— ᠤᠯᠤᠰ ᠲᠦᠷᠦ ᠶᠢᠨ ᠵᠦᠪᠯᠠᠯᠬᠡᠨ ᠤ ᠬᠠᠩᠬᠢᠨ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ | ᠨᠢᠬᠡᠳᠤᠬᠡᠷ ᠤᠳᠠᠭᠠᠨ ᠤ ᠬᠤᠷᠠᠯ ᠲᠠᠬᠡᠷ᠎ᠡ | 2022 ᠤᠨ ᠤ 1 ᠰᠠᠷ᠎ᠠ ᠶᠢᠨ 7 ᠤ ᠡᠳᠤᠷ | ᠦᠯᠵᠠᠶᠢᠵᠢᠷᠭᠠᠯ | | ᠬᠡᠰᠢᠬᠦᠳ ᠡ᠄ | ᠡᠳᠤᠬᠡ ᠪᠢ ᠤᠯᠤᠰ ᠲᠦᠷᠤ ᠶᠢᠨ ᠵᠦᠪᠯᠠᠯᠬᠡᠨ ᠤ ᠬᠠᠩᠬᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ | ᠶᠢ ᠲᠥᠯᠥᠬᠡᠯᠡᠵᠤ᠂ ᠶᠡᠭᠡ ᠬᠤᠷᠠᠯ ᠳᠤ ᠠᠵᠢᠯ ᠤᠨ ᠮᠠᠳᠠᠬᠦᠯᠥᠯᠳᠠ ᠬᠢᠶ᠎ᠡ᠂ ᠬᠢᠨᠠᠨ ᠵᠦᠪᠯᠠᠬᠦ ᠪᠤᠯᠪᠠᠤ᠂ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠦᠬᠦᠳ ᠡᠷᠬᠢᠮ | ᠨᠠᠨᠳᠢᠨ ᠰᠠᠨᠠᠯ ᠢᠶᠠᠨ ᠲᠠᠪᠰᠢᠬᠦᠯᠤᠬᠡᠷᠡᠢ᠃ | ᠨᠢᠬᠡ᠂ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠡᠷᠬᠢᠴᠠᠬᠦᠯᠥᠯ | 2017 ᠤᠨ ᠳᠤ ᠬᠤᠭᠤᠴᠠᠭ᠎ᠠ ᠰᠤᠯᠢᠭᠰᠠᠨ ᠠᠴᠠ ᠤᠳᠤ ᠪᠤᠯᠳᠠᠯᠠᠬᠢ ᠲᠦᠷᠪᠡᠨ ᠵᠢᠯ ᠢᠯᠠᠬᠦᠦ ᠶᠢᠨ ᠬᠤᠭᠤᠴᠠᠭ᠎ᠠ ᠶᠢ᠂ ᠬᠠᠩᠬᠢᠨ ᠬᠤᠰᠢᠭᠤᠨ ᠤ | ᠬᠦᠭᠵᠢᠯᠳᠠ ᠶᠢᠨ ᠠᠬᠢᠴᠠ ᠳᠤ ᠠᠪᠤᠭᠠᠳ ᠶᠠᠷᠢᠪᠠᠯ᠂ ᠬᠦᠨᠵᠡᠬᠡᠢ ᠤᠳᠬ᠎ᠠ ᠠᠭᠤᠯᠭ᠎ᠠ ᠲᠠᠢ᠂ ᠲᠡᠮᠳᠡᠭᠯᠡᠬᠦᠰᠢᠳᠠᠢ ᠲᠦᠷᠪᠡᠨ ᠵᠢᠯ ᠪᠤᠯᠤᠨ᠎ᠠ᠂ ᠶᠠᠳᠠᠭᠤ ᠠᠴᠠ | ᠠᠩᠬᠢᠵᠢᠷᠠᠭᠤᠯᠤᠨ ᠪᠤᠭᠤᠮᠳᠠ ᠰᠢᠪᠳᠤᠯᠬᠤ᠂ ᠦᠷᠢ ᠠᠪᠴᠠᠭ᠎ᠠ ᠶᠢ ᠰᠢᠢᠳᠪᠤᠷᠢᠯᠠᠬᠦ᠂ ᠪᠤᠯᠪᠠᠰᠤᠨ ᠬᠤᠳᠠ ᠶᠢᠨ ᠡᠬᠦᠳᠦᠨ ᠪᠠᠶᠢᠭᠤᠯᠤᠯᠳᠠ᠂ ᠭᠤᠷᠪᠠᠨ ᠬᠡᠯᠡᠨ ᠤ | ᠨᠢᠬᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠠᠯᠬᠡᠷᠡᠬᠦᠯᠥᠨ ᠬᠡᠷᠡᠭᠯᠡᠬᠦ ᠵᠠᠷᠬᠡ ᠬᠠᠳᠠᠭᠤ ᠰᠢᠯᠭᠠᠯᠳᠠ ᠤᠳᠠᠭ᠎ᠠ ᠲᠠᠷᠠᠭ᠎ᠠ ᠪᠠᠷ ᠢᠷᠠᠵᠤ᠂ ᠠᠵᠤ ᠠᠬᠤᠢ ᠶᠢᠨ | ᠬᠦᠭᠵᠢᠬᠦᠯᠥᠯᠳᠠ ᠶᠢᠨ ᠲᠠᠶᠢᠯᠠᠯᠳᠤᠭᠠᠨ᠂ ᠠᠷᠠᠳ ᠤᠨ ᠠᠮᠢᠳᠤᠷᠠᠯ ᠢ ᠪᠠᠳᠤᠯᠠᠨ ᠬᠠᠮᠠᠭᠠᠯᠠᠬᠤ ᠲᠠᠶᠢᠯᠠᠯᠳᠤᠭᠠᠨ᠂ ᠨᠠᠶᠢᠬᠡᠮ ᠤᠨ ᠲᠤᠭᠳᠠᠭᠤᠨ ᠤ ᠲᠠᠶᠢᠯᠠᠯᠳᠤᠭᠠᠨ ᠢ | ᠤᠳᠠᠭ᠎ᠠ ᠲᠠᠷᠠᠭ᠎ᠠ ᠪᠠᠷ ᠤᠭᠳᠤᠵᠤ᠂ ᠤᠷᠢᠳ ᠡᠮᠤᠨ᠎ᠠ ᠪᠠᠶᠢᠭ᠎ᠠ ᠦᠬᠡᠢ ᠶᠡᠭᠡ ᠲᠠᠷᠤᠭᠠᠰᠤ᠂ ᠬᠦᠨᠳᠤ ᠡᠬᠦᠷᠬᠡ᠂ ᠦᠨᠳᠤᠷ ᠱᠠᠭᠠᠷᠳᠠᠯᠭ᠎ᠠ ᠲᠤᠯᠭᠠᠷᠠᠪᠠ᠃ ᠬᠠᠩᠬᠢᠨ ᠤ | ᠤᠯᠤᠰ ᠲᠦᠷᠦ ᠶᠢᠨ ᠵᠦᠪᠯᠠᠯᠬᠡᠨ ᠤ ᠦᠢᠯᠠᠰ ᠲᠤ ᠠᠪᠤᠭᠠᠳ ᠶᠠᠷᠢᠪᠠᠯ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠲᠠᠢ ᠰᠡᠳᠬᠢᠯ ᠨᠢᠬᠳᠠᠷᠠᠨ ᠬᠦᠴᠦ | ᠬᠠᠮᠳᠤᠳᠬᠠᠵᠤ ᠪᠤᠭᠤᠮᠳᠠ ᠰᠢᠪᠳᠤᠯᠤᠭᠰᠠᠨ ᠲᠦᠷᠪᠡᠨ ᠵᠢᠯ᠂ ᠮᠦᠨᠴᠤ ᠵᠤᠷᠰᠢᠯ ᠢᠶᠠᠨ ᠪᠠᠷᠢᠮᠳᠠᠯᠠᠨ ᠰᠢᠨ᠎ᠠ ᠶᠢ ᠡᠬᠦᠳᠴᠤ᠂ ᠦᠨᠳᠤᠰᠤ ᠪᠠᠨ ᠪᠠᠳᠤᠳᠬᠠᠵᠤ ᠤᠭ | ᠠᠴᠠ ᠪᠠᠨ ᠪᠤᠶᠢᠵᠢᠭᠤᠯᠵᠤ᠂ ᠴᠢᠨᠰᠠᠭ᠎ᠠ ᠪᠠᠨ ᠲᠠᠬᠡᠭᠰᠢᠯᠠᠬᠦᠯᠥᠨ ᠪᠦᠳᠦᠮᠵᠢ ᠪᠠᠨ ᠨᠡᠮᠡᠭᠳᠠᠬᠦᠯᠥᠭᠰᠠᠨ ᠲᠦᠷᠪᠡᠨ ᠵᠢᠯ ᠪᠤᠯᠬᠤ ᠶᠤᠮ᠃ ᠲᠦᠷᠪᠡᠨ ᠵᠢᠯ ᠢᠯᠠᠬᠦᠦ ᠶᠢᠨ | ᠲᠤᠷᠰᠢ᠂ ᠬᠤᠰᠢᠭᠤ ᠨᠠᠮ ᠤᠨ ᠬᠤᠷᠢᠶᠠᠨ ᠤ ᠡᠷᠡᠰ ᠪᠠᠳᠤ ᠤᠳᠤᠷᠢᠳᠤᠯᠭ᠎ᠠ ᠲᠤᠤᠷ᠎ᠠ᠂ ᠬᠤᠰᠢᠭᠤ ᠤᠯᠤᠰ ᠲᠦᠷᠦ ᠶᠢᠨ ᠵᠦᠪᠯᠠᠯᠬᠡᠨ ᠵᠢᠴᠢ ᠲᠠᠬᠦᠨ ᠤ ᠪᠠᠶᠢᠩᠭᠤ | ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠠᠶᠢᠬᠡᠮ ᠵᠢᠷᠤᠮ ᠤᠨ ᠦᠵᠠᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠪᠦᠯᠬᠦᠮᠳᠠᠯ᠂ ᠠᠷᠠᠳᠴᠢᠯᠠᠯ ᠤᠨ ᠬᠤᠶᠠᠷ ᠭᠤᠤᠯ ᠰᠡᠳᠦᠪ ᠢ ᠪᠠᠳᠤ ᠡᠵᠡᠮᠳᠠᠨ᠂ ᠬᠤᠭᠤᠴᠠᠭᠠᠨ ᠤ ᠡᠬᠢᠨ ᠳᠤ ᠲᠤᠭᠳᠠᠭᠠᠭᠰᠠᠨ ︽ | ᠭᠤᠤᠯᠳᠠᠯᠭ᠎ᠠ ᠳᠤ ᠲᠦᠪᠯᠠᠷᠠᠬᠦᠯᠥᠨ᠂ ᠪᠦᠬᠦ ᠲᠠᠯ᠎ᠠ ᠪᠠᠷ ᠤᠷᠤᠯᠴᠠᠵᠤ᠂ ᠲᠠᠪᠠᠭᠤᠯᠢᠭ ᠢᠶᠠᠨ ᠬᠦᠢᠴᠡᠳ ᠠᠰᠢᠭᠯᠠᠨ᠂ ᠰᠠᠶᠢᠳᠤᠷ ᠵᠦᠪᠯᠡᠭᠴᠢ ᠪᠤᠯᠬᠤ︾ ᠶᠠᠷᠤᠩᠬᠡᠢ | ᠱᠠᠭᠠᠷᠳᠠᠯᠭ᠎ᠠ ᠶᠢ ᠵᠢᠷᠤᠮᠯᠠᠨ᠂ ᠤᠯᠤᠰ ᠲᠦᠷᠦ ᠶᠢᠨ ᠵᠦᠪᠯᠠᠯᠬᠡ ᠬᠢᠬᠦ᠂ ᠠᠷᠠᠳᠴᠢᠯᠠᠯ ᠤᠨ ᠬᠢᠨᠠᠯᠳᠠ ᠲᠠᠯᠪᠢᠬᠤ᠂ ᠵᠠᠰᠠᠭ ᠤᠨ ᠶᠠᠪᠤᠳᠠᠯ ᠳᠤ ᠤᠷᠤᠯᠴᠠᠵᠤ ᠵᠠᠰᠠᠭ ᠤᠨ | ᠶᠠᠪᠤᠳᠠᠯ ᠢ ᠵᠦᠪᠯᠠᠬᠦ ᠦᠷᠬᠡᠴᠠ ᠪᠠ ᠬᠦᠨᠴᠠ ᠪᠠᠨ ᠦᠷᠬᠦᠯᠵᠢᠯᠠᠨ ᠪᠠᠳᠤᠳᠬᠠᠵᠤ ᠦᠷᠬᠡᠳᠬᠡᠨ᠂ ᠬᠤᠰᠢᠭᠤ ᠨᠠᠮ ᠤᠨ ᠬᠤᠷᠢᠶᠠᠨ ᠤ ᠭᠤᠤᠯᠳᠠᠯᠭᠠᠳᠤ ᠠᠵᠢᠯ ᠳᠤ | ᠲᠦᠪᠯᠠᠷᠠᠬᠦᠯᠥᠨ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠴᠢᠨᠠᠷᠯᠢᠭ ᠪᠦᠬᠦᠢ ᠬᠦᠭᠵᠢᠯᠳᠠ ᠳᠤ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ | ᠬᠠᠨᠤᠮᠵᠢᠳᠠᠢ ᠬᠠᠭᠤᠳᠠᠰᠤ ᠶᠢ ᠲᠤᠰᠢᠶᠠᠭᠰᠠᠨ ᠪᠠᠶᠢᠨ᠎ᠠ᠃ | — ᠲᠦᠷᠪᠡᠨ ᠵᠢᠯ ᠢᠯᠠᠬᠦᠦ ᠶᠢᠨ ᠲᠤᠷᠰᠢᠳᠠ᠂ ᠪᠢᠳᠠ ᠤᠯᠤᠰ ᠲᠦᠷᠦ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠵᠠᠮ ᠱᠤᠭᠤᠮ ᠢ ᠡᠵᠡᠮᠳᠠᠬᠦ | ᠲᠤᠮᠳᠠ ᠢᠳᠠᠬᠡᠯ ᠵᠤᠷᠢᠭ ᠢᠶᠠᠨ ᠪᠠᠳᠤᠳᠬᠠᠪᠠ | ᠪᠢᠳᠠ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠶᠢ ᠡᠷᠬᠡᠪᠰᠢ ᠬᠢᠴᠢᠶᠠᠩᠬᠦᠶᠢᠯᠠᠨ ᠰᠠᠬᠢᠬᠤ ᠦᠨᠳᠤᠰᠤᠨ ᠤᠯᠤᠰ ᠲᠦᠷᠦ ᠶᠢᠨ ᠵᠠᠷᠴᠢᠮ ᠪᠤᠯᠭᠠᠵᠤ᠂ | ᠤᠯᠤᠰ ᠲᠦᠷᠦ ᠶᠢᠨ ᠵᠦᠪᠯᠠᠯᠬᠡᠨ ᠤ ᠦᠢᠯᠠᠰ ᠤᠨ ᠬᠦᠭᠵᠢᠯᠳᠠ ᠲᠠᠪᠰᠢᠯᠳᠠ ᠶᠢᠨ ᠦᠨᠳᠤᠰᠤᠨ ᠪᠠᠳᠤᠯᠠᠭ᠎ᠠ ᠪᠤᠯᠭᠠᠵᠤ᠂ ᠤᠯᠤᠰ ᠲᠦᠷᠦ ᠶᠢᠨ ᠵᠤᠬᠢᠶᠠᠨ | ᠪᠠᠶᠢᠭᠤᠯᠤᠯᠳᠠ ᠶᠢᠨ ᠰᠢᠨᠵᠢ ᠴᠢᠨᠠᠷ ᠢᠶᠠᠨ ᠪᠠᠳᠤ ᠴᠠᠬᠡᠵᠢᠯᠠᠵᠤ᠂ ᠦᠵᠠᠯ ᠰᠠᠨᠠᠭ᠎ᠠ ᠤᠨᠤᠯ ᠢᠶᠠᠷ ᠵᠡᠪᠰᠡᠭᠯᠡᠬᠦ ᠶᠢ ᠲᠠᠰᠤᠷᠠᠯᠳᠠ ᠦᠬᠡᠢ ᠴᠢᠩᠭᠠᠳᠬᠠᠵᠤ᠂ ᠪᠦᠬᠦ ᠲᠠᠯ᠎ᠠ | ᠶᠢᠨ ᠤᠳᠤᠷᠢᠳᠤᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠵᠦᠪ ᠤᠨᠤᠪᠴᠢᠳᠠᠢ ᠴᠢᠭᠯᠡᠯ ᠢ | ᠪᠠᠳᠤᠯᠠᠭᠰᠠᠨ ᠪᠠᠶᠢᠨ᠎ᠠ᠃ | ᠤᠯᠤᠰ ᠲᠦᠷᠦ ᠪᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠪᠠ᠃ ᠲᠦᠪ᠂ ᠦᠪᠠᠷᠳᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠳᠠ ᠶᠢᠨ | ᠨᠠᠮ ᠤᠨ ᠬᠤᠷᠢᠶᠠᠨ ᠤ ᠰᠢᠢᠳᠪᠤᠷᠢ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠦᠪᠯᠠᠯᠬᠡᠨ ᠤ ᠴᠢᠬᠤᠯᠠ | ᠬᠤᠷᠠᠯᠳᠤᠭᠠᠨ᠂ ᠭᠤᠤᠯᠳᠠᠯᠭ᠎ᠠ ᠲᠠᠢ ᠠᠵᠢᠯ ᠪᠠ ᠴᠢᠬᠤᠯᠠ ᠶᠡᠭᠡ ᠬᠡᠷᠡᠭ ᠶᠠᠪᠤᠳᠠᠯ ᠳᠤ ᠴᠠᠭ ᠲᠠᠷᠤᠢ ᠳᠤᠨᠢ ᠬᠤᠰᠢᠭᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ | ᠮᠠᠳᠠᠬᠦᠯᠥᠨ᠂ ᠨᠠᠮ ᠤᠨ ᠤᠳᠤᠷᠢᠳᠤᠯᠭ᠎ᠠ ᠶᠢ ᠤᠯᠤᠰ ᠲᠦᠷᠦ ᠶᠢᠨ ᠵᠦᠪᠯᠠᠯᠬᠡᠨ ᠤ ᠠᠵᠢᠯ ᠳᠤ ᠦᠨᠠᠨᠬᠦ ᠲᠤᠤᠱᠯᠠᠭᠤᠯᠤᠭᠰᠠᠨ ᠪᠠᠶᠢᠨ᠎ᠠ᠃ ᠬᠡᠨᠡᠳᠳᠠ ᠡᠬᠦᠰᠦᠭᠰᠠᠨ | ᠬᠢᠵᠢᠭ ᠤᠨ ᠪᠠᠶᠢᠳᠠᠯ ᠳᠤ᠂ ᠲᠠᠷᠢᠬᠦᠯᠡᠭᠴᠢᠳ ᠤᠨ ᠬᠤᠷᠠᠯᠳᠤᠭᠠᠨ ᠤ ᠪᠦᠷᠢᠯᠳᠤᠬᠦᠨ ᠨᠢ ᠪᠠᠶ᠎ᠠ ᠪᠠᠷ ᠢᠶᠠᠨ ᠲᠤᠯᠤᠭᠠᠶᠢᠯᠠᠨ ᠲᠠᠭᠤᠷᠢᠶᠠᠯ ᠦᠵᠠᠬᠦᠯᠵᠤ᠂ ᠦᠷᠬᠡᠨ | ᠤᠯᠠᠨ ᠤᠯᠤᠰ ᠲᠦᠷᠦ ᠶᠢᠨ ᠵᠦᠪᠯᠠᠯᠬᠡᠨ ᠤ ᠬᠡᠰᠢᠬᠦᠳ ᠢᠶᠠᠨ ᠨᠢᠬᠳᠠᠷᠠᠭᠤᠯᠤᠨ ᠲᠠᠶᠢᠴᠢᠯᠠᠵᠤ᠂ ᠵᠠᠷᠯᠢᠭ ᠢ ᠰᠤᠨᠤᠰᠤᠮᠠᠭᠴᠠ ᠬᠦᠳᠠᠯᠤᠯᠴᠠᠵᠤ᠂ ᠤᠷᠤᠭᠰᠢ ᠪᠠᠨ | ᠲᠠᠮᠠᠤᠯᠠᠨ ᠵᠢᠯᠤᠭᠤᠳᠴᠤ᠂ ᠪᠤᠭᠤᠮᠳᠠ ᠬᠤᠷᠢᠭ᠎ᠠ ᠭᠠᠷᠭᠠᠨ᠂ ᠰᠠᠶᠢᠨ ᠲᠤᠷ᠎ᠠ ᠶᠢᠨ ᠦᠢᠯᠠᠴᠢᠯᠡᠭᠡ ᠬᠠᠩᠭᠠᠨ᠂ ᠬᠠᠷᠠᠮ ᠦᠬᠡᠢ ᠬᠠᠪᠰᠤᠷᠤᠨ ᠲᠠᠮᠵᠢᠵᠤ᠂ ᠨᠠᠶᠢᠳᠠ 12 | ᠭᠠᠷᠤᠢ ᠲᠦᠮᠠᠨ ᠲᠦᠬᠦᠷᠢᠭ ᠤᠨ ᠵᠤᠭᠤᠰ ᠮᠦᠩᠬᠦ ᠡᠳ᠋ ᠪᠤᠳᠠᠰ ᠢᠶᠠᠷ ᠲᠤᠰᠠᠯᠠᠵᠤ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠠᠷᠬᠡᠶᠢᠯᠠᠨ ᠡᠵᠡᠮᠳᠠᠬᠦ ᠠᠵᠢᠯ ᠢ | ᠲᠠᠮᠵᠢᠨ᠂ ᠪᠤᠳᠠᠳᠤ ᠠᠵᠢᠯᠯᠠᠭ᠎ᠠ ᠪᠠᠷ ᠢᠶᠠᠨ ᠤᠯᠤᠰ ᠲᠦᠷᠦ ᠶᠢᠨ ᠵᠦᠪᠯᠠᠯᠬᠡᠨ ᠤ ᠬᠢᠨ ᠤ ᠡᠬᠦᠷᠬᠡᠯᠡᠯ ᠢᠶᠠᠨ ᠬᠠᠷᠠᠭᠤᠯᠤᠭᠰᠠᠨ ᠪᠠᠶᠢᠨ᠎ᠠ᠃ ᠶᠠᠳᠠᠭᠤ ᠠᠴᠠ | ᠠᠩᠬᠢᠵᠢᠷᠠᠭᠤᠯᠤᠨ ᠪᠤᠭᠤᠮᠳᠠ ᠰᠢᠪᠳᠤᠯᠬᠤ ᠳᠤ᠂ ᠪᠢᠳᠠ ᠰᠢᠯᠢᠳᠡᠭ ᠢᠶᠠᠨ ᠲᠤᠮᠢᠯᠠᠨ ᠤᠷᠤᠯᠴᠠᠭᠤᠯᠵᠤ᠂ 42 ᠡᠷᠤᠬᠡ ᠶᠠᠳᠠᠭᠤ ᠬᠦᠴᠢᠷᠳᠠᠯᠳᠠᠢ ᠡᠷᠤᠬᠡ ᠶᠢ | ᠬᠠᠪᠰᠤᠷᠤᠨ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠤ᠂ ᠲᠠᠭᠠᠭᠠᠴᠢᠯᠠᠨ ᠬᠠᠷᠢᠯᠴᠠᠵᠤ ᠪᠠᠶᠢᠭ᠎ᠠ ᠭᠠᠴᠠᠭ᠎ᠠ ᠶᠢ ᠬᠠᠪᠰᠤᠷᠤᠨ ᠲᠤᠰᠬᠤᠨ ᠤ ᠬᠠᠮᠳᠤ ᠶᠢᠨ | ᠠᠵᠤ ᠠᠬᠤᠶᠢᠯᠠᠯ ᠢ 3 ᠰᠢᠨ᠎ᠠ ᠪᠠᠷ ᠪᠠᠶᠢᠭᠤᠯᠤᠨ ᠴᠡᠭᠴᠠᠯᠠᠵᠤ᠂ 450 ᠭᠠᠷᠤᠢ ᠲᠦᠮᠠᠨ ᠲᠦᠬᠦᠷᠢᠭ ᠤᠨ ᠡᠳ᠋ ᠪᠤᠳᠠᠰ ᠢ ᠵᠤᠬᠢᠴᠠᠭᠤᠯᠤᠨ ᠬᠠᠪᠰᠤᠷᠤᠨ ᠲᠠᠳᠬᠦᠵᠤ᠂ | ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠡᠴᠤᠰ ᠤᠨ ᠲᠠᠶᠢᠯᠠᠯᠳᠤᠭᠠᠨ ᠤ ᠠᠮᠵᠢᠯᠳᠠ ᠲᠠᠢ ᠲᠠᠭᠤᠰᠬᠤ ᠳᠤ ᠬᠦᠴᠦ | ᠬᠠᠮᠳᠤᠳᠬᠠᠨ ᠠᠬᠢᠭᠤᠯᠪᠠ᠃ 2019 ᠤᠨ ᠳᠤ᠂ ︽ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠰᠤᠨᠢᠨ︾ ᠨᠢ ᠲᠠᠷᠢᠬᠦᠨ ᠨᠢᠭᠤᠷ ᠤᠨ ᠲᠠᠷᠢᠬᠦᠨ ᠵᠤᠷᠪᠤᠰ | ᠲᠤ ︽ᠦᠪᠤᠷ ᠮᠤᠩᠭᠤᠯ ᠤᠨ ᠬᠠᠩᠬᠢᠨ ᠬᠤᠰᠢᠭᠤᠨ ᠤ ᠤᠯᠤᠰ ᠲᠦᠷᠦ ᠶᠢᠨ ᠵᠦᠪᠯᠠᠯᠬᠡᠨ ᠨᠢ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠠᠬᠦᠯᠬᠦ ᠳᠤ ᠬᠦᠴᠦ | ᠪᠠᠨ ᠲᠦᠪᠯᠠᠷᠠᠬᠦᠯᠥᠨ ᠬᠤᠯᠠ ᠶᠢ ᠰᠦᠪᠡᠭᠴᠢᠯᠠᠯᠠ︾ ᠬᠡᠰᠠᠨ ᠮᠠᠳᠠᠬᠡᠯᠡᠯ ᠢ ᠨᠠᠶᠢᠳᠠᠯᠠᠵᠤ᠂ ︽ᠬᠡᠰᠢᠬᠦᠳ ᠤᠨ ᠦᠯᠢᠬᠡᠷ ᠤᠨ ᠪᠤᠯᠤᠩ︾ ᠳᠠᠭᠠᠨ ︽ᠪᠢᠴᠢᠬᠠᠨ | ᠬᠤᠸᠠᠷ ᠤᠨ ᠡᠯᠡᠰᠤ ᠵᠠᠰᠠᠭᠰᠠᠨ ᠦᠯᠢᠬᠡᠷ︾ ᠢ ᠪᠦᠬᠦᠯᠢ ᠨᠢᠭᠤᠷ ᠢᠶᠠᠷ ᠨᠠᠶᠢᠳᠠᠯᠠᠵᠤ᠂ ᠬᠤᠰᠢᠭᠤ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ ᠤᠳᠬᠤᠨᠬᠤᠸᠠᠷ | ᠤᠨ ᠪᠠᠯᠠᠷ ᠤᠨ ᠮᠠᠯᠴᠢᠳ ᠢ ᠲᠠᠶᠢᠴᠢᠯᠠᠨ ᠬᠦᠪᠴᠢ ᠶᠢᠨ ᠡᠯᠡᠰᠤ ᠶᠢ ᠨᠤᠭᠤᠭᠠᠷᠠᠭᠤᠯᠵᠤ᠂ ᠶᠠᠳᠠᠭᠤ ᠠᠴᠠ ᠠᠩᠬᠢᠵᠢᠷᠠᠭᠤᠯᠤᠨ ᠴᠢᠨᠡᠬᠡᠯᠢᠭᠵᠢᠯ ᠢ ᠵᠤᠷᠢᠭᠰᠠᠨ ᠦᠢᠯᠠ | ᠠᠵᠢᠯᠯᠠᠭ᠎ᠠ ᠶᠢ ᠮᠠᠳᠠᠬᠡᠯᠡᠪᠠ᠃ ᠤᠳᠬᠤᠨᠬᠤᠸᠠᠷ ᠬᠡᠰᠢᠬᠦᠨ ᠴᠤ ︽ᠪᠦᠬᠦ ᠤᠯᠤᠰ ᠤᠨ ᠬᠠᠮᠤᠭ ᠰᠠᠶᠢᠬᠠᠨ ᠦᠨᠳᠤᠰᠤᠨ ᠱᠠᠳᠤᠨ ᠤ ᠤᠯᠤᠰ ᠲᠦᠷᠦ ᠶᠢᠨ ᠵᠦᠪᠯᠠᠯᠬᠡᠨ | ᠤ ᠬᠡᠰᠢᠬᠦᠨ︾ ᠪᠠ ︽ᠪᠦᠬᠦ ᠤᠯᠤᠰ ᠤᠨ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶᠠᠴᠢ ᠬᠤᠪᠢ ᠬᠦᠮᠦᠨ︾ ᠤ ᠢᠷᠠᠭᠤ ᠠᠯᠳᠠᠷ ᠢ ᠬᠦᠷᠳᠡᠪᠡ᠃ | ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠠᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ | ᠤᠨ ᠬᠡᠪᠰᠢᠨ ᠲᠦᠷᠢᠮᠵᠢᠬᠦ ᠶᠢ ᠠᠬᠢᠭᠤᠯᠵᠤ᠂ ︽ᠤᠭ ᠵᠤᠷᠢᠯᠳᠠ ᠪᠠᠨ ᠮᠠᠷᠳᠠᠬᠤ ᠦᠬᠡᠢ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠠᠬᠡᠵᠢᠯᠠᠬᠦ︾ ᠭᠤᠤᠯ ᠰᠡᠳᠦᠪᠳᠤ | ᠬᠦᠮᠤᠵᠢᠯ ᠪᠠ ᠨᠠᠮ ᠤᠨ ᠲᠠᠤᠬᠡ ᠶᠢᠨ ᠰᠤᠷᠤᠯᠴᠠᠯᠭ᠎ᠠ ᠬᠦᠮᠤᠵᠢᠯ ᠢ ᠦᠷᠨᠢᠬᠦᠯᠬᠦ ᠪᠠᠷ ᠭᠤᠤᠯ ᠱᠤᠭᠤᠮ ᠪᠤᠯᠭᠠᠨ᠂ ᠬᠤᠰᠢᠭᠤ ᠤᠯᠤᠰ ᠲᠦᠷᠦ ᠶᠢᠨ ᠵᠦᠪᠯᠠᠯᠬᠡᠨ ᠤ | ᠨᠠᠮ ᠤᠨ ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ ᠰᠤᠷᠤᠯᠴᠠᠯᠭ᠎ᠠ ᠪᠠᠷ ᠤᠳᠤᠷᠢᠳᠤᠮᠵᠢ ᠪᠤᠯᠭᠠᠭᠰᠠᠨ᠂ ᠲᠠᠷᠢᠬᠦᠯᠡᠭᠴᠢᠳ ᠤᠨ | ᠬᠤᠷᠠᠯᠳᠤᠭᠠᠨ ᠤ ᠬᠠᠮᠳᠤ ᠶᠢᠨ ᠰᠤᠷᠤᠯᠴᠠᠯᠭ᠎ᠠ᠂ ᠪᠠᠶᠢᠩᠭᠤ ᠶᠢᠨ ᠬᠡᠰᠢᠬᠦᠳ ᠤᠨ ᠬᠤᠷᠠᠯᠳᠤᠭᠠᠨ ᠤ ᠲᠤᠰᠬᠠᠢ ᠰᠡᠳᠦᠪᠳᠤ ᠰᠤᠷᠤᠯᠴᠠᠯᠭ᠎ᠠ᠂ ᠠᠯᠪᠠᠨ ᠪᠠᠶᠢᠭᠤᠯᠭ᠎ᠠ | ᠶᠢᠨ ᠲᠦᠪᠯᠠᠷᠠᠩᠬᠦᠢ ᠰᠤᠷᠤᠯᠴᠠᠯᠭ᠎ᠠ ᠪᠠ ᠬᠡᠰᠢᠬᠦᠳ ᠤᠨ ᠪᠤᠯᠪᠠᠰᠤᠷᠠᠯ ᠵᠡᠷᠬᠡ ᠬᠠᠷᠢᠯᠴᠠᠨ ᠬᠠᠷᠠᠭᠠᠯᠵᠠᠭᠰᠠᠨ ᠲᠦᠷᠢᠮ ᠤᠨ ᠲᠤᠭᠳᠠᠯᠴᠠᠭ᠎ᠠ ᠶᠢ ᠠᠭᠠᠵᠢᠮ ᠢᠶᠠᠷ | ᠪᠦᠷᠢᠯᠳᠤᠬᠦᠯᠦᠭᠰᠠᠨ ᠪᠠᠶᠢᠨ᠎ᠠ᠃ ᠬᠤᠭᠤᠴᠠᠭᠠᠨ ᠤ ᠲᠤᠳᠤᠷ᠎ᠠ᠂ ᠪᠢᠳᠠ ᠨᠠᠮ ᠤᠨ ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ | ᠰᠤᠷᠤᠯᠴᠠᠯᠭ᠎ᠠ ᠶᠢ 38 ᠤᠳᠠᠭ᠎ᠠ᠂ ᠲᠠᠷᠢᠬᠦᠯᠡᠭᠴᠢᠳ ᠤᠨ ᠬᠤᠷᠠᠯᠳᠤᠭᠠᠨ ᠤ ᠲᠦᠪᠯᠠᠷᠠᠩᠬᠦᠢ ᠰᠤᠷᠤᠯᠴᠠᠯᠭ᠎ᠠ ᠶᠢ 49 ᠤᠳᠠᠭ᠎ᠠ᠂ ᠪᠠᠶᠢᠩᠭᠤ ᠶᠢᠨ ᠬᠡᠰᠢᠬᠦᠳ ᠤᠨ | ᠬᠤᠷᠠᠯᠳᠤᠭᠠᠨ ᠤ ᠲᠤᠰᠬᠠᠢ ᠰᠡᠳᠦᠪᠳᠤ ᠰᠤᠷᠤᠯᠴᠠᠯᠭ᠎ᠠ ᠶᠢ 15 ᠤᠳᠠᠭ᠎ᠠ᠂ ᠠᠯᠪᠠᠨ ᠪᠠᠶᠢᠭᠤᠯᠭ᠎ᠠ ᠶᠢᠨ ᠲᠦᠪᠯᠠᠷᠠᠩᠬᠦᠢ ᠰᠤᠷᠤᠯᠴᠯᠠᠭ᠎ᠠ ᠶᠢ 100 ᠢᠯᠠᠬᠦᠦ | ᠤᠳᠠᠭ᠎ᠠ᠂ ᠬᠡᠰᠢᠬᠦᠳ ᠤᠨ ᠡᠬᠡᠯᠵᠢᠯᠡᠭᠰᠠᠨ ᠪᠤᠯᠪᠠᠰᠤᠷᠠᠯ ᠢ 3 ᠪᠦᠯᠦᠭ᠂ ᠲᠤᠰᠬᠠᠢ ᠰᠡᠳᠦᠪᠳᠤ ᠤᠨᠤᠯ ᠶᠠᠷᠢᠯᠴᠠᠨ ᠰᠤᠳᠤᠯᠬᠤ ᠬᠤᠷᠠᠯ ᠢ 16 ᠤᠳᠠᠭ᠎ᠠ ᠬᠢᠵᠤ᠂ | ᠦᠷᠬᠡᠨ ᠤᠯᠠᠨ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ᠂ ᠠᠯᠪᠠᠨ ᠪᠠᠶᠢᠭᠤᠯᠭ᠎ᠠ ᠶᠢᠨ ᠺᠠᠳ᠋ᠷ ᠤᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠪᠦᠬᠦᠢ ᠨᠠᠶᠢᠬᠡᠮ ᠵᠢᠷᠤᠮ ᠤᠨ ᠦᠵᠠᠯ ᠰᠠᠨᠠᠭ᠎ᠠ᠂ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠪᠠ ᠠᠷᠪᠠ ᠶᠢᠰᠤᠳᠤᠬᠡᠷ ᠬᠤᠭᠤᠴᠠᠭᠠᠨ ᠤ | ᠪᠦᠬᠦᠳᠠ ᠬᠤᠷᠠᠯ ᠤᠳ ᠤᠨ ᠵᠤᠷᠢᠭ ᠰᠠᠨᠠᠭ᠎ᠠ ᠪᠠ ᠰᠢ ᠶᠢᠨ ᠫᠢᠩ ᠶᠠᠷᠤᠩᠬᠡᠢ ᠱᠦᠵᠢ ᠶᠢᠨ ᠦᠪᠤᠷ ᠮᠤᠩᠭᠤᠯ ᠳᠤ ᠬᠢᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠤᠶᠢᠯᠠᠭᠠᠨ ᠡᠵᠡᠮᠳᠠᠬᠦ ᠶᠢ ᠲᠠᠰᠤᠷᠠᠯᠳᠠ ᠦᠬᠡᠢ ᠬᠦᠨᠵᠡᠬᠡᠶᠢᠷᠠᠬᠦᠯᠦᠭᠰᠠᠨ ᠪᠠᠶᠢᠨ᠎ᠠ᠃ | ᠪᠦᠬᠦ ᠲᠠᠯ᠎ᠠ ᠶᠢᠨ ᠤᠳᠤᠷᠢᠳᠤᠯᠭ᠎ᠠ ᠶᠢ ᠨᠠᠶᠢᠳᠠᠪᠤᠷᠢᠵᠢᠭᠤᠯᠪᠠ᠃ ᠨᠠᠮ ᠤᠨ ᠲᠤᠭᠤᠶᠢᠯᠠᠩ ᠤᠨ ᠪᠦᠷᠢᠯᠳᠤᠬᠦᠨ ᠨᠠᠮ ᠤᠨ ᠬᠡᠰᠢᠬᠦᠨ ᠬᠡᠰᠢᠬᠦᠳ ᠲᠠᠢ | ᠬᠠᠷᠢᠯᠴᠠᠬᠤ᠂ ᠨᠠᠮ ᠤᠨ ᠬᠡᠰᠢᠬᠦᠨ ᠬᠡᠰᠢᠬᠦᠳ ᠨᠠᠮ ᠤᠨ ᠪᠤᠰᠤ ᠬᠡᠰᠢᠬᠦᠳ ᠲᠠᠢ ᠬᠠᠷᠢᠯᠴᠠᠬᠤ ᠲᠦᠷᠢᠮ ᠢ ᠲᠤᠭᠳᠠᠭᠠᠵᠤ᠂ 19 ᠡᠳᠡᠬᠡᠳ ᠢᠯᠭᠠᠯ ᠢ 4 ᠡᠳᠡᠬᠡᠳ | ᠢᠯᠭᠠᠯ ᠤᠨ ᠠᠵᠢᠯᠯᠠᠭᠠᠨ ᠤ ᠲᠤᠭᠤᠶᠢᠯᠠᠩ ᠪᠤᠯᠭᠠᠨ ᠰᠢᠯᠢᠳᠡᠭᠵᠢᠬᠦᠯᠥᠨ ᠴᠤᠮᠬᠠᠳᠬᠠᠵᠤ᠂ ︽ᠨᠠᠮ ᠤᠨ ᠲᠤᠭᠤᠶᠢᠯᠠᠩ ᠤᠨ ᠪᠦᠷᠢᠯᠳᠤᠬᠦᠨ᠂ ᠲᠠᠷᠢᠬᠦᠯᠡᠭᠴᠢᠳ ᠤᠨ | ᠬᠤᠷᠠᠯᠳᠤᠭᠠᠨ ᠤ ᠪᠦᠷᠢᠯᠳᠤᠬᠦᠨ + ᠤᠯᠤᠰ ᠲᠦᠷᠦ ᠶᠢᠨ ᠵᠦᠪᠯᠠᠯᠬᠡᠨ ᠤ ᠵᠦᠪᠯᠠᠯ ᠠᠯᠪᠠᠨ ᠬᠡᠷ + ᠡᠳᠡᠬᠡᠳ ᠢᠯᠭᠠᠯ ᠤᠨ ᠠᠵᠢᠯᠯᠠᠭᠠᠨ ᠤ ᠲᠤᠭᠤᠶᠢᠯᠠᠩ︾ ᠤᠨ | ᠵᠤᠬᠢᠶᠠᠨ ᠪᠠᠶᠢᠭᠤᠯᠤᠯᠳᠠ ᠶᠢᠨ ᠪᠦᠷᠢᠯᠳᠤᠴᠠ ᠶᠢ ᠪᠠᠶᠢᠭᠤᠯᠵᠤ᠂ 4 ᠡᠳᠡᠬᠡᠳ ᠢᠯᠭᠠᠯ ᠤᠨ ᠠᠵᠢᠯᠯᠠᠭᠠᠨ ᠤ ᠲᠤᠭᠤᠶᠢᠯᠠᠩ ᠳᠤ ᠲᠤᠰᠪᠤᠷᠢ 1 ᠦᠢᠯᠠᠳᠤᠯᠳᠤ ᠨᠠᠮ | ᠤᠨ ᠲᠤᠭᠤᠶᠢᠯᠠᠩ ᠢ ᠲᠤᠬᠢᠷᠠᠭᠤᠯᠵᠤ᠂ ᠨᠠᠮ ᠤᠨ ᠲᠤᠭᠤᠶᠢᠯᠠᠩ ᠤᠨ ᠪᠦᠷᠢᠯᠳᠤᠬᠦᠨ ᠨᠢ ᠡᠯ᠎ᠡ ᠦᠢᠯᠠᠳᠤᠯᠳᠤ ᠨᠠᠮ ᠤᠨ ᠲᠤᠭᠤᠶᠢᠯᠠᠩ ᠤᠨ ᠨᠠᠮ ᠤᠨ ᠬᠡᠰᠢᠬᠦᠨ | ᠪᠠᠶᠢᠩᠭᠤ ᠶᠢᠨ ᠬᠡᠰᠢᠬᠦᠳ ᠲᠠᠢ ᠬᠠᠷᠢᠯᠴᠠᠬᠤ᠂ ᠨᠠᠮ ᠤᠨ ᠬᠡᠰᠢᠬᠦᠨ ᠪᠠᠶᠢᠩᠭᠤ ᠶᠢᠨ ᠬᠡᠰᠢᠬᠦᠨ ᠨᠢ ᠪᠠᠶᠢᠭ᠎ᠠ ᠪᠦᠬᠦᠢ ᠨᠠᠮ ᠤᠨ ᠲᠤᠭᠤᠶᠢᠯᠠᠩ ᠤᠨ ᠨᠠᠮ ᠤᠨ ᠬᠡᠰᠢᠬᠦᠨ | ᠬᠡᠰᠢᠬᠦᠳ ᠲᠠᠢ ᠬᠠᠷᠢᠯᠴᠠᠬᠤ᠂ ᠨᠠᠮ ᠤᠨ ᠬᠡᠰᠢᠬᠦᠨ ᠬᠡᠰᠢᠬᠦᠳ ᠨᠢ ᠡᠯ᠎ᠡ ᠡᠳᠡᠬᠡᠳ ᠢᠯᠭᠠᠯ ᠤᠨ ᠠᠵᠢᠯᠯᠠᠭᠠᠨ ᠤ ᠲᠤᠭᠤᠶᠢᠯᠠᠩ ᠳᠠᠬᠢ ᠨᠠᠮ ᠤᠨ ᠭᠠᠳᠠᠨᠠᠬᠢ | ᠬᠡᠰᠢᠬᠦᠳ ᠲᠠᠢ ᠬᠠᠷᠢᠯᠴᠠᠵᠤ᠂ ᠨᠠᠮ ᠤᠨ ᠬᠡᠰᠢᠬᠦᠨ ᠤ ᠬᠤᠰᠢᠭᠤᠴᠢ ᠵᠢᠱᠢᠶᠠᠴᠢ ᠦᠢᠯᠠᠳᠤᠯ ᠢ ᠬᠦᠢᠴᠡᠳ ᠪᠠᠳᠠᠷᠠᠭᠤᠯᠤᠨ᠂ ᠡᠯ᠎ᠡ ᠡᠳᠡᠬᠡᠳ ᠤᠨ ᠬᠠᠮᠳᠤ ᠶᠢᠨ | ᠲᠠᠨᠢᠯᠳᠠ ᠶᠢ ᠦᠷᠬᠡᠨ ᠲᠠᠯᠬᠡᠷᠡᠩᠬᠦᠢ ᠨᠢᠬᠳᠠᠷᠠᠭᠤᠯᠤᠭᠰᠠᠨ ᠪᠠᠶᠢᠨ᠎ᠠ᠃ ᠦᠢᠯᠠᠳᠤᠯᠳᠤ ᠨᠠᠮ ᠤᠨ ᠲᠤᠭᠤᠶᠢᠯᠠᠩ ᠪᠠ ᠠᠯᠪᠠᠨ ᠪᠠᠶᠢᠭᠤᠯᠭ᠎ᠠ ᠶᠢᠨ ᠨᠠᠮ ᠤᠨ ᠡᠬᠦᠷ ᠢ | ᠵᠤᠬᠢᠶᠠᠨ ᠪᠠᠶᠢᠭᠤᠯᠵᠤ ᠭᠤᠤᠯ ᠰᠡᠳᠤᠪᠳᠤ ᠨᠠᠮ ᠤᠨ ᠡᠳᠤᠷ ᠢ ᠬᠠᠮᠳᠤᠷᠠᠨ ᠡᠷᠬᠢᠯᠠᠵᠤ᠂ ᠰᠢᠷᠢᠰ ᠠᠵᠢᠯᠯᠠᠭ᠎ᠠ ᠶᠢ ᠦᠷᠨᠢᠬᠦᠯᠥᠨ᠂ ᠨᠠᠮ ᠤᠨ ᠲᠤᠳᠤᠷᠠᠬᠢ ᠠᠴᠠ ᠨᠠᠮ | ᠤᠨ ᠭᠠᠳᠠᠨᠠᠬᠢ᠂ ᠠᠯᠪᠠᠨ ᠪᠠᠶᠢᠭᠤᠯᠭ᠎ᠠ ᠠᠴᠠ ᠬᠡᠰᠢᠬᠦᠳ ᠬᠦᠷᠳᠠᠯᠡᠬᠢ ᠨᠠᠮ ᠤᠨ ᠪᠠᠶᠢᠭᠤᠯᠤᠯᠳᠠ ᠶᠢᠨ ᠲᠡᠮᠳᠡᠭᠳᠤ ᠶᠢ ᠡᠬᠦᠳᠦᠭᠰᠠᠨ ᠪᠠᠶᠢᠨ᠎ᠠ᠃ | — ᠲᠦᠷᠪᠡᠨ ᠵᠢᠯ ᠢᠯᠠᠬᠦᠦ ᠶᠢᠨ ᠲᠤᠷᠰᠢᠳᠠ᠂ ᠪᠢᠳᠠ ᠲᠠᠷᠢᠬᠦᠨ ᠴᠢᠬᠤᠯᠠ ᠡᠬᠦᠷᠬᠡ ᠶᠢᠨ ᠲᠤᠭᠤᠷᠢᠨ ᠳᠤ᠂ ᠦᠬᠡᠷᠡᠴᠢᠯᠠᠯᠳᠠ ᠬᠦᠭᠵᠢᠯᠳᠠ ᠶᠢ ᠲᠠᠮᠵᠢᠨ | ᠠᠬᠢᠭᠤᠯᠬᠤ ᠳᠤ ᠤᠶᠤᠨ ᠴᠢᠳᠠᠯ ᠢᠶᠠᠨ ᠰᠢᠪᠬᠠᠪᠠ | ᠬᠦᠭᠵᠢᠯᠳᠠ ᠶᠢ ᠲᠠᠮᠵᠢᠨ ᠠᠬᠢᠭᠤᠯᠬᠤ ᠶᠢ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠲᠠᠷᠢᠬᠦᠨ ᠴᠢᠬᠤᠯᠠ ᠶᠠᠪᠤᠳᠠᠯ ᠪᠤᠯᠭᠠᠬᠤ ᠶᠢ ᠪᠠᠷᠢᠮᠳᠠᠯᠠᠨ᠂ ᠰᠢᠨ᠎ᠠ | ᠬᠦᠭᠵᠢᠯᠳᠠ ᠶᠢᠨ ᠤᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠭᠤᠤᠯᠳᠠᠯᠭᠠᠳᠤ ᠠᠵᠢᠯ ᠳᠤ | ᠲᠦᠪᠯᠠᠷᠠᠬᠦᠯᠥᠨ᠂ ᠭᠤᠷᠪᠠᠨ ᠶᠡᠭᠡ ᠦᠢᠯᠠᠳᠤᠯ ᠴᠢᠳᠠᠪᠬᠢ ᠪᠠᠨ ᠨᠠᠷᠢᠨ ᠬᠢᠨᠠᠮᠠᠭᠠᠢ ᠬᠦᠢᠴᠡᠳᠬᠡᠵᠤ᠂ ᠴᠢᠨᠠᠷᠯᠢᠭ ᠪᠦᠬᠦᠢ ᠬᠦᠭᠵᠢᠯᠳᠠ ᠶᠢ ᠠᠬᠢᠭᠤᠯᠬᠤ ᠳᠤ ᠤᠯᠤᠰ | ᠲᠦᠷᠦ ᠶᠢᠨ ᠵᠦᠪᠯᠠᠯᠬᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠲᠠᠪᠰᠢᠬᠦᠯᠦᠭᠰᠠᠨ ᠪᠠᠶᠢᠨ᠎ᠠ᠃ | ᠤᠯᠤᠰ ᠲᠦᠷᠦ ᠶᠢᠨ ᠵᠦᠪᠯᠠᠯᠬᠡ ᠬᠢᠵᠤ ᠰᠢᠢᠳᠪᠤᠷᠢ ᠪᠤᠳᠤᠯᠭ᠎ᠠ ᠲᠤᠭᠳᠠᠭᠠᠬᠤ ᠶᠢ ᠲᠠᠮᠵᠢᠪᠠ᠃ ᠲᠦᠷᠪᠡᠨ ᠵᠢᠯ ᠢᠯᠠᠬᠦᠦ ᠶᠢᠨ ᠲᠤᠷᠰᠢ᠂ ᠪᠢᠳᠠ | ᠲᠤᠰᠬᠠᠶᠢᠯᠠᠨ ᠵᠦᠪᠯᠠᠯᠬᠡ ᠬᠢᠬᠦ ᠪᠠᠶᠢᠭᠤᠯᠤᠮᠵᠢ ᠶᠢᠨ ᠤᠷᠤᠨ ᠪᠠᠶᠢᠷᠢᠨ ᠳᠤ ᠰᠠᠭᠤᠷᠢᠯᠠᠵᠤ᠂ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ᠂ ᠡᠯ᠎ᠡ ᠠᠷᠠᠳ ᠤᠨ | ᠪᠦᠯᠬᠦᠮ᠂ ᠡᠯ᠎ᠡ ᠡᠳᠡᠬᠡᠳ ᠤᠨ ᠬᠦᠮᠦᠰ ᠢ ᠡᠮᠬᠢ ᠴᠡᠭᠴᠡ ᠲᠠᠢ ᠵᠤᠬᠢᠶᠠᠨ ᠪᠠᠶᠢᠭᠤᠯᠤᠨ᠂ ᠤᠯᠤᠰ ᠲᠦᠷᠦ ᠶᠢᠨ ᠵᠦᠪᠯᠠᠯᠬᠡᠨ ᠤ ᠡᠨᠡᠬᠦ ᠲᠠᠪᠴᠠᠩ ᠲᠠᠬᠡᠷ᠎ᠡ ᠵᠠᠰᠠᠭ | ᠤᠨ ᠶᠠᠪᠤᠳᠠᠯ ᠢ ᠵᠦᠪᠯᠠᠵᠤ᠂ ᠰᠠᠨᠠᠯ ᠰᠠᠨᠠᠭᠤᠯᠭ᠎ᠠ ᠲᠠᠪᠰᠢᠬᠦᠯᠥᠨ ᠵᠠᠰᠠᠭ ᠲᠤ ᠲᠤᠰᠠᠯᠠᠭᠰᠠᠨ ᠪᠠᠶᠢᠨ᠎ᠠ᠃ ᠪᠦᠬᠦᠳᠠ ᠬᠤᠷᠠᠯ ᠤᠨ ᠨᠠᠶᠢᠳᠠᠮ ᠵᠦᠪᠯᠠᠯᠬᠡ ᠲᠤᠮᠳᠠ᠂ | ᠤᠯᠤᠰ ᠲᠦᠷᠦ ᠶᠢᠨ ᠵᠦᠪᠯᠠᠯᠬᠡᠨ ᠤ ᠪᠦᠬᠦ ᠬᠡᠰᠢᠬᠦᠳ ᠢ ᠵᠤᠬᠢᠶᠠᠨ ᠪᠠᠶᠢᠭᠤᠯᠤᠨ᠂ ︽ᠨᠢᠬᠡ ᠤᠷᠳᠤᠨ ᠬᠤᠶᠠᠷ ᠬᠤᠷᠢᠶ᠎ᠠ︾ ᠶᠢᠨ ᠠᠵᠢᠯ ᠤᠨ ᠮᠠᠳᠠᠬᠦᠯᠥᠯᠳᠠ ᠵᠢᠴᠢ | ᠪᠤᠰᠤᠳ ᠮᠠᠳᠠᠬᠦᠯᠥᠯᠳᠠ᠂ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠥᠯᠥᠪᠵᠢᠬᠦᠯᠬᠡ ︵ᠲᠦᠰᠦᠯ︶ ᠵᠢᠴᠢ ᠪᠦᠬᠦ ᠬᠤᠰᠢᠭᠤᠨ ᠤ ᠠᠵᠤ ᠠᠬᠤᠢ ᠨᠠᠶᠢᠬᠡᠮ | ᠤᠨ ᠬᠦᠭᠵᠢᠯᠳᠠ ᠶᠢᠨ ᠡᠯ᠎ᠡ ᠲᠠᠯ᠎ᠠ ᠳᠤ ᠬᠦᠨᠵᠡᠬᠡᠢ ᠵᠦᠪᠯᠠᠯᠬᠡ ᠶᠠᠷᠢᠯᠴᠠᠭ᠎ᠠ ᠦᠷᠨᠢᠬᠦᠯᠵᠤ᠂ ᠡᠯ᠎ᠡ ᠲᠦᠷᠦᠯ ᠤᠨ ᠰᠠᠨᠠᠯ ᠰᠠᠨᠠᠭᠤᠯᠭ᠎ᠠ ᠶᠢ 700 ᠢᠯᠠᠬᠦᠦ ᠵᠤᠷᠪᠤᠰ | ᠲᠤᠷᠠᠳᠴᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠨᠵᠢᠯᠠᠬᠦ ᠤᠬᠠᠭᠠᠨᠴᠢ ᠠᠷᠠᠳᠴᠢᠯᠠᠯ ᠤᠨ ᠰᠢᠢᠳᠪᠤᠷᠢ ᠪᠤᠳᠤᠯᠭ᠎ᠠ ᠳᠤ ᠨᠡᠩ ᠦᠷᠬᠡᠨ | ᠲᠠᠯᠬᠡᠷ ᠠᠷᠠᠳ ᠤᠨ ᠰᠠᠨᠠᠯ ᠪᠤᠳᠤᠯ ᠤᠨ ᠰᠠᠭᠤᠷᠢ ᠪᠠ ᠤᠶᠤᠨ ᠤᠬᠠᠭᠠᠨ ᠤ ᠲᠠᠮᠵᠢᠯᠬᠡ ᠬᠠᠩᠭᠠᠭᠰᠠᠨ ᠪᠠᠶᠢᠨ᠎ᠠ᠃ ᠪᠠᠶᠢᠩᠭᠤ ᠶᠢᠨ ᠬᠡᠰᠢᠬᠦᠳ ᠤᠨ ᠬᠤᠷᠠᠯ ᠤᠨ | ᠲᠤᠰᠬᠠᠢ ᠰᠡᠳᠦᠪ ᠤᠨ ᠵᠦᠪᠯᠠᠯᠬᠡ ᠲᠤᠮᠳᠠ᠂ ᠲᠤᠰᠬᠠᠢ ᠰᠡᠳᠦᠪᠳᠤ ᠵᠠᠰᠠᠭ ᠤᠨ ᠶᠠᠪᠤᠳᠠᠯ ᠢ ᠵᠦᠪᠯᠠᠬᠦ ᠴᠢᠨᠠᠷᠳᠠᠢ ᠪᠠᠶᠢᠩᠭᠤ ᠶᠢᠨ ᠬᠡᠰᠢᠬᠦᠳ ᠤᠨ ᠬᠤᠷᠠᠯ ᠢ 13 | ᠤᠳᠠᠭ᠎ᠠ ᠡᠷᠬᠢᠯᠠᠨ ᠬᠤᠷᠠᠯᠳᠤᠭᠤᠯᠵᠤ᠂ ᠡᠯ᠎ᠡ ᠲᠦᠷᠦᠯ ᠤᠨ ᠵᠦᠪᠯᠠᠯᠬᠡᠨ ᠤ ᠰᠠᠨᠠᠭᠤᠯᠭ᠎ᠠ ᠶᠢ 100 ᠢᠯᠠᠬᠦᠦ ᠵᠤᠷᠪᠤᠰ ᠲᠤᠷᠠᠳᠤᠭᠰᠠᠨ ᠪᠠᠶᠢᠨ᠎ᠠ᠃ ᠡᠳᠡᠬᠡᠷ | ᠵᠦᠪᠯᠠᠯᠬᠡᠨ ᠤ ᠦᠷ᠎ᠠ ᠪᠦᠳᠦᠮᠵᠢ ᠨᠢ ᠬᠠᠮᠢᠶ᠎ᠠ ᠪᠦᠬᠦᠢ ᠠᠵᠢᠯ ᠤᠨ ᠠᠬᠢᠴᠠ ᠶᠢ ᠪᠤᠳᠠᠳᠠᠢ ᠪᠦᠳᠦᠮᠵᠢᠳᠠᠢ ᠠᠬᠢᠭᠤᠯᠤᠭᠰᠠᠨ ᠪᠠᠶᠢᠨ᠎ᠠ᠃ ᠵᠢᠱᠢᠶᠠᠯᠠᠪᠠᠯ᠂ 2018 ᠤᠨ | ᠳᠤ ᠪᠢᠳᠠᠨ ᠤ ᠵᠤᠬᠢᠶᠠᠨ ᠪᠠᠶᠢᠭᠤᠯᠤᠭᠰᠠᠨ ︽ᠬᠤᠶᠠᠷ ᠬᠠᠮᠳᠤ ᠶᠢᠨ ᠰᠠᠭᠤᠷᠢ ᠮᠦᠩᠬᠦ︾ ᠶᠢᠨ ᠬᠠᠮᠢᠶᠠᠷᠤᠯᠳᠠ ᠬᠡᠷᠡᠭᠯᠡᠯᠳᠠ ᠶᠢᠨ ᠲᠤᠰᠬᠠᠢ ᠰᠡᠳᠦᠪᠳᠤ ᠵᠦᠪᠯᠠᠯᠬᠡ ᠨᠢ | ᠂ ︽ᠬᠤᠶᠠᠷ ᠬᠠᠮᠳᠤ ᠶᠢᠨ ᠰᠠᠭᠤᠷᠢ ᠮᠦᠩᠬᠦ︾ ᠶᠢᠨ ᠤᠯᠠᠨ ᠵᠢᠯ ᠤᠨ ᠲᠤᠷᠰᠢ ︽ᠬᠤᠷᠢᠶᠠᠬᠤ ᠠᠴᠠ ᠪᠢᠰᠢ ᠬᠡᠷᠡᠭᠯᠡᠬᠦ ᠦᠬᠡᠢ︾ ᠪᠠᠶᠢᠳᠠᠯ ᠢ ᠠᠮᠵᠢᠯᠳᠠ ᠲᠠᠢ | ᠡᠪᠳᠡᠭᠰᠠᠨ ᠪᠠᠶᠢᠨ᠎ᠠ᠃ ᠤᠶᠢᠷ᠎ᠠ ᠶᠢᠨ ᠭᠤᠷᠪᠠᠨ ᠵᠢᠯ ᠳᠤ 350 ᠢᠯᠠᠬᠦᠦ ᠲᠦᠮᠠᠨ ᠲᠦᠬᠦᠷᠢᠭ ᠤᠨ ᠦᠷᠳᠡᠭ ᠨᠡᠮᠡᠭᠳᠠᠵᠤ᠂ ᠰᠠᠯᠪᠢᠨ ᠵᠠᠰᠠᠬᠤ ᠳᠤ ᠬᠡᠷᠡᠭᠯᠡᠭᠰᠠᠨ | ᠵᠠᠷᠤᠳᠠᠯ ᠨᠢ 300 ᠲᠦᠮᠠᠨ ᠲᠦᠬᠦᠷᠢᠭ ᠢ ᠲᠠᠪᠠᠪᠠ᠃ ᠵᠢᠱᠢᠶᠠᠯᠠᠪᠠᠯ᠂ ᠪᠢᠳᠠᠨ ᠤ ᠲᠤᠷᠠᠳᠤᠭᠰᠠᠨ ᠰᠢᠨᠠᠪᠠᠯᠭᠠᠰᠤᠨ ᠤ ᠬᠦᠳᠦᠬᠦᠷ ᠨᠢᠷᠤᠭᠤᠳᠤ ᠪᠠᠶᠢᠰᠢᠩ ᠤᠨ | ᠲᠤᠭᠤᠷᠢᠭ ᠤᠨ ᠦᠬᠡᠷᠡᠴᠢᠯᠠᠯᠳᠠ ᠪᠠ ᠪᠦᠳᠦᠬᠡᠨ ᠪᠠᠶᠢᠭᠤᠯᠤᠯᠳᠠ ᠶᠢᠨ ᠵᠦᠪᠯᠠᠯᠬᠡᠨ ᠤ ᠰᠠᠨᠠᠯ ᠢ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠪᠠᠨ ᠨᠠᠢᠮᠠᠳᠤᠭᠠᠷ ᠤᠳᠠᠭᠠᠨ ᠤ ᠪᠦᠬᠦᠳᠠ ᠬᠤᠷᠠᠯ ᠤᠨ ᠠᠵᠢᠯ ᠤᠨ ᠮᠠᠳᠠᠬᠦᠯᠥᠯᠳᠠ ᠳᠤ ᠪᠢᠴᠢᠨ ᠤᠷᠤᠭᠤᠯᠵᠤ᠂ ᠬᠤᠰᠢᠭᠤ ᠨᠠᠮ ᠤᠨ ᠬᠤᠷᠢᠶᠠᠨ | ᠤ ᠡᠨᠡ ᠠᠵᠢᠯ ᠢ ᠠᠬᠢᠭᠤᠯᠬᠤ ᠠᠷᠭ᠎ᠠ ᠵᠠᠮ ᠤᠨ ᠰᠤᠩᠭᠤᠯᠳᠠ ᠪᠤᠯᠤᠭᠰᠠᠨ ᠪᠠᠶᠢᠨ᠎ᠠ᠃ ᠵᠢᠱᠢᠶᠠᠯᠠᠪᠠᠯ᠂ ᠪᠢᠳᠠᠨ ᠤ ᠠᠮᠢᠳᠠᠨ ᠤ ᠬᠢᠵᠢᠭ ᠡᠪᠡᠳᠴᠢᠨ ᠤ ᠰᠠᠷᠬᠡᠶᠢᠯᠠᠯᠳᠠ | ᠶᠢᠨ ᠲᠤᠭᠳᠠᠯᠴᠠᠭᠠᠨ ᠤ ᠪᠦᠳᠦᠬᠡᠨ ᠪᠠᠶᠢᠭᠤᠯᠤᠯᠳᠠ ᠶᠢᠨ ᠲᠤᠰᠬᠠᠢ ᠰᠡᠳᠦᠪᠳᠤ ᠵᠦᠪᠯᠠᠯᠬᠡ ᠲᠤᠮᠳᠠ᠂ ᠠᠮᠢᠳᠠᠨ ᠤ ᠡᠮᠨᠡᠯᠬᠡ ᠶᠢᠨ ᠬᠤᠷᠢᠶ᠎ᠠ ᠭᠠᠷᠭᠠᠬᠤ ᠵᠢᠱᠢᠯ ᠪᠤᠳᠤᠯ | ᠢ ᠬᠤᠰᠢᠭᠤ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠬᠤᠷᠠᠯ ᠳᠤ ᠤᠷᠤᠯᠴᠠᠨ ᠲᠤᠬᠠᠢ ᠶᠢᠨ ᠲᠠᠯᠠᠪᠤᠷ ᠲᠤ ᠵᠦᠪᠰᠢᠶᠠᠷᠠᠨ ᠲᠤᠭᠳᠠᠭᠠᠵᠤ᠂ ᠤᠳᠤᠬᠠᠨ ᠳᠤ | ᠪᠦᠬᠦ ᠬᠦᠴᠦᠨ ᠢᠶᠠᠷ ᠢᠶᠠᠨ ᠠᠬᠢᠭᠤᠯᠵᠤ ᠪᠤᠢ᠃ ᠡᠬᠦᠨ ᠠᠴᠠ ᠭᠠᠳᠠᠨ᠎ᠠ᠂ ᠪᠢᠳᠠ ᠰᠢᠨᠠᠪᠠᠯᠭᠠᠰᠤᠨ ᠤ ᠲᠦᠪᠯᠠᠷᠠᠩᠬᠦᠢ ᠪᠠᠷ ᠲᠤᠯᠠᠭᠠᠯᠠᠮᠵᠢ ᠬᠠᠩᠭᠠᠬᠤ ᠠᠰᠠᠭᠤᠳᠠᠯ᠂ | ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠪᠠ ᠠᠷᠠᠴᠢᠯᠠᠯᠳᠠ ᠬᠠᠮᠢᠶᠠᠷᠤᠯᠳᠠ᠂ ᠤᠯᠤᠰ ᠪᠠ ᠦᠪᠠᠷᠳᠠᠬᠡᠨ ᠵᠠᠰᠠᠬᠤ ᠤᠷᠤᠨ ᠤ ᠴᠢᠬᠤᠯᠠ | ᠶᠡᠭᠡ ᠠᠮᠢ ᠠᠬᠤᠢ ᠶᠢᠨ ᠢᠨᠵᠧᠨᠧᠷᠢᠩ ᠤᠨ ᠬᠡᠷᠡᠭᠵᠢᠬᠦᠯᠥᠯᠳᠠ ᠶᠢᠨ ᠪᠠᠶᠢᠳᠠᠯ ᠪᠠ ᠡᠵᠡᠩᠨᠠᠯᠳᠠ ᠬᠤᠳᠠᠯᠳᠤᠭ᠎ᠠ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠬᠦ ᠵᠠᠷᠬᠡ | ᠰᠡᠳᠦᠪ ᠤᠨ ᠲᠤᠭᠤᠷᠢᠨ ᠳᠤ ᠲᠤᠰᠬᠠᠢ ᠰᠡᠳᠦᠪᠳᠤ ᠵᠦᠪᠯᠠᠯᠬᠡ ᠬᠢᠵᠤ᠂ ᠤᠬᠢ ᠰᠠᠶᠢᠨ ᠵᠦᠪᠯᠠᠯᠬᠡᠨ ᠤ ᠦᠷ᠎ᠠ ᠪᠦᠳᠦᠮᠵᠢ ᠶᠢ ᠬᠦᠷᠳᠡᠭᠰᠠᠨ ᠪᠠᠶᠢᠨ᠎ᠠ᠃ ᠤᠯᠤᠰ | ᠲᠦᠷᠦ ᠶᠢᠨ ᠵᠦᠪᠯᠠᠯᠬᠡᠨ ᠤ ᠬᠡᠰᠢᠬᠦᠨ ᠪᠤᠯᠤᠭᠰᠠᠨ ᠤ ᠬᠤᠪᠢ ᠳᠤ᠂ ᠦᠷ᠎ᠠ ᠪᠦᠳᠦᠬᠡᠯ ᠨᠢᠬᠡᠪᠤᠷᠢ ᠶᠢ ᠤᠯᠠᠷᠢᠭᠤᠯᠤᠨ ᠬᠡᠷᠡᠭᠯᠡᠬᠦ᠂ ᠰᠠᠨᠠᠯ ᠰᠠᠨᠠᠭᠤᠯᠭ᠎ᠠ ᠨᠢᠬᠡᠪᠤᠷᠢ ᠶᠢ | ᠬᠦᠯᠢᠶᠠᠨ ᠠᠪᠬᠤ ᠨᠢ ᠪᠢᠳᠠᠨ ᠢ ᠤᠷᠮᠠᠰᠢᠭᠤᠯᠤᠨ ᠵᠤᠷᠢᠭᠵᠢᠭᠤᠯᠵᠤ ᠪᠠᠶᠢᠨ᠎ᠠ᠃ ᠦᠨᠳᠤᠰᠤᠨ ᠱᠠᠳᠤᠨ ᠤ ᠵᠦᠪᠯᠠᠯᠬᠡᠨ ᠤ ᠠᠵᠢᠯ ᠢ ᠰᠦᠪᠡᠭᠴᠢᠯᠠᠬᠦ ᠲᠤᠮᠳᠠ᠂ ᠪᠢᠳᠠ | ᠬᠦᠯᠢᠶᠠᠬᠦ ᠦᠬᠡᠢ ᠲᠦᠰᠢᠭᠯᠡᠬᠦ ᠦᠬᠡᠢ᠂ ᠤᠷᠢᠳᠠᠪᠠᠷ ᠬᠢᠵᠤ ᠤᠷᠢᠳᠠᠪᠠᠷ ᠲᠤᠷᠰᠢᠨ᠂ ᠪᠦᠬᠦ ᠬᠤᠳᠠ ᠪᠦᠬᠦ ᠲᠠᠯ᠎ᠠ ᠪᠠᠷ ᠲᠠᠯᠬᠡᠷᠡᠬᠦᠯᠬᠦ ᠶᠢᠨ ᠡᠮᠤᠨ᠎ᠠ ᠨᠢᠬᠡ ᠵᠢᠯ ᠳᠤ | ᠲᠤᠰ ᠠᠵᠢᠯ ᠢ ᠡᠬᠢᠯᠡᠬᠦᠯᠦᠭᠰᠠᠨ ᠪᠠᠶᠢᠨ᠎ᠠ᠃ ᠬᠤᠶᠠᠷ ᠵᠢᠯ ᠤᠷᠴᠢᠮ ᠤᠨ ᠡᠷᠬᠢᠯᠳᠠ ᠪᠠᠷ ᠲᠠᠮᠵᠢᠨ᠂ ᠡᠯ᠎ᠡ ᠰᠤᠮᠤ ᠪᠠᠯᠭᠠᠰᠤᠨ ᠤ ᠵᠦᠪᠯᠠᠯᠬᠡ ᠬᠢᠵᠤ ᠬᠡᠷᠡᠭ ᠶᠠᠪᠤᠳᠠᠯ ᠢ | ᠵᠦᠪᠯᠠᠬᠦ ᠲᠠᠪᠴᠠᠩ ᠨᠢ ᠦᠨᠳᠤᠰᠤᠨ ᠳᠡᠭᠡᠨ ᠪᠦᠷᠢᠯᠳᠤᠵᠤ᠂ ᠭᠠᠴᠠᠭ᠎ᠠ ᠲᠤᠰᠬᠤᠨ ᠤ ᠵᠦᠪᠯᠠᠯᠬᠡ ᠬᠢᠵᠤ ᠬᠡᠷᠡᠭ ᠶᠠᠪᠤᠳᠠᠯ ᠢ ᠵᠦᠪᠯᠠᠬᠦ ᠲᠠᠪᠴᠠᠩ ᠢ ᠡᠮᠬᠢ ᠴᠡᠭᠴᠠ | ᠲᠠᠢ ᠪᠦᠳᠦᠬᠡᠨ ᠪᠠᠶᠢᠭᠤᠯᠵᠤ ᠪᠠᠶᠢᠭ᠎ᠠ ᠪᠦᠬᠡᠳ ᠦᠨᠳᠤᠰᠤᠨ ᠱᠠᠳᠤᠨ ᠤ ᠤᠯᠠᠨ ᠲᠦᠮᠠᠨ ᠤ ᠲᠤᠯᠭᠠᠭᠤ ᠬᠦᠴᠢᠷᠳᠠᠯ ᠲᠠᠢ 7 ᠠᠰᠠᠭᠤᠳᠠᠯ ᠢ ᠠᠮᠵᠢᠯᠳᠠ ᠲᠠᠢ | ᠰᠢᠢᠳᠪᠤᠷᠢᠯᠡᠭᠰᠠᠨ ᠪᠠᠶᠢᠨ᠎ᠠ᠃ ᠠᠵᠢᠯ ᠤᠨ ᠵᠤᠬᠢᠴᠠᠮᠵᠢ ᠶᠢᠨ ᠠᠭᠠᠵᠢᠮ ᠢᠶᠠᠷ ᠲᠠᠬᠦᠯᠳᠡᠷᠵᠢᠬᠦ ᠶᠢ ᠲᠠᠭᠠᠯᠳᠤᠨ᠂ ᠦᠨᠳᠤᠰᠤᠨ ᠱᠠᠳᠤᠨ ᠤ ᠵᠠᠰᠠᠯᠳᠠ ᠶᠢᠨ ᠦᠷ᠎ᠠ | ᠪᠦᠳᠦᠮᠵᠢ ᠶᠢ ᠲᠡᠬᠡᠭᠰᠢᠯᠠᠬᠦᠯᠬᠦ ᠳᠤ ᠬᠦᠴᠦᠨ ᠪᠦᠬᠦᠢ ᠠᠷᠭ᠎ᠠ ᠠᠪᠴᠠᠯ ᠬᠠᠩᠭᠠᠵᠤ᠂ ᠪᠠᠳᠤ ᠰᠠᠭᠤᠷᠢ ᠲᠠᠯᠪᠢᠬᠤ ᠨᠢ ᠯᠠᠪᠳᠠᠢ᠃ | ᠠᠷᠠᠳᠴᠢᠯᠠᠯ ᠤᠨ ᠬᠢᠨᠠᠯᠳᠠ ᠲᠠᠯᠪᠢᠵᠤ ᠨᠠᠶᠢᠳᠠᠪᠤᠷᠢᠵᠢᠭᠤᠯᠤᠯᠳᠠ ᠶᠢ ᠠᠬᠢᠭᠤᠯᠪᠠ᠃ ᠤᠯᠤᠰ ᠲᠦᠷᠦ ᠶᠢᠨ ᠵᠦᠪᠯᠠᠯᠬᠡᠨ ᠤ ᠬᠢᠨᠠᠯᠳᠠ ᠨᠢ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ︽ᠬᠠᠳᠠᠭᠤ ᠴᠢᠩᠭ᠎ᠠ ᠬᠢᠨᠠᠯᠳᠠ︾ ᠲᠠᠢ ᠠᠳᠠᠯᠢ | ᠦᠬᠡᠢ᠂ ᠲᠠᠷᠠ ᠨᠢ ᠭᠤᠤᠯᠳᠠᠯᠭ᠎ᠠ ᠶᠢ ᠠᠳᠬᠤᠭᠰᠠᠨ ᠰᠢᠬᠦᠮᠵᠢᠯᠠᠯ ᠪᠠ ᠰᠠᠨᠠᠭᠤᠯᠭ᠎ᠠ ᠪᠠᠷ ᠲᠠᠮᠵᠢᠨ᠂ ᠠᠵᠢᠯ ᠢ ᠠᠬᠢᠭᠤᠯᠳᠠᠭ ︽ᠵᠦᠬᠡᠯᠡᠨ ᠬᠢᠨᠠᠯᠳᠠ︾ ᠪᠤᠯᠤᠨ᠎ᠠ᠃ | ᠡᠬᠦᠨ ᠳᠤ ᠰᠠᠭᠤᠷᠢᠯᠠᠨ᠂ ᠪᠢᠳᠠ ᠭᠤᠤᠯᠳᠠᠯᠭ᠎ᠠ ᠲᠠᠢ ᠲᠤᠤᠷᠠᠬᠢ ᠲᠦᠷᠪᠡᠨ ᠲᠠᠯ᠎ᠠ ᠠᠴᠠ ᠤᠴᠢᠵᠤ ᠰᠦᠪᠡᠭᠴᠢᠯᠠᠨ ᠲᠤᠷᠰᠢᠪᠠ᠃ ᠨᠢᠬᠡ ᠳᠤ ᠵᠦᠪᠯᠠᠯᠬᠡ ᠬᠢᠵᠤ | ᠬᠢᠨᠠᠯᠳᠠ ᠲᠠᠯᠪᠢᠬᠤ ᠪᠠᠨ ᠲᠤᠪᠤᠶᠢᠯᠭᠠᠪᠠ᠃ ᠪᠤᠯᠪᠠᠰᠤᠨ ᠬᠤᠳᠠ ᠶᠢᠨ ᠡᠬᠦᠳᠦᠨ ᠪᠠᠶᠢᠭᠤᠯᠤᠯᠳᠠ ᠶᠢᠨ ᠪᠠᠶᠢᠴᠠᠭᠠᠯᠳᠠ ᠶᠢ ᠤᠭᠳᠤᠬᠤ᠂ ᠡᠵᠡᠩᠨᠠᠯᠳᠠ ᠬᠤᠳᠠᠯᠳᠤᠭᠠᠨ | ᠤ ᠤᠷᠴᠢᠨ ᠲᠤᠭᠤᠷᠢᠨ ᠢ ᠰᠢᠯᠢᠳᠡᠭᠵᠢᠬᠦᠯᠬᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠵᠠᠷᠬᠡ ᠰᠢᠢᠳᠪᠤᠷᠢ ᠪᠤᠳᠤᠯᠭ᠎ᠠ ᠪᠠᠶᠢᠷᠢᠯᠠᠭᠤᠯᠤᠯᠳᠠ | ᠶᠢᠨ ᠬᠡᠷᠡᠭᠵᠢᠬᠦᠯᠦᠭᠳᠡᠬᠦ ᠳᠤ ᠲᠦᠪᠯᠠᠷᠠᠬᠦᠯᠥᠨ᠂ ᠲᠤᠭᠤᠷᠢᠨ ᠪᠠᠶᠢᠴᠠᠭᠠᠯᠳᠠ ᠬᠢᠨᠠᠯᠳᠠ ᠪᠠᠷ ᠲᠠᠮᠵᠢᠨ ᠠᠰᠠᠭᠤᠳᠠᠯ ᠢ ᠢᠯᠠᠷᠠᠬᠦᠯᠬᠦ᠂ ᠬᠠᠷᠢᠭᠤᠴᠠᠯᠭ᠎ᠠ ᠪᠠᠨ ᠰᠠᠶᠢᠳᠤᠷ | ᠬᠦᠢᠴᠡᠳᠬᠡᠬᠦ ᠦᠬᠡᠢ ᠪᠠᠶᠢᠳᠠᠯ ᠤᠨ ᠲᠤᠭᠤᠷᠢᠨ ᠳᠤ ᠰᠢᠬᠦᠮᠵᠢᠯᠠᠨ ᠲᠤᠷᠠᠳᠬᠤ᠂ ᠬᠦᠷᠦᠯᠴᠠᠬᠦ ᠦᠬᠡᠢ ᠲᠠᠯ᠎ᠠ ᠤᠷᠤᠰᠢᠵᠤ ᠪᠠᠶᠢᠭ᠎ᠠ ᠪᠠᠶᠢᠳᠠᠯ ᠳᠤ ᠴᠢᠭᠯᠡᠬᠦᠯᠥᠨ ᠬᠠᠯᠠᠨ | ᠰᠠᠶᠢᠵᠢᠷᠠᠭᠤᠯᠬᠤ ᠪᠠᠷ ᠲᠠᠮᠵᠢᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠰᠢᠢᠳᠪᠤᠷᠢ ᠪᠤᠳᠤᠯᠭ᠎ᠠ ᠶᠢᠨ ᠬᠡᠷᠡᠭᠵᠢᠬᠦᠯᠦᠭᠳᠠᠬᠦ ᠶᠢ | ᠬᠦᠴᠦᠳᠠᠢ ᠠᠬᠢᠭᠤᠯᠤᠭᠰᠠᠨ ᠪᠠᠶᠢᠨ᠎ᠠ᠃ ᠤᠨᠴᠠᠭᠠᠶᠢᠯᠠᠨ ᠪᠦᠬᠦ ᠤᠯᠤᠰ ᠤᠨ ᠪᠤᠯᠪᠠᠰᠤᠨ ᠬᠤᠳᠠ ᠶᠢᠨ ᠡᠬᠦᠳᠦᠨ ᠪᠠᠶᠢᠭᠤᠯᠤᠯᠳᠠ ᠲᠤᠮᠳᠠ᠂ ᠪᠢᠳᠠ 2018 ᠤᠨ | ᠠᠴᠠ ᠡᠬᠢᠯᠠᠵᠤ᠂ ᠵᠢᠯ ᠪᠦᠷᠢ ᠨᠢᠬᠡ ᠰᠠᠷ᠎ᠠ ᠶᠢᠨ ᠬᠤᠭᠤᠴᠠᠭ᠎ᠠ ᠶᠢ ᠠᠰᠢᠭᠯᠠᠵᠤ᠂ ᠡᠬᠦᠳᠤᠨ ᠪᠠᠶᠢᠭᠤᠯᠤᠯᠳᠠ ᠶᠢᠨ ᠠᠵᠢᠯ ᠳᠤ ᠭᠤᠷᠪᠠᠨ ᠵᠢᠯ ᠲᠠᠷᠠᠭᠠᠯᠠᠨ | ᠠᠷᠠᠳᠴᠢᠯᠠᠯ ᠤᠨ ᠬᠢᠨᠠᠯᠳᠠ ᠲᠠᠯᠪᠢᠵᠤ᠂ ᠡᠯ᠎ᠡ ᠵᠦᠢᠯ ᠤᠨ ᠠᠰᠠᠭᠤᠳᠠᠯ ᠢ 1200 ᠢᠯᠠᠬᠦᠦ ᠵᠤᠷᠪᠤᠰ ᠢᠯᠠᠷᠠᠬᠦᠯᠤᠨ ᠲᠤᠰᠬᠠᠵᠤ᠂ ᠪᠦᠬᠦ ᠤᠯᠤᠰ ᠤᠨ ᠪᠤᠯᠪᠠᠰᠤᠨ | ᠬᠤᠳᠠ ᠶᠢᠨ ᠡᠬᠦᠳᠦᠨ ᠪᠠᠶᠢᠭᠤᠯᠤᠯᠳᠠ ᠳᠤ ᠭᠠᠷᠭᠠᠪᠠᠰᠤ ᠵᠤᠬᠢᠬᠤ ᠦᠢᠯᠠᠳᠤᠯ ᠢᠶᠠᠨ ᠪᠠᠳᠠᠷᠠᠭᠤᠯᠤᠭᠰᠠᠨ ᠪᠠᠶᠢᠨ᠎ᠠ᠃ ᠪᠠᠰᠠ ᠵᠢᠱᠢᠶᠠᠯᠠᠪᠠᠯ᠂ 2019 ᠤᠨ ᠤ | ᠡᠵᠡᠩᠨᠠᠯᠳᠠ ᠬᠤᠳᠠᠯᠳᠤᠭᠠᠨ ᠤ ᠤᠷᠴᠢᠨ ᠲᠤᠭᠤᠷᠢᠨ ᠢ ᠰᠢᠯᠢᠳᠡᠭᠵᠢᠬᠦᠯᠬᠦ ᠵᠦᠪᠯᠠᠯᠬᠡ ᠲᠤᠮᠳᠠ᠂ ᠨᠠᠶᠢᠬᠡᠮ ᠤᠨ ᠡᠯ᠎ᠡ ᠡᠳᠡᠬᠡᠳ ᠤᠨ ᠲᠤᠰᠬᠠᠭᠰᠠᠨ ᠠᠰᠠᠭᠤᠳᠠᠯ ᠳᠤ | ᠴᠢᠭᠯᠡᠬᠦᠯᠥᠨ᠂ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠰᠠᠨᠠᠭᠠᠴᠢᠯᠠᠭ᠎ᠠ ᠲᠠᠢ ᠪᠠᠷ ᠬᠦᠯᠢᠶᠠᠨ ᠠᠪᠴᠤ᠂ ᠵᠤᠷᠢᠭᠳᠠᠢ ᠪᠠᠷ ᠬᠠᠷᠢᠭᠤᠴᠠᠯᠭ᠎ᠠ | ᠡᠬᠦᠷᠬᠡᠯᠡᠨ᠂ ᠨᠠᠷᠢᠨ ᠬᠢᠨᠠᠮᠠᠭᠠᠢ ᠬᠠᠯᠠᠨ ᠰᠠᠶᠢᠵᠢᠷᠠᠭᠤᠯᠤᠨ᠎ᠠ ᠬᠡᠵᠤ ᠢᠯᠠᠷᠬᠡᠶᠢᠯᠡᠭᠰᠠᠨ ᠪᠠᠶᠢᠨ᠎ᠠ᠃ ᠡᠨᠡ ᠪᠤᠯ ᠲᠠᠷᠤᠢ ᠨᠠᠶᠢᠳᠡᠯᠢᠭ ᠤᠯᠤᠰ ᠲᠦᠷᠦ ᠶᠢᠨ ᠵᠦᠪᠯᠠᠯᠬᠡᠨ ᠤ | ᠬᠢᠨᠠᠯᠳᠠ᠂ ᠬᠢᠨᠠᠬᠤ ᠠᠴᠠ ᠪᠢᠰᠢ ᠠᠯᠪᠠᠳᠠᠬᠤ ᠦᠬᠡᠢ᠃ ᠬᠤᠶᠠᠷ ᠲᠤ ᠦᠨᠠᠯᠠᠯᠳᠠ ᠬᠢᠵᠤ ᠬᠢᠨᠠᠯᠳᠠ ᠲᠠᠯᠪᠢᠬᠤ ᠶᠢ ᠰᠦᠪᠡᠭᠴᠢᠯᠠᠪᠠ᠃ ︽ᠬᠠᠩᠬᠢᠨ ᠬᠤᠰᠢᠭᠤᠨ ᠤ | ᠤᠯᠤᠰ ᠲᠦᠷᠦ ᠶᠢᠨ ᠵᠦᠪᠯᠠᠯᠬᠡᠨ ᠤ ᠬᠡᠰᠢᠬᠦᠳ ᠤᠨ ᠠᠷᠠᠳᠴᠢᠯᠠᠯ ᠢᠶᠠᠷ ᠦᠨᠠᠯᠠᠵᠤ ᠬᠤᠪᠢ ᠲᠡᠮᠳᠡᠭᠯᠡᠬᠦ ᠠᠷᠭ᠎ᠠ ︵ᠲᠤᠷᠰᠢᠨ ᠬᠡᠷᠡᠭᠵᠢᠬᠦᠯᠬᠦ︶︾ ᠶᠢ ᠲᠤᠭᠳᠠᠭᠠᠵᠤ᠂ | ᠦᠨᠠᠯᠠᠯᠳᠠ ᠬᠢᠬᠦ ᠠᠭᠤᠯᠭ᠎ᠠ᠂ ᠠᠷᠭ᠎ᠠ ᠬᠡᠯᠪᠡᠷᠢ ᠠᠯᠬᠤᠮ ᠲᠠᠷᠠᠭ᠎ᠠ᠂ ᠦᠷ᠎ᠠ ᠳ᠋ᠦᠩ ᠤᠨ ᠬᠡᠷᠡᠭᠯᠠᠯᠳᠠ ᠵᠠᠷᠬᠡ ᠶᠢ ᠪᠦᠬᠦ ᠲᠠᠯ᠎ᠠ ᠪᠠᠷ ᠲᠦᠷᠢᠮᠵᠢᠬᠦᠯᠵᠤ᠂ ︽ | ᠲᠠᠷᠢᠬᠦᠯᠡᠭᠴᠢ ᠶᠢᠨ ᠦᠨᠠᠯᠡᠯᠳᠠ + ᠬᠡᠰᠢᠬᠦᠳ ᠤᠨ ᠦᠨᠠᠯᠠᠯᠳᠠ + ᠰᠠᠨᠠᠯ ᠲᠤᠷᠠᠳᠤᠯᠭ᠎ᠠ ᠶᠢᠨ ᠦᠨᠠᠯᠠᠯᠳᠠ + ᠵᠦᠪᠯᠠᠯ ᠠᠯᠪᠠᠨ ᠬᠡᠷ ᠤᠨ ᠦᠨᠠᠯᠠᠯᠳᠠ + ᠲᠤᠰᠬᠠᠢ | ᠲᠦᠷᠦᠯ ᠤᠨ ᠦᠨᠠᠯᠠᠯᠳᠠ︾ ᠶᠢᠨ ᠠᠷᠭ᠎ᠠ ᠶᠢ ᠬᠡᠷᠡᠭᠵᠢᠬᠦᠯᠬᠦ ᠪᠠᠷ ᠲᠠᠮᠵᠢᠨ᠂ ᠦᠩᠬᠡᠷᠡᠭᠰᠠᠨ ᠤ ᠬᠢᠨᠠᠯᠳᠠ ᠲᠠᠯᠪᠢᠬᠤ ᠳᠠᠭᠠᠨ ᠴᠢᠳᠠᠮᠠᠭᠠᠢ ᠪᠤᠰᠤ᠂ ᠬᠢᠨᠠᠯᠳᠠ ᠲᠠᠯᠪᠢᠬᠤ | ᠠᠴᠠ ᠲᠠᠳᠠᠭᠠᠯᠵᠠᠬᠤ ᠶᠢ ᠬᠤᠪᠢᠷᠠᠭᠤᠯᠵᠤ᠂ ᠤᠯᠤᠰ ᠲᠦᠷᠦ ᠶᠢᠨ ᠵᠦᠪᠯᠠᠯᠬᠡᠨ ᠤ ᠠᠷᠠᠳᠴᠢᠯᠠᠯ ᠤᠨ ᠬᠢᠨᠠᠯᠳᠠ ᠶᠢᠨ ᠦᠢᠯᠠᠳᠤᠯ ᠢ ᠪᠦᠳᠦᠮᠵᠢᠳᠠᠢ ᠪᠠᠳᠠᠷᠠᠭᠤᠯᠵᠤ᠂ | ᠡᠨᠡ ᠨᠢ ᠪᠦᠬᠦ ᠬᠤᠳᠠ ᠴᠢᠨᠠᠭᠰᠢᠯᠠᠪᠠᠯ ᠪᠦᠬᠦ ᠤᠷᠤᠨ ᠳᠤ ᠴᠤ ᠢᠳᠠᠪᠬᠢᠳᠠᠢ ᠠᠰᠢᠭᠳᠠᠢ ᠰᠦᠪᠡᠭᠴᠢᠯᠠᠯᠳᠠ ᠪᠤᠯᠬᠤ ᠶᠤᠮ᠃ ᠭᠤᠷᠪᠠ ᠳᠤ ᠰᠠᠨᠠᠯ ᠲᠤᠷᠠᠳᠤᠯᠭ᠎ᠠ ᠶᠢᠨ | ᠬᠢᠨᠠᠯᠳᠠ ᠶᠢ ᠨᠠᠶᠢᠳᠠᠪᠤᠷᠢᠵᠢᠭᠤᠯᠪᠠ᠃ ᠬᠤᠰᠢᠭᠤ ᠤᠯᠤᠰ ᠲᠦᠷᠦ ᠶᠢᠨ ᠵᠦᠪᠯᠠᠯᠬᠡᠨ ᠤ ᠠᠷᠪᠠᠨ ᠲᠠᠪᠤᠳᠤᠭᠠᠷ ᠬᠤᠭᠤᠴᠠᠭᠠᠨ ᠤ ᠨᠢᠬᠡᠳᠤᠬᠡᠷ ᠤᠳᠠᠭᠠᠨ ᠤ | ᠬᠤᠷᠠᠯᠳᠤᠭᠠᠨ ᠠᠴᠠ ᠨᠠᠰᠢ᠂ ᠨᠠᠶᠢᠳᠠ536 ᠬᠤᠪᠢ ᠰᠠᠨᠠᠯ ᠲᠤᠷᠠᠳᠤᠯᠭ᠎ᠠ ᠬᠦᠯᠢᠶᠠᠨ ᠠᠪᠴᠤ᠂ 506 ᠬᠤᠪᠢ ᠶᠢ ᠨᠢ ᠲᠠᠩᠰᠠᠯᠠᠵᠤ᠂ ᠠᠬᠤᠢ ᠲᠠᠯᠠᠪᠠᠢ ᠶᠢᠨ | ᠲᠤᠭᠤᠷᠢᠨ ᠪᠠᠶᠢᠴᠠᠭᠠᠯᠳᠠ᠂ ᠰᠠᠭᠤᠳᠠᠯ ᠤᠨ ᠬᠤᠷᠠᠯ ᠢᠶᠠᠷ ᠰᠠᠨᠠᠯ ᠪᠤᠳᠤᠯ ᠢᠶᠠᠨ ᠰᠤᠯᠢᠯᠴᠠᠬᠤ᠂ ᠲᠤᠰᠬᠠᠢ ᠰᠡᠳᠦᠪ ᠢᠶᠠᠷ ᠵᠦᠪᠯᠠᠬᠦ ᠵᠠᠷᠬᠡ ᠬᠡᠯᠪᠡᠷᠢ ᠪᠠᠷ ᠲᠠᠮᠵᠢᠨ᠂ | ᠰᠠᠨᠠᠯ ᠲᠤᠷᠠᠳᠤᠯᠭ᠎ᠠ ᠨᠢᠬᠡᠪᠤᠷᠢ ᠨᠢ ᠪᠦᠳᠦᠮᠵᠢᠳᠠᠢ ᠨᠠᠶᠢᠳᠠᠪᠤᠷᠢᠵᠢᠭᠳᠠᠵᠤ᠂ ᠤᠳᠤᠬᠠᠨ ᠪᠤᠯᠳᠠᠯ᠎ᠠ ᠪᠦᠬᠦ ᠰᠠᠨᠠᠯ ᠲᠤᠷᠠᠳᠤᠯᠭ᠎ᠠ ᠶᠢ ᠬᠦᠢᠴᠡᠳᠬᠡᠨ ᠪᠠᠷᠠᠭᠠᠵᠤ᠂ | ᠬᠦᠢᠴᠡᠳᠬᠡᠵᠤ ᠬᠠᠷᠢᠭᠤᠯᠳᠠ ᠦᠭᠬᠦᠭᠰᠠᠨ ᠨᠤᠷᠮ᠎ᠠ ᠨᠢ100% ᠳᠤ ᠬᠦᠷᠦᠭᠰᠠᠨ ᠪᠠᠶᠢᠨ᠎ᠠ᠃ ᠦᠬᠡᠷ᠎ᠡ ᠪᠠᠷ ᠬᠡᠯᠡᠪᠡᠯ᠂ ᠰᠠᠨᠠᠯ ᠲᠤᠷᠠᠳᠤᠯᠭ᠎ᠠ ᠨᠢᠬᠡᠪᠤᠷᠢ ᠶᠢ | ᠬᠦᠢᠴᠡᠳᠬᠡᠨ ᠨᠠᠶᠢᠳᠠᠪᠤᠷᠢᠵᠢᠭᠤᠯᠬᠤ ᠨᠢ ᠲᠠᠷᠤᠢ ᠨᠢᠬᠡ ᠤᠳᠠᠭᠠᠨ ᠤ ᠪᠦᠳᠦᠮᠵᠢᠳᠠᠢ ᠠᠷᠠᠳᠴᠢᠯᠠᠯ ᠤᠨ ᠬᠢᠨᠠᠯᠳᠠ ᠪᠤᠯᠤᠨ᠎ᠠ᠃ ᠲᠦᠷᠪᠡ ᠳᠤ ᠠᠷᠭ᠎ᠠ ᠵᠠᠮ ᠤᠨ | ᠬᠢᠨᠠᠯᠳᠠ ᠶᠢ ᠰᠢᠯᠤᠭᠤᠳᠬᠠᠪᠠ᠃ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ ᠢ ᠢᠳᠠᠪᠬᠢᠳᠠᠢ ᠪᠠᠷ ᠰᠤᠩᠭᠤᠨ ᠲᠤᠮᠢᠯᠠᠵᠤ᠂ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠰᠠᠭᠤᠳᠠᠯ ᠤᠨ ᠬᠤᠷᠠᠯ᠂ ᠰᠠᠨᠠᠯ ᠬᠤᠷᠢᠶᠠᠬᠤ ᠬᠤᠷᠠᠯ᠂ ᠠᠷᠠᠳᠴᠢᠯᠠᠯ ᠢᠶᠠᠷ ᠦᠨᠠᠯᠠᠬᠦ | ᠬᠤᠷᠠᠯ᠂ ᠬᠡᠷᠡᠴᠢᠯᠠᠯᠳᠠ ᠰᠤᠨᠤᠰᠬᠤ ᠲᠢᠩᠬᠢᠮ ᠤᠨ ᠰᠢᠬᠦᠯᠳᠠ ᠶᠢᠨ ᠬᠤᠷᠠᠯ ᠵᠠᠷᠬᠡ ᠡᠯ᠎ᠡ ᠲᠦᠷᠦᠯ ᠤᠨ ᠠᠵᠢᠯᠯᠠᠭ᠎ᠠ ᠳᠤ 100 ᠢᠯᠠᠬᠦᠦ ᠤᠳᠠᠭ᠎ᠠ ᠤᠷᠤᠯᠴᠠᠵᠤ᠂ | ᠵᠠᠰᠠᠭ ᠤᠨ ᠰᠤᠷᠳᠠᠯ ᠠᠵᠢᠯ ᠲᠦᠷᠦᠯ ᠤᠨ ᠰᠤᠷᠳᠠᠯ ᠢ ᠬᠤᠪᠢᠷᠠᠭᠤᠯᠬᠤ ᠶᠢ ᠠᠬᠢᠭᠤᠯᠬᠤ᠂ ᠤᠯᠠᠨ ᠲᠦᠮᠠᠨ ᠤ ᠬᠠᠨᠤᠮᠵᠢ ᠶᠢᠨ ᠬᠡᠮᠵᠢᠶ᠎ᠠ ᠶᠢ ᠲᠡᠬᠡᠭᠰᠢᠯᠠᠬᠦᠯᠬᠦ ᠳᠤ | ᠢᠳᠠᠪᠬᠢᠳᠠᠢ ᠦᠢᠯᠠᠳᠤᠯ ᠪᠠᠳᠠᠷᠠᠭᠤᠯᠬᠤ ᠶᠢᠨ ᠬᠠᠮᠳᠤ᠂ ᠤᠯᠤᠰ ᠲᠦᠷᠦ ᠶᠢᠨ ᠵᠦᠪᠯᠠᠯᠬᠡᠨ ᠤ ᠬᠡᠰᠢᠬᠦᠳ ᠤᠨ ᠬᠢᠨᠠᠯᠳᠠ ᠳᠤ ᠤᠷᠤᠯᠴᠠᠬᠤ ᠵᠠᠮ ᠮᠦᠷ ᠢ ᠤᠯᠠᠮ | ᠤᠯᠠᠨ ᠲᠠᠯᠠᠵᠢᠭᠤᠯᠵᠤ᠂ ᠤᠶᠤᠨ ᠤᠬᠠᠭᠠᠨ ᠢᠶᠠᠨ ᠲᠡᠪᠰᠢᠬᠦᠯᠬᠦ ᠠᠷᠭ᠎ᠠ ᠵᠠᠮ ᠢ ᠨᠡᠩ ᠰᠢᠯᠤᠭᠤᠳᠬᠠᠭᠰᠠᠨ ᠪᠠᠶᠢᠨ᠎ᠠ᠃ | ᠵᠠᠰᠠᠭ ᠤᠨ ᠶᠠᠪᠤᠳᠠᠯ ᠳᠤ ᠤᠷᠤᠯᠴᠠᠨ ᠵᠠᠰᠠᠭ ᠤᠨ ᠶᠠᠪᠤᠳᠠᠯ ᠢ ᠵᠦᠪᠯᠠᠵᠤ ᠤᠬᠢ ᠰᠠᠶᠢᠨ ᠠᠷᠭ᠎ᠠ ᠪᠤᠳᠤᠯᠭ᠎ᠠ ᠲᠠᠪᠰᠢᠬᠦᠯᠪᠠ᠃ ᠪᠦᠬᠦ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠪᠠ ᠠᠵᠤ ᠦᠢᠯᠠᠳᠪᠤᠷᠢ ᠶᠢᠨ ᠠᠵᠤ ᠠᠬᠤᠢ ᠶᠢᠨ ᠬᠦᠭᠵᠢᠯᠳᠠ᠂ ᠬᠦᠳᠡᠭᠡ ᠲᠤᠰᠬᠤᠨ ᠤ ᠤᠷᠤᠰᠢᠨ ᠰᠠᠭᠤᠷᠢᠰᠢᠬᠤ ᠤᠷᠴᠢᠨ | ᠲᠤᠭᠤᠷᠢᠨ ᠢ ᠴᠡᠭᠴᠠᠯᠠᠨ ᠵᠠᠰᠠᠬᠤ ᠪᠠ ᠵᠢᠵᠢᠭ ᠰᠠᠭᠤᠷᠢᠰᠢᠯ ᠤᠨ ᠪᠦᠳᠦᠬᠡᠨ ᠪᠠᠶᠢᠭᠤᠯᠤᠯᠳᠠ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠠ | ᠂ ᠢᠳᠠᠬᠡᠨ ᠡᠮ ᠤᠨ ᠵᠦᠢᠯᠠᠰ ᠤᠨ ᠬᠢᠨᠠᠯᠳᠠ ᠬᠠᠮᠢᠶᠠᠷᠤᠯᠳᠠ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠶᠠᠷᠤᠩᠬᠡᠶᠢᠯᠡᠭᠰᠠᠨ ᠨᠠᠬᠡᠬᠡᠨ ᠠᠰᠢᠭᠯᠠᠯᠳᠠ ᠪᠠ ᠬᠡᠷᠡᠭᠯᠠᠯᠳᠠ᠂ | ᠱᠠᠰᠢᠨ ᠰᠤᠷᠳᠠᠬᠤᠨ ᠤ ᠠᠵᠢᠯᠯᠠᠭᠠᠨ ᠤ ᠲᠠᠯᠠᠪᠤᠷ ᠤᠨ ᠡᠷᠬᠢᠯᠳᠠ ᠬᠠᠮᠢᠶᠠᠷᠤᠯᠳᠠ ᠪᠠ ᠦᠨᠳᠤᠰᠤᠳᠠᠨ ᠤ ᠰᠤᠶᠤᠯ ᠢ ᠤᠯᠠᠮᠵᠢᠯᠠᠨ ᠬᠦᠭᠵᠢᠬᠦᠯᠬᠦ ᠵᠠᠷᠬᠡ 20 ᠢᠯᠠᠬᠦᠦ | ᠲᠤᠰᠬᠠᠢ ᠰᠡᠳᠦᠪ ᠤᠨ ᠲᠤᠭᠤᠷᠢᠨ ᠳᠤ ᠬᠦᠨᠵᠡᠬᠡᠢ ᠪᠠᠶᠢᠴᠠᠭᠠᠨ ᠰᠤᠳᠤᠯᠤᠯᠳᠠ ᠶᠢᠨ ᠠᠵᠢᠯᠯᠠᠭ᠎ᠠ ᠦᠷᠨᠢᠬᠦᠯᠵᠤ᠂ 20 ᠢᠯᠠᠬᠦᠦ ᠬᠤᠪᠢ ᠰᠠᠨᠠᠯ ᠰᠠᠨᠠᠭᠤᠯᠭ᠎ᠠ ᠶᠢᠨ | ᠲᠤᠰᠬᠠᠢ ᠰᠤᠨᠢᠨ ᠢ ᠮᠠᠳᠠᠬᠦᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠨᠵᠢᠯᠠᠬᠦ ᠤᠬᠠᠭᠠᠨᠴᠢ ᠰᠢᠢᠳᠪᠤᠷᠢ ᠪᠤᠳᠤᠯᠭ᠎ᠠ ᠳᠤ ᠯᠠᠪᠯᠠᠯᠳᠠ | ᠬᠠᠩᠭᠠᠵᠤ᠂ ᠬᠤᠯᠪᠤᠭᠳᠠᠯ ᠪᠦᠬᠦᠢ ᠠᠵᠢᠯ ᠤᠨ ᠠᠬᠢᠴᠠ ᠶᠢ ᠲᠦᠷᠬᠡᠳᠬᠡᠭᠰᠠᠨ ᠪᠠᠶᠢᠨ᠎ᠠ᠃ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠦᠢᠯᠠᠳᠤᠯ ᠴᠢᠳᠠᠪᠬᠢ ᠶᠢ | ᠪᠠᠳᠠᠷᠠᠭᠤᠯᠬᠤ ᠪᠠ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠠᠬᠦᠨ ᠤ ᠡᠯᠧᠺᠲᠷᠤᠨ ᠬᠤᠳᠠᠯᠳᠤᠭᠠᠨ ᠤ ᠲᠠᠪᠴᠠᠩ ᠤᠨ ᠪᠠᠶᠢᠭᠤᠯᠤᠯᠳᠠ᠂ ᠤᠳᠤ ᠦᠶ᠎ᠠ | ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠳᠦᠬᠡᠨ ᠪᠠᠶᠢᠭᠤᠯᠤᠯᠳᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠠᠰ ᠤᠨ ᠪᠦᠳᠦᠴᠠ ᠶᠢ | ᠲᠤᠬᠢᠷᠠᠭᠤᠯᠬᠤ ᠵᠠᠷᠬᠡ 7 ᠰᠡᠳᠦᠪ ᠤᠨ ᠲᠤᠭᠤᠷᠢᠨ ᠳᠤ᠂ ᠬᠡᠰᠢᠬᠦᠳ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢ ᠵᠤᠬᠢᠶᠠᠨ ᠪᠠᠶᠢᠭᠤᠯᠵᠤ᠂ | ᠤᠯᠤᠰ ᠤᠨ ᠲᠤᠳᠤᠭᠠᠳᠤ ᠶᠢᠨ ᠬᠦᠭᠵᠢᠭᠰᠡᠨ ᠭᠠᠵᠠᠷ ᠤᠷᠤᠨ ᠢᠶᠠᠷ ᠲᠤᠭᠤᠷᠢᠨ ᠰᠤᠷᠤᠯᠴᠠᠭᠤᠯᠵᠤ᠂ ᠲᠠᠷᠢᠬᠦᠨ ᠤ ᠲᠤᠷᠰᠢᠯᠭ᠎ᠠ ᠪᠠ ᠠᠮᠵᠢᠯᠳᠠ ᠲᠠᠢ ᠠᠷᠭ᠎ᠠ ᠪᠠᠷᠢᠯ | ᠢᠶᠠᠷ ᠰᠤᠷᠭᠠᠮᠵᠢ ᠪᠤᠯᠭᠠᠨ᠂ ᠠᠵᠢᠯ ᠢᠶᠠᠨ ᠬᠠᠯᠠᠨ ᠰᠠᠶᠢᠵᠢᠷᠠᠭᠤᠯᠬᠤ ᠪᠠ ᠲᠠᠬᠦᠯᠳᠡᠷᠵᠢᠬᠦᠯᠬᠦ ᠰᠡᠳᠬᠢᠴᠠ ᠪᠠ ᠰᠠᠨᠠᠭᠤᠯᠭ᠎ᠠ ᠶᠢ ᠲᠤᠷᠠᠳᠤᠨ ᠭᠠᠷᠭᠠᠵᠤ᠂ ᠬᠤᠰᠢᠭᠤ ᠨᠠᠮ | ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠨᠤᠳᠠᠯᠠᠯᠳᠠ ᠶᠢ ᠬᠦᠷᠳᠡᠭᠰᠠᠨ ᠪᠠᠶᠢᠨ᠎ᠠ᠃ | — ᠲᠦᠷᠪᠡᠨ ᠵᠢᠯ ᠢᠯᠠᠬᠦᠦ ᠶᠢᠨ ᠲᠤᠷᠰᠢᠳᠠ᠂ ᠪᠢᠳᠠ ᠬᠤᠶᠠᠷ ᠶᠡᠭᠡ ᠭᠤᠤᠯ ᠰᠡᠳᠦᠪ ᠢ ᠪᠠᠳᠤ ᠡᠵᠡᠮᠳᠠᠵᠤ᠂ ᠬᠤᠷᠰᠢᠵᠤ ᠬᠠᠮᠳᠤ ᠠᠵᠢᠯᠯᠠᠬᠤ ᠲᠤᠮᠳᠠ | ᠬᠠᠮᠳᠤ ᠶᠢᠨ ᠲᠠᠨᠢᠯᠳᠠ ᠪᠠᠨ ᠨᠢᠬᠳᠠᠷᠠᠭᠤᠯᠬᠤ ᠶᠢ ᠬᠦᠨᠵᠡᠬᠡᠶᠢᠷᠠᠬᠦᠯᠪᠠ | ᠤᠯᠤᠰ ᠲᠦᠷᠦ ᠶᠢᠨ ᠵᠦᠪᠯᠠᠯᠬᠡᠨ ᠤ ᠲᠥᠯᠥᠬᠡᠯᠡᠬᠦ ᠴᠢᠨᠠᠷ ᠴᠢᠩᠭ᠎ᠠ᠂ ᠬᠠᠷᠢᠯᠴᠠᠬᠤ ᠬᠡᠪᠴᠢᠶ᠎ᠠ ᠦᠷᠬᠡᠨ᠂ ᠪᠠᠭᠳᠠᠭᠠᠮᠵᠢᠳᠤ ᠴᠢᠨᠠᠷ ᠢᠶᠠᠷ ᠶᠡᠭᠡ ᠵᠠᠷᠬᠡ | ᠲᠠᠪᠠᠭᠤᠯᠢᠭ ᠢ ᠬᠦᠢᠴᠡᠳ ᠪᠠᠳᠠᠷᠠᠭᠤᠯᠤᠨ᠂ ᠬᠠᠷᠢᠯᠴᠠᠵᠤ ᠨᠦᠬᠦᠷᠯᠠᠬᠦ᠂ ᠰᠠᠨᠠᠯ ᠪᠤᠳᠤᠯ ᠢᠶᠠᠨ ᠰᠤᠯᠢᠯᠴᠠᠬᠤ᠂ ᠪᠦᠯᠬᠦᠮᠳᠠᠨ ᠨᠢᠬᠳᠠᠷᠠᠵᠤ ᠴᠢᠳᠠᠪᠤᠷᠢᠳᠠᠨ ᠬᠦᠮᠤᠵᠢᠬᠦᠯᠬᠦ | ︽ᠭᠤᠷᠪᠠ ᠶᠢ ᠨᠢᠬᠡ ᠴᠤᠭᠴᠠᠵᠢᠭᠤᠯᠤᠭᠰᠠᠨ︾ ᠬᠠᠮᠳᠤᠷᠠᠯ ᠤᠨ ᠬᠦᠴᠦ ᠶᠢ ᠨᠠᠶᠢᠳᠠᠪᠤᠷᠢᠵᠢᠭᠤᠯᠵᠤ᠂ ᠠᠰᠢᠭᠯᠠᠵᠤ ᠪᠤᠯᠬᠤ ᠲᠠᠪᠴᠠᠩ ᠨᠢᠬᠡᠪᠤᠷᠢ ᠶᠢ ᠠᠰᠢᠭᠯᠠᠨ᠂ | ᠬᠠᠩᠬᠢᠨ ᠤ ᠦᠯᠢᠬᠡᠷ ᠢ ᠰᠠᠶᠢᠳᠤᠷ ᠬᠦᠤᠷᠨᠢᠵᠤ᠂ ᠪᠦᠯᠬᠦᠮᠳᠠᠵᠤ ᠪᠤᠯᠬᠤ ᠬᠦᠴᠦᠨ ᠪᠦᠬᠦᠨ ᠲᠠᠢ ᠪᠦᠯᠬᠦᠮᠳᠠᠵᠤ᠂ ᠬᠠᠩᠬᠢᠨ ᠤ ᠬᠦᠭᠵᠢᠯᠳᠠ ᠳᠤ ᠬᠦᠴᠦ ᠨᠠᠮᠠᠷᠢᠯᠠᠪᠠ᠃ | | ᠪᠦᠯᠬᠦᠮᠳᠠᠵᠤ ᠨᠦᠬᠦᠷᠯᠠᠬᠦ ᠪᠠᠨ ᠴᠢᠩᠭᠠᠳᠬᠠᠪᠠ᠃ ᠬᠡᠰᠢᠬᠦᠳ ᠲᠠᠢ ᠬᠠᠷᠢᠯᠴᠠᠬᠤ ᠲᠦᠷᠢᠮ ᠢ ᠤᠯᠠᠮ ᠨᠢᠬᠡ ᠠᠯᠬᠤᠮ ᠲᠠᠬᠦᠯᠳᠡᠷᠵᠢᠬᠦᠯᠵᠤ᠂ ᠤᠯᠤᠰ ᠲᠦᠷᠦ | ᠶᠢᠨ ᠵᠦᠪᠯᠠᠯᠬᠡᠨ ᠤ ᠬᠡᠰᠢᠬᠦᠳ ᠲᠤ ᠬᠠᠮᠢᠶ᠎ᠠ ᠪᠦᠬᠦᠢ ᠴᠢᠬᠤᠯᠠ ᠬᠤᠷᠠᠯᠳᠤᠭᠠᠨ ᠤ ᠵᠤᠷᠢᠭ ᠰᠠᠨᠠᠭ᠎ᠠ ᠪᠠ ᠴᠢᠬᠤᠯᠠ ᠠᠵᠢᠯ ᠤᠨ ᠲᠤᠬᠢᠷᠠᠭᠤᠯᠤᠯᠳᠠ ᠶᠢ ᠴᠠᠭ ᠲᠠᠷᠤᠢ | ᠳᠤᠨᠢ ᠲᠠᠮᠵᠢᠭᠤᠯᠵᠤ᠂ ᠬᠡᠰᠢᠬᠦᠳ ᠤᠨ ᠦᠵᠠᠯ ᠰᠠᠨᠠᠭ᠎ᠠ ᠪᠠ ᠦᠢᠯᠠ ᠠᠵᠢᠯᠯᠠᠭ᠎ᠠ ᠶᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠤᠷᠢ | ᠪᠤᠳᠤᠯᠭ᠎ᠠ ᠪᠠᠶᠢᠷᠢᠯᠠᠭᠤᠯᠤᠯᠳᠠ ᠲᠠᠢ ᠦᠨᠠᠨᠬᠦ ᠨᠢᠬᠡᠳᠤᠬᠦᠯᠪᠠ᠃ ᠤᠯᠤᠰ ᠲᠦᠷᠦ ᠶᠢᠨ ᠵᠦᠪᠯᠠᠯᠬᠡᠨ ᠤ ᠬᠡᠰᠢᠬᠦᠳ ᠢ ᠵᠤᠬᠢᠶᠠᠨ ᠪᠠᠶᠢᠭᠤᠯᠤᠨ ᠲᠠᠶᠢᠴᠢᠯᠠᠵᠤ ᠦᠨᠳᠤᠰᠤᠨ | ᠱᠠᠳᠤᠨ ᠤ ᠨᠢᠬᠡᠳᠤᠬᠡᠷ ᠹᠷᠤᠨᠲ᠂ ᠲᠦᠷᠦᠯ ᠵᠦᠢᠯ ᠤᠨ ᠠᠬᠤᠢ ᠲᠠᠯᠠᠪᠠᠢ ᠳᠤ ᠬᠦᠨᠵᠡᠬᠡᠶᠢᠷᠠᠨ᠂ ᠵᠦᠪ ᠲᠠᠯ᠎ᠠ ᠠᠴᠠ ᠦᠬᠦᠯᠠᠵᠤ᠂ ᠡᠷᠴᠢ ᠵᠤᠷᠢᠭ ᠢ ᠨᠢ ᠬᠦᠪᠴᠢᠯᠠᠨ᠂ | ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠠᠪᠰᠢᠬᠦᠯᠵᠤ᠂ ᠡᠯ᠎ᠡ ᠡᠳᠡᠬᠡᠳ ᠤᠨ ᠬᠦᠮᠦᠰ ᠤᠨ ᠦᠬᠡᠷᠡᠴᠢᠯᠠᠯᠳᠠ ᠬᠦᠭᠵᠢᠬᠦᠯᠥᠯᠳᠠ ᠳᠤ ᠤᠷᠤᠯᠴᠠᠬᠤ ᠬᠠᠮᠳᠤ | ᠶᠢᠨ ᠲᠠᠨᠢᠯᠳᠠ ᠶᠢ ᠬᠠᠮᠤᠭ ᠶᠡᠭᠡ ᠬᠡᠮᠵᠢᠶ᠎ᠠ ᠪᠠᠷ ᠨᠢᠬᠳᠠᠷᠠᠭᠤᠯᠤᠭᠰᠠᠨ ᠪᠠᠶᠢᠨ᠎ᠠ᠃ ᠡᠯ᠎ᠡ ᠡᠳᠡᠬᠡᠳ ᠤᠨ ᠬᠦᠮᠤᠰ ᠤᠨ ᠬᠤᠷᠰᠢᠨ ᠨᠦᠬᠦᠷᠯᠠᠬᠦ ᠲᠠᠪᠴᠠᠩ ᠢ ᠢᠳᠠᠪᠬᠢᠳᠠᠢ | ᠪᠤᠢ ᠪᠤᠯᠭᠠᠵᠤ᠂ ᠦᠢᠯᠠᠳᠪᠤᠷᠢ ᠬᠤᠳᠠᠯᠳᠤᠭᠠᠨ ᠤ ᠬᠤᠯᠪᠤᠭ᠎ᠠ᠂ ᠡᠯ᠎ᠡ ᠠᠷᠠᠳ ᠤᠨ ᠪᠦᠯᠬᠦᠮ ᠪᠠ ᠨᠠᠮ ᠪᠦᠯᠦᠭ ᠤᠨ ᠪᠤᠰᠤ ᠬᠦᠮᠦᠰ ᠯᠤᠭ᠎ᠠ ᠶᠢᠨ ᠰᠤᠯᠢᠯᠴᠠᠭ᠎ᠠ | ᠬᠠᠷᠢᠯᠴᠠᠭ᠎ᠠ ᠪᠠᠨ ᠴᠢᠩᠭᠠᠳᠬᠠᠨ᠂ ᠰᠠᠨᠠᠯ ᠪᠤᠳᠤᠯ ᠢᠶᠠᠨ ᠰᠤᠯᠢᠯᠴᠠᠬᠤ ᠲᠤᠮᠳᠠ ᠲᠦᠷᠦ ᠶᠢᠨ ᠪᠤᠳᠤᠯᠭ᠎ᠠ ᠶᠢ ᠤᠬᠠᠭᠤᠯᠤᠨ᠂ ᠰᠡᠵᠢᠭ ᠡᠬᠡᠳᠡᠷᠡᠬᠡᠨ ᠢ ᠲᠠᠶᠢᠯᠤᠨ | ᠠᠷᠢᠯᠭᠠᠵᠤ᠂ ᠬᠦᠮᠦᠰ ᠤᠨ ᠰᠡᠳᠬᠢᠯ ᠢ ᠨᠢᠬᠳᠠᠷᠠᠭᠤᠯᠤᠨ᠂ ᠤᠯᠤᠰ ᠲᠦᠷᠦ ᠶᠢᠨ ᠵᠦᠪᠯᠠᠯᠬᠡᠨ ᠤ ᠲᠠᠪᠴᠠᠩ ᠢᠶᠠᠷ ᠰᠠᠨᠠᠯ ᠢᠶᠠᠨ ᠢᠯᠠᠳᠬᠡᠬᠦ ᠶᠢ ᠵᠤᠷᠢᠭᠵᠢᠭᠤᠯᠤᠭᠰᠠᠨ | ᠪᠠᠶᠢᠨ᠎ᠠ᠃ ᠴᠦᠬᠡᠨ ᠲᠤᠭᠠᠳᠤ ᠦᠨᠳᠤᠰᠤᠳᠠᠨ᠂ ᠱᠠᠰᠢᠨ ᠰᠤᠷᠳᠠᠬᠤᠨ ᠤ ᠡᠳᠡᠬᠡᠳ ᠤᠨ ᠲᠥᠯᠥᠬᠡᠯᠡᠭᠴᠢ ᠬᠦᠮᠦᠰ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ | ᠴᠦᠬᠡᠨ ᠲᠤᠭᠠᠳᠤ ᠦᠨᠳᠤᠰᠤᠳᠠᠨ ᠪᠠ ᠱᠠᠰᠢᠨ ᠰᠤᠷᠳᠠᠬᠤᠨ ᠤ ᠡᠳᠡᠬᠡᠳ ᠤᠨ ᠪᠤᠳᠠᠳᠠᠢ ᠬᠦᠴᠢᠷᠳᠠᠯ ᠢ ᠢᠳᠠᠪᠬᠢᠳᠠᠢ ᠰᠢᠢᠳᠪᠤᠷᠢᠯᠠᠵᠤ᠂ ᠲᠠᠳᠠᠨᠤᠰ ᠤᠨ ᠡᠶ᠎ᠡ | ᠵᠤᠬᠢᠴᠠᠯᠳᠤ ᠨᠠᠶᠢᠬᠡᠮ ᠢ ᠡᠬᠦᠳᠦᠨ ᠪᠠᠶᠢᠭᠤᠯᠬᠤ ᠲᠤᠮᠳᠠᠬᠢ ᠢᠳᠠᠪᠬᠢᠳᠠᠢ ᠦᠢᠯᠠᠳᠤᠯ ᠢ ᠪᠠᠳᠠᠷᠠᠭᠤᠯᠤᠨ᠂ ᠦᠨᠳᠤᠰᠤᠳᠠᠨ ᠤ ᠪᠦᠯᠬᠦᠮᠳᠠᠯ ᠪᠠ ᠱᠠᠰᠢᠨ ᠰᠤᠷᠳᠠᠬᠤᠨ ᠤ | ᠡᠪ ᠨᠠᠶᠢᠷᠠᠮᠳᠠᠭᠤ ᠶᠢ ᠠᠬᠢᠭᠤᠯᠤᠭᠰᠠᠨ ᠪᠠᠶᠢᠨ᠎ᠠ᠃ | ᠬᠠᠮᠳᠤᠷᠠᠨ ᠠᠵᠢᠯᠯᠠᠵᠤ ᠰᠠᠨᠠᠯ ᠪᠤᠳᠤᠯ ᠢᠶᠠᠨ ᠰᠤᠯᠢᠯᠴᠠᠬᠤ ᠶᠢ ᠴᠢᠩᠭᠠᠳᠬᠠᠪᠠ᠃ ᠪᠦᠬᠦ ᠤᠯᠤᠰ ᠤᠨ ᠤᠯᠤᠰ ᠲᠦᠷᠦ ᠶᠢᠨ ᠵᠦᠪᠯᠠᠯᠬᠡᠨ᠂ ᠦᠪᠠᠷᠳᠠᠬᠡᠨ | ᠵᠠᠰᠠᠬᠤ ᠤᠷᠤᠨ ᠤ ᠤᠯᠤᠰ ᠲᠦᠷᠦ ᠶᠢᠨ ᠵᠦᠪᠯᠠᠯᠬᠡᠨ᠂ ᠬᠤᠳᠠ ᠶᠢᠨ ᠤᠯᠤᠰ ᠲᠦᠷᠦ ᠶᠢᠨ ᠵᠦᠪᠯᠠᠯᠬᠡᠨ ᠲᠠᠢ ᠬᠠᠮᠵᠢᠯᠴᠠᠨ ᠠᠭᠠᠷ ᠮᠠᠨᠳᠠᠯ ᠤᠨ ᠪᠤᠬᠢᠷᠳᠤᠯ ᠢ | ᠵᠠᠰᠠᠬᠤ᠂ ᠡᠯᠡᠰᠤᠨ ᠤ ᠡᠪᠡᠰᠤᠨ ᠦᠢᠯᠠᠰ ᠤᠨ ᠬᠦᠭᠵᠢᠯᠳᠠ᠂ ᠤᠰᠤᠨ ᠤ ᠡᠬᠢ ᠪᠠᠶᠠᠯᠢᠭ ᠢ ᠰᠢᠨᠵᠢᠯᠠᠬᠦ ᠤᠬᠠᠭᠠᠨᠴᠢ ᠪᠠᠷ ᠬᠠᠮᠠᠭᠠᠯᠠᠨ ᠬᠡᠷᠡᠭᠯᠠᠬᠦ᠂ ᠬᠦᠳᠡᠭᠡ | ᠲᠤᠰᠬᠤᠨ ᠮᠠᠯᠵᠢᠬᠤ ᠤᠷᠤᠨ ᠤ ᠡᠵᠡᠩᠨᠠᠯᠳᠠ ᠶᠢᠨ ᠬᠡᠯᠪᠡᠷᠢ ᠳᠤ ᠰᠢᠨ᠎ᠠ ᠶᠢ ᠡᠬᠦᠳᠬᠦ ᠵᠠᠷᠬᠡ 30 ᠢᠯᠠᠬᠦᠦ ᠲᠦᠷᠦᠯ ᠤᠨ ᠲᠤᠰᠬᠠᠢ ᠰᠡᠳᠦᠪᠳᠤ ᠪᠠᠶᠢᠴᠠᠭᠠᠨ | ᠰᠤᠳᠤᠯᠤᠯᠳᠠ ᠲᠤᠭᠤᠷᠢᠨ ᠪᠠᠶᠢᠴᠠᠭᠠᠯᠳᠠ ᠶᠢᠨ ᠠᠵᠢᠯᠯᠠᠭ᠎ᠠ ᠶᠢ ᠪᠠᠶᠠᠯᠠᠬᠦᠯᠵᠤ᠂ ᠪᠠᠶᠢᠳᠠᠯ ᠢ ᠰᠠᠨᠠᠭᠠᠴᠢᠯᠠᠭ᠎ᠠ ᠲᠠᠢ ᠲᠤᠰᠬᠠᠨ᠂ ᠲᠠᠬᠡᠳᠤ ᠱᠠᠳᠤᠨ ᠤ ᠲᠠᠮᠵᠢᠯᠬᠡ ᠶᠢ | ᠢᠳᠠᠪᠬᠢᠳᠠᠢ ᠤᠯᠤᠭᠰᠠᠨ ᠪᠠᠶᠢᠨ᠎ᠠ᠃ ᠬᠠᠷᠢᠯᠴᠠᠵᠤ ᠨᠦᠬᠦᠷᠯᠠᠬᠦ ᠪᠠᠨ ᠴᠢᠩᠭᠠᠳᠬᠠᠵᠤ᠂ ᠡᠯ᠎ᠡ ᠭᠠᠵᠠᠷ ᠤᠨ ᠤᠯᠤᠰ ᠲᠦᠷᠦ ᠶᠢᠨ ᠵᠦᠪᠯᠠᠯᠬᠡᠨ ᠤ 60 ᠭᠠᠷᠤᠢ | ᠲᠤᠭᠤᠷᠢᠨ ᠦᠵᠠᠵᠤ ᠪᠠᠶᠢᠴᠠᠭᠠᠨ ᠰᠤᠳᠤᠯᠬᠤ ᠲᠤᠭᠤᠶᠢᠯᠠᠩ ᠢ ᠵᠤᠬᠢᠴᠠᠭᠤᠯᠵᠤ ᠬᠦᠯᠢᠶᠠᠨ ᠠᠪᠴᠤ᠂ ᠠᠵᠢᠯ ᠤᠨ ᠲᠤᠷᠰᠢᠯᠭ᠎ᠠ ᠪᠠᠨ ᠰᠤᠯᠢᠯᠴᠠᠬᠤ᠂ ᠪᠦᠯᠬᠦᠮᠳᠠᠵᠤ | ᠬᠠᠮᠳᠤᠷᠠᠨ ᠠᠵᠢᠯᠯᠠᠬᠤ ᠶᠢ ᠠᠬᠢᠭᠤᠯᠬᠤ ᠲᠤᠮᠳᠠ ᠪᠠᠨ᠂ ᠮᠠᠨ ᠤ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠠᠰ ᠤᠨ ᠠᠮᠵᠢᠯᠳᠠ ᠪᠦᠳᠦᠮᠵᠢ ᠶᠢ ᠢᠳᠠᠪᠬᠢᠳᠠᠢ | ᠤᠬᠠᠭᠤᠯᠵᠤ᠂ ᠮᠠᠨ ᠤ ᠬᠤᠰᠢᠭᠤᠨ ᠤ ᠨᠠᠷᠠ ᠠᠯᠳᠠᠷᠰᠢᠯ᠂ ᠨᠥᠯᠥᠬᠡᠯᠡᠬᠦ ᠬᠦᠴᠦᠨ ᠢ ᠴᠢᠨᠡᠭᠡ ᠪᠠᠷ ᠢᠶᠠᠨ ᠲᠡᠬᠡᠭᠰᠢᠯᠠᠬᠦᠯᠦᠭᠰᠠᠨ ᠪᠠᠶᠢᠨ᠎ᠠ᠃ ᠪᠢᠩᠲ᠋ᠤᠸᠠᠨ ᠰᠤᠶᠤᠯ | ᠤᠨ ᠰᠤᠳᠤᠯᠭᠠᠨ ᠤ ᠬᠤᠷᠠᠯ ᠤᠨ ᠠᠵᠢᠯ ᠢ ᠲᠠᠮᠵᠢᠵᠤ᠂ ᠪᠢᠩᠲ᠋ᠤᠸᠠᠨ ᠤ ᠪᠠᠶᠢᠯᠳᠤᠭᠴᠢ ᠶᠢᠨ ᠲᠤᠭᠤᠷᠢᠨ ᠦᠵᠠᠵᠤ ᠠᠶᠢᠯᠴᠢᠯᠠᠬᠤ ᠶᠢ ᠤᠷᠢᠵᠤ᠂ ᠨᠠᠶᠢᠳᠠ 2000 | ᠢᠯᠠᠬᠦᠦ ᠬᠦᠮᠦᠨ ᠤᠳᠠᠭ᠎ᠠ ᠬᠦᠯᠢᠶᠠᠨ ᠠᠪᠤᠪᠠ᠃ ᠪᠦᠬᠦ ᠬᠤᠳᠠ ᠶᠢᠨ ᠤᠯᠤᠰ ᠲᠦᠷᠦ ᠶᠢᠨ ᠵᠦᠪᠯᠠᠯᠬᠡᠨ ᠤ ᠰᠢᠰᠲ᠋ᠧᠮ ᠤᠨ ᠲᠤᠯᠤᠳᠤᠭᠠᠷ ᠬᠤᠭᠤᠴᠠᠭᠠᠨ ᠤ | ᠠᠵᠢᠯᠳᠠᠳ ᠤᠨ ᠲᠠᠮᠢᠷ ᠤᠨ ᠤᠷᠤᠯᠳᠤᠭᠠᠨ ᠢ ᠠᠮᠵᠢᠯᠳᠠᠳᠠᠢ ᠲᠠᠭᠠᠭᠠᠨ ᠡᠷᠬᠢᠯᠠᠵᠤ᠂ ᠶᠠᠷᠤᠩᠬᠡᠢ ᠬᠤᠪᠢ ᠨᠢᠬᠡᠳᠤᠬᠡᠷ ᠤᠨ ᠰᠢᠯᠢᠳᠡᠭ ᠪᠦᠳᠦᠮᠵᠢ ᠶᠢ ᠬᠦᠷᠳᠠᠵᠤ᠂ | ᠪᠢᠳᠠᠨ ᠤ ᠪᠦᠯᠬᠦᠮᠳᠠᠵᠤ ᠬᠠᠮᠳᠤᠷᠠᠨ ᠠᠵᠢᠯᠯᠠᠬᠤ᠂ ᠡᠷᠡᠮᠡᠬᠡᠶᠢᠯᠠᠨ ᠲᠠᠮᠠᠴᠠᠬᠦ᠂ ᠵᠤᠷᠢᠭᠳᠠᠢ ᠪᠠᠷ ᠠᠮᠵᠢᠯᠳᠠ ᠤᠯᠬᠤ ᠤᠶᠤᠨ ᠰᠠᠨᠠᠭᠠᠨ ᠤ ᠲᠦᠷᠰᠤ ᠪᠠᠶᠢᠳᠠᠯ ᠢ | ᠬᠠᠷᠠᠭᠤᠯᠤᠭᠰᠠᠨ ᠪᠠᠶᠢᠨ᠎ᠠ᠃ | ᠰᠤᠶᠤᠯ ᠲᠠᠤᠬᠡ ᠶᠢᠨ ᠮᠠᠲ᠋ᠧᠷᠢᠶᠠᠯ ᠢ ᠡᠮᠬᠢᠳᠬᠡᠨ ᠨᠠᠶᠢᠷᠠᠭᠤᠯᠬᠤ ᠪᠠ ᠦᠷ᠎ᠠ ᠪᠦᠳᠦᠮᠵᠢ ᠶᠢ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠪᠠ᠃ ᠪᠢᠳᠠ ᠰᠤᠶᠤᠯ | ᠲᠠᠤᠬᠡ ᠶᠢᠨ ᠮᠠᠲ᠋ᠧᠷᠢᠶᠠᠯ ᠤᠨ ᠬᠦᠴᠦ ᠬᠠᠮᠳᠤᠳᠬᠠᠨ ᠬᠦᠮᠤᠵᠢᠬᠦᠯᠬᠦ ᠦᠢᠯᠠᠳᠤᠯ ᠢ ᠪᠠᠳᠠᠷᠠᠭᠤᠯᠬᠤ ᠶᠢ ᠴᠢᠬᠤᠯᠠᠴᠢᠯᠠᠨ᠂ 24 ᠨᠠᠷᠠ ᠲᠤᠰᠢᠶᠠᠯ ᠬᠠᠪᠰᠤᠷᠭᠠᠭᠰᠠᠨ | ᠰᠤᠶᠤᠯ ᠲᠠᠤᠬᠡ ᠶᠢᠨ ᠲᠤᠰᠬᠠᠢ ᠠᠵᠢᠯᠳᠠᠨ ᠢ ᠤᠷᠢᠵᠤ᠂ ᠰᠤᠶᠤᠯ ᠲᠠᠤᠬᠡ ᠶᠢᠨ ᠮᠠᠲ᠋ᠧᠷᠢᠶᠠᠯ ᠢ ᠡᠮᠬᠢᠳᠬᠡᠨ ᠨᠠᠶᠢᠷᠠᠭᠤᠯᠬᠤ ᠡᠩᠨᠡᠭᠡ ᠪᠠᠨ ᠲᠠᠬᠦᠯᠳᠡᠷᠵᠢᠬᠦᠯᠦᠭᠰᠠᠨ | ᠪᠠᠶᠢᠨ᠎ᠠ᠃ ︽ᠨᠢᠬᠡᠨ ᠬᠤᠰᠢᠭᠤ ᠨᠠᠮ ᠤᠨ ᠬᠤᠷᠢᠶᠠᠨ ᠤ ᠱᠦᠵᠢ ᠶᠢᠨ ᠤᠯᠠ ᠮᠦᠷ︾᠂ ︽40 ᠵᠢᠯ ᠤᠨ ᠡᠷᠬᠢᠴᠠᠬᠦᠯᠥᠯ︾᠂ ︽ᠠᠬᠠᠮᠠᠳ ᠤᠯᠠᠭᠠᠨ ᠴᠡᠷᠢᠭ | ᠴᠢᠶᠤᠤ ᠬᠦᠢ ᠵᠠᠩ ᠱᠦᠵᠢ ᠶᠢ ᠲᠤᠷᠠᠰᠬᠠᠬᠤ ᠨᠢ︾ ᠵᠠᠷᠬᠡ ᠰᠤᠶᠤᠯ ᠲᠠᠤᠬᠡ ᠶᠢᠨ ᠮᠠᠲ᠋ᠧᠷᠢᠶᠠᠯ ᠢ ᠤᠷᠢᠳ ᠬᠤᠵᠢᠳ ᠨᠠᠶᠢᠷᠠᠭᠤᠯᠤᠨ ᠬᠡᠪᠯᠡᠬᠦᠯᠬᠦ ᠶᠢᠨ ᠬᠠᠮᠳᠤ᠂ | ᠪᠦᠬᠦ ᠤᠷᠤᠨ ᠤ ᠤᠯᠤᠰ ᠲᠦᠷᠦ ᠶᠢᠨ ᠵᠦᠪᠯᠠᠯᠬᠡᠨ ᠤ ᠰᠢᠰᠲ᠋ᠧᠮ ᠤᠨ ᠰᠢᠯᠢᠳᠡᠭ ᠰᠤᠶᠤᠯ ᠲᠠᠤᠬᠡ ᠶᠢᠨ ᠮᠠᠲ᠋ᠧᠷᠢᠶᠠᠯ ᠤᠨ ᠨᠤᠮ ᠢᠶᠠᠷ ᠲᠤᠰ ᠲᠤᠰ ᠦᠨᠡᠯᠡᠭᠳᠡᠭᠰᠠᠨ | ᠪᠠᠶᠢᠨ᠎ᠠ᠃ ︽ᠬᠠᠩᠬᠢᠨ ᠤ ᠤᠯᠤᠰ ᠲᠦᠷᠦ ᠶᠢᠨ ᠵᠦᠪᠯᠠᠯᠬᠡᠨ ᠤ ᠤᠶᠢᠯᠠᠯᠭ᠎ᠠ︾᠂ ︽ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠠᠯᠬᠡᠨ ᠤ | ᠬᠡᠰᠢᠬᠦᠳ ᠤᠨ ᠵᠤᠯᠪᠤᠭᠠᠳᠤ ᠲᠠᠮᠳᠡᠭᠯᠡᠯ︾᠂ ︽ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠤᠭᠰᠠᠨ ᠲᠡᠮᠳᠡᠭᠯᠡᠯ︾ ᠪᠠ ︽ᠬᠠᠩᠬᠢᠨ ᠤ ᠰᠤᠶᠤᠯ ᠲᠠᠤᠬᠡ | ᠶᠢᠨ ᠮᠠᠲ᠋ᠧᠷᠢᠶᠠᠯ ᠤᠨ ᠲᠦᠷᠪᠡᠳᠤᠬᠡᠷ ᠡᠮᠬᠢᠳᠬᠡᠯ︾ ︵ᠮᠤᠩᠭᠤᠯ ᠬᠡᠪᠯᠡᠯ︶ ᠢ ᠨᠠᠶᠢᠷᠠᠭᠤᠯᠤᠨ ᠪᠠᠷᠠᠭᠠᠭᠰᠠᠨ ᠪᠠᠶᠢᠨ᠎ᠠ᠃ 30 ᠲᠦᠮᠠᠨ ᠲᠦᠬᠦᠷᠢᠭ ᠤᠨ ᠲᠤᠰᠬᠠᠢ | ᠲᠦᠷᠦᠯ ᠤᠨ ᠪᠠᠯᠠ ᠮᠦᠩᠬᠦ ᠶᠢ ᠲᠠᠮᠠᠴᠠᠨ ᠤᠯᠵᠤ᠂ ᠬᠤᠰᠢᠭᠤ ᠤᠯᠤᠰ ᠲᠦᠷᠦ ᠶᠢᠨ ᠵᠦᠪᠯᠠᠯᠬᠡᠨ ᠤ ᠰᠤᠶᠤᠯ ᠲᠠᠤᠬᠡ ᠶᠢᠨ ᠦᠵᠠᠬᠦᠯᠥᠯᠬᠡ ᠶᠢᠨ ᠲᠢᠩᠬᠢᠮ ᠤᠨ | ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠭᠰᠠᠨ ᠪᠠᠶᠢᠨ᠎ᠠ᠃ ᠤᠨᠴᠠᠭᠠᠶᠢᠯᠠᠨ ᠲᠤᠳᠤᠷᠬᠠᠶᠢᠯᠠᠭᠤᠰᠢᠳᠠᠢ ᠨᠢ᠂ ᠡᠯᠡᠰᠤ ᠲᠤᠭᠤᠯᠤᠭᠰᠠᠨ ᠵᠠᠰᠠᠮᠠᠯ ᠵᠠᠮ ᠤᠨ ᠪᠦᠳᠦᠬᠡᠨ | ᠪᠠᠶᠢᠭᠤᠯᠤᠯᠳᠠ ᠶᠢᠨ ᠬᠠᠮᠢᠶ᠎ᠠ ᠪᠦᠬᠦᠢ ᠰᠤᠶᠤᠯ ᠲᠠᠤᠬᠡ ᠶᠢᠨ ᠮᠠᠲ᠋ᠧᠷᠢᠶᠠᠯ ᠢᠶᠠᠷ ᠡᠬᠡ ᠲᠡᠪᠳᠡᠷ ᠪᠤᠯᠭᠠᠭᠰᠠᠨ ︽ᠡᠯᠡᠰᠤ ᠲᠤᠭᠤᠯᠤᠭᠰᠠᠨ ᠵᠠᠰᠠᠮᠠᠯ ᠵᠠᠮ ᠤᠨ ᠬᠡᠮᠵᠢᠯᠳᠠ︾ | ᠪᠠᠷᠢᠮᠳᠠᠳᠤ ᠪᠢᠴᠢᠯ ᠺᠢᠨᠤ᠋ ᠶᠢ ᠰᠠᠬᠦᠳᠡᠷᠯᠠᠨ ᠪᠠᠷᠠᠭᠠᠵᠤ᠂ ᠲᠧᠩ ᠰᠢᠶᠦ᠋ᠨ᠂ ᠶᠸᠤ ᠺᠦ᠋ ᠵᠠᠷᠬᠡ ᠵᠠᠭᠤᠴᠢᠯᠠᠭᠤᠷ ᠲᠠᠪᠴᠠᠩ ᠳᠤ ᠨᠠᠶᠢᠳᠠᠯᠠᠵᠤ᠂ ᠤᠯᠤᠰ ᠲᠦᠷᠦ ᠶᠢᠨ | ᠵᠦᠪᠯᠠᠯᠬᠡᠨ ᠤ ᠰᠤᠶᠤᠯ ᠲᠠᠤᠬᠡ ᠶᠢᠨ ᠮᠠᠲ᠋ᠧᠷᠢᠶᠠᠯ ᠤᠨ ᠦᠷ᠎ᠠ ᠪᠦᠳᠦᠮᠵᠢ ᠶᠢ ᠤᠯᠠᠷᠢᠭᠤᠯᠤᠨ ᠬᠡᠷᠡᠭᠯᠡᠬᠦ ᠶᠢ ᠰᠦᠪᠡᠭᠴᠢᠯᠠᠵᠤ ᠰᠢᠨ᠎ᠠ ᠶᠢ ᠡᠬᠦᠳᠬᠦ ᠳᠤ ᠴᠢᠬᠤᠯᠠ | ᠦᠢᠯᠠᠳᠤᠯ ᠢᠶᠠᠨ ᠪᠠᠳᠠᠷᠠᠭᠤᠯᠤᠭᠰᠠᠨ ᠪᠠᠶᠢᠨ᠎ᠠ᠃ ᠡᠨᠡᠬᠦ ᠤᠷᠤᠯᠳᠤᠯᠭ᠎ᠠ ᠨᠢ ᠦᠪᠠᠷᠳᠠᠬᠡᠨ ᠵᠠᠰᠠᠬᠤ ᠤᠷᠤᠨ ᠴᠢᠨᠠᠭᠰᠢᠯᠠᠪᠠᠯ ᠪᠦᠬᠦ ᠤᠯᠤᠰ ᠲᠤ ᠠᠪᠤᠭᠠᠳ ᠬᠡᠯᠡᠭᠰᠠᠨ | ᠴᠤ ᠠᠩᠬᠠᠳᠠᠭᠴᠢ ᠡᠬᠦᠳᠦᠯᠳᠠ ᠪᠠᠶᠢᠵᠤ᠂ 2020 ᠤᠨ ᠤ ᠪᠦᠬᠦ ᠬᠤᠳᠠ ᠶᠢᠨ ︽ᠲᠠᠪᠤ ᠶᠢ ᠨᠢᠬᠡ ᠴᠤᠭᠴᠠᠵᠢᠭᠤᠯᠤᠭᠰᠠᠨ︾ ᠶᠠᠷᠤᠩᠬᠡᠶᠢᠯᠡᠭᠰᠠᠨ ᠬᠢᠨᠠᠨ | ᠰᠢᠯᠭᠠᠷᠠᠭᠤᠯᠤᠯᠳᠠ ᠶᠢᠨ ᠰᠢᠨ᠎ᠠ ᠶᠢ ᠡᠬᠦᠳᠦᠭᠰᠠᠨ ᠱᠠᠩᠨᠠᠯ ᠢᠶᠠᠷ ᠦᠨᠡᠯᠡᠭᠳᠠᠪᠠ᠃ | — ᠲᠦᠷᠪᠡᠨ ᠵᠢᠯ ᠢᠯᠠᠬᠦᠦ ᠶᠢᠨ ᠲᠤᠷᠰᠢᠳᠠ᠂ ᠪᠢᠳᠠ ᠵᠤᠷᠰᠢᠯ ᠢᠶᠠᠨ ᠪᠠᠷᠢᠮᠳᠠᠯᠠᠨ ᠰᠢᠨ᠎ᠠ ᠶᠢ ᠡᠬᠦᠳᠬᠦ ᠶᠢ ᠪᠠᠷᠢᠮᠳᠠᠯᠠᠵᠤ᠂ ᠴᠠᠭ ᠦᠶ᠎ᠠ ᠲᠠᠢ ᠵᠠᠷᠬᠡᠪᠡᠷ | ᠤᠷᠤᠭᠰᠢᠯᠠᠬᠤ ᠲᠤᠮᠳᠠ ᠦᠨᠳᠤᠰᠤ ᠪᠠᠨ ᠪᠠᠳᠤᠳᠬᠠᠵᠤ ᠤᠭ ᠠᠴᠠ ᠪᠠᠨ ᠪᠤᠶᠢᠵᠢᠭᠤᠯᠪᠠ | ᠤᠯᠤᠰ ᠲᠦᠷᠦ ᠶᠢᠨ ᠵᠦᠪᠯᠠᠯᠬᠡᠨ ᠤ ᠬᠡᠰᠢᠬᠦᠳ ᠤᠨ ᠭᠤᠤᠯ ᠴᠤᠭᠴᠠ ᠶᠢᠨ ᠦᠢᠯᠠᠳᠤᠯ ᠢ ᠪᠠᠳᠠᠷᠠᠭᠤᠯᠬᠤ ᠳᠤ ᠰᠠᠭᠤᠷᠢᠯᠠᠨ᠂ ︽ᠬᠡᠰᠢᠬᠦᠳ ᠤᠨ ᠡᠬᠦᠷᠬᠡ | ᠬᠠᠷᠢᠭᠤᠴᠠᠯᠭ᠎ᠠ ᠪᠠᠨ ᠬᠦᠢᠴᠡᠳᠬᠡᠬᠦ ᠬᠠᠮᠢᠶᠠᠷᠤᠯᠳᠠ ᠶᠢᠨ ᠠᠷᠭ᠎ᠠ︾ ᠳᠤ ᠵᠠᠰᠠᠪᠤᠷᠢ ᠤᠷᠤᠭᠤᠯᠤᠨ ᠲᠠᠬᠦᠯᠳᠡᠷᠵᠢᠬᠦᠯᠵᠤ᠂ ︽ᠤᠯᠤᠰ ᠲᠦᠷᠦ ᠶᠢᠨ ᠵᠦᠪᠯᠠᠯᠬᠡᠨ ᠤ | ᠬᠠᠩᠬᠢᠨ ᠬᠤᠰᠢᠭᠤᠨ ᠤ ᠬᠤᠷᠢᠶ᠎ᠠ ᠶᠢᠨ ᠬᠡᠰᠢᠬᠦᠳ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠬᠢᠨᠠᠨ ᠰᠢᠯᠭᠠᠷᠠᠭᠤᠯᠤᠯᠳᠠ ᠶᠢᠨ ᠠᠷᠭ᠎ᠠ︾ ︵ᠲᠤᠷᠰᠢᠨ | ᠬᠡᠷᠡᠭᠵᠢᠬᠦᠯᠬᠦ︶ ᠶᠢ ᠲᠤᠭᠳᠠᠭᠠᠵᠤ᠂ ᠬᠡᠰᠢᠬᠦᠳ ᠤᠨ ᠰᠤᠷᠤᠯᠴᠠᠯᠭ᠎ᠠ ᠪᠤᠯᠪᠠᠰᠤᠷᠠᠯ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ᠂ ᠱᠠᠩᠨᠠᠵᠤ ᠲᠤᠷᠭᠠᠬᠤ | ᠰᠢᠯᠭᠠᠷᠠᠭᠤᠯᠤᠯᠳᠠ ᠦᠨᠠᠯᠠᠯᠳᠠ ᠵᠠᠷᠬᠡ ᠠᠭᠤᠯᠭ᠎ᠠ ᠶᠢ ᠲᠦᠷᠢᠮᠵᠢᠬᠦᠯᠦᠭᠰᠠᠨ ᠪᠠᠶᠢᠨ᠎ᠠ᠃ ᠬᠡᠰᠢᠬᠦᠳ ᠤᠨ ᠡᠬᠡᠯᠵᠢᠯᠡᠭᠰᠠᠨ ᠪᠤᠯᠪᠠᠰᠤᠷᠠᠯ ᠤᠨ ᠲᠦᠷᠢᠮ ᠢ ᠪᠠᠷᠢᠮᠳᠠᠯᠠᠵᠤ᠂ | ᠬᠡᠰᠢᠬᠦᠳ ᠤᠨ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠶᠢ ᠲᠡᠬᠡᠭᠰᠢᠯᠠᠬᠦᠯᠬᠦ ᠪᠤᠯᠪᠠᠰᠤᠷᠠᠯ ᠤᠨ ᠠᠩᠬᠢ ᠶᠢ 3 ᠬᠤᠭᠤᠴᠠᠭ᠎ᠠ ᠡᠷᠬᠢᠯᠠᠵᠤ᠂ ᠬᠤᠭᠤᠴᠠᠭᠠᠨ ᠤ | ᠲᠤᠳᠤᠷ᠎ᠠ ᠪᠦᠬᠦ ᠬᠡᠰᠢᠬᠦᠳ ᠢ ᠨᠢᠬᠡ ᠤᠳᠠᠭ᠎ᠠ ᠡᠬᠡᠯᠵᠢᠯᠠᠨ ᠪᠤᠯᠪᠠᠰᠤᠷᠠᠭᠤᠯᠬᠤ ᠠᠮᠠᠯᠠᠯᠳᠠ ᠪᠠᠨ ᠪᠠᠶᠡᠯᠡᠬᠦᠯᠦᠭᠰᠠᠨ ᠪᠠᠶᠢᠨ᠎ᠠ᠃ ᠲᠤᠰᠬᠠᠢ ᠵᠦᠪᠯᠠᠯ ᠤᠨ ᠰᠠᠭᠤᠷᠢ | ᠦᠢᠯᠠᠳᠤᠯ ᠢ ᠪᠠᠳᠠᠷᠠᠭᠤᠯᠬᠤ ᠳᠤ ᠰᠠᠭᠤᠷᠢᠯᠠᠨ᠂ ᠲᠤᠰᠬᠠᠢ ᠵᠦᠪᠯᠠᠯ ᠤᠨ ︽ᠲᠦᠷᠪᠡᠨ ᠨᠢᠬᠡ︾ ᠶᠢᠨ ᠠᠵᠢᠯ ᠤᠨ ᠵᠤᠬᠢᠴᠠᠮᠵᠢ ᠶᠢ ᠪᠠᠶᠢᠭᠤᠯᠪᠠ᠂ ᠲᠠᠷᠤᠢ ᠲᠤᠰᠬᠠᠢ | ᠵᠦᠪᠯᠠᠯ ᠨᠢ ᠵᠢᠯ ᠪᠦᠷᠢ ᠠᠳᠠᠭ ᠪᠠᠭ᠎ᠠ ᠳᠠᠭᠠᠨ ᠨᠢᠬᠡ ᠤᠳᠠᠭ᠎ᠠ ᠲᠤᠰᠬᠠᠢ ᠰᠡᠳᠦᠪᠳᠤ ᠵᠦᠪᠯᠠᠯᠬᠡ᠂ ᠨᠢᠬᠡ ᠪᠠᠶᠢᠴᠠᠭᠠᠨ ᠰᠤᠳᠤᠯᠤᠯᠳᠠ᠂ ᠨᠢᠬᠡ ᠲᠤᠭᠤᠷᠢᠨ | ᠪᠠᠶᠢᠴᠠᠭᠠᠯᠳᠠ᠂ ᠨᠢᠬᠡ ᠲᠠᠶᠢᠯᠤᠮᠵᠢ ᠦᠷᠨᠢᠬᠦᠯᠵᠤ᠂ ᠴᠢᠨᠠᠷ ᠴᠢᠨᠰᠠᠭ᠎ᠠ᠂ ᠦᠪᠠᠷᠮᠢᠴᠠ ᠤᠨᠴᠠᠯᠢᠭ᠂ ᠬᠢᠷᠢ ᠲᠦᠪᠰᠢᠨ ᠭᠠᠷᠭᠠᠬᠤ ᠶᠢ ᠵᠤᠷᠢᠪᠠ᠃ ᠦᠨᠳᠤᠰᠤᠨ | ᠱᠠᠳᠤᠨ ᠤ ᠤᠯᠤᠰ ᠲᠦᠷᠦ ᠶᠢᠨ ᠵᠦᠪᠯᠠᠯᠬᠡᠨ ᠤ ︽ᠬᠤᠶᠠᠷ ᠪᠠᠭᠤᠷᠠᠢ︾ ᠠᠰᠠᠭᠤᠳᠠᠯ ᠢ ᠰᠢᠢᠳᠪᠤᠷᠢᠯᠠᠬᠦ ᠳᠤ ᠰᠠᠭᠤᠷᠢᠯᠠᠨ᠂ ᠬᠤᠰᠢᠭᠤ ᠤᠯᠤᠰ ᠲᠦᠷᠦ ᠶᠢᠨ | ᠵᠦᠪᠯᠠᠯᠬᠡᠨ ︽ᠲᠦᠷᠪᠡ ᠲᠠᠢ ᠬᠤᠯᠪᠤᠭᠠᠯᠠᠨ ᠲᠦᠷᠪᠡ ᠶᠢ ᠠᠬᠢᠭᠤᠯᠬᠤ︾ ᠠᠵᠢᠯ ᠤᠨ ᠵᠤᠬᠢᠴᠠᠮᠵᠢ ᠶᠢ ᠶᠠᠪᠤᠭᠳᠠᠭᠤᠯᠵᠤ᠂ ᠨᠠᠮ ᠤᠨ ᠤᠳᠤᠷᠢᠳᠤᠯᠭ᠎ᠠ ᠶᠢ | ᠪᠠᠷᠢᠮᠳᠠᠯᠠᠬᠤ᠂ ᠡᠳᠤᠷ ᠲᠤᠳᠤᠮ ᠤᠨ ᠡᠷᠬᠢᠯᠳᠠ᠂ ᠵᠠᠰᠠᠭ ᠤᠨ ᠶᠠᠪᠤᠳᠠᠯ ᠢ ᠵᠦᠪᠯᠠᠬᠦ᠂ ᠠᠷᠠᠳᠴᠢᠯᠠᠯ ᠤᠨ ᠬᠢᠨᠠᠯᠳᠠ ᠲᠠᠯᠪᠢᠬᠤ᠂ ᠬᠡᠰᠢᠬᠦᠳ ᠤᠨ ᠬᠠᠮᠢᠶᠠᠷᠤᠯᠳᠠ | ᠵᠠᠷᠬᠡ ᠠᠯᠢ ᠤᠯᠠᠨ ᠲᠦᠷᠢᠮ ᠢ ᠲᠦᠷᠢᠮᠵᠢᠬᠦᠯᠥᠨ ᠲᠠᠬᠦᠯᠳᠡᠷᠵᠢᠬᠦᠯᠵᠤ᠂ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠰᠢᠨᠵᠢᠯᠠᠬᠦ ᠤᠬᠠᠭᠠᠨᠴᠢ ᠡᠷᠬᠢᠯᠳᠤᠬᠦ | ᠲᠦᠰᠢᠭ ᠲᠤᠯᠭᠠᠭᠤᠷᠢ ᠶᠢ ᠠᠭᠠᠵᠢᠮ ᠢᠶᠠᠷ ᠪᠤᠰᠬᠠᠵᠤ᠂ ᠤᠯᠤᠰ ᠲᠦᠷᠦ ᠶᠢᠨ ᠵᠦᠪᠯᠠᠯᠬᠡᠨ ᠤ ᠡᠯ᠎ᠡ ᠠᠵᠢᠯ ᠨᠢ ᠵᠢᠷᠤᠮᠯᠠᠬᠤ ᠲᠦᠷᠢᠮ ᠲᠠᠢ ᠪᠤᠯᠤᠭᠰᠠᠨ ᠪᠠᠶᠢᠨ᠎ᠠ᠃ | ᠨᠠᠮ ᠤᠨ ᠰᠤᠷᠳᠠᠯ ᠴᠢᠬᠡᠴᠢ ᠵᠠᠰᠠᠭ ᠤᠨ ᠪᠦᠳᠦᠬᠡᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠳᠠᠯ ᠤᠨ | ᠪᠦᠳᠦᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠨ᠂ ᠬᠤᠰᠢᠭᠤ ᠤᠯᠤᠰ ᠲᠦᠷᠦ ᠶᠢᠨ ᠵᠦᠪᠯᠠᠯᠬᠡᠨ ᠤ ᠠᠯᠪᠠᠨ ᠪᠠᠶᠢᠭᠤᠯᠭ᠎ᠠ ᠳᠤ ᠲᠤᠮᠢᠯᠠᠭᠰᠠᠨ | ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠲᠤᠭᠤᠶᠢᠯᠠᠩ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠢᠳᠠᠪᠬᠢᠳᠠᠢ ᠲᠠᠮᠵᠢᠵᠤ᠂ ᠠᠷᠢᠭᠤᠨ | ᠴᠢᠬᠡᠴᠢ ᠤᠯᠤᠰ ᠲᠦᠷᠦ ᠶᠢᠨ ᠠᠮᠢ ᠠᠬᠤᠢ ᠶᠢ ᠡᠬᠦᠳᠦᠪᠠ᠃ ᠡᠬᠦᠨ ᠤ ᠬᠠᠮᠳᠤ ᠲᠠᠷᠢᠬᠦᠨ ᠤ ᠬᠢ ᠶᠢ ᠬᠦᠬᠢᠬᠦᠯᠵᠤ᠂ ᠬᠡᠪ ᠲᠠᠭᠤᠷᠢᠶᠠᠯ ᠦᠵᠠᠬᠦᠯᠬᠦ ᠶᠢᠨ ᠲᠥᠯᠥᠬᠡ | ᠂ ᠲᠦᠷᠪᠡᠨ ᠵᠢᠯ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠭᠰᠠᠨ ᠪᠠᠶᠢᠳᠠᠯ ᠢ ᠬᠢᠨᠠᠨ ᠰᠢᠯᠭᠠᠷᠠᠭᠤᠯᠤᠭᠰᠠᠨ ᠰᠠᠭᠤᠷᠢᠨ ᠲᠠᠬᠡᠷ᠎ᠡ᠂ ᠰᠢᠯᠢᠳᠡᠭ ᠤᠯᠤᠰ ᠲᠦᠷᠦ ᠶᠢᠨ | ᠵᠦᠪᠯᠠᠯᠬᠡᠨ ᠤ ᠬᠡᠰᠢᠬᠦᠨ 10 ᠨᠠᠷᠠ᠂ ᠰᠢᠯᠢᠳᠡᠭ ᠤᠯᠤᠰ ᠲᠦᠷᠦ ᠶᠢᠨ ᠵᠦᠪᠯᠠᠯᠬᠡᠨ ᠤ ᠠᠵᠢᠯᠳᠠᠨ 5 ᠨᠠᠷᠠ᠂ ᠰᠢᠯᠢᠳᠡᠭ ᠤᠯᠤᠰ ᠲᠦᠷᠦ ᠶᠢᠨ ᠵᠦᠪᠯᠠᠯᠬᠡᠨ ᠤ | ᠰᠠᠨᠠᠯ ᠲᠤᠷᠠᠳᠤᠯᠭ᠎ᠠ 10 ᠬᠤᠪᠢ᠂ ᠤᠯᠤᠰ ᠲᠦᠷᠦ ᠶᠢᠨ ᠵᠦᠪᠯᠠᠯᠬᠡᠨ ᠤ ᠰᠠᠨᠠᠯ ᠲᠤᠷᠠᠳᠤᠯᠭ᠎ᠠ ᠶᠢ ᠬᠦᠢᠴᠡᠳᠬᠡᠭᠰᠠᠨ ᠲᠠᠷᠢᠬᠦᠨ ᠤ ᠨᠢᠬᠡᠴᠠ 5 ᠶᠢ ᠱᠠᠩᠨᠠᠨ | ᠬᠦᠬᠢᠬᠦᠯᠦᠭᠰᠠᠨ ᠪᠠᠶᠢᠨ᠎ᠠ᠃ | ᠬᠡᠰᠢᠬᠦᠳ ᠡ᠄ | ᠠᠷᠠᠳ ᠤᠨ ᠤᠯᠤᠰ ᠲᠦᠷᠦ ᠶᠢᠨ ᠵᠦᠪᠯᠠᠯᠬᠡᠨ ᠨᠢ ᠨᠠᠶᠢᠬᠡᠮ ᠵᠢᠷᠤᠮᠳᠤ ᠵᠦᠪᠯᠠᠯᠬᠡᠨ ᠤ ᠠᠷᠠᠳᠴᠢᠯᠠᠯ ᠤᠨ ᠴᠢᠬᠤᠯᠠ ᠵᠠᠮ ᠮᠦᠷ ᠪᠠ ᠲᠤᠰᠬᠠᠢ ᠵᠦᠪᠯᠠᠯᠬᠡᠨ ᠤ | ᠪᠠᠶᠢᠭᠤᠯᠤᠮᠵᠢ ᠶᠢᠨ ᠬᠤᠪᠢ ᠳᠤ᠂ ᠤᠯᠤᠰ ᠬᠦᠷᠦᠨ ᠤ ᠵᠠᠰᠠᠯᠳᠠ ᠶᠢᠨ ᠲᠤᠭᠳᠠᠯᠴᠠᠭ᠎ᠠ ᠳᠠᠬᠢ ᠴᠢᠬᠤᠯᠠ ᠪᠦᠷᠢᠯᠳᠤᠬᠦᠨ ᠬᠡᠰᠡᠭ ᠪᠤᠯᠤᠨ᠎ᠠ᠂ ᠮᠦᠨᠴᠤ ᠲᠤᠮᠳᠠᠳᠤ | ᠤᠯᠤᠰ ᠤᠨ ᠤᠨᠴᠠᠯᠢᠭ ᠪᠦᠬᠦᠢ ᠲᠦᠷᠢᠮ ᠤᠨ ᠲᠤᠬᠢᠷᠠᠭᠤᠯᠤᠯᠳᠠ ᠪᠤᠯᠬᠤ ᠶᠤᠮ᠃ ᠦᠢᠯᠠᠳᠤᠯᠬᠡ ᠬᠡᠷᠡᠴᠢᠯᠡᠭᠰᠠᠨ ᠨᠢ᠂ ᠡᠨᠡᠬᠦ ᠲᠦᠷᠢᠮ ᠢ ᠲᠦᠯᠥᠪᠯᠡᠭᠰᠠᠨ ᠨᠢ | ᠰᠢᠨᠵᠢᠯᠠᠬᠦ ᠤᠬᠠᠭᠠᠨᠴᠢ᠂ ᠡᠷᠬᠢᠯᠳᠠ ᠨᠢ ᠪᠦᠳᠦᠮᠵᠢᠳᠠᠢ᠂ ᠲᠠᠳᠠᠬᠤ ᠬᠦᠴᠦᠨ ᠲᠠᠢ᠂ ᠲᠤᠮᠳᠠᠳᠤ ᠤᠯᠤᠰ ᠤᠨ ᠤᠶᠤᠨ ᠤᠬᠠᠭᠠᠨ ᠢ ᠬᠠᠷᠠᠭᠤᠯᠵᠤ᠂ ᠯᠤᠳᠤ ᠶᠡᠭᠡ | ᠠᠮᠢᠵᠢᠷᠠᠯ ᠤᠨ ᠬᠦᠴᠦᠨ ᠲᠠᠢ᠃ ᠦᠩᠬᠡᠷᠡᠭᠰᠠᠨ ᠬᠡᠳᠤᠨ ᠵᠢᠯ ᠤᠨ ᠲᠠᠮᠠᠴᠠᠯ ᠤᠨ ᠦᠩᠬᠡᠷᠡᠯᠳᠠ ᠪᠠᠨ ᠡᠷᠬᠢᠴᠠᠬᠦᠯᠬᠦᠶᠡ᠂ ᠤᠯᠤᠰ ᠲᠦᠷᠦ ᠶᠢᠨ ᠵᠦᠪᠯᠠᠯᠬᠡᠨ ᠤ ᠠᠵᠢᠯ | ᠤᠨ ᠦᠢᠯᠠᠳᠤᠯ ᠢ ᠪᠠᠳᠠᠷᠠᠭᠤᠯᠤᠨ᠂ ᠦᠷ᠎ᠠ ᠪᠦᠳᠦᠮᠵᠢ ᠭᠠᠷᠭᠠᠬᠤ ᠳᠤ ᠲᠤᠤᠷᠠᠬᠢ ᠲᠦᠷᠪᠡᠨ ᠲᠠᠯ᠎ᠠ ᠶᠢ ᠰᠠᠶᠢᠳᠤᠷ ᠠᠳᠬᠤᠬᠤ ᠬᠡᠷᠡᠭᠳᠠᠢ ᠬᠡᠰᠠᠨ ᠢ ᠬᠦᠨᠵᠡᠬᠡᠢ | ᠤᠶᠢᠯᠠᠭᠠᠨ ᠮᠠᠳᠠᠷᠠᠯ᠎ᠠ᠄ ᠨᠢᠬᠡ᠂ ᠡᠷᠬᠡᠪᠰᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠢᠮᠠᠭᠳᠠ ᠪᠠᠷᠢᠮᠳᠠᠯᠠᠬᠤ ᠬᠡᠷᠡᠭᠳᠠᠢ᠃ ᠲᠤᠮᠳᠠᠳᠤ | ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠤᠯ᠂ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠦᠢᠯᠠᠰ ᠤᠨ ᠵᠦᠪ ᠤᠨᠤᠪᠴᠢᠳᠠᠢ | ᠴᠢᠭᠯᠡᠯ ᠢᠶᠠᠷ ᠤᠷᠤᠭᠰᠢᠯᠠᠬᠤ ᠦᠨᠳᠤᠰᠤᠨ ᠪᠠᠳᠤᠯᠠᠭ᠎ᠠ ᠪᠤᠯᠤᠨ᠎ᠠ᠃ ᠲᠦᠷᠪᠡᠨ ᠵᠢᠯ ᠤᠨ ᠲᠤᠷᠰᠢ᠂ ᠪᠢᠳᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ | ᠤᠳᠤᠷᠢᠳᠤᠯᠭ᠎ᠠ ᠲᠤᠤᠷ᠎ᠠ ᠠᠵᠢᠯ ᠢᠶᠠᠨ ᠦᠷᠨᠢᠬᠦᠯᠬᠦ ᠶᠢ ᠢᠮᠠᠭᠳᠠ ᠪᠠᠷᠢᠮᠳᠠᠯᠠᠵᠤ᠂ ᠭᠤᠤᠯᠳᠠᠯᠭ᠎ᠠ ᠲᠠᠢ ᠪᠠᠶᠢᠴᠠᠭᠠᠨ ᠰᠤᠳᠤᠯᠤᠯᠳᠠ ᠶᠢᠨ ᠰᠡᠳᠦᠪ᠂ ᠤᠨ ᠤ | ᠵᠦᠪᠯᠠᠯᠬᠡᠨ ᠤ ᠲᠥᠯᠥᠪᠯᠡᠭᠡ᠂ ᠴᠢᠬᠤᠯᠠ ᠶᠡᠭᠡ ᠬᠠᠷᠢᠭᠤᠴᠠᠯᠭ᠎ᠠ ᠪᠠᠨ ᠬᠦᠢᠴᠡᠳᠬᠡᠬᠦ ᠠᠵᠢᠯᠯᠠᠭ᠎ᠠ ᠳᠤ ᠴᠠᠭ ᠲᠠᠷᠤᠢ ᠳᠤᠨᠢ ᠬᠤᠰᠢᠭᠤ ᠨᠠᠮ ᠤᠨ ᠬᠤᠷᠢᠶ᠎ᠠ ᠠᠴᠠ | ᠵᠢᠭᠠᠪᠤᠷᠢ ᠠᠪᠴᠤ ᠮᠠᠳᠠᠬᠦᠯᠥᠨ᠂ ᠤᠯᠤᠰ ᠲᠦᠷᠦ ᠶᠢᠨ ᠵᠦᠪᠯᠠᠯᠬᠡᠨ ᠤ ᠠᠵᠢᠯ ᠢ ᠬᠤᠰᠢᠭᠤ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠪᠠ | ᠪᠠᠶᠢᠷᠢᠯᠠᠭᠤᠯᠤᠯᠳᠠ ᠲᠠᠢ ᠨᠡᠩ ᠰᠠᠶᠢᠳᠤᠷ ᠵᠤᠬᠢᠴᠠᠭᠤᠯᠵᠤ᠂ ᠬᠤᠰᠢᠭᠤ ᠨᠠᠮ ᠤᠨ ᠬᠤᠷᠢᠶ᠎ᠠ ᠯᠤᠭ᠎ᠠ ᠬᠠᠷᠠᠯᠳᠠ ᠨᠢᠬᠡᠳᠠᠢ᠂ ᠦᠵᠠᠯ ᠰᠠᠨᠠᠭ᠎ᠠ ᠨᠢᠬᠡᠳᠠᠢ᠂ ᠦᠢᠯᠠ | ᠠᠵᠢᠯᠯᠠᠭ᠎ᠠ ᠨᠢᠬᠡᠳᠠᠢ ᠪᠠᠶᠢᠬᠤ ᠶᠢ ᠪᠠᠳᠤᠯᠠᠪᠠ᠃ ᠦᠢᠯᠠᠳᠤᠯᠬᠡ ᠬᠡᠷᠡᠴᠢᠯᠡᠭᠰᠠᠨ ᠨᠢ᠂ ᠨᠠᠮ ᠤᠨ ᠤᠳᠤᠷᠢᠳᠤᠯᠭ᠎ᠠ ᠶᠢ ᠢᠮᠠᠭᠳᠠ ᠪᠠᠷᠢᠮᠳᠠᠯᠠᠪᠠᠯ ᠰᠠᠶ᠋ᠢ ᠤᠯᠤᠰ ᠲᠦᠷᠦ | ᠶᠢᠨ ᠵᠦᠪᠯᠠᠯᠬᠡᠨ ᠤ ᠠᠵᠢᠯ ᠤᠨ ᠴᠢᠭᠯᠡᠯ ᠤᠨᠤᠪᠴᠢᠳᠠᠢ᠂ ᠰᠡᠳᠬᠢᠴᠠ ᠲᠤᠳᠤᠷᠬᠠᠢ᠂ ᠪᠦᠳᠦᠮᠵᠢ ᠰᠠᠶᠢᠳᠠᠢ ᠪᠠᠶᠢᠵᠤ᠂ ᠠᠷᠠᠳ ᠤᠨ ᠤᠯᠤᠰ ᠲᠦᠷᠦ ᠶᠢᠨ ᠵᠦᠪᠯᠠᠯᠬᠡᠨ | ᠤ ᠢᠳᠠᠪᠬᠢ ᠦᠢᠯᠠᠳᠤᠯ ᠢ ᠨᠡᠩ ᠰᠠᠶᠢᠳᠤᠷ ᠪᠠᠳᠠᠷᠠᠭᠤᠯᠤᠨ᠎ᠠ᠃ ᠬᠤᠶᠠᠷ᠂ ᠨᠠᠮ ᠵᠠᠰᠠᠭ ᠤᠨ ᠭᠤᠤᠯᠳᠠᠯᠭᠠᠳᠤ ᠠᠵᠢᠯ ᠳᠤ ᠲᠦᠪᠯᠠᠷᠠᠬᠦᠯᠥᠨ ᠡᠬᠦᠷᠬᠡ ᠬᠠᠷᠢᠭᠤᠴᠠᠯᠭ᠎ᠠ | ᠪᠠᠨ ᠬᠦᠢᠴᠡᠳᠬᠡᠬᠦ ᠶᠢ ᠢᠮᠠᠭᠳᠠ ᠪᠠᠷᠢᠮᠳᠠᠯᠠᠬᠤ ᠬᠡᠷᠡᠭᠳᠠᠢ᠃ ᠭᠤᠤᠯᠳᠠᠯᠭ᠎ᠠ ᠶᠢᠨ ᠲᠤᠭᠤᠷᠢᠨ ᠳᠤ᠂ ᠪᠦᠬᠦ ᠲᠠᠯ᠎ᠠ ᠳᠤ ᠦᠢᠯᠠᠴᠢᠯᠠᠬᠦ ᠪᠤᠯ ᠤᠯᠤᠰ ᠲᠦᠷᠦ ᠶᠢᠨ | ᠵᠦᠪᠯᠠᠯᠬᠡᠨ ᠤ ᠠᠵᠢᠯ ᠤᠨ ᠦᠨᠳᠤᠰᠤᠨ ᠵᠠᠷᠴᠢᠮ ᠮᠦᠨ᠃ ᠲᠦᠷᠪᠡᠨ ᠵᠢᠯ ᠤᠨ ᠲᠤᠷᠰᠢ᠂ ᠪᠢᠳᠠ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠬᠤᠪᠢ ᠪᠠᠶ᠎ᠠ | ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠭᠤᠤᠯᠳᠠᠯᠭ᠎ᠠ ᠪᠠᠨ ᠮᠠᠨ ᠤ ᠬᠤᠰᠢᠭᠤᠨ ᠤ ᠠᠯᠤᠰ ᠬᠡᠳᠤ ᠶᠢᠨ | ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠰᠦᠪᠡᠭᠴᠢᠯᠠᠯᠳᠠ ᠲᠠᠬᠡᠷ᠎ᠡ ᠲᠠᠯᠪᠢᠵᠤ᠂ ᠭᠤᠤᠯᠳᠠᠯᠭ᠎ᠠ ᠲᠠᠢ ᠠᠵᠢᠯ ᠴᠢᠬᠤᠯᠠ ᠶᠡᠭᠡ ᠲᠦᠷᠦᠯ ᠵᠦᠢᠯ ᠢ ᠬᠠᠮᠵᠢᠯᠴᠠᠨ | ᠠᠬᠢᠭᠤᠯᠬᠤ ᠲᠠᠬᠡᠷ᠎ᠡ ᠲᠠᠯᠪᠢᠵᠤ᠂ ᠬᠦᠴᠦᠯᠠᠨ ᠴᠢᠷᠮᠠᠶᠢᠵᠤ ᠲᠠᠪᠠᠵᠤ ᠭᠠᠷᠬᠤ ᠶᠢ ᠪᠠᠶᠠᠯᠠᠬᠦᠯᠬᠦ ᠠᠷᠭ᠎ᠠ ᠠᠪᠴᠠᠯ ᠤᠨ ᠰᠠᠨᠠᠭᠤᠯᠭ᠎ᠠ ᠲᠠᠬᠡᠷ᠎ᠡ ᠲᠠᠯᠪᠢᠵᠤ᠂ ᠬᠦᠨᠵᠡᠬᠡᠢ | ᠪᠠᠶᠢᠴᠠᠭᠠᠨ ᠰᠤᠳᠤᠯᠤᠯᠳᠠ ᠬᠢᠵᠤ᠂ ᠢᠳᠠᠪᠬᠢᠳᠠᠢ ᠪᠠᠷ ᠰᠠᠨᠠᠯ ᠰᠠᠨᠠᠭᠤᠯᠭ᠎ᠠ ᠠᠷᠭ᠎ᠠ ᠪᠤᠳᠤᠯᠭ᠎ᠠ ᠲᠡᠪᠰᠢᠬᠦᠯᠦᠭᠰᠠᠨ ᠪᠠᠶᠢᠨ᠎ᠠ᠃ ᠦᠢᠯᠠᠳᠤᠯᠬᠡ ᠬᠡᠷᠡᠴᠢᠯᠡᠭᠰᠠᠨ ᠨᠢ᠂ | ᠭᠤᠤᠯᠳᠠᠯᠭ᠎ᠠ ᠶᠢᠨ ᠲᠤᠭᠤᠷᠢᠨ ᠳᠤ᠂ ᠪᠦᠬᠦ ᠲᠠᠯ᠎ᠠ ᠳᠤ ᠦᠢᠯᠠᠴᠢᠯᠠᠬᠦ ᠶᠢ ᠢᠮᠠᠭᠳᠠ ᠪᠠᠷᠢᠮᠳᠠᠯᠠᠪᠠᠯ ᠰᠠᠶ᠋ᠢ ᠤᠯᠤᠰ ᠲᠦᠷᠦ ᠶᠢᠨ ᠵᠦᠪᠯᠠᠯᠬᠡᠨ ᠤ ᠠᠵᠢᠯ ᠨᠢ ᠭᠠᠷᠳᠠᠴᠠ | ᠶᠢᠨ ᠴᠡᠭ ᠢᠶᠠᠨ ᠵᠦᠪ ᠤᠨᠤᠪᠴᠢᠳᠠᠢ ᠤᠯᠵᠤ᠂ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠲᠤᠰᠬᠠᠢ ᠵᠦᠪᠯᠠᠯᠬᠡᠨ ᠤ ᠪᠠᠶᠢᠭᠤᠯᠤᠮᠵᠢ ᠶᠢᠨ ᠴᠢᠳᠠᠪᠬᠢ ᠪᠠᠨ | ᠪᠠᠳᠠᠷᠠᠭᠤᠯᠵᠤ᠂ ᠨᠠᠮ ᠵᠠᠰᠠᠭ ᠤᠨ ᠠᠵᠢᠯ ᠬᠠᠮᠢᠭ᠎ᠠ ᠪᠤᠯᠳᠠᠯ᠎ᠠ ᠠᠬᠢᠭᠤᠯᠤᠭᠳᠠᠪᠠᠯ᠂ ᠤᠯᠤᠰ ᠲᠦᠷᠦ ᠶᠢᠨ ᠵᠦᠪᠯᠠᠯᠬᠡᠨ ᠤ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ | ᠨᠢ ᠲᠠᠷᠤᠢ ᠲᠠᠨᠳᠠ ᠲᠠᠭᠠᠨ ᠬᠦᠷᠴᠤ᠂ ᠰᠠᠨᠠᠯ ᠰᠠᠨᠠᠭᠤᠯᠭ᠎ᠠ ᠲᠡᠪᠰᠢᠬᠦᠯᠥᠨ ᠬᠦᠴᠦ ᠨᠠᠮᠠᠷᠢᠯᠠᠬᠦ ᠨᠢ ᠲᠠᠨᠳᠠ ᠢᠯᠠᠷᠠᠬᠦ ᠪᠤᠯᠤᠨ᠎ᠠ᠃ ᠭᠤᠷᠪᠠ᠂ ᠪᠤᠳᠠᠳᠠᠢ ᠶᠢ ᠡᠷᠬᠢᠮᠯᠠᠨ | ᠰᠢᠨ᠎ᠠ ᠶᠢ ᠡᠬᠦᠳᠬᠦ ᠵᠤᠷᠢᠭ ᠰᠠᠨᠠᠭ᠎ᠠ ᠶᠢ ᠪᠠᠳᠠᠷᠠᠭᠤᠯᠬᠤ ᠶᠢ ᠢᠮᠠᠭᠳᠠ ᠪᠠᠷᠢᠮᠳᠠᠯᠠᠬᠤ ᠬᠡᠷᠡᠭᠳᠠᠢ᠃ ᠵᠠᠮ ᠨᠠᠬᠡᠬᠡᠨ ᠰᠢᠨ᠎ᠠ ᠶᠢ ᠡᠬᠦᠳᠬᠦ ᠪᠤᠯ ᠤᠯᠤᠰ ᠲᠦᠷᠦ ᠶᠢᠨ | ᠵᠦᠪᠯᠠᠯᠬᠡᠨ ᠤ ᠦᠢᠯᠠᠰ ᠤᠨ ᠬᠦᠭᠵᠢᠯᠳᠠ ᠶᠢᠨ ᠡᠬᠦᠷᠢᠳᠠ ᠶᠢᠨ ᠬᠦᠳᠠᠯᠬᠡᠭᠴᠢ ᠬᠦᠴᠦᠨ ᠪᠤᠯᠤᠨ᠎ᠠ᠃ ᠲᠦᠷᠪᠡᠨ ᠵᠢᠯ ᠤᠨ ᠲᠤᠷᠰᠢ᠂ ᠪᠢᠳᠠ ᠤᠬᠠᠮᠰᠠᠷ ᠠᠴᠠ ᠪᠠᠨ | ᠰᠢᠨ᠎ᠠ ᠴᠠᠭ ᠦᠶ᠎ᠠ ᠶᠢᠨ ᠰᠢᠨ᠎ᠠ ᠱᠠᠭᠠᠷᠳᠠᠯᠭ᠎ᠠ ᠲᠠᠢ ᠵᠤᠬᠢᠴᠠᠯᠳᠤᠵᠤ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠰᠢᠨ᠎ᠠ ᠠᠷᠭ᠎ᠠ ᠬᠡᠯᠪᠡᠷᠢ ᠶᠢ ᠨᠠᠷᠢᠨ ᠬᠢᠨᠠᠮᠭᠠᠢ | ᠰᠦᠪᠡᠭᠴᠢᠯᠠᠵᠤ᠂ ᠦᠢᠯᠠᠳᠤᠯ ᠢᠶᠠᠨ ᠪᠠᠳᠠᠷᠠᠭᠤᠯᠬᠤ ᠰᠢᠨ᠎ᠠ ᠵᠠᠮ ᠮᠦᠷ ᠢ ᠢᠳᠠᠪᠬᠢᠳᠠᠢ ᠨᠠᠬᠡᠬᠡᠵᠤ᠂ ᠤᠯᠠᠨ ᠲᠦᠮᠠᠨ ᠳᠤ ᠦᠢᠯᠠᠴᠢᠯᠠᠬᠦ ᠰᠢᠨ᠎ᠠ ᠬᠦᠷᠢᠶ᠎ᠠ ᠴᠡᠷ᠎ᠠ ᠶᠢ | ᠬᠦᠴᠦ ᠲᠠᠯᠪᠢᠨ ᠦᠷᠬᠡᠳᠬᠡᠵᠤ᠂ ᠤᠨ ᠤ ᠵᠦᠪᠯᠠᠯᠬᠡᠨ ᠤ ᠲᠥᠯᠥᠪᠯᠡᠭᠡ ᠪᠠᠨ ᠬᠠᠮᠵᠢᠯᠴᠠᠨ ᠲᠤᠭᠳᠠᠭᠠᠬᠤ᠂ ᠤᠯᠤᠰ ᠲᠦᠷᠦ ᠶᠢᠨ ᠵᠦᠪᠯᠠᠯᠬᠡ ᠦᠨᠳᠤᠰᠤᠨ ᠱᠠᠳᠤᠨ | ᠳᠤ ᠬᠦᠨᠵᠡᠬᠡᠶᠢᠷᠠᠬᠦ᠂ ᠰᠤᠶᠤᠯ ᠲᠠᠤᠬᠡ ᠶᠢᠨ ᠮᠠᠲ᠋ᠧᠷᠢᠶᠠᠯ ᠤᠨ ᠦᠷ᠎ᠠ ᠪᠦᠳᠦᠮᠵᠢ ᠶᠢ ᠤᠯᠠᠷᠢᠭᠤᠯᠬᠤ᠂ ᠰᠠᠨᠠᠯ ᠲᠤᠷᠠᠳᠤᠯᠭ᠎ᠠ ᠬᠦᠢᠴᠡᠳᠬᠡᠬᠦ ᠵᠤᠬᠢᠴᠠᠮᠵᠢ ᠳᠤ ᠰᠢᠨ᠎ᠠ | ᠶᠢ ᠡᠬᠦᠳᠬᠦ᠂ ︽ᠲᠦᠷᠪᠡ ᠲᠠᠢ ᠬᠤᠯᠪᠤᠭᠠᠯᠠᠨ ᠲᠦᠷᠪᠡ ᠶᠢ ᠠᠬᠢᠭᠤᠯᠬᠤ︾ ᠠᠵᠢᠯ ᠤᠨ ᠵᠤᠬᠢᠴᠠᠮᠵᠢ ᠶᠢ ᠶᠠᠪᠤᠭᠳᠠᠭᠤᠯᠬᠤ᠂ ᠪᠠᠶᠢᠴᠠᠭᠠᠨ ᠰᠤᠳᠤᠯᠤᠯᠳᠠ ᠲᠤᠭᠤᠷᠢᠨ | ᠪᠠᠶᠢᠴᠠᠭᠠᠯᠳᠠ ᠪᠠ ᠠᠵᠢᠯ ᠳᠤ ᠠᠷᠠᠳᠴᠢᠯᠠᠯ ᠤᠨ ᠬᠢᠨᠠᠯᠳᠠ ᠲᠠᠯᠪᠢᠬᠤ ᠵᠠᠷᠬᠡ ᠪᠠᠷ ᠲᠠᠮᠵᠢᠨ᠂ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠲᠠᠰᠤᠷᠠᠯᠳᠠ ᠦᠬᠡᠢ | ᠴᠢᠨᠰᠠᠭ᠎ᠠ ᠪᠠᠨ ᠲᠡᠬᠡᠭᠰᠢᠯᠠᠬᠦᠯᠥᠨ ᠪᠦᠳᠦᠮᠵᠢ ᠪᠠᠨ ᠨᠡᠮᠡᠭᠳᠠᠬᠦᠯᠬᠦ ᠶᠢ ᠠᠬᠢᠭᠤᠯᠪᠠ᠃ ᠦᠢᠯᠠᠳᠤᠯᠬᠡ ᠬᠡᠷᠡᠴᠢᠯᠡᠭᠰᠠᠨ ᠨᠢ᠂ ᠪᠤᠳᠠᠳᠠᠢ ᠶᠢ ᠡᠷᠭᠢᠮᠯᠠᠨ ᠰᠢᠨ᠎ᠠ ᠶᠢ ᠡᠬᠦᠳᠬᠦ | ᠵᠤᠷᠢᠭ ᠰᠠᠨᠠᠭ᠎ᠠ ᠶᠢ ᠢᠮᠠᠭᠳᠠ ᠪᠠᠷᠢᠮᠳᠠᠯᠠᠪᠠᠯ᠂ ᠤᠯᠤᠰ ᠲᠦᠷᠦ ᠶᠢᠨ ᠵᠦᠪᠯᠠᠯᠬᠡᠨ ᠤ ᠠᠵᠢᠯ ᠨᠢ ᠰᠠᠶ᠋ᠢ ᠴᠢᠳᠠᠪᠬᠢ ᠶᠢᠨ ᠲᠠᠪᠠᠭᠤᠯᠢᠭ ᠢᠶᠠᠨ ᠪᠠᠳᠠᠷᠠᠭᠤᠯᠤᠨ᠂ ᠴᠠᠭ | ᠦᠶᠠᠴᠢ ᠴᠢᠨᠠᠷ ᠢ ᠬᠠᠷᠠᠭᠤᠯᠵᠤ᠂ ᠵᠢᠮ᠎ᠠ ᠶᠤᠰᠤᠴᠢ ᠴᠢᠨᠠᠷ ᠢ ᠡᠵᠡᠮᠳᠠᠨ᠂ ᠡᠬᠦᠳᠦᠨ ᠪᠦᠳᠦᠬᠡᠯᠴᠢ ᠴᠢᠨᠠᠷ ᠲᠤ ᠴᠢᠳᠠᠮᠠᠭᠠᠢ ᠪᠠᠶᠢᠵᠤ᠂ ᠰᠢᠨ᠎ᠠ ᠲᠡᠭᠳᠠᠷ ᠲᠤ ᠭᠠᠷᠤᠨ᠎ᠠ | ᠃ ᠲᠦᠷᠪᠡ᠂ ᠡᠷᠬᠡᠪᠰᠢ ᠬᠡᠰᠢᠬᠦᠳ ᠤᠨ ᠭᠤᠤᠯ ᠴᠤᠭᠴᠠ ᠶᠢᠨ ᠦᠢᠯᠠᠳᠤᠯ ᠢ ᠪᠠᠳᠠᠷᠠᠭᠤᠯᠬᠤ ᠶᠢ ᠢᠮᠠᠭᠳᠠ ᠪᠠᠷᠢᠮᠳᠠᠯᠠᠬᠤ ᠬᠡᠷᠡᠭᠳᠠᠢ᠃ ᠬᠡᠰᠢᠬᠦᠳ ᠪᠤᠯ ᠤᠯᠤᠰ | ᠲᠦᠷᠦ ᠶᠢᠨ ᠵᠦᠪᠯᠠᠯᠬᠡᠨ ᠤ ᠠᠵᠢᠯ ᠤᠨ ᠭᠤᠤᠯ ᠴᠤᠭᠴᠠ᠃ ᠲᠦᠷᠪᠡᠨ ᠵᠢᠯ ᠤᠨ ᠲᠤᠷᠰᠢ᠂ ᠪᠢᠳᠠ ᠰᠢᠨ᠎ᠠ ᠴᠠᠭ ᠦᠶ᠎ᠠ ᠶᠢᠨ ᠰᠢᠨ᠎ᠠ ᠡᠬᠦᠷᠬᠡ ᠰᠢᠨ᠎ᠠ ᠱᠠᠭᠠᠷᠳᠠᠯᠭ᠎ᠠ | ᠳᠤ ᠵᠤᠬᠢᠴᠠᠭᠤᠯᠤᠨ᠂ ᠦᠬᠡᠷᠡᠴᠢᠯᠠᠯᠳᠠ ᠶᠢᠨ ᠰᠡᠳᠬᠢᠬᠦᠢ᠂ ᠰᠢᠨ᠎ᠠ ᠶᠢ ᠡᠬᠦᠳᠬᠦ ᠤᠶᠢᠯᠠᠭᠠᠭᠳᠠᠬᠤᠨ᠂ ᠪᠤᠳᠠᠳᠠᠢ ᠶᠢ ᠡᠷᠬᠢᠮᠯᠠᠬᠦ ᠠᠷᠭ᠎ᠠ ᠠᠪᠴᠠᠯ ᠢᠶᠠᠷ ᠡᠬᠦᠷᠬᠡ | ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢᠨ ᠪᠦᠳᠦᠬᠡᠨ ᠪᠠᠶᠢᠭᠤᠯᠤᠯᠳᠠ ᠶᠢ ᠶᠡᠬᠡᠪᠡᠷ ᠠᠬᠢᠭᠤᠯᠵᠤ᠂ ᠬᠡᠰᠢᠬᠦᠳ ᠤᠨ ᠭᠤᠤᠯ ᠴᠤᠭᠴᠠ ᠶᠢᠨ ᠦᠢᠯᠠᠳᠤᠯ ᠢ | ᠰᠠᠶᠢᠳᠤᠷ ᠪᠠᠳᠠᠷᠠᠭᠤᠯᠤᠨ᠂ ᠤᠯᠤᠰ ᠲᠦᠷᠦ ᠶᠢᠨ ᠵᠦᠪᠯᠠᠯᠬᠡᠨ ᠤ ᠦᠢᠯᠠᠰ ᠢᠶᠠᠷ ᠬᠡᠰᠢᠬᠦᠳ ᠢ ᠨᠢᠬᠳᠠᠷᠠᠭᠤᠯᠤᠨ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ | ᠦᠢᠯᠠᠳᠤᠯᠬᠡ ᠪᠠᠷ ᠬᠡᠰᠢᠬᠦᠳ ᠢ ᠲᠠᠪᠳᠠᠨ ᠪᠤᠯᠪᠠᠰᠤᠷᠠᠭᠤᠯᠵᠤ᠂ ᠬᠡᠰᠢᠬᠦᠳ ᠤᠨ ᠢᠳᠠᠪᠬᠢ ᠴᠢᠨᠠᠷ ᠪᠠ ᠬᠦᠳᠠᠯᠤᠩᠬᠦᠢ ᠴᠢᠨᠠᠷ ᠢ ᠬᠦᠢᠴᠡᠳ ᠲᠠᠶᠢᠴᠢᠯᠠᠭᠰᠠᠨ ᠪᠠᠶᠢᠨ᠎ᠠ᠃ | ᠦᠷᠬᠡᠨ ᠤᠯᠠᠨ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ ᠨᠢ ᠤᠯᠤᠰ ᠲᠦᠷᠦ ᠶᠢᠨ ᠵᠦᠪᠯᠠᠯᠬᠡᠨ ᠤ ᠲᠠᠪᠴᠠᠩ ᠲᠠᠬᠡᠷ᠎ᠡ ᠢᠳᠠᠪᠬᠢᠳᠠᠢ ᠪᠠᠷ ᠵᠠᠰᠠᠭ ᠤᠨ | ᠶᠠᠪᠤᠳᠠᠯ ᠢ ᠵᠦᠪᠯᠠᠵᠤ᠂ ᠰᠠᠨᠠᠯ ᠰᠠᠨᠠᠭᠤᠯᠭ᠎ᠠ ᠠᠷᠭ᠎ᠠ ᠪᠤᠳᠤᠯᠭ᠎ᠠ ᠲᠤᠷᠠᠳᠤᠨ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ᠂ ᠪᠦᠬᠦ ᠬᠤᠰᠢᠭᠤᠨ ᠤ ᠠᠵᠤ ᠠᠬᠤᠢ | ᠨᠠᠶᠢᠬᠡᠮ ᠤᠨ ᠬᠦᠭᠵᠢᠯᠳᠠ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠭᠠᠷᠭᠠᠭᠰᠠᠨ ᠪᠠᠶᠢᠨ᠎ᠠ᠃ ᠦᠢᠯᠠᠳᠤᠯᠬᠡ ᠬᠡᠷᠡᠴᠢᠯᠡᠭᠰᠠᠨ ᠨᠢ᠂ | ᠬᠡᠰᠢᠬᠦᠳ ᠤᠨ ᠭᠤᠤᠯ ᠴᠤᠭᠴᠠ ᠶᠢᠨ ᠦᠢᠯᠠᠳᠤᠯ ᠢ ᠪᠠᠳᠠᠷᠠᠭᠤᠯᠬᠤ ᠶᠢ ᠢᠮᠠᠭᠳᠠ ᠪᠠᠷᠢᠮᠳᠠᠯᠠᠪᠠᠯ ᠰᠠᠶ᠋ᠢ᠂ ᠦᠷᠬᠡᠨ ᠤᠯᠠᠨ ᠬᠡᠰᠢᠬᠦᠳ ᠤᠨ ᠤᠯᠤᠰ ᠲᠦᠷᠦ ᠶᠢᠨ | ᠤᠷᠬᠢᠯᠤᠮ᠎ᠠ ᠬᠠᠯᠠᠭᠤᠨ ᠰᠡᠳᠬᠢᠯ ᠢ ᠪᠦᠬᠦ ᠲᠠᠯ᠎ᠠ ᠪᠠᠷ ᠤᠷᠮᠠᠰᠢᠭᠤᠯᠵᠤ᠂ ᠤᠯᠤᠰ ᠲᠦᠷᠦ ᠶᠢᠨ ᠵᠦᠪᠯᠠᠯᠬᠡᠨ ᠤ ᠠᠵᠢᠯ ᠨᠢ ᠰᠠᠶ᠋ᠢ ᠦᠷᠨᠢᠬᠦᠨ ᠪᠠᠳᠠᠷᠠᠩᠭᠤᠢ ᠠᠮᠢᠵᠢᠷᠠᠯ | ᠤᠨ ᠬᠦᠴᠦᠨ ᠢ ᠪᠠᠳᠤᠯᠠᠨ᠎ᠠ᠃ | | ᠬᠡᠰᠢᠬᠦᠳ ᠡ᠄ | ᠦᠨᠤᠳᠤᠷ ᠤᠨ ᠬᠠᠩᠬᠢᠨ᠂ ᠪᠦᠬᠦ ᠬᠤᠰᠢᠭᠤ ᠪᠠᠷ ᠢᠶᠠᠨ ︽ᠬᠦᠭᠵᠢᠯᠳᠠ ᠶᠢ ᠬᠦᠴᠦ ᠲᠠᠯᠪᠢᠨ ᠰᠦᠪᠡᠭᠴᠢᠯᠠᠵᠤ᠂ ᠬᠤᠴᠤᠷᠤᠩᠭᠤᠢ ᠪᠠᠶᠢᠳᠠᠯ ᠢᠶᠠᠨ | ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ︾ ᠲᠠᠭᠠᠷᠢᠯᠳᠠ ᠶᠢᠨ ᠲᠠᠭᠤᠨ ᠢ ᠴᠤᠤᠷᠢᠶᠠᠳᠤᠭᠤᠯᠵᠤ᠂ ᠵᠦᠪᠯᠠᠯᠬᠡᠨ ᠤ ᠠᠷᠠᠳᠴᠢᠯᠠᠯ ᠤᠨ ᠠᠭᠤᠷ ᠠᠮᠢᠰᠬᠤᠯ | ᠨᠡᠩ ᠬᠦᠨ ᠵᠤᠵᠠᠭᠠᠨ ᠪᠤᠯᠵᠤ᠂ ᠨᠠᠶᠢᠬᠡᠮ ᠤᠨ ᠡᠯ᠎ᠡ ᠡᠳᠡᠬᠡᠳ ᠤᠨ ᠬᠢᠨ ᠪᠦᠯᠬᠦᠮᠳᠠᠵᠤ ᠪᠠᠶᠢᠭᠠᠳ ᠲᠠᠪᠰᠢᠯᠳᠠ ᠶᠢ ᠰᠦᠪᠡᠭᠴᠢᠯᠠᠨ᠂ ᠢᠳᠠᠪᠬᠢᠳᠠᠢ ᠪᠠᠷ ᠦᠢᠯᠠᠳᠤᠯ | ᠦᠵᠠᠬᠦᠯᠬᠦ ᠬᠦᠰᠠᠯ ᠨᠡᠩ ᠲᠤᠯᠭᠠᠮ᠎ᠠ ᠪᠤᠯᠵᠤ᠂ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠦᠢᠯᠠᠰ ᠦᠷᠨᠢᠬᠦᠨ ᠪᠠᠳᠠᠷᠠᠩᠭᠤᠢ᠂ ᠰᠢᠨ᠎ᠠ ᠶᠢ ᠡᠬᠦᠳᠦᠨ | ᠬᠦᠭᠵᠢᠬᠦ ᠬᠠᠷᠭᠤᠢ ᠨᠡᠩ ᠦᠷᠬᠡᠨ ᠲᠠᠷᠳᠠᠩ ᠪᠤᠯᠪᠠ᠃ ᠡᠶᠢᠮᠤᠷᠬᠦ ᠪᠠᠶᠢᠳᠠᠯ᠂ ᠡᠳᠡᠬᠡᠷ ᠪᠦᠳᠦᠮᠵᠢ ᠶᠢ ᠬᠦᠷᠳᠡᠭᠰᠠᠨ ᠨᠢ ᠬᠢᠯᠪᠠᠷ ᠪᠤᠰᠤ᠂ ᠬᠠᠩᠬᠢᠨ ᠬᠤᠰᠢᠭᠤᠨ ᠤ | ᠨᠠᠮ ᠤᠨ ᠬᠤᠷᠢᠶᠠᠨ ᠤ ᠡᠷᠡᠰ ᠪᠠᠳᠤ ᠤᠳᠤᠷᠢᠳᠤᠯᠭ᠎ᠠ ᠶᠢᠨ ᠦᠷ᠎ᠠ ᠳ᠋ᠦᠩ᠂ ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠶᠡᠬᠡᠪᠡᠷ ᠲᠡᠮᠵᠢᠭᠰᠡᠨ ᠤ ᠦᠷ᠎ᠠ ᠳ᠋ᠦᠩ᠂ ᠨᠠᠶᠢᠬᠡᠮ ᠤᠨ ᠡᠯ᠎ᠡ ᠡᠳᠡᠬᠡᠳ ᠪᠠ ᠪᠦᠬᠦ ᠤᠯᠤᠰ ᠲᠦᠷᠦ ᠶᠢᠨ | ᠵᠦᠪᠯᠠᠯᠬᠡᠨ ᠤ ᠬᠡᠰᠢᠬᠦᠳ ᠤᠨ ᠪᠦᠯᠬᠦᠮᠳᠠᠨ ᠲᠡᠮᠡᠴᠡᠭᠰᠠᠨ ᠤ ᠦᠷ᠎ᠠ ᠳ᠋ᠦᠩ᠂ ᠦᠩᠬᠡᠷᠡᠭᠰᠠᠨ ᠬᠤᠭᠤᠴᠠᠭᠠᠨ ᠤ ᠤᠯᠤᠰ ᠲᠦᠷᠦ ᠶᠢᠨ ᠵᠦᠪᠯᠠᠯᠬᠡᠨ ᠤ ᠠᠬᠠᠮᠠᠳ | ᠤᠳᠤᠷᠢᠳᠤᠯᠭ᠎ᠠ ᠨᠠᠷ ᠤᠨ ᠬᠠᠯᠠᠮᠵᠢᠯᠠᠨ ᠲᠡᠮᠵᠢᠭᠰᠡᠨ ᠦᠷ᠎ᠠ ᠳ᠋ᠦᠩ ᠪᠤᠯᠤᠨ᠎ᠠ᠃ ᠦᠨᠤᠳᠤᠷ᠂ ᠤᠯᠤᠰ ᠲᠦᠷᠦ ᠶᠢᠨ ᠵᠦᠪᠯᠠᠯᠬᠡᠨ ᠤ ᠬᠠᠩᠬᠢᠨ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠵᠢᠴᠢ ᠲᠠᠬᠦᠨ ᠤ ᠪᠠᠶᠢᠩᠭᠤ ᠶᠢᠨ ᠬᠤᠷᠢᠶ᠎ᠠ ᠨᠢ ᠲᠤᠭᠳᠠᠭᠰᠠᠨ ᠡᠬᠦᠷᠬᠡ ᠬᠠᠷᠢᠭᠤᠴᠠᠯᠭ᠎ᠠ ᠪᠠᠨ ᠲᠠᠬᠦᠰ ᠠᠮᠵᠢᠯᠳᠠᠳᠠᠢ | ᠪᠠᠶᠠᠯᠠᠬᠦᠯᠥᠯᠠ᠂ ᠠᠳᠠ ᠪᠢ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠠᠯᠬᠡᠨ ᠤ ᠪᠠᠶᠢᠩᠭᠤ ᠶᠢᠨ ᠬᠤᠷᠢᠶ᠎ᠠ ᠶᠢ ᠲᠥᠯᠥᠬᠡᠯᠡᠵᠤ᠂ ᠪᠢᠳᠠᠨ ᠢ | ᠤᠷᠳᠤ ᠬᠤᠭᠤᠴᠠᠭ᠎ᠠ ᠪᠠᠷ ᠠᠩᠬᠠᠷᠤᠨ ᠲᠠᠮᠵᠢᠵᠤ ᠵᠤᠷᠢᠭᠵᠢᠭᠤᠯᠤᠨ ᠬᠠᠪᠰᠤᠷᠤᠭᠰᠠᠭᠠᠷ ᠢᠷᠡᠭᠰᠠᠨ ᠬᠠᠮᠢᠶ᠎ᠠ ᠪᠦᠬᠦᠢ ᠤᠳᠤᠷᠢᠳᠤᠯᠭ᠎ᠠ᠂ ᠨᠠᠶᠢᠬᠡᠮ ᠤᠨ ᠡᠯ᠎ᠡ ᠡᠳᠡᠬᠡᠳ | ᠲᠤ ᠡᠷᠬᠢᠮ ᠲᠠᠬᠡᠳᠤ ᠬᠦᠨᠳᠤᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠥᠶᠡ︕ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠠᠨᠠᠭᠤᠯᠭ᠎ᠠ | ᠬᠤᠶᠢᠰᠢᠳᠠ ᠶᠢᠨ ᠲᠠᠪᠤᠨ ᠵᠢᠯ ᠪᠤᠯ᠂ ᠮᠠᠨ ᠤ ᠬᠤᠰᠢᠭᠤᠨ ᠤ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠥᠯᠥᠪᠵᠢᠬᠦᠯᠬᠡ ᠶᠢ ᠪᠦᠬᠦ ᠲᠠᠯ᠎ᠠ ᠪᠠᠷ | ᠬᠡᠷᠡᠭᠵᠢᠬᠦᠯᠬᠦ᠂ ᠴᠢᠨᠠᠬᠡᠯᠢᠭ ᠨᠠᠶᠢᠬᠡᠮ ᠢ ᠪᠦᠬᠦ ᠲᠠᠯ᠎ᠠ ᠪᠠᠷ ᠪᠡᠶᠡᠯᠡᠬᠦᠯᠦᠭᠰᠠᠨ ᠰᠠᠭᠤᠷᠢᠨ ᠲᠠᠬᠡᠷ᠎ᠡ ᠨᠠᠶᠢᠬᠡᠮ ᠵᠢᠷᠤᠮᠳᠤ ᠤᠳᠤᠬᠢᠴᠢᠯᠠᠭᠰᠠᠨ ᠬᠠᠩᠬᠢᠨ ᠢ ᠪᠦᠬᠦ ᠲᠠᠯ᠎ᠠ ᠪᠠᠷ | ᠪᠦᠳᠦᠬᠡᠨ ᠪᠠᠶᠢᠭᠤᠯᠬᠤ ᠠᠶᠠᠨ ᠢ ᠡᠬᠢᠯᠡᠬᠦᠯᠦᠭᠰᠠᠨ ᠨᠢᠬᠡᠳᠤᠬᠡᠷ ᠲᠠᠪᠤᠨ ᠵᠢᠯ᠂ ᠬᠦᠭᠵᠢᠯᠳᠠ ᠶᠢ ᠬᠦᠴᠦ ᠲᠠᠯᠪᠢᠨ ᠰᠦᠪᠡᠭᠴᠢᠯᠠᠵᠤ᠂ ᠬᠤᠴᠤᠷᠤᠩᠭᠤᠢ ᠪᠠᠶᠢᠳᠠᠯ ᠢᠶᠠᠨ | ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠪᠤᠯ᠂ ᠪᠢᠳᠠᠨ ᠤ ᠢᠷᠠᠬᠡᠳᠤᠢ ᠶᠢᠨ ᠲᠠᠪᠤᠨ ᠵᠢᠯ ᠤᠨ ᠠᠵᠢᠯ ᠤᠨ ᠡᠬᠦᠷᠬᠡ ᠬᠠᠷᠢᠭᠤᠴᠠᠯᠭ᠎ᠠ ᠪᠠ | ᠤᠷᠢᠳᠴᠢᠯᠠᠭᠰᠠᠨ ᠬᠠᠷᠠᠯᠳᠠ ᠪᠤᠯᠤᠨ᠎ᠠ᠃ ᠰᠢᠨ᠎ᠠ ᠴᠠᠭ ᠦᠶ᠎ᠠ᠂ ᠰᠢᠨ᠎ᠠ ᠡᠬᠦᠷᠬᠡ ᠬᠠᠷᠢᠭᠤᠴᠠᠯᠭ᠎ᠠ᠂ ᠰᠢᠨ᠎ᠠ ᠱᠠᠭᠠᠷᠳᠠᠯᠭ᠎ᠠ᠂ ᠰᠢᠨ᠎ᠠ ᠦᠷᠢᠰᠤᠯᠳᠤᠬᠡᠨ ᠳᠤ | ᠬᠠᠨᠳᠤᠭᠤᠯᠤᠨ᠂ ᠰᠢᠨ᠎ᠠ ᠨᠢᠬᠡ ᠬᠤᠭᠤᠴᠠᠭᠠᠨ ᠤ ᠤᠯᠤᠰ ᠲᠦᠷᠦ ᠶᠢᠨ ᠵᠦᠪᠯᠠᠯᠬᠡᠨ ᠢ ᠬᠦᠰᠠᠬᠦ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠪᠦᠬᠦᠢ ᠨᠠᠶᠢᠬᠡᠮ ᠵᠢᠷᠤᠮ ᠤᠨ ᠦᠵᠠᠯ ᠰᠠᠨᠠᠭᠠᠨ ᠤ ᠵᠢᠯᠤᠭᠤᠳᠤᠯᠭ᠎ᠠ ᠲᠤᠤᠷ᠎ᠠ᠂ ᠰᠢ ᠶᠢᠨ ᠫᠢᠩ ᠶᠠᠷᠤᠩᠬᠡᠢ ᠱᠦᠵᠢ ᠶᠢᠨ ᠠᠷᠠᠳ ᠤᠨ | ᠤᠯᠤᠰ ᠲᠦᠷᠦ ᠶᠢᠨ ᠵᠦᠪᠯᠠᠯᠬᠡᠨ ᠤ ᠠᠵᠢᠯ ᠢ ᠴᠢᠩᠭᠠᠳᠬᠠᠬᠤ ᠪᠠ ᠬᠠᠯᠠᠨ ᠰᠠᠶᠢᠵᠢᠷᠠᠭᠤᠯᠬᠤ ᠴᠢᠬᠤᠯᠠ ᠦᠵᠠᠯ ᠰᠠᠨᠠᠭ᠎ᠠ ᠪᠠᠷ ᠦᠨᠳᠤᠰᠤᠨ ᠵᠢᠷᠤᠮᠵᠢᠯ ᠪᠤᠯᠭᠠᠨ᠂ | ᠲᠤᠮᠳᠠᠳᠤ ᠤᠯᠤᠰ ᠤᠨ ᠤᠨᠴᠠᠯᠢᠭ ᠪᠦᠬᠦᠢ ᠨᠠᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠶᠢ ᠬᠠᠮᠳᠤ ᠶᠢᠨ ᠦᠵᠠᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ | ᠪᠠᠳᠤᠳᠬᠠᠬᠤ ᠭᠤᠤᠯ ᠲᠠᠩᠬᠡᠯᠢᠭ ᠪᠤᠯᠭᠠᠵᠤ᠂ ︽ᠬᠤᠶᠠᠳᠤᠭᠠᠷ ᠵᠠᠭᠤᠨ ᠵᠢᠯ ᠤᠨ ᠲᠠᠮᠠᠴᠠᠬᠦ ᠬᠠᠷᠠᠯᠳᠠ︾ ᠶᠢ ᠪᠠᠶᠠᠯᠠᠬᠦᠯᠬᠦ ᠳᠤ ᠦᠢᠯᠠᠴᠢᠯᠠᠬᠦ ᠶᠢ ᠠᠵᠢᠯ ᠤᠨ ᠢᠶᠠᠨ | ᠭᠤᠤᠯ ᠱᠤᠭᠤᠮ ᠪᠤᠯᠭᠠᠵᠤ᠂ ᠦᠵᠠᠯ ᠰᠠᠨᠠᠭ᠎ᠠ ᠤᠯᠤᠰ ᠲᠦᠷᠦ ᠪᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠂ ᠬᠠᠮᠳᠤ ᠶᠢᠨ ᠲᠠᠨᠢᠯᠳᠠ ᠶᠢ ᠦᠷᠬᠡᠨ ᠲᠠᠯᠬᠡᠷ | ᠨᠢᠬᠳᠠᠷᠠᠭᠤᠯᠬᠤ ᠶᠢ ᠭᠤᠤᠯ ᠭᠤᠭᠴᠤᠭ᠎ᠠ ᠪᠤᠯᠭᠠᠨ᠂ ᠪᠦᠯᠬᠦᠮᠳᠠᠯ᠂ ᠠᠷᠠᠳᠴᠢᠯᠠᠯ ᠤᠨ ᠭᠤᠤᠯ ᠰᠡᠳᠦᠪ ᠢ ᠪᠠᠷᠢᠮᠳᠠᠯᠠᠨ᠂ ︽ᠬᠦᠭᠵᠢᠯᠳᠠ ᠶᠢ ᠬᠦᠴᠦ ᠲᠠᠯᠪᠢᠨ | ᠰᠦᠪᠡᠭᠴᠢᠯᠠᠵᠤ᠂ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ︾ ᠬᠠᠷᠠᠯᠳᠠ ᠶᠢᠨ ᠬᠦᠳᠦᠴᠢ ᠳᠤ ᠲᠦᠪᠯᠠᠷᠠᠬᠦᠯᠥᠨ᠂ | ᠦᠬᠡᠷᠡᠴᠢᠯᠠᠯᠳᠠ ᠬᠦᠭᠵᠢᠯᠳᠠ ᠲᠤᠭᠳᠠᠭᠤᠨ ᠤ ᠴᠢᠬᠤᠯᠠ ᠶᠡᠭᠡ ᠠᠰᠠᠭᠤᠳᠠᠯ ᠪᠠ ᠤᠯᠠᠨ ᠲᠦᠮᠠᠨ ᠤ ᠬᠤᠪᠢ ᠪᠠᠶ᠎ᠠ ᠶᠢᠨ ᠠᠰᠢᠭ ᠲᠤᠰᠠ ᠲᠠᠢ ᠨᠢᠬᠳᠠ | ᠬᠤᠯᠪᠤᠭᠳᠠᠬᠤ ᠪᠤᠳᠠᠳᠠᠢ ᠠᠰᠠᠭᠤᠳᠠᠯ ᠳᠤ ᠲᠦᠪᠯᠠᠷᠠᠬᠦᠯᠥᠨ᠂ ᠤᠯᠤᠰ ᠲᠦᠷᠦ ᠶᠢᠨ ᠵᠦᠪᠯᠠᠯᠬᠡᠨ ᠤ ︽ᠴᠢᠳᠠᠪᠬᠢ︾ ᠪᠠᠨ ᠬᠦᠢᠴᠡᠳ ᠪᠠᠳᠠᠷᠠᠭᠤᠯᠵᠤ᠂ ᠤᠯᠤᠰ | ᠲᠦᠷᠦ ᠶᠢᠨ ᠵᠦᠪᠯᠠᠯᠬᠡ ᠬᠢᠬᠦ᠂ ᠠᠷᠠᠳᠴᠢᠯᠠᠯ ᠤᠨ ᠬᠢᠨᠠᠯᠳᠠ ᠲᠠᠯᠪᠢᠬᠤ᠂ ᠵᠠᠰᠠᠭ ᠤᠨ ᠶᠠᠪᠤᠳᠠᠯ ᠳᠤ ᠤᠷᠤᠯᠴᠠᠵᠤ ᠵᠠᠰᠠᠭ ᠤᠨ ᠶᠠᠪᠤᠳᠠᠯ ᠢ ᠵᠦᠪᠯᠠᠬᠦ ᠡᠬᠦᠷᠬᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠵᠤ᠂ ᠨᠠᠶᠢᠬᠡᠮ ᠵᠢᠷᠤᠮᠳᠤ ᠤᠳᠤᠬᠢᠴᠢᠯᠠᠭᠰᠠᠨ ᠰᠢᠨ᠎ᠠ ᠬᠠᠩᠬᠢᠨ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ | ᠰᠢᠨ᠎ᠠ ᠬᠤᠪᠢ ᠨᠠᠮᠠᠷᠢ ᠪᠠᠨ ᠦᠵᠠᠬᠦᠯᠳᠤᠬᠡᠢ᠃ | ᠨᠢᠬᠡᠳᠤᠬᠡᠷ ᠲᠤ᠂ ᠤᠯᠤᠰ ᠲᠦᠷᠦ ᠪᠠᠷ ᠤᠳᠤᠷᠢᠳᠤᠮᠵᠢ ᠪᠤᠯᠭᠠᠬᠤ ᠴᠢᠳᠠᠪᠬᠢ ᠪᠠᠨ ᠬᠦᠢᠴᠡᠳ ᠪᠠᠳᠠᠷᠠᠭᠤᠯᠤᠨ᠂ ᠰᠠᠭᠤᠷᠢ ᠪᠠᠨ ᠪᠠᠳᠤᠳᠬᠠᠵᠤ ᠬᠠᠮᠳᠤ ᠶᠢᠨ | ᠲᠠᠨᠢᠯᠳᠠ ᠪᠠᠨ ᠨᠢᠬᠳᠠᠷᠠᠭᠤᠯᠬᠤ ᠳᠤ ︽ᠢᠵᠢᠯ ᠲᠦᠪᠳᠤ ᠲᠤᠭᠤᠷᠢᠭ︾ ᠢ ᠰᠠᠶᠢᠳᠤᠷ ᠵᠢᠷᠤᠬᠤ ᠬᠡᠷᠡᠭᠳᠠᠢ᠃ ᠪᠢᠳᠠ ᠪᠠᠳᠤ ᠪᠠᠬᠢ ᠤᠯᠤᠰ ᠲᠦᠷᠦ ᠶᠢᠨ ᠵᠤᠭᠰᠤᠯᠳᠠ | ᠶᠢ ᠪᠠᠷᠢᠮᠳᠠᠯᠠᠵᠤ᠂ ︽ᠲᠦᠷᠪᠡᠨ ᠤᠬᠠᠮᠰᠠᠷ︾ ᠢᠶᠠᠨ ᠲᠠᠰᠤᠷᠠᠯᠳᠠ ᠦᠬᠡᠢ ᠴᠢᠩᠭᠠᠳᠬᠠᠨ᠂ ︽ᠲᠦᠷᠪᠡᠨ ᠢᠳᠠᠬᠡᠯ︾ ᠢᠶᠠᠨ ᠪᠠᠳᠤᠳᠬᠠᠵᠤ᠂ ︽ᠬᠤᠶᠠᠷ ᠢ | ᠲᠤᠭᠳᠠᠭᠠᠬᠤ︾ ᠶᠢ ᠬᠦᠷᠢᠶᠠᠯᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠰᠢᠭᠤᠷᠬᠠᠢ ᠪᠠᠶᠠᠯᠠᠬᠦᠯᠵᠤ᠂ ᠤᠯᠤᠰ ᠲᠦᠷᠦ ᠶᠢᠨ ᠵᠤᠭᠰᠤᠯᠳᠠ᠂ ᠤᠯᠤᠰ ᠲᠦᠷᠦ ᠶᠢᠨ | ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠲᠠᠬᠡᠷ᠎ᠡ ᠪᠠᠨ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ | ᠤᠨ ᠲᠦᠪ ᠬᠤᠷᠢᠶ᠎ᠠ ᠲᠠᠢ ᠲᠠᠬᠡᠳᠤ ᠬᠡᠮᠵᠢᠶ᠎ᠠ ᠪᠠᠷ ᠨᠢᠬᠡᠳᠤᠯᠳᠠᠢ ᠪᠠᠶᠢᠯᠭᠠᠵᠤ᠂ ᠨᠠᠮ ᠤᠨ ᠤᠳᠤᠷᠢᠳᠤᠯᠭ᠎ᠠ ᠶᠢ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠡᠯ᠎ᠡ | ᠲᠠᠯ᠎ᠠ ᠳᠤ᠂ ᠪᠦᠬᠦ ᠶᠠᠪᠤᠴᠠ ᠳᠤ ᠨᠠᠪᠳᠠᠷᠠᠬᠦᠯᠬᠦ ᠬᠡᠷᠡᠭᠳᠠᠢ᠃ ᠤᠯᠤᠰ ᠲᠦᠷᠦ ᠶᠢᠨ ᠤᠨᠤᠯ ᠢᠶᠠᠷ ᠵᠡᠪᠰᠡᠭᠯᠡᠬᠦ ᠶᠢ ᠦᠷᠬᠦᠯᠵᠢᠯᠠᠨ ᠴᠢᠩᠭᠠᠳᠬᠠᠵᠤ᠂ ᠨᠠᠮ ᠤᠨ | ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ ᠰᠤᠷᠤᠯᠴᠠᠯᠭ᠎ᠠ ᠪᠠᠷ ᠤᠳᠤᠷᠢᠳᠤᠮᠵᠢ ᠪᠤᠯᠭᠠᠵᠤ᠂ ᠲᠠᠷᠢᠬᠦᠯᠡᠭᠴᠢᠳ ᠤᠨ | ᠬᠤᠷᠠᠯᠳᠤᠭᠠᠨ ᠤ ᠲᠤᠰᠬᠠᠢ ᠰᠡᠳᠦᠪᠳᠤ ᠰᠤᠷᠤᠯᠴᠠᠯᠭ᠎ᠠ᠂ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠤ ᠲᠦᠪᠯᠠᠷᠠᠩᠬᠦᠢ ᠰᠤᠷᠤᠯᠴᠠᠯᠭ᠎ᠠ ᠪᠠ ᠬᠡᠰᠢᠬᠦᠳ ᠤᠨ | ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠪᠤᠯᠪᠠᠰᠤᠷᠠᠯ ᠲᠠᠢ ᠬᠠᠷᠢᠯᠴᠠᠨ ᠬᠠᠷᠠᠭᠠᠯᠵᠠᠭᠰᠠᠨ ᠰᠤᠷᠤᠯᠴᠠᠯᠭ᠎ᠠ ᠶᠢᠨ ᠲᠦᠷᠢᠮ ᠤᠨ ᠲᠤᠭᠳᠠᠯᠴᠠᠭ᠎ᠠ ᠶᠢ | ᠲᠠᠬᠦᠯᠳᠡᠷᠵᠢᠬᠦᠯᠵᠤ᠂ ᠤᠨᠤᠯ ᠤᠨ ᠰᠤᠷᠤᠯᠴᠠᠯᠭ᠎ᠠ᠂ ᠦᠵᠠᠯ ᠰᠠᠨᠠᠭᠠᠨ ᠤ ᠵᠠᠪᠰᠡᠭᠯᠡᠯ ᠢᠶᠠᠷ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠴᠢᠨᠠᠷ ᠤᠨ ᠶᠡᠭᠡ | ᠲᠡᠬᠡᠭᠰᠢᠯᠠᠯᠳᠠ ᠶᠢ ᠠᠬᠢᠭᠤᠯᠬᠤ ᠬᠡᠷᠡᠭᠳᠠᠢ᠃ ᠤᠯᠤᠰ ᠲᠦᠷᠦ ᠶᠢᠨ ᠵᠦᠪᠯᠠᠯᠬᠡᠨ ᠤ ᠨᠠᠮ ᠤᠨ ᠲᠤᠭᠤᠶᠢᠯᠠᠩ ᠤᠨ ᠤᠳᠤᠷᠢᠳᠬᠤ ᠭᠤᠤᠯ ᠴᠦᠮ᠎ᠡ ᠶᠢᠨ ᠦᠢᠯᠠᠳᠤᠯ ᠢ | ᠦᠨᠠᠨᠬᠦ ᠪᠠᠳᠠᠷᠠᠭᠤᠯᠵᠤ᠂ ᠵᠢᠭᠠᠪᠤᠷᠢ ᠠᠪᠴᠤ ᠮᠠᠳᠠᠬᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠲᠦᠷᠦ ᠶᠢᠨ ᠵᠦᠪᠯᠠᠯᠬᠡᠨ ᠤ ᠨᠠᠮ ᠤᠨ ᠬᠡᠰᠢᠬᠦᠨ ᠤ | ᠡᠩᠨᠡᠬᠡᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠪᠦᠳᠦᠮᠵᠢᠳᠠᠢ ᠠᠷᠭ᠎ᠠ ᠵᠠᠮ ᠢ ᠦᠷᠬᠦᠯᠵᠢᠯᠠᠨ ᠰᠦᠪᠡᠭᠴᠢᠯᠠᠨ ᠴᠢᠩᠭᠠᠳᠬᠠᠵᠤ᠂ ᠨᠠᠮ ᠤᠨ ᠬᠡᠰᠢᠬᠦᠨ | ᠬᠡᠰᠢᠬᠦᠳ ᠪᠠ ᠠᠯᠪᠠᠨ ᠪᠠᠶᠢᠭᠤᠯᠭ᠎ᠠ ᠶᠢᠨ ᠨᠠᠮ ᠤᠨ ᠬᠡᠰᠢᠬᠦᠨ ᠺᠠᠳ᠋ᠷ ᠤᠨ ᠬᠤᠰᠢᠭᠤᠴᠢ ᠵᠢᠱᠢᠶᠠᠴᠢ ᠦᠢᠯᠠᠳᠤᠯ ᠢ ᠬᠦᠢᠴᠡᠳ ᠪᠠᠳᠠᠷᠠᠭᠤᠯᠤᠨ᠂ ᠬᠠᠮᠳᠤ ᠶᠢᠨ | ᠲᠠᠮᠠᠴᠠᠬᠦ ᠬᠠᠷᠠᠯᠳᠠ ᠶᠢ ᠪᠠᠶᠠᠯᠠᠬᠦᠯᠬᠦ ᠶᠢᠨ ᠲᠥᠯᠥᠬᠡ ᠰᠡᠳᠬᠢᠯ ᠨᠢᠬᠳᠠᠷᠠᠨ ᠬᠠᠮᠳᠤᠪᠠᠷ ᠴᠢᠷᠮᠠᠶᠢᠬᠤ ᠬᠡᠷᠡᠭᠳᠠᠢ᠃ | ᠬᠤᠶᠠᠳᠤᠭᠠᠷ ᠲᠤ᠂ ᠰᠠᠨᠠᠯ ᠰᠠᠨᠠᠭᠤᠯᠭ᠎ᠠ ᠲᠠᠪᠰᠢᠬᠦᠯᠵᠤ ᠵᠠᠰᠠᠭ ᠲᠤ ᠲᠤᠰᠠᠯᠠᠬᠤ ᠴᠢᠳᠠᠪᠬᠢ ᠪᠠᠨ ᠬᠦᠢᠴᠡᠳ ᠪᠠᠳᠠᠷᠠᠭᠤᠯᠤᠨ᠂ ᠬᠤᠴᠤᠷᠤᠩᠭᠤᠢ ᠪᠠᠶᠢᠳᠠᠯ ᠢᠶᠠᠨ | ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠳᠤ ᠬᠦᠴᠦᠯᠠᠬᠦ ᠳᠤ ︽ᠶᠠᠷᠤᠩᠬᠡᠢ ᠬᠤᠷᠢᠶᠠᠭᠴᠢ ᠲᠤᠭ᠎ᠠ︾ ᠶᠢ ᠡᠷᠢᠯᠬᠢᠯᠠᠬᠦ ᠬᠡᠷᠡᠭᠳᠠᠢ᠃ ᠰᠢᠨ᠎ᠠ ᠴᠠᠭ ᠦᠶ᠎ᠠ | ᠶᠢᠨ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠭᠤᠤᠯ ᠠᠵᠢᠯ ᠪᠤᠯ ᠵᠦᠪᠯᠠᠯᠬᠡ ᠬᠢᠬᠦ᠂ ᠠᠵᠢᠯ ᠤᠨ ᠠᠷᠭ᠎ᠠ ᠬᠡᠯᠪᠡᠷᠢ ᠪᠤᠯ ︽ᠲᠠᠪᠴᠠᠩ ᠪᠤᠰᠬᠠᠬᠤ︾᠂ | ᠠᠵᠢᠯ ᠤᠨ ᠭᠤᠤᠯ ᠵᠤᠷᠢᠯᠳᠠ ᠪᠤᠯ ᠬᠤᠤᠰ ᠴᠢᠭᠯᠡᠯ ᠢᠶᠠᠷ ᠬᠦᠴᠦᠯᠠᠬᠦ ᠲᠤᠰᠬᠠᠢ ᠵᠦᠪᠯᠠᠯᠬᠡᠨ ᠤ ᠪᠠᠶᠢᠭᠤᠯᠤᠮᠵᠢ᠂ ᠮᠦᠨᠴᠤ ᠴᠢᠬᠤᠯᠠ ᠪᠤᠯᠬᠤ ᠵᠦᠪᠯᠠᠯᠬᠡᠨ ᠤ | ᠲᠠᠪᠴᠠᠩ ᠪᠤᠯᠤᠨ᠎ᠠ᠃ ᠪᠢᠳᠠ ᠤᠯᠤᠰ ᠲᠦᠷᠦ ᠶᠢᠨ ᠵᠦᠪᠯᠠᠯᠬᠡᠨ ᠤ ᠲᠤᠰᠬᠠᠢ ᠵᠦᠪᠯᠡᠯᠬᠡᠨ ᠤ ᠪᠠᠶᠢᠭᠤᠯᠤᠮᠵᠢ ᠶᠢᠨ ᠴᠢᠳᠠᠪᠬᠢ ᠪᠠᠨ ᠬᠦᠢᠴᠡᠳ ᠪᠠᠳᠠᠷᠠᠭᠤᠯᠵᠤ᠂ | ᠬᠤᠰᠢᠭᠤ ᠨᠠᠮ ᠤᠨ ᠬᠤᠷᠢᠶᠠᠨ ᠤ ᠲᠤᠭᠳᠠᠭᠠᠭᠰᠠᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ᠂ ᠭᠤᠤᠯ ᠠᠵᠢᠯ ᠲᠠᠢ ᠨᠢᠬᠳᠠ ᠤᠶᠠᠯᠳᠤᠭᠤᠯᠵᠤ᠂ ᠡᠬᠦᠷᠬᠡ | ᠬᠠᠷᠢᠭᠤᠴᠠᠯᠭ᠎ᠠ ᠪᠠᠨ ᠬᠦᠢᠴᠡᠳᠬᠡᠬᠦ ᠰᠡᠳᠦᠪ ᠢ ᠨᠠᠷᠢᠯᠢᠭ ᠰᠤᠩᠭᠤᠨ᠂ ᠤᠨ ᠤ ᠵᠦᠪᠯᠠᠯᠬᠡᠨ ᠤ ᠲᠦᠯᠦᠪᠯᠡᠭᠡ ᠪᠠᠨ ᠲᠤᠭᠳᠠᠭᠠᠨ ᠲᠠᠬᠦᠯᠳᠡᠷᠵᠢᠬᠦᠯᠵᠤ᠂ ᠬᠦᠨᠵᠡᠬᠡᠢ | ᠪᠠᠶᠢᠴᠠᠭᠠᠨ ᠰᠤᠳᠤᠯᠤᠯᠳᠠ ᠬᠢᠵᠤ᠂ ᠦᠷᠬᠡᠨ ᠲᠠᠯᠬᠡᠷ ᠵᠦᠪᠯᠠᠯᠬᠡ ᠬᠢᠵᠤ ᠵᠠᠰᠠᠭ ᠤᠨ ᠶᠠᠪᠤᠳᠠᠯ ᠢ ᠵᠦᠪᠯᠠᠵᠤ᠂ ᠢᠳᠠᠪᠬᠢᠳᠠᠢ ᠪᠠᠷ ᠰᠠᠨᠠᠯ ᠰᠠᠨᠠᠭᠤᠯᠭ᠎ᠠ ᠠᠷᠭ᠎ᠠ | ᠪᠤᠳᠤᠯᠭ᠎ᠠ ᠲᠠᠪᠰᠢᠬᠦᠯᠥᠨ᠂ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠵᠤᠬᠢᠶᠠᠨ ᠪᠠᠶᠢᠭᠤᠯᠤᠯᠳᠠ᠂ ᠴᠢᠳᠠᠪᠤᠷᠢᠳᠠᠨ᠂ ᠲᠦᠷᠢᠮ ᠤᠨ ᠲᠠᠪᠠᠭᠤᠯᠢᠭ ᠢ ᠦᠨᠠᠨᠬᠦ | ᠪᠠᠳᠠᠷᠠᠭᠤᠯᠬᠤ ᠬᠡᠷᠡᠭᠳᠠᠢ᠃ ᠪᠠᠶᠢᠴᠠᠭᠠᠨ ᠰᠤᠳᠤᠯᠤᠯᠳᠠ ᠶᠢ ᠵᠠᠰᠠᠭ ᠤᠨ ᠶᠠᠪᠤᠳᠠᠯ ᠢ ᠵᠦᠪᠯᠠᠬᠦ ᠰᠠᠨᠠᠯ ᠰᠠᠨᠠᠭᠤᠯᠭ᠎ᠠ ᠶᠢᠨ ᠰᠠᠭᠤᠷᠢ ᠪᠤᠯᠭᠠᠵᠤ᠂ ᠦᠬᠡᠷᠡᠴᠢᠯᠠᠯᠳᠠ | ᠬᠦᠭᠵᠢᠯᠳᠠ ᠶᠢ ᠬᠢᠵᠠᠭᠠᠷᠯᠠᠵᠤ ᠪᠠᠶᠢᠭ᠎ᠠ ᠴᠢᠬᠤᠯᠠ ᠶᠡᠭᠡ ᠠᠰᠠᠭᠤᠳᠠᠯ᠂ ᠠᠷᠠᠳ ᠤᠨ ᠠᠮᠢᠳᠤᠷᠠᠯ ᠤᠨ ᠪᠤᠶᠠᠨ ᠭᠡᠰᠢᠭ ᠲᠠᠢ ᠬᠤᠯᠪᠤᠭᠳᠠᠬᠤ ᠬᠦᠴᠢᠷᠳᠠᠯ ᠠᠰᠠᠭᠤᠳᠠᠯ᠂ | ᠡᠶ᠎ᠡ ᠵᠤᠬᠢᠴᠠᠯ ᠲᠤᠭᠳᠠᠭᠤᠨ ᠢ ᠨᠥᠯᠥᠬᠡᠯᠡᠬᠦ ᠲᠤᠪᠤᠶᠢᠮ᠎ᠠ ᠠᠰᠠᠭᠤᠳᠠᠯ ᠤᠨ ᠲᠤᠭᠤᠷᠢᠨ ᠳᠤ᠂ ᠪᠤᠳᠠᠳᠠᠢ ᠳᠤ ᠬᠦᠨᠵᠡᠬᠡᠶᠢᠷᠠᠨ ᠤᠴᠢᠷ ᠰᠢᠯᠳᠠᠭᠠᠨ ᠢ ᠨᠢ ᠤᠶᠢᠯᠠᠭᠠᠵᠤ᠂ | ᠤᠯᠠᠨ ᠤ ᠤᠶᠤᠨ ᠤᠬᠠᠭᠠᠨ ᠢ ᠬᠠᠮᠳᠤᠷᠠᠭᠤᠯᠤᠨ ᠰᠢᠢᠳᠪᠤᠷᠢᠯᠠᠬᠦ ᠠᠷᠭ᠎ᠠ ᠲᠤᠷᠠᠳᠤᠨ ᠭᠠᠷᠭᠠᠵᠤ᠂ ᠪᠠᠶᠢᠴᠠᠭᠠᠯᠳᠠ ᠶᠢ ᠨᠡᠩ ᠨᠠᠷᠢᠯᠢᠭ ᠤᠨᠤᠪᠴᠢᠳᠠᠢ᠂ | ᠰᠤᠳᠤᠯᠤᠯᠳᠠ ᠶᠢ ᠨᠡᠩ ᠬᠦᠨ ᠬᠦᠨᠵᠡᠬᠡᠢ᠂ ᠰᠠᠨᠠᠯ ᠰᠠᠨᠠᠭᠤᠯᠭ᠎ᠠ ᠶᠢ ᠨᠡᠩ ᠬᠡᠷᠡᠭ ᠲᠠᠢ ᠪᠤᠯᠭᠠᠵᠤ᠂ ᠰᠠᠨᠠᠯ ᠰᠠᠨᠠᠭᠤᠯᠭ᠎ᠠ ᠲᠤᠷᠠᠳᠤᠯᠭ᠎ᠠ ᠶᠢᠨ ᠲᠤᠰᠬᠠᠢ ᠮᠠᠷᠬᠡᠵᠢᠯ ᠤᠨ | ᠴᠢᠨᠠᠷ ᠪᠠ ︽ᠬᠦᠨᠳᠤᠴᠠ︾ ᠶᠢ ᠲᠡᠬᠡᠭᠰᠢᠯᠠᠬᠦᠯᠬᠦ ᠬᠡᠷᠡᠭᠳᠠᠢ᠃ ᠵᠦᠪᠯᠠᠯᠬᠡᠨ ᠤ ᠠᠷᠠᠳᠴᠢᠯᠠᠯ ᠤᠨ ᠦᠷᠬᠡᠨ ᠲᠠᠯᠬᠡᠷ ᠤᠯᠠᠨ ᠲᠠᠪᠬᠤᠷᠭᠠᠳᠤ ᠲᠦᠷᠢᠮᠵᠢᠨ ᠬᠦᠭᠵᠢᠬᠦ ᠶᠢ | ᠶᠡᠬᠡᠪᠡᠷ ᠠᠬᠢᠭᠤᠯᠵᠤ᠂ ᠵᠦᠪᠯᠠᠯᠬᠡᠨ ᠤ ᠬᠦᠷᠢᠶ᠎ᠠ ᠴᠡᠷ᠎ᠠ ᠪᠠᠨ ᠤᠯᠠᠮ ᠨᠢᠬᠡ ᠠᠯᠬᠤᠮ ᠦᠷᠬᠡᠳᠬᠡᠨ᠂ ᠵᠦᠪᠯᠠᠯᠬᠡᠨ ᠤ ᠬᠡᠯᠪᠡᠷᠢ ᠮᠠᠶ᠋ᠢᠭ ᠢᠶᠠᠨ ᠪᠠᠶᠠᠯᠢᠭᠵᠢᠭᠤᠯᠵᠤ᠂ | ᠵᠦᠪᠯᠠᠯᠬᠡᠨ ᠤ ᠨᠢᠬᠳᠠᠴᠠ ᠶᠢᠨ ᠬᠡᠮᠵᠢᠶ᠎ᠠ ᠪᠠᠨ ᠨᠡᠮᠡᠭᠳᠠᠬᠦᠯᠵᠤ᠂ ᠵᠦᠪᠯᠠᠬᠦ ᠪᠤᠳᠠᠳᠤ ᠪᠦᠳᠦᠮᠵᠢ ᠪᠠᠨ ᠲᠡᠬᠡᠭᠰᠢᠯᠠᠬᠦᠯᠬᠦ ᠬᠡᠷᠡᠭᠳᠠᠢ᠃ ᠤᠨᠴᠠᠭᠠᠶᠢᠯᠠᠨ ᠵᠦᠪᠯᠠᠯᠬᠡᠨ ᠤ | ᠠᠷᠠᠳᠴᠢᠯᠠᠯ ᠢ ᠦᠨᠳᠤᠰᠤᠨ ᠱᠠᠳᠤ ᠵᠦᠭ ᠬᠦᠨᠵᠡᠬᠡᠶᠢᠷᠠᠬᠦᠯᠬᠦ ᠶᠢ ᠯᠠᠪᠳᠠᠭᠤᠨ ᠢᠶᠠᠷ ᠠᠬᠢᠭᠤᠯᠬᠤ ᠳᠠᠭᠠᠨ᠂ ᠤᠯᠤᠰ ᠲᠦᠷᠦ ᠶᠢᠨ ᠵᠦᠪᠯᠠᠯᠬᠡᠨ ᠤ ᠪᠤᠰᠬᠠᠭᠰᠠᠨ ᠬᠡᠷᠡᠭ | ᠵᠦᠪᠯᠠᠬᠦ ᠲᠠᠪᠴᠠᠩ ᠢᠶᠠᠷ ᠲᠠᠮᠵᠢᠨ ᠦᠨᠳᠤᠰᠤᠨ ᠱᠠᠳᠤᠨ ᠤ ᠨᠠᠶᠢᠬᠡᠮ ᠤᠨ ᠵᠠᠰᠠᠯᠳᠠ ᠶᠢᠨ ᠴᠢᠳᠠᠪᠬᠢ ᠶᠢ ᠲᠡᠬᠡᠭᠰᠢᠯᠠᠬᠦᠯᠬᠦ ᠬᠡᠷᠡᠭᠳᠠᠢ᠃ ᠵᠦᠪᠯᠠᠯᠬᠡᠨ ᠤ ᠰᠤᠶᠤᠯ ᠢ | ᠬᠦᠴᠦ ᠲᠠᠯᠪᠢᠨ ᠪᠤᠶᠢᠵᠢᠭᠤᠯᠵᠤ᠂ ᠡᠷᠬᠡ ᠲᠡᠭᠰᠢ ᠪᠠᠷ ᠬᠡᠷᠡᠭ ᠵᠦᠪᠯᠠᠬᠦ ᠶᠢ ᠪᠠᠷᠢᠮᠳᠠᠯᠠᠨ᠂ ᠠᠳᠠᠯᠢ ᠪᠠᠨ ᠡᠷᠢᠨ ᠵᠦᠷᠢᠶ᠎ᠠ ᠪᠠᠨ ᠦᠯᠠᠳᠠᠬᠡᠵᠤ᠂ ᠵᠦᠪᠯᠠᠯᠬᠡᠨ ᠤ ᠤᠶᠤᠨ | ᠤᠬᠠᠭᠠᠨ ᠢ ᠬᠦᠢᠴᠡᠳ ᠤᠷᠮᠠᠰᠢᠭᠤᠯᠤᠨ᠂ ᠨᠠᠶᠢᠬᠡᠮ ᠤᠨ ᠡᠯ᠎ᠡ ᠡᠳᠡᠬᠡᠳ ᠤᠨ ᠠᠷᠠᠳᠴᠢᠯᠠᠯ ᠢᠶᠠᠷ ᠵᠦᠪᠯᠠᠬᠦ᠂ ᠡᠮᠬᠢ ᠴᠡᠭᠴᠠ ᠲᠠᠢ ᠢᠯᠠᠳᠬᠡᠬᠦ ᠨᠠᠶᠢᠬᠡᠮ ᠤᠨ ᠬᠦᠭ | ᠠᠮᠢᠰᠬᠤᠯ ᠢ ᠪᠤᠢ ᠪᠤᠯᠭᠠᠨ᠂ ᠲᠤᠰᠬᠠᠢ ᠵᠦᠪᠯᠠᠯᠬᠡᠨ ᠤ ᠪᠠᠶᠢᠭᠤᠯᠤᠮᠵᠢ ᠶᠢᠨ ᠦᠪᠠᠷᠮᠢᠴᠠ ᠦᠢᠯᠠᠳᠤᠯ ᠢ ᠨᠡᠩ ᠰᠠᠶᠢᠳᠤᠷ ᠪᠠᠳᠠᠷᠠᠭᠤᠯᠬᠤ ᠬᠡᠷᠡᠭᠳᠠᠢ᠃ | ᠭᠤᠷᠪᠠᠳᠤᠭᠠᠷ ᠲᠤ᠂ ᠠᠷᠠᠳ ᠲᠤ ᠦᠢᠯᠠᠴᠢᠯᠠᠬᠦ ᠴᠢᠳᠠᠪᠬᠢ ᠪᠠᠨ ᠬᠦᠢᠴᠡᠳ ᠪᠠᠳᠠᠷᠠᠭᠤᠯᠤᠨ᠂ ᠨᠠᠶᠢᠬᠡᠮ ᠵᠢᠷᠤᠮᠳᠤ ᠰᠢᠨ᠎ᠠ ᠬᠠᠩᠬᠢᠨ ᠤ ᠪᠦᠳᠦᠬᠡᠨ | ᠪᠠᠶᠢᠭᠤᠯᠤᠯᠳᠠ ᠶᠢ ᠬᠦᠴᠤᠯᠠᠨ ᠠᠬᠢᠭᠤᠯᠬᠤ ᠳᠤ ︽ᠰᠡᠳᠬᠢᠯ ᠤᠨ ᠬᠦᠬᠦᠷᠬᠡ︾ ᠶᠢ ᠲᠤᠭᠳᠠᠭᠤᠨ ᠪᠤᠰᠬᠠᠬᠤ ᠬᠡᠷᠡᠭᠳᠠᠢ᠃ ᠠᠷᠠᠳ ᠤᠨ ᠤᠯᠤᠰ ᠲᠦᠷᠦ ᠶᠢᠨ | ᠵᠦᠪᠯᠠᠯᠬᠡᠨ ᠨᠢ ᠠᠷᠠᠳ ᠲᠦᠮᠠᠨ ᠤ ᠲᠥᠯᠥᠬᠡ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ᠂ ᠡᠬᠦᠷᠬᠡ ᠬᠠᠷᠢᠭᠤᠴᠠᠯᠭ᠎ᠠ ᠪᠠᠨ ᠪᠠᠶᠠᠯᠠᠬᠦᠯᠥᠨ ᠠᠷᠠᠳ ᠲᠤ ᠠᠰᠢᠭ | ᠬᠦᠷᠳᠠᠬᠡᠪᠡᠯ ᠰᠠᠶ᠋ᠢ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠮᠦᠨ ᠴᠢᠨᠠᠷ ᠢ ᠡᠬᠦᠷᠢᠳᠠ ᠬᠠᠳᠠᠭᠠᠯᠠᠨ᠎ᠠ᠃ ᠪᠢᠳᠠ ᠠᠷᠠᠳ ᠲᠦᠮᠠᠨ ᠢᠶᠠᠷ ᠭᠤᠤᠯ | ᠪᠤᠯᠭᠠᠭᠰᠠᠨ ᠬᠦᠭᠵᠢᠯᠳᠠ ᠶᠢᠨ ᠦᠵᠠᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠰᠢᠨ᠎ᠠ ᠴᠠᠭ ᠦᠶ᠎ᠠ ᠶᠢᠨ ᠠᠷᠠᠳ ᠤᠯᠠᠨ ᠤ ᠡᠳᠤᠷ ᠢᠷᠠᠬᠦᠶᠡ ᠨᠡᠮᠡᠭᠳᠠᠵᠤ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠬᠠᠯᠠᠮᠵᠢᠯᠠᠨ᠂ ᠠᠷᠠᠳ ᠤᠨ ᠠᠮᠢᠳᠤᠷᠠᠯ ᠳᠤ ᠠᠰᠢᠭᠳᠠᠢ ᠵᠦᠢᠯᠠᠰ ᠢ ᠢᠯᠠᠬᠦᠬᠡᠨ ᠰᠦᠪᠡᠭᠴᠢᠯᠠᠵᠤ᠂ | ᠠᠷᠠᠳ ᠤᠨ ᠠᠮᠢᠳᠤᠷᠠᠯ ᠤᠨ ᠵᠤᠪᠠᠨᠢᠯ ᠢ ᠢᠯᠠᠬᠦᠬᠡᠨ ᠰᠢᠢᠳᠪᠤᠷᠢᠯᠠᠵᠤ᠂ ᠠᠷᠠᠳ ᠲᠦᠮᠠᠨ ᠳᠤ ᠪᠤᠶᠠᠨ ᠦᠢᠯᠠᠳᠬᠦ ᠲᠤᠮᠳᠠ ᠤᠯᠤᠰ ᠲᠦᠷᠦ ᠶᠢᠨ ᠵᠦᠪᠯᠠᠯᠬᠡᠨ ᠤ | ᠦᠨ᠎ᠠ ᠦᠷᠳᠡᠭ ᠢ ᠬᠠᠷᠠᠭᠤᠯᠬᠤ ᠬᠡᠷᠡᠭᠳᠠᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠦᠨᠠᠨ ᠰᠡᠳᠬᠢᠯ ᠠᠴᠠ ᠪᠠᠨ ᠬᠠᠪᠰᠤᠷᠤᠨ ᠠᠬᠢᠭᠤᠯᠵᠤ᠂ ᠬᠦᠳᠡᠭᠡ | ᠲᠤᠰᠬᠤᠨ ᠢ ᠬᠦᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠵᠢᠴᠢ ᠠᠵᠢᠯ ᠤᠯᠭᠤᠬᠤ᠂ ᠰᠤᠷᠭᠠᠨ ᠬᠦᠮᠤᠵᠢᠯ᠂ ᠡᠮ ᠡᠮᠨᠡᠯᠬᠡ᠂ ᠨᠠᠶᠢᠬᠡᠮ | ᠤᠨ ᠲᠠᠭᠠᠳᠬᠠᠯ᠂ ᠨᠠᠰᠤᠳᠠᠨ ᠢ ᠠᠰᠠᠷᠠᠬᠤ᠂ ᠤᠷᠤᠨ ᠰᠠᠭᠤᠴᠠ᠂ ᠤᠷᠴᠢᠨ ᠲᠤᠭᠤᠷᠢᠨ ᠵᠠᠷᠬᠡ ᠤᠯᠠᠨ ᠲᠦᠮᠠᠨ ᠤ ᠲᠤᠰ ᠪᠠᠶ᠎ᠠ ᠶᠢᠨ ᠠᠰᠢᠭ ᠲᠤᠰᠠ ᠲᠠᠢ | ᠬᠤᠯᠪᠤᠭᠳᠠᠬᠤ ᠠᠰᠠᠭᠤᠳᠠᠯ ᠤᠨ ᠲᠤᠭᠤᠷᠢᠨ ᠳᠤ᠂ ᠪᠠᠶᠢᠴᠠᠭᠠᠨ ᠰᠤᠳᠤᠯᠤᠯᠳᠠ ᠪᠠᠨ ᠴᠢᠩᠭᠠᠳᠬᠠᠨ᠂ ᠬᠠᠷᠢᠭᠤᠴᠠᠬᠤ ᠠᠷᠭ᠎ᠠ ᠪᠤᠳᠤᠯᠭ᠎ᠠ ᠰᠠᠨᠠᠯ ᠰᠠᠨᠠᠭᠤᠯᠭ᠎ᠠ | ᠲᠤᠷᠠᠳᠤᠨ ᠭᠠᠷᠭᠠᠵᠤ᠂ ᠠᠷᠠᠳ ᠲᠦᠮᠠᠨ ᠤ ᠠᠮᠢᠳᠤᠷᠠᠯ ᠢ ᠨᠡᠩ ᠵᠤᠯ ᠵᠢᠷᠭᠠᠯᠳᠠᠢ ᠰᠠᠶᠢᠨ ᠰᠠᠶᠢᠬᠠᠨ ᠪᠤᠯᠭᠠᠬᠤ ᠪᠠᠷ ᠴᠢᠷᠮᠠᠶᠢᠬᠤ ᠬᠡᠷᠡᠭᠳᠠᠢ᠃ ᠤᠯᠠᠨ ᠲᠦᠮᠠᠨ ᠤ | ᠰᠠᠨᠠᠭᠠᠰᠢᠷᠠᠵᠤ ᠪᠠᠶᠢᠭ᠎ᠠ ᠵᠦᠢᠯᠠᠰ ᠢ ᠦᠨᠠᠨ ᠮᠦᠨ ᠢᠶᠠᠷ ᠨᠢ ᠲᠤᠰᠬᠠᠨ᠂ ᠰᠠᠨᠠᠯ ᠲᠤᠷᠠᠳᠤᠯᠭ᠎ᠠ᠂ ᠨᠠᠶᠢᠬᠡᠮ ᠤᠨ ᠪᠠᠶᠢᠳᠠᠯ ᠠᠷᠠᠳ ᠤᠨ ᠰᠠᠨᠠᠯ ᠤᠨ ᠴᠢᠮᠡᠭᠡ ᠵᠠᠩᠬᠢ | ᠵᠠᠷᠬᠡ ᠬᠡᠯᠪᠡᠷᠢ ᠪᠠᠷ ᠲᠠᠮᠵᠢᠨ᠂ ᠠᠳᠠᠯᠢ ᠪᠤᠰᠤ ᠲᠠᠪᠬᠤᠷᠭ᠎ᠠ᠂ ᠠᠳᠠᠯᠢ ᠪᠤᠰᠤ ᠤᠯᠠᠨ ᠲᠦᠮᠠᠨ ᠤ ᠰᠠᠨᠠᠯ ᠪᠠ ᠱᠠᠭᠠᠷᠳᠠᠯᠭ᠎ᠠ ᠶᠢ ᠴᠠᠭ ᠲᠠᠷᠤᠢ ᠳᠤᠨᠢ ᠲᠤᠰᠬᠠᠵᠤ᠂ | ᠤᠯᠠᠨ ᠲᠦᠮᠠᠨ ᠤ ᠠᠰᠢᠭ ᠲᠤᠰᠠ ᠶᠢ ᠨᠡᠩ ᠰᠠᠶᠢᠳᠤᠷ ᠬᠠᠮᠠᠭᠠᠯᠠᠬᠤ ᠬᠡᠷᠡᠭᠳᠠᠢ᠃ ᠬᠠᠤᠯᠢ ᠶᠤᠰᠤᠭᠠᠷ ᠬᠤᠰᠢᠭᠤ ᠪᠠᠨ ᠪᠦᠬᠦ ᠲᠠᠯ᠎ᠠ ᠪᠠᠷ ᠵᠠᠰᠠᠬᠤ᠂ ᠨᠠᠶᠢᠬᠡᠮ ᠤᠨ | ᠵᠠᠰᠠᠯᠳᠠ ᠶᠢ ᠠᠬᠢᠭᠤᠯᠬᠤ ᠵᠠᠷᠬᠡ ᠶᠢᠨ ᠲᠤᠭᠤᠷᠢᠨ ᠳᠤ᠂ ᠲᠤᠭᠤᠷᠢᠨ ᠪᠠᠶᠢᠴᠠᠭᠠᠯᠳᠠ ᠪᠠᠶᠢᠴᠠᠭᠠᠨ ᠰᠤᠳᠤᠯᠤᠯᠳᠠ ᠦᠷᠨᠢᠬᠦᠯᠵᠤ᠂ ᠨᠠᠶᠢᠬᠡᠮ ᠤᠨ ᠡᠷᠬᠡ ᠲᠡᠭᠰᠢ | ᠰᠢᠳᠤᠷᠭᠤ ᠶᠤᠰᠤ ᠶᠢ ᠨᠡᠩ ᠰᠠᠶᠢᠳᠤᠷ ᠠᠬᠢᠭᠤᠯᠬᠤ ᠬᠡᠷᠡᠭᠳᠠᠢ᠃ ᠬᠦᠴᠢᠷᠳᠠᠯ ᠲᠠᠢ ᠤᠯᠠᠨ ᠲᠦᠮᠠᠨ ᠢ ᠴᠢᠩ ᠰᠡᠳᠬᠢᠯ ᠠᠴᠠ ᠪᠠᠨ ᠬᠠᠯᠠᠮᠵᠢᠯᠠᠵᠤ᠂ ᠬᠡᠰᠢᠬᠦᠳ ᠢ | ᠲᠠᠶᠢᠴᠢᠯᠠᠨ ᠨᠠᠶᠢᠬᠡᠮ ᠤᠨ ᠨᠠᠶᠢᠳᠠ ᠶᠢᠨ ᠠᠰᠠᠷᠠᠮᠵᠢ ᠶᠢᠨ ᠦᠢᠯᠠᠰ ᠲᠤ ᠢᠳᠠᠪᠬᠢᠳᠠᠢ ᠤᠷᠤᠯᠴᠠᠭᠤᠯᠵᠤ᠂ ᠨᠢᠭᠤᠷ ᠤᠴᠠᠷᠠᠨ ᠤᠯᠠᠨ ᠲᠦᠮᠠᠨ ᠳᠤ ᠦᠢᠯᠠᠴᠢᠯᠠᠬᠦᠯᠥᠨ᠂ | ᠲᠠᠭᠠᠷᠠᠭᠰᠠᠨ ᠬᠦᠮᠦᠨ ᠳᠤ ᠲᠠᠬᠤ ᠬᠦᠷᠬᠡᠬᠦ᠂ ᠶᠠᠳᠠᠭᠤ ᠶᠢ ᠲᠠᠳᠬᠦᠨ ᠬᠦᠴᠢᠷᠳᠡᠭᠰᠠᠳ ᠢ ᠲᠤᠰᠠᠯᠠᠬᠤ ᠠᠵᠢᠯ ᠢ ᠢᠯᠠᠬᠦᠬᠡᠨ ᠬᠢᠯᠬᠡᠵᠤ᠂ ᠤᠯᠤᠰ ᠲᠦᠷᠦ ᠶᠢᠨ | ᠵᠦᠪᠯᠠᠯᠬᠡᠨ ᠲᠠᠷᠬᠡᠳᠠ ᠪᠠᠶᠢᠭ᠎ᠠ᠂ ᠬᠡᠰᠢᠬᠦᠳ ᠨᠢ ᠡᠶᠡᠯᠰᠡᠭ ᠲᠤᠳᠤᠨᠤᠰᠤᠭ ᠪᠠᠶᠢᠭ᠎ᠠ ᠶᠢ ᠤᠯᠠᠨ ᠲᠦᠮᠠᠨ ᠳᠤ ᠦᠨᠠᠨᠬᠦ ᠮᠠᠳᠠᠷᠠᠬᠦᠯᠬᠦ ᠬᠡᠷᠡᠭᠳᠠᠢ᠃ | ᠲᠦᠷᠪᠡᠳᠤᠬᠡᠷ ᠲᠤ᠂ ᠪᠦᠯᠬᠦᠮᠳᠠᠵᠤ ᠨᠢᠬᠡᠳᠤᠮᠠᠯ ᠹᠷᠤᠨᠲ ᠪᠠᠶᠢᠭᠤᠯᠬᠤ ᠴᠢᠳᠠᠪᠬᠢ ᠪᠠᠨ ᠬᠦᠢᠴᠡᠳ ᠪᠠᠳᠠᠷᠠᠭᠤᠯᠤᠨ᠂ ᠰᠠᠨᠠᠯ ᠪᠤᠳᠤᠯ ᠢᠶᠠᠨ ᠰᠤᠯᠢᠯᠴᠠᠨ | ᠨᠦᠬᠦᠷᠯᠠᠵᠤ ᠬᠠᠮᠳᠤᠷᠠᠯᠴᠠᠭ᠎ᠠ ᠪᠠᠨ ᠬᠦᠨᠵᠡᠬᠡᠶᠢᠷᠠᠬᠦᠯᠬᠦ ᠲᠤᠮᠳᠠ ︽ᠵᠦᠪ ᠡᠨᠧᠷᠬᠢ︾ ᠶᠢ ᠬᠤᠷᠠᠭᠤᠯᠬᠤ ᠬᠡᠷᠡᠭᠳᠠᠢ᠃ ᠪᠦᠯᠬᠦᠮᠳᠠᠯ ᠢᠶᠠᠨ ᠴᠢᠩᠭᠠᠳᠬᠠᠵᠤ᠂ | ᠲᠤᠭᠳᠠᠭᠤᠨ ᠢ ᠬᠠᠮᠠᠭᠠᠯᠠᠬᠤ ᠲᠤᠮᠳᠠ᠂ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠲᠠᠪᠠᠭᠤᠯᠢᠭ ᠦᠪᠠᠷᠮᠢᠴᠠ᠂ ᠡᠬᠦᠷᠬᠡ ᠬᠦᠨᠳᠤ ᠲᠠᠯᠪᠢᠭᠠᠰᠤᠳᠠᠢ᠃ ᠡᠬᠡ | ᠤᠷᠤᠨᠴᠢ ᠦᠵᠠᠯ ᠪᠠ ᠨᠠᠶᠢᠬᠡᠮ ᠵᠢᠷᠤᠮ ᠤᠨ ᠲᠤᠭ ᠲᠠᠯᠪᠠᠭ᠎ᠠ ᠶᠢ ᠢᠮᠠᠭᠳᠠ ᠦᠨᠳᠤᠷ ᠮᠠᠨᠳᠤᠭᠤᠯᠵᠤ᠂ ᠶᠡᠭᠡ ᠪᠦᠯᠬᠦᠮᠳᠠᠯ ᠶᠡᠭᠡ ᠬᠤᠯᠪᠤᠭᠠᠯᠠᠯ ᠤᠨ ᠴᠢᠭᠯᠡᠯᠳᠠ ᠶᠢ | ᠪᠠᠷᠢᠮᠳᠠᠯᠠᠵᠤ᠂ ᠨᠢᠬᠡᠳᠤᠯᠳᠠᠢ ᠴᠢᠨᠠᠷ ᠪᠠ ᠤᠯᠠᠨ ᠲᠠᠯᠠᠳᠤ ᠴᠢᠨᠠᠷ ᠤᠨ ᠨᠢᠬᠡᠳᠤᠯ ᠢ ᠪᠠᠷᠢᠮᠳᠠᠯᠠᠨ᠂ ᠬᠠᠭᠤᠴᠢᠨ ᠨᠠᠶᠢᠵᠠ ᠪᠠᠨ ᠮᠠᠷᠳᠠᠬᠤ ᠦᠬᠡᠢ᠂ ᠰᠢᠨ᠎ᠠ ᠨᠠᠶᠢᠵᠠ ᠲᠠᠢ | ᠨᠦᠬᠦᠷᠯᠠᠨ᠂ ᠦᠵᠠᠯ ᠰᠠᠨᠠᠭ᠎ᠠ ᠪᠠᠨ ᠨᠢᠬᠡᠳᠬᠡᠨ᠂ ᠢᠳᠠᠬᠡᠯ ᠵᠤᠷᠢᠭ ᠢ ᠬᠦᠪᠴᠢᠯᠠᠬᠦ ᠠᠵᠢᠯ ᠢ ᠢᠯᠠᠬᠦᠬᠡᠨ ᠬᠢᠵᠤ᠂ ᠬᠠᠷᠢᠴᠠᠭ᠎ᠠ ᠶᠢ ᠵᠤᠬᠢᠴᠠᠭᠤᠯᠤᠨ᠂ ᠮᠦᠷᠬᠦᠯᠳᠤᠬᠡᠨ | ᠢ ᠰᠢᠢᠳᠪᠤᠷᠢᠯᠠᠵᠤ᠂ ᠬᠠᠮᠳᠤᠷᠠᠯ ᠤᠨ ᠬᠦᠴᠦᠨ ᠢ ᠪᠦᠷᠢᠯᠳᠤᠬᠦᠯᠬᠦ ᠠᠵᠢᠯ ᠢ ᠢᠯᠠᠬᠦᠬᠡᠨ ᠬᠢᠵᠤ᠂ ᠤᠬᠠᠭᠤᠯᠤᠨ ᠲᠠᠶᠢᠴᠢᠯᠠᠬᠤ᠂ ᠵᠦᠷᠢᠶ᠎ᠠ ᠪᠠᠨ ᠠᠷᠢᠯᠭᠠᠬᠤ᠂ ᠬᠠᠮᠳᠤ | ᠶᠢᠨ ᠲᠠᠨᠢᠯᠳᠠ ᠶᠢ ᠴᠢᠩᠭᠠᠳᠬᠠᠬᠤ ᠠᠵᠢᠯ ᠢ ᠢᠯᠠᠬᠦᠬᠡᠨ ᠬᠢᠵᠤ᠂ ᠬᠠᠮᠳᠤ ᠶᠢᠨ ᠦᠵᠠᠯ ᠰᠠᠨᠠᠭ᠎ᠠ ᠤᠯᠤᠰ ᠲᠦᠷᠦ ᠶᠢᠨ ᠰᠠᠭᠤᠷᠢᠨ ᠲᠠᠬᠡᠷ᠎ᠡ ᠪᠦᠬᠦᠨ ᠢ ᠠᠪᠴᠤ | ᠪᠠᠶᠢᠳᠠᠭ ᠢ ᠬᠠᠳᠠᠭᠠᠯᠠᠨ᠂ ᠬᠠᠮᠳᠤ ᠶᠢᠨ ᠬᠦᠰᠠᠯ ᠵᠤᠷᠢᠯᠳᠠ ᠶᠢᠨ ᠲᠤᠤᠷ᠎ᠠ ᠠᠳᠠᠯᠢ ᠪᠠᠨ ᠡᠷᠢᠵᠤ ᠵᠦᠷᠢᠶ᠎ᠠ ᠪᠠᠨ ᠦᠯᠠᠳᠠᠬᠡᠬᠦ ᠶᠢ ᠠᠬᠢᠭᠤᠯᠬᠤ ᠬᠡᠷᠡᠭᠳᠠᠢ᠃ ᠬᠠᠮᠳᠤᠷᠠᠨ | ᠠᠵᠢᠯ ᠬᠢᠬᠦ ᠴᠢᠳᠠᠪᠤᠷᠢ ᠪᠠᠨ ᠴᠢᠩᠭᠠᠳᠬᠠᠨ᠂ ᠤᠬᠢ ᠰᠠᠶᠢᠨ ᠠᠵᠢᠯ ᠤᠨ ᠬᠦᠭ ᠪᠠᠶᠢᠳᠠᠯ ᠢ ᠡᠬᠦᠳᠴᠤ᠂ ᠦᠢᠯᠠᠳᠪᠤᠷᠢ ᠬᠤᠳᠠᠯᠳᠤᠭᠠᠨ ᠤ ᠬᠤᠯᠪᠤᠭ᠎ᠠ᠂ ᠠᠷᠠᠳ ᠤᠨ | ᠪᠦᠯᠬᠦᠮ ᠪᠠ ᠨᠠᠮ ᠪᠦᠯᠦᠭ ᠤᠨ ᠪᠤᠰᠤ ᠲᠥᠯᠥᠬᠡᠯᠡᠭᠴᠢ ᠬᠦᠮᠦᠰ ᠤᠨ ᠤᠯᠤᠰ ᠲᠦᠷᠦ ᠶᠢᠨ ᠵᠦᠪᠯᠠᠯᠬᠡᠨ ᠳᠤ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠳᠤ | ᠲᠠᠪᠴᠠᠩ ᠬᠠᠩᠭᠠᠵᠤ᠂ ᠨᠦᠬᠦᠴᠠᠯ ᠡᠬᠦᠳᠴᠤ ᠦᠭᠬᠦ ᠬᠡᠷᠡᠭᠳᠠᠢ᠃ ᠱᠠᠰᠢᠨ ᠰᠤᠷᠳᠠᠬᠤᠨ ᠤ ᠡᠳᠡᠬᠡᠳ ᠤᠨ ᠲᠥᠯᠥᠬᠡᠯᠡᠭᠴᠢ ᠬᠦᠮᠦᠰ᠂ ᠨᠠᠶᠢᠳᠠ ᠶᠢᠨ ᠪᠤᠰᠤ | ᠦᠮᠴᠢᠯᠠᠯᠳᠤ ᠠᠵᠤ ᠠᠬᠤᠢ ᠶᠢᠨ ᠬᠦᠮᠦᠰ᠂ ᠰᠢᠨ᠎ᠠ ᠨᠠᠶᠢᠬᠡᠮ ᠤᠨ ᠲᠠᠪᠬᠤᠷᠭᠠᠳᠠᠨ ᠤ ᠬᠦᠮᠦᠰ ᠯᠤᠭ᠎ᠠ ᠬᠠᠷᠢᠯᠴᠠᠵᠤ ᠰᠠᠨᠠᠯ ᠪᠤᠳᠤᠯ ᠢᠶᠠᠨ ᠰᠤᠯᠢᠯᠴᠠᠬᠤ ᠪᠠᠨ | ᠴᠢᠩᠭᠠᠳᠬᠠᠵᠤ᠂ ᠲᠠᠶᠢᠴᠢᠯᠠᠵᠤ ᠲᠠᠶᠢᠯᠬᠦ ᠢᠳᠠᠪᠬᠢ ᠡᠯᠧᠮᠧᠨ᠋ᠲ ᠪᠦᠬᠦᠨ ᠢ ᠲᠠᠶᠢᠴᠢᠯᠠᠨ᠂ ᠪᠦᠯᠬᠦᠮᠳᠠᠵᠤ ᠪᠤᠯᠬᠤ ᠠᠯᠢᠪᠠ ᠬᠦᠴᠦᠨ ᠲᠠᠢ ᠪᠦᠯᠬᠦᠮᠳᠠᠵᠤ᠂ ᠤᠯᠤᠰ | ᠲᠦᠷᠦ ᠶᠢᠨ ᠵᠦᠪᠯᠠᠯᠬᠡᠨ ᠤ ᠪᠠᠭᠳᠠᠭᠠᠮᠵᠢᠳᠤ ᠴᠢᠨᠠᠷ ᠢᠶᠠᠷ ᠴᠢᠩᠭ᠎ᠠ᠂ ᠬᠠᠷᠢᠯᠴᠠᠭ᠎ᠠ ᠦᠷᠬᠡᠨ ᠲᠠᠯᠬᠡᠷ᠂ ᠵᠠᠮ ᠮᠦᠷ ᠰᠢᠯᠤᠭᠤᠨ ᠵᠠᠷᠬᠡ ᠲᠠᠪᠠᠭᠤᠯᠢᠭ ᠢ ᠬᠦᠢᠴᠡᠳ | ᠪᠠᠳᠠᠷᠠᠭᠤᠯᠵᠤ᠂ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ ᠪᠠ ᠨᠠᠶᠢᠬᠡᠮ ᠤᠨ ᠡᠯ᠎ᠡ ᠡᠳᠡᠬᠡᠳ ᠤᠨ ᠬᠦᠮᠦᠰ ᠢ ᠵᠤᠷᠢᠭᠵᠢᠭᠤᠯᠤᠨ ᠰᠠᠨᠠᠯ ᠪᠤᠳᠤᠯ ᠢᠶᠠᠨ ᠲᠠᠯᠬᠡᠨ᠂ | ᠡᠯ᠎ᠡ ᠲᠠᠯ᠎ᠠ ᠶᠢᠨ ᠰᠠᠨᠠᠯ ᠢ ᠬᠠᠮᠤᠭ ᠶᠡᠭᠡ ᠬᠡᠮᠵᠢᠶ᠎ᠡ ᠪᠠᠷ ᠲᠤᠰᠬᠠᠵᠤ᠂ ᠬᠦᠮᠦᠰ ᠤᠨ ᠪᠤᠳᠤᠯ ᠰᠠᠨᠠᠯ᠂ ᠤᠶᠤᠨ ᠤᠬᠠᠭᠠᠨ ᠪᠠ ᠬᠦᠴᠦᠨ ᠴᠢᠳᠠᠯ ᠢ ᠤᠯᠠᠮ ᠨᠢᠬᠡ | ᠠᠯᠬᠤᠮ ᠨᠢᠬᠳᠠᠷᠠᠭᠤᠯᠬᠤ ᠬᠡᠷᠡᠭᠳᠠᠢ᠃ | ᠲᠠᠪᠤᠳᠤᠭᠠᠷ ᠲᠤ᠂ ᠦᠬᠡᠷᠡᠴᠢᠯᠠᠯᠳᠠ ᠬᠢᠵᠤ ᠰᠢᠨ᠎ᠠ ᠶᠢ ᠡᠬᠦᠳᠬᠦ ᠴᠢᠳᠠᠪᠬᠢ ᠪᠠᠨ ᠬᠦᠢᠴᠡᠳ ᠪᠠᠳᠠᠷᠠᠭᠤᠯᠵᠤ᠂ ᠡᠷᠡᠮᠠᠬᠡᠶᠢᠯᠠᠨ ᠲᠠᠮᠠᠴᠠᠵᠤ ᠪᠠᠶᠢᠭ᠎ᠠ | ᠬᠦᠭᠵᠢᠯᠳᠠ ᠶᠢᠨ ᠬᠦᠭ ᠪᠠᠶᠢᠳᠠᠯ ᠤᠨ ᠲᠤᠮᠳᠠ ︽ᠴᠤᠭ ᠰᠦᠯᠳᠠ︾ ᠪᠠᠨ ᠬᠦᠪᠴᠢᠯᠠᠬᠦ ᠬᠡᠷᠡᠭᠳᠠᠢ᠃ ᠪᠢᠳᠠ ᠦᠨᠳᠤᠰᠤᠨ ᠱᠠᠳᠤᠨ ᠤ ᠨᠠᠶᠢᠬᠡᠮ ᠤᠨ ᠵᠠᠰᠠᠯᠳᠠ ᠶᠢᠨ | ᠲᠤᠭᠳᠠᠯᠴᠠᠭ᠎ᠠ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠭᠰᠠᠨ ᠱᠠᠭᠠᠷᠳᠠᠯᠭ᠎ᠠ ᠶᠢ ᠠᠬᠢᠭᠤᠯᠬᠤ ᠳᠤ ᠰᠠᠨᠠᠭᠠᠴᠢᠯᠠᠭ᠎ᠠ ᠲᠠᠢ ᠪᠠᠷ ᠵᠤᠬᠢᠴᠠᠵᠤ᠂ ᠤᠯᠤᠰ ᠲᠦᠷᠦ | ᠶᠢᠨ ᠵᠦᠪᠯᠠᠯᠬᠡᠨ ᠤ ᠬᠡᠰᠢᠬᠦᠨ ᠪᠠ ᠠᠯᠪᠠᠨ ᠪᠠᠶᠢᠭᠤᠯᠭ᠎ᠠ ᠶᠢᠨ ᠺᠠᠳ᠋ᠷ ᠤᠨ ︽ᠬᠤᠶᠠᠷ ᠡᠩᠨᠡᠬᠡᠨ︾ ᠤ ᠪᠦᠳᠦᠬᠡᠨ ᠪᠠᠶᠢᠭᠤᠯᠤᠯᠳᠠ ᠠᠴᠠ ᠭᠠᠷᠳᠠᠵᠤ᠂ ᠤᠯᠤᠰ ᠲᠦᠷᠦ | ᠶᠢᠨ ᠡᠵᠡᠮᠳᠠᠬᠦ ᠴᠢᠳᠠᠪᠤᠷᠢ᠂ ᠪᠠᠶᠢᠴᠠᠭᠠᠨ ᠰᠤᠳᠤᠯᠤᠯᠳᠠ ᠶᠢᠨ ᠴᠢᠳᠠᠪᠤᠷᠢ᠂ ᠤᠯᠠᠨ ᠲᠦᠮᠠᠨ ᠲᠠᠢ ᠬᠠᠷᠢᠯᠴᠠᠬᠤ ᠴᠢᠳᠠᠪᠤᠷᠢ᠂ ᠬᠤᠷᠰᠢᠵᠤ ᠬᠠᠮᠳᠤᠪᠠᠷ ᠠᠵᠢᠯᠯᠠᠬᠤ | ᠴᠢᠳᠠᠪᠤᠷᠢ ᠪᠠᠨ ᠲᠠᠰᠤᠷᠠᠯᠳᠠ ᠦᠬᠡᠢ ᠲᠡᠬᠡᠭᠰᠢᠯᠠᠬᠦᠯᠬᠦ ᠬᠡᠷᠡᠭᠳᠠᠢ᠃ ᠰᠢᠨ᠎ᠠ ᠨᠢᠬᠡ ᠬᠤᠭᠤᠴᠠᠭᠠᠨ ᠤ ᠤᠯᠤᠰ ᠲᠦᠷᠦ ᠶᠢᠨ ᠵᠦᠪᠯᠠᠯᠬᠡᠨ ᠤ ᠬᠡᠰᠢᠬᠦᠳ ᠤᠨ | ᠪᠤᠯᠪᠠᠰᠤᠷᠠᠯ ᠤᠨ ᠬᠦᠴᠦᠯᠠᠴᠠ ᠶᠢ ᠨᠡᠮᠡᠭᠳᠠᠬᠦᠯᠥᠨ᠂ ᠬᠠᠷᠢᠯᠴᠠᠵᠤ ᠦᠢᠯᠠᠴᠢᠯᠠᠨ ᠬᠠᠮᠢᠶᠠᠷᠬᠤ ᠪᠠᠨ ᠴᠢᠩᠭᠠᠳᠬᠠᠵᠤ᠂ ᠪᠠᠶᠢᠳᠠᠯ ᠢ ᠤᠶᠢᠯᠠᠭᠠᠵᠤ ᠮᠠᠳᠠᠬᠦ ᠨᠦᠬᠦᠴᠠᠯ ᠢ | ᠡᠬᠦᠳᠦᠨ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠨ ᠦᠨᠠᠯᠠᠯᠳᠠ ᠬᠢᠬᠦ ᠪᠠ ᠤᠷᠮᠠᠰᠢᠭᠤᠯᠤᠨ ᠬᠢᠵᠠᠭᠠᠷᠯᠠᠬᠤ ᠵᠤᠬᠢᠴᠠᠮᠵᠢ ᠶᠢ ᠪᠦᠷᠢᠨᠵᠢᠬᠦᠯᠥᠨ ᠲᠠᠬᠦᠯᠳᠡᠷᠵᠢᠬᠦᠯᠵᠤ | ᠂ ᠬᠡᠰᠢᠬᠦᠳ ᠢ ᠲᠠᠶᠢᠴᠢᠯᠠᠨ ᠤᠯᠤᠰ ᠲᠦᠷᠦ ᠶᠢᠨ ᠤᠬᠠᠮᠰᠠᠷ ᠢ ᠴᠢᠩᠭᠠᠳᠬᠠᠨ᠂ ᠴᠢᠳᠠᠪᠤᠷᠢ ᠬᠡᠪ ᠴᠢᠨᠰᠠᠭ᠎ᠠ ᠶᠢ ᠨᠢ ᠲᠡᠬᠡᠭᠰᠢᠯᠠᠬᠦᠯᠵᠤ᠂ ᠡᠬᠦᠷᠬᠡ ᠬᠠᠷᠢᠭᠤᠴᠠᠯᠭ᠎ᠠ | ᠪᠠᠨ ᠬᠦᠢᠴᠡᠳᠬᠡᠬᠦ ᠤᠷᠮ᠎ᠠ ᠶᠢ ᠬᠦᠭᠵᠢᠬᠡᠨ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠪᠤᠳᠠᠳᠤ ᠪᠦᠳᠦᠮᠵᠢ ᠶᠢ ᠲᠡᠬᠡᠭᠰᠢᠯᠠᠬᠦᠯᠬᠦ ᠬᠡᠷᠡᠭᠳᠠᠢ᠃ ︽ᠲᠦᠷᠪᠡ ᠲᠠᠢ | ᠬᠤᠯᠪᠤᠭᠠᠯᠠᠨ ᠲᠦᠷᠪᠡ ᠶᠢ ᠠᠬᠢᠭᠤᠯᠬᠤ︾ ᠠᠵᠢᠯ ᠤᠨ ᠵᠤᠬᠢᠴᠠᠮᠵᠢ ᠳᠤ ᠰᠠᠭᠤᠷᠢᠯᠠᠵᠤ᠂ ᠡᠳᠡᠬᠡᠳ ᠢᠯᠭᠠᠯ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ | ᠠᠵᠢᠯᠯᠠᠭᠠᠨ ᠤ ᠬᠡᠯᠪᠡᠷᠢ ᠮᠠᠶ᠋ᠢᠭ ᠢᠶᠠᠨ ᠪᠠᠶᠠᠯᠢᠭᠵᠢᠭᠤᠯᠤᠨ᠂ ᠡᠳᠡᠬᠡᠳ ᠢᠯᠭᠠᠯ ᠤᠨ ᠲᠠᠪᠠᠭᠤᠯᠢᠭ ᠪᠠ ᠦᠢᠯᠠᠳᠤᠯ ᠢᠶᠠᠨ ᠰᠠᠶᠢᠳᠤᠷ ᠪᠠᠳᠠᠷᠠᠭᠤᠯᠬᠤ ᠬᠡᠷᠡᠭᠳᠠᠢ᠃ | ᠰᠤᠷᠳᠠᠯ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠠᠷᠢᠭᠤᠨ ᠴᠢᠬᠡᠴᠢ᠂ ᠤᠷᠬᠢᠯᠤᠮ᠎ᠠ ᠬᠠᠯᠠᠭᠤᠨ ᠠᠵᠢᠯ ᠤᠨ ᠬᠦᠭ ᠠᠮᠢᠰᠬᠤᠯ ᠢ ᠡᠬᠦᠳᠬᠦ ᠬᠡᠷᠡᠭᠳᠠᠢ᠃ | ᠡᠯ᠎ᠡ ᠰᠤᠮᠤ ᠪᠠᠯᠭᠠᠰᠤᠨ ᠤ ᠬᠡᠰᠢᠬᠦᠳ ᠤᠨ ᠠᠵᠢᠯ ᠤᠨ ᠦᠷᠦᠬᠡ ᠳᠠᠬᠢ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠡᠬᠦᠷᠬᠡ ᠬᠠᠷᠢᠭᠤᠴᠠᠯᠭ᠎ᠠ ᠪᠠᠨ | ᠬᠦᠢᠴᠡᠳᠬᠡᠵᠤ ᠬᠠᠮᠳᠤᠪᠠᠷ ᠬᠦᠳᠠᠯᠤᠯᠴᠠᠬᠦ ᠶᠢ ᠴᠢᠩᠭᠠᠳᠬᠠᠨ᠂ ᠰᠦᠪᠡᠭᠴᠢᠯᠠᠨ ᠰᠢᠨ᠎ᠠ ᠶᠢ ᠡᠬᠦᠳᠬᠦ ᠶᠢ ᠵᠤᠷᠢᠭᠵᠢᠭᠤᠯᠵᠤ᠂ ᠲᠤᠷᠰᠢᠯᠭ᠎ᠠ ᠪᠠᠨ ᠳ᠋ᠦᠩᠨᠠᠨ ᠰᠤᠯᠢᠯᠴᠠᠨ | ᠂ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠴᠢᠳᠠᠪᠤᠷᠢ ᠪᠠ ᠪᠦᠬᠦᠯᠢ ᠴᠤᠭᠴᠠ ᠶᠢᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠲᠦᠪᠰᠢᠨ ᠢᠶᠠᠨ | ᠲᠠᠰᠤᠷᠠᠯᠳᠠ ᠦᠬᠡᠢ ᠲᠡᠬᠡᠭᠰᠢᠯᠠᠬᠦᠯᠬᠦ ᠬᠡᠷᠡᠭᠳᠠᠢ᠃ | ᠭᠤᠷᠪᠠ᠂ 2022 ᠤᠨ ᠤ ᠠᠵᠢᠯ ᠤᠨ ᠲᠤᠬᠢᠷᠠᠭᠤᠯᠤᠯᠳᠠ | 2022 ᠤᠨ ᠪᠤᠯ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠤᠨ᠂ ᠬᠠᠩᠬᠢᠨ ᠬᠤᠰᠢᠭᠤᠨ ᠤ | ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠤ ᠡᠬᠢᠯᠠᠯᠳᠠ ᠶᠢᠨ ᠤᠨ᠂ ᠮᠦᠨᠴᠤ ᠠᠷᠪᠠᠨ ᠵᠢᠷᠭᠤᠳᠤᠭᠠᠷ ᠬᠤᠭᠤᠴᠠᠭᠠᠨ ᠤ ᠤᠯᠤᠰ ᠲᠦᠷᠦ ᠶᠢᠨ | ᠵᠦᠪᠯᠠᠯᠬᠡᠨ ᠤ ᠡᠬᠢᠯᠠᠯᠳᠠ ᠶᠢᠨ ᠤᠨ ᠪᠤᠯᠤᠨ᠎ᠠ᠃ ᠰᠠᠶᠢᠳᠤᠷ ᠰᠦᠪᠡᠭᠴᠢᠯᠠᠨ᠂ ᠰᠠᠶᠢᠳᠤᠷ ᠡᠬᠢᠯᠠᠬᠦᠯᠵᠤ᠂ ᠰᠠᠶᠢᠳᠤᠷ ᠪᠠᠶᠢᠷᠢᠯᠠᠭᠤᠯᠬᠤ ᠪᠤᠯ ᠡᠨᠡ ᠵᠢᠯ ᠤᠨ ᠤᠯᠤᠰ | ᠲᠦᠷᠦ ᠶᠢᠨ ᠵᠦᠪᠯᠠᠯᠬᠡᠨ ᠤ ᠠᠵᠢᠯ ᠤᠨ ᠵᠠᠩᠬᠢᠯᠠᠭ᠎ᠠ᠃ | ᠨᠢᠬᠡ ᠳᠤ ︽ᠨᠢᠬᠡᠳᠤᠬᠡᠷ ᠰᠢᠨᠵᠢ ᠴᠢᠨᠠᠷ︾ ᠢ ᠲᠤᠪᠤᠶᠢᠯᠭᠠᠨ᠂ ᠨᠠᠮ ᠤᠨ ᠪᠠᠶᠢᠭᠤᠯᠤᠯᠳᠠ ᠶᠢᠨ ᠲᠠᠶᠢᠴᠢᠯᠠᠬᠤ ᠬᠦᠴᠦᠨ ᠢ ᠴᠢᠩᠭᠠᠳᠬᠠᠨ᠎ᠠ᠃ ᠭᠤᠷᠪᠠᠨ | ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠄ ᠨᠢᠬᠡ ᠪᠤᠯ ᠦᠵᠠᠯ ᠰᠠᠨᠠᠭ᠎ᠠ ᠤᠯᠤᠰ ᠲᠦᠷᠦ ᠶᠢᠨ ᠤᠳᠤᠷᠢᠳᠤᠮᠵᠢ ᠶᠢ ᠴᠢᠩᠭᠠᠳᠬᠠᠨ᠎ᠠ᠃ ︽ᠴᠤᠭ ᠰᠦᠯᠳᠠ | ᠪᠠᠨ ᠬᠦᠪᠴᠢᠯᠠᠵᠤ᠂ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ︾ ᠲᠤᠰᠬᠠᠢ ᠰᠡᠳᠦᠪᠳᠤ ᠰᠤᠷᠤᠯᠴᠠᠯᠭ᠎ᠠ ᠰᠤᠳᠤᠯᠤᠨ | ᠶᠠᠷᠢᠯᠴᠠᠬᠤ ᠬᠤᠷᠠᠯᠳᠤᠭᠠᠨ ᠢ ᠴᠠᠭ ᠲᠠᠷᠤᠢ ᠳᠤᠨᠢ ᠬᠤᠷᠠᠯᠳᠤᠭᠤᠯᠵᠤ᠂ ᠪᠠᠶᠢᠳᠠᠯ ᠢ ᠵᠠᠳᠠᠯᠤᠨ᠂ ᠡᠬᠦᠷᠬᠡ ᠪᠠᠨ ᠲᠤᠳᠤᠷᠬᠠᠶᠢᠯᠠᠵᠤ᠂ ᠪᠤᠳᠠᠳᠠᠢ ᠠᠵᠢᠯ ᠤᠨ ᠬᠠᠷᠠᠯᠳᠠ | ᠶᠢ ᠲᠤᠭᠳᠠᠭᠠᠵᠤ᠂ ᠨᠠᠮ ᠤᠨ ︽ᠴᠢᠬᠤᠯᠠ ᠰᠠᠭᠤᠷᠢᠨ ᠭᠠᠵᠠᠷ︾ ᠤᠨ ᠪᠦᠳᠤᠬᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠨᠠᠮ ᠤᠨ ᠲᠠᠤᠬᠡ ᠶᠢᠨ | ᠰᠤᠷᠤᠯᠴᠠᠯᠭ᠎ᠠ ᠬᠦᠮᠤᠵᠢᠯ ᠤᠨ ᠦᠷ᠎ᠠ ᠪᠦᠳᠦᠮᠵᠢ ᠶᠢ ᠦᠷᠬᠦᠯᠵᠢᠯᠠᠨ ᠪᠠᠳᠤᠳᠬᠠᠵᠤ᠂ ᠨᠠᠮ ᠤᠨ ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ | ᠲᠤᠭᠤᠶᠢᠯᠠᠩ ᠤᠨ ᠰᠤᠷᠤᠯᠴᠠᠯᠭ᠎ᠠ ᠪᠠᠷ ᠤᠳᠤᠷᠢᠳᠤᠮᠵᠢ ᠪᠤᠯᠭᠠᠭᠰᠠᠨ ᠰᠤᠷᠤᠯᠴᠠᠯᠭ᠎ᠠ ᠶᠢᠨ ᠲᠦᠷᠢᠮ ᠤᠨ ᠲᠤᠭᠳᠠᠯᠴᠠᠭ᠎ᠠ ᠶᠢ ᠲᠠᠬᠦᠯᠳᠡᠷᠵᠢᠬᠦᠯᠥᠨ᠂ ︽ᠲᠦᠷᠪᠡᠨ | ᠤᠬᠠᠮᠰᠠᠷ︾ ᠢ ᠤᠯᠠᠮ ᠨᠢᠬᠡ ᠠᠯᠬᠤᠮ ᠨᠡᠮᠡᠭᠳᠠᠬᠦᠯᠥᠨ᠂ ︽ᠲᠦᠷᠪᠡᠨ ᠢᠳᠠᠬᠡᠯ︾ ᠢ ᠪᠠᠳᠤᠳᠬᠠᠵᠤ᠂ ︽ᠬᠤᠶᠠᠷ ᠢ ᠲᠤᠭᠳᠠᠭᠠᠬᠤ︾ ᠶᠢ ᠬᠠᠮᠠᠭᠠᠯᠠᠵᠤ᠂ ︽ᠬᠤᠶᠠᠷ | ᠢ ᠬᠠᠮᠠᠭᠠᠯᠠᠬᠤ︾ ᠶᠢ ᠪᠠᠶᠠᠯᠠᠬᠦᠯᠥᠨ᠎ᠠ᠃ ᠬᠡᠰᠢᠬᠦᠳ ᠤᠨ ᠪᠤᠯᠪᠠᠰᠤᠷᠠᠯ᠂ ᠭᠡᠰᠢᠬᠦᠳ ᠤᠨ ᠬᠢᠴᠢᠶᠠᠯᠯᠡᠭᠡ ᠶᠢᠨ ᠲᠢᠩᠬᠢᠮ᠂ ᠰᠤᠷᠤᠯᠴᠠᠯᠭ᠎ᠠ ᠰᠠᠭᠤᠳᠠᠯ ᠤᠨ ᠬᠤᠷᠠᠯ᠂ | ᠨᠤᠮ ᠤᠩᠰᠢᠵᠤ ᠬᠤᠪᠢᠶᠠᠯᠴᠠᠬᠤ ᠬᠤᠷᠠᠯ ᠵᠠᠷᠬᠡ ᠠᠵᠢᠯᠯᠠᠭ᠎ᠠ ᠶᠢ ᠪᠠᠶᠢᠩᠭᠤ ᠶᠢᠨ ᠴᠢᠨᠠᠷᠳᠠᠢ ᠦᠷᠨᠢᠬᠦᠯᠵᠤ᠂ ᠰᠤᠷᠤᠯᠴᠠᠯᠭ᠎ᠠ ᠶᠢᠨ ᠦᠷ᠎ᠠ ᠪᠦᠳᠦᠮᠵᠢ ᠶᠢ | ᠴᠢᠩᠭᠠᠳᠬᠠᠨ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢ ᠨᠢ ᠲᠡᠬᠡᠭᠰᠢᠯᠠᠬᠦᠯᠥᠨᠠ᠃ ᠤᠯᠤᠰ ᠲᠦᠷᠦ ᠶᠢᠨ ᠵᠦᠪᠯᠠᠯᠬᠡᠨ ᠤ ᠰᠤᠶᠤᠯ ᠲᠠᠤᠬᠡ ᠶᠢᠨ | ᠮᠠᠲ᠋ᠧᠷᠢᠶᠠᠯ ᠤᠨ ᠦᠵᠠᠬᠦᠯᠥᠯᠬᠡ ᠶᠢᠨ ᠲᠢᠩᠬᠢᠮ ᠪᠠᠶᠢᠭᠤᠯᠤᠭᠳᠠᠭᠰᠠᠨ ᠤ ᠲᠠᠷᠠᠭ᠎ᠠ᠂ ᠬᠠᠮᠢᠶᠠᠷᠤᠯᠳᠠ ᠪᠠᠨ ᠴᠢᠩᠭᠠᠳᠬᠠᠨ᠂ ᠤᠬᠠᠭᠤᠯᠵᠤ ᠬᠠᠷᠠᠭᠤᠯᠬᠤ ᠶᠢ | ᠴᠢᠬᠤᠯᠠᠴᠢᠯᠠᠵᠤ᠂ ᠰᠡᠳᠬᠢᠯ ᠨᠢᠬᠳᠠᠷᠠᠭᠤᠯᠤᠨ ᠢᠳᠠᠬᠡᠯ ᠬᠦᠪᠴᠢᠯᠠᠬᠦ ᠰᠠᠭᠤᠷᠢᠨ ᠭᠠᠵᠠᠷ ᠤᠨ ᠦᠢᠯᠠᠳᠤᠯ ᠢ ᠬᠦᠢᠴᠡᠳ ᠪᠠᠳᠠᠷᠠᠭᠤᠯᠤᠨ᠎ᠠ᠃ ᠬᠤᠶᠠᠷ ᠪᠤᠯ ᠨᠠᠮ ᠤᠨ | ᠵᠤᠬᠢᠶᠠᠨ ᠪᠠᠶᠢᠭᠤᠯᠤᠯᠳᠠ ᠶᠢᠨ ᠤᠯᠤᠰ ᠲᠦᠷᠦ ᠶᠢᠨ ᠦᠢᠯᠠᠳᠤᠯ ᠢ ᠴᠢᠩᠭᠠᠳᠬᠠᠨ᠎ᠠ᠃ ᠤᠯᠤᠰ ᠲᠦᠷᠦ ᠶᠢᠨ ᠵᠦᠪᠯᠠᠯᠬᠡᠨ ᠤ ᠨᠠᠮ ᠤᠨ ᠲᠤᠭᠤᠶᠢᠯᠠᠩ ᠤᠨ | ᠤᠳᠤᠷᠢᠳᠬᠤ ᠭᠤᠤᠯ ᠴᠦᠮ᠎ᠠ ᠶᠢᠨ ᠦᠢᠯᠠᠳᠤᠯ᠂ ᠨᠠᠮ ᠤᠨ ᠬᠡᠰᠢᠬᠦᠨ ᠬᠡᠰᠢᠬᠦᠳ ᠤᠨ ᠬᠤᠰᠢᠭᠤᠴᠢ ᠵᠢᠱᠢᠶᠠᠴᠢ ᠦᠢᠯᠠᠳᠤᠯ ᠢ ᠪᠠᠳᠠᠷᠠᠭᠤᠯᠵᠤ᠂ ᠤᠯᠤᠰ ᠲᠦᠷᠦ | ᠶᠢᠨ ᠵᠦᠪᠯᠠᠯᠬᠡᠨ ᠤ ᠨᠠᠮ ᠤᠨ ᠲᠤᠭᠤᠶᠢᠯᠠᠩ ᠤᠨ ᠪᠦᠷᠢᠯᠳᠤᠬᠦᠨ ᠨᠠᠮ ᠤᠨ ᠬᠡᠰᠢᠬᠦᠨ ᠬᠡᠰᠢᠬᠦᠳ ᠲᠠᠢ ᠬᠠᠷᠢᠯᠴᠠᠬᠤ᠂ ᠨᠠᠮ ᠤᠨ ᠬᠡᠰᠢᠬᠦᠨ ᠬᠡᠰᠢᠬᠦᠳ ᠨᠠᠮ ᠤᠨ | ᠪᠤᠰᠤ ᠬᠡᠰᠢᠬᠦᠳ ᠲᠠᠢ ᠬᠠᠷᠢᠯᠴᠠᠬᠤ ᠲᠦᠷᠢᠮ ᠢ ᠰᠠᠶᠢᠳᠤᠷ ᠨᠠᠶᠢᠳᠠᠪᠤᠷᠢᠵᠢᠭᠤᠯᠵᠤ᠂ ︽ᠬᠤᠶᠠᠷ ᠢ ᠪᠦᠷᠬᠦᠬᠦ︾ ᠶᠢ ᠪᠠᠶᠡᠯᠡᠬᠦᠯᠥᠨᠠ᠃ ᠨᠠᠮ ᠤᠨ ᠭᠠᠳᠠᠨᠠᠬᠢ | ᠰᠠᠬᠡᠬᠡᠳᠠᠨ᠂ ᠨᠠᠶᠢᠳᠠ ᠶᠢᠨ ᠪᠤᠰᠤ ᠦᠮᠴᠢᠯᠠᠯᠳᠤ ᠠᠵᠤ ᠠᠬᠤᠢ ᠶᠢᠨ ᠬᠦᠮᠦᠰ ᠬᠢᠬᠡᠳ ᠰᠢᠨ᠎ᠠ ᠨᠠᠶᠢᠬᠡᠮ ᠤᠨ ᠲᠠᠪᠬᠤᠷᠭᠠᠳᠠᠨ ᠯᠤᠭ᠎ᠠ ᠤᠶᠢᠯᠠᠭᠠᠯᠴᠠᠭ᠎ᠠ ᠬᠠᠷᠢᠯᠴᠠᠭ᠎ᠠ | ᠪᠠᠨ ᠴᠢᠩᠭᠠᠳᠬᠠᠵᠤ᠂ ᠦᠵᠠᠯ ᠰᠠᠨᠠᠭ᠎ᠠ ᠲᠠᠨᠢᠯᠳᠠ ᠪᠠᠨ ᠨᠡᠩ ᠰᠠᠶᠢᠳᠤᠷ ᠨᠢᠬᠡᠳᠬᠡᠨ᠂ ᠬᠠᠮᠳᠤ ᠶᠢᠨ ᠲᠠᠨᠢᠯᠳᠠ ᠪᠠᠨ ᠦᠷᠬᠡᠨ ᠲᠠᠯᠬᠡᠷ ᠨᠢᠬᠳᠠᠷᠠᠭᠤᠯᠵᠤ᠂ ᠨᠠᠮ ᠤᠨ | ᠵᠤᠷᠢᠯᠳᠠ ᠶᠢ ᠠᠷᠠᠳ ᠤᠨ ᠤᠯᠤᠰ ᠲᠦᠷᠦ ᠶᠢᠨ ᠵᠦᠪᠯᠠᠯᠬᠡᠨ ᠳᠤ ᠤᠷᠤᠯᠴᠠᠵᠤ ᠪᠠᠶᠢᠭ᠎ᠠ ᠡᠯ᠎ᠡ ᠪᠠᠶᠢᠭᠤᠯᠭ᠎ᠠ ᠨᠢᠬᠡᠴᠠ᠂ ᠡᠯ᠎ᠡ ᠡᠳᠡᠬᠡᠳ ᠤᠨ ᠬᠦᠮᠦᠰ ᠤᠨ ᠦᠷᠬᠡᠨ | ᠲᠠᠯᠬᠡᠷ ᠬᠠᠮᠳᠤ ᠶᠢᠨ ᠲᠠᠨᠢᠯᠳᠠ ᠪᠠ ᠤᠬᠠᠮᠰᠠᠷᠳᠤ ᠠᠵᠢᠯᠯᠠᠭ᠎ᠠ ᠪᠤᠯᠭᠠᠨ ᠤᠯᠠᠷᠢᠭᠤᠯᠤᠨ᠎ᠠ᠃ ᠬᠤᠰᠢᠭᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠤᠷᠢᠳᠤ | ᠪᠤᠳᠤᠯᠭ᠎ᠠ ᠶᠢᠨ ᠤᠯᠤᠰ ᠲᠦᠷᠦ ᠶᠢᠨ ᠵᠦᠪᠯᠠᠯᠬᠡᠨ ᠤ ᠠᠵᠢᠯ ᠳᠠᠬᠢ ᠱᠠᠭᠠᠷᠳᠠᠯᠭ᠎ᠠ ᠶᠢ ᠡᠷᠡᠰ ᠰᠠᠶᠢᠳᠤᠷ ᠲᠤᠤᠱᠯᠠᠭᠤᠯᠵᠤ᠂ ᠵᠢᠭᠠᠪᠤᠷᠢ ᠠᠪᠴᠤ ᠮᠠᠳᠠᠬᠦᠯᠬᠦ ᠲᠦᠷᠢᠮ ᠢ | ᠴᠢᠩᠭ᠎ᠠ ᠬᠡᠷᠡᠭᠵᠢᠬᠦᠯᠵᠤ᠂ ᠬᠤᠰᠢᠭᠤ ᠠᠷᠪᠠᠨ ᠲᠦᠷᠪᠡᠳᠤᠬᠡᠷ ᠤᠳᠠᠭᠠᠨ ᠤ ᠨᠠᠮ ᠤᠨ ᠲᠥᠯᠥᠬᠡᠯᠡᠭᠴᠢᠳ ᠤᠨ ᠶᠡᠭᠡ ᠬᠤᠷᠠᠯ ᠪᠠ ᠪᠦᠬᠦ ᠬᠤᠰᠢᠭᠤᠨ ᠤ ᠠᠵᠤ ᠠᠬᠤᠢ | ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠳᠤ ᠲᠦᠪᠯᠠᠷᠠᠬᠦᠯᠥᠨ᠂ ᠤᠯᠤᠰ ᠲᠦᠷᠦ ᠶᠢᠨ ᠵᠦᠪᠯᠠᠯᠬᠡᠨ ᠤ ᠤᠨ ᠤ ᠠᠵᠢᠯ ᠤᠨ ᠭᠤᠤᠯᠳᠠᠯᠭ᠎ᠠ ᠪᠠᠨ | ᠲᠤᠭᠳᠠᠭᠠᠵᠤ᠂ ᠬᠤᠰᠢᠭᠤ ᠨᠠᠮ ᠤᠨ ᠬᠤᠷᠢᠶ᠎ᠠ ᠪᠠᠶᠢᠷᠢᠯᠠᠭᠤᠯᠤᠯᠳᠠ ᠲᠠᠢ ᠪᠤᠯ ᠤᠯᠤᠰ ᠲᠦᠷᠦ ᠶᠢᠨ ᠵᠦᠪᠯᠠᠯᠬᠡᠨ ᠲᠠᠭᠠᠵᠤ᠂ ᠬᠤᠰᠢᠭᠤ ᠨᠠᠮ ᠤᠨ ᠬᠤᠷᠢᠶ᠎ᠠ | ᠱᠠᠭᠠᠷᠳᠠᠯᠭ᠎ᠠ ᠲᠠᠢ ᠪᠤᠯ ᠤᠯᠤᠰ ᠲᠦᠷᠦ ᠶᠢᠨ ᠵᠦᠪᠯᠠᠯᠬᠡᠨ ᠨᠢ ᠡᠷᠡᠰ ᠬᠡᠷᠡᠭᠵᠢᠬᠦᠯᠥᠨ᠎ᠠ᠃ ᠭᠤᠷᠪᠠ ᠪᠤᠯ ᠤᠯᠤᠰ ᠲᠦᠷᠦ ᠶᠢᠨ ᠬᠠᠷᠢᠭᠤᠴᠠᠯᠭ᠎ᠠ ᠨᠠᠶᠢᠳᠠᠪᠤᠷᠢᠵᠢᠭᠳᠠᠬᠤ | ᠶᠢ ᠴᠢᠩᠭᠠᠳᠬᠠᠨ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠠᠴᠠ ᠲᠠᠷᠤᠮᠠᠯᠯᠠᠨ ᠲᠠᠷᠬᠠᠭᠠᠭᠰᠠᠨ ︽ᠰᠢᠨ᠎ᠠ ᠴᠠᠭ | ᠦᠶ᠎ᠠ ᠶᠢᠨ ᠬᠤᠳᠠ ᠰᠢᠶᠠᠨ ᠤ ᠤᠯᠤᠰ ᠲᠦᠷᠦ ᠶᠢᠨ ᠵᠦᠪᠯᠠᠯᠬᠡᠨ ᠤ ᠠᠵᠢᠯ ᠢ ᠴᠢᠩᠭᠠᠳᠬᠠᠬᠤ ᠪᠠ ᠬᠠᠯᠠᠨ ᠰᠠᠶᠢᠵᠢᠷᠠᠭᠤᠯᠬᠤ ᠠᠵᠢᠯ ᠤᠨ ᠲᠤᠬᠠᠢ ᠰᠠᠨᠠᠯ︾ ᠪᠠ | ᠦᠪᠠᠷᠳᠠᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠠᠯᠬᠡᠨ ᠠᠴᠠ ᠭᠠᠷᠭᠠᠭᠰᠠᠨ ︽ᠦᠪᠤᠷ ᠮᠤᠩᠭᠤᠯ ᠤᠨ ᠦᠪᠠᠷᠳᠠᠬᠡᠨ ᠵᠠᠰᠠᠬᠤ ᠤᠷᠤᠨ ᠤ ᠠᠷᠠᠳ ᠤᠨ | ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠬᠦᠳᠤᠯᠪᠤᠷᠢ︾ ︵ᠲᠤᠷᠰᠢᠨ ᠬᠡᠷᠡᠭᠵᠢᠬᠦᠯᠬᠦ︶ ᠲᠠᠢ ᠬᠠᠷᠭᠤᠭᠤᠯᠤᠨ᠂ ᠪᠤᠳᠠᠳᠤ ᠪᠠᠶᠢᠳᠠᠯ ᠳᠤ ᠰᠠᠭᠤᠷᠢᠯᠠᠨ ᠡᠳᠤᠷ | ᠲᠤᠳᠤᠮ ᠤᠨ ᠠᠵᠢᠯ ᠢᠶᠠᠨ ᠵᠤᠬᠢᠴᠠᠭᠤᠯᠵᠤ᠂ ᠡᠬᠦᠷᠬᠡ ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠭᠠᠷᠭᠠᠵᠤ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ | ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠎ᠠ᠃ | ᠬᠤᠶᠠᠷ ᠲᠤ ︽ᠨᠢᠬᠡᠳᠤᠬᠡᠷ ᠡᠬᠦᠷᠬᠡ ᠴᠢᠳᠠᠪᠬᠢ︾ ᠳᠤ ᠲᠦᠪᠯᠠᠷᠠᠬᠦᠯᠥᠨ᠂ ᠲᠤᠰᠬᠠᠶᠢᠯᠠᠨ ᠵᠦᠪᠯᠠᠵᠤ ᠨᠢᠬᠳᠠᠷᠠᠯ ᠤᠨ ᠬᠦᠴᠦᠨ ᠢ ᠴᠢᠩᠭᠠᠳᠬᠠᠨ᠎ᠠ᠃ | ᠭᠤᠤᠯᠳᠠᠯᠭ᠎ᠠ ᠲᠠᠢ ᠲᠤᠤᠷᠠᠬᠢ ᠭᠤᠷᠪᠠᠨ ᠲᠠᠯ᠎ᠠ ᠶᠢ ᠰᠠᠶᠢᠳᠤᠷ ᠡᠵᠡᠮᠳᠠᠬᠦ ᠬᠡᠷᠡᠭᠳᠠᠢ᠄ ᠨᠢᠬᠡ ᠪᠤᠯ᠂ ᠤᠯᠤᠰ ᠲᠦᠷᠦ ᠶᠢᠨ ᠵᠦᠪᠯᠠᠯᠬᠡ ᠬᠢᠬᠦ ᠡᠨᠡᠬᠦ | ᠵᠠᠩᠬᠢᠯᠠᠭ᠎ᠠ ᠶᠢᠨ ᠴᠡᠭ ᠢ ᠪᠠᠳᠤ ᠡᠵᠡᠮᠳᠠᠬᠦ ᠬᠡᠷᠡᠭᠳᠠᠢ᠃ ᠰᠢᠢᠳᠪᠤᠷᠢ ᠪᠤᠳᠤᠯᠭ᠎ᠠ ᠲᠤᠭᠳᠠᠭᠠᠬᠤ ᠠᠴᠠ ᠡᠮᠤᠨ᠎ᠠ ᠵᠦᠪᠯᠠᠬᠦ ᠪᠠ ᠰᠢᠢᠳᠪᠤᠷᠢ ᠪᠤᠳᠤᠯᠭ᠎ᠠ ᠶᠢ ᠬᠡᠷᠡᠭᠵᠢᠬᠦᠯᠬᠦ | ᠲᠤᠮᠳᠠᠬᠢ ᠨᠠᠶᠢᠳᠠᠪᠤᠷᠢᠵᠢᠭᠤᠯᠤᠯᠳᠠ ᠶᠢᠨ ᠵᠤᠬᠢᠴᠠᠮᠵᠢ ᠶᠢ ᠲᠠᠬᠦᠯᠳᠡᠷᠵᠢᠬᠦᠯᠵᠤ᠂ ᠪᠦᠬᠦᠳᠠ ᠬᠤᠷᠠᠯᠳᠤᠭᠠᠨ ᠤ ᠨᠠᠶᠢᠳᠠᠮ ᠳᠡᠭᠡᠨ ᠵᠦᠪᠯᠠᠬᠦ᠂ ᠪᠠᠶᠢᠩᠭᠤ ᠶᠢᠨ ᠬᠡᠰᠢᠬᠦᠳ | ᠤᠨ ᠬᠤᠷᠠᠯᠳᠤᠭᠠᠨ ᠢᠶᠠᠷ ᠲᠤᠰᠬᠠᠢ ᠰᠡᠳᠦᠪᠳᠤ ᠵᠦᠪᠯᠠᠬᠦ᠂ ᠲᠠᠷᠢᠬᠦᠯᠡᠭᠴᠢᠳ ᠤᠨ ᠬᠤᠷᠠᠯᠳᠤᠭᠠᠨ ᠤ ᠭᠤᠤᠯᠳᠠᠯᠭ᠎ᠠ ᠲᠠᠢ ᠵᠦᠪᠯᠠᠭᠦ ᠠᠵᠢᠯ ᠤᠨ ᠡᠷᠬᠢᠯᠳᠠ ᠶᠢᠨ | ᠲᠤᠭᠳᠠᠯᠴᠠᠭ᠎ᠠ ᠶᠢ ᠪᠠᠷᠢᠮᠳᠠᠯᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠠᠢ ᠬᠠᠮᠳᠤᠪᠠᠷ 2022 ᠤᠨ ᠤ ᠵᠦᠪᠯᠠᠯᠬᠡᠨ ᠤ ᠲᠦᠯᠥᠪᠯᠡᠭᠡ ᠶᠢ | ᠲᠤᠭᠳᠠᠭᠠᠵᠤ᠂ ︽ᠬᠤᠰᠢᠭᠤ ᠨᠠᠮ ᠤᠨ ᠬᠤᠷᠢᠶ᠎ᠠ ᠰᠡᠳᠦᠪ ᠭᠠᠷᠭᠠᠬᠤ᠂ ᠤᠯᠤᠰ ᠲᠦᠷᠦ ᠶᠢᠨ ᠵᠦᠪᠯᠠᠯᠬᠡᠨ ᠵᠦᠪᠯᠠᠵᠤ ᠰᠡᠳᠦᠪ ᠲᠠᠶᠢᠯᠬᠤ᠂ ᠰᠠᠯᠠᠭ᠎ᠠ ᠮᠦᠴᠢᠷ | ᠨᠠᠶᠢᠳᠠᠪᠤᠷᠢᠵᠢᠭᠤᠯᠵᠤ ᠰᠡᠳᠦᠪ ᠬᠤᠷᠢᠶᠠᠬᠤ︾ ᠠᠵᠢᠯ ᠤᠨ ᠡᠷᠬᠢᠯᠳᠠ ᠶᠢᠨ ᠵᠤᠬᠢᠴᠠᠮᠵᠢ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠠᠴᠢᠯᠠᠬᠡᠨ ᠤ | ᠤᠷᠴᠢᠨ ᠲᠤᠭᠤᠷᠢᠨ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠲᠠᠢ ᠪᠦᠳᠦᠮᠵᠢᠳᠠᠢ | ᠵᠠᠯᠭᠠᠯᠳᠤᠭᠤᠯᠬᠤ ᠰᠡᠳᠦᠪ ᠤᠨ ᠲᠤᠭᠤᠷᠢᠨ ᠳᠤ ᠡᠳᠡᠬᠡᠳ ᠢᠯᠭᠠᠯ ᠤᠨ ᠵᠦᠪᠯᠠᠯᠬᠡ ᠦᠷᠨᠢᠬᠦᠯᠵᠤ᠂ ᠪᠠᠯᠴᠢᠬᠡᠷ ᠢ ᠰᠠᠶᠢᠵᠢᠷᠠᠭᠤᠯᠬᠤ᠂ ᠤᠯᠤᠰ ᠤᠨ ᠭᠠᠵᠠᠷ ᠰᠢᠷᠥᠢ | ᠤᠢ ᠰᠢᠭᠤᠢ ᠨᠤᠳᠤᠭ ᠪᠠᠯᠴᠢᠬᠡᠷ ᠤᠨ ︽ᠨᠢᠬᠡ ᠵᠢᠷᠤᠭ︾ ᠤᠨ ᠲᠤᠭᠤᠷᠢᠨ ᠳᠤ ᠲᠤᠰᠬᠠᠢ ᠰᠡᠳᠦᠪᠳᠤ ᠵᠦᠪᠯᠠᠯᠬᠡ ᠦᠷᠨᠢᠬᠦᠯᠵᠤ᠂ ᠭᠤᠤᠯᠳᠠᠯᠭ᠎ᠠ ᠲᠠᠢ ᠰᠠᠨᠠᠯ | ᠲᠤᠷᠠᠳᠤᠯᠭ᠎ᠠ ᠶᠢᠨ ᠲᠤᠭᠤᠷᠢᠨ ᠳᠤ ᠰᠠᠨᠠᠯ ᠲᠤᠷᠠᠳᠤᠯᠭ᠎ᠠ ᠬᠦᠢᠴᠡᠳᠬᠡᠬᠦ ᠵᠦᠪᠯᠠᠯᠬᠡ ᠦᠷᠨᠢᠬᠦᠯᠵᠤ᠂ ᠵᠦᠪᠯᠠᠯᠬᠡᠨ ᠤ ᠦᠷ᠎ᠠ ᠪᠦᠳᠦᠬᠡᠯ ᠢ ᠬᠦᠯᠢᠶᠠᠨ ᠠᠪᠬᠤ᠂ | ᠨᠠᠶᠢᠳᠠᠪᠤᠷᠢᠵᠢᠭᠤᠯᠬᠤ ᠪᠠ ᠬᠠᠷᠢᠭᠤ ᠲᠤᠰᠬᠠᠬᠤ ᠵᠤᠬᠢᠴᠠᠮᠵᠢ ᠶᠢ ᠲᠡᠬᠦᠯᠳᠡᠷᠵᠢᠬᠦᠯᠥᠨ᠂ ᠵᠦᠪᠯᠠᠯᠬᠡᠨ ᠤ ᠦᠷ᠎ᠠ ᠪᠦᠳᠦᠬᠡᠯ ᠨᠢ ᠲᠦᠷᠦ ᠶᠢᠨ ᠪᠤᠳᠤᠯᠭ᠎ᠠ ᠪᠠ ᠪᠤᠳᠠᠳᠠᠢ | ᠠᠵᠢᠯ ᠤᠨ ᠠᠷᠭ᠎ᠠ ᠠᠪᠴᠠᠯ ᠪᠤᠯᠤᠨ ᠪᠦᠳᠦᠮᠵᠢᠳᠠᠢ ᠤᠯᠠᠷᠢᠬᠤ ᠶᠢ ᠠᠬᠢᠭᠤᠯᠤᠨ᠎ᠠ᠃ ᠤᠯᠤᠰ ᠲᠦᠷᠦ ᠶᠢᠨ ᠵᠦᠪᠯᠠᠯᠬᠡᠨ ᠤ ᠵᠦᠪᠯᠠᠯᠬᠡ ᠶᠢᠨ ᠦᠨᠳᠤᠰᠤᠨ ᠱᠠᠳᠤ | ᠵᠦᠭ ᠬᠦᠨᠵᠡᠬᠡᠶᠢᠷᠠᠬᠦ ᠠᠵᠢᠯ ᠢ ᠤᠯᠠᠮ ᠨᠢᠬᠡ ᠠᠯᠬᠤᠮ ᠲᠦᠯᠬᠢᠨ ᠠᠬᠢᠭᠤᠯᠵᠤ᠂ ᠦᠨᠳᠤᠰᠤᠨ ᠱᠠᠳᠤᠨ ᠤ ᠵᠦᠪᠯᠠᠯᠬᠡ ᠲᠠᠢ ᠠᠪᠤᠴᠠᠯᠳᠤᠬᠤ ᠲᠦᠷᠢᠮ ᠤᠨ | ᠦᠢᠯᠠᠳᠤᠯᠬᠡ ᠶᠢ ᠪᠠᠶᠠᠯᠢᠭᠵᠢᠭᠤᠯᠤᠨ ᠲᠠᠬᠦᠯᠳᠡᠷᠵᠢᠬᠦᠯᠵᠤ᠂ 100 ᠲᠦᠮᠠᠨ ᠲᠦᠬᠦᠷᠢᠭ ᠤᠨ ᠬᠡᠪᠴᠢᠶ᠎ᠠ ᠪᠦᠬᠦᠢ ︽ᠠᠷᠠᠳ ᠤᠨ ᠲᠥᠯᠥᠬᠡ ᠵᠦᠪᠯᠠᠵᠤ ᠪᠤᠳᠠᠳᠤ | ᠠᠵᠢᠯ ᠬᠢᠬᠦ︾ ᠰᠠᠭᠤᠷᠢ ᠮᠦᠩᠬᠦ ᠶᠢ ᠨᠠᠶᠢᠳᠠᠪᠤᠷᠢᠵᠢᠭᠤᠯᠬᠤ ᠶᠢᠨ ᠬᠠᠮᠳᠤ᠂ ᠪᠤᠳᠠᠳᠠᠢ ᠬᠡᠷᠡᠭᠵᠢᠬᠦᠯᠥᠯᠳᠠ ᠶᠢᠨ ᠠᠷᠭ᠎ᠠ ᠶᠢ ᠲᠤᠭᠳᠠᠭᠠᠨ᠎ᠠ᠃ ᠬᠤᠶᠠᠷ ᠪᠤᠯ | ᠠᠷᠠᠳᠴᠢᠯᠠᠯ ᠤᠨ ᠬᠢᠨᠠᠯᠳᠠ ᠲᠠᠯᠪᠢᠬᠤ ᠬᠦᠴᠦᠯᠠᠴᠠ ᠶᠢᠨ ᠴᠡᠭ ᠢ ᠪᠠᠳᠤ ᠡᠵᠡᠮᠳᠠᠨᠠ᠃ ᠤᠯᠤᠰ ᠲᠦᠷᠦ ᠶᠢᠨ ᠵᠦᠪᠯᠠᠯᠬᠡᠨ ᠤ ᠠᠵᠢᠯ ᠢ ᠤᠬᠠᠮᠰᠠᠷ ᠠᠴᠠ ᠪᠠᠨ ᠪᠦᠬᠦ | ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠪᠦᠬᠦ ᠲᠠᠯ᠎ᠠ ᠳᠤ ᠰᠢᠮᠠᠳᠬᠡᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠠᠢ | ᠢᠮᠠᠭᠳᠠ ᠬᠠᠷᠠᠯᠳᠠ ᠨᠢᠬᠡᠳᠠᠢ᠂ ᠠᠵᠢᠯ ᠨᠢᠬᠡᠳᠠᠢ᠂ ᠠᠯᠬᠤᠮ ᠨᠢᠬᠡᠳᠠᠢ ᠪᠠᠶᠢᠯᠭᠠᠨ᠎ᠠ᠃ ︽ᠬᠤᠶᠠᠷ ᠰᠠᠭᠤᠷᠢᠨ ᠭᠠᠵᠠᠷ︾ ᠤᠨ ᠪᠦᠳᠦᠬᠡᠨ ᠪᠠᠶᠢᠭᠤᠯᠤᠯᠳᠠ᠂ ᠪᠤᠯᠪᠠᠰᠤᠨ | ᠬᠤᠳᠠ ᠶᠢᠨ ᠡᠬᠦᠳᠦᠨ ᠪᠠᠶᠢᠭᠤᠯᠤᠯᠳᠠ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠤ ᠦᠢᠯᠠᠰ ᠵᠠᠷᠬᠡ ᠬᠤᠰᠢᠭᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠤ ᠶᠠᠭ ᠰᠠᠶᠢᠬᠠᠨ ᠰᠦᠪᠡᠭᠴᠢᠯᠠᠵᠤ ᠪᠠᠶᠢᠭ᠎ᠠ ᠪᠤᠶᠤ ᠬᠡᠷᠡᠭᠵᠢᠬᠦᠯᠵᠤ ᠪᠠᠶᠢᠭ᠎ᠠ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠰᠤᠩᠭᠤᠵᠤ᠂ ᠬᠦᠨᠵᠡᠬᠡᠢ | ᠵᠦᠪᠯᠠᠨ᠂ ᠵᠠᠰᠠᠭ ᠤᠨ ᠶᠠᠪᠤᠳᠠᠯ ᠢ ᠲᠦᠪᠯᠠᠷᠠᠩᠬᠦᠢ ᠵᠦᠪᠯᠠᠵᠤ᠂ ᠬᠢᠨᠠᠯᠳᠠ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠳᠠ ᠶᠢ ᠬᠠᠮᠵᠢᠨ ᠠᠬᠢᠭᠤᠯᠤᠨ᠎ᠠ᠃ ᠠᠵᠤ | ᠦᠢᠯᠠᠳᠪᠤᠷᠢ ᠶᠢᠨ ᠠᠵᠤ ᠠᠬᠤᠢ ᠶᠢᠨ ᠴᠢᠨᠠᠷᠯᠢᠭ ᠪᠦᠬᠦᠢ ᠬᠦᠭᠵᠢᠯᠳᠠ ᠶᠢ ᠠᠬᠢᠭᠤᠯᠬᠤ᠂ ᠦᠢᠯᠠᠴᠢᠯᠠᠬᠡᠨ ᠤ ᠦᠢᠯᠠᠰ ᠢ ᠲᠦᠷᠬᠡᠳᠬᠡᠨ ᠬᠦᠭᠵᠢᠬᠦᠯᠬᠦ ᠶᠢ | ᠠᠬᠢᠭᠤᠯᠬᠤ᠂ ᠲᠠᠷᠢᠬᠦᠨ ᠵᠠᠷᠬᠡ ᠶᠢᠨ ᠡᠵᠡᠩᠨᠠᠯᠳᠠ ᠬᠤᠳᠠᠯᠳᠤᠭᠠᠨ ᠤ ᠤᠷᠴᠢᠨ ᠲᠤᠭᠤᠷᠢᠨ ᠢ ᠡᠬᠦᠳᠬᠦ ᠵᠠᠷᠬᠡ ᠬᠠᠷᠠᠯᠳᠠ ᠡᠬᠦᠷᠬᠡ ᠳᠤ ᠲᠦᠪᠯᠠᠷᠠᠬᠦᠯᠵᠤ᠂ ᠬᠦᠨᠵᠡᠬᠡᠢ | ᠪᠠᠶᠢᠴᠠᠭᠠᠨ ᠰᠤᠳᠤᠯᠤᠯᠳᠠ ᠬᠢᠵᠤ᠂ ᠪᠤᠳᠠᠳᠠᠢ ᠶᠢ ᠡᠷᠬᠢᠮᠯᠠᠨ ᠬᠢᠨᠠᠯᠳᠠ ᠲᠠᠯᠪᠢᠵᠤ᠂ ᠢᠳᠠᠪᠬᠢᠳᠠᠢ ᠪᠠᠷ ᠵᠠᠰᠠᠭ ᠤᠨ ᠶᠠᠪᠤᠳᠠᠯ ᠢ ᠵᠦᠪᠯᠠᠵᠤ᠂ ᠨᠠᠷᠢᠯᠢᠭ ᠤᠨᠤᠪᠴᠢᠳᠠᠢ | ᠪᠠᠷ ᠰᠠᠨᠠᠯ ᠰᠠᠨᠠᠭᠤᠯᠭ᠎ᠠ ᠲᠠᠪᠰᠢᠬᠦᠯᠥᠨᠠ᠃ ᠰᠠᠨᠠᠯ ᠲᠤᠷᠠᠳᠤᠯᠭ᠎ᠠ ᠬᠦᠢᠴᠡᠳᠬᠡᠬᠦ ᠬᠢᠨᠠᠯᠳᠠ ᠶᠢ ᠴᠢᠩᠭᠠᠳᠬᠠᠵᠤ᠂ ᠰᠠᠨᠠᠯ ᠲᠤᠷᠠᠳᠤᠯᠭ᠎ᠠ ᠶᠢ ᠲᠤᠰᠢᠶᠠᠨ | ᠬᠦᠢᠴᠡᠳᠬᠡᠬᠦᠯᠬᠦ ᠬᠤᠷᠠᠯ ᠢ ᠬᠤᠷᠠᠯᠳᠤᠭᠤᠯᠤᠨ᠂ ᠰᠠᠨᠠᠯ ᠲᠤᠷᠠᠳᠤᠯᠭ᠎ᠠ ᠬᠦᠢᠴᠡᠳᠬᠡᠬᠦ ᠶᠢ ᠱᠠᠯᠠᠪᠳᠠᠵᠤ ᠪᠠᠶᠢᠴᠠᠭᠠᠬᠤ ᠪᠠᠨ ᠴᠢᠩᠭᠠᠳᠬᠠᠵᠤ᠂ ᠬᠦᠢᠴᠡᠳᠬᠡᠭᠰᠠᠨ ᠦᠷ᠎ᠠ | ᠳ᠋ᠦᠩ ᠢ ᠲᠤᠭᠳᠠᠮᠠᠯ ᠬᠤᠭᠤᠴᠠᠭ᠎ᠠ ᠲᠠᠢ ᠪᠠᠷ ᠨᠡᠶᠢᠳᠠᠯᠠᠵᠤ᠂ ᠭᠤᠤᠯᠳᠠᠯᠭ᠎ᠠ ᠲᠠᠢ ᠰᠠᠨᠠᠯ ᠲᠤᠷᠠᠳᠤᠯᠭ᠎ᠠ ᠶᠢ ᠬᠢᠨᠠᠨ ᠬᠦᠢᠴᠡᠳᠬᠡᠬᠦᠯᠬᠦ ᠲᠦᠷᠢᠮ ᠢ ᠪᠠᠶᠢᠭᠤᠯᠵᠤ᠂ | ᠭᠤᠤᠯᠳᠠᠯᠭ᠎ᠠ ᠲᠠᠢ ᠰᠠᠨᠠᠯ ᠲᠤᠷᠠᠳᠤᠯᠭ᠎ᠠ ᠶᠢ ᠵᠠᠰᠠᠭ ᠤᠨ ᠤᠷᠳᠤᠨ ᠤ ᠤᠳᠤᠷᠢᠳᠤᠯᠭ᠎ᠠ ᠲᠤᠯᠤᠭᠠᠶᠢᠯᠠᠨ ᠬᠦᠢᠴᠡᠳᠬᠡᠬᠦ᠂ ᠤᠯᠤᠰ ᠲᠦᠷᠦ ᠶᠢᠨ ᠵᠦᠪᠯᠠᠯᠬᠡᠨ ᠤ | ᠤᠳᠤᠷᠢᠳᠤᠯᠭ᠎ᠠ ᠱᠠᠭᠠᠷᠳᠠᠨ ᠬᠦᠢᠴᠡᠳᠬᠡᠬᠦᠯᠬᠦ ᠬᠦᠢᠴᠡᠳᠬᠡᠬᠦ ᠵᠤᠬᠢᠴᠠᠮᠵᠢ ᠶᠢ ᠰᠦᠪᠡᠭᠴᠢᠯᠠᠨ ᠶᠠᠪᠤᠭᠳᠠᠭᠤᠯᠬᠤ ᠶᠢᠨ ᠲᠠᠭᠠᠤ ᠭᠤᠤᠯᠳᠠᠯᠭ᠎ᠠ ᠲᠠᠢ ᠰᠠᠨᠠᠯ ᠲᠤᠷᠠᠳᠤᠯᠭ᠎ᠠ | ᠶᠢᠨ ᠲᠤᠭᠤᠷᠢᠨ ᠳᠤ ᠵᠠᠰᠠᠭ ᠤᠨ ᠶᠠᠪᠤᠳᠠᠯ ᠢ ᠵᠦᠪᠯᠠᠬᠦ᠂ ᠪᠠᠶᠢᠴᠠᠭᠠᠨ ᠰᠤᠳᠤᠯᠤᠯᠳᠠ ᠲᠤᠭᠤᠷᠢᠨ ᠪᠠᠶᠢᠴᠠᠭᠠᠯᠳᠠ ᠪᠠ ᠠᠷᠠᠳᠴᠢᠯᠠᠯ ᠤᠨ ᠬᠢᠨᠠᠯᠳᠠ ᠦᠷᠨᠢᠬᠦᠯᠵᠤ᠂ | ᠰᠠᠨᠠᠯ ᠲᠤᠷᠠᠳᠤᠯᠭ᠎ᠠ ᠶᠢ ᠬᠦᠢᠴᠡᠳᠬᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠭᠤᠷᠪᠠ ᠪᠤᠯ᠂ ᠵᠠᠰᠠᠭ ᠤᠨ ᠶᠠᠪᠤᠳᠠᠯ ᠳᠤ ᠤᠷᠤᠯᠴᠠᠵᠤ ᠵᠠᠰᠠᠭ ᠤᠨ ᠶᠠᠪᠤᠳᠠᠯ ᠢ | ᠵᠦᠪᠯᠠᠬᠦ ᠡᠨᠡᠬᠦ ᠠᠩᠬᠠᠷᠤᠯ ᠤᠨ ᠴᠡᠭ ᠢ ᠪᠠᠳᠤ ᠡᠵᠡᠮᠳᠠᠬᠦ ᠬᠡᠷᠡᠭᠳᠠᠢ᠃ ᠪᠠᠶᠢᠴᠠᠭᠠᠨ ᠰᠤᠳᠤᠯᠤᠯᠳᠠ ᠶᠢ ᠵᠠᠰᠠᠭ ᠤᠨ ᠶᠠᠪᠤᠳᠠᠯ ᠳᠤ ᠤᠷᠤᠯᠴᠠᠵᠤ ᠵᠠᠰᠠᠭ ᠤᠨ ᠶᠠᠪᠤᠳᠠᠯ ᠢ | ᠵᠦᠪᠯᠠᠬᠦ ᠴᠢᠳᠠᠪᠬᠢ ᠪᠠᠨ ᠬᠦᠢᠴᠡᠳᠬᠡᠬᠦ ᠨᠢᠬᠡ ᠲᠦᠷᠦᠯ ᠤᠨ ᠦᠨᠳᠤᠰᠤᠨ ᠮᠠᠷᠬᠡᠵᠢᠯ ᠪᠤᠯᠭᠠᠨ ᠠᠳᠬᠤᠵᠤ᠂ ᠪᠠᠶᠢᠴᠠᠭᠠᠨ ᠰᠤᠳᠤᠯᠤᠯᠳᠠ ᠶᠢᠨ ᠮᠠᠳᠠᠬᠦᠯᠥᠯᠳᠠ | ᠨᠢᠬᠡᠪᠤᠷᠢ ᠨᠢ ᠪᠤᠳᠠᠳᠤ ᠪᠠᠶᠢᠳᠠᠯ ᠢ ᠪᠦᠬᠦ ᠲᠠᠯ᠎ᠠ ᠪᠠᠷ ᠲᠤᠰᠬᠠᠨ᠂ ᠰᠢᠯᠳᠠᠭᠠᠨ ᠢ ᠬᠦᠢᠴᠡᠳ ᠵᠠᠳᠠᠯᠵᠤ᠂ ᠬᠠᠷᠢᠭᠤᠴᠠᠬᠤ ᠠᠷᠭ᠎ᠠ ᠪᠤᠳᠤᠯᠭ᠎ᠠ ᠨᠢ ᠨᠠᠷᠢᠯᠢᠭ | ᠤᠨᠤᠪᠴᠢᠳᠠᠢ ᠪᠠᠶᠢᠬᠤ ᠶᠢ ᠪᠠᠳᠤᠯᠠᠨ᠎ᠠ᠃ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠠᠯᠠᠨ ᠵᠠᠰᠠᠬᠤ᠂ ᠲᠠᠷᠢᠶᠠᠯᠠᠩ ᠦᠢᠯᠠᠳᠪᠤᠷᠢᠯᠠᠯ ᠤᠨ ᠲᠠᠯ᠎ᠠ ᠶᠢᠨ | ᠪᠤᠬᠢᠷᠳᠤᠯ ᠵᠠᠷᠬᠡ ᠠᠷᠠᠳ ᠤᠯᠠᠨ ᠤ ᠬᠠᠯᠠᠮᠵᠢᠯᠠᠵᠤ ᠪᠠᠶᠢᠭ᠎ᠠ ᠬᠠᠯᠠᠮᠰᠢᠯ ᠬᠦᠴᠢᠷᠳᠠᠯ ᠠᠰᠠᠭᠤᠳᠠᠯ ᠢ ᠰᠤᠩᠭᠤᠵᠤ᠂ ᠪᠠᠶᠢᠴᠠᠭᠠᠨ ᠰᠤᠳᠤᠯᠤᠯᠳᠠ ᠦᠷᠨᠢᠬᠦᠯᠥᠨ᠂ | ᠨᠠᠶᠢᠬᠡᠮ ᠤᠨ ᠪᠠᠶᠢᠳᠠᠯ ᠠᠷᠠᠳ ᠤᠨ ᠰᠠᠨᠠᠯ ᠢ ᠲᠤᠰᠬᠠᠵᠤ᠂ ᠰᠠᠨᠠᠯ ᠰᠠᠨᠠᠭᠤᠯᠭ᠎ᠠ ᠲᠤᠷᠠᠳᠤᠨ᠎ᠠ᠃ ᠠᠯᠤᠰ ᠬᠡᠳᠤ ᠶᠢᠨ ᠬᠦᠭᠵᠢᠯᠳᠠ ᠲᠠᠢ ᠬᠤᠯᠪᠤᠭᠳᠠᠬᠤ ᠠᠮᠢᠳᠠᠨ ᠤ | ᠡᠮᠨᠡᠯᠬᠡ ᠶᠢᠨ ᠬᠤᠷᠢᠶᠠᠨ ᠤ ᠡᠷᠬᠢᠯᠳᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠠᠰ ᠤᠨ ᠪᠦᠳᠦᠴᠠ ᠶᠢᠨ ᠲᠤᠬᠢᠷᠠᠭᠤᠯᠤᠯᠳᠠ᠂ ᠬᠤᠵᠢᠷᠯᠢᠭ ᠭᠠᠵᠠᠷ ᠢ | ᠦᠬᠡᠷᠡᠴᠢᠯᠠᠬᠦ᠂ ᠬᠠᠳᠤᠨ ᠭᠤᠤᠯ ᠲᠠᠭᠠᠤ ᠤᠷᠤᠨ ᠤ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢ ᠲᠡᠬᠡᠭᠰᠢᠯᠠᠬᠦᠯᠥᠨ ᠦᠷ᠎ᠠ ᠪᠦᠳᠦᠮᠵᠢ ᠶᠢ ᠨᠡᠮᠡᠭᠳᠠᠬᠦᠯᠬᠦ ᠵᠠᠷᠬᠡ | ᠠᠭᠤᠯᠭ᠎ᠠ ᠶᠢ ᠰᠤᠩᠭᠤᠵᠤ ᠤᠷᠳᠤ ᠬᠤᠭᠤᠴᠠᠭᠠᠨ ᠤ ᠰᠡᠳᠦᠪ ᠪᠤᠯᠭᠠᠨ᠂ ᠲᠠᠭᠠᠵᠤ ᠪᠠᠶᠢᠴᠠᠭᠠᠨ ᠰᠤᠳᠤᠯᠵᠤ᠂ ᠵᠠᠰᠠᠭ ᠤᠨ ᠶᠠᠪᠤᠳᠠᠯ ᠳᠤ ᠤᠷᠤᠯᠴᠠᠵᠤ ᠵᠠᠰᠠᠭ ᠤᠨ | ᠶᠠᠪᠤᠳᠠᠯ ᠢ ᠵᠦᠪᠯᠠᠬᠦ ᠲᠤᠰᠬᠠᠢ ᠮᠠᠷᠬᠡᠵᠢᠯ ᠤᠨ ᠲᠦᠪᠰᠢᠨ ᠢᠶᠠᠨ ᠲᠡᠬᠡᠭᠰᠢᠯᠠᠬᠦᠯᠥᠨᠠ᠃ ᠪᠦᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠴᠢᠬᠤᠯᠠ ᠶᠡᠭᠡ ᠲᠦᠷᠦᠯ | ᠵᠦᠢᠯ ᠢ ᠰᠤᠩᠭᠤᠵᠤ 1ᠤᠳᠠᠭᠠᠨ ᠤ ᠲᠠᠷᠢᠬᠦᠯᠡᠭᠴᠢᠳ ᠤᠨ ᠬᠤᠷᠠᠯᠳᠤᠭᠠᠨ ᠤ ᠬᠠᠮᠳᠤ ᠶᠢᠨ ᠲᠤᠭᠤᠷᠢᠨ ᠪᠠᠶᠢᠴᠠᠭᠠᠯᠳᠠ ᠦᠷᠨᠢᠬᠦᠯᠵᠤ᠂ ᠠᠵᠢᠯ ᠤᠨ ᠠᠬᠢᠴᠠ ᠶᠢ | ᠠᠬᠢᠭᠤᠯᠤᠨ᠎ᠠ᠃ ᠲᠠᠷᠢᠬᠦᠯᠡᠭᠴᠢᠳ ᠤᠨ ᠬᠤᠷᠠᠯᠳᠤᠭᠠᠨ ᠤ ᠪᠦᠷᠢᠯᠳᠤᠬᠦᠨ ᠨᠢ ᠦᠪᠠᠷ ᠤᠨ ᠪᠠᠶ᠎ᠠ ᠢᠶᠠᠷ ᠢᠶᠠᠨ ᠲᠠᠭᠤᠷᠢᠶᠠᠯ ᠦᠵᠠᠬᠦᠯᠵᠤ᠂ ᠬᠤᠰᠢᠭᠤ ᠨᠠᠮ ᠤᠨ | ᠬᠤᠷᠢᠶ᠎ᠠ ᠠᠴᠠ ᠲᠠᠭᠠᠭᠠᠯᠭᠠᠭᠰᠠᠨ ᠡᠯ᠎ᠡ ᠵᠦᠢᠯ ᠤᠨ ᠠᠵᠢᠯ ᠤᠨ ᠡᠬᠦᠷᠬᠡ ᠪᠠᠨ ᠢᠳᠠᠪᠬᠢᠳᠠᠢ ᠰᠠᠨᠠᠭᠠᠴᠢᠯᠠᠭ᠎ᠠ ᠠᠴᠠ ᠪᠠᠨ ᠪᠠᠶᠠᠯᠠᠬᠦᠯᠵᠤ᠂ ᠲᠠᠭᠠᠭᠠᠴᠢᠯᠠᠨ ᠬᠠᠷᠢᠯᠴᠠᠵᠤ | ᠪᠠᠶᠢᠭ᠎ᠠ ᠰᠤᠮᠤ ᠪᠠᠯᠭᠠᠰᠤ᠂ ᠭᠠᠴᠠᠭ᠎ᠠ ᠲᠤᠰᠬᠤᠨ ᠢᠶᠠᠷ ᠦᠷᠬᠦᠯᠵᠢ ᠬᠦᠨᠵᠡᠬᠡᠶᠢᠷᠠᠨ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠬᠢᠵᠤ᠂ ᠡᠯ᠎ᠡ ᠲᠠᠯ᠎ᠠ ᠶᠢᠨ | ᠡᠬᠢ ᠪᠠᠶᠠᠯᠢᠭ ᠢ ᠤᠷᠢᠵᠤ᠂ ᠢᠳᠠᠪᠬᠢ ᠪᠦᠬᠦᠢ ᠡᠯᠧᠮᠧᠨ᠋ᠲ ᠢ ᠲᠠᠶᠢᠴᠢᠯᠠᠨ᠂ ᠴᠢᠨᠠᠷᠯᠢᠭ ᠪᠦᠬᠦᠢ ᠬᠦᠭᠵᠢᠯᠳᠠ ᠶᠢ ᠲᠦᠯᠬᠢᠨ ᠠᠬᠢᠭᠤᠯᠤᠨ᠎ᠠ᠃ | ᠭᠤᠷᠪᠠ ᠳᠤ ︽ᠲᠠᠷᠢᠬᠦᠨ ᠴᠢᠬᠤᠯᠠ ᠡᠬᠦᠷᠬᠡ︾ ᠲᠠᠢ ᠨᠢᠬᠳᠠ ᠤᠶᠠᠯᠳᠤᠭᠤᠯᠤᠨ᠂ ᠬᠦᠭᠵᠢᠯᠳᠠ ᠶᠢᠨ ᠬᠦᠳᠠᠯᠬᠡᠭᠴᠢ ᠬᠦᠴᠦᠨ ᠳᠤ ᠦᠢᠯᠠᠴᠢᠯᠠᠬᠦ ᠪᠠᠨ | ᠴᠢᠩᠭᠠᠳᠬᠠᠨ᠎ᠠ᠃ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠴᠠᠭ ᠦᠶ᠎ᠠ ᠲᠠᠢ ᠵᠠᠷᠬᠡᠪᠡᠷ ᠤᠷᠤᠭᠰᠢᠯᠠᠵᠤ᠂ ᠴᠢᠨᠠᠷ ᠴᠢᠨᠰᠠᠭ᠎ᠠ ᠪᠠᠨ ᠲᠠᠬᠡᠭᠰᠢᠯᠠᠬᠦᠯᠥᠨ ᠦᠷ᠎ᠠ | ᠪᠦᠳᠦᠮᠵᠢ ᠪᠠᠨ ᠨᠡᠮᠡᠭᠳᠠᠬᠦᠯᠬᠦ ᠶᠢ ᠠᠬᠢᠭᠤᠯᠬᠤ ᠳᠤ᠂ ᠵᠠᠩᠬᠢᠯᠠᠭ᠎ᠠ ᠨᠢ ᠬᠠᠰᠢᠯᠠ ᠬᠤᠰᠢᠭᠤ ᠨᠠᠮ ᠤᠨ ᠬᠤᠷᠢᠶᠠᠨ ᠤ ᠴᠢᠨᠠᠷᠯᠢᠭ ᠪᠦᠬᠦᠢ ᠬᠦᠭᠵᠢᠯᠳᠠ ᠳᠤ ᠦᠢᠯᠠᠴᠢᠯᠠᠬᠦ | ᠪᠤᠳᠠᠳᠤ ᠦᠷ᠎ᠠ ᠪᠦᠳᠦᠮᠵᠢ ᠶᠢ ᠬᠠᠷᠠᠵᠤ᠂ ᠭᠤᠤᠯᠳᠠᠭᠤ ᠬᠠᠰᠢᠯᠠ ᠡᠩᠨᠡᠬᠡᠨ ᠤ ᠪᠦᠳᠦᠬᠡᠨ ᠪᠠᠶᠢᠭᠤᠯᠤᠯᠳᠠ ᠬᠡᠬᠦ ᠡᠨᠡᠬᠦ ᠰᠠᠭᠤᠷᠢ ᠨᠢ ᠪᠠᠬᠢ ᠡᠰᠠᠬᠦ᠂ ᠠᠵᠢᠯ ᠬᠢᠵᠤ | ᠦᠢᠯᠠᠰ ᠪᠤᠰᠬᠠᠬᠤ ︽ᠴᠤᠭ ᠰᠦᠯᠳᠠ︾ ᠰᠠᠶᠢᠨ ᠡᠰᠠᠬᠦ ᠶᠢ ᠬᠠᠷᠠᠨ᠎ᠠ᠃ ᠬᠤᠰᠢᠭᠤ ᠤᠯᠤᠰ ᠲᠦᠷᠦ ᠶᠢᠨ ᠵᠦᠪᠯᠠᠯᠬᠡᠨ ᠤ ᠲᠤᠰᠬᠠᠢ ᠵᠦᠪᠯᠠᠯ ᠤᠨ ᠪᠦᠳᠦᠬᠡᠨ | ᠪᠠᠶᠢᠭᠤᠯᠤᠯᠳᠠ ᠶᠢᠨ ᠬᠦᠴᠦᠯᠠᠴᠠ ᠪᠠᠨ ᠨᠡᠮᠡᠭᠳᠠᠬᠦᠯᠵᠤ᠂ ᠲᠤᠰᠬᠠᠢ ᠵᠦᠪᠯᠠᠯ ᠤᠨ ᠤᠯᠤᠰ ᠲᠦᠷᠦ ᠶᠢᠨ ᠵᠦᠪᠯᠠᠯᠬᠡᠨ ᠤ ᠠᠵᠢᠯ ᠳᠠᠬᠢ ᠰᠠᠭᠤᠷᠢ ᠴᠢᠨᠠᠷᠳᠠᠢ ᠦᠢᠯᠠᠳᠤᠯ | ᠢ ᠦᠨᠠᠨᠬᠦ ᠪᠠᠳᠠᠷᠠᠭᠤᠯᠤᠨ᠎ᠠ᠃ ᠬᠤᠳᠠ ᠶᠢᠨ ᠤᠯᠤᠰ ᠲᠦᠷᠦ ᠶᠢᠨ ᠵᠦᠪᠯᠠᠯᠬᠡᠨ ᠯᠤᠭ᠎ᠠ ᠶᠢᠨ ᠬᠠᠷᠢᠯᠴᠠᠭ᠎ᠠ ᠤᠶᠢᠯᠠᠭᠠᠯᠴᠠᠭ᠎ᠠ ᠪᠠᠨ ᠦᠷᠬᠦᠯᠵᠢᠯᠠᠨ ᠴᠢᠩᠭᠠᠳᠬᠠᠵᠤ᠂ | ᠪᠦᠬᠦ ᠲᠠᠯ᠎ᠠ ᠲᠠᠢ ᠬᠤᠯᠪᠤᠭᠳᠠᠬᠤ᠂ ᠤᠷᠤᠨ ᠲᠤᠭᠤᠷᠢᠭ ᠤᠨ ᠴᠢᠨᠠᠷᠳᠠᠢ ᠭᠤᠤᠯᠳᠠᠯᠭ᠎ᠠ ᠲᠠᠢ ᠰᠡᠳᠦᠪ ᠳᠤ᠂ ᠬᠤᠳᠠ ᠶᠢᠨ ᠲᠠᠪᠬᠤᠷᠭᠠᠨ ᠤ ᠲᠦᠷᠦ ᠶᠢᠨ ᠪᠤᠳᠤᠯᠭ᠎ᠠ | ᠶᠢᠨ ᠲᠠᠯ᠎ᠠ ᠶᠢᠨ ᠲᠠᠮᠵᠢᠯᠬᠡ ᠶᠢ ᠴᠢᠷᠮᠠᠶᠢᠨ ᠡᠷᠢᠯᠬᠢᠯᠠᠵᠤ᠂ ᠬᠠᠮᠳᠤᠷᠠᠨ ᠤᠷᠤᠯᠴᠠᠨ ᠬᠠᠷᠢᠯᠴᠠᠨ ᠠᠬᠢᠭᠤᠯᠵᠤ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠪᠤᠳᠠᠳᠤ | ᠪᠦᠳᠦᠮᠵᠢ ᠶᠢ ᠬᠦᠴᠦ ᠬᠠᠮᠳᠤᠳᠬᠠᠨ ᠲᠦᠯᠬᠢᠨ ᠠᠬᠢᠭᠤᠯᠤᠨ᠎ᠠ᠃ ᠲᠠᠷᠢᠬᠦᠯᠡᠭᠴᠢᠳ ᠤᠨ ᠬᠤᠷᠠᠯᠳᠤᠭᠠᠨ ᠤ ᠪᠦᠷᠢᠯᠳᠤᠬᠦᠨ ᠨᠢ ᠬᠡᠰᠢᠬᠦᠳ ᠢ ᠠᠰᠠᠭᠤᠨ | ᠰᠤᠷᠪᠤᠯᠵᠢᠯᠠᠵᠤ ᠬᠠᠷᠢᠯᠴᠠᠬᠤ᠂ ᠭᠤᠤᠯᠳᠠᠯᠭ᠎ᠠ ᠲᠠᠢ ᠠᠵᠤ ᠠᠬᠤᠶᠢᠯᠠᠯ ᠢ ᠲᠠᠭᠠᠭᠠᠴᠢᠯᠠᠨ ᠬᠠᠷᠢᠯᠴᠠᠬᠤ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ | ᠰᠢᠢᠳᠪᠤᠷᠢᠯᠠᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠶᠢᠬᠡᠮ ᠤᠨ ᠡᠯ᠎ᠡ ᠡᠳᠡᠬᠡᠳ ᠤᠨ ᠲᠥᠯᠥᠬᠡᠯᠡᠭᠴᠢ ᠬᠦᠮᠦᠰ ᠲᠠᠢ ᠬᠠᠷᠢᠯᠴᠠᠵᠤ ᠰᠤᠯᠢᠯᠴᠠᠬᠤ ᠶᠢ ᠪᠠᠶᠢᠩᠭᠤ | ᠶᠢᠨ ᠴᠢᠨᠠᠷᠳᠠᠢ ᠦᠷᠨᠢᠬᠦᠯᠥᠨ᠎ᠠ᠃ ᠬᠡᠰᠢᠬᠦᠳ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢᠨ ᠲᠠᠬᠡᠭᠰᠢᠯᠠᠯᠳᠠ ᠶᠢ ᠠᠩᠬᠠᠷᠤᠨ᠂ 1 ᠬᠤᠭᠤᠴᠠᠭᠠᠨ | ᠤ ᠬᠡᠰᠢᠬᠦᠳ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢ ᠲᠡᠬᠡᠭᠰᠢᠯᠠᠬᠦᠯᠬᠦ ᠪᠤᠯᠪᠠᠰᠤᠷᠠᠯ ᠤᠨ ᠠᠩᠬᠢ ᠶᠢ ᠡᠷᠬᠢᠯᠠᠨ᠂ ︽ᠲᠠᠪᠤᠨ ᠨᠢᠬᠡ︾ ᠶᠢᠨ | ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠦᠷ᠎ᠠ ᠪᠦᠳᠦᠮᠵᠢ ᠶᠢᠨ ᠬᠢᠨᠠᠨ ᠰᠢᠯᠭᠠᠷᠠᠭᠤᠯᠤᠯᠳᠠ ᠶᠢ ᠪᠠᠷᠢᠮᠳᠠᠯᠠᠨ᠂ ︽ᠲᠦᠷᠪᠡ ᠲᠠᠢ ᠬᠤᠯᠪᠤᠭᠠᠯᠠᠨ ᠲᠦᠷᠪᠡ ᠶᠢ | ᠠᠬᠢᠭᠤᠯᠬᠤ︾ ᠬᠠᠷᠠᠭᠠᠯᠵᠠᠭᠰᠠᠨ ᠲᠦᠷᠢᠮ ᠤᠨ ᠲᠤᠭᠳᠠᠯᠴᠠᠭᠠᠨ ᠤ ᠪᠦᠳᠦᠬᠡᠨ ᠪᠠᠶᠢᠭᠤᠯᠤᠯᠳᠠ ᠶᠢ ᠲᠠᠬᠦᠯᠳᠡᠷᠵᠢᠬᠦᠯᠵᠤ᠂ ᠦᠷᠬᠡᠨ ᠤᠯᠠᠨ ᠬᠡᠰᠢᠬᠦᠳ ᠢ ᠢᠷᠠᠭᠤ | ᠠᠯᠳᠠᠷ ᠢᠶᠠᠨ ᠨᠠᠨᠳᠢᠩᠨᠠᠵᠤ᠂ ᠡᠬᠦᠷᠬᠡ ᠬᠠᠷᠢᠭᠤᠴᠠᠯᠭ᠎ᠠ ᠪᠠᠨ ᠮᠠᠳᠠᠷᠠᠨ ᠤᠷᠤᠭᠰᠢ ᠲᠠᠪᠰᠢᠬᠤ ᠪᠠᠷ ᠴᠢᠷᠮᠠᠶᠢᠨ᠂ ᠰᠡᠳᠬᠢᠯ ᠨᠢᠬᠳᠠᠷᠠᠨ ᠬᠦᠴᠦ ᠬᠠᠮᠳᠤᠳᠬᠠᠬᠤ᠂ | ᠰᠢᠢᠳᠪᠤᠷᠢ ᠪᠤᠳᠤᠯᠭ᠎ᠠ ᠶᠢᠨ ᠯᠠᠪᠯᠠᠯᠳᠠ᠂ ᠵᠦᠪᠯᠠᠯᠬᠡᠨ ᠤ ᠠᠷᠠᠳᠴᠢᠯᠠᠯ ᠤᠨ ᠨᠢᠬᠡᠳᠤᠬᠡᠷ ᠹᠷᠤᠨᠲ ᠲᠤ ᠤᠬᠠᠮᠰᠠᠷ ᠠᠴᠠ ᠪᠠᠨ ᠵᠤᠷᠢᠭᠤᠯᠬᠤ ᠶᠢ ᠱᠠᠭᠠᠷᠳᠠᠨ᠎ᠠ᠃ | ᠰᠤᠶᠤᠯ ᠲᠠᠤᠬᠡ ᠶᠢᠨ ᠮᠠᠲ᠋ᠧᠷᠢᠶᠠᠯ ᠨᠠᠶᠢᠷᠠᠭᠤᠯᠬᠤ ᠡᠩᠨᠡᠬᠡᠨ ᠤ ᠪᠦᠳᠦᠬᠡᠨ ᠪᠠᠶᠢᠭᠤᠯᠤᠯᠳᠠ ᠶᠢ ᠴᠢᠬᠤᠯᠠᠴᠢᠯᠠᠵᠤ᠂ ᠮᠠᠨ ᠤ ᠬᠤᠰᠢᠭᠤᠨ ᠤ ᠨᠠᠷᠢᠯᠢᠭ ᠤᠨᠤᠪᠴᠢᠳᠠᠢ | ᠶᠠᠳᠠᠭᠤ ᠶᠢ ᠲᠠᠳᠬᠦᠵᠤ ᠲᠠᠭᠠᠭᠠᠴᠢᠯᠠᠨ ᠬᠠᠷᠢᠯᠴᠠᠬᠤ᠂ ᠤᠯᠠᠮᠵᠢᠯᠠᠯᠳᠤ ᠮᠤᠩᠭᠤᠯ ᠡᠮ ᠡᠮᠨᠡᠯᠬᠡ ᠶᠢ ᠬᠠᠮᠠᠭᠠᠯᠠᠨ ᠤᠯᠠᠮᠵᠢᠯᠠᠬᠤ ᠵᠠᠷᠬᠡ ᠠᠭᠤᠯᠭ᠎ᠠ ᠶᠢᠨ ᠲᠤᠭᠤᠷᠢᠨ ᠳᠤ | ᠂ ᠰᠤᠶᠤᠯ ᠲᠠᠤᠬᠡ ᠶᠢᠨ ᠮᠠᠲ᠋ᠧᠷᠢᠶᠠᠯ ᠨᠠᠶᠢᠷᠠᠭᠤᠯᠤᠨ ᠡᠮᠬᠢᠳᠬᠡᠬᠦ ᠠᠵᠢᠯ ᠢ ᠶᠡᠬᠡᠪᠡᠷ ᠦᠷᠨᠢᠬᠦᠯᠥᠨ᠎ᠠ᠃ 2022 ᠤᠨ ᠨᠢ ︽ᠺᠠᠳ᠋ᠷᠴᠤᠳ ᠤᠨ ᠬᠡᠪ ᠴᠢᠨᠠᠷ ᠢ | ᠲᠡᠬᠡᠭᠰᠢᠯᠠᠬᠦᠯᠬᠦ ᠤᠨ︾ ᠪᠤᠯᠤᠭᠰᠠᠨ ᠤ ᠬᠤᠪᠢ ᠳᠤ ᠡᠳᠤᠷ ᠲᠤᠳᠤᠮ ᠤᠨ ᠬᠠᠮᠢᠶᠠᠷᠤᠯᠳᠠ ᠪᠠᠨ ᠴᠢᠩᠭᠠᠳᠬᠠᠵᠤ᠂ ᠠᠯᠪᠠᠨ ᠪᠠᠶᠢᠭᠤᠯᠭ᠎ᠠ ᠶᠢᠨ ᠰᠦᠨᠢ ᠶᠢᠨ | ᠰᠤᠷᠭᠠᠭᠤᠯᠢ ᠭᠠᠷᠭᠠᠵᠤ᠂ ︽ᠬᠡᠰᠢᠬᠦᠳ ᠤᠨ ᠬᠢᠴᠢᠶᠠᠯᠯᠡᠭᠡ ᠶᠢᠨ ᠲᠢᠩᠬᠢᠮ︾ ᠢ ᠬᠦᠨᠵᠡᠬᠡᠶᠢᠷᠠᠬᠦᠯᠥᠨ᠂ ︽ᠪᠢᠴᠢᠭ ᠤᠨ ᠰᠤᠷᠪᠤᠯᠵᠢᠳᠤ ᠤᠯᠤᠰ ᠲᠦᠷᠦ ᠶᠢᠨ | ᠵᠦᠪᠯᠠᠯᠬᠡᠨ︾ ᠢ ᠪᠦᠳᠦᠬᠡᠨ ᠪᠠᠶᠢᠭᠤᠯᠵᠤ᠂ ︽ᠨᠤᠮ ᠤᠩᠰᠢᠬᠤ ᠠᠵᠢᠯᠯᠠᠭ᠎ᠠ︾ ᠶᠢ ᠰᠠᠶᠢᠳᠤᠷ ᠡᠷᠬᠢᠯᠠᠨ᠂ ᠤᠷᠮᠠᠰᠢᠭᠤᠯᠬᠤ ᠬᠢᠨᠠᠨ ᠰᠢᠯᠭᠠᠷᠠᠭᠤᠯᠤᠯᠳᠠ ᠶᠢᠨ | ᠵᠤᠬᠢᠴᠠᠮᠵᠢ ᠶᠢ ᠪᠠᠶᠢᠭᠤᠯᠤᠨ᠂ ᠺᠠᠳ᠋ᠷ ᠠᠵᠢᠯᠳᠠᠳ ᠤᠨ ᠠᠵᠢᠯ ᠬᠢᠵᠤ ᠦᠢᠯᠠᠰ ᠪᠤᠰᠬᠠᠬᠤ ︽ᠴᠤᠭ ᠰᠦᠯᠳᠠ︾ ᠶᠢ ᠦᠨᠠᠨᠬᠦ ᠲᠡᠬᠡᠭᠰᠢᠯᠠᠬᠦᠯᠥᠨ᠂ ︽ᠤᠯᠤᠰ ᠲᠦᠷᠦ | ᠶᠢᠨ ᠵᠦᠪᠯᠠᠯᠬᠡᠨ ᠢ ᠤᠶᠢᠯᠠᠭᠠᠳᠠᠭ᠂ ᠵᠦᠪᠯᠠᠯᠬᠡ ᠬᠢᠵᠤ ᠴᠢᠳᠠᠳᠠᠭ᠂ ᠵᠠᠰᠠᠭ ᠤᠨ ᠶᠠᠪᠤᠳᠠᠯ ᠢ ᠵᠦᠪᠯᠠᠬᠦ ᠳᠡᠭᠡᠨ ᠴᠢᠳᠠᠮᠠᠭᠠᠢ᠂ ᠰᠠᠬᠢᠯᠭ᠎ᠠ ᠪᠠᠳᠤ ᠶᠢ ᠵᠢᠷᠤᠮᠯᠠᠳᠠᠭ᠂ | ᠶᠤᠰᠤ ᠲᠦᠷᠢᠮ ᠢ ᠡᠷᠬᠢᠮᠯᠠᠳᠡᠭ᠂ ᠮᠤᠷᠠᠯ ᠰᠤᠷᠳᠠᠯ ᠲᠠᠢ︾ ᠤᠯᠤᠰ ᠲᠦᠷᠦ ᠶᠢᠨ ᠵᠦᠪᠯᠠᠯᠬᠡᠨ ᠤ ᠡᠩᠨᠡᠭᠡ ᠶᠢ ᠬᠦᠴᠦ ᠲᠠᠯᠪᠢᠨ ᠪᠠᠶᠢᠭᠤᠯᠤᠨ᠎ᠠ᠃ | | ᠬᠡᠰᠢᠬᠦᠳ ᠡ᠄ | ᠪᠠᠷᠬᠡ ᠪᠠᠷᠳᠠᠭ᠎ᠠ ᠶᠢ ᠲᠤᠭᠤᠯᠤᠨ ᠰᠢᠨ᠎ᠠ ᠪᠠᠶᠢᠳᠠᠯ ᠢ ᠨᠠᠬᠡᠬᠡᠵᠤ᠂ ᠪᠦᠬᠦᠳᠠ ᠤᠯᠠᠨ ᠢᠶᠠᠷ ᠨᠢᠬᠳᠠᠷᠠᠨ ᠠᠯᠤᠰ ᠢᠷᠠᠬᠡᠳᠤᠢ ᠶᠢ ᠴᠤᠭᠴᠠᠯᠠᠨ᠎ᠠ᠃ ᠠᠷᠠᠳ ᠤᠨ | ᠤᠯᠤᠰ ᠲᠦᠷᠦ ᠶᠢᠨ ᠵᠦᠪᠯᠠᠯᠬᠡᠨ ᠨᠢ ᠮᠠᠨ ᠤ ᠤᠯᠤᠰ ᠤᠨ ᠨᠠᠶᠢᠬᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠪᠦᠳᠦᠬᠡᠨ ᠪᠠᠶᠢᠭᠤᠯᠤᠯᠳᠠ ᠳᠠᠬᠢ ᠠᠭᠤᠤ | ᠶᠡᠭᠡ ᠡᠬᠦᠳᠦᠨ ᠪᠦᠳᠦᠬᠡᠯ ᠪᠤᠯᠤᠭᠰᠠᠨ ᠤ ᠬᠤᠪᠢ ᠳᠤ᠂ ᠨᠠᠶᠢᠬᠡᠮ ᠵᠢᠷᠤᠮᠳᠤ ᠤᠳᠤᠬᠢᠴᠢᠯᠠᠭᠰᠠᠨ ᠦᠢᠯᠠᠰ ᠢ ᠠᠬᠢᠭᠤᠯᠬᠤ ᠴᠢᠬᠤᠯᠠ ᠬᠦᠴᠦᠨ ᠪᠤᠯᠬᠤ ᠶᠤᠮ᠃ | ᠰᠢᠨ᠎ᠠ ᠴᠠᠭ ᠦᠶ᠎ᠠ ᠰᠢᠨ᠎ᠠ ᠡᠬᠦᠷᠬᠡ ᠬᠠᠷᠢᠭᠤᠴᠠᠯᠭ᠎ᠠ ᠨᠢ ᠤᠯᠤᠰ ᠲᠦᠷᠦ ᠶᠢᠨ ᠵᠦᠪᠯᠠᠯᠬᠡᠨ ᠤ ᠦᠢᠯᠠᠰ ᠤᠨ ᠬᠦᠭᠵᠢᠯᠳᠠ ᠶᠢᠨ ᠤᠷᠤᠨ ᠵᠠᠢ ᠶᠢ ᠦᠷᠬᠡᠳᠬᠡᠵᠤ᠂ | ᠤᠯᠤᠰ ᠲᠦᠷᠦ ᠶᠢᠨ ᠵᠦᠪᠯᠠᠯᠬᠡᠨ ᠤ ᠠᠵᠢᠯ ᠳᠤ ᠦᠷᠬᠡᠨ ᠠᠭᠤᠳᠠᠮ ᠲᠠᠪᠴᠠᠩ ᠬᠠᠩᠭᠠᠭᠰᠠᠨ ᠪᠠᠶᠢᠨ᠎ᠠ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ | ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠠᠵᠤ᠂ ᠬᠠᠩᠬᠢᠨ ᠬᠤᠰᠢᠭᠤᠨ ᠤ ᠨᠠᠮ ᠤᠨ ᠬᠤᠷᠢᠶᠠᠨ ᠤ ᠡᠷᠡᠰ ᠤᠳᠤᠷᠢᠳᠤᠯᠭ᠎ᠠ ᠲᠤᠤᠷ᠎ᠠ᠂ | ᠨᠡᠩ ᠪᠠᠳᠤ ᠢᠳᠠᠬᠡᠯ ᠵᠤᠷᠢᠭ᠂ ᠨᠡᠩ ᠲᠠᠬᠦᠯᠳᠡᠷ ᠤᠷᠮ᠎ᠠ ᠰᠡᠳᠬᠢᠯᠬᠡ᠂ ᠨᠡᠩ ᠪᠠᠳᠠᠷᠠᠩᠭᠤᠢ ᠴᠤᠭ ᠰᠦᠯᠳᠠ᠂ ᠨᠡᠩ ᠪᠤᠳᠠᠳᠠᠢ ᠶᠢ ᠡᠷᠬᠢᠮᠯᠠᠬᠦ ᠰᠤᠷᠳᠠᠯ ᠢᠶᠠᠷ᠂ ᠦᠨᠠᠨ | ᠢ ᠪᠠᠷᠢᠮᠳᠠᠯᠠᠨ ᠪᠤᠳᠠᠳᠠᠢ ᠶᠢ ᠡᠷᠬᠢᠮᠯᠠᠵᠤ᠂ ᠰᠡᠳᠬᠢᠯ ᠨᠢᠬᠳᠠᠷᠠᠨ ᠬᠦᠴᠦ ᠬᠠᠮᠳᠤᠳᠬᠠᠵᠤ᠂ ᠡᠷᠡᠮᠡᠬᠡᠶᠢᠯᠠᠨ ᠲᠠᠮᠠᠴᠠᠵᠤ ᠰᠢᠭᠤᠷᠬᠠᠶᠢᠯᠠᠨ ᠤᠷᠤᠭᠰᠢᠯᠠᠵᠤ᠂ | ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠨᠠᠶᠢᠬᠡᠮ ᠵᠢᠷᠤᠮᠳᠤ ᠤᠳᠤᠬᠢᠴᠢᠯᠠᠭᠰᠠᠨ ᠬᠠᠩᠬᠢᠨ ᠢ ᠪᠦᠬᠦ ᠲᠠᠯ᠎ᠠ ᠪᠠᠷ | ᠪᠦᠳᠦᠬᠡᠨ ᠪᠠᠶᠢᠭᠤᠯᠬᠤ ᠳᠤ ᠨᠡᠩ ᠶᠡᠭᠡ ᠬᠤᠪᠢ ᠨᠠᠮᠠᠷᠢ ᠦᠵᠠᠬᠦᠯᠥᠨ᠂ ᠰᠢᠯᠢᠳᠡᠭ ᠪᠦᠳᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠᠳᠠᠢ | ᠬᠤᠷᠠᠯᠳᠤᠬᠤ ᠶᠢ ᠤᠭᠳᠤᠶᠡ᠃ | | |