ᠨᠢᠭᠡ᠂ GDP | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠤ | ᠡᠮᠦᠨ᠎ᠡ ᠭᠤᠷᠪᠠᠨ ᠤᠯᠠᠷᠢᠯ ᠳᠤ ᠬᠠᠩᠭᠢᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 111.65 ᠳ᠋ᠦᠩᠰᠢᠭᠤᠷ ᠲᠥᠭᠦᠷᠢᠭ ᠲᠤ | ᠬᠦᠷᠴᠦ᠂ ᠲᠣᠭᠲᠠᠮᠠᠯ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 8.0% ᠢᠶᠠᠷ ᠨᠡᠮᠡᠭᠳᠡᠨ᠂ ᠳᠡᠭᠡᠷ᠎ᠡ ᠬᠠᠭᠠᠰ ᠵᠢᠯ ᠤᠨ ᠬᠢ ᠠᠴᠠ 0.4 | ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 8.69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 61.94 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 41.03 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠪᠡ᠃ | ᠬᠤᠶᠠᠷ᠂ ᠲᠠᠷᠢᠶᠠᠯᠠᠩ | ᠡᠮᠦᠨ᠎ᠡ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠢ ᠵᠢᠭᠠᠰᠤᠨ ᠠᠵᠤ ᠦᠢᠯᠡᠰ ᠤᠨ ᠦᠢᠯᠡᠳᠬᠦᠨ ᠤ | ᠶᠡᠷᠦᠩᠬᠡᠶ ᠥᠷᠲᠡᠭ 14.38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠢᠶᠠᠷ ᠨᠡᠮᠡᠭᠳᠡᠪᠡ᠃ ᠡᠭᠦᠨ ᠳᠤ᠂ | ᠲᠠᠷᠢᠶᠠᠯᠠᠩ ᠤᠨ ᠦᠢᠯᠡᠳᠬᠦᠨ ᠤ ᠥᠷᠲᠡᠭ 3.50 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ︔ ᠣᠶ | ᠰᠢᠭᠤᠶ ᠶᠢᠨ ᠦᠢᠯᠡᠳᠬᠦᠨ ᠤ ᠥᠷᠲᠡᠭ 1.58 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ︔ ᠮᠠᠯ | ᠠᠵᠤ ᠠᠬᠤᠶ ᠶᠢᠨ ᠦᠢᠯᠡᠳᠬᠦᠨ ᠤ ᠥᠷᠲᠡᠭ 8.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠪᠡ︔ | ᠵᠢᠭᠠᠰᠤᠨ ᠠᠵᠤ ᠦᠢᠯᠡᠰ ᠤᠨ ᠦᠢᠯᠡᠳᠬᠦᠨ ᠤ ᠥᠷᠲᠡᠭ 0.23 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠢᠶᠠᠷ | ᠨᠡᠮᠡᠭᠳᠡᠪᠡ︔ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠦᠢᠯᠡᠰ ᠤᠨ ᠲᠤᠰᠬᠠᠶ ᠮᠡᠷᠭᠡᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭᠠᠨ ᠤ | ᠦᠢᠯᠡᠰ ᠤᠨ ᠦᠢᠯᠡᠳᠬᠦᠨ ᠤ ᠥᠷᠲᠡᠭ 0.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ᠃ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠭᠦᠨ ᠤ ᠥᠷᠲᠡᠭ ᠤᠨ ᠡᠵᠡᠯᠡᠬᠦ ᠬᠠᠷᠢᠴᠠᠯ 84.4% ᠳᠤ ᠬᠦᠷᠪᠡ᠃ | ᠭᠤᠷᠪᠠ᠂ ᠠᠵᠤ ᠦᠢᠯᠡᠳᠪᠦᠷᠢ | ᠡᠮᠦᠨ᠎ᠡ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 2.4% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 1.1 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠬᠤᠲᠠ ᠶᠢᠨ | ᠳᠥᠷᠪᠡᠳᠦᠭᠡᠷ ᠲᠤ ᠣᠷᠣᠪᠠ᠃ | ᠭᠤᠣᠯ ᠪᠣᠯᠬᠤ ᠡᠨᠧᠷᠭᠢ ᠶᠢᠨ ᠦᠢᠯᠡᠳᠬᠦᠨ᠄ | ᠨᠡᠭᠦᠷᠡᠰᠦᠨ ᠤ ᠭᠠᠷᠤᠯᠲᠠ 444.54 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.6% ᠪᠠᠷ ᠪᠠᠭᠤᠷᠠᠪᠠ ︔ | ᠬᠡᠦᠷᠡᠰᠦ ᠶᠢᠨ ᠭᠠᠷᠤᠯᠳᠠ 37.49 ᠲᠦᠮᠡᠨ ᠳᠤᠨ᠂ ᠠᠳᠠᠯᠢ ᠬᠤᠭᠤᠴᠠᠭᠠᠨ ᠤ ᠬᠢ ᠠᠴᠠ 71.9% ᠪᠠᠷ ᠨᠡᠮᠡᠭᠳᠡᠪᠡ︔ | ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠢ 67.76 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠪᠡ᠃ | ᠴᠠᠬᠢᠯᠭᠠᠨ ᠭᠠᠷᠭᠠᠯᠲᠠ 75.46 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.1% ᠪᠠᠷ ᠨᠡᠮᠡᠭᠳᠡᠪᠡ᠃ | ᠳᠥᠷᠪᠡ᠂ ᠪᠡᠯᠡ ᠣᠷᠣᠭᠤᠯᠤᠯᠲᠠ | ᠡᠮᠦᠨ᠎ᠡ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 92. | 1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1- 8 ᠳ᠋ᠤᠭᠠᠷ ᠰᠠᠷ᠎ᠠ ᠶᠢᠨ ᠬᠢ ᠠᠴᠠ 5.8 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠬᠤᠲᠠ ᠶᠢᠨ | ᠳᠤᠮᠳᠠᠴᠢ ᠬᠢᠷᠢ ᠲᠦᠪᠰᠢᠨ ᠠᠴᠠ 53.0 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ ᠬᠤᠶᠠᠳᠤᠭᠠᠷ ᠲᠤ ᠣᠷᠣᠪᠠ᠃ | ᠭᠤᠷᠪᠠᠨ ᠠᠵᠤ ᠦᠢᠯᠡᠰ ᠠᠴᠠ ᠦᠵᠡᠪᠡᠯ᠄ | ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 67.5% ᠪᠠᠷ ᠨᠡᠮᠡᠭᠳᠡᠵᠦ᠂ ᠶᠡᠷᠦᠩᠬᠡᠶ ᠪᠡᠯᠡ | ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 0.9% ᠳᠤ ᠬᠦᠷᠪᠡ᠃ | ᠬᠤᠶᠠᠳᠤᠭᠠᠷ ᠠᠵᠤ ᠦᠢᠯᠡᠰ ᠤᠨ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 92.2% ᠪᠠᠷ ᠨᠡᠮᠡᠭᠳᠡᠵᠦ᠂ ᠶᠡᠷᠦᠩᠬᠡᠢ ᠪᠡᠯᠡ ᠣᠷᠤᠭᠤᠯᠤᠯᠲᠠ | ᠳᠠᠬᠢ ᠡᠵᠡᠯᠡᠬᠦ ᠬᠠᠷᠢᠴᠠᠯ ᠨᠢ 95.1% ᠳᠤ ᠬᠦᠷᠪᠡ᠃ | ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 97.4% ᠪᠠᠷ ᠨᠡᠮᠡᠭᠳᠡᠵᠦ᠂ ᠶᠡᠷᠦᠩᠬᠡᠶ ᠪᠡᠯᠡ | ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ4.0% ᠳᠤ ᠬᠦᠷᠪᠡ᠃ | ᠬᠤᠪᠢᠴᠠᠭ᠎ᠠ ᠡᠵᠡᠮᠰᠢᠬᠦ ᠲᠦᠷᠦᠯ ᠵᠦᠢᠯ ᠠᠴᠠ ᠦᠵᠡᠪᠡᠯ | ᠤᠯᠤᠰ ᠤᠨ ᠥᠮᠴᠢᠯᠡᠯ ᠤᠨ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠠᠴᠠ 133% ᠪᠠᠷ ᠨᠡᠮᠡᠭᠳᠡᠵᠦ᠂ ᠪᠡᠯᠡ ᠣᠷᠤᠭᠤᠯᠤᠯᠲᠠ ᠳᠠᠬᠢ ᠡᠵᠡᠯᠡᠬᠦ | ᠬᠤᠪᠢ ᠶᠢᠨ ᠵᠢᠩ ᠨᠢ 95.2% ᠲᠤ ᠬᠦᠷᠪᠡ᠃ | ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠠᠴᠠ 56.8% ᠪᠠᠷ ᠳᠣᠷᠤᠭᠰᠢᠯᠠᠵᠤ᠂ ᠪᠡᠯᠡ ᠣᠷᠤᠭᠤᠯᠤᠯᠲᠠ ᠳᠠᠬᠢ ᠡᠵᠡᠯᠡᠬᠦ ᠬᠤᠪᠢ ᠶᠢᠨ ᠵᠢᠩ | ᠨᠢ 4.8% ᠳᠤ ᠬᠦᠷᠪᠡ᠃ | ᠲᠠᠪᠤ᠂ ᠬᠡᠷᠡᠭᠯᠡᠭᠡ | ᠡᠮᠦᠨ᠎ᠡ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠪᠥᠬᠦ ᠲᠤᠭ᠎ᠠ 11.79 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠲᠠᠪᠤᠳᠤᠭᠠᠷ ᠲᠤ ᠣᠷᠤᠪᠠ᠃ ᠡᠵᠡᠩᠨᠡᠯᠲᠡ ᠶᠢᠨ ᠨᠢᠭᠡᠴᠢ ᠶᠢᠨ ᠭᠠᠵᠠᠷ ᠣᠷᠣᠨ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠤᠯᠠᠭᠤᠯᠤᠭᠰᠠᠨ ᠲᠤᠭ᠎ᠠ 8.92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ︔ ᠬᠥᠳᠡᠭᠡ | ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠲᠤᠭ᠎ᠠ 2.88 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 7.9% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠄ ᠢᠳᠡᠭᠡᠨ ᠤᠮᠳᠠᠭᠠᠨ ᠤ ᠣᠷᠣᠯᠭ᠎ᠠ 1.27 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠪᠣᠷᠤᠯᠠᠭᠤᠯᠤᠭᠰᠠᠨ ᠬᠡᠮᠵᠢᠶ᠎ᠡ 10.52 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ | ᠵᠢᠷᠭᠤᠭ᠎ᠠ᠂ ᠬᠠᠮᠢᠶ᠎ᠠ ᠪᠦᠬᠦᠢ ᠭᠦᠢᠴᠡᠳᠬᠡᠯ ᠲᠤᠭ᠎ᠠ | ︵ᠨᠢᠭᠡ︶ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠶᠡᠷᠦᠩᠬᠡᠢ ᠬᠡᠮᠵᠢᠶ᠎ᠡ ᠪᠠᠭ᠎ᠠ ᠳᠣᠷᠤᠭᠰᠢᠯᠠᠪᠠ᠃ 1 - 9 ᠰᠠᠷ᠎ᠠ ᠳᠤ᠂ ᠪᠦᠬᠦ ᠬᠤᠰᠢᠭᠤᠨ ᠤ ᠪᠦᠬᠦ | ᠨᠡᠶᠢᠭᠡᠮ ᠤᠨ ᠴᠠᠬᠢᠯᠭᠠᠨ ᠬᠡᠷᠡᠭᠯᠡᠭᠰᠡᠨ ᠶᠡᠷᠦᠩᠬᠡᠢ ᠬᠡᠮᠵᠢᠶ᠎ᠡ 43.72 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠷ | ᠪᠠᠭᠤᠷᠠᠪᠠ᠂ ᠡᠭᠦᠨ ᠳᠤ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 40.08 ᠳ᠋ᠦᠩᠰᠢᠭᠤᠷ ᠭᠷᠠᠳᠦ᠋ᠰ᠂ ᠠᠳᠠᠯᠢ ᠬᠤᠭᠤᠴᠠᠭᠠᠨ ᠤ ᠬᠢ ᠠᠴᠠ 5. | 9% ᠪᠠᠷ ᠪᠠᠭᠤᠷᠠᠵᠤ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠶᠡᠷᠦᠩᠬᠡᠢ ᠬᠡᠮᠵᠢᠶ᠎ᠡ ᠶᠢᠨ 91.7% ᠶᠢ ᠡᠵᠡᠯᠡᠪᠡ᠃ | ︵ᠬᠤᠶᠠᠷ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ︽ᠬᠤᠣᠰ ᠨᠡᠮᠡᠭᠳᠡᠯ︾ ᠲᠠᠢ ᠪᠣᠯᠪᠠ᠃ 9 ᠰᠠᠷ᠎ᠠ ᠶᠢᠨ ᠰᠡᠭᠦᠯᠴᠢ | ᠪᠣᠯᠲᠠᠯ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ 110.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 10.1% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ 101.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ᠃ |