| | 2022 ᠣᠨ ᠤ 4 ᠰᠠᠷ᠎ᠠ ᠶᠢᠨ 19 ᠤ ᠡᠳᠦᠷ ᠬᠦᠬᠡᠮᠤᠳᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠳᠠᠷᠤᠭ᠎ᠠ ᠴᠢᠶᠣᠤ ᠬᠠᠢ ᠵᠢᠶᠦ᠋ᠨ | | ᠲᠥᠯᠥᠭᠡᠯᠡᠭᠴᠢᠳ ᠡ᠄ | ᠣᠳᠣ ᠪᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2021 ᠣᠨ ᠤ ᠠᠵᠢᠯ ᠤᠨ ᠡᠷᠭᠢᠴᠡᠭᠦᠯᠦᠯ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠡᠬᠢᠯᠡᠯᠲᠡ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠪᠠᠯᠭᠠᠰᠤᠨ ᠤ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠪᠠᠯᠭᠠᠰᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ | ᠬᠤᠭᠤᠴᠠᠭᠠᠨ ᠤ ᠡᠯ᠎ᠡ ᠪᠥᠬᠦᠳᠡ ᠬᠤᠷᠠᠯ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠪᠠᠷ ᠭᠤᠤᠯ ᠰᠡᠳᠦᠪ ᠪᠣᠯᠭᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠠᠯᠭᠠᠰᠤᠨ ᠤ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠵᠦᠶᠯ ᠤᠨ | ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠰᠠᠶᠢᠲᠤᠷ ᠬᠢᠪᠡ᠄ | ︵ᠨᠢᠭᠡ︶ ᠠᠮᠢ ᠠᠬᠤᠢ ᠶᠢᠨ ᠵᠠᠰᠠᠯᠲᠠ ᠶᠢ ᠠᠳᠬᠤᠵᠤ᠂ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠪᠡ᠃ ᠣᠶ ᠰᠢᠭᠤᠶ ᠡᠪᠡᠰᠦ | ᠪᠡᠯᠴᠢᠭᠡᠷ ᠤᠨ ᠤᠷᠭᠤᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠥᠪᠴᠢ ᠶᠢᠨ ᠡᠯᠡᠰᠦ ᠶᠢᠨ ᠠᠮᠢ ᠠᠬᠤᠶ ᠶᠢᠨ ᠵᠠᠰᠠᠯᠲᠠ ᠵᠡᠷᠭᠡ ᠠᠮᠢ ᠠᠬᠤᠶ ᠶᠢᠨ | ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠠᠯᠪᠠᠨ ᠵᠢᠷᠤᠮ ᠤᠨ ᠮᠣᠳᠣ ᠳᠠᠷᠢᠬᠤ ᠳᠤ | ᠢᠳᠡᠪᠬᠢᠲᠡᠶ ᠣᠷᠣᠯᠴᠠᠭᠤᠯᠵᠤ᠂ 160 ᠲᠦᠮᠡᠨ ᠵᠠᠭ ᠮᠣᠳᠣ᠂ 8800 ᠭᠠᠷᠤᠶ ᠰᠠᠭᠤᠷᠢ ᠵᠡᠷᠯᠢᠭ ᠲᠤᠭᠤᠷ ᠪᠠ ᠬᠡᠭᠡᠷ᠎ᠡ ᠶᠢᠨ ᠬᠦᠢᠯᠡᠰᠦ ᠳᠠᠷᠢᠵᠤ᠂ ᠪᠥᠬᠦ | ᠪᠠᠯᠭᠠᠰᠤᠨ ᠤ ᠨᠣᠭᠤᠭᠠᠷᠠᠭᠤᠯᠤᠯᠲᠠ ᠶᠢᠨ ᠲᠠᠯᠠᠪᠠᠶ ᠶᠢ 2.4 ᠲᠦᠮᠡᠨ ᠮᠥ ᠰᠢᠨ᠎ᠡ ᠪᠠᠷ ᠨᠡᠮᠡᠭᠳᠡᠭᠦᠯᠪᠡ᠃ ᠨᠤᠲᠤᠭ ᠪᠡᠯᠴᠢᠭᠡᠷ ᠣᠶ ᠰᠢᠭᠤᠶ ᠶᠢᠨ ᠲᠤᠰᠬᠠᠶ ᠵᠦᠶᠯ ᠤᠨ | ᠵᠢᠷᠤᠭᠲᠤ ᠪᠠᠶᠢᠷᠢᠯᠠᠯ ᠢ 115᠂ ᠣᠶ ᠰᠢᠭᠤᠶ ᠶᠢᠨ ᠰᠢᠪᠠᠳᠠᠨ ᠪᠠᠶᠢᠴᠠᠭᠠᠯᠲᠠ ᠶᠢᠨ ᠵᠢᠷᠤᠭᠲᠤ ᠪᠠᠶᠢᠷᠢᠯᠠᠯ ᠢ 38 ᠬᠠᠷᠭᠤᠭᠤᠯᠤᠨ ᠪᠠᠶᠢᠴᠠᠭᠠᠵᠤ ᠴᠡᠭᠴᠡᠯᠡᠨ ᠵᠠᠰᠠᠪᠠ᠃ | ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠢ ᠴᠡᠭᠴᠡᠯᠡᠨ ᠵᠠᠰᠠᠬᠤ | ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠲᠡ 60 ᠭᠠᠷᠤᠶ ᠤᠳᠠᠭ᠎ᠠ ᠭᠤᠤᠯ ᠮᠥᠷᠡᠨ ᠢ ᠲᠣᠭᠤᠷᠢᠨ ᠪᠠᠶᠢᠴᠠᠭᠠᠵᠤ᠂ ᠬᠦᠮᠦᠨ ᠰᠠᠭᠤᠵᠤ ᠦᠬᠡᠢ 5 ᠬᠡᠷ ᠢ | ᠨᠤᠷᠠᠭᠠᠵᠤ᠂ 70 ᠭᠠᠷᠤᠶ ︽ᠳᠥᠷᠪᠡᠨ ᠡᠷᠦᠢ ᠬᠤᠷᠤᠢ ᠦᠬᠡᠢ︾ ᠭᠠᠵᠠᠷ ᠤᠷᠤᠨ ᠢ ᠵᠠᠰᠠᠨ ᠴᠡᠭᠴᠡᠯᠡᠵᠦ᠂ 3 ᠵᠢᠭᠠᠰᠤᠨ ᠴᠥᠭᠦᠷᠥᠮ ᠢ ᠴᠡᠪᠡᠷᠯᠡᠵᠦ᠂ ᠲᠠᠩ ᠤᠨ | ᠣᠷᠣᠨ ᠳᠤ ᠲᠠᠷᠠᠬᠠᠶ ᠪᠤᠲᠠᠷᠬᠠᠶ ᠰᠠᠭᠤᠭ᠎ᠠ 5 ᠡᠷᠦᠬᠡ 16 ᠬᠥᠮᠦᠨ ᠢ ᠨᠡᠭᠦᠯᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ ᠳ᠋ᠠ ᠲᠤᠤ ᠽᠢ ᠲᠣᠰᠬᠤᠨ ᠢ ᠨᠡᠭᠦᠯᠭᠡᠨ | ᠪᠠᠶᠢᠭᠤᠯᠬᠤ ᠲᠤᠬᠠᠶ ᠪᠠᠶᠢᠴᠠᠭᠠᠨ ᠣᠶᠢᠯᠠᠭᠠᠬᠤ ᠠᠵᠢᠯ ᠢ ᠪᠡᠶᠡᠯᠡᠭᠦᠯᠪᠡ᠃ ᠲᠣᠰᠬᠤᠨ ᠠᠴᠠ ᠪᠤᠴᠠᠭᠠᠨ ᠬᠤᠷᠢᠶᠠᠬᠤ᠂ ᠪᠠᠯᠭᠠᠰᠤ ᠠᠴᠠ ᠬᠤᠷᠢᠶᠠᠨ ᠴᠤᠭᠯᠠᠭᠤᠯᠬᠤ | ᠠᠷᠭ᠎ᠠ ᠮᠠᠶ᠋ᠢᠭ ᠢ ᠠᠪᠴᠤ᠂ ᠲᠠᠷᠢᠶᠠᠯᠠᠩ ᠤᠨ ᠡᠮ ᠤᠨ ᠯᠣᠩᠬᠤ᠂ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ ᠲᠥᠯᠥᠪᠦᠷᠢ ᠲᠠᠢ ᠪᠠᠷ | ᠬᠤᠷᠢᠶᠠᠨ ᠠᠪᠬᠤ ᠶᠢ ᠠᠬᠢᠭᠤᠯᠵᠤ᠂ ᠲᠠᠷᠢᠶᠠᠨ ᠭᠠᠵᠠᠷ ᠤᠨ ᠪᠣᠬᠢᠷᠲᠤᠯ ᠢ ᠪᠦᠲᠦᠮᠵᠢᠲᠡᠶ ᠵᠠᠰᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠬᠠᠷᠭᠤᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠠᠬᠢᠭᠤᠯᠵᠤ᠂ ᠬᠠᠷᠭᠤᠭᠤᠯᠪᠠᠯ ᠵᠣᠬᠢᠬᠤ ᠶᠢ | ᠨᠢ ᠪᠦᠬᠦᠨ ᠢ ᠬᠠᠷᠭᠤᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠪᠥᠬᠦ ᠪᠠᠯᠭᠠᠰᠤᠨ ᠳᠤ ᠪᠠᠯᠭᠠᠰᠤᠨ ᠤ ᠱᠠᠲᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠲᠦᠷ ᠬᠡᠷᠡᠭᠵᠢᠭᠦᠯᠬᠦ ᠠᠷᠭ᠎ᠠ ᠶᠢ ᠡᠩ ᠲᠡᠷᠢᠭᠦᠨ ᠳᠤ ᠨᠡᠶᠢᠲᠡᠯᠡᠵᠦ᠂ ︽3 + 6 + N︾ ᠪᠠ ︽ᠭᠤᠷᠪᠠᠨ ᠪᠢᠴᠢᠭ ᠬᠤᠶᠠᠷ ᠬᠠᠭᠤᠳᠠᠰᠤ︾ ᠶᠢᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ ᠳᠤ ᠲᠤᠷᠰᠢᠯᠭ᠎ᠠ ᠬᠠᠩᠭᠠᠪᠠ᠃ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ | ᠠᠰᠢᠭᠯᠠᠯᠲᠠ ᠳᠤ ᠣᠷᠣᠭᠤᠯᠵᠤ᠂ ᠪᠠᠶᠠᠨ᠋ᠦ᠌ᠨᠳᠦᠷ ᠭᠠᠴᠠᠭᠠᠨ ᠤ ᠮᠠ ᠳᠧᠦ ᠸᠠᠨ ᠬᠤᠭ ᠨᠣᠪᠰᠢ ᠣᠪᠣᠭᠠᠯᠠᠬᠤ ᠴᠡᠭ ᠢ ᠪᠦᠬᠦᠨ ᠢ ᠬᠠᠭᠠᠵᠤ ᠵᠣᠭᠰᠣᠭᠠᠬᠤ ᠶᠢᠨ ᠬᠠᠮᠲᠤ | ᠣᠷᠴᠢᠨ ᠲᠣᠭᠤᠷᠢᠨ ᠢ ᠴᠡᠭᠴᠡᠯᠡᠨ ᠵᠠᠰᠠᠪᠠ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠤᠰᠬᠠᠶ ᠪᠠᠯᠠ ᠮᠥᠩᠭᠦ ᠶᠢ 90 ᠭᠠᠷᠤᠶ | ᠲᠦᠮᠡᠨ ᠲᠥᠭᠦᠷᠢᠭ ᠣᠯᠵᠤ᠂ 1 ᠬᠤᠭ ᠨᠣᠪᠰᠢ ᠴᠡᠪᠡᠷᠯᠡᠬᠦ ᠲᠡᠷᠭᠡ᠂ 2 ᠪᠣᠬᠢᠷ ᠤᠰᠤ ᠲᠠᠲᠠᠬᠤ ᠲᠡᠷᠭᠡ᠂ ᠡᠯ᠎ᠡ ᠲᠥᠷᠥᠯ ᠤᠨ ᠬᠤᠭ ᠨᠣᠪᠰᠢ ᠶᠢᠨ ᠰᠠᠪᠠ ᠶᠢ 60 | ᠭᠠᠷᠤᠶ ᠰᠢᠨ᠎ᠡ ᠪᠠᠷ ᠬᠤᠳᠠᠯᠳᠤᠨ ᠠᠪᠴᠤ᠂ ᠪᠥᠬᠦ ᠪᠠᠯᠭᠠᠰᠤᠨ ᠤ ᠬᠤᠭ ᠨᠣᠪᠰᠢ ᠪᠣᠬᠢᠷ ᠤᠰᠤ ᠶᠢ ᠰᠢᠶᠳᠪᠦᠷᠢᠯᠡᠬᠦ ᠠᠵᠢᠯ ᠢ ᠠᠯᠬᠤᠮ ᠠᠯᠬᠤᠮ ᠢᠶᠠᠷ ᠵᠥᠪ ᠵᠠᠮ ᠳᠤ | ᠣᠷᠣᠭᠤᠯᠪᠠ᠃ ᠪᠥᠬᠦ ᠵᠢᠯ ᠳᠤ 25 ᠡᠷᠦᠬᠡ ᠶᠢᠨ ᠵᠤᠷᠯᠤᠩ ᠢ ᠦᠭᠡᠷᠡᠴᠢᠯᠡᠨ ᠰᠢᠨᠡᠳᠬᠡᠵᠤ᠂ 135 ᠵᠤᠷᠯᠣᠩ ᠤᠨ ᠠᠰᠠᠭᠤᠳᠠᠯ ᠢ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠵᠤ᠂ ᠬᠤᠩ ᠨᠢ ᠭᠧ ᠲᠠᠢ ᠪᠠᠷ ᠲᠤᠷᠰᠢᠯᠲᠡ ᠶᠢᠨ ᠴᠡᠭ ᠪᠤᠯᠭᠠᠨ ᠬᠠᠭᠤᠴᠢᠨ ᠵᠣᠷᠯᠣᠩ ᠢ ᠥᠭᠡᠷᠡᠴᠢᠯᠡᠨ ᠰᠢᠨᠡᠳᠬᠡᠭᠰᠡᠨ ᠠᠷᠭ᠎ᠠ ᠨᠢ ᠣᠯᠠᠨ ᠲᠦᠮᠡᠨ | ᠪᠠ ᠳᠡᠭᠡᠳᠦ ᠱᠠᠲᠤᠨ ᠳᠤ ᠮᠡᠳᠡᠷᠡᠭᠳᠡᠪᠡ ᠃ | ︵ᠬᠤᠶᠠᠷ︶ ᠪᠦᠲᠦᠮᠵᠢᠲᠡᠶ ᠤᠶᠠᠯᠳᠣᠭᠤᠯᠬᠤ ᠶᠢ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠮᠬᠢ ᠵᠢᠷᠤᠮ ᠲᠠᠢ ᠠᠬᠢᠭᠤᠯᠪᠠ᠃ | ︽ᠳᠥᠷᠪᠡ ᠶᠢ ᠥᠯᠥ ᠲᠠᠶᠠᠭᠳᠠᠬᠤ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ 2014 ᠣᠨ ᠠᠴᠠ 2020 ᠣᠨ ᠪᠣᠯᠲᠠᠯᠠᠬᠢ ᠡᠯ᠎ᠡ ᠲᠥᠷᠥᠯ ᠤᠨ | ᠶᠠᠳᠠᠭᠤ ᠶᠢ ᠲᠡᠳᠬᠦᠬᠦ ᠲᠠᠩᠰᠠ ᠡᠪᠬᠡᠮᠡᠯ ᠢ ᠴᠥᠮ ᠡᠮᠬᠢᠯᠡᠨ ᠲᠠᠩᠰᠠᠨ ᠳᠤ ᠤᠷᠤᠭᠤᠯᠪᠠ᠃ 755.6 ᠲᠦᠮᠡᠨ ᠲᠥᠭᠦᠷᠢᠭ ᠤᠨ ᠲᠡᠭᠡᠳᠦ ᠱᠠᠲᠤᠨ ᠤ ᠪᠡᠯᠡ ᠮᠥᠩᠭᠦ | ᠶᠢ ᠴᠢᠷᠮᠠᠶᠢᠨ ᠣᠯᠵᠤ᠂ ᠴᠠᠭᠠᠨᠨᠠᠭᠤᠷ ᠤᠨ ᠡᠯᠡᠰᠦ ᠲᠤᠩᠭᠠᠬᠤ ᠴᠥᠭᠦᠷᠥᠮ᠂ ᠳ᠋ᠠ ᠲᠤᠤ ᠽᠢ ᠲᠤᠰᠬᠤᠨ ᠤ ᠤᠰᠤᠨ ᠬᠤᠭᠤᠯᠠᠢ ᠶᠢ ᠵᠠᠰᠠᠬᠤ ᠵᠡᠷᠭᠡ ᠰᠠᠭᠤᠷᠢ | ᠲᠥᠬᠦᠭᠡᠷᠦᠮᠵᠢ ᠶᠢᠨ ᠲᠥᠷᠦᠯ ᠵᠦᠢᠯ ᠢ 4 ᠬᠡᠷᠡᠭᠵᠢᠭᠦᠯᠪᠡ᠃ ᠪᠥᠬᠦ ᠪᠠᠯᠭᠠᠰᠤᠨ ᠤ 99 ᠶᠠᠳᠠᠭᠤ ᠠᠴᠠ ᠠᠩᠭᠢᠵᠢᠷᠠᠭᠰᠠᠨ ᠡᠷᠦᠬᠡ᠂ 9 ᠠᠮᠠᠷᠬᠠᠨ ᠶᠠᠳᠠᠭᠤᠷᠠᠬᠤ | ᠡᠷᠦᠬᠡ ᠶᠢ ᠬᠥᠳᠡᠯᠦᠩᠭᠦᠶ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠪᠡ᠃ ᠪᠦᠬᠦ ᠵᠢᠯ ᠳᠤ 6.7 ᠲᠦᠮᠡᠨ ᠲᠥᠭᠦᠷᠢᠭ ᠤᠨ ᠰᠤᠷᠭᠠᠨ | ᠬᠥᠮᠦᠵᠢᠯ ᠤᠨ ᠨᠥᠬᠦᠪᠥᠷᠢ ᠮᠦᠩᠬᠦ ᠶᠢ ᠨᠠᠶᠢᠳᠠᠪᠤᠷᠢᠵᠢᠭᠤᠯᠵᠤ᠂ 17 ᠨᠡᠷ᠎ᠡ ᠶᠠᠳᠠᠭᠤ ᠠᠴᠠ ᠠᠩᠬᠢᠵᠢᠷᠠᠭᠤᠯᠬᠤ ᠲᠥᠷᠦ ᠶᠢᠨ ᠪᠣᠳᠣᠯᠭ᠎ᠠ ᠬᠦᠷᠲᠡᠬᠦ ᠬᠥᠮᠦᠨ ᠠᠮᠠ᠂ | 1ᠨᠡᠷ᠎ᠡ ᠶᠠᠳᠠᠭᠤᠷᠠᠬᠤ ᠪᠤᠯᠤᠮᠵᠢᠳᠠᠢ ᠬᠦᠮᠦᠨ ᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠲᠥᠪᠬᠢᠨᠡᠭᠦᠯᠵᠦ᠂ 53 ᠡᠷᠦᠬᠡ ᠶᠠᠳᠠᠭᠤ ᠠᠴᠠ | ᠠᠩᠬᠢᠵᠢᠷᠠᠭᠠᠳ ᠲᠥᠷᠦ ᠶᠢᠨ ᠪᠣᠳᠣᠯᠭ᠎ᠠ ᠬᠦᠷᠲᠡᠵᠤ ᠪᠠᠶᠢᠭ᠎ᠠ ᠡᠷᠦᠬᠡ᠂ 1 ᠨᠡᠷ᠎ᠡ ᠠᠮᠠᠷᠬᠠᠨ ᠶᠠᠳᠠᠭᠤᠷᠠᠬᠤ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢᠨ | ᠱᠠᠩᠨᠠᠯ ᠨᠥᠬᠦᠪᠥᠷᠢ ᠶᠢᠨ ᠲᠥᠷᠦᠯ ᠵᠦᠢᠯ ᠢ ᠭᠤᠶᠤᠴᠢᠯᠠᠨ ᠮᠡᠳᠡᠭᠦᠯᠵᠦ᠂ ᠡᠨᠡ ᠬᠦ ᠲᠦᠷᠦᠯ ᠵᠦᠢᠯ ᠨᠢ 6. 