| | — 2023 ᠤᠨ ᠤ 2 ᠳ᠋ᠣᠭᠠᠷ ᠰᠠᠷ᠎ᠠ ᠶᠢᠨ 7 ᠤ ᠡᠳᠤᠷ | ᠬᠠᠩᠬᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠲᠠᠬᠡᠷ᠎ᠡ | ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠵᠠᠩ ᠵᠥᠩ ᠫᠢᠩ | | ᠲᠥᠯᠥᠭᠡᠯᠡᠭᠴᠢᠳ ᠡ᠄ | ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠶᠡᠭᠡ ᠬᠤᠷᠠᠯ ᠳᠤ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠦ | ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠤᠯᠴᠠᠭᠰᠠᠳ ᠰᠠᠨᠠᠯ ᠵᠥᠪᠯᠡᠯᠭᠡ ᠪᠠᠨ ᠲᠡᠪᠰᠢᠭᠦᠯᠭᠦ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠣᠨᠴᠠᠭᠠᠢ᠂ ᠬᠠᠲᠠᠭᠤ ᠰᠢᠯᠭᠠᠯᠲᠠ ᠲᠠᠢ᠂ ᠶᠡᠷᠦ ᠪᠤᠰᠤ ᠶᠢᠨ ᠨᠢᠭᠡ ᠵᠢᠯ ᠪᠣᠯᠤᠨ᠎ᠠ᠂ ᠬᠤᠷᠸ᠎ᠠ ᠠᠵᠤ ᠠᠬᠤᠶ ᠶᠢᠨ ᠪᠠᠭᠤᠷᠠᠯᠲᠠ ᠶᠢᠨ | ᠳᠠᠷᠤᠯᠲᠠ ᠪᠠ ᠬᠦᠨᠳᠦ ᠬᠡᠴᠡᠭᠦᠦ ᠬᠥᠭᠵᠢᠯᠲᠡ ᠶᠢᠨ ᠣᠷᠴᠢᠨ ᠲᠤᠭᠤᠷᠢᠨ ᠵᠢᠴᠢ ᠨᠠᠷᠢᠨ ᠪᠤᠳᠤᠯᠢᠶᠠᠨᠲᠠᠢ ᠬᠢᠵᠢᠭ ᠤᠨ ᠪᠠᠶᠢᠳᠠᠯ ᠵᠡᠷᠭᠡ ᠵᠢᠱᠢᠯᠲᠡ ᠠᠴᠠ ᠳᠠᠪᠠᠭᠰᠠᠨ | ᠬᠦᠴᠦᠨ ᠵᠦᠢᠯ ᠤᠨ ᠳᠠᠭᠠᠷᠢᠯᠳᠠ ᠨᠢ ᠭᠦᠢᠴᠡᠨ ᠳᠠᠪᠠᠭ᠋ᠤ ᠱᠠᠲᠤᠨ ᠳᠤ ᠪᠠᠶᠢᠭ᠎ᠠ ᠬᠠᠩᠭᠢᠨ ᠬᠤᠰᠢᠭᠤᠨ ᠳᠤ ᠤᠷᠢᠳ ᠡᠮᠦᠨ᠎ᠡ ᠪᠠᠶᠢᠭ᠎ᠠ ᠦᠭᠡᠢ ᠳᠠᠷᠤᠯᠲᠠ ᠪᠠ | ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠨᠢᠭᠡ ᠵᠢᠯ ᠤᠨ ᠲᠤᠷᠰᠢ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ | ᠪᠥᠬᠦ ᠬᠤᠰᠢᠭᠤᠨ ᠤ ᠠᠷᠠᠳ ᠲᠦᠮᠡᠨ ᠳᠤ ᠲᠦᠰᠢᠭᠯᠡᠵᠦ᠂ ︽ᠬᠢᠵᠢᠭ ᠢ ᠰᠡᠷᠭᠡᠶᠢᠯᠡᠨ ᠬᠤᠷᠢᠭᠯᠠᠵᠤ᠂ ᠠᠵᠤ ᠠᠬᠤᠶ ᠶᠢ ᠲᠣᠭᠲᠠᠪᠤᠷᠢᠵᠢᠭᠤᠯᠤᠨ᠂ ᠬᠥᠭᠵᠢᠯᠲᠡ ᠶᠢᠨ | ᠠᠮᠤᠷ ᠲᠦᠪᠰᠢᠨ ᠢ ᠪᠠᠲᠤᠯᠠᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠦᠴᠦᠯᠡᠨ ᠴᠢᠷᠮᠠᠶᠢᠵᠤ ᠬᠥᠭᠵᠢᠯᠲᠡ ᠶᠢ ᠡᠷᠢᠯᠬᠢᠯᠡᠨ᠂ ᠬᠤᠴᠤᠷᠤᠩᠭᠤᠢ ᠪᠠᠶᠢᠳᠠᠯ ᠢᠶᠠᠨ | ᠬᠤᠪᠢᠷᠠᠭᠤᠯᠵᠤ᠂ ᠬᠠᠷᠠᠯᠲᠠ ᠵᠣᠷᠢᠯᠲᠠ ᠲᠠᠢ ᠪᠠᠷ᠂ ᠬᠦᠴᠢᠷ ᠪᠡᠷᠬᠡ ᠶᠢ ᠲᠤᠭᠤᠯᠤᠨ ᠳᠠᠪᠠᠵᠤ᠂ ᠡᠯ᠎ᠡ ᠲᠥᠷᠥᠯ ᠤᠨ ᠠᠵᠢᠯ ᠦᠶᠯᠡᠰ ᠰᠢᠨ᠎ᠡ ᠦᠷ᠎ᠡ ᠪᠦᠲᠦᠮᠵᠢ | ᠣᠯᠪᠠ᠃ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 165.9 ᠳ᠋ᠦᠩᠰᠢᠭᠤᠷ ᠲᠥᠭᠦᠷᠢᠭ ᠲᠤ ᠬᠦᠷᠴᠦ᠂ 3.8% ᠪᠠᠷ | ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 67.2 ᠳ᠋ᠦᠩᠰᠢᠭᠤᠷ ᠲᠤ ᠬᠦᠷᠴᠦ᠂ 58.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ | ᠪᠦᠬᠦ ᠬᠤᠲᠠ ᠶᠢᠨ ᠨᠢᠭᠡᠳᠦᠭᠡᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 15.3 ᠳ᠋ᠦᠩᠰᠢᠭᠤᠷ | ᠲᠥᠭᠦᠷᠢᠭ ᠲᠤ ᠬᠦᠷᠴᠦ᠂ 0.1% ᠪᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 10.4 ᠳ᠋ᠦᠩᠰᠢᠭᠤᠷ ᠲᠥᠭᠦᠷᠢᠭ | ᠲᠤ ᠬᠦᠷᠴᠦ᠂ 39.4% ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠲᠣᠰ ᠲᠣᠰ 50076 ᠲᠥᠭᠦᠷᠢᠭ ᠪᠠ 25223 ᠲᠥᠭᠦᠷᠢᠭ ᠲᠤ ᠬᠦᠷᠴᠦ᠂ 3.7% ᠪᠠ 7.2% ᠢᠶᠠᠷ ᠨᠡᠮᠡᠭᠳᠡᠪᠡ᠃ | - - ᠠᠵᠤ ᠦᠢᠯᠡᠰ ᠤᠨ ᠰᠠᠭᠤᠷᠢ ᠪᠠ ᠶᠠᠰᠤ ᠴᠢᠨᠠᠷ ᠦᠷ᠎ᠡ ᠠᠰᠢᠭ ᠲᠠᠰᠤᠷᠠᠯᠲᠠ ᠦᠭᠡᠢ ᠳᠡᠭᠡᠭᠰᠢᠯᠡᠪᠡ᠃ ᠲᠥᠷᠥᠯ ᠵᠦᠶᠯ ᠢ ᠤᠷᠢᠨ ᠣᠷᠣᠭᠤᠯᠬᠤ ᠪᠠ | ᠪᠥᠲᠥᠭᠡᠨ ᠪᠠᠶᠢᠭᠤᠯᠬᠤ ᠪᠠᠯᠠ ᠣᠷᠣᠭᠤᠯᠤᠯᠲᠠ ᠨᠢ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃ ᠪᠥᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ | 134 ᠴᠢᠬᠤᠯᠠ ᠶᠡᠭᠡ ᠲᠥᠷᠥᠯ ᠵᠦᠶᠯ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ 1725 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 616% ᠪᠠᠷ ᠨᠡᠮᠡᠭᠳᠡᠪᠡ︔ ᠳᠦᠷᠢ ᠲᠥᠷᠬᠦ ᠶᠢᠨ ᠪᠥᠲᠦᠭᠡᠨ ᠪᠠᠶᠢᠭᠤᠯᠤᠯᠲᠠ ᠳᠤ ᠤᠷᠤᠭᠤᠯᠤᠭᠰᠠᠨ ᠪᠠᠯᠠ ᠣᠷᠣᠭᠤᠯᠤᠯᠲᠠ ᠨᠢ | ᠨᠡᠶᠢᠲᠡ 144 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 220% ᠪᠠᠷ ᠨᠡᠮᠡᠭᠳᠡᠪᠡ᠃ ᠪᠥᠬᠦ ᠵᠢᠯ ᠳᠤ ᠨᠡᠶᠢᠲᠡ 27 | ᠲᠥᠷᠥᠯ ᠵᠦᠶᠯ ᠢ ᠣᠷᠣᠭᠤᠯᠤᠨ ᠠᠪᠴᠢᠷᠠᠵᠤ᠂ 2021 ᠣᠨ ᠤ 3 ᠳᠠᠬᠢᠨ ᠪᠣᠯᠵᠣ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 2600 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 200 % ᠪᠠᠷ ᠨᠡᠮᠡᠭᠳᠡᠵᠦ᠂ ᠲᠥᠪ ᠤᠨ ᠠᠵᠤ ᠠᠬᠤᠶᠢᠯᠠᠯ 8᠂ ᠲᠣᠯᠤᠭᠠᠶᠢᠯᠠᠭᠴᠢ ᠠᠵᠤ | ᠠᠬᠤᠶᠢᠯᠠᠯ 4᠂ ᠭᠡᠯᠬᠢᠶᠡᠵᠢᠯ ᠢ ᠤᠷᠲᠤᠳᠬᠠᠨ ᠨᠥᠬᠦᠪᠥᠷᠢᠯᠡᠬᠦ ᠠᠵᠤ ᠠᠬᠤᠶᠢᠯᠠᠯ ᠢ 5 ᠣᠷᠣᠭᠤᠯᠤᠨ ᠠᠪᠴᠢᠷᠠᠪᠠ᠃ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ | ᠰᠠᠭᠤᠷᠢ ᠤᠯᠠᠮ ᠪᠠᠬᠢᠵᠢᠪᠡ᠃ ᠨᠡᠭᠡᠭᠡᠯᠲᠡ ᠶᠢᠨ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠲᠣᠭᠲᠠᠴᠠ | ᠪᠠ ᠪᠠᠶᠢᠭᠤᠯᠤᠯ ᠤᠯᠠᠮ ᠨᠢᠭᠡ ᠠᠯᠬᠤᠮ ᠰᠢᠯᠢᠳᠡᠭᠵᠢᠨ᠂ ᠠᠵᠤ ᠠᠬᠤᠢ ᠶᠢᠨ ᠬᠥᠭᠵᠢᠯᠲᠡ ᠶᠢᠨ ᠭᠤᠣᠯᠯᠠᠭᠴᠢ ᠦᠢᠯᠡᠳᠦᠯ ᠲᠤᠪᠤᠶᠢᠮ᠎ᠠ ᠪᠤᠯᠵᠤ ᠡᠬᠢᠯᠡᠪᠡ᠃ ᠳᠠᠪᠬᠤᠷ | ᠳᠠᠪᠬᠤᠷ ᠬᠦᠴᠢᠷᠳᠡᠯ ᠢ ᠢᠯᠡᠨ ᠳᠠᠪᠠᠵᠤ ᠬᠢᠮᠢ ᠶᠢᠨ ᠠᠵᠤ ᠦᠶᠯᠡᠳᠪᠦᠷᠢ ᠶᠢᠨ ᠬᠦᠷᠢᠶᠡᠯᠡᠩ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ | ᠠᠷᠭ᠎ᠠ ᠪᠦᠬᠦᠨ ᠢ ᠰᠦᠪᠡᠭᠴᠢᠯᠡᠨ ᠨᠡᠭᠡᠭᠡᠯᠲᠡ ᠶᠢᠨ ᠣᠷᠣᠨ ᠤ ᠦᠶᠯᠡᠳᠪᠦᠷᠢᠯᠡᠯ ᠤᠨ ᠲᠥᠯᠥᠪᠵᠢᠭᠦᠯᠭᠡ᠂ ᠡᠵᠡᠮᠳᠡᠯ ᠲᠥᠯᠥᠪᠵᠢᠭᠦᠯᠭᠡ᠂ ᠲᠥᠯᠥᠪᠵᠢᠭᠦᠯᠭᠡ ᠶᠢᠨ | ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠡᠷᠭᠡ ᠰᠠᠭᠤᠷᠢ ᠴᠢᠨᠠᠷᠲᠠᠶ ᠠᠵᠢᠯ ᠢ ᠠᠬᠢᠭᠤᠯᠵᠤ᠂ ᠣᠶᠤᠨᠴᠢ ᠬᠦᠷᠢᠶᠡᠯᠡᠩ ᠢ ᠪᠠᠶᠢᠭᠤᠯᠪᠠ᠃ ᠦᠢᠯᠡᠳᠬᠦᠨ ᠤ | ᠶᠡᠷᠦᠩᠬᠡᠢ ᠥᠷᠲᠡᠭ 294 ᠳ᠋ᠦᠩᠰᠢᠭᠤᠷ ᠲᠥᠭᠦᠷᠢᠭ ᠲᠤ ᠬᠦᠷᠴᠦ᠂ 28.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠭᠤᠷᠪᠠᠳᠤᠭᠠᠷ | ᠲᠤ ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 64.2 ᠳ᠋ᠦᠩᠰᠢᠭᠤᠷ ᠲᠥᠭᠦᠷᠢᠭ ᠲᠤ ᠬᠦᠷᠴᠦ᠂ 227.7% ᠪᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ ᠪᠦᠬᠦ ᠬᠤᠲᠠ ᠶᠢᠨ ᠨᠢᠭᠡᠳᠦᠭᠡᠷ ᠲᠤ ᠣᠷᠣᠪᠠ︔ ᠭᠠᠶᠢᠯᠢ ᠲᠠᠲᠠᠪᠤᠷᠢ ᠶᠢ 12.8 ᠳ᠋ᠦᠩᠰᠢᠭᠤᠷ ᠲᠥᠭᠦᠷᠢᠭ ᠬᠤᠷᠢᠶᠠᠵᠤ᠂ 157.8% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠨᠢᠭᠡᠳᠦᠭᠡᠷ ᠲᠤ ᠣᠷᠣᠪᠠ᠃ ᠪᠥᠬᠦ ᠬᠤᠲᠠ ᠶᠢᠨ ᠴᠣᠷ ᠤᠨ ᠭᠠᠭᠴᠠ ᠬᠤᠶᠠᠳᠤᠭᠠᠷ ᠲᠥᠷᠥᠯ ᠤᠨ | ᠠᠵᠤ ᠦᠶᠯᠡᠳᠪᠦᠷᠢ ᠶᠢᠨ ᠬᠦᠷᠢᠶᠡᠯᠡᠩ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠬᠦᠷᠢᠶᠡᠯᠡᠩ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠡᠭᠡ | ᠪᠠᠷ ᠳᠡᠭᠡᠭᠰᠢᠯᠡᠭᠰᠡᠨ ᠪᠠᠶᠢᠳᠠᠯ ᠳᠣᠤᠷ᠎ᠠ᠂ ᠬᠠᠩᠭᠢᠨ ᠤ ᠠᠵᠤ ᠠᠬᠤᠶ ᠶᠢᠨ ᠨᠡᠭᠡᠭᠡᠯᠲᠡ ᠶᠢᠨ ᠣᠷᠣᠨ ᠨᠢ ᠨᠢᠭᠡᠨᠲᠡ ᠨᠢᠭᠡᠳᠦᠭᠡᠷ ᠲᠥᠷᠥᠯ ᠤᠨ ᠬᠦᠷᠢᠶᠡᠯᠡᠩ ᠳᠤ | ᠳᠡᠪᠰᠢᠬᠦ ᠦᠨᠳᠦᠰᠦᠨ ᠨᠥᠬᠦᠴᠡᠯ ᠢ ᠪᠦᠷᠢᠯᠳᠦᠭᠦᠯᠪᠡ᠃ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠪᠡ᠃ ᠪᠥᠬᠦ ᠬᠤᠰᠢᠭᠤᠨ ᠤ ᠣᠯᠠᠨ ᠵᠢᠯ ᠤᠨ ᠲᠤᠷᠰᠢ ᠬᠦᠰᠡᠨ ᠬᠦᠯᠢᠶᠡᠭᠰᠡᠨ ᠲᠠᠷᠢᠶᠠᠠᠭᠤᠤᠯ ᠨᠡᠭᠦᠷᠡᠰᠦᠨ ᠠᠭᠤᠷᠬᠠᠶ ᠠᠵᠢᠯ ᠢᠶᠠᠨ ᠰᠡᠷᠭᠦᠭᠡᠪᠡ᠃ ᠣᠯᠠᠨ | ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠨᠠᠷᠢᠨ ᠪᠠᠶᠢᠴᠠᠭᠠᠯᠲᠠ ᠴᠢᠬᠤᠯᠠ ᠦᠷ᠎ᠡ ᠪᠦᠲᠦᠭᠡᠯ ᠣᠯᠵᠤ | ᠂ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠥᠪᠥᠷ ᠮᠣᠩᠭᠤᠯ ᠤᠨ ᠠᠩᠬᠠᠳᠠᠭᠴᠢ ᠣᠨᠴᠠ ᠥᠨᠳᠥᠷ | ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠢᠵᠢ ᠪᠦᠷᠢᠳᠦᠭᠦᠯᠬᠦ ᠢᠨᠵᠧᠨᠧᠷᠢᠩ ᠠᠰᠢᠭᠯᠠᠯᠲᠠ ᠳᠤ ᠣᠷᠣᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ | 144 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠂ ᠮᠠᠰᠢᠨ ᠴᠣᠭᠴᠠᠯᠠᠪᠤᠷᠢ ᠶᠢᠨ ᠶᠡᠷᠦᠩᠬᠡᠶ ᠬᠡᠪᠴᠢᠶ᠎ᠡ ᠨᠢ 295 ᠲᠦᠮᠡᠨ ᠺᠢᠯᠣᠸᠠᠲ ᠲᠤ ᠬᠦᠷᠪᠡ᠃ 80 | ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠭᠠᠳᠠᠭᠰᠢ ᠬᠦᠷᠭᠡᠬᠦ ᠢᠵᠢ ᠪᠦᠷᠢᠳᠦᠭᠦᠯᠬᠦ ᠲᠥᠷᠥᠯ ᠵᠦᠶᠯ᠂ 60 ᠲᠦᠮᠡᠨ ᠺᠢᠯᠣᠸᠠᠲ ᠤᠨ ᠪᠠᠲᠤᠯᠠᠭ᠎ᠠ ᠶᠢᠨ | ᠴᠢᠨᠠᠷᠲᠠᠶ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠶᠯ ᠢ ᠵᠢᠯ ᠤᠨ ᠳᠣᠲᠣᠷ᠎ᠠ ᠲᠣᠤᠷ ᠲᠤ ᠣᠷᠣᠭᠤᠯᠬᠤ ᠶᠢ ᠪᠡᠶᠡᠯᠡᠭᠦᠯᠵᠦ᠂ ᠮᠧᠩ ᠰᠢ ᠶᠢᠨ ᠰᠠᠭᠤᠷᠢᠨ | ᠭᠠᠵᠠᠷ ᠤᠨ ᠬᠥᠪᠴᠢ ᠶᠢᠨ 200 ᠲᠦᠮᠡᠨ ᠺᠢᠯᠣᠸᠠᠲ ᠤᠨ ᠨᠠᠷᠠᠨ ᠡᠨᠧᠷᠬᠢ ᠪᠠᠷ ᠡᠯᠡᠰᠦ ᠶᠢ ᠵᠠᠰᠠᠬᠤ ᠲᠥᠷᠥᠯ ᠵᠦᠶᠯ ᠢ ᠲᠦᠷᠭᠡᠨ ᠠᠬᠢᠭᠤᠯᠪᠠ᠃ ᠪᠠᠶᠢᠭᠠᠯᠢ ᠶᠢᠨ | ᠰᠢᠲᠠᠮᠠᠬᠠᠶ ᠬᠡᠢ ᠦᠶᠯᠡᠳᠪᠦᠷᠢᠯᠡᠬᠦ ᠴᠢᠳᠠᠮᠵᠢ ᠶᠢ 2.1 ᠳ᠋ᠦᠩᠰᠢᠭᠤᠷ ᠺᠥᠪ ᠮᠧᠲᠷ ᠨᠡᠮᠡᠭᠳᠡᠭᠦᠯᠵᠦ᠂ ᠶᠡᠷᠦᠩᠬᠡᠢ ᠬᠡᠮᠵᠢᠶ᠎ᠡ 19.2 ᠳ᠋ᠦᠩᠰᠢᠭᠤᠷ ᠺᠥᠪ ᠮᠧᠲᠷ ᠲᠤ | ᠬᠦᠷᠪᠡ᠃ ᠸᠠᠨ ᠷᠦᠢ ᠶᠢᠨ ᠭᠤᠷᠪᠠᠳᠤᠭᠠᠷ ᠬᠤᠭᠤᠴᠠᠭᠠᠨ ᠤ 100 ᠲᠦᠮᠡᠨ ᠺᠥᠪ ᠮᠧᠲᠷ ᠪᠠᠶᠢᠭᠠᠯᠢ ᠶᠢᠨ ᠰᠢᠲᠠᠮᠠᠬᠠᠶ ᠬᠡᠶ ᠰᠢᠩᠭᠡᠨᠵᠢᠭᠦᠯᠬᠦ ᠵᠢᠴᠢ BOG ᠠᠴᠠ | ᠾᠧᠯᠢ ᠪᠣᠯᠪᠠᠰᠤᠷᠠᠭᠤᠯᠬᠤ ᠲᠥᠷᠥᠯ ᠵᠦᠶᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠰᠢᠯᠢᠳᠡᠭᠵᠢᠭᠦᠯᠦᠨ ᠲᠣᠬᠢᠷᠠᠭᠤᠯᠤᠭᠰᠠᠨ ᠤ ᠳᠠᠷᠠᠭᠠᠬᠢ ᠵᠢᠶᠠ ᠾᠧ᠂ | ᡁᠢ ᠨᠧᠩ ᠪᠠᠶᠢᠭᠠᠯᠢ ᠶᠢᠨ ᠰᠢᠲᠠᠮᠠᠬᠠᠶ ᠬᠡᠶ ᠶᠢ ᠰᠢᠩᠭᠡᠨᠵᠢᠭᠦᠯᠬᠦ ᠵᠢᠴᠢ ᠾᠧᠯᠢ ᠪᠣᠯᠪᠠᠰᠤᠷᠠᠭᠤᠯᠬᠤ ᠵᠠᠭᠤᠨ ᠲᠦᠮᠡᠨ ᠺᠥᠪ ᠮᠧᠲᠷ ᠤᠨ ᠬᠤᠶᠠᠷ ᠲᠥᠷᠥᠯ ᠵᠦᠶᠯ ᠤᠨ | ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠳᠬᠡᠨ ᠠᠬᠢᠭᠤᠯᠪᠠ᠃ ᠢ ᠨᠦᠸᠧ ᠺᠤᠮᠫᠠᠨᠢ ᠶᠢᠨ ᠥᠨᠳᠥᠷ ᠨᠡᠭᠦᠷᠡᠰᠦᠲᠥ᠋ᠷᠥᠭᠴᠢᠲᠦ ᠠᠯᠺᠣᠣᠯ | ᠦᠢᠯᠡᠳᠪᠦᠷᠢᠯᠡᠵᠦ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠰᠢᠨ ᠬᠠᠩ ᠴᠠᠷᠴᠠᠮᠠᠯ ᠰᠢᠩᠭᠡᠨ ᠢ ᠬᠤᠷᠢᠶᠠᠨ ᠠᠪᠴᠤ ᠡᠨᠧᠷᠭᠢ ᠠᠷᠪᠢᠯᠠᠬᠤ ᠶᠢ | ᠰᠢᠯᠢᠳᠡᠭᠵᠢᠭᠦᠯᠬᠦ᠂ ᠢ ᠲᠠᠢ ᠪᠥᠯᠦᠭᠯᠡᠯ ᠤᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠢ ᠪᠦᠬᠦᠨ ᠢ ᠳᠠᠭᠤᠰᠬᠠᠵᠤ᠂ ᠬᠤᠸᠠ ᠵᠧᠦ ᠡᠮ ᠤᠨ ᠦᠢᠯᠡᠰ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠬᠡᠪᠴᠢᠶᠡᠵᠢᠯ | ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 3 ᠨᠡᠮᠡᠭᠳᠡᠵᠦ᠂ ᠨᠡᠶᠢᠲᠡ 39 ᠪᠣᠯᠪᠠ᠃ ᠠᠵᠤ ᠦᠶᠯᠡᠳᠪᠦᠷᠢ ᠶᠢᠨ ᠲᠥᠷᠥᠯ ᠵᠦᠶᠯ ᠤᠨ ᠠᠵᠤ | ᠠᠬᠤᠶᠢᠯᠠᠯ 4᠂ ᠥᠪᠡᠷᠲᠡᠭᠡᠨ ᠵᠠᠰᠠᠬᠤ ᠣᠷᠣᠨ ᠤ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ 3᠂ ᠪᠣᠬᠢᠷᠲᠤᠯ ᠥᠬᠡᠶ ᠦᠶᠯᠡᠳᠪᠦᠷᠢ 1᠂ ᠰᠢᠨ᠎ᠡ ᠶᠢ | ᠡᠭᠦᠳᠬᠦ ᠬᠡᠯᠪᠡᠷᠢ ᠶᠢᠨ ᠠᠵᠤ ᠠᠬᠤᠶᠢᠯᠠᠯ 1 ᠨᠡᠮᠡᠭᠳᠡᠪᠡ᠃ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠲᠦᠷᠭᠡᠨ ᠬᠥᠭᠵᠢᠪᠡ᠃ ︽ᠨᠢᠭᠡ ᠠᠵᠤ ᠦᠢᠯᠡᠰ ᠢ | ᠳᠠᠬᠢᠨ ᠴᠣᠭᠴᠠᠯᠠᠬᠤ︾ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠣᠶᠢᠷ᠎ᠠ ᠶᠢᠨ 30 ᠵᠢᠯ ᠤᠨ ᠲᠤᠷᠰᠢᠬᠢ ᠬᠠᠮᠤᠭ ᠤᠨ ᠬᠦᠨᠳᠦ ᠨᠣᠴᠢᠲᠠᠢ | ᠬᠠᠪᠤᠷ ᠵᠤᠨ ᠤ ᠦᠷᠭᠦᠯᠵᠢᠯᠡᠭᠰᠡᠨ ᠭᠠᠩ ᠬᠠᠭᠰᠠᠷᠠᠭᠠᠨ ᠢ ᠬᠦᠴᠦᠲᠡᠢ ᠠᠷᠭᠠᠴᠠᠵᠤ᠂ ᠠᠮᠤ ᠪᠤᠳᠠᠭᠠᠨ ᠤ ᠤᠨᠠᠯᠲᠠ 8.5 ᠳ᠋ᠦᠩᠰᠢᠭᠤᠷ ᠵᠢᠩ ᠢ ᠳᠠᠪᠠᠨ᠂ ᠠᠷᠪᠠ | ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠮᠠᠯ ᠤᠨ ᠲᠤᠭ᠎ᠠ ᠲᠣᠯᠣᠭᠠᠢ 200 ᠲᠦᠮᠡ ᠶᠢ ᠳᠠᠪᠠᠵᠤ᠂ ᠠᠷᠪᠠᠨ ᠨᠠᠢᠮᠠᠨ ᠵᠢᠯ ᠳᠠᠷᠠᠭᠠᠯᠠᠨ | ᠲᠣᠭᠲᠠᠭᠤᠨ ᠢᠶᠠᠷ ᠨᠡᠮᠡᠭᠳᠡᠪᠡ᠃ ᠰᠠᠶᠢᠨ ᠡᠭᠦᠯᠳᠡᠷ᠂ ᠰᠠᠶᠢᠨ ᠲᠠᠷᠢᠶᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠤᠨ᠂ ᠰᠢᠨᠵᠢᠯᠡᠬᠦ ᠤᠬᠠᠭᠠᠨᠲᠠᠨ ᠶᠢᠨ ᠬᠠᠶ ᠫᠷᠤᠹᠧᠰᠰᠤᠷ ᠤᠨ ᠪᠦᠯᠬᠦᠮ ᠲᠠᠢ ᠬᠠᠮᠲᠤᠷᠠᠯᠴᠠᠵᠤ᠂ ᠤᠯᠤᠰ ᠤᠨ ᠠᠯᠠᠰᠢᠨ ᠬᠤᠨᠢᠨ ᠤ ᠠᠵᠤ ᠦᠶᠯᠡᠰ ᠤᠨ | ᠮᠡᠷᠭᠡᠵᠢᠯ ᠤᠨ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠪᠠ ᠦᠷ᠎ᠡ ᠪᠦᠲᠦᠭᠡᠯ ᠢ ᠤᠯᠠᠷᠢᠭᠤᠯᠬᠤ ᠰᠠᠭᠤᠷᠢᠨ ᠭᠠᠵᠠᠷ ᠢ ᠰᠦᠪᠡᠭᠴᠢᠯᠡᠨ ᠪᠠᠶᠢᠭᠤᠯᠪᠠ︔ ᠴᠢᠩᠳᠣᠤ ᠶᠢᠨ | ᠳᠠᠯᠠᠢ ᠶᠢᠨ ᠲᠤᠲᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠦᠯᠬᠦᠮ ᠲᠠᠢ ᠦᠷᠭᠦᠯᠵᠢᠯᠡᠨ ᠬᠠᠮᠲᠤᠷᠠᠯᠴᠠᠨ᠂ ᠬᠤᠵᠢᠷᠯᠢᠭ ᠭᠠᠵᠠᠷ ᠢ ᠰᠠᠶᠢᠵᠢᠷᠠᠭᠤᠯᠬᠤ | ᠮᠡᠷᠭᠡᠵᠢᠯ ᠤᠨ ᠰᠢᠪᠲᠤᠯᠤᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠬᠤᠵᠢᠷᠯᠢᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠭᠤᠣᠯ ᠵᠢᠱᠢᠶᠡᠴᠢ ᠣᠷᠣᠨ | ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠦᠬᠦ ᠬᠤᠰᠢᠭᠤᠨ ᠤ ᠬᠤᠵᠢᠷᠯᠢᠭ ᠭᠠᠵᠠᠷ ᠤᠨ ᠤᠰᠤᠨ ᠲᠤᠲᠤᠷᠭ᠎ᠠ ᠲᠠᠷᠢᠬᠤ ᠲᠠᠯᠠᠪᠠᠢ 1.5 ᠲᠦᠮᠡᠨ ᠮᠦ ᠳᠤ | ᠬᠦᠷᠴᠦ᠂ ᠮᠦ ᠪᠦᠷᠢ ᠶᠢᠨ ᠳᠤᠮᠳᠠᠴᠢ ᠤᠨᠠᠯᠲᠠ 400 ᠺᠢᠯᠣᠭ᠍ᠷᠠᠮ ᠢ ᠳᠠᠪᠠᠪᠠ︔ ᠴᠦᠩᠴᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠢ ᡁᠢ ᠵᠢᠶᠠᠨ | ᠫᠷᠤᠹᠧᠰᠰᠤᠷ ᠤᠨ ᠪᠦᠯᠬᠦᠮ ᠲᠠᠢ ᠬᠠᠮᠲᠤᠷᠠᠭᠰᠠᠨ ︽ᠡᠯᠡᠰᠦ ᠮᠠᠩᠬ᠎ᠠ ᠶᠢ ᠬᠦᠷᠦᠰᠦᠵᠢᠭᠦᠯᠬᠦ︾ ᠲᠥᠷᠥᠯ ᠵᠦᠶᠯ ᠨᠢ ᠨᠢᠭᠡᠳᠦᠭᠡᠷ ᠬᠤᠭᠤᠴᠠᠭᠠᠨ ᠳᠤ 2500 ᠮᠥ | ᠠᠰᠢᠭᠯᠠᠭᠠᠳᠤᠶ ᠡᠯᠡᠰᠦᠷᠬᠡᠭ ᠭᠠᠵᠠᠷ ᠢ ᠰᠠᠶᠢᠨ ᠲᠠᠷᠢᠶᠠᠨ ᠭᠠᠵᠠᠷ ᠪᠣᠯᠭᠠᠨ ᠬᠤᠪᠢᠷᠠᠭᠤᠯᠪᠠ︔ 1.1 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ ᠪᠠᠶᠢᠭᠤᠯᠵᠤ᠂ 2107 ᠮᠥ ᠥᠨᠳᠥᠷ ᠪᠠᠷᠢᠮᠵᠢᠶᠠᠲᠤ ᠪᠣᠬᠢᠷᠲᠤᠯ ᠥᠬᠡᠶ ᠲᠣᠭᠠᠴᠢᠯᠠᠭᠰᠠᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠢ ᠪᠠᠶᠢᠭᠤᠯᠪᠠ᠃ | ᠬᠡᠪᠴᠢᠶᠡᠵᠢᠯ ᠠᠴᠠ ᠳᠡᠭᠡᠭᠰᠢᠬᠢ ᠲᠠᠷᠢᠮᠠᠯ ᠤᠨ ᠲᠣᠮᠣ ᠡᠷᠦᠬᠡ 70᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ 87 ᠨᠡᠮᠡᠭᠳᠡᠵᠦ᠂ 15 ᠲᠦᠮᠡᠨ ᠮᠦ | ᠲᠠᠷᠢᠶᠠᠨ ᠭᠠᠵᠠᠷ᠂ 20 ᠲᠦᠮᠡᠨ ᠮᠦ ᠬᠠᠳᠤᠯᠠᠩ ᠪᠡᠯᠴᠢᠭᠡᠷ ᠢ ᠬᠡᠪᠴᠢᠶᠡᠵᠢᠭᠦᠯᠦᠨ ᠡᠵᠡᠩᠨᠡᠬᠦ ᠶᠢ ᠪᠡᠶᠡᠯᠡᠭᠦᠯᠪᠡ᠃ ᠰᠢᠨ᠎ᠡ ᠪᠠᠷ ᠭᠡᠷᠡᠴᠢᠯᠡᠭᠦᠯᠦᠭᠰᠡᠨ ᠤᠯᠤᠰ ᠤᠨ | ᠲᠡᠰ ᠤᠨ ︽ᠬᠤᠶᠠᠷ ᠪᠦᠲᠦᠭᠡᠭᠳᠡᠬᠦᠨ ᠨᠢᠭᠡ ᠲᠡᠮᠳᠡᠭ ᠨᠢᠭᠡ ᠰᠢᠨ᠎ᠡ︾ ᠮᠠᠯ ᠲᠠᠷᠢᠶᠠᠯᠠᠩ ᠤᠨ ᠪᠦᠲᠦᠭᠡᠭᠳᠡᠬᠦᠨ 10 ᠪᠠᠶᠢᠵᠤ᠂ ᠬᠠᠩᠭᠢᠨ ᠤ ᠲᠤᠲᠤᠷᠭ᠎ᠠ ᠨᠢ ︽ᠪᠥᠬᠦ | ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠤᠨ ᠵᠢᠭᠰᠠᠭᠠᠯᠲᠠ ᠳᠤ ᠣᠷᠣᠪᠠ᠃ ᠦᠢᠯᠡᠴᠢᠯᠡᠭᠡᠨ ᠤ ᠦᠢᠯᠡᠰ | ᠳᠡᠰ ᠳᠡᠪᠰᠢᠪᠡ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠲᠥᠷᠥᠯ ᠵᠦᠶᠯ ᠢ ᠪᠥᠬᠦ | ᠲᠠᠯ᠎ᠠ ᠪᠠᠷ ᠠᠬᠢᠭᠤᠯᠵᠤ᠂ ᠦᠨᠳᠦᠰᠦᠨ ᠱᠠᠲᠤᠨ ᠳᠤ ᠬᠠᠨᠳᠤᠭᠤᠯᠤᠨ᠂ ᠣᠯᠠᠨ ᠲᠦᠮᠡᠨ ᠳᠤ ᠦᠶᠯᠡᠴᠢᠯᠡᠬᠦ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠰᠢᠰᠲ᠋ᠧᠮᠵᠢ ᠶᠢ ᠪᠥᠬᠦ ᠲᠠᠯ᠎ᠠ ᠪᠠᠷ ᠰᠢᠯᠢᠳᠡᠭᠵᠢᠭᠦᠯᠪᠡ᠃ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ 15 ᠨᠡᠮᠡᠭᠳᠡᠪᠡ᠃ ᠰᠢ ᠪᠸᠢ ᠲᠢᠶᠧ ᠵᠢᠶᠦ᠋ᠨ᠂ ᠶᠢᠨ ᠱᠠ ᠯᠢᠩ ᠤᠨ ᠣᠨᠴᠠᠯᠢᠭᠲᠤ ᠪᠠᠭᠤᠳᠠᠯ ᠵᠡᠷᠭᠡ ᠨᠢᠭᠡ ᠪᠦᠯᠦᠭ ᠦᠵᠡᠮᠵᠢ | ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠪᠡᠶᠡᠯᠡᠭᠦᠯᠵᠦ᠂ ᠳᠠᠭᠤᠲᠤ ᠨᠠᠭᠤᠷ ᠤᠨ 5A ᠲᠡᠰ ᠤᠨ ᠵᠢᠭᠤᠯᠴᠢᠯᠠᠯ ᠤᠨ ᠦᠵᠡᠮᠵᠢ | ᠶᠢᠨ ᠣᠷᠣᠨ ᠢ ᠡᠭᠦᠳᠦᠨ ᠪᠠᠢᠭᠤᠯᠬᠤ ᠶᠢ ᠪᠦᠬᠦ ᠬᠦᠴᠦᠨ ᠢᠶᠠᠷ ᠠᠬᠢᠭᠤᠯᠪᠠ᠃ ᠠᠷᠪᠠᠨ ᠨᠢᠭᠡᠳᠦᠭᠡᠷ ᠬᠤᠭᠤᠴᠠᠭᠠᠨ ᠤ ︽ᠬᠠᠶᠢᠷ᠎ᠠ ᠶᠢᠨ ᠬᠥᠪᠴᠢ︾ ᠡᠯᠡᠰᠦᠨ ᠴᠥᠯ | ᠤᠨ ᠪᠠᠭᠠᠲᠤᠷᠴᠤᠳ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠬᠥᠪᠴᠢ ᠶᠢᠨ ᠡᠯᠡᠰᠦᠨ ᠴᠥᠯ ᠤᠨ ᠬᠡᠭᠡᠷ᠎ᠡ ᠶᠢᠨ ᠠᠶᠠᠯᠠᠯ ᠤᠨ ᠨᠠᠷᠠᠲᠤ ᠲᠡᠮᠳᠡᠭ ᠤᠨ | ᠨᠥᠯᠥᠭᠡᠯᠡᠬᠦ ᠬᠦᠴᠦᠨ ᠲᠠᠰᠤᠷᠠᠯᠲᠠ ᠥᠬᠡᠶ ᠳᠡᠭᠡᠭᠰᠢᠯᠡᠪᠡ᠃ ︽ᠢᠷᠡᠭᠡᠳᠦᠢ ᠶᠢᠨ ᠲᠠᠯ᠎ᠠ ᠨᠤᠲᠤᠭ︾ ᠤᠨ ᠲᠥᠷᠥᠯ ᠵᠦᠢᠯ ᠢ ᠲᠥᠰᠦᠪᠯᠡᠨ ᠬᠡᠷᠡᠭᠵᠢᠭᠦᠯᠵᠦ᠂ ᠠᠷᠠᠳ | ᠤᠨ ᠣᠷᠣᠨ ᠰᠠᠭᠤᠴᠠ ᠶᠢᠨ ᠪᠦᠲᠦᠭᠡᠯᠴᠢ ᠲᠥᠰᠦᠪᠯᠡᠯ ᠤᠨ ᠤᠷᠤᠯᠳᠤᠭᠠᠨ ᠢ ᠡᠷᠬᠢᠯᠡᠨ᠂ ︽ᠮᠠᠯᠴᠢᠨ ᠡᠷᠦᠬᠡ ᠶᠢ ᠥᠮᠴᠢᠲᠡᠨ ᠪᠣᠯᠭᠠᠨ ᠬᠤᠪᠢᠷᠠᠭᠤᠯᠬᠤ᠂ ᠠᠷᠠᠳ | ᠤᠨ ᠣᠷᠣᠨ ᠰᠠᠭᠤᠴᠠ ᠶᠢ ᠦᠵᠡᠮᠵᠢ ᠶᠢᠨ ᠴᠡᠭ ᠪᠣᠯᠭᠠᠨ ᠬᠤᠪᠢᠷᠠᠭᠤᠯᠬᠤ᠂ ᠮᠠᠯᠵᠢᠬᠤ ᠣᠷᠣᠨ ᠢ ᠦᠵᠡᠮᠵᠢ ᠶᠢᠨ ᠣᠷᠣᠨ ᠪᠣᠯᠭᠠᠨ ᠬᠤᠪᠢᠷᠠᠭᠤᠯᠬᠤ︾ ᠮᠠᠯᠵᠢᠬᠤ | ᠣᠷᠣᠨ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ ᠲᠠᠯ᠎ᠠ ᠨᠤᠲᠤᠭ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠡᠭᠦᠳᠪᠡ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠦᠷᠭᠦᠯᠵᠢᠯᠡᠨ ᠪᠤᠵᠠᠭᠠᠶᠢᠷᠠᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ︾ ᠪᠠ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ︾ ᠶᠢᠨ 30 ᠵᠤᠷᠪᠤᠰ ᠢ ᠭᠦᠨᠵᠡᠭᠡᠶ | ᠨᠠᠶᠢᠳᠠᠪᠤᠷᠢᠵᠢᠭᠤᠯᠤᠨ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠰᠢᠨ᠎ᠡ | ᠶᠢ ᠡᠭᠦᠳᠬᠦ ᠴᠢᠨᠠᠷᠲᠠᠶ ᠱᠠᠩᠨᠠᠵᠤ ᠨᠥᠬᠦᠪᠥᠷᠢᠯᠡᠬᠦ ᠵᠡᠷᠭᠡ ᠭᠤᠤᠯᠳᠠᠯᠭ᠎ᠠ ᠲᠠᠢ ᠰᠤᠳᠤᠯᠤᠨ ᠨᠡᠭᠡᠭᠡᠬᠦ 16 ᠲᠥᠷᠥᠯ ᠵᠦᠶᠯ ᠢ ᠬᠡᠷᠡᠭᠵᠢᠭᠦᠯᠵᠦ᠂ ᠠᠳᠠᠯᠢ ᠬᠤᠭᠤᠴᠠᠭᠠᠨ | ᠤ ᠬᠢ ᠠᠴᠠ 33 % ᠪᠠᠷ ᠨᠡᠮᠡᠭᠳᠡᠨ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ︽ᠭᠤᠷᠪᠠ ᠶᠢ ᠦᠭᠡᠶᠢᠰᠬᠡᠬᠦ︾ ᠠᠵᠤ ᠠᠬᠤᠶᠢᠯᠠᠯ 2 ᠨᠡᠮᠡᠭᠳᠡᠵᠦ᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ 6 ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦ ᠬᠤᠲᠠ ᠶᠢᠨ ᠲᠡᠷᠢᠭᠦᠨ ᠳᠤ ᠣᠷᠣᠪᠠ᠃ ᠪᠥᠬᠦ ᠵᠢᠯ ᠳᠤ 12 | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠪᠦᠯᠬᠦᠮ᠂ 94 ᠳᠡᠭᠡᠳᠦ ᠲᠠᠰ ᠤᠨ ᠴᠢᠳᠠᠪᠤᠷᠢᠲᠠᠨ ᠢ ᠤᠷᠢᠨ ᠠᠪᠴᠢᠷᠠᠵᠤ᠂ 14 ᠠᠵᠤ ᠦᠶᠯᠡᠰ ᠤᠨ | ᠰᠤᠳᠤᠯᠤᠨ ᠨᠡᠭᠡᠭᠡᠬᠦ ᠲᠥᠪ ᠢ ᠪᠠᠶᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠲᠠᠪᠴᠠᠩ ᠢ 20 ᠪᠠᠶᠢᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠠᠭᠤᠷ | ᠠᠮᠢᠰᠬᠤᠯ ᠡᠳᠦᠷ ᠢᠷᠡᠬᠦᠶ᠎ᠡ ᠭᠦᠨ ᠵᠤᠵᠠᠭᠠᠨ ᠪᠣᠯᠪᠠ᠃ | - - ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ | ᠬᠠᠪᠰᠤᠷᠤᠨ ᠲᠡᠳᠬᠦᠬᠦ ᠬᠤᠰᠢᠭᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠬᠤᠰᠢᠭᠤ ᠳᠠᠰᠢ ᠬᠤᠪᠢᠷᠠᠭᠤᠯᠬᠤ ᠶᠢ ᠪᠥᠬᠦ ᠬᠦᠴᠦᠨ | ᠢᠶᠠᠷ ᠢᠶᠠᠨ ᠠᠬᠢᠭᠤᠯᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠨᠢ | 2021ᠣᠨ ᠤ ᠬᠢ ᠠᠴᠠ 2761 ᠲᠥᠭᠦᠷᠢᠭ ᠨᠡᠮᠡᠭᠳᠡᠵᠦ᠂ 26733 ᠲᠥᠭᠦᠷᠢᠭ ᠲᠤ ᠬᠦᠷᠪᠡ᠃ ᠰᠢᠨ᠎ᠡ ᠪᠠᠷ ᠣᠷᠣᠭᠤᠯᠤᠭᠰᠠᠨ ᠳᠠᠬᠢᠨ ᠶᠠᠳᠠᠭᠤᠷᠠᠬᠤ | ᠪᠣᠯᠤᠯᠴᠠᠭ᠎ᠠ ᠲᠠᠢ 47 ᠡᠷᠦᠬᠡ ᠶᠢᠨ 121 ᠬᠥᠮᠦᠨ ᠳᠤ ᠴᠥᠮ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠨᠠᠶᠢᠳᠠᠪᠤᠷᠢᠵᠢᠭᠤᠯᠪᠠ᠃ | ᠪᠦᠬᠦ ᠵᠢᠯ ᠳᠤ 1.67 ᠳ᠋ᠦᠩᠰᠢᠭᠤᠷ ᠲᠥᠭᠦᠷᠢᠭ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠶᠢ ᠣᠷᠣᠭᠤᠯᠵᠤ᠂ ᠠᠵᠤ ᠦᠢᠯᠡᠰ ᠢ ᠬᠥᠭᠵᠢᠭᠦᠯᠬᠦ | ᠲᠥᠷᠥᠯ ᠵᠦᠢᠯ ᠢ 28 ᠬᠡᠷᠡᠭᠵᠢᠭᠦᠯᠦᠨ᠂ 76 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠪᠦᠬᠦᠨ ᠢ 15 ᠲᠦᠮᠡᠨ ᠲᠥᠭᠦᠷᠢᠭ ᠠᠴᠠ | ᠳᠠᠪᠠᠭᠤᠯᠵᠤ᠂ ᠡᠭᠦᠨ ᠳᠤ 50 ᠲᠦᠮᠡᠨ ᠲᠥᠭᠦᠷᠢᠭ ᠠᠴᠠ ᠳᠡᠭᠡᠭᠰᠢ ᠭᠠᠴᠠᠭ᠎ᠠ ᠲᠣᠰᠬᠤᠨ 7᠂ 100 ᠲᠦᠮᠡᠨ ᠲᠥᠭᠦᠷᠢᠭ ᠠᠴᠠ ᠳᠡᠭᠡᠭᠰᠢ ᠭᠠᠴᠠᠭ᠎ᠠ ᠲᠣᠰᠬᠤᠨ | 5 ᠪᠣᠯᠪᠠ᠃ 146 ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠ 309 ᠮᠠᠯᠵᠢᠬᠤ ᠲᠠᠷᠢᠶᠠᠯᠠᠬᠤ ᠡᠷᠦᠬᠡ ᠳᠤ 1.7 ᠳ᠋ᠦᠩᠰᠢᠭᠤᠷ ᠲᠥᠭᠦᠷᠢᠭ | ᠤᠨ ᠬᠠᠷᠠᠭᠠᠯᠵᠠᠯᠲᠤ ᠵᠢᠭᠡᠯᠡᠯᠭᠡ ᠲᠠᠯᠪᠢᠵᠤ᠂ ᠪᠥᠬᠦ ᠣᠷᠣᠨ ᠳᠤ ᠤᠷᠢᠳ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠭᠠᠴᠢᠯᠠᠭᠰᠠᠨ ᠮᠥᠩᠭᠦᠨ | ᠭᠦᠶᠯᠭᠡᠭᠡᠨ ᠤ ᠦᠶᠯᠡᠴᠢᠯᠡᠭᠡᠨ ᠤ ᠲᠠᠪᠴᠠᠩ ᠢ ᠪᠠᠶᠢᠭᠤᠯᠪᠠ᠃ | - - ᠬᠤᠳᠠ ᠬᠥᠳᠡᠭᠡ ᠶᠢᠨ ᠶᠠᠰᠤ ᠴᠢᠨᠠᠷ ᠲᠦᠷᠭᠡᠨ ᠳᠡᠭᠡᠭᠰᠢᠯᠡᠪᠡ᠃ ᠪᠦᠬᠦ ᠤᠯᠤᠰ ᠤᠨ ᠪᠣᠯᠪᠠᠰᠤᠨ ᠬᠤᠲᠠ ᠶᠢᠨ ᠰᠢᠯᠭᠠᠨ ᠦᠨᠡᠯᠡᠯᠲᠡ ᠶᠢ ᠤᠷᠤᠭᠰᠢᠲᠠᠢ | ᠥᠩᠭᠡᠷᠡᠭᠡᠵᠦ᠂ ᠤᠯᠤᠰ ᠤᠨ ᠴᠡᠴᠡᠷᠯᠢᠭᠲᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠪᠡ᠃ ︽ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠶᠡᠷᠦᠩᠬᠡᠢ ᠲᠥᠯᠥᠪᠵᠢᠭᠦᠯᠪᠡ︾᠂ ︽ᠰᠤᠮᠤ ᠪᠠᠯᠭᠠᠰᠤᠨ ᠤ ᠣᠷᠣᠨ ᠵᠠᠢ ᠶᠢᠨ ᠲᠥᠯᠥᠪᠵᠢᠭᠦᠯᠪᠡ︾ ᠪᠠ ︽76 ᠭᠠᠴᠠᠭ᠎ᠠ ᠲᠣᠰᠬᠤᠨ ᠤ ᠲᠥᠯᠥᠪᠵᠢᠭᠦᠯᠪᠡ︾ ᠶᠢ | ᠨᠠᠶᠢᠷᠠᠭᠤᠯᠵᠤ ᠳᠠᠭᠤᠰᠬᠠᠪᠠ᠃ ᠰᠢᠨᠡᠪᠠᠯᠭᠠᠰᠤᠨ ᠳᠠᠬᠢ ᠬᠠᠭᠤᠴᠢᠨ ᠭᠡᠷ ᠪᠠᠶᠢᠰᠢᠩ ᠢ ᠨᠤᠷᠠᠭᠠᠵᠤ ᠨᠡᠭᠦᠯᠭᠡᠬᠦ ᠢᠨᠵᠧᠨᠧᠷᠢᠩ ᠢ ᠳᠠᠬᠢᠨ ᠡᠬᠢᠯᠡᠭᠦᠯᠵᠦ᠂ ᠡᠮᠦᠨᠡᠬᠢ | ᠬᠡᠰᠡᠭ ᠤᠨ ᠬᠠᠭᠤᠴᠢᠨ ᠭᠡᠷ ᠪᠠᠶᠢᠰᠢᠩ ᠤᠨ ᠬᠤᠲᠠ ᠶᠢᠨ ᠰᠢᠨᠡᠴᠢᠯᠡᠯᠲᠡ ᠶᠢᠨ ᠬᠤᠭᠤᠯᠠᠢ ᠲᠣᠣᠷ ᠤᠨ ᠢᠨᠵᠧᠨᠧᠷᠢᠩ᠂ ᠯᠢᠨ ᠶᠢᠨ ᠬᠤᠶᠢᠲᠤ ᠵᠠᠮ ᠪᠠ ᠶᠧᠦ ᠢ ᠶᠡᠭᠡ | ᠵᠡᠭᠡᠯᠢ ᠶᠢᠨ ᠬᠤᠭᠤᠯᠠᠢ ᠲᠣᠣᠷ ᠤᠨ ᠢᠨᠵᠧᠨᠧᠷᠢᠩ ᠢ ᠡᠬᠢᠯᠡᠭᠦᠯᠪᠡ︔ 20 ᠬᠠᠭᠤᠴᠢᠨ ᠰᠠᠭᠤᠭᠠᠯᠢ ᠲᠣᠭᠤᠷᠢᠭ᠂13 ᠢᠯᠴᠢ ᠬᠠᠩᠭᠠᠬᠤ ᠲᠣᠣᠷ ᠵᠢᠴᠢ 6 ᠢᠯᠴᠢ | ᠰᠣᠯᠢᠬᠤ ᠥᠷᠲᠡᠭᠡ ᠶᠢ ᠰᠢᠨᠡᠳᠬᠡᠨ ᠥᠭᠡᠷᠡᠴᠢᠯᠡᠪᠡ︔ ︽ᠣᠷᠣᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ᠂ ᠦᠨᠡᠮᠯᠡᠯ ᠠᠪᠬᠤ ᠳᠤ ᠬᠦᠴᠢᠷ︾ | ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ︔ ᠨᠣᠭᠤᠭᠠᠷᠠᠭᠤᠯᠤᠯᠲᠠ ᠶᠢᠨ ᠲᠠᠯᠠᠪᠠᠢ 1.2 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠵᠦ᠂ ᠠᠷᠠᠳ | ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢ 45 ᠨᠡᠮᠡᠨ ᠪᠠᠶᠢᠭᠤᠯᠪᠠ︔ ᠳᠦᠷᠢᠮ ᠠᠴᠠ ᠵᠥᠷᠢᠴᠡᠭᠰᠡᠨ ᠪᠠᠷᠢᠯᠭ᠎ᠠ᠂ ᠬᠤᠲᠠ ᠶᠢᠨ ᠡᠷᠦᠢ | ᠬᠤᠷᠤᠢ ᠦᠭᠡᠢ ᠤᠲᠠᠰᠤ ᠲᠣᠣᠷ᠂ ᠳᠤᠷ᠎ᠠ ᠪᠠᠷ ᠣᠪᠣᠭᠠᠯᠠᠵᠤ ᠲᠠᠯᠪᠢᠬᠤ ᠦᠵᠡᠭᠳᠡᠯ ᠢ ᠪᠦᠲᠦᠮᠵᠢᠲᠡᠶ ᠴᠡᠭᠴᠡᠯᠡᠨ ᠵᠠᠰᠠᠵᠤ᠂ ᠬᠤᠲᠠ ᠶᠢᠨ ᠳᠦᠷᠰᠦ ᠪᠠᠶᠢᠳᠠᠯ ᠢ | ᠢᠯᠡᠳᠲᠡ ᠰᠠᠶᠢᠵᠢᠷᠠᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠶᠢ ᠦᠷᠭᠦᠯᠵᠢᠯᠡᠨ | ᠠᠬᠢᠭᠤᠯᠵᠤ᠂ ᠰᠤᠮᠤ ᠪᠠᠯᠭᠠᠰᠤᠨ ᠤ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ 15 ᠪᠠᠶᠢᠭᠤᠯᠤᠨ ᠠᠰᠢᠭᠯᠠᠯᠲᠠ ᠳᠤ ᠣᠷᠣᠭᠤᠯᠤᠨ᠂ | 467 ᠡᠷᠦᠬᠡ ᠶᠢᠨ ᠵᠣᠷᠯᠣᠩ᠂ 10 ᠨᠡᠶᠢᠲᠡ ᠶᠢᠨ ᠵᠣᠷᠯᠣᠩ ᠢ ᠥᠭᠡᠷᠡᠴᠢᠯᠡᠨ ᠵᠠᠰᠠᠪᠠ᠃ X651 ᠵᠠᠰᠠᠮᠠᠯ ᠵᠠᠮ ᠤᠨ ᠶᠢᠨ ᠲᠠᠢ ᠬᠦᠷᠢᠶᠡᠯᠡᠩ ᠠᠴᠠ ᠰᠢᠨᠡᠪᠠᠯᠭᠠᠰᠤ | ᠬᠦᠷᠬᠦ ᠬᠡᠰᠡᠭ ᠢ ᠥᠷᠭᠡᠳᠬᠡᠨ ᠵᠠᠰᠠᠵᠤ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 34 ᠺᠢᠯᠣᠮᠧᠲᠷ ᠰᠢᠨ᠎ᠡ ᠪᠠᠷ ᠳᠡᠪᠢᠰᠦᠨ᠂ 5 ᠵᠤᠷᠪᠤᠰ ᠬᠠᠭᠠᠰ ᠲᠤᠲᠠᠭᠤ | ᠣᠷᠬᠢᠭᠰᠠᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠪᠢᠰᠦᠨ ᠳᠠᠭᠤᠰᠬᠠᠵᠤ ᠲᠡᠷᠭᠡ ᠨᠡᠪᠲᠡᠷᠡᠭᠦᠯᠪᠡ᠃ 98 ᠺᠢᠯᠣᠮᠧᠲᠷ ᠤᠨ ᠴᠠᠬᠢᠯᠭᠠᠨ ᠬᠦᠷᠭᠡᠬᠦ ᠱᠤᠭᠤᠮ ᠢ | ᠰᠢᠨ᠎ᠡ ᠪᠠᠷ ᠪᠠᠶᠢᠭᠤᠯᠵᠤ ᠥᠭᠡᠷᠡᠴᠢᠯᠡᠪᠡ᠃ 5G ᠴᠢᠮᠡᠭᠡ ᠬᠤᠯᠪᠤᠭᠠᠨ ᠤ ᠰᠠᠭᠤᠷᠢ ᠥᠷᠲᠡᠭᠡ 52 ᠨᠡᠮᠡᠭᠳᠡᠵᠦ᠂ ᠭᠤᠤᠯᠳᠠᠯᠭ᠎ᠠ ᠲᠠᠢ ᠣᠷᠣᠨ ᠪᠦᠰᠡ ᠳᠤ 5G | ᠰᠦᠯᠵᠢᠶ᠎ᠡ ᠶᠢ ᠨᠡᠶᠢᠳᠡᠮ ᠪᠦᠷᠬᠦᠭᠦᠯᠪᠡ᠃ | - - ᠠᠮᠢ ᠠᠬᠤᠶ ᠶᠢᠨ ᠳᠠᠪᠠᠭᠤᠯᠢᠭ ᠢ ᠭᠦᠶᠴᠡᠳ ᠢᠯᠡᠷᠡᠭᠦᠯᠪᠡ᠃ ︽ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ︾ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠵᠦ᠂ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠶᠢ | ᠪᠡᠶᠡᠯᠡᠭᠦᠯᠪᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠭᠰᠠᠨ ᠪᠠ ᠣᠶ ᠰᠢᠭᠤᠶ | ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢᠨ ᠲᠠᠯᠠᠪᠠᠢ ᠶᠢ 73 ᠲᠦᠮᠡᠨ ᠮᠥ ᠳᠤ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠶ | ᠰᠢᠭᠤᠶ ᠶᠢᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠵᠢᠱᠢᠭᠰᠡᠨ ᠠᠰᠢᠭ ᠣᠯᠵᠠᠪᠤᠷᠢ ᠶᠢᠨ ᠡᠷᠬᠡ ᠪᠠᠨ ᠳᠠᠨᠵᠢᠯᠠᠬᠤ ᠵᠢᠭᠡᠯᠡᠯᠭᠡ ᠶᠢᠨ ᠲᠥᠷᠥᠯ ᠵᠦᠶᠯ ᠢ | ᠬᠡᠷᠡᠭᠵᠢᠭᠦᠯᠪᠡ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠤᠰᠤ ᠶᠢ ᠠᠰᠢᠭᠯᠠᠬᠤ ᠦᠷ᠎ᠡ ᠪᠦᠲᠦᠮᠵᠢ᠂ ᠤᠰᠤᠨ ᠤ ᠴᠢᠳᠠᠮᠵᠢᠲᠦ ᠣᠷᠣᠨ ᠳᠤ | ᠪᠣᠬᠢᠷᠲᠤᠯ ᠣᠷᠣᠭᠤᠯᠬᠤ ᠶᠢ ᠬᠢᠵᠠᠭᠠᠷᠯᠠᠬᠤ ︽ᠭᠤᠷᠪᠠᠨ ᠬᠤᠷᠢᠭ᠎ᠠ ᠱᠤᠭᠤᠮ︾ ᠢ ᠴᠢᠩᠭ᠎ᠠ ᠰᠠᠬᠢᠨ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠦᠷᠭᠦᠯᠵᠢᠯᠡᠨ ᠰᠢᠯᠢᠳᠡᠭᠵᠢᠭᠦᠯᠵᠦ᠂ 103 ᠲᠦᠮᠡᠨ ᠺᠥᠪ ᠮᠧᠲᠷ ᠤᠨ ᠭᠠᠳᠠᠭᠰᠢᠯᠠᠭᠤᠯᠤᠭᠰᠠᠨ ᠤᠰᠤ ᠶᠢ ᠳᠠᠬᠢᠨ ᠠᠷᠠᠯᠵᠢᠶᠠᠯᠠᠬᠤ ᠶᠢ ᠪᠡᠶᠡᠯᠡᠭᠦᠯᠪᠡ᠃ ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠨ ᠤᠷᠮᠠᠰᠢᠭᠤᠯᠬᠤ ᠲᠦᠷᠢᠮ ᠢ ᠲᠣᠭᠲᠠᠭᠠᠨ᠂ | 6.6 ᠲᠦᠮᠡᠨ ᠮᠥ ᠬᠠᠲᠤᠨ ᠭᠤᠤᠯ ᠤᠨ ᠲᠠᠩ ᠤᠨ ᠣᠷᠣᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠬᠠᠲᠤᠨ ᠭᠤᠤᠯ ᠤᠨ ᠬᠠᠩᠭᠢᠨ ᠤ ᠬᠡᠰᠡᠭ ᠢ 24 ᠴᠠᠭ ᠢᠶᠠᠷ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠨᠡᠶᠢᠳᠡᠮ ᠬᠡᠷᠡᠭᠵᠢᠭᠦᠯᠵᠦ᠂ ᠬᠠᠲᠤᠨ ᠭᠤᠤᠯ ᠤᠨ | ᠣᠷᠳᠣ ᠤᠳᠠᠭᠠᠨ ᠠᠮᠤᠷ ᠲᠠᠶᠢᠪᠤᠩ ᠪᠠᠶᠢᠬᠤ ᠶᠢ ᠪᠥᠬᠦ ᠲᠠᠯ᠎ᠠ ᠪᠠᠷ ᠪᠠᠲᠤᠯᠠᠪᠠ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠠᠴᠠ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ ᠪᠠ ᠣᠶ ᠰᠢᠭᠤᠶ ᠡᠪᠡᠰᠦ ᠪᠡᠯᠴᠢᠭᠡᠷ ᠤᠨ ᠲᠤᠰᠬᠠᠶ | ᠴᠡᠭᠴᠡᠯᠡᠨ ᠵᠠᠰᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠬᠥᠷᠥᠰᠥ ᠰᠢᠷᠣᠶ ᠶᠢ ᠬᠠᠮᠠᠭᠠᠯᠠᠬᠤ ᠠᠵᠢᠯ ᠪᠥᠬᠦ | ᠤᠯᠤᠰ ᠤᠨ ᠬᠥᠬᠢᠭᠦᠯᠦᠯ ᠢ ᠣᠯᠵᠤ᠂ ᠬᠠᠩᠭᠢᠨ ᠤ ᠡᠯᠡᠰᠦ ᠵᠠᠰᠠᠬᠤ ᠬᠠᠮᠲᠤ ᠨᠡᠶᠢᠲᠡ ᠨᠢ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠬᠢᠯᠢ ᠶᠢᠨ ᠵᠢᠱᠢᠶᠡᠴᠢ︾ | ᠶᠢᠨ ᠢᠷᠠᠭᠤ ᠠᠯᠳᠠᠷ ᠢ ᠭᠥᠷᠳᠡᠪᠡ᠃ | - - ᠬᠥᠭᠵᠢᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠪᠡ᠃ ᠪᠥᠬᠦ ᠶᠠᠪᠤᠴᠠ ᠳᠤ ᠬᠠᠪᠰᠤᠷᠤᠨ ᠭᠦᠶᠴᠡᠳᠬᠡᠵᠦ ᠣᠷᠣᠯᠠᠨ ᠭᠦᠶᠴᠡᠳᠬᠡᠬᠦ ᠶᠢ | ᠢᠳᠡᠪᠬᠢᠲᠡᠶ ᠬᠡᠷᠡᠭᠵᠢᠭᠦᠯᠦᠨ᠂ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ︽ᠨᠢᠭᠡ ᠥᠷᠲᠡᠭᠡᠴᠢᠯᠡᠭᠰᠡ︾ ᠦᠶᠯᠡᠴᠢᠯᠡᠭᠡᠨ ᠤ ᠬᠢᠨᠠᠨ ᠵᠥᠪᠰᠢᠶᠡᠷᠡᠬᠦ | ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠭᠦᠶᠴᠡᠳᠬᠡᠬᠦ ᠶᠠᠪᠤᠴᠠ᠂ ᠭᠦᠶᠴᠡᠳᠬᠡᠬᠦ ᠴᠠᠭ ᠢ ᠲᠣᠰ ᠲᠣᠰ | 35%᠂ 40%᠂ 70% ᠪᠠᠷ ᠪᠣᠭᠤᠨᠢᠰᠬᠠᠪᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠨᠢᠭᠡ ᠯᠡ ᠰᠦᠯᠵᠢᠶ᠎ᠡ ᠪᠠᠷ ᠨᠡᠶᠢᠳᠡᠮ | ᠭᠦᠶᠴᠡᠳᠬᠡᠬᠦ︾ ᠨᠣᠷᠮ᠎ᠠ ᠨᠢ 70 % ᠶᠢ ᠳᠠᠪᠠᠵᠤ᠂ 139 ︽ᠨᠢᠭᠡ ᠯᠡ ᠤᠳᠠᠭ᠎ᠠ ᠳᠤ ᠭᠦᠶᠴᠡᠳᠬᠡᠬᠦ︾ ᠡᠩ ᠤᠨ ᠵᠦᠶᠯᠡᠰ ᠪᠠ 10 ᠥᠨᠳᠥᠷ ᠳᠠᠪᠲᠠᠮᠵᠢᠲᠤ | ︽ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠭᠦᠶᠴᠡᠳᠬᠡᠬᠦ︾ ᠵᠦᠶᠯᠡᠰ ᠢ ᠪᠣᠳᠠᠲᠠᠶᠢᠵᠢᠭᠤᠯᠤᠨ ᠬᠡᠷᠡᠭᠵᠢᠭᠦᠯᠵᠦ᠂ 50 ᠵᠦᠶᠯ ᠤᠨ ᠥᠨᠳᠥᠷ ᠳᠠᠪᠲᠠᠮᠵᠢᠲᠤ | ᠵᠦᠶᠯᠡᠰ ᠢ ︽ᠲᠡᠷᠡ ᠳᠠᠷᠤᠢ ᠳᠤᠨᠢ ᠵᠥᠪᠰᠢᠶᠡᠷᠡᠨ ᠭᠦᠢᠴᠡᠳᠬᠡᠬᠦ︾ ᠶᠢ ᠪᠡᠶᠡᠯᠡᠭᠦᠯᠦᠨ᠂ ︽ᠵᠠᠷᠭᠤ ᠶᠢ ᠭᠥᠯᠢᠶᠡᠨ ᠠᠪᠤᠪᠠᠯ ᠳᠠᠷᠤᠶ ᠳᠤᠨᠢ ᠰᠢᠶᠳᠪᠦᠷᠢᠯᠡᠬᠦ︾ ᠶᠢᠨ | ᠬᠠᠨᠤᠮᠵᠢᠲᠠᠶ ᠪᠠᠶᠢᠬᠤ ᠨᠣᠷᠮ᠎ᠠ ᠨᠢ 99.5% ᠳᠤ ᠬᠥᠷᠪᠡ᠃ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠣᠨᠴᠢᠯᠠᠬᠤ ᠶᠢ | ᠪᠡᠶᠡᠯᠡᠭᠦᠯᠵᠦ᠂ 1983 ᠡᠷᠦᠬᠡ ᠵᠠᠬ᠎ᠠ ᠳᠡᠯᠭᠡᠭᠦᠷ ᠤᠨ ᠭᠤᠣᠯ ᠴᠣᠭᠴᠠ ᠰᠢᠨ᠎ᠡ ᠪᠠᠷ ᠨᠡᠮᠡᠭᠳᠡᠨ᠂ 15.3% ᠨᠡᠮᠡᠭᠳᠡᠪᠡ᠃ ᠨᠡᠶᠢᠲᠡ 9.1 ᠳ᠋ᠦᠩᠰᠢᠭᠤᠷ | ᠲᠥᠭᠦᠷᠢᠭ ᠭᠠᠶᠢᠯᠢ ᠶᠢ ᠪᠤᠴᠠᠭᠠᠨ᠂ 0.8 ᠳ᠋ᠦᠩᠰᠢᠭᠤᠷ ᠲᠥᠭᠦᠷᠢᠭ ᠭᠠᠶᠢᠯᠢ ᠶᠢ ᠬᠥᠩᠭᠡᠯᠡᠨ ᠰᠦᠶᠳᠬᠡᠯ ᠢ ᠪᠠᠭᠤᠷᠠᠭᠤᠯᠵᠤ᠂ ᠭᠠᠶᠢᠯᠢ ᠰᠦᠶᠳᠬᠡᠯ ᠢ 2 | ᠳ᠋ᠦᠩᠰᠢᠭᠤᠷ ᠲᠥᠭᠦᠷᠢᠭ ᠬᠤᠶᠢᠰᠢᠯᠠᠭᠤᠯᠤᠨ ᠲᠤᠰᠢᠶᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠣᠳᠠᠲᠤ ᠴᠣᠭᠴᠠ ᠶᠢᠨ ᠠᠵᠢᠯᠯᠠᠭᠠᠨ ᠤ ᠴᠢᠳᠠᠪᠤᠷᠢ ᠢᠯᠡᠳᠲᠡ | ᠴᠢᠩᠭᠠᠷᠠᠪᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠱᠠᠲᠤ ᠦᠶ᠎ᠡ ᠶᠢᠨ ᠴᠢᠨᠠᠷᠲᠠᠶ ᠦᠷ᠎ᠡ ᠪᠥᠲᠦᠮᠵᠢ ᠣᠯᠵᠤ᠂ ᠡᠬᠢ ᠪᠠᠶᠠᠯᠢᠭ ᠢ ᠠᠷᠪᠢᠲᠠᠶ | ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠢᠯᠡᠳᠲᠡ ᠳᠡᠭᠡᠭᠰᠢᠯᠡᠪᠡ᠃ ︽ᠪᠠᠷᠢᠮᠵᠢᠶᠠᠲᠤ ᠭᠠᠵᠠᠷ︾ ᠢ ᠬᠢᠮᠳᠠ ᠦᠨ᠎ᠡ ᠪᠠᠷ ᠬᠤᠳᠠᠯᠳᠤᠬᠤ ᠥᠭᠡᠷᠡᠴᠢᠯᠡᠯᠲᠡ ᠶᠢ | ᠰᠦᠪᠡᠭᠴᠢᠯᠡᠨ ᠳᠡᠯᠭᠡᠷᠡᠭᠦᠯᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠪᠡ᠃ | - - ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠬᠦᠴᠦᠲᠡᠶ ᠪᠥᠭᠡᠳ ᠪᠦᠲᠦᠮᠵᠢᠲᠡᠶ ᠪᠣᠯᠪᠠ᠃ ᠠᠷᠠᠳ ᠲᠦᠮᠡᠨ ᠢᠶᠠᠷ ᠦᠨᠳᠦᠰᠦ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠶᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠭᠡᠮ ᠤᠨ ᠠᠵᠢᠯ ᠦᠶᠯᠡᠰ ᠢ | ᠬᠥᠭᠵᠢᠭᠦᠯᠬᠦ ᠵᠠᠷᠤᠯᠭ᠎ᠠ ᠨᠢ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 78.6% ᠶᠢ ᠡᠵᠡᠯᠡᠪᠡ᠃ ᠪᠠᠭᠰᠢ ᠠᠵᠢᠯᠲᠠᠨ ᠤ ᠡᠮᠬᠢ ᠵᠢᠷᠤᠮ ᠲᠠᠢ ᠪᠠᠷ ᠪᠠᠶᠢᠷᠢ | ᠰᠢᠯᠵᠢᠬᠦ ᠶᠢ ᠳᠦᠷᠢᠮᠵᠢᠭᠦᠯᠦᠨ᠂ 83 ᠨᠡᠷ᠎ᠡ ᠪᠠᠭᠰᠢ ᠠᠵᠢᠯᠲᠠᠨ ᠢ ᠤᠷᠢᠨ ᠠᠪᠴᠢᠷᠠᠵᠤ᠂ 25 ᠨᠡᠷ᠎ᠡ ᠰᠤᠷᠭᠠᠭᠤᠯᠢ ᠶᠢᠨ ᠵᠠᠬᠢᠷᠤᠯ ᠢ ᠰᠣᠩᠭᠤᠨ ᠬᠡᠷᠡᠭᠯᠡᠪᠡ᠃ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠪᠡ᠃ | ᠲᠠᠪᠤᠳᠤᠭᠠᠷ ᠪᠠᠭ᠎ᠠ ᠰᠤᠷᠭᠠᠭᠤᠯᠢ᠂ ᠶᠢᠰᠦᠳᠦᠭᠡᠷ ᠬᠡᠦᠬᠡᠳ ᠤᠨ ᠴᠡᠴᠡᠷᠯᠢᠭ ᠢ ᠪᠠᠶᠢᠭᠤᠯᠪᠠ᠃ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ | ᠶᠢᠨ ᠶᠡᠷᠦᠩᠬᠡᠶᠢᠯᠡᠭᠰᠡᠨ ᠠᠰᠠᠷ ᠵᠢᠴᠢ ᠮᠡᠳᠡᠭᠦᠯᠦᠯᠲᠡ ᠶᠢᠨ ᠲᠢᠩᠬᠢᠮ᠂ ᠬᠤᠲᠠ ᠪᠠᠯᠭᠠᠰᠤ ᠶᠢᠨ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠨᠣᠮ ᠪᠢᠴᠢᠭ ᠤᠨ | ᠶᠡᠷᠦᠩᠬᠡᠶᠢᠯᠡᠭᠰᠡᠨ ᠠᠰᠠᠷ ᠪᠠ ᠲᠠᠮᠢᠷ ᠤᠨ ᠲᠠᠯᠠᠪᠠᠢ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠪᠠ᠃ ᠵᠥᠭᠡᠯᠡᠨ ᠮᠠᠶ᠋ᠢᠭ ᠤᠨ ᠪᠤᠶᠢᠺᠤ ᠪᠥᠮᠪᠦᠭᠡ ᠶᠢ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠳᠤ ᠣᠷᠣᠭᠤᠯᠵᠤ᠂ ᠪᠦᠬᠦ ᠬᠤᠲᠠ ᠶᠢᠨ | ᠠᠩᠬᠠᠳᠠᠭᠴᠢ ᠵᠥᠭᠡᠯᠡᠨ ᠮᠠᠶ᠋ᠢᠭ ᠤᠨ ᠪᠤᠶᠢᠺᠤ ᠪᠥᠮᠪᠦᠭᠡ ᠶᠢᠨ ᠵᠠᠯᠠᠭᠤᠴᠤᠳ ᠪᠠᠭᠠᠴᠤᠳ ᠢ ᠬᠦᠮᠦᠵᠢᠭᠦᠯᠦᠨ ᠳᠡᠯᠭᠡᠷᠡᠭᠦᠯᠬᠦ ᠵᠢᠱᠢᠶᠡᠴᠢ ᠬᠤᠰᠢᠭᠤ ᠪᠣᠯᠪᠠ᠃ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠴᠡᠴᠡᠷᠯᠢᠭ ᠪᠠ ᠪᠠᠭ᠎ᠠ ᠰᠤᠷᠭᠠᠭᠤᠯᠢ ᠶᠢ ᠠᠪᠴᠠᠯᠳᠤᠭᠤᠯᠤᠨ ᠵᠣᠯᠭᠠᠭᠤᠯᠬᠤ ᠲᠤᠷᠰᠢᠯᠲᠠ ᠶᠢᠨ ᠲᠣᠭᠤᠷᠢᠭ ᠢᠶᠠᠷ | ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ 4 ᠰᠤᠷᠭᠠᠭᠤᠯᠢ ᠶᠢ ᠲᠤᠷᠰᠢᠯᠲᠠ ᠶᠢᠨ ᠴᠡᠭ ᠪᠣᠯᠭᠠᠬᠤ ᠪᠠᠷ ᠲᠣᠭᠲᠠᠭᠠᠪᠠ᠃ 58 ᠨᠡᠷ᠎ᠡ ᠡᠮᠨᠡᠯᠭᠡ ᠶᠢᠨ ᠠᠵᠢᠯᠲᠠᠨ ᠢ | ᠤᠷᠢᠨ ᠣᠷᠣᠭᠤᠯᠵᠤ᠂ ᠨᠡᠷᠡᠲᠦ ᠡᠮᠴᠢ ᠶᠢᠨ ᠠᠵᠢᠯᠯᠠᠬᠤ ᠲᠠᠰᠤᠭ 3᠂ ᠬᠤᠲᠠ ᠶᠢᠨ ᠲᠡᠰ ᠤᠨ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ 8 ᠪᠠᠶᠢᠭᠤᠯᠪᠠ᠃ | ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠰᠠᠯᠠᠭ᠎ᠠ ᠶᠢᠨ ᠲᠣᠮᠣ ᠠᠰᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠲᠡᠶᠢᠷᠦᠯᠲᠦ ᠰᠤᠮᠤ ᠶᠢᠨ ᠴᠡᠷᠢᠭ ᠤᠨ ᠣᠨᠴᠠᠯᠢᠭᠲᠤ ᠠᠨᠠᠭᠠᠬᠤ ᠤᠬᠠᠭᠠᠨ ᠤ ᠲᠥᠪ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ | ᠲᠠᠢ ᠡᠮᠨᠡᠯᠭᠡ ᠶᠢᠨ ᠬᠤᠯᠪᠣᠭᠠᠲᠤ ᠴᠣᠭᠴᠠ ᠶᠢ ᠪᠠᠶᠢᠭᠤᠯᠤᠨ᠂ ᠪᠥᠭᠡᠮ ᠬᠦᠴᠢᠯ ᠤᠨ ᠲᠤᠷᠰᠢᠯᠲᠠ ᠶᠢᠨ ᠲᠠᠰᠤᠭ᠂ ᠴᠢᠩᠭᠡᠯᠢᠭ ᠡᠮᠨᠡᠯᠭᠡ ᠶᠢᠨ ᠬᠤᠷᠢᠶ᠎ᠠ ᠲᠣᠰᠪᠣᠷᠢ 1 | ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠪ᠂ ᠡᠬᠡ ᠨᠢᠯᠬᠠᠰ ᠤᠨ ᠡᠷᠡᠭᠦᠯᠵᠢᠯ ᠤᠨ ᠲᠥᠪ ᠢ ᠨᠡᠭᠦᠯᠭᠡᠬᠦ | ᠲᠥᠷᠥᠯ ᠵᠦᠶᠯ ᠢ ᠯᠠᠪᠳᠠᠭᠤᠨ ᠠᠬᠢᠭᠤᠯᠤᠨ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠪᠠ᠃ ᠬᠤᠲᠠ ᠪᠠᠯᠭᠠᠰᠤᠨ ᠤ | 518 ᠬᠥᠮᠦᠨ ᠳᠤ ᠰᠢᠨ᠎ᠡ ᠪᠠᠷ ᠠᠵᠢᠯ ᠣᠯᠭᠤᠵᠤ᠂ 177 ᠬᠥᠮᠦᠨ ᠳᠤ ᠳᠠᠬᠢᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ 3.6% ᠪᠣᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ︽ᠬᠤᠶᠠᠷ ᠢ ᠬᠦᠷᠢᠶᠡᠯᠡᠬᠦ︾ ᠶᠢ ᠬᠠᠮᠲᠤᠪᠠᠷ | ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ 1816 ᠨᠡᠷᠡᠰ ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ ᠦᠵᠡᠭᠦᠯᠵᠦ ᠦᠨᠡᠮᠯᠡᠯ ᠣᠯᠭᠤᠬᠤ ᠠᠵᠢᠯ ᠢ | ᠪᠡᠶᠡᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰᠪᠣᠷᠢ 840 | ᠲᠥᠭᠦᠷᠢᠭ ᠪᠠ 600 ᠲᠥᠭᠦᠷᠢᠭ ᠪᠠᠶᠢᠭᠰᠠᠨ ᠠᠴᠠ 900 ᠲᠥᠭᠦᠷᠢᠭ ᠪᠠ 650 ᠲᠥᠭᠦᠷᠢᠭ ᠪᠣᠯᠭᠠᠨ ᠳᠡᠭᠡᠭᠰᠢᠯᠡᠭᠦᠯᠪᠡ᠃ ᠰᠤᠮᠤ ᠪᠠᠯᠭᠠᠰᠤᠨ ᠳᠤ | ᠬᠠᠷᠢᠶᠠᠯᠠᠭᠳᠠᠬᠤ ᠠᠵᠢᠯ ᠦᠶᠯᠡᠰ ᠤᠨ ᠨᠢᠭᠡᠴᠢ ᠶᠢᠨ ᠠᠵᠢᠯᠲᠠᠨ ᠤ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠶᠢ ᠨᠠᠶᠢᠳᠠᠪᠤᠷᠢᠵᠢᠭᠤᠯᠤᠨ᠂ ᠺᠠᠳ᠋ᠷ | ᠠᠵᠢᠯᠲᠠᠨ ᠤ ᠠᠮᠠᠷᠠᠯᠲᠠ ᠠᠪᠤᠭᠰᠠᠨ ᠥᠬᠡᠶ ᠨᠥᠬᠦᠪᠥᠷᠢ 4482 ᠲᠦᠮᠡᠨ ᠲᠥᠭᠦᠷᠢᠭ ᠨᠥᠬᠦᠪᠥᠷᠢᠯᠡᠨ ᠣᠯᠭᠤᠵᠤ᠂ ᠺᠠᠳ᠋ᠷ ᠠᠵᠢᠯᠲᠠᠨ ᠤ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ ᠬᠠᠷᠢᠴᠠᠯ ᠢ 8% ᠪᠠᠶᠢᠭᠰᠠᠨ ᠠᠴᠠ 12% ᠪᠣᠯᠭᠠᠨ ᠳᠡᠭᠡᠭᠰᠢᠯᠡᠭᠦᠯᠪᠡ᠃ | - - ᠨᠡᠶᠢᠭᠡᠮ ᠤᠨ ᠪᠠᠶᠢᠳᠠᠯ ᠡᠶ᠎ᠡ ᠵᠣᠬᠢᠴᠠᠩᠭᠤᠢ ᠠᠮᠤᠷ ᠲᠣᠭᠲᠠᠭᠤᠨ ᠪᠣᠯᠪᠠ᠃ ᠪᠦᠬᠦ ᠤᠯᠤᠰ ᠤᠨ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ | ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠪᠠ ᠠᠮᠤᠷ ᠲᠥᠪᠰᠢᠨ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ | ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠦᠢᠯᠡᠳᠪᠦᠷᠢᠯᠡᠯ ᠤᠨ ᠠᠮᠤᠷ ᠲᠥᠪᠰᠢᠨ ᠤ ᠠᠳᠡᠯ ᠤᠨ ᠲᠤᠭ᠎ᠠ᠂ ᠠᠳᠡᠭᠰᠡᠨ ᠬᠥᠮᠦᠨ ᠤ ᠲᠤᠭ᠎ᠠ | ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠪᠡ᠃ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠲᠣᠭᠤᠷᠢᠭ ᠤᠨ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠰᠤᠮᠤ ᠪᠠᠯᠭᠠᠰᠤᠨ ᠤ | ᠶᠡᠷᠦᠩᠬᠡᠶᠢᠯᠡᠨ ᠵᠠᠰᠠᠬᠤ ᠲᠥᠪ ᠨᠢ ᠪᠥᠬᠦᠨ ᠢᠶᠠᠷ ᠢᠶᠠᠨ ᠳᠦᠷᠢᠮᠵᠢᠭᠰᠡᠨ ᠪᠠᠶᠢᠭᠤᠯᠤᠯᠲᠠ ᠶᠢ ᠪᠡᠶᠡᠯᠡᠭᠦᠯᠵᠦ᠂ ᠪᠣᠳᠠᠲᠠᠢ ᠡᠷᠭᠢᠯᠲᠡ ᠬᠢᠵᠦ ᠡᠬᠢᠯᠡᠪᠡ᠃ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠬᠤᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ | ᠳᠤᠭᠤᠶᠢᠳᠠᠯ᠎ᠠ ᠶᠢᠨ ᠪᠠᠶᠠᠨᠪᠤᠯᠠᠭ ᠭᠠᠴᠠᠭ᠎ᠠ ᠲᠣᠰ ᠲᠣᠰ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠢᠭᠡᠴᠢ ᠪᠠ ᠵᠢᠱᠢᠶᠡᠴᠢ | ᠬᠠᠮᠲᠤ ᠨᠡᠶᠢᠲᠡ ᠪᠠᠷ ᠨᠡᠷᠡᠶᠢᠳᠦᠭᠳᠡᠪᠡ᠃ ᠲᠡᠦᠬᠡᠨ ᠦᠯᠡᠳᠡᠭᠳᠡᠯ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠶᠳᠪᠦᠷᠢᠯᠡᠵᠦ᠂ ᠬᠥᠭᠵᠢᠯᠲᠡ ᠶᠢᠨ ᠳᠠᠷᠤᠭᠠᠰᠤ ᠶᠢ | ᠬᠥᠩᠭᠡᠷᠡᠭᠦᠯᠦᠨ᠂ ᠠᠷᠭ᠎ᠠ ᠪᠦᠬᠦᠨ ᠢ ᠰᠦᠪᠡᠭᠴᠢᠯᠡᠵᠦ ᠥᠩᠭᠡᠷᠡᠭᠰᠡᠨ ᠵᠢᠯ ᠤᠳ ᠤᠨ ᠥᠷᠢ ᠥᠭᠴᠡᠭᠡ ᠶᠢᠨ ᠲᠤᠰᠬᠠᠶ ᠲᠥᠷᠦᠯ ᠤᠨ ᠪᠠᠯᠠ ᠮᠥᠩᠭᠦ ᠶᠢ 16.8 | ᠳ᠋ᠦᠩᠰᠢᠭᠤᠷ ᠲᠥᠭᠦᠷᠢᠭ ᠪᠤᠴᠠᠭᠠᠨ ᠰᠢᠢᠳᠪᠦᠷᠢᠯᠡᠵᠦ᠂ ᠲᠤᠬᠠᠶ ᠶᠢᠨ ᠵᠢᠯ ᠤᠨ ᠲᠤᠰᠬᠠᠶ ᠲᠥᠷᠦᠯ ᠤᠨ ᠶᠡᠷᠦᠩᠬᠡᠶᠢᠯᠡᠭᠰᠡᠨ ᠪᠡᠯᠡ ᠮᠥᠩᠭᠦ ᠶᠢ ᠪᠠᠭᠤᠯᠭᠠᠨ ᠥᠭᠬᠦ | ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠵᠦ᠂ ᠥᠩᠭᠡᠷᠡᠭᠰᠡᠨ ᠵᠢᠯ ᠤᠳ ᠤᠨ ᠮᠠᠯᠴᠢᠨ ᠲᠠᠷᠢᠶᠠᠴᠢᠳ ᠲᠤ ᠲᠤᠲᠠᠭᠤ ᠪᠠᠶᠢᠭᠰᠠᠨ ᠨᠥᠬᠦᠪᠥᠷᠢ᠂ ᠰᠢᠨᠵᠢᠯᠡᠬᠦ | ᠤᠬᠠᠭᠠᠨ ᠮᠡᠷᠭᠡᠵᠢᠯ ᠤᠨ ᠲᠤᠰᠬᠠᠶ ᠲᠦᠷᠦᠯ ᠤᠨ ᠪᠠᠯᠠ ᠮᠥᠩᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ | ᠤᠨ ᠪᠠᠯᠠ ᠮᠥᠩᠭᠦ ᠶᠢ ᠪᠥᠬᠦᠨ ᠢ ᠰᠢᠢᠳᠪᠦᠷᠢᠯᠡᠨ ᠥᠭᠴᠦ᠂ ᠲᠤᠰᠬᠠᠶ ᠲᠥᠷᠦᠯ ᠤᠨ ᠪᠠᠯᠠ ᠮᠥᠩᠭᠦ ᠶᠢ ᠪᠠᠭᠤᠯᠭᠠᠨ ᠥᠭᠬᠦ ᠰᠠᠶᠢᠨ ᠰᠠᠶᠢᠬᠠᠨ ᠡᠷᠭᠢᠯᠲᠡ ᠲᠠᠢ ᠪᠣᠯᠪᠠ | ᠃ 8.6 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠰᠢᠢᠳᠪᠦᠷᠢᠯᠡᠵᠦ᠂ ᠵᠢᠯ ᠤᠨ ᠡᠭᠦᠷᠭᠡ ᠪᠠᠨ 130% ᠪᠠᠷ ᠪᠡᠶᠡᠯᠡᠭᠦᠯᠵᠦ᠂ ᠶᠡᠷᠦᠩᠬᠡᠶᠢᠯᠡᠭᠰᠡᠨ ᠥᠷᠢ | ᠥᠭᠴᠡᠭᠡ ᠶᠢᠨ ᠨᠣᠷᠮ᠎ᠠ ᠨᠢ ︽ᠤᠯᠠᠭᠠᠨ ᠠᠴᠠ ᠤᠯᠠᠪᠤᠷ ᠪᠣᠯᠵᠤ ᠳᠠᠬᠢᠨ ᠰᠢᠷ᠎ᠠ ᠪᠣᠯᠤᠭᠰᠠᠨ︾ ᠲᠡᠦᠬᠡᠲᠦ ᠴᠢᠨᠠᠷᠲᠠᠶ ᠬᠤᠪᠢᠷᠠᠯᠲᠠ ᠶᠢ ᠪᠡᠶᠡᠯᠡᠭᠦᠯᠪᠡ᠃ ᠬᠠᠤᠯᠢ | ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠬᠡᠷᠡᠭ ᠢ ᠪᠦᠲᠦᠮᠵᠢᠲᠡᠢ ᠰᠢᠢᠳᠪᠦᠷᠢᠯᠡᠵᠦ᠂ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠯ ᠤᠨ ᠬᠡᠷᠡᠭ ᠢ | ᠰᠢᠢᠳᠪᠦᠷᠢᠯᠡᠭᠰᠡᠨ ᠨᠣᠷᠮ᠎ᠠ ᠨᠢ 80% ᠶᠢ ᠳᠠᠪᠠᠪᠠ᠃ ᠤᠯᠠᠨ ᠵᠢᠯ ᠦᠯᠡᠳᠡᠭᠳᠡᠵᠦ ᠢᠷᠡᠭᠰᠡᠨ ᠦᠶᠡᠷ ᠲᠣᠭᠲᠠᠭᠠᠬᠤ ᠣᠷᠣᠨ ᠤ ᠭᠠᠵᠠᠷ ᠲᠠᠲᠠᠪᠤᠷᠢᠯᠠᠨ ᠨᠡᠭᠦᠯᠭᠡᠬᠦ᠂ | ᠰᠲ᠋ᠣᠺ ᠤᠨ ᠡᠷᠬᠡ ᠶᠢ ᠲᠠᠬᠢᠨ ᠵᠣᠬᠢᠶᠠᠨ ᠪᠠᠶᠢᠭᠤᠯᠬᠤ ᠵᠡᠷᠭᠡ ᠲᠡᠦᠬᠡᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ | - - ᠲᠤᠰ ᠪᠡᠶ᠎ᠡ ᠶᠢᠨ ᠪᠠᠶᠢᠭᠤᠯᠤᠯᠲᠠ ᠢᠯᠡᠳᠲᠡ ᠳᠡᠭᠡᠭᠰᠢᠯᠡᠪᠡ᠃ ︽ᠺᠠᠳ᠋ᠷ ᠤᠨ ᠬᠡᠪ ᠴᠢᠨᠠᠷ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠶᠡᠬᠡᠪᠡᠷ | ᠥᠷᠨᠢᠭᠦᠯᠵᠦ᠂ ᠠᠵᠢᠯ ᠤᠨ ᠪᠠᠶᠢᠷᠢ ᠶᠢᠨ ᠶᠡᠭᠡ ᠪᠣᠯᠪᠠᠰᠤᠷᠠᠯ ᠢ ᠥᠷᠨᠢᠭᠦᠯᠦᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯ ᠤᠨ ᠵᠢᠯᠣᠭᠤᠳᠤᠮᠵᠢ ᠶᠢᠨ | ᠳᠦᠷᠢᠮ ᠢ ᠪᠠᠶᠢᠭᠤᠯᠵᠤ᠂ ᠠᠵᠢᠯ ᠢ ᠲᠥᠷᠥᠯ ᠵᠦᠢᠯᠵᠢᠭᠦᠯᠬᠦ᠂ ᠡᠷᠬᠡ ᠶᠢ ᠨᠠᠷᠢᠨ ᠳᠠᠩᠰᠠᠵᠢᠭᠤᠯᠬᠤ᠂ ᠨᠠᠷᠢᠨ ᠬᠠᠭᠤᠳᠠᠰᠤ ᠶᠢ ᠬᠠᠷᠢᠭᠤᠴᠠᠯᠭᠠᠵᠢᠭᠤᠯᠬᠤ ᠶᠢ | ᠠᠬᠢᠭᠤᠯᠪᠠ᠃ ᠰᠢᠨ᠎ᠡ ᠶᠢ ᠡᠭᠦᠳᠬᠦ ᠴᠢᠨᠠᠷᠲᠠᠶ ᠪᠠᠷ ᠪᠠᠯᠠ ᠮᠥᠩᠭᠦ᠂ ᠲᠥᠷᠦᠯ ᠵᠦᠢᠯ ᠤᠷᠤᠭᠤᠯᠬᠤ ᠠᠵᠢᠯ ᠢ ᠰᠢᠯᠭᠠᠨ ᠦᠨᠡᠯᠡᠵᠦ ᠱᠠᠩᠨᠠᠬᠤ ᠶᠢ ᠥᠷᠨᠢᠭᠦᠯᠵᠦ᠂ | ᠪᠥᠬᠦ ᠵᠢᠯ ᠳᠤ ᠳᠡᠭᠡᠳᠦ ᠱᠠᠲᠤᠨ ᠤ ᠡᠯ᠎ᠡ ᠲᠥᠷᠥᠯ ᠤᠨ ᠪᠠᠯᠠ ᠮᠥᠩᠭᠦ ᠶᠢ ᠨᠡᠶᠢᠲᠡ 36.9 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 2021 ᠣᠨ ᠤ ᠬᠢ | ᠠᠴᠠ 3.7 ᠳ᠋ᠦᠩᠰᠢᠭᠤᠷ ᠲᠥᠭᠦᠷᠢᠭ ᠨᠡᠮᠡᠭᠳᠡᠵᠦ᠂ 11.3% ᠪᠠᠷ ᠨᠡᠮᠡᠭᠳᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 69 ᠬᠤᠪᠢ | ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ 137 ᠬᠤᠪᠢ ᠤᠯᠤᠰ ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠣᠭᠲᠠᠭᠰᠠᠨ ᠬᠤᠭᠤᠴᠠᠭᠠᠨ | ᠳᠤᠨᠢ ᠰᠢᠢᠳᠪᠦᠷᠢᠯᠡᠨ ᠳᠠᠭᠤᠰᠬᠠᠪᠠ᠃ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠬᠠᠤᠯᠢ ᠴᠠᠭᠠᠵᠠ ᠶᠢᠨ ᠵᠥᠪᠯᠡᠭᠴᠢ ᠶᠢ ᠨᠡᠶᠢᠳᠡᠮ ᠪᠥᠷᠬᠦᠭᠦᠯᠬᠦ ᠶᠢ | ᠪᠡᠶᠡᠯᠡᠭᠦᠯᠵᠦ᠂ ᠵᠠᠰᠠᠭ ᠤᠨ ᠣᠷᠳᠣᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ 100% ᠳᠤ ᠬᠥᠷᠪᠡ᠃ ᠲᠥᠪ ᠤᠨ ᠨᠠᠢᠮᠠᠨ ᠵᠣᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ | ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠦᠷᠭᠦᠯᠵᠢᠯᠡᠨ ᠪᠠᠭᠤᠷᠠᠪᠠ᠃ ᠲᠥᠷᠦᠯ ᠵᠦᠢᠯ ᠢ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠨ᠂ | ᠴᠢᠬᠤᠯᠠ ᠶᠡᠭᠡ ᠲᠥᠷᠦᠯ ᠵᠦᠢᠯ ᠤᠨ ᠪᠦᠬᠦ ᠶᠠᠪᠤᠴᠠ ᠶᠢ ᠮᠥᠷᠳᠡᠨ ᠬᠢᠨᠠᠨ ᠪᠣᠳᠣᠬᠤ ᠶᠢ ᠬᠡᠷᠡᠭᠵᠢᠭᠦᠯᠵᠦ᠂ ᠨᠡᠶᠢᠲᠡ 2.3 ᠳ᠋ᠦᠩᠰᠢᠭᠤᠷ ᠲᠥᠭᠦᠷᠢᠭ ᠪᠡᠯᠡ ᠮᠥᠩᠭᠦ | ᠶᠢ ᠬᠠᠮᠢᠶᠠᠷᠤᠨ ᠵᠢᠷᠤᠮᠵᠢᠭᠤᠯᠵᠤ᠂ ᠡᠳ᠋ ᠤᠨ ᠵᠠᠰᠠᠭ ᠤᠨ ᠳᠠᠩᠰᠠᠨ ᠳᠤ ᠪᠠᠶᠢᠭ᠎ᠠ 14.9 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠰᠢᠢᠳᠪᠦᠷᠢᠯᠡᠪᠡ᠃ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠣᠯᠬᠢᠴᠢᠯᠠᠬᠤ᠂ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠥᠷᠨᠢᠭᠦᠯᠵᠦ᠂ ᠵᠠᠰᠠᠭ ᠤᠨ ᠰᠤᠷᠲᠠᠯ ᠠᠵᠢᠯ ᠲᠦᠷᠦᠯ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠡᠳᠦᠷ | ᠢᠷᠡᠬᠦᠶ᠎ᠡ ᠵᠤᠵᠠᠭᠠᠨ ᠪᠣᠯᠪᠠ᠃ | ᠡᠭᠦᠨ ᠤ ᠬᠠᠮᠲᠤ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ᠂ ᠡᠮᠡᠭᠲᠡᠶᠢᠴᠦᠳ ᠬᠡᠦᠬᠡᠳ ᠪᠠᠭᠠᠴᠤᠳ᠂ ᠲᠠᠩᠰᠠ ᠡᠪᠬᠡᠮᠡᠯ ᠲᠡᠦᠬᠡ | ᠣᠶᠢᠯᠠᠯᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ ᠵᠡᠷᠭᠡ ᠠᠵᠢᠯ ᠴᠥᠮ ᠢᠯᠡᠳᠲᠡ ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ᠂ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ | ᠲᠠᠰᠤᠷᠠᠯᠲᠠ ᠥᠬᠡᠶ ᠲᠣᠬᠢᠷᠠᠭᠤᠯᠤᠨ ᠰᠢᠯᠢᠳᠡᠭᠵᠢᠭᠦᠯᠵᠦ᠂ ᠬᠤᠶᠠᠷ ᠡᠭᠡᠯᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠲᠦᠷᠭᠡᠨ | ᠰᠢᠶᠳᠪᠦᠷᠢᠯᠡᠵᠦ᠂ ᠪᠣᠰᠤᠳ ᠲᠤ ᠲᠤᠰᠠᠯᠠᠮᠵᠢ ᠦᠵᠡᠭᠦᠯᠬᠦ ᠡᠭᠦᠷᠭᠡ ᠪᠠᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠡᠶᠡᠯᠡᠭᠦᠯᠵᠦ᠂ ᠨᠤᠲᠤᠭ ᠲᠠᠭᠠᠨ ᠪᠤᠴᠠᠬᠤ | ᠤᠶᠤᠲᠠᠳ ᠢ ᠬᠠᠯᠠᠮᠵᠢᠯᠠᠨ ᠲᠣᠬᠤᠨᠢᠭᠤᠯᠪᠠ᠃ ᠥᠷᠭᠡᠨ ᠣᠯᠠᠨ ᠡᠮᠴᠢᠯᠡᠭᠡᠨ ᠤ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠨᠡᠶᠢᠭᠡᠮ | ᠲᠣᠭᠤᠷᠢᠭ ᠤᠨ ᠠᠵᠢᠯᠲᠠᠨ᠂ ᠰᠠᠶᠢᠨ ᠳᠤᠷᠠᠴᠤᠳ ᠰᠢᠷᠭᠠᠭᠤ ᠬᠥᠳᠡᠯᠮᠦᠷᠢ ᠪᠠᠷ ᠢᠶᠠᠨ ᠠᠷᠠᠳ ᠲᠥᠮᠡᠨ ᠳᠤ ᠪᠠᠲᠤ ᠪᠠᠬᠢ ᠬᠠᠮᠠᠭᠠᠯᠠᠯᠲᠠ ᠶᠢᠨ ᠬᠠᠯᠬᠠᠪᠴᠢ ᠶᠢ | ᠴᠣᠭᠴᠠᠯᠠᠭᠰᠠᠨ ᠶᠤᠮ᠃ ᠬᠢᠵᠢᠭ ᠤᠨ ᠪᠠᠶᠢᠳᠠᠯ ᠨᠠᠮᠲᠠᠭᠰᠠᠨ ᠤ ᠳᠠᠷᠠᠭ᠎ᠠ᠂ ᠪᠢᠳᠡ ᠦᠶᠯᠡᠴᠢᠯᠡᠭᠡᠨ ᠤ ᠠᠩᠭᠢ ᠵᠣᠬᠢᠶᠠᠨ ᠪᠠᠶᠢᠭᠤᠯᠤᠨ᠂ ᠡᠮ ᠤᠨ ᠵᠦᠢᠯᠡᠰ | ᠲᠠᠷᠬᠠᠭᠠᠵᠤ᠂ ᠠᠷᠠᠳ ᠲᠤ ᠲᠥᠬᠦᠮ ᠦᠵᠡᠭᠦᠯᠬᠦ ᠣᠨᠣᠰᠢᠯᠠᠨ ᠡᠮᠨᠡᠬᠦ ᠲᠠᠰᠤᠭ ᠢ ᠥᠭᠡᠷᠡᠴᠢᠯᠡᠨ ᠪᠠᠶᠢᠭᠤᠯᠵᠤ᠂ ᠭᠤᠤᠯᠳᠠᠯᠭ᠎ᠠ ᠲᠠᠢ ᠬᠥᠮᠦᠰ ᠤᠨ ᠦᠶᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠨ᠂ ᠠᠯᠢ ᠴᠢᠳᠠᠬᠤ ᠪᠠᠷ ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠠᠴᠠ ᠰᠡᠷᠭᠡᠶᠢᠯᠡᠬᠦ ᠪᠠᠷ ᠴᠢᠷᠮᠠᠶᠢᠪᠠ᠃ ᠠᠳᠡ᠂ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠤᠪᠢ ᠨᠡᠮᠡᠷᠢ ᠦᠵᠡᠭᠦᠯᠦᠭᠰᠡᠨ ᠪᠥᠬᠦ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠳᠤ ᠡᠷᠬᠢᠮ ᠳᠡᠭᠡᠳᠦ | ᠬᠦᠨᠳᠦᠳᠬᠡᠯ ᠢᠶᠠᠨ ᠲᠡᠪᠰᠢᠭᠦᠯᠬᠦ ᠶᠢᠨ ᠬᠠᠮᠲᠤ᠂ ᠬᠠᠩᠭᠢᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠯᠠᠮᠵᠢᠯᠠᠨ ᠳᠡᠮᠵᠢᠭᠰᠡᠨ ᠠᠵᠤ | ᠠᠬᠤᠶᠢᠯᠠᠯ᠂ ᠠᠬ᠎ᠠ ᠳᠡᠭᠦᠦ ᠬᠤᠰᠢᠭᠤ ᠲᠣᠭᠤᠷᠢᠭ᠂ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠵᠦ ᠪᠠᠶᠢᠨ᠎ᠠ︕ | ᠲᠥᠯᠥᠭᠡᠯᠡᠭᠴᠢᠳ ᠡ︕ ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠢ ᠮᠡᠳᠡᠬᠦ ᠦᠭᠡᠢ᠂ ᠪᠦᠲᠦᠭᠡᠬᠦ ᠳᠤ ᠠᠮᠠᠷᠬᠠᠨ ᠪᠣᠯᠪᠠᠴᠤ ᠬᠦᠴᠢᠷ | ᠪᠡᠷᠬᠡᠰᠢᠶᠡᠯ ᠲᠠᠢ᠃ ᠥᠩᠭᠡᠷᠡᠭᠰᠡᠨ ᠨᠢᠭᠡ ᠵᠢᠯ ᠶᠠᠭᠠᠷᠠᠯᠲᠠᠢ ᠪᠥᠭᠡᠳ ᠮᠠᠷᠲᠠᠭᠳᠠᠰᠢ ᠦᠭᠡᠢ᠂ ᠨᠢᠭᠡ ᠵᠢᠯ ᠤᠨ ᠲᠤᠷᠰᠢᠬᠢ ᠰᠠᠯᠬᠢ ᠪᠣᠷᠣᠭᠠᠨ ᠢ ᠰᠦᠷᠦᠨ | ᠤᠷᠤᠭᠰᠢᠯᠠᠵᠤ᠂ ᠡᠷᠡᠮᠡᠬᠡᠶᠢᠯᠡᠨ ᠤᠷᠤᠭᠰᠢᠯᠠᠭᠰᠠᠨ ᠰᠡᠩᠬᠡᠷᠡᠭᠦᠯᠦᠯ ᠨᠢ ᠨᠡᠩ ᠴᠤ ᠭᠦᠨᠵᠡᠭᠡᠢ᠂ ᠲᠤᠷᠰᠢᠯᠭ᠎ᠠ ᠨᠢ ᠮᠠᠰᠢ ᠡᠷᠬᠢᠮ ᠨᠠᠨᠳᠢᠨ ᠶᠤᠮ᠃ ᠪᠢᠳᠡ ︽ | ᠬᠥᠭᠵᠢᠯᠲᠡ ᠶᠢ ᠬᠦᠴᠦᠯᠡᠨ ᠰᠦᠪᠡᠭᠴᠢᠯᠡᠵᠦ᠂ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ︾ ᠪᠠᠷ ᠴᠢᠷᠮᠠᠶᠢᠨ ᠲᠡᠮᠡᠴᠡᠵᠦ᠂ ᠬᠥᠭᠵᠢᠯᠲᠡ ᠶᠢᠨ ᠳᠤᠮᠳᠠᠬᠢ ᠡᠯ᠎ᠡ | ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠭᠠᠨ᠂ ᠰᠢᠨ᠎ᠡ ᠨᠢᠭᠡ ᠬᠤᠭᠤᠴᠠᠭᠠᠨ ᠤ ᠬᠤᠰᠢᠭᠤ ᠵᠠᠰᠠᠭ ᠤᠨ ᠣᠷᠳᠣᠨ ᠨᠢ ᠲᠥᠪ | ᠶᠣᠰᠣ ᠶᠢ ᠪᠠᠷᠢᠮᠲᠠᠯᠠᠬᠤ ᠳᠤᠮᠳᠠ ᠦᠰᠦᠨ ᠪᠣᠶᠢᠵᠢᠵᠤ᠂ ᠰᠢᠨ᠎ᠡ ᠶᠢ ᠡᠭᠦᠳᠬᠦ ᠳᠤᠮᠳᠠ ᠬᠠᠷᠢᠭᠤᠴᠠᠯᠭ᠎ᠠ ᠡᠭᠦᠷᠭᠡᠯᠡᠨ᠂ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠲᠣᠭᠲᠠᠭᠠᠭᠰᠠᠨ ᠡᠯ᠎ᠡ ᠲᠥᠷᠥᠯ ᠤᠨ ᠡᠭᠦᠷᠭᠡ ᠬᠠᠷᠠᠯᠲᠠ ᠪᠠᠨ ᠨᠡᠯᠢᠶᠡᠳ ᠰᠠᠶᠢᠨ | ᠪᠡᠶᠡᠯᠡᠭᠦᠯᠪᠡ᠃ ᠡᠳᠡᠭᠡᠷ ᠣᠯᠠᠨ ᠣᠯᠤᠭᠰᠠᠨ ᠠᠮᠵᠢᠯᠲᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢᠨ ᠦᠷ᠎ᠡ ᠳ᠋ᠦᠩ ᠮᠥᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠶᠳᠪᠦᠷᠢᠲᠦ ᠪᠣᠳᠣᠯᠭ᠎ᠠ ᠶᠢᠨ ᠦᠷ᠎ᠡ ᠳ᠋ᠦᠩ ᠮᠥᠨ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ᠂ ᠬᠦᠴᠦᠲᠡᠶ ᠳᠡᠮᠵᠢᠯᠭᠡ ᠶᠢᠨ ᠦᠷ᠎ᠡ ᠳ᠋ᠦᠩ | ᠮᠥᠨ᠂ ᠮᠥᠨᠴᠦ ᠪᠥᠬᠦ ᠬᠤᠰᠢᠭᠤᠨ ᠤ ᠠᠷᠠᠳ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ | ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠬᠠᠩᠭᠢᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ | ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠡᠭᠦᠨ ᠤ ᠬᠠᠮᠲᠤ᠂ ᠪᠢᠳᠡ ᠪᠠᠰᠠ ᠣᠳᠣᠬᠠᠨ ᠤ ᠬᠠᠩᠭᠢᠨ ᠤ ᠬᠥᠭᠵᠢᠯᠲᠡ ᠳᠤ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ | ᠰᠡᠷᠭᠡᠭ ᠢᠶᠠᠷ ᠲᠠᠨᠢᠵᠤ ᠤᠯᠪᠠ᠃ ᠭᠤᠤᠯᠳᠠᠭᠤ᠄ ᠬᠥᠭᠵᠢᠯᠲᠡ ᠶᠢᠨ ᠳᠠᠯᠳᠠ ᠬᠦᠴᠦᠨ ᠢ ᠭᠦᠶᠴᠡᠳ ᠠᠭᠤᠳᠠᠯᠤᠭᠠᠳᠤᠶ᠂ ᠶᠡᠷᠦᠩᠬᠡᠶᠢᠯᠡᠭᠰᠡᠨ ᠪᠣᠳᠠᠲᠤ ᠬᠦᠴᠦᠨ ᠢ | ᠠᠬ᠎ᠠ ᠳᠡᠭᠦᠦ ᠬᠤᠰᠢᠭᠤ ᠲᠣᠭᠤᠷᠢᠭ ᠲᠠᠢ ᠬᠠᠷᠢᠴᠠᠭᠤᠯᠪᠠᠯ ᠨᠡᠯᠢᠶᠡᠳ ᠵᠥᠷᠢᠶ᠎ᠡ ᠲᠠᠢ︔ ᠠᠵᠤ ᠦᠶᠯᠡᠳᠪᠦᠷᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠨᠡᠯᠢᠶᠡᠳ | ᠳᠣᠤᠷ᠎ᠠ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠴᠢᠩᠭ᠎ᠠ ᠪᠤᠰᠤ ᠪᠠᠶᠢᠭᠰᠠᠭᠠᠷ︔ ᠲᠠᠷᠢᠶᠠᠯᠠᠩ ᠮᠠᠯ ᠠᠵᠤ ᠠᠬᠤᠢ ᠶᠢᠨ | ᠬᠡᠪᠴᠢᠶᠡᠵᠢᠭᠰᠡᠨ᠂ ᠣᠳᠣᠬᠢᠴᠢᠯᠠᠭᠰᠠᠨ ᠬᠡᠮᠵᠢᠶ᠎ᠡ ᠳᠣᠣᠷ᠎ᠠ᠂ ᠠᠵᠤ ᠦᠢᠯᠡᠰ ᠤᠨ ᠪᠦᠲᠦᠴᠡ ᠵᠦᠢ ᠵᠣᠬᠢᠰ ᠦᠭᠡᠢ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠯ ᠭᠦᠢᠴᠡᠳ ᠪᠤᠰᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢᠪᠴᠤᠤ ᠪᠠᠶᠢᠨ᠎ᠠ︔ ᠭᠤᠷᠪᠠᠳᠤᠭᠠᠷ ᠠᠵᠤ | ᠦᠢᠯᠡᠰ ᠤᠨ ᠳᠡᠰ ᠳᠠᠪᠬᠤᠷᠭ᠎ᠠ ᠥᠨᠳᠥᠷ ᠪᠢᠰᠢ᠂ ᠠᠮᠢᠵᠢᠷᠠᠯ ᠤᠨ ᠬᠦᠴᠦᠨ ᠬᠦᠷᠦᠯᠴᠡᠬᠦ ᠦᠭᠡᠢ᠂ ᠲᠣᠰ ᠭᠠᠵᠠᠷ ᠤᠨ ᠬᠡᠷᠡᠭᠯᠡᠭᠡ ᠬᠥᠭᠵᠢᠶᠡᠨ ᠲᠠᠢ ᠪᠢᠰᠢ︔ | ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠪᠠᠰᠠ ᠴᠥᠭᠡᠨ ᠪᠤᠰᠤ ᠲᠤᠲᠠᠭᠳᠠᠯ ᠣᠷᠣᠰᠢᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠲᠡᠦᠬᠡᠨ ᠥᠷᠢ ᠰᠢᠷᠢ ᠨᠡᠯᠢᠶᠡᠳ ᠶᠡᠭᠡ ᠪᠠᠶᠢᠵᠤ᠂ ᠬᠥᠭᠵᠢᠯᠲᠡ ᠶᠢᠨ ᠱᠠᠭᠠᠷᠳᠠᠯᠭ᠎ᠠ ᠪᠠ ᠠᠷᠠᠳ ᠲᠦᠮᠡᠨ ᠤ ᠬᠦᠰᠡᠯ ᠡᠷᠡᠮᠡᠯᠵᠡᠯ ᠠᠴᠠ ᠨᠡᠯᠢᠶᠡᠳ | ᠶᠡᠭᠡ ᠵᠥᠷᠢᠶ᠎ᠡ ᠲᠠᠢ ᠪᠠᠶᠢᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠬᠦ ᠰᠢᠯᠢᠳᠡᠭᠵᠢᠭᠦᠯᠦᠨ ᠰᠠᠶᠢᠵᠢᠷᠠᠭᠤᠯᠬᠤ ᠴᠢᠬᠤᠯᠠᠲᠠᠢ᠂ ᠵᠠᠰᠠᠭ ᠵᠠᠬᠢᠷᠭᠠᠨ | ᠤ ᠦᠢᠯᠡᠳᠦᠯ ᠴᠢᠳᠠᠪᠤᠷᠢ ᠶᠢ ᠪᠠᠰᠠ ᠲᠦᠷᠭᠡᠳᠬᠡᠨ ᠳᠡᠭᠡᠭᠰᠢᠯᠡᠭᠦᠯᠬᠦ ᠴᠢᠬᠤᠯᠠᠲᠠᠢ᠂ ᠺᠠᠳ᠋ᠷ ᠤᠨ ᠠᠵᠢᠯ ᠤᠨ ᠰᠤᠷᠲᠠᠯ ᠪᠠ ᠠᠵᠢᠯ ᠤᠨ ᠴᠢᠳᠠᠪᠤᠷᠢ ᠪᠠᠰᠠ ᠣᠳᠣᠬᠠᠨ ᠤ | ᠬᠥᠭᠵᠢᠯᠲᠡ ᠪᠠ ᠠᠵᠢᠯ ᠤᠨ ᠱᠠᠭᠠᠷᠳᠠᠯᠭ᠎ᠠ ᠳᠤ ᠵᠣᠬᠢᠴᠠᠬᠤ ᠦᠭᠡᠢ ᠪᠠᠶᠢᠬᠤ ᠵᠡᠷᠭᠡ ᠪᠣᠯᠤᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ | ᠶᠢ ᠪᠠᠷᠢᠮᠲᠠᠯᠠᠨ᠂ ᠬᠦᠴᠦᠯᠡᠨ ᠴᠢᠷᠮᠠᠶᠢᠵᠤ ᠬᠦᠴᠢᠷ ᠪᠡᠷᠬᠡ ᠶᠢ ᠲᠤᠭᠤᠯᠤᠨ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠪᠦᠬᠦ ᠬᠦᠴᠦᠨ ᠢᠶᠠᠷ ᠢᠶᠠᠨ ᠠᠷᠭᠠᠴᠠᠨ | ᠰᠢᠢᠳᠪᠦᠷᠢᠯᠡᠵᠦ᠂ ᠬᠦᠴᠢᠷ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠬᠦ ᠳᠤᠮᠳᠠ ᠤᠭ ᠰᠠᠨᠠᠭ᠎ᠠ ᠪᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ | ᠵᠣᠷᠢᠭᠲᠠᠢ ᠡᠭᠦᠷᠭᠡᠯᠡᠨ᠎ᠡ᠃ | ᠬᠤᠶᠠᠷ᠂ 2023 ᠣᠨ ᠤ ᠭᠤᠤᠯᠳᠠᠯᠭ᠎ᠠ ᠲᠠᠢ ᠠᠵᠢᠯ | ᠲᠥᠯᠥᠭᠡᠯᠡᠭᠴᠢᠳ ᠡ᠂ ᠣᠯᠠᠨ ᠵᠢᠯ ᠤᠨ ᠲᠡᠮᠡᠴᠡᠯ ᠢᠶᠠᠷ ᠳᠠᠮᠵᠢᠨ᠂ ᠬᠠᠩᠭᠢᠨ ᠬᠤᠰᠢᠭᠤ ᠨᠢᠭᠡᠨᠲᠡ ᠬᠥᠭᠵᠢᠯᠲᠡ ᠪᠠᠨ ᠲᠦᠷᠭᠡᠳᠬᠡᠨ᠂ ᠳᠠᠪᠠᠭ᠋ᠤ ᠶᠢ | ᠪᠡᠶᠡᠯᠡᠭᠦᠯᠬᠦ ᠰᠠᠭᠤᠷᠢ ᠪᠠ ᠨᠥᠬᠦᠴᠡᠯ ᠢ ᠪᠦᠷᠢᠯᠳᠦᠭᠦᠯᠦᠨ᠂ ᠭᠦᠢᠴᠡᠨ ᠳᠠᠪᠠᠭ᠋ᠤ ᠪᠠ ᠠᠵᠤ ᠦᠶᠯᠡᠰ ᠤᠨ ᠳᠡᠰ ᠳᠡᠪᠰᠢᠬᠦ ᠵᠠᠩᠭᠢᠯᠠᠭ᠎ᠠ ᠶᠢᠨ ᠬᠤᠭᠤᠴᠠᠭᠠᠨ ᠳᠤ | ᠪᠠᠶᠢᠵᠤ᠂ ᠶᠡᠭᠡ ᠦᠢᠯᠡᠰ ᠢ ᠪᠦᠲᠦᠭᠡᠬᠦ ᠪᠣᠯᠤᠮᠵᠢᠲᠠᠢ ᠲᠡᠦᠬᠡᠨ ᠠᠵᠠ ᠲᠣᠬᠢᠶᠠᠯᠳᠤ ᠴᠠᠭ ᠦᠶ᠎ᠡ ᠳᠤ᠂ ᠪᠢᠳᠡ ᠬᠦᠨᠳᠦ ᠡᠭᠦᠷᠭᠡ ᠶᠢ ᠡᠭᠦᠷᠭᠡᠯᠡᠬᠦ ᠪᠣᠯᠤᠭᠰᠠᠨ ᠳᠠᠭᠠᠨ | ᠣᠮᠤᠭᠰᠢᠨ᠂ ᠴᠢᠷᠮᠠᠶᠢᠨ ᠤᠷᠤᠭᠰᠢᠯᠠᠬᠤ ᠶᠣᠰᠤᠲᠠᠢ᠃ ᠴᠠᠭ ᠦᠶ᠎ᠡ ᠪᠣᠯᠤᠨ ᠠᠬᠤᠢ ᠪᠠᠶᠢᠳᠠᠯ᠂ ᠠᠶᠤᠯ ᠲᠦᠭᠰᠢᠭᠦᠷᠢ ᠪᠣᠯᠤᠨ ᠠᠵᠠ ᠲᠣᠬᠢᠶᠠᠯ ᠤᠨ ᠡᠮᠦᠨ᠎ᠡ᠂ | ᠪᠢᠳᠡ ᠶᠡᠭᠡ ᠲᠠᠯ᠎ᠠ ᠠᠴᠠ ᠣᠷᠣᠨ ᠪᠠᠶᠢᠷᠢ ᠪᠠᠨ ᠡᠷᠢᠵᠦ᠂ ᠶᠡᠭᠡ ᠬᠠᠨᠳᠤᠰᠢ ᠶᠢᠨ ᠳᠤᠮᠳᠠ ᠢᠷᠡᠭᠡᠳᠦᠶ ᠪᠠᠨ ᠲᠦᠰᠦᠪᠯᠡᠨ ᠤᠷᠤᠭᠰᠢᠯᠠᠵᠤ᠂ ᠡᠷᠴᠢ ᠵᠣᠷᠢᠭ ᠢᠶᠠᠨ | ᠬᠥᠪᠴᠢᠯᠡᠨ᠂ ᠨᠢᠭᠲᠠᠷᠠᠨ ᠪᠦᠯᠬᠦᠮᠳᠡᠵᠦ᠂ ᠲᠡᠷᠢᠭᠦᠨ ᠤ ᠬᠢ ᠲᠠᠢ ᠠᠳᠠᠯᠢᠳᠬᠠᠨ᠂ ᠬᠥᠭᠵᠢᠯᠲᠡ ᠶᠢᠨ ᠵᠠᠮ ᠳᠡᠭᠡᠷᠡᠬᠢ ᠳᠠᠪᠬᠤᠷ ᠳᠠᠪᠬᠤᠷ ᠪᠡᠷᠬᠡ ᠪᠠᠷᠲᠠᠭ᠎ᠠ ᠶᠢ | ᠵᠣᠷᠢᠭᠲᠠᠶ ᠪᠠᠷ ᠲᠤᠭᠤᠯᠤᠨ᠂ ᠴᠠᠭ ᠦᠶ᠎ᠡ ᠳᠤ ᠣᠰᠣᠯᠳᠠᠬᠤ ᠥᠬᠡᠶ᠂ ᠠᠷᠠᠳ ᠲᠦᠮᠡᠨ ᠳᠡᠭᠡᠨ ᠣᠰᠣᠯᠳᠠᠬᠤ ᠥᠬᠡᠶ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ | ᠡᠭᠦᠳᠴᠦ᠂ ᠬᠠᠩᠭᠢᠨ ᠬᠤᠰᠢᠭᠤ ᠪᠠᠨ ᠠᠷᠠᠳ ᠲᠦᠮᠡᠨ ᠤ ᠰᠡᠳᠬᠢᠯ ᠳᠤ ᠬᠠᠨᠤᠮᠵᠢᠲᠠᠶ᠂ ᠣᠮᠣᠭᠰᠢᠯ ᠲᠠᠢ ᠰᠠᠶᠢᠨ ᠰᠠᠶᠢᠬᠠᠨ ᠬᠡᠷ ᠣᠷᠣᠨ ᠪᠣᠯᠭᠠᠨ ᠴᠤᠭᠴᠠᠯᠠᠨ | ᠪᠠᠶᠢᠭᠤᠯᠤᠶ᠎ᠠ᠃ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ | ᠶᠢᠨ ᠵᠢᠯ᠂ ᠮᠥᠨᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠬᠦ ᠵᠢᠯ ᠮᠥᠨ᠂ ᠮᠥᠨᠴᠦ ᠬᠠᠩᠭᠢᠨ ᠬᠤᠰᠢᠭᠤ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠤᠨ ᠬᠥᠭᠵᠢᠨ ᠮᠠᠨᠳᠤᠬᠤ ᠵᠠᠩᠭᠢᠯᠠᠭ᠎ᠠ ᠶᠢᠨ ᠵᠢᠯ ᠪᠣᠯᠤᠨ᠎ᠠ᠃ ᠪᠢᠳᠡ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ | ᠂ ᠬᠤᠲᠠ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠭᠦᠨᠵᠡᠭᠡᠶ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢᠨ | ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠬᠤᠲᠠ ᠶᠢᠨ ︽ᠭᠤᠷᠪᠠᠨ ᠳᠦᠷᠪᠡ︾ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ᠂ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠤᠭᠳᠠᠴᠠ ᠬᠦᠴᠦᠨ ᠢᠶᠠᠨ ᠪᠠᠲᠤᠯᠠᠵᠤ᠂ ᠠᠮᠢᠵᠢᠷᠠᠯ ᠤᠨ ᠬᠦᠴᠦᠨ ᠢᠶᠠᠨ | ᠬᠥᠭᠵᠢᠭᠡᠨ᠂ ︽ᠳᠥᠷᠪᠡᠨ ᠰᠠᠭᠤᠷᠢᠨ ᠭᠠᠵᠠᠷ︾ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ︽ᠳᠥᠷᠪᠡᠨ ᠵᠢᠱᠢᠶᠡᠴᠢ ᠣᠷᠣᠨ︾ ᠢ ᠴᠢᠷᠮᠠᠶᠢᠨ | ᠡᠭᠦᠳᠴᠦ᠂ ︽ᠳᠥᠷᠪᠡᠨ ᠲᠡᠷᠢᠭᠦᠨ︾ ᠢ ᠪᠡᠶᠡᠯᠡᠭᠦᠯᠦᠨ᠂ ︽ᠳᠥᠷᠪᠡᠨ ᠰᠠᠭᠤᠷᠢ︾ ᠶᠢ ᠪᠠᠲᠤᠳᠬᠠᠶ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ | ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 200 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 150% ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ | ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 6% ᠣᠷᠴᠢᠮ ᠨᠡᠮᠡᠭᠳᠡᠭᠦᠯᠦᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ | 16% ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 5% ᠪᠠ 8% ᠣᠷᠴᠢᠮ | ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠳᠤ᠂ ᠬᠤᠷᠸ᠎ᠠ ᠣᠷᠴᠢᠨ ᠲᠣᠭᠤᠷᠢᠨ ᠤ ᠨᠥᠯᠥᠭᠡ ᠶᠢ ᠶᠡᠷᠦᠩᠬᠡᠶᠢᠯᠡᠨ ᠪᠣᠳᠣᠯᠬᠢᠯᠠᠵᠤ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠲᠠᠢ ᠳᠡᠭᠡᠳᠦ ᠬᠡᠮᠵᠢᠶ᠎ᠡ ᠪᠠᠷ ᠤᠶᠠᠯᠳᠤᠭᠤᠯᠤᠨ᠂ ᠡᠯ᠎ᠡ ᠲᠠᠯ᠎ᠠ ᠶᠢᠨ ᠠᠵᠠ ᠲᠣᠬᠢᠶᠠᠯ ᠪᠠ ᠥᠷᠢᠰᠥᠯᠳᠦᠭᠡᠨ ᠢ | ᠭᠦᠶᠴᠡᠳ ᠵᠢᠱᠢᠭᠰᠡᠨ ᠪᠣᠯᠬᠤᠷ᠂ ᠪᠢᠳᠠᠨ ᠤ ᠡᠷᠬᠡᠪᠰᠢ ᠪᠡᠶᠡᠯᠡᠭᠦᠯᠬᠦ ᠡᠭᠦᠷᠭᠡ ᠪᠣᠯᠤᠨ᠎ᠠ᠃ ᠪᠣᠳᠠᠲᠠᠢ ᠠᠵᠢᠯ ᠤᠨ ᠳᠤᠮᠳᠠ᠂ ᠪᠢᠳᠡ ᠠᠷᠠᠳ ᠲᠦᠮᠡᠨ ᠢᠶᠠᠷ ᠦᠨᠳᠦᠰᠦ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠠᠵᠢᠯ ᠤᠨ ᠠᠮᠵᠢᠯᠲᠠ ᠶᠢᠨ ᠢᠨᠵᠧᠨᠧᠷᠢᠩ᠂ ᠨᠢᠭᠤᠷ ᠲᠠᠯ᠎ᠠ ᠶᠢᠨ | ᠢᠨᠵᠧᠨᠧᠷᠢᠩ ᠢ ᠡᠷᠡᠰ ᠲᠠᠶᠠᠭᠳᠠᠨ᠂ ᠰᠣᠬᠤᠷ ᠪᠠᠯᠠᠢ ᠪᠠᠷ ᠪᠥᠲᠦᠭᠡᠨ ᠪᠠᠶᠢᠭᠤᠯᠬᠤ ᠶᠢ ᠡᠷᠡᠰ ᠬᠤᠷᠢᠭᠯᠠᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ | ᠢ ᠰᠢᠢᠳᠪᠦᠷᠢᠯᠡᠨ᠎ᠡ︔ ᠪᠢᠳᠡ ᠴᠢᠨᠠᠷ ᠰᠠᠶᠢᠲᠠᠶ ᠬᠥᠭᠵᠢᠯᠲᠡ ᠪᠠᠷ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ | ᠢᠮᠠᠭᠲᠠ ᠪᠠᠷᠢᠮᠲᠠᠯᠠᠨ᠂ ᠪᠠᠶᠢᠯᠳᠤᠬᠤ ᠪᠣᠳᠣᠯᠭ᠎ᠠ ᠪᠠ ᠲᠡᠤᠬᠡᠨ ᠬᠠᠷᠠᠯᠲᠠ ᠪᠠᠷ ᠬᠠᠩᠭᠢᠨ ᠤ ᠣᠳᠣᠬᠠᠨ ᠤ ᠪᠠ ᠢᠷᠡᠭᠡᠳᠦᠢ ᠶᠢᠨ ᠬᠥᠭᠵᠢᠯᠲᠡ ᠶᠢ ᠲᠥᠯᠥᠪᠵᠢᠭᠦᠯᠵᠦ᠂ | ᠥᠭᠡᠷᠡᠴᠢᠯᠡᠯᠲᠡ ᠶᠢᠨ ᠠᠷᠭ᠎ᠠ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠶᠳᠪᠦᠷᠢᠯᠡᠬᠦ ᠶᠢ ᠪᠠᠷᠢᠮᠲᠠᠯᠠᠨ᠂ ᠡᠳ᠋ ᠤᠨ ᠵᠠᠰᠠᠭ ᠤᠨ | ᠪᠡᠯᠡ ᠮᠥᠩᠭᠦ ᠶᠢᠨ ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠬᠤ ᠶᠢ ᠢᠮᠠᠭᠲᠠ ᠪᠠᠷᠢᠮᠲᠠᠯᠠᠵᠤ᠂ ᠠᠪᠤᠨ ᠳᠣᠤᠷ᠎ᠠ ᠪᠠᠨ ᠠᠰᠢᠭ ᠤᠯᠬᠤ ᠶᠢ | ᠬᠥᠭᠡᠭᠡᠴᠡᠯᠳᠦᠬᠦ ᠥᠬᠡᠶ᠂ ᠠᠮᠵᠢᠯᠲᠠ ᠳᠤ ᠰᠢᠨᠤᠵᠤ ᠭᠡᠨᠡᠨ ᠢᠶᠠᠷ ᠤᠷᠤᠭᠰᠢᠯᠠᠬᠤ ᠥᠬᠡᠶ ᠪᠠᠶᠢᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠲᠠᠭᠠᠨ᠂ ᠪᠦᠲᠦᠭᠡᠯᠴᠢ | ᠴᠢᠨᠠᠷᠲᠠᠶ ᠨᠠᠶᠢᠳᠠᠪᠤᠷᠢᠵᠢᠭᠤᠯᠤᠯᠲᠠ ᠪᠠᠷ ᠪᠠᠶᠢᠳᠠᠯ ᠡᠭᠦᠷᠭᠡ ᠶᠢᠨ ᠬᠤᠪᠢᠷᠠᠯᠲᠠ ᠶᠢ ᠠᠷᠭᠠᠴᠠᠨ᠎ᠠ︔ ᠪᠢᠳᠡ ᠢᠮᠠᠭᠲᠠ ᠰᠢᠰᠲ᠋ᠧᠮ ᠤᠨ ᠦᠵᠡᠯᠲᠡ᠂ ᠶᠡᠭᠡ ᠲᠠᠯ᠎ᠠ ᠶᠢᠨ | ᠦᠵᠡᠯᠲᠡ ᠶᠢ ᠪᠠᠷᠢᠮᠲᠠᠯᠠᠨ᠂ ᠤᠯᠤᠰ ᠤᠨ ᠬᠡᠷᠡᠭᠴᠡᠭᠡ᠂ ᠬᠠᠩᠭᠢᠨ ᠤ ᠴᠢᠳᠠᠪᠤᠷᠢ᠂ ᠣᠯᠠᠨ ᠲᠦᠮᠡᠨ ᠤ ᠬᠦᠰᠡᠯ᠂ ᠢᠷᠡᠭᠡᠳᠦᠶ ᠶᠢᠨ ᠬᠠᠨᠳᠤᠰᠢ ᠶᠢ ᠨᠢᠭᠲᠠ | ᠤᠶᠠᠯᠳᠤᠭᠤᠯᠵᠤ᠂ ᠤᠯᠤᠰ ᠤᠨ ᠶᠡᠭᠡ ᠲᠠᠯ᠎ᠠ ᠶᠢ ᠪᠤᠳᠤᠵᠤ᠂ ᠪᠦᠯᠬᠦᠮᠳᠡᠨ ᠲᠡᠮᠡᠴᠡᠬᠦ ᠶᠢ ᠪᠠᠷᠢᠮᠲᠠᠯᠠᠨ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠡᠯ᠎ᠡ ᠲᠦᠷᠦᠯ ᠤᠨ ᠠᠵᠢᠯ ᠦᠢᠯᠡᠰ ᠤᠨ ᠲᠡᠷᠢᠭᠦᠨ ᠡᠩᠨᠡᠭᠡᠨ ᠳᠤ ᠬᠤᠰᠢᠭᠤᠷᠠᠵᠤ᠂ ᠪᠣᠳᠠᠲᠤ ᠦᠷ᠎ᠡ ᠪᠦᠲᠦᠮᠵᠢ | ᠣᠯᠬᠤ ᠶᠢ ᠠᠬᠢᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ 9 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ | ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠳᠠᠬᠢᠨ ᠢᠶᠠᠷ ᠨᠡᠮᠡᠭᠳᠡᠭᠦᠯᠬᠦ ᠪᠠ ᠪᠦᠲᠦᠴᠡ ᠶᠢ ᠰᠢᠯᠢᠳᠡᠭᠵᠢᠭᠦᠯᠬᠦ ᠶᠢ ᠪᠠᠷᠢᠮᠲᠠᠯᠠᠨ᠂ ᠪᠦᠲᠦᠮᠵᠢᠲᠡᠶ ᠪᠠᠯᠠ | ᠣᠷᠣᠭᠤᠯᠤᠯᠲᠠ ᠪᠠᠷ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠳᠠᠶᠢᠴᠢᠯᠠᠵᠤ᠂ ᠪᠠᠯᠠ ᠣᠷᠣᠭᠤᠯᠤᠯᠲᠠ ᠶᠢ ᠬᠠᠩᠭᠢᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠭᠠᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ︽ᠲᠦᠷᠦᠯ ᠵᠦᠢᠯ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢᠶᠠᠷ᠂ | ᠲᠦᠷᠦᠯ ᠵᠦᠢᠯ ᠢ ᠭᠤᠣᠯᠳᠠᠯᠭ᠎ᠠ ᠲᠠᠢ ᠠᠳᠬᠤᠵᠤ᠂ ᠲᠤᠮᠤ ᠲᠦᠷᠦᠯ ᠵᠦᠢᠯ ᠢ ᠴᠢᠩᠭ᠎ᠠ ᠠᠳᠬᠤᠨ᠂ ᠲᠥᠰᠦᠪᠯᠡᠨ ᠲᠣᠭᠲᠠᠭᠠᠭᠰᠠᠨ 158 ᠴᠢᠬᠤᠯᠠ ᠶᠡᠭᠡ | ᠲᠦᠷᠦᠯ ᠵᠦᠢᠯ ᠢ ᠪᠥᠲᠦᠭᠡᠨ ᠪᠠᠶᠢᠭᠤᠯᠬᠤ ᠳᠤ᠂ ᠪᠦᠬᠦ ᠡᠯᠧᠮᠧᠨ᠋ᠲ ᠪᠦᠬᠦ ᠶᠠᠪᠤᠴᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠨ᠎ᠠ᠃ ᠵᠠᠭᠤᠨ | ᠳ᠋ᠦᠩᠰᠢᠭᠤᠷ ᠠᠴᠠ ᠳᠠᠪᠠᠭᠰᠠᠨ ᠵᠢᠷᠭᠤᠭᠠᠨ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠮᠧᠩ ᠰᠢ ᠰᠠᠭᠤᠷᠢᠨ | ᠭᠠᠵᠠᠷ ᠤᠨ ᠬᠥᠪᠴᠢ ᠶᠢᠨ 200 ᠲᠦᠮᠡᠨ ᠺᠢᠯᠣᠸᠠᠲ ᠤᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠵᠤ ᠡᠯᠡᠰᠦ ᠶᠢ ᠵᠠᠰᠠᠬᠤ ᠲᠥᠷᠥᠯ ᠵᠦᠶᠯ ᠢ ᠵᠢᠯ ᠤᠨ ᠳᠣᠲᠣᠷ᠎ᠠ | ᠪᠥᠬᠦ ᠪᠠᠭᠲᠠᠭᠠᠮᠵᠢ ᠪᠠᠷ ᠢᠶᠠᠨ ᠲᠣᠤᠷ ᠲᠤ ᠨᠡᠶᠢᠯᠡᠭᠦᠯᠬᠦ ᠶᠢ ᠪᠠᠲᠤᠯᠠᠨ᠎ᠠ︔ ᠴᠠᠩ ᠯᠦᠩ ᠵᠧ ᠺᠧ ᠪᠣᠯᠤᠨ ᠰᠢᠶᠧ ᠰᠢᠨ ᠴᠠᠬᠢᠭᠤᠷ ᠮᠠᠲ᠋ᠧᠷᠢᠶᠠᠯ ᠤᠨ ᠪᠦᠬᠦ ᠠᠵᠤ | ᠦᠢᠯᠡᠰ ᠤᠨ ᠭᠡᠯᠬᠢᠶᠡᠵᠢᠯ ᠤᠨ ᠲᠥᠷᠥᠯ ᠵᠦᠢᠯ ᠪᠦᠬᠦ ᠲᠠᠯ᠎ᠠ ᠪᠠᠷ ᠠᠵᠢᠯ ᠡᠬᠢᠯᠡᠵᠦ᠂ ᠵᠢᠯ ᠤᠨ ᠳᠣᠲᠣᠷ᠎ᠠ ᠬᠡᠰᠡᠭ ᠦᠢᠯᠡᠳᠪᠦᠷᠢᠯᠡᠯ ᠤᠨ ᠴᠢᠳᠠᠮᠵᠢ ᠶᠢ | ᠪᠦᠷᠢᠯᠳᠦᠭᠦᠯᠦᠨ᠎ᠡ︔ ᠬᠤᠸᠠ ᠨᠸᠡᠭ ᠤᠨ 1200 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠢ ᠵᠢᠯ ᠤᠨ | ᠳᠣᠲᠣᠷ᠎ᠠ 100 ᠲᠦᠮᠡᠨ ᠺᠢᠯᠣᠸᠠᠲ ᠪᠠᠶᠢᠭᠤᠯᠤᠨ ᠪᠦᠲᠦᠭᠡᠵᠦ᠂ ᠰᠠᠨ ᠰᠢᠶᠠ ᠮᠧᠩ ᠨᠸᠡᠭ ᠤᠨ 400 ᠲᠦᠮᠡᠨ ᠺᠢᠯᠣᠸᠠᠲ ᠤᠨ ᠰᠢᠨ᠎ᠡ ᠡᠨᠧᠷᠭᠢ᠂ 4×100 | ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠠᠵᠢᠯ ᠡᠬᠢᠯᠡᠭᠦᠯᠬᠦ ᠶᠢ ᠲᠦᠷᠭᠡᠳᠬᠡᠨ ᠠᠬᠢᠭᠤᠯᠤᠨ᠎ᠠ᠃ ᠵᠢᠯ ᠤᠨ ᠳᠣᠲᠣᠷ᠎ᠠ | ᠴᠢᠬᠤᠯᠠ ᠶᠡᠭᠡ ᠲᠥᠷᠥᠯ ᠵᠦᠶᠯ ᠤᠨ ᠳᠦᠷᠢ ᠲᠥᠷᠬᠦ ᠶᠢᠨ ᠪᠥᠲᠦᠭᠡᠨ ᠪᠠᠶᠢᠭᠤᠯᠤᠯᠲᠠ ᠳᠤ ᠤᠷᠤᠭᠤᠯᠤᠭᠰᠠᠨ ᠪᠠᠯᠠ ᠣᠷᠣᠭᠤᠯᠤᠯᠲᠠ ᠶᠢ 300 ᠳ᠋ᠦᠩᠰᠢᠭᠤᠷ | ᠲᠥᠭᠦᠷᠢᠭ ᠠᠴᠠ ᠳᠠᠪᠠᠭᠤᠯᠵᠤ᠂ 2022 ᠣᠨ ᠤ ᠬᠢ ᠠᠴᠠ ᠨᠢᠭᠡ ᠳᠠᠬᠢᠨ ᠨᠡᠮᠡᠭᠳᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠷ᠎ᠡ ᠪᠦᠲᠦᠭᠡᠯ ᠢ ᠥᠷᠭᠡᠳᠬᠡᠨ᠎ᠡ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠠᠵᠢᠯ ᠢ | ᠦᠷᠭᠦᠯᠵᠢᠯᠡᠨ ︽ᠨᠢᠭᠡᠳᠦᠭᠡᠷ ᠢᠨᠵᠧᠨᠧᠷᠢᠩ︾ ᠪᠣᠯᠭᠠᠨ ᠲᠦᠯᠬᠢᠨ ᠠᠬᠢᠭᠤᠯᠵᠤ᠂ ᠪᠦᠬᠦ ᠬᠤᠰᠢᠭᠤ ᠪᠠᠷ ᠢᠶᠠᠨ ᠬᠥᠳᠦᠯᠦᠯᠴᠡᠨ᠂ ᠮᠠᠨ ᠤ ᠬᠤᠰᠢᠭᠤᠨ ᠤ ᠡᠬᠢ | ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠵᠢᠷᠭᠤᠭᠠᠨ ᠵᠦᠢᠯ ᠤᠨ | ᠦᠵᠡᠭᠳᠡᠯ︾ ᠢ ᠡᠷᠡᠰ ᠲᠠᠶᠠᠭᠳᠠᠵᠤ᠂ ︽ᠲᠠᠪᠤᠨ ᠵᠦᠢᠯ ᠤᠨ ᠠᠷᠭ᠎ᠠ ᠮᠠᠶ᠋ᠢᠭ︾ ᠢ ᠭᠦᠢᠴᠡᠳ ᠰᠠᠶᠢᠲᠤᠷ ᠬᠡᠷᠡᠭᠯᠡᠨ᠂ ᠠᠵᠢᠯ ᠲᠥᠷᠥᠯ ᠤᠨ ᠲᠣᠯᠣᠭᠠᠶᠢᠯᠠᠭᠴᠢ ᠠᠵᠤ | ᠠᠬᠤᠶᠢᠯᠠᠯ ᠢ ᠴᠢᠩᠭ᠎ᠠ ᠠᠩᠬᠠᠷᠴᠤ᠂ ᠨᠢᠭᠡ ᠪᠦᠯᠦᠭ ᠳᠠᠶᠢᠴᠢᠯᠠᠬᠤ ᠬᠦᠴᠦᠨ ᠢᠶᠠᠷ ᠴᠢᠩᠭ᠎ᠠ ᠦᠷ᠎ᠡ ᠠᠰᠢᠭ ᠰᠠᠶᠢᠨ ᠴᠢᠬᠤᠯᠠ ᠶᠡᠭᠡ ᠲᠥᠷᠥᠯ ᠵᠦᠢᠯ ᠢ | ᠦᠷᠭᠦᠯᠵᠢᠯᠡᠨ ᠤᠷᠢᠨ ᠣᠷᠣᠭᠤᠯᠵᠤ᠂ ᠵᠢᠯ ᠤᠨ ᠳᠣᠲᠣᠷ᠎ᠠ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠬᠡᠮᠵᠢᠶ᠎ᠡ ᠶᠢ 500 ᠳ᠋ᠦᠩᠰᠢᠭᠤᠷ ᠲᠥᠭᠦᠷᠢᠭ ᠠᠴᠠ | ᠳᠠᠪᠠᠭᠤᠯᠵᠤ᠂ ᠪᠣᠳᠠᠲᠠᠶ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠶᠢ 30% ᠠᠴᠠ ᠳᠡᠭᠡᠭᠰᠢ ᠨᠡᠮᠡᠭᠳᠡᠭᠦᠯᠦᠨ᠎ᠡ᠃ ᠪᠡᠯᠡ ᠮᠥᠩᠭᠦ ᠲᠥᠷᠥᠯ ᠵᠦᠢᠯ ᠲᠠᠲᠠᠬᠤ ᠶᠢ | ᠲᠡᠷᠢᠭᠦᠨ ᠴᠢᠬᠤᠯᠠ ᠢᠨᠵᠧᠨᠧᠷᠢᠩ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠡᠯᠡ ᠣᠷᠣᠭᠤᠯᠤᠯᠲᠠ ᠶᠢᠨ ᠳᠡᠮᠵᠢᠬᠦ ᠴᠢᠭᠯᠡᠯ ᠢ ᠴᠢᠩᠭ᠎ᠠ | ᠠᠩᠬᠠᠷᠴᠤ᠂ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 500 ᠠᠴᠠ ᠳᠡᠭᠡᠭᠰᠢ ᠬᠥᠳᠡᠯᠦᠩᠭᠦᠢ ᠨᠥᠭᠡᠴᠡᠯᠡᠵᠦ᠂ ᠲᠡᠭᠡᠳᠦ ᠱᠠᠲᠤᠨ ᠤ | ᠲᠤᠰᠬᠠᠢ ᠪᠡᠯᠡ ᠮᠥᠩᠭᠦ ᠶᠢ 38 ᠳ᠋ᠦᠩᠰᠢᠭᠤᠷ ᠲᠥᠭᠦᠷᠢᠭ ᠠᠴᠠ ᠳᠡᠭᠡᠭᠰᠢ ᠤᠷᠤᠭᠤᠯᠤᠨ ᠠᠪᠴᠢᠷᠠᠬᠤ ᠪᠠᠷ ᠴᠢᠷᠮᠠᠶᠢᠨ᠎ᠠ᠃ | ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠴᠢᠩᠭᠠᠳᠬᠠᠨ᠎ᠠ᠃ ᠴᠢᠬᠤᠯᠠ ᠶᠡᠭᠡ ᠲᠥᠷᠥᠯ ᠵᠦᠶᠯ ᠤᠨ ᠳᠠᠭᠠᠭᠠᠴᠢᠯᠠᠨ ᠠᠳᠬᠤᠬᠤ ᠬᠠᠷᠢᠭᠤᠴᠠᠯᠭ᠎ᠠ | ᠶᠢᠨ ᠲᠦᠷᠢᠮ ᠪᠠ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠦᠷᠢᠮ ᠢ ᠪᠣᠲᠠᠲᠠᠶᠢᠵᠢᠭᠤᠯᠤᠨ᠂ ᠲᠥᠷᠥᠯ ᠵᠦᠶᠯ ᠤᠨ ᠬᠠᠮᠢᠶᠠᠷᠤᠭᠴᠢ᠂ ᠲᠤᠰᠬᠠᠶ ᠠᠩᠭᠢ ᠪᠠᠷ | ᠠᠬᠢᠭᠤᠯᠬᠤ᠂ ᠱᠠᠯᠠᠪᠳᠠᠭᠤᠯᠤᠨ ᠪᠠᠶᠢᠴᠠᠭᠠᠵᠤ ᠮᠥᠷᠳᠡᠨ ᠳᠠᠭᠠᠬᠤ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠳᠠᠬᠢᠨ ᠦᠢᠯᠡᠳᠴᠦ ᠪᠤᠯᠬᠤ ᠲᠦᠷᠦᠯ | ᠵᠦᠢᠯ ᠤᠨ ᠬᠢᠨᠠᠨ ᠵᠦᠪᠰᠢᠶᠡᠷᠡᠬᠦ ᠶᠠᠪᠤᠴᠠ ᠶᠢ ᠲᠦᠷᠢᠮᠵᠢᠬᠦᠯᠦᠨ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ︽ᠢᠲᠡᠭᠡᠮᠵᠢ ᠶᠢᠨ | ᠠᠮᠠᠯᠠᠯᠲᠠ + ᠪᠠᠷᠢᠮᠵᠢᠶᠠᠲᠤ ᠭᠠᠵᠠᠷ︾ ᠤᠨ ᠬᠢᠨᠠᠨ ᠵᠥᠪᠰᠢᠶᠡᠷᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠶ ᠰᠢᠭᠤᠶ ᠡᠪᠡᠰᠦ ᠪᠡᠯᠴᠢᠭᠡᠷ᠂ ᠭᠠᠵᠠᠷ ᠰᠢᠷᠣᠶ᠂ | ᠡᠨᠧᠷᠭᠢ ᠬᠡᠷᠡᠭᠯᠡᠬᠦ ᠵᠡᠷᠭᠡ ᠲᠦᠭᠵᠢᠷᠡᠯ ᠲᠠᠢ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠲᠥᠷᠥᠯ ᠵᠦᠶᠯ ᠤᠨ ᠡᠮᠦᠨᠡᠬᠢ ᠬᠤᠭᠤᠴᠠᠭ᠎ᠠ ᠪᠠ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠰᠣᠳᠤᠯᠤᠨ ᠶᠠᠷᠢᠯᠴᠠᠵᠤ ᠪᠠᠶᠢᠭ᠎ᠠ ᠲᠦᠷᠦᠯ ᠵᠦᠢᠯ ᠢ ᠲᠦᠷᠭᠡᠨ | ᠨᠠᠶᠢᠳᠠᠪᠤᠷᠢᠵᠢᠭᠤᠯᠤᠨ᠂ ᠡᠮᠦᠨᠡᠬᠢ ᠬᠤᠭᠤᠴᠠᠭᠠᠨ ᠤ ᠲᠥᠷᠥᠯ ᠵᠦᠶᠯ ᠢ ᠡᠷᠲᠡᠬᠡᠨ ᠡᠬᠢᠯᠡᠭᠦᠯᠵᠦ᠂ ᠪᠠᠶᠢᠭᠤᠯᠵᠤ ᠪᠠᠶᠢᠭ᠎ᠠ ᠲᠥᠷᠥᠯ ᠵᠦᠶᠯ ᠢ ᠲᠦᠷᠭᠡᠳᠬᠡᠨ | ᠠᠬᠢᠭᠤᠯᠵᠤ᠂ ᠪᠠᠷᠢᠯᠭ᠎ᠠ ᠳᠠᠭᠤᠰᠤᠭᠰᠠᠨ ᠲᠥᠷᠥᠯ ᠵᠦᠶᠯ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠤᠨ᠎ᠠ᠃ | ︵ᠬᠤᠶᠠᠷ︶ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠠᠵᠤ ᠦᠶᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠬᠡᠮᠵᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠭᠤᠣᠯᠯᠠᠬᠤ ᠪᠠᠶᠢᠷᠢ ᠰᠠᠭᠤᠷᠢ ᠶᠢ ᠭᠤᠶᠢᠪᠢᠰᠢ ᠦᠭᠡᠶ ᠪᠠᠷᠢᠮᠲᠠᠯᠠᠨ᠂ ᠠᠵᠤ ᠦᠢᠯᠡᠰ ᠤᠨ | ᠰᠠᠭᠤᠷᠢ ᠶᠢ ᠳᠡᠭᠡᠳᠦ ᠳᠡᠰᠵᠢᠭᠦᠯᠬᠦ᠂ ᠠᠵᠤ ᠦᠢᠯᠡᠰ ᠤᠨ ᠭᠡᠯᠬᠢᠶᠡᠵᠢᠯ ᠢ ᠣᠳᠣᠬᠢᠴᠢᠯᠠᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ | ᠶᠢᠨ ᠭᠦᠢᠴᠡᠨ ᠳᠠᠪᠠᠵᠤ ᠳᠠᠬᠢᠨ ᠢᠶᠠᠷ ᠨᠡᠮᠡᠭᠳᠡᠬᠦ ᠶᠢ ᠲᠦᠯᠬᠢᠨ ᠠᠬᠢᠭᠤᠯᠤᠨ᠎ᠠ᠃ | ᠨᠡᠭᠡᠭᠡᠯᠲᠡ ᠶᠢᠨ ᠣᠷᠣᠨ ᠤ ᠡᠨᠧᠷᠭᠢ ᠶᠢᠨ ᠳᠡᠰ ᠳᠡᠪᠰᠢᠬᠦ ᠶᠢ ᠠᠬᠢᠭᠤᠯᠤᠨ᠎ᠠ᠃ ᠵᠥᠪ ᠴᠢᠭᠯᠡᠯ ᠢᠶᠠᠷ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ | ᠬᠦᠷᠢᠶᠡᠯᠡᠩ ᠤᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠲᠦᠷᠭᠡᠳᠬᠡᠵᠦ᠂ ︽ᠬᠠᠷᠢᠭᠤᠴᠠᠯᠭ᠎ᠠ ᠡᠭᠦᠷᠭᠡᠯᠡᠭᠴᠢ ᠳᠤ | ᠬᠠᠷᠢᠭᠤᠴᠠᠯᠭ᠎ᠠ ᠡᠭᠦᠷᠭᠡᠯᠡᠵᠦ᠂ ᠪᠣᠳᠠᠲᠠᠢ ᠠᠵᠢᠯᠯᠠᠭᠴᠢ ᠳᠤ ᠠᠰᠢᠭ ᠬᠦᠷᠲᠡᠭᠡᠬᠦ︾ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ ᠪᠣᠯᠭᠠᠨ᠎ᠠ᠃ | ᠶᠡᠷᠦᠩᠬᠡᠢ ᠲᠥᠯᠥᠪᠵᠢᠭᠦᠯᠪᠡ᠂ ᠡᠵᠡᠮᠰᠢᠯᠲᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠵᠦ᠂ ᠣᠯᠠᠨ ᠨᠡᠶᠢᠲᠡ ᠶᠢᠨ ᠳᠠᠳᠤᠯᠭ᠎ᠠ ᠪᠤᠯᠪᠠᠰᠣᠷᠠᠯ | ᠤᠨ ᠰᠠᠭᠤᠷᠢᠨ ᠭᠠᠵᠠᠷ᠂ ᠲᠣᠭᠤᠶᠢᠳᠠᠯ᠎ᠠ ᠠᠵᠣ ᠦᠢᠯᠡᠰ ᠤᠨ ᠬᠦᠷᠢᠶᠡᠯᠡᠩ ᠤᠨ ᠡᠮᠦᠨ᠎ᠡ ᠬᠡᠰᠡᠭ ᠤᠨ ᠲᠥᠷᠥᠯ ᠵᠦᠢᠯ ᠤᠨ ᠣᠷᠣᠨ ᠤ ᠤᠰᠤ ᠬᠠᠩᠭᠠᠬᠤ | ᠢᠨᠵᠧᠨᠧᠷᠢᠩ᠂ ᠰᠢᠭᠠᠷᠤ ᠶᠢᠨ ᠦᠶᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠪᠠᠶᠢᠭᠤᠯᠤᠨ᠎ᠠ᠃ ᠪᠠᠯᠭᠤᠨ ᠪᠠᠯᠭᠠᠰᠤᠨ ᠤ ᠳᠤᠮᠳᠠ ᠪᠠᠭ᠎ᠠ | ᠠᠵᠤ ᠠᠬᠤᠶᠢᠯᠠᠯ ᠤᠨ ᠦᠢᠯᠡᠰ ᠪᠤᠰᠬᠠᠬᠤ ᠬᠦᠷᠢᠶᠡᠯᠡᠩ ᠤᠨ ᠨᠡᠭᠡᠭᠡᠨ ᠬᠥᠭᠵᠢᠭᠦᠯᠦᠯᠲᠡ ᠪᠠ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠠᠩᠭᠢᠨ2# ᠬᠤᠪᠤᠷ | ᠰᠢᠷᠤᠢ ᠶᠢᠨ ᠡᠬᠢ ᠪᠠᠶᠠᠯᠢᠭ ᠤᠨ ᠦᠷᠳᠡᠭ ᠢ ᠭᠦᠢᠴᠡᠳ ᠠᠭᠤᠳᠠᠯᠯᠠᠨ᠎ᠠ᠃ ᠨᠡᠭᠡᠭᠡᠯᠲᠡ ᠶᠢᠨ ᠤᠷᠤᠨ ᠤ ᠪᠦᠬᠦ ᠵᠢᠯ ᠤᠨ ᠦᠢᠯᠡᠳᠬᠦᠨ ᠤ ᠥᠷᠲᠡᠭ ᠢ 325 | ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | 1 ᠳᠠᠬᠢᠨ ᠠᠴᠠ ᠳᠡᠭᠡᠭᠰᠢ ᠨᠡᠮᠡᠭᠳᠡᠭᠦᠯᠦᠨ᠎ᠡ︔ ᠭᠠᠶᠢᠯᠢ ᠶᠢᠨ ᠣᠷᠣᠯᠭ᠎ᠠ ᠶᠢ 20 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 1 ᠳᠠᠬᠢᠨ ᠠᠴᠠ ᠳᠡᠭᠡᠭᠰᠢ | ᠨᠡᠮᠡᠭᠳᠡᠭᠦᠯᠦᠨ᠎ᠡ︔ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ ᠪᠥᠬᠦ ᠣᠷᠣᠨ ᠤ ᠲᠦᠷᠦᠭᠦᠦ 20 ᠨᠡᠷᠡᠰ ᠲᠤ ᠣᠷᠣᠵᠤ᠂ ᠪᠥᠬᠦ ᠣᠷᠣᠨ ᠤ ᠨᠢᠭᠡᠳᠦᠭᠡᠷ ᠲᠥᠷᠥᠯ | ᠤᠨ ᠬᠦᠷᠢᠶᠡᠯᠡᠩ ᠲᠤ ᠳᠠᠪᠰᠢᠨ ᠣᠷᠣᠬᠤ ᠪᠠᠷ ᠴᠢᠷᠮᠠᠶᠢᠨ᠎ᠠ᠃ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠭᠡᠯᠬᠢᠶᠡᠵᠢᠯ ᠢ ᠬᠦᠴᠦᠷᠬᠡᠭᠵᠢᠭᠦᠯᠦᠨ᠎ᠡ᠃ ᠲᠠᠷᠢᠶᠠᠠᠭᠤᠤᠯ ᠨᠡᠭᠦᠷᠡᠰᠦᠨ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠨᠡᠭᠡᠭᠡᠨ ᠠᠰᠢᠭᠯᠠᠯᠲᠠ 0 ᠪᠠᠶᠢᠭᠰᠠᠨ ᠠᠴᠠ 1 ᠪᠣᠯᠤᠭᠰᠠᠨ | ᠰᠢᠪᠲᠤᠯᠤᠯᠲᠠ ᠶᠢ ᠪᠡᠶᠡᠯᠡᠭᠦᠯᠦᠨ᠎ᠡ᠃ ᠲᠠᠷᠢᠶᠠᠠᠭᠤᠤᠯ ᠠᠭᠤᠷᠬᠠᠢ ᠶᠢᠨ ᠣᠷᠣᠨ ᠤ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠦᠨ᠎ᠡ᠃ | ᠤᠳᠣᠬᠢᠴᠢᠯᠠᠭᠰᠠᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠥᠷᠢᠯᠡᠬᠦ ᠳᠤ ᠠᠩᠬᠠᠷᠤᠯ | ᠢᠶᠠᠨ ᠲᠥᠪᠯᠡᠷᠡᠭᠦᠯᠵᠦ᠂ ᠢ ᠲᠠᠢ ᠬᠥᠩᠭᠡᠨ ᠬᠢᠮᠢ ᠶᠢᠨ ᠪᠣᠳᠠᠰ ᠤᠨ ᠴᠢᠨᠠᠷ ᠢ ᠳᠡᠭᠡᠭᠰᠢᠯᠡᠭᠦᠯᠬᠦ᠂ ᠠᠯᠺᠧᠨ᠂ ᠠᠯᠺᠧᠨᠲᠦ ᠪᠧᠨᠽᠧᠨ ᠲᠦᠭᠦᠬᠡᠢ ᠮᠠᠲ᠋ᠧᠷᠢᠶᠠᠯ ᠪᠣᠯᠤᠨ ᠢ | ᠨᠦᠸᠧ ᠥᠨᠳᠥᠷ ᠨᠡᠭᠦᠷᠡᠰᠦᠲᠥ᠋ᠷᠥᠭᠴᠢᠲᠦ ᠠᠯᠺᠣᠣᠯ ᠦᠢᠯᠡᠳᠪᠦᠷᠢᠯᠡᠬᠦ ᠬᠤᠶᠠᠳᠤᠭᠠᠷ ᠬᠤᠭᠤᠴᠠᠭᠠᠨ ᠤ ᠲᠥᠷᠦᠯ ᠵᠦᠢᠯ᠂ ᠶᠢᠨ ᠲᠠᠢ ᠶᠢᠨ 10 ᠲᠦᠮᠡᠨ ᠲᠣᠨ ᠤ | ᠣᠯᠠᠨ ᠴᠢᠳᠠᠮᠵᠢᠲᠤ ᠹᠢᠲ᠋ᠤᠯᠠ ᠵᠡᠷᠭᠡ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠨ᠎ᠠ᠃ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠬᠢᠭᠡᠳ ᠰᠢᠨ᠎ᠡ ᠡᠨᠧᠷᠭᠢ ᠶᠢᠨ ᠠᠭᠤᠰᠤᠯᠴᠠᠨ ᠬᠥᠭᠵᠢᠬᠦ ᠶᠢ ᠢᠳᠡᠪᠬᠢᠲᠡᠶ ᠰᠦᠪᠡᠭᠴᠢᠯᠡᠵᠦ᠂ ᠪᠤᠬᠢᠷᠳᠤᠯ ᠦᠬᠡᠢ ᠴᠠᠬᠢᠯᠭᠠᠨ ᠪᠤᠬᠢᠷᠳᠤᠯ ᠦᠬᠡᠢ | ᠤᠰᠤᠲᠥ᠋ᠷᠥᠭᠴᠢ ᠶᠢ ᠶᠡᠭᠡ ᠬᠡᠪᠴᠢᠶ᠎ᠡ ᠪᠠᠷ ᠠᠰᠢᠭᠯᠠᠨ᠂ ᠠᠵᠤ ᠦᠢᠯᠡᠳᠪᠤᠷᠢ ᠶᠢᠨ ᠶᠠᠪᠤᠴᠠ ᠳᠠᠬᠢ ᠡᠨᠧᠷᠭᠢ ᠶᠢᠨ ᠬᠥᠳᠡᠯᠭᠡᠭᠴᠢ ᠬᠦᠴᠦᠨ ᠤ ᠬᠤᠷᠣᠭᠳᠠᠯ ᠢ | ᠪᠠᠭᠤᠷᠠᠭᠤᠯᠤᠨ᠎ᠠ᠃ ᠦᠢᠯᠡᠳᠬᠦᠨ ᠤ ᠪᠦᠲᠦᠴᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ᠂ ᠦᠢᠯᠡᠳᠬᠦᠨ | ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠤᠨ ᠬᠥᠭᠵᠢᠯᠲᠡ ᠨᠢ ᠨᠡᠩ | ᠯᠠᠪᠳᠠᠭᠤᠨ ᠪᠠᠲᠤᠲᠠᠢ ᠪᠤᠯᠬᠤ ᠶᠢ ᠠᠬᠢᠭᠤᠯᠤᠨ᠎ᠠ᠃ | ᠰᠢᠨ᠎ᠡ ᠡᠨᠧᠷᠭᠢ ᠶᠢᠨ ᠠᠵᠤ ᠦᠶᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠨ᠂ ︽ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠬᠡᠷᠡᠭᠯᠡᠭᠡᠨ ᠤ ᠬᠡᠷᠡᠭᠵᠢᠭᠦᠯᠬᠦ ᠲᠥᠰᠦᠯ︾ ᠢ | ᠨᠠᠶᠢᠷᠠᠭᠤᠯᠤᠨ ᠵᠣᠬᠢᠶᠠᠵᠤ᠂ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ᠂ ᠣᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠭᠰᠡᠨ ᠰᠢᠨ᠎ᠡ ᠬᠡᠯᠪᠡᠷᠢ ᠶᠢᠨ | ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠬᠡᠯᠪᠡᠷᠢ ᠶᠢᠨ ᠠᠵᠤ ᠦᠶᠯᠡᠳᠪᠦᠷᠢᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠰᠢᠨ᠎ᠡ ᠡᠨᠧᠷᠭᠢ ᠶᠢᠨ ᠲᠥᠯᠥᠪᠵᠢᠭᠦᠯᠭᠡ ᠵᠡᠷᠭᠡ ᠰᠠᠭᠤᠷᠢ ᠴᠢᠨᠠᠷᠲᠠᠶ ᠠᠵᠢᠯ ᠢ ᠰᠠᠶᠢᠲᠤᠷ ᠬᠢᠵᠦ᠂ ᠰᠢᠨ᠎ᠡ ᠡᠨᠧᠷᠭᠢ ᠶᠢ ᠬᠦᠷᠢᠶᠡᠯᠡᠩ ᠲᠤᠭᠤᠷᠢᠬᠵᠢᠭᠤᠯᠬᠤ᠂ | ᠰᠠᠭᠤᠷᠢᠨᠵᠢᠭᠤᠯᠬᠤ᠂ ᠪᠠᠷᠢᠮᠵᠢᠶᠠᠵᠢᠭᠤᠯᠤᠨ ᠨᠡᠭᠡᠭᠡᠨ ᠬᠥᠭᠵᠢᠭᠦᠯᠬᠦ ᠵᠠᠭᠪᠤᠷ ᠢ ᠲᠦᠷᠭᠡᠳᠬᠡᠨ ᠪᠦᠷᠢᠯᠳᠦᠭᠦᠯᠵᠦ᠂ ᠤᠯᠤᠰ ᠤᠨ ᠬᠡᠷᠡᠭᠴᠡᠭᠡ ᠱᠠᠭᠠᠷᠳᠠᠯᠭ᠎ᠠ ᠶᠢ | ᠪᠠᠲᠤᠯᠠᠭᠰᠠᠨ ᠰᠠᠭᠤᠷᠢᠨ ᠳᠡᠭᠡᠷ᠎ᠡ᠂ ᠲᠤᠬᠠᠢ ᠶᠢᠨ ᠭᠠᠵᠠᠷ ᠲᠠᠭᠠᠨ ᠵᠣᠬᠢᠰᠲᠠᠶ ᠠᠰᠢᠭ ᠲᠤᠰᠠ ᠬᠦᠷᠲᠡᠭᠡᠬᠦ ᠪᠠᠷ ᠴᠢᠷᠮᠠᠶᠢᠨ᠎ᠠ᠃ ᠮᠠᠨ ᠤ ᠬᠤᠰᠢᠭᠤᠨ ᠤ ᠣᠨᠴᠠᠯᠢᠭ | ᠲᠠᠭᠠᠨ ᠰᠠᠭᠤᠷᠢᠯᠠᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠵᠠᠪᠳᠤᠨ᠂ ᠴᠠᠬᠢᠭᠤᠷ ᠲᠠᠯᠠᠰᠲᠤ ᠬᠡᠷᠡᠯ ᠴᠡᠨᠡᠭ ᠤᠨ | ᠠᠵᠤ ᠦᠶᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃ ᠰᠢᠶᠧ ᠰᠢᠨ᠂ ᠴᠠᠩ ᠯᠦᠩ ᠵᠧ ᠺᠧ᠂ ᠲᠢᠶᠠᠨ ᠳ᠋ᠢ ᠲᠦᠩ ᠵᠡᠷᠭᠡ ᠪᠣᠬᠢᠷᠲᠤᠯ ᠦᠭᠡᠢ ᠪᠠᠷ | ᠴᠠᠬᠢᠯᠭᠠᠨ ᠬᠠᠩᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠠᠩ ᠣᠯᠠᠨ ᠪᠣᠬᠢᠷᠲᠤᠯ ᠦᠭᠡᠢ ᠴᠠᠬᠢᠯᠭᠠᠨ ᠢ ᠲᠤᠬᠠᠢ ᠶᠢᠨ | ᠭᠠᠵᠠᠷ ᠲᠠᠭᠠᠨ ᠠᠰᠢᠭᠯᠠᠬᠤ ᠪᠠᠷ ᠴᠢᠷᠮᠠᠶᠢᠨ᠎ᠠ᠃ ᠡᠨᠧᠷᠭᠢ ᠬᠠᠳᠠᠭᠠᠯᠠᠬᠤ ᠲᠥᠬᠦᠭᠡᠷᠦᠮᠵᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠢ | ᠯᠢ ᠡᠨᠧᠷᠭᠢ ᠬᠠᠳᠠᠭᠠᠯᠠᠬᠤ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠪᠠ ᠯᠦᠩ ᠶᠤᠸᠠᠨ ᠣᠯᠠᠨ ᠡᠨᠧᠷᠭᠢ ᠶᠢᠨ ᠬᠠᠷᠢᠯᠴᠠᠨ ᠨᠥᠬᠦᠪᠥᠷᠢᠯᠡᠬᠦ ᠪᠣᠳᠠᠲᠠᠢ | ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠳᠠᠷᠤᠢ ᠲᠦᠷᠭᠡᠨ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠪᠠᠲᠤᠯᠠᠨ᠎ᠠ᠃ ᠲᠣᠮᠣ ᠬᠡᠯᠪᠡᠷᠢ ᠶᠢᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ | ᠪᠠᠶᠢᠭᠤᠯᠵᠤ᠂ ᠤᠰᠤᠲᠥ᠋ᠷᠥᠭᠴᠢ ᠦᠢᠯᠡᠳᠪᠦᠷᠢᠯᠡᠬᠦ᠂ ᠤᠰᠤᠲᠥ᠋ᠷᠥᠭᠴᠢ ᠬᠠᠳᠠᠭᠠᠯᠠᠬᠤ᠂ ᠤᠰᠤᠲᠥ᠋ᠷᠥᠭᠴᠢ ᠨᠡᠮᠡᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ | ᠣᠷᠣᠭᠤᠯᠬᠤ ᠶᠢ ᠲᠦᠷᠬᠡᠳᠬᠡᠵᠤ᠂ ᠵᠦᠩ ᠭᠤᠸᠠᠩ ᠾᠧ 10 ᠲᠦᠮᠡᠨ ᠺᠢᠯᠣᠸᠠᠲ ᠤᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠵᠤ ᠤᠰᠤᠲᠥ᠋ᠷᠥᠭᠴᠢ ᠦᠢᠯᠡᠳᠬᠦ᠂ | ᠬᠥᠪᠴᠢ ᠶᠢᠨ 40 ᠲᠦᠮᠡᠨ ᠺᠢᠯᠣᠸᠠᠲ ᠤᠨ ᠰᠠᠯᠬᠢᠨ ᠪᠠ ᠭᠡᠷᠡᠯ ᠢᠶᠠᠷ ᠤᠰᠤᠲᠥ᠋ᠷᠥᠭᠴᠢ ᠦᠢᠯᠡᠳᠬᠦ ᠵᠢᠴᠢ ᠢ ᠬᠤᠤ ᠰᠢᠨ᠎ᠡ ᠡᠨᠧᠷᠭᠢ ᠶᠢᠨ ᠤᠰᠤᠲᠥ᠋ᠷᠥᠭᠴᠢ | ᠦᠢᠯᠡᠳᠬᠦ ᠤᠰᠤᠲᠥ᠋ᠷᠥᠭᠴᠢ ᠨᠡᠮᠡᠬᠦ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠶᠢ ᠠᠬᠢᠭᠤᠯᠤᠨ᠎ᠠ᠃ | ᠪᠠᠶᠢᠭᠠᠯᠢ ᠶᠢᠨ ᠰᠢᠲᠠᠮᠠᠬᠠᠶ ᠬᠡᠢ ᠶᠢᠨ ᠠᠵᠤ ᠦᠢᠯᠡᠰ ᠤᠨ ᠳᠠᠪᠠᠭᠤᠯᠢᠭ ᠢ ᠠᠭᠤᠳᠠᠯᠤᠨ᠎ᠠ᠃ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ᠂ ᠳᠤᠮᠳᠠᠳᠤ ᠤᠯᠤᠰ ᠤᠨ ᠴᠢᠯᠠᠭᠤᠨ ᠲᠣᠰᠣ ᠶᠢᠨ ᠪᠥᠯᠦᠭᠯᠡᠯ ᠲᠠᠢ ᠢᠳᠡᠪᠬᠢᠲᠡᠢ ᠬᠠᠷᠢᠴᠠᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠡᠬᠢ ᠰᠤᠷᠪᠤᠯᠵᠢ | ᠶᠢ ᠲᠥᠯᠦᠪᠵᠢᠭᠦᠯᠦᠨ᠂ ᠵᠢᠯ ᠤᠨ ᠳᠣᠲᠣᠷ᠎ᠠ ᠪᠠᠶᠢᠭᠠᠯᠢ ᠶᠢᠨ ᠰᠢᠲᠠᠮᠠᠬᠠᠢ ᠬᠡᠢ ᠦᠢᠯᠡᠳᠪᠦᠷᠢᠯᠡᠬᠦ ᠴᠢᠳᠠᠮᠵᠢ ᠶᠢ 1.8 ᠳ᠋ᠦᠩᠰᠢᠭᠤᠷ ᠺᠥᠪ ᠮᠧᠲᠷ ᠨᠡᠮᠡᠭᠳᠡᠭᠦᠯᠵᠦ᠂ | ᠠᠵᠤ ᠦᠶᠯᠡᠳᠪᠦᠷᠢ ᠶᠢᠨ ᠭᠠᠷᠤᠯᠲᠠ ᠶᠢ 20 ᠳ᠋ᠦᠩᠰᠢᠭᠤᠷ ᠺᠥᠪ ᠮᠧᠲᠷ ᠠᠴᠠ ᠳᠠᠪᠠᠭᠤᠯᠤᠨ᠎ᠠ᠃ ᠪᠠᠶᠢᠭᠠᠯᠢ ᠶᠢᠨ ᠰᠢᠲᠠᠮᠠᠬᠠᠶ ᠬᠡᠢ ᠶᠢᠨ ᠠᠵᠤ ᠦᠢᠯᠡᠰ ᠤᠨ | ᠰᠦᠷᠦᠭᠵᠢᠯ ᠤᠨ ᠲᠥᠪᠯᠡᠷᠡᠨ ᠬᠥᠭᠵᠢᠬᠦ ᠶᠢ ᠪᠠᠬᠢᠵᠢᠭᠦᠯᠦᠨ ᠰᠢᠯᠢᠳᠡᠭᠵᠢᠭᠦᠯᠵᠦ᠂ ᠪᠠᠶᠢᠭᠠᠯᠢ ᠶᠢᠨ ᠰᠢᠲᠠᠮᠠᠬᠠᠶ ᠬᠡᠢ ᠶᠢ ᠰᠢᠩᠭᠡᠨᠵᠢᠭᠦᠯᠬᠦ ᠵᠢᠴᠢ ᠾᠧᠯᠢ | ᠪᠣᠯᠪᠠᠰᠤᠷᠠᠭᠤᠯᠤᠨ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠨ᠂ LNG ᠦᠢᠯᠡᠳᠪᠦᠷᠢᠯᠡᠬᠦ᠂ ᠬᠠᠩᠭᠠᠬᠤ᠂ ᠬᠠᠳᠠᠭᠠᠯᠠᠬᠤ᠂ ᠪᠣᠷᠣᠯᠠᠭᠤᠯᠬᠤ ᠶᠢ ᠨᠢᠭᠡ | ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠸᠠᠨ ᠷᠦᠢ᠂ ᠵᠢᠶᠠ ᠾᠧ᠂ ᡁᠢ ᠨᠧᠩ ᠵᠠᠭᠤᠨ ᠲᠦᠮᠡᠨ ᠺᠥᠪ ᠮᠧᠲᠷ ᠤᠨ ᠪᠠᠶᠢᠭᠠᠯᠢ ᠶᠢᠨ | ᠰᠢᠲᠠᠮᠠᠬᠠᠢ ᠬᠡᠢ ᠶᠢ ᠰᠢᠩᠭᠡᠨᠵᠢᠭᠦᠯᠬᠦ ᠵᠢᠴᠢ ᠾᠧᠯᠢ ᠪᠤᠯᠪᠠᠰᠤᠷᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳᠤᠮᠳᠠᠳᠤ | ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠶᠯᠡᠳᠪᠦᠷᠢ ᠶᠢᠨ ᠾᠧᠯᠢ ᠪᠤᠯᠪᠠᠰᠤᠷᠠᠭᠤᠯᠬᠤ ᠲᠥᠷᠥᠯ ᠵᠦᠢᠯ ᠢ ᠵᠢᠷᠤᠮᠵᠢᠭᠤᠯᠤᠨ ᠬᠡᠷᠡᠭᠵᠢᠭᠦᠯᠬᠦ ᠶᠢ ᠳᠡᠮᠵᠢᠨ᠎ᠡ᠃ | ᠬᠡᠢ ᠰᠢᠩᠭᠡᠨᠵᠢᠭᠦᠯᠬᠦ ᠴᠢᠳᠠᠮᠵᠢ ᠶᠢ ᠡᠳᠦᠷ ᠲᠤ 770 ᠲᠦᠮᠡᠨ ᠺᠥᠪ ᠮᠧᠲᠷ ᠠᠴᠠ ᠳᠠᠪᠠᠭᠤᠯᠵᠤ᠂ ᠵᠢᠯ ᠤᠨ ᠾᠧᠯᠢ ᠬᠡᠢ ᠦᠢᠯᠡᠳᠪᠦᠷᠢᠯᠡᠬᠦ ᠴᠢᠳᠠᠮᠵᠢ ᠨᠢ 240 | ᠲᠦᠮᠡᠨ ᠺᠥᠪ ᠮᠧᠲᠷ ᠢ ᠳᠠᠪᠠᠨ᠂ ᠤᠯᠤᠰ ᠤᠨ ᠲᠡᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠤᠯᠠᠷᠢᠭᠤᠯᠤᠨ ᠠᠰᠢᠭᠯᠠᠬᠤ ᠪᠠ ᠾᠧᠯᠢ ᠬᠡᠢ ᠦᠢᠯᠡᠳᠪᠦᠷᠢᠯᠡᠬᠦ | ᠵᠢᠱᠢᠶᠡᠴᠢ ᠰᠠᠭᠤᠷᠢᠨ ᠭᠠᠵᠠᠷ ᠢ ᠠᠯᠬᠤᠮ ᠠᠯᠬᠤᠮ ᠢᠶᠠᠷ ᠪᠠᠶᠢᠭᠤᠯᠤᠨ᠎ᠠ ᠃ | ︵ᠭᠤᠷᠪᠠ︶ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠭᠤᠤᠯᠳᠠᠯᠭ᠎ᠠ ᠪᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠤᠨ᠎ᠠ᠃ ᠲᠠᠷᠢᠶᠠᠯᠠᠩ ᠤᠨ ᠦᠢᠯᠡᠰ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ | ︽ᠲᠠᠪᠤᠨ ᠶᠡᠭᠡ ᠭᠥᠭᠵᠢᠭᠦᠯᠦᠨ ᠮᠠᠨᠳᠤᠭᠤᠯᠤᠯᠲᠠ︾ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ︽ᠠᠵᠤ ᠦᠢᠯᠡᠰ ᠢ ᠳᠠᠬᠢᠨ ᠴᠣᠭᠴᠠᠯᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯ᠂ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠬᠤᠯᠠ ᠵᠦᠢᠯ ᠪᠣᠯᠭᠠᠵᠤ᠂ ︽ᠰᠠᠶᠢᠨ ᠡᠭᠦᠯᠳᠡᠷ᠂ ᠰᠠᠶᠢᠨ ᠲᠠᠷᠢᠶ᠎ᠠ᠂ ᠰᠠᠶᠢᠨ ᠠᠵᠤ ᠠᠬᠤᠶᠢᠯᠠᠯ᠂ ᠰᠠᠶᠢᠨ | ᠲᠦᠷᠦ ᠶᠢᠨ ᠪᠣᠳᠣᠯᠭ᠎ᠠ᠂ ᠰᠠᠶᠢᠨ ᠴᠢᠳᠠᠪᠤᠷᠢᠲᠠᠨ︾ ᠵᠡᠷᠭᠡ ᠲᠠᠪᠤᠨ ᠵᠠᠩᠭᠢᠯᠠᠭ᠎ᠠ ᠶᠢ ᠴᠢᠩᠭ᠎ᠠ ᠠᠳᠬᠤᠵᠤ᠂ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ | ᠶᠢᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠦᠲᠦᠭᠡᠨ ᠪᠠᠶᠢᠭᠤᠯᠤᠨ᠎ᠠ᠃ | ᠠᠵᠤ ᠦᠶᠯᠡᠰ ᠤᠨ ᠰᠠᠭᠤᠷᠢ ᠶᠢ ᠪᠠᠬᠢᠵᠢᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠲᠠᠷᠢᠶᠠᠨ ᠭᠠᠵᠠᠷ ᠢ | ᠥᠭᠡᠷᠡᠴᠢᠯᠡᠨ ᠠᠰᠢᠭᠯᠠᠬᠤ ᠶᠢ ᠡᠷᠡᠰ ᠬᠤᠷᠢᠭᠯᠠᠵᠤ᠂ ᠠᠮᠤ ᠪᠤᠳᠠᠭᠠᠨ ᠤ ᠤᠨᠠᠯᠲᠠ ᠶᠢ 9 ᠳ᠋ᠦᠩᠰᠢᠭᠤᠷ ᠵᠢᠩ ᠠᠴᠠ ᠳᠠᠪᠠᠭᠤᠯᠬᠤ ᠪᠠᠷ ᠴᠢᠷᠮᠠᠶᠢᠨ᠎ᠠ᠃ ᠬᠤᠵᠢᠷᠯᠢᠭ | ᠭᠠᠵᠠᠷ ᠢ ᠰᠠᠶᠢᠵᠢᠷᠠᠭᠤᠯᠬᠤ ᠪᠠ ᠡᠯᠡᠰᠦ ᠮᠠᠩᠬ᠎ᠠ ᠶᠢ ᠬᠥᠷᠥᠰᠥᠵᠢᠭᠦᠯᠬᠦ ᠬᠤᠶᠠᠳᠤᠭᠠᠷ ᠬᠤᠭᠤᠴᠠᠭᠠᠨ ᠤ ᠵᠢᠱᠢᠶ᠎ᠡ ᠦᠵᠡᠭᠦᠯᠬᠦ ᠲᠥᠷᠥᠯ ᠵᠦᠶᠯ ᠢ ᠢᠳᠡᠪᠬᠢᠲᠡᠶ | ᠠᠬᠢᠭᠤᠯᠵᠤ᠂ ᠬᠤᠵᠢᠷᠯᠢᠭ ᠭᠠᠵᠠᠷ ᠢ 4 ᠲᠦᠮᠡᠨ ᠮᠥ ᠥᠭᠡᠷᠡᠴᠢᠯᠡᠨ᠎ᠡ᠃ ᠬᠠᠲᠤᠨ ᠭᠤᠣᠯ ᠤᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠤ ︽ᠨᠢᠭᠡᠳᠦᠭᠡᠷ | ᠠᠵᠤ ᠦᠢᠯᠡᠰ ᠢ ᠳᠠᠬᠢᠨ ᠴᠣᠭᠴᠠᠯᠠᠬᠤ︾ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠡᠬᠢᠯᠡᠭᠦᠯᠵᠦ᠂ ᠲᠠᠷᠢᠶᠠᠯᠠᠩ | ᠳᠤ ᠬᠤᠯᠪᠣᠭᠳᠠᠬᠤ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠡᠮᠬᠢᠯᠡᠨ ᠨᠡᠶᠢᠯᠡᠭᠦᠯᠵᠦ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ ᠵᠡᠷᠭᠡ ᠰᠠᠯᠠᠭ᠎ᠠ | ᠮᠥᠴᠢᠷ ᠤᠨ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠢ ᠬᠡᠷᠡᠭᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠲᠤᠰᠬᠠᠶ ᠨᠡᠶᠢᠭᠡᠮ ᠤᠨ ᠬᠥᠷᠥᠩᠭᠡ ᠪᠠ | ᠲᠠᠷᠢᠶᠠᠯᠠᠩ ᠤᠨ ᠲᠣᠮᠣ ᠡᠷᠦᠬᠡ ᠶᠢ ᠬᠥᠲᠥᠯᠥᠨ ᠵᠢᠯᠣᠭᠤᠳᠴᠤ ᠬᠡᠪᠴᠢᠶᠡᠵᠢᠭᠰᠡᠨ ᠡᠵᠡᠩᠨᠡᠯᠲᠡ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠬᠡᠷᠡᠭᠵᠢᠭᠦᠯᠵᠦ᠂ ᠭᠤᠣᠯ ᠳᠠᠭᠠᠤ ᠣᠷᠣᠨ ᠤ ᠤᠳᠤᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠦ᠂ | ᠵᠢᠯ ᠤᠨ ᠳᠣᠲᠣᠷ᠎ᠠ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ᠂ 3 ᠲᠦᠮᠡᠨ ᠮᠦ ᠠᠴᠠ ᠳᠡᠭᠡᠭᠰᠢᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠵᠢᠱᠢᠶ᠎ᠡ ᠦᠵᠡᠭᠦᠯᠬᠦ ᠲᠥᠷᠥᠯ ᠵᠦᠢᠯ ᠢ ᠰᠢᠨ᠎ᠡ ᠪᠠᠷ ᠪᠠᠶᠢᠭᠤᠯᠤᠨ᠎ᠠ᠃ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠲᠦᠷᠭᠡᠳᠬᠡᠨ ᠠᠬᠢᠭᠤᠯᠵᠤ᠂ ᠵᠢᠷᠭᠠᠯᠠᠩᠲᠤ ᠪᠠᠯᠭᠠᠰᠤ ᠶᠢᠨ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠪᠥᠲᠥᠭᠡᠨ | ᠪᠠᠶᠢᠭᠤᠯᠵᠤ᠂ ᠪᠧᠢ ᠮᠤ᠋ ᠲᠢᠶᠠᠨ ᠶᠤᠸᠠᠨ᠂ ᠪᠠᠶᠠᠨ ᠬᠠᠭᠠᠨ᠂ ᠮᠧᠩ ᠶᠤᠸᠠᠨ ᠦᠬᠡᠷ ᠤᠨ ᠮᠢᠬᠠᠨ ᠡᠬᠦᠯᠳᠡᠷ ᠵᠡᠷᠭᠡ ᠠᠯᠠᠰᠢᠨ ᠦᠬᠡᠷ ᠲᠡᠵᠢᠭᠡᠨ ᠦᠷᠡᠵᠢᠭᠦᠯᠬᠦ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠠᠯᠠᠰᠢᠨ ᠦᠬᠡᠷ ᠤᠨ ᠲᠤᠭ᠎ᠠ ᠲᠣᠯᠤᠭᠠᠢ ᠶᠢ 15 ᠲᠦᠮᠡ ᠠᠴᠠ ᠳᠠᠪᠠᠭᠤᠯᠵᠤ᠂ ᠨᠣᠣᠯᠣᠭᠤᠷ | ᠤᠨ ᠢᠮᠠᠭ᠎ᠠ ᠶᠢᠨ ᠲᠤᠭ᠎ᠠ ᠲᠣᠯᠤᠭᠠᠢ ᠶᠢ 140 ᠲᠦᠮᠡ ᠠᠴᠠ ᠳᠠᠪᠠᠭᠤᠯᠤᠨ᠂ ᠬᠤᠳᠠᠯᠳᠤᠭᠰᠠᠨ ᠮᠠᠯ ᠤᠨ ᠲᠤᠭ᠎ᠠ ᠶᠢ 90 ᠲᠦᠮᠡ ᠠᠴᠠ ᠳᠠᠪᠠᠭᠤᠯᠵᠤ᠂ 15% | ᠠᠴᠠ ᠳᠡᠭᠡᠭᠰᠢ ᠨᠡᠮᠡᠭᠳᠡᠭᠦᠯᠦᠨ᠂ ᠨᠠᠷᠢᠯᠢᠭ ᠡᠳ᠋ᠰᠢᠭᠦᠯᠬᠦ ᠨᠣᠷᠮ᠎ᠠ ᠶᠢ 60% ᠠᠴᠠ ᠳᠡᠭᠡᠭᠰᠢᠬᠢ ᠳᠤ ᠬᠦᠷᠦᠭᠦᠯᠦᠨ᠎ᠡ᠃ ᠪᠧᠢ ᠮᠦ ᠲᠢᠶᠠᠨ ᠶᠤᠸᠠᠨ ᠬᠢᠭᠡᠳ | ᠤᠯᠤᠰ ᠤᠨ ᠡᠮ ᠤᠨ ᠪᠦᠯᠦᠭᠯᠡᠯ ᠤᠨ ᠭᠦᠨᠵᠡᠭᠡᠢ ᠬᠠᠮᠲᠤᠷᠠᠯᠴᠠᠭ᠎ᠠ ᠶᠢ ᠳᠠᠮᠵᠢᠵᠤ᠂ 50 ᠲᠦᠮᠡᠨ ᠮᠦ ᠰᠢᠬᠢᠷ ᠡᠪᠡᠰᠦ ᠲᠠᠷᠢᠵᠤ ᠪᠣᠯᠪᠠᠰᠤᠷᠠᠭᠤᠯᠬᠤ ᠪᠠ ᠤᠯᠤᠰ ᠤᠨ | ᠳᠣᠲᠣᠭᠠᠳᠤ ᠭᠠᠳᠠᠭᠠᠳᠤ ᠶᠢᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ 5 ᠲᠥᠷᠥᠯ ᠠᠴᠠ ᠳᠡᠭᠡᠭᠰᠢᠬᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠢᠷᠡᠯᠲᠡ ᠶᠢ ᠮᠥᠷᠳᠡᠨ ᠢᠯᠡᠷᠡᠭᠦᠯᠵᠦ ᠴᠢᠳᠠᠬᠤ ᠶᠢ ᠪᠡᠶᠡᠯᠡᠭᠦᠯᠦᠨ᠎ᠡ᠃ ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ | ᠶᠢ ᠭᠦᠨᠵᠡᠭᠡᠶ ᠬᠡᠷᠡᠭᠵᠢᠭᠦᠯᠵᠦ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ ᠨᠢᠭᠡ ᠰᠢᠨ᠎ᠡ︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ 6 | ᠨᠡᠮᠡᠭᠳᠡᠭᠦᠯᠵᠦ᠂ ︽ᠲᠢᠶᠠᠨ ᠮᠥ ᠱᠥᠸᠧ ᠹᠠᠩ︾ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠥᠷᠢᠰᠥᠯᠳᠦᠬᠦ | ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠬᠥᠪᠴᠢ︾ ᠪᠥᠬᠦ ᠣᠷᠣᠨ ᠪᠦᠰᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠶᠯᠡᠳᠪᠦᠷᠢᠯᠡᠯ ᠤᠨ ᠭᠠᠵᠠᠷ ᠢ ᠪᠦᠳᠦᠬᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠳᠦᠷᠢ ᠳᠦᠷᠬᠦ ᠶᠢ ᠳᠡᠭᠡᠭᠰᠢᠯᠡᠭᠦᠯᠦᠨ᠎ᠡ᠃ ᠠᠶᠢᠯ ᠲᠣᠰᠬᠤᠨ ᠤ ᠲᠥᠯᠥᠪᠵᠢᠭᠦᠯᠭᠡ ᠶᠢ ᠪᠦᠲᠦᠮᠵᠢᠲᠡᠶ ᠬᠡᠷᠡᠭᠵᠢᠭᠦᠯᠬᠦ ᠶᠢ ᠭᠦᠨᠵᠡᠭᠡᠶ | ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠵᠤ ᠦᠶᠯᠡᠰ | ᠢᠶᠠᠷ ᠪᠠᠯᠭᠠᠰᠤ ᠶᠢ ᠬᠦᠴᠦᠷᠬᠡᠭᠵᠢᠭᠦᠯᠬᠦ᠂ ︽ᠨᠢᠭᠡ ᠲᠣᠰᠬᠤᠨ ᠨᠢᠭᠡ ᠪᠦᠳᠦᠭᠡᠭᠳᠡᠬᠦᠨ︾ ᠢᠶᠠᠷ ᠵᠢᠱᠢᠶᠡᠴᠢ ᠭᠠᠴᠠᠭ᠎ᠠ ᠲᠣᠰᠬᠤᠨ ᠤ ᠲᠥᠷᠥᠯ ᠵᠦᠶᠯ ᠢ ᠪᠥᠬᠦ | ᠬᠦᠴᠦᠨ ᠢᠶᠠᠷ ᠢᠶᠠᠨ ᠴᠢᠷᠮᠠᠶᠢᠨ ᠣᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠲᠣᠰᠬᠤᠨ | 5 ᠶᠢ ᠪᠠᠶᠢᠭᠤᠯᠵᠤ᠂ ᠪᠣᠬᠢᠷᠲᠤᠯ ᠥᠬᠡᠶ ᠠᠮᠢ ᠠᠬᠤᠶ ᠶᠢᠨ ᠦᠵᠡᠰᠬᠦᠯᠡᠩᠲᠦ ᠲᠣᠰᠬᠤᠨ 35᠂ ᠠᠵᠤ ᠦᠶᠯᠡᠰ ᠢᠶᠠᠷ ᠬᠦᠴᠦᠷᠬᠡᠭᠵᠢᠭᠦᠯᠬᠦ ᠲᠤᠰᠬᠤᠨ 34᠂ ᠠᠷᠠᠳ | ᠤᠨ ᠵᠠᠩ ᠦᠶᠯᠡ ᠶᠢᠨ ᠰᠣᠶᠣᠯ ᠤᠨ ᠤᠨᠴᠠᠯᠢᠭᠳᠤ ᠡᠷᠲᠡᠨ ᠤ ᠲᠣᠰᠬᠤᠨ 5᠂ ᠣᠨᠴᠠᠯᠢᠭᠲᠤ ᠵᠢᠭᠤᠯᠴᠢᠯᠠᠯ ᠤᠨ ᠨᠠᠷᠠᠲᠤ ᠲᠣᠰᠬᠤᠨ ᠢ 1 ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠬᠥᠳᠡᠭᠡ ᠲᠣᠰᠬᠤᠨ ᠤ ᠵᠠᠮ ᠢ | ᠰᠠᠭᠠᠳ ᠦᠭᠡᠶ ᠨᠡᠪᠲᠡᠷᠡᠭᠦᠯᠬᠦ᠂ ᠤᠰᠤ ᠬᠠᠩᠭᠠᠬᠤ ᠶᠢ ᠪᠠᠲᠤᠯᠠᠬᠤ᠂ ᠪᠣᠬᠢᠷ ᠪᠣᠳᠠᠰ ᠢ ᠰᠢᠶᠳᠪᠦᠷᠢᠯᠡᠬᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠡᠷᠭᠡ | ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠬᠠᠲᠤᠨ ᠭᠤᠣᠯ ᠤᠨ ᠡᠮᠦᠨ᠎ᠡ ᠡᠷᠭᠢ ᠶᠢᠨ ᠣᠳᠣᠬᠢᠴᠢᠯᠠᠭᠰᠠᠨ ᠤᠰᠤᠯᠠᠯᠲᠠ ᠶᠢᠨ | ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤᠯᠠᠬᠤ ᠪᠠ ᠤᠰᠤ ᠵᠠᠯᠠᠬᠤ ᠰᠢᠰᠲ᠋ᠧᠮ ᠢ ᠥᠭᠡᠷᠡᠴᠢᠯᠡᠵᠦ᠂ ︽ᠬᠤᠳᠳᠤᠭ ᠤᠨ ᠤᠰᠤ ᠪᠠᠷ | ᠣᠰᠤᠯᠠᠬᠤ ᠪᠠ ᠬᠠᠲᠤᠨ ᠭᠤᠣᠯ ᠤᠨ ᠤᠰᠤ ᠪᠠᠷ ᠤᠰᠤᠯᠠᠬᠤ ᠬᠤᠣᠰ ᠤᠰᠤᠯᠠᠯᠲᠠ︾ ᠶᠢ ᠲᠤᠷᠰᠢᠨ ᠬᠡᠷᠡᠭᠵᠢᠭᠦᠯᠵᠦ᠂ ᠮᠡᠳᠡᠭᠡ ᠵᠠᠩᠭᠢᠵᠢᠯᠲᠠ ᠶᠢᠨ ᠲᠦᠬᠦᠭᠡᠷᠦᠮᠵᠢ | ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠦᠨ᠎ᠡ᠃ ᠬᠠᠩᠬᠢᠨᠨᠠᠭᠤᠷ ᠤᠨ ᠦᠶᠡᠷ ᠲᠠᠲᠠᠷᠠᠭᠤᠯᠬᠤ ᠣᠷᠣᠨ ᠤ ᠲᠡᠦᠬᠡᠨ ᠦᠯᠡᠳᠡᠭᠳᠡᠯ ᠠᠰᠠᠭᠤᠳᠠᠯ ᠢ ᠲᠤᠶᠢᠯᠪᠤᠷᠢᠲᠠᠶ | ᠰᠢᠶᠳᠪᠦᠷᠢᠯᠡᠵᠦ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠶᠡᠷ ᠲᠠᠲᠠᠷᠠᠭᠤᠯᠬᠤ ᠣᠷᠣᠨ ᠢ ᠤᠰᠤ ᠬᠠᠩᠭᠠᠬᠤ᠂ ᠣᠨᠴᠠᠯᠢᠭᠲᠤ ᠲᠠᠷᠢᠮᠠᠯ᠂ | ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ᠂ ᠬᠠᠲᠤᠨ ᠭᠤᠤᠯ ᠤᠨ ᠵᠢᠭᠤᠯᠴᠢᠯᠠᠯ ᠵᠡᠷᠭᠡ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠣᠲᠣ ᠦᠶ᠎ᠡ ᠶᠢᠨ ᠠᠵᠤ ᠦᠶᠯᠡᠰ ᠤᠨ ᠵᠢᠱᠢᠶ᠎ᠡ ᠦᠵᠡᠭᠦᠯᠬᠦ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃ | ᠣᠷᠣᠯᠭ᠎ᠠ ᠪᠠᠨ ᠨᠡᠮᠡᠭᠳᠡᠭᠦᠯᠬᠦ ᠵᠠᠮ ᠢ ᠦᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠲᠠ ᠶᠢᠨ ᠠᠵᠢᠯ ᠤᠨ ᠦᠷ᠎ᠡ ᠪᠦᠳᠦᠮᠵᠢ ᠶᠢ | ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠬᠡᠮᠵᠢᠬᠦ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ | ᠬᠥᠳᠡᠯᠦᠩᠭᠦᠶ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠪᠴᠢᠶᠡᠲᠦ ᠴᠢᠨᠠᠷᠲᠠᠶ ᠪᠠᠷ ᠳᠠᠬᠢᠨ ᠶᠠᠳᠠᠭᠤᠷᠠᠬᠤ | ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠵᠦ᠂ ᠵᠣᠯᠭᠠᠭᠤᠯᠬᠤ ᠪᠡᠯᠡ | ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠲᠦᠷᠦᠯ ᠵᠦᠢᠯ ᠢ ᠰᠠᠶᠢᠲᠤᠷ ᠰᠣᠩᠭᠤᠬᠤ᠂ ᠰᠠᠶᠢᠲᠤᠷ ᠪᠠᠶᠢᠭᠤᠯᠬᠤ᠂ ᠰᠠᠶᠢᠲᠤᠷ ᠬᠡᠷᠡᠭᠯᠡᠬᠦ | ᠳᠡᠭᠡᠷ᠎ᠡ ᠬᠦᠴᠦ ᠲᠠᠯᠪᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ | ᠵᠢᠷᠤᠮᠵᠢᠭᠤᠯᠵᠤ᠂ ᠬᠥᠳᠡᠭᠡ ᠲᠣᠰᠬᠤᠨ ᠤ ᠳᠠᠭᠠᠭᠠᠴᠢᠯᠠᠭᠰᠠᠨ ᠭᠠᠵᠠᠷ ᠤᠨ ᠡᠵᠡᠩᠨᠡᠯᠲᠡ ᠶᠢᠨ ᠡᠷᠬᠡ ᠪᠠᠨ ᠪᠠᠷᠢᠴᠠᠭᠠᠯᠠᠨ ᠵᠢᠭᠡᠯᠡᠯᠭᠡ ᠵᠢᠭᠡᠯᠡᠬᠦ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠣᠯᠠᠨ ᠲᠦᠮᠡᠨ ᠤ ᠬᠥᠷᠥᠩᠭᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠦᠨ᠎ᠡ᠃ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠪᠥᠬᠦ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ 20 ᠲᠦᠮᠡᠨ | ᠲᠥᠭᠦᠷᠢᠭ ᠢ ᠳᠠᠪᠠᠵᠤ᠂ 50 ᠲᠦᠮᠡᠨ ᠲᠥᠭᠦᠷᠢᠭ ᠠᠴᠠ ᠳᠡᠭᠡᠭᠰᠢᠬᠢ ᠤᠷᠤᠯᠭ᠎ᠠ ᠲᠠᠢ ᠭᠠᠴᠠᠭ᠎ᠠ ᠲᠣᠰᠬᠤᠨ ᠢ 4᠂ 100 ᠲᠦᠮᠡᠨ ᠲᠥᠭᠦᠷᠢᠭ ᠠᠴᠠ ᠳᠡᠭᠡᠭᠰᠢᠬᠢ | ᠤᠷᠤᠯᠭ᠎ᠠ ᠲᠠᠢ ᠭᠠᠴᠠᠭ᠎ᠠ ᠲᠣᠰᠬᠤᠨ ᠢ 2 ᠨᠡᠮᠡᠭᠳᠡᠬᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠭᠠᠴᠢᠯᠠᠭᠰᠠᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ | ︵ᠳᠥᠷᠪᠡ︶ ᠬᠡᠷᠡᠭᠯᠡᠭᠡᠨ ᠤ ᠳᠡᠰ ᠳᠡᠪᠰᠢᠬᠦ ᠶᠢ ᠠᠬᠢᠭᠤᠯᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠠᠩ ᠰᠠᠶᠢᠨ ᠬᠥᠭᠵᠢᠭᠡᠨ᠎ᠡ᠃ | ᠬᠡᠷᠡᠭᠯᠡᠭᠡᠨ ᠤ ᠳᠡᠰ ᠳᠡᠪᠰᠢᠭᠰᠡᠨ ᠪᠠᠶᠢᠳᠠᠯ ᠳᠤ ᠲᠦᠰᠢᠭᠯᠡᠨ᠂ ᠠᠷᠠᠯᠵᠢᠶ᠎ᠠ ᠬᠤᠳᠠᠯᠳᠤᠭᠠᠨ ᠤ ᠬᠡᠷᠡᠭᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ | ᠪᠥᠬᠦ ᠣᠷᠣᠨ ᠪᠦᠰᠡ ᠶᠢᠨ ᠵᠢᠭᠤᠯᠴᠢᠯᠠᠯ ᠢ ᠲᠦᠷᠭᠡᠳᠬᠡᠨ ᠬᠥᠭᠵᠢᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ ᠲᠠᠰᠤᠷᠠᠯᠲᠠ ᠥᠬᠡᠶ ᠪᠠᠳᠠᠷᠠᠭᠤᠯᠤᠨ᠎ᠠ᠃ | ᠵᠢᠭᠤᠯᠴᠢᠯᠠᠯ ᠤᠨ ᠬᠥᠭᠵᠢᠯᠲᠡ ᠶᠢᠨ ᠣᠷᠣᠨ ᠵᠠᠶ ᠶᠢ ᠰᠢᠯᠢᠳᠡᠭᠵᠢᠭᠦᠯᠦᠨ᠎ᠡ᠃ ︽ᠲᠠᠯ᠎ᠠ ᠨᠤᠲᠤᠭ ᠤᠨ ᠵᠢᠭᠤᠯᠴᠢᠯᠠᠯ ᠤᠨ ᠭᠤᠤᠯ ᠣᠷᠣᠨ ᠤ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠡᠵᠡᠮᠰᠢᠯ ᠤᠨ ᠴᠢᠨᠠᠷᠲᠠᠶ ᠲᠥᠯᠥᠪᠵᠢᠭᠦᠯᠭᠡ︾᠂ ︽ᠡᠯᠡᠰᠦᠨ ᠴᠥᠯ ᠤᠨ ᠵᠢᠭᠤᠯᠴᠢᠯᠠᠯ ᠤᠨ ᠭᠤᠤᠯ ᠣᠷᠣᠨ ᠤ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠡᠵᠡᠮᠰᠢᠯ ᠤᠨ ᠴᠢᠨᠠᠷᠲᠠᠶ ᠲᠥᠯᠥᠪᠵᠢᠭᠦᠯᠭᠡ︾ ᠶᠢ ᠰᠠᠶᠢᠲᠤᠷ ᠬᠡᠷᠡᠭᠵᠢᠭᠦᠯᠵᠦ᠂ ᠡᠯ᠎ᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠬᠢᠭᠡᠳ ᠵᠢᠭᠤᠯᠴᠢᠯᠠᠯ ᠤᠨ ᠣᠷᠣᠨ ᠵᠠᠶ ᠶᠢᠨ ᠲᠥᠯᠥᠪᠵᠢᠭᠦᠯᠭᠡ ᠬᠠᠷᠢᠯᠴᠠᠨ ᠮᠥᠷᠭᠦᠯᠳᠦᠬᠦ ᠠᠴᠠ ᠡᠷᠡᠰ ᠵᠠᠶᠢᠯᠠᠰᠬᠢᠵᠦ᠂ ᠵᠢᠭᠤᠯᠴᠢᠯᠠᠯ ᠤᠨ ᠡᠬᠢ | ᠪᠠᠶᠠᠯᠢᠭ ᠢ ᠬᠠᠮᠠᠭᠠᠯᠠᠬᠤ ᠳᠤᠮᠳᠠ ᠥᠨᠳᠥᠷ ᠬᠢᠷᠢ ᠲᠦᠪᠰᠢᠨ ᠲᠠᠢ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠡᠯᠡᠰᠦᠨ ᠴᠥᠯ ᠲᠠᠯ᠎ᠠ ᠨᠤᠲᠤᠭ ᠤᠨ | ᠵᠢᠭᠤᠯᠴᠢᠯᠠᠯ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠰᠤᠳᠤᠯᠤᠨ ᠲᠣᠭᠲᠠᠭᠠᠵᠤ᠂ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠡᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ︽ᠢᠷᠡᠭᠡᠳᠦᠢ ᠶᠢᠨ ᠲᠠᠯ᠎ᠠ ᠨᠤᠲᠤᠭ︾ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠯ᠎ᠠ ᠨᠤᠲᠤᠭ ᠤᠨ ᠠᠷᠠᠳ ᠤᠨ ᠰᠠᠭᠤᠴᠠ᠂ ᠲᠡᠭᠡᠳᠦ ᠲᠡᠰ ᠤᠨ ᠲᠠᠯ᠎ᠠ ᠨᠤᠲᠤᠭ ᠤᠨ ᠠᠷᠠᠳ ᠤᠨ ᠣᠷᠣᠨ | ᠰᠠᠭᠤᠴᠠ ᠶᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠤᠨ᠎ᠠ᠃ ᠲᠠᠭᠤᠳᠣ ᠨᠠᠭᠤᠷ ᠤᠨ 5 A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ | ᠡᠭᠦᠷᠭᠡ ᠶᠢ ᠪᠡᠶᠡᠯᠡᠭᠦᠯᠵᠦ᠂ ᠰᠢ ᠪᠧᠶ ᠶᠢᠨ ᠡᠯᠡᠰᠦᠨ ᠴᠥᠯ ᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠣ᠂ ᠣᠯᠠᠨ ᠤᠯᠤᠰ ᠤᠨ | ᠪᠠᠷᠢᠮᠵᠢᠶ᠎ᠠ ᠳᠤ ᠨᠡᠶᠢᠴᠡᠭᠰᠡᠨ ᠲᠤᠰᠬᠠᠶ ᠮᠡᠷᠭᠡᠵᠢᠯ ᠤᠨ ᠡᠯᠡᠰᠦᠨ ᠴᠥᠯ ᠤᠨ ᠬᠡᠭᠡᠷᠡᠯᠡᠬᠦ ᠤᠷᠤᠯᠳᠤᠭᠠᠨ ᠤ ᠵᠠᠮ ᠢ ᠲᠥᠯᠥᠪᠵᠢᠭᠦᠯᠦᠨ ᠪᠠᠶᠢᠭᠤᠯᠵᠤ᠂ ᠳᠡᠭᠡᠳᠦ ᠲᠠᠰ | ᠤᠨ ᠡᠯᠡᠰᠦᠨ ᠴᠥᠯ ᠤᠨ ᠵᠢᠭᠤᠯᠴᠢᠯᠠᠯ ᠢ ᠬᠠᠩᠭᠢᠨ ᠬᠤᠰᠢᠭᠤᠨ ᠤ ᠤᠳᠤᠬᠢᠴᠢᠯᠠᠭᠰᠠᠨ ᠵᠢᠭᠤᠯᠴᠢᠯᠠᠯ ᠤᠨ ᠬᠥᠭᠵᠢᠯᠲᠡ ᠶᠢᠨ ᠨᠠᠷᠠᠲᠤ ᠲᠡᠮᠳᠡᠭ ᠪᠣᠯᠭᠠᠨ᠎ᠠ᠃ ᠬᠠᠲᠤᠨ | ᠭᠤᠤᠯ ᠤᠨ ᠵᠢᠭᠤᠯᠴᠢᠯᠠᠯ ᠤᠨ ᠨᠠᠶᠢᠷ᠂ ᠲᠠᠯ᠎ᠠ ᠨᠤᠲᠤᠭ ᠤᠨ ᠨᠠᠭᠠᠳᠤᠮ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠵᠦ᠂ ᠰᠡᠯᠡᠭᠦᠴᠡᠨ ᠵᠤᠭᠠᠴᠠᠬᠤ᠂ | ᠰᠦᠯᠵᠢᠶᠡᠨ ᠣᠳᠣᠳ ᠴᠤᠭᠯᠠᠷᠠᠬᠤ᠂ ᠬᠥᠳᠡᠭᠡ ᠲᠣᠰᠬᠤᠨ ᠳᠤ ᠰᠡᠯᠡᠭᠦᠴᠡᠨ ᠵᠣᠭᠠᠴᠠᠬᠤ᠂ ᠢᠳᠡᠭᠡᠨ ᠤᠮᠳᠠᠭᠠᠨ ᠠᠮᠲᠠᠷᠬᠠᠨ ᠰᠣᠨᠢᠷᠬᠠᠬᠤ ᠵᠡᠷᠭᠡ ᠭᠤᠤᠯ ᠰᠡᠳᠦᠪᠲᠦ | ᠵᠢᠭᠤᠯᠴᠢᠯᠠᠯ ᠤᠨ ᠵᠠᠮ ᠱᠤᠭᠤᠮ ᠢ ᠨᠠᠷᠢᠨ ᠨᠢᠮᠪᠠᠶ ᠵᠢᠷᠤᠵᠤ ᠲᠥᠯᠥᠪᠯᠡᠨ᠂ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠲᠦᠷᠭᠡᠨ ᠬᠥᠭᠵᠢᠬᠦ ᠶᠢ ᠠᠬᠢᠭᠤᠯᠵᠤ᠂ | ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ᠂ ᠭᠥᠯᠢᠶᠡᠨ ᠠᠪᠬᠤ ᠬᠥᠮᠦᠨ ᠤ ᠲᠤᠭ᠎ᠠ ᠶᠢ ᠶᠡᠭᠡ ᠪᠠᠷ ᠳᠡᠭᠡᠭᠰᠢᠯᠡᠭᠦᠯᠵᠦ᠂ ᠲᠡᠦᠬᠡ ᠶᠢᠨ ᠬᠠᠮᠤᠭ ᠤᠨ ᠥᠨᠳᠥᠷ | ᠬᠡᠮᠵᠢᠶᠡᠨ ᠳᠤ ᠬᠦᠷᠭᠡᠨ᠎ᠡ᠃ | ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠴᠣᠭᠴᠠ᠂ ᠬᠤᠳᠠᠯᠳᠤᠭᠠᠨ ᠤ ᠵᠡᠭᠡᠯᠢ ᠵᠡᠷᠭᠡ ᠨᠢᠭᠡ | ᠪᠦᠯᠦᠭ ᠬᠤᠳᠠᠯᠳᠤᠭᠠᠨ ᠤ ᠬᠡᠷᠡᠭᠯᠡᠭᠡᠨ ᠤ ᠠᠴᠢᠶᠠᠯᠠᠪᠤᠷᠢ ᠶᠢ ᠪᠠᠶᠢᠭᠤᠯᠤᠨ ᠲᠡᠰ ᠲᠡᠪᠰᠢᠭᠦᠯᠵᠦ᠂ ᠰᠢᠨᠡᠪᠠᠯᠭᠠᠰᠤᠨ ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ | ᠠᠮᠢᠳᠤᠷᠠᠯ ᠤᠨ ᠣᠷᠴᠢᠨ ᠢ ᠲᠡᠭᠦᠯᠳᠡᠷᠵᠢᠭᠦᠯᠦᠨ᠎ᠡ᠃ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠤᠳ ᠢ ᠲᠣᠭᠲᠠᠭᠠᠨ ᠨᠡᠶᠢᠲᠡᠯᠡᠵᠦ᠂ ᠬᠡᠷᠡᠭᠯᠡᠭᠡ ᠶᠢ | ᠠᠬᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠦᠨ᠂ ᠳᠤᠭ᠎ᠠ ᠪᠦᠷᠢᠳᠬᠡᠯ ᠤᠨ ᠬᠡᠪᠴᠢᠶᠠᠨ ᠳᠤ ᠣᠷᠣᠭᠤᠯᠤᠭᠰᠠᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠠᠷᠠᠯᠵᠢᠶ᠎ᠠ ᠬᠤᠳᠠᠯᠳᠣᠭᠠᠨ ᠤ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠡᠷᠢᠬᠦᠨ ᠤ ᠳᠡᠯᠭᠡᠭᠦᠷ ᠤᠨ ᠠᠵᠤ ᠠᠬᠤᠶ᠂ ᠰᠥᠨᠢ ᠡᠵᠡᠩᠨᠡᠬᠦ | ᠠᠵᠤ ᠠᠬᠤᠶ ᠶᠢ ᠬᠥᠭᠵᠢᠭᠦᠯᠬᠦ ᠶᠢ ᠶᠡᠬᠡᠪᠡᠷ ᠬᠥᠲᠥᠯᠥᠨ ᠵᠢᠯᠣᠭᠤᠳᠬᠤ ᠪᠠ ᠳᠡᠮᠵᠢᠵᠦ᠂ ᠬᠥᠮᠦᠰ ᠤᠨ ᠠᠩᠬᠠᠷᠤᠯ ᠢ ᠲᠠᠲᠠᠨ᠂ ᠬᠤᠳᠠᠯᠳᠤᠭ᠎ᠠ ᠮᠠᠶᠢᠮᠠᠶ ᠶᠢ | ᠭᠥᠭᠵᠢᠭᠡᠵᠦ᠂ ᠰᠠᠭᠤᠭᠠᠯᠢ ᠠᠷᠠᠳ ᠪᠠ ᠵᠢᠭᠤᠯᠴᠢᠯᠠᠭᠴᠢᠳ ᠠᠴᠠ ᠬᠤᠲᠠ ᠪᠠᠯᠭᠠᠰᠤᠨ ᠤ ᠴᠢᠳᠠᠮᠵᠢ ᠳᠤ ᠲᠠᠯᠪᠢᠵᠤ ᠪᠠᠶᠢᠭ᠎ᠠ ᠰᠢᠨ᠎ᠡ ᠬᠦᠰᠡᠯ ᠡᠷᠡᠮᠡᠯᠵᠡᠯ ᠢ | ᠲᠠᠰᠤᠷᠠᠯᠲᠠ ᠤᠢᠭᠡᠢ ᠬᠠᠩᠭᠠᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠷᠥᠯ ᠵᠦᠶᠯ ᠢ ᠪᠥᠬᠦ | ᠬᠦᠴᠦᠨ ᠢᠶᠠᠷ ᠢᠶᠠᠨ ᠴᠢᠷᠮᠠᠶᠢᠨ ᠣᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ 3 ᠠᠴᠠ ᠳᠡᠭᠡᠭᠰᠢ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠪᠣᠶᠢᠵᠢᠭᠤᠯᠤᠨ᠎ᠠ᠃ ᠡᠯᠧᠺᠲᠷᠣᠨ ᠬᠤᠳᠠᠯᠳᠤᠭ᠎ᠠ ᠪᠠᠷᠠᠭᠠᠨ ᠤ ᠭᠦᠶᠯᠭᠡᠭᠡᠨ ᠤ ᠬᠥᠭᠵᠢᠯᠲᠡ ᠶᠢ ᠳᠡᠮᠵᠢᠵᠦ᠂ | ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠶᠯᠭᠡᠭᠡᠨ᠂ ᠬᠠᠩᠭᠠᠯᠭ᠎ᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠬᠠᠩᠭᠠᠯᠭ᠎ᠠ ᠶᠢᠨ | ᠭᠡᠯᠬᠢᠶᠡᠵᠢᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ | ︵ᠲᠠᠪᠤ︶ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠤᠲᠠ ᠬᠥᠳᠡᠭᠡ ᠶᠢᠨ ᠴᠢᠳᠠᠪᠬᠢ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠪᠠᠶᠢᠷᠢᠰᠢᠯ ᠢᠶᠠᠨ ᠰᠢᠯᠢᠳᠡᠭᠵᠢᠭᠦᠯᠦᠨ᠂ ᠬᠤᠲᠠ ᠬᠥᠳᠡᠭᠡ ᠶᠢ ᠨᠢᠭᠡᠳᠦᠯᠲᠡᠶ ᠲᠥᠯᠦᠪᠯᠡᠵᠦ᠂ ᠲᠣᠳᠠᠭᠳᠠᠯ ᠢᠶᠠᠨ ᠨᠥᠬᠦᠪᠦᠷᠢᠯᠡᠨ᠂ ᠪᠠᠭᠤᠷᠠᠶ ᠲᠠᠯ᠎ᠠ ᠪᠠᠨ | ᠬᠦᠴᠦᠷᠬᠡᠭᠵᠢᠭᠦᠯᠵᠦ᠂ ᠴᠢᠳᠠᠮᠵᠢ ᠪᠠᠨ ᠲᠡᠭᠦᠯᠳᠡᠷᠵᠢᠭᠦᠯᠦᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠪᠣᠯᠪᠠᠰᠤᠨ ᠰᠠᠶᠢᠬᠠᠨ ᠵᠣᠯ | ᠵᠢᠷᠭᠠᠯᠲᠤ ᠭᠡᠷ ᠣᠷᠣᠨ ᠢ ᠪᠦᠲᠦᠭᠡᠨ ᠪᠠᠶᠢᠭᠤᠯᠤᠨ᠎ᠠ᠃ | ᠬᠤᠲᠠ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠰᠢᠨᠡᠪᠠᠯᠭᠠᠰᠤ ᠶᠢᠨ ᠡᠮᠦᠨ᠎ᠡ ᠬᠡᠰᠡᠭ ᠤᠨ ᠭᠡᠷ ᠪᠠᠶᠢᠰᠢᠩ ᠤᠨ ᠬᠤᠲᠠ ᠶᠢᠨ | ᠰᠢᠨᠡᠴᠢᠯᠡᠯᠲᠡ ᠶᠢᠨ ᠵᠢᠱᠢᠶᠡᠴᠢ ᠲᠥᠷᠥᠯ ᠵᠦᠢᠯ ᠢ ᠰᠢᠨ᠎ᠡ ᠪᠠᠷ ᠬᠡᠷᠡᠭᠵᠢᠭᠦᠯᠵᠦ᠂ ᠰᠠᠭᠤᠷᠢ ᠬᠤᠭᠤᠯᠠᠢ ᠲᠣᠣᠷ᠂ ᠪᠠᠷᠢᠯᠭ᠎ᠠ ᠶᠢᠨ ᠠᠮᠤᠷ ᠲᠦᠪᠰᠢᠨ᠂ ᠡᠵᠡᠩᠨᠡᠯᠲᠡ | ᠶᠢᠨ ᠬᠡᠯᠪᠡᠷᠢ ᠪᠠ ᠣᠷᠴᠢᠨ ᠲᠣᠭᠤᠷᠢᠨ ᠤ ᠦᠵᠡᠮᠵᠢ ᠶᠢᠨ ᠰᠢᠨᠡᠴᠢᠯᠡᠯᠲᠡ ᠶᠢ ᠡᠮᠬᠢ ᠴᠡᠭᠴᠡ ᠲᠠᠢ ᠠᠬᠢᠭᠤᠯᠵᠤ᠂ ᠬᠠᠭᠤᠴᠢᠨ ᠬᠤᠲᠠ ᠶᠢᠨ ᠰᠢᠨᠡᠴᠢᠯᠡᠯᠲᠡ ᠶᠢᠨ | ᠳᠠᠭᠤᠷᠢᠶᠠᠯ ᠢᠨᠵᠧᠨᠧᠷᠢᠩ ᠢ ᠡᠭᠦᠳᠦᠨ ᠪᠠᠶᠢᠭᠤᠯᠤᠨ᠎ᠠ᠃ ᠬᠠᠭᠤᠴᠢᠨ ᠬᠤᠲᠠ ᠶᠢ ᠥᠭᠡᠷᠡᠴᠢᠯᠡᠬᠦ ᠲᠡᠦᠬᠡᠨ ᠦᠯᠡᠳᠡᠭᠳᠡᠯ ᠠᠰᠠᠭᠤᠳᠠᠯ ᠢ ᠬᠦᠴᠦ ᠣᠷᠣᠭᠤᠯᠤᠨ | ᠰᠢᠢᠳᠪᠦᠷᠢᠯᠡᠵᠦ᠂ ᠬᠤᠶᠢᠲᠤ ᠭᠡᠰᠡᠭ ᠤᠨ ᠬᠠᠭᠤᠴᠢᠨ ᠭᠡᠷ ᠪᠠᠶᠢᠰᠢᠩ ᠢ ᠨᠤᠷᠠᠭᠠᠵᠤ ᠨᠡᠭᠦᠯᠭᠡᠨ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ | ᠬᠠᠭᠤᠴᠢᠨ ᠣᠷᠣᠨ ᠰᠠᠭᠤᠴᠠ ᠶᠢᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠲᠠ ᠶᠢᠨ ᠪᠦᠳᠦᠬᠡᠨ | ᠪᠠᠶᠢᠭᠤᠯᠣᠯᠲᠠ ᠶᠢᠨ ᠠᠵᠢᠯ ᠤᠨ ᠳᠤᠮᠳᠠ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ ᠠᠴᠠ ᠵᠠᠶᠢᠯᠠᠰᠬᠢᠵᠦ᠂ ᠤᠯᠠᠮᠵᠢᠯᠠᠯᠲᠤ ᠣᠨᠴᠠᠯᠢᠭ ᠢ ᠰᠠᠶᠢᠲᠤᠷ ᠬᠠᠮᠠᠭᠠᠯᠠᠬᠤ ᠶᠢ | ᠴᠢᠬᠤᠯᠠᠴᠢᠯᠠᠨ᠂ ᠲᠡᠦᠬᠡ ᠶᠢᠨ ᠳᠤᠷᠠᠳᠬᠠᠯ ᠢ ᠰᠠᠶᠢᠲᠤᠷ ᠤᠯᠠᠮᠵᠢᠯᠠᠵᠤ᠂ ᠰᠢᠨᠡᠪᠠᠯᠭᠠᠰᠤ ᠶᠢ ᠲᠡᠦᠬᠡ ᠶᠢᠨ ᠣᠨᠴᠠᠯᠢᠭ ᠲᠠᠢ᠂ ᠰᠣᠶᠣᠯ ᠤᠨ ᠠᠭᠤᠯᠤᠭᠳᠠᠬᠤᠨ ᠲᠠᠢ᠂ | ᠡᠶ᠎ᠡ ᠨᠠᠶᠢᠷᠠᠮᠳᠠᠭᠤ ᠣᠷᠣᠰᠢᠨ ᠰᠠᠭᠤᠬᠤ ᠳᠤ ᠲᠣᠬᠢᠷᠠᠮᠵᠢᠲᠠᠢ ᠣᠨᠴᠠᠯᠢᠭᠲᠤ ᠪᠠᠯᠭᠠᠰᠤ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠤᠯᠤᠰ ᠤᠨ ᠳᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ | ᠦᠷ᠎ᠡ ᠪᠦᠳᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠲᠡᠰ ᠤᠨ ᠴᠡᠴᠡᠷᠯᠢᠭᠲᠦ ᠬᠤᠲᠠ ᠶᠢ ᠪᠠᠶᠢᠭᠤᠯᠤᠨ᠎ᠠ᠃ ᠬᠤᠲᠠ ᠶᠢᠨ ᠶᠠᠪᠤᠳᠠᠯ | ᠤᠨ ᠣᠯᠠᠨ ᠨᠡᠶᠢᠲᠡ ᠶᠢᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠦᠬᠦᠭᠡᠷᠦᠮᠵᠢ ᠶᠢ | ᠲᠣᠬᠢᠷᠠᠭᠤᠯᠤᠨ ᠥᠭᠡᠷᠡᠴᠢᠯᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠳᠥᠬᠦᠭᠡᠷᠦᠮᠵᠢ ᠶᠢ 30 ᠰᠢᠨ᠎ᠡ ᠪᠠᠷ ᠪᠠᠶᠢᠭᠤᠯᠵᠤ᠂ ᠨᠢᠭᠡ | ᠪᠦᠯᠦᠭ ᠵᠢᠵᠢᠭ ᠬᠡᠯᠪᠡᠷᠢ ᠶᠢᠨ ᠴᠡᠴᠡᠷᠯᠢᠭ ᠢ ᠦᠭᠡᠷᠡᠴᠢᠯᠡᠨ ᠪᠠᠶᠢᠭᠤᠯᠤᠨ᠎ᠠ᠃ ᠡᠮᠬᠢ ᠵᠠᠮᠪᠠᠷᠠᠭ᠎ᠠ ᠦᠬᠡᠢ ᠤᠲᠠᠰᠤ ᠲᠣᠣᠷ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ | ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠵᠡᠭᠡᠯᠢ ᠭᠤᠳᠤᠮᠵᠢ ᠶᠢ ᠲᠡᠰ ᠳᠡᠪᠰᠢᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ᠬᠤᠲᠠ ᠶᠢᠨ ᠳᠦᠷᠢ ᠲᠥᠷᠬᠦ ᠶᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ 87 ᠰᠠᠭᠤᠭᠠᠯᠢ ᠲᠣᠭᠤᠷᠢᠭ ᠤᠨ ᠰᠠᠭᠤᠷᠢ ᠲᠦᠬᠦᠭᠡᠷᠦᠮᠵᠢ ᠪᠠ 8 ᠬᠠᠭᠤᠴᠢᠨ ᠰᠠᠭᠤᠭᠠᠯᠢ | ᠲᠣᠭᠤᠷᠢᠭ ᠢ ᠲᠠᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠰᠠᠭᠤᠭᠠᠯᠢ ᠲᠣᠭᠤᠷᠢᠭ ᠤᠨ ᠢᠨᠵᠧᠨᠧᠷᠢᠩ ᠤᠨ ᠬᠦᠷᠢᠶᠡᠨ ᠳᠠᠬᠢ ᠲᠡᠦᠬᠡᠨ | ᠦᠯᠡᠳᠡᠭᠳᠡᠯ ᠠᠰᠠᠭᠤᠳᠠᠯ ᠢ ᠲᠤᠶᠢᠯᠪᠤᠷᠢᠲᠠᠶ ᠰᠢᠢᠳᠪᠤᠷᠢᠯᠡᠬᠦ ᠪᠠᠷ ᠴᠢᠷᠮᠠᠶᠢᠨ᠎ᠠ᠃ ᠠᠳᠠᠯ ᠠᠬᠤᠶ ᠶᠢᠨ ᠺᠣᠮᠫᠠᠨᠢ ᠶᠢ ᠵᠥᠪᠰᠢᠶᠡᠷᠡᠨ ᠣᠷᠣᠭᠤᠯᠬᠤ ᠪᠠ ᠪᠤᠴᠠᠭᠠᠨ | ᠭᠠᠷᠭᠠᠬᠤ ᠲᠣᠭᠲᠠᠴᠠ ᠶᠢ ᠪᠠᠶᠢᠭᠤᠯᠵᠤ᠂ ᠠᠳᠠᠯ ᠠᠬᠤᠶ ᠶᠢᠨ ᠺᠣᠮᠫᠠᠨᠢ ᠪᠠ ᠥᠮᠴᠢᠲᠡᠨ ᠤ ᠵᠥᠪᠯᠡᠯ ᠤᠨ ᠬᠠᠮᠲᠤ ᠪᠠᠷ ᠬᠠᠮᠢᠶᠠᠷᠬᠤ ᠵᠠᠭᠪᠤᠷ ᠢ ᠰᠢᠯᠢᠳᠡᠭᠵᠢᠭᠦᠯᠦᠨ᠂ | ᠰᠢᠨᠡᠪᠠᠯᠭᠠᠰᠤᠨ ᠤ ᠰᠠᠭᠤᠭᠠᠯᠢ ᠲᠣᠭᠤᠷᠢᠭ ᠲᠤ ᠴᠢᠨᠠᠷ ᠰᠠᠶᠢᠲᠠᠢ ᠠᠳᠠᠯ ᠠᠬᠤᠢ ᠶᠢᠨ ᠦᠢᠯᠡᠴᠢᠯᠡᠭᠡ ᠶᠢ ᠦᠨᠳᠦᠰᠦᠨ ᠳᠡᠭᠡᠨ ᠪᠥᠷᠬᠦᠭᠦᠯᠬᠦ ᠶᠢ ᠴᠢᠷᠮᠠᠶᠢᠨ | ᠪᠡᠶᠡᠯᠡᠭᠦᠯᠵᠦ᠂ ᠠᠳᠠᠯ ᠠᠬᠤᠶ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠰᠠᠭᠤᠭᠠᠯᠢ ᠠᠷᠠᠳ ᠲᠤ ᠲᠠᠭᠠᠯᠠᠮᠵᠢᠲᠠᠢ ᠠᠮᠢᠳᠤᠷᠠᠯ ᠤᠨ ᠣᠷᠴᠢᠨ ᠢ ᠪᠦᠷᠢᠯᠳᠦᠭᠦᠯᠦᠨ᠎ᠡ᠃ | | ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠦᠪᠡᠷᠳᠡᠬᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ | ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠦᠨ᠎ᠡ᠃ ᠪᠤᠬᠢᠷᠳᠣᠯ ᠦᠬᠡᠢ ᠳᠤᠯᠠᠭᠠᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠳᠤᠭᠤᠶᠢᠳᠠᠯ᠎ᠠ ᠪᠠᠯᠭᠠᠰᠤ ᠶᠢᠨ ᠨᠡᠶᠢᠭᠡᠮ ᠲᠣᠭᠤᠷᠢᠭ ᠤᠨ ᠨᠡᠷᠡᠨ ᠡᠨᠧᠷᠭᠢ ᠪᠠᠷ ᠳᠤᠯᠠᠭᠠᠯᠠᠭ᠎ᠠ ᠬᠠᠩᠭᠠᠬᠤ ᠲᠥᠷᠥᠯ ᠵᠦᠶᠯ ᠢ ᠪᠠᠶᠢᠭᠤᠯᠵᠤ᠂ ᠮᠧᠩ ᠨᠧᠩ ᠤᠨ ᠬᠠᠩᠭᠢᠨ | ᠳᠠᠬᠢ ᠴᠠᠬᠢᠯᠭᠠᠨ ᠤ ᠦᠶᠯᠡᠳᠪᠦᠷᠢ ᠶᠢᠨ ᠳᠤᠯᠠᠭᠠᠯᠠᠭ᠎ᠠ ᠶᠢᠨ ᠬᠤᠭᠤᠯᠠᠶ ᠲᠣᠤᠷ ᠤᠨ ᠢᠨᠵᠧᠨᠧᠷᠢᠩ ᠢ ᠡᠬᠢᠯᠡᠭᠦᠯᠵᠦ᠂ ᠪᠥᠬᠦ ᠬᠤᠰᠢᠭᠤᠨ ᠤ ᠲᠥᠪᠯᠡᠷᠡᠭᠦᠯᠦᠨ | ᠳᠤᠯᠠᠭᠠᠯᠠᠭ᠎ᠠ ᠬᠢᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠰᠠᠮᠠᠯ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ | S215 ᠰᠢᠨᠡᠪᠠᠯᠭᠠᠰᠤ ᠠᠴᠠ ᠦᠤᠰᠢᠨᠵᠤᠤ ᠬᠦᠷᠬᠦ ᠬᠡᠰᠡᠭ ᠤᠨ ᠵᠠᠰᠠᠮᠠᠯ ᠵᠠᠮ ᠪᠠ ᠲᠡᠭᠡᠭ ᠰᠦᠮ᠎ᠡ ᠠᠴᠠ G242 ᠬᠦᠷᠬᠦ ᠵᠡᠷᠭᠡ 6 ᠵᠤᠷᠪᠤᠰ ᠬᠥᠳᠡᠭᠡ | ᠲᠣᠰᠬᠤᠨ ᠤ ᠵᠠᠰᠠᠮᠠᠯ ᠵᠠᠮ ᠢ ᠡᠬᠢᠯᠡᠭᠦᠯᠦᠨ ᠲᠡᠪᠢᠰᠴᠣ᠂ ᠰᠢᠨᠡᠪᠠᠯᠭᠠᠰᠤ ᠠᠴᠠ ᠷᠥᠩ ᠴᠧᠩ - ᠦᠬᠠᠶ ᠬᠦᠷᠬᠦ ᠦᠨᠳᠦᠷ ᠬᠤᠷᠳᠣᠴᠠᠲᠤ ᠵᠠᠰᠠᠮᠠᠯ ᠵᠠᠮ ᠬᠦᠷᠬᠦ | ᠬᠡᠰᠡᠭ ᠤᠨ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠪᠡᠶᠡᠯᠡᠭᠦᠯᠵᠦ᠂ ᠰᠢᠨᠡᠪᠠᠯᠭᠠᠰᠤ ᠠᠴᠠ ᠳ᠋ᠧᠩᠺᠸᠤ ᠬᠦᠷᠬᠦ ᠵᠠᠰᠠᠮᠠᠯ ᠵᠠᠮ ᠢ ᠮᠤᠵᠢ ᠶᠢᠨ ᠲᠡᠰ ᠤᠨ ᠵᠠᠮ | ᠪᠤᠯᠠᠭᠠᠨ ᠥᠭᠡᠷᠡᠴᠢᠯᠡᠬᠦ ᠶᠢᠨ ᠬᠠᠮᠲᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠲᠥᠯᠥᠪᠯᠡᠭᠡ ᠳᠤ ᠤᠷᠤᠭᠤᠯᠵᠤ᠂ ᠮᠠᠨ ᠤ | ᠬᠤᠰᠢᠭᠤᠨ ᠤ ᠳᠤᠮᠳᠠ ᠡᠮᠦᠨ᠎ᠡ ᠬᠡᠰᠡᠭ ᠤᠨ ᠵᠡᠭᠦᠨ ᠪᠠᠷᠠᠭᠤᠨ ᠢ ᠬᠤᠯᠪᠤᠬᠤ ᠵᠠᠮ ᠨᠡᠪᠲᠡᠷᠡᠯᠭᠡ ᠶᠢᠨ ᠠᠰᠠᠭᠤᠳᠠᠯ ᠢ ᠰᠢᠶᠳᠪᠦᠷᠢᠯᠡᠨ᠎ᠡ᠃ S211ᠡᠩᠭᠡᠪᠡᠢ ᠠᠴᠠ | ᠠᠮᠠᠨᠴᠢᠷᠭ᠎ᠠ ᠬᠦᠷᠬᠦ ᠵᠠᠰᠠᠮᠠᠯ ᠵᠠᠮ ᠤᠨ ᠡᠮᠦᠨᠡᠬᠢ ᠬᠤᠭᠤᠴᠠᠭᠠᠨ ᠤ ᠭᠠᠷ ᠬᠦᠢᠴᠡᠳᠬᠡᠯ ᠢ ᠪᠡᠶᠡᠯᠡᠬᠦᠯᠦᠨ᠎ᠡ᠃ ᠨᠡᠭᠡᠭᠡᠯᠲᠡ ᠶᠢᠨ ᠤᠷᠤᠨ ᠤ ᠲᠡᠮᠦᠷ ᠵᠠᠮ ᠤᠨ ᠲᠤᠰᠬᠠᠢ | ᠱᠤᠭᠤᠮ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠬᠤᠯᠪᠤᠭᠠᠯᠵᠢ ᠶᠢᠨ ᠤᠮᠠᠷᠠᠲᠤ ᠶᠢᠨ ᠲᠡᠭᠡᠭᠡᠪᠦᠷᠢ ᠶᠢᠨ ᠱᠤᠭᠤᠮ ᠪᠠ ᠬᠠᠩᠭᠢᠨ ᠬᠤᠰᠢᠭᠤᠨ ᠤ | ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠥᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ︵ᠵᠢᠷᠭᠤᠭ᠎ᠠ︶ ᠠᠮᠢ ᠠᠬᠤᠢ ᠶᠢᠨ ᠳᠠᠪᠠᠭᠤᠯᠢᠭ ᠢ ᠪᠠᠳᠠᠷᠠᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠦᠷᠭᠦᠯᠵᠢᠯᠡᠨ | ᠠᠬᠢᠭᠤᠯᠤᠨ᠎ᠠ᠃ ᠠᠮᠢ ᠠᠬᠤᠶ ᠶᠢ ᠲᠡᠷᠢᠭᠦᠨ ᠳᠤ ᠲᠠᠯᠪᠢᠨ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠨᠢᠭᠡ ᠴᠣᠭᠴᠠᠵᠢᠭᠤᠯᠤᠨ ᠬᠠᠮᠠᠭᠠᠯᠠᠬᠤ᠂ | ᠰᠢᠰᠲ᠋ᠧᠮᠵᠢᠭᠦᠯᠦᠨ ᠵᠠᠰᠠᠬᠤ ᠶᠢ ᠲᠦᠷᠭᠡᠳᠬᠡᠨ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠵᠤ᠂ ᠬᠠᠲᠤᠨ ᠭᠤᠤᠯ | ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠵᠢᠱᠢᠶᠡᠴᠢ ᠣᠷᠣᠨ ᠢ ᠴᠢᠷᠮᠠᠶᠢᠨ ᠪᠠᠶᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠦᠨᠡᠨᠬᠦ ᠴᠢᠩᠭᠠᠳᠬᠠᠨ᠎ᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠪᠠ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠰᠢᠨᠵᠢᠯᠡᠬᠦ | ᠤᠬᠠᠭᠠᠨᠴᠢ ᠪᠠᠷ ᠥᠷᠨᠢᠭᠦᠯᠵᠦ᠂ ᠬᠥᠪᠴᠢ ᠶᠢᠨ ᠡᠯᠡᠰᠦ ᠶᠢᠨ ᠤᠰᠤᠨ ᠤ ᠠᠮᠢ ᠠᠬᠤᠶ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠵᠤ᠂ ᠬᠥᠪᠴᠢ | ᠶᠢᠨ ᠡᠯᠡᠰᠦ ᠮᠤᠤᠠᠤᠰᠤ ᠡᠯᠡᠰᠦᠨ ᠴᠥᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠣᠶ ᠰᠢᠭᠤᠶ ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠨᠤᠲᠤᠭ ᠪᠡᠯᠴᠢᠭᠡᠷ ᠢ | ᠰᠠᠶᠢᠵᠢᠷᠠᠭᠤᠯᠬᠤ ᠵᠡᠷᠭᠡ ᠲᠥᠷᠥᠯ ᠵᠦᠶᠯ ᠢ ᠶᠡᠬᠡᠪᠡᠷ ᠬᠡᠷᠡᠭᠵᠢᠭᠦᠯᠵᠦ᠂ 35 ᠲᠦᠮᠡᠨ ᠮᠥ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠬᠢᠭᠡᠳ ᠵᠠᠰᠠᠨ ᠰᠡᠷᠭᠦᠭᠡᠬᠦ ᠡᠭᠦᠷᠭᠡ ᠶᠢ ᠪᠡᠶᠡᠯᠡᠭᠦᠯᠵᠦ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶᠡᠴᠢ | ᠲᠥᠷᠥᠯ ᠵᠦᠶᠯ ᠢ ᠪᠠᠶᠢᠭᠤᠯᠬᠤ ᠪᠠᠷ ᠴᠢᠷᠮᠠᠶᠢᠨ᠎ᠠ᠃ ᠶᠢᠰᠦᠳᠦᠭᠡᠷ ᠬᠤᠭᠤᠴᠠᠭᠠᠨ ᠤ ᠤᠯᠠᠨ ᠤᠯᠤᠰ ᠤᠨ ᠬᠥᠪᠴᠢ ᠶᠢᠨ ᠡᠯᠡᠰᠦᠨ ᠤ ᠶᠠᠷᠢᠶᠠᠨ ᠤ ᠲᠠᠪᠴᠠᠩ ᠢ | ᠰᠠᠶᠢᠲᠤᠷ ᠡᠷᠬᠢᠯᠡᠨ᠎ᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ | ᠴᠥᠭᠦᠷᠥᠮ ᠤᠨ ︽ᠳᠥᠷᠪᠡᠨ ᠡᠷᠦᠢ ᠬᠤᠷᠤᠢ ᠦᠭᠡᠢ ᠶᠢ ᠴᠡᠭᠴᠡᠯᠡᠬᠦ︾ ᠶᠢ ᠪᠠᠶᠢᠩᠭᠤᠵᠢᠭᠤᠯᠤᠨ ᠥᠷᠨᠢᠭᠦᠯᠵᠦ᠂ ᠬᠠᠶᠢᠷ ᠴᠢᠯᠠᠭᠤ ᠮᠠᠯᠲᠠᠬᠤ ᠡᠮᠬᠢ ᠳᠢᠭᠯᠢᠮ ᠢ ᠪᠥᠬᠦ | ᠲᠠᠯ᠎ᠠ ᠪᠠᠷ ᠵᠢᠷᠤᠮᠵᠢᠭᠤᠯᠵᠤ᠂ ᠬᠠᠤᠯᠢ ᠪᠤᠰᠤ ᠪᠠᠷ ᠠᠭᠤᠷᠬᠠᠶ ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠲᠠ ᠶᠢᠨ ᠠᠵᠢᠯ ᠢ ᠭᠦᠨᠵᠡᠭᠡᠢ ᠰᠠᠶᠢᠲᠤᠷ ᠬᠢᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠲᠠ ᠶᠢᠨ | ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠪᠠ ᠠᠭᠤᠷᠬᠠᠶ ᠨᠡᠭᠡᠭᠡᠨ ᠮᠠᠯᠲᠠᠬᠤ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃ ᠠᠭᠠᠷ ᠮᠠᠨᠳᠠᠯ ᠤᠨ | ᠪᠣᠬᠢᠷᠲᠤᠯ ᠪᠣᠳᠠᠰ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠭᠠᠷ ᠤᠨ ᠴᠡᠪᠡᠷᠴᠡ ᠶᠢᠨ ᠰᠢᠯᠢᠳᠡᠭ ᠨᠣᠷᠮ᠎ᠠ ᠶᠢ 90% ᠠᠴᠠ ᠳᠡᠭᠡᠭᠰᠢ | ᠪᠠᠶᠢᠯᠭᠠᠬᠤ ᠶᠢ ᠪᠠᠲᠤᠯᠠᠨ᠎ᠠ᠃ ᠬᠠᠳᠤᠨ ᠭᠤᠣᠯ ᠤᠨ ᠤᠰᠤ ᠲᠠᠲᠠᠷᠠᠭᠤᠯᠬᠤ ᠠᠮᠠᠰᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠬᠠᠳᠤᠨ ᠭᠤᠣᠯ ᠤᠨ | ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠤᠨ ᠤᠰᠤ ᠲᠠᠲᠠᠷᠠᠭᠤᠯᠬᠤ ᠶᠢ ᠶᠡᠷᠦᠩᠬᠡᠶᠢᠯᠡᠨ ᠵᠠᠰᠠᠵᠤ ᠡᠷᠭᠢᠯᠳᠦᠭᠦᠯᠦᠨ ᠠᠰᠢᠭᠯᠠᠬᠤ ᠢᠨᠵᠧᠨᠧᠷᠢᠩ ᠢ ᠬᠡᠷᠡᠭᠵᠢᠭᠦᠯᠵᠦ | ᠂ ᠲᠠᠤᠯᠠᠢ ᠶᠢᠨ ᠭᠤᠣᠯ ᠤᠨ ᠴᠢᠭᠢᠭᠯᠢᠭ ᠨᠤᠭᠤ ᠭᠠᠵᠠᠷ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠮᠠᠭᠤᠪᠤᠯᠠᠭ ᠤᠨ ᠬᠥᠨᠳᠡᠢ᠂ ᠲᠠᠤᠯᠠᠢ ᠶᠢᠨ ᠭᠤᠣᠯ ᠢ | ᠶᠡᠷᠦᠩᠬᠡᠶᠢᠯᠡᠨ ᠵᠠᠰᠠᠬᠤ ᠶᠢ ᠲᠥᠯᠬᠢᠨ ᠠᠬᠢᠭᠤᠯᠵᠤ᠂ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠨ᠎ᠡ᠃ ᠭᠤᠣᠯᠳᠠᠯᠭ᠎ᠠ ᠲᠠᠢ ᠬᠢᠮᠢ ᠶᠢᠨ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠬᠥᠷᠥᠰᠥ ᠰᠢᠷᠣᠶ ᠶᠢᠨ ᠪᠣᠬᠢᠷᠲᠤᠯ ᠢ ᠬᠢᠨᠠᠨ ᠬᠡᠮᠵᠢᠵᠦ ᠵᠠᠰᠠᠬᠤ ᠪᠠ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠴᠢᠯᠠᠭᠤᠯᠢᠭ ᠤᠨ ᠦᠷᠦᠪᠳᠡᠰᠦ᠂ | ᠬᠡᠶᠢᠵᠢᠭᠦᠯᠦᠭᠰᠡᠨ ᠰᠢᠭᠠᠷᠤ᠂ ᠨᠤᠨᠲᠠᠭ ᠨᠡᠭᠦᠷᠡᠰᠦᠨ ᠤ ᠦᠨᠡᠰᠦ ᠵᠡᠷᠭᠡ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠭᠤᠣᠯᠳᠠᠯᠭ᠎ᠠ ᠲᠠᠢ | ᠠᠬᠢᠭᠤᠯᠤᠨ᠎ᠠ᠃ ᠲᠠᠷᠢᠶᠠᠯᠠᠩ ᠤᠨ ᠪᠣᠬᠢᠷᠲᠤᠯ ᠪᠣᠳᠠᠰ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠠᠷᠢᠶᠠᠨ ᠡᠮ ᠬᠢᠮᠢ ᠶᠢᠨ ᠪᠣᠷᠲᠣᠭᠤᠷ ᠤᠨ ᠬᠡᠮᠵᠢᠶ᠎ᠡ ᠶᠢ | ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ᠎ᠡ᠃ ᠰᠤᠮᠤ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠭ ᠨᠣᠪᠰᠢ ᠪᠤᠯᠠᠬᠤ | ᠲᠠᠯᠠᠪᠠᠢ ᠶᠢ ᠪᠦᠬᠦᠨ ᠢ ᠪᠠᠷᠢᠮᠵᠢᠶ᠎ᠠ ᠳᠤ ᠬᠦᠷᠭᠡᠨ᠎ᠡ᠃ | ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠤᠬᠢᠷᠳᠤᠯ | ᠶᠡᠬᠡᠲᠡᠢ ᠵᠦᠢᠯᠡᠰ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠣᠰ ᠡᠵᠡᠮᠳᠡᠯ︾ ᠢ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ︽ᠬᠤᠣᠰ ᠡᠵᠡᠮᠳᠡᠯ︾ ᠲᠡᠰᠢ ᠬᠤᠪᠢᠷᠠᠭᠤᠯᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠨᠧᠷᠭᠢ ᠠᠰᠢᠭᠯᠠᠬᠤ | ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠠᠵᠤ | ᠦᠢᠯᠡᠰ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠶᠯᠡᠳᠪᠦᠷᠢ ᠶᠢᠨ ᠤᠰᠤ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠬᠤ᠂ ᠬᠤᠲᠠ | ᠪᠠᠯᠭᠠᠰᠤᠨ ᠤ ᠤᠰᠤ ᠶᠢ ᠠᠷᠪᠢᠯᠠᠵᠤ ᠬᠤᠬᠢᠷᠠᠯ ᠢ ᠪᠠᠭᠠᠰᠬᠠᠬᠤ᠂ ᠤᠰᠤ ᠶᠢ ᠲᠠᠬᠢᠨ ᠠᠰᠢᠭᠯᠠᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠤᠰᠤ ᠶᠢ | ᠠᠷᠪᠢᠯᠠᠨ ᠭᠠᠮᠨᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃ ︽ᠨᠡᠭᠦᠷᠡᠰᠦᠲᠥ᠋ᠷᠥᠭᠴᠢ ᠬᠤᠷᠠᠮᠳᠤᠭᠤᠯᠬᠤ︾ ᠪᠡᠷᠬᠡ ᠰᠡᠳᠦᠪ ᠢ ᠰᠢᠢᠳᠪᠦᠷᠢᠯᠡᠵᠦ᠂ ᠪᠣᠬᠢᠷᠲᠤᠯ | ᠥᠬᠡᠶ ᠡᠬᠢ ᠪᠠᠶᠠᠯᠢᠭ ᠤᠨ ᠺᠣᠮᠫᠠᠨᠢ ᠶᠢ ᠪᠠᠶᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠰᠥᠪᠡᠭᠴᠢᠯᠡᠨ᠂ ᠬᠠᠩᠭᠢᠨ ᠤ ᠡᠯᠪᠡᠭ | ᠪᠠᠶᠠᠯᠢᠭ ᠠᠮᠢ ᠠᠬᠤᠶ ᠶᠢᠨ ᠡᠬᠢ ᠪᠠᠶᠠᠯᠢᠭ ᠢ ᠠᠵᠤ ᠠᠬᠤᠶ ᠶᠢᠨ ᠪᠣᠳᠠᠲᠤ ᠦᠷ᠎ᠡ ᠠᠰᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ | ︵ᠳᠣᠯᠤᠭ᠎ᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠳᠣᠪᠣᠶᠢᠯᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠬᠤᠳᠠᠯᠳᠤᠭ᠎ᠠ ᠶᠢ ᠬᠦᠨᠳᠦᠳᠬᠡᠨ ᠴᠢᠬᠤᠯᠠᠴᠢᠯᠠᠬᠤ᠂ ᠠᠷᠠᠳ ᠲᠤ ᠲᠥᠬᠦᠮ ᠦᠵᠡᠭᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠬᠦ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠥᠭᠡᠷᠡᠴᠢᠯᠡᠯᠲᠡ ᠬᠢᠬᠦ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠲᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠦᠴᠦᠨ ᠢ ᠪᠥᠬᠦ ᠲᠠᠯ᠎ᠠ ᠪᠠᠷ | ᠬᠥᠭᠵᠢᠭᠡᠨ᠎ᠡ᠃ | ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃ ᠬᠠᠩᠭᠢᠨ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠤ | 360 ᠵᠤᠷᠪᠤᠰ ᠢ ᠨᠠᠶᠢᠳᠠᠪᠤᠷᠢᠵᠢᠭᠤᠯᠵᠤ᠂ ︽ᠲᠠᠪᠤᠨ ᠰᠢᠯᠢᠳᠡᠭ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠨᠡᠷᠡᠲᠦ ᠲᠡᠮᠳᠡᠭ ᠢ ᠪᠤᠢ ᠪᠤᠯᠭᠠᠵᠤ᠂ ︽ | ᠡᠷᠬᠡ ᠶᠢ ᠳᠣᠷᠤᠭᠰᠢ ᠲᠠᠯᠪᠢᠵᠤ᠂ ᠬᠠᠮᠢᠶᠠᠷᠤᠯᠲᠠ ᠪᠠᠨ ᠰᠢᠨᠡᠳᠬᠡᠨ᠂ ᠦᠢᠯᠡᠴᠢᠯᠡᠭᠡ ᠪᠠᠨ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠦᠨ᠂ ᠰᠢᠨ᠎ᠡ ᠵᠠᠰᠠᠭ ᠤᠨ ᠶᠠᠪᠤᠳᠠᠯ ᠤᠨ ᠲᠢᠩᠬᠢᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ | ᠪᠣᠳᠠᠲᠠᠶᠢᠵᠢᠭᠤᠯᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ | ᠪᠥᠬᠦ ᠲᠠᠯ᠎ᠠ ᠪᠠᠷ ᠠᠬᠢᠭᠤᠯᠵᠤ᠂ ︽ᠳᠥᠷᠪᠡ ᠶᠢ ᠭᠦᠶᠴᠡᠳᠬᠡᠬᠦ︾ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠨᠠᠷᠢᠯᠢᠭᠵᠢᠭᠤᠯᠤᠯᠲᠠ ᠶᠢ ᠠᠬᠢᠭᠤᠯᠤᠨ᠂ | ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠵᠠᠰᠠᠭ | ᠤᠨ ᠶᠠᠪᠤᠳᠠᠯ ᠤᠨ ᠦᠶᠯᠡᠴᠢᠯᠡᠭᠡᠨ ᠤ ︽ᠪᠠᠷᠢᠮᠵᠢᠶᠠᠵᠢᠭᠤᠯᠬᠤ᠂ ᠳᠦᠷᠢᠮᠵᠢᠭᠦᠯᠬᠦ᠂ ᠳᠥᠭᠦᠮᠴᠢᠯᠡᠬᠦ︾ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠷᠬᠡ ᠲᠡᠭᠰᠢ ᠪᠠᠷ ᠦᠷᠢᠰᠦᠯᠳᠦᠬᠦ ᠬᠠᠤᠯᠢᠵᠢᠯ ᠤᠨ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠶᠠᠪᠤᠳᠠᠯ ᠬᠢᠵᠦ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠬᠠᠩᠭᠢᠨ ᠬᠤᠰᠢᠭᠤᠨ ᠤ ᠥᠷᠢᠰᠥᠯᠳᠦᠭᠡᠨ ᠤ ᠳᠠᠪᠠᠭᠤᠯᠢᠭ ᠪᠠ ᠨᠡᠷᠡᠲᠦ ᠲᠡᠮᠲᠡᠭ ᠪᠣᠯᠭᠠᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭᠠᠨ ᠤ ᠦᠷ᠎ᠡ ᠪᠦᠳᠦᠮᠵᠢ ᠶᠢ ᠪᠠᠬᠢᠵᠢᠭᠦᠯᠦᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠬᠢᠨ ᠪᠠᠶᠢᠭᠤᠯᠵᠤ ᠡᠮᠬᠢᠯᠡᠨ | ᠨᠡᠶᠢᠯᠡᠭᠦᠯᠬᠦ ᠲᠥᠰᠦᠯ ᠢ ᠨᠡᠶᠢᠲᠡᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠬᠦ ᠶᠢ ᠠᠬᠢᠭᠤᠯᠤᠨ᠂ ᠰᠢᠨ᠎ᠡ ᠡᠨᠧᠷᠭᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠳᠣᠬᠢᠴᠢᠯᠠᠭᠰᠠᠨ ᠲᠠᠷᠢᠶᠠᠯᠠᠩ ᠠᠵᠤ ᠦᠢᠯᠡᠰ ᠵᠡᠷᠭᠡ | ᠬᠦᠷᠢᠶ᠎ᠡ ᠴᠠᠷᠠᠭ᠎ᠠ ᠶᠢᠨ ᠲᠣᠭᠤᠷᠢᠨ ᠳᠤ ᠤᠯᠤᠰ ᠤᠨ ᠥᠮᠴᠢᠯᠡᠯᠲᠦ ᠬᠥᠷᠥᠩᠭᠡ ᠶᠢ ᠪᠠᠶᠢᠷᠢᠰᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠥᠭᠵᠢᠯᠲᠡ ᠶᠢᠨ ᠲᠤᠳᠠᠭᠳᠠᠯ ᠢ ᠨᠥᠬᠦᠪᠥᠷᠢᠯᠡᠵᠦ᠂ ᠡᠳ᠋ ᠬᠥᠷᠥᠩᠭᠡ ᠶᠢᠨ ᠬᠡᠪᠴᠢᠶ᠎ᠡ ᠶᠢ ᠥᠷᠭᠡᠳᠬᠡᠨ᠂ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ︽ᠣᠯᠠᠨ ᠬᠡᠮᠵᠢᠯᠲᠡ ᠶᠢ ᠨᠢᠭᠡᠳᠬᠡᠬᠦ︾᠂ ︽ᠣᠯᠠᠨ ᠬᠢᠨᠠᠯᠲᠠ ᠶᠢ ᠨᠢᠭᠡᠳᠬᠡᠬᠦ︾᠂ ︽ᠭᠠᠵᠠᠷ ᠰᠢᠷᠣᠶ ᠬᠤᠳᠠᠯᠳᠤᠨ ᠠᠪᠤᠮᠠᠭᠴᠠ ᠠᠵᠢᠯ ᠡᠬᠢᠯᠡᠭᠦᠯᠬᠦ︾ ᠵᠡᠷᠭᠡ | ᠥᠭᠡᠷᠡᠴᠢᠯᠡᠯᠲᠡ ᠶᠢ ᠠᠬᠢᠭᠤᠯᠵᠤ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ | ᠳᠤᠭᠤᠶᠢᠳᠠᠯ᠎ᠠ ᠪᠠᠯᠭᠠᠰᠤᠨ ᠤ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | ᠠᠯᠬᠤᠮ ᠠᠯᠬᠤᠮ ᠢᠶᠠᠷ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠲᠡᠭᠡᠭᠰᠢᠯᠡᠯᠲᠡ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠬᠦᠳᠦᠯᠲᠡ ᠶᠢ ᠴᠢᠨᠠᠷ ᠰᠠᠶᠢᠲᠠᠢ | ᠬᠦᠭᠵᠢᠯᠲᠡ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠭᠦᠯᠵᠦ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ | ᠪᠠᠶᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 2᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 2᠂ | ︽ᠲᠤᠰᠬᠠᠶ ᠨᠠᠷᠢᠯᠢᠭ ᠣᠨᠴᠠᠭᠠᠶ ᠰᠢᠨ᠎ᠡ︾ ᠠᠵᠤ ᠠᠬᠤᠶᠢᠯᠠᠯ ᠢ 3 ᠪᠣᠶᠢᠵᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ 2 ᠪᠠᠶᠢᠭᠤᠯᠤᠨ᠎ᠠ᠂᠂ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ︽ᠭᠤᠷᠪᠠ ᠶᠢ ᠦᠭᠡᠶᠢᠰᠬᠡᠬᠦ︾ ᠶᠢ ᠪᠦᠬᠦᠨ ᠢ ᠪᠡᠶᠡᠯᠡᠭᠦᠯᠦᠨ᠎ᠡ᠃ ᠡᠯ᠎ᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠳᠦᠮᠵᠢ ᠶᠢ | ᠤᠯᠠᠷᠢᠭᠤᠯᠤᠨ ᠬᠡᠷᠡᠭᠯᠡᠬᠦ ᠶᠢ ᠭᠦᠨᠵᠡᠭᠡᠶ ᠠᠬᠢᠭᠤᠯᠵᠤ᠂ ᠰᠢᠨ᠎ᠡ ᠮᠡᠷᠭᠡᠵᠢᠯ᠂ ᠰᠢᠨ᠎ᠡ ᠦᠷ᠎ᠡ ᠪᠦᠳᠦᠮᠵᠢ᠂ ᠰᠢᠨ᠎ᠡ ᠭᠠᠷ ᠤᠷᠠᠯᠠᠯ ᠢ 10 ᠠᠴᠠ ᠳᠡᠭᠡᠭᠰᠢ ᠣᠷᠣᠭᠤᠯᠤᠨ | ᠠᠪᠴᠢᠷᠠᠨ᠎ᠠ᠃ ᠴᠢᠳᠠᠪᠤᠷᠢᠲᠠᠨ ᠢ ᠤᠷᠢᠵᠤ ᠬᠡᠷᠡᠭᠯᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ︽ᠴᠢᠳᠠᠪᠤᠷᠢᠲᠠᠨ ᠢ ᠤᠷᠢᠨ ᠠᠪᠴᠢᠷᠠᠬᠤ ᠠᠷᠭ᠎ᠠ ᠵᠠᠮ︾ | ᠢᠶᠠᠨ ᠰᠤᠷᠭᠠᠭᠤᠯᠢ ᠶᠢᠨ ᠬᠦᠷᠢᠶᠡᠨ ᠳᠤ ᠬᠡᠷᠡᠭᠵᠢᠭᠦᠯᠵᠦ᠂ ︽ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠢ ᠬᠠᠶᠢᠷᠠᠯᠠᠬᠤ᠂ ᠴᠢᠳᠠᠪᠤᠷᠢᠲᠠᠨ ᠢ ᠦᠯᠡᠳᠡᠭᠡᠬᠦ᠂ | ᠴᠢᠳᠠᠪᠤᠷᠢᠲᠠᠨ ᠢ ᠬᠡᠷᠡᠭᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠂ ᠡᠯ᠎ᠡ ᠲᠥᠷᠥᠯ ᠤᠨ ᠴᠢᠳᠠᠪᠤᠷᠢᠲᠠᠨ ᠤ ᠬᠠᠩᠭᠢᠨ ᠳᠤ ᠰᠠᠭᠤᠷᠢᠰᠢᠨ᠂ ᠬᠠᠩᠭᠢᠨ | ᠳᠤ ᠬᠦᠴᠦ ᠪᠠᠨ ᠡᠷᠭᠦᠵᠦ᠂ ᠬᠠᠩᠭᠢᠨ ᠳᠤ ᠬᠦᠰᠡᠯ ᠢᠶᠠᠨ ᠪᠡᠶᠡᠯᠡᠭᠦᠯᠬᠦ ᠶᠢ ᠤᠷᠢᠶᠠᠯᠠᠨ᠎ᠠ᠃ | ︵ᠨᠠᠢᠮᠠ︶ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠳᠤ ᠬᠡᠷᠡᠭᠯᠡᠬᠦ ᠵᠠᠷᠤᠯᠭ᠎ᠠ ᠶᠢ ᠨᠡᠮᠡᠭᠳᠡᠭᠦᠯᠦᠨ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ ᠬᠤᠷᠳᠤᠴᠠ ᠪᠠᠨ ᠲᠦᠷᠭᠡᠳᠬᠡᠵᠦ᠂ ᠬᠠᠩᠭᠢᠨ ᠠᠷᠠᠳ | ᠲᠦᠮᠡᠨ ᠳᠡᠭᠡᠨ ᠴᠢᠨᠠᠷ ᠴᠢᠨᠰᠠᠭ᠎ᠠ ᠲᠠᠢ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠪᠠᠷ ᠴᠢᠷᠮᠠᠶᠢᠨ᠎ᠠ᠃ | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠪᠠᠭᠰᠢ ᠠᠵᠢᠯᠲᠠᠨ ᠤᠷᠢᠨ ᠡᠯᠰᠡᠬᠦ ᠶᠢ ᠪᠠᠶᠢᠩᠭᠤᠵᠢᠭᠤᠯᠤᠨ | ᠥᠷᠨᠢᠭᠦᠯᠵᠦ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ | ᠨᠡᠶᠢᠳᠡᠮ ᠬᠠᠷᠠᠭᠠᠯᠵᠠᠬᠤ ᠬᠢᠷᠢ ᠲᠦᠪᠰᠢᠨ ᠢ ᠪᠠᠬᠢᠵᠢᠭᠦᠯᠵᠦ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠰᠡᠳᠦᠪ ᠤᠨ ᠰᠤᠳᠤᠯᠭᠠᠨ ᠤ | ᠠᠵᠢᠯ ᠢ ᠠᠬᠢᠭᠤᠯᠵᠤ᠂ ᠪᠥᠬᠦ ᠤᠯᠤᠰ ᠤᠨ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠥᠭᠡᠮᠡᠯᠵᠢᠭᠦᠯᠦᠭᠰᠡᠨ ᠬᠤᠰᠢᠭᠤ ᠶᠢ | ᠡᠭᠦᠳᠦᠨ ᠪᠠᠶᠢᠭᠤᠯᠤᠨ᠎ᠠ᠃ ᠬᠠᠲᠤᠨ ᠭᠤᠣᠯ ᠳᠠᠭᠠᠤ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ | ᠪᠠ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ︽ᠬᠤᠶᠠᠷ ᠢ ᠬᠥᠩᠭᠡᠷᠡᠭᠦᠯᠬᠦ︾ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠵᠢᠭᠠᠨ ᠰᠤᠳᠤᠯᠬᠤ ᠲᠠᠰᠤᠭ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ | ᠰᠤᠷᠭᠠᠭᠤᠯᠢ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠥᠬᠦ ᠬᠤᠰᠢᠭᠤᠨ ᠤ ᠵᠢᠭᠠᠨ ᠰᠤᠳᠤᠯᠬᠤ ᠬᠢᠷᠢ ᠲᠦᠪᠰᠢᠨ ᠪᠠ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ | ᠵᠢᠴᠢ ᠮᠡᠳᠡᠭᠦᠯᠦᠯᠲᠡ ᠶᠢᠨ ᠲᠢᠩᠬᠢᠮ᠂ ᠬᠤᠲᠠ ᠪᠠᠯᠭᠠᠰᠤᠨ ᠤ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠨᠣᠮ ᠪᠢᠴᠢᠭ ᠤᠨ ᠶᠡᠷᠦᠩᠬᠡᠶᠢᠯᠡᠭᠰᠡᠨ ᠠᠰᠠᠷ ᠪᠠ | ᠲᠠᠮᠢᠷ ᠤᠨ ᠲᠠᠯᠠᠪᠠᠢ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ᠂ ᠬᠡᠷ ᠳᠣᠲᠣᠷᠠᠬᠢ ᠨᠠᠰᠤᠲᠠᠶᠢᠴᠤᠳ ᠤᠨ ᠡᠭᠦᠳᠡᠨ ᠪᠥᠮᠪᠦᠭᠡ ᠶᠢᠨ | ᠣᠷᠳᠣᠨ ᠢ ᠪᠠᠶᠢᠭᠤᠯᠵᠤ᠂ ᠬᠠᠩᠭᠢᠨ ᠬᠤᠰᠢᠭᠤᠨ ᠤ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠤᠮᠪᠠᠯᠲᠠ ᠶᠢᠨ ᠣᠷᠳᠣᠨ᠂ ᠪᠠᠯᠭᠤᠨ | ᠰᠤᠷᠭᠠᠭᠤᠯᠢ ᠶᠢᠨ ᠪᠠᠭᠰᠢ ᠶᠢᠨ ᠡᠭᠡᠯᠵᠢᠲᠦ ᠪᠠᠶᠢᠷᠢ ᠶᠢᠨ ᠬᠡᠷ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠱᠠᠲᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠦᠨᠳᠦ ᠡᠪᠡᠳᠴᠢᠲᠡᠨ ᠢ ᠠᠪᠤᠷᠠᠨ ᠵᠠᠰᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ ᠪᠠᠲᠤᠯᠠᠨ᠎ᠠ᠃ ᠬᠤᠰᠢᠭᠤ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠲᠥᠪ ᠢ ᠪᠠᠶᠢᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠲᠥᠪ ᠢ ᠨᠡᠭᠦᠯᠭᠡᠬᠦ ᠲᠥᠷᠥᠯ ᠵᠦᠶᠯ ᠢ ᠪᠡᠶᠡᠯᠡᠭᠦᠯᠵᠦ᠂ | ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠪᠡᠳᠴᠢᠨ ᠡᠮᠬᠡᠭ ᠢ ᠰᠡᠷᠭᠡᠶᠢᠯᠡᠨ ᠵᠠᠰᠠᠬᠤ ᠲᠥᠪ ᠪᠠ ᠬᠠᠯᠳᠠᠪᠤᠷᠢᠲᠦ ᠡᠪᠡᠳᠴᠢᠨ ᠤ ᠰᠠᠯᠠᠭ᠎ᠠ ᠶᠢ ᠡᠬᠢᠯᠡᠭᠦᠯᠦᠨ ᠪᠠᠶᠢᠭᠤᠯᠵᠤ᠂ | ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠰᠢᠷᠬ᠎ᠠ ᠰᠣᠷᠪᠢ ᠶᠢ ᠡᠮᠨᠡᠨ ᠵᠠᠰᠠᠬᠤ ᠲᠥᠪ᠂ ᠴᠡᠭᠡᠵᠢ ᠡᠪᠡᠳᠬᠦ ᠶᠢ ᠡᠮᠨᠡᠨ ᠵᠠᠰᠠᠬᠤ ᠲᠥᠪ᠂ ᠰᠠ ᠡᠪᠡᠳᠴᠢᠨ | ᠤ ᠲᠥᠪ ᠪᠠ ᠪᠡᠶ᠎ᠡ ᠶᠢᠨ ᠪᠠᠶᠢᠴᠠᠭᠠᠯᠲᠠ ᠶᠢᠨ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠵᠡᠷᠭᠡᠯᠡᠳᠡᠭᠡ ᠠᠶᠢᠮᠠᠭ ᠬᠤᠲᠠ ᠠᠴᠠ ᠨᠢᠭᠡ ᠪᠦᠯᠦᠭ ᠪᠣᠯᠪᠠᠰᠤᠷᠠᠩᠭᠤᠶ | ᠡᠮᠴᠢ ᠶᠢ ᠡᠯᠰᠡᠨ ᠤᠷᠤᠭᠤᠯᠬᠤ ᠲᠦᠷᠦ ᠶᠢᠨ ᠪᠤᠳᠣᠯᠭ᠎ᠠ ᠲᠤᠭᠳᠠᠭᠠᠵᠤ᠂ ᠬᠤᠶᠠᠳᠤᠭᠠᠷ ᠳᠡᠰ ᠤᠨ ᠰᠢᠯᠢᠳᠡᠭ ᠡᠮᠨᠡᠯᠭᠡ ᠶᠢᠨ ᠬᠤᠷᠢᠶ᠎ᠠ ᠶᠢ ᠦᠨᠡᠯᠡᠨ ᠲᠣᠭᠲᠠᠭᠠᠬᠤ | ᠡᠯ᠎ᠡ ᠲᠥᠷᠦᠯ ᠤᠨ ᠠᠵᠢᠯ ᠢ ᠰᠠᠶᠢᠲᠤᠷ ᠬᠢᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠬᠢᠨᠠᠯᠲᠠ ᠶᠢ ᠪᠡᠶᠡᠯᠡᠭᠦᠯᠦᠨ᠎ᠡ᠃ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠥᠲᠥᠭᠡᠨ ᠪᠠᠶᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠤᠨ | ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠭᠤᠷᠪᠠᠨ | ᠣᠷᠳᠣᠨ︾ ᠵᠢᠴᠢ ᠤᠯᠠᠭᠠᠨᠮᠥ᠋ᠴᠢᠷ ᠤᠨ ᠰᠦᠯᠵᠢᠶᠡᠨ ᠳᠡᠭᠡᠷᠡᠬᠢ ᠲᠠᠪᠴᠠᠩ ᠢ ᠲᠥᠭᠡᠮᠡᠯᠵᠢᠭᠦᠯᠦᠨ᠎ᠡ᠃ ᠰᠣᠳᠣᠨ ᠵᠦᠴᠦᠭᠡ ︽ᠡᠯᠡᠰᠦᠨ ᠴᠦᠯ ᠤᠨ ᠭᠠᠶᠢᠬᠠᠮᠰᠢᠭ︾ | ᠢ ᠡᠭᠦᠳᠴᠦ᠂ ᠪᠢᠴᠢᠯ ᠺᠢᠨᠣ᠋ ︽ᠵᠡᠷᠭᠡᠯᠭᠡᠨᠲᠦ ᠨᠤᠲᠤᠭ︾ ᠢ ᠰᠢᠩᠭᠡᠵᠦ ᠳᠠᠭᠤᠰᠬᠠᠨ᠎ᠠ᠃ ᠮᠦᠽᠧᠶ ᠶᠢ A ᠲᠠᠰ ᠤᠨ ᠦᠵᠡᠮᠵᠢ ᠶᠢᠨ ᠣᠷᠣᠨ ᠪᠣᠯᠭᠠᠨ ᠲᠠᠰ | ᠲᠡᠪᠰᠢᠭᠦᠯᠦᠨ ᠥᠭᠡᠷᠡᠴᠢᠯᠡᠬᠦ ᠶᠢ ᠡᠬᠢᠯᠡᠭᠦᠯᠵᠦ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠢ ᠠᠰᠢᠭᠯᠠᠨ᠂ ᠬᠠᠩᠭᠢᠨ | ᠰᠣᠶᠣᠯ ᠤᠨ ᠨᠡᠷ᠎ᠡ ᠶᠢᠨ ᠬᠠᠭᠤᠳᠠᠰᠤ ᠶᠢ ᠪᠢᠴᠢᠭᠯᠡᠨ᠎ᠡ᠃ | ᠣᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠶᠢᠨ ᠬᠡᠷᠡᠭᠴᠡᠭᠡ ᠳᠤ ᠵᠣᠬᠢᠴᠠᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ | ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠡᠯ᠎ᠡ ᠲᠥᠷᠥᠯ ᠤᠨ ᠠᠵᠤ ᠠᠬᠤᠶᠢᠯᠠᠯ ᠲᠠᠢ ᠢᠳᠡᠪᠬᠢᠲᠡᠶ | ᠬᠠᠷᠢᠯᠴᠠᠵᠤ᠂ ᠬᠠᠩᠭᠢᠨ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠶᠡᠭᠡ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ | ᠲᠡᠭᠦᠰᠦᠭᠰᠡᠳ ᠤᠨ ᠠᠵᠢᠯ ᠤᠯᠬᠤ ᠠᠰᠠᠭᠤᠳᠠᠯ ᠢ ᠰᠠᠶᠢᠲᠤᠷ ᠰᠢᠶᠳᠪᠦᠷᠢᠯᠡᠨ᠎ᠡ᠃ ᠡᠭᠦᠨ ᠤ ᠬᠠᠮᠲᠤ᠂ ᠭᠠᠳᠠᠨ᠎ᠠ ᠶᠢᠨ ᠬᠦᠮᠦᠨ ᠢᠷᠡᠵᠤ ᠠᠵᠢᠯ ᠤᠯᠬᠤ ᠶᠢ | ᠢᠳᠡᠪᠬᠢᠲᠡᠢ ᠲᠡᠮᠵᠢᠵᠤ᠂ ᠬᠤᠳᠠ ᠪᠠᠯᠭᠠᠰᠤᠨ ᠤ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ | ᠥᠷᠭᠡᠳᠬᠡᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠣᠭᠲᠠᠴᠠ ᠶᠢ ᠪᠦᠷᠢᠨᠰᠢᠭᠦᠯᠦᠨ᠎ᠡ᠃ ᠨᠠᠰᠤᠲᠠᠶᠢᠴᠤᠳ ᠬᠡᠤᠬᠡᠳ | ᠨᠢᠯᠬᠠᠰ ᠢ ᠬᠠᠷᠠᠭᠠᠯᠵᠠᠬᠤ ᠠᠷᠠᠳ ᠤᠨ ᠠᠮᠢᠳᠤᠷᠠᠯ ᠤᠨ ᠠᠵᠢᠯ ᠢ ᠴᠢᠩᠭᠠᠳᠬᠠᠵᠤ᠂ ᠭᠤᠷᠪᠠᠨ ᠬᠡᠦᠬᠡᠳ ᠠᠪᠬᠤ ᠲᠥᠷᠦ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠦᠭᠡᠮᠡᠯ ᠬᠠᠷᠠᠭᠠᠯᠵᠠᠯᠲᠤ ᠨᠠᠶᠢᠳᠠᠨ | ᠬᠦᠮᠦᠵᠢᠭᠦᠯᠬᠦ ᠦᠢᠯᠡᠴᠢᠯᠡᠭᠡ ᠶᠢ ᠰᠠᠶᠢᠲᠤᠷ ᠡᠷᠬᠢᠯᠡᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠴᠢᠩᠭᠠᠷᠠᠭᠤᠯᠵᠤ᠂ ᠲᠥᠷᠥ ᠶᠢᠨ ᠪᠣᠳᠣᠯᠭ᠎ᠠ᠂ ᠭᠠᠷᠲᠠᠨ ᠭᠦᠶᠴᠡᠳᠬᠡᠬᠦ᠂ ᠮᠡᠳᠡᠭᠡ ᠵᠠᠩᠭᠢ᠂ ᠬᠢᠨᠠᠯᠲᠠ ᠲᠠᠯᠪᠢᠬᠤ ︽ᠳᠥᠷᠪᠡ ᠶᠢ ᠨᠢᠭᠡ ᠴᠣᠭᠴᠠᠵᠢᠭᠤᠯᠤᠭᠰᠠᠨ︾ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠬᠦᠴᠢᠷᠳᠡᠯᠲᠡᠶ ᠣᠯᠠᠨ ᠲᠦᠮᠡᠨ᠂ ᠴᠡᠷᠢᠭ ᠠᠴᠠ ᠬᠠᠯᠠᠭᠳᠠᠭᠰᠠᠳ᠂ | ᠠᠵᠢᠯ ᠠᠯᠳᠠᠭᠰᠠᠳ ᠵᠡᠷᠭᠡ ᠬᠥᠮᠦᠰ ᠤᠨ ᠠᠮᠢᠳᠤᠷᠠᠯ ᠢ ᠨᠠᠩ ᠢᠯᠡᠭᠦᠦ ᠬᠠᠯᠠᠮᠵᠢᠯᠠᠨ ᠠᠩᠬᠠᠷᠴᠤ᠂ ᠡᠮᠴᠢᠯᠡᠭᠡᠨ ᠤ ᠳᠠᠭᠠᠳᠬᠠᠯ ᠨᠡᠶᠢᠭᠡᠮ ᠤᠨ ᠪᠠᠲᠤᠯᠠᠭ᠎ᠠ᠂ ᠠᠵᠢᠯ | ᠠᠴᠠ ᠪᠣᠯᠤᠭᠰᠠᠨ ᠭᠡᠮᠲᠦᠯ ᠨᠠᠰᠤᠵᠢᠯ ᠤᠨ ᠠᠰᠠᠷᠠᠮᠵᠢ᠂ ᠨᠢᠭᠦᠯᠡᠰᠦᠩᠭᠦᠶ ᠠᠰᠠᠷᠠᠮᠵᠢ᠂ ᠠᠰᠠᠷᠠᠨ ᠬᠠᠷᠠᠭᠠᠯᠵᠠᠵᠤ ᠲᠥᠪᠬᠢᠨᠡᠭᠦᠯᠬᠦ ᠵᠡᠷᠭᠡ ᠪᠠᠲᠤᠯᠠᠭ᠎ᠠ ᠶᠢᠨ ᠲᠦᠷᠢᠮ ᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠡᠪᠴᠢᠶ᠎ᠡ ᠥᠷᠭᠡᠨ ᠪᠠᠲᠤᠯᠠᠭ᠎ᠠ ᠥᠨᠳᠥᠷ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ | ᠲᠥᠯᠥᠭᠡᠯᠡᠭᠴᠢᠳ ᠡ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠯ ᠤᠨ ᠬᠠᠷᠠᠯᠲᠠ ᠮᠥᠨ᠃ | ᠡᠨᠡ ᠵᠢᠯ᠂ ᠪᠢᠳᠡ ᠠᠷᠠᠳ ᠤᠨ ᠠᠮᠢᠳᠤᠷᠠᠯ ᠲᠠᠢ ᠬᠤᠯᠪᠤᠭᠳᠠᠭᠰᠠᠨ 10 ᠵᠦᠶᠯ ᠤᠨ ᠪᠣᠳᠠᠲᠤ ᠶᠠᠪᠤᠳᠠᠯ ᠢ ᠡᠮᠬᠢᠯᠡᠵᠦ᠂ ᠡᠲᠡᠭᠡᠷ ᠵᠦᠶᠯᠡᠰ ᠲᠤ ᠢᠳᠡᠵᠦ ᠡᠮᠦᠰᠬᠦ | ᠶᠠᠪᠤᠵᠤ ᠰᠠᠭᠤᠬᠤ ᠶᠢ ᠪᠠᠭᠲᠠᠭᠠᠬᠤ ᠪᠠᠷ ᠪᠠᠷᠠᠬᠤ ᠥᠬᠡᠶ ᠪᠠᠰᠠ ᠠᠨᠠᠭᠠᠬᠤ ᠤᠬᠠᠭᠠᠨ ᠰᠤᠷᠭᠠᠨ ᠬᠥᠮᠦᠵᠢᠯ ᠢ ᠪᠠᠭᠲᠠᠭᠠᠵᠤ᠂ ᠪᠥᠬᠦ ᠰᠠᠭᠤᠭᠠᠯᠢ ᠠᠷᠠᠳ ᠲᠤ ᠠᠰᠢᠭ | ᠬᠦᠷᠲᠡᠭᠡᠬᠦ ᠮᠥᠷᠲᠡᠭᠡᠨ ᠪᠠᠰᠠ ᠣᠨᠴᠠᠭᠠᠶ ᠬᠦᠴᠢᠷᠳᠡᠯᠲᠡᠢ ᠬᠦᠮᠦᠰ ᠲᠤ ᠬᠠᠷᠠᠭᠠᠯᠵᠠᠯ ᠬᠦᠷᠲᠡᠭᠡᠨ᠎ᠡ᠂ ᠪᠢᠳᠡ ᠯᠠᠪᠲᠠᠶ ᠪᠣᠳᠠᠲᠤ ᠶᠠᠪᠤᠳᠠᠯ ᠢ ᠪᠣᠳᠠᠲᠠᠶ ᠬᠢᠵᠦ᠂ ᠰᠠᠶᠢᠨ | ᠶᠠᠪᠤᠳᠠᠯ ᠢ ᠰᠠᠶᠢᠲᠤᠷ ᠬᠢᠨ᠎ᠠ︕ | ︵ᠶᠢᠰᠦ︶ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ | ᠴᠢᠷᠮᠠᠶᠢᠨ ᠬᠠᠮᠠᠭᠠᠯᠠᠨ᠎ᠠ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠠᠮᠤᠷ ᠲᠦᠪᠰᠢᠨ | ᠬᠥᠭᠵᠢᠯᠲᠡ ᠶᠢᠨ ᠤᠢᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠤᠱᠯᠠᠭᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠬᠤᠰᠢᠭᠤ ᠪᠣᠯᠬᠤ ᠪᠠᠷ ᠴᠢᠷᠮᠠᠶᠢᠨ᠎ᠠ᠃ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ︽ᠣᠶᠤᠨᠴᠢ ᠠᠮᠤᠷ ᠲᠦᠪᠰᠢᠨ ᠤ | ᠰᠡᠷᠭᠡᠶᠢᠯᠡᠯᠲᠡ︾᠂ ︽ᠣᠶᠤᠨᠴᠢ ᠨᠡᠶᠢᠭᠡᠮ ᠲᠣᠭᠤᠷᠢᠭ︾᠂ ᠨᠡᠶᠢᠭᠡᠮ ᠤᠨ ᠵᠠᠰᠠᠯᠲᠠ ᠶᠢᠨ ︽ᠲᠣᠮᠣ ᠳ᠋ᠠᠶᠢᠲ᠋ᠠ︾ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠵᠤ᠂ | ᠲᠣᠤᠷ ᠰᠦᠯᠵᠢᠶ᠎ᠡ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠴᠡᠷᠢᠭ | ᠠᠷᠠᠳ ᠤᠨ ᠠᠭᠤᠰᠤᠯᠴᠠᠯ ᠢ ᠭᠦᠨᠵᠡᠭᠡᠢ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠬᠤᠶᠠᠷ ᠢ ᠬᠦᠷᠢᠶᠡᠯᠡᠬᠦ ᠦᠷ᠎ᠡ ᠪᠦᠲᠦᠭᠡᠯ ᠢ ᠪᠠᠬᠢᠵᠢᠭᠦᠯᠦᠨ᠎ᠡ᠃ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠬᠦᠨ ᠢ ᠰᠢᠢᠳᠪᠦᠷᠢᠯᠡᠬᠦ ᠪᠠ ᠭᠤᠣᠯᠳᠠᠯᠭ᠎ᠠ ᠲᠠᠢ | ᠬᠦᠷᠢᠶᠡᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠴᠢᠷᠮᠠᠶᠢᠨ᠎ᠠ᠃ ᠠᠮᠤᠷ ᠲᠥᠪᠰᠢᠨ ᠦᠶᠯᠡᠳᠪᠦᠷᠢᠯᠡᠯ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ | ᠲᠤᠰᠬᠠᠶ ᠴᠡᠭᠴᠡᠯᠡᠨ ᠵᠠᠰᠠᠯᠲᠠ ᠶᠢ ᠬᠦᠴᠦᠲᠡᠶ ᠠᠳᠬᠤᠨ᠂ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠢᠴᠢ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠳᠤ ᠨᠥᠭᠡᠴᠡᠯᠡᠬᠦ ᠡᠳ᠋ | ᠪᠣᠳᠠᠰ᠂ ᠲᠣᠨᠤᠭ ᠲᠥᠬᠦᠭᠡᠷᠦᠮᠵᠢ ᠶᠢᠨ ᠲᠥᠷᠥᠯ ᠵᠦᠶᠯ ᠪᠠ ᠲᠤᠭ᠎ᠠ ᠬᠡᠮᠵᠢᠶ᠎ᠡ ᠶᠢ ᠥᠷᠭᠡᠳᠬᠡᠨ ᠲᠡᠭᠦᠯᠳᠡᠷᠵᠢᠭᠦᠯᠦᠨ᠎ᠡ᠃ ᠢᠳᠡᠭᠡᠨ ᠤᠮᠳᠠᠭᠠᠨ ᠪᠠ ᠡᠮ ᠤᠨ | ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠭᠠᠴᠢᠯᠠᠨ ᠪᠠᠲᠤᠯᠠᠬᠤ ᠬᠠᠷᠢᠭᠤᠴᠠᠯᠭ᠎ᠠ ᠶᠢᠨ ᠳᠦᠷᠢᠮ ᠢ ᠪᠣᠳᠠᠲᠠᠢ ᠨᠠᠷᠢᠯᠢᠭ | ᠨᠠᠶᠢᠳᠠᠪᠤᠷᠢᠵᠢᠭᠤᠯᠬᠤ ᠶᠢ ᠥᠨᠳᠥᠷ ᠪᠦᠲᠦᠮᠵᠢᠲᠡᠢ ᠠᠬᠢᠭᠤᠯᠤᠨ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ | ᠨᠠᠷᠢᠨ ᠨᠢᠮᠪᠠᠢ ᠵᠣᠬᠢᠶᠠᠨ ᠪᠠᠶᠢᠭᠤᠯᠵᠤ ᠦᠷᠨᠢᠭᠦᠯᠦᠨ᠎ᠡ᠃ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠭᠦᠶᠯᠭᠡᠭᠡᠨ ᠤ ᠲᠦᠭᠰᠢᠭᠦᠷᠢ | ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠪᠠᠷᠢᠯᠭ᠎ᠠ ᠶᠢᠨ ᠴᠢᠨᠠᠷᠲᠠᠢ ᠵᠣᠭᠤᠰ ᠮᠥᠩᠭᠦ ᠨᠡᠮᠡᠵᠦ ᠥᠷᠢᠲᠦᠬᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠲᠤᠲᠠᠭᠤ | ᠪᠠᠶᠢᠭ᠎ᠠ ᠵᠣᠭᠤᠰ ᠮᠥᠩᠭᠦ ᠶᠢ ᠬᠤᠶᠢᠰᠢᠯᠠᠭᠤᠯᠬᠤ᠂ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠬᠦ ᠵᠢᠴᠢ ᠬᠡᠯᠪᠡᠷᠢ ᠶᠢ ᠨᠢ ᠬᠤᠪᠢᠷᠠᠭᠤᠯᠤᠨ ᠥᠷᠢ ᠲᠠᠯᠪᠢᠬᠤ ᠶᠢ | ᠴᠢᠩᠭ᠎ᠠ ᠬᠤᠷᠢᠭᠯᠠᠵᠤ᠂ ᠵᠢᠯ ᠤᠨ ᠳᠣᠲᠣᠷ᠎ᠠ ᠵᠠᠰᠠᠭ ᠤᠨ ᠣᠷᠳᠣᠨ ᠤ ᠳᠠᠯᠳᠠ ᠴᠢᠨᠠᠷᠲᠠᠶ ᠥᠷᠢ ᠥᠭᠴᠡᠭᠡ ᠶᠢ ᠶᠡᠭᠡ ᠪᠠᠷ ᠪᠠᠭᠠᠰᠬᠠᠨ᠂ ᠬᠠᠤᠯᠢ ᠪᠤᠰᠤ ᠪᠠᠷ ᠪᠠᠯᠠ | ᠴᠤᠭᠯᠠᠭᠤᠯᠤᠭᠰᠠᠨ ᠠᠵᠢᠯ ᠢ ᠪᠥᠬᠦ ᠲᠠᠯ᠎ᠠ ᠪᠠᠷ ᠰᠢᠢᠳᠪᠦᠷᠢᠯᠡᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ᠂ ᠰᠢᠨ᠎ᠡ ᠠᠶᠠᠨ ᠵᠠᠮ᠂ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ ᠤᠨ ᠣᠷᠳᠣᠨ ᠤ ᠠᠵᠢᠯ ᠳᠤ ᠨᠠᠩ ᠥᠨᠳᠥᠷ ᠱᠠᠭᠠᠷᠳᠠᠯᠭ᠎ᠠ | ᠳᠤᠷᠠᠳᠪᠠ᠃ ᠪᠢᠳᠡ ᠦᠢᠯᠡᠰ ᠪᠦᠲᠦᠭᠡᠬᠦ ᠪᠠᠷ ᠴᠢᠷᠮᠠᠶᠢᠬᠤ ᠵᠣᠷᠢᠭ ᠰᠠᠨᠠᠭ᠎ᠠ᠂ ᠰᠢᠨᠲᠠᠷᠠᠰᠢ ᠦᠭᠡᠢ ᠪᠠᠷ ᠲᠡᠮᠡᠴᠡᠬᠦ ᠡᠷᠴᠢ ᠵᠣᠷᠢᠭ᠂ ᠠᠵᠢᠯᠴᠢ ᠬᠢᠴᠢᠶᠡᠩᠭᠦᠢ ᠪᠠᠷ | ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ | ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠤᠯᠤᠰ ᠲᠥᠷᠥ ᠪᠠᠷ ᠬᠥᠲᠥᠯᠥᠨ ᠵᠢᠯᠣᠭᠤᠳᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠤᠨ᠂ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠬᠠᠷᠢᠴᠠᠯᠠᠰᠢ ᠥᠬᠡᠶ ᠦᠨᠡᠨᠴᠢ ᠰᠢᠳᠤᠷᠭᠤ ᠪᠠᠶᠢᠬᠤ ᠶᠢ ᠦᠢᠯᠡᠳᠦᠯᠭᠡᠵᠢᠭᠦᠯᠦᠨ᠂ ᠨᠠᠮ ᠤᠨ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠨ᠎ᠠ᠃ | ᠬᠠᠤᠯᠢ ᠪᠠᠷ ᠵᠠᠰᠠᠭ ᠶᠠᠪᠤᠭᠤᠯᠬᠤ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠵᠢᠷᠤᠮ ᠢ ᠴᠢᠩᠭ᠎ᠠ ᠵᠢᠷᠤᠮᠯᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠬᠠᠤᠯᠢ ᠪᠠᠷ ᠵᠠᠰᠠᠬᠤ | ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠤᠨ᠂ | ᠵᠥᠷᠢᠴᠡᠯ ᠢ ᠠᠷᠢᠯᠭᠠᠵᠤ᠂ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ | ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ | ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ᠎ᠠ᠃ | ᠠᠵᠢᠯ ᠬᠢᠬᠦ ᠴᠢᠳᠠᠪᠤᠷᠢ ᠪᠠᠨ ᠴᠢᠩᠭᠠᠳᠬᠠᠨ᠎ᠠ᠃ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠨ᠂ ᠪᠦᠬᠦ ᠬᠤᠲᠠ ᠶᠢᠨ ︽ᠪᠦᠬᠦ ᠤᠯᠤᠰ ᠤᠨ ᠲᠡᠷᠢᠭᠦᠨ | ᠲᠡᠰ ᠤᠨ ᠺᠠᠳ᠋ᠷ ᠤᠨ ᠡᠩᠨᠡᠭᠡ ᠶᠢ ᠴᠣᠭᠴᠠᠯᠠᠨ ᠪᠠᠶᠢᠭᠤᠯᠬᠤ︾ ᠬᠠᠷᠠᠯᠲᠠ ᠲᠠᠢ ᠬᠠᠷᠢᠴᠠᠭᠤᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠦᠷᠬᠡᠨ ᠤᠯᠠᠨ ᠺᠠᠳ᠋ᠷ | ᠠᠵᠢᠯᠳᠠᠨ ᠪᠤᠰᠤᠳ ᠠᠴᠠ ᠬᠤᠴᠣᠷᠬᠤ ᠦᠭᠡᠢ᠂ ᠡᠩᠨᠡᠭᠡ ᠠᠴᠠ ᠪᠠᠨ ᠬᠤᠴᠣᠷᠬᠤ ᠦᠭᠡᠢ ᠪᠠᠶᠢᠵᠤ᠂ ︽ᠦᠨᠳᠦᠰᠦᠨ ᠱᠠᠲᠤᠨ ᠤ ᠰᠠᠭᠤᠷᠢ ᠳᠦᠷᠢᠮᠵᠢᠭᠰᠡᠨ | ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ | ᠤᠳᠠᠭᠠᠨ︾ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠪᠣᠳᠠᠲᠠᠢ ᠠᠵᠢᠯᠯᠠᠬᠤ ᠶᠢ ᠴᠢᠬᠤᠯᠠᠴᠢᠯᠠᠨ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ | ᠣᠷᠳᠣᠨ ᠤ ᠠᠵᠢᠯ ᠤᠨ ᠭᠤᠣᠯᠳᠠᠯᠭ᠎ᠠ ᠪᠣᠯᠭᠠᠨ᠎ᠠ᠃ ᠰᠠᠨᠠᠭᠠᠴᠢᠯᠠᠭ᠎ᠠ ᠠᠴᠠ ᠪᠠᠨ ᠰᠢᠨ᠎ᠡ ᠬᠤᠪᠢᠷᠠᠯᠲᠠ ᠶᠢ ᠡᠷᠢᠯᠬᠢᠯᠡᠵᠦ᠂ ᠰᠢᠨ᠎ᠡ ᠶᠢ ᠡᠭᠦᠳᠬᠦ ᠠᠷᠭ᠎ᠠ ᠪᠠᠷ ᠬᠦᠴᠢᠷ | ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠨ᠎ᠠ᠃ ᠪᠦᠬᠦ ᠨᠡᠶᠢᠭᠡᠮ ᠤᠨ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠨ᠂ ᠺᠠᠳ᠋ᠷᠴᠤᠳ | ᠤᠨ ᠬᠥᠭᠵᠢᠯᠲᠡ ᠶᠢᠨ ᠢᠲᠡᠭᠡᠯ᠂ ᠠᠵᠢᠯ ᠤᠨ ᠬᠥᠳᠡᠯᠭᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠵᠤ᠂ ᠰᠢᠨ᠎ᠡ ᠠᠮᠵᠢᠯᠲᠠ ᠭᠠᠷᠭᠠᠬᠤ ᠪᠠᠷ ᠴᠢᠷᠮᠠᠶᠢᠨ᠎ᠠ᠃ | ᠠᠷᠠᠳ ᠤᠨ ᠲᠥᠯᠥᠭᠡ ᠴᠢᠬᠡᠴᠢ ᠪᠠᠶᠢᠬᠤ ᠶᠢ ᠪᠠᠳᠠᠷᠠᠭᠤᠯᠤᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠥᠷᠭᠡᠨ ᠤᠯᠠᠨ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠦᠨ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠦᠨ᠎ᠡ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ | ᠶᠡᠷᠦᠩᠬᠡᠶ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠨᠠᠶᠮᠠᠨ ᠵᠣᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ | ᠭᠦᠨᠵᠡᠭᠡᠶ ᠠᠬᠢᠭᠤᠯᠵᠤ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠨ᠎ᠠ᠃ ︽ᠭᠤᠷᠪᠠᠨ ᠵᠦᠢᠯ ᠤᠨ | ᠠᠯᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠬᠢᠵᠠᠭᠠᠷ ᠲᠠᠢ ᠡᠬᠢ ᠪᠠᠶᠠᠯᠢᠭ ᠪᠠ ᠡᠳ᠋ ᠤᠨ ᠬᠦᠴᠦᠨ ᠤ ᠬᠥᠭᠵᠢᠯᠲᠡ ᠶᠢ | ᠳᠦᠯᠬᠢᠨ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠵᠦ᠂ ᠵᠠᠰᠠᠭ ᠤᠨ ᠣᠷᠳᠣᠨ ᠤ ᠠᠷᠪᠢᠴᠢ ᠠᠮᠢᠳᠤᠷᠠᠯ ᠢᠶᠠᠷ ᠤᠯᠠᠨ | ᠲᠦᠮᠡᠨ ᠳᠤ ᠰᠠᠶᠢᠨ ᠰᠠᠶᠢᠬᠠᠨ ᠠᠮᠢᠳᠤᠷᠠᠯ ᠡᠳ᠋ᠯᠡᠭᠦᠯᠬᠦ ᠪᠠᠷ ᠴᠢᠷᠮᠠᠶᠢᠨ᠎ᠠ᠃ | ᠲᠥᠯᠥᠭᠡᠯᠡᠭᠴᠢᠳ ᠡ︕ ᠴᠠᠭ ᠦᠶ᠎ᠡ ᠲᠡᠮᠡᠴᠡᠯ ᠠᠴᠠ ᠪᠤᠯᠵᠤ ᠲᠠᠪᠰᠢᠨ᠎ᠠ᠂ ᠠᠵᠢᠯ ᠦᠢᠯᠡᠰ ᠪᠣᠳᠠᠲᠠᠢ ᠠᠴᠠ ᠪᠤᠯᠵᠤ ᠭᠢᠯᠠᠯᠵᠠᠨ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠂ ᠬᠤᠲᠠ ᠪᠠ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠮᠡᠬᠡᠶᠢᠯᠡᠨ ᠲᠡᠮᠡᠴᠡᠵᠦ᠂ ᠰᠢᠷᠭᠠᠭᠤ ᠠᠵᠢᠯᠯᠠᠨ᠂ ᠡᠷᠡᠯᠬᠡᠭᠯᠡᠨ ᠤᠷᠤᠭᠰᠢᠯᠠᠵᠤ᠂ | ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠨ᠂ ᠪᠣᠳᠠᠲᠤ ᠠᠮᠵᠢᠯᠲᠠ ᠪᠦᠲᠦᠮᠵᠢ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠰᠢᠨ᠎ᠡ | ᠬᠠᠩᠭᠢᠨ ᠢ ᠪᠦᠲᠦᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠦᠶ᠎ᠡ︕ | | | | | |