ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠤ | ᠨᠢᠭᠡᠳᠦᠭᠡᠷ ᠤᠯᠠᠷᠢᠯ ᠳᠤ ᠬᠠᠩᠭᠢᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 33.28 ᠳ᠋ᠦᠩᠰᠢᠭᠤᠷ ᠲᠥᠭᠦᠷᠢᠭ ᠲᠤ ᠬᠦᠷᠴᠦ᠂ | ᠲᠣᠭᠲᠠᠮᠠᠯ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠵᠦ᠂ ᠥᠩᠭᠡᠷᠡᠭᠰᠡᠨ ᠵᠢᠯ ᠤᠨ ᠬᠢ ᠠᠴᠠ ᠵᠠᠭᠤᠨ ᠤ 0.2 ᠬᠤᠪᠢ | ᠳᠡᠭᠡᠭᠰᠢᠯᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ 0.81 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠮᠡᠭᠳᠡᠯ ᠢ ᠵᠠᠭᠤᠨ ᠤ 0.3 | ᠬᠤᠪᠢ ᠲᠠᠶᠢᠴᠢᠯᠠᠪᠠ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 18.15 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.7% ᠪᠠᠷ ᠨᠡᠮᠡᠭᠳᠡᠨ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠢ ᠵᠠᠭᠤᠨ ᠤ 0.9 | ᠬᠤᠪᠢ ᠳᠡᠭᠡᠭᠰᠢᠯᠡᠭᠦᠯᠪᠡ᠃ ᠡᠭᠦᠨ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 14.74 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.9% ᠪᠠᠷ ᠪᠠᠭᠤᠷᠠᠵᠤ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 3.41 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 29.1% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 14.32 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠨ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠢ ᠵᠠᠭᠤᠨ ᠤ 3.4 | ᠬᠤᠪᠢ ᠳᠠᠶᠢᠴᠢᠯᠠᠪᠠ᠃ ᠭᠤᠷᠪᠠᠨ ᠠᠵᠤ ᠦᠢᠯᠡᠰ ᠤᠨ ᠬᠠᠷᠢᠴᠠᠯ ᠨᠢ 2.4᠄ 54.5᠄ 43.1᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠤᠰ ᠲᠤᠰ 5. | 6%᠂ 19.0% ᠪᠠ 75.4% ᠪᠣᠯᠣᠨ᠎ᠠ᠃ | |