ᠰᠢᠨ᠎ᠡ ᠡᠨᠧᠷᠭᠢ ᠶᠢᠨ ᠮᠠᠰᠢᠨ ᠲᠡᠷᠭᠡ ᠶᠢ ᠵᠤᠨ ᠤ ᠤᠯᠠᠷᠢᠯ ᠳᠤ ᠭᠡᠷᠡᠭᠯᠡᠬᠦ ᠲᠤᠬᠠᠢ ᠶᠡᠷᠦ ᠶᠢᠨ ᠮᠡᠳᠡᠯᠭᠡ
ᠨᠡᠶᠢᠲᠡᠯᠡᠭᠰᠡᠨ ᠴᠠᠭ᠄
2023/7/27
      ᠠᠭᠠᠭᠢᠮ᠎ᠠ ᠬᠠᠯᠠᠭᠤᠨ ᠵᠤᠨ ᠪᠣᠯᠬᠤ ᠳᠤ᠂ ᠦᠷᠭᠦᠯᠵᠢᠯᠡᠨ ᠥᠨᠳᠥᠷ ᠬᠠᠯᠠᠭᠤᠨ ᠦᠷᠬᠦᠯᠵᠢᠯᠡᠵᠦ᠂ ᠬᠤᠷ᠎ᠠ ᠪᠣᠷᠣᠭᠠᠨ ᠠᠷᠪᠢᠨ ᠤᠷᠤᠳᠠᠭ᠃ ᠵᠤᠨ ᠤ ᠤᠯᠠᠷᠢᠯ ᠤᠨ ᠠᠭᠤᠷ ᠠᠮᠢᠰᠬᠤᠯ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ ᠶᠠᠮᠠᠷ ᠨᠥᠯᠥᠭᠡ ᠠᠪᠴᠢᠷᠠᠳᠠᠭ ᠪᠤᠢ︖ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠳᠤ ᠶᠠᠭᠤ ᠶᠠᠭᠤ ᠶᠢ ᠠᠩᠬᠠᠷᠬᠤ ᠭᠡᠷᠡᠭᠳᠡᠢ ᠪᠣᠶ︖      ︽ᠬᠠᠮᠤᠭ ᠤᠨ ᠴᠢᠬᠤᠯᠠ ᠨᠢ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠠᠰᠠᠭᠤᠳᠠᠯ ᠪᠣᠯᠤᠨ᠎ᠠ︾ ᠭᠡᠵᠦ ᠳᠤᠮᠳᠠᠳᠤ ᠤᠯᠤᠰ ᠤᠨ ᠡᠯᠧᠺᠳ᠋ᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳ᠋ᠢᠶᠠᠨ ᡂᠢ ᠪᠣᠯᠤᠨ ᠰᠢᠨ᠎ᠡ ᠡᠨᠧᠷᠭᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠰᠤᠳᠤᠯᠭᠠᠨ ᠤ ᠲᠠᠰᠤᠭ ᠤᠨ ᠡᠷᠬᠢᠯᠡᠭᠴᠢ ᠸᠠᠩ ᠰᠢ ᠬᠡᠯᠡᠭᠰᠡᠨ ᠢᠶᠠᠨ ᠵᠠᠯᠭᠠᠭᠠᠳ᠂ ᠠᠭᠠᠬᠢᠮ᠎ᠠ ᠬᠠᠯᠠᠭᠤᠨ ᠡᠳᠦᠷ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠪᠡᠯ ᠵᠣᠬᠢᠨ᠎ᠠ᠂ ᠠᠭᠠᠬᠢᠮ᠎ᠠ ᠬᠠᠯᠠᠭᠤᠨ ᠡᠳᠦᠷ ᠨᠢ ᠳ᠋ᠢᠶᠠᠨ ᡂᠢ ᠶᠢ ᠬᠡᠲᠦ ᠬᠠᠯᠠᠭᠠᠵᠤ᠂ ᠳ᠋ᠢᠶᠠᠨ ᡂᠢ ᠶᠢᠨ ᠠᠮᠢ ᠨᠠᠰᠤ ᠶᠢ ᠠᠮᠠᠷᠬᠠᠨ ᠪᠤᠭᠤᠨᠢᠰᠬᠠᠬᠤ ᠶᠢᠨ ᠵᠡᠷᠭᠡ ᠪᠠᠷ ᠰᠠᠨᠠᠭᠠᠨ ᠳᠤ ᠥᠬᠡᠶ ᠬᠡᠷᠡᠭ ᠭᠠᠷᠴᠤ ᠮᠡᠳᠡᠨ᠎ᠡ᠃ ᠠᠶᠤᠩᠭᠠᠲᠤ ᠪᠣᠷᠣᠭᠠᠨ ᠤᠷᠤᠵᠤ ᠪᠠᠶᠢᠭ᠎ᠠ ᠪᠠᠶᠢᠳᠠᠯ ᠲᠤᠤᠷ᠎ᠠ᠂ ᠭᠠᠳᠠᠨ᠎ᠠ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠵᠦ ᠪᠤᠯᠬᠤ ᠦᠭᠡᠢ ᠭᠡᠵᠦ ᠬᠡᠯᠡᠪᠡ᠃      ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠦᠲᠦᠴᠡ ᠶᠢᠨ ᠣᠨᠴᠠᠭᠠᠶ ᠴᠢᠨᠠᠷ ᠠᠴᠠ ᠪᠣᠯᠵᠣ᠂ ᠵᠣᠨ ᠤ ᠤᠯᠠᠷᠢᠯ ᠳᠤ ᠴᠢᠳᠠᠬᠤ ᠶᠢᠨ ᠳᠣᠲᠣᠷ᠎ᠠ ᠨᠠᠷᠠ ᠬᠠᠯᠬᠠᠯᠠᠬᠤ ᠪᠤᠶᠤ ᠰᠠᠯᠬᠢ ᠰᠠᠶᠢᠨ ᠨᠡᠪᠲᠡᠷᠡᠬᠦ ᠭᠠᠵᠠᠷ ᠢ ᠰᠣᠩᠭᠤᠵᠤ ᠮᠠᠰᠢᠨ ᠲᠡᠷᠭᠡ ᠪᠠᠨ ᠵᠣᠭᠰᠣᠭᠠᠵᠤ᠂ ᠰᠢᠲᠠᠮ᠎ᠠ ᠨᠡᠷᠡᠨ ᠳᠤ ᠣᠷᠳᠣ ᠬᠤᠭᠤᠴᠠᠭ᠎ᠠ ᠪᠠᠷ ᠰᠢᠷᠠᠬᠤ ᠠᠴᠠ ᠵᠠᠶᠢᠯᠠᠰᠬᠢᠬᠦ ᠬᠡᠷᠡᠭᠲᠡᠶ᠂ ᠢᠩᠭᠢᠪᠡᠯ ᠳ᠋ᠢᠶᠠᠨ ᡂᠢ ᠵᠡᠷᠭᠡ ᠲᠥᠬᠦᠭᠡᠷᠦᠮᠵᠢ ᠶᠢᠨ ᠢᠯᠴᠢ ᠰᠠᠷᠨᠢᠭᠤᠯᠬᠤ ᠪᠠ ᠬᠠᠯᠠᠭᠤᠨ ᠢ ᠪᠠᠭᠤᠷᠠᠭᠤᠯᠬᠤ ᠳᠤ ᠨᠠᠩ ᠠᠰᠢᠭᠲᠠᠶ ᠪᠠᠶᠢᠳᠠᠭ᠃ ᠪᠠᠰᠠ ᠮᠠᠰᠢᠨ ᠲᠡᠷᠭᠡ ᠴᠢᠨᠢ ᠴᠠᠬᠢᠯᠭᠠᠨ ᠤ ᠬᠡᠮᠵᠢᠶ᠎ᠡ ︵ᠦᠯᠡᠳᠡᠭᠰᠡᠨ ᠴᠠᠬᠢᠯᠭᠠᠨ ᠤ ᠬᠡᠮᠵᠢᠶ᠎ᠡ ᠨᠢ 20 % ᠠᠴᠠ ᠪᠠᠭ᠎ᠠ︶ ᠪᠠᠷ ᠪᠠᠭ᠎ᠠ ᠪᠠᠶᠢᠭ᠎ᠠ ᠪᠠᠶᠢᠳᠠᠯ ᠳᠤᠤᠷ᠎ᠠ ᠣᠷᠳᠣ ᠬᠤᠭᠤᠴᠠᠭ᠎ᠠ ᠪᠠᠷ ᠵᠣᠭᠰᠣᠭᠠᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠳᠡᠢ᠂ ᠳ᠋ᠢᠶᠠᠨ ᡂᠢ ᠶᠢᠨ ᠪᠦᠯᠦᠭ ᠨᠢ ᠣᠷᠳᠣ ᠬᠤᠭᠤᠴᠠᠭ᠎ᠠ ᠪᠠᠷ ᠥᠨᠳᠥᠷ ᠬᠠᠯᠠᠭᠤᠨ ᠤ ᠨᠥᠬᠦᠴᠡᠯ ᠳᠤᠤᠷ᠎ᠠ ᠪᠠᠶᠢᠭᠠᠳ ᠪᠠᠶᠢᠪᠠᠯ ᠨᠠᠩ ᠠᠮᠠᠷᠬᠠᠨ ᠥᠪᠡᠰᠦᠪᠡᠨ ᠴᠠᠬᠢᠯᠭᠠᠨ ᠨᠢ ᠰᠠᠷᠨᠢᠬᠤ ᠦᠵᠡᠭᠳᠡᠯ ᠭᠠᠷᠳᠠᠭ᠃ ᠲᠤᠰᠬᠠᠶ ᠮᠡᠷᠭᠡᠵᠢᠯᠲᠡᠨ ᠰᠠᠨᠠᠭᠤᠯᠬᠤ ᠳᠠᠭᠠᠨ᠂ ᠬᠡᠷᠪᠡ ᠵᠣᠨ ᠤ ᠤᠯᠠᠷᠢᠯ ᠳᠤ ᠣᠷᠳᠣ ᠬᠤᠭᠤᠴᠠᠭ᠎ᠠ ᠪᠠᠷ ᠲᠡᠷᠭᠡ ᠬᠡᠷᠡᠭᠯᠡᠬᠦ ᠥᠬᠡᠶ ᠪᠣᠯ᠂ 30% — 50% ᠶᠢᠨ ᠴᠠᠬᠢᠯᠭᠠᠨ ᠴᠡᠨᠡᠭ ᠲᠠᠢ ᠪᠠᠶᠢᠬᠤ ᠪᠠᠶᠢᠳᠠᠯ ᠳᠤᠤᠷ᠎ᠠ ᠬᠠᠳᠠᠭᠠᠯᠠᠵᠤ ᠲᠠᠯᠪᠢᠪᠠᠯ ᠵᠣᠬᠢᠨ᠎ᠠ ᠬᠡᠪᠡ᠃      ᠵᠣᠨ ᠤ ᠤᠯᠠᠷᠢᠯ ᠳᠤ ᠪᠣᠷᠣᠭᠠᠨ ᠠᠷᠪᠢᠨ ᠤᠷᠤᠳᠠᠭ ᠪᠤᠯᠬᠤᠷ ᠪᠣᠷᠣᠭᠠᠨ ᠤ ᠤᠰᠤᠨ ᠤ ᠳᠣᠲᠣᠷᠠᠬᠢ ᠪᠤᠳᠤᠯᠢᠶᠠᠨᠲᠠᠶ ᠪᠦᠷᠢᠯᠳᠦᠬᠦᠨ ᠨᠢ ᠴᠠᠬᠢᠯᠭᠠᠨ ᠮᠠᠰᠢᠨ᠂ ᠳ᠋ᠢᠶᠠᠨ ᡂᠢ ᠶᠢᠨ ᠬᠠᠯᠢᠰᠤᠯᠢᠭ ᠪᠡᠶ᠎ᠡ᠂ ᠮᠠᠰᠢᠨ ᠲᠡᠷᠭᠡᠨ ᠤ ᠪᠡᠶ᠎ᠡ ᠵᠡᠷᠭᠡ ᠲᠡᠮᠦᠷᠯᠢᠭ ᠲᠣᠨᠤᠭ ᠢ ᠵᠣᠬᠢᠬᠤ ᠬᠡᠮᠵᠢᠶ᠎ᠡ ᠪᠠᠷ ᠢᠳᠡᠭᠳᠡᠭᠦᠯᠬᠦ ᠪᠤᠶᠤ ᠤᠰᠤ ᠤᠷᠤᠰᠬᠠᠯ ᠭᠡᠲᠦᠯᠬᠦ ᠦᠶ᠎ᠡ ᠳᠤ ᠠᠮᠠᠷᠬᠠᠨ ᠬᠥᠨᠳᠡᠶᠢᠷᠡᠭᠦᠯᠬᠦ ᠰᠠᠭᠠᠳ ᠭᠠᠷᠴᠤ ᠮᠡᠳᠡᠨ᠎ᠡ᠂ ᠡᠶᠢᠮᠦ ᠠᠴᠠ ᠠᠯᠢ ᠴᠢᠳᠠᠬᠤ ᠪᠠᠷ ᠤᠰᠤ ᠤᠷᠤᠰᠬᠠᠯ ᠭᠡᠲᠦᠯᠬᠦ ᠠᠴᠠ ᠵᠠᠶᠢᠯᠠᠰᠬᠢᠬᠦ ᠬᠡᠷᠡᠭᠲᠡᠶ᠂ ᠬᠡᠷᠪᠡ ᠮᠠᠰᠢᠨ ᠲᠡᠷᠭᠡ ᠪᠠᠷ ᠢᠶᠠᠨ ᠤᠰᠤ ᠬᠤᠷᠠᠭᠰᠠᠨ ᠵᠠᠮ ᠢᠶᠠᠷ ᠥᠩᠭᠡᠷᠡᠬᠦ ᠳᠤ ᠭᠦᠷᠪᠡᠯ᠂ ᠤᠰᠤᠨ ᠤ ᠭᠦᠨ ᠢ ᠤᠷᠢᠳᠴᠢᠯᠠᠨ ᠮᠠᠭᠠᠳᠯᠠᠵᠤ᠂ ᠮᠠᠰᠢᠨ ᠲᠡᠷᠭᠡ ᠤᠰᠤᠨ ᠳᠤ ᠤᠷᠤᠬᠰᠠᠨ ᠤ ᠲᠠᠷᠠᠭ᠎ᠠ ᠴᠠᠬᠢᠯᠭᠠᠨ ᠭᠤᠭᠤᠵᠢᠬᠤ ᠠᠴᠠ ᠰᠡᠷᠭᠡᠶᠢᠯᠡᠬᠦ ᠬᠡᠷᠡᠭᠲᠡᠶ᠃ ᠡᠭᠦᠨ ᠠᠴᠠ ᠭᠠᠳᠠᠨ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡ ᠴᠦ ᠪᠣᠶ ᠪᠥᠬᠦᠶ ᠮᠠᠰᠢᠨ ᠲᠡᠷᠭᠡᠨ ᠳᠤ ᠭᠠᠷᠳᠠᠭ ᠵᠣᠨ ᠤ ᠤᠯᠠᠷᠢᠯ ᠤᠨ ︽ᠥᠨᠳᠥᠷ ᠬᠠᠯᠠᠭᠤᠨ ᠤ ᠬᠡᠮ︾ ᠢ ᠤᠷᠢᠳᠴᠢᠯᠠᠨ ᠰᠡᠷᠭᠡᠶᠢᠯᠡᠬᠦ ᠶᠢ ᠠᠩᠬᠠᠷᠬᠤ ᠬᠡᠷᠡᠭᠲᠡᠶ᠃ ᠵᠢᠱᠢᠶᠡᠯᠡᠪᠡᠯ ᠵᠣᠨ ᠤ ᠤᠯᠠᠷᠢᠯ ᠤᠨ ᠠᠭᠠᠬᠢᠮ᠎ᠠ ᠬᠠᠯᠠᠭᠤᠨ ᠡᠳᠦᠷ ᠳᠤᠭᠤᠶᠢᠯᠠᠪᠤᠷᠢ ᠶᠢᠨ ᠳᠠᠷᠤᠯᠲᠠ ᠠᠮᠠᠷᠬᠠᠨ ᠳᠡᠭᠡᠭᠰᠢᠯᠡᠵᠦ᠂ ᠬᠤᠯᠠ ᠵᠠᠮ ᠬᠦᠭᠡᠭᠡᠬᠦ ᠪᠤᠶᠤ ᠦᠨᠳᠦᠷ ᠬᠤᠷᠳᠤᠴᠠ ᠪᠠᠷ ᠠᠶᠠᠯᠠᠬᠤ ᠳᠤ ᠳᠤᠭᠤᠶᠢᠯᠠᠪᠤᠷᠢ ᠠᠮᠠᠷᠬᠠᠨ ᠬᠠᠭᠠᠷᠠᠳᠠᠭ᠂ ᠡᠶᠢᠮᠦ ᠠᠴᠠ ᠮᠠᠰᠢᠨ ᠲᠡᠷᠭᠡᠨ ᠤ ᠡᠵᠡᠨ ᠲᠡᠷᠭᠡᠨ ᠤ ᠪᠠᠨ ᠳᠤᠭᠤᠶᠢᠯᠠᠪᠤᠷᠢ ᠶᠢᠨ ᠳᠠᠷᠤᠯᠲᠠ ᠶᠢ ᠵᠣᠬᠢᠰᠲᠠᠶ ᠪᠠᠷ ᠪᠠᠭᠤᠷᠠᠭᠤᠯᠵᠤ ᠪᠣᠯᠤᠨ᠎ᠠ᠃ ᠮᠠᠰᠢᠨ ᠲᠡᠷᠭᠡ ᠠᠶᠠᠨᠳᠠᠭᠠᠨ ᠨᠣᠴᠣᠬᠤ ᠶᠢ ᠰᠡᠷᠭᠡᠶᠢᠯᠡᠬᠦ ᠶᠢᠨ ᠲᠥᠯᠥᠭᠡ᠂ ᠮᠠᠰᠢᠨ ᠲᠡᠷᠭᠡᠨ ᠳᠣᠲᠣᠷ᠎ᠠ ᠪᠠᠨ ᠨᠣᠴᠣᠭᠠᠭᠤᠷ᠂ ᠴᠠᠬᠢᠯᠭᠠᠨ ᠴᠡᠨᠡᠭᠯᠡᠬᠦᠷ᠂ ᠨᠡᠭᠦᠷᠡᠰᠦᠬᠦ᠋ᠴᠢᠯ ᠤᠨ ᠤᠮᠳᠠᠭᠠᠨ᠂ ᠦᠨᠦᠷᠲᠦ ᠤᠰᠤ ᠵᠡᠷᠭᠡ ᠪᠣᠳᠠᠰ ᠢ ᠪᠢᠳᠡᠭᠡᠢ ᠲᠠᠯᠪᠢᠭᠠᠷᠠᠢ᠃
ᠢᠷᠡᠯᠲᠡ᠄ ᠠᠷᠠᠳ ᠤᠨ ᠰᠦᠯᠵᠢᠶ᠎ᠡ