— 2023 ᠣᠨ ᠤ 2 ᠰᠠᠷ᠎ᠠ ᠶᠢᠨ 1 ᠤ ᠡᠳᠦᠷ ᠬᠠᠩᠭᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠸᠧᠨ ᠮᠢᠩ | | | ᠲᠥᠯᠥᠭᠡᠯᠡᠭᠴᠢᠳ ᠡ᠄ | ᠤᠳᠤ ᠪᠢ ᠬᠠᠩᠭᠢᠨ ᠬᠤᠰᠢᠭᠤᠨ ᠤ ᠠᠷᠪᠠᠨ ᠨᠠᠶ᠋ᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠃ | ᠥᠩᠭᠡᠷᠡᠭᠰᠡᠨ ᠵᠢᠯ ᠤᠨ ᠠᠵᠢᠯ ᠤᠨ ᠡᠷᠭᠢᠴᠡᠭᠦᠯᠦᠯ | 2022 ᠣᠨ ᠳᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠤᠤᠷ᠎ᠠ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠬᠦᠢᠴᠡᠳᠬᠡᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠶ᠋ᠯ ᠤᠨ ᠠᠵᠢᠯ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠶᠢ ᠡᠭᠦᠳᠦᠨ᠂ ᠰᠢᠨ᠎ᠡ ᠳᠡᠭᠲᠡᠷ ᠲᠤ ᠭᠠᠷᠪᠠ᠃ ᠪᠦᠬᠦ | ᠵᠢᠯ ᠳᠤ ᠨᠡᠶᠢᠲᠡ 10 ᠤᠳᠠᠭᠠᠨ ᠤ ᠪᠠᠶᠢᠩᠭᠤ ᠶᠢᠨ ᠬᠤᠷᠠᠯ ᠪᠠ 13 ᠤᠳᠠᠭᠠᠨ ᠤ ᠡᠷᠬᠢᠯᠡᠭᠴᠢᠳ ᠤᠨ ᠬᠤᠷᠠᠯ ᠢ ᠬᠤᠷᠠᠯᠳᠤᠭᠤᠯᠵᠤ᠂ ︽ᠨᠢᠭᠡ ᠵᠠᠰᠠᠭ᠂ ᠬᠤᠶᠠᠷ | ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠶᠢ 16 ᠤᠳᠠᠭ᠎ᠠ ᠰᠣᠨᠣᠰᠤᠨ ᠬᠢᠨᠠᠨ ᠵᠦᠪᠯᠡᠭᠰᠡᠨ ᠪᠦᠭᠡᠳ 38 ᠵᠦᠢᠯ ᠤᠨ ᠰᠢᠢᠳᠪᠦᠷᠢ ᠲᠣᠭᠲᠠᠭᠠᠯ ᠭᠠᠷᠭᠠᠵᠤ᠂ | ᠪᠠᠶᠢᠴᠠᠭᠠᠨ ᠦᠵᠡᠵᠦ ᠰᠤᠳᠤᠯᠤᠯᠲᠠ ᠬᠢᠬᠦ᠂ ᠬᠠᠤᠯᠢ ᠬᠡᠷᠡᠭᠵᠢᠭᠦᠯᠦᠯᠲᠡ ᠶᠢ ᠬᠢᠨᠠᠨ᠂ 40 ᠤᠳᠠᠭᠠᠨ ᠤ ᠦᠨᠡᠯᠡᠯᠲᠡ ᠬᠢᠬᠦ ᠠᠵᠢᠯ ᠢ ᠦᠷᠨᠢᠭᠦᠯᠵᠦ᠂ ᠲᠦᠷᠦ ᠶᠢᠨ | ᠪᠠᠶᠢᠭᠤᠯᠭ᠎ᠠ ᠶᠢᠨ ᠠᠵᠢᠯᠲᠠᠨ ᠢ 110 ᠬᠥᠮᠦᠨ ︵ᠤᠳᠠᠭ᠎ᠠ︶ ᠲᠤᠰᠢᠶᠠᠯ ᠳᠤ ᠲᠣᠮᠢᠯᠠᠵᠤ ᠪᠠᠭᠤᠯᠭᠠᠨ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠪᠡ᠃ | ᠨᠢᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠡᠨᠴᠢ ᠰᠢᠳᠤᠷᠭᠤ ᠤᠯᠤᠰ ᠲᠦᠷᠦ ᠶᠢᠨ ᠬᠠᠷᠢᠭᠤᠴᠠᠯᠭ᠎ᠠ ᠲᠠᠢ ᠪᠠᠶᠢᠬᠤ ᠶᠢ | ᠢᠯᠡᠷᠡᠭᠦᠯᠪᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ | ᠪᠠᠷᠢᠮᠲᠠᠯᠠᠨ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠥᠬᠦ ᠶᠠᠪᠤᠴᠠ ᠪᠠ ᠪᠦᠬᠦ | ᠲᠠᠯ᠎ᠠ ᠳᠤ ᠲᠤᠤᠱᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠲᠥᠷᠥᠯ ᠤᠨ ᠠᠵᠢᠯ ᠢᠶᠠᠨ ᠴᠠᠭ ᠢᠮᠠᠭᠲᠠ | ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ ᠪᠠᠶᠢᠯᠭᠠᠨ᠂ ᠬᠠᠤᠯᠢ ᠶᠤᠰᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠤᠨ᠂ ᠦᠨᠡᠨᠬᠦ | ᠤᠯᠤᠰ ᠲᠥᠷᠥ ᠶᠢ ᠡᠷᠬᠢᠮᠯᠡᠵᠦ ᠶᠡᠭᠡ ᠲᠠᠯ᠎ᠠ ᠶᠢ ᠪᠤᠳᠤᠯᠬᠢᠯᠠᠪᠠ᠃ | ᠣᠨᠣᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠴᠢᠩᠭᠠᠳᠬᠠᠪᠠ᠃ ᠡᠩ ᠲᠡᠷᠢᠭᠦᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠠ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠤᠤᠯ ᠰᠡᠳᠦᠪ ᠲᠡᠭᠡᠨ ᠤᠯᠠᠮᠵᠢᠯᠠᠨ | ᠲᠤᠤᠱᠯᠠᠭᠤᠯᠬᠤ ᠶᠢ ᠪᠠᠷᠢᠮᠲᠠᠯᠠᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠤᠯᠤᠨ ᠬᠤᠲᠠ ᠶᠢᠨ ᠨᠠᠮ ᠤᠨ ᠬᠤᠷᠢᠶ᠎ᠠ᠂ | ᠬᠤᠰᠢᠭᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠪᠠ᠃ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠪᠡ᠃ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠳᠤᠭᠤᠶᠢᠯᠠᠩ ᠤᠨ ᠬᠤᠷᠠᠯ ᠪᠠ ᠨᠠᠮ ᠤᠨ ᠬᠢᠴᠢᠶᠡᠯ ᠣᠷᠣᠬᠤ ᠵᠡᠷᠭᠡ ᠨᠠᠮ ᠤᠨ | ᠳᠤᠭᠤᠶᠢᠯᠠᠩ ᠤᠨ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠵᠢᠯ ᠳᠤ ᠪᠠᠶᠢᠩᠭᠤ ᠶᠢᠨ ᠬᠤᠷᠢᠶ᠎ᠠ ᠵᠢᠴᠢ ᠭᠤᠤᠯ ᠳᠤᠭᠤᠶᠢᠯᠠᠩ ᠤᠨ | ᠰᠤᠷᠤᠯᠴᠠᠯᠭ᠎ᠠ ᠶᠢ 15 ᠤᠳᠠᠭ᠎ᠠ ᠵᠣᠬᠢᠶᠠᠨ ᠪᠠᠶᠢᠭᠤᠯᠵᠤ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠢ ᠬᠤᠰᠢᠭᠤᠨ ᠤ ᠳᠣᠲᠣᠨ᠎ᠠ ᠭᠠᠳᠠᠨ᠎ᠠ ᠶᠢᠨ ᠪᠤᠯᠪᠠᠰᠤᠷᠠᠯ ᠳᠤ | ᠨᠡᠶᠢᠲᠡ 6 ᠪᠦᠯᠦᠭ 80 ᠬᠥᠮᠦᠨ ︵ᠤᠳᠠᠭ᠎ᠠ︶ ᠤᠴᠢᠭᠤᠯᠵᠤ ᠰᠤᠷᠤᠯᠴᠠᠭᠤᠯᠤᠨ ᠪᠠᠶᠢᠴᠠᠭᠠᠨ ᠰᠤᠳᠤᠯᠤᠯᠭ᠎ᠠ ᠬᠢᠯᠭᠡᠨ᠂ ᠺᠠᠲᠠᠷᠴᠤᠳ ᠤᠨ ᠡᠩᠨᠡᠭᠡᠨ ᠤ ᠤᠯᠤᠰ | ᠲᠥᠷᠥ ᠣᠨᠣᠯ ᠤᠨ ᠬᠢᠷᠢ ᠲᠦᠪᠰᠢᠨ ᠪᠠ ᠴᠢᠳᠠᠪᠤᠷᠢ ᠶᠢ ᠨᠢ ᠲᠡᠭᠡᠭᠰᠢᠯᠡᠭᠦᠯᠵᠦ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ᠂ ᠦᠨᠡᠨ ᠢ ᠢᠲᠡᠭᠡᠵᠦ ᠪᠠᠲᠤᠲᠠᠶ | ᠦᠶ᠋ᠯᠡᠳᠦᠯᠭᠡᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠭᠦᠯᠪᠡ᠃ ᠦᠵᠡᠯ ᠰᠠᠨᠠᠭᠠᠨ ᠤ ᠲᠠᠯ᠎ᠠ ᠪᠠᠷ᠂ ᠬᠤᠰᠢᠭᠤ ᠨᠠᠮ ᠤᠨ ᠬᠤᠷᠢᠶᠠᠨ ᠤ ᠭᠤᠤᠯ ᠵᠤᠷᠢᠯᠲᠠ ᠲᠠᠢ | ᠠᠯᠬᠤᠮ ᠢᠶᠠᠨ ᠨᠢᠭᠡᠳᠬᠡᠨ᠂ ᠠᠵᠢᠯ ᠤᠨ ᠲᠠᠯ᠎ᠠ ᠪᠠᠷ᠂ ᠨᠠᠮ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ᠂ ᠠᠵᠢᠯᠯᠠᠭ᠎ᠠ ᠶᠢᠨ | ᠲᠠᠯ᠎ᠠ ᠪᠠᠷ᠂ ᠨᠠᠮ ᠤᠨ ᠬᠤᠷᠢᠶᠠᠨ ᠤ ᠠᠯᠬᠤᠴᠠ ᠶᠢ ᠴᠢᠩᠭ᠎ᠠ ᠲᠠᠭᠠᠪᠠ᠃ ᠴᠢᠬᠤᠯᠠ ᠶᠡᠭᠡ ᠤᠴᠢᠷ ᠶᠠᠪᠤᠳᠠᠯ᠂ ᠭᠤᠤᠯᠳᠠᠯᠭ᠎ᠠ ᠲᠠᠢ ᠠᠵᠢᠯ᠂ ᠴᠢᠬᠤᠯᠠ ᠬᠤᠷᠠᠯ | ᠪᠤᠯᠤᠨ ᠴᠢᠬᠤᠯᠠ ᠠᠵᠢᠯᠯᠠᠭ᠎ᠠ ᠪᠠᠨ ᠴᠠᠭ ᠳᠠᠷᠤᠢ ᠳᠤᠨᠢ ᠬᠤᠰᠢᠭᠤ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠲᠦᠷᠢᠮ ᠢ ᠨᠠᠷᠢᠨ ᠬᠢᠨᠠᠮᠠᠭᠠᠶ | ᠬᠡᠷᠡᠭᠵᠢᠭᠦᠯᠪᠡ᠃ ᠬᠤᠰᠢᠭᠤ ᠨᠠᠮ ᠤᠨ ᠬᠤᠷᠢᠶ᠎ᠠ ᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠠᠬᠠᠶᠢᠯᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠬᠤᠷᠠᠯ ᠢ | ᠬᠤᠷᠠᠯᠳᠤᠭᠤᠯᠵᠤ᠂ ︽ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠤᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ | ᠬᠤᠷᠠᠯ ᠤᠨ ᠵᠣᠷᠢᠭ ᠰᠠᠨᠠᠭᠠᠨ ᠤ ᠭᠤᠤᠯᠳᠠᠯᠭᠠᠲᠤ ᠡᠭᠦᠷᠭᠡ ᠶᠢ ᠲᠤᠱᠯᠠᠭᠤᠯᠤᠨ ᠨᠠᠶᠢᠳᠠᠪᠤᠷᠢᠵᠢᠭᠤᠯᠬᠤ ᠲᠥᠰᠦᠯ︾ ᠭᠠᠷᠭᠠᠨ᠂ ᠪᠠᠶᠢᠩᠭᠤ ᠶᠢᠨ ᠬᠤᠷᠢᠶᠠᠨ ᠤ ᠨᠠᠮ ᠤᠨ | ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠶᠢᠴᠠᠭᠠᠨ ᠰᠤᠳᠤᠯᠤᠯᠲᠠ ᠬᠢᠨ᠂ ᠨᠠᠮ ᠤᠨ ᠬᠤᠷᠢᠶᠠᠨ ᠤ ᠱᠦᠵᠢ ᠪᠠᠰᠠ ᠲᠤᠰᠠᠬᠠᠶᠢᠯᠠᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠪᠠᠶᠢᠭᠤᠯᠭ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠨ ᠵᠢᠭᠠᠨ ᠵᠢᠯᠣᠭᠤᠳᠴᠤ᠂ ᠠᠯᠪᠠᠨ | ᠪᠠᠶᠢᠭᠤᠯᠭ᠎ᠠ ᠶᠢᠨ ᠺᠠᠲᠠᠷᠴᠤᠳ ᠲᠠᠢ ᠶᠠᠷᠢᠯᠴᠠᠨ ᠲᠡᠳᠡᠨ ᠤ ᠪᠤᠳᠤᠯ ᠰᠠᠨᠠᠯ ᠢ ᠤᠶᠢᠯᠠᠭᠠᠨ ᠠᠵᠢᠯ ᠬᠢᠬᠦ ᠢᠳᠡᠪᠬᠢᠵᠢᠯ ᠢ ᠨᠢ ᠤᠷᠮᠠᠰᠢᠭᠤᠯᠤᠨ ᠪᠠᠳᠠᠷᠠᠭᠤᠯᠵᠤ᠂ ᠡᠭᠦᠷᠭᠡ | ᠲᠤᠰᠢᠶᠠᠯ ᠢᠶᠠᠨ ᠭᠦᠶ᠋ᠴᠡᠳᠬᠡᠬᠦ ᠳᠤᠨᠢ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠪᠠ᠃ | ᠤᠷᠢᠶᠠᠯᠠᠭ᠎ᠠ ᠶᠢ ᠢᠳᠡᠪᠬᠢᠲᠡᠶ ᠳᠠᠭᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ᠂ ᠪᠥᠬᠦ ᠤᠯᠤᠰ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ | ᠭᠤᠤᠯᠳᠠᠯᠭ᠎ᠠ ᠲᠠᠢ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠺᠠᠳ᠋ᠷ ᠠᠵᠢᠯᠲᠠᠨ ᠪᠦᠬᠦᠨ ᠬᠠᠷᠢᠭᠤᠴᠠᠯᠭ᠎ᠠ ᠶᠢᠨ ᠲᠣᠭᠤᠷᠢᠭ ᠲᠤ ᠭᠦᠨᠵᠡᠭᠡᠶᠢᠷᠡᠨ᠂ | ᠳᠠᠭᠠᠭᠠᠴᠢᠯᠠᠨ ᠬᠠᠷᠢᠯᠴᠠᠵᠤ ᠪᠠᠶᠢᠭ᠎ᠠ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠥᠷᠨᠢᠭᠦᠯᠵᠦ᠂ ᠺᠠᠳ᠋ᠷ | ᠠᠵᠢᠯᠲᠠᠨ ᠨᠢᠭᠡᠪᠦᠷᠢ ᠪᠣᠯᠪᠠᠰᠤᠨ ᠵᠠᠮ ᠬᠠᠷᠢᠯᠴᠠᠭᠠᠨ ᠤ ᠬᠢᠨᠠᠨ ᠵᠢᠯᠣᠭᠤᠳᠬᠤ ᠰᠠᠶᠢᠨ ᠳᠤᠷ᠎ᠠ ᠶᠢᠨ ᠦᠶ᠋ᠯᠡᠴᠢᠯᠡᠭᠡ ᠳᠤ ᠣᠷᠣᠯᠴᠠᠪᠠ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠺᠠᠳ᠋ᠷ ᠠᠵᠢᠯᠲᠠᠳ 4 ᠭᠤᠣᠯᠳᠠᠯᠭ᠎ᠠ ᠲᠠᠢ ᠲᠤᠰᠠᠭᠠᠷᠯᠠᠬᠤ ᠴᠡᠭ ᠪᠣᠯᠤᠨ ᠰᠢᠨᠬᠤᠸᠠ ᠰᠠᠭᠤᠭᠠᠯᠢ | ᠲᠤᠭᠤᠷᠢᠭ᠂ ᠦᠨᠳᠦᠰᠦᠲᠡᠨ ᠤ ᠪᠠᠭ᠎ᠠ ᠲᠣᠭᠤᠷᠢᠭ ᠤᠨ ᠬᠢᠵᠢᠭ ᠤᠨ ᠪᠠᠶᠢᠳᠠᠯ ᠤᠨ ᠡᠮᠦᠨ᠎ᠡ ᠹᠷᠣᠨᠲ ᠲᠤ ᠬᠢᠵᠢᠭ ᠲᠠᠢ ᠲᠡᠮᠡᠴᠡᠬᠦ ᠠᠵᠢᠯ ᠥᠷᠨᠢᠭᠦᠯᠵᠦ᠂ ᠡᠯ᠎ᠡ | ᠵᠦᠢᠯ ᠤᠨ ᠠᠵᠢᠯ ᠤᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠡᠯ᠎ᠡ | ᠵᠦᠶ᠋ᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠨ᠂ ᠰᠢᠨ᠎ᠡ ᠪᠠᠶᠢᠳᠠᠯ ᠳᠤᠤᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ | ᠠᠮᠢᠳᠤᠷᠠᠯ ᠤᠨ ᠪᠠᠷᠢᠮᠵᠢᠶ᠎ᠠ ᠪᠣᠯᠤᠨ ᠨᠠᠮ ᠤᠨ ᠳᠤᠭᠤᠶᠢᠯᠠᠩ ᠤᠨ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠪᠡ᠃ ᠨᠠᠮ ᠤᠨ ᠲᠥᠪ ᠬᠤᠷᠢᠶᠠᠨ ᠤ ᠨᠠᠢᠮᠠᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠡᠷᠡᠰ ᠵᠠᠯᠠᠷᠠᠭᠤᠯᠪᠠ᠃ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠪᠡᠶᠡᠯᠡᠭᠦᠯᠦᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ | ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠨ᠂ ᠨᠠᠮ ᠤᠨ ᠰᠤᠷᠲᠠᠯ ᠴᠢᠬᠡᠴᠢ ᠵᠠᠰᠠᠭ ᠪᠣᠯᠤᠨ ᠦᠵᠡᠯ | ᠤᠬᠠᠮᠰᠠᠷ ᠤᠨ ᠬᠡᠯᠪᠡᠷᠢ ᠵᠡᠷᠭᠡ ᠠᠵᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠬᠠᠶᠢᠯᠠᠭᠰᠠᠨ ᠠᠵᠢᠯ ᠲᠠᠢ ᠵᠡᠷᠭᠡᠪᠡᠷ | ᠪᠠᠶᠢᠷᠢᠯᠠᠭᠤᠯᠵᠤ᠂ ᠵᠡᠷᠭᠡᠪᠡᠷ ᠠᠬᠢᠭᠤᠯᠤᠨ᠂ ᠵᠡᠷᠭᠡᠪᠡᠷ ᠨᠠᠶᠢᠳᠠᠪᠤᠷᠢᠵᠢᠭᠤᠯᠪᠠ᠃ | ᠬᠤᠶᠠᠷ᠂ ᠭᠤᠤᠯᠳᠠᠯᠭᠠᠲᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ᠬᠢᠨᠠᠯᠲᠠ ᠲᠠᠯᠪᠢᠬᠤ ᠦᠷ᠎ᠡ ᠪᠦᠲᠦᠮᠵᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠪᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ᠂ ᠬᠤᠰᠢᠭᠤ ᠨᠠᠮ ᠤᠨ ᠬᠤᠷᠢᠶᠠᠨ ᠤ ᠬᠥᠭᠵᠢᠯᠲᠡ ᠶᠢᠨ | ᠲᠣᠭᠤᠷᠢᠨ ᠳᠤ᠂ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠲᠠᠶᠢᠯᠠᠯᠳᠤᠭᠠᠨ ᠤ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠵᠦ᠂ ᠬᠢᠨᠠᠯᠲᠠ ᠶᠢᠨ ᠳᠤᠮᠳᠠ | ᠳᠡᠮᠵᠢᠯᠭᠡ ᠦᠵᠡᠭᠦᠯᠬᠦ ᠶᠢ ᠪᠠᠷᠢᠮᠲᠠᠯᠠᠨ᠂ ᠵᠥᠪ ᠣᠨᠣᠪᠴᠢᠲᠠᠶ ᠪᠦᠲᠦᠮᠵᠢᠲᠡᠶ ᠪᠠᠷ᠂ ᠬᠠᠤᠯᠢ ᠶᠤᠰᠤᠨ ᠤ ᠬᠢᠨᠠᠯᠲᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ | ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠦᠬᠦ ᠬᠦᠴᠦᠨ ᠪᠠᠷ ᠢᠶᠠᠨ ᠴᠢᠷᠮᠠᠶᠢᠪᠠ᠃ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠠᠮᠠᠷᠢᠯᠡᠪᠡ᠃ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ᠂ ᠬᠤᠰᠢᠭᠤ ᠵᠠᠰᠠᠭ ᠤᠨ ᠣᠷᠳᠣᠨ ᠤ | ᠣᠷᠴᠢᠨ ᠠᠬᠤᠶ ᠶᠢᠨ ᠪᠠᠶᠢᠳᠠᠯ ᠪᠠ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠪᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠬᠢᠯᠲᠠ ᠵᠡᠷᠭᠡ 3 ᠲᠤᠰᠬᠠᠶ ᠮᠡᠳᠡᠭᠦᠯᠦᠯᠲᠡ ᠶᠢ | ᠰᠣᠨᠣᠰᠴᠤ ᠬᠢᠨᠠᠨ ᠵᠦᠪᠯᠡᠪᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ | ᠮᠦᠩᠭᠦᠨ ᠤ ᠬᠡᠷᠡᠭᠯᠡᠯᠲᠡ ᠶᠢᠨ ᠪᠠᠶᠢᠳᠠᠯ ᠢ ᠮᠥᠷᠳᠡᠨ ᠪᠠᠶᠢᠴᠠᠭᠠᠵᠤ ᠬᠢᠨᠠᠯᠲᠠ ᠲᠠᠯᠪᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠲᠠᠢ ᠨᠢᠭᠲᠠ ᠬᠠᠮᠵᠢᠯᠴᠠᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠪᠠᠶᠢᠳᠠᠯ ᠳᠤ 2 ᠤᠳᠠᠭᠠᠨ ᠤ ᠪᠠᠶᠢᠴᠠᠭᠠᠨ ᠰᠤᠳᠤᠯᠤᠯᠲᠠ ᠬᠢᠨ᠂ ᠵᠠᠰᠠᠭ ᠤᠨ ᠣᠷᠳᠣᠨ ᠤ ᠲᠥᠰᠦᠪ ᠪᠠ ᠲᠥᠰᠦᠪ ᠤᠨ ᠭᠦᠶ᠋ᠴᠡᠳᠬᠡᠯ ᠢ | ᠬᠡᠷᠡᠭᠵᠢᠭᠦᠯᠦᠭᠰᠡᠨ ᠪᠠᠶᠢᠳᠠᠯ᠂ ᠲᠥᠯᠥᠪᠯᠡᠭᠡ᠂ ᠲᠣᠬᠢᠷᠠᠭᠤᠯᠤᠯᠲᠠ᠂ ᠤᠯᠤᠰ ᠤᠨ ᠦᠮᠴᠢᠯᠡᠯᠲᠦ ᠡᠳ᠋ ᠬᠥᠷᠥᠩᠭᠡ ᠪᠠ ᠥᠷᠢ ᠦᠭᠴᠡᠭᠡᠨ ᠤ ᠬᠠᠮᠢᠶᠠᠷᠤᠯᠲᠠ ᠶᠢᠨ | ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠪᠡ᠃ ᠬᠥᠭᠵᠢᠭᠦᠯᠦᠯᠲᠡ ᠥᠭᠡᠷᠡᠴᠢᠯᠡᠯᠲᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠵᠠᠰᠠᠭ ᠤᠨ | ᠣᠷᠳᠣᠨ ᠤ 4 ᠭᠤᠤᠯ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠡᠭᠦᠷᠭᠡ ᠲᠤᠰᠢᠶᠠᠯ ᠪᠠᠨ ᠭᠦᠢᠴᠡᠳᠬᠡᠭᠰᠡᠨ ᠪᠠᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠬᠦ ᠶᠢᠨ ᠬᠠᠮᠲᠤ᠂ ᠬᠠᠨᠤᠮᠵᠢ ᠶᠢᠨ ᠬᠡᠮᠵᠢᠶ᠎ᠡ ᠶᠢ ᠬᠢᠨᠠᠨ ᠲᠣᠭᠲᠠᠭᠠᠵᠤ᠂ ᠬᠢᠨᠠᠯᠲᠠ ᠲᠠᠯᠪᠢᠬᠤ ᠭᠦᠨᠴᠡ ᠪᠠ ᠪᠣᠳᠠᠲᠤ ᠦᠷ᠎ᠡ ᠪᠦᠲᠦᠮᠵᠢ ᠪᠠᠨ ᠲᠡᠭᠡᠭᠰᠢᠯᠡᠭᠦᠯᠪᠡ᠃ | ᠪᠠᠶᠢᠩᠭᠤ ᠶᠢᠨ ᠬᠤᠷᠢᠶᠠᠨ ᠤ ᠡᠷᠬᠢᠯᠡᠭᠴᠢᠳ ᠬᠠᠮᠲᠤ ᠪᠠᠷ᠂ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠤᠭᠰᠠᠨ ᠪᠠᠶᠢᠳᠠᠯ ᠪᠠ ᠡᠯ᠎ᠡ ᠰᠤᠮᠤ | ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠡᠨᠧᠷᠭᠢ ᠶᠢᠨ ᠠᠵᠤ ᠦᠶ᠋ᠯᠡᠰ ᠤᠨ | ᠬᠥᠭᠵᠢᠯᠲᠡ᠂ ᠰᠤᠷᠭᠠᠨ ᠬᠥᠮᠦᠵᠢᠯ ᠤᠨ ᠶᠠᠰᠤ ᠴᠢᠨᠠᠷ ᠤᠨ ᠳᠡᠭᠡᠭᠰᠢᠯᠡᠯᠲᠡ ᠪᠠ ᠨᠠᠰᠤᠵᠢᠯ ᠤᠨ ᠦᠶ᠋ᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ | ᠵᠡᠷᠭᠡ ᠳᠤ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠵᠤ᠂ 30 ᠬᠤᠪᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠢᠴᠢᠨ᠂ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ | ᠬᠠᠤᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠲᠦᠷᠭᠡᠳᠬᠡᠪᠡ᠃ ᠬᠤᠰᠢᠭᠤ ᠵᠠᠰᠠᠭ ᠤᠨ ᠣᠷᠳᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠤᠯᠢ︾ ᠵᠡᠷᠭᠡ 7 ᠬᠠᠤᠯᠢ ᠶᠢ ᠪᠤᠳᠠᠲᠠᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠪᠠ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠨᠢᠭᠲᠠ ᠬᠠᠮᠵᠢᠯᠴᠠᠨ ︽ᠣᠷᠳᠣᠰ ᠬᠤᠲᠠ ᠶᠢᠨ ᠬᠠᠳᠤᠨ ᠭᠤᠤᠯ ᠤᠨ ᠭᠤᠤᠯ ᠤᠨ ᠵᠠᠮ ᠤᠨ | ᠬᠠᠮᠢᠶᠠᠷᠤᠯᠲᠠ ᠶᠢᠨ ᠳᠦᠷᠢᠮ︾᠂ ︽ᠣᠷᠳᠣᠰ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ︾ ᠵᠡᠷᠭᠡ 3 ᠬᠠᠤᠯᠢ ᠲᠤᠭᠲᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠬᠠᠤᠯᠢ ᠲᠣᠭᠲᠠᠭᠠᠬᠤ | ᠠᠵᠢᠯ ᠳᠤ ᠯᠠᠪᠯᠠᠯᠲᠠ ᠰᠠᠨᠠᠯ ᠬᠠᠩᠭᠠᠪᠠ᠃ 12 ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠳᠤ 4 | ᠤᠳᠠᠭᠠᠨ ᠤ ᠪᠠᠶᠢᠴᠠᠭᠠᠨ ᠰᠤᠳᠤᠯᠤᠯᠲᠠ ᠬᠢᠬᠦ ᠶᠢ ᠵᠢᠭᠠᠨ ᠵᠢᠯᠣᠭᠤᠳᠴᠤ᠂ ︽ᠨᠢᠭᠡ ᠵᠠᠰᠠᠭ᠂ ᠨᠢᠭᠡ ᠵᠥᠪᠯᠡᠯ᠂ ᠬᠤᠶᠠᠷ ᠬᠤᠷᠢᠶ᠎ᠠ︾ ᠵᠢᠴᠢ ᠡᠯ᠎ᠡ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠲᠥᠪ ᠭᠤᠤᠯᠴᠢ ᠪᠠᠷ ᠬᠠᠤᠯᠢ ᠪᠠᠷᠢᠬᠤ ᠳᠤᠨᠢ ᠵᠦᠶ ᠵᠣᠬᠢᠰᠲᠠᠶ ᠰᠠᠨᠠᠯ ᠰᠠᠨᠠᠭᠤᠯᠭ᠎ᠠ | ᠳᠤᠷᠠᠳᠤᠭᠰᠠᠨ ᠪᠠᠶᠢᠨ᠎ᠠ᠃ ᠰᠢᠨ᠎ᠡ ᠪᠠᠷ ᠲᠤᠰᠢᠶᠠᠯ ᠡᠭᠦᠷᠭᠡᠯᠡᠭᠰᠡᠨ ᠬᠥᠮᠦᠰ ᠤᠨ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠪᠤᠯᠤᠨ ᠲᠤᠰᠢᠶᠠᠯ ᠡᠭᠦᠷᠭᠡᠯᠡᠬᠦ | ᠶᠠᠷᠢᠶ᠎ᠠ ᠶᠢ ᠨᠢ ᠵᠢᠯᠤᠭᠤᠳᠬᠤ ᠪᠠ ᠦᠨᠳᠦᠰᠦᠨ ᠬᠠᠤᠯᠢ ᠳᠤ ᠲᠠᠩᠭᠠᠷᠢᠭᠯᠠᠬᠤ ᠠᠵᠢᠯ ᠢ 9 ᠪᠦᠯᠦᠭ ︵ᠤᠳᠠᠭ᠎ᠠ︶ ᠵᠣᠬᠢᠶᠠᠨ ᠪᠠᠶᠢᠭᠤᠯᠵᠤ᠂ ᠬᠠᠤᠯᠢ ᠶᠣᠰᠣᠭᠠᠷ | ᠡᠭᠦᠷᠭᠡ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠪᠠ ᠬᠠᠷᠢᠭᠤᠴᠠᠯᠭ᠎ᠠ ᠶᠢ ᠨᠢ ᠴᠢᠩᠭᠠᠳᠬᠠᠪᠠ᠃ ᠬᠤᠰᠢᠭᠤ ᠵᠠᠰᠠᠭ ᠤᠨ ᠣᠷᠳᠣᠨ ᠤ᠂ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠬᠢᠨᠠᠨ ᠪᠠᠶᠢᠴᠠᠭᠠᠵᠤ ᠲᠠᠩᠰᠠᠯᠠᠭᠰᠠᠨ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ | ᠵᠠᠰᠠᠭ ᠤᠨ ᠣᠷᠳᠣᠨ ᠤ ︽ᠬᠠᠩᠭᠢᠨ ᠬᠤᠰᠢᠭᠤᠨ ᠤ ᠱᠠᠲᠤᠨ ᠤ ᠨᠥᠭᠡᠴᠡ ᠠᠮᠤ ᠪᠤᠳᠠᠭᠠᠨ ᠤ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠪᠠᠶᠢᠴᠠᠭᠠᠵᠤ᠂ 6 ᠬᠤᠪᠢ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠳᠢᠭᠯᠡᠪᠡ᠃ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶᠠᠨ ᠤ ᠬᠠᠤᠯᠢ ᠬᠡᠷᠡᠭᠵᠢᠭᠦᠯᠭᠦ ᠶᠠᠪᠤᠴᠠ | ᠲᠤᠮᠳᠡᠬᠢ ᠬᠦᠴᠢᠷᠲᠡᠢ ᠪᠠᠶᠢᠳᠠᠯ ᠢ ᠶᠡᠷᠦᠩᠬᠡᠶᠢᠯᠡᠨ ᠵᠠᠰᠠᠬᠤ ᠠᠵᠢᠯ ᠪᠤᠯᠤᠨ ᠨᠡᠶᠢᠲᠡ ᠶᠢᠨ ᠠᠰᠠᠷᠠᠮᠵᠢ ᠶᠢᠨ ᠵᠠᠷᠭᠤ ᠵᠠᠭᠠᠯᠳᠤᠯᠭ᠎ᠠ ᠶᠢᠨ ᠠᠵᠢᠯ ᠤᠨ ᠪᠠᠶᠢᠳᠠᠯ ᠤᠨ | ᠲᠤᠬᠠᠢ 2 ᠲᠤᠰᠬᠠᠢ ᠮᠡᠳᠡᠭᠦᠯᠦᠯᠲᠡ ᠶᠢ ᠰᠣᠨᠣᠰᠤᠨ ᠬᠢᠨᠠᠨ ᠵᠦᠪᠯᠡᠵᠦ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ ᠶᠢ | ᠠᠬᠢᠭᠤᠯᠪᠠ᠃ 6 ᠨᠡᠷᠡᠰ ᠣᠷᠣᠨ ᠲᠣᠭᠠᠨ ᠤ ᠰᠢᠭᠦᠬᠦ ᠲᠤᠰᠢᠶᠠᠯᠲᠠᠨ ᠪᠠ 2 ᠨᠡᠷ᠎ᠡ ᠣᠷᠣᠨ ᠲᠣᠭᠠᠨ ᠤ ᠪᠠᠶᠢᠴᠠᠭᠠᠬᠤ ᠲᠤᠰᠢᠶᠠᠯᠲᠠᠨ ᠢ ᠦᠨᠡᠯᠡᠨ ᠵᠦᠪᠯᠡᠵᠦ᠂ | ᠬᠠᠤᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠰᠢᠪᠠᠳᠠᠨ ᠱᠠᠭᠠᠷᠳᠠᠪᠠ᠃ 24 ᠨᠡᠷᠡᠰ ᠠᠷᠠᠳ ᠤᠨ ᠲᠦᠯᠦᠭᠡᠯᠡᠭᠴᠢ᠂ ᠬᠡᠷᠡᠭ | ᠵᠠᠷᠭᠤ ᠶᠢ ᠦᠨᠡᠯᠡᠨ ᠪᠠᠶᠢᠴᠠᠭᠠᠬᠤ᠂ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ᠂ ᠢᠯᠡ ᠪᠠᠷ ᠭᠡᠷᠡᠴᠢᠯᠡᠭᠡ ᠬᠢᠬᠦ ᠶᠢ ᠰᠣᠨᠣᠰᠬᠤ ᠵᠡᠷᠭᠡ ᠠᠵᠢᠯᠯᠠᠭ᠎ᠠ ᠳᠤ 12 | ᠤᠳᠠᠭ᠎ᠠ ᠤᠷᠤᠯᠴᠠᠨ᠂ ᠬᠠᠤᠯᠢ ᠪᠠᠷᠢᠬᠤ ᠠᠵᠢᠯ ᠤᠨ ᠢᠯᠡ ᠲᠣᠳᠣ ᠲᠥᠪ ᠭᠤᠣᠯᠴᠢ ᠪᠠᠶᠢᠬᠤ ᠶᠢ ᠠᠬᠢᠭᠤᠯᠪᠠ᠃ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ | ᠨᠠᠷ ᠤᠨ ᠳᠠᠭᠠᠭᠠᠴᠢᠯᠠᠨ ᠬᠤᠯᠪᠣᠭᠠᠯᠠᠭᠰᠠᠨ 4 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠵᠣᠬᠢᠰᠲᠠᠢ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠪᠠ᠃ ᠤᠯᠤᠰ ᠤᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠡᠳᠦᠷ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠡᠳᠦᠷ ᠪᠤᠯᠤᠨ | ᠤᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ ᠠᠪᠬᠤ ᠡᠳᠦᠷ ᠤᠨ ᠲᠣᠬᠢᠶᠠᠯ ᠢ ᠠᠰᠢᠭᠯᠠᠨ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ | ᠰᠢᠷᠢᠰ ᠠᠵᠢᠯᠯᠠᠭ᠎ᠠ ᠶᠢ 8 ᠤᠳᠠᠭ᠎ᠠ ᠵᠣᠬᠢᠶᠠᠨ ᠪᠠᠶᠢᠭᠤᠯᠵᠤ ᠣᠷᠣᠯᠴᠠᠪᠠ᠃ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠬᠦᠷᠲᠡᠭᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠪᠠ᠃ ᠬᠤᠰᠢᠭᠤ ᠵᠠᠰᠠᠭ ᠤᠨ ᠣᠷᠳᠣᠨ ᠤ | ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶ᠋ᠯ ᠤᠨ ᠠᠬᠢᠴᠠ ᠶᠢᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠵᠠᠰᠠᠭ ᠤᠨ ᠣᠷᠳᠣᠨ ᠤ | 2021 ᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠰᠠᠯᠠᠭᠠᠨ ᠤ ᠪᠥᠲᠥᠭᠡᠨ ᠪᠠᠶᠢᠭᠤᠯᠤᠯᠲᠠ ᠪᠤᠯᠤᠨ ᠷᠠᠳᠢᠣ᠋ ᠲᠧᠯᠸᠢᠰ ᠢ ᠲᠣᠰᠬᠤᠨ | ᠪᠤᠯᠭᠠᠨ ᠳᠤ ᠨᠡᠪᠲᠡᠷᠡᠭᠦᠯᠵᠦ ᠡᠷᠦᠬᠡ ᠪᠦᠷᠢ ᠳᠤ ᠣᠷᠣᠭᠤᠯᠬᠤ ᠵᠡᠷᠭᠡ 3 ᠵᠦᠶ᠋ᠯ ᠤᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶ᠋ᠯ ᠪᠠ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠦᠩᠭᠡᠷᠡᠭᠦᠯᠬᠦ︾ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ | ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠤᠨ ᠰᠢᠳᠪᠦᠷᠢᠵᠢᠭᠦᠯᠦᠯᠲᠡ ᠶᠢ ᠠᠬᠢᠭᠤᠯᠵᠤ᠂ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠤᠨ ᠬᠦᠷᠲᠡᠭᠡᠯ ᠢ ᠳᠡᠭᠡᠭᠰᠢᠯᠡᠭᠦᠯᠪᠡ᠃ ᠲᠥᠯᠥᠭᠡᠯᠡᠭᠴᠢᠳ ᠤᠨ | ᠳᠤᠭᠤᠶᠢᠯᠠᠩ ᠢ ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠤ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠰᠢᠨᠡᠳᠬᠡᠬᠦ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶ᠋ᠯ ᠤᠨ ᠠᠬᠢᠴᠠ ᠶᠢ ᠪᠠᠶᠢᠴᠠᠭᠠᠨ | ᠦᠵᠡᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠭᠤᠯᠪᠠ᠃ ᠬᠤᠲᠠ ᠶᠢᠨ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠱᠠᠩᠨᠠᠯ ᠨᠦᠬᠦᠪᠦᠷᠢ ᠶᠢᠨ | ᠪᠠᠯᠠ ᠮᠥᠩᠭᠦ ᠶᠢ 590 ᠲᠦᠮᠡᠨ ᠲᠥᠭᠦᠷᠢᠭ ᠲᠡᠮᠡᠴᠡᠨ ᠣᠯᠵᠤ᠂ ᠲᠥᠯᠥᠭᠡᠯᠡᠭᠴᠢᠳ ᠤᠨ ᠳᠤᠭᠤᠶᠢᠯᠠᠩ ᠪᠠ ᠲᠤᠰᠬᠠᠶ ᠳᠤᠭᠤᠶᠢᠯᠠᠩ ᠢ ᠵᠣᠬᠢᠶᠠᠨ ᠪᠠᠶᠢᠭᠤᠯᠤᠨ᠂ | ᠠᠷᠪᠠᠨ ᠨᠠᠶ᠋ᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ᠂ 8 ᠲᠦᠷᠦᠯ ᠤᠨ ᠠᠷᠠᠳ ᠤᠨ | ᠠᠮᠢᠳᠤᠷᠠᠯ ᠤᠨ ᠪᠣᠳᠠᠲᠤ ᠬᠡᠷᠡᠭ ᠪᠠ ᠡᠯ᠎ᠡ ᠰᠤᠮᠤ ᠪᠠᠯᠭᠠᠰᠤᠨ ᠤ 33 ᠲᠦᠷᠦᠯ ᠤᠨ ᠪᠢᠯᠧᠲ ᠦᠭᠴᠦ ᠪᠠᠲᠤᠯᠠᠭᠰᠠᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠳᠤ ᠬᠢᠨᠠᠯᠲᠠ ᠲᠠᠯᠪᠢᠵᠤ᠂ ᠨᠢᠭᠡ ᠪᠦᠯᠦᠭ ᠦᠢᠯᠡᠴᠢᠯᠡᠭᠡ ᠭᠦᠨᠴᠡ᠂ ᠨᠡᠶᠢᠳᠡᠮ ᠬᠠᠷᠠᠭᠠᠯᠵᠠᠯ ᠤᠨ ᠴᠢᠨᠠᠷ ᠲᠠᠢ᠂ ᠠᠷᠠᠳ ᠣᠯᠠᠨ ᠤ ᠠᠩᠬᠠᠷᠤᠯ ᠲᠠᠯᠪᠢᠵᠤ | ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶ᠋ᠯ ᠢ ᠨᠠᠶᠢᠳᠠᠪᠤᠷᠢᠵᠢᠭᠤᠯᠤᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠪᠤᠳᠠᠲᠠᠢ | ᠨᠤᠲᠠᠯᠠᠯᠲᠠ ᠪᠠ ᠰᠠᠶᠢᠨ ᠦᠨᠡᠯᠡᠯᠲᠡ ᠶᠢ ᠣᠯᠵᠠᠶ᠃ | ᠭᠤᠷᠪᠠ᠂ ᠲᠦᠯᠦᠭᠡᠯᠡᠭᠴᠢᠳ ᠤᠨ ᠲᠤᠰᠢᠶᠠᠯ ᠭᠦᠢᠴᠡᠳᠭᠡᠭᠦ ᠦᠢᠯᠡᠴᠢᠯᠡᠭᠡ ᠶᠢ ᠴᠢᠩᠭᠠᠳᠬᠠᠨ᠂ ᠲᠥᠯᠥᠭᠡᠯᠡᠭᠴᠢ ᠶᠢᠨ ᠪᠡᠶᠡᠴᠢ ᠴᠣᠭᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠪᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ᠂ ᠲᠦᠯᠦᠭᠡᠯᠡᠭᠴᠢ ᠶᠢ ᠬᠦᠨᠳᠦᠳᠬᠡᠬᠦ᠂ ᠲᠦᠰᠢᠭᠯᠡᠬᠦ᠂ | ᠦᠶ᠋ᠯᠡᠴᠢᠯᠡᠬᠦ ᠠᠵᠢᠯ ᠤᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠦᠯᠦᠭᠡᠯᠡᠭᠴᠢ ᠶᠢᠨ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠦᠨ᠂ | ᠲᠥᠯᠥᠭᠡᠯᠡᠭᠴᠢᠳ ᠤᠨ ᠠᠵᠢᠯᠯᠠᠭᠠᠨ ᠤ ᠬᠡᠯᠪᠡᠷᠢ ᠶᠢ ᠪᠠᠶᠠᠯᠢᠭᠵᠢᠭᠤᠯᠵᠤ᠂ ᠲᠡᠳᠡᠨ ᠤ ᠪᠠᠶᠢᠳᠠᠯ ᠢ ᠤᠶᠢᠯᠠᠭᠠᠨ᠂ ᠬᠠᠮᠲᠤ ᠪᠠᠷ ᠬᠥᠭᠵᠢᠯᠲᠡ ᠶᠢᠨ ᠵᠠᠮ ᠡᠷᠢᠯᠬᠢᠯᠡᠬᠦ ᠳᠤ | ᠴᠢᠨᠠᠷ ᠰᠠᠶᠢᠲᠠᠢ ᠦᠶ᠋ᠯᠡᠴᠢᠯᠡᠭᠡ ᠪᠠ ᠪᠠᠲᠤᠯᠠᠭ᠎ᠠ ᠬᠠᠩᠭᠠᠪᠠ᠃ | ᠣᠯᠠᠨ ᠲᠦᠮᠡᠨ ᠲᠠᠢ ᠨᠢᠭᠲᠠ ᠬᠠᠷᠢᠯᠴᠠᠬᠤ ᠶᠢ ᠠᠬᠢᠭᠤᠯᠪᠠ᠃ ︽ᠬᠤᠶᠠᠷ ᠬᠠᠷᠢᠯᠴᠠᠬᠤ︾ ᠲᠦᠷᠢᠮ ᠢ ᠭᠦᠨᠵᠡᠭᠡᠶᠢᠷᠡᠭᠦᠯᠦᠨ ᠥᠷᠭᠡᠳᠬᠡᠵᠦ᠂ ᠪᠠᠶᠢᠩᠭᠤ ᠶᠢᠨ | ᠬᠤᠷᠢᠶᠠᠨ ᠤ ᠤᠳᠤᠷᠢᠳᠤᠯᠭ᠎ᠠ ᠪᠦᠬᠦᠨ 5 ᠲᠥᠯᠥᠭᠡᠯᠡᠭᠴᠢ ᠲᠠᠢ ᠬᠠᠷᠢᠯᠴᠠᠵᠤ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠪᠦᠷᠢ 3 ᠲᠥᠯᠥᠭᠡᠯᠡᠭᠴᠢ ᠲᠠᠢ | ᠬᠠᠷᠢᠯᠴᠠᠬᠤ ᠠᠷᠭ᠎ᠠ ᠶᠢ ᠬᠡᠷᠡᠭᠵᠢᠭᠦᠯᠪᠡ᠃ ᠪᠦᠬᠦ ᠵᠢᠯ ᠳᠤ᠂ ᠪᠠᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠲᠥᠯᠥᠭᠡᠯᠡᠭᠴᠢ ᠲᠠᠢ 120 ᠬᠥᠮᠦᠨ ︵ᠤᠳᠠᠭ᠎ᠠ︶ | ᠬᠠᠷᠢᠯᠴᠠᠵᠤ᠂ 94 ᠲᠥᠯᠥᠭᠡᠯᠡᠭᠴᠢ ᠶᠢᠨ ᠡᠷᠦᠬᠡ ᠶᠢ ᠰᠤᠷᠪᠤᠯᠵᠢᠯᠠᠨ᠂ 56 ᠵᠥᠷᠢᠴᠡᠯ ᠮᠦᠷᠭᠦᠯᠳᠦᠭᠡᠨ ᠢ ᠰᠢᠢᠳᠪᠦᠷᠢᠯᠡᠪᠡ᠃ ᠲᠥᠯᠥᠭᠡᠯᠡᠭᠴᠢᠳ ᠤᠨ | ᠳᠤᠭᠤᠶᠢᠯᠠᠩ ᠤᠨ ᠪᠠᠶᠢᠴᠠᠭᠠᠨ ᠦᠵᠡᠬᠦ ᠠᠵᠢᠯ ᠢ 43 ᠤᠳᠠᠭ᠎ᠠ ᠵᠢᠯᠤᠭᠤᠳᠤᠨ ᠲᠠᠭᠠᠭᠤᠯᠵᠤ᠂ ᠲᠥᠯᠥᠭᠡᠯᠡᠭᠴᠢ ᠶᠢᠨ ᠤᠤᠯ ᠤᠨ ᠰᠣᠩᠭᠤᠭᠤᠯᠢ ᠶᠢᠨ ᠲᠣᠭᠤᠷᠢᠭ ᠲᠤ | 29 ᠬᠥᠮᠦᠨ ︵ᠤᠳᠠᠭᠠᠨ︶ ᠤ ᠲᠤᠰᠢᠶᠠᠯ ᠤᠨ ᠮᠡᠳᠡᠭᠦᠯᠦᠯᠲᠡ ᠬᠢᠵᠦ᠂ 137 ᠲᠥᠯᠥᠭᠡᠯᠡᠭᠴᠢ ᠬᠢᠵᠢᠭ ᠢ ᠰᠡᠷᠭᠡᠶᠢᠯᠡᠨ ᠬᠤᠷᠢᠭᠯᠠᠬᠤ ᠪᠠ ᠭᠠᠩ ᠬᠠᠭᠰᠠᠷᠠᠭᠠᠨ ᠲᠠᠢ | ᠲᠡᠮᠡᠴᠡᠬᠦ ᠵᠡᠷᠭᠡ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠪᠠ᠃ ᠡᠯ᠎ᠡ ᠰᠤᠮᠤ ᠪᠠᠯᠭᠠᠰᠤ ᠨᠢ ᠨᠡᠶᠢᠲᠡ | ᠲᠥᠯᠥᠭᠡᠯᠡᠭᠴᠢᠳ ᠤᠨ ᠳᠤᠭᠤᠶᠢᠯᠠᠩ ᠤᠨ ᠠᠵᠢᠯᠯᠠᠭ᠎ᠠ ᠶᠢ 88 ᠤᠳᠠᠭ᠎ᠠ ᠦᠷᠨᠢᠭᠦᠯᠵᠤ᠂ 321 ᠤᠳᠠᠭᠠᠨ ᠤ ᠵᠥᠷᠢᠴᠡᠯ ᠮᠦᠷᠭᠦᠯᠳᠦᠭᠡᠨ ᠢ ᠰᠢᠢᠳᠪᠦᠷᠢᠯᠡᠵᠦ᠂ | 2974 ᠰᠣᠩᠭᠤᠭᠤᠯᠢ ᠶᠢᠨ ᠠᠷᠠᠳ ᠢ ᠬᠦᠯᠢᠶᠡᠨ ᠠᠪᠴᠤ ᠵᠤᠴᠢᠯᠠᠨ᠂ 446 ᠬᠦᠮᠦᠨ ︵ᠤᠳᠠᠭᠠᠨ︶ ᠤ ᠠᠷᠠᠳ ᠲᠤ ᠳᠥᠭᠦᠮ ᠦᠵᠡᠭᠦᠯᠬᠦ ᠠᠵᠢᠯᠯᠠᠭ᠎ᠠ | ᠦᠷᠨᠢᠭᠦᠯᠦᠨ᠂ 4 ᠤᠳᠠᠭᠠᠨ ᠤ ᠲᠤᠰᠢᠶᠠᠯ ᠤᠨ ᠮᠡᠳᠡᠭᠦᠯᠦᠯᠲᠡ ᠪᠠ ᠦᠨᠡᠯᠡᠯᠲᠡ ᠬᠢᠯᠭᠡᠨ᠂ ᠲᠥᠯᠥᠭᠡᠯᠡᠭᠴᠢᠳ ᠤᠨ ᠣᠯᠠᠨ ᠲᠦᠮᠡᠨ ᠲᠠᠢ ᠬᠠᠷᠢᠯᠴᠠᠬᠤ ᠠᠵᠢᠯ ᠢ | ᠦᠨᠡᠨᠬᠦ ᠭᠦᠨᠵᠡᠭᠡᠶᠢᠷᠡᠭᠦᠯᠪᠡ᠃ | ᠱᠠᠭᠠᠷᠳᠠᠨ ᠭᠦᠶ᠋ᠴᠡᠳᠬᠡᠬᠦ ᠲᠤᠭᠲᠠᠯᠴᠠᠭ᠎ᠠ ᠶᠢ ᠴᠢᠩᠭᠠᠳᠬᠠᠪᠠ᠃ ᠵᠠᠰᠠᠭ ᠤᠨ ᠣᠷᠳᠣᠨ ᠤ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠭᠰᠡᠨ | ᠮᠡᠳᠡᠭᠦᠯᠦᠯᠲᠡ ᠶᠢ ᠰᠣᠨᠣᠰᠤᠨ ᠬᠢᠨᠠᠨ ᠵᠦᠪᠯᠡᠵᠦ᠂ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠠᠷᠭ᠎ᠠ ᠵᠠᠮ ᠢᠶᠠᠨ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ | ᠰᠠᠨᠠᠭᠤᠯᠭ᠎ᠠ ᠶᠢ ᠪᠠᠶᠢᠩᠭᠤ ᠶᠢᠨ ᠬᠤᠷᠢᠶᠠᠨ ᠤ ᠡᠷᠬᠢᠯᠡᠭᠴᠢᠳ ᠤᠨ ᠬᠤᠷᠠᠯᠳᠤᠭᠠᠨ ᠤ ᠪᠦᠷᠢᠯᠳᠦᠬᠦᠨ ᠠᠴᠠ ᠲᠦᠷᠦᠭᠦᠯᠡᠨ ᠱᠠᠭᠠᠷᠳᠠᠨ ᠰᠢᠢᠳᠪᠦᠷᠢᠯᠡᠭᠦᠯᠬᠦ᠂ ᠠᠵᠢᠯ ᠤᠨ | ᠵᠦᠪᠯᠡᠯ ᠠᠴᠠ ᠱᠠᠭᠠᠷᠳᠠᠨ ᠰᠢᠢᠳᠪᠦᠷᠢᠯᠡᠭᠦᠯᠬᠦ ᠪᠠ ᠠᠵᠢᠯᠳᠠᠨ ᠤ ᠶᠠᠪᠤᠳᠠᠯ ᠤᠨ ᠲᠦᠯᠦᠭᠡᠯᠡᠭᠴᠢ ᠠᠴᠠ ᠲᠣᠭᠲᠠᠮᠠᠯ ᠬᠤᠭᠤᠴᠠᠭ᠎ᠠ ᠲᠠᠢ ᠮᠦᠷᠳᠡᠨ ᠰᠢᠢᠳᠪᠦᠷᠢᠯᠡᠭᠦᠯᠬᠦ | ᠪᠠ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ ᠲᠠᠢ ᠬᠠᠮᠲᠤᠷᠠᠨ ᠱᠠᠭᠠᠷᠳᠠᠨ ᠰᠢᠢᠳᠪᠦᠷᠢᠯᠡᠭᠦᠯᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠳᠠᠭᠠᠭᠠᠨ | ᠠᠪᠴᠤ ᠰᠢᠢᠳᠪᠦᠷᠢᠯᠡᠬᠦ ᠨᠢᠭᠡᠴᠢ ᠶᠢᠨ ᠲᠦᠷᠭᠡᠨ ᠪᠦᠭᠡᠳ ᠪᠣᠳᠠᠲᠠᠢ ᠰᠢᠢᠳᠪᠦᠷᠢᠯᠡᠬᠦ ᠶᠢ ᠠᠬᠢᠭᠤᠯᠪᠠ᠃ ᠳᠠᠭᠠᠭᠠᠨ ᠰᠢᠢᠳᠪᠦᠷᠢᠯᠡᠬᠦ ᠨᠢᠭᠡᠴᠢ ᠨᠢ | ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢ ᠲᠠᠢ ᠬᠠᠷᠢᠯᠴᠠᠵᠤ᠂ ᠲᠡᠳᠡᠨ ᠤ ᠦᠨᠡᠨ ᠪᠣᠳᠠᠲᠠᠢ ᠪᠣᠳᠣᠯ ᠰᠠᠨᠠᠯ ᠪᠠ ᠰᠠᠨᠠᠭᠤᠯᠭ᠎ᠠ ᠶᠢ ᠣᠶᠢᠯᠠᠭᠠᠵᠤ᠂ ᠰᠢᠢᠳᠪᠦᠷᠢᠯᠡᠬᠦ | ᠶᠠᠰᠤ ᠴᠢᠨᠠᠷ ᠪᠠ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠂ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ︽ᠬᠠᠨᠤᠮᠵᠢᠲᠠᠢ ᠬᠠᠷᠢᠭᠤᠯᠲᠠ ᠥᠭᠴᠦ︾ | ᠪᠠᠶᠢᠭᠰᠠᠨ ᠢᠶᠠᠨ ︽ᠬᠠᠨᠤᠮᠵᠢᠲᠠᠢ ᠨᠠᠶᠢᠳᠠᠪᠤᠷᠢᠵᠢᠭᠤᠯᠬᠤ︾ ᠵᠦᠭ ᠬᠤᠪᠢᠷᠠᠭᠤᠯᠪᠠ᠃ ᠪᠦᠬᠦ ᠵᠢᠯ ᠳᠤ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ 69 ᠬᠤᠪᠢ | ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ 100 % ᠳᠤ ᠭᠦᠷᠦᠨ᠂ ᠬᠠᠨᠤᠮᠵᠢ ᠶᠢᠨ ᠬᠡᠮᠵᠢᠶ᠎ᠡ ᠪᠠ ᠦᠨᠳᠦᠰᠦᠨ ᠳᠡᠭᠡᠨ ᠬᠠᠨᠤᠮᠵᠢᠲᠠᠢ ᠪᠠᠶᠢᠬᠤ ᠬᠡᠮᠵᠢᠶ᠎ᠡ 98 | % ᠳᠤ ᠬᠦᠷᠴᠡᠢ᠃ | ᠴᠢᠳᠠᠪᠤᠷᠢ ᠶᠢᠨ ᠬᠢᠷᠢ ᠬᠡᠮᠵᠢᠶ᠎ᠡ ᠪᠠᠨ ᠲᠡᠭᠡᠭᠰᠢᠯᠡᠭᠦᠯᠪᠡ᠃ ᠲᠥᠯᠥᠭᠡᠯᠡᠭᠴᠢᠳ ᠤᠨ ᠪᠣᠯᠪᠠᠰᠤᠷᠠᠯ ᠢ 4 ᠬᠤᠭᠤᠴᠠᠭ᠎ᠠ 463 ᠬᠥᠮᠦᠨ ︵ᠤᠳᠠᠭ᠎ᠠ︶ ᠡᠷᠬᠢᠯᠡᠪᠡ᠃ | 21 ᠨᠡᠷᠡᠰ ᠲᠥᠯᠥᠭᠡᠯᠡᠭᠴᠢ ᠶᠢ ᠤᠷᠢᠨ ᠠᠪᠴᠢᠷᠠᠵᠤ ᠪᠠᠶᠢᠩᠭᠤ ᠶᠢᠨ ᠬᠤᠷᠢᠶᠠᠨ ᠤ ᠬᠤᠷᠠᠯ ᠳᠤ ᠰᠤᠯᠠ ᠣᠷᠣᠯᠴᠠᠭᠤᠯᠪᠠ᠃ 39 ᠨᠡᠷᠡᠰ ᠵᠢᠱᠢᠶᠡᠴᠢ | ᠲᠦᠯᠦᠭᠡᠯᠡᠭᠴᠢ ᠶᠢ ᠤᠬᠠᠭᠤᠯᠤᠨ ᠮᠡᠳᠡᠭᠡᠯᠡᠵᠦ᠂ 15 ᠰᠢᠯᠢᠳᠡᠭ ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠵᠤ᠂ ᠲᠥᠯᠥᠭᠡᠯᠡᠭᠴᠢᠳ ᠤᠨ ᠵᠢᠱᠢᠶ᠎ᠡ ᠦᠵᠡᠭᠦᠯᠦᠨ | ᠬᠥᠲᠥᠯᠥᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠤᠨ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠷᠮ᠎ᠠ ᠰᠡᠳᠬᠢᠯᠭᠡ ᠶᠢ | ᠬᠥᠭᠵᠢᠭᠡᠪᠡ᠃ ︽ᠲᠠᠪᠤᠨ ᠣᠳᠣᠨ ᠲᠠᠰ︾ ᠤᠨ ᠲᠥᠯᠥᠭᠡᠯᠡᠭᠴᠢ ᠶᠢᠨ ᠬᠡᠷ 1 ᠶᠢ ᠡᠭᠦᠳᠦᠨ ᠪᠠᠶᠢᠭᠤᠯᠵᠤ᠂ ᠪᠦᠬᠦ ᠬᠤᠰᠢᠭᠤᠨ ᠳᠤ ᠨᠡᠶᠢᠲᠡ 5 ︽ᠲᠠᠪᠤᠨ ᠣᠳᠣᠨ | ᠲᠠᠰ︾ ᠤᠨ ᠲᠥᠯᠥᠭᠡᠯᠡᠭᠴᠢ ᠶᠢᠨ ᠬᠡᠷ ᠲᠠᠢ ᠪᠤᠯᠵᠤ᠂ ᠲᠦᠯᠦᠭᠡᠯᠡᠭᠴᠢ ᠪᠠ ᠰᠣᠩᠭᠤᠭᠤᠯᠢ ᠶᠢᠨ ᠠᠷᠠᠳ ᠤᠨ ᠬᠤᠭᠤᠷᠣᠨᠳᠣ ︽ᠰᠡᠳᠬᠢᠯ ᠤᠨ ᠬᠤᠯᠪᠤᠭᠠᠰᠤ︾ ᠶᠢᠨ | ᠦᠢᠯᠡᠳᠦᠯ ᠦᠵᠡᠭᠦᠯᠦᠭᠰᠡᠨ ᠪᠠᠶᠢᠨ᠎ᠠ᠃ ᠠᠷᠠᠳ ᠤᠨ ᠲᠥᠯᠥᠭᠡᠯᠡᠭᠴᠢᠳ ᠤᠨ ᠬᠢᠨᠠᠨ ᠰᠢᠯᠭᠠᠬᠤ ᠲᠣᠭᠲᠠᠴᠠ ᠶᠢ ᠬᠡᠷᠡᠭᠵᠢᠭᠦᠯᠵᠦ᠂ ᠲᠥᠯᠥᠭᠡᠯᠡᠭᠴᠢᠳ ᠤᠨ | ᠰᠤᠷᠤᠯᠴᠠᠨ ᠳᠡᠭᠡᠭᠰᠢᠯᠡᠬᠦ ᠶᠢ ᠠᠬᠢᠭᠤᠯᠤᠨ᠂ ᠲᠡᠳᠡᠨ ᠤ ︽ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠶ᠋ᠴᠡᠳᠬᠡᠬᠦ︾ ᠶᠢ ᠦᠨᠡᠨ ᠬᠦ ᠪᠠᠲᠤᠯᠠᠪᠠ᠃ | ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠡᠯᠧᠺᠲᠷᠣᠨ ᠳᠠᠩᠰᠠ ᠶᠢ ᠪᠦᠷᠢᠨᠵᠢᠭᠦᠯᠵᠦ᠂ ᠲᠡᠳᠡᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠴᠤᠭᠯᠠᠭᠤᠯᠤᠨ ᠡᠮᠬᠢᠳᠭᠡᠨ᠂ ᠲᠡᠳᠡᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠢ ᠨᠠᠷᠢᠨ ᠪᠣᠳᠠᠲᠠᠢ ᠲᠡᠮᠳᠡᠭᠯᠡᠵᠦ᠂ ᠬᠠᠷᠢᠭᠤᠴᠠᠯᠭᠠᠲᠤ ᠰᠡᠳᠬᠢᠯᠭᠡ ᠶᠢ ᠨᠢ ᠴᠢᠩᠭᠠᠳᠬᠠᠪᠠ᠃ | ᠳᠥᠷᠪᠡ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ | ᠲᠡᠭᠡᠭᠰᠢᠯᠡᠭᠦᠯᠪᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ | ᠢᠮᠠᠭᠲᠠ ᠠᠵᠢᠯ ᠢᠶᠠᠨ ᠠᠬᠢᠭᠤᠯᠬᠤ ᠶᠢᠨ ︽ᠬᠠᠲᠠᠭᠤ ᠪᠠᠷᠢᠮᠵᠢᠶ᠎ᠠ︾ ᠪᠤᠯᠭᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠴᠢᠳᠠᠪᠤᠷᠢ ᠶᠢᠨ ᠭᠡᠯᠮᠡᠭᠳᠡᠯ ᠢ | ᠢᠯᠡᠨ ᠳᠠᠪᠠᠵᠤ᠂ ᠰᠠᠶᠢᠨ ᠰᠠᠶᠢᠬᠠᠨ ᠠᠵᠢᠯ ᠤᠨ ᠪᠠᠶᠢᠳᠠᠯ ᠢ ᠪᠠᠲᠤᠯᠠᠪᠠ᠃ | ᠴᠥᠬᠦᠷᠡᠰᠢ ᠦᠭᠡᠢ ᠰᠤᠷᠤᠯᠴᠠᠵᠤ ᠴᠢᠳᠠᠪᠤᠷᠢ ᠪᠠᠨ ᠲᠡᠭᠡᠭᠰᠢᠯᠡᠭᠦᠯᠬᠦ ᠶᠢ ᠪᠠᠷᠢᠮᠲᠠᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠢᠵᠢᠮ ᠢ ᠪᠠᠲᠤ ᠠᠳᠬᠤᠨ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠵᠢᠯ ᠢ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠦᠵᠡᠯ ᠰᠠᠨᠠᠭ᠎ᠠ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠪᠥᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠯᠠᠪᠳᠠᠭᠤᠨ ᠪᠠᠲᠤᠲᠠᠶ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠪᠣᠯᠪᠠᠰᠤᠷᠠᠯ᠂ ᠲᠥᠪᠯᠡᠷᠡᠭᠦᠯᠦᠨ ᠰᠤᠳᠤᠯᠬᠤ᠂ ᠲᠤᠰᠬᠠᠶ | ᠰᠡᠳᠦᠪᠲᠦ ᠨᠠᠮ ᠤᠨ ᠬᠢᠴᠢᠶᠡᠯ ᠤᠷᠤᠬᠤ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠺᠠᠲᠠᠷᠴᠤᠳ ᠤᠨ ᠡᠩᠨᠡᠭᠡᠨ ᠤ ᠤᠯᠤᠰ ᠲᠦᠷᠦ ᠶᠢᠨ ᠤᠨᠤᠯ ᠤᠨ | ᠮᠡᠳᠡᠯᠭᠡ ᠶᠢᠨ ᠲᠦᠪᠰᠢᠨ ᠢ ᠲᠡᠭᠡᠭᠰᠢᠯᠡᠭᠦᠯᠪᠡ᠃ ᠪᠦᠬᠦ ᠵᠢᠯ ᠳᠤ 4 ᠤᠳᠠᠭᠠᠨ ᠤ ᠲᠤᠰᠬᠠᠢ ᠰᠡᠳᠦᠪᠲᠦ ᠰᠠᠭᠤᠳᠠᠯ ᠤᠨ ᠬᠤᠷᠠᠯ᠂ 6 ᠪᠦᠯᠦᠭ 80 ᠬᠦᠮᠦᠨ ︵ | ᠤᠳᠠᠭ᠎ᠠ︶ ᠶᠢᠨ ᠭᠠᠳᠠᠨ᠎ᠠ ᠶᠠᠪᠤᠵᠤ ᠪᠠᠶᠢᠴᠠᠭᠠᠨ ᠰᠤᠳᠤᠯᠤᠯᠲᠠ ᠬᠢᠬᠦ ᠠᠵᠢᠯᠯᠠᠭ᠎ᠠ ᠶᠢ ᠦᠷᠨᠢᠬᠦᠯᠵᠦ᠂ ᠭᠦᠨ ᠰᠤᠷᠤᠯᠴᠠᠵᠤ ᠬᠦᠨᠵᠡᠭᠡᠢ ᠤᠬᠠᠪᠤᠷᠢᠯᠠᠬᠤ ᠦᠨᠡᠨᠬᠦ | ᠰᠠᠶᠢᠲᠤᠷ ᠰᠤᠷᠤᠯᠴᠠᠨ ᠦᠢᠯᠡᠳᠦᠯᠭᠡᠵᠢᠭᠦᠯᠬᠦ ᠠᠭᠤᠷ ᠠᠮᠢᠰᠬᠤᠯ ᠢ ᠪᠤᠢ ᠪᠤᠯᠭᠠᠪᠠ᠃ | ᠪᠠᠶᠢᠭᠤᠯᠭ᠎ᠠ ᠶᠢᠨ ᠴᠢᠳᠠᠪᠬᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠬᠤᠰᠢᠭᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ᠂ ᠺᠠᠲᠠᠷᠴᠤᠳ | ᠪᠠ ᠲᠦᠯᠦᠭᠡᠯᠡᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠪᠠᠨ ︽ᠪᠥᠬᠦ ᠬᠤᠰᠢᠭᠤᠨ ᠤ ᠺᠠᠳ᠋ᠷ ᠤᠨ ᠬᠡᠪ ᠴᠢᠨᠠᠷ ᠢ ᠳᠡᠭᠡᠭᠰᠢᠯᠡᠭᠦᠯᠬᠦ ᠣᠨ︾ ᠤ ᠡᠯ᠎ᠡ | ᠲᠥᠷᠥᠯ ᠤᠨ ᠠᠵᠢᠯᠯᠠᠭ᠎ᠠ ᠲᠠᠢ ᠨᠢᠭᠡᠳᠬᠡᠨ ᠪᠤᠲᠠᠲᠠᠶᠢᠵᠢᠭᠤᠯᠬᠤ ᠶᠢ ᠱᠠᠭᠠᠷᠳᠠᠪᠠ᠃ ᠺᠠᠳ᠋ᠷ ᠪᠠ ᠲᠥᠯᠥᠭᠡᠯᠡᠭᠴᠢᠳ ᠤᠨ ᠬᠡᠪ ᠴᠢᠨᠠᠷ ᠤᠯᠠᠮ ᠨᠢᠭᠡ ᠠᠯᠬᠤᠮ | ᠲᠡᠭᠡᠭᠰᠢᠯᠡᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠨᠡᠩ ︽ᠴᠤᠭ ᠰᠦᠯᠳᠡ︾ ᠲᠠᠢ ᠪᠤᠯᠤᠯ᠎ᠠ᠃ ᠬᠤᠰᠢᠭᠤ ᠨᠠᠮ ᠤᠨ ᠬᠤᠷᠢᠶ᠎ᠠ ᠴᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠺᠠᠳ᠋ᠷ ᠢ ᠬᠥᠮᠦᠵᠢᠭᠦᠯᠬᠦ᠂ ᠰᠢᠯᠢᠨ ᠳᠡᠪᠰᠢᠭᠦᠯᠬᠦ ᠪᠠ ᠬᠡᠷᠡᠭᠯᠡᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠤᠷᠢᠳ ᠬᠤᠵᠢᠳ 15 ᠨᠡᠷᠡᠰ ᠺᠠᠳ᠋ᠷ ᠢ ᠲᠣᠬᠢᠷᠠᠭᠤᠯᠤᠨ ᠲᠡᠭᠦᠯᠳᠡᠷᠵᠢᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ | ᠡᠩᠨᠡᠭᠡᠨ ᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠪᠡ᠃ | ᠳᠦᠷᠢᠮ ᠲᠣᠭᠲᠠᠴᠠ ᠶᠢ ᠵᠢᠷᠤᠮᠵᠢᠭᠤᠯᠤᠨ ᠲᠡᠭᠦᠯᠳᠡᠷᠵᠢᠭᠦᠯᠪᠡ᠃ ᠤᠷᠢᠳ ᠬᠤᠵᠢᠳ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠳᠦᠷᠢᠮ᠂ ᠪᠠᠶᠢᠩᠭᠤ ᠶᠢᠨ ᠬᠤᠷᠢᠶᠠᠨ ᠤ ᠠᠵᠢᠯ ᠤᠨ ᠳᠦᠷᠢᠮ ᠪᠠ ᠤᠴᠢᠷ ᠵᠥᠪᠯᠡᠬᠦ ᠳᠦᠷᠢᠮ᠂ ᠪᠠᠶᠢᠭᠤᠯᠭ᠎ᠠ ᠶᠢᠨ ᠠᠵᠢᠯ ᠤᠨ ᠳᠦᠷᠢᠮ ᠵᠡᠷᠭᠡ 37 | ᠵᠤᠶᠢᠯ ᠤᠨ ᠳᠦᠷᠢᠮ ᠲᠣᠭᠲᠠᠭᠠᠯ ᠢ ᠲᠡᠭᠦᠯᠳᠡᠷᠵᠢᠭᠦᠯᠪᠡ᠃ ᠳᠦᠷᠢᠮ ᠤᠨ ᠪᠠᠶᠢᠭᠤᠯᠤᠯᠲᠠ ᠪᠠᠷ ᠳᠠᠮᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠤᠴᠢᠷ ᠵᠥᠪᠯᠡᠬᠦ ᠳᠡᠭᠡᠨ ᠳᠦᠷᠢᠮ ᠲᠠᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠱᠠᠭᠠᠷᠳᠠᠯᠭ᠎ᠠ ᠲᠠᠢ᠂ | ᠦᠢᠯᠡᠴᠢᠯᠡᠭᠡ ᠬᠢᠬᠦ ᠳᠡᠭᠡᠨ ᠪᠠᠷᠢᠮᠵᠢᠶ᠎ᠠ ᠲᠠᠢ ᠪᠠᠶᠢᠬᠤ ᠶᠢ ᠦᠨᠡᠨ ᠬᠦ ᠪᠠᠲᠤᠯᠠᠪᠠ᠃ ᠡᠯ᠎ᠡ ᠠᠵᠢᠯ ᠤᠨ ᠵᠥᠪᠯᠡᠯ ᠤᠨ ᠡᠭᠦᠷᠭᠡ ᠬᠠᠷᠢᠭᠤᠴᠠᠯᠭ᠎ᠠ ᠰᠤᠷᠤᠯᠴᠠᠯᠭ᠎ᠠ ᠶᠢᠨ | ᠳᠦᠷᠢᠮ ᠢ ᠪᠦᠷᠢᠨᠰᠢᠭᠦᠯᠵᠦ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ | ᠠᠵᠢᠯ ᠤᠨ ᠬᠤᠯᠪᠣᠭᠠᠯᠠᠯ ᠢ ᠴᠢᠩᠭᠠᠳᠬᠠᠪᠠ᠃ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠠᠵᠢᠯ ᠤᠨ | ᠰᠢᠯᠭᠠᠨ ᠦᠨᠡᠯᠡᠬᠦ ᠠᠷᠭ᠎ᠠ ᠶᠢ ᠲᠡᠭᠦᠯᠳᠡᠷᠵᠢᠭᠦᠯᠵᠦ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢ ᠤᠷᠢᠵᠤ᠂ | ᠪᠠᠶᠢᠩᠭᠤ ᠶᠢᠨ ᠬᠤᠷᠢᠶᠠᠨ ᠤ ᠬᠤᠷᠠᠯ ᠳᠤ ᠰᠤᠯᠠ ᠣᠷᠣᠯᠴᠠᠭᠤᠯᠤᠨ ᠲᠥᠯᠥᠭᠡᠯᠡᠭᠴᠢᠳ ᠢ ᠲᠤᠰᠬᠠᠶᠢᠯᠠᠭᠰᠠᠨ ᠪᠣᠯᠪᠠᠰᠤᠷᠠᠯ ᠪᠠ ᠪᠠᠶᠢᠴᠠᠭᠠᠨ ᠰᠤᠳᠤᠯᠤᠯᠲᠠ ᠳᠤ | ᠣᠷᠣᠯᠴᠠᠭᠤᠯᠵᠤ᠂ ︽ᠲᠥᠯᠥᠭᠡᠯᠡᠭᠴᠢ ᠶᠢᠨ ᠭᠡᠷ︾ ᠤᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠠᠵᠢᠯ ᠤᠨ ᠵᠠᠷᠤᠳᠠᠯ ᠢ ᠨᠢ ᠪᠠᠲᠤᠯᠠᠭᠰᠠᠨ | ᠪᠠᠶᠢᠨ᠎ᠠ᠃ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠰ ᠪᠡᠶ᠎ᠡ ᠶᠢᠨ ᠴᠢᠳᠠᠪᠤᠷᠢ ᠪᠠ ᠳᠠᠪᠠᠭᠤᠯᠢᠭ ᠢᠶᠠᠨ ᠪᠠᠳᠠᠷᠠᠭᠤᠯᠬᠤ | ᠴᠢᠳᠠᠪᠤᠷᠢ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠰᠠᠭᠤᠷᠢ ᠶᠢ ᠪᠠᠲᠤᠳᠬᠠᠪᠠ᠃ | ᠲᠥᠯᠥᠭᠡᠯᠡᠭᠴᠢᠳ ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠥᠩᠭᠡᠷᠡᠭᠰᠡᠨ ᠨᠢᠭᠡ ᠵᠢᠯ ᠤᠨ | ᠣᠯᠤᠭᠰᠠᠨ ᠠᠮᠵᠢᠯᠲᠠ ᠪᠦᠲᠦᠮᠵᠢ ᠨᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠪᠦᠭᠡᠳ ᠪᠥᠬᠦ ᠲᠥᠯᠥᠭᠡᠯᠡᠭᠴᠢᠳ | ᠪᠤᠯᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠨ ᠡᠭᠦᠷᠭᠡ ᠲᠤᠰᠢᠶᠠᠯ ᠢᠶᠠᠨ ᠴᠢᠷᠮᠠᠶᠢᠨ ᠭᠦᠶ᠋ᠴᠡᠳᠬᠡᠭᠰᠡᠨ ᠤ ᠦᠷ᠎ᠡ ᠳ᠋ᠦᠩ᠂᠂ ᠮᠦᠨᠴᠦ ᠵᠠᠰᠠᠭ ᠤᠨ | ᠣᠷᠳᠣᠨ᠂ ᠤᠯᠤᠰ ᠲᠥᠷᠥ ᠶᠢᠨ ᠵᠥᠪᠯᠡᠯᠭᠡᠨ ︽ᠨᠢᠭᠡ ᠵᠥᠪᠯᠡᠯ ᠬᠤᠶᠠᠷ ᠬᠤᠷᠢᠶ᠎ᠠ︾ ᠶᠢᠨ ᠪᠦᠯᠬᠦᠮᠳᠡᠨ ᠬᠠᠮᠵᠢᠯᠴᠠᠭᠰᠠᠨ ᠤ ᠦᠷ᠎ᠡ ᠳ᠋ᠦᠩ᠂᠂ ᠨᠡᠩ ᠴᠦ ᠪᠥᠬᠦ | ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠤ ᠪᠠᠲᠤ ᠢᠲᠡᠭᠡᠯ᠂ ᠬᠦᠴᠦᠲᠡᠶ ᠳᠡᠮᠵᠢᠯᠭᠡ ᠶᠢᠨ ᠦᠷ᠎ᠡ ᠳ᠋ᠦᠩ ᠮᠥᠨ᠃ ᠠᠳᠡ ᠪᠢ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠦᠯᠦᠭᠡᠯᠡᠨ᠂ ᠪᠢᠳᠡᠨ ᠤ ᠠᠵᠢᠯ ᠢ ᠬᠠᠯᠠᠮᠵᠢᠯᠠᠨ ᠳᠠᠮᠵᠢᠵᠤ ᠢᠷᠡᠭᠰᠡᠨ ᠪᠦᠬᠦ | ᠨᠥᠬᠦᠳ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠨᠢ᠂ ᠰᠢᠨ᠎ᠡ | ᠠᠶᠠᠨ ᠵᠠᠮ᠂ ᠰᠢᠨ᠎ᠡ ᠡᠭᠦᠷᠭᠡ ᠬᠠᠷᠢᠭᠤᠴᠠᠯᠭ᠎ᠠ᠂ ᠰᠢᠨ᠎ᠡ ᠱᠠᠭᠠᠷᠳᠠᠯᠭ᠎ᠠ ᠪᠠ ᠤᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠠᠴᠠ ᠪᠠᠰᠠ ᠵᠣᠬᠢᠬᠤ ᠵᠥᠷᠢ᠊ ᠡᠶ᠎ᠡ ᠪᠠ | ᠬᠦᠷᠦᠯᠴᠡᠬᠦ ᠦᠭᠡᠢ ᠲᠠᠯ᠎ᠠ ᠲᠠᠢ ᠪᠠᠶᠢᠭ᠎ᠠ ᠪᠠᠨ ᠰᠡᠷᠭᠡᠭ ᠢᠶᠠᠷ ᠤᠯᠵᠤ ᠲᠠᠨᠢᠯ᠎ᠠ᠂᠂ ᠭᠤᠣᠯᠳᠠᠭᠤ᠄ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠴᠢᠨᠠᠷ | ᠰᠠᠶᠢᠲᠠᠢ ᠭᠦᠢᠴᠡᠳᠬᠡᠬᠦ ᠲᠠᠯ᠎ᠠ ᠪᠠᠷ ᠪᠠᠰᠠ ᠬᠠᠯᠠᠨ ᠰᠠᠶᠢᠵᠢᠷᠠᠭᠤᠯᠬᠤ ᠴᠢᠬᠤᠯᠠᠲᠠᠢ ᠪᠠᠶᠢᠵᠤ᠂ ᠥᠨᠳᠥᠷ ᠪᠦᠲᠦᠮᠵᠢᠲᠡᠢ ᠪᠠᠷ ᠬᠢᠨᠠᠯᠲᠠ ᠲᠠᠯᠪᠢᠬᠤ ᠦᠢᠯᠡᠳᠦᠯ ᠢᠶᠠᠨ | ᠪᠠᠳᠠᠷᠠᠭᠤᠯᠬᠤ ᠲᠠᠯ᠎ᠠ ᠳᠡᠭᠡᠷ᠎ᠡ ᠪᠠᠰᠠ ᠳᠡᠭᠡᠭᠰᠢᠯᠡᠭᠦᠯᠬᠦ ᠴᠢᠬᠤᠯᠠᠲᠠᠢ ᠵᠦᠢᠯ ᠪᠠᠶᠢᠵᠤ᠂ ᠥᠨᠳᠥᠷ ᠬᠡᠪ ᠴᠢᠨᠠᠷ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠬᠤ ᠲᠠᠯ᠎ᠠ ᠳᠤ | ᠪᠠᠰᠠ ᠴᠢᠩᠭᠠᠳᠬᠠᠬᠤ ᠴᠢᠬᠤᠯᠠᠲᠠᠢ ᠵᠦᠢᠯ ᠪᠠᠶᠢᠨ᠎ᠠ᠃ ᠡᠳᠡᠭᠡᠷ ᠵᠦᠢᠯ ᠢᠶᠠᠨ ᠬᠤᠶᠢᠰᠢᠳᠠ ᠶᠢᠨ ᠠᠵᠢᠯ ᠳᠤᠮᠳᠠ ᠪᠠᠨ ᠢᠳᠡᠪᠬᠢᠲᠡᠢ ᠰᠦᠪᠡᠭᠴᠢᠯᠡᠨ | ᠲᠡᠭᠦᠯᠳᠡᠷᠵᠢᠭᠦᠯᠦᠶ᠎ᠡ᠃ | 2023 ᠣᠨ ᠤ ᠭᠤᠣᠯ ᠠᠵᠢᠯ | ᠲᠥᠯᠥᠭᠡᠯᠡᠭᠴᠢᠳ ᠡ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠮᠦᠨᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠳᠤ᠂ | ᠤᠷᠢᠳᠤᠬᠢ ᠶᠢ ᠵᠠᠯᠭᠠᠮᠵᠢᠯᠠᠨ ᠬᠤᠶᠢᠳᠠᠬᠢ ᠳᠤ ᠵᠠᠮ ᠨᠡᠭᠡᠭᠡᠬᠦ ᠴᠢᠬᠤᠯᠠ ᠨᠢᠭᠡ ᠵᠢᠯ ᠮᠥᠨ᠂ ᠪᠠᠰᠠ ᠴᠦ ᠬᠠᠩᠭᠢᠨ ᠬᠤᠰᠢᠭᠤᠨ ᠤ ᠬᠤᠴᠤᠷᠤᠩᠭᠤᠢ ᠪᠠᠶᠢᠳᠠᠯ ᠢᠶᠠᠨ | ᠬᠤᠪᠢᠷᠠᠭᠤᠯᠬᠤ ᠲᠠᠶᠢᠯᠠᠯᠳᠤᠭᠠᠨ ᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂᠂ ᠡᠨᠡ ᠵᠢᠯ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ᠋᠂ ᠶᠡᠷᠦᠩᠬᠡᠢ ᠱᠦᠵᠢ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠤᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂᠂ ᠴᠣᠬᠤᠯᠠᠪᠤᠷᠢ ᠶᠢᠨ | ᠵᠣᠷᠢᠭ ᠰᠠᠨᠠᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠠᠵᠤ ᠠᠬᠤᠶ ᠶᠢᠨ | ᠠᠵᠢᠯ ᠤᠨ ᠬᠤᠷᠠᠯᠳᠤᠭᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠠᠤᠯᠢ ᠴᠠᠭᠠᠵᠠ ᠠᠴᠠ ᠪᠢᠳᠡᠨ ᠳᠤ ᠣᠯᠭᠤᠭᠰᠠᠨ ᠢᠷᠠᠭᠤ ᠠᠯᠳᠠᠷᠲᠤ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠨᠳᠦᠰᠦᠨ ᠱᠠᠲᠤᠨ ᠤ ᠦᠶ᠋ᠯᠡᠳᠦᠯᠭᠡ ᠶᠢ ᠲᠠᠰᠤᠷᠠᠯᠲᠠ ᠤᠢᠭᠡᠢ | ᠪᠠᠶᠠᠯᠢᠭᠵᠢᠭᠤᠯᠤᠨ ᠬᠦᠭᠵᠢᠭᠦᠯᠵᠦ᠂ ᠨᠠᠩ ᠥᠨᠳᠥᠷ ᠱᠠᠭᠠᠷᠳᠠᠯᠭ᠎ᠠ᠂ ᠨᠡᠩ ᠪᠣᠳᠠᠲᠠᠶ ᠠᠷᠭ᠎ᠠ ᠪᠤᠳᠤᠯᠭ᠎ᠠ᠂ ᠨᠠᠩ ᠶᠡᠭᠡ ᠦᠶ᠋ᠯᠡᠳᠦᠯ ᠢᠶᠠᠷ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠃ | ᠨᠢᠭᠡ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠨ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ | ᠭᠦᠶ᠋ᠴᠡᠳᠬᠡᠬᠦ ᠵᠣᠭᠰᠣᠴᠠ ᠪᠠᠨ ᠳᠡᠭᠡᠭᠰᠢᠯᠡᠭᠦᠯᠬᠦ ᠴᠢᠬᠤᠯᠠ ᠲᠠᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠳᠠᠭᠠᠬᠤ ᠬᠠᠮᠤᠭ ᠤᠨ ᠳᠡᠭᠡᠳᠦ ᠤᠯᠤᠰ | ᠲᠦᠷᠦ ᠶᠢᠨ ᠵᠠᠷᠴᠢᠮ ᠢ ᠢᠮᠠᠭᠲᠠ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ | ᠰᠢᠳᠤᠷᠭᠤ ᠪᠠᠷ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠵᠥᠪ ᠴᠢᠭᠯᠡᠯ ᠢᠶᠠᠷ | ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ ᠨᠢᠭᠡ ᠳᠤ᠂ ᠤᠨᠤᠯ ᠢᠶᠠᠷ ᠵᠡᠪᠰᠡᠭᠯᠡᠬᠦ ᠶᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ᠂ ᠦᠵᠡᠯ ᠰᠠᠨᠠᠭ᠎ᠠ ᠪᠠ ᠢᠲᠡᠭᠡᠯ ᠵᠣᠷᠢᠭ᠂ ᠦᠢᠯᠡ | ᠠᠵᠢᠯᠯᠠᠭ᠎ᠠ ᠪᠠᠨ ᠨᠢᠭᠡᠳᠬᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠡᠯᠪᠡᠭ ᠪᠠᠶᠠᠯᠢᠭ ᠠᠭᠤᠯᠤᠭᠳᠠᠬᠤᠨ᠂ ᠴᠢᠬᠤᠯᠠ ᠶᠡᠭᠡ ᠠᠴᠢ ᠬᠤᠯᠪᠣᠭᠳᠠᠯ ᠪᠠ | ᠴᠠᠭ ᠦᠶ᠎ᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠴᠠᠭ ᠦᠶ᠎ᠡ᠂ ᠰᠢᠨ᠎ᠡ ᠠᠶᠠᠯᠠᠯ ᠤᠨ ᠵᠠᠮ ᠪᠠᠷ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ᠂ ᠵᠥᠪ ᠣᠨᠣᠪᠴᠢᠲᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠡᠯ᠎ᠡ | ᠲᠠᠯ᠎ᠠ᠂ ᠪᠦᠬᠦ ᠶᠠᠪᠤᠴᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠨᠠᠮ ᠤᠨ ᠬᠤᠷᠢ᠊ ᠡᠶ᠎ᠡ ᠲᠠᠢ ᠦᠵᠡᠯ ᠰᠠᠨᠠᠭᠠᠨ ᠤ ᠲᠠᠯ᠎ᠠ ᠪᠠᠷ | ᠰᠡᠳᠬᠢᠯ ᠢᠶᠠᠨ ᠨᠢᠭᠡᠳᠬᠡᠬᠦ ᠶᠢ ᠦᠨᠡᠨ ᠬᠦ ᠪᠡᠶᠡᠯᠡᠭᠦᠯᠦᠨ᠎ᠡ᠃ ᠬᠤᠶᠠᠷ ᠲᠤ᠂ ᠲᠥᠪ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ ᠨᠠᠮ ᠤᠨ ᠬᠤᠷᠢᠶᠠᠨ ᠤ | ᠴᠢᠬᠤᠯᠠ ᠶᠡᠭᠡ ᠱᠠᠭᠠᠷᠳᠠᠯᠭ᠎ᠠ ᠶᠢ ᠡᠷᠡᠰ ᠲᠤᠤᠱᠯᠠᠭᠤᠯᠤᠨ᠂ ᠤᠯᠤᠰ ᠲᠦᠷᠦ ᠶᠢᠨ ᠡᠭᠦᠷᠭᠡᠯᠡᠯ ᠢᠶᠠᠨ ᠬᠠᠲᠠᠭᠤᠵᠢᠭᠤᠯᠵᠤ᠂ ᠦᠨᠡᠨᠴᠢ ᠰᠢᠳᠤᠷᠭᠤ ᠵᠠᠩ ᠴᠢᠨᠠᠷ ᠢᠶᠠᠨ | ᠳᠠᠪᠲᠠᠨ ᠪᠣᠯᠪᠠᠰᠤᠷᠠᠭᠤᠯᠵᠤ᠂ ᠤᠯᠤᠰ ᠤᠨ ᠶᠡᠭᠡ ᠲᠠᠯ᠎ᠠ ᠶᠢ ᠪᠣᠳᠣᠯᠬᠢᠯᠠᠬᠤ ᠲᠣᠭᠤᠷᠢᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠬᠤᠶᠠᠷ ᠢ ᠲᠣᠭᠲᠠᠭᠠᠬᠤ︾ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ︽ | ᠬᠤᠶᠠᠷ ᠢ ᠬᠠᠮᠠᠭᠠᠯᠠᠬᠤ︾ ᠪᠣᠳᠠᠲᠤ ᠠᠵᠢᠯᠯᠠᠭ᠎ᠠ ᠵᠦᠭ ᠬᠤᠪᠢᠷᠠᠭᠤᠯᠵᠤ᠂ ᠨᠠᠮ ᠤᠨ ᠬᠤᠷᠢᠶᠠᠨ ᠤ ᠬᠠᠷᠠᠯᠲᠠ ᠲᠠᠢ ᠠᠳᠠᠯᠢ ᠴᠢᠭᠯᠡᠯ ᠲᠠᠢ ᠪᠠᠶᠢᠬᠤ ᠶᠢ ᠦᠨᠡᠨ ᠬᠦ | ᠪᠡᠶᠡᠯᠡᠭᠦᠯᠦᠨ᠎ᠡ᠃ ᠭᠤᠷᠪᠠ ᠳᠤ᠂ ᠬᠤᠰᠢᠭᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠢᠶᠠᠨ ᠤᠬᠠᠮᠰᠠᠷ ᠠᠴᠠ ᠪᠠᠨ ᠪᠦᠬᠦ | ᠬᠤᠰᠢᠭᠤᠨ ᠤ ᠶᠡᠷᠦᠩᠬᠡᠢ ᠪᠠᠢᠷᠢᠯᠠᠭᠤᠯᠤᠯᠲᠠ ᠳᠤᠮᠳᠠ ᠲᠥᠯᠥᠪᠵᠢᠭᠦᠯᠦᠨ ᠠᠬᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠣᠯᠭᠤᠭᠰᠠᠨ ᠡᠷᠬᠡ ᠮᠡᠳᠡᠯ ᠪᠠ ᠡᠯ᠎ᠡ ᠲᠥᠷᠥᠯ ᠤᠨ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠤᠰᠢᠭᠤ ᠨᠠᠮ ᠤᠨ ᠬᠤᠷᠢᠶᠠᠨ ᠤ ᠵᠣᠷᠢᠯᠲᠠ ᠶᠢ ᠬᠠᠤᠯᠢ ᠲᠤᠭᠲᠠᠭᠠᠯ ᠤᠨ ᠡᠮᠬᠢ ᠳᠠᠷᠠᠭᠠᠯᠠᠯ ᠢᠶᠠᠷ ᠪᠦᠬᠦ | ᠬᠤᠰᠢᠭᠤᠨ ᠤ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠬᠤ ᠳᠠᠭᠠᠨ ᠴᠢᠳᠠᠮᠠᠭᠠᠢ ᠪᠠᠶ᠋ᠵᠤ᠂ ᠴᠢᠬᠤᠯᠠ ᠶᠡᠭᠡ ᠤᠴᠢᠷ ᠶᠠᠪᠤᠳᠠᠯ ᠢ | ᠬᠤᠰᠢᠭᠤ ᠨᠠᠮ ᠤᠨ ᠬᠤᠷᠢᠶᠠᠨ ᠳᠤ ᠮᠡᠳᠡᠭᠦᠯᠦᠨ ᠵᠢᠭᠠᠪᠤᠷᠢ ᠠᠪᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠤᠰᠢᠭᠤ ᠨᠠᠮ ᠤᠨ ᠬᠤᠷᠢᠶᠠᠨ ᠤ ᠲᠣᠬᠢᠷᠠᠭᠤᠯᠤᠭᠰᠠᠨ | ᠭᠤᠣᠯᠳᠠᠯᠭ᠎ᠠ ᠲᠠᠢ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠨᠠᠮ ᠤᠨ ᠬᠤᠷᠢᠶ᠎ᠠ ᠪᠠᠶᠢᠷᠢᠯᠠᠭᠤᠯᠤᠯᠲᠠ ᠲᠠᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠦᠢᠯᠡ ᠠᠵᠢᠯᠯᠠᠭ᠎ᠠ ᠲᠠᠢ ᠪᠠᠢᠬᠤ ᠶᠢ ᠦᠨᠡᠨᠬᠦ ᠪᠡᠶᠡᠯᠡᠭᠦᠯᠦᠨ᠎ᠡ᠃ | ᠬᠤᠶᠠᠷ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠴᠢᠨᠠᠷ ᠰᠠᠶᠢᠲᠠᠢ | ᠬᠥᠭᠵᠢᠯᠲᠡ ᠳᠤᠮᠳᠠ ᠰᠢᠨ᠎ᠡ ᠵᠢᠳᠬᠦᠯ ᠦᠵᠡᠭᠦᠯᠦᠨ᠎ᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ᠂ ᠰᠢᠨ᠎ᠡ | ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠶ ᠡᠵᠡᠮᠳᠡᠵᠦ᠂ | ᠪᠦᠬᠦᠯᠢ ᠴᠣᠭᠴᠠ ᠪᠠ ᠭᠤᠤᠯᠳᠠᠯᠭ᠎ᠠ ᠶᠢ ᠨᠢᠭᠡᠳᠦᠯᠲᠡᠶ ᠲᠥᠯᠥᠪᠵᠢᠭᠦᠯᠦᠨ᠂ ᠣᠳᠣᠬᠠᠨ ᠪᠠ ᠢᠷᠡᠭᠡᠳᠦᠢ ᠶᠢ ᠬᠠᠮᠲᠤ ᠳᠤᠨᠢ ᠬᠠᠷᠠᠭᠠᠯᠵᠠᠵᠤ ᠪᠣᠳᠠᠲᠠᠶ ᠶᠢ ᠡᠷᠬᠢᠮᠯᠡᠨ | ᠪᠦᠲᠦᠮᠵᠢᠲᠡᠶ ᠬᠢᠨᠠᠯᠲᠠ ᠶᠢ ᠰᠠᠶᠢᠲᠤᠷ ᠥᠷᠨᠢᠭᠦᠯᠦᠨ᠎ᠡ᠃ ᠨᠢᠭᠡ ᠳᠤ ᠶᠡᠷᠦᠩᠬᠡᠶᠢᠯᠡᠭᠰᠡᠨ ᠴᠢᠨᠠᠷᠲᠠᠢ ᠬᠢᠨᠠᠯᠲᠠ ᠶᠢ ᠬᠡᠷᠡᠭᠵᠢᠭᠦᠯᠦᠨ᠎ᠡ᠃ ᠬᠤᠰᠢᠭᠤ ᠨᠠᠮ ᠤᠨ | ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ | ᠬᠠᠷᠠᠯᠲᠠ ᠡᠭᠦᠷᠭᠡ ᠪᠠᠷ ᠭᠤᠤᠯᠳᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ᠂ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠦᠷᠭᠦᠯᠵᠢᠯᠡᠨ ᠠᠬᠢᠭᠤᠯᠬᠤ ᠪᠠᠷ ᠭᠤᠤᠯᠳᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠬᠦ᠂ ᠬᠤᠲᠠ ᠬᠦᠳᠡᠭᠡᠨ ᠤ ᠨᠢᠭᠡ ᠴᠤᠭᠴᠠᠵᠢᠭᠰᠠᠨ ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠤᠨ᠂ ᠠᠷᠠᠳ ᠤᠨ ᠠᠮᠢᠳᠤᠷᠠᠯ ᠤᠨ ᠠᠵᠠ | ᠵᠢᠷᠭᠠᠯ ᠤᠨ ᠬᠡᠮᠵᠢᠶ᠎ᠡ ᠶᠢ ᠨᠡᠮᠡᠭᠳᠡᠭᠦᠯᠬᠦ ᠳᠤ ᠬᠦᠴᠦ ᠵᠠᠷᠤᠴᠠᠭᠤᠯᠤᠨ᠂ ᠬᠤᠰᠢᠭᠤ ᠨᠠᠮ ᠤᠨ ᠬᠤᠷᠢᠶᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ | ᠨᠡᠶᠢᠭᠡᠮ ᠤᠨ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠤ ᠬᠢᠨᠠᠯᠲᠠ ᠲᠠᠯᠪᠢᠨ᠎ᠠ᠃ ᠬᠤᠰᠢᠭᠤ᠂ ᠰᠤᠮᠤ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠬᠠᠷᠢᠯᠴᠠᠨ ᠬᠤᠯᠪᠣᠭᠠᠯᠠᠨ ᠬᠥᠳᠡᠯᠦᠯᠴᠡᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠪᠤᠯᠤᠨ ᠵᠠᠰᠠᠭ ᠤᠨ ᠣᠷᠳᠣᠨ ᠬᠠᠷᠢᠯᠴᠠᠨ ᠬᠥᠳᠡᠯᠦᠯᠴᠡᠬᠦ᠂ ᠣᠯᠠᠨ ᠲᠦᠮᠡᠨ ᠤ ᠶᠠᠷᠢᠶ᠎ᠠ ᠬᠡᠯᠡᠯᠴᠡᠭᠡ ᠪᠠᠷ ᠠᠬᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ | ᠮᠦᠷᠳᠡᠨ ᠭᠦᠢᠴᠡᠳᠬᠡᠬᠦ ᠶᠢ ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠪᠠ ᠨᠡᠶᠢᠭᠡᠮ ᠤᠨ | ᠬᠢᠨᠠᠯᠲᠠ ᠶᠢ ᠣᠷᠭᠠᠨᠢᠭ ᠢᠶᠠᠷ ᠪᠡᠶᠡᠯᠡᠭᠦᠯᠦᠨ᠎ᠡ᠃ ᠡᠭᠦᠨ ᠤ ᠬᠠᠮᠲᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠶᠡᠷᠦᠩᠬᠡᠶᠢᠯᠡᠭᠰᠡᠨ | ᠦᠨᠡᠯᠡᠯᠲᠡ ᠬᠢᠬᠦ ᠠᠵᠢᠯ ᠢ ᠦᠷᠭᠦᠯᠵᠢᠯᠡᠨ ᠥᠷᠨᠢᠭᠦᠯᠵᠦ᠂ ᠲᠤᠭᠲᠠᠭᠰᠠᠨ ᠬᠤᠭᠤᠴᠠᠭᠠᠨ ᠤ ᠳᠣᠲᠣᠷ᠎ᠠ ᠪᠦᠬᠦᠨ ᠢ ᠬᠠᠮᠤᠷᠴᠤ ᠪᠡᠶᠡᠯᠡᠭᠦᠯᠦᠨ᠎ᠡ᠃ ᠬᠤᠶᠠᠷ ᠲᠤ | ᠬᠡᠯᠬᠢᠶᠡᠵᠢᠯ ᠤᠨ ᠴᠢᠨᠠᠷᠲᠠᠢ ᠬᠢᠨᠠᠯᠲᠠ ᠶᠢ ᠬᠡᠷᠡᠭᠵᠢᠭᠦᠯᠦᠨ᠎ᠡ᠃ ᠬᠤᠰᠢᠭᠤ ᠨᠠᠮ ᠤᠨ ᠬᠤᠷᠢᠶᠠᠨ ᠤ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠭᠤᠴᠠᠭ᠎ᠠ ᠳᠠᠷᠠᠭᠠᠯᠠᠨ | ᠠᠳᠬᠤᠵᠤ᠂ ᠵᠢᠯ ᠳᠠᠷᠠᠭᠠᠯᠠᠨ ᠬᠢᠬᠦ ᠶᠢ ᠪᠠᠷᠢᠮᠲᠠᠯᠠᠨ᠂ ᠤᠴᠢᠷ ᠶᠠᠪᠤᠳᠠᠯ ᠢ ᠡᠴᠦᠰ ᠲᠤᠨᠢ ᠲᠤᠯᠲᠠᠯ᠎ᠠ ᠬᠢᠨᠠᠨ ᠪᠠᠶᠢᠴᠠᠭᠠᠬᠤ ᠲᠠᠢ ᠤᠶᠠᠯᠳᠤᠭᠤᠯᠤᠨ᠂ ᠪᠥᠬᠦ | ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠠᠵᠢᠯ ᠪᠤᠯᠤᠨ᠂ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ᠂ ᠠᠵᠤ ᠠᠬᠤᠶᠢᠯᠠᠯ ᠤᠨ ᠲᠥᠰᠦᠪ ᠤᠨ ᠬᠠᠮᠢᠶᠠᠷᠤᠯᠲᠠ᠂ ᠠᠷᠠᠳ ᠤᠨ | ᠠᠮᠢᠳᠤᠷᠠᠯ ᠤᠨ ᠪᠣᠳᠠᠲᠤ ᠬᠡᠷᠡᠭ ᠲᠤ ᠪᠢᠯᠧᠲ ᠦᠭᠴᠦ ᠰᠢᠶ᠋ᠳᠪᠦᠷᠢᠯᠡᠬᠦ ᠲᠥᠷᠥᠯ ᠵᠦᠶ᠋ᠯ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠦᠷᠭᠦᠯᠵᠢᠯᠡᠭᠰᠡᠨ ᠴᠢᠨᠠᠷᠲᠠᠶ | ᠬᠢᠨᠠᠯᠲᠠ ᠶᠢ ᠭᠦᠨᠵᠡᠭᠡᠶᠢᠷᠡᠭᠦᠯᠦᠨ᠎ᠡ᠃ ᠬᠢᠨᠠᠯᠲᠠ ᠲᠠᠯᠪᠢᠬᠤ ᠬᠠᠷᠠᠭᠠᠰᠤ ᠪᠠᠨ ᠲᠠᠰᠤᠷᠠᠯᠲᠠ ᠦᠭᠡᠢ ᠴᠢᠩᠭᠠᠳᠬᠠᠨ᠂ ᠡᠯ᠎ᠡ ᠵᠦᠢᠯ ᠤᠨ ᠬᠢᠨᠠᠯᠲᠠ ᠲᠠᠯᠪᠢᠬᠤ ᠰᠢᠰᠲ᠋ᠧᠮ ᠢ | ᠪᠦᠷᠢᠯᠳᠦᠭᠦᠯᠦᠨ᠎ᠡ᠃ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢ᠊ ᠡᠶ᠎ᠡ ᠶᠢ ᠠᠷᠠᠳ ᠤᠨ ᠠᠮᠢᠳᠤᠷᠠᠯ ᠤᠨ ᠦᠨᠡᠨ ᠪᠤᠳᠠᠲᠤ | ᠦᠷ᠎ᠡ ᠪᠦᠲᠦᠭᠡᠯ ᠪᠤᠯᠭᠠᠬᠤ ᠶᠢ ᠠᠬᠢᠭᠤᠯᠤᠨ᠎ᠠ᠃ ᠭᠤᠷᠪᠠ ᠳᠤ ᠨᠠᠷᠢᠯᠢᠭ ᠤᠨᠤᠪᠴᠢᠲᠠᠢ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠲᠦᠭᠵᠢᠷᠡᠯ ᠤᠨ ᠬᠤᠷᠢᠭ᠎ᠠ ᠴᠡᠭ ᠪᠠ ᠤᠯᠠᠨ ᠲᠦᠮᠡᠨ ᠤ ᠲᠤᠰᠬᠠᠭᠰᠠᠨ ᠬᠦᠴᠢᠷ ᠠᠰᠠᠭᠤᠳᠠᠯ ᠢ ᠣᠨᠣᠪᠴᠢᠲᠠᠢ ᠣᠯᠵᠤ᠂ ᠠᠵᠢᠯ ᠣᠯᠭᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠦᠬᠦ ᠠᠷᠠᠳ ᠤᠨ ᠡᠷᠡᠭᠦᠯ | ᠮᠡᠨᠳᠦ ᠶᠢᠨ ᠲᠦᠪᠰᠢᠨ ᠢ ᠳᠡᠭᠡᠭᠰᠢᠯᠡᠭᠦᠯᠬᠦ ᠪᠤᠯᠤᠨ ᠰᠣᠶᠣᠯ ᠤᠨ ᠢᠲᠡᠭᠡᠯ ᠢ ᠬᠥᠮᠦᠵᠢᠭᠦᠯᠬᠦ᠂ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ ᠵᠡᠷᠭᠡ ︽ | ᠲᠠᠪᠤᠨ ᠶᠡᠭᠡ ᠠᠵᠢᠯ︾ ᠶᠢᠨ ᠲᠣᠭᠤᠷᠢᠨ ᠳᠤ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠪᠠᠨ ᠬᠠᠷᠠᠯᠲᠠ ᠲᠠᠢ ᠪᠦᠭᠡᠳ ᠨᠠᠷᠢᠯᠢᠭ ᠤᠨᠤᠪᠴᠢᠲᠠᠢ ᠪᠠᠶᠢᠬᠤ ᠶᠢ ᠪᠠᠲᠤᠯᠠᠵᠤ᠂ | ᠬᠥᠭᠵᠢᠯᠲᠡ ᠶᠢᠨ ᠦᠷ᠎ᠡ ᠪᠦᠲᠦᠭᠡᠯ ᠢᠶᠠᠨ ᠨᠡᠩ ᠵᠤᠵᠠᠭᠠᠳᠬᠠᠨ᠎ᠠ᠃ | ᠭᠤᠷᠪᠠ᠂ ᠲᠥᠯᠥᠭᠡᠯᠡᠭᠴᠢᠳ ᠤᠨ ᠪᠠᠶᠢᠷᠢ ᠰᠠᠭᠤᠷᠢ ᠶᠢ ᠬᠦᠨᠳᠦᠳᠬᠡᠵᠦ ᠠᠮᠢᠵᠢᠷᠠᠯ ᠤᠨ ᠬᠦᠴᠦᠨ ᠢ ᠨᠢ ᠪᠠᠳᠠᠷᠠᠭᠤᠯᠬᠤ ᠲᠠᠯ᠎ᠠ ᠪᠠᠷ᠂ ᠰᠢᠨ᠎ᠡ ᠦᠷ᠎ᠡ ᠪᠦᠲᠦᠮᠵᠢ | ᠭᠠᠷᠭᠠᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ᠂ ᠡᠭᠦᠷᠭᠡ ᠲᠤᠰᠢᠶᠠᠯ ᠢᠶᠠᠨ ᠭᠦᠶ᠋ᠴᠡᠳᠬᠡᠬᠦ | ᠲᠠᠪᠴᠠᠩ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠥᠬᠡᠶ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠠᠷᠠᠳ ᠤᠨ ᠰᠠᠨᠠᠭᠠᠨ ᠳᠤ ᠨᠡᠶᠢᠴᠡᠭᠦᠯᠬᠦ ᠰᠠᠭᠤᠷᠢ ᠶᠢ ᠤᠯᠠᠮ ᠨᠢᠭᠡ | ᠠᠯᠬᠤᠮ ᠪᠠᠬᠢᠵᠢᠭᠦᠯᠦᠨ᠎ᠡ᠃ ᠨᠢᠭᠡ ᠳᠤ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠢ ᠢᠳᠡᠪᠬᠢᠲᠡᠢ ᠪᠠᠶᠢᠭᠤᠯᠤᠨ᠎ᠠ᠃ | ᠲᠥᠯᠥᠭᠡᠯᠡᠭᠴᠢᠳ ᠤᠨ ᠭᠡᠷ ᠪᠠ ᠬᠠᠷᠢᠯᠴᠠᠬᠤ ᠥᠷᠲᠡᠭᠡᠨ ᠤ ᠪᠦᠲᠦᠭᠡᠨ ᠪᠠᠢᠭᠤᠯᠤᠯᠲᠠ ᠶᠢ ᠲᠡᠭᠦᠯᠳᠡᠷᠵᠢᠭᠦᠯᠵᠦ᠂ ︽ᠲᠠᠪᠤᠨ ᠣᠳᠣᠨ ᠳᠡᠰ︾ ᠤᠨ | ᠲᠦᠯᠦᠭᠡᠯᠡᠭᠴᠢ ᠶᠢᠨ ᠭᠡᠷ ᠢ ᠦᠷᠬᠦᠯᠵᠢᠯᠡᠨ ᠡᠭᠦᠳᠦᠨ ᠪᠠᠶᠢᠭᠤᠯᠵᠤ᠂ ᠪᠦᠬᠦᠨ ᠢ ᠪᠦᠷᠬᠦᠭᠦᠯᠬᠦ ᠪᠦᠲᠦᠭᠡᠨ ᠪᠠᠢᠭᠤᠯᠤᠯᠲᠠ ᠶᠢ ᠪᠠᠢᠩᠭᠤᠵᠢᠭᠰᠠᠨ ᠬᠠᠮᠢᠶᠠᠷᠤᠯᠲᠠ᠂ | ᠵᠢᠷᠤᠮᠵᠢᠭᠰᠠᠨ ᠠᠵᠢᠯᠯᠠᠭ᠎ᠠ ᠵᠦᠭ ᠬᠤᠪᠢᠷᠠᠭᠤᠯᠵᠤ᠂ ᠲᠥᠯᠥᠭᠡᠯᠡᠭᠴᠢᠳ ᠤᠨ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠨᠡᠨ | ᠬᠦ ᠪᠠᠳᠠᠷᠠᠭᠤᠯᠤᠨ᠎ᠠ᠃ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠲᠡᠳᠡᠨ ᠤ | ᠰᠠᠨᠠᠯ ᠰᠠᠨᠠᠭᠤᠯᠭ᠎ᠠ ᠶᠢ ᠪᠥᠬᠦ ᠰᠦᠯᠵᠢᠶ᠎ᠡ ᠪᠠᠷ ᠭᠦᠶ᠋ᠴᠡᠳᠬᠡᠬᠦ ᠶᠢ ᠪᠡᠶᠡᠯᠡᠭᠦᠯᠵᠦ᠂ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠠ ᠡᠭᠦᠷᠭᠡ ᠬᠠᠷᠢᠭᠤᠴᠠᠯᠭ᠎ᠠ ᠪᠠᠨ | ᠭᠦᠶ᠋ᠴᠡᠳᠬᠡᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠶ ᠰᠦᠪᠡᠭᠴᠢᠯᠡᠵᠦ᠂ ᠲᠥᠯᠥᠭᠡᠯᠡᠭᠴᠢᠳ ᠤᠨ ᠬᠦᠴᠦᠨ ᠢ ᠭᠦᠶ᠋ᠴᠡᠳ ᠨᠢᠭᠲᠠᠷᠠᠭᠤᠯᠵᠤ᠂ ᠡᠭᠦᠷᠭᠡ | ᠲᠤᠰᠢᠶᠠᠯ ᠢᠶᠠᠨ ᠭᠦᠶ᠋ᠴᠡᠳᠬᠡᠬᠦ ᠲᠠᠪᠴᠠᠩ ᠢ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ︽ᠭᠤᠤᠯ ᠵᠢᠭᠰᠠᠭᠠᠯ ᠤᠨ ᠭᠠᠵᠠᠷ︾ ᠪᠣᠯᠭᠠᠨ | ᠪᠠᠶᠢᠭᠤᠯᠤᠨ᠎ᠠ᠃ ᠬᠤᠶᠠᠷ ᠲᠤ ᠲᠥᠯᠥᠭᠡᠯᠡᠭᠴᠢᠳ ᠤᠨ ᠠᠷᠠᠳ ᠤᠨ ᠳᠤᠮᠳᠠ ᠠᠴᠠ ᠢᠷᠡᠵᠦ᠂ ᠠᠷᠠᠳ ᠤᠨ ᠲᠤᠮᠳᠠ ᠦᠨᠳᠦᠰᠦᠯᠡᠳᠡᠭ ᠳᠠᠪᠠᠭᠤᠯᠢᠭ ᠢ ᠠᠰᠢᠭᠯᠠᠨ᠂ | ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ᠂ ᠲᠥᠯᠥᠭᠡᠯᠡᠭᠴᠢᠳ ᠤᠨ ᠭᠡᠷ ᠲᠤ ᠣᠷᠣᠭᠤᠯᠵᠤ᠂ ᠤᠯᠠᠨ ᠲᠦᠮᠡᠨ ᠤ ︽ᠰᠡᠳᠬᠢᠯ ᠤᠨ ᠳᠠᠭᠤᠨ︾ | ᠢ ᠰᠣᠨᠣᠰᠴᠤ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠦ ᠬᠦᠰᠡᠵᠦ ᠪᠠᠶᠢᠭ᠎ᠠ ᠠᠰᠠᠭᠤᠳᠠᠯ ᠢ ᠬᠠᠯᠠᠮᠵᠢᠯᠠᠬᠤ ᠠᠵᠢᠯᠯᠠᠭ᠎ᠠ ᠦᠷᠨᠢᠭᠦᠯᠦᠨ᠎ᠡ᠃ | ᠲᠥᠯᠥᠭᠡᠯᠡᠭᠴᠢᠳ ᠤᠨ ᠦᠢᠯᠡᠳᠦᠯᠭᠡ ᠶᠢᠨ ᠳᠤᠮᠳᠠ ᠲᠤᠯᠭᠠᠭᠤᠷᠢᠯᠠᠬᠤ ᠴᠡᠭ ᠢ ᠣᠨᠣᠪᠴᠢᠲᠠᠢ ᠣᠯᠵᠤ᠂ ᠠᠩᠬᠠᠷᠤᠯ ᠤᠨ ᠴᠡᠭ ᠤᠨ ᠲᠤᠭᠤᠷᠢᠨ ᠳᠤ᠂ | ᠲᠥᠯᠥᠭᠡᠯᠡᠭᠴᠢᠳ ᠤᠨ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠳᠤ ᠨᠡᠶᠢᠴᠡᠭᠦᠯᠬᠦ ︽ᠰᠢᠭᠤᠳ ᠵᠠᠮ︾ | ᠪᠤᠯᠭᠠᠨ᠋ ᠪᠦᠲᠦᠭᠡᠨ ᠪᠠᠶᠢᠭᠤᠯᠤᠨ᠎ᠠ᠃ ᠭᠤᠷᠪᠠ ᠳᠤ ᠲᠠᠪᠴᠠᠩ ᠳᠤ ᠲᠦᠰᠢᠭᠯᠡᠨ ᠭᠤᠣᠯᠳᠠᠯᠭ᠎ᠠ ᠲᠠᠢ ᠰᠠᠨᠠᠭᠤᠯᠭ᠎ᠠ ᠶᠢ ᠱᠠᠯᠠᠪᠳᠠᠭᠤᠯᠵᠤ ᠰᠢᠢᠳᠪᠦᠷᠢᠯᠡᠭᠦᠯᠬᠦ | ᠠᠵᠢᠯᠯᠠᠭ᠎ᠠ ᠶᠢ ᠥᠷᠨᠢᠭᠦᠯᠵᠦ᠂ ᠪᠤᠳᠠᠲᠤ ᠭᠠᠵᠠᠷ ᠲᠤ ᠬᠦᠷᠴᠦ ᠪᠤᠳᠠᠲᠠᠢ ᠵᠦᠪᠯᠡᠯᠭᠡ ᠬᠢᠨ ᠦᠨᠡᠯᠡᠬᠦ ᠠᠵᠢᠯ ᠢ ᠬᠡᠷᠡᠭᠵᠢᠭᠦᠯᠵᠦ᠂ ᠲᠥᠯᠥᠭᠡᠯᠡᠭᠴᠢᠳ ᠤᠨ | ᠰᠠᠨᠠᠭᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠳ ᠤᠨ ᠰᠠᠨᠠᠭ᠎ᠠ ᠪᠤᠳᠤᠯ ᠢ ᠪᠡᠶᠡᠯᠡᠭᠦᠯᠦᠨ᠎ᠡ᠃ ᠲᠥᠯᠥᠭᠡᠯᠡᠭᠴᠢᠳ ᠤᠨ ᠰᠠᠶᠢᠨ | ᠰᠠᠨᠠᠭᠤᠯᠭ᠎ᠠ ᠶᠢ ᠬᠠᠩᠭᠢᠨ ᠤ ᠬᠥᠭᠵᠢᠯᠲᠡ ᠶᠢᠨ ︽ᠠᠯᠲᠠᠨ ᠲᠦᠯᠬᠢᠭᠦᠷ︾ ᠪᠤᠯᠭᠠᠨ᠂ ᠲᠥᠯᠥᠭᠡᠯᠡᠭᠴᠢᠳ ᠤᠨ ᠪᠤᠳᠤᠯ ᠰᠠᠨᠠᠯ ᠳᠤ ᠨᠡᠶᠢᠴᠡᠭᠦᠯᠦᠨ᠂ ᠡᠭᠦᠷᠭᠡ | ᠲᠤᠰᠢᠶᠠᠯ ᠢᠶᠠᠨ ᠭᠦᠶ᠋ᠴᠡᠳᠬᠡᠬᠦ ᠲᠠᠪᠴᠠᠩ ᠤᠨ ᠬᠥᠳᠡᠯᠭᠡᠬᠦ ᠬᠦᠴᠦᠨ ᠤ ︽ᠲᠦᠯᠬᠢᠬᠦ ᠬᠦᠴᠦᠨ︾ ᠪᠣᠯᠭᠠᠨ ᠴᠣᠭᠴᠠᠯᠠᠨ᠎ᠠ᠃ ᠡᠭᠦᠨ ᠤ ᠬᠠᠮᠲᠤ᠂ | ᠲᠥᠯᠥᠭᠡᠯᠡᠭᠴᠢᠳ ᠤᠨ ᠪᠤᠯᠪᠠᠰᠤᠷᠠᠯ ᠬᠦᠮᠦᠵᠢᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ | ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠰᠲ᠋ᠧᠮ ᠪᠤᠯᠤᠨ᠂ ᠬᠢᠨᠠᠯᠲᠠ ᠲᠠᠯᠪᠢᠬᠤ ᠰᠢᠰᠲ᠋ᠧᠮ᠂ ᠰᠢᠯᠭᠠᠨ ᠦᠨᠡᠯᠡᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠲᠥᠯᠥᠭᠡᠯᠡᠭᠴᠢᠳ ᠤᠨ ᠦᠯᠢᠭᠡᠷ ᠢ ᠰᠠᠶᠢᠲᠤᠷ ᠶᠠᠷᠢᠵᠤ᠂ ᠦᠯᠢᠭᠡᠷ ᠳᠠᠭᠤᠷᠢᠶᠠᠯ ᠤᠨ ᠬᠦᠴᠦᠨ ᠢ ᠳᠠᠮᠵᠢᠭᠤᠯᠤᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠤᠷᠢᠶᠠᠯᠠᠬᠤ ᠬᠦᠴᠦᠨ ᠢ ᠤᠯᠠᠮ | ᠨᠢᠭᠡ ᠠᠯᠬᠤᠮ ᠦᠷᠭᠡᠳᠬᠡᠨ᠎ᠡ᠃ | ᠲᠦᠷᠪᠡ᠂ ᠲᠥᠪ ᠶᠣᠰᠣ ᠪᠠ ᠰᠢᠨ᠎ᠡ ᠶᠢ ᠡᠭᠦᠳᠬᠦ ᠶᠢ ᠪᠠᠷᠢᠮᠲᠠᠯᠠᠨ᠂ ᠦᠨᠳᠦᠰᠦ ᠪᠠᠨ ᠪᠠᠬᠢᠵᠢᠭᠦᠯᠦᠨ ᠰᠠᠭᠤᠷᠢ ᠪᠠᠨ ᠴᠢᠩᠭᠠᠳᠬᠠᠬᠤ ᠶᠢ ᠴᠢᠬᠤᠯᠠᠴᠢᠯᠠᠵᠤ᠂ | ᠲᠤᠰ ᠪᠡᠶ᠎ᠡ ᠶᠢᠨ ᠪᠠᠶᠢᠭᠤᠯᠤᠯᠲᠠ ᠳᠠᠭᠠᠨ ᠰᠢᠨ᠎ᠡ ᠳᠦᠷᠰᠦ ᠪᠠᠶᠢᠳᠠᠯ ᠲᠠᠢ ᠪᠤᠯᠭᠠᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠨᠢ᠂ ᠠᠵᠢᠯ ᠤᠨ ᠲᠣᠭᠲᠠᠴᠠ ᠪᠠᠨ ᠲᠠᠰᠤᠷᠠᠯᠲᠠ ᠥᠬᠡᠶ ᠰᠢᠨᠡᠴᠢᠯᠡᠵᠦ᠂ ︽ᠳᠥᠷᠪᠡᠨ ᠪᠠᠶᠢᠭᠤᠯᠭ᠎ᠠ︾ ᠶᠢᠨ ᠪᠠᠶᠢᠷᠢ ᠲᠣᠭᠲᠠᠭᠠᠯᠲᠠ | ᠶᠣᠰᠣᠭᠠᠷ᠂ ᠬᠠᠷᠢᠭᠤᠴᠠᠯᠭᠠᠲᠤ ᠤᠬᠠᠮᠰᠠᠷ ᠢᠶᠠᠨ ᠳᠡᠭᠡᠭᠰᠢᠯᠡᠭᠦᠯᠦᠨ᠂ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠣᠪᠣᠷ ᠰᠤᠷᠲᠠᠯ ᠢᠶᠠᠨ | ᠴᠢᠩᠳᠠᠯᠠᠨ᠂ ᠠᠵᠢᠯ ᠦᠶ᠋ᠯᠡᠰ ᠢᠶᠠᠨ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠡᠯ᠎ᠡ ᠲᠥᠷᠥᠯ ᠤᠨ ᠠᠵᠢᠯ ᠤᠨ ᠶᠠᠰᠤ ᠴᠢᠨᠠᠷ ᠪᠤᠯᠤᠨ ᠦᠷ᠎ᠡ ᠠᠰᠢᠭ ᠢᠶᠠᠨ | ᠨᠡᠮᠡᠭᠳᠡᠭᠦᠯᠬᠦ ᠶᠢ ᠠᠬᠢᠭᠤᠯᠤᠨ᠎ᠠ᠃ ᠨᠢᠭᠡ ᠳᠤ ᠢᠲᠡᠭᠡᠯ ᠵᠣᠷᠢᠭ ᠡᠷᠡᠰ ᠪᠠᠲᠤ᠂ ᠬᠠᠤᠯᠢ ᠳᠦᠷᠢᠮ ᠢ ᠵᠢᠷᠤᠮᠯᠠᠨ ᠲᠠᠭᠠᠳᠠᠭ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠪᠠᠶᠢᠭᠤᠯᠭ᠎ᠠ ᠶᠢ ᠪᠠᠶᠢᠭᠤᠯᠤᠨ᠎ᠠ᠃ ᠬᠦᠰᠡᠯᠡᠩ ᠪᠠ ᠢᠲᠡᠭᠡᠯ ᠵᠣᠷᠢᠭ ᠢᠶᠠᠨ ᠪᠠᠲᠤᠳᠬᠠᠨ᠂ ᠤᠶᠤᠨ ᠰᠠᠨᠠᠭᠠᠨ ᠤ | ᠲᠦᠰᠢᠭ ᠲᠤᠯᠭᠠᠭᠤᠷᠢ ᠪᠠᠨ ᠪᠠᠲᠤ ᠴᠣᠭᠴᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠡᠷᠡᠰ ᠭᠤᠶᠢᠪᠢᠰᠢ ᠦᠭᠡᠢ ᠪᠠᠷᠢᠮᠲᠠᠯᠠᠨ᠂ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠪᠠᠨ ᠦᠨᠡᠨ ᠬᠦ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠺᠠᠲᠠᠷᠴᠤᠳ ᠤᠨ ᠴᠢᠳᠠᠮᠠᠭᠠᠢ ᠠᠵᠢᠯᠯᠠᠵᠤ ᠡᠭᠦᠳᠦᠨ ᠪᠦᠲᠦᠭᠡᠬᠦ ᠰᠥᠰᠥ ᠵᠣᠷᠢᠭ ᠢ ᠪᠠᠳᠠᠷᠠᠭᠠᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠪᠠᠶᠢᠭᠤᠯᠭ᠎ᠠ ᠶᠢᠨ ᠨᠠᠮ ᠤᠨ ᠤᠨᠤᠯ ᠪᠠ ᠬᠠᠤᠯᠢ ᠴᠠᠭᠠᠵᠠ ᠶᠢᠨ ᠰᠤᠷᠤᠯᠴᠠᠯᠭ᠎ᠠ | ᠬᠥᠮᠦᠵᠢᠯ ᠢ ᠪᠦᠬᠦ ᠲᠠᠯ᠎ᠠ ᠪᠠᠷ ᠠᠬᠢᠭᠤᠯᠵᠤ᠂ ᠺᠠᠲᠠᠷᠴᠤᠳ ᠤᠨ ᠤᠨᠤᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ ᠬᠦᠳᠦᠯᠦᠨ ᠳᠠᠭᠠᠭᠤᠯᠵᠤ᠂ | ᠤᠬᠠᠮᠰᠠᠷ ᠠᠴᠠ ᠪᠠᠨ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ᠠᠵᠢᠯ ᠢᠶᠠᠨ ᠰᠠᠶᠢᠲᠤᠷ ᠦᠷᠨᠢᠭᠦᠯᠦᠨ᠎ᠡ᠃ ᠬᠤᠶᠠᠷ ᠲᠤ ᠵᠣᠷᠢᠭᠲᠠᠢ ᠪᠠᠷ | ᠬᠠᠶᠢᠨ ᠰᠦᠪᠡᠭᠴᠢᠯᠡᠵᠦ ᠵᠣᠷᠢᠭᠲᠠᠢ ᠪᠠᠷ ᠰᠢᠨ᠎ᠡ ᠶᠢ ᠡᠭᠦᠳᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ | ᠪᠠᠶᠢᠭᠤᠯᠭ᠎ᠠ ᠶᠢ ᠪᠠᠶᠢᠭᠤᠯᠤᠨ᠎ᠠ᠃ ᠲᠣᠭᠠᠴᠢᠯᠠᠭᠰᠠᠨ᠂ ᠤᠶᠤᠨᠴᠢᠯᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠰᠢᠰᠲ᠋ᠧᠮ ᠢ ᠪᠠᠶᠢᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠡᠷᠬᠡ ᠶᠢᠨ ᠭᠦᠨᠵᠡᠭᠡᠶ ᠠᠭᠤᠰᠤᠯᠴᠠᠯ ᠢ ᠪᠡᠶᠡᠯᠡᠭᠦᠯᠵᠦ | ᠂ ᠲᠥᠰᠦᠪ ᠤᠨ ᠲᠤᠤᠷᠵᠢᠭᠤᠯᠤᠯᠲᠠ ᠶᠢ ᠰᠦᠯᠵᠢᠶᠡᠨ ᠳᠤ ᠬᠤᠯᠪᠤᠨ ᠴᠠᠭ ᠢᠮᠠᠭᠲᠠ ᠬᠢᠨᠠᠯᠲᠠ ᠲᠠᠯᠪᠢᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠶ᠋ᠯ ᠳᠤ ᠪᠢᠯᠧᠲ ᠦᠭᠴᠦ ᠪᠠᠲᠤᠯᠠᠬᠤ ᠲᠦᠷᠢᠮ ᠢ ᠪᠠᠬᠢᠵᠢᠭᠦᠯᠦᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠤᠳᠠᠲᠦ ᠶᠠᠪᠤᠳᠠᠯ ᠢ | ᠦᠨᠡᠨ ᠬᠦ ᠪᠡᠶᠡᠯᠡᠭᠦᠯᠵᠦ᠂ ᠠᠷᠠᠳ ᠣᠯᠠᠨ ᠤ ᠪᠠᠶᠢᠳᠠᠯ ᠢ ᠮᠡᠳᠡᠬᠦ ᠣᠷᠣᠯᠴᠠᠬᠤ᠂ ᠢᠯᠡᠳᠬᠡᠬᠦ᠂ ᠬᠢᠨᠠᠯᠲᠠ ᠲᠠᠯᠪᠢᠬᠤ ᠡᠷᠬᠡ ᠶᠢ ᠭᠦᠶ᠋ᠴᠡᠳ ᠪᠠᠲᠤᠯᠠᠵᠤ᠂ ᠪᠤᠳᠠᠲᠤ | ᠦᠶ᠋ᠯᠡᠳᠦᠯᠭᠡ ᠳᠤᠮᠳᠠ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠯᠡᠷᠡᠭᠦᠯᠭᠦ ᠬᠡᠷᠡᠭᠲᠡᠶ᠃ ᠭᠤᠷᠪᠠ ᠳᠤ ᠠᠷᠢᠭᠤᠨ ᠴᠡᠪᠡᠷ ᠤᠤᠷ ᠴᠢᠨᠠᠷ ᠢᠶᠠᠨ ᠡᠭᠦᠷᠢᠳᠡ | ᠬᠠᠳᠠᠭᠠᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ ᠪᠣᠳᠠᠲᠤ ᠠᠵᠢᠯ ᠬᠢᠬᠦ ᠶᠢ ᠡᠷᠬᠢᠮᠯᠡᠨ᠂ ᠠᠷᠠᠳ ᠤᠨ ᠲᠥᠯᠥᠭᠡ ᠵᠢᠳᠬᠦᠬᠦ ᠠᠯᠪᠠᠨ ᠪᠠᠶᠢᠭᠤᠯᠭ᠎ᠠ ᠶᠢ | ᠪᠠᠶᠢᠭᠤᠯᠤᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠢ ᠪᠥᠬᠦ ᠲᠠᠯ᠎ᠠ ᠪᠠᠷ ᠴᠢᠩᠭ᠎ᠠ | ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ᠠᠵᠢᠯ ᠤᠨ ᠰᠤᠷᠲᠠᠯ ᠢᠶᠠᠨ ᠴᠥᠬᠦᠷᠡᠰᠢ ᠥᠬᠡᠶ | ᠬᠤᠪᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠬᠦᠴᠦᠯᠡᠴᠡ ᠪᠣᠯᠭᠠᠵᠤ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠭᠰᠡᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ | ᠲᠥᠯᠥᠭᠡᠯᠡᠭᠴᠢᠳ ᠡ︕ ᠴᠠᠭ ᠦᠶ᠎ᠡ ᠠᠴᠠ ᠪᠢᠳᠡᠨ ᠳᠤ ᠬᠦᠨᠳᠦ ᠡᠭᠦᠷᠭᠡ ᠳᠠᠭᠠᠭᠠᠯᠭᠠᠵᠤ᠂ ᠠᠷᠠᠳ ᠲᠦᠮᠡᠨ ᠠᠴᠠ ᠪᠢᠳᠡᠨ ᠳᠤ ᠬᠦᠨᠳᠦ ᠬᠦᠰᠡᠯ ᠨᠠᠶᠢᠳᠠᠯᠭ᠎ᠠ | ᠲᠠᠯᠪᠢᠵᠤ ᠪᠠᠶᠢᠨ᠎ᠠ᠂ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ᠂ ᠨᠡᠩ ᠨᠢᠭᠲᠠᠷᠠᠨ ᠪᠦᠯᠬᠦᠮᠳᠡᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠭᠢᠨ ᠬᠤᠰᠢᠭᠤᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠲᠣᠭᠲᠠᠯ ᠬᠦᠴᠦᠨ ᠢᠶᠠᠨ | ᠪᠠᠲᠤᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠨ᠂ ᠬᠥᠭᠵᠢᠯᠲᠡ ᠶᠢ ᠡᠷᠢᠯᠬᠢᠯᠠᠨ ᠬᠦᠴᠦᠯᠡᠨ ᠴᠢᠷᠮᠠᠶᠢᠵᠤ᠂ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ | ᠳᠠᠶᠢᠯᠠᠯᠳᠤᠭᠠᠨ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ᠂ ᠨᠠᠩ ᠰᠠᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠡᠭᠡᠶ᠎ᠡ᠃ |