9 ᠰᠠᠷ᠎ᠠ ᠶᠢᠨ 1 ᠤ ᠡᠳᠦᠷ᠂ ᠬᠠᠩᠭᠢᠨ ᠬᠤᠰᠢᠭᠤ ︽ᠡᠮᠴᠢ ᠰᠣᠪᠢᠯᠠᠭᠴᠢ ᠨᠠᠮ ᠢᠶᠠᠨ ᠬᠦᠷᠢᠶᠡᠯᠡᠨ ᠳᠠᠭᠠᠵᠤ᠂ ᠵᠣᠷᠢᠭ ᠲᠡᠭᠦᠯᠳᠡᠷ ᠡᠷᠡᠯᠬᠡᠭᠯᠡᠨ | ᠤᠷᠤᠭᠰᠢᠯᠠᠬᠤ ︾ ᠳᠤᠮᠳᠠᠳᠤ ᠤᠯᠤᠰ ᠤᠨ ᠲᠠᠪᠤᠳᠠᠬᠢ ᠡᠮᠴᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠵᠤ᠂ ︽ | ᠰᠢᠯᠢᠳᠡᠭ ᠡᠮᠴᠢ︾᠂ ︽ᠰᠢᠯᠢᠳᠡᠭ ᠰᠤᠪᠢᠯᠠᠭᠴᠢ︾᠂ ︽ᠬᠢᠵᠢᠭ ᠲᠠᠢ ᠲᠡᠮᠡᠴᠡᠭᠰᠡᠨ ᠬᠤᠰᠢᠭᠤᠴᠢ︾ ᠪᠠ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ | ᠲᠡᠷᠢᠭᠦᠨ ᠤ ᠬᠤᠪᠢ ᠬᠥᠮᠦᠨ︾ ᠢ ᠬᠥᠬᠢᠭᠦᠯᠦᠨ ᠰᠠᠶᠢᠰᠢᠶᠠᠪᠠ᠃ | 9 ᠰᠠᠷ᠎ᠠ ᠶᠢᠨ 1 ᠤ ᠡᠳᠦᠷ᠂ ᠬᠠᠩᠭᠢᠨ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠯᠪᠠᠨ ᠬᠡᠷ᠂ ᠬᠤᠰᠢᠭᠤ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ ᠤᠨ ᠳᠠᠭᠠᠭᠤᠯᠭ᠎ᠠ ᠳᠣᠤᠷ᠎ᠠ᠂ ᠴᠢᠩᠬᠤᠸᠠ ᠶᠡᠭᠡ ᠰᠤᠷᠭᠠᠭᠤᠯᠢ ᠶᠢᠨ ᠵᠣᠨ ᠤ ᠠᠮᠠᠷᠠᠯᠲᠠ ᠶᠢᠨ ᠬᠤᠭᠤᠴᠠᠭᠠᠨ ᠤ ᠦᠶᠯᠡᠳᠦᠯᠭᠡ ᠶᠢᠨ | ᠠᠩᠭᠢ ᠬᠠᠩᠭᠢᠨ ᠬᠤᠰᠢᠭᠤᠨ ᠤ ᠳᠤᠮᠳᠠᠳᠤ ᠰᠤᠷᠭᠠᠭᠤᠯᠢ᠂ ᠬᠠᠩᠭᠢᠨ ᠬᠤᠰᠢᠭᠤᠨ ᠤ ᠬᠤᠲᠠ ᠪᠠᠯᠭᠠᠰᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ | ᠬᠠᠩᠭᠢᠨ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬᠦᠷᠴᠦ ᠰᠤᠶᠤᠯ ᠤᠨ ᠰᠣᠯᠢᠯᠴᠠᠭᠠᠨ ᠤ ᠠᠵᠢᠯᠯᠠᠭ᠎ᠠ ᠦᠷᠨᠢᠭᠦᠯᠪᠡ᠃ | 9 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ᠳᠡᠳ᠋ ᠳᠠᠷᠤᠭ᠎ᠠ ᠹᠧᠩ ᠮᠤᠤ ᠨᠠᠷ ᠬᠠᠩᠭᠢᠨ ᠬᠤᠰᠢᠭᠤᠨ | ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠢᠴᠢ ᠳᠠᠭᠠᠭᠠᠴᠢᠯᠠᠨ ᠬᠠᠷᠢᠯᠴᠠᠵᠤ ᠲᠣᠰᠬᠤᠨ ᠳᠤ ᠰᠠᠭᠤᠭ᠎ᠠ ᠠᠵᠢᠯ ᠢ | ᠪᠠᠶᠢᠴᠠᠭᠠᠨ ᠰᠤᠳᠤᠯᠵᠤ᠂ ᠬᠤᠲᠠ ᠶᠢᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ ᠶᠠᠩ ᠭᠧᠩ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ᠂ | ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠯᠢᠦ ᠬᠠᠶ ᠴᠢᠤᠸᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ ᠃ ᠹᠧᠩ ᠮᠤᠤ ᠨᠠᠷ ᠤᠷᠢᠳ ᠬᠤᠵᠢᠳ | ᠥᠪᠥᠷ ᠮᠣᠩᠭᠤᠯ ᠤᠨ ᠢ ᠲᠠᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠨᠡᠪᠠᠯᠭᠠᠰᠤᠨ ᠤ ᠠᠯᠳᠠᠨᠲᠦ᠋ᠪᠰᠢ ᠭᠠᠴᠠᠭ᠎ᠠ ᠵᠡᠷᠭᠡ | ᠭᠠᠵᠠᠷ ᠢᠶᠠᠷ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ᠂ ᠲᠦᠷᠦᠯ ᠵᠦᠢᠯ ᠤᠨ ᠬᠠᠷᠢᠭᠤᠴᠠᠯᠭᠠᠲᠠᠨ ᠤ ᠬᠠᠷᠢᠭᠤ | ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠳᠠᠭᠠᠭᠠᠴᠢᠯᠠᠨ ᠬᠠᠷᠢᠭᠤᠴᠠᠵᠤ | ᠲᠣᠰᠬᠤᠨ ᠳᠤ ᠰᠠᠭᠤᠭ᠎ᠠ ᠠᠵᠢᠯ ᠢ ᠨᠠᠷᠢᠨ ᠣᠶᠢᠯᠠᠭᠠᠪᠠ᠃ ᠹᠧᠩ ᠮᠤᠤ ᠬᠠᠩᠭᠢᠨ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ᠂ ᠲᠣᠰᠬᠤᠨ ᠳᠤ ᠰᠠᠭᠤᠵᠤ ᠳᠠᠭᠠᠭᠠᠴᠢᠯᠠᠨ ᠬᠠᠷᠢᠯᠴᠠᠬᠤ ᠵᠡᠷᠭᠡ ᠠᠵᠢᠯ ᠢ ᠭᠦᠶᠴᠡᠳ ᠨᠤᠲᠠᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ | ᠳᠤ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ ᠲᠡᠷᠡ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠣᠯ ᠪᠠᠯᠠ | ᠣᠷᠣᠭᠤᠯᠤᠯᠲᠠ ᠶᠢ ᠠᠬᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ ᠴᠢᠬᠤᠯᠠ ᠲᠤᠯᠭᠠᠭᠤᠷᠢᠯᠠᠯ ᠮᠥᠨ᠂ ᠠᠵᠤ ᠠᠬᠤᠶ ᠶᠢᠨ ᠶᠡᠭᠡ ᠲᠠᠯ᠎ᠠ ᠶᠢ | ᠲᠣᠭᠲᠠᠪᠤᠷᠢᠵᠢᠭᠤᠯᠬᠤ ᠪᠣᠳᠠᠲᠠᠶ ᠭᠠᠷᠳᠠᠴᠠ ᠮᠥᠨ᠂ ᠬᠢᠨᠠᠨ ᠪᠤᠳᠤᠬᠤ ᠲᠣᠪᠴᠢᠶ᠎ᠠ ᠶᠢᠨ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠮᠥᠷᠳᠡᠨ ᠦᠶᠯᠡᠴᠢᠯᠡᠵᠦ᠂ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠶ ᠨᠡᠶᠢᠭᠡᠮ | ᠤᠨ ᠴᠢᠨᠠᠷ ᠰᠠᠶᠢᠲᠠᠶ ᠬᠥᠭᠵᠢᠯᠲᠡ ᠳᠤ ᠬᠢᠨᠠᠨ ᠪᠤᠳᠤᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ | 9 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠠᠷᠪᠠᠨ ᠨᠢᠭᠡᠳᠦᠭᠡᠷ ᠬᠤᠭᠤᠴᠠᠭᠠᠨ ᠤ ︽ᠬᠠᠶᠢᠷ᠎ᠠ ᠶᠢᠨ ᠬᠥᠪᠴᠢ︾ ᠡᠯᠡᠰᠦᠨ ᠴᠥᠯ ᠤᠨ | ᠪᠠᠭᠠᠲᠤᠷᠴᠤᠳ ᠤᠨ ᠴᠤᠭᠯᠠᠭᠠᠨ ᠵᠢᠴᠢ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠠᠮᠲᠤᠷᠠᠯᠴᠠᠭ᠎ᠠ ᠶᠢ ᠠᠬᠢᠭᠤᠯᠬᠤ ᠬᠤᠷᠠᠯ ᠬᠠᠩᠭᠢᠨ | ᠬᠤᠰᠢᠭᠤᠨ ᠤ ᠳᠤᠭᠤᠶᠢᠳᠠᠯ᠎ᠠ ᠪᠠᠯᠭᠠᠰᠤᠨ ᠳᠤ ᠶᠠᠪᠤᠭᠳᠠᠪᠠ᠂ ᠲᠣᠰ ᠤᠷᠤᠯᠳᠤᠭᠠᠨ ᠪᠣᠯ ᠪᠥᠬᠦ ᠤᠯᠤᠰ ᠲᠤ ᠬᠠᠨᠳᠤᠭᠤᠯᠤᠭᠰᠠᠨ ᠨᠢᠭᠡ ᠤᠳᠠᠭᠠᠨ ᠤ ᠶᠡᠭᠡ | ᠬᠡᠪᠴᠢᠶᠡᠨ ᠤ ᠤᠷᠤᠯᠳᠤᠭᠠᠨ ᠪᠠᠶᠢᠵᠤ᠂ ᠪᠥᠬᠦ ᠤᠯᠤᠰ ᠤᠨ ᠡᠯ᠎ᠡ ᠭᠠᠵᠠᠷ ᠤᠨ ᠮᠢᠩᠭ᠎ᠠ ᠰᠢᠬᠠᠮ ᠲᠠᠮᠢᠷᠴᠢᠳ ᠢ ᠲᠡᠳᠡᠨ ᠠᠪᠴᠢᠷᠠᠪᠠ᠃ | 9 ᠰᠠᠷ᠎ᠠ ᠶᠢᠨ 12 ᠤᠨ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ︽ᠬᠠᠶᠢᠷ᠎ᠠ ᠶᠢᠨ ᠬᠥᠪᠴᠢ︾ ᠡᠯᠡᠰᠦᠨ ᠴᠥᠯ ᠤᠨ ᠪᠠᠭᠠᠲᠤᠷᠴᠤᠳ ᠤᠨ | ᠴᠤᠭᠯᠠᠭᠠᠨ ᠬᠥᠪᠴᠢ ᠶᠢᠨ ᠡᠯᠡᠰᠦᠨ ᠤ ᠶᠢᠨ ᠱᠠ ᠯᠢᠩ ᠠᠮᠠᠷᠠᠯᠲᠠ ᠶᠢᠨ ᠣᠷᠣᠨ ᠳᠤ ᠲᠡᠭᠦᠰ ᠠᠮᠵᠢᠯᠲᠠᠲᠠᠢ ᠦᠨᠳᠦᠷᠯᠡᠪᠡ᠃ | 9 ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ︽ᠤᠮᠠᠷᠠᠲᠤ ᠬᠢᠯᠢ ᠳᠤ ᠬᠠᠶᠢᠷ᠎ᠠ ᠪᠠᠨ ᠲᠡᠪᠰᠢᠭᠦᠯᠦᠨ | ᠂ ᠡᠷᠡᠭᠦᠯᠵᠢᠯ ᠳᠤ ᠲᠤᠰᠠᠯᠠᠨ ᠬᠦᠰᠡᠯ ᠢ ᠲᠡᠷᠭᠡᠯᠰᠢᠭᠦᠯᠬᠦ︾ - ᠲᠠᠯ᠎ᠠ ᠨᠤᠲᠤᠭ ᠲᠠᠬᠢ ᠨᠢᠭᠦᠯᠡᠰᠦᠩᠭᠦᠶ ᠤᠨ ᠠᠵᠢᠯᠯᠠᠭ᠎ᠠ ᠬᠠᠩᠭᠢᠨ ᠬᠤᠰᠢᠭᠤᠨ ᠳᠤ ᠶᠠᠪᠤᠭᠳᠠᠪᠠ ᠃ | ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠯᠢᠦᠶ ᠰᠢᠨ | ᠱᠧᠩ᠂ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠡᠦ ᠰᠢᠶᠠᠩ ᠶᠠᠩ ᠨᠠᠷ᠂ ᠬᠡᠰᠡᠭ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ | ᠬᠤᠰᠢᠭᠤᠨ ᠤ ᠤᠳᠤᠷᠢᠳᠤᠯᠭ᠎ᠠ ᠰᠦ᠋ ᠵᠢᠶᠦ᠋ᠨ ᠵᠢᠶᠧ᠂ ᠸᠠᠩ ᠰᠢᠶᠤᠤ ᠯᠸᠢ᠂ ᠵᠠᠩ ᠽᠧᠩ ᠮᠢᠩ᠂ ᠡᠦ ᠭᠦᠸᠧ ᠫᠢᠩ ᠠᠵᠢᠯᠯᠠᠭ᠎ᠠ ᠳᠤ ᠣᠷᠣᠯᠴᠠᠵᠠᠶ ᠃ | ᠬᠠᠨᠳᠢᠪᠯᠠᠬᠤ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ | ᠠᠴᠠ ᠬᠠᠩᠭᠢᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠳᠤ 94.5 ᠲᠦᠮᠡᠨ ᠲᠥᠭᠦᠷᠢᠭ ᠤᠨ ᠥᠷᠲᠡᠭ ᠪᠦᠬᠦᠢ 30 ᠢᠵᠢ ᠰᠣᠨᠣᠰᠤᠭᠤᠷ᠂ 5000 | ᠲᠥᠭᠦᠷᠢᠭ ᠤᠨ ᠥᠷᠲᠡᠭ ᠪᠦᠬᠦᠢ ᠨᠣᠮ ᠳᠡᠪᠲᠡᠷ 400︔ 10 ᠲᠦᠮᠡᠨ ᠲᠥᠭᠦᠷᠢᠭ ᠤᠨ 5 ᠬᠠᠶᠢᠷᠴᠠᠭ ᠤᠭᠤᠷᠠᠭ ᠤᠨ ᠨᠤᠨᠲᠠᠭ ᠪᠠ ᠢᠮᠠᠭᠠᠨ ᠰᠦᠨ ᠲᠠᠯᠬ᠎ᠠ | ᠬᠠᠨᠳᠢᠪᠯᠠᠪᠠ᠃ | 9 ᠰᠠᠷ᠎ᠠ ᠶᠢᠨ 23 ᠤ ᠡᠳᠦᠷ᠂ ᠭᠤᠴᠢᠨ ᠨᠠᠶᠮᠠᠳᠠᠬᠢ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠣᠷᠳᠣᠰ ᠬᠤᠲᠠ ᠶᠢᠨ ᠮᠠᠯᠴᠢᠨ ᠲᠠᠷᠢᠶᠠᠴᠢᠳ ᠲᠤ ᠠᠰᠢᠭ | ᠬᠦᠷᠲᠡᠭᠡᠬᠦ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠠᠶᠢᠷ᠎ᠠ ᠬᠠᠯᠠᠮᠵᠢ ᠬᠠᠨᠳᠢᠪᠯᠠᠬᠤ ᠠᠵᠢᠯᠯᠠᠭ᠎ᠠ ᠬᠠᠩᠭᠢᠨ ᠬᠤᠰᠢᠭᠤᠨ ᠤ ᠵᠢᠷᠭᠠᠯᠠᠩᠲᠤ | ᠪᠠᠭ᠎ᠠ ᠰᠤᠷᠭᠠᠭᠤᠯᠢ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠯᠢ | ᠶᠠᠨ ᠬᠠᠨᠳᠢᠪᠯᠠᠬᠤ ᠶᠣᠰᠣᠯᠠᠯ ᠳᠤ ᠣᠷᠣᠯᠴᠠᠪᠠ᠃ ᠬᠠᠨᠳᠢᠪᠯᠠᠬᠤ ᠶᠣᠰᠣᠯᠠᠯ ᠳᠡᠭᠡᠷ᠎ᠡ᠂ ᠣᠷᠳᠣᠰ ᠬᠤᠲᠠ ᠶᠢᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ | ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ ᠵᠢᠷᠭᠠᠯᠠᠩᠲᠤ ᠪᠠᠯᠭᠠᠰᠤ ᠶᠢᠨ ᠪᠠᠭ᠎ᠠ ᠰᠤᠷᠭᠠᠭᠤᠯᠢ ᠪᠣᠯᠤᠨ ᠵᠢᠶᠠ ᠵᠢᠶᠠ ᠬᠡᠦᠬᠡᠳ ᠤᠨ ᠴᠡᠴᠡᠷᠯᠢᠭ | ᠤᠨ ᠰᠢᠯᠢᠳᠡᠭ ᠪᠠᠭᠰᠢ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠱᠠᠩᠨᠠᠬᠤ ᠶᠢᠨ ᠬᠠᠮᠲᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠲᠥᠬᠦᠭᠡᠷᠦᠮᠵᠢ᠂ ᠰᠤᠷᠤᠯᠭ᠎ᠠ ᠶᠢᠨ ᠬᠡᠷᠡᠭᠰᠡᠯ᠂ ᠨᠣᠮ ᠪᠢᠴᠢᠭ ᠵᠡᠷᠭᠡ ᠶᠢ ᠬᠠᠨᠳᠢᠪᠯᠠᠵᠤ᠂ ᠪᠥᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ | ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠵᠤ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠬᠥᠮᠦᠨ | ᠬᠥᠮᠦᠵᠢᠭᠦᠯᠬᠦ ᠡᠭᠦᠷᠭᠡ ᠪᠠᠨ ᠪᠠᠲᠤ ᠴᠡᠭᠡᠵᠢᠯᠡᠬᠦ ᠶᠢ ᠵᠣᠷᠢᠭᠵᠢᠭᠤᠯᠪᠠ᠃ | 9 ᠰᠠᠷ᠎ᠠ ᠶᠢᠨ 30 ᠤ ᠡᠳᠦᠷ᠂ ᠤᠯᠤᠰ ᠳᠠᠶᠠᠭᠠᠷ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | 73 ᠵᠢᠯ ᠤᠨ ᠣᠶ ᠶᠢ ᠪᠡᠯᠭᠡᠯᠡᠬᠦ ᠲᠠᠰᠢᠷᠠᠮ ᠳᠤ᠂ ᠬᠠᠩᠭᠢᠨ ᠬᠤᠰᠢᠭᠤ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠤᠯᠤᠰ ᠤᠨ ᠪᠠᠶᠠᠷ | ᠢᠶᠠᠨ ᠪᠠᠶᠠᠷᠯᠠᠨ ᠪᠡᠯᠭᠡᠯᠡᠵᠦ︾ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠠᠭᠤᠤ ᠶᠡᠭᠡ ᠡᠬᠡ ᠤᠯᠤᠰ ᠲᠠᠭᠠᠨ ᠪᠡᠯᠡᠭ ᠬᠦᠷᠭᠡᠪᠡ᠃ ᠬᠤᠰᠢᠭᠤ ᠨᠠᠮ | ᠤᠨ ᠬᠤᠷᠢᠶᠠᠨ ᠤ ᠱᠦᠵᠢ ᠬᠤᠸᠠ ᠴᠧᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠸᠧᠨ ᠮᠢᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ | ᠤᠨ ᠱᠦᠵᠢ᠂ ᠲᠡᠷᠢᠭᠦᠯᠡᠭᠴᠢ ᠪᠣᠤ ᠲᠥᠪᠰᠢᠨᠴᠢᠮᠡᠩ ᠵᠢᠴᠢ ᠡᠯ᠎ᠡ ᠰᠢᠶᠠᠨ ᠤ ᠲᠡᠰ ᠤᠨ ᠤᠳᠤᠷᠢᠳᠤᠯᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠪᠠ ᠡᠯ᠎ᠡ ᠠᠵᠢᠯ ᠲᠥᠷᠥᠯ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ ᠃ |