ᠬᠦᠰᠡᠯ ᠬᠥᠪᠦᠷᠡᠵᠦ ᠬᠦᠷ ᠪᠢᠯᠬᠠᠭᠰᠠᠨ ᠬᠡᠤᠬᠡᠳ ᠤᠨ ᠪᠠᠶᠠᠷ
ᠨᠡᠶᠢᠲᠡᠯᠡᠭᠰᠡᠨ ᠴᠠᠭ᠄
2022/6/2

      6.1 ᠤ ᠡᠳᠦᠷ᠂ ᠬᠠᠩᠭᠢᠨ ᠬᠤᠰᠢᠭᠤᠨ ᠤ ᠡᠯ᠎ᠡ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠨᠢ ᠺᠢᠨᠣ᠋ ᠦᠵᠡᠬᠦ᠂ ᠬᠡᠭᠡᠷᠡᠯᠡᠨ ᠵᠤᠭᠠᠴᠠᠬᠤ᠂ ᠴᠠᠭᠠᠰᠤᠨ

ᠰᠢᠪᠠᠭᠤ ᠨᠢᠰᠭᠡᠭᠦ᠂ ᠬᠦᠨᠳᠦ ᠬᠥᠩᠭᠡᠨ ᠪᠡᠶ᠎ᠡ ᠲᠠᠮᠢᠷ ᠤᠨ ᠣᠷᠤᠯᠳᠤᠭᠠᠨ ᠬᠢᠬᠦ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ ᠵᠡᠷᠭᠡ ᠣᠯᠠᠨ ᠲᠥᠷᠦᠯ ᠤᠨ ᠠᠭᠤᠯᠭ᠎ᠠ

ᠪᠠᠶᠠᠯᠢᠭ ᠠᠵᠢᠯᠯᠠᠭ᠎ᠠ ᠦᠷᠨᠢᠭᠦᠯᠵᠦ᠂ ᠬᠡᠤᠬᠡᠳ ᠪᠠᠭᠠᠴᠤᠳ ᠪᠠᠶᠠᠷ ᠪᠠᠶᠠᠰᠤᠯ᠂ ᠴᠤᠭ ᠵᠣᠯᠪᠤᠭᠠᠯᠢᠭ᠂ ᠥᠭᠡᠳᠡᠷᠭᠡᠭ ᠰᠠᠶᠢᠬᠠᠨ ᠢ ᠬᠦᠰᠡᠨ ᠮᠥᠷᠦᠭᠡᠳᠦᠭᠰᠡᠨ ᠠᠭᠤᠷ

ᠠᠮᠢᠰᠬᠤᠯ ᠤᠨ ᠳᠤᠮᠲᠠ ᠥᠪᠡᠷ ᠥᠪᠡᠷ ᠤᠨ ᠣᠨᠴᠠᠯᠢᠭ ᠢ ᠬᠠᠷᠠᠭᠤᠯᠤᠨ᠂ ︽6.1︾ ᠤ  ᠪᠠᠭᠠᠴᠤᠳ ᠬᠡᠤᠬᠡᠳ ᠤᠨ ᠪᠠᠶᠠᠷ ᠢᠶᠠᠨ ᠤᠭᠲᠤᠨ ᠲᠡᠮᠲᠡᠭᠯᠡᠭᠰᠡᠨ

ᠪᠠᠶᠢᠨ᠎ᠠ᠃

ᠢᠷᠡᠯᠲᠡ᠄ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