ᠬᠠᠩᠭᠢᠨ ᠬᠤᠰᠢᠭᠤᠨ ᠤ ᠭᠤᠣᠯ ᠡᠨᠧᠷᠭᠢ ᠶᠢᠨ ᠦᠢᠯᠡᠳᠬᠦᠨ ᠨᠡᠮᠡᠭᠳᠡᠪᠡ
ᠨᠡᠶᠢᠲᠡᠯᠡᠭᠰᠡᠨ ᠴᠠᠭ᠄
2023/8/15
      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠡᠨᠧᠷᠭᠢ ᠶᠢᠨ ᠦᠢᠯᠡᠳᠪᠦᠷᠢᠯᠡᠯ ᠦᠷᠭᠦᠯᠵᠢᠯᠡᠨ ᠲᠦᠷᠭᠡᠳᠴᠦ᠂ ᠭᠤᠤᠯ ᠡᠨᠧᠷᠭᠢ ᠶᠢᠨ ᠦᠢᠯᠡᠳᠬᠦᠨ ᠤ ᠦᠢᠯᠡᠳᠪᠦᠷᠢᠯᠡᠯ ᠴᠥᠮ ᠨᠡᠮᠡᠭᠳᠡᠯ ᠤᠨ ᠪᠠᠶᠢᠳᠠᠯ ᠢᠶᠠᠨ ᠪᠠᠲᠤᠯᠠᠵᠤ᠂ ᠡᠨᠧᠷᠭᠢ ᠶᠢᠨ ᠦᠢᠯᠡᠳᠬᠦᠨ ᠤ ᠬᠠᠩᠭᠠᠯᠭ᠎ᠠ ᠶᠢ ᠯᠠᠪᠳᠠᠭᠤᠨ ᠪᠠᠲᠤᠲᠠᠶ ᠪᠠᠲᠤᠯᠠᠪᠠ᠃      ᠲᠦᠭᠦᠬᠡᠢ ᠨᠡᠭᠦᠷᠡᠰᠦᠨ ᠤ ᠭᠠᠷᠤᠯᠲᠠ ᠲᠣᠭᠲᠠᠭᠤᠨ ᠢᠶᠠᠷ ᠨᠡᠮᠡᠭᠳᠡᠪᠡ᠃ 1 - 6 ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠨᠡᠭᠦᠷᠡᠰᠦᠨ ᠤ ᠠᠵᠤ ᠠᠬᠤᠶᠢᠯᠠᠯ 306.46 ᠲᠦᠮᠡᠨ ᠲᠣᠨ ᠲᠦᠭᠦᠬᠡᠶ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ᠃      ᠴᠠᠬᠢᠯᠭᠠᠨ ᠭᠠᠷᠭᠠᠯᠲᠠ ᠶᠢᠨ ᠬᠡᠮᠵᠢᠶ᠎ᠡ ᠲᠦᠷᠭᠡᠨ ᠨᠡᠮᠡᠭᠳᠡᠪᠡ᠃ 1 - 6 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 41.26 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ 1 - 5 ᠳ᠋ᠤᠭᠠᠷ ᠰᠠᠷ᠎ᠠ ᠠᠴᠠ 3.9 ᠵᠠᠭᠤᠨ ᠤ ᠬᠤᠪᠢ ᠲᠦᠷᠭᠡᠳᠪᠡ᠃ ᠡᠭᠦᠨ ᠳᠤ᠂ ᠢᠯᠴᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 20.83 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠨ᠂ ᠪᠥᠬᠦ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 50. 5% ᠶᠢ ᠡᠵᠡᠯᠡᠪᠡ︔ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 20.43 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 49.9% ᠪᠠᠷ ᠨᠡᠮᠡᠭᠳᠡᠵᠦ᠂ ᠪᠥᠬᠦ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 49.5% ᠶᠢ ᠡᠵᠡᠯᠡᠪᠡ᠃      ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠲᠣᠭᠲᠠᠭᠤᠨ ᠢᠶᠠᠷ ᠨᠡᠮᠡᠭᠳᠡᠪᠡ᠃ 1 - 6 ᠰᠠᠷ᠎ᠠ ᠳᠤ᠂ ᠪᠥᠬᠦ ᠬᠤᠰᠢᠭᠤᠨ ᠤ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠶ ᠶᠢᠨ ᠭᠠᠷᠤᠯᠲᠠ 45.39 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 - 5 ᠳ᠋ᠤᠭᠠᠷ ᠰᠠᠷ᠎ᠠ ᠠᠴᠠ 3.4 ᠵᠠᠭᠤᠨ ᠤ ᠬᠤᠪᠢ ᠲᠦᠷᠭᠡᠳᠪᠡ᠃      ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠡᠷᠴᠢᠮᠲᠡᠢ ᠨᠡᠮᠡᠭᠳᠡᠪᠡ᠃ 1 - 6 ᠰᠠᠷ᠎ᠠ ᠳᠤ᠂ ᠬᠡᠦᠷᠡᠰᠦ ᠶᠢᠨ ᠭᠠᠷᠤᠯᠳᠠ 25.32 ᠲᠦᠮᠡᠨ ᠳᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 116.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ 1 - 5 ᠰᠠᠷ᠎ᠠ ᠶᠢᠨ ᠬᠢ ᠠᠴᠠ 37.7 ᠵᠠᠭᠤᠨ ᠤ ᠬᠤᠪᠢ ᠲᠦᠷᠭᠡᠳᠪᠡ᠃ 
ᠢᠷᠡᠯᠲᠡ᠄ ᠲᠤᠰ ᠰᠦᠯᠵᠢᠶ᠎ᠡ