ᠬᠠᠩᠭᠢᠨ ᠬᠤᠰᠢᠭᠤᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠥᠰᠦᠯ
ᠨᠡᠶᠢᠲᠡᠯᠡᠭᠰᠡᠨ ᠴᠠᠭ᠄
2023/11/3
      ᠨᠢᠭᠡ᠂ ᠵᠢᠯᠣᠭᠤᠳᠬᠤ ᠦᠵᠡᠯ ᠰᠠᠨᠠᠭ᠎ᠠ      ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠬᠤ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠶ ᠠᠷᠭ᠎ᠠ ᠬᠡᠮᠵᠢᠶ᠎ᠡ ᠮᠥᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠦᠢᠯᠡᠳᠦᠯᠭᠡᠵᠢᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠣᠷᠳᠣᠰ ᠬᠤᠲᠠ ᠶᠢᠨ ︽ᠠᠮᠢ ᠠᠬᠤᠶ ᠶᠢ ᠤᠷᠢᠳ ᠢᠶᠠᠷ ᠪᠣᠳᠤᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ︾ ᠬᠤᠰᠢᠭᠤᠴᠢ ᠣᠷᠣᠨ ᠢ ᠲᠦᠷᠭᠡᠳᠬᠡᠨ ᠪᠠᠶᠢᠭᠤᠯᠬᠤ ᠪᠣᠳᠠᠲᠠᠶ ᠠᠵᠢᠯᠯᠠᠭ᠎ᠠ ᠮᠥᠨ᠃ ᠬᠠᠩᠭᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠪᠠᠶᠢᠯᠳᠤᠬᠤ ᠪᠣᠳᠣᠯᠭ᠎ᠠ ᠪᠠ ᠠᠯᠤᠰ ᠬᠡᠲᠦ ᠶᠢᠨ ᠬᠠᠷᠠᠯᠲᠠ  ᠠᠴᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠣᠪᠤᠷ ᠢᠶᠠᠨ ᠦᠨᠡᠨ ᠬᠦ ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠪᠠ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠦᠷᠨᠢᠭᠦᠯᠦᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠬᠤ ᠶᠢ ᠦᠨᠡᠨ ᠬᠦ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠠᠶ ᠠᠵᠢᠯᠯᠠᠭ᠎ᠠ ᠪᠣᠯᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃        ᠬᠤᠶᠠᠷ᠂ ᠠᠵᠢᠯ ᠤᠨ ᠬᠠᠷᠠᠯᠲᠠ       ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ   ᠨᠠᠶᠢᠳᠠᠪᠤᠷᠢᠵᠢᠭᠤᠯᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠨ ᠴᠡᠭᠴᠡᠯᠡᠬᠦ᠂ ᠬᠤᠶᠠᠷ ᠲᠠᠯ᠎ᠠ ᠪᠠᠷ ᠬᠦᠴᠦᠯᠡᠬᠦ︾ ᠰᠢᠨ᠎ᠡ ᠴᠠᠭ ᠦᠶ᠎ᠡ ᠶᠢᠨ ᠤᠰᠤ ᠶᠢ ᠵᠠᠰᠠᠬᠤ ᠴᠢᠭᠯᠡᠯᠲᠡ ᠶᠢ ᠢᠳᠡᠪᠬᠢᠲᠡᠶ ᠦᠢᠯᠡᠳᠦᠯᠭᠡᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠴᠢᠩᠭ᠎ᠠ ᠲᠦᠷᠢᠮ ᠢ  ᠨᠠᠶᠢᠳᠠᠪᠤᠷᠢᠵᠢᠭᠤᠯᠤᠨ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠵᠠᠷᠯᠠᠨ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠦᠯ ᠪᠣᠯᠭᠠᠵᠤ᠂ ᠪᠥᠬᠦ ᠬᠤᠰᠢᠭᠤᠨ ᠤ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠣᠯᠭᠠᠨ᠂ ᠤᠰᠤ ᠶᠢ ᠠᠷᠪᠢᠯᠠᠨ ᠬᠡᠷᠡᠭᠯᠡᠬᠦ᠂ ᠤᠰᠤᠨ ᠤ ᠡᠬᠢ ᠰᠤᠷᠪᠤᠯᠵᠢ ᠶᠢ ᠰᠣᠯᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠪᠥᠬᠦ ᠬᠤᠰᠢᠭᠤᠨ ᠤ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠰᠠᠶᠢᠵᠢᠷᠠᠯᠲᠠ ᠶᠢ ᠠᠬᠢᠭᠤᠯᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠪᠠ ᠦᠷᠭᠦ ‍ᠯᠵᠢᠯᠡᠨ ᠠᠰᠢᠭᠯᠠᠬᠤ ᠶᠢ ᠪᠠᠲᠤᠯᠠᠨ᠎ᠠ᠃        ᠭᠤᠷᠪᠠ᠂ ᠭᠤᠤᠯᠳᠠᠯᠭ᠎ᠠ ᠵᠢᠴᠢ ᠠᠷᠭ᠎ᠠ ᠬᠡᠮᠵᠢᠶ᠎ᠡ         ︵ᠨᠢᠭᠡ︶ ᠤᠰᠤᠨ ᠤ ᠡᠬᠢ ᠪᠠᠶᠠᠯᠢᠭ ᠤᠨ ᠬᠢᠵᠠᠭᠠᠷᠯᠠᠯ ᠢ ᠴᠢᠩᠭᠠᠳᠬᠠᠨ᠎ᠠ᠃        ︵ᠬᠤᠶᠠᠷ︶ ᠤᠰᠤ ᠬᠡᠷᠡᠭᠯᠡᠬᠦ ᠬᠢᠨᠠᠨ ᠵᠥᠪᠰᠢᠶᠡᠷᠡᠯᠲᠡ ᠶᠢ ᠴᠢᠩᠭᠠᠳᠬᠠᠨ᠎ᠠ᠃        ︵ᠭᠤᠷᠪᠠ︶ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃        ︵ᠲᠦᠷᠪᠡ︶ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃        ︵ᠲᠠᠪᠤ︶ ᠤᠰᠤ ᠠᠷᠪᠢᠯᠠᠵᠤ ᠤᠰᠤ ᠬᠡᠷᠡᠭᠯᠡᠬᠦ ᠶᠢ ᠡᠵᠡᠮᠳᠡᠬᠦ ᠶᠢ ᠭᠦᠨᠵᠡᠭᠡᠶᠢᠷᠡᠭᠦᠯᠦᠨ᠎ᠡ᠃        ︵ᠵᠢᠷᠭᠤᠭ᠎ᠠ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠎ᠠ᠃        ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ        ︵ᠨᠢᠭᠡ︶ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃        ︵ᠬᠤᠶᠠᠷ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃        ︵ᠭᠤᠷᠪᠠ︶ ᠬᠢᠨᠠᠨ ᠪᠠᠶᠢᠴᠠᠭᠠᠵᠤ ᠰᠢᠯᠭᠠᠨ ᠦᠨᠡᠯᠡᠬᠦ ᠡᠷᠴᠢᠮ ᠢᠶᠠᠨ ᠴᠢᠩᠭᠠᠳᠬᠠᠨ᠎ᠠ᠃   
ᠢᠷᠡᠯᠲᠡ᠄ ᠲᠤᠰ ᠰᠦᠯᠵᠢᠶ᠎ᠡ