— ᠤᠯᠤᠰ ᠲᠦᠷᠦ ᠶᠢᠨ ᠵᠦᠪᠯᠠᠯᠬᠡᠨ ᠤ ᠬᠠᠩᠬᠢᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠬᠤᠷᠠᠯ ᠲᠠᠬᠡᠷ᠎ᠡ | ︵2023 ᠤᠨ ᠤ 2 ᠰᠠᠷ᠎ᠠ ᠶᠢᠨ 6 ᠤ ᠡᠳᠤᠷ︶ | ᠪᠤᠤ ᠲᠦᠪᠰᠢᠨᠴᠢᠮᠡᠭ | | ᠬᠡᠰᠢᠬᠦᠳ ᠡ᠂ ᠨᠦᠬᠦᠳ ᠡ᠄ | ᠡᠳᠤᠬᠡ ᠪᠢ ᠤᠯᠤᠰ ᠲᠦᠷᠤ ᠶᠢᠨ ᠵᠦᠪᠯᠠᠯᠬᠡᠨ ᠤ ᠬᠠᠩᠬᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ | ᠶᠢ ᠲᠥᠯᠥᠬᠡᠯᠡᠵᠤ᠂ ᠶᠡᠭᠡ ᠬᠤᠷᠠᠯ ᠳᠤ ᠠᠵᠢᠯ ᠤᠨ ᠮᠠᠳᠠᠬᠦᠯᠥᠯᠳᠠ ᠬᠢᠶ᠎ᠡ᠂ ᠬᠢᠨᠠᠨ ᠵᠦᠪᠯᠠᠬᠦ ᠪᠤᠯᠪᠠᠤ᠂ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠦᠬᠦᠳ ᠰᠠᠨᠠᠯ | ᠢᠶᠠᠨ ᠲᠠᠪᠰᠢᠬᠦᠯᠤᠬᠡᠷᠡᠢ᠃ | ᠨᠢᠬᠡ᠂ 2022 ᠤᠨ ᠤ ᠠᠵᠢᠯ ᠤᠨ ᠡᠷᠬᠢᠴᠠᠬᠦᠯᠥᠯ | 2022 ᠤᠨ ᠪᠤᠯ ᠮᠠᠨ ᠤ ᠬᠤᠰᠢᠭᠤᠨ ᠤ ︽ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ︾ ᠡᠬᠢᠯᠠᠯᠳᠠ ᠶᠢᠨ ᠵᠢᠯ | ᠂ ᠮᠦᠨᠴᠤ ᠲᠤᠰ ᠬᠤᠭᠤᠴᠠᠭᠠᠨ ᠤ ᠤᠯᠤᠰ ᠲᠦᠷᠦ ᠶᠢᠨ ᠵᠦᠪᠯᠠᠯᠬᠡᠨ ᠤ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠡᠬᠢᠯᠠᠯᠳᠠ ᠶᠢᠨ ᠵᠢᠯ ᠪᠤᠯᠤᠨ᠎ᠠ᠃ ᠡᠨᠡ ᠵᠢᠯ᠂ | ᠪᠢᠳᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠠᠶᠢᠬᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠤ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠨᠠᠮ ᠤᠨ ᠠᠷᠪᠠ ᠶᠢᠰᠤᠳᠤᠬᠡᠷ ᠶᠡᠭᠡ ᠬᠤᠷᠠᠯ᠂ ᠠᠷᠪᠠ ᠶᠢᠰᠤᠳᠤᠬᠡᠷ | ᠬᠤᠭᠤᠴᠠᠭᠠᠨ ᠤ ᠪᠦᠬᠦᠳᠠ ᠬᠤᠷᠠᠯ ᠤᠳ ᠤᠨ ᠵᠤᠷᠢᠭ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ᠂ ᠰᠢ ᠶᠢᠨ ᠫᠢᠩ ᠶᠠᠷᠤᠩᠬᠡᠢ | ᠱᠦᠵᠢ ᠶᠢᠨ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠠᠯ ᠰᠠᠨᠠᠭ᠎ᠠ᠂ ᠦᠪᠤᠷ ᠮᠤᠩᠭᠤᠯ | ᠳᠤ ᠬᠢᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂ ︽ᠬᠦᠭᠵᠢᠯᠳᠠ ᠶᠢ ᠨᠢᠬᠳᠠ ᠮᠦᠷᠳᠠᠨ᠂ ᠬᠦᠭᠵᠢᠯᠳᠠ ᠳᠤ | ᠤᠷᠤᠯᠴᠠᠵᠤ᠂ ᠬᠦᠭᠵᠢᠯᠳᠠ ᠳᠤ ᠠᠭᠤᠰᠤᠯᠴᠠᠬᠤ︾ ᠶᠢ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠭᠤᠤᠯ ᠰᠢᠵᠢᠮ ᠪᠤᠯᠭᠠᠵᠤ᠂ ︽ᠬᠦᠭᠵᠢᠯᠳᠠ ᠶᠢ ᠬᠦᠴᠤᠯᠠᠨ | ᠰᠦᠪᠡᠭᠴᠢᠯᠠᠵᠤ᠂ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ︾ ᠬᠠᠷᠠᠯᠳᠠ ᠡᠬᠦᠷᠬᠡ ᠳᠤ ᠲᠦᠪᠯᠠᠷᠠᠬᠦᠯᠥᠨ᠂ ᠡᠬᠦᠷᠬᠡ | ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢᠨ ᠪᠠᠶᠢᠭᠤᠯᠤᠯᠳᠠ ᠪᠠᠨ ᠪᠦᠬᠦ ᠲᠠᠯ᠎ᠠ ᠪᠠᠷ ᠴᠢᠩᠭᠠᠳᠬᠠᠨ᠂ ᠵᠠᠰᠠᠭ ᠤᠨ ᠶᠠᠪᠤᠳᠠᠯ ᠢ ᠵᠦᠪᠯᠠᠬᠦ ᠠᠭᠤᠯᠭ᠎ᠠ ᠬᠡᠯᠪᠡᠷᠢ | ᠪᠠᠨ ᠲᠠᠰᠤᠷᠠᠯᠳᠠ ᠦᠬᠡᠢ ᠲᠠᠬᠦᠯᠳᠠᠷᠵᠢᠬᠦᠯᠵᠤ᠂ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠦᠨᠳᠤᠰᠤᠨ ᠱᠠᠳᠤᠨ ᠳᠤ ᠬᠦᠨᠵᠡᠬᠡᠶᠢᠷᠠᠬᠦ ᠶᠢ | ᠬᠦᠨᠵᠡᠬᠡᠢ ᠠᠬᠢᠭᠤᠯᠵᠤ᠂ ᠤᠯᠤᠰ ᠲᠦᠷᠦ ᠶᠢᠨ ᠵᠦᠪᠯᠠᠯᠬᠡᠨ ᠤ ᠡᠯ᠎ᠡ ᠠᠵᠢᠯ ᠨᠢ ᠤᠯᠠᠮᠵᠢᠯᠠᠯ ᠤᠨ ᠲᠤᠮᠳᠠ ᠬᠦᠭᠵᠢᠵᠤ᠂ ᠬᠦᠭᠵᠢᠯᠳᠠ ᠶᠢᠨ ᠲᠤᠮᠳᠠ ᠰᠢᠨ᠎ᠠ ᠶᠢ | ᠡᠬᠦᠳᠦᠨ᠂ ᠪᠦᠬᠦ ᠬᠤᠰᠢᠭᠤᠨ ᠤ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠲᠤᠮᠳᠠ ᠴᠢᠬᠤᠯᠠ ᠦᠢᠯᠠᠳᠤᠯ ᠢᠶᠠᠨ ᠪᠠᠳᠠᠷᠠᠭᠤᠯᠵᠤ᠂ ᠢᠳᠠᠪᠬᠢᠳᠠᠢ ᠬᠤᠪᠢ ᠨᠠᠮᠠᠷᠢ | ᠦᠵᠡᠬᠦᠯᠦᠭᠰᠠᠨ ᠪᠠᠶᠢᠨ᠎ᠠ᠃ | ︵ᠨᠢᠬᠡ︶ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠠᠵᠤ᠂ ᠨᠡᠩ ᠦᠨᠳᠤᠷ ᠵᠤᠭᠰᠤᠴᠠ ᠠᠴᠠ ︽ᠤᠯᠤᠰ ᠲᠦᠷᠤ ᠶᠢᠨ ᠵᠦᠪᠯᠠᠯᠬᠡᠨ ᠤ | ᠤᠷᠤᠨ ᠪᠠᠶᠢᠷᠢ︾ ᠪᠠᠨ ᠤᠨᠤᠪᠴᠢᠳᠠᠢ ᠡᠵᠡᠮᠳᠠᠪᠠ᠃ ᠪᠢᠳᠠ ᠤᠯᠤᠰ ᠲᠦᠷᠦ ᠶᠢ ᠡᠷᠬᠢᠮᠯᠠᠬᠦ ᠶᠢ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠪᠦᠬᠦ ᠶᠠᠪᠤᠴᠠ ᠳᠤ | ᠰᠢᠮᠠᠳᠬᠡᠵᠤ᠂ ᠤᠯᠤᠰ ᠲᠦᠷᠦ ᠶᠢᠨ ᠵᠤᠭᠰᠤᠯᠳᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠠᠭᠠᠨ ᠰᠢ ᠶᠢᠨ | ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠠᠬᠡᠳᠤ ᠬᠡᠮᠵᠢᠶ᠎ᠡ ᠪᠠᠷ ᠨᠢᠬᠡᠳᠤᠯᠳᠠᠢ ᠪᠠᠶᠢᠵᠤ᠂ ᠦᠷᠬᠡᠨ ᠤᠯᠠᠨ ᠤᠯᠤᠰ ᠲᠦᠷᠤ ᠶᠢᠨ | ᠵᠦᠪᠯᠠᠯᠬᠡᠨ ᠤ ᠬᠡᠰᠢᠬᠦᠨ ᠪᠠ ᠠᠯᠪᠠᠨ ᠪᠠᠶᠢᠭᠤᠯᠭ᠎ᠠ ᠶᠢᠨ ᠺᠠᠳ᠋ᠷ ᠢᠶᠠᠨ ᠬᠦᠮᠤᠵᠢᠬᠦᠯᠥᠨ ᠬᠦᠳᠦᠯᠵᠤ᠂ ᠰᠢᠨ᠎ᠠ ᠠᠶᠠᠨ ᠵᠠᠮ ᠳᠤ ᠡᠷᠡᠮᠠᠬᠡᠶᠢᠯᠠᠨ ᠴᠢᠷᠮᠠᠶᠢᠵᠤ᠂ ᠰᠢᠨ᠎ᠠ | ᠴᠠᠭ ᠦᠶ᠎ᠠ ᠳᠤ ᠭᠠᠪᠢᠶ᠎ᠠ ᠵᠢᠳᠬᠦᠯ ᠭᠠᠷᠭᠠᠪᠠ᠃ | ᠤᠨᠤᠯ ᠢᠶᠠᠷ ᠵᠡᠪᠰᠡᠭᠯᠠᠬᠦ ᠶᠢ ᠲᠠᠰᠤᠷᠠᠯᠳᠠ ᠦᠬᠡᠢ ᠴᠢᠩᠭᠠᠳᠬᠠᠪᠠ᠃ ᠨᠠᠮ ᠤᠨ ᠠᠷᠪᠠ ᠶᠢᠰᠤᠳᠤᠬᠡᠷ ᠶᠡᠭᠡ ᠬᠤᠷᠠᠯ᠂ ᠠᠷᠪᠠ ᠶᠢᠰᠤᠳᠤᠬᠡᠷ ᠬᠤᠭᠤᠴᠠᠭᠠᠨ ᠤ | ᠪᠦᠬᠦᠳᠠ ᠬᠤᠷᠠᠯ ᠤᠳ ᠤᠨ ᠵᠤᠷᠢᠭ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠶᠢ | ᠴᠢᠬᠤᠯᠠ ᠤᠯᠤᠰ ᠲᠦᠷᠦ ᠶᠢᠨ ᠡᠬᠦᠷᠬᠡ ᠪᠤᠯᠭᠠᠵᠤ᠂ 25 ᠤᠳᠠᠭᠠᠨ ᠤ ᠰᠤᠷᠤᠯᠴᠠᠯᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ 680 ᠭᠠᠷᠤᠢ ᠬᠦᠮᠦᠨ | ᠤᠷᠤᠯᠴᠠᠭᠰᠠᠨ ᠪᠠᠶᠢᠨ᠎ᠠ︔ ᠤᠳᠤᠷᠢᠳᠬᠤ ᠪᠠᠭ ᠤᠨ ᠪᠦᠷᠢᠯᠳᠤᠬᠦᠨ ᠨᠢ ᠬᠠᠷᠢᠯᠴᠠᠬᠤ ᠴᠡᠭ ᠲᠡᠭᠡᠨ ᠦᠷᠬᠦᠯᠵᠢ ᠬᠦᠨᠵᠡᠬᠡᠶᠢᠷᠠᠨ ᠤᠬᠠᠭᠤᠯᠤᠨ ᠶᠠᠷᠢᠵᠤ᠂ ᠤᠯᠤᠰ | ᠲᠦᠷᠦ ᠶᠢᠨ ᠵᠦᠪᠯᠠᠯᠬᠡᠨ ᠤ ᠡᠯ᠎ᠡ ᠤᠷᠤᠯᠴᠠᠭᠴᠢ ᠨᠢᠬᠡᠴᠠ᠂ ᠬᠡᠰᠢᠬᠦᠳ ᠪᠠ ᠦᠷᠬᠡᠨ ᠤᠯᠠᠨ ᠲᠦᠮᠠᠨ ᠤ ᠦᠵᠠᠯ ᠰᠠᠨᠠᠭ᠎ᠠ ᠪᠠ ᠦᠢᠯᠠ ᠠᠵᠢᠯᠯᠠᠭ᠎ᠠ ᠶᠢ ᠨᠠᠮ ᠤᠨ | ᠲᠦᠪ ᠬᠤᠷᠢᠶᠠᠨ ᠤ ᠡᠯ᠎ᠡ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠦᠪᠠᠷᠳᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ | ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠡᠯ᠎ᠡ ᠵᠦᠢᠯ ᠤᠨ ᠪᠤᠳᠠᠳᠠᠢ ᠱᠠᠭᠠᠷᠳᠠᠯᠭ᠎ᠠ ᠲᠠᠢ ᠨᠢᠬᠡᠳᠦᠬᠦᠯᠦᠭᠰᠠᠨ ᠪᠠᠶᠢᠨ᠎ᠠ᠃ ᠡᠬᠦᠨ ᠤ ᠬᠠᠮᠳᠤ᠂ ᠪᠠᠶᠢᠩᠭᠤ ᠶᠢᠨ | ᠬᠤᠷᠢᠶᠠᠨ ᠤ ᠬᠤᠷᠠᠯᠳᠤᠭᠠᠨ᠂ ᠨᠠᠮ ᠤᠨ ᠲᠤᠭᠤᠶᠢᠯᠠᠩ ᠤᠨ ᠬᠤᠷᠠᠯᠳᠤᠭᠠᠨ᠂ ᠲᠠᠷᠢᠬᠦᠯᠡᠭᠴᠢᠳ ᠤᠨ ᠬᠤᠷᠠᠯᠳᠤᠭᠠᠨ ᠤ ᠲᠤᠭᠳᠠᠮᠠᠯ ᠬᠤᠭᠤᠴᠠᠭᠠᠨ ᠤ ᠲᠤᠰᠬᠠᠢ | ᠰᠡᠳᠦᠪᠳᠤ ᠰᠤᠷᠤᠯᠴᠠᠯᠭ᠎ᠠ ᠪᠠ ᠪᠦᠬᠦ ᠬᠡᠰᠢᠬᠦᠳ ᠤᠨ ᠪᠤᠯᠪᠠᠰᠤᠷᠠᠯ᠂ ᠡᠳᠡᠬᠡᠳ ᠢᠯᠭᠠᠯ ᠤᠨ ᠲᠤᠭᠤᠶᠢᠯᠠᠩ ᠤᠨ ᠨᠤᠮ ᠤᠩᠰᠢᠬᠤ ᠠᠵᠢᠯᠯᠠᠭ᠎ᠠ ᠵᠠᠷᠬᠡ ᠰᠤᠷᠤᠯᠴᠠᠯᠭ᠎ᠠ | ᠶᠢᠨ ᠲᠦᠷᠢᠮ ᠤᠨ ᠲᠤᠭᠳᠠᠯᠴᠠᠭ᠎ᠠ ᠶᠢ ᠪᠤᠢ ᠪᠤᠯᠭᠠᠨ᠂ ᠤᠨᠤᠯ ᠤᠨ ᠰᠤᠷᠤᠯᠴᠠᠯᠭ᠎ᠠ ᠶᠢᠨ ᠬᠡᠪᠰᠢᠨ ᠲᠦᠷᠢᠮᠵᠢᠬᠦ ᠶᠢ ᠠᠬᠢᠭᠤᠯᠪᠠ᠃ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠬᠡᠢ ᠴᠢᠩᠭᠠᠳᠬᠠᠪᠠ᠃ ᠴᠢᠬᠤᠯᠠ ᠶᠡᠭᠡ ᠶᠠᠪᠤᠳᠠᠯ ᠤᠴᠢᠷ ᠲᠤ ᠵᠢᠭᠠᠪᠤᠷᠢ ᠠᠪᠴᠤ | ᠮᠠᠳᠠᠬᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠲᠤᠭᠤᠶᠢᠯᠠᠩ ᠨᠢ ᠲᠤᠭᠳᠠᠮᠠᠯ ᠬᠤᠭᠤᠴᠠᠭ᠎ᠠ ᠲᠠᠢ ᠪᠠᠷ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠳᠤ ᠠᠵᠢᠯ ᠢᠶᠠᠨ ᠮᠡᠳᠡᠬᠦᠯᠬᠦ ᠲᠦᠷᠢᠮ ᠢ ᠴᠢᠩᠭ᠎ᠠ ᠬᠡᠷᠡᠭᠵᠢᠬᠦᠯᠵᠤ᠂ ᠬᠤᠰᠢᠭᠤ ᠨᠠᠮ ᠤᠨ ᠬᠤᠷᠢᠶᠠᠨ ᠤ ᠰᠠᠨᠠᠭᠠᠴᠢᠯᠠᠭ᠎ᠠ ᠶᠢ ᠦᠳᠳᠠᠷ | ᠲᠦᠷᠬᠡᠨ ᠲᠠᠭᠠᠵᠤ᠂ ᠬᠤᠰᠢᠭᠤ ᠨᠠᠮ ᠤᠨ ᠬᠤᠷᠢᠶᠠᠨ ᠤ ᠲᠤᠭᠳᠠᠭᠠᠯ ᠢ ᠡᠷᠡᠰ ᠬᠡᠷᠡᠭᠵᠢᠬᠦᠯᠵᠤ᠂ ᠬᠤᠰᠢᠭᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠪᠦᠬᠦ | ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠤᠯᠤᠰ ᠲᠦᠷᠦ ᠶᠢᠨ | ᠵᠦᠪᠯᠠᠯᠬᠡᠨ ᠤ ᠠᠵᠢᠯ ᠤᠨ ᠪᠤᠳᠠᠳᠠᠢ ᠦᠢᠯᠠ ᠠᠵᠢᠯᠯᠠᠭ᠎ᠠ ᠪᠤᠯᠭᠠᠨ ᠦᠨᠡᠨᠬᠦ ᠬᠤᠪᠢᠷᠠᠭᠤᠯᠤᠭᠰᠠᠨ ᠪᠠᠶᠢᠨ᠎ᠠ᠃ ᠨᠠᠮ ᠤᠨ ᠲᠤᠭᠤᠶᠢᠯᠠᠩ ᠤᠨ ᠪᠦᠷᠢᠯᠳᠤᠬᠦᠨ ᠨᠠᠮ ᠤᠨ | ᠬᠡᠰᠢᠬᠦᠨ ᠬᠡᠰᠢᠬᠦᠳ ᠲᠠᠢ ᠬᠠᠷᠢᠯᠴᠠᠬᠤ᠂ ᠨᠠᠮ ᠤᠨ ᠬᠡᠰᠢᠬᠦᠨ ᠬᠡᠰᠢᠬᠦᠳ ᠨᠠᠮ ᠤᠨ ᠭᠠᠳᠠᠨᠠᠬᠢ ᠬᠡᠰᠢᠬᠦᠳ ᠲᠠᠢ ᠬᠠᠷᠢᠯᠴᠠᠬᠤ ᠵᠤᠬᠢᠴᠠᠮᠵᠢ ᠶᠢ ᠲᠠᠬᠦᠯᠳᠠᠷᠵᠢᠬᠦᠯᠵᠤ᠂ | ᠤᠯᠤᠰ ᠲᠦᠷᠦ ᠶᠢᠨ ᠵᠦᠪᠯᠠᠯᠬᠡᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠠᠵᠢᠯ ᠤᠨ ᠬᠡᠯᠪᠡᠷᠢ ᠶᠢᠨ ᠪᠦᠷᠬᠦᠯᠳᠠ ᠠᠴᠠ ᠪᠤᠳᠠᠳᠠᠢ ᠪᠦᠷᠬᠦᠬᠦ | ᠬᠤᠪᠢᠷᠠᠯᠳᠠ ᠶᠢ ᠠᠬᠢᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠬᠤᠷᠠᠯᠳᠤᠭᠠᠨ ᠢ ᠠᠮᠵᠢᠯᠳᠠ | ᠲᠠᠢ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠤ᠂ ᠰᠢᠨ᠎ᠠ ᠴᠠᠭ ᠦᠶ᠎ᠠ ᠶᠢᠨ ᠮᠠᠨ ᠤ | ᠬᠤᠰᠢᠭᠤᠨ ᠤ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠠᠵᠢᠯ ᠢ ᠴᠢᠩᠭᠠᠳᠬᠠᠬᠤ ᠪᠠ ᠬᠠᠯᠠᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠠᠶᠢᠷᠢᠯᠠᠭᠤᠯᠵᠤ᠂ | ᠤᠯᠤᠰ ᠲᠦᠷᠦ ᠶᠢᠨ ᠵᠦᠪᠯᠠᠯᠬᠡᠨ ᠤ ᠦᠢᠯᠠᠰ ᠤᠨ ᠰᠢᠨ᠎ᠠ ᠬᠦᠭᠵᠢᠯᠳᠠ ᠪᠠᠷ ᠬᠠᠩᠬᠢᠨ ᠤ ᠠᠵᠤ ᠠᠬᠤᠢ ᠨᠠᠶᠢᠬᠡᠮ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ | ᠶᠢ ᠪᠠᠳᠤᠯᠠᠪᠠ᠃ | ᠤᠯᠤᠰ ᠲᠦᠷᠦ ᠶᠢᠨ ᠵᠦᠪᠯᠠᠯᠬᠡᠨ ᠤ ᠨᠠᠮ ᠤᠨ ᠪᠠᠶᠢᠭᠤᠯᠤᠯᠳᠠ ᠶᠢ ᠡᠷᠡᠰ ᠬᠦᠴᠦᠳᠠᠢ ᠠᠬᠢᠭᠤᠯᠪᠠ᠃ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ | ᠴᠤᠭᠴᠠ ᠶᠢᠨ ᠬᠠᠷᠢᠭᠤᠴᠠᠯᠭ᠎ᠠ ᠶᠢ ᠢᠮᠠᠭᠳᠠ ᠴᠢᠩᠭ᠎ᠠ ᠡᠬᠦᠷᠬᠡᠯᠡᠵᠤ᠂ ᠠᠯᠪᠠᠨ ᠪᠠᠶᠢᠭᠤᠯᠭ᠎ᠠ ᠶᠢᠨ ᠨᠠᠮ ᠤᠨ ᠲᠤᠭᠤᠶᠢᠯᠠᠩ ᠪᠠ ᠡᠯ᠎ᠡ ᠲᠤᠰᠬᠠᠢ ᠵᠦᠪᠯᠠᠯ ᠤᠨ ᠠᠵᠢᠯ | ᠤᠨ ᠬᠠᠷᠢᠭᠤ ᠮᠠᠳᠠᠬᠦᠯᠥᠯᠳᠠ ᠶᠢ ᠲᠤᠭᠳᠠᠮᠠᠯ ᠬᠤᠭᠤᠴᠠᠭ᠎ᠠ ᠲᠠᠢ ᠰᠤᠨᠤᠰᠴᠤ᠂ ᠨᠠᠮ ᠤᠨ ᠪᠠᠶᠢᠭᠤᠯᠤᠯᠳᠠ᠂ ᠦᠵᠠᠯ ᠤᠬᠠᠮᠰᠠᠷ ᠤᠨ ᠬᠡᠯᠪᠡᠷᠢᠯ ᠪᠠ ᠨᠢᠬᠡᠳᠤᠮᠠᠯ ᠹᠷᠤᠨᠲ | ᠤᠨ ᠡᠯ᠎ᠡ ᠵᠦᠢᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠳᠠᠯ ᠴᠢᠬᠡᠴᠢ ᠵᠠᠰᠠᠭ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ | ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠭᠰᠠᠨ ᠪᠠᠶᠢᠨ᠎ᠠ᠃ ᠨᠠᠮ ᠤᠨ ᠲᠤᠳᠤᠷᠠᠬᠢ ᠤᠯᠤᠰ ᠲᠦᠷᠦ ᠶᠢᠨ ᠠᠮᠢᠳᠤᠷᠠᠯ ᠤᠨ ᠪᠤᠯᠬᠢᠴᠢᠯᠠᠬᠤ ᠠᠷᠠᠯᠵᠢᠶᠠᠯᠠᠬᠤ | ᠠᠰᠠᠭᠤᠳᠠᠯ ᠢ ᠲᠦᠪᠯᠠᠷᠠᠩᠬᠦᠢ ᠵᠠᠰᠠᠬᠤ ᠶᠢ ᠯᠠᠪᠳᠠᠭᠤᠨ ᠪᠠᠳᠤᠳᠠᠢ ᠦᠷᠨᠢᠬᠦᠯᠵᠤ᠂ ᠪᠦᠬᠦ ᠨᠠᠮ ᠤᠨ ᠬᠡᠰᠢᠬᠦᠨ ᠺᠠᠳ᠋ᠷ ᠬᠦᠨᠵᠡᠬᠡᠢ ᠨᠠᠮᠴᠢ ᠴᠢᠨᠠᠷ ᠤᠨ ᠬᠦᠮᠤᠵᠢᠯ᠂ | ᠦᠵᠠᠯ ᠰᠠᠨᠠᠭᠠᠨ ᠤ ᠲᠠᠪᠳᠠᠯᠳᠠ ᠪᠠ ᠤᠶᠤᠨ ᠰᠠᠨᠠᠭᠠᠨ ᠤ ᠰᠠᠩᠬᠡᠷᠡᠬᠦᠯᠥᠯ ᠢ ᠬᠦᠷᠳᠡᠪᠠ᠃ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ ᠪᠠ ᠠᠯᠪᠠᠨ ᠪᠠᠶᠢᠭᠤᠯᠭ᠎ᠠ | ᠶᠢᠨ ᠺᠠᠳ᠋ᠷᠴᠤᠳ ᠤᠨ ᠡᠳᠤᠷ ᠲᠤᠳᠤᠮ ᠤᠨ ᠬᠦᠮᠤᠵᠢᠯ ᠬᠠᠮᠢᠶᠠᠷᠤᠯᠳᠠ ᠶᠢ ᠴᠢᠩᠭᠠᠳᠬᠠᠵᠤ᠂ ᠠᠯᠪᠠᠨ ᠪᠠᠶᠢᠭᠤᠯᠭ᠎ᠠ ᠠᠷᠢᠭᠤᠨ ᠴᠢᠬᠡᠴᠢ᠂ ᠺᠠᠳ᠋ᠷ ᠠᠵᠢᠯᠳᠠᠨ | ᠲᠠᠪᠰᠢᠯᠳᠠ ᠶᠢ ᠡᠷᠬᠢᠮᠯᠠᠬᠦ ᠤᠬᠢ ᠰᠠᠶᠢᠨ ᠪᠠᠶᠢᠳᠠᠯ ᠢ ᠦᠷᠬᠦᠯᠵᠢᠯᠠᠨ ᠪᠠᠳᠤᠳᠬᠠᠭᠰᠠᠨ ᠪᠠᠶᠢᠨ᠎ᠠ᠃ | ︵ᠬᠤᠶᠠᠷ︶ ᠭᠤᠤᠯᠳᠠᠯᠭ᠎ᠠ ᠶᠢᠨ ᠪᠦᠬᠦ ᠲᠠᠯ᠎ᠠ ᠶᠢᠨ ᠲᠤᠭᠤᠷᠢᠨ ᠳᠤ᠂ ︽ᠤᠯᠤᠰ ᠲᠦᠷᠦ ᠶᠢᠨ ᠵᠦᠪᠯᠠᠯᠬᠡᠨ ᠤ ᠤᠶᠤᠨ ᠤᠬᠠᠭᠠᠨ︾ ᠢ ᠨᠡᠩ ᠬᠦᠴᠦᠯᠠᠴᠠ | ᠲᠠᠢ ᠲᠠᠪᠰᠢᠬᠦᠯᠪᠠ᠃ ︽ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ︾ ᠶᠢ ᠠᠬᠢᠭᠤᠯᠬᠤ ᠶᠢ ᠡᠬᠦᠷᠬᠡ ᠬᠠᠷᠢᠭᠤᠴᠠᠯᠭ᠎ᠠ ᠪᠠᠨ | ᠬᠦᠢᠴᠡᠳᠬᠡᠬᠦ ᠭᠤᠤᠯᠳᠠᠯᠭ᠎ᠠ ᠪᠤᠯᠭᠠᠵᠤ᠂ ᠬᠤᠰᠢᠭᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ᠂ ᠤᠯᠠᠨ ᠲᠦᠮᠠᠨ ᠤ | ᠬᠦᠰᠠᠮᠵᠢᠯᠠᠵᠤ ᠪᠠᠶᠢᠭ᠎ᠠ ᠠᠰᠠᠭᠤᠳᠠᠯ ᠤᠨ ᠲᠤᠭᠤᠷᠢᠨ ᠳᠤ ᠰᠠᠨᠠᠯ ᠵᠦᠪᠯᠠᠯᠬᠡ ᠲᠠᠪᠰᠢᠬᠦᠯᠵᠤ᠂ ᠪᠠᠶᠢᠩᠭᠤ ᠶᠢᠨ ᠬᠤᠷᠢᠶᠠᠨ ᠤ ᠬᠤᠷᠠᠯ ᠢ 5 ᠤᠳᠠᠭ᠎ᠠ᠂ | ᠲᠠᠷᠢᠬᠦᠯᠡᠭᠴᠢᠳ ᠤᠨ ᠬᠤᠷᠠᠯᠳᠤᠭᠠᠨ ᠢ 12 ᠤᠳᠠᠭ᠎ᠠ᠂ ᠡᠯ᠎ᠡ ᠵᠦᠢᠯ ᠤᠨ ᠵᠠᠰᠠᠭ ᠤᠨ ᠶᠠᠪᠤᠳᠠᠯ ᠢ ᠵᠦᠪᠯᠠᠬᠦ ᠠᠵᠢᠯᠯᠠᠭ᠎ᠠ ᠶᠢ 30 ᠢᠯᠠᠬᠦᠦ ᠤᠳᠠᠭ᠎ᠠ ᠦᠷᠨᠢᠬᠦᠯᠵᠤ᠂ | ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠳᠤ ᠰᠠᠨᠠᠯ ᠵᠦᠪᠯᠠᠯᠬᠡ ᠶᠢᠨ ᠲᠤᠰᠬᠠᠢ ᠰᠤᠨᠢᠨ ᠢ 5 ᠬᠤᠪᠢ᠂ ᠰᠠᠨᠠᠯ ᠰᠠᠨᠠᠭᠤᠯᠭ᠎ᠠ ᠶᠢ 75 ᠬᠤᠪᠢ | ᠲᠠᠪᠰᠢᠬᠦᠯᠵᠤ᠂ ᠪᠦᠬᠦ ᠬᠤᠰᠢᠭᠤᠨ ᠤ ᠭᠤᠤᠯᠳᠠᠯᠭᠠᠳᠤ ᠠᠵᠢᠯ ᠳᠤ ᠪᠦᠬᠦ ᠬᠦᠴᠦᠨ ᠢᠶᠠᠷ ᠢᠶᠠᠨ ᠦᠢᠯᠠᠴᠢᠯᠠᠪᠠ᠃ | ᠪᠦᠬᠦ ᠲᠠᠯ᠎ᠠ ᠳᠤ ᠦᠢᠯᠠᠴᠢᠯᠠᠬᠦ ᠳᠤ ᠠᠩᠬᠠᠷᠤᠯ ᠢᠶᠠᠨ ᠲᠦᠪᠯᠠᠷᠠᠬᠦᠯᠥᠨ ᠢᠳᠠᠪᠬᠢᠳᠠᠢ ᠪᠠᠷ ᠦᠢᠯᠠᠳᠤᠯ ᠢᠶᠠᠨ ᠪᠠᠳᠠᠷᠠᠭᠤᠯᠤᠭᠰᠠᠨ ᠪᠠᠶᠢᠨ᠎ᠠ ᠃ ᠦᠪᠠᠷᠳᠠᠬᠡᠨ | ᠵᠠᠰᠠᠬᠤ ᠤᠷᠤᠨ᠂ ᠬᠤᠳᠠ᠂ ᠬᠤᠰᠢᠭᠤ ᠭᠤᠷᠪᠠᠨ ᠱᠠᠳᠤᠨ ᠤ ᠬᠠᠮᠳᠤᠷᠠᠨ ᠬᠦᠳᠠᠯᠤᠯᠴᠠᠬᠦ ᠬᠢᠨᠠᠯᠳᠠ ᠶᠢᠨ ᠴᠢᠨᠠᠷᠳᠠᠢ ︽ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠬᠦᠯᠥᠨ ᠠᠰᠢᠭᠯᠠᠬᠤ︾ ᠵᠦᠪᠯᠠᠯᠬᠡᠨ ᠤ ᠰᠡᠳᠦᠪ ᠢ ᠭᠠᠷᠳᠠᠵᠤ᠂ ᠡᠩ ᠲᠠᠷᠢᠬᠦᠨ ᠳᠤ ᠪᠦᠬᠦ ᠬᠤᠳᠠ ᠳᠤ ᠲᠤᠰᠬᠠᠢ ᠰᠡᠳᠤᠪᠳᠤ ᠵᠦᠪᠯᠠᠯᠬᠡ ᠶᠢ ᠴᠢᠨᠠᠷ | ᠴᠢᠨᠰᠠᠭ᠎ᠠ ᠲᠠᠢ ᠪᠠᠶᠠᠯᠠᠬᠦᠯᠵᠤ᠂ ᠤᠬᠢ ᠰᠠᠶᠢᠨ ᠵᠦᠪᠯᠠᠯᠬᠡᠨ ᠤ ᠦᠷ᠎ᠠ ᠳ᠋ᠦᠩ ᠢ ᠬᠦᠷᠳᠠᠵᠤ᠂ ᠦᠪᠠᠷᠳᠠᠬᠡᠨ ᠵᠠᠰᠠᠬᠤ ᠤᠷᠤᠨ᠂ ᠬᠤᠳᠠ ᠬᠤᠶᠠᠷ ᠱᠠᠳᠤᠨ ᠤ ᠤᠯᠤᠰ | ᠲᠦᠷᠦ ᠶᠢᠨ ᠵᠦᠪᠯᠠᠯᠬᠡᠨ ᠤ ᠬᠦᠢᠴᠡᠳ ᠨᠤᠳᠠᠯᠠᠯᠳᠠ ᠶᠢ ᠬᠦᠷᠳᠠᠪᠠ᠃ ᠬᠤᠳᠠ᠂ ᠬᠤᠰᠢᠭᠤ ᠬᠤᠶᠠᠷ ᠱᠠᠳᠤᠨ ᠤ ᠬᠠᠮᠳᠤᠷᠠᠨ ᠬᠦᠳᠠᠯᠤᠯᠴᠠᠬᠦ ᠰᠡᠳᠦᠪ ᠪᠤᠯᠬᠤ ︽ | ᠮᠠᠯᠵᠢᠬᠤ ᠲᠠᠷᠢᠶᠠᠯᠠᠬᠤ ᠤᠷᠤᠨ ᠤ ᠦᠮᠴᠢᠯᠠᠯ ᠤᠨ ᠡᠷᠬᠡ ᠶᠢᠨ ᠠᠷᠠᠯᠵᠢᠶᠠᠨ ᠤ ᠲᠠᠪᠴᠠᠩ ᠤᠨ ᠪᠦᠳᠦᠬᠡᠨ ᠪᠠᠶᠢᠭᠤᠯᠤᠯᠳᠠ︾ ᠶᠢᠨ ᠲᠤᠭᠤᠷᠢᠨ ᠳᠤ ᠲᠤᠰᠬᠠᠢ | ᠰᠡᠳᠦᠪᠳᠤ ᠵᠦᠪᠯᠠᠯᠬᠡ ᠦᠷᠨᠢᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠦᠮᠴᠢᠯᠠᠯ ᠤᠨ ᠡᠷᠬᠡ ᠶᠢᠨ ᠠᠷᠠᠯᠵᠢᠶᠠᠨ ᠤ ᠲᠠᠪᠴᠠᠩ ᠤᠨ ᠪᠦᠳᠦᠬᠡᠨ ᠪᠠᠶᠢᠭᠤᠯᠤᠯᠳᠠ ᠶᠢ | ᠠᠬᠢᠭᠤᠯᠬᠤ ᠳᠤ ᠢᠳᠠᠪᠬᠢ ᠬᠤᠪᠢ ᠨᠠᠮᠠᠷᠢ ᠦᠵᠠᠬᠦᠯᠦᠭᠰᠠᠨ ᠪᠠᠶᠢᠨ᠎ᠠ᠃ ᠪᠦᠬᠦ ᠬᠤᠰᠢᠭᠤᠨ ᠤ ᠨᠤᠳᠤᠭ ᠪᠠᠯᠴᠢᠬᠡᠷ ᠢ ᠰᠠᠶᠢᠵᠢᠷᠠᠭᠤᠯᠬᠤ ᠳᠤ ᠴᠢᠭᠯᠡᠬᠦᠯᠥᠨ ᠲᠤᠰᠬᠠᠢ | ᠰᠡᠳᠦᠪᠳᠤ ᠵᠦᠪᠯᠠᠯᠬᠡ ᠦᠷᠨᠢᠬᠦᠯᠵᠤ᠂ ᠬᠤᠰᠢᠭᠤ ᠨᠠᠮ ᠵᠠᠰᠠᠭ ᠤᠨ ᠰᠢᠨᠵᠢᠯᠠᠬᠦ ᠤᠬᠠᠭᠠᠨᠴᠢ ᠰᠢᠢᠳᠪᠤᠷᠢᠳᠤ ᠪᠤᠳᠤᠯᠭ᠎ᠠ ᠲᠤᠭᠳᠠᠭᠠᠬᠤ᠂ ᠠᠵᠢᠯ ᠢ ᠠᠬᠢᠭᠤᠯᠬᠤ ᠳᠤ | ᠴᠢᠬᠤᠯᠠ ᠯᠠᠪᠯᠠᠯᠳᠠ ᠬᠠᠩᠭᠠᠭᠰᠠᠨ ᠪᠠᠶᠢᠨ᠎ᠠ᠃ ︽ᠨᠠᠶᠢᠳᠠ ᠶᠢᠨ ᠬᠤᠷᠢᠶᠠᠭᠴᠢ ᠲᠤᠭ᠎ᠠ ᠶᠢ ᠡᠷᠢᠯᠬᠢᠯᠠᠵᠤ᠂ ᠢᠵᠢᠯ ᠲᠦᠪᠳᠤ ᠲᠤᠭᠤᠷᠢᠭ ᠢ ᠬᠠᠮᠳᠤᠪᠠᠷ ᠴᠤᠭᠴᠠᠯᠠᠬᠤ︾ | ᠵᠢᠴᠢ ᠬᠠᠩᠬᠢᠨ ᠬᠤᠰᠢᠭᠤᠨ ᠤ ᠠᠵᠤ ᠠᠬᠤᠢ ᠶᠢᠨ ᠡᠳᠡᠬᠡᠳ ᠪᠠ ᠦᠢᠯᠠᠳᠪᠤᠷᠢ ᠬᠤᠳᠠᠯᠳᠤᠭᠠᠨ ᠤ ᠡᠳᠡᠬᠡᠳ ᠤᠨ ᠬᠡᠰᠢᠬᠦᠳ ᠤᠨ ᠬᠤᠳᠠᠯᠳᠤᠭᠠᠴᠢᠨ ᠤᠷᠢᠵᠤ | ᠪᠠᠯᠠ ᠲᠠᠳᠠᠬᠤ ᠰᠠᠭᠤᠳᠠᠯ ᠤᠨ ᠬᠤᠷᠠᠯ ᠬᠤᠷᠠᠯᠳᠤᠵᠤ᠂ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠪᠦᠬᠦ ᠬᠤᠰᠢᠭᠤᠨ ᠤ ᠴᠢᠨᠠᠷ ᠰᠠᠶᠢᠳᠠᠢ ᠬᠦᠭᠵᠢᠯᠳᠠ ᠳᠤ ᠠᠷᠭ᠎ᠠ | ᠤᠬᠠᠭᠠᠨ ᠰᠦᠪᠡᠭᠴᠢᠯᠡᠭᠰᠠᠨ ᠪᠠᠶᠢᠨ᠎ᠠ᠃ | ᠬᠦᠭᠵᠢᠯᠳᠠ ᠶᠢ ᠪᠠᠳᠤᠯᠠᠬᠤ ᠳᠤ ᠠᠩᠬᠠᠷᠤᠯ ᠢᠶᠠᠨ ᠲᠦᠪᠯᠠᠷᠠᠬᠦᠯᠥᠨ ᠦᠷᠬᠦᠯᠵᠢᠯᠠᠨ ᠬᠦᠴᠦᠯᠠᠨ ᠴᠢᠷᠮᠠᠶᠢᠪᠠ᠃ ᠬᠡᠰᠢᠬᠦᠨ ᠤ ︽ᠠᠮᠢᠳᠠᠨ ᠤ ᠬᠢᠵᠢᠭ | ᠡᠪᠡᠳᠴᠢᠨ ᠢ ᠰᠠᠷᠬᠡᠶᠢᠯᠠᠨ ᠬᠤᠷᠢᠭᠯᠠᠬᠤ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢᠨ ᠲᠤᠬᠠᠢ ᠰᠠᠨᠠᠯ ᠲᠤᠷᠠᠳᠤᠯᠭ᠎ᠠ︾ ᠶᠢ ᠪᠤᠳᠠᠳᠠᠶᠢᠵᠢᠭᠤᠯᠤᠨ | ᠨᠠᠶᠢᠳᠠᠪᠤᠷᠢᠵᠢᠭᠤᠯᠵᠤ᠂ ᠰᠢᠨᠠᠪᠠᠯᠭᠠᠰᠤ᠂ ᠶᠡᠬᠡᠨ᠋ᠤᠰᠤ ᠰᠤᠮᠤᠨ ᠳᠤ 2 ᠠᠮᠢᠳᠠᠨ ᠤ ᠡᠮᠨᠡᠯᠬᠡ ᠶᠢᠨ ᠬᠤᠷᠢᠶ᠎ᠠ ᠶᠢ ᠪᠠᠶᠢᠭᠤᠯᠤᠨ ᠬᠡᠷᠡᠭᠯᠠᠯᠳᠠ ᠳᠤ ᠤᠷᠤᠭᠤᠯᠤᠨ᠂ ᠪᠦᠬᠦ | ᠵᠢᠯ ᠡᠬᠦᠳᠠᠨ ᠡᠮᠨᠡᠯᠬᠡ ᠳᠤ 1800 ᠭᠠᠷᠤᠢ ᠤᠳᠠᠭ᠎ᠠ ᠦᠢᠯᠠᠴᠢᠯᠡᠭᠡ ᠬᠠᠩᠭᠠᠵᠤ᠂ ᠪᠦᠬᠦ ᠬᠤᠰᠢᠭᠤᠨ ᠤ ᠠᠮᠢᠳᠠᠨ ᠤ ᠬᠢᠵᠢᠭ ᠡᠪᠡᠳᠴᠢᠨ ᠢ ᠪᠦᠳᠦᠮᠵᠢᠳᠠᠢ | ᠰᠠᠷᠬᠡᠶᠢᠯᠠᠨ ᠬᠤᠷᠢᠭᠯᠠᠵᠤ᠂ ᠮᠠᠯᠴᠢᠨ ᠲᠠᠷᠢᠶᠠᠴᠢᠳ ᠤᠨ ᠡᠷᠡᠬᠦᠯ ᠮᠠᠨᠳᠤ ᠪᠠ ᠡᠳ᠋ ᠬᠦᠷᠦᠩᠬᠡ ᠶᠢᠨ ᠠᠮᠤᠷ ᠲᠦᠪᠰᠢᠨ ᠢ ᠪᠠᠳᠤᠯᠠᠭᠰᠠᠨ ᠪᠠᠶᠢᠨ᠎ᠠ᠃ ᠬᠦᠳᠡᠭᠡ | ᠲᠤᠰᠬᠤᠨ ᠤ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠪᠠ ᠬᠠᠮᠠᠭᠠᠯᠠᠯᠳᠠ ᠶᠢᠨ ᠠᠰᠠᠭᠤᠳᠠᠯ ᠤᠨ ᠲᠤᠭᠤᠷᠢᠨ ᠳᠤ ᠭᠤᠤᠯᠳᠠᠯᠭ᠎ᠠ ᠲᠠᠢ ᠰᠠᠨᠠᠯ ᠲᠤᠷᠠᠳᠤᠯᠭ᠎ᠠ ᠶᠢ | ᠬᠢᠨᠠᠯᠳᠠ ᠶᠢᠨ ᠴᠢᠨᠠᠷᠳᠠᠢ ᠱᠠᠯᠠᠪᠳᠠᠨ ᠬᠦᠢᠴᠡᠳᠬᠡᠬᠦ ᠶᠢ ᠦᠷᠨᠢᠬᠦᠯᠵᠤ᠂ ᠪᠠᠶᠢᠩᠭᠤ ᠶᠢᠨ ᠬᠤᠷᠢᠶᠠᠨ ᠤ ᠬᠤᠷᠠᠯ ᠤᠨ ᠬᠡᠯᠪᠡᠷᠢ ᠪᠠᠷ ᠲᠤᠬᠠᠢ ᠶᠢᠨ ᠲᠠᠯᠠᠪᠤᠷ ᠲᠤ ᠰᠠᠨᠠᠯ | ᠲᠤᠷᠠᠳᠤᠯᠭ᠎ᠠ ᠬᠦᠢᠴᠡᠳᠬᠡᠭᠰᠠᠨ ᠪᠠᠶᠢᠳᠠᠯ ᠢ ᠰᠤᠨᠤᠰᠴᠤ᠂ ᠰᠠᠨᠠᠯ ᠰᠠᠨᠠᠭᠤᠯᠭ᠎ᠠ ᠴᠤᠭᠯᠠᠭᠤᠯᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠡᠳᠤᠷ ᠲᠤᠳᠤᠮ ᠤᠨ | ᠠᠷᠠᠴᠢᠯᠠᠯᠳᠠ ᠬᠠᠮᠢᠶᠠᠷᠤᠯᠳᠠ ᠶᠢ ᠠᠬᠢᠭᠤᠯᠬᠤ᠂ ᠤᠯᠠᠨ ᠲᠦᠮᠠᠨ ᠤ ᠲᠦᠬᠦᠮ ᠲᠦᠳᠠ ᠠᠶᠠᠯᠠᠬᠤ ᠶᠢ ᠪᠠᠳᠤᠯᠠᠬᠤ ᠳᠤ ᠢᠳᠠᠪᠬᠢ ᠦᠢᠯᠠᠳᠤᠯ ᠢᠶᠠᠨ ᠪᠠᠳᠠᠷᠠᠭᠤᠯᠤᠭᠰᠠᠨ | ᠪᠠᠶᠢᠨ᠎ᠠ᠃ ᠡᠵᠡᠩᠨᠠᠯᠳᠠ ᠬᠤᠳᠠᠯᠳᠤᠭᠠᠨ ᠤ ᠤᠷᠴᠢᠨ ᠲᠤᠭᠤᠷᠢᠨ ᠢ ᠰᠢᠯᠢᠳᠡᠭᠵᠢᠬᠦᠯᠬᠦ᠂ ᠪᠦᠬᠦ ᠤᠯᠤᠰ ᠤᠨ ᠪᠤᠯᠪᠠᠰᠤᠨ ᠬᠤᠳᠠ ᠶᠢᠨ ᠡᠬᠦᠳᠦᠨ ᠪᠠᠶᠢᠭᠤᠯᠤᠯᠳᠠ ᠶᠢᠨ | ᠦᠷ᠎ᠠ ᠪᠦᠳᠦᠮᠵᠢ ᠶᠢ ᠪᠠᠳᠤᠳᠬᠠᠬᠤ ᠶᠢᠨ ᠲᠤᠭᠤᠷᠢᠨ ᠳᠤ ᠬᠡᠰᠢᠬᠦᠳ ᠢᠶᠠᠨ ᠵᠤᠬᠢᠶᠠᠨ ᠪᠠᠶᠢᠭᠤᠯᠤᠨ ᠲᠤᠭᠤᠷᠢᠨ ᠪᠠᠶᠢᠴᠠᠭᠠᠯᠳᠠ ᠪᠠᠶᠢᠴᠠᠭᠠᠨ ᠰᠤᠳᠤᠯᠤᠯᠳᠠ | ᠦᠷᠨᠢᠬᠦᠯᠵᠤ᠂ ᠲᠠᠷᠤᠯᠳᠠ ᠶᠢ ᠦᠨᠠᠨᠬᠦ ᠲᠠᠮᠵᠢᠭᠤᠯᠤᠨ᠂ ᠬᠠᠮᠳᠤ ᠶᠢᠨ ᠲᠠᠨᠢᠯᠳᠠ ᠶᠢ ᠨᠢᠬᠳᠠᠷᠠᠭᠤᠯᠵᠤ᠂ ᠠᠵᠢᠯ ᠤᠨ ᠦᠨᠳᠤᠷ ᠪᠦᠳᠦᠮᠵᠢᠳᠠᠢ ᠦᠷᠨᠢᠬᠦ ᠶᠢ ᠱᠠᠭᠠᠷᠳᠠᠨ | ᠂ ᠬᠤᠰᠢᠭᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠳᠤ ᠬᠦᠴᠦ ᠪᠠᠨ ᠨᠠᠮᠠᠷᠢᠯᠠᠪᠠ᠃ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠦᠪᠯᠠᠷᠠᠬᠦᠯᠵᠤ ᠠᠷᠭ᠎ᠠ ᠪᠤᠳᠤᠯᠭ᠎ᠠ ᠲᠠᠪᠰᠢᠬᠦᠯᠥᠨ ᠬᠦᠴᠦᠯᠠᠪᠠ ᠃ ᠰᠠᠭᠤᠭᠠᠯᠢ | ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ᠂ ᠬᠤᠵᠢᠷᠯᠢᠭ ᠭᠠᠵᠠᠷ ᠢ ᠦᠬᠡᠷᠡᠴᠢᠯᠠᠬᠦ ᠵᠠᠷᠬᠡ ᠤᠯᠠᠨ ᠲᠦᠮᠠᠨ ᠤ ᠨᠠᠶᠢᠳᠠᠮ ᠬᠠᠯᠠᠮᠵᠢᠯᠠᠵᠤ ᠪᠠᠶᠢᠭ᠎ᠠ ᠬᠠᠯᠠᠮᠰᠢᠯ | ᠬᠦᠴᠢᠷᠳᠠᠯ ᠠᠰᠠᠭᠤᠳᠠᠯ ᠤᠨ ᠲᠤᠭᠤᠷᠢᠨ ᠳᠤ᠂ ᠬᠡᠰᠢᠬᠦᠳ ᠢᠶᠠᠨ ᠵᠤᠬᠢᠶᠠᠨ ᠪᠠᠶᠢᠭᠤᠯᠤᠨ ᠬᠦᠨᠵᠡᠬᠡᠢ ᠪᠠᠶᠢᠴᠠᠭᠠᠨ ᠰᠤᠳᠤᠯᠤᠯᠳᠠ ᠬᠢᠵᠤ ᠵᠦᠪᠳᠠᠯᠴᠠᠨ᠂ ᠡᠯ᠎ᠡ ᠵᠦᠢᠯ | ᠤᠨ ᠠᠷᠠᠳ ᠤᠨ ᠠᠮᠢᠳᠤᠷᠠᠯ ᠤᠨ ᠠᠰᠠᠭᠤᠳᠠᠯ ᠤᠨ ᠪᠦᠳᠦᠮᠵᠢᠳᠠᠢ ᠰᠢᠢᠳᠪᠤᠷᠢᠯᠡᠭᠳᠠᠬᠦ ᠶᠢ ᠠᠬᠢᠭᠤᠯᠤᠭᠰᠠᠨ ᠪᠠᠶᠢᠨ᠎ᠠ᠃ 23 ᠬᠤᠪᠢ ᠨᠠᠶᠢᠬᠡᠮ ᠤᠨ ᠪᠠᠶᠢᠳᠠᠯ ᠠᠷᠠᠳ | ᠤᠨ ᠰᠠᠨᠠᠯ ᠤᠨ ᠴᠢᠮᠡᠭᠡ ᠵᠠᠩᠬᠢ ᠶᠢ ᠴᠤᠭᠯᠠᠭᠤᠯᠵᠤ ᠬᠤᠷᠢᠶᠠᠩᠭᠤᠶᠢᠯᠠᠨ ᠡᠮᠬᠢᠯᠠᠵᠤ ᠲᠡᠬᠡᠭᠰᠢ ᠮᠠᠳᠠᠬᠦᠯᠤᠨ᠂ ᠤᠯᠤᠰ ᠲᠦᠷᠦ ᠶᠢᠨ ᠵᠦᠪᠯᠠᠯᠬᠡᠨ ᠤ ᠠᠵᠢᠯᠯᠠᠭ᠎ᠠ ᠪᠠᠷ | ᠢᠶᠠᠨ ᠠᠷᠠᠳ ᠤᠨ ᠬᠦᠰᠠᠯ ᠱᠠᠭᠠᠷᠳᠠᠯᠭ᠎ᠠ ᠳᠤ ᠬᠠᠷᠢᠭᠤ ᠦᠭᠴᠠᠢ᠂ ᠡᠬᠦᠨ ᠳᠤ ︽X621 ᠵᠠᠮ ᠬᠠᠷᠢᠯᠴᠠᠭᠠᠨ ᠤ ᠵᠠᠮ ᠢ ᠲᠠᠰ ᠲᠠᠪᠰᠢᠬᠦᠯᠥᠨ ᠦᠬᠡᠷᠡᠴᠢᠯᠠᠬᠦ | ᠲᠤᠬᠠᠢ ᠨᠠᠶᠢᠬᠡᠮ ᠤᠨ ᠪᠠᠶᠢᠳᠠᠯ ᠠᠷᠠᠳ ᠤᠨ ᠰᠠᠨᠠᠯ︾ ᠨᠢ ᠬᠤᠳᠠ ᠶᠢᠨ ᠵᠠᠮ ᠬᠠᠷᠢᠯᠴᠠᠭᠠᠨ ᠤ ᠲᠤᠪᠴᠢᠶᠠᠨ ᠤ ᠬᠠᠷᠢᠭᠤᠯᠳᠠ ᠶᠢ ᠤᠯᠬᠤ ᠶᠢᠨ ᠬᠠᠮᠳᠤ ᠦᠪᠠᠷᠳᠠᠬᠡᠨ | ᠵᠠᠰᠠᠬᠤ ᠤᠷᠤᠨ ᠤ ᠤᠯᠤᠰ ᠲᠦᠷᠦ ᠶᠢᠨ ᠵᠦᠪᠯᠠᠯᠬᠡᠨ ᠳᠤ ᠰᠢᠯᠵᠢᠬᠦᠯᠥᠨ ᠮᠠᠳᠠᠬᠦᠯᠵᠤ᠂ ᠤᠳᠤᠬᠠᠨ ᠳᠤ ᠮᠠᠨ ᠤ ᠬᠤᠰᠢᠭᠤ ᠨᠢ ᠲᠤᠰ ᠵᠠᠰᠠᠮᠠᠯ ᠵᠠᠮ ᠢ ᠮᠤᠵᠢ ᠶᠢᠨ | ᠲᠠᠰ ᠤᠨ ᠵᠠᠰᠠᠮᠠᠯ ᠵᠠᠮ ᠪᠤᠯᠭᠠᠨ ᠲᠠᠰ ᠲᠠᠪᠰᠢᠬᠦᠯᠬᠦ ᠪᠠᠷ ᠴᠢᠷᠮᠠᠶᠢᠬᠤ ᠶᠢᠨ ᠲᠠᠭᠠᠤ ᠬᠤᠶᠠᠳᠤᠭᠠᠷ ᠲᠠᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠳᠦᠬᠡᠨ | ᠪᠠᠶᠢᠭᠤᠯᠤᠯᠳᠠ ᠶᠢᠨ ᠲᠦᠯᠦᠪᠯᠠᠬᠡᠨ ᠳᠤ ᠪᠠᠨ ᠤᠷᠤᠭᠤᠯᠤᠭᠰᠠᠨ ᠪᠠᠶᠢᠨ᠎ᠠ︔ ︽ᠪᠤᠶᠢᠳᠠ ᠪᠦᠭᠯᠠᠬᠦᠦ ᠲᠤᠰᠬᠤᠨ ᠤ ᠲᠤᠤᠷ ᠰᠦᠯᠵᠢᠶᠠᠨ ᠤ ᠲᠤᠬᠢᠶ᠎ᠠ ᠶᠢᠨ ᠪᠦᠷᠬᠦᠴᠠ | ᠶᠢ ᠲᠦᠷᠬᠡᠳᠬᠡᠬᠦ ᠲᠤᠬᠠᠢ ᠰᠠᠨᠠᠭᠤᠯᠭ᠎ᠠ︾ ᠳᠤ ᠬᠤᠰᠢᠭᠤ ᠨᠠᠮ ᠤᠨ ᠬᠤᠷᠢᠶᠠᠨ ᠤ ᠬᠤᠸᠠ ᠴᠧᠩ ᠱᠦᠵᠢ ᠴᠤᠬᠤᠯᠠᠪᠤᠷᠢ ᠬᠢᠵᠤ᠂ ᠬᠠᠮᠢᠶ᠎ᠠ ᠪᠦᠬᠦᠢ ᠰᠠᠯᠠᠭ᠎ᠠ | ᠮᠦᠴᠢᠷ ᠲᠤ ᠲᠠᠭᠠᠭᠠᠯᠭᠠᠵᠤ ᠨᠠᠶᠢᠳᠠᠪᠤᠷᠢᠵᠢᠭᠤᠯᠬᠤ ᠪᠠᠷ ᠲᠤᠰᠢᠶᠠᠭᠰᠠᠨ ᠪᠠᠶᠢᠨ᠎ᠠ᠃ | ᠰᠤᠶᠤᠯ ᠵᠢᠭᠤᠯᠴᠢᠯᠠᠯ ᠤᠨ ᠦᠢᠯᠠᠰ ᠠᠭᠤᠰᠤᠯᠴᠠᠬᠤ ᠳᠤ ᠠᠩᠬᠠᠷᠤᠯ ᠢᠶᠠᠨ ᠲᠦᠪᠯᠠᠷᠠᠬᠦᠯᠥᠨ ᠵᠦᠪᠯᠠᠯᠬᠡ ᠬᠢᠵᠤ ᠦᠷᠬᠡᠨ ᠲᠠᠯᠬᠡᠷ ᠰᠠᠨᠠᠯ ᠰᠠᠨᠠᠭᠤᠯᠭ᠎ᠠ | ᠲᠤᠷᠠᠳᠪᠠ᠃ ᠡᠳᠡᠬᠡᠳ ᠢᠯᠭᠠᠯ ᠤᠨ ᠬᠡᠰᠢᠬᠦᠳ ᠢᠶᠠᠨ ᠵᠤᠬᠢᠶᠠᠨ ᠪᠠᠶᠢᠭᠤᠯᠵᠤ ᠰᠢᠨᠵᠢᠶᠠᠩ᠂ ᠠᠯᠠᠱᠠ ᠠᠶᠢᠮᠠᠭ ᠵᠠᠷᠬᠡ ᠭᠠᠵᠠᠷ ᠢᠶᠠᠷ ᠲᠤᠭᠤᠷᠢᠨ ᠪᠠᠶᠢᠴᠠᠭᠠᠵᠤ᠂ | ᠰᠤᠶᠤᠯ ᠵᠢᠭᠤᠯᠴᠢᠯᠠᠯ ᠢ ᠠᠭᠤᠰᠤᠯᠴᠠᠨ ᠬᠦᠭᠵᠢᠬᠦᠯᠬᠦ ᠲᠠᠷᠢᠬᠦᠨ ᠤ ᠲᠤᠷᠰᠢᠯᠭ᠎ᠠ ᠶᠢ ᠰᠤᠷᠤᠯᠴᠠᠵᠤ᠂ ᠲᠤᠰᠬᠠᠢ ᠰᠡᠳᠦᠪᠳᠤ ᠪᠠᠶᠢᠴᠠᠭᠠᠨ ᠰᠤᠳᠤᠯᠤᠯᠳᠠ ᠶᠢᠨ | ᠮᠠᠳᠠᠬᠦᠯᠥᠯᠳᠠ ᠭᠠᠷᠭᠠᠵᠤ᠂ ᠪᠦᠬᠦ ᠬᠤᠰᠢᠭᠤᠨ ᠤ ᠰᠤᠶᠤᠯ ᠵᠢᠭᠤᠯᠴᠢᠯᠠᠯ ᠤᠨ ᠠᠵᠤ ᠦᠢᠯᠠᠰ ᠤᠨ ᠠᠭᠤᠰᠤᠯᠴᠠᠨ ᠬᠦᠭᠵᠢᠬᠦ ᠶᠢ ᠠᠬᠢᠭᠤᠯᠬᠤ ᠳᠤ ᠰᠢᠨ᠎ᠠ ᠰᠡᠳᠬᠢᠴᠠ | ᠪᠠ ᠠᠷᠭ᠎ᠠ ᠬᠠᠩᠭᠠᠭᠰᠠᠨ ᠪᠠᠶᠢᠨ᠎ᠠ᠃ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠠᠵᠢᠯ ᠲᠦᠷᠦᠯ ᠤᠨ ᠲᠤᠰᠬᠠᠢ ᠮᠠᠷᠬᠡᠵᠢᠯᠳᠠᠨ ᠢ ᠵᠤᠬᠢᠶᠠᠨ | ᠪᠠᠶᠢᠭᠤᠯᠵᠤ᠂ ᠪᠤᠳᠠᠰ ᠤᠨ ᠪᠤᠰᠤ ᠰᠤᠶᠤᠯ ᠤᠨ ᠦᠪ ᠢ ᠤᠯᠠᠷᠢᠭᠤᠯᠬᠤ ᠰᠠᠭᠤᠳᠠᠯ ᠤᠨ ᠬᠤᠷᠠᠯ ᠢ ᠬᠢᠵᠤ᠂ ᠠᠵᠢᠯ ᠤᠨ ᠤᠳᠤᠬᠢ ᠪᠠᠶᠢᠳᠠᠯ ᠢ ᠵᠠᠳᠠᠯᠤᠨ᠂ | ᠬᠠᠨᠳᠤᠯᠭᠠᠳᠤ ᠴᠢᠨᠠᠷ ᠲᠠᠢ ᠰᠠᠨᠠᠯ ᠰᠠᠨᠠᠭᠤᠯᠭ᠎ᠠ ᠲᠤᠷᠠᠳᠴᠤ᠂ ᠤᠯᠠᠨ ᠵᠤᠷᠪᠤᠰ ᠰᠠᠨᠠᠯ ᠰᠠᠨᠠᠭᠤᠯᠭ᠎ᠠ ᠨᠢ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ | ᠵᠠᠯᠭᠠᠮᠵᠢᠯᠠᠬᠤ᠂ ᠬᠠᠮᠠᠭᠠᠯᠠᠬᠤ᠂ ᠬᠦᠭᠵᠢᠬᠦᠯᠬᠦ ᠶᠢ ᠠᠬᠢᠭᠤᠯᠬᠤ ᠪᠤᠳᠠᠳᠠᠢ ᠠᠷᠭ᠎ᠠ ᠠᠪᠴᠠᠯ ᠪᠤᠯᠤᠨ ᠤᠯᠠᠷᠢᠪᠠ᠃ | ︵ᠭᠤᠷᠪᠠ︶ ᠵᠦᠪᠯᠠᠯᠬᠡᠨ ᠤ ᠠᠷᠠᠳᠴᠢᠯᠠᠯ ᠤᠨ ᠦᠨᠳᠤᠰᠤᠨ ᠱᠠᠳᠤᠨ ᠳᠤ ᠬᠦᠨᠵᠡᠬᠡᠶᠢᠷᠠᠬᠦ ᠶᠢ ᠯᠠᠪᠳᠠᠭᠤᠨ ᠪᠠᠳᠤᠳᠠᠢ ᠠᠬᠢᠭᠤᠯᠵᠤ᠂ ᠨᠡᠩ ᠪᠤᠳᠠᠳᠠᠢ ᠠᠷᠭ᠎ᠠ | ᠠᠪᠴᠠᠯ ᠢᠶᠠᠷ ︽ᠤᠯᠤᠰ ᠲᠦᠷᠦ ᠶᠢᠨ ᠵᠦᠪᠯᠠᠯᠬᠡᠨ ᠤ ᠲᠠᠪᠠᠭᠤᠯᠢᠭ︾ ᠢ ᠪᠠᠳᠠᠷᠠᠭᠤᠯᠪᠠ᠃ ᠪᠢᠳᠠ ᠠᠷᠠᠳ ᠤᠨ ᠲᠤᠮᠳᠠ ᠵᠦᠪᠯᠠᠵᠤ᠂ ᠠᠷᠠᠳ ᠤᠨ ᠲᠥᠯᠥᠬᠡ | ᠵᠦᠪᠯᠠᠬᠦ ᠱᠠᠭᠠᠷᠳᠠᠯᠭ᠎ᠠ ᠶᠤᠰᠤᠭᠠᠷ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠠᠪᠬᠢᠳᠠᠢ ᠦᠢᠯᠠᠳᠤᠯᠬᠡᠵᠢᠬᠦᠯᠥᠨ᠂ ᠤᠯᠤᠰ ᠲᠦᠷᠦ ᠶᠢᠨ ᠵᠦᠪᠯᠠᠯᠬᠡᠨ ᠤ | ᠵᠦᠪᠯᠠᠬᠦ ᠠᠷᠠᠳᠴᠢᠯᠠᠯ ᠤᠨ ᠰᠢᠰᠲ᠋ᠧᠮ ᠢ ᠰᠦᠪᠡᠭᠴᠢᠯᠠᠨ ᠪᠠᠶᠢᠭᠤᠯᠵᠤ᠂ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠦᠷᠬᠡᠴᠠ ᠪᠠ ᠬᠦᠨᠴᠠ | ᠶᠢ ᠤᠯᠠᠮ ᠨᠢᠬᠡ ᠠᠯᠬᠤᠮ ᠲᠠᠯᠠᠵᠤ᠂ ᠦᠨᠳᠤᠰᠤᠨ ᠱᠠᠳᠤᠨ ᠤ ᠨᠠᠶᠢᠬᠡᠮ ᠤᠨ ᠵᠠᠰᠠᠯᠳᠠ ᠶᠢᠨ ᠴᠢᠳᠠᠪᠬᠢ ᠶᠢ ᠲᠡᠬᠡᠭᠰᠢᠯᠠᠬᠦᠯᠪᠠ᠃ | ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠠᠵᠢᠯ ᠤᠨ ᠵᠤᠬᠢᠴᠠᠮᠵᠢ ᠶᠢ ᠲᠠᠰᠤᠷᠠᠯᠳᠠ ᠦᠬᠡᠢ ᠲᠠᠬᠦᠯᠳᠡᠷᠵᠢᠬᠦᠯᠪᠠ᠃ ︽ᠤᠴᠢᠷ | ᠪᠠᠶᠢᠪᠠᠯ ᠰᠠᠶᠢᠳᠤᠷ ᠵᠦᠪᠯᠠᠵᠤ᠂ ᠤᠯᠠᠨ ᠤ ᠠᠵᠢᠯ ᠢ ᠤᠯᠠᠭᠤᠯᠠ ᠵᠦᠪᠯᠠᠬᠦ︾ ᠵᠠᠭᠪᠤᠷ ᠢ ᠰᠦᠪᠡᠭᠴᠢᠯᠠᠵᠤ᠂ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ | ᠠᠷᠠᠳᠴᠢᠯᠠᠯ ᠤᠨ ᠬᠡᠷᠡᠭ ᠵᠦᠪᠯᠠᠬᠦ ᠠᠵᠢᠯᠯᠠᠭ᠎ᠠ ᠶᠢ ᠲᠦᠷᠢᠮᠵᠢᠬᠦᠯᠪᠠ᠃ ᠤᠯᠠᠨ ᠲᠠᠰ ᠲᠠᠪᠬᠤᠷᠭ᠎ᠠ ᠠᠴᠠ ᠬᠠᠷᠢᠯᠴᠠᠵᠤ ᠵᠢᠯᠤᠭᠤᠳᠤᠨ ᠦᠢᠯᠠᠴᠢᠯᠠᠵᠤ ᠤᠯᠤᠰ ᠲᠦᠷᠦ | ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠢ ᠦᠨᠳᠤᠰᠤᠨ ᠱᠠᠳᠤ ᠵᠦᠭ ᠬᠦᠨᠵᠡᠬᠡᠶᠢᠷᠠᠬᠦᠯᠬᠦ ᠠᠵᠢᠯ ᠤᠨ ᠵᠤᠬᠢᠴᠠᠮᠵᠢ ᠶᠢ ᠪᠠᠶᠢᠭᠤᠯᠤᠨ᠂ ᠲᠠᠷᠢᠬᠦᠯᠡᠭᠴᠢ ᠶᠢᠨ | ᠬᠤᠷᠠᠯᠳᠤᠭᠠᠨ ᠤ ᠪᠦᠷᠢᠯᠳᠤᠬᠦᠨ ᠰᠤᠮᠤ ᠪᠠᠯᠭᠠᠰᠤ ᠲᠠᠢ ᠬᠠᠷᠢᠯᠴᠠᠵᠤ ᠵᠢᠯᠤᠭᠤᠳᠬᠤ᠂ ᠵᠦᠪᠯᠠᠯ ᠠᠯᠪᠠᠨ ᠬᠡᠷ ᠤᠨ ᠡᠷᠬᠢᠯᠡᠭᠴᠢ ᠨᠢ ᠬᠠᠷᠠᠭᠠᠯᠵᠠᠭᠰᠠᠨ ᠵᠢᠱᠢᠶ᠎ᠠ | ᠦᠵᠠᠬᠦᠯᠬᠦ ᠭᠠᠴᠠᠭ᠎ᠠ ᠲᠤᠰᠬᠤᠨ ︵ᠨᠠᠶᠢᠬᠡᠮ ᠲᠤᠭᠤᠷᠢᠭ︶ ᠢ ᠵᠢᠯᠤᠭᠤᠳᠬᠤ ᠶᠢᠨ ᠲᠠᠭᠠᠤ᠂ 163 ᠨᠠᠷᠠ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ ᠢ 89 | ᠭᠠᠴᠠᠭ᠎ᠠ ᠲᠤᠰᠬᠤᠨ ︵ᠨᠠᠶᠢᠬᠡᠮ ᠲᠤᠭᠤᠷᠢᠭ︶ ᠳᠤ ᠬᠤᠪᠢᠶᠠᠷᠢᠯᠠᠨ᠂ ᠤᠯᠤᠰ ᠲᠦᠷᠤ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠦᠨᠳᠤᠰᠤᠨ ᠱᠠᠳᠤᠨ ᠳᠤ | ᠬᠡᠷᠡᠭ ᠵᠦᠪᠯᠠᠬᠦ ᠶᠢ ᠪᠦᠷᠬᠦᠬᠦᠯᠥᠨ᠂ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠠᠮᠢᠵᠢᠷᠠᠯ ᠤᠨ ᠬᠦᠴᠦᠨ ᠢ ᠤᠯᠠᠮ ᠨᠢᠬᠡ ᠠᠯᠬᠤᠮ | ᠬᠦᠭᠵᠢᠬᠡᠪᠠ᠃ | ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠬᠡᠷᠡᠭ ᠵᠦᠪᠯᠠᠬᠦ ᠲᠠᠯᠠᠪᠤᠷ ᠢ ᠢᠳᠠᠪᠬᠢᠳᠠᠢ ᠪᠠᠶᠢᠭᠤᠯᠪᠠ᠃ ᠬᠤᠰᠢᠭᠤ ᠱᠠᠳᠤᠨ ᠤ ᠤᠯᠤᠰ | ᠲᠦᠷᠦ ᠶᠢᠨ ᠵᠦᠪᠯᠠᠯᠬᠡᠨ ᠤ ᠬᠡᠰᠢᠬᠦᠳ ᠤᠨ ᠬᠡᠷ ᠤᠨ ᠪᠦᠳᠦᠬᠡᠨ ᠪᠠᠶᠢᠭᠤᠯᠤᠯᠳᠠ ᠶᠢ ᠪᠠᠶᠠᠯᠠᠬᠦᠯᠪᠠ᠃ ︽ᠵᠢᠷᠭᠤᠭᠠᠨ ᠪᠠᠶᠢᠬᠤ︾ ᠪᠠᠷᠢᠮᠵᠢᠶ᠎ᠠ᠂ ᠲᠠᠷᠤᠢ ᠬᠡᠷᠡᠭ | ᠵᠦᠪᠯᠠᠬᠦ ᠰᠠᠭᠤᠷᠢᠨ ᠭᠠᠵᠠᠷ ᠲᠠᠢ᠂ ᠲᠡᠮᠳᠡᠭ ᠢᠯᠠᠷᠬᠡᠶᠢᠯᠠᠯ ᠲᠠᠢ᠂ ᠲᠦᠬᠦᠬᠡᠷᠤᠮᠵᠢ ᠲᠤᠨᠤᠭᠯᠠᠯ ᠲᠠᠢ᠂ ᠬᠡᠷᠡᠭ ᠵᠦᠪᠯᠠᠬᠦ ᠲᠦᠷᠢᠮ ᠲᠠᠢ᠂ ᠠᠵᠢᠯᠳᠠᠨ ᠤ ᠪᠠᠳᠤᠯᠠᠭ᠎ᠠ | ᠲᠠᠢ᠂ ᠲᠡᠮᠳᠡᠭᠯᠠᠯ ᠤᠨ ᠮᠠᠲ᠋ᠧᠷᠢᠶᠠᠯ ᠲᠠᠢ᠂ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠦᠨᠳᠤᠰᠤᠨ ᠱᠠᠳᠤᠨ ᠳᠠᠬᠢ ᠬᠡᠷᠡᠭ ᠵᠦᠪᠯᠠᠬᠦ ᠲᠠᠯᠠᠪᠤᠷ | ᠪᠠᠶᠢᠭᠤᠯᠵᠤ᠂ ᠤᠯᠤᠰ ᠲᠦᠷᠦ ᠶᠢᠨ ᠵᠦᠪᠯᠠᠯᠬᠡᠨ ᠤ ᠬᠡᠰᠢᠬᠦᠳ ᠤᠨ ᠦᠨᠳᠤᠰᠤᠨ ᠱᠠᠳᠤᠨ ᠳᠤ ᠬᠦᠨᠵᠡᠬᠡᠶᠢᠷᠠᠨ᠂ ᠠᠵᠢᠯᠯᠠᠭ᠎ᠠ ᠳᠤ ᠤᠷᠤᠯᠴᠠᠵᠤ᠂ ᠤᠯᠠᠨ ᠲᠦᠮᠠᠨ | ᠲᠠᠢ ᠬᠠᠷᠢᠯᠴᠠᠬᠤ ᠳᠤ ᠠᠰᠢᠭᠳᠠᠢ ᠨᠦᠬᠦᠴᠠᠯ ᠬᠠᠩᠭᠠᠪᠠ᠃ ᠲᠦᠷᠤᠬᠦᠴᠢ ᠶᠢᠨ ᠬᠤᠭᠤᠴᠠᠭᠠᠨ ᠤ ᠰᠤᠮᠤ ᠪᠠᠯᠭᠠᠰᠤᠨ ᠳᠤ ᠲᠤᠷᠰᠢᠯᠳᠠ ᠶᠢᠨ ᠴᠡᠭ ᠭᠠᠷᠭᠠᠭᠰᠠᠨ | ᠰᠠᠭᠤᠷᠢᠨ ᠲᠠᠬᠡᠷ᠎ᠡ᠂ ᠬᠤᠳᠠ ᠶᠢᠨ ᠲᠠᠰ ᠤᠨ ᠡᠳ᠋ ᠤᠨ ᠵᠠᠰᠠᠭ ᠤᠨ 100 ᠲᠦᠮᠠᠨ ᠲᠦᠬᠦᠷᠢᠭ ᠤᠨ ᠲᠤᠰᠬᠠᠢ ᠲᠦᠷᠦᠯ ᠤᠨ ᠪᠠᠯᠠ ᠮᠦᠩᠬᠦᠨ ᠤ ᠲᠠᠮᠵᠢᠯᠬᠡ ᠶᠢ | ᠲᠠᠮᠠᠴᠠᠨ ᠤᠯᠵᠤ᠂ ᠭᠠᠴᠠᠭ᠎ᠠ ᠲᠤᠰᠬᠤᠨ᠂ ᠨᠠᠶᠢᠬᠡᠮ ᠲᠤᠭᠤᠷᠢᠭ ᠤᠨ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠬᠡᠷᠡᠭ ᠵᠦᠪᠯᠠᠬᠦ ᠲᠠᠰᠤᠭ | ᠤᠨ ᠪᠦᠳᠦᠬᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠦᠷᠨᠢᠬᠦᠯᠥᠨ᠂ ᠪᠦᠬᠦ ᠬᠤᠰᠢᠭᠤᠨ ᠤ 6 ᠰᠤᠮᠤ ᠪᠠᠯᠭᠠᠰᠤ᠂ 76 ᠭᠠᠴᠠᠭ᠎ᠠ ᠲᠤᠰᠬᠤᠨ᠂ 13 ᠨᠠᠶᠢᠬᠡᠮ | ᠲᠤᠭᠤᠷᠢᠭ ᠨᠢ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠬᠡᠷᠡᠭ ᠵᠦᠪᠯᠠᠬᠦ ᠲᠠᠰᠤᠭ ᠢ ᠪᠠᠶᠢᠭᠤᠯᠤᠭᠰᠠᠨ ᠪᠠᠶᠢᠨ᠎ᠠ᠃ | ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠬᠡᠷᠡᠭ ᠵᠦᠪᠯᠠᠬᠦ ᠠᠵᠢᠯᠯᠠᠭ᠎ᠠ ᠶᠢ ᠬᠦᠨᠵᠡᠬᠡᠢ ᠦᠷᠨᠢᠬᠦᠯᠪᠠ᠃ ︽ᠶᠠᠷᠢᠯᠴᠠᠵᠤ ᠪᠠᠶᠢᠭᠠᠳ | ᠠᠳᠠᠯᠢ ᠲᠠᠯ᠎ᠠ ᠶᠢ ᠡᠷᠢᠯᠬᠢᠯᠠᠨ᠂ ᠵᠦᠪᠯᠠᠵᠤ ᠪᠠᠶᠢᠭᠠᠳ ᠠᠵᠢᠯ ᠶᠠᠪᠤᠳᠠᠯ ᠪᠦᠳᠦᠬᠡᠬᠦ︾ ᠤᠶᠢᠯᠠᠭᠠᠭᠳᠠᠬᠤᠨ ᠢ ᠪᠤᠢ ᠪᠤᠯᠭᠠᠵᠤ᠂ ᠤᠯᠤᠰ ᠲᠦᠷᠦ ᠶᠢᠨ ᠵᠦᠪᠯᠠᠯᠬᠡᠨ ᠤ | ᠵᠦᠪᠯᠠᠬᠦ ᠠᠷᠠᠳᠴᠢᠯᠠᠯ ᠤᠨ ᠬᠡᠷᠡᠭ ᠵᠦᠪᠯᠠᠬᠦ ᠲᠠᠰᠤᠭ ᠤᠨ ᠠᠵᠢᠯᠯᠠᠭ᠎ᠠ ᠶᠢ ᠠᠵᠢᠯ ᠬᠦᠳᠠᠯᠮᠤᠷᠢ ᠶᠢᠨ ᠠᠬᠤᠢ ᠲᠠᠯᠠᠪᠠᠢ ᠳᠤ ᠦᠷᠬᠦᠯᠵᠢᠯᠠᠬᠦᠯᠥᠨ᠂ ᠠᠯᠢ ᠤᠯᠠᠨ | ᠵᠦᠪᠯᠠᠯᠬᠡ ᠶᠢᠨ ᠦᠷ᠎ᠠ ᠪᠦᠳᠦᠮᠵᠢ ᠶᠢ ᠭᠠᠷᠭᠠᠭᠰᠠᠨ ᠪᠠᠶᠢᠨ᠎ᠠ᠃ ᠦᠨᠳᠤᠰᠤᠨ ᠱᠠᠳᠤᠨ ᠤ ᠬᠡᠷᠡᠭ ᠵᠦᠪᠯᠠᠬᠦ ᠠᠵᠢᠯᠯᠠᠭ᠎ᠠ ᠶᠢ 180 ᠢᠯᠠᠬᠦᠦ ᠤᠳᠠᠭ᠎ᠠ ᠦᠷᠨᠢᠬᠦᠯᠵᠤ᠂ | ᠮᠠᠯᠴᠢᠨ ᠲᠠᠷᠢᠶᠠᠴᠢᠨ᠂ ᠨᠠᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠦᠢᠯᠠᠳᠪᠤᠷᠢᠯᠠᠯ ᠠᠮᠢᠳᠤᠷᠠᠯ ᠤᠨ ᠠᠰᠠᠭᠤᠳᠠᠯ ᠢ 220 ᠢᠯᠠᠬᠦᠦ ᠵᠦᠢᠯᠠᠰ ᠢ | ᠰᠢᠢᠳᠪᠤᠷᠢᠯᠡᠭᠰᠠᠨ ᠪᠠᠶᠢᠨ᠎ᠠ᠃ ᠡᠬᠦᠨ ᠳᠤ᠂ ᠰᠢᠨᠠᠪᠠᠯᠭᠠᠰᠤᠨ ᠤ ᠪᠦᠯᠬᠦᠮᠳᠠᠯ ᠨᠠᠶᠢᠬᠡᠮ ᠲᠤᠭᠤᠷᠢᠭ ᠤᠨ ︽ᠵᠦᠪᠯᠠᠵᠤ ᠪᠠᠶᠢᠭᠠᠳ ᠡᠪᠳᠠᠷᠠᠵᠤ ᠰᠦᠢᠳᠦᠭᠰᠠᠨ | ᠬᠤᠳᠳᠤᠭ ᠤᠨ ᠲᠠᠭᠯᠠᠭ᠎ᠠ ᠶᠢ ᠰᠤᠯᠢᠭᠰᠠᠨ︾ ᠪᠠ ᠲᠤᠭᠤᠶᠢᠳᠠᠯ᠎ᠠ ᠪᠠᠯᠭᠠᠰᠤᠨ ᠤ ᠱᠠᠭᠳᠠᠷ ᠲᠤᠰᠬᠤᠨ ᠤ ︽ᠵᠦᠪᠯᠠᠵᠤ ᠪᠠᠶᠢᠭᠠᠳ ᠬᠤᠵᠢᠷᠰᠢᠭᠰᠠᠨ ᠭᠠᠵᠠᠷ ᠢ | ᠦᠬᠡᠷᠡᠴᠢᠯᠡᠭᠰᠠᠨ︾ ᠢ ᠨᠢ ᠬᠤᠳᠠ ᠶᠢᠨ ᠤᠯᠤᠰ ᠲᠦᠷᠦ ᠶᠢᠨ ᠵᠦᠪᠯᠠᠯᠬᠡᠨ ᠠᠴᠠ ᠨᠠᠶᠢᠳᠡᠯᠢᠭ ᠵᠢᠱᠢᠶ᠎ᠠ ᠪᠤᠯᠭᠠᠨ ᠲᠠᠯᠬᠡᠷᠡᠬᠦᠯᠦᠭᠰᠠᠨ ᠪᠠᠶᠢᠨ᠎ᠠ᠃ ᠦᠷᠬᠡᠨ ᠤᠯᠠᠨ | ᠬᠡᠰᠢᠬᠦᠳ ᠰᠠᠨᠠᠭᠠᠴᠢᠯᠠᠭ᠎ᠠ ᠶᠢ ᠲᠠᠭᠠᠵᠤ᠂ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠬᠡᠷᠡᠭ ᠵᠦᠪᠯᠠᠬᠦ ᠠᠵᠢᠯᠯᠠᠭ᠎ᠠ ᠳᠤ ᠢᠳᠠᠪᠬᠢᠳᠠᠢ | ᠤᠷᠤᠯᠴᠠᠵᠠᠭᠠᠭᠰᠠᠨ ᠪᠠᠶᠢᠨ᠎ᠠ᠃ ᠤᠯᠠᠨ ᠲᠦᠮᠠᠨ ᠦᠨᠳᠤᠰᠤᠨ ᠱᠠᠳᠤᠨ ᠤ ᠵᠠᠰᠠᠯᠳᠠ ᠳᠤ ᠤᠷᠤᠯᠴᠠᠬᠤ ᠢᠳᠠᠪᠬᠢᠵᠢᠯ ᠶᠡᠬᠡᠪᠡᠷ ᠲᠡᠬᠡᠭᠰᠢᠯᠠᠵᠤ᠂ ᠤᠯᠤᠰ ᠲᠦᠷᠦ ᠶᠢᠨ | ᠵᠦᠪᠯᠠᠯᠬᠡᠨ ᠤ ᠵᠦᠪᠯᠠᠬᠦ ᠠᠷᠠᠳᠴᠢᠯᠠᠯ ᠤᠨ ᠤᠶᠢᠯᠠᠭᠠᠭᠳᠠᠬᠤᠨ ᠬᠦᠮᠦᠰ ᠤᠨ ᠰᠡᠳᠬᠢᠯ ᠳᠤ ᠬᠦᠨ ᠬᠠᠳᠠᠭᠰᠢᠭᠰᠠᠨ ᠪᠠᠶᠢᠨ᠎ᠠ᠃ | ︵ᠲᠦᠷᠪᠡ︶ ᠦᠵᠠᠯ ᠰᠠᠨᠠᠭᠠᠨ ᠤ ᠬᠠᠮᠳᠤ ᠶᠢᠨ ᠲᠠᠨᠢᠯᠳᠠ ᠪᠠᠨ ᠦᠷᠬᠡᠨ ᠲᠠᠯᠬᠡᠷ ᠨᠢᠬᠳᠠᠷᠠᠭᠤᠯᠵᠤ᠂ ᠨᠡᠩ ᠶᠡᠭᠡ ᠢᠵᠢᠯ ᠲᠦᠪᠳᠤ ᠲᠤᠭᠤᠷᠢᠭ ᠢᠶᠠᠷ ︽ | ᠤᠯᠤᠰ ᠲᠦᠷᠦ ᠶᠢᠨ ᠵᠦᠪᠯᠠᠯᠬᠡᠨ ᠤ ᠬᠦᠴᠦ︾ ᠶᠢ ᠬᠤᠷᠠᠭᠤᠯᠤᠭᠰᠠᠨ ᠪᠠᠶᠢᠨ᠎ᠠ᠃ ᠪᠢᠳᠠ ᠪᠦᠯᠬᠦᠮᠳᠠᠯ ᠪᠠ ᠠᠷᠠᠳᠴᠢᠯᠠᠯ ᠬᠤᠶᠠᠷ ᠶᠡᠭᠡ ᠭᠤᠤᠯ ᠰᠡᠳᠦᠪ ᠤᠨ | ᠲᠤᠭᠤᠷᠢᠨ ᠳᠤ᠂ ᠠᠷᠭ᠎ᠠ ᠤᠬᠠᠭᠠᠨ ᠰᠦᠪᠡᠭᠴᠢᠯᠠᠵᠤ ᠵᠠᠰᠠᠭ ᠲᠤ ᠲᠤᠰᠠᠯᠠᠬᠤ ᠪᠠ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ ᠬᠤᠤᠰ ᠴᠢᠭᠯᠡᠯ ᠢᠶᠠᠷ ᠬᠦᠴᠤᠯᠠᠬᠦ ᠶᠢ | ᠪᠠᠷᠢᠮᠳᠠᠯᠠᠵᠤ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠬᠦᠮᠤᠵᠢᠯ ᠢ ᠬᠦᠨᠵᠡᠬᠡᠢ ᠠᠬᠢᠭᠤᠯᠵᠤ᠂ ᠠᠯᠢᠪᠠ | ᠢᠳᠠᠪᠬᠢ ᠡᠯᠧᠮᠧᠨ᠋ᠲ ᠢ ᠬᠠᠮᠤᠭ ᠶᠡᠭᠡ ᠬᠡᠮᠵᠢᠶ᠎ᠠ ᠪᠠᠷ ᠲᠠᠶᠢᠴᠢᠯᠠᠵᠤ᠂ ᠪᠦᠬᠦ ᠬᠤᠰᠢᠭᠤᠨ ᠤ ᠡᠯ᠎ᠡ ᠠᠵᠢᠯ ᠦᠢᠯᠠᠰ ᠤᠨ ᠬᠦᠭᠵᠢᠯᠳᠠ ᠳᠤ ᠯᠤᠳᠤ ᠶᠡᠭᠡ ᠤᠶᠤᠨ | ᠤᠬᠠᠭᠠᠨ ᠪᠠ ᠬᠦᠴᠦᠨ ᠴᠢᠳᠠᠯ ᠢ ᠴᠤᠭᠯᠠᠭᠤᠯᠤᠭᠰᠠᠨ ᠪᠠᠶᠢᠨ᠎ᠠ᠃ | ᠤᠯᠠᠨ ᠠᠷᠭ᠎ᠠ ᠵᠠᠮ ᠢᠶᠠᠷ ᠡᠯ᠎ᠡ ᠡᠳᠡᠬᠡᠳ ᠤᠨ ᠬᠠᠮᠳᠤ ᠶᠢᠨ ᠲᠠᠨᠢᠯᠳᠠ ᠳᠤ ᠲᠦᠪᠯᠠᠷᠠᠬᠦᠯᠪᠠ᠃ 2022 ᠤᠨ ᠤ ᠪᠦᠬᠦ ᠬᠤᠰᠢᠭᠤᠨ ᠤ ᠡᠯ᠎ᠡ ᠦᠨᠳᠤᠰᠤᠳᠠᠨ | ᠡᠯ᠎ᠡ ᠡᠳᠡᠬᠡᠳ ᠤᠨ ᠴᠠᠭᠠᠨ ᠰᠠᠷ᠎ᠠ ᠶᠢᠨ ᠴᠠᠶᠢᠯᠠᠯᠭ᠎ᠠ ᠶᠢ ᠲᠠᠭᠠᠭᠠᠨ ᠡᠷᠬᠢᠯᠠᠵᠤ᠂ ᠡᠯ᠎ᠡ ᠦᠨᠳᠤᠰᠤᠳᠠᠨ ᠡᠯ᠎ᠡ ᠡᠳᠡᠬᠡᠳ ᠤᠨ ᠦᠵᠠᠯ ᠰᠠᠨᠠᠭ᠎ᠠ ᠪᠠᠨ ᠰᠤᠯᠢᠯᠴᠠᠬᠤ᠂ | ᠬᠠᠮᠳᠤ ᠶᠢᠨ ᠲᠠᠨᠢᠯᠳᠠ ᠪᠠᠨ ᠨᠢᠬᠳᠠᠷᠠᠭᠤᠯᠬᠤ ᠳᠤ ᠠᠰᠢᠭᠳᠠᠢ ᠨᠦᠬᠦᠴᠠᠯ ᠡᠬᠦᠳᠦᠭᠰᠠᠨ ᠪᠠᠶᠢᠨ᠎ᠠ᠃ ᠡᠳᠡᠬᠡᠳ ᠢᠯᠭᠠᠯ ᠤᠨ ᠤᠯᠠᠨ ᠲᠦᠮᠠᠨ ᠲᠠᠢ ᠪᠦᠯᠬᠦᠮᠳᠠᠯ | ᠬᠠᠮᠵᠢᠯᠴᠠᠭ᠎ᠠ ᠪᠠᠨ ᠴᠢᠩᠭᠠᠳᠬᠠᠵᠤ᠂ ᠲᠠᠳᠠᠨᠤᠰ ᠤᠨ ᠤᠯᠤᠰ ᠲᠦᠷᠦ ᠶᠢᠨ ᠵᠦᠪᠯᠠᠯᠬᠡᠨ ᠤ ᠲᠠᠪᠴᠠᠩ ᠢᠶᠠᠷ ᠲᠠᠮᠵᠢᠨ ᠵᠠᠰᠠᠭ ᠤᠨ ᠶᠠᠪᠤᠳᠠᠯ ᠳᠤ ᠤᠷᠤᠯᠴᠠᠵᠤ ᠵᠠᠰᠠᠭ | ᠤᠨ ᠶᠠᠪᠤᠳᠠᠯ ᠢ ᠵᠦᠪᠯᠠᠬᠦ᠂ ᠦᠢᠯᠠᠳᠤᠯ ᠢᠶᠠᠨ ᠪᠠᠳᠠᠷᠠᠭᠤᠯᠬᠤ ᠶᠢ ᠵᠤᠷᠢᠭᠵᠢᠭᠤᠯᠤᠭᠰᠠᠨ ᠪᠠᠶᠢᠨ᠎ᠠ᠃ ᠱᠠᠰᠢᠨ ᠰᠤᠷᠳᠠᠬᠤᠨ ᠤ ᠠᠵᠢᠯᠯᠠᠭᠠᠨ ᠤ ᠲᠠᠯᠠᠪᠤᠷ ᠤᠨ | ᠬᠠᠮᠢᠶᠠᠷᠤᠯᠳᠠ ᠶᠢᠨ ᠲᠤᠭᠤᠷᠢᠨ ᠳᠤ ᠪᠠᠶᠢᠴᠠᠭᠠᠨ ᠰᠤᠳᠤᠯᠤᠯᠳᠠ ᠲᠤᠭᠤᠷᠢᠨ ᠪᠠᠶᠢᠴᠠᠭᠠᠯᠳᠠ ᠦᠷᠨᠢᠬᠦᠯᠵᠤ᠂ ᠱᠠᠰᠢᠨ ᠰᠤᠷᠳᠠᠬᠤᠨ ᠤ ᠠᠵᠢᠯᠯᠠᠭᠠᠨ ᠤ ᠲᠠᠯᠠᠪᠤᠷ ᠲᠤ | 35 ᠲᠦᠮᠠᠨ ᠲᠦᠬᠦᠷᠢᠭ ᠤᠨ ᠪᠦᠳᠦᠬᠡᠨ ᠪᠠᠶᠢᠭᠤᠯᠤᠯᠳᠠ ᠶᠢᠨ ᠪᠠᠯᠠ ᠮᠦᠩᠬᠦ ᠲᠠᠮᠠᠴᠠᠨ ᠤᠯᠵᠤ᠂ ᠱᠠᠰᠢᠨ ᠰᠤᠷᠳᠠᠬᠤᠨ ᠨᠠᠶᠢᠷᠠᠮᠳᠠᠭᠤ ᠨᠠᠶᠢᠬᠡᠮ ᠵᠤᠬᠢᠴᠠᠩᠭᠤᠢ | ᠪᠠᠶᠢᠬᠤ ᠶᠢ ᠬᠦᠴᠦᠳᠠᠢ ᠠᠬᠢᠭᠤᠯᠤᠭᠰᠠᠨ ᠪᠠᠶᠢᠨ᠎ᠠ᠃ ᠲᠠᠷᠢᠬᠦᠯᠡᠭᠴᠢ ᠶᠢᠨ ᠬᠤᠷᠠᠯᠳᠤᠭᠠᠨ ᠤ ᠪᠦᠷᠢᠯᠳᠤᠬᠦᠨ ᠨᠢ ᠬᠡᠰᠢᠬᠦᠳ ᠤᠨ ᠠᠵᠤ ᠠᠬᠤᠶᠢᠯᠠᠯ ᠢᠶᠠᠷ ᠤᠯᠠᠨᠳᠠ | ᠬᠦᠨᠵᠡᠬᠡᠶᠢᠷᠠᠵᠤ᠂ ᠠᠵᠤ ᠠᠬᠤᠶᠢᠯᠠᠯ ᠤᠨ ᠡᠷᠬᠢᠯᠳᠠ ᠶᠢᠨ ᠪᠠᠶᠢᠳᠠᠯ ᠢ ᠤᠶᠢᠯᠠᠭᠠᠨ᠂ ᠲᠠᠳᠠᠨ ᠢ ᠬᠠᠪᠰᠤᠷᠤᠨ ᠦᠢᠯᠠᠳᠪᠤᠷᠢᠯᠠᠯ ᠡᠵᠡᠩᠨᠠᠯᠳᠠ ᠶᠢᠨ ᠲᠤᠮᠳᠠ | ᠲᠤᠯᠭᠠᠷᠠᠭᠰᠠᠨ ᠬᠦᠴᠢᠷᠳᠠᠯ ᠢ ᠨᠢ ᠰᠢᠢᠳᠪᠤᠷᠢᠯᠡᠭᠰᠠᠨ ᠪᠠᠶᠢᠨ᠎ᠠ︔ ᠶᠡᠬᠡᠨ᠋ᠤᠰᠤ ᠶᠢᠨ ᠷᠠᠰᠢᠶᠠᠨ ᠭᠠᠴᠠᠭᠠᠨ ᠤ ᠨᠠᠮ ᠤᠯᠠᠨ ᠲᠦᠮᠠᠨ ᠤ ᠦᠢᠯᠠᠴᠢᠯᠠᠬᠡᠨ ᠤ ᠲᠦᠪ ᠢ | ᠦᠷᠬᠡᠳᠬᠡᠨ ᠪᠠᠶᠢᠭᠤᠯᠬᠤ᠂ ᠤᠰᠤ ᠭᠠᠳᠤᠯᠬᠤ ᠬᠦᠬᠦᠷᠬᠡ ᠶᠢ ᠰᠠᠯᠪᠢᠨ ᠵᠠᠰᠠᠬᠤ᠂ 3 ᠲᠦᠮᠠᠨ ᠮᠤ᠋ ᠨᠤᠳᠤᠭ ᠪᠠᠯᠴᠢᠬᠡᠷ ᠢ ᠰᠠᠶᠢᠵᠢᠷᠠᠭᠤᠯᠬᠤ᠂ ᠤᠰᠤ ᠠᠷᠪᠢᠯᠠᠬᠤ | ᠤᠰᠤᠯᠠᠯᠳᠠ ᠶᠢᠨ ᠲᠦᠷᠦᠯ ᠵᠦᠢᠯ᠂ ᠲᠤᠭᠤᠷᠢᠮ ᠭᠠᠴᠠᠭᠠᠨ ᠤ ᠰᠤᠶᠤᠯ ᠤᠨ ᠠᠵᠢᠯᠯᠠᠭᠠᠨ ᠤ ᠲᠠᠰᠤᠭ ᠤᠨ ᠪᠦᠳᠦᠬᠡᠨ ᠪᠠᠶᠢᠭᠤᠯᠤᠯᠳᠠ ᠪᠠ ᠬᠦᠬᠡᠮᠤᠳᠤ ᠶᠢᠨ ᠤᠯᠤᠮ | ᠤᠨ ᠲᠤᠬᠤᠢ ᠶᠢᠨ12 ᠺᠢᠯᠤᠮᠧᠲᠷ ᠤᠨ ᠲᠠᠷᠢᠶᠠᠨ ᠭᠠᠵᠠᠷ ᠤᠨ ᠬᠠᠶᠢᠷ ᠴᠢᠯᠠᠭᠤᠨ ᠵᠠᠮ ᠢ ᠰᠠᠯᠪᠢᠨ ᠵᠠᠰᠠᠬᠤ᠂ ᠪᠠᠯᠭᠤᠨ ᠪᠠᠯᠭᠠᠰᠤᠨ ᠤ ᠰᠢᠩ ᠵᠢᠶᠠᠨ ᠲᠤᠰᠬᠤᠨ ᠤ | 385 ᠲᠦᠮᠠᠨ ᠲᠦᠬᠦᠷᠢᠭ ᠤᠨ ᠡᠯᠡᠰᠤ ᠲᠤᠩᠭᠠᠬᠤ ᠵᠠᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠵᠤᠬᠢᠴᠠᠭᠤᠯᠤᠨ ᠪᠠᠶᠠᠯᠠᠬᠦᠯᠦᠭᠰᠡᠨ ᠪᠠᠶᠢᠨ᠎ᠠ᠃ | ᠬᠡᠰᠢᠬᠦᠳ ᠢᠶᠠᠨ ᠲᠠᠶᠢᠴᠢᠯᠠᠨ ︽ᠨᠠᠶᠢᠳᠠ ᠶᠢᠨ ᠬᠤᠷᠢᠶᠠᠭᠴᠢ ᠲᠤᠭ᠎ᠠ ᠶᠢ ᠡᠷᠢᠯᠬᠢᠯᠠᠵᠤ᠂ ᠢᠵᠢᠯ ᠲᠦᠪᠳᠤ ᠲᠤᠭᠤᠷᠢᠭ ᠢ ᠬᠠᠮᠳᠤᠪᠠᠷ ᠴᠤᠭᠴᠠᠯᠠᠬᠤ︾ ᠰᠢᠷᠢᠰ | ᠠᠵᠢᠯᠯᠠᠭ᠎ᠠ ᠳᠤ ᠤᠷᠤᠯᠴᠠᠭᠤᠯᠵᠤ᠂ ᠭᠠᠩ ᠬᠠᠭᠰᠠᠷᠭᠠᠨ ᠬᠡᠴᠠᠬᠦᠦ ᠦᠶ᠎ᠠ ᠳᠤ᠂ ᠮᠠᠯᠴᠢᠨ ᠲᠠᠷᠢᠶᠠᠴᠢᠳ ᠲᠤ 122 ᠲᠤᠨ ᠡᠪᠡᠰᠤ ᠪᠤᠷᠳᠤᠭ᠎ᠠ ᠬᠤᠪᠢᠶᠠᠪᠠ︔ | ᠬᠦᠴᠢᠷᠳᠠᠯᠳᠠᠢ ᠬᠡᠷ ᠪᠦᠯᠢ ᠶᠢᠨ ᠰᠤᠷᠤᠭᠴᠢᠳ ᠲᠤ 4 ᠲᠦᠮᠠ ᠢᠯᠠᠬᠦᠦ ᠲᠦᠬᠦᠷᠢᠭ ᠴᠤᠭᠯᠠᠭᠤᠯᠵᠤ᠂ ᠲᠠᠳᠠᠨ ᠢ ᠬᠠᠪᠰᠤᠷᠤᠨ ᠬᠦᠴᠢᠷ ᠢ ᠲᠤᠭᠤᠯᠪᠠ᠃ | ᠬᠠᠮᠵᠢᠯᠴᠠᠨ ᠬᠠᠮᠳᠤ ᠠᠵᠢᠯᠯᠠᠬᠤ ᠲᠠᠪᠴᠠᠩ ᠢ ᠤᠯᠠᠨ ᠠᠷᠭ᠎ᠠ ᠵᠠᠮ ᠢᠶᠠᠷ ᠪᠠᠶᠢᠭᠤᠯᠪᠠ᠃ ᠦᠪᠠᠷᠳᠠᠬᠡᠨ ᠵᠠᠰᠠᠬᠤ ᠤᠷᠤᠨ᠂ ᠬᠤᠳᠠ ᠶᠢᠨ ᠤᠯᠤᠰ ᠲᠦᠷᠦ | ᠶᠢᠨ ᠵᠦᠪᠯᠠᠯᠬᠡᠨ ᠲᠠᠢ ᠬᠠᠮᠵᠢᠯᠴᠠᠨ ︽ᠰᠢᠤᠸᠠᠢ ᠯᠢᠶᠠᠩ ᠢᠨᠵᠧᠨᠧᠷᠢᠩ︾ ᠤᠨ ᠪᠦᠳᠦᠬᠡᠨ ᠪᠠᠶᠢᠭᠤᠯᠤᠯᠳᠠ᠂ ᠬᠦᠪᠴᠢ ᠶᠢᠨ ᠡᠯᠡᠰᠤᠨ ᠤ ᠠᠮᠢ ᠠᠬᠤᠢ ᠶᠢᠨ | ᠵᠠᠰᠠᠯᠳᠠ ᠵᠠᠷᠬᠡ 16 ᠪᠦᠯᠦᠭ ᠤᠳᠠᠭ᠎ᠠ ᠶᠢᠨ ᠲᠤᠭᠤᠷᠢᠨ ᠪᠠᠶᠢᠴᠠᠭᠠᠯᠳᠠ ᠪᠠᠶᠢᠴᠠᠭᠠᠨ ᠰᠤᠳᠤᠯᠤᠯᠳᠠ ᠶᠢᠨ ᠠᠵᠢᠯᠯᠠᠭ᠎ᠠ ᠶᠢ ᠪᠠᠶᠠᠯᠠᠬᠦᠯᠵᠤ᠂ ᠤᠯᠤᠰ ᠲᠦᠷᠦ ᠶᠢᠨ | ᠵᠦᠪᠯᠠᠯᠬᠡᠨ ᠤ ᠠᠷᠭ᠎ᠠ ᠵᠠᠮ ᠢᠶᠠᠷ ᠪᠦᠬᠦ ᠬᠤᠰᠢᠭᠤᠨ ᠤ ᠬᠦᠭᠵᠢᠯᠳᠠ ᠳᠤ ᠠᠷᠭ᠎ᠠ ᠪᠤᠳᠤᠯᠭ᠎ᠠ ᠰᠠᠨᠠᠯ ᠰᠠᠨᠠᠭᠤᠯᠭ᠎ᠠ ᠲᠠᠪᠰᠢᠬᠦᠯᠦᠭᠰᠠᠨ ᠪᠠᠶᠢᠨ᠎ᠠ᠃ ᠬᠤᠰᠢᠭᠤᠨ ᠤ | ᠭᠠᠳᠠᠨᠠᠬᠢ ᠤᠯᠤᠰ ᠲᠦᠷᠦ ᠶᠢᠨ ᠵᠦᠪᠯᠠᠯᠬᠡᠨ ᠲᠠᠢ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠩᠬᠢᠨ ᠬᠤᠰᠢᠭᠤᠨ ᠤ ᠨᠠᠷᠠ ᠠᠯᠳᠠᠷᠰᠢᠯ ᠤᠨ ᠬᠡᠮᠵᠢᠶ᠎ᠠ ᠶᠢ | ᠦᠷᠬᠦᠯᠵᠢᠯᠠᠨ ᠲᠡᠬᠡᠭᠰᠢᠯᠠᠬᠦᠯᠬᠦ ᠶᠢ ᠠᠬᠢᠭᠤᠯᠪᠠ᠃ ᠪᠢᠩᠲ᠋ᠤᠸᠠᠨ ᠤ ᠰᠤᠶᠤᠯ ᠤᠨ ᠰᠤᠳᠤᠯᠭᠠᠨ ᠤ ᠬᠤᠷᠠᠯ ᠤᠨ ᠠᠵᠢᠯ ᠪᠠ ᠪᠢᠩᠲ᠋ᠤᠸᠠᠨ ᠤ ᠠᠬᠠᠮᠠᠳ ᠪᠠᠶᠢᠯᠳᠤᠭᠴᠢ | ᠬᠠᠷᠢᠭᠤ ᠰᠤᠷᠪᠤᠯᠵᠢᠯᠠᠵᠤ ᠪᠠᠶᠢᠴᠠᠭᠠᠬᠤ ᠶᠢ ᠢᠳᠠᠪᠬᠢᠳᠠᠢ ᠲᠠᠮᠵᠢᠵᠤ᠂ ᠪᠦᠬᠦ ᠬᠤᠰᠢᠭᠤᠨ ᠤ ᠬᠤᠪᠢᠰᠬᠠᠯᠳᠤ ᠵᠢᠭᠤᠯᠴᠢᠯᠠᠯ ᠤᠨ ᠡᠬᠢ ᠪᠠᠶᠠᠯᠢᠭ ᠢ ᠨᠠᠬᠡᠬᠡᠨ | ᠬᠦᠭᠵᠢᠬᠦᠯᠵᠤ ᠪᠦᠳᠦᠬᠡᠨ ᠪᠠᠶᠢᠭᠤᠯᠬᠤ ᠳᠤ ᠤᠯᠠᠨ ᠤ ᠤᠬᠠᠭᠠᠨ ᠢ ᠲᠦᠪᠯᠠᠷᠠᠬᠦᠯᠦᠭᠰᠠᠨ ᠪᠠᠶᠢᠨ᠎ᠠ᠃ | ᠤᠯᠤᠰ ᠲᠦᠷᠦ ᠶᠢᠨ ᠵᠦᠪᠯᠠᠯᠬᠡᠨ ᠤ ᠰᠤᠶᠤᠯ ᠲᠠᠤᠬᠡ ᠶᠢᠨ ᠠᠵᠢᠯ ᠢ ᠤᠯᠠᠨ ᠶᠠᠩᠵᠤ ᠪᠠᠷ ᠦᠷᠨᠢᠬᠦᠯᠪᠠ᠃ ᠤᠯᠤᠰ ᠲᠦᠷᠦ ᠶᠢᠨ ᠵᠦᠪᠯᠠᠯᠬᠡᠨ ᠤ ᠤᠨᠤᠯ ᠤᠨ | ᠰᠤᠳᠤᠯᠭᠠᠨ ᠢ ᠴᠢᠩᠭᠠᠳᠬᠠᠵᠤ᠂ ︽ᠤᠯᠤᠰ ᠲᠦᠷᠦ ᠶᠢᠨ ᠵᠦᠪᠯᠠᠯᠬᠡᠨ ᠤ ᠦᠨᠳᠤᠰᠤᠨ ᠱᠠᠳᠤᠨ ᠤ ᠵᠦᠪᠯᠠᠬᠦ ᠠᠷᠠᠳᠴᠢᠯᠠᠯ ᠢ ᠭᠤᠯᠳᠤ ᠪᠠᠷ ᠠᠬᠢᠭᠤᠯᠵᠤ᠂ ᠰᠢᠨ᠎ᠠ | ᠴᠠᠭ ᠦᠶ᠎ᠠ ᠶᠢᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠭᠤᠶᠢᠳᠠ ᠬᠠᠭᠤᠳᠠᠰᠤ ᠶᠢ ᠪᠢᠴᠢᠭᠯᠡᠶ᠎ᠡ︾ ᠬᠡᠬᠦ ᠬᠡᠰᠢᠬᠦᠨ ᠤ ᠤᠨᠤᠯ ᠤᠨ ᠵᠤᠬᠢᠶᠠᠯ ᠢ | ᠦᠪᠠᠷᠳᠠᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠠᠯᠬᠡᠨ ᠤ ︽ᠰᠡᠳᠬᠢᠯ ᠨᠢᠬᠡᠳᠠᠢ︾ ᠰᠡᠳᠬᠦᠯ ᠪᠦᠬᠦ ᠵᠤᠬᠢᠶᠠᠯ ᠢ ᠨᠠᠶᠢᠳᠠᠯᠡᠭᠰᠠᠨ ᠪᠠᠶᠢᠨ᠎ᠠ᠃ ︽ᠤᠰᠤᠨ | ᠤ ᠡᠬᠢ ᠪᠠᠶᠠᠯᠢᠭ ᠢ ᠠᠷᠪᠢᠯᠠᠵᠤ ᠡᠷᠴᠢᠮᠵᠢᠬᠦᠯᠥᠨ ᠠᠰᠢᠭᠯᠠᠬᠤ︾ ᠵᠦᠪᠯᠠᠯᠬᠡᠨ ᠤ ᠬᠡᠯᠪᠡᠷᠢ ᠶᠢᠨ ᠬᠢᠨᠠᠯᠳᠠ ᠶᠢᠨ ᠠᠵᠢᠯ ᠢ ᠤᠯᠤᠰ᠂ ᠦᠪᠠᠷᠳᠠᠬᠡᠨ ᠵᠠᠰᠠᠬᠤ ᠤᠷᠤᠨ ᠤ | ᠲᠠᠪᠴᠠᠩ ᠳᠤ ᠤᠬᠠᠭᠤᠯᠤᠨ ᠮᠡᠳᠡᠬᠡᠯᠡᠪᠠ᠃ ︽ᠬᠠᠩᠬᠢᠨ ᠬᠤᠰᠢᠭᠤᠨ ᠤ ᠤᠯᠤᠰ ᠲᠦᠷᠦ ᠶᠢᠨ ᠵᠦᠪᠯᠠᠯᠬᠡᠨ ᠤ ᠠᠵᠢᠯ︾ ᠢ 4 ᠬᠤᠭᠤᠴᠠᠭ᠎ᠠ ᠨᠠᠶᠢᠷᠠᠭᠤᠯᠤᠨ | ᠬᠡᠪᠯᠠᠵᠤ᠂ ᠬᠤᠰᠢᠭᠤ ᠱᠠᠳᠤᠨ ᠤ ᠵᠠᠭᠤᠴᠢᠯᠠᠭᠤᠷ ᠲᠠᠬᠡᠷ᠎ᠡ 200 ᠢᠯᠠᠬᠦᠦ ᠬᠤᠪᠢ ᠮᠠᠳᠡᠭᠡ ᠨᠠᠶᠢᠳᠠᠯᠠᠵᠤ᠂ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ | ᠨᠠᠶᠢᠬᠡᠮ ᠤᠨ ᠨᠥᠯᠥᠬᠡᠯᠡᠬᠦ ᠬᠦᠴᠦᠨ ᠲᠠᠰᠤᠷᠠᠯᠳᠠ ᠦᠬᠡᠢ ᠦᠷᠬᠡᠳᠦᠭᠰᠠᠨ ᠪᠠᠶᠢᠨ᠎ᠠ᠃ ᠬᠠᠩᠬᠢᠨ ᠤ ᠲᠠᠤᠬᠡ ᠶᠢ ᠬᠦᠨᠵᠡᠬᠡᠢ ᠠᠭᠤᠳᠠᠯᠯᠠᠵᠤ᠂ ᠰᠤᠶᠤᠯ ᠲᠠᠤᠬᠡ ᠶᠢᠨ | ᠲᠠᠯᠬᠡᠨ ᠦᠵᠠᠬᠦᠯᠬᠡ ᠶᠢᠨ ᠲᠢᠩᠬᠢᠮ ᠤᠨ ᠪᠦᠳᠦᠬᠡᠨ ᠪᠠᠶᠢᠭᠤᠯᠤᠯᠳᠠ ᠶᠢ ᠪᠠᠯᠠᠳᠬᠡᠵᠤ᠂ ᠰᠤᠶᠤᠯ ᠲᠠᠤᠬᠡ ᠶᠢᠨ ᠮᠠᠲ᠋ᠧᠷᠢᠶᠠᠯ ︽ᠬᠠᠩᠬᠢᠨ ᠤ ᠮᠤᠩᠭᠤᠯ ᠡᠮᠨᠡᠯᠬᠡ︾ ᠶᠢ | ᠨᠠᠶᠢᠷᠠᠭᠤᠯᠤᠨ ᠬᠡᠪᠯᠠᠬᠦᠯᠪᠠ᠃ ᠰᠤᠶᠤᠯ ᠲᠠᠤᠬᠡ ᠶᠢᠨ ᠠᠵᠢᠯ ᠤᠨ ᠠᠮᠵᠢᠯᠳᠠ ᠪᠦᠳᠦᠮᠵᠢ ᠢᠯᠠᠷᠬᠡᠢ ᠪᠠᠶᠢᠵᠤ᠂ 2022 ᠤᠨ ᠳᠤ ︽ᠪᠦᠬᠦ ᠬᠤᠳᠠ ᠶᠢᠨ ᠤᠯᠤᠰ | ᠲᠦᠷᠦ ᠶᠢᠨ ᠵᠦᠪᠯᠠᠯᠬᠡᠨ ᠤ ᠰᠢᠰᠲ᠋ᠧᠮ ᠤᠨ ᠰᠤᠶᠤᠯ ᠲᠠᠤᠬᠡ ᠶᠢᠨ ᠠᠵᠢᠯ ᠤᠨ ᠲᠠᠷᠢᠬᠦᠨ ᠤ ᠬᠠᠮᠳᠤ︾ ᠪᠠᠷ ᠦᠨᠡᠯᠡᠭᠳᠠᠪᠠ᠃ | ︵ᠲᠠᠪᠤ︶ ᠬᠤᠪᠢ ᠪᠠᠶ᠎ᠠ ᠶᠢᠨ ᠪᠦᠳᠦᠬᠡᠨ ᠪᠠᠶᠢᠭᠤᠯᠤᠯᠳᠠ ᠪᠠᠨ ᠦᠷᠬᠦᠯᠵᠢᠯᠠᠨ ᠴᠢᠩᠭᠠᠳᠬᠠᠵᠤ᠂ ᠨᠡᠩ ᠰᠢᠯᠢᠳᠡᠭ ᠰᠤᠷᠳᠠᠯ ᠢᠶᠠᠷ ︽ᠤᠯᠤᠰ ᠲᠦᠷᠦ ᠶᠢᠨ | ᠵᠦᠪᠯᠠᠯᠬᠡᠨ ᠤ ᠲᠦᠷᠢ ᠲᠦᠷᠬᠦ︾ ᠶᠢ ᠪᠤᠢ ᠪᠤᠯᠭᠠᠪᠠ᠃ ᠪᠢᠳᠠ ᠬᠤᠪᠢ ᠪᠠᠶ᠎ᠠ ᠶᠢᠨ ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠬᠤ ᠶᠢ ᠴᠢᠬᠤᠯᠠ ᠠᠴᠠ ᠴᠢᠬᠤᠯᠠ | ᠪᠠᠶᠢᠷᠢᠨ ᠳᠤ ᠲᠠᠯᠪᠢᠬᠤ ᠶᠢ ᠪᠠᠷᠢᠮᠳᠠᠯᠠᠵᠤ᠂ ᠪᠦᠬᠦ ᠬᠤᠰᠢᠭᠤᠨ ᠤ ᠴᠢᠬᠤᠯᠠ ᠶᠡᠭᠡ ᠡᠬᠦᠷᠬᠡ ᠳᠤ ᠢᠳᠠᠪᠬᠢᠳᠠᠢ ᠤᠷᠤᠯᠴᠠᠵᠤ᠂ ᠤᠯᠠᠨ ᠠᠷᠭ᠎ᠠ ᠶᠢ ᠵᠠᠷᠬᠡ ᠪᠠᠷ | ᠬᠡᠷᠡᠭᠯᠠᠵᠤ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠪᠠᠨ ᠲᠡᠬᠡᠭᠰᠢᠯᠠᠬᠦᠯᠵᠤ᠂ ᠠᠵᠢᠯ ᠤᠨ ᠰᠤᠷᠳᠠᠯ ᠢᠶᠠᠨ ᠴᠦᠬᠦᠷᠠᠯ ᠦᠬᠡᠢ ᠬᠠᠯᠠᠨ | ᠰᠠᠶᠢᠵᠢᠷᠠᠭᠤᠯᠵᠤ᠂ ᠰᠢᠨ᠎ᠠ ᠴᠠᠭ ᠦᠶ᠎ᠠ ᠶᠢᠨ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠰᠢᠨ᠎ᠠ ᠲᠦᠷᠢ ᠲᠦᠷᠬᠦ ᠶᠢ ᠪᠤᠢ ᠪᠤᠯᠭᠠᠪᠠ᠃ | ᠪᠦᠬᠦ ᠬᠤᠰᠢᠭᠤᠨ ᠤ ᠴᠢᠬᠤᠯᠠ ᠶᠡᠭᠡ ᠡᠬᠦᠷᠬᠡ ᠳᠤ ᠰᠠᠨᠠᠭᠠᠴᠢᠯᠠᠭ᠎ᠠ ᠲᠠᠢ ᠤᠷᠤᠯᠴᠠᠪᠠ᠃ ᠬᠢᠵᠢᠭ ᠤᠨ ᠪᠠᠶᠢᠳᠠᠯ ᠢ ᠰᠠᠷᠬᠡᠶᠢᠯᠠᠨ ᠬᠤᠷᠢᠭᠯᠠᠬᠤ ᠠᠵᠢᠯ ᠳᠤ᠂ | ᠨᠢᠬᠡᠳᠤᠬᠡᠷ ᠬᠤᠭᠤᠴᠠᠭᠠᠨ ᠳᠤ ᠡᠯ᠎ᠡ ᠡᠳᠡᠬᠡᠳ ᠤᠨ ᠬᠢᠨ ᠬᠢᠵᠢᠭ ᠲᠠᠢ ᠲᠠᠮᠠᠴᠠᠬᠦ ᠶᠢ ᠤᠷᠢᠶᠠᠯᠠᠨ᠂ ᠲᠠᠷᠢᠬᠦᠯᠡᠭᠴᠢᠳ ᠤᠨ ᠬᠤᠷᠠᠯᠳᠤᠭᠠᠨ ᠤ ᠪᠦᠷᠢᠯᠳᠤᠬᠦᠨ᠂ ᠤᠯᠤᠰ | ᠲᠦᠷᠦ ᠶᠢᠨ ᠵᠦᠪᠯᠠᠯᠬᠡᠨ ᠤ ᠠᠯᠪᠠᠨ ᠪᠠᠶᠢᠭᠤᠯᠭ᠎ᠠ ᠶᠢᠨ ᠺᠠᠳ᠋ᠷ᠂ ᠤᠯᠤᠰ ᠲᠦᠷᠦ ᠶᠢᠨ ᠵᠦᠪᠯᠠᠯᠬᠡᠨ ᠤ ᠪᠠᠶᠢᠩᠭᠤ ᠶᠢᠨ ᠬᠡᠰᠢᠬᠦᠨ᠂ ᠬᠡᠰᠢᠬᠦᠳ ᠰᠠᠨᠠᠭᠠᠴᠢᠯᠠᠭ᠎ᠠ ᠲᠠᠢ | ᠪᠠᠷ ᠨᠢᠬᠡᠳᠤᠬᠡᠷ ᠹᠷᠤᠨᠲ ᠲᠤ ᠠᠵᠢᠯ ᠦᠷᠨᠢᠬᠦᠯᠵᠤ᠂ ᠨᠠᠶᠢᠳᠠ 15 ᠲᠦᠮᠠᠨ ᠲᠦᠬᠦᠷᠢᠭ ᠤᠨ ᠡᠳ᠋ ᠪᠤᠳᠠᠰ ᠵᠤᠭᠤᠰ ᠮᠦᠩᠬᠦ ᠬᠠᠨᠳᠢᠪᠯᠠᠵᠤ᠂ ᠪᠦᠬᠦ ᠬᠤᠰᠢᠭᠤᠨ ᠤ | ᠬᠢᠵᠢᠭ ᠤᠨ ᠰᠠᠷᠬᠡᠶᠢᠯᠠᠯᠳᠠ ᠳᠤ ᠲᠤᠰᠠᠯᠠᠭᠰᠠᠨ ᠪᠠᠶᠢᠨ᠎ᠠ᠃ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ | ᠬᠦᠴᠦ ᠪᠠᠨ ᠡᠷᠬᠦᠵᠤ᠂ ᠬᠡᠪᠴᠢᠶᠠᠵᠢᠯ ᠠᠴᠠ ᠲᠡᠬᠡᠭᠰᠢᠬᠢ ᠠᠵᠤ ᠠᠬᠤᠶᠢᠯᠠᠯ ᠲᠠᠢ ᠢᠳᠠᠪᠬᠢᠳᠠᠢ ᠬᠠᠷᠢᠯᠴᠠᠨ ᠲᠠᠭᠠᠭᠠᠴᠢᠯᠠᠵᠤ᠂ ᠪᠠᠶᠢᠭᠠᠯᠢ ᠶᠢᠨ ᠰᠢᠳᠠᠮᠠᠬᠠᠢ ᠬᠡᠢ ᠶᠢᠨ | ᠠᠵᠤ ᠦᠢᠯᠠᠰ ᠤᠨ ᠬᠡᠯᠬᠢᠶᠠᠵᠢᠯ ᠤᠨ ᠬᠦᠭᠵᠢᠯᠳᠠ᠂ 2×100 ᠲᠦᠮᠠᠨ ᠺᠢᠯᠤᠸᠠᠲ ᠤᠨ ᠬᠢᠵᠠᠭᠠᠷ ᠠᠴᠠ ᠲᠠᠪᠠᠭᠰᠠᠨ ᠨᠠᠬᠦᠷᠠᠰᠤ ᠴᠠᠬᠢᠯᠭᠠᠨ ᠤ ᠲᠦᠷᠦᠯ ᠵᠦᠢᠯ᠂ | ᠬᠠᠩᠬᠢᠨᠨᠠᠭᠤᠷ ᠤᠨ ᠦᠶᠠᠷ ᠬᠠᠳᠠᠭᠠᠯᠠᠬᠤ ᠲᠤᠭᠤᠷᠢᠭ ᠤᠨ ᠭᠠᠵᠠᠷ ᠲᠠᠳᠠᠪᠤᠷᠢᠯᠠᠬᠤ ᠵᠠᠷᠬᠡ ᠡᠬᠦᠷᠬᠡ ᠶᠢ ᠡᠬᠦᠷᠬᠡᠯᠡᠵᠤ᠂ ᠬᠤᠰᠢᠭᠤ ᠨᠠᠮ ᠤᠨ ᠬᠤᠷᠢᠶᠠᠨ ᠤ ᠠᠵᠢᠯ ᠤᠨ | ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠳᠤ ᠤᠯᠤᠰ ᠲᠦᠷᠦ ᠶᠢᠨ ᠵᠦᠪᠯᠠᠯᠬᠡᠨ ᠤ ᠬᠤᠪᠢ ᠨᠠᠮᠠᠷᠢ ᠪᠠᠨ ᠦᠵᠠᠬᠦᠯᠦᠭᠰᠠᠨ ᠪᠠᠶᠢᠨ᠎ᠠ᠃ ᠬᠦᠳᠡᠭᠡ ᠲᠤᠰᠬᠤᠨ ᠢ | ᠬᠦᠭᠵᠢᠬᠦᠯᠥᠨ ᠮᠠᠨᠳᠤᠭᠤᠯᠬᠤ ᠠᠵᠢᠯ ᠢ ᠠᠬᠢᠭᠤᠯᠬᠤ ᠲᠤᠮᠳᠠ᠂ ᠲᠠᠭᠠᠭᠠᠴᠢᠯᠠᠨ ᠬᠠᠷᠢᠯᠴᠠᠵᠤ ᠪᠠᠶᠢᠭ᠎ᠠ ᠷᠠᠰᠢᠶᠠᠨ ᠭᠠᠴᠠᠭ᠎ᠠ ᠶᠢ ᠬᠠᠮᠵᠢᠨ ᠹᠸᠢ ᠲᠦᠸᠧ ᠯᠠ ᠤᠷᠤᠯᠠᠨ | ᠦᠢᠯᠠᠳᠪᠤᠷᠢᠯᠠᠬᠦ ᠱᠤᠭᠤᠮ ᠢ ᠪᠠᠶᠢᠭᠤᠯᠤᠨ᠂ ᠲᠤᠰᠬᠤᠨ ᠤ ᠲᠠᠰ ᠤᠨ ︽ᠬᠤᠶᠠᠳᠤᠭᠠᠷ ᠠᠵᠤ ᠦᠢᠯᠠᠰ ᠨᠢᠬᠡᠳᠤᠬᠡᠷ ᠠᠵᠤ ᠦᠢᠯᠠᠰ ᠢ ᠲᠠᠶᠢᠴᠢᠯᠠᠬᠤ︾ ᠵᠠᠭᠪᠤᠷ ᠨᠢ | ᠪᠦᠬᠦ ᠬᠤᠳᠠ ᠶᠢᠨ ᠲᠠᠷᠢᠬᠦᠨ ᠤ ᠡᠩᠨᠡᠬᠡᠨ ᠳᠤ ᠤᠷᠤᠭᠰᠠᠨ ᠪᠠᠶᠢᠨ᠎ᠠ᠃ | ᠬᠡᠰᠢᠬᠦᠳ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢ ᠬᠦᠴᠦᠯᠠᠨ ᠲᠡᠬᠡᠭᠰᠢᠯᠠᠬᠦᠯᠪᠠ᠃ ︽ᠤᠯᠤᠰ ᠲᠦᠷᠦ ᠶᠢᠨ ᠵᠦᠪᠯᠠᠯᠬᠡᠨ ᠢ | ᠤᠶᠢᠯᠠᠭᠠᠳᠠᠭ᠂ ᠵᠦᠪᠯᠠᠵᠤ ᠴᠢᠳᠠᠳᠠᠭ᠂ ᠵᠠᠰᠠᠭ ᠤᠨ ᠶᠠᠪᠤᠳᠠᠯ ᠢ ᠵᠦᠪᠯᠠᠬᠦ ᠳᠡᠭᠡᠨ ᠴᠢᠳᠠᠮᠠᠭᠠᠢ᠂ ᠰᠠᠬᠢᠯᠭ᠎ᠠ ᠪᠠᠳᠤ ᠶᠢ ᠵᠢᠷᠤᠮᠯᠠᠳᠠᠭ᠂ ᠶᠤᠰᠤ ᠲᠦᠷᠢᠮ ᠢ ᠡᠷᠬᠢᠮᠯᠡᠳᠡᠭ᠂ | ᠮᠤᠷᠠᠯ ᠰᠤᠷᠳᠠᠯ ᠢ ᠴᠢᠬᠤᠯᠠᠴᠢᠯᠠᠳᠠᠭ︾ ᠱᠠᠭᠠᠷᠳᠠᠯᠭ᠎ᠠ ᠶᠤᠰᠤᠭᠠᠷ᠂ ᠵᠦᠪᠯᠠᠬᠦ ᠰᠤᠶᠤᠯ ᠢ ᠪᠤᠶᠢᠵᠢᠭᠤᠯᠬᠤ ᠳᠤ ᠲᠦᠪᠯᠠᠷᠠᠬᠦᠯᠥᠨ᠂ ᠬᠡᠰᠢᠬᠦᠳ ᠤᠨ ᠵᠦᠪᠯᠠᠬᠦ | ᠰᠡᠳᠬᠢᠬᠦᠢ ᠶᠢ ᠴᠢᠩᠭᠠᠳᠬᠠᠵᠤ᠂ ᠬᠡᠰᠢᠬᠦᠳ ᠤᠨ ᠵᠦᠪᠯᠠᠬᠦ ᠴᠢᠳᠠᠪᠤᠷᠢ ᠶᠢ ᠲᠡᠬᠡᠭᠰᠢᠯᠠᠬᠦᠯᠪᠠ᠃ 3 ᠬᠤᠭᠤᠴᠠᠭᠠᠨ ᠤ ᠬᠡᠰᠢᠬᠦᠳ ᠤᠨ ᠡᠬᠦᠷᠬᠡ ᠬᠠᠷᠢᠭᠤᠴᠠᠯᠭ᠎ᠠ ᠪᠠᠨ | ᠬᠦᠢᠴᠡᠳᠬᠡᠬᠦ ᠴᠢᠳᠠᠪᠤᠷᠢ ᠶᠢᠨ ᠪᠤᠯᠪᠠᠰᠤᠷᠠᠯ ᠤᠨ ᠠᠩᠬᠢ ᠶᠢ ᠡᠷᠬᠢᠯᠡᠪᠠ᠃ ︽ᠬᠡᠰᠢᠬᠦᠳ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠬᠠᠮᠢᠶᠠᠷᠤᠯᠳᠠ ᠶᠢᠨ | ᠠᠷᠭ᠎ᠠ︾᠂ ︽ᠬᠡᠰᠢᠬᠦᠳ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠬᠢᠨᠠᠨ ᠰᠢᠯᠭᠠᠷᠠᠭᠤᠯᠤᠯᠳᠠ ᠶᠢᠨ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ | ᠬᠡᠰᠢᠬᠦᠳ ᠤᠨ ᠡᠳᠤᠷ ᠲᠤᠳᠤᠮ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠪᠦᠬᠦ ᠶᠠᠪᠤᠴᠠ ᠪᠦᠬᠦ ᠲᠠᠯ᠎ᠠ ᠠᠴᠠ ᠲᠠᠮᠳᠡᠭᠯᠡᠵᠤ᠂ ᠬᠡᠰᠢᠬᠦᠳ ᠤᠨ ᠡᠬᠦᠷᠬᠡ | ᠬᠠᠷᠢᠭᠤᠴᠠᠯᠭ᠎ᠠ ᠪᠠᠨ ᠬᠦᠢᠴᠡᠳᠬᠡᠬᠦ ᠤᠷᠬᠢᠯᠤᠮ᠎ᠠ ᠰᠡᠳᠬᠢᠯᠬᠡ ᠶᠢ ᠪᠦᠳᠦᠮᠵᠢᠳᠠᠢ ᠬᠦᠭᠵᠢᠭᠰᠡᠨ ᠪᠠᠶᠢᠨ᠎ᠠ᠃ ᠬᠡᠰᠢᠬᠦᠳ ᠢ ᠬᠦᠳᠦᠯᠦᠨ ᠴᠢᠨᠠᠷᠯᠢᠭ ᠪᠦᠬᠦᠢ ᠰᠠᠨᠠᠯ | ᠲᠤᠷᠠᠳᠤᠯᠭ᠎ᠠ ᠪᠠ ᠨᠠᠶᠢᠬᠡᠮ ᠤᠨ ᠪᠠᠶᠢᠳᠠᠯ ᠠᠷᠠᠳ ᠤᠨ ᠰᠠᠨᠠᠯ ᠤᠨ ᠴᠢᠮᠡᠭᠡ ᠵᠠᠩᠬᠢ ᠶᠢ ᠲᠤᠭᠤᠷᠪᠢᠨ ᠪᠢᠴᠢᠬᠦᠯᠵᠤ᠂ ᠰᠢᠯᠢᠳᠡᠭ ᠤᠯᠤᠰ ᠲᠦᠷᠦ ᠶᠢᠨ ᠵᠦᠪᠯᠠᠯᠬᠡᠨ ᠤ | ᠬᠡᠰᠢᠬᠦᠨ᠂ ᠰᠢᠯᠢᠳᠡᠭ ᠰᠠᠨᠠᠯ ᠲᠤᠷᠠᠳᠤᠯᠭ᠎ᠠ ᠶᠢ ᠱᠠᠩᠨᠠᠨ ᠬᠦᠬᠢᠬᠦᠯᠵᠤ᠂ ᠬᠡᠰᠢᠬᠦᠳ ᠤᠨ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ | ᠢᠳᠠᠪᠬᠢᠳᠠᠢ ᠪᠠᠷ ᠰᠠᠨᠠᠯ ᠰᠠᠨᠠᠭᠤᠯᠭ᠎ᠠ ᠠᠷᠭ᠎ᠠ ᠪᠤᠳᠤᠯᠭ᠎ᠠ ᠲᠠᠪᠰᠢᠬᠦᠯᠬᠦ ᠶᠢ ᠵᠤᠷᠢᠭᠵᠢᠭᠤᠯᠪᠠ᠃ | ᠤᠯᠤᠰ ᠲᠦᠷᠦ ᠶᠢᠨ ᠵᠦᠪᠯᠠᠯᠬᠡᠨ ᠤ ᠠᠯᠪᠠᠨ ᠪᠠᠶᠢᠭᠤᠯᠭ᠎ᠠ ᠶᠢᠨ ᠪᠦᠳᠦᠬᠡᠨ ᠪᠠᠶᠢᠭᠤᠯᠤᠯᠳᠠ ᠶᠢ ᠬᠦᠨᠵᠡᠬᠡᠢ ᠠᠬᠢᠭᠤᠯᠪᠠ᠃ ︽ᠺᠠᠳ᠋ᠷᠴᠤᠳ ᠤᠨ ᠤᠤᠷ ᠴᠢᠨᠠᠷ | ᠢ ᠲᠡᠬᠡᠭᠰᠢᠯᠠᠬᠦᠯᠬᠦ ᠤᠨ︾ ᠢᠶᠠᠷ ᠭᠠᠷᠳᠠᠵᠤ᠂ ︽ᠬᠠᠩᠬᠢᠨ ᠬᠤᠰᠢᠭᠤᠨ ᠤ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠤᠳᠤᠷᠢᠳᠤᠮᠵᠢ︾ ᠶᠢ ᠲᠤᠭᠳᠠᠭᠠᠨ | ᠭᠠᠷᠭᠠᠵᠤ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠶᠠᠪᠤᠴᠠ ᠶᠢ ᠪᠦᠬᠦ ᠲᠠᠯ᠎ᠠ ᠪᠠᠷ ᠡᠮᠬᠢᠯᠠᠪᠠ᠃ ︽ᠪᠢᠴᠢᠭ ᠤᠨ ᠰᠤᠷᠪᠤᠯᠵᠢᠳᠤ ᠤᠯᠤᠰ ᠲᠦᠷᠦ ᠶᠢᠨ | ᠵᠦᠪᠯᠠᠯᠬᠡᠨ︾ ᠤ ᠪᠦᠳᠦᠬᠡᠨ ᠪᠠᠶᠢᠭᠤᠯᠤᠯᠳᠠ ᠶᠢ ᠶᠡᠬᠡᠪᠡᠷ ᠲᠦᠯᠬᠢᠨ ᠠᠬᠢᠭᠤᠯᠵᠤ᠂ ᠬᠡᠰᠢᠬᠦᠳ ᠤᠨ ᠨᠤᠮ ᠤᠩᠰᠢᠬᠤ ᠬᠤᠯᠪᠤᠭ᠎ᠠ ᠶᠢ ᠪᠠᠶᠢᠭᠤᠯᠵᠤ᠂ ᠭᠠᠷᠠᠭ ᠪᠦᠷᠢ | ᠨᠢᠬᠡ ᠤᠳᠠᠭ᠎ᠠ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ ᠲᠤᠯᠤᠭᠠᠶᠢᠯᠠᠨ ᠤᠩᠰᠢᠵᠤ᠂ ᠰᠠᠷ᠎ᠠ ᠪᠦᠷᠢ ᠨᠢᠬᠡ ᠤᠳᠠᠭ᠎ᠠ ᠤᠯᠤᠰ ᠲᠦᠷᠦ ᠶᠢᠨ ᠵᠦᠪᠯᠠᠯᠬᠡᠨ ᠤ | ᠺᠠᠳ᠋ᠷ ᠲᠠᠭᠠᠭᠤᠯᠤᠨ ᠤᠩᠰᠢᠬᠤ ᠶᠢ ᠦᠷᠨᠢᠬᠦᠯᠪᠠ᠃ ᠬᠡᠰᠢᠬᠦᠳ ᠤᠨ ᠤᠬᠠᠭᠤᠯᠤᠨ ᠶᠠᠷᠢᠬᠤ ᠪᠦᠯᠬᠦᠮ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠳᠤ ᠬᠦᠷᠴᠤ | ᠤᠬᠠᠭᠤᠯᠤᠨ ᠶᠠᠷᠢᠵᠤ᠂ ᠤᠯᠤᠰ ᠲᠦᠷᠦ ᠶᠢᠨ ᠵᠦᠪᠯᠠᠯᠬᠡᠨ ᠨᠢ ᠨᠡᠩ ᠰᠤᠶᠤᠯ ᠤᠨ ᠦᠨᠤᠷ ᠠᠮᠳᠠ ᠲᠠᠢ ᠪᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶ᠎ᠠ | ᠤᠯᠤᠰ ᠲᠦᠷᠦ ᠶᠢᠨ ᠵᠦᠪᠯᠠᠯᠬᠡᠨ ᠤ ᠺᠠᠳ᠋ᠷ ᠤᠨ ᠡᠩᠨᠡᠬᠡᠨ ᠤ ᠪᠦᠳᠦᠬᠡᠨ ᠪᠠᠶᠢᠭᠤᠯᠤᠯᠳᠠ ᠶᠢ ᠲᠠᠬᠡᠳᠤ ᠬᠡᠮᠵᠢᠶ᠎ᠠ ᠪᠠᠷ ᠴᠢᠬᠤᠯᠠᠴᠢᠯᠠᠵᠤ᠂ 3 ᠨᠠᠷᠠ ᠺᠠᠳ᠋ᠷ ᠢ | ᠲᠡᠪᠰᠢᠬᠦᠯᠥᠨ ᠬᠡᠷᠡᠭᠯᠡᠵᠤ᠂ 2 ᠨᠠᠷᠠ ᠠᠯᠪᠠᠨ ᠪᠠᠶᠢᠭᠤᠯᠭ᠎ᠠ ᠶᠢᠨ ᠺᠠᠳ᠋ᠷ ᠢ ᠪᠤᠰᠤᠳ ᠴᠢᠬᠤᠯᠠ ᠪᠠᠶᠢᠷᠢᠨ ᠳᠤ ᠰᠤᠯᠢᠯᠴᠠᠨ ᠬᠡᠷᠡᠭᠯᠠᠵᠤ᠂ 4 ᠨᠠᠷᠠ ᠺᠠᠳ᠋ᠷ ᠤᠨ ᠵᠠᠷᠬᠡ | ᠲᠠᠰ ᠲᠠᠪᠰᠢᠵᠤ᠂ ᠺᠠᠳ᠋ᠷ ᠤᠨ ᠡᠩᠨᠡᠬᠡᠨ ᠤ ᠪᠦᠳᠦᠴᠠ ᠨᠢ ᠤᠯᠠᠮ ᠨᠢᠬᠡ ᠠᠯᠬᠤᠮ ᠰᠢᠯᠢᠳᠡᠭᠵᠢᠪᠠ᠃ ᠭᠤᠤᠯ ᠰᠡᠳᠦᠪᠳᠤ ᠨᠠᠮ ᠤᠨ ᠡᠳᠤᠷ ᠤᠨ ᠠᠵᠢᠯᠯᠠᠭ᠎ᠠ᠂ ︽ | ᠤᠯᠠᠨ ᠲᠦᠮᠠᠨ ᠳᠤ ᠪᠤᠳᠠᠳᠠᠢ ᠠᠵᠢᠯ ᠬᠢᠬᠦ︾ ᠵᠠᠷᠬᠡ ᠠᠴᠢᠶᠠᠯᠠᠭᠴᠢ ᠶᠢ ᠠᠰᠢᠭᠯᠠᠨ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ ᠪᠦᠯᠬᠦᠮᠳᠠᠨ ᠠᠵᠢᠯ ᠬᠢᠬᠦ᠂ | ᠠᠵᠢᠯᠴᠢ ᠬᠢᠴᠢᠶᠠᠩᠬᠦᠢ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠤᠷᠮᠠᠰᠢᠭᠤᠯᠤᠭᠰᠠᠨ ᠪᠠᠶᠢᠨ᠎ᠠ᠃ | ᠬᠡᠰᠢᠬᠦᠳ ᠡ᠂ ᠡᠳᠡᠬᠡᠷ ᠠᠮᠵᠢᠯᠳᠠ ᠪᠦᠳᠦᠮᠵᠢ ᠶᠢ ᠬᠦᠷᠳᠡᠭᠰᠠᠨ ᠨᠢ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠶᠢᠨ ᠳ᠋ᠦᠩ᠂ | ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ ᠪᠠ ᠨᠠᠶᠢᠬᠡᠮ ᠤᠨ ᠡᠯ᠎ᠡ ᠡᠳᠡᠬᠡᠳ ᠤᠨ | ᠬᠦᠴᠦᠳᠠᠢ ᠲᠠᠮᠵᠢᠯᠬᠡ ᠶᠢᠨ ᠳ᠋ᠦᠩ᠂ ᠮᠦᠨᠴᠤ ᠤᠯᠤᠰ ᠲᠦᠷᠦ ᠶᠢᠨ ᠵᠦᠪᠯᠠᠯᠬᠡᠨ ᠤ ᠡᠯ᠎ᠡ ᠤᠷᠤᠯᠴᠠᠭᠴᠢ ᠨᠢᠬᠡᠴᠠ ᠪᠠ ᠦᠷᠬᠡᠨ ᠤᠯᠠᠨ ᠬᠡᠰᠢᠬᠦᠳ ᠤᠨ ᠪᠦᠯᠬᠦᠮᠳᠠᠨ | ᠲᠠᠮᠡᠴᠡᠭᠰᠠᠨ ᠳ᠋ᠦᠩ᠂ ᠠᠬᠠᠮᠠᠳ ᠤᠳᠤᠷᠢᠳᠤᠯᠭ᠎ᠠ᠂ ᠠᠬᠠᠮᠠᠳ ᠨᠦᠬᠦᠳ ᠨᠠᠷ ᠪᠠ ᠨᠠᠶᠢᠬᠡᠮ ᠤᠨ ᠡᠯ᠎ᠡ ᠡᠳᠡᠬᠡᠳ ᠤᠨ ᠪᠦᠬᠦ ᠬᠦᠴᠦ ᠪᠠᠷ ᠬᠠᠪᠰᠤᠷᠤᠭᠰᠠᠨ ᠳ᠋ᠦᠩ | ᠪᠤᠯᠬᠤ ᠶᠤᠮ᠃ ᠠᠳᠠ᠂ ᠪᠢ ᠬᠤᠰᠢᠭᠤ ᠤᠯᠤᠰ ᠲᠦᠷᠦ ᠶᠢᠨ ᠵᠦᠪᠯᠠᠯᠬᠡᠨ ᠤ ᠪᠠᠶᠢᠩᠭᠤ ᠶᠢᠨ ᠬᠤᠷᠢᠶ᠎ᠠ ᠶᠢ ᠲᠥᠯᠥᠬᠡᠯᠡᠵᠤ ᠲᠠᠶᠠᠭᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠲᠠᠪᠰᠢᠬᠦᠯᠥᠶᠡ︕ | ᠠᠮᠵᠢᠯᠳᠠ ᠪᠦᠳᠦᠮᠵᠢ ᠪᠠᠨ ᠨᠤᠳᠠᠯᠠᠬᠤ ᠶᠢᠨ ᠬᠠᠮᠳᠤ᠂ ᠠᠵᠢᠯ ᠤᠨ ᠲᠤᠮᠳᠠ ᠪᠠᠰᠠ ᠠᠯᠢ ᠤᠯᠠᠨ ᠪᠠᠭᠤᠷᠠᠢ ᠭᠤᠭᠴᠤᠭ᠎ᠠ ᠪᠠ ᠬᠦᠷᠦᠯᠴᠠᠬᠦ ᠦᠬᠡᠢ ᠲᠠᠯ᠎ᠠ | ᠤᠷᠤᠰᠢᠵᠤ ᠪᠠᠶᠢᠭ᠎ᠠ ᠪᠠᠨ ᠪᠢᠳᠠ ᠰᠠᠷᠬᠡᠭ ᠢᠶᠠᠷ ᠲᠠᠨᠢᠵᠤ ᠤᠯᠤᠯ᠎ᠠ᠂ ᠭᠤᠤᠯᠳᠠᠭᠤ ᠵᠠᠰᠠᠭ ᠤᠨ ᠶᠠᠪᠤᠳᠠᠯ ᠢ ᠵᠦᠪᠯᠠᠬᠦ ᠬᠦᠨᠴᠠ ᠪᠠ ᠴᠢᠨᠠᠷ ᠴᠢᠨᠰᠠᠭ᠎ᠠ ᠨᠢ ᠪᠠᠰᠠ ᠲᠤᠩ | ᠶᠡᠭᠡ ᠲᠡᠬᠡᠭᠰᠢᠯᠠᠯᠳᠠ ᠶᠢᠨ ᠤᠷᠤᠨ ᠵᠠᠢ ᠪᠠᠶᠢᠨ᠎ᠠ᠂ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ ᠠᠷᠭ᠎ᠠ ᠬᠡᠯᠪᠡᠷᠢ ᠶᠢ ᠤᠯᠠᠮ ᠨᠢᠬᠡ ᠠᠯᠬᠤᠮ ᠪᠠᠶᠠᠯᠢᠭᠵᠢᠭᠤᠯᠬᠤ | ᠴᠢᠬᠤᠯᠠᠳᠠᠢ᠂ ᠬᠡᠰᠢᠬᠦᠳ ᠤᠨ ᠭᠤᠤᠯ ᠴᠤᠭᠴᠠ ᠶᠢᠨ ᠦᠢᠯᠠᠳᠤᠯ ᠪᠠ ᠲᠤᠰᠬᠠᠢ ᠵᠦᠪᠯᠠᠯ ᠤᠨ ᠰᠠᠭᠤᠷᠢ ᠦᠢᠯᠠᠳᠤᠯ ᠢ ᠪᠠᠳᠠᠷᠠᠭᠤᠯᠤᠭᠰᠠᠨ ᠢᠶᠠᠷ ᠪᠠᠰᠠᠯᠠ ᠬᠦᠷᠦᠯᠴᠠᠬᠦ | ᠦᠬᠡᠢ᠂ ᠬᠡᠰᠢᠬᠦᠳ ᠤᠨ ᠬᠠᠮᠢᠶᠠᠷᠤᠯᠳᠠ ᠶᠢ ᠤᠯᠠᠮ ᠨᠢᠬᠡ ᠠᠯᠬᠤᠮ ᠴᠢᠩᠭᠠᠳᠬᠠᠬᠤ ᠴᠢᠬᠤᠯᠠᠳᠠᠢ ᠵᠠᠷᠬᠡ᠃ ᠡᠳᠡᠬᠡᠷ ᠠᠰᠠᠭᠤᠳᠠᠯ ᠢ ᠪᠢᠳᠠ ᠲᠡᠬᠡᠳᠤ ᠬᠡᠮᠵᠢᠶ᠎ᠠ ᠪᠠᠷ | ᠴᠢᠬᠤᠯᠠᠴᠢᠯᠠᠵᠤ᠂ ᠨᠠᠷᠢᠨ ᠬᠢᠨᠠᠮᠠᠭᠠᠢ ᠰᠢᠢᠳᠪᠤᠷᠢᠯᠠᠨ᠎ᠠ᠃ | ᠬᠤᠶᠠᠷ᠂ 2023 ᠤᠨ ᠤ ᠠᠵᠢᠯ ᠤᠨ ᠭᠤᠤᠯᠳᠠᠯᠭ᠎ᠠ | 2023 ᠤᠨ ᠪᠤᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ ᠤᠬᠠᠭᠤᠯᠤᠨ ᠲᠤᠤᠱᠯᠠᠭᠤᠯᠬᠤ | ᠡᠬᠢᠯᠠᠯᠳᠠ ᠶᠢᠨ ᠵᠢᠯ᠂ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠥᠯᠥᠪᠵᠢᠬᠦᠯᠬᠡ ᠶᠢ ᠠᠬᠢᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠬᠡ ᠵᠢᠯ᠂ ᠮᠦᠨᠴᠤ | ᠬᠠᠩᠬᠢᠨ ᠬᠤᠰᠢᠭᠤᠨ ᠤ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠵᠠᠩᠬᠢᠯᠠᠭ᠎ᠠ ᠶᠢᠨ ᠵᠢᠯ ᠪᠤᠯᠤᠨ᠎ᠠ᠂ ᠬᠤᠰᠢᠭᠤ ᠤᠯᠤᠰ | ᠲᠦᠷᠦ ᠶᠢᠨ ᠵᠦᠪᠯᠠᠯᠬᠡᠨ ᠤ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠠᠶᠢᠬᠡᠮ | ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ | ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠠᠷᠤᠩᠬᠡᠢ ᠱᠦᠵᠢ ᠶᠢᠨ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠠᠵᠢᠯ ᠢ ᠴᠢᠩᠭᠠᠳᠬᠠᠬᠤ ᠪᠠ ᠬᠠᠯᠠᠨ | ᠰᠠᠶᠢᠵᠢᠷᠠᠭᠤᠯᠬᠤ ᠴᠢᠬᠤᠯᠠ ᠦᠵᠠᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ | ᠲᠦᠷᠪᠡᠳᠤᠬᠡᠷ ᠬᠤᠭᠤᠴᠠᠭᠠᠨ ᠤ ᠲᠤᠯᠤᠳᠤᠭᠠᠷ ᠤᠳᠠᠭᠠᠨ ᠤ ᠪᠦᠬᠦᠳᠠ ᠬᠤᠷᠠᠯ ᠪᠠ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ︽ᠲᠦᠷᠪᠡᠨ ᠰᠠᠭᠤᠷᠢᠨ ᠭᠠᠵᠠᠷ︾ ᠢ ᠪᠦᠳᠦᠬᠡᠨ ᠪᠠᠶᠢᠭᠤᠯᠬᠤ᠂ ︽ᠲᠦᠷᠪᠡᠨ ᠲᠠᠭᠤᠷᠢᠶᠠᠯ︾ ᠢ ᠪᠤᠢ ᠪᠤᠯᠭᠠᠬᠤ᠂ | ︽ᠲᠦᠷᠪᠡᠨ ᠤᠷᠤᠨ ᠲᠠᠪᠰᠢᠯᠳᠠ︾ ᠶᠢ ᠪᠠᠶᠠᠯᠠᠬᠦᠯᠬᠦ᠂ ︽ᠲᠦᠷᠪᠡᠨ ᠰᠠᠭᠤᠷᠢ︾ ᠶᠢ ᠪᠠᠳᠤᠳᠬᠠᠬᠤ ᠬᠠᠷᠠᠯᠳᠠ ᠶᠢᠨ ᠲᠤᠭᠤᠷᠢᠨ ᠳᠤ᠂ ︽ᠬᠦᠭᠵᠢᠯᠳᠠ ᠶᠢ ᠬᠦᠴᠦ | ᠲᠠᠯᠪᠢᠨ ᠰᠦᠪᠡᠭᠴᠢᠯᠠᠵᠤ᠂ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ︾ ᠳᠤ ᠦᠷᠬᠦᠯᠵᠢᠯᠠᠨ ᠠᠩᠬᠠᠷᠤᠯ ᠢᠶᠠᠨ | ᠲᠦᠪᠯᠠᠷᠠᠬᠦᠯᠵᠤ᠂ ᠤᠯᠤᠰ ᠲᠦᠷᠦ ᠶᠢᠨ ᠵᠦᠪᠯᠠᠯᠬᠡ ᠬᠢᠬᠦ᠂ ᠠᠷᠠᠳᠴᠢᠯᠠᠯ ᠤᠨ ᠬᠢᠨᠠᠯᠳᠠ ᠲᠠᠯᠪᠢᠬᠤ᠂ ᠵᠠᠰᠠᠭ ᠤᠨ ᠶᠠᠪᠤᠳᠠᠯ ᠳᠤ ᠤᠷᠤᠯᠴᠠᠵᠤ ᠵᠠᠰᠠᠭ ᠤᠨ ᠶᠠᠪᠤᠳᠠᠯ ᠢ | ᠵᠦᠪᠯᠠᠬᠦ ᠡᠬᠦᠷᠬᠡ ᠬᠠᠷᠢᠭᠤᠴᠠᠯᠭ᠎ᠠ ᠪᠠᠨ ᠢᠳᠠᠪᠬᠢᠳᠠᠢ ᠬᠦᠢᠴᠡᠳᠬᠡᠵᠤ᠂ ᠲᠤᠰᠬᠠᠢ ᠵᠦᠪᠯᠠᠯᠬᠡᠨ ᠤ ᠪᠠᠶᠢᠭᠤᠯᠤᠮᠵᠢ ᠶᠢᠨ ᠦᠢᠯᠠᠳᠤᠯ ᠢ ᠬᠦᠢᠴᠡᠳ ᠪᠠᠳᠠᠷᠠᠭᠤᠯᠤᠨ᠂ | ᠰᠠᠨᠠᠯ ᠵᠦᠪᠯᠠᠯᠬᠡ ᠲᠠᠪᠰᠢᠬᠦᠯᠥᠨ ᠵᠠᠰᠠᠭ ᠲᠤ ᠲᠤᠰᠠᠯᠠᠬᠤ ᠪᠠ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠠᠬᠦᠯᠵᠤ᠂ | ᠨᠠᠶᠢᠬᠡᠮ ᠵᠢᠷᠤᠮᠳᠤ ᠤᠳᠤᠬᠢᠴᠢᠯᠠᠭᠰᠠᠨ ᠬᠠᠩᠬᠢᠨ ᠤ ᠪᠦᠳᠦᠬᠡᠨ ᠪᠠᠶᠢᠭᠤᠯᠤᠯᠳᠠ ᠳᠤ ᠬᠠᠮᠳᠤ ᠶᠢᠨ ᠤᠶᠤᠨ ᠤᠬᠠᠭᠠᠨ ᠢ ᠨᠢᠬᠳᠠᠷᠠᠭᠤᠯᠵᠤ᠂ ᠬᠠᠮᠳᠤ ᠶᠢᠨ ᠬᠦᠴᠦᠨ ᠢ | ᠬᠤᠷᠠᠭᠤᠯᠤᠨ᠎ᠠ᠃ | ︵ᠨᠢᠬᠡ︶ ᠨᠠᠮ ᠤᠨ ᠤᠳᠤᠷᠢᠳᠤᠯᠭ᠎ᠠ ᠶᠢ ᠢᠮᠠᠭᠳᠠ ᠪᠠᠷᠢᠮᠳᠠᠯᠠᠵᠤ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠵᠦᠪ ᠤᠨᠤᠪᠴᠢᠳᠠᠢ ᠴᠢᠭᠯᠡᠯ ᠢ ᠤᠯᠠᠮ | ᠨᠢᠬᠡ ᠠᠯᠬᠤᠮ ᠡᠵᠡᠮᠳᠠᠨᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠤᠯᠤᠰ ᠲᠦᠷᠦ ᠶᠢᠨ | ᠵᠦᠪᠯᠠᠯᠬᠡᠨ ᠤ ᠨᠠᠮ ᠤᠨ ᠪᠠᠶᠢᠭᠤᠯᠤᠯᠳᠠ ᠰᠢᠨ᠎ᠠ ᠲᠠᠪᠰᠢᠯᠳᠠ ᠲᠠᠢ ᠪᠤᠯᠬᠤ ᠶᠢ ᠠᠬᠢᠭᠤᠯᠤᠨ᠎ᠠ᠃ ᠤᠯᠤᠰ ᠲᠦᠷᠦ ᠶᠢᠨ ᠤᠳᠤᠷᠢᠳᠤᠮᠵᠢ ᠪᠠᠨ ᠴᠢᠩᠭᠠᠳᠬᠠᠨ᠎ᠠ᠃ ᠨᠠᠮ | ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠶᠢ ᠲᠠᠷᠢᠬᠦᠨ ᠴᠢᠬᠤᠯᠠ ᠤᠯᠤᠰ ᠲᠦᠷᠦ ᠶᠢᠨ ᠡᠬᠦᠷᠬᠡ | ᠪᠤᠯᠭᠠᠵᠤ᠂ ᠤᠬᠠᠮᠰᠠᠷ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠦᠵᠠᠯ ᠰᠠᠨᠠᠭ᠎ᠠ᠂ ᠵᠤᠷᠢᠯᠳᠠ ᠪᠠ ᠦᠢᠯᠠ ᠠᠵᠢᠯᠯᠠᠭ᠎ᠠ ᠪᠠᠨ | ᠨᠢᠬᠡᠳᠬᠡᠨᠠ᠃ ᠨᠠᠮ ᠤᠨ ᠬᠡᠰᠢᠬᠦᠨ ᠬᠡᠰᠢᠬᠦᠳ ᠨᠢ ᠬᠠᠷᠢᠯᠴᠠᠵᠤ ᠪᠠᠶᠢᠭ᠎ᠠ ᠨᠠᠮ ᠤᠨ ᠭᠠᠳᠠᠨᠠᠬᠢ ᠬᠡᠰᠢᠬᠦᠳ᠂ ᠡᠳᠡᠬᠡᠳ ᠢᠯᠭᠠᠯ ᠤᠨ ᠤᠯᠠᠨ ᠲᠦᠮᠠᠨ ᠳᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠶᠠᠷᠢᠵᠤ᠂ ᠤᠬᠠᠭᠤᠯᠤᠨ ᠶᠠᠷᠢᠬᠤ ᠦᠩᠬᠡᠷᠡᠯᠳᠠ ᠪᠠᠨ ᠲᠠᠨᠢᠯᠳᠠ ᠪᠠᠨ ᠬᠦᠨᠵᠡᠬᠡᠶᠢᠷᠠᠬᠦᠯᠬᠦ᠂ | ᠬᠦᠮᠦᠰ ᠤᠨ ᠰᠡᠳᠬᠢᠯ ᠢ ᠨᠢᠬᠳᠠᠷᠠᠭᠤᠯᠬᠤ᠂ ᠬᠦᠴᠦᠨ ᠴᠢᠳᠠᠯ ᠢ ᠲᠦᠪᠯᠠᠷᠠᠬᠦᠯᠬᠦ ᠦᠩᠬᠡᠷᠡᠯᠳᠠ ᠪᠤᠯᠭᠠᠨ ᠤᠯᠠᠷᠢᠭᠤᠯᠵᠤ᠂ ᠶᠡᠭᠡ ᠬᠤᠷᠠᠯ ᠤᠨ ᠵᠤᠷᠢᠭ ᠰᠠᠨᠠᠭ᠎ᠠ ᠶᠢ | ᠬᠦᠮᠤᠰ ᠲᠤ ᠬᠠᠳᠠᠭᠰᠢᠭᠤᠯᠵᠤ᠂ ᠬᠦᠨᠵᠡᠬᠡᠶᠢᠷᠠᠬᠦᠯᠥᠨ ᠪᠤᠳᠠᠳᠠᠶᠢᠵᠢᠭᠤᠯᠤᠨ᠎ᠠ᠃ ᠤᠯᠤᠰ ᠲᠦᠷᠦ ᠶᠢᠨ ᠡᠬᠦᠷᠬᠡᠯᠡᠯ ᠢᠶᠠᠨ ᠴᠢᠩᠭᠠᠳᠬᠠᠨ᠎ᠠ᠃ ᠰᠢ ᠶᠢᠨ ᠫᠢᠩ ᠤᠨ | ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠠᠶᠢᠬᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠰᠢ | ᠶᠢᠨ ᠫᠢᠩ ᠶᠠᠷᠤᠩᠬᠡᠢ ᠱᠦᠵᠢ ᠶᠢᠨ ᠠᠷᠠᠳ ᠤᠨ ᠤᠯᠤᠰ ᠲᠦᠷᠦ ᠶᠢᠨ ᠵᠦᠪᠯᠠᠯᠬᠡᠨ ᠤ ᠠᠵᠢᠯ ᠢ ᠴᠢᠩᠭᠠᠳᠬᠠᠬᠤ ᠪᠠ ᠬᠠᠯᠠᠨ ᠰᠠᠶᠢᠵᠢᠷᠠᠭᠤᠯᠬᠤ ᠲᠤᠬᠠᠢ ᠴᠢᠬᠤᠯᠠ | ᠦᠵᠠᠯ ᠰᠠᠨᠠᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠤ᠂ ︽ᠬᠤᠶᠠᠷ ᠢ ᠲᠤᠭᠳᠠᠭᠠᠬᠤ︾ ᠰᠢᠢᠳᠪᠤᠷᠢᠯᠡᠭᠴᠢ ᠴᠢᠨᠠᠷᠳᠠᠢ ᠤᠳᠬ᠎ᠠ ᠠᠭᠤᠯᠭ᠎ᠠ ᠶᠢ ᠬᠦᠨᠵᠡᠬᠡᠢ | ᠤᠶᠢᠯᠠᠭᠠᠵᠤ᠂ ᠦᠵᠠᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠬᠦᠯᠥᠨ᠎ᠠ᠃ ᠤᠯᠤᠰ ᠲᠦᠷᠦ ᠶᠢᠨ ᠬᠦᠢᠴᠡᠳᠬᠡᠯᠳᠠ ᠪᠠᠨ ᠴᠢᠩᠭᠠᠳᠬᠠᠨ᠎ᠠ᠃ ᠴᠠᠭ ᠢᠮᠠᠭᠳᠠ ᠬᠤᠰᠢᠭᠤ ᠨᠠᠮ ᠤᠨ ᠬᠤᠷᠢᠶᠠᠨ ᠤ | ᠪᠠᠳᠤ ᠴᠢᠩᠭ᠎ᠠ ᠤᠳᠤᠷᠢᠳᠤᠯᠭ᠎ᠠ ᠲᠤᠤᠷ᠎ᠠ ᠠᠵᠢᠯ ᠢᠶᠠᠨ ᠦᠷᠨᠢᠬᠦᠯᠵᠤ᠂ ᠬᠤᠰᠢᠭᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢ ᠬᠠᠮᠢᠭ᠎ᠠ ᠪᠠᠶᠢᠷᠢᠯᠠᠭᠤᠯᠪᠠᠯ᠂ | ᠤᠯᠤᠰ ᠲᠦᠷᠦ ᠶᠢᠨ ᠵᠦᠪᠯᠠᠯᠬᠡᠨ ᠤ ᠡᠬᠦᠷᠬᠡ ᠬᠠᠷᠢᠭᠤᠴᠠᠯᠭ᠎ᠠ ᠪᠠᠨ ᠲᠠᠨᠳᠠ ᠬᠦᠢᠴᠡᠳᠬᠡᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠶᠠᠪᠤᠳᠠᠯ ᠢ ᠵᠦᠪᠯᠠᠬᠦ᠂ | ᠠᠷᠠᠳᠴᠢᠯᠠᠯ ᠤᠨ ᠬᠢᠨᠠᠯᠳᠠ ᠲᠠᠯᠪᠢᠬᠤ᠂ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠤᠨ᠂ ᠤᠯᠤᠰ ᠲᠦᠷᠤ ᠶᠢᠨ | ᠵᠦᠪᠯᠠᠯᠬᠡᠨ ᠤ ᠠᠵᠢᠯ ᠤᠨ ᠴᠠᠭ ᠢᠮᠠᠭᠳᠠ ᠵᠦᠪ ᠴᠢᠭᠯᠡᠯ ᠢᠶᠠᠷ ᠤᠷᠤᠭᠰᠢᠯᠠᠬᠤ ᠶᠢ ᠪᠠᠳᠤᠯᠠᠨ᠎ᠠ᠃ | ︵ᠬᠤᠶᠠᠷ︶ ᠭᠤᠤᠯᠳᠠᠯᠭ᠎ᠠ ᠶᠢᠨ ᠪᠦᠬᠦ ᠲᠠᠯ᠎ᠠ ᠳᠤ ᠪᠦᠬᠦ ᠬᠦᠴᠦ ᠪᠠᠷ ᠦᠢᠯᠠᠴᠢᠯᠠᠵᠤ᠂ ᠲᠤᠰᠬᠠᠢ ᠵᠦᠪᠯᠠᠯᠬᠡᠨ ᠤ ᠪᠠᠶᠢᠭᠤᠯᠤᠮᠵᠢ ᠶᠢᠨ ᠦᠢᠯᠠᠳᠤᠯ ᠢ ᠤᠯᠠᠮ | ᠨᠢᠬᠡ ᠠᠯᠬᠤᠮ ᠪᠠᠳᠠᠷᠠᠭᠤᠯᠤᠨ᠎ᠠ᠃ ᠨᠠᠮ ᠤᠨ ᠬᠤᠷᠢᠶᠠᠨ ᠤ ᠪᠤᠳᠤᠯᠬᠢᠯᠠᠵᠤ ᠪᠠᠶᠢᠭ᠎ᠠ᠂ ᠵᠠᠰᠠᠭ ᠤᠨ ᠤᠷᠳᠤᠨ ᠤ ᠰᠠᠨᠠᠭᠠᠰᠢᠷᠠᠵᠤ ᠪᠠᠶᠢᠭ᠎ᠠ᠂ ᠤᠯᠠᠨ ᠲᠦᠮᠠᠨ ᠤ | ᠱᠠᠭᠠᠷᠳᠠᠵᠤ ᠪᠠᠶᠢᠭ᠎ᠠ᠂ ᠨᠠᠶᠢᠬᠡᠮ ᠨᠠᠶᠢᠳᠠ ᠶᠢᠨ ᠬᠦᠰᠠᠵᠤ ᠪᠠᠶᠢᠭ᠎ᠠ ᠠᠰᠠᠭᠤᠳᠠᠯ ᠢ ᠨᠢᠬᠳᠠ ᠲᠤᠭᠤᠷᠢᠵᠤ ᠰᠠᠨᠠᠯ ᠲᠤᠷᠠᠳᠤᠯᠭ᠎ᠠ ᠲᠤᠷᠠᠳᠤᠨ ᠵᠠᠰᠠᠭ ᠤᠨ ᠶᠠᠪᠤᠳᠠᠯ ᠢ | ᠵᠦᠪᠯᠠᠵᠤ᠂ ᠵᠦᠪᠯᠠᠬᠦ ᠠᠷᠠᠳᠴᠢᠯᠠᠯ ᠤᠨ ᠪᠠᠶᠢᠭᠤᠯᠤᠯᠳᠠ ᠨᠢ ᠰᠢᠨ᠎ᠠ ᠠᠷᠭ᠎ᠠ ᠠᠪᠴᠠᠯ ᠭᠠᠷᠭᠠᠬᠤ ᠶᠢ ᠠᠬᠢᠭᠤᠯᠤᠨ᠎ᠠ᠃ ︽ᠲᠦᠷᠪᠡᠨ ᠰᠠᠭᠤᠷᠢᠨ ᠭᠠᠵᠠᠷ︾ ᠢ | ᠪᠦᠳᠦᠬᠡᠨ ᠪᠠᠶᠢᠭᠤᠯᠬᠤ ᠬᠠᠷᠠᠯᠳᠠ ᠶᠢᠨ ᠲᠤᠭᠤᠷᠢᠨ ᠳᠤ ᠤᠶᠤᠨ ᠤᠬᠠᠭᠠᠨ ᠢ ᠴᠤᠭᠯᠠᠭᠤᠯᠤᠨ ᠠᠷᠭ᠎ᠠ ᠪᠤᠳᠤᠯᠭ᠎ᠠ ᠲᠠᠪᠰᠢᠬᠦᠯᠥᠨᠠ᠂ ᠭᠤᠤᠯᠳᠠᠯᠭ᠎ᠠ ᠲᠠᠢ ᠪᠠᠶᠢᠭᠠᠯᠢ | ᠶᠢᠨ ᠰᠢᠳᠠᠮᠠᠬᠠᠢ ᠬᠡᠢ ᠶᠢᠨ ᠡᠬᠢ ᠪᠠᠶᠠᠯᠢᠭ ᠢ ᠨᠠᠬᠡᠬᠡᠨ ᠠᠰᠢᠭᠯᠠᠬᠤ᠂ ᠰᠢᠨ᠎ᠠ ᠬᠡᠯᠪᠡᠷᠢ ᠶᠢᠨ ᠨᠠᠬᠦᠷᠠᠰᠤ ᠬᠢᠮᠢ ᠶᠢᠨ ᠠᠵᠤ ᠦᠢᠯᠠᠰ ᠤᠨ ᠬᠡᠯᠬᠢᠶᠠᠵᠢᠯ ᠢ ᠨᠦᠬᠦᠪᠤᠷᠢᠯᠠᠬᠦ | ᠬᠡᠯᠬᠢᠶᠠᠵᠢᠯ ᠢ ᠬᠦᠴᠤᠷᠬᠡᠭᠵᠢᠬᠦᠯᠬᠦ᠂ ᠰᠢᠨ᠎ᠠ ᠡᠨᠧᠷᠬᠢ ᠶᠢᠨ ᠪᠦᠬᠦ ᠠᠵᠤ ᠦᠢᠯᠠᠰ ᠤᠨ ᠬᠡᠯᠬᠢᠶᠠᠵᠢᠯ ᠤᠨ ᠬᠦᠭᠵᠢᠯᠳᠠ᠂ ᠰᠢᠯᠢᠳᠡᠭ ᠴᠢᠨᠠᠷ ᠤᠨ ᠢᠮᠠᠭᠠᠨ ᠨᠤᠯᠤᠤᠷ | ᠤᠨ ᠬᠠᠩᠭᠠᠯᠭ᠎ᠠ ᠵᠠᠷᠬᠡ ᠠᠭᠤᠯᠭ᠎ᠠ ᠪᠠᠷ᠂ ᠦᠨᠳᠤᠰᠤᠨ ᠱᠠᠳᠤᠨ ᠳᠤ ᠬᠦᠨᠵᠡᠬᠡᠶᠢᠷᠠᠨ ᠨᠠᠷᠢᠯᠢᠭ ᠤᠨᠤᠪᠴᠢᠳᠠᠢ ᠪᠠᠶᠢᠴᠠᠭᠠᠨ ᠰᠤᠳᠤᠯᠤᠯᠳᠠ ᠬᠢᠵᠤ᠂ ᠪᠤᠳᠠᠳᠠᠢ ᠶᠢ | ᠡᠷᠬᠢᠮᠯᠠᠨ ᠬᠦᠨᠵᠡᠬᠡᠢ ᠵᠦᠪᠯᠠᠯᠬᠡ ᠦᠷᠨᠢᠬᠦᠯᠵᠤ᠂ ᠪᠦᠬᠦ ᠬᠤᠰᠢᠭᠤᠨ ᠤ ᠠᠵᠤ ᠦᠢᠯᠠᠰ ᠤᠨ ᠬᠦᠭᠵᠢᠯᠳᠠ ᠶᠢᠨ ᠲᠠᠰᠵᠢᠬᠦ ᠲᠠᠪᠰᠢᠬᠤ ᠶᠢ ᠠᠬᠢᠭᠤᠯᠤᠨ᠎ᠠ᠃ ︽ | ᠲᠦᠷᠪᠡᠨ ᠲᠠᠭᠤᠷᠢᠶᠠᠯ︾ ᠢ ᠪᠤᠢ ᠪᠤᠯᠭᠠᠬᠤ ᠬᠠᠷᠠᠯᠳᠠ ᠶᠢᠨ ᠲᠤᠭᠤᠷᠢᠨ ᠳᠤ ᠬᠢᠨᠠᠯᠳᠠ ᠲᠠᠯᠪᠢᠵᠤ ᠰᠠᠨᠠᠯ ᠲᠤᠷᠠᠳᠤᠯᠭ᠎ᠠ ᠲᠠᠪᠰᠢᠬᠦᠯᠥᠨᠠ᠂ ︽ᠠᠮᠢ ᠠᠬᠤᠢ ᠶᠢ | ᠲᠠᠷᠢᠬᠦᠨ ᠳᠤ ᠲᠠᠯᠪᠢᠵᠤ᠂ ᠪᠤᠬᠢᠷᠳᠤᠯ ᠦᠬᠡᠢ ᠬᠦᠭᠵᠢᠬᠦᠯᠬᠦ︾ ᠳᠤ ᠠᠩᠬᠠᠷᠤᠯ ᠢᠶᠠᠨ ᠲᠦᠪᠯᠠᠷᠠᠬᠦᠯᠵᠤ᠂ ᠭᠤᠤᠯᠳᠠᠯᠭ᠎ᠠ ᠲᠠᠢ ᠬᠠᠳᠤᠨ ᠭᠤᠤᠯ ᠤᠨ ᠤᠷᠤᠰᠬᠠᠯ ᠤᠨ | ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠠ᠂ ᠪᠦᠬᠦ ᠤᠯᠤᠰ ᠤᠨ ᠪᠤᠯᠪᠠᠰᠤᠨ ᠬᠤᠳᠠ ᠶᠢᠨ ᠡᠬᠦᠳᠦᠨ ᠪᠠᠶᠢᠭᠤᠯᠤᠯᠳᠠ ᠶᠢᠨ ᠦᠷ᠎ᠠ ᠪᠦᠳᠦᠮᠵᠢ | ᠶᠢ ᠪᠠᠳᠤᠳᠬᠠᠬᠤ᠂ ᠮᠠᠯ ᠲᠠᠷᠢᠶᠠᠯᠠᠩ ᠤᠨ ᠬᠡᠪᠴᠢᠶᠡᠵᠢᠭᠰᠡᠨ ᠤᠨᠴᠠᠯᠢᠭᠵᠢᠭᠰᠠᠨ ᠤᠷᠤᠨ ᠨᠤᠳᠤᠭᠴᠢᠯᠠᠭᠰᠠᠨ ᠲᠡᠮᠳᠡᠭᠴᠢᠯᠡᠭᠰᠠᠨ ᠴᠢᠨᠠᠷ ᠰᠠᠶᠢᠳᠠᠢ ᠬᠦᠭᠵᠢᠯᠳᠠ ᠪᠠ | ᠦᠨᠳᠤᠰᠤᠨ ᠱᠠᠳᠤᠨ ᠤ ᠨᠠᠶᠢᠬᠡᠮ ᠤᠨ ᠵᠠᠰᠠᠯᠳᠠ ᠶᠢᠨ ᠲᠤᠭᠤᠷᠢᠨ ᠳᠤ᠂ ᠡᠳᠡᠬᠡᠳ ᠢᠯᠭᠠᠯ ᠤᠨ ᠬᠡᠰᠢᠬᠦᠳ ᠢ ᠵᠤᠬᠢᠶᠠᠨ ᠪᠠᠶᠢᠭᠤᠯᠤᠨ ᠬᠢᠨᠠᠯᠳᠠ ᠶᠢᠨ ᠴᠢᠨᠠᠷᠳᠠᠢ | ᠪᠠᠶᠢᠴᠠᠭᠠᠨ ᠰᠤᠳᠤᠯᠤᠯᠳᠠ ᠦᠷᠨᠢᠬᠦᠯᠵᠤ᠂ ᠬᠤᠰᠢᠭᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠳᠤ ᠬᠦᠴᠦ ᠪᠠᠨ ᠡᠷᠬᠦᠵᠤ᠂ | ᠠᠷᠠᠳ ᠤᠯᠠᠨ ᠤ ᠬᠦᠷᠳᠠᠮᠵᠢᠳᠤ ᠲᠦᠷᠦᠭᠳᠡᠯ᠂ ᠵᠢᠷᠭᠠᠯᠳᠤ ᠲᠦᠷᠦᠭᠳᠠᠯ᠂ ᠠᠮᠤᠷ ᠲᠦᠪᠰᠢᠨ ᠲᠦᠷᠦᠭᠳᠠᠯ ᠤᠨ ᠨᠡᠩ ᠲᠠᠬᠦᠯᠳᠡᠷ᠂ ᠨᠡᠩ ᠪᠠᠳᠤᠯᠠᠭ᠎ᠠ ᠲᠠᠢ᠂ ᠨᠡᠩ | ᠦᠷᠬᠦᠯᠵᠢᠯᠠᠩᠬᠦᠢ ᠪᠠᠶᠢᠬᠤ ᠶᠢ ᠠᠬᠢᠭᠤᠯᠤᠨ᠎ᠠ᠃ ︽ᠲᠦᠷᠪᠡᠨ ᠤᠷᠤᠨ ᠲᠠᠪᠰᠢᠯᠳᠠ︾ ᠶᠢᠨ ᠬᠠᠷᠠᠯᠳᠠ ᠶᠢ ᠪᠠᠶᠠᠯᠠᠬᠦᠯᠬᠦ ᠳᠤ ᠠᠷᠭ᠎ᠠ ᠪᠤᠳᠤᠯᠭ᠎ᠠ ᠰᠦᠪᠡᠭᠴᠢᠯᠠᠵᠤ | ᠬᠦᠴᠦ ᠪᠠᠨ ᠡᠷᠬᠦᠨ᠎ᠠ᠂ ᠤᠯᠠᠨ ᠲᠦᠮᠠᠨ ᠠᠩᠬᠠᠷᠤᠯ ᠲᠠᠯᠪᠢᠵᠤ ᠪᠠᠶᠢᠭ᠎ᠠ᠂ ᠵᠠᠬ᠎ᠠ ᠲᠠᠯᠬᠡᠬᠦᠷ ᠤᠨ ᠭᠤᠤᠯ ᠴᠤᠭᠴᠠ ᠠᠩᠬᠠᠷᠤᠯ ᠲᠠᠯᠪᠢᠵᠤ ᠪᠠᠶᠢᠭ᠎ᠠ ᠵᠦᠢᠯᠠᠰ ᠠᠴᠠ | ᠭᠠᠷᠳᠠᠵᠤ᠂ ᠡᠵᠡᠩᠨᠠᠯᠳᠠ ᠬᠤᠳᠠᠯᠳᠤᠭᠠᠨ ᠤ ᠤᠷᠴᠢᠨ ᠲᠤᠭᠤᠷᠢᠨ ᠢ ᠰᠢᠯᠢᠳᠡᠭᠵᠢᠬᠦᠯᠬᠦ᠂ ᠬᠡᠪ ᠴᠢᠨᠰᠠᠭᠠᠳᠤ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ᠂ | ᠪᠦᠬᠦ ᠠᠷᠠᠳ ᠤᠨ ᠡᠷᠡᠬᠦᠯ ᠮᠠᠨᠳᠤ ᠶᠢᠨ ᠲᠦᠪᠰᠢᠨ ᠤ ᠲᠡᠬᠡᠭᠰᠢᠯᠠᠯᠳᠠ᠂ ᠰᠤᠶᠤᠯ ᠵᠢᠭᠤᠯᠴᠢᠯᠠᠯ ᠤᠨ ᠡᠬᠢ ᠪᠠᠶᠠᠯᠢᠭ ᠤᠨ ᠨᠠᠬᠡᠬᠡᠯᠳᠠ᠂ ᠺᠠᠳ᠋ᠷ ᠤᠨ ᠡᠩᠨᠡᠬᠡᠨ ᠤ | ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠠᠷᠬᠡ ᠲᠠᠯ᠎ᠠ ᠪᠠᠷ᠂ ᠬᠡᠰᠢᠬᠦᠳ ᠢᠶᠠᠨ ᠵᠤᠬᠢᠶᠠᠨ ᠪᠠᠶᠢᠭᠤᠯᠤᠨ ᠪᠤᠳᠠᠳᠠᠢ ᠳᠤ ᠬᠦᠨᠵᠡᠬᠡᠶᠢᠷᠠᠨ ᠬᠦᠰᠠᠯ | ᠱᠠᠭᠠᠷᠳᠠᠯᠭ᠎ᠠ ᠶᠢ ᠰᠤᠨᠤᠰᠴᠤ᠂ ᠡᠯ᠎ᠡ ᠡᠳᠡᠬᠡᠳ ᠤᠨ ᠬᠦᠰᠠᠯ ᠱᠠᠭᠠᠷᠳᠠᠯᠭ᠎ᠠ ᠶᠢ ᠴᠠᠭ ᠲᠠᠷᠤᠢ ᠳᠤᠨᠢ ᠲᠤᠰᠬᠠᠵᠤ᠂ ᠤᠷᠢᠳᠠᠴᠢ ᠴᠢᠨᠠᠷ ᠲᠠᠢ᠂ ᠬᠠᠨᠳᠤᠯᠭᠠᠳᠤ ᠴᠢᠨᠠᠷ | ᠲᠠᠢ ᠰᠠᠨᠠᠯ ᠰᠠᠨᠠᠭᠤᠯᠭ᠎ᠠ ᠲᠤᠷᠠᠳᠴᠤ᠂ ᠴᠢᠨᠠᠷ ᠴᠢᠨᠰᠠᠭ᠎ᠠ ᠲᠠᠢ᠂ ᠦᠰᠤᠷᠤᠯᠳᠠ ᠶᠢᠨ ᠴᠢᠨᠠᠷᠳᠠᠢ ᠬᠦᠭᠵᠢᠯᠳᠠ ᠳᠤ ᠪᠦᠬᠦ ᠲᠠᠯ᠎ᠠ ᠪᠠᠷ ᠬᠦᠴᠦᠯᠠᠨᠠ᠃ ᠲᠤᠰᠬᠠᠢ | ᠵᠦᠪᠯᠠᠯᠬᠡᠨ ᠤ ᠪᠠᠶᠢᠭᠤᠯᠤᠮᠵᠢ ᠶᠢᠨ ᠦᠢᠯᠠᠳᠤᠯ ᠢᠶᠠᠨ ᠪᠠᠳᠠᠷᠠᠭᠤᠯᠬᠤ ᠶᠢ ᠨᠢᠬᠳᠠ ᠠᠳᠬᠤᠨ᠎ᠠ᠂ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ | ᠦᠨᠳᠤᠰᠤᠨ ᠱᠠᠳᠤ ᠵᠦᠭ ᠬᠦᠨᠵᠡᠬᠡᠶᠢᠷᠠᠬᠦ ᠶᠢ ᠬᠦᠨᠵᠡᠬᠡᠶᠢᠷᠠᠬᠦᠯᠵᠤ᠂ ᠬᠠᠮᠢᠶ᠎ᠠ ᠪᠦᠬᠦᠢ ᠲᠤᠰᠬᠠᠢ ᠮᠠᠷᠬᠡᠵᠢᠯᠳᠠᠨ ᠡᠷᠳᠠᠮᠳᠠᠨ᠂ ᠠᠰᠢᠭ ᠲᠤᠰᠠ ᠶᠢᠨ ᠬᠤᠯᠪᠤᠭᠳᠠᠯ | ᠪᠦᠬᠦᠢ ᠲᠠᠯ᠎ᠠ᠂ ᠤᠯᠠᠨ ᠲᠦᠮᠠᠨ ᠤ ᠲᠥᠯᠥᠬᠡᠯᠡᠭᠴᠢ ᠶᠢ ᠡᠮᠬᠢ ᠵᠢᠷᠤᠮ ᠲᠠᠢ ᠪᠠᠷ ᠵᠦᠪᠯᠠᠬᠦ ᠠᠵᠢᠯᠯᠠᠭ᠎ᠠ ᠳᠤ ᠤᠷᠤᠯᠴᠠᠭᠤᠯᠵᠤ᠂ ᠨᠡᠩ ᠤᠯᠠᠨ ᠴᠢᠨᠠᠷᠯᠢᠭ ᠪᠦᠬᠦᠢ | ᠵᠦᠪᠯᠠᠯᠬᠡᠨ ᠤ ᠦᠷ᠎ᠠ ᠪᠦᠳᠦᠮᠵᠢ ᠶᠢ ᠪᠦᠷᠢᠯᠳᠤᠬᠦᠯᠥᠨᠠ᠃ ᠨᠠᠶᠢᠬᠡᠮ ᠤᠨ ᠪᠠᠶᠢᠳᠠᠯ ᠠᠷᠠᠳ ᠤᠨ ᠰᠠᠨᠠᠯ ᠢ ᠴᠤᠭᠯᠠᠭᠤᠯᠬᠤ ᠵᠠᠮ ᠮᠦᠷ ᠢ ᠦᠷᠬᠡᠳᠬᠡᠵᠤ᠂ ᠨᠡᠩ | ᠦᠷᠬᠡᠨ ᠲᠠᠯᠬᠡᠷ ᠢᠶᠠᠷ ᠤᠯᠠᠨ ᠲᠦᠮᠠᠨ ᠤ ᠲᠤᠰᠬᠠᠭᠰᠠᠨ ᠰᠠᠨᠠᠯ ᠪᠠ ᠬᠦᠰᠠᠯ ᠱᠠᠭᠠᠷᠳᠠᠯᠭ᠎ᠠ ᠶᠢ ᠴᠤᠭᠯᠠᠭᠤᠯᠤᠨ᠎ᠠ᠃ ᠠᠷᠠᠳᠴᠢᠯᠠᠯ ᠤᠨ ᠬᠢᠨᠠᠯᠳᠠ ᠶᠢᠨ ᠦᠷ᠎ᠠ | ᠪᠦᠳᠦᠮᠵᠢ ᠶᠢ ᠮᠦᠷᠳᠠᠵᠤ ᠨᠠᠶᠢᠳᠠᠪᠤᠷᠢᠵᠢᠭᠤᠯᠬᠤ ᠠᠵᠢᠯ ᠤᠨ ᠵᠤᠬᠢᠴᠠᠮᠵᠢ ᠶᠢ ᠲᠠᠬᠦᠯᠳᠡᠷᠵᠢᠬᠦᠯᠵᠤ᠂ ᠠᠷᠠᠳᠴᠢᠯᠠᠯ ᠤᠨ ᠦᠨᠠᠯᠠᠯᠳᠠ ᠦᠷᠨᠢᠬᠦᠯᠥᠨ᠂ ᠬᠢᠨᠠᠯᠳᠠ | ᠲᠠᠯᠪᠢᠬᠤ᠂ ᠦᠨᠠᠯᠠᠯᠳᠠ ᠬᠢᠬᠦ ᠪᠤᠳᠠᠳᠤ ᠪᠦᠳᠦᠮᠵᠢ ᠪᠠᠨ ᠲᠡᠬᠡᠭᠰᠢᠯᠠᠬᠦᠯᠥᠨᠠ᠃ ᠪᠦᠬᠦ ᠬᠤᠳᠠ ᠶᠢᠨ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠢ | ᠦᠨᠳᠤᠰᠤᠨ ᠱᠠᠳᠤᠨ ᠳᠤ ᠬᠦᠨᠵᠡᠬᠡᠶᠢᠷᠠᠬᠦᠯᠬᠦ ᠠᠬᠤᠢ ᠲᠠᠯᠠᠪᠠᠢ ᠶᠢᠨ ᠬᠤᠷᠠᠯ ᠢ ᠰᠡᠳᠬᠢᠯ ᠲᠠᠯᠪᠢᠨ ᠵᠤᠬᠢᠶᠠᠨ ᠪᠠᠶᠢᠭᠤᠯᠵᠤ᠂ ᠡᠯ᠎ᠡ ᠰᠤᠮᠤ ᠪᠠᠯᠭᠠᠰᠤ ᠨᠢ ᠨᠠᠭᠠᠳᠤ | ᠵᠠᠬ᠎ᠠ ᠳᠠᠭᠠᠨ ᠨᠢᠬᠡ ᠤᠨᠴᠠ ᠰᠢᠯᠢᠳᠡᠭ ᠲᠤᠭᠤᠷᠢᠨ ᠪᠠᠶᠢᠴᠠᠭᠠᠯᠳᠠ ᠶᠢᠨ ᠴᠡᠭ ᠰᠤᠩᠭᠤᠵᠤ᠂ ᠨᠢᠬᠡ ᠪᠤᠯᠪᠠᠰᠤᠷᠠᠩᠭᠤᠢ ᠵᠦᠪᠯᠠᠯᠬᠡᠨ ᠤ ᠵᠠᠭᠪᠤᠷ ᠢ ᠪᠦᠷᠢᠯᠳᠤᠬᠦᠯᠤᠨ᠂ | ᠨᠢᠬᠡ ᠲᠠᠭᠤᠷᠢᠶᠠᠵᠤ ᠪᠤᠯᠬᠤᠶᠢᠴᠠ ᠵᠦᠪᠯᠠᠯᠬᠡᠨ ᠤ ᠲᠤᠷᠰᠢᠯᠭ᠎ᠠ ᠶᠢ ᠲᠠᠯᠬᠡᠷᠡᠬᠦᠯᠵᠤ᠂ ︽ᠶᠠᠪᠤᠳᠠᠯ ᠤᠴᠢᠷ ᠪᠠᠶᠢᠪᠠᠯ ᠢᠯᠠᠬᠦᠬᠡᠨ ᠵᠦᠪᠯᠠᠵᠤ᠂ ᠶᠠᠪᠤᠳᠠᠯ ᠤᠴᠢᠷ | ᠲᠤᠯᠭᠠᠷᠠᠪᠠᠯ ᠢᠯᠠᠬᠦᠬᠡᠨ ᠵᠦᠪᠯᠠᠵᠤ᠂ ᠶᠠᠪᠤᠳᠠᠯ ᠤᠴᠢᠷ ᠬᠢᠬᠦ ᠳᠡᠭᠡᠨ ᠢᠯᠠᠬᠦᠬᠡᠨ ᠵᠦᠪᠯᠠᠬᠦ︾ ᠤᠯᠤᠰ ᠲᠦᠷᠦ ᠶᠢᠨ ᠵᠦᠪᠯᠠᠯᠬᠡᠨ ᠤ ᠵᠦᠪᠯᠠᠬᠦ ᠠᠷᠠᠳᠴᠢᠯᠠᠯ ᠤᠨ | ᠰᠢᠨ᠎ᠠ ᠬᠡᠪ ᠵᠠᠭᠪᠤᠷ ᠢ ᠪᠤᠢ ᠪᠤᠯᠭᠠᠨ᠎ᠠ᠃ | ︵ᠭᠤᠷᠪᠠ︶ ᠦᠵᠠᠯ ᠰᠠᠨᠠᠭ᠎ᠠ ᠬᠠᠮᠳᠤ ᠶᠢᠨ ᠲᠠᠨᠢᠯᠳᠠ ᠪᠠᠨ ᠦᠷᠬᠡᠨ ᠲᠠᠯᠬᠡᠷ ᠨᠢᠬᠳᠠᠷᠠᠭᠤᠯᠵᠤ᠂ ᠤᠯᠤᠰ ᠲᠦᠷᠦ ᠶᠢᠨ ᠵᠦᠪᠯᠠᠯᠬᠡᠨ ᠤ ᠲᠠᠪᠠᠭᠤᠯᠢᠭ ᠢ | ᠤᠯᠠᠮ ᠨᠢᠬᠡ ᠠᠯᠬᠤᠮ ᠬᠠᠷᠠᠭᠤᠯᠤᠨ᠎ᠠ᠃ ᠬᠠᠮᠤᠭ ᠤᠨ ᠶᠡᠭᠡ ᠭᠡᠮᠵᠢᠶ᠎ᠠ ᠪᠠᠷ ᠪᠦᠯᠭᠦᠮᠳᠡᠵᠤ ᠪᠤᠯᠬᠤ ᠭᠦᠴᠦᠨ ᠪᠦᠭᠦᠨ ᠲᠠᠢ ᠪᠦᠯᠭᠦᠮᠳᠡᠵᠤ᠂ ᠲᠠᠶᠢᠴᠢᠯᠠᠵᠤ ᠪᠤᠯᠬᠤ | ᠢᠳᠡᠪᠭᠢ ᠡᠯᠧᠮᠧᠨ᠋ᠲ ᠪᠦᠭᠦᠨ ᠢ ᠲᠠᠶᠢᠴᠢᠯᠠᠵᠤ᠂ ᠨᠢᠭᠡᠳᠤᠮᠡᠯ ᠹᠷᠤᠨᠲ ᠤᠨ ᠦᠢᠯᠡᠳᠤᠯ ᠢᠶᠠᠨ ᠪᠠᠳᠠᠷᠠᠭᠤᠯᠵᠤ᠂ ᠰᠢᠨ᠎ᠠ ᠪᠠᠶᠢᠳᠠᠯ ᠶᠢ ᠢᠯᠡᠷᠡᠭᠦᠯᠤᠨ᠎ᠠ᠃ ᠭᠠᠳᠠᠭᠰᠢ | ᠰᠤᠯᠢᠯᠴᠠᠭ᠎ᠠ ᠬᠢᠬᠦ ᠵᠤᠬᠢᠴᠠᠮᠵᠢ ᠶᠢ ᠪᠠᠶᠢᠭᠤᠯᠤᠨ᠎ᠠ᠂ ᠬᠠᠩᠬᠢᠨ ᠨᠤᠳᠤᠭ ᠲᠠᠢ ᠭᠠᠳᠠᠨ᠎ᠠ ᠪᠠᠶᠢᠭ᠎ᠠ ᠨᠠᠷᠠᠳᠠᠢ ᠬᠦᠮᠦᠰ᠂ ᠠᠮᠵᠢᠯᠳᠠ ᠤᠯᠤᠭᠰᠠᠨ ᠠᠵᠤ ᠠᠬᠤᠶᠢᠯᠠᠯᠳᠠᠨ | ᠲᠠᠢ ᠢᠳᠠᠪᠬᠢᠳᠠᠢ ᠬᠠᠷᠢᠯᠴᠠᠵᠤ ᠨᠦᠬᠦᠷᠯᠠᠨᠠ᠃ ᠠᠵᠤ ᠠᠬᠤᠢ ᠶᠢᠨ ᠡᠳᠠᠬᠡᠳ ᠤᠨ ᠬᠡᠰᠢᠬᠦᠳ ᠲᠠᠢ ᠬᠠᠷᠢᠯᠴᠠᠵᠤ ᠰᠤᠯᠢᠯᠴᠠᠬᠤ ᠪᠠᠨ ᠴᠢᠩᠭᠠᠳᠬᠠᠵᠤ᠂ ᠢᠳᠠᠪᠬᠢᠳᠠᠢ | ᠪᠠᠷ ᠬᠦᠬᠦᠷᠬᠡ ᠬᠤᠯᠪᠤᠭᠠᠰᠤ ᠪᠤᠯᠵᠤ᠂ ᠬᠤᠳᠠᠯᠳᠤᠭᠠᠴᠢᠨ ᠤᠷᠢᠵᠤ ᠪᠠᠯᠠ ᠲᠠᠳᠠᠨ᠂ ᠬᠡᠰᠢᠬᠦᠳ ᠤᠨ ᠲᠦᠷᠦᠯ ᠵᠦᠢᠯ ᠢᠶᠠᠨ ᠬᠠᠩᠬᠢᠨ ᠳᠤ ᠤᠷᠤᠭᠤᠯᠵᠤ᠂ ᠠᠵᠤ | ᠦᠢᠯᠠᠰ ᠢᠶᠠᠨ ᠬᠠᠩᠬᠢᠨ ᠳᠤ ᠬᠢᠵᠤ᠂ ᠠᠵᠢᠯ ᠦᠢᠯᠠᠰ ᠢᠶᠠᠨ ᠬᠠᠩᠬᠢᠨ ᠳᠤ ᠦᠯᠠᠳᠠᠬᠡᠬᠦ ᠶᠢ ᠵᠤᠷᠢᠭᠵᠢᠭᠤᠯᠤᠨ᠎ᠠ᠃ ᠨᠠᠮ ᠪᠦᠯᠦᠭ ᠤᠨ ᠪᠤᠰᠤ ᠬᠦᠮᠦᠰ᠂ ᠰᠢᠨ᠎ᠠ | ᠨᠠᠶᠢᠬᠡᠮ ᠤᠨ ᠲᠠᠪᠬᠤᠷᠭᠠᠳᠠᠨ ᠲᠠᠢ ᠬᠠᠷᠢᠯᠴᠠᠬᠤ ᠵᠤᠬᠢᠴᠠᠮᠵᠢ ᠶᠢ ᠲᠠᠬᠦᠯᠳᠡᠷᠵᠢᠬᠦᠯᠥᠨᠠ᠂ ᠲᠠᠳᠠᠨᠤᠰ ᠢ ᠤᠯᠤᠰ ᠲᠦᠷᠦ ᠶᠢᠨ ᠵᠦᠪᠯᠠᠯᠬᠡᠨ ᠤ ᠴᠢᠬᠤᠯᠠ ᠲᠤᠭᠤᠷᠢᠨ | ᠪᠠᠶᠢᠴᠠᠭᠠᠯᠳᠠ᠂ ᠴᠢᠬᠤᠯᠠ ᠪᠠᠶᠢᠴᠠᠭᠠᠨ ᠰᠤᠳᠤᠯᠤᠯᠳᠠ᠂ ᠴᠢᠬᠤᠯᠠ ᠵᠦᠪᠯᠡᠯᠭᠡᠨ ᠤ ᠠᠵᠢᠯᠯᠠᠭ᠎ᠠ ᠳᠤ ᠤᠷᠢᠨ ᠤᠷᠤᠯᠴᠠᠭᠤᠯᠵᠤ᠂ ᠤᠶᠢᠯᠠᠭᠠᠯᠴᠠᠭ᠎ᠠ ᠪᠠᠨ ᠨᠡᠮᠡᠭᠳᠠᠬᠦᠯᠵᠤ | ᠂ ᠵᠦᠷᠢᠴᠠᠯ ᠢ ᠠᠷᠢᠯᠭᠠᠨ᠂ ᠪᠦᠯᠬᠦᠮᠳᠠᠨ ᠲᠠᠮᠠᠴᠠᠬᠦ ᠬᠠᠮᠳᠤ ᠶᠢᠨ ᠦᠵᠠᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠳᠤᠳᠬᠠᠨ᠎ᠠ᠃ ᠬᠡᠰᠢᠬᠦᠳ ᠤᠨ ᠡᠳᠡᠬᠡᠳ | ᠢᠯᠭᠠᠯ ᠤᠨ ᠤᠯᠠᠨ ᠲᠦᠮᠠᠨ ᠲᠠᠢ ᠬᠠᠷᠢᠯᠴᠠᠬᠤ ᠲᠦᠷᠢᠮ ᠢ ᠪᠠᠶᠢᠭᠤᠯᠤᠨ ᠲᠠᠬᠦᠯᠳᠡᠷᠵᠢᠬᠦᠯᠥᠨᠠ᠂ ᠢᠵᠢᠯᠰᠢᠬᠦᠯᠬᠦ ᠠᠵᠢᠯ ᠢ ᠰᠠᠶᠢᠳᠤᠷ ᠬᠢᠵᠤ᠂ ᠬᠡᠰᠢᠬᠦᠳ ᠤᠨ | ᠤᠬᠠᠭᠤᠯᠤᠨ ᠶᠠᠷᠢᠬᠤ ᠪᠦᠯᠬᠦᠮ ᠤᠨ ᠦᠢᠯᠠᠳᠤᠯ ᠢ ᠪᠠᠳᠠᠷᠠᠭᠤᠯᠤᠨ᠂ ᠲᠤᠭᠳᠠᠮᠠᠯ ᠬᠤᠭᠤᠴᠠᠭ᠎ᠠ ᠲᠠᠢ ᠪᠠᠷ ᠤᠬᠠᠭᠤᠯᠤᠨ ᠶᠠᠷᠢᠬᠤ ᠠᠵᠢᠯᠯᠠᠭ᠎ᠠ ᠦᠷᠨᠢᠬᠦᠯᠥᠨ᠎ᠠ᠃ ᠡᠯ᠎ᠡ | ᠡᠳᠡᠬᠡᠳ ᠢᠯᠭᠠᠯ ᠤᠨ ᠠᠵᠢᠯᠯᠠᠭᠠᠨ ᠤ ᠲᠤᠭᠤᠶᠢᠯᠠᠩ ᠨᠢ ᠵᠢᠯ ᠤᠨ ᠲᠤᠳᠤᠷ᠎ᠠ ᠨᠠᠭᠠᠳᠤ ᠵᠠᠬ᠎ᠠ ᠳᠠᠭᠠᠨ ᠨᠢᠬᠡ ᠤᠳᠠᠭᠠᠨ ᠤ ᠵᠦᠪᠯᠡᠯᠭᠡ᠂ ᠪᠠᠶᠢᠴᠠᠭᠠᠨ ᠰᠤᠳᠤᠯᠤᠯᠳᠠ | ᠪᠤᠶᠤ ᠲᠤᠭᠤᠷᠢᠨ ᠪᠠᠶᠢᠴᠠᠭᠠᠯᠳᠠ ᠶᠢᠨ ᠠᠵᠢᠯᠯᠠᠭ᠎ᠠ ᠦᠷᠨᠢᠬᠦᠯᠵᠤ᠂ ᠡᠯ᠎ᠡ ᠡᠳᠡᠬᠡᠳ ᠤᠨ ᠬᠦᠮᠦᠰ ᠢ ᠲᠠᠶᠢᠴᠢᠯᠠᠨ ᠬᠠᠮᠳᠤ ᠪᠤᠳᠤᠯᠬᠢᠯᠠᠵᠤ᠂ ᠬᠠᠮᠳᠤ ᠬᠢᠬᠦ ᠶᠢ | ᠲᠠᠶᠢᠴᠢᠯᠠᠨ᠎ᠠ᠃ ᠤᠯᠤᠰ ᠲᠦᠷᠦ ᠶᠢᠨ ᠵᠦᠪᠯᠠᠯᠬᠡᠨ ᠤ ᠰᠤᠶᠤᠯ ᠲᠠᠤᠬᠡ ᠶᠢᠨ ᠠᠵᠢᠯ ᠢ ᠦᠷᠬᠦᠯᠵᠢᠯᠠᠨ ᠴᠢᠩᠭᠠᠳᠬᠠᠨ᠎ᠠ᠂ ᠬᠠᠩᠬᠢᠨ ᠬᠤᠰᠢᠭᠤᠨ ᠤ ᠲᠠᠤᠬᠡ ᠰᠤᠶᠤᠯ | ᠢ ᠰᠠᠶᠢᠳᠤᠷ ᠠᠭᠤᠳᠠᠯᠯᠠᠨ ᠬᠠᠮᠠᠭᠠᠯᠠᠵᠤ ᠤᠯᠠᠮᠵᠢᠯᠠᠨ᠂ ᠤᠯᠤᠰ ᠲᠦᠷᠦ ᠶᠢᠨ ᠵᠦᠪᠯᠠᠯᠬᠡᠨ ᠤ ᠰᠤᠶᠤᠯ ᠲᠠᠤᠬᠡ ᠶᠢᠨ ᠠᠵᠢᠯ ᠰᠢᠨ᠎ᠠ ᠶᠢ ᠡᠬᠦᠳᠦᠨ ᠬᠦᠭᠵᠢᠬᠦ ᠶᠢ | ᠠᠬᠢᠭᠤᠯᠤᠨ᠎ᠠ᠃ ᠰᠤᠶᠤᠯ ᠲᠠᠤᠬᠡ ᠶᠢᠨ ᠮᠠᠲ᠋ᠧᠷᠢᠶᠠᠯ ᠢᠶᠠᠷ ᠬᠦᠮᠦᠰ ᠢ ᠨᠢᠬᠳᠠᠷᠠᠭᠤᠯᠤᠨ ᠬᠦᠮᠤᠵᠢᠬᠦᠯᠵᠤ ᠤᠷᠮᠠᠰᠢᠭᠤᠯᠤᠨ᠂ ᠰᠤᠶᠤᠯ ᠲᠠᠤᠬᠡ ᠶᠢᠨ ᠤᠷᠳᠤᠨ | ᠪᠠᠶᠢᠭᠤᠯᠤᠭᠳᠠᠵᠤ ᠬᠡᠷᠡᠭᠯᠠᠯᠳᠠ ᠳᠤ ᠤᠷᠤᠬᠤ ᠶᠢ ᠰᠠᠶᠢᠳᠤᠷ ᠠᠬᠢᠭᠤᠯᠵᠤ᠂ ᠰᠤᠶᠤᠯ ᠲᠠᠤᠬᠡ ᠶᠢᠨ ᠮᠠᠲ᠋ᠧᠷᠢᠶᠠᠯ ᠢ ᠨᠠᠶᠢᠷᠠᠭᠤᠯᠤᠨ ᠬᠡᠪᠯᠠᠬᠦᠯᠬᠦ ᠠᠵᠢᠯ ᠢ ᠡᠮᠬᠢ ᠴᠡᠭᠴᠠ | ᠲᠠᠢ ᠦᠷᠨᠢᠬᠦᠯᠥᠨ᠎ᠠ᠃ ᠤᠯᠤᠰ ᠲᠦᠷᠦ ᠶᠢᠨ ᠵᠦᠪᠯᠠᠯᠬᠡᠨ ᠤ ᠤᠬᠠᠭᠤᠯᠭ᠎ᠠ ᠶᠢᠨ ᠠᠵᠢᠯ ᠢ ᠯᠠᠪᠳᠠᠭᠤᠨ ᠰᠠᠶᠢᠳᠤᠷ ᠬᠢᠨ᠎ᠠ᠂ ᠪᠤᠳᠠᠳᠠᠢ ᠪᠦᠳᠦᠮᠵᠢᠳᠠᠢ ᠬᠡᠯᠪᠡᠷᠢ ᠪᠠᠷ | ᠰᠠᠨᠠᠯ ᠲᠤᠷᠠᠳᠤᠯᠭ᠎ᠠ᠂ ᠨᠠᠶᠢᠬᠡᠮ ᠤᠨ ᠪᠠᠶᠢᠳᠠᠯ ᠠᠷᠠᠳ ᠤᠨ ᠰᠠᠨᠠᠯ᠂ ᠠᠷᠠᠳᠴᠢᠯᠠᠯ ᠤᠨ ᠬᠢᠨᠠᠯᠳᠠ ᠵᠠᠷᠬᠡ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ | ᠬᠦᠢᠴᠡᠳᠬᠡᠭᠰᠠᠨ ᠦᠷ᠎ᠠ ᠪᠦᠳᠦᠮᠵᠢ ᠶᠢᠨ ᠪᠡᠶᠡᠯᠡᠭᠳᠡᠯ ᠢ ᠬᠠᠷᠠᠭᠤᠯᠵᠤ᠂ ᠰᠠᠨᠠᠭᠠᠴᠢᠯᠠᠭ᠎ᠠ ᠲᠠᠢ ᠪᠠᠷ ᠨᠠᠶᠢᠬᠡᠮ ᠳᠤ ᠬᠠᠨᠳᠤᠭᠤᠯᠤᠨ ᠬᠠᠮᠳᠤ ᠶᠢᠨ ᠲᠠᠨᠢᠯᠳᠠ ᠶᠢ ᠦᠷᠬᠡᠨ | ᠲᠠᠯᠬᠡᠷ ᠲᠠᠯᠬᠡᠷᠡᠬᠦᠯᠵᠤ᠂ ᠬᠠᠩᠬᠢᠨ ᠤ ᠤᠯᠤᠰ ᠲᠦᠷᠦ ᠶᠢᠨ ᠵᠦᠪᠯᠠᠯᠬᠡᠨ ᠤ ᠲᠦᠷᠢ ᠲᠦᠷᠬᠦ ᠶᠢ ᠬᠠᠷᠠᠭᠤᠯᠤᠨ᠎ᠠ᠃ | ︵ᠲᠦᠷᠪᠡ︶ ᠬᠤᠪᠢ ᠪᠠᠶ᠎ᠠ ᠶᠢᠨ ᠪᠦᠳᠦᠬᠡᠨ ᠪᠠᠶᠢᠭᠤᠯᠤᠯᠳᠠ ᠪᠠᠨ ᠦᠨᠠᠨᠬᠦ ᠴᠢᠩᠭᠠᠳᠬᠠᠵᠤ᠂ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠴᠢᠳᠠᠪᠬᠢ | ᠪᠠᠨ ᠤᠯᠠᠮ ᠨᠢᠬᠡ ᠠᠯᠬᠤᠮ ᠲᠡᠬᠡᠭᠰᠢᠯᠠᠬᠦᠯᠥᠨᠠ᠃ ᠬᠤᠪᠢ ᠪᠠᠶ᠎ᠠ ᠶᠢᠨ ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠬᠤ ᠶᠢ ᠡᠬᠦᠷᠬᠡ ᠬᠠᠷᠢᠭᠤᠴᠠᠯᠭ᠎ᠠ ᠪᠠᠨ | ᠬᠦᠢᠴᠡᠳᠬᠡᠬᠦ ᠴᠢᠳᠠᠪᠤᠷᠢ ᠪᠠᠨ ᠲᠠᠬᠡᠭᠰᠢᠯᠠᠬᠦᠯᠬᠦ ᠵᠠᠩᠬᠢᠯᠠᠭ᠎ᠠ ᠪᠤᠯᠭᠠᠨ ᠪᠠᠷᠢᠮᠳᠠᠯᠠᠵᠤ᠂ ︽ᠬᠤᠶᠠᠷ ᠡᠩᠨᠡᠭᠡᠨ︾ ᠤ ᠦᠢᠯᠡᠴᠢᠯᠡᠭᠦ ᠴᠢᠳᠠᠪᠤᠷᠢ ᠶᠢᠨ ᠰᠢᠨ᠎ᠠ | ᠲᠡᠭᠡᠭᠰᠢᠯᠡᠯᠳᠡ ᠶᠢ ᠪᠠᠶᠠᠯᠠᠭᠦᠯᠭᠦ ᠶᠢ ᠠᠭᠢᠭᠤᠯᠤᠨ᠎ᠠ᠃ ᠬᠡᠰᠢᠬᠦᠳ ᠤᠨ ᠭᠤᠤᠯ ᠴᠤᠭᠴᠠ ᠶᠢᠨ ᠦᠢᠯᠠᠳᠤᠯ ᠢ ᠴᠢᠩᠭᠠᠳᠬᠠᠨ᠎ᠠ᠂ ᠰᠠᠨᠠᠯ ᠲᠤᠷᠠᠳᠤᠯᠭ᠎ᠠ᠂ ᠨᠠᠶᠢᠬᠡᠮ ᠤᠨ | ᠪᠠᠶᠢᠳᠠᠯ ᠠᠷᠠᠳ ᠤᠨ ᠰᠠᠨᠠᠯ ᠢ ᠲᠤᠭᠤᠷᠪᠢᠨ ᠪᠢᠴᠢᠬᠦ᠂ ᠤᠯᠤᠰ ᠲᠦᠷᠦ ᠶᠢᠨ ᠵᠦᠪᠯᠠᠯᠬᠡᠨ ᠤ ᠵᠦᠪᠯᠡᠭᠦ ᠠᠷᠠᠳᠴᠢᠯᠠᠯ ᠢ ᠦᠨᠳᠤᠰᠤᠨ ᠱᠠᠳᠤᠨ ᠳᠤ ᠬᠦᠨᠵᠡᠬᠡᠶᠢᠷᠠᠬᠦᠯᠬᠦ | ᠠᠵᠢᠯ ᠵᠠᠷᠬᠡ ᠶᠢᠨ ᠲᠤᠭᠤᠷᠢᠨ ᠳᠤ ᠬᠡᠰᠢᠬᠦᠳ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢᠨ ᠲᠡᠬᠡᠭᠰᠢᠯᠠᠯᠳᠠ ᠶᠢᠨ ᠪᠤᠯᠪᠰᠤᠷᠠᠯ ᠢ ᠢᠳᠠᠪᠬᠢᠳᠠᠢ | ᠦᠷᠨᠢᠬᠦᠯᠥᠨ᠎ᠠ᠃ ︽ᠵᠢᠷᠭᠤᠭᠠᠨ ᠨᠢᠬᠡ︾ ᠶᠢᠨ ᠬᠡᠰᠢᠬᠦᠳ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠵᠤᠬᠢᠴᠠᠮᠵᠢ ᠶᠢ ᠪᠠᠶᠢᠭᠤᠯᠵᠤ᠂ ᠬᠡᠰᠢᠬᠦᠨ ᠨᠢᠬᠡᠪᠤᠷᠢ | ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠰᠤᠷᠤᠯᠴᠠᠯᠭ᠎ᠠ ᠶᠢᠨ ᠲᠤᠭᠤᠷᠢᠨ ᠳᠤ᠂ ᠵᠢᠯ ᠤᠨ ᠲᠤᠳᠤᠷ᠎ᠠ ᠨᠠᠭᠠᠳᠤ ᠵᠠᠬ᠎ᠠ ᠳᠠᠭᠠᠨ ᠨᠢᠬᠡ ᠬᠤᠪᠢ | ᠬᠢᠷᠢ ᠲᠦᠪᠰᠢᠨ ᠦᠨᠳᠤᠷ ᠰᠤᠷᠤᠯᠴᠠᠯᠭ᠎ᠠ ᠶᠢᠨ ᠲᠦᠷᠦᠭᠳᠡᠯ ᠪᠢᠴᠢᠬᠦ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠤᠨ ᠨᠢᠬᠡᠪᠤᠷᠢ ᠨᠠᠭᠠᠳᠤ ᠵᠠᠬ᠎ᠠ ᠳᠠᠭᠠᠨ ᠨᠢᠬᠡ | ᠤᠳᠠᠭᠠᠨ ᠤ ᠴᠢᠨᠠᠷ ᠰᠠᠶᠢᠳᠠᠢ ᠪᠠᠶᠢᠴᠠᠭᠠᠨ ᠰᠤᠳᠤᠯᠤᠯᠳᠠ ᠲᠤᠭᠤᠷᠢᠨ ᠪᠠᠶᠢᠴᠠᠭᠠᠯᠳᠠ ᠳᠤ ᠤᠷᠤᠯᠴᠠᠬᠤ᠂ ᠨᠠᠭᠠᠳᠤ ᠵᠠᠬ᠎ᠠ ᠳᠠᠭᠠᠨ ᠨᠢᠬᠡ ᠬᠤᠪᠢ ᠦᠨᠳᠤᠷ ᠪᠠᠷᠢᠮᠵᠢᠶ᠎ᠠ | ᠪᠦᠬᠦᠢ ᠰᠠᠨᠠᠯ ᠲᠤᠷᠠᠳᠤᠯᠭ᠎ᠠ ᠲᠠᠪᠰᠢᠬᠦᠯᠬᠦ᠂ ᠨᠠᠭᠠᠳᠤ ᠵᠠᠬ᠎ᠠ ᠳᠠᠭᠠᠨ ᠨᠢᠬᠡ ᠬᠤᠪᠢ ᠦᠨᠳᠤᠷ ᠬᠢᠷᠢ ᠲᠦᠪᠰᠢᠨ ᠪᠦᠬᠦᠢ ᠰᠠᠨᠠᠯ ᠰᠠᠨᠠᠭᠤᠯᠭ᠎ᠠ ᠲᠤᠷᠠᠳᠬᠤ᠂ ᠨᠠᠭᠠᠳᠤ | ᠵᠠᠬ᠎ᠠ ᠳᠠᠭᠠᠨ ᠨᠢᠬᠡ ᠬᠠᠯᠠᠮᠰᠢᠯ ᠢᠶᠠᠷ ᠦᠨᠳᠤᠷ ᠨᠠᠶᠢᠬᠡᠮ ᠤᠨ ᠪᠠᠶᠢᠳᠠᠯ ᠠᠷᠠᠳ ᠤᠨ ᠰᠠᠨᠠᠯ ᠢ ᠲᠤᠰᠬᠠᠬᠤ᠂ ᠨᠠᠭᠠᠳᠤ ᠵᠠᠬ᠎ᠠ ᠳᠠᠭᠠᠨ ᠨᠢᠬᠡ ᠤᠳᠠᠭ᠎ᠠ ᠬᠠᠷᠢᠯᠴᠠᠵᠤ | ᠪᠠᠶᠢᠭ᠎ᠠ ᠭᠠᠴᠠᠭ᠎ᠠ ᠲᠤᠰᠬᠤᠨ ︵ᠨᠠᠶᠢᠬᠡᠮ ᠲᠤᠭᠤᠷᠢᠭ︶ ᠤᠨ ᠬᠡᠷᠡᠭ ᠵᠦᠪᠯᠠᠬᠦ ᠠᠵᠢᠯᠯᠠᠭ᠎ᠠ ᠳᠤ ᠤᠷᠤᠯᠴᠠᠬᠤ ᠬᠡᠷᠡᠭᠳᠠᠢ᠃ ᠲᠤᠰᠬᠠᠢ ᠵᠦᠪᠯᠠᠯ ᠤᠨ ᠰᠠᠭᠤᠷᠢ | ᠦᠢᠯᠠᠳᠤᠯ ᠢ ᠪᠠᠳᠤᠳᠬᠠᠨ᠎ᠠ᠂ ᠬᠤᠰᠢᠭᠤ ᠨᠠᠮ ᠤᠨ ᠬᠤᠷᠢᠶᠠᠨ ᠤ ︽ᠦᠨᠳᠤᠰᠤᠨ ᠱᠠᠳᠤᠨ ᠤ ᠰᠠᠭᠤᠷᠢ ᠶᠢᠨ ᠲᠦᠷᠢᠮᠵᠢᠭᠰᠡᠨ ᠪᠦᠳᠦᠬᠡᠨ ᠪᠠᠶᠢᠭᠤᠯᠤᠯᠳᠠ ᠶᠢ | ᠲᠠᠬᠡᠭᠰᠢᠯᠠᠬᠦᠯᠬᠦ ᠤᠨ︾ ᠤ ᠱᠠᠭᠠᠷᠳᠠᠯᠭ᠎ᠠ ᠶᠤᠰᠤᠭᠠᠷ᠂ ︽ᠠᠵᠢᠯ ᠤᠨ ᠤᠳᠤᠷᠢᠳᠤᠮᠵᠢ︾ ᠪᠠᠨ ᠤᠯᠠᠮ ᠨᠢᠬᠡ ᠠᠯᠬᠤᠮ ᠲᠡᠬᠦᠯᠳᠡᠷᠵᠢᠬᠦᠯᠵᠤ᠂ ᠰᠠᠭᠤᠷᠢ ᠠᠵᠢᠯ ᠢᠶᠠᠨ | ᠦᠷᠭᠦᠯᠵᠢᠯᠠᠨ ᠯᠠᠪᠳᠠᠭᠤᠨ ᠪᠠᠳᠤᠳᠠᠢ ᠬᠢᠨ᠎ᠠ᠃ ︽ᠤᠶᠤᠨᠴᠢᠯᠠᠭᠰᠠᠨ ᠤᠯᠤᠰ ᠲᠦᠷᠦ ᠶᠢᠨ ᠵᠦᠪᠯᠡᠯᠭᠡᠨ︾ ᠤ ᠪᠦᠳᠦᠭᠡᠨ ᠪᠠᠶᠢᠭᠤᠯᠤᠯᠳᠠ ᠶᠢ ᠢᠳᠡᠪᠭᠢᠳᠠᠢ | ᠠᠭᠢᠭᠤᠯᠵᠤ᠂ ᠴᠢᠮᠡᠭᠡ ᠵᠠᠩᠭᠢᠵᠢᠯᠳᠠ ᠶᠢᠨ ᠲᠤᠯᠭᠠᠭᠤᠷᠢ ᠦᠢᠯᠡᠴᠢᠯᠡᠭᠡ ᠪᠠ ᠭᠦᠳᠡᠯᠭᠡᠭᠴᠢ ᠦᠢᠯᠡᠳᠤᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ | ᠵᠦᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠦ ᠴᠢᠨᠠᠷ ᠴᠢᠨᠰᠠᠭ᠎ᠠ ᠦᠷ᠎ᠠ ᠪᠦᠳᠦᠮᠵᠢ ᠶᠢ ᠲᠡᠭᠡᠭᠰᠢᠯᠡᠭᠦᠯᠤᠨ᠎ᠠ᠃ ᠠᠵᠢᠯ ᠤᠨ ᠰᠢᠨ᠎ᠠ ᠶᠢ ᠡᠬᠦᠳᠬᠦ ᠪᠠ | ᠲᠤᠰᠬᠠᠢ ᠮᠠᠷᠬᠡᠵᠢᠯ ᠤᠨ ᠴᠢᠨᠠᠷ ᠴᠢᠨᠰᠠᠭ᠎ᠠ ᠶᠢ ᠲᠤᠪᠤᠶᠢᠯᠭᠠᠨ᠂ ᠠᠵᠢᠯ ᠤᠨ ᠪᠠᠶᠢᠭᠤᠯᠤᠮᠵᠢ ᠶᠢᠨ ᠲᠤᠬᠢᠷᠠᠭᠤᠯᠤᠯᠳᠠ ᠶᠢ ᠰᠢᠯᠢᠳᠡᠭᠵᠢᠬᠦᠯᠵᠤ᠂ ᠬᠡᠰᠢᠬᠦᠳ ᠤᠨ ᠡᠭᠦᠷᠭᠡ | ᠬᠠᠷᠢᠭᠤᠴᠠᠯᠭ᠎ᠠ ᠪᠠᠨ ᠬᠦᠢᠴᠡᠳᠬᠡᠬᠦ ᠳᠤ ᠰᠠᠶᠢᠳᠤᠷ ᠲᠠᠪᠴᠠᠩ ᠭᠠᠷᠭᠠᠵᠤ᠂ ᠰᠠᠶᠢᠳᠤᠷ ᠰᠠᠭᠤᠷᠢᠨ ᠪᠠᠶᠢᠭᠤᠯᠤᠨ᠎ᠠ᠃ ︽ᠲᠦᠷᠪᠡ ᠲᠠᠢ ᠬᠠᠷᠢᠯᠴᠠᠵᠤ ᠲᠦᠷᠪᠡ ᠶᠢ | ᠠᠬᠢᠭᠤᠯᠬᠤ︾ ᠠᠵᠢᠯ ᠤᠨ ᠵᠤᠬᠢᠴᠠᠮᠵᠢ ᠳᠤ ᠲᠦᠰᠢᠭᠯᠡᠵᠤ᠂ ᠨᠤᠮ ᠤᠩᠰᠢᠨ ᠰᠤᠯᠢᠯᠴᠠᠬᠤ᠂ ᠲᠤᠭᠤᠷᠢᠨ ᠪᠠᠶᠢᠴᠠᠭᠠᠯᠳᠠ ᠪᠠᠶᠢᠴᠠᠭᠠᠨ ᠰᠤᠳᠤᠯᠤᠯᠳᠠ᠂ ᠤᠨᠤᠯ | ᠰᠤᠳᠤᠯᠤᠨ ᠶᠠᠷᠢᠯᠴᠠᠬᠤ ᠵᠠᠷᠬᠡ ᠠᠵᠢᠯᠯᠠᠭ᠎ᠠ ᠶᠢ ᠲᠤᠭᠳᠠᠮᠠᠯ ᠬᠤᠭᠤᠴᠠᠭ᠎ᠠ ᠲᠠᠢ ᠦᠷᠨᠢᠬᠦᠯᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠠᠵᠢᠯᠯᠠᠭ᠎ᠠ ᠨᠡᠩ | ᠦᠷᠨᠢᠩᠬᠦᠢ᠂ ᠨᠡᠩ ᠡᠮᠬᠢ ᠴᠡᠭᠴᠠ ᠲᠠᠢ᠂ ᠨᠡᠩ ᠬᠦᠨᠵᠡᠬᠡᠢ ᠪᠠᠶᠢᠬᠤ ᠶᠢ ᠲᠠᠶᠢᠴᠢᠯᠠᠨ᠎ᠠ᠃ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠂ ᠨᠠᠮ ᠤᠨ ᠪᠠᠶᠢᠭᠤᠯᠤᠯᠳᠠ᠂ ᠦᠵᠠᠯ ᠤᠬᠠᠮᠰᠠᠷ ᠤᠨ ᠬᠡᠯᠪᠡᠷᠢᠯ᠂ ᠨᠢᠬᠡᠳᠤᠮᠠᠯ ᠹᠷᠤᠨᠲ ᠤᠨ ᠠᠵᠢᠯ ᠢ ᠦᠷᠬᠦᠯᠵᠢᠯᠠᠨ | ᠰᠠᠶᠢᠳᠤᠷ ᠠᠳᠬᠤᠨ᠎ᠠ᠃ ᠨᠠᠮ ᠤᠨ ᠰᠤᠷᠳᠠᠯ ᠴᠢᠬᠡᠴᠢ ᠵᠠᠰᠠᠭ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠲᠦᠪ ᠬᠤᠷᠢᠶᠠᠨ ᠤ ᠨᠠᠢᠮᠠᠨ ᠵᠤᠷᠪᠤᠰ | ᠲᠤᠭᠳᠠᠭᠠᠯ ᠵᠢᠴᠢ ᠲᠠᠬᠦᠨ ᠤ ᠬᠡᠷᠡᠭᠵᠢᠬᠦᠯᠥᠯᠳᠠ ᠶᠢᠨ ᠨᠠᠷᠢᠨ ᠵᠤᠷᠪᠤᠰ ᠤᠨ ᠵᠤᠷᠢᠭ ᠰᠠᠨᠠᠭ᠎ᠠ ᠶᠢ ᠴᠢᠩᠭ᠎ᠠ ᠬᠡᠷᠡᠭᠵᠢᠬᠦᠯᠵᠤ᠂ ᠤᠯᠤᠰ ᠲᠦᠷᠦ ᠶᠢᠨ ᠵᠦᠪᠯᠠᠯᠬᠡᠨ ᠤ | ᠬᠡᠰᠢᠬᠦᠳ ᠪᠠ ᠠᠯᠪᠠᠨ ᠪᠠᠶᠢᠭᠤᠯᠭ᠎ᠠ ᠶᠢᠨ ᠺᠠᠳ᠋ᠷ ᠤᠨ ︽ᠰᠠᠬᠢᠯᠭ᠎ᠠ ᠪᠠᠳᠤ ᠶᠢ ᠵᠢᠷᠤᠮᠯᠠᠬᠤ᠂ ᠶᠤᠰᠤ ᠲᠦᠷᠢᠮ ᠢ ᠡᠷᠬᠢᠮᠯᠠᠬᠦ᠂ ᠮᠤᠷᠠᠯ ᠰᠤᠷᠳᠠᠯ ᠢ ᠲᠠᠬᠡᠳᠤᠯᠠᠬᠦ︾ ᠪᠠᠶ᠎ᠠ | ᠪᠠᠨ ᠪᠠᠷᠢᠬᠤ ᠤᠬᠠᠮᠰᠠᠷ ᠢ ᠲᠡᠬᠡᠭᠰᠢᠯᠠᠬᠦᠯᠥᠨᠠ᠃ ︽ᠪᠢᠴᠢᠭ ᠤᠨ ᠰᠤᠷᠪᠤᠯᠵᠢᠳᠤ ᠤᠯᠤᠰ ᠲᠦᠷᠦ ᠶᠢᠨ ᠵᠦᠪᠯᠠᠯᠬᠡᠨ︾ ᠤ ᠪᠦᠳᠦᠬᠡᠨ ᠪᠠᠶᠢᠭᠤᠯᠤᠯᠳᠠ ᠠᠴᠠ | ᠭᠠᠷᠳᠠᠵᠤ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ ᠢᠯᠠᠬᠦᠬᠡᠨ ᠨᠤᠮ ᠤᠩᠰᠢᠬᠤ᠂ ᠰᠠᠶᠢᠨ ᠨᠤᠮ ᠤᠩᠰᠢᠬᠤ ᠶᠢ ᠵᠤᠷᠢᠭᠵᠢᠭᠤᠯᠤᠨ᠂ ᠠᠵᠢᠯ ᠦᠢᠯᠠᠰ ᠬᠢᠵᠤ᠂ | ᠲᠠᠷᠢᠬᠦᠨ ᠢ ᠨᠢ ᠲᠠᠮᠠᠴᠠᠵᠤ᠂ ᠤᠯᠤᠰ ᠲᠦᠷᠦ ᠶᠢᠨ ᠵᠦᠪᠯᠠᠯᠬᠡᠨ ᠤ ᠠᠵᠢᠯ ᠢ ᠨᠡᠩ ᠯᠠᠪᠳᠠᠭᠤᠨ ᠪᠦᠳᠦᠮᠵᠢᠳᠠᠢ᠂ ᠨᠡᠩ ᠦᠪᠠᠷᠮᠢᠴᠠ ᠤᠨᠴᠠᠯᠢᠭ ᠲᠠᠢ ᠪᠤᠯᠭᠠᠨ᠎ᠠ᠃ | ᠬᠡᠰᠢᠬᠦᠳ ᠡ᠂ ᠰᠢᠨ᠎ᠠ ᠡᠬᠢᠯᠠᠯᠳᠠ ᠨᠢ ᠠᠷᠠᠳ ᠤᠨ ᠤᠯᠤᠰ ᠲᠦᠷᠦ ᠶᠢᠨ ᠵᠦᠪᠯᠠᠯᠬᠡᠨ ᠳᠤ ᠰᠢᠨ᠎ᠠ ᠡᠬᠦᠷᠬᠡ ᠬᠠᠷᠢᠭᠤᠴᠠᠯᠭ᠎ᠠ ᠤᠯᠭᠤᠪᠠ᠂ ᠰᠢᠨ᠎ᠠ ᠠᠶᠠᠨ | ᠵᠠᠮ ᠨᠢ ᠤᠯᠤᠰ ᠲᠦᠷᠦ ᠶᠢᠨ ᠵᠦᠪᠯᠠᠯᠬᠡᠨ ᠤ ᠬᠡᠰᠢᠬᠦᠳ ᠤᠨ ᠰᠢᠨ᠎ᠠ ᠪᠦᠳᠦᠮᠵᠢ ᠭᠠᠷᠭᠠᠬᠤ ᠶᠢ ᠬᠦᠰᠠᠨ ᠱᠠᠭᠠᠷᠳᠠᠵᠤ ᠪᠤᠢ᠃ ᠪᠢᠳᠠ ᠰᠢ ᠶᠢᠨ ᠫᠢᠩ ᠨᠦᠬᠦᠷ ᠢᠶᠠᠷ | ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠠᠩ ᠢᠯᠡᠭᠦᠤ ᠨᠢᠬᠳᠠᠷᠠᠨ ᠪᠦᠯᠬᠦᠮᠳᠠᠵᠤ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ | ᠤᠳᠤᠷᠢᠳᠤᠯᠭ᠎ᠠ ᠲᠤᠤᠷ᠎ᠠ᠂ ᠪᠦᠯᠭᠦᠮᠳᠠᠯ ᠠᠷᠠᠳᠴᠢᠯᠠᠯ ᠤᠨ ᠲᠤᠭ ᠢ ᠦᠨᠳᠤᠷ ᠮᠠᠨᠳᠤᠭᠤᠯᠤᠨ᠂ ᠦᠨᠡᠨᠴᠢ ᠪᠠᠷ ᠬᠠᠨᠳᠤᠬᠤ ᠭᠦᠭ ᠪᠠᠶᠢᠳᠠᠯ ᠢ ᠡᠭᠦᠳᠴᠦ᠂ ᠡᠯ᠎ᠡ | ᠦᠨᠳᠤᠰᠤᠳᠠᠨ ᠡᠯ᠎ᠠ ᠡᠳᠡᠭᠡᠳ ᠤᠨ ᠭᠡᠰᠢᠭᠦᠳ ᠲᠠᠢ ᠬᠠᠮᠳᠤᠪᠠᠷ ᠰᠢᠷᠭᠠᠭᠤ ᠬᠠᠳᠠᠭᠤᠵᠢᠯᠳᠠᠢ ᠠᠵᠢᠯᠯᠠᠵᠤ᠂ ᠵᠤᠷᠢᠭᠳᠠᠢ ᠪᠠᠷ ᠤᠷᠤᠭᠰᠢᠯᠠᠨ᠂ ᠬᠠᠩᠬᠢᠨ ᠤ ︽ | ᠬᠦᠭᠵᠢᠯᠳᠠ ᠶᠢ ᠬᠦᠴᠦ ᠲᠠᠯᠪᠢᠨ ᠰᠦᠪᠡᠭᠴᠢᠯᠠᠵᠤ᠂ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠬᠦ︾᠂ ᠤᠳᠤᠬᠢᠴᠢᠯᠠᠭᠰᠠᠨ | ᠪᠦᠳᠦᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠬᠤ ᠳᠤ ᠨᠡᠩ ᠶᠡᠭᠡ ᠬᠤᠪᠢ ᠨᠠᠮᠠᠷᠢ ᠪᠠᠨ ᠦᠵᠠᠬᠦᠯᠵᠤ᠂ ᠬᠠᠩᠬᠢᠨ ᠨᠤᠳᠤᠭ ᠤᠨ ᠬᠠᠯᠠᠭᠤᠨ ᠡᠯᠢᠬᠡᠨ ᠳᠤ ᠨᠡᠩ | ᠶᠡᠭᠡ ᠵᠦᠪ ᠡᠨᠧᠷᠬᠢ ᠶᠢ ᠬᠤᠷᠠᠮᠳᠤᠭᠤᠯᠤᠨ᠂ ᠬᠠᠮᠤᠭ ᠶᠡᠭᠡ ᠬᠤᠷᠢᠶᠠᠭᠴᠢ ᠲᠤᠭ᠎ᠠ ᠶᠢ ᠤᠯᠵᠤ᠂ ᠨᠡᠩ ᠭᠤᠶᠤ ᠢᠵᠢᠯ ᠲᠦᠪᠳᠤ ᠲᠤᠭᠤᠷᠢᠭ ᠢ ᠵᠢᠷᠤᠭᠯᠠᠵᠠᠭᠠᠶᠠ︕ | | |