5 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠠᠭᠤᠴᠢᠨ ᠰᠠᠭᠤᠭᠠᠯᠢ | ᠲᠣᠭᠤᠷᠢᠭ ᠪᠠ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ | ᠬᠤᠰᠢᠭᠤᠨ ᠤ ᠤᠳᠤᠷᠢᠳᠤᠯᠭ᠎ᠠ ᠵᠠᠩ ᠺᠸᠤ ᠴᠧᠩ ᠬᠠᠮᠲᠤ ᠪᠠᠶᠢᠴᠠᠭᠠᠨ ᠰᠤᠳᠤᠯᠤᠯᠲᠠ ᠬᠢᠪᠡ᠃ | 5 ᠰᠠᠷ᠎ᠠ ᠶᠢᠨ 5 ᠤ ᠡᠳᠤᠷ᠂ ᠬᠠᠨᠭ᠍ᠭᠢᠨ ᠬᠤᠰᠢᠭᠤᠨ ᠤ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠶᠡᠷᠦᠩᠭᠡᠢ ᠲᠦᠯᠤᠪᠵᠢᠬᠦᠯᠭᠡ ᠶᠢᠨ ᠬᠠᠷᠢᠭᠤ | ᠮᠡᠳᠡᠭᠦᠯᠤᠯᠳᠠ ᠶᠢᠨ ᠬᠤᠷᠠᠯ ᠢ ᠬᠤᠷᠠᠯᠳᠤᠭᠤᠯᠪᠠ᠃ | 5 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠠᠩᠭᠢᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 94 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | 5 ᠰᠠᠷ᠎ᠠ ᠶᠢᠨ 8 ᠤ ᠡᠳᠦᠷ᠂ ᠬᠠᠩᠭᠢᠨ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ | 2023 ᠣᠨ ᠤ ᠠᠩᠬᠠᠳᠤᠭᠠᠷ ᠬᠤᠷᠠᠯ ᠵᠢᠴᠢ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ | ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠬᠤᠸᠠ ᠴᠧᠩ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤ ᠳᠠᠷᠤᠭ᠎ᠠ ᠵᠠᠩ ᠵᠥᠩ ᠫᠢᠩ ᠵᠡᠷᠭᠡ ᠬᠤᠰᠢᠭᠤᠨ ᠤ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠶ᠃ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠬᠥᠭᠵᠢᠯᠲᠦ ᠬᠤᠷᠠᠯ ᠢ ᠡᠷᠭᠢᠯᠡᠪᠡ᠃ ᠬᠤᠷᠠᠯ ᠠᠴᠠ ᠬᠠᠩᠭᠢᠨ ᠬᠤᠰᠢᠭᠤᠨ ᠤ | ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠥᠰᠦᠯ ᠢ ᠲᠠᠶᠢᠯᠪᠤᠷᠢᠯᠠᠪᠠ᠃ | 5 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠳᠥᠷᠪᠡᠳᠦᠭᠡᠷ ᠤᠳᠠᠭᠠᠨ ᠤ | ᠬᠤᠷᠠᠯ ᠢ ᠡᠷᠭᠢᠯᠡᠨ ᠬᠤᠷᠠᠯᠳᠤᠭᠤᠯᠪᠠ᠃ | 5 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ ᠣᠷᠳᠣᠨ ᠤ | 2023 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 5 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠤᠯᠤᠰ ᠤᠨ ᠡᠨᠧᠷᠭᠢ ᠶᠢᠨ | ᠪᠦᠯᠦᠭᠯᠡᠯ ᠤᠨ ᠥᠪᠥᠷ ᠮᠣᠩᠭᠤᠯ ᠤᠨ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠬᠤᠸᠠᠩ ᠲᠢᠩ ᠰᠢᠶᠠᠩ᠂ ᠳᠤᠮᠳᠠᠳᠤ ᠤᠯᠤᠰ ᠤᠨ ᠬᠢᠮᠢ ᠶᠢᠨ ᠣᠷᠴᠢᠨ | ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᡁᠢ ᠭᠦᠸᠧ ᠨᠠᠷ ᠲᠠᠢ | ᠠᠭᠤᠯᠵᠠᠵᠤ ᠶᠠᠷᠢᠯᠴᠠᠪᠠ᠃ ᠬᠤᠰᠢᠭᠤᠨ ᠤ ᠤᠳᠤᠷᠢᠳᠤᠯᠭ᠎ᠠ ᠠᠯᠲᠠᠨᠳᠠᠯᠠᠢ᠂ ᠸᠠᠩ ᠭᠤᠸᠠᠩ ᠫᠢᠩ᠂ ᠹᠠᠩ ᠯᠢ ᠶᠠᠨ ᠨᠠᠷ ᠣᠷᠣᠯᠴᠠᠪᠠ᠃ | 5 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ | ᠪᠦᠯᠬᠦᠮ ᠳᠠᠭᠠᠭᠤᠯᠤᠨ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ᠂ ᠳᠤᠮᠳᠠᠳᠤ ᠤᠯᠤᠰ ᠤᠨ ᠬᠤᠸᠠ ᠨᠧᠩ | ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ | ᠲᠥᠷᠥᠯ ᠵᠦᠢᠯ ᠢ ᠵᠥᠪᠳᠡᠨ ᠶᠠᠷᠢᠯᠴᠠᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠰᠣᠯᠢᠯᠴᠠᠭᠠᠨ ᠤ ᠲᠤᠬᠠᠶ ᠰᠠᠨᠠᠯ ᠢᠶᠠᠨ ᠰᠣᠯᠢᠯᠴᠠᠪᠠ᠃ | 5 ᠰᠠᠷ᠎ᠠ ᠶᠢᠨ 17 ᠤ ᠡᠳᠦᠷ᠂ ᠬᠠᠩᠭᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠲᠤᠬᠠᠶ ᠶᠢᠨ ᠲᠠᠯᠠᠪᠠᠶ ᠶᠢᠨ ᠦᠵᠡᠭᠦᠯᠭᠡ ᠶᠢᠨ | ᠬᠤᠷᠠᠯ ᠬᠤᠷᠠᠯᠳᠤᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠣᠷᠣᠨ ᠪᠦᠰᠡᠵᠢᠭᠰᠡᠨ ᠪᠠᠶᠢᠷᠢᠰᠢᠭᠤᠯᠤᠯᠲᠠ᠂ ᠬᠡᠪᠴᠢᠶᠡᠵᠢᠭᠰᠡᠨ ᠬᠥᠭᠵᠢᠯᠲᠡ᠂ | ᠠᠵᠤ ᠦᠶᠢᠯᠡᠰᠵᠢᠭᠰᠡᠨ ᠡᠵᠡᠩᠨᠡᠯᠲᠡ ᠵᠡᠷᠭᠡ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠲᠠᠯᠠᠪᠠᠶ ᠳᠤ ᠲᠣᠭᠤᠷᠢᠨ ᠦᠵᠡᠵᠦ᠂ | ᠲᠤᠷᠰᠢᠯᠭ᠎ᠠ ᠪᠠᠨ ᠳ᠋ᠦᠩᠨᠡᠨ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠦᠨᠡᠨ ᠬᠦ | ᠰᠠᠶᠢᠲᠤᠷ ᠪᠡᠶᠡᠯᠡᠭᠦᠯᠵᠦ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ | 5 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ ᠣᠷᠳᠣᠨ ᠤ | 2023 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 5 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠠᠩᠭᠢᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 95 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠬᠤᠰᠢᠭᠤ | ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ 2023 ᠣᠨ ᠤ ᠠᠵᠢᠯ ᠤᠨ ᠭᠤᠤᠯᠳᠠᠯᠭ᠎ᠠ︾᠂ ︽2022 ᠣᠨ ᠤ | ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ | ᠶᠠᠷᠢᠯᠴᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠬᠠᠢ ᠬᠠᠩᠭᠢᠨ ᠬᠤᠰᠢᠭᠤᠨ ᠤ ᠠᠵᠢᠯ ᠤᠨ ᠲᠥᠰᠦᠯ︾ ᠢ ᠬᠢᠨᠠᠨ ᠵᠥᠪᠯᠡᠵᠦ᠂ | ᠪᠠᠰᠠ ᠪᠤᠰᠤᠳ ᠵᠦᠢᠯᠡᠰ ᠢ ᠰᠣᠨᠣᠰᠪᠠ᠃ | 5 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠲᠥᠯᠥᠪᠵᠢᠭᠦᠯᠭᠡ ᠶᠢᠨ ᠵᠥᠪᠯᠡᠯ ᠤᠨ | ᠡᠷᠬᠢᠯᠡᠭᠴᠢ ᠵᠠᠩ ᠵᠥᠩ ᠫᠢᠩ ᠬᠠᠩᠭᠢᠨ ᠬᠤᠰᠢᠭᠤᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ 2023 ᠣᠨ ᠤ | ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃ | 5 ᠰᠠᠷ᠎ᠠ ᠶᠢᠨ 24 ᠤ ᠡᠳᠤᠷ᠂ ᠬᠠᠨᠭ᠍ᠭᠢᠨ ᠬᠤᠰᠢᠭᠤᠨ ᠤ ᠵᠢᠷᠭᠠᠯᠠᠩᠳᠤ ᠪᠠᠯᠭᠠᠰᠤ ᠶᠢᠨ ᠠᠷᠠᠤᠨ ᠤᠨ ᠵᠠᠰᠠᠭ ᠤᠨ ᠤᠷᠳᠤᠨ ᠪᠠ ᠦᠪᠤᠷ ᠮᠤᠩᠭᠤᠯ ᠤᠨ ᠷᠥᠩ | ᠳ᠋ᠠ ᠶᠤᠸᠠᠨ ᠯᠢᠨ ᠪᠦᠯᠦᠭᠯᠡᠯ ᠲᠠᠢ ᠷᠦᠩ ᠾᠧ ᠲᠣᠮᠤ ᠪᠠᠭᠤᠳᠠᠯ ᠤᠨ ᠲᠦᠷᠤᠯ ᠵᠦᠢᠯ ᠤᠨ ᠳᠤᠬᠠᠢ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠬᠡᠷ᠎ᠡ | ᠳᠤᠭᠳᠠᠬᠤ ᠶᠤᠰᠤᠯᠠᠯ ᠶᠠᠪᠤᠭᠤᠯᠪᠠ᠃ ᠬᠤᠰᠢᠭᠤᠨ ᠤ ᠤᠳᠤᠷᠢᠳᠤᠯᠭ᠎ᠠ ᠬᠤᠸᠠ ᠴᠧᠩ᠂ ᠴᠠᠩ ᠬᠠᠶ᠂ ᠹᠠᠩ ᠯᠢ ᠶᠠᠨ᠂ ᠯᠢᠦ ᠬᠠᠶ ᠴᠢᠤᠸᠠᠨ ᠵᠢᠴᠢ ᠵᠢᠷᠭᠠᠯᠠᠩᠲᠤ | ᠪᠠᠯᠭᠠᠰᠤᠨ ᠤ ᠬᠠᠮᠢᠶ᠎ᠠ ᠪᠥᠬᠦᠶ ᠬᠥᠮᠦᠰ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠶᠣᠰᠣᠯᠠᠯ ᠳᠤ ᠣᠷᠣᠯᠴᠠᠪᠠ᠃ | 5 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠠᠩᠭᠢᠨ ᠬᠤᠰᠢᠭᠤᠨ ᠤ ᠨᠠᠮ ᠤᠨ ᠬᠤᠷᠢᠶ᠎ᠠ ᠶᠢᠨ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠦᠭᠡᠨ ᠪᠠᠶᠢᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 5 ᠰᠠᠷ᠎ᠠ ᠶᠢᠨ 24 ᠤ ᠡᠳᠦᠷ ᠠᠴᠠ 27 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ | ᠪᠦᠯᠬᠦᠮ ᠳᠠᠭᠠᠭᠤᠯᠤᠨ ᠱᠠᠩᠬᠠᠶ ᠳᠤ ᠬᠦᠷᠴᠦ᠂ ᠠᠷᠪᠠᠨ ᠵᠢᠷᠭᠤᠳᠤᠭᠠᠷ ᠬᠤᠭᠤᠴᠠᠭᠠᠨ ᠤ ︵2023︶ ᠣᠯᠠᠨ ᠤᠯᠤᠰ ᠤᠨ ᠨᠡᠷᠡᠨ ᠤ ᠡᠨᠧᠷᠭᠢ ᠶᠢᠨ ᠬᠡᠷᠡᠯ ᠸᠣᠯᠲ | ᠬᠢᠭᠡᠳ ᠤᠶᠤᠨᠲᠤ ᠡᠨᠧᠷᠭᠢ ︵ᠱᠠᠩᠬᠠᠶ︶ ᠶᠢᠨ ᠶᠡᠭᠡ ᠬᠤᠷᠠᠯ ᠵᠢᠴᠢ ᠦᠵᠡᠰᠬᠦᠯᠡᠩ ᠳᠤ ᠣᠷᠣᠯᠴᠠᠵᠤ᠂ ᠨᠠᠨᠵᠢᠩ ᠤᠨ ᠵᠢᠶᠠᠩᠪᠸᠢ ᠰᠢᠨ᠎ᠡ ᠲᠣᠭᠤᠷᠢᠭ ᠤᠨ ᠰᠢᠨ᠎ᠡ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠵᠡᠭᠦᠨ ᠡᠮᠦᠨᠡᠲᠦ ᠶᠢᠨ ᠶᠡᠭᠡ ᠰᠤᠷᠭᠠᠭᠤᠯᠢ ᠵᠡᠷᠭᠡ ᠭᠠᠵᠠᠷ ᠲᠤ ᠬᠦᠷᠴᠦ ᠲᠡᠷᠢᠭᠦᠨ ᠤ | ᠲᠤᠷᠰᠢᠯᠭ᠎ᠠ ᠶᠢ ᠰᠤᠷᠤᠯᠴᠠᠵᠤ᠂ ᠴᠢᠬᠤᠯᠠ ᠶᠡᠭᠡ ᠲᠥᠷᠥᠯ ᠵᠦᠢᠯ ᠢ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠨ ᠶᠠᠷᠢᠯᠴᠠᠪᠠ᠃ | 5 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 5 ᠳ᠋ᠤᠭᠠᠷ ᠤᠳᠠᠭᠠᠨ ᠤ | ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ᠂ ᠴᠢᠬᠤᠯᠠ ᠶᠡᠭᠡ ᠲᠦᠷᠦᠯ ᠵᠦᠢᠯ ᠤᠨ | ᠠᠬᠢᠴᠠ ᠶᠢᠨ ᠪᠠᠶᠢᠳᠠᠯ ᠢ ᠲᠤᠬᠢᠷᠠᠭᠤᠯᠵᠤ᠂ ᠪᠠᠰᠠ ᠪᠤᠰᠤᠳ ᠵᠦᠢᠯᠡᠰ ᠢ ᠰᠤᠳᠤᠯᠵᠠᠢ᠃ | 5 ᠰᠠᠷ᠎ᠠ ᠶᠢᠨ 30 ᠤ ᠡᠳᠦᠷ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ | ᠪᠠᠶᠢᠭᠤᠯᠤᠯᠲᠠ ᠶᠢᠨ ᠪᠦᠯᠦᠭᠯᠡᠯ ᠤᠨ ᠾᠧᠪᠧᠶ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠲᠥᠷᠥᠯ ᠵᠦᠢᠯ ᠤᠨ ᠵᠥᠪᠳᠡᠯᠴᠡᠬᠡᠷ ᠤᠨ ᠶᠠᠷᠢᠯᠴᠠᠬᠤ ᠬᠤᠷᠠᠯ ᠬᠢᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤ ᠳᠡᠳ᠋ ᠳᠠᠷᠤᠭ᠎ᠠ ᠠᠯᠲᠠᠨᠲᠡᠯᠡᠶ᠂ ᠬᠤᠰᠢᠭᠤ ᠳᠡᠳ᠋ ᠳᠠᠷᠤᠭ᠎ᠠ ᠯᠢᠦ ᠬᠠᠶ ᠴᠢᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠶᠠᠷᠢᠯᠴᠠᠬᠤ ᠬᠤᠷᠠᠯ ᠳᠤ ᠣᠷᠣᠯᠴᠠᠵᠠᠶ᠃ |