ᠬᠠᠩᠭᠢᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠬᠢᠷᠢ ᠪᠦᠲᠦᠮᠵᠢ ᠶᠢᠨ ᠬᠠᠭᠤᠳᠠᠰᠤ
ᠨᠡᠶᠢᠲᠡᠯᠡᠭᠰᠡᠨ ᠴᠠᠭ᠄
2023/7/27
      ᠡᠨᠡ ᠵᠢᠯ ᠠᠴᠠ ᠨᠠᠭᠠᠰᠢ᠂ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠬᠤᠷᠸ᠎ᠠ ᠠᠵᠤ ᠠᠬᠤᠶ ᠶᠢᠨ ᠣᠷᠴᠢᠨ ᠲᠣᠭᠤᠷᠢᠨ ᠪᠠ ᠬᠠᠲᠠᠭᠤ ᠪᠡᠷᠬᠡ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠶᠢᠨ ᠲᠣᠭᠲᠠᠭᠤᠨ ᠢ ᠪᠠᠲᠤᠯᠠᠬᠤ ᠡᠭᠦᠷᠭᠡ ᠶᠢᠨ ᠡᠮᠦᠨ᠎ᠡ᠂ ᠪᠦᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ  ᠨᠠᠶᠢᠳᠠᠪᠤᠷᠢᠵᠢᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ ᠲᠤᠭᠤᠰᠢᠯᠠᠭᠤᠯᠪᠠ᠃ ᠳᠡᠭᠡᠷ᠎ᠡ ᠬᠠᠭᠠᠰ ᠵᠢᠯ ᠳᠤ ᠪᠦᠬᠦ ᠬᠤᠰᠢᠭᠤᠨ ᠤ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠵᠢᠱᠢᠯᠲᠡ ᠠᠴᠠ ᠳᠠᠪᠠᠪᠠ᠃      ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠤ ᠳᠡᠭᠡᠷ᠎ᠡ ᠬᠠᠭᠠᠰ ᠵᠢᠯ ᠳᠤ ᠬᠠᠩᠭᠢᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 75 ᠳ᠋ᠦᠩᠰᠢᠭᠤᠷ ᠲᠥᠭᠦᠷᠢᠭ ᠲᠤ ᠬᠦᠷᠴᠦ᠂ ᠲᠣᠭᠲᠠᠮᠠᠯ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 3 ᠵᠠᠭᠤᠨ ᠤ ᠬᠤᠪᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 3.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.2% ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 42.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 28.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ 4.7᠄ 56.9᠄ 38.4 ᠪᠣᠯᠤᠨ᠎ᠠ᠃     ᠨᠢᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠣᠯᠪᠠ     ᠪᠥᠬᠦ ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠬᠦᠨ ᠤ ᠶᠡᠷᠦᠩᠬᠡᠶ ᠥᠷᠲᠡᠭ 5.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 0.3 ᠵᠠᠭᠤᠨ ᠤ ᠬᠤᠪᠢ ᠳᠡᠭᠡᠭᠰᠢᠯᠡᠵᠦ᠂ ᠪᠥᠬᠦ ᠬᠤᠲᠠ  ᠶᠢᠨ ᠨᠢᠭᠡᠳᠦᠭᠡᠷ ᠲᠤ ᠣᠷᠣᠪᠠ᠃ ᠲᠠᠷᠢᠶᠠᠯᠠᠩ ᠤᠨ ᠦᠢᠯᠡᠳᠪᠦᠷᠢᠯᠡᠯ ᠯᠠᠪᠳᠠᠭᠤᠨ ᠢᠶᠠᠷ ᠠᠬᠢᠪᠠ᠃ ᠲᠠᠷᠢᠶᠠᠯᠠᠩ ᠤᠨ ᠦᠢᠯᠡᠳᠬᠦᠨ ᠤ ᠥᠷᠲᠡᠭ 1.68 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10.8% ᠨᠡᠮᠡᠭᠳᠡᠪᠡ᠃ ᠤᠢ ᠰᠢᠭᠤᠢ ᠶᠢᠨ ᠦᠢᠯᠡᠳᠬᠦᠨ ᠤ ᠦᠷᠳᠡᠭ 0.97 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.2% ᠨᠡᠮᠡᠭᠳᠡᠪᠡ᠃ ᠮᠠᠯ ᠠᠵᠤ ᠠᠬᠤᠶ ᠶᠢᠨ ᠦᠢᠯᠡᠳᠬᠦᠨ ᠤ ᠥᠷᠲᠡᠭ 2.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ᠃ ᠵᠢᠭᠠᠰᠤᠨ ᠠᠵᠤ ᠠᠬᠤᠶ ᠶᠢᠨ ᠦᠢᠯᠡᠳᠬᠦᠨ ᠤ ᠥᠷᠲᠡᠭ 0.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠲᠤᠰᠬᠠᠶ ᠮᠡᠷᠭᠡᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭᠠᠨ ᠤ ᠦᠢᠯᠡᠰ ᠤᠨ ᠦᠢᠯᠡᠳᠬᠦᠨ ᠤ ᠥᠷᠲᠡᠭ 0.31 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃     ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ     ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.3% ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 1.2 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠥᠷᠪᠡᠳᠦᠭᠡᠷ ᠲᠤ ᠣᠷᠣᠪᠠ᠃     ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠡᠭᠡᠳᠦ ᠬᠤᠷᠳᠤᠴᠠ ᠪᠠᠷ ᠨᠡᠮᠡᠭᠳᠡᠪᠡ     ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 129.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 83.4 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ ᠬᠤᠶᠠᠳᠤᠭᠠᠷ ᠲᠤ ᠣᠷᠣᠪᠠ᠃     ᠳᠥᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠪᠥᠬᠦ ᠲᠤᠭ᠎ᠠ 7.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 0.2 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ ᠬᠤᠶᠠᠳᠤᠭᠠᠷ ᠲᠤ ᠣᠷᠣᠪᠠ᠃   
ᠢᠷᠡᠯᠲᠡ᠄ ᠲᠤᠰ ᠰᠦᠯᠵᠢᠶ᠎ᠡ