ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠲᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠪᠠᠴᠢᠮ ᠡᠮᠨᠡᠯᠭᠡ ᠶᠢᠨ ᠬᠡᠮᠵᠢᠶ᠎ᠡ ᠨᠡᠮᠡᠭᠳᠡᠵᠦ᠂ | ᠠᠮᠢᠰᠬᠤᠯ ᠤᠨ ᠵᠠᠮ ᠤᠨ ᠡᠪᠡᠳᠴᠢᠨ ᠳᠤ ᠬᠠᠯᠳᠠᠪᠤᠷᠢᠯᠠᠭᠳᠠᠭᠰᠠᠨ ᠬᠡᠦᠬᠡᠳ ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ 23 ᠤ ᠡᠳᠦᠷ ᠰᠢᠨᠬᠤᠸᠠ ᠬᠤᠷᠢᠶᠠᠨ ᠤ ᠲᠤᠰᠠᠭᠠᠷ ᠰᠣᠷᠪᠤᠯᠵᠢᠯᠠᠭ᠎ᠠ ᠶᠢ | ᠬᠦᠯᠢᠶᠡᠬᠦ ᠳᠤ ᠪᠠᠨ ᠠᠷᠠᠳ ᠣᠯᠠᠨ ᠢᠯᠠᠩᠭᠤᠶ᠎ᠠ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ ᠰᠠᠨᠠᠭᠠᠰᠢᠷᠠᠵᠤ ᠪᠠᠶᠢᠭ᠎ᠠ ᠠᠰᠠᠭᠤᠳᠠᠯ ᠤᠳ ᠤᠨ ᠲᠤᠬᠠᠢ | ᠬᠠᠷᠢᠭᠤᠯᠵᠠᠢ᠃ | ᠠᠰᠠᠭᠤᠯᠲᠠ᠄ ᠣᠶᠢᠷ᠎ᠠ ᠳᠤ ᠴᠥᠭᠡᠨ ᠪᠤᠰᠤ ᠭᠠᠵᠠᠷ ᠤᠨ ᠬᠡᠦᠬᠡᠳ ᠤᠨ ᠲᠤᠰᠬᠠᠢ ᠡᠮᠨᠡᠯᠭᠡ ᠶᠢᠨ ᠬᠤᠷᠢᠶᠠᠨ ᠳᠤ ᠬᠥᠮᠥᠨ ᠳᠦᠭᠦᠷᠴᠦ ᠪᠠᠶᠢᠨ᠎ᠠ᠂ ᠡᠭᠦᠨ ᠢ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠶᠠᠮᠠᠷ ᠠᠷᠭ᠎ᠠ ᠬᠡᠮᠵᠢᠶ᠎ᠡ ᠠᠪᠴᠤ ᠰᠢᠢᠳᠪᠦᠷᠢᠯᠡᠵᠦ ᠪᠠᠶᠢᠭ᠎ᠠ ᠪᠤᠶ︖ | ᠬᠠᠷᠢᠭᠤᠯᠲᠠ᠄ ᠣᠶᠢᠷ᠎ᠠ ᠳᠤ ᠪᠢᠳᠡ ᠬᠠᠯᠳᠠᠪᠤᠷᠢᠲᠤ ᠡᠪᠡᠳᠴᠢᠨ ᠶᠡᠭᠡ ᠪᠠᠷ ᠳᠡᠯᠭᠡᠷᠡᠵᠦ ᠪᠠᠶᠢᠭ᠎ᠠ ᠬᠤᠭᠤᠴᠠᠭᠠᠨ ᠳᠠᠬᠢ ᠬᠠᠯᠳᠠᠪᠤᠷᠢᠯᠠᠮᠠᠲᠠᠭᠠᠢ ᠬᠡᠦᠬᠡᠳ ᠢ | ᠡᠮᠴᠢᠯᠡᠭᠦᠯᠬᠦ ᠶᠢ ᠦᠷᠭᠦᠯᠵᠢᠯᠡᠨ ᠠᠩᠬᠠᠷᠴᠤ᠂ ᠡᠯ᠎ᠡ ᠭᠠᠵᠠᠷ ᠢ ᠵᠢᠯᠣᠭᠤᠳᠤᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠱᠠᠲᠤ ᠬᠤᠪᠢᠶᠠᠨ | ᠣᠨᠣᠰᠢᠯᠠᠨ ᠡᠮᠴᠢᠯᠡᠬᠦ ᠳᠦᠷᠢᠮ ᠢ ᠨᠠᠶᠢᠳᠠᠪᠤᠷᠢᠵᠢᠭᠤᠯᠪᠠ᠃ | ᠠᠰᠠᠭᠤᠯᠲᠠ᠄ ᠬᠡᠰᠡᠭ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠣᠶᠢᠷ᠎ᠠ ᠳᠤ ᠬᠡᠦᠬᠡᠳ ᠲᠤ ᠬᠠᠨᠳᠤᠭᠤᠯᠤᠭᠰᠠᠨ ᠪᠠᠶᠢᠴᠠᠭᠠᠬᠤ ᠦᠢᠯᠡᠴᠢᠯᠡᠭᠡ | ᠭᠠᠷᠭᠠᠭᠰᠠᠨ ᠪᠣᠯᠪᠠᠴᠤ ᠵᠠᠷᠢᠮ ᠭᠡᠷ ᠤᠨ ᠠᠬᠠᠮᠠᠳ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠴᠢᠯᠡᠬᠦ ᠴᠢᠳᠠᠪᠤᠷᠢ ᠬᠦᠷᠦᠯᠴᠡᠬᠦ | ᠦᠭᠡᠢ ᠠᠴᠠ ᠪᠣᠯᠵᠤ ᠬᠡᠦᠬᠡᠳ ᠤᠨ ᠡᠪᠡᠳᠴᠢᠨ ᠢ ᠰᠠᠭᠠᠲᠠᠭᠠᠬᠤ ᠠᠴᠠ ᠠᠶᠤᠵᠤ ᠪᠠᠶᠢᠨ᠎ᠠ᠂ ᠶᠠᠭᠠᠬᠢᠪᠠᠯ ᠵᠣᠬᠢᠬᠤ ᠪᠣᠶ︖ | ᠬᠠᠷᠢᠭᠤᠯᠲᠠ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠭᠠᠵᠠᠷ ᠢ ᠡᠮᠴᠢᠯᠡᠭᠡᠨ ᠤ ᠬᠤᠯᠪᠣᠭ᠎ᠠ ᠶᠢᠨ ᠦᠢᠯᠡᠳᠦᠯ ᠢᠶᠠᠨ ᠪᠠᠳᠠᠷᠠᠭᠤᠯᠵᠤ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠡᠩ ᠤᠨ ᠴᠢᠨᠠᠷᠲᠠᠢ | ᠬᠠᠯᠳᠠᠪᠤᠷᠢᠯᠠᠯ ᠢ ᠣᠨᠣᠰᠢᠯᠠᠨ ᠡᠮᠴᠢᠯᠡᠬᠦ ᠴᠢᠳᠠᠪᠤᠷᠢ ᠪᠠ ᠬᠦᠨᠳᠦ ᠡᠪᠡᠳᠴᠢᠨ ᠢ ᠢᠯᠭᠠᠨ ᠲᠠᠨᠢᠵᠤ ᠰᠢᠯᠵᠢᠭᠦᠯᠦᠨ ᠡᠮᠴᠢᠯᠡᠭᠦᠯᠬᠦ ᠪᠦᠲᠦᠮᠵᠢ ᠪᠠᠨ ᠳᠡᠭᠡᠭᠰᠢᠯᠡᠭᠦᠯᠬᠦ | ᠬᠡᠷᠡᠭᠲᠡᠢ ᠭᠡᠵᠦ ᠱᠠᠭᠠᠷᠳᠠᠪᠠ᠃ | ᠠᠰᠠᠭᠤᠯᠲᠠ᠄ ᠶᠠᠮᠠᠷ ᠶᠠᠮᠠᠷ ᠡᠮᠨᠡᠯᠭᠡ ᠶᠢᠨ ᠬᠤᠷᠢᠶ᠎ᠠ ᠬᠡᠦᠬᠡᠳ ᠤᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠡᠪᠡᠳᠴᠢᠲᠡᠨ ᠢ ᠬᠦᠯᠢᠶᠡᠨ ᠠᠪᠬᠤ ᠬᠢᠷᠢ | ᠬᠡᠮ ᠲᠠᠢ ᠪᠣᠢ︖ | ᠬᠠᠷᠢᠭᠤᠯᠲᠠ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠭᠠᠵᠠᠷ ᠢ ᠵᠢᠭᠠᠨ ᠵᠢᠯᠤᠭᠤᠳᠴᠤ ᠪᠠᠶᠢᠭᠠᠳ ᠲᠣᠰ ᠭᠠᠵᠠᠷ ᠤᠨ | ᠬᠡᠦᠬᠡᠳ ᠤᠨ ᠰᠠᠯᠠᠭᠠᠨ ᠤ ᠣᠨᠣᠰᠢᠯᠠᠨ ᠡᠮᠴᠢᠯᠡᠬᠦ ᠦᠢᠯᠡᠴᠢᠯᠡᠭᠡ ᠬᠠᠩᠭᠠᠵᠤ ᠪᠣᠯᠬᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠶᠢ ᠨᠡᠶᠢᠲᠡᠯᠡᠵᠦ᠂ ᠣᠶᠢᠷ᠎ᠠ | ᠬᠠᠪᠢ ᠳᠤ ᠪᠠᠨ ᠡᠮᠴᠢᠯᠡᠭᠦᠯᠬᠦ ᠳᠤ ᠳᠥᠬᠦᠮᠯᠡᠪᠡ᠃ | ᠠᠰᠠᠭᠤᠯᠲᠠ᠄ ᠬᠡᠦᠬᠡᠳ ᠬᠠᠯᠠᠭᠤᠷᠠᠵᠤ ᠬᠠᠨᠢᠶᠠᠭᠰᠠᠨ ᠤ ᠳᠠᠷᠠᠭ᠎ᠠ ᠶᠠᠭᠠᠬᠢᠪᠠᠯ ᠵᠣᠬᠢᠬᠤ ᠪᠣᠢ︖ | ᠬᠠᠷᠢᠭᠤᠯᠲᠠ᠄ ᠲᠣᠮᠣ ᠡᠮᠨᠡᠯᠭᠡ ᠶᠢᠨ ᠬᠤᠷᠢᠶᠠᠨ ᠳᠤ ᠬᠥᠮᠥᠨ ᠣᠯᠠᠨ᠂ ᠬᠦᠯᠢᠶᠡᠬᠦ ᠴᠠᠭ ᠨᠢ ᠤᠷᠲᠤ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ | ᠥᠨᠳᠥᠷ᠂ ᠡᠪᠡᠳᠴᠢᠨ ᠤ ᠪᠠᠶᠢᠳᠠᠯ ᠨᠢ ᠨᠡᠯᠢᠶᠡᠳ ᠬᠥᠩᠭᠡᠨ ᠬᠡᠦᠬᠡᠳ ᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭ᠎ᠠ ᠵᠡᠷᠭᠡ ᠳᠤ ᠡᠮᠴᠢᠯᠡᠭᠦᠯᠬᠦ ᠶᠢ ᠰᠠᠨᠠᠭᠤᠯᠤᠨ᠎ᠠ᠃ ᠬᠡᠦᠬᠡᠳ ᠤᠨ ᠲᠤᠰᠬᠠᠢ ᠡᠮᠨᠡᠯᠭᠡ ᠶᠢᠨ ᠬᠤᠷᠢᠶ᠎ᠠ | ᠣᠨᠣᠰᠢᠯᠠᠨ ᠡᠮᠴᠢᠯᠡᠬᠦ ᠲᠥᠰᠥᠯ ᠢ ᠲᠣᠳᠣᠷᠬᠠᠶᠢᠯᠠᠭᠰᠠᠨ ᠤ ᠳᠠᠷᠠᠭ᠎ᠠ᠂ ᠡᠮᠴᠢᠯᠡᠭᠡᠨ ᠤ ᠬᠤᠯᠪᠣᠭ᠎ᠠ ᠪᠠᠷ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ | ᠰᠢᠯᠵᠢᠭᠦᠯᠵᠦ ᠦᠷᠭᠦᠯᠵᠢᠯᠡᠨ ᠡᠮᠴᠢᠯᠡᠭᠦᠯᠬᠦ ᠪᠤᠶᠤ ᠭᠡᠷ ᠲᠤ ᠪᠠᠨ ᠡᠮᠴᠢᠯᠡᠭᠦᠯᠵᠦ ᠪᠣᠯᠣᠨ᠎ᠠ᠃ | ᠠᠰᠠᠭᠤᠯᠲᠠ᠄ ᠬᠡᠦᠬᠡᠳ ᠶᠠᠮᠠᠷ ᠢᠯᠡᠷᠡᠯ ᠭᠠᠷᠪᠠᠯ ᠵᠠᠪᠠᠯ ᠡᠮᠨᠡᠯᠭᠡ ᠳᠤ ᠡᠮᠴᠢᠯᠡᠭᠦᠯᠬᠦ ᠬᠡᠷᠡᠭᠲᠡᠢ ᠪᠣᠢ︖ | ᠬᠠᠷᠢᠭᠤᠯᠲᠠ᠄ ᠮᠡᠷᠭᠡᠵᠢᠯᠲᠡᠨ ᠤ ᠰᠠᠨᠠᠭᠤᠯᠭ᠎ᠠ ᠶᠢ ᠦᠨᠳᠦᠰᠦᠯᠡᠪᠡᠯ᠂ ᠬᠡᠦᠬᠡᠳ ᠬᠡᠳᠦ ᠥᠨᠳᠥᠷ ᠬᠠᠯᠠᠭᠤᠷᠠᠬᠤ ᠪᠤᠶᠤ ᠦᠷᠭᠦᠯᠵᠢᠯᠡᠨ ᠬᠠᠯᠠᠭᠤᠷᠠᠭᠠᠳ ᠭᠤᠷᠪᠠᠨ | ᠡᠳᠦᠷ ᠠᠴᠠ ᠬᠡᠲᠦᠷᠡᠭᠰᠡᠨ᠂ ᠪᠠᠶᠢᠨ ᠳᠠᠬᠢᠨ ᠬᠠᠨᠢᠶᠠᠵᠤ ᠬᠡᠪ ᠤᠨ ᠠᠮᠢᠳᠤᠷᠠᠯ ᠢ ᠨᠢ ᠨᠥᠯᠥᠭᠡᠯᠡᠭᠰᠡᠨ᠂ ᠴᠤᠭ ᠰᠦᠯᠳᠡ ᠮᠠᠭᠤᠲᠠᠢ ᠴᠢᠨᠠᠭᠰᠢᠯᠠᠪᠠᠯ ᠮᠠᠩᠰᠢᠭᠤᠷᠠᠬᠤ᠂ | ᠠᠮᠢᠰᠬᠤᠭ᠎ᠠ ᠳᠠᠪᠬᠤᠴᠠᠬᠤ ᠪᠤᠶᠤ ᠴᠢᠬᠤᠯᠳᠠᠬᠤ᠂ ᠪᠠᠶᠢᠨ ᠳᠠᠬᠢᠨ ᠪᠥᠭᠡᠯᠵᠢᠬᠦ᠂ ᠠᠷᠠᠰᠤᠨ ᠡᠰᠡᠷᠭᠡᠨ᠎ᠡ ᠭᠠᠷᠬᠤ᠂ ᠲᠣᠯᠣᠭᠠᠢ ᠡᠪᠡᠳᠬᠦ ᠪᠤᠶᠤ ᠲᠠᠲᠠᠪᠠᠯᠵᠠᠬᠤ ᠵᠡᠷᠭᠡ | ᠢᠯᠡᠷᠡᠯ ᠲᠠᠢ ᠪᠣᠯ ᠴᠠᠭ ᠲᠤᠬᠠᠢ ᠳᠤ ᠨᠢ ᠡᠮᠴᠢᠯᠡᠭᠦᠯᠪᠡᠯ ᠵᠣᠬᠢᠨ᠎ᠠ᠃ |