63 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠢ | ᠃ ᠪᠥᠬᠦ ᠪᠠᠯᠭᠠᠰᠤᠨ ᠤ ᠲᠠᠷᠢᠮᠠᠯ ᠤᠨ ᠶᠡᠷᠦᠩᠬᠡᠶ ᠲᠠᠯᠠᠪᠠᠶ ᠨᠢ 19.8 ᠲᠦᠮᠡᠨ ᠮᠥ ᠳᠤ ᠬᠦᠷᠴᠦ᠂ ᠲᠡᠵᠢᠭᠡᠵᠦ ᠪᠠᠶᠢᠭ᠎ᠠ ᠮᠠᠯ ᠤᠨ ᠲᠤᠭ᠎ᠠ ᠨᠢ 13.55 ᠲᠦᠮᠡᠨ | ᠲᠤᠯᠤᠭᠠᠢ ᠳᠤ ᠬᠦᠷᠴᠦ᠂ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠬᠡᠪᠴᠢᠶ᠎ᠡ ᠶᠢ 10 ᠲᠦᠮᠡ ᠠᠴᠠ ᠳᠡᠭᠡᠭᠰᠢ ᠪᠠᠶᠢᠬᠤ ᠶᠢ ᠪᠠᠲᠤᠯᠠᠵᠤ᠂ 1.2 ᠲᠦᠮᠡᠨ ᠮᠥ | ᠲᠥᠮᠥᠰᠥ ᠶᠢ ᠬᠡᠪᠴᠢᠶᠡᠵᠢᠭᠦᠯᠦᠨ ᠳᠠᠷᠢᠵᠤ᠂ ᠮᠥ ᠪᠦᠷᠢ ᠶᠢᠨ ᠤᠨᠠᠯᠲᠠ ᠨᠢ 4.5 ᠲᠣᠨ ᠳᠤ ᠬᠦᠷᠦᠭᠰᠡᠨ ᠪᠠᠶᠢᠨ᠎ᠠ᠃ ᠲᠡᠵᠢᠭᠡᠨ ᠦᠷᠡᠵᠢᠭᠦᠯᠬᠦ ᠲᠣᠮᠣ ᠡᠷᠦᠬᠡ 10 | ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 5 ᠡᠷᠦᠬᠡ ᠶᠢ ᠰᠢᠨ᠎ᠡ ᠪᠠᠷ ᠪᠤᠶᠢᠵᠢᠭᠤᠯᠪᠠ᠃ 1ᠠᠵᠤ ᠠᠬᠤᠶᠢᠯᠠᠯ᠂ 2 ᠲᠠᠷᠢᠮᠠᠯ ᠤᠨ ᠲᠣᠮᠣ ᠡᠷᠦᠬᠡ | ᠬᠠᠲᠤᠨ ᠭᠤᠤᠯ ᠤᠨ ᠲᠠᠩ ᠤᠨ ᠣᠷᠣᠨ ᠳᠤ 2100 ᠭᠠᠷᠤᠶ ᠮᠥ ᠭᠠᠵᠠᠷ ᠰᠢᠷᠣᠶ ᠶᠢ ᠲᠠᠬᠢᠨ ᠠᠰᠢᠭᠯᠠᠵᠤ ᠲᠤᠷᠰᠢᠨ ᠲᠠᠷᠢᠪᠠ᠃ ᠪᠥᠬᠦ ᠪᠠᠯᠭᠠᠰᠤᠨ ᠤ 5 | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ ᠴᠥᠮ 20 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ ᠡᠭᠦᠨ ᠳᠤ 2 ᠡᠵᠡᠩᠨᠡᠯᠲᠡ | ᠶᠢᠨ ᠴᠢᠨᠠᠷᠲᠠᠶ ᠣᠷᠣᠯᠭ᠎ᠠ 50 ᠲᠦᠮᠡᠨ ᠲᠥᠭᠦᠷᠢᠭ ᠢ ᠲᠠᠪᠠᠵᠤ᠂ 1.24 ᠰᠠᠶ᠎ᠠ ᠸᠠᠲ ︽ᠲᠠᠪᠤᠨ ᠭᠠᠴᠠᠭ᠎ᠠ ᠬᠤᠯᠪᠣᠭᠠᠯᠠᠨ ᠪᠠᠶᠢᠭᠤᠯᠤᠭᠰᠠᠨ︾ ᠨᠠᠷᠠᠨ ᠤ ᠡᠨᠧᠷᠬᠢ | ᠪᠠᠷ ᠴᠠᠬᠢᠯᠭᠠᠨ ᠭᠠᠷᠭᠠᠬᠤ ᠥᠷᠲᠡᠭᠡᠨ ᠤ ᠪᠥᠬᠦ ᠵᠢᠯ ᠤᠨ ᠣᠷᠣᠯᠭ᠎ᠠ 54 ᠲᠦᠮᠡᠨ ᠲᠥᠭᠦᠷᠢᠭ ᠲᠤ ᠬᠥᠷᠪᠡ᠃ ᠬᠡᠷᠡᠯ ᠴᠡᠨᠡᠭ ᠤᠨ ᠰᠢᠨ᠎ᠡ ᠲᠣᠰᠬᠤᠨ ᠤ 1.76 | ᠰᠠᠶ᠎ᠠ ᠸᠠᠲ ᠤᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠥᠷᠳᠡᠭᠡ ᠸᠡ ᠮᠠᠯᠵᠢᠬᠤ ᠲᠠᠷᠢᠶᠠᠯᠠᠬᠤ ᠡᠷᠦᠬᠡ ᠶᠢᠨ ᠡᠷᠦᠬᠡ ᠪᠦᠷᠢ ᠶᠢᠨ ᠣᠷᠣᠯᠭ᠎ᠠ ᠶᠢ 2995 | ᠲᠥᠭᠦᠷᠢᠭ ᠨᠡᠮᠡᠭᠳᠡᠭᠦᠯᠪᠡ᠃ ᠪᠥᠬᠦ ᠵᠢᠯ ᠳᠤ 1 ᠲᠦᠮᠡᠨ ᠮᠥ ᠭᠠᠵᠠᠷ ᠰᠢᠷᠣᠶ ᠶᠢ ᠬᠠᠭᠠᠯᠪᠤᠷᠢᠯᠠᠵᠤ᠂ ᠨᠠᠷᠠᠨᠬᠤᠸᠠᠷ ᠤᠨ ᠡᠰᠢ ᠰᠦᠷᠡᠯ ᠢ 1 ᠲᠦᠮᠡᠨ ᠮᠥ ᠬᠤᠷᠢᠶᠠᠨ | ᠠᠪᠴᠤ᠂ ᠦᠯᠡᠳᠡᠭᠳᠡᠯ ᠪᠦᠷᠬᠦᠪᠴᠢ ᠶᠢ 2 ᠲᠦᠮᠡᠨ ᠮᠥ ᠬᠤᠷᠢᠶᠠᠨ ᠠᠪᠤᠭᠰᠠᠨ ᠪᠠᠶᠢᠨ᠎ᠠ᠃ ᠬᠠᠲᠤᠨ ᠭᠤᠤᠯ ᠤᠨ ᠤᠰᠤᠯᠠᠯᠲᠠ ᠶᠢᠨ ᠣᠷᠣᠨ ᠳᠤ ᠬᠤᠵᠢᠷᠯᠢᠭ | ᠭᠠᠵᠠᠷ ᠤᠨ ᠤᠰᠤᠯᠠᠬᠤ ᠤᠰᠤ ᠵᠠᠯᠠᠬᠤ ᠰᠢᠰᠲ᠋ᠧᠮ ᠢ 8.7 ᠺᠢᠯᠣᠮᠧᠲᠷ ᠰᠢᠨᠡᠳᠬᠡᠨ ᠦᠬᠡᠷᠡᠴᠢᠯᠡᠪᠡ᠃ 26.3 ᠺᠢᠯᠣᠮᠧᠲᠷ ᠬᠥᠳᠡᠭᠡ ᠲᠣᠰᠬᠤᠨ ᠤ ᠴᠠᠬᠢᠯᠭᠠᠨ | ᠲᠣᠣᠷ ᠲᠤ ᠥᠭᠡᠷᠡᠴᠢᠯᠡᠯᠲᠡ ᠬᠢᠵᠦ᠂ 0.4 ᠺᠢᠯᠤᠸᠤᠯᠲ ᠴᠠᠬᠢᠯᠭᠠᠨ ᠱᠤᠭᠤᠮ ᠢ 10 ᠺᠢᠯᠣᠮᠧᠲᠷ ᠤᠭᠰᠠᠷᠠᠪᠠ᠃ ᠳ᠋ᠠ ᠲᠤᠤ ᠽᠢ ᠲᠣᠰᠬᠤᠨ ᠳᠤ 9.8 | ᠺᠢᠯᠣᠮᠧᠲᠷ ᠤᠨ ᠬᠠᠶᠢᠷ ᠴᠢᠯᠠᠭᠤᠨ ᠵᠠᠮ ᠵᠠᠰᠠᠵᠤ᠂ ᠳ᠋ᠦᠩ ᠬᠤᠩ ᠯᠢᠦ ᠲᠣᠰᠬᠤᠨ ᠤ ᠹᠦ᠋ ᠮᠤᠤ ᠰᠢ ᠳᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠢᠨᠵᠧᠨᠧᠷᠢᠩ ᠢ 2 | ᠺᠢᠯᠣᠮᠧᠲᠷ ᠪᠡᠶᠡᠯᠡᠬᠦᠯᠪᠡ᠃ 5G ᠰᠠᠭᠤᠷᠢ ᠥᠷᠲᠡᠭᠡ ᠶᠢ ᠰᠢᠨ᠎ᠡ ᠪᠠᠷ 1 ᠪᠠᠶᠢᠭᠤᠯᠤᠭᠰᠠᠨ ᠪᠠᠶᠢᠨ᠎ᠠ᠃ | ︵ᠭᠤᠷᠪᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠶᠢᠭᠡᠮ ᠤᠨ ᠦᠢᠯᠡᠰ ᠢ ᠡᠷᠡᠭᠦᠯ ᠢᠶᠠᠷ ᠬᠥᠭᠵᠢᠭᠦᠯᠬᠦ ᠶᠢ ᠠᠳᠬᠤᠪᠠ᠃ 300 ᠲᠦᠮᠡᠨ | ᠲᠥᠭᠦᠷᠢᠭ ᠰᠢᠬᠠᠮ ᠪᠡᠯᠡ ᠮᠥᠩᠭᠦ ᠣᠷᠣᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 4 ᠲᠥᠷᠥᠯ ᠵᠦᠢᠯ ᠢ ᠬᠡᠷᠡᠭᠵᠢᠭᠦᠯᠵᠦ᠂ ᠣᠯᠠᠨ ᠲᠦᠮᠡᠨ ᠤ | ᠬᠦᠰᠡᠵᠦ ᠪᠠᠶᠢᠭ᠎ᠠ ᠵᠠᠷᠢᠮ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠪᠥᠬᠦ ᠵᠢᠯ ᠳᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠡᠯ᠎ᠡ ᠲᠥᠷᠥᠯ ᠤᠨ | ᠪᠠᠯᠠ ᠮᠥᠩᠭᠦ ᠶᠢ ᠨᠡᠶᠢᠲᠡ 2271.88 ᠲᠦᠮᠡᠨ ᠲᠥᠭᠦᠷᠢᠭ ᠲᠠᠷᠬᠠᠭᠠᠵᠤ᠂ 6744 ᠬᠦᠮᠦᠨ ᠳᠤ ᠬᠤᠯᠪᠣᠭᠳᠠᠵᠠᠶ᠃ ᠬᠤᠲᠠ ᠬᠥᠳᠡᠭᠡ ᠶᠢᠨ ᠰᠠᠭᠤᠭᠠᠯᠢ ᠠᠷᠠᠳ | ᠤᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠵᠡᠷᠭᠡ ᠶᠢ ᠬᠤᠷᠢᠶᠠᠨ | ᠲᠤᠰᠢᠶᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠬᠦᠯᠪᠡ᠃ ᠳᠠᠭᠠᠳᠬᠠᠯ ᠳᠤ ᠣᠷᠣᠯᠴᠠᠭᠰᠠᠨ ᠬᠥᠮᠦᠨ 135 ᠰᠢᠨ᠎ᠡ ᠪᠠᠷ ᠨᠡᠮᠡᠭᠳᠡᠵᠦ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ 11 ᠡᠷᠦᠬᠡ ᠶᠢᠨ 20 ᠬᠥᠮᠦᠨ ᠢ ᠢᠯᠭᠠᠨ ᠲᠤᠳᠣᠯᠠᠵᠤ᠂ 16. 84 ᠲᠦᠮᠡᠨ ᠲᠥᠭᠦᠷᠢᠭ ᠤᠨ ᠲᠦᠷ ᠴᠠᠭ ᠤᠨ | ᠠᠪᠤᠷᠠᠨ ᠲᠤᠰᠠᠯᠠᠬᠤ ᠮᠥᠩᠭᠦ ᠲᠠᠷᠬᠠᠭᠠᠪᠠ᠃ 280 ᠡᠷᠦᠬᠡ ᠶᠢᠨ ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ ᠶᠢ ᠪᠡᠶᠡᠯᠡᠬᠦᠯᠵᠤ᠂ ᠪᠥᠬᠦ ᠪᠠᠯᠭᠠᠰᠤᠨ ᠤ 1485 | ᠮᠠᠯᠴᠢᠨ ᠲᠠᠷᠢᠶᠠᠴᠢᠨ ᠡᠷᠦᠬᠡ ᠪᠦᠷᠢ ᠳᠤ 2 ᠲᠣᠨ ᠡᠩ ᠤᠨ ᠦᠨᠡᠲᠦ ᠨᠡᠭᠦᠷᠡᠰᠦ ᠲᠠᠷᠬᠠᠭᠠᠵᠤ᠂ 56 ᠣᠨᠴᠠᠭᠠᠶ ᠬᠦᠴᠢᠷᠳᠡᠯ ᠲᠠᠢ ᠡᠷᠦᠬᠡ ᠪᠦᠷᠢ ᠳᠤ 2 ᠲᠣᠨ | ᠳᠤᠯᠠᠭᠠᠯᠠᠭ᠎ᠠ ᠶᠢᠨ ᠨᠡᠭᠦᠷᠡᠰᠦ ᠶᠢ ᠦᠨ᠎ᠡ ᠲᠥᠯᠥᠪᠦᠷᠢ ᠥᠬᠡᠶ ᠪᠠᠷ ᠬᠠᠩᠭᠠᠵᠤ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠪᠠ᠃ ᠬᠠᠶᠢᠷ᠎ᠠ ᠬᠠᠯᠠᠮᠵᠢ | ᠬᠦᠷᠭᠡᠬᠦ ᠠᠩᠭᠢ ᠶᠢ 2 ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠭᠴᠢᠳ ᠢ 60 ᠭᠠᠷᠤᠶ ᠤᠳᠠᠭ᠎ᠠ ᠬᠠᠷᠠᠭᠠᠯᠵᠠᠨ ᠬᠠᠮᠠᠭᠠᠯᠠᠵᠤ ᠬᠠᠪᠰᠤᠷᠤᠨ | ᠵᠢᠯᠣᠭᠤᠳᠪᠠ᠃ ᠨᠠᠰᠤᠲᠠᠶᠢᠴᠤᠳ ᠤᠨ ᠡᠭᠦᠳᠡᠨ ᠪᠥᠮᠪᠦᠭᠡ ᠶᠢᠨ ᠤᠷᠤᠯᠳᠤᠭᠠᠨ᠂ ᠲᠠᠭᠤᠨ ᠤ ᠤᠷᠤᠯᠳᠤᠭᠠᠨ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ 10 ᠭᠠᠷᠤᠶ ᠤᠳᠠᠭ᠎ᠠ ᠥᠷᠨᠢᠭᠦᠯᠵᠦ᠂ 1100 ᠭᠠᠷᠤᠶ ᠬᠥᠮᠦᠨ ᠣᠷᠣᠯᠴᠠᠪᠠ ᠃ ᠪᠥᠬᠦ ᠪᠠᠯᠭᠠᠰᠤᠨ ᠤ | ᠵᠢᠷᠭᠤᠳᠤᠭᠠᠷ ᠬᠤᠭᠤᠴᠠᠭᠠᠨ ᠤ ᠢᠩᠭᠡᠨ ᠲᠡᠮᠡᠬᠡᠨ ᠤ ᠲᠠᠬᠢᠯᠭ᠎ᠠ ᠶᠢ ᠠᠮᠵᠢᠯᠲᠠ ᠲᠠᠢ ᠡᠷᠭᠢᠯᠡᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠪᠠ | ᠃ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠶᠢ ᠤᠷᠢᠵᠤ ᠮᠠᠨ ᠤ ᠪᠠᠯᠭᠠᠰᠤᠨ ᠳᠤ | ᠪᠷᠦ᠋ᠼᠧᠯ ᠡᠪᠡᠳᠴᠢᠨ ᠤ ᠰᠢᠭᠰᠢᠨ ᠪᠠᠶᠢᠴᠠᠭᠠᠯᠲᠠ᠂ ᠰᠡᠳᠬᠢᠴᠡ ᠶᠢᠨ ᠡᠷᠡᠭᠦᠯ ᠮᠡᠨᠳᠦ ᠶᠢᠨ ᠪᠤᠯᠪᠠᠰᠤᠷᠠᠯ ᠪᠠ ᠨᠠᠰᠤᠲᠠᠶᠢᠴᠤᠳ ᠤᠨ ᠠᠯᠪᠠᠨ ᠵᠢᠷᠤᠮ ᠤᠨ ᠡᠮᠴᠢᠯᠡᠭᠡ | ᠵᠡᠷᠭᠡ ᠠᠵᠢᠯᠯᠠᠭ᠎ᠠ ᠥᠷᠨᠢᠭᠦᠯᠵᠦ᠂ 640 ᠭᠠᠷᠤᠶ ᠣᠯᠠᠨ ᠲᠦᠮᠡᠨ ᠳᠤ ᠠᠰᠢᠭ ᠬᠦᠷᠲᠡᠭᠡᠪᠡ᠃ 36 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠠᠯᠭᠠᠰᠤᠨ ᠤ | ᠬᠢᠵᠢᠭ ᠤᠨ ᠪᠠᠶᠢᠳᠠᠯ ᠢ ᠲᠥᠪᠯᠡᠷᠡᠭᠦᠯᠦᠨ ᠲᠤᠰᠠᠭᠠᠷᠯᠠᠬᠤ ᠴᠡᠭ ᠢ ᠪᠠᠶᠢᠭᠤᠯᠵᠤ᠂ ᠪᠥᠬᠦ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ︽ | ᠬᠤᠣᠰ ᠲᠡᠭ︾ ᠤᠨ ᠭᠦᠶᠴᠡᠳᠬᠡᠯ ᠲᠤᠭ᠎ᠠ ᠶᠢ ᠪᠠᠲᠤᠯᠠᠵᠤ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ 2 | ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠨᠡᠶᠢᠲᠡ 8415 ᠤᠳᠠᠭ᠎ᠠ ᠳᠠᠷᠢᠪᠠ ᠃ ᠳ᠋ᠠ ᠲᠤᠤ | ᠽᠢ ᠲᠣᠰᠬᠤᠨ ᠨᠢ ᠪᠠᠯᠭᠠᠰᠤᠨ ᠲᠦᠪ ᠠᠴᠠ ᠬᠤᠯᠠ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠤᠷᠢᠳ ᠬᠤᠵᠢᠳ 5 ᠤᠳᠠᠭ᠎ᠠ ᠵᠣᠬᠢᠶᠠᠨ ᠪᠠᠶᠢᠭᠤᠯᠤᠨ | ᠲᠣᠰᠬᠤᠨ ᠳᠤ ᠲᠦᠪᠯᠡᠷᠡᠬᠦᠯᠵᠣ ᠨᠢᠭᠡᠳᠦᠯᠲᠡᠢ ᠪᠠᠷ1400 ᠭᠠᠷᠤᠶ ᠤᠳᠠᠭ᠎ᠠ ᠸᠠᠺᠼᠢᠨ ᠤ ᠲᠠᠷᠢᠯᠭ᠎ᠠ ᠬᠢᠯᠭᠡᠪᠡ᠃ ᠢᠳᠡᠭᠡᠨ ᠤᠮᠳᠠᠭᠠᠨ ᠡᠮ ᠤᠨ ᠵᠦᠶᠯᠡᠰ ᠤᠨ | ᠠᠮᠤᠷ ᠲᠦᠪᠰᠢᠨ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠶ ᠰᠢᠭᠤᠶ ᠶᠢᠨ ᠲᠦᠶᠮᠡᠷ ᠢ ᠰᠡᠷᠭᠡᠶᠢᠯᠡᠬᠦ᠂ ᠰᠥᠩ ᠬᠠᠯᠢᠶ᠎ᠠ ᠶᠢ ᠰᠡᠷᠭᠡᠶᠢᠯᠡᠵᠦ ᠦᠶᠡᠷ | ᠢ ᠰᠡᠷᠭᠡᠶᠢᠯᠡᠨ ᠠᠶᠤᠯ ᠠᠴᠠ ᠠᠪᠤᠷᠬᠠᠤ ᠵᠡᠷᠭᠡ ᠲᠤᠰᠬᠠᠶ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠡᠷᠦᠬᠡ ᠶᠢᠨ ᠴᠡᠷᠢᠭ ᠢ ᠪᠦᠬᠦᠯᠢ ᠳᠤᠭᠤᠶᠢᠯᠠᠩ ᠢᠶᠠᠷ ᠪᠤᠯᠪᠠᠰᠤᠷᠠᠯ ᠳᠤ ᠣᠷᠣᠯᠴᠠᠭᠤᠯᠬᠤ᠂ ᠴᠡᠷᠢᠭ ᠡᠯᠰᠡᠬᠦ ᠵᠡᠷᠭᠡ ᠡᠯ᠎ᠡ ᠲᠦᠷᠦᠯ ᠤᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠬᠦᠯᠦᠭᠰᠡᠨ ᠪᠠᠶᠢᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ | ᠠᠷᠠᠳ ᠤᠨ ᠪᠦᠯᠬᠦᠮ ᠤᠨ ᠠᠵᠢᠯ ᠢ ᠲᠡᠮᠵᠢᠨ ᠪᠡᠶᠡᠯᠡᠬᠦᠯᠪᠡ᠃ | ︵ᠲᠦᠷᠪᠡ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠠᠳᠬᠤᠵᠤ᠂ ᠬᠥᠳᠡᠭᠡ ᠲᠣᠰᠬᠤᠨ ᠤ ᠵᠠᠰᠠᠯᠲᠠ ᠯᠠᠪᠳᠠᠭᠤᠨ ᠢᠶᠠᠷ ᠤᠷᠤᠭᠰᠢᠯᠠᠪᠠ᠃ | ᠬᠠᠳᠠᠭᠠᠯᠠᠯᠲᠠ ᠬᠡᠮᠵᠢᠶ᠎ᠡ ᠶᠢ ᠪᠠᠭᠠᠰᠬᠠᠬᠤ᠂ ᠨᠡᠮᠡᠭᠳᠡᠯ ᠢ ᠬᠢᠵᠠᠭᠠᠷᠯᠠᠬᠤ ᠶᠢ ᠪᠠᠷᠢᠮᠲᠠᠯᠠᠵᠤ᠂ ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ 2364. | 93 ᠲᠦᠮᠡᠨ ᠲᠥᠭᠦᠷᠢᠭ ᠰᠢᠢᠳᠪᠣᠷᠢᠯᠡᠭᠰᠡᠨ ᠪᠠᠶᠢᠨ᠎ᠠ᠃ ᠠᠮᠤᠷ ᠲᠦᠪᠰᠢᠨ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢᠨ ᠲᠥᠯᠥᠪᠯᠡᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠦᠬᠦ ᠵᠢᠯ ᠳᠤ ᠠᠶᠤᠯ ᠦᠭᠡᠶ ᠦᠢᠯᠡᠳᠪᠦᠷᠢᠯᠡᠯ ᠤᠨ ᠪᠠᠶᠢᠴᠠᠭᠠᠯᠲᠠ ᠶᠢ 20 ᠭᠠᠷᠤᠶ ᠤᠳᠠᠭ᠎ᠠ | ᠥᠷᠨᠢᠭᠦᠯᠵᠦ᠂ ᠠᠮᠤᠷ ᠲᠦᠪᠰᠢᠨ ᠪᠤᠰᠤ ᠳᠠᠯᠳᠠ ᠭᠡᠮ ᠤᠨ ᠠᠰᠠᠭᠤᠳᠠᠯ ᠢ 12 ᠵᠤᠷᠪᠤᠰ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠵᠢᠯ ᠤᠨ | ᠳᠣᠲᠣᠷ᠎ᠠ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠤᠭᠰᠠᠨ ᠦᠭᠡᠶ᠃ ︽ᠤᠴᠢᠷ ᠶᠠᠪᠤᠳᠠᠯ ᠢ ᠰᠢᠢᠳᠪᠦᠷᠢᠯᠡᠬᠦ︾ ᠪᠠᠷ ᠬᠠᠷᠠᠯᠲᠠ ᠪᠣᠯᠭᠠᠨ᠂ ︽ᠭᠤᠷᠪᠠ ᠶᠢ | ᠪᠡᠶᠡᠯᠡᠭᠦᠯᠵᠦ ᠨᠢᠭᠡ ᠶᠢ ᠰᠢᠢᠳᠪᠦᠷᠢᠯᠡᠬᠦ︾ ᠵᠠᠷᠴᠢᠮ ᠢ ᠡᠵᠡᠮᠳᠡᠨ᠂ ︽231︾ ᠵᠠᠷᠭᠤ ᠶᠢ ᠭᠥᠯᠢᠶᠡᠨ ᠠᠪᠤᠪᠠᠯ ᠳᠠᠷᠤᠶ ᠳᠤᠨᠢ ᠭᠦᠢᠴᠡᠳᠬᠡᠬᠦ ᠠᠵᠢᠯ ᠤᠨ ᠵᠠᠭᠪᠤᠷ᠂ | ︽ᠨᠠᠮ ᠵᠠᠰᠠᠭ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠴᠠᠭᠳᠠᠭ᠎ᠠ᠂ ᠰᠢᠭᠦᠬᠦ ᠲᠢᠩᠬᠢᠮ᠂ ᠬᠠᠤᠯᠢ ᠴᠠᠭᠠᠵᠠ ᠶᠢᠨ ᠭᠠᠵᠠᠷ ᠬᠤᠯᠪᠣᠭᠠᠯᠠᠨ ᠬᠥᠳᠡᠯᠦᠯᠴᠡᠬᠦ +︾ | ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠰᠦᠪᠡᠭᠴᠢᠯᠡᠨ ᠪᠦᠷᠢᠯᠳᠦᠭᠦᠯᠵᠦ᠂ 3 ᠬᠦᠴᠢᠷ ᠲᠦᠪᠡᠭᠲᠡᠢ ᠨᠠᠷᠢᠨ ᠪᠤᠳᠤᠯᠢᠶᠠᠨᠲᠠᠢ ᠵᠠᠬᠢᠳᠠᠯ | ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠨ᠂ ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤ ᠶᠢ 40 ᠵᠤᠷᠪᠤᠰ ᠰᠢᠢᠳᠪᠦᠷᠢᠯᠡᠵᠦ᠂ 30 ᠭᠠᠷᠤᠢ | ᠵᠥᠷᠢᠴᠡᠯ ᠵᠢᠭᠤᠷᠠᠭᠠᠨ ᠢ ᠡᠶᠡᠳᠡᠭᠦᠯᠦᠨ ᠰᠢᠢᠳᠪᠦᠷᠢᠯᠡᠪᠡ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠳ᠋ᠦᠩ ᠬᠤᠩ ᠯᠢᠦ ᠲᠣᠰᠬᠤᠨ᠂ ᠪᠠᠯᠠᠬᠠᠶ ᠲᠣᠰᠬᠤᠨ ᠪᠠ ᠴᠠᠩ ᠴᠢᠩ ᠨᠡᠶᠢᠭᠡᠮ ᠲᠣᠭᠤᠷᠢᠭ ᠵᠡᠷᠭᠡ ᠲᠣᠰᠬᠤᠨ ᠤ ᠲᠠᠰ | ᠤᠨ ᠠᠵᠢᠯᠯᠠᠭᠠᠨ ᠤ ᠲᠠᠯᠠᠪᠤᠷ ᠢ ᠵᠠᠰᠠᠨ ᠰᠢᠨᠡᠳᠬᠡᠪᠡ᠃ ︽ᠬᠤᠶᠠᠷ ᠵᠥᠪᠯᠡᠯ ᠬᠤᠷᠰᠢᠶ᠎ᠠ ᠳᠠᠭᠠᠭᠠᠴᠢᠯᠠᠬᠤ᠂ ᠨᠠᠮ ᠤᠨ ᠭᠡᠰᠢᠭᠦᠨ ᠡᠷᠦᠬᠡ ᠬᠤᠯᠪᠣᠭᠠᠯᠠᠬᠤ︾ ᠠᠵᠢᠯ | ᠤᠨ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ ᠨᠠᠮ ᠤᠨ ᠭᠡᠰᠢᠭᠦᠨ ᠤ ᠳᠤᠭᠤᠶᠢᠯᠠᠩ ᠤᠨ ᠳᠠᠷᠤᠭ᠎ᠠ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ | ᠂ ᠲᠤᠤᠷᠵᠢᠯᠠᠭᠰᠠᠨ ᠬᠠᠮᠢᠶᠠᠷᠤᠯᠲᠠ ᠶᠢᠨ ᠳᠠᠷᠤᠭ᠎ᠠ ᠶᠢᠨ ︽ᠭᠤᠷᠪᠠᠨ ᠲᠠᠷᠤᠭ᠎ᠠ ᠶᠢ ᠨᠢᠭᠡᠳᠬᠡᠬᠦ︾ ᠶᠢ ᠪᠡᠶᠡᠯᠡᠭᠦᠯᠦᠭᠰᠡᠨ ᠪᠠᠶᠢᠨ᠎ᠠ᠃ ︽ᠨᠠᠢᠮᠠᠳᠤᠭᠠᠷ ᠲᠠᠪᠤᠨ ᠵᠢᠯ︾ | ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠰᠡᠳᠦᠪᠲᠦ ᠤᠬᠠᠭᠤᠯᠤᠨ | ᠲᠠᠶᠢᠯᠪᠤᠷᠢᠯᠠᠬᠤ ᠠᠵᠢᠯ ᠢ 15 ᠤᠳᠠᠭ᠎ᠠ ᠥᠷᠨᠢᠭᠦᠯᠵᠦ᠂ 3400 ᠭᠠᠷᠤᠢ ᠬᠤᠪᠢ ᠤᠬᠠᠭᠤᠯᠬᠤ ᠮᠠᠲ᠋ᠧᠷᠢᠶᠠᠯ ᠲᠠᠷᠬᠠᠭᠠᠪᠠ᠃ ᠬᠠᠤᠯᠢ ᠬᠡᠷᠡᠭᠵᠢᠭᠦᠯᠬᠦ ᠪᠠᠶᠢᠴᠠᠭᠠᠯᠲᠠ | ᠶᠢ ᠴᠢᠩᠭᠠᠳᠬᠠᠵᠤ᠂ 1 ᠬᠠᠶᠠᠭᠳᠠᠮᠠᠯ ᠲᠣᠭᠤᠰᠬᠠᠨ ᠤᠭᠤᠷᠭᠠᠶ᠂ 2 ᠬᠤᠳᠠᠯᠳᠤᠭᠠᠨ ᠤ ᠪᠧᠲ᠋ᠤᠨ ᠵᠢᠭᠤᠷᠠᠬᠤ ᠥᠷᠲᠡᠭᠡ ᠶᠢ ᠨᠤᠷᠠᠭᠠᠵᠤ᠂ ᠲᠠᠷᠢᠶᠠᠨ ᠭᠠᠵᠠᠷ ᠢ | ᠡᠵᠡᠯᠡᠨ ᠪᠠᠶᠢᠭᠤᠯᠤᠭᠰᠠᠨ ᠡᠪᠡᠰᠦᠨ ᠫᠧᠩ᠂ ᠰᠠᠩ ᠬᠥᠮᠥᠷᠭᠡ ᠶᠢ 3 ᠵᠠᠰᠠᠨ ᠴᠡᠭᠴᠡᠯᠡᠵᠦ᠂ ᠲᠣᠭᠲᠠᠭᠠᠯ ᠠᠴᠠ ᠵᠥᠷᠢᠴᠡᠨ ᠡᠯᠡᠰᠦ ᠰᠢᠷᠣᠢ ᠮᠠᠯᠲᠠᠭᠰᠠᠨ ᠬᠡᠷᠡᠭ ᠢ 3 | ᠰᠢᠶᠳᠪᠦᠷᠢᠯᠡᠵᠦ᠂ ᠳᠦᠷᠢᠮ ᠲᠤᠭᠲᠠᠭᠠᠯ ᠢ ᠵᠥᠷᠢᠴᠡᠨ ᠮᠠᠯᠵᠢᠭᠰᠠᠨ ᠬᠡᠷᠡᠭ ᠢ 32 ᠰᠢᠶᠳᠪᠦᠷᠢᠯᠡᠵᠦ᠂ 5.1 ᠲᠦᠮᠡᠨ ᠲᠥᠭᠦᠷᠢᠭ ᠢᠶᠠᠷ ᠲᠣᠷᠭᠠᠪᠠ᠃ | ︵ᠲᠠᠪᠤ︶ ᠦᠷ᠎ᠡ ᠠᠰᠢᠭ ᠤᠨ ᠪᠠᠶᠢᠭᠤᠯᠤᠯᠲᠠ ᠶᠢ ᠠᠳᠬᠤᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ ᠵᠠᠰᠠᠭ ᠤᠨ | ᠣᠷᠳᠣᠨ ᠤ ᠬᠤᠭᠤᠴᠠᠭ᠎ᠠ ᠰᠣᠯᠢᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠵᠠᠰᠠᠭ ᠤᠨ ᠣᠷᠳᠣᠨ ᠤ | ᠠᠵᠢᠯ ᠤᠨ ᠡᠯ᠎ᠡ ᠲᠠᠯ᠎ᠠ ᠳᠤ ᠲᠤᠤᠱᠯᠠᠭᠤᠯᠪᠠ᠃ ᠪᠠᠯᠭᠠᠰᠤᠨ ᠳᠤ ᠲᠣᠮᠢᠯᠠᠨ ᠰᠠᠭᠤᠯᠭᠠᠭᠰᠠᠨ ᠬᠢᠨᠠᠨ ᠪᠠᠶᠢᠴᠠᠭᠠᠬᠤ ᠠᠯᠪᠠᠨ ᠬᠡᠷ ᠤᠨ ᠬᠢᠨᠠᠯᠲᠠ ᠲᠠᠯᠪᠢᠵᠤ ᠰᠠᠬᠢᠯᠭ᠎ᠠ | ᠪᠠᠲᠤ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠪᠥᠬᠦ ᠵᠢᠯ ᠳᠤ 6 ᠬᠡᠷᠡᠭ ᠢ ᠬᠡᠷᠡᠭ ᠪᠣᠯᠭᠠᠨ ᠳᠡᠩᠰᠡᠯᠡᠵᠦ᠂ 6 ᠬᠥᠮᠦᠨ ᠳᠤ ᠨᠠᠮ ᠤᠨ ᠰᠠᠬᠢᠯᠭ᠎ᠠ | ᠪᠠᠲᠤ ᠵᠠᠰᠠᠭ ᠤᠨ ᠶᠠᠪᠤᠳᠠᠯ ᠤᠨ ᠰᠢᠳᠬᠡᠯ ᠥᠭᠪᠡ᠃ ︽ᠲᠦᠮᠡᠨ ᠨᠡᠷᠡᠰ ᠺᠠᠳ᠋ᠷ ᠦᠨᠳᠦᠰᠦᠨ ᠱᠠᠲᠤᠨ ᠳᠤ ᠪᠠᠭᠤᠬᠤ︾ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ | ᠺᠠᠳ᠋ᠷ ᠣᠯᠠᠨ ᠲᠦᠮᠡᠨ ᠤ ᠬᠠᠷᠢᠴᠠᠭ᠎ᠠ ᠤᠯᠠᠮ ᠨᠢᠭᠡ ᠠᠯᠬᠤᠮ ᠡᠶ᠎ᠡ ᠨᠠᠶᠢᠷᠲᠠᠶ ᠪᠣᠯᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢᠯᠡᠳᠲᠡ ᠳᠡᠭᠡᠭᠰᠢᠯᠡᠪᠡ᠃ ᠠᠷᠠᠳᠴᠢᠯᠠᠯ ᠲᠥᠪᠯᠡᠷᠡᠯ ᠤᠨ | ᠶᠣᠰᠣ ᠶᠢ ᠪᠠᠷᠢᠮᠲᠠᠯᠠᠵᠤ᠂ ᠴᠢᠬᠤᠯᠠ ᠶᠡᠭᠡ ᠠᠰᠠᠭᠤᠳᠠᠯ ᠪᠦᠬᠦᠨ ᠢ ᠤᠳᠤᠷᠢᠳᠬᠤ ᠪᠠᠭ ᠤᠨ ᠪᠦᠷᠢᠯᠳᠦᠬᠦᠨ ᠭᠡᠰᠢᠬᠦᠨ ᠬᠠᠷᠢᠯᠴᠠᠨ ᠵᠦᠪᠳᠡᠯᠴᠡᠨ᠂ ᠶᠠᠷᠢᠯᠴᠠᠨ | ᠲᠤᠭᠳᠠᠭᠠᠪᠠ᠃ ︽ᠬᠦᠬᠡᠮᠤᠳᠤ ᠪᠠᠯᠭᠠᠰᠤᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ︾ ᠢ ᠲᠣᠭᠲᠠᠭᠠᠨ ᠲᠡᠭᠦᠯᠳᠡᠷᠵᠢᠭᠦᠯᠵᠦ᠂ ᠡᠳ᠋ ᠤᠨ ᠡᠷᠬᠡ | ᠶᠠᠪᠤᠳᠠᠯ ᠤᠨ ᠡᠷᠬᠡ ᠶᠢ ᠲᠣᠳᠣᠷᠬᠠᠶᠢᠯᠠᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠵᠠᠷᠴᠢᠮ ᠢᠶᠠᠷ ᠪᠣᠳᠠᠲᠠᠢ ᠶᠢ ᠡᠷᠬᠢᠮᠯᠡᠭᠰᠡᠨ ᠵᠠᠰᠠᠭ ᠤᠨ | ᠣᠷᠳᠣᠨ ᠢ ᠪᠠᠶᠢᠭᠤᠯᠪᠠ᠃ ︽ᠬᠦᠬᠡᠮᠦᠳᠣ ᠪᠠᠯᠭᠠᠰᠤᠨ ᠤ ᠴᠢᠯᠥᠭᠡ ᠭᠤᠶᠤᠬᠤ ᠬᠠᠮᠢᠶᠠᠷᠤᠯᠲᠠ ᠶᠢᠨ ᠳᠦᠷᠢᠮ︾ ᠵᠡᠷᠭᠡ 5 ᠲᠥᠷᠥᠯ ᠤᠨ ᠳᠦᠷᠢᠮ ᠲᠣᠭᠲᠠᠭᠠᠯ ᠢ | ᠲᠣᠭᠲᠠᠭᠠᠵᠤ᠂ ᠵᠠᠰᠠᠭ ᠤᠨ ᠣᠷᠳᠣᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠵᠥᠪᠯᠡᠨ ᠲᠣᠭᠲᠠᠭᠠᠭᠰᠠᠨ | ᠵᠦᠶᠯᠡᠰ᠂ ᠭᠤᠤᠯᠳᠠᠯᠭ᠎ᠠ ᠲᠠᠢ ᠠᠵᠢᠯ ᠢ ᠡᠭᠦᠷᠭᠡ ᠶᠢᠨ ᠨᠠᠷᠢᠨ ᠬᠠᠭᠤᠳᠠᠰᠤ ᠪᠣᠯᠭᠠᠨ᠂ ᠦᠷᠬᠦᠯᠵᠢ ᠶᠢᠨ ᠴᠢᠨᠠᠷᠳᠠᠢ ᠰᠢᠮᠳᠠᠭᠤᠯᠤᠨ ᠪᠣᠳᠠᠲᠠᠶ ᠪᠠᠶᠢᠴᠠᠭᠠᠵᠤ᠂ ᠴᠢᠩᠭ᠎ᠠ | ᠦᠨᠡᠯᠡᠨ ᠪᠣᠳᠠᠲᠠᠶ ᠰᠢᠯᠭᠠᠵᠤ᠂ ᠵᠠᠰᠠᠭ ᠤᠨ ᠣᠷᠳᠣᠨ ᠤ ᠡᠯ᠎ᠡ ᠲᠦᠷᠦᠯ ᠤᠨ ᠠᠵᠢᠯ ᠢ ᠡᠮᠬᠢ ᠵᠢᠷᠤᠮ ᠲᠠᠢ ᠪᠠᠷ ᠠᠬᠢᠭᠤᠯᠤᠭᠰᠠᠨ ᠪᠠᠶᠢᠨ᠎ᠠ᠃ ᠠᠷᠠᠳ ᠲᠤ ᠲᠥᠬᠦᠮ | ᠦᠵᠡᠭᠦᠯᠬᠦ ᠦᠶᠯᠡᠴᠢᠯᠡᠭᠡᠨ ᠤ ᠲᠢᠩᠬᠢᠮ ᠤᠨ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠣᠯᠠᠨ ᠲᠦᠮᠡᠨ ᠤ ᠣᠷᠣᠯᠠᠨ | ᠭᠦᠶᠴᠡᠳᠬᠡᠬᠦ ᠵᠦᠶᠯᠡᠰ ᠢ ᠨᠡᠶᠢᠲᠡ 4250 ᠬᠤᠪᠢ ᠭᠥᠯᠢᠶᠡᠨ ᠠᠪᠴᠤ ᠰᠢᠶᠳᠪᠦᠷᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ 6 ᠬᠤᠪᠢ | ᠭᠦᠢᠴᠡᠳᠬᠡᠵᠦ᠂ ᠬᠠᠨᠤᠮᠵᠢᠲᠠᠢ ᠨᠣᠷᠮ᠎ᠠ 100 % ᠳᠤ ᠬᠥᠷᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠠᠵᠢᠯ ᠤᠨ ᠲᠤᠬᠠᠢ ᠳᠡᠭᠡᠳᠦ ᠱᠠᠲᠤᠨ ᠤ | ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠬᠢᠵᠠᠭᠠᠷ ᠱᠤᠭᠤᠮ ᠤᠨ ᠰᠡᠳᠬᠢᠬᠦᠢ ᠶᠢ ᠦᠷᠭᠦᠯᠵᠢᠯᠡᠨ ᠪᠠᠲᠤ ᠪᠤᠢ ᠪᠣᠯᠭᠠᠵᠤ᠂ ᠠᠷᠠᠳ ᠤᠨ ᠲᠥᠯᠥᠭᠡ᠂ | ᠪᠣᠳᠠᠲᠠᠢ ᠶᠢ ᠡᠷᠬᠢᠮᠯᠡᠭᠰᠡᠨ᠂ ᠠᠷᠢᠭᠤᠨ ᠴᠢᠬᠡᠴᠢ᠂ ᠥᠨᠳᠥᠷ ᠪᠦᠲᠦᠮᠵᠢᠲᠡᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠪᠠ᠃ | ᠲᠥᠯᠥᠭᠡᠯᠡᠭᠴᠢᠳ ᠡ᠂ ᠨᠢᠭᠡ ᠵᠢᠯ ᠤᠨ ᠲᠤᠷᠰᠢᠬᠢ ᠠᠵᠢᠯ ᠢᠶᠠᠨ ᠡᠷᠬᠢᠴᠡᠬᠦᠯᠦᠬᠦᠶᠡ᠂ ᠪᠢᠳᠠ ᠡᠳᠦᠢ ᠲᠡᠳᠦᠢ ᠠᠮᠵᠢᠯᠲᠠ ᠣᠯᠵᠠᠢ᠃ ᠡᠨᠡ ᠪᠣᠯ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠪᠠᠯᠭᠠᠰᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠪᠥᠬᠦ ᠪᠠᠯᠭᠠᠰᠤ ᠪᠠᠷ ᠢᠶᠠᠨ ᠪᠦᠯᠬᠦᠮᠳᠡᠨ ᠲᠡᠮᠡᠴᠡᠭᠰᠡᠨ ᠤ | ᠦᠷ᠎ᠡ ᠳ᠋ᠦᠩ ᠮᠥᠨ᠃ ᠠᠳᠡ ᠪᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ᠂ ᠨᠥᠬᠦᠳ | ᠂ ᠪᠥᠬᠦ ᠪᠠᠯᠭᠠᠰᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ᠂ ᠬᠦᠬᠡᠮᠤᠳᠤ ᠪᠠᠯᠭᠠᠰᠤᠨ ᠤ ᠬᠥᠭᠵᠢᠯᠲᠡ ᠶᠢ ᠬᠠᠯᠠᠮᠵᠢᠯᠠᠨ ᠲᠡᠮᠵᠢᠭᠰᠡᠭᠡᠷ | ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠳᠡ ᠪᠠᠰᠠ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠵᠥᠷᠢᠶ᠎ᠡ ᠶᠢ ᠰᠡᠷᠭᠡᠭ ᠢᠶᠠᠷ | ᠣᠯᠵᠤ ᠬᠠᠷᠠᠬᠤ ᠬᠡᠷᠡᠭᠲᠡᠢ᠃ ᠭᠤᠣᠯᠳᠠᠭᠤ᠄ ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠵᠢᠯ᠂ ᠠᠵᠤ ᠦᠶᠯᠡᠰᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ | ᠬᠢᠷᠢ ᠬᠡᠮᠵᠢᠶ᠎ᠡ ᠨᠡᠯᠢᠶᠡᠳ ᠳᠣᠣᠷ᠎ᠠ᠂ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠨ ᠲᠣᠮᠣ ᠲᠥᠷᠥᠯ ᠵᠦᠢᠯ | ᠨᠡᠯᠢᠶᠡᠳ ᠴᠥᠭᠡᠨ᠂ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ ᠤᠨ ᠲᠣᠭᠲᠠᠭᠤᠨ ᠴᠢᠨᠠᠷ᠂ ᠦᠷᠭᠦᠯᠵᠢᠯᠡᠬᠦ ᠴᠢᠨᠠᠷ ᠢᠶᠠᠷ ᠴᠢᠩᠭ᠎ᠠ ᠪᠤᠰᠤ ᠪᠠᠶᠢᠨ᠎ᠠ︔ ᠲᠠᠷᠢᠶᠠᠯᠠᠩ | ᠤᠨ ᠤᠰᠤᠨ ᠠᠰᠢᠭᠯᠠᠯᠲᠠ᠂ ᠬᠥᠳᠡᠭᠡ ᠲᠣᠰᠬᠤᠨ ᠤ ᠵᠠᠮ ᠤᠨ ᠰᠠᠭᠤᠷᠢ ᠳᠥᠬᠦᠭᠡᠷᠦᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠰᠢᠨ ᠰᠠᠭᠤᠬᠤ | ᠣᠷᠴᠢᠨ ᠲᠣᠭᠤᠷᠢᠨ ︽ᠪᠤᠵᠠᠷ ᠠᠨᠠᠢ ᠡᠷᠦᠢ ᠬᠤᠷᠤᠢ ᠦᠬᠡᠢ︾ ᠦᠵᠡᠭᠳᠡᠯ ᠨᠡᠶᠢᠳᠡᠮ ᠣᠷᠣᠰᠢᠵᠤ ᠪᠠᠶᠢᠨ᠎ᠠ︔ ᠺᠠᠳ᠋ᠷ ᠤᠨ ᠰᠤᠷᠲᠠᠯ ᠯᠠᠪᠳᠠᠭᠤᠨ ᠪᠤᠰᠤ᠂ ᠢᠲᠡᠭᠡᠯ | ᠮᠡᠬᠦᠰ᠂ ᠴᠢᠳᠠᠪᠤᠷᠢ ᠮᠡᠬᠦᠰᠳᠡᠬᠦ ᠠᠰᠠᠭᠤᠳᠠᠯ ᠨᠡᠯᠢᠶᠡᠳ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ᠃ ᠡᠭᠦᠨ ᠤ ᠲᠤᠯᠠᠳᠠ᠂ ᠪᠢᠳᠡ ᠲᠤᠷᠰᠢᠯᠭ᠎ᠠ ᠪᠠᠨ ᠤᠯᠠᠮ ᠨᠢᠭᠡ | ᠠᠯᠬᠤᠮ ᠳ᠋ᠦᠩᠨᠡᠵᠦ᠂ ᠤᠨᠤᠪᠴᠢᠳᠠᠢ ᠪᠥᠭᠡᠳ ᠬᠦᠴᠦᠲᠡᠢ ᠠᠷᠭ᠎ᠠ ᠬᠡᠮᠵᠢᠶ᠎ᠡ ᠠᠪᠴᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ ᠃ | ᠬᠤᠶᠠᠷ᠂ 2022 ᠣᠨ ᠤ ᠠᠵᠢᠯ ᠤᠨ ᠭᠤᠤᠯ ᠲᠣᠬᠢᠷᠠᠭᠤᠯᠤᠯᠲᠠ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ᠂ ᠰᠢᠨ᠎ᠡ ᠱᠠᠲᠤᠨ ᠤ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠠᠶᠠᠨ ᠵᠠᠮ ᠢ ᠪᠦᠬᠦ ᠲᠠᠯ᠎ᠠ ᠪᠠᠷ ᠡᠬᠢᠯᠡᠭᠦᠯᠬᠦ ᠴᠢᠬᠤᠯᠠ ᠨᠢᠭᠡ ᠵᠢᠯ᠂ ᠮᠥᠨᠴᠦ ᠮᠠᠨ ᠤ ᠪᠠᠯᠭᠠᠰᠤᠨ ᠤ ᠶᠡᠭᠡ ᠳᠡᠭᠡᠭᠰᠢᠯᠡᠯᠲᠡ᠂ ᠶᠡᠭᠡ | ᠳᠠᠪᠠᠯᠲᠠ ᠶᠢ ᠪᠡᠶᠡᠯᠡᠭᠦᠯᠬᠦ ᠠᠵᠠ ᠲᠣᠬᠢᠶᠠᠯ ᠤᠨ ᠬᠤᠭᠤᠴᠠᠭ᠎ᠠ ᠪᠣᠯᠤᠨ᠎ᠠ᠂ ᠡᠨᠡᠬᠦ ᠬᠤᠭᠤᠴᠠᠭᠠᠨ ᠤ ᠠᠵᠢᠯ ᠢ ᠰᠠᠶᠢᠲᠤᠷ ᠬᠢᠬᠦ ᠨᠢ ᠨᠠᠩ ᠴᠢᠬᠤᠯᠠ ᠶᠤᠮ᠃ ᠪᠢᠳᠡ | ᠢᠮᠠᠭᠲᠠ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠵᠣᠭᠰᠣᠨ ᠠᠰᠠᠭᠤᠳᠠᠯ ᠢ ᠪᠣᠳᠣᠯᠬᠢᠯᠠᠵᠤ᠂ ᠬᠥᠭᠵᠢᠯᠲᠡ ᠶᠢ ᠲᠥᠯᠥᠪᠵᠢᠭᠦᠯᠵᠦ᠂ ᠠᠵᠢᠯ ᠢᠶᠠᠨ | ᠠᠬᠢᠭᠤᠯᠵᠤ᠂ ᠤᠬᠠᠮᠰᠠᠷ ᠠᠴᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ︽ᠬᠥᠭᠵᠢᠯᠲᠡ ᠶᠢ ᠡᠷᠢᠯᠬᠢᠯᠡᠵᠦ᠂ ᠬᠤᠴᠣᠷᠠᠩᠭᠤᠢ | ᠪᠠᠶᠢᠳᠠᠯ ᠢᠶᠠᠨ ᠬᠤᠪᠢᠷᠠᠭᠤᠯᠬᠤ ᠶᠢ ᠰᠠᠶᠢᠲᠤᠷ ᠪᠡᠶᠡᠯᠡᠬᠦᠯᠬᠦ︾ ᠬᠠᠷᠠᠯᠲᠠ ᠱᠠᠭᠠᠷᠳᠠᠯᠭ᠎ᠠ ᠲᠠᠢ ᠬᠠᠷᠢᠴᠠᠭᠤᠯᠵᠤ᠂ ᠬᠤᠯᠠ ᠶᠢ ᠪᠤᠳᠤᠯᠬᠢᠯᠠᠨ᠂ ᠪᠣᠳᠠᠲᠠᠶ ᠠᠳᠬᠤᠵᠤ᠂ | ᠪᠣᠬᠢᠷᠲᠤᠯ ᠥᠬᠡᠶ ᠠᠮᠢᠵᠢᠷᠠᠯ ᠤᠨ ᠬᠦᠴᠦᠨ ᠲᠠᠢ ᠵᠣᠯ ᠵᠢᠷᠭᠠᠯᠲᠤ ᠬᠦᠬᠡᠮᠦᠳᠣ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ | ︵ᠨᠢᠭᠡ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ᠨᠢᠭᠡ ᠳᠤ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ | ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠶᠢ ᠲᠡᠷᠢᠬᠦᠨ ᠪᠠᠶᠢᠷᠢᠨ ᠳᠤ ᠲᠠᠯᠪᠢᠵᠤ᠂ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ | ᠥᠬᠡᠶ ᠬᠥᠭᠵᠢᠭᠦᠯᠬᠦ︾ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠎ᠡ᠃ ᠠᠵᠤ ᠦᠶᠯᠡᠰ ᠤᠨ ᠰᠠᠭᠤᠷᠢᠨ ᠭᠠᠵᠠᠷ᠂ ᠪᠠᠯᠭᠠᠰᠤ ᠲᠣᠰᠬᠤᠨ ᠤ | ᠳᠣᠲᠣᠨ᠎ᠠ ᠭᠠᠳᠠᠨ᠎ᠠ ᠪᠠ ᠴᠦᠯᠯᠡᠷᠭᠡᠭ ᠭᠠᠵᠠᠷ ᠣᠷᠣᠨ ᠳᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠣᠭᠤᠭᠠᠷᠠᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠪᠥᠬᠦ ᠵᠢᠯ ᠳᠤ 1.98 ᠲᠦᠮᠡᠨ ᠮᠥ ᠰᠢᠨ᠎ᠡ ᠪᠠᠷ ᠣᠶᠢᠵᠢᠭᠤᠯᠵᠤ᠂ 4489 ᠰᠠᠭᠤᠷᠢ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ | ᠪᠡᠶᠡᠯᠡᠬᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠷᠪᠠᠨ ᠶᠡᠭᠡ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠤᠨ ᠨᠦᠬᠦᠪᠦᠷᠢ | ᠮᠦᠩᠬᠦ ᠪᠠ ᠪᠡᠯᠴᠢᠭᠡᠷᠯᠡᠬᠦᠯᠦᠨ ᠮᠠᠯᠵᠢᠬᠤ ᠶᠢ ᠬᠤᠷᠢᠭᠯᠠᠵᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ | ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠪᠠ ᠶᠡᠷᠦᠩᠬᠡᠶᠢᠯᠡᠨ ᠠᠰᠢᠭᠯᠠᠬᠤ ᠠᠵᠢᠯ | ᠢ ᠴᠢᠩᠭᠠᠳᠬᠠᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ | ᠶᠢᠨ ᠲᠦᠷᠢᠮ᠂ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠭᠦᠨᠵᠡᠭᠡᠶᠢᠷᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠤᠰᠤᠨ ᠤ | ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ︽ᠳᠥᠷᠪᠡᠨ ᠡᠷᠦᠢ ᠬᠤᠷᠤᠢ ᠦᠭᠡᠢ︾ ᠪᠠᠶᠢᠬᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠢ | ᠠᠬᠢᠭᠤᠯᠵᠤ᠂ ᠬᠠᠳᠤᠨ ᠭᠤᠣᠯ ᠤᠨ ᠳᠠᠩ ᠣᠷᠣᠨ ᠳᠤ ᠲᠠᠷᠢᠶ᠎ᠠ ᠲᠠᠷᠢᠬᠤ ᠶᠢ ᠴᠠᠭᠠᠵᠠᠯᠠᠨ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠳᠤᠨ | ᠭᠤᠣᠯ ᠤᠨ ᠳᠠᠩ ᠣᠷᠣᠨ ᠤ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠬᠦᠴᠦᠯᠡᠨ ᠠᠬᠢᠭᠤᠯᠤᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠵᠠᠰᠠᠵᠤ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠴᠡᠭᠴᠡᠯᠡᠨ ᠵᠠᠰᠠᠬᠤ ᠪᠠ ᠲᠠᠷᠠᠬᠠᠶ ᠪᠤᠲᠠᠷᠬᠠᠶ ᠪᠣᠬᠢᠷᠲᠤᠯ ᠲᠠᠢ ᠡᠮᠬᠢ | ᠵᠠᠮᠪᠠᠷᠠᠭ᠎ᠠ ᠥᠬᠡᠶ ᠠᠵᠤ ᠠᠬᠤᠶᠢᠯᠠᠯ ᠢ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠡᠷᠡᠰ ᠰᠠᠬᠢᠵᠤ᠂ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠦᠶᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢ ᠳᠤᠷ᠎ᠠ ᠪᠠᠷ ᠢᠶᠠᠨ ᠡᠵᠡᠯᠡᠬᠦ ᠬᠠᠮᠢᠶᠠᠷᠤᠯᠲᠠ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠲᠡᠵᠢᠭᠡᠨ | ᠦᠷᠡᠵᠢᠭᠦᠯᠬᠦ ᠪᠣᠬᠢᠷᠲᠤᠯ ᠢ ᠴᠡᠭᠴᠡᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ ᠡᠨᠧᠷᠭᠢ | ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠡ ᠵᠢᠯ ᠪᠠᠶᠠᠨ᠋ᠦ᠌ᠨᠳᠦᠷ ᠭᠠᠴᠠᠭ᠎ᠠ | ᠳᠤ ᠪᠦᠬᠦᠶᠢᠯᠡ ᠲᠣᠰᠬᠤᠨ ᠢᠶᠠᠷ ᠨᠢ ᠴᠠᠬᠢᠯᠭᠠᠨ ᠢᠶᠠᠷ ᠲᠤᠯᠠᠭᠠᠯᠭ᠎ᠠ ᠬᠠᠩᠭᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠭᠤᠣᠯᠳᠠᠯᠭ᠎ᠠ ᠲᠠᠢ ᠴᠢᠷᠮᠠᠶᠢᠵᠤ᠂ ᠡᠬᠢ | ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ | ᠮᠠᠶ᠋ᠢᠭ ᠢ ᠲᠦᠷᠭᠡᠳᠬᠡᠨ ᠪᠦᠷᠢᠯᠳᠦᠭᠦᠯᠦᠨ᠎ᠡ᠃ ᠬᠤᠶᠠᠷ ᠲᠤ᠂ ᠨᠤᠲᠤᠭ ᠪᠡᠯᠴᠢᠭᠡᠷ ᠤᠨ ᠬᠦᠷᠢᠶᠡᠨ ᠳᠠᠬᠢ ᠳᠣᠪᠣᠶᠢᠮ᠎ᠠ ᠠᠰᠠᠭᠤᠳᠠᠯ ᠢ ᠲᠤᠰᠬᠠᠢ ᠲᠥᠷᠥᠯ ᠢᠶᠠᠷ | ᠴᠡᠭᠴᠡᠯᠡᠨ ᠰᠠᠶᠢᠵᠢᠷᠠᠭᠤᠯᠤᠨ᠎ᠠ᠃ ᠪᠥᠬᠦ ᠬᠤᠰᠢᠭᠤᠨ ᠤ ᠬᠠᠳᠤᠯᠠᠩ ᠪᠡᠯᠴᠢᠭᠡᠷ ᠤᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ | ᠠᠵᠢᠯ ᠤᠨ ᠪᠣᠳᠠᠲᠠᠶ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠎ᠠ᠂ ᠴᠠᠭ ᠢᠶᠠᠨ ᠲᠦᠪᠯᠡᠷᠡᠬᠦᠯᠦᠨ᠂ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ | ᠵᠢᠭᠰᠠᠭᠠᠨ ᠪᠠᠶᠢᠴᠠᠭᠠᠯᠲᠠ ᠬᠢᠨ᠂ ︽ᠨᠢᠭᠡ ᠶᠠᠪᠤᠳᠠᠯ ᠨᠢᠭᠡ ᠬᠡᠷᠡᠭ ᠨᠢᠭᠡ ᠳᠠᠩᠰᠠ ᠡᠪᠬᠡᠮᠡᠯ︾ ᠢ ᠴᠡᠭᠴᠡᠯᠡᠨ ᠰᠠᠶᠢᠵᠢᠷᠠᠭᠤᠯᠵᠤ᠂ ᠬᠤᠶᠠᠳᠤᠭᠠᠷ ᠡᠭᠡᠯᠵᠢ ᠶᠢᠨ ᠭᠠᠵᠠᠷ | ᠰᠢᠷᠣᠶ ᠶᠢᠨ ᠳᠠᠭᠠᠭᠠᠴᠢᠯᠠᠯᠲᠠ ᠠᠴᠠ ᠨᠠᠰᠢᠬᠢ ᠮᠠᠨ ᠤ ᠪᠠᠯᠭᠠᠰᠤᠨ ᠤ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠡᠪᠳᠡᠵᠦ | ᠠᠲᠠᠷ ᠬᠠᠭᠠᠯᠪᠤᠷᠢᠯᠠᠭᠰᠠᠨ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠳᠤᠷ᠎ᠠ ᠪᠠᠷ ᠢᠶᠠᠨ ᠲᠦᠷᠢᠮᠡᠬᠡᠶᠢᠯᠡᠨ ᠡᠵᠡᠯᠡᠬᠦ᠂ ᠨᠤᠲᠤᠭ ᠪᠡᠯᠴᠢᠭᠡᠷ ᠤᠨ ᠡᠬᠢ | ᠪᠠᠶᠠᠯᠢᠭ ᠠᠮᠢ ᠠᠬᠤᠶ ᠣᠷᠴᠢᠨ ᠲᠣᠭᠤᠷᠢᠨ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ 2021 | ᠣᠨ ᠠᠴᠠ ᠨᠠᠭᠠᠰᠢᠬᠢ ᠲᠦᠷᠢᠮ ᠲᠣᠭᠲᠠᠭᠠᠯ ᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠡᠯ᠎ᠡ ᠲᠥᠷᠥᠯ ᠤᠨ | ᠦᠶᠯᠡ ᠠᠵᠢᠯᠯᠠᠭ᠎ᠠ᠂ ᠢᠯᠠᠩᠭᠤᠶ᠎ᠠ ᠲᠥᠪ ᠠᠴᠠ ᠥᠪᠡᠷᠲᠡᠭᠡᠨ ᠵᠠᠰᠠᠬᠤ ᠣᠷᠣᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ | ᠥᠷᠨᠢᠭᠦᠯᠦᠭᠰᠡᠨ ᠠᠴᠠ ᠨᠠᠰᠢ ᠮᠥᠨ ᠬᠦ ᠡᠰᠡᠷᠭᠦᠴᠡᠯᠳᠦᠨ ᠦᠢᠯᠡᠳᠦᠭᠰᠡᠨ ᠬᠡᠷᠡᠭ᠂ ᠬᠠᠤᠯᠢ ᠲᠦᠷᠢᠮ ᠠᠴᠠ ᠵᠥᠷᠢᠴᠡᠵᠦ ᠨᠤᠲᠤᠭ ᠪᠡᠯᠴᠢᠭᠡᠷ ᠣᠶᠢᠲᠤ ᠭᠠᠵᠠᠷ ᠢ | ᠡᠪᠳᠡᠭᠰᠡᠨ ᠠᠰᠠᠭᠤᠳᠠᠯ᠂ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠵᠡᠷᠭᠡ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠎ᠠ᠃ | ᠡᠭᠦᠨ ᠤ ᠬᠠᠮᠲᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠲᠠᠢ ᠨᠢᠭᠲᠠ ᠤᠶᠠᠯᠳᠤᠭᠤᠯᠤᠨ᠂ ᠲᠥᠷᠥᠯ ᠬᠤᠪᠢᠶᠠᠨ ᠲᠣᠬᠢᠲᠠᠶ ᠰᠢᠶᠳᠪᠦᠷᠢᠯᠡᠵᠦ᠂ ᠬᠤᠶᠠᠳᠤᠭᠠᠷ | ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠠᠴᠠ ᠨᠠᠭᠠᠰᠢᠬᠢ ᠲᠦᠷᠢᠮ ᠲᠣᠭᠲᠠᠭᠠᠯ ᠬᠠᠤᠯᠢ ᠴᠠᠭᠠᠵᠠ ᠠᠴᠠ ᠵᠥᠷᠢᠴᠡᠵᠦ ᠨᠤᠲᠤᠭ ᠪᠡᠯᠴᠢᠭᠡᠷ ᠢ ᠡᠪᠳᠡᠭᠰᠡᠨ | ᠦᠶᠯᠡ ᠠᠵᠢᠯᠯᠠᠭ᠎ᠠ ᠶᠢ ᠵᠦᠶ ᠵᠣᠬᠢᠰ ᠥᠬᠡᠶ ᠰᠢᠳᠬᠡᠭᠰᠡᠨ᠂ ᠶᠠᠯ᠎ᠠ ᠪᠠᠭᠤᠷᠠᠭᠤᠯᠤᠨ ᠰᠢᠶᠳᠪᠦᠷᠢᠯᠡᠭᠰᠡᠨ᠂ ᠲᠣᠷᠭᠠᠭᠤᠯᠢ ᠪᠠᠷ ᠡᠷᠡᠭᠦᠦ ᠰᠢᠳᠬᠡᠯ ᠢ ᠣᠷᠣᠯᠠᠭᠤᠯᠤᠭᠰᠠᠨ | ᠵᠡᠷᠭᠡ ᠠᠰᠠᠭᠤᠳᠠᠯ ᠢ ᠪᠥᠬᠦ ᠲᠠᠯ᠎ᠠ ᠪᠠᠷ ᠰᠠᠶᠢᠲᠤᠷ ᠴᠡᠭᠴᠡᠯᠡᠨ ᠰᠠᠶᠢᠵᠢᠷᠠᠭᠤᠯᠵᠤ᠂ ᠲᠤᠰᠬᠠᠶ ᠴᠡᠭᠴᠡᠯᠡᠨ ᠰᠠᠶᠢᠵᠢᠷᠠᠭᠤᠯᠬᠤ ᠰᠢᠪᠳᠤᠯᠤᠯᠲᠠ ᠶᠢᠨ ᠠᠵᠢᠯ ᠢ ᠰᠠᠶᠢᠲᠤᠷ | ᠬᠢᠬᠦ ᠪᠠᠷ ᠴᠢᠷᠮᠠᠶᠢᠨ᠎ᠠ᠃ ᠭᠤᠷᠪᠠ ᠳᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ᠃ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠦᠷ᠎ᠡ ᠪᠥᠲᠦᠮᠵᠢ ᠶᠢ ᠪᠠᠬᠢᠵᠢᠭᠦᠯᠦᠨ ᠥᠷᠭᠡᠳᠬᠡᠵᠦ | ᠂ ᠰᠢᠨ᠎ᠡ ᠨᠢᠭᠡᠨ ᠡᠭᠡᠯᠵᠢ ᠶᠢᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠂ ︽3 + 6 + N︾ ᠪᠠ ︽ | ᠭᠤᠷᠪᠠᠨ ᠪᠢᠴᠢᠭ ᠬᠤᠶᠠᠷ ᠬᠠᠭᠤᠳᠠᠰᠤ︾ ᠶᠢᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠲᠣᠭᠲᠠᠴᠠ ᠪᠠ ︽ᠡᠷᠦᠬᠡ ᠪᠠᠷ ᠲᠥᠷᠥᠯ | ᠬᠤᠪᠢᠶᠠᠬᠤ᠂ ᠲᠣᠰᠬᠤᠨ ᠠᠴᠠ ᠴᠤᠭᠯᠠᠭᠤᠯᠬᠤ᠂ ᠪᠠᠯᠭᠠᠰᠤ ᠠᠴᠠ ᠰᠢᠯᠵᠢᠭᠦᠯᠦᠨ ᠰᠢᠶᠳᠪᠦᠷᠢᠯᠡᠬᠦ︾ ᠬᠤᠭ ᠨᠣᠪᠰᠢ ᠪᠣᠬᠢᠷ ᠤᠰᠤ ᠶᠢ ᠰᠢᠶᠳᠪᠦᠷᠢᠯᠡᠬᠦ ᠵᠠᠭᠪᠤᠷ ᠢ | ᠪᠥᠬᠦ ᠲᠠᠯ᠎ᠠ ᠪᠠᠷ ᠬᠡᠷᠡᠭᠵᠢᠭᠦᠯᠵᠦ᠂ ᠬᠤᠭ ᠨᠣᠪᠰᠢ ᠪᠣᠬᠢᠷ ᠤᠰᠤ ᠶᠢ ᠴᠡᠪᠡᠷᠯᠡᠨ ᠲᠡᠭᠡᠭᠡᠪᠦᠷᠢᠯᠡᠵᠦ ᠰᠢᠶᠳᠪᠦᠷᠢᠯᠡᠬᠦ ᠲᠦᠬᠦᠭᠡᠷᠦᠮᠵᠢ ᠶᠢ ᠦᠷᠭᠦᠯᠵᠢᠯᠡᠨ ᠢᠵᠢ | ᠪᠦᠷᠢᠳᠦᠭᠦᠯᠦᠨ ᠲᠡᠭᠦᠯᠳᠡᠷᠵᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠬᠤ ᠣᠷᠴᠢᠨ ᠨᠥᠬᠦᠴᠡᠯ ᠢ ᠴᠢᠷᠮᠠᠶᠢᠨ ᠰᠠᠶᠢᠵᠢᠷᠠᠭᠤᠯᠤᠨ᠎ᠠ᠃ ᠡᠨᠡ ᠵᠢᠯ ᠳ᠋ᠠ ᠲᠣᠣ ᠽᠢ ᠲᠣᠰᠬᠤᠨ ᠳᠤ ᠬᠤᠭ ᠨᠣᠪᠰᠢ ᠰᠢᠢᠳᠪᠤᠷᠢᠯᠡᠬᠦ ᠲᠡᠷᠭᠡ᠂ ᠪᠣᠬᠢᠷ | ᠤᠰᠤ ᠲᠠᠲᠠᠬᠤ ᠲᠡᠷᠭᠡ ᠲᠤᠰ ᠪᠦᠷᠢ 1 ᠲᠣᠬᠢᠷᠠᠭᠤᠯᠵᠤ᠂ ᠪᠦᠬᠦ ᠵᠢᠯ ᠳᠤ 8 ᠵᠣᠷᠯᠣᠩ ᠢ ᠥᠭᠡᠷᠡᠴᠢᠯᠡᠨ ᠵᠠᠰᠠᠵᠤ᠂ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ | ᠭᠠᠴᠠᠭ᠎ᠠ ᠲᠣᠰᠬᠤᠨ ᠳᠤ ᠪᠣᠬᠢᠷ ᠤᠰᠤ ᠶᠢ ᠨᠢᠭᠡᠳᠦᠯᠲᠡᠶ ᠴᠤᠭᠯᠠᠭᠤᠯᠤᠨ ᠰᠢᠶᠳᠪᠦᠷᠢᠯᠡᠬᠦ ᠶᠢ ᠬᠡᠷᠡᠭᠵᠢᠭᠦᠯᠦᠨ᠎ᠡ᠃ | ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠦᠷ᠎ᠡ ᠪᠥᠲᠦᠮᠵᠢ ᠶᠢ ᠪᠠᠬᠢᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠥᠲᠦᠮᠵᠢ ᠶᠢ | ᠦᠷᠭᠦᠯᠵᠢᠯᠡᠨ ᠪᠠᠬᠢᠵᠢᠭᠦᠯᠦᠨ᠎ᠡ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠭᠤᠤᠯ | ᠭᠦᠶᠴᠡᠳᠬᠡᠯ ᠲᠤᠭ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠂ ᠶᠠᠳᠠᠭᠤ ᠠᠴᠠ ᠠᠩᠭᠢᠵᠢᠷᠠᠭᠰᠠᠨ ᠲᠣᠭᠲᠠᠩᠭᠤᠢ ᠪᠤᠰᠤ ᠡᠷᠦᠬᠡ᠂ ᠠᠮᠠᠷᠬᠠᠨ ᠶᠠᠳᠠᠭᠤᠷᠠᠬᠤ | ᠪᠣᠯᠣᠯᠴᠠᠭ᠎ᠠ ᠲᠠᠢ ᠡᠷᠦᠬᠡ ᠵᠢᠴᠢ ᠡᠪᠡᠳᠴᠢᠨ ᠡᠮᠬᠡᠭ᠂ ᠵᠡᠮᠳᠡᠭ ᠪᠠᠭᠤᠷᠠᠢ᠂ ᠭᠠᠢ ᠭᠠᠮᠰᠢᠭ᠂ ᠭᠡᠨᠡᠳᠲᠡ ᠶᠢᠨ ᠠᠳᠡᠯ ᠵᠡᠷᠭᠡ ᠠᠴᠠ ᠪᠣᠯᠵᠤ ᠵᠠᠷᠤᠯᠭ᠎ᠠ ᠨᠢ ᠨᠡᠯᠢᠶᠡᠳ | ᠶᠡᠭᠡ ᠪᠤᠶᠤ ᠣᠷᠣᠯᠭ᠎ᠠ ᠨᠢ ᠶᠡᠭᠡ ᠪᠠᠷ ᠬᠠᠰᠤᠭᠳᠠᠭᠰᠠᠨ ᠡᠷᠦᠬᠡ ᠪᠠᠷ ᠭᠤᠤᠯᠳᠠᠯᠭ᠎ᠠ ᠪᠣᠯᠭᠠᠵᠤ᠂ ︽ᠳᠥᠷᠪᠡ ᠶᠢ ᠰᠠᠯᠭᠠᠬᠤ ᠦᠬᠡᠢ︾ ᠱᠠᠭᠠᠷᠳᠠᠯᠭ᠎ᠠ ᠶᠢ | ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠠᠵᠢᠯ ᠢ | ᠰᠠᠶᠢᠲᠤᠷ ᠬᠢᠨ᠎ᠡ᠃ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠰᠤᠷᠭᠠᠨ | ᠬᠦᠮᠦᠵᠢᠯ ᠤᠨ ᠲᠡᠳᠬᠦᠮᠵᠢ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ | ᠪᠤᠵᠠᠭᠠᠶᠢᠷᠠᠭᠤᠯᠵᠤ᠂ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠠ | ᠶᠠᠳᠠᠭᠤᠷᠠᠬᠤ ᠪᠣᠯᠤᠯᠴᠠᠭ᠎ᠠ ᠲᠠᠢ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠥᠲᠦᠮᠵᠢ ᠶᠢ | ᠪᠠᠬᠢᠵᠢᠭᠦᠯᠦᠨ᠎ᠡ᠃ ᠬᠤᠶᠠᠷ ᠲᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠢᠷᠢ ᠲᠥᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ | ᠠᠮᠤᠷ ᠲᠦᠪᠰᠢᠨ ᠢ ᠪᠠᠲᠤ ᠡᠵᠡᠮᠳᠡᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠭᠠᠵᠠᠷ ᠪᠣᠯᠭᠠᠬᠤ ︾ ᠶᠢ ᠡᠷᠡᠰ ᠬᠤᠷᠢᠭᠯᠠᠨ᠂ ᠲᠠᠷᠢᠶᠠᠨ ᠭᠠᠵᠠᠷ ᠲᠤ ︽ | ᠠᠮᠤ ᠪᠤᠳᠠᠭᠠᠨ ᠤ ᠲᠥᠷᠦᠯ ᠵᠦᠢᠯ ᠠᠴᠠ ᠪᠣᠰᠤᠳ ᠲᠠᠷᠢᠮᠠᠯ ᠲᠠᠷᠢᠬᠤ︾ ᠶᠢ ᠰᠡᠷᠭᠡᠶᠢᠯᠡᠵᠦ᠂ ᠪᠥᠬᠦ ᠵᠢᠯ ᠤᠨ ᠠᠮᠤ ᠪᠤᠳᠠᠭᠠᠨ ᠤ ᠶᠡᠷᠦᠩᠬᠡᠶ ᠤᠨᠠᠯᠲᠠ ᠶᠢ 8.7 | ᠲᠦᠮᠡᠨ ᠲᠣᠨ ᠣᠷᠴᠢᠮ ᠪᠠᠶᠢᠯᠭᠠᠵᠤ᠂ 1.8 ᠲᠦᠮᠡᠨ ᠮᠥ ᠡᠷᠳᠡᠨᠢ ᠰᠢᠰᠢ ᠰᠢᠷ᠎ᠠ ᠪᠤᠷᠴᠠᠭ ᠳᠠᠷᠢᠨ᠎ᠠ᠃ ᠮᠧᠩ ᠷᠦᠨ ᠶᠤᠸᠠᠨ ᠺᠤᠮᠫᠠᠨᠢ ᠶᠢ ᠵᠣᠷᠢᠭᠵᠢᠭᠤᠯᠤᠨ | ᠬᠤᠵᠢᠷᠯᠢᠭ ᠭᠠᠵᠠᠷ ᠢ ᠠᠰᠢᠭᠯᠠᠵᠤ ᠯᠠᠵᠣᠣ᠂ ᠰᠢᠯᠢᠮᠳᠡᠭ ᠪᠠ ᠰᠢᠷ᠎ᠠ ᠪᠤᠷᠴᠠᠭ ᠵᠡᠷᠭᠡ ᠲᠥᠷᠥᠯ ᠵᠦᠶᠯ ᠢ ᠲᠤᠷᠰᠢᠨ ᠲᠠᠷᠢᠬᠤ ᠶᠢ ᠦᠷᠨᠢᠭᠦᠯᠦᠨ᠂ ᠲᠥᠮᠥᠰᠥ ᠶᠢᠨ | ᠠᠵᠤ ᠦᠶᠯᠡᠰ ᠤᠨ ᠠᠯᠬᠤᠮ ᠠᠯᠬᠤᠮ ᠢᠶᠠᠷ ᠬᠥᠭᠵᠢᠨ ᠵᠥᠪ ᠵᠠᠮ ᠳᠤ ᠣᠷᠣᠬᠤ ᠶᠢ ᠠᠬᠢᠭᠤᠯᠵᠤ᠂ ᠰᠠᠭᠠᠯᠢ ᠶᠢᠨ ᠦᠨᠢᠶ᠎ᠡ᠂ ᠭᠠᠭ᠋ᠠᠶ᠂ ᠲᠠᠬᠢᠶ᠎ᠠ ᠪᠠ ᠶᠢᠨ ᠱᠦᠶ | ᠸᠠᠨ ᠵᠢᠭᠠᠰᠤᠨ ᠠᠵᠤ ᠦᠢᠯᠡᠰ ᠵᠡᠷᠭᠡ ᠲᠡᠵᠢᠭᠡᠨ ᠦᠷᠡᠵᠢᠭᠦᠯᠬᠦ ᠦᠶᠯᠡᠰ ᠤᠨ ᠬᠥᠭᠵᠢᠯᠲᠡ ᠶᠢ ᠳᠡᠮᠵᠢᠨ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ | ᠪᠣᠶᠢᠵᠢᠭᠤᠯᠬᠤ ᠲᠥᠯᠥᠪᠯᠡᠭᠡ ᠪᠠ ᠮᠠᠯᠴᠢᠨ ᠲᠠᠷᠢᠶᠠᠴᠢᠨ ᠤ ᠬᠤᠷᠰᠢᠶᠠᠵᠢᠯ ᠢ ᠵᠢᠷᠤᠮᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠬᠤᠤᠷᠳᠠᠭᠳᠠᠯ ᠥᠬᠡᠶ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠶᠡᠬᠡᠪᠡᠷ ᠨᠡᠭᠡᠭᠡᠨ ᠬᠥᠭᠵᠢᠭᠦᠯᠵᠦ᠂ ᠥᠨᠳᠥᠷ ᠪᠦᠲᠦᠮᠵᠢᠲᠡᠶ | ᠠᠮᠢ ᠠᠬᠤᠶ ᠶᠢᠨ ᠲᠠᠷᠢᠶᠠᠯᠠᠩ ᠢ ᠬᠥᠭᠵᠢᠭᠦᠯᠦᠨ᠎ᠡ᠃ ᠪᠠᠯᠠᠬᠠᠢ᠂ ᠳ᠋ᠦᠩ ᠬᠤᠩ ᠯᠢᠦ ᠬᠤᠶᠠᠷ ᠲᠣᠰᠬᠤᠨ ᠤ 3500 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ | ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ 2 ᠲᠦᠮᠡᠨ ᠮᠦ ᠲᠠᠷᠢᠶᠠᠨ ᠭᠠᠵᠠᠷ ᠢ ᠭᠦᠨ ᠬᠠᠭᠠᠯᠪᠤᠷᠢᠯᠠᠵᠤ᠂ ᠡᠰᠢ ᠰᠦᠷᠡᠯ ᠢ ᠲᠤᠬᠠᠢ ᠶᠢᠨ ᠭᠠᠵᠠᠷ | ᠲᠤᠨᠢ ᠠᠰᠢᠭᠯᠠᠬᠤ ᠶᠢ ᠬᠡᠷᠡᠭᠵᠢᠭᠦᠯᠦᠨ᠂ ᠦᠯᠡᠳᠡᠭᠳᠡᠯ ᠰᠦᠯᠢᠶᠣᠣ ᠪᠦᠷᠬᠦᠪᠴᠢ ᠶᠢ 3 ᠲᠦᠮᠡᠨ ᠮᠦ ᠬᠤᠷᠢᠶᠠᠨ ᠠᠪᠴᠤ᠂ ᠲᠠᠷᠢᠶᠠᠯᠠᠩ ᠤᠨ ᠦᠢᠯᠡᠳᠪᠦᠷᠢᠯᠡᠯ ᠤᠨ | ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢᠶᠠᠷ ᠪᠠᠷᠢᠮᠵᠢᠶ᠎ᠠ ᠪᠣᠯᠭᠠᠨ᠂ ᠲᠠᠷᠢᠶᠠᠯᠠᠩ ᠤᠨ ᠵᠣᠬᠢᠬᠤ | ᠬᠡᠪᠴᠢᠶᠡᠲᠦ ᠡᠵᠡᠩᠨᠡᠯᠲᠡ ᠶᠢ ᠠᠬᠢᠭᠤᠯᠵᠤ᠂ ᠳᠠᠷᠢᠵᠤ ᠲᠡᠵᠢᠭᠡᠬᠦ ᠲᠣᠮᠣ ᠡᠷᠦᠬᠡ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠤᠰᠬᠠᠶ ᠬᠤᠷᠰᠢᠶᠠᠵᠢᠯ ᠵᠡᠷᠭᠡ | ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ 8 ᠪᠣᠶᠢᠵᠢᠭᠤᠯᠤᠨ ᠬᠥᠭᠵᠢᠭᠦᠯᠵᠦ᠂ ᠲᠠᠷᠢᠶᠠᠯᠠᠩ ᠤᠨ ᠦᠶᠯᠡᠳᠪᠦᠷᠢᠯᠡᠯ ᠤᠨ | ᠬᠡᠪᠴᠢᠶᠡᠵᠢᠬᠦ᠂ ᠵᠣᠬᠢᠶᠠᠨ ᠪᠠᠶᠢᠭᠤᠯᠤᠯᠴᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠲᠠᠷᠢᠶᠠᠯᠠᠩ ᠤᠨ ᠠᠵᠤ ᠦᠶᠯᠡᠰ ᠤᠨ ᠲᠠᠰ ᠳᠡᠪᠰᠢᠬᠦ ᠶᠢ ᠬᠥᠲᠥᠯᠥᠨ | ᠳᠠᠭᠠᠭᠤᠯᠵᠤ ᠳᠠᠶᠢᠴᠢᠯᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠵᠦ᠂ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ᠃ ᠭᠤᠷᠪᠠ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠰᠠᠶᠢᠲᠤᠷ ᠠᠳᠬᠤᠨ᠎ᠠ᠃ ᠬᠥᠳᠡᠭᠡ ᠲᠣᠰᠬᠤᠨ ᠤ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠦᠷ᠎ᠡ ᠪᠥᠲᠦᠮᠵᠢ ᠶᠢ ᠠᠰᠢᠭᠯᠠᠨ᠂ | ᠪᠠᠯᠭᠠᠰᠤᠨ ᠤ ᠣᠷᠣᠨ ᠵᠠᠢ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠭᠡᠬᠦ ᠣᠶᠢᠯᠠᠭᠠᠭᠳᠠᠬᠤᠨ ᠢ | ᠪᠠᠲᠤᠳᠬᠠᠵᠤ᠂ ᠤᠯᠤᠰ ᠤᠨ ᠲᠥᠷᠥ ᠶᠢᠨ ᠪᠣᠳᠣᠯᠭ᠎ᠠ ᠪᠠ ᠪᠠᠯᠠ ᠣᠷᠣᠭᠤᠯᠤᠯᠲᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠡᠷᠭᠡ ᠲᠠᠯ᠎ᠠ ᠶᠢᠨ | ᠲᠣᠭᠤᠷᠢᠨ ᠳᠤ ᠲᠥᠷᠥᠯ ᠵᠦᠶᠯ ᠢ ᠲᠥᠯᠥᠪᠵᠢᠭᠦᠯᠬᠦ ᠪᠠ ᠬᠡᠷᠡᠭᠵᠢᠭᠦᠯᠬᠦ ᠠᠵᠢᠯ ᠢ ᠰᠠᠶᠢᠲᠤᠷ ᠬᠢᠨ᠎ᠠ᠃ ᠲᠣᠰ ᠵᠢᠯ ᠳᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ | ᠲᠠᠢ ᠬᠠᠮᠵᠢᠯᠴᠠᠨ ᠬᠥᠪᠴᠢ ᠶᠢᠨ ᠡᠯᠡᠰᠦᠨ ᠳᠤ ᠠᠮᠢ ᠠᠬᠤᠶ ᠶᠢᠨ ᠨᠣᠭᠤᠭᠠᠷᠠᠭᠤᠯᠤᠯᠲᠠ ᠳᠤ ᠤᠰᠤ ᠬᠠᠩᠭᠠᠬᠤ ᠢᠨᠵᠧᠨᠧᠷᠢᠩ ᠢ ᠬᠡᠷᠡᠭᠵᠢᠭᠦᠯᠦᠨ᠂ ᠳᠠᠷᠤᠯᠲᠠ ᠨᠡᠮᠡᠬᠦ | ᠪᠠ ᠤᠰᠤ ᠲᠠᠲᠠᠬᠤ ᠬᠥᠭᠡᠷᠭᠡ ᠶᠢᠨ ᠥᠷᠲᠡᠭᠡ ᠶᠢ ᠲᠣᠰ ᠲᠣᠰ 1 ᠪᠠᠶᠢᠭᠤᠯᠵᠤ᠂ 39 ᠺᠢᠯᠣᠮᠧᠲᠷ ᠤᠨ ᠤᠰᠤ ᠲᠠᠲᠠᠬᠤ ᠬᠤᠭᠤᠯᠠᠶ ᠳᠡᠪᠢᠰᠦᠨ᠂ ᠮᠠᠨ ᠤ | ᠪᠠᠯᠭᠠᠰᠤᠨ ᠤ ᠬᠢᠯᠢ ᠳᠣᠲᠣᠷᠠᠬᠢ ᠬᠥᠪᠴᠢ ᠶᠢᠨ ᠡᠯᠡᠰᠦᠨ ᠤ ᠠᠮᠢ ᠠᠬᠤᠶ ᠶᠢᠨ ᠵᠠᠰᠠᠯᠲᠠ ᠳᠤ ᠬᠡᠷᠡᠭᠯᠡᠬᠦ ᠤᠰᠤᠨ ᠤ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ | ᠪᠠᠯᠠᠬᠠᠢ ᠶᠢᠨ ᠵᠢᠯ ᠳᠤ 1.5 ᠲᠦᠮᠡᠨ ᠲᠣᠨ ᠨᠠᠷᠠᠨᠬᠤᠸᠠᠷ ᠤᠨ ᠦᠷ᠎ᠡ ᠶᠢ ᠰᠠᠯᠭᠠᠨ ᠢᠯᠭᠠᠷᠠᠭᠤᠯᠬᠤ ᠦᠢᠯᠡᠳᠪᠦᠷᠢ ᠶᠢ ᠪᠠᠶᠢᠭᠤᠯᠵᠤ᠂ ᠵᠢᠯ ᠤᠨ ᠳᠣᠲᠣᠷ᠎ᠠ ᠲᠣᠰᠬᠤᠨ | ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 15 ᠲᠦᠮᠡᠨ ᠲᠥᠭᠦᠷᠢᠭ ᠨᠡᠮᠡᠭᠳᠡᠭᠦᠯᠦᠨ᠎ᠡ᠃ ᠣᠯᠠᠨ ᠲᠦᠮᠡᠨ ᠤ ᠬᠦᠴᠢᠷ ᠵᠣᠪᠠᠭᠤᠷᠢ ᠲᠠᠢ ᠦᠶᠯᠡᠳᠪᠦᠷᠢᠯᠡᠯ | ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ᠂ ᠡᠯ᠎ᠡ ᠭᠠᠴᠠᠭ᠎ᠠ ᠲᠣᠰᠬᠤᠨ ᠳᠤ ︽ᠨᠢᠭᠡ ᠤᠴᠢᠷ ᠢ ᠨᠢᠭᠡ ᠵᠥᠪᠯᠡᠬᠦ︾ ᠲᠥᠷᠥᠯ ᠵᠦᠶᠯ ᠢ ᠨᠠᠭᠠᠳᠤ ᠵᠠᠬ᠎ᠠ | ᠳᠠᠭᠠᠨ 1 ᠬᠡᠷᠡᠭᠵᠢᠭᠦᠯᠬᠦ ᠪᠤᠶᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠶᠯ ᠢ ᠪᠦᠲᠦᠮᠵᠢᠲᠡᠶ ᠵᠣᠯᠭᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠵᠣᠯᠭᠠᠭᠤᠯᠬᠤ ᠳᠤ ᠰᠠᠭᠤᠷᠢ ᠲᠠᠯᠪᠢᠵᠤ ᠥᠭᠭᠦᠨ᠎ᠡ᠃ ᠠᠷᠠᠯᠵᠢᠶᠠᠴᠢᠨ ᠤᠷᠢᠵᠤ ᠪᠠᠯᠠ ᠲᠠᠲᠠᠬᠤ ᠪᠣᠯ ᠲᠡᠷᠢᠭᠦᠨ | ᠴᠢᠬᠤᠯᠠ ᠶᠠᠪᠤᠳᠠᠯ ᠭᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠮᠠᠨ ᠤ ᠪᠠᠯᠭᠠᠰᠤᠨ ᠤ ᠲᠠᠷᠢᠶᠠᠯᠠᠩ ᠪᠠ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠢᠬᠤ | ᠳᠠᠪᠠᠭᠤᠯᠢᠭ ᠢ ᠭᠦᠶᠴᠡᠳ ᠠᠰᠢᠭᠯᠠᠨ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠲᠤᠰᠬᠠᠶ ᠮᠡᠷᠭᠡᠵᠢᠯ ᠢᠶᠠᠷ ᠠᠷᠠᠯᠵᠢᠶᠠᠴᠢᠨ ᠤᠷᠢᠬᠤ ᠶᠢ ᠤᠶᠠᠯᠳᠤᠭᠤᠯᠵᠤ᠂ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠨᠢᠭᠡ ᠣᠷᠣᠨ ᠳᠤ ᠣᠯᠠᠨ ᠴᠡᠭ ᠢᠶᠠᠷ ᠪᠠᠶᠢᠷᠢᠰᠢᠭᠤᠯᠤᠭᠰᠠᠨ ᠠᠮᠢ ᠠᠬᠤᠶ ᠶᠢᠨ ᠲᠠᠷᠢᠶᠠᠯᠠᠩ ᠪᠠ ᠰᠣᠶᠣᠯ | ᠵᠢᠭᠤᠯᠴᠢᠯᠠᠯ ᠤᠨ ᠠᠵᠤ ᠦᠶᠯᠡᠰ ᠢ ᠬᠥᠭᠵᠢᠭᠦᠯᠦᠨ᠎ᠡ᠃ ︽ᠠᠵᠤ ᠠᠬᠤᠶᠢᠯᠠᠯ ᠨᠢᠭᠡ ᠰᠡᠳᠬᠢᠯ ᠢᠶᠠᠷ ᠪᠥᠲᠥᠭᠡᠨ ᠪᠠᠶᠢᠭᠤᠯᠤᠯᠲᠠ ᠶᠢ ᠠᠳᠬᠤᠵᠤ᠂ ᠵᠠᠰᠠᠭ ᠤᠨ | ᠣᠷᠳᠣᠨ ᠨᠢᠭᠡ ᠰᠡᠳᠬᠢᠯ ᠢᠶᠠᠷ ᠦᠶᠯᠡᠴᠢᠯᠡᠭᠡ ᠬᠢᠬᠦ︾ ᠣᠨᠣᠯᠵᠢᠬᠤᠨ ᠢ ᠪᠣᠶ ᠪᠣᠯᠭᠠᠨ᠂ ᠰᠠᠯᠠᠭᠠᠨ ᠤ ᠲᠠᠰ ᠤᠨ ᠤᠳᠤᠷᠢᠳᠤᠯᠭ᠎ᠠ ᠠᠵᠤ ᠠᠬᠤᠶᠢᠯᠠᠯ ᠲᠠᠢ | ᠬᠠᠷᠢᠯᠴᠠᠬᠤ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ︽ᠠᠰᠠᠷᠠᠭᠴᠢ ᠮᠠᠶ᠋ᠢᠭ︾ ᠤᠨ ᠦᠶᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠭᠠᠳᠠᠭᠰᠢ | ᠭᠠᠷᠤᠭᠠᠳ ᠠᠮᠵᠢᠯᠲᠠ ᠣᠯᠤᠭᠰᠠᠨ ᠬᠥᠮᠦᠰ ᠢ ᠲᠠᠲᠠᠵᠤ ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶ | ᠶᠢᠨ ᠬᠥᠭᠵᠢᠯᠲᠡ ᠶᠢ ᠠᠬᠢᠭᠤᠯᠤᠨ᠎ᠠ ᠃ | ︵ᠭᠤᠷᠪᠠ︶ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠨᠢᠭᠡ ᠳᠤ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠵᠢᠯ ᠤᠨ ᠳᠣᠲᠣᠷ᠎ᠠ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠣᠳᠠᠲᠤ ᠶᠠᠪᠤᠳᠠᠯ ᠤᠨ ᠲᠥᠷᠥᠯ ᠵᠦᠢᠯ ᠢ 4 ᠬᠡᠷᠡᠭᠵᠢᠭᠦᠯᠬᠦ | ᠪᠠᠷ ᠲᠥᠯᠥᠪᠯᠡᠵᠦ ᠪᠤᠢ᠃ ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ᠂ ᠮᠠᠯᠵᠢᠬᠤ ᠲᠠᠷᠢᠶᠠᠯᠠᠬᠤ ᠣᠷᠣᠨ ᠤ ᠲᠠᠪᠤᠨ ᠪᠠᠲᠤᠯᠠᠭ᠎ᠠ᠂ ᠬᠤᠲᠠ ᠬᠥᠳᠡᠭᠡ ᠶᠢᠨ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ | ᠤᠨ ᠨᠠᠰᠤᠵᠢᠯ ᠤᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠲᠣᠭᠲᠠᠪᠤᠷᠢᠵᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠡᠮ ᠡᠮᠨᠡᠯᠭᠡ᠂ ᠥᠨᠥᠴᠢᠨ ᠬᠡᠦᠬᠡᠳ ᠵᠡᠷᠭᠡ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠨ᠎ᠠ᠃ ᠰᠣᠶᠣᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ | ᠠᠵᠢᠯ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠠᠩ ᠴᠢᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠪᠠᠷ ᠬᠦᠴᠢᠷᠳᠡᠯ | ᠢ ᠰᠢᠢᠳᠪᠦᠷᠢᠯᠡᠨ᠂ ᠬᠠᠯᠠᠮᠵᠢᠯᠠᠨ ᠳᠡᠮᠵᠢᠬᠦ ᠴᠢᠬᠤᠯᠠᠲᠠᠢ ᠨᠡᠩ ᠤᠯᠠᠨ ᠬᠥᠮᠦᠰ ᠢ ᠬᠠᠪᠰᠤᠷᠴᠤ᠂ ᠪᠠᠶᠠᠨ᠋ᠦ᠌ᠨᠳᠦᠷ ᠭᠠᠴᠠᠭ᠎ᠠ᠂ ᠳ᠋ᠦᠩ ᠬᠤᠩ ᠯᠢᠦ ᠲᠣᠰᠬᠤᠨ ᠤ | ᠰᠣᠶᠣᠯ ᠤᠨ ᠠᠵᠢᠯᠯᠠᠭᠠᠨ ᠤ ᠲᠠᠰᠤᠭ ᠢ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠢᠯᠴᠢᠨ ᠤ | ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠢ ᠳᠡᠮᠵᠢᠵᠦ᠂ ᠨᠡᠶᠢᠭᠡᠮ | ᠤᠨ ᠦᠢᠯᠡᠰ ᠤᠨ ᠪᠦᠬᠦ ᠲᠠᠯ᠎ᠠ ᠶᠢᠨ ᠳᠠᠪᠰᠢᠯᠲᠠ ᠶᠢ ᠠᠬᠢᠭᠤᠯᠤᠨ᠎ᠠ᠃ ᠬᠤᠶᠠᠷ ᠲᠤ ᠣᠯᠠᠨ ᠨᠡᠶᠢᠲᠡ ᠶᠢᠨ ᠦᠶᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠵᠢᠯᠯᠠᠭ᠎ᠠ ᠶᠢ ᠥᠷᠨᠢᠭᠦᠯᠵᠦ᠂ ᠪᠦᠬᠦ ᠬᠡᠯᠬᠢᠶᠡᠵᠢᠯ ᠳᠤ ᠬᠢᠨᠠᠨ ᠵᠥᠪᠰᠢᠶᠡᠷᠡᠬᠦ ᠶᠢ ᠰᠢᠯᠢᠳᠡᠭᠵᠢᠭᠦᠯᠬᠦ᠂ ᠪᠦᠬᠦ ᠶᠠᠪᠤᠴᠠ ᠳᠤ ᠲᠥᠪ ᠭᠤᠣᠯᠴᠢ ᠪᠠᠷ ᠬᠢᠨᠠᠨ ᠬᠠᠮᠢᠶᠠᠷᠬᠤ᠂ | ᠪᠦᠬᠦ ᠦᠶᠡᠯᠡᠯ ᠳᠤ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠥᠭᠡᠷᠡᠴᠢᠯᠡᠯᠲᠡ | ᠶᠢ ᠭᠦᠨᠵᠡᠭᠡᠶᠢᠷᠡᠭᠦᠯᠵᠦ᠂ ︽ᠨᠢᠭᠡ ᠶᠠᠪᠤᠳᠠᠯ︾ ᠤᠨ ᠬᠤᠷᠠᠮᠠᠯ ᠦᠶᠯᠡᠴᠢᠯᠡᠭᠡ ᠶᠢ ᠠᠬᠢᠭᠤᠯᠤᠨ᠂ ᠲᠥᠷᠥᠯ ᠵᠦᠶᠯ ᠢ ᠬᠢᠨᠠᠨ ᠵᠥᠪᠰᠢᠶᠡᠷᠡᠬᠦ ︽ᠨᠢᠭᠡ ᠶᠠᠪᠤᠳᠠᠯ ᠨᠢᠭᠡ | ᠲᠥᠰᠦᠯ︾ ᠢ ᠪᠠᠶᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠠᠬᠢᠭᠤᠯᠵᠤ᠂ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠠᠷᠠᠳ ᠲᠤ ᠳᠥᠭᠦᠮ ᠦᠵᠡᠭᠦᠯᠦᠨ ᠣᠯᠠᠨ ᠲᠦᠮᠡᠨ ᠳᠤ | ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠥᠷᠭᠡᠳᠬᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠯ᠎ᠡ ᠵᠦᠢᠯ | ᠤᠨ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠪᠠᠬᠢᠵᠢᠭᠦᠯᠦᠨ᠂ ᠬᠢᠵᠢᠭ ᠤᠨ | ᠪᠠᠶᠢᠳᠠᠯ ᠤᠨ ᠡᠬᠢ ᠡᠭᠦᠰᠦᠯ ᠢ ᠰᠠᠶᠢᠲᠤᠷ ᠠᠳᠬᠤᠨ᠎ᠠ᠃ ᠭᠤᠤᠯᠳᠠᠯᠭ᠎ᠠ ᠲᠠᠢ ᠭᠠᠵᠠᠷ ᠣᠷᠣᠨ ᠠᠴᠠ ᠢᠷᠡᠵᠦ ᠪᠤᠴᠠᠬᠤ ᠬᠥᠮᠦᠰ ᠪᠠ ᠲᠦᠷᠭᠡᠨ ᠢᠯᠡᠭᠡᠯᠲᠡ ᠶᠢᠨ | ᠪᠠᠷᠠᠭᠠᠨ ᠤ ᠭᠦᠶᠯᠭᠡᠭᠡ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠪᠢᠲᠡᠭᠦᠮᠵᠢᠯᠡᠭᠰᠡᠨ ᠬᠠᠮᠢᠶᠠᠷᠤᠯᠲᠠ ᠬᠢᠨ᠎ᠠ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠭᠤᠷᠪᠠ ᠳᠤ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ | ᠡᠭᠦᠳᠦᠨ᠎ᠡ᠃ ᠲᠣᠰᠬᠤᠨ ᠤ ᠠᠷᠠᠳ ᠤᠨ ᠬᠡᠷᠡᠭ ᠵᠥᠪᠯᠡᠬᠦ ᠬᠤᠷᠠᠯ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠡᠷᠭᠡ ᠣᠯᠠᠨ ᠲᠦᠮᠡᠨ ᠤ | ᠬᠡᠷᠡᠭ ᠵᠥᠪᠯᠡᠬᠦ ᠠᠴᠢᠶᠠᠯᠠᠪᠤᠷᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ 3 ᠭᠠᠴᠠᠭ᠎ᠠ ᠲᠣᠰᠬᠤᠨ ᠤ ᠬᠡᠷᠡᠭ ᠵᠥᠪᠯᠡᠬᠦ ᠲᠠᠪᠴᠠᠩ ᠢ ᠪᠠᠶᠢᠭᠤᠯᠤᠨ᠎ᠠ᠃ ᠠᠮᠤᠷ | ᠲᠥᠪᠰᠢᠨ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠠᠮᠤᠷ ᠲᠥᠪᠰᠢᠨ ᠦᠢᠯᠡᠳᠪᠦᠷᠢᠯᠡᠯ ᠤᠨ ᠲᠤᠰᠬᠠᠶ ᠵᠦᠢᠯ ᠤᠨ | ᠠᠵᠢᠯᠯᠠᠭ᠎ᠠ ᠶᠢ ᠥᠷᠨᠢᠭᠦᠯᠵᠦ᠂ ᠠᠮᠤᠷ ᠲᠥᠪᠰᠢᠨ ᠦᠢᠯᠡᠳᠪᠦᠷᠢᠯᠡᠯ᠂ ᠭᠠᠯ ᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠪᠣᠯᠤᠨ ᠢᠳᠡᠭᠡᠨ ᠤᠮᠳᠠᠭᠠᠨ | ᠤ ᠠᠮᠤᠷ ᠲᠥᠪᠰᠢᠨ ᠵᠡᠷᠭᠡ ᠬᠦᠷᠢᠶᠡᠨ ᠳᠠᠬᠢ ᠲᠤᠰᠬᠠᠶ ᠪᠠᠶᠢᠴᠠᠭᠠᠨ ᠴᠡᠭᠴᠡᠯᠡᠯᠲᠡ ᠶᠢᠨ ᠠᠵᠢᠯ ᠢ ᠪᠠᠶᠢᠩᠭᠤᠵᠢᠭᠤᠯᠤᠨ ᠳᠦᠷᠢᠮᠵᠢᠭᠦᠯᠵᠦ᠂ ᠠᠮᠤᠷ ᠲᠥᠪᠰᠢᠨ | ᠦᠢᠯᠡᠳᠪᠦᠷᠢᠯᠡᠯ ᠪᠠ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠠᠶᠤᠯᠭᠦᠢ ᠶᠢᠨ ᠳᠠᠯᠳᠠ ᠭᠡᠮ ᠢ ᠴᠠᠭ ᠲᠤᠬᠠᠶ ᠳᠤᠨᠢ ᠵᠢᠭᠰᠠᠭᠠᠨ | ᠪᠠᠶᠢᠴᠠᠭᠠᠵᠤ᠂ ᠴᠡᠭᠴᠡᠯᠡᠨ ᠠᠷᠢᠯᠭᠠᠨ᠎ᠠ᠃ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠢ ᠬᠤᠷᠢᠭᠯᠠᠨ᠎ᠠ᠃ ︽ᠠᠮᠤᠷ ᠲᠣᠭᠲᠠᠭᠤᠨ︾ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ︽ᠬᠤᠶᠠᠷ ᠢ ᠳᠡᠭᠡᠭᠰᠢᠯᠡᠭᠦᠯᠬᠦ︾ ᠵᠢᠴᠢ ᠴᠠᠬᠢᠯᠭᠠᠨ ᠢᠶᠠᠷ ᠮᠡᠬᠡᠯᠡᠬᠦ ᠶᠢ | ᠡᠰᠡᠷᠭᠦᠴᠡᠬᠦ ᠵᠡᠷᠭᠡ ᠠᠵᠢᠯ ᠢ ᠥᠷᠭᠡᠨ ᠳᠡᠯᠭᠡᠷ ᠭᠦᠨᠵᠡᠭᠡᠶ ᠥᠷᠨᠢᠭᠦᠯᠵᠦ᠂ ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢ ᠰᠠᠶᠢᠲᠤᠷ ᠬᠢᠵᠦ᠂ | ᠣᠯᠠᠨ ᠲᠦᠮᠡᠨ ᠤ ᠠᠮᠤᠷ ᠲᠦᠪᠰᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠵᠥᠷᠢᠴᠡᠯ ᠵᠢᠭᠤᠷᠠᠭᠠᠨ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠰᠠᠶᠢᠲᠤᠷ ᠬᠢᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠦᠷᠨᠢᠭᠦᠯᠦᠨ᠎ᠡ᠃ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠠᠮᠤᠷ ᠲᠠᠶᠢᠪᠤᠩ ᠬᠥᠬᠡᠮᠣᠳᠤ | ᠪᠠᠯᠭᠠᠰᠤ︾ ᠶᠢ ᠪᠠᠶᠢᠭᠤᠯᠤᠨ᠎ᠠ᠃ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠬᠠᠤᠯᠢ | ᠪᠠᠷ ᠪᠠᠯᠭᠠᠰᠤ ᠶᠢ ᠵᠠᠰᠠᠬᠤ ᠶᠢ ᠳᠣᠪᠣᠶᠢᠯᠭᠠᠨ᠎ᠠ᠃ ᠵᠠᠬᠢᠳᠠᠯ ᠰᠣᠷᠪᠤᠯᠵᠢᠯᠠᠯ ᠪᠠ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠵᠠᠷᠭᠤ ᠶᠢ | ᠬᠦᠯᠢᠶᠡᠨ ᠠᠪᠬᠤ ᠳᠠᠷᠤᠢ ᠳᠤ ᠨᠢ ᠰᠢᠢᠳᠪᠦᠷᠢᠯᠡᠬᠦ ︽231︾ ᠠᠵᠢᠯ ᠤᠨ ᠠᠷᠭ᠎ᠠ ᠪᠠ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠤᠨ ︽ᠨᠠᠮ ᠵᠠᠰᠠᠭ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠴᠠᠭᠳᠠᠭ᠎ᠠ᠂ ᠰᠢᠭᠦᠬᠦ ᠲᠢᠩᠬᠢᠮ᠂ ᠬᠠᠤᠯᠢ ᠴᠠᠭᠠᠵᠠ ᠶᠢᠨ ᠭᠠᠵᠠᠷ ᠬᠤᠯᠪᠣᠭᠠᠯᠠᠨ ᠬᠥᠳᠡᠯᠦᠯᠴᠡᠬᠦ +︾ ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠯ ᠦᠭᠡᠢ ᠭᠠᠴᠠᠭ᠎ᠠ ᠲᠣᠰᠬᠤᠨ᠂ ᠳᠠᠬᠢᠨ ᠳᠠᠪᠲᠠᠨ | ᠵᠠᠬᠢᠳᠠᠯ ᠰᠣᠷᠪᠤᠯᠵᠢᠯᠠᠯ ᠬᠢᠬᠦ ᠦᠭᠡᠢ ᠰᠤᠮᠤ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠦᠨ᠂ ᠭᠤᠣᠯᠳᠠᠯᠭ᠎ᠠ ᠲᠠᠢ ᠬᠥᠮᠦᠰ᠂ | ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠴᠢᠬᠤᠯᠠ ᠶᠡᠭᠡ ᠬᠡᠷᠡᠭ ᠶᠠᠪᠤᠳᠠᠯ ᠤᠨ ᠲᠥᠷᠦ ᠶᠢᠨ ᠪᠣᠳᠣᠯᠭ᠎ᠠ ᠬᠠᠤᠯᠢ ᠴᠠᠭᠠᠵᠠ ᠶᠢᠨ ᠤᠬᠠᠭᠤᠯᠭ᠎ᠠ᠂ ᠬᠦᠰᠡᠯ | ᠱᠠᠭᠠᠷᠳᠠᠯᠭ᠎ᠠ ᠶᠢ ᠰᠢᠢᠳᠪᠦᠷᠢᠯᠡᠬᠦ᠂ ᠵᠥᠷᠢᠴᠡᠯ ᠢ ᠰᠢᠢᠳᠪᠦᠷᠢᠯᠡᠬᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠵᠢᠯ ᠤᠨ ᠵᠠᠬᠢᠳᠠᠯ | ᠰᠣᠷᠪᠤᠯᠵᠢᠯᠠᠯ ᠤᠨ ᠠᠵᠢᠯ ᠤᠨ ᠦᠷ᠎ᠡ ᠪᠥᠲᠦᠮᠵᠢ ᠶᠢ ᠳᠡᠭᠡᠭᠰᠢᠯᠡᠭᠦᠯᠬᠦ ᠶᠢ ᠪᠠᠲᠤᠯᠠᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠰᠢᠰᠲ᠋ᠧᠮ ᠢ ᠰᠢᠯᠢᠳᠡᠭᠵᠢᠭᠦᠯᠦᠨ᠂ ᠭᠡᠨᠡᠳᠲᠡ ᠡᠭᠦᠰᠦᠭᠰᠡᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠶᠢᠭᠠᠯᠢ ᠶᠢᠨ ᠭᠠᠮᠰᠢᠭ ᠢ ᠠᠷᠭᠠᠴᠠᠬᠤ᠂ ᠴᠢᠬᠤᠯᠠ ᠶᠡᠭᠡ ᠠᠵᠢᠯᠯᠠᠭ᠎ᠠ ᠶᠢᠨ ᠵᠠᠬᠢᠳᠠᠯ ᠰᠣᠷᠪᠤᠯᠵᠢᠯᠠᠯ ᠪᠠ | ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠴᠢᠬᠤᠯᠠ ᠶᠡᠭᠡ ᠵᠦᠢᠯᠡᠰ ᠲᠤ ᠴᠢᠭᠯᠡᠭᠦᠯᠦᠨ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠢᠴᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ | ᠳᠠᠯᠳᠠ ᠥᠷᠢ ᠥᠭᠴᠡᠭᠡ ᠶᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠵᠢᠯ ᠤᠨ ᠳᠣᠲᠣᠷ᠎ᠠ ᠪᠥᠬᠦᠨ ᠢ ᠰᠢᠢᠳᠪᠦᠷᠢᠯᠡᠵᠦ ᠳᠠᠭᠤᠰᠬᠠᠬᠤ ᠶᠢ ᠪᠡᠶᠡᠯᠡᠭᠦᠯᠦᠨ᠎ᠡ ᠃ | ︵ᠳᠥᠷᠪᠡ︶ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ | ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠨᠢᠭᠡ ᠳᠤ ᠪᠠᠷᠢᠮᠵᠢᠶᠠᠯᠠᠨ ᠬᠠᠷᠭᠤᠭᠤᠯᠵᠤ ᠤᠯᠤᠰ ᠲᠦᠷᠦ ᠶᠢ ᠡᠷᠬᠢᠮᠯᠡᠨ᠎ᠡ᠃ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ | ᠬᠥᠮᠦᠵᠢᠯ ᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ | ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠨ᠎ᠠ᠃ ︽ᠺᠠᠳ᠋ᠷ ᠤᠨ ᠬᠡᠪ ᠴᠢᠨᠠᠷ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠲᠠᠢ ᠨᠢᠭᠲᠠ | ᠤᠶᠠᠯᠳᠤᠭᠤᠯᠤᠨ᠂ ᠠᠵᠢᠯ ᠤᠨ ᠪᠠᠶᠢᠷᠢ ᠶᠢᠨ ᠪᠣᠯᠪᠠᠰᠤᠷᠠᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠬᠥᠭᠵᠢᠯᠲᠡ ᠶᠢᠨ ᠶᠠᠪᠤᠴᠠ ᠳᠤ ᠢᠯᠡᠷᠡᠭᠰᠡᠨ ᠰᠢᠨ᠎ᠡ | ᠠᠰᠠᠭᠤᠳᠠᠯ᠂ ᠰᠢᠨ᠎ᠡ ᠰᠢᠯᠭᠠᠯᠲᠠ ᠶᠢ ᠪᠦᠲᠦᠮᠵᠢᠲᠡᠢ ᠠᠷᠭᠠᠴᠠᠨ᠎ᠠ᠃ ᠬᠤᠶᠠᠷ ᠲᠤ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠨ᠎ᠠ᠃ ᠳᠡᠭᠡᠳᠦ | ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠢᠭᠡᠳᠦᠯᠲᠡᠶ ᠲᠥᠯᠥᠪᠵᠢᠭᠦᠯᠦᠨ᠂ | ᠭᠤᠤᠯᠳᠠᠯᠭ᠎ᠠ ᠲᠠᠢ ᠠᠵᠢᠯ ᠤᠨ ᠨᠠᠷᠢᠨ ᠲᠠᠩᠰᠠ ᠶᠢ ᠪᠣᠶ ᠪᠣᠯᠭᠠᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠎ᠠ᠃ ᠠᠵᠢᠯ ᠤᠨ ᠪᠠᠶᠢᠷᠢ | ᠪᠠ ᠲᠤᠰᠢᠶᠠᠯ ᠪᠣᠯ ᠬᠠᠷᠢᠭᠤᠴᠠᠯᠭ᠎ᠠ ᠮᠥᠨ ᠭᠡᠳᠡᠭ ᠢ ᠪᠠᠷᠢᠮᠲᠠᠯᠠᠵᠤ᠂ ᠨᠠᠶᠢᠳᠠᠪᠤᠷᠢᠵᠢᠭᠤᠯᠬᠤ ᠦᠭᠡᠢ ᠦᠵᠡᠭᠳᠡᠯ ᠭᠠᠷᠬᠤ ᠶᠢ ᠡᠷᠡᠰ ᠬᠤᠷᠢᠭᠯᠠᠨ᠎ᠠ᠃ ᠠᠵᠢᠯ ᠤᠨ | ᠠᠷᠭ᠎ᠠ ᠬᠡᠮᠵᠢᠶ᠎ᠡ ᠪᠠᠨ ᠨᠠᠩ ᠴᠢᠩᠭ᠎ᠠ᠂ ᠨᠠᠩ ᠨᠠᠷᠢᠯᠢᠭ᠂ ᠨᠠᠩ ᠪᠣᠳᠠᠲᠠᠶ ᠪᠣᠯᠭᠠᠵᠤ᠂ ᠨᠢᠭᠡᠳᠦᠭᠡᠷ ᠹᠷᠣᠨᠲ ᠤᠨ ᠠᠵᠢᠯ ᠢ ᠬᠡᠪ ᠤᠨ ᠪᠠᠶᠢᠳᠠᠯ ᠪᠣᠯᠭᠠᠵᠤ᠂ | ᠲᠣᠭᠲᠠᠭᠠᠭᠰᠠᠨ ᠶᠠᠪᠤᠳᠠᠯ ᠢ ᠱᠠᠯᠠᠪᠳᠠᠨ ᠲᠦᠷᠭᠡᠨ ᠰᠢᠶᠳᠪᠦᠷᠢᠯᠡᠵᠦ᠂ ᠦᠷ᠎ᠡ ᠪᠦᠲᠦᠮᠵᠢ ᠣᠯᠵᠤ᠂ ᠦᠷ᠎ᠡ ᠳ᠋ᠦᠩ ᠭᠠᠷᠭᠠᠨ᠎ᠠ᠃ ᠭᠤᠷᠪᠠ ᠳᠤ ᠦᠨᠡᠨ ᠰᠡᠳᠬᠢᠯ | ᠠᠴᠠ ᠪᠠᠨ ᠪᠣᠳᠠᠲᠠᠢ ᠠᠵᠢᠯ ᠬᠢᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ | ᠤᠯᠠᠨ ᠲᠦᠮᠡᠨ ᠤ ᠪᠠᠭ᠎ᠠ ᠶᠠᠪᠤᠳᠠᠯ ᠢ ᠶᠡᠭᠡ ᠶᠠᠪᠤᠳᠠᠯ ᠪᠣᠯᠭᠠᠵᠤ᠂ ᠤᠯᠠᠨ ᠲᠦᠮᠡᠨ ᠤ ᠪᠠᠴᠢᠮ ᠶᠠᠪᠤᠳᠠᠯ ᠬᠦᠴᠢᠷ ᠶᠠᠪᠤᠳᠠᠯ ᠢ ᠴᠢᠬᠤᠯᠠ ᠶᠠᠪᠤᠳᠠᠯ ᠪᠣᠯᠭᠠᠵᠤ᠂ ︽ᠪᠢ | ᠤᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠶᠢ ᠦᠷᠭᠦᠯᠵᠢᠯᠡᠨ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ | ᠰᠠᠶᠢᠲᠤᠷ ᠵᠠᠮᠨᠠᠵᠤ᠂ ᠤᠳᠤᠷᠢᠳᠬᠤ ᠺᠠᠳ᠋ᠷ ᠤᠨ ᠰᠣᠷᠪᠤᠯᠵᠢᠯᠠᠯ ᠬᠦᠯᠢᠶᠡᠬᠦ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠳᠠᠨ | ᠰᠣᠨᠣᠰᠴᠤ᠂ ᠣᠯᠠᠨ ᠲᠦᠮᠡᠨ ᠤ ᠠᠰᠠᠭᠤᠳᠠᠯ ᠢ ᠦᠨᠡᠨ ᠪᠣᠳᠠᠲᠠᠶ ᠪᠠᠷ ᠰᠢᠶᠳᠪᠦᠷᠢᠯᠡᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠦᠶᠯᠡᠴᠢᠯᠡᠨ᠎ᠡ᠃ ︽ | ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠱᠠᠯᠢᠨ ᠪᠦᠷᠢᠯᠭᠡᠬᠦ ᠶᠢ ᠡᠷᠡᠰ ᠡᠰᠡᠷᠭᠦᠴᠡᠨ᠂ ᠤᠴᠢᠷ ᠶᠠᠪᠤᠳᠠᠯ ᠪᠥᠬᠦᠨ ᠢ ᠰᠠᠶᠢᠲᠤᠷ ᠬᠢᠨ᠎ᠡ᠃ | ᠳᠥᠷᠪᠡ ᠳᠤ ᠠᠷᠢᠭᠤᠨ ᠴᠢᠬᠡᠴᠢ ᠪᠠᠷ ᠦᠢᠯᠡᠰ ᠪᠦᠲᠦᠭᠡᠨ᠎ᠡ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠵᠣᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ | ᠵᠦᠢᠯ ᠤᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠵᠢᠷᠤᠮᠯᠠᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ | ᠵᠠᠰᠠᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ᠂ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠲᠦᠷᠢᠮ ᠢᠶᠠᠷ ᠡᠷᠬᠡ ᠶᠢ ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ᠂ ᠬᠥᠮᠦᠨ ᠢ ᠬᠠᠮᠢᠶᠠᠷᠬᠤ ᠶᠢ | ᠪᠠᠷᠢᠮᠲᠠᠯᠠᠵᠤ᠂ ᠢᠲᠡᠭᠡᠮᠵᠢ ᠶᠢ ᠵᠢᠷᠤᠮᠯᠠᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠲᠣᠭᠲᠠᠴᠠ ᠶᠢ ᠪᠦᠷᠢᠨᠰᠢᠬᠦᠯᠵᠤ᠂ ᠬᠡᠯᠡᠪᠡᠯ ᠢᠲᠡᠭᠡᠮᠵᠢᠲᠡᠢ᠂ ᠬᠢᠪᠡᠯ ᠦᠷ᠎ᠡ | ᠪᠦᠲᠦᠮᠵᠢᠲᠡᠢ ᠪᠠᠶᠢᠵᠤ᠂ ︽ᠰᠢᠨ᠎ᠡ ᠤᠳᠤᠷᠢᠳᠤᠯᠭ᠎ᠠ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠵᠤ ᠪᠣᠯᠬᠤ ᠦᠭᠡᠢ᠃ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠢᠨᠠᠯᠲᠠ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠬᠢᠨᠠᠯᠲᠠ ᠶᠢᠨ ᠳᠣᠤᠷ᠎ᠠ ᠠᠵᠢᠯ ᠢᠶᠠᠨ ᠦᠷᠨᠢᠭᠦᠯᠵᠦ᠂ ᠬᠢᠨᠠᠯᠲᠠ ᠶᠢᠨ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ | | ᠲᠥᠯᠥᠭᠡᠯᠡᠭᠴᠢᠳ ᠡ︕ ᠲᠡᠮᠡᠴᠡᠯ ᠬᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ᠂ ᠪᠣᠳᠠᠲᠠᠢ ᠠᠵᠢᠯᠯᠠᠨ ᠢᠷᠡᠭᠡᠳᠦᠢ ᠪᠠᠨ ᠴᠣᠭᠴᠠᠯᠠᠶ᠎ᠠ︕ ᠪᠢᠳᠡ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠪᠠᠯᠭᠠᠰᠤᠨ ᠤ | ᠠᠷᠠᠳ ᠲᠦᠮᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠡᠷᠡᠯᠬᠡᠭᠯᠡᠨ | ᠲᠡᠮᠡᠴᠡᠵᠦ᠂ ᠯᠠᠪᠳᠠᠭᠤᠨ ᠪᠠᠲᠤᠲᠠᠶ ᠰᠢᠷᠭᠠᠭᠤ ᠠᠵᠢᠯᠯᠠᠨ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠠᠮᠵᠢᠯᠲᠠ ᠶᠢ ᠳᠠᠬᠢᠨ | ᠡᠭᠦᠳᠴᠦ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠶ᠎ᠠ ᠃ | | | | ᠨᠡᠷ᠎ᠡ ᠦᠭᠡᠰ ᠤᠨ ᠲᠠᠶᠢᠯᠪᠤᠷᠢ | | | ︽ᠳᠥᠷᠪᠡᠨ ᠡᠷᠦᠢ ᠬᠤᠷᠤᠢ ᠦᠭᠡᠢ ᠪᠠᠶᠢᠳᠠᠯ ᠢ ᠴᠡᠭᠴᠡᠯᠡᠬᠦ︾ ᠲᠣᠰᠬᠠᠢ ᠠᠵᠢᠯᠯᠠᠭ᠎ᠠ᠄ ᠡᠷᠦᠢ ᠬᠤᠷᠦᠢ ᠦᠭᠡᠢ ᠪᠠᠷ ᠭᠠᠵᠠᠷ ᠡᠵᠡᠯᠡᠬᠦ᠂ ᠡᠷᠦᠢ ᠬᠤᠷᠦᠢ | ᠦᠭᠡᠢ ᠪᠠᠷ ᠰᠢᠷᠦᠢ ᠬᠠᠶᠢᠷᠬᠠᠭ ᠮᠠᠯᠲᠠᠬᠤ᠂ ᠡᠷᠦᠢ ᠬᠤᠷᠤᠢ ᠦᠭᠡᠢ ᠪᠠᠷ ᠭᠤᠣᠯ ᠮᠦᠷᠡᠨ ᠨᠠᠭᠤᠷ ᠴᠦᠬᠦᠷᠦᠮ ᠳᠤ ᠬᠤᠭ ᠨᠣᠪᠰᠢ ᠬᠠᠶᠠᠵᠤ ᠪᠤᠯᠠᠬᠤ᠂ ᠡᠷᠦᠢ ᠬᠤᠷᠣᠢ | ᠦᠭᠡᠢ ᠪᠠᠷ ᠪᠠᠷᠢᠯᠭ᠎ᠠ ᠪᠠᠷᠢᠬᠤ ᠵᠡᠷᠭᠡ ᠶᠢ ᠵᠢᠭᠠᠵᠤ ᠪᠣᠢ᠃ | 3+6+N᠄ ︽3︾ ᠨᠢ ᠭᠤᠷᠪᠠᠨ ᠲᠥᠷᠥᠯ ᠤᠨ ᠲᠣᠭᠲᠠᠯᠴᠠᠭ᠎ᠠ ᠶᠢ ᠪᠠᠶᠢᠭᠤᠯᠬᠤ ᠶᠢ ᠵᠢᠭᠠᠵᠤ ᠪᠣᠢ᠂ ᠳᠠᠷᠤᠢ ᠬᠢᠨᠠᠨ ᠬᠠᠮᠢᠶᠠᠷᠬᠤ ᠲᠤᠭᠲᠠᠯᠴᠠᠭ᠎ᠠ᠂ ᠬᠢᠨᠠᠨ | ᠰᠢᠯᠭᠠᠬᠤ ᠲᠣᠭᠲᠠᠯᠴᠠᠭ᠎ᠠ ᠪᠠ ᠱᠠᠩᠨᠠᠨ ᠲᠣᠷᠭᠠᠬᠤ ᠲᠣᠭᠲᠠᠯᠴᠠᠭ᠎ᠠ︔ ︽6︾ ᠨᠢ ︽ᠵᠢᠷᠭᠤᠭᠠᠨ ᠨᠢᠭᠡ︾ ᠠᠷᠭ᠎ᠠ ᠬᠡᠮᠵᠢᠶ᠎ᠡ ᠶᠢ ᠵᠢᠭᠠᠵᠤ ᠪᠣᠢ᠂ ᠳᠠᠷᠤᠢ ᠨᠢᠭᠡ | ᠤᠳᠠᠭᠠᠨ ᠤ ᠠᠷᠠᠳ ᠤᠨ ᠠᠮᠢᠳᠣᠷᠠᠯ ᠤᠨ ᠴᠤᠭᠯᠠᠭ᠎ᠠ ᠶᠢ ᠵᠣᠬᠢᠶᠠᠨ ᠪᠠᠶᠢᠭᠤᠯᠵᠤ ᠣᠬᠠᠭᠤᠯᠣᠨ ᠳᠠᠶᠢᠴᠢᠯᠠᠬᠤ ᠶᠢ ᠰᠠᠶᠢᠲᠤᠷ ᠬᠢᠨ᠎ᠡ︔ ᠨᠢᠭᠡ ᠲᠣᠰᠬᠠᠢ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ ᠵᠢᠱᠢᠶ᠎ᠡ ᠦᠵᠡᠭᠦᠯᠦᠨ ᠳᠠᠶᠢᠴᠢᠯᠠᠬᠤ ᠪᠠᠨ ᠴᠢᠩᠭᠠᠳᠬᠠᠨ᠎ᠠ︔ ᠨᠢᠭᠡ ᠭᠠᠴᠠᠭ᠎ᠠ ᠳᠣᠰᠬᠤᠨ ᠤ ᠳᠥᠷᠢᠮ | ᠳᠣᠭᠲᠠᠭᠠᠯ ᠢ ᠲᠣᠭᠲᠠᠭᠠᠵᠤ ᠠᠷᠠᠳᠴᠢᠯᠠᠭᠰᠠᠨ ᠬᠠᠮᠢᠶᠠᠷᠣᠯᠲᠠ ᠪᠠᠨ ᠡᠷᠴᠢᠮᠵᠢᠭᠦᠯᠦᠨ᠎ᠡ︔ ᠨᠢᠭᠡ ᠢᠲᠡᠭᠡᠮᠵᠢ ᠶᠢᠨ ᠬᠢᠷᠢ ᠬᠡᠮ ᠢ ᠵᠢᠭᠰᠠᠭᠠᠭᠰᠠᠨ ᠨᠡᠷᠡᠰ ᠢ ᠨᠡᠶᠢᠲᠡᠯᠡᠨ | ᠬᠢᠨᠠᠨ ᠱᠠᠯᠠᠪᠳᠠᠬᠤ ᠬᠦᠴᠦᠯᠡᠴᠡ ᠪᠠᠨ ᠨᠡᠮᠡᠭᠳᠡᠭᠦᠯᠦᠨ᠎ᠡ︔ ᠨᠢᠭᠡ ᠲᠣᠣᠷᠵᠢᠭᠤᠯᠤᠨ ᠬᠠᠮᠢᠶᠠᠷᠬᠤ ᠠᠷᠭ᠎ᠠ ᠶᠢ ᠬᠡᠷᠡᠭᠵᠢᠭᠦᠯᠵᠦ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠶᠢᠯᠠᠨ᠎ᠠ︔ ᠨᠢᠭᠡ ᠺᠤᠮᠫᠠᠨᠢ ᠶᠢ ᠣᠷᠣᠭᠤᠯᠣᠨ ᠠᠪᠴᠢᠷᠠᠵᠤ ᠬᠠᠮᠢᠶᠠᠷᠤᠯᠲᠠ ᠶᠢᠨ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ ︽N︾ | ᠭᠡᠳᠡᠭ ᠨᠢ ᠳᠠᠷᠤᠶ ︽ᠨᠢᠭᠡ ᠬᠤᠪᠢ ᠬᠡᠷᠡᠭᠵᠢᠭᠦᠯᠬᠦ ᠲᠥᠰᠦᠯ᠂ ᠨᠢᠭᠡ ᠢᠵᠢ ᠬᠠᠮᠢᠶᠠᠷᠤᠯᠲᠠ ᠶᠢᠨ ᠲᠣᠭᠲᠠᠴᠠ᠂ ᠨᠢᠭᠡ ᠬᠠᠤᠯᠢ ᠬᠡᠷᠡᠭᠵᠢᠭᠦᠯᠬᠦ ᠡᠩᠨᠡᠭᠡ᠂ ᠨᠢᠭᠡ | ᠬᠠᠭᠤᠳᠠᠰᠤ ᠬᠠᠷᠢᠭᠤᠴᠠᠯᠭ᠎ᠠ ᠶᠢᠨ ᠲᠣᠭᠤᠷᠢᠭ ᠤᠨ ᠵᠢᠷᠤᠭ᠂ ᠨᠢᠭᠡ ᠳᠡᠪᠲᠡᠷ ᠲᠣᠳᠣᠷᠬᠠᠶ ᠲᠠᠩᠰᠠ᠂ ᠨᠢᠭᠡ ᠢᠵᠢ ᠬᠢᠨᠠᠯᠲᠠ ᠲᠠᠯᠪᠢᠬᠤ ᠵᠠᠷᠯᠠᠯ ᠤᠨ ᠫᠠᠶᠢᠰᠠ᠂ ᠨᠢᠭᠡ | ᠪᠥᠯᠦᠭ ᠱᠠᠩᠨᠠᠵᠤ ᠲᠣᠷᠭᠠᠬᠤ ᠲᠦᠷᠢᠮ︾ ᠪᠣᠯᠤᠨ᠎ᠠ᠃ | ︽ᠭᠤᠷᠪᠠᠨ ᠪᠢᠴᠢᠭ ᠬᠤᠶᠠᠷ ᠬᠠᠭᠤᠳᠠᠰᠤ︾᠄ ᠰᠠᠨᠠᠭᠠᠴᠢᠯᠠᠭ᠎ᠠ ᠶᠢᠨ ᠪᠢᠴᠢᠭ᠂ ︽ᠭᠡᠷ ᠪᠥᠯᠢ ᠶᠢᠨ ᠭᠤᠷᠪᠠᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ | ᠶᠢᠨ ᠪᠢᠴᠢᠭ᠂ ᠴᠡᠭᠴᠡᠯᠡᠨ ᠵᠠᠰᠠᠬᠤ ᠠᠮᠠᠯᠠᠯᠲᠠ ᠶᠢᠨ ᠪᠢᠴᠢᠭ᠂ ᠮᠡᠳᠡᠭᠳᠡᠬᠦ ᠬᠠᠭᠤᠳᠠᠰᠤ᠂ ᠱᠠᠯᠠᠪᠳᠠᠭᠤᠯᠤᠨ ᠭᠦᠶᠴᠡᠳᠬᠡᠬᠦ ᠬᠠᠭᠤᠳᠠᠰᠤ ᠶᠢ ᠵᠢᠭᠠᠵᠤ ᠪᠠᠶᠢᠨ᠎ᠠ᠃ | ︽ᠳᠥᠷᠪᠡ ᠶᠢ ᠰᠠᠯᠭᠠᠬᠤ ᠥᠬᠡᠶ︾᠄ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠰᠠᠯᠭᠠᠬᠤ ᠥᠬᠡᠶ᠂ ᠶᠠᠳᠠᠭᠤ ᠠᠴᠠ ᠠᠩᠭᠢᠵᠢᠷᠠᠭᠰᠠᠨ ᠴᠤ | ᠲᠥᠷᠥ ᠶᠢᠨ ᠪᠣᠳᠣᠯᠭ᠎ᠠ ᠤᠨ ᠬᠠᠷᠠᠭᠠᠯᠵᠠᠯ ᠢ ᠰᠠᠯᠭᠠᠬᠤ ᠥᠬᠡᠶ᠂ ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠰᠠᠯᠭᠠᠬᠤ ᠥᠬᠡᠶ᠂ ᠶᠠᠳᠠᠭᠤ | ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠰᠠᠯᠭᠠᠬᠤ ᠦᠭᠡᠢ ᠪᠠᠶᠢᠬᠤ ᠶᠢ ᠵᠢᠭᠠᠵᠤ ᠪᠠᠶᠢᠨ᠎ᠠ᠃ | ︽ᠬᠤᠣᠰ ᠲᠡᠭ ᠤᠨ ᠭᠦᠢᠴᠡᠳᠬᠡᠯ ᠲᠤᠭ᠎ᠠ︾᠄ ᠲᠣᠳᠤᠯᠠᠭᠰᠠᠨ ᠡᠪᠡᠳᠴᠢᠨ ᠤ ᠵᠢᠱᠢᠶ᠎ᠡ ᠦᠭᠡᠶ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠦᠭᠡᠶ ᠪᠠᠶᠢᠬᠤ ᠶᠢ | ᠵᠢᠭᠠᠵᠤ ᠪᠠᠶᠢᠨ᠎ᠠ᠃ | ︽ᠭᠤᠷᠪᠠ ᠶᠢ ᠪᠡᠶᠡᠯᠡᠭᠦᠯᠵᠦ ᠨᠢᠭᠡ ᠶᠢ ᠰᠢᠶᠳᠪᠦᠷᠢᠯᠡᠬᠦ︾ ᠵᠠᠷᠴᠢᠮ᠄ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠳᠤ᠂ ᠣᠯᠠᠨ ᠲᠦᠮᠡᠨ ᠤ | ᠵᠠᠷᠭᠤ ᠵᠠᠭᠠᠯᠳᠤᠯᠭ᠎ᠠ ᠨᠢ ᠵᠦᠢ ᠵᠣᠬᠢᠰᠲᠠᠶ ᠪᠣᠯ ᠠᠰᠠᠭᠤᠳᠠᠯ ᠢ ᠰᠢᠶᠳᠪᠦᠷᠢᠯᠡᠵᠦ ᠥᠭᠬᠦ ᠶᠢ ᠪᠡᠶᠡᠯᠡᠭᠦᠯᠦᠨ᠎ᠡ᠂ ᠵᠠᠷᠭᠤ ᠵᠠᠭᠠᠯᠳᠤᠯᠭ᠎ᠠ ᠨᠢ ᠵᠦᠢ ᠵᠣᠬᠢᠰ ᠦᠭᠡᠶ ᠪᠣᠯ | ᠦᠵᠡᠯ ᠰᠠᠨᠠᠭᠠᠨ ᠤ ᠬᠥᠮᠦᠵᠢᠯ ᠢ ᠰᠠᠶᠢᠲᠤᠷ ᠬᠢᠬᠦ ᠶᠢ ᠪᠡᠶᠡᠯᠡᠭᠦᠯᠦᠨ᠎ᠡ᠂ ᠠᠮᠢᠳᠤᠷᠠᠯ ᠨᠢ ᠬᠦᠴᠢᠷᠳᠡᠯᠲᠡᠶ ᠶᠢ ᠨᠢ ᠬᠠᠪᠰᠤᠷᠤᠨ ᠲᠡᠳᠬᠦᠵᠦ ᠳᠡᠮᠵᠢᠨ ᠲᠤᠰᠠᠯᠠᠬᠤ ᠶᠢ | ᠪᠡᠶᠡᠯᠡᠭᠦᠯᠦᠨ᠎ᠡ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠳ ᠢ ᠬᠠᠤᠯᠢ ᠶᠣᠰᠣᠭᠠᠷ ᠰᠢᠢᠳᠪᠦᠷᠢᠯᠡᠬᠦ ᠵᠠᠷᠴᠢᠮ ᠢ ᠵᠢᠭᠠᠵᠤ ᠪᠠᠶᠢᠨ᠎ᠠ᠃ | ︽231︾ ᠵᠠᠷᠭᠤ ᠶᠢ ᠭᠥᠯᠢᠶᠡᠨ ᠠᠪᠤᠪᠠᠯ ᠳᠠᠷᠤᠶ ᠳᠤᠨᠢ ᠭᠦᠢᠴᠡᠳᠬᠡᠬᠦ ᠠᠵᠢᠯ ᠤᠨ ᠵᠠᠭᠪᠤᠷ᠄ 2 ᠴᠠᠭ ᠤᠨ ᠳᠣᠲᠣᠷ᠎ᠠ ᠵᠠᠭᠠᠯᠳᠤᠯᠭ᠎ᠠ ᠶᠢ ᠭᠥᠯᠢᠶᠡᠨ | ᠠᠪᠬᠤ + 3 ᠡᠳᠦᠷ ᠤᠨ ᠳᠣᠲᠣᠷ᠎ᠠ ᠰᠢᠶᠳᠪᠦᠷᠢᠯᠡᠵᠦ ᠳᠠᠭᠤᠰᠬᠠᠬᠤ + ᠣᠯᠠᠨ ᠲᠦᠮᠡᠨ ᠳᠤ 100 % ᠶᠢᠨ ᠬᠠᠨᠤᠮᠵᠢᠲᠠᠶ ᠬᠠᠷᠢᠭᠤᠯᠲᠠ ᠥᠭᠬᠦ ᠶᠢ ᠵᠢᠭᠠᠵᠤ | ᠪᠠᠶᠢᠨ᠎ᠠ᠃ | ︽ᠨᠠᠮ ᠵᠠᠰᠠᠭ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠴᠠᠭᠳᠠᠭ᠎ᠠ᠂ ᠰᠢᠭᠦᠬᠦ ᠲᠢᠩᠬᠢᠮ᠂ ᠬᠠᠤᠯᠢ ᠴᠠᠭᠠᠵᠠ ᠶᠢᠨ ᠭᠠᠵᠠᠷ ᠬᠤᠯᠪᠣᠭᠠᠯᠠᠨ ᠬᠥᠳᠡᠯᠦᠯᠴᠡᠬᠦ | +︾ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ᠄ ︽ᠨᠠᠮ︾ ᠭᠡᠳᠡᠭ ᠨᠢ ᠨᠠᠮ ᠤᠨ ᠬᠤᠷᠢᠶᠠᠨ ᠤ ᠤᠳᠤᠷᠢᠳᠤᠯᠭ᠎ᠠ᠂ ︽ᠵᠠᠰᠠᠭ︾ ᠭᠡᠳᠡᠭ ᠨᠢ | ᠵᠠᠰᠠᠭ ᠤᠨ ᠣᠷᠳᠣᠨ ᠤ ᠠᠵᠢᠯ ᠤᠨ ᠲᠤᠰᠬᠠᠶ ᠠᠩᠭᠢ᠂ ︽ᠰᠠᠬᠢᠯᠭ᠎ᠠ︾ ᠭᠡᠳᠡᠭ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠷᠡᠭ ᠰᠢᠶᠳᠪᠦᠷᠢᠯᠡᠬᠦ ᠪᠦᠯᠬᠦᠮ᠂ | ︽ᠴᠠᠭᠳᠠᠭ᠎ᠠ︾ ᠭᠡᠳᠡᠭ ᠨᠢ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠶᠠᠪᠤᠳᠠᠯ ᠤᠨ ᠪᠠᠶᠢᠴᠠᠭᠠᠬᠤ ᠳᠤᠭᠤᠶᠢᠯᠠᠩ᠂ ︽ᠰᠢᠭᠦᠬᠦ ᠲᠢᠩᠬᠢᠮ︾ ᠭᠡᠳᠡᠭ ᠨᠢ ᠰᠢᠭᠦᠬᠦ | ᠲᠢᠩᠬᠢᠮ ᠤᠨ ᠡᠶᠡᠳᠡᠭᠦᠯᠬᠦ ᠪᠠ ᠬᠠᠤᠯᠢ ᠴᠠᠭᠠᠵᠠ ᠶᠢᠨ ᠨᠤᠲᠠᠯᠠᠬᠤ ᠳᠤᠭᠤᠶᠢᠯᠠᠩ᠂ ︽ᠬᠠᠤᠯᠢ ᠴᠠᠭᠠᠵᠠ︾ ᠪᠣᠯ ᠬᠠᠤᠯᠢ ᠴᠠᠭᠠᠵᠠ ᠶᠢᠨ ᠭᠠᠵᠠᠷ ᠤᠨ ᠡᠶᠡᠳᠡᠭᠦᠯᠬᠦ ᠪᠠ | ᠬᠠᠤᠯᠢ ᠴᠠᠭᠠᠵᠠ ᠶᠢᠨ ᠲᠤᠰᠠᠯᠠᠮᠵᠢ ᠶᠢᠨ ᠳᠤᠭᠤᠶᠢᠯᠠᠩ᠂ ︽+︾ ᠨᠢ ᠭᠤᠤᠯᠳᠠᠭᠤ ᠭᠠᠴᠠᠭ᠎ᠠ ᠲᠣᠰᠬᠤᠨ ᠤ ᠬᠤᠶᠠᠷ ᠵᠥᠪᠯᠡᠯ ᠢ ᠪᠠᠭᠲᠠᠭᠠᠵᠤ ᠪᠠᠶᠢᠨ᠎ᠠ᠃ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ᠄ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠥᠷᠨᠢᠭᠦᠯᠬᠦ ᠲᠤᠬᠠᠢ ᠲᠥᠪ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ | ( 2021 — 2025 ᠣᠨ ) ᠶᠢ ᠵᠢᠭᠠᠵᠤ ᠪᠠᠶᠢᠨ᠎ᠠ ᠃ | ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠄ ︽ᠬᠤᠶᠠᠷ ᠲᠤ ᠵᠣᠪᠠᠭ᠋ᠤ ᠦᠭᠡᠢ︾ ᠭᠡᠳᠡᠭ ᠨᠢ ᠢᠳᠡᠵᠦ ᠡᠮᠦᠰᠬᠦ ᠳᠤ ᠵᠣᠪᠠᠭ᠋ᠤ ᠦᠭᠡᠢ᠂ ︽ | ᠭᠤᠷᠪᠠ ᠶᠢ ᠪᠠᠲᠤᠯᠠᠬᠤ︾ ᠭᠡᠳᠡᠭ ᠨᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ | ᠲᠦᠪᠰᠢᠨ ᠪᠠᠲᠤᠯᠠᠭ᠎ᠠ ᠲᠠᠢ ᠪᠠᠶᠢᠬᠤ ᠶᠢ ᠵᠢᠭᠠᠵᠤ ᠪᠠᠶᠢᠨ᠎ᠠ᠃ | ᠲᠠᠷᠢᠶᠠᠨ ᠭᠠᠵᠠᠷ ᠲᠤ ︽ᠠᠮᠤ ᠪᠤᠳᠠᠭᠠᠨ ᠤ ᠲᠥᠷᠦᠯ ᠵᠦᠢᠯ ᠠᠴᠠ ᠪᠣᠰᠤᠳ ᠲᠠᠷᠢᠮᠠᠯ ᠲᠠᠷᠢᠬᠤ︾ ᠄ ᠭᠠᠵᠠᠷ ᠰᠢᠷᠣᠶ ᠪᠣᠯ ᠠᠮᠤ ᠪᠤᠳᠠᠭ᠎ᠠ ᠦᠶᠯᠡᠳᠪᠦᠷᠢᠯᠡᠳᠡᠭ | ᠰᠠᠭᠤᠷᠢᠨ ᠭᠠᠵᠠᠷ ᠪᠣᠯᠤᠨ᠎ᠠ᠂ ᠠᠮᠤ ᠪᠤᠳᠠᠭᠠᠨ ᠤ ᠲᠥᠷᠦᠯ ᠵᠦᠢᠯ ᠠᠴᠠ ᠪᠣᠰᠤᠳ ᠲᠠᠷᠢᠮᠠᠯ ᠲᠠᠷᠢᠬᠤ ᠭᠠᠵᠠᠷ ᠰᠢᠷᠣᠶ ᠶᠢᠨ ᠡᠵᠡᠩᠨᠡᠯᠲᠡ ᠶᠢᠨ ᠠᠵᠢᠯᠯᠠᠭ᠎ᠠ ᠪᠦᠬᠦᠨ | ᠨᠢ ᠴᠥᠮ ᠲᠠᠷᠢᠶᠠᠨ ᠭᠠᠵᠠᠷ ᠲᠤ ︽ᠠᠮᠤ ᠪᠤᠳᠠᠭᠠᠨ ᠤ ᠲᠥᠷᠦᠯ ᠵᠦᠢᠯ ᠠᠴᠠ ᠪᠣᠰᠤᠳ ᠲᠠᠷᠢᠮᠠᠯ ᠲᠠᠷᠢᠬᠤ︾ ᠳᠤ ᠲᠣᠭᠠᠴᠠᠭᠳᠠᠨ᠎ᠠ ᠃ | ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ᠄ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠶ ᠶᠢᠨ | ᠪᠠᠶᠢᠴᠠᠭᠠᠯᠲᠠ ᠶᠢ 2017 ᠣᠨ ᠠᠴᠠ ᠡᠬᠢᠯᠡᠨ ᠦᠷᠨᠢᠭᠦᠯᠵᠦ᠂ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ | ᠪᠣᠯ ᠨᠢᠭᠡ ᠤᠳᠠᠭᠠᠨ ᠤ ᠴᠢᠬᠤᠯᠠ ᠶᠡᠭᠡ ᠤᠯᠤᠰ ᠤᠨ ᠪᠠᠶᠢᠳᠠᠯ ᠪᠠ ᠤᠯᠤᠰ ᠤᠨ ᠬᠦᠴᠦᠨ ᠤ ᠪᠠᠶᠢᠴᠠᠭᠠᠯᠲᠠ ᠪᠣᠯᠬᠤ ᠪᠥᠭᠡᠳ ᠤᠯᠤᠰ ᠠᠴᠠ ᠠᠵᠤ ᠠᠬᠤᠶ ᠨᠡᠶᠢᠭᠡᠮ | ᠤᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠴᠢᠬᠤᠯᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ | ᠶᠢᠨ ᠦᠨᠳᠦᠰᠦᠯᠡᠯ ᠪᠣᠯᠤᠨ᠎ᠠ ᠃ | ︽ᠭᠤᠷᠪᠠᠨ ᠥᠬᠡᠶ︾ ᠪᠠᠯᠭᠠᠰᠤ ᠪᠠ ᠭᠠᠴᠠᠭ᠎ᠠ ᠲᠣᠰᠬᠤᠨ᠄ ᠱᠠᠲᠤ ᠠᠯᠤᠰᠯᠠᠨ ᠪᠡᠭᠡᠵᠢᠩ ᠳᠤ ᠣᠷᠣᠵᠤ ᠰᠤᠷᠪᠤᠯᠵᠢᠯᠠᠯ ᠬᠢᠬᠦ ᠥᠬᠡᠶ᠂ ᠶᠡᠭᠡ ᠬᠡᠪᠴᠢᠶ᠎ᠡ ᠪᠠᠷ | ᠬᠠᠮᠲᠤ ᠪᠠᠷ ᠳᠡᠭᠡᠭᠰᠢ ᠰᠣᠷᠪᠤᠯᠵᠢᠯᠠᠯ ᠬᠢᠬᠦ ᠥᠬᠡᠶ᠂ ᠵᠠᠬᠢᠳᠠᠯ ᠰᠤᠷᠪᠣᠯᠵᠢᠯᠠᠯ ᠠᠴᠠ ᠪᠣᠯᠤᠭᠰᠠᠨ ᠲᠣᠮᠤ ᠬᠡᠷᠡᠭ ᠤᠴᠢᠷ ᠪᠠ ᠶᠠᠷᠢᠶ᠎ᠠ ᠬᠡᠯᠡᠯᠴᠡᠭᠡᠨ ᠤ ᠨᠠᠵᠠᠭᠠᠶ | ᠤᠬᠠᠭᠤᠯᠭ᠎ᠠ ᠦᠭᠡᠢ ᠰᠤᠮᠤ ᠪᠠᠯᠭᠠᠰᠤ ᠭᠠᠴᠠᠭ᠎ᠠ ᠳᠣᠰᠬᠤᠨ ᠢ ᠵᠢᠭᠠᠵᠤ ᠪᠤᠢ᠃ | ︽ᠬᠤᠶᠠᠷ ᠢ ᠲᠣᠭᠲᠠᠭᠠᠬᠤ︾᠄ ︽ᠬᠤᠶᠠᠷ ᠢ ᠲᠣᠭᠲᠠᠭᠠᠬᠤ︾ ᠭᠡᠳᠡᠭ ᠨᠢ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶ᠎ᠠ ᠪᠠ ᠪᠦᠬᠦ ᠨᠠᠮ ᠳᠠᠬᠢ | ᠭᠤᠣᠯᠯᠠᠭᠴᠢ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠬᠤ ᠶᠢ ᠵᠢᠭᠠᠵᠤ ᠪᠠᠶᠢᠨ᠎ᠠ᠃ | ︽ᠬᠤᠶᠠᠷ ᠢ ᠬᠠᠮᠠᠭᠠᠯᠠᠬᠤ︾᠄ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠪᠠ ᠪᠦᠬᠦ ᠨᠠᠮ ᠳᠠᠬᠢ ᠭᠤᠣᠯᠯᠠᠭᠴᠢ ᠪᠠᠶᠢᠷᠢ ᠰᠠᠭᠤᠷᠢ ᠶᠢ | ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠵᠢᠭᠠᠵᠤ ᠪᠠᠶᠢᠨ᠎ᠠ | ᠃ | |