠤᠷᠠᠯ ᠳᠤ ᠢᠯᠡᠳᠬᠡᠯ ᠬᠢᠶ᠎ᠡ᠂ ᠬᠢᠨᠠᠨ ᠵᠥᠪᠯᠡᠬᠦ ᠶᠢᠨ ᠬᠠᠮᠲᠤ ᠤᠯᠤᠰ | ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠤᠯᠴᠠᠭᠰᠠᠳ ᠰᠠᠨᠠᠯ ᠵᠦᠪᠯᠡᠯᠭᠡ ᠪᠠᠨ ᠲᠡᠪᠰᠢᠭᠦᠯᠬᠦ ᠪᠣᠯᠪᠠᠤ᠃ | ᠨᠢᠭᠡ᠂ 2021 ᠣᠨ ᠤ ᠠᠵᠢᠯ ᠵᠢᠴᠢ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | 2021ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠡᠬᠢᠯᠡᠯᠲᠡ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠣᠤᠷ᠎ᠠ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ | ᠬᠤᠰᠢᠭᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠠᠴᠠ | ᠲᠣᠭᠲᠠᠭᠠᠭᠰᠠᠨ ᠡᠭᠦᠷᠭᠡ ᠬᠠᠷᠠᠯᠲᠠ ᠶᠢ ᠨᠡᠯᠢᠶᠡᠳ ᠰᠠᠶᠢᠨ ᠪᠡᠶᠡᠯᠡᠭᠦᠯᠪᠡ᠃ ᠵᠢᠱᠢᠯᠲᠡ ᠪᠠᠷ ᠪᠥᠬᠦ ᠵᠢᠯ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ | ᠥᠷᠲᠡᠭ138 ᠳ᠋ᠦᠩᠰᠢᠭᠤᠷ ᠲᠥᠭᠦᠷᠢᠭ ᠲᠤ ᠬᠦᠷᠴᠦ᠂ 6.2 % ᠢᠶᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 7. | 46 ᠳ᠋ᠦᠩᠰᠢᠭᠤᠷ ᠲᠥᠭᠦᠷᠢᠭ ᠲᠤ ᠬᠦᠷᠴᠦ᠂ 19.7% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 36 ᠳ᠋ᠦᠩᠰᠢᠭᠤᠷ ᠲᠥᠭᠦᠷᠢᠭ | ᠲᠤ ᠬᠦᠷᠴᠦ᠂ 9.4 % ᠪᠠᠷ ᠪᠠᠭᠤᠷᠠᠪᠠ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 15.3 ᠳ᠋ᠦᠩᠰᠢᠭᠤᠷ | ᠲᠥᠭᠦᠷᠢᠭ ᠲᠤ ᠬᠦᠷᠴᠦ᠂ 8 % ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠣᠬᠢᠷᠠᠭᠤᠯᠵᠤ ᠪᠣᠯᠬᠤᠶᠢᠴᠠ | ᠣᠷᠣᠯᠭ᠎ᠠ ᠲᠣᠰᠪᠣᠷᠢ 48712 ᠲᠥᠭᠦᠷᠢᠭ ᠪᠠ 23242 ᠲᠥᠭᠦᠷᠢᠭ ᠲᠤ ᠬᠦᠷᠴᠦ᠂ 7% ᠪᠠ 8% ᠪᠠᠷ ᠨᠡᠮᠡᠭᠳᠡᠪᠡ᠃ | ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠰᠠᠭᠤᠷᠢ ᠪᠠᠬᠢᠵᠢᠪᠡ᠃ ᠪᠥᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ 76 ᠭᠤᠤᠯᠳᠠᠯᠭ᠎ᠠ ᠲᠠᠢ ᠲᠥᠷᠥᠯ ᠵᠦᠶᠯ ᠢ | ᠬᠡᠷᠡᠭᠵᠢᠭᠦᠯᠵᠦ᠂ ᠨᠡᠶᠢᠲᠡ 45.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠸᠠᠨ ᠷᠦᠢ BOG ︵ᠪᠠᠶᠢᠭᠠᠯᠢ ᠶᠢᠨ ᠰᠢᠲᠠᠮᠠᠬᠠᠢ | ᠬᠡᠢ︶ ᠠᠴᠠ ᠾᠧᠯᠢ ᠪᠣᠯᠪᠠᠰᠤᠷᠠᠭᠤᠯᠬᠤ᠂ ᠢ ᠨᠦᠸᠧ ᠺᠤᠮᠫᠠᠨᠢ ᠶᠢᠨ ᠥᠨᠳᠥᠷ ᠨᠡᠭᠦᠷᠡᠰᠦᠲᠥ᠋ᠷᠥᠭᠴᠢᠲᠦ ᠠᠯᠺᠣᠣᠯ ᠦᠢᠯᠡᠳᠪᠦᠷᠢᠯᠡᠬᠦ ᠵᠡᠷᠭᠡ ᠥᠨᠳᠥᠷ ᠨᠡᠮᠡᠯᠲᠡ | ᠥᠷᠲᠡᠭ ᠪᠦᠬᠦᠢ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠸᠠ ᠵᠧᠦ ᠡᠮ ᠤᠨ ᠦᠢᠯᠡᠰ ᠤᠨ ᠵᠢᠯ ᠳᠤ 1.9 ᠲᠦᠮᠡᠨ ᠲᠣᠨ ᠡᠮ ᠤᠨ | ᠵᠦᠢᠯ ᠤᠨ ᠵᠠᠪᠰᠠᠷ ᠤᠨ ᠪᠥᠲᠦᠭᠡᠭᠳᠡᠭᠦᠨ ᠦᠢᠯᠡᠳᠪᠦᠷᠢᠯᠡᠬᠦ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠲᠤᠷᠰᠢᠨ ᠠᠵᠢᠯᠯᠠᠭᠤᠯᠪᠠ᠃ 500 ᠺᠢᠯᠣᠸᠤᠯᠲ ᠤᠨ | ᠴᠠᠬᠢᠯᠭᠠᠨ ᠬᠤᠷᠠᠬᠤ ᠥᠷᠲᠡᠭᠡ ᠪᠠ 80 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠲᠥᠷᠥᠯ ᠵᠦᠢᠯ ᠢ ᠤᠷᠤᠭᠰᠢᠲᠠᠢ ᠠᠬᠢᠭᠤᠯᠵᠤ᠂ | ᠮᠧᠩ ᠰᠢ ᠶᠢᠨ ᠰᠠᠭᠤᠷᠢᠨ ᠭᠠᠵᠠᠷ ᠤᠨ ᠬᠥᠪᠴᠢ ᠶᠢᠨ 200 ᠲᠦᠮᠡᠨ ᠺᠢᠯᠣᠸᠠᠲ ᠤᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠵᠤ ᠡᠯᠡᠰᠦ ᠵᠠᠰᠠᠬᠤ ᠲᠥᠷᠥᠯ ᠵᠦᠢᠯ | ᠢ ᠪᠥᠲᠦᠭᠡᠨ ᠪᠠᠶᠢᠭᠤᠯᠪᠠ᠃ ᠳᠤᠮᠳᠠᠳᠤ ᠤᠯᠤᠰ ᠤᠨ ᠴᠢᠯᠠᠭᠤᠨ ᠲᠤᠰᠤᠨ ᠤ ᠲᠤᠰᠤ ᠰᠢᠲᠠᠮᠠᠬᠠᠶ ᠬᠡᠶ ᠦᠶᠯᠡᠳᠪᠦᠷᠢᠯᠡᠬᠦ ᠲᠥᠷᠥᠯ ᠵᠦᠶᠯ 23 ᠬᠤᠳᠳᠤᠭ | ᠥᠷᠥᠮᠳᠡᠵᠦ᠂ ᠪᠠᠶᠢᠭᠠᠯᠢ ᠶᠢᠨ ᠰᠢᠲᠠᠮᠠᠬᠠᠶ ᠬᠡᠶ ᠦᠶᠯᠡᠳᠪᠦᠷᠢᠯᠡᠬᠦ ᠴᠢᠳᠠᠮᠵᠢ ᠨᠢ 4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠨᠡᠮᠡᠭᠳᠡᠪᠡ᠃ ᠲᠠᠷᠢᠶᠠᠠᠭᠤᠤᠯ ᠤᠨ | ᠨᠡᠭᠦᠷᠡᠰᠦᠨ ᠠᠭᠤᠷᠬᠠᠢ ᠶᠢ ᠰᠡᠷᠭᠦᠭᠡᠨ ᠪᠠᠶᠢᠭᠤᠯᠬᠤ ᠲᠥᠰᠦᠯ ᠢ ᠪᠡᠶᠡᠯᠡᠭᠦᠯᠵᠦ᠂ ᠠᠭᠤᠷᠬᠠᠢ ᠶᠢᠨ ᠲᠣᠭᠤᠷᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠬᠠᠶᠢᠨ | ᠰᠢᠨᠵᠢᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ ᠃ ᠶᠡᠬᠡᠨ᠋ᠤᠰᠤ ᠶᠢᠨ ᠬᠤ᠋ ᠶᠠᠩ ᠬᠤᠨᠢ᠂ ᠰᠢᠨᠡᠪᠠᠯᠭᠠᠰᠤ ᠶᠢᠨ ᠠᠯᠠᠰᠢᠨ ᠦᠬᠡᠷ᠂ ᠪᠠᠯᠭᠤᠨ ᠤ ᠣᠷᠭᠠᠨᠢᠭ | ᠵᠢᠮᠢᠰ ᠢᠳᠡᠰᠢᠨ ᠨᠣᠭᠤᠭ᠎ᠠ᠂ ᠭᠤᠤᠯ ᠳᠠᠭᠠᠤ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠵᠡᠷᠭᠡ ᠨᠢᠭᠡ ᠪᠦᠯᠦᠭ ᠣᠨᠴᠠᠯᠢᠭᠲᠤ ᠠᠵᠤ ᠦᠶᠯᠡᠰ ᠦᠳᠲᠡᠷ | ᠲᠦᠷᠭᠡᠨ ᠪᠤᠵᠠᠭᠠᠶᠢᠷᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 15.7 ᠲᠦᠮᠡᠨ ᠮᠤ᠋ ᠪᠠᠶᠢᠭᠤᠯᠵᠤ᠂ ᠲᠠᠯᠠᠢ ᠶᠢᠨ ᠲᠤᠲᠤᠷᠭ᠎ᠠ ᠶᠢᠨ ᠦᠷ᠎ᠡ ᠪᠣᠶᠢᠵᠢᠭᠤᠯᠬᠤ | ᠲᠤᠷᠰᠢᠯᠲᠠ ᠶᠢᠨ ᠰᠠᠭᠤᠷᠢᠨ ᠭᠠᠵᠠᠷ ᠤᠨ ᠲᠥᠷᠦᠯ ᠵᠦᠢᠯ ᠢ ᠭᠦᠨᠵᠡᠭᠡᠢ ᠲᠦᠯᠬᠢᠨ ᠠᠬᠢᠭᠤᠯᠵᠤ᠂ ᠲᠤᠲᠤᠷᠭ᠎ᠠ ᠶᠢᠨ ᠮᠤ᠋ ᠪᠦᠷᠢ ᠶᠢᠨ ᠤᠨᠠᠯᠲᠠ ᠨᠢ 770 ᠵᠢᠩ ᠳᠤ | ᠬᠦᠷᠪᠡ᠃ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠡᠵᠢᠭᠡᠨ ᠦᠷᠡᠵᠢᠭᠦᠯᠬᠦ ᠲᠠᠯᠠᠪᠠᠶ 4.4 ᠲᠦᠮᠡᠨ ᠮᠦ | ᠳᠤ ᠬᠦᠷᠪᠡ᠃ 76 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠰᠢᠨ᠎ᠡ ᠪᠠᠷ ᠮᠠᠭᠠᠳᠯᠠᠨ ᠲᠣᠭᠲᠠᠭᠠᠵᠤ᠂ 83 ᠮᠠᠯᠴᠢᠨ ᠲᠠᠷᠢᠶᠠᠴᠢᠨ ᠤ ᠲᠤᠰᠬᠠᠶ | ᠬᠤᠷᠰᠢᠶᠠᠵᠢᠯ ᠢ ᠰᠢᠨ᠎ᠡ ᠪᠠᠷ ᠪᠠᠶᠢᠭᠤᠯᠵᠤ᠂ ᠬᠤᠲᠠ ᠶᠢᠨ ᠲᠠᠰ ᠤᠨ ᠲᠣᠯᠣᠭᠠᠶᠢᠯᠠᠭᠴᠢ ᠠᠵᠤ ᠠᠬᠤᠶᠢᠯᠠᠯ ᠢ 1ᠭᠤᠶᠤᠪᠴᠢᠯᠠᠨ ᠮᠡᠳᠡᠭᠦᠯᠪᠡ᠃ ᠳᠠᠭᠤᠲᠤ ᠨᠠᠭᠤᠷ ᠤᠨ | 5A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠣᠷᠳᠣᠰ ᠤᠨ ᠲᠠᠯ᠎ᠠ ᠨᠤᠲᠤᠭ᠂ ᠶᠢᠨ ᠱᠠ ᠯᠢᠩ ᠵᠡᠷᠭᠡ | ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠲᠠᠰᠤᠷᠠᠯᠲᠠ ᠥᠬᠡᠶ ᠲᠡᠭᠦᠯᠳᠡᠷᠵᠢᠨ᠂ ᠪᠦᠬᠦ ᠵᠢᠯ ᠳᠤ 138.7 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ | ᠵᠢᠭᠤᠯᠴᠢᠯᠠᠯ ᠤᠨ ᠣᠷᠣᠯᠭ᠎ᠠ ᠨᠢ 4.8 ᠳ᠋ᠦᠩᠰᠢᠭᠤᠷ ᠲᠥᠭᠦᠷᠢᠭ ᠲᠤ ᠬᠦᠷᠴᠦ᠂ ᠲᠣᠰᠪᠣᠷᠢ 157.7 % ᠪᠠ 130.8 % ᠪᠠᠷ ᠨᠡᠮᠡᠭᠳᠡᠪᠡ᠃ | ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠢ ᠪᠠᠶᠠᠵᠢᠭᠤᠯᠤᠨ ᠲᠣᠰᠬᠤᠨ ᠢ | ᠬᠦᠴᠦᠷᠬᠡᠭᠵᠢᠭᠦᠯᠬᠦ ᠦᠢᠯᠡᠳᠦᠯᠭᠡ ᠨᠠᠩ ᠠᠮᠢᠳᠤᠯᠢᠭ ᠪᠣᠯᠪᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ᠰᠢᠯᠵᠢᠯᠲᠡ ᠶᠢᠨ ᠬᠤᠭᠤᠴᠠᠭᠠᠨ ᠳᠠᠬᠢ ︽ᠳᠥᠷᠪᠡ ᠶᠢ ᠰᠠᠯᠭᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠭᠤᠨ ᠴᠢᠨᠠᠷ ᠢ ᠪᠠᠲᠤᠯᠠᠪᠠ᠃ ᠶᠠᠳᠠᠭᠤᠷᠠᠭᠰᠠᠨ ᠪᠤᠶᠤ ᠳᠠᠬᠢᠨ ᠶᠠᠳᠠᠭᠤᠷᠠᠬᠤ | ᠪᠣᠯᠣᠯᠴᠠᠭ᠎ᠠ ᠲᠠᠢ 131 ᠡᠷᠦᠬᠡ ᠣᠷᠣᠯᠭ᠎ᠠ ᠳᠣᠣᠷ᠎ᠠ ᠬᠥᠮᠦᠨ ᠠᠮᠠ ᠳᠤ ᠪᠠᠶᠢᠩᠭᠤ ᠶᠢᠨ ᠬᠢᠨᠠᠨ ᠬᠡᠮᠵᠢᠯᠲᠡ ᠬᠢᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠡᠷᠦᠬᠡ ᠳᠠᠷᠠᠭᠠᠯᠠᠨ ᠨᠠᠶᠢᠳᠠᠪᠤᠷᠢᠵᠢᠭᠤᠯᠪᠠ᠃ ᠡᠳ᠋ ᠤᠨ ᠵᠠᠰᠠᠭ ᠠᠴᠠ ᠪᠦᠬᠦ ᠵᠢᠯ ᠳᠤ ᠨᠡᠶᠢᠲᠡ 1.7 ᠳ᠋ᠥᠩᠰᠢᠭᠤᠷ ᠲᠥᠭᠦᠷᠢᠭ ᠪᠡᠯᠡ ᠮᠥᠩᠭᠦ ᠣᠷᠣᠭᠤᠯᠵᠤ᠂ ᠴᠢᠨᠠᠷ | ᠰᠠᠶᠢᠲᠠᠶ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠪᠣᠯᠤᠨ ᠲᠤᠰᠬᠠᠶ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠶᠢᠨ ᠲᠥᠷᠥᠯ ᠵᠦᠢᠯ 41᠂ ᠠᠵᠤ | ᠦᠢᠯᠡᠰ ᠤᠨ ᠰᠠᠭᠤᠷᠢ ᠳᠦᠬᠦᠭᠡᠷᠦᠮᠵᠢ ᠶᠢᠨ ᠲᠥᠷᠥᠯ ᠵᠦᠢᠯ 21᠂ ︽ᠭᠤᠷᠪᠠ ᠶᠢ ᠪᠠᠲᠤᠯᠠᠬᠤ︾ ᠦᠷ᠎ᠡ ᠪᠦᠲᠦᠭᠡᠯ ᠢ ᠪᠠᠬᠢᠵᠢᠭᠦᠯᠬᠦ ᠲᠥᠷᠥᠯ ᠵᠦᠢᠯ ᠢ 7 | ᠬᠡᠷᠡᠭᠵᠢᠭᠦᠯᠪᠡ᠃ ︽ᠨᠢᠭᠡ ᠲᠣᠰᠬᠤᠨ ᠨᠢᠭᠡ ᠲᠡᠮᠲᠡᠭ︾ ᠢ ᠡᠭᠦᠳᠬᠦ ᠲᠥᠷᠥᠯ ᠵᠦᠶᠯ ᠢ 13᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶᠡᠴᠢ ᠭᠠᠴᠠᠭ᠎ᠠ ᠲᠣᠰᠬᠤᠨ ᠢ 5 ᠪᠠᠶᠢᠭᠤᠯᠪᠠ᠃ ᠳᠤᠭᠤᠶᠢᠳᠠᠯ᠎ᠠ ᠪᠠᠯᠭᠠᠰᠤᠨ ᠤ ᠳᠠᠭᠤᠲᠤ ᠭᠠᠴᠠᠭ᠎ᠠ ᠪᠥᠬᠦ ᠤᠯᠤᠰ ᠤᠨ | ᠬᠥᠳᠡᠭᠡ ᠲᠣᠰᠬᠤᠨ ᠤ ᠵᠠᠰᠠᠨ ᠴᠡᠭᠴᠡᠯᠡᠯᠲᠡ ᠶᠢᠨ ᠵᠢᠱᠢᠶᠡᠴᠢ ᠲᠣᠰᠬᠤᠨ ᠢᠶᠠᠷ ᠦᠨᠡᠯᠡᠭᠳᠡᠪᠡ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠭᠦᠨᠵᠡᠭᠡᠢ ᠠᠬᠢᠭᠤᠯᠤᠨ | ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠰᠢᠭᠤᠳ ᠡᠵᠡᠩᠨᠡᠯᠲᠡ ᠶᠢᠨ ᠳᠡᠯᠭᠡᠭᠦᠷ ᠢ 4 ᠪᠠᠶᠢᠭᠤᠯᠵᠤ᠂ ᠪᠣᠷᠣᠯᠠᠭᠤᠯᠭ᠎ᠠ ᠨᠢ 1.64 ᠳ᠋ᠦᠩᠰᠢᠭᠤᠷ ᠲᠥᠭᠦᠷᠢᠭ ᠲᠤ | ᠬᠦᠷᠪᠡ᠃ ᠬᠦᠷᠢᠶᠡᠯᠡᠩ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠠᠵᠢᠯ ᠤᠨ ᠥᠷᠲᠡᠭᠡ 3 ᠪᠠᠶᠢᠭᠤᠯᠵᠤ᠂ ᠠᠵᠤ ᠦᠶᠯᠡᠰ ᠤᠨ ᠰᠠᠭᠤᠷᠢᠨ ᠭᠠᠵᠠᠷ᠂ | ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠴᠡᠭ ᠢ ᠲᠣᠰ ᠲᠣᠰ 1 ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ | ᠤ ᠲᠤᠯᠭᠠᠭᠤᠷᠢᠯᠠᠬᠤ ᠦᠶᠯᠡᠳᠦᠯ ᠠᠯᠬᠤᠮ ᠠᠯᠬᠤᠮ ᠢᠶᠠᠷ ᠲᠣᠪᠣᠶᠢᠮ᠎ᠠ ᠪᠣᠯᠪᠠ᠃ | ᠬᠤᠲᠠ ᠬᠥᠳᠡᠭᠡ ᠶᠢᠨ ᠴᠢᠳᠠᠮᠵᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠶ ᠬᠥᠭᠵᠢᠯᠲᠡ ᠶᠢᠨ ᠪᠠᠶᠢᠳᠠᠯ ᠨᠠᠩ ᠵᠣᠬᠢᠴᠠᠩᠭᠤᠶ | ᠪᠣᠯᠪᠠ᠃ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠠᠭᠤᠰᠬᠠᠨ᠂ ︽ᠭᠤᠷᠪᠠᠨ ᠣᠷᠣᠨ ᠭᠤᠷᠪᠠᠨ ᠱᠤᠭᠤᠮ︾ ᠢ ᠬᠤᠪᠢᠶᠠᠷᠢᠯᠠᠨ ᠲᠣᠭᠲᠠᠭᠠᠵᠤ᠂ ᠠᠶᠢᠯ | ᠲᠣᠰᠬᠤᠨ ᠤ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠶᠢ ᠰᠢᠯᠢᠳᠡᠭᠵᠢᠭᠦᠯᠦᠨ ᠳᠣᠭᠢᠷᠠᠭᠤᠯᠵᠤ᠂ 25 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠱᠢᠶᠡᠴᠢ ᠭᠠᠴᠠᠭ᠎ᠠ ᠲᠣᠰᠬᠤᠨ ᠤ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠪᠦᠬᠦ | ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠂ ᠰᠡᠯᠡᠭᠦᠴᠡᠯ ᠤᠨ ᠬᠦᠷᠢᠶᠡᠯᠡᠩ ᠰᠢᠨ᠎ᠡ ᠪᠠᠷ1 ᠪᠠᠶᠢᠭᠤᠯᠵᠤ᠂ | 20 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ᠂ 1.5 ᠲᠦᠮᠡᠨ ᠲᠡᠭᠰᠢ ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠬᠠᠲᠠᠭᠤᠵᠢᠭᠤᠯᠤᠨ᠂ 9 | ᠰᠠᠭᠤᠭᠠᠯᠢ ᠲᠣᠭᠤᠷᠢᠭ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ 3225 ᠲᠡᠷᠭᠡᠨ ᠵᠣᠭᠰᠣᠭᠠᠯ ᠰᠢᠨ᠎ᠡ ᠪᠠᠷ ᠨᠡᠮᠡᠨ | ᠪᠠᠶᠢᠭᠤᠯᠵᠤ᠂ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ 29 ᠪᠠᠶᠢᠭᠤᠯᠤᠨ᠂ ᠨᠣᠭᠤᠭᠠᠷᠠᠭᠤᠯᠤᠯᠲᠠ ᠶᠢᠨ ᠲᠠᠯᠠᠪᠠᠢ ᠶᠢ ᠰᠢᠨ᠎ᠡ ᠪᠠᠷ 2 ᠲᠦᠮᠡᠨ ᠲᠡᠭᠰᠢ | ᠳᠥᠷᠪᠡᠯᠵᠢᠨ ᠮᠧᠲᠷ ᠨᠡᠮᠡᠭᠳᠡᠭᠦᠯᠪᠡ᠃ ᠪᠠᠯᠭᠤᠨ ᠤ ᠪᠠᠯᠭᠠᠰᠤ ᠲᠣᠭᠤᠷᠢᠭ ᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠵᠦ ᠲᠥᠪᠯᠡᠷᠡᠭᠦᠯᠦᠨ ᠳᠤᠯᠠᠭᠠᠯᠠᠭ᠎ᠠ | ᠬᠠᠩᠭᠠᠬᠤ ᠲᠥᠷᠥᠯ ᠵᠦᠢᠯ ᠢ ᠪᠡᠶᠡᠯᠡᠭᠦᠯᠵᠦ᠂ ᠰᠢᠨᠡᠪᠠᠯᠭᠠᠰᠤᠨ ᠲᠣᠭᠤᠷᠢᠭ ᠲᠤ 2 ᠰᠠᠭᠤᠷᠢ ᠢᠯᠴᠢ ᠳᠠᠮᠵᠢᠭᠤᠯᠬᠤ ᠥᠷᠲᠡᠭᠡ ᠶᠢ ᠰᠢᠨ᠎ᠡ ᠪᠠᠷ ᠪᠠᠶᠢᠭᠤᠯᠤᠨ᠂ 16 | ᠰᠠᠭᠤᠷᠢ ᠳᠤᠯᠠᠭᠠᠯᠠᠭ᠎ᠠ ᠬᠠᠩᠭᠠᠬᠤ ᠬᠤᠭᠤᠯᠠᠢ ᠶᠢ ᠥᠭᠡᠷᠡᠴᠢᠯᠡᠨ ᠵᠠᠰᠠᠵᠤ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠠᠰᠤ ᠴᠢᠨᠠᠷ ᠢ ᠪᠦᠲᠦᠮᠵᠢᠲᠡᠢ | ᠰᠠᠶᠢᠵᠢᠷᠠᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ | 3 ᠬᠤᠭ ᠯᠠᠭ ᠰᠢᠢᠳᠪᠦᠷᠢᠯᠡᠬᠦ ᠲᠠᠯᠠᠪᠠᠢ ᠶᠢ ᠪᠦᠲᠦᠭᠡᠨ ᠪᠠᠶᠢᠭᠤᠯᠵᠤ᠂ 5 ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠭᠤᠣᠯ ᠴᠣᠭᠴᠠ ᠵᠢᠴᠢ ᠢᠵᠢ | ᠪᠦᠷᠢᠳᠦᠭᠰᠡᠨ ᠬᠤᠭᠤᠯᠠᠢ ᠲᠣᠣᠷ ᠤᠨ ᠢᠨᠵᠧᠨᠧᠷᠢᠩ ᠢ ᠳᠠᠭᠤᠰᠬᠠᠨ᠂ ᠳᠤᠭᠤᠶᠢᠳᠠᠯ᠎ᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠠᠰᠢᠭᠯᠠᠯᠲᠠ ᠳᠤ | ᠤᠷᠤᠭᠤᠯᠪᠠ᠃ ᠮᠠᠯᠵᠢᠬᠤ ᠲᠠᠷᠢᠶᠠᠯᠠᠬᠤ ᠣᠷᠣᠨ ᠤ 1745 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ 353 ᠡᠷᠦᠬᠡ ᠶᠢᠨ ᠵᠣᠷᠯᠣᠩ ᠢ | ᠰᠢᠨᠡᠳᠬᠡᠨ ᠵᠠᠰᠠᠪᠠ᠃ S316 ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠥᠷᠲᠡᠭᠡ ᠪᠠ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠮᠠᠰᠢᠨ ᠢ ᠪᠠᠶᠢᠴᠠᠭᠠᠨ | ᠬᠡᠮᠵᠢᠬᠦ ᠥᠷᠲᠡᠭᠡ ᠶᠢ ᠪᠠᠶᠢᠭᠤᠯᠵᠤ᠂ ᠬᠠᠪᠢᠷᠭ᠎ᠠ ᠶᠢᠨ ᠰᠦᠮ᠎ᠡ ᠠᠴᠠ ᠣᠷᠳᠣᠰ ᠤᠨ ᠲᠠᠯ᠎ᠠ ᠨᠤᠲᠤᠭ ᠦᠵᠡᠮᠵᠢ ᠶᠢᠨ ᠣᠷᠣᠨ ᠬᠦᠷᠬᠦ ᠵᠠᠰᠠᠮᠠᠯ ᠵᠠᠮ ᠢ ᠥᠷᠭᠡᠳᠬᠡᠨ | ᠵᠠᠰᠠᠵᠤ᠂ ᠪᠠᠶᠠᠨ᠋ᠦ᠌ᠨᠳᠦᠷ ᠭᠠᠴᠠᠭ᠎ᠠ ᠠᠴᠠ ᠥᠷᠭᠡᠨ ᠭᠠᠴᠠᠭ᠎ᠠ ᠬᠦᠷᠬᠦ᠂ X621 ᠠᠴᠠ ᠰᠢᠨᠡᠴᠢᠷᠠᠭᠠ ᠬᠦᠷᠬᠦ ᠪᠠᠷᠢᠯᠭ᠎ᠠ ᠳᠠᠭᠤᠰᠤᠭ᠎ᠠ ᠦᠭᠡᠢ ᠬᠥᠳᠡᠭᠡ ᠲᠣᠰᠬᠤᠨ | ᠤ ᠵᠠᠰᠠᠮᠠᠯ ᠵᠠᠮ ᠢ ᠳᠡᠪᠢᠰᠦᠨ ᠳᠠᠭᠤᠰᠬᠠᠵᠤ ᠲᠡᠷᠭᠡ ᠨᠡᠪᠲᠡᠷᠡᠪᠡ᠃ 309 ᠺᠢᠯᠣᠮᠧᠲᠷ ᠴᠠᠬᠢᠯᠭᠠᠨ ᠬᠦᠷᠭᠡᠬᠦ ᠱᠤᠭᠤᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ | 99 ᠬᠦᠴᠦᠳᠡᠯ ᠥᠭᠡᠷᠡᠴᠢᠯᠡᠭᠴᠢ ᠤᠭᠰᠠᠷᠠᠪᠠ᠃ ᠬᠠᠮ ᠳᠡᠯᠭᠡᠴᠡ ᠶᠢ ᠶᠡᠬᠡᠪᠡᠷ ᠳᠡᠯᠭᠡᠷᠡᠭᠦᠯᠵᠦ᠂ ᠪᠦᠬᠦ ᠬᠤᠰᠢᠭᠤᠨ ᠤ ︽ᠭᠤᠷᠪᠠᠳᠤᠭᠠᠷ ᠳᠡᠰ ᠤᠨ ᠠᠮᠤᠷ | ᠲᠥᠪᠰᠢᠨ ᠤ ᠬᠠᠮᠠᠭᠠᠯᠠᠯᠲᠠ ᠶᠢᠨ ᠬᠡᠷᠡᠴᠢᠯᠡᠯ 》 ᠲᠠᠢ ᠰᠦᠯᠵᠢᠶᠡᠨ ᠦᠢᠯᠡᠴᠢᠯᠡᠭᠦᠷ ᠤᠨ ᠮᠠᠰᠢᠨ ᠤ ᠭᠡᠷ ᠢ ᠪᠠᠶᠢᠭᠤᠯᠪᠠ᠃ 5G ᠴᠢᠮᠡᠭᠡ ᠬᠤᠯᠪᠤᠭᠠᠨ ᠤ ᠥᠷᠲᠡᠭᠡ | ᠶᠢ 77᠂ 4G ᠴᠢᠮᠡᠭᠡ ᠬᠤᠯᠪᠤᠭᠠᠨ ᠤ ᠥᠷᠲᠡᠭᠡ ᠶᠢ 44 ᠪᠠᠶᠢᠭᠤᠯᠵᠤ᠂ ᠤᠶᠤᠨᠲᠤ ᠷᠠᠳᠢᠣ᠋ ᠲᠧᠯᠸᠢᠰ ᠢ ᠲᠣᠰᠬᠤᠨ ᠳᠤ ᠣᠷᠣᠭᠤᠯᠬᠤ ᠢᠨᠵᠧᠨᠧᠷᠢᠩ ᠢ ᠪᠥᠬᠦ | ᠲᠠᠯ᠎ᠠ ᠪᠠᠷ ᠲᠥᠭᠡᠮᠡᠯᠵᠢᠭᠦᠯᠪᠡ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠨᠡᠩ ᠪᠠᠬᠢᠵᠢᠪᠡ᠃ | ︽ᠠᠯᠲᠠ ᠮᠥᠩᠭᠦᠨ ᠠᠭᠤᠯᠠ︾ ᠶᠢᠨ ᠦᠶᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠲᠠᠰᠤᠷᠠᠯᠲᠠ ᠥᠬᠡᠶ ᠪᠠᠬᠢᠵᠢᠭᠦᠯᠵᠦ᠂ ᠨᠠᠶᠮᠠᠳᠤᠭᠠᠷ ᠬᠤᠭᠤᠴᠠᠭᠠᠨ ᠤ ᠬᠥᠪᠴᠢ ᠶᠢᠨ ᠣᠯᠠᠨ ᠤᠯᠤᠰ ᠤᠨ ᠡᠯᠡᠰᠦᠨ ᠴᠥᠯ ᠤᠨ ᠶᠠᠷᠢᠶᠠᠨ ᠤ ᠲᠠᠪᠴᠠᠩ ᠢ ᠠᠮᠵᠢᠯᠲᠠ | ᠲᠠᠢ ᠡᠷᠬᠢᠯᠡᠨ ᠶᠠᠪᠤᠭᠳᠠᠭᠤᠯᠪᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ 85.4 ᠲᠦᠮᠡᠨ ᠮᠥ ᠣᠶ ᠰᠢᠭᠤᠶ ᠨᠤᠲᠤᠭ | ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 22.5 ᠲᠦᠮᠡᠨ ᠮᠥ ᠬᠥᠷᠥᠰᠥ ᠰᠢᠷᠣᠶ ᠶᠢᠨ ᠢᠳᠡᠭᠳᠡᠯ ᠢ ᠵᠠᠰᠠᠵᠤ᠂ | ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ 340 ᠾᠧᠺᠲ᠋ᠠᠷ ᠠᠭᠤᠷᠬᠠᠶ ᠶᠢᠨ ᠲᠠᠯᠠᠪᠠᠶ ᠶᠢ ᠨᠣᠭᠤᠭᠠᠷᠠᠭᠤᠯᠪᠠ᠃ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠲᠤᠨ ᠭᠤᠤᠯ ᠳᠠᠭᠤ ᠣᠷᠣᠨ ᠢ ᠴᠡᠭᠴᠡᠯᠡᠨ ᠵᠠᠰᠠᠬᠤ ᠶᠢ ᠯᠠᠪᠳᠠᠭᠤᠨ ᠠᠬᠢᠭᠤᠯᠵᠤ᠂ | 5000 ᠲᠡᠭᠰᠢ ᠳᠥᠷᠪᠡᠯᠵᠢᠨ ᠮᠧᠲᠷ ᠲᠦᠷᠢᠮ ᠠᠴᠠ ᠵᠥᠷᠢᠴᠡᠵᠦ ᠪᠠᠶᠢᠭᠤᠯᠤᠭᠰᠠᠨ ᠪᠠᠷᠢᠯᠭ᠎ᠠ ᠶᠢ ᠴᠡᠭᠴᠡᠯᠡᠨ ᠰᠢᠢᠳᠪᠦᠷᠢᠯᠡᠵᠦ᠂ ᠬᠠᠲᠤᠨ ᠭᠤᠤᠯ ᠤᠨ ᠲᠠᠩ ᠤᠨ | ᠣᠷᠣᠨ ᠤ ᠲᠠᠷᠠᠬᠠᠶ ᠪᠤᠲᠠᠷᠬᠠᠶ ᠡᠷᠦᠬᠡ ᠶᠢ ᠨᠡᠭᠦᠯᠭᠡᠨ ᠲᠥᠪᠬᠢᠨᠡᠭᠦᠯᠬᠦ ᠠᠵᠢᠯ ᠢ ᠪᠡᠶᠡᠯᠡᠭᠦᠯᠪᠡ᠃ ᠡᠯ᠎ᠡ ᠱᠠᠲᠤᠨ ᠤ ᠡᠯ᠎ᠡ ᠲᠦᠷᠦᠯ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠤᠬᠠᠢ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ | ᠲᠠᠢ ᠭᠠᠵᠠᠷ ᠣᠷᠣᠨ ᠤ ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠦᠷᠨᠢᠭᠦᠯᠦᠨ᠂ ᠬᠠᠷ᠎ᠠ ᠮᠠᠩᠨᠠᠢ ᠨᠠᠭᠤᠷ ᠤᠨ ᠬᠢᠮᠢ ᠶᠢᠨ ᠠᠵᠤ | ᠦᠶᠯᠡᠳᠪᠦᠷᠢ ᠶᠢᠨ ᠲᠣᠭᠤᠷᠢᠭ ᠤᠨ ᠣᠯᠠᠨ ᠵᠢᠯ ᠤᠨ ᠦᠯᠡᠳᠡᠭᠳᠡᠯ ᠬᠠᠶᠠᠭᠳᠠᠮᠠᠯ ᠲᠦᠭᠦᠬᠡᠶ ᠮᠠᠲ᠋ᠧᠷᠢᠶᠠᠯ ᠢ ᠵᠣᠬᠢᠰᠲᠠᠶ ᠰᠢᠶᠳᠪᠦᠷᠢᠯᠡᠪᠡ᠃ ᠬᠤᠲᠠ ᠪᠠᠯᠭᠠᠰᠤᠨ ᠤ | ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠨᠢ 100 % ᠳᠤ ᠬᠦᠷᠴᠦ᠂ ᠪᠥᠬᠦ ᠵᠢᠯ ᠤᠨ ᠠᠭᠠᠷ ᠮᠠᠨᠳᠠᠯ ᠤᠨ | ᠶᠠᠰᠤ ᠴᠢᠨᠠᠷ ᠤᠨ ᠰᠢᠯᠢᠳᠡᠭ ᠰᠠᠶᠢᠨ ᠤ ᠨᠣᠷᠮ᠎ᠠ ᠨᠢ 92.7 % ᠳᠤ ᠬᠥᠷᠪᠡ᠃ ᠡᠨᠧᠷᠭᠢ ᠶᠢᠨ ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ | ᠂ GDP ᠶᠢᠨ ᠡᠨᠧᠷᠭᠢ ᠶᠢᠨ ᠬᠤᠷᠣᠭᠳᠠᠯ ᠨᠢ 3.5% ᠪᠠᠷ ᠪᠠᠭᠤᠷᠠᠪᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠬᠥᠳᠡᠯᠭᠡᠬᠦ | ᠬᠦᠴᠦᠨ ᠨᠡᠩ ᠲᠡᠭᠦᠯᠳᠡᠷᠵᠢᠪᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠣᠷᠣᠰᠢᠵᠤ ᠪᠠᠶᠢᠭ᠎ᠠ ᠳᠤᠲᠠᠭᠤᠳᠠᠯ ᠪᠣᠯᠤᠨ ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠡᠮᠬᠢᠯᠡᠨ ᠲᠤᠰᠬᠠᠢ ᠴᠡᠭᠴᠡᠯᠡᠨ | ᠵᠠᠰᠠᠵᠤ᠂ ᠨᠢᠭᠡ ᠪᠦᠯᠦᠭ ᠲᠦᠷᠦᠯ ᠵᠦᠢᠯ ᠢ ᠨᠠᠶᠢᠳᠠᠪᠤᠷᠢᠵᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠥᠯᠥᠭᠡᠯᠡᠵᠦ ᠪᠠᠶᠢᠭ᠎ᠠ ᠪᠣᠭᠤᠮᠢ ᠶᠢᠨ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠭᠤᠤᠯᠳᠠᠯᠭ᠎ᠠ ᠲᠠᠢ ᠪᠠᠯᠠ ᠣᠷᠣᠭᠤᠯᠤᠯᠲᠠ ᠶᠢᠨ ᠲᠥᠷᠥᠯ ᠵᠦᠶᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠴᠢᠬᠤᠯᠠ ᠶᠡᠭᠡ ᠲᠥᠷᠥᠯ ᠵᠦᠶᠯ ᠢ ᠬᠠᠪᠰᠤᠷᠤᠨ ᠭᠦᠶᠴᠡᠳᠬᠡᠬᠦ ᠪᠠ ᠣᠷᠣᠯᠠᠨ ᠭᠦᠶᠴᠡᠳᠬᠡᠬᠦ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠠᠵᠤ | ᠠᠬᠤᠶᠢᠯᠠᠯ ᠳᠤ ᠬᠢᠨᠠᠨ ᠵᠥᠪᠰᠢᠶᠡᠷᠡᠬᠦ ᠵᠦᠢᠯᠡᠰ ᠢ ᠣᠷᠤᠯᠠᠨ ᠭᠦᠢᠴᠡᠳᠬᠡᠵᠦ ᠥᠭᠪᠡ᠃ ᠪᠦᠬᠦ ᠵᠢᠯ ᠳᠤ 1.1 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ | ᠰᠦᠢᠳᠬᠡᠯ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ 2049 ᠨᠡᠮᠡᠭᠳᠡᠪᠡ᠃ ︽ᠡᠷᠭᠡ ᠶᠢ ᠲᠤᠷᠤᠭᠰᠢ ᠪᠠᠭᠤᠯᠭᠠᠵᠤ᠂ ᠬᠠᠮᠢᠶᠠᠷᠣᠯᠲᠠ ᠪᠠᠨ | ᠰᠢᠨᠡᠳᠭᠡᠨ᠂ ᠦᠢᠯᠡᠴᠢᠯᠡᠭᠡ ᠪᠠᠨ ᠰᠢᠯᠢᠳᠡᠭᠵᠢᠭᠦᠯᠬᠦ ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ 688 ᠵᠦᠶᠯ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠦᠶᠯᠡᠰ ᠢ ︽ᠶᠡᠷᠦᠩᠬᠡᠶᠢᠯᠡᠭᠰᠡᠨ ᠬᠡᠷᠡᠭ ᠶᠠᠪᠤᠳᠠᠯ ᠢ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ︾ ᠬᠡᠪᠴᠢᠶᠡᠨ ᠳᠤ | ᠣᠷᠣᠭᠤᠯᠵᠤ᠂ ᠭᠦᠢᠴᠡᠳᠬᠡᠨ ᠳᠠᠭᠤᠰᠬᠠᠬᠤ ᠴᠠᠭ ᠤᠨ ᠬᠢᠵᠠᠭᠠᠷ ᠢ 7.5 ᠠᠵᠢᠯᠯᠠᠬᠤ ᠡᠳᠦᠷ ᠢᠶᠠᠷ ᠪᠣᠭᠤᠨᠢᠰᠬᠠᠪᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ | ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠪᠠ ᠭᠡᠷ ᠪᠠᠶᠢᠰᠢᠩ ᠭᠠᠵᠠᠷ ᠰᠢᠷᠣᠢ ᠶᠢᠨ ᠡᠷᠬᠡ ᠶᠢ ᠨᠢᠭᠡ ᠴᠣᠭᠴᠠᠵᠢᠭᠤᠯᠤᠨ ᠳᠠᠩᠰᠠᠯᠠᠬᠤ ᠠᠵᠢᠯ ᠢ | ᠪᠡᠶᠡᠯᠡᠭᠦᠯᠪᠡ᠃ ᠤᠰᠤᠨ ᠤ ᠡᠬᠢ ᠪᠠᠶᠠᠯᠢᠭ ᠢ ᠠᠷᠠᠯᠵᠢᠶᠠᠯᠠᠬᠤ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠭᠠᠳᠠᠭᠰᠢᠯᠠᠭᠤᠯᠤᠭᠰᠠᠨ ᠤᠰᠤ ᠶᠢ | ᠠᠰᠢᠭᠯᠠᠵᠤ ᠪᠣᠯᠬᠤ ᠬᠡᠮᠵᠢᠶ᠎ᠡ 4428 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠵᠦ᠂ ᠤᠰᠤᠨ ᠤ ᠡᠷᠬᠡ ᠶᠢ ᠠᠷᠠᠯᠵᠢᠶᠠᠯᠠᠭᠰᠠᠨ ᠬᠡᠮᠵᠢᠶ᠎ᠡ 1200 ᠲᠦᠮᠡᠨ | ᠪᠣᠰᠤᠭ᠎ᠠ ᠳᠥᠷᠪᠡᠯᠵᠢᠨ ᠮᠧᠲᠷ ᠲᠤ ᠬᠦᠷᠪᠡ᠃ | ᠠᠷᠠᠳ ᠤᠨ ᠠᠮᠢᠳᠤᠷᠠᠯ ᠤᠨ ᠵᠣᠯ ᠵᠢᠷᠭᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠦᠭᠰᠡᠨ ᠦᠷ᠎ᠡ ᠪᠦᠲᠦᠭᠡᠯ ᠨᠡᠩ ᠪᠠᠶᠠᠯᠢᠭᠵᠢᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠰᠠᠶᠢᠲᠤᠷ ᠠᠳᠬᠤᠨ᠂ ᠸᠠᠺᠼᠢᠨ | ᠲᠠᠷᠢᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠠᠲᠤᠳᠬᠠᠪᠠ᠃ 74 | ᠨᠡᠷ᠎ᠡ ᠡᠮᠨᠡᠯᠭᠡ ᠶᠢᠨ ᠠᠵᠢᠯᠲᠠᠨ ᠢ ᠤᠷᠢᠨ ᠣᠷᠣᠭᠤᠯᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠬᠤ ᠶᠢ ᠰᠡᠷᠭᠡᠶᠢᠯᠡᠬᠦ ᠰᠠᠯᠠᠭ᠎ᠠ᠂ | ᠵᠡᠮᠳᠡᠭᠴᠦᠳ ᠤᠨ ᠡᠷᠡᠭᠦᠯᠵᠢᠯ ᠤᠨ ᠲᠥᠪ ᠪᠠ ᠠᠮᠠᠨᠴᠢᠷᠭ᠎ᠠ᠂ ᠳᠥᠴᠢᠨ ᠭᠠᠵᠠᠷ ᠤᠨ ᠰᠢᠯᠢ᠂ ᠢᠯᠠᠯᠲᠠ᠂ ᠬᠠᠩᠭᠢᠨᠨᠠᠭᠤᠷ ᠵᠡᠷᠭᠡ 4 ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠶᠢ ᠪᠠᠶᠢᠭᠤᠯᠪᠠ᠃ ᠪᠠᠭᠰᠢ ᠠᠵᠢᠯᠲᠠᠨ ᠤ ᠡᠮᠬᠢ ᠵᠢᠷᠤᠮ ᠲᠠᠢ ᠪᠠᠶᠢᠷᠢ ᠰᠢᠯᠵᠢᠬᠦ ᠶᠢ ᠳᠦᠷᠢᠮᠵᠢᠭᠦᠯᠦᠨ᠂ 150 ᠨᠡᠷ᠎ᠡ ᠪᠠᠭᠰᠢ ᠤᠷᠢᠨ | ᠣᠷᠣᠭᠤᠯᠵᠤ᠂ ᠨᠠᠶᠮᠠᠳᠤᠭᠠᠷ ᠬᠡᠦᠬᠡᠳ ᠤᠨ ᠴᠡᠴᠡᠷᠯᠢᠭ᠂ ᠬᠠᠩᠭᠢᠨ ᠬᠤᠰᠢᠭᠤᠨ ᠤ ᠳᠤᠮᠳᠠᠳᠤ ᠰᠤᠷᠭᠠᠭᠤᠯᠢ ᠶᠢᠨ ᠪᠠᠭᠰᠢ ᠶᠢᠨ ᠲᠦᠷ ᠰᠠᠭᠤᠬᠤ ᠬᠡᠷ ᠪᠠᠶᠢᠰᠢᠩ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠡᠯᠪᠢᠨ ᠵᠠᠰᠠᠬᠤ | ᠢᠨᠵᠧᠨᠧᠷᠢᠩ ᠢ ᠳᠠᠭᠤᠰᠬᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠤᠶᠠᠷ ᠢ ᠬᠥᠩᠭᠡᠷᠡᠭᠦᠯᠬᠦ︾ ᠠᠵᠢᠯ ᠢ ᠡᠮᠬᠢ ᠴᠡᠭᠴᠡ ᠲᠠᠢ | ᠥᠷᠨᠢᠭᠦᠯᠵᠦ᠂ ᠳᠡᠭᠡᠳᠦ ᠳᠤᠮᠳᠠᠳᠤ ᠳᠤ ᠲᠠᠪᠰᠢᠬᠤ ᠰᠢᠯᠭᠠᠯᠲᠠ ᠳᠤ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠡᠯᠰᠡᠭᠳᠡᠭᠰᠡᠨ ᠨᠣᠷᠮ᠎ᠠ ᠨᠢ | ᠪᠥᠬᠦ ᠬᠤᠲᠠ ᠶᠢᠨ ᠳᠥᠷᠪᠡᠳᠦᠭᠡᠷ ᠲᠤ ᠣᠷᠣᠵᠤ᠂ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠭᠰᠡᠨ ᠨᠣᠷᠮ᠎ᠠ 84 % ᠳᠤ ᠬᠥᠷᠪᠡ᠃ | ᠬᠤᠲᠠ ᠪᠠᠯᠭᠠᠰᠤᠨ ᠤ 800 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ 3. | 23 % ᠳᠤ ᠬᠦᠷᠪᠡ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 790 ᠲᠥᠭᠦᠷᠢᠭ ᠪᠠ 560 | ᠲᠥᠭᠦᠷᠢᠭ ᠪᠠᠶᠢᠭᠰᠠᠨ ᠠᠴᠠ 840 ᠲᠥᠭᠦᠷᠢᠭ ᠪᠠ 600 ᠲᠥᠭᠦᠷᠢᠭ ᠪᠣᠯᠭᠠᠨ ᠥᠰᠭᠡᠪᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ 815 | ᠨᠡᠷ᠎ᠡ ᠭᠡᠷᠡᠲᠦ ᠠᠵᠢᠯᠴᠢᠨ ᠳᠤ ᠲᠤᠲᠠᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠥᠬᠦᠪᠥᠷᠢᠯᠡᠨ ᠲᠤᠰᠢᠶᠠᠬᠤ ᠠᠵᠢᠯ ᠢ ᠪᠦᠬᠦ ᠲᠠᠯ᠎ᠠ ᠪᠠᠷ | ᠪᠡᠶᠡᠯᠡᠭᠦᠯᠪᠡ᠃ ᠪᠥᠬᠦ ᠤᠯᠤᠰ ᠤᠨ ᠵᠢᠱᠢᠶᠡᠴᠢ ᠬᠡᠯᠪᠡᠷᠢ ᠶᠢᠨ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ 6᠂ ᠴᠡᠷᠢᠭ ᠠᠴᠠ ᠬᠠᠯᠠᠭᠳᠠᠭᠰᠠᠳ | ᠤᠨ ᠬᠤᠪᠢᠰᠠᠬᠯ ᠤᠨ ᠦᠶᠯᠡᠴᠢᠯᠡᠭᠡᠨ ᠤ ᠥᠷᠲᠡᠭᠡ 1 ᠪᠠᠶᠢᠭᠤᠯᠪᠠ᠃ ᠬᠤᠰᠢᠭᠤᠨ ᠤ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠢ ᠶᠢᠨ ᠥᠭᠡᠷᠡᠴᠢᠯᠡᠯᠲᠡ | ᠰᠢᠨᠡᠴᠢᠯᠡᠯᠲᠡ ᠶᠢ ᠪᠡᠶᠡᠯᠡᠭᠦᠯᠵᠦ᠂ ᠪᠦᠬᠦ ᠵᠢᠯ ᠳᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 120 ᠤᠳᠠᠭ᠎ᠠ᠂ ᠣᠯᠠᠨ ᠲᠦᠮᠡᠨᠴᠢ ᠰᠣᠶᠣᠯ | ᠤᠷᠠᠯᠢᠭ ᠤᠨ ᠠᠵᠢᠯᠯᠠᠭ᠎ᠠ ᠶᠢ 60 ᠭᠠᠷᠤᠢ ᠤᠳᠠᠭ᠎ᠠ ᠡᠷᠬᠢᠯᠡᠪᠡ᠃ 20458 ᠡᠷᠦᠬᠡ ᠳᠤ 4.1 ᠲᠦᠮᠡᠨ ᠲᠣᠨ ᠡᠩ ᠤᠨ ᠦᠨᠡᠲᠦ ᠨᠡᠭᠦᠷᠡᠰᠦ ᠬᠠᠩᠭᠠᠨ ᠥᠭᠴᠦ | ᠂ 800 ᠲᠣᠨ ᠨᠡᠭᠦᠷᠡᠰᠦ ᠲᠥᠯᠥᠪᠦᠷᠢ ᠥᠬᠡᠶ ᠲᠠᠷᠬᠠᠭᠠᠪᠠ᠃ ᠵᠢᠷᠭᠤᠳᠤᠭᠠᠷ ᠬᠤᠭᠤᠴᠠᠭᠠᠨ ᠤ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠰᠠᠭᠤᠷᠢ | ᠪᠡᠯᠡᠳᠬᠡᠮᠵᠢ ᠶᠢ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠵᠢᠴᠢ ᠬᠤᠪᠢᠶᠠᠷᠢᠯᠠᠨ ᠥᠭᠬᠦ ᠠᠵᠢᠯ ᠢ ᠪᠡᠶᠡᠯᠡᠭᠦᠯᠪᠡ᠃ ︽ᠨᠢᠭᠡ ᠠᠵᠤ ᠠᠬᠤᠶᠢᠯᠠᠯ ᠳᠤ ᠨᠢᠭᠡ | ᠲᠥᠷᠥ ᠶᠢᠨ ᠪᠣᠳᠣᠯᠭ᠎ᠠ︾ ᠲᠣᠬᠢᠷᠠᠭᠤᠯᠤᠨ᠂ ᠰᠡᠭᠦᠯᠴᠢ ᠶᠢᠨ ᠬᠤᠭᠤᠴᠠᠭᠠᠨ ᠤ ᠨᠡᠭᠦᠯᠭᠡᠨ ᠲᠥᠪᠬᠢᠨᠡᠭᠦᠯᠬᠦ ᠠᠵᠢᠯ ᠢ ᠠᠬᠢᠭᠤᠯᠵᠤ᠂ 54 ᠪᠤᠴᠠᠭᠠᠨ ᠨᠡᠭᠦᠯᠭᠡᠭᠰᠡᠨ | ᠭᠡᠷ ᠪᠠᠶᠢᠰᠢᠩ ᠢ ᠰᠢᠨ᠎ᠡ ᠪᠠᠷ ᠲᠤᠰᠢᠶᠠᠪᠠ᠃ ᠦᠨᠡᠮᠯᠡᠯ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠬᠦᠴᠦ ᠣᠷᠣᠭᠤᠯᠤᠨ ᠰᠢᠶᠳᠪᠦᠷᠢᠯᠡᠵᠦ᠂ ᠲᠡᠦᠬᠡᠨ ᠠᠴᠠ | ᠦᠯᠡᠳᠡᠭᠳᠡᠵᠦ ᠢᠷᠡᠭᠰᠡᠨ 29 ᠬᠡᠷ ᠪᠠᠶᠢᠰᠢᠩ ᠭᠠᠵᠠᠷ ᠬᠥᠷᠥᠩᠭᠡ ᠶᠢᠨ ᠵᠦᠶᠯᠡᠰ ᠢ ᠠᠩᠬ᠎ᠠ ᠤᠳᠠᠭ᠎ᠠ ᠪᠦᠬᠦᠨ ᠢ ᠳᠠᠩᠰᠠᠯᠠᠨ ᠳᠠᠭᠤᠰᠬᠠᠵᠤ᠂ ᠡᠷᠦᠬᠡ ᠬᠤᠪᠢᠶᠠᠨ | ᠳᠠᠩᠰᠠᠯᠠᠬᠤ ᠬᠠᠷᠢᠴᠠᠯ 90 % ᠳᠤ ᠬᠦᠷᠪᠡ᠃ ᠦᠢᠯᠡᠳᠪᠦᠷᠢᠯᠡᠯ ᠤᠨ ᠠᠮᠤᠷ ᠲᠥᠪᠰᠢᠨ ᠤ ᠠᠳᠡᠯ ᠤᠨ ᠲᠤᠭ᠎ᠠ᠂ ᠠᠳᠡᠭᠰᠡᠨ ᠬᠥᠮᠦᠨ ᠤ ᠲᠤᠭ᠎ᠠ ᠪᠠᠭᠤᠷᠠᠵᠤ᠂ | ᠢᠳᠡᠭᠡᠨ ᠤ ᠵᠦᠢᠯ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠦᠷᠭᠦᠯᠵᠢᠯᠡᠨ ᠴᠢᠩᠭᠠᠷᠠᠵᠤ᠂ ᠠᠮᠤᠷ ᠲᠥᠪᠰᠢᠨ ᠬᠥᠭᠵᠢᠯᠲᠡ ᠶᠢᠨ ᠣᠷᠴᠢᠨ ᠲᠠᠰᠤᠷᠠᠯᠳᠠ | ᠦᠭᠡᠢ ᠰᠢᠯᠢᠳᠡᠭᠵᠢᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠦᠷᠨᠢᠭᠦᠯᠦᠨ᠂ ᠬᠠᠩᠭᠢᠨ ᠤ ᠴᠠᠬᠢᠯᠭᠠᠨ ᠬᠠᠩᠭᠠᠬᠤ | ᠬᠤᠪᠢᠶᠠᠷᠢ ᠲᠣᠪᠴᠢᠶ᠎ᠠ ᠨᠢ ᠳᠣᠯᠣᠳᠤᠭᠠᠷ ᠬᠤᠭᠤᠴᠠᠭᠠᠨ ᠤ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠢᠭᠡᠴᠢ ᠪᠠᠷ | ᠨᠡᠷᠡᠶᠢᠳᠦᠭᠳᠡᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠮᠡᠭᠲᠡᠶᠢᠴᠦᠳ ᠬᠡᠦᠬᠡᠳ ᠨᠢᠯᠬᠠᠰ᠂ ᠵᠠᠯᠠᠭᠤᠴᠤᠳ ᠪᠠᠭᠠᠴᠤᠳ᠂ ᠲᠠᠩᠰᠠ ᠡᠪᠬᠡᠮᠡᠯ | ᠲᠡᠦᠬᠡ ᠣᠶᠢᠯᠠᠯᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ ᠵᠡᠷᠭᠡ ᠠᠵᠢᠯ ᠴᠥᠮ ᠰᠢᠨ᠎ᠡ ᠦᠷ᠎ᠡ ᠪᠦᠲᠦᠮᠵᠢ ᠤᠯᠪᠠ᠃ | ᠲᠥᠯᠥᠭᠡᠯᠡᠭᠴᠢᠳ ᠡ︕ 2021 ᠣᠨ ᠳᠤ᠂ ᠪᠢᠳᠠ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ | ᠭᠠᠷᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠲᠤᠰ ᠬᠤᠭᠤᠴᠠᠭᠠᠨ ᠤ ᠵᠠᠰᠠᠭ ᠤᠨ ᠣᠷᠳᠣᠨ ᠤ | ᠠᠵᠢᠯ ᠢ ᠡᠷᠭᠢᠴᠡᠭᠦᠯᠬᠦᠶ᠎ᠡ᠂ ᠪᠢᠳᠡ ᠡᠷᠡᠰ ᠪᠠᠲᠤ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠪᠣᠯᠤᠨ ᠥᠷᠢᠰᠥᠯᠳᠦᠭᠡᠨ ᠢ ᠢᠳᠡᠪᠬᠢᠲᠡᠢ | ᠳᠠᠪᠠᠨ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠰᠢᠨ᠎ᠡ ᠳᠠᠪᠰᠢᠯᠲᠠ ᠲᠠᠢ ᠪᠤᠯᠵᠤ᠂ ᠰᠢᠨ᠎ᠡ ᠳᠡᠭᠲᠡᠷ ᠲᠤ ᠭᠠᠷᠪᠠ᠃ | ——— ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠵᠠᠷ ᠣᠷᠣᠨ ᠤ ᠦᠶᠯᠡᠳᠪᠦᠷᠢᠯᠡᠯ ᠤᠨ | ᠶᠡᠷᠦᠩᠬᠡᠶ ᠥᠷᠲᠡᠭ ᠢ ᠵᠢᠯ ᠳᠤᠮᠳᠠᠴᠢ ᠪᠠᠷ 4.9 % ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ ᠶᠢ ᠵᠢᠯ ᠳᠤᠮᠳᠠᠴᠢ ᠪᠠᠷ 11. 5% | ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 151 ᠳ᠋ᠦᠩᠰᠢᠭᠤᠷ ᠲᠥᠭᠦᠷᠢᠭ ᠲᠤ ᠬᠦᠷᠭᠡᠪᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 36 ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ | ᠥᠷᠲᠡᠭ ᠵᠢᠯ ᠪᠦᠷᠢ ᠳᠤᠮᠳᠠᠴᠢ ᠪᠠᠷ 37.1% ᠨᠡᠮᠡᠭᠳᠡᠪᠡ᠃ ᠰᠢᠶᠠᠨ ᠤ ᠬᠡᠪᠴᠢᠶᠡᠨ ᠤ ᠠᠵᠤ ᠠᠬᠤᠶ ᠶᠢᠨ ᠪᠣᠳᠠᠲᠤ ᠬᠦᠴᠦᠨ ᠪᠦᠬᠦ ᠣᠷᠣᠨ ᠤ 67 ᠳ᠋ᠤᠭᠠᠷ | ᠪᠠᠶᠢᠷᠢ ᠠᠴᠠ 44 ᠳ᠋ᠦ᠋ᠭᠡᠷ ᠲᠤ ᠳᠠᠪᠰᠢᠪᠠ᠃ ᠪᠦᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠠᠮᠵᠢᠯᠲᠠ | ᠲᠠᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠲᠦ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠵᠡᠷᠭᠡ ᠣᠯᠠᠨ ᠲᠥᠷᠥᠯ ᠤᠨ ᠢᠷᠠᠭᠤ | ᠠᠯᠳᠠᠷ ᠢ ᠬᠦᠷᠲᠡᠪᠡ᠃ | ——— ᠭᠤᠷᠪᠠᠨ ᠶᠡᠭᠡ ᠪᠣᠭᠤᠮᠲᠠ ᠰᠢᠪᠲᠤᠯᠬᠤ ᠠᠵᠢᠯ ᠰᠢᠯᠢᠳᠡᠭ ᠦᠷ᠎ᠡ ᠪᠥᠲᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠢᠯᠠᠯᠲᠠ ᠶᠢ ᠤᠯᠬᠤ ᠶᠢ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠤᠷᠢᠭ᠎ᠠ ᠱᠤᠭᠤᠮ ᠤᠨ ᠡᠭᠦᠷᠭᠡ ᠪᠣᠯᠭᠠᠵᠤ᠂ ︽ᠬᠤᠶᠠᠷ ᠲᠤ ᠵᠣᠪᠠᠭ᠋ᠤ | ᠥᠬᠡᠶ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠦᠨ᠂ 2566 ᠡᠷᠦᠬᠡ ᠶᠢᠨ 6326 ᠬᠥᠮᠦᠨ | ᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠬᠤᠰᠢᠭᠤᠨ ᠤ ᠡᠩᠨᠡᠭᠡ ᠠᠴᠠ ᠭᠠᠷᠴᠣ᠂ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠪᠠᠲᠤᠯᠠᠬᠤ ᠬᠢᠵᠠᠭᠠᠷ ᠱᠤᠭᠤᠮ ᠢ ᠪᠠᠲᠤ ᠰᠠᠬᠢᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ | ᠢᠶᠠᠨ ᠠᠬᠢᠭᠤᠯᠵᠤ᠂ ᠳᠠᠯᠳᠠ ᠴᠢᠨᠠᠷᠲᠠᠢ ᠥᠷᠢ ᠥᠭᠴᠡᠭᠡ ᠶᠢ ᠨᠡᠶᠢᠲᠡ 39.13 ᠳ᠋ᠦᠩᠰᠢᠭᠤᠷ ᠲᠥᠭᠦᠷᠢᠭ ᠰᠢᠢᠳᠪᠦᠷᠢᠯᠡᠪᠡ᠃ ᠮᠥᠩᠭᠦᠨ ᠭᠦᠶᠯᠭᠡᠭᠡᠨ ᠤ ᠲᠥᠷᠥᠯ | ᠤᠨ ᠥᠷᠢ ᠥᠭᠴᠡᠭᠡ ᠶᠢᠨ ᠬᠤᠭᠤᠴᠠᠭ᠎ᠠ ᠶᠢ ᠤᠷᠲᠤᠳᠬᠠᠨ ᠵᠢᠭᠡᠯᠡᠯᠭᠡ ᠰᠢᠯᠵᠢᠭᠦᠯᠬᠦ ᠪᠠ ᠬᠦᠦ ᠮᠥᠩᠭᠦ ᠶᠢ ᠪᠠᠭᠤᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢ ᠥᠭᠴᠡᠭᠡ ᠶᠢ ᠰᠢᠢᠳᠪᠦᠷᠢᠯᠡᠵᠦ ᠳᠠᠶᠢᠯᠬᠦ ᠶᠢ ᠨᠢ ᠪᠦᠬᠦᠨ ᠢ ᠰᠢᠢᠳᠪᠦᠷᠢᠯᠡᠵᠦ ᠥᠭᠪᠡ᠃ | ᠭᠤᠤᠯᠳᠠᠯᠭ᠎ᠠ ᠲᠠᠢ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠶᠢ ᠴᠢᠩᠭ᠎ᠠ ᠠᠳᠬᠤᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ | ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯ ᠤᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ | ——— ᠠᠵᠤ ᠦᠢᠯᠡᠰ ᠤᠨ ᠳᠡᠰ ᠳᠡᠪᠰᠢᠬᠦ ᠠᠯᠬᠤᠴᠠ ᠲᠦᠷᠭᠡᠳᠪᠡ᠃ 32 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ | 16 ᠲᠦᠮᠡᠨ ᠮᠤ᠋ ᠤᠰᠤ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠦᠨ᠂ 18 ᠲᠦᠮᠡᠨ ᠮᠤ᠋ ᠨᠤᠲᠤᠭ ᠪᠡᠯᠴᠢᠭᠡᠷ ᠢ ᠥᠭᠡᠷᠡᠴᠢᠯᠡᠨ ᠰᠠᠶᠢᠵᠢᠷᠠᠭᠤᠯᠪᠠ᠃ ᠬᠤᠲᠠ | ᠶᠢᠨ ᠱᠠᠲᠤᠨ ᠠᠴᠠ ᠳᠡᠭᠡᠭᠰᠢᠬᠢ ᠲᠣᠯᠣᠭᠠᠶᠢᠯᠠᠭᠴᠢ ᠠᠵᠤ ᠠᠬᠤᠶᠢᠯᠠᠯ 33 ᠪᠣᠯᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢ 800 ᠪᠣᠯᠭᠠᠨ | ᠨᠡᠮᠡᠭᠳᠡᠭᠦᠯᠵᠦ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠭᠰᠠᠨ ᠨᠣᠷᠮ᠎ᠠ 62 % ᠲᠤ ᠬᠦᠷᠪᠡ᠃ ︽ᠬᠤᠶᠠᠷ ᠪᠦᠲᠦᠭᠡᠭᠳᠡᠬᠦᠨ | ᠨᠢᠭᠡ ᠲᠡᠮᠳᠡᠭ ᠨᠢᠭᠡ ᠰᠢᠨ᠎ᠡ︾ ᠮᠠᠯ ᠲᠠᠷᠢᠶᠠᠯᠠᠩ ᠤᠨ ᠪᠦᠲᠦᠭᠡᠭᠳᠡᠬᠦᠨ ᠢ 53 ᠭᠡᠷᠡᠴᠢᠯᠡᠨ ᠲᠣᠭᠲᠠᠭᠠᠵᠤ᠂ ︽ᠲᠢᠶᠠᠨ ᠮᠥ ᠱᠦᠸᠧ ᠹᠠᠩ︾ ᠣᠷᠣᠨ ᠪᠦᠰᠡ ᠶᠢᠨ | ᠴᠢᠨᠠᠷᠲᠠᠶ ᠣᠯᠠᠨ ᠨᠡᠶᠢᠲᠡ ᠶᠢᠨ ᠨᠠᠷᠠᠲᠤ ᠲᠡᠮᠲᠡᠭ ᠢ ᠠᠮᠵᠢᠯᠲᠠᠲᠠᠶ ᠡᠭᠦᠳᠪᠡ᠃ ᠢ ᠲᠠᠢ ᠨᠢᠩ ᠨᠧᠩ ᠤᠨ ᠹᠢᠱᠣᠷ ᠲᠷᠣᠺᠱ ᠠᠯᠺᠠᠨ ᠦᠢᠯᠡᠳᠪᠣᠷᠢᠯᠡᠬᠦ ᠲᠦᠷᠦᠯ | ᠵᠦᠢᠯ᠂ ᠯᠢᠶᠠᠨ ᠪᠦᠸᠧ ᠢᠳᠡᠭᠡᠨ ᠤ ᠲᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠢᠯᠡᠳᠪᠦᠷᠢᠯᠡᠬᠦ ᠲᠥᠷᠥᠯ ᠵᠦᠢᠯ ᠵᠡᠷᠭᠡ ᠨᠢᠭᠡ ᠪᠦᠯᠦᠭ ᠴᠢᠬᠤᠯᠠ | ᠶᠡᠭᠡ ᠲᠦᠷᠦᠯ ᠵᠦᠢᠯ ᠠᠰᠢᠭᠯᠠᠯᠲᠠ ᠳᠤ ᠣᠷᠣᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠮᠵᠢ 588 ᠲᠦᠮᠡᠨ ᠲᠣᠨ ᠳᠤ | ᠬᠦᠷᠪᠡ᠃ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 231 ᠲᠦᠮᠡᠨ ᠺᠢᠯᠣᠸᠠᠲ ᠲᠤ ᠬᠦᠷᠴᠦ᠂ ᠪᠠᠶᠢᠭᠠᠯᠢ ᠶᠢᠨ ᠰᠢᠲᠠᠮᠠᠬᠠᠶ ᠬᠡᠶ ᠶᠢᠨ | ᠵᠢᠯ ᠤᠨ ᠦᠶᠯᠡᠳᠪᠦᠷᠢᠯᠡᠬᠦ ᠴᠢᠳᠠᠪᠤᠷᠢ 19 ᠳ᠋ᠦᠩᠰᠢᠭᠤᠷ ᠺᠥᠪ ᠮᠧᠲᠷ ᠲᠤ ᠬᠦᠷᠴᠦ᠂ ᠡᠳᠦᠷ ᠤᠨ ᠰᠢᠩᠭᠢᠵᠢᠭᠦᠯᠬᠦ ᠴᠢᠳᠠᠮᠵᠢ ᠨᠢ 460 ᠲᠦᠮᠡᠨ ᠺᠥᠪ ᠮᠧᠲᠷ ᠢ | ᠳᠠᠪᠠᠵᠤ᠂ ᠪᠥᠬᠦ ᠤᠯᠤᠰ ᠤᠨ ᠠᠩᠬᠠᠳᠠᠭᠴᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠵᠠᠭᠤᠨ ᠲᠦᠮᠡᠨ ᠪᠣᠰᠤᠭ᠎ᠠ ᠳᠥᠷᠪᠡᠯᠵᠢᠨ ᠲᠠᠰ ᠤᠨ BOG ᠠᠴᠠ | ᠾᠧᠯᠢ ᠪᠣᠯᠪᠠᠰᠤᠷᠠᠭᠤᠯᠬᠤ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠪᠠ᠃ ᠦᠵᠡᠮᠵᠢ ᠶᠢᠨ ᠣᠷᠣᠨ ᠤ ᠰᠠᠭᠤᠷᠢ ᠳᠦᠬᠦᠭᠡᠷᠦᠮᠵᠢ ᠶᠢ ᠲᠥᠬᠦᠷᠵᠢᠭᠦᠯᠦᠨ | ᠲᠡᠭᠦᠯᠳᠡᠷᠵᠢᠭᠦᠯᠵᠦ᠂ 4 A ᠲᠠᠰ ᠤᠨ ᠦᠵᠡᠮᠵᠢ ᠶᠢᠨ ᠣᠷᠣᠨ 3 ᠪᠣᠯᠪᠠ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠪᠡ᠃ | ——— ᠬᠥᠭᠵᠢᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ G242᠂ S215 ᠵᠠᠰᠠᠮᠠᠯ ᠵᠠᠮ ᠲᠡᠷᠭᠡ ᠨᠡᠪᠲᠡᠷᠡᠨ᠂ S24᠂ | S316 ᠵᠠᠰᠠᠮᠠᠯ ᠵᠠᠮ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ S215 ᠠᠴᠠ ᠶᠢᠨ ᠲᠠᠢ ᠬᠦᠷᠢᠶᠡᠯᠡᠩ᠂ ᠢ ᠯᠢ ᠶᠢᠨ ᠨᠠᠷᠠᠨ ᠡᠨᠧᠷᠬᠢ ᠪᠠᠷ | ᠴᠠᠬᠢᠯᠭᠠᠨ ᠭᠠᠷᠭᠠᠬᠤ ᠬᠦᠷᠢᠶᠡᠯᠡᠩ ᠲᠣᠭᠤᠷᠢᠭ᠂ ᠪᠦᠷᠢᠶ᠎ᠡ ᠮᠠᠩᠬ᠎ᠠ ᠦᠵᠡᠮᠵᠢ ᠶᠢᠨ ᠣᠷᠣᠨ ᠬᠦᠷᠬᠦ 3 ᠵᠤᠷᠪᠤᠰ ᠵᠠᠮ ᠢ ᠳᠡᠪᠢᠰᠦᠨ ᠳᠠᠭᠤᠰᠬᠠᠵᠤ᠂ ᠬᠥᠳᠡᠭᠡ | ᠲᠣᠰᠬᠤᠨ ᠤ ᠵᠠᠰᠠᠮᠠᠯ ᠵᠠᠮ ᠢ 161 ᠺᠢᠯᠣᠮᠧᠲᠷ ᠵᠠᠰᠠᠵᠤ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ | ᠵᠢᠱᠢᠶᠡᠴᠢ ᠬᠤᠰᠢᠭᠤ ᠪᠠᠷ ᠦᠨᠡᠯᠡᠭᠳᠡᠪᠡ᠃ ᠮᠤᠨᠢ ᠠᠭᠤᠯᠠ ᠠᠴᠠ ᠰᠢᠨᠡᠪᠠᠯᠭᠠᠰᠤ ᠬᠦᠷᠬᠦ ᠲᠡᠮᠦᠷ ᠵᠠᠮ ᠤᠨ ᠮᠤᠨᠢ ᠠᠭᠤᠯᠠ ᠠᠴᠠ ᠳᠥᠷᠪᠡᠨ ᠬᠤᠳᠳᠤᠭ ᠬᠦᠷᠬᠦ | ᠬᠡᠰᠡᠭ ᠨᠢ ᠠᠰᠢᠭᠯᠠᠯᠲᠠ ᠳᠤ ᠣᠷᠣᠵᠤ᠂ ᠬᠤᠯᠪᠤᠭᠠᠯᠵᠢ ᠶᠢᠨ ᠤᠮᠠᠷᠠᠲᠤ ᠶᠢᠨ ᠲᠡᠮᠦᠷ ᠵᠠᠮ ᠤᠨ ᠲᠡᠭᠡᠭᠡᠪᠦᠷᠢ ᠶᠢᠨ ᠱᠤᠭᠤᠮ ᠢ ᠪᠥᠲᠦᠭᠡᠨ ᠪᠠᠶᠢᠭᠤᠯᠪᠠ᠃ 3942.5 | ᠺᠢᠯᠣᠮᠧᠲᠷ ᠴᠠᠬᠢᠯᠭᠠᠨ ᠬᠦᠷᠭᠡᠬᠦ ᠱᠤᠭᠤᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠰᠢᠨᠡᠪᠠᠯᠭᠠᠰᠤ ᠶᠢᠨ ᠪᠠᠯᠭᠠᠰᠤᠨ ᠲᠣᠭᠤᠷᠢᠭ ᠪᠠ ᠠᠵᠤ ᠦᠶᠯᠡᠳᠪᠦᠷᠢ ᠶᠢᠨ | ᠬᠦᠷᠢᠶᠡᠯᠡᠩ ᠤᠨ ᠬᠤᠣᠰ ᠪᠤᠴᠠᠯᠲᠠ ᠶᠢᠨ ᠱᠤᠭᠤᠮ ᠢᠶᠠᠷ ᠴᠠᠬᠢᠯᠭᠠᠨ ᠬᠠᠩᠭᠠᠬᠤ ᠶᠢ ᠪᠡᠶᠡᠯᠡᠭᠦᠯᠪᠡ᠃ ᠬᠠᠩᠭᠢᠨ ᠶᠡᠭᠡ ᠵᠡᠭᠡᠯᠢ᠂ ᠠᠰᠠᠷ ᠶᠡᠭᠡ ᠵᠡᠭᠡᠯᠢ ᠵᠡᠷᠭᠡ 15 | ᠵᠤᠷᠪᠤᠰ ᠭᠤᠣᠯ ᠵᠠᠮ ᠤᠨ ᠬᠤᠭᠤᠯᠠᠢ ᠲᠣᠣᠷ ᠤᠨ ᠰᠠᠭᠤᠷᠢ ᠲᠥᠬᠦᠭᠡᠷᠦᠮᠵᠢ ᠪᠠ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢ ᠪᠦᠬᠦ ᠲᠠᠯ᠎ᠠ ᠪᠠᠷ ᠳᠡᠰ | ᠳᠡᠪᠰᠢᠭᠦᠯᠵᠦ᠂ 29 ᠴᠡᠴᠡᠷᠯᠢᠭ᠂ 35 ᠺᠢᠯᠣᠮᠧᠲᠷ ᠰᠡᠯᠡᠭᠦᠴᠡᠨ ᠠᠯᠬᠤᠬᠤ ᠵᠠᠮ ᠢ ᠰᠢᠨ᠎ᠡ ᠪᠠᠷ ᠳᠡᠪᠢᠰᠦᠨ᠂ ᠨᠣᠭᠤᠷᠠᠭᠤᠯᠤᠯᠲᠠ ᠶᠢᠨ ᠲᠠᠯᠠᠪᠠᠢ ᠨᠢ ᠬᠥᠮᠦᠨ | ᠳᠤᠮᠳᠠᠴᠢ ᠪᠠᠷ 33.9 ᠲᠡᠭᠰᠢ ᠳᠥᠷᠪᠡᠯᠵᠢᠨ ᠮᠧᠲᠷ ᠲᠤ ᠬᠦᠷᠪᠡ᠃ ᠬᠤᠰᠢᠭᠤ ᠶᠡᠷᠦᠩᠬᠡᠶᠢᠯᠡᠭᠰᠡᠨ ᠰᠣᠶᠣᠯ ᠤᠨ ᠦᠶᠯᠡᠴᠢᠯᠡᠭᠡᠨ ᠤ ᠲᠥᠪ᠂ ᠲᠠᠩᠰᠠ ᠡᠪᠬᠡᠮᠡᠯ | ᠲᠡᠦᠬᠡ ᠣᠶᠢᠯᠠᠯᠭ᠎ᠠ ᠶᠢᠨ ᠣᠷᠳᠣᠨ᠂ ᠲᠣᠮᠣ ᠳ᠋ᠠᠶᠢᠲ᠋ᠠ ᠲᠥᠪ ᠵᠡᠷᠭᠡ ᠨᠢᠭᠡ ᠪᠦᠯᠦᠭ ᠴᠢᠬᠤᠯᠠ ᠶᠡᠭᠡ ᠣᠯᠠᠨ ᠨᠡᠶᠢᠲᠡ ᠶᠢᠨ ᠦᠶᠯᠡᠴᠢᠯᠡᠭᠡᠨ ᠤ ᠲᠠᠯᠠᠪᠠᠢ ᠶᠢ | ᠪᠠᠶᠢᠭᠤᠯᠤᠨ ᠳᠠᠭᠤᠰᠬᠠᠪᠠ᠃ 1305 ᠡᠷᠦᠬᠡ ᠶᠢᠨ ᠬᠠᠭᠤᠴᠢᠨ ᠣᠷᠣᠨ ᠰᠠᠭᠤᠴᠠ ᠶᠢᠨ ᠥᠭᠡᠷᠡᠴᠢᠯᠡᠯᠲᠡ ᠶᠢ ᠪᠡᠶᠡᠯᠡᠭᠦᠯᠦᠨ᠂ 600 ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢ ᠪᠠᠶᠢᠭᠤᠯᠤᠨ ᠳᠠᠭᠤᠰᠬᠠᠵᠤ᠂ ᠬᠠᠭᠤᠴᠢᠨ ᠲᠣᠭᠤᠷᠢᠭ ᠢ ᠥᠭᠡᠷᠡᠴᠢᠯᠡᠨ ᠨᠡᠭᠦᠯᠭᠡᠨ ᠲᠥᠪᠬᠢᠨᠡᠭᠦᠯᠬᠦ ᠨᠣᠷᠮ᠎ᠠ 99.88 % ᠳᠤ ᠬᠦᠷᠪᠡ᠃ | ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ | ᠣᠷᠣᠨ ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠳᠤᠭᠤᠶᠢᠳᠠᠯ᠎ᠠ ᠪᠠᠯᠭᠠᠰᠤᠨ ᠤ ᠯᠦᠩ ᠮᠤᠤ ᠶᠢᠩ ᠲᠣᠰᠬᠤᠨ | ᠨᠢ ︽ᠳᠤᠮᠳᠠᠳᠤ ᠤᠯᠤᠰ ᠤᠨ ᠬᠠᠮᠤᠭ ᠤᠨ ᠭᠤᠶᠣ ᠲᠣᠰᠬᠤᠨ ᠪᠠᠯᠭᠠᠰᠤ︾ ᠪᠠᠷ ᠦᠨᠡᠯᠡᠭᠳᠡᠪᠡ᠃ | ——— ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ᠃ ︽ᠡᠷᠭᠡ ᠶᠢ ᠲᠤᠷᠤᠭᠰᠢ ᠪᠠᠭᠤᠯᠭᠠᠵᠤ᠂ ᠬᠠᠮᠢᠶᠠᠷᠣᠯᠲᠠ ᠪᠠᠨ | ᠰᠢᠨᠡᠳᠭᠡᠨ᠂ ᠦᠢᠯᠡᠴᠢᠯᠡᠭᠡ ᠪᠠᠨ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ︽ᠨᠢᠭᠡ | ᠥᠷᠲᠡᠭᠡᠴᠢᠯᠡᠭᠰᠡ︾ ᠦᠶᠯᠡᠴᠢᠯᠡᠭᠡᠨ ᠤ ᠲᠥᠪ ᠢ ᠪᠠᠶᠢᠭᠤᠯᠤᠨ ᠳᠠᠭᠤᠰᠬᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ︽ᠣᠯᠠᠨ ᠰᠠᠯᠠᠭ᠎ᠠ | ᠮᠥᠴᠢᠷ ᠲᠤ ᠲᠠᠷᠠᠬᠠᠶ ᠪᠤᠲᠠᠷᠬᠠᠶ ᠪᠠᠷ ᠭᠦᠶᠴᠡᠳᠬᠡᠬᠦ︾ ᠠᠴᠠ ︽ᠨᠢᠭᠡ ᠳᠣᠣᠷ᠎ᠠ ᠲᠥᠪᠯᠡᠷᠡᠭᠦᠯᠦᠨ ᠭᠦᠶᠴᠡᠳᠬᠡᠬᠦ︾ ᠳᠠᠰᠢ ᠬᠤᠪᠢᠷᠠᠭᠤᠯᠬᠤ ᠶᠢ ᠪᠡᠶᠡᠯᠡᠭᠦᠯᠪᠡ᠃ | ᠵᠠᠰᠠᠭ ᠵᠠᠬᠢᠷᠭ᠎ᠠ᠂ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠦᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠳᠦᠷᠢᠮᠵᠢᠭᠰᠡᠨ ᠠᠵᠢᠯᠯᠠᠭᠠᠨ ᠪᠠ ᠵᠠᠬ᠎ᠠ ᠳᠡᠯᠭᠡᠭᠦᠷᠴᠢᠯᠡᠭᠰᠡᠨ ᠬᠡᠯᠪᠡᠷᠢ ᠶᠢᠨ ᠬᠤᠪᠢᠷᠠᠭᠤᠯᠤᠯᠲᠠ ᠶᠢ | ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠲᠣᠭᠲᠠᠴᠠ ᠶᠢ | ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠵᠤ ᠦᠨᠡᠮᠯᠡᠯ ᠣᠯᠭᠤᠬᠤ ᠠᠵᠢᠯ ᠢ | ᠦᠨᠳᠦᠰᠦᠨ ᠳᠡᠭᠡᠨ ᠪᠡᠶᠡᠯᠡᠭᠦᠯᠪᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠥᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠬᠤᠲᠠ ᠳᠤ | ᠡᠩ ᠲᠡᠷᠢᠭᠦᠨ ᠳᠤ ᠬᠠᠳᠤᠨ ᠭᠤᠣᠯ ᠳᠠᠭᠠᠤ ᠶᠢᠨ ᠤᠰᠤᠯᠠᠯᠲᠠ ᠶᠢᠨ ᠣᠷᠣᠨ ᠤ ᠲᠠᠲᠠᠷᠠᠭᠤᠯᠤᠭᠰᠠᠨ ᠤᠰᠤ ᠶᠢ ᠦᠨ᠎ᠡ ᠲᠥᠯᠥᠪᠦᠷᠢ ᠲᠠᠢ ᠬᠡᠷᠡᠭᠯᠡᠬᠦ ᠪᠠ | ᠠᠷᠠᠯᠵᠢᠶᠠᠯᠠᠬᠤ ᠶᠢ ᠦᠷᠨᠢᠭᠦᠯᠵᠦ᠂ ︽ᠪᠦᠬᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠬᠡᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ | ᠬᠦᠷᠦᠭᠰᠡᠨ ᠰᠢᠶᠠᠨ︾ ᠢᠶᠠᠷ ᠦᠨᠡᠯᠡᠭᠳᠡᠪᠡ᠃ | ——— ᠠᠮᠢ ᠠᠬᠤᠢ ᠶᠢᠨ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠣᠯᠪᠠ᠃ ᠣᠶᠢᠵᠢᠭᠤᠯᠤᠯᠲᠠ ᠨᠣᠭᠤᠭᠠᠷᠠᠭᠤᠯᠤᠯᠲᠠ ᠶᠢᠨ ᠲᠠᠯᠠᠪᠠᠢ 211 ᠲᠦᠮᠡᠨ | ᠮᠦ᠂ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ 150 ᠲᠦᠮᠡᠨ ᠮᠦ ᠳᠤ ᠬᠦᠷᠴᠦ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠭᠰᠠᠨ ᠲᠠᠯᠠᠪᠠᠶ ᠰᠢᠨ᠎ᠡ ᠪᠠᠷ | 90 ᠲᠦᠮᠡᠨ ᠮᠦ ᠨᠡᠮᠡᠭᠳᠡᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 15.4 % ᠳᠤ ᠬᠦᠷᠴᠦ᠂ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ 65% | ᠣᠷᠴᠢᠮ ᠪᠠᠶᠢᠯᠭᠠᠵᠤ᠂ ᠠᠮᠠᠨᠴᠢᠷᠭ᠎ᠠ ᠲᠣᠰᠬᠤᠨ ︽ᠤᠯᠤᠰ ᠤᠨ ᠣᠶ ᠰᠢᠭᠤᠶ ᠶᠢᠨ ᠬᠥᠳᠡᠭᠡ ᠲᠣᠰᠬᠤᠨ︾ ᠢᠶᠠᠷ ᠦᠨᠡᠯᠡᠭᠳᠡᠪᠡ ᠃ ᠭᠤᠣᠯ ᠮᠥᠷᠡᠨ ᠨᠠᠭᠤᠷ | ᠴᠥᠭᠦᠷᠥᠮ ᠢ ᠬᠤᠯᠪᠣᠨ ᠨᠡᠪᠲᠡᠷᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠬᠥᠪᠴᠢ ᠶᠢᠨ ᠡᠯᠡᠰᠦᠨ ᠳᠤ 100 ᠲᠡᠭᠰᠢ ᠳᠥᠷᠪᠡᠯᠵᠢᠨ ᠺᠢᠯᠣᠮᠧᠲᠷ ᠡᠯᠡᠰᠦ ᠤᠰᠤ | ᠵᠠᠯᠭᠠᠯᠳᠤᠭᠰᠠᠨ ᠪᠠᠶᠢᠭᠠᠯᠢ ᠶᠢᠨ ᠠᠮᠢ ᠠᠬᠤᠢ ᠶᠢᠨ ᠦᠵᠡᠮᠵᠢ ᠶᠢᠨ ᠪᠦᠰᠡ ᠶᠢ ᠪᠦᠷᠢᠯᠳᠦᠭᠦᠯᠪᠡ᠃ ᠬᠥᠪᠴᠢ ᠶᠢᠨ ᠡᠯᠡᠰᠦᠨ ᠤ ᠢ ᠯᠢ ᠠᠮᠢ ᠠᠬᠤᠶ ᠶᠢᠨ ᠵᠢᠱᠢᠶ᠎ᠡ | ᠦᠵᠡᠭᠦᠯᠬᠦ ᠲᠣᠭᠤᠷᠢᠭ ᠨᠢ ᠪᠥᠬᠦ ᠤᠯᠤᠰ ᠤᠨ ︽ᠠᠯᠲᠠ ᠮᠥᠩᠭᠦᠨ ᠠᠭᠤᠯᠠ︾ ᠶᠢᠨ ᠣᠨᠣᠯ ᠤᠨ ᠦᠶᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ | ᠦᠨᠡᠯᠡᠭᠳᠡᠪᠡ᠃ ᠲᠡᠷᠢᠭᠦᠯᠡᠭᠴᠢ ᠰᠢ ᠶᠢᠨ ᠫᠢᠩ ᠬᠤᠶᠠᠷ ᠤᠳᠠᠭ᠎ᠠ ᠬᠥᠪᠴᠢ ᠶᠢᠨ ᠤᠯᠠᠨ ᠤᠯᠤᠰ ᠤᠨ ᠡᠯᠡᠰᠦᠨ ᠴᠥᠯ ᠤᠨ ᠶᠠᠷᠢᠶᠠᠨ ᠤ ᠲᠠᠪᠴᠠᠩ ᠳᠤ ᠪᠠᠶᠠᠷ ᠤᠨ | ᠵᠠᠬᠢᠳᠠᠯ ᠢᠷᠡᠭᠦᠯᠵᠦ᠂ ︽ᠬᠥᠪᠴᠢ ᠶᠢᠨ ᠡᠯᠡᠰᠦᠨ ᠳᠤ ᠨᠣᠭᠤᠭᠠᠷᠠᠭᠤᠯᠣᠯᠲᠠ ᠶᠢᠨ ᠭᠠᠶᠢᠬᠠᠮᠰᠢᠭ ᠢ ᠡᠭᠦᠳᠦᠭᠰᠡᠨ ᠬᠠᠩᠭᠢᠨ ᠠᠷᠠᠳ ᠲᠦᠮᠡᠨ︾ ᠨᠢ ᠳᠣᠯᠣᠳᠤᠭᠠᠷ | ᠬᠤᠭᠤᠴᠠᠭᠠᠨ ᠤ ᠥᠪᠥᠷ ᠮᠣᠩᠭᠤᠯ ᠢᠶᠠᠨ ᠳᠣᠭᠳᠣᠯᠤᠭᠤᠯᠤᠭᠰᠠᠨ ᠬᠠᠮᠲᠤ ᠨᠡᠶᠢᠲᠡ ᠶᠢᠨ ᠱᠠᠩᠨᠠᠯ ᠢ ᠬᠦᠷᠲᠡᠨ᠂ ᠬᠠᠩᠭᠢᠨ ᠤ ᠨᠣᠭᠤᠭᠠᠷᠠᠭᠤᠯᠤᠯᠲᠠ ᠶᠢᠨ ᠦᠢᠯᠡᠳᠦᠯᠭᠡ | ᠨᠢ ᠨᠠᠮ ᠤᠨ ᠲᠥᠪ ᠬᠤᠷᠢᠶ᠎ᠠ ᠪᠠ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠳᠡᠯᠭᠡᠷ ᠬᠦᠷᠢᠶᠡᠯᠡᠯ ᠢ ᠤᠯᠪᠠ᠃ | ——— ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠲᠠ ᠶᠢ ᠢᠯᠠᠨ ᠳᠠᠪᠠᠵᠤ᠂ ᠠᠷᠠᠳ ᠤᠨ | ᠠᠮᠢᠳᠤᠷᠠᠯ ᠪᠠ ᠨᠡᠶᠢᠭᠡᠮ ᠤᠨ ᠦᠢᠯᠡᠰ ᠤᠨ ᠬᠥᠭᠵᠢᠯᠲᠡ ᠶᠢ ᠤᠷᠢᠳᠠᠪᠠᠷ ᠪᠠᠲᠤᠯᠠᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠨᠡᠶᠢᠲᠡ 120.36 | ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 77 % ᠶᠢ ᠡᠵᠡᠯᠡᠪᠡ᠃ ᠬᠤᠲᠠ ᠪᠠᠯᠭᠠᠰᠤᠨ ᠤ 4774 | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.1% ᠶᠢᠨ ᠳᠣᠲᠣᠷ᠎ᠠ | ᠬᠢᠵᠠᠭᠠᠷᠯᠠᠪᠠ︔ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠮ ᠪᠦᠷᠬᠦᠭᠦᠯᠬᠦ ᠶᠢ ᠪᠡᠶᠡᠯᠡᠭᠦᠯᠵᠦ᠂ ᠨᠠᠰᠤᠵᠢᠯ ᠤᠨ ᠳᠠᠭᠠᠳᠬᠠᠯ ᠤᠨ | ᠮᠥᠩᠭᠦ ᠣᠯᠭᠤᠬᠤ ᠶᠢ ᠪᠦᠬᠦᠨ ᠪᠡᠶᠡᠯᠡᠭᠦᠯᠪᠡ︔ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠳ 95% ᠶᠢ ᠳᠠᠪᠠᠪᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠬᠥᠭᠵᠢᠭᠦᠯᠬᠦ ᠠᠵᠢᠯᠯᠠᠭ᠎ᠠ ᠨᠢ ᠤᠯᠤᠰ ᠤᠨ ᠦᠨᠡᠯᠡᠨ ᠵᠢᠱᠢᠬᠦ ᠪᠠᠷᠢᠮᠵᠢᠶ᠎ᠠ ᠳᠤ ᠬᠦᠷᠴᠦ᠂ ᠬᠡᠦᠬᠡᠳ ᠤᠨ | ᠴᠡᠴᠡᠷᠯᠢᠭ᠂ ᠪᠠᠭ᠎ᠠ ᠰᠤᠷᠭᠠᠭᠤᠯᠢ ᠨᠡᠶᠢᠲᠡ 5 ᠪᠠᠶᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ | ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠨ ᠡᠵᠡᠮᠳᠡᠬᠦ ᠥᠷᠲᠡᠭᠡ ᠪᠠ 7 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ | ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠲᠣᠭᠤᠷᠢᠭ ᠪᠠ ᠡᠷᠡᠭᠦᠯ ᠬᠠᠮᠠᠭᠠᠯᠠᠯ ᠤᠨ | ᠪᠠᠴᠢᠮ ᠪᠠᠶᠢᠳᠠᠯ ᠢ ᠠᠷᠭᠠᠴᠠᠭᠠᠬᠤ ᠳᠦᠷᠢᠮᠵᠢᠭᠰᠡᠨ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠡᠰ ᠤᠨ | ᠪᠠᠷᠢᠮᠵᠢᠶᠠᠵᠢᠭᠰᠠᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠭᠠᠵᠠᠷ ᠢ 5 ᠪᠠᠶᠢᠭᠤᠯᠵᠤ᠂ ᠢᠳᠡᠭᠡᠨ ᠤᠮᠳᠠᠭᠠᠨ ᠢ ᠪᠠᠶᠢᠴᠠᠭᠠᠨ ᠰᠢᠯᠭᠠᠬᠤ ᠲᠥᠪ | ᠠᠰᠢᠭᠯᠠᠯᠲᠠ ᠳᠤ ᠣᠷᠤᠪᠠ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠥᠬᠦ | ᠬᠦᠴᠦᠨ ᠢᠶᠠᠷ ᠠᠬᠢᠭᠤᠯᠵᠤ᠂ ᠬᠤᠰᠢᠭᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠨᠢ ᠲᠣᠰ ᠲᠣᠰ ᠤᠯᠤᠰ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠢᠭᠡᠴᠡ ᠪᠠᠷ ᠨᠡᠷᠡᠶᠢᠳᠦᠭᠳᠡᠨ᠂ ᠬᠠᠩᠭᠢᠨ ᠤ ᠳ᠋ᠠ ᠵᠥᠩ ᠲᠣᠰᠬᠤᠨ ᠪᠠᠯᠭᠠᠰᠤ ᠶᠢᠨ ᠪᠠᠩᠬᠢ | ᠨᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠢ ᠪᠠᠷ ᠦᠨᠡᠯᠡᠭᠳᠡᠵᠦ᠂ ᠲᠠᠷᠢᠶᠠᠠᠭᠤᠤᠯ ᠤᠨ ᠪᠠᠶᠠᠨᠪᠤᠯᠠᠭ ᠭᠠᠴᠠᠭ᠎ᠠ | ᠂ ᠳᠤᠭᠤᠶᠢᠳᠠᠯ᠎ᠠ ᠪᠠᠯᠭᠠᠰᠤᠨ ᠤ ᠳᠠᠭᠤᠲᠤ ᠭᠠᠴᠠᠭ᠎ᠠ ᠨᠢ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠤᠨᠴᠠᠯᠢᠭᠳᠤ ᠲᠣᠰᠬᠤᠨ ᠢᠶᠠᠷ ᠨᠡᠷᠡᠶᠢᠳᠦᠭᠳᠡᠪᠡ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠠᠵᠢᠯᠯᠠᠭᠠᠨ ᠤ ᠲᠥᠪ ᠢ ᠨᠡᠶᠢᠲᠡᠮ ᠪᠥᠷᠬᠦᠭᠦᠯᠬᠦ ᠶᠢ | ᠪᠡᠶᠡᠯᠡᠭᠦᠯᠵᠦ᠂ ᠬᠠᠩᠭᠢᠨ ᠬᠤᠰᠢᠭᠤᠨ ᠤ ᠤᠯᠠᠭᠠᠨᠮᠥ᠋ᠴᠢᠷ ᠨᠢ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ︽ᠮᠠᠯᠴᠢᠨ ᠲᠠᠷᠢᠶᠠᠴᠢᠳ ᠲᠤ ᠦᠶᠯᠡᠴᠢᠯᠡᠬᠦ᠂ | ᠦᠨᠳᠦᠰᠦᠨ ᠱᠠᠲᠤᠨ ᠳᠤ ᠦᠶᠯᠡᠴᠢᠯᠡᠬᠦ︾ ᠰᠣᠶᠣᠯ ᠤᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠢ ᠭᠥᠷᠳᠡᠵᠦ᠂ ᠬᠦᠷᠦ ᠳᠠᠭᠤᠤ | ᠨᠢ ᠣᠯᠠᠨ ᠤᠯᠤᠰ ᠤᠨ ᠠᠯᠲᠠᠨ ᠮᠧᠳᠠᠯ ᠢ ᠭᠥᠷᠳᠡᠪᠡ᠃ | ᠲᠥᠯᠥᠭᠡᠯᠡᠭᠴᠢᠳ ᠡ︕ ᠭᠠᠭᠴᠠ ᠬᠦ ᠬᠦᠴᠢᠷ ᠪᠡᠷᠬᠡᠰᠢᠶᠡᠯ ᠲᠠᠢ ᠪᠣᠯᠪᠠᠰᠤ ᠰᠠᠶ᠋ᠢ ᠡᠷᠡᠯᠬᠡᠭ ᠵᠣᠷᠢᠭ ᠢ ᠢᠯᠡᠷᠡᠭᠦᠯᠵᠦ ᠴᠢᠳᠠᠮᠤᠢ᠂ ᠭᠠᠭᠴᠠ ᠬᠦ ᠬᠠᠲᠠᠭᠤᠵᠢᠨ | ᠪᠣᠯᠪᠠᠰᠤᠷᠠᠪᠠᠰᠤ ᠰᠠᠶ᠋ᠢ ᠠᠮᠵᠢᠯᠲᠠ ᠣᠯᠵᠤ ᠴᠢᠳᠠᠮᠤᠢ᠃ ᠲᠤᠰ ᠬᠤᠭᠤᠴᠠᠭᠠᠨ ᠤ ᠵᠠᠰᠠᠭ ᠤᠨ ᠣᠷᠳᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠠᠲᠠᠭᠤ ᠰᠢᠯᠭᠠᠯᠲᠠ ᠶᠢ ᠥᠩᠭᠡᠷᠡᠭᠡᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠢᠯᠡᠳᠲᠡ ᠠᠮᠵᠢᠯᠲᠠ ᠣᠯᠪᠠ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ᠂ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠡᠯ᠎ᠡ ᠠᠷᠠᠳ ᠤᠨ ᠪᠦᠯᠬᠦᠮ ᠤᠨ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠪᠣᠯᠬᠤ | ᠶᠢᠨ ᠬᠠᠮᠲᠤ᠂ ᠪᠦᠬᠦ ᠬᠤᠰᠢᠭᠤᠨ ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠠ ᠺᠠᠳ᠋ᠷ ᠣᠯᠠᠨ ᠲᠦᠮᠡᠨ ᠤ ᠬᠦᠴᠦ ᠬᠥᠯᠥᠰᠥ᠂ ᠠᠷᠢᠭᠤᠨ ᠬᠥᠳᠡᠯᠮᠦᠷᠢ ᠪᠠ | ᠣᠶᠤᠨ ᠤᠬᠠᠭᠠᠨ ᠰᠢᠩᠭᠡᠵᠦ ᠪᠤᠢ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠬᠠᠩᠭᠢᠨ ᠤ ᠥᠭᠡᠷᠡᠴᠢᠯᠡᠯᠲᠡ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠵᠠᠰᠠᠭ ᠤᠨ ᠣᠷᠳᠣᠨ ᠤ ᠠᠵᠢᠯ ᠢ ᠴᠢᠩᠭᠠᠳᠬᠠᠵᠤ᠂ ᠬᠠᠩᠭᠢᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠄ ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠬᠠᠮᠤᠭ ᠤᠨ ᠦᠨᠳᠦᠰᠦᠨ ᠬᠥᠭᠵᠢᠯᠲᠡ ᠶᠢᠨ ᠪᠠᠲᠤᠯᠠᠭ᠎ᠠ ᠪᠣᠯᠭᠠᠬᠤ ᠬᠡᠷᠡᠭᠲᠡᠢ᠂ | ᠪᠠᠶᠢᠳᠠᠯ ᠤᠯᠠᠮ ᠪᠤᠳᠤᠯᠢᠶᠠᠨᠲᠠᠶ᠂ ᠡᠭᠦᠷᠭᠡ ᠤᠯᠠᠮ ᠬᠠᠲᠠᠭᠤ ᠪᠡᠷᠬᠡ᠂ ᠥᠷᠢᠰᠥᠯᠳᠦᠭᠡᠨ ᠤᠯᠠᠮ ᠲᠥᠪ ᠴᠢᠩᠭ᠎ᠠ ᠪᠣᠯᠬᠤ ᠲᠤᠲᠤᠮ᠂ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠳᠤ ᠤᠯᠠᠮ ᠲᠦᠰᠢᠭᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠤᠯᠠᠮ ᠴᠢᠩᠭᠠᠳᠬᠠᠬᠤ ᠬᠡᠷᠡᠭᠲᠡᠶ︔ ᠡᠷᠬᠡᠪᠰᠢ | ᠠᠷᠠᠳ ᠲᠦᠮᠡᠨ ᠢ ᠳᠡᠭᠡᠳᠦᠯᠡᠬᠦ ᠶᠢ ᠬᠠᠮᠤᠭ ᠤᠨ ᠡᠷᠡᠰ ᠴᠢᠩᠭ᠎ᠠ ᠦᠷᠳᠡᠭ ᠤᠨ ᠬᠥᠭᠡᠭᠡᠴᠡᠯᠳᠦᠯ ᠢᠶᠠᠨ ᠪᠣᠯᠭᠠᠬᠤ ᠬᠡᠷᠡᠭᠲᠡᠢ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠪᠢᠳᠡᠨ ᠤ ᠲᠡᠮᠡᠴᠡᠬᠦ ᠬᠠᠷᠠᠯᠲᠠ ᠮᠥᠨ᠂ ᠭᠠᠭᠴᠠ ᠬᠦ ᠡᠨᠡ ᠬᠦ ᠬᠠᠷᠠᠯᠲᠠ ᠶᠢᠨ ᠲᠣᠭᠤᠷᠢᠨ ᠳᠤ ᠰᠠᠶ᠋ᠢ ᠠᠷᠠᠳ ᠤᠨ | ᠰᠡᠳᠬᠢᠯ ᠢ ᠨᠡᠩ ᠰᠠᠶᠢᠲᠤᠷ ᠨᠢᠭᠲᠠᠷᠠᠭᠤᠯᠵᠤ᠂ ᠠᠷᠠᠳ ᠤᠨ ᠤᠶᠤᠨ ᠤᠬᠠᠭᠠᠨ ᠢ ᠨᠡᠩ ᠰᠠᠶᠢᠲᠤᠷ ᠲᠥᠪᠯᠡᠷᠡᠭᠦᠯᠦᠨ᠂ ᠠᠷᠠᠳ ᠤᠨ ᠬᠦᠴᠦᠨ ᠢ ᠨᠡᠩ ᠰᠠᠶᠢᠲᠤᠷ | ᠨᠢᠭᠲᠠᠷᠠᠭᠤᠯᠵᠤ᠂ ᠬᠥᠭᠵᠢᠯᠲᠡ ᠶᠢ ᠨᠡᠩ ᠰᠠᠶᠢᠲᠤᠷ ᠠᠬᠢᠭᠤᠯᠵᠤ ᠴᠢᠳᠠᠨ᠎ᠠ︔ ᠡᠷᠬᠡᠪᠰᠢ ᠦᠵᠡᠯ ᠰᠠᠨᠠᠭ᠎ᠠ ᠪᠠᠨ ᠴᠢᠯᠥᠭᠡᠯᠡᠬᠦ ᠶᠢ ᠬᠠᠮᠤᠭ ᠤᠨ ᠴᠢᠬᠤᠯᠠ ᠬᠥᠭᠵᠢᠯᠲᠡ | ᠶᠢᠨ ᠤᠷᠢᠲᠠᠯ ᠪᠣᠯᠭᠠᠬᠤ ᠬᠡᠷᠡᠭᠲᠡᠢ᠂ ᠭᠠᠭᠴᠠ ᠬᠦ ᠦᠵᠡᠯ ᠰᠠᠨᠠᠭ᠎ᠠ ᠪᠠᠨ ᠴᠢᠯᠥᠭᠡᠯᠡᠬᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠪᠠᠯ᠂ ᠢᠷᠡᠭᠡᠳᠦᠢ ᠶᠢᠨ ᠬᠥᠭᠵᠢᠯᠲᠡ ᠶᠢᠨ ᠣᠷᠣᠨ ᠵᠠᠢ ᠰᠠᠶ᠋ᠢ ᠤᠯᠠᠮ ᠠᠴᠠ ᠤᠯᠠᠮ ᠶᠡᠬᠡᠰᠴᠦ᠂ ᠬᠥᠭᠵᠢᠯᠲᠡ ᠶᠢᠨ ᠵᠠᠮ ᠰᠠᠶ᠋ᠢ ᠤᠯᠠᠮ ᠠᠴᠠ ᠤᠯᠠᠮ ᠥᠷᠭᠡᠵᠢᠨ | ᠂ ᠬᠥᠭᠵᠢᠯᠲᠡ ᠶᠢᠨ ᠠᠯᠬᠤᠮ ᠰᠠᠶ᠋ᠢ ᠤᠯᠠᠮ ᠠᠴᠠ ᠤᠯᠠᠮ ᠲᠦᠷᠭᠡᠳᠴᠦ᠂ ᠬᠥᠭᠵᠢᠯᠲᠡ ᠶᠢᠨ ᠶᠠᠰᠤ ᠴᠢᠨᠠᠷ ᠰᠠᠶ᠋ᠢ ᠤᠯᠠᠮ ᠠᠴᠠ ᠤᠯᠠᠮ ᠰᠠᠶᠢᠵᠢᠷᠠᠵᠤ ᠴᠢᠳᠠᠨ᠎ᠠ︔ | ᠡᠷᠬᠡᠪᠰᠢ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠶᠢ ᠬᠠᠮᠤᠭ ᠤᠨ ᠢᠯᠡ ᠲᠣᠳᠣ ᠵᠣᠷᠢᠭ ᠰᠠᠨᠠᠭᠠᠨ ᠤ ᠣᠨᠴᠠᠯᠢᠭ ᠢᠶᠠᠨ ᠪᠣᠯᠭᠠᠬᠤ ᠬᠡᠷᠡᠭᠲᠡᠢ᠂ ᠰᠢᠷᠭᠠᠭᠤ | ᠠᠵᠢᠯᠯᠠᠨ ᠪᠣᠳᠠᠲᠠᠢ ᠠᠵᠢᠯᠯᠠᠵᠤ᠂ ᠪᠦᠬᠦ ᠬᠦᠴᠦᠨ ᠢᠶᠠᠷ ᠢᠶᠠᠨ ᠲᠤᠤᠱᠯᠠᠭᠤᠯᠤᠨ ᠨᠠᠶᠢᠳᠠᠪᠤᠷᠢᠵᠢᠭᠤᠯᠪᠠᠯ ᠰᠠᠢ ᠬᠠᠩᠭᠢᠨ ᠤ ᠠᠤᠭ᠎ᠠ ᠲᠥᠰᠦᠪ ᠢ ᠪᠣᠳᠠᠲᠤ ᠠᠬᠤᠢ | ᠪᠣᠯᠭᠠᠨ ᠬᠤᠪᠢᠷᠠᠭᠤᠯᠵᠤ᠂ ᠬᠠᠩᠭᠢᠨ ᠤ ᠳᠦᠷᠰᠦ ᠪᠠᠶᠢᠳᠠᠯ ᠢ ᠬᠤᠪᠢᠷᠠᠭᠤᠯᠵᠤ ᠴᠢᠳᠠᠨ᠎ᠠ ᠃ | ᠲᠥᠯᠥᠭᠡᠯᠡᠭᠴᠢᠳ ᠡ︕ ᠠᠮᠵᠢᠯᠲᠠ ᠪᠦᠲᠦᠮᠵᠢ ᠪᠣᠯ ᠥᠩᠭᠡᠷᠡᠭᠰᠡᠨ ᠤ ᠬᠢ ᠶᠤᠮ᠂ ᠦᠷᠭᠦᠯᠵᠢᠯᠡᠨ ᠲᠡᠮᠡᠴᠡᠪᠡᠯ ᠰᠠᠶ᠋ᠢ ᠢᠷᠡᠭᠡᠳᠦᠢ ᠶᠢ ᠴᠣᠭᠴᠠᠯᠠᠵᠤ | ᠴᠢᠳᠠᠨ᠎ᠠ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ᠂ ᠪᠢᠳᠡᠨ ᠳᠤ ᠪᠠᠰᠠ ᠮᠠᠰᠢ ᠤᠯᠠᠨ ᠬᠦᠴᠢᠷᠳᠡᠯ ᠪᠠ | ᠠᠰᠠᠭᠤᠳᠠᠯ ᠲᠤᠯᠭᠠᠷᠠᠵᠤ ᠪᠠᠶᠢᠨ᠎ᠠ᠃ ᠭᠤᠣᠯ ᠢᠯᠡᠷᠡᠯ ᠨᠢ᠄ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠥᠬᠡᠶ᠂ ᠠᠵᠤ ᠠᠬᠤᠶ ᠶᠢᠨ | ᠶᠡᠷᠦᠩᠬᠡᠶ ᠬᠡᠮᠵᠢᠶ᠎ᠡ ᠪᠠᠭ᠎ᠠ᠂ ᠠᠵᠤ ᠦᠶᠯᠡᠰ ᠤᠨ ᠬᠡᠯᠬᠢᠶᠡᠵᠢᠯ ᠣᠬᠤᠷ᠂ ᠴᠢᠬᠤᠯᠠ ᠶᠡᠭᠡ ᠲᠥᠷᠥᠯ ᠵᠦᠶᠯ ᠤᠨ ᠨᠥᠭᠡᠴᠡ ᠪᠠᠭ᠎ᠠ᠂ ᠠᠵᠤ ᠦᠶᠯᠡᠳᠪᠦᠷᠢ ᠶᠢᠨ | ᠲᠥᠪᠯᠡᠷᠡᠯ ᠤᠨ ᠦᠶᠯᠡᠳᠦᠯ ᠳᠤᠪᠣᠶᠢᠮ᠎ᠠ ᠪᠢᠰᠢ︔ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠣᠯᠤᠭᠠᠶᠢᠯᠠᠭᠴᠢ ᠶᠢᠨ ᠳᠠᠶᠢᠴᠢᠯᠠᠬᠤ ᠦᠢᠯᠡᠳᠦᠯ | ᠳᠣᠪᠤᠶᠢᠮ᠎ᠠ ᠪᠣᠰᠤ᠂ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ ᠲᠡᠮᠳᠡᠭᠵᠢᠭᠦᠯᠬᠦ ᠲᠠᠯ᠎ᠠ ᠪᠠᠷ ᠮᠥᠨ ᠬᠦ ᠮᠥᠨ ᠴᠢᠨᠠᠷ ᠤᠨ ᠰᠢᠪᠲᠤᠯᠤᠯᠲᠠ ᠲᠠᠢ ᠪᠣᠯᠵᠤ | ᠴᠢᠳᠠᠭᠠᠳᠤᠶ ᠪᠠᠶᠢᠭᠰᠠᠭᠠᠷ︔ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠬᠡᠮᠵᠢᠶ᠎ᠡ ᠥᠨᠳᠥᠷ ᠪᠢᠰᠢ᠂ ᠠᠮᠢ ᠠᠬᠤᠢ ᠶᠢᠨ ᠳᠠᠪᠠᠭᠤᠯᠢᠭ ᠢ ᠦᠨᠡᠨ ᠬᠦ ᠠᠵᠤ ᠠᠬᠤᠢ | ᠶᠢᠨ ᠳᠠᠪᠠᠭᠤᠯᠢᠭ ᠪᠣᠯᠭᠠᠨ ᠬᠤᠪᠢᠷᠠᠭᠤᠯᠤᠭᠰᠠᠨ ᠦᠭᠡᠢ︔ ᠪᠦᠬᠦ ᠬᠤᠰᠢᠭᠤᠨ ᠤ ᠪᠥᠬᠦ ᠲᠠᠯ᠎ᠠ ᠶᠢᠨ ᠦᠢᠯᠡᠴᠢᠯᠡᠭᠡᠨ ᠤ ᠬᠥᠭᠵᠢᠯᠲᠡ ᠶᠢᠨ ᠪᠠᠶᠢᠷᠢᠰᠢᠯ ᠬᠠᠷᠠᠬᠠᠨ | ᠪᠦᠷᠢᠯᠳᠦᠭᠡᠳᠦᠢ᠂ ᠵᠠᠬ᠎ᠠ ᠳᠡᠯᠭᠡᠭᠦᠷ ᠤᠨ ᠡᠯᠧᠮᠧᠨ᠋ᠲ᠂ ᠦᠢᠯᠡᠴᠢᠯᠡᠭᠡᠨ ᠤ ᠡᠯᠧᠮᠧᠨ᠋ᠲ᠂ ᠣᠷᠴᠢᠨ ᠲᠣᠭᠤᠷᠢᠨ ᠤ ᠡᠯᠧᠮᠧᠨ᠋ᠲ ᠤᠨ ᠪᠠᠲᠤᠯᠠᠭ᠎ᠠ ᠬᠦᠷᠦᠯᠴᠡᠬᠦ ᠦᠭᠡᠢ᠂ | ᠣᠳᠣᠬᠢᠴᠢᠯᠠᠭᠰᠠᠨ ᠠᠷᠠᠯᠵᠢᠶ᠎ᠠ ᠡᠵᠡᠩᠨᠡᠬᠦ ᠣᠷᠴᠢᠨ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠭᠰᠠᠭᠠᠷ︔ ᠵᠠᠰᠠᠭ ᠤᠨ ᠣᠷᠳᠣᠨ ᠤ ᠰᠢᠰᠲ᠋ᠧᠮ ᠤᠨ ᠦᠵᠡᠯ ᠰᠠᠨᠠᠭ᠎ᠠ | ᠶᠢᠨ ᠲᠠᠯ᠎ᠠ ᠪᠠᠷ ᠭᠦᠨᠵᠡᠭᠡᠶᠢᠷᠡᠭᠦᠰᠢᠲᠡᠶ ᠪᠠᠶᠢᠨ᠎ᠠ᠂ ᠵᠠᠷᠢᠮ ᠰᠠᠯᠠᠭ᠎ᠠ ᠮᠥᠴᠢᠷ ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠱᠠᠭᠠᠷᠳᠠᠯᠭ᠎ᠠ ᠶᠢ ᠰᠤᠳᠤᠯᠤᠭᠰᠠᠨ ᠢᠶᠠᠷ | ᠭᠦᠨᠵᠡᠭᠡᠶ ᠪᠢᠰᠢ᠂ ᠺᠠᠳ᠋ᠷ ᠤᠨ ᠢᠲᠡᠭᠡᠯ ᠵᠣᠷᠢᠭ ᠬᠦᠷᠦᠯᠴᠡᠬᠦ ᠥᠬᠡᠶ᠂ ᠴᠢᠳᠠᠪᠤᠷᠢ ᠶᠢᠨ ᠭᠡᠯᠮᠡᠭᠳᠡᠯ ᠤᠨ ᠠᠰᠠᠭᠤᠳᠠᠯ ᠨᠡᠯᠢᠶᠡᠳ ᠶᠡᠭᠡ ᠬᠡᠮᠵᠢᠶ᠎ᠡ ᠪᠠᠷ ᠣᠷᠣᠰᠢᠵᠤ | ᠪᠠᠶᠢᠨ᠎ᠠ᠃ ᠡᠭᠦᠨ ᠢ ᠪᠢᠳᠡ ᠯᠠᠪᠲᠠᠶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠩ ᠨᠠᠷᠢᠯᠢᠭ ᠣᠨᠣᠪᠴᠢᠲᠠᠶ ᠪᠥᠭᠡᠳ ᠬᠦᠴᠦᠲᠡᠶ ᠠᠷᠭ᠎ᠠ ᠬᠡᠮᠵᠢᠶ᠎ᠡ ᠠᠪᠴᠤ ᠦᠨᠡᠨ | ᠬᠦ ᠰᠢᠢᠳᠪᠦᠷᠢᠯᠡᠬᠦ ᠬᠡᠷᠡᠭᠲᠡᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠲᠡᠮᠡᠴᠡᠬᠦ ᠬᠠᠷᠠᠯᠲᠠ ᠪᠠ ᠠᠵᠢᠯ ᠤᠨ ᠡᠭᠦᠷᠭᠡ | ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠬᠤᠶᠢᠰᠢᠳᠠ | ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠥᠨᠳᠥᠷ ᠮᠠᠨᠳᠣᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠴᠢᠭᠯᠡᠯ ᠢ ᠪᠠᠷᠢᠮᠳᠠᠯᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠬᠦ ᠶᠢ ᠪᠠᠷᠢᠮᠳᠠᠯᠠᠵᠤ᠂ ᠪᠦᠷᠢᠨ ᠪᠦᠲᠦᠨ᠂ ᠵᠦᠪ ᠣᠨᠣᠪᠴᠢᠲᠠᠶ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠢᠯᠡᠴᠢᠯᠡᠨ ᠠᠭᠤᠰᠣᠯᠴᠠᠵᠤ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠠᠨ ᠪᠤᠯᠭᠠᠨ᠂ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ | ᠶᠡᠷᠦᠩᠬᠡᠢ ᠵᠢᠯᠤᠭᠤᠳᠣᠯᠭ᠎ᠠ ᠪᠤᠯᠭᠠᠵᠤ᠂ ᠦᠵᠡᠯ ᠰᠠᠨᠠᠭ᠎ᠠ ᠪᠠᠨ ᠴᠢᠯᠦᠭᠡᠯᠡᠨ ᠬᠥᠭᠵᠢᠯᠲᠡ ᠶᠢ ᠡᠷᠢᠯᠬᠢᠯᠡᠵᠦ᠂ ᠡᠯ᠎ᠡ ᠲᠦᠷᠦᠯ ᠤᠨ ᠠᠵᠢᠯ ᠤᠨ ᠢᠳᠡᠪᠬᠢ ᠬᠦᠴᠦᠨ ᠢ | ᠪᠦᠳᠦᠮᠵᠢᠳᠡᠢ ᠠᠮᠢᠯᠠᠭᠤᠯᠵᠤ᠂ ᠪᠣᠳᠠᠲᠤ ᠬᠦᠴᠦᠨ ᠲᠠᠢ᠂ ᠨᠤᠮᠢᠨ ᠨᠣᠭᠤᠭᠠᠨ᠂ ᠦᠵᠡᠰᠬᠦᠯᠡᠩᠲᠦ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠵᠣᠯ | ᠵᠢᠷᠭᠠᠯᠲᠤ᠂ ᠠᠮᠢᠵᠢᠷᠠᠯ ᠪᠢᠯᠬᠠᠭᠰᠠᠨ᠂ ᠣᠳᠣᠬᠢᠴᠢᠯᠠᠭᠰᠠᠨ ᠬᠠᠩᠭᠢᠨ ᠤ ᠪᠥᠲᠥᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠢᠷᠡᠭᠡᠳᠦᠶ ᠶᠢ ᠴᠢᠷᠮᠠᠶᠢᠨ ᠴᠣᠭᠴᠠᠯᠠᠶ᠎ᠠ᠃ | | ᠬᠤᠶᠢᠰᠢᠳᠠ ᠶᠢᠨ ᠲᠠᠪᠤᠨ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠪᠣᠯ᠄ ᠪᠦᠬᠦ ᠬᠤᠰᠢᠭᠤᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠪᠠ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠵᠦ᠂ ᠪᠦᠬᠦ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠲᠦᠷᠭᠡᠳᠬᠡᠨ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠢ ᠲᠤᠭ᠎ᠠ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ | ᠢᠶᠠᠷ ᠨᠡᠮᠡᠭᠳᠡᠭᠦᠯᠵᠦ᠂ ᠬᠤᠰᠢᠭᠤ ᠰᠢᠶᠠᠨ ᠤ ᠬᠡᠪᠴᠢᠶᠡᠨ ᠳᠠᠬᠢ ᠠᠵᠤ ᠠᠬᠤᠢ ᠶᠢᠨ ᠪᠣᠳᠠᠲᠤ ᠬᠦᠴᠦᠨ ᠢ ᠪᠦᠬᠦ ᠣᠷᠣᠨ ᠤ ᠲᠦᠷᠦᠭᠦᠦ 30 ᠳᠤ ᠣᠷᠣᠭᠤᠯᠤᠨ᠎ᠠ ᠃ | ᠪᠣᠳᠠᠲᠠᠢ ᠡᠭᠦᠷᠭᠡ ᠨᠢ᠄ | ᠠᠵᠤ ᠠᠬᠤᠶ ᠶᠢᠨ ᠨᠡᠮᠡᠭᠳᠡᠯ ᠨᠠᠩ ᠢᠯᠡᠦᠨᠲᠡ ᠪᠣᠳᠠᠲᠤ ᠬᠦᠴᠦᠨ ᠲᠠᠢ ᠬᠠᠩᠭᠢᠨ ᠢ ᠪᠥᠲᠥᠭᠡᠨ ᠪᠠᠶᠢᠭᠤᠯᠤᠶ᠎ᠠ᠃ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠰᠢᠨ᠎ᠡ ᠡᠨᠧᠷᠭᠢ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠵᠢᠴᠢ ᠰᠢᠨ᠎ᠡ ᠮᠠᠲ᠋ᠧᠷᠢᠶᠠᠯ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠠᠵᠤ ᠦᠢᠯᠡᠰ ᠲᠤ ᠬᠦᠴᠦᠨ ᠢᠶᠠᠨ ᠲᠥᠪᠯᠡᠷᠡᠭᠦᠯᠵᠦ᠂ ︽ | ᠠᠵᠤ ᠦᠢᠯᠡᠰ ᠤᠨ ᠬᠡᠯᠬᠢᠶᠡᠵᠢᠯ ᠤᠨ ᠳᠠᠷᠤᠭ᠎ᠠ ᠶᠢᠨ ᠳᠦᠷᠢᠮ︾᠂ ︽ᠲᠤᠭᠤᠶᠢᠯᠠᠩ ᠤᠨ ᠳᠠᠷᠤᠭ᠎ᠠ ᠶᠢᠨ ᠳᠦᠷᠢᠮ︾ ᠪᠠ ᠨᠠᠷᠢᠯᠢᠭ ᠣᠨᠣᠪᠴᠢᠲᠠᠢ ᠪᠠᠷ | ᠠᠷᠠᠯᠵᠢᠶᠠᠴᠢᠨ ᠤᠷᠢᠬᠤ ᠵᠠᠭᠪᠤᠷ ᠢ ᠬᠡᠷᠡᠭᠵᠢᠭᠦᠯᠵᠦ᠂ ᠵᠢᠯ ᠪᠦᠷᠢ 10 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠰᠢᠯᠢᠳᠡᠭ ᠲᠥᠷᠥᠯ ᠵᠦᠢᠯ ᠢ | ᠨᠥᠭᠡᠴᠡᠯᠡᠨ᠎ᠡ ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ 15 ᠰᠢᠨ᠎ᠡ ᠪᠠᠷ ᠨᠡᠮᠡᠭᠳᠡᠭᠦᠯᠵᠦ᠂ ᠠᠵᠤ ᠦᠶᠯᠡᠳᠪᠦᠷᠢ ᠶᠢᠨ | ᠦᠶᠯᠡᠳᠬᠦᠨ ᠤ ᠶᠡᠷᠦᠩᠬᠡᠶ ᠥᠷᠲᠡᠭ ᠢ 600 ᠳ᠋ᠦᠩᠰᠢᠭᠤᠷ ᠲᠥᠭᠦᠷᠢᠭ ᠣᠷᠴᠢᠮ ᠪᠡᠶᠡᠯᠡᠭᠦᠯᠦᠨ᠎ᠡ᠃ ᠬᠦᠷᠢᠶᠡᠯᠡᠩ ᠤᠨ ᠠᠵᠤ ᠠᠬᠤᠶ ᠶᠢᠨ ᠬᠡᠪᠴᠢᠶ᠎ᠡ ᠶᠢ | ᠲᠠᠰᠤᠷᠠᠯᠲᠠ ᠤᠢᠭᠡᠢ ᠪᠤᠵᠠᠭᠠᠶᠢᠷᠠᠭᠤᠯᠤᠨ᠂ ᠨᠡᠭᠡᠭᠡᠯᠲᠡ ᠶᠢᠨ ᠤᠷᠤᠨ ᠤ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠪᠦᠬᠦ | ᠣᠷᠣᠨ ᠤ ᠨᠢᠭᠡᠳᠦᠭᠡᠷ ᠲᠥᠷᠥᠯ ᠤᠨ ᠬᠦᠷᠢᠶᠡᠯᠡᠩ ᠤᠨ ᠡᠩᠨᠡᠭᠡᠨ ᠳᠤ ᠣᠷᠣᠭᠤᠯᠤᠨ᠎ᠠ᠃ ᠨᠡᠭᠦᠷᠡᠰᠦ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ 300 | ᠳ᠋ᠦᠩᠰᠢᠭᠤᠷ ᠲᠥᠭᠦᠷᠢᠭ ᠤᠨ ᠠᠵᠤ ᠦᠢᠯᠡᠰ ᠤᠨ ᠲᠥᠪᠯᠡᠷᠡᠯ ᠢ ᠪᠣᠶᠢᠵᠢᠭᠤᠯᠤᠨ ᠪᠣᠶ ᠪᠣᠯᠭᠠᠵᠤ᠂ ᠠᠭᠤᠷᠬᠠᠶ ᠶᠢᠨ ᠣᠷᠣᠨ ᠤ ᠲᠥᠯᠥᠪᠵᠢᠭᠦᠯᠭᠡ ᠶᠢ ᠨᠠᠶᠢᠷᠠᠭᠤᠯᠬᠤ᠂ | ᠲᠠᠷᠢᠶᠠᠠᠭᠤᠣᠯ ᠤᠨ ᠨᠡᠭᠦᠷᠡᠰᠦᠨ ᠠᠭᠤᠷᠬᠠᠶ ᠶᠢᠨ ᠠᠵᠢᠯ ᠢᠶᠠᠨ ᠰᠡᠷᠭᠦᠭᠡᠵᠦ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠵᠦ᠂ ᠨᠡᠭᠦᠷᠡᠰᠦᠨ ᠤ ᠦᠢᠯᠡᠳᠪᠦᠷᠢᠯᠡᠬᠦ | ᠴᠢᠳᠠᠪᠤᠷᠢ ᠶᠢ 600 ᠲᠦᠮᠡᠨ ᠲᠣᠨ ᠳᠤ ᠬᠦᠷᠦᠭᠦᠯᠦᠨ᠎ᠡ︔ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ | ᠰᠢᠯᠢᠳᠡᠭᠵᠢᠭᠦᠯᠦᠨ ᠦᠷᠭᠡᠳᠬᠡᠵᠤ᠂ ᠨᠡᠭᠦᠷᠡᠰᠦ ᠶᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ ᠪᠣᠯᠤᠨ ᠨᠠᠷᠢᠯᠢᠭ ᠭᠦᠨ ᠡᠳ᠋ᠰᠢᠬᠦᠯᠬᠦ ᠬᠡᠮᠵᠢᠶ᠎ᠡ ᠶᠢ ᠶᠡᠭᠡ | ᠪᠠᠷ ᠳᠡᠭᠡᠭᠰᠢᠯᠡᠭᠦᠯᠦᠨ᠂ ᠰᠡᠭᠦᠯᠴᠢ ᠶᠢᠨ ᠠᠵᠤ ᠦᠢᠯᠡᠰ ᠤᠨ ᠬᠡᠯᠬᠢᠶ᠎ᠡ ᠶᠢᠨ ᠦᠢᠯᠡᠳᠪᠦᠷᠢᠯᠡᠬᠦ ᠴᠢᠳᠠᠪᠤᠷᠢ ᠶᠢ 200 ᠲᠦᠮᠡᠨ ᠲᠣᠨ ᠳᠤ ᠬᠦᠷᠦᠭᠦᠯᠦᠨ᠎ᠡ᠃ ᠰᠢᠨ᠎ᠡ | ᠡᠨᠧᠷᠭᠢ᠂ ᠪᠠᠶᠢᠭᠠᠯᠢ ᠶᠢᠨ ᠰᠢᠲᠠᠮᠠᠬᠠᠶ ᠬᠡᠶ ᠶᠢᠨ 200 ᠳ᠋ᠦᠩᠰᠢᠭᠤᠷ ᠲᠥᠭᠦᠷᠢᠭ ᠤᠨ ᠠᠵᠤ ᠦᠶᠯᠡᠰ ᠤᠨ ᠪᠥᠭᠡᠮᠨᠡᠷᠡᠯ ᠢ ᠪᠣᠶᠢᠵᠢᠭᠤᠯᠤᠨ ᠪᠣᠶ ᠪᠣᠯᠭᠠᠵᠤ᠂ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1000 ᠲᠦᠮᠡᠨ ᠺᠢᠯᠣᠸᠠᠲ ᠲᠤ ᠬᠦᠷᠦᠭᠦᠯᠵᠦ᠂ ᠪᠠᠶᠢᠭᠠᠯᠢ ᠶᠢᠨ ᠰᠢᠲᠠᠮᠠᠬᠠᠶ ᠬᠡᠶ ᠶᠢᠨ | ᠦᠶᠯᠡᠳᠪᠦᠷᠢᠯᠡᠬᠦ ᠴᠢᠳᠠᠮᠵᠢ ᠶᠢ 30 ᠳ᠋ᠦᠩᠰᠢᠭᠤᠷ ᠺᠥᠪ ᠮᠧᠲᠷ ᠲᠤ ᠬᠦᠷᠦᠭᠦᠯᠵᠦ᠂ ᠡᠳᠦᠷ ᠤᠨ ᠰᠢᠩᠭᠡᠨᠵᠢᠭᠦᠯᠬᠦ ᠴᠢᠳᠠᠮᠵᠢ ᠶᠢ 1000 ᠲᠦᠮᠡᠨ ᠺᠥᠪ ᠮᠧᠲᠷ | ᠲᠤ ᠬᠦᠷᠦᠭᠦᠯᠵᠦ᠂ BOG ᠠᠴᠠ ᠾᠧᠯᠢ ᠪᠤᠯᠪᠠᠰᠣᠷᠠᠭᠤᠯᠬᠤ ᠴᠢᠳᠠᠮᠵᠢ ᠪᠠᠨ ᠨᠡᠮᠡᠭᠳᠡᠭᠦᠯᠵᠦ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠠᠵᠤ ᠦᠶᠯᠡᠰ ᠢ ︽ᠵᠢᠵᠢᠭ | ᠪᠦᠭᠡᠳ ᠲᠠᠷᠠᠬᠠᠶ︾ ᠪᠠᠶᠢᠭᠰᠠᠨ ᠠᠴᠠ ᠨᠢ ︽ᠲᠦᠪᠯᠡᠷᠡᠩᠬᠦᠢ ᠮᠦᠷᠳᠡᠭᠡᠨ ᠨᠠᠷᠢᠯᠢᠭ︾ ᠪᠣᠯᠭᠠᠨ ᠬᠤᠪᠢᠷᠠᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ | ᠴᠡᠪᠡᠷ ᠡᠨᠧᠷᠭᠢ ᠶᠢᠨ ᠰᠠᠭᠤᠷᠢᠨ ᠭᠠᠵᠠᠷ᠂ ᠪᠠᠶᠢᠭᠠᠯᠢ ᠶᠢᠨ ᠰᠢᠲᠠᠮᠠᠬᠠᠶ ᠬᠡᠶ ᠦᠶᠯᠡᠳᠪᠦᠷᠢᠯᠡᠵᠦ ᠤᠯᠠᠷᠢᠭᠤᠯᠤᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠪᠣᠯᠤᠨ ᠪᠥᠬᠦ ᠤᠯᠤᠰ ᠤᠨ ᠬᠠᠮᠤᠭ ᠤᠨ ᠲᠣᠮᠣ ᠾᠧᠯᠢ ᠬᠡᠶ ᠶᠢᠨ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠮᠥᠬᠦᠯᠢᠭᠲᠦ ᠴᠠᠬᠢᠭᠤᠷ᠂ | ᠳ᠋ᠢᠶᠠᠨ ᡂᠢ ᠶᠢᠨ ᠡᠶᠡᠷᠭᠦ ᠲᠤᠶᠢᠯ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ︽ᠴᠠᠬᠢᠯᠭᠠᠨ ᠡᠬᠦᠰᠭᠡᠭᠴᠢ ᠴᠠᠬᠢᠯᠭᠠᠨ ᠲᠣᠣᠷ | ᠴᠠᠬᠢᠯᠭᠠᠨ ᠳᠠᠭᠠᠭᠠᠴᠠ ᠴᠠᠬᠢᠯᠭᠠᠨ ᠬᠠᠳᠠᠭᠠᠯᠠᠮᠵᠢ︾ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠰᠦᠪᠡᠭᠴᠢᠯᠡᠨ᠂ ᠰᠠᠯᠬᠢᠨ ᠤ ᠡᠨᠧᠷᠭᠢ᠂ ᠨᠠᠷᠠᠨ ᠤ ᠡᠨᠧᠷᠭᠢ᠂ | ᠤᠰᠤᠲᠥ᠋ᠷᠥᠭᠴᠢ ᠶᠢᠨ ᠡᠨᠧᠷᠭᠢ᠂ ᠨᠦᠭᠡᠴᠡ ᠡᠨᠧᠷᠭᠢ ᠳᠥᠷᠪᠡᠨ ᠶᠡᠭᠡ ᠠᠵᠤ ᠦᠢᠯᠡᠰ ᠢ ᠪᠤᠵᠠᠭᠠᠶᠢᠷᠠᠭᠤᠯᠵᠤ᠂ ᠪᠤᠬᠢᠷᠳᠣᠯ ᠦᠬᠡᠢ ᠴᠠᠬᠢᠯᠭᠠᠨ ᠢ ᠲᠤᠬᠠᠢ ᠶᠢᠨ | ᠭᠠᠵᠠᠷ ᠲᠤᠨᠢ ᠰᠢᠩᠭᠡᠭᠡᠬᠦ ᠶᠢ ᠪᠡᠶᠡᠯᠡᠭᠦᠯᠦᠨ᠂ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ᠳᠠᠪᠠᠭᠤᠯᠢᠭ ᠢ ᠰᠢᠨ᠎ᠡ ᠠᠵᠤ ᠦᠢᠯᠡᠰ ᠤᠨ ᠳᠠᠪᠠᠭᠤᠯᠢᠭ ᠪᠣᠯᠭᠠᠨ | ᠬᠤᠪᠢᠷᠠᠭᠤᠯᠬᠤ ᠶᠢ ᠦᠨᠡᠨ ᠬᠦ ᠪᠡᠶᠡᠯᠡᠬᠦᠯᠦᠨ᠎ᠡ᠃ ᠭᠠᠵᠠᠷ ᠤᠨ ᠢᠯᠴᠢ᠂ ᠷᠠᠰᠢᠶᠠᠨ ᠤᠰᠤ᠂ ᠬᠠᠩᠬᠢᠨ 2# ᠬᠤᠪᠤᠷ ᠰᠢᠷᠣᠶ ᠵᠡᠷᠭᠡ ᠰᠢᠯᠢᠳᠡᠭ ᠡᠬᠢ ᠪᠠᠶᠠᠯᠢᠭ ᠢ | ᠨᠡᠭᠡᠭᠡᠨ ᠠᠰᠢᠭᠯᠠᠬᠤ ᠶᠢ ᠲᠦᠯᠦᠪᠵᠢᠬᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ + ᠬᠥᠮᠦᠨ ᠰᠣᠶᠣᠯ + ᠳᠣᠤᠷ᠎ᠠ ᠨᠡᠭᠦᠷᠡᠰᠦᠲᠥ᠋ᠷᠥᠭᠴᠢ + ᠵᠢᠭᠤᠯᠴᠢᠯᠠᠯ︾ | ᠤᠨ ᠣᠯᠠᠨ ᠲᠠᠯᠠᠳᠣ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠣᠰᠣᠭᠠᠷ᠂ ᠡᠯᠡᠰᠦᠨ ᠴᠥᠯ ᠤᠨ ᠰᠣᠶᠣᠯ ᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠪᠦᠰᠡ᠂ | ᠲᠠᠯ᠎ᠠ ᠨᠤᠲᠤᠭ ᠤᠨ ᠵᠠᠩ ᠦᠶᠯᠡ ᠶᠢᠨ ᠵᠢᠭᠤᠯᠴᠢᠯᠠᠯ ᠤᠨ ᠪᠦᠰᠡ᠂ ᠬᠠᠲᠤᠨ ᠭᠤᠤᠯ ᠳᠠᠭᠠᠤ ᠶᠢᠨ ᠣᠨᠴᠠᠯᠢᠭᠲᠤ ᠵᠢᠭᠤᠯᠴᠢᠯᠠᠯ ᠤᠨ ᠪᠦᠰᠡ ᠵᠡᠷᠭᠡ ︽ᠭᠤᠷᠪᠠᠨ | ᠪᠦᠰᠡ ᠶᠢ ᠬᠠᠮᠲᠤᠪᠠᠷ ᠪᠠᠶᠢᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠡᠯᠡᠰᠦᠨ ᠴᠥᠯ ᠲᠠᠯ᠎ᠠ ᠨᠤᠲᠤᠭ ᠬᠠᠲᠤᠨ ᠭᠤᠤᠯ ᠤᠨ ᠥᠪᠡᠷᠮᠢᠴᠡ ᠣᠨᠴᠠᠯᠢᠭ ᠲᠠᠢ | ᠤᠯᠤᠰ ᠤᠨ ᠳᠣᠲᠣᠭᠠᠳᠤ ᠭᠠᠳᠠᠭᠠᠳᠤ ᠳᠤ ᠬᠤᠪᠤᠷ ᠰᠡᠯᠡᠭᠦᠴᠡᠯ ᠵᠢᠭᠤᠯᠴᠢᠯᠠᠯ ᠤᠨ ᠭᠠᠵᠠᠷ ᠢ ᠪᠠᠶᠢᠭᠤᠯᠤᠨ᠎ᠠ᠃ ᠭᠤᠤᠯᠳᠠᠭᠤ ᠬᠥᠪᠴᠢ ᠶᠢᠨ ᠤᠰᠤᠨ ᠤ ᠠᠮᠢ ᠠᠬᠤᠢ | ᠂ ᠶᠢᠨ ᠱᠠ ᠯᠢᠩ᠂ ᠪᠦᠷᠢᠶ᠎ᠡ ᠮᠠᠩᠬ᠎ᠠ ᠵᠡᠷᠭᠡ ᠡᠯᠡᠰᠦᠨ ᠴᠥᠯ ᠤᠨ ᠵᠤᠭᠠᠴᠠᠯ ᠤᠨ ᠡᠬᠢ ᠪᠠᠶᠠᠯᠢᠭ ᠲᠤ ᠲᠦᠰᠢᠭᠯᠡᠨ᠂ ᠡᠯᠡᠰᠦᠨ ᠴᠥᠯ ᠤᠨ ᠰᠣᠶᠣᠯ᠂ ᠵᠤᠭᠠᠴᠠᠯ ᠢ | ᠠᠭᠤᠰᠤᠯᠴᠠᠭᠤᠯᠤᠨ ᠬᠥᠭᠵᠢᠭᠦᠯᠬᠦ ᠣᠷᠣᠨ ᠵᠠᠶ ᠶᠢ ᠥᠷᠭᠡᠳᠬᠡᠵᠦ᠂ ︽ᠡᠯᠡᠰᠦᠨ ᠴᠥᠯ ᠤᠨ ᠬᠤᠲᠠ︾ ᠠᠴᠠ ︽ᠡᠯᠡᠰᠦᠨ ᠴᠥᠯ ᠤᠨ ᠰᠣᠶᠣᠯ ᠤᠨ ᠬᠤᠲᠠ︾ | ᠶᠢᠨ ᠬᠤᠪᠢᠷᠠᠯᠲᠠ ᠶᠢ ᠡᠬᠢᠯᠡᠭᠦᠯᠵᠦ᠂ ᠮᠠᠨ ᠤ ᠬᠤᠰᠢᠭᠤᠨ ᠤ ᠥᠪᠡᠷᠮᠢᠴᠡ ᠣᠨᠴᠠᠯᠢᠭ ᠪᠥᠬᠦᠶ ᠣᠷᠣᠨ ᠨᠤᠲᠤᠭ ᠤᠨ ᠣᠨᠴᠠᠯᠢᠭ᠂ ᠰᠣᠶᠣᠯ ᠤᠨ ᠣᠨᠴᠠᠯᠢᠭ᠂ ᠡᠬᠢ | ᠪᠠᠶᠠᠯᠢᠭ ᠤᠨ ᠣᠨᠴᠠᠯᠢᠭ ᠲᠠᠢ ᠤᠶᠠᠯᠳᠤᠭᠤᠯᠤᠨ᠂ ᠡᠯᠡᠰᠦᠨ ᠴᠥᠯ ᠤᠨ ᠭᠡᠭᠡᠷᠡᠯᠡᠨ ᠵᠤᠭᠠᠴᠠᠬᠤ ᠨᠠᠷᠠᠲᠤ ᠲᠡᠮᠳᠡᠭ ᠢ ᠡᠭᠦᠳᠴᠦ᠂ ᠡᠯᠡᠰᠦᠨ ᠴᠥᠯ ᠤᠨ ᠬᠡᠬᠡᠷᠡᠯᠡᠨ | ᠵᠤᠭᠠᠴᠠᠬᠤ ᠵᠢᠵᠢᠭ ᠪᠠᠯᠭᠠᠰᠤ ᠶᠢ ᠪᠥᠲᠥᠭᠡᠨ ᠪᠠᠶᠢᠭᠤᠯᠵᠤ᠂ ᠣᠯᠠᠨ ᠤᠯᠤᠰ ᠤᠨ ᠡᠯᠡᠰᠦᠨ ᠴᠥᠯ ᠤᠨ ᠬᠡᠭᠡᠷᠡᠯᠡᠬᠦ ᠵᠤᠭᠠᠴᠠᠯ ᠤᠨ ᠰᠠᠭᠤᠷᠢᠨ ᠭᠠᠵᠠᠷ᠂ ᠡᠯᠡᠰᠦᠨ | ᠴᠥᠯ ᠤᠨ ᠰᠣᠶᠣᠯ ᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠪᠠ ᠪᠥᠬᠦ ᠤᠯᠤᠰ ᠤᠨ ᠡᠯᠡᠰᠦᠨ ᠴᠥᠯ ᠤᠨ ᠰᠣᠶᠣᠯ ᠵᠤᠭᠠᠴᠠᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ | ᠠᠮᠢ ᠠᠬᠤᠶ ᠶᠢᠨ ᠣᠷᠴᠢᠨ ᠲᠣᠭᠤᠷᠢᠨ ᠨᠠᠩ ᠰᠦᠷᠯᠢᠭ ᠰᠠᠶᠢᠬᠠᠨ ᠪᠣᠬᠢᠷᠲᠤᠯ ᠥᠬᠡᠶ ᠬᠠᠩᠭᠢᠨ ᠢ ᠪᠥᠲᠥᠭᠡᠨ ᠪᠠᠶᠢᠭᠤᠯᠤᠨ᠎ᠠ᠃ ︽ᠠᠯᠲᠠ ᠮᠦᠩᠬᠦᠨ | ᠠᠭᠤᠯᠠ︾ ᠶᠢᠨ ᠦᠷ᠎ᠡ ᠪᠦᠳᠦᠮᠵᠢ ᠶᠢ ᠤᠯᠠᠮ ᠨᠢᠭᠡ ᠠᠯᠬᠤᠮ ᠤᠯᠠᠷᠢᠭᠤᠯᠬᠤ ᠶᠢ ᠠᠬᠢᠭᠤᠯᠵᠤ᠂ ᠪᠥᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ | ᠦᠵᠡᠭᠦᠯᠬᠦ ᠰᠢᠶᠠᠨ ᠢ ᠪᠠᠶᠢᠭᠤᠯᠤᠨ᠎ᠠ᠃ ︽ᠣᠰᠣᠨ ᠡᠬᠢ ᠰᠣᠷᠪᠤᠯᠵᠢ ᠪᠠᠷ ᠲᠦᠷᠪᠡ ᠶᠢ ᠲᠤᠭᠳᠠᠭᠠᠬᠤ︾ ᠪᠠᠷ ᠵᠢᠷᠤᠮᠯᠠᠯ ᠪᠣᠯᠭᠠᠵᠤ᠂ ᠤᠰᠤ ᠡᠯᠡᠰᠦᠨ ᠤ ᠬᠠᠷᠢᠴᠠᠭ᠎ᠠ | ᠶᠢ ᠵᠣᠬᠢᠴᠠᠭᠤᠯᠬᠤ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠥᠰᠥ︾ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠡᠯᠡᠰᠦ ᠶᠢ ᠵᠠᠰᠠᠬᠤ᠂ ᠡᠯᠡᠰᠦ ᠶᠢ ᠬᠠᠰᠢᠬᠤ᠂ ᠡᠯᠡᠰᠦ ᠶᠢ ᠪᠢᠲᠡᠭᠦᠮᠵᠢᠯᠡᠬᠦ ᠶᠢ ᠨᠢᠭᠡ ᠴᠤᠭᠴᠠᠵᠢᠭᠤᠯᠤᠨ | ᠠᠬᠢᠭᠤᠯᠵᠤ᠂ ︽ᠠᠷᠪᠠᠨ ᠶᠡᠭᠡ ᠬᠦᠨᠳᠡᠢ︾ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ | ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ︽ᠬᠠᠩᠭᠢᠨ ᠤ ᠥᠯᠢᠭᠡᠷ ᠳᠠᠭᠤᠷᠢᠶᠠᠯ︾ ᠬᠠᠩᠭᠠᠬᠤ ᠪᠠᠷ ᠴᠢᠷᠮᠠᠶᠢᠨ᠎ᠠ᠃ ᠭᠤᠤᠯ ᠮᠥᠷᠡᠨ | ᠨᠠᠭᠤᠷ ᠴᠥᠭᠦᠷᠥᠮ ᠤᠨ ︽ᠳᠥᠷᠪᠡᠨ ᠡᠷᠦᠢ ᠬᠤᠷᠤᠢ ᠦᠬᠡᠢ ᠶᠢ ᠠᠷᠢᠯᠭᠠᠬᠤ︾ ᠠᠵᠢᠯᠯᠠᠭ᠎ᠠ ᠶᠢᠨ ᠦᠷ᠎ᠡ ᠪᠦᠳᠦᠮᠵᠢ ᠶᠢ ᠲᠠᠰᠤᠷᠠᠯᠲᠠ ᠥᠬᠡᠶ ᠪᠠᠬᠢᠵᠢᠭᠦᠯᠵᠦ᠂ | ᠬᠠᠲᠤᠨ ᠭᠤᠤᠯ ᠤᠨ ᠲᠠᠩ ᠤᠨ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠬᠠᠲᠤᠨ ᠭᠤᠤᠯ ᠤᠨ | ᠥᠨᠢ ᠤᠳᠠᠭᠠᠨ ᠠᠮᠤᠷ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ ᠃ ᠰᠢᠨᠡᠪᠠᠯᠭᠠᠰᠤ ᠶᠢᠨ ᠲᠠᠴᠢᠷᠳᠠᠭᠰᠠᠨ ᠬᠠᠳᠤᠯᠠᠩ ᠪᠡᠯᠴᠢᠭᠡᠷ ᠢᠶᠠᠷ ᠲᠤᠷᠰᠢᠯᠲᠠ ᠶᠢᠨ | ᠴᠡᠭ ᠪᠣᠯᠭᠠᠵᠤ᠂ 10 ᠲᠦᠮᠡᠨ ᠮᠤ᠋ ᠡᠯᠡᠰᠦᠷᠬᠡᠭᠵᠢᠭᠰᠡᠨ ᠬᠠᠳᠤᠯᠠᠩ ᠪᠡᠯᠴᠢᠭᠡᠷ ᠢ ᠶᠡᠷᠦᠩᠬᠡᠶᠢᠯᠡᠨ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠬᠦ | ᠲᠠᠯ᠎ᠠ ᠪᠠᠷ ᠡᠬᠢᠯᠡᠭᠦᠯᠦᠨ᠎ᠡ᠃ ᠪᠠᠶᠢᠭᠠᠯᠢ ᠶᠢᠨ ᠣᠶ ᠶᠢ ᠬᠠᠮᠠᠭᠠᠯᠠᠬᠤ᠂ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠣᠶ᠂ ᠨᠤᠳᠤᠭ ᠪᠡᠯᠴᠢᠭᠡᠷ ᠢ | ᠰᠠᠶᠢᠵᠢᠷᠠᠭᠤᠯᠬᠤ ᠵᠡᠷᠭᠡ ᠲᠥᠷᠥᠯ ᠵᠦᠶᠯ ᠢ ᠬᠡᠷᠡᠭᠵᠢᠭᠦᠯᠵᠦ᠂ ᠣᠶᠢᠵᠢᠭᠤᠯᠤᠭᠰᠠᠨ ᠲᠠᠯᠠᠪᠠᠶ ᠶᠢ 150 ᠲᠦᠮᠡᠨ ᠮᠥ ᠠᠴᠠ ᠳᠡᠭᠡᠭᠰᠢ᠂ ᠨᠤᠲᠤᠭ ᠪᠡᠯᠴᠢᠭᠡᠷ ᠢ 100 | ᠲᠦᠮᠡᠨ ᠮᠥ ᠠᠴᠠ ᠳᠡᠭᠡᠭᠰᠢ ᠰᠠᠶᠢᠵᠢᠷᠠᠭᠤᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 19% ᠠᠴᠠ ᠳᠠᠪᠠᠭᠤᠯᠵᠤ᠂ ᠤᠷᠭᠤᠮᠠᠯ ᠤᠨ ᠪᠦᠷᠬᠦᠴᠡ ᠶᠢᠨ | ᠬᠡᠮᠵᠢᠶ᠎ᠡ ᠶᠢ 72% ᠠᠴᠠ ᠳᠠᠪᠠᠭᠤᠯᠤᠨ᠎ᠠ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠰᠢᠪᠳᠣᠯᠣᠯᠲᠠ ᠶᠢᠨ ᠠᠵᠢᠯ ᠢ ᠨᠠᠩ | ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠴᠢᠮ ᠢ ᠦᠷᠭᠦᠯᠵᠢᠯᠡᠨ ᠪᠠᠭᠤᠷᠠᠭᠤᠯᠵᠤ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠭᠦᠢᠴᠡᠳᠬᠡᠯ ᠲᠣᠭᠠᠨ ᠤ ᠠᠷᠠᠯᠵᠢᠶ᠎ᠠ ᠶᠢ ᠡᠮᠬᠢ ᠵᠢᠷᠤᠮ ᠲᠠᠢ ᠥᠷᠨᠢᠭᠦᠯᠪᠡ︔ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠶ | ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠶᠳᠪᠦᠷᠢᠯᠡᠬᠦ ᠶᠢ ᠦᠷᠭᠦᠯᠵᠢᠯᠡᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠨ᠎ᠡ︔ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠬᠦ ᠪᠠ ᠠᠰᠢᠭᠯᠠᠬᠤ ᠶᠢ ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠪᠠ ᠮᠠᠯ ᠵᠢᠭᠦᠷᠲᠡᠨ ᠢ | ᠲᠡᠵᠢᠭᠡᠨ ᠦᠷᠡᠵᠢᠭᠦᠯᠬᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ | ᠵᠦᠢᠯᠡᠰ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠡᠨᠧᠷᠭᠢ ᠶᠢᠨ ᠬᠡᠷᠡᠭᠯᠡᠬᠡᠨ ᠤ ᠶᠡᠷᠦᠩᠬᠡᠢ ᠬᠡᠮᠵᠢᠶ᠎ᠡ ᠪᠠ ᠲᠠᠭᠠᠭᠠᠴᠠ ᠶᠢ ᠡᠵᠡᠮᠳᠡᠬᠦ ᠠᠴᠠ | ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠡᠵᠡᠮᠳᠡᠬᠦ ᠲᠡᠰᠢ ᠬᠤᠪᠢᠷᠠᠭᠤᠯᠬᠤ ᠶᠠᠪᠤᠳᠠᠯ | ᠢ ᠡᠩ ᠲᠡᠷᠢᠭᠦᠨ ᠳᠤ ᠰᠦᠪᠡᠭᠴᠢᠯᠡᠨ ᠪᠡᠶᠡᠯᠡᠭᠦᠯᠵᠦ᠂ ᠨᠡᠭᠦᠷᠡᠰᠦᠲᠥ᠋ᠷᠥᠭᠴᠢ ᠶᠢ ᠦᠯᠦ ᠭᠠᠳᠠᠭᠰᠢᠯᠠᠭᠤᠯᠬᠤ ᠬᠦᠷᠢᠶᠡᠯᠡᠩ ᠢ ᠰᠦᠪᠡᠭᠴᠢᠯᠡᠨ ᠪᠠᠶᠢᠭᠤᠯᠤᠨ᠎ᠠ᠃ | ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠢ ᠰᠠᠨᠠᠭᠠᠴᠢᠯᠠᠵᠤ᠂ ᠪᠣᠬᠢᠷᠲᠤᠯ ᠥᠬᠡᠶ ᠬᠠᠩᠭᠢᠨ ᠢ ᠪᠥᠲᠥᠭᠡᠨ ᠪᠠᠶᠢᠭᠤᠯᠬᠤ ᠶᠢ ᠪᠥᠬᠦ ᠬᠤᠰᠢᠭᠤᠨ | ᠤ ᠠᠷᠠᠳ ᠲᠦᠮᠡᠨ ᠤ ᠠᠵᠢᠯᠯᠠᠭᠠᠨ ᠤ ᠤᠬᠠᠮᠰᠠᠷ ᠪᠤᠯᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠨᠠᠩ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠦᠵᠡᠰᠬᠦᠯᠡᠩᠲᠦ ᠰᠠᠶᠢᠬᠠᠨ ᠬᠠᠩᠬᠢᠨ ᠢ | ᠪᠥᠲᠥᠭᠡᠨ ᠪᠠᠶᠢᠭᠤᠯᠤᠨ᠎ᠠ᠃ ᠶᠠᠳᠠᠭᠤ ᠠᠴᠠ ᠠᠩᠬᠢᠵᠢᠷᠠᠭᠤᠯᠤᠭᠰᠠᠨ ᠰᠢᠪᠲᠤᠯᠤᠯᠲᠠ ᠶᠢᠨ ᠠᠵᠢᠯ ᠤᠨ ᠦᠷ᠎ᠡ ᠪᠦᠳᠦᠮᠵᠢ ᠶᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠤᠶᠠᠯᠳᠣᠭᠤᠯᠬᠤ ᠶᠢ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ | ᠲᠣᠳᠣᠯᠠᠯᠲᠠ ᠪᠠ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭ᠎ᠠ ᠬᠥᠮᠦᠨ ᠠᠮᠠ ᠶᠢ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠬᠡᠪᠴᠢᠶᠡᠵᠢᠯ | ᠤᠨ ᠴᠢᠨᠠᠷᠲᠠᠶ ᠳᠠᠬᠢᠨ ᠶᠠᠳᠠᠭᠤᠷᠠᠬᠤ ᠡᠷᠦᠭᠡ ᠢᠯᠡᠷᠡᠬᠦ ᠦᠬᠡᠢ ᠪᠠᠶᠢᠬᠤ ᠶᠢ ᠪᠠᠳᠣᠯᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠨᠴᠠᠯᠢᠭᠲᠤ ᠳᠠᠪᠠᠭᠤᠯᠢᠭ | ᠠᠵᠤ ᠦᠶᠯᠡᠰ ᠢ ᠪᠣᠶᠢᠵᠢᠭᠤᠯᠤᠨ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠪᠠ ᠮᠥᠩᠭᠦᠨ ᠭᠦᠶᠯᠭᠡᠭᠡᠨ ᠢᠶᠠᠷ ᠠᠷᠠᠳ ᠢ ᠪᠠᠶᠠᠵᠢᠭᠤᠯᠬᠤ ᠢᠨᠵᠧᠨᠧᠷᠢᠩ ᠢ | ᠦᠷᠭᠦᠯᠵᠢᠯᠡᠨ ᠠᠬᠢᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 50 ᠲᠦᠮᠡᠨ ᠲᠥᠭᠦᠷᠢᠭ ᠠᠴᠠ ᠳᠡᠭᠡᠭᠰᠢ ᠳᠤ ᠬᠦᠷᠭᠡᠬᠦ ᠪᠠᠷ | ᠴᠢᠷᠮᠠᠶᠢᠨ᠎ᠠ᠃ ︽ᠣᠨᠴᠠᠯᠢᠭᠲᠤ ᠨᠡᠷᠡᠲᠦ ᠲᠡᠮᠳᠡᠭ︾ ᠢ ᠡᠭᠦᠳᠴᠦ᠂ ︽ᠳᠠᠪᠠᠭᠤᠯᠢᠭ ᠲᠠᠯ᠎ᠠ︾ ᠪᠠᠨ ᠪᠠᠳᠠᠷᠠᠭᠤᠯᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠡᠪᠴᠢᠶᠡᠵᠢᠭᠰᠡᠨ᠂ ᠨᠡᠷᠡᠲᠦ ᠲᠡᠮᠳᠡᠭᠵᠢᠭᠰᠡᠨ᠂ ᠰᠠᠭᠤᠷᠢᠨᠵᠢᠭᠰᠠᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ | ᠪᠦᠯᠦᠭ ᠲᠣᠮᠣ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠣᠯᠠᠨ | ᠵᠦᠢᠯ ᠤᠨ ᠬᠡᠯᠪᠡᠷᠢ ᠶᠢᠨ ᠵᠣᠬᠢᠬᠤ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠤᠨ᠂ ᠬᠡᠪᠴᠢᠶᠡᠵᠢᠭᠰᠡᠨ ᠡᠵᠡᠩᠨᠡᠯᠲᠡ ᠶᠢᠨ ᠨᠣᠷᠮ᠎ᠠ ᠶᠢ 33% ᠠᠴᠠ 65% ᠳᠤ | ᠬᠦᠷᠭᠡᠨ᠎ᠡ᠃ 10 ᠲᠦᠮᠡᠨ ᠲᠣᠯᠣᠭᠠᠢ ᠠᠯᠠᠰᠢᠨ ᠦᠬᠡᠷ᠂ 3 ᠲᠦᠮᠡᠨ ᠲᠣᠯᠣᠭᠠᠢ ᠰᠠᠭᠠᠯᠢ ᠶᠢᠨ ᠦᠨᠢᠶ᠎ᠡ᠂ 5 ᠲᠦᠮᠡᠨ ᠮᠦ ᠣᠨᠴᠠᠯᠢᠭᠲᠤ ᠤᠰᠤᠨ ᠭᠠᠷᠤᠯᠲᠠ ᠶᠢᠨ | ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠮᠠᠯ ᠠᠵᠤ ᠠᠬᠤᠢ ᠶᠢᠨ ᠦᠢᠯᠡᠳᠬᠦᠨ ᠤ ᠥᠷᠲᠡᠭ ᠢ ᠳᠠᠬᠢᠨ ᠢᠶᠠᠷ ᠨᠡᠮᠡᠭᠳᠡᠭᠦᠯᠬᠦ ᠶᠢ | ᠪᠡᠶᠡᠯᠡᠭᠦᠯᠦᠨ᠎ᠡ᠃ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ 40 | ᠶᠢ ᠳᠠᠪᠠᠵᠤ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ ᠨᠢᠭᠡ ᠰᠢᠨ᠎ᠡ︾ 70 ᠳᠤ ᠬᠦᠷᠭᠡᠨ᠎ᠡ᠃ ᠭᠤᠤᠯ ᠳᠠᠭᠠᠤ ᠳᠠᠬᠢ ᠣᠳᠣᠬᠢᠴᠢᠯᠠᠭᠰᠠᠨ ᠲᠠᠷᠢᠶᠠᠯᠠᠩ ᠮᠠᠯ | ᠠᠵᠤ ᠠᠬᠤᠶ ᠶᠢᠨ ᠠᠵᠤ ᠦᠶᠯᠡᠰ ᠤᠨ ᠪᠦᠰᠡ᠂ ᠰᠢᠯᠡᠷᠬᠡᠭ ᠭᠠᠵᠠᠷ ᠤᠨ ᠴᠢᠨᠠᠷ ᠰᠠᠶᠢᠲᠠᠶ ᠪᠡᠯᠴᠢᠭᠡᠷ ᠡᠪᠡᠰᠦ ᠶᠢᠨ ᠲᠠᠷᠢᠮᠠᠯ ᠤᠨ ᠪᠦᠰᠡ᠂ ᠮᠠᠯᠵᠢᠬᠤ ᠣᠷᠣᠨ ᠤ | ᠥᠨᠳᠥᠷ ᠪᠦᠲᠦᠮᠵᠢᠲᠡᠶ ᠮᠠᠯ ᠠᠵᠤ ᠠᠬᠤᠶ ᠶᠢᠨ ᠪᠦᠰᠡ᠂ ᠡᠯᠡᠰᠦᠨ ᠴᠥᠯ ᠤᠨ ᠠᠵᠤ ᠠᠬᠤᠶ ᠶᠢᠨ ᠠᠵᠤ ᠦᠶᠯᠡᠰ ᠤᠨ ᠪᠦᠰᠡ ᠶᠢ ᠪᠣᠶ ᠪᠣᠯᠭᠠᠵᠤ᠂ ᠣᠷᠳᠣᠰ ᠤᠨ | ᠴᠢᠨᠠᠷ ᠰᠠᠶᠢᠲᠠᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ | ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤ ᠠᠴᠠ ᠲᠠᠷᠢᠶᠠᠯᠠᠩ ᠮᠠᠯ ᠠᠵᠤ ᠠᠬᠤᠶ ᠶᠢᠨ ᠬᠦᠴᠦᠷᠬᠡᠭ ᠬᠤᠰᠢᠭᠤ ᠳᠠᠰᠢ ᠬᠤᠪᠢᠷᠠᠭᠤᠯᠬᠤ ᠶᠢ | ᠦᠨᠡᠨ ᠬᠦ ᠪᠡᠶᠡᠯᠡᠭᠦᠯᠵᠦ᠂ ᠮᠠᠯᠴᠢᠨ ᠲᠠᠷᠢᠶᠠᠴᠢᠳ ᠲᠤ ᠠᠵᠤ ᠦᠶᠯᠡᠰ ᠤᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢ ᠨᠠᠩ ᠢᠯᠡᠭᠦᠦ ᠡᠳ᠋ᠯᠡᠭᠦᠯᠦᠨ᠎ᠡ᠃ | ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ᠂ ᠲᠥᠷᠥᠯ ᠬᠤᠪᠢᠶᠠᠨ ᠠᠬᠢᠭᠤᠯᠬᠤ ᠶᠢ ᠪᠠᠷᠢᠮᠲᠠᠯᠠᠵᠤ᠂ ᠬᠦᠳᠡᠭᠡ ᠲᠤᠰᠬᠤᠨ ᠮᠠᠯᠵᠢᠬᠤ ᠣᠷᠤᠨ ᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ ᠲᠦᠬᠦᠭᠡᠷᠦᠮᠵᠢ ᠶᠢ ᠪᠦᠲᠦᠭᠡᠨ ᠪᠠᠶᠢᠭᠤᠯᠬᠤ᠂ ᠰᠢᠯᠢᠳᠡᠭ ᠰᠤᠷᠲᠠᠯ ᠢ ᠤᠯᠠᠮᠵᠢᠯᠠᠬᠤ ᠵᠡᠷᠭᠡ ᠭᠤᠷᠪᠠᠨ ᠶᠡᠭᠡ | ᠢᠨᠵᠧᠨᠧᠷᠢᠩ ᠢ ᠬᠡᠷᠡᠭᠵᠢᠭᠦᠯᠵᠦ᠂ ︽ᠪᠤᠬᠢᠷᠳᠣᠯ ᠢ ᠴᠡᠭᠴᠡᠯᠡᠨ ᠵᠠᠰᠠᠵᠤ᠂ ᠠᠷᠢᠭᠤᠨ ᠴᠡᠪᠡᠷ ᠲᠣᠰᠬᠤᠨ᠂ ᠭᠤᠶᠢᠳᠠ ᠰᠠᠶᠢᠬᠠᠨ ᠲᠣᠰᠬᠤᠨ ᠢ ᠪᠠᠶᠢᠭᠤᠯᠬᠤ︾ | ᠠᠵᠢᠯᠯᠠᠭ᠎ᠠ ᠶᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ ᠃ | ᠬᠤᠲᠠ ᠬᠥᠳᠡᠭᠡ ᠶᠢᠨ ᠴᠢᠨᠠᠷ ᠴᠢᠨᠰᠠᠭ᠎ᠠ ᠢᠯᠡᠷᠬᠡᠶ ᠰᠠᠶᠢᠨ ᠣᠷᠣᠰᠢᠨ ᠰᠠᠭᠤᠷᠢᠰᠢᠬᠤ ᠳᠤ ᠲᠤᠬᠢᠳᠠᠢ ᠬᠠᠩᠭᠢᠨ ᠢ ᠪᠥᠲᠥᠭᠡᠨ ᠪᠠᠶᠢᠭᠤᠯᠤᠨ᠎ᠠ᠃ ᠬᠤᠲᠠ ᠶᠢ | ᠨᠡᠬᠡᠬᠡᠨ ᠠᠰᠢᠭᠯᠠᠬᠤ ᠬᠡᠪᠴᠢᠶ᠎ᠡ ᠪᠠᠨ ᠰᠢᠨᠵᠢᠯᠡᠬᠦ ᠤᠬᠠᠭᠠᠨᠴᠢ ᠪᠠᠷ ᠬᠢᠵᠠᠭᠠᠷᠯᠠᠵᠤ᠂ ᠡᠬᠢ ᠪᠠᠶᠠᠯᠢᠭ᠂ ᠪᠡᠯᠡ ᠮᠥᠩᠭᠦ ᠶᠢ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ | ᠲᠠᠯ᠎ᠠ ᠳᠤ ᠭᠤᠣᠯᠳᠠᠯᠭ᠎ᠠ ᠲᠠᠢ ᠣᠷᠣᠭᠤᠯᠬᠤ ᠬᠡᠷᠡᠭᠲᠡᠶ᠃ ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤ | ᠶᠢᠨ ᠲᠥᠯᠥᠪᠵᠢᠭᠦᠯᠭᠡ ᠶᠢ ᠰᠣᠶᠣᠯ ᠤᠨ ᠤᠯᠠᠮᠵᠢᠯᠠᠯ᠂ ᠵᠢᠭᠤᠯᠴᠢᠯᠠᠯ ᠢ ᠨᠡᠭᠡᠭᠡᠨ ᠬᠥᠭᠵᠢᠭᠦᠯᠬᠦ᠂ ᠪᠣᠬᠢᠷᠲᠤᠯ ᠥᠬᠡᠶ ᠠᠮᠢ ᠠᠬᠤᠶ ᠵᠡᠷᠭᠡ ᠯᠦᠭᠡ ᠣᠷᠭᠠᠨᠢᠭ ᠢᠶᠠᠷ | ᠤᠶᠠᠯᠳᠣᠭᠤᠯᠣᠨ᠂ ︽ᠭᠤᠣᠯᠳᠠᠯᠭᠠᠲᠤ ᠬᠤᠲᠠ ᠪᠠᠯᠭᠠᠰᠤ + ᠣᠨᠴᠠᠯᠢᠭᠲᠤ ᠵᠢᠵᠢᠭ ᠪᠠᠯᠭᠠᠰᠤ + ᠦᠵᠡᠰᠬᠦᠯᠡᠩᠲᠦ ᠰᠠᠶᠢᠬᠠᠨ ᠭᠠᠴᠠᠭ᠎ᠠ ᠲᠣᠰᠬᠤᠨ︾ ᠤ ᠬᠤᠲᠠ | ᠬᠥᠳᠡᠭᠡ ᠶᠢᠨ ᠣᠷᠣᠨ ᠵᠠᠶ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠤᠲᠠ ᠪᠠᠯᠭᠠᠰᠤᠨ ᠤ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠬᠤᠲᠠ ᠪᠠᠯᠭᠠᠰᠤᠨ ᠤ | ᠤᠯᠠᠮᠵᠢᠯᠠᠯᠲᠤ ᠰᠣᠶᠣᠯ ᠢ ᠬᠠᠮᠠᠭᠠᠯᠠᠵᠤ᠂ ᠬᠤᠲᠠ ᠶᠢᠨ ᠳᠦᠷᠢ ᠳᠦᠷᠬᠦ ᠶᠢ ᠬᠠᠳᠠᠭᠠᠯᠠᠨ᠂ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ ᠬᠤᠲᠠ ᠪᠠᠯᠭᠠᠰᠤᠨ ᠤ | ᠨᠡᠭᠡᠭᠡᠨ ᠬᠥᠭᠵᠢᠭᠦᠯᠬᠦ ᠵᠠᠭᠪᠤᠷ ᠢ ᠬᠤᠪᠢᠷᠠᠭᠤᠯᠤᠨ᠂ ᠰᠢᠨᠡᠪᠠᠯᠭᠠᠰᠤᠨ ᠤ ᠡᠮᠦᠨᠡᠬᠢ ᠬᠡᠰᠡᠭ ᠲᠠᠬᠢ ᠬᠠᠭᠤᠴᠢᠨ ᠭᠡᠷ ᠪᠠᠶᠢᠰᠢᠩ ᠢ ᠰᠢᠨᠡᠳᠬᠡᠬᠦ ᠲᠥᠷᠥᠯ ᠵᠦᠢᠯ ᠢ | ᠬᠡᠷᠡᠭᠵᠢᠭᠦᠯᠦᠨ᠎ᠡ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠵᠠᠮ ᠢᠶᠠᠷ ᠭᠡᠷ ᠪᠠᠶᠢᠰᠢᠩ ᠭᠠᠵᠠᠷ ᠬᠥᠷᠥᠩᠭᠡ ᠶᠢᠨ ︽ᠪᠠᠷᠢᠯᠭ᠎ᠠ ᠲᠠᠭᠤᠰᠣᠭᠰᠠᠨ ᠦᠬᠡᠢ︾ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠭᠤᠴᠢᠨ ᠬᠤᠲᠠ ᠲᠣᠭᠤᠷᠢᠭ ᠤᠨ ᠵᠡᠭᠡᠯᠢ ᠲᠠᠭᠠᠣ ᠬᠤᠳᠠᠯᠳᠤᠭᠠᠨ ᠤ ᠭᠡᠷ ᠪᠠᠶᠢᠰᠢᠩ ᠤᠨ | ᠦᠯᠡᠳᠡᠭᠳᠡᠯ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠂ ᠰᠤᠮᠤ ᠪᠠᠯᠭᠠᠰᠤ ᠰᠢᠨᠡᠪᠠᠯᠭᠠᠰᠣᠨ ᠳᠠᠬᠢ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ | ᠰᠢᠨᠡᠳᠬᠡᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠤᠨ᠎ᠠ᠃ ︽ᠲᠠᠣᠯᠠᠢ ᠶᠢᠨ ᠭᠤᠤᠯ ᠪᠠ ᠰᠢᠨ᠎ᠡ ᠨᠠᠭᠤᠷ︾ ᠤᠨ ᠤᠰᠤᠨ ᠰᠢᠰᠲ᠋ᠧᠮ ᠢ ᠬᠤᠯᠪᠣᠨ | ᠨᠡᠪᠲᠡᠷᠡᠭᠦᠯᠬᠦ ᠪᠠ ᠭᠠᠳᠠᠷᠭᠤ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠴᠡᠪᠡᠷ ᠲᠤᠩᠭᠠᠯᠠᠭ ᠨᠠᠭᠤᠷ ᠴᠥᠭᠦᠷᠥᠮ ᠲᠠᠢ᠂ | ᠨᠤᠮᠢᠨ ᠨᠣᠭᠤᠭᠠᠨ ᠤᠷᠴᠢᠨ ᠲᠤᠭᠤᠷᠢᠨ ᠲᠠᠢ᠂ ᠦᠵᠡᠮᠵᠢᠳᠣ ᠰᠠᠶᠢᠬᠠᠨ ᠬᠤᠲᠠ ᠲᠣᠭᠤᠷᠢᠭᠰᠠᠨ ᠠᠮᠢᠳᠤᠯᠢᠭ ᠤᠰᠤᠨ ᠰᠢᠰᠲ᠋ᠧᠮ ᠢ ᠪᠦᠷᠢᠯᠳᠦᠭᠦᠯᠦᠨ᠎ᠡ᠃ ᠪᠦᠬᠦ | ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠳᠦᠮᠵᠢ ᠶᠢ ᠪᠠᠬᠢᠵᠢᠭᠦᠯᠵᠦ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠨ᠎ᠡ | ᠶᠢ ᠡᠭᠦᠳᠴᠦ᠂ ᠨᠡᠶᠢᠭᠡᠮᠴᠢᠯᠡᠭᠰᠡᠨ ᠡᠵᠡᠩᠨᠡᠯᠲᠡ ᠶᠢᠨ ᠴᠡᠴᠡᠷᠯᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠵᠠᠭᠪᠤᠷ ᠢ ᠰᠦᠪᠡᠭᠴᠢᠯᠡᠵᠦ᠂ ᠨᠠᠷᠢᠯᠢᠭ | ᠴᠢᠨᠠᠷᠯᠢᠭ ᠴᠡᠴᠡᠷᠯᠢᠭ ᠢ ᠴᠣᠭᠴᠠᠯᠠᠨ ᠪᠠᠶᠢᠭᠤᠯᠵᠤ᠂ ᠤᠯᠤᠰ ᠤᠨ ᠲᠡᠰ ᠤᠨ ᠴᠡᠴᠡᠷᠯᠢᠭᠵᠢᠬᠦᠯᠦᠯᠲᠡ ᠶᠢᠨ ᠰᠢᠶᠠᠨ ᠬᠤᠲᠠ ᠶᠢ ᠡᠭᠦᠳᠦᠨ ᠪᠠᠶᠢᠭᠤᠯᠤᠨ᠎ᠠ᠃ ︽ᠮᠤᠬᠤᠷ | ᠵᠠᠮ︾ ᠢ ᠢᠳᠡᠪᠬᠢᠲᠡᠢ ᠨᠡᠪᠲᠡᠷᠡᠭᠦᠯᠵᠦ᠂ ᠲᠡᠰ ᠢ ᠨᠢ ᠳᠡᠭᠡᠭᠰᠢᠯᠡᠭᠦᠯᠦᠨ᠂ ᠠᠵᠤ ᠦᠢᠯᠡᠰ ᠤᠨ ᠵᠠᠮ ᠢ ᠲᠡᠭᠦᠯᠳᠡᠷᠵᠢᠭᠦᠯᠵᠦ᠂ ︽ᠵᠢᠷᠭᠤᠭᠠᠨ ᠬᠥᠨᠳᠡᠯᠡᠨ ᠳᠥᠷᠪᠡᠨ | ᠭᠤᠯᠳᠤ︾ ᠵᠠᠰᠠᠮᠠᠯ ᠵᠠᠮ ᠤᠨ ᠲᠤᠤᠷ ᠪᠠ ︽ᠨᠢᠭᠡ ᠬᠥᠨᠳᠡᠯᠡᠨ ᠬᠤᠶᠠᠷ ᠭᠤᠯᠳᠤ ᠬᠤᠶᠠᠷ ᠲᠤᠰᠬᠠᠢ ᠱᠤᠭᠤᠮ︾ ᠤᠨ ᠲᠡᠮᠦᠷ ᠵᠠᠮ ᠤᠨ ᠲᠤᠤᠷ ᠢ ᠪᠦᠬᠦ ᠲᠠᠯ᠎ᠠ ᠪᠠᠷ | ᠪᠠᠶᠢᠭᠤᠯᠵᠤ᠂ ᠰᠢᠨᠡᠪᠠᠯᠭᠠᠰᠣ — ᠳ᠋ᠧᠩᠺᠸᠤ ᠬᠦᠷᠬᠦ ᠵᠠᠮ ᠱᠤᠭᠤᠮ᠂ ᠠᠮᠠᠨᠴᠢᠷᠭ᠎ᠠ — ᠲᠦᠴᠢᠨ ᠭᠠᠵᠠᠷ ᠤᠨ ᠰᠢᠯᠢ ᠬᠦᠷᠬᠦ ᠵᠠᠮ ᠱᠣᠭᠤᠮ ᠢ ᠳᠡᠰ | ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ 109 ᠤᠯᠤᠰ ᠤᠨ ᠵᠠᠮ ᠢ ᠥᠷᠭᠡᠳᠬᠡᠨ ᠥᠭᠡᠷᠡᠴᠢᠯᠡᠬᠦ ᠶᠢ ᠠᠬᠢᠭᠤᠯᠵᠤ᠂ ᠨᠡᠯᠢᠶᠡᠳ ᠶᠡᠭᠡ ᠪᠠᠶᠢᠭᠠᠯᠢᠯᠢᠭ | ᠲᠣᠰᠬᠤᠨ ᠤ ᠬᠠᠲᠠᠭᠤᠷᠠᠭᠤᠯᠤᠭᠰᠠᠨ ᠵᠠᠮ ᠢ ᠪᠦᠬᠦᠨ ᠢ ᠪᠦᠷᠬᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ ︽ᠳᠤᠲᠠᠭᠤ ᠲᠡᠪᠢᠰᠦᠭᠰᠡᠨ︾ ᠵᠠᠰᠠᠮᠠᠯ ᠵᠠᠮ ᠢ ᠪᠦᠬᠦᠨ | ᠢ ᠲᠡᠪᠢᠰᠴᠤ ᠲᠠᠭᠤᠰᠬᠠᠨ᠎ᠠ᠃ ᠬᠠᠩᠭᠢᠨ ᠬᠤᠰᠢᠭᠤᠨ ᠤ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠴᠢᠷᠮᠠᠶᠢᠨ ᠪᠠᠶᠢᠭᠤᠯᠤᠨ᠎ᠠ᠃ ᠪᠣᠬᠢᠷᠲᠤᠯ ᠥᠬᠡᠶ | ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠨᠡᠪᠳᠡᠷᠡᠭᠦᠯᠵᠤ᠂ ᠨᠡᠶᠢᠲᠡ ᠶᠢᠨ ᠮᠠᠰᠢᠨ ᠲᠡᠷᠭᠡᠨ ᠳᠤ ︽ᠰᠦᠶᠳᠬᠡᠯ ᠲᠤᠰᠢᠶᠠᠬᠤ ᠥᠬᠡᠶ ᠪᠠᠷ ᠰᠠᠭᠤᠬᠤ︾ ᠠᠷᠠᠳ | ᠲᠤ ᠠᠰᠢᠭᠳᠠᠢ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠶᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ | ᠪᠠᠷ ᠳᠡᠭᠡᠭᠰᠢᠯᠡᠭᠦᠯᠦᠨ᠎ᠡ᠃ ᠰᠢᠨᠡᠪᠠᠯᠭᠠᠰᠤ ᠶᠢᠨ ᠪᠡᠯᠡᠳᠬᠡᠯ ᠤᠰᠤᠨ ᠰᠤᠷᠪᠤᠯᠵᠢ ᠶᠢᠨ ᠭᠠᠵᠠᠷ ᠢ ᠪᠥᠲᠥᠭᠡᠨ ᠪᠠᠶᠢᠭᠤᠯᠵᠤ᠂ ᠠᠭᠤᠷᠬᠠᠶ ᠶᠢᠨ ᠣᠷᠣᠨ ᠤ ᠨᠡᠭᠦᠷᠡᠰᠦᠨ | ᠳᠠᠪᠬᠤᠷᠭ᠎ᠠ ᠶᠢᠨ ᠤᠰᠤ ᠶᠢ ᠶᠡᠷᠦᠩᠬᠡᠶᠢᠯᠡᠨ ᠠᠰᠢᠭᠯᠠᠬᠤ ᠪᠠ ᠬᠠᠲᠤᠨ ᠭᠤᠤᠯ ᠤᠨ ᠭᠤᠷᠪᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ ᠵᠡᠷᠭᠡ ᠭᠤᠤᠯᠳᠠᠯᠭ᠎ᠠ | ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠬᠤᠲᠠ ᠶᠢᠨ ᠴᠠᠬᠢᠯᠭᠠᠨ ᠲᠦᠭᠡᠭᠡᠬᠦ ᠲᠣᠤᠷ ᠢ ᠠᠦ᠋ᠲ᠋ᠣᠴᠢᠯᠠᠨ ᠲᠠᠰ ᠳᠡᠪᠰᠢᠭᠦᠯᠬᠦ᠂ ᠮᠠᠯᠵᠢᠬᠤ | ᠲᠠᠷᠢᠶᠠᠯᠠᠬᠤ ᠣᠷᠣᠨ ᠤ ᠴᠠᠬᠢᠯᠭᠠᠨ ᠲᠣᠤᠷ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠬᠤᠸᠠ ᠸᠧᠶ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ | ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠣᠷᠣᠨ ᠵᠠᠶ ᠶᠢᠨ ᠭᠠᠵᠠᠷ ᠵᠦᠶ ᠶᠢᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ᠎ᠠ ᠃ | ᠤᠶᠤᠨᠲᠤ ᠷᠠᠳᠢᠣ᠋ ᠲᠧᠯᠸᠢᠰ ᠤᠨ ᠰᠦᠯᠵᠢᠶ᠎ᠡ ᠶᠢ ᠲᠣᠰᠬᠤᠨ ᠳᠤ ᠣᠷᠣᠭᠤᠯᠬᠤ ᠡᠷᠦᠬᠡ ᠳᠤ ᠣᠷᠣᠭᠤᠯᠬᠤ ᠢᠨᠵᠧᠨᠧᠷᠢᠩ ᠢ ᠪᠡᠶᠡᠯᠡᠭᠦᠯᠵᠦ᠂ ᠴᠢᠮᠡᠭᠡ ᠬᠤᠯᠪᠤᠭ᠎ᠠ | ᠲᠠᠰᠣᠷᠬᠠᠢ ᠣᠷᠣᠨ ᠢ ᠦᠨᠳᠦᠰᠦᠨ ᠳᠡᠭᠡᠨ ᠠᠷᠢᠯᠭᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠳᠠᠮᠵᠢᠵᠤ᠂ ᠴᠡᠷᠢᠭ ᠠᠷᠠᠳ ᠤᠨ ᠬᠠᠮᠳᠣᠷᠠᠯᠴᠠᠨ ᠬᠥᠭᠵᠢᠬᠦ ᠶᠢ ᠠᠬᠢᠭᠤᠯᠤᠨ᠎ᠠ ᠃ | ᠠᠷᠠᠳ ᠲᠤ ᠵᠢᠩᠬᠢᠨᠢ ᠬᠠᠷᠠᠭᠠᠯᠵᠠᠯ ᠬᠦᠷᠳᠡᠭᠡᠭᠰᠡᠨ ᠵᠣᠯ ᠵᠢᠷᠭᠠᠯᠲᠤ ᠬᠠᠩᠭᠢᠨ ᠢ ᠪᠥᠲᠥᠭᠡᠨ ᠪᠠᠶᠢᠭᠤᠯᠤᠶ᠎ᠠ᠃ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ | ᠲᠠᠰᠣᠷᠠᠯᠲᠠ ᠥᠭᠡᠢ ᠳᠡᠭᠡᠭᠰᠢᠯᠡᠭᠦᠯᠦᠨ᠂ ᠨᠡᠶᠢᠭᠡᠮ ᠤᠨ ᠳᠠᠭᠠᠳᠬᠠᠯ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠶᠢᠨ ᠪᠠᠲᠤᠯᠠᠭ᠎ᠠ᠂ ᠨᠡᠶᠢᠭᠡᠮ ᠤᠨ ᠠᠪᠤᠷᠠᠨ | ᠲᠤᠰᠠᠯᠠᠮᠵᠢ᠂ ᠭᠤᠣᠯᠳᠠᠯᠭ᠎ᠠ ᠲᠠᠢ ᠬᠥᠮᠦᠰ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠥᠷᠢᠨᠰᠢᠬᠦᠯᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ ᠶᠢ 5 % ᠶᠢᠨ ᠳᠣᠲᠣᠷ᠎ᠠ ᠬᠢᠵᠠᠭᠠᠷᠯᠠᠨ᠎ᠠ᠃ ᠥᠩᠭᠡᠷᠡᠭᠰᠡᠨ ᠵᠢᠯ ᠤᠳ ᠤᠨ ᠺᠠᠳ᠋ᠷ ᠠᠵᠢᠯᠲᠠᠨ ᠤ ᠴᠠᠯᠢᠩ ᠤᠨ ᠨᠥᠬᠦᠪᠥᠷᠢ ᠪᠠ | ᠰᠢᠢᠳᠪᠤᠷᠢᠯᠡᠭᠡᠳᠦᠢ ᠲᠥᠷᠥᠯ ᠵᠦᠢᠯ ᠤᠨ ᠪᠡᠯᠡ ᠮᠥᠩᠭᠦ ᠶᠢ ᠵᠢᠯ ᠳᠠᠷᠠᠭᠠᠯᠠᠨ ᠣᠯᠭᠤᠵᠤ᠂ ᠪᠡᠯᠡ ᠮᠥᠩᠭᠦ ᠶᠢ ᠴᠠᠭ ᠲᠤᠬᠠᠢ ᠳᠤᠨᠢ ᠣᠯᠭᠤᠬᠤ ᠰᠠᠶᠢᠨ ᠣᠷᠴᠢᠯ ᠢ | ᠪᠡᠶᠡᠯᠡᠬᠦᠯᠦᠨ᠎ᠡ᠃ ᠰᠤᠷᠭᠠᠨ ᠬᠥᠮᠦᠵᠢᠯ ᠢ ᠴᠢᠨᠠᠷ ᠰᠠᠶᠢᠲᠠᠶ ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ | ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠬᠤᠰᠢᠭᠤ ᠶᠢ ᠡᠭᠦᠳᠦᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠡᠷᠦᠩᠬᠡᠢ ᠬᠢᠷᠢ ᠪᠦᠲᠦᠮᠵᠢ ᠶᠢ | ᠪᠥᠬᠦ ᠬᠤᠲᠠ ᠶᠢᠨ ᠨᠢᠭᠡᠳᠦᠭᠡᠷ ᠡᠩᠨᠡᠭᠡᠨ ᠳᠤ ᠣᠷᠣᠭᠤᠯᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ | ᠣᠷᠣᠬᠤ ᠨᠣᠷᠮ᠎ᠠ ᠶᠢ 90% ᠠᠴᠠ ᠳᠠᠪᠠᠭᠤᠯᠤᠨ᠎ᠠ᠃ ᠬᠤᠷᠣᠭᠠᠨᠴᠠᠶᠢᠳᠠᠮ ᠤᠨ ᠬᠠᠭᠤᠴᠢᠨ ᠬᠤᠳᠠ ᠶᠢᠨ ᠲᠡᠤᠬᠡᠨ ᠲᠤᠷᠠᠰᠬᠠᠯᠳᠣ ᠵᠦᠢᠯᠡᠰ ᠤᠨ ᠬᠠᠮᠠᠭᠠᠯᠠᠯᠲᠠ ᠶᠢᠨ | ᠥᠷᠳᠡᠭᠡ᠂ ᠬᠠᠩᠭᠢᠨ ᠬᠤᠰᠢᠭᠤᠨ ᠤ ᠮᠦᠽᠧᠶ᠂ ᠰᠢᠷᠠᠲᠡᠮᠡᠭᠡᠳᠦ ᠰᠦᠮ᠎ᠡ ᠶᠢᠨ ᠮᠦᠽᠧᠶ ᠶᠢ ᠦᠭᠡᠷᠡᠴᠢᠯᠡᠨ ᠪᠠᠶᠢᠭᠤᠯᠬᠤ ᠲᠥᠷᠥᠯ ᠵᠦᠶᠯ ᠢ ᠠᠬᠢᠭᠤᠯᠤᠨ᠎ᠠ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠰᠢᠨ᠎ᠡ ᠶᠢ ᠡᠬᠦᠳᠴᠦ᠂ ᠣᠯᠠᠨ ᠲᠦᠮᠡᠨ ᠤ ᠰᠣᠶᠣᠯ ᠤᠨ ᠦᠢᠯᠡᠴᠢᠯᠡᠭᠡᠨ ᠤ ᠬᠠᠨᠤᠮᠵᠢ ᠶᠢᠨ | ᠬᠡᠮᠵᠢᠶ᠎ᠡ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠨ᠎ᠠ᠃ ᠡᠷᠡᠭᠦᠯ ᠡᠩᠬᠡ ᠬᠠᠩᠭᠢᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠡᠮᠴᠢᠯᠡᠭᠡᠨ ᠤ ᠲᠤᠰᠬᠠᠶ ᠮᠡᠷᠭᠡᠵᠢᠯ ᠤᠨ ᠠᠵᠢᠯᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠨ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠨᠥᠬᠦᠴᠡᠯ ᠢ | ᠲᠠᠰᠤᠷᠠᠯᠲᠠ ᠥᠬᠡᠶ ᠰᠠᠶᠢᠵᠢᠷᠠᠭᠤᠯᠵᠤ᠂ ᠬᠢᠲᠠᠳ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ | ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠨ᠎ᠠ᠃ ᠬᠦᠨᠳᠦ ᠶᠡᠭᠡ | ᠬᠠᠯᠳᠠᠪᠤᠷᠢᠲᠤ ᠡᠪᠡᠳᠴᠢᠨ ᠵᠢᠴᠢ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠦᠷᠨᠢᠬᠦᠯᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠲᠠᠨ | ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠪᠦᠬᠦ ᠨᠡᠶᠢᠬᠡᠮ ᠢᠶᠠᠷ ᠢᠶᠠᠨ ᠬᠢᠵᠢᠭ ᠢ ᠰᠡᠷᠭᠡᠶᠢᠯᠡᠬᠦ᠂ ᠤᠨᠤᠰᠢᠯᠠᠵᠤ ᠡᠮᠨᠡᠬᠦ ᠠᠵᠢᠯ ᠢ | ᠵᠠᠬ᠎ᠠ ᠲᠡᠯᠭᠡᠭᠦᠷᠴᠢᠯᠡᠬᠦ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠠᠯᠪᠠᠨ ᠠᠴᠠ ᠵᠤᠬᠢᠴᠠᠭᠤᠯᠬᠤ᠂ ᠬᠢᠵᠢᠭ ᠡᠪᠡᠳᠴᠢᠨ ᠢᠶᠠᠷ ᠬᠤᠷᠤᠭᠳᠠᠭᠰᠠᠠᠨ ᠠᠮᠢᠳᠠᠨ ᠢ | ᠬᠤᠤᠷ ᠬᠦᠨᠦᠭᠡᠯ ᠦᠬᠡᠢ ᠪᠠᠷ ᠰᠢᠢᠳᠪᠤᠷᠢᠯᠡᠬᠦ︾ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ | ᠠᠮᠤᠷ ᠲᠦᠪᠰᠢᠨ ᠦᠢᠯᠡᠳᠪᠦᠷᠢᠯᠡᠯ ᠪᠣᠯᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠠᠴᠢᠮ | ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠶᠡᠷᠦᠩᠬᠡᠢ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠦᠨᠳᠦ ᠣᠨᠴᠠ ᠶᠡᠭᠡ ᠠᠶᠤᠯ ᠦᠭᠡᠶ ᠶᠢᠨ ᠠᠳᠡᠯ ᠭᠠᠷᠬᠤ ᠶᠢ | ᠴᠢᠩᠭ᠎ᠠ ᠰᠡᠷᠭᠡᠶᠢᠯᠡᠨ᠎ᠡ᠃ ᠥᠪᠡᠷᠲᠡᠭᠡᠨ ᠵᠠᠰᠠᠬᠤ ᠬᠠᠤᠯᠢ ᠪᠠᠷ ᠵᠠᠰᠠᠬᠤ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠤᠳᠠ ᠬᠥᠳᠡᠭᠡ ᠶᠢᠨ ᠦᠨᠳᠦᠰᠦᠨ | ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ | ᠃ | ᠥᠭᠡᠷᠡᠴᠢᠯᠡᠯᠲᠡ ᠶᠢᠨ ᠬᠥᠳᠡᠯᠭᠡᠭᠴᠢ ᠬᠦᠴᠦᠨ ᠲᠠᠢ ᠠᠮᠢᠵᠢᠷᠠᠯ ᠪᠢᠯᠬᠠᠭᠰᠠᠨ ᠬᠠᠩᠭᠢᠨ ᠢ ᠪᠥᠲᠥᠭᠡᠨ ᠪᠠᠶᠢᠭᠤᠯᠤᠶ᠎ᠠ᠃ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ︽ᠨᠢᠭᠡᠳᠦᠭᠡᠷ ᠥᠭᠡᠷᠡᠴᠢᠯᠡᠯᠲᠡ ᠶᠢᠨ ᠢᠨᠵᠧᠨᠧᠷᠢᠩ︾ ᠪᠣᠯᠭᠠᠵᠤ᠂ ︽ᠡᠷᠬᠡ ᠪᠠᠨ ᠲᠤᠷᠣᠭᠰᠢ ᠪᠠᠭᠤᠯᠭᠠᠵᠤ᠂ ᠬᠠᠮᠢᠶᠠᠷᠣᠯᠲᠠ ᠪᠠᠨ ᠰᠢᠨᠡᠳᠬᠡᠨ᠂ | ᠦᠢᠯᠡᠴᠢᠯᠡᠭᠡ ᠪᠠᠨ ᠰᠢᠯᠢᠳᠡᠭᠵᠢᠬᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠯᠠᠭ᠎ᠠ ᠮᠥᠴᠢᠷ ᠨᠠᠩ ᠲᠥᠪᠯᠡᠷᠡᠭᠰᠡᠨ᠂ ᠤᠴᠢᠷ ᠶᠠᠪᠤᠳᠠᠯ | ᠨᠠᠩ ᠪᠥᠬᠦ ᠲᠠᠯ᠎ᠠ ᠶᠢᠨ᠂ ᠠᠵᠢᠯ ᠶᠠᠪᠤᠳᠠᠯ ᠭᠦᠶᠴᠡᠳᠬᠡᠬᠦ ᠳᠤ ᠨᠠᠩ ᠳᠥᠭᠦᠮ ᠳᠥᠲᠡ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠲᠠᠰ | ᠳᠡᠪᠰᠢᠭᠦᠯᠦᠨ᠎ᠡ᠃ ᠭᠠᠵᠠᠷ ᠰᠢᠷᠣᠶ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠰᠢᠷᠦᠢ ᠶᠢ ᠠᠮᠢᠳᠣᠯᠢᠭ ᠬᠡᠷᠡᠭᠯᠡᠵᠦ᠂ ᠭᠠᠵᠠᠷ ᠰᠢᠷᠣᠶ ᠨᠤᠲᠤᠭ ᠪᠡᠯᠴᠢᠭᠡᠷ ᠢ ᠤᠯᠠᠷᠢᠭᠤᠯᠤᠨ ᠡᠵᠡᠩᠨᠡᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠲᠠᠷᠢᠶᠠᠨ | ᠭᠠᠵᠠᠷ ᠤᠨ ᠬᠦᠢᠴᠡᠳᠬᠡᠯ ᠲᠤᠭ᠎ᠠ ᠶᠢ ᠨᠦᠬᠦᠪᠦᠷᠢᠯᠡᠨ ᠣᠷᠣᠨ ᠪᠦᠰᠡ ᠠᠯᠤᠰᠯᠠᠨ ᠠᠷᠠᠯᠵᠢᠶᠠᠯᠠᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠤᠰᠤᠨ ᠤ | ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠵᠢᠴᠢ ᠠᠷᠠᠯᠵᠢᠶᠠᠯᠠᠬᠤ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠦᠭᠵᠢᠬᠦᠯᠦᠨ ᠮᠠᠨᠳᠤᠭᠤᠯᠬᠤ︾ ᠠᠵᠢᠯᠯᠠᠭ᠎ᠠ ᠪᠠ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ | ᠪᠣᠳᠣᠯᠭ᠎ᠠ ᠶᠢᠨ 30 ᠵᠤᠷᠪᠤᠰ︾ ᠢ ᠭᠦᠨᠵᠡᠭᠡᠶ ᠨᠠᠶᠢᠳᠠᠪᠤᠷᠢᠵᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ ᠶᠢ ᠪᠡᠶᠡᠯᠡᠬᠦᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 30 ᠪᠣᠶᠢᠵᠢᠭᠤᠯᠤᠨ᠎ᠠ᠃ ︽ᠴᠢᠳᠠᠪᠤᠷᠢᠲᠠᠨ ᠢᠶᠠᠷ ᠬᠤᠰᠢᠭᠤ ᠪᠠᠨ | ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ | ᠂ ᠡᠯ᠎ᠡ ᠬᠦᠷᠢᠶ᠎ᠡ ᠴᠠᠷᠠᠨ ᠳᠤ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠪᠠ ᠬᠥᠮᠦᠵᠢᠭᠦᠯᠦᠨ᠎ᠡ ᠃ | ᠭᠤᠷᠪᠠ᠂ 2022 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | 2022 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ | ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠪᠣᠯᠤᠨ᠎ᠠ᠂ ᠪᠢᠳᠡ ᠳᠠᠷᠤᠯᠲᠠ ᠶᠢ ᠰᠥᠷᠥᠨ | ᠤᠷᠤᠭᠰᠢᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠵᠢᠱᠢᠭᠰᠡᠨ ᠬᠠᠷᠠᠯᠲᠠ ᠪᠣᠯ | ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 15% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 50% ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ | ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8% ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ | ᠪᠣᠯᠬᠤ ᠣᠷᠣᠯᠭ᠎ᠠ ᠶᠢ ᠲᠣᠰ ᠲᠣᠰ 7% ᠪᠠ 8.5% ᠣᠷᠴᠢᠮ ᠨᠡᠮᠡᠭᠳᠡᠭᠦᠯᠦᠨ᠎ᠡ︔ 500 ᠲᠦᠮᠡᠨ ᠲᠥᠭᠦᠷᠢᠭ ᠠᠴᠠ ᠳᠡᠭᠡᠭᠰᠢᠬᠢ 136 ᠲᠥᠷᠥᠯ ᠵᠦᠢᠯ ᠢ | ᠬᠡᠷᠡᠭᠵᠢᠭᠦᠯᠵᠦ᠂ 60 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠣᠳᠠᠲᠠᠢ ᠪᠡᠶᠡᠯᠡᠭᠦᠯᠬᠦ ᠪᠠᠷ ᠴᠢᠷᠮᠠᠶᠢᠨ᠎ᠠ︔ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠬᠦᠯᠦᠨ᠎ᠡ᠃ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠠᠵᠢᠯ ᠢ | ᠭᠤᠣᠯᠳᠠᠯᠭ᠎ᠠ ᠲᠠᠢ ᠠᠳᠬᠤᠨ᠎ᠠ᠄ | ︵ᠨᠢᠭᠡ ︶ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠡᠯ᠎ᠡ ᠲᠦᠷᠦᠯ ᠤᠨ ᠠᠵᠢᠯ ᠤᠨ | ᠢᠳᠡᠪᠬᠢ ᠬᠦᠴᠦᠨ ᠢ ᠠᠮᠢᠯᠠᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠨ᠎ᠡ᠃ ᠨᠢᠭᠡ ᠳᠤ ᠳᠠᠪᠠᠭᠤᠯᠢᠭ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ | ᠲᠦᠷᠭᠡᠳᠬᠡᠨ᠎ᠡ᠃ ᠰᠢᠨ᠎ᠡ ᠡᠨᠧᠷᠭᠢ ᠶᠢ ᠰᠠᠭᠤᠷᠢᠰᠢᠭᠤᠯᠬᠤ ᠲᠥᠷᠥᠯ ᠵᠦᠶᠯ ᠢ ᠲᠦᠷᠭᠡᠳᠬᠡᠨ ᠬᠡᠷᠡᠭᠵᠢᠭᠦᠯᠵᠦ᠂ 80 ᠲᠦᠮᠡᠨ ᠺᠢᠯᠣᠸᠠᠲ ᠤᠨ ᠨᠠᠷᠠᠨ ᠡᠨᠧᠷᠬᠢ ᠪᠠᠷ | ᠴᠠᠬᠢᠯᠭᠠᠨ ᠭᠠᠷᠭᠠᠬᠤ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠶᠯ ᠢ ᠲᠣᠤᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ ᠤᠯᠤᠰ ᠤᠨ | ᠴᠠᠬᠢᠯᠭᠠᠨ᠂ ᠬᠤᠸᠠ ᠷᠦᠨ᠂ ᠯᠦᠩ ᠶᠤᠸᠠᠨ 60 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠶᠯ ᠪᠠ ᠮᠧᠩ ᠰᠢ ᠰᠠᠭᠤᠷᠢᠨ | ᠭᠠᠵᠠᠷ ᠤᠨ ᠬᠥᠪᠴᠢ ᠶᠢᠨ 200 ᠲᠦᠮᠡᠨ ᠺᠢᠯᠣᠸᠠᠲ ᠤᠨ ᠨᠠᠷᠠᠨ ᠡᠨᠧᠷᠬᠢ ᠪᠠᠷ ᠡᠯᠡᠰᠦ ᠶᠢ ᠵᠠᠰᠠᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠠᠰᠢᠭᠯᠠᠬᠤ ᠡᠷᠴᠢᠮ ᠢᠶᠠᠨ ᠴᠢᠩᠭᠠᠳᠬᠠᠵᠤ᠂ ᠵᠢᠯ ᠤᠨ ᠳᠣᠲᠣᠷ᠎ᠠ 2.1 ᠳ᠋ᠦᠩᠰᠢᠭᠤᠷ ᠺᠦᠪ ᠮᠧᠲᠷ | ᠪᠠᠶᠢᠭᠠᠯᠢ ᠶᠢᠨ ᠰᠢᠲᠠᠮᠠᠬᠠᠢ ᠬᠡᠢ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠠᠭᠤᠤᠯ ᠤᠨ ᠨᠡᠭᠦᠷᠡᠰᠦᠨ ᠠᠭᠤᠷᠬᠠᠢ ᠶᠢᠨ ᠠᠵᠢᠯ ᠢᠶᠠᠨ | ᠰᠡᠷᠭᠦᠭᠡᠬᠦ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠭᠤᠷᠬᠠᠢ ᠶᠢᠨ ᠣᠷᠣᠨ ᠤ ᠬᠠᠶᠢᠨ ᠰᠢᠨᠵᠢᠯᠡᠯᠲᠡ ᠵᠢᠴᠢ ᠠᠭᠤᠷᠬᠠᠢ ᠶᠢᠨ ᠣᠷᠣᠨ ᠤ | ᠶᠡᠷᠦᠩᠬᠡᠢ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠲᠦᠷᠭᠡᠳᠬᠡᠨ ᠠᠬᠢᠭᠤᠯᠤᠨ᠎ᠠ᠃ ᠬᠤᠶᠠᠷ ᠲᠤ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠢ ᠲᠠᠢ ᠶᠢᠨ 120 ᠲᠦᠮᠡᠨ ᠲᠣᠨ ᠤ ᠨᠠᠷᠢᠯᠢᠭ ᠬᠢᠮᠢ ᠶᠢᠨ ᠦᠶᠯᠡᠳᠬᠦᠨ ᠤ ᠲᠥᠷᠥᠯ ᠵᠦᠶᠯ ᠢᠶᠠᠷ ᠲᠠᠭᠠᠭᠤᠯᠣᠭᠴᠢ | ᠪᠤᠯᠭᠠᠵᠤ ᠣᠳᠣᠬᠢᠴᠢᠯᠠᠭᠰᠠᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ ᠤᠨ ᠲᠤᠤᠷ ᠢ ᠣᠷᠳᠣᠳᠬᠠᠵᠤ᠂ ᠥᠷᠲᠡᠭ ᠤᠨ ᠬᠡᠯᠬᠢᠶ᠎ᠡ ᠶᠢ ᠲᠠᠰ | ᠲᠡᠪᠰᠢᠬᠦᠯᠦᠨ ᠥᠷᠭᠡᠳᠬᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠢ ᠲᠠᠢ ᠶᠢᠨ ᠬᠥᠩᠭᠡᠨ ᠴᠢᠨᠠᠷᠳᠣ ᠬᠢᠮᠢ ᠶᠢᠨ ᠦᠶᠯᠡᠳᠬᠦᠨ ᠤ ᠶᠠᠰᠤ ᠴᠢᠨᠠᠷ ᠢ | ᠳᠡᠭᠡᠭᠰᠢᠯᠡᠭᠦᠯᠬᠦ᠂ 