ᠪᠣᠭ ᠮᠠᠯ ᠬᠤᠤᠷᠲᠤ ᠡᠪᠡᠰᠦᠨ ᠳᠤ ᠬᠤᠤᠷᠳᠠᠪᠠᠯ ᠶᠠᠭᠠᠬᠢᠬᠤ ᠪᠤᠢ
ᠨᠡᠶᠢᠲᠡᠯᠡᠭᠰᠡᠨ ᠴᠠᠭ᠄
2023/4/6
      ᠬᠤᠨᠢ ᠢᠮᠠᠭ᠎ᠠ ᠭᠤᠤᠯ ᠤᠨ ᠬᠤᠤᠷ᠂ ᠭᠤᠯᠭᠤᠢ ᠬᠤᠸᠠᠷ᠂ ᠳᠠᠯᠠᠨ ᠲᠦᠷᠦᠭᠦᠦ ᠵᠡᠷᠭᠡ ᠬᠤᠤᠷᠲᠠᠢ ᠡᠪᠡᠰᠦ ᠠᠳᠡᠭᠦᠷᠡᠵᠦ ᠢᠳᠡᠭᠡᠳ ᠠᠮᠠᠷᠬᠠᠨ ᠬᠤᠤᠷᠳᠠᠳᠠᠭ᠃ ᠬᠤᠤᠷᠳᠠᠭᠰᠠᠨ ᠤ ᠳᠠᠷᠠᠭ᠎ᠠ ᠲᠤᠯᠤᠭᠠᠢ ᠤᠨᠵᠢᠢᠯᠭᠠᠬᠤ᠂ ᠰᠢᠳᠦ ᠬᠠᠪᠢᠷᠠᠬᠤ᠂ ᠲᠤᠯᠤᠭᠠᠢ ᠳᠠᠮᠠᠷᠣᠳᠠᠵᠤ ᠡᠷᠭᠢᠯᠳᠦᠬᠦ᠂ ᠠᠮᠠᠨ ᠠᠴᠠ ᠨᠢ ᠴᠢᠰᠤ ᠲᠠᠢ ᠬᠦᠭᠡᠰᠦ ᠴᠤᠪᠤᠷᠠᠬᠤ᠂ ᠰᠠᠯᠢᠰᠤᠲᠤ ᠪᠦᠷᠬᠦᠪᠴᠢ ᠨᠢ ᠴᠢᠰᠤ ᠬᠠᠷᠪᠤᠬᠤ᠂ ᠠᠮᠢᠰᠬᠤᠯ ᠨᠢ ᠲᠦᠷᠭᠡᠰᠬᠦ᠂ ᠴᠡᠴᠡᠬᠡᠢ ᠪᠣᠯᠣᠨ ᠪᠣᠯᠴᠢᠩ ᠮᠢᠬ᠎ᠠ ᠨᠢ ᠮᠢᠨᠴᠦᠷᠡᠵᠦ ᠵᠣᠭᠰᠤᠵᠤ ᠴᠢᠳᠠᠬᠤ ᠦᠭᠡᠢ ᠵᠡᠷᠭᠡ ᠰᠢᠨᠵᠢ ᠲᠡᠮᠳᠡᠭ ᠢᠯᠡᠷᠡᠬᠦ ᠪᠣᠶᠣ ᠬᠡᠪᠲᠡᠭᠡ ᠪᠠᠷ ᠢᠶᠠᠨ ᠦᠬᠦᠳᠡᠭ᠃     ᠵᠠᠰᠠᠬᠤ ᠠᠷᠭ᠎ᠠ᠄      1. ᠬᠦᠩᠭᠡᠨ ᠬᠤᠤᠷᠳᠠᠭᠰᠠᠨ ᠳᠤᠨᠢ ᠳᠠᠪᠤᠰᠤᠲᠠᠢ ᠤᠰᠤ ᠣᠣᠭᠤᠯᠭᠠᠬᠤ ᠪᠣᠶᠣ ᠨᠤᠭᠤᠭᠠᠨ ᠪᠤᠷᠴᠠᠭ ᠤᠨ ᠰᠦᠮᠦᠰᠦ ᠴᠢᠳᠬᠤᠵᠤ ᠦᠭᠭᠦᠨ᠎ᠡ᠃ ᠲᠡᠷᠡᠴᠢᠯᠡᠨ ᠦᠨᠳᠡᠭᠡᠨ ᠴᠠᠭᠠᠨ ᠪᠣᠶᠣ ᠰᠢᠬᠢᠷ ᠡᠪᠡᠰᠦᠨ ᠤ ᠰᠢᠭᠦᠰᠦ ᠶᠢ ᠦᠭᠪᠡᠯ ᠮᠦᠨ ᠬᠤᠤᠷ ᠲᠠᠶᠢᠯᠵᠣ ᠪᠣᠯᠣᠨ᠎ᠠ᠃     2. 0.1% ᠶᠢᠨ ᠳᠡᠭᠡᠳᠦ ᠮᠠᠩᠭᠠᠨ ᠬᠦᠴᠢᠯ ᠤᠨ ᠺᠠᠯᠢ ︵高锰酸钾︶ ᠶᠢᠨ ᠠᠭᠤᠰᠤᠮᠠᠯ ᠢᠶᠠᠷ ᠬᠤᠳᠤᠭᠤᠳᠤ ᠶᠢ ᠨᠢ ᠤᠬᠢᠶᠠᠨ᠎ᠠ᠃      3. ᠬᠦᠨᠳᠦ ᠬᠤᠤᠷᠳᠠᠭᠰᠠᠨ ᠪᠣᠯ 5ml 10% ᠶᠢᠨ ᠦᠵᠦᠮ ᠤᠨ ᠰᠢᠬᠢᠷ ᠤᠨ ᠬᠦᠴᠢᠯ ᠤᠨ ᠺᠠᠯᠢ ᠶᠢ ᠨᠠᠮᠵᠢᠭᠤᠨ ᠰᠤᠳᠠᠯ ᠳᠤᠨᠢ ᠲᠠᠷᠢᠨ᠎ᠠ᠃ ︵ᠢᠷᠡᠯᠲᠡ ᠄ ᠰᠠᠨ᠎ᠠ ᠶᠢᠨ ᠨᠠᠶᠢᠷᠠᠭᠤᠯᠤᠭᠰᠠᠨ ︽ᠮᠠᠯ ᠵᠢᠭᠦᠷᠲᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ ᠃︶    
ᠢᠷᠡᠯᠲᠡ᠄ ᠲᠤᠰ ᠰᠦᠯᠵᠢᠶ᠎ᠡ