ᠦᠢᠷ᠎ᠠ ᠳᠤ᠂ ᠤᠯᠠᠨ ᠭᠠᠵᠠᠷ ᠤᠨ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠰᠠᠯᠠᠭ᠎ᠠ ᠮᠦᠴᠢᠷ ᠰᠠᠨᠠᠭᠤᠯᠤᠮᠵᠢ ᠨᠡᠶᠢᠳᠡᠯᠡᠵᠤ᠂ ᠨᠤᠷᠧ ᠸᠢᠷᠦ᠋ᠰ ᠤᠯᠠᠨ | ᠡᠬᠦᠰᠬᠦ ᠬᠤᠭᠤᠴᠠᠭᠠᠨ ᠳᠤ ᠤᠷᠤᠪᠠ᠃ ᠨᠤᠷᠧ ᠸᠢᠷᠦ᠋ᠰ ᠤᠨ ᠴᠤᠭᠯᠠᠷᠠᠯ ᠤᠨ ᠴᠢᠨᠠᠷᠳᠠᠢ ᠬᠢᠵᠢᠭ ᠤᠨ ᠪᠠᠶᠢᠳᠠᠯ ᠨᠢ ᠭᠤᠤᠯᠳᠠᠭᠤ ᠰᠤᠷᠭᠠᠭᠤᠯᠢ ᠪᠠ ᠬᠡᠤᠬᠡᠳ | ᠰᠠᠭᠠᠳᠠᠭᠤᠯᠬᠤ ᠪᠠᠶᠢᠭᠤᠯᠤᠮᠵᠢ ᠵᠡᠷᠬᠡ ᠬᠦᠮᠦᠰ ᠤᠨ ᠴᠤᠭᠯᠠᠷᠠᠯ ᠤᠨ ᠳᠠᠯᠠᠪᠤᠷ ᠲᠤ ᠡᠬᠦᠰᠴᠤ᠂ ᠰᠤᠷᠭᠠᠭᠤᠯᠢ ᠡᠬᠢᠯᠡᠬᠦ ᠤᠯᠠᠷᠢᠯ ᠪᠤᠯ ᠨᠤᠷᠧ ᠸᠢᠷᠦ᠋ᠰ ᠤᠨ | ᠬᠠᠯᠳᠠᠪᠤᠷᠢᠯᠠᠯ ᠤᠯᠠᠨ ᠡᠬᠦᠰᠬᠦ ᠤᠯᠠᠷᠢᠯ ᠪᠤᠯᠤᠨ᠎ᠠ᠃ ᠨᠤᠷᠧ ᠸᠢᠷᠦ᠋ᠰ ᠬᠡᠵᠤ ᠶᠠᠭᠤ ᠪᠤᠢ︖ ᠬᠠᠯᠳᠠᠪᠤᠷᠢᠯᠠᠭᠰᠠᠨ ᠤ ᠳᠠᠷᠠᠭ᠎ᠠ ᠡᠪᠡᠳᠴᠢᠳᠠᠨ ᠶᠠᠮᠠᠷ ᠢᠯᠡᠷᠡᠯ ᠭᠠᠷᠬᠤ | ᠪᠤᠢ︖ ᠳᠤᠮᠳᠠᠳᠤ ᠤᠯᠤᠰ ᠤᠨ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠲᠦᠪ ᠤᠨ ᠨᠡᠶᠢᠳᠡᠯᠡᠭᠰᠡᠨ ᠰᠢᠨᠵᠢᠯᠡᠬᠦ ᠤᠬᠠᠭᠠᠨᠴᠢ ᠲᠦᠬᠡᠮᠡᠯᠵᠢᠬᠦᠯᠦᠯᠳᠡ ᠶᠢ | ᠦᠵᠡᠶ᠎ᠡ᠃ | ᠶᠠᠭᠤ ᠶᠢ ᠨᠤᠷᠧ ᠸᠢᠷᠦ᠋ᠰ ᠬᠡᠳᠡᠭ ᠪᠤᠢ︖ | ᠨᠤᠷᠧ ᠸᠢᠷᠦ᠋ᠰ ᠪᠤᠯ ᠴᠤᠮᠤ ᠬᠡᠯᠪᠡᠷᠢᠳᠤ ᠸᠢᠷᠦ᠋ᠰ ᠤᠨ ᠰᠠᠯᠠᠭ᠎ᠠ᠂ ᠲᠦᠷᠬᠡᠨ ᠴᠢᠨᠠᠷᠳᠠᠢ ᠬᠤᠳᠤᠭᠤᠳᠤ ᠬᠡᠳᠡᠰᠤᠨ ᠤ ᠦᠷᠪᠢᠰᠤᠯ ᠢ ᠡᠬᠦᠰᠬᠡᠬᠦ ᠦᠷᠬᠦᠯᠵᠢ | ᠳᠤᠬᠢᠶᠠᠯᠳᠤᠳᠠᠭ ᠡᠪᠡᠳᠴᠢᠨ ᠡᠬᠦᠰᠬᠡᠭᠴᠢ ᠶᠢᠨ ᠨᠢᠬᠡ᠃ ᠨᠤᠷᠧ ᠸᠢᠷᠦ᠋ᠰ ᠤᠨ ᠬᠤᠳᠤᠭᠤᠳᠤ ᠬᠡᠳᠡᠰᠤᠨ ᠤ ᠦᠷᠪᠢᠰᠤᠯ ᠪᠤᠯ ᠵᠢᠯ ᠳᠤ ᠴᠦᠮ ᠡᠬᠦᠰᠬᠦ ᠪᠤᠯᠤᠮᠵᠢ | ᠲᠠᠢ᠂ ᠶᠡᠷᠦ ᠳᠡᠭᠡᠨ10 ᠰᠠᠷ᠎ᠠ ᠠᠴᠠ ᠡᠬᠢᠯᠡᠨ ᠳᠠᠷᠠᠭ᠎ᠠ ᠵᠢᠯ ᠤᠨ 3 ᠰᠠᠷ᠎ᠠ ᠬᠦᠷᠳᠡᠯᠡᠬᠢ ᠬᠤᠭᠤᠴᠠᠭ᠎ᠠ ᠪᠤᠯ ᠨᠤᠷᠧ ᠸᠢᠷᠦ᠋ᠰ ᠤᠨ ᠬᠠᠯᠳᠠᠪᠤᠷᠢᠯᠠᠯ ᠤᠯᠠᠨ ᠡᠬᠦᠰᠬᠦ | ᠤᠯᠠᠷᠢᠯ ᠪᠠᠶᠢᠵᠤ᠂ ᠬᠦᠮᠦᠰ ᠲᠤ ᠨᠡᠶᠢᠳᠡᠮ ᠠᠮᠠᠷᠬᠠᠨ ᠬᠠᠯᠳᠠᠪᠤᠷᠢᠯᠠᠳᠠᠭ᠃ ᠨᠤᠷᠧ ᠸᠢᠷᠦ᠋ᠰ ᠨᠢ ᠬᠠᠯᠳᠠᠪᠤᠷᠢᠯᠠᠯ ᠤᠨ ᠬᠡᠮᠵᠢᠶ᠎ᠡ ᠳᠤᠤᠷ᠎ᠠ᠂ ᠬᠤᠤᠷ | ᠭᠠᠳᠠᠭᠰᠢᠯᠠᠭᠤᠯᠬᠤ ᠴᠠᠭ ᠨᠢ ᠤᠷᠳᠤ᠂ ᠭᠠᠳᠠᠭᠠᠳᠤ ᠤᠷᠴᠢᠨ ᠤ ᠡᠰᠡᠷᠬᠦᠴᠡᠬᠦ ᠴᠢᠳᠠᠪᠤᠷᠢ ᠴᠢᠩᠭ᠎ᠠ ᠵᠡᠷᠬᠡ ᠤᠨᠴᠠᠯᠢᠭ ᠲᠠᠢ᠂ ᠰᠤᠷᠭᠠᠭᠤᠯᠢ ᠬᠡᠤᠬᠡᠳ ᠰᠠᠭᠠᠳᠠᠭᠤᠯᠬᠤ | ᠪᠠᠶᠢᠭᠤᠯᠤᠮᠵᠢ ᠬᠠᠷᠢᠴᠠᠩᠭᠤᠢ ᠪᠢᠳᠡᠬᠦᠮᠵᠢᠯᠡᠭᠰᠡᠨ ᠤᠷᠴᠢᠨ ᠳᠤᠭᠤᠷᠢᠨ ᠳᠤ ᠬᠤᠳᠤᠭᠤᠳᠤ ᠬᠡᠳᠡᠰᠤᠨ ᠤ ᠦᠷᠪᠢᠰᠤᠯ ᠢ ᠠᠮᠠᠷᠬᠠᠨ ᠡᠬᠦᠰᠬᠡᠳᠡᠭ᠃ ᠨᠤᠷᠧ ᠸᠢᠷᠦ᠋ᠰ | ᠪᠤᠯRNA ᠸᠢᠷᠦ᠋ᠰ ᠪᠠᠶᠢᠵᠤ᠂ ᠲᠦᠢᠯ ᠤᠨ ᠠᠮᠠᠷᠬᠠᠨ ᠤᠨᠳᠤᠤᠰᠢᠯ ᠡᠬᠦᠰᠦᠨ᠎ᠡ᠂ ᠬᠡᠳᠤᠨ ᠵᠢᠯ ᠠᠯᠤᠰᠯᠠᠬᠤ ᠪᠦᠷᠢ ᠰᠢᠨ᠎ᠡ ᠤᠨᠳᠤᠤᠰᠢᠯ ᠤᠨ ᠰᠠᠭᠤᠷᠢ ᠢᠯᠡᠷᠡᠵᠤ᠂ | ᠪᠦᠬᠦ ᠪᠦᠮᠪᠦᠷᠴᠡᠭ ᠪᠤᠶᠤ ᠤᠷᠤᠨ ᠪᠦᠰᠡ ᠶᠢᠨ ᠴᠢᠨᠠᠷᠳᠠᠢ ᠬᠡᠨᠡᠳᠳᠡ ᠳᠡᠯᠬᠡᠷᠡᠳᠡᠭ᠃ | ᠨᠤᠷᠧ ᠸᠢᠷᠦ᠋ᠰ ᠬᠡᠷᠬᠢᠨ ᠳᠠᠷᠬᠠᠬᠤ ᠪᠤᠢ︖ | ᠸᠢᠷᠦ᠋ᠰ ᠲᠤ ᠪᠤᠬᠢᠷᠳᠤᠭᠰᠠᠨ ᠢᠳᠡᠬᠡᠨ ᠪᠤᠶᠤ ᠤᠰᠤ ᠶᠢ ᠤᠤᠭᠤᠬᠤ | ᠡᠪᠡᠳᠴᠢᠳᠠᠨ ᠤ ᠪᠠᠭᠠᠰᠤ ᠰᠢᠬᠡᠰᠤ ᠪᠤᠶᠤ ᠪᠦᠬᠡᠯᠵᠢᠰᠤ ᠲᠠᠢ ᠬᠦᠷᠦᠯᠴᠡᠬᠦ | ᠪᠤᠬᠢᠷᠳᠤᠭᠰᠠᠨ ᠪᠤᠳᠠᠰ ᠪᠠ ᠤᠷᠴᠢᠨ ᠳᠤᠭᠤᠷᠢᠨ ᠵᠡᠷᠬᠡ ᠬᠠᠯᠳᠠᠪᠤᠷᠢᠯᠠᠯ ᠲᠠᠢ ᠳᠡᠮ ᠢᠶᠠᠷ ᠬᠦᠷᠦᠯᠴᠡᠬᠦ ᠪᠦᠬᠡᠯᠵᠢᠬᠦ ᠦᠶ᠎ᠡ ᠳᠤ ᠡᠬᠦᠰᠦᠭᠰᠡᠨ ᠸᠢᠷᠦ᠋ᠰ ᠲᠠᠢ | ᠬᠡᠢ ᠪᠡᠶᠡᠳᠤ ᠶᠢ ᠰᠤᠷᠤᠵᠤ ᠤᠷᠤᠭᠤᠯᠬᠤ | ᠨᠤᠷᠧ ᠸᠢᠷᠦ᠋ᠰ ᠤᠨ ᠬᠤᠳᠤᠭᠤᠳᠤ ᠬᠡᠳᠡᠰᠤᠨ ᠤ ᠦᠷᠪᠢᠰᠤᠯ ᠳᠤ ᠶᠠᠮᠠᠷ ᠶᠠᠮᠠᠷ ᠭᠤᠤᠯ ᠢᠯᠡᠷᠡᠯ ᠪᠠᠶᠢᠬᠤ ᠪᠤᠢ︖ | ᠨᠤᠷᠧ ᠸᠢᠷᠦ᠋ᠰ ᠤᠨ ᠬᠠᠯᠳᠠᠪᠤᠷᠢᠯᠠᠯ ᠤᠨ ᠨᠢᠭᠤᠭᠳᠠᠮᠠᠯ ᠬᠤᠭᠤᠴᠠᠭ᠎ᠠ ᠨᠢ 12 — 72 ᠴᠠᠭ᠂ ᠶᠡᠷᠦ ᠳᠡᠭᠡᠨ 24 — 48 ᠴᠠᠭ ᠪᠠᠶᠢᠳᠠᠭ᠃ ᠦᠷᠬᠦᠯᠵᠢ | ᠳᠤᠬᠢᠶᠠᠯᠳᠤᠳᠠᠭ ᠢᠯᠡᠷᠡᠯ ᠨᠢ ᠭᠤᠤᠯᠳᠠᠭᠤ ᠳᠤᠷ᠎ᠠ ᠪᠤᠯᠬᠢᠬᠤ᠂ ᠪᠦᠬᠡᠯᠵᠢᠬᠦ᠂ ᠬᠠᠯᠠᠭᠤᠷᠠᠬᠤ᠂ ᠬᠡᠪᠡᠯᠢ ᠡᠪᠡᠳᠬᠦ ᠪᠠ ᠰᠠᠭᠤᠯᠭᠠᠬᠤ ᠵᠡᠷᠬᠡ ᠪᠤᠯᠤᠨ᠎ᠠ᠂ ᠬᠡᠰᠡᠭ | ᠡᠪᠡᠳᠴᠢᠳᠠᠨ ᠳᠤ ᠳᠤᠯᠤᠭᠠᠢ ᠡᠪᠡᠳᠬᠦ᠂ ᠬᠦᠢᠳᠡᠨ ᠠᠴᠠ ᠠᠶᠤᠬᠤ᠂ ᠪᠤᠯᠴᠢᠩ ᠱᠠᠷᠬᠢᠷᠠᠵᠤ ᠡᠪᠡᠳᠬᠦ ᠵᠡᠷᠬᠡ ᠢᠯᠡᠷᠡᠯ ᠭᠠᠷᠳᠠᠭ᠃ ᠬᠡᠤᠬᠡᠳ ᠪᠦᠬᠡᠯᠵᠢᠬᠦ ᠪᠠᠷ | ᠭᠤᠤᠯᠯᠠᠵᠤ᠂ ᠨᠠᠰᠤᠨ ᠳᠤ ᠬᠦᠷᠦᠭᠰᠡᠳ ᠤᠨ ᠰᠠᠭᠤᠯᠭᠠᠬᠤ ᠨᠢ ᠠᠷᠪᠢᠨ᠂ ᠰᠢᠩᠬᠡᠨ ᠢᠶᠠᠷ ᠪᠤᠶᠤ ᠤᠰᠤ ᠪᠠᠷ ᠰᠠᠭᠤᠯᠭᠠᠳᠠᠭ᠃ | ᠨᠤᠷᠧ ᠸᠢᠷᠦ᠋ᠰ ᠤᠨ ᠬᠤᠳᠤᠭᠤᠳᠤ ᠬᠡᠳᠡᠰᠤᠨ ᠤ ᠦᠷᠪᠢᠰᠤᠯ ᠢ ᠬᠡᠷᠬᠢᠨ ᠵᠠᠰᠠᠬᠤ ᠪᠤᠢ︖ | ᠨᠤᠷᠧ ᠸᠢᠷᠦ᠋ᠰ ᠤᠨ ᠬᠤᠳᠤᠭᠤᠳᠤ ᠬᠡᠳᠡᠰᠤᠨ ᠤ ᠦᠷᠪᠢᠰᠤᠯ ᠪᠤᠯ ᠦᠪᠡᠷ ᠢ ᠪᠠᠨ ᠬᠢᠵᠠᠭᠠᠷᠯᠠᠬᠤ ᠴᠢᠨᠠᠷᠳᠠᠢ ᠡᠪᠡᠳᠴᠢᠨ ᠮᠦᠨ᠂ ᠤᠳᠤᠬᠠᠨ ᠳᠤ ᠸᠢᠷᠦ᠋ᠰ | ᠢ ᠡᠰᠡᠷᠬᠦᠴᠡᠬᠦ ᠪᠦᠳᠦᠮᠵᠢᠳᠡᠢ ᠡᠮ ᠬᠠᠷᠠᠬᠠᠨ ᠦᠬᠡᠢ ᠪᠠᠶᠢᠭᠰᠠᠭᠠᠷ᠃ ᠤᠯᠠᠩᠬᠢ ᠡᠪᠡᠳᠴᠢᠳᠠᠨ ᠡᠪᠡᠳᠴᠢᠯᠡᠭᠰᠡᠨ ᠤ ᠳᠠᠷᠠᠭ᠎ᠠ ᠡᠪᠡᠳᠴᠢᠨ ᠤ ᠪᠠᠶᠢᠳᠠᠯ ᠨᠢ ᠬᠦᠩᠬᠡᠨ᠂ | ᠡᠮᠨᠡᠨ ᠵᠠᠰᠠᠬᠤ ᠴᠢᠬᠤᠯᠠ ᠦᠬᠡᠢ᠂ 2 —3 ᠡᠳᠤᠷ ᠠᠮᠠᠷᠠᠪᠠᠯ ᠳᠠᠷᠤᠢ ᠡᠷᠡᠬᠦᠯᠵᠢᠳᠡᠭ᠃ ᠰᠢᠬᠢᠷ ᠲᠠᠢ ᠳᠠᠪᠤᠰᠤ ᠲᠠᠢ ᠤᠰᠤ ᠤᠤᠭᠤᠬᠤ ᠪᠤᠶᠤ ᠨᠦᠬᠦᠪᠤᠷᠢ | ᠰᠢᠩᠬᠡᠨ ᠲᠠᠢ ᠳᠠᠪᠤᠰᠤ ᠤᠤᠭᠤᠵᠤ ᠪᠦᠬᠡᠯᠵᠢᠬᠦ ᠪᠠ ᠰᠠᠭᠤᠯᠭᠠᠬᠤ ᠳᠤ ᠵᠠᠷᠤᠴᠠᠭᠤᠯᠤᠭᠰᠠᠨ ᠤᠰᠤ ᠶᠢ ᠨᠦᠬᠦᠪᠤᠷᠢᠯᠡᠵᠤ ᠪᠤᠯᠤᠨ᠎ᠠ᠃ ᠨᠢᠯᠬ᠎ᠠ ᠬᠡᠤᠬᠡᠳ᠂ | ᠨᠠᠰᠤᠳᠠᠶᠢᠴᠤᠳ᠂ ᠢᠯᠠᠩᠭᠤᠶ᠎ᠠ ᠰᠠᠭᠤᠷᠢ ᠴᠢᠨᠠᠷᠳᠠᠢ ᠡᠪᠡᠳᠴᠢᠨ ᠲᠠᠢ ᠨᠠᠰᠤᠳᠠᠶᠢᠴᠤᠳ ᠨᠡᠯᠢᠶᠡᠳ ᠬᠦᠨᠳᠤ ᠨᠤᠴᠢᠳᠠᠢ ᠡᠪᠡᠳᠴᠢᠨ ᠤ ᠢᠯᠡᠷᠡᠯ ᠭᠠᠷᠪᠠᠯ ᠴᠠᠭ ᠳᠤᠬᠠᠢ | ᠳᠤᠨᠢ ᠡᠮᠨᠡᠨ ᠵᠠᠰᠠᠬᠤ ᠬᠡᠷᠡᠭᠳᠡᠢ᠃ | ᠬᠤᠪᠢ ᠬᠦᠮᠦᠨ ᠪᠠ ᠬᠡᠷ ᠪᠦᠯᠢ ᠸᠢᠷᠦ᠋ᠰ ᠤᠨ ᠬᠠᠯᠳᠠᠪᠤᠷᠢᠯᠠᠯ ᠢ ᠬᠡᠷᠬᠢᠨ ᠰᠡᠷᠬᠡᠶᠢᠯᠡᠬᠦ ᠪᠤᠢ︖ | ᠭᠠᠷ ᠤᠨ ᠠᠷᠢᠭᠤᠨ ᠴᠡᠪᠡᠷ ᠢ ᠪᠠᠳᠤᠯᠠ᠃ ᠢᠳᠡᠬᠡᠨ ᠤᠮᠳᠠᠭᠠᠨ ᠤᠤᠭᠤᠬᠤ ᠤᠰᠤᠨ ᠤ ᠠᠷᠢᠭᠤᠨ ᠴᠡᠪᠡᠷ ᠢ ᠠᠩᠬᠠᠷ᠃ | ᠡᠪᠡᠳᠴᠢᠳᠠᠨ ᠠᠯᠢ ᠴᠢᠳᠠᠬᠤ ᠪᠠᠷ ᠬᠡᠷ ᠲᠡᠭᠡᠨ ᠳᠤᠰᠠᠭᠠᠷᠯᠠᠵᠤ ᠪᠤᠰᠤᠳ ᠲᠤ ᠬᠠᠯᠳᠠᠪᠤᠷᠢᠯᠠᠬᠤ ᠠᠴᠠ ᠵᠠᠶᠢᠯᠠᠰᠬᠢᠬᠤ ᠬᠡᠷᠡᠭᠳᠡᠢ᠃ | ᠤᠷᠴᠢᠨ ᠳᠤᠭᠤᠷᠢᠨ ᠤ ᠠᠷᠢᠭᠤᠨ ᠴᠡᠪᠡᠷ ᠪᠠ ᠠᠷᠢᠭᠤᠳᠬᠠᠬᠤ ᠠᠵᠢᠯ ᠢ ᠰᠠᠶᠢᠳᠤᠷ ᠬᠢᠬᠡᠷᠡᠢ᠃ | ᠡᠷᠡᠬᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠠᠳᠤᠯᠠ᠃ | ᠬᠡᠤᠬᠡᠳ ᠰᠠᠭᠠᠳᠠᠭᠤᠯᠬᠤ ᠪᠠᠶᠢᠭᠤᠯᠤᠮᠵᠢ ᠪᠠ ᠰᠤᠷᠭᠠᠭᠤᠯᠢ ᠬᠡᠷᠬᠢᠨ ᠨᠤᠷᠧ ᠸᠢᠷᠦ᠋ᠰ ᠬᠠᠯᠳᠠᠪᠤᠷᠢᠯᠠᠬᠤ ᠶᠢ ᠰᠡᠷᠬᠡᠶᠢᠯᠡᠬᠦ ᠪᠤᠢ︖ | ● ᠡᠪᠡᠳᠴᠢᠨ ᠤ ᠵᠢᠱᠢᠶ᠎ᠡ ᠶᠢ ᠴᠠᠭ ᠳᠤᠬᠠᠢ ᠳᠤᠨᠢ ᠢᠯᠡᠷᠡᠬᠦᠯᠬᠦ ᠪᠠ ᠵᠢᠷᠤᠮᠵᠢᠭᠤᠯᠤᠨ ᠬᠠᠮᠢᠶᠠᠷᠠᠬᠤ ᠬᠡᠷᠡᠭᠳᠡᠢ᠃ | ● ᠤᠤᠭᠤᠬᠤ ᠤᠰᠤ ᠪᠠ ᠢᠳᠡᠬᠡᠨ ᠤ ᠠᠷᠢᠭᠤᠨ ᠴᠡᠪᠡᠷ ᠤᠨ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠡᠢ᠃ | ● ᠳᠤᠭᠤᠭᠠᠴᠢ᠂ ᠠᠰᠠᠷᠠᠭᠴᠢ ᠵᠡᠷᠬᠡ ᠠᠵᠢᠯ ᠡᠷᠬᠢᠯᠡᠭᠰᠡᠳ ᠤᠨ ᠡᠷᠡᠬᠦᠯ ᠡᠩᠬᠡ ᠶᠢᠨ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠡᠢ᠃ | ● ᠤᠷᠴᠢᠨ ᠳᠤᠭᠤᠷᠢᠨ ᠤ ᠠᠷᠢᠭᠤᠳᠬᠠᠯ ᠢ ᠰᠠᠶᠢᠳᠤᠷ ᠬᠢᠬᠦ ᠬᠡᠷᠡᠭᠳᠡᠢ᠃ | ● ᠪᠦᠬᠡᠯᠵᠢᠰᠤ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠰᠢᠢᠳᠪᠤᠷᠢᠯᠡᠬᠦ ᠬᠡᠷᠡᠭᠳᠡᠢ᠃ | | |