1 ᠲᠦᠮᠡᠨ ᠲᠣᠨ ᠤ ᠠᠯᠺᠧᠨ᠂ 8 ᠲᠦᠮᠡᠨ ᠲᠣᠨ ᠤ ᠠᠯᠺᠢᠯ ᠪᠧᠨ᠋ᠽᠧᠨ ᠲᠦᠭᠦᠬᠡᠶ ᠮᠠᠲ᠋ᠧᠷᠢᠶᠠᠯ ᠪᠠ ᠢ ᠨᠦᠸᠧ ᠺᠤᠮᠫᠠᠨᠢ ᠵᠢᠯ ᠳᠤ 10 | ᠲᠦᠮᠡᠨ ᠲᠣᠨ ᠤ ᠥᠨᠳᠥᠷ ᠨᠡᠭᠦᠷᠡᠰᠦᠲᠥ᠋ᠷᠥᠭᠴᠢᠲᠦ ᠠᠯᠺᠣᠣᠯ ᠦᠶᠯᠡᠳᠪᠦᠷᠢᠯᠡᠬᠦ᠂ 2 ᠲᠦᠮᠡᠨ ᠲᠣᠨ ᠤ ᠨᠠᠯᠠᠷᠠᠭᠤᠯᠤᠭᠴᠢ ᠡᠳ᠋ ᠦᠶᠯᠡᠳᠪᠦᠷᠢᠯᠡᠬᠦ ᠵᠡᠷᠭᠡ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ ᠸᠠᠨ ᠷᠦᠢ ᠺᠤᠮᠫᠠᠨᠢ ᠶᠢᠨ ᠡᠳᠦᠷ ᠲᠤ100 ᠲᠦᠮᠡᠨ ᠺᠦᠪ ᠮᠧᠲᠷ ᠢ ᠰᠢᠢᠳᠪᠦᠷᠢᠯᠡᠬᠦ᠂ | ᠤᠶᠤᠨᠲᠤ ᠰᠢᠨ᠎ᠡ ᠡᠨᠧᠷᠭᠢ ᠶᠢᠨ ᠡᠳᠦᠷ ᠲᠤ 100 ᠲᠦᠮᠡᠨ ᠺᠦᠪ ᠮᠧᠲᠷ ᠢ ᠰᠢᠢᠳᠪᠦᠷᠢᠯᠡᠬᠦ ᠵᠡᠷᠭᠡ ᠪᠠᠶᠢᠭᠠᠯᠢ ᠶᠢᠨ ᠰᠢᠲᠠᠮᠠᠬᠠᠢ ᠬᠡᠢ ᠶᠢ ᠰᠢᠩᠭᠡᠨᠵᠢᠭᠦᠯᠬᠦ ᠪᠠ | BOG ᠠᠴᠠ ᠾᠧᠯᠢ ᠪᠤᠯᠪᠠᠰᠣᠷᠠᠭᠤᠯᠬᠤ ᠪᠦᠯᠦᠭᠯᠡᠯ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ | ᠦᠢᠯᠡᠳᠪᠦᠷᠢᠯᠡᠬᠦ ᠴᠢᠳᠠᠪᠤᠷᠢ ᠶᠢ ᠲᠤᠬᠠᠢ ᠶᠢᠨ ᠭᠠᠵᠠᠷ ᠲᠤᠨᠢ ᠬᠡᠷᠡᠭᠵᠢᠬᠦᠯᠬᠦ ᠪᠠ ᠥᠷᠲᠡᠭ ᠢ ᠲᠤᠬᠠᠢ ᠶᠢᠨ ᠭᠠᠵᠠᠷ ᠲᠤᠨᠢ ᠤᠯᠠᠷᠢᠭᠤᠯᠬᠤ ᠶᠢ ᠲᠦᠷᠭᠡᠳᠬᠡᠨ | ᠪᠡᠶᠡᠯᠡᠭᠦᠯᠦᠨ᠎ᠡ᠃ ᠭᠤᠷᠪᠠ ᠳᠤ ᠰᠢᠨ᠎ᠡ ᠡᠨᠧᠷᠭᠢ ᠶᠢ ᠣᠷᠣᠯᠠᠭᠤᠯᠤᠨ ᠬᠤᠪᠢᠷᠠᠭᠤᠯᠬᠤ ᠶᠢ ᠲᠦᠷᠭᠡᠳᠬᠡᠨ᠎ᠡ᠃ ︽ᠰᠢᠨ᠎ᠡ ᠡᠨᠧᠷᠭᠢ + ︾ ᠪᠠᠶᠢᠯᠳᠤᠬᠤ ᠪᠣᠳᠣᠯᠭ᠎ᠠ | ᠶᠢ ᠬᠡᠷᠡᠭᠵᠢᠭᠦᠯᠵᠦ᠂ ᠰᠢᠨ᠎ᠡ ᠡᠨᠧᠷᠬᠢ ᠶᠢᠨ ᠴᠠᠬᠢᠯᠭᠠᠨ ᠢᠶᠠᠷ ᠤᠰᠤᠲᠥ᠋ᠷᠥᠭᠴᠢ ᠶᠢ ᠦᠢᠯᠡᠳᠬᠦ᠂ ᠰᠢᠨ᠎ᠡ ᠡᠨᠧᠷᠬᠢ ᠶᠢᠨ ᠴᠠᠬᠢᠯᠭᠠᠨ ᠢ ᠰᠢᠩᠭᠡᠭᠡᠬᠦ᠂ ᠰᠢᠨ᠎ᠡ | ᠡᠨᠧᠷᠬᠢ ᠶᠢᠨ ᠴᠠᠬᠢᠯᠭᠠᠨ ᠢ ᠬᠤᠷᠠᠮᠳᠠᠭᠤᠯᠬᠤ ᠵᠡᠷᠭᠡ ᠠᠷᠭ᠎ᠠ ᠵᠠᠮ ᠢᠶᠠᠷ ᠭᠤᠣᠯᠳᠠᠭᠤᠯᠤᠨ ᠰᠢᠨ᠎ᠡ ᠡᠨᠧᠷᠭᠢ ᠶᠢ ᠤᠯᠠᠷᠢᠭᠤᠯᠬᠤ ᠶᠢ ᠲᠦᠷᠭᠡᠳᠬᠡᠵᠦ᠂ ᠵᠢᠯ ᠤᠨ | ᠳᠣᠲᠣᠷ᠎ᠠ ᠰᠢᠨ᠎ᠡ ᠡᠨᠧᠷᠭᠢ ᠶᠢ ᠣᠷᠣᠯᠠᠭᠤᠯᠬᠤ ᠠᠵᠢᠯ ᠢ ᠡᠬᠢᠯᠡᠭᠦᠯᠬᠦ ᠪᠠᠷ ᠴᠢᠷᠮᠠᠶᠢᠵᠤ᠂ ︽ᠴᠠᠬᠢᠯᠭᠠᠨ ᠡᠬᠦᠰᠭᠡᠭᠴᠢ ᠴᠠᠬᠢᠯᠭᠠᠨ ᠲᠣᠣᠷ ᠴᠠᠬᠢᠯᠭᠠᠨ ᠳᠠᠭᠠᠭᠠᠴᠠ | ᠴᠠᠬᠢᠯᠭᠠᠨ ᠬᠠᠳᠠᠭᠠᠯᠠᠮᠵᠢ︾ ᠶᠢ ᠶᠡᠷᠦᠩᠬᠡᠶᠢᠯᠡᠨ ᠠᠰᠢᠭᠯᠠᠭᠰᠠᠨ ᠵᠢᠱᠢᠶ᠎ᠡ ᠶᠢ ᠰᠦᠪᠡᠭᠴᠢᠯᠡᠨ ᠠᠬᠢᠭᠤᠯᠵᠤ᠂ ᠬᠥᠪᠴᠢ ᠶᠢᠨ ᠪᠣᠬᠢᠷᠲᠤᠯ ᠦᠭᠡᠢ ᠤᠰᠤᠲᠥ᠋ᠷᠥᠭᠴᠢ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠤᠤ ᠵᠢᠶᠧ ᠺᠤᠮᠫᠠᠨᠢ ᠶᠢᠨ ᠤᠰᠤᠲᠥ᠋ᠷᠥᠭᠴᠢ ᠶᠢ ᠰᠢᠩᠭᠡᠨᠵᠢᠬᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠲᠡᠭ | ᠨᠡᠭᠦᠷᠡᠰᠦᠲᠥ᠋ᠷᠥᠭᠴᠢᠲᠦ ᠬᠦᠷᠢᠶᠡᠯᠡᠩ ᠤᠨ ᠬᠠᠮᠲᠤ ᠪᠠᠷ ᠡᠳ᠋ᠯᠡᠬᠦ ᠡᠨᠧᠷᠭᠢ ᠨᠥᠭᠡᠴᠡᠯᠡᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠶᠧ ᠰᠢᠨ | ᠰᠢᠨ᠎ᠡ ᠡᠨᠧᠷᠭᠢ ᠶᠢᠨ 30 ᠲᠦᠮᠡᠨ ᠲᠣᠨ ᠤ ᠮᠥᠬᠦᠯᠢᠭᠲᠦ ᠴᠠᠬᠢᠭᠤᠷ ᠪᠠ 50 ᠲᠦᠮᠡᠨ ᠲᠣᠨ ᠤ ᠥᠨᠳᠥᠷ ᠴᠡᠪᠡᠷ ᠨᠠᠨᠤ᠋ ᠴᠠᠬᠢᠭᠤᠷ ᠤᠨ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠴᠦᠯᠡᠨ ᠠᠬᠢᠭᠤᠯᠵᠤ᠂ ᠡᠯ᠎ᠡ ᠲᠦᠷᠦᠯ ᠤᠨ ᠠᠵᠢᠯ ᠤᠨ | ᠢᠳᠡᠪᠬᠢ ᠬᠦᠴᠦᠨ ᠢ ᠠᠮᠢᠯᠠᠭᠤᠯᠬᠤ ᠳᠤ ᠪᠠᠲᠦ ᠪᠠᠬᠢ ᠰᠠᠭᠤᠷᠢ ᠶᠢ ᠲᠠᠯᠪᠢᠶ᠎ᠠ᠃ ᠨᠢᠭᠡ ᠳᠤ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠲᠦᠷᠭᠡᠳᠭᠡᠨ | ᠳᠡᠭᠡᠭᠰᠢᠯᠡᠭᠦᠯᠦᠨ᠎ᠡ᠃ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠴᠢᠬᠤᠯᠠ | ᠰᠢᠪᠲᠤᠯᠤᠯᠲᠠ ᠶᠢᠨ ᠴᠡᠭ ᠪᠣᠯᠭᠠᠵᠤ᠂ ᠪᠸᠢ ᠮᠥ ᠲᠢᠶᠠᠨ ᠶᠤᠸᠠᠨ ᠳᠠᠷᠢᠵᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠦᠶᠯᠡᠰ | ᠤᠨ ᠬᠦᠷᠢᠶᠡᠯᠡᠩ᠂ ᠱᠧᠩ ᠱᠢ ᠮᠠᠯ ᠠᠵᠤ ᠠᠬᠤᠶ ᠶᠢᠨ 3000 ᠰᠠᠭᠠᠯᠢ ᠶᠢᠨ ᠦᠨᠢᠶ᠎ᠡ ᠵᠡᠷᠭᠡ ᠲᠤᠯᠤᠭᠠᠶᠢᠯᠠᠭᠴᠢ ᠵᠢᠱᠢᠶ᠎ᠡ ᠦᠵᠡᠭᠦᠯᠬᠦ ᠲᠥᠷᠥᠯ ᠵᠦᠶᠯ ᠤᠨ | ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠨᠣᠯᠤᠤᠷ ᠤᠨ ᠢᠮᠠᠭ᠎ᠠ᠂ ᠠᠯᠠᠰᠢᠨ ᠬᠤᠨᠢ᠂ ᠠᠯᠠᠰᠢᠨ ᠦᠬᠡᠷ᠂ | ᠨᠠᠷᠠᠨᠬᠤᠸᠠᠷ ᠵᠡᠷᠭᠡ 4 ᠠᠵᠤ ᠦᠶᠯᠡᠰ ᠤᠨ ᠰᠦᠷᠦᠭᠵᠢᠯ ᠢ ᠭᠤᠤᠯᠳᠠᠯᠭ᠎ᠠ ᠲᠠᠢ ᠪᠣᠶ ᠪᠣᠯᠭᠠᠨ᠎ᠠ︔ 1.1 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ ᠪᠠᠶᠢᠭᠤᠯᠵᠤ᠂ 6000 ᠮᠤ᠋ ᠲᠠᠷᠢᠶᠠᠨ ᠭᠠᠵᠠᠷ ᠤᠨ ᠬᠥᠮᠥᠷᠭᠡ ᠶᠢ ᠨᠥᠬᠦᠪᠥᠷᠢᠯᠡᠬᠦ ᠲᠥᠷᠥᠯ ᠵᠦᠢᠯ ᠢ ᠬᠡᠷᠡᠭᠵᠢᠭᠦᠯᠦᠨ᠎ᠡ︔ ᠭᠤᠣᠯ ᠳᠠᠭᠠᠤ ᠬᠤᠵᠢᠷᠯᠢᠭ | ᠭᠠᠵᠠᠷ ᠢ ᠤᠰᠣᠯᠠᠬᠤ ᠪᠠ ᠤᠰᠤ ᠵᠠᠯᠠᠬᠤ ᠰᠢᠰᠲ᠋ᠧᠮ ᠢ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ︽ᠲᠤᠲᠤᠷᠭ᠎ᠠ + ᠰᠠᠮ ᠬᠤᠷᠣᠬᠠᠢ + | ᠨᠠᠢᠮᠠᠯᠵᠢ︾ ᠵᠡᠷᠭᠡ ᠣᠯᠠᠨ ᠡᠰᠢᠳᠤ ᠥᠨᠳᠥᠷ ᠪᠦᠲᠦᠮᠵᠢᠲᠡᠢ ᠲᠠᠷᠢᠵᠤ ᠲᠡᠵᠢᠭᠡᠬᠦ ᠵᠠᠭᠪᠤᠷ ᠢ ᠶᠡᠬᠡᠪᠡᠷ ᠬᠡᠷᠡᠭᠵᠢᠭᠦᠯᠵᠦ᠂ ᠪᠦᠬᠦ ᠬᠤᠲᠠ ᠶᠢᠨ ︽ᠤᠰᠤᠨ ᠭᠠᠷᠤᠯᠲᠠ + | ᠬᠤᠵᠢᠷᠯᠢᠭ ᠭᠠᠵᠠᠷ ᠤᠨ ᠦᠬᠡᠷᠡᠴᠢᠯᠡᠯᠲᠡ︾ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ︔ ᠰᠢᠯᠢᠳᠡᠭ ᠡᠬᠦᠯᠳᠡᠷ ᠪᠤᠶᠢᠵᠢᠭᠤᠯᠬᠤ ᠠᠵᠢᠯ ᠢ | ᠢᠳᠡᠪᠬᠢᠲᠡᠢ ᠥᠷᠨᠢᠭᠦᠯᠵᠦ᠂ ᠡᠭᠦᠯᠳᠡᠷ ᠤᠨ ᠠᠵᠤ ᠦᠢᠯᠡᠰ ᠢ ᠪᠣᠶᠢᠵᠢᠭᠤᠯᠤᠨ᠎ᠠ︔ ᠣᠷᠣᠨ ᠨᠤᠲᠤᠭ ᠤᠨ ᠨᠡᠷᠡᠲᠦ ᠲᠡᠮᠳᠡᠭ ᠢ ᠪᠤᠶᠢᠵᠢᠭᠤᠯᠬᠤ ᠪᠠ ᠬᠠᠮᠠᠭᠠᠯᠠᠬᠤ ᠶᠢ | ᠴᠢᠬᠤᠯᠠᠴᠢᠯᠠᠵᠤ᠂ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠪᠦᠬᠦ ᠬᠦᠴᠦᠨ ᠢᠶᠠᠷ | ᠳᠡᠭᠡᠭᠰᠢᠯᠡᠭᠦᠯᠦᠨ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ ᠨᠢᠭᠡ ᠰᠢᠨ᠎ᠡ︾ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ 5 ᠰᠢᠨ᠎ᠡ ᠪᠠᠷ | ᠨᠡᠮᠡᠭᠳᠡᠭᠦᠯᠵᠦ᠂ ᠬᠤᠲᠠ ᠶᠢᠨ ᠳᠡᠰ ᠠᠴᠠ ᠳᠡᠭᠡᠭᠰᠢᠬᠢ ᠲᠣᠯᠣᠭᠠᠶᠢᠯᠠᠭᠴᠢ ᠠᠵᠤ ᠠᠬᠤᠶᠢᠯᠠᠯ ᠪᠠ ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢ 2 ᠰᠢᠨ᠎ᠡ ᠪᠠᠷ | ᠨᠡᠮᠡᠭᠳᠡᠭᠦᠯᠦᠨ᠎ᠡ᠃ ᠬᠤᠶᠠᠷ ᠲᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠳᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠰᠢᠯᠵᠢᠯᠲᠡ ᠶᠢᠨ | ᠬᠤᠭᠤᠴᠠᠭᠠᠨ ᠳᠤ ︽ᠳᠥᠷᠪᠡ ᠶᠢ ᠰᠠᠯᠭᠠᠬᠤ ᠦᠬᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ | ᠣᠨᠴᠠᠭᠠᠶ ᠬᠦᠴᠢᠷᠳᠡᠯᠲᠡᠶ ᠬᠥᠮᠦᠰ᠂ ᠠᠮᠠᠷᠬᠠᠨ ᠶᠠᠳᠠᠭᠤᠷᠠᠬᠤ ᠡᠷᠦᠬᠡ ᠶᠢ ᠬᠥᠳᠡᠯᠦᠩᠭᠦᠶ ᠪᠠᠷ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ 5 ᠭᠠᠴᠠᠭ᠎ᠠ ᠲᠣᠰᠬᠤᠨ᠂ ᠲᠠᠪᠤᠨ ᠣᠳᠣᠨ ᠲᠡᠰ ᠤᠨ 3 ᠵᠢᠱᠢᠶ᠎ᠡ ᠦᠵᠡᠭᠦᠯᠬᠦ ᠲᠣᠰᠬᠤᠨ ᠢ ᠬᠦᠴᠦᠯᠡᠨ ᠪᠠᠶᠢᠭᠤᠯᠵᠤ᠂ ᠬᠠᠷ᠎ᠠ | ᠮᠥᠭᠦ᠂ ᠰᠠᠭᠠᠯᠢ ᠶᠢᠨ ᠢᠮᠠᠭ᠎ᠠ᠂ ᠬᠣ᠋ ᠶᠠᠩ ᠬᠤᠨᠢ᠂ ᠴᠤᠤ ᠲᠢᠶᠠᠨ ᠯᠠᠵᠤᠤ᠂ ᠠᠯᠠᠰᠢᠨ ᠦᠬᠡᠷ ᠵᠡᠷᠭᠡ ᠣᠨᠴᠠᠯᠢᠭᠲᠤ ᠠᠵᠤ ᠦᠢᠯᠡᠰ ᠤᠨ ᠬᠡᠪᠴᠢᠶ᠎ᠡ ᠶᠢ | ᠦᠷᠭᠦᠯᠵᠢᠯᠡᠨ ᠪᠤᠵᠠᠭᠠᠶᠢᠷᠠᠭᠤᠯᠤᠨ᠎ᠠ᠃ ︽ᠠᠵᠤ ᠠᠬᠤᠶᠢᠯᠠᠯ ᠢᠶᠠᠷ ᠲᠣᠰᠬᠤᠨ ᠢᠶᠠᠨ ᠮᠠᠨᠳᠤᠭᠤᠯᠬᠤ︾ ᠠᠵᠢᠯᠯᠠᠭ᠎ᠠ ᠶᠢ ᠦᠷᠨᠢᠬᠦᠯᠵᠤ᠂ ᠬᠠᠮᠲᠤ ᠶᠢᠨ ᠠᠵᠤ ᠠᠬᠤᠢ | ᠶᠢᠨ ᠰᠢᠯᠢᠳᠡᠭ ᠲᠥᠷᠥᠯ ᠵᠦᠢᠯ ᠪᠠ ᠲᠤᠰᠬᠠᠢ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠶᠢ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠴᠦᠮ 12 ᠲᠦᠮᠡᠨ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠬᠤ ᠶᠢᠨ ᠬᠠᠮᠲᠤ᠂ 50 ᠲᠦᠮᠡᠨ | ᠲᠥᠭᠦᠷᠢᠭ᠂ 100 ᠲᠦᠮᠡᠨ ᠲᠥᠭᠦᠷᠢᠭ ᠠᠴᠠ ᠳᠡᠭᠡᠭᠰᠢᠬᠢ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠪᠣᠶᠢᠵᠢᠭᠤᠯᠤᠨ᠎ᠠ᠃ ᠭᠤᠷᠪᠠ ᠳᠤ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠦᠷᠨᠢᠬᠦᠯᠦᠨ᠎ᠡ᠃ ᠭᠠᠴᠠᠭ᠎ᠠ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠠᠶᠢᠯ ᠲᠣᠰᠬᠤᠨ ᠤ ᠪᠠᠶᠢᠷᠢᠰᠢᠭᠤᠯᠤᠯ ᠢ ᠵᠦᠢ ᠵᠣᠬᠢᠰᠲᠠᠶ ᠲᠣᠭᠲᠠᠭᠠᠬᠤ ᠬᠡᠷᠡᠭᠲᠡᠶ ᠃ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ 3 ᠰᠠᠭᠤᠷᠢ ᠬᠤᠭ ᠨᠣᠪᠰᠢ ᠪᠤᠯᠠᠬᠤ ᠲᠠᠯᠠᠪᠠᠢ ᠶᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠪᠦᠬᠦ ᠲᠠᠯ᠎ᠠ ᠪᠠᠷ ᠠᠰᠢᠭᠯᠠᠯᠲᠠ ᠳᠤ | ᠣᠷᠣᠭᠤᠯᠣᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ︽ᠵᠣᠷᠯᠣᠩ ᠤᠨ ᠰᠢᠨᠡᠴᠢᠯᠡᠯᠲᠡ︾ ᠶᠢ | ᠠᠬᠢᠭᠤᠯᠵᠤ᠂ ︽ᠳᠥᠷᠪᠡ ᠶᠢ ᠡᠵᠡᠮᠳᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠶᠢ ︽ᠪᠦᠬᠦ ᠰᠢᠶᠠᠨ ᠢᠶᠠᠷ ᠢᠶᠠᠨ ᠠᠬᠢᠭᠤᠯᠬᠤ︾ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ᠃ | ︵ᠭᠤᠷᠪᠠ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠬᠦᠴᠦᠯᠡᠨ ᠠᠬᠢᠭᠤᠯᠵᠤ᠂ ᠡᠯ᠎ᠡ ᠲᠠᠯ᠎ᠠ ᠶᠢᠨ ᠠᠵᠢᠯ ᠤᠨ ᠢᠳᠡᠪᠬᠢ | ᠬᠦᠴᠦᠨ ᠢ ᠠᠮᠢᠯᠠᠭᠤᠯᠬᠤ ᠰᠢᠨ᠎ᠡ ᠠᠷᠭ᠎ᠠ ᠵᠠᠮ ᠢ ᠦᠷᠭᠡᠳᠭᠡᠶᠡ᠃ ᠨᠢᠭᠡ ᠳᠤ᠂ ᠰᠣᠶᠣᠯ ᠵᠢᠭᠤᠯᠴᠢᠯᠠᠯ ᠤᠨ ᠳᠠᠲᠠᠯᠲᠠ ᠶᠢᠨ ᠬᠦᠴᠦᠨ ᠢ ᠥᠷᠭᠡᠳᠬᠡᠨ᠎ᠡ᠃ ᠪᠥᠬᠦ | ᠣᠷᠣᠨ ᠪᠦᠰᠡ ᠶᠢᠨ ᠵᠢᠭᠤᠯᠴᠢᠯᠠᠯ ᠪᠠ ᠬᠥᠪᠴᠢ ᠶᠢᠨ ᠤᠰᠤᠨ ᠠᠮᠢ ᠠᠬᠤᠶ ᠶᠢᠨ ᠵᠢᠭᠤᠯᠴᠢᠯᠠᠯ ᠤᠨ ᠲᠥᠯᠥᠪᠵᠢᠭᠦᠯᠭᠡ ᠶᠢ ᠪᠡᠶᠡᠯᠡᠭᠦᠯᠵᠦ᠂ ᠲᠠᠯ᠎ᠠ ᠨᠤᠲᠤᠭ᠂ ᠡᠯᠡᠰᠦ | ᠮᠠᠩᠬ᠎ᠠ᠂ ᠤᠰᠤᠨ ᠠᠮᠢ ᠠᠬᠤᠶ ᠵᠡᠷᠭᠡ ᠪᠠᠶᠢᠭᠠᠯᠢ ᠶᠢᠨ ᠦᠵᠡᠮᠵᠢ ᠳᠤ ᠬᠠᠮᠠᠭᠠᠯᠠᠯᠲᠠ ᠶᠢᠨ ᠴᠢᠨᠠᠷᠲᠠᠶ ᠨᠡᠭᠡᠭᠡᠯᠲᠡ ᠬᠢᠵᠦ᠂ ᠣᠷᠳᠣᠰ ᠲᠠᠯ᠎ᠠ ᠨᠤᠲᠤᠭ ᠦᠵᠡᠮᠵᠢ ᠶᠢᠨ | ᠣᠷᠣᠨ ᠤ ᠶᠠᠰᠤ ᠴᠢᠨᠠᠷ ᠢ ᠰᠠᠶᠢᠵᠢᠷᠠᠭᠤᠯᠤᠨ᠂ ᠳᠠᠭᠤᠲᠤ ᠨᠠᠭᠤᠷ ᠢ 5 A ᠲᠠᠰ ᠤᠨ ᠦᠵᠡᠮᠵᠢ ᠶᠢᠨ ᠣᠷᠣᠨ ᠪᠣᠯᠭᠠᠵᠤ᠂ ᠪᠦᠷᠢᠶ᠎ᠡ ᠮᠠᠩᠬ᠎ᠠ ᠶᠢᠨ ᠬᠤᠶᠠᠳᠤᠭᠠᠷ | ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠂ ᠶᠢᠨ ᠱᠠ ᠯᠢᠩ ᠵᠢᠭᠤᠯᠴᠢᠯᠠᠯ ᠤᠨ ᠣᠷᠣᠨ᠂ ᠰᠢ ᠪᠧᠶ ᠲᠢᠶᠧ ᠵᠢᠶᠦ᠋ᠨ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠤᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠶᠡᠬᠡᠨ᠋ᠤᠰᠤ ᠶᠢᠨ ᠬᠠᠯᠠᠭᠤᠨ ᠷᠠᠰᠢᠶᠠᠨ ᠤ ᠡᠬᠢ ᠪᠠᠶᠠᠯᠢᠭ ᠢ ᠠᠮᠢᠯᠠᠭᠤᠯᠤᠨ᠎ᠠ᠃ ᠬᠤᠶᠠᠷ ᠲᠤ | ᠠᠷᠠᠯᠵᠢᠶ᠎ᠠ ᠬᠤᠳᠠᠯᠳᠤᠭ᠎ᠠ ᠪᠠᠷᠠᠭ᠎ᠠ ᠭᠦᠶᠯᠭᠡᠭᠡᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ +︾ ᠣᠳᠣ ᠦᠶ᠎ᠡ ᠶᠢᠨ ᠲᠠᠷᠢᠶᠠᠯᠠᠩ | ᠮᠠᠯ ᠠᠵᠤ ᠠᠬᠤᠢ ᠶᠢ ᠲᠦᠷᠭᠡᠳᠬᠡᠨ ᠠᠬᠢᠭᠤᠯᠵᠤ᠂ ︽ᠲᠢᠶᠠᠨ ᠮᠦ ᠱᠦᠸᠧ ᠹᠠᠩ︾ ᠣᠷᠣᠨ ᠨᠣᠲᠤᠭ ᠤᠨ ᠪᠠᠷᠠᠭᠠᠨ ᠲᠡᠮᠲᠡᠭ ᠤᠨ ᠬᠦᠷᠢᠶᠡᠯᠡᠯ ᠢ ᠦᠷᠭᠦᠯᠵᠢᠯᠡᠨ | ᠥᠷᠭᠡᠳᠬᠡᠵᠦ᠂ ᠣᠨᠴᠠᠯᠢᠭᠲᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠠᠷᠠᠭ᠎ᠠ ᠬᠠᠩᠭᠠᠬᠤ ᠰᠠᠭᠤᠷᠢᠨ ᠭᠠᠵᠠᠷ ᠢ | ᠰᠦᠪᠡᠭᠴᠢᠯᠡᠨ ᠪᠠᠶᠢᠭᠤᠯᠵᠤ᠂ ᠨᠠᠩ ᠣᠯᠠᠨ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠭᠤᠳ ᠬᠡᠷᠡᠭᠯᠡᠭᠴᠢᠳ ᠲᠤ ᠬᠠᠨᠳᠤᠭᠤᠯᠬᠤ ᠶᠢ | ᠠᠬᠢᠭᠤᠯᠤᠨ᠎ᠠ᠃ ᠪᠠᠯᠭᠠᠰᠤᠨ ᠤ ᠲᠣᠭᠤᠷᠢᠭ ᠤᠨ ᠬᠤᠳᠠᠯᠳᠤᠭᠠᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠢᠭᠡ ᠥᠷᠲᠡᠭᠡᠴᠢᠯᠡᠭᠰᠡᠨ | ᠶᠡᠷᠦᠩᠬᠡᠶᠢᠯᠡᠭᠰᠡᠨ ᠬᠤᠳᠠᠯᠳᠤᠭᠠᠨ ᠤ ᠲᠥᠪ ᠢ ᠡᠬᠢᠯᠡᠭᠦᠯᠦᠨ᠎ᠡ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠭᠤᠷᠪᠠ ᠳᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠤᠯᠭᠠᠭᠤᠷᠢᠯᠠᠬᠤ ᠬᠦᠴᠦᠨ ᠢ ᠨᠡᠮᠡᠭᠳᠡᠭᠦᠯᠦᠨ᠎ᠡ᠃ ᠮᠥᠩᠭᠦᠨ ᠭᠦᠶᠯᠭᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ | ᠥᠷᠨᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ᠂ ︽ᠲᠠᠷᠢᠶᠠᠯᠠᠩ ᠮᠠᠯ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠪᠠ ᠰᠢᠨᠵᠢᠯᠡᠭᠡ | ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠮᠥᠩᠭᠦᠨ ᠭᠦᠶᠯᠭᠡᠭᠡᠨ ᠤ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠨᠣᠷᠮ᠎ᠠ ᠶᠢ 70 % ᠠᠴᠠ | ᠳᠡᠭᠡᠭᠰᠢ ᠪᠣᠯᠭᠠᠵᠤ᠂ ᠲᠣᠮᠣ ᠴᠢᠬᠤᠯᠠ ᠲᠥᠷᠥᠯ ᠵᠦᠶᠯ ᠡᠵᠡᠩᠨᠡᠭᠰᠡᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠨᠣᠷᠮ᠎ᠠ ᠶᠢ 90 % ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ | ︵ᠳᠥᠷᠪᠡ︶ ᠬᠤᠳᠠᠯᠳᠤᠭ᠎ᠠ ᠡᠵᠡᠩᠨᠡᠬᠦ ᠲᠡᠷᠢᠭᠦᠨ ᠵᠡᠷᠭᠡ ᠶᠢᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠵᠤ᠂ ᠡᠯ᠎ᠡ ᠲᠠᠯ᠎ᠠ ᠶᠢᠨ ᠠᠵᠢᠯ ᠤᠨ ᠢᠳᠡᠪᠬᠢ | ᠬᠦᠴᠦᠨ ᠢ ᠠᠮᠢᠯᠠᠭᠤᠯᠬᠤ ᠦᠨᠳᠦᠰᠦᠨ ᠠᠮᠢᠵᠢᠷᠠᠯ ᠤᠨ ᠬᠦᠴᠦᠨ ᠢ ᠬᠤᠷᠠᠮᠳᠠᠭᠤᠯᠤᠨᠠ᠃ ᠨᠢᠭᠡ ᠳᠤ ᠪᠡᠯᠡ ᠣᠷᠣᠭᠤᠯᠬᠤ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠢ ᠣᠷᠣᠨ ᠨᠣᠲᠤᠭ ᠲᠤ ᠰᠠᠭᠤᠷᠢᠰᠢᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠨᠠᠷᠢᠯᠢᠭ | ᠣᠨᠣᠪᠴᠢᠲᠠᠶ ᠪᠠᠷ ᠬᠦᠴᠦᠯᠡᠨ᠂ ᠨᠡᠭᠡᠭᠡᠯᠲᠡ ᠶᠢᠨ ᠲᠣᠭᠤᠷᠢᠭ ᠤᠨ ᠣᠷᠣᠨ ᠪᠦᠰᠡ ᠶᠢᠨ ᠴᠢᠨᠠᠷᠲᠠᠶ ᠦᠨᠡᠯᠡᠨ ᠵᠢᠱᠢᠬᠦ ᠠᠵᠢᠯ ᠢ ᠲᠦᠷᠭᠡᠳᠬᠡᠨ ᠠᠬᠢᠭᠤᠯᠵᠤ᠂ | ᠦᠶᠯᠡᠴᠢᠯᠡᠭᠡ ᠪᠠᠨ ᠭᠦᠢᠴᠡᠳ ᠬᠠᠩᠭᠠᠬᠤ ᠶᠢ ᠪᠠᠷᠢᠮᠲᠠᠯᠠᠨ᠂ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠣᠷᠣᠬᠤ ᠲᠥᠷᠥᠯ ᠵᠦᠶᠯ ᠢ ᠬᠢᠨᠠᠨ ᠵᠥᠪᠰᠢᠶᠡᠷᠡᠬᠦ | ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠬᠠᠪᠰᠤᠷᠤᠨ ᠭᠦᠢᠴᠡᠳᠭᠡᠬᠦ ᠪᠠ ᠣᠷᠣᠯᠠᠨ ᠭᠦᠶᠴᠡᠳᠬᠡᠬᠦ | ᠲᠣᠭᠲᠠᠴᠠ ᠶᠢ ᠬᠡᠷᠡᠭᠵᠢᠭᠦᠯᠦᠨ᠎ᠡ᠃ ᠵᠡᠷᠭᠡᠴᠡᠭᠦᠯᠦᠨ ᠬᠢᠨᠠᠨ ᠵᠥᠪᠰᠢᠶᠡᠷᠡᠬᠦ᠂ ᠳᠤᠲᠠᠭᠳᠠᠯ ᠢ ᠲᠠᠯ᠎ᠠ ᠶᠢ ᠨᠢ ᠠᠭᠤᠴᠢᠯᠠᠨ ᠠᠪᠴᠤ ᠰᠢᠶᠳᠪᠦᠷᠢᠯᠡᠬᠦ ᠵᠡᠷᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠦᠴᠦᠯᠡᠨ ᠠᠬᠢᠭᠤᠯᠵᠤ᠂ ᠠᠵᠤ ᠦᠶᠯᠡᠳᠪᠦᠷᠢ ᠶᠢᠨ ᠲᠥᠷᠥᠯ ᠵᠦᠶᠯ ᠳᠤ ᠬᠡᠷᠡᠭᠯᠡᠬᠦ ︽ᠪᠠᠷᠢᠮᠵᠢᠶᠠᠲᠤ ᠭᠠᠵᠠᠷ︾ ᠢ | ᠰᠢᠯᠵᠢᠭᠦᠯᠦᠨ ᠥᠭᠬᠦ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠰᠦᠪᠡᠭᠴᠢᠯᠡᠨ᠎ᠡ᠃ ᠬᠤᠶᠠᠷ ᠲᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ᠃ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠶᠢ ᠨᠠᠶᠢᠳᠠᠪᠤᠷᠢᠵᠢᠭᠤᠯᠤᠨ᠂ ᠬᠤᠰᠢᠭᠤ ᠪᠠᠯᠭᠠᠰᠤ | ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠨ᠎ᠡ | ᠲᠢᠩᠬᠢᠮ ᠢ ᠪᠡᠯᠡᠳᠬᠡᠨ ᠪᠠᠶᠢᠭᠤᠯᠵᠤ᠂ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ︽ | ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠭᠦᠨᠵᠡᠭᠡᠶ ᠠᠬᠢᠭᠤᠯᠵᠤ᠂ ᠠᠵᠤ ᠠᠬᠤᠶᠢᠯᠠᠯ ᠳᠤ | ᠬᠠᠮᠤᠭ ᠤᠨ ᠶᠡᠭᠡ ᠬᠡᠮᠵᠢᠶ᠎ᠡ ᠪᠠᠷ ᠠᠰᠢᠭ ᠬᠦᠷᠲᠡᠭᠡᠵᠦ᠂ ᠠᠷᠠᠳ ᠲᠤ ᠲᠥᠬᠦᠮ ᠦᠵᠡᠭᠦᠯᠦᠨ᠎ᠡ᠃ ᠮᠥᠩᠬᠡ ᠰᠤᠪᠠᠭ ᠢᠶᠠᠷ ︽ᠳᠥᠷᠪᠡ ᠶᠢ ᠭᠦᠢᠴᠡᠳᠬᠡᠬᠦ︾ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠥᠨᠳᠥᠷ ᠳᠠᠪᠲᠠᠮᠵᠢᠲᠤ ᠦᠢᠯᠡᠴᠢᠯᠡᠭᠡᠨ ᠤ | ᠵᠦᠢᠯᠡᠰ ᠢ ︽ᠨᠢᠭᠡ ᠤᠳᠠᠭ᠎ᠠ ᠴᠤ ᠭᠦᠶᠦᠯᠭᠡᠬᠦ ᠦᠭᠡᠶ︾ ᠪᠠᠶᠢᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠭ᠎ᠠ ᠪᠠᠷᠢᠮᠲᠠ ᠶᠢ | ᠬᠠᠷᠢᠯᠴᠠᠨ ᠠᠪᠴᠠᠯᠳᠤᠭᠤᠯᠵᠤ ᠬᠠᠮᠲᠤ ᠪᠠᠷ ᠠᠰᠢᠭᠯᠠᠬᠤ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ ᠳᠠᠬᠢᠨ | ᠪᠠᠶᠢᠭᠤᠯᠵᠤ᠂ ᠣᠯᠠᠨ ᠲᠠᠰ ᠳᠠᠪᠬᠤᠷᠭ᠎ᠠ ᠪᠥᠬᠦᠶ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠭᠤᠷᠪᠠ ᠳᠤ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠥᠭᠡᠷᠡᠴᠢᠯᠡᠬᠦ ᠭᠤᠷᠪᠠᠨ ᠵᠢᠯ ᠤᠨ ᠠᠵᠢᠯᠯᠠᠭᠠᠨ ᠤ | ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠤᠯᠠᠮ ᠨᠢᠭᠡ ᠠᠯᠬᠤᠮ ᠳᠡᠮᠵᠢᠨ ᠪᠤᠵᠠᠭᠠᠶᠢᠷᠠᠭᠤᠯᠵᠤ᠂ ᠡᠯ᠎ᠡ | ᠲᠥᠷᠥᠯ ᠤᠨ ᠡᠬᠢ ᠪᠠᠶᠠᠯᠢᠭ ᠡᠳ᠋ ᠬᠥᠷᠥᠩᠭᠡ ᠶᠢᠨ ᠭᠤᠣᠯ ᠠᠨᠢᠰᠣ ᠶᠢ ᠡᠮᠬᠢᠯᠡᠨ ᠨᠡᠶᠢᠯᠡᠭᠦᠯᠵᠦ᠂ ᠳᠠᠪᠠᠭᠤᠯᠢᠭ ᠲᠠᠯ᠎ᠠ ᠪᠠᠨ ᠬᠥᠭᠵᠢᠭᠦᠯᠬᠦ ᠲᠠᠪᠴᠠᠩ ᠢ ᠪᠠᠶᠢᠭᠤᠯᠤᠨ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠬᠢᠭᠡᠳ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠶᠢ ᠬᠠᠮᠲᠤ ᠳᠤᠨᠢ ᠳᠡᠭᠡᠭᠰᠢᠯᠡᠭᠦᠯᠬᠦ ᠶᠢ | ᠪᠡᠶᠡᠯᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠪᠦᠬᠦ ᠬᠦᠴᠦ ᠪᠠᠷ ᠳᠡᠮᠵᠢᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ 1800 ᠠᠶᠢᠯ ᠠᠴᠠ ᠳᠡᠭᠡᠭᠰᠢ ᠰᠢᠨ᠎ᠡ ᠨᠡᠮᠡᠭᠳᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠥᠨᠳᠥᠷ ᠦᠷ᠎ᠡ ᠪᠦᠲᠦᠮᠵᠢᠲᠡᠶ | ᠶᠠᠪᠤᠭᠳᠠᠭᠤᠰᠢᠲᠠᠶ ᠠᠵᠢᠯ ᠤᠨ ᠰᠢᠰᠲ᠋ᠧᠮᠵᠢ ᠶᠢ ᠪᠠᠶᠢᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠣᠭᠰᠠᠨ ᠪᠣᠳᠠᠲᠤ ᠬᠡᠮᠵᠢᠶ᠎ᠡ ᠶᠢ 400 ᠳ᠋ᠦᠩᠰᠢᠭᠤᠷ | ᠲᠥᠭᠦᠷᠢᠭ ᠬᠦᠷᠦᠭᠦᠯᠦᠨ᠎ᠡ᠃ ᠳᠥᠷᠪᠡ ᠳᠤ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠨᠡᠭᠡᠭᠡᠨ ᠬᠥᠭᠵᠢᠭᠦᠯᠬᠦ ᠣᠷᠣᠨ ᠤ | ᠪᠠᠶᠢᠭᠤᠯᠤᠯ ᠤᠨ ᠳᠣᠭᠲᠠᠯᠴᠠᠭ᠎ᠠ ᠶᠢ ᠪᠥᠬᠦ ᠲᠠᠯ᠎ᠠ ᠪᠠᠷ ᠰᠢᠯᠤᠭᠤᠳᠬᠠᠵᠤ᠂ ᠵᠥᠪ ᠴᠢᠭᠯᠡᠯ ᠢᠶᠠᠷ ᠤᠷᠮᠠᠰᠢᠭᠤᠯᠬᠤ ᠳᠣᠭᠲᠠᠯᠴᠠᠭ᠎ᠠ ᠶᠢ ᠪᠠᠶᠢᠭᠤᠯᠤᠨ᠂ ᠰᠠᠭᠤᠷᠢ ᠪᠣᠯᠬᠤ | ᠴᠢᠬᠤᠯᠠ ᠨᠥᠬᠦᠴᠡᠯ ᠤᠨ ᠲᠤᠯᠭᠠᠭᠤᠷᠢᠯᠠᠯ ᠢ ᠴᠢᠩᠭᠠᠳᠬᠠᠵᠤ᠂ ᠦᠶᠯᠡᠳᠪᠦᠷᠢᠯᠡᠯ ᠤᠨ ᠲᠥᠯᠥᠪᠵᠢᠭᠦᠯᠭᠡ᠂ ᠶᠡᠷᠦᠩᠬᠡᠶ ᠲᠥᠯᠥᠪᠵᠢᠭᠦᠯᠭᠡ᠂ ᠡᠵᠡᠮᠳᠡᠯ ᠤᠨ | ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠦᠨ᠂ ᠣᠶᠤᠨᠴᠢ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ | ᠢᠵᠢ ᠪᠥᠷᠢᠳᠦᠭᠦᠯᠬᠦ ᠲᠥᠬᠦᠭᠡᠷᠦᠮᠵᠢ ᠶᠢ ᠰᠢᠯᠢᠳᠡᠭᠵᠢᠭᠦᠯᠦᠨ᠂ ᠬᠦᠴᠦᠳᠡᠯ ᠥᠭᠡᠷᠡᠴᠢᠯᠡᠬᠦ ᠴᠠᠬᠢᠯᠭᠠᠨ ᠥᠷᠲᠡᠭᠡᠨ ᠤ ᠪᠠᠭᠲᠠᠭᠠᠮᠵᠢ ᠶᠢ ᠥᠷᠭᠡᠳᠬᠡᠬᠦ᠂ ᠪᠣᠬᠢᠷ ᠤᠰᠤ | ᠰᠢᠶᠳᠪᠦᠷᠢᠯᠡᠬᠦ ᠦᠶᠯᠡᠳᠪᠦᠷᠢ᠂ ᠬᠠᠶᠠᠭᠳᠠᠮᠠᠯ ᠰᠢᠭᠠᠷᠤ ᠰᠢᠶᠳᠪᠦᠷᠢᠯᠡᠬᠦ ᠦᠶᠯᠡᠳᠪᠦᠷᠢ᠂ ᠤᠰᠤ ᠬᠠᠩᠭᠠᠬᠤ ᠢᠨᠵᠧᠨᠧᠷᠢᠩ ᠵᠡᠷᠭᠡ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠨᠡᠭᠡᠭᠡᠯᠲᠡ ᠶᠢᠨ ᠲᠣᠭᠤᠷᠢᠭ ᠢ ᠪᠥᠬᠦ ᠬᠤᠰᠢᠭᠤᠨ ᠤ ᠠᠵᠤ ᠦᠶᠯᠡᠳᠪᠦᠷᠢ ᠶᠢᠨ ᠠᠵᠤ ᠠᠬᠤᠶ ᠴᠢᠨᠠᠷ ᠰᠠᠶᠢᠲᠠᠶ ᠬᠥᠭᠵᠢᠬᠦ ᠭᠤᠤᠯ | ᠹᠷᠣᠨᠲ ᠪᠣᠯᠭᠠᠨ᠎ᠠ᠃ ᠲᠠᠪᠤ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠤᠷᠢᠭᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 2᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ 2᠂ ᠬᠤᠲᠠ ᠶᠢᠨ ᠲᠠᠰ ᠠᠴᠠ ᠳᠡᠭᠡᠭᠰᠢᠬᠢ ︽ᠥᠪᠡᠷᠮᠢᠴᠡ ᠣᠨᠴᠠᠯᠢᠭᠲᠤ︾ ᠠᠵᠤ ᠠᠬᠤᠶᠢᠯᠠᠯ 1 ᠰᠢᠨ᠎ᠡ ᠪᠠᠷ | ᠨᠡᠮᠡᠭᠳᠡᠭᠦᠯᠵᠦ᠂ ᠬᠤᠲᠠ ᠶᠢᠨ ᠲᠠᠰ ᠠᠴᠠ ᠳᠡᠭᠡᠭᠰᠢᠬᠢ 20 ᠵᠦᠶᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠣᠳᠣᠯᠣᠨ ᠣᠯᠵᠤ᠂ | 10 ᠠᠴᠠ ᠳᠡᠭᠡᠭᠰᠢᠬᠢ ᠵᠦᠶᠯ ᠢ ᠨᠢ ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠤᠨ᠎ᠠ᠃ | ︵ᠲᠠᠪᠤ︶ ᠬᠤᠲᠠ ᠬᠥᠳᠡᠭᠡ ᠬᠠᠮᠲᠤᠷᠠᠯᠵᠢᠨ ᠳᠠᠪᠰᠢᠬᠤ ᠶᠢ ᠬᠦᠴᠦᠯᠡᠨ ᠠᠬᠢᠭᠤᠯᠵᠤ᠂ ᠡᠯ᠎ᠡ ᠲᠠᠯ᠎ᠠ ᠶᠢᠨ ᠠᠵᠢᠯ ᠤᠨ ᠢᠳᠡᠪᠬᠢ ᠬᠦᠴᠦᠨ ᠢ | ᠠᠮᠢᠯᠠᠭᠤᠯᠬᠤ ᠨᠢᠭᠡᠳᠦᠯᠲᠡᠢ ᠪᠠᠶᠢᠷᠢᠯᠠᠭᠤᠯᠤᠯᠲᠠ ᠶᠢ ᠪᠦᠷᠢᠯᠳᠦᠭᠦᠯᠦᠨ᠎ᠡ᠃ ᠨᠢᠭᠡ ᠳᠤ ᠬᠤᠲᠠ ᠪᠠᠯᠭᠠᠰᠤᠨ ᠤ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢ ︽ | ᠨᠢᠭᠡ ᠵᠢᠷᠤᠭ︾ ᠢᠶᠠᠷ ᠲᠥᠰᠦᠪᠯᠡᠨ ᠪᠡᠶᠡᠯᠡᠭᠦᠯᠦᠨ᠎ᠡ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠪᠠ ᠬᠤᠲᠠ ᠶᠢᠨ ᠨᠠᠷᠢᠨ | ᠲᠥᠯᠥᠪᠵᠢᠭᠦᠯᠭᠡ ᠶᠢ ᠲᠦᠷᠭᠡᠨ ᠨᠠᠶᠢᠷᠠᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠪᠠ ᠴᠢᠬᠤᠯᠠ ᠠᠭᠤᠯᠵᠠᠷ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠦᠨ᠂ | ᠬᠤᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠮ ᠡᠮᠨᠡᠯᠭᠡ᠂ ᠰᠣᠶᠣᠯ ᠪᠣᠯᠪᠠᠰᠣᠷᠠᠯ | ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠭᠦᠭᠡᠷᠦᠮᠵᠢ ᠶᠢᠨ ᠲᠤᠰᠬᠠᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠡᠬᠢᠯᠡᠭᠦᠯᠵᠦ᠂ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠶᠢ ᠬᠤᠲᠠ ᠶᠢᠨ ᠲᠣᠭᠤᠷᠢᠭ ᠲᠤ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠲᠠᠷᠢᠶᠠᠠᠭᠤᠤᠯ | ᠬᠠᠮᠢᠶᠠᠷᠣᠯᠲᠠ ᠶᠢᠨ ᠵᠦᠪᠯᠡᠯ ᠢ ᠰᠢᠶᠠᠩ ᠪᠣᠯᠭᠠᠬᠤ ᠠᠵᠢᠯ ᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ ᠬᠤᠲᠠ ᠶᠢᠨ ᠪᠡᠶᠡᠴᠢ ᠴᠣᠭᠴᠠ ᠶᠢᠨ ᠴᠢᠳᠠᠮᠵᠢ ᠶᠢ | ᠲᠡᠭᠦᠯᠳᠡᠷᠵᠢᠭᠦᠯᠦᠨ᠎ᠡ᠃ ᠬᠤᠲᠠ ᠶᠢᠨ ᠵᠠᠬᠢᠷᠭᠠᠨ ᠤ ᠵᠠᠮ ᠬᠠᠷᠢᠯᠴᠠᠭᠠᠨ ᠤ ᠢᠨᠵᠧᠨᠧᠷᠢᠩ ᠢ ᠲᠡᠭᠦᠯᠳᠡᠷᠵᠢᠭᠦᠯᠵᠦ᠂ ᠯᠢᠨ ᠶᠢᠨ ᠬᠤᠶᠢᠲᠤ ᠵᠠᠮ ᠪᠣᠯᠣᠨ ᠶᠢᠦ ᠢ ᠶᠡᠭᠡ | ᠵᠡᠭᠡᠯᠢ ᠶᠢ ᠵᠠᠯᠭᠠᠯᠳᠤᠭᠤᠯᠤᠨ᠎ᠠ᠃ ᠢᠯᠠᠯᠲᠠ ᠬᠤᠶᠢᠲᠤ ᠵᠠᠮ᠂ 109 ᠤᠯᠤᠰ ᠤᠨ ᠵᠠᠮ ᠤᠨ ᠡᠮᠦᠨ᠎ᠡ ᠪᠡᠶ᠎ᠡ ᠵᠡᠷᠭᠡ ᠴᠢᠬᠤᠯᠠ ᠭᠠᠵᠠᠷ ᠤᠳ ᠤᠨ | ᠨᠣᠭᠤᠭᠠᠷᠠᠭᠤᠯᠤᠯᠲᠠ ᠢ ᠪᠡᠶᠡᠯᠡᠭᠦᠯᠵᠦ᠂ ᠰᠡᠯᠡᠭᠦᠴᠡᠨ ᠠᠮᠠᠷᠠᠬᠤ ᠵᠢᠵᠢᠭ ᠴᠡᠴᠡᠷᠯᠢᠭ ᠤᠳ ᠢ ᠪᠠᠶᠢᠭᠤᠯᠤᠨ᠎ᠠ᠃ ᠮᠠᠰᠢᠨ ᠲᠡᠷᠭᠡ ᠰᠡᠯᠪᠢᠨ ᠵᠠᠰᠠᠬᠤ ᠪᠣᠳᠠᠰ ᠤᠨ | ᠭᠦᠢᠯᠭᠡᠭᠡᠨ ᠤ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠵᠤ᠂ ᠳᠤᠮᠳᠠ ᠲᠣᠮᠣ ᠬᠡᠯᠪᠡᠷᠢ ᠶᠢᠨ ᠲᠡᠷᠭᠡᠨ ᠵᠣᠭᠰᠣᠭᠠᠯ ᠢ ᠲᠥᠯᠥᠪᠵᠢᠭᠦᠯᠦᠨ ᠪᠠᠶᠢᠭᠤᠯᠤᠨ᠎ᠠ | ᠃ ᠡᠮᠦᠨ᠎ᠡ ᠲᠤᠭᠤᠷᠢᠭ ᠤᠨ ᠬᠠᠭᠤᠴᠢᠨ ᠣᠷᠣᠨ ᠰᠠᠭᠤᠴᠠ ᠶᠢᠨ ᠪᠠᠷᠢᠯᠭ᠎ᠠ ᠶᠢ ᠪᠦᠲᠦᠮᠵᠢᠲᠡᠢ ᠲᠥᠯᠥᠪᠵᠢᠭᠦᠯᠦᠨ᠂ ᠬᠠᠮᠠᠭᠠᠯᠠᠯᠲᠠ ᠶᠢᠨ ᠴᠢᠨᠠᠷᠲᠠᠢ ᠪᠠᠷ ᠨᠡᠭᠡᠭᠡᠨ | ᠠᠰᠢᠭᠯᠠᠵᠤ᠂ ᠥᠨᠳᠥᠷ ᠪᠠᠷᠢᠮᠵᠢᠶ᠎ᠠ ᠪᠠᠷ ᠰᠢᠨᠡᠳᠭᠡᠨ ᠥᠭᠡᠷᠡᠴᠢᠯᠡᠨ᠎ᠡ᠃ ᠬᠠᠭᠤᠴᠢᠨ ᠲᠣᠭᠤᠷᠢᠭ ᠢ ᠥᠭᠡᠷᠡᠴᠢᠯᠡᠵᠦ ᠳᠠᠬᠢᠨ ᠨᠡᠭᠦᠯᠭᠡᠨ ᠲᠥᠪᠬᠢᠨᠡᠭᠦᠯᠬᠦ ᠠᠵᠢᠯ ᠢ ᠪᠦᠬᠦ | ᠲᠠᠯ᠎ᠠ ᠪᠠᠷ ᠪᠡᠶᠡᠯᠡᠭᠦᠯᠦᠨ᠎ᠡ᠃ ᠴᠡᠪᠡᠷ ᠡᠨᠧᠷᠭᠢ ᠪᠠᠷ ᠢᠯᠴᠢ ᠬᠠᠩᠭᠠᠬᠤ ᠢᠨᠵᠧᠨᠧᠷᠢᠩ ᠢ ᠢᠳᠡᠪᠬᠢᠲᠡᠢ ᠲᠡᠳᠡᠨ ᠣᠷᠣᠭᠤᠯᠬᠤ ᠪᠠ ᠬᠡᠷᠡᠭᠵᠢᠭᠦᠯᠵᠦ᠂ ᠰᠠᠭᠤᠭᠠᠯᠢ | ᠲᠣᠭᠤᠷᠢᠭ ᠤᠨ ᠬᠤᠶᠠᠳᠠᠬᠢ ᠤᠳᠠᠭᠠᠨ ᠤ ᠬᠤᠭᠤᠯᠠᠢ ᠲᠣᠣᠷ ᠤᠨ ᠥᠭᠡᠷᠡᠴᠢᠯᠡᠯᠲᠡ ᠶᠢ ᠡᠬᠢᠯᠡᠭᠦᠯᠦᠨ᠂ ᠰᠠᠭᠤᠭᠠᠯᠢ ᠲᠣᠭᠤᠷᠢᠭ ᠲᠤ ᠢᠯᠴᠢ ᠬᠠᠩᠭᠠᠬᠤ ᠴᠢᠨᠠᠷ | ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ ᠠᠭᠠᠷ ᠰᠡᠷᠭᠡᠶᠢᠯᠡᠯᠲᠡ ᠶᠢᠨ ᠰᠠᠭᠤᠷᠢᠨ ᠭᠠᠵᠠᠷ ᠪᠠ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠲᠥᠪ ᠢ ᠪᠠᠶᠢᠭᠤᠯᠤᠨ᠎ᠠ᠃ ᠪᠦᠲᠦᠭᠡᠨ ᠪᠠᠶᠢᠭᠤᠯᠤᠭᠰᠠᠨ ᠪᠠᠷᠢᠯᠭ᠎ᠠ ᠤᠳ ᠤᠨ ᠭᠠᠯ ᠰᠡᠷᠭᠡᠶᠢᠯᠡᠬᠦ ᠴᠢᠳᠠᠮᠵᠢ ᠨᠢ ᠪᠠᠭᠤᠷᠠᠢ ᠪᠠᠶᠢᠭ᠎ᠠ ᠦᠯᠡᠳᠡᠭᠳᠡᠵᠦ ᠢᠷᠡᠭᠰᠡᠨ | ᠠᠰᠠᠭᠤᠳᠠᠯ ᠢ ᠲᠦᠷᠭᠡᠨ ᠰᠢᠢᠳᠪᠦᠷᠢᠯᠡᠨ᠎ᠡ᠃ ᠭᠤᠷᠪᠠ ᠳᠤ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠬᠦ ᠤᠯᠤᠰ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠬᠤᠲᠠ ᠶᠢᠨ ᠵᠠᠬᠢᠷᠭᠠᠨ ᠤ ᠣᠯᠠᠨ | ᠨᠡᠶᠢᠲᠡ ᠶᠢᠨ ᠲᠥᠬᠦᠭᠡᠷᠦᠮᠵᠢ ᠶᠢ ᠥᠭᠡᠷᠡᠴᠢᠯᠡᠨ ᠵᠠᠰᠠᠵᠤ ᠠᠷᠠᠴᠢᠯᠠᠨ ᠬᠠᠮᠠᠭᠠᠯᠠᠬᠤ ᠶᠢ ᠲᠡᠭᠦᠯᠳᠡᠷᠵᠢᠭᠦᠯᠦᠨ᠂ 14 ᠬᠠᠭᠤᠴᠢᠨ ᠰᠠᠭᠤᠭᠠᠯᠢ ᠲᠣᠭᠤᠷᠢᠭ᠂ 10 ᠵᠡᠭᠡᠯᠢ | ᠭᠤᠳᠤᠮᠵᠢ᠂ 14 ᠭᠤᠤᠯ ᠳᠡᠳ᠋ ᠵᠠᠮ ᠤᠨ ᠬᠠᠵᠠᠭᠤ ᠲᠠᠯ᠎ᠠ ᠶᠢ ᠥᠭᠡᠷᠡᠴᠢᠯᠡᠬᠦ ᠵᠢᠴᠢ ᠰᠦᠯᠵᠢᠶ᠎ᠡ ᠬᠤᠯᠪᠤᠭᠠᠨ ᠤ ᠴᠠᠬᠢᠯᠭᠠᠨ ᠣᠲᠠᠰᠣ ᠶᠢ ᠴᠡᠭᠴᠡᠯᠡᠨ ᠵᠠᠰᠠᠬᠤ᠂ | ᠢᠵᠢ ᠪᠥᠷᠢᠳᠦᠭᠦᠯᠬᠦ ᠬᠤᠭᠤᠯᠠᠶ ᠲᠤᠤᠷ ᠢ ᠰᠡᠯᠪᠢᠨ ᠵᠠᠰᠠᠬᠤ ᠪᠠ ᠬᠤᠭᠤᠰᠣᠨ ᠭᠠᠵᠠᠷ ᠢ ᠱᠠᠯᠠᠯᠠᠨ ᠬᠠᠲᠠᠭᠤᠵᠢᠭᠤᠯᠬᠤ ᠠᠵᠢᠯ ᠢ ᠠᠬᠢᠭᠤᠯᠵᠤ᠂ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠱᠣᠩ ᠢ ᠲᠣᠬᠢᠷᠠᠭᠤᠯᠤᠨ ᠪᠠᠶᠢᠭᠤᠯᠬᠤ ᠠᠵᠢᠯ ᠢ ᠢᠳᠡᠪᠬᠢᠲᠡᠶ ᠠᠬᠢᠭᠤᠯᠤᠨ᠎ᠠ᠃ ᠠᠳᠠᠯ ᠠᠬᠤᠢ ᠶᠢᠨ | ᠦᠢᠯᠡᠴᠢᠯᠡᠭᠡ ᠶᠢ ᠰᠢᠯᠭᠠᠨ ᠬᠢᠨᠠᠵᠤ ᠦᠨᠡᠯᠡᠨ ᠵᠢᠱᠢᠬᠦ ᠵᠢᠴᠢ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠠᠳᠠᠯ ᠠᠬᠤᠢ ᠶᠢᠨ ᠦᠶᠯᠡᠴᠢᠯᠡᠭᠡᠨ ᠤ | ᠪᠠᠲᠤᠯᠠᠭ᠎ᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ︽ᠤᠶᠤᠨᠲᠤ ᠬᠠᠩᠭᠢᠨ︾ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠢ ᠦᠷᠭᠦᠯᠵᠢᠯᠡᠨ ᠠᠬᠢᠭᠤᠯᠤᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠰᠠᠭᠤᠭᠠᠯᠢ | ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ | ᠳᠥᠷᠪᠡ ᠳᠤ ᠰᠠᠭᠤᠷᠢ ᠪᠠᠲᠤᠯᠠᠭ᠎ᠠ ᠶᠢᠨ ᠲᠤᠤᠷ ᠰᠦᠯᠵᠢᠶ᠎ᠡ ᠶᠢ ᠪᠠᠶᠢᠭᠤᠯᠤᠨ᠎ᠠ᠃ X651 ᠢ ᠲᠠᠢ ᠠᠵᠤ ᠦᠢᠯᠡᠳᠪᠦᠷᠢ ᠶᠢᠨ ᠲᠣᠭᠤᠷᠢᠭ ᠠᠴᠠ ᠰᠢᠨᠡᠪᠠᠯᠭᠠᠰᠤ | ᠬᠦᠷᠬᠦ ᠵᠠᠮ ᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠂ S215 ᠰᠢᠨᠡᠪᠠᠯᠭᠠᠰᠤ ᠠᠴᠠ ᠦᠦᠰᠢᠨ ᠵᠤᠤ ᠬᠦᠷᠬᠦ ᠵᠠᠰᠠᠮᠠᠯ ᠵᠠᠮ ᠳᠡᠪᠢᠰᠬᠦ ᠠᠵᠢᠯ ᠢ | ᠡᠬᠢᠯᠡᠭᠦᠯᠬᠦ ᠪᠠᠷ ᠴᠢᠷᠮᠠᠶᠢᠵᠤ᠂ ᠰᠢᠨᠡᠪᠠᠯᠭᠠᠰᠣ ᠠᠴᠠ ᠳ᠋ᠧᠩᠺᠸᠦ ᠬᠦᠷᠬᠦ ᠵᠠᠰᠠᠮᠠᠯ ᠵᠠᠮ ᠤᠨ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠤᠯᠤᠰ ᠤᠨ | ᠮᠤᠵᠢ ᠶᠢᠨ ᠲᠡᠰ ᠤᠨ ᠵᠠᠮ ᠬᠠᠷᠢᠯᠴᠠᠭᠠᠨ ᠤ ᠲᠥᠯᠥᠪᠵᠢᠭᠦᠯᠪᠡ ᠪᠤᠶᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠣᠷᠣᠭᠤᠯᠤᠨ᠎ᠠ᠃ ᠬᠤᠯᠪᠤᠭᠠᠯᠵᠢ ᠶᠢᠨ ᠤᠮᠠᠷᠠᠲᠤ ᠳᠠᠬᠢ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡᠨ ᠤ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠢ ᠡᠬᠢᠯᠡᠭᠦᠯᠵᠦ᠂ ᠯᠢᠨ ᠾᠧ --- ᠰᠢᠨᠡᠪᠠᠯᠭᠠᠰᠤ --- ᠬᠤᠯᠪᠣᠭᠠᠯᠵᠢ ᠬᠦᠷᠬᠦ ᠲᠡᠮᠦᠷ ᠵᠠᠮ᠂ ᠲᠠᠷᠢᠶᠠᠠᠭᠤᠣᠯ ᠠᠴᠠ ᠬᠠᠨ ᠵᠢᠶᠠ ᠼᠦᠨ ᠬᠦᠷᠬᠦ ᠲᠡᠮᠦᠷ | ᠵᠠᠮ ᠪᠣᠯᠣᠨ ᠰᠢᠨᠡᠪᠠᠯᠭᠠᠰᠤ ᠠᠴᠠ ᠮᠣᠨᠠ ᠠᠭᠤᠯᠠ ᠪᠠᠯᠭᠠᠰᠤ ᠬᠦᠷᠬᠦ ᠲᠡᠮᠦᠷ ᠵᠠᠮ ᠢ ᠬᠠᠷᠢᠯᠴᠠᠨ ᠵᠠᠯᠭᠠᠨ ᠨᠡᠪᠲᠡᠷᠡᠭᠦᠯᠬᠦ ᠢᠨᠵᠧᠨᠧᠷᠢᠩ ᠢ ᠠᠬᠢᠭᠤᠯᠤᠨ᠎ᠠ᠃ | ᠬᠥᠪᠴᠢ ᠶᠢᠨ 200 ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠵᠤ ᠡᠯᠡᠰᠦ ᠶᠢ ᠵᠠᠰᠠᠬᠤ ᠲᠥᠷᠥᠯ ᠵᠦᠢᠯ ᠢ ᠢᠵᠢ ᠪᠦᠷᠢᠳᠦᠭᠦᠯᠬᠦ 220 | ᠺᠢᠯᠣᠸᠣᠯᠲ ᠤᠨ ᠬᠦᠴᠦᠳᠡᠯ ᠲᠠᠢ ᠴᠠᠬᠢᠯᠭᠠᠨ ᠳᠠᠮᠵᠢᠭᠤᠯᠬᠤ ᠣᠲᠠᠰᠤ ᠪᠣᠯᠣᠨ ᠬᠤᠲᠠ ᠬᠥᠳᠡᠭᠡ ᠶᠢᠨ ᠴᠠᠬᠢᠯᠭᠠᠨ ᠳᠠᠮᠵᠢᠭᠤᠯᠬᠤ ᠲᠣᠣᠷ ᠰᠦᠯᠵᠢᠶᠠᠨ ᠤ 10 | ᠺᠢᠯᠣᠸᠣᠯᠲ ᠵᠢᠴᠢ ᠡᠭᠦᠨ ᠠᠴᠠ ᠳᠣᠣᠷ᠎ᠠ ᠬᠦᠴᠦᠳᠡᠯ ᠲᠠᠢ ᠴᠠᠬᠢᠯᠭᠠᠨ ᠳᠠᠮᠵᠢᠭᠤᠯᠬᠤ ᠣᠲᠠᠰᠤ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠠᠬᠢᠭᠤᠯᠵᠤ᠂ 500 | ᠺᠢᠯᠣᠸᠣᠯᠲ ᠤᠨ ᠴᠠᠬᠢᠯᠭᠠᠨ ᠬᠤᠷᠠᠬᠤ ᠥᠷᠲᠡᠭᠡ ᠶᠢ ᠠᠰᠢᠭᠯᠠᠯᠲᠠ ᠳᠤ ᠣᠷᠣᠭᠤᠯᠤᠨ᠎ᠠ᠃ ᠪᠥᠬᠦ ᠬᠤᠰᠢᠭᠤᠨ ᠤ ᠴᠢᠬᠤᠯᠠ ᠵᠠᠮ ᠬᠠᠷᠢᠯᠴᠠᠭᠠᠨ ᠤ ᠪᠠᠶᠢᠷᠢᠯᠠᠯ ᠳᠠᠬᠢ | ᠴᠢᠮᠡᠭᠡ ᠨᠡᠪᠲᠡᠷᠡᠭᠦᠯᠭᠡ ᠵᠢᠨᠲ᠋ᠣᠬᠢᠶᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ 5G ᠴᠢᠮᠡᠭᠡ ᠨᠡᠪᠲᠡᠷᠡᠭᠦᠯᠭᠡ ᠵᠢᠨᠰᠠᠭᠤᠷᠢ ᠥᠷᠲᠡᠭᠡ ᠶᠢ 40 ᠰᠠᠭᠤᠷᠢ | ᠰᠢᠨ᠎ᠡ ᠪᠠᠷ ᠪᠠᠶᠢᠭᠤᠯᠤᠨ᠂ ᠴᠢᠬᠤᠯᠠ ᠭᠠᠵᠠᠷ ᠣᠷᠣᠨ ᠳᠤ 5G ᠳᠣᠬᠢᠶ᠎ᠠ ᠶᠢ ᠨᠡᠪᠲᠡᠷᠡᠭᠦᠯᠦᠨ᠎ᠡ᠃ | ︵ᠵᠢᠷᠭᠤᠭ᠎ᠠ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠡᠯ᠎ᠡ ᠲᠠᠯ᠎ᠠ ᠶᠢᠨ ᠠᠵᠢᠯ ᠤᠨ ᠢᠳᠡᠪᠬᠢ ᠬᠦᠴᠦᠨ ᠢ | ᠠᠮᠢᠯᠠᠭᠤᠯᠬᠤ ᠠᠮᠢ ᠠᠬᠤᠢ ᠶᠢᠨ ᠪᠣᠳᠠᠲᠤ ᠬᠦᠴᠦᠨ ᠢ ᠪᠦᠷᠢᠯᠳᠦᠭᠦᠯᠦᠨ᠎ᠡ᠃ ᠨᠢᠭᠡ ᠳᠤ ᠬᠠᠲᠤᠨ ᠭᠤᠣᠯ ᠤᠨ ᠤᠷᠤᠰᠬᠠᠯ ᠳᠠᠭᠠᠤ ᠣᠷᠣᠨ ᠤ ᠠᠮᠢ ᠠᠬᠤᠢ ᠶᠢᠨ | ᠬᠠᠮᠠᠭᠠᠯᠠᠯᠲᠠ ᠪᠠ ᠵᠠᠰᠠᠨ ᠴᠡᠭᠴᠡᠯᠡᠯᠲᠡ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠬᠠᠳᠤᠨ ᠭᠤᠣᠯ ᠤᠨ ᠤᠷᠤᠰᠬᠠᠯ ᠳᠠᠭᠠᠤ ᠣᠷᠣᠨ ᠤ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠮᠠᠭᠤᠪᠣᠯᠠᠭ ᠬᠥᠨᠳᠡᠶ ᠶᠢ ᠵᠠᠰᠠᠨ ᠴᠡᠭᠴᠡᠯᠡᠬᠦ ᠢᠨᠵᠧᠨᠧᠷᠢᠩ ᠢ ᠡᠬᠢᠯᠡᠭᠦᠯᠦᠨ᠂ ᠲᠠᠤᠯᠠᠢ ᠶᠢᠨ | ᠭᠤᠤᠯ ᠢ ᠶᠡᠷᠦᠩᠬᠡᠶᠢᠯᠡᠨ ᠵᠠᠰᠠᠬᠤ ᠠᠵᠢᠯ ᠢ ᠪᠡᠶᠡᠯᠡᠭᠦᠯᠵᠦ᠂ ᠦᠶᠡᠷ ᠬᠤᠷᠠᠭᠤᠯᠬᠤ ᠣᠷᠣᠨ ᠤ ᠦᠯᠡᠳᠡᠭᠳᠡᠯ ᠠᠰᠠᠭᠤᠳᠠᠯ ᠢ ᠲᠦᠷᠭᠡᠨ ᠰᠢᠶᠳᠪᠦᠷᠢᠯᠡᠨ᠎ᠡ᠃ ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ | ᠴᠢᠩᠭᠠᠳᠬᠠᠨ᠂ ︽ᠳᠥᠷᠪᠡᠨ ᠡᠮᠬᠢ ᠵᠢᠷᠣᠮ ᠦᠭᠡᠢ ᠪᠠᠶᠢᠳᠠᠯ︾ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ ᠬᠠᠲᠤᠨ ᠭᠤᠤᠯ ᠤᠨ ᠲᠠᠩ ᠭᠠᠵᠠᠷ ᠲᠤ | ᠲᠠᠷᠢᠶ᠎ᠠ ᠳᠠᠷᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠲᠤᠨ ᠭᠤᠤᠯ ᠤᠨ ᠲᠠᠩ ᠭᠠᠵᠠᠷ ᠤᠨ ᠲᠠᠷᠢᠮᠠᠯ ᠤᠨ | ᠪᠦᠲᠦᠴᠡ ᠳᠤ ᠪᠦᠲᠦᠮᠵᠢᠲᠡᠢ ᠲᠣᠬᠢᠷᠠᠭᠤᠯᠤᠯᠲᠠ ᠬᠢᠨ᠎ᠡ᠃ ᠭᠤᠤᠯ ᠤᠨ ᠲᠠᠩ ᠳᠤ ᠪᠠᠶᠢᠷᠢᠰᠢᠵᠤ ᠪᠠᠶᠢᠭ᠎ᠠ ᠳ᠋ᠠ ᠲᠤᠤ ᠽᠢ ᠳᠣᠰᠬᠤᠨ ᠢ ᠨᠡᠭᠦᠯᠭᠡᠬᠦ ᠠᠵᠢᠯ ᠢ | ᠢᠳᠡᠪᠬᠢᠲᠡᠶ ᠠᠬᠢᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠵᠢᠯ ᠤᠨ ᠳᠠᠭᠠᠯᠭᠠᠭᠰᠠᠨ ᠡᠭᠦᠷᠭᠡ ᠶᠢ ᠡᠷᠡᠰ ᠪᠡᠶᠡᠯᠡᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ | ᠂ ᠴᠢᠬᠤᠯᠠ ᠣᠷᠣᠨ ᠪᠦᠰᠡ᠂ ᠭᠤᠤᠯᠳᠠᠯᠭ᠎ᠠ ᠲᠠᠢ ᠣᠷᠴᠢᠨ ᠲᠣᠭᠤᠷᠢᠨ ᠤ ᠠᠰᠠᠭᠤᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠰᠠᠶᠢᠲᠤᠷ ᠶᠠᠪᠣᠭᠳᠠᠭᠤᠯᠵᠤ᠂ | ᠪᠥᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠠᠪᠣᠳᠠᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ | ᠬᠤᠶᠠᠷ ᠲᠤ ᠠᠮᠢ ᠠᠬᠤᠢ ᠶᠢᠨ ᠰᠢᠰᠲ᠋ᠧᠮ ᠢ ᠵᠠᠰᠠᠨ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠠᠮᠢ ᠠᠬᠤᠶ ᠶᠢᠨ ᠪᠦᠰᠡᠯᠡᠭᠦᠷ ᠢ ᠪᠥᠲᠥᠭᠡᠨ ᠪᠠᠶᠢᠭᠤᠯᠵᠤ᠂ 38.9 ᠲᠦᠮᠡᠨ ᠮᠥ ᠣᠶ ᠰᠢᠭᠤᠶ | ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ 22 ᠲᠦᠮᠡᠨ ᠮᠥ ᠬᠥᠷᠥᠰᠥ ᠰᠢᠷᠣᠶ ᠶᠢᠨ ᠢᠳᠡᠭᠳᠡᠯ ᠢ ᠵᠠᠰᠠᠨ ᠴᠡᠭᠴᠡᠯᠡᠬᠦ ᠡᠭᠦᠷᠭᠡ ᠶᠢ | ᠪᠡᠶᠡᠯᠡᠭᠦᠯᠦᠨ᠎ᠡ᠃ ᠤᠯᠤᠰ ᠤᠨ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠨ ᠵᠠᠰᠠᠬᠤ ᠭᠤᠤᠯᠳᠠᠯᠭ᠎ᠠ ᠲᠠᠢ ᠲᠥᠷᠥᠯ ᠵᠦᠶᠯ ᠢ ᠢᠳᠡᠪᠬᠢᠲᠡᠶ ᠭᠤᠶᠣᠴᠢᠯᠠᠵᠤ᠂ | ᠬᠠᠲᠤᠨ ᠭᠤᠤᠯ ᠤᠨ ᠣᠷᠣᠰᠬᠠᠯ ᠳᠠᠭᠠᠤ ᠣᠷᠣᠨ ᠤ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠮᠥᠰᠥ | ᠬᠠᠳᠤᠭᠠ︾ ᠶᠢ ᠰᠢᠰᠲ᠋ᠧᠮ ᠲᠠᠢ ᠵᠠᠰᠠᠬᠤ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠵᠦ᠂ ᠠᠵᠤ ᠦᠶᠯᠡᠰ ᠤᠨ ᠬᠥᠭᠵᠢᠭᠦᠯᠦᠯᠲᠡ᠂ ᠬᠤᠵᠢᠷᠯᠢᠭ ᠭᠠᠵᠠᠷ ᠤᠨ | ᠥᠭᠡᠷᠡᠴᠢᠯᠡᠯᠲᠡ᠂ ᠭᠤᠤᠯ ᠮᠥᠷᠡᠨ ᠨᠠᠭᠤᠷ ᠴᠥᠭᠦᠷᠥᠮ ᠤᠨ ᠴᠡᠭᠴᠡᠯᠡᠯᠲᠡ᠂ ᠬᠥᠨᠳᠡᠶ ᠭᠠᠵᠠᠷ ᠤᠨ ᠵᠠᠰᠠᠯᠲᠠ ᠵᠡᠷᠭᠡ ᠠᠵᠢᠯ ᠤᠳ ᠢ ᠶᠠᠷᠦᠩᠬᠡᠶᠢᠯᠡᠨ | ᠲᠥᠯᠥᠪᠵᠢᠭᠦᠯᠵᠦ ᠰᠢᠰᠲ᠋ᠧᠮ ᠲᠠᠢ ᠵᠠᠰᠠᠨ ᠴᠡᠭᠴᠡᠯᠡᠬᠦ ᠶᠢ ᠠᠬᠢᠭᠤᠯᠤᠨ᠎ᠠ᠃ ᠭᠤᠷᠪᠠ ᠳᠤ ᠡᠨᠧᠷᠭᠢ ᠶᠢᠨ ᠬᠤᠷᠣᠭᠳᠠᠯ ᠤᠨ ᠳᠠᠭᠠᠭᠠᠴᠠ ᠪᠣᠯᠣᠨ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠡᠷᠥᠩᠬᠡᠢ ᠬᠡᠮᠵᠢᠶᠠᠨ ᠤ ︽ᠬᠤᠣᠰ ᠡᠵᠡᠮᠳᠡᠯ︾ ᠢ ᠪᠦᠬᠦ ᠬᠦᠴᠦ ᠪᠠᠷ ᠰᠠᠶᠢᠲᠤᠷ ᠬᠢᠨ᠎ᠡ᠃ ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ ᠲᠥᠰᠦᠪ | ᠪᠠ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠥᠷᠨᠢᠭᠦᠯᠵᠦ᠂ ᠲᠥᠷᠥᠯ ᠵᠦᠶᠯ ᠤᠨ ᠡᠨᠧᠷᠭᠢ ᠠᠷᠪᠢᠯᠠᠬᠤ ᠳᠠᠯᠳᠠ ᠬᠦᠴᠦᠨ ᠢ ᠭᠦᠨᠵᠡᠭᠡᠢ | ᠠᠭᠤᠳᠠᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠶᠯ ᠢ 5 | ᠬᠡᠷᠡᠭᠵᠢᠭᠦᠯᠦᠨ᠎ᠡ᠃ ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ ᠶᠠᠪᠣᠴᠠ ᠳᠠᠬᠢ ︽ᠭᠠᠴᠢᠭᠳᠠᠯ ᠠᠰᠠᠭᠤᠳᠠᠯ︾ ᠢ ᠰᠢᠶᠳᠪᠦᠷᠢᠯᠡᠬᠦ ᠰᠢᠨ᠎ᠡ ᠠᠷᠭ᠎ᠠ ᠵᠠᠮ ᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠢᠨ᠎ᠡ ᠡᠨᠧᠷᠭᠢ ᠶᠢᠨ ᠴᠠᠬᠢᠯᠭᠠᠨ ᠢᠶᠠᠷ ᠰᠢᠨ᠎ᠡ ᠭᠠᠷᠤᠭᠰᠠᠨ ᠲᠥᠷᠥᠯ ᠵᠦᠢᠯ ᠤᠨ ᠡᠨᠧᠷᠭᠢ ᠠᠷᠪᠢᠯᠠᠬᠤ ᠬᠦᠷᠦᠯᠴᠡᠬᠦᠢ | ᠠᠰᠠᠭᠤᠳᠠᠯ ᠢ ᠰᠢᠶᠳᠪᠦᠷᠢᠯᠡᠵᠦ᠂ ᠭᠤᠣᠯᠳᠠᠯᠭ᠎ᠠ ᠲᠠᠢ ᠠᠵᠢᠯ ᠲᠥᠷᠥᠯ ᠪᠣᠯᠣᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠭᠰᠠᠨ ᠬᠢᠷᠢ | ᠬᠡᠮᠵᠢᠶ᠎ᠡ ᠳᠤ ᠬᠢᠨᠠᠨ ᠪᠠᠶᠢᠴᠠᠭᠠᠯᠲᠠ ᠬᠢᠬᠦ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠰᠣᠯᠢᠯᠴᠠᠭ᠎ᠠ ᠪᠦᠲᠦᠮᠵᠢᠲᠡᠢ ᠶᠠᠪᠤᠭᠳᠠᠬᠤ ᠶᠢ ᠠᠬᠢᠭᠤᠯᠤᠨ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠣᠷᠭᠢᠯ ᠳᠠᠭᠠᠨ ᠲᠤᠯᠬᠤ ᠪᠠ ᠰᠠᠭᠠᠷᠮᠠᠭᠵᠢᠭᠤᠯᠬᠤ ᠠᠵᠢᠯᠯᠠᠭᠠᠨ ᠤ ᠡᠭᠦᠷᠭᠡ ᠶᠢ ᠦᠨᠡᠨᠬᠦ ᠪᠠᠲᠤᠯᠠᠨ᠎ᠠ᠃ | ︵ᠲᠤᠯᠤᠭ᠎ᠠ︶ ᠬᠠᠮᠲᠤ ᠪᠠᠷ ᠪᠠᠶᠢᠭᠤᠯᠵᠤ ᠬᠠᠮᠲᠤ ᠪᠠᠷ ᠴᠡᠭᠴᠡᠯᠡᠨ ᠬᠠᠮᠲᠤ ᠪᠠᠷ ᠡᠳ᠋ᠯᠡᠬᠦ ᠶᠢ ᠬᠦᠴᠦᠯᠡᠨ ᠠᠬᠢᠭᠤᠯᠵᠤ᠂ ᠡᠯ᠎ᠡ ᠲᠠᠯ᠎ᠠ ᠶᠢᠨ ᠠᠵᠢᠯ ᠤᠨ ᠢᠳᠡᠪᠬᠢ | ᠬᠦᠴᠦᠨ ᠢ ᠠᠮᠢᠯᠠᠭᠤᠯᠬᠤ ᠳᠤ ᠪᠠᠶᠠᠯᠢᠭ ᠠᠭᠤᠯᠤᠭᠳᠠᠬᠤᠨ ᠨᠡᠮᠡᠷᠢᠯᠡᠶ᠎ᠡ᠃ ᠨᠢᠭᠡ ᠳᠤ ᠰᠤᠷᠭᠠᠨ ᠬᠥᠮᠦᠵᠢᠯ ᠨᠡᠩ ᠲᠡᠩᠴᠡᠭᠦᠷᠢᠲᠡᠢ ᠪᠣᠯᠬᠤ ᠶᠢ ᠠᠬᠢᠭᠤᠯᠤᠨ᠎ᠠ᠃ | ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠤᠨ᠂ ︽ᠬᠤᠰᠢᠭᠤᠨ ᠠᠴᠠ ᠬᠠᠮᠢᠶᠠᠷᠴᠤ | ᠰᠤᠷᠭᠠᠭᠤᠯᠢ ᠠᠴᠠ ᠣᠷᠢᠨ ᠬᠡᠷᠡᠭᠯᠡᠬᠦ︾ ᠲᠣᠭᠲᠠᠭᠠᠯ ᠢ ᠲᠤᠷᠰᠢᠨ ᠶᠠᠪᠣᠭᠳᠠᠭᠤᠯᠵᠤ᠂ ᠪᠠᠭᠰᠢ ᠶᠢᠨ ᠡᠩᠨᠡᠭᠡ ᠶᠢ ᠴᠠᠭ ᠲᠤᠬᠠᠶ ᠳᠤᠨᠢ ᠨᠥᠬᠦᠪᠦᠷᠢᠯᠡᠨ᠎ᠡ᠃ | ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠠᠯᠬᠠᠪᠴᠢ ᠲᠠᠢ ᠲᠠᠮᠢᠷ ᠤᠨ ᠲᠠᠯᠠᠪᠠᠢ᠂ ᠬᠤᠲᠠ ᠪᠠᠯᠭᠠᠰᠤᠨ ᠤ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠪᠠ | ᠲᠤᠷᠰᠢᠯᠲᠠ ᠶᠢᠨ ᠲᠠᠰᠤᠭ ᠨᠣᠮ ᠤᠨ ᠥᠷᠦᠭᠡᠨ ᠤ ᠶᠡᠷᠦᠩᠬᠡᠶᠢᠯᠡᠭᠰᠡᠨ ᠠᠰᠠᠷ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ | ᠶᠡᠷᠦᠩᠬᠡᠶᠢᠯᠡᠭᠰᠡᠨ ᠠᠰᠠᠷ ᠪᠠ ᠮᠡᠳᠡᠭᠦᠯᠦᠯᠲᠡ ᠶᠢᠨ ᠲᠢᠩᠬᠢᠮ ᠵᠡᠷᠭᠡ ᠪᠠᠷᠢᠯᠭ᠎ᠠ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠬᠤᠰᠢᠭᠤ ᠲᠠᠪᠤᠳᠤᠭᠠᠷ ᠪᠠᠭ᠎ᠠ | ᠰᠤᠷᠭᠠᠭᠤᠯᠢ᠂ ᠶᠢᠰᠦᠳᠦᠭᠡᠷ ᠬᠡᠦᠬᠡᠳ ᠤᠨ ᠴᠡᠴᠡᠷᠯᠢᠭ ᠢ ᠪᠠᠶᠢᠭᠤᠯᠤᠨ᠎ᠠ᠃ ᠬᠤᠶᠠᠷ ᠲᠤ ᠰᠣᠶᠣᠯ ᠤᠨ ᠦᠢᠯᠡᠰ ᠨᠡᠩ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠬᠦᠳᠤᠯᠤᠨ ᠵᠢᠯᠣᠭᠤᠳᠬᠤ ᠶᠢ ᠪᠠᠷᠢᠮᠲᠠᠯᠠᠵᠤ᠂ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ | ᠦᠢᠯᠡᠰ ᠢ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠲᠥᠪ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ | ᠰᠣᠶᠣᠯ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠵᠤ᠂ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠰᠢᠰᠲ᠋ᠧᠮ ᠢ ᠪᠦᠷᠢᠨᠰᠢᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠪᠦᠬᠦ ᠬᠦᠴᠦ ᠪᠠᠷ ᠡᠭᠦᠳᠦᠨ ᠪᠠᠶᠢᠭᠤᠯᠤᠨ᠎ᠠ᠃ ᠬᠤᠷᠣᠭᠠᠠᠴᠠᠶᠢᠳᠠᠮ ᠤᠨ | ᠬᠠᠭᠤᠴᠢ ᠰᠤᠳᠤᠯᠤᠯ ᠤᠨ ᠪᠠᠶᠢᠴᠠᠭᠠᠯᠲᠠ ᠪᠠ ᠤᠯᠠᠭᠠᠨ ᠠᠭᠤᠶ ᠶᠢᠨ ᠰᠦᠮ᠎ᠡ ᠶᠢᠨ ᠬᠠᠮᠠᠭᠠᠯᠠᠯᠲᠠ ᠶᠢᠨ ᠠᠵᠢᠯ ᠢ ᠠᠬᠢᠭᠤᠯᠤᠨ᠎ᠠ᠃ ᠪᠣᠳᠠᠰ ᠤᠨ ᠪᠤᠰᠤ ᠰᠣᠶᠣᠯ ᠤᠨ | ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠦᠷᠦ ᠳᠠᠭᠤᠤ ᠶᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠢ ᠪᠠᠶᠢᠭᠤᠯᠵᠤ᠂ ᠤᠯᠠᠭᠠᠨᠮᠥ᠋ᠴᠢᠷ ᠪᠠ ᠤᠯᠤᠰ ᠤᠨ | ᠥᠮᠴᠢᠯᠡᠯᠲᠦ ᠵᠦᠴᠦᠭᠡ ᠶᠢᠨ ᠬᠦᠷᠢᠶᠡᠯᠡᠩ ᠤᠨ ᠡᠵᠡᠩᠨᠡᠯᠲᠡ ᠳᠤ ᠥᠭᠡᠷᠡᠴᠢᠯᠡᠯᠲᠡ ᠬᠢᠨ᠎ᠡ᠃ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ ᠤᠷᠮᠠᠰᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠷᠠᠳᠢᠣ᠋ ᠨᠡᠪᠲᠡᠷᠡᠭᠦᠯᠭᠡ ᠶᠢᠨ ᠬᠤᠷᠢᠶᠠᠨ ᠤ | ᠰᠠᠭᠤᠷᠢ ᠲᠥᠬᠦᠭᠡᠷᠦᠮᠵᠢ ᠪᠠ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠮ ᠵᠠᠭᠤᠴᠢᠯᠠᠭᠤᠷ ᠤᠨ ᠲᠥᠪ ᠤᠨ ᠠᠭᠤᠰᠤᠯᠴᠠᠨ ᠬᠥᠭᠵᠢᠬᠦ ᠶᠢ | ᠭᠦᠨᠵᠡᠭᠡᠶᠢᠷᠡᠭᠦᠯᠦᠨ᠎ᠡ᠃ ᠭᠤᠷᠪᠠ ᠳᠤ ᠡᠷᠡᠭᠦᠯ ᠮᠡᠨᠳᠦ ᠶᠢᠨ ᠲᠠᠯ᠎ᠠ ᠪᠠᠷ ᠬᠢ ᠦᠶᠯᠡᠴᠢᠯᠡᠭᠡ ᠶᠢ ᠨᠠᠩ ᠴᠢᠨᠠᠷᠯᠢᠭ ᠪᠣᠯᠭᠠᠬᠤ ᠶᠢ ᠠᠬᠢᠭᠤᠯᠤᠨ᠎ᠠ᠃ ︽ᠢᠨᠲ᠋ᠧᠷ | ᠰᠦᠯᠵᠢᠶ᠎ᠡ + ᠡᠮ ᠡᠮᠴᠢᠯᠡᠭᠡ ᠡᠷᠡᠭᠦᠯ ᠮᠡᠨᠳᠦ︾ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠵᠤ᠂ ᠡᠮ ᠡᠮᠴᠢᠯᠡᠭᠡ ᠡᠷᠡᠭᠦᠯ ᠬᠠᠮᠠᠭᠠᠯᠠᠯ ᠤᠨ ᠰᠠᠭᠤᠷᠢ | ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠨᠢᠭᠡ ᠪᠦᠯᠦᠭ ᠡᠮ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠴᠢᠳᠠᠪᠤᠷᠢᠲᠠᠨ ᠢ ᠣᠷᠢᠨ | ᠠᠪᠴᠢᠷᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠶᠢᠨ | ᠬᠠᠮᠲᠤ ᠪᠥᠭᠡᠮ ᠬᠦᠴᠢᠯ ᠪᠠᠶᠢᠴᠠᠭᠠᠨ ᠰᠢᠨᠵᠢᠬᠦ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢ ᠨᠡᠭᠦᠯᠭᠡᠨ ᠰᠢᠯᠵᠢᠭᠦᠯᠬᠦ | ᠠᠵᠢᠯ ᠢ ᠪᠡᠶᠡᠯᠡᠭᠦᠯᠦᠨ᠎ᠡ᠃ ᠨᠡᠷᠡᠲᠦ ᠡᠮᠴᠢ ᠶᠢ ᠤᠷᠢᠨ ᠣᠷᠣᠭᠤᠯᠵᠤ᠂ ᠨᠡᠷᠡᠲᠦ ᠡᠮᠴᠢ ᠶᠢᠨ ᠠᠵᠢᠯᠯᠠᠬᠤ ᠲᠠᠰᠤᠭ ᠢ ᠪᠠᠶᠢᠭᠤᠯᠤᠨ᠂ ᠬᠤᠰᠢᠭᠤᠨ ᠤ ᠰᠢᠭᠤᠳ ᠬᠠᠷᠢᠶ᠎ᠠ | ᠡᠮᠨᠡᠯᠭᠡ ᠶᠢᠨ ᠬᠤᠷᠢᠶᠠᠨ ᠳᠤ 8 ᠭᠤᠣᠯᠳᠠᠯᠭᠠᠲᠤ ᠰᠠᠯᠠᠭ᠎ᠠ ᠨᠡᠮᠡᠨ ᠪᠠᠶᠢᠭᠤᠯᠵᠤ᠂ ᠠᠯᠤᠰ ᠡᠵᠡᠮᠰᠢᠯᠲᠦ ᠡᠮᠴᠢᠯᠡᠭᠡ ᠬᠢᠬᠦ ᠪᠠ ᠨᠡᠷᠡᠲᠦ ᠡᠮᠴᠢ ᠲᠤᠰᠬᠠᠢ ᠮᠡᠷᠭᠡᠵᠢᠯᠲᠡᠨ | ᠲᠣᠭᠲᠠᠭᠰᠠᠨ ᠬᠤᠭᠤᠴᠠᠭ᠎ᠠ ᠲᠠᠢ ᠡᠮᠨᠡᠯᠭᠡ ᠳᠤ ᠰᠠᠭᠤᠵᠤ ᠡᠮᠴᠢᠯᠡᠭᠡ ᠬᠢᠬᠦ ᠶᠢ ᠪᠡᠶᠡᠯᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠢᠴᠢ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠦᠷᠭᠦᠯᠵᠢ ᠶᠢᠨ ᠴᠢᠨᠡᠷ ᠲᠠᠢ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠠᠷᠠᠳ ᠲᠤ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠠᠮᠢᠲᠠᠨ ᠤ ᠡᠪᠡᠳᠴᠢᠨ ᠢ ᠣᠨᠣᠰᠢᠯᠠᠨ ᠡᠮᠨᠡᠬᠦ ᠦᠶᠯᠡᠴᠢᠯᠡᠭᠡᠨ ᠤ ᠰᠢᠰᠲ᠋ᠧᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢᠲᠠᠨ ᠤ ᠡᠮᠨᠡᠯᠭᠡ ᠶᠢᠨ ᠬᠤᠷᠢᠶ᠎ᠠ ᠪᠠᠶᠢᠭᠤᠯᠤᠨ᠂ ᠠᠮᠢᠲᠠᠨ ᠤ ᠬᠢᠵᠢᠭ ᠡᠪᠡᠳᠴᠢᠨ ᠳᠡᠯᠭᠡᠷᠡᠬᠦ ᠪᠠ ᠬᠥᠮᠦᠨ ᠤ | ᠬᠤᠭᠤᠷᠣᠨᠳᠦ ᠪᠷᠦ᠋ᠼᠧᠯ ᠡᠪᠡᠳᠴᠢᠨ ᠬᠠᠯᠳᠠᠪᠦᠷᠢᠯᠠᠬᠤ ᠨᠣᠷᠮ᠎ᠠ ᠶᠢ ᠪᠦᠲᠦᠮᠵᠢᠲᠡᠶ ᠪᠠᠭᠤᠷᠠᠭᠤᠯᠤᠨ᠎ᠠ᠃ ᠲᠦᠷᠪᠡ ᠳᠤ᠂ ᠠᠵᠢᠯ ᠣᠯᠵᠤ ᠦᠢᠯᠡᠰ ᠪᠤᠰᠬᠠᠬᠤ ᠵᠣᠬᠢᠴᠠᠯ | ᠨᠡᠩ ᠭᠦᠢᠴᠡᠳ ᠪᠣᠯᠬᠤ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠳᠠᠯ | ᠦᠢᠯᠡᠰ ᠴᠣᠭᠴᠠᠯᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠨᠥᠬᠦᠪᠥᠷᠢ ᠶᠢ ᠨᠠᠶᠢᠳᠠᠪᠤᠷᠢᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ | ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠢ ᠬᠥᠮᠦᠰ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠠᠪᠤᠳᠠᠯ ᠢ | ᠪᠦᠬᠦ ᠬᠦᠴᠦ ᠪᠠᠷ ᠰᠠᠶᠢᠲᠤᠷ ᠬᠢᠵᠦ᠂ ᠬᠤᠲᠠ ᠪᠠᠯᠭᠠᠰᠤᠨ ᠤ ᠠᠵᠢᠯ ᠣᠯᠤᠭᠰᠠᠳ ᠢ 700 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠲᠠᠪᠤ ᠳᠤ ᠨᠡᠶᠢᠭᠡᠮ ᠤᠨ | ᠪᠠᠲᠤᠯᠠᠭ᠎ᠠ ᠨᠡᠩ ᠲᠡᠭᠦᠯᠳᠡᠷᠵᠢᠬᠦ ᠶᠢ ᠠᠬᠢᠭᠤᠯᠤᠨ᠎ᠠ᠃ ᠳᠡᠰ ᠳᠠᠪᠬᠤᠷᠭ᠎ᠠ ᠲᠥᠷᠥᠯ ᠵᠦᠢᠯ ᠬᠤᠪᠢᠶᠠᠭᠰᠠᠨ ᠨᠡᠶᠢᠭᠡᠮ ᠤᠨ ᠬᠠᠪᠰᠣᠷᠣᠮᠵᠢ ᠶᠢᠨ ᠲᠣᠭᠲᠠᠯᠴᠠᠭ᠎ᠠ ᠶᠢ | ᠪᠠᠶᠢᠭᠤᠯᠤᠨ ᠪᠦᠷᠢᠨᠰᠢᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠰᠤᠮᠤ ᠪᠠᠯᠭᠠᠰᠤᠨ ᠤ | ᠶᠡᠷᠦᠩᠬᠡᠶᠢᠯᠡᠭᠰᠡᠨ ᠨᠠᠰᠤᠵᠢᠯ ᠤᠨ ᠦᠢᠯᠡᠴᠢᠯᠡᠭᠡᠨ ᠤ ᠴᠣᠭᠴᠠ ᠶᠢ 6 ᠪᠠᠶᠢᠭᠤᠯᠵᠤ᠂ ᠵᠡᠮᠳᠡᠭᠴᠦᠳ ᠤᠨ ᠡᠷᠡᠭᠦᠯᠵᠢᠯ ᠤᠨ ᠲᠥᠪ ᠢ ᠬᠡᠷᠡᠭᠯᠡᠯᠲᠡ ᠳᠤ ᠣᠷᠣᠭᠤᠯᠣᠨ᠎ᠠ᠃ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠪᠠ ᠠᠰᠠᠷᠠᠨ ᠬᠠᠷᠠᠭᠠᠯᠵᠠᠬᠤ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ | ᠢᠳᠡᠪᠬᠢᠲᠡᠢ ᠠᠬᠢᠭᠤᠯᠤᠨ᠎ᠠ᠃ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠢᠨᠵᠧᠨᠧᠷᠢᠩ ᠢ ᠪᠦᠬᠦ ᠬᠦᠴᠦ ᠪᠠᠷ ᠳᠡᠮᠵᠢᠵᠦ᠂ ᠪᠦᠬᠦ ᠨᠡᠶᠢᠭᠡᠮ ᠢᠶᠠᠷ ᠢᠶᠠᠨ ᠴᠡᠷᠢᠭ ᠢ ᠬᠦᠷᠢᠶᠡᠯᠡᠬᠦ ᠶᠢ ᠴᠢᠩᠭᠠᠳᠬᠠᠨ᠂ ᠴᠡᠷᠢᠭ ᠠᠴᠠ | ᠬᠠᠯᠠᠭᠳᠠᠭᠰᠠᠳ ᠲᠤ ᠬᠠᠷᠠᠭᠠᠯᠵᠠᠯ ᠦᠵᠡᠭᠦᠯᠬᠦ ᠦᠨᠡᠮᠯᠡᠯ ᠣᠯᠭᠤᠬᠤ ᠠᠵᠢᠯ ᠢ ᠭᠦᠢᠴᠡᠳᠭᠡᠨ᠎ᠠ᠃ ᠡᠳ᠋ ᠤᠨ ᠵᠠᠰᠠᠭ ᠠᠴᠠ ᠡᠭᠦᠷᠭᠡᠯᠡᠵᠦ ᠪᠠᠶᠢᠭ᠎ᠠ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠷᠢᠴᠠᠯ ᠢ 12 % ᠪᠣᠯᠭᠠᠨ᠎ᠠ᠃ ᠵᠢᠷᠭᠤᠭ᠎ᠠ ᠳᠤ ᠨᠡᠶᠢᠭᠡᠮ ᠤᠨ ᠵᠠᠰᠠᠨ ᠴᠡᠭᠴᠡᠯᠡᠯᠲᠡ ᠶᠢᠨ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠵᠠᠬᠢᠳᠠᠯ ᠰᠤᠷᠪᠤᠯᠵᠢᠯᠠᠯ ᠥᠬᠡᠶ ᠭᠠᠴᠠᠭ᠎ᠠ ᠲᠣᠰᠬᠤᠨ︾᠂ ︽ᠵᠠᠬᠢᠳᠠᠯ ᠰᠤᠷᠪᠤᠯᠵᠢᠯᠠᠯ ᠥᠬᠡᠶ | ᠰᠤᠮᠤ ᠪᠠᠯᠭᠠᠰᠤ︾ ᠶᠢ ᠴᠤᠭᠴᠠᠯᠠᠨ ᠪᠠᠶᠢᠭᠤᠯᠬᠤ ᠠᠵᠢᠯ ᠢ ᠥᠷᠨᠢᠭᠦᠯᠦᠨ᠎ᠡ᠃ ᠮᠠᠯᠴᠢᠳ ᠲᠠᠷᠢᠶᠠᠴᠢᠳ ᠤᠨ ᠬᠦᠴᠦ ᠶᠠᠪᠤᠭᠰᠠᠳ ᠤᠨ ᠴᠠᠯᠢᠩ ᠬᠥᠯᠥᠰᠦ ᠶᠢ | ᠪᠠᠲᠤᠯᠠᠬᠤ ᠠᠵᠢᠯ ᠢ ᠬᠢᠨᠠᠮᠠᠭᠠᠶ ᠬᠢᠵᠦ᠂ ︽ᠴᠠᠯᠢᠩ ᠬᠥᠯᠥᠰᠦ ᠥᠷᠢᠲᠦᠬᠦ ᠦᠭᠡᠶ︾ ᠬᠠᠷᠠᠯᠲᠠ ᠶᠢ ᠪᠡᠶᠡᠯᠡᠭᠦᠯᠦᠨ᠎ᠡ᠃ ︽ᠨᠡᠶᠢᠬᠡᠮ ᠤᠨ ᠲᠠᠪᠤᠨ ᠪᠦᠷᠢᠯᠳᠦᠭᠦᠨ | ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠰᠢᠨᠡᠳᠭᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠴᠡᠭᠴᠡᠯᠡᠯᠲᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ ᠢᠳᠡᠭᠡᠨ ᠪᠠ ᠡᠮ ᠤᠨ ᠵᠦᠶᠯ ᠦᠢᠯᠡᠳᠪᠦᠷᠢᠯᠡᠬᠦ ᠪᠥᠬᠦ ᠶᠠᠪᠤᠴᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠪᠠ ᠡᠮ ᠤᠨ | ᠵᠦᠶᠯ ᠤᠨ ᠠᠮᠤᠷ ᠲᠦᠪᠰᠢᠨ ᠢ ᠪᠠᠲᠤᠯᠠᠬᠤ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠭᠤᠷᠪᠠᠨ ᠵᠢᠯ ᠤᠨ ᠲᠤᠰᠬᠠᠢ | ᠴᠡᠭᠴᠡᠯᠡᠯᠲᠡ ᠶᠢ ᠭᠦᠨᠵᠡᠭᠡᠢ ᠠᠬᠢᠭᠤᠯᠵᠤ᠂ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠬᠢᠬᠦ︾ ᠬᠠᠷᠢᠭᠤᠴᠠᠯᠭ᠎ᠠ ᠶᠢᠨ ᠳᠥᠷᠢᠮ ᠢ ᠪᠣᠳᠠᠲᠠᠶᠢᠵᠢᠭᠤᠯᠵᠤ᠂ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠣᠷᠣᠰᠢᠵᠤ ᠪᠠᠶᠢᠭ᠎ᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠢᠴᠢ ᠠᠶᠤᠯ ᠲᠦᠭᠰᠢᠭᠦᠷᠢ ᠶᠢᠨ ᠬᠢᠷᠢ | ᠬᠡᠮᠵᠢᠶ᠎ᠡ ᠶᠢ ᠦᠨᠡᠯᠡᠨ ᠵᠢᠱᠢᠬᠦ ᠶᠢ ᠴᠢᠩᠭᠠᠳᠬᠠᠨ᠂ ᠪᠦᠬᠦ ᠤᠯᠤᠰ ᠤᠨ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ ᠶᠢ ᠲᠣᠣᠱᠲᠠᠢ ᠪᠡᠶᠡᠯᠡᠭᠦᠯᠵᠦ᠂ ᠨᠢᠭᠡᠳᠦᠯᠲᠡᠢ ᠵᠣᠬᠢᠴᠠᠩᠭᠤᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠪᠠᠶᠢᠭᠤᠯᠤᠨ᠂ ᠠᠮᠤᠷ | ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠨ᠎ᠠ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ | ᠲᠥᠯᠥᠭᠡᠯᠡᠭᠴᠢᠳ ᠡ᠂ ᠣᠭ ᠰᠠᠨᠠᠭ᠎ᠠ ᠪᠠᠨ ᠪᠠᠲᠣᠳᠬᠠᠵᠤ᠂ ᠳᠣᠰᠢᠶᠠᠯ ᠬᠠᠷᠢᠭᠤᠴᠠᠯᠭ᠎ᠠ ᠪᠠᠨ ᠡᠭᠦᠷᠭᠡᠯᠡᠶ᠎ᠡ᠃ ᠪᠢᠳᠡ ᠰᠢᠨ᠎ᠡ ᠨᠢᠭᠡ ᠬᠤᠭᠤᠴᠠᠭᠠᠨ ᠤ | ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠨᠠᠮ ᠪᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠶ᠎ᠠ᠃ | ᠨᠢᠭᠡ ᠳᠤ᠂ ᠲᠦᠷᠦ ᠭᠦᠷᠦᠨ ᠤ ᠶᠡᠭᠡ ᠶᠠᠪᠤᠳᠠᠯ ᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠨ᠎ᠠ᠃ ᠤᠯᠤᠰ ᠲᠦᠷᠦ ᠶᠢᠨ | ᠪᠠᠶᠢᠭᠤᠯᠤᠯᠲᠠ ᠶᠢ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠣᠣᠱᠯᠠᠭᠤᠯᠤᠨ᠂ ᠦᠵᠡᠯ ᠰᠤᠷᠲᠠᠯ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠠ | ᠲᠣᠣᠷ ᠰᠦᠯᠵᠢᠶᠡᠨ ᠤ ᠦᠵᠡᠯ ᠰᠤᠷᠲᠠᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢᠶᠠᠨ | ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠪᠠᠲᠣᠳᠬᠠᠬᠤ︾ ᠶᠢ ᠬᠠᠮᠠᠭᠠᠯᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠦᠨ᠂ | ︽ᠲᠦᠷᠦ ᠭᠦᠷᠦᠨ ᠤ ᠶᠡᠭᠡ ᠶᠠᠪᠤᠳᠠᠯ︾ ᠶᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ | ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ | ᠂ ᠨᠠᠮ ᠳᠠᠭᠠᠨ ᠦᠨᠡᠨᠴᠢ᠂ ᠠᠷᠠᠳ ᠲᠦᠮᠡᠨ ᠳᠡᠭᠡᠨ ᠦᠨᠡᠨᠴᠢ᠂ ᠠᠵᠢᠯ ᠦᠶᠯᠡᠰ ᠲᠡᠭᠡᠨ ᠦᠨᠡᠨᠴᠢ ᠪᠠᠶᠢᠬᠤ ᠰᠤᠷᠲᠠᠯ ᠢ ᠬᠠᠩᠭᠢᠨ ᠬᠤᠰᠢᠭᠤᠨ ᠤ ᠵᠠᠰᠠᠭ ᠤᠨ | ᠣᠷᠳᠣᠨ ᠤ ᠰᠢᠰᠲ᠋ᠧᠮ ᠤᠨ ᠬᠠᠮᠤᠭ ᠤᠨ ᠢᠯᠡ ᠲᠣᠳᠣ ᠤᠯᠤᠰ ᠲᠥᠷᠥ ᠶᠢᠨ ᠬᠡᠪ ᠴᠢᠨᠠᠷ ᠪᠣᠯᠭᠠᠨ᠎ᠠ᠃ | ᠬᠤᠶᠠᠷ ᠲᠤ᠂ ᠦᠵᠡᠯ ᠰᠠᠨᠠᠭᠠᠨ ᠤ ᠴᠢᠯᠥᠭᠡᠯᠡᠯᠲᠡ ᠶᠢ ᠲᠦᠷᠭᠢᠳᠭᠡᠵᠦ᠂ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠬᠠᠭᠤᠴᠢᠨ ᠦᠵᠡᠯᠲᠡ᠂ ᠬᠠᠭᠤᠴᠢᠨ | ᠲᠤᠷᠰᠢᠯᠭ᠎ᠠ᠂ ᠬᠠᠭᠤᠴᠢᠨ ᠠᠷᠭ᠎ᠠ ᠶᠢ ᠡᠷᠡᠰ ᠠᠷᠢᠯᠭᠠᠵᠤ᠂ ᠰᠢᠨ᠎ᠡ ᠦᠵᠡᠯ ᠰᠠᠨᠠᠭ᠎ᠠ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ | ᠰᠤᠷᠤᠯᠴᠠᠯᠭ᠎ᠠ ᠪᠠᠨ ᠴᠢᠩᠭᠠᠳᠬᠠᠵᠤ᠂ ᠺᠠᠳ᠋ᠷᠴᠤᠳ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠦᠬᠦ ᠲᠠᠯ᠎ᠠ ᠶᠢᠨ ᠠᠵᠢᠯ ᠳᠤ ᠠᠭᠤᠰᠣᠯᠴᠠᠭᠤᠯᠤᠨ᠂ | ᠬᠠᠩᠭᠢᠨ ᠤ ᠬᠥᠭᠵᠢᠯᠲᠡ ᠶᠢᠨ ᠲᠥᠯᠥᠭᠡ ᠠᠷᠭ᠎ᠠ ᠰᠥᠪᠡᠭᠴᠢᠯᠡᠵᠦ ᠬᠦᠴᠦ ᠪᠠᠨ ᠡᠷᠭᠦᠬᠦ ᠶᠢ ᠭᠥᠲᠥᠯᠥᠨ ᠵᠢᠯᠣᠭᠤᠳᠤᠨ᠎ᠠ᠃ ︽ᠺᠠᠳ᠋ᠷ ᠤᠨ ᠬᠡᠪ ᠴᠢᠨᠠᠷ ᠢ | ᠳᠡᠭᠡᠭᠰᠢᠯᠡᠭᠦᠯᠬᠦ ᠵᠢᠯ︾ ᠤᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠠᠵᠢᠯ ᠤᠨ ᠪᠠᠶᠢᠷᠢ ᠶᠢᠨ ᠪᠣᠯᠪᠠᠰᠣᠷᠠᠯ ᠢ ᠰᠠᠶᠢᠲᠤᠷ ᠥᠷᠨᠢᠭᠦᠯᠵᠦ᠂ ︽ᠴᠢᠳᠠᠪᠤᠷᠢ ᠶᠢᠨ | ᠭᠡᠯᠮᠡᠭᠳᠡᠯ︾ ᠢ ᠬᠦᠴᠦᠯᠡᠨ ᠲᠡᠪᠴᠢᠵᠦ᠂ ᠬᠥᠭᠵᠢᠯᠲᠡ ᠶᠢᠨ ᠶᠠᠪᠤᠴᠠ ᠳᠤ ᠢᠯᠡᠷᠡᠭᠰᠡᠨ ᠰᠢᠨ᠎ᠡ ᠠᠰᠠᠭᠤᠳᠠᠯ᠂ ᠰᠢᠨ᠎ᠡ ᠰᠢᠯᠭᠠᠯᠲᠠ ᠶᠢ ᠪᠦᠲᠦᠮᠵᠢᠲᠡᠢ ᠠᠷᠭᠠᠴᠠᠭᠠᠵᠤ᠂ | ᠺᠠᠳ᠋ᠷᠴᠤᠳ ᠤᠨ ᠤᠶᠢᠯᠭᠠᠯᠲᠠ᠂ ᠰᠡᠳᠬᠢᠴᠡ᠂ ᠰᠤᠷᠲᠠᠯ ᠤᠨ ᠬᠤᠪᠢᠷᠠᠯᠲᠠ ᠶᠢᠨ ᠦᠷ᠎ᠡ ᠪᠦᠲᠦᠭᠡᠯ ᠢ ᠬᠠᠩᠭᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠰᠢᠨ᠎ᠡ ᠬᠥᠳᠡᠯᠭᠡᠭᠦᠷ ᠪᠣᠯᠭᠠᠨ ᠬᠤᠪᠢᠷᠠᠭᠤᠯᠤᠨ᠎ᠠ᠃ | ᠭᠤᠷᠪᠠ ᠳᠤ ᠡᠷᠬᠡ ᠳᠣᠰᠢᠶᠠᠯ ᠢᠶᠠᠨ ᠭᠤᠣᠯᠴᠢ ᠪᠠᠷ ᠬᠡᠷᠡᠭᠯᠡᠵᠦ᠂ ᠬᠠᠤᠯᠢ ᠶᠣᠰᠣᠭᠠᠷ ᠵᠠᠰᠠᠭ ᠪᠠᠷᠢᠬᠤ ᠶᠢ ᠴᠢᠩᠭ᠎ᠠ ᠪᠠᠷᠢᠮᠲᠠᠯᠠᠨ᠎ᠠ᠃ ᠬᠠᠤᠯᠢ ᠪᠠᠷ ᠵᠠᠰᠠᠭᠰᠠᠨ | ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠬᠠᠤᠯᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠶᠢ ᠣᠷᠭᠠᠨᠢᠭ ᠢᠶᠠᠷ ᠠᠭᠤᠰᠤᠯᠴᠠᠭᠤᠯᠵᠤ᠂ | ᠬᠠᠤᠯᠢ ᠬᠦᠨᠳᠦᠳᠬᠡᠬᠦ ᠬᠠᠤᠯᠢ ᠰᠤᠷᠬᠤ ᠬᠠᠤᠯᠢ ᠰᠠᠬᠢᠬᠤ ᠬᠠᠤᠯᠢ ᠬᠡᠷᠡᠭᠯᠡᠬᠦ ᠣᠨᠴᠠ ᠰᠠᠶᠢᠨ ᠠᠭᠤᠷ ᠠᠮᠢᠰᠬᠤᠯ ᠢ ᠪᠣᠶ ᠪᠣᠯᠭᠠᠨ᠎ᠠ᠃ ᠵᠠᠰᠠᠭ ᠤᠨ ᠶᠠᠪᠤᠳᠠᠯ ᠪᠠ | ᠮᠡᠳᠡᠭᠡ ᠵᠠᠩᠭᠢ ᠢᠯᠡ ᠨᠡᠶᠢᠲᠡᠯᠡᠬᠦ ᠠᠵᠢᠯ ᠢ ᠭᠦᠨᠵᠡᠭᠡᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠬᠢᠨᠠᠨ ᠪᠤᠳᠤᠬᠤ ᠬᠢᠨᠠᠯᠲᠠ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠨ᠎ᠡ᠃ ᠲᠣᠮᠣ | ᠴᠢᠬᠤᠯᠠ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠤᠨ᠂ ᠬᠠᠤᠯᠢ ᠴᠠᠭᠠᠵᠠ ᠶᠢᠨ ᠵᠥᠪᠯᠡᠭᠴᠢ ᠲᠣᠬᠢᠷᠠᠭᠤᠯᠬᠤ | ᠪᠠ ᠬᠠᠤᠯᠢ ᠳᠤ ᠨᠡᠶᠢᠴᠡᠬᠦ ᠬᠢᠨᠠᠨ ᠪᠠᠶᠢᠴᠠᠭᠠᠯᠲᠠ ᠶᠠᠪᠣᠭᠳᠠᠭᠤᠯᠬᠤ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠰᠢᠨᠵᠢᠯᠡᠬᠦ | ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | ᠲᠦᠷᠪᠡ ᠳᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ | ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠲᠣᠬᠢᠷᠠᠭᠤᠯᠤᠨ ᠪᠠᠶᠢᠷᠢᠯᠠᠭᠤᠯᠬᠤ᠂ ᠰᠢᠮᠳᠠᠭᠤᠯᠤᠨ | ᠠᠬᠢᠭᠤᠯᠬᠤ᠂ ᠰᠢᠯᠭᠠᠨ ᠳ᠋ᠦᠩᠨᠡᠬᠦ︾ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯ ᠤᠨ | ᠵᠢᠯᠣᠭᠤᠳᠤᠮᠵᠢ ᠶᠢᠨ ᠳᠦᠷᠢᠮ ᠢ ᠪᠠᠶᠢᠭᠤᠯᠵᠤ᠂ ᠠᠵᠢᠯ ᠢᠶᠠᠨ ᠲᠥᠷᠥᠯ ᠵᠦᠢᠯ ᠬᠤᠪᠢᠶᠠᠬᠤ᠂ ᠲᠥᠷᠥᠯ ᠵᠦᠢᠯ ᠢᠶᠠᠨ ᠨᠠᠷᠢᠨ ᠳᠠᠩᠰᠠ ᠭᠠᠷᠭᠠᠬᠤ᠂ ᠨᠠᠷᠢᠨ | ᠳᠠᠩᠰᠠ ᠪᠠᠨ ᠬᠠᠷᠢᠭᠤᠴᠠᠯᠭ᠎ᠠ ᠲᠣᠭᠲᠠᠭᠠᠬᠤ ᠠᠵᠢᠯ ᠤᠨ ᠴᠣᠪᠣᠷᠠᠯ ᠤᠨ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠭᠠᠪᠢᠶ᠎ᠠ ᠪᠠᠶᠢᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠪᠤᠴᠠ ᠳᠤ ᠡᠷᠳᠡᠮ | ᠴᠢᠳᠠᠪᠤᠷᠢ ᠪᠠᠨ ᠭᠠᠷᠭᠠᠵᠤ᠂ ᠬᠥᠭᠵᠢᠯᠲᠡ ᠶᠢ ᠠᠬᠢᠭᠤᠯᠬᠤ ᠦᠢᠯᠡᠴᠢᠯᠡᠭᠡᠨ ᠳᠤ ᠬᠤᠰᠢᠭᠤᠴᠢ ᠦᠢᠯᠡᠳᠦᠯ ᠦᠵᠡᠭᠦᠯᠬᠦ ᠬᠡᠪ ᠪᠣᠯᠪᠠᠰᠣᠷᠠᠯ ᠢ ᠨᠢ ᠪᠠᠲᠤᠳᠬᠠᠨ᠂ ︽ | ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ᠠᠵᠢᠯ ᠥᠯᠥ ᠬᠢᠬᠦ᠂ ᠤᠳᠠᠭᠠᠰᠢᠷᠠᠭᠤᠯᠤᠨ ᠬᠢᠬᠦ᠂ ᠳᠤᠷ᠎ᠠ ᠪᠠᠷ ᠢᠶᠠᠨ ᠬᠢᠬᠦ ᠵᠡᠷᠭᠡ ᠵᠠᠰᠠᠭ ᠤᠨ | ᠠᠵᠢᠯ ᠳᠤ ᠬᠤᠶᠢᠷᠭᠤᠰᠢᠬᠤ ᠦᠶᠯᠡ ᠠᠵᠢᠯᠯᠠᠭ᠎ᠠ ᠶᠢ ᠴᠢᠩᠭ᠎ᠠ ᠰᠢᠶᠳᠪᠦᠷᠢᠯᠡᠨ᠎ᠡ᠃ | ᠲᠠᠪᠤ ᠳᠤ ᠵᠠᠷᠴᠢᠮᠲᠤ ᠰᠡᠳᠬᠢᠬᠦᠶ ᠶᠢ ᠪᠠᠲᠤ ᠪᠣᠶ ᠪᠣᠯᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠰᠠᠬᠢᠯᠭ᠎ᠠ ᠪᠠᠲᠤ ᠪᠠ ᠶᠣᠰᠣ | ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠨᠠᠮ ᠢᠶᠠᠨ ᠪᠥᠬᠦ ᠲᠠᠯ᠎ᠠ ᠪᠠᠷ ᠴᠢᠩᠭ᠎ᠠ ᠵᠠᠰᠠᠵᠤ ᠪᠠᠶᠢᠭᠰᠠᠨ ᠠᠴᠠ ᠱᠠᠲᠤ ᠱᠠᠲᠤ ᠪᠠᠷ ᠭᠦᠨᠵᠡᠭᠡᠶᠢᠷᠡᠬᠦ | ᠲᠡᠰᠢ ᠬᠥᠭᠵᠢᠬᠦ ᠶᠢ ᠠᠬᠢᠭᠤᠯᠤᠨ᠎ᠠ᠃ ᠠᠵᠢᠯᠴᠢ ᠪᠣᠷᠣᠭᠵᠢᠭᠤᠨ ᠢᠶᠠᠷ ᠠᠷᠪᠢᠯᠠᠨ ᠭᠠᠮᠨᠠᠬᠤ ᠶᠢ ᠪᠠᠷᠢᠮᠲᠠᠯᠠᠨ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠪᠠ | ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠵᠣᠭᠤᠰ ᠨᠢᠭᠡᠪᠦᠷᠢ ᠶᠢ ᠴᠥᠮ ᠴᠢᠬᠤᠯᠠ ᠲᠠᠢ ᠭᠠᠵᠠᠷ ᠲᠤᠨᠢ ᠬᠡᠷᠡᠭᠯᠡᠬᠦ ᠶᠢ ᠦᠨᠡᠨ ᠬᠦ ᠪᠠᠲᠤᠯᠠᠵᠤ᠂ | ᠨᠡᠩ ᠤᠯᠠᠨ ᠡᠬᠢ ᠪᠠᠶᠠᠯᠢᠭ ᠪᠠ ᠡᠳ᠋ ᠤᠨ ᠬᠦᠴᠦᠨ ᠢᠶᠠᠷ ᠠᠵᠠ ᠵᠢᠷᠭᠠᠯ ᠢ ᠨᠡᠮᠡᠭᠳᠡᠭᠦᠯᠦᠨ᠂ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠢ ᠰᠠᠶᠢᠨ ᠰᠠᠶᠢᠬᠠᠨ | ᠠᠮᠢᠳᠤᠷᠠᠭᠤᠯᠬᠤ ᠪᠠᠷ ᠴᠢᠷᠮᠠᠶᠢᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠵᠠᠰᠠᠭ ᠤᠨ ᠣᠷᠳᠣᠨ ᠤ ᠬᠡᠷᠡᠭᠴᠡᠭᠡ ᠬᠠᠩᠭᠠᠯᠭ᠎ᠠ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ | ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠣᠯᠠᠨ | ᠲᠦᠮᠡᠨ ᠤ ᠳᠡᠷᠭᠡᠳᠡᠬᠢ ︽ᠢᠯᠵᠠᠷᠠᠯ ᠳᠣᠷᠤᠶᠢᠲᠠᠯ︾ ᠪᠠ ᠲᠥᠪ ᠪᠤᠰᠤ ᠰᠤᠷᠲᠠᠯ ᠢ ᠶᠡᠭᠡ ᠪᠠᠷ ᠴᠡᠭᠴᠡᠯᠡᠨ ᠵᠠᠰᠠᠵᠤ᠂ ᠲᠥᠪ ᠴᠢᠬᠡᠴᠢ ᠵᠠᠰᠠᠭ ᠤᠨ ᠶᠠᠪᠤᠳᠠᠯ ᠤᠨ | ᠣᠷᠴᠢᠨ ᠠᠬᠤᠢ ᠶᠢ ᠪᠣᠶ ᠪᠣᠯᠭᠠᠨ᠎ᠠ᠃ | ᠲᠥᠯᠥᠭᠡᠯᠡᠭᠴᠢᠳ ᠡ᠂ ᠪᠢᠳᠠᠨ ᠤ ᠡᠭᠦᠷᠭᠡ ᠬᠠᠷᠢᠭᠤᠴᠠᠯᠭ᠎ᠠ ᠬᠦᠨᠳᠦ ᠪᠠᠶᠢᠭ᠎ᠠ ᠲᠤᠯᠠ᠂ ᠬᠤᠷᠳᠤᠨ ᠮᠣᠷᠢᠨ ᠳᠠᠭᠠᠨ ᠲᠠᠰᠢᠭᠤᠷ ᠨᠡᠮᠡᠵᠦ᠂ ᠡᠷᠴᠢ | ᠵᠣᠷᠢᠭ ᠢᠶᠠᠨ ᠬᠥᠪᠴᠢᠯᠡᠨ᠂ ᠨᠡᠩ ᠢᠯᠡᠭᠦᠦ ᠴᠢᠷᠮᠠᠶᠢᠨ ᠲᠡᠮᠡᠴᠡᠬᠦ ᠴᠢᠬᠤᠯᠠ ᠲᠠᠢ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠠᠴᠠ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ | ᠶᠡᠭᠡ ᠲᠤᠭ ᠢ ᠥᠨᠳᠥᠷ ᠮᠠᠨᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠠᠷᠠᠳ ᠲᠦᠮᠡᠨ ᠳᠤ | ᠲᠦᠰᠢᠭᠯᠡᠨ᠂ ᠦᠵᠡᠯ ᠰᠠᠨᠠᠭ᠎ᠠ ᠪᠠᠨ ᠴᠢᠯᠥᠭᠡᠯᠡᠵᠦ᠂ ᠵᠣᠷᠢᠭᠲᠠᠢ ᠪᠠᠷ ᠤᠷᠤᠭᠰᠢᠯᠠᠨ᠂ ᠬᠦᠴᠢᠷ ᠪᠡᠷᠬᠡ ᠶᠢ ᠢᠯᠠᠨ ᠳᠠᠪᠠᠵᠤ᠂ ᠪᠦᠯᠬᠦᠮᠳᠡᠨ ᠨᠢᠭᠡᠳᠴᠦ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠬᠠᠩᠭᠢᠨ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠤᠷᠤᠭᠰᠢᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ | ᠬᠤᠷᠢᠳᠤᠭᠠᠷ ᠶᠡᠭᠡ ᠬᠤᠷᠠᠯ ᠢᠯᠠᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕ | |