ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠤᠭᠳᠠᠬᠤ ᠶᠢ ᠳᠠᠭᠠᠯᠳᠤᠨ᠂ ︽5.1︾ ᠵᠡᠷᠭᠡ | ᠠᠮᠠᠷᠠᠯᠲᠠ ᠶᠢᠨ ᠬᠤᠭᠤᠴᠠᠭᠠᠨ ᠳᠤ ᠬᠡᠷᠡᠭᠯᠡᠭᠡ ᠲᠣᠪᠤᠶᠢᠮ᠎ᠠ ᠪᠣᠯᠵᠣ᠂ ᠪᠥᠬᠦ ᠬᠤᠰᠢᠭᠤᠨ ᠤ ᠬᠡᠷᠡᠭᠯᠡᠭᠡᠨ ᠤ ᠲᠠᠰ ᠳᠡᠪᠰᠢᠬᠦ ᠳᠠᠯᠳᠠ ᠬᠦᠴᠦᠨ ᠲᠠᠰᠤᠷᠠᠯᠲᠠ ᠥᠬᠡᠶ | ᠪᠤᠵᠠᠭᠠᠶᠢᠷᠠᠪᠠ᠃ | 1-5 ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠭᠰᠠᠨ | ᠪᠥᠬᠦ ᠲᠤᠭ᠎ᠠ 13151.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.9% ᠪᠠᠷ ᠨᠡᠮᠡᠭᠳᠡᠪᠡ᠃ | ᠨᠢᠭᠡ ᠳᠤ᠂ ᠠᠵᠤ ᠦᠢᠯᠡᠰ ᠤᠨ ᠬᠤᠪᠢ ᠶᠢᠨ ᠬᠡᠷᠡᠭᠯᠡᠭᠡ ᠲᠦᠷᠭᠡᠨ ᠢᠶᠠᠷ ᠨᠡᠮᠡᠭᠳᠡᠪᠡ᠃ ᠡᠵᠡᠩᠨᠡᠯᠲᠡ ᠶᠢᠨ ᠲᠥᠷᠥᠯ ᠢᠯᠭᠠᠯ ᠢᠶᠠᠷ ᠬᠤᠪᠢᠶᠠᠪᠠᠯ᠂ ᠠᠵᠤ | ᠦᠢᠯᠡᠰ ᠤᠨ ᠬᠤᠪᠢ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠭᠰᠠᠨ ᠲᠤᠭ᠎ᠠ 7700.3 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 60.7% ᠪᠠᠷ ᠨᠡᠮᠡᠭᠳᠡᠪᠡ᠃ ᠬᠠᠤᠯᠢ ᠶᠢᠨ ᠡᠷᠬᠡᠲᠡᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠭᠰᠠᠨ ᠬᠡᠮᠵᠢᠶ᠎ᠡ 5451.3 | ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠵᠦ᠂ ᠠᠵᠤ ᠦᠢᠯᠡᠰ ᠤᠨ ᠬᠤᠪᠢ ᠶᠢᠨ ᠬᠡᠷᠡᠭᠯᠡᠭᠡᠨ ᠤ ᠨᠡᠮᠡᠭᠳᠡᠯ ᠤᠨ | ᠬᠤᠷᠳᠤᠴᠠ ᠨᠢ ᠬᠠᠤᠯᠢ ᠶᠢᠨ ᠡᠷᠬᠡᠲᠡᠨ ᠤ ᠬᠡᠷᠡᠭᠯᠡᠭᠡ ᠠᠴᠠ 47 ᠵᠠᠭᠤᠨ ᠤ ᠬᠤᠪᠢ ᠲᠦᠷᠭᠡᠨ ᠪᠣᠯᠪᠠ᠃ | ᠬᠤᠶᠠᠷ ᠲᠤ᠂ ᠬᠤᠲᠠ ᠪᠠᠯᠭᠠᠰᠤᠨ ᠤ ᠬᠡᠷᠡᠭᠯᠡᠭᠡ ᠭᠤᠤᠯᠯᠠᠬᠤ ᠪᠠᠶᠢᠷᠢ ᠶᠢ ᠡᠵᠡᠯᠡᠪᠡ᠃ ᠬᠤᠲᠠ ᠬᠥᠳᠡᠭᠡ ᠶᠢᠨ ᠲᠥᠷᠥᠯ ᠬᠤᠪᠢᠶᠠᠭᠰᠠᠨ ᠠᠴᠠ ᠦᠵᠡᠪᠡᠯ᠂ | ᠬᠤᠲᠠ ᠪᠠᠯᠭᠠᠰᠤᠨ ᠤ ᠭᠠᠵᠠᠷ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠭᠰᠠᠨ ᠲᠤᠭ᠎ᠠ 1255 ᠲᠦᠮᠡᠨ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 38.2% ᠢᠶᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠤᠯᠠᠭᠤᠯᠭᠰᠠᠨ ᠪᠥᠬᠦ ᠲᠤᠭ᠎ᠠ 95.5% ᠶᠢ ᠡᠵᠡᠯᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠭᠰᠠᠨ ᠲᠤᠭ᠎ᠠ 597.6 | ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠪᠡ᠃ | ᠭᠤᠷᠪᠠ ᠳᠤ᠂ ᠢᠳᠡᠭᠡᠨ ᠤᠮᠳᠠᠭᠠᠨ᠂ ᠲᠠᠸᠠᠷ ᠤᠨ ᠬᠡᠷᠡᠭᠯᠡᠭᠡ ᠳᠡᠭᠡᠳᠦ ᠬᠤᠷᠳᠤᠴᠠ ᠪᠠᠷ ᠨᠡᠮᠡᠭᠳᠡᠪᠡ᠃ 1 - 5 ᠰᠠᠷ᠎ᠠ ᠳᠤ᠂ ᠪᠥᠬᠦ ᠬᠤᠰᠢᠭᠤᠨ ᠤ ᠢᠳᠡᠭᠡᠨ | ᠤᠮᠳᠠᠭᠠᠨ ᠤ ᠣᠷᠣᠯᠭ᠎ᠠ 2955.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 119.5% ᠪᠠᠷ ᠨᠡᠮᠡᠭᠳᠡᠨ᠂ ᠲᠠᠸᠠᠷ ᠤᠨ ᠵᠢᠵᠢᠭᠯᠡᠨ | ᠪᠣᠷᠣᠯᠠᠭᠤᠯᠤᠯᠲᠠ 10196.2 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.5% ᠪᠠᠷ ᠨᠡᠮᠡᠭᠳᠡᠪᠡ᠃ ᠢᠳᠡᠭᠡᠨ ᠤᠮᠳᠠᠭᠠᠨ ᠤ | ᠣᠷᠣᠯᠭ᠎ᠠ ᠨᠢ ᠲᠠᠸᠠᠷ ᠤᠨ ᠵᠢᠵᠢᠭᠯᠡᠨ ᠪᠣᠷᠤᠯᠠᠭᠤᠯᠭᠰᠠᠨ ᠲᠤᠭ᠎ᠠ ᠶᠢᠨ 96% ᠠᠴᠠ ᠥᠨᠳᠥᠷ ᠪᠠᠶᠢᠵᠤ᠂ ᠲᠦᠷᠭᠡᠨ ᠨᠡᠮᠡᠭᠳᠡᠪᠡ᠃ | |