2022 ᠣᠨ ᠤ ᠴᠥᠭᠡᠨ ᠲᠣᠭᠠᠲᠤ ᠦᠨᠳᠦᠰᠦᠲᠡᠨ ᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠬᠢᠨ ︽ᠲᠤᠰᠤᠯ ᠤᠰᠤ ᠳᠠᠯᠠᠢ  ᠪᠣᠯᠵᠤ᠂ ᠲᠤᠰᠤᠯ ᠬᠠᠶᠢᠷ᠎ᠠ ᠬᠦᠰᠡᠯ ᠪᠣᠯᠳᠠᠭ︾ ᠭᠡᠬᠦ ᠨᠣᠮ ᠬᠠᠨᠳᠢᠪᠯᠠᠬᠤ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/7/11

      7 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠠᠩᠭᠢᠨ ᠬᠤᠰᠢᠭᠤᠨ ᠤ 2022 ᠣᠨ ᠤ ᠴᠥᠭᠡᠨ ᠲᠣᠭᠠᠲᠤ ᠦᠨᠳᠦᠰᠦᠲᠡᠨ ᠤ ᠺᠠᠳ᠋ᠷᠴᠤᠳ ᠤᠨ

ᠪᠣᠯᠪᠠᠰᠤᠷᠠᠯ ᠤᠨ ᠠᠩᠭᠢ ᠶᠢᠨ ᠪᠥᠬᠦ ᠨᠥᠬᠦᠳ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ

ᠵᠥᠪᠯᠡᠯ ᠤᠨ ᠤᠳᠤᠷᠢᠳᠤᠯᠭ᠎ᠠ ᠨᠠᠷ ᠲᠠᠢ ᠬᠠᠮᠲᠤ᠂ ᠬᠠᠩᠭᠢᠨ ᠬᠤᠰᠢᠭᠤᠨ ᠤ ᠮᠣᠩᠭᠤᠯ ᠦᠨᠳᠦᠰᠦᠲᠡᠨ ᠤ ᠬᠡᠣᠬᠡᠳ ᠤᠨ ᠴᠡᠴᠡᠷᠯᠢᠭ᠂ ᠬᠠᠩᠭᠢᠨ ᠬᠤᠰᠢᠭᠤᠨ ᠤ

ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬᠦᠷᠴᠦ᠂ ︽ᠲᠤᠰᠤᠯ ᠤᠰᠤ ᠳᠠᠯᠠᠢ ᠪᠣᠯᠵᠤ᠂ ᠲᠤᠰᠤᠯ ᠬᠠᠶᠢᠷ᠎ᠠ ᠬᠦᠰᠡᠯ ᠪᠣᠯᠳᠠᠭ︾  ᠭᠡᠬᠦ

ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠪᠡ᠃

 

fb14a20fa2b5747b98a6be1ebc86b7e.jpg

      ᠲᠤᠰ ᠤᠳᠠᠭᠠᠨ ᠤ ᠠᠵᠢᠯᠯᠠᠭ᠎ᠠ ᠨᠢ ᠬᠡᠣᠬᠡᠳ ᠤᠳ ᠤᠨ ᠨᠣᠮ ᠣᠩᠰᠢᠬᠤ ᠤᠷᠮᠠᠰᠢᠯ ᠢ ᠬᠥᠭᠵᠢᠭᠡᠵᠦ᠂ ᠢᠯᠡᠭᠦᠬᠡᠨ ᠨᠣᠮ ᠣᠩᠰᠢᠬᠤ ᠶᠢ ᠵᠣᠷᠢᠭᠵᠢᠭᠤᠯᠤᠨ᠂

ᠬᠡᠣᠬᠡᠳ ᠤᠳ ᠲᠡᠭᠡᠨ ᠰᠠᠶᠢᠲᠤᠷ ᠰᠢᠮᠲᠠᠨ ᠰᠤᠷᠤᠯᠴᠠᠵᠤ᠂ ᠬᠤᠵᠢᠮ ᠬᠤᠶᠢᠰᠢᠲᠠ ᠤᠯᠤᠰ ᠣᠷᠣᠨ ᠳᠠᠭᠠᠨ ᠥᠪᠡᠷ ᠤᠨ ᠬᠦᠴᠦ ᠪᠠᠨ ᠡᠷᠭᠦᠵᠦ ᠶᠠᠪᠤᠬᠤ ᠶᠢᠨ

ᠵᠥᠩᠨᠡᠯ ᠢ ᠲᠡᠪᠰᠢᠭᠦᠯᠬᠦ ᠶᠢᠨ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠤ ᠪᠥᠯᠬᠦᠮᠳᠡᠯ

ᠲᠠᠪᠰᠢᠯᠲᠠ ᠶᠢ ᠠᠬᠢᠭᠤᠯᠬᠤ ᠳᠤ  ᠴᠢᠬᠤᠯᠠ ᠦᠢᠯᠡᠳᠦᠯ  ᠦᠵᠡᠭᠦᠯᠬᠦ ᠶᠢ ᠵᠣᠷᠢᠭᠰᠠᠨ ᠪᠠᠶᠢᠨ᠎ᠠ᠃

      ᠣᠶᠢᠯᠠᠭᠠᠭᠰᠠᠨ ᠢᠶᠠᠷ᠂ ᠲᠤᠰ ᠤᠳᠠᠭᠠᠨ ᠤ ᠨᠣᠮ ᠬᠠᠨᠳᠢᠪᠯᠠᠬᠤ ᠬᠥᠳᠡᠯᠭᠡᠭᠡᠨ ᠳᠤ 2022 ᠣᠨ ᠤ ᠴᠥᠭᠡᠨ ᠲᠣᠭᠠᠲᠤ ᠦᠨᠳᠦᠰᠦᠲᠡᠨ ᠤ ᠺᠠᠳ᠋ᠷᠴᠤᠳ ᠤᠨ

ᠪᠣᠯᠪᠠᠰᠤᠷᠠᠯ ᠤᠨ ᠠᠩᠭᠢ ᠨᠢ ᠨᠡᠶᠢᠲᠡ 200 ᠭᠠᠷᠤᠢ ᠨᠣᠮ ᠬᠠᠨᠳᠢᠪᠯᠠᠭᠰᠠᠨ ᠪᠠᠶᠢᠨ᠎ᠠ᠃

ᠢᠷᠡᠯᠲᠡ᠄ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